ᠵᠠᠰᠠᠭ   ᠤᠨ  ᠣᠷᠳᠣᠨ   ᠤ  ᠠᠵᠢᠯ   ᠤᠨ  ᠢᠯᠡᠳᠬᠡᠯ
ᠨᠡᠶᠢᠲᠡᠯᠡᠭᠰᠡᠨ ᠴᠠᠭ᠄
2009/2/16
   ᠲᠠᠶᠢᠹᠤᠰᠧ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ   ᠶᠡᠭᠡ  ᠬᠤᠷᠠᠯ   ᠤᠨ ᠬᠤᠶᠠᠳᠤᠭᠠᠷ  ᠤᠳᠠᠭᠠᠨ   ᠤ  ᠬᠤᠷᠠᠯᠳᠤᠭᠠᠨ   ᠤ  ᠪᠢᠴᠢᠭ  ᠮᠠᠲ᠋ᠧᠷᠢᠶᠠᠯ  ︵20︶                                                                                                            ᠵᠠᠰᠠᠭ   ᠤᠨ   ᠣᠷᠳᠣᠨ   ᠤ   ᠠᠵᠢᠯ   ᠤᠨ   ᠢᠯᠡᠳᠬᠡᠯ                                                                                             2009  ᠣᠨ ᠤ  2 ᠰᠠᠷᠠᠶᠢᠨ 16   ᠤ  ᠡᠳᠦᠷ   ᠤᠨ  ᠲᠠᠶᠢᠹᠤᠰᠧ  ᠬᠤᠰᠢᠭᠤᠨ   ᠤ                                                                                   ᠠᠷᠪᠠᠨ  ᠭᠤᠷᠪᠠᠳᠤᠭᠠᠷ  ᠬᠤᠭᠤᠴᠠᠭᠠᠨ   ᠤ  ᠠᠷᠠᠳ   ᠤᠨ  ᠲᠥᠯᠥᠭᠡᠯᠡᠭᠴᠢᠳ   ᠤᠨ                                                                                    ᠶᠡᠭᠡ   ᠬᠤᠷᠠᠯ   ᠤᠨ   ᠬᠤᠶᠠᠳᠤᠭᠠᠷ  ᠤᠳᠠᠭᠠᠨ   ᠤ   ᠬᠤᠷᠠᠯᠳᠤᠭᠠᠨ   ᠳᠡᠭᠡᠷ᠎ᠡ                                                                                             ᠬᠤᠰᠢᠭᠤ  ᠳᠠᠷᠤᠭ᠎ᠠ           ᠨᠠᠨ  ᠵᠦᠩ  ᠢᠦᠢ ᠲᠦᠯᠦᠭᠡᠯᠡᠭᠴᠢᠳ ᠡ  ᠄           ᠳᠣᠣᠷ᠎ᠠ  ᠪᠢ  ᠬᠤᠰᠢᠭᠤ  ᠵᠠᠰᠠᠭ   ᠤᠨ  ᠣᠷᠳᠣᠨ   ᠤ  ᠨᠠᠶᠢᠳᠠᠯᠭ᠎ᠠ   ᠪᠠᠷ  ᠶᠡᠭᠡ  ᠬᠤᠷᠠᠯ   ᠳᠤ  ᠠᠵᠢᠯ   ᠤᠨ  ᠮᠡᠳᠡᠭᠦᠯᠦᠯᠲᠡ  ᠬᠢᠶ᠎ᠡ  ᠂  ᠬᠢᠨᠠᠨ  ᠵᠥᠪᠯᠡᠬᠦ  ᠪᠣᠯᠪᠠᠤ  ᠃   ᠤᠯᠤᠰ  ᠲᠥᠷᠥ   ᠶᠢᠨ  ᠵᠥᠪᠯᠡᠯᠭᠡᠨ   ᠤ  ᠭᠡᠰᠢᠭᠦᠳ  ᠪᠣᠯᠣᠨ  ᠬᠤᠷᠠᠯ   ᠳᠤ  ᠰᠤᠯᠨ ᠣᠷᠣᠯᠴᠠᠭᠰᠠᠨ  ᠪᠦᠬᠦ  ᠨᠥᠬᠦᠳ   ᠠᠴᠠ  ᠰᠠᠨᠠᠯ  ᠰᠢᠭᠦᠮᠵᠢ   ᠪᠠᠨ  ᠬᠠᠷᠠᠮ  ᠦᠭᠡᠢ  ᠳᠡᠪᠰᠢᠭᠦᠯᠦᠮᠦ᠃           ᠨᠢᠭᠡ  ᠂ 2008 ᠤᠨ ᠤ ᠠᠵᠢᠯ   ᠤᠨ  ᠡᠷᠭᠢᠴᠡᠭᠦᠯᠦᠯ           2008 ᠣᠨ ᠪᠤᠯ ᠲᠤᠰ ᠬᠤᠭᠤᠴᠠᠭᠠᠨ ᠤ ᠵᠠᠰᠠᠭ ᠤᠨ ᠤᠷᠳᠤᠨ ᠠᠵᠢᠯ ᠢᠶᠠᠨ ᠡᠬᠢᠯᠡᠬᠦᠯᠦᠭᠰᠡᠨ ᠠᠩᠬᠠᠳᠤᠭᠴᠢ ᠵᠢᠯ᠂  ᠠᠶᠢᠮᠠᠭ ᠤᠨ ᠨᠠᠮ   ᠤᠨ  ᠬᠤᠷᠢᠶ᠎ᠠ  ᠂  ᠠᠶᠢᠮᠠᠭ   ᠤᠨ  ᠵᠠᠬᠢᠷᠭ᠎ᠠ  ᠬᠢᠭᠡᠳ  ᠬᠤᠰᠢᠭᠤ  ᠨᠠᠮ   ᠤᠨ  ᠬᠤᠷᠢᠶᠠᠨ   ᠤ  ᠵᠥᠪ  ᠣᠨᠣᠪᠴᠢᠲᠠᠢ  ᠤᠳᠤᠷᠢᠳᠤᠯᠭ᠎ᠠ  ᠳᠣᠣᠷ᠎ᠠ  ᠂ ᠬᠤᠰᠢᠭᠤ  ᠠᠷᠠᠳ   ᠤᠨ  ᠲᠥᠯᠥᠭᠡᠯᠡᠭᠴᠢᠳ   ᠤᠨ  ᠶᠡᠭᠡ  ᠬᠤᠷᠠᠯ  ᠂  ᠤᠯᠤᠰ  ᠲᠥᠷᠥ   ᠶᠢᠨ  ᠵᠥᠪᠯᠡᠯᠭᠡᠨ   ᠤ  ᠬᠢᠨᠠᠯᠲᠠ  ᠪᠠ  ᠳᠡᠮᠵᠢᠯᠭᠡ  ᠳᠣᠣᠷ᠎ᠠ  ᠂  ᠵᠠᠰᠠᠭ   ᠤᠨ  ᠣᠷᠳᠣᠨ   ᠨᠢ  ᠪᠦᠬᠦ  ᠬᠤᠰᠢᠭᠤᠨ   ᠤ  ᠦᠷᠭᠡᠨ ᠤᠯᠠᠨ   ᠺᠠᠳᠠᠷ  ᠣᠯᠠᠨ  ᠲᠦᠮᠡᠨ ᠢᠶᠠᠨ ᠪᠦᠯᠬᠦᠮᠳᠡᠭᠦᠯᠦᠨ ᠲᠠᠭᠠᠭᠤᠯᠵᠤ᠂ ᠬᠠᠳᠠᠭᠤᠵᠢᠯᠳᠠᠢ ᠪᠠᠷ  ᠠᠵᠢᠯᠯᠠᠨ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ  ᠪᠠ ᠦᠢᠯᠡᠳᠦᠯᠬᠡᠵᠢᠬᠦᠯᠦᠭᠰᠡᠨ  ᠢᠶᠠᠷ᠂ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠦᠢᠯᠡᠰ ᠪᠦᠷ ᠮᠡᠳᠡᠭᠳᠡᠮ᠎ᠡ ᠠᠮᠵᠢᠯᠳᠠ ᠤᠯᠤᠭᠰᠠᠨ ᠪᠠᠶᠢᠨ᠎ᠠ᠃           ︵ᠨᠢᠭᠡ︶ ᠤᠯᠤᠰ ᠠᠷᠠᠳ ᠤᠨ ᠠᠵᠤ ᠠᠬᠤᠢ  ᠦᠷᠬᠦᠯᠵᠢᠯᠡᠨ ᠡᠷᠡᠬᠦᠯ   ᠢᠶᠠᠷ ᠬᠦᠭᠵᠢᠪᠡ᠃  2008 ᠣᠨ   ᠳᠤ  ᠪᠦᠬᠦ  ᠬᠤᠰᠢᠭᠤᠨ   ᠤ  ᠣᠷᠣᠨ  ᠨᠤᠲᠤᠭ   ᠤᠨ  ᠦᠢᠯᠡᠳᠪᠦᠷᠢᠯᠡᠯ   ᠤᠨ  ᠶᠡᠷᠦᠩᠬᠡᠢ  ᠥᠷᠲᠡᠭ  20.6 ᠳ᠋ᠦᠩᠰᠢᠭᠤᠷ  ᠲᠥᠭᠦᠷᠢᠭ   ᠲᠤ ᠬᠦᠷᠴᠦ  ᠂  ᠲᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 13.4% ᠢᠶᠠᠷ  ᠨᠡᠮᠡᠭᠳᠡᠪᠡ᠃  ᠡᠭᠦᠨ   ᠳᠤ  ᠨᠢᠭᠡᠳᠦᠭᠡᠷ ᠠᠵᠤ ᠦᠢᠯᠡᠰ  6.8 ᠳ᠋ᠦᠩᠰᠢᠭᠤᠷ  ᠲᠦᠬᠦᠷᠢᠭ ᠢ ᠪᠡᠶᠡᠯᠡᠬᠦᠯᠵᠦ᠂ ᠠᠳᠠᠯᠢ ᠬᠤᠭᠤᠴᠠᠭᠠᠨ ᠠᠴᠠ 6% ᠢᠶᠠᠷ ᠨᠡᠮᠡᠭᠳᠡᠨ︔   ᠬᠤᠶᠠᠳᠤᠭᠠᠷ ᠠᠵᠤ ᠦᠢᠯᠡᠰ 6.7 ᠳ᠋ᠦᠩᠰᠢᠭᠤᠷ  ᠲᠦᠬᠦᠷᠢᠭ ᠢ ᠪᠡᠶᠡᠯᠡᠬᠦᠯᠵᠦ᠂ 19.9% ᠢᠶᠠᠷ ᠨᠡᠮᠡᠭᠳᠡᠨ︔   ᠠᠵᠤ ᠦᠢᠯᠡᠳᠪᠦᠷᠢ ᠶᠢᠨ ᠨᠡᠮᠡᠭᠳᠡᠯ ᠦᠷᠳᠡᠭ 5.5 ᠳ᠋ᠦᠩᠰᠢᠭᠤᠷ  ᠲᠥᠭᠦᠷᠢᠭ   ᠲᠤ ᠬᠦᠷᠴᠦ᠂  19.8% ᠢᠶᠠᠷ ᠨᠡᠮᠡᠭᠳᠡᠨ︔   ᠭᠤᠷᠪᠠᠳᠤᠭᠠᠷ ᠠᠵᠤ ᠦᠢᠯᠡᠰ 7.1 ᠳ᠋ᠦᠩᠰᠢᠭᠤᠷ  ᠲᠦᠬᠦᠷᠢᠭ ᠢ ᠪᠡᠶᠡᠯᠡᠬᠦᠯᠵᠦ᠂ 15.9% ᠢᠶᠠᠷ  ᠨᠡᠮᠡᠭᠳᠡᠪᠡ᠃  ᠡᠳ᠋   ᠤᠨ  ᠵᠠᠰᠠᠭ   ᠤᠨ  ᠣᠷᠣᠯᠭ᠎ᠠ 1.1 ᠳ᠋ᠦᠩᠰᠢᠭᠤᠷ ᠲᠦᠬᠦᠷᠢᠭ   ᠢ  ᠪᠡᠶᠡᠯᠡᠬᠦᠯᠵᠦ  ᠂ 7.6%   ᠪᠠᠷ ᠨᠡᠮᠡᠭᠳᠡᠵᠡᠢ  ᠃  ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ14.7 ᠳ᠋ᠦᠩᠰᠢᠭᠤᠷ ᠲᠦᠬᠦᠷᠢᠭ ᠲᠤ ᠬᠦᠷᠴᠦ᠂ 63.2% ᠪᠠᠷ ᠨᠡᠮᠡᠭᠳᠡᠪᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ 11832 ᠲᠦᠬᠦᠷᠢᠭ ᠲᠤ ᠬᠦᠷᠴᠦ᠂  29.9% ᠢᠶᠠᠷ ᠨᠡᠮᠡᠭᠳᠡᠨ︔  ᠲᠠᠷᠢᠶᠠᠴᠢᠨ ᠤ ᠬᠦᠮᠦᠨ ᠳᠤᠮᠳᠠᠴᠢ ᠴᠡᠪᠡᠷ ᠤᠷᠤᠯᠭ᠎ᠠ 4175 ᠲᠦᠬᠦᠷᠢᠭ ᠲᠤ ᠬᠦᠷᠴᠦ᠂ 22.4% ᠢᠶᠠᠷ ᠨᠡᠮᠡᠭᠳᠡᠨ︔ ᠮᠠᠯᠴᠢᠨ  ᠤ ᠬᠦᠮᠦᠨ ᠳᠤᠮᠳᠠᠴᠢ ᠴᠡᠪᠡᠷ ᠤᠷᠤᠯᠭ᠎ᠠ 5222 ᠲᠦᠬᠦᠷᠢᠭ ᠲᠤ ᠬᠦᠷᠴᠦ᠂ 21.4% ᠢᠶᠠᠷ  ᠨᠡᠮᠡᠭᠳᠡᠪᠡ᠃            ︵ᠬᠤᠶᠠᠷ︶ ᠠᠮᠢ ᠠᠬᠤᠢ ᠶᠢᠨ ᠬᠠᠮᠠᠭᠠᠯᠠᠯᠲᠠ ᠪᠠ ᠪᠠᠶᠢᠭᠤᠯᠤᠯᠲᠠ ᠶᠢᠨ ᠡᠷᠴᠢᠮ ᠲᠠᠰᠤᠷᠠᠯᠳᠠ ᠦᠬᠡᠢ ᠴᠢᠩᠭᠠᠷᠠᠪᠠ᠃           ᠪᠡᠭᠡᠵᠢᠩ  ᠲᠢᠶᠠᠨᠵᠢᠨ   ᠤ  ᠡᠯᠡᠰᠦ ᠰᠠᠯᠬᠢᠨ   ᠤ  ᠡᠬᠢ   ᠶᠢ  ᠵᠠᠰᠠᠬᠤ ᠲᠠᠯᠠᠪᠠᠢ 10.75 ᠲᠦᠮᠡᠨ ᠮᠤ᠋ ᠳᠤ  ᠬᠦᠷᠪᠡ᠃ 2001 ᠤᠨ ᠳᠤ ᠭᠡᠷᠡᠭᠵᠢᠬᠦᠯᠦᠭᠰᠡᠨ ᠲᠠᠷᠢᠶᠠᠯᠠᠭ᠎ᠠ ᠶᠢ ᠵᠤᠭᠰᠤᠭᠠᠵᠤ ᠤᠢ ᠡᠪᠡᠰᠦ ᠶᠢ ᠰᠡᠷᠭᠦᠭᠡᠬᠦ ᠢᠨᠵᠧᠨᠧᠷᠢᠩ ᠤᠯᠤᠰ ᠤᠨ ᠰᠢᠯᠭᠠᠨ ᠪᠠᠶᠢᠴᠠᠭᠠᠯᠳᠠ ᠶᠢ ᠤᠷᠤᠭᠰᠢᠳᠠᠢ ᠲᠤᠭᠤᠯᠪᠠ᠃  ᠠᠮᠢ ᠠᠬᠤᠢ   ᠶᠢᠨ ᠠᠵᠢᠯ ᠤᠨ ᠠᠮᠵᠢᠯᠳᠠ ᠶᠢ ᠪᠠᠳᠤᠯᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠠᠷᠢᠶᠠᠯᠠᠬᠤ ᠤᠷᠤᠨ  ᠳᠤ ᠦᠬᠡᠷ ᠠᠴᠠ ᠪᠤᠰᠤᠳ ᠮᠠᠯ ᠢ ᠪᠦᠬᠦ ᠵᠢᠯ ᠢᠶᠠᠷ ᠬᠠᠰᠢᠶᠠᠯᠠᠨ ᠮᠠᠯᠵᠢᠬᠤ ᠲᠦᠷᠢᠮ ᠢ ᠭᠡᠷᠡᠭᠵᠢᠬᠦᠯᠦᠨ᠂  ᠮᠠᠯᠵᠢᠬᠤ ᠤᠷᠤᠨ ᠳᠤ ᠤᠯᠠᠷᠢᠯ ᠤᠨ ᠴᠢᠨᠠᠷᠳᠠᠢ ᠪᠡᠯᠴᠢᠭᠡᠷ ᠰᠡᠷᠭᠦᠬᠡᠬᠦ ᠪᠠ  ᠲᠤᠭᠤᠷᠢᠭ ᠬᠤᠪᠢᠶᠠᠨ ᠰᠡᠯᠬᠦᠨ ᠮᠠᠯᠵᠢᠬᠤ ᠲᠦᠷᠢᠮ  ᠢ ᠦᠷᠬᠦᠯᠵᠢᠯᠡᠨ ᠬᠡᠷᠡᠭᠵᠢᠬᠦᠯᠪᠡ᠃  ᠴᠢᠨᠠᠷ ᠰᠠᠶᠢᠳᠠᠢ ᠲᠡᠵᠢᠬᠡᠯ ᠡᠪᠡᠰᠦ᠂ ᠵᠡᠷᠯᠢᠭ ᠲᠠᠤᠯᠠᠢ ᠶᠢᠨ ᠪᠦᠭᠡᠷ᠎ᠡ ᠪᠤᠯᠤᠨ ᠬᠡᠭᠡᠷ᠎ᠡ ᠶᠢᠨ ᠬᠦᠢᠯᠡᠰᠦ ᠪᠠᠷ ᠭᠤᠤᠯᠳᠠᠭᠰᠠᠨ ᠠᠮᠢ ᠠᠬᠤᠢ ᠶᠢᠨ ᠵᠠᠯᠭᠠᠮᠵᠢ ᠠᠵᠤ  ᠦᠢᠯᠡᠰ ᠢ  ᠢᠳᠡᠪᠬᠢᠲᠡᠢ ᠬᠥᠭᠵᠢᠭᠦᠯᠵᠦ᠂ 7ᠲᠦᠮᠡᠨ ᠮᠦ ᠴᠢᠨᠠᠷᠯᠢᠭ ᠲᠡᠵᠢᠬᠡᠯ ᠡᠪᠡᠰᠦ  ᠂ 5 ᠲᠦᠮᠡᠨ ᠮᠦ  ᠵᠡᠷᠯᠢᠭ ᠲᠠᠤᠯᠠᠢ ᠶᠢᠨ ᠪᠦᠭᠡᠷ᠎ᠡ ᠲᠠᠷᠢᠵᠤ᠂ 500ᠮᠤ᠋ ᠬᠡᠭᠡᠷ᠎ᠡ ᠶᠢᠨ ᠭᠦᠢᠯᠡᠰᠦ ᠶᠢᠨ ᠤᠢ ᠳᠤ ᠦᠬᠡᠷᠡᠴᠢᠯᠡᠯᠳᠡ ᠬᠢᠭᠰᠡᠨ ᠪᠠᠶᠢᠨ᠎ᠠ᠃              ︵ᠭᠤᠷᠪᠠ︶  ᠮᠠᠯᠵᠢᠬᠤ ᠲᠠᠷᠢᠶᠠᠯᠠᠬᠤ ᠤᠷᠤᠨ ᠤ ᠡᠯ᠎ᠡ ᠲᠦᠷᠦᠯ ᠤᠨ ᠠᠵᠢᠯ  ᠯᠠᠪᠳᠠᠭᠤᠨ ᠢᠶᠠᠷ ᠠᠬᠢᠪᠠ᠃           ᠨᠢᠭᠡ ᠳᠤ᠂  ᠲᠠᠷᠢᠵᠤ ᠮᠠᠯᠵᠢᠬᠤ ᠦᠢᠯᠡᠰ ᠤᠨ ᠪᠦᠳᠦᠴᠡ ᠤᠯᠠᠮ ᠨᠢᠭᠡ ᠠᠯᠬᠤᠮ ᠰᠢᠯᠢᠳᠡᠭᠵᠢᠪᠡ  ᠃  ᠢᠳᠡᠰᠢᠨ ᠨᠣᠭᠤᠭ᠎ᠠ 15.6ᠲᠦᠮᠡᠨ‌ᠮᠦ ᠲᠠᠷᠢᠵᠤ᠂  ᠡᠭᠦᠨ ᠤ ᠲᠤᠳᠤᠷ᠎ᠠ  ᠴᠤᠭᠤᠷ  ᠨᠤᠭᠤᠭ᠎ᠠ 3.5 ᠲᠦᠮᠡᠨ ᠮᠦ ᠲᠠᠷᠢᠵᠤ︔ ᠲᠥᠮᠥᠰᠥ ᠲᠠᠷᠢᠬᠤ ᠲᠠᠯᠠᠪᠠᠢ 24.1ᠲᠦᠮᠡᠨ ᠮᠦ ᠳᠤ ᠬᠦᠷᠴᠦ᠂  ᠡᠭᠦᠨ ᠤ ᠳᠣᠲᠣᠷ᠎ᠠ ᠲᠤᠰᠬᠠᠢ ᠬᠡᠷᠡᠭᠯᠡᠭᠡᠨ ᠤ ᠲᠦᠮᠦᠰᠦ 10.2ᠲᠦᠮᠡᠨ  ᠮᠦ ᠳᠤ  ᠬᠦᠷᠴᠡᠢ  ᠃  ᠮᠠᠯᠵᠢᠯ ‍ᠣᠨ‌ᠣᠨ ᠤ ᠲᠤᠭᠠᠯᠠᠯᠭ᠎ᠠ ᠳᠤ ᠮᠠᠯ ᠤᠨ ᠲᠤᠭ᠎ᠠ ᠲᠤᠯᠤᠭᠠᠢ 17.1 ᠲᠦᠮᠡ ᠳᠤ ᠬᠦᠷᠴᠦ᠂ ᠡᠬᠦᠨ ᠳᠤ  ᠰᠠᠭᠠᠯᠢ   ᠶᠢᠨ  ᠦᠨᠢᠶ᠎ᠡ  ᠪᠠ  ᠰᠠᠶᠢᠨ  ᠡᠭᠦᠯᠳᠡᠷ   ᠤᠨ ᠮᠢᠬᠠᠨ ᠤ ᠦᠬᠡᠷ  ᠲᠣᠰᠪᠤᠷᠢ 2.8 ᠲᠦᠮᠡ ᠪᠠ  2.1 ᠲᠦᠮᠡᠨ ᠲᠣᠯᠣᠭᠠᠢ   ᠳᠤ  ᠬᠦᠷᠴᠡᠢ᠃            ᠬᠤᠶᠠᠷ ᠲᠤ᠂  ᠲᠦᠬᠦᠭᠡᠷᠵᠢᠭᠰᠡᠨ ᠲᠠᠷᠢᠶᠠᠯᠠᠩ ᠤᠨ ᠭᠡᠮᠵᠢᠶ᠎ᠡ  ᠤᠯᠠᠮ  ᠶᠡᠬᠡᠰᠪᠡ  ᠃ ᠲᠤᠮᠤ ᠭᠡᠯᠪᠡᠷᠢ ᠶᠢᠨ ᠠᠷᠪᠢᠳᠠᠢ ᠤᠰᠤᠯᠠᠯᠳᠠ ᠶᠢᠨ ᠤᠷᠤᠨ ᠲᠤᠭᠤᠷᠢᠭ 2.55 ᠲᠦᠮᠡᠨ ᠮᠤ᠋  ᠰᠢᠨ᠎ᠡ ᠪᠠᠷ ᠨᠡᠮᠡᠭᠳᠡᠵᠦ᠂   ᠬᠦᠳᠡᠭᠡ ᠲᠤᠰᠬᠤᠨ   ᠳᠤ ᠡᠷᠦᠬᠡ ᠬᠤᠯᠪᠤᠭᠠᠯᠠᠬᠤ᠂  ᠬᠤᠷᠰᠢᠵᠤ ᠬᠠᠮᠳᠤᠷᠠᠬᠤ ᠵᠡᠷᠭᠡ  ᠬᠡᠯᠪᠡᠷᠢ ᠪᠠᠷ ᠵᠢᠵᠢᠭ ᠤᠰᠤᠯᠠᠯᠳᠠ ᠶᠢᠨ ᠲᠠᠯᠠᠪᠠᠢ 5000 ᠮᠤ᠋ ᠶᠢ ᠨᠡᠭᠡᠭᠡᠵᠦ᠂ ᠤᠰᠤᠯᠠᠯᠳᠠ ᠶᠢᠨ ᠲᠠᠯᠠᠪᠠᠢ ᠶᠢ 27 ᠲᠦᠮᠡᠨ ᠮᠤ᠋ ᠳᠤ ᠬᠦᠷᠭᠡᠪᠡ᠃ ᠬᠠᠮᠠᠭᠠᠯᠠᠯᠳᠠ ᠶᠢᠨ ᠲᠠᠷᠢᠶᠠᠨ ᠤ ᠢᠳᠡᠰᠢᠨ ᠨᠤᠭᠤᠭᠠᠨ ᠤ ᠲᠤᠯᠠᠭᠠᠨ ᠬᠦᠯᠡᠮᠵᠢ 4000 ᠰᠠᠭᠤᠷᠢ᠂ 2000 ᠮᠤ᠋ ᠶᠢ ᠰᠢᠨ᠎ᠡ ᠪᠠᠷ ᠪᠠᠶᠢᠭᠤᠯᠵᠤ᠂  ᠨᠡᠶᠢᠳᠡ 9000 ᠰᠠᠭᠤᠷᠢ᠂  4050 ᠮᠤ᠋ ᠳᠤ ᠬᠦᠷᠭᠡᠪᠡ᠃  ᠭᠠᠵᠠᠷ  ᠬᠠᠭᠠᠰ ᠰᠠᠭᠤᠯᠭᠠᠭᠰᠠᠨ ᠪᠠᠷᠢᠮᠵᠢᠶᠠᠳᠤ ᠲᠤᠯᠠᠭᠠᠨ ᠬᠦᠯᠡᠮᠵᠢ  6 ᠰᠠᠭᠤᠷᠢ   ᠶᠢ ᠪᠠᠶᠢᠭᠤᠯᠤᠨ᠂ ᠤᠰᠤ ᠴᠠᠬᠢᠯᠭᠠᠨ ᠢ  ᠢᠵᠢ ᠪᠦᠷᠢᠳᠦᠬᠦᠯᠦᠨ᠂  ᠲᠤᠷᠰᠢᠵᠤ  ᠲᠠᠷᠢᠭᠰᠠᠨ ᠡᠪᠦᠯ ᠤᠨ ᠤᠯᠠᠷᠢᠯ ᠤᠨ ᠢᠳᠡᠰᠢᠨ ᠨᠤᠭᠤᠭᠠᠨ ᠤ  ᠤᠷᠭᠤᠯᠳᠠ   ᠶᠢᠨ ᠪᠠᠶᠢᠳᠠᠯ ᠲᠤᠩ ᠰᠠᠶᠢᠨ ᠪᠠᠶᠢᠭ᠎ᠠ  ᠃           ᠭᠤᠷᠪᠠ ᠳᠤ᠂  ᠪᠠᠷᠢᠮᠵᠢᠶᠠᠵᠢᠭᠰᠠᠨ ᠰᠢᠰᠲ᠋ᠧᠮ ᠤᠨ ᠪᠠᠶᠢᠭᠤᠯᠤᠯᠳᠠ ᠠᠮᠵᠢᠯᠳᠠ ᠤᠯᠪᠠ᠃ ᠨᠡᠶᠢᠳᠡ  ᠶᠢᠨ ᠬᠤᠤᠷᠳᠠᠯ ᠦᠬᠡᠢ  ᠪᠦᠳᠦᠭᠡᠭᠳᠡᠬᠦᠨ᠂ ᠪᠤᠬᠢᠷᠳᠤᠯ ᠦᠬᠡᠢ ᠢᠳᠡᠭᠡᠨ ᠤ ᠰᠢᠯᠭᠠᠨ ᠭᠡᠷᠡᠴᠢᠯᠡᠬᠦᠯᠬᠦ ᠬᠦᠷᠢᠶ᠎ᠡ ᠭᠡᠪᠴᠢᠶ᠎ᠡ  ᠤᠯᠠᠮ ᠦᠷᠭᠡᠳᠴᠦ᠂ ᠨᠡᠶᠢᠳᠡ ᠶᠢᠨ ᠬᠤᠤᠷᠳᠠᠯ ᠦᠬᠡᠢ   ᠪᠠᠷ  ᠰᠢᠯᠭᠠᠨ ᠭᠡᠷᠡᠴᠢᠯᠡᠭᠳᠡᠭᠰᠡᠨ ᠰᠠᠭᠤᠷᠢᠨ ᠭᠠᠵᠠᠷ 30 ᠲᠦᠮᠡᠨ ᠮᠤ᠋ ᠰᠢᠨ᠎ᠡ ᠪᠠᠷ  ᠨᠡᠮᠡᠭᠳᠡᠨ᠂ ᠨᠡᠶᠢᠳᠡ60 ᠲᠦᠮᠡᠨ ᠮᠤ᠋ ᠳᠤ  ᠬᠦᠷᠴᠦ︔ ᠴᠠᠩ ᠶᠤᠸᠠᠨ ᠺᠤᠮᠫᠠᠨᠢ ᠨᠢ ᠤᠷᠭᠠᠨᠢᠭ ᠲᠠᠬᠢᠶᠠᠨ ᠦᠨᠳᠡᠭᠡ ᠪᠤᠯᠤᠨ ᠤᠷᠭᠠᠨᠢᠭ ᠰᠦᠨ ᠤ ᠢᠷᠡᠯᠳᠡ ᠶᠢᠨ ᠰᠠᠭᠤᠷᠢᠨ ᠭᠠᠵᠠᠷ ᠢᠶᠠᠷ ᠰᠢᠯᠭᠠᠨ ᠭᠡᠷᠡᠴᠢᠯᠡᠭᠳᠡᠭᠰᠡᠨ ᠪᠠᠶᠢᠨ᠎ᠠ᠃            ᠲᠦᠷᠪᠡ ᠳᠤ᠂   ᠮᠠᠯᠴᠢᠨ ᠲᠠᠷᠢᠶᠠᠴᠢᠨ ᠤ ᠰᠢᠯᠵᠢᠯᠳᠡ ᠶᠢᠨ ᠪᠤᠯᠪᠠᠰᠤᠷᠠᠯ ᠯᠠᠪᠳᠠᠭᠤᠨ  ᠶᠠᠪᠤᠭᠳᠠᠪᠠ᠃  ᠪᠦᠬᠦ ᠵᠢᠯ ᠳᠤ 8565 ᠮᠠᠯᠴᠢᠨ ᠲᠠᠷᠢᠶᠠᠴᠢᠨ ᠳᠤ ᠪᠤᠯᠪᠠᠰᠤᠷᠠᠯ ᠬᠦᠷᠳᠡᠭᠡᠨ᠂ ᠮᠠᠯᠵᠢᠬᠤ ᠲᠠᠷᠢᠶᠠᠯᠠᠬᠤ ᠤᠷᠤᠨ ᠤ  13950 ᠬᠦᠳᠡᠯᠮᠦᠷᠢ ᠬᠦᠴᠦᠨ ᠢ ᠰᠢᠯᠵᠢᠬᠦᠯᠪᠡ  ︔ ᠭᠠᠳᠠᠨ᠎ᠠ ᠤᠷᠤᠨ ᠤ ᠲᠡᠭᠡᠳᠦ ᠵᠡᠷᠭᠡ ᠶᠢᠨ ᠠᠵᠢᠯ ᠮᠡᠷᠭᠡᠵᠢᠯ  ᠤᠨ ᠲᠤᠮᠳᠠᠳᠤ ᠰᠤᠷᠭᠠᠭᠤᠯᠢ ᠳᠤ 104 ᠨᠡᠷ᠎ᠡ ᠦᠨᠳᠦᠷ ᠲᠤᠮᠳᠠᠳᠤ ᠲᠡᠭᠦᠰᠦᠭᠰᠡᠨ ᠰᠤᠷᠤᠭᠴᠢ ᠶᠢ ᠬᠦᠷᠭᠡᠨ  ᠰᠤᠷᠤᠯᠴᠠᠭᠤᠯᠤᠭᠰᠠᠨ  ᠪᠠᠶᠢᠨ᠎ᠠ᠃            ᠲᠠᠪᠤ ᠳᠤ᠂  ᠮᠠᠯᠵᠢᠬᠤ ᠲᠠᠷᠢᠶᠠᠯᠠᠬᠤ ᠤᠷᠤᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠲᠠᠰᠤᠷᠠᠯᠳᠠ ᠦᠬᠡᠢ ᠬᠦᠨᠵᠡᠭᠡᠶᠢᠷᠡᠪᠡ᠃           ᠪᠦᠬᠦ ᠵᠢᠯ  ᠳᠤ ᠢᠳᠡᠰᠢᠨ ᠨᠤᠭᠤᠭ᠎ᠠ᠂ ᠲᠦᠮᠦᠰᠦ ᠲᠠᠷᠢᠬᠤ᠂ ᠰᠠᠭᠠᠯᠢ ᠶᠢᠨ ᠦᠨᠢᠶ᠎ᠡ  ᠂ ᠮᠢᠬᠠᠨ  ᠤ ᠦᠬᠡᠷ ᠮᠠᠯᠵᠢᠬᠤ  ᠵᠢᠴᠢ ᠲᠠᠷᠢᠶᠠᠯᠠᠩ  ᠤᠨ ᠭᠡᠷᠡᠭᠰᠡᠯ ᠬᠤᠳᠠᠯᠳᠤᠨ ᠠᠪᠬᠤ ᠪᠠ ᠪᠤᠷᠤᠯᠠᠭᠤᠯᠬᠤ᠂  ᠮᠠᠰᠢᠨᠴᠢᠯᠠᠭᠰᠠᠨ ᠦᠢᠯᠡᠴᠢᠯᠡᠭᠡ ᠬᠢᠬᠦ ᠵᠡᠷᠭᠡ ᠡᠯ᠎ᠡ ᠲᠦᠷᠦᠯ  ᠤᠨ ᠲᠤᠰᠬᠠᠢ ᠬᠤᠷᠰᠢᠶ᠎ᠠ 24 ᠶᠢ ᠬᠦᠭᠵᠢᠬᠦᠯᠵᠦ᠂ ᠲᠠᠩᠰᠠᠯᠠᠭᠤᠯᠤᠭᠰᠠᠨ ᠪᠡᠯᠨ 820 ᠲᠦᠮᠡᠨ ᠲᠦᠬᠦᠷᠢᠭ  ᠲᠤ ᠬᠦᠷᠴᠦ᠂ 1150 ᠡᠷᠦᠭᠡ ᠶᠢᠨ 4729 ᠬᠦᠮᠦᠨ  ᠬᠤᠷᠰᠢᠶᠠᠨ  ᠳᠤ ᠤᠷᠤᠵᠤ᠂   ᠬᠤᠷᠰᠢᠯ ᠳᠤ ᠤᠷᠤᠭᠰᠠᠨ ᠭᠡᠰᠢᠬᠦᠳ  ᠤᠨ ᠤᠷᠤᠯᠭ᠎ᠠ ᠬᠦᠮᠦᠨ ᠲᠤᠮᠳᠠᠴᠢ ᠪᠠᠷ 2620 ᠲᠦᠬᠦᠷᠢᠭ ᠨᠡᠮᠡᠭᠳᠡᠭᠰᠡᠨ ᠪᠠᠶᠢᠨ᠎ᠠ᠃           ᠮᠠᠯ  ᠲᠠᠷᠢᠶᠠᠯᠠᠩ  ᠤᠨ ᠲᠠᠭᠠᠳᠬᠠᠯ  ᠤᠨ ᠠᠵᠢᠯ  ᠠᠯᠬᠤᠮ ᠲᠠᠷᠠᠭ᠎ᠠ ᠲᠠᠢ ᠶᠠᠪᠤᠭᠳᠠᠪᠠ᠃ ᠪᠦᠬᠦ ᠬᠤᠰᠢᠭᠤᠨ  ᠤ ᠪᠤᠭᠤᠳᠠᠢ᠂ ᠡᠷᠳᠡᠨᠢ ᠰᠢᠰᠢ᠂ ᠶᠢᠦᠼᠠᠢ  ᠨᠤᠭᠤᠭᠠᠨ  ᠤ ᠲᠠᠭᠠᠳᠬᠠᠯ  ᠳᠤ ᠤᠷᠤᠭᠰᠠᠨ ᠲᠠᠯᠠᠪᠠᠢ 51.7 ᠲᠦᠮᠡᠨ ᠮᠤ᠋  ᠳᠤ ᠬᠦᠷᠴᠦ᠂ ᠲᠠᠭᠠᠳᠬᠠᠯ  ᠳᠤ ᠤᠷᠤᠭᠰᠠᠨ ᠰᠠᠭᠠᠯᠢ ᠶᠢᠨ ᠦᠨᠢᠶ᠎ᠡ1.4 ᠲᠦᠮᠨ᠂  ᠭᠠᠭ᠋ᠠᠢ 0.68 ᠲᠦᠮᠨ  ᠳᠤ ᠬᠦᠷᠦᠭᠡᠳ᠂  ᠪᠦᠬᠦ ᠵᠢᠯ  ᠳᠤ ᠮᠠᠯ  ᠲᠠᠷᠢᠶᠠᠯᠠᠩ ᠤᠨ ᠲᠠᠭᠠᠳᠬᠠᠯ  ᠤᠨ ᠮᠦᠩᠬᠦ 691.9 ᠲᠦᠮᠡᠨ ᠲᠦᠬᠦᠷᠢᠭ  ᠢ ᠲᠦᠯᠦᠵᠦ᠂ ᠡᠬᠦᠨ  ᠳᠤ ᠲᠠᠷᠢᠬᠤ ᠪᠠ ᠮᠠᠯᠵᠢᠬᠤ ᠦᠢᠯᠡᠰ  ᠤᠨ ᠲᠦᠯᠦᠪᠦᠷᠢ ᠲᠤᠰᠪᠤᠷᠢ 625.3 ᠲᠦᠮᠡᠨ ᠲᠦᠬᠦᠷᠢᠭ ᠪᠠ 66.6 ᠲᠦᠮᠡᠨ ᠲᠦᠬᠦᠷᠢᠭ  ᠲᠤ ᠬᠦᠷᠪᠡ᠃        ︽ᠨᠢᠭᠡ ᠶᠠᠪᠤᠳᠠᠯ ᠢ ᠨᠢᠬᠡ ᠵᠦᠪᠯᠡᠬᠦ︾ ᠡᠳ᠋  ᠤᠨ ᠵᠠᠰᠠᠭ  ᠤᠨ ᠱᠠᠩᠨᠠᠵᠤ ᠨᠦᠬᠦᠪᠦᠷᠢᠯᠡᠬᠦ ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ  ᠤᠨ ᠠᠵᠢᠯ ᠢᠯᠡᠳᠳᠡ ᠠᠮᠵᠢᠯᠳᠠ ᠤᠯᠪᠠ᠃  ᠨᠡᠶᠢᠳᠡ 902 ᠲᠦᠮᠡᠨ ᠲᠦᠬᠦᠷᠢᠭ ᠤᠷᠤᠭᠤᠯᠵᠤ᠂ ᠢᠳᠡᠰᠢᠨ ᠨᠤᠭᠤᠭᠠᠨ  ᠤ ᠵᠠᠬ᠎ᠠ᠂ ᠵᠢᠵᠢᠭ ᠭᠡᠯᠪᠡᠷᠢ ᠶᠢᠨ ᠤᠰᠤᠨ ᠠᠰᠢᠭᠯᠠᠯᠳᠠ  ᠶᠢᠨ ᠲᠦᠬᠦᠭᠡᠷᠦᠮᠵᠢ᠂ ᠬᠠᠮᠳᠤ ᠶᠢᠨ ᠰᠠᠭᠠᠯᠢ ᠶᠢᠨ ᠦᠷᠳᠡᠭᠡ ᠵᠡᠷᠭᠡ ᠭᠠᠴᠠᠭ᠎ᠠ ᠲᠤᠰᠬᠤᠨ ᠱᠠᠳᠤᠨ  ᠤ ᠨᠡᠶᠢᠳᠡ ᠶᠢᠨ ᠠᠰᠠᠷᠠᠮᠵᠢ ᠶᠢᠨ 12 ᠲᠦᠷᠦᠯ ᠵᠦᠢᠯ  ᠢ  ᠪᠠᠶᠢᠭᠤᠯᠵᠠᠢ᠃         ᠡᠯ᠎ᠡ ᠵᠦᠢᠯ  ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠪᠦᠬᠦ ᠲᠠᠯᠠᠪᠠᠷ ᠨᠠᠶᠢᠳᠠᠪᠤᠷᠢᠵᠢᠪᠠ᠃  ᠪᠦᠬᠦ ᠵᠢᠯ ᠳᠤ  ᠂ ᠲᠠᠷᠢᠶᠠᠯᠠᠭ᠎ᠠ ᠶᠢ ᠵᠤᠭᠰᠤᠭᠠᠵᠤ ᠤᠢ ᠡᠪᠡᠰᠦ ᠶᠢ ᠰᠡᠷᠭᠦᠬᠡᠬᠦ᠂ ᠪᠡᠯᠴᠢᠭᠡᠷᠯᠡᠬᠦᠯᠬᠦ ᠶᠢ ᠵᠤᠭᠰᠤᠭᠠᠵᠤ ᠬᠠᠰᠢᠶᠠᠯᠠᠨ ᠮᠠᠯᠵᠢᠬᠤ᠂ ᠠᠮᠤ ᠦᠷ᠎ᠡ ᠶᠢᠨ ᠰᠢᠭᠤᠳ ᠨᠦᠬᠦᠪᠦᠷᠢ᠂ ᠲᠠᠷᠢᠶᠠᠯᠠᠩ  ᠤᠨ ᠭᠡᠷᠡᠭᠰᠡᠯ  ᠤᠨ ᠨᠦᠬᠦᠪᠦᠷᠢ᠂ ᠰᠠᠶᠢᠨ ᠡᠬᠦᠯᠳᠡᠷ  ᠤᠨ ᠨᠦᠬᠦᠪᠦᠷᠢ ᠪᠤᠯᠤᠨ ᠲᠠᠷᠢᠶᠠᠯᠠᠩ  ᠤᠨ ᠮᠠᠰᠢᠨ  ᠤ ᠨᠦᠬᠦᠪᠦᠷᠢ ᠵᠡᠷᠭᠡ 9834 ᠲᠦᠮᠡᠨ ᠲᠦᠬᠦᠷᠢᠭ  ᠤᠨ ᠨᠦᠬᠦᠪᠦᠷᠢ ᠮᠦᠩᠬᠦ ᠶᠢ ᠲᠠᠷᠬᠠᠭᠠᠪᠠ᠃  ᠡᠳ᠋  ᠤᠨ ᠵᠠᠰᠠᠭ  ᠤᠨ ᠨᠦᠬᠦᠪᠦᠷᠢ ᠶᠢᠨ ︽ᠨᠢᠬᠡ ᠺᠠᠷᠲ  ᠪᠠᠷ ᠤᠯᠭᠤᠬᠤ︾ ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ  ᠤᠨ ᠠᠵᠢᠯ  ᠢ ᠬᠢᠵᠦ᠂ 4 ᠲᠦᠮᠡᠨ ᠬᠤᠪᠢ ᠬᠠᠷᠠᠭᠠᠯᠵᠠᠯ  ᠤᠨ ᠺᠠᠷᠲ ᠶᠢ ᠲᠠᠷᠬᠠᠭᠠᠭᠰᠠᠨ ᠪᠠᠶᠢᠨ᠎ᠠ᠃          ︵ᠲᠦᠷᠪᠡ︶  ᠠᠵᠤ  ᠦᠢᠯᠡᠳᠪᠦᠷᠢ   ᠶᠢᠨ ᠠᠵᠤ ᠠᠬᠤᠢ ᠶᠢᠨ  ᠪᠠᠶᠢᠳᠠᠯ ᠤᠯᠠᠮ ᠰᠠᠶᠢᠵᠢᠷᠠᠪᠠ᠃           2008 ᠤᠨ  ᠳᠤ᠂  ᠪᠦᠬᠦ ᠠᠵᠤ ᠦᠢᠯᠡᠳᠪᠦᠷᠢ ᠶᠢᠨ  ᠨᠡᠮᠡᠭᠳᠡᠯ ᠦᠷᠳᠡᠭ 5.5 ᠳ᠋ᠦᠩᠰᠢᠭᠤᠷ ᠲᠦᠬᠦᠷᠢᠭ  ᠢ ᠪᠡᠶᠡᠯᠡᠬᠦᠯᠵᠦ᠂ 19.8% ᠪᠠᠷ  ᠨᠡᠮᠡᠭᠳᠡᠪᠡ᠃   ᠠᠵᠤ ᠦᠢᠯᠡᠳᠪᠦᠷᠢ   ᠠᠴᠠ ᠠᠵᠤ  ᠠᠬᠤᠢ   ᠶᠢᠨ ᠨᠡᠮᠡᠭᠳᠡᠯ  ᠳᠤ  ᠦᠵᠡᠬᠦᠯᠬᠦ ᠬᠤᠪᠢ ᠨᠡᠮᠡᠬᠦᠷᠢ ᠶᠢᠨ ᠨᠤᠷᠮ᠎ᠠ 32.1%  ᠳᠤ ᠬᠦᠷᠴᠦ᠂ ᠠᠵᠤ ᠠᠬᠤᠢ ᠶᠢᠨ ᠨᠡᠮᠡᠭᠳᠡᠯ  ᠢ 6.5 ᠵᠠᠭᠤᠨ  ᠤ ᠬᠤᠪᠢ ᠶᠢᠨ ᠴᠡᠭ ᠲᠡᠭᠡᠭᠰᠢᠯᠡᠬᠦᠯᠦᠭᠰᠡᠨ ᠪᠠᠶᠢᠨ᠎ᠠ᠃            ᠨᠢᠭᠡ ᠳᠤ᠂ ᠠᠵᠤ ᠦᠢᠯᠡᠳᠪᠦᠷᠢ ᠶᠢᠨ ᠤᠷᠤᠨ ᠲᠤᠭᠤᠷᠢᠭ   ᠤᠨ ᠪᠠᠶᠢᠭᠤᠯᠤᠯᠳᠠ ᠤᠷᠤᠭᠰᠢᠳᠠᠢ ᠠᠬᠢᠪᠠ ᠃  ᠪᠤᠤᠴᠠᠩ ᠪᠠᠯᠭᠠᠰᠤᠨ  ᠤ ᠰᠢᠨ᠎ᠡ ᠲᠤᠭᠤᠷᠢᠭ  ᠲᠤ 4 ᠬᠠᠪᠳᠠᠭᠠᠢ ᠲᠦᠷᠪᠡᠯᠵᠢᠨ ᠮᠧᠲᠷ  ᠤᠨ ᠠᠵᠤ ᠦᠢᠯᠡᠳᠪᠦᠷᠢ ᠶᠢᠨ ᠤᠷᠤᠨ ᠲᠤᠭᠤᠷᠢᠭ  ᠢ ᠲᠦᠯᠦᠪᠵᠢᠬᠦᠯᠵᠦ᠂ ᠵᠠᠰᠠᠵᠤ ᠪᠠᠶᠢᠭᠤᠯᠬᠤ ᠨᠠᠷᠢᠨ  ᠲᠦᠯᠦᠪᠯᠡᠭᠡ ᠪᠤᠯᠤᠨ ᠭᠡᠰᠡᠭ ᠵᠠᠮ᠂ ᠤᠰᠤ ᠬᠠᠩᠭᠠᠵᠤ ᠲᠠᠳᠠᠷᠠᠭᠤᠯᠬᠤ᠂ ᠪᠤᠬᠢᠷᠳᠤᠯ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ ᠵᠡᠷᠭᠡ ᠦᠨᠳᠦᠰᠦᠨ ᠪᠦᠳᠦᠭᠡᠨ ᠪᠠᠶᠢᠭᠤᠯᠤᠯᠳᠠ ᠶᠢᠨ  ᠢᠨᠵᠧᠨᠧᠷᠢᠩ ᠢ ᠲᠠᠭᠤᠰᠬᠠᠵᠤ᠂  ᠭᠡᠰᠡᠭ ᠠᠵᠤ ᠠᠬᠤᠶᠢᠯᠠᠯ ᠨᠢᠭᠡᠨᠳᠡ ᠡᠬᠢᠯᠡᠵᠦ  ᠨᠤᠳᠤᠭᠰᠢᠭᠰᠠᠨ ᠪᠠᠶᠢᠨ᠎ᠠ᠃          ᠬᠤᠶᠠᠷ  ᠲᠤ᠂ ᠤᠳᠤ ᠪᠠᠶᠢᠭ᠎ᠠ ᠠᠵᠤ ᠠᠬᠤᠶᠢᠯᠠᠯ  ᠤᠨ ᠡᠷᠬᠢᠯᠳᠡ ᠶᠢᠨ  ᠪᠠᠶᠢᠳᠠᠯ ᠰᠠᠶᠢᠨ ᠪᠠᠶᠢᠭ᠎ᠠ᠃   ︽ᠲᠠᠯ᠎ᠠ  ᠨᠤᠲᠤᠭ︾   ᠠᠷᠢᠬᠢ  ᠨᠡᠷᠡᠬᠦ  ᠺᠣᠮᠫᠠᠨᠢ  ᠂  ︽ ᠬᠤᠩ  ᠵᠢᠩ  ᠶᠤᠸᠠᠨ  ︾  ᠲᠣᠰᠣ  ᠰᠢᠬᠠᠬᠤ  ᠺᠣᠮᠫᠠᠨᠢ  ᠂  ︽ ᠬᠤᠸᠠ  ᠡᠯ  ︾   ᠽᠧᠮᠧᠨ᠋ᠲ   ᠶᠢᠨ  ᠺᠣᠮᠫᠠᠨᠢ  ᠵᠡᠷᠭᠡ  ᠤᠳᠤ  ᠪᠠᠶᠢᠭ᠎ᠠ  ᠠᠵᠤ ᠠᠬᠤᠶᠢᠯᠠᠯ   ᠨᠢ  ᠨᠡᠶᠢᠳᠡ  2700  ᠲᠦᠮᠡᠨ  ᠲᠦᠬᠦᠷᠢᠭ   ᠤᠨ  ᠪᠡᠯᠨ  ᠤᠷᠤᠭᠤᠯᠤᠨ  ᠮᠡᠷᠭᠡᠵᠢᠯ  ᠤᠨ ᠦᠭᠡᠷᠡᠴᠢᠯᠡᠯᠳᠡ ᠪᠠ  ᠦᠷᠭᠡᠳᠭᠡᠨ  ᠪᠠᠶᠢᠭᠤᠯᠤᠯᠳᠠ  ᠬᠢᠪᠡ  ᠃  ᠰᠠᠯᠬᠢᠨ  ᠬᠦᠴᠦᠨ  ᠴᠠᠬᠢᠯᠭᠠᠨ   ᠤ  ᠨᠢᠭᠡᠳᠦᠭᠡᠷ  ᠬᠤᠭᠤᠴᠠᠭᠠᠨ  ᠤ  4.95  ᠲᠦᠮᠡᠨ ᠺᠢᠯᠤᠸᠠᠲ   ᠤᠨ  ᠴᠠᠬᠢᠯᠭᠠᠨ  ᠡᠬᠦᠰᠭᠡᠬᠦ  ᠂ ︽ ᠬᠤᠩ  ᠶᠧ  ︾  ᠠᠭᠤᠷᠬᠠᠢ   ᠶᠢᠨ  ᠦᠢᠯᠡᠰ   ᠤᠨ  ᠴᠠᠬᠢᠭᠤᠷ   ᠴᠢᠯᠠᠭᠤ  ᠰᠣᠩᠭᠤᠨ  ᠦᠢᠯᠡᠳᠪᠦᠷᠢᠯᠡᠬᠦ  ᠵᠡᠷᠭᠡ  ᠵᠠᠯᠭᠠᠵᠤ  ᠪᠠᠶᠢᠭᠤᠯᠬᠤ  ᠲᠦᠷᠦᠯ  ᠵᠦᠢᠯ   ᠨᠢ  ᠨᠡᠶᠢᠳᠡ  3.92   ᠳ᠋ᠦᠩᠰᠢᠭᠤᠷ  ᠲᠦᠬᠦᠷᠢᠭ  ᠤᠨ  ᠪᠡᠯᠨ  ᠤᠷᠤᠭᠤᠯᠤᠨ  ᠂  ᠪᠠᠶᠢᠭᠤᠯᠤᠯᠳᠠ ᠲᠠᠭᠤᠰᠬᠠᠵᠤ  ᠦᠢᠯᠡᠳᠪᠦᠷᠢᠯᠡᠯ   ᠡᠬᠢᠯᠡᠭᠰᠡᠨ  ᠪᠠᠶᠢᠨ᠎ᠠ  ᠃    ᠤᠳᠤ   ᠪᠠᠶᠢᠭ᠎ᠠ  ᠠᠵᠤ   ᠠᠬᠤᠶᠢᠯᠠᠯ  ᠪᠤᠯᠤᠨ  ᠰᠢᠨ᠎ᠡ   ᠪᠠᠷ  ᠪᠠᠶᠢᠭᠤᠯᠤᠭᠰᠠᠨ  ᠲᠦᠷᠦᠯ   ᠵᠦᠢᠯ   ᠤᠨ  ᠲᠠᠶᠢᠴᠢᠯᠠᠯ   ᠲᠤᠤᠷ᠎ᠠ  ᠂   ᠪᠦᠬᠦ   ᠵᠢᠯ  ᠳᠤ ᠠᠵᠤ   ᠦᠢᠯᠡᠳᠪᠦᠷᠢ   ᠶᠢᠨ  ᠨᠡᠮᠡᠭᠳᠡᠯ  ᠦᠷᠳᠡᠭ   8700   ᠲᠦᠮᠡᠨ  ᠲᠦᠬᠦᠷᠢᠭ  ᠰᠢᠨ᠎ᠡ   ᠪᠠᠷ   ᠨᠡᠮᠡᠭᠳᠡᠵᠦ  ᠂  ᠡᠬᠦᠨ  ᠳᠤ  ︽ ᠲᠠᠯ᠎ᠠ  ᠨᠤᠲᠤᠭ  ︾   ᠺᠣᠮᠫᠠᠨᠢ  ᠪᠤᠯᠤᠨ  ︽ ᠴᠠᠩ  ᠵᠢᠶᠠᠩ  ︾   ᠺᠣᠮᠫᠠᠨᠢ  ᠬᠤᠶᠠᠷ ᠶᠡᠭᠡ  ᠠᠵᠤ  ᠠᠬᠤᠶᠢᠯᠠᠯ   ᠤᠨ  ᠦᠢᠯᠡᠳᠪᠦᠷᠢᠯᠡᠯ  ᠤᠨ  ᠦᠷᠳᠡᠭ  ᠲᠤᠰᠪᠤᠷᠢ   1.3  ᠳ᠋ᠦᠩᠰᠢᠭᠤᠷ   ᠲᠦᠬᠦᠷᠢᠭ   ᠪᠠ   1.2  ᠳ᠋ᠦᠩᠰᠢᠭᠤᠷ   ᠲᠦᠬᠦᠷᠢᠭ   ᠲᠤ  ᠬᠦᠷᠴᠡᠢ  ᠃          ᠭᠤᠷᠪᠠ  ᠳᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠷᠤᠭᠰᠢᠳᠠᠢ ᠶᠠᠪᠤᠭᠳᠠᠪᠠ᠃  ︽ᠾᠧᠩ  ᠶᠤᠸᠠᠨ︾  ᠲᠦᠮᠦᠰᠦᠨ  ᠤ ᠦᠢᠯᠡᠰ  ᠤᠨ ᠲᠦᠮᠦᠰᠦ ᠪᠤᠯᠪᠠᠰᠤᠷᠠᠭᠤᠯᠬᠤ ᠲᠦᠷᠦᠯ ᠵᠦᠢᠯ ᠨᠢ  ᠦᠢᠯᠡᠳᠪᠦᠷᠢᠯᠡᠯ  ᠤᠨ ᠲᠠᠰᠤᠭ  ᠤᠨ ᠪᠠᠶᠢᠭᠤᠯᠤᠯᠳᠠ ᠶᠢ ᠲᠠᠭᠤᠰᠬᠠᠵᠤ᠂ ᠲᠤᠨᠤᠭ ᠲᠦᠬᠦᠭᠡᠷᠦᠮᠵᠢ ᠪᠠᠨ ᠤᠭᠰᠠᠷᠠᠵᠤ ᠪᠠᠶᠢᠨ᠎ᠠ᠃   ︽ᠥᠷᠨᠢᠯ︾  ᠮᠠᠯᠵᠢᠯ   ᠤᠨ  ᠺᠣᠮᠫᠠᠨᠢ   ᠶᠢᠨ  ᠮᠢᠬᠠᠨ   ᠤ  ᠦᠬᠡᠷ  ᠪᠣᠷᠳᠣᠬᠤ ᠲᠦᠷᠦᠯ ᠵᠦᠢᠯ ᠨᠢ ᠠᠯᠪᠠᠨ ᠠᠰᠠᠷ ᠪᠤᠯᠤᠨ ᠦᠬᠡᠷ  ᠤᠨ ᠰᠠᠷᠠᠪᠴᠢ᠂ ᠨᠤᠭᠤᠭᠠᠨ ᠲᠠᠷᠤᠰᠢ ᠶᠢᠨ ᠵᠤᠭᠤᠷᠢ  ᠵᠢᠴᠢ ᠪᠤᠰᠤᠳ  ᠦᠨᠳᠦᠰᠦᠨ ᠢᠨᠵᠧᠨᠧᠷᠢᠩ  ᠢᠶᠠᠨ ᠲᠠᠭᠤᠰᠬᠠᠵᠤ᠂   ︽ᠰᠢᠨ ᠶᠤᠸᠠᠨ︾ ᠺᠤᠮᠫᠠᠨᠢ ᠶᠢᠨ ᠴᠠᠬᠢᠯᠭᠠᠨ ᠴᠢᠯᠠᠭᠤᠨ  ᠤ ᠲᠦᠷᠦᠯ ᠵᠦᠢᠯ ᠨᠢ᠂ ᠨᠢᠭᠡᠳᠦᠭᠡᠷ ᠬᠤᠭᠤᠴᠠᠭᠠᠨ  ᠤ ᠢᠨᠵᠧᠨᠧᠷᠢᠩ  ᠳᠡᠭᠡᠨ ᠦᠢᠯᠡᠳᠪᠦᠷᠢᠯᠡᠯ  ᠤᠨ ᠲᠠᠰᠤᠭ  ᠤᠨ ᠨᠢᠭᠡᠳᠦᠭᠡᠷ ᠲᠠᠪᠬᠤᠷᠭ᠎ᠠ  ᠶᠢᠨ ᠭᠤᠤᠯ ᠴᠤᠭᠴᠠ ᠶᠢᠨ ᠪᠠᠷᠢᠯᠭ᠎ᠠ ᠪᠠᠨ ᠲᠠᠭᠤᠰᠬᠠᠵᠤ᠂ ᠲᠦᠬᠦᠭᠡᠷᠦᠮᠵᠢ ᠪᠠᠨ ᠤᠷᠤᠭᠤᠯᠬᠤ ᠪᠠᠷ ᠲᠤᠭᠳᠠᠭᠠᠳ ᠪᠠᠶᠢᠨ᠎ᠠ᠃ ︽ᠴᠠᠩ  ᠵᠢᠶᠠᠩ︾  ᠠᠭᠤᠷᠬᠠᠢ   ᠶᠢᠨ  ᠦᠢᠯᠡᠰ   ᠤᠨ  ᠺᠣᠮᠫᠠᠨᠢ   ᠶᠢᠨ  ᠴᠠᠬᠢᠭᠤᠷ  ᠲᠡᠮᠦᠷ  ᠰᠤᠩᠭᠤᠨ ᠦᠢᠯᠡᠳᠪᠦᠷᠢᠯᠡᠬᠦ ᠲᠦᠷᠦᠯ ᠵᠦᠢᠯ ᠨᠢ ᠰᠠᠭᠤᠷᠢ  ᠲᠠᠯᠪᠢᠬᠤ ᠵᠡᠷᠭᠡ ᠦᠨᠳᠦᠰᠦᠨ ᠢᠨᠵᠧᠨᠧᠷᠢᠩ ᠢᠶᠠᠨ ᠲᠠᠭᠤᠰᠬᠠᠪᠠ᠃          ᠲᠦᠷᠪᠡ ᠳᠤ᠂ ᠲᠦᠷᠦᠬᠦᠴᠢ ᠬᠤᠭᠤᠴᠠᠭᠠᠨ  ᠤ ᠢᠨᠵᠧᠨᠧᠷᠢᠩ  ᠤᠨ ᠠᠵᠢᠯ  ᠤᠨ  ᠪᠦᠳᠦᠮᠵᠢ ᠢᠯᠡᠭᠡᠨ ᠪᠠᠶᠢᠨ᠎ᠠ᠃   5 ᠳ᠋ᠦᠩᠰᠢᠭᠤᠷ ᠲᠦᠬᠦᠷᠢᠭ  ᠤᠨ ᠪᠡᠯᠨ ᠤᠷᠤᠭᠤᠯᠤᠭᠰᠠᠨ  ᠲᠤᠮᠳᠠᠳᠤ ᠤᠯᠤᠰ  ᠤᠨ ᠰᠠᠯᠬᠢᠨ ᠴᠠᠭᠢᠯᠭᠠᠨ  ᠤ  ᠬᠤᠶᠠᠳᠤᠭᠠᠷ ᠬᠤᠭᠤᠴᠠᠭᠠᠨ ᠤ ᠢᠨᠵᠧᠨᠧᠷᠢᠩ ᠪᠤᠯᠤᠨ ᠤᠯᠤᠰ ᠤᠨ ᠴᠠᠬᠢᠯᠭᠠᠨ ᠬᠦᠴᠦᠨ ᠤ ᠲᠦᠷᠦᠬᠦᠴᠢ ᠬᠤᠭᠤᠴᠠᠭᠠᠨ  ᠤ ᠰᠠᠯᠬᠢᠨ ᠬᠦᠴᠦᠨ ᠢᠶᠠᠷ ᠴᠠᠬᠢᠯᠭᠠᠨ ᠡᠬᠦᠰᠭᠡᠬᠦ ᠢᠨᠵᠧᠨᠧᠷᠢᠩ   ᠨᠢ ᠨᠢᠭᠡᠨᠳᠡ ᠦᠪᠡᠷᠳᠡᠭᠡᠨ ᠵᠠᠰᠠᠬᠤ ᠤᠷᠤᠨ  ᠤ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ  ᠳᠤ ᠡᠷᠡᠮᠡᠯᠵᠡᠯᠡᠨ  ᠮᠡᠳᠡᠬᠦᠯᠦᠭᠡᠳ  ᠂ ᠬᠢᠨᠠᠨ ᠵᠦᠪᠰᠢᠶᠡᠷᠡᠬᠦ ᠶᠢ ᠬᠦᠯᠢᠶᠡᠵᠦ ᠪᠤᠢ᠃ ︽ᠴᠠᠩ  ᠵᠢᠶᠠᠩ︾  ᠺᠤᠮᠫᠠᠨᠢ ᠶᠢᠨ 2×2.5 ᠲᠦᠮᠡᠨ ᠺᠢᠯᠤᠸᠤᠯᠲ ᠠᠮᠫᠧᠷ  ᠤᠨ ᠴᠠᠬᠢᠭᠤᠷ  ᠲᠡᠮᠦᠷ   ᠤᠨ ᠦᠢᠯᠡᠳᠪᠦᠷᠢᠯᠡᠯ  ᠤᠨ ᠦᠷᠭᠡᠳᠭᠡᠨ ᠪᠠᠶᠢᠭᠤᠯᠬᠤ ᠲᠦᠷᠦᠯ ᠵᠦᠢᠯ ᠨᠢ  ᠭᠡᠷᠡᠭᠵᠢᠬᠦᠯᠵᠦ ᠪᠤᠯᠬᠤᠶᠢᠴᠠ ᠰᠤᠳᠤᠯᠭ᠎ᠠ᠂ ᠭᠠᠵᠠᠷ ᠰᠤᠩᠭᠤᠬᠤ ᠵᠡᠷᠭᠡ ᠲᠦᠷᠦᠬᠦᠴᠢ ᠬᠤᠭᠤᠴᠠᠭᠠᠨ  ᠤ ᠠᠵᠢᠯ  ᠢ ᠲᠠᠭᠤᠰᠬᠠᠨ᠂  ︽ᠲᠠᠯ᠎ᠠ‌ᠨᠤᠳᠤᠭ︾ ᠺᠤᠮᠫᠠᠨᠢ ᠶᠢᠨ ᠦᠬᠡᠷᠡᠴᠢᠯᠡᠯᠳᠡ᠂ ︽ᠬᠤᠸ᠋ᠨ ᠡᠯ ︾ ᠺᠤᠮᠫᠠᠨᠢ ᠶᠢᠨ ᠮᠡᠷᠭᠡᠵᠢᠯ  ᠤᠨ ᠦᠬᠡᠷᠡᠴᠢᠯᠡᠯᠳᠡ᠂ ᠾᠧᠪᠸᠢ ᠶᠢᠨ ︽ᠰᠠᠨ ᠶᠢᠦ︾ ᠺᠤᠮᠫᠠᠨᠢ ᠶᠢᠨ ᠲᠡᠮᠦᠷᠯᠢᠭ ᠦᠢᠯᠡᠳᠬᠦᠨ ᠪᠤᠯᠪᠠᠰᠤᠷᠠᠭᠤᠯᠬᠤ᠂ ︽ ᠾᠧᠩ ᠶᠧ  ᠡᠸᠦ ᠮᠠ︾ ᠺᠤᠮᠫᠠᠨᠢ ᠶᠢᠨpvc ᠪᠡᠭᠡᠯᠡᠢ ᠦᠢᠯᠡᠳᠪᠦᠷᠢᠯᠡᠬᠦ ᠵᠡᠷᠭᠡ ᠲᠦᠷᠦᠯ ᠵᠦᠢᠯ ᠨᠢ ᠪᠦᠷ ᠲᠦᠷᠦᠭᠦᠴᠢ ᠬᠤᠭᠤᠴᠠᠭᠠᠨ  ᠤ ᠠᠵᠢᠯ ᠢᠶᠠᠨ ᠦᠨᠳᠦᠰᠦᠨ  ᠳᠡᠭᠡᠨ ᠲᠠᠭᠤᠰᠬᠠᠪᠠ᠃  ᠪᠠᠰᠠ25 ᠡᠷᠦᠬᠡ ᠭᠠᠵᠠᠷ ᠰᠢᠨᠵᠢᠯᠡᠭᠡᠨ  ᠤ ᠠᠵᠤ ᠠᠬᠤᠶᠢᠯᠠᠯ ᠲᠠᠢ ᠬᠠᠷᠢᠭᠤᠴᠠᠯᠭ᠎ᠠ ᠶᠢᠨ ᠪᠢᠴᠢᠭ ᠲᠤᠭᠳᠠᠵᠤ᠂ ᠭᠠᠵᠠᠷ  ᠰᠢᠨᠵᠢᠯᠡᠭᠡ ᠲᠡᠭᠡᠷ᠎ᠡ 4500 ᠲᠦᠮᠡᠨ ᠲᠦᠬᠦᠷᠢᠭ  ᠤᠨ ᠪᠡᠯᠨ ᠤᠷᠤᠭᠤᠯᠵᠤ᠂ ᠸᠤᠯᠹᠷᠤᠮ ᠮᠤᠯᠢᠪᠳᠧᠨ  ᠤ ᠤᠯᠠᠨ ᠲᠡᠮᠦᠷᠯᠢᠭᠳᠦ ᠠᠭᠤᠷᠬᠠᠢ᠂ ᠬᠠᠷ᠎ᠠ ᠲᠤᠭᠤᠯᠭ᠎ᠠ ᠴᠠᠶᠢᠷ  ᠤᠨ ᠠᠭᠤᠷᠬᠠᠢ᠂ ᠲᠤᠭᠤᠯᠭ᠎ᠠ ᠶᠢᠨ ᠠᠭᠤᠷᠬᠠᠢ ᠵᠡᠷᠭᠡ   ᠶᠢ ᠢᠯᠡᠷᠡᠬᠦᠯᠦᠭᠰᠡᠨ ᠪᠦᠭᠡᠳ2009 ᠤᠨ ᠳᠤ ᠨᠢᠬᠡ ᠪᠦᠯᠦᠭ  ᠢ ᠨᠢ ᠬᠠᠶᠢᠵᠤ ᠨᠡᠭᠡᠭᠡᠬᠦ ᠪᠠᠷ ᠲᠡᠭᠡᠭᠰᠢ ᠮᠡᠳᠡᠬᠦᠯᠵᠦ  ᠂ ᠨᠢᠬᠡ ᠪᠦᠯᠦᠭ  ᠢ ᠨᠢ ᠰᠤᠩᠭᠤᠵᠤ ᠬᠡᠷᠡᠭᠯᠡᠬᠦ ᠪᠤᠯᠤᠮᠵᠢ ᠲᠠᠢ ᠪᠤᠢ᠃        ︵ᠲᠠᠪᠤ︶ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠲᠠᠰᠤᠷᠠᠯᠳᠠ ᠦᠬᠡᠢ ᠴᠢᠩᠭᠠᠷᠠᠪᠠ᠃ ᠰᠢᠨ᠎ᠡ ᠲᠤᠭᠤᠷᠢᠭ  ᠤᠨ 5 ᠵᠤᠷᠪᠤᠰ 10 ᠺᠢᠯᠤᠮᠧᠲᠷ 23.8 ᠲᠦᠮᠡᠨ ᠬᠠᠪᠳᠠᠭᠠᠢ ᠲᠦᠷᠪᠡᠯᠵᠢᠨ ᠮᠧᠲᠷ ᠲᠤᠰᠤᠨ ᠵᠠᠮ  ᠤᠨ ᠪᠠᠶᠢᠭᠤᠯᠤᠯᠳᠠ᠂ 4 ᠺᠢᠯᠤᠮᠧᠲᠷ ᠪᠤᠬᠢᠷᠳᠤᠯ ᠭᠠᠳᠠᠭᠰᠢᠯᠠᠭᠤᠯᠬᠤ  ᠲᠤᠤᠷ ᠬᠤᠭᠤᠯᠠᠢ᠂ 1 ᠺᠢᠯᠤᠮᠧᠲᠷ ᠤᠰᠤ ᠬᠠᠩᠭᠠᠬᠤ ᠬᠤᠭᠤᠯᠠᠢ ᠶᠢᠨ ᠪᠠᠶᠢᠭᠤᠯᠤᠯᠳᠠ ᠶᠢ ᠲᠠᠭᠤᠰᠬᠠᠵᠤ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ  ᠶᠢ ᠪᠠᠶᠢᠭᠤᠯᠵᠤ ᠡᠬᠢᠯᠡᠵᠡᠢ᠃ ᠬᠠᠭᠤᠴᠢᠨ ᠬᠤᠳᠠ ᠶᠢᠨ ᠲᠤᠭᠤᠷᠢᠭ  ᠤᠨ ᠤᠤᠯ  ᠤᠨ ︽ ᠲᠠᠢ ᠾᠧ ᠯᠸᠦ︾ ᠠᠰᠠᠷ ᠪᠤᠯᠤᠨ ᠪᠦᠷᠢᠨ ᠪᠠᠷᠠᠭᠠᠳᠤ ᠠᠰᠠᠷ  ᠢ ᠨᠤᠷᠠᠭᠠᠨ ᠦᠬᠡᠷᠡᠴᠢᠯᠡᠵᠦ᠂ ᠭᠡᠰᠡᠭ ᠵᠠᠮ  ᠢ ᠲᠡᠪᠢᠰᠴᠦ ᠬᠠᠳᠠᠭᠤᠷᠠᠭᠤᠯᠬᠤ᠂ ᠤᠰᠤ ᠬᠠᠩᠭᠠᠵᠤ ᠳᠠᠳᠠᠷᠠᠭᠤᠯᠬᠤ᠂ ᠰᠡᠯᠡᠬᠦᠴᠡᠯ  ᠤᠨ ᠲᠠᠯᠠᠪᠠᠢ ᠪᠠᠶᠢᠭᠤᠯᠬᠤ᠂ ᠢᠯᠴᠢ ᠬᠠᠩᠭᠠᠬᠤ᠂ ᠨᠤᠭᠤᠭᠠᠷᠠᠭᠤᠯᠬᠤ᠂ ᠭᠡᠭᠡᠷᠡᠬᠦᠯᠬᠦ ᠵᠡᠷᠭᠡ ᠢᠨᠵᠧᠨᠧᠷᠢᠩ  ᠢ ᠭᠡᠷᠡᠭᠵᠢᠬᠦᠯᠵᠡᠢ᠃ ᠣᠷᠣᠨ ᠰᠠᠭᠤᠴᠠ ᠶᠢᠨ ᠠᠰᠠᠷ 6.2 ᠲᠦᠮᠡᠨ ᠬᠠᠪᠳᠠᠭᠠᠢ ᠲᠦᠷᠪᠡᠯᠵᠢᠨ ᠮᠧᠲᠷ  ᠂ ᠠᠷᠠᠯᠵᠢᠶᠠᠨ  ᠳᠤ ᠭᠡᠷᠡᠭᠯᠡᠬᠦ ᠠᠰᠠᠷ 4.13 ᠲᠦᠮᠡᠨ ᠬᠠᠪᠳᠠᠭᠠᠢ ᠲᠦᠷᠪᠡᠯᠵᠢᠨ ᠮᠧᠲᠷ᠂ ᠠᠯᠪᠠᠨ ᠭᠡᠷ᠂ ᠰᠤᠷᠭᠠᠭᠤᠯᠢ ᠶᠢᠨ ᠪᠠᠶᠢᠷᠢ᠂ ᠦᠢᠯᠡᠳᠪᠦᠷᠢ ᠶᠢᠨ ᠲᠠᠰᠤᠭ 2.46ᠲᠦᠮᠡᠨ ᠬᠠᠪᠳᠠᠭᠠᠢ ᠲᠦᠷᠪᠡᠯᠵᠢᠨ ᠮᠧᠲᠷ ᠢ  ᠪᠠᠶᠢᠭᠤᠯᠪᠠ᠃         ᠵᠠᠰᠠᠮᠠᠯ ᠵᠠᠮ  ᠤᠨ ᠪᠠᠶᠢᠭᠤᠯᠤᠯᠳᠠ ᠶᠢᠨ ᠲᠠᠯᠠᠪᠠᠷ᠂ ᠰᠤᠮᠤ ᠰᠢᠶᠠᠩ ᠳᠤ ᠨᠡᠪᠳᠡᠷᠡᠬᠦ 53 ᠺᠢᠯᠤᠮᠧᠲᠷ ᠲᠤᠰᠤᠨ ᠵᠠᠮ ᠤᠨ ᠰᠠᠭᠤᠷᠢ ᠲᠠᠯᠪᠢᠬᠤ ᠢᠨᠵᠧᠨᠧᠷᠢᠩ ᠪᠤᠯᠤᠨ  ᠭᠠᠴᠠᠭ᠎ᠠ ᠲᠤᠰᠬᠤᠨ ᠳᠤ  ᠨᠡᠪᠳᠡᠷᠡᠬᠦ 107 ᠺᠢᠯᠤᠮᠧᠲᠷ ᠬᠠᠶᠢᠷ ᠴᠢᠯᠠᠭᠤᠨ ᠵᠠᠮ ᠤᠨ ᠪᠠᠶᠢᠭᠤᠯᠤᠯᠳᠠ ᠶᠢ ᠲᠠᠭᠤᠰᠬᠠᠵᠤ᠂ ᠪᠤᠤᠴᠠᠩ ᠠᠴᠠ ᠬᠦ᠋ ᠬᠠᠢ ᠶᠡᠭᠡ ᠵᠠᠮ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠢ ᠪᠠᠶᠢᠭᠤᠯᠤᠨ ᠲᠡᠷᠭᠡ  ᠨᠡᠪᠳᠡᠷᠡᠬᠦᠯᠵᠦ᠂  ᠪᠤᠤᠴᠠᠩ ᠠᠴᠠ ᠰᠠᠩ ᠤᠨ ᠲᠠᠯᠠᠢ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠨᠢ ᠭᠤᠤᠯ ᠴᠤᠭᠴᠠ ᠶᠢᠨ ᠢᠨᠵᠧᠨᠧᠷᠢᠩ ᠢᠶᠠᠨ ᠲᠠᠭᠤᠰᠬᠠᠨ᠂ ᠪᠤᠤᠴᠠᠩ ᠠᠴᠠ ᠰᠠᠨ ᠬᠤᠤ ᠳ᠋ᠢ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ ᠤᠨ ᠪᠠᠶᠢᠭᠤᠯᠤᠯᠳᠠ ᠶᠢ ᠡᠬᠢᠯᠡᠬᠦᠯᠵᠠᠢ ᠃ ᠴᠠᠬᠢᠯᠭᠠᠨ ᠲᠤᠤᠷ ᠤᠨ ᠪᠠᠶᠢᠭᠤᠯᠤᠯᠳᠠ ᠶᠢᠨ ᠲᠠᠯᠠᠪᠠᠷ  ᠂ 1294 ᠲᠦᠮᠡᠨ ᠲᠦᠬᠦᠷᠢᠭ ᠤᠷᠤᠭᠤᠯᠵᠤ᠂ 110  ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ ᠪᠤᠯᠤᠨ 20 ᠺᠢᠯᠤᠮᠧᠲᠷ ᠤᠷᠳᠤ 0.4 ᠺᠢᠯᠤᠸᠤᠯᠲ ᠤᠨ   ᠴᠠᠬᠢᠯᠭᠠᠨ ᠱᠤᠭᠤᠮ  ᠂ 40 ᠺᠢᠯᠤᠮᠧᠲᠷ ᠤᠷᠳᠤ 10 ᠺᠢᠯᠤᠸᠤᠯᠲ ᠤᠨ ᠴᠠᠬᠢᠯᠭᠠᠨ  ᠱᠤᠭᠤᠮ ᠤᠨ ᠦᠭᠡᠷᠡᠴᠢᠯᠡᠯᠳᠡ ᠶᠢᠨ ᠢᠨᠵᠧᠨᠧᠷᠢᠩ ᠢ ᠲᠠᠭᠤᠰᠠᠬᠠᠪᠠ᠃ 2582 ᠲᠦᠮᠡᠨ ᠲᠦᠬᠦᠷᠢᠭ ᠤᠨ ᠪᠡᠯᠡ ᠤᠷᠤᠭᠤᠯᠤᠭᠰᠠᠨ 35  ᠺᠢᠯᠤᠸᠤᠯᠲ ᠤᠨ ᠴᠠᠬᠢᠯᠭᠠᠨ ᠬᠦᠷᠭᠡᠵᠦ ᠬᠤᠪᠢᠰᠬᠠᠬᠤ 2 ᠰᠠᠭᠤᠷᠢ ᠢᠨᠵᠧᠨᠧᠷᠢᠩ ᠪᠤᠯᠤᠨ 1.12 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠭᠰᠠᠨ 220 ᠺᠢᠯᠤᠸᠤᠯᠲ ᠤᠨ ᠴᠠᠬᠢᠯᠭᠠᠨ ᠬᠦᠷᠭᠡᠵᠦ ᠬᠤᠪᠢᠰᠬᠠᠬᠤ ᠢᠨᠵᠧᠨᠧᠷᠢᠩ ᠤᠨ ᠲᠦᠷᠦᠬᠦᠴᠢ ᠬᠤᠭᠤᠴᠠᠭᠠᠨ   ᠤ ᠠᠵᠢᠯ ᠦᠨᠳᠦᠰᠦᠨ ᠳᠡᠭᠡᠨ ᠪᠡᠶᠡᠯᠡᠭᠳᠡᠪᠡ᠃ 250 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠮᠠᠯᠴᠢᠨ ᠲᠠᠷᠢᠶᠠᠴᠢᠳ ᠤᠨ ᠦᠪᠡᠷᠳᠡᠭᠡᠨ ᠨᠡᠭᠡᠭᠡᠭᠰᠡᠨ 8640 ᠮᠤ᠋ ᠤᠰᠤᠯᠠᠯᠳᠠ ᠶᠢᠨ ᠲᠠᠯᠠᠪᠠᠢ   ᠶᠢᠨ ᠴᠠᠬᠢᠯᠭᠠᠨ ᠬᠦᠴᠦᠨ ᠤ ᠲᠦᠬᠦᠭᠡᠷᠦᠮᠵᠢ ᠶᠢ ᠢᠵᠢ ᠪᠦᠷᠢᠳᠦᠬᠦᠯᠬᠦ ᠠᠰᠠᠭᠤᠳᠠᠯ ᠢ ᠰᠢᠢᠳᠪᠦᠷᠢᠯᠡᠵᠠᠢ᠃ ᠤᠰᠤᠨ ᠠᠰᠢᠭᠯᠠᠯᠳᠠ ᠶᠢᠨ ᠲᠠᠯᠠᠪᠠᠷ᠂ ᠨᠡᠶᠢᠳᠡ 6500 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠲᠠᠷᠢᠶ᠎ᠠ ᠪᠡᠯᠴᠢᠭᠡᠷ ᠤᠨ ᠤᠰᠤᠨ ᠠᠰᠢᠭᠯᠠᠯᠳᠠ ᠶᠢᠨ ᠪᠠᠶᠢᠭᠤᠯᠤᠯᠳᠠ ᠠᠴᠠ ᠭᠠᠳᠠᠨ᠎ᠠ᠂ ᠬᠦᠮᠦᠨ ᠮᠠᠯ  ᠤᠨ ᠤᠰᠤ ᠤᠮᠳᠠ ᠶᠢᠨ ᠠᠶᠤᠯᠬᠦᠢ ᠶᠢᠨ ᠢᠨᠵᠧᠨᠧᠷᠢᠩ ᠬᠢᠭᠡᠳ ᠶᠦᠩ ᠹᠧᠩ ᠤᠰᠤᠨ ᠴᠦᠬᠦᠷᠦᠮ ᠤᠨ ᠲᠦᠭᠰᠢᠬᠦᠷᠢ ᠶᠢ  ᠠᠷᠢᠯᠭᠠᠵᠤ ᠪᠠᠬᠢᠯᠡᠨ ᠵᠠᠰᠠᠬᠤ ᠢᠨᠵᠧᠨᠧᠷᠢᠩ ᠢ  ᠬᠡᠷᠡᠭᠵᠢᠬᠦᠯᠪᠡ᠃ ᠴᠢᠮᠡᠭᠡ ᠬᠤᠯᠪᠤᠭᠠᠨ ᠤ ᠪᠠᠶᠢᠭᠤᠯᠤᠯᠳᠠ ᠶᠢᠨ ᠲᠠᠯᠠᠪᠠᠷ᠂ 1800 ᠲᠦᠮᠡᠨ ᠲᠦᠬᠦᠷᠢᠭ ᠤᠨ ᠪᠡᠯᠡ ᠤᠷᠤᠭᠤᠯᠵᠤ 12 ᠰᠠᠭᠤᠷᠢ ᠴᠢᠮᠡᠭᠡ ᠬᠤᠯᠪᠤᠭᠠᠨ ᠤ ᠰᠠᠭᠤᠷᠢ ᠦᠷᠳᠡᠭᠡ ᠶᠢ ᠪᠠᠶᠢᠭᠤᠯᠵᠠᠢ᠃          ︵ᠵᠢᠷᠭᠤᠭ᠎ᠠ︶  ᠭᠤᠷᠪᠠᠳᠤᠭᠠᠷ  ᠠᠵᠤ  ᠦᠢᠯᠡᠰ  ᠲᠦᠷᠭᠡᠨ  ᠬᠥᠭᠵᠢᠪᠡ  ᠃         ᠲᠠᠯ᠎ᠠ ᠨᠤᠲᠤᠭ ᠤᠨ  ᠣᠨᠴᠠᠯᠢᠭᠲᠤ  ᠵᠤᠭᠠᠴᠠᠯ   ᠤᠨ  ᠦᠢᠯᠡᠰ   ᠢ ᠬᠦᠴᠦ ᠲᠠᠯᠪᠢᠨ ᠬᠦᠭᠵᠢᠬᠦᠯᠵᠦ᠂  ᠲᠠᠶᠢᠹᠤᠰᠧ  ᠬᠤᠰᠢᠭᠤᠨ   ᠤ  ᠬᠠᠭᠠᠨ   ᠤ  ᠠᠳᠤᠭᠤᠨ ᠵᠤᠰᠠᠭᠠᠯ ᠤᠨ ᠭᠠᠳᠠᠭᠰᠢ ᠬᠠᠮᠳᠤᠷᠠᠯᠴᠠᠭ᠎ᠠ ᠶᠢ ᠢᠳᠡᠪᠬᠢᠳᠡᠢ  ᠪᠠᠷ ᠠᠬᠢᠭᠤᠯᠤᠨ᠂ ᠵᠤᠭᠠᠴᠠᠯ ᠤᠨ ᠲᠡᠮᠳᠡᠭ ᠲᠡᠰ ᠪᠤᠯᠤᠨ ᠬᠢᠷᠢ ᠲᠦᠪᠰᠢᠨ ᠢ ᠲᠡᠭᠡᠭᠰᠢᠯᠡᠬᠦᠯᠵᠦ︔  ᠵᠢᠩ ᠵᠢᠢ ᠠᠪᠠ   ᠶᠢᠨ  ᠲᠠᠯᠠᠪᠠᠢ   ᠶᠢᠨ  ᠪᠠᠶᠢᠭᠤᠯᠤᠯᠳᠠ ᠶᠢ ᠲᠠᠭᠤᠰᠬᠠᠨ ᠠᠰᠢᠭᠯᠠᠯᠳᠠ ᠳᠤ ᠤᠷᠤᠭᠤᠯᠵᠤ︔   ᠴᠡᠷᠢᠭ ᠤᠨ ᠶᠠᠪᠤᠳᠠᠯ ᠢ ᠦᠷᠭᠡᠳᠬᠡᠬᠦ  ᠵᠤᠭᠠᠴᠠᠯ ᠤᠨ ᠦᠵᠡᠮᠵᠢᠳᠦ ᠤᠷᠤᠨ   ᠤ ᠪᠠᠶᠢᠭᠤᠯᠤᠯᠳᠠ ᠶᠢ ᠠᠬᠢᠭᠤᠯᠤᠨ᠂ ᠭᠠᠵᠠᠷ ᠰᠢᠷᠤᠢ ᠲᠦᠷᠢᠶᠡᠰᠦᠯᠡᠬᠦ ᠠᠵᠢᠯ  ᠪᠠ  ᠲᠦᠰᠦᠪ  ᠲᠦᠯᠦᠪᠵᠢᠬᠦᠯᠭᠡ   ᠶᠢ  ᠬᠢᠵᠦ ᠲᠠᠭᠤᠰᠬᠠᠵᠠᠢ᠃   ᠮᠠᠯᠴᠢᠨ  ᠡᠷᠦᠭᠡ   ᠶᠢᠨ  ᠵᠠᠩ  ᠦᠢᠯᠡ   ᠶᠢᠨ  ᠵᠤᠭᠠᠴᠠᠯ   ᠤᠨ ᠭᠠᠵᠠᠷ 18 ᠪᠤᠯᠤᠨ ᠬᠦᠭᠵᠢᠵᠦ᠂  ᠤᠳᠤᠨ  ᠲᠡᠰ   ᠤᠨ  ︽ᠮᠠᠯᠴᠢᠨ  ᠠᠶᠢᠯ︾  14 ᠡᠷᠦᠭᠡ   ᠳᠤ ᠬᠦᠷᠴᠦ᠂ ᠤᠤᠯ   ᠠᠴᠠ  ᠪᠠᠰᠠ  7  ᠡᠷᠦᠬᠡ   ᠨᠡᠮᠡᠭᠳᠡᠪᠡ  ᠃   ᠲᠦᠷᠪᠡᠨᠤᠳᠤᠨ ᠲᠡᠰ ᠤᠨ ᠪᠠᠷᠢᠮᠵᠢᠶᠠᠳᠤ ᠠᠷᠢᠬᠢᠨ ᠠᠰᠠᠷ   ᠤᠨ ᠪᠠᠷᠢᠯᠭ᠎ᠠ ᠶᠢ ᠡᠬᠢᠯᠡᠬᠦᠯᠪᠡ᠃  ᠪᠦᠬᠦ ᠵᠢᠯ ᠳᠤ  ᠨᠡᠶᠢᠳᠡ10.2 ᠲᠦᠮᠡᠨ ᠵᠤᠭᠠᠴᠠᠭᠴᠢ ᠶᠢ ᠵᠤᠴᠢᠯᠠᠵᠤ᠂  ᠵᠤᠭᠠᠴᠠᠯ ᠤᠨ ᠤᠷᠤᠯᠭ᠎ᠠ 4720 ᠲᠦᠮᠡᠨ ᠲᠦᠬᠦᠷᠢᠭ ᠢ   ᠪᠡᠶᠡᠯᠡᠬᠦᠯᠵᠦ᠂  ᠲᠡᠭᠡᠷ᠎ᠡ ᠵᠢᠯ ᠠᠴᠠ ᠪᠠᠨ 33% ᠪᠠᠷ ᠨᠡᠮᠡᠭᠳᠡᠭᠰᠡᠨ ᠪᠠᠶᠢᠨ᠎ᠠ᠃ ᠰᠤᠮᠤ ᠰᠢᠶᠠᠩ ᠪᠠᠯᠭᠠᠰᠤ ᠶᠢ ᠲᠠᠮᠵᠢᠨ᠂ 3 ᠰᠠᠭᠤᠷᠢ ᠢᠳᠡᠰᠢᠨ ᠨᠤᠭᠤᠭᠠᠨ ᠤ ᠵᠠᠬ᠎ᠠ ᠲᠡᠯᠬᠡᠬᠦᠷ ᠢ ᠪᠠᠶᠢᠭᠤᠯᠪᠠ᠃ ︽ᠲᠦᠮᠡᠨ  ᠲᠣᠰᠬᠤᠨ  ᠮᠢᠩᠭᠠᠨ  ᠰᠢᠶᠠᠩ︾   ᠤᠨ  ᠵᠠᠬ᠎ᠠ  ᠳᠡᠯᠭᠡᠭᠦᠷ   ᠤᠨ  ᠢᠨᠵᠧᠨᠧᠷᠢᠩ   ᠢ  ᠪᠠᠬᠢᠵᠢᠬᠦᠯᠬᠦ ᠪᠠ ᠲᠡᠬᠦᠯᠲᠡᠷᠵᠢᠬᠦᠯᠵᠦ᠂  ᠪᠦᠬᠦ ᠬᠤᠰᠢᠭᠤᠨ ᠤ 80% ᠶᠢᠨ ᠭᠠᠴᠠᠭ᠎ᠠ ᠲᠤᠰᠬᠤᠨ ᠢ ᠬᠠᠮᠤᠷᠴᠠᠢ᠃  ᠦᠢᠯᠡᠴᠢᠯᠡᠭᠡᠨ ᠤ ᠦᠢᠯᠡᠰ ᠢ ᠬᠦᠭᠵᠢᠬᠦᠯᠬᠦ ᠲᠤᠰᠬᠠᠢ ᠲᠦᠷᠦᠯ ᠤᠨ ᠪᠡᠯᠡ ᠮᠦᠩᠬᠦ ᠶᠢ  ᠤᠯᠵᠤ᠂ ᠢᠳᠡᠰᠢᠨ ᠨᠤᠭᠤᠭᠠᠨ ᠤ ᠠᠶᠤᠯᠬᠦᠢ ᠶᠢᠨ ᠪᠠᠶᠢᠴᠠᠭᠠᠯᠳᠠ ᠶᠢᠨ ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠦᠭᠡᠷᠡᠴᠢᠯᠡᠯᠳᠡ ᠲᠡᠭᠡᠷ᠎ᠡ ᠬᠡᠷᠡᠭᠯᠡᠵᠡᠢ᠃ ᠪᠦᠬᠦ  ᠨᠡᠶᠢᠭᠡᠮ   ᠤᠨ  ᠬᠡᠷᠡᠭᠯᠡᠭᠡᠨ   ᠤ  ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 7.3 ᠳ᠋ᠦᠩᠰᠢᠭᠤᠷ ᠲᠥᠭᠦᠷᠢᠭ ᠲᠤ ᠬᠦᠷᠴᠦ᠂ 24.4% ᠪᠠᠷ ᠨᠡᠮᠡᠭᠳᠡᠪᠡ᠃  ᠠᠶᠠᠨᠴᠢᠨ ᠪᠠ ᠪᠠᠷᠠᠭ᠎ᠠ ᠲᠡᠭᠡᠭᠡᠪᠦᠷᠢ ᠵᠢᠨ‌ᠡᠷᠬᠢᠯᠳᠦᠯ ᠤᠨ ᠭᠡᠮᠵᠢᠶ᠎ᠡ ᠲᠤᠰᠪᠤᠷᠢ ᠺᠢᠯᠤᠮᠧᠲᠷ ᠪᠦᠷᠢ ᠳᠤ 2601 ᠲᠦᠮᠡᠨ ᠬᠦᠮᠦᠨ ᠪᠠ 6 ᠳ᠋ᠦᠩᠰᠢᠭᠤᠷ  ᠲᠤᠨ ᠳᠤ ᠬᠦᠷᠴᠦ᠂ ᠲᠤᠰᠪᠤᠷᠢ 8.6% ᠪᠠ 9.4% ᠪᠠᠷ  ᠨᠡᠮᠡᠭᠳᠡᠭᠰᠡᠨ ᠪᠠᠶᠢᠨ᠎ᠠ᠃            ︵ᠲᠤᠯᠤᠭ᠎ᠠ︶  ᠡᠳ᠋   ᠤᠨ  ᠵᠠᠰᠠᠭ  ᠂ ᠭᠠᠶᠢᠯᠢ᠂ ᠮᠦᠩᠬᠦᠨ ᠬᠦᠢᠯᠭᠡᠭᠡᠨ ᠤ ᠠᠵᠢᠯ ᠦᠷᠬᠦᠯᠵᠢᠯᠡᠨ ᠴᠢᠩᠭᠠᠷᠠᠪᠠ᠃           ᠠᠷᠭ᠎ᠠ ᠤᠬᠠᠭᠠᠨ ᠰᠦᠪᠡᠭᠴᠢᠯᠡᠨ ᠡᠳ᠋ ᠤᠨ ᠵᠠᠰᠠᠭ ᠤᠨ ᠤᠷᠤᠯᠭ᠎ᠠ ᠶᠢ  ᠨᠡᠮᠡᠭᠳᠡᠬᠦᠯᠬᠦ  ᠰᠠᠭᠤᠷᠢᠨ ᠲᠡᠭᠡᠷ᠎ᠡ  ᠂  ᠲᠦᠷᠦᠯ ᠵᠦᠢᠯ ᠬᠢᠭᠡᠳ ᠪᠡᠯᠡ  ᠮᠦᠩᠬᠦ ᠲᠡᠮᠡᠴᠡᠨ ᠤᠯᠬᠤ ᠡᠷᠴᠢᠮ ᠢ ᠴᠢᠩᠭᠠᠷᠠᠭᠤᠯᠵᠤ᠂ ᠪᠦᠬᠦ ᠵᠢᠯ  ᠳᠤ᠂ ᠡᠳ᠋   ᠤᠨ  ᠵᠠᠰᠠᠭ   ᠤᠨ  ᠵᠠᠷᠤᠯᠭ᠎ᠠ  70697 ᠲᠦᠮᠡᠨ ᠲᠥᠭᠦᠷᠢᠭ   ᠢ ᠪᠡᠶᠡᠯᠡᠬᠦᠯᠦᠨ  ᠂ ᠲᠡᠭᠡᠷ᠎ᠡ ᠵᠢᠯ  ᠠᠴᠠ  24599 ᠲᠦᠮᠡᠨ ᠲᠥᠭᠦᠷᠢᠭ  ᠦᠰᠭᠡᠵᠦ᠂ 53.2%   ᠪᠠᠷ ᠨᠡᠮᠡᠭᠳᠡᠬᠦᠯᠦᠨ᠂ ᠬᠤᠪᠢ ᠬᠦᠮᠦᠨ ᠤ ᠵᠠᠷᠤᠯᠭ᠎ᠠ ᠶᠢᠨ ᠨᠡᠮᠡᠭᠳᠡᠯ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠮᠠᠯ ᠲᠠᠷᠢᠶᠠᠯᠩ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠯᠳᠡ᠂ ᠲᠤᠰᠬᠠᠢ ᠲᠦᠷᠦᠯ ᠤᠨ ᠪᠡᠯᠡ ᠮᠦᠩᠬᠦᠨ ᠤ ᠲᠦᠯᠦᠪᠦᠷᠢ᠂ ᠰᠢᠨ᠎ᠡ ᠲᠤᠭᠤᠷᠢᠭ  ᠤᠨ ᠭᠠᠵᠠᠷ ᠰᠢᠷᠤᠢ ᠬᠤᠷᠢᠶᠠᠵᠤ ᠨᠦᠬᠡᠴᠡᠯᠡᠬᠦ ᠵᠡᠷᠭᠡ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠪᠠ᠃  ᠤᠯᠤᠰ ᠤᠨ ᠰᠠᠩ ᠤᠨ ᠲᠦᠷᠢᠮ ᠤᠨ ᠦᠬᠡᠷᠡᠴᠢᠯᠡᠯᠳᠡ ᠶᠢ ᠲᠤᠭᠳᠠᠭᠤᠨ ᠢᠶᠠᠷ ᠠᠬᠢᠭᠤᠯᠵᠤ᠂  ᠤᠯᠤᠰ ᠤᠨ ᠰᠠᠩ  ᠤᠨ ᠲᠦᠪᠯᠡᠷᠡᠬᠦᠯᠦᠨ ᠬᠤᠷᠢᠶᠠᠵᠤ ᠲᠦᠯᠦᠬᠦ ᠲᠦᠷᠢᠮ ᠢ ᠭᠡᠷᠡᠭᠵᠢᠬᠦᠯᠪᠡ᠃ ᠵᠠᠰᠠᠭ ᠤᠨ ᠤᠷᠳᠤᠨ ᠠᠴᠠ ᠲᠦᠪᠯᠡᠷᠡᠬᠦᠯᠦᠨ ᠬᠤᠳᠠᠯᠳᠤᠨ ᠠᠪᠬᠤ ᠠᠵᠢᠯ ᠢ ᠲᠦᠯᠬᠢᠨ ᠠᠬᠢᠭᠤᠯᠵᠤ᠂ ᠬᠤᠳᠠᠯᠳᠤᠨ ᠠᠪᠬᠤ  ᠭᠡᠪᠴᠢᠶ᠎ᠡ ᠪᠤᠯᠤᠨ ᠬᠡᠮᠵᠢᠶ᠎ᠡ ᠶᠢ ᠤᠯᠠᠮ ᠨᠢᠬᠡ ᠠᠯᠬᠤᠮ ᠦᠷᠭᠡᠳᠭᠡᠪᠡ᠃ ᠭᠠᠳᠠᠭᠠᠳᠤ ᠠᠴᠠ ᠤᠷᠤᠭᠤᠯᠤᠭᠰᠠᠨ ᠰᠠᠭᠠᠯᠢ ᠶᠢᠨ ᠦᠨᠢᠶᠡᠨ  ᠤ  ᠡᠷᠡᠬᠦᠯ ᠪᠤᠰᠤ ᠵᠢᠭᠡᠯᠡᠯᠭᠡ ᠶᠢ ᠢᠳᠡᠪᠬᠢᠳᠡᠢ ᠪᠠᠷ ᠴᠡᠪᠡᠷᠯᠡᠨ ᠬᠤᠷᠢᠶᠠᠵᠤ᠂ ᠨᠡᠶᠢᠳᠡ 1360 ᠲᠦᠮᠡᠨ ᠲᠦᠬᠦᠷᠢᠭ  ᠤᠨ ᠵᠢᠭᠡᠯᠡᠯᠭᠡ ᠶᠢ ᠪᠤᠴᠠᠭᠠᠨ ᠬᠤᠷᠢᠶᠠᠵᠤ᠂ ᠡᠨᠡ ᠨᠢ ᠶᠡᠷᠦᠩᠭᠡᠢ ᠭᠡᠮᠵᠢᠶᠡᠨ ᠤ 75% ᠶᠢ ᠡᠵᠡᠯᠡᠵᠡᠢ᠃ ᠡᠯ᠎ᠡ ᠲᠦᠷᠦᠯ ᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 15.7 ᠳ᠋ᠦᠩᠰᠢᠭᠤᠷ ᠲᠦᠬᠦᠷᠢᠭ ᠲᠤ ᠬᠦᠷᠴᠦ  ᠂ 29.8% ᠪᠠᠷ ᠨᠡᠮᠡᠭᠳᠡᠨ᠂  ᠵᠢᠭᠡᠯᠡᠯᠭᠡ ᠶᠢᠨ ᠦᠯᠡᠳᠡᠪᠦᠷᠢ 10ᠳ᠋ᠦᠩᠰᠢᠭᠤᠷ ᠲᠦᠬᠦᠷᠢᠭ ᠲᠤ ᠬᠦᠷᠴᠦ  ᠂ 25% ᠪᠠᠷ ᠨᠡᠮᠡᠭᠳᠡᠪᠡ᠃           ︵ ᠨᠠᠢᠮᠠ︶  ᠡᠯ᠎ᠡ ᠲᠦᠷᠦᠯ ᠤᠨ ᠨᠡᠶᠢᠭᠡᠮ   ᠤᠨ ᠦᠢᠯᠡᠰ  ᠪᠦᠬᠦ  ᠲᠠᠯ᠎ᠠ   ᠪᠠᠷ  ᠳᠠᠪᠰᠢᠪᠠ  ᠃          ᠠᠵᠤ ᠠᠬᠤᠢ ᠶᠢᠨ ᠬᠦᠭᠵᠢᠯᠳᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠶᠢᠨ ᠲᠠᠭᠠᠤ᠂ ᠨᠡᠶᠢᠭᠡᠮ ᠨᠡᠶᠢᠳᠡ ᠶᠢᠨ ᠦᠢᠯᠡᠰ ᠲᠤ  ᠦᠵᠡᠬᠦᠯᠬᠦ ᠡᠳ᠋ ᠤᠨ ᠵᠠᠰᠠᠭ ᠤᠨ ᠲᠡᠮᠵᠢᠯᠭᠡ ᠶᠢ ᠶᠡᠭᠡᠰᠭᠡᠨ᠂ ᠠᠷᠠᠳ ᠤᠯᠠᠨ  ᠤ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠵᠤ᠂ ᠪᠠᠰᠠ ᠠᠷᠠᠯᠵᠢᠶᠠᠴᠢᠨ ᠤᠷᠢᠵᠤ ᠪᠡᠯᠡ ᠲᠠᠳᠠᠬᠤ ᠪᠠᠷ ᠲᠠᠮᠵᠢᠨ ᠨᠡᠶᠢᠭᠡᠮ ᠤᠨ ᠪᠡᠯᠡ ᠶᠢ ᠲᠠᠳᠠᠨ ᠨᠡᠶᠢᠭᠡᠮ ᠤᠨ ᠦᠢᠯᠡᠰ ᠤᠨ ᠲᠦᠷᠭᠡᠨ ᠬᠦᠭᠵᠢᠯᠳᠡ ᠶᠢ ᠠᠬᠢᠭᠤᠯᠪᠠ᠃ ᠰᠤᠷᠭᠠᠭᠤᠯᠢ   ᠶᠢᠨ ᠵᠠᠰᠠᠯᠳᠠ ᠳᠤ 240 ᠲᠦᠮᠡᠨ ᠲᠦᠬᠦᠷᠢᠭ ᠤᠷᠤᠭᠤᠯᠵᠤ᠂ ᠰᠤᠷᠭᠠᠭᠤᠯᠢ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠤᠯᠠᠮ ᠨᠢᠬᠡ ᠠᠯᠬᠤᠮ ᠰᠠᠶᠢᠵᠢᠷᠠᠭᠤᠯᠤᠨ᠂ ᠡᠯ᠎ᠡ ᠲᠦᠷᠦᠯ ᠤᠨ ᠰᠤᠷᠭᠠᠨ ᠬᠦᠮᠦᠵᠢᠯ ᠤᠨ  ᠲᠤᠰᠠᠯᠠᠮᠵᠢ ᠨᠦᠬᠦᠪᠦᠷᠢ 897 ᠭᠠᠷᠤᠢ ᠲᠦᠮᠡᠨ ᠲᠦᠬᠦᠷᠢᠭ   ᠢ ᠲᠠᠷᠬᠠᠭᠠᠪᠠ᠃   ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠲᠦᠷᠢᠮ   ᠳᠤ ᠤᠷᠤᠭᠰᠠᠳ 14.8 ᠲᠦᠮᠡᠨ ᠬᠦᠮᠦᠨ ᠳᠤ ᠬᠦᠷᠴᠦ᠂  ᠤᠷᠤᠯᠴᠠᠵᠤ ᠬᠤᠷᠰᠢᠬᠤ ᠨᠤᠷᠮ᠎ᠠ  90.3%   ᠳᠤ ᠬᠦᠷᠪᠡ᠃ ᠬᠤᠰᠢᠭᠤ ᠡᠮᠨᠡᠯᠬᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠠᠵᠢᠯ ᠢ  ᠡᠬᠢᠯᠡᠬᠦᠯᠵᠠᠢ᠃ ᠢᠳᠡᠭᠡᠨ ᠤ ᠠᠶᠤᠯᠬᠦᠢ ᠶᠢᠨ ᠠᠵᠢᠯ ᠴᠤ ᠮᠡᠳᠡᠭᠳᠡᠮ᠎ᠡ ᠠᠮᠵᠢᠯᠳᠠ ᠤᠯᠵᠤ᠂ ᠮᠠᠨ ᠤ ᠬᠤᠰᠢᠭᠤ ᠨᠢ  ᠤᠷᠤᠨ ᠤ ᠲᠡᠰ ᠤᠨ ᠢᠳᠡᠭᠡᠨ ᠤ ᠠᠶᠤᠯᠬᠦᠢ ᠶᠢᠨ ᠠᠵᠢᠯ ᠤᠨ ᠵᠢᠱᠢᠶ᠎ᠡ ᠦᠵᠡᠬᠦᠯᠬᠦ ᠬᠤᠰᠢᠭᠤ ᠰᠢᠶᠠᠨ ᠳᠤ ᠵᠢᠬᠰᠠᠪᠠ᠃ ᠡᠯ᠎ᠡ ᠲᠦᠷᠦᠯ ᠤᠨ ᠠᠵᠢᠯ   ᠤᠨ  ᠪᠠᠶᠢᠷᠢ 7539 ᠶᠢ ᠡᠯᠰᠡᠵᠦ᠂  ᠬᠤᠳᠠ ᠪᠠᠯᠭᠠᠰᠤᠨ  ᠤ ᠡᠯ᠎ᠡ ᠲᠦᠷᠦᠯ ᠤᠨ ᠬᠦᠮᠦᠨ 2484 ᠨᠡᠷ᠎ᠡ ᠳᠤ ᠠᠵᠢᠯ ᠲᠤᠬᠢᠷᠠᠭᠤᠯᠤᠭᠰᠠᠨ ᠪᠠᠶᠢᠨ᠎ᠠ᠃  ᠡᠯ᠎ᠡ ᠲᠦᠷᠦᠯ ᠤᠨ ᠲᠠᠭᠠᠳᠬᠠᠯ ᠤᠨ ᠪᠦᠷᠬᠦᠴᠡ ᠤᠯᠠᠮ ᠦᠷᠭᠡᠳᠪᠡ᠃ ᠨᠡᠶᠢᠭᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠲᠡᠭᠡᠷ᠎ᠡ᠂ ᠤᠳᠤᠷᠢᠳᠤᠯᠭ᠎ᠠ ᠲᠠᠭᠠᠭᠠᠵᠤ᠂ ᠰᠠᠯᠠᠭ᠎ᠠ ᠮᠦᠴᠢᠷ ᠠᠴᠠ ᠬᠠᠪᠰᠣᠷᠬᠤ ᠠᠷᠭ᠎ᠠ ᠪᠠᠷ 2 ᠰᠢᠨ᠎ᠡ ᠠᠯᠪᠠᠨ ᠭᠡᠷ ᠢ ᠪᠠᠶᠢᠭᠤᠯᠤᠨ᠂ ᠨᠡᠶᠢᠭᠡᠮ ᠲᠤᠭᠤᠷᠢᠭ ᠤᠨ ᠠᠯᠪᠠᠯᠠᠬᠤ ᠨᠦᠬᠦᠴᠡᠯ ᠬᠤᠴᠤᠷᠤᠩᠭᠤᠢ᠂ ᠬᠦᠳᠡᠯᠪᠦᠷᠢ ᠠᠵᠢᠯᠯᠠᠭᠠᠨ ᠤ ᠲᠠᠯᠠᠪᠠᠢ ᠬᠦᠷᠦᠯᠴᠡᠬᠦ ᠦᠬᠡᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠪᠡ᠃  ᠬᠤᠳᠠ ᠪᠠᠯᠭᠠᠰᠤ ᠪᠤᠯᠤᠨ ᠮᠠᠯᠵᠢᠬᠤ ᠲᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ  ᠪᠠᠳᠤᠯᠠᠭᠠᠨ ᠳᠤ ᠤᠷᠤᠭᠰᠠᠳ ᠲᠤᠰᠪᠤᠷᠢ 2097 ᠡᠷᠦᠬᠡ ᠶᠢᠨ4380 ᠬᠦᠮᠦᠨ ᠪᠠ 12735 ᠡᠷᠦᠬᠡ ᠶᠢᠨ 19322 ᠬᠦᠮᠦᠨ ᠳᠤ ᠬᠦᠷᠴᠦ᠂ ᠨᠡᠶᠢᠳᠡ 2258.9 ᠲᠦᠮᠡᠨ ᠲᠦᠬᠦᠷᠢᠭ ᠤᠨ ᠪᠠᠳᠤᠯᠠᠭᠠᠨ ᠤ ᠮᠦᠩᠬᠦ ᠶᠢ ᠲᠠᠷᠬᠠᠭᠠᠵᠤ᠂ ᠭᠠᠮᠰᠢᠭ ᠠᠴᠠ ᠠᠪᠤᠷᠠᠬᠤ ᠮᠦᠩᠬᠦ 23.7 ᠲᠦᠮᠡᠨ ᠲᠦᠬᠦᠷᠢᠭ ᠢ ᠲᠠᠯᠪᠢᠵᠤ ᠲᠠᠷᠬᠠᠭᠠᠨ᠂ ᠬᠦᠦ ᠮᠦᠩᠬᠦ ᠶᠢ ᠨᠢ ᠨᠦᠬᠦᠪᠦᠷᠢᠯᠡᠬᠦ ᠶᠠᠳᠠᠭᠤ ᠶᠢ ᠳᠡᠳᠬᠦᠬᠦ  ᠵᠢᠭᠡᠯᠡᠯᠭᠡ 800 ᠲᠦᠮᠡᠨ ᠲᠦᠬᠦᠷᠢᠭ ᠢ ᠲᠠᠷᠬᠠᠭᠠᠵᠠᠢ᠃  ᠲᠦᠯᠦᠪᠯᠡᠭᠡᠳᠦ ᠦᠷᠡᠵᠢᠯ ᠤᠨ ᠦᠢᠯᠡᠴᠢᠯᠡᠭᠡ ᠮᠡᠳᠡᠭᠳᠡᠮ᠎ᠡ ᠲᠡᠭᠡᠭᠰᠢᠯᠡᠵᠦ᠂ ᠮᠠᠨ ᠤ ᠬᠤᠰᠢᠭᠤ ᠨᠢ ᠪᠦᠬᠦ ᠤᠷᠤᠨ ᠤ ᠲᠦᠯᠦᠪᠯᠡᠭᠡᠳᠦ ᠦᠷᠡᠵᠢᠯ ᠤᠨ ᠠᠵᠢᠯ ᠤᠨ ᠲᠡᠷᠢᠬᠦᠨ ᠤ ᠬᠤᠰᠢᠭᠤ ᠰᠢᠶᠠᠨ ᠢᠶᠠᠷ ᠦᠨᠡᠯᠡᠭᠳᠡᠪᠡ᠃ 2008 ᠤᠨ ᠳᠤ ᠵᠠᠰᠠᠭ ᠤᠨ ᠤᠷᠳᠤᠨ ᠠᠴᠠ ᠠᠷᠠᠳ ᠲᠤ ᠠᠮᠠᠯᠳᠠᠭᠰᠠᠨ ᠠᠷᠪᠠᠨ ᠪᠤᠳᠠᠳᠤ ᠠᠵᠢᠯ ᠪᠦᠬᠦᠨ ᠢᠶᠠᠷ ᠢᠶᠠᠨ ᠨᠠᠶᠢᠳᠠᠪᠤᠷᠢᠵᠢᠪᠠ᠃ ᠤᠶᠤᠨ ᠤ ᠪᠤᠯᠪᠠᠰᠤᠨ ᠤ  ᠪᠠᠶᠢᠭᠤᠯᠤᠯᠳᠠ ᠯᠠᠪᠳᠠᠭᠤᠨ ᠢᠶᠠᠷ ᠠᠬᠢᠵᠤ᠂ ᠡᠯ᠎ᠡ ᠵᠦᠢᠯ ᠤᠨ ᠠᠵᠢᠯ ᠪᠤᠳᠠᠳᠤ ᠪᠦᠳᠦᠮᠵᠢ ᠤᠯᠪᠠ᠃ ᠴᠢᠶᠠᠨ ᠵᠢᠩ ᠭᠸᠦ ᠪᠠᠯᠭᠠᠰᠤᠨ ᠤ ᠰᠤᠶᠤᠯ ᠤᠨ ᠦᠷᠳᠡᠭᠡ ᠨᠢ ᠠᠰᠢᠭᠯᠠᠯᠳᠠ ᠳᠤ ᠤᠷᠤᠵᠤ᠂ ᠪᠠᠰᠠ 4 ᠰᠤᠮᠤ ᠰᠢᠶᠠᠩ ᠪᠠᠯᠭᠠᠰᠤᠨ  ᠤ ᠰᠤᠶᠤᠯ ᠤᠨ ᠦᠷᠳᠡᠭᠡᠨ ᠤ ᠪᠠᠶᠢᠭᠤᠯᠤᠯᠳᠠ ᠶᠢᠨ ᠲᠦᠷᠦᠯ ᠵᠦᠢᠯ ᠢ ᠰᠢᠨ᠎ᠡ   ᠪᠠᠷ ᠲᠡᠮᠡᠴᠡᠨ ᠤᠯᠵᠤ᠂  ᠡᠯ᠎ᠡ ᠵᠦᠢᠯ ᠤᠨ ᠤᠯᠠᠨ  ᠲᠦᠮᠡᠨᠴᠢ ᠰᠤᠶᠤᠯ ᠲᠠᠮᠢᠷ ᠤᠨ ᠬᠦᠳᠡᠯᠪᠦᠷᠢ ᠠᠵᠢᠯᠯᠠᠭ᠎ᠠ ᠶᠢ ᠦᠷᠨᠢᠬᠦᠯᠵᠦ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠪᠠ᠃ ᠷᠠᠳᠢᠤ᠋ ᠲᠧᠯᠸᠢᠰ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠪᠦᠬᠦ ᠲᠠᠯᠠᠪᠠᠷ ᠴᠢᠩᠭᠠᠳᠬᠠᠨ᠂ ᠪᠢᠴᠢᠯ ᠲᠤᠯᠬᠢᠶᠠᠨ ᠤ ᠲᠤᠭᠠᠵᠢᠭᠤᠯᠤᠭᠰᠠᠨ ᠲᠧᠯᠸᠢᠰ ᠦᠷᠳᠡᠭᠡ  ᠶᠢ ᠪᠠᠶᠢᠭᠤᠯᠪᠠ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ ᠢ ᠬᠦᠨᠳᠦᠳᠭᠡᠨ ᠴᠢᠬᠤᠯᠠᠴᠢᠯᠠᠵᠤ᠂ ᠪᠠᠳᠤᠯᠠᠭᠠᠨ ᠤ ᠵᠠᠷᠤᠳᠠᠯ ᠢ ᠨᠠᠶᠢᠳᠠᠪᠤᠷᠢᠵᠢᠭᠤᠯᠤᠨ᠂ ᠵᠡᠪᠰᠡᠭᠳᠦ ᠬᠦᠴᠦᠨ ᠤ ᠺᠠᠳᠠᠷ᠂ ᠡᠷᠦᠬᠡ   ᠶᠢᠨ ᠴᠡᠷᠢᠭ ᠤᠨ ᠪᠡᠯᠡᠳᠭᠡᠯ ᠠᠩᠬᠢ ᠶᠢᠨ ᠪᠠᠶᠢᠭᠤᠯᠤᠯᠳᠠ ᠪᠤᠯᠤᠨ ᠠᠷᠠᠳ ᠤᠨ ᠠᠭᠠᠷ ᠤᠨ ᠰᠡᠷᠭᠡᠶᠢᠯᠡᠯᠳᠡ ᠤᠨ ᠠᠵᠢᠯ ᠢ  ᠤᠯᠠᠮ ᠴᠢᠩᠭᠠᠳᠬᠠᠪᠠ᠃  ᠦᠨᠳᠦᠰᠦᠲᠡᠨ᠂  ᠱᠠᠰᠢᠨ ᠰᠤᠷᠲᠠᠬᠤᠨ  ᠂  ᠬᠠᠷᠢᠶᠠᠳᠤ ᠶᠢᠨ ᠠᠵᠢᠯ᠂ ᠲᠤᠭ᠎ᠠ  ᠪᠦᠷᠢᠳᠬᠡᠯ  ᠂ ᠳᠠᠩᠰᠠ  ᠡᠪᠬᠡᠮᠡᠯ  ᠂ ᠭᠠᠳᠠᠭᠰᠢ ᠤᠬᠠᠭᠤᠯᠭ᠎ᠠ᠂  ᠲᠡᠦᠬᠡ  ᠤᠶᠢᠯᠯᠠᠭ᠎ᠠ  ᠂   ᠴᠠᠭ  ᠠᠭᠤᠷ  ᠂ ᠭᠠᠵᠠᠷ ᠬᠦᠳᠡᠯᠦᠯᠳᠡ᠂  ᠡᠮᠡᠭᠳᠡᠶᠢᠴᠤᠳ ᠬᠡᠦᠭᠡᠳ ᠪᠠ  ᠵᠡᠮᠳᠡᠭᠴᠦᠳ   ᠤᠨ ᠠᠵᠢᠯ ᠵᠡᠷᠭᠡ  ᠡᠯ᠎ᠡ  ᠲᠥᠷᠥᠯ   ᠤᠨ  ᠨᠡᠶᠢᠭᠡᠮ   ᠤᠨ  ᠦᠢᠯᠡᠰ  ᠪᠦᠷ  ᠰᠢᠨ᠎ᠡ  ᠠᠮᠵᠢᠯᠲᠠ  ᠪᠦᠲᠦᠮᠵᠢ  ᠣᠯᠣᠭᠰᠠᠨ  ᠪᠠᠶᠢᠨ᠎ᠠ  ᠃         ︵ᠶᠢᠰᠦ︶ ᠨᠡᠶᠢᠭᠡᠮ ᠤᠨ ᠤᠷᠴᠢᠨ  ᠡᠶ᠎ᠡ ᠵᠤᠬᠢᠴᠠᠯ ᠲᠠᠢ ᠲᠤᠭᠳᠠᠭᠤᠨ ᠪᠠᠶᠢᠳᠠᠯ ᠢᠶᠠᠨ ᠬᠠᠳᠠᠭᠠᠯᠠᠪᠠ᠃          ᠨᠡᠶᠢᠭᠡᠮ   ᠤᠨ  ᠠᠮᠤᠷ   ᠢ  ᠬᠠᠮᠠᠭᠠᠯᠠᠬᠤ  ᠶᠡᠷᠦᠩᠬᠡᠶᠢᠯᠡᠭᠰᠡᠨ  ᠵᠠᠰᠠᠯᠲᠠ   ᠶᠢ  ᠴᠢᠩᠭᠠᠳᠬᠠᠵᠤ  ᠂  ᠪᠦᠯᠦᠭᠯᠡᠯ   ᠤᠨ  ᠴᠢᠨᠠᠷᠲᠠᠢ  ᠬᠡᠷᠡᠭ   ᠢ  ᠤᠷᠢᠳᠴᠢᠯᠠᠨ  ᠰᠡᠷᠭᠡᠶᠢᠯᠡᠬᠦ  ᠪᠠ  ᠰᠢᠢᠳᠪᠦᠷᠢᠯᠡᠬᠦ  ᠠᠵᠢᠯ   ᠤᠨ  ᠲᠥᠰᠥᠪ   ᠢ  ᠲᠡᠭᠦᠯᠳᠡᠷᠵᠢᠭᠦᠯᠦᠨ  ᠂  ︽ᠠᠮᠤᠭᠤᠯᠠᠩ  ᠲᠠᠶᠢᠹᠤᠰᠧ︾ ᠶᠢ  ᠴᠣᠭᠴᠠᠯᠠᠬᠤ   ᠬᠥᠳᠡᠯᠭᠡᠭᠡᠨ   ᠢ  ᠭᠦᠨᠵᠡᠭᠡᠢ  ᠥᠷᠨᠢᠭᠦᠯᠵᠦ  ᠂  ᠲᠠᠯ᠎ᠠ  ᠨᠤᠲᠤᠭ   ᠤᠨ  ︽110︾  ᠲᠣᠭᠤᠷᠢᠨ  ᠴᠠᠭᠳᠠᠬᠤ  ᠠᠩᠭᠢ   ᠶᠢ  ᠪᠠᠶᠢᠭᠤᠯᠵᠠᠢ  ᠃  ᠰᠢᠨᠵᠢᠯᠡᠬᠦ  ᠤᠬᠠᠭᠠᠨ  ᠮᠡᠷᠭᠡᠵᠢᠯ   ᠢᠶᠠᠷ  ᠴᠠᠭᠳᠠᠭᠠᠨ   ᠤ  ᠠᠵᠢᠯ   ᠢ  ᠴᠢᠩᠭᠠᠷᠠᠭᠤᠯᠬᠤ  ᠪᠠᠶᠢᠯᠳᠤᠬᠤ  ᠪᠣᠳᠣᠯᠭ᠎ᠠ   ᠶᠢ  ᠬᠡᠷᠡᠭᠵᠢᠭᠦᠯᠦᠨ  ᠂  ᠵᠠᠮ  ᠬᠠᠷᠢᠯᠴᠠᠭᠠᠨ   ᠤ  ᠮᠡᠳᠡᠭᠡ ᠵᠠᠩᠬᠢ ᠶᠢᠨ ᠵᠢᠯᠣᠭᠤᠳᠬᠤ  ᠲᠥᠪ  ᠂  ᠪᠡᠭᠡᠵᠢᠩ  ᠣᠷᠣᠬᠤ  ᠵᠠᠮ   ᠤᠨ  ᠠᠶᠤᠯᠭᠦᠢ   ᠶᠢᠨ  ᠪᠠᠶᠢᠴᠠᠭᠠᠯᠲᠠ   ᠶᠢᠨ  ᠰᠠᠨ  ᠬᠤᠣ  ᠳ᠋ᠢ   ᠳᠠᠬᠢ  ᠥᠷᠲᠡᠭᠡ   ᠶᠢ  ᠪᠠᠶᠢᠭᠤᠯᠪᠠ  ᠃  ᠨᠡᠶᠢᠰᠯᠡᠯ   ᠤᠨ  ᠲᠣᠭᠤᠷᠢᠨ   ᠳᠠᠬᠢ  ︽ᠬᠠᠮᠠᠭᠠᠯᠠᠯᠲᠠ   ᠶᠢᠨ  ᠭᠤᠣᠯ︾   ᠤᠨ  ᠢᠨᠵᠧᠨᠧᠷᠢᠩ   ᠢ  ᠨᠢᠮᠪᠠᠢ  ᠬᠡᠷᠡᠭᠵᠢᠭᠦᠯᠵᠦ  ᠂  ᠡᠯ᠎ᠡ  ᠲᠥᠷᠥᠯ   ᠤᠨ  ᠠᠷᠭ᠎ᠠ  ᠠᠪᠴᠢᠯ   ᠢ  ᠴᠢᠩᠭ᠎ᠠ  ᠨᠠᠶᠢᠳᠠᠪᠤᠷᠢᠵᠢᠭᠤᠯᠤᠨ  ᠂  ᠣᠯᠧᠮᠫᠢᠺ   ᠤᠨ  ᠴᠤᠭᠯᠠᠭᠠᠨ   ᠤ  ᠠᠮᠤᠷ   ᠢ  ᠬᠠᠮᠠᠭᠠᠯᠠᠬᠤ  ᠡᠭᠦᠷᠭᠡ   ᠶᠢ  ᠠᠮᠵᠢᠯᠲᠠ   ᠲᠠᠢ  ᠪᠡᠶᠡᠯᠡᠭᠦᠯᠪᠡ  ᠃  ᠬᠠᠤᠯᠢ  ᠲᠦᠭᠡᠮᠡᠯᠵᠢᠭᠦᠯᠵᠦ᠂  ᠬᠠᠤᠯᠢ   ᠪᠠᠷ  ᠵᠠᠰᠠᠬᠤ  ᠠᠵᠢᠯ   ᠢ  ᠪᠦᠬᠦ  ᠲᠠᠯ᠎ᠠ   ᠪᠠᠷ  ᠴᠢᠩᠭᠠᠳᠬᠠᠵᠤ  ᠂  ᠬᠠᠤᠯᠢ   ᠪᠠᠷ  ᠬᠤᠰᠢᠭᠤ   ᠪᠠᠨ  ᠵᠠᠰᠠᠬᠤ   ᠶᠢ  ᠲᠦᠯᠬᠢᠨ  ᠠᠬᠢᠭᠤᠯᠪᠠ  ᠃  ᠠᠶᠤᠯᠭᠦᠢ  ᠦᠢᠯᠡᠳᠪᠦᠷᠢᠯᠡᠯ   ᠤᠨ  ᠬᠠᠷᠢᠭᠤᠴᠠᠯᠭ᠎ᠠ   ᠶᠢᠨ  ᠳᠦᠷᠢᠮ   ᠢ  ᠴᠢᠩᠭ᠎ᠠ  ᠨᠠᠶᠢᠳᠠᠪᠤᠷᠢᠵᠢᠭᠤᠯᠤᠭᠰᠠᠨ   ᠢᠶᠠᠷ  ᠂  ᠬᠡᠷᠡᠭ  ᠡᠭᠦᠰᠬᠦ  ᠨᠣᠷᠮ᠎ᠠ 75 %   ᠪᠠᠷ  ᠳᠣᠷᠣᠭᠰᠢᠯᠠᠵᠤ  ᠂  ᠭᠡᠨᠡᠳᠡᠯ   ᠳᠤ  ᠦᠬᠦᠬᠦ  ᠬᠥᠮᠥᠨ   ᠤ  ᠲᠤᠭ᠎ᠠ 33% ᠪᠠᠷ  ᠳᠣᠷᠣᠭᠰᠢᠯᠠᠵᠠᠢ  ᠃  ᠵᠠᠬᠢᠳᠠᠯ  ᠰᠤᠷᠪᠤᠯᠵᠢᠯᠠᠭ᠎ᠠ   ᠶᠢᠨ  ᠠᠵᠢᠯ   ᠢ  ᠳᠡᠭᠡᠳᠦ  ᠬᠡᠮᠵᠢᠶ᠎ᠡ   ᠪᠠᠷ  ᠬᠦᠨᠳᠦᠳᠬᠡᠵᠦ  ᠂  ᠵᠥᠷᠢᠴᠡᠯ  ᠵᠢᠭᠤᠷᠠᠭᠠᠨ   ᠢ  ᠪᠦᠬᠦ  ᠲᠠᠯ᠎ᠠ   ᠪᠠᠷ  ᠪᠠᠶᠢᠴᠠᠭᠠᠨ  ᠨᠠᠮᠳᠠᠭᠤᠯᠵᠤ  ᠂  ᠪᠡᠭᠡᠵᠢᠩ  ᠂  ᠬᠥᠬᠡᠬᠤᠲᠠ  ᠪᠠ  ᠠᠶᠢᠮᠠᠭ  ᠣᠷᠣᠵᠤ  ᠱᠠᠲᠤ  ᠳᠠᠪᠠᠵᠤ  ᠳᠡᠭᠡᠭᠰᠢ  ᠰᠤᠷᠪᠤᠯᠵᠢᠯᠠᠬᠤ  ᠶᠠᠪᠤᠳᠠᠯ ᠶᠡᠬᠡᠪᠡᠷ   ᠳᠣᠷᠣᠭᠰᠢᠯᠠᠨ  ᠂  ᠪᠦᠬᠦ  ᠤᠯᠤᠰ   ᠤᠨ  ︽ᠬᠤᠶᠠᠷ  ᠬᠤᠷᠠᠯ︾᠂  ᠣᠯᠧᠮᠫᠢᠺ   ᠤᠨ  ᠴᠤᠭᠯᠠᠭᠠᠨ  ᠪᠣᠯᠣᠨ  ᠵᠡᠮᠳᠡᠭᠴᠤᠤᠯ ᠤᠨ  ᠣᠯᠧᠮᠫᠢᠺ   ᠤᠨ  ᠴᠤᠭᠯᠠᠭᠠᠨ   ᠤ  ᠬᠤᠭᠤᠴᠠᠭᠠᠨ   ᠳᠤ  ᠪᠡᠭᠡᠵᠢᠩ  ᠂  ᠬᠥᠬᠡᠬᠤᠲᠠ  ᠣᠷᠣᠵᠤ  ᠰᠤᠷᠪᠤᠯᠵᠢᠯᠠᠬᠤ  ᠬᠡᠷᠡᠭ  ᠨᠢᠭᠡ  ᠴᠦ  ᠭᠠᠷᠬᠤ  ᠦᠭᠡᠢ   ᠶᠢ  ᠪᠠᠲᠤᠯᠠᠪᠠ  ᠃  ᠬᠤᠤᠷ ᠴᠠᠭᠠᠵᠠᠯᠠᠵᠤ ᠬᠤᠤᠷ ᠠᠷᠢᠯᠭᠠᠬᠤ ᠠᠵᠢᠯ ᠢ ᠦᠷᠬᠦᠯᠵᠢᠯᠡᠨ ᠬᠦᠨᠵᠡᠭᠡᠢ ᠦᠷᠨᠢᠬᠦᠯᠵᠦ᠂ ᠬᠤᠤᠷᠳᠤ  ᠲᠠᠷᠢᠮᠠᠯ ᠨᠢᠭᠡᠴᠦ  ᠪᠠᠶᠢᠬᠤ ᠦᠬᠡᠢ ᠬᠠᠷᠠᠯᠳᠠ ᠶᠢ ᠪᠡᠶᠡᠯᠡᠬᠦᠯᠵᠡᠢ᠃           ︵ᠠᠷᠪᠠ︶   ᠵᠠᠰᠠᠭ   ᠤᠨ  ᠣᠷᠳᠣᠨ   ᠤ  ᠲᠣᠰ  ᠪᠡᠶ᠎ᠡ   ᠶᠢᠨ  ᠪᠠᠶᠢᠭᠤᠯᠤᠯᠲᠠ  ᠲᠠᠰᠤᠷᠠᠯᠲᠠ  ᠦᠭᠡᠢ  ᠴᠢᠩᠭᠠᠷᠠᠪᠠ  ᠃           2008 ᠣᠨ   ᠳᠤ᠂ ᠬᠤᠰᠢᠭᠤ  ᠵᠠᠰᠠᠭ   ᠤᠨ  ᠣᠷᠳᠣᠨ   ᠨᠢ  ᠲᠣᠰ  ᠪᠡᠶ᠎ᠡ   ᠶᠢᠨ  ᠪᠠᠶᠢᠭᠤᠯᠤᠯᠲᠠ   ᠪᠠᠨ  ᠬᠦᠴᠦᠯᠡᠨ  ᠴᠢᠩᠭᠠᠳᠬᠠᠵᠤ  ᠂  ᠡᠯ᠎ᠡ  ᠵᠦᠢᠯ   ᠤᠨ  ᠲᠤᠰᠢᠶᠠᠯ  ᠴᠢᠳᠠᠪᠬᠢ   ᠪᠠᠨ  ᠪᠦᠬᠦ  ᠲᠠᠯ᠎ᠠ   ᠪᠠᠷ  ᠭᠦᠢᠴᠡᠳᠬᠡᠨ  ᠂  ᠬᠤᠰᠢᠭᠤ  ᠠᠷᠠᠳ   ᠤᠨ  ᠲᠥᠯᠥᠭᠡᠯᠡᠭᠴᠢᠳ   ᠤᠨ  ᠶᠡᠭᠡ  ᠬᠤᠷᠠᠯ  ᠵᠢᠴᠢ  ᠲᠡᠭᠦᠨ ᠤ  ᠪᠠᠶᠢᠩᠭᠤ   ᠶᠢᠨ  ᠬᠤᠷᠢᠶᠠᠨ   ᠤ  ᠡᠯ᠎ᠡ  ᠵᠦᠢᠯ   ᠤᠨ  ᠰᠢᠢᠳᠪᠦᠷᠢ   ᠶᠢ  ᠨᠢᠮᠪᠠᠢ  ᠲᠣᠣᠱᠯᠠᠭᠤᠯᠵᠦ  ᠂  ᠠᠷᠠᠳ   ᠤᠨ  ᠲᠥᠯᠥᠭᠡᠯᠡᠭᠴᠢ   ᠶᠢᠨ  ᠰᠠᠨᠠᠯ  ᠵᠥᠪᠯᠡᠯᠭᠡ  ᠂  ᠰᠢᠭᠦᠮᠵᠢ  ᠰᠠᠨᠠᠭᠤᠯᠭ᠎ᠠ 177  ᠬᠤᠪᠢ  ᠪᠣᠯᠣᠨ  ᠤᠯᠤᠰ  ᠲᠥᠷᠥ   ᠶᠢᠨ  ᠵᠥᠪᠯᠡᠯᠭᠡᠨ   ᠤ  ᠭᠡᠰᠢᠭᠦᠳ   ᠤᠨ  ᠰᠠᠨᠠᠯ  ᠳᠤᠷᠠᠳᠤᠯᠭ᠎ᠠ  ᠵᠢᠴᠢ  ᠰᠠᠨᠠᠭᠤᠯᠭ᠎ᠠ   ᠶᠢᠨ  ᠬᠡᠷᠡᠭ 107 ᠶᠢ  ᠬᠦᠢᠴᠡᠳᠭᠡᠵᠦ᠂  ᠬᠡᠷᠡᠭ ᠭᠦᠢᠴᠡᠳᠬᠡᠭᠰᠡᠨ ᠨᠤᠷᠮ᠎ᠠ100 % ᠳᠤ ᠬᠦᠷᠦᠭᠰᠡᠨ ᠪᠠᠶᠢᠨ᠎ᠠ  ᠃  ᠠᠷᠠᠳᠴᠢᠯᠠᠯ  ᠬᠠᠤᠯᠢ  ᠳᠦᠷᠢᠮ   ᠤᠨ  ᠪᠠᠶᠢᠭᠤᠯᠤᠯᠲᠠ   ᠶᠢ  ᠴᠢᠩᠭᠠᠳᠬᠠᠵᠤ  ᠂   ᠬᠠᠤᠯᠢ  ᠶᠣᠰᠣᠭᠠᠷ  ᠵᠠᠰᠠᠭ  ᠶᠠᠪᠤᠭᠤᠯᠪᠠ  ᠃  ᠵᠠᠰᠠᠭ   ᠤᠨ  ᠣᠷᠳᠣᠨ   ᠤ  ᠮᠡᠳᠡᠭᠡ  ᠵᠠᠩᠭᠢ   ᠶᠢ  ᠢᠯᠡ  ᠨᠡᠶᠢᠲᠡᠯᠡᠬᠦ  ᠵᠣᠬᠢᠴᠠᠮᠵᠢ   ᠶᠢ  ᠤᠯᠠᠮ  ᠨᠢᠭᠡ  ᠠᠯᠬᠤᠮ  ᠪᠦᠷᠢᠨᠰᠢᠬᠦᠯᠪᠡ᠃          ᠲᠥᠯᠥᠭᠡᠯᠡᠭᠴᠢᠳ  ᠡ  ᠂  ᠥᠩᠭᠡᠷᠡᠬᠦ  ᠨᠢᠭᠡ  ᠵᠢᠯ   ᠤᠨ  ᠠᠵᠤ  ᠠᠬᠤᠢ  ᠬᠢᠭᠡᠳ  ᠨᠡᠶᠢᠭᠡᠮ   ᠤᠨ  ᠬᠥᠭᠵᠢᠯᠲᠡ   ᠶᠢᠨ  ᠠᠮᠵᠢᠯᠲᠠ  ᠪᠣᠯ  ᠠᠶᠢᠮᠠᠭ   ᠤᠨ  ᠨᠠᠮ   ᠤᠨ  ᠬᠤᠷᠢᠶ᠎ᠠ  ᠂  ᠠᠶᠢᠮᠠᠭ   ᠤᠨ  ᠵᠠᠬᠢᠷᠭ᠎ᠠ  ᠪᠣᠯᠣᠨ  ᠬᠤᠰᠢᠭᠤ  ᠨᠠᠮ   ᠤᠨ  ᠬᠤᠷᠢᠶᠠᠨ   ᠤ  ᠵᠥᠪ  ᠣᠨᠣᠪᠴᠢᠲᠠᠢ  ᠤᠳᠤᠷᠢᠳᠤᠯᠭ᠎ᠠ   ᠶᠢᠨ  ᠦᠷ᠎ᠡ  ᠪᠦᠲᠦᠭᠡᠯ  ᠂  ᠪᠦᠬᠦ  ᠬᠤᠰᠢᠭᠤᠨ   ᠤ  ᠡᠯ᠎ᠡ  ᠦᠨᠳᠦᠰᠦᠲᠡᠨ   ᠤ  ᠺᠠᠲᠠᠷ  ᠣᠯᠠᠨ  ᠲᠦᠮᠡᠨ   ᠤ  ᠬᠠᠲᠠᠭᠤᠵᠢᠯᠲᠠᠢ  ᠪᠦᠯᠬᠦᠮᠳᠡᠨ  ᠲᠡᠮᠡᠴᠡᠭᠰᠡᠨ  ᠦᠷ᠎ᠡ  ᠪᠦᠲᠦᠭᠡᠯ  ᠂  ᠮᠥᠨ  ᠴᠦ  ᠨᠡᠶᠢᠭᠡᠮ   ᠤᠨ  ᠡᠯ᠎ᠡ  ᠡᠲᠡᠭᠡᠳ   ᠤᠨ   ᠬᠢᠨ   ᠤ   ᠬᠠᠯᠠᠭᠤᠨ ᠬᠠᠪᠰᠤᠷᠤᠯ  ᠬᠠᠷᠠᠮ ᠦᠬᠡᠢ ᠳᠡᠮᠵᠢᠯᠭᠡ   ᠶᠢᠨ  ᠦᠷ᠎ᠡ  ᠪᠦᠲᠦᠭᠡᠯ  ᠪᠣᠯᠣᠨ᠎ᠠ  ᠃  ᠠᠳᠡ  ᠪᠢ  ᠬᠤᠰᠢᠭᠤ  ᠵᠠᠰᠠᠭ   ᠤᠨ  ᠣᠷᠳᠣᠨ   ᠢ  ᠲᠦᠯᠦᠬᠡᠯᠡᠵᠦ᠂  ᠰᠢᠮᠳᠠᠨ  ᠠᠵᠢᠯᠯᠠᠵᠤ  ᠪᠠᠶᠢᠭ᠎ᠠ  ᠡᠯ᠎ᠡ  ᠦᠨᠳᠦᠰᠦᠲᠡᠨ   ᠤ  ᠺᠠᠲᠠᠷ  ᠣᠯᠠᠨ  ᠲᠦᠮᠡᠨ   ᠳᠡᠭᠡᠨ  ᠂  ᠲᠠᠶᠢᠹᠤᠰᠧ  ᠬᠤᠰᠢᠭᠤᠨ   ᠤ  ᠬᠥᠭᠵᠢᠯᠲᠡ   ᠶᠢ  ᠬᠠᠯᠠᠭᠤᠨ   ᠢᠶᠠᠷ  ᠳᠡᠮᠵᠢᠵᠦ  ᠪᠠᠶᠢᠭ᠎ᠠ  ᠪᠣᠢ  ᠪᠦᠬᠦᠢ  ᠨᠠᠶᠢᠵᠠ  ᠨᠥᠬᠦᠳ   ᠲᠤ  ᠴᠢᠩ  ᠰᠡᠳᠬᠢᠯ   ᠤᠨ  ᠲᠠᠯᠠᠷᠬᠠᠯ  ᠪᠣᠯᠣᠨ  ᠬᠦᠨᠳᠦᠳᠬᠡᠯ  ᠳᠡᠪᠰᠢᠭᠦᠯᠵᠦ  ᠪᠠᠶᠢᠨ᠎ᠠ  ︕          ᠠᠮᠵᠢᠯᠲᠠ  ᠪᠦᠲᠦᠮᠵᠢ   ᠪᠠᠨ  ᠳ᠋ᠦᠩᠨᠡᠨ  ᠨᠤᠲᠠᠯᠠᠬᠤ   ᠶᠢᠨ  ᠬᠠᠮᠲᠤ   ᠪᠠᠰᠠ  ᠬᠤᠰᠢᠭᠤᠨ   ᠤ   ᠪᠠᠨ  ᠠᠵᠤ  ᠠᠬᠤᠢ  ᠨᠡᠶᠢᠭᠡᠮ   ᠤᠨ  ᠬᠥᠭᠵᠢᠯᠲᠡ   ᠳᠤ  ᠲᠤᠯᠭᠠᠷᠠᠭ᠎ᠠ  ᠣᠯᠠᠨ  ᠠᠷᠪᠢᠨ  ᠬᠦᠴᠢᠷᠳᠡᠯ  ᠠᠰᠠᠭᠤᠳᠠᠯ   ᠢ  ᠰᠡᠷᠭᠡᠭ   ᠢᠶᠠᠷ  ᠣᠯᠵᠤ  ᠲᠠᠨᠢᠬᠤ  ᠬᠡᠷᠡᠭᠲᠡᠢ  ᠃  ᠨᠢᠭᠡ   ᠳᠤ  ᠂  ᠠᠵᠤ  ᠠᠬᠤᠢ   ᠶᠢᠨ  ᠶᠡᠷᠦᠩᠬᠡᠢ  ᠬᠡᠮᠵᠢᠶ᠎ᠡ  ᠪᠠᠭ᠎ᠠ  ᠂  ᠬᠥᠭᠵᠢᠯᠲᠡ   ᠶᠢᠨ  ᠬᠤᠷᠳᠤᠴᠠ  ᠨᠡᠯᠢᠶᠡᠳ  ᠤᠳᠠᠭᠠᠨ  ᠂  ᠨᠡᠶᠢᠲᠡ   ᠶᠢᠨ  ᠪᠤᠰᠤ  ᠥᠮᠴᠢᠯᠡᠯ   ᠤᠨ  ᠠᠵᠤ  ᠠᠬᠤᠢ  ᠪᠣᠯᠣᠨ  ᠳᠤᠮᠳᠠ   ᠵᠢᠵᠢᠭ  ᠠᠵᠤ  ᠠᠬᠤᠶᠢᠯᠠᠯ   ᠤᠨ  ᠬᠥᠭᠵᠢᠯᠲᠡ  ᠬᠦᠷᠦᠯᠴᠡᠬᠦ  ᠦᠭᠡᠢ  ᠪᠠᠶᠢᠭ᠎ᠠ  ᠃  ᠬᠤᠶᠠᠷ   ᠲᠤ  ᠂  ᠮᠠᠯ  ᠲᠠᠷᠢᠶᠠᠯᠠᠩ   ᠤᠨ  ᠦᠢᠯᠡᠳᠪᠦᠷᠢᠯᠡᠯ  ᠡᠵᠡᠩᠨᠡᠯᠲᠡ   ᠶᠢᠨ  ᠠᠷᠭ᠎ᠠ  ᠮᠠᠶ᠋ᠢᠭ ᠪᠠᠰᠠ ᠨᠡᠯᠢᠶᠡᠳ  ᠪᠦᠳᠦᠭᠦᠯᠢᠭ  ᠂  ᠲᠠᠷᠢᠶᠠᠯᠠᠩ  ᠮᠠᠯ  ᠠᠵᠤ  ᠠᠬᠤᠢ   ᠶᠢᠨ  ᠰᠠᠭᠤᠷᠢ  ᠬᠡᠪᠡᠷᠡᠭ  ᠂  ᠣᠳᠣ  ᠦᠶ᠎ᠡ   ᠶᠢᠨ  ᠲᠠᠷᠢᠶᠠᠯᠠᠩ  ᠪᠠᠰᠠ  ᠡᠬᠢᠯᠡᠯᠲᠡ   ᠶᠢᠨ  ᠱᠠᠲᠤᠨ   ᠳᠠᠭᠠᠨ ᠪᠠᠶᠢᠵᠤ  ᠂  ᠲᠠᠭᠠᠭᠤᠯᠤᠬᠴᠢ ᠠᠵᠤ ᠠᠬᠤᠶᠢᠯᠠᠯ  ᠪᠤᠯᠤᠨ ᠮᠠᠯ  ᠲᠠᠷᠢᠶᠠᠯᠠᠩ   ᠤᠨ ᠠᠰᠢᠭ ᠰᠢᠮ᠎ᠡ ᠡᠳ᠋ᠰᠢᠬᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠨᠢ ᠬᠦᠭᠵᠢᠯᠳᠡ ᠶᠢᠨ ᠱᠠᠭᠠᠷᠳᠠᠯᠭ᠎ᠠ ᠶᠢ ᠬᠠᠩᠭᠠᠵᠤ ᠲᠡᠶᠢᠯᠬᠦ ᠦᠬᠡᠢ᠂ ᠮᠠᠯ ᠲᠠᠷᠢᠶᠠᠯᠠᠩ  ᠦᠢᠯᠡᠳᠪᠦᠷᠢᠯᠡᠯ   ᠤᠨ  ᠵᠠᠬ᠎ᠠ  ᠳᠡᠯᠭᠡᠭᠦᠷ   ᠯᠦᠭᠡ   ᠶᠢᠨ  ᠵᠠᠯᠭᠠᠯᠴᠠᠭ᠎ᠠ  ᠲᠤᠷᠤᠢ  ᠪᠣᠢ  ᠃  ᠭᠤᠷᠪᠠ   ᠳᠤ  ᠂  ᠠᠵᠤ  ᠦᠢᠯᠡᠰ   ᠤᠨ  ᠪᠦᠲᠦᠴᠡ  ᠲᠣᠬᠢᠷᠠᠮᠵᠢ  ᠦᠭᠡᠢ  ᠂  ᠬᠤᠶᠠᠷ  ᠭᠤᠷᠪᠠᠳᠤᠭᠠᠷ  ᠠᠵᠤ  ᠦᠢᠯᠡᠰ   ᠤᠨ  ᠬᠤᠪᠢ   ᠶᠢᠨ  ᠵᠢᠩ  ᠪᠠᠭ᠎ᠠ  ᠂  ᠣᠨᠴᠠᠭᠠᠶᠢᠯᠠᠨ  ᠠᠵᠤ  ᠦᠢᠯᠡᠳᠪᠦᠷᠢ   ᠶᠢᠨ  ᠠᠵᠤ  ᠠᠬᠤᠢ   ᠳᠤ  ᠬᠦᠴᠦᠷᠬᠡᠭ  ᠶᠡᠭᠡ  ᠨᠥᠯᠥᠭᠡᠯᠡᠬᠦ  ᠬᠦᠴᠦᠨ   ᠲᠠᠢ  ᠨᠢᠷᠤᠭᠤᠪᠴᠢ  ᠠᠵᠤ  ᠠᠬᠤᠶᠢᠯᠠᠯ  ᠳᠤᠲᠠᠵᠤ  ᠪᠠᠶᠢᠨ᠎ᠠ  ᠃  ᠳᠥᠷᠪᠡ   ᠳᠤ  ᠂  ᠵᠠᠮ  ᠬᠠᠷᠢᠯᠴᠠᠭ᠎ᠠ  ᠂  ᠴᠠᠬᠢᠯᠭᠠᠨ  ᠬᠦᠴᠦᠨ  ᠵᠢᠴᠢ  ᠬᠤᠲᠠ  ᠪᠠᠯᠭᠠᠰᠤᠨ   ᠤ  ᠰᠠᠭᠤᠷᠢ  ᠲᠥᠬᠦᠭᠡᠷᠦᠮᠵᠢ  ᠲᠡᠭᠦᠯᠳᠡᠷᠵᠢᠵᠦ  ᠳᠡᠶᠢᠯᠦᠭᠡᠳᠦᠢ  ᠂  ᠠᠵᠤ  ᠠᠬᠤᠢ  ᠨᠡᠶᠢᠭᠡᠮ   ᠤᠨ  ᠬᠥᠭᠵᠢᠯᠲᠡ   ᠶᠢ  ᠬᠢᠵᠠᠭᠠᠷᠯᠠᠬᠤ  ︽ᠪᠣᠭᠤᠮᠢ︾   ᠶᠢᠨ  ᠠᠰᠠᠭᠤᠳᠠᠯ  ᠬᠠᠷᠠᠬᠠᠨ  ᠨᠠᠮᠳᠠᠭ᠎ᠠ  ᠦᠭᠡᠢ  ᠪᠠᠶᠢᠭᠰᠠᠭᠠᠷ  ᠃  ᠲᠠᠪᠤ   ᠳᠤ  ᠂  ᠲᠥᠷᠥᠯ  ᠵᠦᠢᠯ   ᠤᠨ  ᠲᠦᠷᠦᠭᠦᠴᠢ  ᠬᠤᠭᠤᠴᠠᠭᠠᠨ   ᠤ  ᠠᠵᠢᠯ  ᠬᠤᠶᠢᠰᠢᠷᠠᠩᠭᠤᠢ᠂  ᠭᠠᠳᠠᠭᠰᠢ  ᠨᠡᠭᠡᠭᠡᠬᠦ  ᠡᠷᠴᠢᠮ  ᠴᠢᠩᠭ᠎ᠠ  ᠪᠤᠰᠤ  ᠃  ᠵᠢᠷᠭᠤᠭ᠎ᠠ   ᠳᠤ  ᠂  ᠡᠳ᠋   ᠤᠨ  ᠵᠠᠰᠠᠭ   ᠠᠴᠠ  ᠲᠡᠵᠢᠭᠡᠵᠦ  ᠪᠠᠶᠢᠭ᠎ᠠ  ᠬᠥᠮᠥᠨ   ᠤ  ᠲᠤᠭ᠎ᠠ  ᠣᠯᠠᠨ  ᠂  ᠬᠡᠷᠡᠭᠯᠡᠭᠦᠰᠢᠲᠡᠢ  ᠡᠳ᠋   ᠤᠨ  ᠬᠦᠴᠦᠨ  ᠪᠠᠭ᠎ᠠ  ᠂  ᠣᠷᠣᠯᠭ᠎ᠠ  ᠵᠠᠷᠤᠯᠭ᠎ᠠ   ᠶᠢᠨ  ᠵᠥᠷᠢᠴᠡᠯ  ᠶᠡᠭᠡ  ᠲᠣᠪᠣᠶᠢᠮ᠎ᠠ  ᠪᠠᠶᠢᠨ᠎ᠠ  ᠃  ᠲᠤᠯᠤᠭ᠎ᠠ ᠳᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠨᠡᠮᠡᠭᠳᠡᠬᠦ ᠰᠠᠭᠤᠷᠢ  ᠪᠠᠬᠢ ᠦᠬᠡᠢ  ᠂ ᠤᠷᠤᠯᠭ᠎ᠠ ᠪᠠᠨ ᠨᠡᠮᠡᠭᠳᠡᠬᠦᠯᠬᠦ ᠵᠠᠮ ᠰᠣᠪᠠᠭ ᠲᠤᠭᠳᠠᠭᠤᠨ ᠪᠤᠰᠤ᠂ ᠰᠢᠢᠳᠪᠦᠷᠢᠯᠡᠬᠦ ᠴᠢᠬᠤᠯᠠᠳᠠᠢ ᠠᠷᠠᠳ ᠤᠨ ᠠᠮᠢᠳᠤᠷᠠᠯ ᠤᠨ ᠠᠰᠠᠭᠤᠳᠠᠯ ᠪᠠᠰᠠ ᠲᠤᠩ ᠤᠯᠠᠨ  ᠪᠠᠶᠢᠭ᠎ᠠ᠃ ᠡᠳᠡᠭᠡᠷ  ᠠᠰᠠᠭᠤᠳᠠᠯ   ᠤᠨ  ᠡᠭᠦᠰᠦᠭᠰᠡᠨ  ᠰᠢᠯᠲᠠᠭᠠᠨ  ᠪᠣᠯ  ᠣᠯᠠᠨ  ᠲᠠᠯ᠎ᠠ   ᠶᠢᠨ  ᠶᠤᠮ  ᠂  ᠪᠢᠳᠠ  ᠡᠷᠬᠡᠪᠰᠢ  ᠳᠡᠭᠡᠳᠦ  ᠬᠡᠮᠵᠢᠶ᠎ᠡ   ᠪᠠᠷ  ᠬᠦᠨᠳᠦᠳᠬᠡᠨ  ᠦᠵᠡᠵᠦ  ᠂  ᠨᠠᠷᠢᠨ  ᠬᠢᠨᠠᠮᠠᠭᠠᠢ  ᠵᠠᠳᠠᠯᠤᠨ  ᠰᠢᠨᠵᠢᠯᠡᠵᠦ  ᠂  ᠴᠢᠭᠯᠡᠩᠭᠦᠢ  ᠴᠢᠨᠠᠷᠲᠠᠢ  ᠠᠷᠭ᠎ᠠ  ᠪᠠᠷᠢᠯ   ᠢ  ᠠᠪᠴᠤ  ᠪᠠᠶᠢᠭᠠᠳ  ᠨᠢᠮᠪᠠᠢ  ᠰᠢᠢᠳᠪᠦᠷᠢᠯᠡᠬᠦ  ᠴᠢᠬᠤᠯᠠ   ᠲᠠᠢ  ᠪᠠᠶᠢᠨ᠎ᠠ  ᠃       ᠬᠤᠶᠠᠷ᠂ 2009  ᠣᠨ   ᠤ  ᠠᠵᠢᠯ   ᠤᠨ  ᠪᠠᠶᠢᠷᠢᠯᠠᠭᠤᠯᠤᠯᠲᠠ          2009 ᠣᠨ   ᠳᠤ  ᠪᠠᠶᠢᠳᠠᠯ  ᠬᠠᠲᠠᠭᠤ  ᠂  ᠳᠠᠷᠤᠯᠲᠠ  ᠨᠦᠰᠡᠷ  ᠪᠠᠶᠢᠭ᠎ᠠ ᠲᠤᠯᠠ ᠪᠢᠳᠠ  ᠡᠷᠬᠡᠪᠰᠢ  ᠭᠦᠢᠴᠡᠳ  ᠮᠠᠭᠠᠳᠯᠠᠯ  ᠬᠢᠬᠦ  ᠬᠡᠷᠡᠭᠲᠡᠢ  ᠃  ᠲᠦᠪ ᠠᠴᠠ ᠮᠠᠭᠠᠳᠯᠠᠭᠰᠠᠨ ᠨᠢ᠂ ᠣᠳᠣᠬᠠᠨ  ᠳᠡᠯᠡᠬᠡᠢ   ᠶᠢᠨ  ᠮᠥᠩᠭᠦᠨ  ᠭᠦᠢᠯᠭᠡᠭᠡᠨ   ᠤ  ᠬᠢᠮᠤᠷᠠᠯ  ᠪᠠᠰᠠ  ᠥᠷᠭᠡᠳᠴᠦ  ᠲᠠᠷᠬᠠᠨ᠂  ᠲᠡᠯᠡᠭᠡᠢ ᠶᠢᠨ ᠠᠵᠤ ᠠᠬᠤᠢ ᠶᠢᠨ ᠨᠡᠮᠡᠭᠳᠡᠯ  ᠮᠡᠳᠡᠭᠳᠡᠮ᠎ᠡ ᠲᠤᠷᠤᠭᠰᠢᠯᠠᠵᠤ  ᠂   ᠮᠠᠨ ᠤ ᠤᠯᠤᠰ ᠤᠨ ᠠᠵᠤ ᠠᠬᠤᠢ   ᠳᠤ ᠦᠵᠡᠬᠦᠯᠬᠦ ᠡᠰᠡᠷᠬᠦ ᠲᠠᠯ᠎ᠠ  ᠶᠢᠨ ᠨᠦᠯᠦᠬᠡ ᠡᠳᠦᠷ ᠢᠷᠡᠬᠦᠶ᠎ᠡ  ᠨᠡᠮᠡᠭᠳᠡᠬᠦ  ᠪᠤᠯᠬᠤᠷ᠂ 2009 ᠤᠨ ᠨᠢ ᠰᠢᠨ᠎ᠡ ᠵᠠᠭᠤᠨ ᠠᠴᠠ ᠨᠠᠰᠢᠬᠢ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠶᠢᠨ ᠬᠠᠮᠤᠭ ᠬᠦᠴᠢᠷᠳᠡᠢ ᠨᠢᠬᠡ ᠵᠢᠯ ᠪᠤᠯᠬᠤ ᠮᠠᠭᠠᠳ᠃ ᠲᠡᠭᠦᠨ   ᠤ  ᠨᠥᠯᠥᠭᠡᠯᠡᠯ   ᠢᠶᠠᠷ  ᠂ ᠮᠠᠨ ᠤ ᠬᠤᠰᠢᠭᠤ ᠨᠢ ᠪᠦᠬᠦ ᠤᠯᠤᠰ ᠲᠠᠢ ᠠᠳᠠᠯᠢ ᠪᠠᠷ  ᠠᠵᠤ  ᠠᠬᠤᠢ   ᠶᠢᠨ  ᠡᠷᠭᠢᠯᠲᠡ   ᠶᠢᠨ  ᠳᠠᠷᠤᠭᠠᠰᠤ  ᠢᠯᠡᠷᠭᠡᠢ ᠨᠡᠮᠡᠭᠳᠡᠨ᠂  ᠵᠠᠬ᠎ᠠ ᠳᠡᠯᠭᠡᠭᠦᠷ  ᠠᠪᠴᠢᠵᠤ  ᠂  ᠠᠵᠤ ᠠᠬᠤᠶᠢᠯᠠᠯ ᠤᠨ ᠦᠷ᠎ᠡ ᠠᠰᠢᠭ ᠨᠡᠶᠢᠳᠡᠮ ᠳᠣᠷᠣᠭᠰᠢᠯᠠᠨ᠎ᠠ  ︔  ᠡᠳ᠋   ᠤᠨ ᠵᠠᠰᠠᠭ   ᠤᠨ ᠤᠷᠤᠯᠭ᠎ᠠ ᠶᠢ ᠪᠠᠭᠠᠰᠬᠠᠨ ᠵᠠᠷᠤᠯᠭ᠎ᠠ   ᠶᠢ ᠶᠡᠭᠡᠰᠭᠡᠬᠦ   ᠠᠰᠢᠭ ᠦᠬᠡᠢ ᠡᠸ᠋ᠯᠧᠮᠨ᠋ᠲ ᠨᠡᠮᠡᠭᠳᠡᠵᠦ᠂ ᠣᠷᠣᠯᠭ᠎ᠠ  ᠵᠠᠷᠤᠯᠭ᠎ᠠ   ᠶᠢᠨ ᠵᠥᠷᠢᠴᠡᠯ  ᠤᠯᠠᠮ ᠲᠤᠪᠤᠶᠢᠬᠤ ᠪᠣᠯᠣᠨ᠎ᠠ  ︔  ᠬᠥᠳᠡᠯᠮᠦᠷᠢ  ᠬᠦᠴᠦᠨ   ᠤ  ᠭᠠᠳᠠᠭᠰᠢ  ᠭᠠᠷᠬᠤ  ᠵᠠᠮ  ᠰᠤᠪᠠᠭ  ᠴᠦ ᠢᠪᠴᠤᠤᠷᠠᠨ᠎ᠠ  ᠃   ᠬᠡᠳᠦᠶᠢᠪᠡᠷ ᠡᠶᠢᠮᠦ ᠪᠤᠯᠪᠠᠴᠤ᠂  2009 ᠤᠨ ᠳᠤ ᠠᠵᠠ ᠲᠤᠬᠢᠶᠠᠯ ᠪᠠ  ᠦᠷᠢᠰᠦᠯᠳᠦᠭᠡᠨ ᠵᠡᠷᠭᠡᠳᠡ ᠤᠷᠤᠰᠢᠬᠤ ᠶᠢ ᠪᠢᠳᠡ ᠮᠠᠭᠠᠳᠯᠠᠵᠤ ᠪᠤᠯᠤᠨ᠎ᠠ᠃ ᠮᠠᠨ ᠤ  ᠬᠤᠰᠢᠭᠤᠨ ᠤ  ᠪᠠᠶᠢᠳᠠᠯ   ᠠᠴᠠ  ᠦᠵᠡᠬᠦ   ᠳᠤ  ᠂  ᠬᠠᠳᠠᠭᠤ ᠦᠷᠢᠰᠦᠯᠳᠦᠬᠡᠨ  ᠤ ᠳᠤᠮᠳᠠ  ᠪᠠᠰᠠ ᠨᠡᠩ ᠤᠯᠠᠨ  ᠰᠢᠨ᠎ᠡ ᠠᠵᠠ  ᠲᠣᠬᠢᠶᠠᠯ  ᠠᠭᠤᠯᠤᠭᠳᠠᠵᠤ  ᠪᠠᠶᠢᠭ᠎ᠠ  ᠶᠤᠮ  ᠃  ᠨᠢᠭᠡ ᠳᠤ  ᠂  ᠤᠯᠤᠰ   ᠠᠴᠠ ᠲᠤᠳᠤᠭᠠᠳᠤ ᠬᠡᠷᠡᠭᠴᠡᠭᠡ ᠶᠢ ᠦᠷᠭᠡᠳᠭᠡᠵᠦ᠂  ᠠᠵᠤ  ᠠᠬᠤᠢ   ᠶᠢᠨ  ᠨᠡᠮᠡᠭᠳᠡᠯ   ᠳᠤ  ᠰᠡᠳᠦᠯᠳᠡ ᠥᠭᠬᠦ  ᠭᠤᠣᠯ  ᠠᠷᠭ᠎ᠠ  ᠪᠠᠷᠢᠯ   ᠨᠢ  ᠰᠠᠭᠤᠷᠢ  ᠲᠥᠬᠦᠭᠡᠷᠦᠮᠵᠢ   ᠶᠢᠨ ᠬᠦᠷᠢᠶ᠎ᠡ  ᠬᠡᠪᠴᠢᠶ᠎ᠡ  ᠂ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠪᠠᠶᠢᠭᠤᠯᠤᠯᠳᠠ ᠪᠤᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ  ᠲᠠᠯ᠎ᠠ ᠳᠤ ᠲᠥᠪᠯᠡᠷᠡᠵᠦ  ᠪᠣᠢ  ᠂  ᠡᠨᠡ ᠨᠢ  ᠮᠠᠨ   ᠤ  ᠬᠤᠰᠢᠭᠤᠨ   ᠤ  ᠬᠥᠭᠵᠢᠯᠲᠡ   ᠶᠢ  ᠤᠷᠳᠤ  ᠬᠤᠭᠤᠴᠠᠭ᠎ᠠ   ᠪᠠᠷ  ᠬᠢᠵᠠᠭᠠᠷᠯᠠᠵᠤ  ᠢᠷᠡᠭᠰᠡᠨ  ᠬᠠᠮᠤᠭ  ᠶᠡᠭᠡ  ︽ᠪᠣᠭᠤᠮᠢ︾ ᠶᠢᠨ ᠠᠰᠠᠭᠤᠳᠠᠯ᠂ ᠪᠢᠳᠡᠨ ᠤ ᠲᠤᠯᠭᠠᠮ᠎ᠠ ᠰᠢᠢᠳᠪᠦᠷᠢᠯᠡᠬᠦ  ᠴᠢᠬᠤᠯᠠ ᠲᠠᠢ ᠠᠰᠠᠭᠤᠳᠠᠯ  ᠪᠣᠯᠣᠨ᠎ᠠ  ︔ ᠬᠤᠶᠠᠷ ᠲᠤ  ᠂  ᠮᠠᠨ ᠤ ᠬᠤᠰᠢᠭᠤᠨ ᠤ  ᠮᠠᠯ  ᠲᠠᠷᠢᠶᠠᠯᠠᠩ   ᠤᠨ ᠠᠵᠤ  ᠦᠢᠯᠡᠰᠵᠢᠯᠲᠠ ᠨᠢ  ᠨᠢᠭᠡᠨᠲᠡ  ᠵᠣᠬᠢᠬᠤ  ᠬᠡᠮᠵᠢᠶ᠎ᠡ   ᠪᠠᠷ  ᠬᠡᠪᠴᠢᠶᠡᠵᠢᠵᠦ  ᠂  ᠠᠵᠤ  ᠠᠬᠤᠢ   ᠶᠢᠨ  ᠲᠣᠭᠲᠠᠭᠤᠨ  ᠨᠡᠮᠡᠭᠳᠡᠯ   ᠢ  ᠪᠠᠲᠤᠯᠠᠬᠤ  ᠰᠠᠭᠤᠷᠢ  ᠨᠡᠯᠢᠶᠡᠳ  ᠪᠠᠬᠢ  ᠪᠠᠶᠢᠨ᠎ᠠ  ︔  ᠭᠤᠷᠪᠠ   ᠳᠤ  ᠂  ᠬᠥᠭᠵᠢᠭᠰᠡᠨ  ᠭᠠᠵᠠᠷ  ᠣᠷᠣᠨ   ᠤ  ᠠᠵᠤ  ᠠᠬᠤᠶᠢᠯᠠᠯ   ᠤᠨ  ᠲᠠᠬᠢᠨ  ᠪᠦᠷᠢᠯᠳᠦᠴᠡ  ᠂  ᠠᠵᠤ  ᠦᠢᠯᠡᠰ   ᠤᠨ  ᠪᠦᠷᠢᠯᠳᠦᠴᠡ   ᠶᠢᠨ  ᠲᠣᠬᠢᠷᠠᠭᠤᠯᠤᠯᠲᠠ   ᠶᠢᠨ  ᠠᠯᠬᠤᠴᠠ  ᠲᠦᠷᠭᠡᠰᠴᠦ  ᠪᠠᠶᠢᠭ᠎ᠠ   ᠨᠢ  ᠪᠢᠳᠠᠨ   ᠤ  ᠲᠡᠷᠢᠭᠦᠨ   ᠤ  ᠦᠢᠯᠡᠳᠪᠦᠷᠢᠯᠡᠯ   ᠤᠨ  ᠬᠦᠴᠦᠨ   ᠤ  ᠰᠢᠯᠵᠢᠯᠲᠡ   ᠲᠠᠢ  ᠵᠠᠯᠭᠠᠬᠤ   ᠳᠤ  ᠠᠰᠢᠭᠲᠠᠢ  ᠃  ᠡᠶᠢᠮᠦ   ᠠᠴᠠ  ᠪᠢᠳᠠ  ᠣᠷᠣᠰᠢᠵᠤ  ᠪᠠᠶᠢᠭ᠎ᠠ  ᠣᠷᠴᠢᠨ  ᠲᠣᠭᠤᠷᠢᠨ  ᠪᠣᠯᠣᠨ  ᠲᠤᠯᠭᠠᠷᠠᠵᠤ ᠪᠠᠶᠢᠭ᠎ᠠ  ᠪᠠᠶᠢᠳᠠᠯ   ᠢᠶᠠᠨ  ᠵᠥᠪ  ᠲᠠᠨᠢᠵᠤ  ᠂  ᠬᠥᠭᠵᠢᠯᠲᠡ   ᠶᠢᠨ  ᠢᠲᠡᠭᠡᠯ   ᠢᠶᠠᠨ  ᠪᠠᠲᠤᠳᠬᠠᠨ  ᠂  ᠡᠯ᠎ᠡ  ᠵᠦᠢᠯ   ᠤᠨ  ᠥᠷᠢᠰᠦᠯᠳᠦᠭᠡᠨ   ᠢ   ᠤᠭᠳᠤᠵᠤ᠂  ᠯᠠᠪᠳᠠᠭᠤᠨ  ᠪᠠᠲᠤᠲᠠᠢ   ᠪᠠᠷ  ᠠᠵᠢᠯ   ᠢᠶᠠᠨ   ᠦᠷᠨᠢᠬᠦᠯᠦᠨ  ᠂  ᠬᠥᠭᠵᠢᠯᠲᠡ   ᠶᠢᠨ  ᠴᠢᠳᠠᠪᠤᠷᠢ   ᠪᠠᠨ  ᠨᠡᠮᠡᠭᠳᠡᠬᠦᠯᠵᠦ  ᠂  ᠬᠥᠭᠵᠢᠯᠲᠡ   ᠶᠢᠨ  ᠠᠷᠭ᠎ᠠ  ᠪᠠᠷᠢᠯ   ᠢ  ᠨᠠᠶᠢᠳᠠᠪᠤᠷᠢᠵᠢᠭᠤᠯᠤᠨ᠂  ᠥᠷᠢᠰᠦᠯᠳᠦᠭᠡᠨ   ᠤ  ᠳᠤᠮᠳᠠ  ᠠᠵᠠ  ᠲᠣᠬᠢᠶᠠᠯ   ᠢ  ᠡᠵᠡᠮᠳᠡᠵᠦ᠂  ᠬᠦᠴᠢᠷᠳᠡᠯ   ᠤᠨ  ᠳᠤᠮᠳᠠ  ᠬᠥᠭᠵᠢᠯᠲᠡ   ᠶᠢᠨ  ᠰᠢᠨ᠎ᠡ  ᠣᠷᠣᠨ  ᠵᠠᠢ   ᠶᠢ  ᠨᠡᠭᠡᠭᠡᠬᠦ   ᠪᠠᠷ  ᠴᠢᠷᠮᠠᠶᠢᠬᠤ  ᠬᠡᠷᠡᠭᠲᠡᠢ  ᠃          2009 ᠣᠨ   ᠤ  ᠵᠠᠰᠠᠭ   ᠤᠨ ᠣᠷᠳᠣᠨ   ᠤ  ᠠᠵᠢᠯ   ᠤᠨ  ᠶᠡᠷᠦᠩᠬᠡᠢ  ᠱᠠᠭᠠᠷᠳᠠᠯᠭ᠎ᠠ  ᠪᠣᠯ  ᠄ ᠨᠠᠮ   ᠤᠨ  ᠠᠷᠪᠠᠨ ᠳᠣᠯᠣᠳᠤᠭᠠᠷ  ᠶᠡᠭᠡ ᠬᠤᠷᠠᠯ  ᠪᠣᠯᠣᠨ  ᠠᠷᠪᠠᠨ  ᠳᠣᠯᠣᠳᠤᠭᠠᠷ  ᠬᠤᠭᠤᠴᠠᠭᠠᠨ   ᠤ  ᠭᠤᠷᠪᠠᠳᠤᠭᠠᠷ  ᠪᠦᠭᠦᠳᠡ  ᠬᠤᠷᠠᠯᠳᠤᠭᠠᠨ   ᠤ  ᠵᠣᠷᠢᠭ  ᠰᠠᠨᠠᠭ᠎ᠠ ᠵᠢᠴᠢ ᠳᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠲᠦᠷᠦᠯ ᠤᠨ  ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ   ᠪᠦᠬᠦ  ᠲᠠᠯ᠎ᠠ   ᠪᠠᠷ  ᠲᠤᠤᠱᠯᠠᠭᠤᠯᠤᠨ᠂  ᠰᠢᠨᠵᠢᠯᠡᠬᠦ  ᠤᠬᠠᠭᠠᠨᠴᠢ  ᠬᠥᠭᠵᠢᠯᠲᠡ   ᠶᠢᠨ  ᠦᠵᠡᠯᠲᠡ   ᠶᠢ  ᠰᠠᠶᠢᠳᠤᠷ  ᠨᠠᠶᠢᠳᠠᠪᠤᠷᠢᠵᠢᠭᠤᠯᠤᠨ ᠦᠢᠯᠡᠳᠦᠯᠬᠡᠵᠢᠬᠦᠯᠵᠦ  ᠂  ᠠᠵᠤ  ᠠᠬᠤᠢ   ᠶᠢᠨ  ᠪᠠᠶᠢᠭᠤᠯᠤᠯᠲᠠ   ᠪᠠᠷ  ᠭᠤᠣᠯ  ᠪᠣᠯᠭᠠᠨ  ᠂  ᠲᠥᠷᠥᠯ  ᠵᠦᠢᠯ   ᠢ  ᠠᠳᠬᠤᠬᠤ   ᠪᠠᠷ  ᠠᠵᠢᠯ   ᠤᠨ  ᠬᠦᠴᠦᠯᠡᠬᠦ  ᠴᠡᠭ  ᠪᠣᠯᠭᠠᠵᠤ  ᠂  ︽ᠬᠤᠲᠠ  ᠬᠥᠳᠡᠭᠡ   ᠶᠢ  ᠨᠢᠭᠡᠳᠦᠯᠲᠡᠢ  ᠲᠥᠯᠥᠪᠵᠢᠭᠦᠯᠦᠨ  ᠂  ᠠᠵᠤ  ᠦᠢᠯᠡᠰᠵᠢᠯᠲᠠ  ᠂  ᠠᠵᠤ  ᠦᠢᠯᠡᠳᠪᠦᠷᠢᠵᠢᠯᠲᠠ  ᠂  ᠬᠤᠲᠠ  ᠪᠠᠯᠭᠠᠰᠤᠵᠢᠯᠲᠠ   ᠶᠢ  ᠬᠠᠷᠢᠯᠴᠠᠨ  ᠳᠠᠶᠢᠴᠢᠯᠠᠭᠤᠯᠬᠤ︾ ᠶᠢ  ᠪᠠᠷᠢᠮᠲᠠᠯᠠᠨ᠂ ︽ᠰᠢᠯᠵᠢᠭᠦᠯᠥᠯᠲᠠ  ᠬᠤᠪᠢᠷᠠᠭᠤᠯᠤᠯᠲᠠ  ᠪᠠ  ᠬᠤᠣᠰ  ᠠᠮᠵᠢᠯᠲᠠ︾   ᠶᠢᠨ  ᠪᠡᠶᠡᠯᠡᠭᠳᠡᠯ ᠢ ᠠᠬᠢᠭᠤᠯᠵᠤ  ᠂  ᠮᠠᠯ  ᠲᠠᠷᠢᠶᠠᠯᠠᠩ   ᠤᠨ  ᠠᠵᠤ  ᠦᠢᠯᠡᠰᠵᠢᠯᠲᠠ   ᠶᠢᠨ  ᠲᠦᠪᠰᠢᠨ   ᠢ  ᠦᠷᠭᠦᠯᠵᠢᠯᠡᠨ  ᠳᠡᠭᠡᠭᠰᠢᠯᠡᠭᠦᠯᠵᠦ  ᠂  ᠰᠢᠨ᠎ᠡ  ᠬᠡᠯᠪᠡᠷᠢ   ᠶᠢᠨ  ᠠᠵᠤ  ᠦᠢᠯᠡᠳᠪᠦᠷᠢᠵᠢᠯᠲᠠ  ᠪᠣᠯᠣᠨ  ᠬᠤᠲᠠ  ᠪᠠᠯᠭᠠᠰᠤᠵᠢᠯᠲᠠ   ᠶᠢ  ᠢᠳᠡᠪᠬᠢᠳᠡᠢ ᠲᠦᠯᠬᠢᠨ  ᠠᠬᠢᠭᠤᠯᠵᠤ  ᠂  ᠭᠤᠷᠪᠠᠳᠤᠭᠠᠷ  ᠠᠵᠤ  ᠦᠢᠯᠡᠰ ᠤᠨ ᠬᠦᠭᠵᠢᠯᠳᠡ ᠶᠢ ᠲᠦᠷᠭᠡᠳᠭᠡᠨ᠂  ᠬᠥᠭᠵᠢᠯᠲᠡ   ᠶᠢᠨ  ᠣᠷᠴᠢᠨ  ᠲᠣᠭᠤᠷᠢᠨ   ᠢ  ᠤᠯᠠᠮ   ᠰᠢᠯᠢᠳᠡᠭᠵᠢᠬᠦᠯᠦᠨ  ᠂  ᠠᠷᠠᠳ   ᠤᠨ  ᠠᠮᠢᠳᠤᠷᠠᠯ   ᠢ  ᠰᠠᠶᠢᠵᠢᠷᠠᠭᠤᠯᠬᠤ  ᠳᠡᠭᠡᠷ᠎ᠡ  ᠬᠦᠴᠦ  ᠲᠠᠯᠪᠢᠵᠤ  ᠂  ᠠᠵᠤ  ᠠᠬᠤᠢ  ᠨᠡᠶᠢᠭᠡᠮ   ᠤᠨ  ᠴᠢᠨᠠᠷᠯᠢᠭ  ᠮᠥᠷᠲᠡᠭᠡᠨ  ᠲᠦᠷᠭᠡᠨ  ᠬᠥᠭᠵᠢᠯᠲᠡ   ᠶᠢ  ᠪᠡᠶᠡᠯᠡᠭᠦᠯᠦᠨ᠎ᠡ  ᠃  ᠡᠨᠡ  ᠵᠢᠯ  ᠣᠷᠣᠨ ᠨᠤᠳᠤᠭ ᠤᠨ  ᠦᠢᠯᠡᠳᠪᠦᠷᠢᠯᠡᠯ   ᠤᠨ  ᠶᠡᠷᠦᠩᠬᠡᠢ  ᠥᠷᠲᠡᠭ   ᠢ 24.2 ᠳ᠋ᠦᠩᠰᠢᠭᠤᠷ  ᠲᠥᠭᠦᠷᠢᠭ   ᠲᠤ  ᠬᠦᠷᠭᠡᠵᠦ  ᠂  ᠨᠢᠳᠤᠨᠤᠨ   ᠠᠴᠠ 17.6%   ᠪᠠᠷ ᠨᠡᠮᠡᠭᠳᠡᠭᠦᠯᠦᠨ᠎ᠡ  ᠃ ᠡᠭᠦᠨ   ᠳᠤ  ᠨᠢᠭᠡᠳᠦᠭᠡᠷ  ᠠᠵᠤ  ᠦᠢᠯᠡᠰ   ᠤᠨ  ᠨᠡᠮᠡᠭᠳᠡᠯ  ᠥᠷᠲᠡᠭ   ᠢ 7.5 ᠳ᠋ᠦᠩᠰᠢᠭᠤᠷ  ᠲᠥᠭᠦᠷᠢᠭ   ᠲᠤ  ᠬᠦᠷᠭᠡᠵᠦ  ᠂ 10.3%   ᠪᠠᠷ  ᠨᠡᠮᠡᠭᠳᠡᠭᠦᠯᠦᠨ  ︔  ᠬᠤᠶᠠᠳᠤᠭᠠᠷ  ᠠᠵᠤ  ᠦᠢᠯᠡᠰ   ᠤᠨ  ᠨᠡᠮᠡᠭᠳᠡᠯ  ᠥᠷᠲᠡᠭ   ᠢ 8 ᠳ᠋ᠦᠩᠰᠢᠭᠤᠷ  ᠲᠥᠭᠦᠷᠢᠭ   ᠲᠤ  ᠬᠦᠷᠭᠡᠵᠦ  ᠂ 19.2% ᠢᠶᠠᠷ  ᠨᠡᠮᠡᠭᠳᠡᠭᠦᠯᠦᠨ  ︔  ᠠᠵᠤ  ᠦᠢᠯᠡᠳᠪᠦᠷᠢ   ᠶᠢᠨ  ᠨᠡᠮᠡᠭᠳᠡᠯ  ᠥᠷᠲᠡᠭ   ᠢ 6.4  ᠳ᠋ᠦᠩᠰᠢᠭᠤᠷ  ᠲᠥᠭᠦᠷᠢᠭ   ᠲᠤ  ᠬᠦᠷᠭᠡᠵᠦ  ᠂ 16% ᠪᠠᠷ  ᠨᠡᠮᠡᠭᠳᠡᠭᠦᠯᠦᠨ  ︔  ᠭᠤᠷᠪᠠᠳᠤᠭᠠᠷ  ᠠᠵᠤ  ᠦᠢᠯᠡᠰ   ᠤᠨ  ᠨᠡᠮᠡᠭᠳᠡᠯ  ᠥᠷᠲᠡᠭ   ᠢ 8.7 ᠳ᠋ᠦᠩᠰᠢᠭᠤᠷ  ᠲᠦᠬᠦᠷᠢᠭ ᠲᠤ  ᠬᠦᠷᠭᠡᠵᠦ  ᠂ 23.1% ᠪᠠᠷ  ᠨᠡᠮᠡᠭᠳᠡᠭᠦᠯᠦᠨ᠎ᠡ  ᠃  ᠡᠳ᠋   ᠤᠨ  ᠵᠠᠰᠠᠭ   ᠤᠨ  ᠣᠷᠣᠯᠭ᠎ᠠ   ᠶᠢ 1.2  ᠳ᠋ᠦᠩᠰᠢᠭᠤᠷ  ᠲᠥᠭᠦᠷᠢᠭ   ᠲᠤ  ᠬᠦᠷᠭᠡᠵᠦ  ᠂ 8.7%   ᠪᠠᠷ  ᠨᠡᠮᠡᠭᠳᠡᠭᠦᠯᠦᠨ᠎ᠡ  ᠃  ᠪᠦᠬᠦ  ᠨᠡᠶᠢᠭᠡᠮ   ᠤᠨ  ᠲᠣᠭᠲᠠᠮᠠᠯ  ᠬᠥᠷᠥᠩᠭᠡ   ᠶᠢᠨ  ᠪᠡᠯᠡ  ᠣᠷᠤᠭᠤᠯᠤᠯᠲᠠ   ᠶᠢ 19.6 ᠳ᠋ᠦᠩᠰᠢᠭᠤᠷ  ᠲᠥᠭᠦᠷᠢᠭ   ᠲᠤ  ᠬᠦᠷᠭᠡᠵᠦ  ᠂ 33.3% ᠪᠠᠷ  ᠨᠡᠮᠡᠭᠳᠡᠭᠦᠯᠦᠨ᠎ᠡ  ᠂  ᠬᠤᠲᠠ  ᠪᠠᠯᠭᠠᠰᠤᠨ   ᠤ  ᠰᠠᠭᠤᠭᠠᠯᠢ  ᠠᠷᠠᠳ   ᠤᠨ  ᠬᠥᠮᠥᠨ  ᠳᠤᠮᠳᠠᠴᠢ  ᠲᠣᠬᠢᠷᠠᠭᠤᠯᠵᠤ  ᠪᠣᠯᠬᠤᠶᠢᠴᠠ  ᠤᠷᠤᠯᠭ᠎ᠠ ᠶᠢ  13600 ᠲᠥᠭᠦᠷᠢᠭ   ᠲᠤ  ᠬᠦᠷᠭᠡᠵᠦ  ᠂ 14.9% ᠪᠠᠷ  ᠨᠡᠮᠡᠭᠳᠡᠭᠦᠯᠦᠨ  ︔  ᠲᠠᠷᠢᠶᠠᠴᠢᠨ   ᠤ  ᠬᠥᠮᠥᠨ  ᠳᠤᠮᠳᠠᠴᠢ  ᠴᠡᠪᠡᠷ  ᠣᠷᠣᠯᠭ᠎ᠠ   ᠶᠢ 4900 ᠲᠥᠭᠦᠷᠢᠭ   ᠲᠤ  ᠬᠦᠷᠭᠡᠵᠦ  ᠂ 17.4% ᠪᠠᠷ  ᠨᠡᠮᠡᠭᠳᠡᠭᠦᠯᠦᠨ  ︔  ᠮᠠᠯᠴᠢᠨ   ᠤ  ᠬᠥᠮᠥᠨ  ᠳᠤᠮᠳᠠᠴᠢ  ᠴᠡᠪᠡᠷ  ᠣᠷᠣᠯᠭ᠎ᠠ   ᠶᠢ 6000 ᠲᠥᠭᠦᠷᠢᠭ   ᠲᠤ  ᠬᠦᠷᠭᠡᠵᠦ 14.9%   ᠪᠠᠷ  ᠨᠡᠮᠡᠭᠳᠡᠭᠦᠯᠦᠨ᠎ᠡ  ᠃  ᠡᠳᠡᠭᠡᠷ  ᠡᠭᠦᠷᠭᠡ  ᠬᠠᠷᠠᠯᠲᠠ   ᠶᠢ  ᠪᠡᠶᠡᠯᠡᠭᠦᠯᠬᠦ   ᠳᠤ  ᠪᠢᠳᠠ  ᠳᠣᠣᠷᠠᠬᠢ  ᠠᠷᠪᠠᠨ  ᠲᠠᠯ᠎ᠠ   ᠶᠢᠨ  ᠠᠵᠢᠯ   ᠢ  ᠬᠦᠴᠦ  ᠲᠠᠯᠪᠢᠨ  ᠰᠠᠶᠢᠲᠤᠷ  ᠠᠳᠬᠤᠬᠤ  ᠬᠡᠷᠡᠭᠲᠡᠢ  ᠄          ︵ᠨᠢᠭᠡ︶   ᠠᠮᠢ  ᠠᠬᠤᠢ   ᠶᠢᠨ  ᠬᠠᠮᠠᠭᠠᠯᠠᠯᠲᠠ  ᠪᠠ   ᠪᠠᠶᠢᠭᠤᠯᠤᠯᠲᠠ   ᠶᠢᠨ  ᠡᠷᠴᠢᠮ   ᠢ  ᠴᠢᠩᠭᠠᠷᠠᠭᠤᠯᠵᠤ  ᠂  ᠵᠠᠯᠭᠠᠮᠵᠢ  ᠠᠵᠤ  ᠦᠢᠯᠡᠰ   ᠢ ᠢᠳᠡᠪᠬᠢᠳᠡᠢ ᠪᠤᠶᠢᠵᠢᠭᠤᠯᠤᠨ᠎ᠠ᠃᠃  ᠠᠮᠢ  ᠠᠬᠤᠢ   ᠪᠠᠷ  ᠬᠤᠰᠢᠭᠤ   ᠪᠠᠨ  ᠪᠠᠶᠢᠭᠤᠯᠬᠤ  ᠦᠵᠡᠯ  ᠰᠠᠨᠠᠭ᠎ᠠ   ᠶᠢ  ᠭᠤᠶᠢᠪᠢᠰᠢ  ᠦᠭᠡᠢ  ᠪᠠᠷᠢᠮᠲᠠᠯᠠᠵᠤ  ᠂  ᠰᠢᠯᠢᠳᠡᠭ  ᠪᠦᠲᠦᠭᠡᠭᠳᠡᠬᠦᠨ   ᠤ  ᠢᠨᠵᠧᠨᠧᠷᠢᠩ   ᠢ  ᠡᠭᠦᠳᠬᠦ   ᠪᠠᠷ  ᠬᠠᠷᠠᠯᠲᠠ  ᠪᠣᠯᠭᠠᠨ  ᠂  ᠡᠯ᠎ᠡ  ᠲᠥᠷᠥᠯ   ᠤᠨ  ᠠᠮᠢ  ᠠᠬᠤᠢ   ᠶᠢᠨ ᠪᠠᠶᠢᠭᠤᠯᠤᠯᠲᠠ   ᠶᠢᠨ  ᠲᠥᠷᠥᠯ  ᠵᠦᠢᠯ   ᠢ  ᠨᠠᠷᠢᠨ  ᠬᠢᠨᠠᠮᠠᠭᠠᠢ  ᠵᠣᠬᠢᠶᠠᠨ  ᠪᠠᠶᠢᠭᠤᠯᠤᠨ  ᠬᠡᠷᠡᠭᠵᠢᠭᠦᠯᠬᠦ  ᠬᠡᠷᠡᠭᠲᠡᠢ᠃  ᠪᠡᠭᠡᠵᠢᠩ  ᠲᠢᠶᠠᠨᠵᠢᠨ   ᠤ  ᠡᠯᠡᠰᠦ  ᠰᠠᠯᠬᠢᠨ   ᠤ  ᠡᠬᠢ   ᠶᠢ  ᠵᠠᠰᠠᠬᠤ  ᠲᠠᠯᠠᠪᠠᠢ 12.7 ᠲᠦᠮᠡᠨ  ᠮᠦ   ᠶᠢ  ᠪᠡᠶᠡᠯᠡᠭᠦᠯᠵᠦ  ᠂  ᠡᠭᠦᠨ   ᠤ  ᠳᠣᠲᠣᠷ᠎ᠠ  ᠂  ᠬᠥᠮᠥᠨ   ᠤ  ᠬᠦᠴᠦᠨ   ᠢᠶᠠᠷ  ᠮᠣᠳᠣ  ᠲᠠᠷᠢᠬᠤ  ᠲᠠᠯᠠᠪᠠᠢ 5  ᠲᠦᠮᠡᠨ  ᠮᠦ  ᠂  ᠠᠭᠤᠯᠠ   ᠶᠢ  ᠪᠢᠲᠡᠭᠦᠮᠵᠢᠯᠡᠵᠦ  ᠮᠣᠳᠣ  ᠲᠠᠷᠢᠬᠤ  ᠲᠠᠯᠠᠪᠠᠢ 4 ᠲᠦᠮᠡᠨ ᠮᠦ  ᠂  ᠪᠠᠭ᠎ᠠ  ᠰᠠᠪᠠ  ᠭᠠᠵᠠᠷ   ᠤᠨ  ᠵᠠᠰᠠᠯᠲᠠ 2.7 ᠲᠦᠮᠡᠨ  ᠮᠦ  ᠂  ᠲᠣᠣᠷᠯᠠᠵᠤ  ᠬᠦᠷᠢᠶᠡᠯᠡᠨ  ᠣᠶᠢᠵᠢᠭᠤᠯᠬᠤ  ᠲᠠᠯᠠᠪᠠᠢ 1  ᠲᠦᠮᠡᠨ  ᠮᠦ  ᠪᠠᠭᠲᠠᠨ᠎ᠠ  ᠃  ᠳᠤᠯᠠᠭᠠᠨ  ᠰᠠᠷᠠᠪᠴᠢ 1.2  ᠲᠦᠮᠡᠨ  ᠬᠠᠪᠲᠠᠭᠠᠢ  ᠳᠥᠷᠪᠡᠯᠵᠢᠨ  ᠮᠧᠲᠷ  ᠪᠠᠶᠢᠭᠤᠯᠵᠤ  ᠂  ᠠᠷᠪᠢᠲᠠᠢ  ᠤᠰᠤᠯᠠᠯᠲᠠ ᠶᠢᠨ ᠲᠠᠯᠠᠪᠠᠢ 290 ᠰᠠᠭᠤᠷᠢ ᠶᠢ ᠨᠡᠭᠡᠭᠡᠵᠦ  ᠂  ᠨᠡᠭᠦᠯᠭᠡᠨ  ᠰᠢᠯᠵᠢᠭᠦᠯᠬᠦ   ᠠᠷᠠᠳ   ᠤᠨ  ᠲᠤᠭ᠎ᠠ   ᠶᠢ 250 ᠡᠷᠦᠬᠡ  ᠂ 1100 ᠬᠥᠮᠥᠨ   ᠳᠤ  ᠬᠦᠷᠭᠡᠨ᠎ᠡ  ᠃  ᠬᠠᠮᠠᠭᠠᠯᠠᠯᠲᠠ  ᠪᠠ  ᠪᠠᠶᠢᠭᠤᠯᠤᠯᠲᠠ ᠶᠢ ᠵᠡᠷᠭᠡᠳᠡ  ᠶᠠᠪᠤᠭᠳᠠᠭᠤᠯᠬᠤ   ᠢ  ᠪᠠᠷᠢᠮᠲᠠᠯᠠᠨ  ᠂  ᠲᠥᠷᠥᠯ ᠵᠦᠢᠯ ᠤᠨ ᠣᠷᠣᠨ ᠤ ᠬᠠᠷᠠᠵᠤ  ᠬᠠᠮᠢᠶᠠᠷᠬᠤ ᠡᠷᠴᠢᠮ ᠢ ᠤᠯᠠᠮ  ᠴᠢᠩᠭᠠᠷᠠᠭᠤᠯᠵᠤ᠂ ᠲᠠᠷᠢᠶᠠᠯᠠᠬᠤ ᠣᠷᠣᠨ ᠳᠤ  ᠪᠦᠬᠦᠯᠢ ᠵᠢᠯ  ᠢᠶᠠᠷ  ᠬᠠᠰᠢᠶᠠᠯᠠᠨ  ᠮᠠᠯᠵᠢᠬᠤ  ᠲᠥᠷᠥ   ᠶᠢᠨ  ᠪᠣᠳᠣᠯᠭ᠎ᠠ   ᠶᠢ  ᠦᠷᠭᠦᠯᠵᠢᠯᠡᠨ  ᠬᠡᠷᠡᠭᠵᠢᠭᠦᠯᠵᠦ  ᠂  ᠮᠠᠯᠵᠢᠬᠤ  ᠣᠷᠣᠨ   ᠳᠤ  ᠢᠮᠠᠭ᠎ᠠ   ᠶᠢ  ᠪᠦᠬᠦ  ᠵᠢᠯ   ᠢᠶᠠᠷ  ᠬᠠᠰᠢᠶᠠᠯᠠᠨ  ᠮᠠᠯᠵᠢᠵᠤ  ᠂  ᠰᠠᠭᠠᠯᠢ   ᠶᠢᠨ  ᠦᠨᠢᠶ᠎ᠡ ᠪᠣᠯᠣᠨ ᠰᠠᠶᠢᠨ  ᠡᠭᠦᠯᠳᠡᠷ   ᠤᠨ  ᠮᠢᠬᠠᠨ   ᠤ  ᠦᠬᠡᠷ  ᠮᠠᠯᠵᠢᠬᠤ   ᠶᠢ  ᠵᠣᠷᠢᠭᠵᠢᠭᠤᠯᠤᠨ  ᠂   ᠨᠥᠬᠦᠴᠡᠯ   ᠲᠠᠢ ᠭᠠᠴᠠᠭ᠎ᠠ   ᠶᠢ  ᠰᠤᠩᠭᠤᠨ  ᠮᠠᠯᠵᠢᠬᠤ  ᠣᠷᠣᠨ   ᠤ  ᠪᠣᠭ  ᠮᠠᠯ   ᠢ  ᠪᠦᠬᠦ  ᠵᠢᠯ   ᠢᠶᠠᠷ  ᠬᠠᠰᠢᠶᠠᠯᠠᠬᠤ  ᠲᠤᠷᠰᠢᠯᠲᠠ ᠶᠢᠨ ᠴᠡᠭ ᠤᠨ ᠠᠵᠢᠯ   ᠢ  ᠬᠢᠨ᠎ᠡ  ᠃  ᠠᠮᠢ  ᠠᠬᠤᠢ   ᠶᠢᠨ  ᠵᠠᠯᠭᠠᠮᠵᠢ  ᠠᠵᠤ  ᠦᠢᠯᠡᠰ   ᠢ  ᠢᠳᠡᠪᠬᠢᠲᠡᠢ  ᠪᠣᠶᠢᠵᠢᠭᠤᠯᠤᠨ  ᠬᠥᠭᠵᠢᠭᠦᠯᠵᠦ  ᠂  ᠵᠡᠷᠯᠢᠭ  ᠲᠠᠤᠯᠠᠢ   ᠶᠢᠨ  ᠪᠥᠭᠡᠷ᠎ᠡ   ᠶᠢᠨ  ᠰᠠᠭᠤᠷᠢᠨ  ᠭᠠᠵᠠᠷ   ᠤᠨ  ᠪᠠᠶᠢᠭᠤᠯᠤᠯᠲᠠ   ᠶᠢ  ᠥᠷᠭᠡᠳᠬᠡᠨ  ᠂ 5 ᠲᠦᠮᠡᠨ  ᠮᠦ  ᠲᠠᠷᠢᠵᠤ  ᠨᠡᠶᠢᠲᠡ  ᠲᠠᠯᠠᠪᠠᠢ   ᠶᠢ 10  ᠲᠦᠮᠡᠨ  ᠮᠦ   ᠳᠤ  ᠬᠦᠷᠭᠡᠨ᠎ᠡ  ᠃  ᠴᠢᠨᠠᠷ  ᠰᠠᠶᠢᠲᠠᠢ  ᠲᠡᠵᠢᠭᠡᠯ  ᠡᠪᠡᠰᠦ 1ᠲᠦᠮᠡᠨ ᠮᠦ  ᠲᠠᠷᠢᠵᠤ  ᠂  ᠨᠡᠶᠢᠲᠡ ᠲᠠᠯᠠᠪᠠᠢ ᠶᠢ 8.5 ᠲᠦᠮᠡᠨ ᠮᠦ   ᠳᠤ  ᠬᠦᠷᠭᠡᠨ᠂  ᠠᠰᠢᠭ  ᠮᠠᠭᠤᠲᠠᠢ 1 ᠲᠦᠮᠡᠨ ᠮᠦ  ᠬᠡᠭᠡᠷ᠎ᠡ ᠶᠢᠨ ᠭᠦᠢᠯᠡᠰᠦᠨ ᠤ ᠣᠢ   ᠶᠢᠨ ᠴᠢᠬᠢ  ᠵᠠᠯᠭᠠᠬᠤ  ᠪᠠ  ᠥᠭᠡᠷᠡᠴᠢᠯᠡᠬᠦ  ᠠᠵᠢᠯ   ᠢ  ᠬᠢᠨ᠎ᠡ  ᠃          ︵ᠬᠤᠶᠠᠷ︶   ᠮᠠᠯᠵᠢᠬᠤ  ᠲᠠᠷᠢᠶᠠᠯᠠᠬᠤ  ᠣᠷᠣᠨ   ᠤ  ᠡᠯ᠎ᠡ  ᠲᠥᠷᠥᠯ   ᠤᠨ  ᠠᠵᠢᠯ   ᠢ  ᠴᠢᠩᠭᠠᠳᠬᠠᠵᠤ  ᠂  ᠰᠢᠨ᠎ᠡ  ᠬᠦᠳᠡᠭᠡ ᠲᠤᠰᠬᠤᠨ ᠮᠠᠯᠵᠢᠬᠤ ᠣᠷᠣᠨ   ᠤ  ᠪᠦᠲᠦᠭᠡᠨ  ᠪᠠᠶᠢᠭᠤᠯᠤᠯᠲᠠ   ᠶᠢ ᠠᠬᠢᠭᠤᠯᠬᠤ  ᠬᠡᠷᠡᠭᠲᠡᠢ  ᠃  ᠮᠠᠯᠴᠢᠨ  ᠲᠠᠷᠢᠶᠠᠴᠢᠨ   ᠤ  ᠣᠷᠣᠯᠭ᠎ᠠ   ᠶᠢ  ᠨᠡᠮᠡᠭᠳᠡᠭᠦᠯᠬᠦ   ᠪᠠᠷ  ᠬᠠᠷᠠᠯᠲᠠ  ᠪᠣᠯᠭᠠᠨ  ᠂  ᠠᠵᠤ  ᠦᠢᠯᠡᠳᠪᠦᠷᠢ   ᠶᠢ  ᠲᠥᠯᠥᠪᠵᠢᠭᠦᠯᠬᠦ  ᠣᠶᠢᠯᠠᠭᠠᠭᠳᠠᠬᠤᠨ   ᠢᠶᠠᠷ  ᠲᠠᠷᠢᠶᠠᠯᠠᠩ   ᠢ  ᠬᠥᠭᠵᠢᠭᠦᠯᠵᠦ  ᠂  ᠮᠠᠯ  ᠲᠠᠷᠢᠶᠠᠯᠠᠩ   ᠤᠨ  ᠠᠵᠤ  ᠦᠢᠯᠡᠰᠵᠢᠭᠰᠡᠨ  ᠡᠵᠡᠩᠨᠡᠯᠲᠡ   ᠶᠢ  ᠠᠬᠢᠭᠤᠯᠤᠨ  ᠂  ᠮᠠᠯ  ᠲᠠᠷᠢᠶᠠᠯᠠᠩ  ᠦᠢᠯᠡᠰ   ᠤᠨ  ᠪᠦᠲᠦᠴᠡ   ᠶᠢ  ᠤᠯᠠᠮ  ᠲᠣᠬᠢᠷᠠᠭᠤᠯᠤᠨ  ᠰᠢᠯᠢᠳᠡᠭᠵᠢᠭᠦᠯᠵᠦ  ᠂  ᠢᠳᠡᠰᠢᠨ  ᠨᠣᠭᠤᠭ᠎ᠠ  ᠂  ᠲᠥᠮᠥᠰᠥ  ᠂  ᠰᠠᠭᠠᠯᠢ   ᠶᠢᠨ  ᠦᠨᠢᠶ᠎ᠡ  ᠂  ᠮᠢᠬᠠᠨ   ᠤ  ᠦᠬᠡᠷ   ᠤᠨ  ᠠᠵᠤ  ᠦᠢᠯᠡᠰᠵᠢᠭᠰᠡᠨ  ᠰᠠᠭᠤᠷᠢᠨ  ᠭᠠᠵᠠᠷ   ᠤᠨ  ᠪᠠᠶᠢᠭᠤᠯᠤᠯᠲᠠ   ᠶᠢ  ᠲᠦᠷᠭᠡᠳᠭᠡᠨ᠂  ᠭᠠᠭ᠋ᠠᠢ᠂ ᠲᠠᠬᠢᠶ᠎ᠠ᠂ ᠲᠠᠤᠯᠠᠢ ᠵᠡᠷᠭᠡ ︽ᠭᠤᠷᠪᠠᠨ ᠵᠢᠵᠢᠭ ᠲᠡᠵᠢᠭᠡᠪᠦᠷᠢ︾  ᠶᠢᠨ ᠬᠦᠭᠵᠢᠯᠳᠡ ᠶᠢ ᠲᠡᠳᠬᠦᠨ᠂ ᠳᠠᠭᠠᠭᠤᠯᠤᠭᠴᠢ  ᠠᠵᠤ  ᠠᠬᠤᠶᠢᠯᠠᠯ   ᠢ  ᠲᠠᠲᠠᠨ  ᠣᠷᠣᠭᠤᠯᠵᠤ  ᠂  ᠡᠯ᠎ᠡ  ᠲᠥᠷᠥᠯ   ᠤᠨ  ᠠᠵᠤ  ᠠᠬᠤᠢ   ᠶᠢᠨ  ᠬᠤᠷᠰᠢᠯ  ᠵᠣᠬᠢᠶᠠᠨ  ᠪᠠᠶᠢᠭᠤᠯᠤᠯᠲᠠ   ᠶᠢ  ᠪᠣᠶᠢᠵᠢᠭᠤᠯᠤᠨ  ᠬᠥᠭᠵᠢᠭᠦᠯᠦᠨ᠎ᠡ  ᠃  ᠨᠡᠶᠢᠲᠡ   ᠶᠢᠨ  ᠬᠤᠣᠷᠳᠠᠯ  ᠦᠭᠡᠢ  ᠢᠳᠡᠰᠢᠨ  ᠨᠣᠭᠤᠭᠠᠨ   ᠤ  ᠰᠢᠯᠭᠠᠨ  ᠪᠠᠶᠢᠴᠠᠭᠠᠬᠤ  ᠰᠢᠰᠲ᠋ᠧᠮ   ᠢ  ᠪᠠᠶᠢᠭᠤᠯᠬᠤ  ᠪᠠ  ᠪᠦᠷᠢᠨᠰᠢᠭᠦᠯᠵᠦ  ᠂  ᠪᠣᠬᠢᠷᠲᠤᠯ  ᠦᠭᠡᠢ  ᠢᠳᠡᠭᠡᠨ   ᠤ  ᠰᠢᠯᠭᠠᠨ  ᠭᠡᠷᠡᠴᠢᠯᠡᠬᠦ  ᠬᠦᠷᠢᠶ᠎ᠡ  ᠬᠡᠪᠴᠢᠶ᠎ᠡ   ᠶᠢ  ᠥᠷᠭᠡᠳᠬᠡᠨ᠎ᠡ  ᠃  ᠰᠠᠭᠠᠯᠢ   ᠶᠢᠨ  ᠦᠢᠯᠡᠰ   ᠤᠨ  ᠬᠥᠭᠵᠢᠯᠲᠡ ᠶᠢᠨ ᠶᠠᠪᠤᠴᠠ ᠳᠤ  ᠢᠯᠡᠷᠡᠭᠰᠡᠨ ᠠᠰᠠᠭᠤᠳᠠᠯ ᠢ  ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ  ᠃  ᠮᠠᠯᠴᠢᠨ ᠲᠠᠷᠢᠶᠠᠴᠢᠨ ᠢ ᠪᠣᠯᠪᠠᠰᠤᠷᠠᠭᠤᠯᠤᠨ ᠰᠢᠯᠵᠢᠭᠦᠯᠬᠦ  ᠠᠵᠢᠯ   ᠤᠨ ᠡᠷᠴᠢᠮ   ᠢ ᠴᠤ  ᠴᠢᠩᠭᠠᠷᠠᠭᠤᠯᠬᠤ  ᠬᠡᠷᠡᠭᠲᠡᠢ  ᠃           ᠨᠢᠭᠡ   ᠳᠤ  ᠂  ᠲᠠᠷᠢᠵᠤ  ᠮᠠᠯᠵᠢᠬᠤ  ᠦᠢᠯᠡᠰ   ᠤᠨ  ᠪᠦᠲᠦᠴᠡ   ᠶᠢ  ᠦᠷᠭᠦᠯᠵᠢᠯᠡᠨ  ᠲᠣᠬᠢᠷᠠᠭᠤᠯᠵᠤ  ᠰᠢᠯᠢᠳᠡᠭᠵᠢᠭᠦᠯᠦᠨ᠎ᠡ  ᠃   ᠲᠠᠶᠢᠹᠤᠰᠧ  ᠬᠤᠰᠢᠭᠤ   ᠨᠢ  ᠥᠪᠡᠷᠲᠡᠭᠡᠨ  ᠵᠠᠰᠠᠬᠤ  ᠣᠷᠣᠨ ᠤ ᠲᠥᠮᠥᠰᠥᠨ ᠤ ᠠᠵᠤ  ᠦᠢᠯᠡᠰ ᠤᠨ  ᠪᠦᠰᠡ  ᠪᠣᠯᠣᠭᠰᠠᠨ  ᠡᠨᠡᠬᠦ  ᠠᠵᠠ  ᠲᠣᠬᠢᠶᠠᠯ   ᠢ  ᠡᠵᠡᠮᠳᠡᠨ  ᠂ 32 ᠲᠦᠮᠡᠨ  ᠮᠦ  ᠲᠥᠮᠥᠰᠥ ᠲᠠᠷᠢᠵᠤ  ᠂  ᠡᠭᠦᠨ ᠤ ᠳᠣᠲᠣᠷ᠎ᠠ  ᠰᠢᠯᠢᠳᠡᠭ  ᠴᠢᠨᠠᠷ   ᠤᠨ ᠲᠥᠮᠥᠰᠥ 17 ᠲᠦᠮᠡᠨ  ᠮᠦ  ᠲᠠᠷᠢᠨ᠎ᠠ  ᠃  ᠢᠳᠡᠰᠢᠨ  ᠨᠣᠭᠤᠭ᠎ᠠ 15.1ᠲᠦᠮᠡᠨ ᠮᠦ ᠲᠠᠷᠢᠵᠤ  ᠂  ᠡᠭᠦᠨ ᠤ ᠳᠣᠲᠣᠷ᠎ᠠ  ᠴᠤᠭᠤᠷ  ᠨᠣᠭᠤᠭ᠎ᠠ 3.5 ᠲᠦᠮᠡᠨ ᠮᠦ  ᠲᠠᠷᠢᠨ᠎ᠠ᠃  ᠪᠦᠬᠦ ᠬᠤᠰᠢᠭᠤᠨ ᠤ  ᠪᠡᠯᠴᠢᠭᠡᠷ ᠰᠡᠷᠭᠦᠭᠡᠵᠦ  ᠪᠡᠯᠴᠢᠭᠡᠷᠯᠡᠭᠦᠯᠬᠦ   ᠶᠢ ᠵᠣᠭᠰᠣᠭᠠᠬᠤ ᠠᠵᠢᠯ   ᠲᠠᠢ  ᠤᠶᠠᠯᠳᠤᠭᠤᠯᠤᠨ  ᠂  ᠰᠠᠭᠠᠯᠢ   ᠶᠢᠨ  ᠦᠨᠢᠶ᠎ᠡ  ᠪᠠ  ᠰᠠᠶᠢᠨ  ᠡᠭᠦᠯᠳᠡᠷ   ᠤᠨ  ᠮᠢᠬᠠᠨ   ᠤ  ᠦᠬᠡᠷ  ᠮᠠᠯᠵᠢᠬᠤ   ᠶᠢ  ᠢᠳᠡᠪᠬᠢᠲᠡᠢ  ᠳᠡᠮᠵᠢᠵᠦ  ᠂  ᠮᠠᠯᠵᠢᠯ   ᠤᠨ ᠣᠨ ᠤ  ᠲᠣᠭᠠᠯᠠᠯᠭ᠎ᠠ   ᠳᠤ  ᠮᠠᠯ   ᠤᠨ ᠲᠤᠭ᠎ᠠ  ᠲᠣᠯᠣᠭᠠᠢ   ᠶᠢ 17.5 ᠲᠦᠮᠡ   ᠳᠤ  ᠬᠦᠷᠭᠡᠨ᠂  ᠡᠭᠦᠨ ᠳᠤ ᠰᠠᠭᠠᠯᠢ   ᠶᠢᠨ  ᠦᠨᠢᠶ᠎ᠡ   ᠶᠢ 5.36 ᠲᠦᠮᠡ᠂ ᠰᠢᠮᠧᠨ᠋ᠲᠷ  ᠦᠬᠡᠷ ᠢ 3.66 ᠲᠦᠮᠡ ᠳᠤ  ᠬᠦᠷᠭᠡᠨ᠎ᠡ  ᠃  ᠮᠠᠯᠴᠢᠨ ᠲᠠᠷᠢᠶᠠᠴᠢᠳ ᠢ  ᠵᠣᠷᠢᠭᠵᠢᠭᠤᠯᠤᠨ  ︽ᠭᠤᠷᠪᠠᠨ ᠵᠢᠵᠢᠭ ᠲᠡᠵᠢᠭᠡᠪᠦᠷᠢ︾  ᠮᠠᠯᠵᠢᠭᠤᠯᠤᠨ᠎ᠠ  ᠃  ᠾᠧᠩ ᠶᠤᠸᠠᠨ ᠲᠥᠮᠥᠰᠥᠨ ᠤ ᠦᠢᠯᠡᠰ  ᠂  ᠥᠷᠨᠢᠯ  ᠮᠠᠯᠵᠢᠯ ᠤᠨ ᠺᠣᠮᠫᠠᠨᠢ  ᠵᠡᠷᠭᠡ ᠮᠠᠯ  ᠲᠠᠷᠢᠶᠠᠯᠠᠩ ᠤᠨ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠢ  ᠪᠦᠬᠦ ᠬᠦᠴᠦᠨ ᠢᠶᠠᠷ  ᠳᠡᠮᠵᠢᠵᠦ  ᠂  ᠡᠷᠲᠡ  ᠡᠳᠦᠷ  ᠦᠢᠯᠡᠳᠪᠦᠷᠢᠯᠡᠯ  ᠡᠬᠢᠯᠡᠭᠦᠯᠦᠨ᠎ᠡ  ᠃  ᠬᠦᠴᠦ  ᠣᠷᠣᠭᠤᠯᠤᠨ ᠲᠦᠭᠦᠬᠡᠢ ᠰᠢᠨ᠎ᠡ ᠰᠦ  ᠪᠤᠯᠤᠨ  ᠲᠥᠮᠥᠰᠥ  ᠂ ᠢᠳᠡᠰᠢᠨ  ᠨᠣᠭᠤᠭ᠎ᠠ   ᠨᠠᠷᠢᠯᠢᠭ  ᠪᠣᠯᠪᠠᠰᠤᠷᠠᠭᠤᠯᠬᠤ  ᠠᠵᠤ  ᠠᠬᠤᠶᠢᠯᠠᠯ   ᠢ  ᠲᠠᠲᠠᠨ  ᠣᠷᠣᠭᠤᠯᠵᠤ  ᠂  ᠠᠵᠤ  ᠦᠢᠯᠡᠰ   ᠤᠨ  ᠬᠡᠯᠬᠢᠶᠡᠰᠦᠯᠡᠯ   ᠢ  ᠤᠷᠲᠤᠳᠬᠠᠨ  ᠂  ᠲᠠᠷᠢᠶᠠᠯᠠᠩ   ᠤᠨ  ᠪᠦᠲᠦᠭᠡᠭᠳᠡᠬᠦᠨ  ᠂  ᠮᠠᠯ   ᠤᠨ  ᠠᠰᠢᠭ  ᠰᠢᠮ᠎ᠡ   ᠶᠢᠨ  ᠳᠠᠭᠠᠯᠳᠤᠯ  ᠥᠷᠲᠡᠭ  ᠪᠣᠯᠣᠨ  ᠮᠠᠯᠴᠢᠨ ᠲᠠᠷᠢᠶᠠᠴᠢᠨ ᠤ  ᠣᠷᠣᠯᠭ᠎ᠠ   ᠶᠢ  ᠨᠡᠮᠡᠭᠳᠡᠭᠦᠯᠦᠨ᠎ᠡ  ᠃   ᠫᠧᠩ  ᠰᠠᠷᠠᠪᠴᠢ  ᠂  ᠨᠣᠭᠤᠭᠠᠨ  ᠳᠠᠷᠤᠰᠢ   ᠶᠢᠨ  ᠵᠣᠭᠤᠷᠢᠨ   ᠤ  ᠪᠠᠶᠢᠭᠤᠯᠤᠯᠲᠠ   ᠶᠢ  ᠦᠷᠭᠦᠯᠵᠢᠯᠡᠨ  ᠴᠢᠩᠭᠠᠳᠬᠠᠵᠤ  ᠂  ᠰᠦᠨ ᠤ ᠥᠷᠲᠡᠭᠡᠨ   ᠤ  ᠴᠡᠭᠴᠡᠯᠡᠯᠲᠡ   ᠶᠢ  ᠪᠦᠬᠦ ᠲᠠᠯᠠᠪᠠᠷ  ᠴᠢᠩᠭᠠᠳᠬᠠᠨ᠂ ᠤᠤᠯ ᠪᠠᠶᠢᠭᠰᠠᠨ ᠰᠠᠭᠠᠯᠢ ᠶᠢᠨ ᠦᠨᠢᠶᠡᠨ ᠤ ᠲᠤᠭᠤᠷᠢᠭ ᠢ ᠦᠭᠡᠷᠡᠴᠢᠯᠡᠨ ᠰᠢᠨᠡᠳᠬᠡᠵᠦ᠂ ᠲᠤᠭᠤᠷᠢᠭ ᠪᠤᠯᠤᠨ ᠦᠷᠳᠡᠭᠡᠨ ᠤ ᠪᠠᠷᠢᠮᠵᠢᠶᠠᠵᠢᠭᠰᠠᠨ ᠪᠠᠶᠢᠭᠤᠯᠤᠯᠳᠠ ᠶᠢ ᠴᠢᠩᠭᠠᠳᠬᠠᠨ᠎ᠠ᠃ ᠮᠧᠩ ᠨᠢᠦ  ᠺᠤᠮᠫᠠᠨᠢ ᠨᠢ ᠮᠠᠨ ᠤ ᠬᠤᠰᠢᠭᠤ ᠲᠠᠢ ᠬᠠᠮᠳᠤᠷᠠᠯᠴᠠᠬᠤ ᠠᠩᠬ᠎ᠠ ᠠᠯᠬᠤᠮ ᠤᠨ ᠵᠦᠪᠳᠡᠯᠴᠡᠭᠡᠷ ᠢ ᠲᠤᠭᠳᠠᠵᠤ᠂  ᠮᠠᠨ ᠤ ᠬᠤᠰᠢᠭᠤᠨ ᠳᠤ ᠰᠦᠨ ᠤ ᠢᠷᠡᠯᠳᠡ ᠶᠢᠨ ᠰᠠᠭᠤᠷᠢᠨ ᠭᠠᠵᠠᠷ ᠢ  ᠪᠠᠶᠢᠭᠤᠯᠤᠨ᠂ ᠤᠷᠭᠠᠨᠢᠭ ᠰᠦᠨ ᠳᠤ ᠭᠡᠷᠡᠴᠢ ᠤᠯᠭᠤᠬᠤ ᠪᠠᠷ  ᠡᠷᠡᠮᠡᠯᠵᠡᠯᠡᠵᠦ᠂ ᠮᠠᠨ ᠤ ᠬᠤᠰᠢᠭᠤᠨ ᠤ ᠬᠢᠷᠢ ᠲᠡᠩᠴᠡᠭᠰᠡᠨ ᠰᠢᠨ᠎ᠡ ᠰᠦ ᠶᠢ ᠬᠤᠳᠠᠯᠳᠤᠨ ᠠᠪᠴᠤ᠂ ᠰᠠᠭᠠᠯᠢᠴᠢᠳ ᠤᠨ ᠠᠰᠢᠭ ᠲᠤᠰᠠ ᠶᠢ ᠬᠠᠮᠠᠭᠠᠯᠠᠬᠤ ᠪᠠᠷ ᠪᠤᠯᠪᠠ  ᠃ ᠡᠬᠦᠨ ᠳᠤ ᠪᠢᠳᠡ ᠡᠷᠭᠡᠪᠰᠢ ᠢᠳᠡᠪᠬᠢᠳᠡᠢ ᠪᠠᠷ ᠬᠠᠮᠵᠢᠯᠴᠠᠨ᠂ ᠪᠦᠬᠦ ᠬᠦᠴᠦᠨ ᠢᠶᠠᠷ ᠰᠠᠶᠢᠨ ᠠᠳᠬᠤᠵᠤ ᠪᠤᠳᠠᠳᠠᠢ ᠠᠳᠬᠤᠬᠤ ᠬᠡᠷᠡᠭᠳᠡᠢ᠃ ᠮᠠᠯ ᠤᠨ ᠡᠬᠦᠯᠳᠡᠷ ᠰᠠᠶᠢᠵᠢᠷᠠᠭᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ 4.2 ᠲᠦᠮᠡᠨ ᠦᠨᠢᠶᠡᠨ ᠤ ᠢᠴᠢᠬᠡᠯ ᠦᠷ᠎ᠡ   ᠶᠢᠨ ᠬᠡᠭᠡᠯᠳᠦᠬᠦᠯᠭᠡ ᠶᠢ ᠬᠢᠵᠦ᠂ ᠡᠬᠦᠯᠳᠡᠷ ᠰᠠᠶᠢᠵᠢᠷᠠᠯᠳᠠ ᠶᠢᠨ ᠨᠤᠷᠮ᠎ᠠ ᠶᠢ 98% ᠠᠴᠠ ᠲᠡᠭᠡᠭᠰᠢ ᠪᠠᠶᠢᠯᠭᠠᠨ᠎ᠠ᠃ ᠠᠮᠢᠳᠠᠨ ᠤ ᠬᠢᠵᠢᠭ ᠭᠡᠮ ᠤᠨ ᠶᠡᠷᠦᠩᠬᠡᠶᠢᠯᠡᠭᠰᠡᠨ  ᠰᠡᠷᠭᠡᠶᠢᠯᠡᠨ ᠵᠠᠰᠠᠬᠤ ᠠᠵᠢᠯ ᠢ ᠪᠦᠬᠦ ᠲᠠᠯᠠᠪᠠᠷ ᠦᠷᠨᠢᠬᠦᠯᠵᠦ᠂  ᠰᠡᠷᠭᠡᠶᠢᠯᠡᠬᠦ ᠵᠤᠬᠢᠰᠳᠠᠢ ᠡᠪᠡᠳᠴᠢᠨ ᠪᠦᠬᠦᠨ ᠠᠴᠠ  ᠴᠢᠩᠭ᠎ᠠ ᠰᠡᠷᠭᠡᠶᠢᠯᠡᠨ᠂ ᠰᠠᠭᠠᠯᠢ ᠶᠢᠨ ᠦᠨᠢᠶᠡᠨ ᠤ ᠬᠤᠶᠠᠷ ᠡᠪᠡᠳᠴᠢᠨ ᠤ ᠰᠡᠷᠭᠡᠶᠢᠯᠡᠯᠳᠡ ᠶᠢᠨ ᠨᠤᠷᠮ᠎ᠠ᠂ ᠮᠠᠯ ᠤᠨ ᠡᠭᠡᠮᠦᠭ ᠵᠡᠬᠦᠯᠬᠡᠬᠦ ᠨᠤᠷᠮ᠎ᠠ᠂ ᠠᠯᠠᠵᠤ ᠨᠢᠳᠤᠯᠬᠤ ᠬᠢᠵᠢᠭ ᠭᠡᠮ ᠤᠨ ᠪᠠᠶᠢᠴᠠᠭᠠᠯᠳᠠ᠂ ᠦᠢᠯᠡᠳᠪᠦᠷᠢᠯᠡᠯ ᠤᠨ ᠭᠠᠵᠠᠷ ᠤᠨ ᠬᠢᠵᠢᠭ ᠭᠡᠮ ᠰᠡᠷᠭᠡᠶᠢᠯᠡᠬᠦ ᠨᠤᠷᠮ᠎ᠠ ᠶᠢ ᠪᠦᠷ 100% ᠳᠤ ᠬᠦᠷᠭᠡᠨ᠎ᠡ᠃           ᠬᠤᠶᠠᠷ ᠲᠤ᠂   ᠲᠦᠬᠦᠭᠡᠷᠵᠢᠭᠰᠡᠨ ᠲᠠᠷᠢᠶᠠᠯᠠᠩ ᠢ ᠬᠦᠴᠦᠯᠡᠨ ᠬᠦᠭᠵᠢᠬᠦᠯᠬᠦ ᠭᠡᠷᠡᠭᠳᠡᠢ  ᠃  ᠴᠢᠨᠠᠷ ᠰᠠᠶᠢᠨ᠂ ᠠᠰᠢᠭ ᠦᠨᠳᠦᠷ᠂ ᠠᠶᠤᠯᠬᠦᠢ ᠪᠠᠷ ᠭᠤᠤᠯᠳᠠᠯᠭ᠎ᠠ ᠪᠤᠯᠭᠠᠵᠤ᠂ ᠲᠦᠬᠦᠭᠡᠷᠵᠢᠭᠰᠡᠨ ᠲᠠᠷᠢᠶᠠᠯᠠᠩ ᠤᠨ ᠬᠦᠭᠵᠢᠯᠳᠡ ᠶᠢ ᠢᠳᠡᠪᠬᠢᠳᠡᠢ ᠲᠦᠯᠬᠢᠨ ᠠᠬᠢᠭᠤᠯᠬᠤ ᠭᠡᠷᠡᠭᠳᠡᠢ᠃ ᠡᠨᠡ ᠵᠢᠯ ᠢᠳᠡᠰᠢᠨ ᠨᠤᠭᠤᠭᠠᠨ ᠤ ᠲᠤᠯᠠᠭᠠᠨ ᠬᠦᠯᠡᠮᠵᠢ 2000 ᠰᠠᠭᠤᠷᠢ᠂1000 ᠮᠤ᠋ ᠶᠢ ᠰᠢᠨ᠎ᠡ ᠪᠠᠷ ᠪᠠᠶᠢᠭᠤᠯᠵᠤ᠂ ᠨᠡᠶᠢᠳᠡ 11000 ᠰᠠᠭᠤᠷᠢ᠂5050 ᠮᠤ᠋ ᠳᠤ ᠬᠦᠷᠭᠡᠨ︔ ᠦᠨᠳᠦᠷ ᠪᠠᠷᠢᠮᠵᠢᠶᠠᠳᠤ ᠲᠦᠬᠦᠭᠡᠷᠵᠢᠭᠰᠡᠨ ᠲᠠᠷᠢᠶᠠᠯᠠᠩ ᠤᠨ ᠵᠢᠱᠢᠶ᠎ᠡ ᠦᠵᠡᠬᠦᠯᠬᠦ ᠤᠷᠤᠨ ᠲᠤᠭᠤᠷᠢᠭ 600 ᠮᠤ᠋᠂ ᠡᠬᠦᠨ ᠤ ᠲᠤᠳᠤᠷ᠎ᠠ ᠭᠠᠵᠠᠷ ᠬᠠᠭᠠᠰ ᠰᠠᠭᠤᠯᠭᠠᠭᠰᠠᠨ ᠲᠤᠯᠠᠭᠠᠨ ᠬᠦᠯᠡᠮᠵᠢ 66 ᠰᠠᠭᠤᠷᠢ᠂ 66 ᠮᠤ᠋ ᠶᠢ ᠪᠠᠶᠢᠭᠤᠯᠤᠨ᠎ᠠ᠃ ᠠᠷᠪᠢᠳᠠᠢ ᠤᠰᠤᠯᠠᠯᠳᠠ ᠶᠢᠨ ᠲᠠᠯᠠᠪᠠᠢ ᠶᠢ 3 ᠲᠦᠮᠡᠨ ᠮᠤ᠋᠂ ᠡᠬᠦᠨ ᠳᠤ ᠲᠤᠮᠤ ᠬᠡᠯᠪᠡᠷᠢ ᠶᠢᠨ ᠤᠷᠤᠨ ᠲᠤᠭᠤᠷᠢᠭ 2 ᠲᠦᠮᠡᠨ ᠮᠤ᠋᠂ ᠲᠤᠮᠳᠠ ᠪᠠᠭ᠎ᠠ ᠭᠡᠯᠪᠡᠷᠢ ᠶᠢᠨ ᠰᠠᠭᠤᠷᠢᠨ ᠭᠠᠵᠠᠷ 1 ᠲᠦᠮᠡᠨ ᠮᠤ᠋ ᠶᠢ ᠨᠡᠬᠡᠬᠡᠨ ᠬᠦᠭᠵᠢᠬᠦᠯᠦᠨ᠎ᠡ᠃  ᠦᠨᠳᠦᠷ ᠤᠨᠠᠯᠳᠠᠳᠤ ᠲᠡᠵᠢᠭᠡᠯ ᠡᠪᠡᠰᠦ ᠪᠤᠷᠳᠤᠭᠠᠨ ᠤ ᠵᠢᠱᠢᠶ᠎ᠡ ᠦᠵᠡᠬᠦᠯᠬᠦ ᠰᠠᠭᠤᠷᠢᠨ ᠭᠠᠵᠠᠷ 1000 ᠮᠤ᠋ ᠶᠢ ᠪᠠᠶᠢᠭᠤᠯᠤᠨ᠎ᠠ᠃ ᠨᠢᠭᠡᠨᠳᠡ  ᠪᠠᠶᠢᠭᠤᠯᠤᠭᠰᠠᠨ ᠨᠠᠮᠤᠭ ᠤᠨ ᠬᠡᠢ ᠶᠢᠨ ᠵᠤᠭᠤᠷᠢ  ᠶᠢᠨ ᠰᠡᠯᠪᠢᠨ ᠵᠠᠰᠠᠯᠳᠠ ᠪᠤᠯᠤᠨ ᠰᠡᠬᠦᠯᠴᠢ ᠶᠢᠨ ᠬᠤᠭᠤᠴᠠᠭᠠᠨ ᠤ ᠦᠢᠯᠡᠴᠢᠯᠡᠭᠡᠨ ᠤ ᠬᠠᠮᠢᠶᠠᠷᠤᠯᠳᠠ ᠶᠢᠨ ᠠᠵᠢᠯ ᠢ ᠰᠠᠶᠢᠨ ᠬᠢᠵᠦ᠂ 2800 ᠡᠷᠦᠬᠡ ᠳᠤ ᠨᠠᠮᠤᠭ ᠤᠨ ᠬᠡᠢ ᠤᠷᠤᠭᠤᠯᠤᠨ᠂ 1 ᠰᠠᠭᠤᠷᠢ ᠲᠤᠮᠤ ᠭᠡᠯᠪᠡᠷᠢ ᠶᠢᠨ ᠨᠠᠮᠤᠭ  ᠤᠨ ᠭᠡᠢ ᠶᠢᠨ  ᠢᠨᠵᠧᠨᠧᠷᠢᠩ ᠪᠤᠯᠤᠨ 16 ᠰᠠᠭᠤᠷᠢ ᠨᠠᠮᠤᠭ ᠤᠨ ᠬᠡᠢ ᠶᠢᠨ ᠦᠢᠯᠡᠴᠢᠯᠡᠭᠡᠨ ᠤ ᠦᠷᠳᠡᠭᠡᠨ ᠤ ᠪᠠᠶᠢᠭᠤᠯᠤᠯᠳᠠ ᠶᠢ ᠡᠬᠢᠯᠡᠬᠦᠯᠵᠦ᠂ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃            ᠭᠤᠷᠪᠠ ᠳᠤ  ᠂  ᠮᠠᠯ ᠲᠠᠷᠢᠶᠠᠯᠠᠩ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠢᠰᠲ᠋ᠧᠮ ᠢ ᠪᠠᠶᠢᠭᠤᠯᠬᠤ ᠡᠷᠴᠢᠮ ᠢ ᠴᠢᠩᠭᠠᠷᠠᠭᠤᠯᠤᠨ᠎ᠠ  ᠃ ᠨᠡᠶᠢᠳᠡ ᠶᠢᠨ ᠬᠤᠤᠷᠳᠠᠯ ᠦᠬᠡᠢ ᠰᠠᠭᠤᠷᠢᠨ ᠭᠠᠵᠠᠷ ᠢᠶᠠᠷ ᠰᠢᠯᠭᠠᠨ  ᠭᠡᠷᠡᠴᠢᠯᠡᠬᠦᠯᠬᠦ ᠪᠠ ᠲᠠᠷᠢᠶᠠᠯᠠᠩ ᠤᠨ ᠪᠦᠳᠦᠭᠡᠭᠳᠡᠬᠦᠨ᠂ ᠮᠠᠯ ᠤᠨ ᠠᠰᠢᠭ ᠰᠢᠮ᠎ᠡ ᠳᠤ ᠪᠤᠬᠢᠷᠳᠤᠯ ᠦᠬᠡᠢ ᠭᠡᠷᠡᠴᠢ ᠤᠯᠭᠤᠬᠤ ᠠᠵᠢᠯ ᠢ ᠨᠢᠭᠡ ᠲᠦᠷᠦᠯ ᠤᠨ ᠴᠢᠬᠤᠯᠠ ᠡᠬᠦᠷᠭᠡ ᠪᠤᠯᠭᠠᠨ ᠰᠤᠯᠠᠷᠠᠰᠢ ᠦᠬᠡᠢ ᠠᠳᠬᠤᠵᠤ᠂ 30 ᠲᠦᠮᠡᠨ ᠮᠤ᠋ ᠨᠡᠶᠢᠳᠡ ᠶᠢᠨ ᠬᠤᠤᠷᠳᠠᠯ ᠦᠬᠡᠢ ᠰᠠᠭᠤᠷᠢᠨ ᠭᠠᠵᠠᠷ ᠲᠤ ᠭᠡᠷᠡᠴᠢ ᠤᠯᠭᠤᠵᠤ᠂  ᠨᠡᠶᠢᠳᠡ 90ᠲᠦᠮᠡᠨ ᠮᠤ᠋ ᠳᠤ ᠬᠦᠷᠭᠡᠨ᠂ ᠴᠠᠩ ᠶᠤᠸᠠᠨ ᠺᠤᠮᠫᠠᠨᠢ ᠶᠢᠨ ᠤᠷᠭᠠᠨᠢᠭ ᠰᠦᠨ ᠤ ᠢᠷᠡᠯᠳᠡ ᠶᠢᠨ ᠰᠠᠭᠤᠷᠢᠨ ᠭᠠᠵᠠᠷ ᠲᠤ ᠨᠠᠶᠢᠳᠠᠵᠤ᠂ ᠤᠷᠭᠠᠨᠢᠭ ᠤᠨ ᠰᠠᠭᠤᠷᠢᠨ ᠭᠠᠵᠠᠷ ᠤᠨ ᠰᠢᠯᠭᠠᠨ ᠬᠡᠷᠡᠴᠢᠯᠡᠭᠳᠡᠬᠦ ᠬᠦᠷᠢᠶ᠎ᠡ ᠭᠡᠪᠴᠢᠶ᠎ᠡ ᠶᠢ ᠦᠷᠭᠡᠳᠭᠡᠨ᠂ ᠤᠷᠭᠠᠨᠢᠭ ᠰᠦ᠂ ᠤᠷᠭᠠᠨᠢᠭ ᠲᠠᠬᠢᠶᠠᠨ ᠦᠨᠳᠡᠭᠡ ᠪᠤᠯᠤᠨ ᠤᠷᠭᠠᠨᠢᠭ ᠲᠦᠮᠦᠰᠦ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠬᠦᠨ ᠢ ᠡᠷᠡᠮᠡᠯᠵᠡᠯᠡᠨ ᠮᠡᠳᠡᠬᠦᠯᠬᠦ᠂ ᠰᠢᠯᠭᠠᠨ ᠭᠡᠷᠡᠴᠢᠯᠡᠭᠦᠯᠬᠦ ᠠᠵᠢᠯ ᠢ ᠴᠢᠩᠭᠠᠳᠬᠠᠵᠤ᠂ ᠠᠶᠤᠯᠬᠦᠢ᠂ ᠡᠷᠡᠬᠦᠯ᠂ ᠪᠤᠬᠢᠷᠳᠤᠯ ᠦᠬᠡᠢ᠂ ᠤᠷᠭᠠᠨᠢᠭ ᠢᠳᠡᠭᠡᠨ ᠤ ᠰᠠᠭᠤᠷᠢᠨ ᠭᠠᠵᠠᠷ ᠢ ᠪᠠᠶᠢᠭᠤᠯᠬᠤ ᠪᠠᠷ  ᠴᠢᠷᠮᠠᠶᠢᠨ᠎ᠠ᠃           ᠲᠦᠷᠪᠡ   ᠳᠤ  ᠂   ᠮᠠᠯᠴᠢᠨ ᠲᠠᠷᠢᠶᠠᠴᠢᠳ   ᠢ ᠪᠤᠯᠪᠠᠰᠤᠷᠠᠭᠤᠯᠤᠨ ᠰᠢᠯᠵᠢᠬᠦᠯᠬᠦ ᠠᠵᠢᠯ ᠢ ᠦᠨᠡᠨᠬᠦ ᠰᠠᠶᠢᠨ ᠬᠢᠬᠦ ᠬᠡᠷᠡᠭᠳᠡᠢ᠃   ᠤᠳᠤ  ᠦᠶ᠎ᠡ ᠶᠢᠨ ᠲᠠᠷᠢᠶᠠᠯᠠᠩ   ᠤᠨ ᠬᠦᠭᠵᠢᠯᠳᠡ ᠲᠠᠢ ᠤᠶᠠᠯᠳᠤᠭᠤᠯᠤᠨ᠂ ᠴᠢᠭᠯᠡᠩᠬᠦᠢ ᠴᠢᠨᠠᠷᠳᠠᠢ ᠪᠠᠷ ᠤᠨᠴᠠᠯᠢᠭᠳᠤ  ᠲᠠᠷᠢᠵᠤ ᠮᠠᠯᠵᠢᠬᠤ ᠮᠡᠷᠭᠡᠵᠢᠯ ᠤᠨ ᠪᠤᠯᠪᠠᠰᠤᠷᠠᠯ ᠢ ᠬᠢᠨ᠎ᠡ᠃ ᠮᠠᠯᠴᠢᠨ ᠲᠠᠷᠢᠶᠠᠴᠢᠨ ᠤ ᠬᠦᠳᠡᠯᠮᠦᠷᠢ ᠬᠦᠴᠦᠨ ᠤ ᠰᠢᠯᠵᠢᠯᠳᠡ ᠶᠢᠨ ᠪᠤᠯᠪᠠᠰᠤᠷᠠᠯ ᠤᠨ ᠦᠢᠯᠡᠴᠢᠯᠡᠬᠡᠨ ᠤ ᠰᠢᠰᠲ᠋ᠧᠮ ᠢ ᠪᠦᠷᠢᠨᠰᠢᠬᠦᠯᠵᠦ᠂  ᠬᠦᠳᠡᠯᠮᠦᠷᠢ ᠬᠦᠴᠦᠨ ᠤ ᠠᠵᠢᠯ ᠤᠯᠬᠤ  ᠪᠤᠯᠪᠠᠰᠤᠷᠠᠯ ᠢ ᠪᠦᠬᠦ ᠬᠦᠴᠦᠨ ᠢᠶᠠᠷ ᠰᠠᠶᠢᠨ ᠬᠢᠵᠦ᠂ ᠠᠵᠢᠯ ᠤᠯᠤᠭᠰᠠᠨ ᠬᠦᠳᠡᠯᠮᠦᠷᠢ ᠬᠦᠴᠦᠨ ᠤ ᠮᠡᠷᠭᠡᠵᠢᠯ ᠴᠢᠳᠠᠪᠤᠷᠢ ᠶᠢ ᠳᠠᠬᠢᠨ ᠲᠡᠭᠡᠭᠰᠢᠯᠡᠬᠦᠯᠬᠦ ᠪᠤᠯᠪᠠᠰᠤᠷᠠᠯ ᠤᠨ ᠡᠷᠴᠢᠮ ᠢ  ᠴᠢᠨᠠᠬᠰᠢᠳᠠ ᠴᠢᠩᠭᠠᠷᠠᠭᠤᠯᠬᠤ ᠶᠢᠨ ᠬᠠᠮᠳᠤ᠂ ᠮᠦᠷᠳᠡᠯ ᠦᠢᠯᠡᠴᠢᠯᠡᠭᠡ ᠶᠢᠨ ᠠᠵᠢᠯ ᠢ ᠰᠠᠶᠢᠨ ᠬᠢᠵᠦ᠂ ᠲᠤᠭᠳᠠᠭᠤᠨ ᠢᠶᠠᠷ ᠰᠢᠯᠵᠢᠬᠦ ᠶᠢ ᠪᠠᠳᠤᠯᠠᠬᠤ ᠭᠡᠷᠡᠭᠳᠡᠢ᠃ ᠪᠦᠬᠦ ᠵᠢᠯ ᠳᠤ 1.2 ᠲᠦᠮᠡᠨ ᠮᠠᠯᠴᠢᠨ ᠲᠠᠷᠢᠶᠠᠴᠢᠨ ᠢ ᠪᠤᠯᠪᠠᠰᠤᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦᠨ 1.3 ᠲᠦᠮᠡᠨ ᠬᠦᠮᠦᠨ ᠢ ᠰᠢᠯᠵᠢᠬᠦᠯᠬᠦ ᠪᠠᠷ ᠲᠦᠯᠦᠪᠯᠡᠪᠡ᠃           ᠲᠠᠪᠤ ᠳᠤ  ᠂   ᠮᠠᠯᠵᠢᠬᠤ ᠲᠠᠷᠢᠶᠠᠯᠠᠬᠤ ᠤᠷᠤᠨ ᠤ ᠦᠬᠡᠷᠡᠴᠢᠯᠡᠯᠳᠡ ᠶᠢ ᠤᠯᠠᠮ ᠨᠢᠬᠡ ᠠᠯᠬᠤᠮ  ᠬᠦᠨᠵᠡᠭᠡᠶᠢᠷᠡᠬᠦᠯᠦᠨ᠎ᠡ᠃   ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠨ ᠤ ᠪᠠᠶᠢᠭᠤᠯᠤᠯᠳᠠ ᠶᠢ ᠴᠢᠩᠭᠠᠳᠬᠠᠨ᠂ ᠮᠠᠯ ᠲᠠᠷᠢᠶᠠᠯᠠᠩ ᠤᠨ ᠠᠵᠤ ᠦᠢᠯᠡᠰᠵᠢᠯᠳᠡ ᠶᠢᠨ ᠠᠬᠢᠴᠠ ᠶᠢ ᠲᠦᠷᠭᠡᠳᠬᠡᠬᠦ ᠭᠡᠷᠡᠭᠳᠡᠢ᠃ ᠲᠦᠷᠦ ᠶᠢᠨ ᠪᠤᠳᠤᠯᠭ᠎ᠠ᠂ ᠪᠡᠯᠡ ᠮᠦᠩᠬᠦ᠂ ᠵᠢᠭᠡᠯᠡᠯᠭᠡ ᠵᠡᠷᠭᠡ ᠲᠠᠯ᠎ᠠ ᠪᠠᠷ ᠲᠤᠰᠬᠠᠢ ᠬᠤᠷᠰᠢᠶᠠᠨ ᠳᠤ ᠶᠡᠭᠡᠭᠡᠨ  ᠲᠡᠮᠵᠢᠯᠬᠡ ᠦᠵᠡᠬᠦᠯᠵᠦ᠂  ᠢᠳᠡᠭᠡᠮᠵᠢ ᠶᠢᠨ  ᠬᠤᠷᠰᠢᠶ᠎ᠠ ᠲᠠᠢ ᠬᠠᠷᠢᠯᠴᠠᠵᠤ ᠪᠠᠶᠢᠭᠠᠳ ᠬᠠᠷᠠᠭᠠᠯᠵᠠᠳᠤ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠬᠠᠩᠭᠠᠨ᠂ ᠵᠢᠭᠡᠯᠡᠯᠭᠡ ᠶᠢᠨ ᠬᠤᠭᠤᠴᠠᠭ᠎ᠠ ᠶᠢ  ᠤᠷᠳᠤᠳᠬᠠᠵᠤ᠂ ᠬᠦᠦ ᠮᠦᠩᠬᠦ ᠶᠢ ᠢᠳᠡᠭᠡᠮᠵᠢᠳᠦ ᠵᠢᠭᠡᠯᠡᠯᠭᠡ ᠶᠢᠨ ᠬᠠᠮᠤᠭ ᠲᠤᠤᠷ᠎ᠠ  ᠨᠤᠷᠮ᠎ᠠ ᠪᠠᠷ ᠪᠤᠳᠤᠨ᠎ᠠ᠃  ᠪᠤᠰᠤᠳ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢ ᠵᠤᠷᠢᠭᠵᠢᠭᠤᠯᠤᠨ ᠲᠡᠮᠵᠢᠵᠦ᠂ ᠮᠠᠯ ᠲᠠᠷᠢᠶᠠᠯᠠᠩ ᠦᠢᠯᠡᠳᠪᠦᠷᠢᠯᠡᠯ᠂ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠳᠤ ᠢᠳᠡᠪᠬᠢᠳᠡᠢ ᠪᠠᠷ ᠵᠢᠭᠡᠯᠡᠯᠭᠡ ᠶᠢᠨ ᠲᠡᠮᠵᠢᠯᠭᠡ ᠬᠠᠩᠭᠠᠯᠭᠠᠨ᠎ᠠ᠃ ᠲᠤᠰᠬᠠᠢ ᠬᠤᠷᠰᠢᠶᠠᠨ  ᠤ ᠤᠰᠤ ᠴᠠᠬᠢᠯᠭᠠᠨ ᠵᠡᠷᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠵᠢᠴᠢ ᠲᠠᠷᠢᠶᠠᠯᠠᠩ ᠤᠨ ᠮᠠᠰᠢᠨ ᠲᠦᠬᠦᠭᠡᠷᠦᠮᠵᠢ ᠬᠤᠳᠠᠯᠳᠤᠨ ᠠᠪᠬᠤ ᠵᠡᠷᠭᠡ ᠠᠵᠢᠯ ᠳᠤ ᠪᠤᠰᠤᠳ ᠠᠴᠠ ᠤᠷᠢᠳᠠᠵᠤ ᠨᠦᠬᠦᠪᠦᠷᠢ ᠤᠯᠭᠤᠨ᠎ᠠ᠃ ᠨᠦᠬᠦᠴᠡᠯ ᠪᠦᠷᠢᠳᠦᠭᠰᠡᠨ ᠭᠠᠴᠠᠭ᠎ᠠ ᠲᠤᠰᠬᠤᠨ ᠢ  ᠵᠤᠷᠢᠬᠵᠢᠭᠤᠯᠤᠨ ᠲᠠᠮᠵᠢᠵᠤ᠂ ᠢᠳᠡᠰᠢᠨ ᠨᠤᠭᠤᠭ᠎ᠠ᠂ ᠲᠦᠮᠦᠰᠦ ᠲᠠᠷᠢᠬᠤ ᠪᠠᠷ ᠭᠤᠤᠯᠳᠠᠭᠰᠠᠨ ᠲᠤᠰᠬᠠᠢ ᠬᠤᠷᠰᠢᠶ᠎ᠠ 119 ᠶᠢ ᠰᠢᠨ᠎ᠡ ᠪᠠᠷ ᠪᠠᠶᠢᠭᠤᠯᠵᠤ᠂  ᠨᠡᠶᠢᠳᠡ 143 ᠳᠤ ᠬᠦᠷᠭᠡᠨ᠂ ᠪᠦᠬᠦ ᠬᠤᠰᠢᠭᠤᠨ ᠤ 80% ᠠᠴᠠ ᠲᠡᠭᠡᠭᠰᠢᠬᠢ ᠭᠠᠴᠠᠭ᠎ᠠ ᠲᠤᠰᠬᠤᠨ ᠪᠤᠯᠭᠠᠨ ᠳᠤ ᠬᠤᠪᠢ ᠤᠷᠤᠭᠤᠯᠤᠯᠳᠠ ᠲᠤᠳᠤᠷᠬᠠᠢ᠂ ᠡᠷᠬᠢᠯᠳᠡ ᠲᠦᠷᠢᠮᠵᠢᠭᠰᠡᠨ᠂ ᠬᠠᠮᠢᠶᠠᠷᠤᠯᠳᠠ ᠠᠷᠠᠳᠴᠢᠯᠠᠭᠰᠠᠨ ᠲᠤᠰᠬᠠᠢ ᠬᠤᠷᠰᠢᠶ᠎ᠠ ᠠᠳᠠᠭ ᠲᠠᠭᠠᠨ ᠨᠢᠭᠡ ᠶᠢ ᠪᠠᠶᠢᠭᠤᠯᠵᠤ᠂ ᠲᠤᠰᠬᠠᠢ ᠬᠤᠷᠰᠢᠶ᠎ᠠ ᠶᠢ  ᠵᠠᠬ᠎ᠠ ᠲᠡᠯᠭᠡᠬᠦᠷ ᠤᠨ ᠦᠷᠢᠰᠦᠯᠳᠦᠬᠡᠨ ᠳᠤ ᠤᠷᠤᠯᠴᠠᠬᠤ ᠭᠤᠤᠯ ᠴᠤᠭᠴᠠ ᠪᠤᠯᠭᠠᠵᠤ ᠪᠠᠶᠢᠭᠠᠳ᠂ ᠮᠠᠯ ᠲᠠᠷᠢᠶᠠᠯᠠᠩ ᠤᠨ  ᠦᠢᠯᠡᠳᠪᠦᠷᠢᠯᠡᠯ ᠢ ᠲᠡᠭᠡᠭᠰᠢᠯᠡᠬᠦᠯᠬᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠳᠤ ᠴᠢᠬᠤᠯᠠ ᠦᠢᠯᠡᠳᠦᠯ ᠢ ᠨᠢ ᠪᠠᠳᠠᠷᠠᠭᠤᠯᠬᠤ ᠬᠡᠷᠡᠭᠳᠡᠢ᠃ ᠮᠠᠯᠵᠢᠬᠤ ᠲᠠᠷᠢᠶᠠᠯᠠᠬᠤ ᠤᠷᠤᠨ ᠤ ᠭᠠᠴᠠᠭ᠎ᠠ ᠲᠤᠰᠬᠤᠨ ᠱᠠᠳᠤᠨ ᠤ ᠨᠡᠶᠢᠳᠡ ᠶᠢᠨ ᠠᠰᠠᠷᠠᠮᠵᠢ ᠶᠢᠨ ᠦᠢᠯᠡᠰ ᠤᠨ ︽ᠨᠢᠬᠡ ᠶᠠᠪᠤᠳᠠᠯ ᠢ ᠨᠢᠬᠡ  ᠵᠦᠪᠯᠡᠬᠦ︾ ᠲᠦᠷᠦᠯ ᠵᠦᠢᠯ ᠤᠨ ᠲᠤᠷᠰᠢᠯᠳᠠ ᠶᠢᠨ ᠴᠡᠭ ᠤᠨ ᠠᠵᠢᠯ ᠢ ᠦᠷᠬᠦᠯᠵᠢᠯᠡᠨ ᠰᠠᠶᠢᠨ ᠬᠢᠵᠦ᠂ ᠲᠤᠷᠰᠢᠯᠭ᠎ᠠ ᠪᠠᠨ ᠳ᠋ᠦᠩᠨᠡᠨ᠂ ᠤᠬᠠᠭᠤᠯᠭ᠎ᠠ ᠶᠢ ᠰᠠᠶᠢᠨ ᠬᠢᠵᠦ᠂ ᠮᠠᠯᠴᠢᠨ ᠲᠠᠷᠢᠶᠠᠴᠢᠳ ᠢ ᠵᠢᠯᠤᠭᠤᠳᠴᠤ ᠪᠠᠶᠢᠭᠠᠳ ᠲᠤᠰ ᠭᠠᠴᠠᠭ᠎ᠠ ᠲᠤᠰᠬᠤᠨ ᠤ ᠪᠠᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠳᠤ ᠤᠷᠤᠯᠴᠠᠬᠤ ᠢᠳᠡᠪᠬᠢᠵᠢᠯ ᠢ ᠲᠡᠭᠡᠭᠰᠢᠯᠡᠬᠦᠯᠦᠨ᠂ ᠲᠤᠰ ᠭᠠᠵᠠᠷ ᠤᠷᠤᠨ ᠤ ᠪᠡᠯᠡ ᠬᠤᠷᠠᠮᠳᠤᠭᠤᠯᠵᠤ᠂ ᠬᠦᠳᠡᠯᠮᠦᠷᠢ ᠬᠤᠷᠠᠮᠳᠤᠭᠤᠯᠬᠤ ᠡᠷᠴᠢᠮ ᠢ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠬᠦᠭᠵᠢᠯᠳᠡ ᠶᠢ ᠲᠦᠷᠭᠡᠳᠭᠡᠬᠦ᠂ ᠬᠤᠳᠠ ᠬᠦᠳᠡᠭᠡ ᠶᠢᠨ  ᠨᠡᠶᠢᠭᠡᠮ ᠨᠡᠶᠢᠳᠡ ᠶᠢᠨ ᠦᠨᠳᠦᠰᠦᠨ ᠦᠢᠯᠡᠴᠢᠯᠡᠭᠡ   ᠶᠢ  ᠲᠡᠩᠴᠡᠭᠦᠷᠢᠰᠢᠬᠦᠯᠬᠦ ᠳᠤ ᠴᠢᠬᠤᠯᠠ ᠦᠢᠯᠡᠳᠦᠯ ᠦᠵᠡᠬᠦᠯᠦᠨ᠎ᠡ᠃ ᠠᠮᠤ ᠦᠷ᠎ᠡ ᠶᠢᠨ ᠨᠦᠬᠦᠪᠦᠷᠢ᠂  ᠲᠠᠷᠢᠶᠠᠯᠠᠭ᠎ᠠ ᠶᠢ ᠵᠤᠭᠰᠤᠭᠠᠬᠤ ᠨᠦᠬᠦᠪᠦᠷᠢ ᠵᠡᠷᠭᠡ 53 ᠵᠦᠢᠯ ᠤᠨ ᠮᠠᠯ ᠲᠠᠷᠢᠶᠠᠯᠠᠩ ᠲᠡᠳᠬᠦᠬᠦ ᠨᠦᠬᠦᠪᠦᠷᠢ ᠶᠢ ︽ᠨᠢᠭᠡ ᠺᠠᠷᠲ ᠪᠠᠷ ᠨᠡᠪᠳᠡᠷᠡᠬᠦ︾  ᠲᠦᠯᠦᠪᠦᠷᠢ ᠶᠢᠨ ᠭᠡᠪᠴᠢᠶᠡᠨ ᠳᠤ  ᠪᠦᠬᠦᠨ   ᠢ ᠤᠷᠤᠭᠤᠯᠵᠤ᠂  ᠲᠠᠷᠬᠠᠭᠠᠬᠤ ᠶᠠᠪᠤᠴᠠ ᠶᠢ ᠲᠦᠬᠦᠮᠴᠢᠯᠡᠨ᠂ ᠲᠠᠷᠬᠠᠭᠠᠬᠤ ᠠᠵᠢᠯ ᠢ ᠲᠦᠷᠢᠮᠵᠢᠬᠦᠯᠵᠦ᠂ ᠲᠠᠷᠬᠠᠭᠠᠬᠤ ᠦᠷᠳᠡᠭ ᠢ ᠠᠷᠪᠢᠯᠠᠨ᠂ ᠲᠠᠷᠬᠠᠭᠠᠬᠤ  ᠪᠦᠳᠦᠮᠵᠢ ᠶᠢ  ᠲᠡᠭᠡᠭᠰᠢᠯᠡᠬᠦᠯᠦᠨ᠂ ᠪᠡᠯᠡ ᠮᠦᠩᠬᠦᠨ ᠤ ᠠᠶᠤᠯᠬᠦᠢ ᠶᠢ ᠪᠠᠳᠤᠯᠠᠨ᠎ᠠ᠃ ᠮᠠᠯ ᠲᠠᠷᠢᠶᠠᠯᠠᠩ ᠤᠨ ᠲᠦᠷᠦ ᠶᠢᠨ ᠪᠤᠳᠤᠯᠭ᠎ᠠ   ᠶᠢᠨ ᠴᠢᠨᠠᠷᠳᠠᠢ ᠲᠠᠭᠠᠳᠬᠠᠯ ᠤᠨ ᠠᠵᠢᠯ ᠢ ᠦᠷᠬᠦᠯᠵᠢᠯᠡᠨ ᠰᠠᠶᠢᠨ ᠬᠢᠵᠦ᠂ ᠲᠦᠮᠦᠰᠦ᠂ ᠶᠢᠦᠮᠠᠢ ᠵᠡᠷᠭᠡ ᠡᠩ ᠤᠨ ᠲᠠᠷᠢᠮᠠᠯ ᠢ ᠲᠠᠭᠠᠳᠬᠠᠯ ᠤᠨ ᠭᠡᠪᠴᠢᠶᠡᠨ ᠳᠤ  ᠤᠷᠤᠭᠤᠯᠬᠤ ᠪᠠᠷ ᠴᠢᠷᠮᠠᠶᠢᠨ᠎ᠠ᠃ ᠤᠢ  ᠮᠤᠳᠤᠨ ᠤ ᠡᠷᠭᠡ ᠶᠢᠨ ᠲᠦᠷᠢᠮ ᠤᠨ ᠪᠠᠶᠢᠭᠤᠯᠤᠯᠳᠠ ᠶᠢ ᠪᠠᠰᠠ ᠰᠠᠶᠢᠨ  ᠬᠡᠷᠡᠭᠳᠡᠢ᠃          ︵ᠭᠤᠷᠪᠠ︶ ᠤᠷᠤᠨ ᠲᠤᠭᠤᠷᠢᠭ ᠤᠨ ᠪᠦᠳᠦᠭᠡᠨ  ᠪᠠᠶᠢᠭᠤᠯᠤᠯᠳᠠ ᠪᠠᠷ  ᠠᠴᠢᠶᠠᠯᠠᠪᠤᠷᠢ ᠪᠤᠯᠭᠠᠨ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠢᠳᠡᠪᠬᠢᠳᠡᠢ ᠲᠦᠯᠬᠢᠨ ᠠᠬᠢᠭᠤᠯᠤᠨ᠎ᠠ  ᠃  ᠠᠵᠤ ᠦᠢᠯᠡᠳᠪᠤᠷᠢ  ᠶᠢ ᠠᠳᠬᠤᠬᠤ ᠪᠤᠯ ᠠᠵᠤ ᠠᠬᠤᠢ ᠶᠢ ᠠᠳᠬᠤᠬᠤ ᠪᠠ ᠡᠳ᠋  ᠤᠨ ᠢᠷᠡᠯᠲᠡ  ᠶᠢᠨ  ᠪᠠᠶᠢᠭᠤᠯᠤᠯᠲᠠ ᠶᠢ  ᠠᠳᠬᠤᠵᠤ᠂ ᠰᠢᠶᠠᠨ ᠤ  ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠭᠦᠴᠦᠨ ᠢ ᠴᠢᠩᠭᠠᠳᠬᠠᠬᠤ ᠶᠠᠪᠤᠳᠠᠯ ᠪᠤᠯᠤᠨ᠎ᠠ ᠬᠡᠬᠦ ᠤᠶᠢᠯᠭᠠᠭᠳᠠᠬᠤᠨ  ᠢ ᠪᠠᠲᠦ ᠪᠠᠬᠢ ᠪᠤᠢ ᠪᠤᠯᠭᠠᠵᠤ᠂ ᠰᠢᠨ᠎ᠡ ᠮᠠᠶ᠋ᠢᠭ  ᠤᠨ ᠠᠵᠤ ᠤᠶᠢᠯᠡᠳᠪᠤᠷᠢ  ᠶᠢ ᠬᠦᠭᠵᠢᠭᠦᠯᠬᠦ ᠪᠠᠷ ᠭᠤᠤᠯ ᠰᠢᠪᠳᠤᠯᠤᠯᠲᠠ  ᠶᠢᠨ  ᠬᠠᠨᠳᠤᠰᠢ ᠪᠤᠯᠭᠠᠵᠤ᠂ ᠠᠵᠤ ᠤᠶᠢᠯᠡᠳᠪᠤᠷᠢ  ᠶᠢᠨ GDP   ᠳᠠᠬᠢ ᠭᠦᠨᠳᠦᠴᠡ ᠪᠤᠯᠤᠨ ᠠᠵᠤ ᠤᠶᠢᠯᠡᠳᠪᠤᠷᠢ  ᠶᠢᠨ ᠡᠳ᠋  ᠤᠨ ᠵᠠᠰᠠᠭ ᠳᠠᠬᠢ ᠬᠤᠪᠢ ᠨᠡᠮᠡᠷᠢ ᠦᠵᠡᠭᠦᠯᠬᠦ ᠨᠤᠷᠮ᠎ᠠ  ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠠᠢ᠃           ᠨᠢᠭᠡ ᠳᠤ᠂ ᠠᠵᠤ ᠤᠶᠢᠯᠡᠳᠪᠤᠷᠢ  ᠶᠢᠨ  ᠤᠷᠤᠨ ᠲᠤᠭᠤᠷᠢᠭ  ᠤᠨ ᠪᠦᠲᠦᠭᠡᠨ ᠪᠠᠶᠢᠭᠤᠯᠤᠯᠲᠠ  ᠶᠢᠨ ᠠᠯᠬᠤᠴᠠ  ᠶᠢ ᠲᠦᠷᠭᠡᠳᠬᠡᠨ᠎ᠡ᠃ ᠠᠵᠤ ᠤᠶᠢᠯᠡᠳᠪᠤᠷᠢ  ᠶᠢᠨ ᠤᠷᠤᠨ ᠲᠤᠭᠤᠷᠢᠭ  ᠤᠨ ᠤᠰᠤ᠂ ᠴᠠᠬᠢᠯᠭᠠᠨ᠂ ᠵᠠᠮ ᠨᠡᠪᠳᠡᠷᠡᠯᠭᠡ ᠴᠢᠮᠡᠭᠡ  ᠬᠤᠯᠪᠣᠭ᠎ᠠ ᠵᠡᠷᠭᠡ ᠪᠦᠲᠦᠭᠡᠨ ᠪᠠᠶᠢᠭᠤᠯᠤᠯᠲᠠ  ᠶᠢ ᠦᠷᠭᠦᠯᠵᠢᠯᠡᠨ ᠪᠦᠷᠢᠨᠰᠢᠭᠦᠯᠵᠦ᠂   ᠨᠡᠩ  ᠤᠯᠠᠨ ᠠᠵᠤ ᠠᠬᠤᠶᠢᠯᠠᠯ   ᠤᠨ ᠰᠠᠭᠤᠷᠢᠰᠢᠬᠤ ᠳᠤ ᠰᠠᠭᠤᠷᠢ ᠲᠥᠬᠦᠭᠡᠷᠥᠮᠵᠢ ᠶᠢᠨ ᠪᠠᠳᠥᠯᠠᠭ᠎ᠠ  ᠬᠠᠩᠭᠠᠨ᠎ᠠ᠃  ᠠᠵᠥ ᠤᠶᠢᠯᠡᠰᠵᠢᠯᠲᠡ ᠶᠢᠨ ᠲᠤᠬᠢᠷᠠᠭᠤᠯᠤᠯᠲᠠ ᠶᠢᠨ ᠠᠰᠢᠭᠲᠠᠢ ᠨᠥᠬᠦᠴᠡᠯ   ᠢ ᠠᠳᠬᠤᠵᠤ᠂ ᠪᠡᠭᠡᠵᠢᠩ ᠵᠢᠴᠢ ᠲᠡᠭᠦᠨ  ᠤ ᠤᠷᠴᠢᠨ ᠲᠤᠭᠤᠷᠢᠠ  ᠤ ᠭᠠᠵᠠᠷ ᠤᠷᠤᠨ  ᠤ ᠠᠵᠤ ᠠᠬᠤᠶᠢᠯᠠᠯ  ᠤᠨ ᠨᠡᠭᠦᠨ ᠰᠢᠯᠵᠢᠯᠲᠡ  ᠶᠢ ᠬᠥᠳᠡᠯᠦᠩᠭᠦᠢ ᠪᠠᠷ ᠵᠠᠯᠭᠠᠮᠵᠢᠯᠠᠵᠤ᠂ ᠨᠢᠭᠡ ᠪᠦᠯᠦᠭ ᠠᠵᠤ ᠤᠶᠢᠯᠡᠳᠪᠤᠷᠢ  ᠶᠢᠨ  ᠠᠵᠤ ᠠᠬᠤᠶᠢᠯᠡᠯ  ᠢ ᠲᠠᠲᠠᠨ ᠤᠷᠤᠭᠤᠯᠵᠤ᠂ ᠲᠠᠷᠢᠶᠠᠯᠠᠩ  ᠤᠨ ᠪᠦᠲᠦᠭᠡᠭᠳᠡᠭᠦᠨ᠂ ᠮᠠᠯ  ᠤᠨ ᠠᠰᠢᠭ ᠰᠢᠮ᠎ᠡ  ᠶᠢ ᠪᠤᠯᠪᠠᠰᠤᠷᠠᠭᠤᠯᠬᠤ ᠪᠠ ᠡᠭᠢ ᠪᠠᠶᠠᠯᠢᠭ  ᠤᠨ ᠪᠤᠰᠤ ᠴᠢᠨᠠᠷᠲᠠᠢ ᠠᠵᠤ ᠤᠶᠢᠯᠡᠳᠪᠤᠷᠢ  ᠶᠢᠨ ᠲᠦᠷᠦᠯ ᠵᠦᠢᠯ ᠳᠤ ᠰᠢᠨ᠎ᠡ ᠰᠢᠪᠳᠤᠯᠤᠯᠲᠠ ᠲᠠᠢ ᠪᠤᠯᠭᠠᠬᠤ ᠪᠠᠷ ᠴᠢᠷᠮᠠᠶᠢᠵᠤ᠂ ᠵᠢᠯ  ᠤᠨ ᠲᠤᠲᠤᠷ᠎ᠠ ᠠᠵᠤ ᠠᠬᠤᠶᠢᠯᠠᠯ   ᠤᠨ  ᠦᠢᠯᠡᠳᠪᠦᠷᠢᠯᠡᠯ   ᠢ ᠡᠬᠢᠯᠡᠭᠦᠯᠥᠨ᠎ᠡ᠃ ᠤᠷᠤᠨ ᠲᠤᠭᠤᠷᠢᠭ  ᠤᠨ ᠬᠠᠮᠢᠶᠠᠷᠤᠯᠲᠠ  ᠶᠢᠨ  ᠪᠠᠶᠢᠭᠤᠯᠤᠮᠵᠢ ᠶᠢ ᠢᠳᠡᠪᠬᠢᠲᠠᠢ ᠰᠦᠪᠡᠭᠴᠢᠯᠡᠵᠦ᠂ ᠤᠷᠤᠨ ᠲᠤᠭᠤᠷᠢᠭ  ᠤᠨ ᠬᠠᠮᠢᠶᠠᠷᠤᠯᠲᠠ  ᠶᠢᠨ ᠬᠡᠯᠪᠡᠷᠢ ᠮᠠᠶ᠋ᠢᠭ  ᠢ ᠰᠢᠨᠡᠴᠢᠯᠡᠵᠦ᠂ ᠠᠵᠤ ᠤᠶᠢᠯᠡᠰ  ᠤᠨ ᠬᠡᠯᠪᠡᠷᠢ  ᠶᠢ ᠬᠤᠪᠢᠷᠠᠭᠤᠯᠬᠤ ᠪᠠ ᠠᠵᠤ ᠤᠶᠢᠯᠡᠰ  ᠢ ᠲᠡᠰ ᠲᠤ ᠲᠡᠪᠰᠢᠭᠦᠯᠬᠦ ᠳᠡᠭᠡᠳᠦ ᠰᠢᠨ᠎ᠡ ᠮᠡᠷᠭᠡᠵᠢᠯ  ᠤᠨ ᠲᠦᠷᠦᠯ ᠵᠦᠢᠯ ᠪᠤᠯᠤᠨ ᠡᠬᠢ ᠪᠠᠶᠠᠯᠢᠭ ᠲᠤ ᠠᠷᠪᠢᠲᠠᠢ ᠬᠡᠯᠪᠡᠷᠢ᠂ ᠡᠬᠢ ᠪᠠᠶᠠᠯᠢᠭ  ᠤᠨ ᠪᠤᠰᠤ ᠬᠡᠯᠪᠡᠷᠢ  ᠶᠢᠨ ᠲᠦᠷᠦᠯ ᠵᠦᠢᠯ  ᠢ ᠲᠠᠳᠠᠨ ᠤᠷᠤᠭᠤᠯᠬᠤ  ᠶᠢ ᠭᠦᠨᠳᠦᠳᠭᠡᠵᠦ᠂ ᠤᠷᠤᠨ ᠲᠤᠭᠤᠷᠢᠭ  ᠤᠨ ᠡᠷᠲᠡ ᠨᠢᠭᠡᠨ ᠡᠳᠦᠷ ᠠᠵᠤ ᠠᠬᠤᠢ  ᠶᠢᠨ ᠦᠷ᠎ᠡ ᠠᠰᠢᠭ ᠤᠯᠬᠤ  ᠶᠢ ᠪᠡᠶᠡᠯᠡᠭᠦᠯᠦᠨ᠎ᠡ᠃          ᠬᠤᠶᠠᠷ ᠲᠤ᠂  ᠦᠷᠭᠦᠯᠵᠢᠯᠡᠨ ᠪᠦᠲᠦᠭᠡᠨ ᠪᠠᠶᠢᠭᠤᠯᠬᠤ ᠲᠦᠷᠦᠯ ᠵᠦᠢᠯ  ᠤᠨ  ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ  ᠃   ᠦᠷᠨᠢᠯ  ᠮᠠᠯᠵᠢᠯ   ᠤᠨ  ᠺᠤᠮᠫᠠᠨᠢ   ᠶᠢᠨ  ᠠᠯᠠᠰᠢᠨ  ᠦᠬᠡᠷ  ᠲᠡᠵᠢᠭᠡᠨ   ᠦᠷᠡᠵᠢᠭᠦᠯᠵᠦ  ᠪᠤᠯᠪᠠᠰᠤᠷᠠᠭᠤᠯᠬᠤ ᠲᠥᠷᠥᠯ  ᠵᠦᠢᠯ   ᠳᠤ  ᠵᠢᠯ   ᠤᠨ ᠲᠤᠳᠤᠷ᠎ᠠ  500  ᠲᠤᠨ  ᠤ  ᠬᠦᠢᠳᠡᠨ  ᠬᠦᠮᠦᠷᠭᠡ  ᠵᠢᠴᠢ  ᠠᠯᠠᠵᠤ  ᠨᠢᠲᠤᠯᠬᠤ  ᠲᠠᠰᠤᠭ   ᠤᠨ  ᠪᠦᠲᠦᠭᠡᠨ  ᠪᠠᠶᠢᠭᠤᠯᠤᠯᠲᠠ  ᠶᠢ  ᠪᠡᠶᠡᠯᠡᠭᠦᠯᠬᠦ      ᠶᠢᠨ ᠬᠠᠮᠳᠤ ᠠᠰᠢᠭᠯᠠᠯᠲᠠ ᠳᠤ ᠤᠷᠤᠭᠤᠯᠤᠨ᠎ᠠ᠃ ᠾᠧᠩ ᠶᠤᠸᠠᠨ ᠲᠠᠷᠢᠶᠠᠯᠠᠩ ᠠᠵᠤ ᠠᠬᠤᠢ  ᠶᠢᠨ ᠬᠢᠵᠡᠭᠠᠷᠲᠦ ᠺᠤᠮᠫᠠᠨᠢ   ᠶᠢᠨ 2 ᠲᠦᠮᠡᠨ ᠲᠤᠨ  ᠤ  ᠨᠥᠭᠡᠴᠡᠯᠡᠬᠦ ᠬᠦᠮᠦᠷᠭᠡ ᠪᠤᠯᠤᠨ ᠤᠶᠢᠯᠡᠳᠪᠤᠷᠢ  ᠶᠢᠨ ᠲᠠᠰᠤᠭ  ᠢ ᠪᠠᠶᠢᠭᠤᠯᠬᠤ  ᠶᠢᠨ ᠬᠠᠮᠲᠤ ᠠᠰᠢᠭᠯᠠᠯᠲᠠ ᠳᠤ ᠤᠷᠤᠭᠤᠯᠤᠨ᠎ᠠ᠃ ᠴᠠᠩ ᠰᠢᠨ ᠬᠢᠮᠢ  ᠶᠢᠨ ᠠᠵᠤ ᠤᠶᠢᠯᠡᠳᠪᠤᠷᠢ  ᠶᠢᠨ ᠬᠢᠵᠠᠭᠠᠷᠲᠦ ᠺᠤᠮᠫᠠᠨᠢ   ᠶᠢᠨ ᠨᠢᠭᠡᠳᠦᠭᠡᠷ ᠬᠤᠭᠤᠴᠠᠭᠠᠨ  ᠤ ᠢᠨᠵᠧᠨᠧᠷᠢᠩ  ᠤᠨ ᠪᠦᠲᠦᠭᠡᠨ ᠪᠠᠶᠢᠭᠤᠯᠤᠯᠲᠠ ᠳᠤ 2 ᠰᠠᠭᠤᠷᠢ 3.15 ᠲᠦᠮᠡᠨ ᠺᠢᠯᠤᠸᠤᠯᠲ  ᠠᠮᠫᠧᠷ   ᠤᠨ ᠴᠠᠬᠢᠯᠠᠭᠤᠷ ᠴᠢᠯᠠᠭᠤᠨ ᠵᠤᠤᠬ᠎ᠠ  ᠶᠢ  ᠲᠤᠤᠷ᠎ᠠ ᠬᠠᠭᠠᠰ ᠵᠢᠯ ᠳᠤ ᠪᠠᠶᠢᠭᠤᠯᠵᠤ ᠳᠠᠭᠤᠰᠬᠠᠬᠤ  ᠶᠢᠨ ᠬᠠᠮᠲᠦ ᠠᠰᠢᠭᠯᠠᠯᠲᠠ ᠳᠤ ᠤᠷᠤᠭᠤᠯᠤᠨ᠎ᠠ᠃ ᠾᠧᠩ  ᠶᠧ ᠧᠤ ᠮᠠ ᠺᠤᠮᠫᠠᠨᠢ   ᠶᠢᠨ PVC ᠪᠡᠭᠡᠯᠠᠢ ᠤᠶᠢᠯᠡᠳᠪᠤᠷᠢᠯᠡᠬᠦ ᠲᠦᠷᠦᠯ ᠵᠦᠢᠯ   ᠤᠨ ᠪᠦᠲᠦᠭᠡᠨ ᠪᠠᠶᠢᠭᠤᠯᠤᠯᠲᠠ  ᠶᠢ ᠵᠢᠯ  ᠤᠨ ᠲᠤᠲᠤᠷ᠎ᠠ ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠨ᠎ᠠ᠃          ᠭᠤᠷᠪᠠ   ᠳᠤ᠂ ᠰᠢᠨ᠎ᠡ ᠪᠠᠷ ᠪᠠᠶᠢᠭᠤᠯᠤᠭᠰᠠᠨ ᠲᠦᠷᠦᠯ ᠵᠦᠢᠯ  ᠢ ᠡᠷᠲᠡᠬᠡᠨ ᠡᠬᠢᠯᠡᠭᠦᠯᠬᠦ ᠪᠠᠷ ᠴᠢᠷᠮᠠᠶᠢᠨ᠎ᠠ᠃  ᠲᠤᠮᠳᠠᠳᠤ ᠤᠯᠤᠰ  ᠤᠨ ᠰᠠᠯᠬᠢᠨ ᠬᠦᠴᠦᠨ  ᠤ ᠴᠠᠬᠢᠯᠭᠠᠨ ᠬᠠᠩᠭᠠᠬᠤ ᠬᠤᠶᠠᠲᠡᠬᠢ ᠬᠤᠭᠤᠴᠠᠭᠠᠨ  ᠤ  ᠢᠨᠵᠧᠨᠧᠷᠢᠩ ᠪᠤᠯᠤᠨ ᠤᠯᠤᠰ  ᠤᠨ ᠴᠠᠬᠢᠯᠭᠠᠨ ᠬᠦᠴᠦᠨ  ᠤ ᠨᠢᠭᠡᠲᠤᠬᠢ ᠬᠤᠭᠤᠴᠠᠭᠠᠨ  ᠤ ᠰᠠᠯᠬᠢᠨ ᠬᠦᠴᠦ  ᠪᠠᠷ ᠴᠠᠬᠢᠯᠭᠠᠨ ᠭᠠᠷᠭᠠᠬᠤ ᠲᠦᠷᠦᠯ ᠵᠦᠢᠯ   ᠳᠤ ᠲᠤᠰ ᠵᠢᠯ ᠳᠡᠭᠡᠨ ᠲᠤᠰᠪᠤᠷᠢ 2 ᠳ᠋ᠤᠩᠰᠢᠭᠤᠷ ᠲᠦᠭᠦᠷᠢᠭ   ᠤᠨ  ᠪᠡᠯᠡ  ᠤᠷᠤᠭᠤᠯᠤᠨ᠎ᠠ᠃  ᠾᠧᠪᠸᠢ ᠮᠤᠵᠢ  ᠶᠢᠨ ᠹᠸᠡᠨᠢᠩ  ᠤᠨ ᠰᠠᠨ ᠶᠢᠤ ᠲᠡᠮᠦᠷᠯᠢᠭ ᠤᠶᠢᠯᠡᠳᠬᠡᠭᠦᠨ  ᠢ ᠪᠤᠯᠪᠠᠰᠤᠷᠠᠭᠤᠯᠵᠤ ᠤᠭᠰᠠᠷᠠᠬᠤ ᠬᠢᠵᠠᠭᠠᠷᠲᠦ ᠺᠤᠮᠫᠠᠨᠢ ᠨᠢ  7.5 ᠲᠥᠮᠡᠨ ᠴᠠᠬᠢᠯᠭᠠᠨ  ᠲᠥᠭᠡᠭᠡᠬᠦ ᠬᠠᠶᠢᠷᠴᠠᠭ ᠪᠤᠯᠤᠨ ᠵᠢᠪᠡᠷᠡᠬᠦ ᠦᠭᠡᠢ ᠪᠤᠯᠤᠳ  ᠤᠨ ᠤᠶᠢᠯᠡᠳᠬᠡᠭᠦᠨ  ᠪᠤᠯᠪᠠᠰᠤᠷᠠᠭᠤᠯᠬᠤ  ᠴᠢᠳᠠᠪᠤᠷᠢ ᠪᠥᠬᠦᠢ ᠤᠶᠢᠯᠡᠳᠪᠤᠷᠢ  ᠶᠢ  ᠪᠠᠶᠢᠭᠤᠯᠬᠤ ᠶᠢᠨ ᠬᠠᠮᠲᠦ ᠠᠰᠢᠭᠯᠠᠯᠲᠠ ᠳᠤ ᠤᠷᠤᠭᠤᠯᠬᠤ ᠪᠠᠷ  ᠴᠢᠷᠮᠠᠶᠢᠨ᠎ᠠ᠃  ᠵᠦᠩ ᠣᠣ ᠷᠦᠢ ᠵᠢᠩ ᠺᠤᠮᠫᠠᠨᠢ  ᠶᠢᠨ ᠰᠠᠯᠬᠢᠨ ᠭᠦᠴᠦᠨ ᠤ ᠴᠠᠬᠢᠯᠭᠠᠨ ᠭᠠᠷᠭᠠᠬᠤ ᠮᠠᠰᠢᠨ ᠤ ᠹᠠᠯᠠᠨ ᠲᠠᠪᠠᠭ ᠦᠢᠯᠡᠳᠬᠦ᠂ ᠭᠠᠳᠠᠷ ᠬᠡᠷᠡᠮ ᠤᠨ ᠢᠯᠴᠢ ᠬᠠᠳᠠᠭᠠᠯᠠᠬᠤ ᠮᠠᠲ᠋ᠧᠷᠢᠶᠠᠯ  ᠪᠤᠯᠪᠠᠰᠤᠷᠠᠭᠤᠯᠬᠤ᠂ ᠴᠠᠬᠢᠯᠭᠠᠨ  ᠳᠤᠯᠠᠭᠠᠴᠠᠭᠤᠷ ᠤᠭᠰᠠᠷᠠᠬᠤ᠂ ᠡᠭᠦᠳᠡ ᠴᠤᠩᠬᠤ ᠦᠢᠯᠡᠳᠪᠦᠷᠢᠯᠡᠬᠦ ᠵᠡᠷᠭᠡ ᠲᠥᠷᠥᠯ ᠵᠦᠢᠯ ᠪᠠᠶᠢᠭᠤᠯᠬᠤ ᠶᠢ ᠳᠡᠮᠵᠢᠵᠦ᠂ ᠵᠢᠯ ᠤᠨ ᠲᠤᠲᠤᠷ᠎ᠠ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠳᠤ ᠤᠷᠤᠭᠤᠯᠤᠨ᠎ᠠ᠃          ᠲᠦᠷᠪᠡ ᠳᠤ᠂ ᠤᠳᠤᠬᠠᠨ  ᠤ ᠪᠠᠶᠢᠭ᠎ᠠ ᠠᠵᠤ ᠠᠬᠤᠶᠢᠯᠠᠯ   ᠢ  ᠲᠡᠳᠬᠦᠬᠦ ᠬᠦᠴᠦᠯᠡᠴᠡ  ᠶᠢ ᠴᠢᠩᠭᠠᠳᠬᠠᠨ᠎ᠠ᠃ ᠲᠠᠯ᠎ᠠ ᠨᠤᠳᠤᠭ  ᠤᠨ ᠠᠷᠢᠬᠢᠨ  ᠤ ᠤᠶᠢᠯᠡᠳᠪᠤᠷᠢ  ᠶᠢᠨ ᠨᠡᠭᠦᠯᠭᠡᠨ ᠰᠢᠯᠵᠢᠭᠦᠯᠵᠦ ᠦᠷᠭᠡᠳᠬᠡᠨ ᠪᠠᠶᠢᠭᠤᠯᠬᠤ  ᠶᠢ ᠢᠲᠡᠪᠬᠢᠲᠠᠢ  ᠳᠠᠮᠵᠢᠵᠦ᠂ ᠴᠠᠩ ᠶᠤᠸᠠᠨ ᠲᠡᠵᠢᠭᠡᠯ  ᠪᠤᠷᠳᠤᠭᠠᠨ  ᠤ ᠺᠤᠮᠫᠠᠨᠢ᠂ ᠴᠠᠩ ᠵᠢᠶᠠᠩ ᠠᠭᠤᠷᠬᠠᠢ  ᠶᠢᠨ ᠤᠶᠢᠯᠡᠰ᠂   ᠬᠤᠸᠠ ᠡᠯ ᠱᠤᠶᠢᠨᠢ  ᠶᠢᠨ ᠤᠶᠢᠯᠡᠳᠪᠦᠷᠢ᠂ ᠰᠢᠨ ᠶᠤᠸᠠᠨ ᠪᠠᠷᠢᠯᠭ᠎ᠠ  ᠶᠢᠨ ᠮᠡᠲ᠋ᠧᠷᠢᠶᠠᠯ᠂ ᠵᠢᠩ ᠳ᠋ᠢ   ᠸᠤᠯᠹᠠᠷᠠᠮ  ᠤᠨ ᠤᠶᠢᠯᠡᠰ᠂ ᠬᠤᠩ ᠵᠢᠩ ᠶᠤᠸᠠᠨ ᠲᠤᠰᠤ ᠰᠢᠬᠠᠬᠤ ᠤᠶᠢᠯᠡᠳᠪᠤᠷᠢ ᠪᠤᠯᠤᠨ ᠮᠢᠬᠠᠨ ᠢᠳᠡᠭᠡᠨ ᠪᠤᠯᠪᠠᠰᠤᠷᠠᠭᠤᠯᠬᠤ ᠵᠡᠷᠭᠡ ᠨᠢᠭᠡ ᠪᠦᠯᠦᠭ ᠭᠤᠤᠯᠯᠠᠭᠴᠢ ᠠᠵᠤ ᠠᠬᠤᠶᠢᠯᠠᠯ  ᠤᠨ ᠤᠶᠢᠯᠡᠳᠪᠤᠷᠢᠯᠡᠯ  ᠤᠨ ᠬᠦᠷᠢᠶ᠎ᠠ ᠬᠡᠪᠴᠢᠶ᠎ᠡ  ᠶᠢ ᠦᠷᠭᠡᠳᠬᠡᠬᠦ  ᠶᠢ ᠦᠷᠭᠦᠯᠵᠢᠯᠡᠨ ᠲᠡᠳᠬᠦᠵᠦ᠂ ᠲᠤᠲᠤᠭᠠᠳᠤᠬᠢ ᠬᠠᠮᠢᠶᠠᠷᠤᠯᠲᠠ  ᠶᠢ ᠡᠷᠴᠢᠮᠵᠢᠬᠦᠯᠵᠦ᠂ ᠪᠦᠲᠦᠭᠡᠭᠳᠡᠭᠦᠨ  ᠤ ᠪᠤᠷᠤᠯᠠᠭᠤᠯᠤᠯᠲᠠ  ᠶᠢᠨ ᠵᠠᠬ᠎ᠠ ᠳᠡᠯᠭᠡᠭᠦᠷ  ᠢ  ᠨᠡᠭᠡᠭᠡᠵᠦ  ᠂ ᠠᠵᠤ ᠠᠬᠤᠢ ᠶᠢᠨ ᠦᠷ᠎ᠡ ᠠᠰᠢᠭ ᠢ ᠲᠡᠭᠡᠭᠰᠢᠯᠡᠭᠦᠯᠥᠨ᠎ᠡ᠃           ᠲᠠᠪᠤ ᠳᠤ᠂ ᠭᠠᠵᠠᠷ ᠰᠢᠨᠵᠢᠯᠡᠭᠡᠨ ᠤ ᠬᠦᠴᠦᠯᠡᠴᠡ  ᠶᠢ ᠴᠢᠩᠭᠠᠳᠬᠠᠨ᠎ᠠ᠃ ᠡᠨᠡ ᠵᠢᠯ ᠳᠤ 36 ᠲᠦᠷᠦᠯ  ᠤᠨ ᠭᠠᠵᠠᠷ ᠰᠢᠨᠵᠢᠯᠡᠭᠡᠨ  ᠤ  ᠲᠦᠷᠦᠯ ᠵᠦᠢᠯ  ᠢ ᠦᠷᠨᠢᠭᠦᠯᠬᠦ ᠪᠠᠷ  ᠲᠥᠯᠥᠪᠯᠡᠵᠦ᠂ ᠭᠠᠵᠠᠷ ᠰᠢᠨᠵᠢᠯᠡᠭᠡᠨ  ᠳᠤ 5196 ᠲᠦᠮᠡᠨ ᠲᠦᠭᠦᠷᠢᠭ  ᠤᠨ ᠪᠡᠯᠡ ᠤᠷᠤᠭᠤᠯᠵᠤ᠂ ᠡᠭᠦᠨ  ᠤ ᠲᠤᠲᠤᠷ᠎ᠠ  ᠬᠤᠳᠠᠯᠳᠣᠭᠠᠨ  ᠤ ᠴᠢᠨᠠᠷᠲᠠᠢ ᠭᠠᠵᠠᠷ ᠰᠢᠨᠵᠢᠯᠡᠭᠡᠨ  ᠤ 28 ᠲᠦᠷᠦᠯ ᠵᠦᠢᠯ ᠳᠤ 4600 ᠲᠦᠮᠡᠨ ᠲᠦᠭᠦᠷᠢᠭ  ᠤᠨ ᠪᠡᠯᠡ ᠤᠷᠤᠭᠤᠯᠵᠤ  ︔ ᠦᠪᠡᠷᠳᠡᠭᠡᠨ ᠵᠠᠰᠠᠬᠤ ᠤᠷᠤᠨ  ᠤ ᠵᠠᠰᠠᠭ  ᠤᠨ ᠤᠷᠳᠤᠨ  ᠤ 3 ᠲᠦᠷᠦᠯ ᠤᠨ ᠠᠯᠤᠰ ᠡᠵᠡᠮᠰᠢᠯ ᠤᠨ ᠶᠡᠷᠤᠩᠬᠡᠶᠢᠯᠡᠭᠰᠡᠨ ᠪᠠᠶᠢᠴᠠᠭᠠᠯᠲᠠ  ᠶᠢᠨ ᠲᠦᠷᠦᠯ ᠵᠦᠢᠯ ᠳᠤ 100 ᠲᠦᠮᠡᠨ ᠲᠦᠭᠦᠷᠢᠭ  ᠤᠨ ᠪᠡᠯᠡ ᠤᠷᠤᠭᠤᠯᠵᠤ︔ ᠲᠡᠮᠦᠷᠯᠢᠭ ᠪᠤᠰᠤ ᠭᠠᠵᠠᠷ ᠰᠢᠨᠵᠢᠯᠡᠭᠡᠨ  ᠤ 4 ᠲᠦᠷᠦᠯ ᠵᠦᠢᠯ ᠳᠤ 300 ᠲᠦᠮᠡᠨ ᠲᠦᠬᠦᠷᠢᠭ ᠤᠨ ᠪᠡᠯᠡ ᠤᠷᠤᠭᠤᠯᠵᠤ  ︔ 196 ᠲᠦᠮᠡᠨ ᠲᠦᠭᠦᠷᠢᠭ  ᠤᠨ ᠪᠡᠯᠡ ᠤᠷᠤᠭᠤᠯᠤᠨ  ᠂  ᠪᠠᠷᠠᠭᠤᠨ ᠤᠷᠤᠨ  ᠤ  ᠤᠰᠤ ᠡᠷᠢᠬᠦ ᠲᠦᠷᠦᠯ ᠵᠦᠢᠯ  ᠢ ᠦᠷᠭᠦᠯᠵᠢᠯᠡᠨ ᠬᠡᠷᠡᠭᠵᠢᠬᠦᠯᠦᠨ᠎ᠡ᠃           ︵ᠲᠦᠷᠪᠡ︶ ᠵᠤᠭᠠᠴᠠᠯ ᠪᠤᠯᠤᠨ ᠠᠷᠠᠯᠵᠢᠶ᠎ᠠ ᠬᠤᠳᠠᠯᠳᠤᠭ᠎ᠠ  ᠪᠤᠳᠠᠰ ᠤᠨ ᠭᠦᠢᠯᠭᠡᠭᠡᠨ ᠤ ᠦᠢᠯᠡᠰ  ᠢᠶᠠᠷ  ᠭᠤᠤᠯᠳᠠᠯᠭ᠎ᠠ ᠪᠤᠯᠭᠠᠵᠤ᠂ ᠭᠤᠷᠪᠠᠳᠤᠭᠠᠷ ᠠᠵᠤ ᠤᠶᠢᠯᠡᠰ  ᠤᠨ ᠪᠦᠬᠦ ᠲᠠᠯ᠎ᠠ  ᠶᠢᠨ ᠦᠷᠨᠢᠨ ᠬᠦᠭᠵᠢᠯᠲᠡ  ᠶᠢ ᠠᠬᠢᠭᠤᠯᠬᠤ ᠬᠡᠷᠡᠭᠲᠠᠢ᠃ ᠦᠪᠡᠷᠳᠡᠭᠡᠨ ᠵᠠᠰᠠᠬᠤ ᠤᠷᠤᠨ  ᠤ ᠭᠤᠷᠪᠠᠳᠤᠭᠠᠷ ᠠᠵᠤ ᠤᠶᠢᠯᠡᠰ  ᠤᠨ ᠬᠦᠭᠵᠢᠯᠲᠡ   ᠶᠢ  ᠲᠡᠳᠬᠦᠬᠦ 60 ᠵᠤᠷᠪᠤᠰ ᠤᠨᠴᠠ ᠬᠠᠷᠠᠭᠠᠯᠵᠠᠯᠠᠯᠲᠤ ᠲᠦᠷᠦ  ᠶᠢᠨ  ᠪᠤᠳᠤᠯᠭ᠎ᠠ  ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠳᠤᠭᠠᠷ ᠠᠵᠦ ᠤᠶᠢᠯᠡᠰ  ᠤᠨ ᠬᠦᠭᠵᠢᠯᠲᠡ  ᠶᠢᠨ ᠰᠢᠨ᠎ᠠ ᠵᠠᠮ  ᠢ ᠰᠦᠪᠡᠭᠴᠢᠯᠡᠵᠤ᠂ ᠰᠢᠨ᠎ᠡ ᠰᠢᠪᠳᠤᠯᠤᠯᠲᠠ ᠲᠠᠢ ᠪᠤᠯᠭᠠᠬᠤ ᠪᠠᠷ ᠲᠠᠮᠡᠴᠡᠵᠤ᠂ ᠭᠤᠷᠪᠠᠳᠤᠭᠠᠷ ᠠᠵᠤ ᠤᠶᠢᠯᠡᠰ  ᠢ ᠪᠦᠬᠦ ᠬᠤᠰᠢᠭᠤᠨ  ᠤ ᠠᠵᠤ ᠠᠬᠤᠢ  ᠶᠢᠨ ᠬᠦᠭᠵᠢᠯᠲᠡ  ᠶᠢᠨ ᠰᠢᠨ᠎ᠡ ᠲᠤᠯᠭᠠᠭᠤᠷᠢ ᠴᠡᠭ ᠪᠤᠯᠭᠠᠬᠤ ᠬᠡᠷᠡᠭᠲᠠᠢ᠃          ᠨᠢᠭᠡ ᠳᠤ᠂ ᠲᠠᠯ᠎ᠠ ᠨᠤᠳᠤᠭ  ᠤᠨ ᠤᠨᠴᠠᠯᠢᠭ  ᠢᠶᠠᠷ ᠭᠤᠤᠯᠳᠠᠯᠭ᠎ᠠ ᠪᠤᠯᠭᠠᠭᠰᠠᠨ ᠵᠤᠭᠠᠴᠠᠯ  ᠤᠨ ᠤᠶᠢᠯᠡᠰ ᠢ ᠶᠠᠬᠡᠪᠡᠷ ᠬᠦᠭᠵᠢᠭᠦᠯᠦᠨ᠎ᠠ᠃  ᠤᠷᠤᠨ ᠪᠠᠶᠢᠴᠠ  ᠶᠢᠨ ᠲᠠᠪᠠᠭᠤᠯᠢᠭ  ᠢᠶᠠᠨ ᠭᠦᠢᠴᠡᠳ ᠪᠠᠳᠠᠷᠠᠭᠤᠯᠵᠤ᠂ ᠰᠢᠯᠢᠳᠡᠭ ᠵᠤᠭᠠᠴᠠᠯ  ᠤᠨ  ᠱᠤᠭᠤᠮ  ᠢ ᠡᠭᠦᠳᠴᠦ᠂ ᠲᠠᠯ᠎ᠠ ᠨᠤᠳᠤᠭ  ᠤᠨ ᠠᠮᠢ ᠠᠬᠤᠢ  ᠶᠢᠨ ᠵᠤᠭᠠᠴᠠᠯ  ᠢ ᠭᠦᠭᠵᠢᠭᠦᠯᠦᠨ᠎ᠡ᠃ ᠲᠠᠶᠢᠹᠤᠰᠧ ᠬᠤᠰᠢᠭᠤᠨ  ᠤ  ︽ᠬᠠᠭᠠᠨ  ᠤ ᠠᠳᠤᠭᠤᠨ ᠵᠤᠰᠠᠭᠠᠯ︾  ᠤᠨ ᠡᠬᠢ ᠪᠠᠶᠠᠯᠢᠭ  ᠢ ᠭᠦᠨ ᠠᠭᠤᠳᠠᠯᠯᠠᠵᠤ᠂  ᠭᠤᠷᠪᠠᠳᠤᠭᠠᠷ ᠬᠤᠭᠤᠴᠠᠭᠠᠨ  ᠤ  ︽ᠲᠤᠮᠳᠠᠲᠤ ᠤᠯᠤᠰ  ᠤᠨ ᠲᠠᠯ᠎ᠠ ᠨᠤᠳᠤᠭ   ᠤᠨ ᠬᠠᠭᠠᠨ  ᠤ ᠠᠳᠤᠭᠤᠨ ᠰᠤᠶᠤᠯ  ᠤᠨ ᠨᠠᠶᠢᠷ ᠵᠢᠴᠢ ᠪᠦᠬᠦ ᠤᠯᠤᠰ  ᠤᠨ ᠮᠤᠷᠢᠨ ᠮᠡᠷᠭᠡᠵᠢᠯ  ᠤᠨ ᠰᠦᠯᠵᠢᠨ ᠲᠤᠭᠤᠷᠢᠬᠤ ᠲᠡᠷᠢᠭᠦᠨ  ᠰᠢᠯᠭᠠᠷᠠᠭᠤᠯᠬᠤ ᠤᠷᠤᠯᠳᠤᠭᠠᠨ︾  ᠢ ᠪᠦᠬᠦ ᠬᠦᠴᠦᠨ  ᠢᠶᠠᠷ ᠰᠠᠶᠢᠳᠤᠷ ᠡᠷᠬᠢᠯᠡᠵᠦ᠂ ᠠᠳᠤᠭᠤᠨ ᠰᠤᠶᠤᠯ  ᠢ ᠪᠠᠳᠠᠷᠠᠭᠤᠯᠵᠤ᠂ ᠠᠳᠤᠭᠤᠨ ᠰᠤᠶᠤᠯ  ᠤᠨ ᠵᠤᠭᠠᠴᠠᠯ  ᠤᠨ ᠨᠡᠷᠡᠳᠤ ᠲᠡᠮᠳᠡᠭ  ᠢ ᠡᠭᠦᠳᠦᠨ᠎ᠡ᠃ ᠨᠠᠶᠢᠳᠡᠪᠤᠷᠢᠵᠢᠭᠤᠯᠤᠭᠰᠠᠨ ᠲᠦᠷᠦᠯ ᠵᠦᠢᠯ  ᠤᠨ ᠪᠦᠳᠦᠭᠡᠨ ᠪᠠᠶᠢᠭᠤᠯᠤᠯᠲᠠ ᠪᠤᠯᠤᠨ ᠭᠤᠤᠯᠳᠠᠯᠭ᠎ᠠ ᠲᠠᠢ ᠲᠦᠷᠦᠯ ᠵᠦᠢᠯ  ᠢ ᠲᠡᠮᠡᠴᠡᠨ ᠤᠯᠬᠤ ᠠᠵᠢᠯ  ᠢ ᠢᠳᠡᠪᠬᠢᠲᠠᠢ ᠠᠬᠢᠭᠤᠯᠬᠤ᠂ ᠶᠠᠩ ᠭᠤᠸᠠᠨ ᠱᠠᠨ ᠭᠦ᠋ ᠵᠤᠭᠠᠴᠠᠯ  ᠤᠨ ᠰᠤᠶᠤᠯ  ᠤᠨ  ᠺᠤᠮᠫᠠᠨᠢ  ᠪᠠ ᠬᠠᠭᠠᠨ  ᠤ ᠠᠳᠤᠭᠤᠨ ᠵᠤᠭᠰᠠᠭᠠᠯ  ᠤᠨ ᠦᠵᠡᠮᠵᠢ ᠶᠢᠨ ᠤᠷᠤᠨ ᠤ ᠬᠠᠮᠲᠤᠷᠠᠨ ᠠᠵᠢᠯᠯᠠᠬᠤ ᠶᠢ ᠵᠤᠷᠢᠭᠵᠢᠭᠤᠯᠵᠤ᠂ ᠬᠠᠭᠠᠨ  ᠤ ᠠᠳᠤᠭᠤᠨ ᠰᠤᠶᠤᠯ  ᠤᠨ ᠮᠦᠸᠧᠽᠠᠢ  ᠶᠢᠨ ᠲᠦᠷᠦᠯ ᠵᠦᠢᠯ  ᠢ ᠲᠡᠮᠡᠴᠡᠨ ᠤᠯᠬᠤ ᠪᠠᠷ ᠴᠢᠷᠮᠠᠶᠢᠨ᠎ᠠ᠃ ᠵᠢᠩ ᠵᠢᠢ ᠤᠯᠠᠨ ᠤᠯᠤᠰ  ᠤᠨ ᠨᠡᠶᠢᠭᠡᠮᠯᠢᠭ  ᠤᠨ  ᠭᠡᠰᠢᠭᠦᠳ  ᠤᠨ ᠠᠪᠠ   ᠶᠢᠨ ᠲᠠᠯᠠᠪᠠᠢ ᠪᠤᠯᠤᠨ ᠴᠡᠷᠢᠭ  ᠤᠨ ᠶᠠᠪᠤᠳᠠᠯ  ᠤᠨ ᠦᠷᠭᠡᠳᠬᠡᠬᠦ ᠰᠠᠭᠤᠷᠢᠨ ᠭᠠᠵᠠᠷ  ᠤᠨ ᠲᠦᠷᠦᠯ ᠵᠦᠢᠯ  ᠤᠨ ᠪᠦᠲᠦᠭᠡᠨ ᠪᠠᠶᠢᠭᠤᠯᠤᠯᠲᠠ  ᠶᠢ ᠠᠬᠢᠭᠤᠯᠤᠨ᠎ᠠ᠃ ︽ ᠮᠠᠯᠴᠢᠨ ᠠᠶᠢᠯ︾  ᠤᠨ ᠪᠦᠲᠦᠭᠡᠨ ᠪᠠᠶᠢᠭᠤᠯᠤᠯᠲᠠ  ᠶᠢ ᠤᠯᠠᠮ ᠨᠢᠭᠡ ᠠᠯᠬᠤᠮ ᠲᠥᠭᠡᠮᠡᠯᠵᠢᠭᠦᠯᠬᠦ ᠪᠠ ᠲᠡᠳᠬᠦᠵᠦ᠂ ᠮᠠᠨ  ᠤ ᠬᠤᠰᠢᠭᠤᠨ  ᠤ ᠮᠠᠯᠴᠢᠨ ᠡᠷᠤᠬᠡ  ᠶᠢᠨ ᠵᠤᠭᠠᠴᠠᠯ  ᠤᠨ ᠪᠦᠬᠦ ᠠᠶᠢᠮᠠᠭ ᠲᠠᠬᠢ ᠲᠡᠷᠢᠭᠦᠨ  ᠤ ᠪᠠᠶᠢᠷᠢ ᠰᠠᠭᠤᠷᠢ  ᠶᠢ ᠦᠷᠭᠦᠯᠵᠢᠯᠡᠨ  ᠪᠠᠷᠢᠮᠲᠠᠯᠠᠬᠤ  ᠶᠢᠨ ᠬᠠᠮᠲᠤ ᠰᠢᠨ᠎ᠡ ᠬᠦᠭᠵᠢᠯᠲᠠ ᠲᠠᠢ ᠪᠤᠯᠭᠠᠬᠤ ᠪᠠᠷ ᠴᠢᠷᠮᠠᠶᠢᠨ᠎ᠠ᠃          ᠬᠤᠶᠠᠷ ᠲᠤ᠂ ᠪᠤᠳᠠᠰ  ᠤᠨ ᠭᠦᠢᠯᠭᠡᠭᠡᠨ  ᠤ ᠤᠷᠤᠨ ᠲᠤᠭᠤᠷᠢᠭ ᠪᠠ ᠵᠠᠬ᠎ᠠ ᠳᠡᠯᠭᠡᠭᠦᠷ  ᠤᠨ ᠪᠦᠲᠦᠭᠡᠨ ᠪᠠᠶᠢᠭᠤᠯᠤᠯᠲᠠ  ᠶᠢ ᠰᠠᠶᠢᠳᠤᠷ ᠠᠳᠬᠤᠨ᠎ᠠ᠃ ᠠᠨ ᠺᠤᠸᠠᠢ ᠨᠡᠭᠦᠷᠡᠰᠤᠨ  ᠤ ᠪᠤᠳᠠᠰ  ᠤᠨ ᠭᠦᠢᠯᠭᠡᠭᠡᠨ  ᠤ ᠤᠷᠤᠨ ᠲᠤᠭᠤᠷᠢᠭ ᠪᠤᠯᠤᠨ ᠰᠢᠨ ᠶᠤᠸᠠᠨ ᠪᠠᠷᠢᠯᠭ᠎ᠠ ᠶᠢᠨ ᠬᠤᠲᠠ   ᠶᠢᠨ ᠪᠠᠶᠢᠭᠤᠯᠤᠯᠲᠠ  ᠶᠢ ᠴᠢᠩᠭᠠᠳᠬᠠᠨ᠂  ᠰᠢᠨ᠎ᠡ ᠠᠷᠠᠯᠵᠢᠶ᠎ᠠ ᠬᠤᠳᠠᠯᠳᠤᠭ᠎ᠠ ᠪᠤᠳᠠᠰ ᠤᠨ  ᠭᠦᠢᠯᠭᠡᠭᠡᠨ ᠤ  ᠠᠵᠤ ᠠᠬᠤᠶᠢᠯᠠᠯ   ᠢ ᠢᠳᠡᠪᠬᠢᠲᠠᠢ ᠳᠠᠲᠠᠨ ᠤᠷᠤᠭᠤᠯᠵᠤ ᠲᠠᠶᠢᠹᠤᠰᠧ ᠬᠤᠰᠢᠭᠤᠨ ᠳᠤ  ᠰᠠᠭᠤᠷᠢᠰᠢᠭᠤᠯᠵᠤ᠂ ᠡᠵᠡᠩᠨᠡᠯᠲᠡ ᠪᠠᠨ ᠲᠦᠷᠢᠮᠵᠢᠭᠦᠯᠵᠦ᠂ ᠬᠦᠷᠢᠶ᠎ᠡ ᠬᠡᠪᠴᠢᠶ᠎ᠡ ᠪᠠᠨ  ᠥᠷᠭᠡᠳᠭᠡᠬᠦ ᠪᠠᠷ ᠳᠠᠮᠵᠢᠭᠤᠯᠤᠨ᠂ ᠪᠤᠳᠠᠰ  ᠤᠨ ᠭᠦᠢᠯᠭᠡᠭᠡᠨ  ᠤ ᠤᠶᠢᠯᠡᠰ  ᠢ ᠭᠤᠷᠪᠠᠳᠤᠭᠠᠷ ᠠᠵᠤ ᠤᠶᠢᠯᠡᠰ  ᠤᠨ  ᠲᠤᠯᠭᠠᠭᠤᠷᠢ ᠤᠶᠢᠯᠡᠰ   ᠪᠤᠯᠭᠠᠨ᠎ᠠ᠃ ᠡᠯ᠎ᠡ ᠲᠦᠷᠦᠯ  ᠤᠨ  ᠲᠤᠰᠬᠠᠶᠢᠵᠢᠭᠰᠠᠨ ᠵᠠᠬ᠎ᠠ ᠳᠡᠯᠭᠡᠭᠦᠷ  ᠢ ᠲᠦᠯᠦᠪᠵᠢᠭᠦᠯᠦᠨ ᠪᠦᠲᠦᠭᠡᠨ ᠪᠠᠶᠢᠭᠤᠯᠬᠤ ᠬᠦᠴᠦᠯᠡᠴᠡ  ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠠᠯ᠎ᠠ  ᠶᠢᠨ ᠬᠦᠴᠦᠨ ᠲᠠᠢ ᠬᠤᠯᠪᠤᠭᠠᠯᠠᠵᠤ᠂ ᠪᠠᠷᠢᠯᠭ᠎ᠠ  ᠶᠢᠨ ᠮᠡᠲ᠋ᠧᠷᠢᠶᠠᠯ  ᠢ ᠪᠦᠭᠡᠮ᠂ ᠵᠢᠵᠢᠭᠯᠡᠵᠦ ᠪᠤᠷᠤᠯᠠᠭᠤᠯᠬᠤ ᠤᠷᠤᠨ ᠲᠤᠭᠤᠷᠢᠭ  ᠢ ᠪᠠᠶᠢᠭᠤᠯᠤᠨ᠎ᠠ᠃ ᠡᠭᠦᠨ  ᠤ ᠬᠠᠮᠳᠤ ᠬᠦᠭᠵᠢᠯᠲᠡ  ᠶᠢᠨ ᠰᠡᠳᠬᠢᠴᠡ ᠪᠠᠨ ᠦᠷᠬᠡᠳᠬᠡᠵᠦ᠂ ᠲᠠᠷᠢᠶᠠᠯᠠᠩ  ᠤᠨ ᠮᠠᠰᠢᠨ  ᠤ ᠵᠠᠬ᠎ᠠ ᠲᠡᠯᠭᠡᠭᠦᠷ᠂ ᠲᠠᠷᠢᠶᠠᠯᠠᠩ  ᠤᠨ ᠪᠦᠲᠦᠭᠡᠭᠳᠡᠭᠦᠨ ᠮᠠᠯ  ᠤᠨ ᠠᠰᠢᠭ  ᠰᠢᠮ᠎ᠠ  ᠶᠢᠨ ᠠᠷᠠᠯᠵᠢᠶᠠᠨ  ᠤ  ᠵᠠᠬ᠎ᠠ ᠳᠡᠯᠭᠡᠭᠦᠷ᠂  ᠶᠡᠷᠥᠩᠬᠡᠶᠢᠯᠡᠭᠰᠡᠨ ᠠᠷᠠᠯᠵᠢᠶ᠎ᠠ ᠬᠤᠳᠠᠯᠳᠤᠭᠠᠨ ᠤ ᠬᠡᠳᠦ ᠳᠡᠯᠭᠡᠭᠦᠷ ᠵᠡᠷᠭᠡ ᠪᠦᠭᠡᠮ  ᠢᠶᠠᠷ ᠪᠠ ᠵᠢᠵᠢᠭᠯᠡᠵᠤ ᠬᠤᠳᠠᠯᠳᠤᠬᠤ ᠤᠨᠴᠠᠯᠢᠭᠳᠦ ᠵᠠᠬ᠎ᠠ ᠳᠡᠯᠭᠡᠭᠦᠷ  ᠢ ᠢᠳᠡᠪᠬᠢᠲᠠᠢ ᠬᠦᠮᠦᠵᠢᠭᠦᠯᠵᠦ᠂ ᠪᠤᠤᠴᠠᠩ ᠪᠠᠯᠭᠠᠰᠤ ᠪᠠᠨ ᠡᠷᠭᠢᠨ ᠲᠤᠭᠤᠷᠢᠨ  ᠤ ᠭᠠᠵᠠᠷ ᠤᠷᠤᠨ  ᠤ ᠲᠤᠮᠳᠠᠬᠢ ᠠᠷᠠᠯᠵᠢᠶ᠎ᠠ ᠬᠤᠳᠠᠯᠳᠤᠭ᠎ᠠ ᠭᠦᠢᠯᠭᠡᠭᠡᠨ  ᠤ  ᠲᠦᠪᠯᠡᠷᠡᠭᠦᠯᠵᠤ ᠲᠠᠷᠬᠠᠭᠠᠬᠤ ᠤᠷᠤᠨ ᠪᠤᠯᠭᠠᠨ ᠪᠦᠲᠦᠭᠡᠨ ᠪᠠᠶᠢᠭᠤᠯᠤᠨ᠎ᠠ᠃ ᠭᠦᠳᠡᠭᠡ ᠲᠤᠰᠬᠤᠨ  ᠤ ᠠᠷᠠᠯᠵᠢᠶ᠎ᠠ ᠬᠤᠳᠠᠯᠳᠤᠭ᠎ᠠ ᠭᠦᠢᠯᠭᠡᠭᠡᠨ  ᠤ ᠲᠤᠤᠷ ᠰᠦᠯᠵᠢᠶ᠎ᠠ  ᠶᠢᠨ ᠪᠦᠲᠦᠭᠡᠨ ᠪᠠᠶᠢᠭᠤᠯᠤᠯᠲᠠ ᠳᠠᠬᠢ ᠲᠡᠳᠬᠦᠬᠦ ᠬᠦᠴᠦᠯᠡᠴᠡ ᠪᠠᠨ ᠴᠢᠩᠭᠠᠳᠬᠠᠵᠤ᠂ ︽ᠲᠦᠮᠡᠨ ᠲᠤᠰᠬᠤᠨ ᠮᠢᠩᠭᠠᠨ ᠰᠢᠶᠠᠩ︾  ᠤᠨ ᠵᠠᠬ᠎ᠠ ᠲᠡᠯᠭᠡᠭᠦᠷ  ᠤᠨ  ᠢᠨᠵᠧᠨ᠋ᠷᠢᠩ ᠢ ᠦᠷᠭᠦᠯᠵᠢᠯᠡᠨ ᠬᠡᠷᠡᠭᠵᠢᠭᠦᠯᠵᠦ᠂ ᠠᠷᠠᠳ ᠲᠤ ᠲᠦᠭᠦᠮ ᠬᠡᠯᠬᠢᠶᠡᠵᠢᠭᠰᠡᠨ ᠳᠡᠯᠭᠡᠭᠦᠷ  ᠤᠨ ᠬᠤᠲᠠ ᠪᠠᠯᠭᠠᠰᠤᠨ  ᠤ ᠨᠡᠶᠢᠭᠡᠮ ᠲᠤᠭᠤᠷᠢᠭ ᠪᠤᠯᠤᠨ ᠬᠦᠳᠡᠭᠡ ᠲᠤᠰᠬᠤᠨ ᠲᠡᠰᠢ ᠦᠷᠭᠡᠳᠬᠡᠬᠦ  ᠶᠢ ᠵᠤᠷᠢᠭᠵᠢᠭᠤᠯᠤᠨ᠎ᠠ᠂  ᠬᠤᠳᠠᠯᠳᠤᠵᠤ ᠪᠤᠷᠤᠯᠠᠭᠤᠯᠬᠤ ᠲᠤᠤᠷ ᠰᠦᠯᠵᠢᠶ᠎ᠠ  ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂  ᠨᠥᠬᠦᠪᠦᠷᠢ ᠥᠭᠬᠦ ᠲᠡᠰ ᠳᠠᠷᠠᠭ᠎ᠠ ᠪᠠᠨ ᠴᠤᠮᠬᠠᠳᠬᠠᠬᠤ ᠪᠠ ᠳᠥᠷᠢᠮᠵᠢᠭᠦᠯᠵᠦ᠂ ︽ᠭᠡᠷ  ᠤᠨ ᠴᠠᠬᠢᠯᠭᠠᠨ ᠬᠡᠷᠡᠭᠰᠡᠯ  ᠢ ᠬᠦᠳᠡᠭᠡ  ᠳᠤ ᠪᠠᠭᠤᠯᠭᠠᠬᠤ︾ ᠠᠵᠢᠯ  ᠢ ᠪᠤᠳᠠᠲᠠᠢ ᠨᠠᠶᠢᠳᠠᠪᠤᠷᠢᠵᠢᠭᠤᠯᠤᠨ᠎ᠠ᠃         ᠡᠭᠦᠨᠴᠡ ᠭᠠᠳᠠᠨ᠎ᠠ᠂ ᠭᠤᠷᠪᠠᠳᠤᠭᠠᠷ ᠠᠵᠤ ᠠᠬᠤᠶᠢᠯᠠᠯ ᠤᠨ ᠤᠯᠠᠨ ᠡᠰᠢᠲᠦ  ᠭᠦᠭᠵᠢᠯᠲᠡ ᠶᠢ ᠭᠦᠨᠲᠦᠳᠭᠡᠵᠦ᠂  ᠮᠦᠩᠭᠦᠨ‌‍ᠭᠦ᠋ᠢᠯᠭᠡᠭᠡᠨ   ᠤ ᠤᠶᠢᠯᠡᠰ᠂  ᠳᠠᠭᠠᠳᠬᠠᠯ ᠤᠨ ᠤᠶᠢᠯᠡᠰ᠂ ᠢᠳᠡᠭᠡᠨ ᠤᠮᠳᠠᠭᠠᠨ ᠵᠤᠭ᠎ᠠ ᠴᠡᠩᠭᠡᠯ ᠤᠨ ᠤᠶᠢᠯᠡᠰ᠂ ᠮᠡᠳᠡᠭᠡ ᠵᠠᠩᠭᠢ ᠶᠢᠨ ᠵᠦᠪᠳᠡᠯᠴᠡᠭᠡᠨ ᠤ ᠤᠶᠢᠯᠡᠴᠢᠯᠡᠭᠡᠨ ᠤ ᠤᠶᠢᠯᠡᠰ ᠵᠢᠴᠢ ᠭᠡᠷ ᠤᠨ ᠠᠳᠠᠯ  ᠤᠨ ᠤᠶᠢᠯᠡᠴᠢᠯᠡᠭᠡᠨ   ᠤ ᠤᠶᠢᠯᠡᠰ ᠲᠠᠬᠢ ᠲᠡᠳᠬᠦᠯᠲᠡ ᠪᠠᠨ ᠴᠢᠩᠭᠠᠳᠬᠠᠨ᠎ᠠ᠃        ︵ᠲᠠᠪᠤ︶ ᠤᠷᠤᠭᠤᠯᠤᠯᠲᠠ ᠶᠢᠨ ᠬᠦᠴᠦᠯᠡᠴᠡ ᠪᠠᠨ ᠲᠠᠰᠤᠷᠠᠯ ᠦᠭᠡᠢ ᠴᠢᠩᠭᠠᠳᠬᠠᠵᠤ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠴᠢᠩᠭᠠᠳᠬᠠᠨ᠎ᠠ᠃        ᠰᠠᠭᠤᠷᠢ  ᠲᠥᠬᠦᠭᠡᠷᠥᠮᠵᠢ‌‍ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠨᠢᠳᠤᠨ ᠡᠮᠤᠨᠡᠬᠢ  ᠪᠡᠯᠡ ᠤᠷᠤᠭᠤᠯᠤᠯᠲᠠ ᠶᠢᠨ ᠨᠡᠮᠡᠭᠳᠡᠯ ᠢ ᠪᠦᠲᠦᠮᠵᠢᠲᠠᠢ ᠵᠢᠯᠤᠭᠤᠳᠬᠤ ᠭᠤᠤᠯ ᠠᠷᠭ᠎ᠠ ᠪᠠᠷᠢᠯ ᠪᠤᠯᠤᠨ ᠬᠦᠭᠵᠢᠯᠲᠡ  ᠶᠢᠨ ᠪᠡᠯᠡᠳᠬᠡᠯ ᠬᠦᠴᠦᠨ ᠢ ᠴᠢᠩᠭᠠᠳᠬᠠᠬᠤ ᠵᠠᠩᠭᠢᠯᠭ᠎ᠠ ᠶᠢᠨ ᠭᠤᠭᠴᠤᠭ᠎ᠠ ᠪᠤᠯᠭᠠᠨ ᠠᠳᠬᠤᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠬᠠᠷᠰᠢᠯᠠᠭ᠎ᠠ  ︽ᠪᠤᠭᠤᠮᠢ︾ ᠶᠢᠨ  ᠠᠰᠠᠭᠤᠳᠠᠯ ᠢ ᠪᠦᠲᠦᠮᠵᠢᠲᠠᠢ ᠰᠢᠢᠳᠪᠤᠷᠢᠯᠡᠨ᠎ᠡ᠃       ᠬᠤᠲᠠ ᠪᠠᠯᠭᠠᠰᠤᠨ ᠤ  ᠪᠥᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠠᠭᠤᠴᠢᠨ ᠬᠤᠲᠠ ᠶᠢᠨ ᠲᠤᠭᠤᠷᠢᠭ  ᠤᠨ ᠪᠠᠶᠢᠰᠢᠩ ᠢ ᠠᠰᠠᠷ ᠪᠤᠯᠭᠠᠬᠤ  ᠢᠨᠵᠧᠨᠧᠷᠢᠩ ᠢ ᠭᠦᠨᠵᠡᠭᠡᠢ ᠠᠬᠢᠭᠤᠯᠵᠤ᠂ 220 ᠡᠷᠤᠬᠡ 5 ᠲᠦᠮᠡᠨ ᠲᠡᠭᠰᠢ ᠲᠦᠷᠪᠡᠯᠵᠢᠨ ᠮᠧᠲᠷ ᠪᠦᠭᠦᠢ ᠪᠠᠶᠢᠰᠢᠩ ᠢ ᠨᠤᠷᠠᠭᠠᠨ ᠦᠭᠡᠷᠡᠴᠢᠯᠡᠵᠤ᠂ ᠪᠠᠷᠢᠯᠭ᠎ᠠ ᠶᠢᠨ ᠲᠠᠯᠠᠪᠠᠢ ᠨᠢ 2.3 ᠲᠦᠮᠡᠨ ᠲᠡᠭᠰᠢ ᠲᠦᠷᠪᠡᠯᠵᠢᠨ ᠮᠧᠲᠷ ᠪᠦᠭᠦᠢ ᠪᠤᠤᠴᠠᠩ ᠬᠤᠳᠠᠯᠳᠤᠭᠠᠨ ᠤ ᠠᠰᠠᠷ ᠤᠨ  ᠭᠤᠤᠯ ᠴᠤᠭᠴᠠ ᠵᠢᠨ‌ᠢᠨᠵᠧᠨᠧᠷᠢᠩ  ᠢ ᠪᠡᠶᠡᠯᠡᠭᠦᠯᠵᠦ᠂  ᠲᠤᠤᠷ ᠬᠤᠭᠤᠯᠠᠢ   ᠶᠢᠨ ᠨᠦᠬᠦᠴᠡᠯ ᠢ ᠲᠠᠰᠤᠷᠠᠯ ᠦᠭᠡᠢ ᠰᠠᠶᠢᠵᠢᠷᠠᠭᠤᠯᠤᠨ᠎ᠠ᠃  ᠰᠢᠨ᠎ᠡ ᠲᠤᠭᠤᠷᠢᠭ ᠤᠨ ᠠᠵᠤ ᠤᠶᠢᠯᠡᠳᠪᠤᠷᠢ ᠶᠢᠨ ᠤᠷᠤᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭᠠᠳᠬᠠᠵᠤ᠂ 3  ᠵᠤᠷᠪᠤᠰ ᠰᠢᠨ᠎ᠠ ᠪᠠᠶᠢᠭᠤᠯᠬᠤ᠂ 2 ᠵᠤᠷᠪᠤᠰ ᠦᠷᠭᠦᠯᠵᠢᠯᠡᠨ ᠪᠠᠶᠢᠭᠤᠯᠬᠤ 22.4 ᠲᠦᠮᠡᠨ ᠲᠡᠭᠰᠢ ᠲᠦᠷᠪᠡᠯᠵᠢᠨ ᠮᠧᠲᠷ ᠪᠦᠭᠦᠢ ᠴᠠᠷᠳᠠᠮᠠᠯ ᠵᠠᠮ ᠵᠢᠴᠢ  ᠲᠥᠬᠦᠭᠡᠷᠵᠢᠭᠰᠡᠨ ᠤᠰᠤ ᠬᠠᠩᠭᠠᠵᠤ ᠭᠠᠳᠠᠭᠰᠢᠯᠠᠭᠤᠯᠬᠤ ᠂  ᠪᠤᠬᠢᠷᠳᠠᠯ   ᠢ ᠭᠠᠳᠠᠭᠰᠢᠯᠠᠭᠤᠯᠬᠤ ᠵᠡᠷᠭᠡ ᠢᠨᠵᠧᠨᠧᠷᠢᠩ ᠢ  ᠪᠡᠶᠡᠯᠡᠭᠦᠯᠥᠨ᠎ᠡ᠃ ᠲᠡᠪᠢᠰᠤᠨ ᠬᠠᠳᠠᠭᠤᠷᠠᠭᠤᠯᠬᠤ᠂ ᠰᠠᠷᠡᠭᠤᠯᠵᠢᠭᠤᠯᠬᠤ᠂ ᠨᠤᠭᠤᠭᠠᠷᠠᠭᠤᠯᠬᠤ ᠵᠡᠷᠭᠡ  ᠢᠨᠵᠧᠨᠧᠷᠢᠩ ᠢ ᠬᠡᠷᠡᠭᠵᠢᠭᠦᠯᠵᠦ᠂ ᠲᠦᠪᠯᠡᠷᠡᠭᠦᠯᠦᠨ ᠢᠯᠴᠢ ᠬᠠᠩᠭᠠᠬᠤ ᠲᠤᠤᠷ ᠢ 12 ᠲᠦᠮᠡᠨ ᠲᠡᠭᠰᠢ ᠲᠦᠷᠪᠡᠯᠵᠢᠨ ᠮᠧᠲᠷ ᠦᠷᠭᠡᠳᠬᠡᠨ᠎ᠡ︔ ᠪᠤᠵᠠᠷ ᠤᠰᠤ ᠶᠢ  ᠰᠢᠢᠳᠪᠦᠷᠢᠯᠡᠬᠦ ᠦᠢᠯᠡᠳᠪᠦᠷᠢ ᠶᠢᠨ ᠪᠠᠶᠢᠭᠤᠯᠤᠯᠳᠠ ᠶᠢ ᠲᠦᠷᠭᠡᠳᠭᠡᠵᠦ᠂ ᠬᠤᠭ ᠨᠤᠪᠰᠢ ᠶᠢ ᠰᠢᠢᠳᠪᠦᠷᠢᠯᠡᠬᠦ ᠦᠢᠯᠡᠳᠪᠦᠷᠢ ᠶᠢᠨ ᠲᠥᠷᠥᠯ ᠵᠦᠢᠯ ᠢ  ᠢᠳᠡᠪᠬᠢᠲᠠᠢ ᠲᠡᠮᠡᠴᠡᠨ ᠤᠯᠤᠨ᠎ᠠ᠃ ᠭᠡᠷ ᠬᠦᠷᠦᠩᠭᠡ ᠶᠢᠨ ᠨᠡᠭᠡᠭᠡᠨ ᠬᠦᠭᠵᠢᠭᠦᠯᠦᠯᠲᠠ ᠶᠢ ᠵᠤᠷᠢᠭᠵᠢᠭᠤᠯᠤᠨ ᠲᠡᠳᠬᠦᠵᠦ᠂ ᠤᠷᠤᠨ ᠰᠠᠭᠤᠴᠠ ᠪᠤᠯᠤᠨ ᠬᠤᠳᠠᠯᠳᠤᠭᠠᠨ ᠤ  ᠠᠰᠠᠷ ᠢ 15 ᠲᠦᠮᠡᠨ ᠲᠡᠭᠰᠢ ᠲᠦᠷᠪᠡᠯᠵᠢᠨ ᠮᠧᠲᠷ  ᠪᠡᠶᠡᠯᠡᠭᠦᠯᠥᠨ᠎ᠡ᠃ ᠡᠯ᠎ᠡ ᠲᠦᠷᠦᠯ ᠤᠨ ᠤᠶᠢᠯᠡᠴᠢᠯᠡᠭᠡᠨ ᠤ  ᠠᠵᠢᠯ ᠢ ᠰᠠᠶᠢᠲᠤᠷ ᠬᠢᠵᠦ᠂ ᠾᠧ ᠰᠢᠶᠧ ᠵᠢᠶᠠ ᠶᠤᠸᠠᠨ ᠤᠷᠤᠨ ᠰᠠᠭᠤᠴᠠ ᠶᠢᠨ ᠲᠤᠭᠤᠷᠢᠭ᠂ ᠵᠦᠩ  ᠤᠤ ᠷᠦᠢ ᠵᠢᠩ ᠤᠷᠤᠨ ᠰᠠᠭᠤᠴᠠ ᠶᠢᠨ ᠲᠤᠭᠤᠷᠢᠭ᠂ ᠴᠠᠬᠠᠷ ᠭᠠᠵᠠᠷ ᠰᠢᠨᠵᠢᠯᠡᠭᠡᠨ ᠤ ᠦᠷᠲᠡᠭᠡ᠂ ᠬᠤᠰᠢᠭᠤ ᠡᠮᠨᠡᠯᠭᠡ ᠶᠢᠨ ᠬᠤᠷᠢᠶ᠎ᠠ ᠂ ᠰᠤᠶᠤᠯ ᠤᠨ ᠲᠤᠮᠤ ᠠᠰᠠᠷ ᠵᠡᠷᠭᠡ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢᠶᠠᠨ ᠡᠬᠢᠯᠡᠭᠦᠯᠵᠦ ᠪᠦᠲᠦᠭᠡᠨ ᠪᠠᠶᠢᠭᠤᠯᠬᠤ ᠶᠢ  ᠠᠬᠢᠭᠤᠯᠤᠨ᠎ᠠ  ᠃  ᠵᠠᠮ ᠨᠡᠪᠳᠡᠷᠡᠯᠭᠡ᠂ ᠵᠠᠬ᠎ᠠ ᠲᠡᠯᠭᠡᠭᠦᠷ ᠪᠤᠯᠤᠨ ᠡᠷᠡᠭᠦᠯ ᠬᠠᠮᠠᠭᠠᠯᠠᠯ  ᠤᠨ ᠡᠮᠬᠢ ᠲᠢᠭᠯᠢᠮ ᠲᠤ ᠴᠡᠭᠴᠡᠯᠡᠯᠲᠡ  ᠬᠢᠵᠦ᠂ ᠵᠠᠭᠡᠯᠢ ᠭᠤᠳᠤᠮᠵᠢ ᠢᠳᠡᠭᠡᠨ ᠤᠮᠳᠠᠭᠠᠨ ᠤ ᠤᠶᠢᠯᠡᠴᠢᠯᠡᠭᠡᠨ ᠤ ᠨᠢᠭᠡᠴᠡ ᠵᠡᠷᠭᠡ ᠭᠤᠤᠯᠳᠠᠯᠭ᠎ᠠ ᠲᠠᠢ ᠤᠷᠤᠨ ᠪᠤᠯᠤᠨ ᠭᠤᠤᠯᠳᠠᠯᠭ᠎ᠠ ᠲᠠᠢ ᠠᠵᠢᠯ ᠤᠶᠢᠯᠡᠰ ᠲᠠᠬᠢ ᠬᠠᠮᠢᠶᠠᠷᠤᠯᠲᠠ ᠶᠢ ᠴᠢᠩᠭᠠᠳᠬᠠᠨ᠎ᠠ  ᠃         ᠵᠠᠮ ᠨᠡᠪᠲᠡᠷᠡᠯᠭᠡ ᠶᠢᠨ ᠲᠠᠯ᠎ᠠ   ᠪᠠᠷ  ᠂ ᠵᠠᠰᠠᠮᠠᠯ ᠵᠠᠮ ᠤᠨ ᠵᠡᠷᠭᠡ ᠲᠡᠰ ᠢ ᠪᠦᠬᠦ ᠲᠠᠯ᠎ᠠ ᠪᠠᠷ ᠲᠡᠭᠡᠭᠰᠢᠯᠡᠭᠦᠯᠵᠦ᠂ 53 ᠺᠢᠯᠤᠮᠧᠲᠷ ᠤᠨ ᠰᠢᠶᠠᠩ ᠲᠤ ᠨᠡᠪᠲᠡᠷᠡᠬᠦ ᠲᠤᠰᠤᠨ ᠵᠠᠮ ᠤᠨ ᠦᠷᠭᠦᠯᠵᠢᠯᠡᠨ ᠪᠠᠶᠢᠭᠤᠯᠬᠤ ᠢᠨᠵᠧᠨᠧᠷᠢᠩ   ᠢ ᠪᠡᠶᠡᠯᠡᠭᠦᠯᠵᠦ᠂ ᠲᠤᠰᠬᠤᠨ ᠳᠤ ᠨᠡᠪᠳᠡᠷᠡᠬᠦ ᠬᠠᠶᠢᠷ  ᠴᠢᠯᠠᠭᠤᠨ ᠵᠠᠮ  42.6 ᠺᠢᠯᠤᠮᠧᠲᠷ ᠢ   ᠰᠢᠨ᠎ᠡ ᠪᠠᠷ ᠪᠠᠶᠢᠭᠤᠯᠵᠤ︔  ᠰᠤᠮᠤ ᠰᠢᠶᠠᠩ ᠪᠠᠯᠭᠠᠰᠤ ᠳᠤ ᠨᠡᠪᠳᠡᠷᠡᠬᠦ ᠲᠤᠰᠤᠨ ᠵᠠᠮ 36 ᠺᠢᠯᠤᠮᠧᠲᠷ  ᠪᠠᠶᠢᠭᠤᠯᠬᠤ  ᠶᠢ  ᠲᠡᠮᠡᠴᠡᠨ ᠤᠯᠤᠨ᠎ᠠ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ ᠶᠢ ᠠᠵᠤ ᠤᠶᠢᠯᠡᠳᠪᠤᠷᠢ ᠶᠢᠨ ᠤᠷᠤᠨ ᠲᠤᠭᠤᠷᠢᠭ᠂ ᠲᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰ ᠤᠨ ᠤᠷᠤᠨ ᠲᠤᠭᠤᠷᠢᠭ᠂ ᠵᠤᠭᠠᠴᠠᠯ ᠤᠨ ᠦᠵᠡᠮᠵᠢ ᠶᠢᠨ ᠤᠷᠤᠨ ᠲᠡᠰᠢ ᠦᠷᠭᠡᠳᠬᠡᠨ᠎ᠡ᠃ ᠰᠠᠩ ᠤᠨ ᠲᠠᠯᠠᠢ ᠠᠴᠠ ᠰᠠᠨ ᠬᠤᠤ ᠳ᠋ᠢ ᠬᠦᠷᠬᠦ ᠦᠨᠳᠦᠷ ᠬᠤᠷᠳᠤᠴᠠᠲᠦ ᠵᠠᠰᠠᠮᠠᠯ ᠵᠠᠮ ᠤᠨ  ᠡᠯ᠎ᠡ ᠲᠦᠷᠦᠯ ᠤᠨ  ᠵᠤᠬᠢᠴᠠᠭᠤᠯᠬᠤ ᠤᠶᠢᠯᠡᠴᠢᠯᠡᠭᠡᠨ ᠤ  ᠠᠵᠢᠯ ᠢ ᠰᠠᠶᠢᠳᠤᠷ ᠬᠠᠪᠰᠤᠷᠤᠯᠴᠠᠨ ᠬᠢᠵᠦ᠂ ᠯᠠᠨ ᠵᠠᠩ ᠲᠡᠮᠤᠷ ᠵᠠᠮ ᠤᠨ ᠲᠦᠷᠦᠯ ᠵᠦᠢᠯ ᠤᠨ  ᠲᠦᠷᠦᠭᠦᠴᠢ ᠶᠢᠨ ᠬᠤᠭᠤᠴᠠᠭᠠᠨ ᠤ ᠤᠶᠢᠯᠡᠴᠢᠯᠡᠭᠡᠨ ᠤ  ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠮᠠᠨ ᠤ ᠬᠤᠰᠢᠭᠤ  ᠪᠠᠷ ᠦᠩᠭᠡᠷᠡᠬᠦ ᠶᠢᠨ ᠬᠠᠮᠲᠦ ᠦᠷᠳᠡᠭᠡ ᠪᠠᠶᠢᠭᠤᠯᠬᠤ ᠶᠢ ᠲᠡᠮᠡᠴᠡᠨ ᠤᠯᠬᠤ ᠪᠠᠷ ᠴᠢᠷᠮᠠᠶᠢᠨ᠎ᠠ᠃             ᠴᠠᠬᠢᠯᠭᠠᠨ ᠭᠦᠴᠦᠨ ᠤ  ᠲᠠᠯ᠎ᠠ ᠪᠠᠷ᠂  ᠴᠠᠬᠢᠯᠭᠠᠨ ᠲᠤᠤᠷ ᠤᠨ  ᠪᠦᠲᠦᠭᠡᠨ ᠪᠠᠶᠢᠭᠤᠯᠠᠯᠲᠠ ᠶᠢᠨ ᠬᠦᠴᠦᠯᠡᠴᠡ ᠶᠢ ᠤᠯᠠᠮ ᠨᠢᠭᠡ ᠠᠯᠬᠤᠮ ᠴᠢᠩᠭᠠᠳᠬᠠᠵᠤ᠂ 2582 ᠲᠦᠮᠡᠨ ᠲᠦᠭᠦᠷᠢᠭ ᠤᠨ ᠪᠡᠯᠡ ᠤᠷᠤᠭᠤᠯᠵᠤ᠂ 2 ᠲᠥᠷᠥᠯ ᠤᠨ 35 ᠺᠢᠯᠤᠸᠤᠯᠲ ᠠᠮᠫᠧᠷ  ᠴᠠᠬᠢᠯᠭᠠᠨ ᠬᠠᠩᠭᠠᠵᠤ ᠬᠤᠪᠢᠰᠬᠠᠬᠤ ᠴᠠᠬᠢᠯᠭᠠᠨ ᠦᠷᠲᠡᠭᠡ ᠶᠢᠨ ᠢᠨᠵᠧᠨᠧᠷᠢᠩ ᠢ ᠪᠡᠶᠡᠯᠡᠭᠦᠯᠦᠨ᠎ᠡ᠃ 1.12 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠭᠰᠠᠨ 220 ᠺᠢᠯᠤᠸᠤᠯᠲ ᠠᠮᠫᠧᠷ ᠤᠨ ᠴᠠᠬᠢᠯᠭᠠᠨ  ᠬᠠᠩᠭᠠᠵᠤ ᠬᠤᠪᠢᠰᠬᠠᠬᠤ ᠦᠷᠲᠡᠭᠡᠨ ᠤ ᠢᠨᠵᠧᠨᠧᠷᠢᠩ ᠢ ᠡᠬᠢᠯᠡᠨ ᠪᠦᠲᠦᠭᠡᠨ  ᠪᠠᠶᠢᠭᠤᠯᠬᠤ ᠪᠠᠷ ᠴᠢᠷᠮᠠᠶᠢᠨ᠎ᠠ︔           ᠤᠰᠤᠨ ᠠᠰᠢᠭᠯᠠᠯᠲᠠ ᠶᠢᠨ ᠲᠠᠯ᠎ᠠ ᠪᠠᠷ᠂ ᠰᠠᠭᠤᠷᠢ  ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ   ᠶᠢ ᠴᠢᠩᠭᠠᠳᠬᠠᠵᠤ᠂ ᠶᠦᠩ ᠹᠧᠩ  ᠤᠰᠤᠨ  ᠴᠦᠬᠦᠷᠦᠮ ᠤᠨ ᠲᠦᠭᠰᠢᠬᠦᠷᠢ ᠶᠢ ᠰᠡᠷᠭᠡᠶᠢᠯᠡᠨ  ᠪᠠᠬᠢᠵᠢᠭᠦᠯᠬᠦ ᠢᠨᠵᠧᠨᠧᠷᠢᠩ ᠢ ᠪᠡᠶᠡᠯᠡᠭᠦᠯᠦᠨ᠎ᠡ︔ ᠪᠤᠤᠴᠠᠩ ᠪᠠᠯᠭᠠᠰᠤᠨ ᠤ ᠵᠡᠭᠦᠨ ᠭᠤᠤᠯ ᠤᠨ ᠭᠤᠯᠳᠤᠷᠢᠯ ᠢ ᠵᠠᠰᠠᠨ ᠴᠡᠭᠴᠡᠯᠡᠬᠦ ᠪᠠ 4 ᠰᠠᠭᠤᠷᠢ ᠪᠠᠭ᠎ᠠ ᠬᠡᠯᠪᠡᠷᠢ ᠶᠢᠨ ᠤᠰᠤᠨ  ᠴᠦᠬᠦᠷᠦᠮ ᠪᠠᠶᠢᠭᠤᠯᠤᠨ᠎ᠠ᠃          ᠴᠢᠮᠡᠭᠡ ᠬᠤᠯᠪᠤᠭᠠᠨ ᠤ  ᠲᠠᠯ᠎ᠠ ᠪᠠᠷ  ᠂ ᠨᠡᠪᠲᠡᠷᠡᠭᠦᠯᠭᠡ ᠬᠤᠯᠪᠤᠭᠠᠨ ᠤ ᠶᠠᠰᠤ ᠴᠢᠨᠠᠷ ᠪᠤᠯᠤᠨ ᠤᠶᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠵᠦ᠂ ᠨᠡᠪᠳᠡᠷᠡᠭᠦᠯᠭᠡ ᠬᠤᠯᠪᠤᠭᠠᠨ ᠤ ᠰᠠᠭᠤᠷᠢ ᠦᠷᠳᠡᠭᠡᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠬᠡᠷᠡᠯ  ᠂ ᠴᠠᠬᠢᠯᠭᠠᠨ  ᠳᠡᠭᠡᠰᠤᠨ  ᠲᠤᠬᠢᠶ᠎ᠠ  ᠳᠠᠮᠵᠢᠭᠤᠯᠭ᠎ᠠ ᠶᠢᠨ  ᠴᠢᠨᠰᠠᠭ᠎ᠠ ᠶᠢ ᠰᠠᠶᠢᠵᠢᠷᠠᠭᠤᠯᠵᠤ᠂ ᠡᠯ᠎ᠡ ᠤᠷᠤᠨ ᠲᠤᠭᠤᠷᠢᠭ᠂ ᠠᠵᠤ ᠠᠬᠤᠶᠢᠯᠠᠯ ᠤᠨ ᠤᠶᠢᠯᠡᠳᠪᠤᠷᠢᠯᠡᠯ ᠪᠤᠯᠤᠨ ᠤᠯᠠᠨ ᠲᠦᠮᠡᠨ ᠤ ᠠᠮᠢᠳᠤᠷᠠᠯ  ᠲᠤᠮᠳᠠᠬᠢ ᠨᠡᠪᠳᠡᠷᠡᠭᠦᠯᠭᠡ ᠬᠤᠯᠪᠤᠭᠠᠨ ᠤ ᠱᠠᠭᠠᠷᠳᠠᠯᠭ᠎ᠠ ᠶᠢ  ᠬᠠᠩᠭᠠᠨ᠎ᠠ᠃          ︵ᠵᠢᠷᠭᠤᠭ᠎ᠠ︶  ᠲᠦᠷᠦᠯ ᠵᠦᠶᠢᠯ ᠲᠡᠮᠡᠴᠡᠨ ᠤᠯᠬᠤ ᠬᠦᠴᠦᠯᠡᠴᠡ   ᠶᠢ  ᠴᠢᠩᠭᠠᠳᠬᠠᠵᠤ᠂ ᠭᠠᠳᠠᠭᠰᠢ ᠴᠢᠯᠦᠭᠡᠲᠠᠢ ᠶᠠᠪᠤᠯᠴᠠᠬᠤ ᠬᠢᠷᠢ ᠬᠡᠮᠵᠢᠶ᠎ᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠠᠢ᠃  ᠲᠦᠷᠦᠯ ᠵᠦᠢᠯ  ᠤᠨ ᠠᠵᠢᠯ ᠢ ᠬᠦᠨᠳᠤᠳᠬᠡᠨ ᠴᠢᠬᠤᠯᠠᠴᠢᠯᠠᠬᠤ ᠪᠠ ᠦᠨᠡᠨᠬᠦ ᠴᠢᠩᠭᠠᠳᠬᠠᠵᠤ᠂ ᠤᠯᠤᠰ ᠤᠨ ᠲᠤᠲᠤᠭᠠᠳᠤ ᠬᠡᠷᠡᠭᠴᠡᠭᠡ  ᠪᠠᠨ ᠦᠷᠭᠡᠳᠬᠡᠬᠦ ᠠᠰᠢᠭᠲᠠᠢ ᠲᠤᠬᠢᠶᠠᠯ ᠢ ᠠᠳᠬᠤᠵᠤ᠂  ᠤᠯᠤᠰ ᠤᠨ ᠠᠵᠤ ᠤᠶᠢᠯᠡᠰ ᠤᠨ ᠲᠦᠷᠦ ᠶᠢᠨ ᠪᠤᠳᠤᠯᠭ᠎ᠠ ᠪᠤᠯᠤᠨ ᠪᠡᠯᠡ ᠤᠷᠤᠭᠤᠯᠬᠤ ᠭᠤᠤᠯᠳᠠᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠲᠤᠬᠠᠢ ᠶᠢᠨ ᠤᠷᠤᠨ ᠤ   ᠪᠠᠨ ᠠᠵᠤ ᠤᠶᠢᠯᠡᠰ ᠪᠠ ᠤᠷᠤᠨ ᠪᠠᠶᠢᠷᠢᠯᠠᠯ ᠤᠨ ᠳᠠᠪᠠᠭᠤᠯᠢᠭ ᠲᠠᠢ ᠤᠶᠠᠯᠳᠤᠭᠤᠯᠵᠤ᠂ ᠲᠦᠷᠦᠯ ᠵᠦᠢᠯ ᠢ ᠨᠠᠶᠢᠷᠠᠭᠤᠯᠤᠨ ᠵᠤᠬᠢᠶᠠᠬᠤ᠂  ᠴᠢᠮᠡᠭᠯᠡᠬᠦ  ᠪᠠ ᠲᠡᠮᠡᠴᠡᠨ ᠤᠯᠬᠤ ᠠᠵᠢᠯ ᠢ ᠰᠠᠶᠢᠳᠤᠷ ᠬᠢᠬᠦ ᠬᠡᠷᠡᠭᠲᠠᠢ︔ ᠭᠤᠤᠯᠳᠠᠯᠭ᠎ᠠ ᠲᠠᠢ ᠪᠦᠲᠦᠭᠡᠨ  ᠪᠠᠶᠢᠭᠤᠯᠤᠯᠳᠠ ᠶᠢᠨ  ᠲᠥᠷᠥᠯ ᠵᠦᠢᠯ ᠤᠨ  ᠵᠤᠬᠢᠴᠠᠭᠤᠯᠬᠤ ᠬᠤᠷᠠᠯ ᠢ ᠲᠤᠭᠲᠠᠭᠰᠠᠨ ᠬᠤᠭᠤᠴᠠᠭ᠎ᠠ  ᠲᠠᠢ  ᠬᠤᠷᠠᠯᠳᠤᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠡᠪᠲᠡᠷᠡᠭᠦᠯᠵᠦ᠂ ᠠᠵᠤ ᠠᠬᠤᠶᠢᠯᠠᠯ ᠳᠤ ᠬᠠᠪᠰᠤᠷᠤᠨ‌‍ᠲ᠋ᠦ᠋ᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠲᠤᠮᠳᠠᠬᠢ ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠢᠢᠳᠪᠤᠷᠢᠯᠡᠵᠦ ᠦᠭᠬᠦ ᠬᠡᠷᠡᠭᠲᠡᠢ᠃ ᠲᠦᠷᠦᠯ ᠵᠦᠢᠯ ᠤᠨ ᠬᠦᠮᠦᠷᠭᠡ ᠶᠢᠨ  ᠪᠠᠶᠢᠭᠤᠯᠤᠯᠳᠠ ᠶᠢ ᠶᠠᠬᠡᠪᠡᠷ ᠬᠦᠨᠳᠤᠳᠬᠡᠵᠦ᠂ ᠰᠢᠨ᠎ᠡ  ᠲᠦᠷᠦᠯ ᠵᠦᠢᠯ   ᠢ ᠲᠠᠰᠤᠷᠠᠯ ᠦᠭᠡᠢ ᠨᠠᠶᠢᠷᠠᠭᠤᠯᠤᠨ ᠵᠤᠬᠢᠶᠠᠵᠤ᠂ ᠲᠦᠷᠦᠯ ᠵᠦᠢᠯ ᠤᠨ ᠬᠦᠮᠦᠷᠭᠡ ᠶᠢ ᠪᠠᠶᠠᠯᠢᠭᠵᠢᠭᠤᠯᠵᠤ᠂ ᠲᠦᠷᠦᠯ ᠵᠦᠢᠯ   ᠢ ᠢᠳᠡᠪᠬᠢᠲᠠᠢ ᠲᠡᠮᠡᠴᠡᠨ ᠤᠯᠬᠤ ᠠᠵᠢᠯ ᠳᠤ ᠰᠠᠭᠤᠷᠢ ᠲᠠᠯᠪᠢᠵᠤ ᠦᠭᠬᠦ ᠬᠡᠷᠡᠭᠲᠠᠢ᠃ ᠲᠦᠷᠦᠯ ᠵᠦᠢᠯ ᠤᠨ ᠲᠤᠰᠬᠠᠢ ᠲᠦᠷᠦᠯ ᠤᠨ ᠪᠡᠯᠡ ᠮᠦᠩᠭᠦᠨ ᠳᠠᠬᠢ ᠬᠠᠮᠢᠶᠠᠷᠤᠯᠳᠠ ᠶᠢ ᠲᠦᠷᠢᠮᠵᠢᠭᠦᠯᠵᠦ᠂ ︽ᠲᠠᠶᠢᠹᠤᠰᠧ ᠬᠤᠰᠢᠭᠤᠨ ᠤ ᠤᠯᠤᠰ᠂ ᠦᠪᠡᠷᠳᠡᠭᠡᠨ ᠵᠠᠰᠠᠬᠤ ᠤᠷᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ  ᠲᠦᠷ ᠬᠡᠷᠡᠭᠵᠢᠭᠦᠯᠬᠦ ᠠᠷᠭ᠎ᠠ ᠬᠡᠮᠵᠢᠶ᠎ᠠ︾ ᠪᠠ ︽ᠲᠠᠶᠢᠹᠤᠰᠧ ᠬᠤᠰᠢᠭᠤᠨ ᠤ   ᠡᠳ᠋ ᠤᠨ ᠵᠠᠰᠠᠭ ᠤᠨ ᠲᠤᠰᠬᠠᠢ ᠲᠦᠷᠦᠯ ᠤᠨ ᠪᠡᠯᠡ ᠮᠦᠩᠭᠦᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾ ᠶᠢ  ᠪᠤᠳᠠᠳᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠠᠢ        ᠨᠡᠩ ᠪᠦᠲᠦᠮᠵᠢᠲᠠᠢ ᠠᠷᠭ᠎ᠠ ᠬᠡᠯᠪᠡᠷᠢ ᠪᠠᠷ ᠤᠴᠢᠵᠤ ᠠᠷᠠᠯᠵᠢᠶᠠᠴᠢᠨ ᠤᠷᠢᠵᠤ ᠪᠡᠯᠡ ᠮᠦᠩᠭᠦ ᠲᠠᠳᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠭᠦᠯᠬᠦ ᠬᠡᠷᠡᠭᠲᠠᠢ᠃  ᠠᠶᠢᠮᠠᠭ ᠤᠨ  ᠬᠦᠭᠵᠢᠭᠦᠯᠦᠯᠲᠠ ᠦᠭᠡᠷᠡᠴᠢᠯᠡᠯᠲᠠ ᠶᠢᠨ ᠵᠦᠪᠯᠡᠯ ᠤᠨ ᠪᠠᠶᠢᠭᠤᠯᠤᠭᠰᠠᠨ ᠠᠷᠠᠯᠵᠢᠶᠠᠴᠢᠨ ᠤᠷᠢᠵᠦ  ᠪᠡᠯᠡ ᠮᠦᠩᠭᠦ ᠲᠠᠲᠠᠬᠤ ᠲᠡᠪᠴᠡᠩ ᠳᠤ ᠦᠷᠭᠦᠯᠵᠢᠯᠡᠨ ᠲᠦᠰᠢᠭᠯᠡᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠬᠤ ᠠᠵᠢᠯ ᠤᠨ ᠲᠠᠯᠠᠪᠡᠷ ᠰᠢᠨ᠎ᠡ ᠠᠮᠵᠢᠯᠲᠠ ᠤᠯᠬᠤ ᠪᠠᠷ ᠴᠢᠷᠮᠠᠶᠢᠬᠤ ᠬᠡᠷᠡᠭᠲᠠᠢ᠃ ᠪᠦᠸᠧᠬᠠᠢ ᠶᠢᠨ ᠲᠤᠭᠤᠷᠢᠨ ᠤ ᠠᠵᠤ ᠠᠬᠤᠢ   ᠶᠢᠨ ᠴᠠᠭᠠᠷᠢᠭ ᠪᠤᠯᠤᠨ  ᠨᠠᠶᠢᠰᠯᠠᠯ ᠤᠨ ᠠᠵᠤ ᠠᠬᠤᠢ ᠶᠢᠨ ᠴᠠᠭᠠᠷᠢᠭ ᠤᠨ  ᠨᠦᠯᠦᠬᠡᠯᠡᠨ ᠲᠠᠭᠠᠭᠤᠯᠬᠤ ᠬᠦᠴᠦᠨ ᠳᠤ ᠲᠦᠰᠢᠭᠯᠡᠵᠦ᠂ ᠤᠭ ᠮᠠᠲ᠋ᠧᠷᠢᠶᠠᠯ ᠢ ᠪᠤᠯᠪᠠᠰᠤᠷᠠᠭᠤᠯᠬᠤ᠂  ᠲᠦᠬᠦᠭᠡᠷᠵᠢᠭᠦᠯᠦᠨ ᠪᠤᠯᠪᠠᠰᠤᠷᠠᠭᠤᠯᠬᠤ  ᠵᠢᠴᠢ ᠲᠦᠬᠦᠭᠡᠷᠵᠢᠭᠦᠯᠦᠨ ᠤᠭᠰᠠᠷᠠᠬᠤ ᠵᠡᠷᠭᠡ ᠡᠬᠢ ᠪᠠᠶᠠᠯᠢᠭ ᠤᠨ ᠪᠤᠰᠤ ᠠᠵᠤ  ᠤᠶᠢᠯᠡᠳᠪᠤᠷᠢ ᠶᠢᠨ ᠲᠤᠭᠤᠷᠢᠨ ᠳᠤ ᠨᠢᠭᠡ ᠪᠦᠯᠦᠭ ᠲᠦᠷᠦᠯ ᠵᠦᠢᠯ ᠢ  ᠲᠦᠰᠥᠪᠯᠡᠨ᠂ ᠠᠷᠠᠯᠵᠢᠶᠠᠴᠢᠨ ᠤᠷᠢᠵᠤ ᠪᠡᠯᠡ ᠮᠦᠩᠬᠦ ᠳᠡᠳᠡᠬᠤ ᠶᠢ ᠪᠦᠬᠦ ᠬᠦᠴᠦᠨ ᠢᠶᠠᠷ ᠦᠷᠨᠢᠭᠦᠯᠵᠦ᠂ ᠳᠠᠪᠠᠭᠤᠯᠢᠭ  ᠦᠷᠢᠰᠦᠯᠳᠦᠭᠡᠨ ᠤ ᠬᠦᠴᠦᠨ ᠪᠦᠬᠦᠢ ᠡᠬᠢ ᠪᠠᠶᠠᠯᠢᠭ ᠤᠨ ᠪᠤᠰᠤ ᠠᠵᠤ ᠤᠶᠢᠯᠡᠰ ᠤᠨ ᠤᠷᠤᠨ ᠲᠤᠭᠤᠷᠢᠭ ᠢ  ᠤᠯᠠᠮ ᠢᠶᠠᠷ ᠪᠤᠢ ᠪᠤᠯᠭᠠᠬᠤ ᠬᠡᠷᠡᠭᠳᠠᠢ᠃  ᠤᠯᠠᠮᠵᠢᠯᠠᠯᠲᠤ ᠠᠷᠠᠯᠵᠢᠶᠠᠴᠢᠨ ᠤᠷᠢᠵᠤ ᠪᠡᠯᠡ ᠮᠦᠩᠬᠦ ᠳᠡᠳᠡᠬᠤ ᠶᠢ ᠶᠠᠬᠡᠪᠡᠷ ᠥᠷᠨᠢᠭᠦᠯᠬᠦ ᠶᠢᠨ ᠬᠠᠮᠳᠦ᠂ ᠠᠷᠠᠯᠵᠢᠶᠠᠴᠢᠨ ᠤᠷᠢᠬᠤ ᠬᠡᠯᠪᠡᠷᠢ ᠪᠠᠨ ᠰᠢᠨᠡᠳᠬᠡᠵᠦ᠂  ᠤᠯᠤᠰ  ᠤᠨ ᠬᠦᠭᠵᠢᠭᠦᠯᠥᠯᠲᠡ ᠪᠠ ᠦᠭᠡᠷᠴᠢᠯᠡᠯᠲᠠ ᠶᠢᠨ ᠵᠦᠪᠯᠡᠯ ᠤᠨ ᠬᠤᠷᠸ᠎ᠠ ᠠᠵᠤ ᠠᠬᠤᠢ ᠶᠢᠨ ᠰᠢᠨᠵᠢᠯᠡᠭᠡᠨ ᠤ  ᠬᠦᠷᠢᠶᠡᠯᠡᠩ  ᠂ ᠲᠦᠪ ᠤᠨ ᠡᠳ᠋ ᠤᠨ ᠵᠠᠰᠠᠭ ᠠᠵᠤ ᠠᠬᠤᠢ   ᠶᠢᠨ ᠶᠡᠭᠡ ᠰᠤᠷᠭᠠᠭᠤᠯᠢ   ᠶᠢᠨ ᠬᠦᠭᠵᠢᠭᠦᠯᠥᠯᠲᠡ ᠪᠠ ᠦᠭᠡᠷᠴᠢᠯᠡᠯᠲᠠ ᠬᠢᠬᠦ ᠰᠢᠨᠵᠢᠯᠡᠭᠡᠨ ᠤ  ᠬᠦᠷᠢᠶᠡᠯᠡᠩ ᠯᠦᠭᠡ  ᠢᠳᠡᠪᠬᠢᠳᠡᠢ ᠬᠠᠮᠵᠢᠯᠴᠠᠬᠤ ᠶᠢᠨ ᠬᠠᠮᠲᠤ ᠴᠠᠩ ᠫᠢᠩ ᠲᠤᠭᠤᠷᠢᠭ ᠤᠨ ᠮᠠᠨ ᠤ ᠬᠤᠰᠢᠭᠤ ᠯᠤᠭ᠎ᠠ ᠶᠢᠨ ᠲᠦᠷᠦᠯ ᠵᠦᠢᠯ ᠢᠶᠠᠷ ᠬᠠᠪᠰᠤᠷᠤᠨ ᠲᠡᠳᠬᠦᠬᠦ ᠲᠠᠪᠠᠭᠤᠯᠢᠭ ᠲᠠᠯ᠎ᠠ  ᠳᠠᠭᠠᠨ ᠲᠦᠰᠢᠭᠯᠡᠵᠦ᠂ ᠠᠷᠠᠯᠵᠢᠶᠠᠴᠢᠨ ᠤᠷᠢᠵᠤ ᠪᠡᠯᠡ ᠮᠦᠩᠭᠦ ᠲᠠᠲᠠᠬᠤ ᠠᠵᠢᠯ ᠤᠨ ᠰᠢᠨ᠎ᠡ ᠲᠠᠪᠰᠢᠯᠲᠠ ᠶᠢ ᠪᠡᠶᠡᠯᠡᠭᠦᠯᠵᠤ᠂ ᠠᠷᠠᠯᠵᠢᠶᠠᠴᠢᠨ ᠤᠷᠢᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠶᠠᠪᠤᠭᠳᠠᠭᠤᠰᠢᠲᠠᠢ ᠠᠷᠠᠯᠵᠢᠶᠠᠴᠢᠨ ᠤᠷᠢᠵᠤ ᠪᠡᠯᠡ ᠮᠦᠩᠭᠦ ᠲᠠᠲᠠᠬᠤ ᠶᠢ ᠱᠠᠩᠨᠠᠨ ᠵᠤᠷᠢᠭᠵᠢᠭᠤᠯᠬᠤ ᠲᠦᠷᠦ ᠶᠢᠨ ᠪᠠᠳᠤᠯᠭ᠎ᠠ ᠶᠢ ᠲᠤᠭᠳᠠᠭᠠᠬᠤ ᠬᠡᠷᠡᠭᠲᠠᠢ᠃            ︵ ᠳᠤᠯᠤᠭ᠎ᠠ︶ ᠡᠳ᠋ ᠤᠨ ᠵᠠᠰᠠᠭ᠂ ᠭᠠᠶᠢᠯᠢ ᠬᠤᠷᠢᠶᠠᠯᠲᠠ ᠶᠢᠨ ᠠᠵᠢᠯ ᠢ ᠨᠠᠷᠢᠨ ᠬᠠᠨᠠᠮᠠᠭᠠᠢ ᠰᠠᠶᠢᠳᠤᠷ ᠬᠢᠵᠦ᠂ ᠨᠡᠶᠢᠭᠡᠮ ᠤᠨ ᠦᠷᠭᠦᠯᠵᠢᠯᠡᠭᠰᠡᠨ ᠲᠤᠭᠳᠠᠭᠤᠨ ᠬᠦᠭᠵᠢᠯᠲᠡ ᠶᠢ ᠪᠠᠲᠤᠯᠠᠬᠤ ᠭᠡᠷᠡᠭᠲᠠᠢ᠃ ᠡᠨᠡ ᠵᠢᠯ  ᠤᠨ ᠮᠠᠨ ᠤ ᠬᠤᠰᠢᠭᠤᠨ ᠤ ᠡᠳ᠋ ᠤᠨ ᠵᠠᠰᠠᠭ   ᠨᠢ  ᠤᠷᠢᠳᠤ ᠭᠠᠷᠤᠭ᠎ᠠ ᠦᠭᠡᠢ ᠬᠦᠴᠢᠷᠳᠡᠯ   ᠳᠤ ᠲᠤᠯᠭᠠᠷᠠᠵᠤ ᠪᠤᠢ᠂  ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ ᠤᠷᠤᠰᠢᠵᠤ ᠪᠠᠶᠢᠨ᠎ᠠ︔ ᠤᠷᠤᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠭᠠᠮᠨᠠᠵᠤ᠂ ᠡᠳ᠋ ᠤᠨ  ᠵᠠᠰᠠᠭ ᠤᠨ ᠤᠷᠤᠯᠭ᠎ᠠ ᠶᠢ ᠤᠯᠤᠰ ᠠᠷᠠᠳ ᠤᠨ  ᠠᠵᠤ ᠠᠬᠤᠢ ᠯᠤᠭ᠎ᠠ ᠵᠡᠷᠭᠡ  ᠪᠠᠷ ᠨᠡᠮᠡᠭᠳᠡᠭᠦᠯᠬᠦ ᠶᠢ ᠦᠷᠭᠦᠯᠵᠢᠯᠡᠨ ᠪᠠᠷᠢᠮᠳᠠᠯᠠᠬᠤ ᠶᠢᠨ ᠲᠦᠯᠦᠭᠡ ᠪᠢᠳᠡ ᠲᠤᠤᠷᠠᠬᠢ ᠮᠡᠲᠦ ᠠᠵᠢᠯ ᠢ ᠭᠤᠤᠯᠳᠠᠯᠭ᠎ᠠ  ᠲᠠᠢ ᠦᠷᠨᠢᠭᠦᠯᠬᠦ ᠭᠡᠷᠡᠭᠲᠠᠢ᠃ ᠨᠢᠭᠡ ᠳᠤ  ᠂ ᠰᠢᠨ᠎ᠡ ᠠᠵᠤ ᠠᠬᠤᠢ ᠶᠢᠨ ᠨᠡᠮᠡᠭᠳᠡᠯ ᠴᠡᠭ ᠢ ᠪᠤᠢ ᠪᠤᠯᠭᠠᠨ᠎ᠠ᠃ ᠤᠳᠤᠬᠠᠨ ᠤ  ᠪᠠᠶᠢᠭ᠎ᠠ ᠠᠵᠤ ᠠᠬᠤᠶᠢᠯᠠᠯ ᠤᠨ ᠳᠠᠯᠲᠠ ᠬᠦᠴᠦᠨ ᠢ ᠭᠦᠢᠴᠡᠳ ᠪᠠᠳᠠᠷᠠᠭᠤᠯᠵᠤ᠂ ᠬᠤᠪᠢ ᠡᠷᠤᠬᠡ ᠬᠤᠪᠢᠨ ᠡᠵᠡᠩᠨᠡᠯᠲᠡ ᠶᠢᠨ ᠠᠵᠤ ᠠᠬᠤᠢ ᠶᠢᠨ ᠬᠦᠭᠵᠢᠯᠲᠡ ᠶᠢ ᠶᠡᠬᠡᠪᠡᠷ ᠲᠡᠳᠬᠦᠨ᠎ᠡ᠃ ᠳᠡᠭᠡᠳᠦ ᠱᠠᠳᠤᠨ ᠤ ᠰᠢᠯᠵᠢᠭᠦᠯᠦᠨ ᠦᠭᠬᠦ  ᠂ ᠲᠤᠰᠬᠠᠢ ᠲᠦᠷᠦᠯ ᠤᠨ  ᠪᠡᠯᠡ ᠮᠥᠩᠭᠦ ᠰᠠᠯᠭᠠᠨ ᠦᠭᠬᠦ ᠪᠠ ᠲᠤᠰᠠᠯᠠᠮᠵᠢ   ᠶᠢᠨ ᠵᠢᠭᠡᠯᠡᠯᠭᠡ ᠦᠭᠭᠦ ᠶᠢ ᠲᠡᠮᠡᠴᠡᠨ ᠤᠯᠵᠤ᠂ ᠡᠳ᠋ ᠤᠨ  ᠵᠠᠰᠠᠭ ᠤᠨ ᠪᠤᠳᠠᠳᠦ ᠭᠦᠴᠦᠨ ᠢᠶᠠᠨ   ᠴᠢᠩᠭᠠᠳᠬᠠᠬᠤ ᠭᠡᠷᠡᠭᠲᠠᠢ᠃ ᠬᠤᠶᠠᠷ ᠲᠤ᠂ ᠭᠠᠶᠢᠯᠢ ᠬᠤᠷᠢᠶᠠᠯᠳᠠ ᠳᠠᠬᠢ ᠬᠠᠮᠢᠶᠠᠷᠤᠯᠲᠠ ᠶᠢ ᠴᠢᠩᠭᠠᠳᠬᠠᠨ᠎ᠠ  ᠃ ᠠᠵᠤ ᠠᠬᠤᠶᠢᠯᠠᠯ ᠤᠨ ᠲᠤᠭᠠᠴᠠᠭ᠎ᠠ ᠬᠢᠬᠦ ᠶᠢ ᠲᠦᠷᠢᠮᠵᠢᠭᠦᠯᠵᠦ᠂  ᠭᠠᠶᠢᠯᠢ ᠬᠤᠷᠢᠶᠠᠯᠲᠠ ᠶᠢᠨ ᠡᠮᠬᠢ ᠳᠠᠷᠠᠭᠠᠯᠠᠯ ᠢ ᠴᠡᠭᠴᠡᠯᠡᠬᠦ ᠠᠵᠢᠯᠯᠠᠭ᠎ᠠ  ᠶᠢ ᠦᠷᠨᠢᠭᠦᠯᠵᠤ᠂ ᠭᠤᠤᠯ ᠭᠠᠶᠢᠯᠢ ᠶᠢᠨ ᠢᠷᠡᠯᠲᠡ ᠪᠤᠯᠤᠨ ᠭᠠᠶᠢᠯᠢ ᠲᠤᠰᠢᠶᠠᠭᠴᠢ ᠲᠤᠮᠤ ᠡᠷᠤᠬᠡ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠭᠠᠶᠢᠯᠢ ᠠᠴᠠ ᠲᠤᠳᠠᠭᠠᠨ ᠭᠠᠶᠢᠯᠢ ᠬᠤᠯᠠᠭᠠᠶᠢᠯᠠᠬᠤ ᠠᠵᠢᠯᠯᠠᠭ᠎ᠠ ᠳᠤ ᠴᠤᠬᠢᠯᠲᠠ ᠦᠭᠴᠦ  ᠭᠠᠶᠢᠯᠢ ᠬᠤᠷᠢᠶᠠᠯᠲᠠ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠬᠦᠮᠦᠷᠭᠡᠯᠡᠬᠦ ᠶᠢ ᠪᠠᠲᠤᠯᠠᠨ᠎ᠠ ᠃ ᠭᠤᠷᠪᠠ ᠳᠤ᠂ ᠡᠳ᠋ ᠤᠨ  ᠵᠠᠰᠠᠭ ᠤᠨ  ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠵᠠᠷᠤᠯᠭ᠎ᠠ ᠳᠠᠬᠢ ᠮᠦᠷᠳᠡᠯᠭᠡ ᠶᠢ ᠭᠦᠨᠳᠤᠳᠭᠡᠨ  ᠴᠢᠬᠤᠯᠠᠴᠢᠯᠠᠵᠤ᠂ ᠪᠡᠯᠡ ᠮᠦᠩᠭᠦᠨ ᠤ ᠬᠡᠷᠡᠭᠯᠡᠭᠡᠨ ᠤ  ᠦᠷ᠎ᠡ ᠠᠰᠢᠭ ᠢ ᠨᠡᠮᠡᠭᠳᠡᠭᠦᠯᠦᠨ᠎ᠡ᠃ ᠲᠦᠰᠤᠪ ᠤᠨ ᠭᠠᠳᠠᠨᠠᠬᠢ ᠪᠡᠯᠡ ᠮᠦᠩᠭᠦᠨ ᠤ ᠬᠠᠮᠢᠶᠠᠷᠤᠯᠲᠠ ᠶᠢᠨ ᠲᠦᠷᠢᠮ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ︽ᠤᠷᠤᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠬᠠᠮᠢᠶᠠᠷᠤᠯᠳᠠ ᠶᠢ ᠴᠢᠩᠭᠠᠳᠬᠠᠨ᠎ᠠ᠃ ᠲᠦᠷᠪᠡ ᠳᠤ᠂ ᠠᠷᠪᠢᠯᠠᠨ ᠭᠠᠮᠨᠡᠵᠤ ᠡᠳᠤᠷ ᠦᠩᠭᠡᠷᠡᠬᠦ ᠦᠵᠡᠯ ᠰᠠᠨᠠᠭ᠎ᠠ ᠶᠢ ᠪᠠᠲᠦ ᠪᠤᠢ ᠪᠤᠯᠭᠠᠵᠤ᠂ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠴᠠᠯᠢᠩ ᠢ ᠪᠠᠲᠤᠯᠠᠵᠤ᠂ ᠡᠷᠬᠢᠯᠲᠡ ᠶᠢ ᠪᠠᠲᠤᠯᠠᠨ᠂ ᠲᠤᠭᠳᠠᠭᠤᠨ ᠪᠠᠶᠢᠬᠤ ᠶᠢ ᠪᠠᠳᠤᠯᠠᠵᠤ᠂  ᠨᠡᠶᠢᠭᠡᠮ ᠤᠨ ᠪᠠᠳᠣᠯᠭᠠᠨ᠂ ᠶᠠᠳᠠᠭᠤ ᠶᠢ ᠳᠡᠳᠬᠦᠵᠦ ᠬᠦᠴᠢᠷᠳᠡᠯ ᠢ ᠰᠢᠢᠳᠪᠤᠷᠢᠯᠡᠬᠦ ᠵᠡᠷᠭᠡ ᠲᠠᠯ᠎ᠠ ᠶᠢᠨ ᠵᠠᠷᠤᠯᠭ᠎ᠠ   ᠶᠢ ᠨᠡᠮᠡᠭᠳᠡᠭᠦᠯᠵᠦ᠂ ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ᠂ ᠲᠠᠷᠢᠶᠠᠯᠠᠩ ᠮᠠᠯ ᠠᠵᠤ ᠠᠬᠤᠢ ᠪᠤᠯᠤᠨ ᠨᠡᠶᠢᠳᠡ ᠶᠢᠨ ᠬᠡᠷᠡᠭᠯᠡᠭᠡᠨ ᠤ  ᠱᠠᠭᠠᠷᠳᠠᠯᠭ᠎ᠠ ᠵᠡᠷᠭᠡ ᠲᠠᠯ᠎ᠠ ᠶᠢᠨ ᠵᠠᠷᠤᠯᠭ᠎ᠠ ᠶᠢ ᠬᠠᠤᠯᠢ ᠳᠤ ᠲᠤᠭᠳᠠᠭᠰᠠᠨ ᠬᠠᠷᠢᠴᠠᠯ ᠶᠤᠰᠤᠭᠠᠷ ᠨᠡᠮᠡᠭᠳᠡᠭᠦᠯᠦᠨ᠎ᠡ᠃ ᠪᠦᠬᠦ ᠬᠤᠰᠢᠭᠤᠨ ᠤ ᠦᠭᠡᠷᠡᠴᠢᠯᠡᠯᠲᠡ ᠪᠤᠯᠤᠨ ᠬᠦᠭᠵᠢᠭᠦᠯᠦᠯᠲᠡ ᠶᠢᠨ ᠶᠡᠭᠡ ᠲᠠᠯ᠎ᠠ  ᠳᠤ ᠬᠤᠯᠪᠤᠭᠳᠠᠬᠤ ᠵᠠᠷᠤᠯᠭ᠎ᠠ ᠶᠢ ᠡᠩ  ᠲᠡᠷᠢᠭᠦᠨ ᠳᠤ ᠪᠠᠳᠤᠯᠠᠵᠤ᠂ ᠪᠤᠰᠤᠤᠳ ᠲᠠᠯ᠎ᠠ ᠶᠢᠨ ᠵᠠᠷᠤᠯᠭ᠎ᠠ ᠶᠢ ᠴᠢᠳᠠᠯ  ᠤᠨ  ᠬᠢᠷᠢ ᠪᠠᠷ  ᠪᠠᠲᠤᠯᠠᠨ᠂ ᠱᠠᠯᠢᠵᠤ ᠪᠦᠷᠢᠯᠭᠡᠬᠦ ᠶᠢ ᠡᠷᠡᠰ  ᠴᠠᠭᠠᠵᠢᠯᠠᠨ᠎ᠠ᠃  ᠲᠠᠪᠤ ᠳᠤ᠂ ᠵᠠᠰᠠᠭ ᠤᠨ ᠤᠷᠳᠤᠨ  ᠠᠴᠠ ᠬᠤᠳᠠᠯᠳᠤᠨ ᠠᠪᠬᠤ ᠲᠦᠷᠢᠮ ᠢ ᠤᠯᠠᠮ ᠨᠢᠭᠡ ᠠᠯᠬᠤᠮ ᠳᠡᠭᠦᠯᠳᠡᠷᠵᠢᠭᠦᠯᠵᠦ᠂ ᠵᠠᠰᠠᠭ ᠤᠨ  ᠤᠷᠳᠤᠨ   ᠠᠴᠠ ᠬᠤᠳᠠᠯᠳᠤᠨ ᠠᠪᠬᠤ ᠪᠡᠯᠡ ᠮᠦᠩᠭᠦᠨ ᠤ ᠡᠳ᠋   ᠤᠨ ᠵᠠᠰᠠᠭ ᠤᠨ  ᠵᠠᠷᠤᠯᠭ᠎ᠠ ᠳᠠᠬᠢ ᠬᠤᠪᠢ ᠶᠢᠨ ᠵᠢᠩ ᠢ ᠨᠡᠮᠡᠭᠳᠡᠭᠦᠯᠦᠨ᠎ᠡ᠃ ᠵᠢᠷᠭᠤᠭ᠎ᠠ ᠳᠤ᠂ ᠬᠦᠳᠡᠭᠡ ᠲᠤᠰᠬᠤᠨ ᠮᠠᠯᠵᠢᠬᠤ ᠤᠷᠤᠨ ᠤ ᠭᠠᠶᠢᠯᠢ ᠬᠤᠷᠢᠶᠠᠯᠲᠠ ᠶᠢᠨ ᠦᠭᠡᠷᠡᠴᠢᠯᠡᠯᠲᠡ ᠶᠢᠨ ᠦᠷ᠎ᠡ ᠪᠦᠲᠦᠮᠵᠢ ᠶᠢ ᠳᠡᠭᠦᠯᠳᠡᠷᠵᠢᠭᠦᠯᠵᠦ᠂ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠲᠠ  ᠶᠢᠨ ᠠᠵᠢᠯ ᠪᠤᠯᠤᠨ ᠲᠠᠷᠢᠶᠠᠴᠢᠨ ᠮᠠᠯᠴᠢᠳ ᠤᠨ ᠡᠷᠭᠡ ᠠᠰᠢᠭ ᠢ ᠬᠠᠮᠠᠭᠠᠯᠠᠬᠤ ᠶᠢ ᠪᠠᠳᠤᠯᠠᠨ᠎ᠠ᠃          ︵ ᠨᠡᠢᠮᠠ︶  ᠡᠯ᠎ᠡ ᠲᠥᠷᠥᠯ ᠤᠨ ᠨᠠᠶᠢᠭᠡᠮ ᠤᠨ ᠤᠶᠢᠯᠡᠰ ᠢ ᠪᠦᠬᠦ ᠲᠠᠯ᠎ᠠ ᠪᠠᠷ ᠬᠦᠭᠵᠢᠭᠦᠯᠵᠦ᠂ ᠨᠡᠶᠢᠭᠡᠮ ᠤᠨ ᠡᠶ᠎ᠡ ᠵᠤᠬᠢᠴᠠᠯ   ᠲᠠᠢ ᠲᠤᠭᠳᠠᠭᠤᠨ ᠪᠠᠶᠢᠳᠠᠯ ᠢ ᠠᠬᠢᠭᠤᠯᠬᠤ ᠬᠡᠷᠡᠭᠲᠠᠢ᠃        ᠨᠡᠶᠢᠭᠡᠮ ᠤᠨ ᠤᠶᠢᠯᠡᠰ ᠢ ᠬᠦᠭᠵᠢᠭᠦᠯᠬᠦ   ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠯᠠᠨ ᠲᠦᠮᠡᠨ ᠤ ᠠᠰᠢᠭ ᠲᠤᠰᠠ ᠳᠤ ᠬᠤᠯᠪᠤᠭᠳᠠᠬᠤ᠂ ᠠᠷᠠᠳ ᠲᠦᠮᠡᠨ ᠤ ᠡᠷᠬᠡ ᠠᠰᠢᠭ ᠢ ᠪᠠᠲᠤᠯᠠᠬᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠪᠠᠳᠠᠷᠠᠭᠤᠯᠬᠤ ᠡᠯ᠎ᠡ ᠲᠦᠷᠦᠯ ᠤᠨ ᠠᠵᠢᠯ ᠢ ᠦᠨᠡᠨᠬᠦ ᠰᠠᠶᠢᠲᠤᠷ ᠬᠢᠵᠦ᠂ ᠡᠶ᠎ᠡ ᠵᠤᠬᠢᠴᠠᠯ ᠲᠠᠢ ᠨᠡᠶᠢᠭᠡᠮ ᠤᠨ ᠪᠠᠶᠢᠭᠤᠯᠤᠯᠲᠠ ᠶᠢᠨ ᠰᠢᠨ᠎ᠡ ᠠᠯᠬᠤᠮ ᠲᠠᠪᠰᠢᠯᠲᠠ‌‍ᠲ᠋ᠠᠢ ᠪᠠᠶᠢᠬᠤ ᠶᠢ  ᠠᠬᠢᠭᠤᠯᠤᠨ᠎ᠠ ᠃  ᠰᠤᠷᠭᠠᠨ ᠬᠦᠮᠦᠵᠢᠯ ᠢ ᠡᠩ ᠲᠡᠷᠢᠭᠦᠨ ᠳᠤ ᠬᠦᠭᠵᠢᠭᠦᠯᠬᠦ ᠶᠢ ᠪᠠᠷᠢᠮᠲᠠᠯᠠᠵᠤ᠂ ᠰᠤᠷᠭᠠᠭᠤᠯᠢ ᠶᠢᠨ ᠳᠠᠷᠤᠭ᠎ᠠ ᠪᠤᠯᠤᠨ ᠪᠠᠭᠰᠢᠨᠠᠷ ᠤᠨ ᠬᠤᠶᠠᠷ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ ᠨᠢᠭᠡᠨ ᠡᠭᠡᠯᠵᠢᠨ ᠤ  ᠰᠤᠷᠭᠠᠭᠤᠯᠢ ᠶᠢᠨ ᠲᠠᠷᠤᠭ᠎ᠠ ᠪᠤᠯᠤᠨ ᠪᠠᠭᠰᠢᠨᠠᠷ ᠢ ᠰᠤᠩᠭᠤᠨ ᠤᠷᠢᠬᠤ ᠠᠵᠢᠯ ᠢ  ᠪᠡᠶᠡᠯᠡᠭᠦᠯᠬᠦ ᠬᠡᠷᠡᠭᠲᠠᠢ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠤᠭᠤᠴᠠᠭᠠᠨ ᠤ ᠪᠠᠭᠰᠢᠨᠠᠷ ᠤᠨ  ᠠᠵᠢᠯ ᠤᠨ ᠪᠦᠲᠦᠮᠵᠢ  ᠶᠢᠨ ᠴᠠᠯᠢᠩ ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠠᠢ᠃ ᠦᠨᠳᠤᠰᠤᠳᠡᠨ ᠤ ᠰᠤᠷᠭᠠᠨ ᠬᠦᠮᠦᠵᠢᠯ ᠢ ᠡᠩ ᠲᠡᠷᠢᠭᠦᠨ ᠳᠤ ᠬᠦᠭᠵᠢᠭᠦᠯᠵᠦ᠂ ᠠᠵᠢᠯ  ᠮᠡᠷᠭᠡᠵᠢᠯ ᠤᠨ ᠰᠤᠷᠭᠠᠨ ᠬᠦᠮᠦᠵᠢᠯ ᠢ ᠶᠠᠬᠡᠪᠡᠷ ᠬᠦᠭᠵᠢᠭᠦᠯᠦᠨ᠂ ᠦᠨᠳᠦᠷ ᠲᠤᠮᠲᠠ ᠶᠢᠨ ᠰᠤᠷᠭᠠᠨ ᠬᠦᠮᠦᠵᠢᠯ ᠢ ᠲᠦᠭᠡᠮᠡᠯᠵᠢᠭᠦᠯᠬᠦ ᠶᠢ ᠲᠦᠷᠭᠡᠳᠬᠡᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠭᠦᠷᠢᠲᠠᠢ ᠬᠦᠭᠵᠢᠭᠦᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ  ᠲᠡᠳᠬᠦᠨ᠎ᠡ᠃ ᠲᠤᠲᠤᠭᠠᠳᠤᠬᠢ  ᠬᠠᠮᠢᠶᠠᠷᠤᠯᠲᠠ ᠪᠠᠨ ᠡᠷᠴᠢᠮᠵᠢᠭᠦᠯᠵᠦ᠂  ᠡᠮ ᠡᠮᠴᠢᠯᠡᠭᠡᠨ ᠤ  ᠦᠢᠯᠡᠴᠢᠯᠡᠭᠡᠨ ᠤ ᠬᠢᠷᠢ ᠲᠥᠪᠰᠢᠨ  ᠢᠶᠠᠨ ᠳᠡᠭᠡᠭᠰᠢᠯᠡᠭᠦᠯᠵᠦ᠂ ᠤᠯᠠᠨ ᠲᠦᠮᠡᠨ ᠤ  ᠡᠪᠡᠳᠴᠢᠨ ᠦᠵᠡᠭᠦᠯᠭᠦ ᠤᠷᠴᠢᠨ ᠲᠤᠭᠤᠷᠢᠨ ᠢ  ᠰᠠᠶᠢᠵᠢᠷᠠᠭᠤᠯᠤᠨ᠎ᠠ᠃ ᠰᠢᠨ᠎ᠡ ᠡᠮᠨᠡᠯᠭᠡ ᠶᠢᠨ ᠬᠤᠷᠢᠶ᠎ᠠ ᠶᠢ ᠪᠥᠲᠥᠭᠡᠨ ᠪᠠᠶᠢᠭᠤᠯᠬᠤ ᠶᠢᠨ ᠬᠠᠮᠲᠤ  ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠨ᠎ᠠ᠃ ᠬᠦᠮᠦᠨ ᠠᠮᠠ ᠪᠤᠯᠤᠨ ᠲᠦᠯᠦᠪᠯᠡᠭᠡᠲᠦ ᠦᠷᠡᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠵᠤ᠂᠂ ᠲᠦᠷᠦᠯᠲᠡ ᠶᠢᠨ ᠲᠤᠤᠷ᠎ᠠ ᠲᠦᠪᠰᠢᠨ ᠢ ᠦᠷᠭᠦᠯᠵᠢᠯᠡᠨ ᠲᠤᠭᠳᠠᠪᠤᠷᠢᠵᠢᠭᠤᠯᠤᠨ᠎ᠠ᠃ ᠰᠤᠶᠤᠯ ᠪᠡᠶ᠎ᠡ ᠲᠠᠮᠢᠷ ᠤᠨ  ᠰᠠᠭᠤᠷᠢ ᠲᠦᠬᠦᠭᠡᠷᠤᠮᠵᠢ ᠶᠢ ᠪᠦᠷᠢᠨᠰᠢᠭᠦᠯᠵᠦ᠂ ᠰᠤᠶᠤᠯ ᠤᠨ ᠲᠤᠮᠤ ᠠᠰᠠᠷ ᠪᠤᠯᠤᠨ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠰᠤᠶᠤᠯ ᠤᠨ ᠦᠷᠳᠡᠭᠡᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠲᠤᠪᠤᠶᠢᠮ᠎ᠠ ᠰᠠᠶᠢᠳᠤᠷ ᠪᠡᠶᠡᠯᠡᠭᠦᠯᠦᠨ᠎ᠡ᠃ ᠲᠤᠭᠠᠴᠢᠯᠠᠭᠰᠠᠨ ᠪᠠᠴᠢᠯ ᠲᠤᠯᠭᠢᠶᠠᠨᠲᠦ ᠲᠧᠯᠸᠢᠰ ᠨᠡᠪᠳᠡᠷᠡᠭᠦᠯᠭᠡ ᠶᠢᠨ ᠬᠦᠳᠡᠭᠡ ᠲᠤᠰᠬᠤᠨ ᠮᠠᠯᠵᠢᠬᠤ ᠤᠷᠤᠨ ᠳᠠᠬᠢ ᠪᠦᠲᠦᠭᠡᠨ ᠪᠠᠶᠢᠭᠤᠯᠤᠯᠲᠠ ᠪᠠ  ᠰᠠᠭᠤᠷᠢᠰᠬᠤ ᠠᠵᠢᠯ ᠢ ᠴᠢᠩᠭᠠᠳᠬᠠᠵᠤ᠂  ᠲᠠᠶᠢᠹᠤᠰᠧ ᠬᠤᠰᠢᠭᠤᠨ ᠤ ᠦᠪᠡᠷᠳᠡᠭᠡᠨ ᠡᠷᠬᠢᠯᠡᠭᠰᠡᠨ ᠲᠧᠯᠸᠢᠰ ᠫᠷᠦᠭᠷᠡᠮ ᠤᠨ ᠪᠦᠷᠬᠦᠴᠡ ᠶᠢ ᠦᠷᠭᠡᠳᠬᠡᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠭᠯᠡᠯᠲᠡ ᠲᠦᠷᠦ ᠶᠢᠨ  ᠪᠤᠳᠤᠯᠭ᠎ᠠ ᠶᠢ ᠦᠨᠳᠤᠰᠤᠨ ᠱᠠᠳᠤᠨ ᠳᠤ ᠴᠠᠭ ᠲᠤᠬᠠᠢ ᠳᠤᠨᠢ ᠤᠬᠠᠭᠤᠯᠤᠨ ᠲᠤᠤᠱᠯᠠᠭᠤᠯᠬᠤ ᠭᠡᠷᠡᠭᠲᠠᠢ᠃ ︽ᠲᠠᠶᠢᠹᠤᠰᠧ ᠬᠤᠰᠢᠭᠤᠨ ᠤ ᠤᠷᠤᠰᠢᠭᠤᠯᠭ᠎ᠠ ᠶᠢᠨ ᠦᠭᠡᠷᠡᠴᠢᠯᠡᠯᠲᠡ ᠬᠠᠮᠢᠶᠠᠷᠤᠯᠲᠠ ᠶᠢᠨ ᠠᠷᠭ᠎ᠠ ᠬᠡᠮᠵᠢᠶ᠎ᠠ︾ ᠶᠢ ᠦᠷᠭᠦᠯᠵᠢᠯᠡᠨ ᠤᠬᠠᠭᠤᠯᠵᠤ᠂ ᠤᠷᠤᠰᠢᠭᠤᠯᠭ᠎ᠠ ᠶᠢᠨ ᠲᠦᠷᠢᠮ ᠤᠨ ᠦᠭᠡᠷᠡᠴᠢᠯᠡᠯᠲᠡ ᠶᠢ  ᠢᠳᠡᠪᠬᠢᠲᠠᠢ ᠠᠬᠢᠭᠤᠯᠵᠤ᠂  ᠨᠡᠶᠢᠲᠡ ᠶᠢᠨ ᠤᠩᠭᠤᠨ ᠢ ᠲᠦᠯᠦᠪᠵᠢᠭᠦᠯᠦᠨ ᠪᠦᠲᠦᠭᠡᠨ ᠪᠠᠶᠢᠭᠤᠯᠬᠤ ᠶᠢ ᠰᠠᠶᠢᠳᠤᠷ ᠪᠡᠶᠡᠯᠡᠭᠦᠯᠵᠦ᠂ ᠡᠵᠡᠩᠨᠡᠯᠲᠡ ᠶᠢᠨ ᠴᠢᠨᠠᠷᠲᠠᠢ ᠨᠡᠶᠢᠲᠡ ᠶᠢᠨ ᠤᠩᠭᠤᠨ ᠪᠤᠯᠤᠨ  ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠤᠩᠭᠤᠨ ᠢ ᠪᠠᠶᠢᠭᠤᠯᠬᠤ ᠭᠡᠷᠡᠭᠲᠠᠢ᠃ ᠨᠡᠶᠢᠭᠡᠮ ᠤᠨ ᠪᠠᠲᠤᠯᠭᠠᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠪᠠᠯᠭᠠᠰᠤᠨ ᠤ ᠠᠵᠢᠯᠲᠠᠨ ᠤ ᠡᠯ᠎ᠡ ᠲᠦᠷᠦᠯ ᠤᠨ ᠳᠠᠭᠠᠳᠬᠠᠯ ᠤᠨ ᠲᠦᠷᠢᠮ ᠢ ᠪᠦᠷᠢᠨᠰᠢᠭᠦᠯᠵᠦ᠂ ᠨᠡᠶᠢᠭᠡᠮ ᠤᠨ  ᠳᠠᠭᠠᠳᠬᠠᠯ ᠤᠨ ᠪᠦᠷᠬᠦᠴᠡ ᠶᠢ ᠦᠷᠭᠡᠳᠬᠡᠨ᠎ᠡ᠃ ᠵᠠᠰᠠᠭ ᠤᠨ ᠤᠷᠳᠤᠨ ᠠᠴᠠ ᠠᠪᠤᠷᠠᠨ ᠲᠡᠳᠬᠦᠬᠦ ᠪᠠᠷ ᠤᠳᠤᠷᠢᠳᠤᠮᠵᠢ ᠪᠤᠯᠭᠠᠵᠤ᠂ ᠲᠦᠷᠦ ᠶᠢᠨ ᠪᠤᠳᠤᠯᠭ᠎ᠠ ᠪᠠᠷ ᠲᠡᠳᠬᠦᠬᠦ᠂  ᠬᠤᠳᠠᠯᠳᠤᠭᠠᠨ ᠤ ᠳᠠᠭᠠᠳᠬᠠᠯ ᠪᠠ ᠨᠡᠶᠢᠭᠡᠮ ᠤᠨ ᠲᠤᠰᠠᠯᠠᠮᠵᠢ ᠪᠠᠷ ᠨᠦᠬᠦᠪᠤᠷᠢ ᠪᠤᠯᠭᠠᠭᠰᠠᠨ ᠬᠤᠳᠠ ᠪᠠᠯᠭᠠᠰᠤᠨ ᠲᠠᠶᠠᠭᠠᠷ ᠲᠤ ᠰᠢᠨ᠎ᠡ ᠮᠠᠶ᠋ᠢᠭ ᠤᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠤᠨ᠎ᠠ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ ᠲᠤᠤᠷᠠᠲᠦ ᠠᠮᠢᠳᠤᠷᠠᠯ ᠤᠨ ᠪᠠᠲᠤᠯᠭ᠎ᠠ  ᠶᠢᠨ ᠲᠦᠷᠢᠮ ᠢ  ᠴᠢᠩᠭᠠᠳᠬᠠᠨ᠎ᠠ᠃ ᠠᠵᠢᠯ ᠤᠯᠭᠤᠬᠤ ᠪᠠ ᠲᠠᠬᠢᠨ ᠠᠵᠢᠯ ᠤᠯᠭᠤᠬᠤ ᠶᠢ ᠲᠡᠳᠬᠦᠬᠦ ᠲᠦᠷᠦ   ᠤᠨ ᠪᠤᠳᠤᠯᠭ᠎ᠠ ᠶᠢ ᠨᠠᠷᠢᠨ ᠬᠢᠨᠠᠮᠠᠬᠭᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠨᠦᠬᠦᠪᠤᠷᠢ ᠦᠭᠬᠦ᠂ ᠪᠠᠭ᠎ᠠ ᠬᠡᠮᠵᠢᠶᠡᠨ ᠤ ᠪᠠᠲᠤᠯᠭᠠᠲᠤ ᠵᠢᠭᠡᠯᠡᠯᠭᠡ ᠲᠠᠯᠪᠢᠬᠤ᠂ ᠭᠠᠶᠢᠯᠢ ᠬᠤᠷᠢᠶᠠᠯᠲᠠ ᠶᠢ  ᠭᠡᠯᠲᠦᠷᠢᠭᠦᠯᠬᠦ ᠵᠷᠭᠡ ᠲᠦᠷᠦ ᠶᠢᠨ ᠪᠤᠳᠤᠯᠭ᠎ᠠ ᠶᠢ  ᠭᠦᠢᠴᠡᠳ  ᠶᠠᠪᠤᠭᠳᠠᠭᠤᠯᠵᠤ᠂ ᠠᠵᠢᠯ ᠤᠯᠭᠤᠬᠤ ᠪᠠ ᠲᠠᠬᠢᠨ ᠠᠵᠢᠯ ᠤᠯᠭᠤᠬᠤ ᠶᠢ ᠠᠬᠢᠭᠤᠯᠵᠤ᠂ ᠨᠡᠩ ᠢᠯᠠᠩᠭᠤᠶ᠎ᠠ ᠬᠦᠴᠢᠷᠳᠡᠯᠲᠠᠢ ᠤᠯᠠᠨ ᠲᠦᠮᠡᠨ᠂ ᠠᠵᠢᠯ ᠠᠯᠳᠠᠭᠰᠠᠳ ᠪᠤᠯᠤᠨ ᠳᠡᠭᠡᠲᠦ ᠲᠤᠮᠲᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠠᠰᠠᠭᠤᠳᠠᠯ ᠢ ᠰᠠᠶᠢᠳᠤᠷ ᠰᠢᠢᠳᠪᠤᠷᠢᠯᠡᠬᠦ ᠭᠡᠷᠡᠭᠲᠠᠢ᠃ ᠨᠡᠭᠡᠭᠡᠨ ᠪᠠᠶᠢᠭᠤᠯᠤᠭᠰᠠᠨ ᠤᠷᠤᠨ‌‍ᠰᠠᠭᠤᠴᠠ‌‍ᠶᠢᠨ ᠲᠤᠭᠤᠷᠢᠭ ᠲᠤ 20% ᠠᠴᠠ ᠲᠤᠤᠷ᠎ᠠ ᠦᠭᠡᠢ ᠬᠢᠮᠲᠠ ᠪᠦᠭᠡᠳ ᠬᠡᠷᠡᠭᠴᠡᠭᠡᠲᠠᠢ ᠤᠷᠤᠨ ᠰᠠᠭᠤᠴᠠ ᠶᠢ ᠲᠦᠬᠦᠭᠡᠷᠵᠢᠭᠦᠯᠦᠨ ᠪᠠᠶᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠡᠶᠢᠭᠡᠮ ᠤᠨ ᠲᠤᠭᠳᠠᠭᠤᠨ ᠢ ᠬᠠᠮᠠᠭᠠᠯᠠᠬᠤ ᠭᠤᠤᠯ ᠠᠵᠢᠯ ᠪᠤᠯᠭᠠᠨ ᠠᠳᠬᠤᠵᠤ᠂ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠵᠠᠷᠭᠤ ᠶᠢ ᠰᠢᠢᠳᠪᠤᠷᠢᠯᠡᠬᠦ ᠲᠡᠰ ᠳᠠᠷᠠᠭ᠎ᠠ ᠶᠢ ᠲᠦᠷᠢᠮᠵᠢᠭᠦᠯᠵᠦ᠂ ᠤᠯᠠᠨ  ᠲᠦᠮᠡᠨ ᠤ ᠲᠡᠭᠡᠭᠰᠢ ᠵᠠᠷᠭᠤ ᠬᠢᠬᠦ ᠶᠢ ᠬᠦᠳᠡᠯᠦᠩᠭᠦᠢ ᠪᠠᠷ ᠲᠤᠷᠤᠭᠰᠢ ᠪᠠᠭᠤᠵᠤ ᠪᠠᠶᠢᠳᠠᠯ ᠤᠶᠢᠯᠭᠠᠬᠤ ᠪᠤᠯᠭᠠᠵᠤ᠂ ᠤᠯᠠᠨ ᠲᠦᠮᠡᠨ ᠤ ᠰᠠᠨᠠᠯ ᠢ ᠬᠦᠯᠢᠴᠡᠩᠬᠦᠢ ᠰᠤᠨᠤᠰᠴᠦ᠂ ᠤᠯᠠᠨ ᠲᠦᠮᠡᠨ ᠤ ᠬᠤᠪᠢ ᠶᠢᠨ ᠠᠰᠢᠭ ᠲᠤᠰᠠ ᠶᠢ ᠦᠨᠡᠨᠬᠦ ᠬᠠᠮᠠᠭᠠᠯᠠᠬᠤ ᠭᠡᠷᠡᠭᠲᠠᠢ᠃  ᠠᠶᠤᠯ ᠦᠭᠡᠢ ᠦᠢᠯᠡᠳᠪᠦᠷᠢᠯᠡᠯ  ᠤᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ   ᠪᠠᠷ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠢ ᠬᠠᠷᠰᠢᠯᠠᠭ᠎ᠠ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ  ᠬᠡᠷᠡᠭᠲᠠᠢ᠃ ᠨᠡᠶᠢᠭᠡᠮ ᠤᠨ ᠠᠮᠤᠷ ᠬᠠᠮᠠᠭᠠᠯᠠᠯᠲᠠ ᠶᠢᠨ ᠶᠠᠷᠤᠩᠭᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠠᠮᠤᠷ ᠲᠦᠪᠰᠢᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠵᠤ᠂ ᠬᠤᠲᠠ  ᠬᠦᠳᠡᠭᠡᠨ ᠤ ᠨᠡᠶᠢᠭᠡᠮ ᠲᠤᠭᠤᠷᠢᠭ ᠤᠨ ᠠᠮᠤᠷ ᠢ ᠬᠠᠮᠠᠭᠠᠯᠠᠬᠤ ᠠᠵᠢᠯ ᠢ  ᠰᠠᠶᠢᠵᠢᠷᠠᠭᠤᠯᠤᠨ  ᠴᠢᠩᠭᠠᠳᠬᠠᠵᠤ᠂ ᠬᠠᠤᠯᠢ ᠵᠦᠷᠢᠴᠡᠭᠰᠡᠨ ᠶᠠᠯᠠᠲᠦ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠲᠠ ᠦᠭᠴᠦ᠂ ᠠᠷᠠᠳ ᠲᠦᠮᠡᠨ ᠤ  ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠭᠡᠷᠡᠭᠲᠠᠢ᠃ ᠬᠠᠤᠯᠢ ᠲᠦᠷᠢᠮᠵᠢᠯ ᠤᠨ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠵᠦ᠂ ᠤᠬᠢ ᠰᠠᠶᠢᠨ ᠬᠠᠤᠯᠢ ᠲᠦᠷᠢᠮᠵᠢᠯ ᠤᠨ ᠤᠷᠴᠢᠨ ᠲᠤᠭᠤᠷᠢᠨ ᠢ ᠪᠤᠢ  ᠪᠤᠯᠭᠠᠬᠤ ᠭᠡᠷᠡᠭᠲᠠᠢ᠃ ᠤᠶᠤᠨ ᠰᠠᠨᠠᠭᠠᠨ ᠤ ᠪᠤᠯᠪᠠᠰᠤᠨ ᠤ ᠪᠦᠲᠦᠭᠡᠨ ᠪᠠᠶᠢᠭᠤᠯᠤᠯᠲᠠ ᠪᠤᠯᠤᠨ ᠭᠠᠳᠠᠭᠰᠢ ᠤᠬᠠᠭᠤᠯᠬᠤ ᠬᠦᠴᠦᠯᠡᠴᠡ ᠪᠠᠨ ᠴᠢᠩᠭᠠᠳᠬᠠᠵᠤ᠂ ᠤᠳᠤᠨ ᠲᠡᠰ ᠤᠨ ᠪᠤᠯᠪᠠᠰᠤᠨ ᠬᠤᠳᠠ ᠪᠠᠯᠭᠠᠰᠤ ᠶᠢ ᠡᠭᠦᠳᠤᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠠᠢ ᠦᠷᠨᠢᠭᠦᠯᠬᠦ ᠭᠡᠷᠡᠭᠲᠠᠢ᠃           ︵ᠶᠢᠰᠤ︶  ᠠᠷᠠᠳ ᠤᠨ  ᠠᠮᠢᠳᠤᠷᠠᠯ ᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠵᠤ᠂ ᠠᠷᠪᠠᠨ ᠲᠦᠷᠦᠯ  ᠤᠨ  ᠪᠤᠳᠠᠳᠤ ᠠᠵᠢᠯ ᠢ ᠰᠠᠶᠢᠳᠤᠷ ᠪᠡᠶᠡᠯᠡᠭᠦᠯᠬᠦ ᠭᠡᠷᠡᠭᠲᠠᠢ᠃          ᠤᠯᠠᠨ ᠲᠦᠮᠡᠨ ᠤ ᠦᠨᠳᠤᠰᠤᠨ ᠠᠰᠢᠭ ᠲᠤᠰᠠ ᠯᠤᠭ᠎ᠠ ᠰᠢᠭᠤᠳ ᠬᠤᠯᠪᠤᠭᠳᠠᠬᠤ ᠠᠰᠠᠭᠤᠳᠠᠯ ᠤᠨ ᠲᠤᠭᠤᠷᠢᠨ ᠳᠤ ᠬᠤᠰᠢᠭᠤ ᠵᠠᠰᠠᠭ ᠤᠨ  ᠤᠷᠳᠤᠨ   ᠠᠴᠠ ᠡᠨᠡ ᠵᠢᠯ ᠳᠤ ︽ᠠᠷᠪᠠᠨ ᠲᠦᠷᠦᠯ ᠤᠨ ᠪᠤᠳᠠᠳᠤ ᠠᠵᠢᠯ︾ ᠢ ᠲᠤᠪᠤᠶᠢᠮ᠎ᠠ ᠰᠠᠶᠢᠳᠤᠷ ᠪᠡᠶᠡᠯᠡᠭᠦᠯᠬᠦ ᠪᠠᠷ ᠲᠤᠭᠳᠠᠭᠰᠠᠨ ᠪᠠᠶᠢᠨ᠎ᠠ᠃ ᠨᠢᠭᠡ ᠳᠤ  ᠬᠤᠲᠠ  ᠪᠠᠯᠭᠠᠰᠤᠨ ᠤ ᠰᠠᠭᠤᠭᠠᠯᠢ ᠠᠷᠠᠳ ᠤᠨ  ᠬᠠᠮᠤᠭ ᠤᠨ  ᠲᠤᠤᠷᠠᠲᠦ ᠠᠮᠢᠳᠤᠷᠠᠯ ᠤᠨ ᠪᠠᠲᠤᠯᠭᠠᠨ ᠤ ᠮᠦᠩᠭᠦ   ᠶᠢᠨ ᠪᠠᠷᠢᠮᠵᠢᠶ᠎ᠠ ᠶᠢ ᠬᠦᠮᠦᠨ ᠪᠦᠷᠢ ᠰᠠᠷ᠎ᠠ   ᠳᠤ 30 ᠲᠦᠭᠦᠷᠢᠭ ᠨᠡᠮᠡᠭᠳᠡᠭᠦᠯᠵᠦ᠂  ᠬᠦᠳᠡᠭᠡ ᠲᠤᠰᠬᠤᠨ ᠮᠠᠯᠵᠢᠬᠤ ᠤᠷᠤᠨ ᠤ ᠬᠠᠮᠤᠭ  ᠤᠨ ᠲᠤᠤᠷᠠᠳᠦ ᠠᠮᠢᠳᠤᠷᠠᠯ ᠤᠨ ᠪᠠᠳᠤᠯᠭᠠᠨ ᠤ ᠪᠠᠷᠢᠮᠵᠢᠶ᠎ᠠ   ᠶᠢ ᠰᠠᠷ᠎ᠠ ᠪᠦᠷᠢ ᠳᠤ15 ᠲᠦᠭᠦᠷᠢᠭ ᠨᠡᠮᠡᠭᠳᠡᠭᠦᠯᠦᠨ᠎ᠡ︔ ᠬᠤᠶᠠᠷ ᠲᠤ  ᠰᠢᠨ᠎ᠡ ᠭᠡᠯᠪᠡᠷᠢ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠬᠤᠷᠰᠢᠭᠰᠡᠨ ᠡᠮᠨᠡᠯᠭᠡ   ᠳᠤ ᠤᠷᠤᠯᠴᠠᠬᠤ ᠪᠤᠯᠤᠨ ᠬᠤᠲᠠ ᠪᠠᠯᠭᠠᠰᠤᠨ ᠤ  ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠤᠯᠠᠨ ᠲᠦᠮᠡᠨ ᠳᠤ ᠠᠰᠢᠭ ᠬᠦᠷᠳᠡᠭᠡᠬᠦ ᠨᠤᠷᠮ᠎ᠠ ᠶᠢ ᠲᠡᠭᠡᠭᠰᠢᠯᠡᠭᠦᠯᠦᠨ᠎ᠡ︔ ᠭᠤᠷᠪᠠ ᠳᠤ  ᠬᠢᠮᠳᠠ ᠲᠦᠷᠢᠶᠡᠰᠤᠨ ᠤ  ᠭᠡᠷ ᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠶᠠᠳᠠᠭᠤ ᠬᠦᠴᠢᠷᠳᠡᠯᠲᠠᠢ  ᠤᠯᠠᠨ ᠲᠦᠮᠡᠨ   ᠤ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠤᠨ᠎ᠠ︔ ᠲᠦᠷᠪᠡ ᠳᠤ  ᠪᠦᠲᠦᠮᠵᠢᠲᠠᠢ ᠠᠷᠭ᠎ᠠ ᠬᠡᠮᠵᠢᠶ᠎ᠡ ᠠᠪᠴᠤ᠂ ᠪᠤᠤᠴᠠᠩ ᠪᠠᠯᠭᠠᠰᠤᠨ ᠤ ᠲᠦᠪᠯᠡᠷᠡᠬᠦᠯᠦᠨ ᠢᠯᠴᠢ ᠬᠠᠩᠭᠠᠬᠤ ᠠᠰᠠᠭᠤᠳᠠᠯ ᠢ ᠰᠢᠢᠳᠪᠤᠷᠢᠯᠡᠨ᠎ᠡ︔ ᠲᠠᠪᠤ  ᠳᠤ᠂ ᠪᠠᠷᠠᠭᠤᠨ ᠬᠦᠭᠦᠷᠭᠡ ᠪᠤᠯᠤᠨ ᠬᠦᠸᠧ ᠹᠠᠩ ᠬᠦᠭᠦᠷᠭᠡ   ᠶᠢ ᠦᠷᠭᠡᠳᠬᠡᠨ ᠪᠠᠶᠢᠭᠤᠯᠵᠤ᠂ ᠬᠤᠲᠠ ᠪᠠᠯᠭᠠᠰᠤᠨ ᠤ ᠵᠠᠮ ᠨᠡᠪᠳᠡᠷᠡᠯᠭᠡ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ᠎ᠡ︔ ᠵᠢᠷᠭᠤᠭ᠎ᠠ ᠳᠤ 17 ᠲᠤᠰᠬᠤᠨ ᠤ ᠲᠦᠭᠡᠭᠡᠯ ᠤᠰᠤᠨ ᠤ ᠢᠨᠵᠧᠨᠧᠷᠢᠩ ᠢ ᠪᠡᠶᠡᠯᠡᠭᠦᠯᠵᠦ᠂ 2.4 ᠲᠦᠮᠡᠨ ᠬᠦᠮᠦᠨ  ᠠᠮᠠ᠂ 5 ᠲᠦᠮᠡᠨ  ᠲᠤᠯᠤᠭᠠᠢ ᠮᠠᠯ ᠤᠨ ᠢᠳᠡᠬᠦ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠨ᠎ᠡ︔ ᠲᠤᠯᠤᠭ᠎ᠠ ᠳᠤ᠂ᠠᠵᠢᠯ ᠤᠯᠭᠤᠯᠲᠠ   ᠶᠢ ᠢᠳᠡᠪᠭᠢᠲᠠᠢ ᠦᠷᠭᠡᠳᠭᠡᠵᠦ᠂ ᠠᠵᠢᠯ ᠤᠨ ᠪᠠᠶᠢᠷᠢ 6500 ᠶᠢ ᠡᠯᠰᠡᠵᠦ᠂ ᠡᠯ᠎ᠡ ᠲᠦᠷᠦᠯ ᠤᠨ1600 ᠨᠡᠷᠡᠰ  ᠬᠦᠮᠦᠰ ᠢ ᠠᠵᠢᠯ ᠳᠤ ᠪᠠᠶᠢᠷᠢᠯᠠᠭᠤᠯᠵᠤ᠂ ︽ᠨᠢᠭᠡ ᠨᠢ ᠴᠤ ᠠᠵᠢᠯ ᠤᠯᠤᠭᠰᠠᠨ ᠦᠬᠡᠢ ᠭᠡᠷ ᠪᠦᠯᠢ︾ ᠶᠢᠨ ᠠᠳᠠᠭ   ᠲᠠᠭᠠᠨ ᠨᠢᠭᠡ ᠪᠦᠷᠢᠯᠳᠦᠬᠦᠨ ᠳᠤᠨᠢ ᠠᠵᠢᠯ ᠤᠯᠭᠤᠬᠤ ᠶᠢ ᠪᠡᠶᠡᠯᠡᠬᠦᠯᠦᠨ᠎ᠡ  ᠃  ᠨᠠᠢᠮᠠ ᠳᠤ᠂ ᠬᠦᠳᠡᠭᠡ ᠲᠤᠰᠬᠤᠨ ᠮᠠᠯᠵᠢᠬᠤ ᠤᠷᠤᠨ ᠤ ᠦᠨᠳᠦᠷ ᠲᠤᠮᠳᠠᠳᠤ   ᠶᠢᠨ  ᠱᠠᠳᠤᠨ ᠤ ᠰᠤᠷᠭᠠᠨ ᠬᠦᠮᠦᠵᠢᠯ ᠤᠨ ᠶᠠᠳᠠᠭᠤ ᠬᠦᠴᠢᠷᠳᠡᠢ ᠰᠤᠷᠤᠭᠴᠢ   ᠶᠢ ᠲᠤᠰᠠᠯᠠᠬᠤ ᠵᠡᠷᠭᠡ ᠡᠯ᠎ᠡ ᠲᠦᠷᠦᠯ ᠤᠨ ᠬᠠᠰᠤᠵᠤ  ᠬᠡᠯᠳᠦᠷᠢᠬᠦᠯᠵᠦ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ  ᠨᠠᠶᠢᠳᠡᠪᠤᠷᠢᠵᠢᠭᠤᠯᠤᠨ᠎ᠠ︔ ᠶᠢᠰᠦ   ᠳᠤ ᠭᠠᠴᠠᠭ᠎ᠠ ᠲᠤᠰᠬᠤᠨ ᠤ ᠵᠢᠩᠬᠢᠨᠢ ᠲᠠᠷᠤᠭ᠎ᠠ  ᠪᠤᠯᠤᠨ   ᠲᠥᠯᠦᠪᠯᠡᠭᠡᠲᠥ ᠦᠷᠡᠵᠢᠯ   ᠢ ᠬᠠᠮᠢᠶᠠᠷᠤᠭᠴᠢ ᠲᠤᠰᠬᠤᠨ ᠤ ᠳᠠᠷᠤᠭ᠎ᠠ ᠶᠢᠨ ᠴᠠᠯᠢᠩ ᠢ ᠳᠠᠬᠢᠨ   ᠢᠶᠠᠷ ᠥᠰᠬᠡᠨ᠎ᠡ︔  ᠠᠷᠪᠠ ᠳᠤ᠂ ᠲᠠᠶᠢᠹᠤᠰᠧ ᠬᠤᠰᠢᠭᠤᠨ ᠤ ᠠᠷᠠᠳ ᠤᠨ ᠷᠠᠳᠢᠤ᠋ ᠨᠡᠪᠳᠡᠷᠡᠬᠦᠯᠬᠡ ᠶᠢᠨ ᠦᠪᠡᠷᠳᠡᠭᠡᠨ ᠡᠷᠬᠢᠯᠡᠭᠰᠡᠨ ᠫᠷᠤᠭ᠍ᠷᠠᠮ ᠢ ᠰᠡᠷᠬᠦᠬᠡᠵᠦ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ  ᠪᠠᠶᠠᠯᠢᠭᠵᠢᠭᠤᠯᠤᠨ᠎ᠠ᠃            ︵ᠠᠷᠪᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠪᠤᠯᠤᠨ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ᠃          ᠬᠠᠳᠠᠭᠤ ᠴᠢᠩᠭ᠎ᠠ ᠴᠠᠭ ᠤᠨ ᠪᠠᠶᠢᠳᠠᠯ ᠪᠤᠯᠤᠨ ᠦᠷᠢᠰᠦᠯᠳᠦᠭᠡᠨ ᠤ ᠡᠮᠦᠨ᠎ᠡ  ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠡᠷᠭᠡᠪᠰᠢ ᠤᠯᠠᠮ ᠨᠢᠬᠡ ᠠᠯᠬᠤᠮ ᠴᠢᠩᠭᠠᠳᠬᠠᠵᠤ᠂ ᠦᠢᠯᠡᠴᠢᠯᠡᠭᠡᠨ  ᠤ ᠤᠬᠠᠮᠰᠠᠷ ᠪᠤᠯᠤᠨ ᠦᠢᠯᠡᠴᠢᠯᠡᠭᠡᠨ ᠤ ᠲᠦᠪᠰᠢᠨ ᠢ ᠴᠢᠷᠮᠠᠶᠢᠨ ᠲᠡᠭᠡᠭᠰᠢᠯᠡᠬᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠤᠬᠢ ᠰᠠᠶᠢᠨ ᠤᠷᠴᠢᠨ ᠲᠤᠭᠤᠷᠢᠨ ᠢ ᠡᠬᠦᠳᠬᠦ ᠭᠡᠷᠡᠭᠳᠡᠢ᠃            ᠨᠢᠬᠡ ᠳᠤ᠂ ᠵᠤᠷᠢᠭᠳᠠᠢ ᠬᠠᠷᠢᠭᠤᠴᠠᠵᠤ᠂ ᠠᠷᠠᠳ ᠲᠦᠮᠡᠨ ᠳᠤ ᠠᠰᠢᠭ ᠬᠦᠷᠳᠡᠭᠡᠬᠦ ᠵᠠᠰᠠᠭ ᠤᠨ ᠤᠷᠳᠤᠨ ᠢ ᠪᠦᠳᠦᠭᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠦᠷᠬᠦᠯᠵᠢᠯᠡᠨ ᠴᠢᠯᠦᠭᠡᠯᠡᠵᠦ᠂ ᠲᠤᠭᠳᠠᠭᠰᠠᠨ ᠰᠡᠳᠬᠢᠬᠦᠢ ᠳᠤ ᠰᠢᠪᠳᠤᠯᠤᠯᠳᠠ ᠬᠢᠵᠦ᠂ ᠠᠵᠢᠯ ᠤᠨ ᠠᠷᠭ᠎ᠠ ᠮᠠᠶ᠋ᠢᠭ ᠢᠶᠠᠨ ᠰᠢᠨᠡᠴᠢᠯᠡᠨ᠂  ᠮᠤᠬᠤᠷᠳᠠᠯ ᠤᠨ ᠲᠤᠮᠳᠠ  ᠠᠴᠠ  ᠭᠠᠷᠬᠤ ᠵᠠᠮ ᠢ  ᠡᠷᠢᠵᠦ᠂ ᠬᠦᠭᠵᠢᠯᠳᠡ ᠶᠢᠨ ᠲᠤᠮᠳᠠ ᠰᠢᠪᠳᠤᠯᠤᠯᠳᠠ ᠬᠢᠬᠦ ᠭᠡᠷᠡᠭᠳᠡᠢ᠃ ᠬᠦᠮᠦᠨ ᠨᠡᠶᠢᠭᠡᠮ  ᠤᠨ ᠬᠠᠯᠠᠮᠵᠢᠯᠠᠯ ᠢ ᠢᠯᠡᠷᠡᠬᠦᠯᠬᠦ ᠶᠢ ᠨᠡᠩ ᠢᠯᠡᠬᠦᠦ ᠬᠦᠨᠳᠦᠳᠬᠡᠵᠦ᠂ ᠨᠡᠶᠢᠬᠡᠮ ᠤᠨ ᠬᠠᠮᠢᠶᠠᠷᠤᠯᠳᠠ ᠪᠤᠯᠤᠨ ᠤᠯᠠᠨ ᠨᠡᠶᠢᠳᠡ ᠶᠢᠨ ᠦᠢᠯᠡᠴᠢᠯᠡᠬᠡᠨ ᠤ ᠠᠵᠢᠯ ᠢ ᠤᠯᠠᠮ ᠢᠯᠡᠬᠦᠦ ᠴᠢᠬᠤᠯᠠᠴᠢᠯᠠᠵᠤ᠂ ᠦᠷᠭᠡᠨ ᠤᠯᠠᠨ ᠠᠷᠠᠳ ᠲᠦᠮᠡᠨ ᠤ ᠬᠠᠮᠳᠤ ᠶᠢᠨ ᠠᠰᠢᠭ ᠲᠤᠰᠠ ᠶᠢ ᠨᠡᠩ ᠢᠯᠡᠬᠦᠦ ᠬᠦᠨᠳᠦᠳᠭᠡᠵᠦ᠂ ᠠᠷᠠᠳ ᠤᠨ ᠲᠦᠯᠦᠬᠡ ᠪᠤᠳᠤᠯᠬᠢᠯᠠᠨ᠂ ᠲᠤᠷᠠᠳᠴᠤ ᠭᠠᠷᠭᠠᠭᠰᠠᠨ ᠬᠦᠭᠵᠢᠯᠳᠡ ᠶᠢᠨ  ᠠᠷᠭ᠎ᠠ ᠵᠠᠮ᠂ ᠠᠵᠢᠯ ᠤᠨ ᠪᠠᠶᠢᠷᠢᠯᠠᠭᠤᠯᠤᠯᠳᠠ᠂ ᠲᠦᠷᠦ ᠶᠢᠨ ᠪᠤᠳᠤᠯᠭ᠎ᠠ ᠶᠢᠨ ᠠᠷᠭ᠎ᠠ ᠭᠡᠮᠵᠢᠶ᠎ᠡ ᠶᠢ ᠪᠤᠳᠠᠳᠠᠢ ᠲᠠᠢ ᠨᠡᠩ ᠢᠯᠡᠬᠦᠦ ᠨᠡᠶᠢᠴᠡᠭᠦᠯᠵᠦ᠂ ᠤᠯᠠᠨ ᠲᠦᠮᠡᠨ ᠲᠠᠢ ᠨᠡᠩ ᠢᠯᠡᠬᠦᠦ  ᠤᠶᠢᠷᠠᠲᠤᠭᠤᠯᠵᠦ᠂ ᠲᠠᠶᠢᠹᠤᠰᠧ ᠬᠤᠰᠢᠭᠤᠨ ᠤ ᠬᠥᠭᠵᠢᠯᠲᠡ ᠶᠢᠨ ᠱᠠᠭᠠᠷᠳᠠᠯᠭ᠎ᠠ ᠳᠤ ᠨᠡᠩ ᠢᠯᠡᠭᠦᠦ ᠵᠤᠬᠢᠴᠠᠭᠤᠯᠬᠤ ᠭᠡᠷᠡᠭᠳᠡᠢ᠃           ᠬᠤᠶᠠᠷ ᠲᠤ᠂  ᠤᠷᠴᠢᠨ ᠲᠤᠭᠤᠷᠢᠨ ᠰᠢᠯᠢᠳᠡᠭᠵᠢᠭᠰᠡᠨ᠂ ᠦᠨᠳᠦᠷ ᠦᠷ᠎ᠡ ᠪᠦᠳᠦᠮᠵᠢ ᠲᠠᠢ ᠠᠵᠢᠯᠯᠠᠬᠤ ᠵᠠᠰᠠᠭ ᠤᠨ ᠤᠷᠳᠤᠨ ᠢ ᠪᠦᠳᠦᠭᠡᠨ  ᠪᠠᠶᠢᠭᠤᠯᠤᠨ᠎ᠠ᠃  2008 ᠤᠨ ᠪᠤᠯ ᠮᠠᠨ ᠤ ᠬᠤᠰᠢᠭᠤᠨ ᠤ ᠬᠦᠭᠵᠢᠯᠳᠡ ᠶᠢᠨ ᠤᠷᠴᠢᠨ ᠲᠤᠭᠤᠷᠢᠨ   ᠢᠶᠠᠨ ᠰᠢᠯᠢᠳᠡᠭᠵᠢᠬᠦᠯᠬᠦ ᠤᠨ ᠪᠤᠯᠬᠤ ᠶᠤᠮ᠃ ᠨᠢᠬᠡ ᠵᠢᠯ ᠤᠨ ᠲᠤᠷᠰᠢᠬᠢ ᠴᠢᠷᠮᠠᠶᠢᠯᠭ᠎ᠠ ᠪᠠᠷ ᠲᠠᠮᠵᠢᠨ᠂ ᠮᠠᠨ ᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠲᠠᠳᠠᠬᠤ ᠬᠦᠭᠵᠢᠯᠳᠡ ᠶᠢᠨ ᠤᠷᠴᠢᠨ ᠲᠤᠭᠤᠷᠢᠨ ᠨᠢ ᠨᠡᠯᠢᠶᠡᠳ ᠰᠠᠶᠢᠵᠢᠷᠠᠵᠤ᠂ ᠪᠦᠬᠦ ᠬᠤᠰᠢᠭᠤ ᠲᠠᠶᠠᠭᠠᠷ ᠲᠤ ᠠᠭᠤᠵᠢᠭᠤ ᠲᠦᠷᠦ ᠶᠢᠨ ᠪᠤᠳᠤᠯᠭ᠎ᠠ ᠶᠢᠨ ᠤᠷᠴᠢᠨ ᠲᠤᠭᠤᠷᠢᠨ ᠪᠤᠯᠤᠨ ᠤᠬᠢ ᠰᠠᠶᠢᠨ ᠦᠢᠯᠡᠴᠢᠯᠡᠭᠡᠨ ᠤ ᠤᠷᠴᠢᠨ ᠲᠤᠭᠤᠷᠢᠨ ᠤᠯᠠᠮ ᠢᠶᠠᠷ  ᠪᠦᠷᠢᠳᠴᠡᠢ᠃ ᠡᠨᠡ ᠵᠢᠯ ᠪᠢᠳᠡ ᠲᠦᠪᠯᠡᠷᠡᠬᠦᠯᠦᠨ ᠴᠡᠭᠴᠡᠯᠡᠬᠦ ᠠᠵᠢᠯᠯᠠᠭ᠎ᠠ ᠶᠢ ᠤᠯᠠᠮ ᠨᠢᠬᠡ ᠠᠯᠬᠤᠮ ᠡᠷᠴᠢᠮᠵᠢᠬᠦᠯᠵᠦ᠂     ︽ᠤᠷᠴᠢᠨ ᠲᠤᠭᠤᠷᠢᠨ ᠢ ᠰᠢᠯᠢᠳᠡᠭᠵᠢᠭᠦᠯᠬᠦ ᠵᠢᠯ︾   ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠠᠷᠠᠯᠵᠢᠶᠠᠴᠢᠨ ᠤᠷᠢᠵᠤ ᠪᠡᠯᠡ ᠲᠠᠳᠠᠬᠤ ᠲᠦᠷᠦᠯ ᠵᠦᠢᠯ ᠳᠤ ︽ᠨᠢᠬᠡ  ᠶᠠᠪᠤᠳᠠᠯ ᠢ ᠨᠢᠬᠡ ᠵᠦᠪᠯᠡᠬᠦ︾᠂ ︽ᠤᠨᠴᠠ ᠭᠡᠷᠡᠭ ᠢ ᠤᠨᠴᠠ ᠪᠠᠷ ᠰᠢᠢᠳᠪᠦᠷᠢᠯᠡᠬᠦ︾ ᠶᠢ ᠭᠡᠷᠡᠭᠵᠢᠬᠦᠯᠦᠨ᠎ᠡ᠃ ᠲᠦᠪᠯᠡᠷᠡᠬᠦᠯᠦᠨ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠲᠢᠩᠬᠢᠮ   ᠤᠨ ᠠᠵᠢᠯ ᠢ ᠡᠬᠢᠯᠡᠬᠦᠯᠵᠦ᠂ ᠤᠷᠢᠳᠠᠪᠠᠷ ᠤᠷᠤᠯᠴᠠᠭᠰᠠᠨ ᠪᠠᠶᠢᠭᠤᠯᠭ᠎ᠠ ᠨᠢᠭᠡᠴᠡ ᠨᠢ ᠪᠤᠳᠠᠳᠠᠢ ᠠᠵᠢᠯ ᠢᠶᠠᠨ ᠦᠷᠨᠢᠬᠦᠯᠦᠨ᠂ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠲᠢᠩᠬᠢᠮ ᠢ ᠲᠡᠬᠦᠯᠳᠡᠷᠵᠢᠬᠦᠯᠵᠦ᠂ ᠭᠠᠴᠠᠭ᠎ᠠ  ᠲᠤᠰᠬᠤᠨ ᠤ ᠤᠷᠤᠯᠠᠨ ᠬᠦᠢᠴᠡᠳᠭᠡᠬᠦ ᠴᠡᠭ ᠢ ᠪᠦᠷᠢᠨᠰᠢᠬᠦᠯᠦᠨ᠂ ᠬᠤᠰᠢᠭᠤ᠂ ᠰᠤᠮᠤ  ᠰᠢᠶᠠᠩ ᠪᠠᠯᠭᠠᠰᠤ᠂ ᠭᠠᠴᠠᠭ᠎ᠠ ᠲᠤᠰᠬᠤᠨ ᠤ ︽ᠭᠤᠷᠪᠠᠨ ᠱᠠᠳᠤ ᠪᠠᠷ ᠬᠤᠯᠪᠤᠭᠠᠯᠠᠨ ᠬᠦᠳᠡᠯᠦᠯᠴᠡᠬᠦ︾ ᠶᠢ ᠪᠡᠶᠡᠯᠡᠬᠦᠯᠦᠨ᠎ᠡ᠃ ᠠᠯᠪᠠᠨ ᠪᠠᠶᠢᠭᠤᠯᠭ᠎ᠠ ᠶᠢᠨ ᠬᠢᠷᠢ ᠪᠦᠳᠦᠮᠵᠢ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂  ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠠᠴᠠ ᠭᠠᠷᠳᠠᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ᠂ ᠦᠢᠯᠡᠴᠢᠯᠡᠭᠡᠨ ᠤ ᠠᠮᠠᠯᠠᠯᠳᠠ ᠶᠢᠨ ᠲᠦᠷᠢᠮ᠂ ᠬᠤᠭᠤᠴᠠᠭ᠎ᠠ ᠲᠤᠭᠳᠠᠨ ᠰᠢᠢᠳᠪᠦᠷᠢᠯᠡᠬᠦ ᠲᠦᠷᠢᠮ᠂ ᠨᠢᠭᠡᠯᠡ ᠲᠡᠭᠡᠷ᠎ᠡ ᠬᠠᠷᠢᠭᠤᠯᠳᠠ ᠦᠭᠭᠦ ᠲᠦᠷᠢᠮ᠂  ᠤᠰᠤᠯ ᠠᠯᠳᠠᠭ᠎ᠠ ᠶᠢ ᠨᠡᠭᠡᠮᠵᠢᠯᠡᠬᠦ ᠲᠦᠷᠢᠮ ᠪᠤᠯᠤᠨ ᠬᠢᠷᠢ ᠪᠦᠳᠦᠮᠵᠢ ᠶᠢ ᠬᠢᠨᠠᠨ ᠰᠢᠯᠭᠠᠬᠤ ᠲᠦᠷᠢᠮ ᠵᠡᠷᠭᠡ ᠠᠵᠢᠯ ᠤᠨ ᠲᠦᠷᠢᠮ ᠲᠤᠭᠳᠠᠭᠠᠯ ᠢ  ᠲᠤᠭᠳᠠᠵᠤ ᠪᠦᠷᠢᠨᠰᠢᠬᠦᠯᠦᠨ᠂ ᠲᠦᠪ ᠭᠤᠤᠯᠴᠢ  ᠪᠠᠷ ᠬᠠᠤᠯᠢ ᠬᠡᠷᠡᠭᠵᠢᠬᠦᠯᠵᠦ᠂ ᠪᠤᠯᠪᠠᠰᠤᠨ ᠢᠶᠠᠷ ᠬᠠᠤᠯᠢ ᠬᠡᠷᠡᠭᠵᠢᠬᠦᠯᠵᠦ᠂ ᠠᠷᠠᠳ ᠲᠦᠮᠡᠨ ᠪᠤᠯᠤᠨ ᠡᠵᠡᠩᠨᠡᠭᠴᠢᠳ  ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠂ ᠵᠠᠰᠠᠭ ᠤᠨ ᠤᠷᠳᠤᠨ ᠤ ᠠᠵᠢᠯ ᠤᠨ ᠦᠷ᠎ᠡ ᠪᠦᠳᠦᠮᠵᠢ ᠶᠢ ᠲᠡᠭᠡᠭᠰᠢᠡᠯᠬᠦᠯᠬᠦ ᠬᠡᠷᠡᠭᠳᠡᠢ᠃          ᠭᠤᠷᠪᠠ ᠳᠤ᠂  ᠬᠠᠤᠯᠢ ᠶᠤᠰᠤᠭᠠᠷ ᠵᠠᠰᠠᠭ ᠶᠠᠪᠤᠭᠤᠯᠵᠤ᠂ ᠠᠷᠢᠭᠤᠨ ᠴᠢᠭᠡᠴᠢ ᠵᠠᠰᠠᠭ ᠤᠨ ᠤᠷᠳᠤᠨ ᠢ  ᠪᠦᠳᠦᠭᠡᠨ ᠪᠠᠶᠢᠭᠤᠯᠤᠨ᠎ᠠ᠃   ᠳᠥᠷᠢᠮᠵᠢᠭᠦᠯᠥᠭᠰᠡᠨ ᠪᠢᠴᠢᠭ ᠮᠠᠲ᠋ᠧᠷᠢᠶᠠᠯ ᠤᠨ ᠲᠡᠮᠳᠡᠭᠯᠡᠵᠦ ᠬᠢᠨᠠᠨ ᠪᠠᠶᠢᠴᠠᠭᠠᠬᠤ ᠠᠵᠢᠯ ᠤᠨ  ᠶᠠᠪᠤᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠡᠷᠭᠡ ᠶᠢᠨ ᠶᠠᠪᠤᠭᠳᠠᠯ ᠢ ᠲᠦᠷᠢᠮᠵᠢᠬᠦᠯᠵᠦ᠂ ᠵᠠᠰᠠᠭ ᠤᠨ ᠤᠷᠳᠤᠨ ᠤ ᠬᠠᠤᠯᠢ ᠶᠤᠰᠤᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃  ᠠᠷᠠᠳᠴᠢᠯᠠᠯᠲᠤ ᠬᠠᠤᠯᠢ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠵᠤ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠪᠤᠯᠤᠨ ᠤᠯᠤᠰ ᠲᠦᠷᠦ ᠶᠢᠨ  ᠵᠦᠪᠯᠡᠯᠭᠡᠨ ᠤ ᠭᠡᠰᠢᠬᠦᠳ ᠤᠨ ᠰᠠᠨᠠᠯ  ᠵᠦᠪᠯᠡᠯᠭᠡ ᠶᠢ ᠰᠢᠢᠳᠪᠦᠷᠢᠯᠡᠬᠦ ᠠᠵᠢᠯ ᠢ ᠰᠠᠶᠢᠳᠤᠷ ᠪᠡᠶᠡᠯᠡᠬᠦᠯᠦᠨ᠎ᠡ᠃ ᠵᠠᠰᠠᠭ ᠤᠨ ᠤᠷᠳᠤᠨ  ᠤ  ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠵᠤ᠂  ᠵᠠᠰᠠᠭ ᠤᠨ ᠤᠷᠳᠤᠨ ᠤ ᠵᠠᠰᠠᠭ ᠤᠨ  ᠶᠠᠪᠤᠳᠠᠯ ᠢ ᠢᠯᠡ ᠪᠠᠶᠢᠯᠭᠠᠬᠤ ᠨᠡᠩ ᠢᠯᠠᠩᠭᠤᠶ᠎ᠠ ᠠᠵᠤ ᠠᠬᠤᠢ ᠶᠢᠨ ᠬᠦᠷᠢᠶ᠎ᠡ ᠬᠡᠪᠴᠢᠶᠠᠨ   ᠳᠠᠬᠢ  ᠴᠢᠬᠤᠯᠠ ᠶᠡᠭᠡ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ  ᠬᠦᠯᠢᠶᠡᠬᠦ  ᠵᠡᠷᠭᠡ ᠭᠤᠭᠴᠤᠭᠠᠨ ᠳᠤ ᠬᠠᠤᠯᠢ ᠳᠥᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠠᠢ᠃ ᠤᠳᠤᠷᠢᠳᠬᠤ ᠺᠠᠳᠠᠷ ᠤᠨ ︽ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢᠨ ᠲᠦᠷᠢᠮ ᠢ ᠪᠦᠬᠦ ᠲᠠᠯᠠᠪᠠᠷ ᠨᠠᠶᠢᠳᠠᠪᠤᠷᠢᠵᠢᠭᠤᠯᠵᠤ᠂ ᠰᠠᠯᠠᠭ᠎ᠠ ᠮᠦᠴᠢᠷ ᠤᠨ ᠤᠳᠤᠷᠢᠳᠤᠯᠭ᠎ᠠ ᠨᠢ ᠡᠷᠬᠢᠯᠡᠭᠰᠡᠨ ᠠᠵᠢᠯ  ᠳᠠᠭᠠᠨ ᠤᠳᠤᠷᠢᠳᠬᠤ ᠬᠠᠷᠢᠭᠤᠴᠠᠯᠭ᠎ᠠ ᠡᠬᠦᠷᠭᠡᠯᠡᠬᠦ ᠠᠴᠠ ᠭᠠᠳᠠᠨ᠎ᠠ ᠪᠠᠰᠠ ᠲᠤᠰ ᠰᠠᠯᠠᠭ᠎ᠠ ᠮᠦᠴᠢᠷ ᠤᠨ   ᠢᠶᠠᠨ  ᠴᠢᠭᠡᠴᠢ ᠵᠠᠰᠠᠭ ᠤᠨ ᠪᠠᠶᠢᠭᠤᠯᠤᠯᠳᠠ ᠳᠤ ᠤᠳᠤᠷᠢᠳᠬᠤ ᠬᠠᠷᠢᠭᠤᠴᠠᠯᠭ᠎ᠠ  ᠡᠭᠦᠷᠭᠡᠯᠡᠨ᠎ᠡ᠃ ᠲᠤᠮᠤ ᠴᠢᠬᠤᠯᠠ ᠬᠡᠷᠡᠭ ᠤᠴᠢᠷ ᠤᠨ ᠨᠡᠶᠢᠭᠡᠮ ᠲᠡᠭᠡᠷ᠎ᠡ ᠢᠯᠡ ᠵᠠᠷᠯᠠᠬᠤ᠂ ᠨᠡᠶᠢᠭᠡᠮ ᠤᠨ ᠬᠡᠷᠡᠴᠢᠯᠡᠯᠳᠡ ᠰᠤᠨᠤᠰᠬᠤ ᠪᠤᠯᠤᠨ ᠲᠤᠰᠬᠠᠢ ᠮᠡᠷᠭᠡᠵᠢᠯᠳᠡᠨ ᠠᠴᠠ  ᠯᠠᠪᠯᠠᠬᠤ ᠲᠦᠷᠢᠮ ᠢ ᠲᠡᠭᠦᠯᠳᠡᠷᠵᠢᠬᠦᠯᠵᠦ᠂ ᠪᠦᠳᠦᠭᠡᠨ ᠪᠠᠶᠢᠭᠤᠯᠤᠯᠳᠠ ᠶᠢᠨ  ᠢᠨᠵᠧᠨᠧᠷᠢᠩ  ᠤᠨ   ᠳᠠᠭᠠᠭᠠᠴᠢᠯᠠᠯᠲᠠ  ᠵᠠᠷᠯᠠᠵᠤ ᠬᠦᠯᠢᠶᠡᠬᠦ᠂ ᠡᠵᠡᠩᠨᠡᠯᠳᠡ ᠶᠢᠨ ᠴᠢᠨᠠᠷᠳᠠᠢ ᠭᠠᠵᠠᠷ ᠰᠢᠷᠤᠢ ᠶᠢᠨ ᠬᠡᠷᠡᠭᠯᠡᠭᠡᠨ ᠤ ᠡᠷᠭᠡ ᠶᠢ ᠨᠠᠶᠢᠷ ᠲᠠᠯᠪᠢᠬᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠪᠠ ᠦᠮᠴᠢᠯᠡᠬᠦ ᠡᠷᠬᠡ ᠶᠢᠨ ᠰᠤᠯᠢᠯᠴᠠᠭᠠᠨ ᠤ ᠲᠦᠷᠢᠮ ᠢ ᠲᠦᠷᠢᠮᠵᠢᠬᠦᠯᠵᠦ᠂ ᠲᠦᠷᠢᠮ ᠢᠶᠠᠷ ᠡᠷᠭᠡ ᠶᠢ ᠬᠠᠮᠢᠶᠠᠷᠴᠤ᠂ ᠬᠡᠷᠡᠭ ᠶᠠᠪᠤᠳᠠᠯ ᠢ ᠬᠠᠮᠢᠶᠠᠷᠴᠤ᠂ ᠬᠦᠮᠦᠨ ᠢ ᠬᠠᠮᠢᠶᠠᠷᠬᠤ ᠶᠢ ᠪᠡᠶᠡᠯᠡᠬᠦᠯᠦᠨ᠎ᠡ᠃          ᠲᠦᠯᠦᠭᠡᠯᠡᠭᠴᠢᠳ ᠡ  ︕  2009 ᠤᠨ ᠪᠤᠯ   ᠠᠵᠠ ᠲᠤᠬᠢᠶᠠᠯ ᠪᠤᠯᠤᠨ ᠦᠷᠢᠰᠦᠯᠳᠦᠭᠡᠨ ᠢᠶᠠᠷ  ᠪᠢᠯᠬᠠᠭᠰᠠᠨ ᠨᠢᠭᠡᠨ ᠵᠢᠯ ᠪᠤᠯᠬᠤ ᠶᠤᠮ᠃ ᠪᠢᠳᠡ ᠪᠦᠬᠦᠨ ᠳᠡᠭᠡᠳᠦ ᠱᠠᠲᠤᠨ ᠤ  ᠨᠠᠮ ᠤᠨ  ᠬᠤᠷᠢᠶ᠎ᠠ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ   ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠬᠦᠭᠵᠢᠯᠳᠡ ᠶᠢᠨ ᠡᠨᠡᠬᠦ ᠭᠤᠤᠯ ᠭᠤᠭᠴᠤᠭ᠎ᠠ ᠶᠢ ᠴᠢᠩᠭ᠎ᠠ ᠠᠳᠬᠤᠨ᠂ ᠪᠦᠬᠦ  ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠲᠠᠢ ᠪᠦᠯᠬᠦᠮᠳᠡᠨ ᠲᠦᠰᠢᠭᠯᠡᠵᠦ᠂ ᠤᠶᠤᠨ ᠰᠠᠨᠠᠭ᠎ᠠ ᠪᠠᠨ ᠲᠦᠪᠯᠡᠷᠡᠬᠦᠯᠦᠨ ᠪᠦᠳᠦᠭᠡᠨ ᠪᠠᠶᠢᠭᠤᠯᠤᠯᠳᠠ ᠬᠢᠵᠦ᠂ ᠨᠢᠭᠡ ᠰᠡᠳᠬᠢᠯ ᠨᠢᠭᠡ ᠵᠤᠷᠢᠭ ᠢᠶᠠᠷ ᠬᠦᠭᠵᠢᠬᠦᠯᠦᠯᠳᠡ ᠶᠢ ᠰᠦᠪᠡᠭᠴᠢᠯᠡᠨ᠂  ᠡᠨᠡ  ᠵᠢᠯ ᠤᠨ ᠡᠯ᠎ᠡ ᠲᠥᠷᠥᠯ ᠤᠨ ᠠᠵᠢᠯ ᠡᠭᠦᠷᠭᠡ   ᠪᠠᠨ ᠪᠥᠬᠦ ᠲᠠᠯ᠎ᠠ ᠪᠠᠷ ᠪᠡᠶᠡᠯᠡᠭᠦᠯᠵᠦ  ᠂ ᠰᠢᠯᠢᠳᠡᠭ ᠪᠥᠳᠦᠮᠵᠢ  ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠵᠢᠷᠠᠨ ᠵᠢᠯ ᠤᠨ ᠤᠢ ᠳᠤ ᠪᠡᠯᠡᠭ ᠪᠤᠯᠭᠠᠰᠤᠭᠠᠢ︕
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号