ᠲᠠᠶᠢᠹᠤᠰᠧ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ ︵19︶ | | | ᠵᠠᠰᠠᠭ ᠤᠨ ᠣᠷᠳᠣᠨ ᠤ ᠠᠵᠢᠯ ᠤᠨ ᠢᠯᠡᠳᠬᠡᠯ | 2010 | ᠣᠨ ᠤ 2 ᠰᠠᠷᠠᠶᠢᠨ 26 ᠤ ᠡᠳᠦᠷ ᠤᠨ ᠲᠠᠶᠢᠹᠤᠰᠧ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ | ᠤ | ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | | ᠬᠤᠰᠢᠭᠤ ᠳᠠᠷᠤᠭ᠎ᠠ ᠨᠠᠨ ᠵᠦᠩ ᠢᠦᠢ | ᠲᠦᠯᠦᠭᠡᠯᠡᠭᠴᠢᠳ ᠡ ᠄ | ᠳᠣᠣᠷ᠎ᠠ ᠪᠢ ᠬᠤᠰᠢᠭᠤ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ | ᠤᠨ ᠮᠡᠳᠡᠭᠦᠯᠦᠯᠲᠡ ᠬᠢᠶ᠎ᠡ ᠂ ᠬᠢᠨᠠᠨ ᠵᠥᠪᠯᠡᠬᠦ ᠪᠣᠯᠪᠠᠤ ᠃ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠣᠯᠣᠨ ᠬᠤᠷᠠᠯ ᠳᠤ ᠰᠤᠯᠨ ᠣᠷᠣᠯᠴᠠᠭᠰᠠᠨ ᠪᠦᠬᠦ ᠨᠥᠭᠳ ᠠᠴᠠ ᠰᠠᠨᠠᠯ ᠰᠢᠭᠦᠮᠵᠢ ᠪᠠᠨ | ᠳᠡᠪᠰᠢᠭᠦᠯᠦᠮᠦ᠃ | ᠨᠢᠭᠡ ᠂ 2009 ᠤᠨ ᠤ ᠠᠵᠢᠯ ᠤᠨ ᠡᠷᠭᠢᠴᠡᠭᠦᠯᠦᠯ | 2009 ᠣᠨ ᠪᠤᠯ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠳᠡ ᠬᠦᠴᠢᠷᠳᠡᠯ ᠳᠤ | ᠲᠤᠯᠠᠭᠠᠷᠠᠭᠰᠠᠨ ᠨᠢᠭᠡ ᠵᠢᠯ᠂ ᠮᠦᠨᠴᠦ ᠠᠮᠵᠢᠯᠳᠠ ᠤᠯᠤᠭᠰᠠᠨ ᠨᠢᠭᠡ ᠵᠢᠯ᠃ ᠨᠢᠭᠡ ᠵᠢᠯ ᠤᠨ ᠲᠤᠷᠰᠢ᠂ ᠠᠶᠢᠮᠠᠭ | ᠤᠨ ᠨᠠᠮ ᠤᠨ ᠬᠤᠷᠢᠶ᠎ᠠ ᠂ ᠠᠶᠢᠮᠠᠭ ᠤᠨ ᠵᠠᠬᠢᠷᠭ᠎ᠠ ᠬᠢᠭᠡᠳ ᠬᠤᠰᠢᠭᠤ ᠨᠠᠮ ᠤᠨ ᠬᠤᠷᠢᠶᠠᠨ ᠤ ᠵᠥᠪ | ᠣᠨᠣᠪᠴᠢᠲᠠᠢ ᠤᠳᠤᠷᠢᠳᠤᠯᠭ᠎ᠠ ᠳᠣᠣᠷ᠎ᠠ ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ ᠂ ᠵᠠᠰᠠᠭ ᠤᠨ ᠣᠷᠳᠣᠨ | ᠨᠢ ᠪᠦᠬᠦ ᠬᠤᠰᠢᠭᠤᠨ ᠤ ᠦᠷᠭᠡᠨ ᠤᠯᠠᠨ ᠺᠠᠳᠠᠷ ᠣᠯᠠᠨ ᠲᠦᠮᠡᠨ ᠢᠶᠠᠨ ᠲᠠᠭᠠᠭᠤᠯᠤᠨ ᠂ ᠰᠢᠨᠵᠢᠯᠡᠬᠦ | ᠤᠬᠠᠭᠠᠨᠴᠢ ᠬᠦᠭᠵᠢᠯᠳᠡ ᠶᠢᠨ ᠦᠵᠡᠯᠳᠡ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠯᠬᠦᠮᠳᠡᠨ | ᠲᠡᠮᠡᠴᠡᠵᠦ ᠬᠦᠴᠢᠷ ᠢ ᠢᠯᠠᠨ᠂ ᠠᠵᠢᠯ ᠢᠶᠠᠨ ᠪᠦᠳᠦᠭᠡᠯᠴᠢ ᠪᠠᠷ ᠦᠷᠨᠢᠬᠦᠯᠦᠭᠡᠳ ᠠᠵᠤ ᠠᠬᠤᠢ ᠨᠡᠶᠢᠭᠡᠮ ᠤᠨ | ᠡᠯ᠎ᠡ ᠲᠦᠷᠦᠯ ᠤᠨ ᠦᠢᠯᠡᠰ ᠪᠦᠷ ᠮᠡᠳᠡᠭᠳᠡᠮ᠎ᠡ ᠰᠢᠨ᠎ᠡ ᠬᠦᠭᠵᠢᠯᠳᠡ ᠲᠠᠢ ᠪᠤᠯᠤᠭᠰᠠᠨ ᠪᠠᠶᠢᠨ᠎ᠠ᠃ | ︵ᠨᠢᠭᠡ︶ ᠤᠯᠤᠰ ᠠᠷᠠᠳ ᠤᠨ ᠠᠵᠤ ᠠᠬᠤᠢ ᠡᠷᠡᠬᠦᠯ ᠢᠶᠠᠷ ᠬᠦᠭᠵᠢᠪᠡ᠃ 2009 ᠣᠨ ᠳᠤ | ᠪᠦᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 23.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ13.2% ᠢᠶᠠᠷ ᠨᠡᠮᠡᠭᠳᠡᠪᠡ᠃ ᠡᠭᠦᠨ | ᠳᠤ ᠨᠢᠭᠡᠳᠦᠭᠡᠷ ᠠᠵᠤ ᠦᠢᠯᠡᠰ 6.8 ᠳ᠋ᠦᠩᠰᠢᠭᠤᠷ ᠲᠦᠬᠦᠷᠢᠭ ᠪᠡᠶᠡᠯᠡᠬᠦᠯᠵᠦ᠂ 6.7% ᠪᠠᠷ ᠨᠡᠮᠡᠭᠳᠡᠨ︔ | ᠬᠤᠶᠠᠳᠤᠭᠠᠷ ᠠᠵᠤ ᠦᠢᠯᠡᠰ 8.2 ᠳ᠋ᠦᠩᠰᠢᠭᠤᠷ ᠲᠦᠬᠦᠷᠢᠭ ᠪᠡᠶᠡᠯᠡᠬᠦᠯᠵᠦ᠂ 16.8% ᠢᠶᠠᠷ ᠨᠡᠮᠡᠭᠳᠡᠨ᠂ ᠡᠬᠦᠨ | ᠤ ᠲᠤᠳᠤᠷ᠎ᠠ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 6.3 ᠳ᠋ᠦᠩᠰᠢᠭᠤᠷ ᠲᠥᠭᠦᠷᠢᠭ ᠲᠤ ᠬᠦᠷᠴᠦ᠂ 6. | 1% ᠪᠠᠷ ᠨᠡᠮᠡᠭᠳᠡᠨ᠂ ᠪᠠᠷᠢᠯᠭ᠎ᠠ ᠶᠢᠨ ᠦᠢᠯᠡᠰ ᠤᠨ ᠨᠡᠮᠡᠭᠳᠡᠯ ᠦᠷᠳᠡᠭ 1.9 ᠳ᠋ᠦᠩᠰᠢᠭᠤᠷ ᠲᠥᠭᠦᠷᠢᠭ ᠲᠤ | ᠬᠦᠷᠴᠦ᠂ 52.2% ᠢᠶᠠᠷ ᠨᠡᠮᠡᠭᠳᠡᠵᠡᠢ︔ ᠭᠤᠷᠪᠠᠳᠤᠭᠠᠷ ᠠᠵᠤ ᠦᠢᠯᠡᠰ 8.3 ᠳ᠋ᠦᠩᠰᠢᠭᠤᠷ ᠲᠦᠬᠦᠷᠢᠭ ᠢ | ᠪᠡᠶᠡᠯᠡᠬᠦᠯᠵᠦ᠂ 14.9% ᠪᠠᠷ ᠨᠡᠮᠡᠭᠳᠡᠪᠡ᠃ ᠡᠳ᠋ ᠤᠨ ᠵᠠᠰᠠᠭ ᠤᠨ ᠣᠷᠣᠯᠭ᠎ᠠ 1.014 ᠳ᠋ᠦᠩᠰᠢᠭᠤᠷ | ᠲᠦᠬᠦᠷᠢᠭ ᠲᠤ ᠬᠦᠷᠴᠦ᠂ ᠲᠤᠬᠢᠷᠠᠭᠤᠯᠤᠭᠰᠠᠨ ᠲᠦᠰᠦᠪ ᠤᠨ ᠢᠶᠠᠨ101.4% ᠶᠢ ᠪᠡᠶᠡᠯᠡᠬᠦᠯᠦᠭᠰᠡᠨ ᠪᠠᠶᠢᠨ᠎ᠠ᠃ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ | 13881 ᠲᠦᠬᠦᠷᠢᠭ ᠲᠤ ᠬᠦᠷᠴᠦ᠂ 17.3% ᠪᠠᠷ ᠨᠡᠮᠡᠭᠳᠡᠨ ᠂ ᠲᠠᠷᠢᠶᠠᠴᠢᠨ ᠮᠠᠯᠴᠢᠨ ᠤ ᠬᠦᠮᠦᠨ ᠳᠤᠮᠳᠠᠴᠢ | ᠴᠡᠪᠡᠷ ᠤᠷᠤᠯᠭ᠎ᠠ 4659 ᠲᠦᠬᠦᠷᠢᠭ ᠪᠠ 6018 ᠲᠦᠭᠦᠷᠢᠭ ᠲᠤ ᠬᠦᠷᠴᠦ᠂ ᠲᠤᠰᠪᠤᠷᠢ13.6% ᠪᠠ 14. | 9% ᠪᠠᠷ ᠨᠡᠮᠡᠭᠳᠡᠪᠡ᠃ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ20.2 | ᠳ᠋ᠦᠩᠰᠢᠭᠤᠷ ᠲᠦᠬᠦᠷᠢᠭ ᠲᠤ ᠬᠦᠷᠴᠦ᠂ 37.1% ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ | ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 8.7 ᠳ᠋ᠦᠩᠰᠢᠭᠤᠷ ᠲᠦᠬᠦᠷᠢᠭ ᠲᠤ ᠬᠦᠷᠴᠦ᠂ 19.3% ᠪᠠᠷ | ᠨᠡᠮᠡᠭᠳᠡᠵᠡᠢ᠃ | ︵ᠬᠤᠶᠠᠷ︶ ᠠᠮᠢ ᠠᠬᠤᠢ ᠶᠢᠨ ᠬᠠᠮᠠᠭᠠᠯᠠᠯᠲᠠ ᠪᠠ ᠪᠠᠶᠢᠭᠤᠯᠤᠯᠲᠠ ᠮᠡᠳᠡᠭᠳᠡᠮ᠎ᠡ ᠠᠮᠵᠢᠯᠳᠠ ᠤᠯᠪᠠ | ᠃ | ᠪᠦᠬᠦ ᠵᠢᠯ ᠳᠤ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠲᠠᠯᠠᠪᠠᠢ 12.7 | ᠲᠦᠮᠡᠨ ᠮᠤ᠋ ᠶᠢ ᠪᠡᠶᠡᠯᠡᠬᠦᠯᠵᠦ᠂ ᠡᠬᠦᠨ ᠤ ᠲᠤᠳᠤᠷ᠎ᠠ᠂ ᠬᠦᠮᠦᠨ ᠤ ᠬᠦᠴᠦ ᠪᠠᠷ ᠮᠤᠳᠤ ᠲᠠᠷᠢᠬᠤ ᠲᠠᠯᠠᠪᠠᠢ 5 | ᠲᠦᠮᠡᠨ ᠮᠤ᠋᠂ ᠠᠭᠤᠯᠠ ᠶᠢ ᠪᠢᠳᠡᠬᠦᠮᠵᠢᠯᠡᠵᠦ ᠮᠤᠳᠤ ᠲᠠᠷᠢᠬᠤ ᠲᠠᠯᠠᠪᠠᠢ 4 ᠲᠦᠮᠡᠨ ᠮᠤ᠋᠂ ᠪᠠᠭ᠎ᠠ ᠰᠠᠪᠠ ᠭᠠᠵᠠᠷ ᠤᠨ | ᠵᠠᠰᠠᠯᠳᠠ2.7 ᠲᠦᠮᠡᠨ ᠮᠤ᠋᠂ ᠲᠤᠤᠷ ᠬᠦᠷᠢᠶ᠎ᠡ ᠪᠠᠷ ᠪᠢᠳᠡᠬᠦᠮᠵᠢᠯᠡᠨ ᠤᠶᠢᠵᠢᠭᠤᠯᠬᠤ ᠲᠠᠯᠠᠪᠠᠢ 1 ᠲᠦᠮᠡᠨ ᠮᠤ᠋᠂ | ᠲᠤᠯᠠᠭᠠᠨ ᠰᠠᠷᠠᠪᠴᠢ ᠶᠢᠨ ᠪᠠᠶᠢᠭᠤᠯᠤᠯᠳᠠ 1.2 ᠲᠦᠮᠡᠨ ᠬᠠᠪᠳᠠᠭᠠᠢ ᠲᠦᠷᠪᠡᠯᠵᠢᠨ ᠮᠧᠲᠷ᠂ ᠠᠷᠪᠢᠳᠠᠢ ᠤᠰᠤᠯᠠᠯᠳᠠ | ᠶᠢᠨ ᠲᠠᠯᠠᠪᠠᠢ 290 ᠰᠠᠭᠤᠷᠢ᠂ ᠠᠮᠢ ᠠᠬᠤᠢ ᠶᠢᠨ ᠨᠡᠬᠦᠳᠡᠯ ᠠᠷᠠᠳ124 ᠡᠷᠦᠭᠡ ᠶᠢᠨ560 ᠬᠦᠮᠦᠨ ᠪᠠᠭᠳᠠᠨ᠎ᠠ᠃ | ᠲᠠᠷᠢᠶᠠᠯᠠᠬᠤ ᠤᠷᠤᠨ ᠳᠤ ᠦᠬᠡᠷ ᠠᠴᠠ ᠪᠤᠰᠤᠳ ᠮᠠᠯ ᠢ ᠪᠦᠬᠦ ᠵᠢᠯ ᠢᠶᠠᠷ ᠬᠠᠰᠢᠶᠠᠯᠠᠨ ᠮᠠᠯᠵᠢᠬᠤ ᠲᠦᠷᠢᠮ ᠢ | ᠦᠷᠬᠦᠯᠵᠢᠯᠡᠨ ᠭᠡᠷᠡᠭᠵᠢᠬᠦᠯᠵᠦ᠂ ᠮᠠᠯᠵᠢᠬᠤ ᠤᠷᠤᠨ ᠳᠤ ᠢᠮᠠᠭ᠎ᠠ ᠶᠢ ᠪᠦᠬᠦ ᠵᠢᠯ ᠢᠶᠠᠷ ᠬᠠᠰᠢᠶᠠᠯᠠᠨ ᠮᠠᠯᠵᠢᠵᠤ᠂ | ᠪᠤᠭ ᠮᠠᠯ ᠢ ᠪᠦᠬᠦ ᠵᠢᠯ ᠢᠶᠠᠷ ᠬᠠᠰᠢᠶᠠᠯᠠᠬᠤ ᠲᠤᠷᠰᠢᠯᠳᠠ ᠶᠢᠨ ᠴᠡᠭ ᠤᠨ ᠠᠵᠢᠯ ᠢᠯᠡᠳᠳᠡ ᠠᠮᠵᠢᠯᠳᠠ ᠤᠯᠵᠠᠢ ᠃ | ᠠᠮᠢ ᠠᠬᠤᠢ ᠶᠢᠨ ᠵᠠᠯᠭᠠᠮᠵᠢ ᠠᠵᠤ ᠦᠢᠯᠡᠰ ᠢ ᠬᠦᠴᠦ ᠲᠠᠯᠪᠢᠨ ᠬᠥᠭᠵᠢᠭᠦᠯᠵᠦ᠂ 6 ᠲᠦᠮᠡᠨ ᠮᠦ ᠵᠡᠷᠯᠢᠭ | ᠲᠠᠤᠯᠠᠢ ᠶᠢᠨ ᠪᠦᠭᠡᠷ᠎ᠡ ᠶᠢᠨ ᠮᠤᠳᠤ᠂1 ᠲᠦᠮᠡᠨ ᠮᠦ ᠴᠢᠨᠠᠷᠯᠢᠭ ᠲᠡᠵᠢᠬᠡᠯ ᠡᠪᠡᠰᠦ ᠲᠠᠷᠢᠵᠤ᠂ ᠪᠠᠰᠠ ᠲᠦᠮᠡᠨ ᠮᠤ᠋ | ᠬᠡᠭᠡᠷ᠎ᠡ ᠶᠢᠨ ᠭᠦᠢᠯᠡᠰᠦ ᠶᠢᠨ ᠤᠢ ᠳᠤ ᠴᠢᠬᠢ ᠵᠠᠯᠭᠠᠯᠳᠠ ᠪᠠ ᠦᠬᠡᠷᠡᠴᠢᠯᠡᠯᠳᠡ ᠬᠢᠪᠡ ᠃ ᠡᠶᠢᠨᠬᠦ ᠠᠮᠢ ᠠᠬᠤᠢ ᠶᠢᠨ | ᠪᠠᠶᠢᠭᠤᠯᠤᠯᠳᠠ ᠶᠢᠨ ᠶᠠᠰᠤ ᠴᠢᠨᠠᠷ ᠳᠡᠭᠡᠭᠰᠢᠯᠡᠵᠦ ᠂ ᠮᠡᠳᠡᠭᠳᠡᠮ᠎ᠡ ᠦᠷ᠎ᠡ ᠠᠰᠢᠭ ᠣᠯᠣᠭᠰᠠᠨ ᠪᠠᠶᠢᠨ᠎ᠠ᠃ | ︵ᠭᠤᠷᠪᠠ︶ ᠮᠠᠯᠵᠢᠬᠤ ᠲᠠᠷᠢᠶᠠᠯᠠᠬᠤ ᠤᠷᠤᠨ ᠤ ᠡᠯ᠎ᠡ ᠲᠦᠷᠦᠯ ᠤᠨ ᠠᠵᠢᠯ ᠯᠠᠪᠳᠠᠭᠤᠨ ᠢᠶᠠᠷ | ᠠᠬᠢᠪᠠ᠃ | ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ | ᠲᠠᠰᠤᠷᠠᠯᠳᠠ ᠦᠬᠡᠢ ᠴᠢᠩᠭᠠᠷᠠᠵᠤ᠂ ᠠᠷᠪᠢᠳᠠᠢ ᠤᠰᠤᠯᠠᠯᠳᠠ ᠶᠢᠨ ᠤᠷᠤᠨ ᠲᠤᠭᠤᠷᠢᠭ 3.9 ᠲᠦᠮᠡᠨ ᠮᠤ᠋ ᠰᠢᠨ᠎ᠡ | ᠪᠠᠷ ᠨᠡᠮᠡᠭᠳᠡᠨ᠂ ᠤᠰᠤᠯᠠᠯᠳᠠ ᠶᠢᠨ ᠲᠠᠯᠠᠪᠠᠢ 25.48 ᠲᠦᠮᠡᠨ ᠮᠤ᠋ ᠳᠤ ᠬᠦᠷᠴᠦ᠂ ᠤᠯᠤᠰ ᠠᠴᠠ ᠮᠠᠨ ᠤ | ᠬᠤᠰᠢᠭᠤ ᠶᠢ ᠵᠢᠵᠢᠭ ᠭᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠳᠠ ᠶᠢᠨ ᠭᠤᠤᠯᠳᠠᠯᠭ᠎ᠠ ᠲᠠᠢ | ᠬᠤᠰᠢᠭᠤ ᠪᠠ ᠲᠤᠮᠳᠠ ᠵᠢᠵᠢᠭ ᠭᠤᠤᠯ ᠤᠨ ᠤᠷᠤᠰᠬᠠᠯ ᠢ ᠵᠠᠰᠠᠬᠤ ᠠᠵᠢᠯ ᠤᠨ ᠲᠤᠷᠰᠢᠯᠳᠠ ᠶᠢᠨ ᠴᠡᠭ ᠤᠨ | ᠬᠤᠰᠢᠭᠤ ᠪᠤᠯᠭᠠᠭᠰᠠᠨ ᠪᠠᠶᠢᠨ᠎ᠠ᠃ ᠲᠦᠮᠦᠰᠦ ᠲᠠᠷᠢᠬᠤ ᠮᠡᠷᠭᠡᠵᠢᠯ ᠤᠨ ᠵᠢᠱᠢᠶ᠎ᠡ ᠦᠵᠡᠬᠦᠯᠬᠦ ᠤᠷᠤᠨ ᠲᠤᠭᠤᠷᠢᠭ | 32 ᠰᠠᠭᠤᠷᠢ᠂ 2.2 ᠲᠦᠮᠡᠨ ᠮᠤ᠋ ᠨᠡᠮᠡᠭᠳᠡᠵᠦ᠂ ᠨᠡᠶᠢᠳᠡ 167 ᠰᠠᠭᠤᠷᠢ᠂ 12.4 ᠲᠦᠮᠡᠨ ᠮᠤ᠋ ᠳᠤ ᠬᠦᠷᠴᠦ᠂ | ᠪᠦᠬᠦ ᠤᠯᠤᠰ ᠤᠨ ᠲᠦᠮᠦᠰᠦᠨ ᠤ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠵᠢᠱᠢᠶ᠎ᠡ ᠦᠵᠡᠬᠦᠯᠬᠦ ᠬᠤᠰᠢᠭᠤ᠂ | ᠲᠦᠮᠦᠰᠦᠨ ᠤ ᠦᠨᠳᠦᠷ ᠤᠨᠠᠯᠳᠠ ᠶᠢ ᠡᠬᠦᠳᠬᠦ ᠵᠢᠱᠢᠶ᠎ᠡ ᠦᠵᠡᠬᠦᠯᠬᠦ ᠬᠤᠰᠢᠭᠤ ᠪᠠ ᠦᠪᠡᠷᠳᠡᠭᠡᠨ ᠵᠠᠰᠠᠬᠤ ᠤᠷᠤᠨ | ᠤ ᠤᠳᠤ ᠦᠶ᠎ᠡ ᠶᠢᠨ ᠲᠠᠷᠢᠶᠠᠯᠠᠩ ᠤᠨ ᠲᠦᠮᠦᠰᠦᠨ ᠤ ᠠᠵᠤ ᠦᠢᠯᠡᠰ ᠤᠨ ᠪᠦᠰᠡ ᠶᠢᠨ ᠵᠢᠱᠢᠶ᠎ᠡ ᠦᠵᠡᠬᠦᠯᠬᠦ | ᠬᠤᠰᠢᠭᠤ ᠪᠤᠯᠪᠠ᠃ ᠢᠳᠡᠰᠢᠨ ᠨᠤᠭᠤᠭᠠᠨ ᠤ ᠲᠤᠮᠤ ᠬᠦᠯᠡᠮᠵᠢ 2132 ᠰᠠᠭᠤᠷᠢ᠂ 1264 ᠮᠤ᠋ ᠶᠢ ᠰᠢᠨ᠎ᠡ | ᠪᠠᠷ ᠪᠠᠶᠢᠭᠤᠯᠵᠤ᠂ ᠨᠡᠶᠢᠳᠡ 11165 ᠰᠠᠭᠤᠷᠢ᠂ 5347 ᠮᠤ᠋ ᠳᠤ ᠬᠦᠷᠴᠦ︔ ᠭᠠᠵᠠᠷ ᠬᠠᠭᠠᠰ | ᠰᠠᠭᠤᠯᠭᠠᠭᠰᠠᠨ ᠪᠠᠷᠢᠮᠵᠢᠶᠠᠳᠤ ᠲᠤᠯᠠᠭᠠᠨ ᠬᠦᠯᠡᠮᠵᠢ 33 ᠰᠠᠭᠤᠷᠢ᠂ 33 ᠮᠤ᠋ ᠶᠢ ᠪᠠᠶᠢᠭᠤᠯᠪᠠ᠃ ᠨᠠᠮᠤᠭ ᠤᠨ ᠬᠡᠢ | ᠶᠢᠨ ᠰᠢᠨ᠎ᠡ ᠡᠨᠧᠷᠬᠢ ᠶᠢᠨ ᠡᠷᠦᠬᠡ 3400 ᠨᠡᠮᠡᠭᠳᠡᠵᠦ᠂ ᠨᠡᠶᠢᠳᠡ 7624 ᠡᠷᠦᠬᠡ ᠨᠠᠮᠤᠭ ᠤᠨ ᠬᠡᠢ ᠠᠰᠢᠭᠯᠠᠬᠤ | ᠪᠤᠯᠵᠠᠢ᠃ | ᠲᠠᠷᠢᠵᠤ ᠮᠠᠯᠵᠢᠬᠤ ᠦᠢᠯᠡᠰ ᠤᠨ ᠪᠦᠳᠦᠴᠡ ᠤᠯᠠᠮ ᠨᠢᠭᠡ ᠠᠯᠬᠤᠮ ᠰᠢᠯᠢᠳᠡᠭᠵᠢᠪᠡ ᠃ ᠪᠦᠬᠦ | ᠬᠤᠰᠢᠭᠤᠨ ᠤ ᠲᠠᠷᠢᠮᠠᠯ ᠤᠨ ᠶᠡᠷᠦᠩᠬᠡᠢ ᠲᠠᠯᠠᠪᠠᠢ 111.5ᠲᠦᠮᠡᠨ ᠮᠤ᠋ ᠳᠤ ᠬᠦᠷᠴᠦ᠂ ᠡᠬᠦᠨ ᠤ ᠲᠤᠳᠤᠷ᠎ᠠ | ᠢᠳᠡᠰᠢᠨ ᠨᠣᠭᠤᠭ᠎ᠠ᠂ ᠲᠥᠮᠥᠰᠥ ᠲᠠᠷᠢᠬᠤ ᠲᠠᠯᠠᠪᠠᠢ ᠲᠤᠰᠪᠤᠷᠢ 15ᠲᠦᠮᠡᠨᠮᠦ ᠪᠠ 32ᠲᠦᠮᠡᠨ ᠮᠦ ᠳᠤ ᠬᠦᠷᠪᠡ᠃ | ᠦᠨᠳᠦᠷ ᠤᠨᠠᠯᠳᠠᠳᠤ ᠪᠤᠷᠳᠤᠭᠠᠨ ᠰᠠᠭᠤᠷᠢᠨ ᠭᠠᠵᠠᠷ 13.2 ᠲᠦᠮᠡᠨ ᠮᠤ᠋ ᠳᠤ ᠬᠦᠷᠴᠦ᠂ ᠠᠮᠤ ᠪᠤᠳᠠᠭ᠎ᠠ᠂ | ᠠᠵᠤ ᠠᠬᠤᠢ ᠶᠢᠨ ᠲᠠᠷᠢᠮᠠᠯ ᠪᠤᠯᠤᠨ ᠡᠪᠡᠰᠦᠨ ᠤ ᠬᠠᠷᠢᠴᠠᠯ ᠢ 39.8᠄ 48᠄ 12.2 ᠪᠤᠯᠭᠠᠨ | ᠲᠤᠬᠢᠷᠠᠭᠤᠯᠤᠭᠰᠠᠨ ᠪᠠᠶᠢᠨ᠎ᠠ᠃ ᠮᠠᠯᠵᠢᠯ ᠣᠨᠣᠨᠳᠤ ᠮᠠᠯ ᠤᠨ ᠲᠤᠭ᠎ᠠ ᠲᠤᠯᠤᠭᠠᠢ16.7 ᠲᠦᠮᠡ ᠳᠤ ᠬᠦᠷᠴᠦ᠂ | ᠡᠬᠦᠨ ᠳᠤ ᠰᠠᠭᠠᠯᠢ ᠵᠢᠨᠦᠨᠢᠶᠡ 3.5 ᠲᠦᠮᠨ᠂ ᠮᠢᠬᠠᠨ ᠤ ᠦᠬᠡᠷ 2.6 ᠲᠦᠮᠡᠨ ᠲᠤᠯᠤᠭᠠᠢ ᠳᠤ ᠬᠦᠷᠴᠦ᠂ | ᠲᠤᠰᠪᠤᠷᠢ 2.9% ᠪᠠ 29% ᠪᠠᠷ ᠨᠡᠮᠡᠭᠳᠡᠨ᠂ ᠮᠠᠯ ᠤᠨ ᠲᠤᠭ᠎ᠠ ᠲᠤᠯᠤᠭᠠᠢ ᠠᠳᠠᠯᠢ ᠬᠤᠭᠤᠴᠠᠭᠠᠨᠡᠴᠠ 2. | 3% ᠪᠠᠷ ᠪᠠᠭᠤᠷᠠᠵᠤ᠂ ᠡᠬᠦᠯᠳᠡᠷ ᠰᠠᠶᠢᠵᠢᠷᠠᠯᠳᠠ 96% ᠳᠤ ᠬᠦᠷᠴᠡᠢ᠃ | ᠮᠠᠯᠴᠢᠨ ᠲᠠᠷᠢᠶᠠᠴᠢᠨ ᠤ ᠵᠤᠬᠢᠶᠠᠨ ᠪᠠᠶᠢᠭᠤᠯᠵᠢᠭᠰᠠᠨ ᠭᠡᠮᠵᠢᠶ᠎ᠡ ᠲᠠᠰᠤᠷᠠᠯᠳᠠ ᠦᠬᠡᠢ ᠲᠡᠭᠡᠭᠰᠢᠯᠡᠪᠡ᠃ | ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠨᠡᠶᠢᠳᠡ 126 ᠪᠤᠯᠤᠨ ᠬᠦᠭᠵᠢᠵᠦ᠂ ᠪᠦᠬᠦ | ᠬᠤᠰᠢᠭᠤᠨ ᠤ 44% ᠶᠢᠨ ᠭᠠᠴᠠᠭ᠎ᠠ ᠲᠤᠰᠬᠤᠨ ᠢ ᠬᠠᠮᠤᠷᠴᠤ᠂ 2514 ᠡᠷᠦᠭᠡ ᠶᠢᠨ 8125 ᠬᠦᠮᠦᠨ | ᠬᠤᠷᠰᠢᠶᠠᠨ ᠳᠤ ᠤᠷᠤᠭᠠᠳ ᠤᠳᠤ ᠬᠤᠷᠰᠢᠶᠠᠵᠢᠯ ᠬᠤᠯᠪᠤᠭᠠᠯᠠᠯ ᠨᠢ ᠲᠠᠷᠢᠬᠤ᠂ ᠮᠠᠯᠵᠢᠬᠤ᠂ ᠪᠤᠯᠪᠠᠰᠤᠷᠠᠭᠤᠯᠬᠤ ᠪᠠ | ᠦᠢᠯᠡᠴᠢᠯᠡᠬᠦ ᠡᠯ᠎ᠡ ᠲᠠᠯᠠᠪᠠᠷ ᠵᠤᠬᠢᠴᠠᠩᠭᠤᠢ ᠬᠦᠭᠵᠢᠬᠦ ᠬᠠᠨᠳᠤᠰᠢ ᠲᠠᠢ ᠪᠤᠯᠵᠠᠢ᠃ | ᠮᠠᠯᠴᠢᠨ ᠲᠠᠷᠢᠶᠠᠴᠢᠨ ᠤ ᠰᠢᠯᠵᠢᠯᠳᠡ ᠶᠢᠨ ᠪᠤᠯᠪᠠᠰᠤᠷᠠᠯ ᠪᠤᠳᠠᠳᠤ ᠪᠦᠳᠦᠮᠵᠢ ᠤᠯᠪᠠ᠃ ᠪᠦᠬᠦ ᠵᠢᠯ ᠳᠤ | 9540 ᠮᠠᠯᠴᠢᠨ ᠲᠠᠷᠢᠶᠠᠴᠢᠨ ᠳᠤ ᠪᠤᠯᠪᠠᠰᠤᠷᠠᠯ ᠬᠦᠷᠳᠡᠭᠡᠨ᠂ 16063 ᠬᠦᠳᠡᠯᠮᠦᠷᠢ ᠬᠦᠴᠦᠨ ᠢ | ᠰᠢᠯᠵᠢᠬᠦᠯᠦᠭᠡᠳ᠂ ᠪᠤᠯᠪᠠᠰᠤᠷᠠᠯ ᠢᠶᠠᠷ ᠲᠠᠮᠵᠢᠵᠤ ᠠᠵᠢᠯ ᠤᠯᠤᠭᠰᠠᠨ ᠨᠤᠷᠮ᠎ᠠ 85% ᠳᠤ ᠬᠦᠷᠴᠡᠢ᠃ | ᠪᠡᠯᠡ ᠤᠷᠤᠭᠤᠯᠤᠯᠳᠠ ᠶᠢᠨ ᠡᠷᠴᠢᠮ ᠦᠷᠬᠦᠯᠵᠢᠯᠡᠨ ᠴᠢᠩᠭᠠᠷᠠᠪᠠ᠃ ᠤᠳᠤ ᠦᠶ᠎ᠡ ᠶᠢᠨ ᠮᠠᠯ ᠲᠠᠷᠢᠶᠠᠯᠠᠩ᠂ | ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ᠂ ᠨᠢᠭᠡ ᠭᠡᠷᠡᠭ ᠢ ᠨᠢᠭᠡ ᠵᠦᠪᠯᠡᠬᠦ᠂ ᠲᠠᠷᠢᠶᠠᠯᠠᠩ ᠤᠨ | ᠶᠡᠷᠦᠩᠬᠡᠶᠢᠯᠡᠭᠰᠡᠨ ᠨᠡᠭᠡᠭᠡᠯᠳᠡ ᠵᠡᠷᠭᠡ ᠮᠠᠯ ᠲᠠᠷᠢᠶᠠᠯᠠᠩ ᠳᠤ ᠬᠤᠯᠪᠤᠭᠳᠠᠭᠰᠠᠨ ᠡᠯ᠎ᠡ ᠲᠦᠷᠦᠯ ᠤᠨ ᠪᠡᠯᠡ ᠮᠦᠩᠬᠦ 1. | 63 ᠳ᠋ᠦᠩᠰᠢᠭᠤᠷ ᠲᠦᠬᠦᠷᠢᠭ ᠢ ᠲᠤᠬᠢᠷᠠᠭᠤᠯᠵᠤ᠂ ᠮᠠᠯ ᠲᠠᠷᠢᠶᠠᠯᠠᠩ ᠢ ᠲᠡᠳᠬᠦᠬᠦ ᠵᠢᠭᠡᠯᠡᠯᠭᠡ ᠶᠢᠨ ᠮᠦᠩᠬᠦ 4.8 | ᠳ᠋ᠦᠩᠰᠢᠭᠤᠷ ᠲᠦᠬᠦᠷᠢᠭ ᠢ ᠲᠠᠷᠬᠠᠭᠠᠨ᠂ ᠲᠠᠷᠢᠶᠠᠯᠠᠭ᠎ᠠ ᠶᠢ ᠵᠤᠭᠰᠤᠭᠠᠵᠤ ᠤᠢ ᠮᠤᠳᠤ ᠶᠢ ᠰᠡᠷᠭᠦᠬᠡᠬᠦ ᠨᠦᠬᠦᠪᠦᠷᠢ᠂ | ᠠᠮᠤ ᠦᠷ᠎ᠡ ᠶᠢᠨ ᠰᠢᠭᠤᠳ ᠨᠦᠬᠦᠪᠦᠷᠢ᠂ ᠲᠠᠷᠢᠶᠠᠯᠠᠩ ᠤᠨ ᠮᠠᠰᠢᠨ ᠲᠦᠬᠦᠭᠡᠷᠦᠮᠵᠢ ᠬᠤᠳᠠᠯᠳᠤᠨ ᠠᠪᠬᠤ | ᠨᠦᠬᠦᠪᠦᠷᠢ ᠵᠡᠷᠭᠡ 1.06 ᠳ᠋ᠦᠩᠰᠢᠭᠤᠷ ᠲᠦᠬᠦᠷᠢᠭ ᠤᠨ ᠨᠦᠬᠦᠪᠦᠷᠢ ᠮᠦᠩᠬᠦ ᠶᠢ ᠲᠠᠷᠬᠠᠭᠠᠪᠠ᠃ ᠮᠠᠯ | ᠲᠠᠷᠢᠶᠠᠯᠠᠩ ᠤᠨ ᠲᠠᠭᠠᠳᠬᠠᠯ ᠤᠨ ᠮᠦᠩᠬᠦ 2276ᠲᠦᠮᠡᠨ ᠲᠦᠬᠦᠷᠢᠭ ᠲᠤ ᠬᠦᠷᠴᠦ᠂ ᠲᠦᠯᠦᠪᠦᠷᠢ ᠶᠢᠨ ᠮᠦᠩᠬᠦ | 1158 ᠲᠦᠮᠡᠨ ᠲᠦᠬᠦᠷᠢᠭ ᠲᠤ ᠬᠦᠷᠴᠡᠢ᠃ ᠡᠳ᠋ ᠤᠨ ᠵᠠᠰᠠᠭ ᠤᠨ ᠨᠦᠬᠦᠪᠦᠷᠢ ᠤᠯᠭᠤᠬᠤ ᠺᠠᠷᠲ 56449 ᠶᠢ | ᠲᠠᠷᠬᠠᠭᠠᠨ᠂ ︽ᠨᠢᠭᠡ ᠺᠠᠷᠲ ᠪᠠᠷ ᠤᠯᠭᠤᠬᠤ︾ ᠭᠡᠯᠪᠡᠷᠢ ᠪᠠᠷ ᠮᠠᠯᠴᠢᠨ ᠲᠠᠷᠢᠶᠠᠴᠢᠨ ᠳᠤ ᠨᠡᠶᠢᠳᠡ 5631 | ᠲᠦᠮᠡᠨ ᠲᠦᠬᠦᠷᠢᠭ ᠤᠨ ᠨᠦᠬᠦᠪᠦᠷᠢ ᠲᠠᠷᠬᠠᠭᠠᠭᠰᠠᠨ ᠪᠠᠶᠢᠨ᠎ᠠ᠃ | ︵ᠲᠦᠷᠪᠡ︶ ᠠᠵᠤ ᠦᠢᠯᠡᠳᠪᠦᠷᠢ ᠶᠢᠨ ᠠᠵᠤ ᠠᠬᠤᠢ ᠲᠤᠭᠳᠠᠭᠤᠨ ᠢᠶᠠᠷ ᠶᠠᠪᠤᠭᠳᠠᠪᠠ᠃ | ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 1 ᠡᠷᠦᠬᠡ ᠨᠡᠮᠡᠭᠳᠡᠵᠦ᠂ | ᠨᠡᠶᠢᠳᠡ 2 5 ᠡᠷᠦᠬᠡ ᠬᠦᠷᠦᠭᠡᠳ᠂ ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ 4.2 ᠳ᠋ᠦᠩᠰᠢᠭᠤᠷ ᠲᠦᠬᠦᠷᠢᠭ ᠢ ᠪᠡᠶᠡᠯᠡᠬᠦᠯᠦᠨ᠂ ᠠᠳᠠᠯᠢ ᠬᠤᠭᠤᠴᠠᠭᠠᠨ ᠠᠴᠠ1.2% ᠪᠠᠷ ᠨᠡᠮᠡᠭᠳᠡᠪᠡ᠃ | | ᠲᠠᠯ᠎ᠠ ᠨᠤᠲᠤᠭ ᠤᠨ ᠠᠷᠢᠬᠢ ᠨᠡᠷᠡᠬᠦ ᠺᠣᠮᠫᠠᠨᠢ ᠂ ᠴᠠᠩ ᠶᠤᠸᠠᠨ ᠺᠤᠮᠫᠠᠨᠢ᠂ ᠰᠠᠯᠬᠢᠨ ᠬᠦᠴᠦᠨ | ᠴᠠᠬᠢᠯᠭᠠᠨ ᠤ ᠺᠣᠮᠫᠠᠨᠢ ᠵᠡᠷᠭᠡ ᠤᠳᠤ ᠪᠠᠶᠢᠭ᠎ᠠ ᠠᠵᠤ ᠠᠬᠤᠶᠢᠯᠠᠯ ᠤᠨ ᠪᠡᠶᠡᠯᠡᠬᠦᠯᠦᠭᠰᠡᠨ ᠶᠡᠷᠦᠩᠬᠡᠢ | ᠪᠤᠷᠤᠯᠠᠭᠤᠯᠭ᠎ᠠ ᠶᠢᠨ ᠤᠷᠤᠯᠭ᠎ᠠ 39891 ᠲᠦᠮᠡᠨ ᠲᠦᠬᠦᠷᠢᠭ ᠲᠤ ᠬᠦᠷᠪᠡ᠃ ᠲᠦᠮᠦᠰᠦ ᠪᠤᠯᠪᠠᠰᠤᠷᠠᠭᠤᠯᠬᠤ ᠂ | ᠲᠡᠮᠦᠷᠯᠢᠭ ᠦᠢᠯᠡᠳᠬᠦᠨ ᠪᠤᠯᠪᠠᠰᠤᠷᠠᠭᠤᠬᠤ ᠵᠡᠷᠭᠡ ᠵᠠᠯᠭᠠᠵᠤ ᠪᠠᠶᠢᠭᠤᠯᠬᠤ ᠲᠦᠷᠦᠯ ᠵᠦᠢᠯ ᠨᠢ ᠤᠷᠤᠭᠰᠢᠳᠠᠢ | ᠠᠬᠢᠵᠤ ᠦᠢᠯᠡᠳᠪᠦᠷᠢᠯᠡᠯ ᠡᠬᠢᠯᠡᠵᠡᠢ ︔ ᠴᠠᠬᠢᠭᠤᠷ ᠴᠢᠯᠠᠭᠤ ᠪᠤᠯᠪᠠᠰᠤᠷᠠᠭᠤᠯᠬᠤ ᠲᠠᠯᠠᠪᠠᠢ᠂ ᠪᠧᠲ᠋ᠤᠨ ᠵᠢᠭᠤᠷᠠᠬᠤ | ᠦᠷᠳᠡᠭᠡ ᠪᠠᠶᠢᠭᠤᠯᠤᠭᠳᠠᠭᠰᠠᠨ ᠪᠦᠭᠡᠳ ᠦᠢᠯᠡᠳᠪᠦᠷᠢᠯᠡᠯ ᠤᠨ ᠨᠦᠬᠦᠴᠡᠯ ᠢᠶᠠᠨ ᠨᠢᠭᠡᠨᠳᠡ ᠪᠦᠷᠢᠯᠳᠦᠬᠦᠯᠪᠡ᠃ | ᠴᠠᠬᠢᠯᠭᠠᠨ ᠬᠦᠴᠦᠨ ᠤ ᠢᠨᠵᠧᠨᠧᠷᠢᠩ᠂ ᠲᠠᠯ᠎ᠠ ᠨᠤᠳᠤᠭ ᠺᠤᠮᠫᠠᠨᠢ ᠶᠢᠨ ᠨᠡᠬᠦᠯᠭᠡᠯᠳᠡ᠂ pvc ᠪᠡᠭᠡᠯᠡᠢ ᠶᠢᠨ | ᠦᠢᠯᠡᠳᠪᠦᠷᠢᠯᠡᠯ ᠵᠡᠷᠭᠡ ᠪᠦᠳᠦᠭᠡᠨ ᠪᠠᠶᠢᠭᠤᠯᠤᠯᠳᠠ ᠵᠢᠨᠲ᠋ᠦ᠋ᠷᠦᠯ ᠵᠦᠢᠯ᠂ ᠱᠠ ᠽᠢ ᠭᠸᠦ ᠶᠢᠨ ᠸᠤᠯᠹᠷᠤᠮ | ᠮᠤᠯᠢᠪᠳᠧᠨ ᠤ ᠤᠯᠠᠨ ᠲᠡᠮᠦᠷᠯᠢᠭᠳᠦ ᠠᠭᠤᠷᠬᠠᠢ᠂ ᠴᠢᠶᠠᠨᠵᠢᠩ ᠭᠸᠦ ᠵᠢᠨᠬᠠᠷᠠ ᠲᠤᠭᠤᠯᠭ᠎ᠠ᠂ ᠴᠠᠶᠢᠷ ᠂ ᠵᠡᠰ | ᠤᠨᠤᠯᠠᠨ ᠲᠡᠮᠦᠷᠯᠢᠭᠳᠦ ᠠᠭᠤᠷᠬᠠᠢ ᠶᠢᠨ ᠲᠦᠷᠦᠯ ᠵᠦ᠋ᠶᠢᠯ ᠵᠡᠷᠭᠡ ᠨᠢ ᠲᠦᠯᠦᠪᠯᠡᠭᠡ ᠶᠤᠰᠤᠭᠠᠷ ᠤᠷᠤᠭᠰᠢᠳᠠᠢ | ᠶᠠᠪᠤᠭᠳᠠᠪᠠ᠃ | ᠭᠠᠵᠠᠷ ᠰᠢᠨᠵᠢᠯᠡᠭᠡᠨ ᠤ ᠪᠡᠯᠡ ᠤᠷᠤᠭᠤᠯᠤᠯᠳᠠ 5239 ᠲᠦᠮᠡᠨ ᠲᠦᠬᠦᠷᠢᠭ ᠲᠤ ᠬᠦᠷᠴᠦ᠂ ᠨᠡᠶᠢᠳᠡ | ᠲᠠᠯᠠᠪᠠᠢ ᠨᠢ 1044 ᠬᠠᠪᠳᠠᠭᠠᠢ ᠲᠦᠷᠪᠡᠯᠵᠢᠨ ᠺᠢᠯᠤᠮᠧᠲᠷ ᠬᠦᠷᠬᠦ 30 ᠲᠦᠷᠦᠯ ᠵᠦᠢᠯ ᠤᠨ ᠤᠷᠤᠨ ᠳᠤ ᠬᠠᠶᠢᠨ | ᠰᠢᠨᠵᠢᠯᠡᠭᠡ ᠬᠢᠭᠰᠡᠨ ᠪᠠᠶᠢᠨ᠎ᠠ᠃ ᠪᠦᠳᠦᠮᠵᠢᠳᠡᠢ ᠠᠷᠭ᠎ᠠ ᠠᠪᠴᠢᠯ ᠢᠶᠠᠷ ᠠᠭᠤᠷᠬᠠᠢ ᠶᠢᠨ ᠭᠠᠷᠤᠯᠳᠠ ᠶᠢᠨ ᠡᠬᠢ | ᠪᠠᠶᠠᠯᠢᠭ ᠪᠤᠯᠤᠨ ᠡᠵᠡᠩᠨᠡᠯᠳᠡ ᠶᠢᠨ ᠴᠢᠨᠠᠷᠳᠠᠢ ᠭᠠᠵᠠᠷ ᠰᠢᠷᠤᠢ ᠶᠢ ᠲᠤᠬᠢᠷᠠᠭᠤᠯᠵᠤ᠂ ᠠᠭᠤᠷᠬᠠᠢ ᠶᠢᠨ ᠡᠷᠭᠡ ᠶᠢᠨ | ᠠᠰᠢᠭ ᠤᠷᠤᠯᠭ᠎ᠠ 486 ᠲᠦᠮᠡᠨ ᠲᠦᠬᠦᠷᠢᠭ᠂ ᠭᠠᠵᠠᠷ ᠰᠢᠷᠤᠢ ᠶᠢᠨ ᠤᠷᠤᠯᠭ᠎ᠠ 3349 ᠲᠦᠮᠡᠨ ᠲᠦᠬᠦᠷᠢᠭ ᠢ | ᠪᠡᠶᠡᠯᠡᠬᠦᠯᠪᠡ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠴᠢᠩᠭᠠᠳᠬᠠᠨ᠂ ᠲᠦᠮᠡᠨ ᠲᠦᠬᠦᠷᠢᠭ | ᠤᠨGDP ᠳᠠᠬᠢ ᠶᠡᠷᠦᠩᠬᠡᠶᠢᠯᠡᠭᠰᠡᠨ ᠡᠨᠧᠷᠬᠢ ᠶᠢᠨ ᠬᠤᠷᠤᠭᠳᠠᠯ ᠨᠢ 1.24 ᠲᠤᠨ ᠪᠠᠷᠢᠮᠵᠢᠶᠠᠳᠤ ᠨᠡᠬᠦᠷᠡᠰᠦ | ᠪᠠᠶᠢᠵᠤ᠂ ᠡᠨᠧᠷᠬᠢ ᠠᠷᠪᠢᠯᠠᠬᠤ ᠨᠤᠷᠮ᠎ᠠ 5.08% ᠳᠤ ᠬᠦᠷᠴᠦ ᠪᠤᠢ᠃ | ︵ᠲᠠᠪᠤ︶ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠲᠠᠰᠤᠷᠠᠯᠳᠠ ᠦᠬᠡᠢ ᠴᠢᠩᠭᠠᠷᠠᠪᠠ᠃ | ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠳᠤ 3.36 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ | ᠂ ᠰᠢᠨ᠎ᠡ ᠲᠤᠭᠤᠷᠢᠭ ᠤᠨ 5 ᠵᠤᠷᠪᠤᠰ 10.9 ᠺᠢᠯᠤᠮᠧᠲᠷ ᠲᠤᠰᠤᠨ ᠵᠠᠮ ᠬᠢᠭᠡᠳ 9.9 ᠺᠢᠯᠤᠮᠧᠲᠷ ᠪᠤᠬᠢᠷᠳᠤᠯ | ᠭᠠᠳᠠᠭᠰᠢᠯᠠᠭᠤᠯᠬᠤ ᠲᠤᠤᠷ ᠬᠤᠭᠤᠯᠠᠢ ᠶᠢᠨ ᠪᠠᠶᠢᠭᠤᠯᠤᠯᠳᠠ ᠶᠢ ᠲᠠᠭᠤᠰᠬᠠᠵᠤ᠂ ᠪᠤᠵᠠᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠬᠭᠰᠠᠨ ᠪᠦᠭᠡᠳ1000 ᠮᠤ᠋ ᠭᠠᠵᠠᠷ ᠰᠢᠷᠤᠢ | ᠶᠢ ᠨᠦᠬᠡᠴᠡᠯᠡᠨ ᠪᠡᠯᠡᠳᠭᠡᠵᠡᠢ᠃ ᠬᠠᠭᠤᠴᠢᠨ ᠲᠤᠭᠤᠷᠢᠭ ᠤᠨ ᠵᠢᠶᠧ ᠹᠠᠩ ᠵᠡᠭᠡᠯᠢ᠂ ᠵᠢᠶᠠᠨ ᠱᠧ ᠵᠡᠬᠡᠯᠢ ᠶᠢᠨ 3. | 94 ᠲᠦᠮᠡᠨ ᠬᠠᠪᠳᠠᠭᠠᠢ ᠲᠦᠷᠪᠡᠯᠵᠢᠨ ᠮᠧᠲᠷ ᠵᠠᠮ ᠢ ᠲᠡᠪᠢᠰᠦᠨ ᠬᠠᠳᠠᠭᠤᠷᠠᠭᠤᠯᠪᠠ᠃ ᠪᠤᠤᠴᠠᠩ ᠪᠠᠯᠭᠠᠰᠤᠨ ᠤ | ᠬᠤᠭ ᠨᠤᠪᠰᠢ ᠶᠢ ᠵᠦᠭᠡᠭᠡᠪᠦᠷᠢᠯᠡᠬᠦ ᠦᠷᠳᠡᠭᠡ 8 ᠶᠢ ᠪᠠᠶᠢᠭᠤᠯᠤᠭᠰᠠᠨ ᠪᠠᠶᠢᠨ᠎ᠠ᠃ ᠲᠦᠪᠯᠡᠷᠡᠬᠦᠯᠦᠨ ᠢᠯᠴᠢ | ᠬᠠᠩᠭᠠᠬᠤ ᠲᠤᠤᠷ ᠢ 6 ᠲᠦᠮᠡᠨ ᠬᠠᠪᠳᠠᠭᠠᠢ ᠲᠦᠷᠪᠡᠯᠵᠢᠨ ᠮᠧᠲᠷ ᠦᠷᠭᠡᠳᠭᠡᠭᠰᠡᠨ ᠪᠦᠭᠡᠳ 6 ᠢᠯᠴᠢ ᠬᠠᠩᠭᠠᠬᠤ | ᠲᠤᠭᠤᠷᠢᠭ ᠤᠨ ᠵᠤᠤᠬ᠎ᠠ ᠪᠠ ᠬᠤᠭᠤᠯᠠᠢ ᠳᠤ ᠦᠬᠡᠷᠡᠴᠢᠯᠡᠯᠳᠡ ᠬᠢᠵᠡᠢ᠃ ᠣᠷᠣᠨ ᠰᠠᠭᠤᠴᠠ ᠶᠢᠨ ᠠᠰᠠᠷ 9.4 | ᠲᠦᠮᠡᠨ ᠬᠠᠪᠳᠠᠭᠠᠢ ᠲᠦᠷᠪᠡᠯᠵᠢᠨ ᠮᠧᠲᠷ ᠂ ᠠᠷᠠᠯᠵᠢᠶᠠᠨ ᠳᠤ ᠭᠡᠷᠡᠭᠯᠡᠬᠦ ᠠᠰᠠᠷ 8.1 ᠲᠦᠮᠡᠨ ᠬᠠᠪᠳᠠᠭᠠᠢ | ᠲᠦᠷᠪᠡᠯᠵᠢᠨ ᠮᠧᠲᠷ᠂ ᠠᠯᠪᠠᠨ ᠭᠡᠷ᠂ ᠰᠤᠷᠭᠠᠭᠤᠯᠢ ᠶᠢᠨ ᠭᠡᠷ᠂ ᠦᠢᠯᠡᠳᠪᠦᠷᠢ ᠶᠢᠨ ᠲᠠᠰᠤᠭ 4.6ᠲᠦᠮᠡᠨ | ᠬᠠᠪᠳᠠᠭᠠᠢ ᠲᠦᠷᠪᠡᠯᠵᠢᠨ ᠮᠧᠲᠷ ᠢ ᠰᠢᠨ᠎ᠡ ᠪᠠᠷ ᠪᠠᠶᠢᠭᠤᠯᠵᠤ᠂ 48 ᠡᠷᠦᠬᠡ ᠶᠢᠨ 6050 ᠬᠠᠪᠳᠠᠭᠠᠢ | ᠲᠦᠷᠪᠡᠯᠵᠢᠨ ᠮᠧᠲᠷ ᠭᠡᠷ ᠪᠠᠶᠢᠰᠢᠩ ᠢ ᠨᠤᠷᠠᠭᠠᠨ ᠠᠰᠠᠷ ᠪᠤᠯᠭᠠᠵᠤ ᠦᠭᠡᠷᠡᠴᠢᠯᠡᠭᠰᠡᠨ ᠪᠠᠶᠢᠨ᠎ᠠ᠃ | ᠵᠠᠮ ᠤᠨ ᠪᠠᠶᠢᠭᠤᠯᠤᠯᠳᠠ ᠳᠤ 17.04 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠰᠤᠮᠤ ᠰᠢᠶᠠᠩ | ᠳᠤ ᠨᠡᠪᠳᠡᠷᠡᠬᠦ 53 ᠺᠢᠯᠤᠮᠧᠲᠷ ᠲᠤᠰᠤᠨ ᠵᠠᠮ ᠤᠨ ᠵᠠᠯᠭᠠᠵᠤ ᠪᠠᠶᠢᠭᠤᠯᠬᠤ ᠢᠨᠵᠧᠨᠧᠷᠢᠩ ᠪᠤᠯᠤᠨ ᠭᠠᠴᠠᠭ᠎ᠠ | ᠲᠤᠰᠬᠤᠨ ᠳᠤ ᠨᠡᠪᠳᠡᠷᠡᠬᠦ 66.6 ᠺᠢᠯᠤᠮᠧᠲᠷ ᠬᠠᠶᠢᠷ ᠴᠢᠯᠠᠭᠤᠨ ᠵᠠᠮ ᠤᠨ ᠪᠠᠶᠢᠭᠤᠯᠤᠯᠳᠠ ᠶᠢ ᠲᠠᠭᠤᠰᠬᠠᠨ ︔ | ᠠᠶᠤᠯᠳᠠᠢ ᠬᠦᠬᠦᠷᠭᠡ 4 ᠶᠢ ᠵᠠᠰᠠᠨ ᠪᠠᠶᠢᠭᠤᠯᠵᠤ︔ ᠮᠠᠯᠵᠢᠬᠤ ᠲᠠᠷᠢᠶᠠᠯᠠᠬᠤ ᠤᠷᠤᠨ ᠤ ᠠᠶᠠᠨᠴᠢᠨ ᠤ ᠵᠦᠭᠡᠭᠡᠪᠦᠷᠢ | ᠶᠢᠨ ᠦᠷᠳᠡᠭᠡ 4 ᠶᠢ ᠪᠠᠶᠢᠭᠤᠯᠵᠤ︔ ᠪᠤᠤᠴᠠᠩ ᠠᠴᠠ ᠰᠠᠩ ᠤᠨ ᠲᠠᠯᠠᠢ ᠬᠦᠷᠬᠦ ᠨᠢᠭᠡᠳᠦᠭᠡᠷ ᠲᠡᠰ ᠤᠨ ᠵᠠᠰᠠᠮᠠᠯ | ᠵᠠᠮ ᠤᠨ ᠳ᠋ᠠᠩ ᠲᠠᠯ᠎ᠠ ᠶᠢᠨ 80 ᠺᠢᠯᠤᠮᠧᠲᠷ ᠪᠠᠶᠢᠭᠤᠯᠤᠯᠳᠠ ᠶᠢ ᠲᠠᠭᠤᠰᠬᠠᠨ᠂ ᠪᠤᠤᠴᠠᠩ ᠠᠴᠠ ᠰᠠᠨ ᠬᠤᠤ ᠳ᠋ᠢ | ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ ᠤᠨ ᠬᠦᠬᠦᠷᠭᠡ ᠪᠤᠰᠬᠠᠬᠤ᠂ ᠰᠠᠭᠤᠷᠢ ᠲᠠᠯᠪᠢᠬᠤ ᠵᠡᠷᠭᠡ ᠠᠵᠢᠯ ᠢ | ᠲᠠᠭᠤᠰᠬᠠᠵᠤ ︔ ᠰᠢᠯᠤᠭᠤᠨ ᠬᠦᠭᠡ ᠠᠴᠠ ᠴᠢᠭᠤᠯᠤᠯᠳᠤ ᠬᠠᠭᠠᠯᠭ᠎ᠠ ᠬᠦᠷᠬᠦ ᠲᠡᠮᠦᠷ ᠵᠠᠮ ᠤᠨ ᠮᠠᠨ ᠤ ᠬᠤᠰᠢᠭᠤ | ᠪᠠᠷ ᠦᠩᠭᠡᠷᠡᠵᠦ ᠦᠷᠳᠡᠭᠡ ᠪᠠᠶᠢᠭᠤᠯᠬᠤ ᠲᠦᠰᠦᠪ ᠢ ᠨᠤᠳ᠋ᠯᠠᠭᠤᠯᠵᠠᠢ᠃ | ᠴᠠᠬᠢᠯᠭᠠᠨ ᠬᠦᠴᠦᠨ ᠤ ᠲᠠᠯᠠᠪᠠᠷ ᠂ 2998 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠬᠤᠩ | ᠴᠢ ᠪᠤᠯᠤᠨ ᠮᠠ ᠹᠠᠩ ᠽᠢ ᠶᠢᠨ 35 ᠺᠢᠯᠤᠸᠤᠯᠲ ᠤᠨ ᠴᠠᠬᠢᠯᠭᠠᠨ ᠬᠦᠷᠭᠡᠵᠦ ᠬᠤᠪᠢᠰᠬᠠᠬᠤ ᠬᠤᠶᠠᠷ ᠰᠠᠭᠤᠷᠢ | ᠢᠨᠵᠧᠨᠧᠷᠢᠩ ᠢ ᠪᠠᠶᠢᠭᠤᠯᠵᠤ︔ 220 ᠺᠢᠯᠤᠸᠤᠯᠲ ᠤᠨ ᠴᠠᠬᠢᠯᠭᠠᠨ ᠬᠦᠷᠭᠡᠵᠦ ᠬᠤᠪᠢᠰᠬᠠᠬᠤ ᠢᠨᠵᠧᠨᠧᠷᠢᠩ ᠨᠢ | ᠴᠠᠬᠢᠯᠭᠠᠨ ᠬᠤᠪᠢᠰᠬᠠᠬᠤ ᠦᠷᠳᠡᠭᠡᠨ ᠤ ᠪᠠᠶᠢᠭᠤᠯᠤᠯᠳᠠ ᠪᠠᠨ ᠡᠬᠢᠯᠡᠪᠡ᠃ | ᠤᠰᠤᠨ ᠠᠰᠢᠭᠯᠠᠯᠳᠠ ᠶᠢᠨ ᠲᠠᠯᠠᠪᠠᠷ᠂ 5350 ᠲᠦᠮᠡᠨ ᠲᠦᠬᠦᠷᠢᠭ ᠤᠨ ᠪᠡᠯᠡ ᠤᠷᠤᠭᠤᠯᠤᠨ᠂ | ᠲᠠᠷᠢᠶ᠎ᠠ ᠪᠡᠯᠴᠢᠭᠡᠷ ᠤᠨ ᠤᠰᠤᠨ ᠠᠰᠢᠭᠯᠠᠯᠳᠠ ᠶᠢᠨ ᠪᠠᠶᠢᠭᠤᠯᠤᠯᠳᠠ᠂ ᠪᠠᠭ᠎ᠠ ᠰᠠᠪᠠ ᠭᠠᠵᠠᠷ ᠤᠨ ᠵᠠᠰᠠᠯᠳᠠ᠂ | ᠬᠦᠮᠦᠨ ᠮᠠᠯ ᠤᠨ ᠤᠰᠤ ᠤᠮᠳᠠ ᠶᠢᠨ ᠠᠶᠤᠯᠬᠦᠢ ᠶᠢᠨ ᠢᠨᠵᠧᠨᠧᠷᠢᠩ ᠬᠢᠭᠡᠳ ᠶᠦᠩ ᠹᠧᠩ ᠤᠰᠤᠨ ᠴᠦᠬᠦᠷᠦᠮ | ᠤᠨ ᠲᠦᠭᠰᠢᠬᠦᠷᠢ ᠶᠢ ᠠᠷᠢᠯᠭᠠᠵᠤ ᠪᠠᠬᠢᠯᠡᠨ ᠵᠠᠰᠠᠬᠤ ᠢᠨᠵᠧᠨᠧᠷᠢᠩ ᠢ ᠬᠡᠷᠡᠭᠵᠢᠬᠦᠯᠪᠡ᠃ | ᠴᠢᠮᠡᠭᠡ ᠬᠤᠯᠪᠤᠭᠠᠨ ᠤ ᠪᠠᠶᠢᠭᠤᠯᠤᠯᠳᠠ ᠲᠡᠭᠡᠷ᠎ᠡ᠂ 2460 ᠲᠦᠮᠡᠨ ᠲᠦᠬᠦᠷᠢᠭ ᠤᠨ ᠪᠡᠯᠡ | ᠤᠷᠤᠭᠤᠯᠤᠨ᠂ ᠴᠢᠮᠡᠭᠡ ᠬᠤᠯᠪᠤᠭᠠᠨ ᠤ ᠰᠠᠭᠤᠷᠢ ᠦᠷᠳᠡᠭᠡ 17 ᠶᠢ ᠪᠠᠶᠢᠭᠤᠯᠵᠤ᠂ ᠡᠬᠦᠨ ᠤ ᠲᠤᠳᠤᠷ᠎ᠠ 3G | ᠦᠷᠳᠡᠭᠡ 5 ᠶᠢ ᠪᠠᠶᠢᠭᠤᠯᠤᠭᠠᠳ᠂ 3G ᠬᠤᠯᠪᠤᠭ᠎ᠠ ᠶᠢ ᠨᠡᠪᠳᠡᠷᠡᠬᠦᠯᠪᠡ᠃ | ︵ᠵᠢᠷᠭᠤᠭ᠎ᠠ︶ ᠭᠤᠷᠪᠠᠳᠤᠭᠠᠷ ᠠᠵᠤ ᠦᠢᠯᠡᠰ ᠤᠬᠢ ᠰᠠᠶᠢᠨ ᠬᠦᠭᠵᠢᠯᠳᠡ ᠶᠢᠨ ᠪᠠᠶᠢᠳᠠᠯ ᠢᠶᠠᠨ | ᠬᠠᠳᠠᠭᠠᠯᠠᠪᠠ᠃ ᠵᠤᠭᠠᠴᠠᠯ ᠤᠨ ᠦᠵᠡᠮᠵᠢᠳᠦ ᠤᠷᠤᠨ ᠤ ᠲᠦᠬᠦᠭᠡᠷᠦᠮᠵᠢ ᠤᠯᠠᠮ ᠪᠦᠷᠢᠨᠰᠢᠵᠦ᠂ 20 ᠡᠷᠦᠭᠡ ︽ | ᠮᠠᠯᠴᠢᠨ ᠠᠶᠢᠯ︾ ᠤᠨ ᠵᠤᠭᠠᠴᠠᠯ ᠡᠷᠬᠢᠯᠡᠨ᠂ ᠴᠡᠷᠢᠭ ᠤᠨ ᠶᠠᠪᠤᠳᠠᠯ ᠤᠨ ᠵᠤᠭᠠᠴᠠᠯ ᠤᠨ ᠦᠵᠡᠮᠵᠢᠳᠦ ᠤᠷᠤᠨ ᠤ | ᠨᠢᠭᠡᠳᠦᠬᠡᠷ ᠬᠤᠭᠤᠴᠠᠭᠠᠨ ᠤ ᠢᠨᠵᠧᠨᠧᠷᠢᠩ ᠪᠡᠶᠡᠯᠡᠭᠳᠡᠪᠡ᠃ ᠪᠦᠬᠦ ᠵᠢᠯ ᠳᠤ ᠨᠡᠶᠢᠳᠡ13.6 ᠲᠦᠮᠡᠨ | ᠵᠤᠭᠠᠴᠠᠭᠴᠢ ᠶᠢ ᠵᠤᠴᠢᠯᠠᠵᠤ᠂ ᠡᠨᠡ ᠨᠢ ᠲᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 25% ᠪᠠᠷ ᠨᠡᠮᠡᠭᠳᠡᠨ᠂ | ᠵᠤᠭᠠᠴᠠᠯ ᠤᠨ ᠤᠷᠤᠯᠭ᠎ᠠ 6800 ᠲᠦᠮᠡᠨ ᠲᠦᠬᠦᠷᠢᠭ ᠲᠤ ᠬᠦᠷᠴᠦ᠂ 31% ᠪᠠᠷ ᠨᠡᠮᠡᠭᠳᠡᠭᠰᠡᠨ ᠪᠠᠶᠢᠨ᠎ᠠ᠃ | ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠬᠡᠬᠡᠨ ᠤ ᠦᠢᠯᠡᠰ ᠢ ᠲᠦᠷᠭᠡᠨ ᠬᠦᠭᠵᠢᠬᠦᠯᠵᠦ᠂ ᠰᠠᠨ ᠬᠤᠤ ᠳ᠋ᠢ | ᠳᠠᠬᠢ ᠨᠡᠬᠦᠷᠡᠰᠦᠨ ᠤ ᠰᠤᠯᠢᠯᠴᠠᠭᠠᠨ ᠤ ᠵᠠᠬ᠎ᠠ ᠶᠢ ᠪᠠᠶᠢᠭᠤᠯᠤᠨ ᠡᠵᠡᠩᠨᠡᠪᠡ ᠃ ︽ᠲᠦᠮᠡᠨ ᠲᠣᠰᠬᠤᠨ ᠮᠢᠩᠭᠠᠨ | ᠰᠢᠶᠠᠩ︾ ᠤᠨ ᠵᠠᠬ᠎ᠠ ᠳᠡᠯᠭᠡᠭᠦᠷ ᠤᠨ ᠢᠨᠵᠧᠨᠧᠷᠢᠩ ᠢ ᠦᠷᠬᠦᠯᠵᠢᠯᠡᠨ ᠭᠡᠷᠡᠭᠵᠢᠬᠦᠯᠵᠦ᠂ ᠲᠠᠷᠢᠶᠠᠴᠢᠨ ᠠᠶᠢᠯ ᠤᠨ | ᠲᠡᠯᠭᠡᠬᠦᠷ 10 ᠨᠡᠮᠡᠭᠳᠡᠵᠦ᠂ ᠨᠡᠶᠢᠳᠡ136 ᠡᠷᠦᠭᠡ ᠳᠤ ᠬᠦᠷᠪᠡ᠃ ᠰᠤᠮᠤ ᠰᠢᠶᠠᠩ ᠪᠠᠯᠭᠠᠰᠤ ᠶᠢ ᠬᠠᠪᠰᠣᠷᠤᠨ 2 | ᠢᠳᠡᠰᠢᠨ ᠨᠤᠭᠤᠭᠠᠨ ᠤ ᠵᠠᠬ᠎ᠠ ᠶᠢᠨ ᠴᠢᠳᠠᠪᠬᠢ ᠶᠢ ᠪᠦᠷᠢᠨᠰᠢᠬᠦᠯᠦᠭᠰᠡᠨ ᠪᠠᠶᠢᠨ᠎ᠠ ᠃ ᠪᠤᠤᠴᠠᠩ ᠪᠠᠯᠭᠠᠰᠤᠨ ᠳᠤ 2 | ᠲᠤᠮᠤ ᠭᠡᠯᠪᠡᠷᠢ ᠶᠢᠨ ᠴᠢᠯᠦᠬᠡᠳᠦ ᠲᠡᠯᠬᠡᠬᠦᠷ ᠪᠠᠶᠢᠭᠤᠯᠤᠭᠳᠠᠵᠤ ᠡᠵᠡᠩᠨᠡᠯᠳᠡ ᠪᠠᠨ ᠡᠬᠢᠯᠡᠪᠡ᠃ ᠭᠡᠷ ᠤᠨ ᠴᠠᠬᠢᠯᠭᠠᠨ | ᠭᠡᠷᠡᠭᠰᠡᠯ ᠪᠠ ᠮᠠᠰᠢᠨ ᠲᠡᠷᠭᠡ᠂ ᠮᠤᠲ᠋ᠤᠷ ᠲᠡᠷᠭᠡ ᠶᠢ ᠬᠦᠳᠡᠭᠡ ᠪᠠᠭᠤᠯᠭᠠᠬᠤ ᠠᠵᠢᠯ ᠢ ᠢᠳᠡᠪᠬᠢᠳᠡᠢ ᠲᠦᠯᠬᠢᠨ | ᠠᠬᠢᠭᠤᠯᠵᠤ᠂ ᠨᠡᠶᠢᠳᠡ 143 ᠲᠦᠮᠡᠨ ᠲᠦᠬᠦᠷᠢᠭ ᠤᠨ ᠨᠦᠬᠦᠪᠦᠷᠢ ᠲᠠᠷᠬᠠᠭᠠᠨ᠂ 863 ᠲᠦᠮᠡᠨ ᠲᠦᠬᠦᠷᠢᠭ | ᠤᠨ ᠭᠡᠷᠡᠭᠯᠡᠭᠡ ᠶᠢ ᠲᠠᠶᠢᠴᠢᠯᠠᠭᠰᠠᠨ ᠪᠠᠶᠢᠨ᠎ᠠ᠃ ᠡᠯ᠎ᠡ ᠲᠦᠷᠦᠯ ᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ | ᠬᠠᠳᠠᠭᠠᠯᠠᠮᠵᠢ ᠶᠢᠨ ᠦᠯᠡᠳᠡᠪᠦᠷᠢ ᠪᠠ ᠵᠢᠭᠡᠯᠡᠯᠭᠡ ᠶᠢᠨ ᠦᠯᠡᠳᠡᠪᠦᠷᠢ ᠲᠤᠰᠪᠤᠷᠢ 18.1 ᠳ᠋ᠦᠩᠰᠢᠭᠤᠷ ᠲᠦᠬᠦᠷᠢᠭ | ᠪᠠ 8.1ᠳ᠋ᠦᠩᠰᠢᠭᠤᠷ ᠲᠦᠬᠦᠷᠢᠭ ᠲᠤ ᠬᠦᠷᠪᠡ᠃ ᠲᠠᠶᠢᠹᠤᠰᠧ ᠬᠤᠰᠢᠭᠤᠨ ᠤ ᠵᠢᠦᠢ ᠶᠤᠸᠠᠨ ᠪᠠᠭ᠎ᠠ ᠭᠡᠮᠵᠢᠶᠡᠨ ᠤ | ᠵᠢᠭᠡᠯᠡᠯᠭᠡ ᠶᠢᠨ ᠺᠤᠮᠫᠠᠨᠢ ᠪᠠᠶᠢᠭᠤᠯᠤᠭᠳᠠᠨ᠂ ᠵᠢᠭᠡᠯᠡᠯᠭᠡ ᠲᠠᠯᠪᠢᠬᠤ ᠠᠵᠢᠯ ᠢᠶᠠᠨ ᠡᠬᠢᠯᠡᠬᠦᠯᠵᠡᠢ᠃ ᠠᠶᠠᠨᠴᠢᠨ ᠤ | ᠵᠦᠭᠡᠭᠡᠪᠦᠷᠢ ᠪᠠ ᠪᠠᠷᠠᠭ᠎ᠠ ᠲᠡᠭᠡᠭᠡᠪᠦᠷᠢ ᠵᠢᠨᠡᠷᠬᠢᠯᠳᠦᠯ ᠤᠨ ᠭᠡᠮᠵᠢᠶ᠎ᠡ ᠲᠤᠰᠪᠤᠷᠢ ᠺᠢᠯᠤᠮᠧᠲᠷ ᠪᠦᠷᠢ ᠳᠤ 4.1 | ᠳ᠋ᠦᠩᠰᠢᠭᠤᠷ ᠬᠦᠮᠦᠨ ᠪᠠ 11.3 ᠳ᠋ᠦᠩᠰᠢᠭᠤᠷ ᠲᠤᠨ ᠳᠤ ᠬᠦᠷᠴᠦ᠂ ᠲᠤᠰᠪᠤᠷᠢ 41.2% ᠪᠠ 77.1% ᠪᠠᠷ | ᠨᠡᠮᠡᠭᠳᠡᠪᠡ᠃ | ︵ᠲᠤᠯᠤᠭ᠎ᠠ︶ ᠡᠳ᠋ ᠤᠨ ᠵᠠᠰᠠᠭ ᠤᠨ ᠪᠠᠳᠤᠯᠠᠭᠠᠨ ᠤ ᠴᠢᠳᠠᠪᠤᠷᠢ ᠤᠯᠠᠮ ᠨᠢᠭᠡ ᠠᠯᠬᠤᠮ | ᠨᠡᠮᠡᠭᠳᠡᠪᠡ ᠃ ᠤᠷᠤᠯᠭ᠎ᠠ ᠨᠡᠮᠡᠭᠳᠡᠬᠦᠯᠬᠦ ᠲᠠᠯᠳᠠ ᠬᠦᠴᠦᠨ ᠢ ᠠᠭᠤᠳᠠᠯᠠᠨ᠂ ᠭᠠᠶᠢᠯᠢ ᠶᠢᠨ ᠬᠠᠮᠢᠶᠠᠷᠤᠯᠳᠠ ᠶᠢᠨ | ᠶᠠᠰᠤ ᠴᠢᠨᠠᠷ ᠢ ᠲᠡᠭᠡᠭᠰᠢᠯᠡᠬᠦᠯᠵᠦ᠂ ᠡᠯ᠎ᠡ ᠲᠦᠷᠦᠯ ᠤᠨ ᠭᠠᠶᠢᠯᠢ ᠶᠢᠨ ᠮᠦᠩᠬᠦ ᠶᠢ ᠴᠠᠭ ᠲᠤᠬᠠᠢ ᠳᠤᠨᠢ ᠤᠯᠤᠰ | ᠤᠨ ᠰᠠᠩ ᠳᠤ ᠬᠦᠮᠦᠷᠭᠡᠯᠡᠬᠦ ᠶᠢ ᠪᠠᠳᠤᠯᠠᠪᠠ᠃ ᠪᠦᠬᠦ ᠬᠤᠰᠢᠭᠤᠨ ᠤ ᠭᠠᠵᠠᠷ ᠤᠷᠤᠨ ᠤ ᠡᠳ᠋ ᠤᠨ ᠵᠠᠰᠠᠭ ᠤᠨ | ᠤᠷᠤᠯᠭ᠎ᠠ 10144 ᠲᠦᠮᠡᠨ ᠲᠦᠬᠦᠷᠢᠭ ᠬᠦᠮᠦᠷᠭᠡᠯᠡᠨ᠂ ᠡᠬᠦᠨ ᠤ ᠲᠤᠳᠤᠷ᠎ᠠ ᠭᠠᠶᠢᠯᠢ ᠶᠢᠨ ᠤᠷᠤᠯᠭ᠎ᠠ 8498 | ᠲᠦᠮᠡᠨ ᠲᠦᠬᠦᠷᠢᠭ ᠲᠤ ᠬᠦᠷᠴᠦ᠂ ᠡᠳ᠋ ᠤᠨ ᠵᠠᠰᠠᠭ ᠤᠨ ᠤᠷᠤᠯᠭ᠎ᠠ ᠶᠢᠨ 83.8% ᠶᠢ ᠡᠵᠡᠯᠡᠨ᠂ ᠡᠳ᠋ ᠤᠨ | ᠵᠠᠰᠠᠭ ᠤᠨ ᠭᠠᠶᠢᠯᠢ ᠶᠢᠨ ᠴᠢᠨᠠᠷ ᠴᠢᠨᠰᠠᠭ᠎ᠠ ᠢᠯᠡᠳᠳᠡ ᠲᠡᠭᠡᠭᠰᠢᠯᠡᠵᠡᠢ᠃ ᠤᠯᠤᠰ ᠤᠨ ᠡᠳ᠋ ᠤᠨ ᠵᠠᠰᠠᠭ ᠤᠨ | ᠲᠦᠷᠦ ᠶᠢᠨ ᠪᠤᠳᠤᠯᠭ᠎ᠠ ᠶᠢ ᠨᠢᠮᠪᠠᠢ ᠰᠤᠳᠤᠯᠵᠤ᠂ ᠤᠯᠠᠨ ᠵᠠᠮ ᠰᠤᠪᠠᠭ ᠢᠶᠠᠷ ᠲᠡᠭᠡᠳᠦ ᠱᠠᠳᠤᠨ ᠤ ᠡᠳ᠋ ᠤᠨ ᠵᠠᠰᠠᠭ | ᠤᠨ ᠪᠡᠯᠡ ᠮᠦᠩᠬᠦᠨ ᠤ ᠲᠡᠮᠵᠢᠯᠬᠡ ᠶᠢ ᠤᠯᠤᠭᠰᠠᠨ ᠪᠠᠶᠢᠨ᠎ᠠ᠃ ᠭᠠᠵᠠᠷ ᠤᠷᠤᠨ ᠤ ᠡᠳ᠋ ᠤᠨ ᠵᠠᠰᠠᠭ ᠤᠨ | ᠵᠠᠷᠤᠯᠭ᠎ᠠ 91227 ᠲᠦᠮᠡᠨ ᠲᠥᠭᠦᠷᠢᠭ ᠲᠤ ᠬᠦᠷᠴᠦ᠂ ᠲᠡᠭᠡᠷ᠎ᠡ ᠵᠢᠯ ᠠᠴᠠ ᠪᠠᠨ 24929 ᠲᠦᠮᠡᠨ | ᠲᠥᠭᠦᠷᠢᠭ ᠦᠰᠴᠦ ᠂ ᠡᠷᠬᠢᠯᠳᠦᠯ ᠢ ᠪᠠᠳᠤᠯᠠᠬᠤ᠂ ᠠᠷᠠᠳ ᠤᠨ ᠠᠮᠢᠳᠤᠷᠠᠯ ᠢ ᠪᠠᠳᠤᠯᠠᠬᠤ᠂ ᠲᠤᠭᠳᠠᠭᠤᠨ ᠢ | ᠪᠠᠳᠤᠯᠠᠬᠤ ᠵᠡᠷᠭᠡ ᠲᠠᠯᠠᠪᠠᠷ ᠪᠠᠳᠤᠯᠠᠬᠤ ᠵᠤᠬᠢᠰᠳᠠᠢ ᠶᠢ ᠪᠦᠬᠦᠨ ᠢ ᠪᠠᠳᠤᠯᠠᠭᠰᠠᠨ ᠪᠠᠶᠢᠨ᠎ᠠ᠃ ᠲᠤᠰᠬᠠᠢ ᠲᠦᠷᠦᠯ ᠤᠨ | ᠪᠡᠯᠡ ᠮᠦᠩᠬᠦ ᠶᠢᠨ ᠤᠷᠤᠨ ᠪᠠᠶᠢᠷᠢ ᠳᠠᠭᠠᠨ ᠬᠦᠷᠦᠭᠰᠡᠨ ᠨᠤᠷᠮ᠎ᠠ 100% ᠳᠤ ᠬᠦᠷᠴᠡᠢ᠃ | ︵ ᠨᠠᠢᠮᠠ︶ ᠠᠷᠠᠳ ᠤᠨ ᠠᠮᠢᠳᠤᠷᠠᠯ ᠦᠷᠬᠦᠯᠵᠢᠯᠡᠨ ᠪᠠᠳᠤᠯᠠᠭᠳᠠᠬᠤ ᠪᠠ ᠰᠠᠶᠢᠵᠢᠷᠠᠪᠠ᠃ ᠪᠦᠬᠦ | ᠵᠢᠯ ᠳᠤ 9076 ᠠᠵᠢᠯ ᠤᠨ ᠪᠠᠶᠢᠷᠢ ᠡᠯᠰᠡᠵᠦ᠂ ᠬᠤᠳᠠ ᠪᠠᠯᠭᠠᠰᠤᠨ ᠤ ᠡᠯ᠎ᠡ ᠲᠦᠷᠦᠯ ᠤᠨ ᠬᠦᠮᠦᠨ2926 | ᠨᠡᠷ᠎ᠡ ᠳᠤ ᠠᠵᠢᠯ ᠲᠤᠬᠢᠷᠠᠭᠤᠯᠤᠨ᠂ ︽ᠨᠢᠭᠡ ᠨᠢ ᠴᠤ ᠠᠵᠢᠯ ᠤᠯᠤᠭᠰᠠᠨ ᠦᠬᠡᠢ︾ ᠭᠡᠷ ᠪᠦᠯᠢ ᠶᠢᠨ ᠠᠳᠠᠭ | ᠲᠠᠭᠠᠨ ᠨᠢᠭᠡ ᠪᠦᠷᠢᠯᠳᠦᠬᠦᠨ ᠳᠤᠨᠢ ᠠᠵᠢᠯ ᠤᠯᠭᠤᠬᠤ ᠶᠢ ᠪᠡᠶᠡᠯᠡᠬᠦᠯᠵᠦ᠂ ᠬᠤᠳᠠ ᠪᠠᠯᠭᠠᠰᠤᠨ ᠤ | ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ 3.86% ᠳᠤ ᠬᠦᠷᠴᠡᠢ᠃ ᠠᠵᠢᠯ ᠤᠨ ᠪᠠᠶᠢᠷᠢ ᠠᠴᠠ ᠪᠠᠨ | ᠪᠠᠭᠤᠵᠤ ᠠᠵᠢᠯ ᠠᠯᠳᠠᠭᠰᠠᠳ ᠪᠠ ᠠᠵᠢᠯ ᠤᠯᠬᠤ ᠳᠤ ᠬᠦᠴᠢᠷᠳᠡᠢ ᠬᠦᠮᠦᠰ ᠲᠤ ᠨᠡᠶᠢᠭᠡᠮ ᠤᠨ ᠲᠠᠭᠠᠳᠬᠠᠯ ᠤᠨ | ᠨᠦᠬᠦᠪᠦᠷᠢ ᠮᠦᠩᠬᠦ 247 ᠲᠦᠮᠡᠨ ᠲᠦᠬᠦᠷᠢᠭ ᠢ ᠲᠠᠷᠬᠠᠭᠠᠪᠠ᠃ ᠬᠤᠳᠠ ᠪᠠᠯᠭᠠᠰᠤᠨ ᠤ ᠨᠠᠭᠠᠳᠤ ᠵᠠᠬ᠎ᠠ ᠶᠢᠨ | ᠠᠮᠢᠳᠤᠷᠠᠯ ᠤᠨ ᠪᠠᠳᠤᠯᠠᠭᠠᠨ ᠤ ᠪᠠᠷᠢᠮᠵᠢᠶ᠎ᠠ ᠬᠦᠮᠦᠨ ᠪᠦᠷᠢ ᠰᠠᠷ᠎ᠠ ᠶᠢᠨ 210 ᠲᠦᠬᠦᠷᠢᠭ ᠪᠤᠯᠵᠤ᠂ 4391 | ᠬᠦᠮᠦᠨ ᠪᠠᠳᠤᠯᠠᠭᠠᠨ ᠳᠤ ᠤᠷᠤᠵᠤ︔ ᠮᠠᠯᠵᠢᠬᠤ ᠲᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠭᠠᠨ ᠤ ᠪᠠᠷᠢᠮᠵᠢᠶ᠎ᠠ ᠬᠦᠮᠦᠨ ᠲᠤᠮᠳᠠᠴᠢ ᠪᠠᠷ ᠵᠢᠯ ᠳᠤ 800 ᠲᠦᠬᠦᠷᠢᠭ ᠪᠤᠯᠵᠤ᠂ 1.93 ᠲᠦᠮᠡᠨ ᠬᠦᠮᠦᠨ | ᠪᠠᠳᠤᠯᠠᠭᠠᠨ ᠳᠤ ᠤᠷᠤᠭᠠᠳ ᠪᠤᠢ᠃ ᠨᠡᠶᠢᠬᠡᠮ ᠤᠨ ᠲᠠᠭᠠᠳᠬᠠᠯ ᠤᠨ ᠪᠦᠷᠬᠦᠴᠡ ᠤᠯᠠᠮ ᠦᠷᠭᠡᠳᠴᠦ᠂ ᠠᠵᠤ | ᠠᠬᠤᠶᠢᠯᠠᠯ ᠤᠨ ᠠᠵᠢᠯᠳᠠᠨ ᠠᠵᠢᠯᠴᠢᠨ ᠤ ᠨᠠᠰᠤᠵᠢᠯ ᠤᠨ ᠲᠠᠭᠠᠳᠬᠠᠯ ᠪᠤᠯᠤᠨ ᠬᠤᠳᠠ ᠪᠠᠯᠭᠠᠰᠤᠨ ᠤ ᠰᠠᠭᠤᠭᠠᠯᠢ | ᠠᠷᠠᠳ ᠤᠨ ᠡᠮᠨᠡᠯᠬᠡ ᠶᠢᠨ ᠲᠠᠭᠠᠳᠬᠠᠯ ᠳᠤ ᠤᠷᠤᠯᠴᠠᠭᠰᠠᠳ ᠲᠤᠰᠪᠤᠷᠢ 6327 ᠬᠦᠮᠦᠨ ᠪᠠ 38188 ᠬᠦᠮᠦᠨ | ᠳᠤ ᠬᠦᠷᠴᠦ᠂ ᠲᠤᠰᠪᠤᠷᠢ 12% ᠪᠠ 15% ᠪᠠᠷ ᠨᠡᠮᠡᠭᠳᠡᠨ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ | ᠶᠢᠨ ᠠᠵᠢᠯ ᠠᠯᠳᠠᠬᠤ ᠲᠠᠭᠠᠳᠬᠠᠯ ᠳᠤ 6310 ᠬᠦᠮᠦᠨ ᠤᠷᠤᠵᠤ᠂ 9% ᠪᠠᠷ ᠨᠡᠮᠡᠭᠳᠡᠵᠡᠢ᠃ ᠡᠮᠨᠡᠯᠭᠡ ᠶᠢᠨ | ᠠᠪᠤᠷᠠᠨ ᠲᠤᠰᠠᠯᠠᠬᠤ ᠮᠦᠩᠬᠦ 313.6 ᠲᠦᠮᠡᠨ ᠲᠦᠬᠦᠷᠢᠭ ᠢ ᠲᠠᠷᠬᠠᠭᠠᠵᠤ᠂ 7572 ᠬᠦᠴᠢᠷᠳᠡᠢ ᠠᠷᠠᠳ ᠲᠤ | ᠲᠤᠰᠠᠯᠠᠮᠵᠢ ᠪᠤᠯᠭᠠᠪᠠ᠃ ︽ᠬᠠᠷᠠᠭ᠎ᠠ ᠰᠠᠷᠠᠭᠤᠯᠵᠢᠭᠤᠯᠬᠤ︾ ᠠᠵᠢᠯᠯᠠᠭ᠎ᠠ ᠶᠢ ᠦᠷᠨᠢᠬᠦᠯᠦᠨ᠂ 53 ᠨᠡᠷ᠎ᠡ ᠴᠠᠭᠠᠨ | ᠬᠠᠷᠠᠩ ᠡᠪᠡᠳᠴᠢᠨ ᠲᠠᠢ ᠬᠦᠮᠦᠨ ᠳᠤ ᠨᠢᠳᠦᠨ ᠤ ᠵᠠᠰᠠᠯ ᠬᠢᠯᠭᠡᠭᠰᠡᠨ ᠪᠠᠶᠢᠨ᠎ᠠ᠃ 17 ᠭᠠᠴᠠᠭ᠎ᠠ ᠲᠤᠰᠬᠤᠨ ᠤ | ᠲᠦᠭᠡᠭᠡᠯ ᠤᠰᠤᠨ ᠤ ᠢᠨᠵᠧᠨᠧᠷᠢᠩ ᠢ ᠲᠠᠭᠤᠰᠬᠠᠵᠤ᠂ 2.4 ᠲᠦᠮᠡᠨ ᠬᠦᠮᠦᠨ ᠪᠠ 5 ᠲᠦᠮᠡᠨ ᠮᠠᠯ ᠤᠨ ᠠᠶᠤᠯᠬᠦᠢ | ᠤᠰᠤ ᠤᠮᠳᠠ ᠶᠢ ᠰᠢᠢᠳᠪᠦᠷᠢᠯᠡᠵᠡᠢ᠃ ᠬᠢᠮᠳᠡ ᠲᠦᠷᠢᠶᠡᠰᠦᠨ ᠤ ᠤᠷᠤᠨ ᠰᠠᠭᠤᠴᠠ 60 ᠢᠵᠢ ᠶᠢ ᠰᠢᠨ᠎ᠡ ᠪᠠᠷ | ᠪᠠᠶᠢᠭᠤᠯᠵᠤ᠂ ᠤᠷᠤᠨ ᠰᠠᠭᠤᠴᠠ ᠶᠢᠨ ᠨᠦᠬᠦᠪᠦᠷᠢ 538 ᠲᠦᠮᠡᠨ ᠲᠦᠬᠦᠷᠢᠭ ᠢ ᠲᠠᠷᠬᠠᠭᠠᠪᠠ᠃ | ︵ ᠶᠢᠰᠦ︶ ᠡᠯ᠎ᠡ ᠲᠦᠷᠦᠯ ᠤᠨ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠪᠠ ᠃ | ᠪᠦᠬᠦ ᠵᠢᠯ ᠳᠤ ᠨᠡᠶᠢᠳᠡ 9000 ᠲᠦᠮᠡᠨ ᠲᠦᠬᠦᠷᠢᠭ ᠤᠨ ᠲᠦᠷᠦᠯ ᠵᠦᠢᠯ ᠤᠨ ᠪᠡᠯᠡ ᠤᠷᠤᠭᠤᠯᠵᠤ᠂ ᠰᠤᠷᠭᠠᠨ | ᠬᠦᠮᠦᠵᠢᠯ᠂ ᠡᠮ ᠡᠮᠨᠡᠯᠭᠡ᠂ ᠰᠤᠶᠤᠯ ᠲᠠᠮᠢᠷ ᠪᠠ ᠲᠦᠯᠦᠪᠯᠡᠭᠡᠳᠦ ᠦᠷᠡᠵᠢᠯ ᠵᠡᠷᠭᠡ ᠨᠡᠶᠢᠬᠡᠮ ᠤᠨ ᠦᠢᠯᠡᠰ ᠤᠨ | ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠰᠠᠶᠢᠵᠢᠷᠠᠭᠤᠯᠤᠭᠰᠠᠨ ᠪᠠᠶᠢᠨ᠎ᠠ᠃ ᠪᠤᠤᠴᠠᠩ ᠤᠨ ᠨᠢᠭᠡᠳᠦᠭᠡᠷ ᠪᠠᠭ᠎ᠠ | ᠰᠤᠷᠭᠠᠭᠤᠯᠢ ᠶᠢᠨ ᠵᠢᠭᠠᠨ ᠰᠤᠷᠭᠠᠭᠤ ᠠᠰᠠᠷ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠨᠢᠭᠡᠳᠦᠭᠡᠷ | ᠲᠠᠪᠬᠤᠷᠭ᠎ᠠ ᠬᠢᠭᠡᠳ ᠰᠤᠶᠤᠯ ᠤᠨ ᠲᠤᠮᠤ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠵᠡᠷᠭᠡ ᠶᠢ ᠲᠠᠭᠤᠰᠬᠠᠵᠤ︔ | ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠭᠡᠷ 15᠂ ᠦᠨᠳᠦᠰᠦᠨ ᠱᠠᠳᠤᠨ ᠤ ᠰᠤᠶᠤᠯ ᠤᠨ ᠦᠷᠳᠡᠭᠡ 4᠂ | ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠦᠷᠳᠡᠭᠡ 2 ᠢ ᠪᠠᠶᠢᠭᠤᠯᠪᠠ᠃ ᠰᠤᠷᠭᠠᠨ ᠬᠦᠮᠦᠵᠢᠯ ᠤᠨ | ᠪᠠᠶᠢᠷᠢᠰᠢᠭᠤᠯᠭ᠎ᠠ ᠶᠢ ᠲᠤᠬᠢᠷᠠᠭᠤᠯᠵᠤ᠂ ᠬᠦᠳᠡᠭᠡ ᠲᠤᠰᠬᠤᠨ ᠤ 3 ᠲᠤᠮᠳᠠᠳᠤ ᠰᠤᠷᠭᠠᠭᠤᠯᠢ ᠶᠢ ᠬᠠᠰᠤᠨ | ᠴᠤᠮᠬᠠᠳᠬᠠᠪᠠ᠃ ᠬᠦᠭᠡ ᠭᠡᠯᠪᠡᠷᠢ ᠶᠢᠨ H1N1 ᠬᠠᠯᠳᠠᠪᠤᠷᠢᠳᠤ ᠲᠠᠭᠰᠢᠭᠤᠷ ᠢ ᠰᠡᠷᠭᠡᠶᠢᠯᠡᠨ ᠵᠠᠰᠠᠬᠤ ᠠᠵᠢᠯ ᠢ | ᠴᠢᠩᠭ᠎ᠠ ᠠᠳᠬᠤᠵᠤ ᠦᠷᠨᠢᠬᠦᠯᠪᠡ᠃ ᠢᠳᠡᠭᠡᠨ ᠤᠮᠳᠠᠭᠠᠨ ᠡᠮ ᠤᠨ ᠵᠦᠢᠯ ᠤᠨ ᠠᠶᠤᠯᠬᠦᠢ ᠶᠢᠨ ᠬᠢᠨᠠᠯᠳᠠ | ᠬᠠᠮᠢᠶᠠᠷᠤᠯᠳᠠ ᠶᠢ ᠴᠢᠩᠭᠠᠳᠬᠠᠵᠤ᠂ ᠮᠠᠨ ᠤ ᠬᠤᠰᠢᠭᠤ ᠨᠢ ᠦᠪᠡᠷᠳᠡᠭᠡᠨ ᠵᠠᠰᠠᠬᠤ ᠤᠷᠤᠨ ᠳᠤ ᠮᠠᠯᠵᠢᠬᠤ | ᠲᠠᠷᠢᠶᠠᠯᠠᠬᠤ ᠤᠷᠤᠨ ᠤ ᠡᠮ ᠤᠨ ᠵᠦᠢᠯ ᠤᠨ︽ᠬᠤᠶᠠᠷ ᠲᠤᠤᠷ︾ ᠤᠨ ᠠᠵᠢᠯ ᠤᠨ ᠵᠢᠱᠢᠶ᠎ᠡ ᠦᠵᠡᠬᠦᠯᠬᠦ ᠬᠤᠰᠢᠭᠤ | ᠪᠠᠷ ᠦᠨᠡᠯᠡᠭᠳᠡᠵᠡᠢ᠃ ᠲᠦᠷᠦᠯᠳᠡ ᠶᠢᠨ ᠲᠤᠤᠷ᠎ᠠ ᠲᠦᠪᠰᠢᠨ ᠢ ᠦᠷᠬᠦᠯᠵᠢᠯᠡᠨ ᠲᠤᠭᠳᠠᠪᠤᠷᠢᠵᠢᠭᠤᠯᠵᠤ᠂ ᠲᠦᠷᠦ | ᠶᠢᠨ ᠪᠤᠳᠤᠯᠭ᠎ᠠ ᠳᠤ ᠨᠡᠶᠢᠴᠡᠭᠰᠡᠨ ᠲᠦᠷᠦᠬᠦ ᠨᠤᠷᠮ᠎ᠠ 91.6% ᠳᠤ ᠬᠦᠷᠴᠦ᠂ ᠪᠦᠬᠦ ᠤᠷᠤᠨ ᠤ ᠲᠦᠯᠦᠪᠯᠡᠭᠡᠳᠦ | ᠦᠷᠡᠵᠢᠯ ᠤᠨ ᠰᠢᠯᠢᠳᠡᠭ ᠦᠢᠯᠡᠴᠢᠯᠡᠭᠡᠨ ᠤ ᠲᠡᠷᠢᠬᠦᠨ ᠤ ᠬᠤᠰᠢᠭᠤ ᠪᠠᠷ ᠦᠨᠡᠯᠡᠭᠳᠡᠪᠡ᠃ ᠤᠶᠤᠨ ᠤ ᠪᠤᠯᠪᠠᠰᠤᠨ ᠤ | ᠪᠠᠶᠢᠭᠤᠯᠤᠯᠳᠠ ᠴᠢᠩᠭᠠᠷᠠᠨ᠂ ᠤᠯᠠᠨ ᠲᠦᠮᠡᠨᠴᠢ ᠰᠤᠶᠤᠯ ᠲᠠᠮᠢᠷ ᠤᠨ ᠬᠦᠳᠡᠯᠪᠦᠷᠢ ᠠᠵᠢᠯᠯᠠᠭ᠎ᠠ ᠶᠢ ᠬᠦᠭᠵᠢᠶᠡᠨᠳᠡᠢ | ᠦᠷᠨᠢᠬᠦᠯᠪᠡ᠃ ᠰᠤᠶᠤᠯ ᠲᠡᠦᠬᠡ ᠶᠢᠨ ᠲᠤᠷᠠᠰᠬᠠᠯᠳᠤ ᠵᠦᠢᠯ 70 ᠶᠢ ᠢᠯᠡᠷᠡᠬᠦᠯᠵᠦ᠂ 1 ᠲᠦᠷᠦᠯ ᠤᠨ ᠪᠤᠳᠠᠰ | ᠤᠨ ᠪᠤᠰᠤ ᠰᠤᠶᠤᠯ ᠤᠨ ᠦᠪ ᠨᠢ ᠤᠷᠤᠨ ᠤ ᠲᠡᠰ ᠤᠨ ᠬᠠᠮᠠᠭᠠᠯᠠᠯᠳᠠ ᠶᠢᠨ ᠨᠡᠷᠡᠰ ᠲᠤ ᠤᠷᠤᠭᠰᠠᠨ ᠪᠠᠶᠢᠨ᠎ᠠ ᠃ | ︽ᠲᠤᠮᠳᠠᠳᠤ ᠤᠯᠤᠰ ᠤᠨ ᠮᠤᠷᠢᠨ ᠮᠡᠷᠭᠡᠵᠢᠯ ᠤᠨ ᠨᠤᠳᠤᠭ︾ ᠭᠡᠮᠡᠬᠦ ᠨᠡᠷᠡᠶᠢᠳᠦᠯ ᠢ ᠦᠪᠡᠷᠳᠡᠭᠡᠨ ᠵᠰᠠᠬᠤ ᠤᠷᠤᠨ ᠤ | ᠰᠤᠶᠤᠯ ᠲᠠᠮᠢᠷ ᠤᠨ ᠲᠤᠪᠴᠢᠶ᠎ᠠ ᠪᠠᠷ ᠲᠠᠮᠵᠢᠨ ᠵᠦᠪᠰᠢᠶᠡᠷᠡᠬᠦᠯᠵᠡᠢ᠃ ᠷᠠᠳᠢᠤ᠋ ᠲᠧᠯᠸᠢᠰ ᠤᠨ ᠦᠢᠯᠡᠰ ᠢ ᠬᠦᠴᠦ | ᠲᠠᠯᠪᠢᠨ ᠬᠦᠭᠵᠢᠬᠦᠯᠵᠦ᠂ ᠬᠤᠰᠢᠭᠤᠨ ᠤ ᠦᠪᠡᠷᠳᠡᠭᠡᠨ ᠡᠷᠬᠢᠯᠡᠭᠰᠡᠨ ᠰᠡᠯᠬᠦᠭᠡ ᠲᠠᠪᠳᠠᠮᠵᠢᠳᠤ ᠷᠠᠳᠢᠤ᠋ ᠨᠡᠪᠳᠡᠷᠡᠬᠦᠯᠬᠡ | ᠪᠤᠯᠤᠨ ᠮᠠᠯᠵᠢᠬᠤ ᠲᠠᠷᠢᠶᠠᠯᠠᠬᠤ ᠤᠷᠤᠨ ᠤ ᠨᠠᠮ ᠤᠨ ᠬᠡᠰᠢᠬᠦᠨ ᠺᠠᠳᠠᠷ ᠤᠨ ᠠᠯᠤᠰ ᠡᠵᠡᠮᠰᠢᠯᠳᠦ ᠰᠤᠷᠭᠠᠨ ᠬᠦᠮᠦᠵᠢᠯ | ᠤᠨ ᠰᠤᠪᠠᠭ ᠢ ᠨᠡᠪᠳᠡᠷᠡᠬᠦᠯᠵᠦ᠂ ᠪᠦᠷᠬᠦᠬᠦ ᠨᠤᠷᠮ᠎ᠠ ᠲᠤᠰᠪᠤᠷᠢ 85% ᠪᠠ 61% ᠳᠤ ᠬᠦᠷᠴᠦ︔ ︽ | ᠪᠠᠷᠠᠭᠤᠨ ᠬᠢᠯᠢ ᠬᠢᠵᠠᠭᠠᠷ ᠤᠷᠤᠨ ᠤ ᠷᠠᠳᠢᠤ᠋ ᠲᠧᠯᠸᠢᠰ ᠤᠨ ᠪᠦᠷᠬᠦᠴᠡ ᠶᠢᠨ ᠢᠨᠵᠧᠨᠧᠷᠢᠩ︾ ᠢ ᠭᠡᠷᠡᠭᠵᠢᠬᠦᠯᠦᠨ᠂ | ᠤᠷᠤᠨ ᠤ ᠷᠠᠳᠢᠤ᠋ ᠨᠡᠪᠳᠡᠷᠡᠬᠦᠯᠭᠡ ᠶᠢᠨ ᠪᠦᠷᠬᠦᠴᠡ ᠶᠢ 40% ᠳᠤ ᠬᠦᠷᠭᠡᠪᠡ᠃ ᠭᠠᠴᠠᠭ᠎ᠠ ᠲᠤᠰᠬᠤᠨ ᠤ ︽ | ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠢ ᠠᠮᠵᠢᠯᠳᠠᠳᠠᠢ ᠶᠠᠪᠤᠭᠳᠠᠭᠤᠯᠪᠠ᠃ ︽ᠬᠤᠶᠠᠷ ᠢ | ᠬᠦᠷᠢᠶᠡᠯᠡᠬᠦ︾ ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠭᠡᠵᠦ᠂ ᠵᠡᠪᠰᠡᠭᠳᠦ ᠬᠦᠴᠦᠨ ᠤ ᠺᠠᠳᠠᠷ᠂ ᠡᠷᠦᠬᠡ ᠶᠢᠨ | ᠴᠡᠷᠢᠭ ᠤᠨ ᠪᠡᠯᠡᠳᠭᠡᠯ ᠠᠩᠬᠢ ᠶᠢᠨ ᠪᠠᠶᠢᠭᠤᠯᠤᠯᠳᠠ ᠪᠤᠯᠤᠨ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠠᠵᠢᠯ | ᠤᠯᠠᠮ ᠴᠢᠩᠭᠠᠷᠠᠵᠠᠢ᠃ ᠡᠬᠦᠨ ᠤ ᠬᠠᠮᠳᠤ ᠦᠨᠳᠦᠰᠦᠲᠡᠨ᠂ ᠱᠠᠰᠢᠨ ᠰᠤᠷᠲᠠᠬᠤᠨ ᠂ ᠬᠠᠷᠢᠶᠠᠳᠤ ᠶᠢᠨ ᠠᠵᠢᠯ᠂ | ᠭᠠᠳᠠᠭᠠᠳᠤ ᠶᠠᠪᠤᠳᠠᠯ᠂ ᠲᠤᠭ᠎ᠠ ᠪᠦᠷᠢᠳᠬᠡᠯ ᠂ ᠳᠠᠩᠰᠠ ᠡᠪᠬᠡᠮᠡᠯ ᠂ ᠭᠠᠳᠠᠭᠰᠢ ᠤᠬᠠᠭᠤᠯᠭ᠎ᠠ᠂ ᠲᠡᠦᠬᠡ | ᠤᠶᠢᠯᠯᠠᠭ᠎ᠠ ᠂ ᠴᠠᠭ ᠠᠭᠤᠷ ᠂ ᠭᠠᠵᠠᠷ ᠬᠦᠳᠡᠯᠦᠯᠳᠡ᠂ ᠠᠶᠤᠯᠬᠦᠢ ᠦᠢᠯᠡᠳᠪᠦᠷᠢᠯᠡᠯ᠂ ᠡᠬᠡ ᠨᠢᠯᠬᠠᠰ ᠪᠠ | ᠵᠡᠮᠳᠡᠭᠴᠦᠳ ᠤᠨ ᠠᠵᠢᠯ ᠵᠡᠷᠭᠡ ᠡᠯ᠎ᠡ ᠲᠥᠷᠥᠯ ᠤᠨ ᠨᠡᠶᠢᠭᠡᠮ ᠤᠨ ᠦᠢᠯᠡᠰ ᠪᠦᠷ ᠰᠢᠨ᠎ᠡ ᠠᠮᠵᠢᠯᠲᠠ | ᠣᠯᠣᠭᠰᠠᠨ ᠪᠠᠶᠢᠨ᠎ᠠ ᠃ | ︵ᠠᠷᠪᠠ︶ ᠨᠡᠶᠢᠭᠡᠮ ᠤᠨ ᠤᠷᠴᠢᠨ ᠡᠶ᠎ᠡ ᠵᠤᠬᠢᠴᠠᠯ ᠲᠠᠢ ᠲᠤᠭᠳᠠᠭᠤᠨ ᠪᠠᠶᠢᠳᠠᠯ ᠢᠶᠠᠨ ᠬᠠᠳᠠᠭᠠᠯᠠᠪᠠ᠃ | ᠪᠡᠭᠡᠵᠢᠩ ᠤᠨ ᠲᠤᠭᠤᠷᠢᠨ ᠳᠠᠬᠢ ︽ᠬᠠᠮᠠᠭᠠᠯᠠᠯᠳᠠ ᠶᠢᠨ ᠭᠤᠤᠯ︾ ᠤᠨ ᠢᠨᠵᠧᠨᠧᠷᠢᠩ ᠤᠨ ᠡᠯ᠎ᠡ ᠵᠦᠢᠯ ᠤᠨ | ᠪᠠᠳᠤᠯᠠᠭᠠᠨ ᠤ ᠠᠷᠭ᠎ᠠ ᠠᠪᠴᠢᠯ ᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠶᠡᠭᠡ ᠪᠠᠶᠠᠷ | ᠳᠤᠷᠠᠰᠬᠠᠯᠲᠤ ᠡᠳᠦᠷ ᠣᠨᠠᠮᠤᠷ ᠲᠦᠪᠰᠢᠨ ᠢ ᠪᠠᠳᠤᠯᠠᠬᠤ ᠠᠵᠢᠯ ᠡᠬᠦᠷᠭᠡ ᠶᠢ ᠠᠮᠵᠢᠯᠳᠠᠳᠠᠢ ᠪᠡᠶᠡᠯᠡᠬᠦᠯᠦᠭᠰᠡᠨ | ᠪᠠᠶᠢᠨ᠎ᠠ᠃ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ ᠂ ︽ | ᠠᠮᠤᠭᠤᠯᠠᠩ ᠲᠠᠶᠢᠹᠤᠰᠧ ᠬᠤᠰᠢᠭᠤ︾ ᠶᠢ ᠴᠣᠭᠴᠠᠯᠠᠬᠤ ᠬᠥᠳᠡᠯᠭᠡᠭᠡᠨ ᠢ ᠭᠦᠨᠵᠡᠭᠡᠢ ᠦᠷᠨᠢᠬᠦᠯᠦᠨ᠂ | ᠡᠯ᠎ᠡ ᠰᠤᠮᠤ ᠰᠢᠶᠠᠩ ᠪᠠᠯᠭᠠᠰᠤᠨ ᠳᠤ ᠶᠡᠷᠦᠩᠬᠡᠶᠢᠯᠡᠨ ᠵᠠᠰᠠᠵᠤ ᠲᠤᠭᠳᠠᠭᠤᠨ ᠢ ᠬᠠᠮᠠᠭᠠᠯᠠᠬᠤ ᠠᠵᠢᠯ ᠤᠨ ᠲᠦᠪ ᠢ | ᠪᠠᠶᠢᠭᠤᠯᠵᠤ᠂ ᠠᠮᠤᠭᠤᠯᠠᠩ ᠭᠠᠴᠠᠭ᠎ᠠ ᠲᠤᠰᠬᠤᠨ 165᠂ ᠠᠮᠤᠭᠤᠯᠠᠩ ᠨᠢᠭᠡᠴᠡ 105 ᠶᠢ ᠪᠠᠶᠢᠭᠤᠯᠪᠠ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭᠠᠨ ᠡᠩᠨᠡᠭᠡ ᠪᠠᠨ ᠬᠦᠴᠦᠷᠭᠡᠭᠵᠢᠬᠦᠯᠬᠦ ᠪᠤᠳᠤᠯᠭ᠎ᠠ ᠶᠢ ᠠᠪᠴᠤ᠂ | ᠪᠦᠬᠦ ᠠᠶᠢᠮᠠᠭ ᠳᠠᠭᠠᠨ ᠠᠩᠬᠠᠳᠤᠭᠴᠢ ︽ᠠᠮᠤᠷ ᠲᠠᠶᠢᠪᠤᠩ ᠢ ᠬᠠᠪᠰᠤᠷᠤᠯᠴᠠᠨ ᠪᠡᠶᠡᠯᠡᠬᠦᠯᠬᠦ ︾ ᠬᠡᠷᠡᠭ | ᠮᠡᠳᠡᠬᠦᠯᠬᠦ ᠰᠦᠯᠵᠢᠶᠡᠨ ᠤ ᠰᠢᠰᠲ᠋ᠧᠮ ᠢ ᠪᠠᠶᠢᠭᠤᠯᠵᠤ᠂ ᠬᠠᠷᠠᠭᠠᠨ ᠲᠠᠪᠳᠠᠮᠵᠢ ᠶᠢᠨ ᠵᠢᠯᠤᠭᠤᠳᠬᠤ ᠰᠢᠰᠲ᠋ᠧᠮ ᠪᠠ | ᠦᠨᠳᠦᠰᠦᠨ ᠱᠠᠳᠤᠨ ᠤ ᠤᠯᠤᠰ ᠲᠦᠷᠦ ᠬᠠᠤᠯᠢ ᠴᠠᠭᠠᠵᠠ ᠶᠡᠷᠦᠩᠬᠡᠶᠢᠯᠡᠭᠰᠡᠨ ᠵᠠᠰᠠᠯᠳᠠ ᠶᠢᠨ ᠲᠤᠰᠬᠠᠢ ᠰᠦᠯᠵᠢᠶ᠎ᠡ | ᠶᠢ ᠪᠠᠶᠢᠭᠤᠯᠵᠤ ᠭᠡᠷᠡᠭᠯᠡᠵᠡᠢ᠃ ᠬᠤᠤᠷ ᠴᠠᠭᠠᠵᠠᠯᠠᠵᠤ ᠬᠤᠤᠷ ᠠᠷᠢᠯᠭᠠᠬᠤ ᠠᠵᠢᠯ ᠤᠨ ᠡᠷᠴᠢᠮ ᠢ | ᠴᠢᠩᠭᠠᠷᠠᠭᠤᠯᠤᠨ ᠂ ᠬᠤᠤᠷᠳᠤ ᠤᠷᠭᠤᠮᠠᠯ ᠲᠠᠷᠢᠬᠤ ᠦᠬᠡᠢ ᠶᠢ ᠪᠠᠳᠤᠯᠠᠪᠠ᠃ ᠵᠠᠮ ᠬᠠᠷᠢᠯᠴᠠᠭᠠᠨ ᠤ ᠴᠡᠭᠴᠡᠯᠡᠯᠳᠡ | ᠬᠠᠮᠢᠶᠠᠷᠤᠯᠳᠠ ᠶᠢ ᠴᠢᠩᠭᠠᠳᠬᠠᠨ᠂ ᠠᠷᠢᠬᠢ ᠤᠤᠭᠤᠵᠤ ᠲᠡᠷᠭᠡ ᠵᠢᠯᠤᠭᠤᠳᠬᠤ᠂ ᠦᠨᠡᠮᠯᠡᠯ ᠲᠡᠪᠳᠡᠷ ᠦᠬᠡᠢ | ᠵᠢᠯᠤᠭᠤᠳᠬᠤ ᠵᠡᠷᠭᠡ ᠠᠵᠢᠯᠯᠠᠭ᠎ᠠ ᠳᠤ ᠲᠤᠰᠬᠠᠢ ᠴᠡᠭᠴᠡᠯᠡᠯᠳᠡ ᠶᠠᠪᠤᠭᠤᠯᠪᠠ᠃ ᠠᠶᠤᠯᠬᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠠᠶᠤᠯᠬᠦᠢ ᠶᠢᠨ ᠬᠠᠷᠢᠭᠤᠴᠠᠯᠭ᠎ᠠ | ᠶᠢᠨ ᠭᠡᠷᠡᠭ ᠠᠴᠠ ᠰᠡᠷᠭᠡᠶᠢᠯᠡᠵᠦ ᠲᠡᠶᠢᠯᠵᠡᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠡᠭᠡᠳᠦ ᠬᠡᠮᠵᠢᠶ᠎ᠡ ᠪᠠᠷ | ᠬᠦᠨᠳᠦᠳᠬᠡᠵᠦ᠂ ︽ᠵᠠᠬᠢᠳᠠᠯ ᠰᠤᠷᠪᠤᠯᠵᠢᠯᠠᠭ᠎ᠠ ᠶᠢᠨ ᠵᠠᠭᠤᠨ ᠡᠳᠦᠷ ᠤᠨ ᠲᠠᠶᠢᠯᠠᠯᠳᠤᠭᠠᠨ︾᠂ ᠤᠳᠤᠷᠢᠳᠬᠤ ᠺᠠᠳᠠᠷ | ᠰᠤᠷᠪᠤᠯᠵᠢᠯᠠᠭ᠎ᠠ ᠬᠦᠯᠢᠶᠡᠬᠦ ᠵᠡᠷᠭᠡ ᠬᠦᠳᠡᠯᠬᠡᠬᠡᠨ ᠢ ᠬᠦᠨᠵᠡᠬᠡᠢ ᠦᠷᠨᠢᠬᠦᠯᠦᠨ᠂ ᠵᠦᠷᠢᠴᠡᠯ ᠵᠢᠭᠤᠷᠠᠭᠠᠨ ᠢ ᠪᠦᠬᠦ | ᠲᠠᠯᠠᠪᠠᠷ ᠪᠠᠶᠢᠴᠠᠭᠠᠨ ᠰᠢᠢᠳᠪᠦᠷᠢᠯᠡᠵᠦ᠂ ︽ᠵᠠᠬᠢᠳᠠᠯ ᠰᠤᠷᠪᠤᠯᠵᠢᠯᠠᠭ᠎ᠠ ᠶᠢᠨ ᠲᠠᠷᠤᠭᠳᠠᠭᠰᠠᠨ ᠬᠡᠷᠡᠭ ᠢ | ᠰᠢᠢᠳᠪᠦᠷᠢᠯᠡᠬᠦ ᠵᠢᠯ︾ ᠢᠶᠠᠷ ᠲᠤᠬᠢᠶᠠᠯ ᠪᠤᠯᠭᠠᠨ᠂ 722 ᠲᠦᠮᠡᠨ ᠲᠦᠬᠦᠷᠢᠭ ᠤᠨ ᠵᠠᠷᠤᠳᠠᠯ ᠭᠠᠷᠭᠠᠵᠤ ᠪᠠᠶᠢᠭᠠᠳ | ᠨᠢᠭᠡ ᠪᠦᠯᠦᠭ ᠭᠤᠤᠯᠳᠠᠯᠭ᠎ᠠ ᠲᠠᠢ ᠭᠡᠷᠡᠭ ᠢ ᠨᠠᠮᠳᠠᠭᠤᠯᠤᠨ ᠰᠢᠢᠳᠪᠦᠷᠢᠯᠡᠵᠦ᠂ ᠪᠦᠬᠦ ᠤᠯᠤᠰ ᠤᠨ ︽ᠬᠤᠶᠠᠷ ᠬᠤᠷᠠᠯ | ︾ ᠪᠠ 60 ᠵᠢᠯ ᠤᠨ ᠤᠯᠤᠰ ᠤᠨ ᠪᠠᠶᠠᠷ ᠤᠨ ᠬᠤᠭᠤᠴᠠᠭᠠᠨ ᠳᠤ ᠲᠡᠭᠡᠭᠰᠢ ᠵᠠᠭᠠᠯᠳᠤᠬᠤ ᠭᠡᠷᠡᠭ ᠨᠢᠭᠡ ᠴᠤ | ᠭᠠᠷᠬᠤ ᠦᠬᠡᠢ ᠶᠢ ᠪᠠᠳᠤᠯᠠᠪᠠ ᠃ | ︵ᠠᠷᠪᠠᠨ ᠨᠢᠭᠡ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠦᠭᠡᠢ | ᠴᠢᠩᠭᠠᠷᠠᠪᠠ ᠃ 2009ᠣᠨ ᠳᠤ᠂ ᠬᠤᠰᠢᠭᠤ ᠵᠠᠰᠠᠭ ᠤᠨ ᠣᠷᠳᠣᠨ ᠨᠢ ᠲᠣᠰ ᠪᠡᠶ᠎ᠡ ᠶᠢᠨ ᠪᠠᠶᠢᠭᠤᠯᠤᠯᠲᠠ ᠪᠠᠨ | ᠬᠦᠴᠦᠯᠡᠨ ᠴᠢᠩᠭᠠᠳᠬᠠᠵᠤ᠂ ᠡᠯ᠎ᠡ ᠵᠦᠢᠯ ᠤᠨ ᠲᠤᠰᠢᠶᠠᠯ ᠴᠢᠳᠠᠪᠬᠢ ᠪᠠᠨ ᠪᠦᠬᠦ ᠲᠠᠯ᠎ᠠ ᠪᠠᠷ ᠭᠦᠢᠴᠡᠳᠬᠡᠨ ᠂ | ᠠᠵᠢᠯ ᠤᠨ ᠬᠢᠷᠢ ᠲᠦᠪᠰᠢᠨ ᠪᠠ ᠦᠷ᠎ᠡ ᠪᠦᠳᠦᠮᠵᠢ ᠪᠠᠨ ᠢᠯᠡᠳᠳᠡ ᠲᠡᠭᠡᠭᠰᠢᠯᠡᠬᠦᠯᠦᠭᠰᠡᠨ ᠪᠠᠶᠢᠨ᠎ᠠ᠃ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠡᠯ᠎ᠡ ᠵᠦᠢᠯ | ᠤᠨ ᠰᠢᠢᠳᠪᠦᠷᠢ ᠶᠢ ᠨᠢᠮᠪᠠᠢ ᠲᠣᠣᠱᠯᠠᠭᠤᠯᠵᠦ ᠂ ᠠᠷᠠᠳ ᠤᠨ ᠲᠥᠯᠥᠭᠡᠯᠡᠭᠴᠢ ᠶᠢᠨ ᠰᠠᠨᠠᠯ ᠵᠥᠪᠯᠡᠯᠭᠡ ᠂ | ᠰᠢᠭᠦᠮᠵᠢ ᠰᠠᠨᠠᠭᠤᠯᠭ᠎ᠠ ᠪᠣᠯᠣᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ | ᠪᠦᠬᠦᠨ ᠢ ᠬᠦᠢᠴᠡᠳᠭᠡᠨ ᠰᠢᠢᠳᠪᠦᠷᠢᠯᠡᠭᠰᠡᠨ ᠪᠠᠶᠢᠨ᠎ᠠ᠃ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ | ᠶᠢ ᠴᠢᠩᠭᠠᠳᠬᠠᠨ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠨᠡᠶᠢᠲᠡᠯᠡᠬᠦ ᠵᠣᠬᠢᠴᠠᠮᠵᠢ ᠶᠢ ᠤᠯᠠᠮ ᠨᠢᠭᠡ ᠠᠯᠬᠤᠮ ᠪᠦᠷᠢᠨᠰᠢᠬᠦᠯᠪᠡ᠃ ᠬᠢᠨᠠᠨ | ᠪᠠᠶᠢᠴᠠᠭᠠᠬᠤ ᠠᠵᠢᠯ ᠢ ᠴᠢᠩᠭᠠᠳᠬᠠᠵᠤ᠂ ᠵᠠᠰᠠᠭ ᠵᠠᠬᠢᠷᠭᠠᠨ ᠤ ᠦᠢᠯᠡᠴᠢᠯᠡᠬᠦ ᠦᠷ᠎ᠡ ᠪᠦᠳᠦᠮᠵᠢ ᠬᠢᠭᠡᠳ ᠬᠢᠷᠢ | ᠲᠦᠪᠰᠢᠨ ᠢ ᠲᠡᠭᠡᠭᠰᠢᠯᠡᠬᠦᠯᠵᠡᠢ᠃ ᠬᠢᠨᠠᠨ ᠪᠤᠳᠤᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠬᠦᠨᠳᠦ ᠶᠡᠭᠡ | ᠪᠦᠳᠦᠭᠡᠨ ᠪᠠᠶᠢᠭᠤᠯᠤᠯᠳᠠ ᠶᠢᠨ ᠠᠵᠢᠯ ᠪᠤᠯᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠲᠦᠰᠦᠪ — | ᠲᠦᠰᠦᠪ ᠤᠨ ᠬᠦᠢᠴᠡᠳᠭᠡᠯ ᠤᠨ ᠬᠢᠨᠠᠨ ᠪᠤᠳᠤᠯᠳᠠ ᠬᠢᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠪᠠ ᠃ | ᠲᠥᠯᠥᠭᠡᠯᠡᠭᠴᠢᠳ ᠡ ᠂ ᠥᠩᠭᠡᠷᠡᠬᠦ ᠨᠢᠭᠡ ᠵᠢᠯ ᠤᠨ ᠠᠵᠤ ᠠᠬᠤᠢ ᠬᠢᠭᠡᠳ ᠨᠡᠶᠢᠭᠡᠮ ᠤᠨ | ᠬᠥᠭᠵᠢᠯᠲᠡ ᠶᠢᠨ ᠲᠠᠯᠠᠪᠠᠷ ᠤᠯᠤᠭᠰᠠᠨ ᠠᠮᠵᠢᠯᠲᠠ ᠪᠦᠳᠦᠮᠵᠢ ᠪᠣᠯ ᠠᠶᠢᠮᠠᠭ ᠤᠨ ᠨᠠᠮ ᠤᠨ ᠬᠤᠷᠢᠶ᠎ᠠ ᠂ | ᠠᠶᠢᠮᠠᠭ ᠤᠨ ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠢ | ᠤᠳᠤᠷᠢᠳᠤᠯᠭ᠎ᠠ ᠶᠢᠨ ᠦᠷ᠎ᠡ ᠪᠦᠲᠦᠭᠡᠯ ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠲᠠᠷ | ᠣᠯᠠᠨ ᠲᠦᠮᠡᠨ ᠤ ᠬᠠᠲᠠᠭᠤᠵᠢᠯᠲᠠᠢ ᠠᠵᠢᠯᠯᠠᠵᠤ ᠪᠦᠯᠬᠦᠮᠳᠡᠨ ᠲᠡᠮᠡᠴᠡᠭᠰᠡᠨ ᠤ ᠦᠷ᠎ᠡ ᠪᠦᠲᠦᠭᠡᠯ ᠂ ᠮᠥᠨ | ᠴᠦ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠯᠠᠭᠤᠨ ᠬᠠᠪᠰᠤᠷᠤᠯ ᠬᠠᠷᠠᠮ ᠦᠬᠡᠢ ᠳᠡᠮᠵᠢᠯᠭᠡ ᠶᠢᠨ | ᠦᠷ᠎ᠡ ᠪᠦᠲᠦᠭᠡᠯ ᠪᠣᠯᠣᠨ᠎ᠠ ᠃ ᠠᠳᠡ ᠪᠢ ᠬᠤᠰᠢᠭᠤ ᠵᠠᠰᠠᠭ ᠤᠨ ᠣᠷᠳᠣᠨ ᠢ ᠲᠦᠯᠦᠬᠡᠯᠡᠵᠦ᠂ ᠪᠦᠬᠦ | ᠬᠤᠰᠢᠭᠤᠨ ᠤ ᠡᠯ᠎ᠡ ᠲᠦᠷᠦᠯ ᠤᠨ ᠠᠵᠢᠯ ᠤᠨ ᠹᠠᠷᠤᠨᠲ ᠲᠡᠭᠡᠷ᠎ᠡ ᠰᠢᠮᠳᠠᠨ ᠠᠵᠢᠯᠯᠠᠵᠤ ᠪᠠᠶᠢᠭ᠎ᠠ ᠡᠯ᠎ᠡ | ᠦᠨᠳᠦᠰᠦᠲᠡᠨ ᠤ ᠺᠠᠲᠠᠷ ᠣᠯᠠᠨ ᠲᠦᠮᠡᠨ ᠳᠡᠭᠡᠨ᠂ ᠲᠠᠶᠢᠹᠤᠰᠧ ᠬᠤᠰᠢᠭᠤᠨ ᠤ ᠬᠥᠭᠵᠢᠯᠲᠡ ᠶᠢ ᠬᠠᠯᠠᠭᠤᠨ | ᠢᠶᠠᠷ ᠬᠠᠯᠠᠮᠵᠢᠯᠠᠨ ᠳᠡᠮᠵᠢᠵᠦ ᠪᠠᠶᠢᠭ᠎ᠠ ᠪᠣᠢ ᠪᠦᠬᠦᠢ ᠨᠠᠶᠢᠵᠠ ᠨᠥᠬᠦᠳ ᠲᠤ ᠴᠢᠩ ᠰᠡᠳᠬᠢᠯ ᠤᠨ | ᠲᠠᠯᠠᠷᠬᠠᠯ ᠪᠣᠯᠣᠨ ᠬᠦᠨᠳᠦᠳᠬᠡᠯ ᠳᠡᠪᠰᠢᠭᠦᠯᠵᠦ ᠪᠠᠶᠢᠨ᠎ᠠ ︕ | ᠠᠮᠵᠢᠯᠲᠠ ᠪᠦᠲᠦᠮᠵᠢ ᠪᠠᠨ ᠳ᠋ᠦᠩᠨᠡᠨ ᠨᠤᠲᠠᠯᠠᠬᠤ ᠶᠢᠨ ᠬᠠᠮᠲᠤ ᠪᠠᠰᠠ ᠬᠤᠰᠢᠭᠤᠨ ᠤ ᠪᠠᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠭ᠎ᠠ ᠣᠯᠠᠨ ᠠᠷᠪᠢᠨ ᠬᠦᠴᠢᠷᠳᠡᠯ ᠠᠰᠠᠭᠤᠳᠠᠯ ᠢ | ᠰᠡᠷᠭᠡᠭ ᠢᠶᠠᠷ ᠣᠯᠵᠤ ᠲᠠᠨᠢᠬᠤ ᠬᠡᠷᠡᠭᠲᠡᠢ ᠃ ᠨᠢᠭᠡ ᠳᠤ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ | ᠪᠠᠭ᠎ᠠ ᠂ ᠠᠵᠤ ᠦᠢᠯᠡᠰ ᠤᠨ ᠪᠦᠲᠦᠴᠡ ᠲᠣᠬᠢᠷᠠᠮᠵᠢ ᠦᠭᠡᠢ ᠂ ᠬᠤᠶᠠᠳᠤᠭᠠᠷ ᠠᠵᠤ ᠦᠢᠯᠡᠰ ᠤᠨ | ᠬᠤᠪᠢ ᠶᠢᠨ ᠵᠢᠩ ᠪᠠᠭ᠎ᠠ ᠂ ᠬᠦᠴᠦᠷᠭᠡᠭ ᠶᠡᠭᠡ ᠨᠦᠯᠦᠭᠡᠯᠡᠨ ᠲᠠᠶᠢᠴᠢᠯᠠᠬᠤ ᠬᠦᠴᠦᠨ ᠲᠠᠢ ᠭᠤᠤᠯᠯᠠᠭᠴᠢ | ᠠᠵᠤ ᠠᠬᠤᠶᠢᠯᠠᠯ ᠲᠤᠳᠠᠭᠳᠠᠵᠤ᠂ ᠡᠬᠢ ᠪᠠᠶᠠᠯᠢᠭ ᠤᠨ ᠪᠤᠰᠤ ᠭᠡᠯᠪᠡᠷᠢ ᠶᠢᠨ ᠠᠵᠤ ᠦᠢᠯᠡᠰ ᠤᠨ ᠬᠦᠭᠵᠢᠯᠳᠡ | ᠬᠤᠴᠤᠷᠤᠩᠭᠤᠢ᠂ ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢᠨ ᠬᠢᠷᠢ ᠭᠡᠮᠵᠢᠶ᠎ᠡ ᠶᠢ ᠪᠠᠰᠠ ᠲᠡᠭᠡᠭᠰᠢᠯᠡᠬᠦᠯᠬᠦ | ᠴᠢᠬᠤᠯᠠᠳᠠᠢ᠃ ᠬᠤᠶᠠᠷ ᠲᠤ᠂ ᠮᠠᠯ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ | ᠪᠠᠰᠠ ᠨᠡᠯᠢᠶᠡᠳ ᠪᠦᠳᠦᠭᠦᠯᠢᠭ ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠬᠡᠪᠡᠷᠡᠭ ᠂ | ᠲᠦᠬᠦᠭᠡᠷᠵᠢᠭᠰᠡᠨ ᠮᠠᠯ ᠲᠠᠷᠢᠶᠠᠯᠠᠩ ᠤᠨ ᠭᠡᠪᠴᠢᠶ᠎ᠡ ᠭᠡᠮᠵᠢᠶ᠎ᠡ ᠪᠠᠭ᠎ᠠ᠂ ᠲᠡᠰ ᠲᠠᠪᠬᠤᠷᠭ᠎ᠠ ᠲᠤᠤᠷ᠎ᠠ᠂ ᠲᠠᠭᠠᠭᠤᠯᠤᠬᠴᠢ | ᠠᠵᠤ ᠠᠬᠤᠶᠢᠯᠠᠯ ᠪᠤᠯᠤᠨᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠡᠳ᠋ᠰᠢᠬᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠨᠢ ᠠᠵᠤ ᠦᠢᠯᠡᠰ ᠤᠨ ᠬᠦᠭᠵᠢᠯᠳᠡ ᠶᠢᠨ ᠱᠠᠭᠠᠷᠳᠠᠯᠭ᠎ᠠ ᠶᠢ ᠬᠠᠩᠭᠠᠵᠤ | ᠲᠡᠶᠢᠯᠬᠦ ᠦᠬᠡᠢ᠂ ᠮᠠᠯ ᠲᠠᠷᠢᠶᠠᠯᠠᠩ ᠦᠢᠯᠡᠳᠪᠦᠷᠢᠯᠡᠯ ᠨᠢ ᠵᠠᠬ᠎ᠠ ᠳᠡᠯᠭᠡᠭᠦᠷ ᠲᠠᠢ ᠵᠠᠯᠭᠠᠵᠤ ᠲᠡᠶᠢᠯᠬᠦ ᠦᠬᠡᠢ | ᠪᠠᠶᠢᠨ᠎ᠠ᠃ ᠭᠤᠷᠪᠠ ᠳᠤ᠂ ᠬᠤᠳᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠬᠤᠴᠤᠷᠤᠩᠭᠤᠢ᠂ | ᠬᠤᠳᠠ ᠪᠠᠯᠭᠠᠰᠤᠨ ᠤ ᠬᠠᠮᠢᠶᠠᠷᠤᠯᠳᠠ ᠶᠢᠨ ᠲᠦᠪᠰᠢᠨ ᠢ ᠲᠡᠭᠡᠭᠰᠢᠯᠡᠬᠦᠯᠬᠦ ᠴᠢᠬᠤᠯᠠᠳᠠᠢ ᠪᠠᠶᠢᠨ᠎ᠠ᠃ ᠲᠦᠷᠪᠡ ᠳᠤ᠂ | ᠬᠡᠷᠡᠭᠯᠡᠭᠦᠰᠢᠲᠡᠢ ᠡᠳ᠋ ᠤᠨ ᠬᠦᠴᠦᠨ ᠪᠠᠭ᠎ᠠ ᠂ ᠡᠳ᠋ ᠤᠨ ᠵᠠᠰᠠᠭ ᠠᠴᠠ ᠲᠡᠵᠢᠭᠡᠵᠦ ᠪᠠᠶᠢᠭ᠎ᠠ ᠬᠥᠮᠥᠨ | ᠤ ᠲᠤᠭ᠎ᠠ ᠣᠯᠠᠨ ᠂ ᠣᠷᠣᠯᠭ᠎ᠠ ᠵᠠᠷᠤᠯᠭ᠎ᠠ ᠶᠢᠨ ᠵᠥᠷᠢᠴᠡᠯ ᠶᠡᠭᠡ ᠲᠣᠪᠣᠶᠢᠮ᠎ᠠ ᠪᠠᠶᠢᠭ᠎ᠠ᠃ ᠲᠠᠪᠤ ᠳᠤ᠂ | ᠺᠠᠳᠠᠷ ᠤᠯᠠᠨ ᠲᠦᠮᠡᠨ ᠤ ᠦᠵᠡᠯ ᠰᠠᠨᠠᠭ᠎ᠠ ᠪᠠᠰᠠ ᠬᠦᠢᠴᠡᠳ ᠴᠢᠯᠦᠭᠡᠯᠡᠭᠳᠡᠭᠡᠳᠦᠢ᠂ ᠠᠷᠠᠯᠵᠢᠶᠠᠴᠢᠨ ᠤᠷᠢᠵᠤ ᠪᠡᠯᠡ | ᠲᠠᠳᠠᠬᠤ ᠠᠵᠢᠯ ᠤᠨ ᠠᠷᠭ᠎ᠠ ᠮᠠᠶ᠋ᠢᠭ ᠬᠦᠷᠦᠯᠴᠡᠬᠦ ᠦᠬᠡᠢ᠂ ᠪᠡᠯᠡ ᠤᠷᠤᠭᠤᠯᠬᠤ ᠬᠦᠴᠦᠳᠡᠢ ᠲᠠᠶᠢᠴᠢᠯᠠᠭ᠎ᠠ ᠲᠤᠳᠠᠵᠤ | ᠪᠤᠢ᠃ ᠵᠢᠷᠭᠤᠭ᠎ᠠ ᠳᠤ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠤᠯᠠᠮ ᠴᠢᠨᠠᠭᠰᠢᠳᠠ | ᠴᠢᠩᠭᠠᠳᠬᠠᠬᠤ ᠴᠢᠬᠤᠯᠠᠳᠠᠢ᠂ ᠵᠠᠰᠠᠭ ᠤᠨ ᠤᠷᠳᠤᠨ ᠤ ᠠᠵᠢᠯ ᠨᠢ ᠴᠠᠭ ᠤᠨ ᠪᠠᠶᠢᠳᠠᠯ ᠤᠨ ᠱᠠᠭᠠᠷᠳᠠᠯᠭ᠎ᠠ ᠬᠢᠭᠡᠳ | ᠠᠷᠠᠳ ᠲᠦᠮᠡᠨ ᠤ ᠬᠦᠰᠡᠯ ᠮᠦᠷᠦᠭᠡᠳᠦᠯ ᠲᠠᠢ ᠵᠦᠷᠢᠶ᠎ᠡ ᠶᠡᠭᠡ ᠪᠠᠶᠢᠭ᠎ᠠ᠃ ᠲᠤᠯᠤᠭ᠎ᠠ ᠳᠤ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠲᠤᠭᠳᠠᠭᠤᠨ ᠢᠶᠠᠷ ᠤᠷᠤᠯᠭ᠎ᠠ ᠨᠡᠮᠡᠭᠳᠡᠬᠦ ᠰᠠᠭᠤᠷᠢ ᠪᠠᠬᠢ ᠪᠤᠰᠤ᠂ ᠠᠵᠢᠯ ᠤᠯᠬᠤ ᠵᠠᠮ | ᠰᠤᠪᠠᠭ ᠢᠪᠴᠤᠤ᠂ ᠤᠷᠤᠯᠭ᠎ᠠ ᠪᠠᠨ ᠨᠡᠮᠡᠭᠳᠡᠬᠦᠯᠬᠦ ᠳᠤ ᠬᠦᠴᠢᠷ ᠶᠡᠭᠡ ᠂ ᠰᠢᠢᠳᠪᠦᠷᠢᠯᠡᠬᠦ ᠴᠢᠬᠤᠯᠠᠳᠠᠢ ᠨᠡᠶᠢᠬᠡᠮ ᠤᠨ | ᠬᠦᠭᠵᠢᠯᠳᠡ ᠶᠢᠨ ᠪᠠ ᠠᠷᠠᠳ ᠤᠨ ᠠᠮᠢᠳᠤᠷᠠᠯ ᠤᠨ ᠠᠰᠠᠭᠤᠳᠠᠯ ᠪᠠᠰᠠ ᠲᠤᠩ ᠤᠯᠠᠨ ᠪᠠᠶᠢᠭ᠎ᠠ᠃ ᠪᠢᠳᠡ | ᠡᠷᠭᠡᠪᠰᠢ ᠲᠡᠭᠡᠳᠦ ᠬᠡᠮᠵᠢᠶᠡᠨ ᠤ ᠬᠠᠷᠢᠭᠤᠴᠠᠬᠤ ᠤᠪᠤᠷ ᠢᠶᠠᠷ ᠤᠴᠢᠵᠤ ᠡᠳᠡᠭᠡᠷ ᠠᠰᠠᠭᠤᠳᠠᠯ ᠢ ᠰᠠᠶᠢᠳᠤᠷ | ᠰᠢᠢᠳᠪᠦᠷᠢᠯᠡᠨ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠪᠠᠶᠢᠬᠤ ᠭᠡᠷᠡᠭᠳᠡᠢ᠃ | ᠬᠤᠶᠠᠷ᠂ 2010 ᠣᠨ ᠤ ᠠᠵᠢᠯ ᠤᠨ ᠪᠠᠶᠢᠷᠢᠯᠠᠭᠤᠯᠤᠯᠲᠠ | ᠡᠨᠡ ᠵᠢᠯ ᠪᠤᠯ ︽ᠠᠷᠪᠠᠨ ᠨᠢᠭᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠠᠮᠤᠭ ᠰᠡᠬᠦᠯᠴᠢ | ᠶᠢᠨ ᠨᠢᠭᠡ ᠵᠢᠯ᠂ ᠪᠢᠳᠡᠨ ᠤ ᠠᠵᠢᠯ ᠡᠬᠦᠷᠭᠡ ᠨᠦᠰᠡᠷ ᠬᠦᠨᠳᠦ ᠪᠠᠶᠢᠭ᠎ᠠ ᠶᠤᠮ᠃ ᠮᠠᠨ ᠤ ᠤᠯᠤᠰ ᠤᠨ ᠠᠵᠤ | ᠠᠬᠤᠢ ᠶᠢᠨ ᠪᠠᠶᠢᠳᠠᠯ ᠠᠯᠭᠤᠷ ᠰᠠᠶᠢᠵᠢᠷᠠᠬᠤ ᠶᠢ ᠲᠠᠭᠠᠯᠳᠤᠨ᠂ ᠪᠢᠳᠡᠨ ᠳᠤ ᠨᠡᠯᠢᠶᠡᠳ ᠰᠠᠶᠢᠨ ᠭᠠᠳᠠᠭᠠᠳᠤ | ᠬᠦᠭᠵᠢᠯᠳᠡ ᠶᠢᠨ ᠤᠷᠴᠢᠨ ᠲᠠᠢ ᠪᠤᠯᠤᠭᠰᠠᠨ ᠪᠤᠯᠪᠠᠴᠤ᠂ ᠲᠤᠳᠤ ᠪᠤᠰᠤ ᠰᠢᠯᠳᠠᠭᠠᠨ ᠪᠠᠰᠠᠯᠠ ᠠᠷᠪᠢᠨ ᠤᠷᠤᠰᠢᠵᠤ᠂ | ᠬᠦᠭᠵᠢᠯᠳᠡ ᠶᠢᠨ ᠲᠤᠮᠳᠠ ᠪᠠᠰᠠ ᠪᠠᠭ᠎ᠠ ᠪᠤᠰᠤ ᠬᠦᠨ ᠲᠠᠪᠬᠤᠷᠭ᠎ᠠ ᠶᠢᠨ ᠠᠰᠠᠭᠤᠳᠠᠯ ᠢ ᠰᠢᠢᠳᠪᠦᠷᠢᠯᠡᠬᠦ ᠴᠢᠬᠤᠯᠠᠳᠠᠢ | ᠪᠠᠶᠢᠨ᠎ᠠ᠃ ᠪᠢᠳᠡ ᠬᠦᠭᠵᠢᠯᠳᠡ ᠶᠢᠨ ᠢᠳᠡᠭᠡᠯ ᠵᠤᠷᠢᠭ ᠢᠶᠠᠨ ᠪᠠᠳᠤᠳᠬᠠᠬᠤ ᠪᠠᠷ ᠪᠠᠷᠠᠬᠤ ᠦᠬᠡᠢ ᠰᠠᠨᠠᠭᠠᠰᠢᠷᠠᠬᠤ | ᠤᠬᠠᠮᠰᠠᠷ ᠢᠶᠠᠨ ᠴᠤ ᠨᠡᠮᠡᠭᠳᠡᠬᠦᠯᠵᠦ᠂ ᠨᠡᠩ ᠢᠯᠡᠬᠦᠦ ᠬᠦᠴᠦᠯᠡᠨ ᠴᠢᠷᠮᠠᠶᠢᠵᠤ ᠡᠯ᠎ᠡ ᠲᠦᠷᠦᠯ ᠤᠨ ᠠᠵᠢᠯ ᠢᠶᠠᠨ | ᠰᠠᠶᠢᠨ ᠬᠢᠬᠦ ᠭᠡᠷᠡᠭᠳᠡᠢ᠃ | 2010 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ ᠄ ᠲᠡᠭᠡᠳᠦ | ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ | ᠲᠠᠯᠠᠪᠠᠷ ᠲᠤᠤᠱᠯᠠᠭᠤᠯᠵᠤ᠂ ᠳ᠋ᠧᠩ ᠰᠢᠶᠤᠤ ᠫᠢᠩ ᠤᠨ ᠤᠨᠤᠯ ᠪᠤᠯᠤᠨ ︽ᠭᠤᠷᠪᠠ ᠶᠢ ᠲᠦᠯᠦᠬᠡᠯᠡᠬᠦ︾ ᠴᠢᠬᠤᠯᠠ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ | ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠵᠤ ᠦᠢᠯᠡᠰ ᠤᠨ ᠪᠦᠳᠦᠴᠡ ᠶᠢ ᠲᠤᠬᠢᠷᠠᠭᠤᠯᠵᠤ᠂ | ᠬᠦᠭᠵᠢᠯᠳᠡ ᠶᠢᠨ ᠭᠡᠯᠪᠡᠷᠢ ᠶᠢ ᠬᠤᠪᠢᠷᠠᠭᠤᠯᠬᠤ᠂ ᠠᠵᠤ ᠠᠬᠤᠢ ᠶᠢᠨ ᠦᠷᠬᠦᠯᠵᠢᠯᠡᠭᠰᠡᠨ ᠲᠤᠭᠳᠠᠭᠤᠨ ᠨᠡᠯᠢᠶᠡᠳ | ᠲᠦᠷᠭᠡᠨ ᠬᠦᠭᠵᠢᠯᠳᠡ ᠶᠢ ᠪᠡᠶᠡᠯᠡᠬᠦᠯᠬᠦ︾ ᠪᠠᠷ ᠭᠤᠤᠯ ᠱᠤᠭᠤᠮ ᠪᠤᠯᠭᠠᠨ᠂ ᠠᠵᠤ ᠠᠬᠤᠢ ᠶᠢᠨ ᠪᠦᠳᠦᠴᠡ ᠶᠢᠨ | ᠲᠤᠬᠢᠷᠠᠭᠤᠯᠤᠯᠳᠠ ᠪᠠᠷ ᠭᠤᠤᠯᠳᠠᠯᠭ᠎ᠠ ᠪᠤᠯᠭᠠᠵᠤ᠂ ᠮᠠᠯ ᠲᠠᠷᠢᠶᠠᠯᠠᠩ ᠤᠨ ᠤᠳᠤᠬᠢᠴᠢᠯᠠᠯᠳᠠ᠂ ᠰᠢᠨ᠎ᠡ ᠬᠡᠯᠪᠡᠷᠢ ᠶᠢᠨ | ᠠᠵᠤ ᠦᠢᠯᠡᠳᠪᠦᠷᠢᠵᠢᠯᠳᠡ ᠪᠠ ᠬᠤᠳᠠ ᠪᠠᠯᠭᠠᠰᠤᠵᠢᠯᠳᠠ ᠶᠢ ᠲᠦᠷᠭᠡᠨ ᠠᠬᠢᠭᠤᠯᠵᠤ᠂ ᠵᠤᠭᠠᠴᠠᠯ᠂ ᠠᠷᠠᠯᠵᠢᠶ᠎ᠠ | ᠬᠤᠳᠠᠯᠳᠤᠭ᠎ᠠ ᠪᠤᠳᠠᠰ ᠤᠨ ᠬᠦᠢᠯᠭᠡᠭᠡᠨ ᠤ ᠦᠢᠯᠡᠰ ᠢᠶᠠᠷ ᠭᠤᠤᠯ ᠪᠤᠯᠭᠠᠭᠰᠠᠨ ᠭᠤᠷᠪᠠᠳᠤᠭᠠᠷ ᠠᠵᠤ ᠦᠢᠯᠡᠰ ᠤᠨ | ᠬᠦᠭᠵᠢᠯᠳᠡ ᠶᠢ ᠲᠦᠷᠭᠡᠳᠭᠡᠨ᠎ᠡ᠃ ᠲᠦᠷᠦᠯ ᠵᠦᠢᠯ ᠤᠨ ᠲᠠᠶᠢᠴᠢᠯᠠᠯ ᠲᠡᠭᠡᠷ᠎ᠡ ᠬᠦᠴᠦ ᠲᠠᠯᠪᠢᠵᠤ᠂ ᠠᠵᠤ | ᠠᠬᠤᠶᠢᠯᠠᠯ ᠤᠨ ᠦᠢᠯᠡᠴᠢᠯᠡᠭᠡ ᠶᠢ ᠴᠢᠩᠭᠠᠳᠬᠠᠨ᠂ ᠠᠷᠠᠳ ᠤᠨ ᠠᠮᠢᠳᠤᠷᠠᠯ ᠢ ᠴᠢᠷᠮᠠᠶᠢᠨ ᠪᠠᠳᠤᠯᠠᠵᠤ᠂ ᠠᠵᠠ | ᠲᠤᠬᠢᠶᠠᠯ ᠢ ᠡᠵᠡᠮᠳᠡᠨ᠂ ᠬᠠᠳᠠᠭᠤᠵᠢᠯᠳᠠᠢ ᠲᠡᠮᠡᠴᠡᠵᠦ ᠪᠠᠶᠢᠭᠠᠳ ᠠᠷᠠᠳ ᠢ ᠪᠠᠶᠠᠵᠢᠭᠤᠯᠤᠨ ᠬᠤᠰᠢᠭᠤ ᠪᠠᠨ | ᠬᠦᠴᠦᠷᠭᠡᠭᠵᠢᠬᠦᠯᠬᠦ ᠪᠠᠷ ᠴᠢᠷᠮᠠᠶᠢᠨ᠎ᠠ᠃ ᠤᠶᠤᠨ ᠤ ᠪᠤᠯᠪᠠᠰᠤᠨ᠂ ᠠᠷᠠᠳᠴᠢᠯᠠᠯ ᠬᠠᠤᠯᠢ ᠲᠦᠷᠢᠮ ᠪᠠ ᠵᠠᠰᠠᠭ ᠤᠨ | ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠨ᠂ ᠨᠡᠶᠢᠭᠡᠮ ᠤᠨ ᠡᠶ᠎ᠡ ᠵᠤᠬᠢᠴᠠᠯ ᠪᠠ ᠲᠤᠭᠳᠠᠭᠤᠨ | ᠢ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠴᠢᠨᠠᠷᠯᠢᠭ ᠮᠦᠷᠳᠡᠭᠡᠨ ᠲᠦᠷᠭᠡᠨ ᠬᠦᠭᠵᠢᠯᠳᠡ ᠶᠢ ᠴᠢᠷᠮᠠᠶᠢᠨ | ᠪᠡᠶᠡᠯᠡᠬᠦᠯᠦᠨ᠎ᠡ᠃ | 2010 ᠣᠨ ᠤ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠬᠢᠭᠡᠳ ᠨᠡᠶᠢᠬᠡᠮ ᠤᠨ | ᠬᠦᠭᠵᠢᠯᠳᠡ ᠶᠢᠨ ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄ ᠣᠷᠣᠨ ᠨᠤᠳᠤᠭ ᠤᠨ ᠦᠢᠯᠡᠳᠪᠦᠷᠢᠯᠡᠯ | ᠤᠨ ᠶᠡᠷᠦᠩᠬᠡᠢ ᠥᠷᠲᠡᠭ ᠢ 27 ᠳ᠋ᠦᠩᠰᠢᠭᠤᠷ ᠲᠥᠭᠦᠷᠢᠭ ᠲᠤ ᠬᠦᠷᠭᠡᠵᠦ ᠂ 16% ᠪᠠᠷ | ᠨᠡᠮᠡᠭᠳᠡᠭᠦᠯᠦᠨ᠎ᠡ ᠃ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠢ 7.5 ᠳ᠋ᠦᠩᠰᠢᠭᠤᠷ | ᠲᠥᠭᠦᠷᠢᠭ ᠲᠤ ᠬᠦᠷᠭᠡᠵᠦ ᠂ 10.3% ᠪᠠᠷ ᠨᠡᠮᠡᠭᠳᠡᠭᠦᠯᠦᠨ ︔ ᠬᠤᠶᠠᠳᠤᠭᠠᠷ ᠠᠵᠤ ᠦᠢᠯᠡᠰ ᠤᠨ | ᠨᠡᠮᠡᠭᠳᠡᠯ ᠥᠷᠲᠡᠭ ᠢ 10 ᠳ᠋ᠦᠩᠰᠢᠭᠤᠷ ᠲᠥᠭᠦᠷᠢᠭ ᠲᠤ ᠬᠦᠷᠭᠡᠵᠦ ᠂ 22% ᠢᠶᠠᠷ ᠨᠡᠮᠡᠭᠳᠡᠭᠦᠯᠦᠨ ᠂ | ᠡᠭᠦᠨ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7.6 ᠳ᠋ᠦᠩᠰᠢᠭᠤᠷ ᠲᠥᠭᠦᠷᠢᠭ ᠲᠤ | ᠬᠦᠷᠭᠡᠵᠦ ᠂ 20.6% ᠪᠠᠷ ᠨᠡᠮᠡᠭᠳᠡᠭᠦᠯᠦᠨ ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ | ᠢ 9.5 ᠳ᠋ᠦᠩᠰᠢᠭᠤᠷ ᠲᠦᠬᠦᠷᠢᠭ ᠲᠤ ᠬᠦᠷᠭᠡᠵᠦ ᠂ 14.5% ᠪᠠᠷ ᠨᠡᠮᠡᠭᠳᠡᠭᠦᠯᠦᠨ᠎ᠡ ᠃ ᠡᠳ᠋ ᠤᠨ ᠵᠠᠰᠠᠭ | ᠤᠨ ᠣᠷᠣᠯᠭ᠎ᠠ ᠶᠢ 1 ᠳ᠋ᠦᠩᠰᠢᠭᠤᠷ ᠲᠥᠭᠦᠷᠢᠭ ᠲᠤ ᠬᠦᠷᠭᠡᠵᠦ ᠂ ᠨᠢᠳᠤᠨᠤᠨ ᠲᠠᠢ ᠠᠳᠠᠯᠢ ᠪᠠᠶᠢᠯᠭᠠᠨ᠎ᠠ᠃ | ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 25 ᠳ᠋ᠦᠩᠰᠢᠭᠤᠷ ᠲᠥᠭᠦᠷᠢᠭ ᠲᠤ ᠬᠦᠷᠭᠡᠵᠦ ᠂ | 23.8% ᠪᠠᠷ ᠨᠡᠮᠡᠭᠳᠡᠭᠦᠯᠦᠨ᠎ᠡ ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ | ᠲᠣᠬᠢᠷᠠᠭᠤᠯᠵᠤ ᠪᠣᠯᠬᠤᠶᠢᠴᠠ ᠤᠷᠤᠯᠭ᠎ᠠ ᠶᠢ 16320 ᠲᠥᠭᠦᠷᠢᠭ ᠲᠤ ᠬᠦᠷᠭᠡᠵᠦ ᠂ 17.6% ᠪᠠᠷ | ᠨᠡᠮᠡᠭᠳᠡᠭᠦᠯᠦᠨ ︔ ᠲᠠᠷᠢᠶᠠᠴᠢᠨ ᠤ ᠬᠥᠮᠥᠨ ᠳᠤᠮᠳᠠᠴᠢ ᠴᠡᠪᠡᠷ ᠣᠷᠣᠯᠭ᠎ᠠ ᠶᠢ 5400 ᠲᠥᠭᠦᠷᠢᠭ ᠲᠤ | ᠬᠦᠷᠭᠡᠵᠦ ᠂ 15.9% ᠪᠠᠷ ᠨᠡᠮᠡᠭᠳᠡᠭᠦᠯᠦᠨ ︔ ᠮᠠᠯᠴᠢᠳ ᠤᠨ ᠬᠥᠮᠥᠨ ᠳᠤᠮᠳᠠᠴᠢ ᠴᠡᠪᠡᠷ ᠣᠷᠣᠯᠭ᠎ᠠ ᠶᠢ | 6900 ᠲᠥᠭᠦᠷᠢᠭ ᠲᠤ ᠬᠦᠷᠭᠡᠵᠦ 14.7% ᠪᠠᠷ ᠨᠡᠮᠡᠭᠳᠡᠭᠦᠯᠦᠨ᠎ᠡ ᠃ ᠬᠤᠳᠠ ᠬᠦᠳᠡᠭᠡ ᠶᠢᠨ | ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 4% ᠲᠤᠳᠤᠷ᠎ᠠ ᠬᠢᠵᠠᠭᠠᠷᠯᠠᠨ᠎ᠠ᠃ ᠡᠳᠡᠭᠡᠷ ᠡᠬᠦᠷᠭᠡ | ᠬᠠᠷᠠᠯᠳᠠ ᠶᠢ ᠪᠡᠶᠡᠯᠡᠬᠦᠯᠬᠦ ᠳᠤ ᠪᠢᠳᠡ ᠲᠤᠤᠷᠠᠬᠢ ᠶᠢᠰᠦᠨ ᠲᠠᠯ᠎ᠠ ᠶᠢᠨ ᠠᠵᠢᠯ ᠢ ᠰᠠᠶᠢᠳᠤᠷ ᠠᠳᠬᠤᠵᠤ ᠬᠢᠬᠦ | ᠴᠢᠬᠤᠯᠠᠳᠠᠢ ᠪᠠᠶᠢᠨ᠎ᠠ᠄ | ︵ᠨᠢᠭᠡ︶ ᠠᠮᠢ ᠠᠬᠤᠢ ᠶᠢᠨ ᠪᠤᠯᠪᠠᠰᠤᠨ ᠢᠶᠠᠷ ᠬᠠᠷᠠᠯᠳᠠ ᠪᠤᠯᠭᠠᠨ᠂ ᠪᠦᠳᠦᠭᠡᠨ ᠪᠠᠶᠢᠭᠤᠯᠤᠯᠳᠠ ᠪᠠ | ᠬᠠᠮᠠᠭᠠᠯᠠᠯᠳᠠ ᠶᠢᠨ ᠡᠷᠴᠢᠮ ᠢ ᠦᠷᠬᠦᠯᠵᠢᠯᠡᠨ ᠴᠢᠩᠭᠠᠷᠠᠭᠤᠯᠬᠤ ᠭᠡᠷᠡᠭᠳᠡᠢ᠃ | ᠠᠮᠢ ᠠᠬᠤᠢ ᠪᠠᠷ ᠬᠤᠰᠢᠭᠤ ᠪᠠᠨ ᠪᠠᠶᠢᠭᠤᠯᠬᠤ ᠦᠵᠡᠯ ᠰᠠᠨᠠᠭ᠎ᠠ ᠶᠢ ᠭᠤᠶᠢᠪᠢᠰᠢ ᠦᠭᠡᠢ | ᠪᠠᠷᠢᠮᠲᠠᠯᠠᠵᠤ ᠂ ᠰᠢᠯᠢᠳᠡᠭ ᠢᠨᠵᠧᠨᠧᠷᠢᠩ ᠢ ᠡᠭᠦᠳᠬᠦ ᠠᠴᠠ ᠭᠠᠷᠳᠠᠵᠤ᠂ ᠠᠮᠢ ᠠᠬᠤᠢ ᠶᠢᠨ ᠪᠤᠯᠪᠠᠰᠤᠨ | ᠢᠶᠠᠷ ᠬᠠᠷᠠᠯᠳᠠ ᠪᠤᠯᠭᠠᠵᠤ ᠪᠠᠶᠢᠭᠠᠳ ᠡᠯ᠎ᠡ ᠲᠥᠷᠥᠯ ᠤᠨ ᠠᠮᠢ ᠠᠬᠤᠢ ᠶᠢᠨ ᠪᠠᠶᠢᠭᠤᠯᠤᠯᠲᠠ ᠶᠢᠨ ᠲᠥᠷᠥᠯ | ᠵᠦᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ 1952 ᠲᠦᠮᠡᠨ ᠲᠦᠬᠦᠷᠢᠭ ᠤᠨ | ᠪᠡᠯᠡ ᠤᠷᠤᠭᠤᠯᠤᠨ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠲᠠᠯᠠᠪᠠᠢ14.45 ᠲᠦᠮᠡᠨ ᠮᠦ | ᠶᠢ ᠪᠡᠶᠡᠯᠡᠭᠦᠯᠵᠦ ᠂ ᠡᠭᠦᠨ ᠤ ᠳᠣᠲᠣᠷ᠎ᠠ ᠂ ᠬᠥᠮᠥᠨ ᠤ ᠬᠦᠴᠦᠨ ᠢᠶᠠᠷ ᠮᠣᠳᠣ ᠲᠠᠷᠢᠬᠤ ᠲᠠᠯᠠᠪᠠᠢ 0.5 | ᠲᠦᠮᠡᠨ ᠮᠦ ᠂ ᠠᠭᠤᠯᠠ ᠶᠢ ᠪᠢᠲᠡᠭᠦᠮᠵᠢᠯᠡᠵᠦ ᠮᠣᠳᠣ ᠲᠠᠷᠢᠬᠤ ᠲᠠᠯᠠᠪᠠᠢ5.5ᠲᠦᠮᠡᠨ ᠮᠦ ᠂ ᠪᠠᠭ᠎ᠠ ᠰᠠᠪᠠ | ᠭᠠᠵᠠᠷ ᠤᠨ ᠵᠠᠰᠠᠯᠲᠠ 3.45 ᠲᠦᠮᠡᠨ ᠮᠦ ᠂ ᠲᠤᠤᠷ ᠬᠦᠷᠢᠶ᠎ᠡ ᠪᠠᠷ ᠣᠶᠢᠵᠢᠭᠤᠯᠬᠤ ᠲᠠᠯᠠᠪᠠᠢ 5 ᠲᠦᠮᠡᠨ | ᠮᠦ ᠂ ᠳᠤᠯᠠᠭᠠᠨ ᠰᠠᠷᠠᠪᠴᠢ ᠶᠢᠨ ᠪᠠᠶᠢᠭᠤᠯᠤᠯᠳᠠ 2.2 ᠲᠦᠮᠡᠨ ᠬᠠᠪᠲᠠᠭᠠᠢ ᠳᠥᠷᠪᠡᠯᠵᠢᠨ ᠮᠧᠲᠷ ᠂ | ᠠᠷᠪᠢᠲᠠᠢ ᠤᠰᠤᠯᠠᠯᠲᠠ ᠶᠢᠨ ᠢᠨᠵᠧᠨᠧᠷᠢᠩ150 ᠰᠠᠭᠤᠷᠢ᠂ ᠠᠮᠢ ᠠᠬᠤᠢ ᠶᠢᠨ ᠨᠡᠬᠦᠳᠡᠯ ᠠᠷᠠᠳ 17 ᠡᠷᠦᠬᠡ ᠂ | 74 ᠬᠥᠮᠥᠨ ᠪᠠᠭᠳᠠᠨ᠎ᠠ᠃ ᠪᠦᠳᠦᠭᠡᠨ ᠪᠠᠶᠢᠭᠤᠯᠤᠯᠲᠠ ᠶᠢ ᠰᠠᠶᠢᠨ ᠬᠢᠬᠦ ᠶᠢᠨ ᠲᠠᠭᠠᠤ ᠦᠷ᠎ᠡ ᠪᠦᠳᠦᠮᠵᠢ ᠶᠢ | ᠬᠠᠮᠠᠭᠠᠯᠠᠬᠤ ᠠᠵᠢᠯ ᠢ ᠨᠡᠩ ᠢᠯᠡᠬᠦᠦ ᠬᠦᠨᠳᠦᠳᠭᠡᠨ᠂ ᠮᠠᠯ ᠪᠡᠯᠴᠢᠭᠡᠷ ᠤᠨ ᠲᠡᠩᠴᠡᠬᠦᠷᠢ ᠶᠢᠨ ᠲᠦᠷᠢᠮ ᠢ | ᠭᠤᠶᠢᠪᠢᠰᠢ ᠦᠬᠡᠢ ᠴᠢᠩᠭ᠎ᠠ ᠭᠡᠷᠡᠭᠵᠢᠬᠦᠯᠵᠦ᠂ ᠲᠥᠷᠥᠯ ᠵᠦᠢᠯ ᠤᠨ ᠣᠷᠣᠨ ᠤ ᠬᠠᠷᠠᠵᠤ ᠬᠠᠮᠢᠶᠠᠷᠬᠤ ᠡᠷᠴᠢᠮ ᠢ | ᠤᠯᠠᠮ ᠴᠢᠩᠭᠠᠷᠠᠭᠤᠯᠤᠨ᠂ ᠲᠠᠷᠢᠶᠠᠯᠠᠬᠤ ᠣᠷᠣᠨ ᠨᠢ ᠦᠬᠡᠷ ᠠᠴᠠ ᠪᠤᠰᠤᠳ ᠮᠠᠯ ᠤᠨᠤᠭ᠎ᠠ ᠶᠢ ᠪᠦᠬᠦᠯᠢ ᠵᠢᠯ ᠢᠶᠠᠷ | ᠬᠠᠰᠢᠶᠠᠯᠠᠨ ᠮᠠᠯᠵᠢᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ ᠂ ᠮᠠᠯᠵᠢᠬᠤ ᠣᠷᠣᠨ | ᠪᠦᠳᠦᠭᠡᠨ ᠪᠠᠶᠢᠭᠤᠯᠵᠤ ᠮᠠᠯ ᠮᠠᠯᠵᠢᠬᠤ ᠵᠠᠮ ᠢ ᠪᠠᠷᠢᠮᠳᠠᠯᠠᠵᠤ᠂ ᠦᠨᠳᠦᠷ ᠤᠨᠠᠯᠳᠠᠳᠤ ᠪᠤᠷᠳᠤᠭᠠᠨ ᠰᠠᠭᠤᠷᠢᠨ ᠭᠠᠵᠠᠷ | ᠢ ᠬᠦᠴᠦ ᠲᠠᠯᠪᠢᠨ ᠬᠦᠭᠵᠢᠬᠦᠯᠬᠦ ᠶᠢᠨ ᠬᠠᠮᠳᠤ ᠮᠠᠯ ᠰᠦᠷᠦᠭ ᠤᠨ ᠡᠬᠦᠯᠳᠡᠷ ᠤᠨ ᠪᠦᠳᠦᠴᠡ ᠶᠢ ᠤᠯᠠᠮ | ᠰᠢᠯᠢᠳᠡᠭᠵᠢᠬᠦᠯᠵᠦ᠂ ᠰᠦᠷᠦᠭᠯᠡᠨ ᠪᠡᠯᠴᠢᠭᠡᠬᠦ ᠠᠵᠢᠯ ᠢ ᠦᠷᠨᠢᠬᠦᠯᠦᠨ᠂ ᠪᠡᠯᠴᠢᠭᠡᠷᠯᠡᠬᠦᠯᠬᠦ ᠶᠢ ᠵᠤᠭᠰᠤᠭᠠᠬᠤ᠂ | ᠰᠡᠯᠬᠦᠨ ᠮᠠᠯᠵᠢᠬᠤ ᠲᠤᠷᠰᠢᠯᠳᠠ ᠶᠢᠨ ᠴᠡᠭ ᠤᠨ ᠠᠵᠢᠯ ᠢ ᠢᠳᠡᠪᠬᠢᠳᠡᠢ ᠲᠦᠯᠬᠢᠨ ᠠᠬᠢᠭᠤᠯᠵᠤ᠂ ᠭᠡᠮᠵᠢᠶ᠎ᠡ ᠲᠠᠢ | ᠨᠤᠳᠤᠭ ᠪᠡᠯᠴᠢᠭᠡᠷ ᠢᠶᠠᠨ ᠵᠦᠢ ᠵᠤᠬᠢᠰᠳᠠᠢ ᠠᠰᠢᠭᠯᠠᠵᠤ ᠪᠠᠶᠢᠭᠠᠳ᠂ ᠪᠦᠬᠦ ᠠᠶᠢᠮᠠᠭ ᠤᠨ ᠱᠠᠳᠤ ᠦᠶ᠎ᠡ ᠶᠢᠨ | ᠴᠢᠨᠠᠷᠳᠠᠢ ᠪᠡᠯᠴᠢᠭᠡᠷᠯᠡᠬᠦᠯᠬᠦ ᠶᠢ ᠵᠤᠭᠰᠤᠭᠠᠬᠤ ᠤᠷᠤᠨ ᠳᠤ ᠤᠷᠤᠵᠤ᠂ ᠲᠡᠭᠡᠳᠦ ᠱᠠᠳᠤᠨ ᠤ ᠲᠦᠷᠦ ᠶᠢᠨ | ᠪᠤᠳᠤᠯᠭ᠎ᠠ ᠶᠢᠨ ᠨᠦᠬᠦᠪᠦᠷᠢ ᠶᠢ ᠬᠦᠷᠳᠡᠬᠦ ᠪᠠᠷ ᠴᠢᠷᠮᠠᠶᠢᠨ᠎ᠠ᠃ ᠵᠡᠷᠯᠢᠭ ᠲᠠᠤᠯᠠᠢ ᠶᠢᠨ ᠪᠥᠭᠡᠷ᠎ᠡ ᠶᠢᠨ ᠮᠤᠳᠤ | ᠲᠠᠷᠢᠬᠤ ᠲᠠᠯᠠᠪᠠᠢ ᠶᠢ 2 ᠲᠦᠮᠡᠨ ᠮᠦ ᠥᠷᠭᠡᠳᠬᠡᠨ ᠂ 15 ᠲᠦᠮᠡᠨ ᠮᠦ ᠳᠤ ᠬᠦᠷᠭᠡᠵᠦ᠂ ᠰᠢᠨ᠎ᠡ ᠮᠡᠷᠭᠡᠵᠢᠯ ᠢ | ᠤᠷᠤᠭᠤᠯᠤᠨ ᠮᠤᠳᠤᠨ ᠤ ᠤᠨᠳᠤᠷᠤᠯᠳᠠ ᠶᠢᠨ ᠨᠤᠷᠮ᠎ᠠ ᠶᠢ ᠲᠡᠭᠡᠭᠰᠢᠯᠡᠬᠦᠯᠦᠨ ︔ 1 ᠲᠦᠮᠡᠨ ᠮᠤ᠋ ᠬᠡᠭᠡᠷ᠎ᠡ ᠶᠢᠨ | ᠬᠦᠢᠯᠡᠰᠦ ᠶᠢᠨ ᠮᠤᠳᠤᠨ ᠤ ᠴᠢᠬᠢ ᠵᠠᠯᠭᠠᠬᠤ ᠪᠠ ᠥᠭᠡᠷᠡᠴᠢᠯᠡᠬᠦ ᠠᠵᠢᠯ ᠢ ᠬᠢᠵᠦ ︔ ᠴᠢᠨᠠᠷ ᠰᠠᠶᠢᠲᠠᠢ | ᠲᠡᠵᠢᠭᠡᠯ ᠡᠪᠡᠰᠦ ᠲᠦᠮᠡᠨ ᠮᠦ ᠲᠠᠷᠢᠵᠤ ᠂ ᠨᠡᠶᠢᠲᠡ ᠲᠠᠯᠠᠪᠠᠢ ᠶᠢ 9.5 ᠲᠦᠮᠡᠨ ᠮᠦ ᠳᠤ ᠬᠦᠷᠭᠡᠨ᠎ᠡ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠥᠷᠥᠯ ᠤᠨ ᠠᠵᠢᠯ ᠢ | ᠴᠢᠩᠭᠠᠳᠬᠠᠵᠤ ᠂ ᠮᠠᠯ ᠲᠠᠷᠢᠶᠠᠯᠠᠩ ᠤᠨ ᠦᠨᠳᠦᠰᠦᠨ ᠪᠠᠶᠢᠷᠢ ᠰᠠᠭᠤᠷᠢ ᠶᠢ ᠪᠠᠬᠢᠵᠢᠬᠦᠯᠬᠦ ᠬᠡᠷᠡᠭᠳᠡᠢ ᠃ | ᠠᠵᠤ ᠦᠢᠯᠡᠳᠪᠦᠷᠢᠵᠢᠯᠳᠡ ᠶᠢᠨ ᠰᠡᠳᠬᠢᠮᠵᠢ ᠪᠠᠷ ᠮᠠᠯ ᠲᠠᠷᠢᠶᠠᠯᠠᠩ ᠤᠨ ᠬᠦᠭᠵᠢᠯᠳᠡ ᠶᠢ | ᠲᠦᠯᠦᠪᠵᠢᠬᠦᠯᠵᠦ᠂ ᠤᠰᠤᠨ ᠳᠤ ᠠᠷᠪᠢᠳᠠᠢ ᠲᠠᠷᠢᠶᠠᠯᠠᠩ ᠪᠠ ᠠᠮᠢ ᠠᠬᠤᠢ ᠶᠢᠨ ᠬᠠᠮᠠᠭᠠᠯᠠᠯᠳᠠ ᠬᠠᠷᠢᠯᠴᠠᠨ | ᠤᠶᠠᠯᠳᠤᠭᠰᠠᠨ ᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠤᠳᠤ | ᠦᠶ᠎ᠡ ᠶᠢᠨ ᠮᠠᠯ ᠲᠠᠷᠢᠶᠠᠯᠠᠩ ᠢ ᠪᠦᠬᠦ ᠬᠦᠴᠦᠨ ᠢᠶᠠᠷ ᠬᠦᠭᠵᠢᠬᠦᠯᠦᠨ᠂ ᠲᠠᠷᠢᠶᠠᠯᠠᠩ ᠮᠠᠯ ᠠᠵᠤ ᠠᠬᠤᠢ ᠶᠢᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠡᠭᠡᠭᠰᠢᠯᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ | ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠦᠨᠵᠡᠬᠡᠢ ᠲᠦᠯᠬᠢᠨ ᠠᠬᠢᠭᠤᠯᠵᠤ᠂ ᠮᠠᠯ ᠲᠠᠷᠢᠶᠠᠯᠠᠩ ᠢ ᠬᠠᠷᠠᠭᠠᠯᠵᠠᠭᠰᠠᠨ | ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯᠠᠪᠠᠷ ᠨᠠᠶᠢᠳᠠᠪᠤᠷᠢᠵᠢᠭᠤᠯᠤᠨ᠂ ᠮᠠᠯᠴᠢᠨ ᠲᠠᠷᠢᠶᠠᠴᠢᠨ ᠤ | ᠤᠷᠤᠯᠭ᠎ᠠ ᠶᠢ ᠨᠡᠮᠡᠭᠳᠡᠬᠦᠯᠦᠨ᠎ᠡ᠃ | ᠨᠢᠭᠡ ᠳᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠨᠦᠬᠦᠴᠡᠯ ᠢ ᠦᠷᠬᠦᠯᠵᠢᠯᠡᠨ | ᠰᠠᠶᠢᠵᠢᠷᠠᠭᠤᠯᠬᠤ ᠭᠡᠷᠡᠭᠳᠡᠢ᠃ ︽ ᠠᠷᠭ᠎ᠠ ᠵᠠᠮ ᠢ ᠬᠤᠪᠢᠷᠠᠭᠤᠯᠬᠤ ᠦᠬᠡᠢ᠂ ᠬᠡᠷᠡᠭᠯᠡᠭᠡ ᠶᠢ ᠬᠤᠪᠢᠷᠠᠭᠤᠯᠬᠤ | ᠦᠬᠡᠢ︾ ᠪᠠᠶᠢᠬᠤ ᠵᠠᠷᠴᠢᠮ ᠢᠶᠠᠷ ᠮᠠᠯ ᠲᠠᠷᠢᠶᠠᠯᠠᠩ ᠳᠤ ᠬᠤᠯᠪᠤᠭᠳᠠᠭᠰᠠᠨ ᠪᠡᠯᠡ ᠮᠦᠩᠬᠦ ᠶᠢ ᠬᠠᠮᠳᠤᠳᠬᠠᠬᠤ ᠠᠷᠭ᠎ᠠ | ᠲᠦᠰᠦᠪ ᠢ ᠤᠯᠠᠮ ᠪᠦᠷᠢᠨᠰᠢᠬᠦᠯᠵᠦ᠂ ᠪᠡᠯᠡ ᠤᠷᠤᠭᠤᠯᠤᠯᠳᠠ ᠶᠢᠨ ᠡᠷᠴᠢᠮ ᠢ ᠴᠢᠩᠭᠠᠷᠠᠭᠤᠯᠤᠨ᠎ᠠ᠃ ᠲᠦᠷᠦᠯ | ᠵᠦᠢᠯ ᠤᠨ ᠤᠶᠠᠯᠳᠤᠯ ᠪᠡᠯᠡ ᠮᠦᠩᠬᠦ ᠪᠠᠷ ᠲᠠᠮᠵᠢᠨ᠂ ᠮᠠᠯ ᠲᠠᠷᠢᠶᠠᠯᠠᠩ ᠤᠨ ᠰᠠᠭᠤᠷᠢ ᠲᠦᠬᠦᠭᠡᠷᠦᠮᠵᠢ ᠶᠢᠨ | ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠰᠠᠭᠤᠷᠢᠨ ᠭᠠᠵᠠᠷ ᠤᠨ ᠲᠠᠯᠠᠪᠠᠢ ᠶᠢ ᠲᠠᠰᠤᠷᠠᠯᠳᠠ ᠦᠬᠡᠢ | ᠦᠷᠭᠡᠳᠭᠡᠬᠦ ᠶᠢᠨ ᠬᠠᠮᠳᠤ᠂ ᠢᠵᠢ ᠪᠦᠷᠢᠳᠦᠭᠰᠡᠨ ᠲᠦᠬᠦᠭᠡᠷᠦᠮᠵᠢ ᠶᠢ ᠪᠦᠷᠢᠨᠰᠢᠬᠦᠯᠦᠨ᠎ᠡ᠃ ᠲᠦᠬᠦᠭᠡᠷᠵᠢᠭᠰᠡᠨ | ᠲᠠᠷᠢᠶᠠᠯᠠᠩ ᠢ ᠪᠦᠬᠦ ᠬᠦᠴᠦᠨ ᠢᠶᠠᠷ ᠲᠡᠳᠬᠦᠨ ᠬᠦᠭᠵᠢᠬᠦᠯᠵᠦ᠂ ᠲᠠᠷᠢᠶᠠᠯᠠᠩ ᠤᠨ ᠪᠠᠷᠢᠮᠵᠢᠶᠠᠵᠢᠭᠰᠠᠨ | ᠦᠢᠯᠡᠳᠪᠦᠷᠢᠯᠡᠯ ᠢ ᠠᠬᠢᠭᠤᠯᠤᠨ᠂ ᠭᠠᠵᠠᠷ ᠬᠠᠭᠠᠰ ᠰᠠᠭᠤᠯᠭᠠᠭᠰᠠᠨ ᠲᠤᠯᠠᠭᠠᠨ ᠬᠦᠯᠡᠮᠵᠢ 138 ᠰᠠᠭᠤᠷᠢ᠂ | ᠰᠦᠯᠢᠶᠤᠤ ᠬᠦᠯᠡᠮᠵᠢ 1624 ᠰᠠᠭᠤᠷᠢ᠂ ᠮᠦᠬᠦ ᠰᠤᠶᠤᠭᠠᠯᠠᠭᠤᠯᠬᠤ ᠬᠦᠯᠡᠮᠵᠢ12 ᠰᠠᠭᠤᠷᠢ᠂ ᠮᠦᠬᠦ | ᠤᠷᠭᠤᠭᠤᠯᠬᠤ ᠬᠦᠯᠡᠮᠵᠢ 150 ᠰᠠᠭᠤᠷᠢ ᠶᠢ ᠪᠠᠶᠢᠭᠤᠯᠤᠨ᠎ᠠ᠃ 600 ᠡᠷᠦᠬᠡ ᠳᠤ ᠨᠠᠮᠤᠭ ᠤᠨ ᠬᠡᠢ ᠤᠷᠤᠭᠤᠯᠤᠨ | ᠂ ᠲᠤᠮᠤ ᠭᠡᠯᠪᠡᠷᠢ ᠶᠢᠨ ᠨᠠᠮᠤᠭ ᠤᠨ ᠭᠡᠢ ᠶᠢᠨ ᠢᠨᠵᠧᠨᠧᠷᠢᠩ 2 ᠢ ᠪᠠᠶᠢᠭᠤᠯᠤᠨ᠎ᠠ᠃ ᠮᠠᠯ ᠲᠠᠷᠢᠶᠠᠯᠠᠩ ᠢ | ᠬᠠᠷᠠᠭᠠᠯᠵᠠᠭᠰᠠᠨ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯᠠᠪᠠᠷ ᠨᠠᠶᠢᠳᠠᠪᠤᠷᠢᠵᠢᠭᠤᠯᠤᠨ᠂ | ᠲᠠᠷᠢᠶᠠᠯᠠᠩ ᠤᠨ ᠲᠠᠭᠠᠳᠬᠠᠯ ᠤᠨ ᠪᠦᠷᠬᠦᠴᠡ ᠶᠢ ᠦᠷᠭᠡᠳᠭᠡᠨ᠎ᠡ᠃ ᠮᠦᠩᠬᠦᠨ ᠬᠦᠢᠯᠭᠡᠭᠡᠨ ᠤ ᠲᠡᠮᠵᠢᠯᠭᠡ ᠶᠢ | ᠶᠡᠭᠡᠰᠭᠡᠨ᠂ ᠪᠦᠬᠦ ᠵᠢᠯ ᠳᠤ ᠨᠡᠶᠢᠳᠡ 5.5 ᠳ᠋ᠦᠩᠰᠢᠭᠤᠷ ᠲᠦᠬᠦᠷᠢᠭ ᠤᠨ ᠮᠠᠯ ᠲᠠᠷᠢᠶᠠᠯᠠᠩ ᠲᠡᠳᠬᠦᠬᠦ ᠵᠢᠭᠡᠯᠡᠯᠭᠡ | ᠲᠠᠯᠪᠢᠨ᠎ᠠ᠃ ︽ᠨᠢᠭᠡ ᠺᠠᠷᠲ ᠪᠠᠷ ᠤᠯᠭᠤᠬᠤ︾ ᠠᠵᠢᠯ ᠢ ᠦᠷᠬᠦᠯᠵᠢᠯᠡᠨ ᠰᠠᠶᠢᠨ ᠬᠢᠵᠦ᠂ ᠪᠤᠢ ᠪᠦᠬᠦᠢ ᠮᠠᠯ | ᠲᠠᠷᠢᠶᠠᠯᠠᠩ ᠲᠡᠳᠬᠦᠬᠦ ᠪᠡᠯᠡ ᠮᠦᠩᠬᠦ ᠶᠢ ︽ᠨᠢᠭᠡ ᠺᠠᠷᠲ︾ ᠪᠠᠷ ᠲᠠᠷᠬᠠᠭᠠᠬᠤ ᠪᠠᠷ ᠴᠢᠷᠮᠠᠶᠢᠨ᠎ᠠ᠃ ᠮᠠᠰᠢᠨᠴᠢᠯᠠᠯᠳᠠ | ᠶᠢᠨ ᠨᠤᠷᠮ᠎ᠠ ᠶᠢ ᠲᠡᠭᠡᠭᠰᠢᠯᠡᠬᠦᠯᠵᠦ᠂ ᠲᠠᠷᠢᠶᠠᠯᠠᠩ ᠤᠨ ᠮᠠᠰᠢᠨ ᠲᠦᠬᠦᠭᠡᠷᠦᠮᠵᠢ ᠬᠤᠳᠠᠯᠳᠤᠨ ᠠᠪᠬᠤ ᠳᠤ | ᠦᠷᠬᠦᠯᠵᠢᠯᠡᠨ ᠨᠦᠬᠦᠪᠦᠷᠢ ᠤᠯᠭᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠨᠡᠶᠢᠳᠡ ᠶᠢᠨ ᠠᠰᠠᠷᠠᠮᠵᠢ ᠶᠢᠨ ᠦᠢᠯᠡᠰ | ᠤᠨ ︽ᠨᠢᠭᠡ ᠬᠡᠷᠡᠭ ᠢ ᠨᠢᠭᠡ ᠵᠦᠪᠯᠡᠬᠦ︾ ᠠᠵᠢᠯ ᠢ ᠦᠷᠬᠦᠯᠵᠢᠯᠡᠨ ᠢᠳᠡᠪᠬᠢᠳᠡᠢ ᠪᠠᠷ ᠲᠦᠯᠬᠢᠨ ᠠᠬᠢᠭᠤᠯᠤᠨ᠎ᠠ᠃ | ᠬᠤᠶᠠᠷ ᠲᠤ᠂ ᠲᠠᠷᠢᠵᠤ ᠮᠠᠯᠵᠢᠬᠤ ᠦᠢᠯᠡᠰ ᠤᠨ ᠪᠦᠲᠦᠴᠡ ᠶᠢ ᠦᠷᠭᠦᠯᠵᠢᠯᠡᠨ | ᠲᠣᠬᠢᠷᠠᠭᠤᠯᠵᠤ ᠰᠢᠯᠢᠳᠡᠭᠵᠢᠭᠦᠯᠬᠦ ᠬᠡᠷᠡᠭᠲᠡᠢ ᠃ ︽ᠠᠮᠤ ᠦᠷ᠎ᠡ ᠶᠢᠨ ᠲᠠᠷᠢᠮᠠᠯ ᠢ ᠨᠡᠮᠡᠭᠳᠡᠬᠦᠯᠵᠦ᠂ ᠢᠳᠡᠰᠢᠨ | ᠨᠤᠭᠤᠭ᠎ᠠ ᠶᠢ ᠲᠤᠭᠳᠠᠪᠤᠷᠢᠵᠢᠭᠤᠯᠤᠨ᠂ ᠲᠦᠮᠦᠰᠦ ᠶᠢ ᠦᠷᠭᠡᠳᠭᠡᠬᠦ︾ ᠰᠡᠳᠬᠢᠴᠡ ᠪᠠᠷ ᠢᠳᠡᠰᠢᠨ ᠨᠤᠭᠤᠭ᠎ᠠ ᠪᠠ | ᠲᠦᠮᠦᠰᠦ ᠪᠠᠷ ᠭᠤᠤᠯᠯᠠᠬᠤ ᠠᠵᠤ ᠦᠢᠯᠡᠰ ᠪᠤᠯᠭᠠᠵᠤ᠂ ᠤᠨᠠᠯᠳᠠ ᠦᠨᠳᠦᠷ᠂ ᠦᠷ᠎ᠡ ᠠᠰᠢᠭ ᠦᠨᠳᠦᠷ᠂ | ᠠᠶᠤᠯᠬᠦᠢ᠂ ᠴᠢᠨᠠᠷᠯᠢᠭ ᠰᠠᠶᠢᠨ ᠲᠠᠷᠢᠮᠠᠯ ᠤᠨ ᠪᠦᠳᠦᠭᠡᠭᠳᠡᠬᠦᠨ ᠢ ᠬᠦᠭᠵᠢᠬᠦᠯᠦᠨ᠎ᠡ᠃ ᠶᠡᠷᠦᠩᠬᠡᠢ ᠲᠠᠷᠢᠮᠠᠯ ᠤᠨ | ᠲᠠᠯᠠᠪᠠᠢ ᠶᠢ142 ᠲᠦᠮᠡᠨ ᠮᠤ᠋ ᠳᠤ ᠬᠦᠷᠭᠡᠬᠦ ᠪᠠᠷ ᠲᠦᠰᠦᠪᠯᠡᠵᠦ᠂ ᠡᠬᠦᠨ ᠤ ᠲᠤᠳᠤᠷ᠎ᠠ 40 ᠲᠦᠮᠡᠨ ᠮᠦ | ᠲᠥᠮᠥᠰᠥ᠂ 15.2ᠲᠦᠮᠡᠨ ᠮᠦ ᠢᠳᠡᠰᠢᠨ ᠨᠣᠭᠤᠭ᠎ᠠ ᠲᠠᠷᠢᠵᠤ᠂ ᠲᠤᠰᠪᠤᠷᠢ ᠶᠡᠷᠦᠩᠭᠡᠢ ᠲᠠᠷᠢᠮᠠᠯ ᠤᠨ ᠲᠠᠯᠠᠪᠠᠢ | ᠶᠢᠨ28.2% ᠪᠠ10.7% ᠳᠤ ᠬᠦᠷᠭᠡᠨ᠎ᠡ᠃ ᠲᠤᠭ᠎ᠠ ᠬᠡᠮᠵᠢᠶ᠎ᠡ ᠶᠢ ᠨᠡᠮᠡᠭᠳᠡᠬᠦᠯᠬᠦ ᠪᠠ ᠡᠬᠦᠯᠳᠡᠷ | ᠰᠠᠶᠢᠵᠢᠷᠠᠭᠤᠯᠬᠤ ᠪᠠᠷ ᠭᠤᠤᠯᠳᠠᠯᠭ᠎ᠠ ᠪᠤᠯᠭᠠᠨ᠂ ᠭᠠᠵᠠᠷ ᠤᠷᠤᠨ ᠳᠤᠨᠢ ᠲᠤᠬᠢᠷᠠᠭᠤᠯᠬᠤ ᠵᠠᠷᠴᠢᠮ ᠢᠶᠠᠷ ᠮᠠᠯ ᠰᠦᠷᠦᠭ ᠂ | ᠡᠬᠦᠯᠳᠡᠷ ᠤᠨ ᠪᠦᠳᠦᠴᠡ ᠳᠤ ᠬᠦᠴᠦ ᠲᠠᠯᠪᠢᠨ ᠲᠤᠬᠢᠷᠠᠭᠤᠯᠤᠯᠳᠠ ᠬᠢᠵᠦ᠂ ᠰᠠᠭᠠᠯᠢ ᠶᠢᠨ ᠦᠨᠢᠶᠡᠨ ᠤ | ᠪᠠᠷᠢᠮᠵᠢᠶᠠᠵᠢᠭᠰᠠᠨ ᠮᠠᠯᠵᠢᠯᠭ᠎ᠠ ᠪᠠ ᠮᠢᠬᠠᠨ ᠤ ᠦᠬᠡᠷ ᠤᠨ ᠲᠦᠪᠯᠡᠷᠡᠬᠦᠯᠦᠭᠰᠡᠨ ᠮᠠᠯᠵᠢᠯᠭ᠎ᠠ ᠶᠢ ᠬᠦᠭᠵᠢᠬᠦᠯᠦᠨ᠎ᠡ᠃ | ᠮᠠᠯᠵᠢᠯ ᠤᠨ ᠣᠨ ᠳᠤ ᠮᠠᠯ ᠤᠨ ᠲᠤᠭ᠎ᠠ ᠲᠣᠯᠣᠭᠠᠢ ᠶᠢ 19.5 ᠲᠦᠮᠡ ᠳᠤ ᠬᠦᠷᠭᠡᠨ᠂ ᠡᠭᠦᠨ ᠳᠤ | ᠰᠠᠭᠠᠯᠢ ᠶᠢᠨ ᠦᠨᠢᠶ᠎ᠡ ᠶᠢ 5.4 ᠲᠦᠮᠡ᠂ ᠮᠢᠬᠠᠨ ᠤ ᠦᠬᠡᠷ ᠢ 4.2 ᠲᠦᠮᠡ ᠳᠤ ᠬᠦᠷᠭᠡᠵᠦ᠂ ᠲᠤᠰᠪᠤᠷᠢ | ᠪᠦᠬᠦ ᠮᠠᠯ ᠤᠨ ᠲᠤᠭᠠᠨ ᠤ 27.7% ᠪᠠ 21.5% ᠳᠤ ᠬᠦᠷᠭᠡᠨ᠎ᠡ᠃ ᠪᠠᠷᠢᠮᠵᠢᠶᠠᠵᠢᠭᠰᠠᠨ ᠵᠢᠱᠢᠶ᠎ᠡ ᠦᠵᠡᠬᠦᠯᠬᠦ | ᠲᠤᠭᠤᠷᠢᠭ ᠤᠨ ᠪᠠᠶᠢᠭᠤᠯᠤᠯᠳᠠ ᠶᠢ ᠬᠦᠴᠦ ᠲᠠᠯᠪᠢᠨ ᠬᠢᠵᠦ᠂ ᠰᠠᠭᠠᠯᠢ ᠶᠢᠨ ᠦᠨᠢᠶᠡᠨ ᠤ ᠪᠠᠷᠢᠮᠵᠢᠶᠠᠳᠤ ᠮᠠᠯᠵᠢᠯ | ᠤᠨ ᠲᠤᠭᠤᠷᠢᠭ ︵ᠲᠠᠯᠠᠪᠠᠢ︶ 5 ᠂ ᠮᠢᠬᠠᠨ ᠤ ᠦᠬᠡᠷ ᠮᠠᠯᠵᠢᠬᠤ ᠰᠠᠭᠤᠷᠢᠨ ᠭᠠᠵᠠᠷ 10᠂ ᠭᠠᠭ᠋ᠠᠢ ᠮᠠᠯᠵᠢᠬᠤ | ᠪᠠᠷᠢᠮᠵᠢᠶᠠᠳᠤ ᠲᠠᠯᠠᠪᠠᠢ 2 ᠢ ᠪᠠᠶᠢᠭᠤᠯᠤᠨ ᠂ ᠮᠠᠯᠴᠢᠨ ᠲᠠᠷᠢᠶᠠᠴᠢᠳ ᠢ ᠵᠤᠷᠢᠭᠵᠢᠭᠤᠯᠤᠨ ︽ᠭᠤᠷᠪᠠᠨ ᠵᠢᠵᠢᠭ | ᠲᠡᠵᠢᠭᠡᠪᠦᠷᠢ︾ ᠢ ᠢᠳᠡᠪᠬᠢᠳᠡᠢ ᠬᠦᠭᠵᠢᠬᠦᠯᠵᠦ᠂ 3000 ᠬᠠᠪᠳᠠᠭᠠᠢ ᠲᠦᠷᠪᠡᠯᠵᠢᠨ ᠮᠧᠲᠷ ᠪᠠᠷᠢᠮᠵᠢᠶᠠᠳᠤ ᠲᠠᠤᠯᠠᠢ | ᠶᠢᠨ ᠬᠠᠰᠢᠶ᠎ᠠ ᠪᠠᠶᠢᠭᠤᠯᠤᠨ᠎ᠠ᠃ | ᠭᠤᠷᠪᠠ ᠳᠤ ᠂ ᠮᠠᠯ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠳᠡ ᠶᠢᠨ ᠠᠷᠭ᠎ᠠ ᠮᠠᠶ᠋ᠢᠭ ᠢ | ᠬᠤᠪᠢᠷᠠᠭᠤᠯᠬᠤ ᠬᠡᠷᠡᠭᠳᠡᠢ᠃ ᠬᠠᠤᠯᠢ ᠶᠤᠰᠤᠭᠠᠷ᠂ ᠰᠠᠶᠢᠨ ᠲᠤᠷ᠎ᠠ ᠶᠢᠨ᠂ ᠦᠨ᠎ᠡ ᠲᠦᠯᠦᠪᠦᠷᠢ ᠲᠠᠢ ᠪᠠᠶᠢᠬᠤ ᠶᠢ | ᠪᠠᠳᠤᠯᠠᠭᠰᠠᠨᠰᠠᠭᠤᠷᠢᠨ ᠲᠡᠭᠡᠷ᠎ᠡ ᠭᠠᠵᠠᠷ ᠰᠢᠷᠤᠢ᠂ ᠨᠤᠳᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢᠨ | ᠰᠢᠯᠵᠢᠬᠦᠯᠦᠯᠳᠡ ᠶᠢ ᠲᠦᠯᠬᠢᠨ ᠠᠬᠢᠭᠤᠯᠤᠨ᠎ᠠ᠃ ᠬᠠᠮᠳᠤ ᠶᠢᠨ ᠤᠢ ᠮᠤᠳᠤ ᠪᠤᠯᠤᠨ ᠤᠢ ᠮᠤᠳᠤ ᠲᠠᠢ ᠭᠠᠵᠠᠷ ᠤᠨ | ᠦᠮᠴᠢᠯᠡᠯ ᠤᠨ ᠡᠷᠬᠡ ᠶᠢᠨ ᠳᠥᠷᠢᠮ ᠳᠤ ᠦᠬᠡᠷᠡᠴᠢᠯᠡᠯᠳᠡ ᠬᠢᠨ᠎ᠡ᠃ | ᠭᠡᠰᠡᠭ ᠭᠡᠰᠡᠭ ᠢᠶᠠᠷ ᠨᠡᠭᠡᠭᠡᠨ ᠠᠰᠢᠭᠯᠠᠬᠤ ᠠᠷᠪᠢᠳᠠᠢ ᠤᠰᠤᠯᠠᠯᠳᠠ ᠶᠢᠨ ᠤᠷᠤᠨ ᠲᠤᠭᠤᠷᠢᠭ ᠢ | ᠬᠦᠭᠵᠢᠬᠦᠯᠬᠦ ᠂ ᠲᠦᠬᠦᠭᠡᠷᠵᠢᠭᠰᠡᠨ ᠲᠠᠷᠢᠶᠠᠯᠠᠩ ᠤᠨ ᠤᠷᠤᠨ ᠲᠤᠭᠤᠷᠢᠭ ᠬᠢᠭᠡᠳ ᠬᠤᠷᠰᠢᠶᠠᠵᠢᠯ ᠤᠨ ᠬᠦᠭᠵᠢᠯᠳᠡ | ᠶᠢ ᠬᠠᠪᠰᠤᠷᠤᠨ ᠲᠡᠳᠬᠦᠬᠦ ᠪᠠᠷ ᠰᠢᠪᠳᠤᠯᠤᠯᠳᠠ ᠪᠤᠯᠭᠠᠨ᠂ ᠮᠠᠯ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠳᠡ ᠶᠢᠨ | ᠠᠷᠭ᠎ᠠ ᠮᠠᠶ᠋ᠢᠭ ᠢ ᠬᠤᠪᠢᠷᠠᠭᠤᠯᠬᠤ ᠭᠡᠷᠡᠭᠳᠡᠢ᠃ ︽ᠭᠠᠵᠠᠷ ᠤᠷᠤᠨ ᠳᠠᠭᠠᠨ ᠲᠤᠬᠢᠷᠠᠭᠤᠯᠬᠤ᠂ ᠪᠡᠶ᠎ᠡ ᠪᠠᠨ | ᠲᠠᠭᠠᠭᠠᠭᠠᠵᠤ ᠪᠠᠶᠢᠭᠤᠯᠬᠤ᠂ ᠵᠠᠰᠠᠭ ᠤᠨ ᠤᠷᠳᠤᠨ ᠠᠴᠠ ᠲᠡᠳᠬᠦᠬᠦ᠂ ᠰᠠᠯᠠᠭ᠎ᠠ ᠮᠦᠴᠢᠷ ᠠᠴᠠ ᠵᠢᠯᠤᠭᠤᠳᠬᠤ᠂ | ᠵᠠᠬ᠎ᠠ ᠲᠡᠯᠭᠡᠬᠦᠷ ᠠᠴᠠ ᠡᠷᠬᠢᠯᠳᠦᠬᠦᠯᠬᠦ︾ ᠵᠠᠷᠴᠢᠮ ᠢ ᠪᠠᠷᠢᠮᠳᠠᠯᠠᠨ᠂ ᠮᠠᠯᠴᠢᠨ ᠲᠠᠷᠢᠶᠠᠴᠢᠨ ᠤ ᠵᠤᠬᠢᠶᠠᠨ | ᠪᠠᠶᠢᠭᠤᠯᠵᠢᠭᠰᠠᠨ ᠬᠡᠮᠵᠢᠶ᠎ᠡ ᠶᠢ ᠲᠡᠭᠡᠭᠰᠢᠯᠡᠬᠦᠯᠬᠦ᠂ ᠮᠠᠯᠴᠢᠨ ᠲᠠᠷᠢᠶᠠᠴᠢᠨ ᠤ ᠡᠵᠡᠩᠨᠡᠯᠳᠡ ᠶᠢᠨ ᠲᠦᠭᠰᠢᠬᠦᠷᠢ ᠶᠢ | ᠪᠠᠭᠠᠰᠬᠠᠬᠤ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠪᠠᠷ ᠬᠠᠷᠠᠯᠳᠠ ᠪᠤᠯᠭᠠᠵᠤ᠂ ︽ | ᠵᠠᠬᠢᠶᠠᠯᠠᠭ᠎ᠠ ᠵᠢᠨᠲ᠋ᠠᠷᠢᠶᠠᠯᠠᠩ︾ ᠶᠢᠨ ᠭᠡᠯᠪᠡᠷᠢ ᠪᠠᠷ ᠲᠤᠯᠭᠠᠭᠤᠷᠢ ᠪᠤᠯᠭᠠᠨ᠂ ᠮᠠᠯᠴᠢᠨ ᠲᠠᠷᠢᠶᠠᠴᠢᠨ ᠢ ᠢᠳᠡᠪᠬᠢᠳᠡᠢ | ᠪᠠᠷ ᠵᠢᠯᠤᠭᠤᠳᠤᠨ ᠲᠡᠮᠵᠢᠵᠦ᠂ ᠲᠤᠰᠬᠠᠢ ᠬᠤᠷᠰᠢᠶᠠᠵᠢᠯ ᠤᠨ ᠵᠠᠮ ᠳᠤ ᠤᠷᠤᠭᠤᠯᠤᠨ᠎ᠠ᠃ ᠬᠤᠷᠰᠢᠶᠠᠵᠢᠯ ᠢ | ᠬᠦᠭᠵᠢᠬᠦᠯᠬᠦ ᠳᠡᠭᠡᠨ ᠲᠤᠭ᠎ᠠ ᠭᠡᠮᠵᠢᠶ᠎ᠡ ᠶᠢ ᠯᠠᠪᠳᠠᠭᠤᠨ ᠢᠶᠠᠷ ᠠᠬᠢᠭᠤᠯᠵᠤ᠂ ᠴᠢᠨᠠᠷ ᠴᠢᠨᠰᠠᠭ᠎ᠠ ᠶᠢ ᠭᠤᠤᠯᠳᠠᠯᠭ᠎ᠠ | ᠲᠠᠢ ᠲᠡᠭᠡᠭᠰᠢᠯᠡᠬᠦᠯᠦᠨ᠂ ᠬᠦᠭᠵᠢᠬᠦᠯᠬᠦ ᠶᠠᠪᠤᠴᠠ ᠳᠠᠭᠠᠨ ᠲᠦᠷᠢᠮᠵᠢᠬᠦᠯᠵᠦ᠂ ᠲᠦᠷᠢᠮᠵᠢᠬᠦᠯᠬᠦ ᠶᠠᠪᠤᠴᠠ ᠳᠤ | ᠲᠡᠭᠡᠭᠰᠢᠯᠡᠬᠦᠯᠬᠦ ᠭᠡᠷᠡᠭᠳᠡᠢ᠃ ᠡᠨᠡ ᠵᠢᠯ ᠲᠤᠰᠬᠠᠢ ᠠᠵᠢᠯ ᠤᠨ ᠬᠤᠷᠰᠢᠶᠠᠨ ᠳᠤ ᠲᠦᠷᠦ ᠶᠢᠨ ᠪᠤᠳᠤᠯᠭ᠎ᠠ ᠶᠢᠨ | ᠲᠡᠮᠵᠢᠯᠬᠡ ᠪᠠ ᠵᠢᠭᠡᠯᠡᠯᠭᠡ ᠤᠯᠭᠤᠬᠤ ᠬᠠᠷᠠᠭᠠᠯᠵᠠᠯ ᠢ ᠦᠷᠬᠦᠯᠵᠢᠯᠡᠨ ᠭᠡᠷᠡᠭᠵᠢᠬᠦᠯᠵᠦ᠂ ᠪᠠᠷᠢᠴᠠᠭᠠᠨ ᠤ ᠡᠳ᠋ | ᠬᠦᠷᠦᠩᠬᠡ ᠨᠢ ᠬᠦᠷᠦᠯᠴᠡᠭᠡᠳᠡᠢ᠂ ᠪᠤᠴᠠᠭᠠᠬᠤ ᠴᠢᠳᠠᠪᠤᠷᠢ ᠲᠠᠢ ᠲᠤᠰᠬᠠᠢ ᠬᠤᠷᠰᠢᠶᠠᠨ ᠳᠤ ᠤᠯᠭᠤᠬᠤ ᠵᠢᠭᠡᠯᠡᠯᠭᠡ | ᠶᠢᠨ ᠬᠠᠮᠤᠭ ᠦᠨᠳᠦᠷ ᠪᠠᠷᠢᠮᠵᠢᠶ᠎ᠠ ᠶᠢ 100 ᠲᠦᠮᠡᠨ ᠲᠦᠬᠦᠷᠢᠭ ᠲᠤ ᠬᠦᠷᠭᠡᠵᠦ᠂ ᠢᠳᠡᠭᠡᠮᠵᠢ ᠶᠢᠨ ᠬᠤᠷᠰᠢᠶ᠎ᠠ | ᠪᠤᠯᠤᠨ ᠲᠠᠷᠢᠶᠠᠯᠠᠩ ᠤᠨ ᠪᠠᠩᠬᠢ ᠨᠢ 7000 ᠲᠦᠮᠡᠨ ᠲᠦᠬᠦᠷᠢᠭ ᠤᠨ ᠵᠢᠭᠡᠯᠡᠯᠭᠡ ᠲᠠᠯᠪᠢᠬᠤ ᠪᠠᠷ ᠲᠦᠯᠦᠪᠯᠡᠵᠦ | ᠪᠤᠢ᠃ | ᠰᠢᠯᠢᠳᠡᠭ ᠴᠢᠨᠠᠷᠳᠠᠢ᠂ ᠤᠨᠴᠠᠯᠢᠭ ᠲᠠᠢ᠂ ᠦᠨᠳᠦᠷ ᠦᠷ᠎ᠡ ᠠᠰᠢᠭ ᠲᠠᠢ ᠲᠠᠷᠢᠶᠠᠯᠠᠩ ᠤᠨ | ᠪᠦᠳᠦᠭᠡᠭᠳᠡᠬᠦᠨ ᠤ ᠰᠠᠭᠤᠷᠢᠨ ᠭᠠᠵᠠᠷ ᠤᠨ ᠪᠠᠶᠢᠭᠤᠯᠤᠯᠳᠠ ᠶᠢ ᠴᠢᠩᠭᠠᠳᠬᠠᠵᠤ᠂ ᠲᠠᠷᠢᠶᠠᠯᠠᠩ ᠤᠨ ᠪᠦᠳᠦᠭᠡᠭᠳᠡᠬᠦᠨ | ᠤ ᠰᠢᠯᠢᠳᠡᠭ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ | ᠭᠡᠪᠴᠢᠶᠡᠵᠢᠭᠰᠡᠨ ᠨᠡᠭᠡᠭᠡᠯᠳᠡ ᠪᠠ ᠪᠠᠷᠢᠮᠵᠢᠶᠠᠵᠢᠭᠰᠠᠨ ᠦᠢᠯᠡᠳᠪᠦᠷᠢᠯᠡᠯ ᠢ ᠬᠦᠴᠦ ᠲᠠᠯᠪᠢᠵᠤ ᠠᠬᠢᠭᠤᠯᠬᠤ ᠭᠡᠷᠡᠭᠳᠡᠢ᠃ | ᠮᠠᠯ ᠲᠠᠷᠢᠶᠠᠯᠠᠩ ᠤᠨ ᠠᠵᠤ ᠦᠢᠯᠡᠰᠵᠢᠯᠳᠡ ᠶᠢᠨ ᠲᠠᠭᠠᠭᠤᠯᠤᠭᠴᠢ ᠠᠵᠤ ᠠᠬᠤᠶᠢᠯᠠᠯ ᠢ ᠬᠠᠪᠰᠤᠷᠤᠨ ᠲᠡᠳᠬᠦᠬᠦ | ᠠᠵᠢᠯ ᠤᠨ ᠡᠷᠴᠢᠮ ᠢ ᠴᠢᠩᠭᠠᠷᠠᠭᠤᠯᠵᠤ᠂ ᠲᠠᠭᠠᠭᠤᠯᠤᠭᠴᠢ ᠠᠵᠤ ᠠᠬᠤᠶᠢᠯᠠᠯ ᠪᠤᠯᠤᠨ ᠦᠷᠭᠡᠨ ᠤᠯᠠᠨ ᠮᠠᠯᠴᠢᠨ | ᠲᠠᠷᠢᠶᠠᠴᠢᠨ ᠤ ᠠᠰᠢᠭ ᠲᠤᠰᠠ ᠶᠢᠨ ᠬᠠᠷᠢᠴᠠᠭᠠᠨ ᠤ ᠲᠤᠭᠳᠠᠴᠠ ᠶᠢ ᠲᠡᠬᠦᠯᠳᠡᠷᠵᠢᠬᠦᠯᠦᠨ᠎ᠡ᠃ ᠮᠠᠯ ᠤᠨ ᠠᠰᠢᠭ | ᠰᠢᠮ᠎ᠡ ᠪᠠ ᠲᠠᠷᠢᠶᠠᠯᠠᠩ ᠤᠨ ᠪᠦᠳᠦᠭᠡᠭᠳᠡᠬᠦᠨ ᠡᠳ᠋ᠰᠢᠬᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢᠶᠠᠷ ᠰᠠᠭᠤᠷᠢ | ᠪᠤᠯᠭᠠᠨ᠂ ᠮᠠᠯ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠢᠶᠠᠷ ᠲᠠᠶᠢᠴᠢᠯᠠᠭ᠎ᠠ | ᠪᠤᠯᠭᠠᠵᠤ᠂ ᠭᠠᠵᠠᠷ ᠰᠢᠷᠤᠢ᠂ ᠨᠤᠳᠤᠭ ᠪᠡᠯᠴᠢᠭᠡᠷ ᠤᠨ ᠡᠷᠬᠢᠯᠳᠦᠯ ᠳᠤ ᠲᠦᠰᠢᠭᠯᠡᠨ᠂ ᠤᠯᠠᠨ ᠭᠡᠯᠪᠡᠷᠢ ᠮᠠᠶ᠋ᠢᠭ ᠤᠨ | ᠵᠤᠬᠢᠷᠠᠭᠰᠠᠨ ᠬᠡᠪᠴᠢᠶᠡᠨ ᠤ ᠡᠵᠡᠩᠨᠡᠯᠳᠡ ᠶᠢ ᠬᠦᠭᠵᠢᠬᠦᠯᠵᠦ᠂ ︽ᠲᠠᠷᠢᠶᠠᠴᠢᠨ ᠡᠷᠦᠬᠡ + ᠲᠤᠰᠬᠠᠢ ᠬᠤᠷᠰᠢᠶ᠎ᠠ︾᠂ | ︽ᠲᠠᠷᠢᠶᠠᠴᠢᠨ ᠡᠷᠦᠬᠡ + ᠰᠠᠭᠤᠷᠢᠨ ᠭᠠᠵᠠᠷ + ᠲᠠᠭᠠᠭᠤᠯᠤᠭᠴᠢ ᠠᠵᠤ ᠠᠬᠤᠶᠢᠯᠠᠯ︾ ᠤᠨ ᠦᠢᠯᠡᠳᠪᠦᠷᠢᠯᠡᠯ | ᠪᠤᠷᠤᠯᠠᠭᠤᠯᠭ᠎ᠠ ᠨᠢᠭᠡ ᠴᠤᠭᠴᠠᠵᠢᠭᠰᠠᠨ ᠠᠵᠤ ᠦᠢᠯᠡᠰ ᠤᠨ ᠪᠠᠶᠢᠳᠠᠯ ᠢ ᠪᠦᠷᠢᠯᠳᠦᠬᠦᠯᠦᠨ᠎ᠡ᠃ | ᠲᠦᠷᠪᠡ ᠳᠤ᠂ ᠮᠠᠯ ᠲᠠᠷᠢᠶᠠᠯᠠᠩ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠢᠰᠲ᠋ᠧᠮ ᠤᠨ | ᠪᠠᠶᠢᠭᠤᠯᠤᠯᠳᠠ ᠵᠢᠴᠢ ᠨᠡᠷᠡᠳᠦ ᠲᠡᠮᠳᠡᠭ ᠤᠨ ᠭᠡᠷᠡᠴᠢ ᠤᠯᠭᠤᠬᠤ ᠠᠵᠢᠯ ᠢ ᠴᠢᠩᠭᠠᠳᠬᠠᠬᠤ ᠭᠡᠷᠡᠭᠳᠡᠢ᠃ | ᠪᠠᠷᠢᠮᠵᠢᠶᠠᠵᠢᠭᠰᠠᠨ ᠰᠢᠰᠲ᠋ᠧᠮ ᠤᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠤ᠂ ᠨᠡᠶᠢᠳᠡ ᠶᠢᠨ ᠬᠤᠤᠷᠳᠠᠯ | ᠦᠬᠡᠢ ᠰᠠᠭᠤᠷᠢᠨ ᠭᠠᠵᠠᠷ ᠢᠶᠠᠷ ᠰᠢᠯᠭᠠᠨ ᠭᠡᠷᠡᠴᠢᠯᠡᠬᠦᠯᠬᠦ ᠪᠠ ᠲᠠᠷᠢᠶᠠᠯᠠᠩ ᠤᠨ ᠪᠦᠳᠦᠭᠡᠭᠳᠡᠬᠦᠨ᠂ ᠮᠠᠯ ᠤᠨ ᠠᠰᠢᠭ | ᠰᠢᠮ᠎ᠡ ᠳᠤ ᠪᠤᠬᠢᠷᠳᠤᠯ ᠦᠬᠡᠢ ᠭᠡᠷᠡᠴᠢ ᠤᠯᠭᠤᠬᠤ ᠠᠵᠢᠯ ᠢ ᠨᠢᠭᠡ ᠲᠦᠷᠦᠯ ᠤᠨ ᠴᠢᠬᠤᠯᠠ ᠡᠬᠦᠷᠭᠡ ᠪᠤᠯᠭᠠᠨ | ᠰᠤᠯᠠᠷᠠᠰᠢ ᠦᠬᠡᠢ ᠠᠳᠬᠤᠨ᠎ᠠ᠃ ᠬᠢᠷᠢ ᠬᠡᠮ ᠢᠶᠠᠷ ᠦᠨᠳᠦᠷ ᠲᠤᠰᠬᠠᠢ ᠪᠠᠶᠢᠭᠤᠯᠤᠮᠵᠢ ᠶᠢ ᠵᠠᠯᠠᠵᠤ᠂ ᠮᠠᠨ ᠤ | ᠬᠤᠰᠢᠭᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠨᠡᠷᠡᠳᠦ ᠲᠡᠮᠳᠡᠭ ᠲᠤ ᠨᠢᠭᠡᠳᠦᠯᠳᠡᠢ | ᠲᠦᠯᠦᠪᠯᠡᠭᠡ ᠬᠢᠯᠬᠡᠵᠦ᠂ ᠨᠡᠷᠡᠳᠦ ᠲᠡᠮᠳᠡᠭ ᠤᠨ ᠨᠡᠷ᠎ᠡ ᠠᠯᠳᠠᠷᠰᠢᠯ ᠪᠠ ᠨᠦᠯᠦᠬᠡᠯᠡᠬᠦ ᠬᠦᠴᠦᠨ ᠢ ᠶᠡᠭᠡᠰᠭᠡᠨ᠎ᠡ᠃ | ᠤᠷᠭᠠᠨᠢᠭ ᠤᠨ ᠰᠠᠭᠤᠷᠢᠨ ᠭᠠᠵᠠᠷ ᠢᠶᠠᠷ ᠰᠢᠯᠭᠠᠨ ᠭᠡᠷᠡᠴᠢᠯᠡᠬᠦᠯᠬᠦ ᠬᠦᠷᠢᠶ᠎ᠡ ᠭᠡᠪᠴᠢᠶ᠎ᠡ ᠶᠢ ᠦᠷᠭᠡᠳᠭᠡᠨ᠂ | ᠤᠷᠭᠠᠨᠢᠭ ᠪᠦᠳᠦᠭᠡᠭᠳᠡᠬᠦᠨ ᠢ ᠡᠷᠡᠮᠡᠯᠵᠡᠯᠡᠨ ᠮᠡᠳᠡᠬᠦᠯᠬᠦ ᠠᠵᠢᠯ ᠢ ᠴᠢᠩᠭᠠᠳᠬᠠᠵᠤ᠂ ᠮᠠᠨ ᠤ ᠬᠤᠰᠢᠭᠤᠨ ᠤ ᠪᠠᠨ | ᠨᠡᠶᠢᠳᠡ ᠶᠢᠨ ᠬᠤᠤᠷᠳᠠᠯ ᠦᠬᠡᠢ᠂ ᠪᠤᠬᠢᠷᠳᠤᠯ ᠦᠬᠡᠢ᠂ ᠤᠷᠭᠠᠨᠢᠭ ᠪᠦᠳᠦᠭᠡᠭᠳᠡᠬᠦᠨ ᠤ ᠪᠠᠷᠢᠮᠵᠢᠶᠠᠳᠤ ᠰᠢᠰᠲ᠋ᠧᠮ ᠢ | ᠪᠠᠶᠢᠭᠤᠯᠬᠤ ᠪᠠᠷ ᠴᠢᠷᠮᠠᠶᠢᠨ᠎ᠠ᠃ ᠵᠢᠯ ᠳᠤ 50 ᠲᠦᠮᠡᠨ ᠮᠤ᠋ ᠲᠠᠯᠠᠪᠠᠢ ᠶᠢ ᠪᠤᠬᠢᠷᠳᠤᠯ ᠦᠬᠡᠢ ᠲᠠᠷᠢᠶᠠᠯᠠᠩ ᠤᠨ | ᠪᠦᠳᠦᠭᠡᠭᠳᠡᠬᠦᠨ᠂ 0.5 ᠲᠦᠮᠡᠨ ᠮᠤ᠋ ᠲᠠᠯᠠᠪᠠᠢ ᠶᠢ ᠤᠷᠭᠠᠨᠢᠭ ᠲᠠᠷᠢᠶᠠᠯᠠᠩ ᠤᠨ ᠪᠦᠳᠦᠭᠡᠭᠳᠡᠬᠦᠨ᠂ 14.2 ᠲᠦᠮᠡᠨ | ᠮᠠᠯ ᠢ ᠪᠤᠬᠢᠷᠳᠤᠯ ᠦᠬᠡᠢ ᠠᠰᠢᠭ ᠰᠢᠮ᠎ᠡ ᠶᠢᠨ ᠪᠦᠳᠦᠭᠡᠭᠳᠡᠬᠦᠨ᠂ 1.26 ᠲᠦᠮᠡᠨ ᠮᠠᠯ ᠢ ᠤᠷᠭᠠᠨᠢᠭ ᠠᠰᠢᠭ | ᠰᠢᠮ᠎ᠡ ᠶᠢᠨ ᠪᠦᠳᠦᠭᠡᠭᠳᠡᠬᠦᠨ ᠢᠶᠠᠷ ᠰᠢᠯᠭᠠᠨ ᠭᠡᠷᠡᠴᠢᠯᠡᠬᠦᠯᠦᠨᠡ᠃ ᠲᠠᠷᠢᠶᠠᠯᠠᠩ ᠤᠨ ᠪᠦᠳᠦᠭᠡᠭᠳᠡᠬᠦᠨ ᠤ ᠶᠠᠰᠤ | ᠴᠢᠨᠠᠷ ᠢ ᠰᠢᠯᠭᠠᠨ ᠪᠠᠶᠢᠴᠠᠭᠠᠬᠤ ᠦᠷᠳᠡᠭᠡ ᠪᠤᠯᠤᠨ ᠲᠠᠷᠢᠶᠠᠯᠠᠩ ᠤᠨ ᠬᠤᠤᠷᠳᠤ ᠠᠮᠢᠳᠤ ᠪᠤᠳᠠᠰ ᠢ ᠰᠡᠷᠭᠡᠶᠢᠯᠡᠨ | ᠬᠤᠷᠢᠭᠯᠠᠬᠤ ᠦᠷᠳᠡᠭᠡ ᠶᠢ ᠪᠠᠶᠢᠭᠤᠯᠤᠨ᠂ ᠰᠢᠯᠭᠠᠨ ᠪᠠᠶᠢᠴᠠᠭᠠᠬᠤ ᠨᠢᠬᠳᠠᠴᠠ ᠬᠢᠭᠡᠳ ᠬᠢᠷᠢ ᠲᠦᠪᠰᠢᠨ ᠢ | ᠲᠡᠭᠡᠭᠰᠢᠯᠡᠬᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠰᠤᠷᠭᠠᠭᠤᠯᠢ ᠤᠳ ᠪᠤᠯᠤᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠯᠳᠡ ᠶᠢ ᠰᠤᠳᠤᠯᠬᠤ ᠪᠠᠶᠢᠭᠤᠯᠤᠮᠵᠢ ᠯᠤᠭ᠎ᠠ ᠢᠳᠡᠪᠬᠢᠳᠡᠢ ᠬᠠᠷᠢᠴᠠᠵᠤ᠂ ᠤᠷᠳᠤ | ᠬᠤᠭᠤᠴᠠᠭ᠎ᠠ ᠪᠠᠷ ᠬᠠᠮᠳᠤᠷᠠᠯᠴᠠᠬᠤ ᠲᠤᠭᠳᠠᠪᠤᠷᠢᠳᠠᠢ ᠬᠠᠷᠢᠴᠠᠭ᠎ᠠ ᠶᠢ ᠪᠠᠶᠢᠭᠤᠯᠤᠨ᠂ ᠮᠠᠯ ᠲᠠᠷᠢᠶᠠᠯᠠᠩ ᠤᠨ ᠰᠢᠨ᠎ᠡ | ᠦᠷ᠎ᠡ ᠪᠦᠳᠦᠭᠡᠯ᠂ ᠰᠢᠨ᠎ᠡ ᠮᠡᠷᠭᠡᠵᠢᠯ ᠢ ᠲᠡᠯᠭᠡᠷᠡᠬᠦᠯᠦᠨ ᠭᠡᠷᠡᠭᠯᠡᠬᠦ ᠠᠵᠢᠯ ᠢ ᠴᠢᠩᠭᠠᠳᠬᠠᠵᠤ᠂ ᠲᠤᠷᠰᠢᠯᠳᠠ ᠬᠢᠵᠦ | ᠵᠢᠱᠢᠶ᠎ᠡ ᠦᠵᠡᠬᠦᠯᠬᠦ ᠦᠢᠯᠡᠳᠦᠯ ᠢ ᠪᠠᠳᠠᠷᠠᠭᠤᠯᠤᠨ᠎ᠠ᠃ ᠪᠡᠭᠡᠵᠢᠩ ᠤᠨ ᠴᠠᠩ ᠫᠢᠩ ᠲᠤᠭᠤᠷᠢᠭ ᠯᠤᠭ᠎ᠠ | ᠪᠠᠶᠢᠭᠤᠯᠤᠭᠰᠠᠨ ᠨᠦᠬᠦᠷᠰᠡᠭ ᠬᠠᠷᠢᠴᠠᠭ᠎ᠠ ᠪᠠᠨ ᠠᠰᠢᠭᠯᠠᠵᠤ᠂ ᠮᠠᠨ ᠤ ᠬᠤᠰᠢᠭᠤᠨ ᠤ ᠪᠠᠨ ᠮᠠᠯ ᠤᠨ ᠠᠰᠢᠭ ᠰᠢᠮ᠎ᠡ | ᠪᠠ ᠲᠠᠷᠢᠶᠠᠯᠠᠩ ᠤᠨ ᠪᠦᠳᠦᠭᠡᠭᠳᠡᠬᠦᠨ ᠢ ᠪᠡᠭᠡᠵᠢᠩ ᠤᠨ ᠵᠠᠬ᠎ᠠ ᠲᠡᠯᠬᠡᠬᠦᠷ ᠲᠤ ᠭᠠᠷᠭᠠᠬᠤ ᠪᠠᠷ ᠴᠢᠷᠮᠠᠶᠢᠨ᠎ᠠ᠃ | ᠲᠠᠪᠤ ᠳᠤ ᠂ ᠮᠠᠯᠴᠢᠨ ᠲᠠᠷᠢᠶᠠᠴᠢᠨ ᠤ ᠪᠤᠯᠪᠠᠰᠤᠷᠠᠯ ᠤᠨ ᠶᠠᠰᠤ ᠴᠢᠨᠠᠷ ᠢ ᠤᠯᠠᠮ ᠨᠢᠭᠡ ᠠᠯᠬᠤᠮ | ᠲᠡᠭᠡᠭᠰᠢᠯᠡᠬᠦᠯᠬᠦ ᠬᠡᠷᠡᠭᠳᠡᠢ᠃ ︽ᠨᠠᠷᠠᠨ ᠭᠡᠷᠡᠯᠳᠦ ᠢᠨᠵᠧᠨᠧᠷᠢᠩ︾᠂ ︽ᠬᠤᠷ᠎ᠠ ᠶᠢᠨ ᠰᠢᠮ᠎ᠡ ᠲᠦᠯᠦᠪᠯᠡᠭᠡ︾᠂ | ᠰᠢᠨᠵᠢᠯᠡᠭᠡ ᠮᠡᠷᠭᠡᠵᠢᠯ ᠤᠨ ᠪᠤᠯᠪᠠᠰᠤᠷᠠᠯ᠂ ᠠᠵᠢᠯ ᠤᠯᠭᠤᠬᠤ ᠪᠤᠯᠪᠠᠰᠤᠷᠠᠯ ᠵᠡᠷᠭᠡ ᠡᠯ᠎ᠡ ᠲᠦᠷᠦᠯ ᠤᠨ ᠪᠤᠯᠪᠠᠰᠤᠷᠠᠯ | ᠤᠨ ᠪᠡᠯᠡ ᠮᠦᠩᠬᠦ ᠶᠢ ᠨᠢᠭᠡᠳᠦᠯᠳᠡᠢ ᠲᠦᠯᠦᠪᠯᠡᠨ ᠪᠡᠯᠡᠳᠭᠡᠵᠦ᠂ ᠰᠠᠶᠢᠨ ᠪᠠᠭᠰᠢᠨᠠᠷ ᠢ ᠤᠷᠢᠵᠤ ᠂ ᠮᠠᠨ ᠤ | ᠬᠤᠰᠢᠭᠤᠨ ᠤ ᠭᠤᠤᠯᠯᠠᠬᠤ ᠠᠵᠤ ᠦᠢᠯᠡᠰ᠂ ᠭᠤᠤᠯᠳᠠᠯᠭ᠎ᠠ ᠲᠠᠢ ᠠᠵᠢᠯ ᠲᠦᠷᠦᠯ ᠤᠨ ᠲᠤᠭᠤᠷᠢᠨ ᠳᠤ ᠰᠢᠨ᠎ᠡ | ᠮᠡᠷᠭᠡᠵᠢᠯ᠂ ᠭᠡᠷᠡᠭᠯᠡᠭᠡᠨ ᠤ ᠮᠡᠷᠭᠡᠵᠢᠯ ᠤᠨ ᠲᠦᠭᠡᠮᠡᠯᠵᠢᠯᠳᠡ ᠲᠡᠯᠭᠡᠷᠡᠬᠦᠯᠦᠯᠳᠡ ᠲᠠᠢ ᠤᠶᠠᠯᠳᠤᠭᠤᠯᠤᠨ᠂ ᠦᠨᠳᠦᠷ | ᠬᠢᠷᠢ ᠲᠦᠪᠰᠢᠨ ᠲᠠᠢ ᠲᠤᠰᠬᠠᠢ ᠪᠠᠶᠢᠭᠤᠯᠤᠮᠵᠢ ᠯᠤᠭ᠎ᠠ ᠬᠠᠮᠳᠤᠷᠠᠯᠴᠠᠭᠠᠨ ᠤ ᠲᠤᠭᠳᠠᠭᠤᠨ ᠬᠠᠷᠢᠴᠠᠭ᠎ᠠ ᠶᠢ | ᠪᠠᠶᠢᠭᠤᠯᠵᠤ᠂ ᠪᠦᠯᠦᠭ ᠬᠤᠪᠢᠶᠠᠨ ᠬᠤᠭᠤᠴᠠᠭ᠎ᠠ ᠲᠠᠰᠤᠯᠵᠤ ᠮᠠᠯᠴᠢᠨ ᠲᠠᠷᠢᠶᠠᠴᠢᠨ ᠳᠤ ᠴᠢᠭᠯᠡᠩᠬᠦᠢ ᠴᠢᠨᠠᠷᠳᠠᠢ᠂ | ᠭᠤᠤᠯᠳᠠᠯᠭ᠎ᠠ ᠲᠠᠢ ᠬᠦᠳᠡᠯᠮᠦᠷᠢ ᠶᠢᠨ ᠮᠡᠷᠭᠡᠵᠢᠯ ᠤᠨ ᠪᠤᠯᠪᠠᠰᠤᠷᠠᠯ ᠢ ᠬᠢᠵᠦ᠂ ᠡᠯ᠎ᠡ ᠲᠦᠷᠦᠯ ᠤᠨ ᠪᠤᠯᠪᠠᠰᠤᠷᠠᠯ ᠤᠨ | ᠡᠬᠦᠷᠭᠡ ᠶᠢ ᠦᠨᠳᠦᠷ ᠲᠦᠪᠰᠢᠨ᠂ ᠦᠨᠳᠦᠷ ᠴᠢᠨᠰᠠᠭ᠎ᠠ ᠲᠠᠢ ᠪᠠᠷ ᠪᠡᠶᠡᠯᠡᠬᠦᠯᠨᠡ᠃ ᠪᠦᠬᠦ ᠵᠢᠯ ᠳᠤ 10000 | ᠮᠠᠯᠴᠢᠨ ᠲᠠᠷᠢᠶᠠᠴᠢᠨ ᠳᠤ ᠪᠤᠯᠪᠠᠰᠤᠷᠠᠯ ᠬᠦᠷᠳᠡᠭᠡᠵᠦ ᠂ ᠡᠬᠦᠨ ᠤ ᠲᠤᠳᠤᠷ᠎ᠠ 5000 ᠬᠦᠮᠦᠨ ᠳᠤ ᠮᠡᠷᠭᠡᠵᠢᠯ ᠤᠨ | ᠪᠤᠯᠪᠠᠰᠤᠷᠠᠯ᠂ 5000 ᠬᠦᠮᠦᠨ ᠳᠤ ᠵᠢᠯᠤᠭᠤᠳᠤᠯᠭ᠎ᠠ ᠶᠢᠨ ᠴᠢᠨᠠᠷᠳᠠᠢ ᠪᠤᠯᠪᠠᠰᠤᠷᠠᠯ ᠬᠦᠷᠳᠡᠭᠡᠵᠦ︔ 8500 | ᠬᠦᠮᠦᠨ ᠢ ᠰᠢᠯᠵᠢᠬᠦᠯᠦᠨ ᠠᠵᠢᠯ ᠤᠯᠭᠤᠬᠤ ᠪᠠᠷ ᠲᠦᠯᠦᠪᠯᠡᠪᠡ᠃ | ︵ᠭᠤᠷᠪᠠ︶ ᠶᠠᠰᠤ ᠴᠢᠨᠠᠷ ᠢ ᠲᠡᠭᠡᠭᠰᠢᠯᠡᠬᠦᠯᠵᠦ ᠦᠷ᠎ᠡ ᠠᠰᠢᠭ ᠢ ᠨᠡᠮᠡᠭᠳᠡᠬᠦᠯᠬᠦ ᠶᠢᠨ ᠲᠤᠭᠤᠷᠢᠨ ᠳᠤ | ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠲᠦᠯᠬᠢᠨ ᠠᠬᠢᠭᠤᠯᠬᠤ ᠬᠡᠷᠡᠭᠲᠠᠢ ᠃ | ᠤᠳᠤ ᠪᠠᠶᠢᠭ᠎ᠠ ᠠᠵᠤ ᠠᠬᠤᠶᠢᠯᠠᠯ ᠤᠨ ᠶᠠᠪᠤᠭᠳᠠᠯ ᠢ ᠭᠤᠤᠯᠴᠢᠯᠠᠨ ᠠᠳᠬᠤᠨ᠎ᠠ᠃ ᠠᠵᠤ ᠠᠬᠤᠶᠢᠯᠠᠯ ᠢ | ᠬᠠᠪᠰᠤᠷᠴᠤ ᠪᠡᠯᠡ ᠬᠤᠷᠠᠮᠳᠤᠭᠤᠯᠬᠤ ᠬᠦᠴᠢᠷᠳᠡᠯ ᠵᠡᠷᠭᠡ ᠪᠤᠳᠠᠳᠠᠢ ᠠᠰᠠᠭᠤᠳᠠᠯ ᠢ ᠰᠢᠢᠳᠪᠦᠷᠢᠯᠡᠨ᠂ ᠠᠵᠤ | ᠠᠬᠤᠶᠢᠯᠠᠯ ᠢ ᠵᠤᠷᠢᠭᠵᠢᠭᠤᠯᠤᠨ ᠮᠡᠷᠭᠡᠵᠢᠯ ᠤᠨ ᠦᠬᠡᠷᠡᠴᠢᠯᠡᠯᠳᠡ ᠬᠢᠵᠦ᠂ ᠦᠢᠯᠡᠳᠪᠦᠷᠢᠯᠡᠯ ᠤᠨ ᠭᠡᠪᠴᠢᠶ᠎ᠡ ᠶᠢ | ᠦᠷᠭᠡᠳᠭᠡᠨ᠂ ᠪᠦᠳᠦᠭᠡᠭᠳᠡᠬᠦᠨ ᠤ ᠵᠡᠷᠭᠡ ᠲᠡᠰ ᠢ ᠲᠡᠭᠡᠭᠰᠢᠯᠡᠬᠦᠯᠵᠦ᠂ ᠠᠵᠤ ᠠᠬᠤᠢ ᠶᠢᠨ ᠦᠷ᠎ᠡ ᠠᠰᠢᠭ ᠢ | ᠨᠡᠮᠡᠭᠳᠡᠬᠦᠯᠦᠨ᠎ᠡ᠃ ᠴᠠᠬᠢᠯᠭᠠᠨ ᠬᠦᠴᠦᠨ ᠺᠤᠮᠫᠠᠨᠢ᠂ ᠲᠠᠯ᠎ᠠ ᠨᠤᠳᠤᠭ ᠠᠷᠢᠬᠢ ᠨᠡᠷᠡᠬᠦ ᠺᠤᠮᠫᠠᠨᠢ᠂ ᠬᠤᠩ ᠶᠢᠨ | ᠶᠤᠸᠠᠨ ᠲᠤᠰᠤ ᠰᠢᠬᠠᠬᠤ ᠺᠤᠮᠫᠠᠨᠢ᠂ ᠬᠤᠸ᠋ᠨ ᠡᠯ ᠽᠧᠮᠧᠨ᠋ᠲ ᠤᠨ ᠺᠤᠮᠫᠠᠨᠢ᠂ ᠾᠧᠩ ᠶᠤᠸᠠᠨ ᠲᠦᠮᠦᠰᠦᠨ ᠤ | ᠦᠢᠯᠡᠰ ᠤᠨ ᠺᠤᠮᠫᠠᠨᠢ᠂ ᠱᠧᠨ ᠬᠤᠸ᠋ᠨ ᠰᠢᠶᠧ ᠾᠧ ᠰᠠᠯᠬᠢᠨ ᠬᠦᠴᠦᠨ ᠴᠠᠬᠢᠯᠭᠠᠨ ᠤ ᠺᠤᠮᠫᠠᠨᠢ ᠵᠡᠷᠭᠡ ᠤᠳᠤ | ᠪᠠᠶᠢᠭ᠎ᠠ ᠠᠵᠤ ᠠᠬᠤᠶᠢᠯᠠᠯ ᠨᠡᠶᠢᠳᠡ4.25 ᠳ᠋ᠦᠩᠰᠢᠭᠤᠷ ᠲᠦᠬᠦᠷᠢᠭ ᠤᠨ ᠦᠢᠯᠡᠳᠪᠦᠷᠢᠯᠡᠯ ᠤᠨ ᠦᠷᠳᠡᠭ | ᠪᠡᠶᠡᠯᠡᠬᠦᠯᠬᠦ ᠪᠠᠷ ᠲᠦᠰᠦᠪᠯᠡᠵᠦ ᠪᠤᠢ᠃ | ᠵᠠᠯᠭᠠᠵᠤ ᠪᠠᠶᠢᠭᠤᠯᠬᠤ ᠲᠦᠷᠦᠯ ᠵᠦᠢᠯ ᠤᠨ ᠠᠬᠢᠴᠠ ᠶᠢ ᠭᠤᠤᠯᠴᠢᠯᠠᠨ ᠠᠳᠬᠤᠨ᠎ᠠ᠃ ᠤᠯᠤᠰ ᠤᠨ | ᠴᠠᠬᠢᠯᠭᠠᠨ ᠬᠦᠴᠦᠨ ᠤ ᠨᠢᠭᠡᠳᠦᠬᠡᠷ ᠬᠤᠭᠤᠴᠠᠭᠠᠨ ᠤ ᠰᠠᠯᠬᠢᠨ ᠬᠦᠴᠦᠨ ᠴᠠᠬᠢᠯᠭᠠᠨ ᠤ ᠲᠦᠷᠦᠯ ᠵᠦᠢᠯ ᠲᠤᠤᠷ | ᠬᠤᠯᠪᠤᠵᠤ ᠴᠠᠬᠢᠯᠭᠠᠨ ᠡᠬᠦᠰᠭᠡᠨ︔ ᠲᠠᠯ᠎ᠠ ᠨᠤᠳᠤᠭ ᠠᠷᠢᠬᠢᠨ ᠺᠤᠮᠫᠠᠨᠢ ᠶᠢᠨ ᠮᠡᠷᠭᠡᠵᠢᠯ ᠤᠨ ᠦᠭᠡᠷᠡᠴᠢᠯᠡᠯᠳᠡ ᠶᠢᠨ | ᠲᠦᠷᠦᠯ ᠵᠦᠢᠯ 5000 ᠲᠦᠮᠡᠨ ᠲᠦᠬᠦᠷᠢᠭ ᠤᠨ ᠪᠡᠯᠨ ᠤᠷᠤᠭᠤᠯᠵᠤ᠂ ᠦᠢᠯᠡᠳᠪᠦᠷᠢ ᠶᠢᠨ ᠲᠠᠰᠤᠭ ᠪᠠ ᠠᠷᠢᠬᠢᠨ | ᠵᠤᠭᠤᠷᠢ ᠶᠢ ᠪᠠᠶᠢᠭᠤᠯᠤᠨ︔ ᠴᠠᠩ ᠰᠢᠨ ᠬᠢᠮᠢ ᠶᠢᠨ ᠠᠵᠤ ᠦᠢᠯᠡᠳᠪᠦᠷᠢ ᠶᠢᠨ ᠴᠠᠬᠢᠯᠭᠠᠨ ᠴᠢᠯᠠᠭᠤᠨ ᠤ ᠮᠡᠷᠭᠡᠵᠢᠯ | ᠤᠨ ᠦᠭᠡᠷᠡᠴᠢᠯᠡᠯᠳᠡ ᠤᠨ ᠲᠦᠷᠦᠯ ᠵᠦᠢᠯ 2 ᠰᠠᠭᠤᠷᠢ ᠵᠤᠤᠬ᠎ᠠ ᠶᠢ ᠤᠬᠰᠠᠷᠠᠨ ᠦᠢᠯᠡᠳᠪᠦᠷᠢᠯᠡᠯ ᠡᠬᠢᠯᠡᠬᠦᠯᠵᠦ︔ | ᠾᠧᠩ ᠶᠧ ᠡᠸᠤ ᠮᠠ ᠪᠡᠭᠡᠯᠡᠢ ᠶᠢᠨ ᠦᠢᠯᠡᠳᠪᠦᠷᠢ ᠵᠢᠩᠬᠢᠨᠢ ᠪᠠᠷ ᠦᠢᠯᠡᠳᠪᠦᠷᠢᠯᠡᠯ ᠡᠬᠢᠯᠡᠬᠦᠯᠦᠨ᠎ᠡ᠃ | ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠦᠢᠯᠡᠳᠪᠦᠷᠢᠯᠡᠯ ᠢ ᠭᠤᠤᠯᠴᠢᠯᠠᠨ ᠠᠳᠬᠤᠨ᠎ᠠ᠃ | ᠮᠠᠰᠢᠨ ᠲᠡᠷᠭᠡᠨ ᠳᠤ ᠬᠡᠷᠡᠭᠯᠡᠬᠦ ᠰᠢᠩᠭᠡᠨᠵᠢᠮᠡᠯ ᠬᠡᠢ ᠨᠡᠮᠡᠬᠦ ᠦᠷᠳᠡᠭᠡ ᠵᠢᠴᠢ ᠮᠠᠰᠢᠨ ᠲᠡᠷᠭᠡ ᠦᠭᠡᠷᠡᠴᠢᠯᠡᠨ ᠤᠭᠰᠠᠷᠠᠬᠤ | ᠲᠦᠷᠦᠯ ᠵᠦᠢᠯ ᠨᠢ 1900 ᠲᠦᠮᠡᠨ ᠲᠦᠬᠦᠷᠢᠭ ᠤᠨ ᠪᠡᠯᠨ ᠤᠷᠤᠭᠤᠯᠤᠨ᠂ ᠡᠳᠦᠷ ᠲᠤ 4500 ᠪᠤᠰᠤᠭ᠎ᠠ | ᠲᠦᠷᠪᠡᠯᠵᠢᠨ ᠮᠧᠲᠷ ᠭᠡᠢ ᠨᠡᠮᠡᠬᠦ ᠦᠷᠳᠡᠭᠡ ᠶᠢ ᠪᠠᠶᠢᠭᠤᠯᠵᠤ᠂ ᠲᠤᠰ ᠵᠢᠯ ᠳᠡᠭᠡᠨ ᠠᠰᠢᠭᠯᠠᠯᠳᠠ ᠳᠤ ᠤᠷᠤᠭᠤᠯᠬᠤ | ᠪᠠᠷ ᠲᠦᠯᠦᠪᠯᠡᠵᠦ ︔ ᠰᠦᠯᠢᠶᠤᠤ ᠭᠤᠤᠷᠰᠤᠨ ᠮᠠᠲ᠋ᠧᠷᠢᠶᠠᠯ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ | ᠳᠤ ᠨᠡᠶᠢᠳᠡ 3000 ᠲᠦᠮᠡᠨ ᠲᠦᠬᠦᠷᠢᠭ ᠤᠨ ᠪᠡᠯᠡ ᠤᠷᠤᠭᠤᠯᠵᠤ᠂ PVC ᠭᠤᠤᠷᠰᠤ ᠶᠢᠨ ᠦᠢᠯᠡᠳᠪᠦᠷᠢ ᠶᠢ | ᠪᠠᠶᠢᠭᠤᠯᠤᠨ᠂ ᠵᠢᠯ ᠳᠤ2000 ᠲᠤᠨPP/PE ᠰᠦᠯᠢᠶᠤᠤ ᠭᠤᠤᠷᠰᠤ ᠦᠢᠯᠡᠳᠪᠦᠷᠢᠯᠡᠬᠦ ᠪᠠᠷ ᠲᠦᠯᠦᠪᠯᠡᠵᠦ᠂ | ᠲᠤᠬᠠᠢ ᠵᠢᠨᠵᠢᠯ ᠳᠡᠭᠡᠨ ᠦᠢᠯᠡᠳᠪᠦᠷᠢᠯᠡᠯ ᠡᠬᠢᠯᠡᠬᠦ ᠪᠠᠷ ᠴᠢᠷᠮᠠᠶᠢᠨ᠎ᠠ︔ ᠪᠧᠲ᠋ᠤᠨ ᠵᠢᠭᠤᠷᠠᠬᠤ ᠦᠷᠳᠡᠭᠡᠨ ᠤ | ᠲᠦᠷᠦᠯ ᠵᠦᠢᠯ ᠨᠢ ᠨᠡᠶᠢᠳᠡ1500 ᠲᠦᠮᠡᠨ ᠲᠦᠬᠦᠷᠢᠭ ᠤᠨ ᠪᠡᠯᠨ ᠤᠷᠤᠭᠤᠯᠵᠤ᠂ ᠤᠯᠠᠷᠢᠯ ᠤᠨ ᠴᠢᠨᠠᠷᠳᠠᠢ8 | ᠲᠦᠮᠡᠨ ᠪᠤᠰᠤᠭᠠᠲ᠋ᠦ᠋ᠷᠪᠡᠯᠵᠢᠨ ᠮᠧᠲᠷ ᠤᠨ ᠪᠧᠲ᠋ᠤᠨ ᠦᠢᠯᠡᠳᠪᠦᠷᠢᠯᠡᠬᠦ ᠦᠢᠯᠡᠳᠪᠦᠷᠢ ᠪᠠᠶᠢᠭᠤᠯᠵᠤ ᠲᠤᠰ ᠵᠢᠯ | ᠳᠡᠭᠡᠨ ᠠᠰᠢᠭᠯᠠᠯᠲᠠ ᠳᠤ ᠣᠷᠣᠭᠤᠯᠣᠨ᠎ᠠ︔ ᠱᠠ ᠽᠢ ᠭᠸᠦ ᠶᠢᠨ ᠸᠤᠯᠹᠷᠤᠮ ᠮᠤᠯᠢᠪᠳᠧᠨ ᠤ ᠠᠭᠤᠷᠬᠠᠢ ᠶᠢᠨ | ᠲᠦᠷᠦᠯ ᠵᠦᠢᠯ ᠨᠢ ᠡᠳᠦᠷ ᠲᠤ 3000 ᠲᠤᠨ ᠠᠭᠤᠷᠬᠠᠢ ᠰᠤᠩᠭᠤᠬᠤ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ | ᠂ ᠡᠨᠡ ᠵᠢᠯ ᠦᠢᠯᠡᠳᠪᠦᠷᠢᠯᠡᠯ ᠡᠬᠢᠯᠡᠬᠦ ᠪᠠᠷ ᠴᠢᠷᠮᠠᠶᠢᠨ᠎ᠠ︔ ᠾᠧᠩ ᠶᠤᠸᠠᠨ ᠲᠦᠮᠦᠰᠦᠨ ᠤ ᠦᠢᠯᠡᠰ ᠨᠢ 8000 | ᠲᠤᠨ ᠲᠦᠮᠦᠰᠦᠨ ᠵᠦᠰᠦᠮ ᠦᠢᠯᠡᠳᠪᠦᠷᠢᠯᠡᠬᠦ ᠰᠢᠨ᠎ᠡ ᠦᠢᠯᠡᠳᠪᠦᠷᠢᠯᠡᠯ ᠤᠨ ᠱᠤᠭᠤᠮ ᠢ ᠪᠠᠶᠢᠭᠤᠯᠤᠨ᠂ ᠵᠢᠯ ᠳᠤ | 5.4 ᠲᠦᠮᠡᠨ ᠲᠤᠨ ᠰᠢᠨ᠎ᠡ ᠲᠦᠮᠦᠰᠦ ᠪᠤᠯᠪᠠᠰᠤᠷᠠᠭᠤᠯᠬᠤ ᠦᠢᠯᠡᠳᠪᠦᠷᠢᠯᠡᠯ ᠤᠨ ᠴᠢᠳᠠᠪᠤᠷᠢ ᠲᠠᠢ ᠪᠤᠯᠵᠤ ︔ | ᠪᠤᠤ ᠶᠤᠸᠠᠨ ᠠᠷᠢᠬᠢᠨ ᠦᠢᠯᠡᠳᠪᠦᠷᠢ ᠶᠢᠨ ᠨᠡᠬᠦᠯᠭᠡᠯᠳᠡ ᠶᠢᠨ ᠲᠦᠷᠦᠯ ᠵᠦᠢᠯ ᠳᠤ500 ᠲᠦᠮᠡᠨ ᠲᠦᠬᠦᠷᠢᠭ ᠤᠨ | ᠪᠡᠯᠡ ᠤᠷᠤᠭᠤᠯᠵᠤ᠂ ᠲᠤᠬᠠᠢ ᠶᠢᠨ ᠵᠢᠯ ᠳᠡᠭᠡᠨ ᠰᠢᠪᠠᠷ ᠰᠢᠷᠤᠢ ᠶᠢᠨ ᠪᠠᠷᠢᠯᠭ᠎ᠠ ᠶᠢ ᠲᠠᠭᠤᠰᠬᠠᠨ︔ ᠬᠤᠩ ᠶᠢᠨ | ᠶᠤᠸᠠᠨ ᠲᠤᠰᠤ ᠰᠢᠬᠠᠬᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠮᠡᠷᠭᠡᠵᠢᠯ ᠤᠨ ᠦᠭᠡᠷᠡᠴᠢᠯᠡᠯᠳᠡ ᠶᠢᠨ | ᠲᠦᠷᠦᠯ ᠵᠦᠢᠯ ᠳᠤ ᠨᠡᠶᠢᠳᠡ 1000 ᠲᠦᠮᠡᠨ ᠲᠦᠬᠦᠷᠢᠭ ᠤᠨ ᠪᠡᠯᠨ ᠤᠷᠤᠭᠤᠯᠵᠤ᠂ ᠭᠤᠷᠪᠠᠨ ᠢᠵᠢ ᠲᠤᠰᠤ | ᠰᠢᠬᠠᠬᠤ ᠲᠦᠬᠦᠭᠡᠷᠦᠮᠵᠢ ᠶᠢ ᠤᠷᠤᠭᠤᠯᠵᠤ ᠂ ᠲᠤᠬᠠᠢ ᠶᠢᠨ ᠵᠢᠯ ᠳᠡᠭᠡᠨ ᠪᠠᠷᠢᠯᠭ᠎ᠠ ᠡᠬᠢᠯᠡᠨ᠎ᠡ᠃ | ᠲᠦᠷᠦᠬᠦᠴᠢ ᠶᠢᠨ ᠬᠤᠭᠤᠴᠠᠭᠠᠨ ᠤ ᠲᠦᠷᠦᠯ ᠵᠦᠢᠯ ᠤᠨ ᠰᠠᠭᠤᠷᠢᠰᠢᠬᠤ ᠶᠢ ᠭᠤᠤᠯᠴᠢᠯᠠᠨ ᠠᠳᠬᠤᠨ᠎ᠠ᠃ | ᠤᠮᠠᠷᠠᠳᠤ ᠶᠢᠨ ᠴᠠᠬᠢᠯᠭᠠᠨ ᠬᠦᠴᠦᠨ ᠤ ᠨᠢᠭᠡᠳᠤᠭᠡᠷ ᠬᠤᠭᠤᠴᠠᠭᠠᠨ ᠤ ᠲᠦᠷᠦᠯ ᠵᠦᠢᠯ᠂ ᠤᠯᠤᠰ ᠤᠨ ᠴᠠᠬᠢᠯᠭᠠᠨ | ᠬᠦᠴᠦᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠴᠠᠬᠢᠯᠭᠠᠨ ᠬᠢᠭᠡᠳ ᠲᠤᠮᠳᠠᠳᠤ ᠤᠯᠤᠰ ᠤᠨ | ᠰᠠᠯᠬᠢᠨ ᠬᠦᠴᠦᠨ ᠤ ᠴᠠᠬᠢᠯᠭᠠᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ | ᠶᠢ ᠡᠬᠢᠯᠡᠭᠦᠯᠬᠦ ᠪᠠᠷ ᠴᠢᠷᠮᠠᠶᠢᠨ᠎ᠠ︔ ᠴᠢᠶᠠᠨ ᠶᠢᠨ ᠭᠸᠤ ᠶᠢᠨ ᠴᠠᠭᠠᠨ ᠲᠤᠭᠤᠯᠠᠭ᠎ᠠ ᠵᠠᠰ ᠤᠨ ᠦᠩᠭᠡᠳᠦ ᠲᠡᠮᠦᠷᠯᠢᠭ | ᠰᠤᠩᠭᠤᠨ ᠪᠤᠯᠪᠠᠰᠤᠷᠠᠭᠤᠯᠬᠤ ᠲᠦᠷᠦᠯ ᠵᠦᠢᠯ ᠳᠤ ᠨᠡᠶᠢᠳᠡ 5000 ᠲᠦᠮᠡᠨ ᠲᠦᠭᠦᠷᠢᠭ ᠤᠨ ᠪᠡᠯᠡ ᠤᠷᠤᠭᠤᠯᠤᠨ | ᠂ ᠡᠳᠦᠷ ᠲᠤ1000 ᠲᠤᠨ ᠰᠤᠩᠭᠤᠨ ᠪᠤᠯᠪᠠᠰᠤᠷᠠᠭᠤᠯᠬᠤ ᠲᠠᠯᠠᠪᠤᠷ ᠢ ᠪᠠᠶᠢᠭᠤᠯᠵᠤ᠂ ᠲᠤᠰ ᠵᠢᠯ ᠳᠡᠭᠡᠨ 2000 | ᠲᠦᠮᠡᠨ ᠲᠦᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠨ᠎ᠡ᠃ | ᠤᠳᠤᠬᠠᠨ ᠤ ᠪᠠᠶᠢᠭ᠎ᠠ ᠠᠵᠤ ᠠᠬᠤᠶᠢᠯᠠᠯ ᠪᠤᠯᠤᠨ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠰᠠᠶᠢᠳᠤᠷ ᠠᠳᠬᠤᠬᠤ ᠶᠢᠨ ᠲᠠᠭᠠᠣ ᠳᠤ ᠲᠠᠷᠢᠶᠠᠯᠠᠩ ᠤᠨ ᠲᠤᠰᠠᠯᠠᠬᠤ ᠪᠦᠳᠦᠭᠡᠭᠳᠡᠭᠦᠨ | ᠪᠤᠯᠪᠠᠰᠤᠷᠠᠭᠤᠯᠬᠤ ᠤᠷᠤᠨ ᠲᠤᠭᠤᠷᠢᠭ᠂ ᠦᠨᠳᠦᠷ ᠴᠢᠳᠠᠪᠤᠷᠢᠳᠤ ᠤᠷᠤᠨ ᠲᠤᠭᠤᠷᠢᠭ ᠪᠤᠯᠤᠨ ᠲᠤᠮᠳᠠ ᠵᠢᠵᠢᠭ | ᠠᠵᠤ ᠠᠬᠤᠶᠢᠯᠠᠯ ᠤᠨ ᠤᠷᠤᠨ ᠲᠤᠭᠤᠷᠢᠭ ᠤᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ ᠠᠵᠢᠯ ᠢ | ᠰᠠᠶᠢᠳᠤᠷ ᠬᠢᠨ᠎ᠡ᠃ ᠰᠠᠯᠬᠢᠨ ᠬᠦᠴᠦᠨ ᠤ ᠴᠠᠬᠢᠯᠭᠠᠨ ᠢ ᠶᠡᠬᠡᠪᠡᠷ ᠬᠦᠭᠵᠢᠬᠦᠯᠬᠦ ᠰᠠᠭᠤᠷᠢᠨ ᠲᠡᠭᠡᠷ᠎ᠡ ᠭᠡᠷᠡᠯ ᠤᠨ | ᠡᠨᠧᠷᠬᠢ ᠶᠢᠨ ᠠᠵᠤ ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠦᠯᠦᠪᠯᠡᠵᠤ᠂ ᠰᠠᠯᠬᠢᠨ᠂ | ᠭᠡᠷᠡᠯ ᠬᠠᠷᠢᠯᠴᠠᠨ ᠨᠦᠬᠦᠪᠦᠷᠢᠯᠡᠬᠦ ᠠᠵᠤ ᠦᠢᠯᠡᠰ ᠤᠨ ᠲᠦᠯᠦᠪᠰᠢᠷᠡᠯ ᠢ ᠪᠤᠢ ᠪᠤᠯᠭᠠᠵᠤ᠂ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠪᠤᠯᠬᠤ ᠪᠠᠷ ᠴᠢᠷᠮᠠᠶᠢᠨ᠎ᠠ᠃ | ᠲᠤᠮᠳᠠ ᠵᠢᠵᠢᠭ ᠠᠵᠤ ᠠᠬᠤᠶᠢᠯᠠᠯ ᠢ ᠪᠦᠬᠦ ᠬᠦᠴᠦᠨ ᠢᠶᠠᠷ ᠲᠡᠳᠬᠦᠵᠦ ᠬᠥᠭᠵᠢᠭᠦᠯᠦᠨ᠎ᠡ᠃ ᠲᠤᠮᠳᠠ | ᠵᠢᠵᠢᠭ ᠠᠵᠤ ᠠᠬᠤᠶᠢᠯᠠᠯ ᠤᠨ ᠦᠢᠯᠡᠰ ᠪᠦᠳᠦᠭᠡᠬᠦ ᠤᠷᠤᠨ ᠲᠤᠭᠤᠷᠢᠭ ᠤᠨ ᠲᠦᠯᠦᠪᠵᠢᠬᠦᠯᠭᠡ ᠪᠦᠳᠦᠭᠡᠨ | ᠪᠠᠶᠢᠭᠤᠯᠤᠯᠳᠠ ᠶᠢ ᠰᠠᠶᠢᠨ ᠬᠢᠬᠦ ᠰᠠᠭᠤᠷᠢᠨ ᠲᠡᠭᠡᠷ᠎ᠡ᠂ ᠭᠠᠵᠠᠷ ᠰᠢᠷᠤᠢ᠂ ᠡᠳ᠋ ᠤᠨ ᠵᠠᠰᠠᠭ ᠤᠨ ᠭᠠᠶᠢᠯᠢ᠂ | ᠢᠳᠡᠭᠡᠮᠵᠢᠳᠦ ᠵᠢᠭᠡᠯᠡᠯᠭᠡ᠂ ᠭᠠᠷᠭᠠᠯᠳᠠ ᠵᠡᠷᠭᠡ ᠲᠠᠯᠠᠪᠠᠷ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠢᠮᠪᠠᠢ | ᠨᠠᠶᠢᠳᠠᠪᠤᠷᠢᠵᠢᠭᠤᠯᠵᠤ᠂ ᠵᠠᠬ᠎ᠠ ᠲᠡᠯᠬᠡᠬᠦᠷ ᠤᠨ ᠵᠦᠪᠰᠢᠶᠠᠷᠠᠨ ᠤᠷᠤᠭᠤᠯᠬᠤ ᠬᠠᠳᠠᠪᠴᠢ ᠶᠢ ᠪᠤᠭᠤᠨᠢᠰᠬᠠᠨ᠂ ᠦᠢᠯᠡᠰ | ᠪᠤᠰᠬᠠᠬᠤ ᠦᠢᠯᠡᠴᠢᠯᠡᠬᠡᠨ ᠤ ᠤᠷᠴᠢᠨ ᠢ ᠰᠢᠯᠢᠳᠡᠭᠵᠢᠬᠦᠯᠵᠦ᠂ ᠲᠤᠮᠳᠠ ᠵᠢᠵᠢᠭ ᠠᠵᠤ ᠠᠬᠤᠶᠢᠯᠠᠯ ᠤᠨ ᠲᠦᠷᠭᠡᠨ | ᠪᠤᠶᠢᠵᠢᠬᠤ ᠶᠢ ᠠᠬᠢᠭᠤᠯᠵᠤ᠂ ᠲᠡᠳᠡᠨ ᠤ ᠠᠵᠢᠯ ᠤᠯᠤᠯᠳᠠ ᠶᠢ ᠲᠠᠶᠢᠴᠢᠯᠠᠬᠤ᠂ ᠤᠷᠤᠯᠭ᠎ᠠ ᠶᠢᠨ ᠨᠡᠮᠡᠭᠳᠡᠯ ᠢ | ᠲᠠᠶᠢᠴᠢᠯᠠᠬᠤ ᠵᠡᠷᠭᠡ ᠲᠠᠯᠠᠪᠠᠷ ᠭᠠᠷᠭᠠᠬᠤ ᠦᠢᠯᠡᠳᠦᠯ ᠢ ᠨᠢ ᠪᠠᠳᠠᠷᠠᠭᠤᠯᠬᠤ ᠭᠡᠷᠡᠭᠳᠡᠢ᠃ | ᠲᠠᠶᠢᠹᠤᠰᠧ ᠬᠤᠰᠢᠭᠤᠨ ᠤ ᠭᠠᠵᠠᠷ ᠰᠢᠷᠤᠢ ᠶᠢᠨ ᠠᠰᠢᠭᠯᠠᠯᠳᠠ ᠶᠢᠨ ᠶᠡᠷᠦᠩᠬᠡᠢ ᠲᠦᠯᠦᠪᠵᠢᠬᠦᠯᠭᠡ ᠶᠢ | ᠵᠠᠰᠠᠨ ᠨᠠᠶᠢᠷᠠᠭᠤᠯᠤᠨ᠎ᠠ᠃ ᠭᠠᠵᠠᠷ ᠰᠢᠷᠤᠢ ᠬᠤᠷᠢᠶᠠᠨ ᠨᠦᠭᠡᠴᠡᠯᠡᠬᠦ ᠠᠵᠢᠯ ᠤᠨ ᠬᠦᠴᠦᠯᠡᠴᠡ ᠪᠠᠨ ᠴᠢᠩᠭᠠᠳᠬᠠᠵᠤ᠂ | ᠦᠨᠳᠦᠰᠦᠨ ᠲᠠᠷᠢᠶᠠᠨ ᠭᠠᠵᠠᠷ ᠢ ᠡᠮᠬᠢᠯᠡᠬᠦ ᠵᠢᠴᠢ ᠪᠠᠷᠠᠭᠤᠨ ᠤᠷᠤᠨ ᠤ ᠤᠰᠤ ᠡᠷᠢᠬᠦ ᠬᠤᠶᠠᠳᠠᠬᠢ ᠬᠤᠭᠤᠴᠠᠭᠠᠨ ᠤ | ᠲᠦᠷᠦᠯ ᠵᠦᠢᠯ ᠢ ᠢᠳᠡᠪᠬᠢᠲᠠᠢ ᠲᠡᠮᠡᠴᠡᠨ ᠤᠯᠬᠤ ᠪᠠ ᠰᠠᠶᠢᠳᠤᠷ ᠬᠡᠷᠡᠭᠵᠢᠭᠦᠯᠦᠨ᠎ᠡ᠃ ᠭᠠᠵᠠᠷ ᠰᠢᠨᠵᠢᠯᠡᠭᠡᠨ ᠤ | ᠲᠦᠷᠦᠭᠦᠴᠢ ᠶᠢᠨ ᠬᠤᠭᠤᠴᠠᠭᠠᠨ ᠤ ᠠᠵᠢᠯ ᠢ ᠴᠢᠩᠭᠠᠳᠬᠠᠨ᠂ ᠬᠤᠳᠠᠯᠳᠤᠭᠠᠨ ᠤ ᠴᠢᠨᠠᠷᠲᠠᠢ ᠭᠠᠵᠠᠷ ᠰᠢᠨᠵᠢᠯᠡᠭᠡᠨ | ᠤ 35 ᠲᠦᠷᠦᠯ ᠵᠦᠢᠯ ᠳᠤ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠬᠢᠵᠦ︔ ᠪᠦᠬᠦ ᠬᠤᠰᠢᠭᠤᠨ ᠤ | 1400 ᠬᠠᠪᠳᠠᠭᠠᠢ ᠲᠦᠷᠪᠡᠯᠵᠢᠨ ᠺᠢᠯᠤᠮᠧᠲᠷ ᠭᠠᠵᠠᠷ ᠨᠤᠳᠤᠭ ᠲᠤ 1᠄ 50000 ᠶᠢᠨ ᠬᠠᠷᠢᠴᠠᠯ ᠢᠶᠠᠷ ᠭᠠᠵᠠᠷ | ᠰᠢᠨᠵᠢᠯᠡᠭᠡᠨ ᠤ ᠪᠠᠶᠢᠴᠠᠭᠠᠯᠲᠠ ᠶᠢᠨ ᠠᠵᠢᠯ ᠢ ᠦᠷᠨᠢᠭᠦᠯᠦᠨ᠎ᠡ︔ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ | ᠲᠤᠭᠤᠷᠢᠨ ᠤ ᠵᠠᠰᠠᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ 25 ᠲᠦᠮᠡᠨ ᠪᠤᠰᠤᠭ᠎ᠠ ᠳᠦᠷᠪᠡᠯᠵᠢᠨ ᠮᠧᠲᠷ | ᠲᠠᠯᠠᠪᠠᠢ ᠶᠢ ᠪᠤᠯᠠᠵᠤ ᠲᠡᠭᠰᠢᠯᠡᠨ᠎ᠡ᠃ | ︵ᠳᠦᠷᠪᠡ︶ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠲᠠ ᠶᠢ ᠡᠷᠴᠢᠮᠵᠢᠭᠦᠯᠵᠦ᠂ ᠠᠵᠤ | ᠠᠬᠤᠢ ᠶᠢᠨ ᠬᠦᠭᠵᠢᠯᠲᠡ ᠶᠢᠨ ᠪᠤᠭᠤᠮᠢ ᠶᠢᠨ ᠬᠢᠵᠠᠭᠠᠷᠯᠠᠯ ᠢ ᠡᠪᠳᠡᠬᠦ ᠬᠡᠷᠡᠭᠲᠠᠢ᠃ | ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠂ ᠪᠤᠤᠴᠠᠩ ᠪᠠᠯᠭᠠᠰᠤᠨ ᠤ ᠬᠤᠲᠠ | ᠪᠠᠯᠭᠠᠰᠤᠨ ᠤ ᠪᠠᠶᠢᠭᠤᠯᠤᠯᠲᠠ ᠶᠢᠨ ᠶᠡᠷᠦᠩᠬᠡᠢ ᠲᠦᠯᠦᠪᠵᠢᠭᠦᠯᠭᠡ ᠳᠤ ᠲᠤᠬᠢᠷᠠᠭᠤᠯᠤᠯᠲᠠ ᠬᠢᠬᠦ ᠠᠵᠢᠯ ᠢ ᠬᠢᠵᠦ᠂ | ᠰᠣᠶᠣᠯ ᠲᠠᠮᠢᠷ ᠤᠨ ᠠᠭᠤᠳᠠᠮ ᠲᠠᠯᠠᠪᠠᠢ᠂ ᠴᠡᠴᠡᠷᠯᠢᠭ ᠤᠨ ᠨᠤᠭᠤᠭᠠᠷᠠᠭᠤᠯᠤᠯᠳᠠ᠂ ᠵᠡᠭᠡᠯᠢ ᠭᠤᠳᠤᠮᠵᠢ ᠶᠢᠨ | ᠭᠤᠶᠤᠵᠢᠭᠤᠯᠤᠯᠳᠠ ᠵᠡᠷᠭᠡ ᠲᠦᠯᠦᠪᠵᠢᠭᠦᠯᠭᠡ ᠶᠢ ᠲᠠᠷᠤᠶᠢᠬᠠᠨ ᠨᠠᠶᠢᠷᠠᠭᠤᠯᠤᠨ ᠵᠤᠬᠢᠶᠠᠨ᠎ᠠ᠃ 2010 ᠤᠨ ᠳᠤ | ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠳᠤ ᠨᠡᠶᠢᠳᠡ 6.39 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠵᠤ᠂ ᠡᠭᠦᠨ ᠳᠤ ᠬᠤᠲᠠ ᠶᠢᠨ ᠵᠠᠰᠠᠭ ᠤᠨ ᠪᠠᠶᠢᠭᠤᠯᠤᠯᠲᠠ ᠳᠤ2.2 ᠳ᠋ᠦᠩᠰᠢᠭᠤᠷ ᠲᠦᠭᠦᠷᠢᠭ᠂ ᠭᠡᠷ | ᠬᠦᠷᠦᠩᠭᠡ ᠶᠢᠨ ᠨᠡᠭᠡᠭᠡᠨ ᠠᠰᠢᠭᠯᠠᠯᠲᠠ ᠳᠤ4.19 ᠳ᠋ᠦᠩᠰᠢᠭᠤᠷ ᠲᠦᠭᠦᠷᠢᠭ ᠤᠷᠤᠭᠤᠯᠤᠨ᠎ᠠ᠃ ᠰᠢᠨ᠎ᠡ ᠲᠤᠭᠤᠷᠢᠭ | ᠤᠨ ᠵᠡᠭᠦᠨ ᠭᠡᠰᠡᠭ ᠤᠨ ᠵᠠᠮ᠂ ᠲᠧᠩ ᠹᠸᠢ ᠵᠠᠮ᠂ ᠭᠤᠸᠠᠩ ᠮᠢᠩ ᠶᠡᠭᠡ ᠵᠡᠭᠡᠯᠢ ᠶᠢᠨ22.4 ᠲᠦᠮᠡᠨ | ᠬᠠᠪᠳᠠᠭᠠᠢ ᠲᠦᠷᠪᠡᠯᠵᠢᠨ ᠮᠧᠲᠷ ᠵᠠᠮ ᠤᠨ ᠵᠠᠰᠠᠯᠳᠠ ᠶᠢ ᠪᠡᠶᠡᠯᠡᠭᠦᠯᠵᠦ᠂ ᠤᠰᠤ ᠬᠠᠩᠭᠠᠬᠤ ᠭᠤᠤᠷᠰᠤ ᠬᠤᠭᠤᠯᠠᠢ | 2500 ᠮᠧᠲᠷ ᠤᠭᠰᠠᠷᠠᠵᠤ᠂ ᠭᠠᠯ ᠰᠡᠷᠬᠡᠶᠢᠯᠡᠬᠦ ᠬᠤᠳᠳᠤᠭ 15 ᠶᠢ ᠪᠠᠶᠢᠭᠤᠯᠤᠨ ᠲᠦᠬᠦᠭᠡᠷᠦᠮᠵᠢ ᠶᠢ | ᠪᠦᠷᠢᠳᠦᠬᠦᠯᠵᠦ᠂ ᠪᠤᠬᠢᠷᠳᠤᠯ ᠭᠠᠳᠠᠭᠰᠢᠯᠠᠭᠤᠯᠬᠤ ᠬᠤᠭᠤᠯᠠᠢ 12 ᠺᠢᠯᠤᠮᠧᠲᠷ ᠂ ᠪᠤᠷᠤᠭᠠᠨ ᠤ ᠤᠰᠤ | ᠭᠠᠳᠠᠭᠰᠢᠯᠠᠭᠤᠯᠬᠤ ᠬᠤᠭᠤᠯᠠᠢ 23 ᠺᠢᠯᠤᠮᠧᠲᠷ ᠢ ᠢᠵᠢ ᠪᠦᠷᠢᠳᠦᠭᠦᠯᠦᠨ ᠪᠠᠶᠢᠭᠤᠯᠤᠨ᠎ᠠ︔ ᠬᠠᠭᠤᠴᠢᠨ | ᠲᠤᠭᠤᠷᠢᠭ ᠤᠨ ᠾᠧ ᠫᠢᠩ ᠵᠡᠭᠡᠯᠢ᠂ ᠰᠢᠶᠠᠩ ᠶᠠᠩ ᠬᠤᠶᠢᠳᠤ ᠵᠠᠮ ᠢ 3.4 ᠲᠦᠮᠡᠨ ᠬᠠᠪᠳᠠᠭᠠᠢ ᠲᠦᠷᠪᠡᠯᠵᠢᠨ | ᠮᠧᠲᠷ ᠦᠭᠡᠷᠡᠴᠢᠯᠡᠨ ᠵᠠᠰᠠᠵᠤ᠂ 2000 ᠮᠧᠲᠷ ᠤᠰᠤ ᠬᠠᠩᠭᠠᠬᠤ ᠬᠤᠭᠤᠯᠠᠢ ᠶᠢ ᠦᠭᠡᠷᠡᠴᠢᠯᠡᠨ | ᠪᠠᠶᠢᠭᠤᠯᠤᠨ᠎ᠠ᠃ ᠰᠢᠨ᠎ᠡ ᠲᠤᠭᠤᠷᠢᠭ ᠤᠨ ᠨᠢᠭᠡᠨᠲᠡ ᠳᠡᠪᠢᠰᠦᠭᠰᠡᠨ ᠲᠤᠰᠤᠨ ᠵᠠᠮ ᠪᠤᠯᠤᠨ ᠬᠠᠭᠤᠴᠢᠨ ᠲᠤᠭᠤᠷᠢᠭ | ᠤᠨ ᠦᠭᠡᠷᠡᠴᠢᠯᠡᠨ ᠵᠠᠰᠠᠭᠰᠠᠨ ᠵᠠᠮ ᠤᠨ ᠬᠤᠶᠠᠷ ᠬᠠᠵᠠᠭᠤ ᠪᠠᠷ 15.4 ᠲᠦᠮᠡᠨ ᠬᠠᠪᠳᠠᠭᠠᠢ ᠲᠦᠷᠪᠡᠯᠵᠢᠨ | ᠮᠧᠲᠷ ᠲᠡᠪᠢᠰᠴᠦ ᠬᠠᠳᠠᠭᠤᠷᠠᠭᠤᠯᠬᠤ ᠠᠵᠢᠯ ᠢ ᠬᠢᠨ᠎ᠡ᠃ ᠰᠢᠨ᠎ᠡ ᠲᠤᠭᠤᠷᠢᠭ ᠤᠨ ᠨᠤᠭᠤᠭᠠᠷᠠᠭᠤᠯᠤᠯᠲᠠ ᠶᠢᠨ | ᠢᠨᠵᠢᠨᠧᠷᠢᠩ ᠢ ᠡᠬᠢᠯᠡᠭᠦᠯᠦᠨ᠎ᠡ᠃ ᠰᠢᠨ᠎ᠡ ᠲᠤᠭᠤᠷᠢᠭ ᠲᠤ ᠵᠠᠮ ᠤᠨ ᠳ᠋ᠧᠩ 1000 ᠶᠢ ᠤᠭᠰᠠᠷᠠᠵᠤ᠂ ᠵᠢᠶᠧ | ᠹᠡᠩ᠂ ᠵᠢᠶᠠᠨ ᠱᠧ ᠬᠤᠶᠠᠷ ᠶᠡᠭᠡ ᠵᠡᠭᠡᠯᠢ ᠶᠢᠨ ᠭᠤᠤᠯ ᠭᠡᠰᠡᠭ ᠲᠤ ᠦᠵᠡᠮᠵᠢ ᠶᠢᠨ ᠳ᠋ᠧᠩ ᠤᠭᠰᠠᠷᠠᠬᠤ ᠪᠠᠷ | ᠴᠢᠷᠮᠠᠶᠢᠨ᠎ᠠ᠃ ᠲᠦᠪᠯᠡᠷᠡᠭᠦᠯᠦᠨ ᠢᠯᠴᠢ ᠬᠠᠩᠭᠠᠬᠤ ᠭᠤᠤᠯ ᠲᠤᠭᠤᠷᠢᠭ ᠢ ᠰᠢᠨ᠎ᠡ ᠪᠠᠷ ᠪᠠᠶᠢᠭᠤᠯᠵᠤ᠂ ᠢᠯᠴᠢ | ᠬᠠᠩᠭᠠᠬᠤ ᠰᠠᠯᠪᠤᠷᠢ ᠲᠤᠭᠤᠷᠢᠭ ᠢ ᠭᠤᠤᠯ ᠲᠤᠭᠤᠷᠢᠭ ᠲᠤ ᠨᠢᠭᠡᠳᠬᠡᠬᠦ ᠪᠠᠷ ᠴᠢᠷᠮᠠᠶᠢᠵᠤ᠂ ᠲᠦᠪᠯᠡᠷᠡᠭᠦᠯᠦᠨ | ᠢᠯᠴᠢ ᠬᠠᠩᠭᠠᠬᠤ ᠲᠤᠤᠷ ᠢ 20 ᠲᠦᠮᠡᠨ ᠬᠠᠪᠳᠠᠭᠠᠢ ᠲᠦᠷᠪᠡᠯᠵᠢᠨ ᠮᠧᠲᠷ ᠦᠷᠭᠡᠳᠬᠡᠨ ᠪᠠᠶᠢᠭᠤᠯᠬᠤ ᠪᠠᠷ | ᠲᠦᠯᠦᠪᠯᠡᠵᠤ᠂ ᠲᠦᠪᠯᠡᠷᠡᠭᠦᠯᠦᠨ ᠢᠯᠴᠢ ᠬᠠᠩᠭᠠᠬᠤ ᠤᠶᠤᠨᠳᠤ ᠺᠠᠷᠲ ᠶᠢᠨ ᠲᠦᠷᠢᠮ ᠢ ᠲᠦᠭᠡᠮᠡᠯᠵᠢᠭᠦᠯᠦᠨ᠎ᠡ᠃ | ᠾᠧ ᠰᠢᠶᠧ ᠵᠢᠶᠠ ᠶᠤᠸᠠᠨ ᠵᠡᠷᠭᠡ ᠲᠤᠭᠤᠷᠢᠭ ᠤᠨ ᠦᠷᠭᠦᠯᠵᠢᠯᠡᠨ ᠪᠠᠶᠢᠭᠤᠯᠬᠤ ᠢᠨᠵᠢᠨᠧᠷᠢᠩ ᠢ ᠰᠠᠶᠢᠳᠦᠷ | ᠬᠢᠵᠦ᠂ ᠡᠵᠡᠯᠡᠬᠦ ᠲᠠᠯᠠᠪᠠᠢ ᠨᠢ 10 ᠲᠦᠮᠡᠨ ᠬᠠᠪᠳᠠᠭᠠᠢ ᠲᠦᠷᠪᠡᠯᠵᠢᠨ ᠮᠧᠲᠷ ᠬᠦᠷᠬᠦ ᠳ᠋ᠢ ᠬᠤᠸᠠ ᠲᠤᠭᠤᠷᠢᠭ ᠂ | ᠲᠢᠶᠠᠨ ᠯᠤ᠋ ᠵᠢᠵᠢᠭ ᠲᠤᠭᠤᠷᠢᠭ ᠤᠨᠢᠨᠵᠢᠨᠧᠷᠢᠩ ᠢ ᠨᠠᠶᠢᠳᠠᠪᠤᠷᠢᠵᠢᠭᠤᠯᠬᠤ ᠪᠠ ᠡᠬᠢᠯᠡᠬᠦᠯᠦᠨ᠎ᠡ ᠃ ᠭᠡᠷ ᠪᠠᠶᠢᠰᠢᠩ | ᠢ ᠦᠭᠡᠷᠡᠴᠢᠯᠡᠨ ᠵᠠᠰᠠᠬᠤ ᠲᠦᠷᠦᠯ ᠵᠦᠢᠯ ᠲᠠᠢ ᠤᠶᠠᠯᠳᠤᠭᠤᠯᠵᠤ᠂ ᠬᠠᠭᠤᠴᠢᠨ ᠲᠤᠭᠤᠷᠢᠭ ᠤᠨ ᠪᠠᠶᠢᠰᠢᠩ ᠢ ᠠᠰᠠᠷ | ᠪᠤᠯᠭᠠᠨ ᠦᠭᠡᠷᠡᠴᠢᠯᠡᠨ ᠪᠠᠶᠢᠭᠤᠯᠬᠤ ᠢᠨᠵᠢᠨᠧᠷᠢᠩ ᠳᠤ ᠰᠢᠪᠳᠤᠯᠤᠯᠲᠠ ᠶᠢᠨ ᠴᠢᠨᠠᠷᠲᠠᠢ ᠠᠬᠢᠯᠳᠠ ᠭᠠᠷᠭᠠᠵᠤ ᠂ | ᠤᠷᠤᠨ ᠰᠠᠭᠤᠴᠠ ᠶᠢᠨ ᠠᠰᠠᠷ 30 ᠲᠦᠮᠡᠨ ᠬᠠᠪᠳᠠᠭᠠᠢ ᠲᠦᠷᠪᠡᠯᠵᠢᠨ ᠮᠧᠲᠷ᠂ ᠬᠤᠳᠠᠯᠳᠤᠭᠠᠨ ᠤ ᠠᠰᠠᠷ 5 | ᠲᠦᠮᠡᠨ ᠬᠠᠪᠳᠠᠭᠠᠢ ᠲᠦᠷᠪᠡᠯᠵᠢᠨ ᠮᠧᠲᠷ ᠨᠡᠭᠡᠭᠡᠨ ᠠᠰᠢᠭᠯᠠᠬᠤ ᠪᠠᠷ ᠲᠦᠯᠦᠪᠯᠡᠨ᠎ᠡ᠃ ᠦᠨᠳᠦᠷ ᠪᠠᠷᠢᠮᠵᠢᠶ᠎ᠠ ᠂ | ᠦᠨᠳᠦᠷ ᠲᠡᠰ ᠢᠶᠠᠷ ᠪᠦᠳᠦᠭᠡᠨ ᠪᠠᠶᠢᠭᠤᠯᠬᠤ ᠵᠠᠷᠴᠢᠮ ᠢ ᠪᠠᠷᠢᠮᠳᠠᠯᠠᠵᠤ᠂ ᠰᠤᠶᠤᠯ ᠲᠠᠮᠢᠷ ᠤᠨ ᠠᠭᠤᠳᠠᠮ ᠲᠠᠯᠠᠪᠠᠢ | ᠶᠢᠨ ᠰᠢᠷᠤᠢ ᠶᠢᠨ ᠪᠠᠷᠢᠯᠭ᠎ᠠ ᠪᠤᠯᠤᠨ ᠬᠡᠰᠡᠭ ᠲᠡᠪᠢᠰᠴᠦ ᠬᠠᠳᠠᠭᠤᠷᠠᠭᠤᠯᠬᠤ ᠢᠨᠵᠢᠨᠧᠷᠢᠩ ᠢ ᠡᠬᠢᠯᠡᠭᠦᠯᠬᠦ ᠪᠠᠷ | ᠴᠢᠷᠮᠠᠶᠢᠨ᠎ᠠ᠃ ᠬᠤᠲᠠ ᠪᠠᠯᠭᠠᠰᠤᠨ ᠤ ᠬᠡᠢ ᠬᠠᠩᠭᠠᠬᠤ ᠦᠷᠳᠡᠭᠡᠨ ᠤ ᠪᠦᠳᠦᠭᠡᠨ ᠪᠠᠶᠢᠭᠤᠯᠤᠯᠲᠠ ᠪᠤᠯᠤᠨ ᠢᠳᠡᠰᠢᠨ | ᠨᠤᠭᠤᠭᠠᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠨᠡᠭᠦᠯᠬᠡᠭᠦ ᠵᠡᠷᠭᠡ ᠢᠨᠵᠢᠨᠧᠷᠢᠩ ᠢ ᠡᠬᠢᠯᠡᠭᠦᠯᠬᠦ ᠪᠠᠷ ᠴᠢᠷᠮᠠᠶᠢᠨ᠎ᠠ᠃ | ᠵᠠᠮ ᠨᠡᠪᠳᠡᠷᠡᠯᠭᠡ ᠶᠢᠨ ᠲᠠᠯ᠎ᠠ ᠪᠠᠷ ᠂ ᠪᠤᠤᠴᠠᠩ ᠠᠴᠠ ᠰᠠᠨ ᠬᠤᠤ ᠳ᠋ᠢ ᠬᠦᠷᠬᠦ ᠦᠨᠳᠦᠷ ᠬᠤᠷᠳᠤᠴᠠᠳᠤ | ᠵᠠᠮ᠂ ᠰᠠᠩ ᠤᠨ ᠲᠠᠯᠠᠢ ᠠᠴᠠ ᠪᠤᠤᠴᠠᠩ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠪᠤᠯᠤᠨ ᠰᠢᠯᠤᠭᠤᠨ ᠬᠦᠭᠡ | ᠠᠴᠠ ᠴᠢᠭᠤᠯᠤᠯᠳᠤ ᠬᠠᠭᠠᠯᠭ᠎ᠠ ᠬᠦᠷᠬᠦ ᠲᠡᠮᠦᠷ ᠵᠠᠮ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠲᠦᠷᠦᠯ ᠤᠨ | ᠵᠤᠬᠢᠴᠠᠭᠤᠯᠤᠨ ᠦᠢᠯᠡᠴᠢᠯᠡᠬᠦ ᠠᠵᠢᠯ ᠳᠤ ᠢᠳᠡᠪᠬᠢᠲᠠᠢ ᠬᠠᠮᠵᠢᠯᠴᠠᠬᠤ ᠶᠢᠨ ᠲᠠᠭᠠᠤ᠂ ᠰᠤᠮᠤ ᠰᠢᠶᠠᠩ ᠪᠠᠯᠭᠠᠰᠤᠨ | ᠳᠤ ᠨᠡᠪᠳᠡᠷᠡᠬᠦ ᠲᠤᠰᠤᠨ ᠵᠠᠮ 83.5 ᠺᠢᠯᠤᠮᠧᠲᠷ ᠢ ᠰᠢᠨ᠎ᠡ ᠪᠠᠷ ᠪᠠᠶᠢᠭᠤᠯᠬᠤ ᠪᠤᠶᠤ ᠵᠠᠰᠠᠨ ᠪᠠᠶᠢᠭᠤᠯᠵᠤ᠂ | ᠭᠠᠴᠠᠭ᠎ᠠᠲ᠋ᠤᠰᠬᠤᠨ ᠳᠤ ᠨᠡᠪᠳᠡᠷᠡᠬᠦ ᠬᠠᠶᠢᠷ ᠴᠢᠯᠠᠭᠤᠨ ᠵᠠᠮ 39.6 ᠺᠢᠯᠤᠮᠧᠲᠷ ᠢ ᠪᠠᠶᠢᠭᠤᠯᠤᠨ᠎ᠠ᠃ | ᠦᠢᠯᠡᠳᠪᠤᠷᠢ ᠶᠢᠨ ᠤᠷᠤᠨ ᠲᠤᠭᠤᠷᠢᠭ ᠪᠤᠯᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ | ᠰᠠᠭᠤᠷᠢᠨ ᠭᠠᠵᠠᠷ ᠤᠨ ᠵᠠᠮ ᠨᠡᠪᠳᠡᠷᠡᠯᠭᠡ ᠶᠢᠨ ᠲᠦᠪᠰᠢᠨ ᠢ ᠤᠯᠠᠮ ᠲᠡᠭᠡᠭᠰᠢᠯᠡᠬᠦᠯᠦᠨ᠎ᠡ᠃ | ᠴᠠᠬᠢᠯᠭᠠᠨ ᠬᠦᠴᠦᠨ ᠤ ᠲᠠᠯ᠎ᠠ ᠪᠠᠷ᠂ ᠨᠡᠶᠢᠲᠡ 1.21 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠤᠭᠰᠠᠨ 220 ᠺᠢᠯᠤᠸᠤᠯᠲ ᠤᠨ ᠴᠠᠬᠢᠯᠭᠠᠨ ᠬᠦᠷᠭᠡᠵᠦ ᠬᠤᠪᠢᠰᠬᠠᠬᠤ ᠢᠨᠵᠢᠨᠧᠷᠢᠩ ᠪᠤᠯᠤᠨ ᠨᠡᠶᠢᠲᠡ | 3825 ᠲᠦᠮᠡᠨ ᠲᠦᠭᠦᠷᠢᠭ ᠤᠨ ᠪᠡᠯᠡ ᠤᠷᠤᠭᠤᠯᠤᠭᠰᠠᠨ 35 ᠺᠢᠯᠤᠸᠤᠯᠲ ᠤᠨ ᠴᠠᠬᠢᠯᠭᠠᠨ ᠬᠦᠷᠭᠡᠬᠦ ᠬᠤᠶᠠᠷ | ᠰᠠᠭᠤᠷᠢ ᠢᠨᠵᠢᠨᠧᠷᠢᠩ ᠢ ᠲᠤᠰ ᠵᠢᠯ ᠳᠡᠭᠡᠨ ᠠᠰᠢᠭᠯᠠᠯᠳᠠ ᠳᠤ ᠤᠷᠤᠭᠤᠯᠤᠨ᠎ᠠ᠃ ᠲᠠᠷᠢᠶᠠᠯᠠᠩ ᠤᠨ ᠴᠠᠬᠢᠯᠭᠠᠨ | ᠲᠤᠤᠷ ᠢ ᠦᠷᠭᠦᠯᠵᠢᠯᠡᠨ ᠰᠠᠶᠢᠵᠢᠷᠠᠭᠤᠯᠤᠨ ᠲᠡᠭᠦᠯᠳᠡᠷᠵᠢᠬᠦᠯᠵᠦ᠂ ᠬᠤᠲᠠ ᠶᠢᠨ ᠴᠠᠬᠢᠯᠭᠠᠨ ᠲᠤᠤᠷ ᠤᠨ | ᠦᠭᠡᠷᠡᠴᠢᠯᠡᠯᠲᠡ ᠶᠢ ᠲᠦᠯᠦᠪᠵᠢᠭᠦᠯᠦᠨ ᠲᠤᠬᠢᠷᠠᠭᠤᠯᠵᠤ᠂ ᠭᠤᠤᠯᠳᠠᠯᠭ᠎ᠠ ᠲᠠᠢ ᠲᠦᠷᠦᠯ ᠵᠦᠢᠯ ᠤᠨ ᠠᠵᠢᠯ ᠢᠶᠠᠨ | ᠤᠷᠤᠭᠰᠢᠲᠠᠢ ᠡᠬᠢᠯᠡᠭᠦᠯᠬᠦ ᠳᠤ ᠦᠨᠳᠦᠰᠦᠨ ᠪᠠᠳᠤᠯᠠᠭ᠎ᠠ ᠬᠠᠩᠭᠠᠨ᠎ᠠ᠃ | ᠤᠰᠤᠨ ᠠᠰᠢᠭᠯᠠᠯᠲᠠ ᠶᠢᠨ ᠲᠠᠯ᠎ᠠ ᠪᠠᠷ ᠂ ᠠᠷᠪᠢᠳᠠᠢ ᠤᠰᠤᠯᠠᠯᠳᠠ ᠶᠢᠨ ᠤᠷᠤᠨ ᠲᠤᠭᠤᠷᠢᠭ ᠢᠶᠠᠷ | ᠭᠤᠤᠯ ᠪᠤᠯᠭᠠᠭᠰᠠᠨ ᠤᠰᠤᠯᠠᠯᠳᠠ ᠶᠢᠨ ᠲᠠᠯᠠᠪᠠᠢ ᠨᠡᠭᠡᠭᠡᠨ ᠠᠰᠢᠭᠯᠠᠬᠤ ᠬᠦᠴᠦᠯᠡᠴᠡ ᠶᠢ ᠦᠷᠭᠦᠯᠵᠢᠯᠡᠨ ᠶᠡᠬᠡᠰᠬᠡᠵᠦ | ᠂ ᠲᠤᠮᠳᠠ ᠪᠠᠷᠠᠭᠤᠨ ᠭᠡᠰᠡᠭ ᠤᠨ ᠤᠰᠤᠨ ᠰᠤᠷᠪᠤᠯᠵᠢ ᠲᠤᠳᠠᠮᠠᠭ ᠭᠠᠵᠠᠷ ᠤᠷᠤᠨ ᠳᠤ ᠪᠦᠷᠬᠦᠪᠴᠢ ᠶᠢᠨ ᠲᠤᠤᠷ᠎ᠠ | ᠲᠤᠰᠤᠯᠠᠭᠤᠯᠤᠨ ᠤᠰᠤᠯᠠᠬᠤ ᠵᠡᠷᠭᠡ ᠤᠰᠤᠨ ᠳᠤ ᠠᠷᠪᠢᠳᠠᠢ ᠮᠡᠷᠭᠡᠵᠢᠯ ᠢ ᠲᠡᠯᠭᠡᠷᠡᠭᠦᠯᠦᠨ ᠬᠡᠷᠡᠭᠯᠡᠵᠦ ᠂ | ᠤᠰᠤᠯᠠᠯᠳᠠ ᠶᠢᠨ ᠲᠠᠯᠠᠪᠠᠢ ᠶᠢᠨ ᠨᠡᠭᠡᠭᠡᠨ ᠠᠰᠢᠭᠯᠠᠯᠳᠠ ᠶᠢ ᠠᠬᠢᠭᠤᠯᠤᠨ᠂ ᠲᠤᠬᠠᠢ ᠶᠢᠨ ᠭᠠᠵᠠᠷ ᠲᠤ | ᠲᠤᠬᠢᠷᠠᠭᠤᠯᠵᠤ᠂ ᠭᠤᠤᠯᠳᠠᠯᠭ᠎ᠠ ᠶᠢ ᠪᠠᠳᠤᠯᠠᠨ᠂ ᠲᠡᠩᠴᠡᠬᠦᠷᠢᠳᠡᠢ ᠬᠦᠭᠵᠢᠬᠦᠯᠦᠨ᠎ᠡ᠃ ᠤᠰᠤᠯᠠᠯᠳᠠ ᠶᠢᠨ ᠲᠠᠯᠠᠪᠠᠢ | ᠶᠢ 3.78 ᠲᠦᠮᠡᠨ ᠮᠤ᠋ ᠨᠡᠮᠡᠭᠳᠡᠬᠦᠯᠵᠦ᠂ ᠡᠭᠦᠨ ᠳᠤ ᠲᠤᠮᠤ ᠬᠡᠯᠪᠡᠷᠢ ᠶᠢᠨ ᠠᠷᠪᠢᠲᠠᠢ ᠤᠰᠤᠯᠠᠯᠳᠠ ᠶᠢᠨ ᠤᠷᠤᠨ | ᠲᠤᠭᠤᠷᠢᠭ 1.68 ᠲᠦᠮᠡᠨ ᠮᠤ᠋᠂ ᠲᠤᠮᠲᠠ ᠵᠢᠵᠢᠭ ᠬᠡᠯᠪᠡᠷᠢ ᠶᠢᠨ ᠠᠷᠪᠢᠲᠠᠢ ᠤᠰᠤᠯᠠᠯᠳᠠ ᠶᠢᠨ ᠲᠠᠯᠠᠪᠠᠢ 1.7 | ᠲᠦᠮᠡᠨ ᠮᠤ᠋᠂ ᠲᠤᠰᠤᠯᠠᠭᠤᠯᠵᠤ ᠤᠰᠤᠯᠠᠬᠤ ᠲᠠᠯᠠᠪᠠᠢ 0.4 ᠲᠦᠮᠡᠨ ᠮᠤ᠋ ᠨᠡᠭᠡᠭᠡᠬᠦ ᠪᠠᠷ ᠲᠦᠯᠦᠪᠯᠡᠪᠡ᠃ | ᠴᠢᠮᠡᠭᠡ ᠬᠤᠯᠪᠤᠭᠠᠨ ᠤ ᠲᠠᠯ᠎ᠠ ᠪᠠᠷ ᠂ 5320 ᠲᠦᠮᠡᠨ ᠲᠦᠭᠦᠷᠢᠭ ᠤᠨ ᠪᠡᠯᠡ ᠤᠷᠤᠭᠤᠯᠵᠤ᠂ | ᠴᠢᠮᠡᠭᠡ ᠬᠤᠯᠪᠤᠭᠠᠨ ᠤ ᠰᠠᠭᠤᠷᠢ ᠦᠷᠳᠡᠭᠡ 55 ᠶᠢ ᠪᠠᠶᠢᠭᠤᠯᠵᠤ᠂ ᠡᠭᠦᠨ ᠳᠤ 3G ᠦᠷᠳᠡᠭᠡ 34 ᠢ | ᠪᠠᠶᠢᠭᠤᠯᠤᠨ᠎ᠠ᠃ ᠡᠬᠦᠨ ᠤ ᠬᠠᠮᠳᠤ᠂ ᠭᠡᠷᠡᠯ ᠰᠢᠷᠭᠡᠭ ᠤᠨ ᠪᠦᠰᠡ ᠶᠢ ᠡᠷᠦᠬᠡ ᠳᠤ ᠤᠷᠤᠭᠤᠯᠬᠤ ᠠᠵᠢᠯ ᠢ | ᠦᠷᠨᠢᠬᠦᠯᠦᠨ᠎ᠡ᠃ | ︵ᠲᠠᠪᠤ︶ ᠵᠤᠭᠠᠴᠠᠯ ᠪᠠ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠭᠡᠭᠡᠨ ᠤ ᠦᠢᠯᠡᠰ ᠪᠠᠷ ᠭᠤᠤᠯ | ᠪᠤᠯᠭᠠᠵᠤ᠂ ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢ ᠲᠦᠷᠭᠡᠳᠬᠡᠬᠦ ᠬᠡᠷᠡᠭᠲᠡᠢ᠃ | ᠵᠤᠭᠠᠴᠠᠯ ᠪᠤᠯᠤᠨ ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡ ᠪᠠᠷ ᠭᠤᠤᠯ ᠪᠤᠯᠭᠠᠭᠰᠠᠨ | ᠭᠤᠷᠪᠠᠳᠤᠭᠠᠷ ᠠᠵᠤ ᠦᠢᠯᠡᠰ ᠢ ᠢᠳᠡᠪᠬᠢᠲᠠᠢ ᠲᠦᠯᠬᠢᠨ ᠠᠬᠢᠭᠤᠯᠵᠤ᠂ ᠭᠤᠷᠪᠠᠳᠤᠭᠠᠷ ᠠᠵᠤ ᠦᠢᠯᠡᠰ ᠢ ᠪᠦᠬᠦ | ᠬᠤᠰᠢᠭᠤᠨ ᠤ ᠠᠵᠤ ᠠᠬᠤᠢ ᠶᠢᠨ ᠬᠦᠭᠵᠢᠯᠲᠡ ᠳᠤ ᠬᠦᠴᠦᠨ ᠪᠦᠬᠦᠢ ᠲᠤᠯᠭᠠᠭᠤᠷᠢ ᠪᠤᠯᠭᠠᠬᠤ ᠪᠠᠷ ᠴᠢᠷᠮᠠᠶᠢᠨ᠎ᠠ᠃ | ᠪᠦᠬᠦ ᠬᠤᠰᠢᠭᠤᠨ ᠤ ᠵᠤᠭᠠᠴᠠᠯ ᠤᠨ ᠶᠡᠷᠦᠩᠬᠡᠢ ᠲᠦᠯᠦᠪᠵᠢᠬᠦᠯᠬᠡ ᠶᠢ ᠪᠦᠷᠢᠨᠰᠢᠬᠦᠯᠵᠦ᠂ ᠲᠠᠯ᠎ᠠ ᠨᠤᠳᠤᠭ ᠤᠨ᠂ ᠠᠮᠢ | ᠠᠬᠤᠢ ᠶᠢᠨ᠂ ᠦᠨᠳᠦᠰᠦᠳᠡᠨ ᠤ ᠭᠡᠪ ᠨᠠᠮᠪᠠᠳᠤ ᠤᠯᠠᠮᠵᠢᠯᠠᠯᠳᠤ ᠵᠤᠭᠠᠴᠠᠯ ᠤᠨ ᠰᠠᠭᠤᠷᠢᠨ ᠲᠡᠭᠡᠷ᠎ᠡ᠂ ᠮᠠᠯ | ᠲᠠᠷᠢᠶᠠᠯᠠᠩ᠂ ᠠᠵᠤ ᠦᠢᠯᠡᠳᠪᠦᠷᠢ ᠶᠢᠨ ᠦᠵᠡᠮᠵᠢ ᠶᠢ ᠵᠤᠭᠠᠴᠠᠯ ᠤᠨ ᠬᠦᠷᠢᠶᠡᠨ ᠳᠤ ᠤᠷᠤᠭᠤᠯᠵᠤ᠂ ᠵᠤᠭᠠᠴᠠᠯ | ᠤᠨ ᠦᠵᠡᠮᠵᠢ ᠶᠢᠨ ᠤᠷᠤᠨ ᠢ ᠪᠠᠶᠢᠭᠤᠯᠤᠨ᠂ ᠵᠤᠭᠠᠴᠠᠯ ᠤᠨ ᠠᠭᠤᠯᠭ᠎ᠠ ᠶᠢ ᠪᠠᠶᠠᠯᠢᠭᠵᠢᠭᠤᠯᠵᠤ᠂ ᠭᠤᠤᠯᠳᠠᠯᠭ᠎ᠠ ᠲᠠᠢ | ᠵᠤᠭᠠᠴᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ᠂ ᠲᠠᠶᠢᠹᠤᠰᠧ | ᠬᠤᠰᠢᠭᠤᠨ ᠤ ᠬᠠᠭᠠᠨ ᠤ ᠠᠳᠤᠭᠤᠨ ᠵᠤᠰᠠᠭᠠᠯ ᠤᠨ ᠦᠵᠡᠮᠵᠢ ᠶᠢᠨ ᠤᠷᠤᠨ ᠤ ᠰᠠᠭᠤᠷᠢ ᠲᠦᠬᠦᠭᠡᠷᠤᠮᠵᠢ ᠶᠢᠨ | ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠵᠤ᠂ | ᠲᠠᠶᠢᠹᠤᠰᠧ ᠬᠤᠰᠢᠭᠤᠨ ᠤ ᠬᠠᠭᠠᠨ ᠤ ᠠᠳᠤᠭᠤᠨ ᠵᠤᠰᠠᠭᠠᠯ ᠤᠨ ᠨᠡᠷ᠎ᠡ ᠠᠯᠳᠠᠷᠰᠢᠯ ᠪᠠ ᠨᠦᠯᠦᠭᠡᠯᠡᠬᠦ ᠬᠦᠴᠦᠨ ᠢ | ᠦᠷᠭᠡᠳᠬᠡᠨ᠎ᠡ᠃ ᠵᠢᠩ ᠵᠢᠢ ᠠᠪᠠ ᠶᠢᠨ ᠲᠠᠯᠠᠪᠠᠢ ᠶᠢ ᠲᠠᠮᠵᠢᠵᠦ ᠰᠠᠭᠤᠷᠢ ᠲᠦᠬᠦᠭᠡᠷᠤᠮᠵᠢ ᠪᠤᠯᠤᠨ ᠦᠢᠯᠡᠴᠢᠯᠡᠭᠡᠨ ᠤ | ᠴᠢᠳᠠᠪᠬᠢ ᠶᠢ ᠤᠯᠠᠮ ᠨᠢᠭᠡ ᠠᠯᠬᠤᠮ ᠪᠦᠷᠢᠨᠰᠢᠬᠦᠯᠦᠨ᠎ᠡ᠃ ᠲᠦᠷᠦᠯ ᠵᠦᠢᠯ ᠤᠨ ᠪᠡᠯᠡ ᠮᠦᠩᠭᠦ ᠶᠢ | ᠬᠠᠮᠳᠤᠳᠬᠠᠵᠤ ᠪᠠᠶᠢᠭᠠᠳ ᠭᠦᠨᠪᠤᠯᠠᠭ ᠰᠤᠮᠤᠨ ᠤ ᠴᠦᠬᠡᠨ ᠲᠤᠭᠠᠳᠤ ᠦᠨᠳᠦᠰᠦᠳᠡᠨ ᠤ ᠤᠨᠴᠠᠯᠢᠭ ᠪᠦᠭᠦᠢ | ᠵᠤᠭᠠᠴᠠᠯ ᠤᠨ ᠠᠶᠢᠯ ᠲᠤᠰᠬᠤᠨ ᠤ ᠪᠦᠳᠦᠭᠡᠨ ᠪᠠᠶᠢᠭᠤᠯᠤᠯᠲᠠ ᠶᠢ ᠬᠢᠨ᠎ᠡ᠃ ︽ᠮᠠᠯᠴᠢᠨ ᠠᠶᠢᠯ︾ ᠵᠤᠭᠠᠴᠠᠯ ᠢ | ᠦᠷᠭᠦᠯᠵᠢᠯᠡᠨ ᠲᠡᠳᠬᠦᠵᠦ ᠦᠢᠯᠡᠴᠢᠯᠡᠭᠡᠨ ᠤ ᠶᠠᠰᠤ ᠴᠢᠨᠠᠷ ᠪᠤᠯᠤᠨ ᠬᠢᠷᠢ ᠲᠦᠪᠰᠢᠨ ᠢ ᠲᠡᠭᠡᠭᠰᠢᠯᠡᠬᠦᠯᠦᠨ᠂ ᠰᠠᠶᠢᠨ | ᠡᠭᠦᠯᠳᠡᠷ ᠤᠨ ᠠᠳᠤᠭᠤ ᠬᠤᠳᠠᠯᠳᠤᠨ ᠤᠷᠤᠭᠤᠯᠵᠤ᠂ ᠠᠳᠤᠭᠤᠨ ᠤ ᠡᠭᠦᠯᠳᠡᠷ ᠢ ᠰᠠᠶᠢᠵᠢᠷᠠᠭᠤᠯᠤᠨ᠎ᠠ᠃ | ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠭᠡᠭᠡᠨ ᠤ ᠦᠢᠯᠡᠰ ᠤᠨ ᠬᠦᠭᠵᠢᠯᠲᠡ ᠶᠢ ᠲᠦᠷᠭᠡᠳᠬᠡᠵᠦ᠂ | ᠰᠠᠨ ᠬᠤᠤ ᠳ᠋ᠢ ᠶᠢᠨ ᠨᠡᠭᠦᠷᠡᠰᠦᠨ ᠤ ᠰᠤᠯᠢᠯᠴᠠᠭᠠᠨ ᠤ ᠲᠦᠪ ᠤᠨ ᠴᠢᠳᠠᠪᠬᠢ ᠶᠢ ᠪᠦᠷᠢᠨᠰᠢᠬᠦᠯᠦᠨ᠂ ᠮᠠᠰᠢᠨ | ᠲᠡᠷᠭᠡ ᠰᠠᠯᠪᠢᠬᠦ᠂ ᠪᠠᠷᠢᠯᠭ᠎ᠠ ᠶᠢᠨ ᠮᠠᠲ᠋ᠧᠷᠢᠶᠠᠯ ᠪᠠ ᠵᠢᠵᠢᠭ ᠲᠠᠸᠠᠷ ᠪᠦᠬᠡᠮ ᠢᠶᠠᠷ ᠬᠤᠳᠠᠯᠳᠤᠵᠤ ᠵᠢᠵᠢᠭᠯᠡᠨ | ᠪᠤᠷᠤᠯᠠᠭᠤᠯᠬᠤ ᠤᠷᠤᠨ ᠲᠤᠭᠤᠷᠢᠭ ᠢ ᠰᠢᠨ᠎ᠡ ᠪᠠᠷ ᠪᠠᠶᠢᠭᠤᠯᠵᠤ᠂ ᠬᠦᠮᠦᠷᠭᠡᠯᠡᠨ ᠬᠠᠳᠠᠭᠠᠯᠠᠬᠤ ᠪᠤᠳᠠᠰ ᠤᠨ | ᠬᠦᠢᠯᠭᠡᠭᠡᠨ ᠤ ᠤᠷᠤᠨ ᠲᠤᠭᠤᠷᠢᠭ ᠢ ᠲᠦᠯᠦᠪᠵᠢᠭᠦᠯᠬᠦ ᠪᠠ ᠪᠠᠶᠢᠭᠤᠯᠬᠤ ᠪᠠᠷ ᠴᠢᠷᠮᠠᠶᠢᠵᠤ ᠂ ᠲᠠᠶᠢᠹᠤᠰᠧ ᠬᠤᠰᠢᠭᠤ | ᠪᠠᠨ ᠰᠢᠯᠢ ᠶᠢᠨ ᠭᠤᠤᠯ ᠠᠶᠢᠮᠠᠭ ᠤᠨ ᠡᠮᠦᠨᠡᠳᠦ ᠲᠠᠪᠤᠨ ᠬᠤᠰᠢᠭᠤ ᠴᠢᠨᠠᠭᠰᠢᠯᠠᠪᠠᠯ ᠪᠦᠬᠦ ᠠᠶᠢᠮᠠᠭ ᠢ ᠨᠦᠯᠦᠭᠡᠯᠡᠨ | ᠲᠠᠶᠢᠴᠢᠯᠠᠭᠰᠠᠨ ᠪᠤᠳᠠᠰ ᠤᠨ ᠬᠦᠢᠯᠬᠡᠬᠡᠨ ᠤ ᠭᠠᠵᠠᠷ ᠤᠷᠤᠨ ᠪᠤᠯᠭᠠᠬᠤ ᠪᠠᠷ ᠴᠢᠷᠮᠠᠶᠢᠨ᠎ᠠ᠃ ᠠᠷᠠᠯᠵᠢᠶᠠᠴᠢᠨ | ᠤᠷᠢᠵᠤ ᠪᠡᠯᠡ ᠮᠦᠩᠭᠦ ᠲᠠᠳᠠᠬᠤ ᠪᠠᠷ ᠳᠠᠮᠵᠢᠨ᠂ ᠭᠠᠭ᠋ᠠᠢ ᠨᠢᠳᠤᠯᠬᠤ ᠦᠢᠯᠡᠳᠪᠤᠷᠢ᠂ ᠬᠠᠭᠤᠴᠢᠨ ᠲᠡᠷᠭᠡ | ᠠᠷᠠᠯᠵᠢᠶᠠᠯᠠᠬᠤ ᠵᠠᠬ᠎ᠠ ᠲᠡᠯᠭᠡᠭᠦᠷ ᠪᠤᠯᠤᠨ ᠬᠡᠷᠡᠭᠯᠡᠭᠡᠨ ᠠᠴᠠ ᠭᠠᠷᠤᠭᠰᠠᠨ ᠮᠠᠰᠢᠨ ᠲᠡᠷᠭᠡ ᠶᠢ ᠵᠠᠳᠠᠯᠤᠨ ᠰᠠᠯᠭᠠᠬᠤ | ᠵᠠᠬ᠎ᠠ ᠲᠡᠯᠭᠡᠭᠦᠷ ᠢ ᠪᠠᠶᠢᠭᠤᠯᠤᠨ᠎ᠠ ︔ ᠲᠦᠮᠡᠨ ᠲᠤᠰᠬᠤᠨ ᠮᠢᠩᠭᠠᠨ ᠰᠢᠶᠠᠩ ᠪᠤᠯᠤᠨ ᠬᠤᠤᠰ ᠵᠠᠭᠤᠳᠤ ᠶᠢᠨ ᠵᠠᠬ᠎ᠠ | ᠲᠡᠯᠭᠡᠭᠦᠷ ᠤᠨ ᠢᠨᠵᠢᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠲᠠᠷᠢᠶᠠᠴᠢᠨ ᠡᠷᠦᠬᠡ ᠶᠢᠨ ᠲᠡᠯᠭᠡᠭᠦᠷ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠶᠠᠩ ᠱᠠᠳᠤᠨ ᠤ ᠵᠠᠬ᠎ᠠ ᠲᠡᠯᠭᠡᠭᠦᠷ ᠲᠤ | ᠦᠭᠡᠷᠡᠴᠢᠯᠡᠯᠲᠡ ᠬᠢᠵᠦ᠂ ᠭᠡᠷ ᠤᠨ ᠴᠠᠬᠢᠯᠭᠠᠨ ᠬᠡᠷᠡᠭᠰᠡᠯ ᠪᠤᠯᠤᠨ ᠮᠠᠰᠢᠨ ᠲᠡᠷᠭᠡ᠂ ᠮᠤᠲ᠋ᠤᠷ ᠢ ᠬᠦᠳᠡᠭᠡ | ᠪᠠᠭᠤᠯᠭᠠᠬᠤ ᠠᠵᠢᠯ ᠢ ᠰᠠᠶᠢᠳᠤᠷ ᠬᠢᠨ᠎ᠡ᠃ | ᠠᠵᠤ ᠠᠬᠤᠶᠢᠯᠠᠯ ᠪᠤᠯᠤᠨ ᠨᠡᠶᠢᠭᠡᠮ ᠤᠨ ᠪᠡᠯᠡ ᠤᠷᠤᠭᠤᠯᠤᠯᠲᠠ ᠶᠢᠨ ᠢᠳᠡᠪᠬᠢᠵᠢᠯ ᠢ ᠲᠠᠶᠢᠴᠢᠯᠠᠨ᠂ | ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠢᠳᠡᠭᠡᠮᠵᠢᠲᠦ ᠵᠢᠭᠡᠯᠡᠯᠭᠡ ᠶᠢᠨ ᠬᠦᠷᠢᠶ᠎ᠡ ᠬᠡᠪᠴᠢᠶ᠎ᠡ ᠶᠢ | ᠦᠷᠭᠡᠳᠭᠡᠵᠦ᠂ ᠢᠳᠡᠭᠡᠮᠵᠢᠲᠦ ᠵᠢᠭᠡᠯᠡᠯᠭᠡ ᠶᠢ ᠨᠡᠮᠡᠭᠳᠡᠭᠦᠯᠬᠦ ᠶᠢᠨ ᠬᠠᠮᠳᠤ᠂ ᠠᠷᠠᠳ ᠤᠨ ᠲᠤᠮᠳᠠᠬᠢ ᠬᠦᠷᠦᠩᠭᠡ ᠶᠢ | ᠲᠠᠳᠠᠨ ᠨᠡᠶᠢᠭᠡᠮ ᠤᠨ ᠪᠦᠳᠦᠭᠡᠨ ᠪᠠᠶᠢᠭᠤᠯᠤᠯᠲᠠ ᠳᠤ ᠤᠷᠤᠯᠴᠠᠭᠤᠯᠤᠨ᠎ᠠ᠃ ᠡᠳ᠋ ᠤᠨ ᠵᠠᠰᠠᠭ ᠪᠠ ᠠᠵᠤ ᠠᠬᠤᠶᠢᠯᠠᠯ | ᠬᠠᠮᠲᠤ ᠪᠠᠷ ᠪᠡᠯᠡ ᠭᠠᠷᠭᠠᠵᠤ ᠪᠠᠶᠢᠭᠠᠳ ᠲᠤᠮᠳᠠ ᠵᠢᠵᠢᠭ ᠠᠵᠤ ᠠᠬᠤᠶᠢᠯᠠᠯ ᠤᠨ ᠢᠳᠡᠭᠡᠮᠵᠢ ᠶᠢᠨ ᠪᠠᠳᠤᠯᠠᠭᠠᠨ ᠤ | ᠪᠠᠶᠢᠭᠤᠯᠤᠮᠵᠢ ᠶᠢ ᠪᠠᠶᠢᠭᠤᠯᠵᠤ᠂ ᠪᠤᠳᠠᠳᠠᠢ ᠠᠵᠢᠯ ᠢ ᠦᠷᠨᠢᠬᠦᠯᠦᠨ᠎ᠡ᠃ ᠨᠢᠭᠡᠨᠳᠡ ᠪᠠᠶᠢᠭᠤᠯᠤᠭᠰᠠᠨ ᠪᠠᠭ᠎ᠠ ᠲᠤᠭᠠᠨ | ᠤ ᠢᠳᠡᠭᠡᠮᠵᠢᠳᠦ ᠵᠢᠭᠡᠯᠡᠯᠭᠡ ᠶᠢᠨ ᠪᠠᠶᠢᠭᠤᠯᠤᠮᠵᠢ ᠶᠢ ᠲᠡᠳᠬᠦᠬᠦ ᠬᠦᠴᠦᠯᠡᠴᠡ ᠪᠠᠨ ᠶᠡᠬᠡᠰᠬᠡᠨ᠂ 5000 ᠲᠦᠮᠡᠨ | ᠲᠦᠭᠦᠷᠢᠭ ᠤᠨ ᠪᠠᠭ᠎ᠠ ᠲᠤᠭᠠᠨ ᠤ ᠵᠢᠭᠡᠯᠡᠯᠭᠡ ᠲᠠᠯᠪᠢᠬᠤ ᠪᠠᠷ ᠲᠦᠯᠦᠪᠯᠡᠨ᠎ᠡ᠃ ᠲᠤᠰᠬᠤᠨ ᠪᠠᠯᠭᠠᠰᠤᠨ ᠤ ᠪᠠᠩᠬᠢ ᠳᠤ | ᠫᠠᠶᠢᠰᠠ ᠡᠯᠭᠦᠨ ᠲᠤᠬᠠᠶᠢᠯᠠᠭᠰᠠᠨ ᠠᠵᠢᠯ ᠢ ᠡᠬᠢᠯᠡᠭᠦᠯᠦᠨ᠎ᠡ᠃ | ᠭᠤᠷᠪᠠᠳᠤᠭᠠᠷ ᠠᠵᠤ ᠦᠢᠯᠡᠰ ᠤᠨ ᠤᠯᠠᠨ ᠡᠰᠢᠴᠢᠯᠡᠭᠰᠡᠨ ᠬᠦᠭᠵᠢᠯᠲᠡ ᠶᠢ ᠴᠢᠬᠤᠯᠠᠴᠢᠯᠠᠵᠤ᠂ | ᠳᠠᠭᠠᠳᠬᠠᠯ᠂ ᠢᠳᠡᠭᠡᠨ ᠤᠮᠳᠠᠭᠠᠨ᠂ ᠵᠤᠭ᠎ᠠ ᠴᠡᠩᠭᠡᠯ᠂ ᠮᠡᠳᠡᠭᠡ ᠵᠠᠩᠬᠢ ᠶᠢᠨ ᠯᠠᠪᠯᠠᠯᠳᠠ ᠵᠢᠴᠢ ᠭᠡᠷ ᠤᠨ ᠠᠳᠡᠯ | ᠤᠨ ᠦᠢᠯᠡᠴᠢᠯᠡᠭᠡ ᠵᠡᠷᠭᠡ ᠠᠵᠢᠯ ᠦᠢᠯᠡᠰ ᠲᠠᠬᠢ ᠲᠡᠳᠬᠦᠬᠦ ᠬᠦᠴᠦᠯᠡᠴᠡ ᠪᠠᠨ ᠴᠢᠩᠭᠠᠳᠬᠠᠵᠤ᠂ ᠦᠢᠯᠡᠴᠢᠯᠡᠭᠡᠨ ᠤ | ᠦᠢᠯᠡᠰ ᠤᠨ ᠪᠦᠬᠦᠶᠢᠯᠡ ᠠᠵᠤ ᠠᠬᠤᠢ ᠲᠤᠮᠳᠠᠬᠢ ᠬᠤᠪᠢ ᠶᠢᠨ ᠵᠢᠩ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠲᠦᠷᠦᠯ ᠵᠦᠢᠯ ᠤᠯᠬᠤ ᠪᠠ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠢ | ᠢᠳᠡᠪᠬᠢᠳᠡᠢ ᠦᠷᠨᠢᠬᠦᠯᠵᠦ᠂ ᠪᠡᠯᠡ ᠤᠷᠤᠭᠤᠯᠤᠯᠳᠠ ᠶᠢᠨ ᠲᠤᠭᠳᠠᠭᠤᠨ ᠦᠰᠦᠯᠳᠡ ᠶᠢ ᠪᠠᠳᠤᠯᠠᠬᠤ ᠬᠡᠷᠡᠭᠲᠠᠢ᠃ | ᠲᠦᠷᠦᠯ ᠵᠦᠢᠯ ᠲᠡᠮᠡᠴᠡᠨ ᠤᠯᠬᠤ ᠠᠵᠢᠯ ᠢ ᠰᠠᠶᠢᠨ ᠬᠢᠬᠦ ᠭᠡᠷᠡᠭᠳᠡᠢ᠃ ᠤᠯᠤᠰ ᠤᠨ ᠠᠵᠤ ᠦᠢᠯᠡᠰ | ᠤᠨ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠰᠤᠳᠤᠯᠵᠤ᠂ ᠲᠤᠲᠤᠭᠠᠳᠤ ᠬᠡᠷᠡᠭᠴᠡᠭᠡ ᠶᠢ ᠦᠷᠭᠡᠳᠬᠡᠬᠦ᠂ | ᠪᠠᠷᠠᠭᠤᠨ ᠤᠷᠤᠨ ᠢ ᠲᠡᠳᠬᠦᠵᠦ ᠬᠦᠭᠵᠢᠭᠦᠯᠬᠦ ᠵᠡᠷᠭᠡ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠠᠳᠬᠤᠨ᠂ | ᠮᠠᠨ ᠤ ᠬᠤᠰᠢᠭᠤᠨ ᠤ ᠰᠦ᠂ ᠮᠢᠬ᠎ᠠ᠂ ᠲᠦᠮᠦᠰᠦ᠂ ᠨᠤᠭᠤᠭ᠎ᠠ᠂ ᠲᠤᠰᠤ ᠵᠡᠷᠭᠡ ᠭᠤᠤᠯᠯᠠᠭᠴᠢ ᠠᠵᠤ ᠦᠢᠯᠡᠰ | ᠪᠤᠯᠤᠨ ᠭᠠᠵᠠᠷ ᠵᠦᠢ ᠶᠢᠨ ᠪᠠᠶᠢᠷᠢᠯᠠᠯ᠂ ᠬᠦᠮᠦᠨ ᠤ ᠬᠦᠴᠦᠨ ᠤ ᠡᠬᠢ ᠪᠠᠶᠠᠯᠢᠭ ᠵᠡᠷᠭᠡ ᠲᠠᠪᠠᠭᠤᠯᠢᠭ ᠤᠨ ᠲᠤᠭᠤᠷᠢᠨ | ᠳᠤ᠂ ᠰᠢᠯᠢ ᠶᠢᠨ ᠭᠤᠤᠯ ᠠᠶᠢᠮᠠᠭ ᠪᠤᠯᠤᠨ ᠡᠷᠬᠢᠨ ᠲᠤᠭᠤᠷᠢᠨ ᠤ ᠬᠤᠰᠢᠭᠤ ᠰᠢᠶᠠᠨ ᠤ ᠴᠢᠬᠤᠯᠠ ᠶᠡᠭᠡ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠮᠠᠨ ᠤ ᠬᠤᠰᠢᠭᠤᠨ ᠤ ᠠᠵᠤ ᠦᠢᠯᠡᠳᠪᠤᠷᠢ ᠪᠤᠯᠤᠨ | ᠢᠵᠢ ᠪᠦᠷᠢᠳᠦᠭᠰᠡᠨ ᠦᠢᠯᠡᠴᠢᠯᠡᠭᠡᠨ ᠤ ᠲᠦᠷᠦᠯ ᠵᠦᠢᠯ ᠢ ᠲᠦᠯᠦᠪᠯᠡᠨ ᠵᠤᠬᠢᠶᠡᠵᠤ᠂ ᠲᠡᠭᠡᠳᠦ ᠱᠠᠳᠤᠨ ᠤ ᠠᠵᠢᠯ | ᠤᠨ ᠰᠠᠯᠠᠭ᠎ᠠ ᠮᠦᠴᠢᠷ ᠯᠦᠭᠡ ᠢᠳᠡᠪᠬᠢᠲᠠᠢ ᠬᠠᠷᠢᠯᠴᠠᠵᠤ᠂ ᠲᠦᠷᠦᠯ ᠵᠦᠢᠯ ᠢ ᠮᠡᠳᠡᠭᠦᠯᠬᠦ ᠡᠷᠴᠢᠮ ᠢ ᠴᠢᠩᠭᠠᠷᠠᠭᠤᠯᠤᠨ | ᠂ ᠲᠦᠷᠦᠯ ᠵᠦᠢᠯ ᠤᠨ ᠪᠡᠯᠡ ᠤᠷᠤᠭᠤᠯᠤᠯᠳᠠ ᠶᠢ ᠬᠠᠮᠤᠭ ᠶᠡᠭᠡ ᠬᠡᠮᠵᠢᠶ᠎ᠡ ᠪᠠᠷ ᠶᠡᠭᠡᠰᠬᠡᠵᠦ᠂ ᠠᠵᠤ ᠠᠬᠤᠢ | ᠨᠡᠶᠢᠭᠡᠮ ᠤᠨ ᠭᠦᠭᠵᠢᠯᠲᠡ ᠶᠢ ᠲᠠᠶᠢᠴᠢᠯᠠᠨ᠎ᠠ᠃ ᠠᠷᠠᠯᠵᠢᠶᠠᠴᠢᠨ ᠤᠷᠢᠵᠤ ᠪᠡᠯᠡ ᠮᠦᠩᠭᠦ ᠳᠠᠳᠠᠬᠤ ᠬᠦᠷᠢᠶ᠎ᠡ ᠬᠡᠪᠴᠢᠶ᠎ᠡ | ᠪᠠᠨ ᠤᠯᠠᠮ ᠦᠷᠭᠡᠳᠬᠡᠵᠦ᠂ ᠭᠠᠵᠠᠷ ᠤᠷᠤᠨ ᠤ ᠳᠠᠪᠠᠭᠤᠯᠢᠭ᠂ ᠲᠦᠷᠦᠯ ᠵᠦᠢᠯ ᠤᠨ ᠢᠵᠢ ᠪᠦᠷᠢᠳᠦᠭᠦᠯᠬᠦ | ᠨᠦᠬᠦᠴᠡᠯ ᠬᠢᠭᠡᠳ ᠵᠠᠬ᠎ᠠ ᠲᠡᠯᠭᠡᠭᠦᠷ ᠤᠨ ᠪᠠᠶᠢᠳᠠᠯ ᠳᠤ ᠭᠦᠨᠵᠡᠭᠡᠢ ᠰᠤᠳᠤᠯᠤᠯᠲᠠ ᠬᠢᠵᠦ᠂ ᠠᠷᠠᠯᠵᠢᠶᠠᠴᠢᠨ ᠤᠷᠢᠵᠤ | ᠪᠡᠯᠡ ᠲᠠᠲᠠᠬᠤ ᠠᠵᠢᠯ ᠤᠨ ᠰᠢᠨ᠎ᠡ ᠰᠡᠳᠬᠢᠬᠦᠢ᠂ ᠰᠢᠨ᠎ᠡ ᠵᠤᠬᠢᠴᠠᠮᠵᠢ᠂ ᠰᠢᠨ᠎ᠡ ᠠᠷᠭ᠎ᠠ ᠬᠡᠮᠵᠢᠶ᠎ᠡ ᠶᠢ ᠦᠷᠭᠦᠯᠵᠢᠯᠡᠨ | ᠡᠬᠦᠳᠴᠦ᠂ ᠲᠤᠯᠭᠠᠭᠤᠷᠢᠯᠠᠭᠤᠯᠬᠤ ᠦᠢᠯᠡᠳᠦᠯ ᠢᠶᠠᠷ ᠶᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠠᠭᠳᠠᠴᠠ | ᠦᠨᠳᠦᠷ᠂ ᠠᠵᠤ ᠦᠢᠯᠡᠰ ᠤᠨ ᠬᠡᠯᠬᠢᠶᠡᠰᠦ ᠤᠷᠳᠤ ᠂ ᠭᠠᠶᠢᠯᠢ ᠬᠤᠷᠢᠶᠠᠯᠲᠠ ᠶᠢᠨ ᠬᠠᠷᠢᠭᠤ ᠦᠢᠯᠡᠳᠦᠯ ᠶᠡᠭᠡ | ᠲᠦᠷᠦᠯ ᠵᠦᠢᠯ ᠳᠤ ᠠᠩᠬᠠᠷᠤᠯ ᠲᠠᠯᠪᠢᠵᠤ᠂ ᠭᠦᠭᠵᠢᠭᠰᠡᠨ ᠭᠠᠵᠠᠷ ᠤᠷᠤᠨ ᠤ ᠠᠵᠤ ᠦᠢᠯᠡᠰ ᠤᠨ ᠰᠢᠯᠵᠢᠯᠲᠡ ᠲᠠᠢ | ᠬᠦᠳᠡᠯᠦᠩᠭᠦᠢ ᠪᠠᠷ ᠵᠤᠯᠭᠠᠭᠤᠯᠵᠤ᠂ ᠴᠠᠩ ᠫᠢᠩ ᠲᠤᠭᠤᠷᠢᠭ ᠯᠤᠭ᠎ᠠ ᠶᠢᠨ ᠠᠵᠢᠯ ᠲᠦᠷᠦᠯ ᠢᠶᠠᠷ ᠬᠠᠪᠰᠤᠷᠤᠯᠴᠠᠨ | ᠲᠡᠳᠬᠦᠬᠦ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠬᠦᠮᠦᠨ ᠤ ᠬᠦᠴᠦᠨ ᠤ ᠡᠬᠢ ᠪᠠᠶᠠᠯᠢᠭ | ᠪᠤᠯᠤᠨ ᠨᠡᠶᠢᠭᠡᠮ ᠤᠨ ᠬᠠᠷᠢᠴᠠᠭ᠎ᠠ ᠶᠢ ᠰᠠᠶᠢᠳᠤᠷ ᠠᠰᠢᠭᠯᠠᠨ᠂ ᠪᠦᠸᠧᠬᠠᠢ ᠶᠢᠨ ᠲᠤᠭᠤᠷᠢᠨ ᠤ ᠠᠵᠤ ᠠᠬᠤᠢ ᠶᠢᠨ | ᠴᠠᠭᠠᠷᠢᠭ ᠪᠠ ᠨᠡᠶᠢᠰᠯᠡᠯ ᠤᠨ ᠠᠵᠤ ᠠᠬᠤᠢ ᠶᠢᠨ ᠴᠠᠭᠠᠷᠢᠭ ᠤᠨ ᠨᠦᠯᠦᠭᠡᠯᠡᠨ ᠲᠠᠶᠢᠴᠢᠯᠠᠬᠤ ᠬᠦᠴᠦᠨ ᠢ ᠠᠰᠢᠭᠯᠡᠵᠤ᠂ | ᠠᠷᠠᠯᠵᠢᠶᠠᠴᠢᠨ ᠤᠷᠢᠬᠤ ᠲᠦᠰᠦᠯ ᠢ ᠲᠤᠭᠳᠠᠭᠠᠨ᠂ ᠮᠠᠲ᠋ᠧᠷᠢᠶᠠᠯ ᠡᠳ᠋ᠰᠢᠭᠦᠯᠬᠦ᠂ ᠲᠦᠬᠦᠬᠡᠷᠵᠢᠭᠦᠯᠦᠨ ᠡᠳ᠋ᠰᠢᠭᠦᠯᠬᠦ | ᠵᠡᠷᠭᠡ ᠠᠷᠠᠯᠵᠢᠶᠠᠴᠢᠨ ᠤᠷᠢᠵᠤ ᠪᠡᠯᠡ ᠮᠦᠩᠭᠦ ᠲᠠᠲᠠᠬᠤ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠤᠯᠳᠠᠯᠭ᠎ᠠ | ᠲᠠᠢ ᠠᠵᠤ ᠦᠢᠯᠡᠰ ᠤᠨ ᠲᠤᠭᠤᠷᠢᠨ ᠳᠤ ᠨᠢᠭᠡ ᠪᠦᠯᠦᠭ ᠠᠷᠠᠯᠵᠢᠶᠠᠴᠢᠨ ᠤᠷᠢᠬᠤ ᠲᠦᠷᠦᠯ ᠵᠦᠢᠯ ᠢ ᠨᠢᠮᠪᠠᠢ | ᠲᠦᠯᠦᠪᠯᠡᠵᠤ᠂ ᠬᠤᠯᠪᠤᠭᠳᠠᠯ ᠪᠦᠬᠦᠢ ᠠᠵᠤ ᠠᠬᠤᠶᠢᠯᠠᠯ ᠯᠤᠭ᠎ᠠ ᠬᠦᠳᠡᠯᠦᠩᠭᠦᠢ ᠪᠠᠷ ᠬᠠᠷᠢᠯᠴᠠᠵᠤ᠂ ᠪᠤᠳᠠᠳᠤ | ᠬᠦᠴᠦᠨ ᠲᠠᠢ᠂ ᠵᠠᠬ᠎ᠠ ᠳᠡᠯᠭᠡᠭᠦᠷ ᠤᠨ ᠰᠦᠯᠵᠢᠶ᠎ᠡ ᠪᠤᠯᠪᠠᠰᠤᠷᠠᠩᠭᠤᠢ ᠠᠵᠤ ᠠᠬᠤᠶᠢᠯᠠᠯ ᠢ ᠤᠷᠢᠵᠤ᠂ ᠠᠷᠠᠯᠵᠢᠶᠠᠴᠢᠨ | ᠤᠷᠢᠵᠤ ᠪᠡᠯᠡ ᠮᠦᠩᠭᠦ ᠲᠠᠲᠠᠬᠤ ᠠᠵᠢᠯ ᠳᠤ ᠰᠢᠨ᠎ᠡ ᠠᠬᠢᠯᠲᠡ ᠲᠠᠢ ᠪᠤᠯᠭᠠᠨ᠂ ᠭᠤᠷᠪᠠᠨ ᠠᠵᠤ ᠦᠢᠯᠡᠳᠪᠤᠷᠢ ᠶᠢᠨ | ᠤᠷᠤᠨ ᠲᠤᠭᠤᠷᠢᠭ ᠲᠤ ᠠᠵᠤ ᠠᠬᠤᠶᠢᠯᠠᠯ ᠤᠷᠤᠵᠤ ᠨᠤᠳᠤᠭᠰᠢᠬᠤ ᠳᠤ ᠰᠢᠨ᠎ᠡ ᠰᠢᠪᠳᠤᠯᠤᠯᠲᠠ ᠭᠠᠷᠭᠠᠨ᠎ᠠ᠃ | ᠭᠤᠤᠯᠳᠠᠯᠭ᠎ᠠ ᠲᠠᠢ ᠲᠦᠷᠦᠯ ᠵᠦᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯᠠᠪᠠᠷ | ᠨᠠᠶᠢᠳᠠᠪᠤᠷᠢᠵᠢᠭᠤᠯᠬᠤ ᠭᠡᠷᠡᠭᠳᠡᠢ᠃ ᠵᠠᠰᠠᠭ ᠤᠨ ᠤᠷᠳᠤᠨ ᠤ ᠠᠵᠢᠯ ᠢ ᠲᠦᠷᠦᠯ ᠵᠤᠶᠢᠯᠵᠢᠭᠦᠯᠵᠦ᠂ ᠲᠦᠷᠦᠯ ᠵᠦᠢᠯ | ᠢ ᠬᠠᠷᠢᠭᠤᠴᠠᠯᠭ᠎ᠠ ᠲᠠᠢ᠂ ᠬᠠᠷᠢᠭᠤᠴᠠᠯᠭ᠎ᠠ ᠶᠢ ᠬᠠᠷᠠᠯᠲᠠ ᠲᠠᠢ᠂ ᠬᠠᠷᠠᠯᠲᠠ ᠶᠢ ᠬᠢᠨᠠᠨ ᠰᠢᠯᠭᠠᠯᠲᠠ ᠲᠠᠢ ᠪᠤᠯᠭᠠᠵᠤ᠂ | ᠡᠯ᠎ᠡ ᠭᠤᠤᠯᠳᠠᠯᠭ᠎ᠠ ᠲᠠᠢ ᠲᠦᠷᠦᠯ ᠵᠦᠢᠯ ᠤᠨ ᠬᠠᠷᠢᠭᠤᠴᠠᠭᠴᠢ ᠤᠳᠤᠷᠢᠳᠤᠯᠭ᠎ᠠ᠂ ᠪᠠᠶᠢᠭᠤᠯᠭ᠎ᠠ ᠨᠢᠭᠡᠴᠡ ᠬᠢᠭᠡᠳ | ᠪᠤᠳᠠᠳᠠᠢ ᠬᠠᠷᠢᠭᠤᠴᠠᠭᠴᠢ ᠶᠢ ᠲᠤᠳᠤᠷᠬᠠᠶᠢᠯᠠᠨ᠂ ᠪᠤᠳᠠᠳᠠᠢ ᠠᠵᠢᠯ ᠪᠤᠯᠤᠨ ᠬᠠᠷᠢᠭᠤᠴᠠᠯᠭ᠎ᠠ ᠶᠢ ᠬᠦᠮᠦᠨ ᠳᠤ | ᠨᠠᠶᠢᠳᠠᠪᠤᠷᠢᠵᠢᠭᠤᠯᠵᠦ᠂ ᠠᠵᠢᠯ ᠤᠨ ᠪᠠᠷᠢᠮᠵᠢᠶ᠎ᠠ ᠪᠤᠯᠤᠨ ᠪᠡᠶᠡᠯᠡᠭᠦᠯᠬᠦ ᠴᠠᠭ ᠬᠤᠭᠤᠴᠠᠭ᠎ᠠ ᠶᠢ ᠲᠤᠭᠳᠠᠵᠤ᠂ | ᠱᠠᠭᠠᠷᠳᠠᠨ ᠪᠠᠶᠢᠴᠠᠭᠠᠬᠤ ᠪᠠ ᠬᠢᠨᠠᠨ ᠰᠢᠯᠭᠠᠬᠤ ᠠᠵᠢᠯ ᠢ ᠴᠢᠩᠭᠠᠳᠬᠠᠨ᠂ ᠡᠯ᠎ᠡ ᠨᠢᠭᠡᠴᠡ ᠶᠢᠨ ᠲᠦᠷᠦᠯ ᠵᠦᠢᠯ | ᠲᠡᠮᠡᠴᠡᠨ ᠤᠯᠤᠭᠰᠠᠨ ᠪᠠᠶᠢᠳᠠᠯ ᠢ ᠲᠤᠭᠳᠠᠮᠠᠯ ᠬᠤᠭᠤᠴᠠᠭ᠎ᠠ ᠳᠤ ᠨᠡᠶᠢᠳᠡᠯᠡᠬᠦ ᠭᠡᠷᠭᠳᠡᠢ᠃ ᠰᠢᠨ᠎ᠡ ᠶᠢ ᠡᠭᠦᠳᠬᠦ | ᠵᠤᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠤᠳᠠᠲᠠᠢ ᠠᠵᠢᠯ ᠬᠢᠬᠦ ᠪᠠᠷ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠰᠠᠨᠠᠭ᠎ᠠ ᠬᠦᠴᠦᠨ ᠢᠶᠠᠨ ᠠᠵᠢᠯ ᠬᠢᠬᠦ ᠲᠡᠭᠡᠷ᠎ᠡ ᠲᠠᠯᠪᠢᠵᠤ᠂ | ᠴᠢᠳᠠᠪᠤᠷᠢ ᠪᠠᠨ ᠠᠵᠢᠯ ᠬᠢᠬᠦ ᠲᠡᠭᠡᠷ᠎ᠡ ᠢᠯᠡᠷᠡᠬᠦᠯᠵᠦ᠂ ᠬᠠᠷᠠᠯᠳᠠ ᠪᠠᠨ ᠠᠵᠢᠯ ᠬᠢᠬᠦ ᠲᠡᠭᠡᠷ᠎ᠡ ᠲᠤᠭᠳᠠᠵᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠪᠤᠯᠤᠨ ᠦᠷᠭᠡᠨ ᠤᠯᠠᠨ | ᠠᠯᠪᠠᠳᠠᠳ ᠤᠨ ᠤᠬᠠᠮᠰᠠᠷᠳᠤ ᠠᠵᠢᠯᠯᠠᠭ᠎ᠠ ᠪᠤᠯᠭᠠᠨ᠎ᠠ᠃ | ᠬᠦᠭᠵᠢᠯᠳᠡ ᠶᠢᠨ ᠤᠷᠴᠢᠨ ᠲᠤᠭᠤᠷᠢᠨ ᠢ ᠦᠷᠬᠦᠯᠵᠢᠯᠡᠨ ᠰᠢᠯᠢᠳᠡᠭᠵᠢᠬᠦᠯᠬᠦ ᠭᠡᠷᠡᠭᠳᠡᠢ᠃ ᠦᠢᠯᠡᠴᠢᠯᠡᠭᠡᠨ ᠤ | ᠤᠬᠠᠮᠰᠠᠷ ᠢᠶᠠᠨ ᠴᠢᠩᠭᠠᠳᠬᠠᠨ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ᠦᠢᠯᠡᠴᠢᠯᠡᠭᠡᠨ ᠤ | ᠴᠢᠨᠠᠷ ᠴᠢᠨᠰᠠᠭ᠎ᠠ ᠪᠤᠯᠤᠨ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠱᠠᠭᠠᠷᠳᠠᠯᠭ᠎ᠠ ᠶᠢ | ᠡᠵᠡᠮᠰᠢᠵᠦ᠂ ᠠᠵᠤ ᠠᠬᠤᠶᠢᠯᠠᠯ ᠳᠤ ᠲᠦᠭᠦᠮ ᠲᠦᠳᠡ ᠰᠢᠯᠢᠳᠡᠭ ᠦᠢᠯᠡᠴᠢᠯᠡᠭᠡ ᠬᠠᠩᠭᠠᠨ᠎ᠠ᠃ ᠲᠦᠪ ᠭᠤᠤᠯᠴᠢ᠂ | ᠢᠯᠡ ᠲᠤᠳᠤ ᠲᠦᠷᠦ ᠶᠢᠨ ᠪᠤᠳᠤᠯᠭ᠎ᠠ ᠶᠢᠨ ᠤᠷᠴᠢᠨ ᠲᠤᠭᠤᠷᠢᠨ᠂ ᠡᠷᠬᠡ ᠲᠡᠭᠰᠢ ᠦᠷᠢᠰᠦᠯᠳᠦᠬᠦ ᠵᠠᠬ᠎ᠠ ᠳᠡᠯᠭᠡᠭᠦᠷ | ᠤᠨ ᠤᠷᠴᠢᠨ ᠲᠤᠭᠤᠷᠢᠨ᠂ ᠢᠯᠡ ᠲᠤᠳᠤ ᠡᠷᠬᠡ ᠲᠡᠭᠰᠢ ᠬᠠᠤᠯᠢ ᠲᠦᠷᠢᠮᠵᠢᠯ ᠤᠨ ᠤᠷᠴᠢᠨ ᠲᠤᠭᠤᠷᠢᠨ᠂ ᠦᠨᠡᠨᠴᠢ | ᠢᠳᠡᠭᠡᠯ ᠲᠠᠢ ᠨᠡᠶᠢᠭᠡᠮ ᠤᠨ ᠤᠷᠴᠢᠨ ᠲᠤᠭᠤᠷᠢᠨ ᠢ ᠴᠢᠷᠮᠠᠶᠢᠨ ᠡᠭᠦᠳᠴᠦ᠂ ᠪᠡᠯᠡ ᠤᠷᠤᠭᠤᠯᠤᠭᠴᠢᠳ ᠢ ᠰᠠᠨᠠᠭ᠎ᠠ | ᠠᠮᠤᠷ ᠰᠡᠳᠬᠢᠯ ᠬᠠᠨᠤᠮᠵᠢᠳᠠᠢ ᠪᠠᠶᠢᠯᠭᠠᠨ᠎ᠠ᠃ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠬᠢᠨᠠᠨ ᠰᠢᠯᠭᠠᠬᠤ ᠰᠢᠰᠲ᠋ᠧᠮ | ᠢ ᠪᠠᠶᠢᠭᠤᠯᠵᠤ᠂ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠨ ᠠᠵᠢᠯ ᠢᠶᠠᠨ ᠰᠠᠶᠢᠵᠢᠷᠠᠭᠤᠯᠬᠤ ᠶᠢ | ᠠᠬᠢᠭᠤᠯᠤᠨ᠎ᠠ᠃ ᠠᠷᠠᠳᠴᠢᠯᠠᠯ ᠢᠶᠠᠷ ᠦᠨᠡᠯᠡᠬᠦ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠪᠠᠶᠢᠭᠤᠯᠭ᠎ᠠ ᠨᠢᠭᠡᠴᠡ ᠶᠢᠨ | ᠠᠵᠢᠯ ᠤᠨ ᠲᠦᠪ ᠪᠤᠰᠤ ᠰᠤᠷᠳᠠᠯ ᠢ ᠵᠠᠯᠠᠷᠠᠭᠤᠯᠵᠤ᠂ ᠰᠤᠨᠢᠨ ᠮᠡᠳᠡᠭᠡᠨ ᠤ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ | ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠂ ᠨᠠᠶᠢᠳᠡᠯᠢᠭ ᠬᠡᠷᠡᠭ ᠶᠠᠪᠤᠳᠠᠯ ᠢ ᠢᠯᠡᠴᠢᠯᠡᠬᠦ ᠬᠦᠴᠦᠯᠡᠴᠡ | ᠪᠠᠨ ᠴᠢᠩᠭᠠᠳᠬᠠᠵᠤ᠂ ᠤᠴᠢᠷ ᠶᠠᠪᠤᠳᠠᠯ ᠰᠡᠢᠳᠪᠤᠷᠢᠯᠡᠬᠦ ᠳᠡᠭᠡᠨ ᠲᠦᠯᠬᠢᠯᠴᠡᠵᠦ᠂ ᠬᠤᠶᠢᠷᠭᠤᠰᠢᠬᠤ ᠵᠡᠷᠭᠡ | ᠠᠵᠢᠯᠯᠠᠭ᠎ᠠ ᠶᠢ ᠵᠠᠯᠠᠷᠠᠭᠤᠯᠤᠨ᠎ᠠ᠃ | ︵ᠳᠤᠯᠤᠭ᠎ᠠ︶ ᠠᠷᠠᠳ ᠤᠨ ᠠᠮᠢᠳᠤᠷᠠᠯ ᠢ ᠳᠡᠭᠡᠳᠤ ᠬᠡᠮᠵᠢᠶ᠎ᠡ ᠪᠠᠷ ᠭᠦᠨᠳᠦᠳᠬᠡᠵᠦ᠂ ᠪᠠᠳᠤᠯᠭᠠᠨ ᠤ | ᠬᠢᠷᠢ ᠲᠦᠪᠰᠢᠨ ᠢ ᠪᠦᠳᠦᠮᠵᠢᠲᠠᠢ ᠳᠡᠭᠡᠭᠰᠢᠯᠡᠭᠦᠯᠬᠦ ᠬᠡᠷᠡᠭᠲᠠᠢ᠃ | ᠠᠵᠢᠯ ᠤᠯᠭᠤᠯᠲᠠ ᠶᠢ ᠴᠢᠷᠮᠠᠶᠢᠨ ᠦᠷᠭᠡᠳᠬᠡᠨ᠎ᠡ᠃ ᠬᠦᠢᠴᠡᠳ ᠠᠵᠢᠯ ᠤᠯᠭᠤᠬᠤ᠂ ᠤᠷᠤᠯᠭ᠎ᠠ ᠶᠢ | ᠨᠡᠮᠡᠭᠳᠡᠭᠦᠯᠦᠨ ᠠᠷᠠᠳ ᠢ ᠪᠠᠶᠠᠵᠢᠭᠤᠯᠬᠤ ᠶᠢ ᠠᠷᠠᠳ ᠤᠨ ᠠᠮᠢᠳᠣᠷᠠᠯ ᠤᠨ ᠲᠡᠷᠢᠭᠦᠨ ᠴᠢᠬᠤᠯᠠ ᠤᠴᠢᠷ ᠪᠤᠯᠭᠠᠵᠤ᠂ | ᠬᠤᠲᠠ ᠬᠦᠳᠡᠭᠡ ᠨᠢᠭᠡ ᠴᠤᠭᠴᠠᠵᠢᠭᠰᠠᠨ ᠠᠵᠢᠯ ᠤᠯᠭᠤᠬᠤ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠪᠤᠯᠪᠠᠰᠤᠷᠠᠯ ᠢ ᠴᠢᠩᠭᠠᠳᠬᠠᠨ᠂ ᠠᠵᠢᠯ ᠤᠯᠵᠤ ᠦᠢᠯᠡᠰ ᠪᠤᠰᠬᠠᠬᠤ ᠶᠢ | ᠲᠡᠳᠬᠦᠬᠦ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠬᠤᠳᠠ ᠬᠦᠳᠡᠭᠡ | ᠶᠢᠨ ᠰᠠᠭᠤᠭᠠᠯᠢ ᠠᠷᠠᠳ ᠲᠤ ᠡᠷᠬᠡ ᠲᠡᠭᠰᠢ᠂ ᠲᠦᠪ ᠭᠤᠤᠯᠴᠢ ᠠᠵᠢᠯ ᠤᠯᠭᠤᠬᠤ ᠤᠷᠴᠢᠨ ᠲᠤᠭᠤᠷᠢᠨ ᠢ ᠪᠤᠢ | ᠪᠤᠯᠭᠠᠨ᠂ ᠪᠦᠬᠦ ᠠᠷᠠᠳ ᠤᠨ ᠦᠢᠯᠡᠰ ᠪᠦᠳᠦᠭᠡᠬᠦ ᠬᠠᠯᠠᠮᠰᠢᠯ ᠢ ᠪᠠᠳᠠᠷᠠᠭᠤᠯᠤᠨ᠎ᠠ᠃ ᠪᠡᠯᠡ ᠮᠦᠩᠭᠦᠨ ᠤ ᠵᠢᠭᠡᠯᠡᠯᠭᠡ᠂ | ᠵᠠᠬ᠎ᠠ ᠲᠡᠯᠭᠡᠭᠦᠷ ᠲᠤ ᠤᠷᠤᠬᠤ ᠵᠦᠪᠰᠢᠶᠡᠷᠡᠯ᠂ ᠤᠷᠴᠢᠨ ᠲᠤᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ | ᠭᠦᠴᠦᠲᠠᠢ ᠠᠷᠭ᠎ᠠ ᠬᠡᠮᠵᠢᠶ᠎ᠡ ᠠᠪᠴᠦ᠂ ᠬᠦᠳᠡᠯᠮᠤᠷᠢ ᠬᠦᠴᠦ ᠤᠯᠠᠨ ᠬᠡᠷᠡᠭᠰᠡᠬᠦ ᠠᠵᠤ ᠠᠬᠤᠶᠢᠯᠠᠯ ᠂ ᠲᠤᠮᠳᠠ | ᠵᠢᠵᠢᠭ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠢ᠂ ᠦᠢᠯᠡᠴᠢᠯᠡᠭᠡᠨ ᠤ ᠦᠢᠯᠡᠰ ᠤᠨ ᠲᠦᠷᠭᠡᠨ | ᠬᠦᠭᠵᠢᠯᠲᠡ ᠶᠢ ᠬᠠᠪᠰᠤᠷᠤᠨ ᠵᠢᠯᠤᠭᠤᠳᠴᠦ᠂ ᠠᠵᠢᠯ ᠤᠨ ᠪᠠᠶᠢᠷᠢ ᠶᠢ ᠨᠡᠮᠡᠭᠳᠡᠬᠦᠯᠦᠨ᠂ ᠬᠤᠲᠠ ᠬᠦᠳᠡᠭᠡ ᠶᠢᠨ | ᠤᠯᠠᠨ ᠲᠦᠮᠡᠨ ᠤ ᠠᠵᠢᠯ ᠳᠤ ᠭᠠᠷᠬᠤ᠂ ᠴᠠᠯᠢᠩ ᠤᠨ ᠴᠢᠨᠠᠷᠲᠠᠢ ᠤᠷᠤᠯᠭ᠎ᠠ ᠪᠠᠨ ᠦᠷᠭᠦᠯᠵᠢᠯᠡᠨ ᠲᠤᠭᠳᠠᠭᠤᠨ | ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ᠪᠡᠶ᠎ᠡ ᠪᠠᠨ ᠲᠠᠭᠠᠭᠠᠵᠤ ᠦᠢᠯᠡᠰ ᠪᠦᠳᠦᠭᠡᠬᠦ ᠶᠢ ᠢᠳᠡᠪᠬᠢᠲᠠᠢ ᠲᠡᠳᠬᠦᠵᠦ᠂ | ᠪᠠᠭ᠎ᠠ ᠲᠤᠭᠠᠨ ᠤ ᠪᠠᠳᠤᠯᠭᠠᠲᠤ ᠵᠢᠭᠡᠯᠡᠯᠭᠡ᠂ ᠭᠠᠶᠢᠯᠢ ᠲᠠᠳᠠᠪᠤᠷᠢ ᠶᠢ ᠬᠠᠰᠤᠨ ᠬᠡᠯᠳᠦᠷᠢᠭᠦᠯᠬᠦ ᠵᠡᠷᠭᠡ ᠡᠯ᠎ᠡ ᠲᠦᠷᠦ | ᠶᠢᠨ ᠬᠠᠷᠠᠭᠠᠯᠵᠠᠯᠠᠯᠲᠤ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠦᠢᠯᠡᠰ ᠪᠦᠳᠦᠭᠡᠬᠦ ᠪᠠᠷ | ᠠᠵᠢᠯ ᠤᠯᠭᠤᠯᠲᠠ ᠶᠢ ᠠᠬᠢᠭᠤᠯᠬᠤ ᠭᠡᠷᠡᠭᠳᠡᠢ᠃ ᠶᠡᠭᠡ ᠰᠤᠷᠭᠠᠭᠠᠤᠯᠢ ᠲᠡᠬᠦᠰᠦᠭᠰᠡᠳ᠂ ︽4050︾ ᠬᠦᠮᠦᠰ | ᠂ ︽ ᠰᠢᠯᠵᠢᠭᠰᠡᠨ ᠬᠦᠮᠦᠨ ᠦᠬᠡᠢ︾ ᠪᠠ ︽ ᠠᠵᠢᠯ ᠤᠯᠤᠭᠰᠠᠨ ᠬᠦᠮᠦᠨ ᠦᠬᠡᠢ︾ ᠭᠡᠷ ᠪᠦᠯᠢ ᠶᠢ ᠬᠠᠪᠰᠤᠷᠤᠨ | ᠠᠵᠢᠯ ᠤᠯᠭᠤᠵᠤ᠂ ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠵᠦ᠂ ᠠᠵᠢᠯ ᠤᠯᠵᠤ ᠦᠢᠯᠡᠰ | ᠪᠤᠰᠬᠠᠬᠤ ᠪᠤᠯᠪᠠᠰᠤᠷᠠᠯ ᠢ ᠴᠢᠩᠭᠠᠳᠬᠠᠨ᠂ ᠠᠵᠢᠯ ᠤᠯᠬᠤ ᠨᠤᠷᠮ᠎ᠠ ᠶᠢ ᠴᠢᠷᠮᠠᠶᠢᠨ ᠲᠡᠭᠡᠭᠰᠢᠯᠡᠭᠦᠯᠦᠨ᠎ᠡ᠃ | ᠨᠡᠶᠢᠭᠡᠮ ᠤᠨ ᠪᠠᠳᠤᠯᠭᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠤᠨ | ᠪᠠᠳᠤᠯᠭᠠᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠶᠢᠭᠡᠮ ᠤᠨ ᠪᠠᠳᠤᠯᠭᠠᠨ ᠤ ᠬᠢᠷᠢ | ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠨᠠᠰᠤᠵᠢᠯ ᠤᠨ | ᠲᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠦᠷᠨᠢᠬᠦᠯᠦᠨ ᠠᠯᠬᠤᠮ ᠠᠯᠬᠤᠮ ᠢᠶᠠᠷ ᠲᠡᠯᠭᠡᠷᠡᠭᠦᠯᠬᠦ ᠪᠠᠷ | ᠴᠢᠷᠮᠠᠶᠢᠨ᠎ᠠ︔ ᠬᠤᠲᠠ ᠪᠠᠯᠭᠠᠰᠤᠨ ᠤ ᠦᠨᠳᠦᠰᠦᠨ ᠡᠮᠨᠡᠯᠭᠡ ᠶᠢᠨ ᠲᠠᠭᠠᠳᠬᠠᠯ ᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠦᠷᠭᠡᠨ ᠪᠠᠷ ᠪᠡᠯᠡ ᠮᠦᠩᠭᠦ ᠴᠤᠭᠯᠠᠭᠤᠯᠵᠤ᠂ ᠬᠤᠲᠠ ᠬᠦᠳᠡᠭᠡ ᠶᠢᠨ ᠠᠵᠢᠯᠲᠠᠨ ᠪᠠ ᠰᠠᠭᠤᠭᠠᠯᠢ | ᠠᠷᠠᠳ ᠤᠨ ᠡᠮᠨᠡᠯᠭᠡ ᠶᠢᠨ ᠬᠠᠷᠠᠭᠠᠯᠵᠠᠯ ᠤᠨ ᠲᠦᠪᠰᠢᠨ ᠢ ᠲᠡᠭᠡᠭᠰᠢᠯᠡᠭᠦᠯᠦᠨ᠎ᠡ᠃ ᠤᠯᠤᠰ ᠤᠨ ᠠᠯᠪᠠᠳᠠᠳ ᠤᠨ | ᠨᠦᠬᠦᠪᠦᠷᠢ ᠮᠦᠩᠬᠦ᠂ ᠠᠵᠢᠯ ᠦᠢᠯᠡᠰ ᠤᠨ ᠨᠢᠭᠡᠴᠡ ᠶᠢᠨ ᠬᠢᠷᠢ ᠪᠦᠳᠦᠮᠵᠢ ᠶᠢᠨ ᠴᠠᠯᠢᠩ ᠢ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠦᠩᠬᠦ᠂ ᠠᠵᠤ | ᠦᠢᠯᠡᠰ ᠤᠨ ᠠᠵᠢᠯᠳᠠᠳ ᠤᠨ ᠬᠠᠮᠤᠭ ᠲᠤᠤᠷᠠᠳᠤ ᠴᠠᠯᠢᠩ ᠤᠨ ᠪᠠᠷᠢᠮᠵᠢᠶ᠎ᠠ ᠵᠡᠷᠭᠡ ᠲᠦᠷᠦ ᠶᠢᠨ ᠪᠤᠳᠤᠯᠭ᠎ᠠ ᠶᠢ | ᠰᠠᠶᠢᠳᠤᠷ ᠬᠡᠷᠡᠭᠵᠢᠭᠦᠯᠵᠦ᠂ ᠦᠭᠴᠦ ᠲᠦᠯᠦᠬᠦ ᠪᠠᠳᠤᠯᠭᠠᠨ ᠤ ᠲᠤᠭᠳᠠᠴᠠ ᠶᠢ ᠲᠡᠭᠦᠯᠳᠡᠷᠵᠢᠭᠦᠯᠦᠨ᠎ᠡ᠃ ᠠᠵᠤ | ᠠᠬᠤᠶᠢᠯᠠᠯ ᠠᠴᠠ ᠠᠵᠢᠯᠲᠠᠳ ᠤᠨ ᠴᠠᠯᠢᠩ ᠢ ᠨᠡᠮᠡᠭᠳᠡᠭᠦᠯᠬᠦ ᠤᠷᠳᠤ ᠤᠳᠠᠭᠠᠨ ᠤ ᠲᠦᠷᠢᠮᠵᠢᠯ ᠢ ᠪᠠᠶᠢᠭᠤᠯᠵᠤ | ᠪᠦᠷᠢᠨᠰᠢᠭᠦᠯᠬᠦ ᠶᠢ ᠵᠢᠯᠤᠭᠤᠳᠤᠨ ᠬᠢᠨᠠᠯᠲᠠ ᠲᠠᠯᠪᠢᠵᠤ᠂ ᠠᠵᠢᠯᠲᠠᠳ ᠤᠨ ᠡᠷᠬᠡ ᠠᠰᠢᠭ ᠢ ᠬᠠᠤᠯᠢ ᠶᠤᠰᠤᠭᠠᠷ | ᠪᠠᠳᠤᠯᠠᠨ᠎ᠠ᠃ ᠠᠵᠤ ᠠᠬᠤᠶᠢᠯᠠᠯ ᠢ ᠵᠢᠯᠤᠭᠤᠳᠬᠤ ᠪᠠ ᠬᠢᠨᠠᠵᠤ ᠪᠠᠶᠢᠭᠠᠳ ᠠᠵᠢᠯᠴᠢᠨ ᠤ ᠴᠠᠯᠢᠩ ᠢ ᠦᠰᠭᠡᠬᠦ | ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯᠴᠢᠨ ᠤ ᠡᠷᠭᠡ | ᠠᠰᠢᠭ ᠢ ᠬᠠᠤᠯᠢ ᠪᠠᠷ ᠬᠠᠮᠠᠭᠠᠯᠠᠨ᠎ᠠ᠃ ᠬᠤᠳᠠ ᠬᠦᠳᠡᠭᠡ ᠶᠢᠨ ᠠᠰᠠᠷᠠᠮᠵᠢ ᠶᠢᠨ ᠲᠦᠬᠦᠭᠡᠷᠦᠮᠵᠢ ᠶᠢᠨ | ᠪᠠᠶᠢᠭᠤᠯᠤᠯᠳᠠ ᠶᠢ ᠴᠢᠩᠭᠠᠳᠬᠠᠨ᠂ ᠨᠡᠶᠢᠬᠡᠮ ᠤᠨ ᠠᠰᠠᠷᠠᠮᠵᠢ ᠶᠢᠨ ᠦᠢᠯᠡᠰ ᠤᠨ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ | ᠪᠠᠳᠤᠯᠠᠭᠠᠨ ᠤ ᠪᠠᠷᠢᠮᠵᠢᠶ᠎ᠠ ᠶᠢ ᠲᠡᠭᠡᠭᠰᠢᠯᠡᠬᠦᠯᠦᠨ᠎ᠡ᠃ ᠡᠮ ᠡᠮᠨᠡᠯᠭᠡ ᠵᠢᠨᠠᠪᠤᠷᠠᠨ ᠲᠤᠰᠠᠯᠠᠬᠤ᠂ ᠰᠤᠷᠭᠠᠨ | ᠬᠦᠮᠦᠵᠢᠯ ᠤᠨ ᠠᠪᠤᠷᠠᠨ ᠲᠤᠰᠠᠯᠠᠬᠤ ᠠᠵᠢᠯ ᠪᠤᠯᠤᠨ ᠲᠦᠷ ᠴᠠᠭ ᠠᠪᠤᠷᠠᠨ ᠲᠤᠰᠠᠯᠠᠬᠤ ᠠᠵᠢᠯ ᠢ ᠴᠢᠩᠭᠠᠳᠬᠤᠵᠤ᠂ | ᠨᠡᠶᠢᠭᠡᠮ ᠤᠨ ᠠᠰᠠᠷᠠᠮᠵᠢ᠂ ᠨᠢᠭᠦᠯᠡᠰᠦᠩᠭᠦᠢ ᠦᠢᠯᠡᠰ ᠪᠤᠯᠤᠨ ᠵᠡᠮᠳᠡᠭᠴᠤᠳ ᠪᠠ ᠨᠠᠰᠤᠵᠢᠯ ᠤᠨ ᠦᠢᠯᠡᠰ ᠢ | ᠴᠢᠬᠤᠯᠠᠴᠢᠯᠠᠨ ᠬᠦᠭᠵᠢᠬᠦᠯᠦᠨ᠎ᠡ᠃ | ᠤᠯᠠᠨ ᠲᠦᠮᠡᠨ ᠳᠤ ᠪᠤᠳᠠᠳᠠᠢ ᠠᠵᠢᠯ ᠬᠢᠬᠦ ᠶᠢ ᠢᠯᠡ ᠪᠠᠷ ᠠᠮᠠᠯᠳᠠᠵᠤ᠂ ᠤᠯᠠᠨ ᠲᠦᠮᠡᠨ ᠤ ᠬᠠᠮᠤᠭ ᠠᠴᠠ | ᠬᠠᠯᠠᠮᠵᠢᠯᠠᠭ᠎ᠠ᠂ ᠬᠠᠮᠤᠭ ᠠᠴᠠ ᠰᠢᠭᠤᠳ᠂ ᠬᠠᠮᠤᠭ ᠠᠴᠠ ᠪᠤᠲᠠᠲᠠᠢ ᠠᠰᠢᠭ ᠳᠤᠰᠠ ᠶᠢᠨ ᠠᠰᠠᠭᠤᠳᠠᠯ ᠢ ᠲᠦᠷᠭᠡᠨ | ᠰᠡᠢᠳᠪᠤᠷᠢᠯᠡᠨ᠎ᠡ᠃ ᠦᠪᠡᠷᠳᠡᠭᠡᠨ ᠵᠠᠰᠠᠬᠤ ᠤᠷᠤᠨ ᠠᠴᠠ ᠲᠤᠭᠳᠠᠭᠠᠭᠰᠠᠨ ᠠᠷᠪᠠᠨ ᠪᠤᠲᠠᠲᠤ ᠠᠵᠢᠯ ᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠤᠭᠰᠠᠨ ᠰᠠᠭᠤᠷᠢᠨ ᠲᠡᠭᠡᠷ᠎ᠡ ᠪᠤᠳᠠᠳᠠᠢ ᠲᠠᠢ ᠪᠠᠨ ᠤᠶᠠᠯᠳᠤᠭᠤᠯᠤᠨ᠂ ᠮᠠᠨ ᠤ ᠬᠤᠰᠢᠭᠤᠨ ᠤ | ᠪᠠᠨ ᠠᠷᠪᠠᠨ ᠪᠤᠲᠠᠲᠤ ᠠᠵᠢᠯ ᠢ ᠰᠠᠶᠢᠳᠤᠷ ᠬᠢᠨ᠎ᠡ᠃ ᠨᠢᠭᠡ ᠳᠤ᠂ ᠲᠦᠪᠯᠡᠷᠡᠬᠦᠯᠦᠨ ᠢᠯᠴᠢ ᠬᠠᠩᠭᠠᠬᠤ ᠠᠵᠢᠯ ᠢ | ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠦ᠂ ᠢᠯᠴᠢ ᠬᠠᠩᠭᠠᠬᠤ ᠭᠤᠤᠯ ᠲᠤᠭᠤᠷᠢᠭ ᠢ ᠰᠢᠨ᠎ᠡ ᠪᠠᠷ | ᠪᠠᠶᠢᠭᠤᠯᠬᠤ ᠶᠢᠨ ᠬᠠᠮᠳᠤ ᠬᠠᠭᠤᠴᠢᠨ ᠵᠤᠤᠬ᠎ᠠ᠂ ᠲᠤᠤᠷ ᠬᠤᠭᠤᠯᠠᠢ ᠵᠡᠷᠭᠡ ᠶᠢ ᠦᠭᠡᠷᠡᠴᠢᠯᠡᠨ ᠵᠠᠰᠠᠵᠤ᠂ ᠢᠯᠴᠢ | ᠬᠠᠩᠭᠠᠬᠤ ᠴᠢᠨᠠᠷ ᠴᠢᠨᠰᠠᠭ᠎ᠠ ᠶᠢ ᠪᠦᠳᠦᠮᠵᠢᠲᠠᠢ ᠰᠠᠶᠢᠵᠢᠷᠠᠭᠤᠯᠤᠨ᠂ ᠪᠤᠤᠴᠠᠩ ᠪᠠᠯᠭᠠᠰᠤᠨ ᠤ ᠢᠯᠴᠢ ᠬᠠᠩᠭᠠᠯᠭ᠎ᠠ | ᠪᠠᠷᠢᠮᠵᠢᠶᠠᠨ ᠳᠤ ᠬᠦᠷᠬᠦ ᠦᠬᠡᠢ ᠠᠰᠠᠭᠤᠳᠠᠯ ᠢ ᠦᠨᠳᠦᠰᠦᠨ ᠠᠴᠠ ᠨᠢ ᠰᠡᠢᠳᠪᠤᠷᠢᠯᠡᠵᠦ᠂ ᠪᠠᠰᠠ ᠢᠯᠴᠢ ᠬᠠᠩᠭᠠᠬᠤ | ᠵᠤᠤᠬ᠎ᠠ ᠶᠢᠨ ᠤᠷᠴᠢᠨ ᠲᠤᠭᠤᠷᠢᠨ ᠪᠤᠬᠢᠷᠳᠤᠭᠤᠯᠬᠤ ᠦᠵᠡᠭᠳᠡᠯ ᠢ ᠪᠦᠳᠦᠮᠵᠢᠲᠠᠢ ᠵᠠᠰᠠᠨ ᠴᠡᠭᠴᠡᠯᠡᠨ᠎ᠡ᠃ ᠬᠤᠶᠠᠷ | ᠲᠤ᠂ 4000 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠬᠢᠮᠳᠠ ᠲᠦᠷᠢᠶᠡᠰᠦᠨ ᠤ ᠤᠷᠤᠨ ᠰᠠᠭᠤᠴᠠ | 680 ᠢᠵᠢ᠂ 3.2 ᠲᠦᠮᠡᠨ ᠬᠠᠪᠳᠠᠭᠠᠢ ᠲᠦᠷᠪᠡᠯᠵᠢᠨ ᠮᠧᠲᠷ ᠢ ᠪᠠᠶᠢᠭᠤᠯᠤᠨ ︔ 400 ᠲᠦᠮᠡᠨ ᠲᠦᠬᠦᠷᠢᠭ | ᠤᠷᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ 329 ᠡᠷᠦᠬᠡ ᠶᠢᠨ ᠠᠶᠤᠯᠳᠠᠢ ᠭᠡᠷ ᠪᠠᠶᠢᠰᠢᠩ ᠳᠤ ᠵᠠᠰᠠᠯᠲᠠ | ᠬᠢᠨ᠎ᠡ ᠃ ᠭᠤᠷᠪᠠ ᠳᠤ᠂ ᠬᠠᠭᠤᠴᠢᠨ ᠬᠤᠲᠠ ᠶᠢᠨ ᠲᠤᠭᠤᠷᠢᠭ ᠤᠨ ᠴᠤᠭᠯᠠᠭ᠎ᠠ ᠮᠠᠶᠢᠮᠠᠢ ᠶᠢᠨ ᠵᠠᠬ᠎ᠠ ᠲᠡᠯᠭᠡᠭᠦᠷ ᠤᠨ | ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠨᠡᠭᠦᠳᠡᠯ ᠮᠠᠶᠢᠮᠠᠶᠢᠴᠢᠳ ᠤᠨ ᠡᠵᠡᠩᠨᠡᠯᠲᠡ ᠶᠢᠨ ᠳᠤᠭᠲᠠᠭᠰᠠᠨ ᠤᠷᠤᠨ | ᠪᠠᠶᠢᠷᠢ ᠦᠭᠡᠢ ᠠᠰᠠᠭᠤᠳᠠᠯ ᠢ ᠪᠦᠳᠦᠮᠵᠢᠲᠠᠢ ᠰᠡᠢᠳᠪᠤᠷᠢᠯᠡᠨ᠎ᠡ︔ ᠲᠦᠷᠪᠡ ᠳᠤ᠂ ᠮᠠᠯᠵᠢᠬᠤ ᠲᠠᠷᠢᠶᠠᠯᠠᠬᠤ ᠤᠷᠤᠨ | ᠤ ᠨᠠᠮ ᠤᠨ ᠬᠡᠰᠢᠭᠦᠨ ᠺᠠᠳᠠᠷᠴᠤᠳ ᠤᠨ ᠠᠯᠤᠰ ᠡᠵᠡᠮᠰᠢᠯᠲᠦ ᠰᠤᠷᠭᠠᠨ ᠬᠦᠮᠦᠵᠢᠯ ᠤᠨ ᠰᠠᠭᠤᠷᠢ ᠦᠷᠳᠡᠭᠡ 2 ᠶᠢ | ᠪᠠᠶᠢᠭᠤᠯᠵᠤ᠂ ᠰᠤᠷᠠᠭ ᠲᠤᠬᠢᠶᠠᠨ ᠤ ᠪᠦᠷᠬᠦᠴᠡ ᠶᠢᠨ ᠨᠤᠷᠮ᠎ᠠ ᠶᠢ 90% ᠠᠴᠠ ᠲᠡᠭᠡᠭᠰᠢ ᠳᠤ ᠬᠦᠷᠭᠡᠨ᠎ᠡ︔ ᠲᠠᠪᠤ | ᠳᠤ᠂ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠳᠤ ᠤᠷᠤᠯᠴᠠᠬᠤ ᠨᠤᠷᠮ᠎ᠠ ᠶᠢ ᠤᠯᠠᠮ ᠨᠢᠭᠡ ᠠᠯᠬᠤᠮ | ᠲᠡᠭᠡᠭᠰᠢᠯᠡᠭᠦᠯᠵᠦ᠂ ᠠᠰᠢᠭ ᠬᠦᠷᠳᠡᠮᠵᠢ ᠶᠢ ᠶᠡᠭᠡᠰᠭᠡᠨ᠂ ᠲᠠᠩᠰᠠᠨ ᠠᠴᠠ ᠴᠠᠶᠢᠷᠠᠭᠤᠯᠬᠤ ᠠᠯᠬᠤᠮ ᠲᠠᠷᠠᠭ᠎ᠠ ᠶᠢ | ᠲᠦᠭᠦᠮᠴᠢᠯᠡᠨ᠎ᠡ︔ ᠵᠢᠷᠭᠤᠭ᠎ᠠ ᠳᠤ᠂ 800 ᠲᠦᠮᠡᠨ ᠲᠦᠭᠦᠷᠢᠭ ᠤᠨ ᠪᠡᠯᠡ ᠤᠷᠤᠭᠤᠯᠵᠤ᠂ 13 ᠭᠠᠴᠠᠭ᠎ᠠ | ᠲᠤᠰᠬᠤᠨ ᠤ 1.2 ᠲᠦᠮᠡᠨ ᠬᠦᠮᠦᠨ ᠠᠮᠠ ᠂ 1.9 ᠲᠦᠮᠡᠨ ᠮᠠᠯ ᠤᠨᠤᠭᠠᠨ ᠤ ᠠᠶᠤᠯᠬᠦᠢ ᠤᠰᠤ ᠤᠮᠳᠠ ᠶᠢ | ᠰᠡᠢᠳᠪᠤᠷᠢᠯᠡᠨ᠎ᠡ︔ ᠲᠤᠯᠤᠭ᠎ᠠ ᠳᠤ᠂ ᠠᠵᠢᠯ ᠤᠨ ᠪᠠᠶᠢᠷᠢ 8000 ᠶᠢ ᠡᠯᠰᠡᠵᠦ ᠂ ᠬᠤᠲᠠ ᠪᠠᠯᠭᠠᠰᠤᠨ ᠤ | 2000 ᠬᠦᠮᠦᠨ ᠳᠤ ᠠᠵᠢᠯ ᠲᠤᠬᠢᠷᠠᠭᠤᠯᠤᠨ᠂ 500 ᠲᠦᠮᠡᠨ ᠲᠦᠭᠦᠷᠢᠭ ᠤᠨ ᠪᠠᠭ᠎ᠠ ᠲᠤᠭᠠᠨ ᠤ ᠪᠠᠳᠤᠯᠭᠠᠳᠤ | ᠵᠢᠭᠡᠯᠡᠯᠭᠡ ᠪᠤᠯᠤᠨ 200 ᠲᠦᠮᠡᠨ ᠲᠦᠭᠦᠷᠢᠭ ᠤᠨ ᠨᠡᠶᠢᠭᠡᠮ ᠤᠨ ᠳᠠᠭᠠᠳᠬᠠᠯ ᠤᠨ ᠨᠦᠬᠦᠪᠦᠷᠢ ᠦᠭᠬᠦ ᠶᠢ | ᠲᠠᠷᠬᠠᠭᠠᠨ᠎ᠠ︔ ᠨᠠᠢᠮᠠ ᠳᠤ᠂ ᠤᠯᠤᠰ ᠤᠨ ᠪᠠᠷᠢᠮᠵᠢᠶ᠎ᠠ ᠶᠤᠰᠤᠭᠠᠷ ᠬᠡᠤᠭᠡᠳ ᠤᠨ ᠴᠡᠴᠡᠷᠯᠢᠭ 1᠂ ᠪᠠᠭ᠎ᠠ | ᠰᠤᠷᠭᠠᠭᠤᠯᠢ 2᠂ ᠲᠤᠮᠳᠠᠳᠤ ᠰᠤᠷᠭᠠᠭᠤᠯᠢ 1 ᠶᠢ ᠰᠢᠨ᠎ᠡ ᠪᠠᠷ ᠪᠠᠶᠢᠭᠤᠯᠵᠤ᠂ ᠬᠦᠳᠡᠭᠡ ᠲᠤᠰᠬᠤᠨ ᠤ ᠲᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠳᠠ ᠪᠠᠯᠭᠠᠰᠤᠨ ᠳᠤ ᠤᠷᠤᠵᠤ ᠰᠤᠷᠭᠠᠭᠤᠯᠢ ᠳᠤ ᠰᠠᠭᠤᠬᠤ ᠶᠢ | ᠠᠯᠬᠤᠮ ᠠᠯᠬᠤᠮ ᠢᠶᠠᠷ ᠪᠡᠶᠡᠯᠡᠬᠦᠯᠦᠨ᠂ ᠬᠤᠳᠠ ᠬᠦᠳᠡᠭᠡ ᠶᠢᠨ ᠰᠤᠷᠤᠭᠴᠢᠳ ᠲᠤ ᠰᠤᠷᠭᠠᠨ ᠬᠦᠮᠦᠵᠢᠯ ᠤᠨ | ᠡᠬᠢ ᠪᠠᠶᠠᠯᠢᠭ ᠢ ᠠᠳᠠᠯᠢ ᠲᠡᠭᠰᠢ ᠡᠳᠡᠯᠡᠬᠦᠯᠦᠨ᠎ᠡ︔ ᠶᠢᠰᠦ ᠳᠤ᠂ ᠪᠤᠤᠴᠠᠩ ᠪᠠᠯᠭᠠᠰᠤᠨ ᠤ ᠵᠡᠭᠦᠨ ᠭᠤᠤᠯ ᠤᠨ | ᠭᠤᠯᠳᠤᠷᠢᠯ ᠳᠤ ᠵᠠᠰᠠᠯᠲᠠ ᠬᠢᠨ᠎ᠡ︔ ᠠᠷᠪᠠ ᠳᠤ᠂ ᠪᠤᠤᠴᠠᠩ ᠪᠠᠯᠭᠠᠰᠤᠨ ᠤ ᠾᠧ ᠫᠢᠩ ᠵᠡᠭᠡᠯᠢ ᠪᠤᠯᠤᠨ ᠰᠢᠶᠠᠩ | ᠶᠠᠩ ᠵᠠᠮ ᠢ ᠦᠬᠡᠷᠡᠴᠢᠯᠡᠨ ᠵᠠᠰᠠᠵᠤ᠂ ᠤᠯᠠᠨ ᠲᠦᠮᠡᠨ ᠤ ᠶᠠᠪᠤᠵᠤ ᠰᠠᠭᠤᠬᠤ ᠨᠦᠬᠦᠴᠡᠯ ᠢ ᠰᠠᠶᠢᠵᠢᠷᠠᠭᠤᠯᠤᠨ᠎ᠠ᠃ | ︵ᠨᠠᠢᠮᠠ︶ ᠨᠡᠶᠢᠭᠡᠮ ᠤᠨ ᠦᠢᠯᠡᠰ ᠢ ᠪᠥᠬᠦ ᠲᠠᠯ᠎ᠠ ᠪᠠᠷ ᠬᠥᠭᠵᠢᠭᠦᠯᠵᠥ᠂ ᠡᠶ᠎ᠡ ᠵᠤᠬᠢᠴᠠᠯ ᠲᠠᠢ ᠠᠮᠥᠷ | ᠲᠤᠭᠳᠠᠭᠤᠨ ᠲᠠᠶᠢᠹᠤᠰᠧ ᠬᠤᠰᠢᠭᠤ ᠶᠢ ᠪᠠᠶᠢᠭᠤᠯᠤᠨ᠎ᠠ᠃ | ᠰᠤᠷᠭᠠᠨ ᠬᠥᠮᠥᠵᠢᠯ ᠢ ᠡᠩ ᠲᠡᠷᠢᠭᠦᠨ ᠳᠤ ᠬᠥᠭᠵᠢᠭᠦᠯᠥᠨ᠎ᠡ᠃ ᠰᠤᠷᠭᠠᠭᠤᠯᠢ ᠶᠢᠨ ᠭᠡᠷ ᠪᠠᠶᠢᠰᠢᠩ ᠤᠨ | ᠠᠶᠤᠯᠬᠦᠢ ᠶᠢᠨ ᠢᠨᠵᠧᠨᠧᠷᠢᠩ ᠢ ᠬᠡᠷᠡᠭᠵᠢᠬᠦᠯᠵᠦ ᠪᠠᠶᠢᠭ᠎ᠠ ᠠᠰᠢᠭᠳᠠᠢ ᠲᠤᠬᠢᠶᠠᠯ ᠢ ᠡᠵᠡᠮᠳᠡᠨ᠂ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠰᠤᠷᠭᠠᠨ ᠬᠦᠮᠦᠵᠢᠯ ᠤᠨ ᠪᠠᠶᠢᠷᠢᠰᠢᠭᠤᠯᠭ᠎ᠠ | ᠶᠢ ᠲᠤᠬᠢᠷᠠᠭᠤᠯᠤᠨ᠂ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠤᠪᠢᠶᠠᠷᠢᠯᠠᠯ ᠢ ᠰᠢᠯᠢᠳᠡᠭᠵᠢᠬᠦᠯᠬᠦ ᠭᠡᠷᠡᠭᠳᠡᠢ᠃ | ᠪᠤᠤᠴᠠᠩ ᠤᠨ ᠨᠢᠭᠡᠳᠦᠭᠡᠷ ᠪᠠᠭ᠎ᠠ ᠰᠤᠷᠭᠠᠭᠤᠯᠢ ᠶᠢ ᠵᠠᠰᠠᠨ ᠦᠷᠭᠡᠳᠬᠡᠵᠦ ᠠᠰᠢᠭᠯᠠᠯᠳᠠ ᠳᠤ ᠤᠷᠤᠭᠤᠯᠤᠨ᠂ | ᠪᠤᠤᠴᠠᠩ ᠪᠠᠯᠭᠠᠰᠤᠨ ᠳᠤ ᠬᠡᠦᠭᠡᠳ ᠤᠨ ᠴᠡᠴᠡᠷᠯᠢᠭ 1᠂ ᠪᠠᠭ᠎ᠠ ᠰᠤᠷᠭᠠᠭᠤᠯᠢ 2᠂ ᠲᠤᠮᠳᠠᠳᠤ ᠰᠤᠷᠭᠠᠭᠤᠯᠢ 1 ᠶᠢ | ᠰᠢᠨ᠎ᠡ ᠪᠠᠷ ᠪᠠᠶᠢᠭᠤᠯᠵᠤ᠂ 1 ᠠᠩᠬ᠎ᠠ ᠲᠤᠮᠳᠠᠳᠤ ᠶᠢᠨ ᠰᠤᠷᠭᠠᠭᠤᠯᠢ ᠶᠢ ᠵᠠᠰᠠᠨ ᠦᠷᠭᠡᠳᠭᠡᠵᠦ᠂ ᠲᠤᠰ ᠵᠢᠯ ᠳᠡᠭᠡᠨ | ᠭᠤᠤᠯ ᠴᠤᠭᠴᠠ ᠶᠢᠨ ᠪᠠᠷᠢᠯᠭ᠎ᠠ ᠶᠢ ᠪᠦᠬᠦᠨ ᠢ ᠲᠠᠭᠤᠰᠬᠠᠬᠤ ᠪᠠᠷ ᠴᠢᠷᠮᠠᠶᠢᠨ᠎ᠠ ︔ ᠭᠤᠷᠪᠠᠳᠤᠭᠠᠷ ᠲᠤᠮᠳᠠᠳᠤ | ᠰᠤᠷᠭᠠᠭᠤᠯᠢ ᠪᠤᠯᠤᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠠᠮᠢᠳᠤᠷᠠᠯ ᠤᠨ ᠭᠡᠷ ᠪᠠᠶᠢᠰᠢᠩ ᠤᠨ ᠪᠠᠷᠢᠯᠭ᠎ᠠ ᠶᠢ | ᠲᠠᠭᠤᠰᠬᠠᠨ᠎ᠠ᠃ ᠵᠢᠯ ᠤᠨ ᠲᠤᠳᠤᠷ᠎ᠠ ᠪᠠᠰᠠ ᠲᠠᠷᠢᠶᠠᠯᠠᠬᠤ ᠤᠷᠤᠨ ᠤ ᠪᠤᠢ ᠪᠦᠬᠦᠢ ᠲᠤᠮᠳᠠᠳᠤ ᠪᠠᠭ᠎ᠠ ᠰᠤᠷᠭᠠᠭᠤᠯᠢ | ᠶᠢ ᠬᠠᠰᠤᠨ ᠴᠤᠮᠬᠠᠳᠬᠠᠬᠤ ᠪᠠᠷ ᠴᠢᠷᠮᠠᠶᠢᠨ᠎ᠠ᠃ ᠬᠡᠪ ᠴᠢᠨᠠᠷ ᠤᠨ ᠰᠤᠷᠭᠠᠨ ᠬᠥᠮᠥᠵᠢᠯ ᠢ ᠪᠥᠬᠦ ᠲᠠᠯ᠎ᠠ ᠪᠠᠷ | ᠬᠡᠷᠡᠭᠵᠢᠭᠦᠯᠵᠥ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠭᠦᠷᠢᠳᠠᠢ ᠭᠥᠭᠵᠢᠯᠳᠠ ᠶᠢ ᠲᠦᠯᠬᠢᠨ | ᠠᠬᠢᠭᠤᠯᠤᠨ᠎ᠠ᠃ ᠦᠨᠳᠦᠰᠦᠳᠡᠨ ᠤ ᠰᠤᠷᠭᠠᠨ ᠬᠦᠮᠦᠵᠢᠯ ᠢ ᠡᠩ ᠲᠡᠷᠢᠭᠦᠨ ᠳᠤ ᠬᠦᠭᠵᠢᠭᠦᠯᠵᠦ᠂ ᠦᠨᠳᠦᠰᠦᠳᠡᠨ ᠤ | ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠎ᠠ᠃ ᠨᠡᠶᠢᠭᠡᠮ ᠤᠨ ᠬᠦᠴᠦᠨ | ᠢᠶᠠᠷ ᠰᠤᠷᠭᠠᠭᠤᠯᠢ ᠪᠠᠶᠢᠭᠤᠯᠬᠤ ᠶᠢ ᠵᠤᠷᠢᠭᠵᠢᠭᠤᠯᠵᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠡᠷᠡᠭᠦᠯ | ᠢᠶᠠᠷ ᠬᠦᠭᠵᠢᠬᠦ ᠶᠢ ᠵᠢᠯᠤᠭᠤᠳᠤᠨ᠎ᠠ᠃ ᠬᠢᠷᠢ ᠪᠦᠳᠦᠮᠵᠢ ᠶᠢᠨ ᠬᠠᠮᠢᠶᠠᠷᠤᠯᠳᠠ ᠶᠢ ᠦᠷᠬᠦᠯᠵᠢᠯᠡᠨ | ᠲᠡᠬᠦᠯᠳᠡᠷᠵᠢᠬᠦᠯᠵᠦ᠂ ᠪᠠᠭᠰᠢ ᠶᠢᠨ ᠬᠡᠪ ᠴᠢᠨᠠᠷ ᠬᠢᠭᠡᠳ ᠵᠢᠭᠠᠨ ᠰᠤᠷᠭᠠᠬᠤ ᠴᠢᠳᠠᠪᠤᠷᠢ ᠶᠢ ᠲᠡᠭᠡᠭᠰᠢᠯᠡᠬᠦᠯᠵᠦ᠂ | ᠰᠤᠷᠭᠠᠨ ᠬᠦᠮᠦᠵᠢᠯ ᠲᠠᠬᠢ ᠤᠷᠤᠭᠤᠯᠤᠯᠲᠠ ᠶᠢᠨ ᠬᠦᠴᠦᠯᠡᠴᠡ ᠶᠢ ᠪᠠᠳᠤᠯᠠᠨ᠂ ᠲᠠᠶᠢᠹᠤᠰᠧ ᠬᠤᠰᠢᠭᠤᠨ ᠤ ᠪᠦᠬᠦ | ᠠᠶᠢᠮᠠᠭ ᠲᠤ ᠲᠡᠷᠢᠭᠦᠯᠡᠬᠦ ᠰᠤᠷᠭᠠᠨ ᠬᠥᠮᠦᠵᠢᠯ ᠤᠨ ᠶᠠᠰᠤ ᠴᠢᠨᠠᠷ ᠪᠤᠯᠤᠨ ᠵᠢᠭᠠᠨ ᠰᠤᠷᠭᠠᠯᠳᠠ ᠶᠢᠨ ᠬᠢᠷᠢ | ᠲᠥᠪᠰᠢᠨ ᠢ ᠰᠢᠨ᠎ᠡ ᠪᠠᠷ ᠡᠬᠦᠳᠦᠨ ᠪᠠᠶᠢᠭᠤᠯᠤᠨ᠎ᠠ᠃ | ᠡᠷᠡᠭᠦᠯ ᠬᠠᠮᠠᠭᠠᠯᠠᠯ ᠤᠨ ᠦᠢᠯᠡᠰ ᠢ ᠬᠦᠴᠦ ᠲᠠᠯᠪᠢᠨ ᠬᠦᠭᠵᠢᠭᠦᠯᠦᠨ᠎ᠡ᠃ ᠶᠡᠷᠦᠩᠬᠡᠶᠢᠯᠡᠭᠰᠡᠨ ᠡᠮᠨᠡᠯᠭᠡ | ᠶᠢᠨ ᠬᠤᠷᠢᠶᠠᠨ ᠤ ᠭᠤᠤᠯ ᠴᠤᠭᠴᠠ ᠶᠢᠨ ᠪᠠᠷᠢᠯᠭ᠎ᠠ ᠶᠢ ᠡᠨᠡ ᠵᠢᠯ ᠲᠠᠭᠤᠰᠬᠠᠨ᠂ ᠮᠠᠨ ᠤ ᠬᠤᠰᠢᠭᠤᠨ ᠤ ᠡᠮ | ᠡᠮᠨᠡᠯᠭᠡ ᠡᠷᠡᠬᠦᠯ ᠬᠠᠮᠠᠭᠠᠯᠠᠯ ᠤᠨ ᠨᠦᠬᠦᠴᠡᠯ ᠢ ᠪᠦᠳᠦᠮᠵᠢᠳᠡᠢ ᠰᠠᠶᠢᠵᠢᠷᠠᠭᠤᠯᠤᠨ᠎ᠠ᠃ ᠬᠤᠰᠢᠭᠤ ᠡᠮᠨᠡᠯᠭᠡ ᠶᠢᠨ | ᠬᠤᠷᠢᠶ᠎ᠠ ᠪᠤᠯᠤᠨ ᠪᠡᠭᠡᠵᠢᠩ ᠤᠨ ᠲᠦᠩ ᠷᠸᠡ ᠡᠮᠨᠡᠯᠭᠡ ᠶᠢᠨ ᠬᠤᠷᠢᠶ᠎ᠠ ᠶᠢᠨ ᠠᠵᠢᠯ ᠲᠦᠷᠦᠯ ᠢᠶᠠᠷ ᠬᠠᠪᠰᠤᠷᠤᠯᠴᠠᠨ | ᠠᠵᠢᠯᠯᠠᠬᠤ ᠬᠠᠷᠢᠴᠠᠭᠠᠨ ᠳᠤ ᠲᠦᠰᠢᠭᠯᠡᠵᠦ᠂ ᠲᠤᠰᠬᠠᠢ ᠮᠡᠷᠭᠡᠵᠢᠯᠳᠡᠨ ᠢ ᠤᠷᠢᠵᠦ ᠲᠤᠭᠳᠠᠭᠰᠠᠨ ᠬᠤᠭᠤᠴᠠᠭ᠎ᠠ ᠲᠠᠢ | ᠪᠠᠷ ᠮᠠᠨ ᠤ ᠬᠤᠰᠢᠭᠤᠨ ᠳᠤ ᠢᠷᠡᠵᠦ ᠡᠪᠡᠳᠴᠢᠨ ᠦᠵᠡᠬᠦ ᠠᠵᠢᠯ ᠢ ᠬᠢᠯᠭᠡᠬᠦ ᠶᠢᠨ ᠬᠠᠮᠳᠤ ᠂ ᠡᠮᠴᠢ | ᠰᠤᠪᠢᠯᠠᠭᠴᠢ ᠶᠢᠨ ᠪᠤᠯᠪᠠᠰᠤᠷᠠᠯ ᠤᠨ ᠠᠵᠢᠯ ᠢ ᠰᠠᠶᠢᠨ ᠬᠢᠵᠦ᠂ ᠡᠮᠨᠡᠯᠭᠡ ᠶᠢᠨ ᠠᠵᠢᠯᠲᠠᠳ ᠤᠨ ᠬᠡᠪ ᠴᠢᠨᠠᠷ ᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠡᠬᠦᠨ ᠤ ᠬᠠᠮᠳᠤ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ | ᠦᠬᠡᠷᠡᠴᠢᠯᠡᠯᠳᠡ ᠶᠢ ᠪᠠᠰᠠ ᠪᠦᠬᠦ ᠬᠦᠴᠦᠨ ᠢᠶᠠᠷ ᠰᠠᠶᠢᠨ ᠬᠢᠬᠦ ᠭᠡᠷᠡᠭᠳᠡᠢ᠃ ᠰᠤᠮᠤ ᠰᠢᠶᠠᠩ ᠪᠠᠯᠭᠠᠰᠤᠨ ᠤ ᠡᠮᠨᠡᠯᠭᠡ | ᠶᠢᠨ ᠬᠤᠷᠢᠶ᠎ᠠ ᠪᠤᠯᠤᠨ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠭᠡᠷ ᠤᠨ ᠬᠠᠮᠢᠶᠠᠷᠤᠯᠳᠠ ᠶᠢ ᠴᠢᠩᠭᠠᠳᠬᠠᠨ᠂ | ᠦᠨᠳᠦᠰᠦᠨ ᠱᠠᠳᠤᠨ ᠤ ᠡᠮᠨᠡᠯᠭᠡ ᠶᠢᠨ ᠪᠠᠶᠢᠭᠤᠯᠤᠮᠵᠢ ᠵᠢᠨᠦᠢᠯᠡᠴᠢᠯᠡᠭᠡ ᠪᠠ ᠬᠠᠮᠢᠶᠠᠷᠤᠯᠳᠠ ᠶᠢᠨ ᠲᠦᠪᠰᠢᠨ ᠢ | ᠪᠦᠳᠦᠮᠵᠢᠳᠡᠢ ᠲᠡᠭᠡᠭᠰᠢᠯᠡᠬᠦᠯᠬᠦ ᠭᠡᠷᠡᠭᠳᠡᠢ᠃ ᠤᠯᠠᠨ ᠠᠷᠭ᠎ᠠ ᠵᠠᠮ ᠢᠶᠠᠷ ᠪᠡᠯᠡ ᠬᠤᠷᠠᠮᠳᠤᠭᠤᠯᠵᠤ ᠪᠠᠶᠢᠭᠠᠳ ᠪᠤᠤᠴᠠᠩ | ᠪᠠᠯᠭᠠᠰᠤᠨ ᠳᠤ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠲᠦᠪ 1 ᠶᠢ ᠪᠠᠶᠢᠭᠤᠯᠤᠨ᠎ᠠ᠃ ᠡᠷᠡᠬᠦᠯ ᠬᠠᠮᠠᠭᠠᠯᠠᠯ | ᠤᠨ ᠬᠤᠷᠢᠶ᠎ᠠ ᠪᠠ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠲᠦᠪ ᠤᠨ ᠲᠦᠷᠢᠮᠵᠢᠯᠳᠡ ᠪᠠ ᠪᠠᠶᠢᠭᠤᠯᠤᠯᠳᠠ ᠪᠠᠷ | ᠲᠠᠮᠵᠢᠭᠠᠳ᠂ ᠡᠷᠡᠬᠦᠯ ᠴᠢᠬᠢᠷᠠᠭ ᠤᠨ ᠬᠦᠮᠦᠵᠢᠯ᠂ ᠬᠠᠯᠳᠠᠪᠤᠷᠢᠳᠤ ᠡᠪᠡᠳᠴᠢᠨ ᠰᠡᠷᠭᠡᠶᠢᠯᠡᠨ ᠵᠠᠰᠠᠬᠤ ᠂ ᠡᠬᠡ ᠨᠢᠯᠬᠠᠰ | ᠤᠨ ᠡᠷᠡᠬᠦᠯ ᠢ ᠬᠠᠮᠠᠭᠠᠯᠠᠬᠤ᠂ ᠤᠷᠤᠨ ᠨᠤᠳᠤᠭ ᠤᠨ ᠤᠳᠠᠭᠠᠨ ᠴᠢᠨᠠᠷᠳᠠᠢ ᠡᠪᠡᠳᠴᠢᠨ ᠢ ᠰᠡᠷᠭᠡᠶᠢᠯᠡᠨ ᠵᠠᠰᠠᠬᠤ | ᠵᠢᠴᠢ ᠮᠠᠯᠴᠢᠨ ᠲᠠᠷᠢᠶᠠᠴᠢᠨ ᠤ ᠡᠷᠡᠬᠦᠯ ᠮᠡᠨᠳᠦ ᠶᠢᠨ ᠲᠠᠩᠰᠠ ᠡᠪᠭᠡᠮᠡᠯ ᠢ ᠪᠠᠶᠢᠭᠤᠯᠬᠤ ᠵᠡᠷᠭᠡ ᠠᠵᠢᠯ ᠢ ᠰᠠᠶᠢᠳᠤᠷ | ᠦᠷᠨᠢᠬᠦᠯᠦᠨ᠎ᠡ᠃᠂ᠲᠤᠰᠬᠠᠢ ᠴᠡᠭᠴᠡᠯᠡᠯᠲᠡ ᠶᠢᠨ ᠠᠵᠢᠯᠯᠠᠭ᠎ᠠ ᠶᠢ ᠦᠷᠨᠢᠭᠦᠯᠵᠦ᠂ ᠡᠷᠡᠭᠦᠯ ᠬᠠᠮᠠᠭᠠᠯᠠᠯ ᠤᠨ ᠪᠠᠷᠢᠮᠵᠢᠶ᠎ᠠ | ᠳᠤ ᠬᠦᠷᠬᠦ ᠦᠭᠡᠢ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ ᠳᠤ ᠲᠦᠪᠯᠡᠷᠡᠩᠭᠦᠢ ᠴᠡᠭᠴᠡᠯᠡᠯᠲᠡ ᠬᠢᠵᠦ᠂ | ᠮᠠᠨ ᠤ ᠬᠤᠰᠢᠭᠤᠨ ᠤ ᠢᠳᠡᠭᠡᠨ ᠤᠮᠳᠠᠭᠠᠨ ᠤ ᠡᠷᠡᠭᠦᠯ ᠬᠠᠮᠠᠭᠠᠯᠠᠯ ᠤᠨ ᠨᠦᠭᠦᠴᠡᠯ ᠬᠢᠭᠡᠳ ᠦᠢᠯᠡᠴᠢᠯᠡᠭᠡᠨ ᠤ | ᠲᠦᠪᠰᠢᠨ ᠢ ᠪᠦᠳᠦᠮᠵᠢᠲᠠᠢ ᠰᠠᠶᠢᠵᠢᠷᠠᠭᠤᠯᠤᠨ᠎ᠠ᠃ ᠬᠦᠬᠡ ᠬᠡᠯᠪᠡᠷᠢ ᠶᠢᠨ H1N1 ᠬᠠᠯᠳᠠᠪᠤᠷᠢᠳᠤ ᠲᠠᠭᠰᠢᠭᠤᠷ ᠢᠶᠠᠷ | ᠭᠤᠤᠯ ᠪᠤᠯᠭᠠᠭᠰᠠᠨ ᠭᠦᠨᠳᠦ ᠶᠡᠭᠡ ᠡᠪᠡᠳᠴᠢᠨ ᠬᠢᠵᠢᠭ ᠢ ᠰᠡᠷᠬᠡᠶᠢᠯᠡᠨ ᠵᠠᠰᠠᠬᠤ ᠠᠵᠢᠯ ᠤᠨ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠬᠦᠮᠦᠨ ᠠᠮᠠ ᠶᠢᠨ ᠲᠦᠷᠦᠯᠲᠡ ᠶᠢᠨ ᠲᠤᠤᠷ᠎ᠠ ᠲᠦᠪᠰᠢᠨ ᠢ | ᠲᠤᠭᠳᠠᠪᠤᠷᠢᠵᠢᠭᠤᠯᠵᠤ᠂ ᠲᠦᠷᠦᠯᠲᠡ ᠶᠢᠨ ᠶᠠᠰᠤ ᠴᠢᠨᠠᠷ ᠢ ᠲᠡᠭᠡᠭᠰᠢᠯᠡᠭᠦᠯᠦᠨ᠎ᠡ᠃ ᠰᠤᠮᠤ ᠰᠢᠶᠠᠩ ᠪᠠᠯᠭᠠᠰᠤᠨ ᠤ | ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠲᠦᠪ 3 ᠶᠢ ᠪᠠᠶᠢᠭᠤᠯᠤᠨ᠎ᠠ ᠃ | ᠰᠤᠶᠤᠯ ᠤᠨ ᠦᠢᠯᠡᠰ ᠢ ᠦᠷᠭᠦᠯᠵᠢᠯᠡᠨ ᠬᠦᠭᠵᠢᠭᠦᠯᠦᠨ᠎ᠡ᠃ ᠤᠶᠤᠨ ᠤ ᠪᠤᠯᠪᠠᠰᠤᠨ ᠤ ᠪᠠᠶᠢᠭᠤᠯᠤᠯᠳᠠ | ᠶᠢ ᠴᠢᠩᠭᠠᠳᠬᠠᠵᠤ᠂ ᠤᠯᠠᠨ ᠲᠦᠮᠡᠨᠴᠢ ᠰᠤᠶᠤᠯ ᠤᠨ ᠠᠵᠢᠯᠯᠠᠭ᠎ᠠ ᠶᠢ ᠶᠡᠬᠡᠪᠡᠷ ᠦᠷᠨᠢᠬᠦᠯᠬᠦ ᠭᠡᠷᠡᠭᠳᠡᠢ᠃ | ᠭᠤᠷᠪᠠᠳᠤᠭᠠᠷ ᠤᠳᠠᠭᠠᠨ ᠤ ᠲᠡᠤᠬᠡ ᠶᠢᠨ ᠲᠤᠷᠠᠰᠠᠬᠠᠯᠳᠤ ᠵᠦᠢᠯ ᠤᠨ ᠨᠡᠶᠢᠳᠡᠮ ᠪᠠᠶᠢᠴᠠᠭᠠᠯᠲᠠ ᠪᠤᠯᠤᠨ ᠪᠤᠳᠠᠰ ᠤᠨ | ᠪᠤᠰᠤ ᠰᠤᠶᠤᠯ ᠤᠨ ᠦᠪ ᠢ ᠢᠯᠡᠷᠡᠭᠦᠯᠦᠨ ᠡᠮᠬᠢᠳᠭᠡᠬᠦ ᠠᠵᠢᠯ ᠢ ᠯᠠᠪᠳᠠᠭᠤᠨ ᠬᠢᠵᠦ ︔ᠦᠨᠳᠦᠰᠦᠨ ᠱᠠᠳᠤᠨ ᠤ | ᠰᠤᠶᠤᠯ ᠤᠨ ᠦᠷᠳᠡᠭᠡᠨ ᠤ ᠴᠢᠳᠡᠪᠬᠢ ᠦᠢᠯᠡᠳᠦᠯ ᠢ ᠬᠦᠢᠴᠡᠳ ᠪᠠᠳᠠᠷᠠᠭᠤᠯᠤᠨ᠎ᠠ ᠃ ᠰᠤᠶᠤᠯ ᠤᠨ ᠤᠷᠤᠨ ᠲᠠᠯᠠᠪᠠᠢ | ᠶᠢᠨ ᠪᠦᠳᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠭᠦᠨᠳᠦᠳᠬᠡᠵᠦ᠂ ᠡᠨᠡ ᠵᠢᠯ ᠳᠤ ᠰᠤᠶᠤᠯ ᠤᠨ ᠲᠤᠮᠤ | ᠠᠰᠠᠷ ᠤᠨ ᠪᠠᠷᠢᠯᠭ᠎ᠠ ᠶᠢ ᠲᠠᠭᠤᠰᠬᠠᠨ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠵᠤ︔ ᠲᠠᠶᠢᠹᠤᠰᠧ | ᠬᠤᠰᠢᠭᠤᠨ ᠤ ᠵᠠᠯᠠᠭᠤᠴᠤᠳ ᠪᠠᠭᠠᠴᠤᠳ ᠤᠨ ᠰᠣᠷᠭᠠᠭᠤᠯᠢ ᠶᠢᠨ ᠭᠠᠳᠠᠨᠠᠬᠢ ᠬᠦᠳᠡᠯᠭᠡᠭᠡᠨ ᠤ ᠲᠦᠪ ᠤᠨ | ᠪᠠᠶᠢᠭᠤᠯᠤᠯᠳᠠ ᠶᠢ ᠡᠬᠢᠯᠡᠨ᠎ᠡ᠃ ᠲᠠᠶᠢᠹᠤᠰᠧ ᠬᠤᠰᠢᠭᠤᠨ ᠤ ᠷᠠᠳᠢᠤ᠋ ᠲᠧᠯᠸᠢᠰ ᠤᠨ ᠲᠠᠮᠵᠢᠭᠤᠯᠭ᠎ᠠ ᠶᠢᠨ ᠲᠦᠪ ᠢ | ᠪᠠᠶᠢᠭᠤᠯᠵᠤ ︔ ᠮᠠᠯᠵᠢᠬᠤ ᠲᠠᠷᠢᠶᠠᠯᠠᠬᠤ ᠤᠷᠤᠨ ᠤ ᠺᠢᠨᠤ᠋ ᠶᠢᠨ ︽2131 ᠢᠨᠵᠢᠨᠧᠷᠢᠩ︾ ᠢ ᠪᠦᠬᠦ ᠲᠠᠯ᠎ᠠ ᠪᠠᠷ | ᠭᠡᠷᠡᠭᠵᠢᠬᠦᠯᠦᠨ᠂ ︽ᠲᠤᠰᠬᠤᠨ ᠪᠤᠯᠭᠠᠨ ᠳᠤ ᠨᠡᠪᠳᠡᠷᠡᠭᠦᠯᠬᠦ︾᠂ ︽ ᠪᠠᠷᠠᠭᠤᠨ ᠬᠢᠯᠢ ᠬᠢᠵᠠᠭᠠᠷ ᠤᠷᠤᠨ ᠤ ᠷᠠᠳᠢᠤ᠋ | ᠲᠧᠯᠸᠢᠰ ᠤᠨ ᠪᠦᠷᠬᠦᠴᠡ ᠶᠢᠨ ᠢᠨᠵᠢᠨᠧᠷᠢᠩ︾ ᠪᠤᠯᠤᠨ ᠬᠦᠳᠡᠭᠡ ᠲᠤᠰᠬᠤᠨ ᠳᠤ ᠺᠢᠨᠤ᠋ ᠭᠠᠷᠭᠠᠬᠤ ᠢᠨᠵᠢᠨᠧᠷᠢᠩ | ᠢᠶᠠᠷ ᠭᠤᠤᠯᠳᠠᠯᠭ᠎ᠠ ᠪᠤᠯᠭᠠᠵᠤ᠂ ᠮᠠᠯᠵᠢᠬᠤ ᠲᠠᠷᠢᠶᠠᠯᠠᠬᠤ ᠤᠷᠤᠨ ᠤ ᠷᠠᠳᠢᠤ᠋ ᠺᠢᠨᠤ᠋ ᠲᠧᠯᠸᠢᠰ ᠦᠢᠯᠡᠰ ᠤᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠨ᠂ ᠰᠢᠭᠤᠳ ᠨᠡᠪᠳᠡᠷᠡᠭᠦᠯᠭᠡ ᠶᠢᠨ ᠲᠠᠭᠠᠭᠤᠯᠢ ᠤᠳᠤᠨ ᠤ ᠬᠤᠷᠢᠶᠠᠨ ᠠᠪᠬᠤ | ᠲᠦᠭᠦᠭᠡᠷᠤᠮᠵᠢ 5700 ᠶᠢ ᠤᠯᠵᠤ ᠤᠭᠰᠠᠷᠠᠬᠤ ᠪᠠᠷ ᠴᠢᠷᠮᠠᠶᠢᠨ᠎ᠠ᠃ | ᠨᠡᠶᠢᠭᠡᠮ ᠤᠨ ᠠᠮᠦᠷ ᠲᠤᠭᠳᠠᠭᠤᠨ ᠢ ᠪᠦᠬᠦ ᠬᠦᠴᠦ ᠪᠠᠷ ᠬᠠᠮᠠᠭᠠᠯᠠᠨ᠎ᠠ᠃ ᠶᠡᠷᠦᠩᠬᠡᠶᠢᠯᠡᠨ ᠵᠠᠰᠠᠬᠤ | ᠠᠵᠢᠯ ᠤᠨ ᠲᠠᠯ᠎ᠠ ᠪᠠᠷ ᠨᠢᠭᠡᠳᠦᠭᠡᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠬᠦᠭᠵᠢᠯᠲᠡ ᠪᠤᠯ ᠬᠠᠳᠠᠭᠤ | ᠶᠤᠰᠤ ᠂ ᠠᠮᠦᠷ ᠲᠤᠭᠳᠠᠭᠤᠨ ᠪᠤᠯ ᠬᠠᠳᠠᠭᠤ ᠡᠭᠦᠷᠭᠡ ︾ ᠬᠡᠬᠦ ᠤᠶᠢᠯᠭᠠᠭᠳᠠᠬᠤᠨ ᠢ ᠪᠠᠳᠤ ᠪᠠᠬᠢ ᠪᠤᠢ ᠪᠤᠯᠭᠠᠨ᠂ | ᠬᠤᠶᠠᠷ ᠲᠠᠯ᠎ᠠ ᠪᠠᠷ ᠠᠳᠬᠤᠬᠤ ᠦᠵᠡᠯ ᠰᠠᠨᠠᠭ᠎ᠠ ᠶᠢ ᠪᠠᠷᠢᠮᠳᠠᠯᠠᠵᠦ᠂ ᠠᠵᠤ ᠠᠬᠤᠢ ᠶᠢᠨ ᠬᠦᠭᠵᠢᠯᠲᠡ ᠶᠢ ᠠᠳᠬᠤᠬᠤ | ᠶᠢᠨ ᠲᠠᠭᠠᠤ ᠳᠤ ᠨᠡᠶᠢᠭᠡᠮ ᠤᠨ ᠠᠮᠤᠷ ᠲᠤᠭᠳᠠᠭᠤᠨ ᠤ ᠠᠵᠢᠯ ᠢ ᠬᠦᠴᠦ ᠲᠠᠯᠪᠢᠨ ᠠᠳᠬᠤᠵᠤ᠂ ᠬᠦᠭᠵᠢᠯᠲᠡ | ᠪᠤᠯᠤᠨ ᠲᠤᠭᠳᠠᠭᠤᠨ ᠪᠠᠶᠢᠬᠤ ᠬᠤᠶᠠᠷ ᠲᠤᠮᠤ ᠠᠵᠢᠯ ᠢ ᠨᠢᠭᠡᠳᠦᠯᠲᠠᠢ ᠲᠦᠯᠦᠪᠯᠡᠨ᠎ᠡ᠃ ᠨᠡᠶᠢᠭᠡᠮ ᠤᠨ ᠵᠦᠷᠢᠴᠡᠯ ᠢ | ᠨᠠᠮᠳᠠᠭᠤᠯᠵᠤ᠂ ᠨᠡᠶᠢᠭᠡᠮ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠲᠦᠪ ᠴᠢᠩᠭ᠎ᠠ ᠠᠷᠢᠭᠤᠨ ᠴᠢᠭᠡᠴᠢ ᠪᠠᠷ | ᠬᠠᠤᠯᠢ ᠶᠢ ᠬᠡᠷᠡᠭᠵᠢᠭᠦᠯᠬᠦ ᠭᠤᠷᠪᠠᠨ ᠭᠤᠤᠯᠳᠠᠯᠭ᠎ᠠ ᠲᠠᠢ ᠠᠵᠢᠯ ᠢ ᠬᠦᠨᠵᠡᠭᠡᠢ ᠲᠦᠯᠬᠢᠨ ᠠᠬᠢᠭᠤᠯᠤᠨ᠎ᠠ᠃ ᠬᠤᠤᠷ | ᠬᠦᠨᠦᠭᠡᠯ ᠶᠡᠬᠡᠲᠠᠢ ᠬᠠᠷ᠎ᠠ ᠪᠦᠯᠦᠭ ᠤᠨ ᠶᠠᠯᠠᠳᠤ ᠠᠵᠢᠯᠯᠠᠭ᠎ᠠ᠂ ᠭᠦᠨᠳᠦ ᠨᠤᠴᠢᠲᠠᠢ ᠬᠦᠴᠦᠷᠬᠡᠭᠯᠡᠯ ᠤᠨ ᠶᠠᠯᠠᠳᠦ | ᠠᠵᠢᠯᠯᠠᠭ᠎ᠠ ᠵᠢᠴᠢ ᠬᠤᠯᠠᠭᠠᠶᠢᠯᠠᠵᠤ ᠲᠡᠭᠡᠷᠮᠳᠡᠬᠦ᠂ ᠬᠠᠭᠤᠷᠤᠨ ᠮᠡᠬᠡᠯᠡᠬᠦ ᠵᠡᠷᠭᠡ ᠦᠷᠬᠦᠯᠵᠢ ᠡᠭᠦᠰᠬᠦ ᠶᠠᠯᠠᠳᠤ | ᠠᠵᠢᠯᠯᠠᠭ᠎ᠠ ᠳᠤ ᠬᠦᠨᠳᠦ ᠴᠤᠬᠢᠯᠲᠠ ᠦᠭᠴᠦ᠂ ᠠᠷᠠᠳ ᠲᠦᠮᠡᠨ ᠤ ᠠᠮᠤᠷ ᠲᠦᠪᠰᠢᠨ ᠢ ᠪᠠᠳᠤᠯᠠᠨ᠎ᠠ᠃ ᠬᠤᠤᠷᠳᠦ | ᠡᠳ᠋᠂ ᠵᠤᠭᠤᠰ ᠲᠠᠢ ᠮᠦᠷᠦᠶᠢᠴᠡᠭᠡᠨ ᠵᠡᠷᠭᠡ ᠨᠡᠶᠢᠭᠡᠮ ᠤᠨ ᠠᠮᠤᠷ ᠬᠠᠮᠠᠭᠠᠯᠠᠯᠲᠠ ᠶᠢ ᠨᠦᠯᠦᠭᠡᠯᠡᠭᠰᠡᠨ ᠶᠠᠯᠠᠳᠤ | ᠠᠵᠢᠯᠯᠠᠭ᠎ᠠ ᠳᠤ ᠴᠤᠬᠢᠯᠲᠠ ᠦᠭᠬᠦ ᠬᠦᠴᠦᠯᠡᠴᠡ ᠪᠠᠨ ᠶᠡᠬᠡᠰᠭᠡᠨ᠂ ᠪᠦᠬᠦ ᠬᠤᠰᠢᠭᠤᠨ ᠤ ᠠᠮᠤᠷ ᠲᠠᠶᠢᠪᠤᠩ | ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠢ ᠦᠨᠡᠨᠬᠦ ᠬᠠᠮᠠᠭᠠᠯᠠᠵᠤ᠂ ᠤᠬᠢ ᠰᠠᠶᠢᠨ ᠨᠡᠶᠢᠭᠡᠮ ᠤᠨ ᠠᠮᠤᠷ | ᠬᠠᠮᠠᠭᠠᠯᠠᠯᠲᠠ ᠶᠢᠨ ᠤᠷᠴᠢᠨ ᠲᠤᠭᠤᠷᠢᠨ ᠢ ᠡᠭᠦᠳᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠠᠯ᠎ᠠ ᠪᠠᠷ᠂ | ᠬᠠᠨᠳᠤᠯᠭᠠᠳᠤ ᠴᠢᠨᠠᠷᠳᠠᠢ ᠪᠠᠷ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠠᠶᠢᠳᠤᠷ | ᠰᠡᠢᠳᠪᠤᠷᠢᠯᠡᠵᠤ᠂ ᠤᠯᠠᠨ ᠲᠦᠮᠡᠨ ᠤ ᠠᠰᠢᠭ ᠲᠤᠰᠠ ᠯᠤᠭ᠎ᠠ ᠬᠤᠯᠪᠤᠭᠳᠠᠬᠤ ᠪᠤᠳᠠᠳᠠᠢ ᠠᠰᠠᠭᠤᠳᠠᠯ ᠢ ᠬᠦᠴᠦ | ᠲᠠᠯᠪᠢᠨ ᠰᠡᠢᠳᠪᠤᠷᠢᠯᠡᠵᠦ᠂ ᠨᠡᠶᠢᠭᠡᠮ ᠤᠨ ᠡᠶ᠎ᠡ ᠵᠤᠬᠢᠴᠠᠯ ᠢ ᠲᠠᠰᠣᠷᠠᠯᠲᠠ ᠦᠭᠡᠢ ᠠᠬᠢᠭᠤᠯᠤᠨ᠎ᠠ᠃ ᠨᠡᠶᠢᠭᠡᠮ ᠤᠨ | ᠬᠦᠴᠦᠨ ᠢ ᠲᠠᠶᠢᠴᠢᠯᠠᠵᠤ᠂ ᠵᠦᠷᠢᠴᠡᠯ ᠵᠢᠭᠤᠷᠠᠭᠠᠨ ᠢ ᠪᠠᠶᠢᠴᠠᠭᠠᠨ ᠰᠡᠢᠳᠪᠤᠷᠢᠯᠡᠵᠦ ᠨᠡᠮᠳᠠᠭᠤᠯᠬᠤ ᠠᠵᠢᠯ ᠢ | ᠰᠠᠶᠢᠳᠤᠷ ᠬᠢᠨ᠎ᠡ᠃ ᠰᠤᠮᠤ ᠰᠢᠶᠠᠩ ᠪᠠᠯᠭᠠᠰᠤ ᠨᠢ ᠠᠵᠢᠯ ᠤᠨ ᠭᠤᠤᠯᠳᠠᠯᠭ᠎ᠠ ᠪᠤᠯᠤᠨ ᠰᠠᠨᠠᠭ᠎ᠠ ᠬᠦᠴᠦ ᠪᠠᠨ | ᠮᠠᠯᠴᠢᠨ ᠲᠠᠷᠢᠶᠠᠴᠢᠨ ᠳᠤ ᠦᠢᠯᠡᠴᠢᠯᠡᠬᠦ ᠪᠠ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠠᠮᠤᠷ ᠲᠤᠭᠳᠠᠭᠤᠨ ᠢ | ᠬᠠᠮᠠᠭᠠᠯᠠᠬᠤ ᠳᠡᠭᠡᠷ᠎ᠡ ᠲᠠᠯᠪᠢᠵᠤ᠂ ᠵᠦᠷᠢᠴᠡᠯ ᠢ ᠤᠭ ᠦᠨᠳᠦᠰᠦ ᠠᠴᠠ ᠨᠢ ᠤᠷᠢᠳᠴᠢᠯᠠᠨ ᠰᠡᠷᠬᠡᠶᠢᠯᠡᠬᠦ ᠪᠠ | ᠪᠠᠭᠠᠰᠬᠠᠬᠤ ᠪᠠᠷ ᠴᠢᠷᠮᠠᠶᠢᠬᠤ ᠬᠡᠷᠡᠭᠲᠠᠢ᠃ ᠠᠶᠤᠯᠭᠦᠢ ᠦᠢᠯᠡᠳᠪᠤᠷᠢᠯᠠᠯ ᠤᠨ ᠲᠠᠯ᠎ᠠ ᠪᠠᠷ ᠂ ᠠᠮᠤᠷ ᠲᠦᠪᠰᠢᠨ | ᠬᠦᠭᠵᠢᠯᠲᠡ ᠶᠢᠨ ᠤᠶᠢᠯᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠡᠯ᠎ᠡ ᠲᠦᠷᠦᠯ ᠤᠨ ᠠᠶᠤᠯᠬᠦᠢ | ᠦᠢᠯᠡᠳᠪᠤᠷᠢᠯᠡᠯ ᠤᠨ ᠲᠦᠷᠢᠮ ᠲᠤᠭᠳᠠᠭᠠᠯ ᠢ ᠪᠦᠷᠢᠨᠰᠢᠬᠦᠯᠦᠨ᠂ ᠦᠢᠯᠡᠳᠪᠤᠷᠢᠯᠡᠯ ᠡᠵᠡᠩᠨᠡᠯᠲᠡ ᠶᠢᠨ ᠨᠢᠭᠡᠴᠡ ᠶᠢᠨ | ᠠᠶᠦᠯᠭᠦᠢ ᠦᠢᠯᠡᠳᠪᠤᠷᠢᠯᠡᠯ ᠤᠨ ᠭᠤᠤᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠭᠤᠤᠯᠳᠠᠯᠭ᠎ᠠ ᠲᠠᠢ ᠠᠵᠢᠯ | ᠲᠦᠷᠦᠯ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠮᠤᠷ ᠲᠦᠪᠰᠢᠨ ᠤ ᠵᠠᠰᠠᠯᠲᠠ ᠶᠢ ᠰᠠᠶᠢᠳᠤᠷ ᠠᠳᠬᠤᠵᠤ᠂ | ᠠᠭᠤᠷᠬᠠᠢ᠂ ᠠᠶᠤᠯᠳᠠᠢ ᠬᠢᠮᠢ ᠶᠢᠨ ᠪᠦᠳᠦᠭᠡᠭᠳᠡᠭᠦᠨ᠂ ᠫᠤᠤᠵᠢᠩ᠂ ᠵᠠᠮ ᠨᠡᠪᠳᠡᠷᠡᠯᠭᠡ ᠪᠤᠯᠤᠨ ᠬᠦᠮᠦᠨ ᠠᠮᠠ | ᠲᠦᠪᠯᠡᠷᠡᠭᠰᠡᠨ ᠲᠠᠯᠠᠪᠠᠢ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠮᠤᠷ | ᠲᠦᠪᠰᠢᠨ ᠤ ᠳᠠᠯᠲᠠ ᠬᠡᠮ ᠢ ᠠᠷᠢᠯᠭᠠᠨ᠎ᠠ᠃ ᠠᠪᠤᠷᠠᠨ ᠲᠤᠰᠠᠯᠠᠬᠤ ᠰᠢᠰᠲ᠋ᠧᠮ ᠪᠤᠯᠤᠨ ᠬᠡᠨᠡᠳᠲᠡ ᠶᠢᠨ ᠴᠢᠨᠠᠷᠲᠠᠢ | ᠤᠯᠠᠨ ᠨᠡᠶᠢᠳᠡ ᠶᠢᠨ ᠬᠡᠷᠡᠭ ᠤᠴᠢᠷ ᠢ ᠤᠷᠢᠳᠴᠢᠯᠠᠨ ᠰᠡᠷᠬᠡᠶᠢᠯᠡᠵᠦ ᠰᠡᠢᠳᠪᠤᠷᠢᠯᠡᠬᠦ ᠰᠢᠰᠲ᠋ᠧᠮ ᠤᠨ ᠪᠠᠶᠢᠭᠤᠯᠤᠯᠳᠠ | ᠶᠢ ᠴᠢᠩᠭᠠᠳᠬᠠᠨ᠂ ᠭᠡᠨᠡᠳᠳᠡ ᠶᠢᠨ ᠭᠡᠷᠡᠭ ᠡᠴᠠᠤᠷᠢᠳᠴᠢᠯᠠᠨ ᠰᠡᠷᠭᠡᠶᠢᠯᠡᠬᠦ ᠪᠠ ᠠᠪᠤᠷᠠᠨ ᠲᠤᠰᠠᠯᠠᠬᠤ ᠴᠢᠳᠠᠪᠤᠷᠢ | ᠪᠠᠨ ᠲᠡᠭᠡᠭᠰᠢᠯᠡᠭᠦᠯᠦᠨ᠎ᠡ᠃ | ᠤᠶᠤᠨ ᠤ ᠪᠠᠶᠢᠭᠤᠯᠤᠯᠲᠠ ᠪᠤᠯᠤᠨ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠲᠠ ᠶᠢ | ᠴᠢᠩᠭᠠᠳᠬᠠᠬᠤ ᠭᠡᠷᠡᠭᠳᠡᠢ᠃ ᠤᠯᠠᠨ ᠲᠦᠮᠡᠨᠴᠢ ᠴᠢᠨᠠᠷᠲᠠᠢ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ | ᠠᠵᠢᠯᠯᠠᠭ᠎ᠠ ᠶᠢ ᠦᠷᠭᠡᠨ ᠳᠡᠯᠭᠡᠷᠡᠩᠭᠦᠢ ᠦᠷᠨᠢᠭᠦᠯᠦᠨ᠎ᠡ᠃ ᠰᠢᠨᠵᠢᠯᠡᠬᠦ ᠤᠬᠠᠭᠠᠨᠴᠢ ᠭᠦᠭᠵᠢᠯᠲᠡ ᠶᠢᠨ ᠦᠵᠡᠯᠲᠡ ᠶᠢ | ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭᠠᠨ ᠤ ᠦᠷ᠎ᠡ ᠪᠦᠳᠦᠮᠵᠢ ᠶᠢ ᠪᠠᠳᠤᠳᠬᠠᠵᠤ᠂ ᠺᠠᠳᠠᠷ ᠤᠯᠠᠨ ᠲᠦᠮᠡᠨ ᠤ | ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ ᠤᠬᠠᠮᠰᠠᠷᠳᠤ ᠴᠢᠨᠠᠷ ᠪᠤᠯᠤᠨ ᠯᠠᠪᠳᠠᠭᠤᠨ ᠪᠠᠳᠤ ᠴᠢᠨᠠᠷ ᠢ ᠲᠠᠰᠤᠷᠠᠯᠲᠠ | ᠦᠭᠡᠢ ᠨᠡᠮᠡᠭᠳᠡᠬᠦᠯᠦᠨ᠎ᠡ᠃ ᠨᠠᠮ ᠤᠨ ᠥᠨᠳᠥᠰᠥᠳᠡᠨ ᠱᠠᠰᠢᠨ ᠰᠤᠷᠳᠠᠬᠤᠨ ᠤ ᠲᠥᠷᠥ ᠶᠢᠨ ᠪᠤᠳᠤᠯᠭ᠎ᠠ ᠶᠢ ᠪᠥᠬᠦ | ᠳᠠᠯ᠎ᠠ ᠪᠠᠷ ᠲᠤᠤᠱᠯᠠᠭᠤᠯᠵᠥ᠂ ᠨᠠᠮ ᠤᠨ ᠥᠨᠳᠥᠰᠥᠳᠡᠨ ᠤ ᠤᠨᠤᠯ᠂ ᠥᠨᠳᠥᠰᠥᠳᠡᠨ ᠤ ᠲᠥᠷᠥ ᠶᠢᠨ ᠪᠤᠳᠤᠯᠭ᠎ᠠ | ᠶᠢᠨ ᠤᠬᠠᠭᠤᠯᠭ᠎ᠠ ᠬᠥᠮᠥᠵᠢᠯ ᠪᠤᠯᠤᠨ ᠥᠨᠳᠥᠰᠥᠳᠡᠨ ᠤ ᠪᠥᠯᠬᠦᠮᠳᠡᠯ ᠳᠠᠪᠰᠢᠯᠳᠠ ᠶᠢᠨ ᠴᠤᠭᠴᠠᠯᠠᠯᠳᠠ ᠶᠢᠨ | ᠠᠵᠢᠯᠯᠠᠭ᠎ᠠ ᠶᠢ ᠶᠡᠬᠡᠪᠡᠷ ᠦᠷᠨᠢᠭᠦᠯᠵᠦ᠂ ᠡᠯ᠎ᠡ ᠦᠨᠳᠦᠰᠦᠳᠡᠨ ᠤ ᠬᠠᠮᠳᠤᠪᠠᠷ ᠪᠦᠯᠬᠦᠮᠳᠡᠨ ᠲᠠᠪᠰᠢᠵᠤ᠂ ᠬᠠᠮᠳᠤᠪᠠᠷ | ᠴᠡᠴᠡᠭᠯᠡᠨ ᠬᠦᠭᠵᠢᠬᠦ ᠶᠢ ᠠᠬᠢᠭᠤᠯᠤᠨ᠂ ᠮᠤᠩᠭᠤᠯ ᠬᠢᠳᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ | ᠬᠡᠷᠡᠭᠯᠡᠬᠦ ᠠᠵᠢᠯ ᠢ ᠨᠢᠮᠪᠠᠢ ᠰᠠᠶᠢᠨ ᠬᠢᠨ᠎ᠡ᠃ ᠬᠠᠤᠯᠢ ᠲᠦᠭᠡᠮᠡᠯᠵᠢᠭᠦᠯᠬᠦ ᠬᠦᠮᠦᠵᠢᠯ ᠢ ᠬᠦᠨᠵᠡᠭᠡᠢ ᠦᠷᠨᠢᠭᠦᠯᠵᠦ᠂ | ᠬᠦᠴᠢᠷᠳᠡᠯ ᠲᠠᠢ ᠣᠯᠠᠨ ᠲᠦᠮᠡᠨ ᠳᠤ ᠬᠠᠤᠯᠢ ᠶᠢᠨ ᠲᠡᠮᠵᠢᠯᠭᠡ ᠦᠵᠡᠬᠦᠯᠬᠦ ᠠᠵᠢᠯ ᠢ ᠰᠠᠶᠢᠳᠤᠷ ᠬᠢᠵᠦ᠂ ︽ | ᠲᠠᠪᠤᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠯᠡᠬᠦ︾ ᠠᠵᠢᠯ ᠤᠨ ᠤᠷᠤᠭᠰᠢᠲᠠᠢ ᠪᠠᠷ ᠬᠢᠨᠡᠨ ᠰᠢᠯᠭᠠᠯᠲᠠ ᠶᠢ | ᠦᠩᠭᠡᠷᠡᠭᠡᠬᠦ ᠶᠢ ᠪᠠᠳᠤᠯᠠᠨ᠎ᠠ᠃ ᠤᠯᠤᠰ ᠤᠨ ᠪᠠᠳᠤᠯᠠᠨ ᠬᠠᠮᠠᠭᠠᠯᠠᠯᠳᠠ ᠪᠠ ᠡᠷᠦᠬᠡ ᠶᠢᠨ ᠴᠡᠷᠢᠭ ᠤᠨ ᠪᠡᠯᠡᠳᠭᠡᠯ | ᠠᠩᠬᠢ ᠶᠢᠨ ᠠᠵᠢᠯ ᠢ ᠴᠢᠩᠭᠠᠳᠬᠠᠨ᠂ ᠬᠤᠶᠠᠷ ᠢ ᠬᠦᠷᠢᠶᠡᠯᠡᠬᠦ ᠬᠠᠮᠳᠤᠷᠠᠭᠰᠠᠨ ᠪᠠᠶᠢᠭᠤᠯᠤᠯᠳᠠ ᠪᠤᠯᠤᠨ ᠬᠠᠷᠠᠭᠠᠯᠵᠠᠨ | ᠲᠤᠬᠢᠷᠠᠭᠤᠯᠬᠤ ᠠᠵᠢᠯ ᠢ ᠭᠦᠨᠵᠡᠭᠡᠢ ᠦᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ | ᠪᠠᠳᠤᠳᠬᠠᠨ᠎ᠠ᠃ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ | ᠬᠤᠯᠪᠤᠭ᠎ᠠ ᠵᠡᠷᠭᠡ ᠠᠷᠠᠳ ᠤᠨ ᠪᠦᠯᠦᠭᠯᠡᠯ ᠬᠠᠮᠳᠤ ᠶᠢ ᠲᠡᠮᠵᠢᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃ | ᠦᠨᠳᠦᠰᠦᠨ ᠱᠠᠳᠤᠨ ᠤ ᠠᠷᠠᠳᠴᠢᠯᠠᠭᠰᠠᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ | ᠭᠠᠴᠠᠭ᠎ᠠᠲ᠋ᠤᠰᠬᠤᠨ ᠤ ᠠᠷᠠᠳ ᠤᠨ ᠦᠪᠡᠷᠳᠡᠭᠡᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ | ᠲᠤᠭᠤᠷᠢᠭ ᠤᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠠᠵᠢᠯ ᠢ ᠴᠢᠩᠭᠠᠳᠬᠠᠨ᠂ ᠠᠵᠢᠯ ᠤᠯᠭᠤᠬᠤ᠂ ᠨᠡᠶᠢᠭᠡᠮ | ᠤᠨ ᠪᠠᠳᠤᠯᠠᠭ᠎ᠠ ᠵᠢᠴᠢ ᠠᠮᠤᠷ ᠲᠤᠭᠳᠠᠭᠤᠨ ᠢ ᠬᠠᠮᠠᠭᠠᠯᠠᠬᠤ ᠵᠡᠷᠭᠡ ᠲᠠᠯᠠᠪᠡᠷ ᠭᠠᠷᠭᠠᠬᠤ ᠨᠡᠶᠢᠭᠡᠮ ᠲᠤᠭᠤᠷᠢᠭ ᠤᠨ | ᠴᠢᠬᠤᠯᠠ ᠦᠢᠯᠡᠳᠦᠯ ᠢ ᠤᠯᠠᠮ ᠰᠠᠶᠢᠨ ᠪᠠᠳᠠᠷᠠᠭᠤᠯᠬᠤ ᠭᠡᠷᠡᠭᠳᠡᠢ᠃ | ︵ᠶᠢᠰᠤ︶ ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠥ᠂ ᠠᠵᠢᠯ | ᠤᠨ ᠬᠡᠪ ᠰᠤᠷᠳᠠᠯ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠬᠤ ᠬᠡᠷᠡᠭᠲᠠᠢ᠃ | ᠨᠢᠭᠡ ᠳᠤ᠂ ᠴᠢᠳᠠᠪᠬᠢ ᠪᠠᠨ ᠬᠤᠪᠢᠷᠠᠭᠤᠯᠬᠤ ᠭᠡᠷᠡᠭᠳᠡᠢ᠃ ᠤᠯᠠᠨ ᠨᠠᠶᠢᠳᠠ ᠶᠢᠨ ᠥᠢᠯᠡᠴᠢᠯᠡᠭᠡ ᠪᠤᠯᠤᠨ | ᠨᠠᠶᠢᠭᠡᠮ ᠤᠨ ᠬᠠᠮᠢᠶᠠᠷᠤᠯᠳᠠ ᠶᠢ ᠨᠡᠩ ᠴᠢᠬᠤᠯᠠ ᠪᠠᠶᠢᠷᠢᠨ ᠳᠤ ᠳᠠᠯᠪᠢᠵᠥ᠂ ᠨᠡᠩ ᠤᠯᠠᠨ ᠤᠯᠠᠨ ᠨᠠᠶᠢᠳᠠ ᠶᠢᠨ | ᠡᠬᠢ ᠪᠠᠶᠠᠯᠢᠭ ᠢ ᠮᠠᠯᠵᠢᠬᠤ ᠲᠠᠷᠢᠶᠠᠯᠠᠬᠤ ᠤᠷᠤᠨ ᠪᠤᠯᠤᠨ ᠬᠥᠴᠢᠷᠳᠡᠯᠳᠠᠢ ᠤᠯᠠᠨ ᠲᠥᠮᠡᠨ ᠵᠥᠭ ᠭᠡᠯᠪᠡᠶᠢᠯᠭᠡᠵᠦ᠂ | ᠠᠷᠠᠳ ᠲᠥᠮᠡᠨ ᠳᠤ ᠤᠭᠢ ᠰᠠᠶᠢᠨ ᠤᠯᠠᠨ ᠨᠡᠶᠢᠳᠠ ᠶᠢᠨ ᠥᠢᠯᠡᠴᠢᠯᠡᠭᠡ ᠬᠠᠩᠭᠠᠨ᠎ᠠ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠠᠵᠢᠯ ᠢ ᠪᠦᠬᠦ ᠲᠠᠯᠠᠪᠠᠷ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠡᠭᠡ | ᠲᠢᠩᠬᠢᠮ ᠤᠨ ᠪᠠᠶᠢᠭᠤᠯᠤᠯᠳᠠ ᠶᠢ ᠲᠠᠭᠤᠰᠬᠠᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠤ ᠬᠤᠯᠪᠤᠭᠳᠠᠬᠤ | ᠠᠯᠢᠪᠠ ᠲᠥᠷᠥᠯ ᠵᠥᠢᠯ ᠪᠤᠯᠥᠨ ᠪᠠᠶᠢᠭᠤᠯᠭ᠎ᠠ ᠨᠢᠭᠡᠴᠡ᠂ ᠬᠥᠮᠥᠨ᠂ ᠰᠦᠢᠳᠭᠡᠯ ᠬᠤᠷᠢᠶᠠᠬᠤ᠂ ᠡᠷᠬᠡ ᠤᠯᠭᠤᠬᠤ ᠶᠢ | ᠪᠦᠬᠦᠨ ᠢ ᠲᠢᠩᠬᠢᠮ ᠢᠶᠠᠷ ᠲᠠᠮᠵᠢᠨ ᠬᠦᠢᠴᠡᠳᠬᠡᠵᠦ᠂ ᠲᠦᠷᠢᠮᠵᠢᠭᠰᠡᠨ ᠬᠢᠨᠠᠨ ᠵᠥᠪᠰᠢᠶᠡᠷᠡᠬᠦ ᠥᠢᠯᠡᠴᠢᠯᠡᠭᠡ ᠶᠢ | ᠪᠡᠶᠡᠯᠡᠭᠦᠯᠥᠨ᠎ᠡ᠃ ᠠᠵᠢᠯ ᠤᠨ ᠶᠠᠪᠤᠭᠳᠠᠯ ᠤᠨ ᠲᠥᠷᠢᠮᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠥ᠂ ᠲᠥᠷᠢᠮ | ᠤᠨ ᠪᠠᠶᠢᠭᠤᠯᠤᠯᠳᠠ᠂ ᠲᠥᠷᠢᠮ ᠤᠨ ᠰᠢᠨᠡᠴᠢᠯᠡᠯᠳᠠ ᠶᠢ ᠴᠢᠩᠭᠠᠳᠬᠠᠨ᠂ ᠠᠵᠢᠯ ᠤᠨ ᠶᠠᠪᠤᠴᠠ ᠶᠢ | ᠲᠥᠷᠢᠮᠵᠢᠭᠦᠯᠥᠨ ᠰᠢᠯᠢᠳᠡᠭᠵᠢᠭᠦᠯᠥᠨ᠎ᠡ᠃ ᠥᠢᠯᠡᠴᠢᠯᠡᠭᠡᠨ ᠤ ᠤᠬᠠᠮᠰᠠᠷ ᠪᠤᠯᠥᠨ ᠥᠷ᠎ᠡ ᠪᠥᠳᠥᠮᠵᠢ ᠶᠢᠨ ᠤᠬᠠᠮᠰᠠᠷ | ᠢ ᠪᠠᠳᠤ ᠪᠠᠬᠢ ᠪᠤᠢ ᠪᠤᠯᠭᠠᠵᠥ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠥᠷᠢᠮ᠂ ᠥᠢᠯᠡᠴᠢᠯᠡᠭᠡᠨ ᠤ | ᠠᠮᠠᠯᠠᠯᠳᠠ ᠶᠢᠨ ᠲᠥᠷᠢᠮ᠂ ᠲᠤᠭᠳᠠᠭᠰᠠᠨ ᠬᠤᠭᠤᠴᠠᠭ᠎ᠠ ᠲᠠᠢ ᠭᠦᠢᠴᠡᠳᠭᠡᠬᠦ ᠲᠦᠷᠢᠮ ᠵᠡᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠦ᠂ ᠪᠠᠶᠢᠭᠤᠯᠭ᠎ᠠ ᠨᠢᠭᠡᠴᠡ ᠶᠢᠨ ᠠᠵᠢᠯ ᠢ ᠡᠮᠬᠢ ᠳᠠᠷᠠᠭᠠᠯᠠᠯ ᠲᠠᠢ᠂ ᠥᠨᠳᠥᠷ ᠥᠷ᠎ᠡ | ᠪᠥᠳᠥᠮᠵᠢᠲᠠᠢ ᠪᠤᠯᠭᠠᠨ᠎ᠠ᠃ | ᠬᠤᠶᠠᠷ ᠲᠤ᠂ ᠦᠨᠡᠨ ᠠᠳᠬᠤᠵᠤ ᠪᠤᠳᠠᠲᠠᠢ ᠬᠢᠨ᠎ᠡ᠃ ᠡᠯ᠎ᠡ ᠲᠥᠷᠥᠯ ᠤᠨ ᠠᠵᠢᠯ ᠤᠨ ᠬᠠᠷᠠᠯᠳᠠ ᠪᠤᠯᠤᠨ | ᠡᠭᠦᠷᠭᠡ ᠶᠢ ᠠᠵᠢᠯ ᠤᠨ ᠪᠠᠶᠢᠷᠢ᠂ ᠪᠤᠳᠠᠳᠠᠢ ᠬᠦᠮᠦᠨ ᠨᠢᠭᠡᠪᠦᠷᠢ ᠳᠤ ᠨᠠᠶᠢᠳᠠᠪᠤᠷᠢᠵᠢᠭᠤᠯᠵᠥ᠂ ᠪᠠᠶᠢᠷᠢᠯᠠᠭᠤᠯᠤᠯᠳᠠᠲ᠋ᠠᠢ | ᠂ ᠱᠠᠭᠠᠷᠳᠠᠯᠭ᠎ᠠ ᠲᠠᠢ᠂ ᠪᠠᠶᠢᠴᠠᠭᠠᠯᠳᠠ ᠲᠠᠢ᠂ ᠥᠷ᠎ᠡ ᠪᠥᠳᠥᠮᠵᠢ ᠲᠠᠢ ᠪᠠᠶᠢᠬᠤ ᠶᠢ ᠥᠨᠡᠨᠬᠦ ᠪᠡᠶᠡᠯᠡᠬᠦᠯᠥᠨ᠎ᠡ᠃ | ᠵᠠᠷᠯᠢᠭ ᠪᠠᠶᠢᠭᠠᠳ ᠵᠢᠷᠤᠮᠯᠠᠬᠤ ᠦᠭᠡᠢ᠂ ᠴᠠᠭᠠᠵᠠ ᠪᠠᠶᠢᠭᠠᠳ ᠬᠤᠷᠢᠭ᠎ᠠ ᠦᠭᠡᠢ ᠪᠠᠶᠢᠬᠤ ᠪᠠ ᠵᠠᠰᠠᠭ ᠵᠠᠬᠢᠷᠭᠠᠨ ᠤ | ᠨᠢᠭᠡᠴᠡ ᠶᠢᠨ ᠠᠵᠢᠯ ᠬᠢᠬᠦ ᠦᠭᠡᠢ᠂ ᠲᠤᠷ᠎ᠠ ᠪᠠᠷ ᠠᠵᠢᠯ ᠬᠢᠬᠦ᠂ ᠠᠵᠢᠯ ᠢ ᠤᠳᠠᠭᠠᠰᠢᠷᠠᠭᠤᠯᠬᠤ ᠵᠡᠷᠭᠡ ᠥᠵᠡᠭᠳᠡᠯ ᠢ | ᠴᠢᠩᠭ᠎ᠠ ᠪᠠᠶᠢᠴᠠᠭᠠᠨ ᠰᠢᠢᠳᠪᠤᠷᠢᠯᠡᠨ᠎ᠡ᠃ ᠪᠥᠬᠦ ᠬᠤᠰᠢᠭᠤᠨ ᠤ ︽ᠨᠢᠭᠡ ᠬᠥᠯᠭᠡ ᠰᠢᠳᠡᠷ᠎ᠡ︾ ᠶᠢᠨ ᠤᠬᠠᠮᠰᠠᠷ ᠢ | ᠪᠤᠢ ᠪᠤᠯᠭᠠᠵᠥ᠂ ᠵᠠᠰᠠᠭ ᠤᠨ ᠤᠷᠳᠤᠨ ᠤ ᠡᠯ᠎ᠡ ᠰᠠᠯᠠᠭ᠎ᠠ ᠮᠥᠴᠢᠷ ᠤᠨ ᠪᠥᠬᠦᠶᠢᠯᠡ ᠴᠤᠭᠴᠠ ᠪᠠᠷ ᠬᠠᠮᠳᠤᠷᠠᠨ | ᠬᠥᠳᠡᠯᠥᠯᠴᠡᠬᠦ᠂ ᠬᠠᠷᠢᠯᠴᠠᠨ ᠬᠠᠪᠰᠣᠷᠤᠯᠴᠠᠬᠤ ᠶᠢ ᠴᠢᠩᠭᠠᠳᠬᠠᠨ᠂ ᠡᠩᠨᠡᠬᠡᠨ ᠤ ᠲᠠᠶᠢᠴᠢᠨ ᠤᠶᠢᠯᠡᠳᠤᠯ ᠢ | ᠭᠥᠢᠴᠡᠳ ᠪᠠᠳᠠᠷᠠᠭᠤᠯᠵᠤ᠂ ᠠᠵᠢᠯ ᠨᠢᠭᠡᠪᠤᠷᠢ᠂ ᠭᠤᠭᠴᠤᠭ᠎ᠠ ᠨᠢᠭᠡᠪᠤᠷᠢ ᠶᠢᠨ ᠬᠤᠭᠤᠰᠤᠨ ᠦᠭᠡᠢ᠂ ᠰᠠᠯᠤᠰᠢ | ᠦᠭᠡᠢ ᠪᠠᠶᠢᠬᠤ ᠶᠢ ᠪᠠᠳᠤᠯᠠᠨ᠎ᠠ᠃ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠥᠢᠯ ᠤᠨ ᠱᠠᠭᠠᠷᠳᠠᠨ | ᠪᠠᠶᠢᠴᠠᠭᠠᠯᠳᠠ ᠶᠢ ᠴᠢᠩᠭᠠᠳᠬᠠᠵᠥ᠂ ᠥᠷ᠎ᠡ ᠳ᠋ᠦᠩ ᠢᠶᠠᠨ ᠳᠤᠭᠳᠠᠭᠰᠠᠨ ᠬᠤᠭᠤᠴᠠᠭ᠎ᠠ ᠲᠠᠢ ᠮᠡᠳᠡᠭᠦᠯᠬᠦ ᠬᠡᠷᠡᠭᠳᠠᠢ᠃ | | ᠭᠤᠷᠪᠠ ᠳᠤ᠂ ᠠᠷᠢᠭᠤᠨ ᠴᠢᠭᠡᠴᠢ ᠠᠵᠢᠯᠴᠢ ᠵᠠᠰᠠᠭ ᠶᠠᠪᠤᠭᠤᠯᠤᠨ᠎ᠠ᠃ ︽ ᠬᠤᠶᠡᠷ ᠡᠷᠬᠡᠪᠰᠢ︾ ᠶᠢ | ᠪᠠᠳᠤ ᠴᠡᠭᠡᠵᠢᠯᠡᠵᠥ᠂ ᠠᠵᠢᠯᠴᠢ ᠠᠷᠪᠢᠴᠢ ᠪᠠᠶᠢᠬᠤ ᠶᠢ ᠪᠠᠷᠢᠮᠳᠠᠯᠠᠨ᠂ ᠪᠥᠷᠢᠯᠭᠡᠨ ᠰᠦᠢᠳᠭᠡᠬᠦ ᠶᠢ ᠡᠷᠡᠰ | ᠬᠤᠷᠢᠭᠯᠠᠨ᠎ᠠ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠥᠷᠢᠮ ᠢ | ᠨᠢᠮᠪᠠᠢ ᠨᠠᠶᠢᠳᠠᠪᠤᠷᠢᠵᠢᠭᠤᠯᠵᠥ᠂ ᠨᠢᠭᠡ ᠪᠠᠶᠢᠷᠢᠨ ᠳᠠᠬᠢ ᠬᠤᠤᠰ ᠬᠠᠷᠢᠭᠤᠴᠠᠯᠭ᠎ᠠ ᠶᠢ ᠬᠡᠷᠡᠭᠵᠢᠬᠦᠯᠦᠨ᠂ ᠠᠷᠢᠭᠤᠨ | ᠴᠢᠭᠡᠴᠢ ᠪᠠᠷ ᠥᠪᠡᠷ ᠢ ᠪᠠᠨ ᠬᠠᠮᠢᠶᠠᠷᠠᠬᠤ ᠡᠯ᠎ᠡ ᠲᠥᠷᠥᠯ ᠤᠨ ᠲᠦᠷᠢᠮ ᠲᠤᠭᠳᠠᠭᠠᠯ ᠢ ᠡᠷᠡᠰ ᠬᠡᠷᠡᠭᠵᠢᠭᠦᠯᠵᠥ᠂ | ᠺᠠᠳ᠋ᠷ ᠤᠯᠠᠨ ᠲᠥᠮᠡᠨ ᠤ ᠳᠤᠮᠳᠠᠬᠢ ᠵᠠᠰᠠᠭ ᠤᠨ ᠤᠷᠳᠤᠨ ᠤ ᠰᠢᠯᠢᠳᠡᠭ ᠰᠠᠶᠢᠨ ᠬᠡᠪ ᠳᠥᠷᠬᠦ ᠶᠢ ᠪᠤᠢ ᠪᠤᠯᠭᠠᠬᠤ | ᠬᠡᠷᠡᠭᠳᠠᠢ᠃ ᠬᠢᠨᠠᠯᠳᠠ ᠳᠠᠯᠪᠢᠬᠤ᠂ ᠬᠢᠵᠠᠭᠠᠷᠯᠠᠬᠤ ᠵᠤᠬᠢᠴᠠᠮᠵᠢ ᠶᠢ ᠤᠯᠠᠮ ᠨᠢᠭᠡ ᠠᠯᠬᠤᠮ ᠪᠥᠷᠢᠨᠰᠢᠭᠦᠯᠵᠥ᠂ | ᠤᠳᠤᠷᠢᠳᠬᠤ ᠺᠠᠳ᠋ᠷ ᠤᠨ ᠲᠤᠰᠢᠶᠠᠯ ᠡᠬᠦᠷᠭᠡᠯᠡᠬᠦ ᠬᠤᠭᠤᠴᠠᠭᠠᠨ ᠤ ᠠᠵᠥ ᠠᠬᠤᠢ ᠶᠢᠨ ᠬᠠᠷᠢᠭᠤᠴᠠᠯᠭ᠎ᠠ ᠶᠢ ᠬᠢᠨᠡᠨ | ᠪᠤᠳᠤᠬᠤ ᠲᠥᠷᠢᠮ ᠢ ᠪᠥᠬᠦ ᠳᠠᠯ᠎ᠠ ᠪᠠᠷ ᠬᠡᠷᠡᠭᠵᠢᠬᠦᠯᠦᠨ᠂ ᠳᠤᠰᠠᠬᠠᠢ ᠲᠥᠷᠥᠯ ᠤᠨ ᠪᠡᠯᠡ ᠮᠥᠩᠭᠦ ᠪᠤᠯᠤᠨ ᠤᠯᠤᠰ | ᠤᠨ ᠲᠥᠷᠥᠯ ᠵᠥᠢᠯ ᠤᠨ ᠬᠢᠨᠠᠨ ᠪᠤᠳᠤᠬᠤ ᠬᠥᠴᠥᠯᠡᠴᠡ ᠶᠢ ᠶᠡᠭᠡᠰᠬᠡᠵᠦ᠂ ᠵᠠᠰᠠᠭ ᠤᠨ ᠤᠷᠳᠤᠨ ᠤ ᠴᠢᠨᠠᠷᠳᠠᠢ | ᠪᠡᠯᠡ ᠮᠥᠩᠭᠦᠨ ᠤ ᠬᠡᠷᠡᠭᠯᠡᠭᠰᠡᠨ ᠪᠠᠶᠢᠳᠠᠯ ᠢ ᠬᠢᠨᠠᠨ ᠪᠤᠳᠤᠵᠥ᠂ ᠬᠢᠨᠠᠯᠳᠠ ᠳᠠᠯᠪᠢᠬᠤ ᠶᠢ ᠴᠢᠩᠭᠠᠳᠬᠠᠨ᠎ᠠ᠃ | ᠭᠠᠴᠠᠭ᠎ᠠ ᠲᠤᠰᠬᠤᠨ ᠤ ᠡᠳ᠋ ᠤᠨ ᠶᠠᠪᠤᠳᠠᠯ ᠤᠨ ᠬᠢᠨᠠᠨ ᠪᠤᠳᠤᠯᠲᠠ ᠶᠢᠨ ᠠᠵᠢᠯ ᠢ ᠴᠢᠩᠭᠠᠳᠬᠠᠨ᠎ᠠ᠃ ᠬᠠᠤᠯᠢ ᠪᠠᠷ | ᠬᠤᠰᠢᠭᠤ ᠪᠠᠨ ᠵᠠᠰᠠᠬᠤ ᠠᠷᠭ᠎ᠠ ᠪᠤᠳᠤᠯᠭ᠎ᠠ ᠶᠢ ᠪᠠᠷᠢᠮᠳᠠᠯᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠡᠢᠳᠪᠤᠷᠢ ᠲᠤᠭᠳᠠᠭᠠᠯ ᠢ ᠭᠡᠷᠡᠭᠵᠢᠬᠦᠯᠦᠨ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠦᠯᠢᠶᠡᠵᠦ᠂ ᠤᠯᠤᠰ ᠲᠦᠷᠦ ᠶᠢᠨ ᠵᠦᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢ ᠶᠢᠨ | ᠰᠠᠨᠠᠯ ᠰᠠᠨᠠᠭᠤᠯᠭ᠎ᠠ ᠬᠢᠭᠡᠳ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠰᠠᠨᠠᠯ ᠲᠤᠷᠠᠳᠤᠯᠭ᠎ᠠ ᠶᠢ ᠨᠠᠷᠢᠨ | ᠬᠢᠨᠠᠮᠠᠭᠠᠢ ᠬᠦᠢᠴᠡᠳᠬᠡᠨ᠎ᠡ᠃ ᠵᠠᠰᠠᠭ ᠢ ᠴᠢᠩᠭ᠎ᠠ ᠬᠠᠮᠢᠶᠠᠷᠬᠤ ᠶᠢ ᠪᠠᠷᠢᠮᠳᠠᠯᠠᠵᠤ᠂ ᠤᠯᠤᠰ ᠤᠨ ᠠᠯᠪᠠᠳᠠᠨ ᠤ ᠡᠩᠨᠡᠭᠡᠨ | ᠤ ᠬᠠᠮᠢᠶᠠᠷᠤᠯᠲᠠ ᠶᠢ ᠴᠢᠩᠭᠠᠳᠬᠠᠨ᠂ ᠦᠨᠳᠦᠷ ᠦᠷ᠎ᠡ ᠪᠦᠳᠦᠮᠵᠢ ᠲᠠᠢ᠂ ᠬᠠᠤᠯᠢ ᠲᠦᠷᠢᠮᠵᠢᠯ ᠲᠠᠢ᠂ ᠠᠷᠢᠭᠤᠨ | ᠴᠢᠭᠡᠴᠢ ᠪᠠᠶᠢᠭᠤᠯᠭ᠎ᠠ ᠨᠢᠭᠡᠴᠡ ᠶᠢ ᠪᠠᠶᠢᠭᠤᠯᠬᠤ ᠪᠠᠷ ᠴᠢᠷᠮᠠᠶᠢᠨ᠎ᠠ᠃ ᠠᠷᠠᠳᠴᠢᠯᠠᠯ ᠢᠶᠠᠷ ᠵᠦᠪᠯᠡᠬᠦ ᠪᠤᠯᠤᠨ ᠲᠡᠷᠢᠭᠦᠨ | ᠤ ᠬᠢ ᠶᠢ ᠡᠭᠦᠳᠬᠦ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠰᠢᠯᠢᠳᠡᠭ ᠰᠠᠶᠢᠨ ᠵᠠᠰᠠᠭ ᠤᠨ ᠤᠷᠳᠤᠨ ᠤ | ᠲᠦᠷᠢ ᠲᠦᠷᠬᠦ ᠬᠢᠭᠡᠳ ᠦᠨᠡᠨ ᠪᠤᠳᠠᠳᠠᠢ ᠠᠮᠵᠢᠯᠲᠠ ᠪᠦᠳᠦᠮᠵᠢ ᠪᠠᠷ ᠢᠶᠠᠨ ᠠᠷᠠᠳ ᠤᠨ ᠢᠳᠡᠭᠡᠯ ᠢ ᠤᠯᠬᠤ | ᠬᠡᠷᠡᠭᠲᠠᠢ᠃ | ᠲᠦᠯᠦᠭᠡᠯᠡᠭᠴᠢᠳ ᠡ︕ 2010 ᠤᠨ ᠪᠤᠯ ᠮᠠᠨ ᠬᠤᠰᠢᠭᠤᠨ ᠤ ᠠᠵᠤ ᠠᠬᠤᠢ ᠨᠡᠶᠢᠭᠡᠮ ᠤᠨ | ᠬᠦᠭᠵᠢᠯᠲᠡ ᠶᠢᠨ ᠲᠤᠶᠢᠯ ᠤᠨ ᠵᠠᠩᠬᠢᠯᠠᠭ᠎ᠠ ᠶᠢᠨ ᠨᠢᠭᠡᠨ ᠵᠢᠯ ᠪᠠᠶᠢᠵᠤ᠂ ᠡᠭᠦᠷᠭᠡ ᠨᠦᠰᠡᠷ᠂ ᠬᠠᠷᠢᠭᠤᠴᠠᠯᠭ᠎ᠠ | ᠭᠦᠨᠳᠦ ᠪᠠᠶᠢᠭ᠎ᠠ ᠶᠤᠮ᠃ ᠪᠢᠲᠡ ᠳᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ | ᠬᠤᠰᠢᠭᠤ ᠨᠠᠮ ᠤᠨ ᠬᠤᠷᠢᠶᠠᠨ ᠤ ᠪᠠᠳᠤ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠪᠠ ᠲᠡᠮᠵᠢᠯᠭᠡ ᠲᠤᠤᠷ᠎ᠠ᠂ ᠬᠦᠭᠵᠢᠯᠲᠡ | ᠬᠡᠮᠡᠬᠦ ᠭᠤᠤᠯ ᠭᠤᠭᠴᠤᠭ᠎ᠠ ᠶᠢ ᠴᠢᠩᠭ᠎ᠠ ᠠᠳᠬᠤᠵᠤ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ | ᠲᠦᠮᠡᠨ ᠢᠶᠠᠨ ᠪᠦᠯᠬᠦᠮᠳᠡᠬᠦᠯᠦᠨ ᠲᠠᠶᠢᠴᠢᠯᠠᠵᠤ᠂ ᠦᠵᠡᠯ ᠰᠠᠨᠠᠭ᠎ᠠ ᠪᠠᠨ ᠴᠢᠯᠦᠬᠡᠯᠡᠨ᠂ ᠡᠷᠡᠰ ᠰᠢᠭᠤᠷᠬᠠᠢ | ᠤᠷᠤᠭᠰᠢᠯᠠᠵᠤ᠂ ᠯᠠᠪᠳᠠᠭᠤᠨ ᠪᠠᠳᠤᠲᠠᠢ ᠠᠵᠢᠯᠯᠠᠵᠦ ᠪᠠᠶᠢᠭᠠᠳ ᠡᠨᠡ ᠵᠢᠯ ᠤᠨ ᠡᠯ᠎ᠡ ᠲᠦᠷᠦᠯ ᠤᠨ ᠠᠵᠢᠯ ᠡᠭᠦᠷᠭᠡ | ᠪᠤᠯᠤᠨ ︽ᠠᠷᠪᠠᠨ ᠨᠢᠭᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠯ᠎ᠡ ᠵᠦᠢᠯ ᠤᠨ ᠡᠬᠦᠷᠭᠡ ᠬᠠᠷᠠᠯᠲᠠ | ᠪᠠᠨ ᠪᠦᠬᠦ ᠲᠠᠯ᠎ᠠ ᠪᠠᠷ ᠪᠡᠶᠡᠯᠡᠭᠦᠯᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠢᠨ᠎ᠡ | ᠪᠠᠶᠢᠳᠠᠯ ᠢ ᠡᠭᠦᠳᠬᠦ ᠪᠠᠷ ᠴᠢᠷᠮᠠᠶᠢᠨ ᠲᠡᠮᠡᠴᠡᠵᠡᠭᠡᠶ᠎ᠡ︕ | |