ᠵᠠᠰᠠᠭ   ᠤᠨ  ᠣᠷᠳᠣᠨ   ᠤ  ᠠᠵᠢᠯ   ᠤᠨ  ᠢᠯᠡᠳᠬᠡᠯ
ᠨᠡᠶᠢᠲᠡᠯᠡᠭᠰᠡᠨ ᠴᠠᠭ᠄
2012/3/2
ᠲᠠᠶᠢᠹᠤᠰᠧ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨᠶᠡᠭᠡ  ᠬᠤᠷᠠᠯ   ᠤᠨ   ᠲᠠᠪᠤᠳᠤᠭᠠᠷ  ᠤᠳᠠᠭᠠᠨ   ᠤ  ᠬᠤᠷᠠᠯᠳᠤᠭᠠᠨ   ᠤ  ᠪᠢᠴᠢᠭ  ᠮᠠᠲ᠋ᠧᠷᠢᠶᠠᠯ ︵16︶                                                                                                            ᠵᠠᠰᠠᠭ   ᠤᠨ   ᠣᠷᠳᠣᠨ   ᠤ   ᠠᠵᠢᠯ   ᠤᠨ   ᠢᠯᠡᠳᠬᠡᠯ                                                                              2012 ᠣᠨ ᠤ  3 ᠰᠠᠷᠠᠶᠢᠨ  2   ᠤ  ᠡᠳᠦᠷ   ᠲᠠᠶᠢᠹᠤᠰᠧ  ᠬᠤᠰᠢᠭᠤᠨ   ᠤ  ᠠᠷᠪᠠᠨ ᠭᠤᠷᠪᠠᠳᠤᠭᠠᠷ ᠬᠤᠭᠤᠴᠠᠭᠠᠨ ᠤ                                                                             ᠠᠷᠠᠳ   ᠤᠨ  ᠲᠥᠯᠥᠭᠡᠯᠡᠭᠴᠢᠳ ᠤᠨ  ᠶᠡᠭᠡ  ᠬᠤᠷᠠᠯ   ᠤᠨ   ᠲᠠᠪᠤᠳᠤᠭᠠᠷ   ᠤᠳᠠᠭᠠᠨ   ᠤ  ᠬᠤᠷᠠᠯᠳᠤᠭᠠᠨ  ᠳᠡᠭᠡᠷ᠎ᠡ                                                                                                                                                                                   ᠬᠤᠰᠢᠭᠤ  ᠳᠠᠷᠤᠭ᠎ᠠ           ᠨᠠᠨ  ᠵᠦᠩ  ᠢᠦᠢ ᠲᠦᠯᠦᠭᠡᠯᠡᠭᠴᠢᠳ ᠡ  ᠄        ᠳᠣᠣᠷ᠎ᠠ  ᠪᠢ  ᠬᠤᠰᠢᠭᠤ  ᠵᠠᠰᠠᠭ   ᠤᠨ  ᠣᠷᠳᠣᠨ   ᠢ ᠲᠦᠯᠦᠭᠡᠯᠡᠵᠦ  ᠶᠡᠭᠡ  ᠬᠤᠷᠠᠯ   ᠳᠤ  ᠠᠵᠢᠯ   ᠤᠨ  ᠮᠡᠳᠡᠭᠦᠯᠦᠯᠲᠡ  ᠬᠢᠶ᠎ᠡ  ᠂  ᠬᠢᠨᠠᠨ  ᠵᠥᠪᠯᠡᠬᠦ  ᠪᠣᠯᠪᠠᠤ  ᠃   ᠤᠯᠤᠰ  ᠲᠥᠷᠥ   ᠶᠢᠨ  ᠵᠥᠪᠯᠡᠯᠭᠡᠨ   ᠤ  ᠭᠡᠰᠢᠭᠦᠳ  ᠪᠣᠯᠣᠨ  ᠬᠤᠷᠠᠯ   ᠳᠤ  ᠰᠤᠯᠨ ᠣᠷᠣᠯᠴᠠᠭᠰᠠᠨ  ᠨᠦᠬᠦᠳ   ᠠᠴᠠ  ᠰᠠᠨᠠᠯ  ᠰᠢᠭᠦᠮᠵᠢ   ᠪᠠᠨ  ᠳᠡᠪᠰᠢᠭᠦᠯᠦᠮᠦ᠃         ᠨᠢᠭᠡ  ᠂ 2011 ᠤᠨ ᠤ ᠠᠵᠢᠯ   ᠤᠨ ᠡᠷᠭᠢᠴᠡᠭᠦᠯᠦᠯ        2011 ᠤᠨ ᠪᠤᠯ ︽ᠠᠷᠪᠠᠨ  ᠬᠤᠶᠠᠳᠤᠭᠠᠷ ᠲᠠᠪᠤᠨ ᠵᠢᠯ︾   ᠤᠨ  ᠲᠦᠯᠦᠪᠵᠢᠬᠦᠯᠬᠡ ᠡᠬᠢᠯᠡᠭᠰᠡᠨ ᠵᠢᠯ ᠂  ᠨᠢᠭᠡ ᠵᠢᠯ ᠤᠨ ᠲᠤᠷᠰᠢ᠂ ᠠᠶᠢᠮᠠᠭ ᠤᠨ ᠨᠠᠮ   ᠤᠨ  ᠬᠤᠷᠢᠶ᠎ᠠ  ᠂  ᠠᠶᠢᠮᠠᠭ   ᠤᠨ  ᠵᠠᠬᠢᠷᠭ᠎ᠠ  ᠬᠢᠭᠡᠳ  ᠬᠤᠰᠢᠭᠤ ᠨᠠᠮ ᠤᠨ ᠬᠤᠷᠢᠶᠠᠨ ᠤ ᠵᠥᠪ  ᠣᠨᠣᠪᠴᠢᠲᠠᠢ  ᠤᠳᠤᠷᠢᠳᠤᠯᠭ᠎ᠠ  ᠳᠣᠣᠷ᠎ᠠ  ᠂  ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠪᠠ ᠲᠡᠮᠵᠢᠯᠬᠡ ᠲᠤᠤᠷ᠎ᠠ᠂   ᠪᠢᠳᠡ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠨᠢᠭᠡᠳᠦᠯᠳᠡᠢ ᠵᠢᠯᠤᠭᠤᠳᠤᠭᠤᠯᠵᠤ᠂ ᠺᠠᠳᠠᠷ ᠤᠯᠠᠨ ᠲᠦᠮᠡᠨ ᠢᠶᠠᠨ ᠲᠠᠭᠠᠭᠤᠯᠤᠨ᠂  ᠬᠦᠭᠵᠢᠯᠳᠡ ᠶᠢ ᠲᠦᠯᠦᠪᠯᠡᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠡᠭᠡᠷ᠎ᠡ ᠰᠡᠳᠬᠢᠯ ᠢᠶᠠᠨ ᠨᠢᠭᠡᠳᠭᠡᠵᠦ ᠬᠦᠴᠦᠨ ᠢᠶᠠᠨ ᠲᠦᠪᠯᠡᠷᠡᠬᠦᠯᠦᠨ ᠠᠵᠢᠯᠯᠠᠭᠰᠠᠨ ᠢᠶᠠᠷ᠂ ᠠᠵᠤ ᠠᠬᠤᠢ ᠨᠡᠶᠢᠬᠡᠮ  ᠲᠤᠭᠳᠠᠭᠤᠨ ᠢᠶᠠᠷ ᠨᠡᠯᠢᠶᠡᠳ ᠲᠦᠷᠭᠡᠨ ᠬᠦᠭᠵᠢᠵᠦ᠂  ᠲᠡᠭᠡᠷ᠎ᠡ ᠤᠳᠠᠭᠠᠨ ᠤ ᠬᠤᠷᠠᠯ ᠲᠡᠭᠡᠷ᠎ᠡ ᠲᠤᠷᠠᠳᠤᠭᠰᠠᠨ  ᠡᠯ᠎ᠡ ᠵᠦᠢᠯ ᠤᠨ ᠡᠬᠦᠷᠭᠡ ᠬᠠᠷᠠᠯᠳᠠ ᠪᠠᠨ ᠠᠮᠵᠢᠯᠳᠠ ᠰᠠᠶᠢᠳᠠᠢ ᠪᠡᠶᠡᠯᠡᠬᠦᠯᠦᠭᠰᠡᠨ ᠪᠠᠶᠢᠨ᠎ᠠ᠃         ︵ᠨᠢᠭᠡ︶ ᠶᠡᠷᠦᠩᠬᠡᠶᠢᠯᠡᠭᠰᠡᠨ ᠠᠵᠤ ᠠᠬᠤᠢ ᠶᠢᠨ ᠬᠦᠴᠦᠨ ᠰᠢᠨ᠎ᠡ ᠱᠠᠳᠤᠨ ᠳᠤ  ᠭᠠᠷᠪᠠ᠃           ᠪᠦᠬᠦ  ᠬᠤᠰᠢᠭᠤᠨ   ᠤ  ᠣᠷᠣᠨ  ᠨᠤᠲᠤᠭ   ᠤᠨ  ᠦᠢᠯᠡᠳᠪᠦᠷᠢᠯᠡᠯ   ᠤᠨ  ᠶᠡᠷᠦᠩᠬᠡᠢ  ᠥᠷᠲᠡᠭ 32 ᠳ᠋ᠦᠩᠰᠢᠭᠤᠷ  ᠲᠥᠭᠦᠷᠢᠭ   ᠲᠤ ᠬᠦᠷᠴᠦ᠂  ᠠᠳᠠᠯᠢ ᠬᠤᠭᠤᠴᠠᠭᠠᠨ ᠠᠴᠠ 10.4% ᠢᠶᠠᠷ ᠨᠡᠮᠡᠭᠳᠡᠪᠡ᠃   ᠨᠢᠭᠡᠳᠦᠭᠡᠷ ᠠᠵᠤ ᠦᠢᠯᠡᠰ  8.8 ᠳ᠋ᠦᠩᠰᠢᠭᠤᠷ  ᠲᠦᠬᠦᠷᠢᠭ ᠪᠡᠶᠡᠯᠡᠬᠦᠯᠵᠦ᠂  4 % ᠪᠠᠷ ᠨᠡᠮᠡᠭᠳᠡᠨ  ᠂ ᠬᠤᠶᠠᠳᠤᠭᠠᠷ ᠠᠵᠤ ᠦᠢᠯᠡᠰ 12.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ 13.7% ᠢᠶᠠᠷ ᠨᠡᠮᠡᠭᠳᠡᠨ᠂ ᠡᠬᠦᠨ  ᠤ ᠲᠤᠳᠤᠷ᠎ᠠ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 9.5 ᠳ᠋ᠦᠩᠰᠢᠭᠤᠷ ᠲᠥᠭᠦᠷᠢᠭ   ᠲᠤ ᠬᠦᠷᠴᠦ᠂  13.4%   ᠪᠠᠷ  ᠨᠡᠮᠡᠭᠳᠡᠨ᠂ ᠭᠤᠷᠪᠠᠳᠤᠭᠠᠷ ᠠᠵᠤ ᠦᠢᠯᠡᠰ 10.7 ᠳ᠋ᠦᠩᠰᠢᠭᠤᠷ  ᠲᠦᠬᠦᠷᠢᠭ  ᠪᠡᠶᠡᠯᠡᠬᠦᠯᠵᠦ᠂ 12.4%   ᠪᠠᠷ ᠨᠡᠮᠡᠭᠳᠡᠪᠡ᠃  ᠭᠤᠷᠪᠠᠨ ᠠᠵᠤ ᠦᠢᠯᠡᠰ ᠤᠨ ᠬᠤᠪᠢ ᠶᠢᠨ ᠵᠢᠩ ᠤᠨ ᠬᠠᠷᠢᠴᠠᠯ 27.5᠄ 39.1᠄ 33.4  ᠪᠤᠯᠵᠤ ᠬᠤᠪᠢᠷᠠᠵᠠᠢ᠃ ᠡᠳ᠋   ᠤᠨ  ᠵᠠᠰᠠᠭ   ᠤᠨ  ᠶᠡᠷᠦᠩᠬᠡᠢ ᠣᠷᠣᠯᠭ᠎ᠠ 1.36 ᠳ᠋ᠦᠩᠰᠢᠭᠤᠷ ᠲᠦᠬᠦᠷᠢᠭ  ᠲᠤ ᠬᠦᠷᠴᠦ᠂  14.7%   ᠪᠠᠷ ᠨᠡᠮᠡᠭᠳᠡᠨ᠂ ᠡᠬᠦᠨ ᠳᠤ ᠡᠩ ᠤᠨ ᠲᠦᠰᠦᠪ ᠤᠨ  ᠤᠷᠤᠯᠭ᠎ᠠ 5544 ᠲᠦᠮᠡᠨ ᠲᠦᠬᠦᠷᠢᠭ ᠲᠤ ᠬᠦᠷᠴᠦ᠂ 4.2%   ᠪᠠᠷ  ᠨᠡᠮᠡᠭᠳᠡᠵᠡᠢ᠃  ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 31.2 ᠳ᠋ᠦᠩᠰᠢᠭᠤᠷ ᠲᠦᠬᠦᠷᠢᠭ ᠲᠤ ᠬᠦᠷᠴᠦ᠂ 19.8% ᠪᠠᠷ  ᠨᠡᠮᠡᠭᠳᠡᠪᠡ᠃ ᠲᠠᠷᠢᠶᠠᠴᠢᠨ ᠮᠠᠯᠴᠢᠨ ᠤ ᠬᠦᠮᠦᠨ ᠳᠤᠮᠳᠠᠴᠢ ᠴᠡᠪᠡᠷ ᠤᠷᠤᠯᠭ᠎ᠠ 6098 ᠲᠦᠬᠦᠷᠢᠭ ᠪᠠ 6971 ᠲᠦᠭᠦᠷᠢᠭ   ᠲᠤ ᠬᠦᠷᠴᠦ᠂  ᠲᠤᠰᠪᠤᠷᠢ 15% ᠪᠠ 2.6%   ᠪᠠᠷ  ᠨᠡᠮᠡᠭᠳᠡᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ 16900 ᠲᠦᠬᠦᠷᠢᠭ ᠲᠤ ᠬᠦᠷᠴᠦ᠂  13.5% ᠪᠠᠷ ᠨᠡᠮᠡᠭᠳᠡᠵᠡᠢ᠃                 ︵ᠬᠤᠶᠠᠷ︶ ᠠᠮᠢ ᠠᠬᠤᠢ ᠶᠢᠨ ᠪᠠᠶᠢᠭᠤᠯᠤᠯᠲᠠ ᠰᠢᠨ᠎ᠡ ᠠᠮᠵᠢᠯᠳᠠ ᠤᠯᠪᠠ᠃         ᠦᠩᠭᠡᠷᠡᠬᠦ ᠵᠢᠯ ᠠᠮᠢ ᠠᠬᠤᠢ ᠶᠢᠨ ᠵᠠᠰᠠᠯᠳᠠ ᠶᠢᠨ ᠲᠠᠯᠠᠪᠠᠢ 10 ᠲᠦᠮᠡᠨ ᠮᠤ᠋   ᠳᠤ  ᠬᠦᠷᠦᠭᠰᠡᠨ᠃  ᠲᠦᠮᠡᠨ ᠮᠤ᠋ ᠬᠡᠭᠡᠷ᠎ᠡ ᠶᠢᠨ ᠭᠦᠢᠯᠡᠰᠦ ᠶᠢᠨ ᠤᠢ ᠳᠤ  ᠦᠬᠡᠷᠡᠴᠢᠯᠡᠯᠳᠡ ᠬᠢᠵᠦ᠂  ᠵᠡᠷᠯᠢᠭ ᠲᠠᠤᠯᠠᠢ ᠶᠢᠨ ᠪᠦᠭᠡᠷ᠎ᠡ  ᠶᠢᠨ ᠮᠤᠳᠤ  ᠲᠦᠮᠡᠨ ᠮᠦ ᠲᠠᠷᠢᠵᠤ᠂  ᠤᠢ ᠮᠤᠳᠤᠨ ᠤ ᠵᠠᠪᠰᠠᠷ ᠵᠢᠯᠠᠭᠠᠨ ᠳᠤ  ᠲᠦᠮᠡᠨ ᠮᠤ᠋ ᠴᠢᠨᠠᠷᠯᠢᠭ ᠡᠪᠡᠰᠦ  ᠲᠠᠷᠢᠵᠠᠢ᠃ 106 ᠲᠦᠮᠡᠨ ᠮᠤ᠋  ᠨᠤᠳᠤᠭ ᠪᠡᠯᠴᠢᠭᠡᠷ ᠲᠤ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠵᠤ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ  ᠭᠡᠷᠡᠭᠵᠢᠬᠦᠯᠵᠦ᠂  ᠱᠠᠳᠤᠴᠢ  ᠴᠢᠨᠠᠷᠳᠠᠢ ᠪᠡᠯᠴᠢᠭᠡᠷᠯᠡᠬᠦᠯᠬᠦ ᠶᠢ ᠴᠠᠭᠠᠵᠠᠯᠠᠬᠤ ᠨᠦᠬᠦᠪᠦᠷᠢ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠱᠠᠩᠨᠠᠯ᠂  ᠡᠪᠡᠰᠦ ᠪᠤᠷᠳᠤᠭᠠᠨ ᠤ ᠨᠦᠬᠦᠪᠦᠷᠢ  ᠵᠡᠷᠭᠡ  ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠪᠡᠯᠡ ᠮᠦᠩᠬᠦ ᠬᠢᠭᠡᠳ ᠮᠠᠯᠴᠢᠳ ᠤᠨ ᠦᠢᠯᠡᠳᠪᠦᠷᠢᠯᠡᠯ ᠤᠨ ᠭᠡᠷᠡᠭᠰᠡᠯ ᠤᠨ ᠨᠦᠬᠦᠪᠦᠷᠢ ᠵᠡᠷᠭᠡ 1254 ᠲᠦᠮᠡᠨ ᠲᠦᠬᠦᠷᠢᠭ ᠤᠨ  ᠪᠡᠯᠡ ᠮᠦᠩᠬᠦ ᠶᠢ  ᠨᠠᠶᠢᠳᠠᠪᠤᠷᠢᠵᠢᠭᠤᠯᠤᠭᠰᠠᠨ ᠪᠠᠶᠢᠨ᠎ᠠ᠃  ᠬᠠᠮᠳᠤ ᠶᠢᠨ ᠤᠢ ᠮᠤᠳᠤᠨ ᠤ ᠦᠮᠴᠢᠯᠡᠯ ᠤᠨ ᠡᠷᠭᠡ ᠶᠢᠨ ᠭᠤᠤᠯ ᠴᠤᠭᠴᠠ  ᠶᠢᠨ ᠦᠭᠡᠷᠡᠴᠢᠯᠡᠯᠳᠡ ᠶᠢ ᠪᠡᠶᠡᠯᠡᠬᠦᠯᠵᠦ᠂ 201 ᠲᠦᠮᠡᠨ ᠮᠤ᠋ ᠲᠠᠸᠠᠷ ᠤᠨ ᠤᠢ ᠮᠤᠳᠤ ᠪᠠ ᠨᠡᠶᠢᠳᠡ ᠶᠢᠨ ᠠᠰᠠᠷᠠᠮᠵᠢ ᠶᠢᠨ ᠤᠢ ᠮᠤᠳᠤ ᠶᠢ ᠦᠬᠡᠷᠡᠴᠢᠯᠡᠪᠡ᠃         ︵ᠭᠤᠷᠪᠠ︶ ᠤᠳᠤᠬᠢᠴᠢᠯᠠᠭᠰᠠᠨ ᠲᠠᠷᠢᠶᠠᠯᠠᠩ ᠮᠠᠯᠵᠢᠯ ᠳᠤ ᠰᠢᠨ᠎ᠡ ᠠᠬᠢᠯᠳᠠ ᠭᠠᠷᠪᠠ᠃        ︽ ᠲᠦᠮᠦᠰᠦ᠂ ᠨᠤᠭᠤᠭ᠎ᠠ  ᠂ ᠰᠦ᠂  ᠮᠢᠬ᠎ᠠ︾ ᠪᠠᠷ ᠭᠤᠤᠯᠯᠠᠭᠰᠠᠨ ᠠᠵᠤ ᠦᠢᠯᠡᠰ ᠤᠨ ᠲᠦᠯᠦᠪᠰᠢᠷᠡᠯ ᠦᠨᠳᠦᠰᠦᠨ ᠳᠡᠭᠡᠨ ᠪᠦᠷᠢᠯᠳᠦᠭᠰᠡᠨ  ᠂ ᠢᠳᠡᠰᠢᠨ ᠨᠣᠭᠤᠭ᠎ᠠ  ᠲᠠᠷᠢᠬᠤ ᠲᠠᠯᠠᠪᠠᠢ 15.3 ᠲᠦᠮᠡᠨ‌ᠮᠦ ᠳᠤ ᠬᠦᠷᠴᠦ᠂  ᠲᠠᠷᠢᠶᠠᠯᠠᠩ ᠤᠨ ᠶᠠᠮᠤᠨ ᠠᠴᠠ ᠮᠠᠨ ᠤ ᠬᠤᠰᠢᠭᠤ ᠶᠢ ︽ ᠪᠦᠬᠦ ᠤᠯᠤᠰ ᠤᠨ ᠢᠳᠡᠰᠢᠨ ᠨᠤᠭᠤᠭᠠᠨ ᠤ ᠠᠵᠤ ᠦᠢᠯᠡᠰ ᠤᠨ ᠭᠤᠤᠯᠳᠠᠯᠭᠠᠳᠠᠢ ᠬᠤᠰᠢᠭᠤ︾  ᠪᠤᠯᠭᠠᠪᠠ᠃ ᠲᠥᠮᠥᠰᠥ ᠲᠠᠷᠢᠬᠤ ᠲᠠᠯᠠᠪᠠᠢ 45 ᠲᠦᠮᠡᠨ ᠮᠦ   ᠬᠦᠷᠴᠦ᠂  ᠡᠬᠦᠨ ᠤ ᠲᠤᠳᠤᠷ᠎ᠠ  ᠦᠷ᠎ᠡ ᠶᠢᠨ ᠲᠦᠮᠦᠰᠦ 9 ᠲᠦᠮᠡᠨ ᠮᠤ᠋ ᠲᠠᠷᠢᠵᠠᠢ᠃  6 ᠰᠠᠷᠠᠶᠢᠨ 30 ᠤ ᠲᠤᠭᠠᠯᠠᠯᠭ᠎ᠠ ᠳᠤ ᠮᠠᠯ ᠤᠨ ᠲᠤᠭ᠎ᠠ ᠲᠤᠯᠤᠭᠠᠢ 13.8 ᠲᠦᠮᠡ   ᠳᠤ ᠬᠦᠷᠴᠦ᠂  ᠡᠬᠦᠨ ᠤ ᠲᠤᠳᠤᠷ᠎ᠠ ᠰᠠᠭᠠᠯᠢ   ᠶᠢᠨ ᠦᠨᠢᠶ᠎ᠡ 3.7 ᠲᠦᠮᠨ᠂ ᠮᠢᠬᠠᠨ ᠤ ᠦᠬᠡᠷ 3.5 ᠲᠦᠮᠡᠨ ᠲᠤᠯᠤᠭᠠᠢ  ᠪᠠᠶᠢᠵᠤ᠂  ᠪᠤᠳᠠ ᠪᠤᠭ ᠮᠠᠯ ᠤᠨ ᠡᠬᠦᠯᠳᠡᠷ ᠰᠠᠶᠢᠵᠢᠷᠠᠯᠳᠠ  98% ᠳᠤ ᠬᠦᠷᠴᠦ᠂ ᠡᠬᠡ ᠮᠠᠯ ᠨᠢ ᠪᠦᠬᠦ ᠮᠠᠯ ᠤᠨ ᠲᠤᠭᠠᠨ ᠤ 82%   ᠶᠢ ᠡᠵᠡᠯᠡᠭᠰᠡᠨ ᠪᠠᠶᠢᠨ᠎ᠠ᠃  ᠮᠠᠯ ᠲᠠᠷᠢᠶᠠᠯᠠᠩ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠲᠠᠰᠤᠷᠠᠯᠳᠠ ᠦᠬᠡᠢ ᠲᠡᠬᠦᠯᠳᠡᠷᠵᠢᠭᠰᠡᠨ  ᠂ ᠤᠰᠤ ᠠᠷᠪᠢᠯᠠᠬᠤ ᠤᠰᠤᠯᠠᠯᠳᠠ ᠶᠢᠨ ᠲᠠᠯᠠᠪᠠᠢ 5.2 ᠲᠦᠮᠡᠨ ᠮᠤ᠋ ᠶᠢ ᠰᠢᠨ᠎ᠡ ᠪᠠᠷ ᠪᠠᠶᠢᠭᠤᠯᠤᠨ᠂  ᠨᠡᠶᠢᠳᠡ 32.68 ᠲᠦᠮᠡᠨ ᠮᠤ᠋ ᠳᠤ ᠬᠦᠷᠭᠡᠵᠦ᠂  ᠬᠠᠮᠠᠭᠠᠯᠠᠯᠳᠠ ᠶᠢᠨ ᠲᠠᠷᠢᠶᠠᠨ ᠤ ᠢᠳᠡᠰᠢᠨ ᠨᠤᠭᠤᠭᠠᠨ ᠤ ᠲᠤᠮᠤ ᠬᠦᠯᠡᠮᠵᠢ 500  ᠰᠠᠭᠤᠷᠢ᠂ 250 ᠮᠤ᠋ ᠪᠠᠶᠢᠭᠤᠯᠤᠭᠳᠠᠨ᠂  ᠨᠡᠶᠢᠳᠡ 13000 ᠰᠠᠭᠤᠷᠢ᠂ 6500 ᠮᠤ᠋ ᠳᠤ  ᠬᠦᠷᠴᠦ  ᠂  ᠲᠦᠬᠦᠭᠡᠷᠵᠢᠭᠰᠡᠨ ᠲᠠᠷᠢᠶᠠᠯᠠᠩ ᠤᠨ ᠵᠢᠱᠢᠶ᠎ᠡ ᠦᠵᠡᠬᠦᠯᠬᠦ ᠤᠷᠤᠨ ᠲᠤᠭᠤᠷᠢᠭ ᠲᠤ  38 ᠰᠠᠭᠤᠷᠢ ᠭᠡᠷᠡᠯᠯᠢᠭ ᠲᠠᠰᠤᠭ   ᠢ ᠰᠢᠨ᠎ᠡ ᠪᠠᠷ ᠪᠠᠶᠢᠭᠤᠯᠤᠨ᠂  ᠨᠡᠶᠢᠳᠡ 71 ᠰᠠᠭᠤᠷᠢ ᠳᠤ ᠬᠦᠷᠭᠡᠪᠡ᠃  ᠰᠠᠭᠠᠯᠢ ᠶᠢᠨ  ᠦᠨᠢᠶ᠎ᠡ ᠪᠠ ᠮᠢᠬᠠᠨ ᠤ ᠦᠬᠡᠷ ᠤᠨ ᠪᠠᠷᠢᠮᠵᠢᠶᠠᠳᠤ ᠮᠠᠯᠵᠢᠯ ᠤᠨ ᠰᠠᠭᠤᠷᠢᠨ ᠭᠠᠵᠠᠷ ᠲᠤᠰᠪᠤᠷᠢ 5᠂ ᠭᠠᠭ᠋ᠠᠢ ᠲᠡᠵᠢᠬᠡᠬᠦ ᠲᠠᠯᠠᠪᠠᠢ 6᠂  ︽ ᠭᠡᠷ ᠤᠨ ᠵᠢᠵᠢᠭ ᠲᠡᠵᠢᠭᠡᠪᠦᠷᠢ︾  ᠪᠠ ᠤᠨᠴᠠᠭᠠᠢ ᠲᠡᠵᠢᠭᠡᠪᠦᠷᠢ ᠶᠢᠨ ᠲᠠᠯᠠᠪᠠᠢ 15 ᠶᠢ ᠪᠠᠶᠢᠭᠤᠯᠪᠠ᠃ ᠨᠠᠮᠤᠭ ᠤᠨ ᠬᠡᠢ ᠶᠢᠨ ᠰᠢᠨ᠎ᠡ ᠡᠨᠧᠷᠬᠢ ᠶᠢᠨ ᠡᠷᠦᠬᠡ 2500 ᠨᠡᠮᠡᠭᠳᠡᠵᠦ  ᠂  ᠮᠠᠯᠵᠢᠯ ᠤᠨ ᠲᠠᠯᠠᠪᠠᠢ ᠶᠢᠨ ᠡᠷᠦᠬᠡ ᠬᠤᠯᠪᠤᠭᠠᠯᠠᠭᠰᠠᠨ ᠢᠨᠵᠧᠨᠧᠷᠢᠩ 3 ᠶᠢ ᠪᠠᠶᠢᠭᠤᠯᠵᠠᠢ᠃ ᠮᠠᠯᠴᠢᠨ ᠲᠠᠷᠢᠶᠠᠴᠢᠨ ᠤ  ᠵᠤᠬᠢᠶᠠᠨ ᠪᠠᠶᠢᠭᠤᠯᠵᠢᠭᠰᠠᠨ ᠬᠢᠷᠢ ᠬᠡᠮᠵᠢᠶ᠎ᠡ  ᠤᠯᠠᠮ ᠨᠢᠭᠡ ᠠᠯᠬᠤᠮ  ᠲᠡᠭᠡᠭᠰᠢᠯᠡᠨ᠂   ᠦᠩᠭᠡᠷᠡᠬᠦ ᠵᠢᠯ 254 ᠲᠤᠰᠬᠠᠢ ᠬᠤᠷᠰᠢᠶᠠᠵᠢᠯ ᠡᠵᠡᠩᠨᠡᠯᠳᠡ ᠳᠤ ᠤᠷᠤᠵᠤ᠂ 4546 ᠡᠷᠦᠬᠡ  ᠂ 13826 ᠮᠠᠯᠴᠢᠨ ᠲᠠᠷᠢᠶᠠᠴᠢᠨ   ᠢ ᠬᠠᠮᠤᠷᠤᠭᠠᠳ᠂   ᠴᠡᠪᠡᠷ ᠤᠷᠤᠯᠭ᠎ᠠ  2156 ᠲᠦᠮᠡᠨ ᠲᠦᠬᠦᠷᠢᠭ ᠲᠤ ᠬᠦᠷᠴᠦ᠂ ᠬᠤᠷᠰᠢᠭᠰᠠᠨ ᠭᠡᠰᠢᠬᠦᠳ ᠤᠨ  ᠠᠰᠢᠭ ᠤᠷᠤᠯᠭ᠎ᠠ ᠬᠦᠮᠦᠨ ᠲᠤᠮᠳᠠᠴᠢ ᠪᠠᠷ 1754 ᠲᠦᠬᠦᠷᠢᠭ ᠨᠡᠮᠡᠭᠳᠡᠵᠡᠢ᠃  ᠮᠠᠯᠴᠢᠨ ᠲᠠᠷᠢᠶᠠᠴᠢᠨ   ᠳᠤ ᠪᠤᠯᠪᠠᠰᠤᠷᠠᠯ ᠬᠦᠷᠳᠡᠭᠡᠬᠦ ᠠᠵᠢᠯ ᠤᠨ ᠴᠢᠨᠠᠷ ᠯᠠᠪᠳᠠᠭᠤᠨ ᠢᠶᠠᠷ ᠲᠡᠭᠡᠭᠰᠢᠯᠡᠵᠦ  ᠂ ᠵᠢᠯ ᠳᠤ 2124 ᠮᠠᠯᠴᠢᠨ ᠲᠠᠷᠢᠶᠠᠴᠢᠨ ᠳᠤ ᠪᠤᠯᠪᠠᠰᠤᠷᠠᠯ ᠬᠦᠷᠳᠡᠭᠡᠵᠦ᠂ 9890 ᠬᠦᠳᠡᠯᠮᠦᠷᠢ ᠬᠦᠴᠦᠨ ᠢ ᠰᠢᠯᠵᠢᠬᠦᠯᠦᠭᠡᠳ᠂ ︽ᠰᠢᠯᠵᠢᠭᠰᠡᠨ ᠬᠦᠮᠦᠨ ᠦᠬᠡᠢ︾ ᠭᠡᠷ ᠪᠦᠯᠢ ᠬᠡᠵᠦ ᠦᠬᠡᠢ ᠪᠤᠯᠪᠠ᠃ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠤᠨ ᠰᠢᠰᠲ᠋ᠧᠮ ᠪᠠ ᠨᠡᠷᠡᠳᠦ ᠳᠡᠮᠳᠡᠭ ᠤᠨ  ᠪᠦᠳᠦᠭᠡᠨ ᠪᠠᠶᠢᠭᠤᠯᠤᠯᠳᠠ  ᠠᠮᠵᠢᠯᠳᠠ ᠤᠯᠤᠭᠰᠠᠨ᠂  ᠲᠠᠷᠢᠶᠠᠯᠠᠩ ᠳᠤ ᠬᠤᠤᠷᠳᠠᠢ ᠠᠮᠢᠳᠤ ᠪᠤᠳᠠᠰ ᠢ ᠤᠷᠢᠳᠴᠢᠯᠠᠨ ᠰᠡᠷᠭᠡᠶᠢᠯᠡᠬᠦ ᠦᠷᠳᠡᠭᠡ ᠬᠢᠭᠡᠳ ᠪᠦᠳᠦᠭᠡᠭᠳᠡᠬᠦᠨ ᠤ ᠶᠠᠰᠤ ᠴᠢᠨᠠᠷ ᠢ ᠰᠢᠯᠭᠠᠬᠤ ᠦᠷᠳᠡᠭᠡᠨ ᠤ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠤ᠂ 45 ᠲᠦᠮᠡᠨ ᠮᠤ᠋ ᠠᠮᠤ ᠪᠤᠳᠠᠭᠠᠨ ᠤ ᠲᠠᠷᠢᠮᠠᠯ  ᠪᠤᠯᠤᠨ 7.5 ᠲᠦᠮᠡᠨ ᠮᠤ᠋ ᠢᠳᠡᠰᠢᠨ ᠨᠤᠭᠤᠭ᠎ᠠ ᠶᠢ ᠦᠪᠡᠷᠳᠡᠭᠡᠨ ᠵᠠᠰᠠᠬᠤ ᠤᠷᠤᠨ  ᠠᠴᠠ ᠨᠡᠶᠢᠳᠡ ᠶᠢᠨ ᠬᠤᠤᠷᠳᠠᠯ ᠦᠬᠡᠢ ᠰᠠᠭᠤᠷᠢᠨ ᠭᠠᠵᠠᠷ ᠢᠶᠠᠷ ᠰᠢᠯᠭᠠᠨ ᠭᠡᠷᠡᠴᠢᠯᠡᠪᠡ᠃   ᠪᠠᠰᠠ 500 ᠮᠤ᠋ ᠶᠢᠦᠮᠠᠢ ᠪᠠ 500 ᠮᠤ᠋ ᠲᠦᠮᠦᠰᠦ ᠶᠢ ᠤᠷᠭᠠᠨᠢᠭ ᠪᠦᠳᠦᠭᠡᠭᠳᠡᠬᠦᠨ ᠢᠶᠠᠷ ᠰᠢᠯᠭᠠᠨ ᠭᠡᠷᠡᠴᠢᠯᠡᠬᠦᠯᠵᠦ᠂ 4 ᠶᠡᠭᠡ ᠲᠦᠷᠦᠯ᠂ 31 ᠪᠠᠭ᠎ᠠ ᠲᠦᠷᠦᠯ ᠤᠨ ᠪᠦᠳᠦᠭᠡᠭᠳᠡᠬᠦᠨ ᠢ ︽ᠴᠠᠬᠠᠷ︾ ᠲᠡᠮᠳᠡᠭ ᠢᠶᠠᠷ ᠲᠠᠩᠰᠠᠯᠠᠭᠤᠯᠵᠠᠢ᠃  ᠮᠠᠯ ᠲᠠᠷᠢᠶᠠᠯᠠᠩ ᠤᠨ ᠮᠠᠰᠢᠨᠴᠢᠯᠠᠯᠳᠠ ᠶᠢᠨ ᠲᠦᠪᠰᠢᠨ ᠴᠢᠨᠠᠭᠰᠢᠳᠠ ᠲᠡᠭᠡᠭᠰᠢᠯᠡᠵᠦ᠂  ᠮᠠᠰᠢᠨ ᠲᠦᠬᠦᠭᠡᠷᠦᠮᠵᠢ ᠶᠢᠨ  ᠶᠡᠷᠦᠩᠬᠡᠢ ᠬᠦᠳᠡᠯᠬᠡᠭᠴᠢ ᠬᠦᠴᠦᠨ 20.5 ᠲᠦᠮᠡᠨ ᠺᠢᠯᠤᠸᠠᠲ ᠳᠤ ᠬᠦᠷᠴᠦ᠂ ᠮᠠᠰᠢᠨᠴᠢᠯᠠᠯᠳᠠ ᠶᠢᠨ  ᠨᠤᠷᠮ᠎ᠠ 84% ᠳᠤ ᠬᠦᠷᠦᠭᠰᠡᠨ ᠪᠠᠶᠢᠨ᠎ᠠ᠃         ︵ᠲᠦᠷᠪᠡ︶  ᠠᠵᠤ  ᠦᠢᠯᠡᠳᠪᠦᠷᠢ ᠶᠢᠨ ᠠᠵᠤ ᠠᠬᠤᠢ ᠰᠢᠨ᠎ᠡ ᠠᠯᠬᠤᠴᠠ ᠶᠢ ᠪᠡᠶᠡᠯᠡᠬᠦᠯᠪᠡ᠃         ᠪᠦᠬᠦ ᠵᠢᠯ ᠳᠤ  ᠠᠵᠤ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 8.9 ᠳ᠋ᠦᠩᠰᠢᠭᠤᠷ ᠲᠦᠬᠦᠷᠢᠭ ᠲᠤ ᠬᠦᠷᠴᠦ᠂ 48.6% ᠪᠠᠷ  ᠨᠡᠮᠡᠭᠳᠡᠨ᠂  ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ  ᠨᠡᠶᠢᠳᠡ 25 ᠡᠷᠦᠬᠡ  ᠪᠤᠯᠤᠭᠠᠳ᠂  14.7 ᠳ᠋ᠦᠩᠰᠢᠭᠤᠷ ᠲᠦᠬᠦᠷᠢᠭ   ᠤᠨ ᠦᠢᠯᠡᠳᠪᠦᠷᠢᠯᠡᠯ ᠤᠨ ᠦᠷᠳᠡᠭ  ᠪᠡᠶᠡᠯᠡᠬᠦᠯᠵᠦ᠂ ᠠᠳᠠᠯᠢ ᠬᠤᠭᠤᠴᠠᠭᠠᠨ ᠠᠴᠠ23.7% ᠪᠠᠷ ᠨᠡᠮᠡᠭᠳᠡᠪᠡ᠃         ᠶᠠᠪᠤᠭᠳᠠᠵᠤ ᠪᠠᠶᠢᠭ᠎ᠠ ᠲᠦᠷᠦᠯ ᠵᠦᠢᠯ ᠤᠨ ᠠᠬᠢᠴᠠ ᠤᠷᠤᠭᠰᠢᠳᠠᠢ ᠪᠠᠶᠢᠭ᠎ᠠ᠃ ᠤᠯᠤᠰ ᠤᠨ ᠴᠠᠬᠢᠯᠭᠠᠨ ᠬᠦᠴᠦᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ   ᠨᠢ  1500 ᠺᠢᠯᠤᠸᠠᠲ ᠤᠨ ᠮᠠᠰᠢᠨ ᠴᠤᠭᠴᠠᠯᠠᠪᠤᠷᠢ 33 ᠰᠠᠤᠷᠢ ᠶᠢ ᠤᠭᠰᠠᠷᠠᠵᠤ᠂ ᠲᠠᠯ᠎ᠠ  ᠨᠤᠲᠤᠭ  ᠠᠷᠢᠬᠢᠨ ᠦᠢᠯᠡᠳᠪᠦᠷᠢ   ᠨᠢ ᠦᠢᠯᠡᠳᠪᠦᠷᠢᠯᠡᠯ ᠤᠨ ᠲᠠᠰᠤᠭ ᠵᠢᠴᠢ ᠲᠦᠬᠦᠭᠡᠢ ᠮᠠᠲ᠋ᠧᠷᠢᠶᠠᠯ ᠤᠨ ᠬᠦᠮᠦᠷᠭᠡ ᠶᠢ ᠪᠠᠶᠢᠭᠤᠯᠤᠨ᠂ ᠴᠠᠩ ᠰᠢᠨ ᠬᠢᠮᠢ ᠺᠤᠮᠫᠠᠨᠢ ᠴᠠᠬᠢᠭᠤᠷ ᠴᠢᠯᠠᠭᠤ ᠦᠢᠯᠡᠳᠪᠦᠷᠢᠯᠡᠬᠦ ᠬᠤᠶᠠᠳᠤᠭᠠᠷ ᠰᠠᠭᠤᠷᠢ ᠵᠤᠤᠬ᠎ᠠ ᠪᠠᠨ ᠤᠭᠰᠠᠷᠠᠵᠤ  ᠂ ᠾᠦᠢ ᠲᠦᠩ ᠺᠤᠮᠫᠠᠨᠢ ᠰᠦᠯᠢᠶᠤᠤ ᠭᠤᠤᠷᠰᠤᠳᠤ ᠮᠠᠲ᠋ᠧᠷᠢᠶᠠᠯ  ᠦᠢᠯᠡᠳᠪᠦᠷᠢᠯᠡᠬᠦ ᠦᠢᠯᠡᠳᠪᠦᠷᠢᠯᠡᠯ   ᠤᠨ ᠲᠠᠰᠤᠭ ᠬᠢᠭᠡᠳ ᠦᠢᠯᠡᠳᠪᠦᠷᠢ ᠶᠢᠨ ᠲᠤᠭᠤᠷᠢᠭ ᠤᠨ ᠵᠠᠰᠠᠯᠳᠠ ᠶᠢ ᠬᠢᠭᠰᠡᠨ ᠪᠦᠬᠡᠳ  ᠲᠤᠨᠤᠭ ᠲᠦᠬᠦᠭᠡᠷᠦᠮᠵᠢ ᠬᠤᠳᠠᠯᠳᠤᠨ ᠤᠷᠤᠭᠤᠯᠵᠦ᠂  ᠬᠤᠩ  ᠶᠢᠨ ᠶᠤᠸᠠᠨ ᠺᠤᠮᠫᠠᠨᠢ ᠬᠤᠶᠠᠳᠤᠭᠠᠷ ᠬᠤᠭᠤᠴᠠᠭᠠᠨ ᠤ ᠮᠡᠷᠭᠡᠵᠢᠯ ᠤᠨ ᠦᠬᠡᠷᠡᠴᠢᠯᠡᠯᠳᠡ ᠳᠡᠭᠡᠨ  ᠰᠢᠨ᠎ᠡ ᠦᠢᠯᠡᠳᠪᠦᠷᠢᠯᠡᠯ ᠤᠨ ᠲᠠᠰᠤᠭ ᠤᠨ ᠪᠦᠳᠦᠭᠡᠨ ᠪᠠᠶᠢᠭᠤᠯᠤᠯᠳᠠ ᠶᠢ ᠬᠢᠵᠦ  ᠠᠰᠢᠭᠯᠠᠯᠳᠠ ᠳᠤ ᠤᠷᠤᠭᠤᠯᠵᠠᠢ᠃  ᠰᠢᠨ᠎ᠡ ᠪᠠᠷ ᠡᠬᠢᠯᠡᠭᠰᠡᠨ ᠲᠦᠷᠦᠯ ᠵᠦᠢᠯ ᠤᠨ ᠠᠬᠢᠴᠠ ᠲᠦᠷᠭᠡᠨ ᠪᠠᠶᠢᠭ᠎ᠠ᠃ ᠲᠤᠮᠳᠠᠳᠤ ᠤᠯᠤᠰ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠺᠤᠮᠫᠠᠨᠢ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ  ᠪᠤᠯᠬᠤ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ  ᠲᠡᠬᠦᠰᠴᠦ᠂ 27 ᠰᠠᠤᠷᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠢ ᠤᠭᠰᠠᠷᠠᠭᠠᠳ᠂   ᠶᠢᠨ ᠳ᠋ᠸᠦ ᠽᠢ ᠠᠭᠤᠯᠠᠨ ᠤ ᠬᠠᠷ᠎ᠠ ᠲᠤᠭᠤᠯᠭ᠎ᠠ ᠴᠠᠶᠢᠷ  ᠮᠦᠩᠬᠦ ᠶᠢᠨ ᠤᠯᠠᠨ ᠲᠡᠮᠦᠷᠯᠢᠭᠳᠦ ᠠᠭᠤᠷᠬᠠᠢ ᠶᠢᠨ ᠤᠷᠤᠨ ᠨᠢᠭᠡ ᠪᠦᠯᠦᠭ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠪᠠᠨ ᠲᠠᠭᠤᠰᠬᠠᠭᠰᠠᠨ ᠪᠠᠶᠢᠨ᠎ᠠ᠃   ᠪᠧᠲ᠋ᠤᠨ ᠵᠢᠭᠤᠷᠠᠬᠤ ᠦᠷᠳᠡᠭᠡᠨ ᠤ  ᠪᠠᠶᠢᠭᠤᠯᠤᠯᠳᠠ ᠴᠤ ᠤᠷᠤᠭᠰᠢᠳᠠᠢ ᠶᠠᠪᠤᠭᠳᠠᠵᠤ ᠲᠡᠬᠦᠰᠦᠭᠡᠳ ᠠᠰᠢᠭᠯᠠᠯᠳᠠ ᠳᠤ  ᠤᠷᠤᠵᠠᠢ᠃ ᠲᠦᠷᠦᠬᠦᠴᠢ ᠬᠤᠭᠤᠴᠠᠭᠠᠨ ᠤ ᠲᠦᠷᠦᠯ ᠵᠦᠢᠯ ᠯᠠᠪᠳᠠᠭᠤᠨ ᠢᠶᠠᠷ ᠶᠠᠪᠤᠭᠳᠠᠵᠤ ᠪᠠᠶᠢᠭ᠎ᠠ᠃ ᠤᠯᠤᠰ ᠤᠨ ᠴᠠᠬᠢᠯᠭᠠᠨ ᠬᠦᠴᠦᠨ ᠤ 50 ᠲᠦᠮᠡᠨ ᠺᠢᠯᠤᠸᠠᠲ ᠤᠨ ᠴᠠᠬᠢᠯᠭᠠᠨ  ᠡᠬᠦᠰᠭᠡᠬᠦ ᠲᠦᠷᠦᠯ ᠵᠦᠢᠯ᠂ 5 ᠰᠠᠶ᠎ᠠ ᠸᠠᠲ ᠤᠨ ᠴᠠᠬᠢᠯᠭᠠᠨ ᠡᠬᠦᠰᠭᠡᠬᠦ ᠲᠦᠷᠦᠯ ᠵᠦᠢᠯ ᠨᠢ ᠬᠢᠨᠠᠯᠳᠠ ᠪᠠᠷ ᠲᠠᠮᠵᠢᠨ ᠵᠦᠪᠰᠢᠶᠡᠷᠡᠭᠳᠡᠵᠦ᠂ ᠲᠦᠷᠦᠬᠦᠴᠢ ᠬᠤᠭᠤᠴᠠᠭᠠᠨ ᠤ ᠠᠵᠢᠯ ᠢᠶᠠᠨ ᠡᠬᠢᠯᠡᠪᠡ᠃  ᠰᠠᠯᠬᠢᠨ ᠰᠠᠩᠰᠠ ᠦᠢᠯᠡᠳᠪᠦᠷᠢᠯᠡᠬᠦ  ᠂ ᠢᠯᠴᠢ ᠴᠠᠬᠢᠯᠭᠠᠨ ᠤ ᠬᠠᠮ ᠦᠢᠯᠡᠳᠪᠦᠷᠢᠯᠡᠯ᠂ ᠰᠤᠪᠤᠳᠯᠢᠭ ᠴᠢᠯᠠᠭᠤ ᠨᠡᠭᠡᠭᠡᠡ ᠬᠦᠭᠵᠢᠬᠦᠯᠬᠦ  ᠲᠦᠷᠦᠯ ᠵᠦᠢᠯ ᠵᠢᠴᠢ ᠱᠠ ᠽᠢ ᠭᠸᠦ ᠶᠢᠨ ᠸᠤᠯᠹᠷᠤᠮ ᠮᠤᠯᠢᠪᠳᠧᠨ ᠤ ᠤᠯᠠᠨ ᠲᠡᠮᠦᠷᠯᠢᠭᠳᠦ ᠠᠭᠤᠷᠬᠠᠢ   ᠶᠢᠨ ᠲᠦᠷᠦᠯ ᠵᠦ᠋ᠶᠢᠯ ᠵᠡᠷᠭᠡ  ᠨᠢ ᠲᠦᠯᠦᠪᠯᠡᠭᠡ ᠶᠤᠰᠤᠭᠠᠷ ᠤᠷᠤᠭᠰᠢᠳᠠᠢ  ᠶᠠᠪᠤᠭᠳᠠᠪᠠ᠃       ᠠᠭᠤᠷᠬᠠᠢ ᠶᠢᠨ ᠦᠢᠯᠡᠰ ᠤᠨ ᠴᠡᠭᠴᠡᠯᠡᠯᠳᠡ ᠶᠢ ᠴᠢᠩᠭᠠᠳᠬᠠᠨ᠂  ᠲᠦᠷᠢᠮ ᠲᠤᠭᠳᠠᠭᠠᠯ ᠠᠴᠠ ᠵᠦᠷᠢᠴᠡᠭᠰᠡᠨ ᠠᠵᠤ ᠠᠬᠤᠶᠢᠯᠠᠯ   ᠤᠨ ᠡᠵᠡᠩᠨᠡᠯᠳᠡ ᠶᠢ ᠨᠢ ᠵᠤᠭᠰᠤᠭᠠᠵᠤ ᠵᠠᠰᠠᠨ  ᠴᠡᠭᠴᠡᠯᠡᠭᠰᠡᠨ ᠪᠦᠬᠡᠳ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠬᠡᠵᠦ᠂ ᠪᠤᠬᠢᠷᠳᠤᠯ ᠤᠨ ᠢᠷᠡᠯᠳᠡ ᠶᠢ ᠨᠡᠶᠢᠳᠡᠮ ᠪᠠᠶᠢᠴᠠᠭᠠᠬᠤ ᠠᠵᠢᠯ ᠢ ᠪᠡᠶᠡᠯᠡᠬᠦᠯᠵᠦ ᠤᠯᠤᠰ ᠤᠨ ᠬᠢᠨᠠᠨ ᠰᠢᠯᠭᠠᠯᠳᠠ ᠶᠢ ᠲᠠᠮᠵᠢᠭᠰᠠᠨ ᠪᠠᠶᠢᠨ᠎ᠠ᠃ ᠡᠨᠧᠷᠬᠢ ᠠᠷᠪᠢᠯᠠᠵᠤ ᠪᠤᠬᠢᠷᠳᠤᠯ ᠪᠠᠭᠠᠰᠬᠠᠬᠤ ᠠᠷᠭ᠎ᠠ ᠠᠪᠴᠢᠯ ᠢ ᠨᠢᠮᠪᠠᠢ ᠨᠠᠶᠢᠳᠠᠪᠤᠷᠢᠵᠢᠭᠤᠯᠵᠤ᠂ ᠬᠦᠬᠦᠷ ᠤᠨ ᠲᠠᠪᠬᠤᠷ ᠢᠰᠦᠯ ᠬᠢᠭᠡᠳ ᠬᠢᠮᠢ ᠳᠤ ᠭᠡᠷᠡᠭᠰᠡᠬᠦ ᠬᠦᠴᠢᠯᠳᠦ᠋ᠷᠦᠭᠴᠢ ᠶᠢᠨ ᠭᠠᠳᠠᠭᠰᠢᠯᠠᠭᠤᠯᠤᠯᠳᠠ ᠶᠢᠨ ᠨᠤᠷᠮ᠎ᠠ  ᠵᠡᠷᠭᠡ ᠨᠢ ᠴᠦᠮ ᠲᠡᠭᠡᠳᠦ ᠱᠠᠳᠤᠨ ᠤ ᠱᠠᠭᠠᠷᠳᠠᠯᠭ᠎ᠠ ᠪᠠᠷᠢᠮᠵᠢᠶ᠎ᠠ ᠳᠤ ᠬᠦᠷᠴᠡᠢ᠃         ︵ᠲᠠᠪᠤ︶  ᠬᠤᠳᠠ ᠬᠦᠳᠡᠭᠡ ᠶᠢᠨ ᠦᠩᠭᠡ ᠲᠦᠷᠬᠦ ᠳᠤ ᠰᠢᠨ᠎ᠡ ᠬᠤᠪᠢᠷᠠᠯᠳᠠ ᠭᠠᠷᠪᠠ᠃         ᠵᠠᠮ ᠤᠨ ᠪᠠᠶᠢᠭᠤᠯᠤᠯᠳᠠ ᠶᠢᠨ ᠲᠠᠯᠠᠪᠠᠷ᠂  ᠰᠠᠩ   ᠤᠨ ᠲᠠᠯᠠᠢ ᠠᠴᠠ ᠪᠤᠤᠴᠠᠩ ᠬᠦᠷᠬᠦ  ᠲᠦᠷᠭᠡᠨ ᠵᠠᠮ  ᠤᠨ ᠲᠠᠶᠢᠹᠤᠰᠧ ᠬᠤᠰᠢᠭᠤᠨ ᠤ ᠭᠡᠰᠡᠭ ᠤᠨ ᠰᠠᠭᠤᠷᠢ ᠶᠢ ᠲᠠᠯᠪᠢᠵᠤ  ᠲᠠᠭᠤᠰᠬᠠᠭᠨ᠂  5089 ᠲᠦᠮᠡᠨ ᠲᠦᠬᠦᠷᠢᠭ ᠤᠨ ᠪᠡᠯᠡ  ᠤᠷᠤᠭᠤᠯᠵᠤ  ᠂ ᠪᠤᠤᠴᠠᠩ ᠠᠴᠠ ᠴᠢᠶᠠᠨ ᠵᠢᠩ ᠭᠸᠦ ᠬᠦᠷᠬᠦ 36 ᠺᠢᠯᠤᠮᠧᠲᠷ ᠲᠤᠰᠤᠨ ᠵᠠᠮ  ᠢ ᠦᠬᠡᠷᠡᠴᠢᠯᠡᠨ ᠵᠠᠰᠠᠵᠤ᠂ 87 ᠺᠢᠯᠤᠮᠧᠲᠷ ᠬᠦᠳᠡᠭᠡ  ᠲᠤᠰᠬᠤᠨ ᠤ  ᠽᠧᠮᠧᠨ᠋ᠲ ᠵᠠᠮ ᠢ  ᠪᠠᠶᠢᠭᠤᠯᠤᠭᠰᠠᠨ ᠪᠦᠬᠡᠳ  ᠠᠶᠤᠯᠳᠠᠢ ᠬᠦᠬᠦᠷᠭᠡ 4 ᠶᠢ ᠵᠠᠰᠠᠨ  ᠪᠠᠶᠢᠭᠤᠯᠵᠤ᠂   ᠦᠨᠳᠦᠰᠦᠨ ᠱᠠᠳᠤᠨ ᠤ ᠠᠶᠠᠨᠴᠢᠨ ᠤ ᠵᠦᠭᠡᠭᠡᠪᠦᠷᠢ ᠶᠢᠨ ᠦᠷᠳᠡᠭᠡ 2 ᠶᠢ ᠪᠠᠶᠢᠭᠤᠯᠵᠠᠢ᠃ ᠴᠠᠬᠢᠯᠭᠠᠨ ᠬᠦᠴᠦᠨ ᠤ ᠲᠠᠯᠠᠪᠠᠷ᠂ 4185 ᠲᠦᠮᠡᠨ ᠲᠦᠬᠦᠷᠢᠭ  ᠤᠷᠤᠭᠤᠯᠤᠨ᠂ 35  ᠺᠢᠯᠤᠸᠤᠯᠲ ᠤᠨ ᠴᠠᠬᠢᠯᠭᠠᠨ ᠲᠠᠮᠵᠢᠭᠤᠯᠵᠤ ᠬᠤᠪᠢᠰᠬᠠᠬᠤ ᠦᠷᠳᠡᠭᠡ 4 ᠶᠢ ᠰᠢᠨ᠎ᠡ ᠪᠠᠷ ᠪᠠᠶᠢᠭᠤᠯᠬᠤ  ᠪᠠ ᠦᠬᠡᠷᠡᠴᠢᠯᠡᠨ ᠪᠠᠶᠢᠭᠤᠯᠵᠤ᠂  ᠨᠢᠭᠡ ᠪᠦᠯᠦᠭ 10  ᠺᠢᠯᠤᠸᠤᠯᠲ ᠤᠨ ᠦᠷᠳᠡᠭᠡ  ᠵᠢᠴᠢ ᠬᠤᠯᠪᠤᠭᠳᠠᠬᠤ ᠴᠠᠬᠢᠯᠭᠠᠨ ᠱᠤᠭᠤᠮ   ᠤᠨ ᠦᠬᠡᠷᠡᠴᠢᠯᠡᠯᠳᠡ ᠶᠢ  ᠬᠢᠪᠡ᠃  ᠤᠰᠤᠨ ᠠᠰᠢᠭᠯᠠᠯᠳᠠ ᠶᠢᠨ ᠲᠠᠯᠠᠪᠠᠷ᠂   ᠪᠦᠬᠦ ᠤᠯᠤᠰ ᠤᠨ ᠠᠩᠬᠠᠳᠤᠭᠴᠢ ᠤᠳᠠᠭᠠᠨ ᠤ ᠤᠰᠤᠨ ᠠᠰᠢᠭᠯᠠᠯᠳᠠ ᠶᠢᠨ ᠨᠡᠶᠢᠳᠡᠮ ᠪᠠᠶᠢᠴᠠᠭᠠᠯᠳᠠ ᠳᠤ ᠢᠳᠡᠪᠬᠢᠳᠡᠢ  ᠤᠷᠤᠯᠴᠠᠭᠰᠠᠨ ᠪᠦᠭᠡᠳ  394 ᠲᠦᠮᠡᠨ ᠲᠦᠬᠦᠷᠢᠭ ᠤᠨ ᠪᠡᠯᠡ  ᠤᠷᠤᠭᠤᠯᠤᠨ᠂ 4.6 ᠺᠢᠯᠤᠮᠧᠲᠷ ᠤᠰᠤᠨ ᠰᠤᠪᠠᠭ ᠢ ᠵᠠᠰᠠᠨ ᠲᠡᠭᠰᠢᠯᠡᠵᠦ᠂ 1377 ᠲᠦᠮᠡᠨ ᠲᠦᠬᠦᠷᠢᠭ ᠤᠨ ᠪᠡᠯᠡ  ᠤᠷᠤᠭᠤᠯᠤᠨ᠂ 27 ᠰᠠᠭᠤᠷᠢ ᠠᠶᠤᠯᠬᠦᠢ ᠤᠰᠤ ᠤᠮᠳᠠ  ᠶᠢᠨ ᠢᠨᠵᠧᠨᠧᠷᠢᠩ ᠢ ᠭᠡᠷᠡᠭᠵᠢᠬᠦᠯᠵᠦ᠂ 1.61ᠲᠦᠮᠡᠨ ᠬᠦᠮᠦᠨ ᠤ ᠴᠡᠪᠡᠷ ᠤᠤᠭᠤᠬᠤ ᠤᠰᠤ ᠶᠢ ᠰᠢᠢᠳᠪᠦᠷᠢᠯᠡᠵᠡᠢ᠃ ᠡᠬᠦᠨ ᠤ ᠬᠠᠮᠳᠤ᠂ ᠤᠰᠤᠨ ᠰᠤᠷᠪᠤᠯᠵᠢ ᠶᠢᠨ ᠬᠠᠮᠢᠶᠠᠷᠤᠯᠳᠠ   ᠶᠢ ᠴᠢᠩᠭᠠᠳᠬᠠᠵᠤ᠂ ᠭᠠᠵᠠᠷ ᠲᠤᠤᠷᠠᠬᠢ ᠤᠰᠤᠨ ᠲᠦᠪᠰᠢᠨ ᠢ ᠠᠯᠤᠰ ᠠᠴᠠ ᠭᠡᠮᠵᠢᠬᠦ ᠮᠡᠷᠭᠡᠵᠢᠯ ᠤᠨ ᠰᠢᠰᠲ᠋ᠧᠮ ᠢ ᠪᠠᠶᠢᠭᠤᠯᠤᠭᠰᠠᠨ ᠪᠠᠶᠢᠨ᠎ᠠ᠃  ᠴᠢᠮᠡᠭᠡ ᠬᠤᠯᠪᠤᠭᠠᠨ  ᠤ ᠲᠠᠯᠠᠪᠠᠷ᠂ 6306 ᠲᠦᠮᠡᠨ ᠲᠦᠬᠦᠷᠢᠭ ᠤᠨ ᠪᠡᠯᠡ  ᠤᠷᠤᠭᠤᠯᠵᠤ᠂ ᠴᠢᠮᠡᠭᠡ ᠬᠤᠯᠪᠤᠭᠠᠨ ᠤ ᠰᠠᠭᠤᠷᠢ ᠦᠷᠳᠡᠭᠡ 38 ᠶᠢ ᠪᠠᠶᠢᠭᠤᠯᠤᠨ᠂  ᠡᠬᠦᠨ ᠤ ᠲᠤᠳᠤᠷ᠎ᠠ 3G ᠦᠷᠳᠡᠭᠡ 6 ᠶᠢ ᠪᠠᠶᠢᠭᠤᠯᠪᠠ᠃ ᠬᠤᠳᠠ ᠪᠠᠯᠭᠠᠰᠤᠨ ᠤ  ᠪᠦᠳᠦᠭᠡᠨ ᠪᠠᠶᠢᠭᠤᠯᠤᠯᠳᠠ ᠶᠢᠨ ᠲᠠᠯᠠᠪᠠᠷ᠂ 6.16 ᠳ᠋ᠦᠩᠰᠢᠭᠤᠷ  ᠲᠦᠬᠦᠷᠢᠭ ᠤᠨ ᠪᠡᠯᠡ ᠤᠷᠤᠭᠤᠯᠤᠨ᠂  ᠡᠬᠦᠨ  ᠳᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ   ᠳᠤ 1.34 ᠳ᠋ᠦᠩᠰᠢᠭᠤᠷ ᠲᠦᠬᠦᠷᠢᠭ᠂  ᠭᠡᠷ ᠪᠠᠶᠢᠰᠢᠩ ᠭᠠᠵᠠᠷ ᠰᠢᠷᠤᠢ ᠶᠢᠨ ᠨᠡᠭᠡᠭᠡᠯᠳᠡ ᠳᠤ 3.46 ᠳ᠋ᠦᠩᠰᠢᠭᠤᠷ ᠲᠦᠬᠦᠷᠢᠭ᠂  ᠪᠠᠶᠢᠭᠤᠯᠭ᠎ᠠ᠂ ᠰᠤᠷᠭᠠᠭᠤᠯᠢ᠂  ᠦᠢᠯᠡᠳᠪᠦᠷᠢ ᠶᠢᠨ ᠬᠡᠷ ᠪᠠᠶᠢᠰᠢᠩ ᠤᠨ ᠪᠠᠶᠢᠭᠤᠯᠤᠯᠳᠠ ᠳᠤ 1.36 ᠳ᠋ᠦᠩᠰᠢᠭᠤᠷ ᠲᠦᠬᠦᠷᠢᠭ  ᠭᠡᠷᠡᠭᠯᠡᠭᠰᠡᠨ ᠪᠠᠶᠢᠨ᠎ᠠ ᠃  ᠪᠤᠤᠴᠠᠩ ᠤᠨ ᠰᠢᠨ᠎ᠡ ᠲᠤᠭᠤᠷᠢᠭ ᠤᠨ ᠨᠡᠭᠡᠭᠡᠯᠳᠡ ᠪᠠ ᠬᠠᠭᠤᠴᠢᠨ ᠲᠤᠭᠤᠷᠢᠭ ᠤᠨ ᠦᠬᠡᠷᠡᠴᠢᠯᠡᠯᠳᠡ ᠶᠢ ᠵᠡᠷᠭᠡᠪᠡᠷ ᠶᠠᠪᠤᠭᠳᠠᠭᠤᠯᠵᠤ᠂ 9 ᠵᠤᠷᠪᠤᠰ 11.4 ᠺᠢᠯᠤᠮᠧᠲᠷ ᠲᠤᠰᠤᠨ ᠵᠠᠮ  ᠂  6.2 ᠺᠢᠯᠤᠮᠧᠲᠷ ᠪᠤᠵᠠᠷ ᠤᠰᠤ ᠭᠠᠳᠠᠭᠰᠢᠯᠠᠭᠤᠯᠬᠤ ᠰᠤᠪᠠᠭ᠂ 5.45 ᠺᠢᠯᠤᠮᠧᠲᠷ ᠤᠰᠤ ᠬᠠᠩᠭᠠᠬᠤ ᠰᠤᠪᠠᠭ ᠤᠨ ᠪᠠᠶᠢᠭᠤᠯᠤᠯᠳᠠ   ᠶᠢ ᠬᠢᠵᠦ᠂ 4.8 ᠲᠦᠮᠡᠨ ᠬᠠᠪᠳᠠᠭᠠᠢ ᠲᠦᠷᠪᠡᠯᠵᠢᠨ ᠮᠧᠲᠷ ᠵᠡᠭᠡᠯᠢ ᠭᠤᠳᠤᠮᠵᠢ ᠶᠢ ᠲᠡᠪᠢᠰᠴᠦ ᠬᠠᠳᠠᠭᠤᠷᠠᠭᠤᠯᠤᠨ᠂ 31 ᠲᠦᠮᠡᠨ ᠬᠠᠪᠳᠠᠭᠠᠢ ᠲᠦᠷᠪᠡᠯᠵᠢᠨ ᠮᠧᠲᠷ ᠲᠠᠯᠠᠪᠠᠢ ᠶᠢ ᠲᠠᠷᠢᠵᠤ ᠨᠤᠭᠤᠭᠠᠷᠠᠭᠤᠯᠵᠠᠢ᠃ ᠢᠯᠠᠩᠭᠤᠶ᠎ᠠ 1500 ᠲᠦᠮᠡᠨ ᠲᠦᠬᠦᠷᠢᠭ ᠤᠷᠤᠭᠤᠯᠵᠤ᠂   ᠵᠡᠬᠡᠯᠢ ᠶᠢᠨ ᠳ᠋ᠧᠩ 1417 ᠶᠢ ᠤᠭᠰᠠᠷᠠᠨ᠂ ᠬᠤᠳᠠ ᠶᠢᠨ ᠲᠤᠭᠤᠷᠢᠭ ᠤᠨ ᠵᠡᠭᠡᠯᠢ ᠵᠠᠬ᠎ᠠ ᠶᠢᠨ ᠭᠡᠷᠡᠯᠳᠦᠬᠦᠯᠬᠡ ᠶᠢ ᠦᠨᠳᠦᠰᠦᠨ ᠳᠡᠭᠡᠨ ᠪᠡᠶᠡᠯᠡᠬᠦᠯᠪᠡ᠃ ᠰᠢᠳᠠᠮᠠᠬᠠᠢ ᠬᠡᠢ ᠶᠢᠨ ᠲᠠᠷᠤᠯᠳᠠ ᠪᠠᠭᠠᠰᠬᠠᠬᠤ ᠦᠷᠳᠡᠭᠡ ᠪᠤᠯᠤᠨ ᠬᠡᠢ ᠨᠡᠮᠡᠬᠦ ᠦᠷᠳᠡᠭᠡᠨ ᠤ ᠪᠠᠶᠢᠭᠤᠯᠤᠯᠳᠠ ᠶᠢ ᠡᠬᠢᠯᠡᠨ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠦᠬᠦᠭᠡᠷᠦᠮᠵᠢ ᠶᠢ ᠲᠤᠷᠰᠢᠨ ᠭᠡᠷᠡᠭᠯᠡᠵᠦ᠂  ᠲᠦᠪᠯᠡᠷᠡᠬᠦᠯᠦᠨ ᠢᠯᠴᠢ ᠬᠠᠩᠭᠠᠬᠤ ᠭᠤᠤᠯ ᠲᠤᠭᠤᠷᠢᠭ 2 ᠢ ᠪᠠᠶᠢᠭᠤᠯᠤᠭᠠᠳ᠂  ᠢᠯᠴᠢ ᠬᠠᠩᠭᠠᠬᠤ ᠭᠡᠪᠴᠢᠶ᠎ᠡ ᠶᠢ 12 ᠲᠦᠮᠡᠨ ᠬᠠᠪᠳᠠᠭᠠᠢ ᠲᠦᠷᠪᠡᠯᠵᠢᠨ ᠮᠧᠲᠷ ᠦᠷᠭᠡᠳᠭᠡᠪᠡ᠃ ᠰᠤᠶᠤᠯ ᠤᠨ ᠲᠤᠮᠤ ᠠᠰᠠᠷ ᠤᠨ ᠪᠦᠳᠦᠭᠡᠨ ᠪᠠᠶᠢᠭᠤᠯᠤᠯᠳᠠ ᠶᠢ ᠲᠦᠯᠦᠪᠯᠡᠭᠡ ᠶᠤᠰᠤᠭᠠᠷ  ᠶᠠᠪᠤᠭᠳᠠᠭᠤᠯᠵᠠᠢ᠃ ᠬᠠᠭᠤᠴᠢᠨ ᠲᠤᠭᠤᠷᠢᠭ ᠤᠨ 834 ᠡᠷᠦᠬᠡ ᠶᠢᠨ 6.5 ᠲᠦᠮᠡᠨ ᠬᠠᠪᠳᠠᠭᠠᠢ ᠲᠦᠷᠪᠡᠯᠵᠢᠨ ᠮᠧᠲᠷ ᠭᠡᠷ ᠪᠠᠶᠢᠰᠢᠩ   ᠢ ᠨᠤᠷᠠᠭᠠᠵᠤ  ᠦᠬᠡᠷᠡᠴᠢᠯᠡᠨ᠂ 10000 ᠬᠠᠪᠳᠠᠭᠠᠢ ᠲᠦᠷᠪᠡᠯᠵᠢᠨ ᠮᠧᠲᠷ ᠪᠠᠷᠢᠯᠭ᠎ᠠ   ᠳᠤ ᠡᠨᠧᠷᠬᠢ ᠠᠷᠪᠢᠯᠠᠬᠤ ᠦᠬᠡᠷᠡᠴᠢᠯᠡᠯᠳᠡ ᠶᠢ ᠬᠢᠵᠦ᠂  ᠮᠠᠯᠵᠢᠬᠤ ᠲᠠᠷᠢᠶᠠᠯᠠᠬᠤ ᠤᠷᠤᠨ ᠤ 939 ᠡᠷᠦᠬᠡ   ᠶᠢᠨ ᠠᠶᠤᠯᠳᠠᠢ ᠭᠡᠷ ᠪᠠᠶᠢᠰᠢᠩ   ᠢ ᠦᠬᠡᠷᠡᠴᠢᠯᠡᠨ ᠰᠢᠨᠡᠳᠭᠡᠪᠡ᠃   ᠡᠬᠦᠨ ᠤ ᠬᠠᠮᠳᠤ᠂ ᠬᠤᠳᠠᠯᠳᠤᠭᠠᠨ ᠳᠤ ᠭᠡᠷᠡᠭᠯᠡᠬᠦ ᠠᠰᠠᠷ 9 ᠰᠠᠭᠤᠷᠢ 9.8 ᠲᠦᠮᠡᠨ ᠬᠠᠪᠳᠠᠭᠠᠢ ᠲᠦᠷᠪᠡᠯᠵᠢᠨ ᠮᠧᠲᠷ᠂  ᠤᠷᠤᠨ ᠰᠠᠭᠤᠴᠠ ᠶᠢᠨ ᠠᠰᠠᠷ 142 ᠰᠠᠭᠤᠷᠢ᠂ 55 ᠲᠦᠮᠡᠨ ᠬᠠᠪᠳᠠᠭᠠᠢ ᠲᠦᠷᠪᠡᠯᠵᠢᠨ ᠮᠧᠲᠷ   ᠢ ᠪᠠᠶᠢᠭᠤᠯᠤᠭᠰᠠᠨ ᠪᠠᠶᠢᠨ᠎ᠠ᠃         ︵ᠵᠢᠷᠭᠤᠭ᠎ᠠ︶   ᠭᠤᠷᠪᠠᠳᠤᠭᠠᠷ ᠠᠵᠤ  ᠦᠢᠯᠡᠰ ᠰᠢᠨ᠎ᠡ ᠬᠦᠭᠵᠢᠯᠳᠡ   ᠲᠠᠢ ᠪᠤᠯᠪᠠ  ᠃        ᠨᠡᠶᠢᠬᠡᠮ ᠤᠨ ᠭᠡᠷᠡᠭᠯᠡᠭᠡᠨ ᠤ ᠪᠤᠳᠠᠰ ᠢ  ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ ᠭᠡᠮᠵᠢᠶ᠎ᠡ 11.3 ᠳ᠋ᠦᠩᠰᠢᠭᠤᠷ ᠲᠦᠬᠦᠷᠢᠭ   ᠲᠤ ᠬᠦᠷᠴᠦ᠂ 18.8% ᠪᠠᠷ ᠨᠡᠮᠡᠭᠳᠡᠵᠦ᠂  ᠠᠶᠠᠨᠴᠢᠨ ᠪᠠ ᠪᠠᠷᠠᠭ᠎ᠠ ᠲᠠᠸᠠᠷ ᠤᠨ ᠵᠦᠬᠡᠭᠡᠪᠦᠷᠢ ᠶᠢᠨ ᠬᠡᠮᠵᠢᠶ᠎ᠡ  ᠺᠢᠯᠤᠮᠧᠲᠷ ᠪᠦᠷᠢ ᠳᠤ  ᠲᠤᠰᠪᠤᠷᠢ 19.1 ᠳ᠋ᠦᠩᠰᠢᠭᠤᠷ  ᠬᠦᠮᠦᠨ  ᠪᠠ 16.4 ᠳ᠋ᠦᠩᠰᠢᠭᠤᠷ  ᠲᠤᠨ ᠳᠤ ᠬᠦᠷᠴᠦ᠂  ᠲᠤᠰᠪᠤᠷᠢ 30.5% ᠪᠠ 10.9%   ᠪᠠᠷ ᠨᠡᠮᠡᠭᠳᠡᠨ᠂  ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ  ᠲᠤᠰᠪᠤᠷᠢ 27.9 ᠳ᠋ᠦᠩᠰᠢᠭᠤᠷ  ᠲᠦᠬᠦᠷᠢᠭ ᠪᠠ 14.2 ᠳ᠋ᠦᠩᠰᠢᠭᠤᠷ  ᠲᠦᠬᠦᠷᠢᠭ ᠲᠤ ᠬᠦᠷᠴᠦ᠂  14.9% ᠪᠠ 14.7%   ᠪᠠᠷ ᠨᠡᠮᠡᠭᠳᠡᠭᠰᠡᠨ ᠪᠠᠶᠢᠨ᠎ᠠ᠃         ᠵᠤᠭᠠᠴᠠᠯ ᠤᠨ ᠦᠢᠯᠡᠰ ᠲᠦᠷᠭᠡᠨ ᠬᠦᠭᠵᠢᠵᠦ  ᠂ ᠪᠦᠬᠦ ᠵᠢᠯ ᠳᠤ 18 ᠲᠦᠮᠡᠨ  ᠬᠦᠮᠦᠨ ︵ᠤᠳᠠᠭ᠎ᠠ︶  ᠢ ᠤᠭᠳᠤᠨ ᠵᠤᠴᠢᠯᠠᠵᠤ᠂  ᠡᠨᠡ   ᠨᠢ ᠲᠡᠭᠡᠷ᠎ᠡ ᠵᠢᠯ ᠠᠴᠠ ᠪᠠᠨ 2.7 ᠲᠦᠮᠡ  ᠨᠡᠮᠡᠭᠳᠡᠭᠡᠳ᠂  ᠵᠤᠭᠠᠴᠠᠯ ᠤᠨ ᠤᠷᠤᠯᠭ᠎ᠠ 8100 ᠲᠦᠮᠡᠨ ᠲᠦᠬᠦᠷᠢᠭ ᠲᠤ ᠬᠦᠷᠴᠦ᠂ 6.8%   ᠪᠠᠷ  ᠨᠡᠮᠡᠭᠳᠡᠪᠡ᠃ ᠬᠠᠭᠠᠨ ᠤ ᠠᠳᠤᠭᠤᠨ ᠵᠤᠰᠠᠭᠠᠯ᠂ ᠵᠢᠩ ᠵᠢᠢ ᠠᠪᠠ ᠶᠢᠨ ᠲᠠᠯᠠᠪᠠᠢ  ᠵᠡᠷᠭᠡ ᠵᠤᠭᠠᠴᠠᠯ ᠤᠨ ᠤᠷᠤᠨ ᠤ ᠴᠢᠳᠠᠪᠬᠢ ᠤᠯᠠᠮ ᠪᠦᠷᠢᠨᠰᠢᠵᠦ᠂  ᠦᠪᠡᠷᠳᠡᠭᠡᠨ ᠵᠠᠰᠠᠬᠤ ᠤᠷᠤᠨ ᠠᠴᠠ ᠮᠠᠨ ᠤ ᠬᠤᠰᠢᠭᠤ   ᠶᠢ ︽ᠬᠠᠭᠠᠨ ᠤ ᠠᠳᠤᠭᠤᠨ ᠰᠤᠶᠤᠯ ᠤᠨ ᠨᠤᠳᠤᠭ︾  ᠢᠶᠠᠷ ᠨᠡᠷᠡᠶᠢᠳᠦᠭᠰᠡᠨ ᠶᠤᠮ᠃ ᠮᠠᠯᠴᠢᠨ ᠲᠠᠷᠢᠶᠠᠴᠢᠨ ᠤ ᠬᠤᠪᠢ  ᠠᠶᠢᠯ ᠤᠨ ᠵᠤᠭᠠᠴᠠᠯ ᠤᠨ ᠭᠠᠵᠠᠷ 23 ᠪᠤᠯᠵᠤ᠂ ᠡᠬᠦᠨ ᠤ ᠲᠤᠳᠤᠷ᠎ᠠ ᠠᠴᠠ 2 ᠡᠷᠦᠬᠡ ᠨᠢ ᠦᠪᠡᠷᠳᠡᠭᠡᠨ ᠵᠠᠰᠠᠬᠤ ᠤᠷᠤᠨ ᠤ ᠲᠠᠪᠤᠨ ᠤᠳᠤᠨ ᠲᠡᠰ ᠤᠨ ᠵᠤᠭᠠᠴᠠᠯ  ᠤᠨ ᠭᠠᠵᠠᠷ ᠢᠶᠠᠷ  ᠦᠨᠡᠯᠡᠭᠳᠡᠪᠡ᠃ 159 ᠲᠦᠮᠡᠨ ᠲᠦᠬᠦᠷᠢᠭ ᠤᠨ ᠪᠡᠯᠡ  ᠤᠷᠤᠭᠤᠯᠤᠨ᠂ ᠬᠤᠶᠢᠳᠤ ᠸᠠᠶᠤᠤ ᠭᠠᠴᠠᠭᠠᠨ ᠤ ᠦᠨᠳᠦᠰᠦᠳᠡᠨ ᠤ ᠤᠨᠴᠠᠯᠢᠭᠳᠤ ᠠᠶᠢᠯ  ᠬᠤᠳᠠ ᠶᠢᠨ  ᠭᠤᠤᠯ ᠴᠤᠭᠴᠠ ᠶᠢᠨ ᠪᠠᠷᠢᠯᠭ᠎ᠠ   ᠶᠢ ᠲᠠᠭᠤᠰᠬᠠᠵᠠᠢ᠃ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠭᠡᠭᠡᠨ ᠤ ᠬᠦᠭᠵᠢᠯᠳᠡ ᠲᠦᠷᠭᠡᠰᠦᠨ᠂ ᠪᠸᠢ ᠬᠦᠸᠧ  ᠪᠠᠷᠢᠯᠭ᠎ᠠ ᠶᠢᠨ ᠮᠠᠲ᠋ᠧᠷᠢᠶᠠᠯ ᠤᠨ ᠠᠷᠠᠯᠵᠢᠶᠠᠨ ᠤ ᠲᠢᠩᠬᠢᠮ ᠵᠡᠷᠭᠡ  3 ᠰᠠᠭᠤᠷᠢ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠲᠠᠭᠤᠰᠴᠤ᠂  ᠲᠠᠷᠢᠶᠠᠯᠠᠩ ᠤᠨ ᠲᠤᠰᠠᠯᠠᠬᠤ ᠪᠦᠳᠦᠭᠡᠭᠳᠡᠬᠦᠨ ᠠᠷᠠᠯᠵᠢᠶᠠᠯᠠᠬᠤ ᠤᠷᠤᠨ ᠲᠤᠭᠤᠷᠢᠭ ᠨᠢ ᠳ᠋ᠦᠩᠨᠡᠨ ᠪᠤᠳᠤᠬᠤ ᠲᠦᠪ ᠵᠡᠷᠭᠡ   ᠶᠢ  ᠪᠠᠶᠢᠭᠤᠯᠵᠤ ᠠᠰᠢᠭᠯᠠᠭᠠᠳ᠂  ᠵᠢᠯ ᠳᠤ 8 ᠲᠦᠮᠡᠨ ᠲᠤᠨ  ᠂ 6000 ᠲᠦᠮᠡᠨ ᠲᠦᠬᠦᠷᠢᠭ ᠤᠨ ᠢᠳᠡᠰᠢᠨ ᠨᠤᠭᠤᠭᠠᠨ ᠤ ᠠᠷᠠᠯᠵᠢᠶ᠎ᠠ  ᠬᠢᠭᠰᠡᠨ ᠪᠠᠶᠢᠨ᠎ᠠ᠃ ᠲᠢᠶᠠᠨ ᠪᠤᠤ ᠮᠠᠰᠢᠨ ᠲᠡᠷᠭᠡ ᠵᠠᠰᠠᠬᠤ ᠪᠠ  ᠠᠷᠠᠯᠵᠢᠶᠠᠯᠠᠬᠤ  ᠲᠠᠯᠠᠪᠠᠢ ᠨᠢ ᠭᠠᠵᠠᠷ ᠲᠡᠭᠰᠢᠯᠡᠬᠦ ᠠᠵᠢᠯ ᠪᠠ 2 ᠲᠦᠮᠡᠨ ᠬᠠᠪᠳᠠᠭᠠᠢ ᠲᠦᠷᠪᠡᠯᠵᠢᠨ ᠮᠧᠲᠷ ᠤᠨ ᠲᠡᠷᠭᠡ ᠵᠠᠰᠠᠬᠤ ᠭᠠᠵᠠᠷ   ᠤᠨ ᠪᠠᠷᠢᠯᠭ᠎ᠠ ᠶᠢ ᠲᠠᠭᠤᠰᠬᠠᠵᠠᠢ᠃  ᠬᠦᠳᠡᠭᠡ ᠲᠤᠰᠬᠤᠨ ᠤ ᠵᠠᠬ᠎ᠠ ᠲᠡᠯᠭᠡᠬᠦᠷ  ᠳᠤ ᠠᠮᠢᠵᠢᠷᠠᠯ ᠤᠨ ᠬᠦᠴᠦᠨ  ᠪᠢᠯᠬᠠᠵᠤ᠂  ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠬᠡᠬᠦᠷ ᠤᠨ ᠢᠨᠵᠧᠨᠧᠷᠢᠩ︾ ᠤᠷᠤᠭᠰᠢᠳᠠᠢ ᠶᠠᠪᠤᠭᠳᠠᠨ᠂ 8 ᠡᠷᠦᠬᠡ ᠨᠡᠮᠡᠭᠳᠡᠵᠦ  154 ᠡᠷᠦᠬᠡ ᠳᠤ ᠬᠦᠷᠦᠭᠰᠡᠨ᠃ ᠰᠤᠮᠤ ᠰᠢᠶᠠᠩ ᠪᠠᠯᠭᠠᠰᠤᠨ ᠳᠤ 3 ᠰᠠᠭᠤᠷᠢ ᠢᠳᠡᠰᠢᠨ ᠨᠤᠭᠤᠭᠠᠨ ᠤ ᠵᠠᠬ᠎ᠠ ᠲᠡᠯᠬᠡᠬᠦᠷ ᠢ ᠪᠠᠶᠢᠭᠤᠯᠪᠠ᠃ ︽ᠭᠡᠷ ᠤᠨ ᠴᠠᠬᠢᠯᠭᠠᠨ ᠭᠡᠷᠡᠭᠰᠡᠯ ᠢ ᠬᠦᠳᠡᠭᠡ ᠬᠦᠷᠭᠡᠬᠦ︾  ᠠᠵᠢᠯ ᠢ ᠲᠦᠯᠬᠢᠨ ᠠᠬᠢᠭᠤᠯᠵᠤ᠂ 531 ᠲᠦᠮᠡᠨ ᠲᠦᠬᠦᠷᠢᠭ ᠤᠨ ᠨᠦᠬᠦᠪᠦᠷᠢ  ᠲᠠᠷᠬᠠᠭᠠᠵᠠᠢ᠃  ᠠᠮᠤ ᠪᠤᠳᠠᠭ᠎ᠠ ᠬᠠᠳᠠᠭᠠᠯᠠᠬᠤ 2 ᠬᠦᠮᠦᠷᠭᠡ   ᠶᠢᠨ ᠭᠤᠤᠯ ᠴᠤᠭᠴᠠ ᠶᠢᠨ ᠪᠠᠷᠢᠯᠭ᠎ᠠ  ᠶᠢ ᠲᠠᠭᠤᠰᠬᠠᠨ᠂  3 ᠬᠦᠮᠦᠷᠭᠡ ᠶᠢᠨ ᠰᠠᠭᠤᠷᠢ ᠶᠢ ᠲᠠᠯᠪᠢᠭᠰᠠᠨ ᠪᠦᠭᠡᠳ ᠭᠠᠵᠠᠷ ᠬᠠᠭᠠᠰ ᠰᠠᠭᠤᠯᠭᠠᠭᠰᠠᠨ ᠲᠤᠰᠤ ᠬᠠᠳᠠᠭᠠᠯᠠᠬᠤ ᠬᠦᠮᠦᠷᠭᠡ 1 ᠶᠢ ᠪᠠᠶᠢᠭᠤᠯᠪᠠ᠃         ︵ᠲᠤᠯᠤᠭ᠎ᠠ︶   ᠡᠳ᠋ ᠤᠨ ᠵᠠᠰᠠᠭ ᠤᠨ ᠪᠠᠳᠤᠯᠠᠭᠠᠨ ᠤ ᠴᠢᠳᠠᠪᠤᠷᠢ ᠰᠢᠨ᠎ᠡ ᠲᠡᠭᠡᠭᠰᠢᠯᠡᠯᠳᠡ ᠲᠠᠢ ᠪᠤᠯᠪᠠ᠃        ᠡᠳ᠋ ᠤᠨ ᠵᠠᠰᠠᠭ ᠤᠨ ᠡᠩ ᠤᠨ ᠲᠥᠰᠥᠪ ᠤᠨ ᠵᠠᠷᠤᠯᠭ᠎ᠠ 12.08 ᠳ᠋ᠦᠩᠰᠢᠭᠤᠷ  ᠲᠦᠬᠦᠷᠢᠭ ᠲᠤ ᠬᠦᠷᠴᠦ᠂ 15% ᠪᠷ  ᠨᠡᠮᠡᠭᠳᠡᠭᠰᠡᠨ ᠪᠠᠶᠢᠨ᠎ᠠ᠃  ᠡᠬᠦᠨ ᠳᠤ  ᠂   ᠲᠡᠭᠡᠳᠦ ᠱᠠᠳᠤᠨ ᠤ ᠲᠤᠰᠬᠠᠢ  ᠲᠦᠷᠦᠯ ᠤᠨ ᠪᠡᠯᠡ ᠮᠥᠩᠭᠦ ᠶᠢᠨ ᠵᠠᠷᠤᠯᠭ᠎ᠠ  6.3 ᠳ᠋ᠦᠩᠰᠢᠭᠤᠷ  ᠲᠦᠬᠦᠷᠢᠭ ᠲᠤ ᠬᠦᠷᠴᠦ᠂ ᠡᠩ ᠤᠨ ᠲᠥᠰᠥᠪ ᠤᠨ ᠵᠠᠷᠤᠯᠭ᠎ᠠ  ᠶᠢᠨ 53.5% ᠢ ᠡᠵᠡᠯᠡᠨ᠂   ᠲᠤᠰᠬᠠᠢ ᠲᠦᠷᠦᠯ ᠤᠨ ᠪᠡᠯᠡ  ᠮᠦᠩᠬᠦ ᠶᠢᠨ ᠤᠷᠤᠨ ᠪᠠᠶᠢᠷᠢ ᠳᠠᠭᠠᠨ ᠬᠦᠷᠦᠭᠰᠡᠨ ᠨᠤᠷᠮ᠎ᠠ 100% ᠳᠤ ᠬᠦᠷᠴᠡᠢ᠃ ᠲᠣᠰ ᠱᠠᠳᠤᠨ ᠤ ᠡᠳ᠋ ᠤᠨ ᠬᠦᠴᠦᠨ ᠤ ᠴᠢᠨᠠᠷᠲᠠᠢ ᠪᠡᠯᠡ ᠮᠥᠩᠭᠦ   ᠪᠠᠷ ᠪᠠᠶᠢᠷᠢᠯᠠᠭᠤᠯᠤᠭᠰᠠᠨ ᠵᠠᠷᠤᠯᠭ᠎ᠠ 5.5 ᠳ᠋ᠦᠩᠰᠢᠭᠤᠷ ᠲᠦᠬᠦᠷᠢᠭ ᠲᠤ ᠬᠦᠷᠴᠦ᠂ ᠡᠩ ᠤᠨ ᠲᠥᠰᠥᠪ ᠤᠨ ᠵᠠᠷᠤᠯᠭ᠎ᠠ  ᠶᠢᠨ 46.5% ᠶᠢ  ᠡᠵᠡᠯᠡᠨ᠂ ᠨᠡᠮᠡᠭᠳᠡᠯ ᠢ ᠪᠠᠳᠤᠯᠠᠬᠤ᠂ ᠴᠠᠯᠢᠩ ᠢ ᠪᠠᠳᠤᠯᠠᠬᠤ᠂ ᠠᠷᠠᠳ ᠤᠨ ᠠᠮᠢᠳᠤᠷᠠᠯ ᠢ ᠪᠠᠳᠤᠯᠠᠬᠤ᠂ ᠡᠷᠬᠢᠯᠳᠦᠯ ᠢ ᠪᠠᠳᠤᠯᠠᠬᠤ ᠵᠡᠷᠭᠡ ᠲᠠᠯᠠᠪᠠᠷ  ᠰᠢᠨ᠎ᠡ ᠰᠢᠪᠳᠤᠯᠤᠯᠳᠠ ᠭᠠᠷᠭᠠᠪᠠ᠃ ᠬᠤᠪᠢ ᠬᠦᠮᠦᠨ ᠤ ᠭᠡᠰᠡᠭ ᠵᠢᠴᠢ ᠠᠷᠠᠳ ᠤᠨ ᠠᠮᠢᠳᠤᠷᠠᠯ   ᠤᠨ ᠵᠠᠷᠤᠯᠭ᠎ᠠ  ᠨᠡᠶᠢᠳᠡ 3.85ᠳ᠋ᠦᠩᠰᠢᠭᠤᠷ ᠲᠦᠬᠦᠷᠢᠭ   ᠲᠤ ᠬᠦᠷᠴᠦ᠂ ᠡᠨᠡ ᠨᠢ ᠠᠳᠠᠯᠢ ᠬᠤᠭᠤᠴᠠᠭᠠᠨ ᠠᠴᠠ 5215 ᠲᠦᠮᠡᠨ ᠲᠦᠬᠦᠷᠢᠭ ᠦᠰᠴᠦ᠂ 15.6% ᠪᠠᠷ ᠨᠡᠮᠡᠭᠳᠡᠪᠡ᠃ ᠡᠬᠦᠨ ᠤ ᠬᠠᠮᠳᠤ᠂ ᠡᠳ᠋ ᠤᠨ ᠬᠦᠴᠦᠨ ᠲᠤᠶᠢᠯ ᠤᠨ ᠬᠦᠴᠢᠷᠳᠡᠢ ᠪᠠᠶᠢᠳᠠᠯ ᠲᠤᠤᠷ᠎ᠠ᠂ ᠪᠠᠶᠢᠭᠤᠯᠭ᠎ᠠ ᠨᠢᠭᠡᠴᠡ ᠶᠢᠨ ᠠᠯᠪᠠᠨ ᠵᠠᠷᠤᠳᠠᠯ ᠢ ᠲᠤᠭ᠎ᠠ ᠶᠤᠰᠤᠭᠠᠷ ᠤᠯᠭᠤᠵᠤ᠂ ᠺᠠᠳᠠᠷ ᠠᠵᠢᠯᠳᠠᠨ ᠤ ᠴᠠᠯᠢᠩ  ᠤᠯᠭᠤᠮᠵᠢ ᠶᠢ  ᠦᠰᠭᠡᠭᠡᠳ᠂ ᠠᠵᠢᠯ ᠤᠨ ᠪᠠᠶᠢᠷᠢ ᠲᠡᠭᠡᠷᠡᠬᠢ ᠠᠵᠢᠯᠳᠠᠨ ᠠᠵᠢᠯᠴᠢᠨ ᠤ ᠵᠢᠯ ᠤᠨ ᠴᠠᠯᠢᠩ ᠲᠤᠮᠳᠠᠴᠢ ᠪᠠᠷ 39394 ᠲᠦᠬᠦᠷᠢᠭ  ᠲᠤ ᠬᠦᠷᠴᠦ᠂ 12% ᠪᠠᠷ ᠨᠡᠮᠡᠭᠳᠡᠨ᠂ ᠵᠠᠰᠠᠭ ᠵᠠᠬᠢᠷᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠴᠠᠯᠢᠩ ᠨᠦᠬᠦᠪᠦᠷᠢ 3 ᠲᠦᠮᠡᠨ ᠲᠦᠬᠦᠷᠢᠭ ᠲᠤ ᠬᠦᠷᠴᠦ᠂ ᠪᠦᠬᠦ ᠠᠶᠢᠮᠠᠭ ᠲᠠᠭᠠᠨ ᠲᠤᠮᠳᠠᠭᠤᠷ  ᠵᠢᠬᠰᠠᠵᠤ ᠪᠤᠢ᠃ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠡᠯ᠎ᠡ ᠲᠦᠷᠦᠯ ᠤᠨ ᠨᠦᠬᠦᠪᠦᠷᠢ  ᠨᠡᠶᠢᠳᠡ 1.5 ᠳ᠋ᠦᠩᠰᠢᠭᠤᠷ  ᠲᠦᠬᠦᠷᠢᠭ ᠢ ︽ᠨᠢᠭᠡ ᠺᠠᠷᠲ︾ ᠪᠠᠷ  ᠲᠠᠷᠬᠠᠭᠠᠵᠤ᠂ ᠲᠡᠭᠡᠷ᠎ᠡ ᠵᠢᠯ ᠠᠴᠠ ᠪᠠᠨ 8000 ᠲᠦᠮᠡᠨ ᠲᠦᠬᠦᠷᠢᠭ ᠨᠡᠮᠡᠭᠳᠡᠪᠡ᠃ ︽ᠲᠤᠰᠬᠠᠢ ᠠᠵᠢᠯ ᠢ ᠲᠤᠰᠬᠠᠢ ᠲᠦᠷᠦᠯ ᠢᠶᠠᠷ ᠵᠦᠪᠯᠡᠬᠦ︾ ᠲᠦᠷᠦᠯ ᠵᠦᠢᠯ ᠲᠡᠭᠡᠷ᠎ᠡ 1937 ᠲᠦᠮᠡᠨ ᠲᠦᠬᠦᠷᠢᠭ ᠤᠨ ᠪᠡᠯᠡ  ᠤᠷᠤᠭᠤᠯᠵᠤ᠂ 77 ᠭᠠᠴᠠᠭ᠎ᠠ ᠲᠤᠰᠬᠤᠨ ᠳᠤ ᠨᠡᠶᠢᠳᠡ ᠶᠢᠨ ᠠᠰᠠᠷᠠᠮᠵᠢ  ᠶᠢᠨ ᠲᠦᠷᠦᠯ ᠵᠦᠢᠯ ᠢ ᠭᠡᠷᠡᠭᠵᠢᠬᠦᠯᠵᠡᠢ᠃  ᠮᠠᠯ  ᠲᠠᠷᠢᠶᠠᠨ ᠤ ᠲᠠᠭᠠᠳᠬᠠᠯ ᠳᠤ ᠤᠷᠤᠭᠰᠠᠨ ᠪᠡᠯᠡ  ᠮᠦᠩᠬᠦ 2409 ᠲᠦᠮᠡᠨ ᠲᠦᠬᠦᠷᠢᠭ   ᠲᠤ ᠬᠦᠷᠴᠦ᠂ 120 ᠲᠦᠮᠡᠨ ᠮᠤ᠋ ᠲᠠᠷᠢᠶ᠎ᠠ ᠲᠦᠮᠦᠰᠦ᠂ 3600 ᠰᠠᠭᠠᠯᠢ ᠶᠢᠨ ᠦᠨᠢᠶ᠎ᠡ ᠲᠠᠭᠠᠳᠬᠠᠯ ᠳᠤ ᠤᠷᠤᠭᠰᠠᠨ ᠪᠠᠶᠢᠨ᠎ᠠ᠃         ︵ ᠨᠠᠢᠮᠠ︶   ᠠᠷᠠᠳ ᠤᠨ ᠠᠮᠢᠳᠤᠷᠠᠯ   ᠢ ᠰᠠᠶᠢᠵᠢᠷᠠᠭᠤᠯᠬᠤ  ᠲᠠᠯᠠᠪᠠᠷ ᠰᠢᠨ᠎ᠡ  ᠠᠮᠵᠢᠯᠳᠠ ᠤᠯᠪᠠ᠃         ᠨᠡᠶᠢᠬᠡᠮ ᠤᠨ ᠪᠠᠳᠤᠯᠠᠭ᠎ᠠ ᠤᠯᠠᠮ ᠲᠡᠬᠦᠯᠳᠡᠷᠵᠢᠭᠰᠡᠨ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤ ᠪᠠ ᠡᠩ ᠤᠨ ᠦᠨᠳᠦᠷ ᠲᠤᠮᠳᠠᠳᠤ ᠶᠢᠨ ᠡᠯ᠎ᠡ ᠲᠦᠷᠦᠯ ᠤᠨ ᠨᠦᠬᠦᠪᠦᠷᠢ ᠮᠦᠩᠬᠦ ᠨᠡᠶᠢᠳᠡ 1059 ᠲᠦᠮᠡᠨ ᠲᠦᠬᠦᠷᠢᠭ ᠲᠠᠷᠬᠠᠭᠠᠵᠤ᠂ 4177 ᠲᠦᠮᠡᠨ ᠲᠦᠬᠦᠷᠢᠭ ᠤᠷᠤᠭᠤᠯᠤᠨ᠂  ᠬᠢᠮᠳᠠ ᠲᠦᠷᠢᠶᠡᠰᠦᠨ ᠤ ᠤᠷᠤᠨ ᠰᠠᠭᠤᠴᠠ 1400 ᠢᠵᠢ ᠶᠢ  ᠵᠠᠯᠭᠠᠵᠤ ᠪᠠᠶᠢᠭᠤᠯᠬᠤ ᠪᠠ ᠰᠢᠨ᠎ᠡ ᠪᠠᠷ ᠪᠠᠶᠢᠭᠤᠯᠵᠤ᠂ ᠤᠷᠤᠨ ᠰᠠᠭᠤᠴᠠ ᠶᠢᠨ ᠨᠦᠬᠦᠪᠦᠷᠢ 376 ᠲᠦᠮᠡᠨ ᠲᠦᠬᠦᠷᠢᠭ ᠲᠠᠷᠬᠠᠭᠠᠪᠠ᠃ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠤᠨ ᠮᠦᠩᠬᠦ ᠵᠢᠯ ᠳᠤ 17892 ᠲᠦᠬᠦᠷᠢᠭ ᠪᠤᠯᠵᠤ᠂ 16.7%   ᠪᠠᠷ ᠨᠡᠮᠡᠭᠳᠡᠨ᠂ 7405 ᠬᠦᠮᠦᠨ  ᠠᠵᠤ ᠠᠬᠤᠶᠢᠯᠠᠯ ᠤᠨ ᠠᠵᠢᠯᠴᠢᠨ ᠤ ᠦᠨᠳᠦᠰᠦᠨ ᠨᠠᠰᠤᠵᠢᠯ ᠤᠨ ᠲᠠᠭᠠᠳᠬᠠᠯ ᠳᠤ  ᠤᠷᠤᠯᠴᠠᠵᠤ᠂ 14.5%   ᠪᠠᠷ ᠨᠡᠮᠡᠭᠳᠡᠨ᠂ 38840 ᠬᠦᠮᠦᠨ ᠬᠤᠳᠠ ᠪᠠᠯᠭᠠᠰᠤᠨ ᠤ ᠡᠮᠨᠡᠯᠭᠡ ᠶᠢᠨ ᠲᠠᠭᠠᠳᠬᠠᠯ  ᠳᠤ  ᠤᠷᠤᠵᠤ  ᠂  ᠤᠷᠤᠯᠴᠠᠯ ᠤᠨ ᠨᠤᠷᠮ᠎ᠠ 95%   ᠪᠠᠷ  ᠨᠡᠮᠡᠭᠳᠡᠪᠡ᠃  ᠮᠠᠯᠵᠢᠬᠤ  ᠲᠠᠷᠢᠶᠠᠯᠠᠬᠤ ᠤᠷᠤᠨ ᠤ ᠰᠢᠨ᠎ᠡ ᠬᠡᠯᠪᠡᠷᠢ ᠶᠢᠨ  ᠨᠠᠰᠤᠵᠢᠯ ᠤᠨ ᠲᠠᠭᠠᠳᠬᠠᠯ ᠤᠨ ᠲᠤᠷᠰᠢᠯᠳᠠ ᠶᠢᠨ ᠠᠵᠢᠯ ᠢ ᠬᠢᠵᠦ᠂ 68208 ᠬᠦᠮᠦᠨ ᠲᠠᠭᠠᠳᠬᠠᠯ ᠳᠤ ᠤᠷᠤᠯᠴᠠᠭᠠᠳ᠂ ᠤᠷᠤᠯᠴᠠᠯ ᠤᠨ ᠨᠤᠷᠮ᠎ᠠ 83% ᠲᠤ ᠬᠦᠷᠦᠭᠰᠡᠨ ᠪᠦᠬᠡᠳ ᠬᠤᠳᠠ ᠪᠠᠯᠭᠠᠰᠤᠨ  ᠤ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠲᠤᠷᠰᠢᠯᠳᠠ ᠶᠢ ᠴᠤ ᠡᠬᠢᠯᠡᠨ  ᠭᠡᠷᠡᠭᠵᠢᠬᠦᠯᠵᠦ᠂  ᠨᠦᠬᠦᠴᠡᠯ ᠳᠤ ᠬᠦᠷᠦᠭᠰᠡᠨ 1381ᠬᠦᠮᠦᠨ ᠳᠤ ᠨᠡᠶᠢᠳᠡ 55 ᠲᠦᠮᠡᠨ ᠲᠦᠬᠦᠷᠢᠭ ᠤᠨ ᠨᠠᠰᠤᠵᠢᠯ ᠤᠨ ᠮᠦᠩᠬᠦ ᠶᠢ ᠲᠠᠷᠬᠠᠭᠠᠵᠠᠢ᠃ 15.3 ᠲᠦᠮᠡ ᠮᠠᠯᠴᠢᠨ ᠲᠠᠷᠢᠶᠠᠴᠢᠨ ᠬᠤᠷᠰᠢᠭᠰᠠᠨ ᠡᠮᠨᠡᠯᠭᠡ ᠳᠤ  ᠤᠷᠤᠯᠴᠠᠵᠤ᠂  ᠨᠦᠬᠦᠪᠦᠷᠢ  ᠶᠢᠨ ᠪᠠᠷᠢᠮᠵᠢᠶ᠎ᠠ  ᠬᠦᠮᠦᠨ ᠪᠦᠷᠢ ᠶᠢᠨ 230 ᠲᠦᠬᠦᠷᠢᠭ ᠪᠤᠯᠵᠤ᠂ ᠲᠡᠭᠡᠷ᠎ᠡ ᠵᠢᠯ ᠠᠴᠠ ᠪᠠᠨ ᠪᠠᠰᠠ 90 ᠲᠦᠬᠦᠷᠢᠭ  ᠦᠰᠴᠦ᠂  ᠪᠠᠶᠢᠩᠭᠤ ᠰᠠᠭᠤᠭ᠎ᠠ ᠬᠦᠮᠦᠨ ᠠᠮᠠ   ᠶᠢ ᠦᠪᠴᠢ  ᠬᠠᠮᠤᠷᠤᠭᠠᠳ᠂ ᠵᠢᠯ ᠳᠤ ᠨᠡᠶᠢᠳᠡ 3567 ᠲᠦᠮᠡᠨ ᠲᠦᠬᠦᠷᠢᠭ ᠤᠨ ᠡᠮᠨᠡᠯᠭᠡ ᠶᠢᠨ ᠵᠠᠷᠤᠳᠠᠯ ᠢ ᠲᠠᠩᠰᠠ ᠠᠴᠠ ᠴᠠᠶᠢᠷᠠᠭᠤᠯᠵᠤ᠂ 16434 ᠬᠦᠮᠦᠨ  ᠳᠤ ᠪᠤᠳᠠᠳᠠᠢ ᠠᠰᠢᠭ ᠬᠦᠷᠳᠡᠭᠡᠭᠰᠡᠨ ᠪᠠᠶᠢᠨ᠎ᠠ᠃  ᠵᠢᠯ ᠳᠤ 13580 ᠠᠵᠢᠯ ᠤᠨ ᠪᠠᠶᠢᠷᠢ ᠡᠯᠰᠡᠵᠦ᠂ ᠠᠵᠢᠯ ᠤᠯᠬᠤ᠂ ᠲᠠᠬᠢᠨ ᠠᠵᠢᠯ ᠤᠯᠬᠤ ᠲᠤᠰᠬᠠᠢ ᠲᠦᠷᠦᠯ ᠤᠨ ᠪᠡᠯᠡ  ᠮᠦᠩᠬᠦ ᠶᠢ 920 ᠲᠦᠮᠡᠨ ᠲᠦᠬᠦᠷᠢᠭ ᠨᠠᠶᠢᠳᠠᠪᠤᠷᠢᠵᠢᠭᠤᠯᠵᠤ᠂ ᠬᠤᠳᠠ ᠪᠠᠯᠭᠠᠰᠤᠨ ᠤ  ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3.56% ᠳᠤ ᠬᠢᠵᠠᠭᠠᠷᠯᠠᠵᠤ᠂ ︽ᠠᠵᠢᠯ ᠤᠯᠤᠭᠰᠠᠨ ᠬᠦᠮᠦᠨ ᠦᠬᠡᠢ︾ ᠭᠡᠷ ᠪᠦᠯᠢ ᠨᠢᠭᠡᠪᠦᠷᠢ ᠳᠤ ᠠᠵᠢᠯ ᠲᠤᠬᠢᠷᠠᠭᠤᠯᠵᠠᠢ᠃ ᠬᠤᠳᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠰᠠᠷ᠎ᠠ ᠶᠢᠨ ᠪᠠᠷᠢᠮᠵᠢᠶ᠎ᠠ   290 ᠲᠦᠬᠦᠷᠢᠭ  ᠪᠤᠯᠵᠤ᠂  ᠬᠦᠮᠦᠨ ᠲᠤᠮᠳᠠᠴᠢ ᠰᠠᠷ᠎ᠠ ᠶᠢᠨ ᠨᠦᠬᠦᠪᠦᠷᠢ  253 ᠲᠦᠬᠦᠷᠢᠭ ᠲᠤ  ᠬᠦᠷᠦᠭᠰᠡᠨ ᠪᠦᠬᠡᠳ ᠮᠠᠯᠵᠢᠬᠤ ᠲᠠᠷᠢᠶᠠᠯᠠᠬᠤ ᠤᠷᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠵᠢᠯ ᠤᠨ ᠪᠠᠷᠢᠮᠵᠢᠶ᠎ᠠ 1800 ᠲᠦᠬᠦᠷᠢᠭ ᠪᠤᠯᠤᠨ ᠦᠰᠴᠦ᠂ ᠬᠦᠮᠦᠨ ᠪᠦᠷᠢ ᠳᠤ ᠲᠡᠭᠰᠢᠳᠭᠡᠭᠰᠡᠨ ᠵᠢᠯ ᠤᠨ ᠨᠦᠬᠦᠪᠦᠷᠢ 1204 ᠲᠦᠬᠦᠷᠢᠭ ᠲᠤ ᠬᠦᠷᠴᠦ᠂  ᠪᠠᠳᠤᠯᠠᠭᠠᠨ ᠤ ᠮᠦᠩᠬᠦ ᠶᠢ ᠵᠢᠯ ᠳᠤ ᠨᠡᠶᠢᠳᠡ 6090 ᠲᠦᠮᠡᠨ ᠲᠦᠬᠦᠷᠢᠭ ᠲᠠᠷᠬᠠᠭᠠᠨ ᠂ 2.34 ᠲᠦᠮᠡᠨ ᠬᠦᠮᠦᠨ  ᠪᠠᠳᠤᠯᠠᠭᠠᠨ ᠳᠤ ᠤᠷᠤᠭᠰᠠᠨ ᠪᠠᠶᠢᠨ᠎ᠠ᠃ ᠲᠠᠪᠤᠨ ᠪᠠᠳᠤᠯᠠᠭᠠᠨ ᠤ ᠲᠦᠪᠯᠡᠷᠡᠬᠦᠯᠦᠨ ᠠᠰᠠᠷᠠᠬᠤ ᠪᠠ ᠲᠠᠷᠬᠠᠢ ᠠᠰᠠᠷᠠᠬᠤ ᠪᠠᠷᠢᠮᠵᠢᠶ᠎ᠠ  ᠬᠦᠮᠦᠨ ᠲᠤᠮᠳᠠᠴᠢ ᠪᠠᠷ ᠵᠢᠯ ᠤᠨ 3565 ᠲᠦᠬᠦᠷᠢᠭ ᠪᠠ 2700 ᠲᠦᠬᠦᠷᠢᠭ ᠪᠤᠯᠵᠤ᠂  ᠲᠤᠰᠪᠤᠷᠢ 465 ᠲᠦᠬᠦᠷᠢᠭ ᠪᠠ 370 ᠲᠦᠬᠦᠷᠢᠭ ᠦᠰᠴᠦ᠂  ᠦᠨᠦᠴᠢᠨ ᠬᠡᠦᠭᠡᠳ ᠤᠨ ᠲᠦᠪᠯᠡᠷᠡᠬᠦᠯᠦᠨ ᠠᠰᠠᠷᠠᠬᠤ ᠪᠠ ᠲᠠᠷᠬᠠᠢ ᠠᠰᠠᠷᠠᠬᠤ ᠪᠠᠷᠢᠮᠵᠢᠶ᠎ᠠ  ᠬᠦᠮᠦᠨ ᠲᠤᠮᠳᠠᠴᠢ ᠪᠠᠷ ᠰᠠᠷ᠎ᠠ ᠶᠢᠨ 1100 ᠲᠦᠬᠦᠷᠢᠭ ᠪᠠ 700 ᠲᠦᠬᠦᠷᠢᠭ ᠪᠤᠯᠵᠤ᠂ ᠲᠤᠰᠪᠤᠷᠢ 100 ᠲᠦᠬᠦᠷᠢᠭ  ᠦᠰᠴᠡᠢ᠃ ᠨᠡᠶᠢᠬᠡᠮ ᠤᠨ ᠶᠡᠷᠦᠩᠬᠡᠶᠢᠯᠡᠭᠰᠡᠨ ᠠᠰᠠᠷᠠᠮᠵᠢ ᠶᠢᠨ ᠭᠠᠵᠠᠷ ᠤᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠤ᠂  ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠭᠠᠵᠠᠷ 1 ᠶᠢ ᠪᠠᠶᠢᠭᠤᠯᠤᠨ᠂ 4 ᠰᠠᠭᠤᠷᠢ ᠨᠠᠰᠤᠳᠠᠶᠢᠴᠤᠳ ᠢ ᠠᠰᠠᠷᠠᠬᠤ ᠬᠦᠷᠢᠶᠡᠯᠡᠩ ᠢ ᠰᠢᠨ᠎ᠡ ᠪᠠᠷ ᠪᠠᠶᠢᠭᠤᠯᠬᠤ ᠪᠤᠶᠤ ᠦᠷᠭᠡᠳᠭᠡᠨ ᠪᠠᠶᠢᠭᠤᠯᠵᠠᠢ᠃ ᠡᠮᠨᠡᠯᠬᠡ ᠶᠢᠨ ᠠᠪᠤᠷᠠᠨ ᠲᠤᠰᠠᠯᠠᠬᠤ ᠮᠦᠩᠬᠦ 540 ᠲᠦᠮᠡᠨ ᠲᠦᠬᠦᠷᠢᠭ ᠢ ᠲᠠᠷᠬᠠᠭᠠᠵᠤ᠂ 4423 ᠬᠦᠮᠦᠨ ᠢ ᠠᠪᠤᠷᠠᠨ ᠲᠤᠰᠠᠯᠠᠭᠰᠠᠨ ᠪᠠᠶᠢᠨ᠎ᠠ᠃  ᠶᠠᠳᠠᠭᠤ ᠶᠢ ᠳᠡᠳᠬᠦᠵᠦ ᠨᠡᠭᠡᠭᠡᠨ ᠬᠦᠭᠵᠢᠬᠦᠯᠬᠦ ᠠᠵᠢᠯ ᠢᠯᠡᠷᠭᠡᠢ ᠪᠦᠳᠦᠮᠵᠢ  ᠤᠯᠤᠭᠰᠠᠨ᠃  ᠶᠠᠳᠠᠭᠤ ᠶᠢ ᠳᠡᠳᠬᠦᠬᠦ ᠪᠡᠯᠡ ᠮᠦᠩᠬᠦ 5086 ᠲᠦᠮᠡᠨ ᠲᠦᠬᠦᠷᠢᠭ ᠤᠷᠤᠭᠤᠯᠵᠤ᠂ 1400 ᠲᠦᠮᠡᠨ ᠲᠦᠬᠦᠷᠢᠭ ᠤᠨ ᠲᠠᠮ ᠬᠦᠦ ᠲᠠᠢ ᠵᠢᠭᠡᠯᠡᠯᠭᠡ ᠲᠠᠷᠬᠠᠭᠠᠨ᠂ ︽ᠪᠦᠬᠦᠶᠢᠯᠡ  ᠲᠤᠰᠬᠤᠨ ᠢᠶᠠᠷ ᠠᠬᠢᠭᠤᠯᠬᠤ︾᠂ ︽ᠠᠵᠤ ᠦᠢᠯᠡᠰᠵᠢᠬᠦᠯᠦᠨ ᠶᠠᠳᠠᠭᠤ ᠶᠢ ᠳᠡᠳᠬᠦᠬᠦ︾ ᠵᠡᠷᠭᠡ ᠲᠦᠷᠦᠯ ᠵᠦᠢᠯ ᠶᠢ ᠭᠡᠷᠡᠭᠵᠢᠬᠦᠯᠵᠦ᠂  10000 ᠭᠠᠷᠤᠢ ᠶᠠᠳᠠᠭᠤ ᠬᠦᠴᠢᠷᠳᠡᠢ  ᠬᠦᠮᠦᠨ ᠠᠮᠠ  ᠳᠤ ᠠᠴᠢ ᠲᠤᠰᠠ ᠬᠦᠷᠳᠡᠭᠡᠭᠰᠡᠨ ᠪᠦᠬᠡᠳ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠲᠦᠷᠢᠮ  ᠬᠢᠭᠡᠳ ᠶᠠᠳᠠᠭᠤ ᠶᠢ  ᠲᠡᠳᠬᠦᠵᠦ ᠨᠡᠬᠡᠬᠡᠨ ᠬᠦᠭᠵᠢᠬᠦᠯᠬᠦ ᠲᠦᠷᠦ ᠶᠢᠨ ᠪᠤᠳᠤᠯᠭ᠎ᠠ ᠶᠢ ᠪᠦᠳᠦᠮᠵᠢᠳᠡᠢ ᠵᠤᠯᠭᠠᠭᠤᠯᠬᠤ ᠲᠤᠷᠰᠢᠯᠳᠠ ᠶᠢᠨ ᠴᠡᠭ ᠤᠨ ᠠᠵᠢᠯ ᠢ ᠦᠷᠨᠢᠬᠦᠯᠪᠡ᠃ ᠲᠤᠰ ᠵᠢᠯ ᠮᠠᠨ ᠤ ᠬᠤᠰᠢᠭᠤ ᠨᠢ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠠᠵᠢᠯ ᠤᠨ ᠭᠤᠤᠯᠳᠠᠯᠭᠠᠳᠠᠢ ᠬᠤᠰᠢᠭᠤ ᠪᠤᠯᠤᠭᠰᠠᠨ ᠪᠦᠭᠡᠳ ᠲᠦᠷᠦ ᠶᠢᠨ ᠠᠷᠠᠳ  ᠤᠨ ᠶᠠᠪᠤᠳᠠᠯ ᠤᠨ ᠶᠠᠮᠤᠨ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠮᠠᠨ ᠤ ᠬᠤᠰᠢᠭᠤ ᠶᠢ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢᠶᠠᠷ  ᠲᠤᠭᠳᠠᠭᠠᠵᠤ᠂ 4 ᠰᠤᠮᠤ ᠰᠢᠶᠠᠩ ᠪᠠᠯᠭᠠᠰᠤ᠂ 102 ᠭᠠᠴᠠᠭ᠎ᠠ ᠲᠤᠰᠬᠤᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢᠶᠠᠷ ᠲᠤᠭᠳᠠᠭᠠᠭᠳᠠᠭᠰᠠᠨ ᠪᠠᠶᠢᠨ᠎ᠠ᠃         ︵ ᠶᠢᠰᠦ︶   ᠨᠡᠶᠢᠬᠡᠮ ᠤᠨ ᠦᠢᠯᠡᠰ ᠰᠢᠨ᠎ᠡ ᠲᠠᠪᠰᠢᠯᠳᠠ ᠲᠠᠢ ᠪᠤᠯᠪᠠ᠃         ᠰᠤᠷᠭᠠᠨ ᠬᠦᠮᠦᠵᠢᠯ ᠤᠨ ᠲᠠᠯᠠᠪᠠᠷ᠂ 1.81 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠨᠢᠭᠡᠳᠦᠭᠡᠷ ᠲᠤᠮᠳᠠᠳᠤ ᠰᠤᠷᠭᠠᠭᠤᠯᠢ᠂ ᠲᠦᠷᠪᠡᠳᠦᠭᠡᠷ ᠪᠠᠭ᠎ᠠ ᠰᠤᠷᠭᠠᠭᠤᠯᠢ᠂  ᠬᠡᠦᠭᠡᠳ ᠤᠨ ᠴᠡᠴᠡᠷᠯᠢᠭ   ᠤᠨ ᠭᠤᠤᠯ ᠴᠤᠭᠴᠠ ᠶᠢᠨ ᠪᠠᠷᠢᠯᠭ᠎ᠠ   ᠶᠢ ᠲᠠᠭᠤᠰᠬᠠᠨ᠂ ᠲᠦᠷᠪᠡᠳᠦᠬᠡᠷ ᠲᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ   ᠢ ᠰᠢᠨ᠎ᠡ ᠪᠠᠷ ᠪᠠᠶᠢᠭᠤᠯᠵᠤ᠂ ᠮᠤᠩᠭᠤᠯ ᠰᠤᠷᠭᠠᠭᠤᠯᠢ ᠪᠠ ᠵᠠᠯᠠᠭᠤᠴᠤᠳ ᠪᠠᠭᠠᠴᠤᠳ ᠤᠨ ᠬᠦᠳᠡᠯᠪᠦᠷᠢ ᠠᠵᠢᠯᠯᠠᠭᠠᠨ ᠤ ᠲᠦᠪ ᠤᠨ ᠪᠦᠳᠦᠭᠡᠨ ᠪᠠᠶᠢᠭᠤᠯᠤᠯᠳᠠ ᠶᠢ ᠡᠬᠢᠯᠡᠪᠡ ᠃ ᠦᠨᠳᠦᠷ ᠲᠤᠮᠳᠠᠳᠤ ᠶᠢᠨ ᠱᠠᠳᠤᠨ ᠤ ᠰᠤᠷᠭᠠᠨ ᠬᠦᠮᠦᠵᠢᠯ ᠤᠨ ︽ᠬᠤᠶᠠᠷ ᠢ ᠭᠡᠯᠳᠦᠷᠢᠬᠦᠯᠵᠦ ᠨᠢᠬᠡ ᠶᠢ ᠨᠦᠬᠦᠪᠦᠷᠢᠯᠡᠬᠦ︾ ᠲᠦᠷᠦ ᠶᠢᠨ ᠪᠤᠳᠤᠯᠭ᠎ᠠ ᠶᠢ ᠭᠡᠷᠡᠭᠵᠢᠬᠦᠯᠵᠦ᠂ 12 ᠵᠢᠯ ᠤᠨ ᠰᠦᠢᠳᠭᠡᠯ ᠭᠡᠯᠳᠦᠷᠢᠬᠦᠯᠦᠭᠰᠡᠨ ᠰᠤᠷᠭᠠᠨ ᠬᠦᠮᠦᠵᠢᠯ ᠪᠡᠶᠡᠯᠡᠭᠳᠡᠪᠡ᠃ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠦᠮᠦᠵᠢᠯ ᠤᠨ ᠲᠦᠯᠦᠪᠵᠢᠬᠦᠯᠬᠡ ᠶᠢ ᠲᠤᠭᠳᠠᠭᠠᠨ᠂ ᠪᠤᠢ ᠪᠦᠬᠦᠢ ᠬᠦᠳᠡᠭᠡ ᠲᠤᠰᠬᠤᠨ ᠤ ᠰᠤᠷᠭᠠᠭᠤᠯᠢ ᠶᠢ ᠨᠢᠭᠡᠳᠭᠡᠬᠦ ᠲᠦᠷᠦᠬᠦᠴᠢ ᠬᠤᠭᠤᠴᠠᠭᠠᠨ ᠤ ᠠᠵᠢᠯ ᠢ ᠦᠷᠨᠢᠬᠦᠯᠦᠭᠰᠡᠨ ᠪᠠᠶᠢᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠲᠠᠯᠠᠪᠠᠷ᠂  6800ᠲᠦᠮᠡᠨ ᠲᠦᠬᠦᠷᠢᠭ ᠤᠨ ᠪᠡᠯᠡ  ᠤᠷᠤᠭᠤᠯᠤᠨ᠂ ᠬᠤᠶᠠᠳᠤᠭᠠᠷ ᠵᠡᠷᠭᠡ ᠶᠢᠨ ᠬᠦᠭᠡ ᠲᠡᠰ ᠤᠨ ᠪᠠᠷᠢᠮᠵᠢᠶ᠎ᠠ  ᠪᠠᠷ ᠶᠡᠷᠦᠩᠬᠡᠶᠢᠯᠡᠭᠰᠡᠨ ᠡᠮᠨᠡᠯᠭᠡ ᠶᠢᠨ  ᠬᠤᠷᠢᠶᠠᠨ ᠤ ᠭᠤᠤᠯ ᠴᠤᠭᠴᠠ ᠶᠢᠨ ᠪᠠᠷᠢᠯᠭ᠎ᠠ ᠶᠢ  ᠲᠠᠭᠤᠰᠬᠠᠭᠰᠠᠨ ᠪᠦᠭᠡᠳ ᠭᠡᠰᠡᠭ  ᠪᠡᠯᠡᠳᠭᠡᠯ ᠲᠦᠬᠦᠭᠡᠷᠦᠮᠵᠢ ᠶᠢ ᠬᠤᠳᠠᠯᠳᠤᠨ ᠤᠷᠤᠭᠤᠯᠪᠠ᠃ ᠦᠨᠳᠦᠰᠦᠨ ᠱᠠᠳᠤᠨ ᠤ ᠡᠷᠡᠬᠦᠯ ᠬᠠᠮᠠᠭᠠᠯᠠᠯ  ᠤᠨ ᠬᠤᠷᠢᠶ᠎ᠠ ᠨᠢ ᠤᠯᠤᠰ ᠤᠨ ᠦᠨᠳᠦᠰᠦᠨ ᠡᠮ ᠲᠠᠩ ᠤᠨ ᠲᠦᠷᠢᠮ ᠢ ᠭᠡᠷᠡᠭᠵᠢᠬᠦᠯᠵᠦ᠂ ᠦᠨ᠎ᠡ  ᠬᠠᠩᠰᠢ ᠨᠡᠮᠡᠬᠦ   ᠶᠢ ᠴᠠᠭᠠᠵᠠᠯᠠᠨ᠂  ᠡᠮᠨᠡᠯᠬᠡ ᠳᠤ ᠰᠠᠭᠤᠬᠤ ᠲᠡᠭᠰᠢᠳᠭᠡᠭᠰᠡᠨ ᠵᠠᠷᠤᠳᠠᠯ 34% ᠪᠠᠷ ᠪᠠᠭᠠᠰᠴᠠᠢ᠃ ᠤᠯᠠᠨ ᠨᠡᠶᠢᠳᠡ  ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠠᠯᠪᠠᠨ ᠵᠠᠷᠤᠳᠠᠯ ᠢ ᠲᠤᠭ᠎ᠠ ᠨᠤᠷᠮ᠎ᠠ ᠪᠠᠷ ᠨᠠᠶᠢᠳᠠᠪᠤᠷᠢᠵᠢᠭᠤᠯᠪᠠ᠃ 60 ᠲᠤᠰᠬᠠᠢ ᠮᠡᠷᠭᠡᠵᠢᠯᠳᠡᠨ ᠢ ᠢᠯᠡ   ᠪᠠᠷ ᠡᠯᠰᠡᠵᠦ᠂ ᠬᠤᠳᠠ ᠬᠦᠳᠡᠭᠡ ᠶᠢᠨ  ᠡᠮᠴᠢ ᠶᠢᠨ ᠡᠩᠨᠡᠭᠡ ᠶᠢ ᠤᠯᠠᠮ  ᠲᠡᠬᠦᠯᠳᠡᠷᠵᠢᠬᠦᠯᠦᠭᠰᠡᠨ ᠪᠦᠭᠡᠳ ᠪᠡᠭᠡᠵᠢᠩ ᠤᠨ ᠰᠢᠶᠧ ᠾᠧ᠂ ᠲᠦᠩ ᠷᠧᠨ ᠵᠡᠷᠭᠡ ᠡᠮᠨᠡᠯᠭᠡ ᠶᠢᠨ ᠬᠤᠷᠢᠶ᠎ᠠ ᠯᠤᠭ᠎ᠠ ᠠᠵᠢᠯ ᠲᠦᠷᠦᠯ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠮᠠᠨ ᠤ ᠬᠤᠰᠢᠭᠤᠨ ᠤ ᠡᠮ ᠡᠮᠨᠡᠯᠭᠡ ᠡᠷᠡᠬᠦᠯ ᠬᠠᠮᠠᠭᠠᠯᠠᠯ  ᠤᠨ ᠦᠢᠯᠡᠴᠢᠯᠡᠬᠡᠨ ᠤ ᠲᠦᠪᠰᠢᠨ ᠢ ᠤᠯᠠᠮ ᠨᠢᠬᠡ ᠠᠯᠬᠤᠮ  ᠲᠡᠭᠡᠭᠰᠢᠯᠡᠬᠦᠯᠪᠡ᠃ ᠲᠦᠷᠦᠬᠦ ᠲᠤᠤᠷ᠎ᠠ ᠲᠦᠪᠰᠢᠨ ᠢ ᠦᠷᠬᠦᠯᠵᠢᠯᠡᠨ ᠲᠤᠭᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠲᠦᠷᠦᠬᠦ ᠨᠤᠷᠮ᠎ᠠ 92.6%  ᠳᠤ ᠬᠦᠷᠴᠦ᠂ ᠲᠤᠳᠠᠭᠤ ᠵᠡᠮᠳᠡᠭ ᠲᠦᠷᠦᠬᠦ ᠨᠤᠷᠮ᠎ᠠ 0.57% ᠳᠤ ᠬᠢᠵᠠᠭᠠᠷᠯᠠᠭᠳᠠᠵᠠᠢ᠃ ᠢᠳᠡᠭᠡᠨ ᠤᠮᠳᠠᠭᠠᠨ ᠡᠮ  ᠤᠨ ᠵᠦᠢᠯ ᠤᠨ ᠬᠢᠨᠠᠯᠳᠠ ᠬᠠᠮᠢᠶᠠᠷᠤᠯᠳᠠ ᠶᠢ ᠡᠷᠴᠢᠮᠵᠢᠬᠦᠯᠵᠦ᠂ ᠰᠤᠷᠭᠠᠭᠤᠯᠢ ᠶᠢᠨ ᠤᠶᠢᠷ᠎ᠠ ᠬᠠᠪᠢ ᠳᠠᠬᠢ ᠨᠡᠬᠦᠳᠡᠯ ᠠᠷᠠᠯᠵᠢᠶᠠᠴᠢᠨ ᠤ ᠴᠡᠭᠴᠡᠯᠡᠯᠳᠡ ᠶᠢ ᠭᠤᠤᠯᠳᠠᠯᠭᠠᠳᠠᠢ ᠴᠢᠩᠭᠠᠳᠬᠠᠭᠰᠠᠨ ᠢᠶᠠᠷ  ᠵᠢᠯ ᠤᠨ ᠲᠤᠷᠰᠢ ᠤᠯᠠᠨ ᠨᠡᠶᠢᠳᠡ  ᠶᠢᠨ ᠡᠷᠡᠬᠦᠯ ᠬᠠᠮᠠᠭᠠᠯᠠᠯ ᠤᠨ ᠴᠢᠨᠠᠷᠳᠠᠢ ᠭᠡᠷᠡᠭ ᠭᠠᠷᠤᠭᠰᠠᠨ ᠦᠬᠡᠢ᠃  ᠰᠤᠶᠤᠯ ᠲᠠᠮᠢᠷ ᠷᠠᠳᠢᠤ᠋ ᠲᠧᠯᠸᠢᠰ ᠤᠨ ᠠᠵᠢᠯ  ᠤᠨ ᠲᠠᠯᠠᠪᠠᠷ᠂ ᠰᠤᠶᠤᠯ ᠤᠨ  ᠠᠰᠠᠷ ᠤᠨ ᠭᠤᠤᠯ ᠴᠤᠭᠴᠠ ᠶᠢᠨ ᠪᠠᠷᠢᠯᠭ᠎ᠠ ᠵᠢᠴᠢ ᠲᠤᠳᠤᠷ᠎ᠠ ᠴᠢᠮᠡᠭᠯᠡᠯ ᠤᠨ ᠠᠵᠢᠯ ᠢ ᠲᠠᠭᠤᠰᠬᠠᠵᠤ᠂ 6 ᠰᠤᠮᠤ ᠰᠢᠶᠠᠩ ᠪᠠᠯᠭᠠᠰᠤᠨ ᠤ ᠰᠤᠶᠤᠯ ᠤᠨ ᠠᠵᠢᠯ ᠤᠨ ᠦᠷᠳᠡᠭᠡ ᠶᠢᠨ ᠪᠡᠯᠡᠳᠭᠡᠯ ᠲᠦᠬᠦᠭᠡᠷᠦᠮᠵᠢ ᠶᠢ ᠪᠦᠷᠢᠨᠰᠢᠬᠦᠯᠦᠨ᠂ ︽ᠲᠠᠯ᠎ᠠ ᠨᠤᠳᠤᠭ ᠤᠨ ᠨᠤᠮ ᠤᠨ ᠦᠷᠦᠭᠡ︾   ᠶᠢ 171 ᠪᠤᠯᠭᠠᠨ ᠨᠡᠮᠡᠭᠳᠡᠬᠦᠯᠵᠦ᠂ ᠮᠡᠳᠡᠭᠡ ᠵᠠᠩᠬᠢ   ᠶᠢᠨ ᠡᠬᠢ ᠪᠠᠶᠠᠯᠢᠭ ᠬᠠᠮᠳᠤᠪᠠᠷ ᠬᠦᠷᠳᠡᠬᠦ ᠢᠨᠵᠧᠨᠧᠷᠢᠩ ᠬᠢᠭᠡᠳ  ︽123︾ ᠢᠨᠵᠧᠨᠧᠷᠢᠩ ᠰᠤᠮᠤ ᠰᠢᠶᠠᠩ ᠪᠠᠯᠭᠠᠰᠤ ᠶᠢ ᠦᠪᠴᠢ ᠬᠠᠮᠤᠷᠪᠠ᠃ 2011 ᠤᠨ ᠤ  ᠴᠠᠭᠠᠨ ᠰᠠᠷᠠᠶᠢᠨ ᠦᠳᠡᠰᠢᠯᠡᠭᠡ ︽ᠦᠨᠢ ᠮᠦᠩᠬᠡ   ᠶᠢᠨ ᠬᠦᠨᠪᠤᠯᠠᠭ︾   ᠨᠢ  ᠪᠦᠬᠦ ᠤᠷᠤᠨ ᠤ ᠠᠳᠠᠯᠢᠳᠬᠠᠨ ᠰᠢᠯᠭᠠᠷᠠᠭᠤᠯᠤᠯᠳᠠ ᠳᠤ ᠬᠤᠶᠠᠳᠤᠭᠠᠷ ᠳᠤ ᠤᠷᠤᠵᠠᠢ᠃ ᠲᠠᠶᠢᠹᠤᠰᠧ ᠬᠤᠰᠢᠭᠤᠨ ᠤ ᠱᠨᠨ ᠰᠢ ᠵᠦᠴᠦᠬᠡ ᠶᠢᠨ ᠪᠦᠯᠬᠦᠮ ᠬᠢᠭᠡᠳ ᠡᠯ ᠷᠧᠨ  ᠲᠠᠢ  ᠵᠦᠴᠦᠭᠡ ᠶᠢᠨ ᠪᠦᠯᠬᠦᠮ ᠢ ᠰᠡᠷᠬᠦᠭᠡᠨ ᠪᠠᠶᠢᠭᠤᠯᠵᠤ᠂ ᠰᠤᠶᠤᠯ ᠤᠨ ᠬᠦᠳᠡᠯᠪᠦᠷᠢ ᠠᠵᠢᠯᠯᠠᠭ᠎ᠠ ᠶᠢ ᠵᠢᠯ ᠳᠤ  ᠵᠠᠭᠤᠭᠠᠳ ᠲᠠᠯᠠᠪᠠᠢ  ᠡᠷᠬᠢᠯᠡᠨ᠂ ᠤᠷᠠᠨ ᠰᠠᠶᠢᠬᠠᠨ ᠤ ᠲᠤᠭᠯᠠᠯᠳᠠ ᠶᠢ 55 ᠤᠳᠠᠭ᠎ᠠ ᠬᠦᠳᠡᠭᠡ ᠬᠦᠷᠭᠡᠭᠰᠡᠨ  ᠪᠦᠭᠡᠳ ᠷᠠᠳᠢᠤ᠋  ᠺᠢᠨᠤ᠋ ᠲᠧᠯᠸᠢᠰ   ᠤᠨ ᠶᠡᠷᠦᠩᠬᠡᠶᠢᠯᠡᠭᠰᠡᠨ ᠠᠰᠠᠷ ᠢ ᠠᠰᠢᠭᠯᠠᠯᠳᠠ ᠳᠤ ᠤᠷᠤᠭᠤᠯᠤᠭᠠᠳ᠂ ᠷᠠᠳᠢᠤ᠋ ᠲᠧᠯᠸᠢᠰ ᠤᠨ ᠶᠡᠷᠦᠩᠬᠡᠶᠢᠯᠡᠭᠰᠡᠨ ᠪᠦᠷᠬᠦᠴᠡ 98% ᠳᠤ ᠬᠦᠷᠴᠡᠢ᠃  ᠪᠦᠬᠦ ᠵᠢᠯ ᠳᠤ᠂ ᠠᠶᠢᠮᠠᠭ᠂ ᠤᠷᠤᠨ ᠤ ᠲᠡᠰ ᠤᠨ ᠰᠤᠨᠢᠨ ᠮᠡᠳᠡᠭᠡᠨ ᠤ ᠵᠠᠭᠤᠴᠢᠯᠠᠭᠤᠷ ᠲᠤ ᠨᠡᠶᠢᠳᠡ 1000 ᠭᠠᠷᠤᠢ ᠬᠤᠪᠢ ᠡᠬᠡ ᠪᠢᠴᠢᠭ ᠨᠡᠶᠢᠳᠡᠯᠡᠬᠦᠯᠵᠦ ᠂ ᠤᠯᠤᠰ ᠤᠨ ᠲᠡᠰ ᠤᠨ ᠵᠠᠭᠤᠴᠢᠯᠠᠭᠤᠷ ᠲᠤ 30 ᠶᠢ ᠨᠡᠶᠢᠳᠡᠯᠡᠬᠦᠯᠦᠨ᠂ ᠠᠷᠠᠳ ᠤᠨ ᠰᠦᠯᠵᠢᠶ᠎ᠡ᠂ ᠰᠢᠩᠬᠤᠸᠠ ᠰᠦᠯᠵᠢᠶ᠎ᠡ ᠵᠡᠷᠭᠡ   ᠳᠤ 400 ᠢᠯᠡᠬᠦᠦ ᠦᠰᠦᠭ ᠪᠢᠴᠢᠭ ᠪᠠ ᠬᠠᠷᠠᠭᠠᠨ ᠲᠠᠪᠳᠠᠮᠵᠢ ᠶᠢᠨ ᠮᠡᠳᠡᠭᠡ ᠨᠡᠶᠢᠳᠡᠯᠡᠭᠳᠡᠭᠰᠡᠨ ᠪᠠᠶᠢᠨ᠎ᠠ᠃         ︵ᠠᠷᠪᠠ︶    ᠨᠡᠶᠢᠬᠡᠮ ᠤᠨ ᠬᠠᠮᠢᠶᠠᠷᠤᠯᠳᠠ ᠶᠢᠨ ᠲᠠᠯᠠᠪᠠᠷ ᠰᠢᠨ᠎ᠡ ᠪᠠᠶᠢᠳᠠᠯ ᠢ ᠡᠬᠦᠳᠪᠡ᠃       ᠨᠡᠶᠢᠬᠡᠮ ᠤᠨ ᠬᠠᠮᠢᠶᠠᠷᠤᠯᠳᠠ ᠶᠢᠨ ᠰᠢᠰᠲ᠋ᠧᠮ ᠢ ᠲᠡᠬᠦᠯᠳᠡᠷᠵᠢᠬᠦᠯᠵᠦ᠂ ᠨᠡᠶᠢᠬᠡᠮ ᠤᠨ ᠬᠠᠮᠢᠶᠠᠷᠤᠯᠳᠠ ᠶᠢᠨ ᠰᠢᠨ᠎ᠡ ᠶᠢ ᠡᠬᠦᠳᠦᠨ᠂ ᠨᠡᠶᠢᠬᠡᠮ ᠤᠨ ᠡᠶ᠎ᠡ ᠵᠤᠬᠢᠴᠠᠯ ᠪᠠ ᠲᠤᠭᠳᠠᠭᠤᠨ ᠢ ᠨᠦᠯᠦᠭᠡᠯᠡᠬᠦ ᠲᠤᠪᠤᠶᠢᠮ᠎ᠠ ᠠᠰᠠᠭᠤᠳᠠᠯ ᠢ ᠬᠦᠴᠦ ᠲᠠᠯᠪᠢᠵᠤ ᠰᠢᠢᠳᠪᠦᠷᠢᠯᠡᠵᠡᠢ᠃ ᠪᠡᠭᠡᠵᠢᠩ ᠤᠨ ᠲᠤᠭᠤᠷᠢᠨ ᠳᠠᠬᠢ ︽ ᠬᠠᠮᠠᠭᠠᠯᠠᠯᠳᠠ ᠶᠢᠨ ᠭᠤᠤᠯ︾ ᠤᠨ ᠢᠨᠵᠧᠨᠧᠷᠢᠩ ᠢ ᠨᠢᠮᠪᠠᠢ ᠭᠡᠷᠡᠭᠵᠢᠬᠦᠯᠵᠦ᠂ ᠡᠯ᠎ᠡ  ᠵᠦᠢᠯ ᠤᠨ ᠠᠷᠭ᠎ᠠ ᠠᠪᠴᠢᠯ ᠢ ᠴᠢᠩᠭ᠎ᠠ ᠨᠠᠶᠢᠳᠠᠪᠤᠷᠢᠵᠢᠭᠤᠯᠤᠨ᠂ ᠲᠡᠭᠡᠳᠦ ᠱᠠᠳᠤᠨ ᠤ ᠴᠢᠬᠤᠯᠠ  ᠬᠤᠷᠠᠯ ᠴᠤᠭᠯᠠᠭᠠᠨ ᠵᠢᠴᠢ ᠲᠤᠮᠤ ᠬᠡᠯᠪᠡᠷᠢ ᠶᠢᠨ ᠬᠦᠳᠡᠯᠪᠦᠷᠢ ᠠᠵᠢᠯᠯᠠᠭᠠᠨ ᠤ ᠬᠤᠭᠤᠴᠠᠭᠠᠨ ᠳᠠᠬᠢ ᠠᠮᠤᠷ ᠢ ᠬᠠᠮᠠᠭᠠᠯᠠᠬᠤ ᠠᠵᠢᠯ ᠢ ᠠᠮᠵᠢᠯᠳᠠᠳᠠᠢ  ᠰᠠᠶᠢᠨ ᠪᠡᠶᠡᠯᠡᠬᠦᠯᠪᠡ᠃  ᠮᠠᠨ ᠤ ᠠᠶᠢᠮᠠᠭ ᠲᠤ ᠡᠬᠦᠰᠦᠭᠰᠡᠨ ᠬᠤᠶᠠᠷ ᠤᠳᠠᠭᠠᠨ ᠤ ᠡᠷᠡᠬᠦᠦ ᠶᠢᠨ ᠶᠠᠯᠠᠳᠤ ᠭᠡᠷᠡᠭ ᠲᠤ  ᠪᠦᠳᠦᠮᠵᠢᠳᠡᠢ ᠠᠷᠭ᠎ᠠ ᠭᠡᠮᠵᠢᠶ᠎ᠡ ᠠᠪᠴᠤ᠂ ᠮᠠᠨ ᠤ ᠬᠤᠰᠢᠭᠤᠨ ᠳᠤ ᠪᠦᠯᠦᠭᠯᠡᠯ ᠤᠨ ᠴᠢᠨᠠᠷᠳᠠᠢ ᠭᠡᠷᠡᠭ ᠡᠬᠦᠰᠬᠦ ᠶᠢ ᠰᠡᠷᠭᠡᠶᠢᠯᠡᠨ ᠬᠤᠷᠢᠭᠯᠠᠪᠠ᠃ ᠨᠡᠶᠢᠬᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠵᠤ᠂ ᠡᠯ᠎ᠡ ᠲᠦᠷᠦᠯ ᠤᠨ ᠲᠤᠰᠬᠠᠢ ᠬᠦᠳᠡᠯᠭᠡᠭᠡᠨ  ᠢ ᠵᠤᠬᠢᠶᠠᠨ ᠪᠠᠶᠢᠭᠤᠯᠵᠤ ᠦᠷᠨᠢᠬᠦᠯᠦᠨ᠂  ᠵᠢᠯ ᠳᠤ ᠡᠷᠡᠬᠦᠦ ᠶᠢᠨ ᠶᠠᠯᠠᠳᠤ ᠭᠡᠷᠡᠭ 148 ᠶᠢ ᠪᠠᠶᠢᠴᠠᠭᠠᠨ ᠢᠯᠡᠷᠡᠬᠦᠯᠵᠦ᠂ ᠠᠷᠢᠬᠢ ᠤᠤᠭᠤᠵᠤ ᠲᠡᠷᠭᠡ ᠵᠢᠯᠤᠭᠤᠳᠬᠤ᠂ ᠦᠨᠡᠮᠯᠡᠯ ᠦᠬᠡᠢ ᠪᠠᠷ ᠵᠢᠯᠤᠭᠤᠳᠬᠤ ᠵᠡᠷᠭᠡ  ᠬᠠᠤᠯᠢ ᠲᠦᠷᠢᠮ ᠵᠦᠷᠢᠴᠡᠬᠦ ᠠᠵᠢᠯᠯᠠᠭ᠎ᠠ  ᠮᠡᠳᠡᠭᠳᠡᠮ᠎ᠡ  ᠪᠠᠭᠠᠰᠤᠭᠰᠠᠨ ᠪᠠᠶᠢᠨ᠎ᠠ᠃ ᠬᠤᠤᠷ᠎ᠠ ᠴᠠᠭᠠᠵᠠᠯᠠᠬᠤ ᠠᠵᠢᠯ ᠤᠨ ᠡᠷᠴᠢᠮ ᠢ ᠴᠢᠩᠭᠠᠷᠠᠭᠤᠯᠤᠭᠰᠠᠨ ᠢᠶᠠᠷ᠂ ᠬᠤᠤᠷᠳᠤ ᠡᠳ᠋ ᠲᠠᠷᠢᠬᠤ ᠦᠵᠡᠭᠳᠡᠯ ᠨᠢᠭᠡᠴᠦ ᠢᠯᠡᠷᠡᠭᠰᠡᠨ ᠦᠬᠡᠢ᠃ ᠭᠠᠯ ᠰᠡᠷᠭᠡᠶᠢᠯᠡᠬᠦ ᠠᠵᠢᠯ ᠢ ᠬᠦᠨᠵᠡᠭᠡᠢ ᠦᠷᠨᠢᠬᠦᠯᠵᠦ᠂ ᠭᠠᠯ ᠤᠨ ᠠᠶᠤᠯ ᠡᠬᠦᠰᠭᠡᠬᠦ ᠡᠯ᠎ᠡ ᠲᠦᠷᠦᠯ ᠤᠨ ᠲᠠᠯᠳᠠ ᠭᠡᠮ ᠢ ᠠᠷᠢᠯᠭᠠᠪᠠ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠭᠡᠷᠡᠭ ᠤᠨ ᠡᠬᠦᠰᠦᠯ ᠢ ᠰᠡᠷᠬᠡᠶᠢᠯᠡᠵᠦ ᠲᠡᠶᠢᠯᠵᠡᠢ᠃ ︽ᠲᠠᠪᠤ ᠲᠠᠪᠤ︾ ᠬᠠᠤᠯᠢ ᠲᠦᠭᠡᠮᠡᠯᠵᠢᠬᠦᠯᠬᠦ ᠠᠵᠢᠯ ᠢ ᠠᠮᠵᠢᠯᠳᠠᠳᠠᠢ ᠪᠡᠶᠡᠯᠡᠬᠦᠯᠪᠡ᠃ ᠨᠡᠶᠢᠬᠡᠮ ᠤᠨ ᠵᠦᠷᠢᠴᠡᠯ ᠢ ᠪᠦᠬᠦ ᠲᠠᠯᠠᠪᠠᠷ ᠪᠠᠶᠢᠴᠠᠭᠠᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ   ᠶᠢᠨ ᠲᠠᠷᠤᠭᠳᠠᠮᠠᠯ ᠬᠡᠷᠡᠭ ᠢ ᠰᠢᠢᠳᠪᠦᠷᠢᠯᠡᠬᠦ ︽ᠵᠠᠭᠤᠨ ᠬᠤᠨᠤᠭ ᠤᠨ ᠲᠤᠰᠬᠠᠢ ᠴᠡᠭᠴᠡᠯᠡᠯᠳᠡ︾ ᠶᠢ  ᠦᠷᠨᠢᠬᠦᠯᠦᠭᠡᠳ᠂  ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠲᠤᠭ᠎ᠠ ᠬᠡᠮᠵᠢᠶ᠎ᠡ  ᠶᠡᠬᠡᠪᠡᠷ ᠪᠠᠭᠤᠷᠠᠪᠠ᠃ ᠪᠠᠳᠤᠯᠠᠭᠠᠨ ᠤ ᠵᠠᠷᠤᠳᠠᠯ ᠢ ᠨᠠᠶᠢᠳᠠᠪᠤᠷᠢᠵᠢᠭᠤᠯᠵᠤ᠂ ᠴᠡᠷᠢᠭ ᠠᠷᠠᠳ ᠤᠨ ᠵᠤᠬᠢᠴᠠᠩᠭᠤᠢ ᠬᠦᠭᠵᠢᠯᠳᠡ ᠪᠠᠷ ᠲᠠᠭᠠᠭᠤᠯᠭ᠎ᠠ ᠪᠤᠯᠭᠠᠨ᠂  ᠴᠡᠷᠢᠭ ᠪᠠ ᠭᠠᠵᠠᠷ ᠤᠷᠤᠨ ᠬᠠᠷᠢᠯᠴᠠᠨ ᠪᠤᠳᠠᠳᠠᠢ ᠠᠵᠢᠯ ᠬᠢᠬᠦ ᠪᠠᠷ ᠲᠠᠪᠴᠠᠩ ᠪᠤᠯᠭᠠᠵᠤ᠂ ᠵᠡᠪᠰᠡᠭᠳᠦ ᠬᠦᠴᠦᠨ᠂  ᠡᠷᠦᠬᠡ ᠶᠢᠨ ᠴᠡᠷᠢᠭ ᠤᠨ ᠪᠡᠯᠡᠳᠭᠡᠯ ᠠᠩᠬᠢ ᠶᠢᠨ ᠪᠦᠳᠦᠭᠡᠨ ᠪᠠᠶᠢᠭᠤᠯᠤᠯᠳᠠ ᠪᠠ ᠠᠭᠠᠷ ᠤᠨ ᠰᠡᠷᠭᠡᠶᠢᠯᠡᠯᠳᠡ ᠶᠢᠨ ᠠᠵᠢᠯ ᠢ ᠤᠯᠠᠮ ᠴᠢᠩᠭᠠᠳᠬᠠᠰᠠᠨ ᠪᠠᠶᠢᠨ᠎ᠠ᠃ᠨ᠊        ᠦᠨᠳᠦᠰᠦᠳᠡᠨ᠂ ᠱᠠᠰᠢᠨ ᠰᠤᠷᠳᠠᠬᠤᠨ᠂ ᠬᠠᠷᠢᠶᠠᠳᠤ ᠶᠢᠨ ᠶᠠᠪᠤᠳᠠᠯ᠂ ᠲᠤᠭ᠎ᠠ ᠪᠦᠷᠢᠳᠭᠡᠯ᠂ ᠲᠠᠩᠰᠠ ᠡᠪᠭᠡᠮᠡᠯ᠂ ᠲᠡᠦᠬᠡ ᠤᠶᠢᠯᠠᠯᠭ᠎ᠠ᠂ ᠴᠠᠭ ᠠᠭᠤᠷ᠂ ᠡᠮᠡᠭᠳᠡᠶᠢᠴᠤᠳ ᠭᠡᠦᠭᠡᠳ ᠪᠠᠭᠠᠴᠤᠳ ᠬᠢᠭᠡᠳ ᠵᠡᠮᠳᠡᠭᠴᠤᠳ ᠤᠨ ᠠᠵᠢᠯ ᠵᠡᠷᠭᠡ ᠠᠵᠢᠯ ᠦᠢᠯᠡᠰ ᠪᠦᠷ ᠰᠢᠨ᠎ᠡ ᠠᠮᠵᠢᠯᠳᠠ ᠤᠯᠵᠠᠢ᠃        ︵ᠠᠷᠪᠠᠨ ᠨᠢᠭᠡ︶   ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠰᠢᠨ᠎ᠡ ᠠᠬᠢᠴᠠ ᠲᠠᠢ ᠪᠤᠯᠪᠠ᠃       ︽ᠭᠤᠷᠪᠠᠨ ᠴᠢᠬᠤᠯᠠ ᠨᠢᠭᠡ  ᠶᠡᠭᠡ︾  ᠲᠦᠷᠢᠮ ᠢ ᠴᠢᠩᠭ᠎ᠠ ᠭᠡᠷᠡᠭᠵᠢᠬᠦᠯᠵᠦ᠂ ᠴᠢᠬᠤᠯᠠ  ᠶᠡᠭᠡ ᠬᠡᠷᠡᠭ ᠶᠠᠪᠤᠳᠠᠯ ᠳᠤ ᠨᠡᠶᠢᠬᠡᠮ ᠤᠨ ᠲᠤᠭᠳᠠᠭᠤᠨ ᠤ ᠲᠦᠭᠰᠢᠬᠦᠷᠢ ᠦᠨᠡᠯᠡᠬᠦ ᠲᠤᠭᠳᠠᠴᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠦᠨ᠂ ᠰᠢᠢᠳᠪᠦᠷᠢᠳᠦ ᠪᠤᠳᠤᠯᠭ᠎ᠠ ᠶᠢᠨ  ᠰᠢᠨᠵᠢᠯᠡᠬᠦ ᠤᠬᠠᠭᠠᠨᠵᠢᠬᠤ ᠪᠠ ᠠᠷᠠᠳᠴᠢᠯᠠᠬᠤ ᠶᠢ ᠠᠬᠢᠭᠤᠯᠵᠠᠢ᠃ ︽ᠨᠢᠭᠤᠴᠠ ᠬᠠᠳᠠᠭᠠᠯᠠᠮᠵᠢ︾ ᠶᠢᠨ ᠭᠡᠷᠡᠭ ᠪᠠ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠤᠨ ᠲᠤᠰᠬᠠᠢ ᠴᠡᠭᠴᠡᠯᠡᠯᠳᠡ ᠶᠢ ᠬᠦᠨᠵᠡᠭᠡᠢ  ᠦᠷᠨᠢᠬᠦᠯᠦᠨ᠂ ᠬᠠᠤᠯᠢ   ᠪᠠᠷ ᠵᠠᠰᠠᠭ ᠶᠠᠪᠤᠭᠤᠯᠬᠤ᠂ ᠬᠠᠤᠯᠢ ᠪᠠᠷ ᠬᠤᠰᠢᠭᠤ ᠪᠠᠨ ᠵᠠᠰᠠᠬᠤ ᠶᠢ ᠠᠬᠢᠭᠤᠯᠵᠤ᠂ ᠵᠠᠰᠠᠭ ᠤᠨ ᠤᠷᠳᠤᠨ ᠤ ᠬᠠᠤᠯᠢ ᠲᠦᠷᠢᠮ ᠤᠨ ᠪᠠᠶᠢᠭᠤᠯᠤᠯᠳᠠ ᠤᠯᠠᠮ ᠨᠢᠭᠡ ᠠᠯᠬᠤᠮ ᠴᠢᠩᠭᠠᠷᠠᠵᠤ ᠢᠷᠡᠵᠡᠢ᠃ ᠬᠠᠷᠢᠭᠤᠴᠠᠯᠭᠠᠳᠤ ᠤᠬᠠᠮᠰᠠᠷ ᠢ ᠴᠢᠩᠭᠠᠳᠬᠠᠨ᠃ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠪᠠᠶᠢᠭᠤᠯᠵᠤ᠂ ᠪᠠᠶᠢᠭᠤᠯᠭ᠎ᠠ ᠶᠢᠨ ᠭᠡᠪ ᠰᠤᠷᠳᠠᠯ ᠤᠯᠠᠮ ᠨᠢᠬᠡ ᠠᠯᠬᠤᠮ ᠰᠢᠯᠢᠳᠡᠭᠵᠢᠨ᠂ ᠠᠵᠢᠯᠯᠠᠬᠤ  ᠴᠢᠳᠠᠪᠤᠷᠢ ᠤᠯᠠᠮ ᠨᠢᠭᠡ ᠠᠯᠬᠤᠮ ᠲᠡᠭᠡᠭᠰᠢᠯᠡᠭᠰᠡᠨ ᠪᠠᠶᠢᠨ᠎ᠠ᠃      ᠲᠦᠯᠦᠭᠡᠯᠡᠭᠴᠢᠳ ᠡ  ᠂ ᠦᠩᠭᠡᠷᠡᠬᠦ‍ ᠨᠢᠬᠡ ᠵᠢᠯ   ᠳᠤ ᠤᠯᠤᠭᠰᠠᠨ ᠠᠵᠢᠯ ᠤᠨ ᠦᠨᠳᠦᠷ ᠠᠮᠵᠢᠯᠳᠠ ᠪᠤᠯ  ᠮᠠᠨ ᠤ ᠬᠤᠰᠢᠭᠤ ᠨᠢ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢ ᠪᠦᠬᠦ ᠲᠠᠯᠠᠪᠠᠷ ᠲᠤᠤᠱᠯᠠᠭᠤᠯᠤᠨ   ᠨᠠᠶᠢᠳᠠᠪᠤᠷᠢᠵᠢᠭᠤᠯᠤᠭᠰᠠᠨ ᠤ ᠦᠷ᠎ᠡ ᠪᠦᠳᠦᠭᠡᠯ᠂ ᠠᠶᠢᠮᠠᠭ ᠤᠨ ᠨᠠᠮ ᠵᠠᠰᠠᠭ ᠤᠨ ᠵᠦᠪ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠭᠡᠨ ᠤ  ᠴᠢᠩᠭ᠎ᠠ ᠬᠢᠨᠠᠯᠳᠠ ᠪᠠ ᠬᠦᠴᠦᠳᠡᠢ ᠲᠡᠮᠵᠢᠯᠬᠡ ᠠᠴᠠ ᠢᠷᠡᠭᠰᠡᠨ ᠦᠷ᠎ᠡ ᠪᠦᠳᠦᠭᠡᠯ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢᠶᠠᠷ ᠢᠶᠠᠨ ᠪᠦᠯᠬᠦᠮᠳᠡᠨ ᠲᠡᠮᠡᠴᠡᠭᠰᠡᠨ ᠤ ᠦᠷ᠎ᠡ ᠪᠦᠳᠦᠭᠡᠯ ᠶᠤᠮ᠃ ᠠᠳᠡ ᠪᠢ ᠬᠤᠰᠢᠭᠤ ᠵᠠᠰᠠᠭ  ᠤᠨ ᠤᠷᠳᠤᠨ ᠤ ᠡᠮᠦᠨ᠎ᠡ ᠠᠴᠠ  ᠂ ᠲᠠᠶᠢᠹᠤᠰᠧ ᠬᠤᠰᠢᠭᠤᠨ ᠤ ᠴᠤᠭᠴᠠᠯᠠᠯᠳᠠ ᠪᠠ ᠬᠦᠭᠵᠢᠯᠳᠡ ᠶᠢᠨ ᠦᠢᠯᠡᠰ ᠲᠤ ᠨᠡᠮᠡᠷᠢ ᠬᠠᠨᠳᠢᠪ ᠡᠷᠬᠦᠭᠰᠡᠨ ᠨᠠᠶᠢᠵᠠ ᠨᠦᠬᠦᠳ ᠲᠤ ᠴᠢᠩ ᠰᠡᠳᠬᠢᠯ ᠤᠨ ᠬᠦᠨᠳᠦᠳᠭᠡᠯ ᠪᠠ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ᠃       ᠵᠢᠯ ᠤᠨ ᠠᠵᠢᠯ ᠢᠶᠠᠨ ᠡᠷᠬᠢᠴᠡᠬᠦᠯᠦᠨ ᠳ᠋ᠦᠩᠨᠡᠪᠡᠯ᠂  ᠪᠢᠳᠡᠨ ᠤ ᠠᠮᠵᠢᠯᠲᠠ ᠪᠦᠲᠦᠮᠵᠢ  ᠢᠯᠡᠷᠭᠡᠢ ᠪᠠᠶᠢᠭ᠎ᠠ᠃ ᠭᠡᠪᠡᠴᠦ ᠠᠶᠢᠮᠠᠭ ᠤᠨ ᠱᠠᠭᠠᠷᠳᠠᠯᠭ᠎ᠠ ᠪᠤᠯᠤᠨ ᠤᠯᠠᠨ ᠲᠦᠮᠡᠨ ᠤ ᠬᠦᠰᠡᠯ ᠨᠠᠶᠢᠳᠠᠯᠭ᠎ᠠ ᠠᠴᠠ  ᠬᠤᠯᠠ ᠵᠦᠷᠢᠶ᠎ᠡ ᠲᠠᠢ ᠪᠠᠶᠢᠭᠰᠠᠭᠠᠷ᠃ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠶᠠᠪᠤᠴᠠ ᠳᠤ ᠪᠠᠰᠠ ᠪᠠᠭ᠎ᠠ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠤᠢ᠂ ᠡᠨᠡ ᠨᠢ ᠭᠤᠤᠯᠳᠠᠭᠤ ᠲᠤᠤᠷᠠᠬᠢ ᠬᠡᠳᠦᠨ ᠲᠠᠯᠠᠪᠠᠷ ᠢᠯᠡᠷᠡᠨ᠎ᠡ᠄  ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠨᠢᠮᠭᠡᠨ᠂ ᠪᠠᠷᠢᠮᠵᠢᠶᠠᠵᠢᠵᠤ ᠬᠡᠪᠴᠢᠶᠡᠵᠢᠭᠰᠡᠨ ᠮᠠᠯᠵᠢᠯ ᠠᠩᠬᠠᠨ ᠤ ᠭᠠᠷᠤᠭᠠᠨ ᠳᠠᠭᠠᠨ ᠪᠠᠶᠢᠵᠤ᠂  ᠤᠳᠤᠬᠢᠴᠢᠯᠠᠭᠰᠠᠨ ᠮᠠᠯ ᠲᠠᠷᠢᠶᠠᠯᠠᠩ ᠤᠨ ᠬᠦᠭᠵᠢᠯᠳᠡ ᠶᠢᠨ ᠱᠠᠭᠠᠷᠳᠠᠯᠭ᠎ᠠ ᠠᠴᠠ ᠲᠤᠩ ᠶᠡᠭᠡ ᠵᠦᠷᠢᠶ᠎ᠡ  ᠲᠠᠢ ᠪᠠᠶᠢᠭ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠪᠴᠢᠶ᠎ᠡ ᠪᠠᠭ᠎ᠠ᠂ ᠲᠤᠭ᠎ᠠ ᠭᠡᠮᠵᠢᠶ᠎ᠡ ᠴᠦᠬᠡᠨ᠂ ᠠᠵᠤ ᠦᠢᠯᠡᠰ ᠤᠨ ᠲᠡᠰ ᠲᠠᠪᠬᠤᠷᠭ᠎ᠠ ᠲᠤᠤᠷ᠎ᠠ᠂  ᠭᠡᠯᠬᠢᠶᠡᠰᠦᠯᠡᠯ ᠤᠬᠤᠷ᠂  ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠲᠦᠯᠬᠢᠨ ᠠᠬᠢᠭᠤᠯᠬᠤ ᠡᠬᠦᠷᠭᠡ ᠬᠦᠨᠳᠦ ᠪᠠᠶᠢᠨ᠎ᠠ᠃  ᠭᠤᠷᠪᠠᠳᠤᠭᠠᠷ ᠠᠵᠤ ᠦᠢᠯᠡᠰ ᠤᠨ ᠬᠤᠪᠢ ᠶᠢᠨ ᠵᠢᠩ ᠪᠠᠭ᠎ᠠ᠂ ᠤᠳᠤ ᠦᠶ᠎ᠡ   ᠶᠢᠨ ᠦᠢᠯᠡᠴᠢᠯᠡᠬᠡᠨ ᠤ ᠦᠢᠯᠡᠰ ᠤᠨ ᠭᠡᠪᠴᠢᠶ᠎ᠡ ᠪᠡ ᠲᠡᠰ ᠲᠠᠪᠬᠤᠷᠭ᠎ᠠ  ᠶᠢ ᠨᠡᠮᠡᠭᠳᠡᠬᠦᠯᠬᠦ ᠭᠡᠷᠡᠭᠳᠡᠢ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠳᠤ  ᠪᠡᠷᠭᠡ  ᠂ ᠨᠡᠶᠢᠬᠡᠮ ᠤᠨ ᠦᠢᠯᠡᠰ   ᠢ ᠬᠦᠭᠵᠢᠬᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯᠠᠪᠠᠷ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠳᠠᠢ ᠪᠠᠶᠢᠨ᠎ᠠ᠃ ᠪᠢᠳᠡ  ᠡᠳᠡᠭᠡᠷ ᠠᠰᠠᠭᠤᠳᠠᠯ ᠢ  ᠨᠠᠷᠢᠨ ᠨᠢᠮᠪᠠᠢ  ᠵᠠᠳᠠᠯᠤᠨ ᠰᠤᠳᠤᠯᠵᠤ  ᠂ ᠬᠤᠶᠢᠰᠢᠳᠠ ᠶᠢᠨ ᠠᠵᠢᠯ ᠲᠤᠮᠳᠠ ᠪᠠᠨ ᠴᠢᠷᠮᠠᠶᠢᠨ ᠰᠢᠢᠳᠪᠦᠷᠢᠯᠡᠬᠦ ᠭᠡᠷᠡᠭᠳᠡᠢ᠃        ᠬᠤᠶᠠᠷ  ᠂ 2012 ᠤᠨ ᠤ  ᠭᠤᠤᠯ ᠬᠠᠷᠠᠯᠳᠠ ᠪᠠ ᠠᠵᠢᠯ ᠡᠬᠦᠷᠭᠡ       ᠡᠨᠡ ᠵᠢᠯ  ᠪᠤᠯ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠵᠠᠩᠬᠢᠯᠠᠭ᠎ᠠ ᠶᠢᠨ ᠨᠢᠭᠡ ᠵᠢᠯ᠂ ᠮᠦᠨᠴᠦ ᠨᠠᠮ ᠤᠨ ᠠᠷᠪᠠᠨ ᠨᠠᠢᠮᠠᠳᠤᠭᠠᠷ  ᠶᠡᠭᠡ ᠬᠤᠷᠠᠯ ᠢ ᠤᠭᠳᠤᠬᠤ ᠴᠢᠬᠤᠯᠠ ᠨᠢᠬᠡ ᠵᠢᠯ᠃ ᠪᠢᠳᠡ ᠡᠷᠭᠡᠪᠰᠢ ᠢᠳᠡᠭᠡᠯ ᠵᠤᠷᠢᠭ ᠢᠶᠠᠨ ᠪᠠᠳᠤᠳᠬᠠᠨ᠂ ᠰᠢᠷᠭᠠᠭᠤ ᠬᠠᠳᠠᠭᠤᠵᠢᠯᠳᠠᠢ ᠠᠵᠢᠯᠯᠠᠵᠤ᠂ ᠰᠢᠨ᠎ᠡ ᠨᠢᠬᠡ ᠵᠢᠯ ᠤᠨ ᠠᠵᠢᠯ ᠡᠬᠦᠷᠭᠡ ᠪᠠᠨ ᠪᠦᠬᠦ ᠬᠦᠴᠦᠨ ᠢᠶᠠᠷ ᠰᠢᠮᠳᠠᠨ ᠪᠡᠶᠡᠯᠡᠬᠦᠯᠬᠦ ᠭᠡᠷᠡᠭᠳᠡᠢ᠃       2012 ᠤᠨ ᠳᠤ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠳ᠋ᠧᠩ ᠰᠢᠶᠤᠤ ᠫᠢᠩ ᠤᠨ ᠤᠨᠤᠯ ᠬᠢᠭᠡᠳ ︽ᠭᠤᠷᠪᠠ ᠶᠢ ᠲᠦᠯᠦᠬᠡᠯᠡᠬᠦ  ︾  ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠭᠤᠤᠯ ᠰᠡᠳᠦᠪ ᠪᠤᠯᠭᠠᠵᠤ᠂ ᠬᠤᠰᠢᠭᠤ ᠨᠠᠮ  ᠤᠨ ᠬᠤᠷᠢᠶᠠᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ  ᠲᠤᠷᠠᠳᠤᠭᠰᠠᠨ ᠱᠠᠭᠠᠷᠳᠠᠯᠭ᠎ᠠ ᠶᠤᠰᠤᠭᠠᠷ᠂ ᠬᠦᠭᠵᠢᠯᠳᠡ ᠶᠢᠨ ᠬᠡᠯᠪᠡᠷᠢ ᠶᠢᠨ ᠬᠤᠪᠢᠷᠠᠭᠤᠯᠤᠯᠳᠠ ᠪᠠ ᠠᠵᠤ ᠠᠬᠤᠢ  ᠶᠢᠨ ᠪᠦᠳᠦᠴᠡ ᠶᠢᠨ ᠲᠤᠬᠢᠷᠠᠭᠤᠯᠤᠯᠳᠠ ᠶᠢ ᠲᠦᠯᠬᠢᠨ ᠠᠬᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠪᠠ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠯᠬᠤᠴᠠ ᠶᠢ ᠲᠦᠷᠭᠡᠳᠭᠡᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠬᠢᠭᠡᠳ ᠤᠨᠴᠠᠯᠢᠭᠳᠤ ᠲᠠᠪᠠᠭᠤᠯᠢᠭ ᠠᠵᠤ ᠦᠢᠯᠡᠰ ᠢ ᠤᠯᠠᠮ ᠴᠢᠨᠠᠭᠰᠢᠳᠠ ᠬᠦᠭᠵᠢᠬᠦᠯᠵᠦ᠂ ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠪᠤᠯᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠨᠡᠶᠢᠬᠡᠮ ᠤᠨ ᠦᠢᠯᠡᠰ ᠢ ᠬᠦᠭᠵᠢᠬᠦᠯᠦᠨ᠂ ᠠᠷᠠᠳ ᠢ ᠪᠠᠶᠠᠵᠢᠭᠤᠯᠵᠤ ᠬᠤᠰᠢᠭᠤ ᠪᠠᠨ ᠬᠦᠴᠦᠷᠭᠡᠭᠵᠢᠬᠦᠯᠬᠦ ᠬᠠᠷᠠᠯᠳᠠ ᠳᠤ  ᠬᠦᠷᠬᠦ  ᠪᠠᠷ ᠪᠠᠷᠠᠬᠤ ᠦᠬᠡᠢ  ᠂ ᠤᠶᠤᠨ ᠤ ᠪᠤᠯᠪᠠᠰᠤᠨ᠂ ᠠᠷᠠᠳᠴᠢᠯᠠᠯ ᠬᠠᠤᠯᠢ  ᠲᠦᠷᠢᠮ  ᠪᠠ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠨᠡᠶᠢᠬᠡᠮ ᠤᠨ ᠡᠶ᠎ᠡ ᠵᠤᠬᠢᠴᠠᠯ ᠪᠠ ᠲᠤᠭᠳᠠᠭᠤᠨ ᠢ ᠪᠠᠳᠤᠯᠠᠨ᠎ᠠ       2012 ᠤᠨ ᠳᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ  37 ᠳ᠋ᠦᠩᠰᠢᠭᠤᠷ ᠲᠦᠭᠦᠷᠢᠭ  ᠲᠤ ᠬᠦᠷᠭᠡᠵᠦ᠂ 14.7 % ᠢᠶᠠᠷ ᠨᠡᠮᠡᠭᠳᠡᠬᠦᠯᠦᠨ᠎ᠡ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 9.5 ᠳ᠋ᠦᠩᠰᠢᠭᠤᠷ ᠲᠦᠭᠦᠷᠢᠭ ᠲᠤ  ᠬᠦᠷᠭᠡᠵᠦ᠂ 7.5% ᠪᠠᠷ ᠨᠡᠮᠡᠭᠳᠡᠬᠦᠯᠦᠨ  ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 14.5 ᠳ᠋ᠦᠩᠰᠢᠭᠤᠷ ᠲᠦᠭᠦᠷᠢᠭ ᠲᠤ ᠬᠦᠷᠭᠡᠵᠦ᠂ 15% ᠪᠠᠷ ᠨᠡᠮᠡᠭᠳᠡᠬᠦᠯᠦᠨ᠂ ᠡᠬᠦᠨ ᠳᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 11 ᠳ᠋ᠦᠩᠰᠢᠭᠤᠷ ᠲᠦᠭᠦᠷᠢᠭ ᠲᠤ ᠬᠦᠷᠭᠡᠵᠦ᠂  15% ᠪᠠᠷ  ᠨᠡᠮᠡᠭᠳᠡᠬᠦᠯᠦᠨ᠎ᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 13 ᠳ᠋ᠦᠩᠰᠢᠭᠤᠷ ᠲᠦᠭᠦᠷᠢᠭ ᠲᠤ ᠬᠦᠷᠭᠡᠵᠦ᠂ 20.3%   ᠪᠠᠷ ᠨᠡᠮᠡᠭᠳᠡᠭᠦᠯᠦᠨ᠎ᠡ᠃ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ ᠶᠢ 1.5 ᠳ᠋ᠦᠩᠰᠢᠭᠤᠷ ᠲᠦᠭᠦᠷᠢᠭ ᠲᠤ ᠬᠦᠷᠭᠡᠵᠦ᠂ 10.4% ᠪᠠᠷ ᠨᠡᠮᠡᠭᠳᠡᠭᠦᠯᠦᠨ᠎ᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 18590 ᠲᠦᠭᠦᠷᠢᠭ ᠲᠤ ᠬᠦᠷᠭᠡᠵᠤ ᠂ 10% ᠪᠠᠷ ᠨᠡᠮᠡᠭᠳᠡᠬᠦᠯᠦᠨ᠂  ᠲᠠᠷᠢᠶᠠᠴᠢᠳ ᠤᠨ ᠬᠦᠮᠦᠨ  ᠲᠤᠮᠳᠠᠴᠢ ᠴᠡᠪᠡᠷ ᠤᠷᠤᠯᠭ᠎ᠠ ᠶᠢ 6554 ᠲᠦᠭᠦᠷᠢᠭ ᠲᠤ ᠬᠦᠷᠭᠡᠵᠦ᠂ 7.5% ᠪᠠᠷ ᠨᠡᠮᠡᠭᠳᠡᠬᠦᠯᠦᠨ᠂  ᠮᠠᠯᠴᠢᠳ ᠤᠨ ᠬᠦᠮᠦᠨ ᠲᠤᠮᠳᠠᠴᠢ ᠴᠡᠪᠡᠷ ᠤᠷᠤᠯᠭ᠎ᠠ  ᠶᠢ 7630 ᠲᠦᠭᠦᠷᠢᠭ ᠲᠤ ᠬᠦᠷᠭᠡᠵᠦ᠂ 9.5% ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 33 ᠳ᠋ᠦᠩᠰᠢᠭᠤᠷ ᠲᠦᠭᠦᠷᠢᠭ  ᠬᠦᠷᠭᠡᠵᠦ᠂ 5.8% ᠪᠠᠷ ᠨᠡᠮᠡᠭᠳᠡᠭᠦᠯᠦᠨ᠎ᠡ᠃         ᠲᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠬᠦᠯᠬᠦ ᠳᠤ᠂  ᠡᠨᠡ ᠵᠢᠯ ᠲᠤᠤᠷᠠᠬᠢ ᠭᠡᠳᠦᠨ ᠲᠦᠷᠦᠯ ᠤᠨ ᠠᠵᠢᠯ ᠢ  ᠭᠤᠤᠯᠳᠠᠯᠭᠠᠳᠠᠢ ᠰᠠᠶᠢᠨ ᠠᠳᠬᠤᠬᠤ ᠭᠡᠷᠡᠭᠳᠡᠢ ᠪᠠᠶᠢᠭ᠎ᠠ  ᠄         ︵ᠨᠢᠭᠡ︶  ᠠᠮᠢ  ᠠᠬᠤᠢ ᠪᠠᠷ ᠬᠤᠰᠢᠭᠤ ᠪᠠᠨ ᠪᠠᠶᠢᠭᠤᠯᠬᠤ ᠦᠵᠡᠯ ᠰᠠᠨᠠᠭ᠎ᠠ   ᠶᠢ ᠪᠠᠷᠢᠮᠳᠠᠯᠠᠨ᠂ ᠠᠮᠢ ᠠᠬᠤᠢ ᠶᠢᠨ ᠪᠠᠶᠢᠭᠤᠯᠤᠯᠳᠠ ᠶᠢᠨ ᠦᠷ᠎ᠡ ᠪᠦᠳᠦᠭᠡᠯ ᠢ  ᠪᠠᠬᠢᠵᠢᠬᠦᠯᠦᠨ᠎ᠡ᠃        ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠨᠢᠮᠪᠠᠢ ᠭᠡᠷᠡᠭᠵᠢᠬᠦᠯᠦᠨ᠂ ᠠᠮᠢ ᠠᠬᠤᠢ ᠶᠢᠨ ᠵᠠᠰᠠᠯᠳᠠ ᠶᠢᠨ ᠲᠠᠯᠠᠪᠠᠢ ᠶᠢ 7.3 ᠲᠦᠮᠡᠨ ᠮᠤ᠋ ᠳᠤ ᠬᠦᠷᠭᠡᠨ᠎ᠡ  ᠃ ᠡᠬᠦᠨ ᠳᠤ᠂ ᠬᠦᠮᠦᠨ ᠤ ᠬᠦᠴᠦ  ᠪᠠᠷ ᠮᠤᠳᠤ ᠲᠠᠷᠢᠬᠤ ᠲᠠᠯᠠᠪᠠᠢ 3 ᠲᠦᠮᠡᠨ ᠮᠤ᠋᠂ ᠠᠭᠤᠯᠠ ᠶᠢ ᠪᠢᠳᠡᠬᠦᠮᠵᠢᠯᠡᠵᠦ ᠤᠶᠢᠵᠢᠭᠤᠯᠬᠤ ᠲᠠᠯᠠᠪᠠᠢ  ᠲᠦᠮᠡᠨ ᠮᠤ᠋᠂ ᠪᠠᠭ᠎ᠠ ᠰᠠᠪᠠ ᠭᠠᠵᠠᠷ ᠤᠨ ᠵᠠᠰᠠᠯᠳᠠ 1.8 ᠲᠦᠮᠡᠨ ᠮᠤ᠋᠂  ᠲᠤᠤᠷ ᠬᠦᠷᠢᠶ᠎ᠡ ᠪᠠᠷ ᠪᠢᠳᠡᠬᠦᠮᠵᠢᠯᠡᠨ ᠲᠠᠷᠢᠬᠤ ᠲᠠᠯᠠᠪᠠᠢ ᠲᠦᠮᠡᠨ ᠮᠤ᠋ ᠶᠢ ᠲᠤᠰᠪᠤᠷᠢ ᠪᠡᠶᠡᠯᠡᠬᠦᠯᠵᠦ᠂  ᠤᠰᠤᠨ ᠳᠤ ᠠᠷᠪᠢᠳᠠᠢ ᠤᠰᠤᠵᠢᠭᠤᠯᠤᠯᠳᠠ ᠶᠢᠨ  ᠲᠠᠯᠠᠪᠠᠢ 5000 ᠮᠤ᠋ ᠶᠢ ᠪᠠᠶᠢᠭᠤᠯᠬᠤ ᠪᠦᠭᠡᠳ 200 ᠡᠷᠦᠬᠡ᠂ 1000 ᠬᠦᠮᠦᠨ ᠠᠮᠠ ᠶᠢ ᠨᠡᠬᠦᠯᠬᠡᠨ ᠰᠢᠯᠵᠢᠬᠦᠯᠦᠨ᠎ᠡ᠃  ᠠᠵᠤ ᠠᠬᠤᠢ ᠶᠢᠨ ᠤᠢ ᠮᠤᠳᠤᠨ ᠤ ᠪᠦᠷᠢᠯᠳᠦᠴᠡ ᠶᠢ  ᠲᠤᠬᠢᠷᠠᠭᠤᠯᠤᠨ᠂  ᠲᠦᠮᠡᠨ ᠮᠤ᠋ ᠬᠠᠶᠢᠯᠠᠷ ᠨᠠᠷᠠᠰᠤ ᠲᠠᠷᠢᠵᠤ ᠂  ᠲᠦᠮᠡᠨ ᠮᠤ᠋ ᠭᠡᠭᠡᠷ᠎ᠡ ᠶᠢᠨ ᠬᠦᠢᠯᠡᠰᠦ ᠶᠢᠨ ᠮᠤᠳᠤᠨ ᠳᠤ ᠵᠠᠯᠭᠠᠯᠳᠠ ᠦᠬᠡᠷᠡᠴᠢᠯᠡᠯᠳᠡ ᠬᠢᠬᠦ ᠪᠦᠭᠡᠳ  ᠴᠢᠨᠠᠷ ᠰᠠᠶᠢᠳᠠᠢ ᠲᠡᠵᠢᠬᠡᠯ ᠡᠪᠡᠰᠦ 1.3 ᠲᠦᠮᠡᠨ ᠮᠤ᠋ ᠲᠠᠷᠢᠨ᠎ᠠ᠃ ᠪᠦᠳᠦᠭᠡᠨ ᠪᠠᠶᠢᠭᠤᠯᠤᠯᠳᠠ ᠶᠢᠨ ᠠᠵᠢᠯ ᠢ ᠰᠠᠶᠢᠨ ᠬᠢᠬᠦ  ᠶᠢᠨ ᠲᠠᠭᠠᠤ᠂ ᠠᠮᠢ  ᠠᠬᠤᠢ ᠶᠢᠨ ᠲᠦᠷᠦᠯ ᠵᠦᠢᠯ ᠤᠨ ᠤᠷᠤᠨ ᠤ  ᠬᠠᠮᠢᠶᠠᠷᠤᠯᠳᠠ ᠶᠢᠨ ᠠᠵᠢᠯ ᠢ ᠴᠢᠩᠭᠠᠳᠬᠠᠨ᠂ ᠲᠠᠷᠢᠶᠠᠯᠠᠬᠤ ᠤᠷᠤᠨ ᠳᠤ ᠦᠬᠡᠷ ᠠᠴᠠ ᠪᠤᠰᠤᠳ ᠮᠠᠯ ᠤᠨᠤᠭ᠎ᠠ ᠶᠢ ᠪᠦᠬᠦ ᠵᠢᠯ ᠢᠶᠠᠷ ᠬᠠᠰᠢᠶᠠᠯᠠᠨ ᠮᠠᠯᠵᠢᠬᠤ ᠠᠷᠭ᠎ᠠ  ᠶᠢ ᠦᠷᠬᠦᠯᠵᠢᠯᠡᠨ ᠭᠡᠷᠡᠭᠵᠢᠬᠦᠯᠵᠦ᠂ ᠮᠠᠯᠵᠢᠬᠤ ᠤᠷᠤᠨ ᠳᠤ ᠤᠯᠠᠷᠢᠯ ᠤᠨ ᠴᠢᠨᠠᠷᠳᠠᠢ ᠪᠡᠯᠴᠢᠭᠡᠷ ᠰᠡᠷᠬᠦᠬᠡᠬᠦ ᠪᠠ  ︽207︾ ᠱᠤᠭᠤᠮ ᠵᠡᠷᠭᠡ  ᠵᠠᠮ  ᠲᠠᠭᠠᠤ ᠭᠡᠰᠡᠭ ᠭᠠᠴᠠᠭᠠᠨ   ᠤ ᠮᠠᠯ ᠢ ᠬᠠᠰᠢᠶᠠᠯᠠᠵᠤ ᠮᠠᠯᠵᠢᠬᠤ ᠲᠦᠷᠦ ᠶᠢᠨ ᠪᠤᠳᠤᠯᠭ᠎ᠠ ᠶᠢ ᠭᠡᠷᠡᠭᠵᠢᠬᠦᠯᠤᠨ᠂ ᠱᠠᠳᠤᠴᠢ ᠴᠢᠨᠠᠷᠳᠠᠢ ᠪᠡᠯᠴᠢᠭᠡᠷᠯᠡᠬᠦᠯᠬᠦ ᠶᠢ ᠵᠤᠭᠰᠤᠭᠠᠬᠤ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠵᠡᠷᠭᠡ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢᠯᠡᠵᠦ ᠱᠠᠩᠨᠠᠬᠤ ᠲᠤᠭᠳᠠᠴᠠ ᠶᠢ ᠪᠦᠬᠦ ᠲᠠᠯᠠᠪᠠᠷ  ᠨᠠᠶᠢᠳᠠᠪᠤᠷᠢᠵᠢᠭᠤᠯᠤᠨ᠎ᠠ᠃         ︵ᠬᠤᠶᠠᠷ︶  ᠮᠠᠯ ᠲᠠᠷᠢᠶᠠᠯᠠᠩ ᠤᠨ ᠰᠠᠭᠤᠷᠢ ᠶᠢ ᠪᠠᠬᠢᠵᠢᠬᠦᠯᠵᠤ᠂  ᠠᠵᠤ  ᠦᠢᠯᠡᠰᠵᠢᠭᠰᠡᠨ ᠬᠢᠷᠢ ᠲᠦᠪᠰᠢᠨ ᠢ ᠲᠡᠭᠡᠰᠢᠯᠡᠬᠦᠯᠦᠨ᠎ᠡ᠃        ᠲᠠᠷᠢᠶᠠᠯᠠᠩ ᠤᠨ ᠪᠦᠳᠦᠭᠡᠭᠳᠡᠬᠦᠨ ᠡᠳ᠋ᠰᠢᠬᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠲᠠᠳᠠᠨ ᠤᠷᠤᠭᠤᠯᠬᠤ ᠪᠠᠷ ᠭᠤᠤᠯᠳᠠᠯᠭ᠎ᠠ ᠪᠤᠯᠭᠠᠵᠤ᠂ ᠬᠦᠭᠵᠢᠯᠳᠡ ᠶᠢᠨ ᠭᠡᠯᠪᠡᠷᠢ ᠶᠢ ᠦᠨᠡᠨᠬᠦ ᠬᠤᠪᠢᠷᠠᠭᠤᠯᠤᠨ᠂ ᠠᠵᠤ ᠦᠢᠯᠡᠰ ᠤᠨ ᠬᠡᠯᠬᠢᠶᠡᠰᠦᠯᠡᠯ ᠢ ᠤᠷᠳᠤᠳᠬᠠᠵᠤ᠂ ᠨᠡᠷᠡᠳᠦ ᠲᠡᠮᠳᠡᠭ ᠤᠨ ᠤᠬᠠᠮᠰᠠᠷ ᠢ ᠴᠢᠩᠭᠠᠳᠬᠠᠨ᠂ ︽ᠰᠦ᠂ ᠮᠢᠬ᠎ᠠ᠂ ᠲᠦᠮᠦᠰᠦ᠂ ᠨᠤᠭᠤᠭ᠎ᠠ︾ ᠵᠡᠷᠭᠡ ᠭᠤᠤᠯᠯᠠᠬᠤ ᠠᠵᠤ ᠦᠢᠯᠡᠰ ᠤᠨ ᠬᠦᠭᠵᠢᠯᠳᠡ ᠶᠢ ᠢᠳᠡᠪᠬᠢᠳᠡᠢ ᠲᠦᠯᠬᠢᠨ ᠠᠬᠢᠭᠤᠯᠵᠤ᠂  ︽ᠮᠠᠯ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠬᠦᠯᠬᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ︾ ᠬᠠᠷᠠᠯᠳᠠ ᠶᠢ ᠪᠡᠶᠡᠯᠡᠬᠦᠯᠬᠦ ᠭᠡᠷᠡᠭᠳᠡᠢ᠃          ᠮᠠᠯ ᠲᠠᠷᠢᠶᠠᠯᠠᠩ ᠤᠨ ᠪᠦᠳᠦᠴᠡ ᠶᠢᠨ ᠲᠤᠬᠢᠷᠠᠭᠤᠯᠤᠯᠳᠠ ᠶᠢ ᠦᠷᠬᠦᠯᠵᠢᠯᠡᠨ ᠠᠬᠢᠭᠤᠯᠤᠨ᠎ᠠ᠃ 2012 ᠤᠨ ᠳᠤ᠂ 142 ᠲᠦᠮᠡᠨ ᠮᠤ᠋ ᠶᠡᠷᠦᠩᠬᠡᠢ ᠲᠠᠷᠢᠶᠠᠯᠠᠩ ᠤᠨ ᠲᠠᠯᠠᠪᠠᠢ ᠳᠤ ᠲᠦᠮᠦᠰᠦ ᠲᠠᠷᠢᠬᠤ ᠲᠠᠯᠠᠪᠠᠢ ᠶᠢ 50 ᠲᠦᠮᠡᠨ ᠮᠤ᠋ ᠳᠤ ᠬᠦᠷᠭᠡᠵᠦ᠂ ᠡᠬᠦᠨ ᠤ ᠲᠤᠳᠤᠷ᠎ᠠ ᠲᠤᠮᠤ ᠬᠡᠯᠪᠡᠷᠢ ᠶᠢᠨ ᠰᠦᠷᠴᠢᠨ ᠤᠰᠤᠯᠠᠬᠤ ᠲᠠᠯᠠᠪᠠᠢ ᠶᠢ 20 ᠲᠦᠮᠡᠨ ᠮᠤ᠋᠂ ᠪᠦᠷᠬᠦᠪᠴᠢ ᠲᠡᠪᠢᠰᠴᠦ ᠲᠠᠷᠢᠬᠤ ᠲᠠᠯᠠᠪᠠᠢ ᠶᠢ 8 ᠲᠦᠮᠡᠨ ᠮᠤ᠋᠂   ᠤᠰᠤᠨ ᠳᠤ ᠠᠷᠪᠢᠳᠠᠢ ᠲᠤᠰᠤᠯᠠᠭᠠᠨ ᠤᠰᠤᠯᠠᠬᠤ ᠲᠠᠯᠠᠪᠠᠢ ᠶᠢ 0.5 ᠲᠦᠮᠡᠨ ᠮᠤ᠋   ᠳᠤ ᠬᠦᠷᠭᠡᠨ᠎ᠡ᠃ ᠦᠷ᠎ᠡ ᠶᠢᠨ ᠲᠦᠮᠦᠰᠦ ᠲᠠᠷᠢᠬᠤ ᠶᠢ  ᠵᠤᠷᠢᠬᠵᠢᠭᠤᠯᠤᠨ᠂ 12 ᠲᠦᠮᠡᠨ ᠮᠤ᠋   ᠳᠤ  ᠬᠦᠷᠭᠡᠵᠦ᠂ ᠮᠠᠨ ᠤ ᠬᠤᠰᠢᠭᠤ ᠪᠠᠨ ᠪᠦᠬᠦ ᠤᠯᠤᠰ ᠲᠤ  ᠠᠯᠳᠠᠷᠳᠠᠢ ᠦᠷ᠎ᠡ ᠶᠢᠨ ᠲᠦᠮᠦᠰᠦ ᠦᠢᠯᠡᠳᠪᠦᠷᠢᠯᠡᠬᠦ ᠰᠠᠭᠤᠷᠢᠨ ᠭᠠᠵᠠᠷ ᠪᠤᠯᠭᠠᠬᠤ ᠪᠠᠷ ᠴᠢᠷᠮᠠᠶᠢᠨ᠎ᠠ᠃ ︽ᠨᠤᠭᠤᠭᠠᠨ ᠰᠠᠭᠰᠤ  ᠶᠢᠨ ᠢᠨᠵᠧᠨᠧᠷᠢᠩ︾ ᠢ ᠯᠠᠪᠳᠠᠭᠤᠨ ᠢᠶᠠᠷ ᠭᠡᠷᠡᠭᠵᠢᠬᠦᠯᠵᠦ᠂ ᠢᠳᠡᠰᠢᠨ ᠨᠤᠭᠤᠭ᠎ᠠ ᠲᠠᠷᠢᠬᠤ ᠲᠠᠯᠠᠪᠠᠢ ᠶᠢ 15 ᠲᠦᠮᠡᠨ ᠮᠤ᠋ ᠤᠷᠴᠢᠮ ᠲᠤᠭᠳᠠᠪᠤᠷᠢᠵᠢᠭᠤᠯᠵᠤ᠂ ᠴᠢᠩᠳᠤᠤ ᠶᠢᠨ ᠴᠢᠶᠠᠨ ᠶᠧ ᠺᠤᠮᠫᠠᠨᠢ ᠵᠡᠷᠭᠡ ᠨᠤᠭᠤᠭ᠎ᠠ ᠪᠤᠯᠪᠠᠰᠤᠷᠠᠭᠤᠯᠬᠤ ᠠᠵᠤ ᠠᠬᠤᠶᠢᠯᠠᠯ ᠤᠨ ᠲᠠᠭᠠᠭᠤᠯᠭ᠎ᠠ ᠶᠢᠨ ᠦᠢᠯᠡᠳᠦᠯ ᠢ  ᠪᠠᠳᠠᠷᠠᠭᠤᠯᠤᠨ᠂ ᠵᠠᠬᠢᠶᠠᠯᠠᠭ᠎ᠠ ᠶᠢᠨ ᠨᠤᠭᠤᠭ᠎ᠠ ᠲᠠᠷᠢᠬᠤ ᠲᠠᠯᠠᠪᠠᠢ ᠶᠢ ᠠᠯᠬᠤᠮ ᠠᠯᠬᠤᠮ ᠢᠶᠠᠷ ᠦᠷᠭᠡᠳᠭᠡᠨ᠎ᠡ᠃  ᠴᠢᠨᠠᠷ ᠰᠠᠶᠢᠳᠠᠢ ᠲᠤᠰᠤᠯᠢᠭ ᠲᠠᠷᠢᠮᠠᠯ ᠲᠠᠷᠢᠬᠤ ᠲᠠᠯᠠᠪᠠᠢ ᠶᠢ ᠦᠷᠭᠡᠳᠭᠡᠨ᠂ ᠲᠤᠰᠤᠯᠢᠭ ᠲᠠᠷᠢᠮᠠᠯ ᠤᠨ ᠭᠠᠷᠤᠯᠳᠠ ᠶᠢ ᠨᠡᠮᠡᠭᠳᠡᠬᠦᠯᠵᠦ ᠴᠢᠨᠠᠷ ᠢ ᠲᠡᠭᠡᠭᠰᠢᠯᠡᠬᠦᠯᠦᠨ᠂ ᠪᠦᠬᠦ ᠬᠤᠰᠢᠭᠤᠨ ᠳᠤ 16.6 ᠲᠦᠮᠡᠨ ᠮᠤ᠋ ᠵᠠᠬᠢᠶᠠᠯᠠᠭ᠎ᠠ ᠶᠢᠨ ᠲᠤᠰᠤᠯᠢᠭ ᠲᠠᠷᠢᠮᠠᠯ ᠲᠠᠷᠢᠬᠤ  ᠪᠠᠷ ᠲᠦᠯᠦᠪᠯᠡᠪᠡ᠃ ᠰᠠᠭᠠᠯᠢ ᠶᠢᠨ ᠦᠨᠢᠶ᠎ᠡ᠂ ᠮᠢᠬᠠᠨ ᠤ ᠦᠬᠡᠷ ᠤᠨ ᠠᠵᠤ ᠦᠢᠯᠡᠰ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠠᠷᠢᠮᠵᠢᠶᠠᠳᠤ ᠮᠠᠯᠵᠢᠯ ᠤᠨ ᠭᠡᠪᠴᠢᠶ᠎ᠡ ᠶᠢ ᠵᠤᠬᠢᠰᠳᠠᠢ ᠶᠡᠭᠡᠰᠭᠡᠨ᠂ ᠰᠠᠭᠠᠯᠢ ᠶᠢᠨ ᠦᠨᠢᠶ᠎ᠡ᠂ ᠮᠢᠬᠠᠨ ᠤ ᠦᠬᠡᠷ ᠮᠠᠯᠵᠢᠬᠤ ᠪᠠᠷᠢᠮᠵᠢᠶᠠᠳᠤ ᠰᠠᠭᠤᠷᠢᠨ ᠭᠠᠵᠠᠷ ᠲᠤᠰᠪᠤᠷᠢ 3 ᠶᠢ ᠪᠠᠶᠢᠭᠤᠯᠵᠤ᠂   ᠮᠠᠯᠵᠢᠯ ᠤᠨ ᠤᠨ ᠳᠤ ᠮᠠᠯ  ᠤᠨ ᠲᠤᠭ᠎ᠠ ᠲᠤᠯᠤᠭᠠᠢ ᠶᠢ  17.2 ᠲᠦᠮᠡ   ᠳᠤ ᠬᠦᠷᠭᠡᠨ᠂ ᠡᠬᠦᠨ ᠤ ᠲᠤᠳᠤᠷ᠎ᠠ  ᠰᠠᠭᠠᠯᠢ ᠶᠢᠨ ᠦᠨᠢᠶ᠎ᠡ ᠶᠢ 5.2 ᠲᠦᠮᠡ  ᠂ ᠮᠢᠬᠠᠨ ᠤ ᠦᠬᠡᠷ ᠢ 5 ᠲᠦᠮᠡ ᠳᠤ ᠬᠦᠷᠭᠡᠨ᠎ᠠ᠃          ᠮᠠᠯ ᠲᠠᠷᠢᠶᠠᠯᠠᠩ ᠤᠨ ᠰᠠᠭᠤᠷᠢ ᠲᠦᠬᠦᠭᠡᠷᠦᠮᠵᠢ ᠶᠢ ᠰᠠᠶᠢᠵᠢᠷᠠᠭᠤᠯᠤᠨ᠎ᠠ᠃ ᠤᠰᠤᠨ ᠳᠤ ᠠᠷᠪᠢᠳᠠᠢ ᠤᠰᠤᠯᠠᠯᠳᠠ ᠶᠢᠨ ᠢᠨᠵᠧᠨᠧᠷᠢᠩ 2 ᠲᠦᠮᠡᠨ ᠮᠤ᠋ ᠶᠢ  ᠰᠢᠨ᠎ᠡ ᠪᠠᠷ ᠪᠠᠶᠢᠭᠤᠯᠵᠤ᠂ ᠪᠦᠷᠬᠦᠪᠴᠢ ᠲᠡᠪᠢᠰᠬᠦ᠂ ᠲᠤᠰᠤᠯᠠᠭᠠᠨ ᠤᠰᠤᠯᠠᠬᠤ ᠪᠠ ᠦᠨᠳᠦᠷ ᠤᠨᠠᠯᠳᠠ ᠲᠠᠢ  ᠪᠤᠷᠳᠤᠭᠠᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠭᠤᠤᠯᠳᠠᠯᠭᠠᠳᠠᠢ ᠬᠢᠨ᠎ᠡ᠃  ᠦᠶᠡᠷ ᠤᠰᠤ ᠰᠡᠷᠭᠡᠶᠢᠯᠡᠬᠦ ᠪᠠᠷᠢᠯᠭ᠎ᠠ ᠶᠢᠨ ᠪᠤᠰᠤ ᠢᠨᠵᠧᠨᠧᠷᠢᠩ ᠤᠨ ᠠᠷᠭ᠎ᠠ ᠪᠠᠷᠢᠯ ᠢ ᠭᠡᠷᠡᠭᠵᠢᠬᠦᠯᠵᠦ᠂ 87 ᠰᠠᠭᠤᠷᠢ ᠪᠦᠷᠢᠨ  ᠠᠦ᠋ᠲᠮᠠᠴᠢᠯᠠᠭᠰᠠᠨ ᠪᠤᠷᠤᠭᠠᠨ ᠬᠤᠷ᠎ᠠ ᠬᠡᠮᠵᠢᠬᠦ ᠦᠷᠳᠡᠭᠡ  ᠶᠢ ᠪᠠᠶᠢᠭᠤᠯᠤᠨ᠎ᠠ᠃  ᠢᠳᠡᠰᠢᠨ ᠨᠤᠭᠤᠭᠠᠨ ᠤ ᠲᠤᠮᠤ ᠬᠦᠯᠡᠮᠵᠢ 500 ᠰᠠᠭᠤᠷᠢ᠂ 250 ᠮᠤ᠋  ᠂  ᠶᠡᠷᠦᠩᠬᠡᠢ ᠪᠠᠭᠳᠠᠭᠠᠮᠵᠢ ᠨᠢ 4 ᠲᠦᠮᠡᠨ ᠲᠤᠨ  ᠬᠦᠷᠬᠦ  ᠲᠦᠮᠦᠰᠦ ᠬᠠᠳᠠᠭᠠᠯᠠᠬᠤ ᠵᠤᠭᠤᠷᠢ 5  ᠂  ᠲᠤᠯᠠᠭᠠᠨ ᠰᠠᠷᠠᠪᠴᠢ 4 ᠲᠦᠮᠡᠨ ᠬᠠᠪᠳᠠᠭᠠᠢ ᠲᠦᠷᠪᠡᠯᠵᠢᠨ ᠮᠧᠲᠷ᠂ ᠨᠤᠭᠤᠭᠠᠨ ᠪᠤᠷᠳᠤᠭᠠᠨ ᠤ ᠵᠤᠭᠤᠷᠢ 1.3 ᠲᠦᠮᠡᠨ ᠪᠤᠰᠤᠭ᠎ᠠ ᠲᠦᠷᠪᠡᠯᠵᠢᠨ ᠮᠧᠲᠷ   ᠢ  ᠪᠠᠶᠢᠭᠤᠯᠬᠤ ᠶᠢᠨ ᠬᠠᠮᠳᠤ᠂ ︽ᠭᠡᠷ ᠤᠨ ᠵᠢᠵᠢᠭ ᠲᠡᠵᠢᠬᠡᠪᠦᠷᠢ︾ ᠪᠠ ᠤᠨᠴᠠᠭᠠᠢ ᠲᠡᠵᠢᠬᠡᠪᠦᠷᠢ ᠶᠢᠨ ᠦᠢᠯᠡᠰ ᠢ ᠵᠤᠷᠢᠬᠵᠢᠭᠤᠯᠤᠨ ᠲᠡᠳᠬᠦᠵᠦ᠂ ᠢᠵᠢ ᠪᠦᠷᠢᠳᠦᠭᠰᠡᠨ ᠬᠤᠷᠤᠭ᠎ᠠ ᠰᠠᠷᠠᠪᠴᠢ 5000 ᠬᠠᠪᠳᠠᠭᠠᠢ ᠲᠦᠷᠪᠡᠯᠵᠢᠨ ᠮᠧᠲᠷ ᠪᠠᠶᠢᠭᠤᠯᠬᠤ ᠪᠠᠷ ᠲᠦᠯᠦᠪᠯᠡᠵᠡᠢ᠃         ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠤᠨ ᠰᠢᠰᠲ᠋ᠧᠮ ᠤᠨ ᠪᠠᠶᠢᠭᠤᠯᠤᠯᠳᠠ ᠵᠢᠴᠢ ᠨᠡᠷᠡᠳᠦ ᠲᠡᠮᠳᠡᠭ ᠢᠶᠠᠷ ᠰᠢᠯᠭᠠᠨ ᠭᠡᠷᠡᠴᠢᠯᠡᠬᠦᠯᠬᠦ ᠠᠵᠢᠯ ᠢ ᠴᠢᠩᠭᠠᠳᠬᠠᠨ᠎ᠠ᠃ ᠡᠯ᠎ᠡ ᠲᠦᠷᠦᠯ ᠤᠨ ᠲᠠᠷᠢᠶᠠᠯᠠᠩ ᠤᠨ ᠪᠦᠳᠦᠭᠡᠭᠳᠡᠬᠦᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠮᠡᠳᠡᠭᠡ ᠵᠠᠩᠬᠢᠵᠢᠭᠰᠠᠨ ᠬᠠᠮᠢᠶᠠᠷᠤᠯᠳᠠ᠂ ᠭᠠᠷᠭᠠᠯᠳᠠ ᠶᠢ ᠵᠦᠪᠰᠢᠶᠡᠷᠡᠬᠦ  ᠪᠠ ᠴᠢᠨᠠᠷ  ᠮᠠᠭᠤ ᠪᠦᠳᠦᠭᠡᠭᠳᠡᠬᠦᠨ ᠤ ᠡᠬᠢ ᠢᠷᠡᠯᠳᠡ ᠶᠢ ᠨᠡᠬᠡᠮᠵᠢᠯᠡᠬᠦ ᠲᠦᠷᠢᠮ ᠢ ᠭᠡᠷᠡᠭᠵᠢᠬᠦᠯᠦᠨ᠎ᠡ᠃  ᠰᠦ ᠰᠠᠭᠠᠬᠤ ᠦᠷᠳᠡᠭᠡᠨ ᠤ ᠪᠦᠳᠦᠭᠡᠨ ᠪᠠᠶᠢᠭᠤᠯᠤᠯᠳᠠ   ᠶᠢ ᠪᠠᠷᠢᠮᠵᠢᠶᠠᠵᠢᠭᠤᠯᠵᠤ᠂ ᠠᠵᠢᠯᠯᠠᠬᠤ ᠠᠷᠭ᠎ᠠ ᠶᠢ  ᠵᠢᠷᠤᠮᠵᠢᠭᠤᠯᠤᠨ᠂ ᠬᠠᠮᠢᠶᠠᠷᠤᠯᠳᠠ ᠶᠢ ᠲᠦᠷᠢᠮᠵᠢᠬᠦᠯᠬᠦ   ᠶᠢᠨ ᠬᠠᠮᠳᠤ᠂ ᠨᠠᠶᠢᠷᠠᠯᠭ᠎ᠠ ᠶᠢᠨ ᠪᠤᠷᠳᠤᠭ᠎ᠠ᠂ ᠠᠭᠰᠢᠭᠠᠮᠠᠯ ᠪᠤᠷᠳᠤᠭᠠᠨ ᠳᠠᠭᠠᠨ ᠭᠤᠷᠪᠠᠨ ᠪᠦᠭᠡᠭᠡᠨᠡᠷᠡᠯ ᠤᠨ ᠽᠢᠶᠠᠨᠳᠤ ᠠᠮᠢᠨ᠂ ᠬᠠᠷ᠎ᠠ ᠮᠢᠬᠠᠯᠠᠭᠤᠯᠬᠤ ᠬᠠᠨᠳᠠ ᠵᠡᠷᠭᠡ  ᠬᠤᠷᠢᠭ᠎ᠠ ᠴᠠᠭᠠᠵᠠᠳᠠᠢ ᠬᠢᠮᠢ ᠶᠢᠨ ᠡᠳ᠋ ᠨᠡᠮᠡᠬᠦ ᠦᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠭᠡᠷᠡᠭᠳᠡᠢ᠃  ᠪᠠᠷᠢᠮᠵᠢᠶᠠᠳᠤ ᠰᠢᠰᠲ᠋ᠧᠮ ᠤᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠤ᠂ ᠮᠠᠨ ᠤ ᠬᠤᠰᠢᠭᠤᠨ ᠤ ᠤᠷᠤᠨ ᠨᠤᠳᠤᠭ ᠤᠨ ᠤᠨᠴᠠᠯᠢᠭ ᠰᠢᠨᠵᠢ ᠪᠦᠷᠢᠳᠦᠭᠰᠡᠨ ︽ᠴᠠᠬᠠᠷ︾ ᠲᠠᠸᠠᠷ ᠤᠨ ᠲᠡᠮᠳᠡᠭ ᠤᠨ ᠤᠬᠠᠭᠤᠯᠭ᠎ᠠ ᠶᠢ ᠶᠡᠬᠡᠰᠭᠡᠨ᠂  ᠲᠡᠬᠦᠨ ᠤ ᠨᠡᠷ᠎ᠡ ᠠᠯᠳᠠᠷᠰᠢᠯ  ᠪᠠ ᠨᠦᠯᠦᠬᠡᠯᠡᠬᠦ ᠬᠦᠴᠦᠨ ᠢ ᠨᠡᠮᠡᠭᠳᠡᠬᠦᠯᠬᠦ ᠶᠢᠨ ᠬᠠᠮᠳᠤ᠂ ᠪᠤᠬᠢᠷᠳᠤᠯ ᠦᠬᠡᠢ ᠪᠦᠳᠦᠭᠡᠭᠳᠡᠬᠦᠨ ᠪᠠ ᠤᠷᠭᠠᠨᠢᠭ ᠪᠦᠳᠦᠭᠡᠭᠳᠡᠬᠦᠨ ᠤ ᠲᠦᠷᠦᠯ ᠵᠦᠢᠯ ᠢ ᠤᠯᠠᠰᠢᠷᠠᠭᠤᠯᠵᠤ ᠂  ᠲᠠᠯᠠᠪᠠᠢ ᠶᠢ ᠦᠷᠭᠡᠳᠭᠡᠨ᠂  ᠡᠷᠡᠮᠡᠯᠵᠡᠯᠡᠨ ᠮᠡᠳᠡᠬᠦᠯᠬᠦ ᠬᠠᠮᠢᠶ᠎ᠠ ᠪᠦᠬᠦᠢ ᠠᠵᠢᠯ ᠢ ᠦᠷᠬᠦᠯᠵᠢᠯᠡᠨ ᠰᠠᠶᠢᠨ ᠬᠢᠬᠦ ᠬᠡᠷᠡᠭᠳᠡᠢ᠃         ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ   ᠢ  ᠲᠦᠷᠢᠮᠵᠢᠬᠦᠯᠦᠨ  ᠬᠦᠭᠵᠢᠬᠦᠯᠦᠨ᠎ᠡ  ᠃ ᠮᠠᠯᠴᠢᠨ ᠲᠠᠷᠢᠶᠠᠴᠢᠨ ᠢ  ᠵᠤᠷᠢᠭᠵᠢᠭᠤᠯᠤᠨ ᠲᠡᠳᠬᠦᠵᠦ  ᠬᠤᠷᠰᠢᠶᠠᠵᠢᠯ ᠤᠨ ᠵᠠᠮ ᠳᠤ  ᠬᠦᠳᠦᠯᠦᠨ᠂ ᠤᠯᠤᠰ ᠤᠨ ᠲᠦᠷᠦᠯ ᠵᠦᠢᠯ ᠤᠨ ᠪᠡᠯᠡ  ᠮᠦᠩᠬᠦ   ᠶᠢ ᠤᠯᠬᠤ   ᠶᠢᠨ ᠬᠠᠮᠳᠤ᠂ ᠤᠷᠤᠨ ᠨᠤᠳᠤᠭ ᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢ ᠠᠰᠢᠭᠯᠠᠵᠤ᠂ ᠬᠤᠷᠰᠢᠶᠠᠵᠢᠯ ᠤᠨ ᠡᠷᠡᠬᠦᠯ ᠢᠶᠠᠷ ᠬᠦᠭᠵᠢᠬᠦ ᠶᠢ ᠲᠦᠯᠬᠢᠨ ᠠᠬᠢᠭᠤᠯᠬᠤ ᠭᠡᠷᠡᠭᠳᠡᠢ᠃ ᠬᠤᠷᠰᠢᠶᠠᠵᠢᠯ ᠤᠨ ᠠᠵᠢᠯ ᠤᠨ ᠶᠠᠰᠤ ᠴᠢᠨᠠᠷ ᠪᠠ ᠦᠷ᠎ᠡ ᠠᠰᠢᠭ ᠢ ᠲᠡᠭᠡᠭᠰᠢᠯᠡᠬᠦᠯᠬᠦ ᠪᠠᠷ ᠭᠤᠤᠯ ᠪᠤᠯᠭᠠᠨ᠂ ᠨᠢᠬᠡ ᠪᠦᠯᠦᠭ ᠬᠠᠮᠢᠶᠠᠷᠤᠯᠳᠠ ᠲᠦᠷᠢᠮᠵᠢᠭᠰᠡᠨ᠂ ᠠᠰᠢᠭ ᠤᠷᠤᠯᠭ᠎ᠠ ᠰᠠᠶᠢᠳᠠᠢ᠂ ᠲᠠᠶᠢᠴᠢᠯᠠᠬᠤ ᠭᠡᠪᠴᠢᠶ᠎ᠡ ᠪᠠᠷ ᠶᠡᠭᠡ ᠬᠤᠷᠰᠢᠶᠠᠵᠢᠯ ᠤᠨ ᠵᠢᠱᠢᠶ᠎ᠡ ᠶᠢ ᠪᠤᠢ ᠪᠤᠯᠭᠠᠵᠤ᠂  ᠲᠡᠬᠦᠨ ᠢ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ ᠲᠠᠶᠢᠴᠢᠯᠠᠬᠤ ᠪᠦᠳᠦᠮᠵᠢᠳᠡᠢ ᠠᠷᠭ᠎ᠠ ᠵᠠᠮ ᠪᠤᠯᠭᠠᠨ᠎ᠠ᠃  ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠵᠣᠬᠢᠴᠠᠭᠤᠯᠭ᠎ᠠ ᠬᠢᠵᠦ ᠪᠠᠶᠢᠭᠠᠳ ᠡᠨᠡ ᠵᠢᠯ ᠬᠤᠷᠰᠢᠶᠠᠵᠢᠯ ᠢ ᠲᠡᠳᠬᠦᠬᠦ ᠵᠢᠭᠡᠯᠡᠯᠭᠡ 2500 ᠲᠦᠮᠡᠨ ᠲᠥᠭᠦᠷᠢᠭ ᠲᠠᠷᠬᠠᠭᠠᠬᠤ ᠪᠠᠷ ᠲᠥᠯᠥᠪᠯᠡᠪᠠ᠃         ᠮᠠᠯ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠰᠢᠨᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃  ᠲᠦᠪ ᠤᠨ ᠨᠢᠭᠡᠳᠦᠭᠡᠷ ᠲᠤᠭᠠᠳᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂ ᠮᠠᠨ  ᠤ ᠬᠤᠰᠢᠭᠤᠨ ᠤ ᠭᠤᠤᠯᠯᠠᠬᠤ ᠠᠵᠤ ᠦᠢᠯᠡᠰ ᠤᠨ ᠬᠦᠭᠵᠢᠯᠳᠡ ᠶᠢᠨ ᠪᠠᠶᠢᠳᠠᠯ ᠲᠠᠢ ᠤᠶᠠᠯᠳᠤᠭᠤᠯᠤᠨ᠂ ᠲᠠᠷᠢᠵᠤ ᠮᠠᠯᠵᠢᠬᠤ ᠭᠡᠷᠡᠭᠯᠡᠭᠡᠨ ᠤ ᠮᠡᠷᠭᠡᠵᠢᠯ ᠢ ᠤᠷᠤᠭᠤᠯᠵᠤ ᠲᠡᠯᠭᠡᠷᠡᠬᠦᠯᠬᠦ ᠠᠵᠢᠯ ᠢ ᠰᠠᠶᠢᠨ ᠬᠢᠵᠦ᠂ ᠮᠠᠯ ᠲᠠᠷᠢᠶᠠᠯᠠᠩ ᠤᠨ ᠲᠠᠭᠠᠭᠤᠯᠤᠭᠴᠢ ᠠᠵᠤ ᠠᠬᠤᠶᠢᠯᠠᠯ ᠢ ᠢᠳᠡᠪᠬᠢᠳᠡᠢ ᠵᠤᠷᠢᠬᠵᠢᠭᠤᠯᠬᠤ ᠪᠠ ᠬᠠᠪᠰᠤᠷᠤᠨ ᠲᠡᠳᠬᠦᠵᠦ᠂ ᠲᠦᠮᠦᠰᠦ᠂ ᠴᠤᠭᠤᠷ ᠨᠤᠭᠤᠭ᠎ᠠ ᠵᠡᠷᠭᠡ ᠮᠠᠨ ᠤ ᠬᠤᠰᠢᠭᠤᠨ ᠤ ᠲᠠᠪᠠᠭᠤᠯᠢᠭ ᠤᠨᠴᠠᠯᠢᠭᠳᠤ ᠲᠠᠷᠢᠶᠠᠯᠠᠩ ᠤᠨ ᠪᠦᠳᠦᠭᠡᠭᠳᠡᠬᠦᠨ ᠤ ᠲᠠᠷᠢᠬᠤ᠂ ᠬᠠᠳᠠᠭᠠᠯᠠᠬᠤ᠂ ᠪᠤᠯᠪᠠᠰᠤᠷᠠᠭᠤᠯᠬᠤ ᠵᠢᠴᠢ ᠬᠤᠷᠤᠬᠠᠢ ᠰᠢᠪᠠᠵᠢ ᠰᠡᠷᠭᠡᠶᠢᠯᠡᠬᠦ ᠵᠡᠷᠭᠡ ᠲᠠᠯ᠎ᠠ ᠠᠴᠠ ᠭᠠᠷᠳᠠᠨ᠂ ᠰᠢᠨᠵᠢᠯᠡᠭᠡ ᠮᠡᠷᠭᠡᠵᠢᠯ ᠤᠨ ᠰᠢᠨᠡᠴᠢᠯᠡᠯᠳᠡ ᠶᠢ ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠡᠢ᠃         ᠮᠠᠯᠴᠢᠨ ᠲᠠᠷᠢᠶᠠᠴᠢᠨ ᠤ ᠪᠤᠯᠪᠠᠰᠤᠷᠠᠯ ᠤᠨ ᠶᠠᠰᠤ ᠴᠢᠨᠠᠷ ᠢ ᠤᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃ ᠮᠠᠨ ᠤ ᠬᠤᠰᠢᠭᠤᠨ ᠤ ᠭᠤᠤᠯᠯᠠᠬᠤ ᠠᠵᠤ ᠦᠢᠯᠡᠰ᠂ ᠭᠤᠤᠯᠳᠠᠯᠭᠠᠳᠠᠢ ᠠᠵᠢᠯ ᠲᠦᠷᠦᠯ   ᠤᠨ ᠲᠤᠭᠤᠷᠢᠨ ᠳᠤ ︽ᠨᠠᠷᠠᠨ ᠭᠡᠷᠡᠯ ᠤᠨ ᠢᠨᠵᠧᠨᠧᠷᠢᠩ︾᠂ ︽ᠬᠤᠷ᠎ᠠ ᠶᠢᠨ ᠰᠢᠮ᠎ᠡ ᠲᠦᠯᠦᠪᠵᠢᠬᠦᠯᠭᠡ︾᠂ ᠰᠢᠨᠵᠢᠯᠡᠭᠡ ᠮᠡᠷᠭᠡᠵᠢᠯ ᠤᠨ ᠪᠤᠯᠪᠠᠰᠤᠷᠠᠯ᠂ ᠠᠵᠢᠯ ᠤᠯᠬᠤ ᠪᠤᠯᠪᠠᠰᠤᠷᠠᠯ ᠵᠡᠷᠭᠡ ᠡᠯ᠎ᠡ ᠲᠦᠷᠦᠯ ᠤᠨ ᠪᠤᠯᠪᠠᠰᠤᠷᠠᠯ ᠤᠨ ᠪᠡᠯᠡ  ᠮᠦᠩᠬᠦ ᠶᠢ ᠲᠦᠯᠦᠪᠯᠡᠭᠡ ᠲᠠᠢ ᠭᠡᠷᠡᠭᠯᠡᠵᠦ᠂ ᠮᠠᠯᠴᠢᠨ ᠲᠠᠷᠢᠶᠠᠴᠢᠨ ᠳᠤ ᠭᠤᠤᠯᠳᠠᠯᠭᠠᠳᠠᠢ ᠬᠦᠳᠡᠯᠮᠦᠷᠢ ᠮᠡᠷᠭᠡᠵᠢᠯ ᠤᠨ ᠪᠤᠯᠪᠠᠰᠤᠷᠠᠯ ᠬᠦᠷᠳᠡᠬᠡᠬᠦ ᠭᠡᠷᠡᠭᠳᠡᠢ᠃ ᠭᠠᠳᠠᠨ᠎ᠠ ᠤᠷᠤᠨ ᠤ ᠲᠤᠰᠬᠠᠢ ᠪᠠᠶᠢᠭᠤᠯᠤᠮᠵᠢ   ᠯᠤᠭ᠎ᠠ ᠬᠠᠮᠵᠢᠯᠴᠠᠭᠠᠨ ᠤ ᠲᠤᠭᠳᠠᠭᠤᠨ ᠬᠠᠷᠢᠴᠠᠭ᠎ᠠ ᠶᠢ ᠪᠠᠶᠢᠭᠤᠯᠵᠤ᠂  ᠮᠡᠷᠭᠡᠵᠢᠯ ᠤᠨ ᠠᠵᠢᠯᠴᠢᠨ ᠤ ᠪᠤᠯᠪᠠᠰᠤᠷᠠᠯ ᠢ ᠬᠠᠨᠳᠤᠯᠭᠠᠳᠤ ᠴᠢᠨᠠᠷᠳᠠᠢ ᠪᠠᠷ ᠦᠷᠨᠢᠬᠦᠯᠦᠨ᠂ ᠮᠠᠯᠴᠢᠨ ᠲᠠᠷᠢᠶᠠᠴᠢᠨ ᠤ ᠠᠵᠢᠯ ᠤᠯᠬᠤ ᠵᠠᠮ ᠰᠤᠪᠠᠭ ᠢ ᠦᠷᠭᠡᠳᠭᠡᠬᠦ ᠭᠡᠷᠡᠭᠳᠡᠢ᠃ ᠡᠨᠡ  ᠵᠢᠯ  ᠮᠠᠯᠵᠢᠬᠤ ᠲᠠᠷᠢᠶᠠᠯᠠᠬᠤ ᠤᠷᠤᠨ ᠤ  3 ᠲᠦᠮᠡᠨ ᠬᠦᠮᠦᠨ   ᠳᠤ ᠭᠡᠷᠡᠭᠯᠡᠬᠡᠨ ᠤ ᠮᠡᠷᠭᠡᠵᠢᠯ ᠤᠨ ᠪᠤᠯᠪᠠᠰᠤᠷᠠᠯ ᠬᠦᠷᠳᠡᠭᠡᠵᠦ᠂  3000 ᠬᠦᠮᠦᠨ ᠳᠤ  ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠳᠡᠭᠡᠨ᠂ 8000 ᠬᠦᠳᠡᠯᠮᠦᠷᠢ ᠬᠦᠴᠦᠨ ᠢ  ᠰᠢᠯᠵᠢᠬᠦᠯᠬᠦ ᠪᠠᠷ ᠲᠦᠯᠦᠪᠯᠡᠵᠦ᠂ ᠡᠬᠦᠨ ᠤ ᠲᠤᠳᠤᠷ᠎ᠠ 2000 ᠬᠦᠮᠦᠨ ᠢ ᠵᠤᠬᠢᠶᠠᠨ ᠪᠠᠶᠢᠭᠤᠯᠵᠤ ᠭᠠᠳᠠᠭᠰᠢ ᠭᠠᠷᠭᠠᠬᠤ ᠪᠠᠷ ᠪᠠᠶᠢᠨ᠎ᠠ᠃         ︵ᠭᠤᠷᠪᠠ︶  ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ  ᠶᠡᠭᠡᠰᠬᠡᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠲᠦᠯᠬᠢᠨ ᠠᠬᠢᠭᠤᠯᠤᠨ᠎ᠠ᠃        ᠮᠠᠨ ᠤ ᠬᠤᠰᠢᠭᠤᠨ ᠳᠤ ᠠᠪᠴᠤ ᠬᠡᠯᠡᠪᠡᠯ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠨ ᠥᠷᠭᠡᠳᠬᠡᠬᠦ  ᠳᠤ ᠡᠷᠭᠡᠪᠰᠢ ᠪᠡᠯᠡ ᠤᠷᠤᠭᠤᠯᠤᠯᠳᠠ ᠶᠢ ᠶᠡᠬᠡᠰᠭᠡᠨ᠎ᠡ᠂ ᠪᠡᠯᠡ ᠤᠷᠤᠭᠤᠯᠤᠯᠳᠠ ᠶᠢ ᠶᠡᠭᠡᠰᠬᠡᠬᠦ ᠳᠤ ᠡᠩ ᠲᠡᠷᠢᠬᠦᠨ ᠳᠤ ᠲᠦᠷᠦᠯ ᠵᠦᠢᠯ ᠢ ᠠᠳᠬᠤᠨ᠎ᠠ᠂ ᠡᠨᠡ ᠪᠤᠯ ᠤᠳᠤᠬᠠᠨ ᠤ ᠪᠠ ᠬᠤᠶᠢᠰᠢᠳᠠ ᠶᠢᠨ ᠠᠵᠤ ᠠᠬᠤᠢ ᠶᠢᠨ ᠠᠵᠢᠯ ᠤᠨ  ᠬᠠᠮᠤᠭ ᠠᠴᠠ ᠴᠢᠬᠤᠯᠠ  ᠶᠠᠪᠤᠳᠠᠯ ᠪᠤᠯᠤᠨ᠎ᠠ᠃ ᠤᠳᠤ ᠪᠠᠶᠢᠭ᠎ᠠ ᠠᠵᠤ ᠠᠬᠤᠶᠢᠯᠠᠯ ᠤᠨ ᠡᠷᠡᠬᠦᠯ ᠬᠦᠭᠵᠢᠯᠳᠡ ᠶᠢ ᠪᠠᠳᠤᠯᠠᠬᠤ ᠶᠢᠨ ᠬᠠᠮᠳᠤ᠂ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ 2011 ᠤᠨ ᠳᠤ 13 ᠠᠵᠤ ᠦᠢᠯᠡᠳᠪᠦᠷᠢ ᠶᠢᠨ ᠭᠤᠤᠯᠳᠠᠯᠭᠠᠳᠠᠢ ᠲᠦᠷᠦᠯ ᠵᠦᠢᠯ ᠢ ᠲᠤᠭᠳᠠᠭᠠᠨ᠂ ᠡᠬᠦᠨ ᠳᠤ ᠠᠶᠢᠮᠠᠭ ᠤᠨ ᠲᠡᠰ  ᠤᠨ ᠭᠤᠤᠯᠳᠠᠯᠭᠠᠳᠠᠢ ᠲᠦᠷᠦᠯ ᠵᠦᠢᠯ 6 ᠪᠠᠶᠢᠨ᠎ᠠ᠃  ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠷᠳᠡᠭ ᠢ 7 ᠳ᠋ᠦᠩᠰᠢᠭᠤᠷ ᠲᠦᠬᠦᠷᠢᠭ   ᠲᠤ ᠬᠦᠷᠭᠡᠨ᠎ᠡ᠃         ᠵᠠᠯᠭᠠᠨ ᠪᠠᠶᠢᠭᠤᠯᠬᠤ ᠲᠦᠷᠦᠯ ᠵᠦᠢᠯ ᠢ ᠬᠠᠪᠰᠤᠷᠤᠨ ᠲᠡᠳᠬᠦᠵᠦ ᠡᠷᠳᠡ ᠡᠳᠦᠷ ᠠᠰᠢᠭᠯᠠᠯᠳᠠ ᠳᠤ ᠤᠷᠤᠭᠤᠯᠤᠨ᠎ᠠ᠃ ᠲᠠᠯ᠎ᠠ ᠨᠤᠲᠤᠭ  ᠠᠷᠢᠬᠢᠨ ᠦᠢᠯᠡᠳᠪᠦᠷᠢ  6000 ᠲᠦᠮᠡᠨ ᠲᠦᠬᠦᠷᠢᠭ ᠤᠷᠤᠭᠤᠯᠵᠤ᠂  ᠶᠡᠬᠦᠯᠡᠵᠦ ᠰᠠᠪᠠᠯᠠᠬᠤ ᠦᠢᠯᠡᠳᠪᠦᠷᠢ ᠶᠢᠨ ᠲᠠᠰᠤᠭ   ᠢ ᠪᠠᠶᠢᠭᠤᠯᠬᠤ ᠶᠢᠨ ᠬᠠᠮᠳᠤ ᠭᠡᠰᠡᠭ ᠪᠡᠯᠡᠳᠭᠡᠯ ᠲᠦᠬᠦᠭᠡᠷᠦᠮᠵᠢ  ᠶᠢ ᠬᠤᠳᠠᠯᠳᠤᠨ ᠤᠷᠤᠭᠤᠯᠬᠤ ᠪᠠᠷ ᠪᠠᠶᠢᠨ᠎ᠠ᠃ ᠴᠠᠩ ᠰᠢᠨ  ᠺᠤᠮᠫᠠᠨᠢ  5000 ᠲᠦᠮᠡᠨ ᠲᠦᠬᠦᠷᠢᠭ ᠤᠨ ᠪᠡᠯᠡ  ᠤᠷᠤᠭᠤᠯᠵᠤ᠂  ᠴᠠᠬᠢᠯᠠᠭᠤᠷ  ᠴᠢᠯᠠᠭᠤ ᠦᠢᠯᠡᠳᠪᠦᠷᠢᠯᠡᠬᠦ ᠭᠤᠷᠪᠠᠳᠡᠬᠢ  ᠵᠤᠤᠬ᠎ᠠ   ᠪᠠᠨ ᠪᠠᠶᠢᠭᠤᠯᠬᠤ ᠶᠢᠨ ᠬᠠᠮᠳᠤ ᠢᠵᠢ ᠪᠦᠷᠢᠳᠦᠭᠰᠡᠨ ᠲᠦᠬᠦᠭᠡᠷᠦᠮᠵᠢ ᠶᠢ ᠪᠡᠯᠡᠳᠭᠡᠨ᠎ᠡ᠃ ᠾᠦᠢ ᠲᠦᠩ  ᠺᠤᠮᠫᠠᠨᠢ 800 ᠲᠦᠮᠡᠨ ᠲᠦᠬᠦᠷᠢᠭ ᠤᠷᠤᠭᠤᠯᠵᠤ᠂  ᠳᠦᠭᠦᠭᠡᠢ ᠮᠠᠲ᠋ᠧᠷᠢᠶᠠᠯ ᠤᠨ ᠬᠦᠮᠦᠷᠭᠡ   ᠶᠢ ᠪᠠᠶᠢᠭᠤᠯᠤᠨ᠂  ᠲᠤᠨᠤᠭ ᠲᠦᠭᠦᠭᠡᠷᠤᠮᠵᠢ ᠪᠠᠨ ᠤᠷᠤᠭᠤᠯᠤᠨ ᠤᠭᠰᠠᠷᠠᠵᠤ᠂ ᠦᠢᠯᠡᠳᠪᠦᠷᠢᠯᠡᠯ ᠢᠶᠠᠨ ᠲᠤᠷᠰᠢᠵᠤ ᠡᠬᠢᠯᠡᠨ᠎ᠡ᠃ ᠬᠤᠩ ᠵᠢᠩ ᠶᠤᠸᠠᠨ  ᠺᠤᠮᠫᠠᠨᠢ ᠭᠤᠷᠪᠠᠳᠤᠭᠠᠷ ᠬᠤᠭᠤᠴᠠᠭᠠᠨ ᠤ ᠮᠡᠷᠭᠡᠵᠢᠯ ᠤᠨ ᠦᠬᠡᠷᠡᠴᠢᠯᠡᠯᠳᠡ ᠶᠢᠨ ᠲᠦᠷᠦᠯ ᠵᠦᠢᠯ ᠳᠡᠭᠡᠨ 300 ᠲᠦᠮᠡᠨ ᠲᠦᠬᠦᠷᠢᠭ ᠤᠷᠤᠭᠤᠯᠵᠤ᠂ 30 ᠲᠤᠨ  ᠲᠤᠰᠤᠨ ᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠬᠤ ᠪᠦᠭᠡᠳ  ᠲᠦᠬᠦᠭᠡᠷᠦᠮᠵᠢ ᠪᠠᠨ ᠦᠭᠡᠷᠡᠴᠢᠯᠡᠨ ᠵᠠᠰᠠᠬᠤ ᠲᠦᠰᠦᠪ ᠲᠠᠢ᠃ ᠶᠢᠨ ᠳ᠋ᠸᠦ ᠽᠢ ᠠᠭᠤᠯᠠᠨ ᠤ ᠬᠠᠷ᠎ᠠ ᠲᠤᠭᠤᠯᠭ᠎ᠠ ᠴᠠᠶᠢᠷ  ᠮᠦᠩᠬᠦ ᠶᠢᠨ ᠤᠯᠠᠨ ᠲᠡᠮᠦᠷᠯᠢᠭᠳᠦ ᠠᠭᠤᠷᠬᠠᠢ   ᠨᠢ 3000 ᠲᠦᠮᠡᠨ ᠲᠦᠬᠦᠷᠢᠭ ᠤᠨ ᠪᠡᠯᠡ  ᠤᠷᠤᠭᠤᠯᠤᠨ ᠂ ᠠᠭᠤᠷᠬᠠᠢ ᠨᠡᠭᠡᠭᠡᠬᠦ ᠪᠠ ᠦᠢᠯᠡᠳᠪᠦᠷᠢ ᠪᠠᠶᠢᠭᠤᠯᠬᠤ ᠠᠵᠢᠯ ᠢᠶᠠᠨ ᠠᠬᠢᠭᠤᠯᠬᠤ ᠪᠠᠷ ᠪᠠᠶᠢᠭ᠎ᠠ  ᠃         ᠰᠢᠨ᠎ᠡ ᠪᠠᠷ  ᠪᠠᠶᠢᠭᠤᠯᠬᠤ ᠲᠦᠷᠦᠯ ᠵᠦᠢᠯ ᠢ ᠲᠦᠷᠭᠡᠨ ᠡᠬᠢᠯᠡᠬᠦᠯᠦᠨ᠎ᠡ᠃ ᠤᠯᠤᠰ ᠤᠨ ᠰᠠᠯᠬᠢᠨ ᠬᠦᠴᠦᠨ ᠢᠶᠠᠷ ᠴᠠᠬᠢᠯᠭᠠᠨ  ᠡᠬᠦᠰᠭᠡᠬᠦ  ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ   ᠳᠤ 4 ᠳ᠋ᠦᠩᠰᠢᠭᠤᠷ ᠲᠦᠬᠦᠷᠢᠭ ᠤᠷᠤᠭᠤᠯᠵᠤ᠂ 4.95 ᠲᠦᠮᠡᠨ ᠺᠢᠯᠤᠸᠠᠲ ᠤᠨ  ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ  ᠲᠦᠷᠦᠯ ᠵᠦᠢᠯ   ᠢ ᠪᠡᠶᠡᠯᠡᠬᠦᠯᠬᠦ ᠪᠠᠷ  ᠲᠦᠯᠦᠪᠯᠡᠭᠰᠡᠨ ᠪᠦᠬᠡᠳ  0.5 ᠲᠦᠮᠡᠨ ᠺᠢᠯᠤᠸᠠᠲ ᠤᠨ ᠴᠠᠬᠢᠯᠭᠠᠨ  ᠡᠬᠦᠰᠭᠡᠬᠦ ᠲᠦᠷᠦᠯ ᠵᠦᠢᠯ   ᠳᠤ 1 ᠳ᠋ᠦᠩᠰᠢᠭᠤᠷ ᠲᠦᠬᠦᠷᠢᠭ ᠤᠷᠤᠭᠤᠯᠵᠤ᠂  ᠡᠨᠡ  ᠵᠢᠯ ᠪᠦᠳᠦᠭᠡᠨ ᠪᠠᠶᠢᠭᠤᠯᠤᠯᠳᠠ ᠶᠢ ᠡᠬᠢᠯᠡᠬᠦᠯᠦᠨ᠎ᠡ᠃ ᠪᠤᠤ ᠶᠤᠸᠠᠨ ᠠᠷᠢᠬᠢᠨ ᠦᠢᠯᠡᠳᠪᠦᠷᠢ 1500 ᠲᠦᠮᠡᠨ ᠲᠦᠬᠦᠷᠢᠭ ᠤᠷᠤᠭᠤᠯᠵᠤ᠂ ᠠᠯᠪᠠᠨ ᠠᠰᠠᠷ᠂ ᠦᠢᠯᠡᠳᠪᠦᠷᠢ ᠶᠢᠨ ᠲᠠᠰᠤᠭ ᠤᠨ ᠪᠠᠷᠢᠯᠭ᠎ᠠ ᠶᠢ ᠲᠠᠭᠤᠰᠬᠠᠨ᠂ ᠵᠢᠯ ᠳᠤ 3000 ᠲᠤᠨ ᠠᠷᠢᠬᠢ ᠦᠢᠯᠡᠳᠪᠦᠷᠢᠯᠡᠬᠦ ᠴᠢᠳᠠᠮᠵᠢ ᠲᠠᠢ ᠪᠤᠯᠬᠤ ᠪᠠᠷ ᠪᠠᠶᠢᠨ᠎ᠠ᠃ ᠰᠤ᠋ ᠱᠠᠨ ᠠᠭᠤᠷᠬᠠᠢ ᠶᠢᠨ ᠦᠢᠯᠡᠰ 1000 ᠲᠦᠮᠡᠨ ᠲᠦᠬᠦᠷᠢᠭ ᠤᠨ ᠪᠡᠯᠡ ᠤᠷᠤᠭᠤᠯᠵᠤ᠂  ᠡᠳᠦᠷ ᠲᠤ 600 ᠲᠤᠨ ᠬᠠᠶᠢᠯᠠᠭᠤᠷ ᠵᠤᠩᠰᠢ ᠦᠢᠯᠡᠳᠪᠦᠷᠢᠯᠡᠬᠦ ᠲᠦᠷᠦᠯ ᠵᠦᠢᠯ ᠢᠶᠠᠨ  ᠡᠬᠢᠯᠡᠨ᠂ ᠬᠤᠤ ᠬᠤᠸᠠ  ᠠᠭᠤᠷᠬᠠᠢ ᠶᠢᠨ ᠦᠢᠯᠡᠰ 2500 ᠲᠦᠮᠡᠨ ᠲᠦᠬᠦᠷᠢᠭ  ᠤᠷᠤᠭᠤᠯᠵᠤ᠂  ᠡᠳᠦᠷ ᠲᠤ 500 ᠲᠤᠨ ᠬᠠᠶᠢᠯᠠᠭᠤᠷ ᠵᠤᠩᠰᠢ ᠦᠢᠯᠡᠳᠪᠦᠷᠢᠯᠡᠬᠦ ᠲᠦᠷᠦᠯ ᠵᠦᠢᠯ  ᠢᠶᠠᠨ  ᠪᠠᠶᠢᠭᠤᠯᠵᠤ ᠠᠰᠢᠭᠯᠠᠨ᠎ᠠ᠃ ᠱᠠᠩᠬᠠᠢ ᠶᠢᠨ ᠭᠡᠢ ᠴᠠᠬᠢᠯᠭᠠᠨ ᠤ ᠪᠦᠯᠦᠭᠯᠡᠯ 1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂  ᠵᠢᠯ ᠳᠤ 100 ᠲᠦᠮᠡᠨ ᠺᠢᠯᠤᠸᠠᠲ ᠤᠨ ᠰᠠᠯᠬᠢᠨ ᠰᠠᠩᠰᠠ ᠦᠢᠯᠡᠳᠪᠦᠷᠢᠯᠡᠵᠦ ᠤᠭᠰᠠᠷᠠᠬᠤ ᠲᠦᠷᠦᠯ ᠵᠦᠢᠯ ᠢᠶᠠᠨ ᠪᠠᠶᠢᠭᠤᠯᠵᠤ ᠠᠰᠢᠭᠯᠠᠨ᠂ ᠴᠢᠩᠳᠤᠤ ᠶᠢᠨ ᠴᠢᠶᠠᠨ ᠶᠧ ᠺᠤᠮᠫᠠᠨᠢ ᠢᠳᠡᠰᠢᠨ ᠨᠤᠭᠤᠭ᠎ᠠ ᠡᠳᠡᠰᠢᠬᠦᠯᠦᠨ ᠪᠤᠯᠪᠠᠰᠤᠷᠠᠭᠤᠯᠬᠤ ᠲᠦᠷᠦᠯ ᠵᠦᠢᠯ ᠳᠤ 1.7 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠵᠢᠯ ᠳᠤ 10 ᠲᠦᠮᠡᠨ  ᠲᠤᠨ ᠨᠤᠭᠤᠭ᠎ᠠ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠢ ᠪᠠᠶᠢᠭᠤᠯᠬᠤ  ᠪᠤᠯᠤᠨ᠎ᠠ᠃ ᠰᠤᠪᠤᠳᠯᠢᠭ ᠴᠢᠯᠠᠭᠤ ᠨᠡᠭᠡᠭᠡᠡ ᠬᠦᠭᠵᠢᠬᠦᠯᠬᠦ  ᠲᠦᠷᠦᠯ ᠵᠦᠢᠯ ᠨᠢ ᠦᠢᠯᠡᠳᠪᠦᠷᠢᠯᠡᠯ ᠤᠨ  ᠲᠦᠯᠦᠪᠯᠡᠭᠡ  ᠪᠠᠨ ᠲᠦᠷᠭᠡᠳᠭᠡᠵᠦ᠂ ᠡᠨᠡ  ᠵᠢᠯ ᠳᠡᠭᠡᠨ ᠠᠵᠢᠯ ᠡᠬᠢᠯᠡᠵᠦ᠂ ᠱᠠ ᠽᠢ ᠭᠸᠦ ᠶᠢᠨ ᠸᠤᠯᠹᠷᠤᠮ ᠮᠤᠯᠢᠪᠳᠧᠨ ᠤ ᠤᠯᠠᠨ ᠲᠡᠮᠦᠷᠯᠢᠭᠳᠦ ᠠᠭᠤᠷᠬᠠᠢ  ᠂  ᠴᠢᠶᠠᠨ ᠶᠢᠨ ᠭᠸᠦ ᠶᠢᠨ ᠬᠠᠷ᠎ᠠ ᠲᠤᠭᠤᠯᠭ᠎ᠠ  ᠴᠠᠶᠢᠷ  ᠵᠡᠰ ᠤᠨ ᠤᠯᠠᠨ ᠲᠡᠮᠦᠷᠯᠢᠭᠳᠦ ᠠᠭᠤᠷᠬᠠᠢ ᠶᠢᠨ ᠲᠦᠷᠦᠯ ᠵᠦ᠋ᠶᠢᠯ ᠢ ᠲᠦᠯᠦᠪᠯᠡᠭᠡ ᠶᠤᠰᠭᠠᠷ ᠶᠠᠪᠤᠭᠳᠠᠭᠤᠯᠵᠤ᠂ ᠡᠨᠡ ᠵᠢᠯ ᠪᠠᠷᠢᠯᠭ᠎ᠠ ᠡᠬᠢᠯᠡᠬᠦ ᠪᠠᠷ ᠴᠢᠷᠮᠠᠶᠢᠨ᠂ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠲᠦᠷᠦᠯ ᠵᠦᠢᠯ ᠢ ᠢᠳᠡᠪᠬᠢᠳᠡᠢ ᠲᠦᠯᠬᠢᠨ ᠠᠬᠢᠭᠤᠯᠵᠤ᠂  ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃         ᠤᠷᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠲᠠᠶᠢᠴᠢᠯᠠᠬᠤ ᠦᠢᠯᠡᠳᠦᠯ ᠢ  ᠨᠢ  ᠪᠠᠳᠠᠷᠠᠭᠤᠯᠤᠨ᠎ᠠ᠃  ᠨᠤᠳᠤᠭᠰᠢᠭᠰᠠᠨ ᠠᠵᠤ ᠠᠬᠤᠶᠢᠯᠠᠯ ᠤᠨ ᠭᠡᠪᠴᠢᠶ᠎ᠡ ᠶᠢ ᠦᠷᠭᠡᠳᠭᠡᠵᠦ᠂ ᠭᠠᠷᠤᠯᠳᠠ ᠶᠢ ᠨᠡᠮᠡᠭᠳᠡᠬᠦᠯᠬᠦ ᠰᠠᠭᠤᠷᠢᠨ ᠲᠡᠭᠡᠷ᠎ᠡ ᠤᠳᠤ ᠪᠠᠶᠢᠭ᠎ᠠ ᠠᠵᠤ ᠦᠢᠯᠡᠳᠪᠦᠷᠢ ᠶᠢᠨ ᠤᠷᠤᠨ ᠲᠤᠭᠤᠷᠢᠭ᠂ ᠮᠠᠯ ᠤᠨ ᠠᠰᠢᠭ ᠰᠢᠮ᠎ᠡ ᠪᠡ ᠲᠠᠷᠢᠶᠠᠯᠠᠩ ᠤᠨ ᠪᠦᠳᠦᠭᠡᠭᠳᠡᠬᠦᠨ ᠦᠢᠯᠡᠳᠪᠦᠷᠢᠯᠡᠬᠦ ᠤᠷᠤᠨ ᠲᠤᠭᠤᠷᠢᠭ᠂᠂ ᠪᠠᠷᠢᠯᠭ᠎ᠠ ᠶᠢᠨ ᠮᠠᠲ᠋ᠧᠷᠢᠶᠠᠯ  ᠤᠨ ᠤᠷᠤᠨ ᠲᠤᠭᠤᠷᠢᠭ᠂ ᠲᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠦᠳᠦᠭᠡᠬᠦ ᠤᠷᠤᠨ ᠲᠤᠭᠤᠷᠢᠭ ᠤᠨ  ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠵᠦᠩ ᠭᠤᠸᠠᠨ ᠲᠤᠰᠬᠤᠨ ᠤ ᠲᠡᠭᠡᠳᠦ ᠰᠢᠨᠵᠢᠯᠡᠭᠡ ᠮᠡᠷᠭᠡᠵᠢᠯ  ᠤᠨ ᠠᠵᠤ ᠦᠢᠯᠡᠰ ᠤᠨ ᠤᠷᠤᠨ ᠲᠤᠭᠤᠷᠢᠭ ᠯᠤᠭ᠎ᠠ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠪᠠᠨ ᠠᠬᠢᠭᠤᠯᠤᠨ᠂ ᠮᠠᠨ ᠤ ᠬᠤᠰᠢᠭᠤᠨ ᠳᠠᠭᠠᠨ ᠲᠡᠭᠡᠳᠦ ᠰᠢᠨᠵᠢᠯᠡᠭᠡ ᠮᠡᠷᠭᠡᠵᠢᠯ ᠤᠨ ᠠᠵᠤ ᠦᠢᠯᠡᠰ   ᠤᠨ ᠨᠡᠪᠴᠢᠯᠳᠡ  ᠶᠢᠨ ᠤᠷᠤᠨ ᠲᠤᠭᠤᠷᠢᠭ ᠢ ᠪᠠᠶᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠲᠠᠢ ᠵᠠᠯᠭᠠᠯᠳᠤᠬᠤ ᠪᠠ ᠰᠢᠨ᠎ᠡ  ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠬᠤ ᠠᠯᠬᠤᠴᠠ ᠪᠠᠨ ᠲᠦᠷᠭᠡᠳᠭᠡᠨ᠂  ᠠᠵᠤ ᠦᠢᠯᠡᠳᠪᠦᠷᠢ ᠶᠢᠨ ᠠᠵᠤ ᠦᠢᠯᠡᠰ ᠤᠨ ᠲᠡᠰ ᠲᠠᠪᠬᠤᠷᠭ᠎ᠠ  ᠬᠢᠭᠡᠳ ᠬᠢᠷᠢ ᠲᠦᠪᠰᠢᠨ ᠢ ᠲᠡᠭᠡᠭᠰᠢᠯᠡᠬᠦᠯᠬᠦ ᠪᠠᠷ ᠴᠢᠷᠮᠠᠶᠢᠨ᠎ᠠ᠃        ︵ᠲᠦᠷᠪᠡ︶  ᠵᠤᠭᠠᠴᠠᠯ ᠠᠷᠠᠯᠵᠢᠶ᠎ᠠ ᠬᠤᠳᠠᠯᠳᠤᠭ᠎ᠠ ᠪᠠᠷ ᠭᠤᠤᠯ ᠪᠤᠯᠭᠠᠨ᠂ ᠭᠤᠷᠪᠠᠳᠤᠭᠠᠷ ᠠᠵᠤ ᠦᠢᠯᠡᠰ   ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠎ᠡ᠃        ᠵᠤᠭᠠᠴᠠᠯ ᠤᠨ ᠦᠢᠯᠡᠰ   ᠢ  ᠲᠦᠷᠭᠡᠨ ᠱᠠᠳᠤ  ᠲᠡᠪᠰᠢᠬᠦᠯᠦᠨ᠎ᠡ᠃  ᠪᠦᠬᠦ ᠠᠶᠢᠮᠠᠭ ᠤᠨ ︽ ᠠᠷᠪᠠᠨ ᠬᠤᠶᠠᠳᠤᠭᠠᠷ ᠲᠠᠪᠤᠨ ᠵᠢᠯ︾ ᠤᠨ ᠵᠤᠭᠠᠴᠠᠯ ᠤᠨ ᠬᠦᠭᠵᠢᠯᠳᠡ ᠶᠢᠨ ᠲᠦᠯᠦᠪᠵᠢᠬᠦᠯᠬᠡ ᠶᠤᠰᠤᠭᠠᠷ᠂ ᠵᠤᠭᠠᠴᠠᠯ ᠤᠨ ᠡᠬᠢ ᠪᠠᠶᠠᠯᠢᠭ ᠢ ᠬᠠᠮᠳᠤᠳᠬᠠᠵᠤ᠂  ᠴᠢᠬᠤᠯᠠ ᠡᠸ᠋ᠯᠮᠧᠨ᠋ᠲ ᠶᠢ ᠲᠡᠬᠦᠯᠳᠡᠷᠵᠢᠬᠦᠯᠦᠨ᠂  ᠲᠦᠬᠦᠭᠡᠷᠦᠮᠵᠢ ᠶᠢ ᠢᠵᠢ ᠪᠦᠷᠢᠳᠦᠬᠦᠯᠵᠦ᠂ ᠵᠤᠭᠠᠴᠠᠯ ᠤᠨ ᠤᠨᠴᠠᠯᠢᠭᠳᠤ ᠪᠦᠳᠦᠭᠡᠭᠳᠡᠬᠦᠨ ᠢ ᠨᠡᠭᠡᠭᠡᠵᠦ  ᠬᠦᠭᠵᠢᠬᠦᠯᠦᠨ᠂ ᠵᠤᠭᠠᠴᠠᠯ ᠤᠨ ᠪᠠᠷᠢᠮᠵᠢᠶᠠᠳᠤ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠭᠡᠷᠡᠭᠳᠡᠢ᠃ ᠮᠠᠨ ᠤ ᠬᠤᠰᠢᠭᠤᠨ ᠤ ᠪᠠᠨ ᠤᠷᠤᠨ ᠪᠠᠶᠢᠴᠠ᠂ ᠵᠠᠮ ᠬᠠᠷᠢᠯᠴᠠᠭᠠᠨ ᠤ ᠲᠠᠪᠠᠭᠤᠯᠢᠭ ᠢ ᠬᠦᠢᠴᠡᠳ ᠪᠠᠳᠠᠷᠠᠭᠤᠯᠤᠨ᠂ ᠰᠢᠯᠢ ᠶᠢᠨ ᠭᠤᠤᠯ ᠠᠶᠢᠮᠠᠭ  ᠤᠨ ᠡᠮᠦᠨ᠎ᠡ ᠲᠠᠪᠤᠨ ᠬᠤᠰᠢᠭᠤ ᠰᠢᠶᠠᠨ ᠪᠤᠯᠤᠨ ᠪᠡᠭᠡᠵᠢᠩ ᠾᠧᠪᠸᠢ ᠤᠷᠤᠨ ᠯᠤᠭ᠎ᠠ ᠪᠠᠶᠢᠭᠤᠯᠤᠭᠰᠠᠨ ᠵᠤᠭᠠᠴᠠᠯ ᠤᠨ ᠬᠤᠯᠪᠤᠭᠠᠨ ᠤ ᠲᠠᠪᠴᠠᠩ ᠲᠠᠢ ᠤᠶᠠᠯᠳᠤᠭᠤᠯᠵᠤ᠂  ᠦᠪᠡᠷᠰᠡᠳ ᠤᠨ ᠲᠡᠷᠭᠡ ᠪᠠᠷ ᠢᠶᠠᠨ ᠲᠠᠯ᠎ᠠ ᠨᠤᠳᠤᠭ ᠢᠶᠠᠷ ᠵᠤᠭᠠᠴᠠᠬᠤ   ᠳᠤ ᠰᠤᠳᠤᠨ ᠵᠤᠭᠠᠴᠠᠯ ᠤᠨ ᠱᠤᠭᠤᠮ   ᠢ  ᠬᠠᠩᠭᠠᠨ᠂ ᠲᠠᠶᠢᠹᠤᠰᠧ ᠬᠤᠰᠢᠭᠤ ᠪᠠᠨ ᠰᠢᠯᠢ ᠶᠢᠨ ᠭᠤᠤᠯ ᠠᠶᠢᠮᠠᠭ ᠤᠨ ᠡᠮᠦᠨ᠎ᠡ ᠭᠡᠰᠡᠭ ᠤᠨ ᠴᠢᠬᠤᠯᠠ ᠵᠤᠭᠠᠴᠠᠯ ᠤᠨ ᠰᠤᠯᠢᠯᠴᠠᠭᠠᠨ ᠤ ᠲᠦᠪ ᠪᠤᠯᠭᠠᠬᠤ ᠪᠠᠷ ᠴᠢᠷᠮᠠᠶᠢᠬᠤ ᠭᠡᠷᠡᠭᠳᠡᠢ᠃ ᠲᠤᠮᠳᠠᠳᠤ ᠤᠯᠤᠰ ᠤᠨ ᠠᠳᠤᠭᠤᠨ ᠰᠤᠶᠤᠯ ᠤᠨ ᠰᠠᠭᠤᠷᠢᠨ ᠭᠠᠵᠠᠷ᠂ 4Aᠲᠡᠰ ᠤᠨ ᠦᠵᠡᠮᠵᠢᠳᠦ ᠤᠷᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ 3000 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠬᠠᠭᠠᠨ ᠤ ᠠᠳᠤᠭᠤᠨ ᠵᠤᠰᠠᠭᠠᠯ ᠦᠵᠡᠮᠵᠢᠳᠦ ᠤᠷᠤᠨ ᠳᠤ  ᠠᠳᠤᠭᠤ  ᠪᠤᠶᠢᠵᠢᠭᠤᠯᠬᠤ ᠰᠠᠭᠤᠷᠢᠨ ᠭᠠᠵᠠᠷ᠂ ᠦᠨᠳᠦᠷ ᠲᠡᠰ ᠤᠨ ᠮᠤᠷᠢᠨ ᠪᠦᠮᠪᠦᠭᠡ ᠶᠢᠨ ᠨᠡᠶᠢᠬᠡᠮᠯᠢᠭ᠂ ᠪᠠᠷᠢᠮᠵᠢᠶᠠᠳᠤ ᠠᠠᠳᠤᠭᠤᠨ ᠵᠦᠴᠢᠶ᠎ᠡ᠂ ᠮᠤᠷᠢᠨ ᠪᠦᠮᠪᠦᠭᠡ  ᠶᠢᠨ ᠤᠷᠤᠯᠳᠤᠭᠠᠨ ᠤ ᠲᠠᠯᠠᠪᠠᠢ᠂ ᠲᠡᠦᠬᠡ ᠰᠤᠶᠤᠯ ᠤᠨ ᠲᠤᠷᠠᠰᠬᠠᠯ ᠤᠨ ᠭᠡᠷᠡᠮ ᠵᠡᠷᠭᠡ ᠶᠢ ᠪᠠᠶᠢᠭᠤᠯᠵᠤ᠂ 100 ᠲᠦᠮᠡᠨ ᠲᠦᠬᠦᠷᠢᠭ ᠤᠷᠤᠭᠤᠯᠤᠨ᠂ ᠮᠠᠯᠠᠭᠠᠢ ᠶᠢᠨ ᠰᠦᠮ᠎ᠡ ᠶᠢᠨ  ᠲᠠᠯ᠎ᠠ ᠨᠤᠳᠤᠭ ᠤᠨ ᠰᠤᠶᠤᠯ ᠵᠤᠭᠠᠴᠠᠯ ᠤᠨ ᠦᠵᠡᠮᠵᠢᠳᠦ ᠤᠷᠤᠨ   ᠤ ᠪᠠᠶᠢᠭᠤᠯᠤᠯᠳᠠ ᠶᠢ ᠬᠢᠨ᠎ᠡ᠃ ᠵᠢᠩ ᠵᠢᠢ ᠠᠪᠠ ᠶᠢᠨ ᠲᠠᠯᠠᠪᠠᠢ ᠶᠢᠨ ᠲᠦᠬᠦᠭᠡᠷᠦᠮᠵᠢ ᠪᠠ ᠴᠢᠳᠠᠮᠵᠢ ᠶᠢ ᠤᠯᠠᠮ ᠨᠢᠬᠡ ᠠᠯᠬᠤᠮ  ᠪᠦᠷᠢᠨᠰᠢᠬᠦᠯᠦᠨ᠎ᠡ᠃ ᠮᠠᠯᠴᠢᠨ ᠲᠠᠷᠢᠶᠠᠴᠢᠨ ᠠᠶᠢᠯ ᠤᠨ ᠵᠤᠭᠠᠴᠠᠯ ᠢ ᠦᠷᠬᠦᠯᠵᠢᠯᠡᠨ ᠲᠡᠳᠬᠦᠨ ᠬᠦᠭᠵᠢᠬᠦᠯᠵᠦ᠂ ᠤᠬᠠᠭᠤᠯᠭ᠎ᠠ ᠪᠠᠷ ᠪᠤᠷᠤᠯᠠᠭᠤᠯᠭ᠎ᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂   ᠲᠠᠯ᠎ᠠ ᠨᠤᠳᠤᠭ ᠤᠨ ᠵᠤᠭᠠᠴᠠᠯ ᠤᠨ ᠤᠨᠴᠠᠯᠢᠭ ᠢ  ᠪᠦᠷᠢᠳᠦᠬᠦᠯᠵᠦ  ᠬᠡᠪᠴᠢᠶ᠎ᠡ ᠶᠢ  ᠦᠷᠭᠡᠳᠭᠡᠨ᠎ᠡ᠃ 200 ᠲᠦᠮᠡᠨ ᠲᠦᠬᠦᠷᠢᠭ ᠤᠨ ᠪᠡᠯᠡ  ᠤᠷᠤᠭᠤᠯᠵᠤ ᠬᠤᠶᠢᠳᠤ ᠸᠠᠶᠤᠤ ᠭᠠᠴᠠᠭᠠᠨ ᠤ ᠦᠨᠳᠦᠰᠦᠳᠡᠨ ᠤ ᠤᠨᠴᠠᠯᠢᠭᠳᠤ ᠠᠶᠢᠯ ᠬᠤᠳᠠ ᠶᠢᠨ ᠪᠠᠶᠢᠭᠤᠯᠤᠯᠳᠠ ᠶᠢ ᠦᠷᠬᠦᠯᠵᠢᠯᠡᠬᠦᠯᠦᠨ᠎ᠡ᠃        ᠠᠷᠠᠯᠵᠢᠶᠠᠨ  ᠬᠤᠳᠠᠯᠳᠤᠭᠠᠨ ᠤ ᠲᠦᠯᠦᠪᠵᠢᠭᠰᠡᠨ ᠵᠠᠬ᠎ᠠ ᠲᠡᠯᠭᠡᠬᠦᠷ ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠠᠳᠬᠤᠨ᠎ᠠ᠃ ᠵᠠᠬ᠎ᠠ ᠲᠡᠯᠬᠡᠬᠦᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠠᠷᠠᠯᠵᠢᠶᠠᠨ ᠤ  ᠬᠤᠳᠠᠯᠳᠤᠭᠠᠨ ᠤ ᠵᠠᠬ᠎ᠠ ᠲᠡᠯᠬᠡᠬᠦᠷ ᠤᠨ ᠡᠷᠡᠬᠦᠯ ᠢᠶᠠᠷ ᠲᠦᠷᠭᠡᠨ ᠬᠦᠭᠵᠢᠬᠦ ᠶᠢ ᠠᠬᠢᠭᠤᠯᠤᠨ᠂ ᠵᠠᠬ᠎ᠠ ᠲᠡᠯᠭᠡᠬᠦᠷ ᠤᠨ ᠠᠵᠢᠯᠯᠠᠭᠠᠨ ᠤ ᠬᠢᠨᠠᠯᠳᠠ ᠶᠢᠨ ᠰᠢᠰᠲ᠋ᠧᠮ ᠬᠢᠭᠡᠳ  ᠡᠳ᠋ ᠪᠤᠳᠠᠰ ᠤᠨ ᠬᠠᠳᠠᠭᠠᠯᠠᠮᠵᠢ ᠶᠢᠨ ᠰᠢᠰᠲ᠋ᠧᠮ ᠢ ᠠᠯᠭᠤᠷ ᠪᠠᠶᠢᠭᠤᠯᠵᠤ᠂ ᠴᠢᠬᠤᠯᠠ  ᠪᠠᠷᠠᠭ᠎ᠠ ᠲᠠᠸᠠᠷ ᠤᠨ ᠬᠠᠩᠭᠠᠯᠭ᠎ᠠ ᠶᠢᠨ ᠵᠤᠬᠢᠴᠠᠭᠤᠯᠭ᠎ᠠ ᠪᠠ ᠲᠤᠬᠢᠷᠠᠭᠤᠯᠭ᠎ᠠ ᠶᠢ ᠴᠢᠩᠭᠠᠳᠬᠠᠬᠤ ᠭᠡᠷᠡᠭᠳᠡᠢ᠃ ᠰᠤᠮᠤ ᠰᠢᠶᠠᠩ ᠪᠠᠯᠭᠠᠰᠤᠨ ᠤ ᠮᠠᠯ ᠲᠠᠷᠢᠶᠠᠯᠠᠩ ᠤᠨ ᠵᠠᠬ᠎ᠠ ᠲᠡᠯᠬᠡᠬᠦᠷ ᠤᠨ  ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠵᠠᠬ᠎ᠠ ᠲᠡᠯᠬᠡᠬᠦᠷ ᠤᠨ ᠨᠦᠯᠦᠬᠡᠯᠡᠨ ᠲᠠᠶᠢᠴᠢᠯᠠᠬᠤ ᠴᠢᠳᠠᠪᠤᠷᠢ ᠶᠢ ᠨᠡᠮᠡᠭᠳᠡᠬᠦᠯᠦᠨ  ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠬᠡᠬᠦᠷ ᠤᠨ ᠢᠨᠵᠧᠨᠧᠷᠢᠩ︾ ᠬᠢᠭᠡᠳ ︽ᠭᠡᠷ ᠤᠨ ᠴᠠᠬᠢᠯᠭᠠᠨ ᠭᠡᠷᠡᠭᠰᠡᠯ ᠢ ᠬᠦᠳᠡᠭᠡ ᠬᠦᠷᠭᠡᠬᠦ ᠢᠨᠵᠧᠨᠧᠷᠢᠩ︾   ᠢ ᠴᠢᠨᠠᠭᠰᠢᠳᠠ ᠠᠬᠢᠭᠤᠯᠬᠤ ᠭᠡᠷᠡᠭᠳᠡᠢ᠃ ᠲᠢᠶᠠᠨ ᠪᠤᠤ ᠮᠠᠰᠢᠨ ᠲᠡᠷᠭᠡ ᠰᠡᠯᠪᠢᠨ ᠵᠠᠰᠠᠬᠤ ᠪᠠ  ᠠᠷᠠᠯᠵᠢᠶᠠᠯᠠᠬᠤ ᠤᠷᠤᠨ ᠲᠤᠭᠤᠷᠢᠭ ᠨᠢ  ᠲᠡᠷᠭᠡ ᠵᠠᠰᠠᠬᠤ ᠭᠠᠵᠠᠷ᠂ ᠰᠡᠯᠪᠢᠭ ᠲᠤᠨᠤᠭ ᠬᠤᠳᠠᠯᠳᠤᠬᠤ ᠭᠠᠵᠠᠷ ᠵᠢᠴᠢ ᠵᠡᠭᠡᠯᠢ  ᠨᠢᠭᠤᠷᠯᠠᠭᠰᠠᠨ ᠬᠤᠳᠠᠯᠳᠤᠭᠠᠨ ᠤ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠤ  ᠂  ᠡᠨᠡ ᠵᠢᠯ ᠠᠰᠢᠭᠯᠠᠯᠳᠠ ᠳᠤ ᠤᠷᠤᠭᠤᠯᠤᠨ  ᠂ ᠵᠢᠵᠢᠭ ᠲᠠᠸᠠᠷ  ᠂ ᠪᠠᠷᠢᠯᠭ᠎ᠠ ᠶᠢᠨ ᠮᠠᠲ᠋ᠧᠷᠢᠶᠠᠯ ᠤᠨ ᠪᠦᠬᠡᠮ ᠢᠶᠠᠷ ᠬᠤᠳᠠᠯᠳᠤᠬᠤ ᠵᠠᠬ᠎ᠠ ᠲᠡᠯᠬᠡᠬᠦᠷ ᠨᠢ ᠭᠤᠷᠪᠠᠨ ᠰᠠᠭᠤᠷᠢ ᠠᠰᠠᠷ ᠤᠨ ᠲᠤᠳᠤᠷ᠎ᠠ ᠴᠢᠮᠡᠭᠯᠡᠯ ᠢ ᠬᠢᠵᠦ᠂ ᠮᠦᠨ ᠵᠢᠯ ᠠᠰᠢᠭᠯᠠᠯᠳᠠ ᠳᠤ  ᠤᠷᠤᠭᠤᠯᠤᠨ᠂ ᠪᠸᠢ ᠬᠦᠸᠧ ᠲᠠᠷᠢᠶᠠᠯᠠᠩ ᠤᠨ ᠪᠦᠳᠦᠭᠡᠭᠳᠡᠬᠦᠨ ᠤ  ᠬᠦᠢᠯᠬᠡᠬᠡᠨ ᠤ ᠤᠷᠤᠨ ᠲᠤᠭᠤᠷᠢᠭ ᠨᠢ ᠵᠤᠴᠢᠳ ᠤᠨ ᠪᠠᠭᠤᠳᠠᠯ᠂ ᠳ᠋ᠦᠩᠨᠡᠨ ᠪᠤᠳᠤᠬᠤ ᠲᠦᠪ   ᠤᠨ ᠢᠵᠢ ᠪᠦᠷᠢᠳᠦᠭᠰᠡᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠬᠢᠵᠦ᠂ ᠦᠢᠯᠡᠴᠢᠯᠡᠬᠡᠨ ᠤ ᠴᠢᠳᠠᠪᠬᠢ  ᠪᠠᠨ ᠤᠯᠠᠮ ᠨᠢᠭᠡ ᠠᠯᠬᠤᠮ ᠨᠡᠮᠡᠭᠳᠡᠬᠦᠯᠦᠨ᠎ᠡ᠃        ᠭᠡᠷ ᠪᠠᠶᠢᠰᠢᠩ ᠭᠠᠵᠠᠷ ᠰᠢᠷᠤᠢ ᠶᠢᠨ ᠨᠡᠭᠡᠭᠡᠯᠳᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃  ᠬᠠᠭᠤᠴᠢᠨ ᠬᠤᠳᠠ ᠶᠢᠨ ᠲᠤᠭᠤᠷᠢᠭ ᠤᠨ ᠦᠬᠡᠷᠡᠴᠢᠯᠡᠯᠳᠡ ᠶᠢ ᠢᠳᠡᠪᠬᠢᠳᠡᠢ ᠠᠬᠢᠭᠤᠯᠵᠤ᠂ ᠦᠷᠬᠦᠯᠵᠢᠯᠡᠨ ᠪᠠᠶᠢᠭᠤᠯᠬᠤ᠂ ᠦᠬᠡᠷᠡᠴᠢᠯᠡᠨ ᠵᠠᠰᠠᠬᠤ ᠠᠵᠢᠯ ᠢ ᠭᠤᠤᠯᠳᠠᠯᠭᠠᠳᠠᠢ ᠰᠠᠶᠢᠨ ᠬᠢᠬᠦ ᠭᠡᠷᠡᠭᠳᠡᠢ᠃ ᠰᠢᠨ᠎ᠡ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ 3850 ᠲᠦᠮᠡᠨ ᠲᠦᠬᠦᠷᠢᠭ ᠤᠨ ᠪᠡᠯᠡ  ᠤᠷᠤᠭᠤᠯᠤᠨ᠂ 19 ᠰᠠᠭᠤᠷᠢ  7.7 ᠲᠦᠮᠡᠨ ᠬᠠᠪᠳᠠᠭᠠᠢ ᠲᠦᠷᠪᠡᠯᠵᠢᠨ ᠮᠧᠲᠷ ᠤᠷᠤᠨ ᠰᠠᠭᠤᠴᠠ ᠶᠢᠨ ᠠᠰᠠᠷ ᠢ ᠵᠠᠯᠭᠠᠨ ᠪᠠᠶᠢᠭᠤᠯᠵᠤ᠂ 3900 ᠲᠦᠮᠡᠨ ᠲᠦᠬᠦᠷᠢᠭ  ᠤᠷᠤᠭᠤᠯᠤᠨ᠂ 13 ᠰᠠᠭᠤᠷᠢ  6.5 ᠲᠦᠮᠡᠨ ᠬᠠᠪᠳᠠᠭᠠᠢ ᠲᠦᠷᠪᠡᠯᠵᠢᠨ ᠮᠧᠲᠷ ᠤᠷᠤᠨ ᠰᠠᠭᠤᠴᠠ ᠶᠢᠨ ᠠᠰᠠᠷ ᠢ  ᠰᠢᠨ᠎ᠡ ᠪᠠᠷ  ᠪᠠᠶᠢᠭᠤᠯᠤᠨ᠎ᠠ᠃ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ  ᠰᠢᠨ᠎ᠡ ᠲᠦᠷᠦ ᠶᠢᠨ ᠪᠤᠳᠤᠯᠭ᠎ᠠ ᠶᠢ ᠭᠡᠷᠡᠭᠵᠢᠬᠦᠯᠬᠦ ᠲᠤᠬᠢᠶᠠᠯ ᠢᠶᠠᠷ ᠮᠦᠩᠬᠦᠨ ᠬᠦᠢᠯᠭᠡᠭᠡᠨ ᠤ ᠵᠠᠬ᠎ᠠ ᠲᠡᠯᠬᠡᠬᠦᠷ ᠤᠨ ᠲᠠᠶᠢᠴᠢᠯᠠᠬᠤ ᠦᠢᠯᠡᠳᠦᠯ ᠢ ᠤᠯᠠᠮ ᠰᠠᠶᠢᠨ ᠪᠠᠳᠠᠷᠠᠭᠤᠯᠵᠤ᠂ ᠮᠠᠨ ᠤ ᠬᠤᠰᠢᠭᠤᠨ ᠤ ᠬᠤᠳᠠ ᠬᠦᠳᠡᠭᠡ ᠶᠢᠨ ᠭᠡᠷ ᠪᠠᠶᠢᠰᠢᠩ ᠭᠠᠵᠠᠷ ᠰᠢᠷᠤᠢ ᠶᠢᠨ ᠭᠡᠷᠡᠭᠯᠡᠭᠡᠨ ᠤ ᠵᠠᠬ᠎ᠠ ᠲᠡᠯᠬᠡᠬᠦᠷ ᠤᠨ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠂ ᠬᠤᠳᠠ ᠶᠢᠨ ᠲᠤᠭᠤᠷᠢᠭ ᠤᠨ ᠭᠡᠷ ᠪᠠᠶᠢᠰᠢᠩ ᠭᠠᠵᠠᠷ ᠰᠢᠷᠤᠢ ᠶᠢ ᠨᠡᠭᠡᠭᠡᠨ ᠬᠦᠭᠵᠢᠬᠦᠯᠬᠦ ᠶᠢᠨ ᠲᠠᠭᠠᠤ᠂ ᠮᠠᠯᠵᠢᠬᠤ ᠲᠠᠷᠢᠶᠠᠯᠠᠬᠤ ᠤᠷᠤᠨ ᠤ ᠤᠷᠤᠨ ᠰᠠᠭᠤᠴᠠ ᠶᠢᠨ ᠭᠠᠵᠠᠷ᠂ ᠬᠠᠮᠳᠤ ᠶᠢᠨ ᠪᠦᠳᠦᠭᠡᠨ ᠪᠠᠶᠢᠭᠤᠯᠤᠯᠳᠠ ᠳᠤ ᠭᠡᠷᠡᠭᠯᠡᠬᠦ ᠭᠠᠵᠠᠷ ᠤᠨ ᠦᠮᠴᠢᠯᠡᠯ ᠤᠨ ᠡᠷᠭᠡ ᠶᠢ  ᠲᠠᠩᠰᠠᠨ ᠳᠤ ᠤᠷᠤᠭᠤᠯᠬᠤ ᠠᠵᠢᠯ ᠢ ᠪᠦᠬᠦ ᠲᠠᠯᠠᠪᠠᠷ ᠡᠬᠢᠯᠡᠬᠦᠯᠦᠨ᠎ᠡ᠃        ︵ᠲᠠᠪᠤ︶  ᠪᠤᠭᠤᠮᠢ ᠶᠢᠨ ᠬᠢᠵᠠᠭᠠᠷᠯᠠᠯ ᠢ ᠡᠪᠳᠡᠬᠦ ᠪᠠᠷ ᠬᠠᠷᠠᠯᠳᠠ ᠪᠤᠯᠭᠠᠨ᠂ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠨ᠎ᠠ᠃        ᠤᠰᠤᠨ ᠠᠰᠢᠭᠯᠠᠯᠳᠠ ᠶᠢᠨ ᠲᠠᠯᠠᠪᠠᠷ  ᠂  2689 ᠲᠦᠮᠡᠨ ᠲᠦᠬᠦᠷᠢᠭ ᠤᠨ ᠪᠡᠯᠡ  ᠤᠷᠤᠭᠤᠯᠵᠤ᠂ ᠲᠤᠮᠳᠠ ᠪᠠᠭ᠎ᠠ ᠭᠤᠤᠯ ᠤᠨ ᠤᠷᠤᠰᠬᠠᠯ ᠤᠨ ᠵᠠᠰᠠᠯᠳᠠ ᠶᠢ  ᠦᠷᠬᠦᠯᠵᠢᠯᠡᠬᠦᠯᠦᠨ᠂ ᠪᠤᠤᠴᠠᠩ ᠪᠠᠯᠭᠠᠰᠤᠨ ᠤ ᠵᠡᠬᠦᠨ ᠭᠤᠤᠯ ᠤᠨ ᠬᠤᠶᠢᠳᠤ ᠭᠡᠰᠡᠭ ᠤᠨ 4.6 ᠺᠢᠯᠤᠮᠧᠲᠷ ᠭᠤᠤᠯ ᠤᠨ ᠰᠤᠪᠠᠭ   ᠤᠨ ᠵᠠᠰᠠᠯᠳᠠ ᠶᠢ ᠲᠠᠭᠤᠰᠬᠠᠵᠤ᠂ ᠡᠮᠦᠨ᠎ᠡ ᠬᠡᠰᠡᠭ ᠤᠨ 6.6 ᠺᠢᠯᠤᠮᠧᠲᠷ ᠰᠤᠪᠠᠭ   ᠤᠨ ᠵᠠᠰᠠᠯᠳᠠ ᠶᠢ  ᠡᠬᠢᠯᠡᠬᠦᠯᠬᠦ ᠪᠦᠬᠡᠳ ᠭᠤᠤᠯ ᠤᠨ ᠬᠦᠪᠡᠭᠡ ᠶᠢ ᠨᠤᠭᠤᠭᠠᠷᠠᠭᠤᠯᠬᠤ᠂ ᠭᠡᠭᠡᠷᠡᠬᠦᠯᠬᠦ᠂ ᠬᠠᠳᠠᠭᠤᠷᠠᠭᠤᠯᠬᠤ ᠵᠡᠷᠭᠡ ᠠᠵᠢᠯ ᠢ ᠬᠢᠵᠦ᠂ ᠵᠡᠬᠦᠨ ᠭᠤᠤᠯ ᠤᠨ  ᠤᠷᠴᠢᠨ ᠲᠤᠭᠤᠷᠢᠨ ᠢ ᠪᠤᠤᠴᠠᠩ ᠪᠠᠯᠭᠠᠰᠤᠨ ᠤ ᠭᠤᠶᠢᠳᠠ ᠰᠠᠶᠢᠬᠠᠨ ᠠᠮᠢ ᠠᠬᠤᠢ ᠶᠢᠨ ᠦᠵᠡᠮᠵᠢᠳᠦ ᠤᠷᠤᠨ ᠪᠤᠯᠭᠠᠬᠤ ᠪᠠᠷ ᠴᠢᠷᠮᠠᠶᠢᠨ᠎ᠠ᠃ 527 ᠲᠦᠮᠡᠨ ᠲᠦᠬᠦᠷᠢᠭ ᠤᠨ ᠪᠡᠯᠡ  ᠤᠷᠤᠭᠤᠯᠵᠤ᠂ 14 ᠰᠠᠭᠤᠷᠢ ᠠᠶᠤᠯᠬᠦᠢ ᠤᠰᠤ ᠤᠮᠳᠠ  ᠶᠢᠨ ᠢᠨᠵᠧᠨᠧᠷᠢᠩ ᠢ ᠭᠡᠷᠡᠭᠵᠢᠬᠦᠯᠦᠨ᠂ 4391 ᠬᠦᠮᠦᠨ ᠳᠤ  ᠴᠡᠪᠡᠷ ᠤᠤᠭᠤᠬᠤ ᠤᠰᠤ  ᠬᠠᠩᠭᠠᠵᠤ᠂ ᠬᠤᠩ ᠴᠢ ᠪᠠᠯᠭᠠᠰᠤ ᠪᠠ ᠯᠦᠸᠧ ᠲᠦᠸᠧ ᠱᠠᠨ  ᠪᠠᠯᠭᠠᠰᠤᠨ ᠳᠤ  ᠪᠠᠰᠠ ᠬᠤᠶᠠᠷ ᠰᠠᠭᠤᠷᠢ ᠪᠠᠭ᠎ᠠ ᠬᠡᠯᠪᠡᠷᠢ ᠶᠢᠨ ᠤᠰᠤᠨ ᠴᠦᠬᠦᠷᠦᠮ ᠢ  ᠪᠠᠶᠢᠭᠤᠯᠬᠤ ᠪᠠᠷ ᠪᠠᠶᠢᠨ᠎ᠠ᠃  ᠵᠠᠮ ᠨᠡᠪᠳᠡᠷᠡᠯᠬᠡ ᠶᠢᠨ ᠲᠠᠯᠠᠪᠠᠷ᠂ ᠰᠠᠩ ᠤᠨ ᠲᠠᠯᠠᠢ ᠠᠴᠠ ᠪᠤᠤᠴᠠᠩ ᠬᠦᠷᠬᠦ ᠲᠦᠷᠭᠡᠨ ᠵᠠᠮ ᠤᠨ ᠪᠦᠳᠦᠭᠡᠨ ᠪᠠᠶᠢᠭᠤᠯᠤᠯᠳᠠ ᠲᠤᠮᠳᠠᠬᠢ ᠡᠯ᠎ᠡ ᠵᠦᠢᠯ ᠤᠨ ᠵᠤᠬᠢᠴᠠᠭᠤᠯᠭ᠎ᠠ ᠦᠢᠯᠡᠴᠢᠯᠡᠬᠡᠨ  ᠤ ᠠᠵᠢᠯ ᠢ ᠢᠳᠡᠪᠬᠢᠳᠡᠢ ᠰᠠᠶᠢᠨ ᠬᠢᠵᠦ᠂ ᠮᠠᠨ ᠬᠦ᠋ ᠱᠤᠭᠤᠮ ᠤᠨ ᠪᠤᠤᠴᠠᠩ ᠠᠴᠠ ᠬᠦᠶᠤᠸᠠᠨ ᠬᠦᠷᠬᠦ ᠭᠡᠰᠡᠭ ᠪᠠ ᠺᠠᠩ ᠱᠠᠨ ᠱᠤᠭᠤᠮ ᠤᠨ ᠰᠢᠶᠠᠨ ᠤ ᠲᠡᠰ ᠤᠨ ᠵᠠᠰᠠᠮᠠᠯ ᠵᠠᠮ ᠤᠨ ᠦᠬᠡᠷᠡᠴᠢᠯᠡᠯᠳᠡ ᠶᠢᠨ ᠠᠵᠢᠯ ᠢ ᠤᠯᠬᠤ ᠪᠠᠷ ᠴᠢᠷᠮᠠᠶᠢᠨ᠎ᠠ᠃ 4600 ᠲᠦᠮᠡᠨ ᠲᠦᠬᠦᠷᠢᠭ ᠤᠷᠤᠭᠤᠯᠵᠤ᠂ ︽207︾ ᠵᠠᠮ ᠤᠨ ᠲᠠᠶᠢᠹᠤᠰᠧ ᠬᠤᠰᠢᠭᠤᠨ ᠤ ᠭᠡᠰᠡᠭ ᠲᠠᠬᠢ  ᠵᠠᠮ ᠲᠠᠭᠠᠤ ᠤᠷᠴᠢᠨ ᠲᠤᠭᠤᠷᠢᠨ ᠤ ᠵᠠᠰᠠᠯᠳᠠ ᠶᠢᠨ ᠲᠦᠷᠦᠯ ᠵᠦᠢᠯ ᠢ ᠡᠬᠢᠯᠡᠵᠦ᠂   ᠵᠠᠮ ᠤᠨ ᠬᠠᠵᠠᠭᠤ ᠶᠢᠨ ᠭᠠᠵᠠᠷ ᠰᠢᠷᠤᠢ ᠶᠢ ᠲᠦᠪᠯᠡᠷᠡᠬᠦᠯᠦᠨ ᠵᠠᠰᠠᠨ᠎ᠠ᠃ 3244 ᠲᠦᠮᠡᠨ ᠲᠦᠬᠦᠷᠢᠭ ᠤᠨ ᠪᠡᠯᠡ  ᠤᠷᠤᠭᠤᠯᠤᠨ᠂ ᠭᠠᠴᠠᠭ᠎ᠠ ᠲᠤᠰᠬᠤᠨ ᠳᠤ ᠨᠡᠪᠳᠡᠷᠡᠬᠦ ᠽᠧᠮᠧᠨ᠋ᠲ ᠵᠠᠮ 81.1 ᠺᠢᠯᠤᠮᠧᠲᠷ ᠢ  ᠪᠠᠶᠢᠭᠤᠯᠤᠨ᠎ᠠ᠃ ᠬᠦᠳᠡᠭᠡ ᠲᠤᠰᠬᠤᠨ ᠤ  ᠠᠶᠠᠨᠴᠢᠨ ᠤ ᠵᠦᠬᠡᠬᠡᠪᠦᠷᠢ ᠶᠢᠨ ᠦᠷᠳᠡᠭᠡ  ᠪᠠ ᠲᠡᠷᠭᠡ ᠬᠦᠯᠢᠶᠡᠬᠦ ᠦᠷᠳᠡᠭᠡᠨ ᠤ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠰᠠᠶᠢᠨ ᠬᠢᠵᠦ᠂ ᠠᠶᠠᠨᠴᠢᠨ ᠤ ᠵᠦᠭᠡᠭᠡᠪᠦᠷᠢ ᠶᠢᠨ ᠦᠷᠳᠡᠭᠡ ᠶᠢᠨ ᠶᠡᠷᠦᠩᠬᠡᠢ ᠲᠦᠯᠦᠪᠵᠢᠬᠦᠯᠬᠡ ᠶᠢ ᠨᠠᠶᠢᠷᠠᠭᠤᠯᠤᠨ ᠲᠤᠭᠳᠠᠭᠠᠬᠤ ᠭᠡᠷᠡᠭᠳᠡᠢ᠃ ᠲᠡᠭᠡᠳᠦ ᠱᠠᠳᠤᠨ ᠤ ᠪᠡᠯᠡ ᠮᠦᠩᠬᠦ ᠶᠢ ᠢᠳᠡᠪᠬᠢᠳᠡᠢ ᠪᠠᠷ ᠡᠷᠡᠮᠡᠯᠵᠡᠯᠡᠨ ᠤᠯᠵᠤ ᠪᠠᠶᠢᠭᠠᠳ ᠪᠦᠬᠦ ᠠᠶᠢᠮᠠᠭ ᠤᠨ ᠬᠤᠶᠠᠷ ᠪᠤᠯᠪᠠᠰᠤᠨ ᠤ  ᠠᠬᠤᠢ ᠲᠠᠯᠠᠪᠠᠢ ᠶᠢᠨ ᠬᠤᠷᠠᠯ ᠤᠨ ᠲᠤᠭᠤᠷᠢᠨ ᠦᠵᠡᠬᠦ ᠴᠡᠭ ᠤᠳ ᠤᠨ ᠵᠠᠮ ᠢ ᠵᠠᠰᠠᠬᠤ ᠪᠠ ᠠᠷᠠᠴᠢᠯᠠᠬᠤ ᠠᠵᠢᠯ ᠢ ᠬᠢᠨ᠎ᠡ᠃ ᠴᠠᠬᠢᠯᠭᠠᠨ ᠬᠦᠴᠦᠨ ᠤ ᠲᠠᠯᠠᠪᠠᠷ᠂ 2600 ᠲᠦᠮᠡᠨ ᠲᠦᠬᠦᠷᠢᠭ ᠤᠨ ᠪᠡᠯᠡ  ᠤᠷᠤᠭᠤᠯᠵᠤ᠂  ᠲᠠᠶᠢᠹᠤᠰᠧ ᠬᠤᠰᠢᠭᠤᠨ ᠤ 220  ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ ᠠᠴᠠ  ᠪᠤᠤᠴᠠᠩ ᠤᠨ ᠰᠢᠨ᠎ᠡ ᠲᠤᠭᠤᠷᠢᠭ ᠤᠨ 110  ᠺᠢᠯᠤᠸᠤᠯᠲ ᠤᠨ ᠴᠠᠬᠢᠯᠭᠠᠨ ᠲᠠᠮᠵᠢᠭᠤᠯᠵᠤ ᠬᠤᠪᠢᠰᠬᠠᠬᠤ ᠦᠷᠳᠡᠭᠡ ᠬᠦᠷᠬᠦ ᠢᠨᠵᠧᠨᠧᠷᠢᠩ ᠢ ᠰᠢᠨ᠎ᠡ ᠪᠠᠷ  ᠭᠡᠷᠡᠭᠵᠢᠬᠦᠯᠦᠨ᠂ 110 ᠺᠢᠯᠤᠸᠤᠯᠲ ᠤᠨ ᠴᠠᠬᠢᠯᠭᠠᠨ ᠱᠤᠭᠤᠮ ᠢ 18 ᠺᠢᠯᠤᠮᠧᠲᠷ  ᠤᠭᠰᠠᠷᠠᠵᠤ᠂ 4 ᠲᠦᠮᠡᠨ  ᠺᠢᠯᠤᠸᠤᠯᠲ ᠠᠮᠫᠧᠷ   ᠤᠨ ᠭᠤᠤᠯ ᠬᠤᠪᠢᠰᠬᠠᠭᠤᠷ ᠢ ᠣᠭᠰᠠᠷᠠᠨ᠎ᠠ᠃ 1300 ᠲᠦᠮᠡᠨ ᠲᠦᠬᠦᠷᠢᠭ ᠤᠷᠤᠭᠤᠯᠵᠤ᠂   ᠡᠤ ᠮᠢᠶᠠᠨ ᠵᠢᠩ ᠤᠨ 35 ᠺᠢᠯᠤᠸᠤᠯᠲ ᠤᠨ ᠴᠠᠬᠢᠯᠭᠠᠨ ᠲᠠᠮᠵᠢᠭᠤᠯᠵᠤ ᠬᠤᠪᠢᠰᠬᠠᠬᠤ ᠦᠷᠳᠡᠭᠡ   ᠶᠢ ᠦᠭᠡᠷᠡᠴᠢᠯᠡᠨ ᠪᠠᠶᠢᠭᠤᠯᠵᠤ  ᠂ 8000 ᠺᠢᠯᠤᠸᠤᠯᠲ ᠠᠮᠫᠧᠷ ᠤᠨ ᠭᠤᠤᠯ ᠬᠤᠪᠢᠰᠬᠠᠭᠤᠷ 2 ᠢ ᠤᠬᠰᠠᠷᠠᠬᠤ ᠪᠠᠷ ᠲᠦᠯᠦᠪᠯᠡᠪᠡ᠃ 900 ᠲᠦᠮᠡᠨ ᠲᠦᠬᠦᠷᠢᠭ ᠤᠷᠤᠭᠤᠯᠵᠤ᠂  ᠬᠦᠨᠪᠤᠯᠠᠭ ᠤᠨ 35 ᠺᠢᠯᠤᠸᠤᠯᠲ ᠤᠨ ᠴᠠᠬᠢᠯᠭᠠᠨ  ᠲᠠᠮᠵᠢᠭᠤᠯᠬᠤ ᠱᠤᠭᠤᠮ ᠢ 24 ᠺᠢᠯᠤᠮᠧᠲᠷ  ᠪᠠᠶᠢᠭᠤᠯᠵᠤ᠂ 1500 ᠲᠦᠮᠡᠨ ᠲᠦᠬᠦᠷᠢᠭ   ᠤᠨ ᠪᠡᠯᠡ  ᠤᠷᠤᠭᠤᠯᠤᠨ᠂  10 ᠺᠢᠯᠤᠸᠤᠯᠲ ᠠᠴᠠ ᠲᠤᠷᠤᠭᠰᠢᠬᠢ ᠴᠠᠬᠢᠯᠭᠠᠨ ᠰᠦᠯᠵᠢᠶᠡᠨ ᠤ ᠢᠨᠵᠧᠨᠧᠷᠢᠩ ᠢ ᠬᠢᠬᠦ ᠪᠠᠷ ᠪᠠᠶᠢᠨ᠎ᠠ᠃  ᠴᠢᠮᠡᠭᠡ ᠬᠤᠯᠪᠤᠭᠠᠨ ᠤ ᠲᠠᠯᠠᠪᠠᠷ᠂ ᠴᠢᠮᠡᠭᠡ ᠬᠤᠯᠪᠤᠭᠠᠨ ᠤ ᠴᠢᠨᠠᠷ ᠢ ᠰᠠᠶᠢᠵᠢᠷᠠᠭᠤᠯᠵᠤ᠂  2G ᠦᠷᠳᠡᠭᠡ 16 ᠶᠢ  ᠪᠠᠶᠢᠭᠤᠯᠬᠤ ᠶᠢᠨ ᠬᠠᠮᠳᠤ 3G  ᠬᠤᠯᠪᠤᠭ᠎ᠠ ᠶᠢ ᠦᠷᠭᠡᠳᠭᠡᠵᠦ᠂ 3G ᠦᠷᠳᠡᠭᠡ 6 ᠶᠢ ᠪᠠᠶᠢᠭᠤᠯᠤᠨ᠎ᠠ᠃ ᠤᠳᠠᠰᠤ ᠦᠬᠡᠢ ᠰᠦᠯᠵᠢᠶᠡᠨ ᠤ ᠰᠠᠭᠤᠷᠢ ᠦᠷᠳᠡᠭᠡ 8 ᠶᠢ ᠪᠠᠶᠢᠭᠤᠯᠵᠤ᠂ ᠦᠷᠭᠡᠨ ᠪᠦᠰᠡᠳᠦ ᠰᠦᠯᠵᠢᠶᠡᠨ ᠤ ᠲᠡᠰ ᠦᠨᠳᠦᠷᠵᠢᠬᠦᠯᠬᠦ ᠠᠵᠢᠯ ᠢ ᠲᠦᠷᠭᠡᠳᠭᠡᠨ᠂ ᠰᠦᠯᠵᠢᠶᠡᠨ ᠤ ᠬᠤᠷᠳᠤᠴᠠ ᠶᠢ  ᠨᠡᠮᠡᠭᠳᠡᠬᠦᠯᠵᠦ᠂  ᠰᠦᠯᠵᠢᠶᠡᠨ  ᠪᠦᠷᠬᠦᠴᠡ ᠶᠢ ᠪᠤᠤᠴᠠᠩ ᠪᠠᠯᠭᠠᠰᠤᠨ ᠤ ᠬᠤᠳᠠ ᠶᠢᠨ ᠲᠤᠭᠤᠷᠢᠭ ᠠᠴᠠ ᠰᠤᠮᠤ ᠰᠢᠶᠠᠩ ᠪᠠᠯᠭᠠᠰᠤ ᠬᠦᠷᠳᠡᠯ᠎ᠡ ᠦᠷᠭᠡᠳᠭᠡᠬᠦ ᠪᠠᠷ ᠴᠢᠷᠮᠠᠶᠢᠨ᠎ᠠ᠃  ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠲᠠᠯᠠᠪᠠᠷ᠂  ᠰᠤᠶᠤᠯ ᠤᠨ ᠠᠭᠤᠳᠠᠮ ᠲᠠᠯᠠᠪᠠᠢ ᠶᠢ ᠪᠠᠶᠢᠭᠤᠯᠵᠤ ᠠᠰᠢᠭᠯᠠᠯᠳᠠ ᠳᠤ ᠤᠷᠤᠭᠤᠯᠤᠨ᠂  ᠬᠤᠳᠠ ᠶᠢᠨ ᠲᠤᠳᠤᠷᠠᠬᠢ  32.5 ᠲᠦᠮᠡᠨ ᠬᠠᠪᠳᠠᠭᠠᠢ ᠲᠦᠷᠪᠡᠯᠵᠢᠨ ᠮᠧᠲᠷ ᠲᠠᠯᠠᠪᠠᠢ ᠶᠢ ᠨᠤᠭᠤᠭᠠᠷᠭᠤᠯᠵᠤ᠂ 1.87 ᠺᠢᠯᠤᠮᠧᠲᠷ ᠤᠨ ᠾᠧ ᠰᠢᠶᠧ ᠵᠠᠮ ᠪᠠ 3.84 ᠬᠠᠪᠳᠠᠭᠠᠢ ᠲᠦᠷᠪᠡᠯᠵᠢᠨ ᠮᠧᠲᠷ ᠤᠨ ᠵᠧᠩ ᠰᠢᠩ ᠵᠡᠭᠡᠯᠢ ᠶᠢ ᠰᠢᠨ᠎ᠡ ᠪᠠᠷ  ᠪᠠᠶᠢᠭᠤᠯᠤᠨ᠂  ᠪᠤᠵᠠᠷ ᠤᠰᠤ ᠭᠠᠳᠠᠭᠰᠢᠯᠠᠭᠤᠯᠬᠤ ᠬᠤᠭᠤᠯᠠᠢ 4.14 ᠺᠢᠯᠤᠮᠧᠲᠷ ᠤᠭᠰᠠᠷᠠᠵᠤ᠂ 9.6 ᠲᠦᠮᠡᠨ ᠬᠠᠪᠳᠠᠭᠠᠢ ᠲᠦᠷᠪᠡᠯᠵᠢᠨ ᠮᠧᠲᠷ ᠢ ᠲᠡᠪᠢᠰᠴᠦ ᠬᠠᠳᠠᠭᠤᠷᠠᠭᠤᠯᠤᠨ᠎ᠠ᠃ ᠵᠢᠶᠠᠨ ᠱᠧ ᠵᠡᠬᠡᠯᠢ ᠪᠠ ᠵᠢᠶᠧ ᠹᠠᠩ  ᠵᠡᠬᠡᠯᠢ ᠶᠢᠨ ᠬᠤᠶᠠᠷ ᠬᠠᠵᠠᠭᠤ ᠳᠠᠬᠢ ᠬᠠᠭᠤᠴᠢᠨ ᠠᠰᠠᠷ ᠢ ᠵᠠᠰᠠᠵᠤ  ᠭᠤᠶᠤᠵᠢᠭᠤᠯᠤᠨ᠂ ᠪᠤᠤᠴᠠᠩ ᠪᠠᠯᠭᠠᠰᠤᠨ ᠳᠤ ᠵᠡᠬᠡᠯᠢ ᠶᠢᠨ ᠳ᠋ᠧᠩ 566 ᠶᠢ ᠤᠭᠰᠠᠷᠠᠵᠤ᠂  ᠢᠯᠡᠷᠭᠡᠶᠢᠯᠡᠯ ᠤᠨ ᠫᠠᠶᠢᠰᠠ 254 ᠶᠢ ᠪᠤᠰᠬᠠᠨ᠎ᠠ᠃ ᠤᠰᠤ ᠬᠠᠩᠭᠠᠬᠤ ᠲᠤᠮᠤ ᠬᠤᠳᠳᠤᠭ ᠢ ᠵᠠᠰᠠᠵᠤ  ᠪᠠᠶᠢᠭᠤᠯᠤᠨ᠂ ᠰᠢᠨ᠎ᠡ ᠲᠤᠭᠤᠷᠢᠭ ᠲᠤ ᠪᠠᠭ᠎ᠠ ᠬᠡᠯᠪᠡᠷᠢ ᠶᠢᠨ ᠤᠰᠤᠨ ᠤ ᠦᠢᠯᠡᠳᠪᠦᠷᠢ  ᠪᠠᠶᠢᠭᠤᠯᠵᠤ᠂ ᠤᠰᠤ ᠬᠠᠩᠭᠠᠬᠤ ᠬᠤᠭᠤᠯᠠᠢ 2.98 ᠺᠢᠯᠤᠮᠧᠲᠷ ᠤᠭᠰᠠᠷᠠᠨ᠂ ᠭᠠᠯ ᠤᠨᠳᠠᠷᠠᠭᠠᠬᠤ ᠲᠦᠬᠦᠭᠡᠷᠦᠮᠵᠢ 4 ᠰᠠᠭᠤᠷᠢ ᠶᠢ  ᠪᠠᠶᠢᠭᠤᠯᠵᠤ ᠪᠡᠯᠡᠳᠭᠡᠨ᠎ᠡ᠃ ᠢᠯᠴᠢ ᠬᠠᠩᠭᠠᠬᠤ  ᠡᠮᠦᠨ᠎ᠡ ᠲᠤᠭᠤᠷᠢᠭ ᠲᠤ 2 ᠰᠠᠭᠤᠷᠢ 30 ᠲᠤᠨ  ᠤ ᠵᠤᠤᠬ᠎ᠠ ᠨᠡᠮᠡᠵᠦ᠂ ᠢᠯᠴᠢ ᠰᠤᠯᠢᠭᠳᠠᠭᠤᠯᠬᠤ ᠦᠷᠳᠡᠭᠡ 17 ᠶᠢ ᠪᠠᠶᠢᠭᠤᠯᠤᠨ  ᠂ ᠬᠤᠶᠢᠳᠤ ᠲᠤᠭᠤᠷᠢᠭ ᠲᠤ 2 ᠰᠠᠭᠤᠷᠢ 40 ᠲᠤᠨ ᠤ ᠵᠤᠤᠬ᠎ᠠ ᠶᠢ ᠤᠭᠰᠠᠷᠠᠵᠤ᠂ ᠢᠯᠴᠢ ᠰᠤᠯᠢᠭᠳᠠᠭᠤᠯᠬᠤ ᠦᠷᠳᠡᠭᠡ 21 ᠶᠢ ᠪᠠᠶᠢᠭᠤᠯᠤᠨ  ᠠᠰᠢᠭᠯᠠᠨ᠎ᠠ᠃ ᠰᠢᠳᠠᠮᠠᠬᠠᠢ ᠬᠡᠢ ᠶᠢᠨ ᠬᠤᠭᠤᠯᠠᠢ 30 ᠺᠢᠯᠤᠮᠧᠲᠷ ᠤᠭᠰᠠᠷᠠᠵᠤ᠂ ᠦᠷᠳᠡᠭᠡ ᠲᠠᠯᠠᠪᠠᠢ ᠪᠠ ᠠᠯᠪᠠᠨ ᠠᠰᠠᠷ ᠢ  ᠪᠠᠶᠢᠭᠤᠯᠬᠤ ᠪᠠᠷ ᠪᠠᠶᠢᠨ᠎ᠠ᠃ ᠡᠳᠡᠭᠡᠷ ᠬᠤᠳᠠ ᠶᠢᠨ ᠪᠠᠶᠢᠭᠤᠯᠤᠯᠳᠠ ᠶᠢᠨ ᠠᠵᠢᠯ ᠳᠤ  ᠨᠡᠶᠢᠳᠡ ᠪᠠᠷᠤᠭ 1.86 ᠳ᠋ᠦᠩᠰᠢᠭᠤᠷ  ᠲᠦᠬᠦᠷᠢᠭ ᠤᠨ ᠪᠡᠯᠡ ᠤᠷᠤᠭᠤᠯᠬᠤ ᠪᠤᠯᠤᠨ᠎ᠠ᠃ ᠡᠬᠦᠨ ᠠᠴᠠ ᠭᠠᠳᠠᠨ᠎ᠠ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠡᠪᠢᠰᠴᠦ ᠬᠠᠳᠠᠭᠤᠷᠠᠭᠤᠯᠬᠤ ᠵᠡᠷᠭᠡ ᠠᠵᠢᠯ ᠢ ᠲᠠᠭᠤᠰᠬᠠᠨ ᠠᠰᠢᠭᠯᠠᠯᠳᠠ ᠳᠤ ᠤᠷᠤᠭᠤᠯᠵᠤ᠂ 3 ᠰᠤᠷᠭᠠᠭᠤᠯᠢ  ᠪᠠ 3 ᠭᠠᠴᠠᠭ᠎ᠠ ᠲᠤᠰᠬᠤᠨ ᠤ ᠤᠬᠢᠶᠠᠯᠭ᠎ᠠ ᠶᠢᠨ ᠭᠡᠷ ᠲᠤ ᠨᠠᠷᠠᠨ ᠡᠨᠧᠷᠬᠢ ᠪᠠᠷ ᠤᠰᠤ ᠬᠠᠯᠠᠭᠠᠬᠤ ᠲᠦᠬᠦᠭᠡᠷᠦᠮᠵᠢ ᠶᠢ  ᠤᠭᠰᠠᠷᠠᠵᠤ ᠠᠰᠢᠭᠯᠠᠯᠳᠠ ᠳᠤ ᠤᠷᠤᠭᠤᠯᠤᠨ᠂ ᠮᠠᠯᠵᠢᠬᠤ ᠲᠠᠷᠢᠶᠠᠯᠠᠬᠤ ᠤᠷᠤᠨ   ᠳᠤ 5 ᠲᠦᠮᠡᠨ ᠬᠠᠪᠳᠠᠭᠠᠢ ᠲᠦᠷᠪᠡᠯᠵᠢᠨ ᠮᠧᠲᠷ ᠨᠠᠷᠠᠨ ᠰᠠᠷᠠᠪᠴᠢ ᠪᠠᠶᠢᠭᠤᠯᠤᠨ ᠦᠭᠴᠦ᠂   ᠤᠷᠤᠨ ᠰᠠᠭᠤᠴᠠ ᠶᠢᠨ ᠭᠠᠳᠠᠨ᠎ᠠ ᠠᠴᠠ ᠲᠤᠯᠠᠭᠠᠯᠠᠬᠤ ᠡᠨᠧᠷᠬᠢ ᠳᠤ ᠠᠷᠪᠢᠳᠠᠢ ᠦᠭᠡᠷᠡᠴᠢᠯᠡᠯᠳᠡ   ᠶᠢᠨ ᠠᠵᠢᠯ ᠢ 1.5 ᠲᠦᠮᠡᠨ ᠬᠠᠪᠳᠠᠭᠠᠢ ᠲᠦᠷᠪᠡᠯᠵᠢᠨ ᠮᠧᠲᠷ ᠲᠤ  ᠬᠢᠬᠦ ᠶᠢᠨ ᠬᠠᠮᠳᠤ᠂ ᠬᠤᠭ ᠨᠤᠪᠰᠢ ᠰᠢᠢᠳᠪᠦᠷᠢᠯᠡᠬᠦ ᠦᠢᠯᠡᠳᠪᠦᠷᠢ  ᠶᠢᠨ ᠲᠦᠷᠦᠯ ᠵᠦᠢᠯ ᠢ ᠡᠬᠢᠯᠡᠬᠦ ᠪᠠᠷ ᠴᠢᠷᠮᠠᠶᠢᠨ᠎ᠠ᠃         ︵ᠵᠢᠷᠭᠤᠭ᠎ᠠ︶  ᠨᠡᠶᠢᠬᠡᠮ ᠤᠨ ᠪᠠᠳᠤᠯᠠᠭᠠᠨ ᠤ ᠰᠢᠰᠲ᠋ᠧᠮ ᠢ ᠲᠡᠬᠦᠯᠳᠡᠷᠵᠢᠬᠦᠯᠵᠦ᠂ ᠠᠷᠠᠳ ᠤᠨ ᠠᠮᠢᠳᠤᠷᠠᠯ ᠢ ᠦᠷᠬᠦᠯᠵᠢᠯᠡᠨ ᠰᠠᠶᠢᠵᠢᠷᠠᠭᠤᠯᠤᠨ᠎ᠠ᠃        ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠠᠵᠢᠯ ᠤᠯᠬᠤ ᠶᠢ  ᠠᠬᠢᠭᠤᠯᠤᠨ᠎ᠠ᠃  ᠲᠡᠬᠦᠰᠦᠭᠰᠡᠨ ᠤᠶᠤᠳᠠᠨ᠂ ᠬᠠᠯᠠᠭᠳᠠᠭᠰᠠᠨ ᠴᠡᠷᠢᠭ ᠪᠠ ︽4050︾  ᠬᠠᠷᠠᠭᠠᠯᠵᠠᠬᠤ ᠨᠢᠭᠤᠷᠯᠠᠯ ᠤᠨ ᠠᠵᠢᠯ ᠤᠯᠬᠤ ᠳᠤ ᠲᠤᠰᠠᠯᠠᠮᠵᠢ ᠦᠵᠡᠬᠦᠯᠵᠦ᠂ ︽ᠠᠵᠢᠯ ᠤᠯᠤᠭᠰᠠᠨ ᠬᠦᠮᠦᠨ ᠦᠬᠡᠢ︾   ᠪᠠ ︽ ᠰᠢᠯᠵᠢᠭᠰᠡᠨ ᠬᠦᠮᠦᠨ ᠦᠬᠡᠢ  ︾ ᠭᠡᠷ ᠪᠦᠯᠢ ᠳᠤ ᠠᠵᠢᠯ ᠲᠤᠬᠢᠷᠠᠭᠤᠯᠬᠤ ᠭᠡᠷᠡᠭᠳᠡᠢ᠃ ᠡᠨᠡ  ᠵᠢᠯ 10000 ᠠᠵᠢᠯ ᠤᠨ ᠪᠠᠶᠢᠷᠢ ᠡᠯᠰᠡᠵᠦ᠂ ᠬᠤᠳᠠ ᠪᠠᠯᠭᠠᠰᠤᠨ ᠤ 2000 ᠬᠦᠮᠦᠨ ᠳᠤ ᠠᠵᠢᠯ ᠲᠤᠬᠢᠷᠠᠭᠤᠯᠤᠨ᠂  ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3.5%   ᠳᠤ ᠬᠢᠵᠠᠭᠠᠷᠯᠠᠬᠤ ᠪᠠᠷ  ᠲᠦᠯᠦᠪᠯᠡᠵᠦ ᠪᠤᠢ᠃  ᠪᠡᠶ᠎ᠡ ᠪᠠᠨ ᠲᠠᠭᠠᠭᠠᠵᠤ ᠦᠢᠯᠡᠰ ᠪᠤᠰᠬᠠᠬᠤ ᠶᠢ ᠲᠡᠳᠬᠦᠨ᠂ ᠪᠠᠭ᠎ᠠ ᠬᠡᠮᠵᠢᠶᠡᠨ ᠤ ᠪᠠᠳᠤᠯᠠᠭᠠᠳᠤ ᠵᠢᠭᠡᠯᠡᠯᠭᠡ ᠤᠯᠭᠤᠬᠤ ᠪᠠ  ᠭᠠᠶᠢᠯᠢ ᠰᠦᠢᠳᠭᠡᠯ ᠢ ᠬᠠᠰᠤᠵᠤ ᠬᠡᠯᠳᠦᠷᠢᠬᠦᠯᠬᠦ ᠵᠡᠷᠭᠡ  ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠦᠢᠯᠡᠰ ᠪᠦᠳᠦᠭᠡᠬᠦ ᠪᠠᠷ ᠠᠵᠢᠯ ᠤᠯᠬᠤ ᠶᠢ ᠲᠠᠶᠢᠴᠢᠯᠠᠨ᠎ᠠ᠃ ᠡᠨᠡ ᠵᠢᠯ 400 ᠲᠦᠮᠡᠨ ᠲᠦᠬᠦᠷᠢᠭ ᠤᠨ ᠨᠡᠶᠢᠬᠡᠮ ᠤᠨ ᠲᠠᠭᠠᠳᠬᠠᠯ ᠤᠨ ᠨᠦᠬᠦᠪᠦᠷᠢ ᠶᠢ ᠤᠯᠭᠤᠵᠤ᠂ ᠪᠠᠭ᠎ᠠ ᠭᠡᠮᠵᠢᠶᠡᠨ ᠤ ᠪᠠᠳᠤᠯᠠᠭᠠᠳᠤ ᠵᠢᠭᠡᠯᠡᠯᠭᠡ 1000 ᠲᠦᠮᠡᠨ ᠲᠦᠬᠦᠷᠢᠭ ᠲᠠᠷᠬᠠᠭᠠᠨ᠂  ᠦᠢᠯᠡᠰ ᠪᠦᠳᠦᠭᠡᠬᠦ ᠪᠤᠯᠪᠠᠰᠤᠷᠠᠯ ᠢ 9 ᠬᠤᠭᠤᠴᠠᠭ᠎ᠠ ᠡᠷᠬᠢᠯᠡᠵᠦ᠂ 180 ᠬᠦᠮᠦᠨ ᠳᠤ ᠪᠤᠯᠪᠠᠰᠤᠷᠠᠯ  ᠬᠦᠷᠳᠡᠭᠡᠬᠦ ᠶᠢᠨ ᠬᠠᠮᠳᠤ ᠬᠤᠳᠠ ᠪᠠᠯᠭᠠᠰᠤᠨ ᠤ 1500 ᠬᠦᠮᠦᠨ ᠳᠤ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠪᠠᠷ ᠲᠦᠯᠦᠪᠯᠡᠪᠡ᠃         ᠡᠯ᠎ᠡ ᠲᠦᠷᠦᠯ ᠤᠨ ᠨᠡᠶᠢᠭᠡᠮ ᠤᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ  ᠃  ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠵᠢᠯ  ᠢ ᠯᠠᠪᠳᠠᠭᠤᠨ ᠪᠠᠳᠤᠲᠠᠢ ᠶᠠᠪᠤᠭᠳᠠᠭᠤᠯᠵᠤ᠂ ᠬᠤᠳᠠ ᠬᠦᠳᠡᠭᠡ ᠶᠢᠨ  ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ  ᠦᠷᠭᠡᠳᠭᠡᠨ᠂ ᠬᠤᠳᠠ ᠬᠦᠳᠡᠭᠡ  ᠵᠢᠨ‌‍ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢ ᠪᠡᠶᠡᠯᠡᠭᠦᠯᠬᠦ ᠬᠡᠷᠡᠭᠲᠠᠢ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠯᠳᠠᠭᠰᠠᠳ  ᠤᠨ ᠳᠠᠭᠠᠳᠬᠠᠯ᠂ ᠠᠵᠢᠯ ᠤᠨ ᠠᠳᠡᠯ ᠤᠨ ᠳᠠᠭᠠᠳᠬᠠᠯ ᠵᠡᠷᠭᠡ ᠶᠢ ᠪᠦᠬᠦ  ᠲᠠᠯᠠᠪᠠᠷ ᠲᠦᠯᠬᠢᠨ ᠠᠬᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠡᠳ᠋ᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ  ᠲᠡᠭᠡᠭᠰᠢᠯᠡᠬᠦᠯᠦᠨ᠂ ᠮᠠᠯᠵᠢᠬᠤ ᠲᠠᠷᠢᠶᠠᠯᠠᠬᠤ ᠤᠷᠤᠨ ᠤ ᠰᠢᠨ᠎ᠡ  ᠭᠡᠯᠪᠡᠷᠢ ᠶᠢᠨ ᠬᠤᠷᠰᠢᠭᠰᠠᠨ  ᠡᠮᠨᠡᠯᠬᠡ ᠶᠢᠨ ᠪᠠᠷᠢᠮᠵᠢᠶ᠎ᠠ ᠶᠢ 290 ᠲᠦᠭᠦᠷᠢᠭ ᠲᠤ ᠬᠦᠷᠭᠡᠵᠦ᠂ ᠡᠳ᠋ ᠤᠨ ᠵᠠᠰᠠᠭ ᠤᠨ ᠨᠦᠬᠦᠪᠦᠷᠢ ᠶᠢ 200 ᠲᠦᠭᠦᠷᠢᠭ ᠠᠴᠠ 240 ᠲᠦᠭᠦᠷᠢᠭ ᠲᠤ ᠬᠦᠷᠳᠡᠯ᠎ᠡ ᠦᠰᠭᠡᠨ᠎ᠡ︔ ᠬᠤᠳᠠ ᠬᠦᠳᠡᠭᠡ ᠶᠢᠨ  ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠠᠪᠤᠨ ᠪᠠᠳᠤᠯᠭᠠᠳᠤ ᠡᠷᠦᠬᠡ᠂ ᠡᠮ  ᠡᠮᠨᠡᠯᠬᠡ ᠶᠢᠨ ᠠᠪᠤᠷᠠᠨ ᠲᠤᠰᠠᠯᠠᠬᠤ᠂ ᠲᠦᠷ ᠴᠠᠭ ᠤᠨ ᠠᠪᠤᠷᠠᠨ ᠲᠤᠰᠠᠯᠠᠬᠤ ᠪᠤᠯᠤᠨ ᠰᠤᠷᠭᠠᠨ ᠬᠦᠮᠦᠵᠢᠯ ᠤᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠬᠦᠴᠢᠷᠳᠡᠯ ᠲᠠᠢ᠂ ᠤᠨᠴᠠᠭᠠᠢ  ᠬᠦᠮᠦᠰ ᠤᠨ ᠨᠠᠭᠠᠳᠤ ᠵᠠᠬ᠎ᠠ ᠶᠢᠨ ᠠᠮᠢᠳᠤᠷᠠᠯ ᠢ ᠲᠤᠶᠢᠯᠪᠤᠷᠢᠲᠠᠢ ᠪᠠᠳᠤᠯᠠᠵᠤ᠂ ᠪᠠᠳᠤᠯᠠᠬᠤ ᠶᠤᠰᠤᠲᠠᠢ ᠶᠢ ᠨᠢ ᠠᠯᠢ ᠪᠤᠯᠬᠤ ᠪᠠᠷ ᠪᠦᠬᠦᠨ ᠢ ᠪᠠᠳᠤᠯᠠᠬᠤ ᠬᠡᠷᠡᠭᠲᠠᠢ︔ ᠨᠡᠶᠢᠭᠡᠮ ᠤᠨ ᠠᠰᠠᠷᠠᠮᠵᠢ ᠪᠤᠯᠤᠨ ᠵᠡᠮᠳᠡᠭᠴᠤᠤᠯ ᠤᠨ ᠦᠢᠯᠡᠰ ᠢ ᠬᠦᠨᠳᠦᠳᠬᠡᠨ ᠬᠦᠭᠵᠢᠭᠦᠯᠵᠦ᠂ ᠨᠠᠰᠤᠲᠠᠶᠢᠴᠤᠳ᠂ ᠡᠮᠡᠭᠲᠠᠶᠢᠴᠤᠳ ᠪᠠᠭᠠᠴᠤᠳ ᠬᠡᠦᠬᠡᠳ ᠪᠤᠯᠤᠨ ᠵᠡᠮᠳᠡᠭᠴᠤᠳ ᠤᠨ ᠦᠨᠳᠦᠰᠦᠨ ᠠᠰᠢᠭ ᠲᠤᠰᠠ ᠶᠢ ᠪᠠᠳᠤᠯᠠᠬᠤ ᠬᠡᠷᠡᠭᠲᠠᠢ᠃ ᠨᠡᠶᠢᠭᠡᠮ ᠤᠨ ᠨᠢᠭᠦᠯᠡᠰᠦᠩᠭᠦᠢ ᠦᠢᠯᠡᠰ᠂ ᠨᠡᠶᠢᠭᠡᠮ ᠤᠨ ᠲᠤᠰᠠᠯᠠᠮᠵᠢ  ᠬᠢᠭᠡᠳ ᠤᠯᠠᠨ ᠲᠦᠮᠡᠨ ᠤ ᠬᠠᠷᠢᠯᠴᠠᠨ ᠬᠠᠪᠰᠤᠷᠤᠯᠴᠠᠬᠤ ᠵᠡᠷᠭᠡ ᠲᠡᠳᠬᠦᠨ ᠲᠤᠰᠠᠯᠠᠬᠤ ᠠᠵᠢᠯᠯᠠᠭ᠎ᠠ ᠶᠢ ᠢᠳᠡᠪᠬᠢᠲᠠᠢ ᠦᠷᠨᠢᠭᠦᠯᠵᠦ᠂ ᠨᠢᠭᠦᠯᠡᠰᠦᠩᠭᠦᠢ ᠦᠢᠯᠡᠰ ᠢ ᠶᠡᠬᠡᠪᠡᠷ ᠬᠦᠭᠵᠢᠭᠦᠯᠬᠦ ᠬᠡᠷᠡᠭᠲᠠᠢ᠃        ᠪᠠᠳᠤᠯᠠᠭᠠᠨ ᠤ ᠴᠢᠨᠠᠷᠲᠠᠢ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢ  ᠲᠦᠷᠭᠡᠳᠭᠡᠨ᠎ᠡ᠃  ᠬᠤᠳᠠ ᠪᠠᠯᠭᠠᠰᠤᠨ ᠤ ᠲᠤᠤᠷ᠎ᠠ ᠤᠷᠤᠯᠭ᠎ᠠ ᠲᠠᠢ ᠪᠤᠶᠤ ᠤᠷᠤᠨ ᠰᠠᠭᠤᠴᠠ ᠶᠢᠨ ᠨᠦᠬᠦᠴᠡᠯ ᠠᠨᠠᠢ ᠤᠯᠠᠨ ᠲᠦᠮᠡᠨ ᠤ ᠤᠷᠤᠨ ᠰᠠᠭᠤᠴᠠ ᠶᠢᠨ ᠨᠦᠬᠦᠴᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠬᠤ ᠬᠡᠷᠡᠭᠲᠠᠢ᠃ 2012 ᠤᠨ ᠳᠤ᠂ 720 ᠢᠵᠢ ᠬᠢᠮᠳᠠ ᠲᠦᠷᠢᠶᠡᠰᠦᠨ ᠤ ᠤᠷᠤᠨ ᠰᠠᠭᠤᠴᠠ ᠶᠢᠨ ᠵᠠᠯᠭᠠᠵᠤ ᠪᠠᠶᠢᠭᠤᠯᠬᠤ ᠢᠨᠵᠢᠨᠧᠷᠢᠩ ᠢ ᠪᠡᠶᠡᠯᠡᠭᠦᠯᠵᠦ ᠂ 8 ᠰᠠᠷ᠎ᠠ ᠶᠢᠨ ᠰᠡᠭᠦᠯᠴᠢ ᠳᠤ ᠪᠠᠷᠢᠯᠭ᠎ᠠ  ᠲᠠᠭᠤᠰᠬᠠᠨ  ᠂ 10 ᠰᠠᠷ᠎ᠠ ᠳᠤ ᠡᠷᠦᠬᠡ ᠳᠤ ᠬᠤᠪᠢᠳᠠᠬᠤ ᠪᠠᠷ ᠴᠢᠷᠮᠠᠶᠢᠨ᠎ᠠ᠃ ᠬᠢᠮᠳᠠ ᠳᠦᠷᠢᠶᠡᠰᠦᠨ   ᠤ ᠤᠷᠤᠨ ᠰᠠᠭᠤᠴᠠ ᠶᠢᠨ ᠨᠦᠬᠦᠪᠦᠷᠢ ᠶᠢ 243 ᠲᠦᠮᠡᠨ ᠲᠦᠭᠦᠷᠢᠭ  ᠲᠠᠷᠬᠠᠭᠠᠵᠦ᠂ 1300 ᠡᠷᠦᠬᠡ ᠳᠤ ᠠᠰᠢᠭ  ᠬᠦᠷᠳᠡᠭᠡᠬᠦ ᠪᠠᠷ ᠲᠦᠯᠦᠪᠯᠡᠪᠡ᠃ ᠮᠠᠯᠵᠢᠬᠤ ᠲᠠᠷᠢᠶᠠᠯᠠᠬᠤ ᠤᠷᠤᠨ ᠤ ᠠᠶᠤᠯ ᠲᠠᠢ ᠭᠡᠷ ᠪᠠᠶᠢᠰᠢᠩ ᠢ ᠦᠭᠡᠷᠡᠴᠢᠯᠡᠨ ᠪᠠᠶᠢᠭᠤᠯᠬᠤ ᠢᠨᠵᠢᠨᠧᠷᠢᠩ ᠢ ᠰᠠᠶᠢᠳᠤᠷ ᠬᠡᠷᠡᠭᠵᠢᠭᠦᠯᠵᠦ᠂ ᠠᠮᠢ ᠠᠬᠤᠢ  ᠪᠠᠷ ᠠᠷᠠᠳ ᠢ ᠨᠡᠭᠦᠯᠭᠡᠬᠦ᠂ ᠪᠦᠭᠦᠶᠢᠯᠡ ᠲᠤᠰᠬᠤᠨ ᠢᠶᠠᠷ ᠠᠬᠢᠭᠤᠯᠬᠤ ᠵᠡᠷᠭᠡ ᠲᠦᠷᠦᠯ ᠵᠦᠢᠯ ᠯᠦᠭᠡ ᠤᠶᠠᠯᠳᠤᠭᠤᠯᠵᠤ ᠂ ᠮᠠᠯᠵᠢᠬᠤ ᠲᠠᠷᠢᠶᠠᠯᠠᠬᠤ ᠤᠷᠤᠨ ᠤ 500 ᠡᠷᠦᠬᠡ   ᠶᠢᠨ ᠠᠶᠤᠯ ᠲᠠᠢ  ᠭᠡᠷ ᠪᠠᠶᠢᠰᠢᠩ ᠢ ᠦᠭᠡᠷᠡᠴᠢᠯᠡᠨ ᠪᠠᠶᠢᠭᠤᠯᠦᠨ᠎ᠡ᠃         ᠶᠠᠳᠠᠭᠤ ᠶᠢ ᠲᠡᠳᠬᠦᠵᠦ ᠨᠡᠭᠡᠭᠡᠨ ᠬᠦᠭᠵᠢᠭᠦᠯᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠦᠪᠡᠷᠳᠡᠭᠡᠨ ᠵᠠᠰᠠᠬᠤ ᠤᠷᠤᠨ ᠠᠴᠠ ᠡᠨᠡ ᠵᠢᠯ  ᠲᠤᠰ ᠱᠠᠳᠤᠨ ᠤ ᠡᠳ᠋ ᠤᠨ ᠵᠠᠰᠠᠭ ᠤᠨ ᠲᠤᠰᠬᠠᠢ ᠲᠦᠷᠦᠯ ᠤᠨ ᠶᠠᠳᠠᠭᠤ ᠶᠢ ᠲᠡᠳᠬᠦᠬᠦ ᠪᠡᠯᠡ ᠮᠦᠩᠭᠦ ᠶᠢ 1.9 ᠳ᠋ᠦᠩᠰᠢᠭᠤᠷ ᠲᠦᠭᠦᠷᠢᠭ ᠠᠴᠠ 10 ᠳ᠋ᠦᠩᠰᠢᠭᠤᠷ ᠢᠯᠡᠭᠦᠦ ᠲᠦᠭᠦᠷᠢᠭ ᠨᠡᠮᠡᠭᠳᠡᠭᠦᠯᠬᠦ ᠪᠠᠷ ᠲᠤᠷᠠᠳᠴᠦ᠂ ᠮᠠᠨ ᠤ ᠬᠤᠰᠢᠭᠤ ᠶᠢ ᠶᠠᠳᠠᠭᠤ ᠶᠢ ᠲᠡᠳᠬᠦᠬᠦ  ᠭᠤᠤᠯᠳᠠᠯᠭᠠᠳᠠᠢ ᠤᠷᠤᠨ  ᠤ ᠨᠢᠭᠡ ᠪᠤᠯᠭᠠᠵᠠᠢ᠃ ᠪᠢᠳᠡ ᠡᠨᠡᠬᠦ ᠠᠰᠢᠭᠲᠠᠢ ᠲᠤᠬᠢᠶᠠᠯ ᠢ ᠪᠠᠳᠤ ᠡᠵᠡᠮᠳᠡᠵᠦ  ᠂ ᠶᠠᠳᠠᠭᠤ ᠶᠢ  ᠲᠡᠳᠬᠦᠵᠦ ᠨᠡᠭᠡᠭᠡᠨ ᠬᠦᠭᠵᠢᠭᠦᠯᠬᠦ ᠶᠢ ᠡᠨᠡ ᠵᠢᠯ ᠤᠨ ᠠᠵᠢᠯ ᠤᠨ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠢᠨᠵᠢᠨᠧᠷᠢᠩ ᠪᠤᠯᠭᠠᠨ ᠠᠳᠬᠤᠵᠤ᠂ ︽ᠲᠠᠶᠢᠹᠤᠰᠧ ᠬᠤᠰᠢᠭᠤᠨ ᠤ ᠤᠨᠴᠠ ᠬᠦᠴᠢᠷᠳᠡᠯᠲᠠᠢ ᠭᠠᠵᠠᠷ ᠤᠷᠤᠨ ᠤ ᠤᠷᠤᠨ ᠪᠦᠰᠡ ᠶᠢᠨ ᠬᠦᠭᠵᠢᠯᠲᠡ ᠪᠤᠯᠤᠨ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠬᠤ ᠲᠦᠯᠦᠪᠵᠢᠭᠦᠯᠭᠡ︾ ᠶᠢ ᠨᠠᠶᠢᠷᠠᠭᠤᠯᠤᠨ ᠵᠤᠬᠢᠶᠠᠵᠦ᠂ ᠶᠠᠳᠠᠭᠤ ᠶᠢ ᠲᠡᠳᠬᠦᠬᠦ ᠲᠤᠰᠬᠠᠢ ᠲᠦᠷᠦᠯ ᠤᠨ ᠪᠡᠯᠡ ᠮᠦᠩᠭᠦᠨ ᠤ ᠤᠷᠤᠭᠤᠯᠤᠯᠳᠠ ᠶᠢ ᠶᠡᠭᠡᠰᠭᠡᠨ᠂ ᠪᠦᠬᠦᠶᠢᠯᠡ ᠲᠤᠰᠬᠤᠨ ᠢᠶᠠᠷ ᠠᠬᠢᠭᠤᠯᠬᠤ᠂ ᠠᠵᠤ ᠦᠢᠯᠡᠰᠵᠢᠭᠦᠯᠦᠨ ᠶᠠᠳᠠᠭᠤ ᠶᠢ ᠲᠡᠳᠬᠦᠬᠦ᠂ ᠰᠢᠨᠵᠢᠯᠡᠭᠡ ᠮᠡᠷᠭᠡᠵᠢᠯ  ᠢᠶᠠᠷ ᠶᠠᠳᠠᠭᠤ ᠶᠢ ᠲᠡᠳᠬᠦᠬᠦ᠂ ᠵᠢᠭᠡᠯᠡᠯᠭᠡ ᠶᠢᠨ ᠬᠦᠦ  ᠮᠦᠩᠬᠦ ᠶᠢ ᠨᠦᠬᠦᠪᠦᠷᠢᠯᠡᠬᠦ᠂ ᠪᠡᠯᠡ ᠮᠦᠩᠭᠦ ᠪᠠᠷ ᠲᠤᠰᠠᠯᠠᠯᠴᠠᠬᠤ  ᠂ ︽ᠬᠤᠷ᠎ᠠ ᠶᠢᠨ ᠰᠢᠮ᠎ᠡ ᠲᠦᠯᠦᠪᠯᠡᠭᠡ︾  ᠂ ᠬᠤᠪᠢᠰᠬᠠᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠵᠡᠷᠭᠡ ᠲᠦᠷᠦᠯ ᠵᠦᠢᠯ ᠤᠨ ᠲᠦᠯᠦᠪᠵᠢᠭᠦᠯᠭᠡ ᠶᠤᠰᠤᠭᠠᠷ ᠠᠯᠬᠤᠮ ᠲᠠᠷᠠᠭ᠎ᠠ ᠲᠠᠢ ᠬᠡᠷᠡᠭᠵᠢᠭᠦᠯᠵᠦ᠂ ᠶᠠᠳᠠᠭᠤ ᠶᠢ ᠲᠡᠳᠬᠦᠬᠦ  ᠪᠠ ᠨᠠᠭᠠᠳᠤ ᠵᠠᠬ᠎ᠠ ᠶᠢᠨ ᠠᠮᠢᠳᠤᠷᠠᠯ ᠤᠨ  ᠪᠠᠳᠤᠯᠠᠭᠠᠨ ᠤ ︽ᠬᠤᠶᠠᠷ ᠲᠦᠷᠢᠮ ᠢ ᠵᠤᠯᠭᠠᠭᠤᠯᠬᠤ︾ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠰᠠᠶᠢᠳᠤᠷ ᠬᠢᠵᠦ᠂ ᠠᠵᠦ  ᠦᠢᠯᠡᠰᠵᠢᠬᠦᠯᠦᠨ ᠶᠠᠳᠠᠭᠤ  ᠶᠢ ᠲᠡᠳᠬᠦᠬᠦ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠶᠠᠳᠠᠭᠤ ᠬᠦᠴᠢᠷᠳᠡᠯᠲᠠᠢ ᠬᠦᠮᠦᠨ ᠠᠮᠠ  ᠶᠢᠨ ᠲᠤᠰ ᠪᠡᠶ᠎ᠡ ᠶᠢᠨ ᠬᠦᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠬᠦ ᠬᠡᠷᠡᠭᠲᠠᠢ᠃        ᠮᠠᠯᠵᠢᠬᠤ ᠲᠠᠷᠢᠶᠠᠯᠠᠬᠤ ᠤᠷᠤᠨ ᠤ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠠᠵᠢᠯ ᠢ ᠯᠠᠪᠳᠠᠭᠤᠨ   ᠢᠶᠠᠷ ᠠᠬᠢᠭᠤᠯᠤᠨ᠎ᠠ᠃  ︽ᠲᠤᠰᠬᠠᠢ ᠠᠵᠢᠯ ᠢ ᠲᠤᠰᠬᠠᠢ ᠲᠦᠷᠦᠯ ᠢᠶᠠᠷ ᠵᠦᠪᠯᠡᠬᠦ︾ ᠡᠳ᠋ ᠤᠨ ᠵᠠᠰᠠᠭ ᠤᠨ ᠱᠠᠩᠨᠠᠵᠦ ᠨᠦᠬᠦᠪᠦᠷᠢᠯᠡᠬᠦ ᠲᠦᠷᠦᠯ ᠵᠦᠢᠯ ᠢ ᠯᠠᠪᠳᠠᠭᠤᠨ ᠪᠠᠳᠤᠲᠠᠢ ᠠᠬᠢᠭᠤᠯᠵᠤ᠂ ᠮᠠᠯᠴᠢᠨ ᠲᠠᠷᠢᠶᠠᠴᠢᠨ ᠤ ᠬᠦᠰᠡᠯ ᠵᠤᠷᠢᠯᠳᠠ  ᠶᠢ  ᠬᠦᠨᠳᠦᠳᠬᠡᠬᠦ ᠰᠠᠭᠤᠷᠢᠨ ᠳᠡᠭᠡᠷ᠎ᠡ᠂ ᠬᠤᠶᠠᠷ ᠪᠠᠭ ᠤᠨ ᠠᠵᠢᠯ ᠤᠨ ᠬᠦᠴᠦᠯᠡᠴᠡ ᠰᠠᠶᠢᠨ᠂ ᠤᠯᠠᠨ ᠲᠦᠮᠡᠨ ᠤ ᠢᠳᠡᠪᠬᠢᠵᠢᠯ ᠢᠶᠠᠷ ᠦᠨᠳᠦᠷ ᠭᠠᠴᠠᠭ᠎ᠠ ᠲᠤᠰᠬᠤᠨ ᠢ ᠡᠩ ᠲᠡᠷᠢᠭᠦᠨ ᠳᠤ ᠰᠤᠩᠭᠤᠵᠤ᠂ ᠡᠨᠡ ᠵᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠪᠠᠨ ᠰᠢᠨᠵᠢᠯᠡᠬᠦ ᠤᠬᠠᠭᠠᠨᠴᠢ ᠪᠠᠷ  ᠲᠤᠭᠳᠠᠭᠠᠨ᠂ ᠲᠦᠷᠦᠯ ᠵᠦᠢᠯ ᠤᠨ ᠲᠦᠷᠦᠯ ᠪᠤᠯᠤᠨ ᠬᠦᠷᠢᠶ᠎ᠡ ᠬᠡᠪᠴᠢᠶ᠎ᠡ ᠶᠢ ᠲᠤᠬᠢᠷᠠᠮᠵᠢᠲᠠᠢ ᠦᠷᠭᠡᠳᠬᠡᠵᠦ᠂ ᠦᠭᠡᠷ᠎ᠡ ᠪᠤᠰᠤᠳ ᠲᠦᠷᠦᠯ ᠵᠦᠢᠯ ᠤᠨ ᠪᠡᠯᠡ ᠮᠦᠩᠭᠦ ᠶᠢ ᠬᠠᠮᠳᠤᠳᠬᠠᠨ ᠬᠡᠷᠡᠭᠯᠡᠵᠦ᠂  ᠠᠵᠢᠯ ᠤᠨ  ᠶᠠᠰᠤ ᠴᠢᠨᠠᠷ ᠢ ᠲᠡᠭᠡᠭᠰᠢᠯᠡᠬᠦᠯᠦᠨ᠂ ᠮᠠᠨ ᠤ ᠬᠤᠰᠢᠭᠤᠨ ᠤ ︽ᠲᠤᠰᠬᠠᠢ ᠠᠵᠢᠯ ᠢ ᠲᠤᠰᠬᠠᠢ ᠲᠦᠷᠦᠯ ᠢᠶᠠᠷ ᠵᠦᠪᠯᠡᠬᠦ︾ ᠠᠵᠢᠯ   ᠳᠤ ᠰᠢᠨ᠎ᠡ ᠰᠢᠪᠳᠤᠯᠤᠯᠳᠠ  ᠭᠠᠷᠭᠠᠬᠤ ᠪᠠᠷ ᠴᠢᠷᠮᠠᠶᠢᠬᠤ ᠬᠡᠷᠡᠭᠲᠠᠢ᠃ ᠲᠠᠷᠢᠶᠠᠯᠠᠩ   ᠤᠨ ᠶᠡᠷᠦᠩᠭᠡᠶᠢᠯᠡᠭᠰᠡᠨ ᠨᠡᠭᠡᠭᠡᠨ ᠬᠦᠭᠵᠢᠭᠦᠯᠦᠯᠲᠡ ᠳᠤ 1103 ᠲᠦᠮᠡᠨ ᠲᠦᠭᠦᠷᠢᠭ ᠤᠨ ᠪᠡᠯᠡ  ᠤᠷᠤᠭᠤᠯᠵᠤ᠂  ᠴᠢᠶᠠᠨ ᠶᠢᠨ ᠭᠸᠦ ᠪᠠᠯᠭᠠᠰᠤ᠂ ᠰᠢᠩ ᠹᠦ᠋ ᠰᠢᠶᠠᠩ ᠤᠨ ᠲᠠᠪᠤᠨ ᠲᠤᠰᠬᠤᠨ   ᠳᠤ ᠲᠠᠷᠢᠶᠠᠨ ᠭᠠᠵᠠᠷ ᠤᠨ ᠤᠰᠤᠨ ᠠᠰᠢᠭᠯᠠᠯᠳᠠ ᠶᠢᠨ ᠪᠦᠳᠦᠭᠡᠨ ᠪᠠᠶᠢᠭᠤᠯᠤᠯᠳᠠ᠂ ᠬᠦᠷᠦᠰᠦ ᠰᠢᠷᠦᠢ ᠶᠢ ᠰᠠᠶᠢᠵᠢᠷᠠᠭᠤᠯᠬᠤ᠂ ᠰᠢᠨᠵᠢᠯᠡᠭᠡ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠵᠡᠷᠭᠡ ᠲᠦᠷᠦᠯ ᠵᠦᠢᠯ ᠢ  ᠭᠡᠷᠡᠭᠵᠢᠬᠦᠯᠬᠦ ᠪᠠᠷ ᠲᠦᠯᠦᠪᠯᠡᠵᠡᠢ᠃ ᠮᠠᠯᠴᠢᠨ ᠲᠠᠷᠢᠶᠠᠴᠢᠨ ᠢ ᠬᠠᠷᠠᠭᠠᠯᠵᠠᠬᠤ ᠨᠦᠬᠦᠪᠦᠷᠢ ᠲᠡᠳᠬᠦᠮᠵᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠢᠭᠡ ᠺᠠᠷᠲ ᠪᠠᠷ ᠲᠠᠷᠬᠠᠭᠠᠬᠤ︾ ᠰᠢᠰᠲ᠋ᠧᠮ   ᠢ ᠤᠷᠤᠯᠠᠨ ᠭᠦᠢᠴᠡᠳᠬᠡᠬᠦ ᠪᠠᠩᠭᠢ ᠯᠤᠭ᠎ᠠ ᠵᠠᠯᠭᠠᠭᠤᠯᠬᠤ ᠠᠵᠢᠯ ᠤᠨ  ᠲᠤᠭᠳᠠᠴᠠ ᠶᠢ  ᠲᠡᠬᠦᠯᠳᠡᠷᠵᠢᠬᠦᠯᠦᠨ᠂ ᠮᠠᠯᠴᠢᠨ ᠲᠠᠷᠢᠶᠠᠴᠢᠨ   ᠤ ᠬᠠᠷᠠᠭᠠᠯᠵᠠᠯ ᠤᠨ ᠪᠡᠯᠡ ᠮᠦᠩᠭᠦ ᠶᠢ ︽ᠨᠢᠭᠡ ᠺᠠᠷᠲ  ︾ ᠢᠶᠠᠷ ᠲᠠᠷᠬᠠᠭᠠᠬᠤ ᠠᠬᠢᠴᠠ ᠶᠢ ᠲᠦᠷᠭᠡᠳᠬᠡᠭᠦ ᠬᠡᠷᠡᠭᠲᠠᠢ᠃ ᠰᠤᠮᠤ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠳᠠᠷᠠᠭᠠᠬᠢ ᠦᠯᠡᠳᠡᠭᠳᠡᠯ ᠠᠰᠠᠭᠤᠳᠠᠯ ᠢ  ᠰᠢᠢᠳᠪᠦᠷᠢᠯᠡᠬᠦ ᠶᠢᠨ ᠲᠤᠰᠠᠳᠠ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠵᠦ᠂ ᠵᠠᠰᠠᠭ ᠵᠠᠬᠢᠷᠭᠠᠨ ᠤ ᠬᠤᠪᠢᠶᠠᠷᠢᠯᠠᠯ ᠳᠤ ᠲᠠᠬᠢᠨ ᠲᠤᠬᠢᠷᠠᠭᠤᠯᠤᠯᠳᠠ ᠬᠢᠵᠦ᠂ ᠪᠤᠤᠴᠠᠩ ᠪᠠᠯᠭᠠᠰᠤᠨ ᠠᠴᠠ ᠨᠢᠭᠡ ᠬᠡᠰᠡᠭ ᠤᠷᠤᠨ ᠭᠠᠵᠠᠷ ᠢ ᠬᠤᠪᠢᠶᠠᠷᠢᠯᠠᠨ ᠭᠠᠷᠭᠠᠵᠤ᠂ ᠶᠦᠩ ᠹᠧᠩ ᠪᠠᠯᠭᠠᠰᠤ ᠶᠢ ᠪᠠᠶᠢᠭᠤᠯᠤᠨ᠎ᠠ᠃        ︵ᠳᠤᠯᠤᠭ᠎ᠠ︶ ᠬᠤᠳᠠ ᠬᠦᠳᠡᠭᠡ ᠶᠢᠨ ᠬᠦᠭᠵᠢᠯᠲᠡ ᠶᠢ ᠨᠢᠭᠡᠳᠦᠯᠲᠠᠢ ᠲᠦᠯᠦᠪᠯᠡᠬᠦ ᠪᠠᠷ ᠦᠨᠳᠦᠰᠦ ᠪᠤᠯᠭᠠᠵᠤ᠂ ᠨᠡᠶᠢᠭᠡᠮ ᠤᠨ ᠠᠵᠢᠯ ᠦᠢᠯᠡᠰ  ᠪᠦᠬᠦ  ᠲᠠᠯᠠᠪᠠᠷ ᠲᠠᠪᠰᠢᠬᠤ ᠶᠢ ᠠᠬᠢᠭᠤᠯᠤᠨ᠎ᠠ᠃        ᠨᠡᠶᠢᠭᠡᠮ ᠤᠨ ᠡᠯ᠎ᠡ ᠲᠦᠷᠦᠯ ᠤᠨ ᠦᠢᠯᠡᠰ ᠢ ᠭᠦᠨᠵᠡᠭᠡᠢ ᠠᠬᠢᠭᠤᠯᠵᠤ᠂ ᠨᠡᠩ ᠤᠯᠠᠨ ᠪᠡᠯᠡ ᠮᠦᠩᠭᠦ᠂ ᠬᠦᠮᠦᠨ ᠤ ᠬᠦᠴᠦ᠂ ᠪᠤᠳᠠᠰ ᠤᠨ ᠬᠦᠴᠦᠨ ᠤ ᠡᠬᠢ ᠪᠠᠶᠠᠯᠢᠭ ᠢ ᠤᠷᠤᠭᠤᠯᠵᠤ᠂ ᠤᠯᠠᠨ ᠨᠡᠶᠢᠳᠡ ᠤᠨ ᠦᠢᠯᠡᠰ ᠢ  ᠬᠦᠭᠵᠢᠬᠦᠯᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ  ᠲᠡᠩᠴᠡᠬᠦᠷᠢᠰᠢᠯ ᠢ ᠠᠬᠢᠭᠤᠯᠬᠤ ᠬᠡᠷᠡᠭᠲᠠᠢ᠃        ᠰᠤᠷᠭᠠᠨ  ᠬᠦᠮᠦᠵᠢᠯ   ᠤᠨ ᠦᠢᠯᠡᠰ ᠢ ᠡᠩ ᠲᠡᠷᠢᠭᠦᠨ ᠳᠤ ᠬᠦᠭᠵᠢᠭᠦᠯᠦᠨ᠎ᠡ  ᠃  ᠵᠢᠭᠠᠨ ᠰᠤᠷᠭᠠᠬᠤ ᠶᠠᠰᠤ ᠴᠢᠨᠠᠷ ᠤᠨ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠭᠠᠨ ᠬᠦᠮᠦᠵᠢᠯ ᠤᠨ ᠦᠨᠳᠦᠰᠦᠨ ᠪᠦᠳᠦᠭᠡᠨ ᠪᠠᠶᠢᠭᠤᠯᠤᠯᠳᠠ ᠶᠢ ᠴᠢᠩᠭ᠎ᠠ ᠠᠳᠬᠤᠨ᠂ ᠰᠤᠷᠭᠠᠨ ᠬᠦᠮᠦᠵᠢᠯ ᠤᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠠᠢ᠃ ᠨᠢᠭᠡᠳᠦᠭᠡᠷ ᠲᠤᠮᠳᠠᠳᠤ ᠰᠤᠷᠭᠠᠭᠤᠯᠢ᠂  ᠬᠤᠶᠠᠳᠤᠭᠠᠷ ᠲᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ᠂ ᠲᠦᠷᠪᠡᠳᠦᠭᠡᠷ ᠲᠤᠮᠳᠠᠳᠤ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ᠂ ᠳᠦᠷᠪᠡᠳᠦᠭᠡᠷ ᠪᠠᠭ᠎ᠠ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ ᠶᠢ ᠪᠠᠭᠲᠠᠭᠠᠭᠰᠠᠨ ᠪᠦᠳᠦᠭᠡᠨ ᠪᠠᠶᠢᠭᠤᠯᠤᠯᠳᠠ ᠶᠢᠨ ᠬᠡᠪᠴᠢᠶ᠎ᠡ ᠨᠢ 14 ᠲᠦᠮᠡᠨ  ᠬᠠᠪᠳᠠᠭᠠᠢ ᠳᠦᠷᠪᠡᠯᠵᠢᠨ ᠮᠧᠲᠷ ᠲᠤ ᠬᠦᠷᠬᠦ ᠢᠵᠢ ᠪᠦᠷᠢᠳᠦᠭᠰᠡᠨ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ   ᠶᠢ ᠬᠢᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ   ᠤᠨ ᠬᠦᠭᠵᠢᠯᠲᠡ ᠶᠢ  ᠲᠦᠷᠭᠡᠳᠭᠡᠨ᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠬᠦᠮᠦᠵᠢᠯ ᠤᠨ ᠲᠦᠯᠦᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠬᠤᠰᠢᠭᠤ ᠬᠡᠦᠬᠡᠳ ᠤᠨ ᠴᠡᠴᠡᠷᠯᠢᠭ  ᠤᠨ ᠭᠤᠤᠯ ᠴᠤᠭᠴᠠ ᠶᠢᠨ ᠢᠨᠵᠢᠨᠧᠷᠢᠩ ᠢ  ᠲᠠᠭᠤᠰᠬᠠᠵᠤ ᠠᠰᠢᠭᠯᠠᠯᠳᠠ ᠳᠤ ᠤᠷᠤᠭᠤᠯᠤᠨ᠎ᠠ᠃ ᠰᠤᠷᠭᠠᠨ ᠬᠦᠮᠦᠵᠢᠯ ᠤᠨ ᠠᠷᠠᠳ ᠲᠤ ᠲᠤᠰᠠᠯᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ︽ᠭᠡᠯᠳᠦᠷᠢᠭᠦᠯᠬᠦ ᠵᠤᠬᠢᠰᠲᠠᠢ  ᠶᠢ ᠪᠦᠬᠦᠨ ᠢ ᠭᠡᠯᠳᠦᠷᠢᠭᠦᠯᠵᠦ᠂ ᠨᠦᠬᠦᠪᠦᠷᠢᠯᠡᠬᠦ ᠵᠤᠬᠢᠰᠲᠠᠢ ᠶᠢ ᠪᠦᠬᠦᠨ ᠢ ᠨᠦᠬᠦᠪᠦᠷᠢᠯᠡᠨ︾᠂  ᠬᠦᠴᠢᠷᠲᠠᠢ ᠰᠤᠷᠤᠭᠴᠢᠳ ᠤᠨ ᠭᠡᠷ ᠪᠦᠯᠢ ᠶᠢᠨ ᠳᠠᠷᠤᠭᠠᠰᠤ ᠶᠢ ᠦᠨᠡᠨᠬᠦ ᠬᠦᠩᠭᠡᠷᠡᠭᠦᠯᠬᠦ ᠭᠡᠷᠡᠭᠲᠠᠢ᠃ ᠰᠤᠷᠭᠠᠨ ᠬᠦᠮᠦᠵᠢᠯ ᠤᠨ ᠡᠬᠢ ᠪᠠᠶᠠᠯᠢᠭ ᠢ  ᠬᠠᠮᠳᠤᠳᠬᠠᠨ᠂ ᠰᠤᠷᠭᠠᠭᠤᠯᠢ ᠶᠢᠨ ᠬᠠᠮᠢᠶᠠᠷᠤᠯᠳᠠ ᠶᠢ ᠡᠷᠴᠢᠮᠵᠢᠭᠦᠯᠵᠦ᠂ ᠰᠤᠷᠭᠠᠭᠤᠯᠢ ᠶᠢ ᠬᠠᠰᠤᠨ  ᠴᠤᠮᠬᠠᠳᠬᠠᠬᠤ ᠠᠴᠠ ᠡᠮᠦᠨᠡᠬᠢ ᠬᠢᠴᠢᠶᠡᠯ ᠬᠦᠮᠦᠵᠢᠯ ᠤᠨ ᠡᠮᠬᠢ ᠲᠢᠭᠯᠢᠮ ᠢ ᠪᠠᠳᠤᠯᠠᠬᠤ ᠬᠡᠷᠡᠭᠲᠠᠢ᠃ ︽ᠠᠮᠦᠷ ᠲᠦᠪᠰᠢᠨ ᠢᠶᠠᠷ ᠰᠤᠷᠭᠠᠨ ᠬᠦᠮᠦᠵᠢᠯ ᠡᠷᠬᠢᠯᠡᠬᠦ︾  ᠤᠶᠢᠯᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠡᠶ᠎ᠡ ᠵᠤᠬᠢᠴᠠᠯ ᠲᠠᠢ ᠠᠮᠦᠷ ᠲᠦᠪᠰᠢᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠬᠡᠷᠡᠭᠲᠠᠢ᠃         ᠡᠮ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃  ᠡᠮ ᠡᠮᠨᠡᠯᠭᠡ ᠡᠷᠡᠭᠦᠯ ᠬᠠᠮᠠᠭᠠᠯᠠᠯ ᠤᠨ  ᠪᠠᠶᠢᠭᠤᠯᠤᠯ ᠤᠨ ᠶᠡᠷᠥᠩᠬᠡᠶᠢᠯᠡᠭᠰᠡᠨ ᠥᠭᠡᠷᠡᠴᠢᠯᠡᠯᠲᠡ ᠶᠢ  ᠭᠦᠨᠵᠡᠭᠡᠢ ᠠᠬᠢᠭᠤᠯᠵᠣ ᠂ ᠤᠯᠤᠰ ᠤᠨ ᠦᠨᠳᠦᠰᠦᠨ ᠡᠮ ᠲᠠᠩ ᠤᠨ ᠳᠦᠷᠢᠮ ᠢ  ᠨᠢᠮᠪᠠᠢ  ᠭᠡᠷᠡᠭᠵᠢᠬᠦᠯᠦᠨ᠂ ᠦᠨᠳᠦᠰᠦᠨ ᠱᠠᠳᠤᠨ ᠤ ᠡᠮ  ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠯᠪᠠᠨ ᠵᠠᠷᠤᠳᠠᠯ   ᠤᠨ ᠪᠠᠳᠤᠯᠠᠭᠠᠨ ᠤ  ᠲᠤᠭᠳᠠᠴᠠ ᠢ ᠲᠡᠭᠦᠯᠳᠡᠷᠵᠢᠭᠦᠯᠬᠦ ᠬᠡᠷᠡᠭᠲᠠᠢ᠃  ᠬᠤᠰᠢᠭᠤᠨ ᠤ ᠶᠡᠷᠥᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠣᠯᠲᠠ ᠶᠢ ᠲᠦᠷᠭᠡᠨ ᠠᠬᠢᠭᠤᠯᠵᠣ᠂ 8 ᠰᠠᠷ᠎ᠠ ᠠᠴᠠ ᠡᠮᠦᠨ᠎ᠡ  ᠨᠡᠬᠦᠯᠭᠡᠨ᠎ᠡ  ᠃  ᠬᠤᠰᠢᠭᠤᠨ ᠤ  ᠪᠠᠴᠢᠮ ᠠᠪᠤᠷᠠᠯᠳᠠ ᠶᠢᠨ ᠲᠦᠪ  ᠂ ᠡᠷᠡᠭᠦᠯ ᠬᠠᠮᠠᠭᠠᠯᠠᠯ ᠤᠨ ᠬᠢᠨᠠᠯᠳᠠ ᠲᠠᠯᠪᠢᠬᠤ ᠦᠷᠳᠡᠭᠡ ᠪᠤᠯᠤᠨ ᠬᠤᠩ ᠴᠢ ᠪᠠᠯᠭᠠᠰᠤᠨ  ᠤ ᠡᠷᠡᠭᠦᠯ ᠬᠠᠮᠠᠭᠠᠯᠠᠯ ᠤᠨ ᠬᠤᠷᠢᠶᠠᠨ ᠤ ᠪᠦᠳᠦᠬᠡᠨ ᠪᠠᠶᠢᠭᠤᠯᠤᠯᠳᠠ ᠶᠢ ᠡᠬᠢᠯᠡᠨ᠎ᠡ᠃  ᠪᠦᠬᠦ ᠬᠤᠰᠢᠭᠤᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭᠠᠨ ᠳᠠᠬᠢ ᠢᠳᠡᠭᠡᠨ ᠤ ᠵᠦᠢᠯ ᠤᠨ ᠠᠮᠦᠷ ᠲᠦᠪᠰᠢᠨ ᠢ ᠴᠡᠭᠴᠡᠯᠡᠬᠦ ᠠᠵᠢᠯ ᠢ ᠡᠬᠢᠯᠡᠭᠦᠯᠵᠦ᠂ ᠪᠦᠬᠦ ᠬᠤᠰᠢᠭᠤᠨ ᠤ ᠬᠡᠪᠴᠢᠶᠡᠨ ᠳᠠᠬᠢ ᠢᠳᠡᠭᠡᠨ ᠤᠮᠳᠠᠭᠠᠨ ᠤ ᠦᠢᠯᠡᠴᠢᠯᠡᠭᠡᠨ  ᠤ ᠨᠢᠭᠡᠴᠡ᠂ ᠵᠤᠭᠠᠴᠠᠯ ᠤᠨ ᠦᠵᠡᠮᠵᠢ ᠶᠢᠨ ᠤᠷᠤᠨ᠂ ᠨᠡᠬᠦᠳᠡᠯ ᠳᠡᠯᠭᠡᠭᠦᠷ᠂ ᠰᠤᠷᠭᠠᠭᠤᠯᠢ  ᠪᠡ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ   ᠢ ᠪᠠᠶᠢᠴᠠᠭᠠᠨ ᠴᠡᠭᠴᠡᠯᠡᠵᠦ᠂ ᠪᠠᠶᠢᠴᠠᠭᠠᠨ ᠴᠡᠭᠴᠡᠯᠡᠭᠰᠡᠨ ᠦᠷ᠎ᠡ ᠳ᠋ᠦᠩ   ᠢ  ᠬᠤᠰᠢᠭᠤᠨ ᠤ ᠲᠧᠯᠸᠢᠰ ᠬᠤᠷᠢᠶ᠎ᠠ ᠪᠠᠷ ᠳᠠᠮᠵᠢᠨ ᠨᠠᠶᠢᠳᠡᠯᠡᠵᠦ᠂ ᠱᠠᠭᠠᠷᠳᠠᠯᠭ᠎ᠠ ᠳᠤ ᠨᠡᠶᠢᠴᠡᠬᠦ  ᠦᠬᠡᠢ ᠪᠤᠯ   ᠬᠠᠯᠠᠨ ᠰᠠᠶᠢᠵᠢᠷᠠᠭᠤᠯᠬᠤ ᠪᠤᠶᠤ ᠴᠠᠭᠠᠵᠠᠯᠠᠨ ᠵᠤᠭᠰᠤᠭᠠᠬᠤ  ᠠᠷᠭ᠎ᠠ ᠠᠪᠴᠤ᠂ ᠮᠠᠨ ᠤ ᠬᠤᠰᠢᠭᠤᠨ ᠤ ᠪᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠪᠦᠭᠦᠶᠢᠯᠡ ᠴᠤᠭᠴᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂  ᠤᠯᠠᠨ ᠲᠦᠮᠡᠨ ᠤ ᠢᠳᠡᠭᠡᠨ  ᠣᠮᠳᠠᠭᠠᠨ ᠤ  ᠠᠶᠤᠯᠬᠦᠢ ᠶᠢ ᠦᠨᠡᠨᠬᠦ ᠪᠠᠳᠤᠯᠠᠬᠤ ᠬᠡᠷᠡᠭᠲᠠᠢ᠃         ᠬᠦᠮᠦᠨ ᠠᠮᠠ  ᠪᠡ ᠲᠦᠯᠦᠪᠯᠡᠭᠡᠳᠤ ᠦᠷᠡᠵᠢᠯ ᠤᠨ ᠠᠵᠢᠯ ᠢ ᠰᠠᠶᠢᠳᠤᠷ  ᠬᠢᠨ᠎ᠠ᠃ ᠬᠦᠮᠦᠨ ᠠᠮᠠ ᠶᠢᠨ ᠲᠤᠳᠠᠭᠤ ᠵᠠᠮᠳᠡᠭ ᠲᠦᠷᠦᠬᠦ   ᠠᠴᠠ ᠤᠷᠢᠳᠴᠢᠯᠠᠨ ᠰᠡᠷᠬᠡᠶᠢᠯᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠮᠦᠨ ᠠᠮᠠ ᠶᠢᠨ ᠲᠤᠭ᠎ᠠ᠂ ᠴᠢᠨᠠᠷ᠂ ᠪᠦᠳᠦᠴᠡ᠂ ᠲᠠᠷᠬᠠᠯᠳᠠ ᠶᠢᠨ ᠰᠢᠨᠵᠢᠯᠡᠬᠦ ᠤᠬᠠᠭᠠᠨᠴᠢ   ᠪᠠᠷ ᠬᠦᠭᠵᠢᠬᠦ ᠪᠠ ᠠᠶᠠᠨᠳᠠᠭᠠᠨ ᠲᠡᠩᠴᠡᠭᠦᠷᠢᠰᠢᠬᠦ ᠶᠢ ᠪᠡᠶᠡᠯᠡᠭᠦᠯᠬᠦ ᠬᠡᠷᠡᠭᠲᠠᠢ᠃ ᠬᠠᠤᠯᠢ  ᠪᠤᠰᠤ ᠪᠠᠷ ᠲᠦᠷᠦᠬᠦ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠲᠦᠷᠦᠬᠦ ᠬᠦᠮᠦᠨ ᠠᠮᠠ ᠶᠢᠨ ᠴᠢᠨᠠᠷ ᠤᠨ ᠢᠯᠭᠠᠯ   ᠳᠤ ᠭᠠᠷ ᠲᠦᠷᠦᠬᠦ ᠠᠵᠢᠯᠯᠠᠭ᠎ᠠ ᠳᠤ ᠡᠷᠡᠰ ᠴᠤᠬᠢᠯᠳᠠ ᠦᠭᠬᠦ ᠬᠡᠷᠡᠭᠲᠠᠢ᠃ ᠲᠦᠯᠦᠪᠯᠡᠭᠡᠳᠤ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠲᠦᠬᠦᠭᠡᠷᠦᠮᠵᠢ ᠶᠢ ᠰᠠᠶᠢᠵᠢᠷᠠᠭᠤᠯᠤᠨ᠂ 53 ᠭᠠᠴᠠᠭ᠎ᠠ ᠲᠤᠰᠬᠤᠨ ᠳᠤ ᠬᠦᠮᠦᠨ ᠠᠮᠠ ᠶᠢᠨ  ᠮᠡᠳᠡᠭᠡ  ᠵᠠᠩᠬᠢᠵᠢᠭᠰᠠᠨ ᠲᠤᠰᠬᠠᠢ ᠲᠦᠬᠦᠭᠡᠷᠦᠮᠵᠢ ᠶᠢ ᠪᠦᠷᠢᠳᠦᠭᠦᠯᠦᠨ ᠦᠭᠴᠦ᠂ ᠬᠤᠰᠢᠭᠤ ᠰᠢᠶᠠᠩ ᠬᠤᠶᠠᠷ ᠱᠠᠳᠤᠨ ᠤ ᠪᠦᠬᠦᠶᠢᠯᠡ ᠬᠦᠮᠦᠨ ᠠᠮᠠ ᠶᠢᠨ  ᠮᠡᠳᠡᠭᠡ ᠵᠠᠩᠭᠢ ᠶᠢᠨ ᠲᠤᠤᠷ ᠰᠦᠯᠵᠢᠶᠡᠨ ᠤ  ᠨᠡᠪᠳᠡᠷᠡᠯᠬᠡ ᠶᠢ ᠠᠬᠢᠭᠤᠯᠬᠤ ᠬᠡᠷᠡᠭᠲᠠᠢ᠃ ᠲᠦᠯᠦᠪᠯᠡᠭᠡᠳᠤ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠢᠳᠡᠪᠬᠢᠲᠠᠢ ᠲᠡᠮᠡᠴᠡᠨ ᠤᠯᠵᠤ᠂ ᠭᠦᠨᠪᠤᠯᠠᠭ ᠰᠤᠮᠤ᠂ ᠪᠤᠤᠴᠠᠩ ᠪᠠᠯᠭᠠᠰᠤ᠂ ᠴᠢᠶᠠᠨ ᠶᠢᠨ ᠭᠸᠦ ᠪᠠᠯᠭᠠᠰᠤᠨ ᠤ ᠦᠨᠳᠦᠰᠦᠨ ᠱᠠᠳᠤᠨ ᠤ ᠪᠠᠷᠢᠮᠵᠢᠶᠠᠵᠢᠭᠰᠠᠨ ᠦᠢᠯᠡᠴᠢᠯᠡᠭᠡᠨ ᠤ ᠦᠷᠳᠡᠭᠡ ᠶᠢ ᠪᠠᠶᠢᠭᠤᠯᠤᠨ᠎ᠠ᠃         ᠰᠤᠶᠤᠯ ᠪᠡᠶ᠎ᠡ ᠲᠠᠮᠢᠷ᠂ ᠷᠠᠳᠢᠤ᠋ ᠲᠧᠯᠸᠢᠰ ᠤᠨ ᠦᠢᠯᠡᠰ ᠢ ᠢᠳᠡᠪᠬᠢᠲᠠᠢ ᠲᠦᠯᠬᠢᠨ ᠠᠬᠢᠭᠤᠯᠤᠨ᠎ᠠ᠃ ᠠᠷᠪᠠᠨ ᠲᠤᠯᠤᠳᠤᠭᠠᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯᠳᠤᠭᠠᠨ ᠤ ᠰᠤᠶᠤᠯ ᠤᠨ ᠲᠤᠮᠤ  ᠴᠡᠴᠡᠭᠯᠡᠯ  ᠢ ᠠᠬᠢᠭᠤᠯᠬᠤ ᠲᠡᠦᠭᠡᠳᠦ ᠴᠠᠭ ᠲᠤᠬᠢᠶᠠᠯ ᠢ ᠠᠳᠬᠤᠵᠤ᠂ ᠰᠤᠶᠤᠯ ᠤᠨ  ᠠᠵᠤ  ᠦᠢᠯᠡᠰᠵᠢᠭᠰᠡᠨ ᠬᠦᠭᠵᠢᠯᠲᠡ ᠶᠢ  ᠲᠦᠷᠭᠡᠳᠭᠡᠨ᠂ ᠦᠨᠳᠦᠰᠦᠳᠡᠨ ᠤ ᠤᠨᠴᠠᠯᠢᠭ ᠲᠠᠢ᠂ ᠤᠷᠤᠨ ᠨᠤᠳᠤᠭ ᠤᠨ ᠤᠨᠴᠠᠯᠢᠭ ᠲᠠᠢ ᠠᠷᠠᠳ ᠤᠨ ᠰᠤᠶᠤᠯ᠂ ᠴᠠᠬᠠᠷ ᠰᠤᠶᠤᠯ ᠢ ᠭᠦᠢᠴᠡᠳ ᠢᠯᠡᠷᠡᠭᠦᠯᠵᠦ᠂ ᠰᠤᠶᠤᠯ ᠤᠨ ᠦᠪ ᠪᠤᠯᠤᠨ ᠲᠡᠤᠬᠡ ᠶᠢᠨ ᠳᠤᠷᠠᠰᠬᠠᠯᠳᠤ ᠵᠦᠢᠯ ᠤᠨ ᠬᠠᠮᠠᠭᠠᠯᠠᠯᠳᠠ   ᠶᠢ ᠰᠠᠶᠢᠳᠤᠷ ᠬᠢᠬᠦ ᠬᠡᠷᠡᠭᠲᠠᠢ᠃ ᠲᠦᠷᠦᠯ ᠵᠦᠢᠯ ᠢ ᠢᠳᠡᠪᠬᠢᠲᠠᠢ ᠲᠡᠮᠡᠴᠠᠨ ᠤᠯᠵᠤ᠂ ᠰᠤᠶᠤᠯ ᠤᠨ  ᠲᠠᠭᠠᠭᠤᠯᠤᠭᠴᠢ ᠠᠵᠤ ᠠᠬᠤᠶᠢᠯᠠᠯ ᠢ ᠪᠤᠵᠠᠭᠠᠶᠢᠷᠠᠭᠤᠯᠵᠤ᠂ ᠰᠤᠶᠤᠯ ᠤᠨ ᠠᠵᠤ ᠦᠢᠯᠡᠰ ᠤᠨ ᠨᠡᠷᠡᠳᠤ ᠲᠡᠮᠳᠡᠭ ᠢ ᠪᠤᠢ ᠪᠤᠯᠭᠠᠬᠤ ᠬᠡᠷᠡᠭᠲᠠᠢ᠃  ᠤᠯᠤᠰ᠂ ᠤᠷᠤᠨ ᠤ ᠲᠡᠰ ᠤᠨ ᠰᠤᠶᠤᠯ ᠤᠨ ᠠᠵᠤ  ᠦᠢᠯᠡᠰ ᠤᠨ ᠤᠷᠤᠨ ᠲᠤᠭᠤᠷᠢᠭ  ᠢ ᠪᠦᠳᠦᠭᠡᠨ ᠪᠠᠶᠢᠭᠤᠯᠬᠤ ᠪᠠᠷ ᠬᠠᠷᠠᠯᠳᠠ ᠪᠤᠯᠭᠠᠵᠤ᠂ ᠠᠵᠤ ᠠᠬᠤᠶᠢᠯᠠᠯ᠂ ᠨᠡᠶᠢᠭᠡᠮ ᠤᠨ ᠡᠯ᠎ᠡ ᠡᠳᠡᠭᠡᠳ ᠤᠨ ᠬᠦᠴᠦᠨ ᠤ ᠢᠳᠡᠪᠬᠢᠲᠠᠢ ᠤᠷᠤᠯᠴᠠᠬᠤ ᠶᠢ ᠲᠠᠶᠢᠴᠢᠯᠠᠨ᠂ ᠭᠦᠨᠪᠤᠯᠠᠭ ᠰᠤᠮᠤᠨ ᠳᠤ ᠬᠠᠭᠠᠨ ᠤ ᠠᠳᠤᠭᠤᠨ ᠰᠤᠶᠤᠯ  ᠤᠨ ᠠᠵᠤ  ᠦᠢᠯᠡᠰ ᠤᠨ ᠬᠦᠷᠢᠶᠡᠯᠡᠩ ᠢ ᠪᠠᠶᠢᠭᠤᠯᠬᠤ ᠪᠠᠷ ᠲᠦᠯᠦᠪᠯᠡᠵᠦ᠂ ᠠᠳᠤᠭᠤ  ᠪᠤᠶᠢᠵᠢᠭᠤᠯᠬᠤ᠂  ᠠᠳᠤᠭᠤ ᠮᠠᠯᠵᠢᠬᠤ᠂ ᠡᠮᠨᠢᠭ ᠰᠤᠷᠭᠠᠬᠤ  ᠪᠠ  ᠮᠤᠷᠢ ᠤᠷᠤᠯᠳᠤᠬᠤ  ᠵᠡᠷᠭᠡ ᠠᠵᠢᠯᠯᠠᠭ᠎ᠠ   ᠶᠢ ᠡᠷᠬᠢᠯᠡᠬᠦ ᠪᠠᠷ ᠭᠤᠤᠯ ᠠᠭᠤᠯᠭ᠎ᠠ ᠪᠤᠯᠭᠠᠭᠰᠠᠨ ᠠᠳᠤᠭᠤᠨ ᠰᠤᠶᠤᠯ ᠤᠨ ᠠᠵᠤ  ᠦᠢᠯᠡᠰ ᠢ ᠬᠠᠮᠳᠤᠪᠡᠷ ᠡᠭᠦᠳᠦᠨ ᠪᠦᠳᠦᠭᠡᠵᠦ᠂  ᠭᠤᠷᠪᠠᠳᠤᠭᠠᠷ ᠬᠤᠭᠤᠴᠠᠭᠠᠨ ᠤ ᠬᠠᠭᠠᠨ ᠤ ᠠᠳᠤᠭᠤᠨ ᠰᠤᠶᠤᠯ ᠤᠨ  ᠨᠠᠶᠢᠷ   ᠢ  ᠡᠷᠬᠢᠯᠡᠨ᠂ ᠮᠠᠨ ᠤ ᠬᠤᠰᠢᠭᠤᠨ ᠤ ᠰᠤᠶᠤᠯ ᠤᠨ ᠠᠵᠤ ᠦᠢᠯᠡᠰ   ᠢ ᠰᠢᠨ᠎ᠡ ᠲᠡᠪᠴᠡᠩ ᠳᠤ ᠭᠠᠷᠭᠠᠬᠤ   ᠪᠠᠷ ᠴᠢᠷᠮᠠᠶᠢᠨ᠎ᠠ᠃ ︽ ᠴᠡᠴᠡᠭ ᠪᠦᠬᠦᠨ ᠢ ᠵᠡᠷᠭᠡᠪᠡᠷ ᠳᠡᠯᠭᠡᠷᠡᠭᠦᠯᠵᠦ᠂ ᠡᠷᠳᠡᠮᠳᠡᠨ ᠪᠦᠬᠦᠨ ᠢ ᠴᠢᠯᠦᠭᠡᠲᠠᠢ ᠶᠠᠷᠢᠯᠴᠠᠭᠤᠯᠬᠤ︾ ᠴᠢᠭᠯᠡᠯᠳᠡ ᠶᠤᠰᠤᠭᠠᠷ ᠣᠯᠠᠭᠠᠨᠮᠦᠴᠢᠷ᠂ ᠱᠠᠨ ᠰᠢ ᠵᠦᠴᠦᠭᠡ ᠶᠢᠨ ᠪᠦᠯᠬᠦᠮ᠂ ᠡᠯ ᠷᠧᠨ ᠲᠠᠢ ᠵᠥᠴᠥᠭᠡ ᠶᠢᠨ ᠪᠥᠯᠬᠦᠮ   ᠤᠨ ᠵᠤᠬᠢᠶᠠᠨ ᠪᠦᠳᠦᠭᠡᠬᠦ ᠪᠠ ᠲᠤᠭᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠤᠯᠠᠨ ᠲᠦᠮᠡᠨᠴᠢ ᠰᠤᠶᠤᠯ ᠲᠠᠮᠢᠷ ᠬᠢᠭᠡᠳ ᠪᠦᠬᠦ ᠠᠷᠠᠳ ᠢᠶᠠᠷ ᠢᠶᠠᠨ ᠴᠢᠭᠢᠷᠠᠭᠵᠢᠬᠤ ᠠᠵᠢᠯ ᠢ ᠬᠦᠴᠦᠲᠠᠢ  ᠠᠳᠬᠤᠵᠤ᠂ ᠰᠤᠶᠤᠯ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ   ᠶᠢ  ᠴᠢᠩᠭᠠᠳᠬᠠᠨ᠂ ᠰᠤᠶᠤᠯ ᠤᠨ ᠵᠠᠬ᠎ᠠ ᠳᠡᠯᠭᠡᠭᠦᠷ ᠤᠨ ᠡᠷᠡᠭᠦᠯ ᠬᠦᠭᠵᠢᠯᠲᠡ ᠶᠢ ᠠᠬᠢᠭᠤᠯᠤᠨ᠎ᠠ᠃ ᠲᠠᠶᠢᠹᠤᠰᠧ ᠬᠤᠰᠢᠭᠤᠨ ᠤ ᠷᠠᠳᠢᠤ᠋ ᠲᠧᠯᠸᠢᠰ ᠨᠡᠪᠳᠡᠷᠡᠭᠦᠯᠭᠡ ᠶᠢᠨ ᠲᠦᠪ ᠤᠨ ᠲᠦᠷᠦᠯ ᠵᠦᠢᠯ ᠪᠤᠯᠤᠨ  ᠬᠤᠰᠢᠭᠤ ᠱᠠᠳᠤᠨ ᠤ ᠬᠤᠳᠠ ᠪᠠᠯᠭᠠᠰᠤᠨ ᠤ  ᠲᠤᠭᠠᠴᠢᠯᠠᠭᠰᠠᠨ ᠺᠢᠨᠤ᠋ ᠶᠢᠨ ᠤᠷᠳᠤᠨ ᠤ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠤᠯᠵᠤ᠂ ᠲᠠᠶᠢᠹᠤᠰᠧ ᠬᠤᠰᠢᠭᠤᠨ ᠤ ᠰᠡᠯᠭᠦᠭᠡ ᠲᠠᠪᠳᠠᠮᠵᠢᠳᠦ ᠷᠠᠳᠢᠤ᠋ ᠨᠡᠪᠳᠡᠷᠡᠭᠦᠯᠭᠡ ᠶᠢᠨ ᠬᠤᠷᠢᠶᠠᠨ ᠤ ᠰᠢᠭᠤᠳ ᠨᠡᠪᠳᠡᠷᠡᠭᠦᠯᠭᠡ ᠶᠢ  ᠡᠬᠢᠯᠡᠬᠦᠯᠦᠨ᠂ ᠪᠡᠶ᠎ᠡ ᠪᠠᠨ ᠳᠠᠭᠠᠭᠠᠭᠰᠠᠨ ᠰᠤᠪᠠᠭ ᠢ ᠨᠡᠪᠳᠡᠷᠡᠭᠦᠯᠦᠨ᠎ᠡ᠃  ︽ᠲᠤᠰᠬᠤᠨ ᠪᠦᠷᠢ ᠳᠤ ᠨᠡᠪᠳᠡᠷᠡᠭᠦᠯᠬᠦ︾ ᠪᠦᠳᠦᠭᠡᠨ ᠪᠠᠶᠢᠭᠤᠯᠤᠯᠳᠠ ᠶᠢᠨ ᠢᠨᠵᠢᠨᠧᠷᠢᠩ 4125  ᠢᠵᠢ ᠶᠢ ᠪᠠᠶᠡᠯᠡᠭᠦᠯᠦᠨ᠎ᠡ᠃        ᠠᠭᠠᠷ ᠤᠨ ᠰᠡᠷᠭᠡᠶᠢᠯᠡᠯᠳᠡ᠂ ᠬᠠᠷᠢᠶᠠᠳᠤ ᠶᠢᠨ ᠶᠠᠪᠤᠳᠠᠯ᠂ ᠲᠤᠭ᠎ᠠ ᠪᠦᠷᠢᠳᠭᠡᠯ᠂   ᠠᠵᠢᠯᠳᠠᠨ ᠤ ᠤᠷᠤᠨ ᠲᠤᠭ᠎ᠠ᠂ ᠳᠠᠩᠰᠠ ᠡᠪᠬᠡᠮᠡᠯ᠂ ᠲᠡᠤᠬᠡ ᠤᠶᠢᠯᠠᠯᠭ᠎ᠠ᠂ ᠴᠠᠭ ᠠᠭᠤᠷ᠂ ᠡᠮᠡᠭᠲᠠᠶᠢᠴᠤᠳ ᠭᠡᠦᠭᠡᠳ ᠪᠠᠭᠠᠴᠤᠳ ᠪᠤᠯᠤᠨ ᠵᠡᠮᠳᠡᠭᠴᠤᠤᠯ ᠵᠡᠷᠭᠡ ᠡᠯ᠎ᠡ ᠲᠦᠷᠦᠯ ᠤᠨ ᠠᠵᠢᠯ ᠦᠢᠯᠡᠰ ᠢ ᠦᠷᠭᠦᠯᠵᠢᠯᠡᠨ ᠰᠠᠶᠢᠳᠤᠷ  ᠠᠳᠬᠤᠬᠤ ᠬᠡᠷᠡᠭᠲᠠᠢ᠃        ︵ᠨᠠᠢᠮᠠ︶ ᠵᠡᠷᠭᠡᠪᠡᠷ ᠠᠳᠬᠤᠵᠤ  ᠬᠠᠮᠳᠤ ᠳᠤᠨᠢ ᠬᠠᠮᠢᠶᠠᠷᠬᠤ ᠠᠷᠭ᠎ᠠ ᠪᠠᠷ ᠨᠠᠶᠢᠭᠡᠮ ᠤᠨ ᠬᠠᠮᠢᠶᠠᠷᠤᠯᠳᠠ   ᠶᠢ  ᠴᠢᠩᠭᠠᠳᠬᠠᠨ᠎ᠠ᠃        ᠨᠡᠶᠢᠭᠡᠮ ᠤᠨ ᠬᠠᠮᠢᠶᠠᠷᠤᠯᠳᠠ ᠶᠢᠨ ᠰᠢᠨ᠎ᠡ ᠶᠢ ᠡᠬᠦᠳᠬᠦ ᠶᠢ ᠠᠬᠢᠭᠤᠯᠵᠤ᠂ ᠡᠶ᠎ᠡ ᠵᠤᠬᠢᠴᠠᠯ ᠲᠠᠢ ᠨᠡᠶᠢᠭᠡᠮ ᠢ ᠪᠦᠳᠦᠭᠡᠨ ᠪᠠᠶᠢᠭᠤᠯᠬᠤ ᠤᠶᠢᠯᠭᠠᠭᠳᠠᠬᠤᠨ ᠢᠶᠠᠷ ᠨᠡᠶᠢᠭᠡᠮ ᠤᠨ ᠬᠠᠮᠢᠶᠠᠷᠤᠯᠳᠠ ᠶᠢᠨ ᠡᠯ᠎ᠡ ᠲᠦᠷᠦᠯ ᠤᠨ ᠲᠦᠷᠢᠮ ᠲᠤᠭᠳᠠᠭᠠᠯ ᠢ ᠲᠠᠰᠣᠷᠠᠯᠳᠠ ᠦᠭᠡᠢ ᠳᠡᠭᠦᠯᠳᠡᠷᠵᠢᠭᠦᠯᠵᠦ᠂ ᠵᠦᠷᠢᠴᠡᠯ  ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ  ᠲᠤᠭᠳᠠᠴᠠ ᠶᠢ ᠤᠯᠠᠮ  ᠲᠡᠬᠦᠯᠳᠡᠷᠵᠢᠬᠦᠯᠦᠨ᠂ ᠨᠡᠶᠢᠭᠡᠮ ᠤᠨ ᠠᠮᠦᠷ ᠲᠦᠪᠰᠢᠨ ᠤ ᠤᠷᠢᠳᠴᠢᠯᠠᠨ  ᠰᠡᠷᠭᠡᠶᠢᠯᠡᠬᠦ ᠰᠢᠰᠲ᠋ᠧᠮ᠂ ᠤᠯᠠᠨ ᠨᠡᠶᠢᠳᠡ ᠶᠢᠨ ᠠᠮᠦᠷ ᠲᠦᠪᠰᠢᠨ ᠤ ᠰᠡᠷᠬᠡᠶᠢᠯᠡᠯᠲᠡ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠲᠠᠢ᠃ ᠮᠠᠨ ᠤ ᠬᠤᠰᠢᠭᠤᠨ ᠤ ᠪᠤᠳᠠᠲᠠᠢ ᠳᠤ  ᠨᠡᠶᠢᠴᠡᠭᠰᠡᠨ ᠨᠡᠶᠢᠭᠡᠮ ᠤᠨ ᠬᠠᠮᠢᠶᠠᠷᠤᠯᠳᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠡᠯᠧᠺᠲᠷᠤᠨ ᠵᠠᠰᠠᠭ ᠤᠨ ᠶᠠᠪᠤᠳᠠᠯ ᠤᠨ ᠲᠦᠪ ᠤᠨ ᠵᠦᠭᠡᠯᠡᠨ ᠬᠠᠳᠠᠭᠤ ᠲᠤᠨᠤᠭ ᠤᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ  ᠶᠢ ᠴᠢᠩᠭᠠᠳᠬᠠᠨ᠂ ᠮᠡᠳᠡᠭᠡ  ᠵᠠᠩᠬᠢᠵᠢᠭᠰᠠᠨ ᠬᠠᠮᠢᠶᠠᠷᠤᠯᠳᠠ ᠶᠢ ᠨᠡᠶᠢᠭᠡᠮ ᠤᠨ ᠬᠠᠮᠢᠶᠠᠷᠤᠯᠳᠠ ᠳᠤ ᠠᠯᠬᠤᠮ ᠠᠯᠬᠤᠮ  ᠢᠶᠠᠷ ᠨᠡᠪᠴᠢᠭᠦᠯᠬᠦ ᠬᠡᠷᠡᠭᠲᠠᠢ᠃ ᠲᠤᠲᠤᠭᠠᠳᠤ ᠶᠢ ᠬᠠᠮᠠᠭᠠᠯᠠᠬᠤ᠂ ᠭᠠᠯ  ᠤᠨᠳᠠᠷᠠᠭᠠᠬᠤ᠂ ᠵᠡᠪᠰᠡᠭᠳᠦ ᠴᠠᠭᠳᠠᠭᠠᠨ ᠤ ᠴᠡᠷᠢᠭ ᠠᠩᠭᠢ ᠶᠢᠨ ᠪᠦᠳᠦᠭᠡᠨ ᠪᠠᠶᠢᠭᠤᠯᠤᠯᠳᠠ ᠶᠢ  ᠴᠢᠩᠭᠠᠳᠬᠠᠨ᠂ ᠵᠡᠪᠰᠡᠭᠳᠦ ᠬᠦᠴᠦᠨ ᠤ ᠬᠡᠯᠳᠡᠰ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠢ ᠳᠠᠮᠵᠢᠵᠤ᠂ ᠡᠯ᠎ᠡ ᠰᠠᠯᠠᠭ᠎ᠠ ᠮᠦᠴᠢᠷ ᠤᠨ ᠨᠡᠶᠢᠭᠡᠮ ᠤᠨ ᠶᠡᠷᠦᠩᠬᠡᠶᠢᠯᠡᠭᠰᠡᠨ ᠬᠠᠮᠢᠶᠠᠷᠤᠯᠳᠠ ᠶᠢᠨ ᠲᠠᠯ᠎ᠠ ᠳᠠᠬᠢ ᠵᠤᠬᠢᠴᠠᠭᠤᠯᠤᠨ ᠬᠠᠮᠵᠢᠯᠴᠠᠬᠤ ᠴᠢᠳᠠᠪᠬᠢ ᠶᠢ ᠳᠡᠭᠡᠭᠰᠢᠯᠡᠭᠦᠯᠬᠦ ᠬᠡᠷᠡᠭᠲᠠᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠵᠦ᠂ ᠵᠠᠬᠢᠳᠠᠯ ᠰᠤᠷᠪᠤᠯᠵᠢᠯᠠᠭ᠎ᠠ ᠶᠢᠨ ᠵᠠᠮ ᠰᠤᠪᠠᠭ ᠢ  ᠰᠢᠯᠤᠭᠤᠳᠬᠠᠨ᠎ᠠ᠃ ︽ ᠴᠤᠬᠢᠯᠳᠠ ᠦᠭᠬᠦ ᠪᠠ ᠰᠡᠷᠬᠡᠶᠢᠯᠡᠬᠦ ᠶᠢ  ᠤᠶᠠᠯᠳᠤᠭᠤᠯᠬᠤ᠂  ᠤᠷᠢᠳᠴᠢᠯᠠᠨ ᠰᠡᠷᠬᠡᠶᠢᠯᠡᠬᠦ ᠪᠠᠷ ᠭᠤᠤᠯ  ᠪᠤᠯᠭᠠᠬᠤ᠂ ᠲᠤᠰᠬᠠᠢ  ᠪᠠᠶᠢᠭᠤᠯᠭ᠎ᠠ ᠤᠯᠠᠨ ᠲᠦᠮᠡᠨ  ᠲᠠᠢ ᠤᠶᠠᠯᠳᠤᠬᠤ᠂ ᠤᠯᠠᠨ ᠲᠦᠮᠡᠨ ᠳᠤ ᠲᠦᠰᠢᠭᠯᠡᠬᠦ︾ ᠴᠢᠭᠯᠡᠯᠲᠡ ᠶᠢ ᠪᠠᠷᠢᠮᠳᠠᠯᠠᠵᠤ᠂ ᠨᠡᠶᠢᠭᠡᠮ ᠤᠨ ᠶᠡᠷᠦᠩᠬᠡᠶᠢᠯᠡᠭᠰᠡᠨ ᠬᠠᠮᠢᠶᠠᠷᠤᠯᠳᠠ ᠶᠢᠨ ᠡᠯ᠎ᠡ  ᠵᠦᠢᠯ ᠤᠨ ᠠᠷᠭ᠎ᠠ  ᠠᠪᠴᠢᠯ ᠢ ᠦᠨᠳᠦᠰᠦᠨ ᠱᠠᠳᠤᠨ ᠳᠤ ᠨᠡᠶᠢᠳᠠᠪᠤᠷᠢᠵᠢᠭᠤᠯᠬᠤ ᠬᠡᠷᠡᠭᠲᠠᠢ᠃ ᠠᠮᠦᠷ   ᠢ ᠬᠠᠮᠠᠭᠠᠯᠠᠬᠤ ᠪᠠᠶᠢᠳᠠᠯ ᠤᠨ ᠬᠦᠭᠵᠢᠯᠲᠡ ᠬᠤᠪᠢᠷᠠᠯᠳᠠ ᠪᠤᠯᠤᠨ ᠳᠡᠭᠡᠳᠤ ᠱᠠᠳᠤᠨ ᠤ ᠵᠤᠷᠢᠭ ᠰᠠᠨᠠᠭ᠎ᠠ ᠶᠢ ᠦᠨᠳᠦᠰᠦᠯᠡᠵᠦ᠂ ᠤᠯᠠᠨ ᠲᠦᠮᠡᠨ ᠤ ᠠᠰᠢᠭ ᠲᠤᠰᠠ ᠲᠠᠢ ᠰᠢᠭᠤᠳ ᠬᠤᠯᠪᠤᠭᠳᠠᠬᠤ ᠲᠠᠷᠢᠶᠠᠯᠠᠩ ᠤᠨ  ᠭᠡᠷᠡᠭᠰᠡᠯ᠂ ᠢᠳᠡᠭᠡᠨ᠂ ᠡᠮ ᠤᠨ ᠵᠦᠢᠯ ᠵᠡᠷᠭᠡ ᠳᠤ ᠲᠤᠰᠬᠠᠢ ᠴᠡᠭᠴᠡᠯᠡᠯᠲᠡ ᠬᠢᠬᠦ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠭᠦᠯᠵᠦ᠂ ᠡᠯ᠎ᠡ ᠲᠦᠷᠦᠯ ᠤᠨ ᠡᠷᠡᠭᠦᠦ ᠶᠢᠨ ᠶᠠᠯᠠᠳᠤ ᠠᠵᠢᠯᠯᠠᠭ᠎ᠠ ᠳᠤ ᠬᠦᠨᠳᠦ ᠴᠤᠬᠢᠯᠳᠠ ᠦᠭᠴᠦ᠂ ᠶᠠᠯᠠᠳᠤ ᠡᠳᠡᠭᠡᠳ ᠲᠤ ᠴᠢᠩᠭ᠎ᠠ ᠲᠠᠷᠤᠯᠳᠠ ᠦᠵᠡᠬᠦᠯᠦᠨ᠂ ᠨᠡᠶᠢᠭᠡᠮ ᠤᠨ ᠡᠮᠬᠢ ᠳᠢᠭᠯᠢᠮ ᠤᠨ ᠲᠤᠭᠳᠠᠭᠤᠨ ᠪᠠᠶᠢᠳᠠᠯ ᠢ ᠬᠠᠮᠠᠭᠠᠯᠠᠬᠤ ᠬᠡᠷᠡᠭᠲᠠᠢ᠃ ᠦᠨᠳᠦᠰᠦᠳᠡᠨ ᠱᠠᠰᠢᠨ ᠰᠤᠷᠳᠠᠬᠤᠨ ᠤ ᠶᠠᠪᠤᠳᠠᠯ ᠢ ᠬᠠᠤᠯᠢ ᠶᠤᠰᠤᠭᠠᠷ ᠬᠠᠮᠢᠶᠠᠷᠴᠦ᠂ ᠦᠨᠳᠦᠰᠦᠳᠡᠨ ᠤ ᠪᠦᠯᠬᠦᠮᠳᠡᠯ ᠪᠤᠯᠤᠨ ᠱᠠᠰᠢᠨ ᠰᠤᠷᠳᠠᠬᠤᠨ ᠤ ᠡᠶ᠎ᠡ ᠵᠤᠬᠢᠴᠠᠯ ᠢ ᠬᠠᠮᠠᠭᠠᠯᠠᠬᠤ ᠬᠡᠷᠡᠭᠲᠠᠢ᠃ ᠣᠯᠣᠰ ᠤᠨ ᠪᠠᠳᠤᠯᠠᠨ ᠬᠠᠮᠠᠭᠠᠯᠠᠯᠳᠠ ᠶᠢᠨ ᠰᠤᠷᠭᠠᠨ ᠬᠦᠮᠦᠵᠢᠯ ᠢ ᠴᠢᠩᠭᠠᠳᠬᠠᠵᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠯᠳᠠ᠂ ᠡᠷᠦᠬᠡ ᠶᠢᠨ ᠴᠡᠷᠢᠭ ᠤᠨ ᠪᠡᠯᠡᠳᠬᠡᠯ ᠠᠩᠭᠢ ᠬᠢᠭᠡᠳ ᠨᠦᠭᠡᠴᠡ ᠬᠦᠴᠦᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠲᠠᠢ  ᠃ ︽ᠵᠢᠷᠭᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠦᠯᠦᠪᠵᠢᠭᠦᠯᠭᠡ ᠶᠢ ᠨᠠᠷᠢᠨ ᠬᠢᠨᠠᠮᠠᠭᠠᠢ ᠬᠡᠷᠡᠭᠵᠢᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂  ᠬᠦᠨᠳᠦ ᠶᠡᠭᠡ  ᠠᠵᠢᠯ ᠤᠨ ᠠᠳᠡᠯ ᠡᠭᠦᠰᠬᠦ   ᠠᠴᠠ ᠰᠡᠷᠬᠡᠶᠢᠯᠡᠬᠦ ᠬᠡᠷᠡᠭᠲᠠᠢ᠃       ︵ᠶᠢᠰᠦ︶ ᠦᠢᠯᠡᠴᠢᠯᠡᠭᠡᠨ ᠤ ᠴᠢᠳᠠᠪᠤᠷᠢ ᠪᠠᠨ ᠴᠢᠩᠭᠠᠳᠬᠠᠵᠤ᠂ ᠠᠯᠪᠠᠨ ᠪᠠᠶᠢᠭᠤᠯᠭ᠎ᠠ ᠶᠢᠨ ᠴᠢᠳᠠᠪᠬᠢ ᠶᠢ  ᠲᠡᠭᠡᠭᠰᠢᠯᠡᠬᠦᠯᠦᠨ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ  ᠴᠢᠩᠭᠠᠳᠬᠠᠨ᠎ᠠ᠃         ᠰᠤᠷᠤᠯᠴᠠᠯᠭ᠎ᠠ ᠪᠠᠨ  ᠴᠢᠩᠭᠠᠳᠬᠠᠵᠤ᠂ ᠲᠠᠪᠰᠢᠭᠰᠠᠨ ᠰᠡᠳᠬᠢᠭᠦᠢ ᠪᠠᠷ ᠠᠵᠢᠯ ᠢᠶᠠᠨ  ᠲᠦᠯᠦᠪᠵᠢᠬᠦᠯᠦᠨ᠎ᠡ᠃ ᠰᠤᠷᠤᠯᠴᠠᠯᠭ᠎ᠠ ᠶᠢᠨ ᠠᠭᠤᠷ ᠠᠮᠢᠰᠬᠤᠯ᠂ ᠪᠠᠶᠢᠴᠠᠭᠠᠨ ᠰᠤᠳᠤᠯᠤᠯᠳᠠ ᠶᠢᠨ ᠠᠭᠤᠷ ᠠᠮᠢᠰᠬᠤᠯ ᠢ ᠪᠤᠢ ᠪᠤᠯᠭᠠᠵᠤ᠂ ᠤᠬᠠᠮᠰᠠᠷ ᠠᠴᠠ ᠪᠠᠨ ᠰᠤᠷᠤᠯᠴᠠᠬᠤ ᠶᠢ  ᠴᠢᠬᠤᠯᠠᠴᠢᠯᠠᠨ᠂ ᠡᠯ᠎ᠡ ᠲᠦᠷᠦᠯ ᠤᠨ ᠪᠤᠯᠪᠠᠰᠤᠷᠠᠯ ᠢ ᠡᠷᠴᠢᠮᠵᠢᠭᠦᠯᠵᠦ᠂ ᠦᠷᠭᠡᠨ ᠤᠯᠠᠨ ᠲᠦᠷᠦ ᠶᠢᠨ ᠠᠯᠪᠠᠳᠠᠳ᠂ ᠨᠡᠩ ᠢᠯᠠᠩᠭᠤᠶ᠎ᠠ ᠡᠯ᠎ᠡ ᠱᠠᠳᠤᠨ ᠤ ᠤᠳᠤᠷᠢᠳᠬᠤ ᠺᠠᠳᠠᠷᠴᠤᠳ ᠤᠨ ᠤᠯᠤᠰ ᠲᠦᠷᠦ ᠤᠨᠤᠯ ᠤᠨ ᠪᠤᠯᠪᠠᠰᠤᠷᠠᠯ ᠪᠤᠯᠤᠨ ᠰᠢᠨ᠎ᠡ ᠶᠢ ᠡᠭᠦᠳᠬᠦ ᠴᠢᠳᠠᠪᠤᠷᠢ  ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠠᠢ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ  ᠂ ᠲᠠᠨᠢᠯᠳᠠ ᠪᠠᠨ  ᠬᠤᠪᠢᠷᠠᠭᠤᠯᠤᠨ᠂ ᠰᠢᠨᠵᠢᠯᠡᠬᠦ ᠤᠬᠠᠭᠠᠨᠴᠢ ᠤᠪᠤᠷ ᠪᠤᠯᠤᠨ ᠰᠢᠨ᠎ᠡ ᠶᠢ ᠡᠭᠦᠳᠬᠦ ᠵᠤᠷᠢᠭ ᠰᠠᠨᠠᠭ᠎ᠠ  ᠪᠠᠷ  ᠦᠷᠢᠰᠦᠯᠳᠡᠭᠡᠨ ᠢ  ᠤᠭᠳᠤᠵᠤ᠂ ᠬᠦᠭᠵᠢᠯᠲᠡ   ᠶᠢ ᠠᠬᠢᠭᠤᠯᠬᠤ ᠬᠡᠷᠡᠭᠲᠠᠢ᠃         ᠬᠠᠤᠯᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠲᠡᠭᠦᠯᠳᠡᠷᠵᠢᠭᠰᠡᠨ  ᠲᠦᠷᠢᠮ ᠲᠤᠭᠳᠠᠭᠠᠯ ᠢᠶᠠᠷ ᠬᠠᠷᠢᠭᠤᠴᠠᠯᠭ᠎ᠠ ᠪᠠᠨ ᠴᠢᠩᠭᠠᠳᠬᠠᠨ᠎ᠠ᠃ ᠵᠠᠰᠠᠭ ᠤᠨ ᠤᠷᠳᠤᠨ ᠬᠢᠭᠡᠳ ᠡᠯ᠎ᠡ ᠪᠦᠷᠢᠯᠳᠤᠭᠦᠨ ᠨᠢᠭᠡᠴᠡ ᠨᠢ ᠬᠠᠤᠯᠢ   ᠪᠠᠷ ᠲᠤᠭᠳᠠᠭᠠᠭᠰᠠᠨ ᠬᠡᠪᠴᠢᠶᠡᠨ ᠳᠤ ᠡᠷᠭᠡ ᠲᠤᠰᠢᠶᠠᠯ ᠢᠶᠠᠨ ᠬᠡᠷᠡᠭᠵᠢᠭᠦᠯᠵᠦ᠂  ᠡᠭᠦᠷᠭᠡ  ᠬᠠᠷᠢᠭᠤᠴᠠᠯᠭ᠎ᠠ ᠪᠠᠨ ᠭᠦᠢᠴᠡᠳᠬᠡᠨ᠂ ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠲᠤᠤᠷ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ ᠪᠤᠯᠤᠨ ᠤᠯᠤᠰ ᠲᠦᠷᠦ ᠶᠢᠨ ᠵᠦᠪᠯᠡᠯᠭᠡᠨ ᠤ  ᠠᠷᠠᠳᠴᠢᠯᠠᠭᠰᠠᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠡᠯ᠎ᠡ ᠠᠷᠠᠳ ᠤᠨ ᠪᠦᠯᠭᠦᠮ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠢᠨ ᠤ ᠰᠠᠨᠠᠯ ᠢ  ᠬᠤᠷᠢᠶᠠᠨ᠂  ᠶᠠᠷᠢᠶ᠎ᠠ ᠬᠡᠯᠡᠯᠴᠡᠭᠡᠨ ᠤ ᠬᠢᠨᠠᠯᠳᠠ  ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠠᠢ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠲᠡ ᠶᠢ ᠭᠦᠨᠵᠡᠬᠡᠶᠢᠷᠡᠭᠦᠯᠵᠦ᠂ ᠬᠢᠨᠠᠨ ᠵᠦᠪᠰᠢᠶᠡᠷᠡᠬᠦ  ᠢᠯᠡ ᠲᠤᠳᠤ ᠪᠠᠶᠢᠳᠠᠯ ᠪᠤᠯᠤᠨ  ᠬᠢᠨᠠᠨ ᠵᠦᠪᠰᠢᠶᠡᠷᠡᠬᠦ ᠠᠵᠢᠯ ᠤᠨ ᠦᠷ᠎ᠡ ᠪᠦᠳᠦᠮᠵᠢ ᠶᠢ ᠳᠡᠭᠡᠭᠰᠢᠯᠡᠭᠦᠯᠬᠦ ᠬᠡᠷᠡᠭᠲᠠᠢ᠃ ᠵᠠᠰᠠᠭ ᠤᠨ ᠶᠠᠪᠤᠳᠠᠯ ᠢ ᠢᠯᠡ ᠪᠤᠯᠭᠠᠬᠤ ᠪᠠ ᠵᠠᠰᠠᠭ ᠤᠨ ᠤᠷᠳᠤᠨ ᠤ ᠮᠡᠳᠡᠭᠡ ᠵᠠᠩᠭᠢ   ᠶᠢ ᠢᠯᠡ ᠪᠠᠶᠢᠯᠭᠠᠬᠤ ᠶᠢ  ᠴᠢᠩᠭᠠᠳᠬᠠᠵᠤ᠂ ᠵᠠᠰᠠᠭ ᠤᠨ ᠤᠷᠳᠤᠨ ᠤ ᠠᠵᠢᠯ ᠤᠨ  ᠠᠵᠢᠯᠯᠠᠬᠤ ᠲᠤᠭᠳᠠᠴᠠ ᠶᠢ ᠪᠦᠷᠢᠨᠰᠢᠭᠦᠯᠵᠦ᠂ ᠨᠡᠶᠢᠳᠡ ᠶᠢᠨ ᠡᠷᠬᠡ ᠶᠢᠨ ᠢᠯᠡ ᠳᠤᠳᠤᠷᠬᠠᠢ ᠶᠠᠪᠤᠭᠳᠠᠬᠤ ᠶᠢ ᠠᠬᠢᠭᠤᠯᠬᠤ ᠬᠡᠷᠡᠭᠲᠠᠢ᠃         ᠠᠷᠢᠭᠤᠨ ᠴᠢᠭᠡᠴᠢ ᠪᠠᠷ ᠵᠠᠰᠠᠭ ᠪᠠᠷᠢᠵᠤ᠂  ᠰᠠᠬᠢᠯᠭ᠎ᠠ ᠲᠦᠷᠢᠮ ᠢᠶᠠᠷ ᠪᠡᠶ᠎ᠡ ᠪᠠᠨ ᠱᠠᠭᠠᠷᠳᠠᠨ᠎ᠠ᠃ ᠴᠢᠭᠡᠴᠢ ᠵᠠᠰᠠᠭ ᠤᠨ ᠪᠠᠶᠢᠭᠤᠯᠤᠯᠳᠠ ᠶᠢ ᠤᠯᠠᠮ  ᠰᠠᠶᠢᠨ ᠠᠳᠬᠤᠵᠤ᠂ ᠢᠯᠵᠢᠷᠡᠯ ᠢ ᠤᠭ  ᠦᠨᠳᠦᠰᠦ ᠠᠴᠠ ᠨᠢ ᠵᠠᠰᠠᠬᠤ  ᠪᠠᠶᠢᠭᠤᠯᠤᠯ ᠲᠤᠭᠳᠠᠴᠠ ᠶᠢ ᠲᠡᠬᠦᠯᠳᠡᠷᠵᠢᠬᠦᠯᠬᠦ ᠬᠡᠷᠡᠭᠲᠠᠢ᠃ ᠡᠳ᠋ ᠤᠨ ᠵᠠᠰᠠᠭ ᠤᠨ ᠪᠡᠯᠡ ᠮᠦᠩᠭᠦ᠂ ᠲᠤᠮᠤ ᠶᠡᠭᠡ ᠪᠡᠯᠡ ᠤᠷᠤᠭᠤᠯᠤᠯᠳᠠ ᠶᠢᠨ ᠲᠦᠷᠦᠯ ᠵᠦᠢᠯ᠂ ᠭᠠᠵᠠᠷ ᠰᠢᠷᠤᠢ   ᠶᠢᠨ ᠳᠠᠭᠠᠭᠠᠴᠢᠯᠠᠯᠳᠠ ᠵᠠᠷᠯᠠᠬᠤ  ᠵᠢᠴᠢ ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠪᠤᠯᠤᠨ ᠬᠢᠨᠠᠨ ᠪᠤᠳᠤᠯᠳᠠ ᠶᠢ ᠴᠢᠩᠭᠠᠳᠬᠠᠵᠤ᠂ ᠲᠦᠷᠢᠮ ᠲᠤᠭᠳᠠᠭᠠᠯ ᠢᠶᠠᠷ ᠤᠴᠢᠵᠤ ᠡᠷᠬᠡ ᠶᠢ  ᠬᠠᠮᠢᠶᠠᠷᠤᠨ᠂ ᠡᠳ᠋ ᠢ ᠬᠠᠮᠢᠶᠠᠷᠴᠦ᠂ ᠬᠡᠷᠡᠭ ᠤᠴᠢᠷ ᠢ ᠬᠠᠮᠢᠶᠠᠷᠴᠦ᠂ ᠬᠦᠮᠦᠨ ᠢ  ᠬᠠᠮᠢᠶᠠᠷᠤᠨ᠎ᠠ᠃ ᠺᠠᠲᠠᠷ ᠠᠵᠢᠯᠳᠠᠳ ᠤᠨ ᠠᠷᠢᠭᠤᠨ ᠴᠢᠭᠡᠴᠢ ᠪᠠᠷ  ᠪᠡᠶ᠎ᠡ ᠪᠠᠨ ᠬᠠᠮᠢᠶᠠᠷᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠵᠠᠬᠢᠷᠭᠠᠨ ᠤ  ᠦᠪᠡᠷᠦᠨ ᠦᠷᠳᠡᠭ ᠢ  ᠠᠷᠪᠢᠯᠠᠨ᠂ ︽ᠭᠤᠷᠪᠠᠨ ᠠᠯᠪᠠᠨ︾  ᠵᠠᠷᠤᠯᠭ᠎ᠠ ᠶᠢ ᠬᠢᠵᠠᠭᠠᠷᠯᠠᠵᠤ᠂  ᠲᠤᠭᠳᠠᠭᠤᠨ ᠢ ᠪᠠᠳᠤᠯᠠᠬᠤ᠂  ᠡᠷᠬᠢᠯᠳᠦᠯ ᠢ  ᠪᠠᠳᠤᠯᠠᠬᠤ᠂ ᠨᠡᠮᠡᠭᠳᠡᠯ ᠢ ᠪᠠᠳᠤᠯᠠᠬᠤ᠂ ᠠᠷᠠᠳ ᠤᠨ ᠠᠮᠢᠳᠤᠷᠠᠯ ᠢ ᠪᠠᠳᠤᠯᠠᠬᠤ ᠵᠡᠷᠭᠡ ᠲᠠᠯ᠎ᠠ ᠳᠤ ᠨᠡᠶᠢᠳᠡ ᠶᠢᠨ ᠡᠳ᠋ ᠤᠨ ᠵᠠᠰᠠᠭ ᠢ  ᠭᠡᠷᠡᠭᠯᠡᠵᠦ ᠂ ᠠᠷᠠᠳ ᠤᠨ  ᠲᠦᠯᠦᠬᠡ ᠠᠵᠢᠯᠯᠠᠬᠤ᠂ ᠦᠨᠡᠨ ᠪᠤᠳᠠᠲᠠᠢ ᠶᠢ ᠡᠷᠬᠢᠮᠯᠡᠬᠦ ᠠᠷᠢᠭᠤᠨ ᠴᠢᠭᠡᠴᠢ ᠵᠠᠰᠠᠭ ᠤᠨ ᠤᠷᠳᠤᠨ  ᠤ ᠲᠦᠷᠢ ᠲᠦᠷᠬᠦ ᠶᠢ ᠪᠤᠢ ᠪᠤᠯᠭᠠᠬᠤ ᠬᠡᠷᠡᠭᠲᠠᠢ᠃        ᠬᠦᠭᠵᠢᠬᠦᠯᠦᠯᠳᠡ ᠶᠢᠨ ᠲᠡᠷᠢᠬᠦᠨ ᠴᠢᠬᠤᠯᠠ ᠡᠭᠦᠷᠭᠡ ᠶᠢ ᠪᠠᠷᠢᠮᠳᠠᠯᠠᠵᠤ᠂ ᠤᠷᠴᠢᠨ ᠲᠤᠭᠤᠷᠢᠨ   ᠢ ᠰᠢᠯᠢᠳᠡᠭᠵᠢᠬᠦᠯᠦᠨ ᠬᠦᠭᠵᠢᠯᠳᠡ ᠶᠢ ᠠᠬᠢᠭᠤᠯᠤᠨ᠎ᠠ᠃   ᠬᠦᠭᠵᠢᠬᠦᠯᠦᠯᠳᠡ ᠪᠠᠷ ᠲᠡᠷᠢᠬᠦᠨ ᠡᠭᠦᠷᠭᠡ ᠪᠤᠯᠭᠠᠬᠤ ᠶᠢ ᠪᠠᠷᠢᠮᠳᠠᠯᠠᠵᠤ᠂ ᠮᠠᠨ ᠤ ᠬᠤᠰᠢᠭᠤᠨ ᠤ ᠲᠤᠳᠤᠭᠠᠳᠤ ᠬᠡᠷᠡᠭᠴᠡᠭᠡ ᠨᠡᠯᠢᠶᠡᠳ ᠪᠠᠭ᠎ᠠ᠂ ᠬᠦᠭᠵᠢᠯᠲᠡ ᠨᠢ ᠭᠤᠤᠯᠳᠠᠭᠤ ᠪᠡᠯᠡ ᠤᠷᠤᠭᠤᠯᠤᠯᠳᠠ ᠳᠤ ᠲᠦᠰᠢᠭᠯᠡᠵᠦ  ᠪᠠᠶᠢᠭ᠎ᠠ ᠪᠤᠳᠠᠲᠠᠢ  ᠪᠠᠶᠢᠳᠠᠯ ᠢ ᠦᠨᠳᠦᠰᠦᠯᠡᠨ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ  ᠬᠦᠴᠦᠯᠡᠴᠡ ᠪᠠᠨ  ᠶᠡᠬᠡᠰᠬᠡᠵᠦ᠂ ᠤᠯᠤᠰ ᠠᠴᠠ ᠦᠪᠦᠷ ᠮᠤᠩᠭᠤᠯ ᠤᠨ ᠬᠦᠭᠵᠢᠯᠲᠡ ᠶᠢ ᠲᠡᠮᠵᠢᠭᠦ ᠲᠦᠷᠦ ᠶᠢᠨ ᠪᠤᠳᠤᠯᠭ᠎ᠠ ᠶᠢ ᠲᠤᠭᠳᠠᠭᠠᠭᠰᠠᠨ᠂ ᠬᠦᠭᠵᠢᠭᠰᠡᠨ  ᠭᠠᠵᠠᠷ ᠤᠷᠤᠨ ᠤ ᠠᠵᠤ ᠦᠢᠯᠡᠰ ᠤᠨ ᠰᠢᠯᠵᠢᠯᠲᠡ ᠪᠤᠯᠤᠨ ᠮᠠᠨ ᠤ ᠠᠶᠢᠮᠠᠭ ᠤᠨ ᠴᠠᠬᠢᠯᠭᠠᠨ ᠤ ᠡᠬᠢ ᠪᠠᠶᠠᠯᠢᠭ ᠤᠨ ᠰᠠᠭᠤᠷᠢᠨ ᠭᠠᠵᠠᠷ ᠪᠠᠶᠢᠭᠤᠯᠤᠭᠳᠠᠭᠰᠠᠨ ᠵᠡᠷᠭᠡ ᠴᠠᠭ ᠲᠤᠬᠢᠶᠠᠯ ᠢ ᠡᠵᠡᠮᠳᠡᠨ᠂ ᠪᠦᠬᠦ ᠤᠯᠤᠰ ᠤᠨ ᠲᠤᠮᠳᠠ ᠵᠢᠵᠢᠭ ᠬᠤᠳᠠ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠲᠤᠷᠰᠢᠯᠳᠠ ᠶᠢᠨ ᠤᠷᠤᠨ ᠵᠡᠷᠭᠡ ᠠᠷᠠᠯᠵᠢᠶᠠᠴᠢᠨ ᠤᠷᠢᠵᠤ ᠪᠡᠯᠡ  ᠤᠷᠤᠭᠤᠯᠬᠤ ᠲᠡᠪᠴᠡᠩ ᠢ ᠭᠦᠢᠴᠡᠳ ᠠᠰᠢᠭᠯᠠᠵᠤ᠂ ᠲᠦᠷᠦᠯ ᠵᠦᠢᠯ ᠤᠨ ᠬᠦᠮᠦᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠷᠠᠯᠵᠢᠶᠠᠴᠢᠨ ᠤᠷᠢᠵᠦ ᠪᠡᠯᠡ  ᠤᠷᠤᠭᠤᠯᠬᠤ ᠬᠡᠪᠴᠢᠶ᠎ᠡ ᠪᠠᠨ ᠦᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ  ᠬᠠᠨᠳᠤᠯᠭᠠᠳᠤ ᠴᠢᠨᠠᠷ ᠪᠤᠯᠬᠤᠷ ᠪᠦᠳᠦᠮᠵᠢᠳᠦ ᠴᠢᠨᠠᠷ ᠢ ᠳᠡᠭᠡᠭᠰᠢᠯᠡᠭᠦᠯᠬᠦ ᠬᠡᠷᠡᠭᠲᠠᠢ᠃  ᠤᠷᠤᠵᠤ ᠨᠤᠳᠤᠭᠰᠢᠭᠰᠠᠨ ᠠᠵᠤ ᠠᠬᠤᠶᠢᠯᠠᠯ   ᠳᠤ ᠵᠤᠬᠢᠴᠠᠭᠤᠯᠬᠤ ᠦᠢᠯᠡᠴᠢᠯᠡᠭᠡ ᠶᠢ ᠰᠠᠶᠢᠳᠤᠷ ᠬᠢᠵᠦ᠂ ᠠᠷᠠᠯᠵᠢᠶᠠᠴᠢᠨ ᠤᠷᠢᠵᠤ  ᠤᠷᠤᠭᠤᠯᠬᠤ ᠦᠷ᠎ᠡ ᠠᠰᠢᠭ ᠢ ᠦᠨᠡᠨᠬᠦ ᠨᠡᠮᠡᠭᠳᠡᠭᠦᠯᠬᠦ ᠬᠡᠷᠡᠭᠲᠠᠢ᠃ ᠠᠵᠢᠯ ᠤᠨ  ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ᠂ ᠦᠢᠯᠡᠴᠢᠯᠡᠭᠡᠨ ᠤ ᠠᠮᠠᠯᠠᠯᠳᠠ ᠶᠢᠨ ᠳᠦᠷᠢᠮ᠂ ᠬᠤᠭᠤᠴᠠᠭ᠎ᠠ ᠲᠤᠭᠳᠠᠨ ᠪᠡᠶᠡᠯᠡᠭᠦᠯᠬᠦ ᠳᠦᠷᠢᠮ ᠵᠡᠷᠭᠡ ᠳᠦᠷᠢᠮ ᠲᠤᠭᠳᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠤᠨ  ᠠᠯᠬᠤᠮ ᠳᠠᠷᠠᠭᠠᠯᠠᠯ  ᠢ ᠳᠦᠷᠢᠮᠵᠢᠭᠦᠯᠦᠨ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠳᠦᠮᠵᠢ ᠶᠢ ᠪᠦᠳᠦᠮᠵᠢᠲᠠᠢ ᠳᠡᠭᠡᠭᠰᠢᠯᠡᠭᠦᠯᠬᠦ ᠬᠡᠷᠡᠭᠲᠠᠢ ᠃ ᠵᠠᠰᠠᠭ ᠵᠠᠬᠢᠷᠭᠠᠨ ᠤ ᠬᠠᠷᠢᠭᠤᠴᠠᠯᠭ᠎ᠠ ᠡᠷᠢᠬᠦ ᠳᠦᠷᠢᠮ ᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ  ᠤᠷᠤᠭᠤᠯᠬᠤ  ᠲᠠᠯᠠᠪᠠᠷ  ᠵᠠᠰᠠᠭ ᠵᠠᠬᠢᠷᠭᠠᠨ ᠤ ᠦᠯᠦ ᠭᠦᠢᠴᠡᠳᠬᠡᠬᠦ᠂ ᠤᠳᠠᠭᠠᠰᠢᠷᠠᠨ ᠭᠦᠢᠴᠡᠳᠬᠡᠬᠦ ᠪᠠ ᠲᠤᠷ᠎ᠠ ᠪᠠᠷ  ᠢᠶᠠᠨ ᠭᠦᠢᠴᠡᠳᠬᠡᠬᠦ ᠠᠵᠢᠯᠯᠠᠭ᠎ᠠ ᠳᠤ  ᠴᠢᠩᠭ᠎ᠠ ᠴᠡᠭᠴᠡᠯᠡᠯᠲᠡ ᠬᠢᠵᠦ᠂ ︽ᠠᠮᠦᠷ ᠲᠦᠪᠰᠢᠨ᠂ ᠢᠳᠡᠭᠡᠯ ᠨᠠᠶᠢᠳᠠᠪᠤᠷᠢᠲᠠᠢ᠂ ᠦᠷ᠎ᠡ ᠪᠦᠳᠦᠮᠵᠢ ᠲᠠᠢ᠂ ᠬᠠᠯᠠᠭᠤᠮᠰᠤᠭ︾ ᠤᠬᠢ ᠰᠠᠶᠢᠨ ᠬᠦᠭᠵᠢᠯᠳᠡ ᠶᠢᠨ ᠤᠷᠴᠢᠨ   ᠢ  ᠪᠤᠢ ᠪᠤᠯᠭᠠᠬᠤ ᠬᠡᠷᠡᠭᠲᠠᠢ᠃        ︵ᠠᠷᠪᠠ︶ ᠪᠦᠬᠦ ᠠᠶᠢᠮᠠᠭ ᠤᠨ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠢᠶᠠᠷ ᠲᠤᠬᠢᠶᠠᠯ ᠪᠤᠯᠭᠠᠵᠤ᠂ ᠮᠠᠨ ᠤ ᠬᠤᠰᠢᠭᠤᠨ ᠤ ᠪᠠᠨ ᠠᠵᠤ ᠠᠬᠤᠢ ᠨᠡᠶᠢᠭᠡᠮ ᠤᠨ ᠰᠢᠨ᠎ᠡ ᠬᠡᠪ  ᠪᠠᠶᠢᠳᠠᠯ   ᠢ ᠬᠠᠷᠠᠭᠤᠯᠤᠨ᠎ᠠ᠃         ᠪᠦᠬᠦ ᠠᠶᠢᠮᠠᠭ ᠤᠨ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠢ ᠡᠨᠡ ᠵᠢᠯ ᠮᠠᠨ ᠤ ᠬᠤᠰᠢᠭᠤᠨ ᠳᠤ ᠬᠤᠷᠠᠯᠳᠤᠭᠤᠯᠬᠤ ᠪᠤᠯᠤᠨ᠎ᠠ᠂ ᠡᠨᠡ ᠤᠳᠠᠭᠠᠨ ᠤ ᠬᠤᠷᠠᠯᠳᠤᠭᠠᠨ ᠪᠤᠯ ᠮᠠᠨ ᠤ ᠬᠤᠰᠢᠭᠤᠨ ᠤ ᠶᠡᠷᠦᠩᠬᠡᠶᠢᠯᠡᠭᠰᠡᠨ ᠪᠤᠳᠠᠳᠤ ᠬᠦᠴᠦᠨ ᠢᠶᠠᠨ ᠤᠯᠠᠮ ᠨᠢᠭᠡ ᠠᠯᠬᠤᠮ  ᠲᠡᠭᠡᠭᠰᠢᠯᠡᠬᠦᠯᠦᠨ᠂ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ ᠠᠴᠠ ᠨᠠᠰᠢᠬᠢ ᠬᠦᠭᠵᠢᠯᠲᠡ ᠶᠢᠨ ᠦᠷ᠎ᠡ ᠪᠦᠳᠦᠭᠡᠯ ᠢᠶᠠᠨ ᠬᠠᠷᠠᠭᠤᠯᠵᠤ᠂ ᠮᠠᠨ ᠤ ᠬᠤᠰᠢᠭᠤᠨ ᠤ ᠪᠠᠨ ᠨᠡᠷ᠎ᠡ ᠨᠦᠯᠦᠭᠡ ᠶᠢ ᠦᠷᠭᠡᠳᠬᠡᠵᠦ᠂ ᠡᠯ᠎ᠡ ᠲᠠᠯ᠎ᠠ ᠶᠢᠨ ᠠᠵᠢᠯ ᠢᠶᠠᠨ ᠰᠢᠨ᠎ᠡ ᠱᠠᠳᠤᠨ ᠳᠤ ᠲᠡᠪᠰᠢᠭᠦᠯᠭᠦ   ᠳᠤ ᠤᠯᠳᠠᠰᠢ ᠦᠭᠡᠢ ᠬᠤᠪᠤᠷ ᠲᠤᠬᠢᠶᠠᠯ ᠪᠤᠯᠬᠤ ᠶᠤᠮ᠂ ᠪᠢᠳᠡ ︽ᠬᠤᠷᠠᠯ ᠢᠶᠠᠷ ᠡᠭᠦᠳᠦᠯᠳᠡ ᠶᠢ ᠠᠬᠢᠭᠤᠯᠵᠤ᠂  ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠬᠦᠭᠵᠢᠯᠲᠡ ᠶᠢ ᠠᠬᠢᠭᠤᠯᠬᠤ︾ ᠬᠤᠷᠠᠯ ᠡᠷᠬᠢᠯᠡᠬᠦ ᠶᠡᠷᠦᠩᠬᠡᠢ ᠵᠤᠷᠢᠯᠳᠠ ᠶᠢ ᠴᠢᠩᠭ᠎ᠠ  ᠡᠵᠡᠮᠳᠡᠨ᠂ ᠠᠷᠢᠭᠤᠨ ᠴᠢᠭᠡᠴᠢ᠂ ᠠᠵᠢᠯᠴᠢ ᠠᠷᠪᠢᠴᠢ ᠪᠠᠷ ᠬᠤᠷᠠᠯ ᠡᠷᠬᠢᠯᠡᠬᠦ ᠶᠢ ᠪᠠᠷᠢᠮᠳᠠᠯᠠᠵᠤ᠂ ᠬᠤᠷᠠᠯ ᠢ  ᠤᠭᠳᠤᠬᠤ  ᠪᠠ ᠡᠷᠬᠢᠯᠡᠬᠦ ᠶᠠᠪᠤᠴᠠ ᠪᠠᠨ ᠨᠡᠮᠡᠭᠳᠡᠯ ᠢ ᠪᠠᠳᠤᠯᠠᠵᠤ᠂ ᠪᠦᠳᠦᠴᠡ ᠶᠢ ᠲᠤᠬᠢᠷᠠᠭᠤᠯᠵᠤ᠂ ᠬᠦᠭᠵᠢᠯᠲᠡ ᠶᠢ ᠠᠬᠢᠭᠤᠯᠵᠤ᠂ ᠠᠷᠠᠳ ᠲᠤ ᠠᠰᠢᠭ ᠬᠦᠷᠳᠡᠭᠡᠬᠦ ᠶᠠᠪᠤᠴᠠ ᠪᠤᠯᠭᠠᠬᠤ ᠬᠡᠷᠡᠭᠲᠠᠢ᠃  ᠲᠠᠷᠢᠶᠠᠯᠠᠩ ᠮᠠᠯ ᠠᠵᠤ ᠠᠬᠤᠢ ᠶᠢᠨ ᠭᠤᠤᠯ ᠴᠤᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠵᠤ᠂ ᠳᠠᠪᠠᠭᠤᠯᠢᠭ ᠠᠵᠤ ᠦᠢᠯᠡᠰ ᠤᠨ ᠬᠦᠭᠵᠢᠯᠲᠡ ᠶᠢᠨ  ᠠᠬᠢᠴᠠ ᠶᠢ ᠲᠦᠷᠭᠡᠳᠭᠡᠨ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠪᠦᠳᠦᠮᠵᠢᠲᠠᠢ ᠰᠠᠶᠢᠵᠢᠷᠠᠭᠤᠯᠤᠨ᠂ ᠮᠠᠨ ᠤ ᠬᠤᠰᠢᠭᠤᠨ ᠤ ᠮᠠᠯ  ᠲᠠᠷᠢᠶᠠᠯᠠᠩ   ᠤᠨ ᠠᠵᠤ ᠦᠢᠯᠡᠰᠵᠢᠯᠲᠡ ᠪᠤᠯᠤᠨ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ ᠤᠯᠤᠭᠰᠠᠨ ᠰᠢᠨ᠎ᠡ ᠠᠮᠵᠢᠯᠲᠠ ᠪᠦᠳᠦᠮᠵᠢ ᠶᠢ ᠲᠦᠪᠯᠡᠷᠡᠩᠬᠦᠢ  ᠬᠠᠷᠠᠭᠤᠯᠬᠤ ᠬᠡᠷᠡᠭᠲᠠᠢ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢᠨ ᠠᠬᠢᠴᠠ ᠶᠢ ᠲᠦᠷᠭᠡᠨ ᠠᠬᠢᠭᠤᠯᠵᠤ᠂  ᠤᠳᠤ ᠪᠠᠶᠢᠭ᠎ᠠ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠤᠨ ᠴᠢᠳᠠᠪᠤᠷᠢ ᠶᠢ ᠨᠢ ᠨᠡᠮᠡᠭᠳᠡᠬᠦᠯᠵᠦ᠂  ᠰᠢᠨ᠎ᠡ ᠪᠠᠷ  ᠡᠬᠢᠯᠡᠭᠡ ᠲᠦᠷᠦᠯ ᠵᠦᠢᠯ ᠤᠨ ᠠᠰᠢᠭᠯᠠᠯᠳᠠ ᠳᠤ ᠤᠷᠤᠬᠤ ᠶᠢ ᠢᠳᠡᠪᠬᠢᠲᠠᠢ  ᠠᠬᠢᠭᠤᠯᠤᠨ  ᠂ ᠮᠠᠨ ᠤ ᠬᠤᠰᠢᠭᠤᠨ ᠤ ᠪᠠᠨ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ  ᠪᠠ ᠠᠵᠤ ᠠᠬᠤᠢ ᠶᠢᠨ ᠶᠡᠷᠦᠩᠭᠡᠢ ᠬᠡᠮᠵᠢᠶ᠎ᠡ ᠪᠠᠨ ᠦᠷᠭᠡᠳᠬᠡᠬᠦ ᠲᠠᠯ᠎ᠠ ᠪᠠᠷ ᠤᠯᠤᠭᠰᠠᠨ ᠰᠢᠨ᠎ᠡ ᠠᠮᠵᠢᠯᠲᠠ ᠪᠦᠳᠦᠮᠵᠢ ᠶᠢ  ᠲᠦᠪᠯᠡᠷᠡᠩᠬᠦᠢ ᠬᠠᠷᠠᠭᠤᠯᠬᠤ ᠬᠡᠷᠡᠭᠲᠠᠢ᠃ ᠵᠤᠭᠠᠴᠠᠯ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠲᠡᠰ ᠲᠠᠪᠰᠢᠬᠦ ᠶᠢ ᠠᠬᠢᠭᠤᠯᠵᠤ᠂  ᠲᠦᠬᠦᠭᠡᠷᠦᠮᠵᠢ ᠶᠢ ᠲᠠᠰᠤᠷᠠᠯᠳᠠ ᠦᠭᠡᠢ  ᠪᠦᠷᠢᠨᠰᠢᠬᠦᠯᠦᠨ᠂ ᠮᠠᠨ ᠤ ᠬᠤᠰᠢᠭᠤᠨ ᠤ ᠭᠤᠷᠪᠠᠳᠤᠭᠠᠷ ᠠᠵᠤ ᠦᠢᠯᠡᠰ ᠤᠨ ᠬᠦᠭᠵᠢᠯᠲᠡ ᠶᠢᠨ ᠰᠢᠨ᠎ᠡ ᠬᠢᠯᠡᠰ ᠴᠡᠭ ᠢ  ᠲᠦᠪᠯᠡᠷᠡᠩᠬᠦᠢ  ᠬᠠᠷᠠᠭᠤᠯᠬᠤ ᠬᠡᠷᠡᠭᠲᠠᠢ᠃ ᠲᠤᠰ ᠱᠠᠳᠤᠨ ᠤ ᠡᠳ᠋ ᠤᠨ ᠵᠠᠰᠠᠭ ᠤᠨ ᠤᠷᠤᠭᠤᠯᠤᠯᠳᠠ  ᠪᠠᠨ ᠨᠡᠮᠡᠭᠳᠡᠭᠦᠯᠵᠦ᠂ ᠨᠤᠭᠤᠭᠠᠷᠠᠭᠤᠯᠤᠯᠳᠠ᠂  ᠭᠡᠭᠡᠷᠡᠬᠦᠯᠦᠯᠳᠡ᠂  ᠭᠤᠸᠠᠵᠢᠭᠤᠯᠤᠯᠳᠠ ᠪᠠᠷ ᠭᠤᠤᠯᠳᠠᠯᠭ᠎ᠠ  ᠪᠤᠯᠭᠠᠨ ᠂ ᠪᠤᠤᠴᠠᠩ ᠪᠠᠯᠭᠠᠰᠤᠨ ᠤ ᠬᠤᠳᠠ ᠶᠢᠨ ᠲᠤᠭᠤᠷᠢᠭ ᠲᠤ ᠶᠡᠭᠡ  ᠬᠡᠪᠴᠢᠶᠡᠨ ᠤ ᠪᠦᠳᠦᠭᠡᠨ ᠪᠠᠶᠢᠭᠤᠯᠤᠯᠳᠠ᠂ ᠦᠭᠡᠷᠡᠴᠢᠯᠡᠯᠳᠠ ᠪᠠ ᠤᠷᠴᠢᠨ ᠲᠤᠭᠤᠷᠢᠨ ᠤ ᠴᠡᠭᠴᠡᠯᠡᠯᠳᠡ ᠶᠢᠨ ᠢᠨᠵᠢᠨᠧᠷᠢᠩ ᠢ ᠬᠡᠷᠡᠭᠵᠢᠭᠦᠯᠵᠦ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠰᠢᠨ᠎ᠡ ᠬᠡᠪ  ᠪᠠᠶᠢᠳᠠᠯ ᠢ ᠲᠦᠪᠯᠡᠷᠡᠩᠬᠦᠢ  ᠬᠠᠷᠠᠭᠤᠯᠬᠤ ᠬᠡᠷᠡᠭᠲᠠᠢ᠃ ᠡᠨᠡ ᠤᠳᠠᠭᠠᠨ ᠤ ᠬᠤᠷᠠᠯᠳᠤᠭᠠᠨ ᠤ ᠪᠡᠯᠡᠳᠭᠡᠯ ᠪᠠ ᠡᠷᠬᠢᠯᠡᠬᠦ ᠠᠵᠢᠯ ᠢ ᠰᠠᠶᠢᠳᠤᠷ ᠬᠢᠵᠦ᠂ ᠬᠤᠷᠠᠯ ᠤᠭᠳᠤᠬᠤ᠂ ᠬᠤᠷᠠᠯ ᠡᠷᠬᠢᠯᠡᠬᠦ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ   ᠶᠢ ᠴᠢᠩᠭᠠᠳᠬᠠᠬᠤ ᠶᠢᠨ ᠲᠦᠯᠦᠭᠡ  ᠂ ᠮᠠᠨ ᠤ ᠬᠤᠰᠢᠭᠤ ᠨᠢ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ  ᠤᠨ ᠵᠢᠯᠤᠭᠤᠳᠬᠤ ᠺᠤᠮᠢᠰ ᠢ ᠪᠠᠶᠢᠭᠤᠯᠵᠤ᠂ ᠲᠤᠤᠷ᠎ᠠ ᠨᠢ 7 ᠲᠤᠰᠬᠠᠢ ᠠᠬᠢᠭᠤᠯᠬᠤ ᠳᠤᠭᠤᠶᠢᠯᠠᠩ ᠪᠠᠶᠢᠭᠤᠯᠵᠠᠢ᠃ ᠡᠯ᠎ᠡ ᠲᠤᠰᠬᠠᠢ ᠠᠵᠢᠯ ᠤᠨ ᠳᠤᠭᠤᠶᠢᠯᠠᠩ ᠨᠢ ᠬᠡᠷᠡᠭᠵᠢᠭᠦᠯᠬᠦ ᠲᠦᠰᠦᠯ ᠤᠨ ᠱᠠᠭᠠᠷᠳᠠᠯᠭ᠎ᠠ ᠶᠤᠰᠤᠭᠠᠷ  ᠲᠤᠰ ᠲᠤᠰ  ᠤᠨ ᠠᠵᠢᠯ ᠤᠨ ᠲᠦᠯᠦᠪᠯᠡᠭᠡ ᠪᠠᠨ ᠨᠠᠷᠢᠨ ᠨᠢᠮᠪᠠᠢ ᠲᠣᠭᠲᠠᠵᠣ᠂ ᠵᠣᠬᠢᠴᠠᠭᠤᠯᠭ᠎ᠠ ᠪᠠᠨ  ᠴᠢᠩᠭᠠᠳᠬᠠᠨ᠂ ᠡᠭᠦᠷᠭᠡ ᠬᠠᠷᠢᠭᠤᠴᠠᠯᠭ᠎ᠠ   ᠪᠠᠨ ᠬᠦᠢᠴᠡᠳᠭᠡᠵᠦ᠂ ᠲᠤᠰ ᠲᠤᠰ ᠤᠨ ᠣᠷᠢᠳᠴᠢᠯᠠᠨ ᠲᠣᠭᠲᠠᠭᠰᠠᠨ ᠬᠠᠷᠠᠯᠳᠠ ᠪᠠᠨ ᠪᠡᠶᠡᠯᠡᠭᠦᠯᠵᠦ᠂ ᠡᠯ᠎ᠡ ᠲᠦᠷᠦᠯ ᠤᠨ ᠠᠵᠢᠯ ᠢᠶᠠᠨ ᠨᠡᠶᠢᠳᠡᠮ ᠳᠤᠨᠢ ᠠᠬᠢᠭᠤᠯᠬᠤ ᠬᠡᠷᠡᠭᠲᠠᠢ᠃       ᠲᠦᠯᠦᠭᠡᠯᠡᠭᠴᠢᠳ ᠡ︕ 2012 ᠤᠨ ᠪᠤᠯ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ  ᠵᠠᠩᠭᠢᠯᠠᠭ᠎ᠠ ᠶᠢᠨ ᠡᠷᠡᠨ ᠪᠤᠯᠬᠤ  ᠮᠦᠷᠳᠡᠭᠡᠨ ᠮᠠᠨ ᠤ ᠬᠤᠰᠢᠭᠤᠨ ᠤ ᠬᠦᠭᠵᠢᠯ ᠬᠤᠪᠢᠷᠠᠯᠳᠠ᠂ ᠦᠩᠭᠡ ᠲᠦᠷᠬᠦ ᠪᠠᠨ ᠭᠠᠳᠠᠭᠰᠢ ᠬᠠᠷᠠᠭᠤᠯᠬᠤ ᠤᠨᠴᠠᠭᠠᠢ ᠨᠢᠭᠡ  ᠵᠢᠯ  ᠪᠠᠶᠢᠵᠤ  ᠂  ᠠᠵᠢᠯ ᠡᠭᠦᠷᠭᠡ  ᠬᠠᠳᠠᠭᠤ ᠪᠡᠷᠭᠡ ᠮᠦᠷᠳᠡᠭᠡᠨ ᠦᠩᠭᠡ ᠭᠡᠷᠡᠯᠲᠠᠢ ᠪᠠᠶᠢᠨ᠎ᠠ᠃ ᠪᠢᠳᠡ ᠳᠡᠭᠡᠳᠦ ᠱᠠᠳᠤᠨ ᠤ ᠨᠠᠮ ᠵᠠᠰᠠᠭ  ᠪᠤᠯᠤᠨ ᠬᠤᠰᠢᠭᠤ ᠨᠠᠮ  ᠤᠨ ᠬᠤᠷᠢᠶᠠᠨ ᠤ  ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ  ᠪᠠ ᠲᠡᠮᠵᠢᠯᠭᠡ ᠲᠤᠤᠷ᠎ᠠ᠂   ᠬᠦᠭᠵᠢᠬᠦᠯᠦᠯᠳᠡ ᠶᠢᠨ ᠡᠬᠦᠷᠭᠡ ᠪᠠᠨ ᠴᠢᠩᠭ᠎ᠠ ᠪᠠᠷᠢᠮᠳᠠᠯᠠᠨ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ   ᠢᠶᠠᠨ  ᠪᠦᠯᠬᠦᠮᠳᠡᠬᠦᠯᠦᠨ ᠲᠠᠶᠢᠴᠢᠯᠠᠵᠤ᠂ ᠦᠵᠡᠯ ᠰᠠᠨᠠᠭ᠎ᠠ ᠪᠠᠨ  ᠴᠢᠯᠦᠬᠡᠯᠡᠨ᠂ ᠯᠠᠪᠳᠠᠭᠤᠨ ᠪᠠᠳᠤᠲᠠᠢ ᠠᠵᠢᠯᠯᠠᠵᠤ᠂ ᠲᠤᠰ ᠬᠤᠭᠤᠴᠠᠭᠠᠨ ᠤ ᠵᠠᠰᠠᠭ ᠤᠨ ᠤᠷᠳᠤᠨ ᠤ  ᠡᠯ᠎ᠡ ᠲᠦᠷᠦᠯ ᠤᠨ ᠠᠵᠢᠯ ᠡᠭᠦᠷᠭᠡ ᠪᠤᠯᠤᠨ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ  ᠡᠬᠦᠷᠭᠡ ᠬᠠᠷᠠᠯᠳᠠ ᠪᠠᠨ ᠪᠦᠬᠦ ᠲᠠᠯ᠎ᠠ ᠪᠠᠷ ᠪᠡᠶᠡᠯᠡᠭᠦᠯᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠪᠠᠷ ᠴᠢᠷᠮᠠᠶᠢᠨ ᠲᠡᠮᠡᠴᠡᠴᠡᠬᠡᠶ᠎ᠡ︕
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号