ᠵᠠᠰᠠᠭ  ᠎ ᠤᠨ  ᠣᠷᠳᠣᠨ  ᠎ ᠤ  ᠠᠵᠢᠯ  ᠎ ᠤᠨ  ᠢᠯᠡᠳᠬᠡᠯ
ᠨᠡᠶᠢᠲᠡᠯᠡᠭᠰᠡᠨ ᠴᠠᠭ᠄
2011/3/7
ᠲᠠᠶᠢᠹᠤᠰᠧ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨᠶᠡᠭᠡ  ᠬᠤᠷᠠᠯ  ᠎ ᠤᠨ  ᠲᠦᠷᠪᠡᠳᠦᠭᠡᠷ ᠤᠳᠠᠭᠠᠨ  ᠎ ᠤ  ᠬᠤᠷᠠᠯᠳᠤᠭᠠᠨ  ᠎ ᠤ  ᠪᠢᠴᠢᠭ  ᠮᠠᠲ᠋ᠧᠷᠢᠶᠠᠯ ︵15︶                                                                                                            ᠵᠠᠰᠠᠭ  ᠎ ᠤᠨ   ᠣᠷᠳᠣᠨ  ᠎ ᠤ   ᠠᠵᠢᠯ  ᠎ ᠤᠨ   ᠢᠯᠡᠳᠬᠡᠯ                                                                              2011 ᠣᠨ ᠤ  3 ᠰᠠᠷᠠᠶᠢᠨ  7  ᠎ ᠤ  ᠡᠳᠦᠷ   ᠲᠠᠶᠢᠹᠤᠰᠧ  ᠬᠤᠰᠢᠭᠤᠨ  ᠎ ᠤ  ᠠᠷᠪᠠᠨ ᠭᠤᠷᠪᠠᠳᠤᠭᠠᠷ ᠬᠤᠭᠤᠴᠠᠭᠠᠨ ᠤ                                                                             ᠠᠷᠠᠳ  ᠎ ᠤᠨ  ᠲᠥᠯᠥᠭᠡᠯᠡᠭᠴᠢᠳ ᠤᠨ  ᠶᠡᠭᠡ  ᠬᠤᠷᠠᠯ  ᠎ ᠤᠨ   ᠲᠦᠷᠪᠡᠳᠦᠬᠡᠷ  ᠤᠳᠠᠭᠠᠨ  ᠎ ᠤ  ᠬᠤᠷᠠᠯᠳᠤᠭᠠᠨ  ᠳᠡᠭᠡᠷ᠎ᠡ                                                                                                                                                                                   ᠬᠤᠰᠢᠭᠤ  ᠳᠠᠷᠤᠭ᠎ᠠ           ᠨᠠᠨ  ᠵᠦᠩ  ᠢᠦᠢ ᠲᠦᠯᠦᠭᠡᠯᠡᠭᠴᠢᠳ ᠡ  ᠄          ᠳᠣᠣᠷ᠎ᠠ  ᠪᠢ  ᠬᠤᠰᠢᠭᠤ  ᠵᠠᠰᠠᠭ  ᠎ ᠤᠨ  ᠣᠷᠳᠣᠨ  ᠎ ᠢ ᠲᠦᠯᠦᠭᠡᠯᠡᠵᠦ  ᠶᠡᠭᠡ  ᠬᠤᠷᠠᠯ  ᠎ ᠳᠤ  ᠠᠵᠢᠯ  ᠎ ᠤᠨ  ᠮᠡᠳᠡᠭᠦᠯᠦᠯᠲᠡ  ᠬᠢᠶ᠎ᠡ  ᠂  ᠬᠢᠨᠠᠨ  ᠵᠥᠪᠯᠡᠬᠦ  ᠪᠣᠯᠪᠠᠤ  ᠃   ᠤᠯᠤᠰ  ᠲᠥᠷᠥ  ᠎ ᠶᠢᠨ  ᠵᠥᠪᠯᠡᠯᠭᠡᠨ  ᠎ ᠤ  ᠭᠡᠰᠢᠭᠦᠳ  ᠪᠣᠯᠣᠨ  ᠬᠤᠷᠠᠯ  ᠎ ᠳᠤ  ᠰᠤᠯᠨ ᠣᠷᠣᠯᠴᠠᠭᠰᠠᠨ  ᠨᠦᠬᠦᠳ  ᠎ ᠠᠴᠠ  ᠰᠠᠨᠠᠯ  ᠰᠢᠭᠦᠮᠵᠢ  ᠎ ᠪᠠᠨ  ᠳᠡᠪᠰᠢᠭᠦᠯᠦᠮᠦ᠃           ᠨᠢᠭᠡ  ᠂  ︽ᠠᠷᠪᠠᠨ ᠨᠢᠬᠡᠳᠦᠭᠡᠷ ᠲᠠᠪᠤᠨ ᠵᠢᠯ︾᠎ ᠤᠨ  ᠲᠦᠬᠦᠮ ᠡᠷᠭᠢᠴᠡᠭᠦᠯᠦᠯ         ︽ᠠᠷᠪᠠᠨ ᠨᠢᠭᠡᠳᠦᠭᠡᠷ ᠲᠠᠪᠤᠨ ᠵᠢᠯ︾  ᠎ ᠤᠨ ᠬᠤᠭᠤᠴᠠᠭᠠᠨ ᠳᠤ᠂ ᠠᠶᠢᠮᠠᠭ ᠤᠨ ᠨᠠᠮ  ᠎ ᠤᠨ  ᠬᠤᠷᠢᠶ᠎ᠠ  ᠂  ᠠᠶᠢᠮᠠᠭ  ᠎ ᠤᠨ  ᠵᠠᠬᠢᠷᠭ᠎ᠠ  ᠬᠢᠭᠡᠳ  ᠬᠤᠰᠢᠭᠤ  ᠨᠠᠮ  ᠎ ᠤᠨ  ᠬᠤᠷᠢᠶᠠᠨ  ᠎ ᠤ  ᠵᠥᠪ  ᠣᠨᠣᠪᠴᠢᠲᠠᠢ  ᠤᠳᠤᠷᠢᠳᠤᠯᠭ᠎ᠠ  ᠳᠣᠣᠷ᠎ᠠ  ᠂  ᠮᠠᠨ  ᠎ ᠤ  ᠬᠤᠰᠢᠭᠤ  ᠎ ᠨᠢ ᠳ᠋ᠧᠩ ᠰᠢᠶᠤᠤ ᠫᠢᠩ ᠤᠨ ᠤᠨᠤᠯ ᠪᠠ ︽ᠭᠤᠷᠪᠠ ᠶᠢ ᠲᠦᠯᠦᠬᠡᠯᠡᠬᠦ︾ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢᠨᠵᠢᠯᠡᠬᠦ ᠤᠬᠠᠭᠠᠨᠴᠢ ᠬᠦᠭᠵᠢᠯᠳᠡ ᠎ ᠶᠢᠨ ᠦᠵᠡᠯᠳᠡ ᠶᠢ  ᠪᠦᠬᠦ ᠲᠠᠯᠠᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂   ᠬᠦᠭᠵᠢᠬᠦᠯᠦᠯᠳᠡ ᠶᠢᠨ ᠲᠡᠷᠢᠬᠦᠨ ᠴᠢᠬᠤᠯᠠ  ᠡᠬᠦᠷᠭᠡ ᠶᠢ ᠴᠢᠩᠭ᠎ᠠ   ᠪᠠᠷᠢᠮᠳᠠᠯᠠᠨ᠂  ᠬᠦᠴᠢᠷ ᠢ ᠲᠠᠪᠠᠵᠤ ᠰᠢᠨ᠎ᠡ ᠶᠢ ᠡᠬᠦᠳᠦᠨ  ᠠᠵᠢᠯ ᠦᠢᠯᠡᠰ ᠎ ᠢᠶᠠᠨ ᠦᠷᠨᠢᠬᠦᠯᠵᠦ ᠢᠷᠡᠭᠰᠡᠨ ᠢᠶᠠᠷ  ︽ᠠᠷᠪᠠᠨ ᠨᠢᠭᠡᠳᠦᠭᠡᠷ ᠲᠠᠪᠤᠨ ᠵᠢᠯ︾  ᠎ ᠤᠨ ᠲᠦᠯᠦᠪᠵᠢᠬᠦᠯᠬᠡ  ᠎ ᠳᠤ ᠲᠤᠭᠳᠠᠭᠰᠠᠨ  ᠭᠤᠤᠯ ᠴᠢᠬᠤᠯᠠ ᠡᠬᠦᠷᠭᠡ ᠬᠠᠷᠠᠯᠳᠠ ᠪᠠᠨ ᠠᠮᠵᠢᠯᠳᠠ ᠲᠦᠬᠦᠷᠡᠩ ᠪᠡᠶᠡᠯᠡᠬᠦᠯᠦᠭᠰᠡᠨ ᠪᠠᠶᠢᠨ᠎ᠠ᠃  ᠲᠠᠪᠤᠨ ᠵᠢᠯ ᠤᠨ ᠬᠦᠭᠵᠢᠯᠳᠡ ᠬᠤᠪᠢᠷᠠᠯᠳᠠ ᠶᠢ ᠡᠷᠬᠢᠴᠡᠬᠦᠯᠪᠡᠯ ᠭᠤᠤᠯᠳᠠᠭᠤ ᠲᠤᠤᠷᠠᠬᠢ ᠬᠡᠳᠦᠨ ᠲᠠᠯᠠᠪᠠᠷ ᠢᠯᠡᠷᠡᠬᠦ ᠪᠤᠯᠤᠨ᠎ᠠ᠄         ᠶᠡᠷᠦᠩᠬᠡᠶᠢᠯᠡᠭᠰᠡᠨ ᠪᠤᠳᠠᠳᠤ ᠬᠦᠴᠦᠨ ᠮᠡᠳᠡᠭᠳᠡᠮ᠎ᠡ  ᠴᠢᠩᠭᠠᠷᠠᠵᠤ᠂ ᠠᠵᠤ ᠠᠬᠤᠢ ᠶᠢᠨ ᠬᠦᠭᠵᠢᠯᠳᠡ ᠬᠠᠮᠤᠭ ᠲᠦᠷᠭᠡᠰᠦᠭᠰᠡᠨ ᠲᠠᠪᠤᠨ ᠵᠢᠯ  ᠃    ︽ᠠᠷᠪᠠᠳᠤᠭᠠᠷ ᠲᠠᠪᠤᠨ ᠵᠢᠯ︾  ᠎ ᠤᠨ  ᠬᠤᠭᠤᠴᠠᠭᠠᠨ ᠡᠴᠦᠰ ᠲᠠᠢ ᠠᠳᠠᠯᠢᠳᠬᠠᠪᠠᠯ  ᠂ ᠪᠦᠬᠦ  ᠬᠤᠰᠢᠭᠤᠨ  ᠎ ᠤ  ᠭᠤᠤᠯ ᠪᠤᠯᠬᠤ ᠠᠵᠤ ᠠᠬᠤᠢ ᠶᠢᠨ ᠬᠦᠢᠴᠡᠳᠭᠡᠬᠦ ᠲᠤᠭ᠎ᠠ ᠬᠤᠶᠠᠷ ᠲᠠᠬᠢᠨ ᠢᠶᠠᠷ ᠦᠰᠴᠦ᠂ ᠤᠯᠤᠰ ᠠᠷᠠᠳ ᠤᠨ ᠠᠵᠤ ᠠᠬᠤᠢ ᠳᠤ ᠬᠤᠷᠳᠤᠴᠠ  ᠲᠦᠷᠭᠡᠰᠦᠨ᠂ ᠪᠦᠳᠦᠴᠡ ᠰᠠᠶᠢᠵᠢᠷᠠᠵᠤ᠂ ᠴᠢᠨᠠᠷ ᠴᠢᠨᠰᠠᠭ᠎ᠠ ᠪᠠ  ᠦᠷ᠎ᠡ ᠠᠰᠢᠭ  ᠨᠡᠮᠡᠭᠳᠡᠬᠦ ᠤᠬᠢ ᠰᠠᠶᠢᠨ ᠪᠠᠶᠢᠳᠠᠯ ᠢᠯᠡᠷᠡᠭᠰᠡᠨ ᠶᠤᠮ᠃ ᠣᠷᠣᠨ  ᠨᠤᠲᠤᠭ  ᠎ ᠤᠨ  ᠦᠢᠯᠡᠳᠪᠦᠷᠢᠯᠡᠯ  ᠎ ᠤᠨ  ᠶᠡᠷᠦᠩᠬᠡᠢ  ᠥᠷᠲᠡᠭ 27.3 ᠳ᠋ᠦᠩᠰᠢᠭᠤᠷ  ᠲᠥᠭᠦᠷᠢᠭ  ᠎ ᠲᠤ ᠬᠦᠷᠴᠦ᠂   ᠵᠢᠯ  ᠎ ᠳᠤ 14.8%᠎ ᠢᠶᠠᠷ  ᠨᠡᠮᠡᠭᠳᠡᠭᠡᠳ᠂ ︽ᠠᠷᠪᠠᠳᠤᠭᠠᠷ ᠲᠠᠪᠤᠨ ᠵᠢᠯ︾  ᠎ ᠤᠨ  ᠬᠤᠭᠤᠴᠠᠭᠠᠨ ᠡᠴᠦᠰ  ᠎ ᠠᠴᠠ 2.3 ᠲᠠᠬᠢᠨ ᠪᠤᠯᠵᠠᠢ᠃  ᠨᠢᠭᠡᠳᠦᠭᠡᠷ ᠠᠵᠤ ᠦᠢᠯᠡᠰ  ᠎ ᠤᠨ ᠨᠡᠮᠡᠭᠳᠡᠯ ᠦᠷᠳᠡᠭ 8 ᠳ᠋ᠦᠩᠰᠢᠭᠤᠷ  ᠲᠦᠬᠦᠷᠢᠭ  ᠬᠦᠷᠴᠦ᠂  ᠵᠢᠯ ᠳᠤ 4.9%᠎ ᠪᠠᠷ ᠨᠡᠮᠡᠭᠳᠡᠨ᠂ ︽ᠠᠷᠪᠠᠳᠤᠭᠠᠷ ᠲᠠᠪᠤᠨ ᠵᠢᠯ︾  ᠎ ᠤᠨ  ᠬᠤᠭᠤᠴᠠᠭᠠᠨ ᠡᠴᠦᠰ  ᠎ ᠠᠴᠠ 1.6 ᠲᠠᠬᠢᠨ ᠪᠤᠯᠵᠤ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 10.2 ᠳ᠋ᠦᠩᠰᠢᠭᠤᠷ ᠲᠦᠬᠦᠷᠢᠭ  ᠬᠦᠷᠴᠦ  ᠂ 22.5%᠎ ᠢᠶᠠᠷ ᠨᠡᠮᠡᠭᠳᠡᠨ᠂ ︽ᠠᠷᠪᠠᠳᠤᠭᠠᠷ ᠲᠠᠪᠤᠨ ᠵᠢᠯ︾  ᠎ ᠤᠨ  ᠬᠤᠭᠤᠴᠠᠭᠠᠨ ᠡᠴᠦᠰ  ᠎ ᠠᠴᠠ 3.4 ᠲᠠᠬᠢᠨ ᠪᠤᠯᠵᠤ  ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 9.1 ᠳ᠋ᠦᠩᠰᠢᠭᠤᠷ ᠲᠦᠬᠦᠷᠢᠭ  ᠬᠦᠷᠴᠦ  ᠂ 15.8%᠎ ᠢᠶᠠᠷ ᠨᠡᠮᠡᠭᠳᠡᠨ᠂ ︽ᠠᠷᠪᠠᠳᠤᠭᠠᠷ ᠲᠠᠪᠤᠨ ᠵᠢᠯ︾  ᠎ ᠤᠨ  ᠬᠤᠭᠤᠴᠠᠭᠠᠨ ᠡᠴᠦᠰ  ᠎ ᠤᠨ 2.4 ᠲᠠᠬᠢᠨ ᠪᠤᠯᠪᠠ᠃  ᠭᠤᠷᠪᠠᠨ ᠠᠵᠤ ᠦᠢᠯᠡᠰ ᠤᠨ  ᠪᠦᠷᠢᠯᠳᠦᠴᠡ 42᠄ 26᠄ 32 ᠪᠠᠶᠢᠭᠰᠠᠨ ᠠᠴᠠ 30᠄ 37᠄ 33 ᠪᠤᠯᠤᠨ ᠬᠤᠪᠢᠷᠠᠵᠤ᠂  ᠬᠤᠶᠠᠳᠤᠭᠠᠷ ᠠᠵᠤ ᠦᠢᠯᠡᠰ ᠤᠨ ᠬᠤᠪᠢ ᠶᠢᠨ ᠵᠢᠩ 11 ᠵᠠᠭᠤᠨ ᠤ ᠬᠤᠪᠢ ᠶᠢᠨ ᠴᠡᠭ  ᠲᠡᠭᠡᠭᠰᠢᠯᠡᠭᠡᠳ᠂ ᠠᠵᠤ ᠠᠬᠤᠢ ᠶᠢᠨ ᠨᠡᠮᠡᠭᠳᠡᠯ ᠢ ᠲᠠᠶᠢᠴᠢᠯᠠᠬᠤ ᠦᠢᠯᠡᠳᠦᠯ ᠨᠢ ᠠᠯᠭᠤᠷ ᠢᠯᠡᠷᠡᠭᠰᠡᠨ ᠪᠠᠶᠢᠨ᠎ᠠ᠃  ᠤᠷᠤᠨ ᠨᠤᠳᠤᠭ ᠤᠨ ᠡᠳ᠋  ᠎ ᠤᠨ  ᠵᠠᠰᠠᠭ  ᠎ ᠤᠨ  ᠣᠷᠣᠯᠭ᠎ᠠ 1.19 ᠳ᠋ᠦᠩᠰᠢᠭᠤᠷ ᠲᠦᠬᠦᠷᠢᠭ ᠲᠤ ᠬᠦᠷᠴᠦ᠂  ᠵᠢᠯ ᠳᠤ 12%  ᠎ ᠪᠠᠷ ᠨᠡᠮᠡᠭᠳᠡᠨ᠂ ︽ᠠᠷᠪᠠᠳᠤᠭᠠᠷ ᠲᠠᠪᠤᠨ ᠵᠢᠯ︾  ᠎ ᠤᠨ  ᠬᠤᠭᠤᠴᠠᠭᠠᠨ ᠡᠴᠦᠰ  ᠎ ᠠᠴᠠ 1.74 ᠲᠠᠬᠢᠨ ᠪᠤᠯᠵᠤ︔ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ  ᠨᠡᠶᠢᠳᠡ 77.1 ᠳ᠋ᠦᠩᠰᠢᠭᠤᠷ ᠲᠦᠬᠦᠷᠢᠭ ᠲᠤ ᠬᠦᠷᠴᠦ᠂  ᠵᠢᠯ ᠳᠤ 38.6%᠎ ᠪᠠᠷ  ᠨᠡᠮᠡᠭᠳᠡᠨ᠂ 5.3 ᠲᠠᠬᠢᠨ ᠪᠤᠯᠵᠤ︔ ᠠᠷᠠᠯᠵᠢᠶᠠᠴᠢᠨ ᠤᠷᠢᠵᠤ ᠤᠷᠤᠭᠤᠯᠤᠭᠰᠠᠨ ᠪᠡᠯᠡ 23.8 ᠳ᠋ᠦᠩᠰᠢᠭᠤᠷ ᠲᠦᠬᠦᠷᠢᠭ ᠲᠤ ᠬᠦᠷᠴᠦ᠂ 62.6%  ᠎ ᠪᠠᠷ  ᠨᠡᠮᠡᠭᠳᠡᠨ᠂ ᠡᠬᠦᠨ ᠤ ᠲᠤᠳᠤᠷ᠎ᠠ ᠠᠶᠢᠮᠠᠭ ᠤᠨ ᠭᠠᠳᠠᠨᠠᠬᠢ ᠪᠡᠯᠡ 20.2 ᠳ᠋ᠦᠩᠰᠢᠭᠤᠷ ᠲᠦᠬᠦᠷᠢᠭ ᠲᠤ ᠬᠦᠷᠴᠦ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ  ᠎ ᠶᠢᠨ26.6% ᠎ ᠶᠢ ᠡᠵᠡᠯᠡᠭᠰᠡᠨ ᠪᠠᠶᠢᠨ᠎ᠠ᠃        ᠠᠮᠢ ᠠᠬᠤᠢ ᠶᠢᠨ ᠤᠷᠴᠢᠨ  ᠮᠡᠳᠡᠭᠳᠡᠮ᠎ᠡ  ᠰᠠᠶᠢᠵᠢᠷᠠᠵᠤ᠂ ᠠᠮᠢ ᠠᠬᠤᠢ ᠶᠢᠨ ᠬᠠᠮᠠᠭᠠᠯᠠᠯᠲᠠ ᠪᠠ  ᠪᠠᠶᠢᠭᠤᠯᠤᠯᠲᠠ ᠶᠢᠨ ᠡᠷᠴᠢᠮ  ᠶᠡᠬᠡᠪᠡᠷ  ᠴᠢᠩᠭᠠᠷᠠᠭᠰᠠᠨ ᠲᠠᠪᠤᠨ ᠵᠢᠯ᠃   ᠲᠠᠪᠤᠨ ᠵᠢᠯ ᠤᠨ ᠲᠤᠷᠰᠢ᠂ ᠠᠮᠢ ᠠᠬᠤᠢ ᠎ ᠶᠢᠨ ᠬᠠᠮᠠᠭᠠᠯᠠᠯᠳᠠ ᠪᠠ ᠪᠠᠶᠢᠭᠤᠯᠤᠯᠳᠠ ᠶᠢ ᠪᠠᠶᠢᠯᠳᠤᠬᠤ ᠪᠤᠳᠤᠯᠭ᠎ᠠ ᠶᠢᠨ ᠲᠤᠪᠤᠶᠢᠮ᠎ᠠ ᠪᠠᠶᠢᠷᠢᠨ ᠳᠤ ᠲᠠᠯᠪᠢᠵᠤ᠂ ︽ᠰᠢᠯᠵᠢᠬᠦᠯᠦᠯᠳᠡ ᠬᠤᠪᠢᠷᠠᠭᠤᠯᠤᠯᠳᠠ ᠪᠠ ᠬᠤᠤᠰ ᠠᠮᠵᠢᠯᠳᠠ︾᠎ ᠶᠢ ᠬᠦᠨᠵᠡᠬᠡᠢ ᠠᠬᠢᠭᠤᠯᠤᠨ᠂ ︽ᠬᠦᠮᠦᠨ ᠢ ᠰᠢᠯᠵᠢᠬᠦᠯᠵᠦ᠂ ᠮᠠᠯ ᠢ ᠪᠠᠭᠠᠰᠬᠠᠨ᠂ ᠨᠤᠭᠤᠭᠠᠷᠠᠯᠳᠠ ᠶᠢ  ᠶᠡᠬᠡᠰᠭᠡᠵᠦ᠂ ᠤᠷᠤᠯᠭ᠎ᠠ ᠶᠢ ᠨᠡᠮᠡᠭᠳᠡᠬᠦᠯᠬᠦ︾ ᠡᠬᠦᠷᠭᠡ ᠶᠢ ᠪᠦᠳᠦᠮᠵᠢᠳᠡᠢ ᠨᠠᠶᠢᠳᠠᠪᠤᠷᠢᠵᠢᠭᠤᠯᠵᠤ᠂  ᠡᠯᠡᠰᠦᠷᠭᠡᠭᠵᠢᠯ ᠲᠠᠴᠢᠷᠰᠢᠯ  ᠎ ᠢ ᠵᠢᠯ ᠠᠴᠠ ᠵᠢᠯ ᠨᠠᠮᠳᠠᠭᠤᠯᠤᠨ᠂  ᠭᠠᠵᠠᠷ ᠰᠢᠷᠤᠢ ᠶᠢᠨ ᠠᠰᠢᠭᠯᠠᠯᠳᠠ ᠶᠢ ᠵᠦᠢ ᠵᠤᠬᠢᠰᠳᠠᠢ  ᠶᠠᠪᠤᠭᠳᠠᠭᠤᠯᠤᠭᠰᠠᠨ ᠪᠠᠶᠢᠨ᠎ᠠ᠃ ᠲᠠᠪᠤᠨ ᠵᠢᠯ  ᠎ ᠤᠨ ᠲᠤᠷᠰᠢ᠂ ᠨᠡᠶᠢᠳᠡ1.86ᠳ᠋ᠦᠩᠰᠢᠭᠤᠷ ᠲᠦᠬᠦᠷᠢᠭ  ᠎ ᠤᠨ ᠪᠡᠯᠡ ᠤᠷᠤᠭᠤᠯᠤᠨ᠂   ᠠᠮᠢ ᠠᠬᠤᠢ ᠶᠢ ᠵᠠᠰᠠᠭᠰᠠᠨ ᠲᠠᠯᠠᠪᠠᠢ 85.6 ᠲᠦᠮᠡᠨ ᠮᠤ᠋ ᠬᠦᠷᠴᠦ᠂  ᠡᠬᠦᠨ  ᠎ ᠳᠤ᠂ ᠪᠠᠭ᠎ᠠ ᠰᠠᠪᠠ ᠭᠠᠵᠠᠷ ᠤᠨ ᠵᠠᠰᠠᠯᠳᠠ 24.5 ᠲᠦᠮᠡᠨ ᠮᠤ᠋᠂ ᠬᠦᠮᠦᠨ ᠤ ᠬᠦᠴᠦ ᠪᠠᠷ ᠮᠤᠳᠤ ᠲᠠᠷᠢᠬᠤ ᠲᠠᠯᠠᠪᠠᠢ 16.6 ᠲᠦᠮᠡᠨ ᠮᠤ᠋᠂  ᠠᠭᠤᠯᠠ ᠶᠢ ᠪᠢᠳᠡᠬᠦᠮᠵᠢᠯᠡᠵᠦ  ᠤᠶᠢᠵᠢᠭᠤᠯᠬᠤ ᠲᠠᠯᠠᠪᠠᠢ 16.5 ᠲᠦᠮᠡᠨ ᠮᠤ᠋᠂  ᠵᠡᠷᠯᠢᠭ  ᠲᠠᠤᠯᠠᠢ ᠶᠢᠨ ᠪᠦᠬᠡᠷ᠎ᠡ ᠶᠢᠨ ᠮᠤᠳᠤ  ᠲᠠᠷᠢᠭᠰᠠᠨ ᠲᠠᠯᠠᠪᠠᠢ 15 ᠲᠦᠮᠡᠨ ᠮᠤ᠋  ᠂ ᠲᠤᠤᠷ  ᠬᠦᠷᠢᠶ᠎ᠡ ᠪᠠᠷ ᠪᠢᠳᠡᠬᠦᠮᠵᠢᠯᠡᠨ  ᠤᠶᠢᠵᠢᠭᠤᠯᠤᠭᠰᠠᠨ ᠲᠠᠯᠠᠪᠠᠢ 12 ᠲᠦᠮᠡᠨ ᠮᠤ᠋᠂  ᠭᠡᠭᠡᠷ᠎ᠡ ᠶᠢᠨ ᠬᠦᠢᠯᠡᠰᠦ  ᠎ ᠶᠢᠨ ᠴᠢᠬᠢ ᠵᠠᠯᠭᠠᠵᠤ ᠪᠤᠶᠢᠵᠢᠭᠤᠯᠤᠭᠰᠠᠨ ᠲᠠᠯᠠᠪᠠᠢ 1 ᠲᠦᠮᠡᠨ ᠮᠤ᠋   ᠬᠦᠷᠪᠡ  ︔ ᠠᠮᠢ  ᠠᠬᠤᠢ  ᠎ ᠶᠢᠨ ᠪᠠᠶᠢᠭᠤᠯᠤᠯᠳᠠ ᠶᠢᠨ ᠲᠦᠷᠦᠯ ᠵᠦᠢᠯ ᠢᠶᠠᠷ 11 ᠭᠠᠴᠠᠭ᠎ᠠ ᠲᠤᠰᠬᠤᠨ ᠤ 549 ᠡᠷᠦᠬᠡ᠂ 2466 ᠬᠦᠮᠦᠨ ᠢ ᠨᠡᠬᠦᠯᠬᠡᠨ ᠰᠢᠯᠵᠢᠬᠦᠯᠵᠦ᠂ ᠲᠤᠯᠠᠭᠠᠨ ᠰᠠᠷᠠᠪᠴᠢ 5.4 ᠲᠦᠮᠡᠨ ᠬᠠᠪᠳᠠᠭᠠᠢ ᠲᠦᠷᠪᠡᠯᠵᠢᠨ ᠮᠧᠲᠷ   ᠪᠠᠶᠢᠭᠤᠯᠤᠨ  ᠂  ᠡᠪᠡᠰᠦ ᠪᠤᠷᠳᠤᠭᠠᠨ ᠤ ᠮᠠᠰᠢᠨ ᠲᠦᠬᠦᠭᠡᠷᠦᠮᠵᠢ 567 ᠰᠠᠤᠷᠢ ᠶᠢ ᠢᠵᠢ ᠪᠦᠷᠢᠳᠦᠬᠦᠯᠪᠡ᠃   ᠲᠠᠷᠢᠶᠠᠯᠠᠬᠤ ᠤᠷᠤᠨ ᠎ ᠳᠤ ᠪᠦᠬᠦ ᠵᠢᠯ ᠢᠶᠠᠷ ᠪᠡᠯᠴᠢᠭᠡᠷᠯᠡᠬᠦᠯᠬᠦ ᠶᠢ  ᠴᠠᠭᠠᠵᠠᠯᠠᠵᠤ᠂  ᠮᠠᠯᠵᠢᠬᠤ ᠤᠷᠤᠨ ᠳᠤ  ᠪᠡᠯᠴᠢᠭᠡᠷ  ᠰᠡᠷᠬᠦᠭᠡᠵᠦ ᠪᠡᠯᠴᠢᠭᠡᠷᠯᠡᠬᠦᠯᠬᠦ ᠶᠢ ᠵᠤᠭᠰᠤᠭᠠᠬᠤ ᠲᠦᠷᠢᠮ  ᠎ ᠢ ᠭᠡᠷᠡᠭᠵᠢᠬᠦᠯᠦᠨ᠂ ᠠᠮᠢ ᠠᠬᠤᠢ ᠶᠢᠨ ᠵᠠᠰᠠᠯᠳᠠ ᠶᠢᠨ ᠤᠷᠤᠨ ᠤ ᠡᠪᠡᠰᠦ ᠨᠤᠭᠤᠭᠠᠨ ᠤ  ᠲᠡᠭᠰᠢᠳᠭᠡᠭᠰᠡᠨ ᠬᠤᠴᠢᠯᠭ᠎ᠠ 30%  ᠪᠠᠶᠢᠭᠰᠠᠨ ᠠᠴᠠ ᠪᠠᠨ 60%  ᠢᠯᠡᠬᠦᠦ ᠪᠤᠯᠤᠨ ᠲᠡᠭᠡᠭᠰᠢᠯᠡᠵᠦ᠂  ᠤᠢ ᠰᠢᠭᠤᠢ ᠶᠢᠨ ᠪᠦᠷᠬᠦᠴᠡ 13%᠎ ᠠᠴᠠ ᠪᠠᠨ 22.3% ᠪᠤᠯᠵᠤ ᠨᠡᠮᠡᠭᠳᠡᠭᠰᠡᠨ ᠪᠠᠶᠢᠨ᠎ᠠ᠃        ᠠᠵᠤ ᠦᠢᠯᠡᠰᠵᠢᠭᠰᠡᠨ ᠡᠵᠡᠩᠨᠡᠯᠳᠡ ᠶᠢᠨ ᠲᠦᠪᠰᠢᠨ ᠲᠡᠭᠡᠭᠰᠢᠯᠡᠵᠦ᠂  ᠤᠳᠤ ᠦᠶ᠎ᠡ ᠶᠢᠨ ᠮᠠᠯ ᠲᠠᠷᠢᠶᠠᠯᠠᠩ ᠎ ᠤᠨ ᠰᠠᠭᠤᠷᠢ ᠪᠠᠬᠢᠵᠢᠭ᠍ᠰᠡᠨ ᠲᠠᠪᠤᠨ ᠵᠢᠯ  ᠃    ᠤᠰᠤᠨ ᠠᠰᠢᠭᠯᠠᠯᠳᠠ ᠪᠠᠷ  ᠭᠤᠤᠯ ᠪᠤᠯᠭᠠᠭᠰᠠᠨ ᠮᠠᠯ ᠲᠠᠷᠢᠶᠠᠯᠠᠩ ᠎ ᠤᠨ ᠰᠠᠭᠤᠷᠢ ᠲᠦᠬᠦᠭᠡᠷᠦᠮᠵᠢ  ᠎ ᠶᠢᠨ ᠪᠠᠶᠢᠭᠤᠯᠤᠯᠳᠠ ᠤᠯᠠᠮ ᠨᠢᠭᠡ ᠠᠯᠬᠤᠮ  ᠴᠢᠩᠭᠠᠷᠠᠵᠤ᠂  ᠦᠢᠯᠡᠳᠪᠦᠷᠢᠯᠡᠯ ᠤᠨ ᠨᠦᠬᠦᠴᠡᠯ ᠶᠡᠬᠡᠪᠡᠷ ᠰᠠᠶᠢᠵᠢᠷᠠᠨ᠂ ᠲᠠᠪᠠᠭᠤᠯᠢᠭ ᠠᠵᠤ ᠦᠢᠯᠡᠰ ᠤᠨ ᠬᠦᠭᠵᠢᠯᠳᠡ ᠲᠦᠷᠭᠡᠰᠴᠦ᠂  ᠢᠳᠡᠰᠢᠨ ᠨᠤᠭᠤᠭ᠎ᠠ᠂ ᠲᠦᠮᠦᠰᠦ  ᠲᠠᠷᠢᠬᠤ ᠪᠠ ᠰᠠᠭᠠᠯᠢ ᠶᠢᠨ ᠦᠨᠢᠶ᠎ᠡ᠂ ᠮᠢᠬᠠᠨ ᠤ ᠦᠬᠡᠷ ᠮᠠᠯᠵᠢᠬᠤ ᠠᠵᠤ ᠦᠢᠯᠡᠰ ᠤᠨ ᠰᠠᠭᠤᠷᠢᠨ ᠭᠠᠵᠠᠷ ᠤᠳ ᠠᠩᠬ᠎ᠠ ᠠᠯᠬᠤᠮ ᠪᠦᠷᠢᠯᠳᠦᠭᠰᠡᠨ ᠪᠠᠶᠢᠨ᠎ᠠ᠃  ᠢᠳᠡᠰᠢᠨ ᠨᠤᠭᠤᠭ᠎ᠠ ᠲᠠᠷᠢᠬᠤ ᠲᠠᠯᠠᠪᠠᠢ 15 ᠲᠦᠮᠡᠨ ᠮᠤ᠋ ᠳᠤ ᠲᠤᠭᠳᠠᠪᠤᠷᠢᠵᠢᠵᠤ  ︔ ᠲᠦᠮᠦᠰᠦ ᠲᠠᠷᠢᠬᠤ ᠲᠠᠯᠠᠪᠠᠢ 40.2 ᠲᠦᠮᠡᠨ ᠮᠤ᠋ ᠬᠦᠷᠦᠭᠡᠳ ︽ᠠᠷᠪᠠᠳᠤᠭᠠᠷ ᠲᠠᠪᠤᠨ ᠵᠢᠯ︾᠎ ᠤᠨ ᠡᠴᠦᠰ ᠠᠴᠠ 22.1 ᠲᠦᠮᠡᠨ ᠮᠤ᠋ ᠨᠡᠮᠡᠭᠳᠡᠵᠡᠢ᠃ ᠮᠠᠯ ᠠᠵᠤ ᠠᠬᠤᠢ  ᠎ ᠨᠢ ᠲᠤᠭ᠎ᠠ  ᠭᠡᠮᠵᠢᠶ᠎ᠡ ᠶᠢ ᠬᠦᠭᠡᠭᠡᠴᠡᠯᠳᠦᠬᠦ ᠬᠡᠯᠪᠡᠷᠢ ᠠᠴᠠ ᠶᠠᠰᠤ ᠴᠢᠨᠠᠷ ᠦᠷ᠎ᠡ ᠠᠰᠢᠭ ᠤᠨ ᠭᠡᠯᠪᠡᠷᠢ ᠵᠦᠭ ᠬᠤᠪᠢᠷᠠᠭᠠᠳ᠂  ᠤᠳᠤ ᠪᠠᠶᠢᠭ᠎ᠠ 14.2 ᠲᠦᠮᠡᠨ ᠮᠠᠯ ᠨᠢ  ︽ᠠᠷᠪᠠᠳᠤᠭᠠᠷ ᠲᠠᠪᠤᠨ ᠵᠢᠯ︾᠎ ᠤᠨ ᠡᠴᠦᠰ ᠠᠴᠠ 17.4 ᠲᠦᠮᠡ ᠬᠠᠰᠤᠭᠳᠠᠵᠤ᠂ ᠡᠬᠦᠨ ᠤ ᠲᠤᠳᠤᠷ᠎ᠠ ᠰᠠᠭᠠᠯᠢ ᠶᠢᠨ ᠦᠨᠢᠶ᠎ᠡ 1.6 ᠲᠦᠮᠡ ᠨᠡᠮᠡᠭᠳᠡᠨ᠂ 3.7 ᠲᠦᠮᠡ ᠳᠤ ᠬᠦᠷᠴᠦ︔ ᠮᠢᠬᠠᠨ ᠤ ᠦᠬᠡᠷ 2.3 ᠲᠦᠮᠡ  ᠨᠡᠮᠡᠭᠳᠡᠨ᠂ 3.5 ᠲᠦᠮᠡ  ᠎ ᠳᠤ ᠬᠦᠷᠦᠭᠰᠡᠨ ᠪᠠᠶᠢᠨ᠎ᠠ᠃ ᠲᠦᠷᠦ ᠶᠢᠨ ᠪᠤᠳᠤᠯᠭ᠎ᠠ  ᠎ ᠶᠢᠨ ᠵᠢᠯᠤᠭᠤᠳᠤᠯᠭ᠎ᠠ ᠪᠠᠷ ᠲᠠᠮᠵᠢᠭᠠᠳ ᠮᠠᠯᠵᠢᠬᠤ ᠲᠠᠷᠢᠶᠠᠯᠠᠬᠤ ᠤᠷᠤᠨ ᠤ ᠪᠡᠯᠡ  ᠮᠦᠩᠬᠦ᠂ ᠮᠡᠷᠭᠡᠵᠢᠯ᠂ ᠬᠦᠳᠡᠯᠮᠦᠷᠢ ᠬᠦᠴᠦ  ᠬᠢᠭᠡᠳ ᠭᠠᠵᠠᠷ ᠰᠢᠷᠤᠢ ᠵᠡᠷᠭᠡ ᠦᠢᠯᠡᠳᠪᠦᠷᠢᠯᠡᠯ ᠤᠨ ᠴᠢᠬᠤᠯᠠ ᠡᠯᠮᠧᠨ᠋ᠲ ᠶᠢ ᠵᠦᠢ ᠵᠤᠬᠢᠰᠳᠠᠢ ᠲᠤᠬᠢᠷᠠᠭᠤᠯᠤᠨ᠂ ᠮᠠᠯ ᠲᠠᠷᠢᠶᠠᠯᠠᠩ ᠤᠨ ᠲᠠᠭᠠᠭᠤᠯᠤᠭᠴᠢ ᠠᠵᠤ ᠠᠬᠤᠶᠢᠯᠠᠯ ᠤᠨ ᠨᠦᠯᠦᠬᠡᠯᠡᠨ ᠲᠠᠶᠢᠴᠢᠯᠠᠬᠤ ᠦᠢᠯᠡᠳᠦᠯ ᠢ  ᠶᠡᠬᠡᠰᠬᠡᠵᠦ︔ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠵᠢᠯ ︽ᠠᠷᠪᠠᠳᠤᠭᠠᠷ ᠲᠠᠪᠤᠨ ᠵᠢᠯ︾᠎ ᠤᠨ ᠡᠴᠦᠰ  ᠎ ᠲᠤ  ᠪᠠᠶᠢᠭᠤᠯᠤᠭᠳᠠᠭᠠᠳᠤᠢ  ᠪᠠᠶᠢᠭᠰᠠᠨ ᠪᠤᠯ ᠤᠳᠤ  337 ᠪᠤᠯᠤᠨ ᠬᠦᠭᠵᠢᠵᠡᠢ᠃ ᠪᠠᠷᠢᠮᠵᠢᠶᠠᠵᠢᠭᠰᠠᠨ ᠰᠢᠰᠲ᠋ᠧᠮ ᠪᠤᠯᠤᠨ ᠨᠡᠷᠡᠳᠦ ᠲᠡᠮᠳᠡᠭ ᠤᠨ ᠪᠠᠶᠢᠭᠤᠯᠤᠯᠳᠠ ᠢᠯᠡᠬᠡᠨ ᠠᠮᠵᠢᠯᠳᠠ ᠤᠯᠵᠤ᠂ ᠴᠤᠭᠤᠷ ᠨᠤᠭᠤᠭ᠎ᠠ ᠨᠢ 2008 ᠤᠨ ᠤ ᠪᠡᠭᠡᠵᠢᠩ ᠤᠨ ᠤᠯᠢᠮᠫᠢᠺ ᠤᠨ ᠴᠤᠭᠯᠠᠭᠠᠨ  ᠪᠤᠯᠤᠨ 2010 ᠤᠨ ᠤ ᠱᠠᠩᠬᠠᠢ ᠶᠢᠨ ᠲᠡᠯᠡᠬᠡᠢ ᠶᠢᠨ ᠦᠵᠡᠰᠬᠦᠯᠡᠩ ᠳᠤ ᠲᠤᠰᠬᠠᠢ ᠬᠠᠩᠭᠠᠬᠤ ᠨᠤᠭᠤᠭ᠎ᠠ  ᠪᠤᠯᠤᠭᠰᠠᠨ ᠪᠦᠭᠡᠳ ᠮᠠᠨ ᠎ ᠤ ᠬᠤᠰᠢᠭᠤ ᠨᠢ  ᠪᠦᠬᠦ ᠤᠯᠤᠰ ᠤᠨ ᠲᠦᠮᠦᠰᠦᠨ ᠤ ᠪᠠᠷᠢᠮᠵᠢᠶᠠᠳᠤ ᠦᠢᠯᠡᠳᠪᠦᠷᠢᠯᠡᠯ ᠤᠨ ᠵᠢᠱᠢᠶ᠎ᠡ ᠦᠵᠡᠬᠦᠯᠬᠦ ᠬᠤᠰᠢᠭᠤ ᠪᠠ ᠲᠦᠮᠦᠰᠦᠨ ᠤ ᠦᠨᠳᠦᠷ ᠤᠨᠠᠯᠳᠠ ᠶᠢ ᠡᠬᠦᠳᠬᠦ ᠵᠢᠱᠢᠶ᠎ᠡ ᠦᠵᠡᠬᠦᠯᠬᠦ ᠬᠤᠰᠢᠭᠤ  ᠪᠤᠯᠤᠭᠰᠠᠨ ᠪᠠᠶᠢᠨ᠎ᠠ ᠃ ᠡᠬᠦᠨ ᠤ ᠬᠠᠮᠳᠤ᠂ 1.2ᠳ᠋ᠦᠩᠰᠢᠭᠤᠷ  ᠲᠥᠭᠦᠷᠢᠭ ᠤᠨ ᠪᠡᠯᠡ  ᠤᠷᠤᠭᠤᠯᠤᠨ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠳᠡ᠂ ᠭᠠᠵᠠᠷ ᠰᠢᠷᠤᠢ ᠲᠡᠭᠰᠢᠯᠡᠵᠦ ᠵᠠᠰᠠᠬᠤ ᠵᠡᠷᠭᠡ ᠠᠵᠢᠯ ᠢ ᠴᠢᠨᠠᠷᠯᠢᠭ ᠰᠠᠶᠢᠨ  ᠪᠡᠶᠡᠯᠡᠬᠦᠯᠵᠦ᠂ 10.9 ᠲᠦᠮᠡᠨ ᠮᠤ᠋ ᠭᠠᠵᠠᠷ ᠰᠢᠷᠤᠢ ᠶᠢ ᠵᠠᠰᠠᠵᠤ ᠦᠬᠡᠷᠡᠴᠢᠯᠡᠨ᠂ ᠮᠠᠯᠴᠢᠨ ᠲᠠᠷᠢᠶᠠᠴᠢᠨ ᠤ ᠲᠤᠭᠳᠠᠭᠤᠨ ᠢᠶᠠᠷ ᠤᠷᠤᠯᠭ᠎ᠠ ᠪᠠᠨ ᠨᠡᠮᠡᠭᠳᠡᠬᠦᠯᠬᠦ ᠳᠤ ᠪᠠᠳᠤᠯᠠᠭ᠎ᠠ ᠬᠠᠩᠭᠠᠭᠰᠠᠨ ᠪᠠᠶᠢᠨ᠎ᠠ᠃        ᠠᠵᠤ ᠦᠢᠯᠡᠳᠪᠦᠷᠢ ᠶᠢᠨ ᠶᠠᠪᠤᠭᠳᠠᠯ ᠤᠨ ᠴᠢᠨᠠᠷ ᠶᠡᠭᠡ ᠬᠡᠮᠵᠢᠶ᠎ᠡ ᠪᠠᠷ ᠲᠡᠭᠡᠭᠰᠢᠯᠡᠵᠦ᠂ ᠠᠵᠤ ᠦᠢᠯᠡᠳᠪᠦᠷᠢ ᠎ ᠶᠢᠨ ᠠᠵᠤ ᠠᠬᠤᠢ ᠰᠢᠪᠳᠤᠯᠤᠯᠳᠠ ᠶᠢᠨ ᠴᠢᠨᠠᠷᠳᠠᠢ ᠠᠬᠢᠭᠰᠠᠨ ᠲᠠᠪᠤᠨ ᠵᠢᠯ  ᠃    ᠡᠨᠡ ᠲᠠᠪᠤᠨ ᠵᠢᠯ ᠳᠤ᠂ ᠰᠠᠯᠬᠢᠨ ᠬᠦᠴᠦᠨ ᠴᠠᠬᠢᠯᠭᠠᠨ᠂ ᠠᠭᠤᠷᠬᠠᠢ ᠶᠢᠨ ᠦᠢᠯᠡᠰ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠨᠢᠭᠡ ᠪᠦᠯᠦᠭ ᠭᠤᠤᠯᠳᠠᠯᠠᠭᠠᠳᠠᠢ ᠠᠵᠤ ᠦᠢᠯᠡᠳᠪᠦᠷᠢ ᠶᠢᠨ ᠲᠦᠷᠦᠯ ᠵᠦᠢᠯ ᠢ ᠤᠷᠢᠳ ᠬᠤᠵᠢᠳ  ᠤᠷᠤᠭᠤᠯᠤᠨ ᠠᠪᠴᠢᠷᠠᠵᠤ᠂  ᠰᠠᠯᠬᠢᠨ ᠬᠦᠴᠦᠨ ᠢᠶᠠᠷ ᠴᠠᠬᠢᠯᠭᠠᠨ ᠡᠬᠦᠰᠭᠡᠬᠦ  ᠂ ᠮᠠᠯ ᠤᠨ ᠠᠰᠢᠭ ᠰᠢᠮ᠎ᠡ ᠪᠠ ᠲᠠᠷᠢᠶᠠᠯᠠᠩ ᠤᠨ ᠪᠦᠳᠦᠭᠡᠭᠳᠡᠬᠦᠨ ᠡᠳ᠋ᠰᠢᠬᠦᠯᠦᠨ ᠪᠤᠯᠪᠠᠰᠤᠷᠠᠭᠤᠯᠬᠤ᠂ ᠠᠭᠤᠷᠬᠠᠢ ᠶᠢᠨ ᠭᠠᠷᠤᠯᠳᠠ᠂ ᠪᠠᠷᠢᠯᠭ᠎ᠠ ᠶᠢᠨ ᠮᠠᠲ᠋ᠧᠷᠢᠶᠠᠯ  ᠲᠦᠷᠪᠡᠨ ᠶᠡᠭᠡ ᠲᠤᠯᠭᠠᠭᠤᠷᠢᠯᠠᠬᠤ ᠠᠵᠤ ᠦᠢᠯᠡᠰ ᠤᠨ ᠬᠦᠭᠵᠢᠯᠳᠡ ᠠᠩᠬ᠎ᠠ ᠠᠯᠬᠤᠮ ᠲᠦᠯᠦᠪᠰᠢᠷᠡᠵᠦ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠢᠯᠡᠳᠳᠡ ᠨᠡᠮᠡᠭᠳᠡᠭᠰᠡᠨ ᠪᠠᠶᠢᠨ᠎ᠠ᠃ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 26 ᠡᠷᠦᠬᠡ ᠪᠤᠯᠵᠤ᠂  ︽ᠠᠷᠪᠠᠳᠤᠭᠠᠷ ᠲᠠᠪᠤᠨ ᠵᠢᠯ︾᠎ ᠤᠨ ᠡᠴᠦᠰ ᠎ ᠠᠴᠠ 10  ᠨᠡᠮᠡᠭᠳᠡᠪᠡ᠃  ᠠᠵᠤ ᠦᠢᠯᠡᠳᠪᠦᠷᠢ ᠶᠢᠨ ᠨᠡᠮᠡᠭᠳᠡᠯ ᠦᠷᠳᠡᠭ 7.7 ᠳ᠋ᠦᠩᠰᠢᠭᠤᠷ ᠲᠦᠬᠦᠷᠢᠭ ᠲᠤ ᠬᠦᠷᠴᠦ᠂ ︽ᠠᠷᠪᠠᠳᠤᠭᠠᠷ ᠲᠠᠪᠤᠨ ᠵᠢᠯ︾᠎ ᠤᠨ ᠡᠴᠦᠰ ᠠᠴᠠ5.4  ᠳ᠋ᠦᠩᠰᠢᠭᠤᠷ ᠲᠦᠬᠦᠷᠢᠭ  ᠦᠰᠴᠦ᠂ 234.8%  ᠎ ᠪᠠᠷ ᠨᠡᠮᠡᠭᠳᠡᠨ᠂ ᠡᠬᠦᠨ ᠤ ᠲᠤᠳᠤᠷ᠎ᠠ ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 5.07ᠳ᠋ᠦᠩᠰᠢᠭᠤᠷ ᠲᠦᠬᠦᠷᠢᠭ ᠲᠤ ᠬᠦᠷᠴᠦ᠂ 3.74 ᠳ᠋ᠦᠩᠰᠢᠭᠤᠷ ᠲᠦᠬᠦᠷᠢᠭ  ᠦᠰᠴᠦ᠂ 279.1 %  ᠎ ᠪᠠᠷ  ᠨᠡᠮᠡᠭᠳᠡᠭᠰᠡᠨ ᠪᠠᠶᠢᠨ᠎ᠠ᠃ ᠴᠠᠬᠢᠯᠭᠠᠨ ᠭᠡᠷᠡᠭᠯᠡᠬᠦ ᠬᠡᠮᠵᠢᠶ᠎ᠡ 5.47ᠳ᠋ᠦᠩᠰᠢᠭᠤᠷ  ᠺᠢᠯᠤᠸᠠᠲ ᠳᠤ ᠬᠦᠷᠴᠦ᠂ ︽ᠠᠷᠪᠠᠳᠤᠭᠠᠷ ᠲᠠᠪᠤᠨ ᠵᠢᠯ︾᠎ ᠤᠨ ᠡᠴᠦᠰ ᠠᠴᠠ3.95 ᠳ᠋ᠦᠩᠰᠢᠭᠤᠷ  ᠺᠢᠯᠤᠸᠠᠲ ᠦᠰᠴᠦ᠂ 260 %᠎ ᠪᠠᠷ ᠨᠡᠮᠡᠭᠳᠡᠪᠡ᠃      ᠡᠨᠧᠷᠬᠢ ᠠᠷᠪᠢᠯᠠᠵᠤ ᠪᠤᠬᠢᠷᠳᠤᠯ  ᠪᠠᠭᠠᠰᠬᠠᠬᠤ ᠡᠯ᠎ᠡ ᠲᠦᠷᠦᠯ ᠤᠨ ᠠᠷᠭ᠎ᠠ ᠠᠪᠴᠢᠯ ᠢ ᠪᠦᠬᠦ ᠲᠠᠯᠠᠪᠠᠷ ᠨᠠᠶᠢᠳᠠᠪᠤᠷᠢᠵᠢᠭᠤᠯᠵᠤ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ ᠡᠴᠦᠰ ᠲᠤ GDP᠎ ᠶᠢᠨ ᠡᠨᠧᠷᠬᠢ ᠶᠢᠨ ᠬᠤᠷᠤᠭᠳᠠᠯ1.22 ᠲᠤᠨ ᠪᠠᠷᠢᠮᠵᠢᠶᠠᠳᠤ ᠨᠡᠬᠦᠷᠡᠰᠦ ᠪᠤᠯᠵᠤ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠡᠨᠧᠷᠬᠢ ᠶᠢᠨ ᠬᠤᠷᠤᠭᠳᠠᠯ  ᠲᠦᠮᠡᠨ ᠲᠦᠬᠦᠷᠢᠭ ᠪᠦᠷᠢ ᠳᠤ 1.2 ᠲᠤᠨ ᠪᠠᠷᠢᠮᠵᠢᠶᠠᠳᠤ ᠨᠡᠬᠦᠷᠡᠰᠦ ᠪᠤᠯᠵᠤ᠂ ︽ᠠᠷᠪᠠᠳᠤᠭᠠᠷ ᠲᠠᠪᠤᠨ ᠵᠢᠯ︾᠎ ᠤᠨ ᠡᠴᠦᠰ ᠠᠴᠠ ᠲᠤᠰᠪᠤᠷᠢ 22.27% ᠪᠠ 26.82 %  ᠎ ᠢᠶᠠᠷ  ᠲᠤᠷᠤᠭᠰᠢᠯᠠᠪᠠ  ᠃       ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠡᠭᠡᠪᠡᠷ ᠴᠢᠩᠭᠠᠷᠠᠵᠤ᠂ ᠬᠤᠳᠠ ᠬᠦᠳᠡᠭᠡ ᠶᠢᠨ ᠦᠩᠬᠡ ᠲᠦᠷᠬᠦ ᠳᠤ ᠠᠰᠤᠷᠤ ᠶᠡᠭᠡ ᠬᠤᠪᠢᠷᠠᠯᠳᠠ ᠭᠠᠷᠤᠭᠰᠠᠨ ᠲᠠᠪᠤᠨ ᠵᠢᠯ᠃  ᠲᠠᠪᠤᠨ ᠵᠢᠯ  ᠎ ᠤᠨ ᠲᠤᠷᠰᠢ᠂ ᠰᠠᠭᠤᠷᠢ ᠶᠢ ᠪᠠᠬᠢᠵᠢᠬᠦᠯᠵᠦ ᠬᠤᠯᠠ ᠶᠢ ᠰᠡᠳᠬᠢᠨ᠂  ᠠᠵᠤ  ᠠᠬᠤᠢ ᠶᠢᠨ ᠬᠦᠭᠵᠢᠯᠳᠡ ᠶᠢ ᠬᠢᠵᠠᠭᠠᠷᠯᠠᠬᠤ  ︽ᠪᠤᠭᠤᠮᠢ︾  ᠎ ᠶᠢᠨ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ᠰᠠᠭᠤᠷᠢ ᠲᠦᠬᠦᠭᠡᠷᠦᠮᠵᠢ ᠬᠢᠭᠡᠳ ᠬᠤᠳᠠ ᠪᠠᠯᠭᠠᠰᠤᠨ ᠤ ᠪᠠᠶᠢᠭᠤᠯᠤᠯᠳᠠ ᠰᠢᠨ᠎ᠡ ᠲᠡᠭᠳᠡᠷ ᠲᠤ ᠲᠡᠪᠰᠢᠭᠰᠡᠨ ᠪᠠᠶᠢᠨ᠎ᠠ᠃ ᠵᠠᠮ ᠤᠨ ᠴᠢᠨᠠᠷ ᠢ ᠲᠡᠭᠡᠭᠰᠢᠯᠡᠬᠦᠯᠵᠦ᠂  ᠵᠠᠮ  ᠎ ᠤᠨ ᠪᠦᠳᠦᠴᠡ ᠶᠢ ᠰᠢᠯᠢᠳᠡᠭᠵᠢᠬᠦᠯᠦᠨ᠂ 11.38ᠳ᠋ᠦᠩᠰᠢᠭᠤᠷ ᠲᠦᠬᠦᠷᠢᠭ  ᠎ ᠤᠨ  ᠪᠡᠯᠡ  ᠤᠷᠤᠭᠤᠯᠵᠤ᠂ ᠪᠤᠤᠴᠠᠩ ᠠᠴᠠ ᠰᠠᠨ ᠬᠤᠤ ᠳ᠋ᠢ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ ᠤᠨ ᠪᠠᠶᠢᠭᠤᠯᠤᠯᠳᠠ ᠶᠢ ᠲᠠᠭᠤᠰᠬᠠᠨ᠂ ᠰᠢᠯᠢ ᠶᠢᠨ ᠭᠤᠤᠯ ᠠᠶᠢᠮᠠᠭ ᠤᠨ ᠦᠨᠳᠦᠷ ᠬᠤᠷᠳᠤᠴᠠᠳᠤ ᠵᠠᠰᠠᠮᠠᠯ ᠵᠠᠮ ᠦᠬᠡᠢ ᠪᠠᠶᠢᠭᠰᠠᠨ ᠲᠡᠦᠭᠡ ᠶᠢ ᠡᠴᠦᠰᠯᠡᠬᠦᠯᠵᠡᠢ  ︔ ᠪᠤᠤᠴᠠᠩ ᠠᠴᠠ ᠬᠦ᠋ ᠬᠠᠢ ᠶᠡᠭᠡ ᠵᠠᠮ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠢ  ᠪᠠᠶᠢᠭᠤᠯᠤᠨ᠂ ᠰᠤᠮᠤ ᠰᠢᠶᠠᠩ ᠪᠠᠯᠭᠠᠰᠤ ᠳᠤ ᠲᠤᠰᠤᠨ ᠵᠠᠮ ᠢ ᠨᠡᠶᠢᠳᠡᠮ ᠨᠡᠪᠳᠡᠷᠡᠬᠦᠯᠵᠦ︔  ᠭᠠᠴᠠᠭ᠎ᠠ ᠲᠤᠰᠬᠤᠨ ᠤ  ᠬᠠᠶᠢᠷ ᠴᠢᠯᠠᠭᠤᠨ ᠵᠠᠮ 412 ᠺᠢᠯᠤᠮᠧᠲᠷ ᠢ ᠪᠠᠶᠢᠭᠤᠯᠤᠨ  ︔ 6 ᠬᠦᠬᠦᠷᠭᠡ ᠶᠢ ᠰᠢᠨ᠎ᠡ ᠪᠠᠷ ᠪᠠᠶᠢᠭᠤᠯᠬᠤ ᠪᠠ ᠦᠬᠡᠷᠡᠴᠢᠯᠡᠨ ᠪᠠᠶᠢᠭᠤᠯᠵᠤ  ︔ ᠠᠶᠠᠨᠴᠢᠨ ᠤ ᠵᠦᠬᠡᠭᠡᠪᠦᠷᠢ ᠶᠢᠨ ᠦᠷᠳᠡᠭᠡ 6᠎ ᠶᠢ  ᠪᠠᠶᠢᠭᠤᠯᠪᠠ᠃ ᠴᠠᠬᠢᠯᠭᠠᠨ ᠲᠤᠤᠷ ᠤᠨ ᠪᠦᠷᠢᠯᠳᠦᠴᠡ ᠤᠯᠠᠮ ᠨᠢᠬᠡ ᠠᠯᠬᠤᠮ  ᠲᠡᠬᠦᠯᠳᠡᠷᠵᠢᠵᠦ᠂ 1.73 ᠳ᠋ᠦᠩᠰᠢᠭᠤᠷ ᠲᠦᠬᠦᠷᠢᠭ  ᠎ ᠤᠨ ᠪᠡᠯᠡ ᠤᠷᠤᠭᠤᠯᠤᠨ᠂ 220  ᠺᠢᠯᠤᠸᠤᠯᠲ ᠤᠨ ᠴᠠᠬᠢᠯᠭᠠᠨ ᠲᠠᠮᠵᠢᠭᠤᠯᠵᠤ ᠬᠤᠪᠢᠰᠬᠠᠬᠤ ᠦᠷᠳᠡᠭᠡ  ᠂ 110 ᠺᠢᠯᠤᠸᠤᠯᠲ ᠤᠨ ᠴᠠᠬᠢᠯᠭᠠᠨ ᠲᠠᠮᠵᠢᠭᠤᠯᠵᠤ ᠬᠤᠪᠢᠰᠬᠠᠬᠤ  ᠦᠷᠳᠡᠭᠡᠨ ᠤ  ᠦᠭᠡᠷᠡᠴᠢᠯᠡᠨ  ᠪᠠᠶᠢᠭᠤᠯᠬᠤ ᠠᠵᠢᠯ ᠢ ᠬᠢᠵᠦ᠂ 35 ᠺᠢᠯᠤᠸᠤᠯᠲ ᠤᠨ ᠴᠠᠬᠢᠯᠭᠠᠨ ᠲᠠᠮᠵᠢᠭᠤᠯᠵᠤ ᠬᠤᠪᠢᠰᠬᠠᠬᠤ ᠦᠷᠳᠡᠭᠡ 3᠎ ᠶᠢ ᠰᠢᠨ᠎ᠡ ᠪᠠᠷ ᠪᠠᠶᠢᠭᠤᠯᠤᠭᠰᠠᠨ ᠪᠦᠭᠡᠳ ᠲᠠᠷᠢᠶᠠᠯᠠᠩ ᠤᠨ ᠪᠠ ᠬᠤᠳᠠ ᠶᠢᠨ ᠴᠠᠬᠢᠯᠭᠠᠨ ᠲᠤᠤᠷ ᠤᠨ ᠨᠢᠭᠡ ᠪᠦᠯᠦᠭ ᠢᠨᠵᠧᠨᠧᠷᠢᠩ ᠢ ᠲᠠᠭᠤᠰᠬᠠᠭᠰᠠᠨ ᠪᠠᠶᠢᠨ᠎ᠠ᠃ ᠤᠰᠤᠨ ᠠᠰᠢᠭᠯᠠᠯᠳᠠ ᠶᠢᠨ ᠲᠠᠯᠠᠪᠠᠷ᠂ ᠤᠰᠤᠵᠢᠭᠤᠯᠤᠯᠳᠠ ᠶᠢᠨ ᠲᠠᠯᠠᠪᠠᠢ 10.78 ᠲᠦᠮᠡᠨ ᠮᠤ᠋ ᠪᠠᠶᠢᠭᠰᠠᠨ ᠠᠴᠠ ᠪᠠᠨ 27.9 ᠲᠦᠮᠡᠨ ᠮᠤ᠋ ᠪᠤᠯᠵᠤ  ᠂  ᠬᠦᠮᠦᠨ ᠲᠤᠮᠳᠠᠴᠢ ᠪᠠᠷ 1.63 ᠮᠤ᠋ ᠨᠤᠭᠳᠠᠭᠰᠠᠨ ᠪᠠᠶᠢᠨ᠎ᠠ᠃ ᠡᠬᠦᠨ ᠤ ᠲᠤᠳᠤᠷ᠎ᠠ  ᠤᠰᠤᠨ ᠳᠤ ᠠᠷᠪᠢᠳᠠᠢ  ᠤᠰᠤᠵᠢᠭᠤᠯᠤᠯᠲᠠ ᠶᠢᠨ ᠲᠠᠯᠠᠪᠠᠢ8.54 ᠲᠦᠮᠡᠨ ᠮᠤ᠋ ᠠᠴᠠ ᠪᠠᠨ 15.08 ᠲᠦᠮᠡᠨ ᠮᠤ᠋ ᠪᠤᠯᠵᠤ ᠨᠡᠮᠡᠭᠳᠡᠨ᠂ ᠲᠤᠮᠤ ᠭᠡᠯᠪᠡᠷᠢ ᠶᠢᠨ ᠰᠦᠷᠴᠢᠨ ᠤᠰᠤᠯᠠᠬᠤ ᠲᠠᠯᠠᠪᠠᠢ 25 ᠰᠠᠭᠤᠷᠢ᠂ 2.1 ᠲᠦᠮᠡᠨ ᠮᠤ᠋ ᠪᠠᠶᠢᠭᠰᠠᠨ ᠠᠴᠠ ᠪᠠᠨ 204ᠰᠠᠭᠤᠷᠢ᠂ 12.98 ᠲᠦᠮᠡᠨ ᠮᠤ᠋ ᠪᠤᠯᠵᠤ ᠬᠦᠭᠵᠢᠭᠡᠳ᠂ ᠮᠠᠯ ᠲᠠᠷᠢᠶᠠᠯᠠᠩ ᠤᠨ ᠡᠷᠡᠬᠦᠯ ᠢᠶᠠᠷ ᠬᠦᠭᠵᠢᠬᠦ ᠳᠤ ᠳᠤ ᠪᠠᠳᠤ ᠰᠠᠭᠤᠷᠢ  ᠲᠡᠪᠢᠰᠴᠦ᠂ ᠮᠠᠨ ᠤ ᠬᠤᠰᠢᠭᠤ ᠨᠢ ᠪᠦᠬᠦ ᠤᠯᠤᠰ ᠤᠨ ᠪᠠᠭ᠎ᠠ ᠭᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠳᠠ ᠶᠢᠨ ᠭᠤᠤᠯᠳᠠᠯᠠᠭᠠᠳᠠᠢ ᠵᠢᠱᠢᠶ᠎ᠡ ᠦᠵᠡᠬᠦᠯᠬᠦ ᠬᠤᠰᠢᠭᠤ ᠪᠤᠯᠤᠭᠰᠠᠨ ᠪᠠᠶᠢᠨ᠎ᠠ᠃ ᠴᠢᠮᠡᠭᠡ ᠬᠤᠯᠪᠤᠭᠠᠨ ᠤ  ᠴᠢᠨᠠᠷᠵᠢᠯ ᠲᠠᠰᠤᠷᠠᠯᠳᠠ ᠦᠬᠡᠢ ᠲᠡᠭᠡᠭᠰᠢᠯᠡᠵᠦ᠂  ᠴᠢᠮᠡᠭᠡ ᠬᠤᠯᠪᠤᠭᠠᠨ ᠤ ᠰᠠᠭᠤᠷᠢ ᠦᠷᠳᠡᠭᠡ 73᠎ ᠶᠢ ᠪᠠᠶᠢᠭᠤᠯᠤᠨ᠂ ᠡᠬᠦᠨ ᠎ ᠳᠤ 3G ᠦᠷᠳᠡᠭᠡ 12᠎ ᠢ  ᠪᠠᠶᠢᠭᠤᠯᠵᠤ᠂ ᠲᠤᠰᠬᠤᠨ ᠪᠤᠯᠭᠠᠨ ᠳᠤ ᠤᠳᠠᠰᠤ ᠨᠡᠪᠳᠡᠷᠡᠬᠦ ᠠᠵᠢᠯ ᠢ ᠦᠨᠳᠦᠰᠦᠨ ᠎ ᠳᠡᠭᠡᠨ ᠪᠡᠶᠡᠯᠡᠬᠦᠯᠪᠡ᠃ ᠬᠤᠳᠠ ᠪᠠᠯᠭᠠᠰᠤᠨ ᠤ ᠦᠢᠯᠡᠴᠢᠯᠡᠭᠡᠨ ᠤ ᠴᠢᠳᠠᠪᠬᠢ ᠢᠯᠡᠳᠳᠡ ᠲᠡᠬᠦᠯᠳᠡᠷᠵᠢᠵᠦ᠂  ᠵᠢᠵᠢᠭ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢ ᠬᠦᠭᠵᠢᠯᠳᠡ ᠪᠠ ᠤᠬᠢ ᠰᠠᠶᠢᠨ ᠤᠷᠴᠢᠨ ᠲᠤᠭᠤᠷᠢᠨ ᠤ ᠡᠬᠦᠳᠦᠯᠳᠡ ᠶᠢᠨ ᠴᠢᠬᠤᠯᠠ ᠠᠷᠭ᠎ᠠ ᠠᠪᠴᠢᠯ ᠪᠤᠯᠭᠠᠨ᠂  ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠵᠡᠷᠭᠡᠪᠡᠷ  ᠠᠳᠬᠤᠬᠤ᠂ ᠨᠡᠭᠡᠭᠡᠯᠳᠡ ᠪᠠ ᠦᠬᠡᠷᠡᠴᠢᠯᠡᠯᠳᠡ ᠶᠢ ᠬᠠᠮᠳᠤ ᠳᠤᠨᠢ  ᠶᠠᠪᠤᠭᠳᠠᠭᠤᠯᠬᠤ  ᠵᠠᠷᠴᠢᠮ ᠢ ᠪᠠᠷᠢᠮᠳᠠᠯᠠᠵᠤ᠂  ᠲᠠᠪᠤᠨ ᠵᠢᠯ ᠳᠤ ᠨᠡᠶᠢᠳᠡ17.4ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠭᠠᠳ᠂   ᠡᠨᠡ ᠎ ᠨᠢ ︽ᠠᠷᠪᠠᠳᠤᠭᠠᠷ ᠲᠠᠪᠤᠨ ᠵᠢᠯ︾᠎ ᠤᠨ 3.6 ᠲᠠᠬᠢᠨ ᠪᠤᠯᠵᠠᠢ᠃  ᠪᠤᠤᠴᠠᠩ ᠪᠠᠯᠭᠠᠰᠤᠨ ᠤ  ᠪᠦᠳᠦᠭᠡᠨ ᠪᠠᠶᠢᠭᠤᠯᠤᠯᠳᠠ ᠶᠢᠨ ᠶᠡᠷᠦᠩᠬᠡᠢ ᠲᠦᠯᠦᠪᠵᠢᠬᠦᠯᠭᠡ  ᠂ ᠬᠤᠳᠠ ᠪᠠᠯᠭᠠᠰᠤᠨ ᠤ  ᠭᠤᠤᠯᠳᠠᠯᠭᠠᠳᠠᠢ  ᠭᠡᠰᠡᠭ ᠤᠨ   ᠡᠵᠡᠮᠰᠢᠯ ᠤᠨ ᠴᠢᠨᠠᠷᠳᠠᠢ  ᠨᠠᠷᠢᠨ ᠲᠦᠯᠦᠪᠵᠢᠬᠦᠯᠭᠡ᠂  ᠲᠤᠰᠬᠤᠨ ᠪᠠᠯᠭᠠᠰᠤᠨ ᠤ  ᠰᠢᠰᠲ᠋ᠧᠮ ᠤᠨ ᠲᠦᠯᠦᠪᠵᠢᠬᠦᠯᠭᠡ ᠶᠢ ᠵᠠᠰᠠᠨ ᠨᠠᠶᠢᠷᠠᠭᠤᠯᠵᠤ᠂  2 ᠪᠠᠶᠢᠭᠤᠯᠤᠮᠵᠢᠳᠤ ᠪᠠᠯᠭᠠᠰᠤᠨ ᠤ ᠶᠡᠷᠦᠩᠬᠡᠢ ᠲᠦᠯᠦᠪᠵᠢᠬᠦᠯᠭᠡ ᠶᠢ ᠨᠠᠶᠢᠷᠠᠭᠤᠯᠤᠨ  ᠲᠤᠭᠳᠠᠬᠤ ᠠᠵᠢᠯ ᠵᠡᠷᠭᠡ ᠶᠢ ᠦᠷᠨᠢᠬᠦᠯᠪᠡ᠃  ᠪᠤᠤᠴᠠᠩ ᠪᠠᠯᠭᠠᠰᠤᠨ ᠤ ᠪᠦᠳᠦᠭᠡᠨ  ᠪᠠᠶᠢᠭᠤᠯᠤᠭᠰᠠᠨ ᠲᠠᠯᠠᠪᠠᠢ 7 ᠬᠠᠪᠳᠠᠭᠠᠢ ᠲᠦᠷᠪᠡᠯᠵᠢᠨ ᠺᠢᠯᠤᠮᠧᠲᠷ ᠠᠴᠠ ᠪᠠᠨ 12.1ᠬᠠᠪᠳᠠᠭᠠᠢ ᠲᠦᠷᠪᠡᠯᠵᠢᠨ ᠺᠢᠯᠤᠮᠧᠲᠷ ᠲᠤ ᠬᠦᠷᠴᠦ᠂  ᠲᠦᠯᠦᠪᠵᠢᠬᠦᠯᠦᠭᠰᠡᠨ ᠲᠠᠯᠠᠪᠠᠢ16ᠬᠠᠪᠳᠠᠭᠠᠢ ᠲᠦᠷᠪᠡᠯᠵᠢᠨ ᠺᠢᠯᠤᠮᠧᠲᠷ ᠠᠴᠠ ᠪᠠᠨ 21.84ᠬᠠᠪᠳᠠᠭᠠᠢ ᠲᠦᠷᠪᠡᠯᠵᠢᠨ ᠺᠢᠯᠤᠮᠧᠲᠷ ᠲᠤ  ᠬᠦᠷᠴᠦ᠂  ᠲᠦᠯᠦᠪᠵᠢᠬᠦᠯᠦᠨ ᠡᠵᠡᠮᠰᠢᠭᠰᠡᠨ ᠲᠠᠯᠠᠪᠠᠢ 100ᠬᠠᠪᠳᠠᠭᠠᠢ ᠲᠦᠷᠪᠡᠯᠵᠢᠨ ᠺᠢᠯᠤᠮᠧᠲᠷ ᠲᠤ  ᠬᠦᠷᠴᠦ᠂  ᠪᠤᠤᠴᠠᠩ ᠪᠠᠯᠭᠠᠰᠤᠨ ᠤ ᠪᠦᠳᠦᠭᠡᠨ ᠪᠠᠶᠢᠭᠤᠯᠤᠭᠰᠠᠨ ᠲᠠᠯᠠᠪᠠᠢ ᠶᠢᠨ ᠡᠵᠡᠮᠰᠢᠯ ᠤᠨ ᠴᠢᠨᠠᠷᠳᠠᠢ ᠨᠠᠷᠢᠨ ᠲᠦᠯᠦᠪᠵᠢᠬᠦᠯᠭᠡ ᠶᠢᠨ ᠪᠦᠷᠬᠦᠴᠡ76%᠎ ᠳᠤ ᠬᠦᠷᠴᠡᠢ᠃  ᠬᠤᠳᠠ ᠵᠠᠰᠠᠭ ᠤᠨ ᠪᠠᠶᠢᠭᠤᠯᠤᠯᠳᠠ ᠳᠤ 5.1ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠨ᠂ 42.1 ᠺᠢᠯᠤᠮᠧᠲᠷ ᠲᠤᠰᠤᠨ ᠵᠠᠮ᠂ 11ᠲᠦᠮᠡᠨ‌ᠬᠠᠪᠳᠠᠭᠠᠢ ᠲᠦᠷᠪᠡᠯᠵᠢᠨ ᠽᠧᠮᠧᠨ᠋ᠲ ᠵᠠᠮ ᠢ  ᠵᠠᠰᠠᠵᠤ᠂ 11.6 ᠲᠦᠮᠡᠨ‌ᠬᠠᠪᠳᠠᠭᠠᠢ ᠲᠦᠷᠪᠡᠯᠵᠢᠨ ᠮᠧᠲᠷ ᠲᠠᠯᠠᠪᠠᠢ ᠶᠢ ᠲᠡᠪᠢᠰᠴᠦ ᠬᠠᠳᠠᠭᠤᠷᠠᠭᠤᠯᠤᠨ᠂ ᠤᠰᠤ ᠭᠠᠳᠠᠭᠰᠢᠯᠠᠭᠤᠯᠬᠤ ᠬᠤᠭᠤᠯᠠᠢ 64.5ᠺᠢᠯᠤᠮᠧᠲᠷ  ᠂ ᠤᠰᠤ ᠬᠠᠩᠭᠠᠬᠤ ᠬᠤᠭᠤᠯᠠᠢ 44 ᠺᠢᠯᠤᠮᠧᠲᠷ᠂ ᠢᠯᠴᠢ ᠬᠠᠩᠭᠠᠬᠤ ᠬᠤᠭᠤᠯᠠᠢ 36 ᠺᠢᠯᠤᠮᠧᠲᠷ ᠢ ᠤᠭᠰᠠᠷᠠᠵᠤ᠂ ᠲᠦᠪᠯᠡᠷᠡᠬᠦᠯᠦᠨ ᠢᠯᠴᠢ ᠬᠠᠩᠭᠠᠬᠤ ᠲᠤᠤᠷ ᠢ 45.7 ᠲᠦᠮᠡᠨ ᠬᠠᠪᠳᠠᠭᠠᠢ ᠲᠦᠷᠪᠡᠯᠵᠢᠨ ᠮᠧᠲᠷ ᠦᠷᠭᠡᠳᠭᠡᠵᠡᠢ᠃ ᠰᠤᠶᠤᠯ ᠤᠨ ᠬᠦᠳᠡᠯᠪᠦᠷᠢ ᠶᠢᠨ ᠠᠭᠤᠳᠠᠮ ᠲᠠᠯᠠᠪᠠᠢ᠂ ᠲᠦᠭᠡᠭᠡᠯ  ᠤᠰᠤ ᠬᠠᠩᠭᠠᠬᠤ ᠦᠢᠯᠡᠳᠪᠦᠷᠢ ᠂ ᠬᠤᠭ ᠨᠤᠪᠰᠢ ᠰᠢᠢᠳᠪᠦᠷᠢᠯᠡᠬᠦ ᠲᠠᠯᠠᠪᠠᠢ  ᠂  ᠪᠤᠵᠠᠷ ᠤᠰᠤ ᠰᠢᠢᠳᠪᠦᠷᠢᠯᠡᠬᠦ ᠦᠢᠯᠡᠳᠪᠦᠷᠢ  ᠵᠢᠴᠢ ᠢᠯᠴᠢ ᠬᠠᠩᠭᠠᠬᠤ 2 ᠭᠤᠤᠯ ᠲᠤᠭᠤᠷᠢᠭ ᠤᠨ ᠪᠠᠷᠢᠯᠭ᠎ᠠ ᠶᠢ ᠡᠬᠢᠯᠡᠬᠦᠯᠵᠦ  ᠂ ᠵᠢᠵᠢᠭ ᠬᠤᠳᠠ ᠪᠠᠯᠭᠠᠰᠤᠨ ᠤ ᠲᠦᠬᠦᠭᠡᠷᠵᠢᠭᠰᠡᠨ ᠴᠢᠳᠠᠪᠬᠢ ᠤᠯᠠᠮ ᠨᠢᠬᠡ ᠠᠯᠬᠤᠮ  ᠲᠡᠬᠦᠯᠳᠡᠷᠵᠢᠭᠰᠡᠨ ᠪᠠᠶᠢᠨ᠎ᠠ᠃  ᠪᠦᠬᠦ ᠬᠤᠰᠢᠭᠤᠨ ᠤ ᠲᠦᠪᠯᠡᠷᠡᠬᠦᠯᠦᠨ ᠢᠯᠴᠢ ᠬᠠᠩᠭᠠᠬᠤ  ᠨᠡᠶᠢᠳᠡᠮᠵᠢᠯ ᠤᠨ ᠨᠤᠷᠮ᠎ᠠ45%᠎ ᠳᠤ  ᠬᠦᠷᠴᠦ᠂ 28 ᠵᠠᠭᠤᠨ ᠤ ᠬᠤᠪᠢ ᠎ ᠶᠢᠨ ᠴᠡᠭ ᠲᠡᠭᠡᠭᠰᠢᠯᠡᠭᠡᠳ︔ ᠤᠷᠤᠨ ᠰᠠᠭᠤᠴᠠ ᠶᠢᠨ  ᠲᠦᠬᠦᠭᠡᠷᠵᠢᠯ ᠤᠨ ᠨᠤᠷᠮ᠎ᠠ 63.6%᠎ ᠳᠤ  ᠬᠦᠷᠴᠦ᠂ 41.6 ᠴᠡᠭ ᠲᠡᠭᠡᠭᠰᠢᠯᠡᠨ  ︔ ᠨᠤᠭᠤᠭᠠᠷᠠᠯᠳᠠ ᠶᠢᠨ ᠨᠤᠷᠮ᠎ᠠ10.3%᠎ ᠳᠤ  ᠬᠦᠷᠴᠦ᠂ 4.7 ᠴᠡᠭ ᠲᠡᠭᠡᠭᠰᠢᠯᠡᠨ  ︔ ᠬᠤᠳᠠ ᠪᠠᠯᠭᠠᠰᠤᠵᠢᠯᠳᠠ ᠶᠢᠨ ᠨᠤᠷᠮ᠎ᠠ 33.1%᠎ ᠳᠤ  ᠬᠦᠷᠴᠦ᠂ 7.1 ᠴᠡᠭ ᠲᠡᠭᠡᠭᠰᠢᠯᠡᠨ  ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢᠨ ᠠᠵᠢᠯ ᠢᠯᠡᠭᠡᠨ ᠠᠮᠵᠢᠯᠳᠠ ᠤᠯᠪᠠ᠃4820 ᠲᠦᠮᠡᠨ ᠲᠦᠬᠦᠷᠢᠭ ᠎ ᠤᠨ ᠪᠡᠯᠡ ᠤᠷᠤᠭᠤᠯᠵᠤ᠂ ᠬᠢᠮᠳᠠ ᠲᠦᠷᠢᠶᠡᠰᠦᠨ ᠤ ᠤᠷᠤᠨ ᠰᠠᠭᠤᠴᠠ 840᠎ ᠶᠢ ᠪᠠᠶᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ 553 ᠡᠷᠦᠬᠡ ᠶᠢᠨ ᠠᠶᠤᠯᠳᠠᠢ ᠬᠡᠷ ᠪᠠᠶᠢᠰᠢᠩ ᠢ ᠵᠠᠰᠠᠨ ᠰᠢᠨᠡᠳᠭᠡᠵᠦ  ︔1306 ᠡᠷᠦᠬᠡ  ᠭᠡᠷ ᠪᠠᠶᠢᠰᠢᠩ ᠢ ᠨᠤᠷᠠᠭᠠᠨ ᠵᠠᠰᠠᠵᠤ᠂ ᠬᠤᠳᠠ ᠶᠢᠨ ᠲᠤᠭᠤᠷᠢᠭ ᠢ ᠨᠡᠭᠡᠭᠡᠵᠦ ᠦᠬᠡᠷᠡᠴᠢᠯᠡᠬᠦ ᠠᠵᠢᠯ ᠤᠨ ᠡᠷᠴᠢᠮ ᠲᠠᠰᠤᠷᠠᠯᠳᠠ ᠦᠬᠡᠢ ᠴᠢᠩᠭᠠᠷᠠᠵᠤ᠂ ᠬᠤᠳᠠ ᠪᠠᠯᠭᠠᠰᠤᠨ ᠤ ᠬᠠᠮᠢᠶᠠᠷᠤᠯᠳᠠ ᠶᠢᠨ  ᠲᠤᠭᠳᠠᠴᠠ ᠶᠢ ᠤᠯᠠᠮ ᠰᠠᠶᠢᠵᠢᠷᠠᠭᠤᠯᠤᠭᠰᠠᠨ ᠪᠠᠶᠢᠨ᠎ᠠ᠃ ᠪᠤᠤᠴᠠᠩ ᠪᠠᠯᠭᠠᠰᠤᠨ ᠳᠤ 1.3 ᠲᠦᠮᠡᠨ ᠮᠤ᠋ ᠭᠠᠵᠠᠷ ᠰᠢᠷᠤᠢ ᠶᠢ ᠨᠦᠬᠡᠴᠡᠯᠡᠨ ᠪᠡᠯᠡᠳᠭᠡᠵᠦ᠂ ᠮᠠᠨ ᠤ ᠬᠤᠰᠢᠭᠤᠨ ᠤ ᠬᠤᠳᠠ ᠪᠠᠯᠭᠠᠰᠤᠨ ᠤ ᠪᠠᠶᠢᠭᠤᠯᠤᠯᠳᠠ ᠪᠤᠯᠤᠨ  ᠬᠤᠶᠢᠰᠢᠳᠠ ᠶᠢᠨ ᠠᠵᠤ ᠠᠬᠤᠢ ᠶᠢᠨ ᠬᠦᠭᠵᠢᠯᠳᠡ ᠳᠤ ᠭᠠᠵᠠᠷ ᠰᠢᠷᠤᠢ ᠶᠢᠨ ᠪᠠᠳᠤᠯᠠᠭ᠎ᠠ ᠬᠠᠩᠭᠠᠵᠠᠢ᠃       ᠬᠤᠳᠠ ᠬᠦᠳᠡᠭᠡ ᠶᠢᠨ ᠨᠡᠶᠢᠬᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠠᠯᠬᠤᠮ ᠠᠯᠬᠤᠮ ᠢᠶᠠᠷ ᠲᠡᠬᠦᠯᠳᠡᠷᠵᠢᠵᠦ᠂ ᠭᠤᠷᠪᠠᠳᠤᠭᠠᠷ ᠠᠵᠤ ᠦᠢᠯᠡᠰ ᠦᠷᠨᠢᠬᠦᠨ ᠬᠦᠭᠵᠢᠭᠰᠡᠨ ᠲᠠᠪᠤᠨ ᠵᠢᠯ  ᠃        ᠪᠦᠬᠦ ᠨᠡᠶᠢᠬᠡᠮ ᠎ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 4.2ᠳ᠋ᠦᠩᠰᠢᠭᠤᠷ ᠲᠦᠬᠦᠷᠢᠭ  ᠪᠠᠶᠢᠭᠰᠠᠨ ᠎ ᠠᠴᠠ ᠪᠠᠨ 10ᠳ᠋ᠦᠩᠰᠢᠭᠤᠷ ᠲᠦᠬᠦᠷᠢᠭ ᠲᠤ ᠬᠦᠷᠴᠦ᠂ ︽ᠠᠷᠪᠠᠳᠤᠭᠠᠷ ᠲᠠᠪᠤᠨ ᠵᠢᠯ︾᠎ ᠤᠨ ᠡᠴᠦᠰ  ᠎ ᠠᠴᠠ 2.3 ᠲᠠᠬᠢᠨ ᠨᠡᠮᠡᠭᠳᠡᠪᠡ᠃ ᠠᠷᠠᠯᠵᠢᠶ᠎ᠠ ᠬᠦᠢᠯᠭᠡᠭᠡᠨ ᠤ ᠦᠢᠯᠡᠰ ᠦᠳᠳᠡᠷ ᠲᠦᠷᠭᠡᠨ ᠬᠦᠭᠵᠢᠵᠦ᠂ ᠠᠨ ᠺᠤᠸᠠᠢ ᠨᠡᠬᠦᠷᠡᠰᠦᠨ ᠤ ᠬᠦᠢᠯᠭᠡᠭᠡᠨ ᠤ ᠬᠦᠷᠢᠶᠡᠯᠡᠩ ᠠᠰᠢᠭᠯᠠᠯᠳᠠ ᠳᠤ ᠤᠷᠤᠵᠠᠢ᠃ ᠪᠸᠢ ᠬᠦᠸᠧ ᠲᠠᠷᠢᠶᠠᠯᠠᠩ ᠤᠨ ᠪᠦᠳᠦᠭᠡᠭᠳᠡᠬᠦᠨ  ᠎ ᠤ ᠬᠦᠢᠯᠭᠡᠭᠡᠨ ᠤ ᠲᠤᠭᠤᠷᠢᠭ ᠪᠠ ᠭᠡᠷ ᠪᠠᠶᠢᠰᠢᠩ ᠤᠨ ᠴᠢᠮᠡᠭᠯᠡᠯ ᠤᠨ ᠮᠠᠲ᠋ᠧᠷᠢᠶᠠᠯ ᠤᠨ ᠵᠠᠬ᠎ᠠ ᠲᠡᠯᠭᠡᠬᠦᠷ ᠤᠨ ᠪᠠᠶᠢᠭᠤᠯᠤᠯᠳᠠ ᠶᠢ ᠡᠬᠢᠯᠡᠵᠦ᠂ ᠮᠠᠰᠢᠨ ᠲᠡᠷᠭᠡ ᠵᠠᠰᠠᠬᠤ ᠪᠠ ᠠᠷᠠᠯᠵᠢᠶᠠᠯᠠᠬᠤ ᠤᠷᠤᠨ ᠲᠤᠭᠤᠷᠢᠭ ᠤᠨ ᠪᠠᠶᠢᠭᠤᠯᠤᠯᠳᠠ ᠶᠢᠨ ᠲᠦᠷᠦᠬᠦᠴᠢ ᠬᠤᠭᠤᠴᠠᠭᠠᠨ ᠤ ᠠᠵᠢᠯ ᠢ ᠦᠷᠨᠢᠬᠦᠯᠪᠡ᠃ ᠠᠶᠠᠨᠴᠢᠨ ᠪᠠ ᠪᠠᠷᠠᠭᠠᠨ ᠤ ᠵᠦᠬᠡᠬᠡᠪᠦᠷᠢ ᠶᠢᠨ ᠡᠷᠬᠢᠯᠳᠦᠯ  ᠺᠢᠯᠤᠮᠧᠲᠷ ᠪᠦᠷᠢ ᠳᠤ 6.4 ᠳ᠋ᠦᠩᠰᠢᠭᠤᠷ ᠬᠦᠮᠦᠨ ᠪᠠ ᠺᠢᠯᠤᠮᠧᠲᠷ ᠪᠦᠷᠢ ᠳᠤ14.1 ᠳ᠋ᠦᠩᠰᠢᠭᠤᠷ ᠲᠤᠨ ᠳᠤ ᠬᠦᠷᠴᠦ᠂ ︽ᠠᠷᠪᠠᠳᠤᠭᠠᠷ ᠲᠠᠪᠤᠨ ᠵᠢᠯ︾᠎ ᠤᠨ ᠡᠴᠦᠰ ᠠᠴᠠ47% ᠪᠠ 45 % ᠎ ᠪᠠᠷ ᠨᠡᠮᠡᠭᠳᠡᠪᠡ᠃ ︽ᠲᠦᠮᠡᠨ ᠲᠤᠰᠬᠤᠨ ᠮᠢᠩᠭᠠᠨ ᠰᠢᠶᠠᠩ︾᠎ ᠤᠨ ᠵᠠᠬ᠎ᠠ ᠲᠡᠯᠬᠡᠬᠦᠷ ᠤᠨ ᠢᠨᠵᠧᠨᠧᠷᠢᠩ ᠢ  ᠬᠦᠴᠦ ᠲᠠᠯᠪᠢᠨ ᠬᠡᠷᠡᠭᠵᠢᠬᠦᠯᠵᠦ᠂ ᠲᠡᠷᠢᠶᠠᠴᠢᠨ ᠠᠶᠢᠯ ᠤᠨ ᠲᠡᠯᠭᠡᠬᠦᠷ 146 ᠪᠤᠯᠤᠨ ᠬᠦᠭᠵᠢᠵᠡᠢ᠃   ᠮᠦᠩᠬᠦᠨ ᠬᠦᠢᠯᠭᠡᠭᠡ ᠲᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠴᠢᠨᠠᠷ ᠪᠤᠯᠤᠨ ᠡᠵᠡᠩᠨᠡᠯᠳᠡ ᠶᠢᠨ ᠦᠷ᠎ᠡ ᠠᠰᠢᠭ ᠶᠡᠬᠡᠬᠡᠨ ᠲᠡᠭᠡᠭᠰᠢᠯᠡᠯᠳᠡ ᠲᠠᠢ ᠪᠤᠯᠵᠤ᠂   ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 23.3ᠳ᠋ᠦᠩᠰᠢᠭᠤᠷ ᠲᠦᠬᠦᠷᠢᠭ᠂ ᠵᠢᠭᠡᠯᠡᠯᠭᠡ ᠶᠢᠨ ᠦᠯᠡᠳᠡᠪᠦᠷᠢ 12.9ᠳ᠋ᠦᠩᠰᠢᠭᠤᠷ ᠲᠦᠬᠦᠷᠢᠭ ᠪᠤᠯᠵᠤ᠂ ︽ᠠᠷᠪᠠᠳᠤᠭᠠᠷ ᠲᠠᠪᠤᠨ ᠵᠢᠯ︾᠎ ᠤᠨ ᠡᠴᠦᠰ ᠠᠴᠠ 3.2 ᠲᠠᠬᠢᠨ ᠪᠠ 2.5 ᠲᠠᠬᠢᠨ  ᠨᠡᠮᠡᠭᠳᠡᠵᠦ᠂ ᠪᠦᠬᠦ ᠠᠶᠢᠮᠠᠭ ᠤᠨ ᠠᠷᠠᠳ ᠠᠴᠠ ᠡᠵᠡᠩᠨᠡᠭᠰᠡᠨ ᠠᠩᠬᠠᠳᠤᠭᠴᠢ ᠲᠤᠰᠬᠤᠨ ᠪᠠᠯᠭᠠᠰᠤᠨ ᠤ ᠪᠠᠩᠬᠢ ᠡᠬᠦᠳᠡ ᠨᠡᠭᠡᠭᠡᠵᠦ ᠡᠷᠦᠬᠡ ᠰᠡᠬᠦᠪᠡ᠃ ᠭᠡᠷ ᠪᠠᠶᠢᠰᠢᠩ ᠭᠠᠵᠠᠷ ᠰᠢᠷᠤᠢ ᠶᠢᠨ ᠠᠵᠤ ᠦᠢᠯᠡᠰ ᠠᠮᠵᠢᠯᠳᠠ ᠤᠯᠵᠤ᠂ ᠤᠷᠤᠨ ᠰᠠᠭᠤᠴᠠ ᠎ ᠶᠢᠨ ᠠᠰᠠᠷ 356 ᠲᠠᠰᠤᠯᠭ᠎ᠠ᠂ 134 ᠲᠦᠮᠡᠨ ᠬᠠᠪᠳᠠᠭᠠᠢ ᠲᠦᠷᠪᠡᠯᠵᠢᠨ ᠮᠧᠲᠷ᠂ ᠬᠤᠳᠠᠯᠳᠤᠭᠠᠨ ᠳᠤ ᠭᠡᠷᠡᠭᠯᠡᠬᠦ ᠠᠰᠠᠷ1412 ᠲᠠᠰᠤᠯᠭ᠎ᠠ᠂ 24.7ᠲᠦᠮᠡᠨ ᠬᠠᠪᠳᠠᠭᠠᠢ ᠲᠦᠷᠪᠡᠯᠵᠢᠨ ᠮᠧᠲᠷ ᠢ  ᠪᠠᠶᠢᠭᠤᠯᠵᠠᠢ᠃ ᠬᠡᠪᠴᠢᠶᠡᠵᠢᠭᠰᠡᠨ  ᠤᠷᠤᠨ ᠰᠠᠭᠤᠴᠠ ᠶᠢᠨ ᠲᠤᠭᠤᠷᠢᠭ 5᠎ ᠶᠢ ᠪᠠᠶᠢᠭᠤᠯᠵᠠᠢ᠃  ᠭᠠᠵᠠᠷ  ᠰᠢᠨᠵᠢᠯᠡᠭᠡᠨ ᠤ ᠪᠡᠯᠡ ᠮᠦᠩᠬᠦ 2 ᠳ᠋ᠦᠩᠰᠢᠭᠤᠷ ᠲᠦᠬᠦᠷᠢᠭ ᠲᠤ ᠬᠦᠷᠴᠦ᠂ ︽ᠠᠷᠪᠠᠳᠤᠭᠠᠷ ᠲᠠᠪᠤᠨ ᠵᠢᠯ︾᠎ ᠤᠨ ᠡᠴᠦᠰ  ᠎ ᠠᠴᠠ 6.7 ᠲᠠᠬᠢᠨ ᠨᠡᠮᠡᠭᠳᠡᠭᠡᠳ᠂ 43ᠰᠢᠨᠵᠢᠯᠡᠬᠡᠨ ᠤ ᠲᠦᠷᠦᠯ ᠵᠦᠢᠯ  ᠎ ᠢ ᠭᠡᠷᠡᠭᠵᠢᠬᠦᠯᠵᠦ᠂  ︽ᠠᠷᠪᠠᠳᠤᠭᠠᠷ ᠲᠠᠪᠤᠨ ᠵᠢᠯ︾᠎ ᠤᠨ ᠡᠴᠦᠰ  ᠎ ᠠᠴᠠ 40 ᠨᠡᠮᠡᠭᠳᠡᠪᠡ᠃  ᠱᠠ ᠽᠢ ᠭᠸᠦ ᠶᠢᠨ ᠮᠤᠯᠢᠪᠳᠧᠨ ᠤ ᠠᠭᠤᠷᠬᠠᠢ᠂ ᠶᠢᠨ ᠳ᠋ᠸᠦ ᠽᠢ ᠠᠭᠤᠯᠠᠨ ᠤ  ᠬᠠᠷ᠎ᠠ ᠲᠤᠭᠤᠯᠭ᠎ᠠ ᠴᠠᠶᠢᠷ ᠤᠨ ᠠᠭᠤᠷᠬᠠᠢ᠂ ᠴᠢᠶᠠᠨ ᠵᠢᠩ  ᠭᠸᠦ ᠶᠢᠨ ᠴᠠᠭᠠᠨ ᠲᠤᠭᠤᠯᠭ᠎ᠠ ᠭᠠᠤᠯᠢ  ᠎ ᠶᠢᠨ ᠠᠭᠤᠷᠬᠠᠢ ᠵᠡᠷᠭᠡ ᠨᠢᠭᠡ ᠪᠦᠯᠦᠭ ᠨᠡᠭᠡᠭᠡᠯᠳᠡ ᠶᠢᠨ ᠦᠨ᠎ᠡ ᠦᠷᠳᠡᠭ ᠲᠠᠢ ᠠᠭᠤᠷᠬᠠᠢ ᠶᠢᠨ ᠬᠡᠪᠳᠡᠰᠢ ᠶᠢ ᠵᠠᠯᠭᠠᠪᠠᠷ ᠬᠠᠶᠢᠨ ᠢᠯᠡᠷᠡᠬᠦᠯᠵᠦ᠂ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠤᠶᠢᠰᠢᠳᠠ ᠶᠢᠨ  ᠬᠦᠭᠵᠢᠯᠳᠡ ᠳᠤ  ᠲᠤᠩ ᠰᠠᠶᠢᠨ ᠰᠠᠭᠤᠷᠢ ᠲᠡᠪᠢᠰᠴᠡᠢ᠃ ᠲᠠᠯ᠎ᠠ ᠨᠤᠳᠤᠭ ᠤᠨ ᠤᠨᠴᠠᠯᠢᠭᠳᠤ ᠵᠤᠭᠠᠴᠠᠯ ᠤᠨ ᠦᠢᠯᠡᠰ ᠎ ᠤᠨ ᠬᠦᠭᠵᠢᠯᠳᠡ  ᠲᠦᠷᠭᠡᠰᠴᠦ᠂ ᠶᠡᠷᠦᠩᠬᠡᠢ ᠤᠷᠤᠯᠭ᠎ᠠ7200 ᠲᠦᠮᠡᠨ ᠲᠦᠬᠦᠷᠢᠭ ᠲᠤ ᠬᠦᠷᠴᠦ᠂ ︽ᠠᠷᠪᠠᠳᠤᠭᠠᠷ ᠲᠠᠪᠤᠨ ᠵᠢᠯ︾᠎ ᠤᠨ ᠡᠴᠦᠰ  ᠎ ᠠᠴᠠ 4800 ᠲᠦᠮᠡᠨ ᠲᠦᠬᠦᠷᠢᠭ ᠦᠰᠴᠦ᠂  ᠵᠢᠯ ᠲᠤᠮᠳᠠᠴᠢ ᠶᠢᠨ 24.6 %᠎ ᠪᠠᠷ ᠨᠡᠮᠡᠭᠳᠡᠪᠡ  ᠃  ᠬᠦᠨᠪᠤᠯᠠᠭ ᠰᠤᠮᠤᠨ ᠤ ᠬᠤᠶᠢᠳᠤ ᠸᠠᠶᠤᠤ ᠭᠠᠴᠠᠭᠠᠨ ᠤ ᠦᠨᠳᠦᠰᠦᠳᠡᠨ ᠤ ᠤᠨᠴᠠᠯᠢᠭᠳᠤ ᠠᠶᠢᠯ ᠲᠤᠰᠬᠤᠨ ᠤ ᠪᠠᠶᠢᠭᠤᠯᠤᠯᠳᠠ ᠶᠢ ᠡᠬᠢᠯᠡᠬᠦᠯᠪᠡ᠃ ᠵᠤᠭᠠᠴᠠᠯ ᠤᠨ ᠦᠢᠯᠡᠰ ᠡᠷᠬᠢᠯᠡᠬᠦ ᠮᠠᠯᠴᠢᠨ ᠲᠠᠷᠢᠶᠠᠴᠢᠨ 22 ᠡᠷᠦᠬᠡ ᠪᠤᠯᠵᠤ᠂︽ᠠᠷᠪᠠᠳᠤᠭᠠᠷ ᠲᠠᠪᠤᠨ ᠵᠢᠯ︾᠎ ᠤᠨ ᠡᠴᠦᠰ  ᠎ ᠠᠴᠠ 13 ᠨᠡᠮᠡᠭᠳᠡᠵᠡᠢ  ᠃ ︽ᠲᠤᠮᠳᠠᠳᠤ ᠤᠯᠤᠰ ᠤᠨ ᠰᠤᠶᠤᠯ ᠵᠤᠭᠠᠴᠠᠯ ᠤᠨ  ᠵᠢᠱᠢᠶ᠎ᠡ ᠦᠵᠡᠬᠦᠯᠬᠦ ᠤᠷᠤᠨ︾᠂ ︽ᠲᠤᠮᠳᠠᠳᠤ ᠤᠯᠤᠰ ᠤᠨ ᠠᠳᠤᠭᠤᠨ ᠦᠢᠯᠡᠰ ᠢ  ᠬᠦᠭᠵᠢᠬᠦᠯᠬᠦ ᠰᠠᠭᠤᠷᠢᠨ ᠭᠠᠵᠠᠷ︾᠂  ︽ᠮᠤᠷᠢᠨ ᠮᠡᠷᠭᠡᠵᠢᠯ ᠤᠨ ᠨᠤᠳᠤᠭ︾ ᠵᠡᠷᠭᠡ ᠠᠯᠳᠠᠷ ᠴᠤᠯᠠ ᠶᠢ  ᠬᠦᠷᠳᠡᠭᠰᠡᠨ ᠤ ᠲᠠᠷᠠᠭ᠎ᠠ  ᠪᠠᠰᠠ ︽ᠲᠤᠮᠳᠠᠳᠤ ᠤᠯᠤᠰ ᠤᠨ ᠬᠠᠭᠠᠨ ᠤ ᠠᠳᠤᠭᠤᠨ ᠰᠤᠶᠤᠯ ᠤᠨ ᠨᠠᠶᠢᠷ ᠵᠢᠴᠢ ᠪᠦᠬᠦ ᠤᠯᠤᠰ ᠤᠨ ᠮᠤᠷᠢᠨ ᠮᠡᠷᠭᠡᠵᠢᠯ ᠤᠨ ᠲᠦᠩᠽᠢ ᠲᠤᠭᠤᠷᠢᠬᠤ ᠤᠷᠤᠯᠳᠤᠭᠠᠨ︾᠎ ᠨᠢ ︽ᠡᠶ᠎ᠡ ᠵᠤᠬᠢᠴᠠᠯᠳᠠᠢ ᠲᠤᠮᠳᠠᠳᠤ ᠤᠯᠤᠰ᠂  ᠭᠤᠤᠯ ᠰᠡᠳᠦᠪ ᠢᠶᠠᠷ ᠢᠶᠠᠨ ᠬᠠᠮᠤᠭ ᠠᠴᠠ ᠠᠯᠳᠠᠷᠰᠢᠭᠰᠠᠨ ᠵᠤᠭᠠᠴᠠᠯ ᠤᠨ ᠨᠠᠶᠢᠷ︾᠎ ᠪᠠᠷ ᠦᠨᠡᠯᠡᠭᠳᠡᠵᠠᠢ᠃  ᠰᠢᠤᠳᠠᠨ ᠴᠢᠮᠡᠭᠡ ᠬᠤᠯᠪᠤᠭᠠᠨ ᠤ ᠠᠵᠢᠯ ᠦᠢᠯᠡᠰ ᠰᠢᠨ᠎ᠡ ᠬᠦᠭᠵᠢᠯᠲᠡ ᠲᠠᠢ ᠪᠤᠯᠵᠤ᠂ ᠡᠯ᠎ᠡ ᠵᠦᠢᠯ ᠤᠨ ᠤᠳᠠᠰᠤ ᠭᠡᠷᠡᠭᠯᠡᠬᠦ ᠡᠷᠦᠬᠡ7.1 ᠲᠥᠮᠡ ᠳᠤ ᠬᠦᠷᠴᠦ  ᠂ ︽ᠠᠷᠪᠠᠳᠤᠭᠠᠷ ᠲᠠᠪᠤᠨ ᠵᠢᠯ︾᠎ ᠤᠨ ᠡᠴᠦᠰ ᠎ ᠠᠴᠠ 2.5 ᠲᠠᠬᠢᠨ ᠪᠤᠯᠪᠠ᠃ ᠦᠷᠭᠡᠨ ᠪᠦᠰᠡᠳᠦ ᠰᠦᠯᠵᠢᠶ᠎ᠡ ᠭᠡᠷᠡᠭᠯᠡᠬᠦ ᠡᠷᠦᠭᠡ 0.5  ᠲᠥᠮᠡ ᠳᠤ ᠬᠦᠷᠴᠦ᠂ ︽ᠠᠷᠪᠠᠳᠤᠭᠠᠷ ᠲᠠᠪᠤᠨ ᠵᠢᠯ︾᠎ ᠤᠨ ᠡᠴᠦᠰ ᠠᠴᠠ2.5 ᠲᠠᠬᠢᠨ ᠨᠡᠮᠡᠭᠳᠡᠪᠡ᠃ ᠰᠢᠤᠳᠠᠨ ᠴᠢᠮᠡᠭᠡ ᠬᠤᠯᠪᠤᠭ᠎ᠠ᠂ ᠵᠠᠮ ᠨᠡᠪᠳᠡᠷᠡᠯᠬᠡ ᠵᠦᠬᠡᠭᠡᠪᠦᠷᠢ᠂ ᠨᠡᠶᠢᠬᠡᠮ ᠲᠤᠭᠤᠷᠢᠭ ᠤᠨ ᠦᠢᠯᠡᠴᠢᠯᠡᠭᠡ ᠪᠠ ᠮᠡᠳᠡᠭᠡ ᠵᠠᠩᠬᠢ ᠶᠢᠨ ᠦᠢᠯᠡᠴᠢᠯᠡᠭᠡ ᠵᠡᠷᠭᠡ ᠠᠵᠢᠯ ᠲᠦᠷᠦᠯ ᠪᠦᠷ ᠨᠡᠯᠢᠶᠡᠳ  ᠲᠦᠷᠭᠡᠨ  ᠬᠦᠭᠵᠢᠵᠦ᠂ ᠬᠤᠳᠠ ᠬᠦᠳᠡᠭᠡ ᠶᠢᠨ ᠨᠡᠶᠢᠬᠡᠮ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ  ᠠᠯᠬᠤᠮ ᠠᠯᠬᠤᠮ ᠢᠶᠠᠷ  ᠲᠡᠬᠦᠯᠳᠡᠷᠵᠢᠪᠡ᠃        ᠠᠮᠢᠳᠤᠷᠠᠯ ᠤᠨ ᠪᠠᠳᠤᠯᠠᠭᠠᠨ ᠤ ᠴᠢᠳᠠᠪᠤᠷᠢ  ᠪᠦᠬᠦ ᠲᠠᠯᠠᠪᠠᠷ ᠴᠢᠩᠭᠠᠷᠠᠵᠤ  ᠂ ᠠᠷᠠᠳ ᠲᠦᠮᠡᠨ ᠠᠰᠢᠭ ᠲᠤᠰᠠ ᠬᠠᠮᠤᠭ ᠠᠷᠪᠢᠨ ᠬᠦᠷᠳᠡᠭᠰᠡᠨ ᠲᠠᠪᠤᠨ ᠵᠢᠯ  ᠃    ᠬᠦᠮᠦᠨ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠨ᠂ ᠡᠳ᠋ ᠤᠨ ᠵᠠᠰᠠᠭ ᠤᠨ ᠵᠠᠷᠤᠯᠭ᠎ᠠ ᠨᠢ ᠠᠷᠠᠳ ᠤᠨ ᠠᠮᠢᠳᠤᠷᠠᠯ ᠲᠡᠰᠢ ᠲᠠᠰᠤᠷᠠᠯᠳᠠ ᠦᠬᠡᠢ ᠭᠡᠯᠪᠡᠶᠢᠭᠰᠡᠨ ᠪᠠᠶᠢᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠤᠷᠤᠯᠭ᠎ᠠ14890  ᠲᠦᠬᠦᠷᠢᠭ ᠲᠤ ᠬᠦᠷᠴᠦ᠂ ᠵᠢᠯ ᠳᠤ 17.1%᠎ ᠪᠠᠷ  ᠨᠡᠮᠡᠭᠳᠡᠨ  ︔ ᠮᠠᠯᠴᠢᠨ ᠲᠠᠷᠢᠶᠠᠴᠢᠨ ᠎ ᠤ ᠬᠦᠮᠦᠨ ᠲᠤᠮᠳᠠᠴᠢ ᠶᠢᠨ ᠴᠡᠪᠡᠷ ᠤᠷᠤᠯᠭ᠎ᠠ 6793 ᠲᠦᠬᠦᠷᠢᠭ ᠪᠠ 5302 ᠲᠦᠬᠦᠷᠢᠭ ᠲᠤ ᠬᠦᠷᠴᠦ᠂  ᠵᠢᠯ ᠎ ᠳᠤ ᠲᠤᠰᠪᠤᠷᠢ17.9%  ᠪᠠ15.2%᠎ ᠪᠠᠷ  ᠨᠡᠮᠡᠭᠳᠡᠵᠡᠢ᠃  ᠨᠡᠶᠢᠬᠡᠮ ᠤᠨ ᠪᠠᠳᠤᠯᠠᠭ᠎ᠠ ᠪᠠ ᠠᠪᠤᠷᠠᠨ ᠲᠤᠰᠠᠯᠠᠬᠤ ᠰᠢᠰᠲ᠋ᠧᠮ ᠤᠯᠠᠮ ᠨᠢᠭᠡ ᠠᠯᠬᠤᠮ ᠲᠡᠬᠦᠯᠳᠡᠷᠵᠢᠵᠦ᠂ ᠪᠠᠳᠤᠯᠠᠭᠠᠨ ᠤ ᠪᠦᠷᠬᠦᠴᠡ  ᠠᠯᠬᠤᠮ ᠠᠯᠬᠤᠮ ᠢᠶᠠᠷ  ᠦᠷᠭᠡᠳᠦᠨ᠂ ᠪᠠᠳᠤᠯᠠᠭᠠᠨ ᠤ ᠪᠠᠷᠢᠮᠵᠢᠶ᠎ᠠ  ᠵᠢᠯ ᠲᠠᠷᠠᠭᠠᠯᠠᠨ ᠲᠡᠭᠡᠭᠰᠢᠯᠡᠵᠦ᠂ ᠨᠡᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ ᠨᠢ ︽ᠠᠷᠪᠠᠳᠤᠭᠠᠷ ᠲᠠᠪᠤᠨ ᠵᠢᠯ︾᠎ ᠤᠨ ᠡᠴᠦᠰ  ᠎ ᠠᠴᠠ4.1 ᠲᠠᠬᠢᠨ ᠪᠤᠯᠵᠠᠢ᠃  ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠳᠠᠳ ᠤᠨ ᠨᠠᠰᠤᠵᠢᠯ ᠤᠨ ᠠᠰᠠᠷᠠᠮᠵᠢ ᠶᠢᠨ  ᠮᠦᠩᠬᠦᠨ ᠎ ᠤ ᠪᠠᠷᠢᠮᠵᠢᠶ᠎ᠠ 5 ᠵᠢᠯ ᠲᠠᠷᠠᠭᠠᠯᠠᠨ ᠲᠡᠭᠡᠭᠰᠢᠯᠡᠵᠦ᠂ ︽ ᠠᠷᠪᠠᠨ ᠨᠢᠭᠡᠳᠦᠭᠡᠷ ᠲᠠᠪᠤᠨ ᠵᠢᠯ︾᠎ ᠤᠨ ᠡᠴᠦᠰ  ᠪᠤᠯᠬᠤ ᠎ ᠳᠤ ᠵᠢᠯ ᠲᠤᠮᠳᠠᠴᠢ ᠪᠠᠷ14400 ᠲᠦᠬᠦᠷᠢᠭ ᠪᠤᠯᠤᠭᠠᠳ᠂ ︽ᠠᠷᠪᠠᠳᠤᠭᠠᠷ ᠲᠠᠪᠤᠨ ᠵᠢᠯ︾᠎ ᠤᠨ ᠡᠴᠦᠰ  ᠎ ᠠᠴᠠ ᠬᠤᠶᠠᠷ ᠲᠠᠬᠢᠨ  ᠨᠡᠮᠡᠭᠳᠡᠪᠡ᠃ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠴᠠᠭ ᠲᠤᠬᠠᠢ ᠳᠤᠨᠢ ᠲᠤᠭ᠎ᠠ ᠨᠤᠷᠮ᠎ᠠ ᠶᠤᠰᠤᠭᠠᠷ ᠲᠠᠷᠬᠠᠭᠠᠵᠤ᠂ ᠨᠡᠶᠢᠬᠡᠮᠵᠢᠭᠰᠡᠨ ᠲᠠᠷᠬᠠᠭᠠᠭᠠᠯᠳᠠ ᠶᠢᠨ ᠨᠤᠷᠮ᠎ᠠ100%  ᠎ ᠳᠤ ᠬᠦᠷᠪᠡ᠃ ᠬᠤᠳᠠ ᠪᠠᠯᠭᠠᠰᠤᠨ ᠤ ᠨᠠᠰᠤᠵᠢᠯ ᠤᠨ ᠠᠰᠠᠷᠠᠮᠵᠢ᠂ ᠠᠵᠢᠯ ᠠᠯᠳᠠᠬᠤ᠂ ᠡᠮ ᠡᠮᠨᠡᠯᠭᠡ᠂ ᠠᠵᠢᠯ ᠤᠨ ᠰᠢᠷᠬᠠᠳᠤᠯ᠂ ᠦᠷᠡᠵᠢᠯ ᠤᠨ ᠲᠠᠭᠠᠳᠬᠠᠯ  ᠵᠡᠷᠭᠡ ᠶᠢᠨ ᠪᠦᠷᠬᠦᠴᠡ ︽ᠠᠷᠪᠠᠳᠤᠭᠠᠷ ᠲᠠᠪᠤᠨ ᠵᠢᠯ︾  ᠎ ᠠᠴᠠ ᠪᠦᠷ ᠶᠡᠭᠡ ᠬᠡᠮᠵᠢᠶᠡᠨ ᠤ ᠲᠡᠭᠡᠭᠰᠢᠯᠡᠯᠳᠡ ᠲᠠᠢ ᠪᠤᠯᠤᠭᠰᠠᠨ ᠪᠠᠶᠢᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠨᠡᠯᠬᠡ ᠶᠢᠨ ᠲᠠᠭᠠᠳᠬᠠᠯ ᠤᠨ ᠲᠦᠷᠢᠮ ᠢ ᠭᠡᠷᠡᠭᠵᠢᠬᠦᠯᠵᠦ᠂ ᠪᠦᠷᠬᠦᠴᠡ ᠨᠢ 90%  ᠎ ᠠᠴᠠ ᠲᠠᠪᠠᠵᠠᠢ᠃  ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠭᠡᠯᠪᠡᠷᠢ ᠶᠢᠨ ᠨᠠᠰᠤᠵᠢᠯ ᠤᠨ ᠲᠠᠭᠠᠳᠬᠠᠯ ᠤᠨ  ᠲᠤᠷᠰᠢᠯᠳᠠ ᠶᠢᠨ ᠠᠵᠢᠯ ᠢ ᠡᠬᠢᠯᠡᠬᠦᠯᠪᠡ᠃ ᠬᠤᠳᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠎ ᠤ  ᠨᠦᠬᠦᠪᠦᠷᠢ ᠬᠦᠮᠦᠨ  ᠲᠤᠮᠳᠠᠴᠢ ᠪᠠᠷ ᠰᠠᠷ᠎ᠠ ᠶᠢᠨ75 ᠲᠦᠬᠦᠷᠢᠭ ᠪᠠᠶᠢᠭᠰᠠᠨ ᠠᠴᠠ 215 ᠲᠦᠬᠦᠷᠢᠭ  ᠪᠤᠯᠤᠨ ᠦᠰᠴᠦ᠂ ᠮᠠᠯᠴᠢᠨ ᠲᠠᠷᠢᠶᠠᠴᠢᠨ ᠤ ᠪᠠᠳᠤᠯᠠᠭᠠᠨ ᠤ ᠮᠦᠩᠬᠦ  ᠬᠦᠮᠦᠨ ᠲᠤᠮᠳᠠᠴᠢ ᠪᠠᠷ ᠰᠠᠷ᠎ᠠ ᠶᠢᠨ 360 ᠲᠦᠬᠦᠷᠢᠭ ᠪᠠᠶᠢᠭᠰᠠᠨ ᠠᠴᠠ 1040 ᠲᠦᠬᠦᠷᠢᠭ ᠪᠤᠯᠵᠤ  ᠦᠰᠦᠭᠡᠳ᠂ ᠲᠠᠪᠤᠨ ᠵᠢᠯ ᠳᠤ ᠨᠡᠶᠢᠳᠡ9300  ᠭᠠᠷᠤᠢ ᠲᠦᠮᠡᠨ ᠲᠦᠬᠦᠷᠢᠭ ᠤᠨ ᠪᠠᠳᠤᠯᠠᠭᠠᠨ ᠤ ᠮᠦᠩᠬᠦ  ᠲᠠᠷᠬᠠᠭᠠᠭᠠᠳ᠂ ︽ᠠᠷᠪᠠᠳᠤᠭᠠᠷ ᠲᠠᠪᠤᠨ ᠵᠢᠯ︾᠎ ᠤᠨ 4.5ᠲᠠᠬᠢᠨ ᠪᠤᠯᠵᠠᠢ᠃ ᠠᠷᠠᠳ ᠤᠨ ᠶᠠᠪᠤᠳᠠᠯ ᠤᠨ ᠠᠰᠠᠷᠠᠨ ᠬᠠᠷᠠᠭᠠᠯᠵᠠᠬᠤ ᠠᠵᠢᠯ ᠢ ᠴᠢᠩᠭᠠᠳᠬᠠᠵᠤ᠂  ᠨᠠᠰᠤᠲᠠᠶᠢᠴᠤᠳ ᠢ ᠠᠰᠠᠷᠠᠬᠤ ᠬᠦᠷᠢᠶᠡᠯᠡᠩ 4᠎ ᠶᠢ ᠪᠠᠶᠢᠭᠤᠯᠤᠨ  ᠂ ᠬᠤᠩ ᠴᠢ ᠪᠠᠯᠭᠠᠰᠤᠨ ᠤ ᠠᠰᠠᠷᠠᠮᠵᠢ ᠶᠢᠨ ᠬᠦᠷᠢᠶᠡᠯᠡᠩ ᠨᠢ ︽ᠪᠦᠬᠦ ᠤᠯᠤᠰ ᠤᠨ ᠵᠢᠱᠢᠶᠡᠴᠢ ᠬᠦᠷᠢᠶᠡᠯᠡᠩ︾ ᠪᠤᠯᠤᠭᠰᠠᠨ ᠪᠠᠶᠢᠨ᠎ᠠ᠃ ᠠᠵᠢᠯ ᠤᠯᠭᠤᠬᠤ ᠪᠠᠷ ᠤᠷᠤᠯᠭ᠎ᠠ ᠶᠢᠨ ᠨᠡᠮᠡᠭᠳᠡᠯ ᠢ ᠠᠬᠢᠭᠤᠯᠵᠤ᠂ ᠬᠤᠳᠠ ᠪᠠᠯᠭᠠᠰᠤᠨ ᠤ 1.1 ᠲᠦᠮᠡᠨ ᠬᠦᠮᠦᠨ ᠳᠤ ᠠᠵᠢᠯ ᠲᠤᠬᠢᠷᠠᠭᠤᠯᠤᠨ᠂ 5.8 ᠲᠦᠮᠡᠨ ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠵᠤ  ᠂ ᠬᠤᠳᠠ ᠪᠠᠯᠭᠠᠰᠤᠨ ᠎ ᠤ ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3.78%᠎ ᠳᠤ  ᠬᠢᠵᠠᠭᠠᠷᠯᠠᠭᠰᠠᠨ ᠪᠠᠶᠢᠨ᠎ᠠ᠃ ᠲᠦᠯᠦᠪᠯᠡᠬᠡᠳᠦ ᠦᠷᠡᠵᠢᠯ ᠤᠨ ᠲᠦᠷᠦ ᠶᠢᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂  ᠲᠦᠷᠦᠯᠳᠡ ᠶᠢᠨ ᠲᠤᠤᠷ᠎ᠠ ᠲᠦᠪᠰᠢᠨ ᠎ ᠢ ᠲᠤᠭᠳᠠᠪᠤᠷᠢᠵᠢᠭᠤᠯᠤᠨ᠂ ᠲᠦᠯᠦᠪᠯᠡᠭᠡᠳᠦ ᠦᠷᠡᠵᠢᠯ ᠤᠨ ᠭᠡᠷ ᠪᠦᠯᠢ ᠳᠤ ᠬᠠᠨᠳᠤᠭᠤᠯᠤᠭᠰᠠᠨ ︽ ᠭᠤᠷᠪᠠᠨ ᠵᠦᠢᠯ ᠎ ᠤᠨ ᠱᠠᠩᠨᠠᠵᠤ ᠬᠦᠭᠢᠬᠦᠯᠬᠦ ᠲᠦᠷᠢᠮ︾᠎ ᠢ ᠪᠠᠶᠢᠭᠤᠯᠵᠤ᠂ 4664 ᠭᠡᠷ ᠪᠦᠯᠢ ᠳᠤ ᠨᠡᠶᠢᠳᠡ 313 ᠲᠦᠮᠡᠨ ᠲᠦᠬᠦᠷᠢᠭ ᠤᠨ ᠬᠦᠬᠢᠬᠦᠯᠦᠯ ᠤᠨ ᠮᠦᠩᠬᠦ ᠤᠯᠭᠤᠵᠠᠢ᠃ ᠬᠦᠮᠦᠨ ᠮᠠᠯ ᠤᠨ ᠤᠰᠤ ᠤᠮᠳᠠ ᠶᠢᠨ ᠠᠶᠤᠯᠬᠦᠢ ᠶᠢᠨ ᠢᠨᠵᠧᠨᠧᠷᠢᠩ ᠤᠨ ᠪᠦᠷᠬᠦᠴᠡ ᠤᠯᠠᠮ ᠦᠷᠭᠡᠳᠴᠦ᠂ ︽ᠠᠷᠪᠠᠳᠤᠭᠠᠷ ᠲᠠᠪᠤᠨ ᠵᠢᠯ︾᠎ ᠤᠨ ᠡᠴᠦᠰ  ᠎ ᠲᠤ24 ᠭᠠᠵᠠᠷ ᠪᠠᠶᠢᠭᠰᠠᠨ ᠠᠴᠠ  ᠤᠳᠤ 111 ᠪᠤᠯᠵᠤ ᠨᠡᠮᠡᠭᠳᠡᠨ᠂ ᠰᠢᠨ᠎ᠡ ᠪᠠᠷ ᠭᠡᠷᠡᠭᠵᠢᠬᠦᠯᠦᠭᠰᠡᠨ ᠢᠨᠵᠧᠨᠧᠷᠢᠩ ᠨᠢ 7.4 ᠲᠦᠮᠡᠨ ᠬᠦᠮᠦᠨ ᠠᠮᠠ  ᠎ ᠶᠢᠨ ᠠᠶᠤᠯᠬᠦᠢ ᠤᠮᠳᠠ ᠶᠢ ᠰᠢᠢᠳᠪᠦᠷᠢᠯᠡᠭᠰᠡᠨ ᠪᠠᠶᠢᠨ᠎ᠠ᠃  ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ ᠠᠵᠢᠯ ᠢ ᠨᠠᠷᠢᠨ ᠨᠢᠮᠪᠠᠢ ᠵᠤᠬᠢᠶᠠᠨ ᠪᠠᠶᠢᠭᠤᠯᠤᠨ ᠬᠡᠷᠡᠭᠵᠢᠬᠦᠯᠵᠦ᠂  ᠶᠠᠳᠠᠭᠤ ᠶᠢ ᠳᠡᠳᠬᠦᠬᠦ  ᠎ ᠳᠤ ᠨᠡᠶᠢᠳᠡ4187 ᠲᠦᠮᠡᠨ ᠲᠦᠬᠦᠷᠢᠭ  ᠎ ᠤᠨ ᠪᠡᠯᠡ  ᠤᠷᠤᠭᠤᠯᠤᠨ᠂  ᠲᠡᠮ ᠬᠦᠦ ᠲᠠᠢ ᠵᠢᠭᠡᠯᠡᠯᠭᠡ 1.07ᠳ᠋ᠦᠩᠰᠢᠭᠤᠷ ᠲᠦᠬᠦᠷᠢᠭ  ᠲᠠᠷᠬᠠᠭᠠᠵᠤ᠂ 35 ᠭᠠᠴᠠᠭ᠎ᠠ ᠲᠤᠰᠬᠤᠨ ᠳᠤ  ᠪᠦᠬᠦᠶᠢᠯᠡ ᠲᠤᠰᠬᠤᠨ ᠢᠶᠠᠷ ᠠᠬᠢᠭᠤᠯᠬᠤ ᠢᠨᠵᠧᠨᠧᠷᠢᠩ ᠢ ᠭᠡᠷᠡᠭᠵᠢᠬᠦᠯᠦᠭᠡᠳ᠂ ᠶᠠᠳᠠᠭᠤ ᠬᠦᠴᠢᠷᠳᠡᠢ ᠬᠦᠮᠦᠨ ᠠᠮᠠ  5.77  ᠲᠦᠮᠡ ᠪᠠᠶᠢᠭᠰᠠᠨ ᠠᠴᠠ 3.98 ᠲᠦᠮᠡ  ᠪᠤᠯᠵᠤ ᠬᠠᠰᠤᠭᠳᠠᠵᠠᠢ᠃  ᠮᠠᠯᠵᠢᠬᠤ ᠲᠠᠷᠢᠶᠠᠯᠠᠬᠤ ᠤᠷᠤᠨ ᠤ ᠨᠠᠭᠠᠳᠤ ᠵᠠᠬ᠎ᠠ ᠎ ᠶᠢᠨ ᠠᠮᠢᠳᠤᠷᠠᠯ ᠤᠨ ᠪᠠᠳᠤᠯᠠᠭᠠᠨ ᠤ ᠲᠦᠷᠢᠮ ᠪᠤᠯᠤᠨ ᠶᠠᠳᠠᠭᠤ ᠶᠢ ᠳᠡᠬᠦᠵᠦ ᠨᠡᠭᠡᠭᠡᠨ ᠬᠦᠭᠵᠢᠬᠦᠯᠬᠦ  ᠲᠦᠷᠢᠮ ᠢ ᠵᠤᠯᠭᠠᠭᠤᠯᠬᠤ ᠲᠤᠷᠰᠢᠯᠳᠠ ᠶᠢᠨ ᠠᠵᠢᠯ ᠢ  ᠡᠬᠢᠯᠡᠬᠦᠯᠪᠡ  ᠃ ᠮᠠᠯᠵᠢᠬᠤ ᠲᠠᠷᠢᠶᠠᠯᠠᠬᠤ ᠤᠷᠤᠨ ᠤ ᠨᠡᠶᠢᠳᠡ ᠶᠢᠨ ᠠᠰᠠᠷᠠᠮᠵᠢ ᠶᠢᠨ ᠦᠢᠯᠡᠰ ᠢ ᠬᠦᠴᠦ ᠲᠠᠯᠪᠢᠨ ᠦᠷᠨᠢᠬᠦᠯᠵᠦ᠂ 3176 ᠲᠦᠮᠡᠨ ᠲᠦᠬᠦᠷᠢᠭ ᠤᠨ ᠪᠡᠯᠡ ᠤᠷᠤᠭᠤᠯᠤᠨ ᠭᠠᠴᠠᠭ᠎ᠠ ᠲᠤᠰᠬᠤᠨ ᠱᠠᠳᠤᠨ ᠤ ︽ᠠᠰ ᠠᠰ ᠲᠤᠨᠢ ᠵᠦᠪᠯᠡᠬᠦ︾ ᠲᠦᠷᠦᠯ ᠵᠦᠢᠯ 55᠎ ᠶᠢ ᠭᠡᠷᠡᠭᠵᠢᠬᠦᠯᠵᠦ᠂ ᠭᠠᠴᠠᠭ᠎ᠠ ᠲᠤᠰᠬᠤᠨ ᠤ ᠵᠠᠮ ᠵᠠᠰᠠᠬᠤ᠂ ᠢᠳᠡᠰᠢᠨ ᠨᠤᠭᠤᠭᠠᠨ ᠤ ᠵᠠᠬ᠎ᠠ  ᠲᠡᠯᠬᠡᠬᠦᠷ᠂ ᠰᠠᠭᠠᠯᠢ ᠶᠢᠨ ᠦᠷᠳᠡᠭᠡ ᠵᠢᠴᠢ ᠨᠡᠶᠢᠳᠡ ᠶᠢᠨ ᠤᠬᠢᠶᠠᠯᠭ᠎ᠠ ᠶᠢᠨ ᠭᠠᠵᠠᠷ᠂ ᠰᠤᠶᠤᠯ ᠤᠨ ᠬᠦᠳᠡᠯᠪᠦᠷᠢ ᠶᠢᠨ ᠬᠡᠷ ᠪᠠᠶᠢᠭᠤᠯᠬᠤ ᠵᠡᠷᠭᠡ ᠤᠯᠠᠨ ᠬᠦᠷᠢᠶ᠎ᠡ ᠭᠡᠪᠴᠢᠶᠡᠨ ᠳᠤ ᠬᠤᠯᠪᠤᠭᠳᠠᠭᠤᠯᠵᠤ᠂ 8.5 ᠲᠦᠮᠡᠨ ᠮᠠᠯᠴᠢᠨ ᠲᠠᠷᠢᠶᠠᠴᠢᠨ ᠳᠤ ᠠᠰᠢᠭ ᠬᠦᠷᠳᠡᠭᠡᠭᠰᠡᠨ ᠪᠠᠶᠢᠨ᠎ᠠ᠃ ᠤᠷᠤᠨ ᠰᠠᠭᠤᠴᠠ ᠶᠢᠨ ᠨᠦᠬᠦᠪᠦᠷᠢ ᠨᠡᠶᠢᠳᠡ 992 ᠲᠦᠮᠡᠨ ᠲᠦᠬᠦᠷᠢᠭ ᠢ  ᠲᠠᠷᠬᠠᠭᠠᠵᠤ᠂  ᠪᠠᠳᠤᠯᠠᠭᠠᠨ ᠤ ᠴᠢᠨᠠᠷᠳᠠᠢ ᠠᠮᠤᠭᠤᠯᠠᠩ ᠰᠠᠭᠤᠷᠢᠰᠢᠯ ᠤᠨ ᠪᠠᠶᠢᠭᠤᠯᠤᠯᠳᠠ ᠪᠠ ᠪᠤᠷᠤ ᠭᠡᠷ ᠤᠨ ᠲᠤᠭᠤᠷᠢᠭ ᠤᠨ ᠦᠬᠡᠷᠡᠴᠢᠯᠡᠯᠳᠡ ᠶᠢ ᠡᠬᠢᠯᠡᠬᠦᠯᠦᠨ᠂ 4870 ᠲᠦᠮᠡᠨ ᠲᠦᠬᠦᠷᠢᠭ ᠤᠨ ᠪᠡᠯᠡ ᠤᠷᠤᠭᠤᠯᠵᠤ᠂  840 ᠢᠵᠢ  ᠤᠷᠤᠨ ᠰᠠᠭᠤᠴᠠ ᠶᠢ  ᠪᠠᠶᠢᠭᠤᠯᠤᠭᠰᠠᠨ ᠪᠠᠶᠢᠨ᠎ᠠ᠃       ᠨᠡᠶᠢᠬᠡᠮ ᠨᠡᠶᠢᠳᠡ ᠶᠢᠨ ᠦᠢᠯᠡᠴᠢᠯᠡᠭᠡ ᠬᠠᠮᠢᠶᠠᠷᠤᠯᠳᠠ ᠡᠳᠦᠷ ᠢᠷᠡᠬᠦᠶ᠎ᠡ  ᠴᠢᠳᠠᠪᠤᠷᠢᠵᠢᠵᠤ᠂  ᠨᠡᠶᠢᠬᠡᠮ ᠤᠨ ᠦᠢᠯᠡᠰ ᠪᠦᠬᠦ ᠲᠠᠯᠠᠪᠠᠷ ᠲᠠᠪᠰᠢᠭᠰᠠᠨ ᠲᠠᠪᠤᠨ ᠵᠢᠯ᠃    ᠲᠤᠰ ᠱᠠᠳᠤᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠬᠠᠷᠢᠴᠠᠯ ᠢ ᠲᠠᠰᠤᠷᠠᠯᠳᠠ ᠦᠬᠡᠢ ᠨᠡᠮᠡᠭᠳᠡᠬᠦᠯᠵᠦ᠂ ᠡᠯ᠎ᠡ ᠲᠦᠷᠦᠯ ᠤᠨ ᠨᠡᠶᠢᠬᠡᠮ ᠤᠨ ᠦᠢᠯᠡᠰ ᠢ  ᠬᠦᠭᠵᠢᠬᠦᠯᠪᠡ᠃ ᠰᠤᠷᠭᠠᠨ ᠬᠦᠮᠦᠵᠢᠯ ᠤᠨ ᠨᠦᠬᠦᠴᠡᠯ ᠶᠡᠬᠡᠪᠡᠷ ᠰᠠᠶᠢᠵᠢᠷᠠᠵᠤ᠂  ᠰᠤᠷᠭᠠᠨ ᠬᠦᠮᠦᠵᠢᠯ ᠤᠨ ᠪᠡᠯᠡ ᠤᠷᠤᠭᠤᠯᠤᠯᠳᠠ ︽ᠠᠷᠪᠠᠳᠤᠭᠠᠷ ᠲᠠᠪᠤᠨ ᠵᠢᠯ︾᠎ ᠤᠨ ᠡᠴᠦᠰ ᠠᠴᠠ 3 ᠲᠠᠬᠢᠨ  ᠪᠤᠯᠤᠭᠰᠠᠨ᠃ ᠪᠦᠬᠦ ᠬᠤᠰᠢᠭᠤᠨ ᠤ ᠠᠯᠪᠠᠨ ᠵᠢᠷᠤᠮ ᠎ ᠤᠨ ᠰᠤᠷᠭᠠᠨ ᠬᠦᠮᠦᠵᠢᠯ ᠤᠨ ᠬᠦᠮᠦᠨ ᠠᠮᠠ ᠶᠢᠨ ᠪᠦᠷᠬᠦᠴᠡ100%  ᠎ ᠳᠤ ᠬᠦᠷᠪᠡ᠃ ︽ᠰᠤᠷᠭᠠᠭᠤᠯᠢ ᠶᠢᠨ ᠠᠮᠤᠷ ᠲᠦᠪᠰᠢᠨ  ᠎ ᠤ ᠢᠨᠵᠧᠨᠧᠷᠢᠩ︾᠎ ᠢ ᠡᠬᠢᠯᠡᠬᠦᠯᠦᠨ᠂ ᠰᠤᠷᠭᠠᠨ ᠬᠦᠮᠦᠵᠢᠯ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ 1.8ᠳ᠋ᠦᠩᠰᠢᠭᠤᠷ ᠲᠦᠬᠦᠷᠢᠭ ᠤᠷᠤᠭᠤᠯᠵᠤ᠂ ᠪᠤᠤᠴᠠᠩ ᠤᠨ ᠨᠢᠬᠡᠳᠦᠭᠡᠷ ᠲᠤᠮᠳᠠᠳᠤ ᠰᠤᠷᠭᠠᠭᠤᠯᠢ᠂ ᠨᠢᠬᠡᠳᠦᠭᠡᠷ  ᠪᠠᠭ᠎ᠠ‌‍ᠰᠤᠷᠭᠠᠭᠤᠯᠢ ᠵᠡᠷᠭᠡ  ᠎ ᠳᠤ ᠦᠬᠡᠷᠡᠴᠢᠯᠡᠯᠳᠡ ᠵᠠᠰᠠᠯᠳᠠ ᠬᠢᠵᠦ᠂  ᠮᠠᠨ ᠤ ᠬᠤᠰᠢᠭᠤᠨ ᠤ ᠬᠤᠳᠠ ᠪᠠᠯᠭᠠᠰᠤᠨ ᠤ ᠰᠤᠷᠭᠠᠭᠤᠯᠢ ᠶᠢᠨ ᠪᠠᠶᠢᠰᠢᠩ ᠭᠡᠷ ᠳᠤ ᠰᠤᠷᠤᠯᠴᠠᠬᠤ ᠲᠡᠦᠬᠡ ᠡᠴᠦᠰᠯᠡᠭᠰᠡᠨ ᠪᠦᠭᠡᠳ ᠬᠦᠳᠡᠭᠡ ᠲᠤᠰᠬᠤᠨ ᠤ 44 ᠰᠤᠷᠭᠠᠭᠤᠯᠢ ᠶᠢ ᠬᠠᠰᠤᠵᠤ  ᠨᠢᠭᠡᠳᠭᠡᠭᠡᠳ᠂ ᠰᠤᠷᠭᠠᠨ ᠬᠦᠮᠦᠵᠢᠯ ᠤᠨ ᠪᠠᠶᠢᠷᠢᠰᠢᠭᠤᠯᠤᠯᠳᠠ ᠤᠯᠠᠮ ᠨᠢᠬᠡ ᠠᠯᠬᠤᠮ ᠰᠢᠯᠢᠳᠡᠭᠵᠢᠭᠰᠡᠨ ᠪᠠᠶᠢᠨ᠎ᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠲᠦᠷᠭᠡᠰᠴᠦ᠂  ᠡᠨᠡ ᠲᠠᠯ᠎ᠠ ᠳᠤ ᠭᠡᠷᠡᠭᠯᠡᠭᠰᠡᠨ ᠵᠠᠷᠤᠯᠭ᠎ᠠ ︽ᠠᠷᠪᠠᠳᠤᠭᠠᠷ ᠲᠠᠪᠤᠨ ᠵᠢᠯ︾᠎ ᠤᠨ ᠡᠴᠦᠰ ᠠᠴᠠ 9.2 ᠲᠠᠬᠢᠨ ᠪᠤᠯᠪᠠ᠃ ᠡᠪᠡᠳᠴᠢᠨ ᠡᠮᠭᠡᠭ ᠢ ᠡᠵᠡᠮᠰᠢᠨ ᠬᠤᠷᠢᠭᠯᠠᠬᠤ ᠲᠦᠪ᠂ ᠲᠦᠯᠦᠪᠯᠡᠬᠡᠳᠦ ᠦᠷᠡᠵᠢᠯ ᠤᠨ ᠦᠢᠯᠡᠴᠢᠯᠡᠭᠡᠨ ᠤ ᠲᠦᠪ  ᠪᠤᠯᠤᠨ 2 ᠦᠨᠳᠦᠰᠦᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ 4 ᠰᠤᠮᠤ ᠰᠢᠶᠠᠩ  ᠪᠠᠯᠭᠠᠰᠤᠨ ᠤ ᠲᠦᠯᠦᠪᠯᠡᠬᠡᠳᠦ ᠦᠷᠡᠵᠢᠯ ᠤᠨ ᠦᠷᠳᠡᠭᠡ᠂ 15 ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠦᠷᠦᠭᠡ ᠶᠢ ᠪᠠᠶᠢᠭᠤᠯᠤᠭᠰᠠᠨ ᠪᠦᠭᠡᠳ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶᠠᠨ ᠤ ᠭᠤᠤᠯ ᠴᠤᠭᠴᠠ ᠶᠢᠨ ᠢᠨᠵᠧᠨᠧᠷᠢᠩ ᠢ ᠲᠠᠭᠤᠰᠬᠠᠵᠠᠢ᠃ ᠭᠡᠨᠡᠳᠳᠡ ᠎ ᠶᠢᠨ ᠴᠢᠨᠠᠷᠳᠠᠢ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠭᠡᠷᠡᠭ ᠢ ᠠᠷᠭᠠᠴᠠᠬᠤ ᠲᠤᠭᠳᠠᠴᠠ᠂ ᠬᠦᠨᠳᠦ ᠶᠡᠭᠡ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠵᠢᠴᠢ ᠡᠮ ᠡᠮᠨᠡᠯᠬᠡ ᠶᠢᠨ ᠠᠪᠤᠷᠠᠨ ᠵᠠᠰᠠᠬᠤ ᠰᠢᠰᠲ᠋ᠧᠮ ᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠤᠷᠤᠨ ᠨᠤᠳᠤᠭ ᠤᠨ ᠡᠪᠡᠳᠴᠢᠨ᠂ ᠰᠦᠷᠢᠶ᠎ᠡ ᠡᠪᠡᠳᠴᠢᠨ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠤᠯᠠᠮ ᠰᠠᠶᠢᠨ ᠨᠠᠶᠢᠳᠠᠪᠤᠷᠢᠵᠢᠭᠤᠯᠪᠠ᠃ ᠰᠢᠨ᠎ᠡ ᠭᠡᠯᠪᠡᠷᠢ ᠶᠢᠨ ᠬᠤᠷᠰᠢᠭᠰᠠᠨ ᠡᠮᠨᠡᠯᠬᠡ ᠎ ᠳᠤ ᠤᠷᠤᠯᠴᠠᠬᠤ ᠨᠤᠷᠮ᠎ᠠ  ᠡᠬᠢᠯᠡᠬᠦ ᠦᠶ᠎ᠡ ᠳᠤ 82% ᠪᠠᠶᠢᠭᠰᠠᠨ ᠪᠤᠯ ᠤᠳᠤ 95.9%  ᠪᠤᠯᠵᠤ᠂ ᠡᠯ᠎ᠡ ᠱᠠᠳᠤᠨ ᠤ ᠵᠠᠰᠠᠭ ᠤᠨ ᠤᠷᠳᠤᠨ ᠠᠴᠠ  ᠬᠤᠷᠰᠢᠭᠰᠠᠨ ᠡᠮᠨᠡᠯᠭᠡ ᠳᠤ ᠲᠤᠬᠢᠷᠠᠭᠤᠯᠬᠤ ᠪᠡᠯᠡ ᠮᠦᠩᠬᠦ ᠬᠦᠮᠦᠨ ᠪᠦᠷᠢ ᠵᠢᠯ ᠤᠨ40 ᠲᠦᠬᠦᠷᠢᠭ ᠪᠠᠶᠢᠭᠰᠠᠨ ᠠᠴᠠ120 ᠲᠦᠬᠦᠷᠢᠭ ᠪᠤᠯᠤᠨ ᠦᠰᠴᠦ᠂ ᠲᠠᠪᠤᠨ ᠵᠢᠯ ᠳᠤ ᠨᠡᠶᠢᠳᠡ  6146 ᠲᠦᠮᠡᠨ ᠲᠦᠬᠦᠷᠢᠭ ᠤᠨ ᠡᠮᠨᠡᠯᠬᠡ ᠶᠢᠨ ᠵᠠᠷᠤᠳᠠᠯ ᠢ ᠲᠠᠩᠰᠠ ᠠᠴᠠ ᠴᠠᠶᠢᠷᠠᠭᠤᠯᠤᠨ 8 ᠲᠦᠮᠡᠨ ᠬᠦᠮᠦᠨ ᠣᠳᠠᠭ᠎ᠠ ᠳᠤ ᠠᠰᠢᠭ ᠬᠦᠷᠲᠡᠭᠡᠵᠠᠢ᠃ 2009 ᠤᠨ ᠳᠤ ᠮᠠᠨ ᠤ ᠬᠤᠰᠢᠭᠤ ᠨᠢ ᠪᠦᠬᠦ ᠤᠷᠤᠨ ᠤ ᠬᠤᠷᠰᠢᠭᠰᠠᠨ ᠡᠮᠨᠡᠯᠬᠡ ᠶᠢᠨ ᠠᠵᠢᠯ ᠤᠨ ᠲᠡᠷᠢᠬᠦᠨ ᠤ ᠬᠤᠰᠢᠭᠤ ᠪᠤᠯᠤᠭᠰᠠᠨ ᠪᠠᠶᠢᠨ᠎ᠠ᠃ ᠲᠦᠯᠦᠪᠯᠡᠬᠡᠳᠦ ᠦᠷᠡᠵᠢᠯ ᠤᠨ ᠠᠵᠢᠯ ᠲᠤᠭᠳᠠᠭᠤᠨ ᠶᠠᠪᠤᠭᠳᠠᠵᠤ᠂ ᠲᠦᠷᠦᠯᠳᠡ ᠶᠢᠨ ᠲᠤᠤᠷ᠎ᠠ ᠲᠦᠪᠰᠢᠨ ᠢ  ᠪᠠᠳᠤᠯᠠᠨ᠂ ᠵᠢᠯ ᠳᠤ ᠲᠦᠷᠦᠬᠦ ᠬᠦᠮᠦᠨ ᠠᠮᠠ ᠎ ᠶᠢᠨ ᠨᠤᠷᠮ᠎ᠠ ᠶᠢ7.61‰᠎ ᠳᠤ ᠬᠢᠵᠠᠭᠠᠷᠯᠠᠵᠤ᠂  ᠬᠦᠮᠦᠨ ᠠᠮᠠ  ᠎ ᠶᠢᠨ ᠠᠶᠠᠨᠳᠠᠭᠠᠨ ᠦᠰᠦᠯᠳᠡ ᠶᠢᠨ ᠨᠤᠷᠮ᠎ᠠ ᠶᠢ0.96‰᠎ ᠳᠤ ᠬᠢᠵᠠᠭᠠᠷᠯᠠᠭᠠᠳ᠂ ︽ᠪᠦᠬᠦ ᠤᠯᠤᠰ ᠤᠨ ᠲᠦᠯᠦᠪᠯᠡᠭᠡᠳᠦ ᠦᠷᠡᠵᠢᠯ ᠤᠨ ᠴᠢᠨᠠᠷᠯᠢᠭ  ᠦᠢᠯᠡᠴᠢᠯᠡᠭᠡᠨ ᠤ ᠲᠡᠷᠢᠬᠦᠨ ᠤ ᠭᠠᠵᠠᠷ ᠤᠷᠤᠨ︾᠎ ᠢᠶᠠᠷ ᠦᠨᠡᠯᠡᠭᠳᠡᠭᠰᠡᠨ ᠪᠠᠶᠢᠨ᠎ᠠ᠃ ᠰᠤᠶᠤᠯ ᠲᠠᠮᠢᠷ ᠤᠨ ᠠᠵᠢᠯ ᠲᠠᠰᠤᠷᠠᠯᠳᠠ ᠦᠬᠡᠢ ᠠᠯᠬᠤᠮ ᠲᠠᠪᠰᠢᠵᠦ᠂  ᠡᠨᠡ ᠲᠠᠯᠠᠪᠠᠷ ᠤᠷᠤᠭᠤᠯᠤᠭᠰᠠᠨ ᠪᠡᠯᠡ ᠮᠦᠩᠬᠦ  ︽ᠠᠷᠪᠠᠳᠤᠭᠠᠷ ᠲᠠᠪᠤᠨ ᠵᠢᠯ︾᠎ ᠤᠨ ᠡᠴᠦᠰ ᠠᠴᠠ 12.5 ᠲᠠᠬᠢᠨ  ᠪᠤᠯᠵᠠᠢ᠃  ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠲᠡᠦᠬᠡ ᠶᠢᠨ ᠲᠤᠷᠠᠰᠬᠠᠯᠳᠤ ᠵᠦᠢᠯ  ᠎ ᠤᠨ ᠨᠡᠶᠢᠳᠡᠮ ᠪᠠᠶᠢᠴᠠᠭᠠᠯᠳᠠ  ᠎ ᠶᠢ ᠠᠮᠵᠢᠯᠳᠠ ᠲᠠᠢ ᠪᠡᠶᠡᠯᠡᠬᠦᠯᠵᠦ᠂  ᠲᠤᠷᠠᠰᠬᠠᠯᠳᠤ  ᠵᠦᠢᠯ 72᠎ ᠢ ᠢᠯᠡᠷᠡᠬᠦᠯᠦᠨ᠂  ᠪᠤᠷᠤᠬᠤᠳᠠ ᠭᠠᠴᠠᠭᠠᠨ ᠳᠤ ᠪᠠᠶᠢᠭ᠎ᠠ ᠶᠤᠸᠠᠨ ᠤᠯᠤᠰ ᠤᠨ ᠦᠶ᠎ᠡ ᠶᠢᠨ ᠡᠷᠳᠡᠨ ᠤ ᠬᠤᠳᠠ ᠎ ᠶᠢᠨ ᠪᠠᠭᠤᠷᠢ ᠨᠢ ᠪᠦᠬᠦ ᠤᠷᠤᠨ ᠤ  ᠬᠤᠷᠢᠨ ᠶᠡᠭᠡ ᠢᠯᠡᠷᠡᠬᠦᠯᠦᠯᠳᠡ ᠶᠢᠨ ᠨᠢᠬᠡ ᠳᠤ ᠤᠷᠤᠭᠠᠳ᠂ ᠮᠠᠨ ᠤ  ᠬᠤᠰᠢᠭᠤ ᠨᠢ  ᠨᠡᠶᠢᠳᠡᠮ ᠪᠠᠶᠢᠴᠠᠭᠠᠯᠳᠠ ᠳᠤ ᠤᠷᠤᠨ ᠤ ᠲᠡᠰ ᠤᠨ ᠲᠡᠷᠢᠬᠦᠨ ᠤ ᠨᠢᠭᠡᠴᠡ ᠪᠠᠷ ᠦᠨᠡᠯᠡᠭᠳᠡᠭᠰᠡᠨ ᠪᠠᠶᠢᠨ᠎ᠠ᠃ ᠪᠤᠳᠠᠰ ᠤᠨ ᠪᠤᠰᠤ ᠰᠤᠶᠤᠯ ᠤᠨ ᠦᠪ 23᠎ ᠶᠢ ᠴᠤᠭᠯᠠᠭᠤᠯᠵᠤ  ᠡᠮᠬᠢᠳᠬᠡᠨ᠂ ᠡᠬᠦᠨ ᠤ ᠲᠤᠳᠤᠷ᠎ᠠ ᠎ ᠠᠴᠠ ᠤᠷᠤᠨ ᠤ ᠲᠡᠰ ᠤᠨ ᠬᠠᠮᠠᠭᠠᠯᠠᠯᠳᠠ ᠶᠢᠨ ᠨᠡᠷᠡᠰ ᠲᠤ 4 ᠤᠷᠤᠵᠤ᠂  ᠠᠶᠢᠮᠠᠭ ᠤᠨ ᠲᠡᠰ ᠤᠨ ᠬᠢ ᠳᠤ 13 ᠤᠷᠤᠵᠠᠢ᠃   ︽ᠰᠤᠶᠤᠯ ᠢᠶᠠᠷ ᠠᠷᠠᠳ ᠢ ᠲᠤᠰᠠᠯᠠᠬᠤ︾ ᠢᠨᠵᠧᠨᠧᠷᠢᠩ ᠢ  ᠭᠡᠷᠡᠭᠵᠢᠬᠦᠯᠵᠦ᠂ 40 ᠭᠠᠴᠠᠭ᠎ᠠ ᠲᠤᠰᠬᠤᠨ ᠳᠤ ᠲᠠᠯ᠎ᠠ ᠨᠤᠳᠤᠭ ᠤᠨ ᠨᠤᠮ ᠤᠨ ᠦᠷᠦᠭᠡ  ᠪᠠᠶᠢᠭᠤᠯᠵᠤ᠂ 6 ᠰᠤᠮᠤ ᠰᠢᠶᠠᠩ ᠪᠠᠯᠭᠠᠰᠤᠨ  ᠎ ᠳᠤ ᠰᠤᠶᠤᠯ ᠤᠨ ᠦᠷᠳᠡᠭᠡ ᠪᠠᠶᠢᠭᠤᠯᠪᠠ᠃ ᠤᠷᠠᠨ ᠰᠠᠶᠢᠬᠠᠨ ᠤ  ᠬᠦᠳᠡᠯᠪᠦᠷᠢ ᠬᠦᠭᠵᠢᠶᠡᠨᠳᠡᠢ ᠶᠠᠪᠤᠭᠳᠠᠨ᠂  ᠤᠯᠠᠨ ᠲᠦᠮᠡᠨ ᠤ ᠰᠤᠶᠤᠯ ᠤᠨ ᠠᠮᠢᠳᠤᠷᠠᠯ ᠦᠩᠭᠡᠵᠢᠨ ᠪᠠᠶᠠᠯᠢᠭᠵᠢᠭᠰᠠᠨ ᠪᠠᠶᠢᠨ᠎ᠠ᠃ ᠰᠤᠨᠢᠨ  ᠮᠡᠳᠡᠭᠡ ᠤᠬᠠᠭᠤᠯᠭ᠎ᠠ ᠶᠢᠨ ᠠᠵᠢᠯ ᠠᠮᠵᠢᠯᠳᠠ ᠤᠯᠵᠤ᠂ ᠠᠶᠢᠮᠠᠭ ᠤᠨ ᠷᠠᠳᠢᠤ᠋ ᠬᠤᠷᠢᠶᠠᠨ ᠤ ᠮᠤᠩᠭᠤᠯ ᠨᠡᠪᠳᠡᠷᠡᠬᠦᠯᠬᠡ᠂ ᠦᠪᠦᠷ ᠮᠤᠩᠭᠤᠯ ᠤᠨ ᠠᠷᠠᠳ ᠤᠨ ᠷᠠᠳᠢᠤ᠋ ᠬᠤᠷᠢᠶᠠᠨ ᠤ ᠮᠤᠩᠭᠤᠯ ᠬᠢᠳᠠᠳ ᠬᠡᠯᠡᠨ ᠤ ᠨᠡᠪᠳᠡᠷᠡᠬᠦᠯᠬᠡ ᠶᠢ ᠬᠦᠯᠢᠶᠡᠨ ᠠᠪᠴᠤ ᠨᠡᠪᠳᠡᠷᠡᠬᠦᠯᠦᠭᠰᠡᠨ ᠪᠦᠭᠡᠳ ᠲᠠᠶᠢᠹᠤᠰᠧ ᠬᠤᠰᠢᠭᠤᠨ ᠤ ᠷᠠᠳᠢᠤ᠋ ᠬᠤᠷᠢᠶ᠎ᠠ  ᠂  ᠨᠠᠮ ᠤᠨ ᠬᠡᠰᠢᠬᠦᠨ ᠤ ᠠᠯᠤᠰ ᠡᠵᠡᠮᠰᠢᠯᠳᠦ ᠰᠤᠷᠭᠠᠨ ᠬᠦᠮᠦᠵᠢᠯ ᠤᠨ ᠲᠡᠯᠭᠡᠴᠡ ᠵᠡᠷᠭᠡ ᠶᠢ ᠨᠡᠪᠳᠡᠷᠡᠬᠦᠯᠵᠦ᠂ ᠷᠠᠳᠢᠤ᠋ ᠲᠧᠯᠸᠢᠰ ᠤᠨ ᠪᠦᠷᠬᠦᠴᠡ97%  ᠎ ᠳᠤ ᠬᠦᠷᠪᠡ᠃  ︽ᠠᠷᠪᠠᠨ ᠨᠢᠭᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠤᠯᠤᠰ᠂ ᠥᠪᠡᠷᠲᠡᠭᠡᠨ ᠵᠠᠰᠠᠬᠤ ᠤᠷᠤᠨ  ᠎ ᠤ ᠱᠠᠲᠤᠨ ᠤ  ᠵᠠᠭᠤᠴᠢᠯᠠᠭᠤᠷ ᠲᠤ1200 ᠢᠯᠡᠭᠦᠦ ᠰᠤᠨᠢᠨ ᠮᠡᠳᠡᠭᠡᠨ ᠤ ᠡᠬᠢ ᠨᠤᠤᠷᠠᠭ ᠬᠠᠩᠭᠠᠵᠤ᠂ ᠮᠠᠨ ᠤ ᠬᠤᠰᠢᠭᠤᠨ ᠤ ᠨᠡᠶᠢᠭᠡᠮ ᠤᠨ ᠨᠥᠯᠥᠭᠡ ᠢ ᠥᠷᠭᠡᠳᠭᠡᠵᠦ᠂ ᠨᠡᠷ᠎ᠡ ᠠᠯᠳᠠᠷᠰᠢᠯ ᠢᠶᠠᠨ ᠳᠡᠭᠡᠭᠰᠢᠯᠡᠭᠦᠯᠪᠡ᠃  ᠳᠡᠭᠡᠷ᠎ᠡ‌ᠨᠡᠶᠢᠳᠡ1000  ᠭᠠᠷᠤᠢ ᠲᠦᠮᠡᠨ ᠲᠦᠬᠦᠷᠢᠭ ᠤᠨ ᠪᠡᠯᠡ ᠤᠷᠤᠭᠤᠯᠤᠨ᠂  ᠭᠠᠴᠠᠭ᠎ᠠ ᠲᠤᠰᠬᠤᠨ ᠤ ᠨᠠᠮ ᠤᠨ ᠭᠡᠰᠢᠬᠦᠨ ᠤ ᠬᠦᠳᠡᠯᠪᠦᠷᠢ ᠠᠵᠢᠯᠯᠠᠭᠠᠨ ᠤ ᠰᠠᠭᠤᠷᠢᠨ ᠭᠠᠵᠠᠷ 132᠎ ᠶᠢ ᠪᠠᠶᠢᠭᠤᠯᠵᠤ᠂ ᠤᠳᠤᠷᠢᠳᠤᠯᠭ᠎ᠠ ᠲᠠᠭᠠᠭᠠᠬᠤ ᠠᠷᠭ᠎ᠠ ᠪᠠᠷ ᠪᠤᠤᠴᠠᠩ ᠪᠠᠯᠭᠠᠰᠤᠨ ᠤ 7ᠨᠡᠶᠢᠬᠡᠮ ᠲᠤᠭᠤᠷᠢᠭ ᠢ ᠰᠢᠨ᠎ᠡ ᠪᠠᠷ ᠪᠠᠶᠢᠭᠤᠯᠵᠤ ᠂ ᠠᠯᠪᠠᠨ ᠭᠡᠷ ᠠᠵᠢᠯᠯᠠᠬᠤ ᠲᠠᠯᠠᠪᠤᠷ ᠦᠬᠡᠢ ᠠᠰᠠᠭᠤᠳᠠᠯ ᠢ ᠰᠢᠢᠳᠪᠦᠷᠢᠯᠡᠪᠡ᠃ ᠦᠨᠳᠦᠰᠦᠳᠡᠨ ᠤ ᠪᠦᠯᠬᠦᠮᠳᠡ ᠲᠠᠪᠰᠢᠯᠳᠠ ᠶᠢᠨ  ᠴᠤᠭᠴᠠᠯᠠᠯᠳᠠ ᠶᠢᠨ ᠠᠵᠢᠯ ᠢ  ᠬᠦᠴᠦ ᠲᠠᠯᠪᠢᠨ ᠦᠷᠨᠢᠬᠦᠯᠵᠦ᠂  ᠤᠯᠤᠰ᠂ ᠤᠷᠤᠨ ᠪᠠ ᠠᠶᠢᠮᠠᠭ ᠎ ᠤᠨ ᠱᠠᠳᠤᠨ ᠤ ᠲᠡᠷᠢᠬᠦᠨ ᠤ ᠬᠠᠮᠳᠤ ᠪᠠ ᠬᠤᠪᠢ ᠬᠦᠮᠦᠨ  ᠵᠠᠯᠭᠠᠪᠠᠷ ᠴᠤᠯᠭᠤᠷᠠᠨ  ᠭᠠᠷᠪᠠ᠃ ᠨᠠᠮ ᠤᠨ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠪᠠᠷᠢᠮᠳᠠᠯᠠᠵᠤ᠂ ᠪᠦᠬᠦ ᠬᠤᠰᠢᠭᠤᠨ ᠤ ᠱᠠᠰᠢᠨ ᠰᠢᠳᠦᠯᠬᠡ ᠶᠢᠨ  ᠲᠠᠯᠠᠪᠠᠷ ᠎ ᠬᠢ ᠡᠶ᠎ᠡ ᠵᠤᠬᠢᠴᠠᠯ ᠪᠠ ᠲᠤᠭᠳᠠᠭᠤᠨ ᠢ ᠬᠠᠮᠠᠭᠠᠯᠠᠨ᠂ ᠪᠤᠤᠴᠠᠩ ᠪᠠᠯᠭᠠᠰᠤᠨ ᠤ  ᠺᠠᠲ᠋ᠤᠯᠢᠭ ᠱᠠᠰᠢᠨ ᠤ ᠲᠤᠭᠠᠩ ᠨᠢ ᠪᠦᠬᠦ ᠤᠯᠤᠰ ᠤᠨ ᠪᠤᠯᠪᠠᠰᠤᠨ ᠵᠢᠱᠢᠶᠡᠴᠢ ᠱᠠᠰᠢᠨ ᠤ ᠲᠠᠯᠠᠪᠤᠷ ᠢᠶᠠᠷ ᠦᠨᠡᠯᠡᠭᠳᠡᠭᠰᠡᠨ ᠪᠠᠶᠢᠨ᠎ᠠ᠃ ᠪᠦᠬᠦ ᠤᠯᠤᠰ ᠤᠨ ᠬᠤᠶᠠᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠪᠤᠯᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢ ᠪᠦᠬᠦ  ᠲᠠᠯᠠᠪᠠᠷ ᠪᠡᠶᠡᠯᠡᠬᠦᠯᠵᠡᠢ᠃ ᠠᠷᠠᠳ ᠤᠨ ᠵᠡᠪᠰᠡᠭᠳᠦ ᠬᠦᠴᠦᠨ ᠤ ᠠᠵᠢᠯ᠂ ᠡᠷᠦᠬᠡ ᠶᠢᠨ ᠴᠡᠷᠢᠭ ᠤᠨ  ᠠᠵᠢᠯ  ᠎ ᠤᠨ ᠡᠷᠴᠢᠮ  ᠤᠯᠠᠮ ᠴᠢᠨᠠᠭᠰᠢᠳᠠ ᠴᠢᠩᠭᠠᠷᠠᠨ᠂   ᠲᠠᠩᠰᠠ ᠡᠪᠭᠡᠮᠡᠯ᠂ ᠲᠡᠦᠬᠡ ᠤᠶᠢᠯᠠᠯᠭ᠎ᠠ᠂ ᠠᠭᠠᠷ ᠤᠨ ᠰᠡᠷᠭᠡᠶᠢᠯᠡᠯᠳᠡ᠂ ᠴᠠᠭ ᠠᠭᠤᠷ᠂ ᠭᠠᠵᠠᠷ ᠬᠦᠳᠡᠯᠦᠯᠳᠡ᠂ ᠬᠤᠶᠠᠷ ᠢ ᠬᠦᠷᠢᠶᠡᠯᠡᠬᠦ᠂ ᠡᠮᠡᠭᠳᠡᠶᠢᠴᠤᠳ᠂ ᠬᠡᠦᠭᠡᠳ᠂  ᠵᠡᠮᠳᠡᠭᠴᠤᠳ ᠤᠨ ᠠᠵᠢᠯ  ᠪᠠ ᠤᠯᠤᠰ ᠤᠨ ᠪᠠᠳᠤᠯᠠᠨ ᠬᠠᠮᠠᠭᠠᠯᠠᠯᠳᠠ  ᠂ ᠪᠡᠯᠡᠳᠭᠡᠯ ᠬᠦᠴᠦᠨ ᠤ ᠠᠵᠢᠯ ᠵᠡᠷᠭᠡ ᠨᠢ ᠪᠦᠷ ᠰᠢᠨ᠎ᠡ ᠠᠮᠵᠢᠯᠳᠠ ᠤᠯᠤᠭᠰᠠᠨ ᠪᠠᠶᠢᠨ᠎ᠠ᠃      ᠠᠷᠠᠳᠴᠢᠯᠠᠯ ᠬᠠᠤᠯᠢ ᠲᠦᠷᠢᠮ ᠪᠠ ᠤᠶᠤᠨ ᠤ ᠪᠤᠯᠪᠠᠰᠤᠨ ᠤ ᠪᠠᠶᠢᠭᠤᠯᠤᠯᠳᠠ ᠲᠠᠰᠤᠷᠠᠯᠳᠠ ᠦᠬᠡᠢ ᠴᠢᠩᠭᠠᠷᠠᠪᠠ᠃ ᠨᠡᠶᠢᠬᠡᠮ ᠤᠨ ᠶᠡᠷᠦᠩᠬᠡᠶᠢᠯᠡᠭᠰᠡᠨ ᠵᠠᠰᠠᠯᠳᠠ  ᠎ ᠶᠢᠨ ᠬᠠᠷᠢᠭᠤᠴᠠᠯᠭ᠎ᠠ ᠶᠢᠨ ᠲᠦᠷᠢᠮ ᠢ  ᠪᠦᠬᠦ ᠲᠠᠯᠠᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠷᠭ᠎ᠠ ᠠᠪᠴᠢᠯ ᠢ ᠪᠤᠳᠠᠳᠠᠶᠢᠵᠢᠭᠤᠯᠤᠨ᠂ ᠤᠷᠤᠰᠢᠵᠤ ᠠᠮᠢᠳᠤᠷᠠᠬᠤ ᠤᠷᠴᠢᠨ ᠲᠤᠭᠤᠷᠢᠨ ᠤᠯᠠᠮ ᠠᠮᠤᠷ ᠲᠠᠶᠢᠪᠤᠩ ᠡᠮᠬᠢ ᠲᠢᠭᠯᠡᠮ ᠲᠠᠢ ᠪᠤᠯᠪᠠ᠃ ᠰᠢᠳᠭᠡᠵᠦ ᠰᠡᠷᠭᠡᠶᠢᠯᠡᠬᠦ ᠰᠢᠰᠲ᠋ᠧᠮ ᠎ ᠤᠨ ᠪᠠᠶᠢᠭᠤᠯᠤᠯᠳᠠ ᠶᠢᠨ  ᠦᠷ᠎ᠡ ᠪᠦᠳᠦᠮᠵᠢ ᠢᠯᠡᠰᠢᠷᠡᠵᠦ᠂ ᠴᠢᠩᠭ᠎ᠠ ᠴᠤᠬᠢᠯᠳᠠ ᠦᠭᠴᠦ ᠴᠡᠭᠴᠡᠯᠡᠨ ᠵᠠᠰᠠᠬᠤ ᠠᠵᠢᠯ ᠬᠦᠨᠵᠡᠭᠡᠢ ᠦᠷᠨᠢᠨ᠂ ᠬᠤᠤᠷ ᠴᠠᠭᠠᠵᠠᠯᠠᠬᠤ ᠠᠵᠢᠯ ᠪᠤᠳᠠᠳᠤ ᠪᠦᠳᠦᠮᠵᠢ  ᠤᠯᠤᠭᠰᠠᠨ ᠪᠠᠶᠢᠨ᠎ᠠ᠃ ᠨᠡᠶᠢᠬᠡᠮ ᠎ ᠤᠨ ᠵᠦᠷᠢᠴᠡᠯ ᠢ ᠨᠠᠮᠳᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠤᠯᠳᠠᠯᠭ᠎ᠠ ᠪᠤᠯᠭᠠᠨ᠂ ᠨᠡᠶᠢᠬᠡᠮ ᠤᠨ ᠵᠦᠷᠢᠴᠡᠯ ᠢ ᠪᠠᠶᠢᠴᠠᠭᠠᠨ ᠰᠢᠢᠳᠪᠦᠷᠢᠯᠡᠬᠦ ᠵᠡᠷᠭᠡ ᠬᠦᠳᠡᠯᠭᠡᠭᠡᠨ ᠢ ᠬᠦᠨᠵᠡᠬᠡᠢ ᠦᠷᠨᠢᠬᠦᠯᠵᠦ᠂ ᠨᠢᠭᠡ ᠪᠦᠯᠦᠭ  ᠲᠤᠪᠤᠶᠢᠮ᠎ᠠ ᠠᠰᠠᠭᠤᠳᠠᠯ ᠢ ᠵᠤᠬᠢᠰᠳᠠᠢ ᠰᠠᠶᠢᠨ ᠰᠢᠢᠳᠪᠦᠷᠢᠯᠡᠪᠡ᠃  ︽ᠲᠠᠪᠤ ᠲᠠᠪᠤ︾ ᠬᠠᠤᠯᠢ ᠲᠦᠭᠡᠮᠡᠯᠵᠢᠬᠦᠯᠬᠦ ᠠᠵᠢᠯ ᠤᠷᠤᠭᠰᠢᠳᠠᠢ ᠶᠠᠪᠤᠭᠳᠠᠵᠤ᠂  ᠮᠠᠨ ᠤ ᠬᠤᠰᠢᠭᠤᠨ ᠤ ᠬᠠᠤᠯᠢ  ᠲᠦᠭᠡᠮᠡᠯᠵᠢᠬᠦᠯᠬᠦ ᠪᠠ ᠬᠠᠤᠯᠢ ᠪᠠᠷ ᠵᠠᠰᠠᠬᠤ ᠠᠵᠢᠯ ᠢ ᠪᠦᠳᠦᠮᠵᠢᠳᠡᠢ ᠲᠦᠯᠬᠢᠨ  ᠠᠬᠢᠭᠤᠯᠵᠠᠢ᠃ ᠠᠶᠤᠯᠬᠦᠢ ᠦᠢᠯᠡᠳᠪᠦᠷᠢᠯᠡᠯ ᠢᠳᠡᠭᠡᠨ ᠡᠮ ᠤᠨ ᠵᠦᠢᠯ ᠢ ᠬᠢᠨᠠᠨ ᠬᠠᠮᠢᠶᠠᠷᠬᠤ ᠠᠵᠢᠯ ᠤᠨ ᠡᠷᠴᠢᠮ ᠲᠠᠰᠤᠷᠠᠯᠳᠠ ᠦᠬᠡᠢ ᠴᠢᠩᠭᠠᠷᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠠᠳᠤᠯᠠᠪᠠ᠃ ᠲᠦᠷᠪᠡᠨ ᠵᠢᠯ ᠲᠠᠷᠠᠭᠠᠯᠠᠨ ᠰᠤᠮᠤ ᠰᠢᠶᠠᠩ ᠪᠠᠯᠭᠠᠰᠤᠨ ᠳᠤ ᠬᠤᠶᠠᠷ ᠪᠤᠯᠪᠠᠰᠤᠨ ᠤ ᠪᠠᠶᠢᠭᠤᠯᠤᠯᠳᠠ ᠶᠢᠨ ᠠᠬᠤᠢ ᠲᠠᠯᠠᠪᠠᠢ ᠶᠢᠨ ᠬᠤᠷᠠᠯ ᠢ ᠬᠤᠷᠠᠯᠳᠤᠭᠤᠯᠵᠤ᠂ ᠬᠤᠷᠠᠯ ᠢᠶᠠᠷ ᠴᠤᠭᠴᠠᠯᠠᠯᠳᠠ ᠶᠢ ᠠᠬᠢᠭᠤᠯᠤᠭᠠᠳ ᠤᠬᠢ ᠰᠠᠶᠢᠨ ᠠᠮᠵᠢᠯᠳᠠ ᠤᠯᠵᠤ᠂  ᠠᠷᠠᠳ  ᠢᠷᠭᠡᠳ ᠤᠨ ᠪᠤᠯᠪᠠᠰᠤᠨ ᠤ ᠤᠬᠠᠮᠰᠠᠷ ᠲᠠᠰᠤᠷᠠᠯᠳᠠ ᠦᠬᠡᠢ ᠲᠡᠭᠡᠭᠰᠢᠯᠡᠨ᠂ ᠪᠤᠤᠴᠠᠩ ᠪᠠᠯᠭᠠᠰᠤ ᠨᠢ ᠪᠦᠬᠦ ᠤᠷᠤᠨ ᠤ ᠵᠢᠷᠭᠤᠭᠠᠨ ᠤᠳᠤᠨ ᠲᠡᠰ ᠤᠨ ᠪᠤᠯᠪᠠᠰᠤᠨ ᠬᠤᠳᠠ ᠪᠠᠯᠭᠠᠰᠤ ᠪᠠᠷ ᠦᠨᠡᠯᠡᠭᠳᠡᠭᠰᠡᠨ ᠪᠠᠶᠢᠨ᠎ᠠ᠃          ᠭᠤᠤᠯᠳᠠᠯᠭᠠᠳᠠᠢ ᠵᠠᠷᠤᠯᠭ᠎ᠠ ᠪᠠᠳᠤᠯᠠᠭᠳᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠲᠠᠶᠢᠴᠢᠯᠠᠬᠤ ᠦᠢᠯᠡᠳᠦᠯ ᠲᠤᠪᠤᠶᠢᠭᠰᠠᠨ ᠲᠠᠪᠤᠨ ᠵᠢᠯ  ᠃   ︽ᠠᠷᠪᠠᠨ ᠨᠢᠭᠡᠳᠦᠭᠡᠷ ᠲᠠᠪᠤᠨ ᠵᠢᠯ︾  ᠎ ᠤᠨ ᠬᠤᠭᠤᠴᠠᠭᠠᠨ ᠡᠴᠦᠰ ᠎ ᠲᠤ᠂  ᠪᠦᠬᠦ ᠬᠤᠰᠢᠭᠤᠨ ᠤ ᠡᠩ ᠤᠨ  ᠲᠦᠰᠦᠪ ᠤᠨ ᠵᠠᠷᠤᠯᠭ᠎ᠠ 10 ᠳ᠋ᠦᠩᠰᠢᠭᠤᠷ ᠲᠦᠬᠦᠷᠢᠭ  ᠎ ᠤᠨ ᠶᠡᠭᠡ ᠪᠤᠭᠤᠮᠳᠠ ᠶᠢ   ᠰᠢᠪᠳᠤᠯᠤᠨ᠂ ︽ᠠᠷᠪᠠᠳᠤᠭᠠᠷ ᠲᠠᠪᠤᠨ ᠵᠢᠯ︾᠎ ᠤᠨ ᠡᠴᠦᠰ ᠤᠨ 3.7 ᠲᠠᠬᠢᠨ ᠪᠤᠯᠵᠤ  ᠂ ᠲᠠᠪᠤᠨ ᠵᠢᠯ ᠳᠤ ᠡᠳ᠋ ᠤᠨ ᠵᠠᠰᠠᠭ ᠤᠨ ᠵᠠᠷᠤᠯᠭ᠎ᠠ  ᠨᠡᠶᠢᠳᠡ 35ᠳ᠋ᠦᠩᠰᠢᠭᠤᠷ ᠲᠦᠬᠦᠷᠢᠭ  ᠎ ᠲᠤ ᠬᠦᠷᠦᠭᠡᠳ᠂  ᠠᠷᠠᠳ ᠤᠨ ᠠᠮᠢᠳᠤᠷᠠᠯ ᠢ ᠪᠠᠳᠤᠯᠠᠬᠤ᠂ ᠡᠷᠬᠢᠯᠳᠦᠯ ᠢ ᠪᠠᠳᠤᠯᠠᠬᠤ᠂ ᠲᠤᠭᠳᠠᠭᠤᠨ ᠢ ᠪᠠᠳᠤᠯᠠᠬᠤ ᠵᠡᠷᠭᠡ ᠲᠠᠯᠠᠪᠠᠷ  ᠪᠠᠳᠤᠯᠠᠬᠤ ᠵᠤᠬᠢᠰᠳᠠᠢ ᠶᠢ ᠪᠦᠬᠦᠨ ᠢ ᠪᠠᠳᠤᠯᠠᠭᠰᠠᠨ ᠪᠠᠶᠢᠨ᠎ᠠ᠃ ᠲᠤᠰᠬᠠᠢ ᠲᠦᠷᠦᠯ ᠤᠨ ᠪᠡᠯᠡ  ᠮᠦᠩᠬᠦ ᠶᠢ ᠪᠦᠬᠦᠨ ᠢ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢ ᠬᠦᠴᠦᠳᠡᠢ ᠲᠦᠯᠬᠢᠨ ᠠᠬᠢᠭᠤᠯᠪᠠ᠃ ᠡᠳ᠋ ᠤᠨ ᠬᠦᠴᠦᠨ ᠲᠤᠶᠢᠯ ᠤᠨ ᠬᠦᠴᠢᠷᠳᠡᠢ ᠪᠠᠶᠢᠳᠠᠯ ᠲᠤᠤᠷ᠎ᠠ ᠢᠳᠡᠪᠬᠢᠳᠡᠢ ᠪᠠᠷ ᠪᠡᠯᠡ ᠬᠤᠷᠠᠮᠳᠤᠭᠤᠯᠵᠤ᠂  ᠮᠠᠯᠴᠢᠨ ᠲᠠᠷᠢᠶᠠᠴᠢᠨ ᠢ ᠬᠠᠷᠠᠭᠠᠯᠵᠠᠬᠤ ᠡᠯ᠎ᠡ ᠵᠦᠢᠯ ᠤᠨ ᠨᠦᠬᠦᠪᠦᠷᠢ 4.83ᠳ᠋ᠦᠩᠰᠢᠭᠤᠷ ᠲᠦᠬᠦᠷᠢᠭ ᠢ ᠲᠠᠷᠬᠠᠭᠠᠪᠠ᠃ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠳᠤᠯᠠᠵᠤ᠂ ᠨᠡᠶᠢᠳᠡ 2.86ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠲᠠᠷᠬᠠᠭᠠᠵᠠᠢ᠃ ᠪᠦᠬᠦ ᠬᠤᠰᠢᠭᠤᠨ ᠤ  ᠠᠵᠢᠯ ᠤᠨ ᠪᠠᠶᠢᠷᠢ ᠲᠡᠭᠡᠷ᠎ᠡ ᠪᠠᠶᠢᠭ᠎ᠠ ᠪᠠ ᠠᠵᠢᠯ ᠠᠴᠠ ᠪᠠᠨ ᠠᠮᠠᠷᠠᠭᠰᠠᠨ ᠠᠵᠢᠯᠳᠠᠨ ᠤ ᠴᠠᠯᠢᠩ ᠤᠯᠭᠤᠮᠵᠢ  ᠎ ᠶᠢᠨ ᠦᠰᠦᠯᠳᠡ᠂ ᠲᠠᠷᠬᠠᠭᠠᠯᠳᠠ ᠶᠢ ᠴᠠᠭ ᠴᠠᠭ ᠲᠤᠨᠢ ᠲᠤᠭ᠎ᠠ ᠶᠤᠰᠤᠭᠠᠷ ᠨᠠᠶᠢᠳᠠᠪᠤᠷᠢᠵᠢᠭᠤᠯᠪᠠ᠃ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠪᠤᠯᠤᠨ ᠦᠨᠳᠦᠰᠦᠨ ᠱᠠᠳᠤᠨ ᠳᠠᠬᠢ ᠪᠡᠯᠡ ᠤᠷᠤᠭᠤᠯᠤᠯᠳᠠ ᠶᠢ ᠲᠠᠰᠤᠷᠠᠯᠳᠠ ᠦᠬᠡᠢ ᠶᠡᠬᠡᠰᠭᠡᠵᠦ᠂ ᠰᠤᠮᠤ ᠰᠢᠶᠠᠩ ᠪᠠᠯᠭᠠᠰᠤ ᠪᠤᠯᠤᠨ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠤᠨ ᠠᠵᠢᠯᠯᠠᠬᠤ ᠨᠦᠬᠦᠴᠡᠯ ᠢ ᠰᠠᠶᠢᠵᠢᠷᠠᠭᠤᠯᠤᠨ᠂  3 ᠰᠤᠮᠤ ᠰᠢᠶᠠᠩ ᠪᠠᠯᠭᠠᠰᠤᠨ ᠤ ᠠᠯᠪᠠᠨ ᠠᠰᠠᠷ  ᠪᠠᠶᠢᠭᠤᠯᠤᠭᠳᠠᠨ ᠠᠰᠢᠭᠯᠠᠯᠳᠠ ᠎ ᠳᠤ  ᠤᠷᠤᠭᠰᠠᠨ ᠪᠠᠶᠢᠨ᠎ᠠ᠃ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠠᠯᠪᠠᠨ ᠵᠠᠷᠤᠳᠠᠯ  ᠵᠢᠯ ᠳᠤ 18000 ᠲᠦᠬᠦᠷᠢᠭ ᠪᠠᠶᠢᠭᠰᠠᠨ ᠢ 37000 ᠲᠦᠬᠦᠷᠢᠭ ᠪᠤᠯᠭᠠᠨ ᠦᠰᠭᠡᠵᠦ᠂  ᠭᠠᠴᠠᠭ᠎ᠠ ᠲᠤᠰᠬᠤᠨ ᠪᠠ ᠨᠡᠶᠢᠬᠡᠮ ᠲᠤᠭᠤᠷᠢᠭ ᠤᠨ ᠺᠠᠳᠠᠷ ᠤᠨ  ᠵᠢᠩᠬᠢᠨᠢ ᠲᠤᠰᠢᠶᠠᠯ ᠤᠨ ᠴᠠᠯᠢᠩ  ᠎ ᠢ ᠵᠢᠯ ᠤᠨ 4800 ᠲᠦᠬᠦᠷᠢᠭ ᠠᠴᠠ  ᠲᠤᠰᠪᠤᠷᠢ 7000 ᠲᠦᠬᠦᠷᠢᠭ ᠪᠠ 9600 ᠲᠦᠬᠦᠷᠢᠭ ᠪᠤᠯᠭᠠᠨ ᠦᠰᠭᠡᠵᠡᠢ᠃        ᠬᠠᠤᠯᠢ ᠪᠠᠷ ᠵᠠᠰᠠᠭ ᠶᠠᠪᠤᠭᠤᠯᠬᠤ ᠲᠦᠪᠰᠢᠨ ᠤᠯᠠᠮ ᠴᠢᠨᠠᠭᠰᠢᠳᠠ ᠲᠡᠭᠡᠭᠰᠢᠯᠡᠵᠦ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠲᠠᠰᠤᠷᠠᠯᠳᠠ ᠦᠬᠡᠢ ᠴᠢᠩᠭᠠᠷᠠᠭᠰᠠᠨ ᠲᠠᠪᠤᠨ ᠵᠢᠯ  ᠃ ᠲᠦᠷᠢᠮ ᠤᠨ ᠪᠠᠶᠢᠭᠤᠯᠤᠯᠳᠠ ᠪᠠ ᠬᠠᠷᠢᠭᠤᠴᠠᠯᠭ᠎ᠠ ᠶᠢᠨ ᠨᠠᠶᠢᠳᠠᠪᠤᠷᠢᠵᠢᠯᠳᠠ ᠬᠤᠶᠠᠷ ᠵᠠᠩᠬᠢᠯᠠᠭ᠎ᠠ ᠶᠢᠨ ᠭᠤᠭᠴᠤᠭ᠎ᠠ ᠎ ᠶᠢ  ᠲᠤᠪᠤᠶᠢᠯᠭᠠᠨ᠂  ᠵᠠᠰᠠᠭ ᠤᠨ ᠤᠷᠳᠤᠨ ᠤ ᠴᠢᠳᠠᠪᠬᠢ ᠶᠢ ᠦᠨᠡᠨᠬᠦ ᠬᠤᠪᠢᠷᠠᠭᠤᠯᠵᠤ᠂ ᠬᠠᠥᠯᠢ ᠶᠤᠰᠤᠭᠠᠷ ᠵᠠᠰᠠᠭ ᠶᠠᠪᠤᠭᠤᠯᠵᠤ᠂ ᠵᠠᠰᠠᠭ ᠤᠨ  ᠤᠷᠳᠤᠨ ᠤ ᠠᠵᠢᠯ  ᠎ ᠤᠨ ᠬᠠᠥᠯᠢ ᠳᠥᠷᠢᠮᠵᠢᠯᠲᠡ᠂ ᠠᠷᠠᠳᠴᠢᠯᠠᠯᠲᠠ᠂ ᠰᠢᠨᠵᠢᠯᠡᠬᠦ ᠤᠬᠠᠭᠠᠨᠵᠢᠯᠲᠠ ᠶᠢᠨ ᠲᠥᠪᠰᠢᠨ ᠢᠯᠡᠳᠳᠡ ᠰᠠᠶᠢᠵᠢᠷᠠᠪᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂  ᠲᠠᠪᠤᠨ ᠵᠢᠯ ᠳᠤ 84 ᠵᠤᠷᠪᠤᠰ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠬᠡᠷᠡᠭ ᠤᠴᠢᠷ ᠢ ᠴᠤᠮᠬᠠᠳᠬᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠲᠦᠪ ᠪᠤᠯᠤᠨ ᠰᠤᠮᠤ ᠰᠢᠶᠠᠩ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠢ ᠪᠠᠶᠢᠭᠤᠯᠵᠤ᠂ ᠠᠵᠢᠯ ᠤᠨ ᠦᠷ᠎ᠡ ᠪᠥᠲᠦᠮᠵᠢ ᠪᠤᠯᠤᠨ ᠴᠢᠨᠠᠷ ᠴᠢᠨᠰᠠᠭ᠎ᠠ ᠢᠯᠡᠳᠳᠡ ᠳᠡᠭᠡᠭᠰᠢᠯᠡᠭᠰᠡᠨ ᠪᠠᠶᠢᠨ᠎ᠠ᠃  ᠡᠯᠧᠺᠲᠷᠤᠨᠴᠢᠯᠠᠭᠰᠠᠨ ᠵᠠᠰᠠᠭ ᠤᠨ ᠶᠠᠪᠤᠳᠠᠯ ᠤᠨ ᠪᠠᠶᠢᠭᠤᠯᠤᠯᠳᠠ  ᠠᠮᠵᠢᠯᠳᠠ ᠪᠦᠳᠦᠮᠵᠢ ᠤᠯᠵᠤ᠂ ᠤᠯᠠᠨ ᠲᠦᠮᠡᠨ  ᠎ ᠤ ᠮᠡᠳᠡᠬᠦ  ᠂ ᠤᠷᠤᠯᠴᠠᠬᠤ᠂ ᠬᠢᠨᠠᠯᠳᠠ ᠲᠠᠯᠪᠢᠬᠤ ᠡᠷᠭᠡ ᠤᠯᠠᠮ ᠨᠢᠭᠡ ᠠᠯᠬᠤᠮ ᠪᠠᠳᠤᠯᠠᠭᠳᠠᠵᠠᠢ᠃ ︽ᠤᠷᠴᠢᠨ ᠲᠤᠭᠤᠷᠢᠨ ᠢ ᠰᠢᠯᠢᠳᠡᠭᠵᠢᠬᠦᠯᠬᠦ ᠤᠨ︾᠎ ᠤ ᠠᠵᠢᠯᠯᠠᠭ᠎ᠠ ᠶᠢ ᠦᠷᠨᠢᠬᠦᠯᠦᠨ᠂ ᠨᠡᠶᠢᠬᠡᠮ ᠤᠨ ᠪᠡᠯᠡ ᠤᠷᠤᠭᠤᠯᠤᠯᠳᠠ ᠎ ᠶᠢᠨ ᠤᠷᠴᠢᠨ ᠤᠯᠠᠮ ᠰᠠᠶᠢᠵᠢᠷᠠᠪᠠ᠃ ᠤᠳᠤᠷᠢᠳᠬᠤ ᠺᠠᠳᠠᠷ ᠤᠨ ᠵᠠᠰᠠᠭ ᠪᠠᠷᠢᠬᠤ ᠠᠵᠢᠯᠯᠠᠭ᠎ᠠ ᠶᠢ ᠲᠦᠷᠢᠮᠵᠢᠬᠦᠯᠦᠨ᠂  ᠲᠥᠰᠦᠪ ᠤᠨ  ᠭᠠᠳᠠᠨᠠᠬᠢ  ᠪᠡᠯᠡ ᠮᠦᠩᠭᠦᠨ ᠤ ᠬᠠᠮᠢᠶᠠᠷᠤᠯᠲᠠ ᠢ ᠡᠷᠴᠢᠮᠵᠢᠭᠦᠯᠵᠦ ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠳᠥᠷᠢᠮ ᠢ ᠶᠠᠪᠤᠭᠳᠠᠭᠤᠯᠵᠠᠢ᠃  ᠬᠢᠨᠠᠨ ᠪᠤᠳᠤᠬᠤ  ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠦᠢᠯᠡᠳᠦᠯ ᠢ ᠴᠢᠩᠭᠠᠳᠬᠠᠵᠤ᠂ ᠤᠳᠤᠷᠢᠳᠬᠤ ᠺᠠᠲᠠᠷ ᠤᠨ ᠤᠯᠤᠰ ᠲᠦᠷᠦ ᠶᠢᠨ ᠠᠵᠢᠯᠯᠠᠭ᠎ᠠ  ᠎ ᠶᠢ  ᠲᠦᠷᠢᠮᠵᠢᠬᠦᠯᠦᠨ ᠂  ᠠᠵᠢᠯ ᠤᠨ ᠰᠤᠷᠳᠠᠯ ᠢ ᠦᠨᠡᠯᠡᠬᠦ ᠪᠠ ᠰᠤᠷᠳᠠᠯ ᠴᠡᠭᠴᠡᠯᠡᠬᠦ ᠠᠵᠢᠯᠯᠠᠭ᠎ᠠ ᠶᠢ ᠬᠦᠨᠵᠡᠬᠡᠢ  ᠦᠷᠨᠢᠬᠦᠯᠵᠦ᠂ ᠰᠠᠯᠠᠭ᠎ᠠ ᠮᠦᠴᠢᠷ ᠪᠤᠯᠤᠨ ᠠᠵᠢᠯ ᠲᠦᠷᠦᠯ ᠤᠨ ᠲᠦᠪ ᠪᠤᠰᠤ ᠰᠤᠷᠳᠠᠯ ᠢ ᠢᠳᠡᠪᠬᠢᠳᠡᠢ ᠪᠠᠷ  ᠬᠠᠯᠠᠨ ᠰᠠᠶᠢᠵᠢᠷᠠᠭᠤᠯᠵᠤ᠂ ᠤᠬᠢ ᠰᠠᠶᠢᠨ ᠵᠠᠰᠠᠭ ᠤᠨ ᠠᠵᠢᠯ ᠤᠨ ᠤᠷᠴᠢᠨ ᠠᠬᠤᠢ ᠶᠢ ᠡᠬᠦᠳᠦᠭᠰᠡᠨ ᠪᠠᠶᠢᠨ᠎ᠠ᠃ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠦᠪᠯᠡᠯᠬᠡᠨ  ᠎ ᠤ  ᠵᠦᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ ᠪᠠ ᠵᠠᠰᠠᠭ ᠲᠤ ᠤᠷᠤᠯᠴᠠᠵᠤ ᠵᠠᠰᠠᠭ ᠢ ᠵᠦᠪᠯᠡᠬᠦ  ᠦᠢᠯᠡᠳᠦᠯ ᠢ  ᠪᠠᠳᠠᠷᠠᠭᠤᠯᠤᠨ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ  538᠂ ᠤᠯᠤᠰ ᠲᠦᠷᠦ ᠶᠢᠨ ᠵᠦᠪᠯᠡᠯᠬᠡᠨ  ᠎ ᠤ ᠭᠡᠰᠢᠬᠦᠳ ᠤᠨ ᠰᠠᠨᠠᠯ ᠲᠤᠷᠠᠳᠤᠯᠭ᠎ᠠ 450᠎ ᠶᠢ ᠬᠦᠢᠴᠡᠳᠭᠡᠵᠦ᠂ ᠬᠦᠢᠴᠡᠳᠭᠡᠭᠰᠡᠨ ᠨᠤᠷᠮ᠎ᠠ 100%᠎ ᠳᠤ ᠬᠦᠷᠴᠡᠢ᠃ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠰᠢᠨᠵᠢᠯᠡᠬᠦ ᠮᠡᠷᠭᠡᠵᠢᠯ ᠤᠨ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠡᠷᠭᠡ  ᠵᠤᠬᠢᠶᠠᠨ ᠪᠠᠶᠢᠭᠤᠯᠤᠯᠳᠠ ᠯᠤᠭ᠎ᠠ ᠶᠢᠨ ᠬᠠᠷᠢᠴᠠᠭ᠎ᠠ ᠪᠠᠨ  ᠨᠢᠬᠳᠠᠷᠠᠭᠤᠯᠵᠤ᠂ ᠨᠡᠶᠢᠬᠡᠮ ᠤᠨ ᠡᠯ᠎ᠡ ᠡᠳᠡᠭᠡᠳ ᠤᠨ  ᠰᠠᠨᠠᠯ ᠪᠠ ᠰᠠᠨᠠᠭᠤᠯᠭ᠎ᠠ ᠶᠢ ᠦᠷᠭᠡᠨ ᠢᠶᠠᠷ ᠬᠤᠷᠢᠶᠠᠨ᠂ ᠵᠠᠰᠠᠭ ᠤᠨ ᠤᠷᠳᠤᠨ ᠤ ᠰᠢᠢᠳᠪᠦᠷᠢ ᠲᠤᠭᠳᠠᠬᠤ ᠬᠠᠮᠢᠶᠠᠷᠤᠯᠳᠠ ᠶᠢᠨ ᠲᠦᠪᠰᠢᠨ ᠤᠯᠠᠮ ᠨᠢᠭᠡ ᠠᠯᠬᠤᠮ ᠲᠡᠭᠡᠭᠰᠢᠯᠡᠭᠰᠡᠨ ᠪᠠᠶᠢᠨ᠎ᠠ᠃       ᠲᠦᠯᠦᠭᠡᠯᠡᠭᠴᠢᠳ ᠡ᠂  ᠲᠠᠪᠤᠨ ᠵᠢᠯ ᠤᠨ ᠦᠢᠯᠡᠳᠦᠯᠬᠡ ᠨᠢ ᠬᠤᠰᠢᠭᠤᠨ ᠤ ᠪᠠᠶᠢᠳᠠᠯ ᠪᠠ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠵᠢᠮ᠎ᠡ ᠶᠤᠰᠤᠨ ᠤ ᠲᠤᠬᠠᠢ ᠪᠢᠳᠡᠨ ᠤ ᠲᠠᠨᠢᠯᠳᠠ ᠶᠢ ᠤᠯᠠᠮ ᠬᠦᠨᠵᠡᠭᠡᠶᠢᠷᠡᠬᠦᠯᠵᠦ᠂ ᠮᠦᠨᠴᠦ ᠲᠠᠶᠢᠹᠤᠰᠧ ᠬᠤᠰᠢᠭᠤᠨ ᠤ ᠲᠦᠷᠭᠡᠨ ᠬᠦᠭᠵᠢᠯᠳᠡ ᠶᠢ ᠪᠡᠶᠡᠯᠡᠬᠦᠯᠬᠦ ᠳᠤ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠶᠤᠮ᠃ ᠡᠨᠡ ᠪᠤᠯ ᠲᠠᠷᠤᠢ᠄ ᠡᠷᠭᠡᠪᠰᠢ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ  ᠎ ᠶᠢ ᠠᠵᠢᠯ ᠢᠶᠠᠨ ᠲᠦᠯᠬᠢᠨ ᠠᠬᠢᠭᠤᠯᠬᠤ ᠵᠦᠭᠯᠡᠬᠦᠷ ᠪᠤᠯᠭᠠᠵᠤ᠂ ᠬᠦᠴᠢᠷ ᠶᠢ ᠲᠠᠪᠠᠵᠤ ᠠᠮᠵᠢᠯᠳᠠ  ᠎ ᠳᠤ ᠬᠦᠷᠬᠦ ᠦᠨᠳᠦᠰᠦᠨ ᠠᠷᠭ᠎ᠠ ᠪᠤᠯᠭᠠᠨ᠂ ᠠᠷᠠᠳ ᠲᠦᠮᠡᠨ ᠳᠤ ᠵᠢᠷᠭᠠᠯ ᠡᠳ᠋ᠯᠡᠬᠦᠯᠬᠦ  ᠬᠦᠭᠡᠭᠡᠴᠡᠯᠳᠦᠯ ᠪᠤᠯᠭᠠᠵᠤ᠂ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ  ᠎ ᠪᠠᠷ ᠠᠰᠠᠭᠤᠳᠠᠯ ᠢ ᠪᠤᠳᠤᠯᠬᠢᠯᠠᠵᠤ᠂ ᠠᠵᠢᠯ ᠢ ᠬᠦᠢᠴᠡᠳᠭᠡᠨ᠂ ᠬᠦᠭᠵᠢᠯᠳᠡ ᠶᠢ  ᠠᠳᠬᠤᠬᠤ  ᠎ ᠪᠠᠷ ᠪᠠᠷᠠᠬᠤ ᠦᠬᠡᠢ ᠲᠤᠭᠳᠠᠭᠤᠨ ᠢ ᠠᠳᠬᠤᠵᠤ᠂ ᠠᠵᠢᠯ ᠢᠶᠠᠨ ᠪᠦᠳᠦᠭᠡᠯᠴᠢ ᠪᠠᠷ ᠦᠷᠨᠢᠬᠦᠯᠬᠦ ᠭᠡᠷᠡᠭᠳᠡᠢ︔ ᠡᠷᠭᠡᠪᠰᠢ ᠬᠦᠭᠵᠢᠯᠳᠡ ᠪᠦᠷᠢᠨ ᠪᠤᠰᠤ ᠪᠠᠶᠢᠭ᠎ᠠ ᠬᠤᠰᠢᠭᠤᠨ ᠤ ᠦᠨᠳᠦᠰᠦᠨ ᠪᠠᠶᠢᠳᠠᠯ ᠎ ᠳᠠᠭᠠᠨ ᠰᠠᠭᠤᠷᠢᠯᠠᠵᠤ᠂ ᠬᠦᠭᠵᠢᠬᠦᠯᠦᠯᠳᠡ ᠭᠡᠮᠡᠬᠦ ᠲᠡᠷᠢᠬᠦᠨ ᠴᠢᠬᠤᠯᠠ ᠡᠬᠦᠷᠭᠡ ᠶᠢ ᠭᠤᠶᠢᠪᠢᠰᠢ ᠦᠬᠡᠢ᠂ ᠰᠤᠯᠠᠷᠠᠰᠢ ᠦᠬᠡᠢ ᠪᠠᠳᠤ ᠡᠵᠡᠮᠳᠡᠨ᠂ ᠠᠵᠤ ᠠᠬᠤᠢ ᠶᠢᠨ ᠪᠤᠳᠠᠳᠤ ᠬᠦᠴᠦᠨ ᠢ ᠲᠠᠰᠤᠷᠠᠯᠳᠠ ᠦᠬᠡᠢ ᠪᠤᠵᠠᠭᠠᠶᠢᠷᠠᠭᠤᠯᠵᠤ᠂ ᠬᠦᠭᠵᠢᠯᠳᠡ ᠶᠢᠨ ᠠᠷᠭ᠎ᠠ ᠭᠡᠯᠪᠡᠷᠢ ᠶᠢ ᠲᠦᠷᠭᠡᠨ ᠰᠢᠨᠡᠴᠢᠯᠡᠵᠦ᠂ ᠬᠦᠭᠵᠢᠭᠰᠡᠨ ᠭᠠᠵᠠᠷ ᠤᠷᠤᠨ ᠯᠤᠭ᠎ᠠ ᠶᠢᠨ ᠵᠦᠷᠢᠶ᠎ᠡ ᠎ ᠪᠠᠨ ᠤᠯᠠᠮ ᠨᠢᠭᠡ ᠠᠯᠬᠤᠮ ᠪᠠᠭᠠᠰᠬᠠᠬᠤ ᠭᠡᠷᠡᠭᠳᠡᠢ︔ ᠡᠷᠭᠡᠪᠰᠢ  ᠪᠦᠬᠦ ᠠᠶᠢᠮᠠᠭ᠂ ᠪᠦᠬᠦ ᠤᠷᠤᠨ᠂ ᠴᠢᠨᠠᠭᠰᠢᠯᠠᠪᠠᠯ ᠪᠦᠬᠦ ᠤᠯᠤᠰ ᠤᠨ ᠬᠦᠭᠵᠢᠯᠳᠡ ᠶᠢᠨ ᠶᠡᠭᠡ ᠪᠠᠶᠢᠳᠠᠯ  ᠲᠤᠮᠳᠠ ᠮᠠᠨ ᠤ  ᠬᠤᠰᠢᠭᠤᠨ ᠤ ᠪᠠᠨ ᠬᠦᠭᠵᠢᠯᠳᠡ ᠶᠢ ᠰᠡᠳᠬᠢᠬᠦ ᠤᠬᠠᠮᠰᠠᠷ ᠢ ᠪᠠᠳᠤ ᠪᠤᠢ ᠪᠤᠯᠭᠠᠨ᠂  ᠤᠯᠤᠰ ᠤᠨ ᠲᠦᠷᠦ ᠶᠢᠨ ᠪᠤᠳᠤᠯᠭ᠎ᠠ᠂ ᠵᠠᠬ᠎ᠠ ᠲᠡᠯᠬᠡᠬᠦᠷ ᠤᠨ ᠱᠠᠭᠠᠷᠳᠠᠯᠭ᠎ᠠ ᠬᠢᠭᠡᠳ ᠤᠷᠤᠨ ᠨᠤᠳᠤᠭ ᠤᠨ ᠲᠠᠪᠠᠭᠤᠯᠢᠭ ᠢ ᠬᠠᠷᠢᠯᠴᠠᠨ ᠤᠶᠠᠯᠳᠤᠭᠤᠯᠵᠤ᠂ ᠡᠯ᠎ᠡ ᠵᠦᠢᠯ ᠤᠨ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠠᠳᠬᠤᠨ᠂ ᠬᠦᠭᠵᠢᠯᠳᠡ ᠶᠢᠨ ᠰᠠᠨᠠᠭᠠᠴᠢᠯᠠᠭᠠᠳᠤ ᠡᠷᠭᠡ ᠶᠢ ᠤᠯᠬᠤ ᠭᠡᠷᠡᠭᠳᠡᠢ︔ ᠡᠷᠭᠡᠪᠰᠢ ᠦᠵᠡᠯ ᠰᠠᠨᠠᠭ᠎ᠠ ᠪᠠᠨ ᠴᠢᠯᠦᠭᠡᠯᠡᠨ᠂ ᠤᠷᠴᠢᠨ ᠲᠤᠭᠤᠷᠢᠨ ᠢ ᠰᠢᠯᠢᠳᠡᠭᠵᠢᠬᠦᠯᠵᠦ᠂ ᠲᠤᠳᠤᠭᠠᠳᠤ ᠬᠦᠴᠦᠨ ᠢ ᠬᠦᠭᠵᠢᠬᠡᠬᠦ ᠪᠠ ᠭᠠᠳᠠᠭᠠᠳᠤ ᠬᠦᠴᠦᠨ ᠢ ᠠᠰᠢᠭᠯᠠᠬᠤ ᠶᠢ ᠤᠶᠠᠯᠳᠤᠭᠤᠯᠤᠨ᠂ ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠦᠴᠦᠷᠭᠡᠭ ᠶᠡᠭᠡ ᠬᠦᠳᠡᠯᠬᠡᠬᠦ ᠬᠦᠴᠦᠨ  ᠬᠠᠩᠭᠠᠬᠤ ᠭᠡᠷᠡᠭᠳᠡᠢ︔ ᠡᠷᠭᠡᠪᠰᠢ ᠲᠦᠷᠦᠯ ᠵᠦᠢᠯ ᠢᠶᠠᠷ ᠲᠡᠷᠢᠬᠦᠨ ᠭᠠᠷᠳᠠᠴᠠ ᠪᠤᠯᠭᠠᠨ᠂ ᠡᠯ᠎ᠡ ᠬᠦᠷᠢᠶ᠎ᠡ  ᠭᠡᠪᠴᠢᠶ᠎ᠡ᠂ ᠡᠯ᠎ᠡ ᠲᠠᠯ᠎ᠠ ᠶᠢᠨ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠳᠠ ᠶᠢ ᠨᠢᠭᠡᠳᠦᠯᠳᠡᠢ ᠲᠦᠯᠦᠪᠵᠢᠬᠦᠯᠦᠨ ᠠᠬᠢᠭᠤᠯᠵᠤ᠂ ᠲᠦᠷᠦᠯ ᠵᠦᠢᠯ ᠢᠶᠠᠷ ᠲᠠᠪᠠᠭᠤᠯᠢᠭ ᠲᠠᠯ᠎ᠠ ᠪᠠᠨ ᠨᠡᠮᠡᠭᠳᠡᠬᠦᠯᠵᠦ᠂ ᠪᠤᠳᠠᠳᠤ ᠬᠦᠴᠦᠨ ᠢᠶᠠᠨ ᠴᠢᠩᠭᠠᠷᠠᠭᠤᠯᠤᠨ᠂ ᠵᠤᠬᠢᠴᠠᠩᠭᠤᠢ ᠬᠦᠭᠵᠢᠯᠳᠡ ᠎ ᠶᠢ ᠠᠬᠢᠭᠤᠯᠬᠤ ᠭᠡᠷᠡᠭᠳᠡᠢ︔ ᠡᠷᠭᠡᠪᠰᠢ ᠠᠷᠠᠳ ᠤᠨ ᠲᠦᠯᠦᠬᠡ ᠵᠠᠰᠠᠭ ᠪᠠᠷᠢᠬᠤ᠂ ᠠᠷᠠᠳ ᠢ ᠪᠠᠶᠠᠵᠢᠭᠤᠯᠬᠤ ᠶᠢ ᠲᠠᠷᠢᠬᠦᠨ ᠳᠤ ᠲᠠᠯᠪᠢᠬᠤ  ᠎ ᠶᠢ ᠪᠠᠷᠢᠮᠳᠠᠯᠠᠨ᠂ ᠠᠵᠤ ᠠᠬᠤᠢ  ᠎ ᠶᠢᠨ ᠬᠦᠭᠵᠢᠯᠳᠡ ᠶᠢ ᠠᠷᠠᠳ  ᠲᠦᠮᠡᠨ ᠤ ᠵᠤᠯ ᠵᠢᠷᠭᠠᠯ ᠎ ᠲᠠᠢ ᠨᠢᠭᠡᠳᠦᠬᠦᠯᠵᠦ᠂ ᠠᠷᠠᠳ ᠲᠦᠮᠡᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠬᠠᠮᠤᠭ ᠠᠴᠠ ᠰᠢᠭᠤᠳ᠂ ᠬᠠᠮᠤᠭ ᠤᠨ ᠪᠤᠳᠠᠳᠠᠢ ᠠᠰᠢᠭ ᠲᠤᠰᠠ ᠶᠢᠨ ᠠᠰᠠᠭᠤᠳᠠᠯ ᠢ ᠦᠨᠡᠨᠬᠦ ᠰᠠᠶᠢᠨ ᠰᠢᠢᠳᠪᠦᠷᠢᠯᠡᠵᠦ᠂ ᠬᠦᠭᠵᠢᠯᠳᠡ ᠶᠢᠨ ᠦᠷ᠎ᠡ ᠪᠦᠳᠦᠭᠡᠯ ᠢ ᠠᠷᠠᠳ ᠲᠦᠮᠡᠨ ᠳᠤ ᠡᠳ᠋ᠯᠡᠬᠦᠯᠬᠦ ᠭᠡᠷᠡᠭᠳᠡᠢ᠃          ᠲᠥᠯᠥᠭᠡᠯᠡᠭᠴᠢᠳ ᠡ  ᠂ ︽ᠠᠷᠪᠠᠨ ᠨᠢᠭᠡᠳᠦᠭᠡᠷ ᠲᠠᠪᠤᠨ ᠵᠢᠯ︾  ᠪᠤᠯ ᠮᠠᠨ ᠤ ᠬᠤᠰᠢᠭᠤᠨ ᠤ ᠶᠡᠷᠦᠩᠬᠡᠶᠢᠯᠡᠭᠰᠡᠨ ᠪᠤᠳᠠᠳᠤ ᠬᠦᠴᠦᠨ ᠤ ᠲᠡᠭᠡᠭᠰᠢᠯᠡᠯᠳᠡ ᠬᠠᠮᠤᠭ ᠲᠦᠷᠭᠡᠨ᠂ ᠬᠤᠳᠠ ᠬᠦᠳᠡᠭᠡ ᠶᠢᠨ ᠦᠩᠭᠡ ᠲᠦᠷᠬᠦ ᠎ ᠶᠢᠨ ᠬᠤᠪᠢᠷᠠᠯᠳᠠ ᠬᠠᠮᠤᠭ ᠶᠡᠭᠡ᠂ ᠨᠡᠶᠢᠬᠡᠮ ᠤᠨ ᠪᠠᠶᠢᠭᠤᠯᠤᠯᠳᠠ ᠶᠢᠨ ᠦᠷ᠎ᠡ ᠪᠦᠳᠦᠮᠵᠢ ᠬᠠᠮᠤᠭ ᠰᠠᠶᠢᠨ᠂ ᠠᠷᠠᠳ ᠲᠦᠮᠡᠨ ᠤ ᠠᠰᠢᠭ  ᠬᠦᠷᠳᠡᠮᠵᠢ ᠬᠠᠮᠤᠭ ᠠᠷᠪᠢᠨ ᠪᠤᠯᠤᠭᠰᠠᠨ ᠨᠢᠭᠡ ᠬᠤᠭᠤᠴᠠᠭ᠎ᠠ ᠶᠤᠮ᠃ ᠪᠢᠳᠡ ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠬᠤ  ᠵᠠᠮ  ᠎ ᠤᠨ ᠢᠶᠠᠨ ᠴᠢᠬᠤᠯᠠ  ᠨᠢᠭᠡ ᠠᠯᠬᠤᠮ ᠢ ᠪᠡᠶᠡᠯᠡᠬᠦᠯᠵᠦ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠠᠵᠤ ᠠᠬᠤᠢ ᠨᠡᠶᠢᠬᠡᠮ ᠤᠨ ᠴᠢᠨᠠᠷᠯᠢᠭ ᠮᠦᠷᠳᠡᠭᠡᠨ ᠲᠦᠷᠭᠡᠨ ᠬᠦᠭᠵᠢᠯᠳᠡ ᠳᠤ ᠨᠡᠩ ᠪᠠᠳᠤ ᠪᠠᠬᠢ ᠰᠠᠭᠤᠷᠢ ᠶᠢ ᠲᠡᠪᠢᠰᠴᠡᠢ᠃ ᠡᠳᠡᠭᠡᠷ ᠠᠮᠵᠢᠯᠲᠠ ᠪᠦᠳᠦᠮᠵᠢ  ᠪᠣᠯ  ᠠᠶᠢᠮᠠᠭ  ᠎ ᠤᠨ  ᠨᠠᠮ  ᠎ ᠤᠨ  ᠬᠤᠷᠢᠶ᠎ᠠ  ᠂  ᠠᠶᠢᠮᠠᠭ  ᠎ ᠤᠨ  ᠵᠠᠬᠢᠷᠭ᠎ᠠ  ᠪᠣᠯᠣᠨ  ᠬᠤᠰᠢᠭᠤ  ᠨᠠᠮ  ᠎ ᠤᠨ  ᠬᠤᠷᠢᠶᠠᠨ  ᠎ ᠤ  ᠵᠥᠪ  ᠣᠨᠣᠪᠴᠢᠲᠠᠢ  ᠤᠳᠤᠷᠢᠳᠤᠯᠭ᠎ᠠ  ᠎ ᠠᠴᠠ ᠪᠤᠯᠵᠤ᠂  ᠠᠷᠠᠳ ᠤᠨ ᠲᠦᠯᠦᠭᠡᠯᠡᠭᠴᠢᠳ  ᠎ ᠤᠨ ᠬᠠᠤᠯᠢ ᠶᠤᠰᠤᠨ ᠤ ᠬᠢᠨᠠᠯᠳᠠ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠤᠨ  ᠢᠳᠡᠪᠬᠢᠳᠡᠢ ᠤᠷᠤᠯᠴᠠᠯᠭ᠎ᠠ  ᠎ ᠠᠴᠠ ᠢᠷᠡᠭᠰᠡᠨ᠂  ᠮᠦᠨᠴᠦ ᠪᠦᠬᠦ ᠬᠤᠰᠢᠭᠤᠨ ᠤ ᠡᠯ᠎ᠡ ᠦᠨᠳᠦᠰᠦᠲᠡᠨ  ᠎ ᠤ  ᠺᠠᠲᠠᠷ  ᠣᠯᠠᠨ  ᠲᠦᠮᠡᠨ  ᠎ ᠤ  ᠬᠠᠲᠠᠭᠤᠵᠢᠯᠲᠠᠢ ᠠᠵᠢᠯᠯᠠᠵᠤ  ᠪᠦᠯᠬᠦᠮᠳᠡᠨ ᠲᠡᠮᠡᠴᠡᠭᠰᠡᠨ ᠤ ᠦᠷ᠎ᠡ  ᠪᠦᠲᠦᠭᠡᠯ  ᠂  ᠨᠡᠶᠢᠭᠡᠮ  ᠎ ᠤᠨ ᠡᠯ᠎ᠡ ᠡᠲᠡᠭᠡᠳ ᠎ ᠤᠨ ᠬᠢᠨ ᠤ  ᠬᠠᠯᠠᠭᠤᠨ ᠬᠠᠪᠰᠤᠷᠤᠯ  ᠬᠠᠷᠠᠮ ᠦᠬᠡᠢ ᠳᠡᠮᠵᠢᠯᠭᠡ  ᠎ ᠶᠢᠨ  ᠦᠷ᠎ᠡ  ᠪᠦᠲᠦᠭᠡᠯ  ᠪᠣᠯᠣᠨ᠎ᠠ  ᠃ ᠠᠳᠡ  ᠪᠢ ᠬᠤᠰᠢᠭᠤ ᠵᠠᠰᠠᠭ ᠤᠨ ᠣᠷᠳᠣᠨ ᠢ ᠲᠦᠯᠦᠬᠡᠯᠡᠵᠦ᠂   ᠠᠷᠠᠳ ᠤᠨ ᠲᠦᠯᠦᠭᠡᠯᠡᠭᠴᠢᠳ᠂ ᠤᠯᠤᠰ ᠲᠦᠷᠦ  ᠎ ᠶᠢᠨ ᠵᠦᠪᠯᠡᠯᠭᠡᠨ ᠤᠨ ᠭᠡᠰᠢᠬᠦᠳ ᠪᠤᠯᠤᠨ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠤᠨ ᠹᠠᠷᠤᠨᠲ ᠲᠡᠭᠡᠷ᠎ᠡ ᠰᠢᠮᠳᠠᠨ ᠠᠵᠢᠯᠯᠠᠵᠤ  ᠪᠠᠶᠢᠭ᠎ᠠ ᠡᠯ᠎ᠡ ᠦᠨᠳᠦᠰᠦᠲᠡᠨ ᠤ  ᠺᠠᠲᠠᠷ ᠣᠯᠠᠨ ᠲᠦᠮᠡᠨ ᠳᠡᠭᠡᠨ᠂ ᠲᠠᠶᠢᠹᠤᠰᠧ  ᠬᠤᠰᠢᠭᠤᠨ  ᠎ ᠤ  ᠬᠥᠭᠵᠢᠯᠲᠡ  ᠎ ᠶᠢ  ᠬᠠᠯᠠᠭᠤᠨ  ᠎ ᠢᠶᠠᠷ   ᠬᠠᠯᠠᠮᠵᠢᠯᠠᠨ ᠳᠡᠮᠵᠢᠵᠦ  ᠪᠠᠶᠢᠭ᠎ᠠ  ᠪᠣᠢ  ᠪᠦᠬᠦᠢ  ᠨᠠᠶᠢᠵᠠ  ᠨᠥᠬᠦᠳ  ᠎ ᠲᠤ  ᠴᠢᠩ  ᠰᠡᠳᠬᠢᠯ  ᠎ ᠤᠨ  ᠲᠠᠯᠠᠷᠬᠠᠯ  ᠪᠣᠯᠣᠨ  ᠬᠦᠨᠳᠦᠳᠬᠡᠯ  ᠳᠡᠪᠰᠢᠭᠦᠯᠵᠦ  ᠪᠠᠶᠢᠨ᠎ᠠ  ︕         ᠠᠮᠵᠢᠯᠲᠠ  ᠪᠦᠲᠦᠮᠵᠢ  ᠎ ᠪᠠᠨ  ᠳ᠋ᠦᠩᠨᠡᠨ  ᠨᠤᠲᠠᠯᠠᠬᠤ  ᠎ ᠶᠢᠨ  ᠬᠠᠮᠲᠤ  ᠪᠠᠰᠠ ᠬᠤᠰᠢᠭᠤᠨ  ᠎ ᠤ  ᠎ ᠪᠠᠨ  ᠠᠵᠤ  ᠠᠬᠤᠢ  ᠨᠡᠶᠢᠭᠡᠮ  ᠎ ᠤᠨ  ᠬᠥᠭᠵᠢᠯᠲᠡ  ᠎ ᠳᠤ  ᠲᠤᠯᠭᠠᠷᠠᠭ᠎ᠠ  ᠣᠯᠠᠨ  ᠠᠷᠪᠢᠨ  ᠬᠦᠴᠢᠷᠳᠡᠯ  ᠠᠰᠠᠭᠤᠳᠠᠯ  ᠎ ᠢ  ᠰᠡᠷᠭᠡᠭ  ᠎ ᠢᠶᠠᠷ  ᠣᠯᠵᠤ  ᠲᠠᠨᠢᠬᠤ  ᠬᠡᠷᠡᠭᠲᠡᠢ  ᠃   ᠭᠤᠤᠯ ᠨᠢ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠨᠢᠮᠭᠡᠨ᠂ ᠲᠦᠬᠦᠭᠡᠷᠦᠮᠵᠢᠳᠦ ᠲᠠᠷᠢᠶᠠᠯᠠᠩ ᠤᠨ ᠨᠦᠬᠦᠴᠡᠯ ᠬᠤᠴᠤᠷᠤᠩᠭᠤᠢ᠂ ᠪᠠᠷᠢᠮᠵᠢᠶᠠᠵᠢᠵᠤ ᠬᠡᠪᠴᠢᠶᠡᠵᠢᠭᠰᠡᠨ ᠮᠠᠯᠵᠢᠯ ᠠᠩᠬᠠᠨ ᠤ ᠠᠯᠬᠤᠮ ᠢᠶᠠᠨ ᠠᠯᠬᠤᠵᠤ ᠪᠤᠢ᠂ ᠮᠠᠯ ᠲᠠᠷᠢᠶᠠᠯᠠᠩ ᠳᠤ ᠦᠢᠯᠡᠴᠢᠯᠡᠬᠦ ᠠᠷᠭ᠎ᠠ ᠪᠠᠷᠢᠯ ᠪᠠ ᠬᠢᠷᠢ ᠲᠦᠪᠰᠢᠨ ᠨᠢ ᠤᠳᠤ ᠦᠶ᠎ᠡ ᠶᠢᠨ ᠮᠠᠯ ᠲᠠᠷᠢᠶᠠᠯᠠᠩ ᠤᠨ ᠬᠦᠭᠵᠢᠯᠳᠡ ᠶᠢᠨ ᠱᠠᠭᠠᠷᠳᠠᠯᠭ᠎ᠠ ᠠᠴᠠ ᠲᠤᠩ ᠶᠡᠭᠡ ᠵᠦᠷᠢᠶ᠎ᠡ ᠲᠠᠢ ᠪᠠᠶᠢᠭ᠎ᠠ᠃ ᠠᠵᠤ ᠦᠢᠯᠡᠳᠪᠦᠷᠢ ᠶᠢᠨ ᠠᠵᠤ ᠦᠢᠯᠡᠰ ᠤᠨ ᠲᠡᠰ ᠲᠠᠪᠬᠤᠷᠭ᠎ᠠ ᠲᠤᠤᠷ᠎ᠠ᠂ ᠠᠵᠤ ᠠᠬᠤᠶᠢᠯᠠᠯ ᠤᠨ ᠬᠡᠪᠴᠢᠶ᠎ᠡ ᠪᠠᠭ᠎ᠠ᠂  ᠲᠤᠭ᠎ᠠ ᠭᠡᠮᠵᠢᠶ᠎ᠡ ᠴᠦᠬᠡᠨ᠂ ᠲᠤᠮᠤ ᠲᠦᠷᠦᠯ ᠵᠦᠢᠯ ᠤᠨ ᠲᠤᠯᠭᠠᠭᠤᠷᠢᠯᠠᠬᠤ ᠬᠦᠴᠦᠨ ᠲᠤᠳᠠᠭᠳᠠᠵᠤ ᠪᠤᠢ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠳᠡ ᠶᠢᠨ ᠡᠬᠦᠷᠭᠡ  ᠬᠠᠳᠠᠭᠤ ᠪᠡᠷᠭᠡ ᠪᠠᠶᠢᠨ᠎ᠠ᠃ ᠤᠰᠤ᠂ ᠴᠠᠬᠢᠯᠭᠠᠨ᠂ ᠵᠠᠮ ᠵᠡᠷᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠬᠤᠴᠤᠷᠤᠩᠭᠤᠢ᠂ ᠤᠨᠴᠠᠭᠠᠶᠢᠯᠠᠨ ᠤᠰᠤᠨ ᠤ ᠡᠬᠢ ᠪᠠᠶᠠᠯᠢᠭ ᠲᠤᠳᠠᠮᠠᠭ ᠪᠠᠶᠢᠵᠤ᠂ ᠨᠡᠭᠡᠭᠡᠨ ᠠᠰᠢᠭᠯᠠᠮᠠᠷ ᠭᠤᠤᠯ ᠤᠨ ᠤᠷᠤᠰᠬᠠᠯ ᠭᠡᠵᠦ ᠦᠬᠡᠢ᠂ ᠪᠦᠬᠦ ᠬᠤᠰᠢᠭᠤᠨ ᠤ ᠤᠰᠤᠯᠠᠯᠳᠠ ᠶᠢᠨ ᠲᠠᠯᠠᠪᠠᠢ ᠨᠢ  ᠲᠠᠷᠢᠶᠠᠨ ᠭᠠᠵᠠᠷ ᠤᠨ ᠲᠠᠪᠤᠨ ᠤ ᠨᠢᠭᠡ ᠶᠢ ᠯᠠ  ᠡᠵᠡᠯᠡᠵᠦ᠂ ᠤᠳᠤ ᠦᠶ᠎ᠡ ᠶᠢᠨ ᠲᠠᠷᠢᠶᠠᠯᠠᠩ ᠪᠠ ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠳᠡ ᠶᠢ ᠬᠢᠵᠠᠭᠠᠷᠯᠠᠬᠤ ᠭᠤᠤᠯ ᠰᠢᠯᠳᠠᠭᠠᠨ  ᠪᠤᠯᠵᠤ ᠪᠤᠢ᠃ ᠬᠤᠳᠠ ᠪᠠᠯᠭᠠᠰᠤᠵᠢᠯᠳᠠ ᠶᠢᠨ ᠬᠢᠷᠢ ᠲᠦᠪᠰᠢᠨ ᠲᠤᠤᠷ᠎ᠠ᠂ ᠴᠢᠳᠠᠪᠬᠢ  ᠪᠦᠷᠢᠨᠰᠢᠭᠡᠳᠦᠢ᠂ ᠨᠦᠯᠦᠬᠡᠯᠡᠨ ᠲᠠᠶᠢᠴᠢᠯᠠᠬᠤ ᠴᠢᠳᠠᠪᠤᠷᠢ ᠪᠠ ᠶᠡᠷᠦᠩᠬᠡᠶᠢᠯᠡᠭᠰᠡᠨ ᠲᠠᠭᠠᠭᠠᠴᠠ ᠎ ᠶᠢᠨ ᠴᠢᠳᠠᠪᠤᠷᠢ ᠲᠤᠷᠤᠢ᠂ ᠬᠦᠮᠦᠨ ᠠᠮᠠ ᠶᠢ ᠲᠦᠪᠯᠡᠷᠡᠬᠦᠯᠬᠦ ᠪᠠ ᠠᠵᠤ ᠦᠢᠯᠡᠰ ᠢ ᠲᠦᠪᠯᠡᠷᠡᠬᠦᠯᠬᠦ ᠡᠬᠦᠷᠭᠡ ᠨᠡᠯᠢᠶᠡᠳ ᠬᠦᠨᠳᠦ ᠪᠠᠶᠢᠭ᠎ᠠ᠃ ᠠᠵᠢᠯ ᠤᠯᠭᠤᠬᠤ  ᠪᠠᠭᠳᠠᠭᠠᠮᠵᠢ ᠪᠠᠷ ᠶᠡᠭᠡ  ᠠᠷᠠᠳ ᠢ ᠴᠢᠨᠡᠭᠡᠯᠢᠭᠵᠢᠬᠦᠯᠬᠦ ᠠᠵᠤ ᠦᠢᠯᠡᠰ ᠤᠨ ᠬᠦᠭᠵᠢᠯᠳᠡ ᠬᠦᠷᠦᠯᠴᠡᠬᠦ ᠦᠬᠡᠢ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠳᠤ  ᠪᠡᠷᠭᠡ  ᠂ ᠭᠡᠰᠡᠭ ᠤᠯᠠᠨ ᠲᠦᠮᠡᠨ ᠤ ᠠᠮᠢᠳᠤᠷᠠᠯ  ᠪᠠᠰᠠ ᠬᠦᠴᠢᠷᠳᠡᠢ ᠪᠠᠶᠢᠵᠤ᠂   ᠤᠯᠠᠨ ᠨᠡᠶᠢᠳᠡ ᠶᠢᠨ ᠦᠢᠯᠡᠴᠢᠯᠡᠭᠡ ᠪᠠ ᠠᠮᠢᠳᠤᠷᠠᠯ ᠤᠨ ᠲᠦᠪᠰᠢᠨ ᠢ ᠲᠡᠭᠡᠭᠰᠢᠯᠡᠬᠦᠯᠬᠦ ᠴᠢᠬᠤᠯᠠᠳᠠᠢ ᠪᠠᠶᠢᠨ᠎ᠠ᠃ ᠪᠢᠳᠡ  ᠡᠷᠭᠡᠪᠰᠢ  ᠡᠳᠡᠭᠡᠷ ᠠᠰᠠᠭᠤᠳᠠᠯ ᠢ  ᠨᠠᠷᠢᠨ ᠨᠢᠮᠪᠠᠢ  ᠵᠠᠳᠠᠯᠤᠨ ᠰᠤᠳᠤᠯᠵᠤ  ᠂ ᠬᠤᠶᠢᠰᠢᠳᠠ ᠶᠢᠨ ᠠᠵᠢᠯ ᠲᠤᠮᠳᠠ ᠎ ᠪᠠᠨ  ᠴᠢᠷᠮᠠᠶᠢᠨ ᠰᠢᠢᠳᠪᠦᠷᠢᠯᠡᠬᠦ ᠭᠡᠷᠡᠭᠳᠡᠢ᠃       ᠬᠤᠶᠠᠷ᠂  ︽ᠠᠷᠪᠠᠨ ᠬᠤᠶᠠᠳᠤᠭᠠᠷ ᠲᠠᠪᠤᠨ ᠵᠢᠯ︾᠎ ᠤᠨ ᠠᠵᠢᠯ ᠤᠨ ᠰᠡᠳᠬᠢᠴᠡ᠂  ᠤᠷᠢᠳᠴᠢᠯᠠᠭᠰᠠᠨ ᠬᠠᠷᠠᠯᠳᠠ ᠪᠠ ᠭᠤᠤᠯ ᠡᠬᠦᠷᠭᠡ         ᠲᠦᠯᠦᠭᠡᠯᠡᠭᠴᠢᠳ ᠡ᠂ ︽ᠠᠷᠪᠠᠨ  ᠬᠤᠶᠠᠳᠤᠭᠠᠷ ᠲᠠᠪᠤᠨ ᠵᠢᠯ︾᠎ ᠤᠨ  ᠬᠤᠭᠤᠴᠠᠭ᠎ᠠ ᠪᠤᠯ  ᠨᠠᠮ ᠤᠨ ᠠᠷᠪᠠᠨ ᠲᠤᠯᠤᠳᠤᠭᠠᠷ  ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠲᠠᠯᠠᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠠ ᠲᠤᠬᠢᠶᠠᠯ ᠢ ᠠᠳᠬᠤᠨ ᠯᠠᠪᠳᠠᠭᠤᠨ ᠪᠠᠳᠤᠳᠠᠢ ᠠᠵᠢᠯᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠰᠢᠨ᠎ᠡ ᠰᠢᠪᠳᠤᠯᠤᠯᠳᠠ ᠶᠢ  ᠪᠡᠶᠡᠯᠡᠬᠦᠯᠬᠦ ᠵᠠᠩᠬᠢᠯᠠᠭ᠎ᠠ ᠶᠢᠨ ᠡᠷᠡᠨ ᠪᠤᠯᠤᠨ᠎ᠠ᠃  ᠪᠢᠳᠡ ᠡᠷᠭᠡᠪᠰᠢ ︽ᠬᠦᠭᠵᠢᠬᠦᠯᠦᠯᠳᠡ ᠶᠢ ᠲᠡᠷᠢᠬᠦᠨ ᠳᠤ ᠲᠠᠯᠪᠢᠵᠤ᠂ ᠠᠮᠢ ᠠᠬᠤᠢ ᠪᠠᠷ ᠭᠤᠤᠯᠳᠠᠯᠭ᠎ᠠ ᠪᠤᠯᠭᠠᠨ᠂ ᠠᠷᠠᠳ ᠤᠨ ᠠᠮᠢᠳᠤᠷᠠᠯ  ᠎ ᠢᠶᠠᠷ ᠦᠨᠳᠦᠰᠦ ᠪᠤᠯᠭᠠᠬᠤ︾ ᠤᠬᠠᠮᠰᠠᠷ ᠢ ᠪᠠᠳᠤ ᠪᠤᠢ ᠪᠤᠯᠭᠠᠨ᠂ ᠲᠦᠷᠦᠯ ᠵᠦᠢᠯ ᠢᠶᠠᠷ ᠪᠡᠯᠡ ᠤᠷᠤᠭᠤᠯᠤᠯᠳᠠ ᠶᠢ  ᠦᠷᠭᠡᠳᠭᠡᠵᠦ᠂ ᠠᠵᠤ ᠦᠢᠯᠡᠰ ᠢᠶᠠᠷ ᠭᠡᠯᠪᠡᠷᠢ ᠶᠢᠨ ᠬᠤᠪᠢᠷᠠᠭᠤᠯᠤᠯᠳᠠ ᠶᠢ  ᠠᠬᠢᠭᠤᠯᠤᠨ᠂ ᠰᠢᠨ᠎ᠡ ᠶᠢ ᠡᠬᠦᠳᠬᠦ ᠪᠠᠷ  ᠠᠮᠢᠵᠢᠷᠠᠯ ᠤᠨ ᠬᠦᠴᠦᠨ ᠢ  ᠨᠡᠮᠡᠭᠳᠡᠬᠦᠯᠵᠦ᠂ ᠠᠷᠠᠳ ᠤᠨ ᠠᠮᠢᠳᠤᠷᠠᠯ ᠎ ᠢᠶᠠᠷ ᠡᠶ᠎ᠡ ᠵᠤᠬᠢᠴᠠᠯ ᠢ ᠴᠤᠭᠴᠠᠯᠠᠨ᠂ ᠬᠤᠳᠠ ᠬᠦᠳᠡᠭᠡ  ᠎ ᠶᠢ ᠵᠡᠷᠭᠡᠪᠡᠷ ᠬᠦᠭᠵᠢᠬᠦᠯᠵᠦ᠂ ᠡᠶ᠎ᠡ ᠵᠤᠭᠢᠴᠠᠯ ᠲᠠᠢ ᠠᠮᠤᠭᠤᠯᠠᠩ ᠰᠠᠶᠢᠬᠠᠨ ᠲᠠᠶᠢᠹᠤᠰᠧ ᠬᠤᠰᠢᠭᠤ ᠶᠢ ᠪᠦᠳᠦᠭᠡᠨ ᠪᠠᠶᠢᠭᠤᠯᠵᠤ᠂ ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠬᠤ ᠳᠤ ᠰᠢᠢᠳᠪᠦᠷᠢᠳᠦ  ᠠᠴᠢ ᠬᠤᠯᠪᠤᠭᠳᠠᠯ ᠲᠠᠢ ᠰᠠᠭᠤᠷᠢ ᠲᠠᠯᠪᠢᠬᠤ ᠭᠡᠷᠡᠭᠳᠡᠢ᠃ ᠬᠤᠰᠢᠭᠤ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠲᠦᠷᠪᠡᠳᠦᠬᠡᠷ ᠪᠦᠬᠦᠳᠡ ︵ᠦᠷᠭᠡᠳᠭᠡᠭᠰᠡᠨ︶ ᠬᠤᠷᠠᠯᠳᠤᠭᠠᠨ ᠎ ᠤ ᠵᠤᠷᠢᠭ ᠰᠠᠨᠠᠭ᠎ᠠ ᠶᠢ ᠦᠨᠳᠦᠰᠦᠯᠡᠵᠦ ᠲᠤᠭᠳᠠᠭᠰᠠᠨ ︽ᠠᠷᠪᠠᠨ  ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠎ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ  ᠰᠡᠳᠬᠢᠴᠡ ᠪᠣᠯ  ᠄   ᠳ᠋ᠧᠩ  ᠰᠢᠶᠤᠤ ᠫᠢᠩ ᠤᠨ ᠤᠨᠤᠯ ᠪᠤᠯᠤᠨ ︽ᠭᠤᠷᠪᠠ ᠶᠢ ᠲᠦᠯᠦᠬᠡᠯᠡᠬᠦ︾ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢᠨᠵᠢᠯᠡᠬᠦ  ᠤᠬᠠᠭᠠᠨᠴᠢ  ᠬᠥᠭᠵᠢᠯᠲᠡ  ᠎ ᠶᠢᠨ  ᠦᠵᠡᠯᠲᠡ  ᠎ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠡᠳᠭᠡᠬᠦ ᠶᠢ ᠬᠦᠭᠵᠢᠯᠳᠡ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ ᠲᠠᠢ ᠵᠡᠷᠭᠡᠪᠡᠷ ᠠᠳᠬᠤᠵᠤ᠂  ︽ᠰᠠᠭᠤᠷᠢ ᠶᠢ ᠴᠢᠩᠭᠠᠳᠬᠠᠨ᠂ ᠰᠢᠪᠳᠤᠯᠤᠯᠳᠠ ᠶᠢ ᠡᠷᠢᠯᠬᠢᠯᠡᠵᠦ᠂ ᠨᠢᠭᠡᠳᠦᠯᠳᠡᠢ ᠲᠦᠯᠦᠪᠵᠢᠬᠦᠯᠦᠨ ᠬᠦᠭᠵᠢᠬᠦᠯᠵᠦ᠂ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠭᠡᠭᠵᠢᠬᠦᠯᠬᠦ︾ ᠱᠠᠭᠠᠷᠳᠠᠯᠭ᠎ᠠ ᠎ ᠪᠠᠷ᠂ ᠮᠠᠯ ᠲᠠᠷᠢᠶᠠᠯᠠᠩ ᠤᠨ ᠠᠵᠤ ᠦᠢᠯᠡᠰᠵᠢᠯᠳᠡ᠂   ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠳᠡ᠂ ᠬᠤᠳᠠ ᠪᠠᠯᠭᠠᠰᠤᠵᠢᠯᠳᠠ  ᠬᠢᠭᠡᠳ ᠵᠤᠭᠠᠴᠠᠯ᠂ ᠠᠷᠠᠯᠵᠢᠶ᠎ᠠ᠂ ᠬᠦᠢᠯᠭᠡᠭᠡ ᠪᠠᠷ ᠭᠤᠤᠯᠳᠠᠭᠰᠠᠨ  ᠦᠢᠯᠡᠴᠢᠯᠡᠭᠡᠨ ᠤ ᠦᠢᠯᠡᠰ  ᠎ ᠢ ᠬᠦᠭᠵᠢᠬᠦᠯᠦᠨ᠂ ᠬᠤᠳᠠ  ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠪᠤᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂  ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠨᠡᠶᠢᠬᠡᠮ ᠤᠨ ᠡᠶ᠎ᠡ ᠵᠤᠬᠢᠴᠠᠯ ᠢ ᠠᠬᠢᠭᠤᠯᠵᠤ᠂   ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠬᠤ ᠳᠤ ᠪᠠᠳᠤ ᠪᠠᠬᠢ ᠰᠠᠭᠤᠷᠢ ᠲᠠᠯᠪᠢᠨ᠎ᠠ᠃  ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄  2015 ᠤᠨ ᠪᠤᠯᠬᠤ ᠳᠤ᠂ ᠣᠷᠣᠨ ᠨᠤᠳᠤᠭ ᠤᠨ  ᠦᠢᠯᠡᠳᠪᠦᠷᠢᠯᠡᠯ  ᠎ ᠤᠨ  ᠶᠡᠷᠦᠩᠬᠡᠢ  ᠥᠷᠲᠡᠭ  ᠎ ᠢ 65 ᠳ᠋ᠦᠩᠰᠢᠭᠤᠷ  ᠲᠥᠭᠦᠷᠢᠭ  ᠎ ᠲᠤ  ᠬᠦᠷᠭᠡᠵᠦ  ᠂  ᠵᠢᠯ  ᠎ ᠳᠤ18.9%  ᠎ ᠪᠠᠷ ᠨᠡᠮᠡᠭᠳᠡᠭᠦᠯᠦᠨ᠎ᠡ  ᠃ ᠡᠭᠦᠨ  ᠎ ᠳᠤ  ᠨᠢᠭᠡᠳᠦᠭᠡᠷ  ᠠᠵᠤ  ᠦᠢᠯᠡᠰ  ᠎ ᠤᠨ  ᠨᠡᠮᠡᠭᠳᠡᠯ  ᠥᠷᠲᠡᠭ  ᠎ ᠢ 10 ᠳ᠋ᠦᠩᠰᠢᠭᠤᠷ  ᠲᠥᠭᠦᠷᠢᠭ  ᠎ ᠲᠤ  ᠬᠦᠷᠭᠡᠵᠦ  ᠂  ᠵᠢᠯ  ᠎ ᠳᠤ 4.6%  ᠎ ᠪᠠᠷ   ᠨᠡᠮᠡᠭᠳᠡᠬᠦᠯᠦᠨ᠎ᠡ  ︔  ᠬᠤᠶᠠᠳᠤᠭᠠᠷ  ᠠᠵᠤ  ᠦᠢᠯᠡᠰ  ᠎ ᠤᠨ  ᠨᠡᠮᠡᠭᠳᠡᠯ  ᠥᠷᠲᠡᠭ  ᠎ ᠢ 32 ᠳ᠋ᠦᠩᠰᠢᠭᠤᠷ  ᠲᠥᠭᠦᠷᠢᠭ  ᠎ ᠲᠤ  ᠬᠦᠷᠭᠡᠵᠦ  ᠂  ᠵᠢᠯ ᠳᠤ 25.7%᠎ ᠢᠶᠠᠷ  ᠨᠡᠮᠡᠭᠳᠡᠬᠦᠯᠦᠨ᠎ᠡ︔  ᠭᠤᠷᠪᠠᠳᠤᠭᠠᠷ  ᠠᠵᠤ  ᠦᠢᠯᠡᠰ  ᠎ ᠤᠨ  ᠨᠡᠮᠡᠭᠳᠡᠯ  ᠥᠷᠲᠡᠭ  ᠎ ᠢ 23 ᠳ᠋ᠦᠩᠰᠢᠭᠤᠷ  ᠲᠦᠬᠦᠷᠢᠭ ᠲᠤ  ᠬᠦᠷᠭᠡᠵᠦ  ᠂  ᠵᠢᠯ ᠳᠤ20.4%᠎ ᠪᠠᠷ  ᠨᠡᠮᠡᠭᠳᠡᠭᠦᠯᠦᠨ᠎ᠡ  ᠃ ᠡᠳ᠋  ᠎ ᠤᠨ  ᠵᠠᠰᠠᠭ  ᠎ ᠤᠨ  ᠣᠷᠣᠯᠭ᠎ᠠ  ᠎ ᠶᠢ 3 ᠳ᠋ᠦᠩᠰᠢᠭᠤᠷ  ᠲᠥᠭᠦᠷᠢᠭ  ᠎ ᠲᠤ  ᠬᠦᠷᠭᠡᠵᠦ  ᠂  ᠵᠢᠯ ᠳᠤ24.6%᠎ ᠪᠠᠷ   ᠨᠡᠮᠡᠭᠳᠡᠬᠦᠯᠦᠨ᠎ᠡ  ︔  ᠬᠤᠲᠠ  ᠪᠠᠯᠭᠠᠰᠤᠨ  ᠎ ᠤ  ᠰᠠᠭᠤᠭᠠᠯᠢ  ᠠᠷᠠᠳ  ᠎ ᠤᠨ  ᠬᠥᠮᠥᠨ  ᠳᠤᠮᠳᠠᠴᠢ  ᠲᠣᠬᠢᠷᠠᠭᠤᠯᠵᠤ  ᠪᠣᠯᠬᠤᠶᠢᠴᠠ  ᠤᠷᠤᠯᠭ᠎ᠠ ᠶᠢ  3 ᠲᠦᠮᠡᠨ ᠲᠥᠭᠦᠷᠢᠭ  ᠎ ᠲᠤ  ᠬᠦᠷᠭᠡᠵᠦ  ᠂  ᠵᠢᠯ ᠳᠤ15%᠎ ᠪᠠᠷ  ᠨᠡᠮᠡᠭᠳᠡᠬᠦᠯᠦᠨ᠎ᠡ᠃ ᠲᠠᠷᠢᠶᠠᠴᠢᠨ  ᠎ ᠤ  ᠬᠥᠮᠥᠨ  ᠳᠤᠮᠳᠠᠴᠢ  ᠴᠡᠪᠡᠷ  ᠣᠷᠣᠯᠭ᠎ᠠ  ᠎ ᠶᠢ 1.1 ᠲᠦᠮᠡᠨ ᠲᠥᠭᠦᠷᠢᠭ  ᠎ ᠲᠤ  ᠬᠦᠷᠭᠡᠵᠦ  ᠂  ᠵᠢᠯ ᠳᠤ 15.7%᠎ ᠪᠠᠷ  ᠨᠡᠮᠡᠭᠳᠡᠭᠦᠯᠦᠨ  ︔   ᠮᠠᠯᠴᠢᠳ ᠤᠨ ᠬᠥᠮᠥᠨ  ᠳᠤᠮᠳᠠᠴᠢ  ᠴᠡᠪᠡᠷ  ᠣᠷᠣᠯᠭ᠎ᠠ  ᠎ ᠶᠢ 1.4 ᠲᠦᠮᠡᠨ ᠲᠥᠭᠦᠷᠢᠭ  ᠎ ᠲᠤ  ᠬᠦᠷᠭᠡᠵᠦ  ᠵᠢᠯ ᠳᠤ 15.6%  ᠎ ᠪᠠᠷ  ᠨᠡᠮᠡᠭᠳᠡᠭᠦᠯᠦᠨ᠎ᠡ  ᠃  ᠲᠣᠭᠲᠠᠮᠠᠯ  ᠬᠥᠷᠥᠩᠭᠡ  ᠎ ᠶᠢᠨ  ᠪᠡᠯᠡ  ᠣᠷᠤᠭᠤᠯᠤᠯᠲᠠ  ᠎ ᠶᠢ ᠲᠠᠪᠤᠨ ᠵᠢᠯ ᠳᠤ 220 ᠳ᠋ᠦᠩᠰᠢᠭᠤᠷ  ᠲᠥᠭᠦᠷᠢᠭ  ᠎ ᠲᠤ  ᠬᠦᠷᠭᠡᠵᠦ  ᠂  ᠵᠢᠯ ᠳᠤ 20% ᠎ ᠪᠠᠷ  ᠨᠡᠮᠡᠭᠳᠡᠭᠦᠯᠦᠨ᠎ᠡ  ᠃  ᠡᠨᠧᠷᠬᠢ ᠠᠷᠪᠢᠯᠠᠵᠤ ᠪᠤᠬᠢᠷᠳᠤᠯ ᠪᠠᠭᠠᠰᠬᠠᠬᠤ ᠠᠵᠢᠯ  ᠎ ᠢ ᠲᠡᠭᠡᠳᠦ ᠱᠠᠳᠤᠨ ᠤ ᠪᠠᠭᠤᠯᠭᠠᠭᠰᠠᠨ ᠬᠦᠢᠴᠡᠳᠭᠡᠬᠦ ᠲᠤᠭ᠎ᠠ  ᠎ ᠪᠠᠷ ᠪᠡᠶᠡᠯᠡᠬᠦᠯᠦᠨ᠎ᠡ᠃ ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3.5%᠎ ᠳᠤ ᠬᠢᠵᠠᠭᠠᠷᠯᠠᠨ᠎ᠠ᠃ ᠬᠦᠮᠦᠨ ᠠᠮᠠ  ᠎ ᠶᠢᠨ ᠠᠶᠠᠨᠳᠠᠭᠠᠨ ᠦᠰᠬᠦ  ᠨᠤᠷᠮ᠎ᠠ ᠶᠢ  1.5‰ ᠤᠷᠴᠢᠮ ᠳᠤ ᠬᠢᠵᠠᠭᠠᠷᠯᠠᠨ᠎ᠠ᠃ ᠤᠢ ᠰᠢᠭᠤᠢ ᠶᠢᠨ ᠪᠦᠷᠬᠦᠴᠡ ᠶᠢ 30%᠎ ᠳᠤ ᠬᠦᠷᠭᠡᠨ᠎ᠡ᠃  ᠲᠡᠭᠡᠷᠡᠬᠢ ᠶᠡᠷᠦᠩᠬᠡᠢ ᠰᠡᠳᠬᠢᠴᠡ ᠪᠠ  ᠬᠦᠭᠵᠢᠯᠳᠡ ᠶᠢᠨ ᠬᠠᠷᠠᠯᠳᠠ ᠶᠢᠨ ᠲᠤᠭᠤᠷᠢᠨ ᠳᠤ  ᠲᠤᠭᠳᠠᠭᠰᠠᠨ ᠮᠠᠨ ᠤ ᠬᠤᠰᠢᠭᠤᠨ ᠎ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠪᠤᠯᠬᠤ ᠠᠵᠢᠯ ᠡᠬᠦᠷᠭᠡ  ᠭᠡᠪᠡᠯ᠄      ︵ᠨᠢᠭᠡ︶  ᠬᠦᠭᠵᠢᠬᠦᠯᠦᠯᠳᠡ ᠭᠡᠮᠡᠬᠦ ᠲᠡᠷᠢᠬᠦᠨ ᠡᠬᠦᠷᠭᠡ ᠶᠢ ᠭᠤᠶᠢᠪᠢᠰᠢ ᠦᠬᠡᠢ ᠪᠠᠷᠢᠮᠳᠠᠯᠠᠨ᠂ ᠠᠵᠤ ᠠᠬᠤᠢ ᠎ ᠶᠢᠨ ᠲᠤᠭᠳᠠᠭᠤᠨ ᠢᠶᠠᠷ ᠲᠦᠷᠭᠡᠨ ᠬᠦᠭᠵᠢᠬᠦ ᠶᠢ ᠪᠠᠳᠤᠯᠠᠬᠤ ᠭᠡᠷᠡᠭᠳᠡᠢ᠃      1᠂ ᠮᠠᠯ ᠲᠠᠷᠢᠶᠠᠯᠠᠩ ᠤᠨ ᠤᠳᠤᠬᠢᠴᠢᠯᠠᠯᠳᠠ ᠶᠢ ᠬᠦᠴᠦᠯᠡᠨ  ᠠᠬᠢᠭᠤᠯᠤᠨ᠎ᠠ  ᠃  ᠨᠢᠭᠡ ᠳᠤ᠂ ᠲᠠᠷᠢᠶ᠎ᠠ ᠪᠡᠯᠴᠢᠭᠡᠷ ᠤᠨ ᠤᠰᠤᠨ ᠠᠰᠢᠭᠯᠠᠯᠳᠠ ᠶᠢ ᠴᠢᠩᠭᠠᠳᠬᠠᠬᠤ ᠭᠡᠷᠡᠭᠳᠡᠢ᠃ ᠲᠤᠮᠤ ᠲᠤᠮᠳᠠ ᠭᠡᠯᠪᠡᠷᠢ ᠶᠢᠨ ᠤᠰᠤᠯᠠᠯᠳᠠ ᠎ ᠶᠢᠨ ᠲᠤᠭᠤᠷᠢᠭ  ᠎ ᠤᠨ ᠢᠵᠢ ᠪᠦᠷᠢᠳᠦᠬᠦᠯᠬᠦ ᠦᠬᠡᠷᠡᠴᠢᠯᠡᠯᠳᠡ ᠶᠢ ᠴᠢᠩᠭᠠᠳᠬᠠᠨ᠂ ᠭᠠᠩ ᠭᠠᠮᠰᠢᠭ ᠢ ᠡᠰᠡᠷᠬᠦᠴᠡᠬᠦ  ᠤᠰᠤᠨ ᠰᠤᠷᠪᠤᠯᠵᠢ ᠶᠢᠨ ᠢᠨᠵᠧᠨᠧᠷᠢᠩ ᠤᠨ ᠪᠠᠶᠢᠭᠤᠯᠤᠯᠳᠠ ᠶᠢ ᠰᠠᠶᠢᠨ ᠬᠢᠵᠦ᠂ ᠪᠠᠭ᠎ᠠ ᠵᠢᠵᠢᠭ ᠭᠡᠯᠪᠡᠷᠢ ᠶᠢᠨ ᠤᠰᠤᠨ ᠠᠰᠢᠭᠯᠠᠯᠳᠠ ᠶᠢᠨ ᠲᠦᠬᠦᠭᠡᠷᠦᠮᠵᠢ ᠶᠢ ᠪᠦᠷᠢᠨᠰᠢᠬᠦᠯᠵᠦ᠂  ᠤᠰᠤ ᠠᠷᠪᠢᠯᠠᠬᠤ ᠭᠡᠯᠪᠡᠷᠢ ᠶᠢᠨ ᠮᠠᠯ ᠲᠠᠷᠢᠶᠠᠯᠠᠩ ᠤᠨ ᠬᠦᠭᠵᠢᠯᠳᠡ ᠶᠢ ᠠᠬᠢᠭᠤᠯᠤᠨ᠂ ᠠᠷᠪᠢᠳᠠᠢ ᠤᠰᠤᠯᠠᠯᠳᠠ ᠶᠢᠨ ᠲᠠᠯᠠᠪᠠᠢ ᠶᠢ 8 ᠲᠦᠮᠡᠨ ᠮᠤ᠋ ᠰᠢᠨ᠎ᠡ ᠎ ᠪᠠᠷ ᠨᠡᠮᠡᠭᠳᠡᠬᠦᠯᠵᠦ᠂ 7 ᠲᠦᠮᠡᠨ ᠮᠤ᠋ ᠶᠢ  ᠦᠬᠡᠷᠡᠴᠢᠯᠡᠨ ᠵᠠᠰᠠᠵᠤ᠂ ᠨᠡᠶᠢᠳᠡ 34 ᠲᠦᠮᠡᠨ ᠮᠤ᠋  ᠎ ᠳᠤ ᠬᠦᠷᠭᠡᠨ᠎ᠡ᠂ ᠡᠬᠦᠨ  ᠎ ᠳᠤ ᠲᠤᠮᠤ ᠬᠡᠯᠪᠡᠷᠢ ᠶᠢᠨ ᠤᠷᠤᠨ ᠲᠤᠭᠤᠷᠢᠭ 25 ᠲᠦᠮᠡᠨ ᠮᠤ᠋᠃ ᠬᠤᠶᠠᠷ ᠲᠤ᠂ ᠲᠠᠷᠢᠵᠤ ᠮᠠᠯᠵᠢᠬᠤ ᠦᠢᠯᠡᠰ ᠤᠨ ᠪᠦᠳᠦᠴᠡ ᠶᠢ   ᠰᠢᠯᠢᠳᠡᠭᠵᠢᠬᠦᠯᠦᠨ᠂ ᠮᠠᠯ ᠤᠨ ᠠᠰᠢᠭ ᠰᠢᠮ᠎ᠡ ᠪᠠ ᠲᠠᠷᠢᠶᠠᠯᠠᠩ ᠤᠨ ᠪᠦᠳᠦᠭᠡᠭᠳᠡᠬᠦᠨ ᠎ ᠤ ᠦᠢᠯᠡᠳᠪᠦᠷᠢᠯᠡᠯ ᠤᠨ ︽ᠲᠦᠷᠪᠡᠨ ᠰᠠᠭᠤᠷᠢᠨ ᠭᠠᠵᠠᠷ︾᠎ ᠢ  ᠪᠠᠶᠢᠭᠤᠯᠤᠨ᠎ᠠ᠃  ᠲᠠᠷᠢᠬᠤ ᠦᠢᠯᠡᠰ ᠨᠢ ᠢᠳᠡᠰᠢᠨ ᠨᠤᠭᠤᠭ᠎ᠠ᠂  ᠲᠦᠮᠦᠰᠦᠨ ᠤ ︽ᠬᠤᠶᠠᠷ  ᠲᠠᠷᠢᠶᠠᠯᠠᠭ᠎ᠠ︾᠎ ᠶᠢᠨ ᠰᠠᠭᠤᠷᠢᠨ ᠭᠠᠵᠠᠷ  ᠎ ᠤᠨ ᠪᠠᠶᠢᠭᠤᠯᠤᠯᠳᠠ ᠶᠢ ᠭᠤᠤᠯᠳᠠᠯᠭᠠᠳᠠᠢ ᠠᠳᠬᠤᠨ᠂ ᠮᠠᠯᠵᠢᠬᠤ ᠦᠢᠯᠡᠰ ᠨᠢ ᠰᠠᠭᠠᠯᠢ ᠶᠢᠨ ᠦᠨᠢᠶ᠎ᠡ᠂ ᠮᠢᠬᠠᠨ ᠤ ᠦᠬᠡᠷ ᠤᠨ ︽ᠬᠤᠶᠠᠷ  ᠮᠠᠯᠵᠢᠯ︾  ᠎ ᠤᠨ ᠰᠠᠭᠤᠷᠢᠨ ᠭᠠᠵᠠᠷ ᠤᠨ ᠪᠠᠶᠢᠭᠤᠯᠤᠯᠳᠠ ᠶᠢ ᠭᠤᠤᠯᠳᠠᠯᠭᠠᠳᠠᠢ  ᠠᠳᠬᠤᠨ᠎ᠠ᠃ 2015 ᠤᠨ ᠪᠤᠯᠬᠤ ᠳᠤ᠂ ᠢᠳᠡᠰᠢᠨ  ᠨᠤᠭᠤᠭ᠎ᠠ ᠲᠠᠷᠢᠬᠤ ᠲᠠᠯᠠᠪᠠᠢ ᠶᠢ 15 ᠲᠦᠮᠡᠨ ᠮᠤ᠋ ᠳᠤ ᠲᠤᠭᠳᠠᠪᠤᠷᠢᠵᠢᠭᠤᠯᠵᠤ᠂ ᠲᠦᠮᠦᠰᠦ ᠲᠠᠷᠢᠬᠤ ᠲᠠᠯᠠᠪᠠᠢ ᠶᠢ 60 ᠲᠦᠮᠡᠨ ᠮᠤ᠋ ᠠᠴᠠ  ᠲᠠᠪᠠᠭᠤᠯᠤᠨ︔ ᠮᠠᠯᠵᠢᠯ ᠤᠨ ᠤᠨ ᠤ  ᠰᠠᠭᠠᠯᠢ ᠶᠢᠨ ᠦᠨᠢᠶ᠎ᠡ ᠪᠠ ᠮᠢᠬᠠᠨ ᠤ ᠦᠬᠡᠷ ᠤᠨ ᠲᠤᠭ᠎ᠠ ᠲᠤᠯᠤᠭᠠᠢ ᠶᠢ ᠲᠤᠰᠪᠤᠷᠢ 7 ᠲᠦᠮᠡ  ᠪᠠ 8 ᠲᠦᠮᠡ ᠠᠴᠠ  ᠲᠠᠪᠠᠭᠤᠯᠵᠤ᠂ ᠪᠠᠷᠢᠮᠵᠢᠶᠠᠳᠤ  ᠮᠠᠯᠵᠢᠯ ᠤᠨ ᠰᠠᠭᠤᠷᠢᠨ ᠭᠠᠵᠠᠷ ᠶᠢ ᠲᠤᠰᠪᠤᠷᠢ 20 ᠰᠠᠭᠤᠷᠢ ᠪᠠ 50 ᠰᠠᠭᠤᠷᠢ ᠳᠤ ᠬᠦᠷᠭᠡᠨ᠎ᠡ᠃ ᠡᠬᠦᠨ ᠤ ᠬᠠᠮᠳᠤ᠂ ᠮᠠᠯᠴᠢᠨ ᠲᠠᠷᠢᠶᠠᠴᠢᠨ ᠤ ᠲᠤᠰᠤᠯᠢᠭ ᠲᠠᠷᠢᠮᠠᠯ᠂ ᠢᠳᠡᠰᠢᠨ ᠮᠦᠬᠦ ᠲᠠᠷᠢᠬᠤ ᠪᠠ  ︽ᠭᠤᠷᠪᠠᠨ ᠵᠢᠵᠢᠭ ᠲᠡᠵᠢᠭᠡᠪᠦᠷᠢ︾ ᠮᠠᠯᠵᠢᠬᠤ  ᠎ ᠶᠢ  ᠦᠷᠬᠦᠯᠵᠢᠯᠡᠨ ᠵᠤᠷᠢᠭᠵᠢᠭᠤᠯᠵᠤ᠂ ᠤᠷᠤᠨ ᠨᠤᠳᠤᠭ ᠤᠨ ᠤᠨᠴᠠᠯᠢᠭ ᠪᠦᠬᠦᠢ ᠮᠠᠯ ᠲᠠᠷᠢᠶᠠᠯᠠᠩ ᠤᠨ ᠲᠦᠯᠦᠪᠰᠢᠷᠡᠯ ᠢ ᠪᠤᠢ ᠪᠤᠯᠭᠠᠨ᠎ᠠ᠃ ᠭᠤᠷᠪᠠ ᠳᠤ᠂ᠢᠳᠡᠰᠢᠨ ᠨᠤᠭᠤᠭᠠᠨ ᠤ ᠬᠦᠯᠡᠮᠵᠢ᠂ ᠭᠡᠷᠡᠯᠯᠢᠭ  ᠲᠤᠯᠠᠭᠠᠨ ᠲᠠᠰᠤᠭ᠂ ᠲᠦᠮᠦᠰᠦ ᠬᠠᠳᠠᠭᠠᠯᠠᠬᠤ ᠵᠤᠭᠤᠷᠢ ᠪᠠᠷ ᠭᠤᠤᠯᠳᠠᠯᠭ᠎ᠠ ᠪᠤᠯᠭᠠᠨ᠂ ᠲᠦᠬᠦᠭᠡᠷᠦᠮᠵᠢᠳᠦ ᠲᠠᠷᠢᠶᠠᠯᠠᠩ ᠢ ᠬᠦᠴᠦ ᠲᠠᠯᠪᠢᠵᠤ ᠬᠦᠭᠵᠢᠬᠦᠯᠦᠨ᠎ᠡ᠃  ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠬᠦᠯᠬᠦ ᠤᠷᠤᠨ ᠤ ᠪᠦᠳᠦᠭᠡᠨ ᠪᠠᠶᠢᠭᠤᠯᠤᠯᠳᠠ ᠶᠢ ᠠᠭᠢᠭᠤᠯᠵᠤ᠂  ᠲᠤᠮᠤ ᠬᠦᠯᠡᠮᠵᠢ ᠪᠠ ᠭᠡᠷᠡᠯᠯᠢᠭ ᠲᠠᠰᠤᠭ ᠢ ᠲᠤᠰᠪᠤᠷᠢ 2.2 ᠲᠦᠮᠡᠨ ᠰᠠᠭᠤᠷᠢ ᠪᠠ 650 ᠰᠠᠭᠤᠷᠢ ᠳᠤ ᠬᠦᠷᠭᠡᠨ᠂  ᠲᠦᠮᠦᠰᠦ ᠬᠠᠳᠠᠭᠠᠯᠠᠬᠤ ᠵᠤᠭᠤᠷᠢ 30᠎ ᠶᠢ  ᠪᠠᠶᠢᠭᠤᠯᠵᠤ᠂ 15 ᠲᠦᠮᠡᠨ ᠲᠤᠨ  ᠲᠦᠮᠦᠰᠦ ᠬᠠᠳᠠᠭᠠᠯᠠᠬᠤ ᠪᠠᠷ ᠪᠡᠯᠡᠳᠭᠡᠨ᠎ᠡ᠃ ᠲᠦᠷᠪᠡ ᠳᠤ ᠂ ᠮᠠᠯ ᠲᠠᠷᠢᠶᠠᠯᠠᠩ ᠤᠨ ᠡᠵᠡᠩᠨᠡᠯᠳᠡ ᠶᠢᠨ ᠠᠷᠭ᠎ᠠ ᠭᠡᠯᠪᠡᠷᠢ ᠶᠢ ᠲᠦᠷᠭᠡᠨ ᠬᠤᠪᠢᠷᠠᠭᠤᠯᠬᠤ ᠭᠡᠷᠡᠭᠳᠡᠢ᠃ ᠰᠠᠭᠤᠷᠢᠨ ᠭᠠᠵᠠᠷ ᠤᠨ ᠪᠠᠶᠢᠭᠤᠯᠤᠯᠳᠠ  ᠎ ᠶᠢ ᠴᠢᠩᠭᠠᠳᠬᠠᠵᠤ᠂ ᠲᠠᠭᠠᠭᠤᠯᠤᠭᠴᠢ ᠠᠵᠤ ᠠᠬᠤᠶᠢᠯᠠᠯ ᠢ  ᠲᠠᠳᠠᠨ ᠤᠷᠤᠭᠤᠯᠬᠤ ᠎ ᠶᠢᠨ ᠬᠠᠮᠳᠤ᠂ ᠲᠤᠰᠬᠠᠢ ᠬᠤᠷᠰᠢᠶᠠᠵᠢᠯ ᠢᠶᠠᠷ ᠭᠤᠤᠯ ᠠᠷᠭ᠎ᠠ ᠭᠡᠯᠪᠡᠷᠢ ᠪᠤᠯᠭᠠᠭᠰᠠᠨ ᠬᠤᠷᠰᠢᠭᠰᠠᠨ ᠵᠤᠬᠢᠶᠠᠨ ᠪᠠᠶᠢᠭᠤᠯᠤᠯᠳᠠ ᠶᠢ ᠤᠯᠠᠮ ᠨᠢᠭᠡ ᠠᠯᠬᠤᠮ ᠬᠦᠭᠵᠢᠬᠦᠯᠬᠦ ᠪᠠ ᠲᠡᠬᠦᠯᠳᠡᠷᠵᠢᠬᠦᠯᠵᠦ᠂ ᠲᠦᠷᠢᠮᠵᠢᠬᠦᠯᠦᠨ᠂ ᠮᠠᠯᠴᠢᠨ ᠲᠠᠷᠢᠶᠠᠴᠢᠨ ᠤ ᠵᠤᠬᠢᠶᠠᠨ ᠪᠠᠶᠢᠭᠤᠯᠵᠢᠭᠰᠠᠨ  ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠎ᠡ᠃ ᠲᠠᠪᠤ ᠳᠤ᠂  ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠵᠦ᠂ ᠮᠠᠯ ᠲᠠᠷᠢᠶᠠᠯᠠᠩ ᠤᠨ ᠮᠠᠰᠢᠨᠴᠢᠯᠠᠯᠳᠠ ᠎ ᠶᠢᠨ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠦᠨ᠂  ᠲᠠᠷᠢᠶᠠᠯᠠᠩ ᠤᠨ ᠮᠠᠰᠢᠨ ᠲᠦᠬᠦᠭᠡᠷᠦᠮᠵᠢ ᠬᠤᠳᠠᠯᠳᠤᠨ ᠠᠪᠬᠤ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂ ᠮᠠᠯ ᠲᠠᠷᠢᠶᠠᠯᠠᠩ ᠎ ᠤᠨ ᠪᠡᠯᠡᠳᠭᠡᠯ ᠲᠦᠬᠦᠭᠡᠷᠦᠮᠵᠢ ᠶᠢᠨ ᠨᠦᠬᠦᠴᠡᠯ ᠢ ᠲᠠᠰᠤᠷᠠᠯᠳᠠ ᠦᠬᠡᠢ ᠰᠠᠶᠢᠵᠢᠷᠠᠭᠤᠯᠤᠨ᠂ ᠮᠠᠯ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠬᠦᠯᠦᠨ᠎ᠡ᠃ ᠵᠢᠷᠭᠤᠭ᠎ᠠ ᠳᠤ᠂ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠨᠡᠶᠢᠳᠡ ᠳᠤ ᠬᠤᠤᠷᠳᠠᠯ ᠦᠬᠡᠢ ᠰᠢᠯᠭᠠᠨ ᠪᠠᠶᠢᠴᠠᠭᠠᠬᠤ ᠰᠢᠰᠲ᠋ᠧᠮ ᠢ ᠲᠡᠬᠦᠯᠳᠡᠷᠵᠢᠬᠦᠯᠵᠦ᠂ ᠪᠤᠬᠢᠷᠳᠤᠯ ᠦᠬᠡᠢ᠂ ᠤᠷᠭᠠᠨᠢᠭ ᠪᠦᠳᠦᠭᠡᠭᠳᠡᠬᠦᠨ ᠢᠶᠠᠷ ᠭᠡᠷᠡᠴᠢᠯᠡᠬᠦᠯᠬᠦ ᠬᠦᠷᠢᠶ᠎ᠡ ᠭᠡᠪᠴᠢᠶ᠎ᠡ ᠵᠢ‌ᠦᠷᠭᠡᠳᠭᠡᠨ᠂ ᠮᠠᠯ ‍ᠤᠨ‌ᠠᠰᠢᠭ‌‍ᠰᠢᠮ᠎ᠡ ᠪᠠ ᠲᠠᠷᠢᠶᠠᠯᠠᠩ ᠤᠨ ᠪᠦᠳᠦᠭᠡᠭᠳᠡᠬᠦᠨ ᠤ ᠦᠷᠢᠰᠦᠯᠳᠦᠭᠡᠨ ᠤ ᠬᠦᠴᠦᠨ ᠢ ᠴᠢᠩᠭᠠᠷᠠᠭᠤᠯᠤᠨ᠎ᠠ᠃     2᠂  ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠬᠦᠴᠦᠯᠡᠨ ᠠᠬᠢᠭᠤᠯᠬᠤ ᠭᠡᠷᠡᠭᠳᠡᠢ  ᠃  ᠠᠵᠤ ᠦᠢᠯᠡᠳᠪᠦᠷᠢ ᠶᠢᠨ ᠬᠦᠭᠵᠢᠯᠳᠡ ᠶᠢ ᠠᠵᠤ ᠦᠢᠯᠡᠰ ᠤᠨ  ᠪᠦᠳᠦᠴᠡ ᠶᠢ ᠰᠢᠯᠢᠳᠡᠭᠵᠢᠬᠦᠯᠬᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠭᠡᠰᠭᠡᠬᠦ ᠭᠤᠤᠯ ᠰᠢᠪᠳᠤᠯᠬᠤ ᠴᠢᠭᠯᠡᠯ ᠪᠤᠯᠭᠠᠵᠤ᠂ ᠡᠬᠢ ᠪᠠᠶᠠᠯᠢᠭ ᠪᠠ ᠤᠷᠤᠨ ᠪᠠᠶᠢᠴᠠ ᠎ ᠶᠢᠨ  ᠲᠠᠪᠠᠭᠤᠯᠢᠭ ᠲᠠᠭᠠᠨ ᠰᠠᠭᠤᠷᠢᠯᠠᠨ᠂ ᠤᠷᠤᠨ ᠲᠤᠭᠤᠷᠢᠭ ᠢᠶᠠᠷ ᠠᠴᠢᠶᠠᠯᠠᠪᠤᠷᠢ ᠪᠤᠯᠭᠠᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢ ᠴᠢᠩᠭᠠᠷᠠᠭᠤᠯᠵᠤ᠂ ᠮᠠᠯ ‍ᠤᠨ‌ᠠᠰᠢᠭ ᠰᠢᠮ᠎ᠡ ᠪᠠ ᠲᠠᠷᠢᠶᠠᠯᠠᠩ ᠤᠨ ᠪᠦᠳᠦᠭᠡᠭᠳᠡᠬᠦᠨ ᠡᠳ᠋ᠰᠢᠬᠦᠯᠦᠨ ᠪᠤᠯᠪᠠᠰᠤᠷᠠᠭᠤᠯᠬᠤ᠂  ᠡᠨᠧᠷᠬᠢ ᠬᠦᠴᠦᠨ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠢ ᠶᠢᠨ ᠭᠠᠷᠤᠯᠳᠠ ᠪᠠ ᠮᠠᠰᠢᠨ  ᠲᠤᠨᠤᠭ ᠦᠢᠯᠡᠳᠬᠦ ᠵᠡᠷᠭᠡ ᠠᠵᠤ ᠦᠢᠯᠡᠰ ᠢ ᠬᠦᠴᠦ ᠲᠠᠯᠪᠢᠨ ᠬᠦᠭᠵᠢᠬᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠰᠢᠪᠳᠤᠯᠤᠯᠳᠠ ᠎ ᠶᠢ ᠪᠡᠶᠡᠯᠡᠬᠦᠯᠬᠦ ᠭᠡᠷᠡᠭᠳᠡᠢ᠃ 2015 ᠤᠨ ᠪᠤᠯᠬᠤ ᠳᠤ᠂ ᠠᠵᠤ ᠦᠢᠯᠡᠳᠪᠦᠷᠢ ᠶᠢᠨ ᠲᠤᠭᠳᠠᠮᠠᠯ ᠬᠦᠷᠦᠩᠬᠡ ᠶᠢᠨ ᠪᠡᠯᠡ  ᠤᠷᠤᠭᠤᠯᠤᠯᠳᠠ ᠶᠢ 100 ᠳ᠋ᠦᠩᠰᠢᠭᠤᠷ ᠲᠦᠬᠦᠷᠢᠭ ᠲᠤ ᠬᠦᠷᠭᠡᠵᠦ᠂ ᠪᠦᠬᠦ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 25ᠳ᠋ᠦᠩᠰᠢᠭᠤᠷ ᠲᠦᠬᠦᠷᠢᠭ ᠲᠤ ᠬᠦᠷᠭᠡᠨ᠂ ᠵᠢᠯ ᠲᠤᠮᠳᠠᠴᠢ 26.4%᠎ ᠪᠠᠷ  ᠨᠡᠮᠡᠭᠳᠡᠬᠦᠯᠦᠨ᠎ᠡ᠃ ᠮᠠᠯ ‍ᠤᠨ‌ᠠᠰᠢᠭ ᠰᠢᠮ᠎ᠡ ᠪᠠ ᠲᠠᠷᠢᠶᠠᠯᠠᠩ ᠤᠨ ᠪᠦᠳᠦᠭᠡᠭᠳᠡᠬᠦᠨ ᠡᠳ᠋ᠰᠢᠬᠦᠯᠦᠨ ᠪᠤᠯᠪᠠᠰᠤᠷᠠᠭᠤᠯᠬᠤ ᠦᠢᠯᠡᠰ ᠨᠢ  ᠵᠢᠯ ᠳᠤ 20 ᠲᠦᠮᠡᠨ ᠲᠤᠨ ᠲᠦᠮᠦᠰᠦ  ᠂ 60 ᠲᠦᠮᠡᠨ ᠮᠠᠯ ︵ᠬᠤᠨᠢᠴᠢᠯᠠᠭᠰᠠᠨ ᠨᠢᠭᠡᠴᠡ︶  ᠂ 5 ᠲᠦᠮᠡᠨ ᠲᠤᠨ ᠲᠤᠰᠤᠯᠢᠭ ᠲᠠᠷᠢᠮᠠᠯ  ᠪᠤᠯᠪᠠᠰᠤᠷᠠᠭᠤᠯᠬᠤ ᠪᠠ 5 ᠲᠦᠮᠡᠨ ᠲᠤᠨ ᠬᠠᠷ᠎ᠠ ᠠᠷᠢᠬᠢ ᠦᠢᠯᠡᠳᠪᠦᠷᠢᠯᠡᠬᠦ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠳᠦᠬᠦᠯᠵᠦ᠂ ᠢᠳᠡᠰᠢᠨ ᠨᠤᠭᠤᠭᠠᠨ ᠤ ᠪᠤᠭᠤᠳᠠᠯᠯᠠᠵᠤ ᠪᠤᠯᠪᠠᠰᠤᠷᠠᠭᠤᠯᠬᠤ ᠦᠢᠯᠡᠰ ᠢ ᠵᠤᠬᠢᠬᠤ ᠭᠡᠮᠵᠢᠶ᠎ᠡ ᠪᠠᠷ ᠬᠦᠭᠵᠢᠬᠦᠯᠦᠨ᠎ᠡ᠃ ᠡᠨᠧᠷᠬᠢ ᠬᠦᠴᠦᠨ ᠤ ᠠᠵᠤ ᠦᠢᠯᠡᠳᠪᠦᠷᠢ ᠶᠢᠨ ᠲᠠᠯᠠᠪᠠᠷ᠂ ᠰᠠᠯᠬᠢᠨ ᠬᠦᠴᠦᠨ  ᠎ ᠢᠶᠠᠷ ᠴᠠᠬᠢᠯᠭᠠᠨ  ᠡᠬᠦᠰᠭᠡᠬᠦ ᠴᠤᠭᠴᠠᠯᠠᠪᠤᠷᠢ ᠶᠢᠨ ᠪᠠᠭᠳᠠᠭᠠᠮᠵᠢ ᠶᠢ 100 ᠲᠦᠮᠡᠨ ᠺᠢᠯᠤᠸᠠᠲ᠂ ᠭᠡᠷᠡᠯ ᠸᠠᠤᠯᠲ ᠤᠨ ᠴᠠᠬᠢᠯᠭᠠᠨ ᠡᠬᠦᠰᠬᠡᠯᠳᠡ ᠶᠢ5 ᠲᠦᠮᠡᠨ ᠺᠢᠯᠤᠸᠠᠲ ᠳᠤ ᠬᠦᠷᠭᠡᠨ᠎ᠡ᠃ ᠬᠢᠮᠢ ᠶᠢᠨ ᠠᠵᠤ ᠦᠢᠯᠡᠳᠪᠦᠷᠢ ᠶᠢᠨ ᠲᠠᠯᠠᠪᠠᠷ᠂ ᠵᠢᠯ ᠳᠤ 36 ᠲᠦᠮᠡᠨ ᠲᠤᠨ ᠴᠠᠬᠢᠯᠠᠭᠤᠷ ᠴᠢᠯᠠᠭᠤ᠂ 20 ᠲᠦᠮᠡᠨ ᠲᠤᠨ ᠬᠠᠶᠢᠯᠤᠭᠤᠷ ᠵᠤᠩᠰᠢ  ᠎ ᠶᠢᠨ ᠨᠤᠨᠳᠠᠭ ᠦᠢᠯᠡᠳᠪᠦᠷᠢᠯᠡᠬᠦ ᠭᠡᠪᠴᠢᠶ᠎ᠡ  ᠎ ᠶᠢ ᠪᠦᠷᠢᠳᠦᠬᠦᠯᠵᠦ᠂ ᠴᠠᠬᠢᠯᠠᠠᠭᠤᠷ ᠴᠢᠯᠠᠭᠤᠨ ᠤ  ᠬᠢᠮᠢ ᠶᠢᠨ  ᠦᠢᠯᠡᠳᠬᠦᠨ᠂ ᠨᠡᠬᠦᠷᠡᠰᠦᠨ ᠤ ᠬᠢᠮᠢ ᠶᠢᠨ ᠦᠢᠯᠡᠳᠬᠦᠨ ᠬᠢᠬᠡᠳ ᠹᠠᠯᠤᠷ ᠤᠨ ᠬᠢᠮᠢ ᠶᠢᠨ ᠦᠢᠯᠡᠳᠬᠦᠨ ᠵᠡᠷᠭᠡ ᠲᠠᠭᠠᠯᠳᠠ  ᠦᠢᠯᠡᠳᠬᠦᠨ ᠢ ᠢᠳᠡᠪᠬᠢᠳᠡᠢ ᠨᠡᠭᠡᠭᠡᠨ  ᠬᠦᠭᠵᠢᠬᠦᠯᠵᠦ᠂ ᠠᠵᠤ ᠦᠢᠯᠡᠰ ᠤᠨ ᠬᠡᠯᠬᠢᠶᠡᠰᠦᠯᠡᠯ ᠢ ᠤᠷᠳᠤᠳᠬᠠᠨ᠎ᠠ  ᠃ ᠪᠠᠷᠢᠯᠭ᠎ᠠ ᠶᠢᠨ ᠮᠠᠲ᠋ᠧᠷᠢᠶᠠᠯ ᠤᠨ ᠲᠠᠯᠠᠪᠠᠷ᠂ ᠵᠢᠯ ᠳᠤ 60 ᠲᠦᠮᠡᠨ ᠲᠤᠨ ᠽᠧᠮᠧᠨ᠋ᠲ ᠦᠢᠯᠡᠳᠪᠦᠷᠢᠯᠡᠬᠦ᠂ 30 ᠲᠦᠮᠡᠨ ᠪᠤᠰᠤᠭ᠎ᠠ ᠲᠦᠷᠪᠡᠯᠵᠢᠨ ᠮᠧᠲᠷ ᠪᠧᠲ᠋ᠤᠨ ᠦᠢᠯᠡᠳᠪᠦᠷᠢᠯᠡᠬᠦ  ᠎ ᠶᠢ ᠪᠡᠶᠡᠯᠡᠬᠦᠯᠦᠨ᠎ᠡ᠃ ᠠᠭᠤᠷᠬᠠᠢ ᠶᠢᠨ ᠦᠢᠯᠡᠰ ᠤᠨ ᠲᠠᠯᠠᠪᠠᠷ᠂ ᠸᠤᠹᠠᠷᠤᠮ ᠮᠤᠯᠢᠪᠧᠳᠧᠨ ᠤ ᠠᠭᠤᠷᠬᠠᠢ᠂ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠪᠠ ᠴᠠᠭᠠᠨ ᠲᠤᠭᠤᠯᠭ᠎ᠠ ᠭᠠᠤᠯᠢ ᠶᠢᠨ ᠠᠭᠤᠷᠬᠠᠢ ᠵᠡᠷᠭᠡ ᠲᠦᠷᠦᠯ ᠵᠦᠢᠯ ᠢ ᠡᠬᠢᠯᠡᠬᠦᠯᠵᠦ᠂ ᠠᠵᠤ ᠠᠬᠤᠢ ᠎ ᠶᠢᠨ ᠰᠢᠨ᠎ᠡ ᠨᠡᠮᠡᠭᠳᠡᠯ ᠤᠨ ᠴᠡᠭ ᠪᠤᠯᠭᠠᠨ᠎ᠠ᠃ ᠭᠠᠵᠠᠷ ᠰᠢᠨᠵᠢᠯᠡᠬᠡᠨ ᠤ ᠠᠵᠢᠯ ᠤᠨ ᠡᠷᠴᠢᠮ ᠢ ᠴᠢᠩᠭᠠᠷᠠᠭᠤᠯᠵᠤ᠂ ᠨᠢᠭᠡᠨᠳᠡ ᠢᠯᠡᠷᠡᠬᠦᠯᠦᠭᠰᠡᠨ ᠠᠭᠤᠷᠬᠠᠢ ᠶᠢᠨ ᠬᠡᠪᠳᠡᠰᠢ ᠶᠢᠨ ᠬᠠᠳᠠᠭᠠᠯᠠᠴᠠ ᠶᠢ ᠲᠡᠰ ᠲᠡᠪᠰᠢᠬᠦᠯᠬᠦ ᠪᠠ ᠰᠢᠨ᠎ᠡ ᠠᠭᠤᠷᠬᠠᠢ ᠶᠢ ᠢᠯᠡᠷᠡᠬᠦᠯᠬᠦ ᠬᠤᠶᠠᠷ ᠲᠠᠯᠠᠪᠠᠷ ᠠᠮᠵᠢᠯᠳᠠ ᠭᠠᠷᠭᠠᠬᠤ ᠭᠡᠷᠡᠭᠳᠡᠢ᠃ ᠮᠠᠰᠢᠨ ᠲᠤᠨᠤᠭ ᠦᠢᠯᠡᠳᠬᠦ ᠦᠢᠯᠡᠰ  ᠎ ᠤᠨ ᠲᠠᠯᠠᠪᠠᠷ᠂ ᠠᠵᠤ ᠦᠢᠯᠡᠰ ᠤᠨ ᠰᠢᠯᠵᠢᠯᠳᠡ ᠲᠠᠢ ᠬᠦᠳᠡᠯᠦᠩᠬᠦᠢ ᠪᠠᠷ ᠵᠠᠯᠭᠠᠭᠤᠯᠵᠤ᠂ ᠰᠠᠯᠬᠢᠨ  ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠬᠢᠬᠦ ᠪᠠ ᠰᠡᠯᠪᠢᠨ ᠵᠠᠰᠠᠬᠤ᠂ ᠮᠠᠰᠢᠨ ᠲᠡᠷᠭᠡᠨ ᠤ ᠲᠤᠨᠤᠭ  ᠤᠭᠰᠠᠷᠠᠨ ᠦᠢᠯᠡᠳᠬᠦ ᠵᠡᠷᠭᠡ ᠲᠦᠷᠦᠯ ᠵᠦᠢᠯ ᠢ ᠤᠷᠤᠭᠤᠯᠵᠤ᠂ ᠡᠬᠢ ᠪᠠᠶᠠᠯᠢᠭ ᠤᠨ ᠪᠤᠰᠤ ᠠᠵᠤ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃       3. ᠦᠢᠯᠡᠴᠢᠯᠡᠬᠡᠨ ᠤ ᠦᠢᠯᠡᠰ ᠤᠨ  ᠬᠦᠭᠵᠢᠯᠳᠡ ᠶᠢ ᠲᠦᠷᠭᠡᠳᠭᠡᠨ  ᠠᠬᠢᠭᠤᠯᠬᠤ ᠭᠡᠷᠡᠭᠳᠡᠢ᠃ ᠠᠷᠠᠯᠵᠢᠶ᠎ᠠ ᠬᠦᠢᠯᠭᠡᠭᠡᠨ ᠤ ᠦᠢᠯᠡᠰ ᠢ ᠬᠦᠴᠦ ᠲᠠᠯᠪᠢᠨ ᠬᠦᠭᠵᠢᠬᠦᠯᠵᠦ᠂ ᠪᠸᠢ ᠬᠦᠸᠧ ᠲᠠᠷᠢᠶᠠᠯᠠᠩ ᠤᠨ ᠪᠦᠳᠦᠭᠡᠭᠳᠡᠬᠦᠨ ᠤ ᠬᠦᠢᠯᠭᠡᠭᠡᠨ ᠤ ᠲᠤᠭᠤᠷᠢᠭ᠂ ᠪᠸᠢ ᠬᠦᠸᠧ ᠪᠠᠷᠢᠯᠭ᠎ᠠ ᠶᠢᠨ ᠮᠠᠲ᠋ᠧᠷᠢᠶᠠᠯ ᠤᠨ ᠴᠢᠮᠡᠭᠯᠡᠯ ᠤᠨ ᠭᠠᠵᠠᠷ᠂ ᠮᠠᠰᠢᠨ ᠲᠡᠷᠭᠡ  ᠵᠠᠰᠠᠬᠤ ᠪᠠ ᠠᠷᠠᠯᠵᠢᠶᠠᠯᠠᠬᠤ ᠲᠤᠭᠤᠷᠢᠭ ᠵᠡᠷᠭᠡ ᠭᠤᠤᠯᠳᠠᠯᠭᠠᠳᠠᠢ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠨ ᠪᠡᠶᠡᠯᠡᠬᠦᠯᠵᠦ᠂ ᠮᠠᠨ ᠤ ᠬᠤᠰᠢᠭᠤ ᠪᠠᠨ ᠰᠢᠯᠢ ᠶᠢᠨ ᠭᠤᠤᠯ ᠠᠶᠢᠮᠠᠭ ᠤᠨ ᠡᠮᠦᠨ᠎ᠡ ᠭᠡᠰᠡᠭ ᠤᠨ ᠴᠢᠬᠤᠯᠠ ᠠᠷᠠᠯᠵᠢᠶᠠᠨ ᠤ ᠤᠷᠤᠨ ᠪᠤᠯᠭᠠᠬᠤ ᠪᠠᠷ ᠴᠢᠷᠮᠠᠶᠢᠨ᠎ᠠ᠃   ᠬᠤᠰᠢᠭᠤ ᠰᠢᠶᠠᠨ᠂ ᠰᠤᠮᠤ ᠰᠢᠶᠠᠩ ᠪᠠᠯᠭᠠᠰᠤ  ᠂ ᠭᠠᠴᠠᠭ᠎ᠠ ᠲᠤᠰᠬᠤᠨ ᠤ ᠲᠠᠸᠠᠷ ᠤᠨ  ᠬᠦᠢᠯᠭᠡᠭᠡ᠂ ᠲᠠᠯ᠎ᠠ ᠨᠤᠳᠤᠭ ᠤᠨ ᠵᠤᠭᠠᠴᠠᠯ  ᠎ ᠤᠨ ᠦᠢᠯᠡᠰ  ᠪᠠ  ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠦᠢᠯᠡᠰ ᠢ  ᠲᠦᠷᠭᠡᠨ  ᠬᠦᠭᠵᠢᠬᠦᠯᠦᠨ᠎ᠡ᠃ ᠭᠠᠵᠠᠷ ᠤᠷᠤᠨ ᠤ ᠮᠦᠩᠬᠦᠨ ᠬᠦᠢᠯᠭᠡᠭᠡᠨ ᠤ ᠰᠢᠰᠲ᠋ᠧᠮ ᠢ  ᠲᠡᠬᠦᠯᠳᠡᠷᠵᠢᠬᠦᠯᠦᠨ᠎ᠡ᠃ ᠮᠡᠳᠡᠭᠡ ᠵᠠᠩᠬᠢ ᠶᠢᠨ ᠦᠢᠯᠡᠴᠢᠯᠡᠬᠡᠨ ᠤ ᠦᠢᠯᠡᠰ ᠢ ᠠᠬᠢᠭᠤᠯᠤᠨ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠺᠤᠮᠫᠠᠨᠢ ᠶᠢ ᠰᠢᠨ᠎ᠡ ᠰᠢᠪᠳᠤᠯᠤᠯᠳᠠ ᠲᠠᠢ ᠪᠤᠯᠭᠠᠨ᠎ᠠ᠃ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠠᠬᠢᠭᠤᠯᠬᠤ ᠲᠦᠷᠦ  ᠎ ᠶᠢᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠦᠢᠯᠡᠰ  ᠎ ᠤᠨ ᠬᠦᠭᠵᠢᠯᠳᠡ ᠳᠤ ᠲᠤᠰᠠᠳᠠᠢ ᠲᠦᠷᠦ ᠶᠢᠨ ᠪᠤᠳᠤᠯᠭ᠎ᠠ ᠪᠠ ᠪᠠᠶᠢᠭᠤᠯᠤᠯ ᠤᠨ ᠤᠷᠴᠢᠨ ᠢ ᠡᠬᠦᠳᠦᠨ᠎ᠡ᠃       ︵ ᠬᠤᠶᠠᠷ︶   ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠤᠯᠠᠮ ᠢᠯᠡᠬᠦᠦ ᠰᠠᠶᠢᠵᠢᠷᠠᠭᠤᠯᠵᠤ᠂ ᠬᠦᠭᠵᠢᠯᠳᠡ ᠶᠢᠨ ᠪᠠᠳᠤᠯᠠᠭᠠᠨ ᠤ ᠴᠢᠳᠠᠪᠤᠷᠢ ᠶᠢ ᠬᠦᠴᠦ ᠲᠠᠯᠪᠢᠨ ᠨᠡᠮᠡᠭᠳᠡᠬᠦᠯᠬᠦ  ᠭᠡᠷᠡᠭᠳᠡᠢ᠃        ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠤᠷᠢᠳᠠᠬᠤ ᠪᠠᠶᠢᠷᠢᠨ ᠳᠤ ᠲᠠᠯᠪᠢᠵᠤ᠂ ᠲᠠᠪᠤᠨ ᠵᠢᠯ ᠤᠨ ᠴᠢᠷᠮᠠᠶᠢᠯᠭ᠎ᠠ ᠪᠠᠷ ᠲᠠᠮᠵᠢᠨ ᠠᠵᠤ ᠦᠢᠯᠡᠰ ᠤᠨ ᠬᠦᠭᠵᠢᠯᠳᠡ ᠶᠢᠨ ᠱᠠᠭᠠᠷᠳᠠᠯᠭ᠎ᠠ ᠳᠤ ᠨᠡᠶᠢᠴᠡᠭᠰᠡᠨ  ᠤᠳᠤ ᠦᠶ᠎ᠡ ᠶᠢᠨ ᠰᠠᠭᠤᠷᠢ ᠲᠦᠬᠦᠭᠡᠷᠦᠮᠵᠢ ᠶᠢᠨ ᠰᠢᠰᠲ᠋ᠧᠮ ᠢ  ᠡᠬᠦᠳᠦᠨ ᠪᠠᠶᠢᠭᠤᠯᠤᠨ᠎ᠠ᠃        ᠨᠢᠭᠡ ᠳᠤ᠂  ᠵᠠᠮ ᠤᠨ  ᠪᠦᠳᠦᠴᠡ ᠶᠢ ᠰᠢᠯᠢᠳᠡᠭᠵᠢᠬᠦᠯᠦᠨ᠎ᠡ᠃  ᠦᠨᠳᠦᠷ ᠲᠡᠰ ᠤᠨ ᠵᠠᠰᠠᠮᠠᠯ ᠵᠠᠮ ᠢ ᠪᠠᠶᠢᠭᠤᠯᠬᠤ ᠪᠠ ᠾᠧᠪᠸᠢ  ᠮᠤᠵᠢ ᠶᠢᠨ ᠬᠦᠶᠤᠸᠠᠨ ᠰᠢᠶᠠᠨ  ᠂ ᠺᠠᠩ ᠪᠤᠤ  ᠰᠢᠶᠠᠨ ᠲᠠᠢ ᠵᠠᠯᠭᠠᠬᠤ ᠵᠠᠮ ᠢ ᠨᠡᠪᠳᠡᠷᠡᠬᠦᠯᠬᠦ ᠪᠠᠷ ᠭᠤᠤᠯ ᠪᠤᠯᠭᠠᠨ᠂ ᠵᠠᠮ ᠤᠨ ᠵᠠᠯᠭᠠᠯᠳᠠ ᠶᠢ ᠴᠢᠩᠭᠠᠳᠬᠠᠵᠤ᠂ ᠬᠤᠰᠢᠭᠤᠨ ᠤ ᠲᠤᠳᠤᠷᠠᠬᠢ ᠵᠠᠮ ᠎ ᠤᠨ ᠲᠡᠰ ᠪᠠ  ᠵᠠᠮ ᠨᠡᠪᠳᠡᠷᠡᠯᠬᠡ  ᠎ ᠶᠢᠨ ᠴᠢᠳᠠᠪᠤᠷᠢ ᠶᠢ ᠤᠯᠠᠮ ᠨᠡᠮᠡᠭᠳᠡᠬᠦᠯᠦᠨ᠋᠂ ᠲᠤᠳᠤᠷ᠎ᠠ ᠭᠠᠳᠠᠨ᠎ᠠ ᠶᠢ  ᠬᠤᠯᠪᠤᠵᠤ ᠬᠤᠳᠠ ᠬᠦᠳᠡᠭᠡ ᠶᠢ ᠪᠦᠷᠬᠦᠭᠰᠡᠨ ᠵᠠᠮ ᠬᠠᠷᠢᠯᠴᠠᠭᠠᠨ ᠤ  ᠲᠤᠤᠷ ᠢ ᠪᠤᠢ ᠪᠤᠯᠭᠠᠨ᠎ᠠ᠃  ᠬᠤᠶᠠᠷ ᠲᠤ᠂ ᠴᠠᠬᠢᠯᠭᠠᠨ  ᠲᠤᠤᠷ  ᠎ ᠤᠨ  ᠪᠠᠶᠢᠭᠤᠯᠤᠯᠳᠠ ᠶᠢ ᠠᠬᠢᠭᠤᠯᠤᠨ᠎ᠠ᠃  ᠮᠠᠯᠵᠢᠬᠤ ᠲᠠᠷᠢᠶᠠᠯᠠᠬᠤ ᠤᠷᠤᠨ ᠤ ᠲᠤᠤᠷ᠎ᠠ ᠲᠠᠷᠤᠴᠠᠳᠤ ᠴᠠᠬᠢᠯᠭᠠᠨ   ᠲᠤᠤᠷ  ᠪᠠ ᠴᠠᠬᠢᠯᠭᠠᠨ ᠬᠤᠪᠢᠰᠬᠠᠬᠤ ᠦᠷᠳᠡᠭᠡᠨ ᠤ ᠦᠬᠡᠷᠡᠴᠢᠯᠡᠯᠳᠡ ᠶᠢᠨ ᠨᠤᠷᠮ᠎ᠠ ᠶᠢ100 % ᠎ ᠳᠤ ᠬᠦᠷᠭᠡᠵᠦ᠂ ᠴᠠᠬᠢᠯᠭᠠᠨ  ᠲᠤᠤᠷ ᠤᠨ ᠪᠦᠳᠦᠴᠡ  ᠎ ᠨᠢ ᠲᠤᠷᠤᠢ᠂  ᠪᠠᠭᠳᠠᠭᠠᠮᠵᠢ ᠨᠢ ᠪᠠᠭ᠎ᠠ ᠵᠡᠷᠭᠡ ᠪᠠᠶᠢᠳᠠᠯ ᠢ  ᠲᠤᠶᠢᠯᠪᠤᠷᠢᠳᠠᠢ ᠦᠬᠡᠷᠡᠴᠢᠯᠡᠨ᠎ᠡ᠃  ᠭᠤᠷᠪᠠ ᠳᠤ᠂ ᠤᠰᠤᠨ ᠠᠰᠢᠭᠯᠠᠯᠳᠠ ᠶᠢᠨ ᠲᠦᠬᠦᠭᠡᠷᠦᠮᠵᠢ ᠶᠢᠨ ᠪᠠᠶᠢᠭᠤᠯᠤᠯᠳᠠ ᠎ ᠶᠢ ᠲᠦᠷᠭᠡᠳᠭᠡᠨ᠎ᠡ᠃ ᠤᠰᠤᠨ ᠰᠤᠷᠪᠤᠯᠵᠢ  ᠎ ᠶᠢ ᠰᠢᠯᠭᠠᠨ ᠨᠤᠳᠠᠯᠠᠬᠤ ᠪᠠ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ ᠤᠨ ᠲᠦᠯᠦᠪᠵᠢᠬᠦᠯᠭᠡ ᠶᠢ ᠰᠠᠶᠢᠨ ᠬᠢᠵᠦ᠂ ᠢᠨᠵᠧᠨᠧᠷᠢᠩ ᠤᠨ ᠠᠷᠭ᠎ᠠ ᠪᠠᠷᠢᠯ ᠢ ᠴᠢᠩᠭᠠᠳᠬᠠᠨ᠂ 25 ᠰᠠᠭᠤᠷᠢ ᠠᠶᠤᠯᠬᠦᠢ ᠤᠰᠤ ᠤᠮᠳᠠ ᠶᠢᠨ ᠢᠨᠵᠧᠨᠧᠷᠢᠩ ᠢ ᠭᠡᠷᠡᠭᠵᠢᠬᠦᠯᠵᠦ᠂ 1.6 ᠲᠦᠮᠡᠨ ᠬᠦᠮᠦᠨ ᠠᠮᠠ ᠶᠢᠨ ᠠᠶᠤᠯᠬᠦᠢ ᠤᠮᠳᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠲᠤᠮᠳᠠ ᠪᠠᠭ᠎ᠠ ᠭᠤᠤᠯ ᠤᠨ ᠤᠷᠤᠰᠬᠠᠯ ᠤᠨ ᠵᠠᠰᠠᠯᠳᠠ ᠪᠠ ᠲᠦᠭᠰᠢᠬᠦᠷᠢ ᠲᠠᠢ ᠤᠰᠤᠨ ᠴᠦᠬᠦᠷᠦᠮ ᠤᠨ ᠪᠠᠬᠢᠯᠡᠨ ᠵᠠᠰᠠᠬᠤ ᠠᠵᠢᠯ ᠢ ᠬᠢᠵᠦ᠂ ᠠᠭᠤᠯᠠᠨ ᠦᠶᠡᠷ ᠠᠴᠠ ᠰᠡᠷᠭᠡᠶᠢᠯᠡᠬᠦ ᠠᠷᠭ᠎ᠠ ᠬᠢᠭᠡᠳ ᠠᠮᠠᠷᠬᠠᠨ ᠭᠠᠮᠰᠢᠭᠳᠠᠬᠤ ᠭᠠᠵᠠᠷ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢᠨ ᠲᠦᠷᠦᠯ ᠵᠦᠢᠯ ᠢ ᠰᠠᠶᠢᠳᠤᠷ ᠭᠡᠷᠡᠭᠵᠢᠬᠦᠯᠦᠨ᠎ᠡ᠃ ᠲᠦᠷᠪᠡ ᠳᠤ᠂ ᠮᠡᠳᠡᠭᠡ ᠵᠠᠩᠬᠢ ᠶᠢᠨ ᠰᠠᠭᠤᠷᠢ ᠲᠦᠬᠦᠭᠡᠷᠦᠮᠵᠢ ᠶᠢ ᠪᠦᠷᠢᠨᠰᠢᠬᠦᠯᠦᠨ᠎ᠡ᠃ ᠬᠤᠳᠠ ᠬᠦᠳᠡᠭᠡ ᠶᠢᠨ ᠦᠷᠭᠡᠨ ᠪᠦᠰᠡᠳᠦ ᠰᠦᠯᠵᠢᠶ᠎ᠡ᠂ ᠤᠳᠠᠰᠤ ᠦᠬᠡᠢ ᠴᠢᠮᠡᠭᠡ ᠬᠤᠯᠪᠤᠭ᠎ᠠ  ᠵᠡᠷᠭᠡ ᠶᠢᠨ ᠲᠦᠬᠦᠭᠡᠷᠦᠮᠵᠢ ᠶᠢ ᠭᠤᠤᠯᠳᠠᠯᠭᠠᠳᠠᠢ  ᠰᠠᠶᠢᠨ ᠪᠠᠶᠢᠭᠤᠯᠵᠤ᠂ ᠴᠠᠬᠢᠯᠭᠠᠨ  ᠬᠤᠯᠪᠤᠭᠠᠨ ᠤ ᠰᠦᠯᠵᠢᠶ᠎ᠡ᠂ ᠷᠠᠳᠢᠤ᠋ ᠲᠧᠯᠸᠢᠰ ᠰᠦᠯᠵᠢᠶ᠎ᠡ᠂  ᠢᠨᠲ᠋ᠧᠷ ᠰᠦᠯᠵᠢᠶᠡᠨ ᠤ ᠬᠦᠭᠵᠢᠯᠳᠡ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠮᠡᠳᠡᠭᠡ ᠵᠠᠩᠬᠢ ᠶᠢᠨ ᠰᠦᠯᠵᠢᠶᠡᠨ ᠤ ᠨᠡᠶᠢᠳᠡᠮᠵᠢᠯ  ᠎ ᠤᠨ ᠲᠦᠪᠰᠢᠨ ᠢ ᠲᠡᠭᠡᠭᠰᠢᠯᠡᠬᠦᠯᠵᠦ᠂ ᠭᠠᠴᠠᠭ᠎ᠠ ᠲᠤᠰᠬᠤᠨ ᠬᠢᠭᠡᠳ ᠵᠠᠮ ᠲᠠᠭᠠᠤ ᠴᠢᠮᠡᠭᠡ ᠬᠤᠯᠪᠤᠭᠠᠨ ᠤ ᠲᠤᠬᠢᠶᠠᠨ  ᠎ ᠤ ᠦᠪᠴᠢ ᠪᠦᠷᠬᠦᠴᠡ ᠶᠢ ᠪᠡᠶᠡᠯᠡᠬᠦᠯᠦᠨ᠎ᠡ᠃ ᠲᠠᠪᠤ ᠳᠤ᠂ ᠬᠤᠳᠠ ᠪᠠᠯᠭᠠᠰᠤᠨ ᠎ ᠤ ᠪᠦᠳᠦᠭᠡᠨ ᠪᠠᠶᠢᠭᠤᠯᠤᠯᠳᠠ ᠶᠢᠨ ᠲᠠᠯᠠᠪᠠᠷ᠂ ᠴᠢᠳᠠᠪᠬᠢ ᠶᠢ ᠪᠦᠷᠢᠨᠰᠢᠬᠦᠯᠬᠦ᠂  ᠲᠡᠰ ᠲᠡᠮᠳᠡᠭ ᠢ ᠦᠨᠳᠦᠷᠵᠢᠬᠦᠯᠬᠦ᠂ ᠠᠵᠤ ᠦᠢᠯᠡᠰ ᠢ ᠪᠤᠶᠢᠵᠢᠭᠤᠯᠬᠤ ᠲᠡᠭᠡᠷ᠎ᠡ ᠭᠤᠤᠯᠳᠠᠯᠭ᠎ᠠ ᠪᠠᠨ  ᠲᠠᠯᠪᠢᠵᠤ᠂ ᠪᠤᠤᠴᠠᠩ ᠪᠠᠯᠭᠠᠰᠤᠨ ᠤ  ᠲᠦᠪᠯᠡᠷᠡᠬᠦᠨ ᠲᠠᠷᠬᠠᠭᠠᠬᠤ ᠲᠠᠭᠠᠭᠠᠴᠠ  ᠪᠠ ᠨᠦᠯᠦᠬᠡᠯᠡᠨ ᠲᠠᠶᠢᠴᠢᠯᠠᠬᠤ ᠴᠢᠳᠠᠪᠤᠷᠢ ᠶᠢ  ᠴᠢᠩᠭᠠᠷᠠᠭᠤᠯᠤᠨ᠎ᠠ᠃ ︽ᠠᠷᠪᠠᠨ ᠬᠤᠶᠠᠳᠤᠭᠠᠷ ᠲᠠᠪᠤᠨ ᠵᠢᠯ︾᠎ ᠤᠨ ᠡᠴᠦᠰ ᠪᠤᠯᠬᠤ ᠳᠤ ᠪᠤᠤᠴᠠᠩ ᠪᠠᠯᠭᠠᠰᠤ  ᠎ ᠪᠠᠨ ᠠᠮᠢ ᠠᠬᠤᠢ ᠰᠠᠶᠢᠵᠢᠷᠠᠭᠰᠠᠨ᠂ ᠤᠷᠴᠢᠨ ᠲᠤᠭᠤᠷᠢᠨ ᠭᠤᠶᠤᠵᠢᠭᠰᠠᠨ᠂ ᠬᠦᠮᠦᠨ ᠠᠮᠠ  ᠲᠦᠪᠯᠡᠷᠡᠭᠰᠡᠨ ᠪᠦᠭᠡᠳ ᠬᠤᠳᠠ ᠶᠢᠨ ᠴᠢᠳᠠᠪᠬᠢ  ᠪᠦᠷᠢᠨᠰᠢᠵᠦ᠂ ᠠᠵᠤ ᠦᠢᠯᠡᠰ ᠬᠦᠭᠵᠢᠨ᠂ ᠨᠦᠯᠦᠭᠡᠯᠡᠨ ᠲᠠᠶᠢᠴᠢᠯᠠᠬᠤ ᠴᠢᠳᠠᠪᠤᠷᠢ ᠴᠢᠩᠭᠠᠷᠠᠭᠰᠠᠨ ᠲᠦᠪ ᠬᠤᠳᠠ ᠪᠤᠯᠭᠠᠨ ᠪᠠᠶᠢᠭᠤᠯᠵᠤ᠂ ᠪᠦᠳᠦᠭᠡᠨ ᠪᠠᠶᠢᠭᠤᠯᠤᠭᠰᠠᠨ ᠲᠠᠯᠠᠪᠠᠢ ᠶᠢ 22 ᠬᠠᠪᠳᠠᠭᠠᠢ ᠲᠦᠷᠪᠡᠯᠵᠢᠨ ᠺᠢᠯᠤᠮᠧᠲᠷ ᠲᠤ ᠬᠦᠷᠭᠡᠵᠦ᠂ ᠬᠤᠳᠠ ᠪᠠᠯᠭᠠᠰᠤᠵᠢᠯᠳᠡ ᠶᠢᠨ ᠨᠤᠷᠮ᠎ᠠ ᠶᠢ 50%᠎ ᠠᠴᠠ ᠲᠡᠭᠡᠭᠰᠢ ᠪᠤᠯᠭᠠᠨ᠎ᠠ᠃ ᠵᠢᠷᠭᠤᠭ᠎ᠠ ᠳᠤ᠂ ᠠᠮᠢ ᠠᠬᠤᠢ ᠶᠢᠨ ᠪᠠᠶᠢᠭᠤᠯᠤᠯᠳᠠ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠠᠯᠠᠪᠠᠷ᠂ ᠬᠦᠮᠦᠨ ᠢ ᠰᠢᠯᠵᠢᠬᠦᠯᠬᠦ ᠪᠠ ᠮᠠᠯ ᠢ ᠴᠦᠬᠡᠴᠢᠯᠡᠬᠦ ᠡᠷᠴᠢᠮ ᠢ  ᠦᠷᠬᠦᠯᠵᠢᠯᠡᠨ ᠴᠢᠩᠭᠠᠷᠠᠭᠤᠯᠵᠤ᠂ ᠬᠠᠷᠠᠵᠤ ᠬᠠᠮᠠᠭᠠᠯᠠᠬᠤ  ᠪᠠᠶᠢᠭᠤᠯᠤᠯ᠂ ᠲᠤᠭᠳᠠᠴᠠ  ᠎ ᠶᠢᠨ ᠠᠰᠠᠭᠤᠳᠠᠯ ᠢ ᠰᠠᠶᠢᠳᠤᠷ ᠰᠢᠢᠳᠪᠦᠷᠢᠯᠡᠵᠦ᠂ ᠠᠮᠢ ᠠᠬᠤᠢ ᠶᠢᠨ ᠦᠪᠡᠷᠳᠡᠭᠡᠨ  ᠰᠡᠷᠬᠦᠭᠡᠯᠳᠡ ᠶᠢᠨ ᠴᠢᠳᠠᠪᠤᠷᠢ ᠶᠢ ᠨᠡᠮᠡᠭᠳᠡᠬᠦᠯᠦᠨ᠎ᠡ᠃ ᠠᠮᠢ ᠠᠬᠤᠢ ᠶᠢᠨ ᠪᠠᠶᠢᠭᠤᠯᠤᠯᠳᠠ ᠶᠢ ᠤᠷᠤᠯᠠᠭᠴᠢ ᠠᠵᠤ ᠦᠢᠯᠡᠰ  ᠎ ᠤᠨ ᠬᠦᠭᠵᠢᠯᠳᠡ ᠪᠠ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠲᠠᠢ ᠤᠷᠭᠠᠨᠢᠭ ᠢᠶᠠᠷ ᠤᠶᠠᠯᠳᠤᠭᠤᠯᠤᠨ᠂ ᠵᠠᠯᠭᠠᠮᠵᠢ ᠠᠵᠤ ᠦᠢᠯᠡᠰ ᠢ ᠬᠦᠴᠦᠯᠡᠨ  ᠬᠦᠭᠵᠢᠬᠦᠯᠦᠨ᠎ᠡ᠃ ᠠᠵᠤ ᠠᠬᠤᠢ ᠶᠢᠨ ᠬᠦᠭᠵᠢᠯᠳᠡ ᠬᠢᠭᠡᠳ ᠤᠷᠴᠢᠨ  ᠲᠤᠭᠤᠷᠢᠨ ᠤ ᠬᠠᠮᠠᠭᠠᠠᠯᠠᠯᠳᠠ ᠶᠢᠨ ᠬᠠᠷᠢᠴᠠᠭ᠎ᠠ ᠶᠢ ᠨᠢᠭᠡᠳᠦᠯᠳᠡᠢ ᠰᠠᠶᠢᠨ ᠲᠦᠯᠦᠪᠵᠢᠬᠦᠯᠵᠦ᠂ ᠡᠨᠧᠷᠬᠢ ᠠᠷᠪᠢᠯᠠᠵᠤ ᠪᠤᠬᠢᠷᠳᠤᠯ ᠪᠠᠭᠠᠰᠬᠠᠬᠤ ᠠᠵᠢᠯ ᠢ ᠭᠤᠤᠯᠳᠠᠯᠠᠭᠠᠳᠠᠢ ᠰᠠᠶᠢᠨ ᠠᠳᠬᠤᠨ᠎ᠠ᠃       ︵ᠭᠤᠷᠪᠠ︶ ᠠᠷᠠᠳ ᠢ  ᠪᠠᠶᠠᠵᠢᠭᠤᠯᠬᠤ ᠪᠠ ᠬᠤᠰᠢᠭᠤ ᠪᠠᠨ ᠬᠦᠴᠦᠷᠭᠡᠭᠵᠢᠬᠦᠯᠬᠦ ᠶᠢ ᠵᠡᠷᠭᠡᠪᠡᠷ ᠴᠢᠬᠤᠯᠠᠴᠢᠯᠠᠵᠤ᠂ ᠬᠦᠭᠵᠢᠯᠳᠡ ᠶᠢᠨ ᠦᠷ᠎ᠡ ᠪᠦᠳᠦᠭᠡᠯ ᠢ ᠠᠷᠠᠳ ᠲᠦᠮᠡᠨ ᠳᠤ ᠡᠳ᠋ᠯᠡᠬᠦᠯᠦᠨ᠎ᠡ  ᠃        ᠠᠷᠠᠳ  ᠎ ᠢ ᠪᠠᠶᠠᠵᠢᠭᠤᠯᠬᠤ ᠪᠠ ᠬᠤᠰᠢᠭᠤ ᠪᠠᠨ ᠬᠦᠴᠦᠷᠭᠡᠭᠵᠢᠬᠦᠯᠬᠦ ᠶᠢ ᠵᠡᠷᠭᠡᠪᠡᠷ ᠠᠳᠬᠤᠬᠤ᠂ ᠠᠷᠠᠳ ᠢ ᠪᠠᠶᠠᠵᠢᠭᠤᠯᠬᠤ ᠪᠠᠷ ᠤᠷᠢᠳᠠᠯ ᠪᠤᠯᠭᠠᠬᠤ  ᠎ ᠶᠢ ᠪᠠᠷᠢᠮᠳᠠᠯᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠭᠤᠤᠯᠳᠠᠯᠭ᠎ᠠ ᠪᠤᠯᠭᠠᠭᠰᠠᠨ ᠨᠡᠶᠢᠬᠡᠮ ᠤᠨ ᠪᠠᠶᠢᠭᠤᠯᠤᠯᠳᠠ ᠶᠢ  ᠠᠬᠢᠭᠤᠯᠤᠨ ᠲᠦᠷᠭᠡᠳᠭᠡᠵᠦ᠂ ᠨᠡᠯᠢᠶᠡᠳ ᠪᠦᠷᠢᠨ ᠪᠦᠳᠦᠨ᠂ ᠬᠤᠳᠠ ᠬᠦᠳᠡᠭᠡ ᠶᠢ ᠬᠠᠮᠤᠷᠤᠭᠰᠠᠨ ᠨᠡᠶᠢᠬᠡᠮ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠢ ᠠᠯᠭᠤᠷ ᠪᠠᠶᠢᠭᠤᠯᠤᠨ᠂ ᠠᠷᠠᠳ ᠲᠦᠮᠡᠨ ᠤ ᠠᠮᠢᠳᠤᠷᠠᠯ ᠳᠠᠭᠠᠨ ᠬᠠᠨᠤᠮᠵᠢᠳᠠᠢ ᠪᠠᠶᠢᠬᠤ ᠬᠡᠮᠵᠢᠶ᠎ᠡ ᠶᠢ ᠲᠠᠰᠤᠷᠠᠯᠳᠠ ᠦᠬᠡᠢ  ᠲᠡᠭᠡᠭᠰᠢᠯᠡᠬᠦᠯᠬᠦ ᠬᠡᠷᠡᠭᠳᠡᠢ᠃        ᠨᠢᠭᠡ ᠳᠤ᠂ ᠠᠵᠢᠯ ᠤᠯᠬᠤ ᠶᠢ ᠴᠢᠷᠮᠠᠶᠢᠨ ᠪᠡᠶᠡᠯᠡᠬᠦᠯᠦᠨ᠎ᠡ᠃ ᠠᠵᠢᠯ ᠤᠯᠭᠤᠬᠤ ᠦᠢᠯᠡᠴᠢᠯᠡᠭᠡᠨ ᠤ ᠰᠢᠰᠲ᠋ᠧᠮ ᠢ  ᠲᠡᠬᠦᠯᠳᠡᠷᠵᠢᠬᠦᠯᠬᠦ᠂ ᠠᠵᠢᠯ ᠤᠨ ᠪᠠᠶᠢᠷᠢ ᠨᠡᠭᠡᠭᠡᠬᠦ᠂ ᠮᠡᠷᠭᠡᠵᠢᠯ ᠤᠨ ᠪᠤᠯᠪᠠᠰᠤᠷᠠᠯ ᠢ ᠴᠢᠩᠭᠠᠳᠬᠠᠬᠤ᠂ ᠠᠵᠢᠯ ᠰᠤᠩᠭᠤᠬᠤ ᠲᠠᠨᠢᠯᠳᠠ ᠶᠢ ᠬᠤᠪᠢᠷᠠᠭᠤᠯᠬᠤ ᠵᠡᠷᠭᠡ ᠲᠠᠯᠠᠪᠠᠷ ᠬᠦᠴᠦ ᠤᠷᠤᠭᠤᠯᠵᠤ᠂ ᠡᠯ᠎ᠡ ᠵᠦᠢᠯ ᠤᠨ ᠲᠦᠷᠦ ᠎ ᠶᠢᠨ ᠪᠤᠳᠤᠯᠭ᠎ᠠ ᠶᠢᠨ ᠪᠦᠳᠦᠮᠵᠢᠳᠡᠢ ᠨᠠᠶᠢᠳᠠᠪᠤᠷᠢᠵᠢᠬᠤ ᠶᠢ ᠪᠠᠳᠤᠯᠠᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠎ ᠲᠤ  ᠬᠦᠢᠴᠡᠳ ᠠᠵᠢᠯ ᠤᠯᠭᠤᠵᠤ᠂ ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3.5%᠎ ᠳᠤ ᠬᠢᠵᠠᠭᠠᠷᠯᠠᠨ᠎ᠠ᠃        ᠬᠤᠶᠠᠷ ᠲᠤ᠂ ᠬᠤᠳᠠ  ᠬᠦᠳᠡᠭᠡ  ᠎ ᠶᠢᠨ ᠰᠠᠭᠤᠭᠠᠯᠢ ᠠᠷᠠᠳ ᠤᠨ  ᠤᠷᠤᠯᠭ᠎ᠠ  ᠎ ᠶᠢᠨ ᠦᠷᠬᠦᠯᠵᠢᠯᠡᠭᠰᠡᠨ ᠨᠡᠮᠡᠭᠳᠡᠯ ᠢ ᠠᠬᠢᠭᠤᠯᠤᠨ᠎ᠠ᠃ ᠮᠠᠯ ᠲᠠᠷᠢᠶᠠᠯᠠᠩ ᠤᠨ ᠲᠤᠳᠤᠭᠠᠳᠤ ᠶᠢᠨ  ᠤᠷᠤᠯᠭ᠎ᠠ ᠪᠠᠨ ᠨᠡᠮᠡᠭᠳᠡᠬᠦᠯᠬᠦ ᠲᠠᠯᠳᠠ ᠬᠦᠴᠦᠨ ᠢ ᠠᠭᠤᠳᠠᠯᠠᠬᠤ ᠶᠢᠨ ᠬᠠᠮᠳᠤ᠂ ᠨᠦᠬᠦᠪᠦᠷᠢ ᠲᠠᠷᠬᠠᠭᠠᠬᠤ᠂ ᠰᠢᠯᠵᠢᠬᠦᠯᠦᠨ ᠠᠵᠢᠯ ᠤᠯᠭᠤᠬᠤ᠂ ᠦᠢᠯᠡᠰ ᠪᠦᠳᠦᠭᠡᠬᠦ ᠶᠢ ᠵᠢᠯᠤᠭᠤᠳᠬᠤ ᠵᠡᠷᠭᠡ ᠠᠷᠭ᠎ᠠ  ᠬᠡᠯᠪᠡᠷᠢ ᠢᠶᠠᠷ ᠲᠠᠮᠵᠢᠨ  ᠤᠯᠠᠨ ᠵᠠᠮ ᠰᠤᠪᠠᠭ ᠢᠶᠠᠷ ᠮᠠᠯ ᠲᠠᠷᠢᠶᠠᠯᠠᠩ ᠎ ᠤᠨ ᠪᠤᠰᠤ ᠤᠷᠤᠯᠭ᠎ᠠ ᠶᠢ ᠨᠡᠮᠡᠭᠳᠡᠬᠦᠯᠬᠦ ᠭᠡᠷᠡᠭᠳᠡᠢ᠃  ᠨᠡᠭᠡᠭᠡᠨ ᠬᠦᠭᠵᠢᠬᠦᠯᠬᠦ  ᠮᠠᠶ᠋ᠢᠭ ᠤᠨ ᠶᠠᠳᠠᠭᠤ  ᠎ ᠶᠢ ᠲᠡᠳᠬᠦᠬᠦ  ᠴᠢᠭᠯᠡᠯᠳᠡ ᠶᠢ ᠪᠠᠷᠢᠮᠳᠠᠯᠠᠨ᠂ ᠪᠦᠬᠦᠶᠢᠯᠡ ᠲᠤᠰᠬᠤᠨ ᠢᠶᠠᠷ ᠠᠬᠢᠭᠤᠯᠬᠤ  ᠢᠨᠵᠧᠨᠧᠷᠢᠩ ᠪᠠ ᠠᠵᠤ ᠦᠢᠯᠡᠰᠵᠢᠯᠳᠡ ᠎ ᠪᠠᠷ ᠶᠠᠳᠠᠭᠤ ᠶᠢ ᠳᠡᠳᠬᠦᠬᠦ ᠲᠦᠷᠦᠯ ᠵᠦᠢᠯ ᠢ ᠦᠷᠬᠦᠯᠵᠢᠯᠡᠨ ᠰᠠᠶᠢᠨ ᠠᠳᠬᠤᠵᠤ᠂ ᠨᠦᠬᠦᠴᠡᠯ  ᠪᠦᠷᠢᠳᠦᠭᠰᠡᠨ ᠭᠠᠴᠠᠭ᠎ᠠ  ᠲᠤᠰᠬᠤᠨ ᠨᠢ ᠦᠢᠯᠡᠳᠪᠦᠷᠢᠯᠡᠯ ᠤᠨ ᠨᠦᠬᠦᠴᠡᠯ ᠢᠶᠠᠨ ᠭᠤᠤᠯᠳᠠᠯᠭᠠᠳᠠᠢ ᠰᠠᠶᠢᠵᠢᠷᠠᠭᠤᠯᠤᠨ᠂ ᠬᠦᠭᠵᠢᠯᠳᠡ ᠎ ᠶᠢᠨ ᠨᠦᠬᠦᠴᠡᠯ ᠪᠠᠷ  ᠪᠠᠷᠤᠭᠳᠠᠢ ᠭᠠᠴᠠᠭ᠎ᠠ ᠲᠤᠰᠬᠤᠨ ᠨᠢ ᠠᠷᠠᠳ ᠢ ᠨᠡᠬᠦᠯᠬᠡᠨ ᠰᠢᠯᠵᠢᠬᠦᠯᠬᠦ ᠠᠵᠢᠯ ᠢ ᠭᠤᠤᠯᠳᠠᠯᠭᠠᠳᠠᠢ ᠭᠡᠷᠡᠭᠵᠢᠬᠦᠯᠦᠨ᠎ᠡ᠃ ᠴᠠᠯᠢᠩ ᠤᠨ ᠭᠡᠪ ᠤᠨ ᠦᠰᠦᠯᠳᠡ ᠪᠠ ᠦᠭᠴᠦ ᠲᠦᠯᠦᠬᠦ ᠪᠠᠳᠤᠯᠠᠭᠠᠨ ᠤ ᠲᠤᠭᠳᠠᠴᠠ ᠶᠢ ᠪᠠᠶᠢᠭᠤᠯᠵᠤ᠂ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠲᠡᠭᠡᠭᠰᠢᠯᠡᠬᠦᠯᠦᠨ᠂ ᠬᠦᠳᠡᠯᠮᠦᠷᠢ ᠶᠢᠨ ᠬᠡᠷ᠎ᠡ ᠪᠤᠯᠤᠨ ᠴᠠᠯᠢᠩ  ᠎ ᠢ ᠬᠠᠮᠳᠤ ᠪᠠᠷ ᠵᠤᠬᠢᠴᠠᠭᠤᠯᠬᠤ ᠲᠦᠷᠢᠮ ᠢ ᠪᠦᠬᠦ ᠲᠠᠯᠠᠪᠠᠷ ᠭᠡᠷᠡᠭᠵᠢᠬᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ ᠠᠵᠤ  ᠠᠬᠤᠢ ᠶᠢᠨ ᠬᠦᠭᠵᠢᠯᠳᠡ ᠲᠠᠢ ᠵᠡᠷᠭᠡᠪᠡᠷ ᠶᠠᠪᠤᠭᠳᠠᠭᠤᠯᠤᠨ᠎ᠠ᠃       ᠭᠤᠷᠪᠠ ᠳᠤ᠂ ᠨᠡᠶᠢᠬᠡᠮ ᠤᠨ ᠪᠠᠳᠤᠯᠠᠭᠠᠨ ᠤ ᠰᠢᠰᠲ᠋ᠧᠮ ᠢ ᠲᠡᠬᠦᠯᠳᠡᠷᠵᠢᠬᠦᠯᠦᠨ᠎ᠡ᠃ ᠨᠠᠰᠤᠵᠢᠯ ᠤᠨ ᠠᠰᠠᠷᠠᠮᠵᠢ᠂ ᠡᠮᠨᠡᠯᠬᠡ ᠶᠢᠨ ᠲᠠᠭᠠᠳᠬᠠᠯ᠂  ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠠᠵᠢᠯ ᠢᠶᠠᠷ ᠭᠤᠤᠯ ᠪᠤᠯᠭᠠᠨ᠂ ᠪᠠᠳᠤᠯᠠᠭᠠᠨ ᠤ ᠪᠠᠷᠢᠮᠵᠢᠶ᠎ᠠ ᠪᠠ  ᠨᠢᠭᠡᠳᠦᠯᠳᠡᠢ ᠲᠦᠯᠦᠪᠵᠢᠬᠦᠯᠬᠦ ᠲᠡᠰ ᠲᠡᠪᠬᠤᠷᠭ᠎ᠠ ᠶᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠨᠡᠶᠢᠬᠡᠮ ᠤᠨ ᠪᠠᠳᠤᠯᠠᠭᠠᠨ ᠎ ᠤ ᠰᠢᠰᠲ᠋ᠧᠮ ᠢ ᠲᠦᠷᠭᠡᠨ ᠪᠠᠶᠢᠭᠤᠯᠬᠤ ᠭᠡᠷᠡᠭᠳᠡᠢ᠃  ᠬᠢᠮᠳᠠ ᠭᠡᠷᠡᠭᠯᠡᠭᠡᠨ ᠤ ᠭᠡᠷ ᠪᠠᠶᠢᠰᠢᠩ᠂ ᠬᠢᠮᠳᠠ ᠲᠦᠷᠢᠶᠡᠰᠦᠨ ᠎ ᠤ  ᠭᠡᠷ ᠪᠠᠶᠢᠰᠢᠩ ᠵᠡᠷᠭᠡ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ  ᠪᠠᠶᠢᠭᠤᠯᠤᠯᠳᠠ ᠶᠢ ᠴᠢᠩᠭᠠᠳᠬᠠᠨ᠂ ᠪᠤᠷᠤ ᠭᠡᠷ ᠤᠨ ᠲᠤᠭᠤᠷᠢᠭ  ᠪᠤᠯᠤᠨ ᠮᠠᠯᠵᠢᠬᠤ ᠲᠠᠷᠢᠶᠠᠯᠠᠬᠤ ᠤᠷᠤᠨ ᠤ ᠠᠶᠤᠯᠳᠠᠢ ᠭᠡᠷ ᠪᠠᠶᠢᠰᠢᠩ ᠤᠨ ᠦᠬᠡᠷᠡᠴᠢᠯᠡᠯᠳᠡ ᠶᠢ ᠲᠦᠷᠭᠡᠳᠭᠡᠵᠦ᠂ ᠤᠯᠠᠨ ᠲᠦᠮᠡᠨ ᠤ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠤᠨ᠎ᠠ᠃       ᠲᠦᠷᠪᠡ ᠳᠤ᠂ ᠨᠡᠶᠢᠬᠡᠮ ᠤᠨ ᠦᠢᠯᠡᠰ ᠢ ᠬᠦᠴᠦᠯᠡᠨ ᠬᠦᠭᠵᠢᠬᠦᠯᠦᠨ᠎ᠡ᠃ ᠰᠤᠷᠭᠠᠨ ᠬᠦᠮᠦᠵᠢᠯ ᠢ ᠤᠷᠢᠳᠠᠵᠤ ᠬᠦᠭᠵᠢᠬᠦᠯᠦᠨ᠂ ᠭᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯᠠᠪᠠᠷ  ᠭᠡᠷᠡᠭᠵᠢᠬᠦᠯᠵᠦ᠂  ᠰᠤᠷᠬᠤ ᠨᠠᠰᠤᠨ ᠠᠴᠠ ᠡᠮᠦᠨᠡᠬᠢ ᠬᠦᠮᠦᠵᠢᠯ ᠢ ᠢᠳᠡᠪᠬᠢᠳᠡᠢ ᠬᠦᠭᠵᠢᠬᠦᠯᠦᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠠᠬᠢᠵᠢᠬᠦᠯᠬᠦ ᠪᠠ ᠲᠡᠭᠡᠭᠰᠢᠯᠡᠬᠦᠯᠵᠦ᠂ ᠦᠨᠳᠦᠰᠦᠳᠡᠨ ᠤ ᠰᠤᠷᠭᠠᠨ ᠬᠦᠮᠦᠵᠢᠯ  ᠎ ᠤᠨ ᠬᠦᠭᠵᠢᠯᠳᠡ ᠶᠢ ᠴᠢᠬᠤᠯᠠᠴᠢᠯᠠᠨ᠂ ᠦᠨᠳᠦᠷ ᠲᠤᠮᠳᠠᠳᠤ ᠶᠢᠨ ᠱᠠᠳᠤᠨ ᠤ ᠰᠤᠷᠭᠠᠨ ᠬᠦᠮᠦᠵᠢᠯ ᠢ ᠦᠨᠳᠦᠰᠦᠨ ᠳᠡᠭᠡᠨ ᠲᠦᠬᠡᠮᠡᠯᠵᠢᠬᠦᠯᠵᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠬᠦᠴᠦ ᠲᠠᠯᠪᠢᠵᠤ ᠬᠦᠭᠵᠢᠬᠦᠯᠦᠨ᠂ ᠡᠯ᠎ᠡ ᠲᠦᠷᠦᠯ ᠤᠨ ᠰᠤᠷᠭᠠᠨ ᠬᠦᠮᠦᠵᠢᠯ ᠎ ᠤᠨ ᠵᠤᠬᠢᠴᠠᠩᠭᠤᠢ  ᠬᠦᠭᠵᠢᠯᠳᠡ ᠶᠢ ᠲᠦᠯᠬᠢᠨ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠬᠦᠮᠦᠵᠢᠯ ᠤᠨ ᠨᠤᠷᠮ᠎ᠠ ᠢ 85%᠎ ᠳᠤ ᠬᠦᠷᠭᠡᠵᠦ᠂ ᠲᠤᠮᠳᠠᠳᠤ ᠪᠠᠭ᠎ᠠ  ᠰᠤᠷᠭᠠᠭᠤᠯᠢ ᠶᠢᠨ  ᠰᠤᠷᠤᠯᠴᠠᠬᠤ ᠨᠤᠷᠮ᠎ᠠ ᠶᠢ100%᠎ ᠳᠤ ᠬᠦᠷᠭᠡᠵᠦ᠂ ᠦᠨᠳᠦᠷ ᠲᠤᠮᠳᠠᠳᠤ ᠶᠢᠨ ᠱᠠᠳᠤᠨ ᠤ ᠰᠤᠷᠤᠯᠴᠠᠬᠤ ᠨᠤᠷᠮ᠎ᠠ ᠶᠢ 80%᠎ ᠠᠴᠠ ᠲᠠᠪᠠᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠰ ᠢ ᠲᠦᠷᠭᠡᠨ ᠬᠦᠭᠵᠢᠬᠦᠯᠵᠦ᠂ ᠡᠮᠨᠡᠯᠬᠡ ᠶᠢᠨ ᠠᠪᠤᠷᠠᠨ ᠵᠠᠰᠠᠬᠤ᠂ ᠡᠪᠡᠳᠴᠢᠨ ᠡᠮᠭᠡᠭ ᠰᠡᠷᠭᠡᠶᠢᠯᠡᠨ ᠬᠤᠷᠢᠭᠯᠠᠬᠤ᠂ ᠡᠭᠡ ᠨᠢᠯᠬᠠᠰ ᠤᠨ ᠡᠷᠡᠬᠦᠯ  ᠎ ᠢ ᠬᠠᠮᠠᠭᠠᠯᠠᠬᠤ ᠵᠡᠷᠭᠡ ᠤᠯᠠᠨ ᠨᠡᠶᠢᠳᠡ ᠎ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠵᠦ᠂ ᠬᠤᠰᠢᠭᠤ᠂ ᠰᠤᠮᠤ  ᠰᠢᠶᠠᠩ ᠪᠠᠯᠭᠠᠰᠤ ᠪᠠ ᠭᠠᠴᠠᠭ᠎ᠠ ᠲᠤᠰᠬᠤᠨ ᠭᠤᠷᠪᠠᠨ ᠱᠠᠳᠤᠨ ᠤ ᠡᠮᠨᠡᠯᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ  ᠯᠠᠪᠳᠠᠭᠤᠨ ᠢᠶᠠᠷ ᠠᠬᠢᠭᠤᠯᠵᠤ᠂ ᠰᠢᠨ᠎ᠡ ᠪᠠᠷ ᠨᠡᠮᠡᠭᠳᠡᠭᠰᠡᠨ ᠡᠮᠨᠡᠯᠬᠡ ᠶᠢᠨ ᠡᠬᠢ ᠪᠠᠶᠠᠯᠢᠭ ᠢ ᠮᠠᠯᠵᠢᠬᠤ ᠲᠠᠷᠢᠶᠠᠯᠠᠬᠤ ᠤᠷᠤᠨ ᠪᠠ ᠨᠡᠶᠢᠬᠡᠮ ᠲᠤᠭᠤᠷᠢᠭ ᠵᠦᠭ  ᠭᠡᠯᠪᠡᠶᠢᠯᠬᠡᠨ᠂  ᠤᠯᠠᠨ ᠨᠡᠶᠢᠳᠡ ᠶᠢᠨ  ᠡᠷᠡᠬᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠠᠯᠭᠤᠷ ᠲᠡᠩᠴᠡᠬᠦᠷᠢᠰᠢᠬᠦ ᠶᠢ ᠠᠬᠢᠭᠤᠯᠬᠤ ᠭᠡᠷᠡᠭᠳᠡᠢ᠃ ᠬᠤᠳᠠ ᠬᠦᠳᠡᠭᠡ ᠶᠢᠨ ᠰᠤᠶᠤᠯ ᠤᠨ ᠦᠢᠯᠡᠰ ᠢ ᠴᠡᠴᠡᠭᠯᠡᠬᠦᠯᠦᠨ ᠬᠦᠭᠵᠢᠬᠦᠯᠵᠦ᠂ ᠰᠤᠶᠤᠯ ᠢᠶᠠᠷ ᠠᠷᠠᠳ ᠢ ᠲᠤᠰᠠᠯᠠᠬᠤ ᠢᠨᠵᠧᠨᠧᠷᠢᠩ ᠢ ᠬᠦᠴᠦ  ᠲᠠᠯᠪᠢᠵᠤ ᠬᠡᠷᠡᠭᠵᠢᠬᠦᠯᠦᠨ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃ ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠵᠦ᠂  ᠲᠦᠷᠦᠯᠳᠡ ᠶᠢᠨ ᠲᠤᠤᠷ᠎ᠠ  ᠲᠦᠪᠰᠢᠨ ᠢ ᠲᠤᠭᠳᠠᠪᠤᠷᠢᠵᠢᠭᠤᠯᠤᠨ᠂  ᠲᠦᠷᠦᠬᠦ ᠬᠦᠮᠦᠨ ᠠᠮᠠ ᠎ ᠶᠢᠨ ᠴᠢᠨᠠᠷ  ᠴᠢᠨᠰᠠᠭ᠎ᠠ ᠶᠢ ᠲᠡᠭᠡᠭᠰᠢᠯᠡᠬᠦᠯᠵᠦ᠂ ᠵᠢᠯ ᠲᠤᠮᠳᠠᠴᠢ ᠶᠢᠨ ᠲᠦᠷᠦᠬᠦ ᠨᠤᠷᠮ᠎ᠠ ᠶᠢ 10‰᠎ ᠠᠴᠠ ᠲᠤᠷᠤᠭᠰᠢ ᠪᠠᠶᠢᠯᠭᠠᠵᠤ᠂ ᠲᠦᠷᠦ ᠶᠢᠨ ᠪᠤᠳᠤᠯᠭ᠎ᠠ ᠳᠤ ᠨᠡᠶᠢᠴᠡᠭᠰᠡᠨ  ᠲᠦᠷᠦᠬᠦ ᠨᠤᠷᠮ᠎ᠠ ᠶᠢ 85%᠎ ᠠᠴᠠ ᠲᠡᠭᠡᠭᠰᠢ ᠪᠠᠶᠢᠯᠭᠠᠨ᠎ᠠ᠃  ︽ᠲᠤᠰᠬᠤᠨ ᠪᠤᠯᠭᠠᠨ ᠳᠤ ᠨᠡᠪᠳᠡᠷᠡᠬᠦ︾ ᠢᠨᠵᠧᠨᠧᠷᠢᠩ  ᠪᠠ ︽ᠰᠢ ᠰᠢᠨ︾ ᠢᠨᠵᠧᠨᠧᠷᠢᠩ  ᠎ ᠢ ᠦᠷᠬᠦᠯᠵᠢᠯᠡᠨ ᠭᠡᠷᠡᠭᠵᠢᠬᠦᠯᠵᠦ᠂ ᠷᠠᠳᠢᠤ᠋ ᠲᠧᠯᠸᠢᠰ ᠤᠨ ᠶᠡᠷᠦᠩᠬᠡᠶᠢᠯᠡᠭᠰᠡᠨ ᠪᠦᠷᠬᠦᠴᠡ ᠶᠢ 99%᠎ ᠳᠤ ᠬᠦᠷᠭᠡᠨ᠎ᠡ᠃ ᠴᠢᠳᠠᠪᠤᠷᠢᠳᠠᠨ ᠬᠦᠮᠦᠵᠢᠬᠦᠯᠬᠦ᠂ ᠰᠢᠯᠢᠨ ᠲᠡᠪᠰᠢᠬᠦᠯᠬᠦ  ᠪᠠ ᠭᠡᠷᠡᠭᠯᠡᠬᠦ ᠲᠤᠭᠳᠠᠴᠠ ᠶᠢ ᠪᠦᠷᠢᠨᠰᠢᠬᠦᠯᠵᠦ᠂ ᠤᠳᠤ ᠪᠠᠶᠢᠭ᠎ᠠ ᠴᠢᠳᠠᠪᠤᠷᠢᠳᠠᠨ ᠢ ᠰᠠᠶᠢᠳᠤᠷ ᠭᠡᠷᠡᠭᠯᠡᠵᠦ᠂  ᠱᠠᠭᠠᠷᠳᠠᠭᠳᠠᠬᠤ ᠴᠢᠳᠠᠪᠤᠷᠢᠳᠠᠨ ᠢ ᠡᠯᠰᠡᠵᠦ ᠤᠷᠤᠭᠤᠯᠤᠨ᠎ᠠ᠃          ᠲᠠᠪᠤ ᠳᠤ᠂ ᠨᠡᠶᠢᠬᠡᠮ ᠤᠨ ᠲᠤᠭᠳᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ︽ᠠᠮᠤᠭᠤᠯᠠᠩ ᠲᠠᠶᠢᠹᠤᠰᠧ︾᠎ ᠤᠨ ᠴᠤᠭᠴᠠᠯᠠᠯᠳᠠ ᠪᠠᠷ ᠬᠠᠷᠠᠯᠳᠠ ᠪᠤᠯᠭᠠᠵᠤ᠂ ᠨᠡᠶᠢᠬᠡᠮ ᠤᠨ ᠬᠠᠮᠢᠶᠠᠷᠤᠯᠳᠠ ᠶᠢᠨ ᠰᠢᠨ᠎ᠡ ᠶᠢ  ᠡᠬᠦᠳᠦᠨ᠂ ᠨᠢᠭᠤᠴᠠ ᠹᠠᠷᠤᠨᠲ ᠤᠨ ᠲᠡᠮᠡᠴᠡᠯ ᠢ ᠴᠢᠩᠭᠠᠳᠬᠠᠵᠤ᠂ ᠨᠡᠶᠢᠬᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠯᠳᠡ ᠶᠢᠨ ᠰᠢᠰᠲ᠋ᠧᠮ ᠢ ᠲᠡᠬᠦᠯᠳᠡᠷᠵᠢᠬᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ᠂ ᠤᠯᠠᠨ ᠲᠦᠮᠡᠨ ᠤ  ᠰᠠᠨᠠᠭ᠎ᠠ ᠵᠤᠷᠢᠯᠳᠠ ᠪᠠᠨ ᠢᠯᠡᠳᠭᠡᠬᠦ᠂  ᠡᠷᠭᠡ ᠠᠰᠢᠭ  ᠎ ᠢᠶᠠᠨ ᠬᠠᠮᠠᠭᠠᠯᠠᠬᠤ ᠳᠤ ᠰᠠᠭᠠᠳ ᠦᠬᠡᠢ ᠵᠠᠮ ᠨᠡᠭᠡᠭᠡᠵᠦ᠂ ᠨᠡᠶᠢᠬᠡᠮ ᠤᠨ ᠵᠦᠷᠢᠴᠡᠯ ᠵᠢᠭᠤᠷᠠᠭᠠᠨ ᠢ ᠨᠠᠮᠳᠠᠭᠤᠯᠤᠨ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠪᠠᠶᠢᠭᠤᠯᠬᠤ ᠭᠡᠷᠡᠭᠳᠡᠢ᠃ ᠨᠡᠬᠦᠳᠡᠯ ᠬᠦᠮᠦᠨ ᠠᠮᠠ ᠶᠢᠨ ᠦᠢᠯᠡᠴᠢᠯᠡᠭᠡ ᠬᠠᠮᠢᠶᠠᠷᠤᠯᠳᠠ ᠎ ᠶᠢ ᠰᠠᠶᠢᠨ ᠬᠢᠵᠦ᠂ ᠤᠨᠴᠠᠭᠠᠢ ᠬᠦᠮᠦᠨ ᠠᠮᠠ  ᠎ ᠶᠢ ᠬᠠᠪᠰᠤᠷᠤᠨ ᠬᠦᠮᠦᠵᠢᠬᠦᠯᠬᠦ ᠬᠠᠮᠢᠶᠠᠷᠤᠯᠳᠠ ᠪᠠ ᠦᠢᠯᠡᠴᠢᠯᠡᠭᠡᠨ ᠎ ᠤ ᠠᠵᠢᠯ ᠢ ᠴᠢᠩᠭᠠᠳᠬᠠᠨ᠂ ᠨᠡᠶᠢᠬᠡᠮ ᠤᠨ ᠠᠮᠤᠷ ᠲᠢᠭᠯᠡᠮ ᠢ  ᠪᠠᠳᠤᠯᠠᠨ᠎ᠠ᠃ ᠠᠶᠤᠯᠬᠦᠢ ᠦᠢᠯᠡᠳᠪᠦᠷᠢᠯᠡᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠷᠭᠡᠶᠢᠯᠡᠯᠳᠡ ᠶᠢᠨ ᠤᠬᠠᠮᠰᠠᠷ ᠢ ᠲᠡᠭᠡᠭᠰᠢᠯᠡᠬᠦᠯᠦᠨ᠂ ᠬᠢᠨᠠᠯᠳᠠ ᠬᠠᠮᠢᠶᠠᠷᠤᠯᠳᠠ ᠶᠢ ᠡᠷᠴᠢᠮᠵᠢᠬᠦᠯᠵᠦ᠂  ᠬᠦᠨᠳᠦ ᠶᠡᠭᠡ ᠬᠡᠷᠡᠭ  ᠎ ᠤᠨ ᠡᠬᠦᠰᠦᠯ ᠢ  ᠰᠡᠷᠭᠡᠶᠢᠯᠡᠨ ᠬᠤᠷᠢᠭᠯᠠᠬᠤ ᠬᠡᠷᠡᠭᠳᠡᠢ᠃        ︵ᠲᠦᠷᠪᠡ︶  ᠦᠬᠡᠷᠡᠴᠢᠯᠡᠯᠳᠡ ᠨᠡᠭᠡᠭᠡᠯᠳᠡ ᠶᠢ ᠬᠦᠨᠵᠡᠬᠡᠢ ᠲᠦᠯᠬᠢᠨ ᠠᠬᠢᠭᠤᠯᠵᠤ᠂ ᠠᠵᠤ ᠠᠬᠤᠢ ᠶᠢ ᠬᠦᠭᠵᠢᠬᠦᠯᠬᠦ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠎ᠡ᠃         ᠨᠢᠭᠡ ᠳᠤ᠂ ᠰᠢᠨ᠎ᠡ ᠶᠢ ᠡᠬᠦᠳᠬᠦ ᠵᠤᠷᠢᠭ ᠰᠠᠨᠠᠭ᠎ᠠ ᠪᠠᠷ ᠡᠯ᠎ᠡ ᠵᠦᠢᠯ ᠤᠨ ᠦᠬᠡᠷᠡᠴᠢᠯᠡᠯᠳᠡ ᠶᠢ ᠠᠬᠢᠭᠤᠯᠬᠤ ᠭᠡᠷᠡᠭᠳᠡᠢ᠃ ᠦᠬᠡᠷᠡᠴᠢᠯᠡᠯᠳᠡ ᠶᠢᠨ ᠤᠬᠠᠮᠰᠠᠷ  ᠎ ᠢᠶᠠᠨ ᠤᠯᠠᠮ ᠨᠢᠬᠡ ᠠᠯᠬᠤᠮ ᠴᠢᠩᠭᠠᠳᠬᠠᠵᠤ᠂ ᠰᠢᠨ᠎ᠡ ᠎ ᠶᠢ ᠡᠬᠦᠳᠬᠦ ᠰᠡᠳᠬᠢᠴᠡ ᠪᠠ ᠦᠬᠡᠷᠡᠴᠢᠯᠡᠯᠳᠡ ᠬᠢᠬᠦ ᠠᠷᠭ᠎ᠠ ᠶᠢ ᠤᠬᠠᠮᠰᠠᠷᠳᠠᠢ ᠪᠠᠷ ᠭᠡᠷᠡᠭᠯᠡᠵᠦ᠂ ᠬᠦᠭᠵᠢᠯᠳᠡ ᠶᠢ ᠬᠢᠵᠠᠭᠠᠷᠯᠠᠬᠤ ᠪᠠᠶᠢᠭᠤᠯᠤᠯ ᠲᠤᠭᠳᠠᠴᠠ ᠶᠢᠨ ᠬᠠᠷᠰᠢ ᠰᠠᠭᠠᠳ ᠢ ᠰᠢᠪᠳᠤᠯᠤᠨ᠂ ᠡᠯ᠎ᠡ ᠲᠠᠯ᠎ᠠ ᠶᠢᠨ ᠢᠳᠡᠪᠬᠢᠵᠢᠯ ᠢ ᠬᠦᠢᠴᠡᠳ   ᠲᠠᠶᠢᠴᠢᠯᠠᠵᠤ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠪᠠᠶᠢᠭᠤᠯᠤᠯ ᠲᠤᠭᠳᠠᠴᠠ ᠶᠢ ᠤᠯᠠᠮ ᠲᠡᠬᠦᠯᠳᠡᠷᠵᠢᠬᠦᠯᠬᠦ ᠭᠡᠷᠡᠭᠳᠡᠢ᠃ ᠬᠤᠶᠠᠷ ᠲᠤ᠂  ᠨᠡᠩ ᠢᠳᠡᠪᠬᠢᠳᠡᠢ ᠪᠠᠶᠢᠳᠠᠯ ᠢᠶᠠᠷ ᠨᠡᠭᠡᠭᠡᠯᠳᠡ ᠶᠢ ᠦᠷᠭᠡᠳᠭᠡᠨ᠎ᠡ᠃ ᠪᠦᠸᠧᠬᠠᠢ ᠶᠢᠨ ᠲᠤᠭᠤᠷᠢᠨ ᠤ ᠠᠵᠤ ᠠᠬᠤᠢ  ᠎ ᠶᠢᠨ ᠴᠠᠭᠠᠷᠢᠭ  ᠎ ᠲᠤ ᠢᠳᠡᠪᠬᠢᠳᠡᠢ ᠪᠠᠷ ᠤᠷᠤᠯᠴᠠᠵᠤ᠂ ᠠᠵᠠ ᠲᠤᠬᠢᠶᠠᠯ ᠢ ᠡᠷᠢᠯᠬᠢᠯᠡᠨ᠂ ᠬᠦᠭᠵᠢᠯᠳᠡ ᠶᠢᠨ ᠤᠷᠤᠨ ᠵᠠᠢ ᠪᠠᠨ ᠦᠷᠭᠡᠳᠭᠡᠬᠦ ᠭᠡᠷᠡᠭᠳᠡᠢ᠃  ᠬᠠᠮᠳᠤᠷᠠᠨ ᠠᠵᠢᠯᠯᠠᠵᠤ ᠬᠠᠷᠢᠯᠴᠠᠨ ᠠᠰᠢᠭ ᠬᠦᠷᠳᠡᠬᠦ ᠤᠬᠠᠮᠰᠠᠷ ᠢ  ᠲᠡᠭᠡᠭᠰᠢᠯᠡᠬᠦᠯᠦᠨ᠂ ᠤᠶᠢᠷ᠎ᠠ ᠬᠠᠪᠢ ᠶᠢᠨ ᠬᠤᠰᠢᠭᠤ ᠰᠢᠶᠠᠨ ᠯᠤᠭ᠎ᠠ ᠶᠢᠨ ᠲᠦᠯᠦᠪᠵᠢᠬᠦᠯᠬᠡ᠂ ᠲᠦᠷᠦ ᠶᠢᠨ  ᠪᠤᠳᠤᠯᠭ᠎ᠠ ᠶᠢᠨ ᠲᠠᠯᠠᠪᠠᠷ ᠬᠢ ᠵᠠᠯᠭᠠᠯᠳᠠ ᠶᠢ ᠴᠢᠩᠭᠠᠳᠬᠠᠵᠤ᠂  ᠭᠠᠵᠠᠷ ᠤᠷᠤᠨ ᠤ ᠠᠵᠤ ᠦᠢᠯᠡᠰ ᠤᠨ ᠠᠵᠢᠯ ᠤᠨ  ᠬᠠᠮᠳᠤᠷᠠᠯᠴᠠᠭ᠎ᠠ ᠳᠤ ᠢᠳᠡᠪᠬᠢᠳᠡᠢ ᠤᠷᠤᠯᠴᠠᠨ᠂ ᠰᠠᠭᠤᠷᠢ ᠲᠦᠬᠦᠭᠡᠷᠦᠮᠵᠢ ᠬᠢᠭᠡᠳ ᠠᠵᠤ ᠦᠢᠯᠡᠰ ᠤᠨ ᠤᠷᠤᠨ ᠲᠤᠭᠤᠷᠢᠭ ᠢ ᠬᠠᠮᠳᠤᠪᠠᠷ ᠪᠠᠶᠢᠭᠤᠯᠵᠤ ᠬᠠᠮᠳᠤᠪᠠᠷ ᠠᠰᠢᠭ ᠬᠦᠷᠳᠡᠬᠦ ᠶᠢ ᠪᠡᠶᠡᠯᠡᠬᠦᠯᠵᠦ᠂ ᠠᠶᠢᠮᠠᠭ ᠤᠨ ᠲᠤᠭᠳᠠᠭᠠᠭᠰᠠᠨ ᠡᠮᠦᠨ᠎ᠡ ᠬᠡᠰᠡᠭ ᠤᠨ ᠠᠵᠤ ᠠᠬᠤᠢ ᠎ ᠶᠢᠨ ᠬᠠᠮᠳᠤᠷᠠᠯᠴᠠᠭᠠᠨ ᠤ ᠤᠷᠤᠨ ᠤ ᠬᠦᠭᠵᠢᠯᠳᠡ ᠪᠠ ᠲᠠᠪᠰᠢᠯᠳᠠ ᠶᠢ ᠬᠠᠮᠳᠤᠪᠠᠷ ᠲᠦᠯᠬᠢᠨ ᠠᠬᠢᠭᠤᠯᠬᠤ ᠭᠡᠷᠡᠭᠳᠡᠢ᠃ ᠬᠦᠭᠵᠢᠯᠳᠡ ᠶᠢᠨ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠦᠢᠯᠡᠴᠢᠯᠡᠭᠡᠨ ᠤ ᠶᠠᠰᠤ ᠴᠢᠨᠠᠷ ᠪᠠ ᠠᠵᠢᠯ  ᠎ ᠤᠨ ᠦᠷ᠎ᠡ ᠪᠦᠳᠦᠮᠵᠢ ᠶᠢ ᠲᠡᠭᠡᠭᠰᠢᠯᠡᠬᠦᠯᠦᠨ᠂ ᠪᠡᠯᠡ ᠤᠷᠤᠭᠤᠯᠵᠤ ᠦᠢᠯᠡᠰ ᠪᠤᠰᠬᠠᠭᠴᠢᠳ ᠲᠤ ᠰᠢᠯᠢᠳᠡᠭ ᠦᠢᠯᠡᠴᠢᠯᠡᠭᠡ ᠬᠠᠩᠭᠠᠬᠤ ᠭᠡᠷᠡᠭᠳᠡᠢ᠃   ᠲᠤᠰ ᠤᠳᠠᠭᠠᠨ ᠤ ᠬᠤᠷᠠᠯᠳᠤᠭᠠᠨ ᠲᠡᠭᠡᠷ᠎ᠡ ᠪᠠᠰᠠ ︽ᠲᠠᠶᠢᠹᠤᠰᠧ ᠬᠤᠰᠢᠭᠤᠨ ᠤ ᠤᠯᠤᠰ ᠠᠷᠠᠳ ᠤᠨ ᠠᠵᠤ ᠠᠬᠤᠢ ᠬᠢᠭᠡᠳ ᠨᠡᠶᠢᠬᠡᠮ ᠤᠨ ᠬᠦᠭᠵᠢᠯᠳᠡ ᠶᠢᠨ ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠵᠢᠬᠦᠯᠭᠡ ᠶᠢᠨ ᠬᠦᠳᠦᠯᠪᠦᠷᠢ ︵ᠡᠬᠢ ᠨᠤᠤᠷᠠᠭ︶︾᠎ ᠶᠢ  ᠲᠡᠪᠰᠢᠬᠦᠯᠵᠡᠢ  ᠂ ᠬᠤᠷᠠᠯᠳᠤᠭᠠᠨ ᠢᠶᠠᠷ  ᠲᠠᠮᠵᠢᠨ ᠪᠠᠳᠤᠯᠠᠭᠰᠠᠨ ᠤ ᠲᠠᠷᠠᠭ᠎ᠠ ᠬᠤᠰᠢᠭᠤ ᠵᠠᠰᠠᠭ ᠤᠨ ᠤᠷᠳᠤᠨ ᠨᠢ ᠬᠦᠳᠦᠯᠪᠦᠷᠢ ᠶᠤᠰᠤᠭᠠᠷ  ᠬᠦᠴᠦᠳᠡᠢ ᠠᠷᠭ᠎ᠠ ᠠᠪᠴᠢᠯ ᠠᠪᠴᠤ ᠨᠠᠷᠢᠨ ᠨᠢᠮᠪᠠᠢ ᠵᠤᠬᠢᠶᠠᠨ ᠪᠠᠶᠢᠭᠤᠯᠵᠤ ᠭᠡᠷᠡᠭᠵᠢᠬᠦᠯᠬᠦ ᠪᠤᠯᠤᠨ᠎ᠠ᠃            ᠭᠤᠷᠪᠠ᠂ 2011 ᠤᠨ ᠤ ᠭᠤᠤᠯ ᠠᠵᠢᠯ          ᠡᠨᠡ ᠵᠢᠯ ᠪᠤᠯ ︽ᠠᠷᠪᠠᠨ ᠬᠤᠶᠠᠳᠤᠭᠠᠷ ᠲᠠᠪᠤᠨ ᠵᠢᠯ︾᠎ ᠤᠨ ᠡᠬᠢᠯᠡᠯᠲᠡ  ᠪᠤᠯᠬᠤ  ᠪᠦᠭᠡᠳ ᠲᠤᠮᠳᠠᠳᠤ ᠤᠯᠤᠰ ᠤᠨ ᠡᠪ ᠬᠠᠮᠳᠤ ᠨᠡᠮ ᠪᠠᠶᠢᠭᠤᠯᠤᠭᠳᠠᠭᠰᠠᠨ 90 ᠵᠢᠯ ᠤᠨ ᠤᠢ ᠶᠢ ᠤᠭᠳᠤᠬᠤ  ᠪᠤᠯᠬᠤᠷ  ᠡᠯ᠎ᠡ ᠲᠦᠷᠦᠯ ᠎ ᠤᠨ ᠠᠵᠢᠯ ᠢᠶᠠᠨ ᠰᠠᠶᠢᠳᠤᠷ ᠪᠡᠶᠡᠯᠡᠭᠦᠯᠬᠦ  ᠎ ᠨᠢ ᠭᠦᠨᠳᠤ ᠴᠢᠬᠤᠯᠠ  ᠠᠴᠢ ᠬᠤᠯᠪᠤᠭᠳᠠᠯ ᠲᠠᠢ ᠶᠤᠮ᠃ ᠮᠠᠨ ᠤ ᠬᠤᠰᠢᠭᠤᠨ ᠤ ᠡᠨᠡ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 32 ᠳ᠋ᠦᠩᠰᠢᠭᠤᠷ ᠲᠦᠭᠦᠷᠢᠭ ᠎ ᠲᠤ ᠬᠦᠷᠴᠦ᠂ 17.2 %᠎ ᠢᠶᠠᠷ ᠨᠡᠮᠡᠭᠳᠡᠭᠦᠯᠵᠦ᠂ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 8.5 ᠳ᠋ᠦᠩᠰᠢᠭᠤᠷ ᠲᠦᠭᠦᠷᠢᠭ ᠲᠤ ᠬᠦᠷᠭᠡᠵᠦ᠂ 6.3%᠎ ᠪᠠᠷ ᠨᠡᠮᠡᠭᠳᠡᠭᠦᠯᠵᠦ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 12.5 ᠳ᠋ᠦᠩᠰᠢᠭᠤᠷ ᠲᠦᠭᠦᠷᠢᠭ ᠲᠤ ᠬᠦᠷᠭᠡᠵᠦ᠂ 22.5%᠎ ᠪᠠᠷ ᠨᠡᠮᠡᠭᠳᠡᠭᠦᠯᠵᠦ  ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 11 ᠳ᠋ᠦᠩᠰᠢᠭᠤᠷ ᠲᠦᠭᠦᠷᠢᠭ ᠲᠤ ᠬᠦᠷᠭᠡᠵᠦ᠂ 20.9%  ᠎ ᠪᠠᠷ ᠨᠡᠮᠡᠭᠳᠡᠭᠦᠯᠦᠨ᠎ᠡ᠃ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ ᠶᠢ 1.3 ᠳ᠋ᠦᠩᠰᠢᠭᠤᠷ ᠲᠦᠭᠦᠷᠢᠭ ᠲᠤ ᠬᠦᠷᠭᠡᠵᠦ᠂ 9.2%᠎ ᠪᠠᠷ ᠨᠡᠮᠡᠭᠳᠡᠭᠦᠯᠦᠨ᠎ᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 17000 ᠲᠦᠭᠦᠷᠢᠭ ᠲᠤ ᠬᠦᠷᠭᠡᠵᠤ᠂ 14.2% ᠎ ᠪᠠᠷ ᠨᠡᠮᠡᠭᠳᠡᠭᠦᠯᠵᠦ︔ ᠲᠠᠷᠢᠶᠠᠴᠢᠳ ᠤᠨ ᠬᠦᠮᠦᠨ ᠪᠦᠷᠢ ᠳᠤ ᠲᠡᠭᠰᠢᠳᠬᠡᠭᠰᠡᠨ ᠴᠡᠪᠡᠷ ᠤᠷᠤᠯᠭ᠎ᠠ ᠶᠢ 6100 ᠲᠦᠭᠦᠷᠢᠭ ᠲᠤ ᠬᠦᠷᠭᠡᠵᠦ᠂ 15.1%᠎ ᠪᠠᠷ ᠨᠡᠮᠡᠭᠳᠡᠭᠦᠯᠵᠦ︔ ᠮᠠᠯᠴᠢᠳ ᠤᠨ ᠬᠦᠮᠦᠨ ᠪᠦᠷᠢ ᠳᠤ ᠲᠡᠭᠰᠢᠳᠬᠡᠭᠰᠡᠨ ᠴᠡᠪᠡᠷ ᠤᠷᠤᠯᠭ᠎ᠠ ᠶᠢ 7800 ᠲᠦᠭᠦᠷᠢᠭ ᠲᠤ ᠬᠦᠷᠭᠡᠵᠦ᠂ 14.8%᠎ ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠎ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 30 ᠳ᠋ᠦᠩᠰᠢᠭᠤᠷ ᠲᠦᠭᠦᠷᠢᠭ  ᠬᠦᠷᠭᠡᠵᠦ᠂ 15% ᠎ ᠪᠠᠷ ᠨᠡᠮᠡᠭᠳᠡᠭᠦᠯᠦᠨ᠎ᠡ᠃           ᠳᠡᠭᠡᠷᠡᠬᠢ ᠳᠤᠷᠠᠳᠤᠭᠰᠠᠨ ᠬᠠᠷᠠᠯᠲᠠ ᠪᠠ ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠳᠤ ᠲᠤᠭᠲᠠᠭᠰᠠᠨ ᠡᠯ᠎ᠡ ᠲᠥᠷᠥᠯ ᠤᠨ ᠡᠭᠦᠷᠭᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢᠨ ᠡᠨᠡᠬᠦ ᠭᠤᠤᠯ ᠰᠡᠳᠦᠪ ᠢ ᠡᠷᠬᠡᠪᠰᠢ ᠲᠤᠪᠤᠶᠢᠯᠭᠠᠵᠤ᠂ ᠠᠷᠭ᠎ᠠ ᠮᠠᠶ᠋ᠢᠭ ᠢᠶᠠᠨ ᠬᠤᠪᠢᠷᠠᠭᠤᠯᠬᠤ ᠭᠤᠤᠯ ᠱᠤᠭᠤᠮ ᠢ  ᠠᠳᠬᠤᠨ᠂ ᠭᠦᠭᠵᠢᠯᠲᠡ ᠶᠢᠨ ᠳᠤᠮᠳᠠ ᠬᠤᠪᠢᠷᠠᠭᠤᠯᠤᠯᠲᠠ ᠶᠢ ᠠᠬᠢᠭᠤᠯᠵᠤ᠂ ᠬᠤᠪᠢᠷᠠᠭᠤᠯᠤᠯᠲᠠ ᠶᠢᠨ ᠳᠤᠮᠳᠠ ᠭᠦᠭᠵᠢᠯᠲᠡ ᠶᠢ ᠡᠷᠢᠯᠬᠢᠯᠡᠬᠦ ᠬᠡᠷᠡᠭᠲᠠᠢ᠃ ᠮᠠᠨ ᠤ ᠬᠤᠰᠢᠭᠤᠨ ᠤ ᠪᠠᠨ ᠬᠦᠭᠵᠢᠯᠲᠡ ᠲᠤᠲᠠᠮᠠᠭ ᠪᠠᠶᠢᠬᠤ ᠦᠨᠳᠦᠰᠦᠨ ᠪᠠᠶᠢᠳᠠᠯ ᠠᠴᠠ ᠡᠭᠦᠰᠴᠦ᠂ ᠴᠢᠬᠤᠯᠠ  ᠪᠤᠯᠬᠤ ᠪᠠᠶᠢᠯᠳᠤᠬᠤ ᠪᠤᠳᠤᠯᠭ᠎ᠠ ᠶᠢᠨ ᠴᠠᠭ ᠲᠤᠬᠢᠶᠠᠯ ᠢ  ᠪᠠᠲᠤᠲᠠᠢ  ᠠᠳᠬᠤᠨ᠂ ᠬᠦᠭᠵᠢᠯᠲᠡ ᠶᠢᠨ ᠡᠨᠡᠬᠦ ᠲᠡᠷᠢᠭᠦᠨ ᠡᠭᠦᠷᠭᠡ ᠪᠠᠨ  ᠭᠤᠶᠢᠪᠢᠰᠢ ᠦᠭᠡᠢ ᠪᠠᠷᠢᠮᠲᠠᠯᠠᠵᠤ᠂ ᠬᠦᠭᠵᠢᠯᠲᠡ ᠪᠠᠷ ᠮᠠᠨ ᠤ ᠬᠤᠰᠢᠭᠤᠨ ᠤ ᠠᠯᠢᠪᠠ ᠠᠰᠠᠭᠤᠳᠠᠯ ᠢ ᠰᠢᠳᠪᠦᠷᠢᠯᠡᠬᠦ ᠶᠢᠨ ᠵᠠᠩᠭᠢᠯᠠᠭ᠎ᠠ ᠪᠤᠯᠭᠠᠨ᠎ᠠ︔ ᠬᠦᠮᠦᠨ ᠢᠶᠠᠷ ᠦᠨᠳᠦᠰᠦ ᠪᠤᠯᠭᠠᠬᠤ ᠶᠢ  ᠪᠠᠷᠢᠮᠳᠠᠯᠠᠵᠤ᠂ ᠬᠦᠭᠵᠢᠯᠲᠡ ᠶᠢᠨ ᠳᠠᠭᠠᠤ ᠳᠤ ᠠᠵᠤ ᠠᠬᠤᠢ ᠎ ᠶᠢᠨ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠲᠦᠷᠭᠡᠨ ᠬᠤᠪᠢᠷᠠᠭᠤᠯᠬᠤ  ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠎ ᠤᠨ ᠬᠦᠭᠵᠢᠯᠲᠡ ᠶᠢᠨ ᠪᠥᠬᠦ ᠶᠠᠪᠤᠴᠠ  ᠪᠠ ᠪᠥᠬᠦ ᠬᠦᠷᠢᠶ᠎ᠡ ᠬᠡᠪᠴᠢᠶᠡᠨ ᠳᠤ  ᠲᠤᠤᠱᠯᠠᠭᠤᠯᠬᠤ ᠪᠠᠷ ᠴᠢᠷᠮᠠᠶᠢᠬᠤ ᠬᠡᠷᠡᠭᠲᠠᠢ᠃            ︵ᠨᠢᠭᠡ︶ ᠬᠤᠶᠠᠷ ᠶᠡᠭᠡ ᠭᠤᠤᠯᠳᠠᠯᠭ᠎ᠠ ᠶᠢ ᠳᠤᠪᠤᠶᠢᠯᠭᠠᠨ᠎ᠠ           1. ᠬᠦᠭᠵᠢᠯᠲᠡ  ᠎ ᠶᠢᠨ ᠴᠢᠬᠤᠯᠠ ᠡᠭᠦᠷᠭᠡ ᠶᠢ ᠲᠤᠪᠤᠶᠢᠯᠭᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠨ ᠲᠦᠷᠭᠡᠨ ᠦᠷᠭᠡᠳᠬᠡᠨ᠎ᠡ᠃          ᠤᠳᠤᠬᠠᠨ ᠳᠤ᠂ ᠮᠠᠨ ᠤ ᠬᠤᠰᠢᠭᠤ ᠨᠢ ᠦᠷᠢᠰᠦᠯᠳᠦᠭᠡᠨ ᠢ  ᠰᠦᠷᠴᠦ᠂ ᠪᠤᠭᠤᠮᠳᠠ ᠰᠢᠪᠳᠤᠯᠬᠤ  ᠵᠠᠩᠭᠢᠯᠠᠭ᠎ᠠ ᠶᠢᠨ ᠬᠤᠭᠤᠴᠠᠭ᠎ᠠ ᠪᠠ ᠪᠡᠯᠡ ᠤᠷᠤᠭᠤᠯᠤᠯᠳᠠ ᠪᠠᠨ ᠦᠷᠭᠡᠳᠬᠡᠵᠦ᠂ ᠬᠦᠭᠵᠢᠯᠲᠡ ᠶᠢᠨ ᠬᠦᠴᠦᠨ ᠢᠶᠠᠨ ᠨᠡᠮᠡᠭᠳᠡᠭᠦᠯᠬᠦ᠂ ᠤᠷᠢᠳᠠᠬᠢ ᠶᠢ ᠵᠠᠯᠭᠠᠮᠵᠢᠯᠡᠵᠤ᠂ ᠬᠤᠶᠢᠰᠢᠳᠠ ᠳᠤ ᠵᠠᠮ ᠨᠡᠭᠡᠭᠡᠬᠦ ᠭᠦᠴᠢᠷ ᠲᠦᠪᠡᠭ ᠲᠠᠢ ᠬᠤᠭᠤᠴᠠᠭᠠᠨ ᠳᠤ ᠤᠷᠤᠰᠢᠵᠤ ᠪᠠᠶᠢᠨ᠎ᠠ᠃ ᠪᠦᠬᠦ ᠬᠤᠰᠢᠭᠤ ᠳᠠᠶᠠᠭᠠᠷ ᠡᠷᠭᠡᠪᠰᠢ ᠲᠠᠷᠢᠬᠢ ᠲᠤᠯᠤᠭᠠᠢ ᠪᠠᠨ ᠰᠡᠷᠭᠡᠭ  ᠪᠠᠶᠢᠯᠭᠠᠵᠤ᠂ ᠤᠶᠤᠨ ᠤᠬᠠᠭᠠᠨ ᠢᠶᠠᠨ ᠰᠢᠪᠬᠠᠵᠤ᠂ ᠦᠵᠡᠯ ᠰᠠᠨᠠᠭ᠎ᠠ ᠪᠠᠨ  ᠨᠢᠭᠡᠳᠭᠡᠨ᠂ ᠬᠦᠴᠦᠨ ᠢᠶᠠᠨ ᠲᠦᠪᠯᠡᠷᠡᠭᠦᠯᠵᠦ᠂ ᠴᠠᠭ ᠲᠤᠬᠢᠶᠠᠯ ᠤᠨ ᠤᠬᠠᠮᠰᠠᠷ᠂ ᠲᠦᠭᠰᠢᠭᠦᠷᠢᠳᠦ ᠤᠬᠠᠮᠰᠠᠷ᠂ ᠬᠠᠷᠢᠭᠤᠴᠠᠯᠭᠠᠳᠤ ᠤᠬᠠᠮᠰᠠᠷ ᠢᠶᠠᠨ ᠦᠨᠡᠨᠬᠦ  ᠴᠢᠩᠭᠠᠳᠬᠠᠨ᠂  ᠰᠢᠨ᠎ᠡ ᠴᠠᠭ ᠤᠨ ᠪᠠᠶᠢᠳᠠᠯ ᠲᠠᠢ ᠵᠤᠬᠢᠴᠠᠵᠤ᠂  ᠰᠢᠨ᠎ᠡ ᠬᠤᠪᠢᠷᠠᠯᠲᠠ ᠰᠢᠨ᠎ᠡ ᠲᠤᠬᠢᠶᠠᠯ ᠢ  ᠵᠠᠪᠳᠤᠪᠠᠯ ᠰᠠᠶ᠋ᠢ ᠠᠵᠤ ᠠᠬᠤᠢ ᠶᠢᠨ ᠬᠦᠭᠵᠢᠯᠲᠡ ᠶᠢᠨ ᠠᠯᠬᠤᠴᠠ ᠪᠠᠨ ᠲᠦᠷᠭᠡᠳᠬᠡᠵᠦ  ᠴᠢᠳᠠᠨ᠎ᠠ  ᠃            ᠡᠨᠡ ᠵᠢᠯ ᠤᠨ ᠲᠦᠪ ᠬᠤᠷᠢᠶᠠᠨ ᠤ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠭᠤᠤᠯᠳᠠᠯᠭ᠎ᠠ ᠪᠤᠯ ᠠᠵᠤ ᠠᠬᠤᠢ ᠶᠢᠨ ᠪᠦᠳᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠤᠬᠢᠷᠠᠭᠤᠯᠤᠯᠲᠠ ᠶᠢ ᠲᠦᠷᠭᠡᠨ ᠠᠬᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠵᠤᠬᠢᠴᠠᠯᠳᠤ ᠴᠢᠨᠠᠷ᠂ ᠤᠷᠳᠤ ᠤᠳᠠᠭᠠᠨ ᠴᠢᠨᠠᠷ ᠪᠤᠯᠤᠨ ᠲᠤᠳᠤᠭᠠᠳᠤ ᠶᠢᠨ ᠬᠦᠳᠡᠯᠭᠡᠭᠴᠢ ᠬᠦᠴᠦᠨ ᠢ ᠦᠨᠡᠨᠬᠦ ᠴᠢᠩᠭᠠᠳᠬᠠᠬᠤ  ᠪᠤᠯᠤᠨ᠎ᠠ᠃ ᠦᠪᠡᠷᠳᠡᠭᠡᠨ ᠵᠠᠰᠠᠬᠤ ᠤᠷᠤᠨ ᠎ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ GDP᠎ ᠶᠢᠨ ᠨᠡᠮᠡᠭᠳᠡᠯ ᠤᠨ ᠬᠤᠷᠳᠤᠴᠠ ᠶᠢ 13%᠎ ᠳᠤ ᠬᠦᠷᠭᠡᠬᠦ ᠠᠵᠢᠯ ᠤᠨ ᠬᠠᠷᠠᠯᠳᠠ ᠶᠢ  ᠲᠤᠭᠲᠠᠭᠠᠭᠰᠠᠨ ᠨᠢ  ᠴᠢᠨᠠᠷᠯᠢᠭ ᠮᠦᠷᠳᠡᠭᠡᠨ ᠲᠦᠷᠭᠡᠨ᠂ ᠨᠡᠩ  ᠴᠢᠨᠠᠷᠯᠢᠭ ᠨᠡᠩ ᠲᠦᠷᠭᠡᠨ ᠬᠦᠭᠵᠢᠯᠲᠡ ᠶᠢᠨ ᠭᠤᠤᠯ ᠴᠢᠭᠯᠡᠯᠲᠡ  ᠎ ᠶᠢ ᠬᠠᠷᠠᠭᠤᠯᠤᠭᠰᠠᠨ ᠪᠠᠶᠢᠨ᠎ᠠ᠃ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ GDP  ᠎ ᠶᠢᠨ ᠨᠡᠮᠡᠭᠳᠡᠯ ᠤᠨ ᠬᠤᠷᠳᠤᠴᠠ ᠶᠢ 15.5%᠎ ᠳᠤ ᠬᠦᠷᠭᠡᠬᠦ ᠤᠷᠢᠳᠴᠢᠯᠠᠭᠰᠠᠨ ᠬᠠᠷᠠᠯᠳᠠ ᠶᠢ ᠳᠤᠷᠠᠳᠴᠦ᠂ ︽ᠤᠷᠤᠨ ᠪᠠᠶᠢᠷᠢ ᠶᠢ ᠬᠥᠭᠡᠭᠡᠴᠡᠯᠳᠦᠵᠤ᠂ ᠤᠷᠤᠨ ᠪᠠᠶᠢᠷᠢ ᠶᠢ ᠤᠷᠤᠭᠰᠢᠯᠠᠭᠤᠯᠵᠤ᠂ ᠰᠢᠪᠲᠤᠯᠤᠯᠲᠠ  ᠬᠢᠬᠦ  ︾ ᠬᠦᠭᠵᠢᠯᠲᠡ ᠶᠢᠨ ᠭᠤᠤᠯ ᠰᠡᠳᠦᠪ  ᠎ ᠢ ᠢᠯᠡᠷᠡᠭᠦᠯᠦᠭᠰᠡᠨ ᠪᠠᠶᠢᠨ᠎ᠠ  ᠃ ᠡᠶᠢᠮᠦᠷᠬᠦ ᠴᠠᠭ ᠤᠨ ᠪᠠᠶᠢᠳᠠᠯ ᠳᠤ ᠬᠠᠨᠳᠤᠭᠤᠯᠵᠤ᠂ ᠪᠢᠳᠠ ᠡᠷᠬᠡᠪᠰᠢ ᠬᠦᠭᠵᠢᠯᠲᠡ ᠪᠠᠨ ᠲᠦᠷᠭᠡᠳᠬᠡᠵᠦ᠂ ᠠᠵᠤ ᠠᠬᠤᠢ ᠶᠢᠨ ᠶᠡᠷᠦᠩᠬᠡᠢ ᠬᠦᠴᠦᠨ ᠢᠶᠠᠨ ᠦᠳᠲᠡᠷ ᠲᠦᠷᠭᠡᠨ ᠦᠷᠭᠡᠳᠬᠡᠪᠡᠯ ᠰᠠᠶ᠋ᠢ ᠰᠢᠨ᠎ᠠ ᠨᠢᠭᠡᠨ ᠬᠤᠭᠤᠴᠠᠭᠠᠨ ᠤ ᠦᠷᠢᠰᠦᠯᠳᠦᠭᠡᠨ ᠲᠤᠮᠳᠠ ᠬᠦᠳᠡᠯᠦᠩᠭᠦᠢ ᠪᠠᠶᠢᠵᠤ᠂ ᠴᠠᠭ ᠲᠤᠬᠢᠶᠠᠯ ᠢ ᠡᠵᠡᠮᠳᠡᠵᠦ ᠴᠢᠳᠠᠬᠤ ᠶᠤᠮ᠃             2.  ᠪᠡᠯᠡ ᠤᠷᠤᠭᠤᠯᠤᠯᠲᠠ  ᠎ ᠶᠢᠨ ᠲᠠᠶᠢᠴᠢᠯᠠᠭ᠎ᠠ ᠶᠢ  ᠲᠤᠪᠤᠶᠢᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ  ᠎ ᠶᠢ ᠰᠠᠶᠢᠲᠤᠷ ᠠᠳᠬᠤᠨ᠎ᠠ  ᠃           ᠮᠠᠨ ᠤ ᠬᠤᠰᠢᠭᠤᠨ ᠳᠤ ᠠᠪᠴᠤ ᠬᠡᠯᠡᠪᠡᠯ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠨ ᠦᠷᠭᠡᠳᠬᠡᠬᠦ ᠳᠤ ᠡᠷᠬᠡᠪᠰᠢ ᠪᠡᠯᠡ ᠤᠷᠤᠭᠤᠯᠤᠯᠳᠠ ᠪᠠᠨ ᠦᠷᠭᠡᠳᠬᠡᠬᠦ ᠬᠡᠷᠡᠭᠲᠠᠢ᠂ ᠪᠡᠯᠡ ᠤᠷᠤᠭᠤᠯᠤᠯᠳᠠ ᠶᠢ ᠠᠳᠬᠤᠬᠤ ᠳᠤ ᠡᠩ ᠲᠡᠷᠢᠭᠦᠨ᠎ᠡ ᠲᠦᠷᠦᠯ ᠵᠦᠢᠯ ᠢ ᠠᠳᠬᠤᠬᠤ ᠬᠡᠷᠡᠭᠲᠠᠢ᠃ ᠡᠨᠡ ᠪᠤᠯ ᠤᠳᠤᠬᠠᠨ ᠤ ᠪᠡ ᠬᠤᠶᠢᠰᠢᠳᠠ ᠶᠢᠨ ᠠᠵᠤ ᠠᠬᠤᠢ ᠶᠢᠨ ᠠᠵᠢᠯ ᠤᠨ ᠲᠡᠷᠢᠭᠦᠨ ᠴᠢᠬᠤᠯᠠ ᠵᠦᠢᠯ ᠪᠤᠯᠬᠤ ᠶᠤᠮ᠃ 2011 ᠤᠨ ᠳᠤ ᠮᠠᠨ ᠤ ᠬᠤᠰᠢᠭᠤ ᠨᠢ 66 ᠭᠤᠤᠯᠳᠠᠯᠭ᠎ᠠ ᠲᠠᠢ ᠲᠥᠷᠥᠯ ᠵᠦᠢᠯ ᠢ ᠲᠤᠭᠲᠠᠭᠠᠵᠤ᠂  ᠨᠡᠶᠢᠲᠡ 27.4 ᠳ᠋ᠦᠩᠰᠢᠭᠤᠷ ᠲᠦᠭᠦᠷᠢᠭ ᠤᠨ  ᠪᠡᠯᠡ ᠤᠷᠤᠭᠤᠯᠵᠤ᠂  ᠡᠭᠦᠨ ᠳᠤ ᠦᠷᠭᠦᠯᠵᠢᠯᠡᠨ ᠪᠠᠶᠢᠭᠤᠯᠬᠤ ᠲᠥᠷᠥᠯ ᠵᠦᠢᠯ 21 ᠪᠠᠶᠢᠵᠤ᠂ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ 3᠂ ᠠᠵᠤ ᠦᠢᠯᠡᠳᠪᠦᠷᠢ ᠶᠢᠨ ᠲᠥᠷᠥᠯ ᠵᠦᠢᠯ 4᠂ ᠦᠢᠯᠡᠴᠢᠯᠡᠭᠡᠨ ᠤ ᠲᠥᠷᠥᠯ ᠵᠦᠢᠯ14 ᠪᠠᠭᠲᠠᠵᠤ᠂ 8.5 ᠳ᠋ᠦᠩᠰᠢᠭᠤᠷ  ᠲᠥᠭᠦᠷᠢᠭ ᠤᠨ  ᠪᠡᠯᠡ  ᠤᠷᠤᠭᠤᠯᠤᠨ᠎ᠠ  ︔ ᠰᠢᠨ᠎ᠡ ᠪᠠᠷ ᠪᠠᠶᠢᠭᠤᠯᠬᠤ ᠲᠥᠷᠥᠯ ᠵᠦᠢᠯ 25 ᠪᠠᠶᠢᠵᠤ᠂ ᠡᠭᠦᠨ ᠳᠤ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ 8᠂ ᠠᠵᠤ ᠦᠢᠯᠡᠳᠪᠦᠷᠢ ᠶᠢᠨ ᠲᠥᠷᠥᠯ ᠵᠦᠢᠯ 3᠂ ᠦᠢᠯᠡᠴᠢᠯᠡᠭᠡᠨ ᠤ ᠲᠥᠷᠥᠯ ᠵᠦᠢᠯ14  ᠪᠠᠭᠲᠠᠵᠤ᠂ 18.9 ᠳ᠋ᠦᠩᠰᠢᠭᠤᠷ  ᠲᠦᠭᠦᠷᠢᠭ ᠤᠨ ᠪᠡᠯᠡ  ᠤᠷᠤᠭᠤᠯᠤᠨ᠎ᠠ︔ ᠲᠦᠷᠦᠭᠦᠴᠢ ᠶᠢᠨ ᠬᠤᠭᠤᠴᠠᠭᠠᠨ ᠤ ᠲᠥᠷᠥᠯ ᠵᠦᠢᠯ 20 ᠪᠠᠶᠢᠵᠤ᠂ ᠡᠭᠦᠨ ᠳᠤ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ 2᠂ ᠠᠵᠤ ᠦᠢᠯᠡᠳᠪᠦᠷᠢ ᠎ ᠶᠢᠨ ᠲᠥᠷᠥᠯ ᠵᠦᠢᠯ 9᠂ ᠦᠢᠯᠡᠴᠢᠯᠡᠭᠡᠨ ᠤ ᠲᠥᠷᠥᠯ ᠵᠦᠢᠯ 9  ᠪᠠᠭᠲᠠᠨ᠎ᠠ᠃  ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ  ᠎ ᠪᠠᠷ ᠭᠠᠷᠳᠠᠴᠠ ᠪᠤᠯᠭᠠᠨ᠂ ᠰᠢᠨ᠎ᠡ ᠨᠢᠭᠡᠨ ᠡᠭᠡᠯᠵᠢᠨ ᠤ ᠲᠥᠷᠥᠯ ᠵᠦᠢᠯ ᠤᠨ ᠲᠤᠮᠤ ᠪᠥᠲᠥᠭᠡᠨ ᠪᠡᠶᠢᠭᠤᠯᠤᠯᠲᠠ ᠪᠠᠷ ᠠᠵᠤ ᠠᠬᠤᠢ ᠶᠢᠨ ᠭᠦᠭᠵᠢᠯᠲᠡ ᠶᠢᠨ ᠬᠤᠷᠳᠤᠴᠠ ᠶᠢ ᠠᠬᠢᠭᠤᠯᠣᠨ᠎ᠠ᠃       ᠲᠦᠷᠦᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠨ᠎ᠡ  ᠃  ᠲᠦᠷᠦᠯ ᠵᠦᠢᠯ ᠎ ᠤᠨ ᠬᠠᠷᠢᠭᠤᠴᠠᠯᠭᠠᠲᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠤᠨ ᠪᠠᠶᠢᠭᠤᠯᠤᠯᠳᠠ ᠶᠢ  ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠠᠵᠢᠯ ᠤᠨ ᠠᠬᠢᠴᠠ ᠪᠠᠨ ᠲᠦᠷᠭᠡᠳᠬᠡᠨ ᠡᠷᠳᠡᠬᠡᠨ ᠠᠰᠢᠭᠯᠠᠯᠳᠠ ᠳᠤ ᠤᠷᠤᠭᠤᠯᠵᠤ ᠦᠷ᠎ᠡ ᠠᠰᠢᠭ  ᠬᠦᠷᠳᠡᠨ᠎ᠡ᠃ ᠡᠬᠢᠯᠡᠭᠦᠯᠬᠦ ᠎ ᠪᠠᠷ ᠲᠦᠯᠦᠪᠯᠡᠵᠦ ᠪᠠᠶᠢᠬᠤ ᠲᠦᠷᠦᠯ ᠵᠦᠢᠯ ᠳᠤ ᠬᠠᠷᠢᠯᠴᠠᠵᠤ  ᠵᠤᠬᠢᠴᠠᠭᠤᠯᠬᠤ  ᠪᠠ ᠦᠢᠯᠭᠠᠯᠴᠠᠬᠤ ᠪᠠᠨ ᠴᠢᠩᠭᠠᠳᠬᠠᠵᠤ᠂ ᠡᠷᠳᠡᠭᠡᠨ ᠠᠵᠢᠯ ᠢᠶᠠᠨ ᠡᠬᠢᠯᠡᠭᠦᠯᠬᠦ ᠪᠠᠷ ᠴᠢᠷᠮᠠᠶᠢᠨ᠎ᠠ᠃ ᠭᠤᠤᠯᠳᠠᠯᠭ᠎ᠠ ᠲᠠᠢ ᠲᠦᠷᠦᠯ ᠵᠦᠢᠯ ᠤᠨ ᠪᠦᠬᠦᠶᠢᠯᠡ ᠶᠠᠪᠤᠴᠠ ᠳᠠᠬᠢ ᠶᠠᠰᠤ ᠴᠢᠨᠠᠷ᠂ ᠠᠮᠦᠷ ᠲᠦᠪᠰᠢᠨ᠂ ᠬᠢᠨᠠᠨ ᠪᠤᠳᠤᠯᠳᠠ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠢᠨᠵᠢᠨᠧᠷᠢᠭ ᠤᠨ ᠶᠠᠰᠤ ᠴᠢᠨᠠᠷ  ᠬᠢᠭᠡᠳ ᠪᠡᠯᠡ ᠮᠦᠩᠭᠦᠨ ᠤ ᠠᠮᠦᠷ ᠲᠦᠪᠰᠢᠨ ᠢ ᠪᠠᠳᠤᠯᠠᠬᠤ ᠬᠡᠷᠡᠭᠲᠠᠢ︔ ᠲᠦᠷᠦᠯ ᠵᠦᠢᠯ ‍ᠤᠨ‌‍ᠬᠦ᠋ᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠵᠤ᠂ ᠪᠦᠬᠦ ᠭᠦᠴᠦᠨ ᠎ ᠢᠶᠠᠷ ᠢᠶᠠᠨ ᠲᠥᠷᠥᠯ ᠵᠦᠢᠯ ᠢ ᠲᠡᠮᠡᠴᠡᠨ  ᠤᠯᠬᠤ ᠶᠢᠨ ᠬᠠᠮᠲᠤ᠂ ᠣᠯᠤᠰ ᠤᠨ ᠦᠪᠦᠷ ᠮᠤᠩᠭᠤᠯ ᠢ ᠲᠡᠳᠬᠦᠬᠦ ᠬᠦᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠳᠠᠭᠰᠠᠨ᠂ ᠭᠦᠭᠵᠢᠭᠰᠡᠨ ᠭᠠᠵᠠᠷ ᠤᠷᠤᠨ ᠎ ᠤ ᠠᠵᠤ ᠦᠢᠯᠡᠰ ᠤᠨ ᠰᠢᠯᠵᠢᠯᠲᠡ ᠵᠢᠴᠢ ᠮᠠᠨ ᠤ ᠠᠶᠢᠮᠠᠭ ᠨᠢ ᠤᠯᠤᠰ ᠤᠨ ᠡᠨᠧᠷᠬᠢ ᠶᠢᠨ ᠰᠠᠭᠤᠷᠢᠨ ᠭᠠᠵᠠᠷ ᠢᠶᠠᠷ ᠵᠢᠭᠰᠠᠭᠠᠭᠳᠠᠭᠰᠠᠨ ᠵᠡᠷᠭᠡ ᠴᠠᠭ ᠲᠤᠬᠢᠶᠠᠯ ᠢ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠦᠩᠭᠦ ᠳᠠᠳᠠᠬᠤ ᠬᠦᠷᠢᠶ᠎ᠡ ᠬᠡᠪᠴᠢᠶ᠎ᠡ ᠪᠠᠨ ᠦᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠮᠦᠩᠭᠦ ᠳᠠᠳᠠᠬᠤ ᠴᠢᠭᠯᠡᠯᠲᠦ ᠴᠢᠨᠠᠷ᠂ ᠪᠦᠳᠦᠮᠵᠢᠲᠠᠢ ᠴᠢᠨᠠᠷ ᠢ ᠡᠷᠴᠢᠮᠵᠢᠭᠦᠯᠵᠦ᠂ ᠤᠬᠢ ᠰᠠᠶᠢᠨ ᠪᠡᠯᠡ ᠤᠷᠤᠭᠤᠯᠤᠯᠳᠠ ᠶᠢᠨ ᠤᠷᠴᠢᠨ ᠲᠤᠭᠤᠷᠢᠨ ᠢ ᠴᠢᠷᠮᠠᠶᠢᠨ ᠡᠭᠦᠳᠴᠦ ᠂ ᠳᠠᠳᠠᠨ ᠤᠷᠤᠭᠤᠯᠤᠭᠰᠠᠨ ᠠᠵᠤ ᠠᠬᠤᠶᠢᠯᠠᠯ ᠳᠠᠬᠢ ᠵᠤᠬᠢᠴᠠᠩᠭᠤᠢ ᠦᠢᠯᠡᠴᠢᠯᠡᠭᠡᠨ ᠤ ᠠᠵᠢᠯ ᠢ ᠰᠠᠶᠢᠳᠤᠷ ᠬᠢᠵᠦ᠂ ᠠᠷᠠᠯᠵᠢᠶᠠᠴᠢᠨ ᠤᠷᠢᠵᠤ ᠪᠡᠯᠡ ᠮᠦᠩᠭᠦ ᠳᠠᠳᠠᠬᠤ ᠦᠷ᠎ᠡ ᠪᠦᠳᠦᠮᠵᠢ ᠶᠢ ᠨᠡᠮᠡᠭᠳᠡᠭᠦᠯᠦᠨ᠎ᠡ᠃           ︵ᠬᠤᠶᠠᠷ︶  ᠭᠤᠷᠪᠠᠨ ᠶᠡᠭᠡ ᠠᠵᠤ ᠦᠢᠯᠡᠰ ᠢ ᠲᠦᠯᠬᠢᠨ ᠠᠬᠢᠭᠤᠯᠤᠨ᠎ᠠ᠃          1.  ᠤᠳᠤᠬᠢᠴᠢᠯᠠᠭᠰᠠᠨ ᠲᠠᠷᠢᠶᠠᠯᠠᠩ  ᠮᠠᠯ ᠠᠵᠤ ᠠᠬᠤᠢ ᠶᠢ ᠶᠡᠬᠡᠪᠡᠷ ᠬᠦᠭᠵᠢᠭᠦᠯᠦᠨ᠎ᠡ᠃         ᠮᠠᠨ ᠤ  ᠬᠤᠰᠢᠭᠤ ᠪᠤᠯ ᠲᠠᠷᠢᠶᠠᠯᠠᠩ ᠤᠨ ᠶᠡᠭᠡ ᠬᠤᠰᠢᠭᠤ ᠪᠤᠯᠤᠨ᠎ᠠ᠂ ᠲᠠᠷᠢᠶᠠᠯᠠᠬᠤ ᠤᠷᠤᠨ ᠤ ᠬᠦᠮᠦᠨ ᠠᠮᠠ ᠤᠯᠠᠨ᠂ ᠬᠤᠪᠢ ᠶᠢᠨ ᠵᠢᠩ ᠶᠡᠭᠡ᠂ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢ ᠬᠦᠭᠵᠢᠭᠦᠯᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠪᠤᠯ ᠮᠠᠨ ᠤ ᠡᠯ᠎ᠡ ᠲᠦᠷᠦᠯ ᠤᠨ ᠠᠵᠢᠯ ᠤᠨ ᠲᠡᠷᠢᠭᠦᠨ ᠴᠢᠬᠤᠯᠠ  ᠡᠭᠦᠷᠭᠡ ᠪᠤᠯᠬᠤ ᠶᠤᠮ᠃ ᠲᠤᠬᠠᠢ ᠶᠢᠨ ᠭᠠᠵᠠᠷ ᠲᠠᠭᠠᠨ ᠲᠤᠬᠢᠷᠠᠭᠤᠯᠵᠤ᠂ ᠤᠨᠴᠠᠯᠢᠭ ᠢᠶᠠᠨ ᠴᠢᠬᠤᠯᠴᠢᠯᠠᠵᠤ᠂ ᠰᠠᠭᠤᠷᠢ ᠪᠠᠨ ᠪᠠᠳᠤᠳᠬᠠᠨ᠂ ᠪᠦᠳᠦᠴᠡ ᠪᠠᠨ ᠰᠢᠯᠢᠳᠡᠭᠵᠢᠭᠦᠯᠵᠦ᠂ ᠦᠷ᠎ᠡ ᠠᠰᠢᠭ ᠢᠶᠠᠨ ᠨᠡᠮᠡᠭᠳᠡᠭᠦᠯᠵᠦ᠂  ᠦᠷᠭᠦᠯᠵᠢᠯᠡᠭᠰᠡᠨ ᠭᠦᠭᠵᠢᠯᠲᠡ ᠲᠠᠢ᠂  ᠤᠳᠤᠬᠢᠴᠢᠯᠠᠭᠰᠠᠨ ᠬᠡᠪ ᠴᠢᠨᠠᠷ ᠲᠠᠢ᠂ ᠬᠡᠪᠴᠢᠶᠡᠵᠢᠭᠰᠡᠨ᠂ ᠲᠤᠰᠬᠠᠶᠢᠵᠢᠭᠰᠠᠨ᠂ ᠤᠷᠤᠨ ᠲᠤᠭᠤᠷᠢᠭᠵᠢᠭᠰᠠᠨ ᠭᠤᠤᠯ ᠤᠨᠴᠠᠯᠢᠭ ᠲᠠᠢ ᠤᠳᠤᠬᠢᠴᠢᠯᠠᠭᠰᠠᠨ  ᠲᠠᠷᠢᠶᠠᠯᠠᠩ ᠠᠵᠤ ᠠᠬᠤᠢ ᠶᠢ ᠲᠦᠷᠭᠡᠨ ᠠᠬᠢᠭᠤᠯᠵᠤ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠲᠦᠪᠰᠢᠨ ᠢ  ᠲᠡᠭᠡᠭᠰᠢᠯᠡᠬᠦᠯᠬᠦ ᠭᠡᠷᠡᠭᠳᠡᠢ᠃        ᠨᠢᠭᠡ ᠳᠤ  ᠂ ᠮᠠᠯ ᠲᠠᠷᠢᠶᠠᠯᠠᠩ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠳᠠ ᠶᠢ ᠲᠦᠷᠭᠡᠳᠬᠡᠨ᠎ᠡ᠃  ᠲᠠᠷᠢᠵᠤ  ᠮᠠᠯᠵᠢᠬᠤ ᠪᠦᠳᠦᠴᠡ ᠶᠢ  ᠰᠢᠯᠢᠳᠡᠭᠵᠢᠭᠦᠯᠦᠨ ᠲᠤᠬᠢᠷᠠᠭᠤᠯᠵᠤ᠂ ᠢᠳᠡᠰᠢᠨ ᠨᠤᠭᠤᠭ᠎ᠠ ᠪᠠ ᠲᠦᠮᠦᠰᠦ ᠪᠠᠷ ᠭᠤᠤᠯᠯᠠᠭᠴᠢ ᠠᠵᠤ ᠦᠢᠯᠡᠰ ᠪᠤᠯᠭᠠᠵᠤ᠂  ᠦᠨᠳᠦᠷ ᠤᠨᠠᠯᠳᠠᠳᠤ᠂ ᠦᠨᠳᠦᠷ ᠦᠷ᠎ᠡ ᠠᠰᠢᠭᠳᠤ᠂   ᠠᠶᠤᠯᠬᠦᠢ᠂ ᠰᠢᠯᠢᠳᠡᠭ ᠴᠢᠨᠠᠷ ᠤᠨ ᠲᠠᠷᠢᠮᠠᠯ ᠢ ᠶᠡᠬᠡᠪᠡᠷ ᠬᠦᠭᠵᠢᠭᠦᠯᠦᠨ᠎ᠡ᠃ 2011 ᠤᠨ ᠤ ᠶᠡᠷᠦᠩᠭᠡᠢ ᠲᠠᠷᠢᠬᠤ ᠲᠠᠯᠠᠪᠠᠢ ᠶᠢ 142 ᠲᠦᠮᠡᠨ ᠮᠤ᠋ ᠪᠠᠷ ᠲᠦᠯᠦᠪᠯᠡᠵᠦ᠂ ᠡᠭᠦᠨ ᠳᠤ ᠲᠦᠮᠦᠰᠦ 45 ᠲᠦᠮᠡᠨ ᠮᠤ᠋᠂ ᠢᠳᠡᠰᠢᠨ ᠨᠤᠭᠤᠭ᠎ᠠ 15 ᠲᠦᠮᠡᠨ ᠮᠤ᠋ ᠪᠤᠢ  ᠃ ᠲᠤᠬᠠᠢ ᠶᠢᠨ ᠭᠠᠵᠠᠷ ᠲᠠᠭᠠᠨ ᠲᠤᠬᠢᠷᠠᠭᠤᠯᠬᠤ ᠵᠠᠷᠴᠢᠮ ᠶᠤᠰᠤᠭᠠᠷ ᠮᠠᠯ ᠰᠦᠷᠦᠭ᠂ ᠮᠠᠯ ᠤᠨ ᠡᠭᠦᠯᠳᠡᠷ ᠤᠨ ᠪᠦᠳᠦᠴᠡ ᠶᠢ ᠶᠡᠭᠡᠪᠡᠷ ᠲᠤᠬᠢᠷᠠᠭᠤᠯᠵᠤ᠂ ᠰᠠᠭᠠᠯᠢ ᠶᠢᠨ ᠦᠨᠢᠶ᠎ᠡ ᠪᠤᠯᠤᠨ ᠮᠢᠬᠠᠨ ᠤ ᠦᠭᠡᠷ ᠢᠶᠠᠷ ᠭᠤᠤᠯ ᠪᠤᠯᠭᠠᠵᠤ᠂ ᠮᠠᠯᠵᠢᠯ ᠤᠨ ᠤᠨ ᠤ ᠮᠠᠯ ᠤᠨ ᠲᠤᠭ᠎ᠠ ᠲᠤᠯᠤᠭᠠᠢ ᠶᠢ 13.7 ᠲᠦᠮᠡᠨ ᠲᠤᠯᠤᠭᠠᠢ ᠳᠤ ᠬᠦᠷᠭᠡᠵᠤ᠂ ᠡᠭᠦᠨ ᠳᠤ ᠰᠠᠭᠠᠯᠢ ᠶᠢᠨ ᠦᠨᠢᠶ᠎ᠡ  ᠎ ᠶᠢ 4.6 ᠲᠦᠮᠡᠨ ᠲᠤᠯᠤᠭᠠᠢ᠂ ᠮᠢᠬᠠᠨ ᠤ ᠦᠭᠡᠷ  ᠎ ᠢ 3.1 ᠲᠦᠮᠡᠨ ᠲᠤᠯᠤᠭᠠᠢ  ᠎ ᠳᠤ ᠬᠦᠷᠭᠡᠨ᠎ᠡ᠃ ᠬᠤᠨᠢ ᠶᠢ ᠬᠠᠰᠢᠶᠠᠯᠠᠨ ᠪᠤᠷᠳᠤᠵᠤ ᠲᠠᠷᠭᠤᠯᠠᠭᠤᠯᠬᠤ ᠲᠤᠷᠰᠢᠯᠲᠠ ᠶᠢᠨ ᠠᠵᠢᠯ ᠢ ᠥᠷᠨᠢᠭᠦᠯᠥᠨ᠎ᠡ᠃ ︽ᠭᠤᠷᠪᠠᠨ ᠵᠢᠵᠢᠭ ᠲᠡᠵᠢᠭᠡᠪᠦᠷᠢ︾ ᠪᠠ ᠤᠨᠴᠠᠯᠢᠭᠳᠤ  ᠲᠡᠵᠢᠭᠡᠨ ᠦᠷᠡᠵᠢᠭᠦᠯᠬᠦ ᠦᠢᠯᠡᠰ ᠢ ᠢᠳᠡᠪᠬᠢᠲᠠᠢ ᠲᠡᠳᠬᠦᠨ᠎ᠡ᠃ ᠰᠢᠯᠢᠳᠡᠭᠵᠢᠭᠦᠯᠦᠨ ᠮᠠᠯᠵᠢᠬᠤ ᠵᠠᠮ ᠎ ᠢᠶᠠᠷ ᠵᠠᠮᠨᠠᠵᠤ᠂ ᠮᠠᠯ ᠤᠨ  ᠪᠤᠳᠠᠭᠠᠯᠢ ᠪᠡᠶ᠎ᠡ ᠶᠢᠨ ᠭᠠᠷᠤᠯᠳᠠ ᠶᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃        ᠤᠰᠤᠨ ᠠᠰᠢᠭᠯᠠᠯᠳᠠ ᠪᠠᠷ ᠭᠤᠤᠯ ᠪᠤᠯᠭᠠᠭᠰᠠᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠎ ᠶᠢ ᠦᠷᠭᠦᠯᠵᠢᠯᠡᠨ ᠴᠢᠩᠭᠠᠳᠬᠠᠵᠤ᠂ ᠭᠠᠮᠰᠢᠭ ᠠᠴᠠ ᠵᠠᠶᠢᠯᠠᠬᠤ ᠬᠡᠯᠪᠡᠷᠢ ᠶᠢᠨ  ᠲᠠᠷᠢᠶᠠᠯᠠᠩ ᠮᠠᠯ‌ᠠᠵᠤ ᠠᠬᠤᠢ ᠶᠢ ᠬᠦᠭᠵᠢᠭᠦᠯᠵᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠦᠷᠭᠦᠯᠵᠢᠯᠡᠨ ᠨᠦᠬᠦᠪᠦᠷᠢ  ᠤᠯᠭᠤᠵᠤ᠂  ᠲᠠᠷᠢᠶᠠᠯᠠᠩ ᠮᠠᠯ‌ᠠᠵᠤ ᠠᠬᠤᠢ ᠶᠢᠨ ᠮᠧᠬᠠᠨᠢᠭᠵᠢᠭᠰᠡᠨ ᠲᠦᠬᠦᠭᠡᠷᠦᠮᠵᠢ ᠶᠢᠨ ᠲᠦᠪᠰᠢᠨ ᠢ ᠳᠡᠭᠡᠭᠰᠢᠯᠡᠭᠦᠯᠵᠦ᠂ ᠭᠠᠮᠰᠢᠭ ᠠᠴᠠ ᠰᠡᠷᠬᠡᠶᠢᠯᠡᠵᠦ ᠬᠤᠬᠢᠷᠠᠯ ᠢ ᠪᠠᠭᠠᠰᠬᠠᠬᠤ ᠴᠢᠳᠠᠪᠤᠷᠢ ᠪᠤᠯᠤᠨ ᠶᠡᠷᠦᠩᠬᠡᠢ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠨᠢᠭᠡᠳᠦᠭᠡᠷ ᠤᠳᠠᠭᠠᠨ ᠤ ᠤᠰᠤᠨ ᠠᠰᠢᠭᠯᠠᠯᠳᠠ ᠶᠢᠨ ᠨᠠᠶᠢᠳᠡᠮ ᠪᠠᠶᠢᠴᠠᠭᠠᠯᠳᠠ ᠶᠢᠨ ᠠᠵᠢᠯ ᠢ ᠨᠠᠷᠢᠨ ᠬᠢᠨᠠᠮᠠᠭᠠᠢ ᠦᠷᠨᠢᠭᠦᠯᠵᠦ᠂ ᠮᠠᠨ ᠤ ᠬᠤᠰᠢᠭᠤᠨ ᠤ ᠣᠰᠤᠨ ᠤ ᠡᠬᠢ ᠪᠠᠶᠠᠯᠢᠭ ᠎ ᠤᠨ ᠰᠠᠭᠤᠷᠢ ᠲᠤᠭ᠎ᠠ ᠶᠢ  ᠪᠥᠷᠢᠨ‌ᠤᠶᠢᠯᠭᠠᠨ᠎ᠠ᠃ ᠡᠨᠡ ᠵᠢᠯ 5.02 ᠲᠦᠮᠡᠨ ᠮᠤ᠋ ᠤᠰᠤᠵᠢᠭᠤᠯᠤᠯᠳᠠ ᠶᠢᠨ ᠭᠠᠵᠠᠷ ᠎ ᠢ ᠰᠢᠨ᠎ᠡ ᠪᠠᠷ ᠨᠡᠭᠡᠭᠡᠵᠤ᠂ ᠡᠭᠦᠨ ᠳᠤ ᠲᠤᠮᠤ ᠬᠡᠯᠪᠡᠷᠢ ᠶᠢᠨ ᠠᠷᠪᠢᠲᠠᠢ ᠤᠰᠤᠵᠢᠭᠤᠯᠤᠯᠳᠠ ᠶᠢᠨ ᠤᠷᠤᠨ ᠲᠤᠭᠤᠷᠢᠭ ᠎ ᠢ 70 ᠰᠠᠭᠤᠷᠢ᠂ 3 ᠲᠦᠮᠡᠨ ᠮᠤ᠋᠂ ᠪᠠᠭ᠎ᠠ ᠬᠡᠯᠪᠡᠷᠢ ᠶᠢᠨ ᠤᠰᠤᠨ ᠠᠰᠢᠭᠯᠠᠯᠳᠠ ᠶᠢᠨ ᠬᠦᠳᠡᠯᠭᠡᠭᠴᠢ ᠬᠦᠴᠦᠨ ᠤ ᠮᠠᠶ᠋ᠢᠭ ᠤᠨ ᠰᠦᠷᠴᠢᠨ ᠤᠰᠤᠯᠠᠬᠤ ᠭᠠᠵᠠᠷ 37 ᠰᠠᠭᠤᠷᠢ 5900 ᠮᠤ᠋᠂ ᠰᠦᠷᠴᠢᠨ ᠤᠰᠤᠯᠠᠬᠤ  ᠲᠠᠯᠠᠪᠠᠢ 7300 ᠮᠤ᠋᠂  ᠲᠤᠰᠤᠯᠠᠭᠤᠯᠤᠨ ᠤᠰᠤᠯᠠᠬᠤ ᠲᠠᠯᠠᠪᠠᠢ 7000 ᠮᠤ᠋ ᠪᠠᠭᠳᠠᠨ᠎ᠠ᠃ ︽ᠠᠷᠭ᠎ᠠ ᠵᠠᠮ ᠢ ᠬᠤᠪᠢᠷᠠᠭᠤᠯᠬᠤ ᠦᠭᠡᠢ᠂ ᠬᠡᠷᠡᠭᠴᠡᠭᠡ ᠶᠢ ᠬᠤᠪᠢᠷᠠᠭᠤᠯᠬᠤ ᠦᠭᠡᠢ︾ ᠪᠠᠶᠢᠬᠤ ᠵᠠᠷᠴᠢᠮ ᠶᠤᠰᠤᠭᠠᠷ ᠮᠠᠯ ᠲᠠᠷᠢᠶᠠᠯᠠᠩ ᠎ ᠳᠤ ᠬᠤᠯᠪᠤᠭᠳᠠᠬᠤ ᠪᠡᠯᠡ ᠮᠦᠩᠭᠦ ᠶᠢ  ᠬᠠᠮᠳᠤᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠡᠷᠴᠢᠮᠵᠢᠭᠦᠯᠦᠨ᠎ᠡ᠃ 500 ᠰᠠᠭᠤᠷᠢ ᠢᠳᠡᠰᠢᠨ ᠨᠤᠭᠤᠭᠠᠨ ᠤ ᠲᠤᠮᠤ ᠫᠧᠩ᠂ 200 ᠰᠠᠭᠤᠷᠢ ᠨᠠᠷᠠᠨ ᠤ ᠢᠯᠴᠢ ᠶᠢᠨ ᠳᠤᠯᠠᠭᠠᠨ ᠬᠦᠯᠠᠮᠵᠢ ᠶᠢ  ᠰᠢᠨ᠎ᠡ ᠪᠠᠷ ᠪᠠᠶᠢᠭᠤᠯᠵᠤ᠂ ᠲᠤᠮᠤ ᠬᠡᠯᠪᠡᠷᠢ ᠶᠢᠨ ᠲᠦᠮᠦᠰᠦ ᠬᠠᠳᠠᠭᠠᠯᠠᠵᠤ ᠬᠤᠷᠢᠶᠠᠬᠤ ᠵᠤᠭᠤᠷᠢ ᠶᠢᠨ  ᠪᠠᠭᠳᠠᠭᠠᠮᠵᠢ ᠶᠢ 8 ᠲᠦᠮᠡᠨ ᠳᠤᠨ ᠰᠢᠨ᠎ᠡ ᠪᠠᠷ ᠨᠡᠮᠡᠭᠳᠡᠭᠦᠯᠵᠦ᠂ ᠨᠤᠭᠤᠭᠠᠨ  ᠎ ᠢᠶᠠᠷ ᠳᠠᠷᠤᠰᠢᠭᠤᠯᠬᠤ ᠵᠤᠭᠤᠷᠢ ᠶᠢ 3 ᠲᠦᠮᠡᠨ ᠪᠤᠰᠤᠭ᠎ᠠ ᠳᠦᠷᠪᠡᠯᠵᠢᠨ ᠮᠧᠲᠷ᠂ ᠭᠤᠷᠪᠠᠨ ᠵᠢᠵᠢᠭ ᠲᠡᠵᠢᠭᠡᠪᠦᠷᠢ ᠶᠢᠨ ᠫᠧᠩ ᠬᠤᠷᠤᠭ᠎ᠠ ᠶᠢ 0.5 ᠲᠦᠮᠡᠨ  ᠬᠠᠪᠳᠠᠭᠠᠢ ᠳᠦᠷᠪᠡᠯᠵᠢᠨ ᠮᠧᠲᠷ ᠰᠢᠨ᠎ᠡ ᠎ ᠪᠠᠷ ᠪᠠᠶᠢᠭᠤᠯᠵᠤ᠂ ᠮᠠᠯᠵᠢᠯ ᠤᠨ ᠲᠠᠯᠠᠪᠠᠢ ᠮᠠᠶ᠋ᠢᠭ ᠤᠨ ᠪᠠᠷᠢᠮᠵᠢᠶᠠᠵᠢᠭᠰᠠᠨ ᠰᠠᠭᠠᠯᠢ ᠶᠢᠨ ᠦᠨᠢᠶ᠎ᠡ ᠮᠠᠯᠵᠢᠬᠤ ᠲᠤᠭᠤᠷᠢᠭ ᠪᠤᠯᠤᠨ ᠪᠠᠷᠢᠮᠵᠢᠶᠠᠵᠢᠭᠰᠠᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠲᠤᠰ ᠪᠦᠷᠢ 5 ᠰᠠᠭᠤᠷᠢ ᠪᠠᠶᠢᠭᠤᠯᠵᠤ᠂ ᠲᠤᠰᠬᠤᠨ ᠢᠶᠠᠷ ᠨᠢᠭᠡᠴᠢ  ᠪᠤᠯᠭᠠᠨ 2— 3 ᠰᠠᠭᠤᠷᠢ ᠲᠠᠷᠢᠵᠤ  ᠮᠠᠯᠵᠢᠬᠤ ᠦᠢᠯᠡᠰ ᠎ ᠤᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ  ᠪᠦᠳᠦᠭᠡᠨ ᠪᠠᠶᠢᠭᠤᠯᠤᠨ᠎ᠠ᠃ ᠨᠠᠮᠤᠭ ᠤᠨ ᠬᠡᠢ ᠬᠡᠷᠡᠭᠯᠡᠬᠦ ᠠᠶᠢᠯ ᠢ 1500 ᠡᠷᠦᠭᠡ ᠨᠡᠮᠡᠭᠳᠡᠭᠦᠯᠦᠨ᠎ᠡ᠃      ᠬᠤᠶᠠᠷ ᠲᠤ  ᠂ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢᠨ ᠪᠠᠷᠢᠮᠵᠢᠶᠠᠵᠢᠭᠰᠠᠨ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠨ᠎ᠡ᠃ ᠨᠡᠷᠡᠳᠦ ᠲᠡᠮᠳᠡᠭ ᠤᠨ ᠤᠬᠠᠮᠰᠠᠷ ᠢ ᠪᠠᠳᠤᠲᠠᠢ ᠪᠤᠢ ᠪᠤᠯᠭᠠᠵᠤ᠂ ᠲᠠᠷᠢᠶᠠᠯᠠᠩ ᠤᠨ ᠪᠦᠳᠦᠭᠡᠭᠳᠡᠭᠦᠨ ᠢ ᠦᠢᠯᠡᠳᠪᠤᠷᠢᠯᠡᠵᠦ ᠪᠤᠯᠪᠠᠰᠤᠷᠠᠭᠤᠯᠬᠤ ᠶᠠᠪᠤᠴᠠ ᠎ ᠳᠠᠬᠢ ᠬᠢᠨᠠᠯᠳᠠ ᠬᠠᠮᠢᠶᠠᠷᠤᠯᠳᠠ ᠪᠠᠨ ᠡᠷᠴᠢᠮᠵᠢᠭᠦᠯᠵᠦ᠂ ᠮᠠᠨ ᠤ ᠬᠤᠰᠢᠭᠤᠨ ᠤ ᠨᠡᠶᠢᠳᠡ  ᠎ ᠳᠤ ᠬᠤᠤᠷᠳᠠᠯ ᠦᠭᠡᠢ᠂  ᠪᠤᠬᠢᠷᠳᠤᠯ ᠦᠭᠡᠢ᠂ ᠤᠷᠭᠠᠨᠢᠭ ᠲᠠᠷᠢᠶᠠᠯᠠᠩ ᠤᠨ ᠪᠦᠳᠦᠭᠡᠭᠳᠡᠭᠦᠨ ᠤ  ᠨᠡᠷᠡᠳᠤ ᠲᠡᠮᠳᠡᠭ ᠢ ᠢᠳᠡᠪᠬᠢᠲᠠᠢ ᠡᠭᠦᠳᠦᠨ᠎ᠡ᠃ ᠤᠷᠭᠠᠨᠢᠭ ᠰᠠᠭᠤᠷᠢᠨ ᠭᠠᠵᠠᠷ  ᠎ ᠢᠶᠠᠷ ᠭᠡᠷᠡᠴᠢᠯᠡᠬᠦᠯᠬᠦ ᠬᠦᠷᠢᠶ᠎ᠡ ᠬᠡᠪᠴᠢᠶ᠎ᠡ ᠶᠢ ᠲᠠᠰᠤᠷᠠᠯᠳᠠ ᠦᠭᠡᠢ ᠦᠷᠭᠡᠳᠬᠡᠵᠤ᠂ ᠤᠷᠭᠠᠨᠢᠭ ᠪᠦᠳᠦᠭᠡᠭᠳᠡᠭᠦᠨ ᠢ ᠮᠡᠳᠡᠭᠦᠯᠦᠨ ᠬᠢᠨᠠᠭᠤᠯᠬᠤ ᠠᠵᠢᠯ ᠢ ᠰᠠᠶᠢᠳᠤᠷ ᠬᠢᠨ᠎ᠡ᠃ ᠴᠤᠭᠤᠷ ᠨᠤᠭᠤᠭᠠᠨ ᠤ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ  ᠬᠤᠰᠢᠢᠭᠤ ᠶᠢᠨ ᠲᠦᠷᠦᠯ ᠵᠦᠢᠯ ᠢ ᠬᠡᠷᠡᠭᠵᠢᠭᠦᠯᠬᠦ ᠪᠠ ᠲᠠᠷᠢᠶᠠᠯᠠᠩ ᠤᠨ ᠬᠤᠤᠷᠳᠤ  ᠠᠮᠢᠳᠤ ᠪᠤᠳᠠᠰ ᠢ ᠤᠷᠢᠳᠴᠢᠯᠠᠨ ᠰᠡᠷᠬᠡᠶᠢᠯᠡᠵᠦ ᠬᠢᠵᠠᠭᠠᠷᠯᠠᠬᠤ ᠦᠷᠳᠡᠭᠡ ᠵᠢᠴᠢ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢ  ᠰᠢᠯᠭᠠᠨ ᠪᠠᠶᠢᠴᠠᠭᠠᠬᠤ ᠦᠷᠳᠡᠭᠡᠨ ᠤ ᠠᠰᠢᠭᠯᠠᠯᠳᠠ ᠳᠤ ᠤᠷᠤᠭᠰᠠᠨ ᠠᠰᠢᠭᠳᠠᠢ ᠴᠠᠭ ᠲᠤᠬᠢᠶᠠᠯ ᠢ ᠴᠢᠩᠭ᠎ᠠ ᠠᠳᠬᠤᠵᠤ᠂  ᠮᠠᠨ ᠤ ᠬᠤᠰᠢᠭᠤᠨ ᠤ ᠪᠠᠨ ᠲᠠᠷᠢᠶᠠᠯᠠᠩ ᠤᠨ ᠪᠦᠳᠦᠭᠡᠭᠳᠡᠭᠦᠨ ᠤ ᠪᠠᠷᠢᠮᠵᠢᠶᠠᠵᠢᠭᠰᠠᠨ ᠦᠢᠯᠡᠳᠪᠤᠷᠢᠯᠡᠯ ᠤᠨ ᠰᠢᠰᠲ᠋ᠧᠮ ᠤᠨ ᠪᠦᠳᠦᠭᠡᠨ ᠪᠠᠶᠢᠭᠤᠯᠤᠯᠳᠠ  ᠎ ᠶᠢ ᠤᠯᠠᠮ ᠨᠢᠭᠡ ᠠᠯᠬᠤᠮ  ᠠᠬᠢᠭᠤᠯᠤᠨ᠎ᠠ᠃      ᠭᠤᠷᠪᠠ ᠳᠤ᠂ ᠬᠤᠷᠰᠢᠶᠠᠵᠢᠯ ᠤᠨ ᠡᠷᠡᠭᠦᠯ ᠬᠦᠭᠵᠢᠯᠲᠡ ᠶᠢ ᠲᠦᠷᠢᠮᠵᠢᠭᠦᠯᠦᠨ᠎ᠡ  ᠃ ᠮᠠᠯᠴᠢᠨ ᠲᠠᠷᠢᠶᠠᠴᠢᠳ ᠎ ᠤᠨ ᠲᠤᠰᠬᠠᠢ ᠬᠤᠷᠰᠢᠶᠠᠵᠢᠯ ᠤᠨ ᠵᠠᠮ ᠢᠶᠠᠷ ᠵᠠᠮᠨᠠᠬᠤ ᠶᠢ ᠢᠳᠡᠪᠬᠢᠲᠠᠢ ᠪᠠᠷ ᠵᠢᠯᠤᠭᠤᠳᠤᠨ ᠲᠡᠳᠭᠦᠬᠦ ᠬᠡᠷᠡᠭᠲᠠᠢ᠃ ᠡᠨᠡ ᠵᠢᠯ  ᠬᠤᠷᠰᠢᠶᠠᠵᠢᠯ ᠤᠨ ᠬᠦᠭᠵᠢᠯᠲᠡ ᠳᠤ ᠠᠵᠢᠯ ᠤᠨ ᠶᠠᠪᠤᠭᠳᠠᠯ ᠤᠨ ᠴᠢᠨᠠᠷ ᠴᠢᠨᠰᠠᠭ᠎ᠠ ᠶᠢ ᠲᠦᠷᠢᠮᠵᠢᠭᠦᠯᠦᠨ ᠲᠡᠭᠡᠭᠰᠢᠯᠡᠭᠦᠯᠬᠦ ᠪᠠᠷ ᠭᠤᠤᠯ ᠪᠤᠯᠭᠠᠵᠤ᠂ ᠬᠤᠷᠰᠢᠶᠠᠵᠢᠯ ᠤᠨ ᠬᠦᠭᠵᠢᠯᠲᠡ ᠶᠢ ᠲᠤᠭᠠᠨ ᠤ ᠨᠡᠮᠡᠭᠳᠡᠯ ᠠᠴᠠ ᠴᠢᠨᠠᠷ ᠤᠨ ᠨᠡᠮᠡᠭᠳᠡᠯ ᠲᠡᠰᠢ ᠬᠤᠪᠢᠷᠠᠭᠤᠯᠤᠨ᠎ᠠ᠃  ᠲᠤᠰᠬᠠᠢ ᠬᠤᠷᠰᠢᠶᠠᠵᠢᠯ ᠢᠶᠠᠷ ᠲᠠᠪᠴᠠᠩ ᠪᠤᠯᠭᠠᠵᠤ᠂  ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠡᠷᠬᠡ ᠶᠢᠨ ᠡᠷᠭᠢᠯᠲᠡ ᠶᠢ ᠢᠳᠡᠪᠬᠢᠲᠠᠢ ᠠᠬᠢᠭᠤᠯᠵᠤ᠂ ᠭᠠᠵᠠᠷ ᠰᠢᠷᠤᠢ ᠶᠢᠨ ᠡᠬᠢ ᠪᠠᠶᠠᠯᠢᠭ ᠢ   ᠨᠢᠭᠡᠲᠦᠭᠦᠯᠬᠦ᠂ ᠨᠡᠭᠡᠭᠡᠬᠦ ᠪᠠ ᠠᠰᠢᠭᠯᠠᠬᠤ  ᠎ ᠶᠢ ᠠᠬᠢᠭᠤᠯᠣᠨ᠎ᠠ᠃ ᠮᠦᠩᠭᠦᠨ ᠬᠦᠢᠯᠭᠡᠭᠡᠨ ᠤ  ᠪᠠᠶᠢᠭᠤᠯᠤᠮᠵᠢ ᠶᠢᠨ ᠢᠳᠡᠭᠡᠮᠵᠢᠳᠦ ᠵᠢᠭᠡᠯᠡᠯᠭᠡ ᠶᠢᠨ ᠪᠡᠯᠡ ᠮᠦᠩᠭᠦ   ᠪᠠᠭᠤᠯᠭᠠᠬᠤ ᠶᠢ ᠢᠳᠡᠪᠬᠢᠲᠠᠢ ᠵᠤᠬᠢᠴᠠᠭᠤᠯᠵᠤ᠂  ᠲᠤᠰᠬᠠᠢ ᠬᠤᠷᠰᠢᠶᠠᠵᠢᠯ  ᠎ ᠳᠤ ᠤᠯᠭᠤᠬᠤ ᠵᠢᠭᠡᠯᠡᠯᠭᠡ ᠶᠢᠨ ᠲᠮᠵᠢᠯᠬᠡ ᠶᠢ ᠴᠢᠩᠭᠠᠳᠬᠠᠨ᠎ᠠ᠃ ᠬᠠᠮᠢᠶᠠᠷᠤᠯᠳᠠ ᠨᠢ ᠳᠦᠷᠢᠮᠵᠢᠭᠰᠡᠨ ᠂ ᠡᠵᠡᠩᠨᠡᠯᠲᠡ ᠶᠢᠨ ᠦᠷ᠎ᠡ ᠠᠰᠢᠭ ᠰᠠᠶᠢᠨ᠂ ᠳᠠᠭᠠᠭᠤᠯᠬᠤ ᠬᠦᠴᠦᠨ ᠲᠠᠢ᠂ ᠠᠰᠢᠭ  ᠤᠷᠤᠯᠭ᠎ᠠ ᠶᠢᠨ ᠬᠤᠪᠢᠶᠠᠷᠢᠯᠠᠯ ᠎ ᠨᠢ ᠰᠢᠨᠵᠢᠯᠡᠬᠦ ᠤᠬᠠᠭᠠᠨᠴᠢ ᠵᠦᠢ ᠵᠤᠬᠢᠰᠲᠠᠢ᠂ ᠲᠦᠯᠦᠭᠡᠯᠡᠬᠦ ᠴᠢᠨᠠᠷᠲᠠᠢ ᠬᠤᠷᠰᠢᠶᠠᠵᠢᠯ ᠤᠨ ᠬᠡᠪ ᠳᠠᠭᠤᠷᠢᠶᠠᠯ ᠢ ᠪᠤᠢ ᠪᠤᠯᠭᠠᠵᠤ᠂ ᠠᠯᠬᠤᠮ ᠠᠯᠬᠤᠮ ᠢᠶᠠᠷ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠭᠤᠤᠯ ᠬᠡᠯᠪᠡᠷᠢ ᠪᠤᠯᠭᠠᠬᠤ ᠬᠡᠷᠡᠭᠲᠠᠢ᠃      ᠲᠦᠷᠪᠡ ᠳᠤ  ᠂ ᠮᠠᠯᠴᠢᠨ ᠲᠠᠷᠢᠶᠠᠴᠢᠳ ᠢ ᠪᠤᠯᠪᠠᠰᠤᠷᠠᠭᠤᠯᠤᠨ ᠰᠢᠯᠵᠢᠭᠦᠯᠬᠦ ᠬᠦᠴᠦᠯᠡᠴᠡ ᠪᠠᠨ ᠴᠢᠩᠭᠠᠳᠬᠠᠵᠤ᠂ ᠬᠦᠳᠡᠯᠮᠤᠷᠢ ᠭᠦᠴᠦᠨ ᠤ ᠠᠵᠤ ᠠᠬᠤᠢ ᠶᠢ ᠶᠡᠬᠡᠪᠡᠷ ᠬᠦᠭᠵᠢᠭᠦᠯᠥᠨ᠎ᠡ᠃ ᠮᠠᠯᠴᠢᠨ ᠲᠠᠷᠢᠶᠠᠴᠢᠨ ᠬᠦᠳᠡᠯᠮᠦᠷᠢ ᠬᠦᠴᠦᠨ ᠢ ᠰᠢᠯᠵᠢᠭᠦᠯᠦᠨ ᠪᠤᠯᠪᠠᠰᠤᠷᠠᠭᠤᠯᠬᠤ ᠦᠢᠯᠡᠴᠢᠯᠡᠭᠡᠨ ᠤ ᠰᠢᠰᠲ᠋ᠧᠮ ᠢ  ᠲᠡᠬᠦᠯᠳᠡᠷᠵᠢᠬᠦᠯᠦᠨ᠂ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠥᠷᠢ ᠬᠦᠴᠦᠨ ᠤ  ᠰᠢᠯᠵᠢᠯᠳᠡ ᠶᠢᠨ ᠪᠤᠯᠪᠠᠰᠤᠷᠠᠯ ᠢ ᠦᠷᠭᠦᠯᠵᠢᠯᠡᠨ ᠬᠡᠷᠡᠭᠵᠢᠭᠦᠯᠵᠦ᠂ ᠬᠦᠳᠡᠯᠮᠥᠷᠢ ᠬᠦᠴᠦᠨ ᠤ ᠠᠵᠢᠯ ᠤᠯᠬᠤ ᠴᠢᠳᠠᠪᠤᠷᠢ ᠶᠢ  ᠲᠡᠭᠡᠭᠰᠢᠯᠡᠬᠦᠯᠦᠨ᠂ ᠡᠯ᠎ᠡ ᠲᠦᠷᠦᠯ ᠤᠨ ᠪᠤᠯᠪᠠᠰᠤᠷᠠᠯ ᠤᠨ ᠪᠡᠯᠡ ᠮᠦᠩᠭᠦ ᠶᠢ ᠤᠶᠠᠯᠳᠤᠭᠤᠯᠤᠨ ᠬᠡᠷᠡᠭᠯᠡᠵᠦ᠂ ᠮᠠᠨ ᠤ ᠬᠤᠰᠢᠭᠤᠨ ᠤ ᠪᠠᠨ ᠭᠤᠤᠯᠯᠠᠭᠴᠢ ᠠᠵᠤ ᠦᠢᠯᠡᠰ ᠪᠠ ᠭᠤᠤᠯᠳᠠᠯᠭ᠎ᠠ ᠲᠠᠢ ᠡᠷᠬᠢᠯᠡᠭᠰᠡᠨ ᠠᠵᠢᠯ ᠤᠨ ᠲᠤᠭᠤᠷᠢᠨ ᠳᠤ᠂ ᠰᠢᠨ᠎ᠡ ᠮᠡᠷᠭᠡᠵᠢᠯ᠂ ᠬᠡᠷᠡᠭᠯᠡᠭᠡᠨ ᠤ ᠮᠡᠷᠭᠡᠵᠢᠯ ᠢ ᠳᠦᠭᠡᠮᠡᠯᠵᠢᠭᠦᠯᠬᠦ ᠲᠠᠢ ᠤᠶᠠᠯᠳᠤᠭᠤᠯᠵᠤ᠂ ᠮᠠᠯᠴᠢᠨ ᠲᠠᠷᠢᠶᠠᠴᠢᠨ ᠳᠤ ᠴᠢᠭᠯᠡᠭᠦᠯᠦᠨ  ᠨᠡᠩ ᠢᠯᠠᠩᠭᠤᠶ᠎ᠠ ᠭᠠᠳᠠᠭᠰᠢ ᠭᠠᠷᠴᠦ ᠠᠵᠢᠯ ᠡᠷᠢᠭᠰᠡᠳ ᠲᠤ ᠬᠠᠨᠳᠤᠭᠤᠯᠵᠤ᠂ ᠭᠤᠤᠯᠳᠠᠯᠭ᠎ᠠ ᠲᠠᠢ ᠬᠦᠳᠡᠯᠮᠦᠷᠢ ᠶᠢᠨ ᠠᠵᠢᠯ ᠮᠡᠷᠭᠡᠵᠢᠯ ᠎ ᠤᠨ ᠪᠤᠯᠪᠠᠰᠤᠷᠠᠭᠤᠯᠤᠯᠲᠠ ᠬᠢᠵᠦ᠂ ᠪᠡᠭᠡᠵᠢᠩ᠂ ᠲᠢᠶᠠᠨᠵᠢᠨ᠂ ᠱᠢ  ᠵᠢᠶᠠ ᠵᠤᠸᠠᠩ᠂ ᠬᠦᠬᠡᠬᠤᠲᠠ ᠵᠡᠷᠭᠡ ᠭᠠᠳᠠᠭᠰᠢ ᠲᠤᠮᠢᠯᠠᠭᠰᠠᠨ ᠬᠦᠳᠡᠯᠮᠥᠷᠢ ᠭᠦᠴᠦᠨ ᠤ ᠰᠠᠭᠤᠷᠢᠨ ᠭᠠᠵᠠᠷ ᠤᠨ ᠪᠥᠲᠦᠭᠡᠨ ᠪᠠᠶᠢᠭᠤᠯᠤᠯᠲᠠ ᠶᠢ  ᠲᠤᠪᠤᠶᠢᠮ᠎ᠠ  ᠠᠳᠬᠤᠨ᠂   ᠮᠦᠷᠳᠡᠯ ᠦᠢᠯᠡᠴᠢᠯᠡᠭᠡ ᠶᠢ ᠰᠠᠶᠢᠲᠤᠷ ᠬᠢᠵᠦ᠂ ᠬᠦᠳᠡᠯᠮᠥᠷᠢ ᠭᠦᠴᠦᠨ ᠤ ᠭᠠᠷᠭᠠᠯᠲᠠ ᠶᠢᠨ ᠵᠤᠬᠢᠶᠠᠨ ᠪᠠᠶᠢᠭᠤᠯᠵᠢᠭᠰᠠᠨ ᠬᠡᠮᠵᠢᠶ᠎ᠡ ᠶᠢ ᠲᠡᠭᠡᠭᠰᠢᠯᠡᠭᠦᠯᠥᠨ᠎ᠡ᠃ ᠪᠦᠬᠦ ᠵᠢᠯ ᠳᠤ ᠮᠠᠯᠴᠢᠨ ᠲᠠᠷᠢᠶᠠᠴᠢᠨ ᠢ 8000 ᠬᠦᠮᠦᠨ ᠤᠳᠠᠭ᠎ᠠ ᠪᠤᠯᠪᠠᠰᠤᠷᠠᠭᠤᠯᠬᠤ ᠪᠠᠷ ᠲᠦᠯᠦᠪᠯᠡᠵᠦ᠂ 10000 ᠮᠠᠯᠴᠢᠨ ᠲᠠᠷᠢᠶᠠᠴᠢᠨ ᠢ  ᠰᠢᠯᠵᠢᠭᠦᠯᠦᠨ ᠠᠵᠢᠯ ᠤᠯᠭᠤᠵᠦ᠂ ᠡᠭᠦᠨ ᠤ ᠲᠤᠳᠤᠷ᠎ᠠ  2000  ᠬᠦᠳᠡᠯᠮᠦᠷᠢ ᠬᠦᠴᠦᠨ ᠢ ᠵᠤᠬᠢᠶᠠᠨ ᠪᠠᠶᠢᠭᠤᠯᠤᠯᠳᠠ ᠲᠠᠢ ᠪᠠᠷ ᠭᠠᠳᠠᠭᠰᠢ ᠭᠠᠷᠭᠠᠨ᠎ᠠ᠃       2. ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠠᠬᠢᠭᠤᠯᠤᠨ᠎ᠠ᠃    ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠪᠤᠯ ᠠᠷᠠᠳ ᠢᠶᠠᠨ ᠪᠠᠶᠠᠵᠢᠭᠤᠯᠵᠤ ᠬᠤᠰᠢᠭᠤ ᠎ ᠪᠠᠨ ᠬᠦᠴᠦᠷᠭᠡᠭᠵᠢᠬᠦᠯᠬᠦ  ᠎ ᠳᠤ ᠡᠷᠭᠡᠪᠰᠢ ᠶᠠᠪᠤᠬᠤ ᠵᠠᠮ ᠮᠥᠨ᠃  ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠎ ᠶᠢ ᠠᠬᠢᠭᠤᠯᠬᠤ  ᠎ ᠶᠢ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢᠨ ᠭᠤᠤᠯ ᠰᠢᠪᠲᠤᠯᠬᠤ ᠬᠠᠷᠠᠯᠲᠠ ᠪᠤᠯᠭᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠨ ᠥᠷᠭᠡᠳᠬᠡᠬᠦ ᠭᠤᠤᠯ ᠠᠵᠢᠯ ᠪᠤᠯᠭᠠᠨ ᠠᠳᠬᠤᠬᠤ ᠬᠡᠷᠡᠭᠲᠠᠢ᠃ ᠡᠨᠡ ᠵᠢᠯ᠂ ᠪᠦᠬᠦᠶᠢᠯᠡ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 9.5 ᠳ᠋ᠦᠩᠰᠢᠭᠤᠷ ᠲᠦᠭᠦᠷᠢᠭ ᠲᠤ  ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 22.8%᠎ ᠪᠠᠷ ᠨᠡᠮᠡᠭᠳᠡᠭᠦᠯᠦᠨ᠎ᠡ᠃ ᠡᠭᠦᠨ ᠤ ᠲᠤᠲᠤᠷ᠎ᠠ ᠬᠡᠪᠴᠢᠶᠡᠵᠢᠯ ᠠᠴᠠ ᠳᠡᠭᠡᠭᠰᠢᠬᠢ ᠨᠡᠮᠡᠭᠳᠡᠯ ᠦᠷᠳᠡᠭ  ᠎ ᠢ 6.2 ᠳ᠋ᠦᠩᠰᠢᠭᠤᠷ ᠲᠦᠭᠦᠷᠢᠭ  ᠎ ᠲᠤ ᠬᠦᠷᠭᠡᠵᠤ᠂  22.2%᠎ ᠪᠠᠷ ᠨᠡᠮᠡᠭᠳᠡᠭᠦᠯᠦᠨ᠎ᠡ᠃ ᠠᠵᠤ ᠦᠢᠯᠡᠳᠪᠤᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 9.68 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ  ᠎ ᠢ 2 ᠡᠷᠦᠬᠡ  ᠨᠡᠮᠡᠭᠳᠡᠭᠦᠯᠦᠨ᠎ᠡ᠃     ᠨᠢᠭᠡ ᠳᠤ  ᠂ ᠳᠠᠪᠠᠭᠤᠯᠢᠭ ᠤᠨᠴᠠᠯᠢᠭᠳᠤ ᠠᠵᠤ ᠦᠢᠯᠡᠳᠪᠤᠷᠢ ᠶᠢᠨ ᠠᠵᠤ ᠦᠢᠯᠡᠰ ᠢ ᠢᠳᠡᠪᠬᠢᠲᠠᠢ ᠬᠦᠭᠵᠢᠭᠦᠯᠦᠨ᠎ᠡ᠃  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠥᠲᠥᠭᠡᠭᠳᠡᠭᠦᠨ ᠪᠤᠯᠪᠠᠰᠤᠷᠠᠭᠤᠯᠬᠤ ᠲᠠᠯ᠎ᠠ ᠪᠠᠷ᠂ ᠦᠢᠯᠡᠳᠪᠦᠷᠢᠯᠡᠯ ᠤᠨ ᠴᠢᠳᠠᠪᠬᠢ ᠪᠠᠨ ᠳᠡᠭᠡᠭᠰᠢᠯᠡᠭᠦᠯᠵᠦ᠂ ᠶᠠᠰᠤ ᠴᠢᠨᠠᠷ ᠦᠷ᠎ᠡ ᠠᠰᠢᠭ ᠢᠶᠠᠨ ᠳᠡᠭᠡᠭᠰᠢᠯᠡᠭᠦᠯᠥᠨ᠎ᠡ᠃ ᠲᠠᠯ᠎ᠠ ᠨᠤᠲᠤᠭ ᠠᠷᠢᠬᠢ ᠨᠡᠷᠡᠬᠦ ᠺᠤᠮᠫᠠᠨᠢ ᠵᠢᠯ ᠳᠤ16000 ᠺᠢᠯᠤᠯᠢᠲ᠋ᠧᠷ ᠬᠠᠷ᠎ᠠ  ᠠᠷᠢᠬᠢ  ᠦᠢᠯᠡᠳᠪᠦᠷᠢᠯᠡᠨ᠂ 1.7 ᠳ᠋ᠦᠩᠰᠢᠭᠤᠷ ᠲᠥᠭᠦᠷᠢᠭ ᠤᠨ  ᠦᠢᠯᠡᠳᠪᠦᠷᠢᠯᠡᠯ ᠤᠨ ᠥᠷᠲᠡᠭ  ᠪᠡᠶᠡᠯᠡᠭᠦᠯᠵᠦ︔ ᠪᠤᠤ ᠶᠤᠸᠠᠨ ᠠᠷᠢᠬᠢ ᠨᠡᠷᠡᠬᠦ ᠺᠤᠮᠫᠠᠨᠢ  ᠵᠢᠯ ᠳᠤ 3200 ᠺᠢᠯᠤᠯᠢᠲ᠋ᠧᠷ ᠠᠷᠢᠬᠢ ᠦᠢᠯᠡᠳᠪᠦᠷᠢᠯᠡᠨ᠂ 3000  ᠲᠥᠮᠡᠨ ᠲᠥᠭᠦᠷᠢᠭ ᠤᠨ  ᠥᠷᠲᠡᠭ ᠪᠡᠶᠡᠯᠡᠭᠦᠯᠵᠦ︔ ᠬᠤᠩ ᠵᠢᠩ ᠶᠤᠸᠠᠨ ᠥᠭᠡᠬᠦ ᠲᠤᠰᠤᠨ ᠤ ᠺᠤᠮᠫᠠᠨᠢ  ᠵᠢᠯ ᠳᠤ 7000 ᠲᠤᠨ ᠢᠳᠡᠰᠢᠨ ᠲᠤᠰᠤ ᠦᠢᠯᠡᠳᠪᠦᠷᠢᠯᠡᠨ᠂ 7200  ᠲᠥᠮᠡᠨ ᠲᠥᠭᠦᠷᠢᠭ ᠤᠨ  ᠥᠷᠲᠡᠭ ᠡᠭᠦᠳᠴᠦ︔ ᠴᠠᠩ ᠶᠤᠸᠠᠨ ᠲᠡᠵᠢᠭᠡᠯ ᠪᠤᠷᠳᠤᠭᠠᠨ ᠤ ᠺᠤᠮᠫᠠᠨᠢ  ᠵᠢᠯ ᠳᠤ 4 ᠲᠥᠮᠡᠨ ᠲᠤᠨ ᠲᠡᠵᠢᠭᠡᠯ ᠪᠤᠷᠳᠤᠭ᠎ᠠ ᠦᠢᠯᠡᠳᠪᠦᠷᠢᠯᠡᠨ᠂ 8000  ᠲᠥᠮᠡᠨ ᠲᠥᠭᠦᠷᠢᠭ ᠤᠨ ᠥᠷᠲᠡᠭ ᠡᠬᠦᠳᠦᠨ᠎ᠡ᠃ ᠲᠠᠯ᠎ᠠ ᠨᠤᠲᠤᠭ  ᠠᠷᠢᠬᠢᠨ  ᠺᠤᠮᠫᠠᠨᠢ ᠪᠤᠯᠤᠨ ᠬᠤᠩ ᠵᠢᠩ ᠶᠤᠸᠠᠨ ᠦᠭᠡᠬᠦ ᠲᠤᠰᠤᠨ ᠤ ᠺᠤᠮᠫᠠᠨᠢ  ᠎ ᠶᠢᠨ ᠮᠡᠷᠭᠡᠵᠢᠯ ᠤᠨ ᠦᠭᠡᠷᠡᠴᠢᠯᠡᠯᠲᠡ  ᠎ ᠶᠢᠨ ᠲᠥᠷᠥᠯ ᠵᠦᠢᠯ ᠢ ᠲᠦᠷᠭᠡᠨ ᠠᠬᠢᠭᠤᠯᠵᠤ᠂ ᠪᠤᠤ  ᠶᠤᠸᠠᠨ ᠠᠷᠢᠬᠢᠨ  ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ  ᠪᠠᠶᠢᠭᠤᠯᠤᠯᠲᠠ ᠎ ᠶᠢ ᠡᠬᠢᠯᠡᠭᠦᠯᠥᠨ᠎ᠡ᠃  ᠲᠥᠮᠥᠰᠦ ᠪᠤᠯᠪᠠᠰᠤᠷᠠᠭᠤᠯᠬᠤ ᠲᠥᠷᠥᠯ ᠵᠦᠢᠯ ᠢ ᠦᠢᠯᠡᠳᠪᠦᠷᠢᠯᠡᠯ ᠳᠤ ᠤᠷᠤᠭᠤᠯᠬᠤ ᠪᠠᠷ ᠴᠢᠷᠮᠠᠶᠢᠨ᠎ᠠ᠃ ᠡᠨᠧᠷᠬᠢ ᠶᠢᠨ ᠠᠵᠤ ᠦᠢᠯᠡᠳᠪᠤᠷᠢ ᠶᠢᠨ ᠲᠠᠯ᠎ᠠ ᠪᠠᠷ ᠰᠢᠨ᠎ᠡ ᠰᠢᠪᠳᠤᠯᠤᠯᠳᠠ ᠲᠠᠢ ᠪᠤᠯᠵᠤ᠂ ᠤᠯᠤᠰ ᠎ ᠤᠨ ᠴᠠᠬᠢᠯᠭᠠᠨ ᠬᠦᠴᠦᠨ ᠤ ᠨᠢᠭᠡᠳᠤᠭᠡᠷ ᠬᠤᠭᠤᠴᠠᠭᠠᠨ ᠤ ᠰᠠᠯᠬᠢᠨ ᠬᠦᠴᠦᠨ ᠤ ᠴᠠᠬᠢᠯᠭᠠᠨ ᠤ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢ1.8 ᠳ᠋ᠦᠩᠰᠢᠭᠤᠷ ᠭᠷᠠᠳᠦᠰ ᠲᠤ ᠬᠦᠷᠭᠡᠵᠤ  ᠂ 9180 ᠲᠥᠮᠡᠨ ᠲᠥᠭᠦᠷᠢᠭ ᠤᠨ ᠦᠢᠯᠡᠳᠭᠦᠨ ᠤ ᠥᠷᠲᠡᠭ ᠪᠡᠶᠡᠯᠡᠭᠦᠯᠥᠨ᠎ᠡ᠃ ᠤᠯᠤᠰ ᠤᠨ ᠴᠠᠬᠢᠯᠭᠠᠨ ᠭᠦᠴᠦᠨ ᠤ ᠬᠤᠶᠠᠳᠠᠬᠢ ᠬᠤᠭᠤᠴᠠᠭᠠᠨ ᠤ 4.95 ᠲᠥᠮᠡᠨ ᠺᠢᠯᠤᠸᠠᠲ ᠰᠠᠯᠬᠢᠨ ᠬᠦᠴᠦᠨ ᠤ ᠴᠠᠬᠢᠯᠭᠠᠨ ᠤ  ᠲᠥᠷᠥᠯ ᠵᠦᠢᠯ ᠢ  ᠪᠠᠶᠢᠭᠤᠯᠵᠤ ᠠᠰᠢᠭᠯᠠᠯᠲᠠ ᠳᠤ ᠤᠷᠤᠭᠤᠯᠤᠨ᠎ᠠ︔ ᠳᠤᠮᠳᠠᠳᠤ ᠤᠯᠤᠰ ᠤᠨ ᠰᠠᠯᠬᠢᠨ ᠭᠦᠴᠦᠨ ᠤ ᠴᠠᠬᠢᠯᠭᠠᠨ ᠤ ᠬᠤᠶᠠᠳᠠᠬᠢ ᠬᠤᠭᠤᠴᠠᠭᠠᠨ ᠤ4.95  ᠲᠥᠮᠡᠨ ᠺᠢᠯᠤᠸᠠᠲ ᠰᠠᠯᠬᠢᠨ ᠭᠦᠴᠦᠨ ᠤ ᠴᠠᠬᠢᠯᠭᠠᠨ ᠤ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂  ᠴᠠᠬᠢᠯᠭᠠᠨ  ᠭᠠᠷᠭᠠᠨ᠎ᠠ︔ ᠵᠢᠯ ᠳᠤ300 ᠰᠠᠭᠤᠷᠢ ᠰᠠᠯᠬᠢᠨ ᠭᠦᠴᠦᠨ ᠤ ᠴᠠᠬᠢᠯᠭᠠᠨ ᠭᠠᠷᠭᠠᠬᠤ ᠮᠠᠰᠢᠨ ᠢ ᠪᠠᠶᠢᠴᠠᠭᠠᠨ ᠵᠠᠰᠠᠬᠤ ᠦᠢᠯᠡᠳᠪᠦᠷᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠦ᠂  ᠦᠢᠯᠡᠳᠪᠦᠷᠢ ᠶᠢᠨ ᠪᠠᠶᠢᠰᠢᠩ ᠪᠤᠯᠤᠨ ᠠᠵᠢᠯ ᠎ ᠤᠨ ᠲᠠᠰᠤᠭ ᠢ ᠪᠠᠶᠢᠭᠤᠯᠵᠤ ᠳᠠᠭᠤᠰᠬᠠᠨ᠎ᠠ᠃ ᠤᠯᠤᠰ ᠤᠨ ᠴᠠᠬᠢᠯᠭᠠᠨ ᠬᠦᠴᠦᠨ ᠤ ᠭᠤᠷᠪᠠᠳᠤᠭᠠᠷ ᠬᠤᠭᠤᠴᠠᠭᠠᠨ ᠤ  ᠂ ᠬᠤᠸᠠᠪᠸᠢ ᠶᠢᠨ ᠴᠠᠬᠢᠯᠭᠠᠨ ᠭᠦᠴᠦᠨ ᠤ ᠪᠥᠯᠥᠭᠯᠡᠯ ᠤᠨ ᠨᠢᠭᠡᠳᠦᠭᠡᠷ ᠬᠤᠭᠤᠴᠠᠭᠠᠨ ᠤ 4.95  ᠲᠥᠮᠡᠨ ᠺᠢᠯᠤᠸᠠᠲ ᠶᠢᠨ ᠰᠠᠯᠬᠢᠨ ᠭᠦᠴᠦᠨ ᠤ ᠴᠠᠬᠢᠯᠭᠠᠨ ᠭᠠᠷᠭᠠᠬᠤ 2 ᠲᠥᠷᠥᠯ ᠵᠦᠢᠯ  ᠎ ᠢ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠠᠭᠤᠷᠬᠠᠢ ᠶᠢᠨ ᠠᠵᠤ ᠦᠢᠯᠡᠳᠪᠦᠷᠢ ᠶᠢᠨ ᠲᠠᠯ᠎ᠠ ᠪᠠᠷ᠂ ᠵᠢᠩ ᠳ᠋ᠢ ᠸᠤᠯᠹᠠᠷᠠᠮ ᠤᠨ ᠦᠢᠯᠡᠰ ᠤᠨ ᠺᠤᠮᠫᠠᠨᠢ ᠨᠢ ᠵᠢᠯ ᠳᠤ 300 ᠲᠤᠨ ᠨᠠᠷᠢᠯᠢᠭ ᠸᠤᠯᠹᠠᠷᠠᠮ ᠬᠦᠳᠡᠷ ᠦᠢᠯᠡᠳᠪᠦᠷᠢᠯᠡᠵᠦ᠂ 2400 ᠲᠥᠮᠡᠨ ᠲᠥᠭᠦᠷᠢᠭ ᠎ ᠤᠨ ᠦᠢᠯᠡᠳᠭᠦᠨ ᠤ  ᠥᠷᠲᠡᠭ  ᠪᠡᠶᠡᠯᠡᠭᠦᠯᠥᠨ᠎ᠡ᠃   ᠠᠭᠤᠷᠬᠠᠢ ᠬᠠᠶᠢᠬᠤ  ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠬᠤ ᠶᠢᠨ ᠬᠠᠮᠲᠤ᠂ ᠡᠳᠦᠷ ᠲᠤ 3000 ᠲᠤᠨ‌‍ᠸᠤᠯᠹᠷᠠᠮ ᠮᠤᠯᠢᠪᠢᠳ᠋ᠸᠠ ᠰᠤᠩᠭᠤᠵᠤ ᠠᠪᠬᠤ ᠪᠠ ᠡᠳᠦᠷ ᠲᠤ 1000 ᠲᠤᠨ ᠬᠠᠷ᠎ᠠ ᠲᠤᠭᠤᠯᠠᠭ᠎ᠠ ᠴᠠᠶᠢᠷ ᠭᠠᠤᠯᠢ  ᠰᠤᠩᠭᠤᠵᠤ ᠠᠪᠬᠤ ᠲᠥᠷᠥᠯ ᠵᠦᠢᠯ ᠤᠨ ᠠᠵᠢᠯ  ᠎ ᠢ ᠡᠬᠢᠯᠡᠬᠦᠯᠦᠨ᠎ᠡ᠃  ᠬᠢᠮᠢ ᠶᠢᠨ ᠠᠵᠤ ᠦᠢᠯᠡᠳᠪᠦᠷᠢ ᠶᠢᠨ ᠲᠠᠯ᠎ᠠ ᠪᠠᠷ᠂ ᠴᠠᠩ ᠵᠢᠶᠠᠩ ᠠᠭᠤᠷᠬᠠᠢ ᠶᠢᠨ ᠦᠢᠯᠡᠰ ᠎ ᠤᠨ  ᠺᠤᠮᠫᠠᠨᠢ ᠨᠢ ᠵᠢᠯ ᠳᠤ 1 ᠲᠥᠮᠡᠨ ᠲᠤᠨ  ᠴᠠᠬᠢᠭᠤᠷᠲᠤ ᠲᠡᠮᠦᠷ ᠦᠢᠯᠡᠳᠪᠦᠷᠢᠯᠡᠵᠦ᠂ 7700 ᠲᠦᠮᠡᠨ ᠲᠥᠭᠦᠷᠢᠭ ᠤᠨ ᠦᠢᠯᠡᠳᠭᠦᠨ ᠤ ᠥᠷᠲᠡᠭ  ᠪᠡᠶᠡᠯᠡᠭᠦᠯᠥᠨ᠎ᠡ︔  ᠬᠤᠩ ᠶᠧ ᠠᠭᠤᠷᠬᠠᠢ ᠶᠢᠨ ᠦᠢᠯᠡᠰ ᠤᠨ ᠺᠤᠮᠫᠠᠨᠢ  ᠵᠢᠯ ᠳᠤ 3 ᠲᠥᠮᠡᠨ ᠲᠤᠨ ᠬᠠᠶᠢᠯᠤᠭᠤᠷ ᠵᠤᠩᠰᠢ ᠶᠢᠨ ᠨᠤᠨᠳᠠᠭ ᠦᠢᠯᠡᠳᠪᠦᠷᠢᠯᠡᠵᠦ᠂ 3500  ᠲᠦᠮᠡᠨ ᠲᠥᠭᠦᠷᠢᠭ ᠤᠨ  ᠥᠷᠳᠡᠭ ᠪᠡᠶᠡᠯᠡᠭᠦᠯᠥᠨ᠎ᠡ︔ ᠬᠤᠤ ᠬᠤᠸᠠ ᠠᠭᠤᠷᠬᠠᠢ ᠶᠢᠨ ᠦᠢᠯᠡᠰ ᠤᠨ ᠬᠠᠶᠢᠯᠠᠭᠤᠷ ᠵᠤᠩᠰᠢ ᠰᠤᠩᠭᠤᠬᠤ ᠲᠠᠯᠠᠪᠤᠷ  ᠎ ᠨᠢ ᠵᠢᠯ ᠳᠤ 2.5  ᠲᠦᠮᠡᠨ  ᠲᠤᠨ ᠬᠠᠶᠢᠯᠤᠭᠤᠷ ᠵᠤᠩᠰᠢ ᠶᠢᠨ ᠨᠤᠨᠳᠠᠭ ᠦᠢᠯᠡᠳᠪᠦᠷᠢᠯᠡᠵᠦ ᠂ 2500 ᠲᠥᠮᠡᠨ ᠲᠥᠭᠦᠷᠢᠭ ᠤᠨ ᠦᠷᠲᠡᠭ  ᠪᠡᠶᠡᠯᠡᠭᠦᠯᠥᠨ᠎ᠡ᠃  ᠴᠠᠩ ᠰᠢᠨ ᠬᠢᠮᠢ ᠶᠢᠨ ᠠᠵᠤ ᠦᠢᠯᠡᠳᠪᠦᠷᠢ ᠎ ᠶᠢᠨ ᠴᠠᠬᠢᠯᠠᠭᠤᠷ ᠴᠢᠯᠠᠭᠤᠨ ᠤ ᠦᠢᠯᠡᠳᠪᠦᠷᠢᠯᠡᠯ ᠤᠨ ᠲᠥᠷᠥᠯ ᠵᠦᠢᠯ ᠤᠨ 31.5 ᠰᠠᠶ᠎ᠠ  ᠸᠤᠯᠲ ᠠᠮᠫᠧᠷ ᠤᠨ ᠴᠠᠬᠢᠯᠠᠭᠤᠷ  ᠴᠢᠯᠠᠭᠤᠨ ᠤ ᠵᠤᠤᠬ᠎ᠠ ᠶᠢ ᠨᠢᠭᠡᠨᠲᠡ ᠠᠰᠢᠭᠯᠠᠯᠲᠠ ᠳᠤ ᠤᠷᠤᠭᠤᠯᠵᠤ᠂ ᠨᠥᠭᠦᠭᠡ ᠰᠠᠭᠤᠷᠢ ᠶᠢ ᠨᠢ ᠡᠨᠡ ᠵᠢᠯ ᠪᠠᠶᠢᠭᠤᠯᠵᠤ  ᠠᠰᠢᠭᠯᠠᠯᠲᠠ ᠳᠤ ᠤᠷᠤᠭᠤᠯᠤᠨ᠎ᠠ᠃ ᠾᠦᠢ ᠲᠦᠩ ᠰᠦᠯᠢᠶᠤᠤ ᠮᠠᠲ᠋ᠧᠷᠢᠶᠠᠯ ᠤᠨ ᠬᠢᠵᠠᠭᠠᠷᠳᠤ ᠺᠤᠮᠫᠠᠨᠢ  ᠎ ᠶᠢᠨ ᠵᠢᠯ ᠳᠤ 2000 ᠲᠤᠨ PP/PE  ᠰᠦᠯᠢᠶᠤᠤ ᠬᠤᠭᠤᠯᠠᠢ ᠦᠢᠯᠡᠳᠪᠦᠷᠢᠯᠡᠬᠦ ᠲᠥᠷᠥᠯ ᠵᠦᠢᠯ ᠨᠢ  ᠳᠦᠭᠦᠭᠡᠢ ᠮᠠᠲ᠋ᠧᠷᠢᠶᠠᠯ ᠤᠨ ᠬᠦᠮᠦᠷᠭᠡ ᠪᠤᠯᠤᠨ  ᠪᠥᠲᠥᠬᠡᠭᠳᠡᠭᠦᠨ ᠤ ᠬᠦᠮᠦᠷᠭᠡ ᠶᠢᠨ ᠪᠠᠶᠢᠭᠤᠯᠤᠯᠳᠠ ᠶᠢ  ᠲᠠᠭᠤᠰᠬᠠᠬᠤ ᠶᠢᠨ ᠬᠠᠮᠳᠤ ᠲᠤᠨᠤᠭ ᠲᠦᠭᠦᠭᠡᠷᠤᠮᠵᠢ ᠪᠠᠨ ᠲᠠᠭᠠᠷᠠᠭᠤᠯᠵᠤ ᠤᠭᠰᠠᠷᠠᠨ᠎ᠠ᠃  ᠪᠠᠷᠢᠯᠭ᠎ᠠ ᠶᠢᠨ ᠠᠵᠤ ᠦᠢᠯᠡᠳᠪᠦᠷᠢ  ᠎ ᠶᠢᠨ ᠲᠠᠯ᠎ᠠ ᠪᠠᠷ  ᠂ ᠬᠤᠸᠠ ᠡᠯ ᠱᠤᠶᠢᠨᠢ ᠶᠢᠨ ᠺᠤᠮᠫᠠᠨᠢ ᠶᠢᠨ ᠮᠡᠷᠭᠡᠵᠢᠯ ᠤᠨ ᠦᠭᠡᠷᠡᠴᠢᠯᠡᠯᠲᠡ ᠶᠢ ᠲᠡᠳᠬᠦᠵᠦ᠂  ᠵᠢᠯ ᠳᠤ 30  ᠲᠥᠮᠡᠨ ᠲᠤᠨ ᠱᠦᠢᠨᠢ ᠦᠢᠯᠡᠳᠪᠦᠷᠢᠯᠡᠵᠦ᠂ 8200  ᠲᠥᠮᠡᠨ ᠲᠥᠭᠦᠷᠢᠭ ᠤᠨ ᠥᠷᠲᠡᠭ ᠢ ᠪᠠᠶᠡᠯᠡᠭᠦᠯᠥᠨ᠎ᠡ︔ ᠰᠢᠨ ᠶᠤᠸᠠᠨ ᠪᠠᠷᠢᠯᠭ᠎ᠠ ᠶᠢᠨ ᠮᠠᠲ᠋ᠧᠷᠢᠶᠠᠯ ᠤᠨ ᠺᠤᠮᠫᠠᠨᠢ ᠶᠢᠨ ᠦᠢᠯᠡᠳᠪᠤᠷᠢᠯᠡᠯ ᠤᠨ ᠬᠦᠷᠢᠶ᠎ᠡ ᠬᠡᠪᠴᠢᠶ᠎ᠡ ᠪᠠᠨ ᠦᠷᠭᠡᠳᠬᠡᠬᠦ ᠶᠢ  ᠵᠤᠷᠢᠭᠵᠢᠭᠤᠯᠵᠤ᠂ ᠵᠢᠯ ᠳᠤ 3000 ᠲᠤᠨ ᠪᠧᠨᠽᠧᠨ ᠬᠠᠪᠲᠠᠰᠤ  ᠦᠢᠯᠡᠳᠪᠦᠷᠢᠯᠡᠵᠦ᠂ 3100 ᠲᠥᠮᠡᠨ ᠲᠥᠭᠦᠷᠢᠭ ᠤᠨ  ᠦᠢᠯᠡᠳᠭᠦᠨ ᠤ ᠥᠷᠲᠡᠭ ᠢ ᠪᠠᠶᠡᠯᠡᠭᠦᠯᠥᠨ᠎ᠡ  ︔ ᠵᠢᠯ ᠳᠤ 40 ᠲᠦᠮᠡᠨ ᠪᠤᠰᠤᠭ᠎ᠠ ᠲᠦᠷᠪᠡᠯᠵᠢᠨ ᠮᠧᠲᠷ  ᠪᠧᠲ᠋ᠤᠨ ᠵᠢᠭᠤᠷᠠᠬᠤ ᠥᠷᠲᠡᠭᠡ  ᠎ ᠶᠢ ᠰᠢᠨ᠎ᠡ ᠪᠠᠷ  ᠪᠠᠶᠢᠭᠤᠯᠵᠤ᠂  ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠨ᠎ᠠ︔  ᠰᠤᠪᠤᠳᠯᠢᠭ ᠴᠢᠯᠠᠭᠤᠯᠢᠭ ᠤᠨ ᠢᠯᠴᠢ ᠬᠠᠳᠠᠭᠠᠯᠠᠬᠤ ᠮᠠᠲ᠋ᠧᠷᠢᠶᠠᠯ ᠪᠤᠯᠪᠠᠰᠤᠷᠠᠭᠤᠯᠬᠤ ᠵᠡᠷᠭᠡ ᠲᠦᠷᠦᠯ ᠵᠦᠢᠯ ᠢ  ᠤᠷᠤᠭᠤᠯᠬᠤ ᠪᠠᠷ ᠴᠢᠷᠮᠠᠶᠢᠨ᠎ᠠ᠃ ᠡᠬᠢ ᠪᠠᠶᠠᠯᠢᠭ ᠤᠨ ᠪᠤᠰᠤ  ᠭᠡᠯᠪᠡᠷᠢᠳᠦ ᠠᠵᠤ ᠦᠢᠯᠡᠳᠪᠦᠷᠢ ᠶᠢᠨ ᠲᠠᠯ᠎ᠠ ᠪᠠᠷ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ  ᠲᠥᠬᠦᠭᠡᠷᠦᠮᠵᠢ ᠪᠠᠷ ᠭᠤᠤᠯ ᠪᠤᠯᠭᠠᠭᠰᠠᠨ ᠲᠤᠨᠤᠭ ᠲᠥᠭᠦᠬᠡᠷᠦᠮᠵᠢ ᠦᠢᠯᠡᠳᠬᠦ ᠦᠢᠯᠡᠰ ᠢ ᠶᠡᠭᠡ ᠪᠠᠷ ᠠᠬᠢᠭᠤᠯᠵᠤ᠂ ᠰᠠᠯᠬᠢᠨ ᠬᠦᠴᠦᠨ ᠤ ᠮᠠᠰᠢᠨ ᠢ ᠦᠢᠯᠡᠳᠬᠦ ᠪᠤᠶᠤ ᠰᠡᠯᠪᠢᠬᠦ᠂ ᠮᠠᠰᠢᠨ ᠲᠡᠷᠭᠡ ᠲᠤᠨᠤᠭᠯᠠᠨ ᠤᠭᠰᠠᠷᠠᠬᠤ ᠵᠡᠷᠭᠡ ᠲᠦᠷᠦᠯ ᠵᠦᠢᠯ ᠢ  ᠢᠳᠡᠪᠬᠢᠲᠠᠢ ᠳᠠᠳᠠᠨ ᠤᠷᠤᠭᠤᠯᠤᠨ᠎ᠠ᠃         ᠬᠤᠶᠠᠷ ᠲᠤ  ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠶᠡᠬᠡᠪᠡᠷ ᠭᠦᠭᠵᠢᠭᠦᠯᠦᠨ᠎ᠡ᠃  ᠨᠠᠶᠢᠳᠡ ᠶᠢᠨ ᠦᠮᠴᠢᠯᠡᠯ ᠤᠨ ᠪᠤᠰᠤ  ᠠᠵᠤ ᠠᠬᠤᠢ ᠶᠢᠨ ᠬᠦᠭᠵᠢᠯᠲᠡ ᠶᠢ  ᠵᠤᠷᠢᠭᠵᠢᠭᠤᠯᠵᠤ ᠲᠡᠳᠬᠦᠬᠦ ᠲᠦᠷᠦ ᠎ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠬᠢ ᠰᠠᠶᠢᠨ ᠬᠦᠭᠵᠢᠯᠲᠡ ᠎ ᠶᠢᠨ ᠤᠷᠴᠢᠨ ᠲᠤᠭᠤᠷᠢᠨ ᠢ  ᠴᠢᠷᠮᠠᠶᠢᠨ ᠡᠭᠦᠳᠦᠨ᠎ᠡ᠃ ᠪᠦᠬᠦ ᠠᠷᠠᠳ ᠢᠶᠠᠷ ᠢᠶᠠᠨ ᠦᠢᠯᠡᠰ ᠪᠦᠳᠦᠭᠡᠬᠦ ᠶᠢ ᠵᠤᠷᠢᠭᠵᠢᠭᠤᠯᠵᠤ᠂ ᠨᠠᠶᠢᠳᠡ ᠶᠢᠨ ᠦᠮᠴᠢᠯᠡᠯ ᠤᠨ ᠪᠤᠰᠤ ᠠᠵᠤ ᠠᠬᠤᠶᠢᠯᠠᠯ ᠶᠢᠨ ᠦᠮᠴᠢᠯᠡᠬᠦ ᠡᠷᠬᠡ ᠶᠢ ᠰᠢᠯᠵᠢᠭᠦᠯᠬᠦ᠂ ᠪᠡᠯᠡ ᠨᠠᠶᠢᠯᠡᠭᠦᠯᠬᠦ᠂ ᠬᠠᠮᠳᠤᠷᠠᠨ ᠠᠵᠢᠯᠯᠠᠬᠤ᠂ ᠳᠦᠷᠢᠶᠡᠰᠦᠯᠡᠬᠦ᠂ ᠲᠤᠰᠢᠶᠠᠨ ᠬᠠᠮᠢᠶᠠᠷᠤᠭᠤᠯᠬᠤ᠂ ᠬᠤᠪᠢ ᠤᠷᠤᠭᠤᠯᠬᠤ ᠲᠦᠷᠢᠮ ᠵᠡᠷᠭᠡ ᠬᠡᠯᠪᠡᠷᠢ ᠪᠠᠷ ᠤᠴᠢᠵᠤ ᠡᠳ᠋ ᠬᠦᠷᠦᠩᠭᠡ  ᠎ ᠶᠢᠨ ᠲᠠᠪᠳᠠᠨ  ᠪᠦᠯᠦᠭᠯᠡᠬᠦ ᠶᠢ ᠪᠡᠶᠡᠯᠡᠬᠦᠯᠦᠨ᠎ᠡ᠃         ᠭᠤᠷᠪᠠ ᠳᠤ  ᠂ ᠠᠵᠤ ᠦᠢᠯᠡᠳᠪᠤᠷᠢ ᠶᠢᠨ ᠤᠷᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠨ᠎ᠡ᠃ ᠤᠰᠤ ᠴᠠᠬᠢᠯᠭᠠᠨ᠂ ᠵᠠᠮ᠂  ᠴᠢᠮᠡᠭᠡ ᠬᠤᠯᠪᠤᠭ᠎ᠠ ᠵᠡᠷᠭᠡ  ᠢᠵᠢ ᠪᠦᠷᠢᠳᠦᠭᠰᠡᠨ ᠲᠦᠭᠦᠭᠡᠷᠦᠮᠵᠢ ᠎ ᠶᠢᠨ ᠪᠦᠳᠦᠭᠡᠨ ᠪᠠᠶᠢᠭᠤᠯᠤᠯᠳᠠ ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠬᠦᠭᠵᠢᠭᠰᠡᠨ ᠭᠠᠵᠠᠷ ᠤᠷᠤᠨ  ᠎ ᠤ ᠠᠵᠤ ᠦᠢᠯᠡᠰ ᠤᠨ ᠰᠢᠯᠵᠢᠯᠲᠡ ᠲᠠᠢ ᠵᠠᠯᠭᠠᠬᠤ ᠪᠠᠷ ᠭᠤᠤᠯᠳᠠᠯᠭ᠎ᠠ ᠪᠤᠯᠭᠠᠵᠤ᠂  ᠮᠠᠨ ᠤ ᠬᠤᠰᠢᠭᠤᠨ ᠤ ᠪᠠᠨ ᠳᠠᠪᠠᠭᠤᠯᠢᠭ ᠤᠨᠴᠠᠯᠢᠭᠳᠤ ᠠᠵᠤ ᠦᠢᠯᠡᠰ ᠲᠠᠢ ᠤᠶᠠᠯᠳᠤᠭᠤᠯᠵᠤ᠂ ᠵᠠᠬ᠎ᠠ ᠳᠡᠯᠭᠡᠭᠦᠷ ᠤᠨ  ᠡᠵᠡᠯᠡᠴᠡ ᠪᠠᠷ ᠶᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠠᠭᠳᠠᠴᠠ ᠪᠠᠷ ᠦᠨᠳᠦᠷ᠂ ᠬᠡᠪᠴᠢᠶᠡᠵᠢᠭᠰᠡᠨ ᠦᠷ᠎ᠡ ᠠᠰᠢᠭ ᠢᠶᠠᠷ ᠰᠠᠶᠢᠨ᠂ ᠡᠬᠢ ᠪᠠᠶᠠᠯᠢᠭ ᠤᠨ ᠬᠤᠷᠤᠭᠳᠠᠯ  ᠪᠠ ᠤᠷᠴᠢᠨ ᠲᠤᠭᠤᠷᠢᠨ ᠤ ᠪᠤᠵᠠᠷᠳᠠᠯ ᠪᠠᠭ᠎ᠠ᠂ ᠳᠠᠭᠠᠭᠤᠯᠤᠨ ᠳᠠᠶᠢᠴᠢᠯᠠᠬᠤ ᠦᠢᠯᠡᠳᠦᠯ ᠢᠶᠠᠷ ᠴᠢᠩᠭ᠎ᠠ  ᠠᠵᠤ ᠦᠢᠯᠡᠰ ᠤᠨ ᠲᠦᠷᠦᠯ ᠵᠦᠢᠯ ᠢ ᠤᠷᠤᠨ ᠲᠤᠭᠤᠷᠢᠭ ᠲᠤ  ᠨᠤᠳᠤᠭᠰᠢᠭᠤᠯᠤᠨ᠎ᠠ᠃        3. ᠤᠳᠤᠬᠢᠴᠢᠯᠠᠭᠰᠠᠨ ᠪᠤᠳᠠᠰ ᠤᠨ ᠭᠦᠢᠯᠭᠡᠭᠡᠨ ᠤ ᠠᠵᠤ ᠦᠢᠯᠡᠰ ᠢᠶᠠᠷ ᠭᠤᠤᠯᠳᠠᠯᠭ᠎ᠠ ᠪᠤᠯᠭᠠᠭᠰᠠᠨ ᠭᠤᠷᠪᠠᠳᠤᠭᠠᠷ ᠠᠵᠤ ᠦᠢᠯᠡᠰ ᠤᠨ ᠬᠦᠭᠵᠢᠯᠲᠡ‌‍ᠶᠢ ᠲᠦᠷᠭᠡᠳᠬᠡᠨ᠎ᠡ᠃        ᠭᠤᠷᠪᠠᠳᠤᠭᠠᠷ ᠠᠵᠤ ᠦᠢᠯᠡᠰ ᠪᠤᠯ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠵᠤ ᠠᠵᠤ ᠦᠢᠯᠡᠰ ᠤᠨ ᠪᠦᠳᠦᠴᠡ ᠶᠢ ᠰᠢᠯᠢᠳᠡᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠭᠤᠤᠯᠳᠠᠯᠭ᠎ᠠ ᠪᠤᠯᠬᠤ ᠪᠠ ᠮᠦᠨᠴᠦ ᠠᠵᠢᠯ ᠤᠯᠭᠤᠯᠳᠠ ᠶᠢ ᠦᠷᠭᠡᠳᠬᠡᠵᠦ᠂ ᠬᠡᠷᠡᠭᠯᠡᠭᠡ ᠶᠢ ᠲᠠᠶᠢᠴᠢᠯᠠᠬᠤ  ᠲᠤᠳᠤᠭᠠᠳᠤ ᠶᠢᠨ ᠱᠠᠭᠠᠷᠳᠠᠯᠭ᠎ᠠ ᠪᠤᠯᠬᠤ ᠶᠤᠮ ᠃   ᠬᠠᠷᠢᠴᠠᠩᠭᠤᠢ ᠳᠠᠪᠠᠭᠤᠯᠢᠭ  ᠎ ᠢᠶᠠᠨ ᠪᠠᠳᠠᠷᠠᠭᠤᠯᠵᠤ᠂  ᠪᠡᠯᠡ ᠤᠷᠤᠭᠤᠯᠤᠯᠳᠠ ᠶᠢᠨ  ᠡᠷᠴᠢᠮ ᠢ ᠴᠢᠩᠭᠠᠷᠠᠭᠤᠯᠤᠨ  ᠂ ᠤᠬᠢ ᠰᠠᠶᠢᠨ ᠤᠷᠴᠢᠨ ᠲᠤᠭᠤᠷᠢᠨ ᠢ ᠪᠤᠢ ᠪᠤᠯᠭᠠᠵᠤ᠂  ᠭᠤᠷᠪᠠᠳᠤᠭᠠᠷ ᠠᠵᠤ ᠦᠢᠯᠡᠰ ᠤᠨ ᠡᠷᠡᠭᠦᠯ ᠲᠦᠷᠭᠡᠨ  ᠬᠦᠭᠵᠢᠯᠲᠡ ᠶᠢ ᠠᠬᠢᠭᠤᠯᠵᠤ᠂ ᠬᠤᠳᠠ  ᠬᠦᠳᠡᠭᠡ ᠶᠢᠨ ᠰᠠᠭᠤᠭᠠᠯᠢ ᠠᠷᠠᠳ ᠲᠤ ᠭᠦᠢᠴᠡᠳ ᠠᠵᠢᠯ  ᠤᠯᠭᠤᠬᠤ ᠪᠠ ᠤᠷᠤᠯᠭ᠎ᠠ  ᠎ ᠶᠢᠨ ᠨᠡᠶᠢᠳᠡᠮ  ᠨᠡᠮᠡᠭᠳᠡᠯ ᠳᠤ ᠨᠦᠬᠦᠴᠡᠯ ᠪᠦᠷᠢᠯᠳᠤᠭᠦᠯᠬᠦ ᠬᠡᠷᠡᠭᠲᠠᠢ᠃      ᠨᠢᠭᠡ ᠳᠤ᠂ ᠠᠷᠠᠯᠵᠢᠶ᠎ᠠ ᠭᠦᠢᠯᠭᠡᠭᠡᠨ ᠤ ᠦᠢᠯᠡᠰ ᠢ ᠢᠳᠡᠪᠬᠢᠲᠠᠢ ᠬᠦᠭᠵᠢᠭᠦᠯᠦᠨ᠎ᠡ᠃  ᠤᠷᠤᠨ ᠨᠤᠲᠤᠭ ᠤᠨ ᠴᠢᠨᠠᠷᠲᠠᠢ ᠪᠤᠳᠠᠰ ᠤᠨ ᠭᠦᠢᠯᠭᠡᠭᠡᠨ ᠤ ᠲᠦᠪᠯᠡᠷᠡᠭᠦᠯᠵᠦ ᠲᠠᠷᠬᠠᠭᠠᠬᠤ ᠲᠦᠪ ᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠤᠯᠭᠠᠵᠤ᠂ ᠤᠷᠤᠨ ᠪᠠᠶᠢᠷᠢᠰᠢᠯ᠂ ᠵᠠᠮ ᠨᠡᠪᠳᠡᠷᠡᠯᠭᠡ  ᠎ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂  ᠲᠠᠪᠠᠭᠤᠯᠢᠭ ᠠᠵᠤ ᠦᠢᠯᠡᠰ ᠪᠤᠯᠤᠨ ᠲᠤᠰᠬᠠᠶᠢᠵᠢᠭᠰᠠᠨ ᠵᠠᠬ᠎ᠠ ᠳᠡᠯᠭᠡᠭᠦᠷ ᠤᠨ  ᠪᠥᠳᠥᠭᠡᠨ ᠪᠠᠶᠢᠭᠤᠯᠤᠯᠲᠠ ᠶᠢᠨ ᠲᠤᠭᠤᠷᠢᠨ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ  ᠂ ᠥᠢᠯᠡᠳᠪᠦᠷᠢᠯᠡᠯ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ᠂ ᠨᠡᠭᠦᠷᠡᠰᠦ᠂  ᠲᠠᠷᠢᠶᠠᠯᠠᠩ ᠤᠨ ᠮᠠᠰᠢᠨ ᠲᠤᠨᠤᠭᠯᠠᠯ ᠵᠡᠷᠭᠡ ᠶᠢᠨ ᠪᠤᠳᠠᠰ ᠤᠨ ᠭᠦᠢᠯᠭᠡᠭᠡᠨ ᠤ ᠦᠢᠯᠡᠰ ᠤᠨ ᠬᠦᠭᠵᠢᠯᠲᠡ ᠶᠢ  ᠲᠦᠷᠭᠡᠳᠬᠡᠵᠦ᠂  ᠮᠠᠨ ᠤ ᠬᠤᠰᠢᠭᠤ ᠪᠠᠨ ᠨᠡᠯᠢᠶᠡᠳ ᠶᠡᠭᠡ ᠬᠦᠷᠢᠶ᠎ᠡ ᠬᠡᠪᠴᠢᠶ᠎ᠡ ᠪᠠ ᠨᠡᠯᠢᠶᠡᠳ ᠴᠢᠩᠭ᠎ᠠ ᠨᠥᠯᠥᠭᠡᠯᠡᠬᠦ ᠬᠦᠴᠦᠨ ᠲᠠᠢ ᠭᠠᠵᠠᠷ ᠤᠷᠤᠨ ᠤ ᠪᠤᠳᠠᠰ ᠤᠨ ᠭᠦᠢᠯᠭᠡᠭᠡᠨ ᠤ ᠲᠦᠪ ᠪᠤᠯᠭᠠᠨ ᠪᠠᠶᠢᠭᠤᠯᠵᠤ᠂  ᠤᠳᠤᠬᠢᠴᠢᠯᠠᠭᠰᠠᠨ ᠪᠤᠳᠠᠰ ᠤᠨ ᠭᠦᠢᠯᠭᠡᠭᠡ ᠶᠢ ᠮᠠᠨ ᠤ ᠬᠤᠰᠢᠭᠤᠨ ᠤ  ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠪᠤᠯᠭᠠᠬᠤ ᠬᠡᠷᠡᠭᠲᠠᠢ᠃ ᠲᠤᠰᠬᠠᠢ ᠵᠠᠬ᠎ᠠ ᠲᠡᠯᠬᠡᠬᠦᠷ ᠤᠨ ᠪᠠᠶᠢᠭᠤᠯᠤᠯᠳᠠ ᠶᠢ  ᠴᠢᠩᠭᠠᠳᠬᠠᠨ᠎ᠠ᠃ ᠪᠸᠢ ᠬᠦᠸᠧ ᠲᠠᠷᠢᠶᠠᠯᠠᠩ ᠤᠨ ᠪᠦᠳᠦᠭᠡᠭᠳᠡᠬᠦᠨ ᠤ ᠬᠦᠢᠯᠭᠡᠭᠡᠨ ᠤ ᠲᠤᠭᠤᠷᠢᠭ  ᠎ ᠨᠢ ᠡᠯᠧᠺᠲᠷᠤᠨᠴᠢᠯᠠᠭᠰᠠᠨ ᠠᠷᠠᠯᠵᠢᠶᠠᠨ ᠤ ᠶᠠᠪᠤᠳᠠᠯ ᠤᠨ ᠳ᠋ᠦᠩᠨᠡᠨ ᠪᠤᠳᠤᠬᠤ ᠲᠢᠩᠬᠢᠮ  ᠎ ᠤᠨ ᠪᠠᠶᠢᠭᠤᠯᠤᠯᠳᠠ᠂ ᠭᠠᠵᠠᠷ ᠲᠡᠪᠢᠰᠬᠦ᠂ ᠵᠤᠴᠢᠳ ᠤᠨ ᠪᠠᠭᠤᠳᠠᠯ ᠪᠠᠶᠢᠭᠤᠯᠬᠤ ᠵᠡᠷᠭᠡ ᠠᠵᠢᠯ ᠢ ᠬᠢᠵᠦ᠂ 6 ᠰᠠᠷᠠᠶᠢᠨ ᠲᠤᠮᠳᠠᠴᠢ ᠪᠠᠷ ᠠᠰᠢᠭᠯᠠᠯᠳᠠ ᠳᠤ ᠤᠷᠤᠨ᠎ᠠ︔ ᠪᠸᠢ ᠬᠦᠸᠧ ᠪᠠᠷᠢᠯᠭ᠎ᠠ ᠶᠢᠨ ᠮᠠᠲ᠋ᠧᠷᠢᠶᠠᠯ ᠤᠨ ᠴᠢᠮᠡᠭᠯᠡᠯ ᠤᠨ ᠭᠠᠵᠠᠷ  ᠎ ᠨᠢ 2.2 ᠲᠦᠮᠡᠨ ᠬᠠᠪᠳᠠᠭᠠᠢ ᠲᠦᠷᠪᠡᠯᠵᠢᠨ ᠮᠧᠲᠷ ᠤᠨ ᠲᠡᠯᠬᠡᠨ ᠦᠵᠡᠬᠦᠯᠵᠦ ᠰᠤᠯᠢᠯᠴᠠᠭ᠎ᠠ ᠬᠢᠬᠦ  ᠲᠢᠩᠬᠢᠮ ᠢ ᠪᠠᠶᠢᠭᠤᠯᠵᠤ᠂ 8 ᠰᠠᠷ᠎ᠠ ᠳᠤ ᠠᠰᠢᠭᠯᠠᠯᠳᠠ ᠳᠤ ᠤᠷᠤᠨ᠎ᠠ︔ ᠤᠰᠤᠨ ᠠᠰᠢᠭᠯᠠᠯᠳᠠ ᠶᠢᠨ ᠲᠤᠪᠴᠢᠶᠠᠨ ᠤ ᠬᠦᠷᠢᠶᠡᠨ ᠳᠠᠬᠢ ᠲᠠᠷᠢᠶᠠᠯᠠᠩ ᠤᠨ ᠪᠦᠳᠦᠭᠡᠭᠳᠡᠬᠦᠨ ᠤ ᠰᠤᠯᠢᠯᠴᠠᠭᠠᠨ ᠤ ᠵᠠᠬ᠎ᠠ ᠶᠢ ᠪᠠᠶᠢᠭᠤᠯᠵᠤ᠂  ᠠᠰᠢᠭᠯᠠᠯᠳᠠ ᠳᠤ ᠤᠷᠤᠭᠤᠯᠤᠨ᠎ᠠ︔ ᠮᠠᠰᠢᠨ ᠲᠡᠷᠭᠡ  ᠵᠠᠰᠠᠬᠤ ᠪᠠ ᠠᠷᠠᠯᠵᠢᠶᠠᠯᠠᠬᠤ ᠲᠤᠭᠤᠷᠢᠭ ᠢ ᠡᠨᠡ ᠵᠢᠯ ᠪᠠᠷᠢᠯᠭ᠎ᠠ ᠡᠬᠢᠯᠡᠬᠦᠯᠦᠨ᠎ᠡ  ᠃ ᠲᠤᠬᠢᠷᠠᠭᠤᠯᠤᠨ ᠬᠦᠷᠭᠡᠬᠦ ᠰᠢᠰᠲ᠋ᠧᠮ ᠢ ᠲᠡᠬᠦᠯᠳᠡᠷᠵᠢᠬᠦᠯᠦᠨ᠎ᠡ᠃ ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠭᠡᠬᠦᠷ ᠤᠨ ᠢᠨᠵᠧᠨᠧᠷᠢᠩ︾ ᠬᠢᠭᠡᠳ ︽ᠭᠡᠷ ᠤᠨ ᠴᠠᠬᠢᠯᠭᠠᠨ ᠭᠡᠷᠡᠭᠰᠡᠯ ᠢ ᠬᠦᠳᠡᠭᠡ ᠪᠠᠭᠤᠯᠭᠠᠬᠤ︾ ᠠᠵᠢᠯ ᠢ ᠦᠷᠬᠦᠯᠵᠢᠯᠡᠨ  ᠰᠠᠶᠢᠳᠤᠷ ᠬᠡᠷᠡᠭᠵᠢᠬᠦᠯᠵᠦ᠂ ᠲᠤᠬᠢᠷᠠᠭᠤᠯᠤᠨ ᠬᠦᠷᠭᠡᠬᠦ ᠲᠦᠪ  ᠎ ᠤᠳ ᠤᠨ ᠠᠵᠢᠯ ᠢ  ᠲᠡᠳᠬᠦᠨ᠂ ᠲᠤᠬᠢᠷᠠᠭᠤᠯᠤᠨ ᠬᠦᠷᠭᠡᠬᠦ ᠨᠤᠷᠮ᠎ᠠ ᠶᠢ  ᠲᠡᠭᠡᠭᠰᠢᠯᠡᠬᠦᠯᠵᠦ᠂ ᠤᠳᠤ ᠪᠠᠶᠢᠭ᠎ᠠ146 ᠲᠠᠷᠢᠶᠠᠴᠢᠨ ᠠᠶᠢᠯ ᠤᠨ ᠲᠡᠯᠭᠡᠬᠦᠷ ᠤᠨ ᠰᠠᠭᠤᠷᠢᠨ ᠲᠡᠭᠡᠷ᠎ᠡ ᠡᠨᠡ ᠵᠢᠯ ᠪᠠᠰᠠ 15᠎ ᠶᠢ  ᠨᠡᠮᠡᠨ ᠪᠠᠶᠢᠭᠤᠯᠵᠤ᠂   ᠬᠠᠮᠤᠷᠬᠤ ᠨᠤᠷᠮ᠎ᠠ ᠶᠢ 92%᠎ ᠳᠤ  ᠬᠦᠷᠭᠡᠨ᠂ ᠮᠠᠯᠵᠢᠬᠤ ᠲᠠᠷᠢᠶᠠᠯᠠᠬᠤ ᠤᠷᠤᠨ ᠤ ᠭᠡᠷᠡᠭᠯᠡᠭᠡᠨ ᠤ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃  ᠮᠠᠯᠵᠢᠬᠤ ᠲᠠᠷᠢᠶᠠᠯᠠᠬᠤ ᠤᠷᠤᠨ ᠤ ᠡᠳ᠋ ᠪᠤᠳᠠᠰ ᠵᠦᠬᠡᠬᠡᠪᠦᠷᠢᠯᠡᠬᠦ᠂  ᠲᠤᠬᠢᠷᠠᠭᠤᠯᠤᠨ ᠬᠦᠷᠭᠡᠬᠦ᠂ ᠰᠤᠯᠢᠯᠴᠠᠭ᠎ᠠ ᠬᠢᠬᠦ ᠵᠠᠬ᠎ᠠ ᠲᠡᠯᠬᠡᠬᠦᠷ ᠪᠠ ᠮᠡᠳᠡᠭᠡ ᠵᠠᠩᠬᠢ ᠨᠡᠶᠢᠳᠡᠯᠡᠬᠦ ᠵᠡᠷᠭᠡ ᠲᠦᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠪᠤᠳᠠᠰ ᠎ ᠤᠨ ᠬᠦᠢᠯᠭᠡᠭᠡᠨ ᠤ ᠠᠵᠤ ᠠᠬᠤᠶᠢᠯᠠᠯ ᠢ ᠵᠢᠯᠤᠭᠤᠳᠤᠨ ᠮᠠᠯᠵᠢᠬᠤ ᠲᠠᠷᠢᠶᠠᠯᠠᠬᠤ ᠤᠷᠤᠨ ᠪᠠ ᠤᠶᠢᠷ᠎ᠠ ᠬᠠᠪᠢ ᠶᠢᠨ ᠬᠤᠰᠢᠭᠤ ᠰᠢᠶᠠᠨ ᠵᠦᠭ ᠰᠤᠨᠤᠭᠠᠵᠤ ᠦᠷᠭᠡᠳᠭᠡᠨ᠂ ᠬᠦᠢᠯᠭᠡᠭᠡᠨ ᠤ ᠵᠠᠬ᠎ᠠ ᠲᠡᠯᠬᠡᠬᠦᠷ ᠤᠨ ᠬᠦᠭᠵᠢᠯᠳᠡ ᠶᠢ ᠠᠬᠢᠭᠤᠯᠤᠨ᠎ᠠ᠃  ᠬᠦᠮᠦᠷᠭᠡᠯᠡᠵᠦ ᠬᠠᠳᠠᠭᠠᠯᠠᠬᠤ ᠦᠢᠯᠡᠰ ᠤᠨ ᠬᠦᠭᠵᠢᠯᠳᠡ ᠶᠢ ᠴᠢᠬᠤᠯᠠᠴᠢᠯᠠᠨ᠂ ᠠᠮᠤ ᠦᠷ᠎ᠡ ᠶᠢᠨ ᠬᠦᠮᠦᠷᠭᠡ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠲᠠᠭᠤᠰᠬᠠᠵᠤ᠂ ᠠᠰᠢᠭᠯᠠᠯᠳᠠ ᠳᠤ ᠤᠷᠤᠭᠤᠯᠤᠨ᠎ᠠ᠃ ᠢᠳᠡᠰᠢᠨ ᠲᠤᠰᠤᠨ ᠤ ᠬᠦᠮᠦᠷᠭᠡ ᠵᠡᠷᠭᠡ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠪᠡᠶᠡᠯᠡᠬᠦᠯᠦᠨ᠎ᠡ᠃       ᠬᠤᠶᠠᠷ ᠲᠤ᠂ ᠲᠠᠯ᠎ᠠ ᠨᠤᠳᠤᠭ ᠤᠨ ᠤᠨᠴᠠᠯᠢᠭᠳᠤ ᠵᠤᠭᠠᠴᠠᠯ ᠤᠨ ᠦᠢᠯᠡᠰ ᠢ ᠬᠦᠴᠦ ᠲᠠᠯᠪᠢᠵᠤ ᠬᠦᠭᠵᠢᠬᠦᠯᠦᠨ᠎ᠡ᠃ ᠠᠮᠢ ᠠᠬᠤᠢ ᠪᠠᠷ ᠰᠠᠭᠤᠷᠢ ᠪᠤᠯᠭᠠᠨ᠂ ᠰᠤᠶᠤᠯ ᠢᠶᠠᠷ ᠴᠢᠮᠦᠭᠡ ᠪᠤᠯᠭᠠᠵᠤ᠂ ᠠᠵᠤ ᠦᠢᠯᠡᠰ ᠢᠶᠠᠷ  ᠵᠢᠯᠤᠭᠤ ᠪᠤᠯᠭᠠᠬᠤ ᠶᠢ ᠪᠠᠷᠢᠮᠳᠠᠯᠠᠵᠤ᠂ ᠵᠤᠭᠠᠴᠠᠯ ᠤᠨ ᠡᠬᠢ ᠪᠠᠶᠠᠯᠢᠭ ᠢ ᠬᠠᠮᠳᠤᠳᠬᠠᠨ᠂ ᠵᠤᠭᠠᠴᠠᠯ ᠤᠨ ᠴᠢᠬᠤᠯᠠ ᠵᠦᠢᠯ ᠢ ᠲᠠᠰᠤᠷᠠᠯᠳᠠ ᠦᠬᠡᠢ ᠴᠡᠨᠡᠭᠯᠡᠵᠦ᠂  ᠢᠵᠢ ᠪᠦᠷᠢᠳᠦᠭᠰᠡᠨ ᠲᠦᠬᠦᠭᠡᠷᠦᠮᠵᠢ ᠶᠢ ᠪᠦᠷᠢᠨᠰᠢᠬᠦᠯᠦᠨ᠂  ᠤᠨᠴᠠᠯᠢᠭᠳᠤ ᠪᠦᠳᠦᠭᠡᠭᠳᠡᠬᠦᠨ ᠢ  ᠡᠬᠦᠳᠴᠦ᠂ ᠵᠤᠭᠠᠴᠠᠯ ᠤᠨ ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠭᠡᠷᠡᠭᠳᠡᠢ᠃ ᠬᠠᠭᠠᠨ ᠤ ᠠᠳᠤᠭᠤᠨ ᠰᠤᠶᠤᠯ ᠢᠶᠠᠷ ᠭᠤᠤᠯ ᠰᠡᠳᠦᠪ ᠪᠤᠯᠭᠠᠭᠰᠠᠨ ᠵᠤᠭᠠᠴᠠᠯ ᠎ ᠤᠨ ᠰᠢᠷᠢᠰ  ᠬᠦᠳᠡᠯᠭᠡᠭᠡᠨ ᠢ  ᠦᠷᠨᠢᠬᠦᠯᠵᠦ᠂ ᠬᠤᠶᠢᠳᠤ ᠸᠠᠶᠤᠤ ᠭᠠᠴᠠᠭᠠᠨ ᠤ  ᠦᠨᠳᠦᠰᠦᠳᠡᠨ ᠤ ᠤᠨᠴᠠᠯᠢᠭᠳᠤ ᠵᠤᠭᠠᠴᠠᠯ ᠤᠨ ᠠᠶᠢᠯ ᠲᠤᠰᠬᠤᠨ ᠢ ᠪᠠᠶᠢᠭᠤᠯᠤᠨ᠂ ᠮᠠᠯᠴᠢᠨ ᠲᠠᠷᠢᠶᠠᠴᠢᠨ ᠤ ᠵᠤᠭᠠᠴᠠᠯ ᠢ ᠬᠦᠴᠦ ᠲᠠᠯᠪᠢᠵᠤ ᠬᠦᠭᠵᠢᠬᠦᠯᠬᠦ ᠭᠡᠷᠡᠭᠳᠡᠢ᠃ ᠤᠶᠢᠷ᠎ᠠ ᠬᠠᠪᠢ ᠶᠢᠨ ᠬᠤᠰᠢᠭᠤ ᠰᠢᠶᠠᠨ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠵᠤᠭᠠᠴᠠᠯ ᠤᠨ ᠡᠬᠢ ᠪᠠᠶᠠᠯᠢᠭ ᠢ ᠬᠠᠮᠳᠤᠳᠬᠠᠨ᠂ ᠵᠤᠭᠠᠴᠠᠯ ᠤᠨ ᠠᠭᠤᠯᠭ᠎ᠠ ᠭᠡᠯᠪᠡᠷᠢ ᠶᠢ ᠪᠠᠶᠠᠯᠢᠭᠵᠢᠭᠤᠯᠵᠤ᠂ ᠰᠤᠳᠤᠨ  ᠲᠡᠮᠳᠡᠭᠳᠦ ᠵᠤᠭᠠᠴᠠᠯ ᠤᠨ ᠱᠤᠭᠤᠮ ᠢ ᠡᠬᠦᠳᠦᠨ ᠪᠠᠶᠢᠭᠤᠯᠤᠨ᠎ᠠ᠃ ᠮᠠᠨ ᠤ ᠬᠤᠰᠢᠭᠤᠨ ᠤ ᠤᠷᠤᠨ ᠪᠠᠶᠢᠴᠠ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠰᠢᠯᠢ ᠶᠢᠨ ᠭᠤᠤᠯ ᠠᠶᠢᠮᠠᠭ ᠤᠨ  ᠡᠮᠦᠨᠡᠳᠦ ᠭᠡᠰᠡᠭ ‍ᠤᠨ‌‍ᠲ᠋ᠠᠪᠤᠨ ᠬᠤᠰᠢᠭᠤ ᠪᠤᠯᠤᠨ ᠪᠡᠭᠡᠵᠢᠩ ᠾᠧᠪᠸᠢ ᠤᠷᠤᠨ ᠯᠤᠭ᠎ᠠ ᠶᠢᠨ ᠪᠠᠶᠢᠭᠤᠯᠤᠭᠰᠠᠨ ᠵᠤᠭᠠᠴᠠᠯ ᠤᠨ ᠬᠤᠯᠪᠤᠭᠠᠨ ᠎ ᠤ ᠲᠠᠪᠴᠠᠩ ᠢ ᠠᠰᠢᠭᠯᠠᠵᠤ᠂ ᠤᠬᠠᠭᠤᠯᠭ᠎ᠠ ᠪᠠᠷ ᠪᠤᠷᠤᠯᠠᠭᠤᠯᠭ᠎ᠠ ᠶᠢ ᠠᠬᠢᠭᠤᠯᠬᠤ ᠡᠷᠴᠢᠮ ᠢᠶᠠᠨ ᠶᠡᠬᠡᠪᠡᠷ ᠴᠢᠩᠭᠠᠷᠠᠭᠤᠯᠤᠨ᠂ ᠲᠠᠶᠢᠹᠤᠰᠧ ᠬᠤᠰᠢᠭᠤ ᠪᠠᠨ ᠵᠤᠭᠠᠴᠠᠯ ᠤᠨ  ᠰᠤᠯᠢᠯᠴᠠᠭᠠᠨ ᠤ ᠲᠦᠪ ᠪᠤᠯᠭᠠᠬᠤ ᠪᠠᠷ ᠴᠢᠷᠮᠠᠶᠢᠨ᠎ᠠ᠃         ᠭᠤᠷᠪᠠ ᠳᠤ᠂ ᠦᠢᠯᠡᠳᠪᠦᠷᠢᠯᠡᠯ ᠤᠨ ᠬᠡᠯᠪᠡᠷᠢᠳᠦ ᠦᠢᠯᠡᠴᠢᠯᠡᠭᠡᠨ ᠤ ᠦᠢᠯᠡᠰ ᠢ ᠲᠦᠷᠭᠡᠨ  ᠪᠤᠶᠢᠵᠢᠭᠤᠯᠤᠨ᠎ᠠ᠃  ᠵᠠᠬ᠎ᠠ  ᠲᠡᠯᠬᠡᠬᠦᠷᠵᠢᠬᠦ ᠶᠢ ᠲᠠᠭᠠᠯᠳᠤᠭᠠᠳ ᠦᠢᠯᠡᠳᠪᠦᠷᠢᠯᠡᠯ ᠤᠨ ᠬᠡᠯᠪᠡᠷᠢᠳᠦ ᠦᠢᠯᠡᠴᠢᠯᠡᠭᠡᠨ ᠤ ᠦᠢᠯᠡᠰ  ᠎ ᠨᠢ ᠨᠢᠬᠡᠨᠳᠡ ᠦᠢᠯᠡᠴᠢᠯᠡᠬᠡᠨ ᠤ ᠰᠢᠨ᠎ᠡ ᠱᠠᠭᠠᠷᠳᠠᠯᠭ᠎ᠠ ᠪᠤᠯᠵᠤ ᠪᠤᠢ᠃ ᠨᠢᠭᠡ ᠳᠤ᠂ ᠮᠡᠳᠡᠭᠡ ᠵᠠᠩᠬᠢ ᠶᠢᠨ ᠦᠢᠯᠡᠴᠢᠯᠡᠭᠡᠨ  ᠎ ᠤ ᠦᠢᠯᠡᠰ ᠢ ᠤᠷᠢᠳᠠᠵᠤ ᠬᠦᠭᠵᠢᠬᠦᠯᠦᠨ᠂ ᠨᠢᠬᠳᠠᠯᠠᠨ ᠪᠤᠳᠤᠬᠤ᠂ ᠬᠢᠨᠠᠨ ᠪᠤᠳᠤᠬᠤ᠂ ᠦᠨᠡᠯᠡᠨ ᠵᠢᠱᠢᠬᠦ᠂ ᠬᠠᠤᠯᠢ ᠴᠠᠭᠠᠵᠠ ᠶᠢᠨ ᠦᠢᠯᠡᠴᠢᠯᠡᠭᠡ  ᠂ ᠮᠦᠩᠬᠦᠨ ᠬᠦᠢᠯᠭᠡᠭᠡ ᠲᠠᠭᠠᠳᠬᠠᠯ ᠵᠡᠷᠭᠡ ᠦᠢᠯᠡᠴᠢᠯᠡᠭᠡᠨ ᠤ ᠦᠢᠯᠡᠰ ᠢ ᠬᠦᠴᠦᠯᠡᠨ ᠬᠦᠭᠵᠢᠬᠦᠯᠬᠦ ᠭᠡᠷᠡᠭᠳᠡᠢ᠃ ᠬᠤᠶᠠᠷ ᠲᠤ᠂ ᠤᠳᠤ ᠦᠶ᠎ᠡ ᠶᠢᠨ ᠵᠠᠮ  ᠬᠠᠷᠢᠯᠴᠠᠭ᠎ᠠ ᠵᠦᠬᠡᠬᠡᠪᠦᠷᠢ ᠶᠢᠨ ᠰᠢᠰᠲ᠋ᠧᠮ ᠢ  ᠪᠠᠶᠢᠭᠤᠯᠵᠤ᠂ ᠨᠡᠶᠢᠳᠡ ᠶᠢᠨ ᠵᠦᠬᠡᠬᠡᠪᠦᠷᠢ ᠶᠢᠨ  ᠪᠠᠶᠢᠭᠤᠯᠤᠯᠳᠠ ᠶᠢ ᠲᠦᠷᠭᠡᠳᠭᠡᠬᠦ ᠭᠡᠷᠡᠭᠳᠡᠢ᠃ ᠭᠤᠷᠪᠠ ᠳᠤ᠂ ᠬᠠᠩᠭᠠᠨ ᠪᠤᠷᠤᠯᠠᠭᠤᠯᠬᠤ ᠬᠤᠷᠰᠢᠶ᠎ᠠ᠂ ᠨᠡᠶᠢᠬᠡᠮᠯᠢᠭ ᠵᠡᠷᠭᠡ ᠮᠠᠯ ᠲᠠᠷᠢᠶᠠᠯᠠᠩ ᠤᠨ ᠵᠠᠭᠤᠴᠢ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠵᠤ᠂ ᠮᠠᠯ ᠲᠠᠷᠢᠶᠠᠯᠠᠩ ᠦᠢᠯᠡᠳᠪᠦᠷᠢᠯᠡᠯ ᠤᠨ ᠡᠮᠦᠨ᠎ᠡ᠂ ᠲᠤᠮᠳᠠ᠂ ᠬᠤᠶᠢᠨᠠᠬᠢ ᠦᠢᠯᠡᠴᠢᠯᠡᠭᠡ ᠶᠢᠨ ᠲᠤᠭᠤᠷᠢᠨ ᠳᠤ ᠦᠢᠯᠡᠳᠪᠦᠷᠢᠯᠡᠯ ᠪᠤᠷᠤᠯᠠᠭᠤᠯᠭ᠎ᠠ ᠶᠢᠨ ᠦᠢᠯᠡᠴᠢᠯᠡᠭᠡ᠂ ᠰᠢᠨᠵᠢᠯᠡᠬᠦ ᠮᠡᠷᠭᠡᠵᠢᠯ ᠤᠨ ᠦᠢᠯᠡᠴᠢᠯᠡᠭᠡ᠂ ᠮᠡᠳᠡᠭᠡ ᠵᠠᠩᠬᠢ ᠶᠢᠨ ᠦᠢᠯᠡᠴᠢᠯᠡᠭᠡ ᠪᠠ ᠮᠦᠩᠬᠦᠨ ᠬᠦᠢᠯᠬᠡᠬᠡᠨ ᠤ ᠦᠢᠯᠡᠴᠢᠯᠡᠭᠡ ᠪᠠᠷ ᠭᠤᠤᠯ ᠴᠤᠭᠴᠠ ᠪᠤᠯᠭᠠᠭᠰᠠᠨ ᠮᠠᠯᠵᠢᠬᠤ ᠲᠠᠷᠢᠶᠠᠯᠠᠬᠤ ᠤᠷᠤᠨ ᠤ ᠨᠡᠶᠢᠬᠡᠮᠴᠢᠯᠡᠭᠰᠡᠨ ᠦᠢᠯᠡᠴᠢᠯᠡᠬᠡᠨ ᠤ ᠰᠢᠰᠲ᠋ᠧᠮ ᠢ ᠲᠦᠷᠭᠡᠨ ᠪᠠᠶᠢᠭᠤᠯᠬᠤ ᠪᠠ ᠲᠡᠬᠦᠯᠳᠡᠷᠵᠢᠬᠦᠯᠦᠨ᠂ ᠦᠢᠯᠡᠳᠪᠦᠷᠢᠯᠡᠯ ᠤᠨ ᠭᠡᠷᠡᠭᠰᠡᠯ᠂  ᠮᠠᠰᠢᠨ ᠲᠦᠬᠦᠭᠡᠷᠦᠮᠵᠢ᠂ ᠭᠠᠷᠤᠯᠳᠠ ᠪᠦᠳᠦᠭᠡᠭᠳᠡᠬᠦᠨ ᠪᠠ ᠮᠡᠳᠡᠯᠭᠡ ᠮᠡᠷᠭᠡᠵᠢᠯ  ᠂ ᠮᠡᠳᠡᠭᠡ ᠵᠠᠩᠬᠢ ᠶᠢᠨ  ᠲᠠᠯᠠᠪᠠᠷ ᠎ ᠬᠢ ᠦᠢᠯᠡᠴᠢᠯᠡᠭᠡ ᠶᠢ ᠬᠦᠴᠦ ᠲᠠᠯᠪᠢᠵᠤ ᠬᠦᠭᠵᠢᠬᠦᠯᠬᠦ ᠭᠡᠷᠡᠭᠳᠡᠢ᠃         ᠲᠦᠷᠪᠡ ᠳᠤ᠂ ᠤᠯᠠᠮᠵᠢᠯᠠᠯᠳᠤ ᠦᠢᠯᠡᠴᠢᠯᠡᠭᠡᠨ ᠤ ᠦᠢᠯᠡᠰ ᠢ ᠬᠦᠴᠦ ᠲᠠᠯᠪᠢᠵᠤ ᠬᠦᠭᠵᠢᠬᠦᠯᠦᠨ᠎ᠡ  ᠃ ᠭᠡᠷ ᠪᠠᠶᠢᠰᠢᠩ ᠭᠠᠵᠠᠷ ᠰᠢᠷᠤᠢ ᠶᠢᠨ ᠦᠢᠯᠡᠰ ᠤᠨ ᠡᠷᠡᠬᠦᠯ ᠢᠶᠠᠷ ᠬᠦᠭᠵᠢᠬᠦ ᠶᠢ ᠲᠦᠯᠬᠢᠨ ᠠᠬᠢᠭᠤᠯᠵᠤ᠂ ᠭᠠᠶᠢᠯᠢ  ᠂ ᠵᠢᠭᠡᠯᠡᠯᠭᠡ᠂ ᠲᠦᠯᠦᠪᠵᠢᠬᠦᠯᠭᠡ ᠵᠢᠴᠢ ᠭᠠᠵᠠᠷ ᠰᠢᠷᠤᠢ ᠶᠢᠨ ᠵᠠᠮᠴᠢᠯᠠᠭ᠎ᠠ ᠪᠠ ᠲᠤᠬᠢᠷᠠᠭᠤᠯᠭ᠎ᠠ ᠶᠢᠨ ᠦᠢᠯᠡᠳᠦᠯ ᠢ ᠴᠢᠩᠭᠠᠳᠬᠠᠨ᠂  ᠠᠷᠠᠯᠵᠢᠶᠠᠨ ᠳᠤ ᠭᠡᠷᠡᠭᠯᠡᠬᠦ ᠡᠩ ‍ᠤᠨ‌‍ᠭᠡᠷ  ᠂ ᠬᠢᠮᠳᠠ ᠭᠡᠷᠡᠭᠯᠡᠭᠡᠨ ᠤ ᠭᠡᠷ ᠪᠠ ᠬᠢᠮᠳᠠ ᠲᠦᠷᠢᠶᠡᠰᠦᠨ ᠎ ᠤ ᠤᠷᠤᠨ ᠰᠠᠭᠤᠴᠠ ᠶᠢᠨ ᠬᠠᠩᠭᠠᠯᠭ᠎ᠠ ᠶᠢ ᠪᠠᠳᠤᠯᠠᠵᠤ᠂ ᠲᠤᠮᠳᠠ ᠲᠤᠤᠷ᠎ᠠ ᠤᠷᠤᠯᠭ᠎ᠠ ᠲᠠᠢ ᠭᠡᠷ ᠪᠦᠯᠢ ᠶᠢᠨ ᠤᠷᠤᠨ ᠰᠠᠭᠤᠴᠠ ᠶᠢᠨ ᠬᠦᠴᠢᠷᠳᠡᠯ ᠢ ᠦᠨᠡᠨᠬᠦ ᠰᠢᠢᠳᠪᠦᠷᠢᠯᠡᠬᠦ ᠭᠡᠷᠡᠭᠳᠡᠢ᠃ ᠡᠨᠡ ᠵᠢᠯ 4.15 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 179 ᠲᠠᠰᠤᠯᠭ᠎ᠠ 76.2 ᠲᠦᠮᠡᠨ ᠬᠠᠪᠳᠠᠭᠠᠢ ᠲᠦᠷᠪᠡᠯᠵᠢᠨ ᠮᠧᠲᠷ ᠤᠷᠤᠨ ᠰᠠᠭᠤᠴᠠ ᠶᠢᠨ ᠠᠰᠠᠷ  ᠎ ᠢ ᠵᠠᠯᠭᠠᠵᠤ ᠪᠠᠶᠢᠭᠤᠯᠬᠤ ᠪᠠ ᠡᠬᠢᠯᠡᠵᠦ ᠪᠠᠶᠢᠭᠤᠯᠤᠨ᠎ᠠ᠃ ᠠᠷᠠᠯᠵᠢᠶ᠎ᠠ ᠬᠤᠳᠠᠯᠳᠤᠭ᠎ᠠ ᠬᠤᠭᠤᠯᠠ ᠤᠮᠳᠠ ᠶᠢᠨ ᠦᠢᠯᠡᠰ ᠢ ᠲᠦᠷᠭᠡᠨ ᠬᠦᠭᠵᠢᠬᠦᠯᠵᠦ᠂ ᠵᠠᠬ᠎ᠠ ᠲᠡᠯᠬᠡᠬᠦᠷ ᠤᠨ  ᠱᠠᠭᠠᠷᠳᠠᠯᠭ᠎ᠠ ᠶᠢ ᠦᠨᠳᠦᠰᠦᠯᠡᠵᠦ ᠪᠠᠶᠢᠭᠠᠳ ᠤᠳᠤᠨ ᠲᠡᠰ ᠤᠨ  ᠵᠤᠴᠢᠳ ᠤᠨ ᠪᠠᠭᠤᠳᠠᠯ᠂ ᠬᠤᠭᠤᠯᠠᠨ ᠭᠡᠷ ᠤᠨ ᠪᠠᠶᠢᠭᠤᠯᠤᠯᠳᠠ ᠶᠢ ᠠᠬᠢᠭᠤᠯᠵᠤ᠂ ᠦᠢᠯᠡᠴᠢᠯᠡᠭᠡᠨ ᠤ ᠲᠡᠰ  ᠲᠦᠪᠰᠢᠨ ᠢ ᠦᠨᠳᠦᠷᠵᠢᠬᠦᠯᠦᠨ᠎ᠡ᠃ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠎ ᠶᠢ ᠲᠦᠷᠭᠡᠳᠭᠡᠨ᠎ᠡ᠃ ᠡᠯ᠎ᠡ ᠵᠦᠢᠯ ᠤᠨ ᠠᠵᠤ ᠠᠬᠤᠢ ᠶᠢᠨ ᠴᠤᠭᠴᠠ ᠶᠢ ᠵᠤᠷᠢᠬᠵᠢᠭᠤᠯᠤᠨ᠂ ᠠᠷᠠᠳ ᠲᠤ ᠲᠦᠬᠦᠮ ᠦᠵᠡᠬᠦᠯᠬᠦ ᠠᠷᠠᠯᠵᠢᠶ᠎ᠠ᠂ ᠠᠳᠠᠯ ᠠᠬᠤᠢ ᠶᠢᠨ ᠬᠠᠮᠢᠶᠠᠷᠤᠯᠳᠠ᠂ ᠭᠡᠷ ᠤᠨ ᠠᠵᠢᠯ ᠤᠨ ᠦᠢᠯᠡᠴᠢᠯᠡᠭᠡ᠂ ᠡᠮ ᠡᠮᠨᠡᠯᠭᠡ ᠡᠷᠡᠬᠦᠯ ᠬᠠᠮᠠᠭᠠᠯᠠᠯ᠂  ᠨᠡᠶᠢᠡᠮᠴᠢᠯᠡᠭᠰᠡᠨ ᠨᠠᠰᠤᠵᠢᠯ ᠤᠨ ᠠᠰᠠᠷᠠᠮᠵᠢ᠂ ᠪᠡᠶ᠎ᠡ ᠴᠢᠬᠢᠷᠠᠭᠵᠢᠭᠤᠯᠵᠤ ᠨᠠᠭᠠᠳᠴᠤ  ᠲᠤᠭᠯᠠᠬᠤ᠂ ᠠᠮᠤᠷ ᠢ ᠬᠠᠮᠠᠭᠠᠯᠠᠬᠤ ᠵᠡᠷᠭᠡ ᠨᠡᠶᠢᠬᠡᠮ ᠤᠨ ᠦᠢᠯᠡᠴᠢᠯᠡᠭᠡᠨ ᠤ ᠦᠢᠯᠡᠰ ᠢ  ᠡᠬᠦᠳᠦᠨ ᠪᠠᠶᠢᠭᠤᠯᠬᠤ ᠭᠡᠷᠡᠭᠳᠡᠢ᠃ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠦᠢᠯᠡᠰ ᠤᠨ ᠵᠢᠱᠢᠶ᠎ᠡ ᠦᠵᠡᠬᠦᠯᠬᠦ ᠲᠤᠭᠤᠷᠢᠭ ᠤᠨ ᠪᠠᠶᠢᠭᠤᠯᠤᠯᠳᠠ ᠶᠢ ᠲᠦᠷᠭᠡᠳᠭᠡᠵᠦ᠂ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠦᠢᠯᠡᠰ ᠤᠨ ᠲᠦᠷᠭᠡᠨ ᠬᠦᠭᠵᠢᠯᠳᠡ ᠶᠢ ᠲᠠᠶᠢᠴᠢᠯᠠᠨ᠎ᠠ᠃         ︵ ᠭᠤᠷᠪᠠ︶   ᠬᠦᠭᠵᠢᠯᠳᠡ ᠶᠢᠨ ᠲᠠᠪᠤᠨ ᠰᠠᠭᠤᠷᠢ ᠶᠢ ᠪᠠᠬᠢᠵᠢᠬᠦᠯᠬᠦ ᠭᠡᠷᠡᠭᠳᠡᠢ᠃         1.  ᠠᠮᠢ ᠠᠬᠤᠢ ᠶᠢᠨ ᠪᠠᠶᠢᠭᠤᠯᠤᠯᠳᠠ ᠶᠢᠨ ᠲᠠᠯᠠᠪᠠᠷ᠃  ᠠᠮᠢ ᠠᠬᠤᠢ ᠶᠢᠨ ᠪᠠᠶᠢᠭᠤᠯᠤᠯᠳᠠ ᠶᠢ ᠦᠷᠬᠦᠯᠵᠢᠯᠡᠨ ᠪᠦᠬᠦ  ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠲᠡᠷᠢᠬᠦᠨ ᠪᠠᠶᠢᠷᠢᠨ ᠳᠤ ᠲᠠᠯᠪᠢᠵᠤ᠂ ᠨᠡᠶᠢᠳᠡ 6507 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠬᠦᠮᠦᠨ ᠤ ᠬᠦᠴᠦ ᠪᠠᠷ ᠮᠤᠳᠤ ᠲᠠᠷᠢᠬᠤ ᠲᠠᠯᠠᠪᠠᠢ 3 ᠲᠦᠮᠡᠨ ᠮᠤ᠋᠂ ᠠᠭᠤᠯᠠ  ᠎ ᠶᠢ ᠪᠢᠳᠡᠬᠦᠮᠵᠢᠯᠡᠵᠦ ᠤᠶᠢᠵᠢᠭᠤᠯᠬᠤ ᠲᠠᠯᠠᠪᠠᠢ 2 ᠲᠦᠮᠡᠨ ᠮᠤ᠋᠂ ᠪᠠᠭ᠎ᠠ ᠰᠠᠪᠠ ᠭᠠᠵᠠᠷ ᠤᠨ ᠵᠠᠰᠠᠯᠳᠠ 1.8 ᠲᠦᠮᠡᠨ ᠮᠤ᠋᠂ ᠲᠤᠯᠠᠭᠠᠨ ᠰᠠᠷᠠᠪᠴᠢ ᠶᠢᠨ ᠪᠠᠶᠢᠭᠤᠯᠤᠯᠳᠠ 1.5 ᠲᠦᠮᠡᠨ ᠬᠠᠪᠳᠠᠭᠠᠢ ᠲᠦᠷᠪᠡᠯᠵᠢᠨ ᠮᠧᠲᠷ  ᠎ ᠢ ᠪᠡᠶᠡᠯᠡᠬᠦᠯᠵᠦ︔ ᠵᠡᠷᠯᠢᠭ ᠲᠠᠤᠯᠢ ᠶᠢᠨ ᠪᠦᠭᠡᠷ᠎ᠡ ᠶᠢᠨ  ᠮᠤᠳᠤ ᠲᠦᠮᠡᠨ ᠮᠤ᠋  ᠂ ᠭᠡᠭᠡᠷ᠎ᠡ ᠶᠢᠨ ᠬᠦᠢᠯᠡᠰᠦ  ᠲᠦᠮᠡᠨ ᠮᠤ᠋  ᠲᠠᠷᠢᠵᠤ᠂  ᠲᠦᠮᠡᠨ ᠮᠤ᠋ ᠭᠠᠵᠠᠷ ᠢ ᠬᠦᠷᠢᠶᠡᠯᠡᠨ  ᠤᠶᠢᠵᠢᠭᠤᠯᠵᠤ᠂ 4 ᠲᠤᠰᠬᠤᠨ ᠤ 190 ᠡᠷᠦᠬᠡ᠂ 950 ᠬᠦᠮᠦᠨ ᠠᠮᠠ ᠶᠢ ᠨᠡᠬᠦᠯᠬᠡᠨ ᠰᠢᠯᠵᠢᠬᠦᠯᠦᠨ᠎ᠡ᠃ ᠴᠢᠨᠠᠷ ᠰᠠᠶᠢᠳᠠᠢ ᠲᠡᠵᠢᠬᠡᠯ ᠡᠪᠡᠰᠦ  ᠲᠦᠮᠡᠨ ᠮᠤ᠋  ᠲᠠᠷᠢᠨ᠎ᠠ᠃ ᠤᠢ ᠮᠤᠳᠤᠨ ᠤ ᠬᠠᠮᠠᠭᠠᠯᠠᠯᠳᠠ  ᠪᠠ ᠠᠰᠢᠭᠯᠠᠯᠳᠠ ᠶᠢᠨ ᠲᠦᠯᠦᠪᠵᠢᠬᠦᠯᠭᠡ ᠶᠢ ᠨᠢᠮᠪᠠᠢ ᠰᠠᠶᠢᠨ ᠬᠢᠵᠦ᠂ ᠤᠢ ᠮᠤᠳᠤᠨ ᠤ ᠬᠠᠮᠢᠶᠠᠷᠤᠯᠳᠠ ᠪᠠ ᠭᠡᠷᠡᠭᠯᠡᠯᠳᠡ  ᠎ ᠶᠢ ᠲᠦᠷᠢᠮᠵᠢᠬᠦᠯᠦᠨ᠂ ᠠᠮᠢ ᠠᠬᠤᠢ ᠶᠢᠨ ᠪᠠᠶᠢᠭᠤᠯᠤᠯᠳᠠ ᠳᠤ ᠭᠡᠷᠡᠭᠯᠡᠬᠦ ᠭᠠᠵᠠᠷ ᠰᠢᠷᠤᠢ ᠶᠢᠨ ᠡᠬᠢ ᠪᠠᠶᠠᠯᠢᠭ ᠢ ᠪᠠᠳᠤᠯᠠᠨ᠎ᠠ᠃ ᠪᠦᠳᠦᠭᠡᠨ ᠪᠠᠶᠢᠭᠤᠯᠤᠯᠳᠠ ᠶᠢ ᠰᠠᠶᠢᠨ ᠦᠷᠨᠢᠬᠦᠯᠬᠦ ᠶᠢᠨ ᠲᠠᠭᠠᠤ᠂ ᠬᠠᠷᠠᠵᠤ ᠬᠠᠮᠠᠭᠠᠯᠠᠬᠤ ᠲᠤᠭᠳᠠᠴᠠ ᠶᠢ  ᠤᠯᠠᠮ ᠲᠡᠬᠦᠯᠳᠡᠷᠵᠢᠬᠦᠯᠵᠦ᠂ ᠰᠢᠳᠭᠡᠵᠦ ᠲᠤᠷᠭᠤᠬᠤ ᠠᠷᠭ᠎ᠠ ᠲᠦᠷᠢᠮ ᠢ ᠴᠢᠩᠭ᠎ᠠ ᠭᠡᠷᠡᠭᠵᠢᠬᠦᠯᠦᠨ᠂ ᠠᠮᠢ ᠠᠬᠤᠢ ᠶᠢᠨ ᠪᠠᠶᠢᠭᠤᠯᠤᠯᠳᠠ ᠶᠢᠨ ᠦᠷ᠎ᠡ ᠪᠦᠳᠦᠮᠵᠢ ᠎ ᠶᠢ ᠪᠠᠳᠤᠯᠠᠬᠤ ᠭᠡᠷᠡᠭᠳᠡᠢ᠃ ᠲᠠᠷᠢᠶᠠᠯᠠᠬᠤ ᠤᠷᠤᠨ ᠳᠤ ᠦᠬᠡᠷ ᠠᠴᠠ ᠪᠤᠰᠤᠳ ᠮᠠᠯ ᠢ ᠦᠷᠬᠦᠯᠵᠢᠯᠡᠨ  ᠪᠦᠬᠦ ᠵᠢᠯ ᠎ ᠢᠶᠠᠷ ᠬᠠᠰᠢᠶᠠᠯᠠᠨ ᠮᠠᠯᠵᠢᠵᠤ᠂ ᠮᠠᠯᠵᠢᠬᠤ ᠤᠷᠤᠨ ᠳᠤ ᠱᠠᠳᠤᠴᠢ ᠴᠢᠨᠠᠷᠳᠠᠢ ᠪᠡᠯᠴᠢᠭᠡᠷᠯᠡᠬᠦᠯᠬᠦ ᠶᠢ ᠵᠤᠭᠰᠤᠭᠠᠬᠤ᠂ ᠮᠠᠯ ᠪᠡᠯᠴᠢᠭᠡᠷ ᠢ ᠲᠡᠩᠴᠡᠬᠦᠯᠬᠦ  ᠵᠡᠷᠭᠡ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢᠯᠡᠵᠦ ᠱᠠᠩᠨᠠᠬᠤ ᠲᠤᠭᠳᠠᠴᠠ ᠶᠢ ᠪᠦᠬᠦ ᠲᠠᠯᠠᠪᠠᠷ ᠨᠠᠶᠢᠳᠠᠪᠤᠷᠢᠵᠢᠭᠤᠯᠤᠨ᠂ ᠲᠠᠯ᠎ᠠ ᠨᠤᠳᠤᠭ ᠤᠨ ᠠᠮᠢ ᠠᠬᠤᠢ ᠶᠢ ᠪᠦᠳᠦᠮᠵᠢᠳᠡᠢ ᠬᠠᠮᠠᠭᠠᠯᠠᠬᠤ ᠪᠠ ᠰᠡᠷᠬᠦᠭᠡᠨ᠎ᠡ᠃       2. ᠬᠤᠳᠠ ᠪᠠᠯᠭᠠᠰᠤᠨ ᠤ ᠪᠠᠶᠢᠭᠤᠯᠤᠯᠳᠠ ᠶᠢᠨ ᠲᠠᠯᠠᠪᠠᠷ᠂ ᠬᠤᠳᠠ ᠪᠠᠯᠭᠠᠰᠤᠵᠢᠭᠰᠠᠨ ᠪᠠᠶᠢᠭᠤᠯᠤᠯᠳᠠ ᠶᠢ ᠬᠦᠭᠵᠢᠯᠳᠡ ᠶᠢᠨ ᠠᠷᠭ᠎ᠠ ᠭᠡᠯᠪᠡᠷᠢ ᠪᠠᠨ ᠬᠤᠪᠢᠷᠠᠭᠤᠯᠬᠤ ᠵᠠᠩᠬᠢᠯᠠᠭ᠎ᠠ ᠶᠢᠨ ᠭᠤᠭᠴᠤᠭ᠎ᠠ ᠪᠤᠯᠭᠠᠨ ᠠᠳᠬᠤᠵᠤ  ᠂ ᠬᠤᠳᠠ ᠪᠠᠯᠭᠠᠰᠤᠵᠢᠯᠳᠠ ᠶᠢᠨ ᠠᠬᠢᠴᠠ ᠶᠢ ᠲᠦᠷᠭᠡᠳᠭᠡᠨ᠂ ᠬᠤᠳᠠ ᠬᠦᠳᠡᠭᠡ ᠶᠢᠨ ᠨᠢᠭᠡ  ᠴᠤᠭᠴᠠᠵᠢᠭᠰᠠᠨ ᠬᠦᠭᠵᠢᠯᠳᠡ ᠶᠢ ᠲᠦᠯᠬᠢᠨ ᠠᠬᠢᠭᠤᠯᠬᠤ ᠭᠡᠷᠡᠭᠳᠡᠢ᠃ ᠬᠤᠳᠠ ᠪᠠᠯᠭᠠᠰᠤᠨ ᠤ ᠲᠦᠯᠦᠪᠵᠢᠬᠦᠯᠭᠡ ᠶᠢ ᠵᠠᠰᠠᠨ ᠨᠠᠶᠢᠷᠠᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠤᠳᠠ ᠪᠠᠯᠭᠠᠰᠤᠵᠢᠯᠳᠠ ᠶᠢᠨ  ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠨ᠎ᠡ᠃ ᠰᠢᠨ᠎ᠡ ᠲᠤᠭᠤᠷᠢᠭ ᠤᠨ ᠨᠡᠭᠡᠭᠡᠯᠳᠡ ᠶᠢ ᠬᠠᠭᠤᠴᠢᠨ ᠲᠤᠭᠤᠷᠢᠭ ᠤᠨ ᠦᠬᠡᠷᠡᠴᠢᠯᠡᠯᠳᠡ ᠲᠠᠢ ᠵᠡᠷᠭᠡᠪᠡᠷ ᠶᠠᠪᠤᠭᠳᠠᠭᠤᠯᠵᠤ᠂ ᠬᠤᠳᠠ ᠶᠢᠨ ᠬᠦᠭᠵᠢᠯᠳᠡ ᠶᠢᠨ ᠬᠦᠷᠢᠶ᠎ᠡ ᠶᠢ ᠶᠡᠭᠡᠰᠬᠡᠨ᠂ ᠰᠢᠨ᠎ᠡ ᠲᠤᠭᠤᠷᠢᠭ ᠤᠨ ᠵᠢᠱᠢᠶ᠎ᠡ ᠦᠵᠡᠬᠦᠯᠦᠨ ᠲᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠡᠬᠦᠨ ᠤ ᠬᠠᠮᠳᠤ᠂ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦᠨ ᠤ ᠲᠢᠭᠯᠡᠮ ᠲᠠᠢ ᠰᠢᠯᠵᠢᠯᠳᠡ ᠶᠢ ᠠᠬᠢᠭᠤᠯᠬᠤ ᠪᠠ ᠬᠤᠳᠠ ᠪᠠᠯᠭᠠᠰᠤᠨ ᠎ ᠤ ᠬᠠᠮᠢᠶᠠᠷᠤᠯᠳᠠ ᠶᠢ ᠴᠢᠩᠭᠠᠳᠬᠠᠬᠤ ᠵᠡᠷᠭᠡ ᠠᠷᠭ᠎ᠠ ᠪᠠᠷᠢᠯ ᠢᠶᠠᠷ ᠲᠠᠮᠵᠢᠨ᠂ ᠮᠠᠯᠴᠢᠨ  ᠲᠠᠷᠢᠶᠠᠴᠢᠨ ᠢ ᠬᠤᠳᠠ ᠪᠠᠯᠭᠠᠰᠤᠨ ᠳᠤ  ᠲᠦᠪᠯᠡᠷᠡᠬᠦᠯᠬᠦ ᠭᠡᠷᠡᠭᠳᠡᠢ᠃ ︽ᠰᠢᠨ᠎ᠡ ᠲᠤᠭᠤᠷᠢᠭ ᠢ ᠲᠦᠷᠭᠡᠨ ᠪᠠᠶᠢᠭᠤᠯᠵᠤ᠂ ᠬᠠᠭᠤᠴᠢᠨ ᠲᠤᠭᠤᠷᠢᠭ ᠢ ᠠᠯᠭᠤᠷ ᠦᠭᠡᠷᠡᠴᠢᠯᠡᠨ᠂  ᠬᠤᠳᠠ ᠶᠢᠨ ᠦᠨᠳᠦᠰᠦᠨ ᠴᠢᠳᠠᠪᠬᠢ ᠶᠢ ᠪᠦᠷᠢᠨᠰᠢᠬᠦᠯᠬᠦ︾ ᠵᠠᠷᠴᠢᠮ  ᠎ ᠶᠢ ᠪᠠᠷᠢᠮᠳᠠᠯᠠᠨ᠂ ᠦᠨᠳᠦᠰᠦᠨ ᠪᠠᠶᠢᠭᠤᠯᠤᠯᠳᠠ᠂ ᠶᠡᠷᠦᠩᠬᠡᠶᠢᠯᠡᠭᠰᠡᠨ ᠨᠡᠭᠡᠭᠡᠯᠳᠡ᠂ ᠭᠡᠰᠡᠭᠴᠢᠯᠡᠭᠰᠡᠨ ᠦᠬᠡᠷᠡᠴᠢᠯᠡᠯᠳᠡ ᠪᠠᠷ ᠭᠤᠤᠯᠳᠠᠯᠭ᠎ᠠ ᠪᠤᠯᠭᠠᠨ᠂ ᠤᠯᠠᠮᠵᠢᠯᠠᠯᠳᠤ ᠲᠠᠨᠢᠯᠳᠠ ᠶᠢ ᠡᠪᠳᠡᠵᠦ᠂ ᠬᠤᠳᠠ ᠶᠢᠨ ᠡᠵᠡᠩᠨᠡᠯᠳᠡ ᠶᠢ ᠴᠢᠩᠭᠠᠳᠬᠠᠨ᠎ᠠ᠃ ᠬᠤᠳᠠ  ᠎ ᠶᠢᠨ ᠵᠠᠮ ᠤᠨ ᠪᠠᠶᠢᠭᠤᠯᠤᠯᠳᠠ ᠶᠢ ᠴᠢᠩᠭᠠᠳᠬᠠᠵᠤ᠂ ᠰᠢᠨ᠎ᠡ ᠲᠤᠭᠤᠷᠢᠭ ᠤᠨ14.7 ᠲᠦᠮᠡᠨ ᠬᠠᠪᠳᠠᠭᠠᠢ ᠲᠦᠷᠪᠡᠯᠵᠢᠨ ᠮᠧᠲᠷ ᠵᠠᠮ ᠢ ᠲᠡᠪᠢᠰᠴᠦ ᠬᠠᠳᠠᠭᠤᠷᠠᠭᠤᠯᠤᠨ᠂ 8.6 ᠺᠢᠯᠤᠮᠧᠲᠷ ᠪᠤᠵᠠᠷ ᠤᠰᠤ ᠭᠠᠳᠠᠭᠰᠢᠯᠠᠭᠤᠯᠬᠤ ᠬᠤᠭᠤᠯᠠᠢ᠂ 8.7 ᠺᠢᠯᠤᠮᠧᠲᠷ ᠤᠰᠤ  ᠲᠠᠳᠠᠷᠠᠭᠤᠯᠬᠤ ᠬᠤᠭᠤᠯᠠᠢ᠂ 17.6 ᠺᠢᠯᠤᠮᠧᠲᠷ ᠤᠰᠤ ᠬᠠᠩᠭᠠᠬᠤ ᠬᠤᠭᠤᠯᠠᠢ ᠶᠢ ᠤᠭᠰᠠᠷᠠᠵᠤ᠂  ᠬᠤᠳᠠ ᠶᠢᠨ ᠵᠠᠮ ᠵᠢᠴᠢ ᠪᠤᠤᠴᠠᠩ ᠪᠠᠯᠭᠠᠰᠤᠨ ᠤ ᠵᠠᠮ ᠤᠨ ᠡᠬᠦᠳᠡ ᠶᠢ 40 ᠲᠦᠮᠡᠨ ᠬᠠᠪᠳᠠᠭᠠᠢ ᠲᠦᠷᠪᠡᠯᠵᠢᠨ ᠮᠧᠲᠷ ᠨᠤᠭᠤᠷᠠᠭᠤᠯᠤᠨ᠂ ᠵᠢᠶᠠᠨ ᠱᠾᠧ ᠵᠡᠬᠡᠯᠢ᠂ ᠵᠢᠶᠧ ᠹᠠᠩ ᠵᠡᠬᠡᠯᠢ ᠶᠢᠨ ᠬᠤᠶᠠᠷ ᠬᠠᠵᠠᠭᠤᠳᠠᠬᠢ ᠭᠡᠰᠡᠭ ᠬᠠᠭᠤᠴᠢᠨ ᠠᠰᠠᠷ ᠤᠨ ᠭᠠᠳᠠᠷ ᠲᠦᠷᠬᠦ ᠶᠢ  ᠵᠠᠰᠠᠵᠤ ᠰᠢᠨᠡᠳᠭᠡᠬᠦ ᠪᠠ ᠭᠡᠭᠡᠷᠡᠬᠦᠯᠬᠦ ᠠᠵᠢᠯ ᠢ   ᠬᠢᠵᠦ᠂ ᠭᠡᠰᠡᠭ  ᠵᠡᠬᠡᠯᠢ  ᠭᠤᠳᠤᠮᠵᠢ ᠳᠤ ᠵᠠᠮ  ᠎ ᠤᠨ ᠳ᠋ᠧᠩ ᠪᠠ ᠵᠠᠮ ᠬᠠᠷᠢᠯᠴᠠᠭᠠᠨ ᠤ ᠲᠤᠬᠢᠶᠠᠨ ᠳ᠋ᠧᠩ ᠤᠭᠰᠠᠷᠠᠬᠤ᠂  ᠫᠠᠶᠢᠽᠢ ᠲᠡᠮᠳᠡᠭ ᠪᠤᠰᠬᠠᠬᠤ  ᠵᠡᠷᠭᠡ ᠠᠵᠢᠯ ᠢ ᠬᠢᠨ᠎ᠡ᠃ ᠰᠢᠨᠡᠳᠭᠡᠵᠦ ᠪᠤᠯᠬᠤ ᠠᠸ᠋ᠷᠬᠢ ᠶᠢᠨ ᠰᠤᠷᠪᠤᠯᠵᠢ ᠶᠢᠨ  ᠭᠡᠷᠡᠭᠯᠡᠯᠳᠡ ᠶᠢᠨ ᠵᠢᠱᠢᠶ᠎ᠡ ᠦᠵᠡᠬᠦᠯᠬᠦ ᠬᠤᠰᠢᠭᠤ ᠰᠢᠶᠠᠨ ᠤ ᠢᠨᠵᠧᠨᠧᠷᠢᠩ ᠢ  ᠭᠡᠷᠡᠭᠵᠢᠬᠦᠯᠵᠦ᠂ 2078 ᠮᠠᠯᠴᠢᠨ ᠲᠠᠷᠢᠶᠠᠴᠢᠨ ᠡᠷᠦᠬᠡ ᠪᠠ  ᠦᠨᠳᠦᠰᠦᠨ ᠱᠠᠳᠤᠨ ᠤ 11 ᠰᠠᠭᠤᠷᠢ ᠡᠷᠡᠬᠦᠯ ᠬᠠᠮᠠᠭᠠᠯᠠᠯ ᠤᠨ ᠬᠤᠷᠢᠶᠠᠨ ᠳᠤ ᠨᠠᠷᠠᠨ ᠡᠨᠧᠷᠬᠢ ᠶᠢᠨ ᠲᠤᠯᠠᠭᠠᠨ ᠦᠷᠦᠭᠡ ᠶᠢ ᠨᠡᠶᠢᠳᠡ 13.4 ᠲᠦᠮᠡᠨ ᠬᠠᠪᠳᠠᠭᠠᠢ ᠲᠦᠷᠪᠡᠯᠵᠢᠨ ᠮᠧᠲᠷ ᠪᠠᠶᠢᠭᠤᠯᠤᠨ᠎ᠠ᠃ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠢ 10 ᠰᠠᠷ᠎ᠠ ᠳᠤ ᠠᠰᠢᠭᠯᠠᠯᠳᠠ ᠳᠤ ᠤᠷᠤᠭᠤᠯᠤᠨ᠎ᠠ᠃ ᠬᠤᠳᠠ ᠪᠠᠯᠭᠠᠰᠤᠨ ᠤ ᠬᠠᠮᠢᠶᠠᠷᠤᠯᠳᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ 2012 ᠤᠨ ᠤ ᠪᠦᠬᠦ ᠠᠶᠢᠮᠠᠭ ᠤᠨ ᠤᠶᠤᠨ ᠤ ᠪᠤᠯᠪᠠᠰᠤᠨ ᠤ ᠠᠬᠤᠢ ᠲᠠᠯᠠᠪᠠᠢ ᠶᠢᠨ ᠬᠤᠷᠠᠯ ᠮᠠᠨ ᠤ ᠬᠤᠰᠢᠭᠤᠨ ᠎ ᠳᠤ ᠬᠤᠷᠠᠯᠳᠤᠬᠤ ᠪᠠᠷ ᠲᠤᠬᠢᠶᠠᠯ ᠪᠤᠯᠭᠠᠨ᠂ ᠲᠦᠷᠢᠶᠡᠰᠦᠨ ᠲᠡᠷᠭᠡᠨ ᠤ ᠵᠠᠬ᠎ᠠ ᠲᠡᠯᠬᠡᠬᠦᠷ ᠤᠨ ᠬᠠᠮᠢᠶᠠᠷᠤᠯᠳᠠ ᠶᠢ ᠴᠢᠩᠭᠠᠳᠬᠠᠵᠤ᠂ ᠬᠤᠳᠠ ᠪᠠᠯᠭᠠᠰᠤᠨ ᠤ ᠡᠷᠡᠬᠦᠯ ᠬᠠᠮᠠᠭᠠᠯᠠᠯ᠂   ᠵᠡᠭᠡᠯᠢ  ᠵᠠᠬ᠎ᠠ  ᠎ ᠶᠢᠨ ᠡᠮᠬᠢ ᠲᠢᠭᠯᠡᠮ ᠢ ᠴᠡᠭᠴᠡᠯᠡᠨ  ᠂ ᠲᠦᠷᠢᠮ ᠵᠦᠷᠢᠴᠡᠭᠰᠡᠨ ᠪᠠᠷᠢᠯᠭ᠎ᠠ᠂  ᠫᠠᠶᠢᠽᠢ ᠢᠯᠡᠷᠭᠡᠶᠢᠯᠡᠯ ᠵᠢᠴᠢ ᠲᠡᠷᠭᠡ  ᠤᠨᠤᠭ᠎ᠠ  ᠡᠷᠦᠢ ᠬᠤᠷᠤᠢ ᠦᠬᠡᠢ ᠵᠤᠭᠰᠤᠬᠤ ᠵᠡᠷᠭᠡ ᠲᠢᠭᠯᠡᠮ ᠦᠬᠡᠢ ᠦᠵᠡᠭᠳᠡᠯ ᠢ ᠴᠡᠭᠴᠡᠯᠡᠨ ᠴᠡᠪᠡᠷᠯᠡᠵᠦ᠂ ᠪᠤᠤᠴᠠᠩ ᠪᠠᠯᠭᠠᠰᠤ ᠪᠠᠨ  ᠵᠢᠯ ᠠᠴᠠ ᠵᠢᠯ  ᠰᠢᠨᠡᠳᠭᠡᠨ᠂ ᠪᠦᠬᠦ ᠠᠶᠢᠮᠠᠭ ᠤᠨ ᠡᠮᠦᠨ᠎ᠡ ᠭᠡᠰᠡᠭ ᠤᠨ ᠠᠷᠠᠯᠵᠢᠶ᠎ᠠ ᠬᠦᠢᠯᠭᠡᠭᠡᠨ ᠤ ᠴᠢᠬᠤᠯᠠ ᠬᠤᠳᠠ ᠪᠤᠯᠭᠠᠵᠤ ᠬᠦᠭᠵᠢᠬᠦᠯᠬᠦ ᠭᠡᠷᠡᠭᠳᠡᠢ᠃         3. ᠵᠠᠮ ᠨᠡᠪᠳᠡᠷᠡᠯᠭᠡ ᠶᠢᠨ ᠲᠠᠯ᠎ᠠ ᠪᠠᠷ  ᠂  ᠠᠶᠢᠮᠠᠭ ᠤᠨ ᠵᠠᠰᠠᠮᠠᠯ ᠵᠠᠮ ᠤᠨ ᠰᠠᠯᠠᠭ᠎ᠠ ᠮᠦᠴᠢᠷ ᠲᠠᠢ ᠢᠳᠡᠪᠬᠢᠳᠡᠢ ᠬᠠᠮᠵᠢᠯᠴᠠᠨ᠂ 5.64 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠰᠠᠩ ᠤᠨ ᠲᠠᠯᠠᠢ ᠠᠴᠠ ᠪᠤᠤᠴᠠᠩ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ ᠤᠨ ᠪᠤᠤᠴᠠᠩ ᠳᠠᠬᠢ  ᠭᠡᠰᠡᠭ ᠢ  ᠪᠠᠶᠢᠭᠤᠯᠵᠤ︔ ᠪᠤᠤᠴᠠᠩ ᠎ ᠠᠴᠠ ᠴᠢᠶᠠᠨ ᠶᠢᠨ ᠭᠸᠤ ᠬᠦᠷᠬᠦ 36 ᠺᠢᠯᠤᠮᠧᠲᠷ ᠤᠨ ᠳᠦᠷᠪᠡᠳᠦᠭᠡᠷ ᠲᠡᠰ ᠤᠨ ᠲᠤᠰᠤᠨ ᠵᠠᠮ ᠤᠨ ᠦᠷᠭᠦᠯᠵᠢᠯᠡᠨ  ᠪᠠᠶᠢᠭᠤᠯᠬᠤ ᠢᠨᠵᠢᠨᠧᠷᠢᠩ ᠢ ᠪᠡᠶᠡᠯᠡᠬᠦᠯᠵᠦ︔ 2 ᠬᠦᠬᠦᠷᠭᠡ ᠶᠢ ᠰᠢᠨ᠎ᠡ ᠪᠠᠷ ᠪᠠᠶᠢᠭᠤᠯᠬᠤ ᠪᠠ ᠵᠠᠰᠠᠵᠤ ᠪᠠᠶᠢᠭᠤᠯᠤᠨ  ᠂ ᠠᠶᠠᠨᠴᠢᠨ ᠤ ᠵᠦᠬᠡᠭᠡᠪᠦᠷᠢ ᠶᠢᠨ ᠦᠷᠳᠡᠭᠡ 2᠎ ᠢ ᠪᠠᠶᠢᠭᠤᠯᠵᠤ︔ ᠪᠤᠤᠴᠠᠩ ᠠᠴᠠ ᠭᠦᠨᠪᠤᠯᠠᠭ ᠬᠦᠷᠬᠦ   ᠵᠠᠮ ᠤᠨ ᠬᠤᠶᠠᠷ ᠬᠠᠵᠠᠭᠤ ᠳᠤ ᠵᠠᠮ ᠤᠨ ᠲᠡᠮᠳᠡᠭ ᠫᠠᠶᠢᠰᠠ  ᠪᠤᠰᠬᠠᠨ︔ ᠪᠤᠤᠴᠠᠩ ᠠᠴᠠ ᠭᠦᠶᠤᠸᠠᠨ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠪᠤᠯᠤᠨ ᠪᠤᠤᠴᠠᠩ ᠠᠴᠠ ᠺᠠᠩ ᠪᠤᠤ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠤᠨ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠲᠦᠷᠦᠭᠦᠴᠢ  ᠎ ᠶᠢᠨ ᠬᠤᠭᠤᠴᠠᠭᠠᠨ ᠤ ᠡᠯ᠎ᠡ ᠲᠦᠷᠦᠯ ᠤᠨ ᠠᠵᠢᠯ ᠢ  ᠰᠠᠶᠢᠨ  ᠬᠢᠨ᠎ᠡ᠃ ᠰᠠᠩ ᠤᠨ ᠳᠠᠯᠠᠢ ᠠᠴᠠ ᠴᠢᠭᠤᠯᠤᠯᠳᠤ ᠬᠠᠭᠠᠯᠭ᠎ᠠ ᠬᠦᠷᠬᠦ ᠲᠡᠮᠦᠷ ᠵᠠᠮ ᠤᠨ ᠲᠠᠶᠢᠹᠤᠰᠧ ᠬᠤᠰᠢᠭᠤᠨ ᠤ ᠬᠡᠰᠡᠭ ᠤᠨ ᠪᠦᠳᠦᠭᠡᠨ ᠪᠠᠶᠢᠭᠤᠯᠤᠯᠳᠠ ᠶᠢ ᠡᠬᠢᠯᠡᠭᠦᠯᠦᠨ᠎ᠡ᠃       4. ᠴᠠᠬᠢᠯᠭᠠᠨ ᠬᠦᠴᠦᠨ ᠤ ᠲᠠᠯᠠᠪᠡᠷ  ᠂ 1.1 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠤ᠂ ᠯᠦᠸᠧ ᠲᠦᠸᠧ ᠱᠠᠨ᠂  ᠰᠢᠩ ᠹᠦ᠋ ᠶᠢᠨ 35 ᠺᠢᠯᠤᠸᠤᠯᠲ ᠶᠢᠨ ᠴᠠᠬᠢᠯᠭᠠᠨ ᠲᠠᠮᠵᠢᠭᠤᠯᠵᠤ  ᠬᠤᠪᠢᠰᠬᠠᠬᠤ  ᠢᠨᠵᠢᠨᠧᠷᠢᠩ ᠢ ᠪᠡᠶᠡᠯᠡᠭᠦᠯᠦᠨ ᠠᠰᠢᠭᠯᠠᠯᠳᠠ ᠳᠤ ᠤᠷᠤᠭᠤᠯᠵᠤ︔ ᠴᠢᠶᠠᠨ ᠶᠢᠨ ᠭᠸᠤ᠂ ᠭᠦᠨᠪᠤᠯᠠᠭ ᠤᠨ 35 ᠺᠢᠯᠤᠸᠤᠯᠲ ᠶᠢᠨ 2 ᠰᠠᠭᠤᠷᠢ ᠴᠠᠬᠢᠯᠭᠠᠨ ᠬᠤᠪᠢᠰᠬᠠᠬᠤ ᠦᠷᠳᠡᠭᠡ ᠶᠢ ᠦᠭᠡᠷᠡᠴᠢᠯᠡᠨ ᠪᠠᠶᠢᠭᠤᠯᠵᠤ  ︔ 10 ᠺᠢᠯᠤᠸᠤᠯᠲ ᠶᠢᠨ ᠱᠤᠭᠤᠮ  25 ᠺᠢᠯᠤᠮᠧᠲᠷ᠂ 0.4 ᠺᠢᠯᠤᠸᠤᠯᠲ ᠶᠢᠨ ᠱᠤᠭᠤᠮ  11ᠺᠢᠯᠤᠮᠧᠲᠷ ᠢ ᠲᠤᠰᠪᠤᠷᠢ ᠵᠠᠰᠠᠵᠤ ᠦᠭᠡᠷᠡᠴᠢᠯᠡᠨ  ︔ ᠬᠤᠳᠠ ᠶᠢᠨ ᠰᠢᠨ᠎ᠡ ᠲᠤᠭᠤᠷᠢᠭ ᠤᠨ 110 ᠺᠢᠯᠤᠸᠤᠯᠲ ᠤᠨ ᠴᠠᠬᠢᠯᠭᠠᠨ ᠲᠠᠮᠵᠢᠭᠤᠯᠬᠤ ᠬᠤᠪᠢᠰᠬᠠᠬᠤ ᠢᠨᠵᠢᠨᠧᠷᠢᠩ ᠪᠤᠯᠤᠨ ᠡᠤ ᠮᠢᠶᠠᠨ  ᠵᠢᠩ ᠤᠨ 35 ᠺᠢᠯᠤᠸᠤᠯᠲ ᠶᠢᠨ ᠴᠠᠬᠢᠯᠭᠠᠨ ᠬᠤᠪᠢᠰᠬᠠᠬᠤ ᠦᠷᠳᠡᠭᠡᠨ ᠤ ᠵᠠᠰᠠᠯᠳᠠ ᠶᠢᠨ ᠢᠨᠵᠢᠨᠧᠷᠢᠩ ᠢ  ᠡᠬᠢᠯᠡᠨ ᠪᠠᠶᠢᠭᠤᠯᠤᠨ᠎ᠠ᠃        5.  ᠴᠢᠮᠡᠭᠡ ᠬᠤᠯᠪᠤᠭᠠᠨ ᠤ ᠲᠠᠯᠠᠪᠡᠷ  ᠂  ᠴᠢᠮᠡᠭᠡ ᠬᠤᠯᠪᠤᠭᠠᠨ ᠤ ᠰᠠᠭᠤᠷᠢ ᠦᠷᠳᠡᠭᠡ 41᠎ ᠶᠢ ᠰᠢᠨ᠎ᠡ ᠎ ᠪᠠᠷ ᠪᠠᠶᠢᠭᠤᠯᠤᠨ᠂  ᠪᠤᠤᠴᠠᠩ  ᠪᠠᠯᠭᠠᠰᠤᠨ ᠳᠤ  3G ᠰᠦᠯᠵᠢᠶᠡᠨ ᠤ ᠲᠤᠬᠢᠶ᠎ᠠ ᠶᠢ ᠦᠪᠴᠢ ᠪᠦᠷᠬᠦᠬᠦᠯᠦᠨ᠎ᠡ᠃  ︽ᠭᠡᠷᠡᠯᠯᠢᠭ ᠤᠳᠠᠰᠤ ᠪᠠᠷ ᠭᠠᠤᠯᠢᠨ ᠤᠳᠠᠰᠤ ᠶᠢ ᠤᠷᠤᠯᠠᠭᠤᠯᠬᠤ︾ ᠢᠨᠵᠧᠨᠧᠷᠢᠩ ᠢ ᠲᠦᠯᠬᠢᠨ  ᠠᠬᠢᠭᠤᠯᠬᠤ ᠶᠢᠨ ᠬᠠᠮᠳᠤ ᠰᠤᠮᠤ ᠰᠢᠶᠠᠩ ᠪᠠᠯᠭᠠᠰᠤᠨ ᠳᠤ ᠬᠦᠷᠳᠡᠯ᠎ᠡ ᠦᠷᠭᠡᠳᠭᠡᠬᠦ ᠪᠠᠷ ᠴᠢᠷᠮᠠᠶᠢᠨ᠎ᠠ᠃        ︵ᠲᠦᠷᠪᠡ︶  ᠭᠤᠷᠪᠠᠨ ᠶᠡᠭᠡ ᠪᠠᠳᠤᠯᠠᠭ᠎ᠠ ᠶᠢ ᠴᠢᠩᠭᠠᠷᠠᠭᠤᠯᠬᠤ ᠭᠡᠷᠡᠭᠳᠡᠢ᠃        1. ᠠᠷᠠᠳ ᠤᠨ ᠠᠮᠢᠳᠤᠷᠠᠯ ᠢ ᠲᠡᠭᠡᠳᠦ ᠬᠡᠮᠵᠢᠶ᠎ᠡ ᠪᠠᠷ ᠬᠦᠨᠳᠦᠳᠭᠡᠨ ᠴᠢᠬᠤᠯᠠᠴᠢᠯᠠᠨ᠎ᠠ᠃ ᠠᠵᠢᠯ ᠤᠯᠭᠤᠬᠤ ᠲᠠᠯᠠᠪᠠᠷ᠂  ᠠᠵᠢᠯ ᠤᠨ ᠪᠠᠶᠢᠷᠢ 8000᠎ ᠶᠢ ᠡᠯᠰᠡᠨ ᠴᠤᠭᠯᠠᠭᠤᠯᠵᠤ᠂ ᠬᠤᠳᠠ ᠪᠠᠯᠭᠠᠰᠤᠨ ᠤ 2000 ᠬᠦᠮᠦᠨ ᠳᠤ ᠠᠵᠢᠯ ᠲᠤᠬᠢᠷᠠᠭᠤᠯᠤᠨ᠂ ︽ᠠᠵᠢᠯ ᠤᠯᠤᠭᠰᠠᠨ  ᠬᠦᠮᠦᠨ ᠦᠬᠡᠢ  ︾ ᠭᠡᠷ ᠪᠦᠯᠢ ᠶᠢᠨ ᠠᠳᠠᠭ ᠲᠠᠭᠠᠨ ᠨᠢᠭᠡ ᠬᠦᠮᠦᠨ ᠳᠤᠨᠢ ᠠᠵᠢᠯ  ᠤᠯᠭᠤᠵᠤ᠂ ᠬᠦᠳᠡᠯᠮᠦᠷᠢᠯᠡᠭᠴᠢ ᠶᠢᠨ ᠪᠡᠶ᠎ᠡ ᠪᠠᠨ ᠲᠠᠭᠠᠭᠠᠵᠤ᠂ ᠠᠮᠢᠳᠤᠯᠢᠭ ᠢᠶᠠᠷ ᠠᠵᠢᠯ ᠤᠯᠵᠤ ᠦᠢᠯᠡᠰ ᠪᠤᠰᠬᠠᠬᠤ  ᠎ ᠶᠢ ᠵᠤᠷᠢᠭᠵᠢᠭᠤᠯᠬᠤ ᠪᠠ ᠲᠡᠳᠬᠦᠵᠦ᠂ ᠦᠨᠳᠦᠷ ᠲᠤᠮᠳᠠᠳᠤ ᠲᠡᠬᠦᠰᠦᠭᠰᠡᠨ ᠰᠤᠷᠤᠭᠴᠢ᠂  ︽ᠠᠵᠢᠯ ᠤᠯᠤᠭᠰᠠᠨ  ᠬᠦᠮᠦᠨ ᠦᠬᠡᠢ  ︾ ᠭᠡᠷ ᠪᠦᠯᠢ᠂ ᠵᠡᠮᠳᠡᠭ ᠬᠦᠮᠦᠨ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠲᠠᠢ ᠬᠦᠮᠦᠨ  ᠪᠠ ᠨᠤᠳᠤᠭ ᠲᠠᠭᠠᠨ ᠪᠤᠴᠠᠵᠤ ᠢᠷᠡᠭᠰᠡᠨ ᠬᠦᠯᠦᠰᠦᠨ ᠮᠠᠯᠴᠢᠨ ᠲᠠᠷᠢᠶᠠᠴᠢᠨ ᠤ ᠠᠵᠢᠯ ᠤᠯᠵᠤ ᠲᠠᠬᠢᠨ  ᠠᠵᠢᠯ ᠤᠯᠬᠤ ᠠᠰᠠᠭᠤᠳᠠᠯ ᠢ  ᠭᠤᠤᠯᠳᠠᠯᠭ᠎ᠠ ᠲᠠᠢ ᠰᠠᠶᠢᠨ ᠰᠢᠢᠳᠪᠦᠷᠢᠯᠡᠨ᠎ᠡ ᠃ ᠬᠤᠳᠠ ᠪᠠᠯᠭᠠᠰᠤᠨ ᠤ 1500  ᠨᠡᠷ᠎ᠡ ᠡᠯ᠎ᠡ ᠲᠦᠷᠦᠯ ᠤᠨ ᠬᠦᠮᠦᠰ ᠲᠤ ᠮᠡᠷᠭᠡᠵᠢᠯ ᠤᠨ ᠪᠤᠯᠪᠠᠰᠤᠷᠠᠯ  ᠬᠦᠷᠳᠡᠭᠡᠵᠦ᠂ ᠪᠦᠬᠦ ᠬᠤᠰᠢᠭᠤᠨ ᠤ ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3.8%᠎ ᠳᠤ  ᠬᠢᠵᠠᠭᠠᠷᠯᠠᠨ᠎ᠠ᠃ ᠨᠡᠶᠢᠬᠡᠮ ᠤᠨ ᠪᠠᠳᠤᠯᠠᠭᠠᠨ ᠤ ᠲᠠᠯᠠᠪᠠᠷ᠂  ᠨᠡᠶᠢᠬᠡᠮ ᠤᠨ ᠪᠠᠳᠤᠯᠠᠭᠠᠨ ᠤ ᠰᠢᠰᠲ᠋ᠧᠮ ᠢ ᠲᠡᠬᠦᠯᠳᠡᠷᠵᠢᠬᠦᠯᠵᠦ᠂  ᠨᠡᠶᠢᠬᠡᠮ ᠤᠨ ᠪᠠᠳᠤᠯᠠᠭᠠᠨ ᠤ ᠪᠦᠷᠬᠦᠴᠡ ᠶᠢ ᠦᠷᠭᠡᠳᠭᠡᠨ᠂  ᠬᠤᠳᠠ ᠬᠦᠳᠡᠭᠡ ᠶᠢᠨ  ᠨᠠᠰᠤᠵᠢᠯ ᠤᠨ ᠲᠠᠭᠠᠳᠬᠠᠯ᠂ ᠬᠤᠳᠠ ᠪᠠᠯᠭᠠᠰᠤᠨ ᠤ ᠡᠮᠨᠡᠯᠬᠡ ᠶᠢᠨ ᠲᠠᠭᠠᠳᠬᠠᠯ ᠪᠠ ᠮᠠᠯᠵᠢᠬᠤ ᠲᠠᠷᠢᠶᠠᠯᠠᠬᠤ ᠤᠷᠤᠨ ᠎ ᠤ ᠬᠤᠷᠰᠢᠭᠰᠠᠨ ᠡᠮᠨᠡᠯᠬᠡ ᠶᠢᠨ ᠰᠢᠰᠲ᠋ᠧᠮ ᠢ ᠪᠦᠷᠢᠨᠰᠢᠬᠦᠯᠵᠦ᠂ ᠰᠢᠨ᠎ᠡ ᠬᠡᠯᠪᠡᠷᠢ ᠶᠢᠨ ᠨᠠᠰᠤᠵᠢᠯ ᠤᠨ ᠲᠠᠭᠠᠳᠬᠠᠯ ᠎ ᠤᠨ ᠲᠤᠷᠰᠢᠯᠳᠠ ᠶᠢᠨ ᠠᠵᠢᠯ ᠢ ᠰᠠᠶᠢᠨ ᠬᠢᠬᠦ ᠭᠡᠷᠡᠭᠳᠡᠢ᠃ ᠠᠷᠠᠳ ᠤᠨ  ᠠᠮᠢᠳᠤᠷᠠᠯ ᠢ ᠰᠠᠶᠢᠵᠢᠷᠠᠭᠤᠯᠬᠤ ᠲᠠᠯᠠᠪᠠᠷ᠂ ᠤᠷᠤᠯᠭ᠎ᠠ ᠶᠢᠨ  ᠬᠤᠪᠢᠶᠠᠷᠢᠯᠠᠯᠳᠠ ᠶᠢᠨ ᠲᠦᠷᠢᠮ ᠢ ᠨᠢᠮᠪᠠᠢ ᠨᠠᠶᠢᠳᠠᠪᠤᠷᠢᠵᠢᠭᠤᠯᠵᠤ᠂ ᠠᠵᠢᠯᠳᠠᠨ ᠤ  ᠤᠷᠤᠯᠭ᠎ᠠ  ᠎ ᠶᠢ ᠲᠤᠭᠳᠠᠭᠤᠨ  ᠎ ᠢᠶᠠᠷ ᠨᠡᠮᠡᠭᠳᠡᠬᠦᠯᠬᠦ ᠲᠤᠭᠳᠠᠴᠠ ᠶᠢ ᠪᠠᠶᠢᠭᠤᠯᠵᠤ ᠪᠦᠷᠢᠨᠰᠢᠬᠦᠯᠦᠨ᠂ ᠨᠦᠬᠦᠪᠦᠷᠢ ᠤᠯᠭᠤᠮᠵᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠪᠤᠯᠤᠨ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠪᠠᠷᠢᠮᠵᠢᠶᠠᠨ ᠤ ᠲᠦᠪᠰᠢᠨ ᠢ ᠲᠡᠭᠡᠭᠰᠢᠯᠡᠬᠦᠯᠦᠨ᠎ᠡ ᠃ ᠮᠠᠯᠴᠢᠨ ᠲᠠᠷᠢᠶᠠᠴᠢᠨ ᠢ ᠬᠠᠷᠠᠭᠠᠯᠵᠠᠬᠤ ᠡᠯ᠎ᠡ  ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯᠠᠪᠠᠷ ᠨᠠᠶᠢᠳᠠᠪᠤᠷᠢᠵᠢᠭᠤᠯᠤᠨ᠂ ᠢᠳᠡᠰᠢᠨ ᠨᠤᠭᠤᠭ᠎ᠠ ᠶᠢ ᠲᠠᠷᠢᠶᠠᠯᠠᠩ ᠤᠨ ᠲᠠᠭᠠᠳᠬᠠᠯ ᠳᠤ ᠤᠷᠤᠭᠤᠯᠬᠤ ᠪᠠᠷ ᠴᠢᠷᠮᠠᠶᠢᠵᠤ᠂ ︽ᠨᠢᠭᠡ ᠺᠠᠷᠲ ᠪᠠᠷ ᠲᠠᠷᠬᠠᠭᠠᠬᠤ︾ ᠠᠵᠢᠯ ᠢ ᠦᠷᠬᠦᠯᠵᠢᠯᠡᠨ ᠰᠠᠶᠢᠨ ᠬᠢᠵᠦ᠂ ᠪᠤᠢ ᠪᠦᠬᠦᠢ ᠨᠦᠬᠦᠪᠦᠷᠢ ᠮᠦᠩᠬᠦ ᠶᠢ ᠺᠠᠷᠲ ᠪᠠᠷ  ᠤᠯᠭᠤᠬᠤ ᠪᠠᠷ ᠴᠢᠷᠮᠠᠶᠢᠨ᠎ᠠ᠃ ︽ᠠᠰ ᠠᠰ ᠲᠤᠨᠢ ᠵᠦᠪᠯᠡᠬᠦ︾  ᠡᠳ᠋ ᠤᠨ ᠵᠠᠰᠠᠭ ᠤᠨ ᠱᠠᠩᠨᠠᠵᠤ ᠨᠦᠬᠦᠪᠦᠷᠢᠯᠡᠬᠦ ᠠᠵᠢᠯ ᠢ ᠢᠳᠡᠪᠬᠢᠳᠡᠢ ᠲᠦᠯᠬᠢᠨ ᠠᠬᠢᠭᠤᠯᠤᠨ᠎ᠠ᠃ ᠭᠠᠮᠰᠢᠭ ᠠᠴᠠ ᠠᠪᠤᠷᠠᠵᠤ ᠭᠠᠴᠢᠭᠳᠠᠯ ᠳᠤ ᠲᠤᠰᠠᠯᠠᠬᠤ ᠪᠠ ᠲᠠᠪᠤᠨ ᠪᠠᠳᠤᠯᠠᠭᠠᠨ ᠤ ᠠᠰᠠᠷᠠᠮᠵᠢ ᠶᠢᠨ ᠠᠵᠢᠯ ᠢ ᠨᠢᠮᠪᠠᠢ ᠰᠠᠶᠢᠨ ᠬᠢᠵᠦ᠂ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ  ᠎ ᠤᠨ ᠪᠠᠶᠢᠭᠤᠯᠤᠯᠳᠠ ᠶᠢ ᠴᠢᠩᠭᠠᠳᠬᠠᠨ᠎ᠠ᠃  ᠶᠠᠳᠠᠭᠤ ᠶᠢ ᠲᠡᠳᠬᠦᠬᠦ ᠲᠠᠯᠠᠪᠠᠷ᠂  1430 ᠲᠦᠮᠡᠨ ᠲᠦᠬᠦᠷᠢᠭ ᠤᠨ ᠶᠠᠳᠠᠭᠤ ᠶᠢ ᠳᠡᠳᠬᠦᠬᠦ ᠪᠡᠯᠡ ᠮᠦᠩᠬᠦ ᠤᠷᠤᠭᠤᠯᠵᠤ᠂  ᠪᠦᠬᠦᠶᠢᠯᠡ ᠲᠤᠰᠬᠤᠨ ᠎ ᠢᠶᠠᠷ ᠠᠬᠢᠭᠤᠯᠬᠤ᠂ ᠠᠵᠤ  ᠦᠢᠯᠡᠰᠵᠢᠯᠳᠡ ᠪᠠᠷ ᠶᠠᠳᠠᠭᠤ ᠶᠢ ᠳᠡᠳᠬᠦᠬᠦ᠂ ᠰᠢᠨᠵᠢᠯᠡᠬᠦ ᠮᠡᠷᠭᠡᠵᠢᠯ ᠢᠶᠠᠷ ᠶᠠᠳᠠᠭᠤ ᠶᠢ ᠳᠡᠳᠬᠦᠬᠦ᠂ ᠲᠠᠮ ᠬᠦᠦ ᠲᠠᠢ ᠵᠢᠭᠡᠯᠡᠯᠭᠡ  ᠲᠠᠯᠪᠢᠬᠤ ᠵᠡᠷᠭᠡ  ᠠᠵᠢᠯ ᠢ ᠪᠦᠬᠦ ᠬᠦᠴᠦᠨ ᠢᠶᠠᠷ ᠰᠠᠶᠢᠨ  ᠬᠢᠬᠦ ᠶᠢᠨ ᠬᠠᠮᠳᠤ᠂ ᠮᠠᠯᠵᠢᠬᠤ ᠲᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠲᠦᠷᠢᠮ ᠪᠠ ᠶᠠᠳᠠᠭᠤ ᠶᠢ  ᠲᠡᠳᠬᠦᠵᠦ ᠨᠡᠭᠡᠭᠡᠨ ᠬᠦᠭᠵᠢᠬᠦᠯᠬᠦ ᠲᠦᠷᠢᠮ  ᠎ ᠢ ᠵᠤᠯᠭᠠᠭᠤᠯᠬᠤ ᠠᠵᠢᠯ ᠢ ᠨᠢᠮᠪᠠᠢ ᠰᠠᠶᠢᠨ ᠬᠢᠵᠦ᠂ ᠬᠦᠴᠢᠷᠳᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠳᠤᠯᠠᠬᠤ ᠭᠡᠷᠡᠭᠳᠡᠢ᠃        2 . ᠡᠯ᠎ᠡ ᠲᠦᠷᠦᠯ ᠤᠨ ᠨᠡᠶᠢᠬᠡᠮ ᠤᠨ ᠦᠢᠯᠡᠰ ᠢ ᠠᠬᠢᠭᠤᠯᠤᠨ᠎ᠠ  ᠃  ᠰᠤᠷᠭᠠᠨ ᠬᠦᠮᠦᠵᠢᠯ ᠤᠨ ᠲᠠᠯᠠᠪᠠᠷ ᠂ ᠰᠤᠷᠭᠠᠭᠤᠯᠢ ᠶᠢᠨ ᠠᠮᠤᠷ ᠲᠦᠪᠰᠢᠨ ᠤ ᠢᠨᠵᠧᠨᠧᠷᠢᠩ ᠢ ᠦᠷᠬᠦᠯᠵᠢᠯᠡᠨ ᠭᠡᠷᠡᠭᠵᠢᠬᠦᠯᠵᠦ᠂1.96 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠨ  ᠪᠠᠶᠢᠷᠢ  ᠬᠢᠭᠡᠳ ᠵᠢᠭᠠᠨ  ᠰᠤᠷᠭᠠᠯᠳᠠ ᠶᠢᠨ ᠲᠠᠭᠠᠯᠳᠤᠯ ᠲᠦᠬᠦᠭᠡᠷᠦᠮᠵᠢ 10ᠲᠦᠮᠡᠨ ᠬᠠᠪᠳᠠᠭᠠᠢ ᠲᠦᠷᠪᠡᠯᠵᠢᠨ ᠮᠧᠲᠷ ᠢ ᠰᠢᠨ᠎ᠡ ᠪᠠᠷ  ᠪᠠᠶᠢᠭᠤᠯᠤᠨ᠎ᠠ᠃ ᠰᠤᠷᠭᠠᠭᠤᠯᠢ ᠡᠷᠬᠢᠯᠡᠬᠦ ᠨᠦᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠰᠤᠷᠭᠠᠨ ᠬᠦᠮᠦᠵᠢᠯ ᠤᠨ ᠪᠠᠶᠢᠷᠢᠰᠢᠭᠤᠯᠤᠯᠳᠠ  ᠎ ᠶᠢ ᠲᠤᠬᠢᠷᠠᠭᠤᠯᠬᠤ ᠡᠷᠴᠢᠮ ᠢ ᠴᠢᠩᠭᠠᠷᠠᠭᠤᠯᠵᠤ᠂ ᠪᠤᠤᠴᠠᠩ ᠤᠨ ᠨᠢᠭᠡᠳᠦᠭᠡᠷ ᠲᠤᠮᠳᠠᠳᠤ ᠰᠤᠷᠭᠠᠭᠤᠯᠢ ᠶᠢ ᠨᠡᠬᠦᠯᠬᠡᠬᠦ ᠪᠠᠷ ᠴᠢᠷᠮᠠᠶᠢᠨ᠂ ᠪᠤᠢ ᠪᠦᠬᠦᠢ ᠬᠦᠳᠡᠭᠡ ᠲᠤᠰᠬᠤᠨ ᠤ ᠰᠤᠷᠭᠠᠭᠤᠯᠢ ᠶᠢ ᠬᠠᠰᠤᠨ ᠴᠤᠮᠬᠠᠳᠬᠠᠵᠤ᠂ ᠰᠤᠷᠭᠠᠨ ᠬᠦᠮᠦᠵᠢᠯ ᠤᠨ ᠲᠡᠩᠴᠡᠬᠦᠷᠢᠳᠡᠢ ᠬᠦᠭᠵᠢᠬᠦ ᠶᠢ ᠠᠬᠢᠭᠤᠯᠤᠨ᠎ᠠ᠃  ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ  ᠬᠦᠮᠦᠵᠢᠯ ᠎ ᠤᠨ ᠲᠦᠷᠢᠮ ᠢ ᠭᠡᠷᠡᠭᠵᠢᠬᠦᠯᠵᠦ᠂ ᠬᠤᠰᠢᠭᠤᠨ ᠤ ᠭᠡᠦᠭᠡᠳ ᠤᠨ ᠴᠡᠴᠡᠷᠯᠢᠭ ᠤᠨ ᠪᠠᠶᠢᠭᠤᠯᠤᠯᠳᠠ ᠶᠢ  ᠲᠠᠭᠤᠰᠬᠠᠨ᠎ᠠ᠃ ᠰᠤᠷᠭᠠᠭᠤᠯᠢ ᠶᠢᠨ ᠲᠠᠷᠤᠭ᠎ᠠ ᠪᠤᠯᠤᠨ ᠪᠠᠭᠰᠢᠨᠠᠷ ᠤᠨ  ᠰᠤᠷᠢᠭ᠎ᠠ ᠪᠤᠯᠪᠠᠰᠤᠷᠠᠯ ᠢ ᠰᠠᠶᠢᠨ ᠠᠳᠬᠤᠵᠤ᠂ ᠰᠤᠷᠭᠠᠭᠤᠯᠢ ᠎ ᠶᠢᠨ ᠬᠠᠮᠢᠶᠠᠷᠤᠯᠳᠠ ᠶᠢ ᠴᠢᠩᠭᠠᠳᠬᠠᠨ᠂ ᠵᠢᠭᠠᠨ ᠰᠤᠷᠭᠠᠬᠤ ᠶᠠᠰᠤ ᠴᠢᠨᠠᠷ ᠢ ᠪᠦᠬᠦ ᠲᠠᠯᠠᠪᠠᠷ ᠲᠡᠭᠡᠭᠰᠢᠯᠡᠬᠦᠯᠦᠨ᠎ᠡ᠃ ᠡᠮ ᠡᠮᠨᠡᠯᠭᠡ ᠡᠷᠡᠬᠦᠯ ᠬᠠᠮᠠᠭᠠᠯᠠᠯ  ᠎ ᠤᠨ ᠲᠠᠯᠠᠪᠠᠷ᠂ ᠬᠤᠷᠰᠢᠭᠰᠠᠨ ᠡᠮᠨᠡᠯᠭᠡ ᠶᠢᠨ ᠠᠵᠢᠯ ᠢ ᠦᠷᠬᠦᠯᠵᠢᠯᠡᠨ ᠰᠠᠶᠢᠨ  ᠬᠢᠨ᠎ᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠤᠯᠠᠮ ᠰᠠᠶᠢᠵᠢᠷᠠᠭᠤᠯᠵᠤ᠂ ᠬᠠᠳᠠᠭᠤ ᠲᠤᠨᠤᠭ ᠤᠨ ᠬᠢᠷᠢ ᠲᠦᠪᠰᠢᠨ ᠢ ᠲᠡᠭᠡᠭᠰᠢᠯᠡᠬᠦᠯᠦᠨ᠂ ᠰᠢᠨ᠎ᠡ ᠪᠠᠷ ᠪᠠᠶᠢᠭᠤᠯᠤᠭ᠎ᠠ ᠡᠮᠨᠡᠯᠭᠡ ᠶᠢᠨ ᠬᠤᠷᠢᠶ᠎ᠠ ᠶᠢ ᠠᠰᠢᠭᠯᠠᠯᠳᠠ ᠳᠤ ᠤᠷᠤᠭᠤᠯᠵᠤ᠂  ᠬᠤᠩ ᠴᠢ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶᠠᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢᠨ ᠠᠵᠢᠯ ᠢ ᠲᠠᠭᠤᠰᠬᠠᠨ᠎ᠠ᠃  ᠲᠦᠩ ᠷᠧᠨ ᠡᠮᠨᠡᠯᠬᠡ ᠎ ᠶᠢᠨ ᠬᠤᠷᠢᠶᠠᠨ ᠤ ᠲᠤᠰᠬᠠᠢ ᠮᠡᠷᠭᠡᠵᠢᠯᠳᠡᠨ ᠢ ᠦᠷᠬᠦᠯᠵᠢᠯᠡᠨ  ᠵᠠᠯᠠᠵᠤ ᠡᠮᠴᠢᠯᠡᠬᠦᠯᠦᠨ᠂  ᠮᠠᠨ ᠤ ᠬᠤᠰᠢᠭᠤᠨ ᠤ ᠡᠮᠨᠡᠯᠬᠡ ᠶᠢᠨ ᠠᠵᠢᠯᠳᠠᠳ ᠢ  ᠪᠠᠰᠠ  ᠪᠤᠰᠤᠳ ᠭᠠᠵᠠᠷ ᠲᠤ ᠲᠤᠮᠢᠯᠠᠨ ᠰᠤᠷᠤᠯᠴᠠᠭᠤᠯᠬᠤ ᠪᠠ ᠲᠠᠪᠳᠠᠨ ᠪᠤᠯᠪᠠᠰᠤᠷᠠᠭᠤᠯᠵᠤ᠂  ᠡᠮᠨᠡᠵᠦ ᠵᠠᠰᠠᠬᠤ ᠮᠡᠷᠭᠡᠵᠢᠯ ᠤᠨ ᠲᠦᠪᠰᠢᠨ ᠢ ᠤᠯᠠᠮ ᠲᠡᠭᠡᠭᠰᠢᠯᠡᠬᠦᠯᠦᠨ᠎ᠡ᠃ ᠨᠡᠶᠢᠬᠡᠮ ᠲᠤᠭᠤᠷᠢᠭ ᠤᠨ 2ᠰᠠᠭᠤᠷᠢ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠴᠢᠳᠠᠪᠬᠢ ᠶᠢ ᠪᠦᠷᠢᠨᠰᠢᠬᠦᠯᠦᠨ᠎ᠡ᠃ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠠᠯᠬᠤᠮ ᠠᠯᠬᠤᠮ ᠢᠶᠠᠷ ᠲᠡᠩᠴᠡᠬᠦᠷᠢᠰᠢᠬᠦᠯᠦᠨ᠂  ᠡᠮ ᠡᠮᠨᠡᠯᠬᠡ  ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠬᠡᠷᠡᠴᠢᠯᠡᠯᠳᠡ ᠶᠢ  ᠲᠤᠭᠳᠠᠭᠤᠨ ᠢᠶᠠᠷ ᠠᠬᠢᠭᠤᠯᠵᠤ᠂  ᠪᠤᠢ ᠪᠦᠬᠦᠢ ᠵᠠᠰᠠᠭ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠳᠤ ᠤᠯᠤᠰ ᠤᠨ ᠦᠨᠳᠦᠰᠦᠨ ᠡᠮ ᠤᠨ ᠲᠦᠷᠢᠮ ᠢ  ᠭᠡᠷᠡᠭᠵᠢᠬᠦᠯᠵᠦ᠂ ᠡᠪᠡᠳᠴᠢᠨ ᠡᠮᠨᠡᠬᠦᠯᠬᠦ ᠳᠤ ᠦᠨᠡᠳᠡᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠲᠦᠯᠦᠪᠯᠡᠭᠡᠳᠦ ᠦᠷᠡᠵᠢᠯ ᠤᠨ ᠠᠵᠢᠯ ᠤᠨ ᠲᠠᠯᠠᠪᠠᠷ᠂ ᠬᠦᠮᠦᠨ ᠠᠮᠠ  ᠬᠢᠭᠡᠳ ᠲᠦᠯᠦᠪᠯᠡᠭᠡᠳᠦ ᠦᠷᠡᠵᠢᠯ ᠤᠨ ᠠᠵᠢᠯ ᠤᠨ ᠰᠢᠨ᠎ᠡ ᠲᠤᠭᠳᠠᠴᠠ ᠶᠢᠨ ᠪᠠᠶᠢᠭᠤᠯᠤᠯᠳᠠ ᠶᠢ ᠴᠢᠩᠭᠠᠳᠬᠠᠨ᠂ ᠬᠦᠮᠦᠨ ᠠᠮᠠ  ᠬᠢᠭᠡᠳ ᠲᠦᠯᠦᠪᠯᠡᠭᠡᠳᠦ ᠦᠷᠡᠵᠢᠯ ᠤᠨ ᠦᠢᠯᠡᠰ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ  ᠎ ᠶᠢ ᠲᠦᠯᠬᠢᠨ ᠠᠬᠢᠭᠤᠯᠤᠨ᠎ᠠ᠃  ᠰᠤᠶᠤᠯ ᠲᠠᠮᠢᠷ ‍ᠤᠨ‌ᠠᠵᠢᠯ ᠎ ᠤᠨ ᠲᠠᠯᠠᠪᠠᠷ᠂ ᠰᠤᠶᠤᠯ ᠤᠨ ᠲᠤᠮᠤ ᠠᠰᠠᠷ ᠢ ᠠᠰᠢᠭᠯᠠᠯᠳᠠ ᠳᠤ  ᠤᠷᠤᠭᠤᠯᠬᠤ  ᠎ ᠪᠠᠷ  ᠴᠢᠷᠮᠠᠶᠢᠨ᠎ᠠ᠃ ᠲᠠᠶᠢᠹᠤᠰᠧ ᠬᠤᠰᠢᠭᠤᠨ ᠤ ᠰᠤᠶᠤᠯ ᠢ ᠬᠦᠭᠵᠢᠬᠦᠯᠬᠦ  ᠵᠠᠭᠤᠴᠢ ᠺᠤᠮᠫᠠᠨᠢ ᠪᠤᠯᠤᠨ ᠴᠠᠬᠠᠷ ᠠᠷᠠᠳ ᠤᠨ ᠭᠠᠷ ᠤᠷᠠᠯᠠᠯ ᠢ ᠰᠤᠳᠤᠯᠬᠤ ᠲᠦᠪ ᠢ ᠪᠠᠶᠢᠭᠤᠯᠤᠨ᠎ᠠ᠃ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠲᠡᠦᠬᠡ ᠶᠢᠨ ᠲᠤᠷᠠᠰᠬᠠᠯᠳᠤ ᠵᠦᠢᠯ ᠤᠨ ᠨᠡᠶᠢᠳᠡᠮ ᠪᠠᠶᠢᠴᠠᠭᠠᠯᠳᠠ ᠬᠢᠭᠡᠳ ᠪᠤᠳᠠᠰ ᠤᠨ ᠪᠤᠰᠤ ᠰᠤᠶᠤᠯ ᠤᠨ ᠦᠪ ᠤᠨ ᠨᠡᠶᠢᠳᠡᠮ ᠪᠠᠶᠢᠴᠠᠭᠠᠯᠳᠠ ᠎ ᠶᠢᠨ ᠡᠮᠬᠢᠯᠡᠨ ᠲᠠᠩᠰᠠᠯᠠᠬᠤ ᠠᠵᠢᠯ ᠢ ᠰᠠᠶᠢᠨ ᠬᠢᠵᠦ᠂ ᠰᠤᠶᠤᠯ ᠤᠨ ᠦᠪ ᠤᠨ ᠬᠠᠮᠠᠭᠠᠯᠠᠯᠳᠠ ᠶᠢ ᠴᠢᠩᠭᠠᠳᠬᠠᠨ᠂ ᠤᠯᠤᠰ᠂ ᠤᠷᠤᠨ ᠤ ᠲᠡᠰ ᠤᠨ  ᠬᠠᠮᠠᠭᠠᠯᠠᠯᠳᠠ ᠶᠢᠨ ᠨᠡᠷᠡᠰ ᠲᠤ ᠢᠳᠡᠪᠬᠢᠳᠡᠢ ᠪᠠᠷ ᠡᠷᠡᠮᠡᠯᠵᠡᠯᠡᠨ ᠮᠡᠳᠡᠬᠦᠯᠦᠨ᠎ᠡ᠃ ᠤᠯᠠᠨ ᠲᠦᠮᠡᠨᠴᠢ ᠰᠤᠶᠤᠯ ᠤᠨ ᠬᠦᠳᠡᠯᠪᠦᠷᠢ ᠪᠠ ᠪᠦᠬᠦ ᠠᠷᠠᠳ ᠢᠶᠠᠷ ᠢᠶᠠᠨ ᠴᠢᠬᠢᠷᠠᠭᠵᠢᠬᠤ ᠬᠦᠳᠡᠯᠭᠡᠭᠡᠨ ᠢ ᠦᠷᠭᠡᠨ ᠲᠡᠯᠭᠡᠷ ᠦᠷᠨᠢᠬᠦᠯᠵᠦ᠂ ᠰᠤᠶᠤᠯ ᠤᠨ ᠵᠠᠬ᠎ᠠ ᠲᠡᠯᠬᠡᠬᠦᠷ ᠤᠨ ᠬᠠᠮᠢᠶᠠᠷᠤᠯᠳᠠ ᠶᠢ  ᠴᠢᠩᠭᠠᠳᠬᠠᠬᠤ ᠭᠡᠷᠡᠭᠳᠡᠢ᠃ ᠤᠬᠠᠭᠤᠯᠭ᠎ᠠ ᠷᠠᠳᠢᠤ᠋ ᠲᠧᠯᠸᠢᠰ ᠤᠨ ᠠᠵᠢᠯ ᠤᠨ ᠲᠠᠯᠠᠪᠠᠷ᠂ ᠭᠠᠳᠠᠭᠰᠢ ᠤᠬᠠᠭᠤᠯᠭ᠎ᠠ ᠶᠢᠨ ᠡᠷᠴᠢᠮ ᠢ ᠦᠷᠬᠦᠯᠵᠢᠯᠡᠨ ᠴᠢᠩᠭᠠᠷᠠᠭᠤᠯᠵᠤ᠂ ᠲᠠᠶᠢᠹᠤᠰᠧ ᠬᠤᠰᠢᠭᠤᠨ ᠤ ᠪᠠᠨ ᠨᠡᠷ᠎ᠡ ᠠᠯᠳᠠᠷᠰᠢᠯ ᠢ ᠲᠡᠭᠡᠭᠰᠢᠯᠡᠬᠦᠯᠦᠨ᠎ᠡ᠃ ᠷᠠᠳᠢᠤ᠋ ᠲᠧᠯᠸᠢᠰ ᠺᠢᠨᠤ᠋ ᠶᠢᠨ ᠠᠰᠠᠷ ᠢ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠂  ᠲᠠᠶᠢᠹᠤᠰᠧ ᠬᠤᠰᠢᠭᠤᠨ ᠤ ᠰᠡᠯᠬᠦᠭᠡ ᠲᠠᠪᠳᠠᠮᠵᠢᠳᠤ ᠷᠠᠳᠢᠤ᠋  ᠬᠤᠷᠢᠶᠠᠨ ᠤ ᠦᠪᠡᠷᠦᠨ ᠰᠤᠪᠠᠭ ᠢ ᠨᠡᠪᠳᠡᠷᠡᠬᠦᠯᠦᠨ᠎ᠡ᠃ ᠤᠳᠠᠰᠤ ᠦᠬᠡᠢ ᠪᠦᠷᠬᠦᠴᠡ ᠶᠢᠨ ᠢᠨᠵᠧᠨᠧᠷᠢᠩ᠂ ᠷᠠᠳᠢᠤ᠋ ᠲᠧᠯᠸᠢᠰ ᠤᠨ ︽ᠲᠤᠰᠬᠤᠨ ᠪᠤᠯᠭᠠᠨ ᠳᠤ ᠨᠡᠪᠳᠡᠷᠡᠬᠦ︾ ᠢᠨᠵᠧᠨᠧᠷᠢᠩ ᠬᠢᠭᠡᠳ ᠮᠠᠯᠵᠢᠬᠤ ᠲᠠᠷᠢᠶᠠᠯᠠᠬᠤ ᠤᠷᠤᠨ ᠤ ᠺᠢᠨᠤ᠋ ᠶᠢᠨ 2131 ᠢᠨᠵᠧᠨᠧᠷᠢᠩ ᠢ ᠦᠷᠬᠦᠯᠵᠢᠯᠡᠨ ᠰᠠᠶᠢᠳᠤᠷ ᠠᠳᠬᠤᠵᠤ᠂  ᠮᠢᠩᠭᠠᠨ ᠺᠢᠯᠤᠸᠠᠲ ᠤᠨ  ᠲᠧᠯᠸᠢᠰ ᠲᠠᠮᠵᠢᠭᠤᠯᠬᠤ ᠲᠦᠬᠦᠭᠡᠷᠦᠮᠵᠢ 2 ᠢᠵᠢ  ᠎ ᠶᠢ  ᠤᠬᠰᠠᠷᠠᠨ᠎ᠠ᠃ ᠠᠵᠢᠯ ᠦᠢᠯᠡᠰ ᠤᠨ ᠨᠢᠬᠡᠴᠡ ᠶᠢᠨ ᠲᠦᠷᠦᠯ ᠬᠤᠪᠢᠶᠠᠬᠤ ᠦᠭᠡᠷᠡᠴᠢᠯᠡᠯᠳᠡ᠂   ᠠᠵᠢᠯ ᠤᠨ ᠪᠦᠳᠦᠮᠵᠢ ᠶᠢᠨ ᠴᠠᠯᠢᠩ ᠤᠨ ᠦᠬᠡᠷᠡᠴᠢᠯᠡᠯᠳᠡ ᠶᠢ  ᠲᠦᠷᠭᠡᠳᠭᠡᠨ ᠠᠬᠢᠭᠤᠯᠵᠤ᠂ ᠠᠵᠢᠯ ᠤᠨ ᠪᠠᠶᠢᠷᠢ ᠶᠢᠨ ᠬᠠᠮᠢᠶᠠᠷᠤᠯᠳᠠ ᠶᠢᠨ ᠲᠦᠷᠢᠮ ᠪᠠ ᠤᠷᠢᠨ ᠭᠡᠷᠡᠭᠯᠡᠬᠦ ᠲᠦᠷᠢᠮ ᠢᠶᠠᠷ ᠭᠤᠤᠯᠳᠠᠯᠭ᠎ᠠ ᠪᠤᠯᠭᠠᠭᠰᠠᠨ ᠲᠦᠷᠢᠮ ᠤᠨ ᠦᠬᠡᠷᠡᠴᠢᠯᠡᠯᠳᠡ ᠶᠢ ᠤᠯᠠᠮ ᠬᠦᠨᠵᠡᠬᠡᠶᠢᠷᠡᠬᠦᠯᠦᠨ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠲᠦᠷᠢᠮᠵᠢᠯ ᠲᠠᠢ ᠪᠠᠷ ᠬᠦᠭᠵᠢᠬᠦᠯᠦᠨ᠎ᠡ᠃  ︽ᠵᠢᠷᠭᠤᠭ᠎ᠠ ᠲᠠᠪᠤ︾ ᠬᠠᠤᠯᠢ ᠲᠦᠭᠡᠮᠡᠯᠵᠢᠬᠦᠯᠬᠦ ᠠᠵᠢᠯ  ᠎ ᠤᠨ ᠡᠬᠢᠯᠡᠯᠳᠡ ᠶᠢ ᠰᠠᠶᠢᠨ ᠬᠢᠨ᠎ᠡ᠃ ᠡᠷᠦᠬᠡ ᠶᠢᠨ ᠴᠡᠷᠢᠭ ᠎ ᠤᠨ ᠪᠡᠯᠡᠳᠭᠡᠯ  ᠠᠩᠬᠢ ᠶᠢᠨ ᠪᠠᠶᠢᠭᠤᠯᠤᠯᠳᠠ ᠶᠢ  ᠴᠢᠩᠭᠠᠳᠬᠠᠵᠤ᠂ ᠪᠦᠬᠦ ᠠᠷᠠᠳ ᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ ᠢ  ᠰᠠᠶᠢᠳᠤᠷ ᠦᠷᠨᠢᠬᠦᠯᠦᠨ᠂  ᠴᠡᠷᠢᠭ ᠢᠶᠠᠨ ᠬᠦᠷᠢᠶᠡᠯᠡᠵᠦ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠰᠠᠶᠢᠨ ᠬᠢᠵᠦ᠂ ᠴᠡᠷᠢᠭ ᠵᠠᠰᠠᠭ᠂ ᠴᠡᠷᠢᠭ ᠠᠷᠠᠳ ᠨᠢᠬᠳᠠᠷᠠᠨ ᠪᠦᠯᠬᠦᠮᠳᠡᠭᠰᠡᠨ ᠤᠬᠢ ᠰᠠᠶᠢᠨ ᠭᠡᠪ ᠪᠠᠶᠢᠳᠠᠯ ᠢ ᠪᠠᠳᠤᠳᠬᠠᠬᠤ ᠬᠡᠷᠡᠭᠳᠡᠢ᠃ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠬᠡᠦᠭᠡᠳ ᠨᠠᠰᠤᠳᠠᠶᠢᠴᠤᠳ ᠵᠡᠮᠳᠡᠭᠴᠤᠳ ᠤᠨ ᠠᠵᠢᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠰᠢᠨᠵᠢᠯᠡᠬᠦ ᠮᠡᠷᠭᠡᠵᠢᠯ ᠤᠨ ᠨᠡᠶᠢᠬᠡᠮᠯᠢᠭ  ᠎ ᠤᠨ ᠠᠵᠢᠯ ᠢ ᠬᠠᠯᠠᠮᠵᠢᠯᠠᠨ ᠲᠡᠮᠵᠢᠵᠦ᠂ ᠦᠨᠳᠦᠰᠦᠳᠡᠨ ᠱᠠᠰᠢᠨ ᠰᠤᠷᠳᠠᠬᠤᠨ᠂ ᠭᠠᠳᠠᠭᠠᠳᠤ ᠶᠠᠪᠤᠳᠠᠯ ᠬᠠᠷᠢᠶᠠᠳᠤ ᠶᠢᠨ ᠠᠵᠢᠯ᠂ ᠲᠡᠦᠬᠡ ᠤᠶᠢᠯᠠᠯᠭ᠎ᠠ ᠲᠠᠩᠰᠠ ᠡᠪᠬᠡᠮᠡᠯ᠂ ᠲᠤᠭ᠎ᠠ ᠪᠦᠷᠢᠳᠭᠡᠯ᠂ ᠠᠭᠠᠷ ᠤᠨ ᠰᠡᠷᠭᠡᠶᠢᠯᠡᠯᠳᠡ᠂  ᠴᠠᠭ ᠠᠭᠤᠷ᠂ ᠭᠠᠵᠠᠷ ᠬᠦᠳᠡᠯᠦᠯᠳᠡ ᠠᠴᠠ ᠰᠡᠷᠭᠡᠶᠢᠯᠡᠬᠦ ᠵᠡᠷᠭᠡ  ᠡᠯ᠎ᠡ ᠲᠦᠷᠦᠯ ᠤᠨ ᠠᠵᠢᠯ ᠢ  ᠨᠢᠭᠡᠳᠦᠯᠳᠡᠢ ᠲᠦᠯᠦᠪᠯᠡᠨ ᠰᠠᠶᠢᠨ ᠬᠢᠵᠦ᠂ ᠨᠡᠶᠢᠬᠡᠮ ᠤᠨ ᠪᠦᠬᠦ ᠲᠠᠯ᠎ᠠ  ᠎ ᠪᠠᠷ᠂ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠬᠤ  ᠭᠡᠷᠡᠭᠳᠡᠢ᠃       3 . ᠨᠡᠶᠢᠬᠡᠮ ᠤᠨ  ᠬᠠᠮᠢᠶᠠᠷᠤᠯᠳᠠ ᠶᠢᠨ ᠠᠵᠢᠯ ᠢ ᠴᠢᠩᠭᠠᠳᠬᠠᠨ᠎ᠠ᠃  ᠤᠯᠠᠨ ᠲᠦᠮᠡᠨ ᠤ ᠠᠵᠢᠯ ᠢᠶᠠᠷ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠤᠭᠤᠳᠤᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ  ᠲᠤᠪᠤᠶᠢᠮ᠎ᠠ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ  ᠠᠵᠢᠯ ᠳᠤ ᠭᠡᠷᠡᠭᠯᠡᠬᠦ ᠪᠡᠯᠡᠳᠭᠡᠯ ᠮᠦᠩᠬᠦ ᠶᠢᠨ ᠲᠦᠷᠢᠮ ᠢ ᠪᠠᠶᠢᠭᠤᠯᠤᠨ ᠲᠤᠰ ᠱᠠᠳᠤᠨ ᠤ ᠪᠠᠨ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠎ᠠ᠃ ᠨᠡᠶᠢᠬᠡᠮ ᠤᠨ ᠬᠠᠮᠢᠶᠠᠷᠤᠯᠳᠠ ᠶᠢᠨ ᠰᠢᠨᠡᠴᠢᠯᠡᠯᠳᠡ ᠶᠢ ᠲᠦᠯᠬᠢᠨ ᠠᠬᠢᠭᠤᠯᠵᠤ᠂ ᠰᠤᠮᠤ ᠰᠢᠶᠠᠩ ᠪᠠᠯᠭᠠᠰᠤ  ᠎ ᠳᠤ ᠤᠯᠠᠨ ᠲᠦᠮᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠬᠢᠭᠡᠳ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ  ᠪᠠᠶᠢᠭᠤᠯᠤᠮᠵᠢ ᠶᠢ ᠪᠠᠶᠢᠭᠤᠯᠵᠤ᠂ ᠡᠯ᠎ᠡ ᠲᠦᠷᠦᠯ ᠤᠨ ᠨᠡᠶᠢᠬᠡᠮ ᠤᠨ ᠵᠦᠷᠢᠴᠡᠯ ᠢ ᠡᠬᠢ ᠰᠤᠷᠪᠤᠯᠵᠢ ᠠᠴᠠ ᠨᠢ  ᠤᠷᠢᠳᠴᠢᠯᠠᠨ ᠰᠡᠷᠭᠡᠶᠢᠯᠡᠬᠦ ᠪᠠ  ᠨᠠᠮᠳᠠᠭᠤᠯᠤᠨ ᠰᠢᠢᠳᠪᠦᠷᠢᠯᠡᠬᠦ ᠶᠢ ᠠᠩᠬᠠᠷᠴᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠪᠠᠭ᠎ᠠ ᠭᠡᠷᠡᠭ  ᠎ ᠢ ᠭᠠᠴᠠᠭ᠎ᠠ ᠲᠤᠰᠬᠤᠨ ᠠᠴᠠ  ᠭᠠᠷᠭᠠᠬᠤ ᠦᠬᠡᠢ᠂ ᠡᠩ  ᠎ ᠤᠨ ᠬᠡᠷᠡᠭ ᠢ ᠰᠤᠮᠤ ᠰᠢᠶᠠᠩ ᠪᠠᠯᠭᠠᠰᠤ ᠠᠴᠠ ᠭᠠᠷᠭᠠᠬᠤ ᠦᠬᠡᠢ᠂ ᠶᠡᠭᠡ ᠭᠡᠷᠡᠭ  ᠎ ᠢ ᠴᠤ ᠬᠤᠰᠢᠭᠤ ᠠᠴᠠ ᠭᠠᠷᠭᠠᠬᠤ ᠦᠬᠡᠢ ᠪᠠᠷ ᠴᠢᠷᠮᠠᠶᠢᠬᠤ ᠭᠡᠷᠡᠭᠳᠡᠢ᠃ ᠢᠳᠡᠭᠡᠨ ᠡᠮ ᠤᠨ ᠵᠦᠢᠯ ᠤᠨ ᠠᠶᠤᠯᠬᠦᠢ ᠶᠢᠨ ᠲᠤᠰᠬᠠᠢ ᠴᠡᠭᠴᠡᠯᠡᠯᠳᠡ ᠶᠢ ᠬᠦᠨᠵᠡᠭᠡᠢ ᠦᠷᠨᠢᠬᠦᠯᠵᠦ᠂  ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠪᠠᠶᠢᠭᠤᠯᠤᠨ᠎ᠠ᠃ ᠬᠤᠭᠤᠯᠠ ᠤᠮᠳᠠ ᠶᠢᠨ ᠦᠢᠯᠡᠴᠢᠯᠡᠭᠡᠨ ᠤ ᠦᠢᠯᠡᠰ ᠤᠨ ᠠᠶᠤᠯᠬᠦᠢ ᠪᠠ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠠᠵᠢᠯ ᠢ ᠴᠢᠩᠭᠠᠳᠬᠠᠨ᠎ᠠ᠃ ᠠᠶᠤᠯᠬᠦᠢ ᠦᠢᠯᠡᠳᠪᠦᠷᠢᠯᠡᠯ ᠢ ᠦᠨᠡᠨᠬᠦ ᠴᠢᠩᠭᠠᠳᠬᠠᠵᠤ᠂ ᠬᠦᠨᠳᠦ ᠶᠡᠭᠡ ᠭᠡᠷᠡᠭ  ᠎ ᠤᠨ ᠡᠬᠦᠰᠦᠯ ᠎ ᠢ ᠴᠢᠩᠭ᠎ᠠ  ᠰᠡᠷᠭᠡᠶᠢᠯᠡᠬᠦ ᠪᠠ ᠬᠤᠷᠢᠭᠯᠠᠬᠤ ᠭᠡᠷᠡᠭᠳᠡᠢ᠃  ᠡᠨᠧᠷᠬᠢ ᠠᠷᠪᠢᠯᠠᠵᠤ  ᠪᠤᠬᠢᠷᠳᠤᠯ ᠭᠠᠳᠠᠭᠰᠢᠯᠠᠭᠤᠯᠬᠤ ᠡᠯ᠎ᠡ ᠵᠦᠢᠯ ᠤᠨ ᠠᠷᠭ᠎ᠠ ᠠᠪᠴᠢᠯ ᠢ ᠦᠷᠬᠦᠯᠵᠢᠯᠡᠨ ᠨᠠᠶᠢᠳᠠᠪᠤᠷᠢᠵᠢᠭᠤᠯᠵᠤ᠂ ᠲᠡᠭᠡᠳᠦ ᠱᠠᠳᠤᠨ ᠠᠴᠠ ᠪᠠᠭᠤᠯᠭᠠᠭᠰᠠᠨ ᠬᠦᠢᠴᠡᠳᠭᠡᠬᠦ ᠲᠤᠭ᠎ᠠ ᠶᠢ ᠪᠦᠬᠦ ᠲᠠᠯᠠᠪᠠᠷ ᠪᠡᠶᠡᠯᠡᠬᠦᠯᠦᠨ᠎ᠡ᠃ ᠦᠨ᠎ᠡ ᠬᠠᠩᠰᠢ ᠶᠢᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠦᠨ᠎ᠡ ᠬᠠᠩᠰᠢ ᠶᠢ ᠲᠤᠷ᠎ᠠ ᠪᠠᠷ ᠢᠶᠠᠨ ᠦᠰᠭᠡᠬᠦ ᠵᠡᠷᠭᠡ ᠬᠠᠤᠯᠢ  ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠭᠡᠷᠡᠭᠯᠡᠭᠡᠨ ᠤ ᠵᠠᠬ᠎ᠠ ᠲᠡᠯᠬᠡᠬᠦᠷ  ᠎ ᠢ ᠬᠦᠭᠵᠢᠬᠦᠯᠦᠨ᠂ ᠦᠨ᠎ᠡ ᠬᠠᠩᠰᠢ  ᠎ ᠶᠢᠨ ᠲᠤᠭᠳᠠᠭᠤᠨ  ᠎ ᠢ ᠪᠠᠳᠤᠯᠠᠵᠤ᠂ ᠦᠷᠭᠡᠨ ᠤᠯᠠᠨ ᠭᠡᠷᠡᠭᠯᠡᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠭᠡᠷᠡᠭᠳᠡᠢ᠃ ᠤᠷᠤᠰᠢᠭᠤᠯᠭ᠎ᠠ ᠶᠢᠨ ᠦᠬᠡᠷᠡᠴᠢᠯᠡᠯᠳᠡ ᠶᠢ ᠲᠦᠯᠬᠢᠨ ᠠᠬᠢᠭᠤᠯᠵᠤ᠂ ᠦᠨᠳᠦᠷ ᠪᠠᠷᠢᠮᠵᠢᠶᠠᠳᠤ ᠨᠡᠶᠢᠳᠡ ᠶᠢᠨ ᠪᠤᠯᠠᠰᠢᠨ ᠎ ᠤ ᠭᠠᠵᠠᠷ 2᠎ ᠶᠢ ᠪᠠᠶᠢᠭᠤᠯᠤᠨ᠎ᠠ᠃ ᠨᠢᠭᠤᠴᠠ ᠹᠠᠷᠤᠨᠲ ᠤᠨ ᠲᠡᠮᠡᠴᠡᠯ ᠢ ᠴᠢᠩᠭᠠᠳᠬᠠᠨ᠂ ᠰᠡᠷᠭᠡᠶᠢᠯᠡᠨ ᠡᠵᠡᠮᠰᠢᠬᠦ ᠰᠢᠰᠲ᠋ᠧᠮ ‍ᠤᠨ‌‍ᠪᠠᠶᠢᠭᠤᠯᠤᠯᠳᠠ ᠶᠢ ᠲᠦᠷᠭᠡᠳᠭᠡᠵᠦ᠂ ᠬᠤᠤᠷ ᠴᠠᠭᠠᠵᠠᠯᠠᠬᠤ ᠠᠵᠢᠯ ᠤᠨ ᠪᠦᠳᠦᠮᠵᠢ ᠶᠢ ᠪᠠᠳᠤᠳᠬᠠᠨ᠂  ᠨᠡᠶᠢᠬᠡᠮ ᠤᠨ ᠲᠤᠭᠳᠠᠭᠤᠨ ᠢ ᠪᠦᠬᠦ ᠬᠦᠴᠦᠨ ᠢᠶᠠᠷ  ᠬᠠᠮᠠᠭᠠᠯᠠᠨ᠎ᠠ᠃         ︵ᠲᠠᠪᠤ︶ ᠠᠷᠪᠠᠨ ᠪᠤᠳᠠᠳᠤ ᠠᠵᠢᠯ ᠢ ᠪᠦᠬᠦ ᠬᠦᠴᠦᠨ  ᠎ ᠢᠶᠠᠷ ᠰᠠᠶᠢᠨ ᠬᠢᠬᠦ ᠭᠡᠷᠡᠭᠳᠡᠢ᠃   ᠨᠢᠭᠡ ᠳᠤ᠂ ᠬᠤᠳᠠ ᠬᠦᠳᠡᠭᠡ ᠶᠢᠨ ᠤᠷᠤᠨ ᠰᠠᠭᠤᠴᠠ ᠶᠢᠨ ᠪᠠᠳᠤᠯᠠᠭᠠᠨ ᠤ ᠠᠵᠢᠯ ᠢ ᠭᠡᠷᠡᠭᠵᠢᠬᠦᠯᠵᠦ᠂  780  ᠭᠡᠷ ᠪᠠᠶᠢᠰᠢᠩ ᠎ ᠢ ᠡᠷᠦᠬᠡ ᠳᠤ  ᠬᠤᠪᠢᠶᠠᠨ᠂ ᠡᠨᠡ ᠵᠢᠯ ᠪᠠᠰᠠ 840᠎ ᠶᠢ ᠰᠢᠨ᠎ᠡ ᠪᠠᠷ ᠨᠡᠮᠡᠭᠳᠡᠬᠦᠯᠵᠦ᠂  ᠤᠷᠤᠨ ᠰᠠᠭᠤᠴᠠ ᠶᠢᠨ ᠨᠦᠬᠦᠪᠦᠷᠢ 400 ᠲᠦᠮᠡᠨ ᠲᠦᠬᠦᠷᠢᠭ ᠢ  ᠲᠠᠷᠬᠠᠭᠠᠬᠤ ᠶᠢᠨ ᠬᠠᠮᠳᠤ ᠮᠠᠯᠵᠢᠬᠤ ᠲᠠᠷᠢᠶᠠᠯᠠᠬᠤ ᠤᠷᠤᠨ ᠤ 350 ᠡᠷᠦᠬᠡ ᠶᠢᠨ 1.58 ᠲᠦᠮᠡᠨ ᠬᠠᠪᠳᠠᠭᠠᠢ ᠲᠦᠷᠪᠡᠯᠵᠢᠨ ᠮᠧᠲᠷ ᠠᠶᠤᠯᠳᠠᠢ ᠭᠡᠷ ᠪᠠᠶᠢᠰᠢᠩ ᠢ ᠵᠠᠰᠠᠨ ᠰᠢᠨᠡᠳᠭᠡᠨ᠎ᠡ᠃  ᠬᠤᠶᠠᠷ ᠲᠤ᠂  ᠠᠵᠢᠯ ᠤᠯᠬᠤ ᠳᠤ ᠬᠦᠴᠢᠷᠳᠡᠢ ᠬᠦᠮᠦᠰ ᠲᠤ ᠨᠡᠶᠢᠬᠡᠮ ᠤᠨ ᠲᠠᠭᠠᠳᠬᠠᠯ ᠤᠨ ᠨᠦᠬᠦᠪᠦᠷᠢ 300 ᠲᠦᠮᠡᠨ ᠲᠦᠬᠦᠷᠢᠭ᠂ ᠦᠢᠯᠡᠰ ᠪᠦᠳᠦᠭᠡᠬᠦ ᠪᠠᠭ᠎ᠠ ᠭᠡᠮᠵᠢᠶᠡᠨ ᠤ ᠵᠢᠭᠡᠯᠡᠯᠭᠡ 600 ᠲᠦᠮᠡᠨ ᠲᠦᠬᠦᠷᠢᠭ  ᠎ ᠢ  ᠲᠠᠷᠬᠠᠭᠠᠨ᠎ᠠ᠃ ᠭᠤᠷᠪᠠ ᠳᠤ  ᠂  ᠬᠤᠷᠰᠢᠭᠰᠠᠨ ᠡᠮᠨᠡᠯᠬᠡ ᠶᠢᠨ ᠵᠠᠰᠠᠭ ᠤᠨ ᠤᠷᠳᠤᠨ ᠤ ᠨᠦᠬᠦᠪᠦᠷᠢ ᠶᠢᠨ ᠪᠠᠷᠢᠮᠵᠢᠶ᠎ᠠ ᠎ ᠶᠢ ᠬᠦᠮᠦᠨ ᠪᠦᠷᠢ ᠵᠢᠯ ᠤᠨ200 ᠲᠦᠬᠦᠷᠢᠭ  ᠪᠤᠯᠭᠠᠵᠤ ᠦᠰᠭᠡᠨ᠂  ᠬᠤᠷᠰᠢᠭᠰᠠᠨ ᠡᠮᠨᠡᠯᠬᠡ ᠳᠤ ᠤᠷᠤᠯᠴᠠᠬᠤ ᠨᠤᠷᠮ᠎ᠠ ᠶᠢ ᠦᠷᠬᠦᠯᠵᠢᠯᠡᠨ 95%  ᠎ ᠠᠴᠠ ᠲᠡᠭᠡᠭᠰᠢ  ᠪᠠᠶᠢᠯᠠᠭᠠᠨ᠎ᠠ᠃  ᠲᠦᠷᠪᠡ ᠳᠤ  ᠂ 11 ᠰᠠᠭᠤᠷᠢ ᠡᠷᠡᠬᠦᠯ ᠬᠠᠮᠠᠭᠠᠯᠠᠯ ᠤᠨ ᠬᠤᠷᠢᠶ᠎ᠠ ᠨᠢ ᠪᠦᠬᠦᠨ ᠢᠶᠠᠷ ᠢᠶᠠᠨ ᠡᠬᠦᠳᠡᠨ ᠡᠮᠨᠡᠯᠭᠡ ᠶᠢᠨ  ᠲᠤᠬᠠᠢ ᠶᠢᠨ ᠲᠠᠯᠠᠪᠤᠷ ᠤᠨ ᠲᠠᠩᠰᠠᠨ ᠎ ᠠᠴᠠ ᠴᠠᠶᠢᠷᠠᠭᠤᠯᠬᠤ ᠠᠵᠢᠯ ᠢ  ᠭᠡᠷᠡᠭᠵᠢᠬᠦᠯᠦᠨ᠂ ᠤᠯᠠᠨ ᠲᠦᠮᠡᠨ ᠤ ᠡᠪᠡᠳᠴᠢᠨ ᠡᠮᠨᠡᠬᠦᠯᠬᠦ ᠬᠦᠴᠢᠷᠳᠡᠯ ᠢ ᠰᠢᠢᠳᠪᠦᠷᠢᠯᠡᠨ᠎ᠡ᠃  ᠲᠠᠪᠤ ᠳᠤ᠂ ᠰᠤᠶᠤᠯ ᠤᠨ ᠬᠦᠳᠡᠯᠪᠦᠷᠢ ᠶᠢᠨ ᠠᠭᠤᠳᠠᠮ ᠲᠠᠯᠠᠪᠠᠢ ᠬᠢᠭᠡᠳ  ᠵᠠᠯᠠᠭᠤ ᠪᠠᠭᠠᠴᠤᠳ ᠎ ᠤᠨ ᠬᠦᠳᠡᠯᠪᠦᠷᠢ ᠠᠵᠢᠯᠯᠠᠭᠠᠨ ᠤ ᠲᠦᠪ ᠤᠨ ᠪᠠᠶᠢᠭᠤᠯᠤᠯᠳᠠ ᠶᠢ ᠲᠠᠭᠤᠰᠬᠠᠵᠤ ᠠᠰᠢᠭᠯᠠᠯᠳᠠ ᠳᠤ ᠤᠷᠤᠭᠤᠯᠤᠨ᠎ᠠ᠃ ᠵᠢᠷᠭᠤᠭ᠎ᠠ ᠳᠤ᠂  ᠰᠤᠷᠭᠠᠭᠤᠯᠢ ᠶᠢᠨ ᠠᠮᠤᠷ ᠲᠦᠪᠰᠢᠨ ᠤ ᠢᠨᠵᠧᠨᠧᠷᠢᠩ ᠢ ᠪᠡᠶᠡᠯᠡᠬᠦᠯᠵᠦ᠂ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠂  ᠬᠤᠰᠢᠭᠤᠨ ᠤ ᠬᠡᠦᠭᠡᠳ ᠤᠨ ᠴᠡᠴᠡᠷᠯᠢᠭ  ᠎ ᠢ ᠠᠰᠢᠭᠯᠠᠯᠳᠠ ᠳᠤ ᠤᠷᠤᠭᠤᠯᠤᠨ᠎ᠠ᠃ ᠲᠤᠯᠤᠭ᠎ᠠ ᠳᠤ᠂ ᠪᠤᠤᠴᠠᠩ ᠪᠠᠯᠭᠠᠰᠤᠨ ᠤ ᠵᠡᠬᠦᠨ ᠭᠤᠯᠳᠤᠷᠢᠯ ᠤᠨ ᠦᠬᠡᠷᠡᠴᠢᠯᠡᠯᠳᠡ  ᠎ ᠶᠢᠨ ᠪᠠᠷᠢᠯᠭ᠎ᠠ ᠶᠢ  ᠡᠬᠢᠯᠡᠬᠦᠯᠵᠦ᠂ ᠦᠶᠡᠷ ᠰᠡᠷᠭᠡᠶᠢᠯᠡᠬᠦ ᠴᠢᠳᠠᠪᠤᠷᠢ ᠶᠢ  ᠲᠡᠭᠡᠭᠰᠢᠯᠡᠬᠦᠯᠦᠨ᠂ ᠬᠤᠳᠠ ᠶᠢᠨ ᠲᠦᠷᠬᠦ ᠶᠢ ᠰᠠᠶᠢᠵᠢᠷᠠᠭᠤᠯᠤᠨ᠎ᠠ᠃ ᠨᠠᠢᠮᠠ ᠳᠤ᠂ ᠬᠦᠮᠦᠨ ᠮᠠᠯ ᠤᠨ ᠤᠰᠤ ᠤᠮᠳᠠ ᠶᠢᠨ ᠠᠶᠤᠯᠬᠦᠢ  ᠎ ᠶᠢᠨ ᠢᠨᠵᠧᠨᠧᠷᠢᠩ 20᠎ ᠶᠢ  ᠭᠡᠷᠡᠭᠵᠢᠬᠦᠯᠵᠦ᠂ 20 ᠭᠠᠴᠠᠭ᠎ᠠ ᠲᠤᠰᠬᠤᠨ ᠤ 8000 ᠬᠦᠮᠦᠨ ᠠᠮᠠ  ᠎ ᠳᠤ ᠠᠶᠤᠯᠬᠦᠢ ᠤᠤᠭᠤᠬᠤ ᠤᠰᠤ ᠬᠠᠩᠭᠠᠨ᠎ᠠ᠃ ᠶᠢᠰᠦ ᠳᠤ᠂ ᠲᠦᠪᠯᠡᠷᠡᠬᠦᠯᠦᠨ ᠢᠯᠴᠢ ᠬᠠᠩᠭᠠᠬᠤ 2 ᠭᠤᠤᠯ ᠲᠤᠭᠤᠷᠢᠭ ᠤᠨ ᠪᠠᠶᠢᠭᠤᠯᠤᠯᠳᠠ ᠶᠢ ᠲᠠᠭᠤᠰᠬᠠᠨ᠂ 12.9 ᠺᠢᠯᠤᠮᠧᠲᠷ ᠢᠯᠴᠢ ᠬᠠᠩᠭᠠᠬᠤ ᠬᠤᠭᠤᠯᠠᠢ  ᠎ ᠶᠢ ᠦᠬᠡᠷᠡᠴᠢᠯᠡᠬᠦ ᠪᠠ ᠰᠢᠨ᠎ᠡ ᠪᠠᠷ ᠪᠠᠶᠢᠭᠤᠯᠵᠤ᠂ ᠢᠯᠴᠢ ᠬᠠᠩᠭᠠᠬᠤ ᠲᠠᠯᠠᠪᠠᠢ ᠶᠢ 10 ᠲᠦᠮᠡᠨ ᠬᠠᠪᠳᠠᠭᠠᠢ ᠲᠦᠷᠪᠡᠯᠵᠢᠨ ᠮᠧᠲᠷ  ᠦᠷᠭᠡᠳᠭᠡᠨ᠂ ᠲᠦᠪᠯᠡᠷᠡᠬᠦᠯᠦᠨ ᠢᠯᠴᠢ ᠬᠠᠩᠭᠠᠬᠤ ᠨᠤᠷᠮ᠎ᠠ ᠶᠢ 50%᠎ ᠳᠤ ᠬᠦᠷᠭᠡᠨ᠎ᠡ᠃ ᠠᠷᠪᠠ ᠳᠤ᠂  ᠲᠠᠷᠢᠶᠠᠯᠠᠩ ᠤᠨ ᠴᠠᠬᠢᠯᠭᠠᠨ ᠲᠤᠤᠷ ᠤᠨ ᠦᠬᠡᠷᠡᠴᠢᠯᠡᠯᠳᠡ  ᠎ ᠶᠢᠨ ᠰᠢᠨ᠎ᠡ ᠡᠭᠡᠯᠵᠢ ᠶᠢᠨ  ᠢᠨᠵᠧᠨᠧᠷᠢᠩ ᠢ ᠡᠬᠢᠯᠡᠵᠦ᠂ ᠠᠵᠤ ᠦᠢᠯᠡᠳᠪᠦᠷᠢ ᠲᠠᠷᠢᠶᠠᠯᠠᠩ ᠳᠤ ᠭᠡᠷᠡᠭᠯᠡᠬᠦ ᠴᠠᠬᠢᠯᠭᠠᠨ ᠤ ᠭᠡᠷᠡᠭᠴᠡᠭᠡ ᠶᠢ ᠬᠠᠩᠭᠠᠨ᠂ ᠬᠤᠳᠠ ᠬᠦᠳᠡᠭᠡ ᠶᠢᠨ ᠴᠠᠬᠢᠯᠭᠠᠨ ᠲᠤᠤᠷ ᠤᠨ ᠪᠦᠳᠦᠴᠡ ᠶᠢ  ᠰᠠᠶᠢᠵᠢᠷᠠᠭᠤᠯᠤᠨ᠎ᠠ᠃      ᠲᠡᠭᠡᠷ᠎ᠡ ᠲᠤᠷᠠᠳᠤᠭᠰᠠᠨ ᠬᠠᠷᠠᠯᠳᠠ ᠡᠬᠦᠷᠭᠡ ᠶᠢ ᠪᠡᠶᠡᠯᠡᠬᠦᠯᠬᠦ ᠶᠢᠨ ᠲᠦᠯᠦᠬᠡ ᠪᠢᠳᠡ ᠡᠷᠭᠡᠪᠰᠢ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠢ ᠤᠯᠠᠮ ᠨᠢᠭᠡ ᠠᠯᠬᠤᠮ ᠴᠢᠩᠭᠠᠳᠬᠠᠨ᠂  ᠬᠠᠤᠯᠢ ᠪᠠᠷ ᠵᠠᠰᠠᠭᠰᠠᠨ  ᠂ ᠠᠷᠢᠭᠤᠨ ᠴᠢᠭᠡᠴᠢ  ᠂ ᠠᠵᠢᠯ ᠢᠶᠠᠨ ᠢᠯᠡᠵᠢᠬᠦᠯᠦᠭᠰᠡᠨ᠂ ᠦᠢᠯᠡᠴᠢᠯᠡᠬᠦ ᠭᠡᠯᠪᠡᠷᠢ ᠶᠢᠨ ᠵᠠᠰᠠᠭ ᠤᠨ ᠤᠷᠳᠤᠨ ᠢ ᠪᠠᠶᠢᠭᠤᠯᠬᠤ ᠲᠡᠭᠡᠷ᠎ᠡ ᠦᠷᠬᠦᠯᠵᠢᠯᠡᠨ ᠬᠦᠴᠦ  ᠲᠠᠯᠪᠢᠬᠤ ᠭᠡᠷᠡᠭᠳᠡᠢ᠃ ᠠᠷᠠᠳᠴᠢᠯᠠᠯ ᠢᠶᠠᠷ ᠰᠢᠢᠳᠪᠦᠷᠢ ᠲᠤᠭᠳᠠᠵᠤ᠂ ᠰᠢᠨᠵᠢᠯᠡᠬᠦ ᠤᠬᠠᠭᠠᠨᠴᠢ ᠪᠠᠷ ᠵᠠᠰᠠᠭ ᠶᠠᠪᠤᠭᠤᠯᠤᠨ᠎ᠠ᠃ ᠬᠦᠨᠳᠦ ᠶᠡᠭᠡ ᠭᠡᠷᠡᠭ ᠶᠠᠪᠤᠳᠠᠯ ᠢ ᠲᠤᠰᠬᠠᠢ ᠮᠡᠷᠭᠡᠵᠢᠯᠳᠡᠨ ᠎ ᠠᠴᠠ ᠯᠠᠪᠯᠠᠬᠤ᠂ ᠨᠡᠶᠢᠬᠡᠮ ᠤᠨ ᠲᠤᠭᠳᠠᠭᠤᠨ ᠤ ᠲᠦᠭᠰᠢᠬᠦᠷᠢ ᠶᠢ ᠦᠨᠡᠯᠡᠬᠦ᠂ ᠢᠯᠡ ᠨᠡᠶᠢᠳᠡᠯᠡᠵᠦ ᠰᠤᠨᠤᠰᠤᠨ ᠭᠡᠷᠡᠴᠢᠯᠡᠬᠦ  ᠪᠠ ᠬᠠᠤᠯᠢ ᠳᠤ ᠨᠡᠶᠢᠴᠡᠭᠰᠡᠨ ᠬᠢᠨᠠᠨ ᠪᠠᠶᠢᠴᠠᠭᠠᠬᠤ ᠲᠦᠷᠢᠮ ᠢ ᠲᠡᠬᠦᠯᠳᠡᠷᠵᠢᠬᠦᠯᠦᠨ᠎ᠡ᠃ ᠶᠠᠮᠠᠷᠪᠠ  ᠴᠢᠬᠤᠯᠠ ᠶᠡᠭᠡ ᠰᠢᠢᠳᠪᠦᠷᠢ ᠶᠢ ᠪᠦᠷ ᠬᠦᠨᠵᠡᠭᠡᠢ  ᠪᠠᠶᠢᠴᠠᠭᠠᠨ ᠰᠤᠳᠤᠯᠵᠤ᠂ ᠬᠦᠢᠴᠡᠳ ᠨᠤᠳᠠᠯᠠᠨ᠂ ᠬᠠᠮᠳᠤᠪᠠᠷ ᠶᠠᠷᠢᠯᠴᠠᠵᠤ ᠪᠠᠶᠢᠭᠠᠳ ᠲᠤᠭᠳᠠᠨ᠎ᠠ︔  ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠪᠠ  ᠪᠡᠶ᠎ᠡ ᠶᠢᠨ ᠠᠰᠢᠭ  ᠲᠤᠰᠠ ᠳᠤ ᠬᠤᠯᠪᠤᠭᠳᠠᠭᠰᠠᠨ‌‍ᠶᠠᠮᠠᠷᠪᠠ ᠭᠡᠷᠡᠭ ᠤᠴᠢᠷ ᠢ ᠪᠦᠷ ᠨᠡᠶᠢᠬᠡᠮ ᠳᠤ ᠢᠯᠡ ᠨᠡᠶᠢᠳᠡᠯᠡᠬᠦ ᠪᠠ ᠰᠤᠨᠤᠰᠴᠤ ᠭᠡᠷᠡᠴᠢᠯᠡᠬᠦ ᠲᠦᠷᠢᠮ  ᠎ ᠢᠶᠠᠷ ᠶᠠᠪᠤᠭᠳᠠᠭᠤᠯᠤᠨ᠎ᠠ᠃ ᠵᠠᠰᠠᠭ ᠤᠨ ᠶᠠᠪᠤᠳᠠᠯ  ᠎ ᠢ ᠢᠯᠡ ᠨᠡᠶᠢᠳᠡᠯᠡᠬᠦ  ᠠᠵᠢᠯ ᠢ ᠬᠦᠨᠵᠡᠬᠡᠢ ᠲᠦᠯᠬᠢᠨ ᠠᠬᠢᠭᠤᠯᠵᠤ᠂ ᠵᠠᠰᠠᠭ ᠤᠨ ᠤᠷᠳᠤᠨ ᠤ ᠲᠤᠤᠷ ᠰᠦᠯᠵᠢᠶᠠᠨ ᠤ ᠪᠠᠶᠢᠭᠤᠯᠤᠯᠳᠠ ᠶᠢ ᠴᠢᠩᠭᠠᠳᠬᠠᠨ᠂ ᠵᠠᠰᠠᠭ ᠤᠨ ᠤᠷᠳᠤᠨ ᠤ ᠮᠡᠳᠡᠭᠡ ᠵᠠᠩᠬᠢ  ᠢᠯᠡ  ᠨᠡᠶᠢᠳᠡᠯᠡᠬᠦ ᠲᠦᠷᠢᠮ ᠢ  ᠲᠡᠬᠦᠯᠳᠡᠷᠵᠢᠬᠦᠯᠦᠨ᠎ᠡ᠃ ᠦᠢᠯᠡ ᠠᠵᠢᠯᠯᠠᠭ᠎ᠠ ᠶᠢ ᠲᠦᠷᠢᠮᠵᠢᠬᠦᠯᠦᠨ᠂ ᠬᠠᠤᠯᠢ ᠶᠤᠰᠤᠭᠠᠷ ᠵᠠᠰᠠᠭ  ᠶᠠᠪᠤᠭᠤᠯᠤᠨ᠎ᠠ᠃ ᠵᠠᠰᠠᠭ ᠤᠨ ᠤᠷᠳᠤᠨ ᠤ ᠬᠠᠮᠢᠶᠠᠷᠤᠯᠳᠠ  ᠦᠢᠯᠡᠴᠢᠯᠡᠭᠡᠨ ᠤ ᠲᠦᠷᠢᠮ ᠪᠤᠯᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠭᠡᠮᠵᠢᠯᠡᠬᠦ  ᠰᠢᠰᠲ᠋ᠧᠮ ᠢ ᠪᠠᠶᠢᠭᠤᠯᠵᠤ᠂ ᠵᠠᠰᠠᠭ ᠵᠠᠬᠢᠷᠭᠠᠨ ᠤ ᠠᠵᠢᠯ ᠤᠨ ᠶᠠᠪᠤᠴᠠ ᠪᠤᠯᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ᠂ ᠵᠠᠰᠠᠭ ᠵᠠᠬᠢᠷᠭᠠᠨ ᠤ ᠰᠦᠢᠳᠭᠡᠯ ᠬᠤᠷᠢᠶᠠᠬᠤ ᠵᠡᠷᠭᠡ ᠦᠢᠯᠡ ᠠᠵᠢᠯᠯᠠᠭ᠎ᠠ ᠶᠢ ᠲᠦᠷᠢᠮᠵᠢᠬᠦᠯᠦᠨ᠂ ᠵᠠᠰᠠᠭ ᠤᠨ ᠤᠷᠳᠤᠨ ᠤ ᠲᠦᠷᠢᠮ ᠨᠢᠬᠡᠪᠦᠷᠢ  ᠎ ᠶᠢ ᠭᠡᠷᠡᠭᠵᠢᠬᠦᠯᠵᠦ ᠨᠠᠶᠢᠳᠠᠪᠤᠷᠢᠵᠢᠭᠤᠯᠬᠤ ᠬᠦᠮᠦᠨ ᠎ ᠲᠠᠢ ᠪᠠᠶᠢᠬᠤ ᠶᠢ ᠪᠠᠳᠤᠯᠠᠨ᠎ᠠ᠃ ᠬᠦᠭᠵᠢᠯᠳᠡ ᠶᠢᠨ ᠤᠷᠴᠢᠨ ᠢ ᠦᠷᠬᠦᠯᠵᠢᠯᠡᠨ ᠰᠢᠯᠢᠳᠡᠭᠵᠢᠬᠦᠯᠵᠦ᠂ ᠦᠢᠯᠡᠴᠢᠯᠡᠬᠡᠨ ᠎ ᠤ ᠤᠬᠠᠮᠰᠠᠷ ᠢ ᠴᠢᠩᠭᠠᠳᠬᠠᠨ᠂ ᠦᠢᠯᠡᠴᠢᠯᠡᠭᠡᠨ ᠤ ᠠᠷᠭ᠎ᠠ ᠭᠡᠯᠪᠡᠷᠢ ᠶᠢ ᠰᠠᠶᠢᠵᠢᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠳᠦᠮᠵᠢ ᠶᠢ ᠲᠡᠭᠡᠭᠰᠢᠯᠡᠬᠦᠯᠬᠦ ᠭᠡᠷᠡᠭᠳᠡᠢ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠤᠭᠳᠠᠭᠠᠯ ᠢ ᠨᠢᠮᠪᠠᠢ ᠭᠡᠷᠡᠭᠵᠢᠬᠦᠯᠵᠦ᠂  ᠬᠠᠤᠯᠢ ᠶᠤᠰᠤᠭᠠᠷ ᠠᠵᠢᠯ ᠢᠶᠠᠨ ᠮᠡᠳᠡᠬᠦᠯᠦᠨ ᠬᠢᠨᠠᠯᠳᠠ ᠶᠢ ᠬᠦᠯᠢᠶᠡᠨ᠎ᠡ᠂ ᠤᠯᠤᠰ ᠲᠦᠷᠦ ᠶᠢᠨ ᠵᠦᠪᠯᠡᠯᠭᠡᠨ ᠤ ᠡᠬᠦᠷᠭᠡ ᠲᠤᠰᠢᠶᠠᠯ ᠢᠶᠠᠨ ᠬᠦᠢᠴᠡᠳᠭᠡᠬᠦ ᠶᠢ ᠢᠳᠡᠪᠬᠢᠳᠡᠢ ᠲᠡᠮᠵᠢᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠤᠨ ᠪᠤᠰᠤ  ᠬᠦᠮᠦᠰ ᠪᠠ ᠠᠷᠠᠳ ᠤᠨ ᠪᠦᠯᠦᠭᠯᠡᠯ ᠤᠨ ᠰᠠᠨᠠᠯ ᠰᠠᠨᠠᠭᠤᠯᠭ᠎ᠠ ᠶᠢ ᠰᠤᠨᠤᠰᠴᠤ᠂  ᠰᠠᠨᠠᠯ ᠲᠤᠷᠠᠳᠤᠯᠭ᠎ᠠ ᠬᠦᠢᠴᠡᠳᠭᠡᠬᠦ ᠴᠢᠨᠠᠷ ᠢ ᠲᠡᠭᠡᠭᠰᠢᠯᠡᠬᠦᠯᠦᠨ᠎ᠡ᠃ ᠤᠯᠠᠨ ᠲᠦᠮᠡᠨ᠂ ᠵᠠᠭᠤᠴᠢᠯᠠᠭᠤᠷ ᠵᠡᠷᠭᠡ ᠶᠢᠨ ᠬᠢᠨᠠᠯᠳᠠ ᠶᠢ  ᠬᠢᠴᠢᠶᠡᠩᠬᠦᠢ ᠪᠠᠷ  ᠬᠦᠯᠢᠶᠡᠨ᠎ᠡ᠃ ᠵᠠᠰᠠᠭ ᠵᠠᠬᠢᠷᠭᠠᠨ ᠤ ᠬᠢᠨᠠᠨ  ᠪᠠᠶᠢᠴᠠᠭᠠᠬᠤ᠂ ᠬᠢᠨᠠᠨ ᠪᠤᠳᠤᠬᠤ  ᠪᠠ ᠡᠳ᠋ ᠤᠨ ᠵᠠᠰᠠᠭ ᠤᠨ ᠬᠢᠨᠠᠯᠳᠠ ᠲᠠᠯᠪᠢᠬᠤ ᠠᠵᠢᠯ ᠢ  ᠴᠢᠩᠭᠠᠳᠬᠠᠨ᠎ᠠ᠃ ᠨᠠᠶᠢᠳᠠᠪᠤᠷᠢᠵᠢᠯᠳᠠ ᠶᠢ ᠴᠢᠩᠭ᠎ᠠ ᠠᠳᠬᠤᠵᠤ᠂ ᠦᠨᠳᠦᠷ ᠪᠦᠳᠦᠮᠵᠢ ᠪᠠᠷ ᠵᠠᠰᠠᠭ ᠶᠠᠪᠤᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠎ ᠤᠨ ᠦᠢᠯᠡᠴᠢᠯᠡᠬᠡᠨ ᠤ ᠲᠢᠩᠬᠢᠮ ᠢ ᠠᠰᠢᠭᠯᠠᠯᠳᠠ ᠳᠤ ᠤᠷᠤᠭᠤᠯᠵᠤ᠂ ᠬᠢᠨᠠᠨ ᠵᠦᠪᠰᠢᠶᠡᠷᠡᠬᠦ ᠳᠤ ᠬᠤᠯᠪᠤᠭᠳᠠᠭᠰᠠᠨ ᠠᠯᠢᠪᠠ ᠲᠦᠷᠦᠯ ᠵᠦᠢᠯ ᠪᠠ ᠨᠢᠭᠡᠴᠡ᠂ ᠬᠦᠮᠦᠨ᠂ ᠰᠦᠢᠳᠭᠡᠯ ᠬᠤᠷᠢᠶᠠᠯᠳᠠ᠂ ᠡᠷᠭᠡ ᠶᠢᠨ ᠤᠯᠭᠤᠯᠳᠠ ᠶᠢ ᠪᠦᠷ ᠲᠢᠩᠬᠢᠮ  ᠎ ᠢᠶᠠᠷ ᠲᠠᠮᠵᠢᠨ ᠬᠦᠢᠴᠡᠳᠭᠡᠨ᠎ᠡ᠃ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ᠂ ᠦᠢᠯᠡᠴᠢᠯᠡᠭᠡᠨ ᠤ ᠠᠮᠠᠯᠠᠯᠳᠠ ᠶᠢᠨ ᠲᠦᠷᠢᠮ᠂ ᠴᠠᠭ ᠬᠤᠭᠤᠴᠠᠵᠤ ᠠᠵᠢᠯ ᠬᠦᠢᠴᠡᠳᠭᠡᠬᠦ ᠲᠦᠷᠢᠮ ᠵᠡᠷᠭᠡ  ᠎ ᠶᠢ ᠪᠦᠬᠦ ᠲᠠᠯᠠᠪᠠᠷ ᠨᠠᠶᠢᠳᠠᠪᠤᠷᠢᠵᠢᠭᠤᠯᠵᠤ᠂ ᠠᠵᠢᠯ ᠤᠨ ᠶᠠᠪᠤᠴᠠ ᠶᠢ  ᠲᠦᠷᠢᠮᠵᠢᠬᠦᠯᠦᠨ ᠰᠢᠯᠢᠳᠡᠭᠵᠢᠬᠦᠯᠵᠦ᠂ ᠠᠵᠢᠯ ᠬᠦᠢᠴᠡᠳᠭᠡᠬᠦ ᠠᠯᠬᠤᠮ ᠶᠠᠪᠤᠴᠠ ᠶᠢ ᠲᠦᠬᠦᠮᠴᠢᠯᠡᠨ᠂ ᠦᠷ᠎ᠡ ᠪᠦᠳᠦᠮᠵᠢ ᠶᠢ ᠲᠡᠭᠡᠭᠰᠢᠯᠡᠬᠦᠯᠦᠨ᠎ᠡ᠃ ᠵᠠᠰᠠᠭ ᠤᠨ ᠤᠷᠳᠤᠨ ᠤ ᠠᠵᠢᠯ ᠤᠨ ᠡᠬᠦᠷᠭᠡ ᠬᠠᠷᠠᠯᠳᠠ ᠶᠢ ᠭᠡᠮᠵᠢᠶᠡᠯᠡᠨ  ᠬᠤᠪᠢᠶᠠᠷᠢᠯᠠᠵᠤ᠂ ᠵᠠᠰᠠᠭ ᠤᠨ ᠤᠷᠳᠤᠨ ᠤ ᠠᠵᠢᠯ ᠎ ᠤᠨ ᠪᠦᠳᠦᠮᠵᠢ ᠶᠢᠨ ᠬᠢᠨᠠᠨ ᠰᠢᠯᠭᠠᠯᠳᠠ ᠶᠢ ᠲᠡᠬᠦᠯᠳᠡᠷᠵᠢᠬᠦᠯᠦᠨ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ ᠭᠡᠷᠡᠭᠵᠢᠬᠦᠯᠵᠦ᠂ ᠵᠠᠰᠠᠭ ᠵᠠᠬᠢᠷᠭᠠᠨ ᠤ ᠬᠢᠳᠡᠯ ᠦᠬᠡᠶᠢᠳᠡᠬᠦ᠂ ᠤᠳᠠᠭᠠᠨ ᠬᠢᠬᠦ᠂ ᠲᠤᠷᠠᠪᠠᠷ ᠬᠢᠬᠦ ᠠᠵᠢᠯᠯᠠᠭ᠎ᠠ ᠶᠢ  ᠴᠡᠭᠴᠡᠯᠡᠬᠦ ᠭᠡᠷᠡᠭᠳᠡᠢ᠃ ᠴᠢᠩᠭ᠎ᠠ ᠪᠠᠷ ᠵᠠᠰᠠᠭ ᠢ  ᠴᠡᠭᠴᠡᠯᠡᠵᠦ᠂  ᠴᠢᠭᠡᠴᠢ ᠪᠠᠷ ᠵᠠᠰᠠᠭ ᠶᠠᠪᠤᠭᠤᠯᠤᠨ᠎ᠠ᠃ ᠠᠯᠪᠠᠳᠠᠨ ᠤ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠬᠦᠮᠦᠵᠢᠯ ᠪᠠ ᠰᠡᠷᠡᠮᠵᠢᠯᠡᠬᠦᠯᠬᠦ ᠬᠦᠮᠦᠵᠢᠯ ᠢ ᠡᠷᠴᠢᠮᠵᠢᠬᠦᠯᠵᠦ᠂  ︽ᠨᠢᠭᠡ ᠪᠠᠶᠢᠷᠢ ᠬᠤᠤᠰ ᠬᠠᠷᠢᠭᠤᠴᠠᠯᠭ᠎ᠠ︾᠎ ᠶᠢᠨ ᠲᠦᠷᠢᠮ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ  ᠎ ᠶᠢᠨ ᠬᠠᠷᠢᠭᠤᠴᠠᠯᠭ᠎ᠠ ᠶᠢᠨ ᠲᠦᠷᠢᠮ ᠪᠠ ᠤᠳᠤᠷᠢᠳᠬᠤ ᠺᠠᠳᠠᠷ ᠤᠨ ᠠᠷᠢᠭᠤᠨ ᠴᠢᠭᠡᠴᠢ ᠪᠠᠷ ᠵᠠᠰᠠᠭ ᠪᠠᠷᠢᠬᠤ ᠰᠠᠬᠢᠯᠭ᠎ᠠ ᠶᠢᠨ ᠡᠯ᠎ᠡ ᠵᠦᠢᠯ ᠤᠨ ᠲᠦᠷᠢᠮ ᠲᠤᠭᠳᠠᠭᠠᠯ ᠢ  ᠨᠠᠶᠢᠳᠠᠪᠤᠷᠢᠵᠢᠭᠤᠯᠤᠨ᠎ᠠ᠃ ᠢᠯᠵᠡᠷᠡᠯ ᠢ ᠰᠡᠷᠭᠡᠶᠢᠯᠡᠬᠦ ᠪᠠ ᠰᠢᠳᠭᠡᠬᠦ ᠰᠢᠰᠲ᠋ᠧᠮ ᠤᠨ ᠪᠠᠶᠢᠭᠤᠯᠤᠯᠳᠠ ᠎ ᠶᠢ ᠲᠦᠯᠬᠢᠨ ᠠᠬᠢᠭᠤᠯᠵᠤ᠂  ᠬᠠᠤᠯᠢ ᠰᠠᠬᠢᠯᠭ᠎ᠠ ᠵᠦᠷᠢᠴᠡᠭᠰᠡᠨ ᠭᠡᠷᠡᠭ ᠢ ᠴᠢᠩᠭ᠎ᠠ ᠪᠠᠶᠢᠴᠠᠭᠠᠨ  ᠰᠢᠢᠳᠪᠦᠷᠢᠯᠡᠨ᠎ᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ︽ᠭᠤᠷᠪᠠᠨ ᠴᠢᠬᠤᠯᠠ ᠨᠢᠭᠡ  ᠶᠡᠭᠡ︾ ᠲᠤᠭᠳᠠᠭᠠᠯ ᠢ ᠨᠠᠶᠢᠳᠠᠪᠤᠷᠢᠵᠢᠭᠤᠯᠤᠨ᠂   ᠵᠠᠰᠠᠭ ᠤᠨ ᠤᠷᠳᠤᠨ ᠤ ᠬᠤᠳᠠᠯᠳᠤᠨ ᠠᠪᠬᠤ᠂ ᠡᠳ᠋ ᠬᠦᠷᠦᠩᠬᠡ ᠰᠢᠯᠵᠢᠬᠦᠯᠬᠦ᠂ ᠲᠦᠷᠦᠯ ᠵᠦᠢᠯ  ᠲᠠᠭᠠᠭᠠᠴᠢᠯᠠᠭᠤᠯᠬᠤ᠂ ᠭᠠᠵᠠᠷ ᠰᠢᠷᠤᠢ ᠬᠠᠩᠰᠢᠯᠠᠵᠤ ᠬᠤᠳᠠᠯᠳᠤᠬᠤ  ᠵᠡᠷᠭᠡ ᠬᠠᠮᠢᠶᠠᠷᠤᠯᠳᠠ ᠵᠨ ᠲᠦᠷᠢᠮ ᠢ ᠲᠡᠬᠦᠯᠳᠡᠷᠵᠢᠬᠦᠯᠦᠨ᠂  ᠭᠤᠤᠯᠳᠠᠯᠭᠠᠳᠠᠢ ᠬᠦᠷᠢᠶ᠎ᠡ ᠭᠡᠪᠴᠢᠶ᠎ᠡ᠂ ᠭᠤᠤᠯᠳᠠᠯᠭᠠᠳᠠᠢ ᠠᠵᠢᠯ ᠤᠨ ᠪᠠᠶᠢᠷᠢ ᠶᠢᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠎ᠠ᠃ ᠲᠦᠰᠦᠪ ᠤᠨ ᠨᠡᠶᠢᠳᠡᠯᠡᠯ ᠢ  ᠲᠢᠭᠯᠡᠮ ᠲᠠᠢ ᠪᠠᠷ ᠠᠬᠢᠭᠤᠯᠵᠤ᠂ ᠡᠳ᠋ ᠤᠨ ᠵᠠᠰᠠᠭ ᠤᠨ ᠪᠡᠯᠡ  ᠮᠦᠩᠬᠦᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂  ᠬᠦᠭᠵᠢᠯᠳᠡ ᠶᠢ ᠲᠦᠷᠭᠡᠳᠭᠡᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠡᠭᠡᠷ᠎ᠡ ᠡᠳ᠋ ᠤᠨ ᠬᠦᠴᠦᠨ ᠢ ᠨᠡᠩ ᠠᠷᠪᠢᠨ ᠬᠡᠷᠡᠭᠯᠡᠵᠦ᠂ ᠬᠦᠭᠵᠢᠯᠳᠡ ᠎ ᠶᠢᠨ ᠦᠷ᠎ᠡ ᠪᠦᠳᠦᠭᠡᠯ ᠢ ᠠᠷᠠᠳ ᠲᠦᠮᠡᠨ ᠳᠤ ᠬᠠᠮᠤᠭ ᠶᠡᠭᠡ ᠬᠡᠮᠵᠢᠶ᠎ᠡ ᠪᠠᠷ ᠡᠳ᠋ᠯᠡᠬᠦᠯᠬᠦ ᠭᠡᠷᠡᠭᠳᠡᠢ᠃  ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠂ ᠤᠯᠠᠨ ᠲᠦᠮᠡᠨ ᠤ  ᠠᠰᠢᠭ ᠲᠤᠰᠠ ᠶᠢ ᠬᠤᠬᠢᠷᠠᠭᠤᠯᠤᠭᠰᠠᠨ ᠲᠦᠪ ᠪᠤᠰᠤ ᠰᠤᠷᠳᠠᠯ ᠢ ᠡᠷᠡᠰ   ᠵᠠᠯᠠᠷᠠᠭᠤᠯᠵᠤ᠂ ᠦᠨᠡᠨ ᠪᠤᠳᠠᠳᠠᠢ  ᠠᠵᠢᠯᠯᠠᠵᠤ᠂ ᠠᠷᠢᠭᠤᠨ ᠴᠢᠭᠡᠴᠢ  ᠎ ᠪᠠᠷ ᠠᠵᠢᠯᠯᠠᠵᠤ ᠠᠷᠠᠳ ᠤᠨ ᠢᠳᠡᠭᠡᠯ ᠢ ᠤᠯᠬᠤ ᠭᠡᠷᠡᠭᠳᠡᠢ᠃         ᠲᠦᠯᠦᠬᠡᠯᠡᠭᠴᠢᠳ ᠡ᠂ ᠮᠠᠨ ᠤ ᠬᠤᠰᠢᠭᠤᠨ ᠤ ᠬᠦᠭᠵᠢᠯᠳᠡ ᠶᠢᠨ ᠴᠢᠭᠯᠡᠯ  ᠪᠠ ᠬᠠᠷᠠᠯᠳᠠ ᠨᠢᠭᠡᠨᠳᠡ ᠲᠤᠳᠤᠷᠬᠠᠢ ᠪᠤᠯᠤᠯ᠎ᠠ᠂ ᠪᠢᠳᠡ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ  ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠲᠠᠢ ᠪᠠᠨ ᠪᠦᠯᠬᠦᠮᠳᠡᠨ ᠨᠢᠬᠳᠠᠷᠠᠵᠤ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢ ᠪᠦᠬᠦ ᠲᠠᠯᠠᠪᠠᠷ ᠨᠠᠶᠢᠳᠠᠪᠤᠷᠢᠵᠢᠭᠤᠯᠤᠨ᠂ ᠦᠨᠡᠨ ᠪᠤᠳᠠᠳᠠᠢ ᠪᠠᠷ ᠰᠢᠮᠳᠠᠨ ᠠᠵᠢᠯᠯᠠᠵᠤ ᠪᠠᠶᠢᠭᠠᠳ᠂ 2011ᠤᠨ ᠤ ᠠᠵᠢᠯ ᠡᠬᠦᠷᠭᠡ ᠬᠢᠭᠡᠳ ︽ᠠᠷᠪᠠᠨ ᠬᠤᠶᠠᠳᠤᠭᠠᠷ ᠲᠠᠪᠤᠨ ᠵᠢᠯ︾ ᠎ ᠤᠨ ᠬᠠᠷᠠᠯᠳᠠ ᠲᠦᠰᠦᠪ  ᠎ ᠢᠶᠠᠨ ᠠᠮᠵᠢᠯᠳᠠᠳᠠᠢ  ᠪᠡᠶᠡᠯᠡᠬᠦᠯᠬᠦ ᠪᠠᠷ ᠴᠢᠷᠮᠠᠶᠢᠨ ᠲᠡᠮᠡᠴᠡᠵᠡᠭᠡᠶ᠎ᠡ︕                        
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号