ᠵᠠᠰᠠᠭ   ᠤᠨ  ᠣᠷᠳᠣᠨ   ᠤ  ᠠᠵᠢᠯ   ᠤᠨ  ᠢᠯᠡᠳᠬᠡᠯ
ᠨᠡᠶᠢᠲᠡᠯᠡᠭᠰᠡᠨ ᠴᠠᠭ᠄
2013/1/7
ᠲᠠᠶᠢᠹᠤᠰᠧ ᠬᠤᠰᠢᠭᠤᠨ ᠤ ᠠᠷᠪᠠᠨ  ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ   ᠤᠨᠶᠡᠭᠡ    ᠬᠤᠷᠠᠯ     ᠤᠨ    ᠠᠩᠬᠠᠳᠤᠭᠠᠷ    ᠬᠤᠷᠠᠯᠳᠤᠭᠠᠨ     ᠤ    ᠪᠢᠴᠢᠭ    ᠮᠠᠲ᠋ᠧᠷᠢᠶᠠᠯ ︵26︶                                                                                                              ᠵᠠᠰᠠᠭ   ᠤᠨ   ᠣᠷᠳᠣᠨ   ᠤ   ᠠᠵᠢᠯ   ᠤᠨ   ᠢᠯᠡᠳᠬᠡᠯ                                                                              2013 ᠣᠨ ᠤ 1  ᠰᠠᠷᠠᠶᠢᠨ  7   ᠤ ᠡᠳᠦᠷ ᠲᠠᠶᠢᠹᠤᠰᠧ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ                                                                             ᠠᠷᠠᠳ   ᠤᠨ   ᠲᠥᠯᠥᠭᠡᠯᠡᠭᠴᠢᠳ   ᠤᠨ   ᠶᠡᠭᠡ    ᠬᠤᠷᠠᠯ     ᠤᠨ   ᠠᠩᠬᠠᠳᠤᠭᠠᠷ   ᠬᠤᠷᠠᠯᠳᠤᠭᠠᠨ   ᠳᠡᠭᠡᠷ᠎ᠡ                                                                                                                                                                                     ᠬᠤᠰᠢᠭᠤ  ᠲᠠᠷᠤᠭ᠎ᠠ           ᠨᠠᠨ ᠵᠦᠩ ᠢᠦᠢ   ᠲᠦᠯᠦᠭᠡᠯᠡᠭᠴᠢᠳ ᠡ  ᠄        ᠳᠣᠣᠷ᠎ᠠ  ᠪᠢ  ᠠᠷᠪᠠᠨ ᠭᠤᠷᠪᠠᠳᠤᠭᠠᠷ ᠬᠤᠭᠤᠴᠠᠭᠠᠨ ᠤ  ᠵᠠᠰᠠᠭ   ᠤᠨ ᠣᠷᠳᠣᠨ   ᠢ ᠲᠦᠯᠦᠭᠡᠯᠡᠵᠦ  ᠶᠡᠭᠡ  ᠬᠤᠷᠠᠯ   ᠳᠤ  ᠠᠵᠢᠯ ᠤᠨ ᠮᠡᠳᠡᠭᠦᠯᠦᠯᠲᠡ  ᠬᠢᠶ᠎ᠡ  ᠂  ᠬᠢᠨᠠᠨ  ᠵᠥᠪᠯᠡᠬᠦ  ᠪᠣᠯᠪᠠᠤ  ᠃   ᠤᠯᠤᠰ  ᠲᠥᠷᠥ   ᠶᠢᠨ  ᠵᠥᠪᠯᠡᠯᠭᠡᠨ   ᠤ  ᠭᠡᠰᠢᠭᠦᠳ  ᠪᠣᠯᠣᠨ  ᠬᠤᠷᠠᠯ   ᠳᠤ  ᠰᠤᠯᠨ ᠣᠷᠣᠯᠴᠠᠭᠰᠠᠨ  ᠨᠦᠬᠦᠳ   ᠠᠴᠠ  ᠰᠠᠨᠠᠯ  ᠰᠢᠭᠦᠮᠵᠢ   ᠪᠠᠨ  ᠳᠡᠪᠰᠢᠭᠦᠯᠦᠮᠦ᠃        ᠨᠢᠭᠡ  ᠂  ᠲᠠᠪᠤᠨ ᠵᠢᠯ ᠤᠨ ᠠᠵᠢᠯ ᠤᠨ ᠡᠷᠭᠢᠴᠡᠭᠦᠯᠦᠯ       ᠲᠤᠰ  ᠬᠤᠭᠤᠴᠠᠭᠠᠨ   ᠤ  ᠵᠠᠰᠠᠭ   ᠤᠨ  ᠤᠷᠳᠤᠨ   ᠤ  ᠲᠤᠰᠢᠶᠠᠯ  ᠡᠬᠦᠷᠭᠡᠯᠡᠭᠰᠡᠨ  ᠲᠠᠪᠤᠨ  ᠵᠢᠯ  ᠪᠤᠯ  ᠲᠠᠶᠢᠹᠤᠰᠧ  ᠬᠤᠰᠢᠭᠤᠨ   ᠤ  ᠲᠡᠦᠬᠡᠨ   ᠳᠠᠬᠢ  ᠠᠵᠤ   ᠠᠬᠤᠢ  ᠨᠡᠶᠢᠬᠡᠮ   ᠤᠨ   ᠬᠦᠭᠵᠢᠯᠳᠡ  ᠬᠠᠮᠤᠭ    ᠠᠴᠠ  ᠲᠦᠷᠭᠡᠰᠦᠨ  ᠂ ᠬᠤᠳᠠ  ᠬᠦᠳᠡᠭᠡ   ᠶᠢᠨ ᠦᠩᠬᠡ  ᠲᠦᠷᠬᠦ  ᠬᠠᠮᠤᠭ   ᠠᠴᠠ  ᠢᠯᠡᠬᠦᠦ  ᠰᠢᠨᠡᠳᠦᠨ   ᠬᠤᠪᠢᠷᠠᠵᠤ  ᠂  ᠠᠷᠠᠳ  ᠲᠦᠮᠡᠨ   ᠳᠤ   ᠬᠠᠮᠤᠭ   ᠠᠴᠠ  ᠠᠷᠪᠢᠨ  ᠠᠰᠢᠭ  ᠲᠤᠰᠠ   ᠬᠦᠷᠳᠡᠭᠡᠭᠰᠡᠨ  ᠲᠠᠪᠤᠨ  ᠵᠢᠯ  ᠶᠤᠮ  ᠃  ᠦᠩᠭᠡᠷᠡᠬᠦ  ᠲᠠᠪᠤᠨ  ᠵᠢᠯ   ᠳᠤ᠂   ᠪᠢᠳᠡ  ᠠᠶᠢᠮᠠᠭ   ᠤᠨ ᠨᠠᠮ   ᠤᠨ  ᠬᠤᠷᠢᠶ᠎ᠠ  ᠂  ᠠᠶᠢᠮᠠᠭ   ᠤᠨ  ᠵᠠᠬᠢᠷᠭ᠎ᠠ  ᠬᠢᠭᠡᠳ  ᠬᠤᠰᠢᠭᠤ  ᠨᠠᠮ   ᠤᠨ  ᠬᠤᠷᠢᠶᠠᠨ   ᠤ  ᠵᠥᠪ   ᠣᠨᠣᠪᠴᠢᠲᠠᠢ   ᠤᠳᠤᠷᠢᠳᠤᠯᠭ᠎ᠠ  ᠳᠣᠣᠷ᠎ᠠ  ᠂  ᠬᠤᠰᠢᠭᠤ  ᠠᠷᠠᠳ   ᠤᠨ  ᠲᠦᠯᠦᠭᠡᠯᠡᠭᠴᠢᠳ ᠤᠨ ᠶᠡᠭᠡ  ᠬᠤᠷᠠᠯ  ᠂ ᠤᠯᠤᠰ  ᠲᠦᠷᠦ   ᠶᠢᠨ  ᠵᠦᠪᠯᠡᠯᠭᠡᠨ  ᠵᠢᠴᠢ  ᠨᠡᠶᠢᠬᠡᠮ   ᠤᠨ  ᠡᠯ᠎ᠡ  ᠡᠳᠡᠭᠡᠳ   ᠤᠨ  ᠬᠢᠨᠠᠯᠳᠠ  ᠪᠠ ᠲᠡᠮᠵᠢᠯᠬᠡ ᠲᠤᠤᠷ᠎ᠠ᠂    ᠳ᠋ᠧᠩ ᠰᠢᠶᠤᠤ ᠫᠢᠩ ᠤᠨ ᠤᠨᠤᠯ ᠪᠤᠯᠤᠨ  ︽ᠭᠤᠷᠪᠠ   ᠶᠢ ᠲᠦᠯᠦᠭᠡᠯᠡᠬᠦ︾  ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ   ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ  ᠂  ︽ᠠᠷᠠᠳ ᠢᠶᠠᠨ ᠪᠠᠶᠠᠵᠢᠭᠤᠯᠵᠤ ᠬᠤᠰᠢᠭᠤ ᠪᠠᠨ ᠬᠦᠴᠦᠷᠭᠡᠭᠵᠢᠬᠦᠯᠬᠦ︾ ᠶᠡᠷᠦᠩᠬᠡᠢ ᠪᠠᠶᠢᠯᠳᠤᠬᠤ ᠪᠤᠳᠤᠯᠭ᠎ᠠ   ᠶᠢ ᠪᠠᠷᠢᠮᠳᠠᠯᠠᠬᠤ   ᠶᠢᠨ ᠬᠠᠮᠳᠤ ᠲᠡᠬᠦᠯᠳᠡᠷᠵᠢᠬᠦᠯᠦᠨ᠂ ᠠᠵᠠ ᠲᠤᠬᠢᠶᠠᠯ ᠢ  ᠡᠵᠡᠮᠳᠡᠵᠦ  ᠲᠠᠪᠰᠢᠨ ᠤᠷᠤᠭᠰᠢᠯᠠᠭᠠᠳ᠂ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ  ᠲᠡᠭᠡᠷ᠎ᠡ ᠲᠤᠭᠳᠠᠭᠰᠠᠨ ᠡᠯ᠎ᠡ ᠵᠦᠢᠯ ᠤᠨ ᠡᠬᠦᠷᠭᠡ ᠶᠢ ᠪᠦᠬᠦ ᠲᠠᠯᠠᠪᠠᠷ ᠪᠡᠶᠡᠯᠡᠬᠦᠯᠵᠦ᠂ ᠠᠵᠤ ᠠᠬᠤᠢ  ᠨᠡᠶᠢᠬᠡᠮ ᠤᠨ ᠬᠦᠭᠵᠢᠯᠳᠡ ᠰᠢᠨ᠎ᠡ ᠱᠠᠳᠤᠨ ᠳᠤ  ᠭᠠᠷᠤᠭᠰᠠᠨ ᠪᠠᠶᠢᠨ᠎ᠠ᠃         ︵ᠨᠢᠭᠡ︶  ᠠᠵᠤ ᠠᠬᠤᠢ ᠶᠢᠨ ᠪᠦᠳᠦᠴᠡ ᠠᠯᠬᠤᠮ ᠠᠯᠬᠤᠮ ᠢᠶᠠᠷ ᠰᠢᠯᠢᠳᠡᠭᠵᠢᠵᠦ᠂ ᠶᠡᠷᠦᠩᠬᠡᠶᠢᠯᠡᠭᠰᠡᠨ ᠪᠤᠳᠠᠳᠤ  ᠬᠦᠴᠦᠨ  ᠮᠡᠳᠡᠭᠳᠡᠮ᠎ᠡ ᠴᠢᠩᠭᠠᠷᠠᠪᠠ᠃           ᠲᠠᠪᠤᠨ ᠵᠢᠯ ᠤᠨ ᠲᠤᠷᠰᠢ᠂  ᠪᠢᠳᠡ ᠰᠢᠨᠵᠢᠯᠡᠬᠦ ᠤᠬᠠᠭᠠᠨᠴᠢ ᠬᠦᠭᠵᠢᠯᠳᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠭᠠᠳ  ᠭᠤᠤᠯ ᠪᠤᠯᠬᠤ ᠠᠵᠤ ᠠᠬᠤᠢ ᠶᠢᠨ ᠵᠢᠭᠠᠯᠳᠠ ᠲᠤᠭ᠎ᠠ ᠲᠠᠬᠢᠨ ᠢᠶᠠᠷ ᠨᠡᠮᠡᠭᠳᠡᠭᠰᠡᠨ ᠪᠠᠶᠢᠨ᠎ᠠ᠃ 2012 ᠤᠨ ᠤ ᠡᠴᠦᠰ ᠪᠤᠯᠬᠤ ᠳᠤ᠂  ᠪᠦᠬᠦ  ᠬᠤᠰᠢᠭᠤᠨ   ᠤ  ᠣᠷᠣᠨ  ᠨᠤᠲᠤᠭ   ᠤᠨ  ᠦᠢᠯᠡᠳᠪᠦᠷᠢᠯᠡᠯ   ᠤᠨ  ᠶᠡᠷᠦᠩᠬᠡᠢ  ᠥᠷᠲᠡᠭ 37 ᠳ᠋ᠦᠩᠰᠢᠭᠤᠷ  ᠲᠥᠭᠦᠷᠢᠭ   ᠲᠤ  ᠬᠦᠷᠦᠭᠡᠳ᠂ 2007 ᠤᠨ  ᠤ 2.2 ᠲᠠᠬᠢᠨ  ᠪᠤᠯᠵᠤ᠂  ᠡᠳ᠋   ᠤᠨ  ᠵᠠᠰᠠᠭ   ᠤᠨ  ᠶᠡᠷᠦᠩᠬᠡᠢ ᠣᠷᠣᠯᠭ᠎ᠠ 1.5 ᠳ᠋ᠦᠩᠰᠢᠭᠤᠷ ᠲᠦᠬᠦᠷᠢᠭ ᠲᠤ ᠬᠦᠷᠴᠦ᠂  2007 ᠤᠨ ᠤ 1.5 ᠲᠠᠬᠢᠨ  ᠪᠤᠯᠪᠠ᠃ ᠮᠠᠯᠴᠢᠨ ᠲᠠᠷᠢᠶᠠᠴᠢᠨ ᠤ ᠬᠦᠮᠦᠨ ᠳᠤᠮᠳᠠᠴᠢ ᠴᠡᠪᠡᠷ ᠤᠷᠤᠯᠭ᠎ᠠ 7630 ᠲᠦᠬᠦᠷᠢᠭ ᠪᠠ 6554 ᠲᠦᠭᠦᠷᠢᠭ   ᠲᠤ ᠬᠦᠷᠴᠦ᠂  ᠲᠤᠰᠪᠤᠷᠢ 2007 ᠤᠨ ᠤ 1.8 ᠲᠠᠬᠢᠨ ᠪᠠ 1.9 ᠲᠠᠬᠢᠨ ᠪᠤᠯᠵᠤ  ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ 18590 ᠲᠦᠬᠦᠷᠢᠭ ᠲᠤ ᠬᠦᠷᠴᠦ᠂ 2007 ᠤᠨ ᠤ  2 ᠲᠠᠬᠢᠨ ᠪᠤᠯᠵᠠᠢ᠃ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ  ᠲᠠᠪᠤᠨ ᠵᠢᠯ ᠳᠤ 118 ᠳ᠋ᠦᠩᠰᠢᠭᠤᠷ ᠲᠦᠬᠦᠷᠢᠭ   ᠢ ᠪᠡᠶᠡᠯᠡᠬᠦᠯᠵᠦ᠂ ᠲᠡᠭᠡᠷ᠎ᠡ ᠲᠠᠪᠤᠨ ᠵᠢᠯ ᠤᠨ 6.2 ᠲᠠᠬᠢᠨ ᠪᠤᠯᠵᠠᠢ᠃  ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠤᠨ ᠬᠤᠪᠢ ᠶᠢᠨ ᠵᠢᠩ ᠤᠨ ᠬᠠᠷᠢᠴᠠᠯ 35.1:30.8:34.1 ᠪᠠᠶᠢᠭᠰᠠᠨ ᠠᠴᠠ ᠪᠠᠨ  26.8:38.1:35.1 ᠪᠤᠯᠵᠤ ᠬᠤᠪᠢᠷᠠᠭᠠᠳ᠂ ᠬᠤᠶᠠᠳᠤᠭᠠᠷ ᠠᠵᠤ ᠦᠢᠯᠡᠰ ᠨᠢᠬᠡᠳᠦᠭᠡᠷ ᠠᠵᠤ ᠦᠢᠯᠡᠰ ᠢ ᠲᠠᠪᠠᠵᠤ᠂ ᠠᠵᠤ ᠠᠬᠤᠢ ᠶᠢᠨ ᠬᠦᠭᠵᠢᠯᠳᠡ ᠨᠢ ᠲᠠᠷᠢᠶᠠᠯᠠᠩ ᠢᠶᠠᠷ ᠭᠤᠤᠯᠯᠠᠵᠤ ᠪᠠᠶᠢᠭᠰᠠᠨ ᠠᠴᠠ ᠪᠠᠨ ᠠᠵᠤ ᠦᠢᠯᠡᠳᠪᠦᠷᠢ ᠲᠡᠰᠢ ᠰᠢᠯᠵᠢᠬᠦ ᠬᠠᠨᠳᠤᠰᠢ  ᠢᠯᠡᠷᠡᠪᠡ᠃          ︵ᠬᠤᠶᠠᠷ︶ ᠠᠮᠢ ᠠᠬᠤᠢ ᠶᠢᠨ ᠪᠠᠶᠢᠭᠤᠯᠤᠯᠲᠠ ᠢᠯᠡᠷᠭᠡᠢ ᠠᠮᠵᠢᠯᠳᠠ  ᠤᠯᠵᠤ᠂ ᠠᠮᠢ ᠠᠬᠤᠢ ᠶᠢᠨ ᠤᠷᠴᠢᠨ ᠲᠤᠭᠤᠷᠢᠨ  ᠮᠡᠳᠡᠭᠳᠡᠮ᠎ᠡ ᠰᠠᠶᠢᠵᠢᠷᠠᠪᠠ᠃         ᠡᠯ᠎ᠡ ᠲᠦᠷᠦᠯ ᠤᠨ ᠠᠮᠢ ᠠᠬᠤᠢ ᠶᠢᠨ ᠢᠨᠵᠧᠨᠧᠷᠢᠩ ᠢ ᠨᠠᠷᠢᠨ ᠨᠢᠮᠪᠠᠢ ᠵᠤᠬᠢᠶᠠᠨ ᠪᠠᠶᠢᠭᠤᠯᠵᠤ ᠭᠡᠷᠡᠭᠵᠢᠬᠦᠯᠦᠭᠡᠳ᠂  ᠠᠮᠢ ᠠᠬᠤᠢ ᠶᠢᠨ ᠵᠠᠰᠠᠯᠳᠠ ᠶᠢᠨ ᠲᠠᠯᠠᠪᠠᠢ ᠲᠠᠪᠤᠨ ᠵᠢᠯ ᠳᠤ 71.5 ᠲᠦᠮᠡᠨ ᠮᠤ᠋ ᠳᠤ ᠬᠦᠷᠴᠡᠢ᠃  ᠤᠢ ᠮᠤᠳᠤᠨ ᠤ ᠲᠠᠯᠠᠪᠠᠢ 152 ᠲᠦᠮᠡᠨ ᠮᠤ᠋ ᠳᠤ ᠬᠦᠷᠴᠦ᠂  ᠤᠢ ᠰᠢᠭᠤᠢ ᠶᠢᠨ ᠪᠦᠷᠬᠦᠴᠡ 13.2% ᠪᠠᠶᠢᠭᠰᠠᠨ ᠠᠴᠠ ᠪᠠᠨ 22.3% ᠪᠤᠯᠵᠤ ᠨᠡᠮᠡᠭᠳᠡᠨ᠂  ᠠᠮᠢ ᠠᠬᠤᠢ ᠶᠢᠨ ᠲᠦᠷᠦᠯ ᠵᠦᠢᠯ ᠤᠨ ᠤᠷᠤᠨ ᠤ ᠡᠪᠡᠰᠦ ᠪᠡᠯᠴᠢᠭᠡᠷ ᠤᠨ ᠬᠤᠴᠢᠯᠭ᠎ᠠ 60% ᠪᠠᠶᠢᠭᠰᠠᠨ ᠠᠴᠠ ᠪᠠᠨ 80% ᠪᠤᠯᠵᠤ ᠨᠡᠮᠡᠭᠳᠡᠪᠡ᠃ ᠬᠠᠮᠳᠤ ᠶᠢᠨ ᠤᠢ ᠮᠤᠳᠤᠨ ᠤ ᠦᠮᠴᠢᠯᠡᠯ ᠤᠨ ᠡᠷᠭᠡ ᠶᠢᠨ ᠭᠤᠤᠯ ᠴᠤᠭᠴᠠ ᠶᠢᠨ ᠦᠭᠡᠷᠡᠴᠢᠯᠡᠯᠳᠡ ᠬᠢᠭᠰᠡᠨ ᠤᠢ ᠮᠤᠳᠤᠨ ᠤ ᠲᠠᠯᠠᠪᠠᠢ 217 ᠲᠦᠮᠡᠨ ᠮᠤ᠋   ᠳᠤ ᠬᠦᠷᠴᠡᠢ᠃ ᠲᠠᠷᠢᠶᠠᠯᠠᠬᠤ ᠤᠷᠤᠨ ᠤ  ᠪᠤᠭ ᠮᠠᠯ ᠢ ᠪᠦᠬᠦ ᠵᠢᠯ ᠢᠶᠠᠷ ᠬᠠᠰᠢᠶᠠᠯᠠᠨ᠂ ᠮᠠᠯᠵᠢᠬᠤ ᠤᠷᠤᠨ ᠳᠤ ᠪᠡᠯᠴᠢᠭᠡᠷᠯᠡᠬᠦᠯᠬᠦ ᠶᠢ ᠴᠠᠭᠠᠵᠠᠯᠠᠬᠤ᠂ ᠤᠯᠠᠷᠢᠯ ᠤᠨ ᠴᠢᠨᠠᠷᠳᠠᠢ ᠪᠡᠯᠴᠢᠭᠡᠷ ᠰᠡᠷᠬᠦᠬᠡᠬᠦ ᠪᠠ  ᠲᠤᠭᠤᠷᠢᠭ ᠬᠤᠪᠢᠶᠠᠵᠤ ᠰᠡᠯᠬᠦᠨ ᠮᠠᠯᠵᠢᠬᠤ ︽ᠭᠤᠷᠪᠠᠨ ᠮᠠᠯᠵᠢᠯ   ᠤᠨ ᠲᠦᠷᠢᠮ︾ ᠢ ᠭᠡᠷᠡᠭᠵᠢᠬᠦᠯᠪᠡ᠃  ᠡᠯ᠎ᠡ ᠲᠦᠷᠦᠯ ᠤᠨ ᠠᠮᠢ ᠠᠬᠤᠢ ᠶᠢᠨ ᠨᠦᠬᠦᠪᠦᠷᠢ ᠮᠦᠩᠬᠦ ᠶᠢ ᠲᠤᠭ᠎ᠠ ᠨᠤᠷᠮ᠎ᠠ ᠶᠤᠰᠤᠭᠠᠷ ᠨᠠᠶᠢᠳᠠᠪᠤᠷᠢᠵᠢᠭᠤᠯᠵᠤ᠂ ᠲᠠᠪᠤᠨ ᠵᠢᠯ ᠳᠤ ᠲᠠᠷᠢᠶᠠᠯᠠᠭ᠎ᠠ ᠶᠢ ᠵᠤᠭᠰᠤᠭᠠᠵᠤ ᠠᠮᠢ ᠠᠬᠤᠢ ᠶᠢ ᠰᠡᠷᠬᠦᠭᠡᠬᠦ  ᠨᠦᠬᠦᠪᠦᠷᠢ 2.88 ᠳ᠋ᠦᠩᠰᠢᠭᠤᠷ ᠲᠦᠬᠦᠷᠢᠭ  ᠂  ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ 2743 ᠲᠦᠮᠡᠨ ᠲᠦᠬᠦᠷᠢᠭ   ᠢ ᠲᠠᠷᠬᠠᠭᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ  ᠡᠵᠡᠩᠨᠡᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ  ᠵᠢᠴᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠬᠠᠮᠠᠭᠠᠯᠠᠬᠤ ᠤᠬᠠᠮᠰᠠᠷ ᠪᠠ ᠢᠳᠡᠪᠬᠢᠵᠢᠯ  ᠮᠡᠳᠡᠭᠳᠡᠮ᠎ᠡ ᠲᠡᠭᠡᠭᠰᠢᠯᠡᠭᠰᠡᠨ ᠪᠠᠶᠢᠨ᠎ᠠ᠃ ᠡᠳᠡᠭᠡᠷ ᠴᠢᠷᠮᠠᠶᠢᠯᠭ᠎ᠠ ᠪᠠᠷ ᠲᠠᠮᠵᠢᠭᠠᠳ᠂ ᠮᠠᠨ  ᠤ ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠨᠢ ᠶᠡᠷᠦᠩᠬᠡᠢ ᠳᠠᠭᠠᠨ ᠲᠤᠭᠳᠠᠪᠤᠷᠢᠵᠢᠵᠤ᠂ ᠶᠡᠭᠡᠩᠬᠢ ᠬᠡᠰᠡᠭ ᠨᠢ ᠰᠠᠶᠢᠵᠢᠷᠠᠭᠰᠠᠨ ᠠᠮᠵᠢᠯᠳᠠ ᠲᠠᠢ ᠪᠠᠶᠢᠳᠠᠯ ᠳᠤ ᠤᠷᠤᠭᠰᠠᠨ ᠶᠤᠮ᠃        ︵ᠭᠤᠷᠪᠠ︶  ᠬᠦᠭᠵᠢᠯᠳᠡ ᠶᠢᠨ ᠬᠡᠯᠪᠡᠷᠢ  ᠠᠯᠬᠤᠮ ᠠᠯᠬᠤᠮ ᠢᠶᠠᠷ ᠰᠢᠯᠢᠳᠡᠭᠵᠢᠵᠦ᠂  ᠬᠦᠭᠵᠢᠯᠳᠡ ᠶᠢᠨ ᠴᠢᠨᠠᠷ ᠴᠢᠨᠰᠠᠭ᠎ᠠ ᠶᠠᠪᠤᠬᠤ ᠲᠤᠳᠤᠮ ᠰᠠᠶᠢᠵᠢᠷᠠᠪᠠ᠃          ᠲᠠᠷᠢᠶᠠᠯᠠᠩ  ᠮᠠᠯ ᠠᠵᠤ ᠠᠬᠤᠢ ᠶᠢᠨ ᠰᠠᠭᠤᠷᠢ ᠤᠯᠠᠮ  ᠪᠠᠬᠢᠵᠢᠭ᠍ᠰᠡᠨ᠃  ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ  ᠬᠦᠭᠵᠢᠬᠦᠯᠬᠦ ᠪᠠᠷ ᠬᠠᠷᠠᠯᠳᠠ ᠪᠤᠯᠭᠠᠨ᠂ ᠲᠠᠷᠢᠶᠠᠯᠠᠩ ᠮᠠᠯᠵᠢᠯ ᠤᠨ ᠠᠵᠤ ᠦᠢᠯᠡᠰᠵᠢᠭᠰᠡᠨ ᠡᠵᠡᠩᠨᠡᠯᠳᠡ ᠶᠢ  ᠲᠦᠷᠭᠡᠳᠭᠡᠨ ᠠᠬᠢᠭᠤᠯᠵᠤ᠂ ︽ᠰᠦ᠂  ᠮᠢᠬ᠎ᠠ᠂ ᠲᠦᠮᠦᠰᠦ᠂ ᠨᠤᠭᠤᠭ᠎ᠠ  ︾  ᠲᠦᠷᠪᠡᠨ ᠶᠡᠭᠡ ᠲᠠᠪᠠᠭᠤᠯᠢᠭ ᠠᠵᠤ ᠦᠢᠯᠡᠰ ᠤᠨ ᠰᠠᠭᠤᠷᠢ ᠶᠢ ᠤᠯᠠᠮ ᠪᠠᠬᠢᠵᠢᠬᠦᠯᠪᠡ᠃ 2012 ᠤᠨ ᠪᠤᠯᠬᠤ ᠳᠤ  ᠂ ᠨᠢᠭᠡᠳᠦᠬᠡᠷ ᠠᠵᠤ ᠦᠢᠯᠡᠰ ᠤᠨ ᠨᠡᠮᠡᠭᠳᠡᠯ ᠦᠷᠳᠡᠭ 9.9 ᠳ᠋ᠦᠩᠰᠢᠭᠤᠷ ᠲᠦᠬᠦᠷᠢᠭ ᠲᠤ ᠬᠦᠷᠴᠦ᠂  2007 ᠤᠨ ᠤ 1.7 ᠲᠠᠬᠢᠨ  ᠪᠤᠯᠤᠭᠰᠠᠨ ᠪᠠᠶᠢᠨ᠎ᠠ᠃ ᠪᠦᠳᠦᠭᠡᠨ ᠪᠠᠶᠢᠭᠤᠯᠵᠤ ᠮᠠᠯ ᠮᠠᠯᠵᠢᠬᠤ ᠲᠠᠯᠠᠪᠠᠷ ᠰᠢᠨ᠎ᠡ ᠠᠯᠬᠤᠮ ᠲᠠᠪᠰᠢᠵᠤ᠂ ᠲᠠᠪᠤᠨ ᠵᠢᠯ ᠳᠤ᠂  ᠰᠠᠭᠠᠯᠢ ᠶᠢᠨ  ᠦᠨᠢᠶ᠎ᠡ ᠪᠠ ᠮᠢᠬᠠᠨ ᠤ ᠦᠬᠡᠷ ᠤᠨ ᠪᠠᠷᠢᠮᠵᠢᠶᠠᠳᠤ ᠮᠠᠯᠵᠢᠯ ᠤᠨ ᠲᠠᠯᠠᠪᠠᠢ ᠨᠡᠶᠢᠳᠡ 48 ᠰᠠᠭᠤᠷᠢ ᠪᠠᠶᠢᠭᠤᠯᠤᠭᠳᠠᠵᠤ᠂ ᠰᠠᠭᠠᠯᠢ   ᠶᠢᠨ ᠦᠨᠢᠶ᠎ᠡ 4.3 ᠲᠦᠮᠨ᠂ ᠮᠢᠬᠠᠨ ᠤ ᠦᠬᠡᠷ 3.97 ᠲᠦᠮᠡᠨ ᠲᠤᠯᠤᠭᠠᠢ ᠳᠤ  ᠬᠦᠷᠦᠭᠰᠡᠨ ᠪᠠᠶᠢᠨ᠎ᠠ᠃  ᠪᠤᠳᠠ ᠪᠤᠭ ᠮᠠᠯ ᠤᠨ ᠬᠠᠷᠢᠴᠠᠯ 1 : 1.8 ᠪᠠᠶᠢᠭᠰᠠᠨ  ᠠᠴᠠ ᠪᠠᠨ 1.3 : 1 ᠪᠤᠯᠵᠤ ᠬᠤᠪᠢᠷᠠᠭᠰᠠᠨ ᠪᠦᠬᠡᠳ  ᠮᠠᠯ ᠤᠨ ᠡᠬᠦᠯᠳᠡᠷ ᠰᠠᠶᠢᠵᠢᠷᠠᠭᠰᠠᠨ ᠨᠤᠷᠮ᠎ᠠ 81.1%  ᠠᠴᠠ ᠪᠠᠨ 95.8% ᠪᠤᠯᠵᠤ  ᠨᠡᠮᠡᠭᠳᠡᠨ᠂ ᠡᠬᠦᠯᠳᠡᠷ ᠤᠭᠰᠠᠭᠠᠨ   ᠤ ᠪᠦᠷᠢᠯᠳᠦᠴᠡ ᠶᠠᠪᠤᠬᠤ ᠲᠤᠳᠤᠮ ᠰᠢᠯᠢᠳᠡᠭᠵᠢᠵᠦ ᠪᠤᠢ᠃  ᠲᠠᠷᠢᠶᠠᠯᠠᠩ ᠤᠨ ᠪᠦᠷᠢᠯᠳᠦᠴᠡ ᠤᠯᠠᠮ ᠨᠢᠬᠡ ᠠᠯᠬᠤᠮ ᠰᠢᠯᠢᠳᠡᠭᠵᠢᠨ᠂ ᠲᠥᠮᠥᠰᠥ ᠲᠠᠷᠢᠬᠤ ᠲᠠᠯᠠᠪᠠᠢ 24.2 ᠲᠦᠮᠡᠨ ᠮᠦ  ᠪᠠᠶᠢᠭᠰᠠᠨ ᠠᠴᠠ 50.1 ᠲᠦᠮᠡᠨ ᠮᠤ᠋  ᠪᠤᠯᠤᠨ ᠬᠦᠭᠵᠢᠵᠦ᠂  ᠡᠬᠦᠨ ᠤ ᠲᠤᠳᠤᠷ᠎ᠠ ᠂  ᠲᠤᠮᠤ ᠬᠡᠯᠪᠡᠷᠢ ᠶᠢᠨ ᠤᠰᠤᠯᠠᠯᠳᠠ ᠲᠠᠢ ᠤᠷᠤᠨ ᠲᠤᠭᠤᠷᠢᠭ 30 ᠰᠠᠭᠤᠷᠢ᠂ 2.53 ᠲᠦᠮᠡᠨ ᠮᠤ᠋ ᠪᠠᠶᠢᠭᠰᠠᠨ  ᠠᠴᠠ ᠪᠠᠨ 308 ᠰᠠᠭᠤᠷᠢ᠂ 20.7 ᠲᠦᠮᠡᠨ ᠮᠤ᠋  ᠪᠤᠯᠤᠨ ᠨᠡᠮᠡᠭᠳᠡᠵᠦ᠂ ᠮᠠᠨ ᠤ ᠬᠤᠰᠢᠭᠤ ᠨᠢ  ᠪᠦᠬᠦ ᠤᠯᠤᠰ  ᠤᠨ ᠲᠦᠮᠦᠰᠦᠨ ᠤ  ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠵᠢᠱᠢᠶ᠎ᠡ ᠦᠵᠡᠬᠦᠯᠬᠦ ᠬᠤᠰᠢᠭᠤ  ᠪᠤᠯᠵᠠᠢ᠃ ᠢᠳᠡᠰᠢᠨ  ᠨᠤᠭᠤᠭᠠᠨ ᠤ ᠬᠦᠯᠡᠮᠵᠢ 9000 ᠰᠠᠭᠤᠷᠢ᠂ 4050 ᠮᠤ᠋ ᠪᠠᠶᠢᠭᠰᠠᠨ ᠠᠴᠠ ᠪᠠᠨ 13300 ᠰᠠᠭᠤᠷᠢ᠂ 6650 ᠮᠦ ᠳᠤ ᠬᠦᠷᠴᠦ᠂  ᠵᠢᠯ ᠤᠨ ᠪᠤᠷᠤᠯᠠᠭᠤᠯᠭ᠎ᠠ ᠶᠢᠨ ᠤᠷᠤᠯᠭ᠎ᠠ 1.1 ᠳ᠋ᠦᠩᠰᠢᠭᠤᠷ  ᠲᠦᠬᠦᠷᠢᠭ  ᠪᠠᠶᠢᠭᠰᠠᠨ ᠠᠴᠠ ᠪᠠᠨ 4.2 ᠳ᠋ᠦᠩᠰᠢᠭᠤᠷ  ᠲᠦᠬᠦᠷᠢᠭ  ᠪᠤᠯᠵᠤ ᠨᠡᠮᠡᠭᠳᠡᠪᠡ᠃  ᠮᠠᠯᠴᠢᠨ ᠲᠠᠷᠢᠶᠠᠴᠢᠨ ᠤ  ᠵᠤᠬᠢᠶᠠᠨ ᠪᠠᠶᠢᠭᠤᠯᠵᠢᠭᠰᠠᠨ ᠬᠢᠷᠢ ᠬᠡᠮᠵᠢᠶ᠎ᠡ ᠤᠯᠠᠮ ᠨᠢᠭᠡ ᠠᠯᠬᠤᠮ ᠲᠡᠭᠡᠭᠰᠢᠯᠡᠨ᠂  ᠲᠤᠰᠬᠠᠢ ᠬᠤᠷᠰᠢᠶᠠᠵᠢᠯ ᠪᠠᠶᠢᠬᠤ ᠦᠬᠡᠢ ᠪᠠᠶᠢᠭᠰᠠᠨ ᠠᠴᠠ ᠪᠠᠨ ᠦᠳᠳᠡᠷ ᠲᠦᠷᠭᠡᠨ ᠬᠦᠭᠵᠢᠵᠦ᠂ ᠲᠠᠭᠠᠭᠤᠯᠤᠭᠴᠢ ᠠᠵᠤ ᠠᠬᠤᠶᠢᠯᠠᠯ ᠪᠤᠶᠤ ᠡᠯ᠎ᠡ ᠲᠦᠷᠦᠯ  ᠤᠨ ᠬᠤᠷᠰᠢᠭᠰᠠᠨ ᠵᠤᠬᠢᠶᠠᠨ ᠪᠠᠶᠢᠭᠤᠯᠤᠯᠳᠠ ᠨᠢ ᠪᠦᠬᠦ ᠬᠤᠰᠢᠭᠤᠨ ᠤ 75% ᠶᠢᠨ ᠮᠠᠯᠴᠢᠨ ᠲᠠᠷᠢᠶᠠᠴᠢᠨ ᠡᠷᠦᠬᠡ  ᠶᠢ ᠪᠦᠳᠦᠮᠵᠢᠳᠡᠢ ᠲᠠᠶᠢᠴᠢᠯᠠᠨ ᠲᠠᠭᠠᠭᠤᠯᠬᠤ ᠪᠤᠯᠵᠠᠢ᠃ ᠬᠦᠳᠡᠯᠮᠦᠷᠢ ᠬᠦᠴᠦᠨ ᠤ ᠠᠵᠤ ᠠᠬᠤᠢ ᠲᠦᠷᠭᠡᠨ ᠬᠦᠭᠵᠢᠵᠦ᠂  ᠭᠠᠳᠠᠭᠰᠢ ᠭᠠᠷᠬᠤ ᠬᠦᠳᠡᠯᠮᠦᠷᠢ ᠬᠦᠴᠦᠨ ᠵᠢᠯ ᠳᠤ ᠪᠠᠷᠤᠭ 5000 ᠬᠦᠮᠦᠨ ᠤᠳᠠᠭ᠎ᠠ ᠠᠴᠠ ᠲᠠᠪᠠᠭ᠋ᠤ ᠪᠤᠯᠵᠠᠢ᠃ ᠲᠠᠷᠢᠶᠠᠯᠠᠩ ᠮᠠᠯᠵᠢᠯ ᠤᠨ ᠮᠠᠰᠢᠨᠴᠢᠯᠠᠯᠳᠠ ᠶᠢᠨ ᠲᠦᠪᠰᠢᠨ ᠤᠯᠠᠮ ᠨᠢᠬᠡ ᠠᠯᠬᠤᠮ ᠲᠡᠭᠡᠭᠰᠢᠯᠡᠵᠦ ᠂  ᠪᠦᠬᠦ ᠬᠤᠰᠢᠭᠤᠨ ᠤ ᠮᠠᠰᠢᠨ ᠲᠦᠬᠦᠭᠡᠷᠦᠮᠵᠢ ᠶᠢᠨ  ᠶᠡᠷᠦᠩᠬᠡᠢ ᠬᠦᠳᠡᠯᠬᠡᠭᠴᠢ ᠬᠦᠴᠦᠨ 20.8 ᠲᠦᠮᠡᠨ ᠺᠢᠯᠤᠸᠠᠲ ᠳᠤ ᠬᠦᠷᠴᠦ᠂  ᠶᠡᠷᠦᠩᠬᠡᠶᠢᠯᠡᠭᠰᠡᠨ ᠮᠠᠰᠢᠨᠴᠢᠯᠠᠯᠳᠠ ᠶᠢᠨ  ᠨᠤᠷᠮ᠎ᠠ 92.5% ᠳᠤ ᠬᠦᠷᠦᠭᠰᠡᠨ ᠪᠠᠶᠢᠨ᠎ᠠ᠃       ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠵᠢᠷᠠᠵᠤ ᠠᠰᠢᠭ ᠨᠡᠮᠡᠭᠳᠡᠭᠰᠡᠨ᠃  2012 ᠤᠨ ᠪᠤᠯᠬᠤ ᠳᠤ᠂  ᠪᠦᠬᠦ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 11.5 ᠳ᠋ᠦᠩᠰᠢᠭᠤᠷ ᠲᠦᠬᠦᠷᠢᠭ   ᠢ ᠪᠡᠶᠡᠯᠡᠬᠦᠯᠵᠦ᠂ ᠡᠨᠡ   ᠨᠢ 2007 ᠤᠨ ᠤ 2.7 ᠲᠠᠬᠢᠨ  ᠪᠤᠯᠵᠠᠢ᠃ ᠲᠠᠪᠤᠨ ᠵᠢᠯ   ᠳᠤ ᠠᠵᠤ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 29.5 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃  ᠠᠷᠢᠬᠢ᠂ ᠽᠧᠮᠧᠨ᠋ᠲ᠂ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ  ᠮᠡᠳᠦ  ᠠᠵᠢᠯ ᠲᠦᠷᠦᠯ ᠨᠢ ᠮᠡᠷᠭᠡᠵᠢᠯ ᠢᠶᠠᠨ ᠦᠬᠡᠷᠡᠴᠢᠯᠡᠨ ᠦᠢᠯᠡᠳᠪᠦᠷᠢᠯᠡᠯ ᠢᠶᠠᠨ ᠰᠠᠶᠢᠵᠢᠷᠠᠭᠤᠯᠵᠤ᠂  ᠵᠠᠬ᠎ᠠ ᠲᠡᠯᠬᠡᠬᠦᠷ ᠲᠤ ᠦᠷᠢᠰᠦᠯᠳᠦᠬᠦ ᠬᠦᠴᠦᠨ ᠪᠠ ᠲᠦᠭᠰᠢᠬᠦᠷᠢ ᠲᠤᠯᠬᠤ ᠴᠢᠳᠠᠪᠤᠷᠢ ᠶᠡᠬᠡᠪᠡᠷ ᠴᠢᠩᠭᠠᠷᠠᠵᠠᠢ᠃  ᠸᠤᠯᠹᠷᠤᠮ ᠮᠤᠯᠢᠪᠳᠧᠨ ᠤ ᠠᠭᠤᠷᠬᠠᠢ᠂ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ  ᠪᠠ ᠴᠠᠭᠠᠨ ᠲᠤᠭᠤᠯᠭ᠎ᠠ   ᠶᠢᠨ ᠤᠯᠠᠨ ᠲᠡᠮᠦᠷᠯᠢᠭᠳᠦ ᠠᠭᠤᠷᠬᠠᠢ ᠵᠡᠷᠭᠡ ᠰᠢᠨ᠎ᠡ ᠠᠭᠤᠷᠬᠠᠢ ᠶᠢᠨ ᠭᠡᠪᠳᠡᠰᠢ ᠶᠢ ᠬᠠᠶᠢᠨ ᠢᠯᠡᠷᠡᠬᠦᠯᠵᠦ᠂ ᠴᠠᠬᠢᠭᠤᠷ ᠴᠢᠯᠠᠭᠤᠨ ᠤ ᠦᠢᠯᠡᠳᠪᠦᠷᠢ  ᠵᠡᠷᠭᠡ  ᠪᠦᠳᠦᠭᠡᠨ ᠪᠠᠶᠢᠭᠤᠯᠤᠯᠳᠠ ᠶᠢ ᠡᠬᠢᠯᠡᠨ᠂ ᠰᠢᠨ᠎ᠡ ᠨᠡᠮᠡᠭᠳᠡᠯ ᠤᠨ ᠴᠡᠭ ᠢ ᠠᠯᠬᠤᠮ ᠠᠯᠬᠤᠮ ᠢᠶᠠᠷ  ᠪᠦᠷᠢᠳᠦᠬᠦᠯᠪᠡ᠃ ᠰᠢᠨ᠎ᠡ ᠡᠨᠧᠷᠬᠢ ᠶᠢᠨ ᠠᠵᠤ ᠦᠢᠯᠡᠰ ᠨᠢ  ᠠᠩᠬᠠᠨ ᠤ ᠦᠷ᠎ᠡ ᠠᠰᠢᠭ ᠢᠶᠠᠨ ᠪᠡᠶᠡᠯᠡᠬᠦᠯᠵᠦ᠂ ᠰᠠᠯᠬᠢᠨ ᠬᠦᠴᠦᠨ ᠢᠶᠠᠷ ᠴᠠᠬᠢᠯᠭᠠᠨ ᠡᠬᠦᠰᠭᠡᠬᠦ  ᠠᠵᠤ ᠠᠬᠤᠶᠢᠯᠠᠯ ᠨᠢ  ᠮᠠᠰᠢᠨ ᠴᠤᠭᠴᠠᠯᠠᠪᠤᠷᠢ   ᠶᠢᠨ  ᠴᠢᠳᠠᠮᠵᠢ ᠨᠢ 25 ᠲᠦᠮᠡᠨ ᠺᠢᠯᠤᠸᠠᠲ  ᠬᠦᠷᠬᠦ  ᠲᠦᠷᠦᠯ ᠵᠦᠢᠯ ᠢ ᠪᠡᠶᠡᠯᠡᠬᠦᠯᠵᠦ᠂  ᠨᠢᠬᠡᠨᠳᠡ ᠲᠤᠤᠷ  ᠬᠤᠯᠪᠤᠨ ᠴᠠᠬᠢᠯᠭᠠᠨ ᠡᠬᠦᠰᠬᠡᠵᠦ  ᠡᠬᠢᠯᠡᠵᠡᠢ  ᠃      ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠦᠷᠨᠢᠬᠦᠨ ᠬᠦᠭᠵᠢᠭᠰᠡᠨ᠃  2012 ᠤᠨ ᠪᠤᠯᠬᠤ ᠳᠤ᠂ ᠭᠤᠷᠪᠠᠳᠤᠭᠠᠷ ᠠᠵᠤ ᠦᠢᠯᠡᠰ ᠤᠨ  ᠨᠡᠮᠡᠭᠳᠡᠯ ᠦᠷᠳᠡᠭ 13 ᠳ᠋ᠦᠩᠰᠢᠭᠤᠷ ᠲᠦᠬᠦᠷᠢᠭ   ᠢ ᠪᠡᠶᠡᠯᠡᠬᠦᠯᠵᠦ᠂ ᠡᠨᠡ   ᠨᠢ 2007 ᠤᠨ ᠤ 2.2 ᠲᠠᠬᠢᠨ  ᠪᠤᠯᠵᠤ᠂  ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠭ᠎ᠠ  ᠶᠢᠨ ᠬᠡᠮᠵᠢᠶ᠎ᠡ ᠮᠦᠨ 13 ᠳ᠋ᠦᠩᠰᠢᠭᠤᠷ ᠲᠦᠬᠦᠷᠢᠭ   ᠢ ᠪᠡᠶᠡᠯᠡᠬᠦᠯᠵᠦ᠂  2007 ᠤᠨ ᠤ 2.2 ᠲᠠᠬᠢᠨ ᠪᠤᠯᠵᠠᠢ᠃ ᠵᠤᠭᠠᠴᠠᠯ ᠤᠨ ᠦᠢᠯᠡᠰ  ᠰᠢᠨ᠎ᠡ ᠰᠢᠪᠳᠤᠯᠤᠯᠳᠠ ᠶᠢ ᠪᠡᠶᠡᠯᠡᠬᠦᠯᠵᠦ᠂ ᠲᠠᠪᠤᠨ ᠵᠢᠯ ᠳᠤ 82.8 ᠲᠦᠮᠡᠨ  ᠵᠢᠭᠤᠯᠴᠢᠯᠠᠭᠴᠢ ︵ᠤᠳᠠᠭ᠎ᠠ︶   ᠶᠢ ᠤᠭᠳᠤᠨ ᠵᠤᠴᠢᠯᠠᠵᠤ᠂  ᠵᠤᠭᠠᠴᠠᠯ ᠤᠨ ᠤᠷᠤᠯᠭ᠎ᠠ 3.8 ᠳ᠋ᠦᠩᠰᠢᠭᠤᠷ ᠲᠦᠬᠦᠷᠢᠭ   ᠲᠤ  ᠬᠦᠷᠦᠭᠡᠳ᠂  ᠬᠦᠮᠦᠨ ᠤ ᠲᠤᠭ᠎ᠠ ᠪᠠ ᠤᠷᠤᠯᠭ᠎ᠠ ᠶᠢᠨ ᠬᠡᠮᠵᠢᠶ᠎ᠡ  ᠪᠦᠷ ᠵᠢᠯ ᠤᠨ 30%  ᠤᠷᠴᠢᠮ ᠤᠨ ᠨᠡᠮᠡᠭᠳᠡᠯ ᠢ ᠪᠠᠳᠤᠯᠠᠭᠰᠠᠨ ᠪᠠᠶᠢᠨ᠎ᠠ  ᠃  ᠭᠤᠷᠪᠠᠳᠤᠭᠠᠷ ᠤᠳᠠᠭᠠᠨ ᠤ ︽ᠬᠠᠭᠠᠨ ᠤ ᠠᠳᠤᠭᠤᠨ ᠰᠤᠶᠤᠯ ᠤᠨ ᠨᠠᠶᠢᠷ  ︾ ᠢ  ᠠᠮᠵᠢᠯᠳᠠᠳᠠᠢ ᠡᠷᠬᠢᠯᠡᠵᠦ᠂ ᠤᠷᠢᠳ ᠬᠤᠵᠢᠳ  ︽ᠲᠤᠮᠳᠠᠳᠤ ᠤᠯᠤᠰ ᠤᠨ  ᠰᠤᠶᠤᠯ  ᠵᠤᠭᠠᠴᠠᠯ ᠤᠨ ᠵᠢᠱᠢᠶ᠎ᠡ ᠦᠵᠡᠬᠦᠯᠬᠦ ᠤᠷᠤᠨ︾᠂ ︽ᠲᠤᠮᠳᠠᠳᠤ ᠤᠯᠤᠰ ᠤᠨ ᠠᠳᠤᠭᠤᠨ ᠦᠢᠯᠡᠰ ᠤᠨ ᠬᠦᠭᠵᠢᠬᠦᠯᠦᠯᠳᠡ ᠶᠢᠨ ᠰᠠᠭᠤᠷᠢᠨ ᠭᠠᠵᠠᠷ︾᠂  ︽ᠬᠠᠭᠠᠨ ᠤ ᠠᠳᠤᠭᠤᠨ ᠰᠤᠶᠤᠯ ᠤᠨ ᠨᠤᠳᠤᠭ︾ ᠢᠶᠠᠷ   ᠨᠡᠷᠡᠶᠢᠳᠦᠭᠳᠡᠭᠰᠡᠨ ᠨᠢ ᠮᠠᠨ ᠤ ᠬᠤᠰᠢᠭᠤᠨ ᠤ  ᠠᠳᠤᠭᠤᠨ ᠰᠤᠶᠤᠯ ᠤᠨ ᠨᠡᠷᠡᠳᠦ ᠲᠡᠮᠳᠡᠭ ᠢ ᠤᠯᠠᠮ ᠠᠯᠳᠠᠷᠰᠢᠭᠤᠯᠵᠠᠢ᠃  ᠰᠠᠨ ᠬᠤᠤ ᠳ᠋ᠢ ᠳᠠᠬᠢ  ᠨᠡᠬᠦᠷᠡᠰᠦ ᠠᠷᠠᠯᠵᠢᠶᠠᠯᠠᠬᠤ ᠭᠠᠵᠠᠷ᠂ ᠪᠸᠢ ᠬᠦᠸᠧ ᠪᠠᠷᠢᠯᠭ᠎ᠠ ᠶᠢᠨ ᠮᠠᠲ᠋ᠧᠷᠢᠶᠠᠯ ᠤᠨ ᠭᠠᠵᠠᠷ᠂ ᠪᠸᠢ ᠬᠦᠸᠧ ᠲᠠᠷᠢᠶᠠᠯᠠᠩ ᠤᠨ ᠲᠤᠰᠠᠯᠠᠬᠤ ᠪᠦᠳᠦᠭᠡᠭᠳᠡᠬᠦᠨ  ᠠᠷᠠᠯᠵᠢᠶᠠᠯᠠᠬᠤ  ᠲᠤᠭᠤᠷᠢᠭ ᠂ ᠲᠢᠶᠠᠨ ᠪᠤᠤ ᠮᠠᠰᠢᠨ  ᠲᠡᠷᠭᠡᠨ ᠤ ᠵᠠᠰᠠᠪᠤᠷᠢ ᠪᠠ ᠬᠤᠳᠠᠯᠳᠤᠭᠠᠨ ᠤ  ᠲᠤᠭᠤᠷᠢᠭ  ᠵᠡᠷᠭᠡ ᠨᠢᠬᠡ ᠪᠦᠯᠦᠭ ᠭᠤᠤᠯᠳᠠᠯᠭᠠᠳᠠᠢ ᠢᠨᠵᠧᠨᠧᠷᠢᠩ ᠢ ᠭᠡᠷᠡᠭᠵᠢᠬᠦᠯᠵᠦ᠂ ᠠᠷᠠᠯᠵᠢᠶ᠎ᠠ  ᠬᠦᠢᠯᠭᠡᠭᠡᠨ ᠤ ᠦᠢᠯᠡᠰ ᠤᠨ ᠬᠦᠭᠵᠢᠯᠳᠡ ᠶᠢ ᠴᠢᠨᠠᠭᠰᠢᠳᠠ ᠠᠬᠢᠭᠤᠯᠪᠠ᠃  ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠬᠡᠬᠦᠷ ᠤᠨ ᠢᠨᠵᠧᠨᠧᠷᠢᠩ︾  ᠪᠠ ︽ᠬᠤᠤᠰ ᠵᠠᠭᠤᠨ ᠤ ᠢᠨᠵᠧᠨᠧᠷᠢᠩ︾ ᠢ ᠭᠡᠷᠡᠭᠵᠢᠬᠦᠯᠵᠦ᠂ ᠬᠤᠰᠢᠭᠤᠨ ᠤ ᠭᠡᠪᠴᠢᠶᠡᠨ ᠳᠠᠬᠢ ᠠᠷᠠᠯᠵᠢᠶ᠎ᠠ  ᠬᠦᠢᠯᠭᠡᠭᠡ ᠶᠢᠨ ᠵᠠᠬ᠎ᠠ ᠲᠡᠯᠬᠡᠬᠦᠷ ᠤᠨ ᠰᠢᠰᠲ᠋ᠧᠮ  ᠡᠳᠦᠷ ᠢᠷᠡᠬᠦᠶ᠎ᠡ ᠪᠦᠷᠢᠨᠰᠢᠭᠰᠡᠨ ᠪᠠᠶᠢᠨ᠎ᠠ᠃  ᠲᠠᠪᠤᠨ ᠵᠢᠯ ᠳᠤ  132.7 ᠲᠦᠮᠡᠨ ᠬᠠᠪᠳᠠᠭᠠᠢ ᠲᠦᠷᠪᠡᠯᠵᠢᠨ ᠮᠧᠲᠷ ᠤᠷᠤᠨ ᠰᠠᠭᠤᠴᠠ ᠶᠢᠨ ᠠᠰᠠᠷ ᠪᠠ 31.7ᠲᠦᠮᠡᠨ ᠬᠠᠪᠳᠠᠭᠠᠢ ᠲᠦᠷᠪᠡᠯᠵᠢᠨ ᠮᠧᠲᠷ ᠠᠷᠠᠯᠵᠢᠶᠠᠨ ᠳᠤ ᠭᠡᠷᠡᠭᠯᠡᠬᠦ ᠠᠰᠠᠷ ᠢ ᠪᠠᠶᠢᠭᠤᠯᠪᠠ᠃ 2012 ᠤᠨ ᠳᠤ ᠡᠯ᠎ᠡ ᠲᠦᠷᠦᠯ ᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ  ᠲᠤᠰᠪᠤᠷᠢ 24.4 ᠳ᠋ᠦᠩᠰᠢᠭᠤᠷ  ᠲᠦᠬᠦᠷᠢᠭ ᠪᠠ 12.6 ᠳ᠋ᠦᠩᠰᠢᠭᠤᠷ  ᠲᠦᠬᠦᠷᠢᠭ ᠲᠤ ᠬᠦᠷᠴᠦ᠂ ᠲᠤᠰᠪᠤᠷᠢ 2007 ᠤᠨ ᠤ  2 ᠲᠠᠬᠢᠨ ᠪᠠ 1.4 ᠲᠠᠬᠢᠨ  ᠪᠤᠯᠵᠠᠢ᠃        ︵ ᠲᠦᠷᠪᠡ︶  ᠰᠠᠭᠤᠷᠢ  ᠲᠦᠬᠦᠭᠡᠷᠦᠮᠵᠢ ᠲᠠᠰᠤᠷᠠᠯᠳᠠ ᠦᠬᠡᠢ  ᠲᠡᠬᠦᠯᠳᠡᠷᠵᠢᠵᠦ᠂ ᠬᠤᠳᠠ ᠬᠦᠳᠡᠭᠡ ᠶᠢᠨ ᠦᠩᠭᠡ ᠲᠦᠷᠬᠦ  ᠰᠢᠨᠡᠳᠦᠨ ᠬᠤᠪᠢᠷᠠᠪᠠ᠃        ᠤᠰᠤ᠂ ᠴᠠᠬᠢᠯᠭᠠᠨ᠂ ᠵᠠᠮ ᠤᠨ ᠪᠦᠳᠦᠴᠡ ᠤᠯᠠᠮ ᠪᠦᠷᠢᠨᠰᠢᠭᠰᠡᠨ᠃  ᠲᠠᠷᠢᠶᠠᠨ ᠭᠠᠵᠠᠷ ᠪᠠ ᠨᠤᠳᠤᠭ ᠪᠡᠯᠴᠢᠭᠡᠷ ᠤᠨ ᠤᠰᠤᠨ ᠠᠰᠢᠭᠯᠠᠯᠳᠠ ᠶᠢᠨ  ᠠᠵᠢᠯ ᠮᠡᠳᠡᠭᠳᠡᠮ᠎ᠡ ᠠᠮᠵᠢᠯᠳᠠ ᠤᠯᠵᠤ᠂   ᠤᠰᠤ ᠠᠷᠪᠢᠯᠠᠬᠤ ᠲᠠᠷᠢᠶᠠᠯᠠᠩ   ᠤᠨ ᠬᠦᠭᠵᠢᠯᠳᠡ ᠰᠢᠨ᠎ᠡ ᠱᠠᠳᠤᠨ ᠳᠤ ᠲᠠᠪᠰᠢᠨ᠂ ᠪᠦᠳᠦᠭᠡᠨ ᠪᠠᠶᠢᠭᠤᠯᠤᠯᠳᠠ ᠶᠢᠨ ᠬᠡᠪᠴᠢᠶ᠎ᠡ ᠪᠠ ᠬᠢᠷᠢ ᠲᠦᠪᠰᠢᠨ ᠲᠡᠦᠬᠡ ᠶᠢᠨ ᠰᠢᠨ᠎ᠡ ᠲᠡᠮᠳᠡᠭᠯᠡᠯ ᠢ  ᠡᠬᠦᠳᠴᠦ᠂ ᠲᠠᠪᠤᠨ ᠵᠢᠯ ᠳᠤ  ᠨᠡᠶᠢᠳᠡ 20.4 ᠲᠦᠮᠡᠨ ᠮᠤ᠋ ᠤᠰᠤᠯᠠᠯᠳᠠ ᠶᠢᠨ  ᠲᠠᠯᠠᠪᠠᠢ  ᠨᠡᠭᠡᠭᠡᠪᠡ᠃ ᠭᠠᠵᠠᠷ ᠰᠢᠷᠤᠢ ᠲᠡᠭᠰᠢᠯᠡᠵᠦ ᠵᠠᠰᠠᠭᠰᠠᠨ ᠲᠠᠯᠠᠪᠠᠢ 3.8 ᠲᠦᠮᠡᠨ ᠮᠤ᠋ ᠳᠤ ᠬᠦᠷᠴᠦ᠂  ᠰᠢᠨ᠎ᠡ ᠪᠠᠷ ᠬᠠᠭᠠᠯᠪᠤᠷᠢᠯᠠᠭᠰᠠᠨ ᠲᠠᠯᠠᠪᠠᠢ 2445 ᠮᠤ᠋ ᠳᠤ ᠬᠦᠷᠴᠡᠢ᠃ ᠲᠠᠷᠢᠶᠠᠯᠠᠩ ᠮᠠᠯ ᠠᠵᠤ ᠠᠬᠤᠢ  ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ  ᠶᠡᠬᠡᠪᠡᠷ  ᠴᠢᠩᠭᠠᠷᠠᠵᠤ ᠢᠷᠡᠪᠡ᠃ ᠴᠠᠬᠢᠯᠭᠠᠨ ᠬᠦᠴᠦᠨ ᠤ ᠲᠠᠯᠠᠪᠠᠷ᠂  220 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ 1ᠰᠠᠭᠤᠷᠢ  ᠂ 110 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ 2 ᠰᠠᠭᠤᠷᠢ᠂ 35 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ 4 ᠰᠠᠭᠤᠷᠢ ᠶᠢ ᠰᠢᠨ᠎ᠡ ᠪᠠᠷ  ᠪᠠᠶᠢᠭᠤᠯᠤᠭᠰᠠᠨ ᠤ ᠬᠠᠮᠳᠤ 3 ᠰᠠᠭᠤᠷᠢ 35 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ   ᠶᠢ  ᠦᠬᠡᠷᠡᠴᠢᠯᠡᠬᠡᠳ᠂  220 ᠺᠢᠯᠤᠸᠤᠯᠲ ᠤᠨ ᠴᠠᠬᠢᠯᠭᠠᠨ ᠰᠤᠷᠪᠤᠯᠵᠢ ᠳᠤ ᠲᠦᠰᠢᠭᠯᠡᠨ  ᠂ 110 ᠺᠢᠯᠤᠸᠤᠯᠲ ᠤᠨ ᠴᠠᠬᠢᠯᠭᠠᠨ ᠲᠤᠤᠷ ᠢᠶᠠᠷ ᠲᠤᠯᠭᠠᠭᠤᠷᠢᠯᠠᠵᠤ᠂ 35 ᠺᠢᠯᠤᠸᠤᠯᠲ   ᠪᠠᠷ  ᠴᠠᠬᠢᠯᠭᠠᠨ ᠲᠠᠮᠵᠢᠭᠤᠯᠬᠤ ᠭᠤᠤᠯ  ᠴᠤᠭᠴᠠ ᠪᠤᠯᠭᠠᠨ᠂ 10 ᠺᠢᠯᠤᠸᠤᠯᠲ ᠪᠠᠷ ᠴᠠᠬᠢᠯᠭᠠᠨ ᠲᠤᠬᠢᠷᠠᠭᠤᠯᠬᠤ ᠰᠠᠭᠤᠷᠢ ᠪᠤᠯᠭᠠᠭᠰᠠᠨ ᠴᠠᠬᠢᠯᠭᠠᠨ ᠬᠦᠴᠦᠨ ᠤ ᠰᠢᠰᠲ᠋ᠧᠮ ᠢ  ᠪᠠᠶᠢᠭᠤᠯᠪᠠ᠃  ᠵᠠᠮ  ᠨᠡᠪᠳᠡᠷᠡᠯᠬᠡ ᠶᠢᠨ ᠲᠠᠯᠠᠪᠠᠷ᠂  ᠲᠠᠪᠤᠨ ᠵᠢᠯ ᠳᠤ ᠬᠤᠰᠢᠭᠤ ᠰᠢᠶᠠᠨ ᠤ  ᠴᠠᠷᠳᠠᠮᠠᠯ ᠵᠠᠮ 287 ᠺᠢᠯᠤᠮᠧᠲᠷ᠂  ᠰᠤᠮᠤ ᠰᠢᠶᠠᠩ ᠳᠤ ᠨᠡᠪᠳᠡᠷᠡᠬᠦ ᠲᠤᠰᠤᠨ ᠵᠠᠮ 418 ᠺᠢᠯᠤᠮᠧᠲᠷ᠂  ᠭᠠᠴᠠᠭ᠎ᠠ ᠲᠤᠰᠬᠤᠨ ᠳᠤ ᠨᠡᠪᠳᠡᠷᠡᠬᠦ ᠱᠦᠢᠨᠢ ᠵᠠᠮ ᠪᠤᠶᠤ ᠬᠠᠶᠢᠷ ᠴᠢᠯᠠᠭᠤᠨ ᠵᠠᠮ 503 ᠺᠢᠯᠤᠮᠧᠲᠷ ᠵᠢᠴᠢ 14 ᠰᠠᠭᠤᠷᠢ ᠬᠦᠬᠦᠷᠭᠡ ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ   ᠪᠠᠶᠢᠭᠤᠯᠤᠭᠰᠠᠨ ᠤ  ᠬᠠᠮᠳᠤ  ᠬᠦᠳᠡᠭᠡ ᠲᠤᠰᠬᠤᠨ ᠤ ᠠᠶᠠᠨᠴᠢᠨ ᠤ ᠵᠦᠭᠡᠭᠡᠪᠦᠷᠢ ᠶᠢᠨ ᠦᠷᠳᠡᠭᠡ 8 ᠶᠢ  ᠪᠠᠶᠢᠭᠤᠯᠵᠤ᠂  ᠪᠤᠤᠴᠠᠩ ᠠᠴᠠ ᠰᠠᠨ ᠬᠤᠤ ᠳ᠋ᠢ ᠬᠦᠷᠬᠦ ᠲᠦᠷᠭᠡᠨ ᠵᠠᠮ ᠤᠨ ᠪᠠᠶᠢᠭᠤᠯᠤᠯᠳᠠ ᠶᠢ  ᠲᠠᠭᠤᠰᠬᠠᠪᠠ᠃  ᠤᠳᠤ  ᠪᠦᠬᠦ ᠬᠤᠰᠢᠭᠤᠨ ᠤ ᠵᠠᠰᠠᠮᠠᠯ ᠵᠠᠮ ᠤᠨ ᠪᠦᠬᠦ ᠤᠷᠳᠤ 1376 ᠺᠢᠯᠤᠮᠧᠲᠷ   ᠲᠤ  ᠬᠦᠷᠦᠭᠰᠡᠨ ᠪᠠᠶᠢᠨ᠎ᠠ᠃       ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠠᠯᠬᠤᠴᠠ ᠲᠦᠷᠭᠡᠰᠦᠭᠰᠡᠨ  ᠃  ︽ᠪᠤᠤᠴᠠᠩ ᠪᠠᠯᠭᠠᠰᠤᠨ ᠤ ᠰᠢᠨ᠎ᠡ ᠲᠤᠭᠤᠷᠢᠭ ᠤᠨ ᠡᠵᠡᠮᠳᠡᠯ ᠤᠨ ᠴᠢᠨᠠᠷᠳᠠᠢ ᠨᠠᠷᠢᠨ ᠲᠦᠯᠦᠪᠵᠢᠬᠦᠯᠬᠡ︾ ᠵᠡᠷᠭᠡ ᠶᠢ ᠵᠠᠰᠠᠵᠤ ᠨᠠᠶᠢᠷᠠᠭᠤᠯᠤᠭᠠᠳ᠂ ᠡᠵᠡᠮᠳᠡᠯ ᠤᠨ ᠴᠢᠨᠠᠷᠳᠠᠢ ᠨᠠᠷᠢᠨ ᠲᠦᠯᠦᠪᠵᠢᠬᠦᠯᠬᠡ ᠶᠢᠨ ᠪᠦᠷᠬᠦᠴᠡ 66.4% ᠳᠤ ᠬᠦᠷᠦᠭᠰᠡᠨ ᠪᠠᠶᠢᠨ᠎ᠠ᠃  ᠪᠤᠤᠴᠠᠩ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠠᠵᠢᠯ ᠤᠷᠤᠭᠰᠢᠳᠠᠢ ᠶᠠᠪᠤᠭᠳᠠᠵᠤ᠂ ᠬᠤᠳᠠ  ᠶᠢᠨ ᠭᠤᠤᠯ ᠲᠤᠭᠤᠷᠢᠭ ᠤᠨ ᠶᠡᠷᠦᠩᠬᠡᠢ ᠲᠠᠯᠠᠪᠠᠢ 2007 ᠤᠨ ᠳᠤ 7.48 ᠬᠠᠪᠳᠠᠭᠠᠢ ᠲᠦᠷᠪᠡᠯᠵᠢᠨ ᠮᠧᠲᠷ ᠪᠠᠶᠢᠭᠰᠠᠨ ᠠᠴᠠ ᠪᠠᠨ ᠤᠳᠤ 21.84 ᠬᠠᠪᠳᠠᠭᠠᠢ ᠲᠦᠷᠪᠡᠯᠵᠢᠨ ᠮᠧᠲᠷ ᠪᠤᠯᠵᠤ ᠦᠷᠭᠡᠳᠦᠨ᠂  ᠬᠤᠳᠠ ᠪᠠᠯᠭᠠᠰᠤᠵᠢᠭᠰᠠᠨ ᠨᠤᠷᠮ᠎ᠠ 40.6% ᠳᠤ ᠬᠦᠷᠪᠡ᠃ ᠲᠠᠪᠤᠨ ᠵᠢᠯ   ᠳᠤ  1.46 ᠲᠦᠮᠡᠨ ᠮᠤ᠋ ᠭᠠᠵᠠᠷ ᠰᠢᠷᠤᠢ ᠶᠢ  ᠨᠦᠬᠡᠴᠡᠯᠡᠨ ᠪᠡᠯᠡᠳᠭᠡᠵᠦ᠂ ᠬᠤᠶᠢᠰᠢᠳᠠ ᠶᠢᠨ ᠬᠤᠳᠠ ᠶᠢᠨ ᠪᠦᠳᠦᠭᠡᠨ ᠪᠠᠶᠢᠭᠤᠯᠤᠯᠳᠠ᠂ ᠠᠵᠤ ᠦᠢᠯᠡᠳᠪᠦᠷᠢ ᠵᠢᠴᠢ ᠨᠡᠶᠢᠬᠡᠮ ᠤᠨ ᠦᠢᠯᠡᠰ ᠤᠨ ᠬᠦᠭᠵᠢᠯᠳᠡ ᠳᠤ ᠭᠠᠵᠠᠷ ᠰᠢᠷᠤᠢ ᠶᠢᠨ ᠪᠠᠳᠤᠯᠠᠭ᠎ᠠ  ᠬᠠᠩᠭᠠᠪᠠ᠃   ᠪᠤᠤᠴᠠᠩ  ᠬᠤᠳᠠ ᠶᠢᠨ ᠲᠤᠭᠤᠷᠢᠭ ᠤᠨ 48ᠲᠦᠮᠡᠨ ᠬᠠᠪᠳᠠᠭᠠᠢ ᠲᠦᠷᠪᠡᠯᠵᠢᠨ ᠮᠧᠲᠷ  ᠲᠤᠰᠤᠨ ᠵᠠᠮ ᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠵᠤ᠂ 21.7 ᠲᠦᠮᠡᠨ ᠬᠠᠪᠳᠠᠭᠠᠢ ᠲᠦᠷᠪᠡᠯᠵᠢᠨ ᠮᠧᠲᠷ ᠶᠠᠪᠠᠭᠠᠨ ᠤ ᠵᠠᠮ  ᠢ ᠲᠡᠪᠢᠰᠴᠦ  ᠬᠠᠳᠠᠭᠤᠷᠠᠭᠤᠯᠤᠭᠰᠠᠨ ᠤ ᠬᠠᠮᠳᠤ ᠤᠰᠤ ᠭᠠᠳᠠᠭᠰᠢᠯᠠᠭᠤᠯᠬᠤ᠂ ᠪᠤᠬᠢᠷᠳᠤᠯ ᠭᠠᠳᠠᠭᠰᠢᠯᠠᠭᠤᠯᠬᠤ ᠲᠦᠬᠦᠭᠡᠷᠦᠮᠵᠢ ᠶᠢ ᠵᠡᠷᠭᠡᠪᠡᠷ ᠢᠵᠢ ᠪᠦᠷᠢᠳᠦᠬᠦᠯᠪᠡ᠃ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠰᠢᠳᠠᠮᠠᠬᠠᠢ ᠬᠡᠢ ᠶᠢᠨ ᠦᠷᠳᠡᠭᠡ  ᠂  ᠢᠯᠴᠢ ᠬᠠᠩᠭᠠᠬᠤ ᠦᠷᠳᠡᠭᠡ  ᠵᠡᠷᠭᠡ ᠨᠢᠬᠡ ᠪᠦᠯᠦᠭ  ᠭᠤᠤᠯᠳᠠᠯᠭᠠᠳᠠᠢ ᠢᠨᠵᠧᠨᠧᠷᠢᠩ ᠵᠢᠴᠢ ᠢᠵᠢ ᠪᠦᠷᠢᠳᠦᠬᠦᠯᠬᠦ ᠢᠨᠵᠧᠨᠧᠷᠢᠩ  ᠪᠠᠶᠢᠭᠤᠯᠤᠭᠳᠠᠨ ᠠᠰᠢᠭᠯᠠᠯᠳᠠ ᠳᠤ ᠤᠷᠤᠵᠤ᠂  ᠪᠤᠤᠴᠠᠩ ᠪᠠᠯᠭᠠᠰᠤᠨ ᠤ ᠨᠤᠭᠤᠭᠠᠷᠠᠭᠤᠯᠤᠯᠳᠠ  ᠂ ᠭᠡᠭᠡᠷᠡᠬᠦᠯᠦᠯᠳᠡ᠂ ᠭᠤᠶᠤᠵᠢᠭᠤᠯᠤᠯᠳᠠ ᠶᠢᠨ ᠠᠵᠢᠯ ᠪᠦᠬᠦ ᠲᠠᠯᠠᠪᠠᠷ ᠲᠡᠪᠰᠢᠨ᠂ ᠬᠤᠳᠠ  ᠶᠢᠨ ᠴᠢᠨᠠᠷ ᠲᠡᠰ ᠶᠡᠭᠡ ᠬᠡᠮᠵᠢᠶ᠎ᠡ ᠪᠠᠷ ᠲᠡᠭᠡᠭᠰᠢᠯᠡᠵᠦ᠂ ᠶᠡᠷᠦᠩᠬᠡᠶᠢᠯᠡᠭᠰᠡᠨ ᠲᠠᠭᠠᠭᠠᠴᠠ ᠬᠦᠴᠦᠨ ᠤᠯᠠᠮ ᠨᠢᠬᠡ ᠠᠯᠬᠤᠮ ᠴᠢᠩᠭᠠᠷᠠᠪᠠ᠃  ᠰᠤᠶᠤᠯ ᠤᠨ ᠲᠤᠮᠤ ᠠᠰᠠᠷ᠂  ᠰᠤᠶᠤᠯ ᠤᠨ ᠠᠭᠤᠳᠠᠮ ᠲᠠᠯᠠᠪᠠᠢ᠂ ᠵᠠᠯᠠᠭᠤᠴᠤᠳ ᠪᠠᠭᠠᠴᠤᠳ ᠤᠨ ᠬᠦᠳᠡᠯᠪᠦᠷᠢ ᠶᠢᠨ ᠲᠦᠪ᠂ ᠰᠢᠨ᠎ᠡ ᠡᠮᠨᠡᠯᠭᠡ ᠶᠢᠨ ᠬᠤᠷᠢᠶ᠎ᠠ ᠵᠡᠷᠭᠡ ᠨᠢᠬᠡ ᠪᠦᠯᠦᠭ  ᠲᠤᠮᠤ ᠪᠠᠷᠢᠯᠭ᠎ᠠ  ᠶᠢᠨ ᠠᠵᠢᠯ ᠢ  ᠪᠡᠶᠡᠯᠡᠬᠦᠯᠦᠭᠡᠳ᠂ ᠦᠬᠡᠷᠡᠴᠢᠯᠡᠯᠳᠡ ᠨᠡᠭᠡᠭᠡᠯᠳᠡ ᠠᠴᠠ ᠨᠠᠰᠢᠬᠢ ᠲᠠᠶᠢᠹᠤᠰᠧ ᠬᠤᠰᠢᠭᠤᠨ ᠤ ᠤᠶᠤᠨ  ᠤ ᠪᠤᠯᠪᠠᠰᠤᠨ   ᠤ ᠪᠠᠶᠢᠭᠤᠯᠤᠯᠳᠠ ᠶᠢᠨ ᠦᠷ᠎ᠡ ᠪᠦᠳᠦᠭᠡᠯ ᠢ ᠲᠦᠪᠯᠡᠷᠡᠩᠬᠦᠢ ᠬᠠᠷᠠᠭᠤᠯᠤᠭᠰᠠᠨ ᠶᠤᠮ᠃        ︵ᠲᠠᠪᠤ︶   ᠡᠳ᠋ ᠤᠨ ᠵᠠᠰᠠᠭ ᠤᠨ ᠪᠠᠳᠤᠯᠠᠭᠠᠨ ᠤ ᠴᠢᠳᠠᠪᠤᠷᠢ ᠨᠡᠮᠡᠭᠳᠡᠵᠦ᠂ ᠠᠷᠠᠳ ᠤᠨ ᠠᠮᠢᠳᠤᠷᠠᠯ  ᠦᠷᠬᠦᠯᠵᠢᠯᠡᠨ ᠰᠠᠶᠢᠵᠢᠷᠠᠪᠠ᠃        ᠡᠳ᠋ ᠤᠨ ᠵᠠᠰᠠᠭ ᠤᠨ ᠵᠠᠷᠤᠯᠭ᠎ᠠ ᠶᠢ ᠠᠷᠠᠳ ᠤᠨ ᠠᠮᠢᠳᠤᠷᠠᠯ ᠵᠦᠭ ᠨᠡᠩ ᠢᠯᠡᠬᠦᠦ  ᠭᠡᠯᠪᠡᠶᠢᠯᠭᠡᠭᠰᠡᠨ᠃  ᠲᠠᠪᠤᠨ ᠵᠢᠯ   ᠳᠤ᠂  ᠪᠦᠬᠦ ᠬᠤᠰᠢᠭᠤᠨ ᠤ ᠤᠷᠤᠨ ᠨᠤᠳᠤᠭ ᠤᠨ ᠡᠳ᠋ ᠤᠨ ᠵᠠᠰᠠᠭ ᠤᠨ  ᠵᠠᠷᠤᠯᠭ᠎ᠠ 51 ᠳ᠋ᠦᠩᠰᠢᠭᠤᠷ  ᠲᠦᠬᠦᠷᠢᠭ ᠲᠤ  ᠬᠦᠷᠴᠦ᠂ ᠡᠬᠦᠨ ᠤ ᠲᠤᠳᠤᠷ᠎ᠠ ᠠᠷᠠᠳ ᠤᠨ ᠠᠮᠢᠳᠤᠷᠠᠯ ᠲᠡᠭᠡᠷ᠎ᠡ ᠭᠡᠷᠡᠭᠯᠡᠭᠰᠡᠨ ᠵᠠᠷᠤᠯᠭ᠎ᠠ 24 ᠳ᠋ᠦᠩᠰᠢᠭᠤᠷ  ᠲᠦᠬᠦᠷᠢᠭ ᠲᠤ ᠬᠦᠷᠴᠦ  ᠂ ᠡᠳ᠋ ᠤᠨ ᠵᠠᠰᠠᠭ ᠤᠨ  ᠶᠡᠷᠦᠩᠬᠡᠢ ᠵᠠᠷᠤᠯᠭ᠎ᠠ   ᠶᠢᠨ 47% ᠶᠢ ᠡᠵᠡᠯᠡᠭᠰᠡᠨ ᠪᠠᠶᠢᠨ᠎ᠠ᠃  ᠺᠠᠳᠠᠷ ᠠᠵᠢᠯᠳᠠᠨ ᠤ ᠴᠠᠯᠢᠩ  ᠤᠯᠭᠤᠮᠵᠢ ᠶᠢ ᠲᠦᠷᠦ ᠶᠢᠨ ᠪᠤᠳᠤᠯᠭ᠎ᠠ ᠶᠤᠰᠤᠭᠠᠷ ᠨᠠᠶᠢᠳᠠᠪᠤᠷᠢᠵᠢᠭᠤᠯᠵᠤ᠂  ᠴᠠᠯᠢᠩ ᠤᠨ ᠪᠠᠷᠢᠮᠵᠢᠶ᠎ᠠ ᠪᠦᠬᠦ ᠠᠶᠢᠮᠠᠭ ᠤᠨ ᠲᠡᠭᠰᠢᠳᠭᠡᠭᠰᠡᠨ ᠲᠦᠪᠰᠢᠨ ᠠᠴᠠ ᠲᠤᠤᠷ᠎ᠠ  ᠪᠠᠶᠢᠬᠤ ᠦᠬᠡᠢ ᠶᠢ ᠪᠠᠳᠤᠯᠠᠪᠠ᠃ ︽ ᠪᠦᠷᠢᠨ ᠴᠢᠳᠠᠮᠵᠢᠳᠤ ᠺᠠᠷᠲ︾ ᠤᠨ ᠰᠢᠰᠲ᠋ᠧᠮ ᠵᠢᠩᠬᠢᠨᠢ ᠪᠠᠷ  ᠭᠡᠷᠡᠭᠯᠡᠭᠳᠡᠨ᠂  ᠺᠠᠷᠲ ᠪᠠᠷ ᠲᠠᠷᠬᠠᠭᠠᠭᠰᠠᠨ ᠨᠦᠬᠦᠪᠦᠷᠢ  ᠮᠦᠩᠬᠦ 1.5 ᠳ᠋ᠦᠩᠰᠢᠭᠤᠷ ᠲᠦᠬᠦᠷᠢᠭ ᠲᠤ  ᠬᠦᠷᠪᠡ᠃        ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ  ᠠᠵᠢᠯ ᠰᠢᠨ᠎ᠡ ᠰᠢᠪᠳᠤᠯᠤᠯᠳᠠ ᠲᠠᠢ ᠪᠤᠯᠤᠭᠰᠠᠨ᠃ ᠲᠠᠪᠤᠨ ᠵᠢᠯ ᠤᠨ ᠲᠤᠷᠰᠢ᠂  ᠶᠠᠳᠠᠭᠤ ᠶᠢ ᠳᠡᠳᠬᠦᠬᠦ ᠪᠡᠯᠡ ᠮᠦᠩᠬᠦ 6700 ᠲᠦᠮᠡᠨ ᠲᠦᠬᠦᠷᠢᠭ ᠤᠷᠤᠭᠤᠯᠵᠤ᠂  ᠲᠠᠮ ᠬᠦᠦ ᠲᠠᠢ ᠵᠢᠭᠡᠯᠡᠯᠭᠡ 2.12 ᠳ᠋ᠦᠩᠰᠢᠭᠤᠷ ᠲᠦᠬᠦᠷᠢᠭ ᠲᠠᠷᠬᠠᠭᠠᠨ᠂ ᠨᠡᠶᠢᠬᠡᠮ ᠤᠨ ᠲᠤᠰᠠᠯᠠᠮᠵᠢ 6903 ᠲᠦᠮᠡᠨ ᠲᠦᠬᠦᠷᠢᠭ ᠢ ᠤᠯᠵᠤ᠂  ᠶᠠᠳᠠᠭᠤ ᠬᠦᠴᠢᠷᠳᠡᠢ  ᠬᠦᠮᠦᠨ ᠠᠮᠠ ᠲᠦᠪᠯᠡᠷᠡᠭᠰᠡᠨ ᠭᠠᠵᠠᠷ ᠤᠷᠤᠨ ᠲᠤ ᠲᠠᠷᠬᠠᠭᠠᠨ᠂  1.4 ᠲᠦᠮᠡᠨ ᠬᠦᠮᠦᠨ ᠠᠮᠠ   ᠶᠢ ᠶᠠᠳᠠᠭᠤ ᠠᠴᠠ ᠠᠩᠬᠢᠵᠢᠷᠠᠭᠤᠯᠤᠭᠠᠳ᠂ ᠶᠠᠳᠠᠭᠤ ᠶᠢ ᠳᠡᠳᠬᠦᠬᠦ ᠠᠵᠢᠯ ᠦᠨᠳᠦᠷ ᠠᠮᠵᠢᠯᠳᠠ ᠤᠯᠤᠭᠰᠠᠨ ᠪᠠᠶᠢᠨ᠎ᠠ᠃ ᠢᠯᠠᠩᠭᠤᠶ᠎ᠠ 2011ᠤᠨ ᠳᠤ ᠮᠠᠨ ᠤ ᠬᠤᠰᠢᠭᠤ ᠨᠢ ᠪᠦᠬᠦ ᠤᠯᠤᠰ ᠤᠨ ᠭᠤᠤᠯᠳᠠᠯᠭᠠᠳᠠᠢ ᠶᠠᠳᠠᠭᠤ ᠶᠢ ᠲᠡᠳᠬᠦᠵᠦ ᠨᠡᠬᠡᠬᠡᠨ ᠬᠦᠭᠵᠢᠬᠦᠯᠬᠦ ᠬᠤᠰᠢᠭᠤ ᠪᠠᠷ  ᠲᠠᠬᠢᠨᠳᠠ  ᠲᠤᠭᠳᠠᠭᠠᠭᠳᠠᠭᠰᠠᠨ ᠤ ᠬᠠᠮᠳᠤ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ   ᠢᠶᠠᠷ ᠠᠮᠵᠢᠯᠳᠠᠳᠠᠢ ᠡᠷᠡᠮᠡᠯᠵᠡᠯᠡᠨ ᠮᠡᠳᠡᠬᠦᠯᠵᠦ᠂ ᠶᠠᠳᠠᠭᠤ ᠶᠢ  ᠲᠡᠳᠬᠦᠵᠦ ᠨᠡᠬᠡᠬᠡᠨ ᠬᠦᠭᠵᠢᠬᠦᠯᠬᠦ ᠠᠵᠢᠯ ᠢ ᠰᠠᠶᠢᠨ ᠬᠢᠬᠦ ᠳᠤ ᠠᠰᠢᠭᠳᠠᠢ ᠨᠦᠬᠦᠴᠡᠯ ᠡᠬᠦᠳᠦᠭᠰᠡᠨ ᠶᠤᠮ᠃         ᠬᠤᠳᠠ ᠬᠦᠳᠡᠭᠡ ᠶᠢ ᠬᠠᠮᠤᠷᠤᠭᠰᠠᠨ ᠨᠡᠶᠢᠬᠡᠮ ᠤᠨ ᠪᠠᠳᠤᠯᠠᠭᠠᠨ ᠤ ᠰᠢᠰᠲ᠋ᠧᠮ ᠤᠯᠠᠮ  ᠰᠠᠶᠢᠨ ᠲᠡᠬᠦᠯᠳᠡᠷᠵᠢᠭᠰᠡᠨ᠃  ᠡᠨᠡ ᠲᠠᠪᠤᠨ ᠵᠢᠯ ᠳᠤ᠂ ᠨᠡᠶᠢᠬᠡᠮ ᠤᠨ ᠲᠠᠭᠠᠳᠬᠠᠯ᠂ ᠨᠡᠶᠢᠬᠡᠮ ᠤᠨ  ᠲᠤᠰᠠᠯᠠᠮᠵᠢ᠂ ᠨᠡᠶᠢᠬᠡᠮ  ᠤᠨ ᠠᠰᠠᠷᠠᠮᠵᠢ   ᠪᠠᠷ ᠰᠠᠭᠤᠷᠢ ᠪᠤᠯᠭᠠᠵᠤ᠂ ᠨᠠᠰᠤᠵᠢᠯ ᠤᠨ ᠠᠰᠠᠷᠠᠮᠵᠢ᠂ ᠡᠮᠨᠡᠯᠬᠡ ᠶᠢᠨ ᠲᠠᠭᠠᠳᠬᠠᠯ ᠪᠠ ᠨᠠᠭᠠᠳᠤ ᠵᠠᠬ᠎ᠠ ᠶᠢᠨ ᠠᠮᠢᠳᠤᠷᠠᠯ ᠤᠨ  ᠪᠠᠳᠤᠯᠠᠭᠠᠨ ᠤ ᠲᠦᠷᠢᠮ   ᠢᠶᠠᠷ ᠭᠤᠤᠯ ᠪᠤᠯᠭᠠᠨ᠂ ᠨᠢᠬᠦᠯᠡᠰᠦᠩᠬᠦᠢ ᠶᠢᠨ ᠦᠢᠯᠡᠰ᠂ ᠠᠷᠠᠯᠵᠢᠶᠠᠨ ᠤ ᠲᠠᠭᠠᠳᠬᠠᠯ ᠢᠶᠠᠷ ᠨᠦᠬᠦᠪᠦᠷᠢᠯᠡᠬᠦᠯᠦᠭᠰᠡᠨ ᠨᠡᠶᠢᠬᠡᠮ ᠤᠨ ᠪᠠᠳᠤᠯᠠᠭᠠᠨ ᠤ ᠰᠢᠰᠲ᠋ᠧᠮ ᠦᠨᠳᠦᠰᠦᠨ  ᠳᠡᠭᠡᠨ ᠪᠦᠷᠢᠯᠳᠦᠵᠡᠢ᠃  ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠮᠦᠩᠬᠦ  2.05  ᠳ᠋ᠦᠩᠰᠢᠭᠤᠷ  ᠲᠦᠬᠦᠷᠢᠭ  ᠂  ᠠᠵᠤ ᠠᠬᠤᠶᠢᠯᠠᠯ ᠤᠨ ᠠᠵᠢᠯᠴᠢᠨ ᠤ ᠨᠠᠰᠤᠵᠢᠯ ᠤᠨ ᠠᠰᠠᠷᠠᠮᠵᠢ ᠤᠨ ᠮᠦᠩᠬᠦ  2.88  ᠳ᠋ᠦᠩᠰᠢᠭᠤᠷ  ᠲᠦᠬᠦᠷᠢᠭ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ  ᠠᠰᠠᠷᠠᠮᠵᠢ  ᠶᠢᠨ ᠮᠦᠩᠬᠦ 4055 ᠲᠦᠮᠡᠨ ᠲᠦᠬᠦᠷᠢᠭ᠂ ᠡᠮᠨᠡᠯᠬᠡ ᠶᠢᠨ ᠲᠠᠭᠠᠳᠬᠠᠯ ᠤᠨ ᠮᠦᠩᠬᠦ 1.3 ᠳ᠋ᠦᠩᠰᠢᠭᠤᠷ  ᠲᠦᠬᠦᠷᠢᠭ  ᠵᠢᠴᠢ ᠨᠡᠶᠢᠬᠡᠮ ᠤᠨ ᠠᠪᠤᠷᠠᠨ ᠲᠤᠰᠠᠯᠠᠬᠤ ᠮᠦᠩᠬᠦ  2.12 ᠳ᠋ᠦᠩᠰᠢᠭᠤᠷ  ᠲᠦᠬᠦᠷᠢᠭ ᠢ  ᠲᠤᠰᠪᠤᠷᠢ ᠲᠠᠷᠬᠠᠭᠠᠭᠰᠠᠨ  ᠪᠦᠭᠡᠳ  ᠨᠡᠶᠢᠬᠡᠮ ᠤᠨ  ᠠᠰᠠᠷᠠᠮᠵᠢ ᠶᠢᠨ ᠪᠠᠶᠢᠭᠤᠯᠤᠮᠵᠢ 12 ᠢ ᠪᠠᠶᠢᠭᠤᠯᠪᠠ᠃  47926 ᠠᠵᠢᠯ ᠤᠨ ᠪᠠᠶᠢᠷᠢ ᠡᠯᠰᠡᠵᠦ᠂ ᠬᠤᠳᠠ ᠪᠠᠯᠭᠠᠰᠤᠨ ᠤ 15401 ᠬᠦᠮᠦᠨ ᠳᠤ ᠠᠵᠢᠯ ᠲᠤᠬᠢᠷᠠᠭᠤᠯᠤᠨ᠂ 45721 ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ  ᠤᠯᠭᠤᠵᠠᠢ᠃  ᠦᠢᠯᠡᠰ ᠪᠦᠳᠦᠭᠡᠬᠦ ᠪᠠᠭ᠎ᠠ ᠲᠤᠭᠠᠨ ᠤ ᠢᠳᠡᠭᠡᠮᠵᠢᠳᠦ ᠵᠢᠬᠡᠯᠡᠯᠭᠡ 2956 ᠲᠦᠮᠡᠨ ᠲᠦᠬᠦᠷᠢᠭ᠂ ᠠᠵᠢᠯ ᠠᠯᠳᠠᠭᠰᠠᠳ ᠢ ᠲᠡᠳᠬᠦᠬᠦ ᠮᠦᠩᠬᠦ 940 ᠲᠦᠮᠡᠨ ᠲᠦᠬᠦᠷᠢᠭ ᠲᠠᠷᠬᠠᠭᠠᠵᠤ᠂ 2500  ᠭᠠᠷᠤᠢ ᠬᠦᠮᠦᠨ ᠢ ᠲᠠᠶᠢᠴᠢᠯᠠᠨ ᠠᠵᠢᠯ ᠤᠯᠭᠤᠭᠠᠳ᠂ ︽ᠠᠵᠢᠯ ᠤᠯᠤᠭᠰᠠᠨ ᠬᠦᠮᠦᠨ ᠦᠬᠡᠢ︾ ᠭᠡᠷ ᠪᠦᠯᠢ ᠪᠠ ︽ᠰᠢᠯᠵᠢᠭᠰᠡᠨ ᠬᠦᠮᠦᠨ ᠦᠬᠡᠢ︾ ᠭᠡᠷ ᠪᠦᠯᠢ ᠶᠢᠨ ᠠᠳᠠᠭ   ᠲᠠᠭᠠᠨ ᠨᠢᠬᠡ ᠬᠦᠮᠦᠨ ᠨᠢ ᠠᠵᠢᠯ ᠤᠯᠬᠤ ᠪᠤᠶᠤ ᠰᠢᠯᠵᠢᠬᠦ ᠬᠠᠷᠠᠯᠳᠠ ᠶᠢ ᠪᠡᠶᠡᠯᠡᠬᠦᠯᠦᠭᠰᠡᠨ ᠪᠠᠶᠢᠨ᠎ᠠ᠃        ᠬᠤᠳᠠ ᠬᠦᠳᠡᠭᠡ ᠶᠢᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠤᠯᠠᠮ ᠰᠠᠶᠢᠵᠢᠷᠠᠭᠰᠠᠨ᠃  ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ   ᠢ ᠭᠡᠷᠡᠭᠵᠢᠬᠦᠯᠵᠦ᠂ ᠨᠡᠶᠢᠳᠡ 1460 ᠢᠵᠢ ᠬᠢᠮᠳᠠ ᠲᠦᠷᠢᠶᠡᠰᠦᠨ ᠤ ᠤᠷᠤᠨ ᠰᠠᠭᠤᠴᠠ ᠶᠢ ᠪᠠᠶᠢᠭᠤᠯᠤᠨ᠂ 250 ᠢᠵᠢ ᠶᠢ ᠪᠤᠴᠠᠭᠠᠨ ᠬᠤᠳᠠᠯᠳᠤᠨ ᠠᠪᠴᠤ᠂ ᠤᠷᠤᠨ ᠰᠠᠭᠤᠴᠠ ᠶᠢᠨ ᠨᠦᠬᠦᠪᠦᠷᠢ ᠨᠡᠶᠢᠳᠡ 1179 ᠲᠦᠮᠡᠨ ᠲᠦᠬᠦᠷᠢᠭ  ᠲᠠᠷᠬᠠᠭᠠᠭᠰᠠᠨ ᠪᠦᠬᠡᠳ 2930 ᠡᠷᠦᠬᠡ   ᠳᠤ 19 ᠲᠦᠮᠡᠨ ᠬᠠᠪᠳᠠᠭᠠᠢ ᠲᠦᠷᠪᠡᠯᠵᠢᠨ ᠮᠧᠲᠷ ᠨᠠᠷᠠᠨ ᠡᠨᠧᠷᠬᠢ ᠶᠢᠨ ᠭᠡᠷ ᠪᠠᠶᠢᠰᠢᠩ ᠢ ᠪᠠᠶᠢᠭᠤᠯᠵᠤ᠂ ᠬᠤᠳᠠ ᠪᠠᠯᠭᠠᠰᠤᠨ ᠤ 1511 ᠡᠷᠦᠬᠡ ᠶᠢᠨ 13.8 ᠲᠦᠮᠡᠨ ᠬᠠᠪᠳᠠᠭᠠᠢ ᠲᠦᠷᠪᠡᠯᠵᠢᠨ ᠮᠧᠲᠷ ᠬᠠᠭᠤᠴᠢᠨ ᠭᠡᠷ ᠪᠠᠶᠢᠰᠢᠩ   ᠢ  ᠦᠭᠡᠷᠡᠴᠢᠯᠡᠨ᠂  ᠮᠠᠯᠵᠢᠬᠤ ᠲᠠᠷᠢᠶᠠᠯᠠᠬᠤ ᠤᠷᠤᠨ ᠤ 2119 ᠡᠷᠦᠬᠡ ᠶᠢᠨ ᠠᠶᠤᠯᠳᠠᠢ ᠭᠡᠷ ᠪᠠᠶᠢᠰᠢᠩ ᠢ ᠰᠢᠨᠡᠳᠭᠡᠨ ᠪᠠᠶᠢᠭᠤᠯᠵᠠᠢ᠃  115 ᠰᠠᠭᠤᠷᠢ ᠠᠶᠤᠯᠬᠦᠢ ᠤᠰᠤ ᠤᠮᠳᠠ ᠶᠢᠨ ᠢᠨᠵᠧᠨᠧᠷᠢᠩ ᠢ  ᠭᠡᠷᠡᠭᠵᠢᠬᠦᠯᠦᠨ᠂  ᠲᠦᠪᠯᠡᠷᠡᠬᠦᠯᠦᠨ ᠤᠰᠤ ᠬᠠᠩᠭᠠᠬᠤ ᠴᠡᠭ  5 ᠶᠢ ᠪᠠᠶᠢᠭᠤᠯᠵᠤ᠂  8.41 ᠲᠦᠮᠡᠨ ᠬᠦᠮᠦᠨ᠂ 16.9 ᠲᠦᠮᠡᠨ ᠮᠠᠯ ᠤᠨᠤᠭᠠᠨ ᠤ  ᠠᠶᠤᠯᠬᠦᠢ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠪᠡ᠃ ︽ᠲᠤᠰᠬᠠᠢ ᠲᠦᠷᠦᠯ ᠢᠶᠠᠷ ᠵᠦᠪᠯᠡᠬᠦ︾ ᠲᠦᠷᠦᠯ ᠵᠦᠢᠯ 238 ᠶᠢ  ᠭᠡᠷᠡᠭᠵᠢᠬᠦᠯᠦᠨ᠂   ᠬᠦᠳᠡᠭᠡ  ᠨᠤᠳᠤᠭ ᠤᠨ ᠦᠩᠭᠡ ᠲᠦᠷᠬᠦ ᠶᠢ  ᠰᠢᠨᠡᠳᠭᠡᠨ᠂   ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠤᠭᠰᠠᠨ ᠪᠠᠶᠢᠨ᠎ᠠ᠃        ︵ ᠵᠢᠷᠭᠤᠭ᠎ᠠ  ︶  ᠨᠡᠶᠢᠳᠡ ᠶᠢᠨ ᠦᠢᠯᠡᠴᠢᠯᠡᠬᠡᠨ ᠤ ᠲᠦᠪᠰᠢᠨ  ᠲᠡᠭᠡᠭᠰᠢᠯᠡᠵᠦ᠂ ᠨᠡᠶᠢᠬᠡᠮ ᠤᠨ ᠦᠢᠯᠡᠰ ᠪᠦᠬᠦ ᠲᠠᠯᠠᠪᠠᠷ  ᠪᠠᠳᠠᠷᠠᠨ  ᠬᠦᠭᠵᠢᠪᠡ᠃        ᠰᠤᠷᠭᠠᠨ ᠬᠦᠮᠦᠵᠢᠯ ᠤᠨ ᠦᠢᠯᠡᠰ ᠤᠷᠤᠭᠰᠢ ᠲᠠᠪᠰᠢᠭᠰᠠᠨ᠃   ᠰᠤᠷᠭᠠᠨ ᠬᠦᠮᠦᠵᠢᠯ ᠤᠨ ᠡᠬᠢ ᠪᠠᠶᠠᠯᠢᠭ  ᠢ  ᠨᠢᠬᠡᠳᠭᠡᠬᠦ   ᠶᠢᠨ ᠬᠠᠮᠳᠤ ᠰᠤᠷᠭᠠᠨ ᠬᠦᠮᠦᠵᠢᠯ ᠤᠨ ᠪᠠᠶᠢᠷᠢᠰᠢᠯ   ᠢ ᠲᠤᠬᠢᠷᠠᠭᠤᠯᠵᠤ᠂ ᠠᠮᠤᠷ ᠲᠦᠪᠰᠢᠨ ᠤ ᠢᠨᠵᠧᠨᠧᠷᠢᠩ   ᠢᠶᠠᠷ ᠭᠤᠤᠯ ᠪᠤᠯᠭᠠᠭᠰᠠᠨ ᠰᠤᠷᠭᠠᠨ ᠬᠦᠮᠦᠵᠢᠯ ᠤᠨ ᠭᠤᠤᠯᠳᠠᠯᠭᠠᠳᠠᠢ ᠲᠦᠷᠦᠯ ᠵᠦᠢᠯ ᠢ ᠭᠡᠷᠡᠭᠵᠢᠬᠦᠯᠦᠨ᠂ 7 ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠢ ᠬᠢᠪᠡ᠃ ᠨᠢᠭᠡᠳᠦᠭᠡᠷ ᠲᠤᠮᠳᠠᠳᠤ ᠰᠤᠷᠭᠠᠭᠤᠯᠢ  ᠂ ᠮᠤᠩᠭᠤᠯ ᠰᠤᠷᠭᠠᠭᠤᠯᠢ᠂  ᠬᠡᠦᠭᠡᠳ ᠤᠨ ᠴᠡᠴᠡᠷᠯᠢᠭ ᠵᠡᠷᠭᠡ ᠰᠢᠨ᠎ᠡ ᠪᠠᠷ ᠪᠠᠶᠢᠭᠤᠯᠤᠭᠳᠠᠵᠤ᠂  ᠰᠤᠷᠭᠠᠭᠤᠯᠢ ᠡᠷᠬᠢᠯᠡᠬᠦ ᠨᠦᠬᠦᠴᠡᠯ  ᠶᠡᠭᠡ ᠬᠡᠮᠵᠢᠶ᠎ᠡ ᠪᠠᠷ ᠰᠠᠶᠢᠵᠢᠷᠠᠪᠠ᠃  ᠠᠯᠪᠠᠨ ᠵᠢᠷᠤᠮ ᠤᠨ  ᠰᠤᠷᠭᠠᠨ ᠬᠦᠮᠦᠵᠢᠯ  ᠤᠨ ᠵᠠᠷᠤᠳᠠᠯ ᠰᠦᠢᠳᠭᠡᠯ ᠤᠨ ᠪᠠᠳᠤᠯᠠᠭᠠᠨ ᠤ ᠲᠤᠭᠳᠠᠴᠠ ᠶᠢ ᠪᠠᠶᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠨᠦᠬᠦᠪᠦᠷᠢ᠂ ᠦᠨᠳᠦᠷ ᠲᠤᠮᠳᠠᠳᠤ ᠶᠢᠨ ︽ᠬᠤᠶᠠᠷ ᠢ ᠭᠡᠯᠳᠦᠷᠢᠬᠦᠯᠵᠦ ᠨᠢᠬᠡ ᠶᠢ ᠨᠦᠬᠦᠪᠦᠷᠢᠯᠡᠬᠦ︾   ᠪᠠ ᠰᠤᠷᠤᠯᠭ᠎ᠠ ᠲᠡᠳᠬᠦᠬᠦ  ᠢᠳᠡᠭᠡᠮᠵᠢᠳᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢ  ᠨᠠᠶᠢᠳᠠᠪᠤᠷᠢᠵᠢᠭᠤᠯᠤᠭᠠᠳ᠂ 15 ᠵᠢᠯ ᠤᠨ ᠰᠦᠢᠳᠭᠡᠯ ᠭᠡᠯᠳᠦᠷᠢᠬᠦᠯᠦᠭᠰᠡᠨ ᠰᠤᠷᠭᠠᠨ ᠬᠦᠮᠦᠵᠢᠯ ᠪᠡᠶᠡᠯᠡᠭᠳᠡᠪᠡ᠃         ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠭᠡ ᠴᠢᠩᠭᠠᠷᠠᠭᠰᠠᠨ᠃   ᠲᠠᠪᠤᠨ ᠵᠢᠯ   ᠤᠨ ᠲᠤᠷᠰᠢ᠂ ᠬᠤᠷᠰᠢᠭᠰᠠᠨ ᠡᠮᠨᠡᠯᠭᠡ ᠳᠤ ᠤᠷᠤᠯᠴᠠᠬᠤ ᠨᠤᠷᠮ᠎ᠠ 90.2% ᠪᠠᠶᠢᠭᠰᠠᠨ ᠠᠴᠠ ᠪᠠᠨ 96.25% ᠪᠤᠯᠵᠤ ᠨᠡᠮᠡᠭᠳᠡᠨ ᠂ ᠬᠤᠷᠠᠮᠳᠤᠭᠤᠯᠭ᠎ᠠ ᠶᠢᠨ ᠮᠦᠩᠬᠦ 1336ᠲᠦᠮᠡᠨ ᠲᠦᠬᠦᠷᠢᠭ  ᠪᠠᠶᠢᠭᠰᠠᠨ ᠠᠴᠠ 4377ᠲᠦᠮᠡᠨ ᠲᠦᠬᠦᠷᠢᠭ ᠪᠤᠯᠤᠨ ᠨᠡᠮᠡᠭᠳᠡᠵᠦ᠂   ᠨᠡᠶᠢᠳᠡ 1.24  ᠳ᠋ᠦᠩᠰᠢᠭᠤᠷ  ᠲᠦᠬᠦᠷᠢᠭ   ᠤᠨ ᠡᠮᠨᠡᠯᠭᠡ ᠶᠢᠨ ᠵᠠᠷᠤᠳᠠᠯ ᠢ ᠲᠠᠩᠰᠠ ᠠᠴᠠ  ᠴᠠᠶᠢᠷᠠᠭᠤᠯᠤᠨ ᠦᠭᠴᠦ᠂ 13. 4 ᠲᠦᠮᠡᠨ ᠮᠠᠯᠴᠢᠨ ᠲᠠᠷᠢᠶᠠᠴᠢᠨ ᠬᠤᠷᠰᠢᠭᠰᠠᠨ ᠡᠮᠨᠡᠯᠬᠡ ᠶᠢᠨ ᠪᠤᠳᠠᠳᠠᠢ ᠠᠰᠢᠭ  ᠢ ᠬᠦᠷᠳᠡᠭᠰᠡᠨ ᠪᠠᠶᠢᠨ᠎ᠠ᠃ ᠦᠨᠳᠦᠰᠦᠨ ᠱᠠᠳᠤᠨ ᠤ ᠡᠮᠨᠡᠯᠬᠡ ᠶᠢᠨ  ᠪᠠᠶᠢᠭᠤᠯᠤᠮᠵᠢ   ᠨᠢ  ᠦᠨᠳᠦᠰᠦᠨ ᠡᠮ ᠲᠠᠩ  ᠤᠨ ᠲᠦᠷᠢᠮ ᠢ ᠪᠦᠬᠦ ᠲᠠᠯᠠᠪᠠᠷ ᠭᠡᠷᠡᠭᠵᠢᠬᠦᠯᠵᠦ᠂ ᠦᠨ᠎ᠡ ᠬᠠᠩᠰᠢ ᠨᠡᠮᠡᠬᠦ ᠶᠢ ᠴᠠᠭᠠᠵᠠᠯᠠᠨ᠂ ᠡᠮᠨᠡᠯᠬᠡ ᠳᠤ ᠰᠠᠭᠤᠬᠤ ᠲᠡᠭᠰᠢᠳᠭᠡᠭᠰᠡᠨ ᠵᠠᠷᠤᠳᠠᠯ 34% ᠪᠠᠷ ᠪᠠᠭᠤᠷᠠᠵᠠᠢ᠃ ᠬᠤᠶᠠᠳᠤᠭᠠᠷ ᠵᠡᠷᠭᠡ ᠶᠢᠨ ᠬᠦᠭᠡ ᠲᠡᠰ ᠤᠨ ᠪᠠᠷᠢᠮᠵᠢᠶ᠎ᠠ ᠪᠠᠷ ᠶᠡᠷᠦᠩᠬᠡᠶᠢᠯᠡᠭᠰᠡᠨ ᠡᠮᠨᠡᠯᠭᠡ ᠶᠢᠨ  ᠬᠤᠷᠢᠶ᠎ᠠ ᠶᠢ  ᠪᠠᠶᠢᠭᠤᠯᠪᠠ᠃  ᠭᠠᠴᠠᠭ᠎ᠠ ᠲᠤᠰᠬᠤᠨ ᠤ 25 ᠰᠠᠭᠤᠷᠢ ᠡᠷᠡᠬᠦᠯ ᠬᠠᠮᠠᠭᠠᠯᠠᠯ ᠤᠨ ᠭᠡᠷ ᠪᠠ ᠰᠤᠮᠤ ᠰᠢᠶᠠᠩ ᠤᠨ 3 ᠰᠠᠭᠤᠷᠢ ᠡᠮᠨᠡᠯᠬᠡ ᠶᠢᠨ  ᠬᠤᠷᠢᠶ᠎ᠠ ᠨᠢ ᠪᠠᠷᠢᠮᠵᠢᠶᠠᠳᠤ ᠲᠦᠪᠰᠢᠨ ᠳᠤ ᠬᠦᠷᠦᠭᠰᠡᠨ ᠪᠠᠶᠢᠨ᠎ᠠ᠃ ᠬᠦᠮᠦᠨ ᠠᠮᠠ   ᠶᠢᠨ ᠲᠤᠳᠠᠭᠤ ᠵᠡᠮᠳᠡᠭ ᠲᠦᠷᠦᠬᠦ ᠨᠤᠷᠮ᠎ᠠ 0.57% ᠳᠤ  ᠬᠢᠵᠠᠭᠠᠷᠯᠠᠭᠳᠠᠵᠤ᠂ ᠬᠦᠮᠦᠨ ᠠᠮᠠ   ᠶᠢᠨ ᠴᠢᠨᠠᠷ ᠴᠢᠨᠰᠠᠭ᠎ᠠ  ᠲᠠᠰᠤᠷᠠᠯᠳᠠ ᠦᠬᠡᠢ ᠰᠠᠶᠢᠵᠢᠷᠠᠪᠠ᠃ ᠢᠳᠡᠭᠡᠨ ᠤᠮᠳᠠᠭᠠᠨ ᠡᠮ ᠤᠨ ᠵᠦᠢᠯ ᠤᠨ  ᠲᠤᠰᠬᠠᠢ ᠴᠡᠭᠴᠡᠯᠡᠯᠳᠡ ᠶᠢ  ᠴᠢᠩᠭᠠᠳᠬᠠᠨ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢ ᠤᠯᠠᠮ ᠴᠢᠨᠠᠭᠰᠢᠳᠠ ᠡᠷᠴᠢᠮᠵᠢᠬᠦᠯᠦᠭᠰᠡᠨ ᠪᠠᠶᠢᠨ᠎ᠠ᠃       ᠰᠤᠶᠤᠯ ᠲᠠᠮᠢᠷ ᠷᠠᠳᠢᠤ᠋ ᠲᠧᠯᠸᠢᠰ ‍ᠤᠨ‌ᠦᠢᠯᠡᠰ ᠲᠤ ᠰᠢᠨ᠎ᠡ ᠭᠡᠪ ᠪᠠᠶᠢᠳᠠᠯ ᠢᠯᠡᠷᠡᠭᠰᠡᠨ᠃  ᠪᠡᠶ᠎ᠡ ᠴᠢᠬᠢᠷᠠᠭᠵᠢᠭᠤᠯᠬᠤ᠂ ᠨᠤᠮ‌ᠤᠩᠰᠢᠬᠤ᠂ ᠲᠤᠭᠯᠠᠯᠳᠠ ᠭᠠᠷᠭᠠᠬᠤ ᠪᠠ ᠠᠯᠪᠠᠨ ᠠᠵᠢᠯ ᠢ ᠬᠠᠮᠳᠤᠳᠬᠠᠭᠰᠠᠨ  ᠶᠡᠷᠦᠩᠬᠡᠶᠢᠯᠡᠭᠰᠡᠨ ᠲᠤᠮᠤ ᠠᠰᠠᠷ  ᠵᠢᠴᠢ ᠵᠢᠷᠭᠤᠭᠠᠨ ᠰᠤᠮᠤ ᠰᠢᠶᠠᠩ ᠪᠠᠯᠭᠠᠰᠤᠨ ᠤ ᠰᠤᠶᠤᠯ ᠤᠨ ᠠᠵᠢᠯ ᠤᠨ ᠦᠷᠳᠡᠭᠡ ᠨᠢ ᠰᠢᠨ᠎ᠡ ᠪᠠᠷ ᠪᠠᠶᠢᠭᠤᠯᠤᠭᠳᠠᠨ ᠠᠰᠢᠭᠯᠠᠯᠳᠠ ᠳᠤ ᠤᠷᠤᠵᠤ᠂ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤᠪᠠᠷ ᠬᠦᠷᠳᠡᠬᠦ ᠢᠨᠵᠧᠨᠧᠷᠢᠩ ᠪᠤᠯᠤᠨ ᠨᠠᠰᠤᠳᠠᠶᠢᠴᠤᠳ ᠤᠨ ︽123︾ ᠢᠨᠵᠧᠨᠧᠷᠢᠩ ᠰᠤᠮᠤ ᠰᠢᠶᠠᠩ ᠪᠠᠯᠭᠠᠰᠤ ᠨᠢᠭᠡᠪᠦᠷᠢ ᠳᠤ ᠪᠠᠶᠢᠭᠤᠯᠤᠭᠳᠠᠨ᠂ ︽ᠲᠠᠯ᠎ᠠ ᠨᠤᠳᠤᠭ ᠤᠨ ᠨᠤᠮ ᠤᠨ ᠦᠷᠦᠭᠡ︾ 171  ᠪᠤᠯᠵᠤ ᠨᠡᠮᠡᠭᠳᠡᠪᠡ᠃  ᠰᠢᠯᠵᠢᠬᠦᠯᠵᠦ ᠪᠤᠯᠤᠰᠢ ᠦᠬᠡᠢ ᠰᠤᠶᠤᠯ ᠲᠡᠦᠬᠡ ᠶᠢᠨ ᠲᠤᠷᠠᠰᠬᠠᠯᠳᠤ ᠵᠦᠢᠯᠡᠰ 72 ᠢ ᠢᠯᠡᠷᠡᠬᠦᠯᠵᠦ᠂ ᠲᠤᠷᠠᠰᠬᠠᠯᠳᠤ ᠵᠦᠢᠯᠡᠰ ᠤᠨ ᠬᠠᠮᠠᠭᠠᠯᠠᠯᠳᠠ ᠶᠢᠨ ᠠᠵᠢᠯ ᠤᠯᠠᠮ ᠨᠢᠬᠡ ᠠᠯᠬᠤᠮ  ᠴᠢᠩᠭᠠᠷᠠᠵᠠᠢ᠃  ᠤᠯᠠᠨ ᠲᠦᠮᠡᠨ  ᠤ ᠰᠤᠶᠤᠯ ᠤᠨ ᠠᠮᠢᠳᠤᠷᠠᠯ ᠤᠯᠠᠮ ᠪᠠᠶᠠᠯᠢᠬᠵᠢᠪᠠ᠃ ᠷᠠᠳᠢᠤ᠋  ᠺᠢᠨᠤ᠋ ᠲᠧᠯᠸᠢᠰ   ᠤᠨ ᠶᠡᠷᠦᠩᠬᠡᠶᠢᠯᠡᠭᠰᠡᠨ ᠠᠰᠠᠷ ᠢ ᠪᠠᠶᠢᠭᠤᠯᠵᠤ ᠠᠰᠢᠭᠯᠠᠨ ︽2131︾᠂  ︽ᠲᠤᠰᠬᠤᠨ ᠪᠤᠯᠭᠠᠨ ᠳᠤ ᠨᠡᠪᠳᠡᠷᠡᠬᠦᠯᠬᠦ︾ ᠵᠡᠷᠭᠡ ᠠᠷᠠᠳ ᠲᠤ ᠠᠰᠢᠭᠳᠠᠢ ᠢᠨᠵᠧᠨᠧᠷᠢᠩ ᠢ ᠭᠡᠷᠡᠭᠵᠢᠬᠦᠯᠵᠦ  ᠂ ᠷᠠᠳᠢᠤ᠋ ᠲᠧᠯᠸᠢᠰ ᠤᠨ ᠶᠡᠷᠦᠩᠬᠡᠶᠢᠯᠡᠭᠰᠡᠨ ᠪᠦᠷᠬᠦᠴᠡ 98% ᠳᠤ ᠬᠦᠷᠴᠡᠢ᠃         ︵ᠲᠤᠯᠤᠭ᠎ᠠ︶   ᠠᠷᠠᠳᠴᠢᠯᠠᠯ ᠬᠠᠤᠯᠢ ᠲᠦᠷᠢᠮ ᠤᠨ  ᠪᠠᠶᠢᠭᠤᠯᠤᠯᠳᠠ ᠡᠷᠴᠢᠮᠳᠡᠢ ᠠᠬᠢᠵᠤ᠂ ᠨᠡᠶᠢᠬᠡᠮ ᠨᠡᠩ  ᠡᠶ᠎ᠡ  ᠨᠠᠶᠢᠷᠠᠮᠳᠠᠭᠤ  ᠠᠮᠤᠷ ᠲᠤᠭᠳᠠᠭᠤᠨ ᠪᠤᠯᠪᠠ᠃      ᠦᠨᠳᠦᠰᠦᠳᠡᠨ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠨᠢᠮᠪᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠪᠦᠯᠬᠦᠮᠳᠡᠨ ᠨᠢᠬᠳᠠᠷᠠᠵᠤ᠂ ᠴᠡᠴᠡᠭᠯᠡᠨ ᠬᠦᠭᠵᠢᠬᠦ ᠪᠠᠶᠢᠳᠠᠯ ᠤᠯᠠᠮ ᠪᠠᠳᠤᠵᠢᠭᠰᠠᠨ ᠪᠠᠶᠢᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠬᠠᠤᠯᠢ ᠶᠤᠰᠤᠭᠠᠷ ᠠᠵᠢᠯ ᠢᠶᠠᠨ ᠮᠡᠳᠡᠬᠦᠯᠵᠦ᠂ ᠤᠯᠤᠰ ᠲᠦᠷᠦ ᠶᠢᠨ ᠵᠦᠪᠯᠡᠯᠭᠡᠨ ᠯᠦᠭᠡ ᠬᠠᠷᠢᠴᠠᠭ᠎ᠠ ᠪᠠᠨ ᠴᠢᠩᠭᠠᠳᠬᠠᠨ᠂ ᠨᠡᠶᠢᠬᠡᠮ ᠤᠨ ᠡᠯ᠎ᠡ ᠡᠳᠡᠭᠡᠳ ᠤᠨ ᠬᠢᠨᠠᠯᠳᠠ ᠶᠢ ᠬᠦᠯᠢᠶᠡᠵᠦ ᠢᠷᠡᠪᠡ᠃ ᠲᠠᠪᠤᠨ ᠵᠢᠯ ᠤᠨ ᠲᠤᠷᠰᠢ᠂ ᠠᠷᠠᠳ ᠤᠨ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ‌‍ᠤᠨ ᠰᠠᠨᠠᠯ ᠲᠤᠷᠠᠳᠤᠯᠭ᠎ᠠ 780 ᠶᠢ ᠬᠦᠯᠢᠶᠡᠨ ᠠᠪᠴᠤ᠂ ᠪᠦᠬᠦᠨ ᠢ ᠰᠢᠢᠳᠪᠦᠷᠢᠯᠡᠨ ᠬᠦᠢᠴᠡᠳᠭᠡᠵᠡᠢ᠃  ᠲᠦᠷᠢᠮ ᠲᠤᠭᠳᠠᠭᠠᠯ  ᠢ ᠲᠤᠭᠳᠠᠭᠠᠬᠤ ᠪᠠᠷ ᠲᠠᠮᠵᠢᠭᠠᠳ᠂ ᠵᠠᠰᠠᠭ ᠤᠨ ᠤᠷᠳᠤᠨ ᠤ ᠰᠢᠢᠳᠪᠦᠷᠢ ᠠᠪᠬᠤ᠂ ᠬᠢᠨᠠᠨ ᠵᠦᠪᠰᠢᠶᠡᠷᠡᠬᠦ᠂  ᠬᠠᠤᠯᠢ ᠭᠡᠷᠡᠭᠵᠢᠬᠦᠯᠬᠦ᠂ ᠬᠢᠨᠠᠯᠳᠠ ᠲᠠᠯᠪᠢᠬᠤ ᠵᠡᠷᠭᠡ ᠦᠢᠯᠡ ᠠᠵᠢᠯᠯᠠᠭ᠎ᠠ ᠶᠢ ᠲᠦᠷᠢᠮᠵᠢᠬᠦᠯᠦᠭᠰᠡᠨ ᠪᠠᠶᠢᠨ᠎ᠠ᠃  ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠪᠠᠷᠢᠮᠳᠠᠯᠠᠨ᠂  ︽ᠨᠢᠬᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢ ᠨᠢᠮᠪᠠᠢ  ᠨᠠᠶᠢᠳᠠᠪᠤᠷᠢᠵᠢᠭᠤᠯᠵᠤ᠂  ᠬᠢᠨᠠᠨ ᠪᠠᠶᠢᠴᠠᠭᠠᠬᠤ ᠬᠢᠨᠠᠨ ᠪᠤᠳᠤᠬᠤ ᠠᠵᠢᠯ ᠢ ᠴᠢᠩᠭᠠᠳᠬᠠᠨ᠂ ᠵᠠᠰᠠᠭ ᠤᠨ ᠶᠠᠪᠤᠳᠠᠯ᠂  ᠡᠳ᠋ ᠤᠨ ᠶᠠᠪᠤᠳᠠᠯ ᠪᠠ ᠭᠠᠴᠠᠭ᠎ᠠ ᠲᠤᠰᠬᠤᠨ ᠤ ᠶᠠᠪᠤᠳᠠᠯ ᠤᠨ ᠢᠯᠡ  ᠨᠡᠶᠢᠳᠡᠯᠡᠬᠦ ᠠᠵᠢᠯ ᠢ ᠤᠯᠠᠮ ᠬᠦᠨᠵᠡᠬᠡᠢ ᠦᠷᠨᠢᠬᠦᠯᠵᠦ᠂  ᠲᠤᠰᠬᠠᠢ ᠮᠦᠩᠬᠦ ᠲᠤᠰᠬᠠᠢ ᠵᠦᠢᠯ ᠳᠡᠭᠡᠨ ᠭᠡᠷᠡᠭᠯᠡᠭᠳᠡᠬᠦ ᠶᠢ ᠪᠠᠳᠤᠯᠠᠭᠠᠳ᠂ ᠠᠷᠢᠭᠤᠨ ᠴᠢᠭᠡᠴᠢ   ᠪᠠᠷ ᠵᠠᠰᠠᠭ ᠪᠠᠷᠢᠬᠤ ᠪᠠᠶᠢᠭᠤᠯᠤᠯᠳᠠ ᠰᠢᠨ᠎ᠡ  ᠠᠮᠵᠢᠯᠳᠠ ᠳᠤ ᠬᠦᠷᠴᠡᠢ᠃  ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠪ ᠤᠨ ᠪᠠᠷᠢᠮᠵᠢᠶᠠᠵᠢᠭᠰᠠᠨ ᠪᠠᠶᠢᠭᠤᠯᠤᠯᠳᠠ ᠶᠢ ᠢᠳᠡᠪᠬᠢᠳᠡᠢ ᠲᠦᠯᠬᠢᠨ ᠠᠬᠢᠭᠤᠯᠵᠤ᠂ ᠬᠢᠨᠠᠨ ᠵᠦᠪᠰᠢᠶᠡᠷᠡᠬᠦ ᠠᠯᠬᠤᠮ ᠶᠠᠪᠤᠴᠠ ᠶᠢ ᠲᠦᠬᠦᠮᠴᠢᠯᠡᠨ᠂ ︽ᠨᠢᠬᠡ ᠦᠷᠳᠡᠭᠡᠨ ᠤ ᠭᠡᠯᠪᠡᠷᠢᠳᠦ ᠦᠢᠯᠡᠴᠢᠯᠡᠭᠡ︾ ᠶᠢ ᠭᠡᠷᠡᠭᠵᠢᠬᠦᠯᠵᠦ᠂ ᠬᠤᠳᠠ ᠬᠦᠳᠡᠭᠡ ᠶᠢᠨ ᠠᠷᠠᠳ ᠳᠤ ᠲᠦᠬᠦᠮ ᠦᠵᠡᠬᠦᠯᠬᠦ ᠦᠢᠯᠡᠴᠢᠯᠡᠬᠡᠨ ᠤ ᠠᠵᠢᠯ ᠤᠯᠠᠮ ᠨᠢᠬᠡ ᠠᠯᠬᠤᠮ ᠲᠦᠷᠢᠮᠵᠢᠨ  ᠲᠡᠬᠦᠯᠳᠡᠷᠵᠢᠪᠡ᠃ ᠬᠠᠤᠯᠢ ᠪᠠᠷ ᠬᠤᠰᠢᠭᠤ ᠪᠠᠨ ᠵᠠᠰᠠᠬᠤ ᠪᠠ ᠠᠮᠤᠭᠤᠯᠠᠩ ᠲᠠᠶᠢᠹᠤᠰᠧ ᠶᠢ ᠪᠠᠶᠢᠭᠤᠯᠬᠤ ᠠᠵᠢᠯ ᠯᠠᠪᠳᠠᠭᠤᠨ ᠢᠶᠠᠷ ᠠᠬᠢᠵᠤ᠂ ︽ᠲᠠᠪᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠠᠵᠢᠯ ᠠᠮᠵᠢᠯᠳᠠᠳᠠᠢ ᠪᠡᠶᠡᠯᠡᠭᠳᠡᠨ᠂ ︽ ᠵᠢᠷᠭᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠠᠵᠢᠯ ᠤᠷᠤᠭᠰᠢᠳᠠᠢ ᠡᠬᠢᠯᠡᠪᠡ᠃ ᠰᠢᠨᠵᠢᠯᠡᠭᠡ ᠮᠡᠷᠭᠡᠵᠢᠯ ᠢᠶᠠᠷ ᠠᠮᠤᠷ ᠢ ᠬᠠᠮᠠᠭᠠᠯᠠᠬᠤ ᠠᠵᠢᠯ ᠢ ᠴᠢᠩᠭᠠᠳᠬᠠᠬᠤ ᠢᠨᠵᠧᠨᠧᠷᠢᠩ ᠢ ᠭᠡᠷᠡᠭᠵᠢᠬᠦᠯᠦᠨ᠂ ᠴᠤᠬᠢᠯᠳᠠ ᠦᠭᠴᠦ  ᠴᠡᠭᠴᠡᠯᠡᠨ  ᠵᠠᠰᠠᠬᠤ ᠠᠵᠢᠯ ᠢ ᠬᠦᠨᠵᠡᠭᠡᠢ ᠦᠷᠨᠢᠬᠦᠯᠵᠦ᠂  ᠶᠠᠯᠠᠳᠤ ᠭᠡᠷᠡᠭ   ᠢ ᠴᠢᠩᠭ᠎ᠠ ᠰᠡᠷᠭᠡᠶᠢᠯᠡᠨ᠂  ᠨᠡᠶᠢᠭᠡᠮ ᠤᠨ ᠡᠵᠡᠮᠰᠢᠯ ᠬᠠᠮᠢᠶᠠᠷᠤᠯᠳᠠ ᠶᠢ ᠴᠢᠩᠭᠠᠳᠬᠠᠬᠤ ᠪᠠ ᠲᠡᠬᠦᠯᠳᠡᠷᠵᠢᠬᠦᠯᠵᠦ᠂ ᠶᠡᠷᠦᠩᠬᠡᠶᠢᠯᠡᠨ ᠵᠠᠰᠠᠬᠤ ᠠᠷᠭ᠎ᠠ ᠠᠪᠴᠢᠯ ᠢ ᠪᠦᠬᠦ  ᠲᠠᠯᠠᠪᠠᠷ ᠨᠠᠶᠢᠳᠠᠪᠤᠷᠢᠵᠢᠭᠤᠯᠵᠤ  ᠪᠠᠶᠢᠭᠠᠳ ᠪᠦᠬᠦ ᠬᠤᠰᠢᠭᠤᠨ ᠤ ᠨᠡᠶᠢᠬᠡᠮ ᠤᠨ ᠠᠮᠤᠷ  ᠲᠤᠭᠳᠠᠭᠤᠨ ᠢ ᠬᠠᠮᠠᠭᠠᠯᠠᠵᠤ ᠴᠢᠳᠠᠭᠰᠠᠨ ᠪᠠᠶᠢᠨ᠎ᠠ᠃  ᠨᠡᠶᠢᠬᠡᠮ ᠤᠨ ᠲᠤᠭᠳᠠᠭᠤᠨ ᠤ ᠲᠦᠭᠰᠢᠬᠦᠷᠢ  ᠭᠡᠮ ᠢ  ᠦᠨᠡᠯᠡᠨ ᠵᠢᠱᠢᠵᠦ ᠤᠷᠢᠳᠴᠢᠯᠠᠨ ᠰᠡᠷᠡᠮᠵᠢᠯᠡᠬᠦᠯᠬᠦ ᠲᠤᠭᠳᠠᠴᠠ  ᠤᠯᠠᠮ ᠴᠢᠩᠭᠠᠷᠠᠵᠤ᠂ ᠨᠡᠶᠢᠬᠡᠮ ᠤᠨ ᠵᠦᠷᠢᠴᠡᠯ ᠢ  ᠨᠠᠮᠳᠠᠭᠤᠯᠤᠨ ᠰᠢᠢᠳᠪᠦᠷᠢᠯᠡᠬᠦ ᠲᠠᠯᠠᠪᠠᠷ ᠢᠯᠡᠷᠭᠡᠢ ᠠᠮᠵᠢᠯᠳᠠ ᠤᠯᠵᠤ᠂  ᠠᠷᠠᠳ ᠤᠯᠠᠨ ᠤ ᠠᠰᠢᠭ ᠲᠤᠰᠠ ᠳᠤ ᠬᠤᠯᠪᠤᠭᠳᠠᠭᠰᠠᠨ ᠪᠠ ᠨᠡᠶᠢᠬᠡᠮ ᠤᠨ ᠠᠮᠤᠷ ᠲᠤᠭᠳᠠᠭᠤᠨ ᠢ ᠨᠦᠯᠦᠬᠡᠯᠡᠭᠰᠡᠨ ᠨᠢᠭᠡ ᠪᠦᠯᠦᠭ  ᠲᠦᠪᠡᠭ ᠲᠠᠢ ᠠᠰᠠᠭᠤᠳᠠᠯ ᠢ ᠲᠤᠬᠢᠳᠠᠢ ᠰᠠᠶᠢᠬᠠᠨ ᠰᠢᠢᠳᠪᠦᠷᠢᠯᠡᠭᠰᠡᠨ ᠪᠠᠶᠢᠨ᠎ᠠ᠃ ᠬᠤᠰᠢᠭᠤ ᠵᠠᠰᠠᠭ  ᠤᠨ ᠤᠷᠳᠤᠨ   ᠤ ᠲᠤᠰ ᠪᠡᠶ᠎ᠡ ᠶᠢᠨ ᠪᠠᠶᠢᠭᠤᠯᠤᠯᠳᠠ ᠲᠠᠰᠤᠷᠠᠯᠳᠠ ᠦᠬᠡᠢ ᠡᠷᠴᠢᠮᠵᠢᠵᠦ᠂  ᠠᠵᠢᠯᠯᠠᠬᠤ ᠴᠢᠳᠠᠪᠬᠢ ᠦᠷᠬᠦᠯᠵᠢᠯᠡᠨ ᠴᠢᠩᠭᠠᠷᠠᠬᠤ ᠪᠠᠷ ᠲᠠᠮᠵᠢᠭᠠᠳ᠂ ᠨᠡᠶᠢᠭᠡᠮ ᠤᠨ ᠬᠠᠮᠢᠶᠠᠷᠤᠯᠳᠠ ᠪᠠ ᠨᠡᠶᠢᠳᠡ ᠶᠢᠨ ᠦᠢᠯᠡᠴᠢᠯᠡᠬᠡᠨ ᠤ ᠴᠢᠳᠠᠪᠤᠷᠢ  ᠵᠢᠴᠢ ᠬᠠᠤᠯᠢ ᠪᠠᠷ ᠵᠠᠰᠠᠭ ᠶᠠᠪᠤᠭᠤᠯᠬᠤ ᠴᠢᠳᠠᠪᠤᠷᠢ ᠤᠯᠠᠮ  ᠴᠢᠩᠭᠠᠷᠠᠭᠠᠳ᠂  ᠬᠦᠭᠵᠢᠯᠳᠡ ᠶᠢ ᠰᠡᠳᠬᠢᠵᠦ᠂ ᠠᠷᠠᠳ ᠢᠶᠠᠨ ᠪᠠᠶᠠᠵᠢᠭᠤᠯᠤᠨ ᠬᠤᠰᠢᠭᠤ ᠪᠠᠨ ᠬᠦᠴᠦᠷᠭᠡᠭᠵᠢᠬᠦᠯᠬᠦ  ︽ᠲᠤᠤᠭᠠᠷᠪᠠᠯ ᠲᠠᠭᠤᠨ ᠨᠢᠬᠡᠳᠡᠢ᠂ ᠲᠤᠭᠳᠤᠷᠪᠠᠯ ᠬᠦᠴᠦᠨ ᠨᠢᠬᠡᠳᠡᠢ︾ ᠬᠠᠮᠳᠤᠷᠠᠯ ᠤᠨ ᠬᠦᠴᠦᠨ ᠢ ᠪᠦᠬᠦ ᠬᠤᠰᠢᠭᠤ ᠲᠠᠶᠠᠭᠠᠷ ᠲᠤ ᠪᠤᠢ ᠪᠤᠯᠭᠠᠵᠠᠢ᠃     ᠡᠬᠦᠨ ᠠᠴᠠ ᠭᠠᠳᠠᠨ᠎ᠠ᠂ ᠵᠡᠪᠰᠡᠭᠳᠦ ᠬᠦᠴᠦᠨ᠂  ᠠᠰᠠᠷᠠᠮᠵᠢ ᠬᠠᠷᠠᠭᠠᠯᠵᠠᠯ᠂ ᠲᠤᠭ᠎ᠠ ᠪᠦᠷᠢᠳᠭᠡᠯ᠂  ᠠᠵᠢᠯᠴᠢᠨ ᠤ ᠡᠪᠯᠡᠯ᠂ ᠦᠨ᠎ᠡ ᠬᠠᠩᠰᠢ᠂ ᠦᠢᠯᠡᠳᠪᠦᠷᠢ ᠬᠤᠳᠠᠯᠳᠤᠭ᠎ᠠ᠂  ᠲᠠᠩᠰᠠ ᠡᠪᠡᠮᠡᠯ  ᠂ ᠴᠠᠭ ᠠᠭᠤᠷ᠂ ᠲᠡᠦᠬᠡ ᠤᠶᠢᠯᠠᠯᠭ᠎ᠠ᠂ ᠦᠨᠳᠦᠰᠦᠳᠡᠨ ᠱᠠᠰᠢᠨ ᠰᠤᠷᠳᠠᠬᠤᠨ᠂   ᠬᠠᠷᠢᠶᠠᠳᠤ ᠶᠢᠨ ᠶᠠᠪᠤᠳᠠᠯ᠂  ᠡᠮᠡᠭᠳᠡᠶᠢᠴᠤᠳ ᠪᠠ ᠬᠡᠦᠭᠡᠳ ᠪᠠᠭᠠᠴᠤᠳ᠂  ᠨᠠᠰᠤᠳᠠᠶᠢᠴᠤᠳ ᠪᠠ ᠵᠡᠮᠳᠡᠭᠴᠤᠳ ᠤᠨ ᠠᠵᠢᠯ  ᠵᠡᠷᠭᠡ ᠪᠤᠰᠤᠳ ᠲᠦᠷᠦᠯ ᠤᠨ ᠨᠡᠶᠢᠬᠡᠮ  ᠤᠨ ᠦᠢᠯᠡᠰ ᠵᠢᠴᠢ ᠵᠡᠪᠰᠡᠭᠳᠦ ᠴᠠᠭᠳᠠᠭ᠎ᠠ᠂ ᠭᠠᠯ ᠰᠡᠷᠭᠡᠶᠢᠯᠡᠬᠦ ᠠᠩᠬᠢ᠂ ᠡᠷᠦᠬᠡ ᠶᠢᠨ  ᠴᠡᠷᠢᠭ ᠤᠨ  ᠪᠡᠯᠡᠳᠭᠡᠯ ᠠᠩᠬᠢ ᠶᠢᠨ ᠪᠠᠶᠢᠭᠤᠯᠤᠯᠳᠠ ᠵᠡᠷᠭᠡ ᠡᠯ᠎ᠡ ᠲᠦᠷᠦᠯ ᠤᠨ ᠠᠵᠢᠯ  ᠪᠦᠷ ᠰᠢᠨ᠎ᠠ ᠲᠠᠪᠰᠢᠯᠳᠠ ᠲᠠᠢ ᠪᠤᠯᠤᠭᠰᠠᠨ ᠪᠠᠶᠢᠨ᠎ᠠ     ᠲᠠᠪᠤᠨ ᠵᠢᠯ ᠤᠨ ᠠᠵᠢᠯ ᠢᠶᠠᠨ ᠡᠷᠬᠢᠴᠡᠬᠦᠯᠦᠬᠦᠶ᠎ᠡ᠂ ᠲᠠᠶᠢᠹᠤᠰᠧ ᠬᠤᠰᠢᠭᠤᠨ ᠤ ᠬᠦᠭᠵᠢᠯᠳᠡ   ᠶᠢᠨ ᠰᠡᠳᠬᠢᠴᠡ ᠤᠯᠠᠮ ᠲᠤᠳᠤᠷᠬᠠᠶᠢᠰᠢᠨ᠂ ᠬᠦᠭᠵᠢᠯᠳᠡ ᠶᠢᠨ ᠠᠯᠬᠤᠴᠠ ᠤᠯᠠᠮ  ᠪᠠᠳᠤᠵᠢᠵᠤ᠂ ᠠᠵᠤ ᠠᠬᠤᠢ ᠬᠦᠭᠵᠢᠨ᠂ ᠬᠤᠳᠠ ᠬᠦᠳᠡᠭᠡ ᠨᠢ ᠭᠤᠶᠤᠵᠢᠵᠤ᠂ ᠨᠡᠶᠢᠬᠡᠮ ᠨᠢ ᠨᠡᠩ ᠢᠯᠡᠬᠦᠦ ᠡᠶ᠎ᠡ ᠵᠤᠬᠢᠴᠠᠯ ᠲᠠᠢ ᠪᠤᠯᠤᠭᠠᠳ᠂ ᠦᠬᠡᠷᠡᠴᠢᠯᠡᠯᠳᠡ ᠨᠡᠭᠡᠭᠡᠯᠳᠡ ᠠᠴᠠ ᠨᠠᠰᠢᠬᠢ ᠲᠤᠭᠳᠠᠭᠤᠨ ᠢᠶᠠᠷ ᠲᠦᠷᠭᠡᠨ ᠬᠦᠭᠵᠢᠭᠰᠡᠨ ᠰᠢᠨ᠎ᠡ ᠪᠠᠶᠢᠳᠠᠯ ᠢᠯᠡᠷᠡᠯ᠎ᠡ᠃  ᠡᠳᠡᠭᠡᠷ ᠠᠮᠵᠢᠯᠳᠠ ᠪᠦᠳᠦᠮᠵᠢ ᠪᠤᠯ ᠲᠡᠭᠡᠳᠦ ᠱᠠᠳᠤᠨ ᠤ ᠨᠠᠮ ᠵᠠᠰᠠᠭ ᠪᠠ ᠬᠤᠰᠢᠭᠤ ᠨᠠᠮ ᠤᠨ ᠬᠤᠷᠢᠶᠠᠨ ᠤ  ᠵᠦᠪ ᠤᠨᠤᠪᠴᠢᠳᠠᠢ ᠤᠳᠤᠷᠢᠳᠤᠯᠭ᠎ᠠ ᠠᠴᠠ ᠢᠷᠡᠭᠰᠡᠨ ᠦᠷ᠎ᠡ ᠪᠦᠳᠦᠭᠡᠯ  ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ  ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠳᠠ  ᠶᠢᠨ ᠦᠷ᠎ᠡ ᠪᠦᠳᠦᠭᠡᠯ᠂  ᠦᠷᠭᠡᠨ ᠤᠯᠠᠨ ᠠᠷᠠᠳ ᠤᠨ ᠲᠦᠯᠦᠭᠡᠯᠡᠭᠴᠢᠳ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ   ᠠᠴᠠ ᠮᠠᠨ ᠤ ᠠᠵᠢᠯ ᠢ  ᠢᠳᠡᠭᠡᠨ ᠲᠡᠮᠵᠢᠵᠦ ᠰᠠᠨᠠᠯ ᠵᠦᠪᠯᠡᠯᠭᠡ ᠪᠠᠨ ᠬᠠᠷᠠᠮ ᠦᠬᠡᠢ ᠬᠠᠶᠢᠷᠠᠯᠠᠭᠰᠠᠨ   ᠤ ᠦᠷ᠎ᠡ ᠪᠦᠳᠦᠭᠡᠯ ᠶᠤᠮ᠃  ᠪᠦᠬᠦ ᠬᠤᠰᠢᠭᠤᠨ ᠤ ᠺᠠᠳᠠᠷ ᠠᠷᠠᠳ ᠲᠦᠮᠡᠨ ᠤ ᠤᠢ ᠪᠢᠯᠢᠭ ᠢ ᠲᠦᠪᠯᠡᠷᠡᠬᠦᠯᠵᠦ᠂ ᠬᠦᠴᠦᠨ ᠴᠢᠳᠠᠯ ᠢ ᠨᠢᠬᠳᠠᠷᠠᠭᠤᠯᠤᠨ᠂ ᠨᠡᠶᠢᠬᠡᠮ ᠤᠨ ᠡᠯ᠎ᠡ ᠡᠳᠡᠭᠡᠳ ᠤᠨ  ᠬᠠᠯᠠᠭᠤᠨ ᠬᠠᠯᠠᠮᠵᠢᠯᠠᠯ ᠪᠠ ᠬᠦᠴᠦᠳᠡᠢ ᠲᠡᠮᠵᠢᠯᠬᠡ ᠶᠢ ᠤᠯᠤᠭᠰᠠᠨ ᠢᠶᠠᠷ ᠪᠢᠳᠡ ᠡᠨᠡᠬᠦ ᠶᠡᠭᠡ  ᠠᠮᠵᠢᠯᠳᠠ ᠪᠦᠳᠦᠮᠵᠢ ᠶᠢ ᠬᠤᠷᠢᠶᠠᠭᠰᠠᠨ ᠪᠠᠶᠢᠨ᠎ᠠ᠃ ᠠᠳᠡ ᠪᠢ ᠬᠤᠰᠢᠭᠤ ᠵᠠᠰᠠᠭ ᠤᠨ ᠤᠷᠳᠤᠨ ᠢ ᠲᠦᠯᠦᠬᠡᠯᠡᠵᠦ  ᠂  ᠪᠦᠬᠦ ᠬᠤᠰᠢᠭᠤᠨ ᠤ ᠺᠠᠳᠠᠷ ᠤᠯᠠᠨ ᠲᠦᠮᠡᠨ᠂ ᠠᠷᠠᠳ  ᠤᠨ ᠲᠦᠯᠦᠭᠡᠯᠡᠭᠴᠢᠳ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ  ᠂  ᠡᠯ᠎ᠡ  ᠨᠠᠮ ᠪᠦᠯᠦᠭ᠂  ᠴᠡᠷᠢᠭ ᠴᠠᠭᠳᠠᠭ᠎ᠠ  ᠵᠢᠴᠢ ᠲᠠᠶᠢᠹᠤᠰᠧ ᠬᠤᠰᠢᠭᠤᠨ ᠳᠤ ᠪᠡᠯᠡ ᠤᠷᠤᠭᠤᠯᠵᠤ ᠦᠢᠯᠡᠰ ᠪᠤᠰᠬᠠᠭᠰᠠᠨ  ᠠᠵᠤ ᠠᠬᠤᠶᠢᠯᠠᠯᠳᠠᠨ ᠨᠠᠷ᠂ ᠲᠠᠶᠢᠹᠤᠰᠧ ᠬᠤᠰᠢᠭᠤᠨ ᠤ ᠴᠤᠭᠴᠠᠯᠠᠯᠳᠠ ᠬᠦᠭᠵᠢᠯᠳᠡ ᠶᠢᠨ ᠦᠢᠯᠡᠰ ᠲᠤ ᠨᠡᠮᠡᠷᠢ ᠬᠠᠨᠳᠢᠪ ᠡᠷᠬᠦᠭᠰᠡᠨ ᠨᠠᠶᠢᠵᠠ ᠨᠦᠬᠦᠳ ᠲᠤ ᠴᠢᠩ ᠰᠡᠳᠬᠢᠯ ᠤᠨ ᠬᠦᠨᠳᠦᠳᠭᠡᠯ ᠪᠠ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ᠃         ᠠᠮᠵᠢᠯᠲᠠ ᠪᠦᠲᠦᠮᠵᠢ   ᠪᠠᠨ ᠳ᠋ᠦᠩᠨᠡᠵᠦ ᠠᠷᠭ᠎ᠠ ᠲᠤᠷᠰᠢᠯᠭ᠎ᠠ ᠪᠠᠨ  ᠨᠠᠨᠳᠢᠩᠨᠠᠭᠤᠰᠢᠳᠠᠢ  ᠃  ᠲᠠᠪᠤᠨ ᠵᠢᠯ ᠤᠨ ᠦᠢᠯᠡᠳᠦᠯᠬᠡ   ᠠᠴᠠ ᠪᠢᠳᠡ ᠵᠠᠰᠠᠭ ᠤᠨ ᠤᠷᠳᠤᠨ ᠤ ᠠᠵᠢᠯ ᠢ ᠰᠠᠶᠢᠨ ᠬᠢᠬᠦ ᠳᠤ  ᠲᠤᠤᠷᠠᠬᠢ ᠭᠡᠳᠦᠨ ᠲᠠᠯ᠎ᠠ ᠶᠢ ᠡᠷᠭᠡᠪᠰᠢ ᠪᠠᠷᠢᠮᠳᠠᠯᠠᠬᠤ ᠭᠡᠷᠡᠭᠳᠡᠢ ᠭᠡᠳᠡᠭ ᠢ ᠤᠶᠢᠯᠠᠭᠠᠵᠤ  ᠪᠤᠯᠤᠨ᠎ᠠ᠄       ᠨᠢᠬᠡ ᠳᠤ᠂ ᠰᠢᠨᠵᠢᠯᠡᠬᠦ ᠤᠬᠠᠭᠠᠨᠴᠢ ᠬᠦᠭᠵᠢᠯᠳᠡ ᠶᠢ ᠭᠤᠶᠢᠪᠢᠰᠢ ᠦᠬᠡᠢ ᠪᠠᠷᠢᠮᠳᠠᠯᠠᠵᠤ᠂  ᠴᠠᠭ ᠤᠨ ᠪᠠᠶᠢᠳᠠᠯ ᠢ ᠤᠨᠤᠪᠴᠢᠳᠠᠢ  ᠵᠠᠳᠠᠯᠤᠨ᠂  ᠠᠵᠠ ᠲᠤᠬᠢᠶᠠᠯ ᠢ  ᠪᠠᠳᠤᠳᠠᠢ ᠡᠵᠡᠮᠳᠡᠵᠦ  ᠂   ᠬᠦᠭᠵᠢᠯᠳᠡ ᠶᠢᠨ ᠰᠡᠳᠬᠢᠴᠡ ᠪᠠᠨ ᠲᠡᠬᠦᠯᠳᠡᠷᠵᠢᠬᠦᠯᠦᠨ᠂ ᠮᠠᠨ ᠤ ᠬᠤᠰᠢᠭᠤᠨ ᠤ ᠪᠠᠨ ᠪᠤᠳᠠᠳᠠᠢ ᠳᠤ ᠨᠡᠶᠢᠴᠡᠭᠰᠡᠨ ᠬᠦᠭᠵᠢᠯᠳᠡ ᠶᠢᠨ ᠵᠠᠮ ᠢ ᠰᠦᠪᠡᠭᠴᠢᠯᠡᠬᠦ ᠶᠢᠨ ᠬᠠᠮᠳᠤ  ᠲᠡᠷᠡ ᠵᠠᠮ ᠢᠶᠠᠷ ᠠᠯᠬᠤᠬᠤ ᠭᠡᠷᠡᠭᠳᠡᠢ᠃  ᠬᠦᠭᠵᠢᠯᠳᠡ ᠪᠠᠷ ᠬᠦᠮᠦᠨ ᠤ ᠰᠡᠳᠬᠢᠯ ᠢ ᠨᠢᠬᠳᠠᠷᠠᠭᠤᠯᠵᠤ᠂ ᠬᠦᠭᠵᠢᠯᠳᠡ ᠪᠠᠷ ᠤᠷᠤᠭᠰᠢᠯᠠᠠᠯᠳᠠ ᠶᠢᠨ ᠵᠠᠮ ᠲᠡᠭᠡᠷᠡᠬᠢ ᠪᠠᠷᠳᠠᠭ᠎ᠠ ᠰᠠᠭᠠᠳ ᠢ ᠲᠠᠪᠠᠵᠤ᠂ ᠠᠷᠠᠳ ᠢᠶᠠᠨ ᠪᠠᠶᠠᠵᠢᠭᠤᠯᠤᠨ ᠬᠤᠰᠢᠭᠤ ᠪᠠᠨ ᠬᠦᠴᠦᠷᠭᠡᠭᠵᠢᠬᠦᠯᠬᠦ ᠠᠤᠭ᠎ᠠ ᠬᠠᠷᠠᠯᠳᠠ ᠶᠢ ᠪᠡᠶᠡᠯᠡᠬᠦᠯᠬᠦ ᠭᠡᠷᠡᠭᠳᠡᠢ᠃         ᠬᠤᠶᠠᠷ ᠲᠤ᠂ ᠡᠷᠭᠡᠪᠰᠢ ᠬᠤᠰᠢᠭᠤ ᠨᠤᠳᠤᠭ ᠤᠨ ᠪᠠᠶᠢᠳᠠᠯ ᠳᠠᠭᠠᠨ ᠰᠠᠭᠤᠷᠢᠯᠠᠬᠤ ᠶᠢ ᠭᠤᠶᠢᠪᠢᠰᠢ ᠦᠬᠡᠢ ᠪᠠᠷᠢᠮᠳᠠᠯᠠᠵᠤ  ᠂  ᠲᠦᠭᠰᠢᠬᠦᠷᠢᠳᠦ ᠤᠬᠠᠮᠰᠠᠷ᠂ ᠰᠠᠨᠠᠭᠠᠰᠢᠷᠠᠬᠤ ᠤᠬᠠᠮᠰᠠᠷ  ᠪᠠ ᠤᠷᠤᠭᠰᠢ ᠲᠠᠪᠰᠢᠬᠤ ᠤᠬᠠᠮᠰᠠᠷ ᠢ  ᠪᠤᠢ ᠪᠤᠯᠭᠠᠨ᠂ ᠰᠤᠯᠠᠷᠠᠰᠢ ᠦᠬᠡᠢ᠂ ᠬᠤᠶᠢᠷᠭᠤᠰᠢᠯ ᠦᠬᠡᠢ ᠪᠠᠷ ᠲᠤᠭᠳᠠᠭᠰᠠᠨ ᠬᠠᠷᠠᠯᠳᠠ ᠪᠠᠨ ᠵᠤᠷᠢᠵᠤ᠂  ᠨᠡᠩ  ᠴᠤᠭ ᠪᠠᠳᠠᠷᠠᠩᠭᠤᠢ ᠲᠡᠮᠡᠴᠡᠯ ᠤᠨ ᠵᠤᠷᠢᠭ ᠰᠠᠨᠠᠭ᠎ᠠ ᠶᠢ ᠲᠠᠶᠢᠴᠢᠯᠠᠬᠤ ᠭᠡᠷᠡᠭᠳᠡᠢ᠃         ᠭᠤᠷᠪᠠ ᠳᠤ᠂ ᠬᠦᠭᠵᠢᠯᠳᠡ ᠵᠢᠨ‌ᠤᠷᠴᠢᠨ ᠲᠤᠭᠤᠷᠢᠨ ᠢ ᠰᠢᠯᠢᠳᠡᠭᠵᠢᠬᠦᠯᠬᠦ ᠶᠢ ᠭᠤᠶᠢᠪᠢᠰᠢ ᠦᠬᠡᠢ ᠪᠠᠷᠢᠮᠳᠠᠯᠠᠵᠤ᠂ ᠤᠷᠤᠨ ᠪᠠᠶᠢᠴᠠ ᠶᠢᠨ ᠲᠠᠪᠠᠭᠤᠯᠢᠭ ᠢᠶᠠᠨ ᠲᠤᠪᠤᠶᠢᠯᠭᠠᠨ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢ ᠴᠢᠬᠤᠯᠠᠴᠢᠯᠠᠵᠤ᠂ ᠲᠦᠷᠦᠯ ᠵᠦᠢᠯ ᠤᠨ ᠲᠠᠶᠢᠴᠢᠯᠠᠭ᠎ᠠ ᠶᠢ  ᠶᠡᠭᠡᠰᠭᠡᠨ᠂  ᠨᠡᠩ  ᠠᠰᠢᠭᠳᠠᠢ ᠬᠦᠭᠵᠢᠯᠳᠡ ᠶᠢᠨ ᠲᠠᠪᠠᠭᠤᠯᠢᠭ ᠨᠦᠬᠦᠴᠡᠯ   ᠢ ᠡᠬᠦᠳᠬᠦ ᠭᠡᠷᠡᠭᠳᠡᠢ᠃        ᠲᠦᠷᠪᠡ ᠳᠤ᠂  ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠭᠤᠶᠢᠪᠢᠰᠢ ᠦᠬᠡᠢ ᠪᠠᠷᠢᠮᠳᠠᠯᠠᠵᠤ᠂  ᠬᠦᠭᠵᠢᠯᠳᠡ ᠶᠢ ᠠᠷᠠᠳ ᠲᠦᠮᠡᠨ ᠳᠤ ᠦᠢᠯᠡᠴᠢᠯᠡᠬᠦᠯᠵᠦ᠂  ᠬᠦᠭᠵᠢᠯᠳᠡ ᠶᠢ ᠠᠷᠠᠳ ᠲᠦᠮᠡᠨ ᠳᠤ  ᠲᠦᠰᠢᠭᠯᠡᠬᠦ ᠪᠠᠷ ᠤᠷᠢᠳᠠᠯ ᠪᠤᠯᠭᠠᠨ᠂   ᠠᠷᠠᠳ ᠲᠦᠮᠡᠨ ᠳᠤ ᠪᠤᠳᠠᠳᠠᠢ ᠠᠵᠢᠯ᠂ ᠰᠠᠶᠢᠨ ᠠᠵᠢᠯ ᠢᠯᠡᠬᠦᠦ ᠬᠢᠵᠦ᠂  ᠠᠷᠠᠳ ᠲᠦᠮᠡᠨ  ᠤ ᠬᠦᠴᠢᠷ ᠲᠦᠪᠡᠭ ᠢ ᠰᠢᠢᠳᠪᠦᠷᠢᠯᠡᠨ᠂  ᠦᠬᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠭᠡᠯ ᠢ  ᠠᠷᠠᠳ ᠲᠦᠮᠡᠨ  ᠳᠤ ᠡᠳᠡᠯᠡᠬᠦᠯᠵᠦ᠂   ᠪᠦᠬᠦ ᠬᠤᠰᠢᠭᠤᠨ ᠤ ᠺᠠᠳᠠᠷ ᠤᠯᠠᠨ ᠲᠦᠮᠡᠨ   ᠤ ᠢᠳᠡᠪᠬᠢᠵᠢᠯ ᠪᠠ ᠪᠦᠳᠦᠭᠡᠯᠴᠢ ᠬᠦᠴᠦᠨ ᠢ ᠬᠦᠢᠴᠡᠳ ᠲᠠᠶᠢᠴᠢᠯᠠᠵᠤ᠂  ᠨᠡᠩ ᠶᠡᠭᠡ ᠬᠦᠭᠵᠢᠯᠳᠡ ᠶᠢᠨ ᠬᠦᠴᠦᠨ ᠢ ᠨᠢᠬᠳᠠᠷᠠᠭᠤᠯᠬᠤ ᠭᠡᠷᠡᠭᠳᠡᠢ᠃       ᠲᠠᠪᠤ   ᠳᠤ  ᠂  ᠵᠠᠰᠠᠭ ᠪᠠᠷᠢᠬᠤ  ᠴᠢᠳᠠᠪᠤᠷᠢ ᠶᠢ ᠴᠢᠩᠭᠠᠷᠠᠭᠤᠯᠬᠤ ᠶᠢ ᠭᠤᠶᠢᠪᠢᠰᠢ ᠦᠬᠡᠢ ᠪᠠᠷᠢᠮᠳᠠᠯᠠᠬᠤ ᠭᠡᠷᠡᠭᠳᠡᠢ᠃  ᠭᠠᠭᠴᠠᠬᠦ ᠵᠠᠰᠠᠭ ᠤᠨ ᠤᠷᠳᠤᠨ ᠤ ᠴᠢᠳᠠᠪᠬᠢ ᠶᠢ ᠬᠤᠪᠢᠷᠠᠭᠤᠯᠵᠤ᠂ ᠠᠵᠢᠯ ᠤᠨ ᠰᠤᠷᠳᠠᠯ ᠢ ᠰᠠᠶᠢᠵᠢᠷᠠᠭᠤᠯᠤᠨ᠂  ᠦᠢᠯᠡᠳᠦᠯᠬᠡ ᠶᠢᠨ ᠲᠤᠮᠳᠠ ᠠᠴᠠ ᠪᠤᠳᠠᠳᠠᠢ ᠶᠢ ᠡᠷᠢᠵᠦ᠂ ᠵᠠᠮ ᠨᠡᠭᠡᠭᠡᠵᠦ ᠤᠷᠤᠭᠰᠢ ᠲᠠᠪᠰᠢᠬᠤ  ᠦᠵᠡᠯ  ᠰᠠᠨᠠᠭᠠᠨ ᠤ ᠭᠡᠪ ᠪᠠᠶᠢᠳᠠᠯ   ᠢ ᠪᠤᠢ ᠪᠤᠯᠭᠠᠨ᠂ ᠬᠠᠤᠯᠢ ᠶᠤᠰᠤᠭᠠᠷ ᠵᠠᠰᠠᠭ ᠶᠠᠪᠤᠭᠤᠯᠵᠤ᠂  ᠠᠷᠢᠭᠤᠨ ᠴᠢᠭᠡᠴᠢ ᠪᠠᠷ ᠠᠯᠪᠠᠨ ᠳᠤ ᠦᠢᠯᠡᠴᠢᠯᠡᠵᠦ᠂ ᠦᠨᠡᠨ ᠠᠳᠬᠤᠵᠤ ᠪᠤᠳᠠᠳᠠᠢ ᠠᠵᠢᠯᠯᠠᠨ᠂ ᠵᠠᠰᠠᠭ ᠤᠨ ᠤᠷᠳᠤᠨ   ᠤ  ᠬᠦᠭᠵᠢᠯᠳᠡ ᠳᠤ ᠦᠢᠯᠡᠴᠢᠯᠡᠬᠦ᠂ ᠦᠨᠳᠦᠰᠦᠨ ᠱᠠᠳᠤᠨ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ  ᠬᠢᠷᠢ ᠴᠢᠳᠠᠪᠤᠷᠢ ᠶᠢ ᠲᠡᠭᠡᠭᠰᠢᠯᠡᠬᠦᠯᠪᠡᠯ ᠰᠠᠶ᠋ᠢ ᠠᠷᠠᠳ ᠵᠠᠰᠠᠭ  ᠨᠢᠬᠳᠠᠷᠠᠵᠤ᠂ ᠪᠦᠯᠬᠦᠮᠳᠡᠨ  ᠲᠠᠪᠰᠢᠭᠰᠠᠨ ᠬᠦᠭᠵᠢᠯᠳᠡ ᠶᠢᠨ ᠪᠠᠶᠢᠳᠠᠯ ᠳᠤ ᠤᠷᠤᠵᠤ  ᠴᠢᠳᠠᠨ᠎ᠠ᠃  ᠡᠳᠡᠭᠡᠷ ᠲᠤᠷᠰᠢᠯᠭ᠎ᠠ ᠪᠠ ᠰᠡᠩᠬᠡᠷᠡᠬᠦᠯᠦᠯ ᠨᠢ ᠬᠤᠶᠢᠰᠢᠳᠠ  ᠶᠢᠨ ᠠᠵᠢᠯ ᠢ ᠵᠢᠭᠠᠨ ᠵᠢᠯᠤᠭᠤᠳᠬᠤ ᠠᠴᠢ ᠬᠤᠯᠪᠤᠭᠳᠠᠯ ᠲᠠᠢ ᠪᠤᠯᠬᠤᠷ ᠪᠢᠳᠡ ᠡᠷᠭᠡᠪᠰᠢ  ᠡᠷᠬᠢᠮᠨᠡᠨ ᠨᠠᠨᠳᠢᠩᠨᠠᠬᠤ  ᠶᠢᠨ ᠬᠠᠮᠳᠤ ᠪᠠᠳᠠᠷᠠᠭᠤᠯᠤᠨ  ᠲᠡᠯᠭᠡᠷᠡᠬᠦᠯᠬᠦ ᠵᠤᠬᠢᠰᠳᠠᠢ᠃        ᠤᠯᠤᠭᠰᠠᠨ ᠠᠮᠵᠢᠯᠳᠠ ᠪᠠᠨ ᠨᠤᠳ᠋ᠯᠠᠬᠤ ᠶᠢᠨ ᠬᠠᠮᠳᠤ᠂ ᠲᠡᠷᠢᠬᠢ ᠲᠤᠯᠤᠭᠠᠢ  ᠰᠡᠷᠭᠡᠭ  ᠪᠠᠶᠢᠬᠤ ᠨᠢ ᠴᠢᠬᠤᠯᠠ  ᠃ ᠠᠷᠭ᠎ᠠ ᠲᠤᠷᠰᠢᠯᠭ᠎ᠠ   ᠪᠠᠷ ᠢᠶᠠᠨ ᠦᠢᠯᠡᠳᠦᠯᠬᠡ ᠶᠢ ᠵᠢᠯᠤᠭᠤᠳᠤᠭᠤᠯᠵᠤ᠂ ᠵᠦᠷᠢᠶ᠎ᠡ ᠲᠤᠳᠠᠭᠳᠠᠯ ᠢᠶᠠᠨ ᠵᠦᠪ ᠲᠠᠨᠢᠮᠠᠨᠵᠢᠨ ᠰᠠᠶ᠋ᠢ ᠠᠬᠢᠯᠳᠠ ᠲᠠᠪᠰᠢᠯᠳᠠ ᠶᠢ ᠪᠡᠶᠡᠯᠡᠬᠦᠯᠵᠦ ᠲᠡᠶᠢᠯᠬᠦ ᠶᠤᠮ᠃ ᠲᠠᠪᠤᠨ ᠵᠢᠯ ᠤᠨ ᠦᠢᠯᠡᠳᠦᠯᠬᠡ   ᠠᠴᠠ ᠪᠢᠳᠡ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠶᠠᠪᠤᠴᠠ ᠳᠤ ᠪᠠᠰᠠ ᠪᠠᠭ᠎ᠠ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ  ᠪᠠᠶᠢᠭ᠎ᠠ ᠶᠢ ᠤᠯᠵᠤ ᠬᠠᠷᠠᠭᠤᠰᠢᠳᠠᠢ  ᠃ ᠲᠤᠬᠠᠶᠢᠯᠠᠪᠠᠯ᠂  ᠠᠵᠤ ᠠᠬᠤᠢ ᠶᠢᠨ ᠰᠠᠭᠤᠷᠢ ᠨᠢᠮᠬᠡᠨ᠂  ᠬᠦᠭᠵᠢᠯᠳᠡ ᠬᠦᠷᠦᠯᠴᠡᠬᠦ ᠦᠬᠡᠢ ᠪᠠᠶᠢᠳᠠᠯ ᠪᠠᠰᠠ ᠦᠨᠳᠦᠰᠦᠨ ᠠᠴᠠ   ᠪᠠᠨ ᠬᠤᠪᠢᠷᠠᠵᠤ ᠲᠡᠶᠢᠯᠦᠬᠡᠳᠦᠢ᠂  ᠡᠨᠡ   ᠨᠢ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠲᠤᠮᠳᠠᠬᠢ ᠭᠤᠤᠯ ᠵᠦᠷᠢᠴᠡᠯ ᠪᠤᠯᠵᠤ ᠪᠤᠢ︔ ᠠᠵᠤ ᠠᠬᠤᠢ ᠶᠢᠨ ᠶᠡᠷᠦᠩᠬᠡᠢ ᠬᠡᠮᠵᠢᠶ᠎ᠡ  ᠬᠦᠷᠦᠯᠴᠡᠬᠦ ᠦᠬᠡᠢ᠂ ᠠᠵᠤ ᠦᠢᠯᠡᠰ ᠤᠨ  ᠪᠦᠷᠢᠯᠳᠦᠴᠡ ᠲᠤᠬᠢᠷᠠᠮᠵᠢ ᠦᠬᠡᠢ᠂ ᠠᠵᠤ  ᠦᠢᠯᠡᠳᠪᠦᠷᠢᠵᠢᠯᠳᠡ᠂ ᠬᠤᠳᠠ ᠪᠠᠯᠭᠠᠰᠤᠵᠢᠯᠳᠠ ᠶᠢᠨ ᠠᠬᠢᠴᠠ ᠤᠳᠠᠭᠠᠨ ᠪᠠᠶᠢᠭ᠎ᠠ ᠨᠢ ᠠᠵᠤ ᠠᠬᠤᠢ ᠶᠢᠨ ᠬᠦᠭᠵᠢᠯᠳᠡ ᠶᠢᠨ ᠲᠤᠮᠳᠠᠬᠢ ᠭᠤᠤᠯ ᠠᠰᠠᠭᠤᠳᠠᠯ ᠪᠤᠯᠵᠤ ᠪᠤᠢ  ︔  ᠶᠠᠳᠠᠭᠤ ᠬᠦᠴᠢᠷᠳᠡᠢ ᠬᠦᠮᠦᠨ ᠠᠮᠠ  ᠤᠯᠠᠨ᠂  ᠶᠠᠳᠠᠭᠤ   ᠠᠴᠠ ᠠᠩᠬᠢᠵᠢᠷᠠᠭᠤᠯᠬᠤ ᠠᠵᠢᠯ ᠤᠨ ᠡᠬᠦᠷᠭᠡ ᠬᠦᠨᠳᠦ ᠵᠠᠮ ᠬᠤᠯᠠ ᠪᠠᠶᠢᠵᠤ᠂  ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠨᠢ ᠠᠷᠠᠳ  ᠤᠨ ᠠᠮᠢᠳᠤᠷᠠᠯ ᠢ ᠰᠠᠶᠢᠵᠢᠷᠠᠭᠤᠯᠬᠤ ᠶᠢᠨ  ᠭᠤᠤᠯ ᠬᠦᠴᠢᠷᠳᠡᠯ ᠪᠤᠯᠵᠤ ᠪᠤᠢ  ︔  ᠬᠦᠭᠵᠢᠯᠳᠡ ᠶᠢᠨ ᠤᠷᠴᠢᠨ ᠲᠤᠭᠤᠷᠢᠨ ᠢ ᠴᠢᠨᠠᠭᠰᠢᠳᠠ  ᠰᠠᠶᠢᠵᠢᠷᠠᠭᠤᠯᠵᠤ  ᠂ ᠵᠠᠰᠠᠭ   ᠤᠨ ᠤᠷᠳᠤᠨ ᠤ  ᠴᠢᠳᠠᠪᠬᠢ ᠶᠢ ᠦᠷᠬᠦᠯᠵᠢᠯᠡᠨ ᠬᠤᠪᠢᠷᠠᠭᠤᠯᠬᠤ ᠴᠢᠬᠤᠯᠠᠳᠠᠢ᠂ ᠵᠠᠷᠢᠮ ᠰᠠᠯᠠᠭ᠎ᠠ ᠮᠦᠴᠢᠷ ᠪᠠ ᠺᠠᠳᠠᠷ ᠤᠨ ᠠᠵᠢᠯ  ᠨᠠᠶᠢᠳᠠᠪᠤᠷᠢᠵᠢᠭᠤᠯᠬᠤ ᠡᠷᠴᠢᠮ ᠬᠦᠷᠦᠯᠴᠡᠬᠦ ᠦᠬᠡᠢ᠂ ᠰᠢᠨ᠎ᠡ   ᠶᠢ ᠡᠬᠦᠳᠬᠦ ᠴᠢᠳᠠᠪᠤᠷᠢ ᠪᠠᠷ ᠲᠤᠷᠤᠢ᠂ ᠡᠨᠡ   ᠨᠢ ᠠᠵᠤ ᠠᠬᠤᠢ ᠨᠡᠶᠢᠬᠡᠮ ᠤᠨ ᠬᠦᠭᠵᠢᠯᠳᠡ   ᠶᠢᠨ ᠭᠤᠤᠯ ᠬᠠᠷᠰᠢ ᠪᠤᠯᠵᠤ ᠪᠤᠢ᠃ ᠶᠠᠭᠤ ᠪᠤᠯᠤᠭᠰᠠᠨ ᠴᠤ᠂   ᠬᠤᠪᠤᠷᠬᠠᠨ ᠲᠤᠬᠢᠶᠠᠯᠳᠤᠬᠤ ᠬᠦᠭᠵᠢᠯᠳᠡ ᠶᠢᠨ ᠠᠵᠠ ᠲᠤᠬᠢᠶᠠᠯ   ᠤᠨ ᠡᠮᠦᠨ᠎ᠡ ᠪᠢᠳᠡ ᠢᠳᠡᠭᠡᠯ ᠵᠤᠷᠢᠭ ᠲᠡᠬᠦᠯᠳᠡᠷ ᠪᠠᠶᠢᠨ᠎ᠠ᠃ ᠪᠢᠳᠡ ᠡᠷᠭᠡᠪᠰᠢ  ᠤᠷᠤᠰᠢᠵᠤ ᠪᠠᠶᠢᠭ᠎ᠠ ᠡᠳᠡᠭᠡᠷ ᠠᠰᠠᠭᠤᠳᠠᠯ ᠳᠤ ᠴᠢᠭᠯᠡᠬᠦᠯᠦᠨ  ᠠᠪᠬᠤ ᠵᠤᠬᠢᠰᠳᠠᠢ ᠠᠷᠭ᠎ᠠ ᠪᠤᠳᠤᠯᠭ᠎ᠠ ᠶᠢ ᠠᠪᠴᠤ᠂ ᠲᠤᠯᠭᠠᠷᠠᠭᠰᠠᠨ ᠬᠦᠴᠢᠷ ᠢ  ᠲᠤᠭᠤᠯᠵᠤ ᠭᠠᠷᠤᠨ᠂ ᠡᠯ᠎ᠡ ᠲᠠᠯ᠎ᠠ ᠶᠢᠨ ᠠᠵᠢᠯ ᠦᠢᠯᠡᠰ ᠢᠶᠠᠨ ᠤᠯᠠᠮ ᠰᠠᠶᠢᠨ  ᠦᠷᠨᠢᠬᠦᠯᠵᠦ᠂ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠪᠠᠷ ᠴᠢᠷᠮᠠᠶᠢᠨ᠎ᠠ᠃          ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ        2020 ᠤᠨ ᠪᠤᠯᠬᠤ ᠳᠤ ᠴᠢᠨᠡᠭᠡᠯᠢᠭ ᠨᠡᠶᠢᠬᠡᠮ ᠢ ᠪᠦᠬᠦ ᠲᠠᠯᠠᠪᠠᠷ  ᠪᠠᠶᠢᠭᠤᠯᠤᠨ ᠪᠦᠳᠦᠭᠡᠬᠦ ᠪᠤᠯ ᠨᠠᠮ  ᠤᠨ ᠲᠦᠪ ᠬᠤᠷᠢᠶ᠎ᠠ ᠠᠴᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠲᠡᠭᠡᠷ᠎ᠡ ᠪᠦᠬᠦ ᠤᠯᠤᠰ ᠤᠨ  ᠡᠯ᠎ᠡ ᠦᠨᠳᠦᠰᠦᠳᠡᠨ   ᠤ ᠠᠷᠠᠳ ᠲᠦᠮᠡᠨ ᠳᠤ ᠦᠭᠬᠦᠭᠰᠡᠨ ᠲᠦᠪ ᠴᠢᠩᠭ᠎ᠠ ᠠᠮᠠᠯᠠᠯᠳᠠ᠂ ᠮᠦᠨᠴᠦ ᠮᠠᠨ ᠤ ᠬᠤᠰᠢᠭᠤᠨ ᠤ ᠵᠠᠪᠠᠯ ᠪᠡᠶᠡᠯᠡᠬᠦᠯᠬᠦ ᠬᠠᠷᠠᠯᠳᠠ ᠪᠤᠯᠤᠨ᠎ᠠ᠃  ᠡᠨᠡᠬᠦ  ᠬᠠᠷᠠᠯᠳᠠ ᠶᠢ ᠪᠡᠶᠡᠯᠡᠬᠦᠯᠬᠦ ᠶᠢᠨ ᠲᠦᠯᠦᠬᠡ᠂ ᠬᠤᠶᠢᠰᠢᠳᠠ ᠶᠢᠨ ᠲᠠᠪᠤᠨ ᠵᠢᠯ ᠳᠤ ᠪᠢᠳᠡ ᠡᠷᠭᠡᠪᠰᠢ ᠡᠯ᠎ᠡ ᠵᠦᠢᠯ ᠤᠨ ᠠᠰᠢᠭᠳᠠᠢ ᠨᠦᠬᠦᠴᠡᠯ ᠢ ᠡᠵᠡᠮᠳᠡᠨ᠂ ᠡᠯ᠎ᠡ ᠵᠦᠢᠯ ᠤᠨ ᠴᠢᠩᠭ᠎ᠠ ᠦᠷᠢᠰᠦᠯᠳᠦᠬᠡᠨ ᠢ  ᠲᠤᠯᠵᠤ᠂ ᠡᠯ᠎ᠡ ᠵᠦᠢᠯ ᠤᠨ ᠬᠦᠴᠢᠷ ᠲᠦᠪᠡᠭ   ᠢ  ᠰᠢᠢᠳᠪᠦᠷᠢᠯᠡᠨ᠂ ᠴᠢᠨᠡᠭᠡᠯᠢᠭ ᠨᠡᠶᠢᠬᠡᠮ ᠢ ᠪᠦᠬᠦ ᠲᠠᠯᠠᠪᠠᠷ  ᠪᠠᠶᠢᠭᠤᠯᠤᠨ ᠪᠦᠳᠦᠭᠡᠬᠦ ᠳᠤ ᠪᠠᠳᠤ ᠰᠠᠭᠤᠷᠢ ᠲᠠᠯᠪᠢᠬᠤ ᠭᠡᠷᠡᠭᠳᠡᠢ᠃        ᠢᠷᠡᠬᠦ ᠲᠠᠪᠤᠨ ᠵᠢᠯ ᠤᠨ ᠠᠵᠢᠯ ᠤᠨ ᠶᠡᠷᠦᠩᠬᠡᠢ ᠰᠡᠳᠬᠢᠴᠡ ᠪᠤᠯ  ᠄   ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ   ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠳ᠋ᠧᠩ ᠰᠢᠶᠤᠤ ᠫᠢᠩ  ᠤᠨ ᠤᠨᠤᠯ  ᠂  ︽ᠭᠤᠷᠪᠠ ᠶᠢ ᠲᠦᠯᠦᠭᠡᠯᠡᠬᠦ︾  ᠴᠢᠬᠤᠯᠠ ᠦᠵᠡᠯ ᠰᠠᠨᠠᠭ᠎ᠠ  ᠬᠢᠭᠡᠳ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ   ᠪᠠᠷ ᠵᠢᠯᠤᠭᠤᠳᠤᠯᠭ᠎ᠠ ᠪᠤᠯᠭᠠᠨ᠂ ᠦᠵᠡᠯ ᠰᠠᠨᠠᠭ᠎ᠠ ᠪᠠᠨ ᠴᠢᠯᠦᠬᠡᠯᠡᠵᠦ᠂  ᠬᠦᠴᠢᠷ ᠪᠡᠷᠭᠡ ᠶᠢ  ᠲᠠᠪᠠᠨ᠂ ︽ᠲᠠᠪᠤ ᠶᠢ ᠨᠢᠬᠡ ᠴᠤᠭᠴᠠᠵᠢᠭᠤᠯᠬᠤ︾  ᠶᠡᠷᠦᠩᠭᠡᠢ  ᠪᠠᠶᠢᠷᠢᠰᠢᠭᠤᠯᠭ᠎ᠠ  ᠬᠢᠭᠡᠳ  ︽ᠰᠠᠭᠤᠷᠢ ᠶᠢ  ᠪᠠᠬᠢᠵᠢᠬᠦᠯᠵᠦ᠂  ᠠᠵᠤ ᠦᠢᠯᠡᠰ ᠢ ᠪᠠᠳᠤᠳᠬᠠᠨ᠂ ᠠᠷᠠᠳ ᠤᠨ ᠠᠮᠢᠳᠤᠷᠠᠯ ᠢ ᠪᠠᠳᠤᠯᠠᠵᠤ᠂ ᠡᠶ᠎ᠡ ᠵᠤᠬᠢᠴᠠᠯ ᠢ ᠠᠬᠢᠭᠤᠯᠤᠨ᠂  ᠠᠷᠠᠳ ᠢ ᠪᠠᠶᠠᠵᠢᠭᠤᠯᠵᠤ ᠬᠤᠰᠢᠭᠤ ᠪᠠᠨ ᠬᠦᠴᠦᠷᠭᠡᠭᠵᠢᠬᠦᠯᠬᠦ︾ ᠱᠠᠭᠠᠷᠳᠠᠯᠭ᠎ᠠ  ᠶᠤᠰᠤᠭᠠᠷ᠂ ᠠᠵᠤ ᠠᠬᠤᠢ ᠶᠢᠨ ᠬᠦᠭᠵᠢᠯᠳᠡ ᠶᠢᠨ ᠭᠡᠯᠪᠡᠷᠢ   ᠶᠢ ᠲᠦᠷᠭᠡᠨ ᠬᠤᠪᠢᠷᠠᠭᠤᠯᠵᠤ᠂ ᠴᠢᠬᠤᠯᠠ  ᠶᠡᠭᠡ ᠲᠦᠷᠦᠯ ᠵᠦᠢᠯ ᠤᠨ ᠪᠠᠶᠢᠭᠤᠯᠤᠯᠳᠠ ᠶᠢ ᠴᠢᠩᠭ᠎ᠠ ᠠᠳᠬᠤᠨ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠡᠬᠦᠳᠦᠨ ᠪᠠᠶᠢᠭᠤᠯᠵᠤ᠂ ᠨᠡᠶᠢᠬᠡᠮ ᠤᠨ ᠬᠠᠮᠢᠶᠠᠷᠤᠯᠳᠠ ᠶᠢᠨ ᠲᠤᠭᠳᠠᠴᠠ   ᠶᠢ ᠰᠢᠨᠡᠴᠢᠯᠡᠨ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷᠯᠢᠭ ᠮᠦᠷᠳᠡᠭᠡᠨ ᠲᠦᠷᠭᠡᠨ ᠬᠦᠭᠵᠢᠯᠳᠡ ᠶᠢ ᠲᠦᠯᠬᠢᠨ ᠠᠬᠢᠭᠤᠯᠤᠨ᠎ᠠ᠃ ᠡᠨᠡᠬᠦ ᠰᠡᠳᠬᠢᠴᠡ ᠳᠤ ᠰᠠᠭᠤᠷᠢᠯᠠᠵᠤ  ᠲᠤᠭᠳᠠᠭᠠᠭᠰᠠᠨ ᠲᠠᠪᠤᠨ ᠵᠢᠯ ᠤᠨ ᠬᠦᠭᠵᠢᠯᠳᠡ ᠶᠢᠨ ᠬᠠᠷᠠᠯᠳᠠ  ᠪᠤᠯ  ᠄  ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠠᠷᠠᠯᠳᠠ ᠡᠬᠦᠷᠭᠡ ᠶᠢ ᠪᠦᠬᠦ ᠲᠠᠯᠠᠪᠠᠷ ᠪᠡᠶᠡᠯᠡᠬᠦᠯᠵᠦ᠂ 2017 ᠤᠨ ᠤ ᠡᠴᠦᠰ ᠪᠤᠯᠬᠤ ᠳᠤ ︽ᠲᠠᠪᠤᠨ ᠶᠡᠭᠡ ᠰᠠᠭᠤᠷᠢᠨ ᠭᠠᠵᠠᠷ︾ ᠢ ᠪᠠᠶᠢᠭᠤᠯᠵᠤ᠂ ︽ᠲᠠᠪᠤᠨ ᠲᠠᠬᠢᠨ︾  ᠪᠠ ︽ ᠵᠢᠷᠭᠤᠭᠠᠨ ᠲᠡᠭᠡᠭᠰᠢᠯᠡᠯᠳᠡ︾ ᠶᠢ  ᠪᠡᠶᠡᠯᠡᠬᠦᠯᠬᠦ ᠪᠠᠷ ᠴᠢᠷᠮᠠᠶᠢᠨ᠎ᠠ᠃      ︽ᠲᠠᠪᠤᠨ ᠶᠡᠭᠡ ᠰᠠᠭᠤᠷᠢᠨ ᠭᠠᠵᠠᠷ︾ ᠢ ᠪᠠᠶᠢᠭᠤᠯᠬᠤ ᠭᠡᠳᠡᠭ ᠨᠢ ᠮᠠᠨ ᠤ ᠬᠤᠰᠢᠭᠤ ᠪᠠᠨ ᠰᠢᠯᠢ ᠶᠢᠨ ᠭᠤᠤᠯ ᠠᠶᠢᠮᠠᠭ ᠤᠨ ᠭᠤᠤᠯ ᠪᠤᠯᠬᠤ ᠰᠠᠯᠬᠢᠨ ᠴᠠᠬᠢᠯᠭᠠᠨ ᠪᠠ ᠰᠠᠯᠬᠢᠨ ᠬᠡᠷᠡᠯ ᠬᠠᠷᠢᠯᠴᠠᠨ ᠨᠦᠬᠦᠯᠳᠦᠵᠦ ᠴᠠᠭᠢᠯᠭᠠᠨ ᠡᠬᠦᠰᠭᠡᠬᠦ ᠪᠠᠷ ᠭᠤᠤᠯ ᠪᠤᠯᠭᠠᠭᠰᠠᠨ ᠰᠢᠨ᠎ᠡ ᠡᠨᠧᠷᠬᠢ ᠶᠢᠨ ᠰᠠᠭᠤᠷᠢᠨ ᠭᠠᠵᠠᠷ᠂ ᠪᠤᠬᠢᠷᠳᠤᠯ ᠦᠬᠡᠢ ᠤᠷᠭᠠᠨᠢᠭ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠦᠷᠢᠯᠡᠯ ᠪᠠ  ᠰᠤᠯᠢᠯᠴᠠᠭᠠᠨ ᠤ ᠰᠠᠭᠤᠷᠢᠨ ᠭᠠᠵᠠᠷ ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠦᠢᠯᠡᠳᠬᠦ ᠪᠠ ᠰᠡᠯᠪᠢᠨ ᠵᠠᠰᠠᠬᠤ ᠵᠢᠴᠢ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠪᠠᠷ ᠭᠤᠤᠯ ᠪᠤᠯᠭᠠᠭᠰᠠᠨ ᠲᠤᠨᠤᠭ ᠲᠦᠬᠦᠭᠡᠷᠦᠮᠵᠢ ᠦᠢᠯᠡᠳᠪᠦᠷᠢᠯᠡᠬᠦ ᠰᠠᠭᠤᠷᠢᠨ ᠭᠠᠵᠠᠷ᠂ ᠬᠠᠭᠠᠨ  ᠤ ᠠᠳᠤᠭᠤᠨ ᠰᠤᠶᠤᠯ ᠢᠶᠠᠷ ᠭᠤᠤᠯ ᠪᠤᠯᠭᠠᠭᠰᠠᠨ ᠰᠤᠶᠤᠯ ᠵᠤᠭᠠᠴᠠᠯ ᠤᠨ ᠠᠵᠤ ᠦᠢᠯᠡᠰ ᠤᠨ ᠰᠠᠭᠤᠷᠢᠨ ᠭᠠᠵᠠᠷ  ᠵᠢᠴᠢ ᠨᠤᠳᠤᠭ ᠤᠷᠤᠨ ᠤ ᠴᠢᠨᠠᠷᠳᠠᠢ ᠠᠷᠠᠯᠵᠢᠶ᠎ᠠ  ᠬᠦᠢᠯᠬᠡᠬᠡᠨ ᠤ ᠰᠠᠭᠤᠷᠢᠨ ᠭᠠᠵᠠᠷ ᠢ ᠪᠠᠶᠢᠭᠤᠯᠬᠤ ᠶᠢ ᠵᠢᠭᠠᠵᠤ ᠪᠤᠢ      ︽ᠲᠠᠪᠤᠨ ᠲᠠᠬᠢᠨ︾   ᠢ ᠪᠡᠶᠡᠯᠡᠬᠦᠯᠬᠦ ᠭᠡᠳᠡᠭ ᠨᠢ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 84 ᠳ᠋ᠦᠩᠰᠢᠭᠤᠷ ᠲᠦᠬᠦᠷᠢᠭ ᠲᠤ ᠬᠦᠷᠭᠡᠵᠦ᠂ ᠵᠢᠯ ᠳᠤ 15. 4% ᠪᠠᠷ ᠨᠡᠮᠡᠭᠳᠡᠬᠦᠯᠦᠨ᠂ 2012 ᠤᠨ ᠤ 2.3 ᠲᠠᠬᠢᠨ ᠪᠤᠯᠭᠠᠵᠤ︔ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ ᠶᠢ 5.6 ᠳ᠋ᠦᠩᠰᠢᠭᠤᠷ ᠲᠦᠬᠦᠷᠢᠭ  ᠲᠤ ᠬᠦᠷᠭᠡᠵᠦ᠂ ᠵᠢᠯ ᠳᠤ  30 % ᠪᠠᠷ ᠨᠡᠮᠡᠭᠳᠡᠬᠦᠯᠦᠨ᠂  3.7 ᠲᠠᠬᠢᠨ ᠪᠤᠯᠭᠠᠵᠤ︔  ᠲᠤᠭᠳᠠᠮᠠᠯ ᠬᠦᠷᠦᠩᠭᠡ  ᠶᠢᠨ ᠪᠡᠯᠡ  ᠤᠷᠤᠭᠤᠯᠤᠯᠳᠠ ᠶᠢ 55 ᠳ᠋ᠦᠩᠰᠢᠭᠤᠷ ᠲᠦᠬᠦᠷᠢᠭ ᠲᠤ ᠬᠦᠷᠭᠡᠵᠦ᠂ ᠵᠢᠯ ᠳᠤ 16% ᠪᠠᠷ ᠨᠡᠮᠡᠭᠳᠡᠬᠦᠯᠦᠨ᠂  2.1 ᠲᠠᠬᠢᠨ ᠪᠤᠯᠭᠠᠵᠤ︔ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 37180 ᠲᠦᠬᠦᠷᠢᠭ ᠲᠤ ᠬᠦᠷᠭᠡᠵᠦ᠂ ᠵᠢᠯ ᠳᠤ 15 % ᠪᠠᠷ ᠨᠡᠮᠡᠭᠳᠡᠬᠦᠯᠦᠨ᠂  2 ᠲᠠᠬᠢᠨ ᠪᠤᠯᠭᠠᠵᠤ︔ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠴᠡᠪᠡᠷ ᠤᠷᠤᠯᠭ᠎ᠠ ᠶᠢ 15260 ᠲᠦᠬᠦᠷᠢᠭ ᠪᠠ 13100 ᠲᠦᠬᠦᠷᠢᠭ ᠲᠤ ᠬᠦᠷᠭᠡᠵᠦ᠂ ᠵᠢᠯ ᠳᠤ 15 % ᠪᠠᠷ ᠨᠡᠮᠡᠭᠳᠡᠬᠦᠯᠦᠨ᠂  2 ᠲᠠᠬᠢᠨ  ᠪᠤᠯᠭᠠᠵᠤ᠂ ᠶᠡᠷᠦᠩᠬᠡᠶᠢᠯᠡᠭᠰᠡᠨ ᠠᠵᠤ ᠠᠬᠤᠢ ᠶᠢᠨ ᠬᠦᠴᠦᠨ ᠢ ᠪᠦᠬᠦ ᠠᠶᠢᠮᠠᠭ ᠤᠨ ᠲᠤᠮᠳᠠ ᠵᠡᠷᠭᠡ ᠶᠢᠨ ᠲᠦᠪᠰᠢᠨ ᠳᠤ ᠬᠦᠷᠭᠡᠨ᠎ᠡ᠃      ︽ᠵᠢᠷᠭᠤᠭᠠᠨ ᠲᠡᠭᠡᠭᠰᠢᠯᠡᠯᠳᠡ︾ ᠪᠤᠯ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ᠂ ᠬᠤᠳᠠ  ᠪᠠᠯᠭᠠᠰᠤᠵᠢᠯᠳᠠ᠂ ᠲᠠᠷᠢᠶᠠᠯᠠᠩ  ᠮᠠᠯᠵᠢᠯ ᠤᠨ ᠤᠳᠤᠬᠢᠴᠢᠯᠠᠯᠳᠠ᠂  ᠨᠡᠶᠢᠳᠡ ᠶᠢᠨ  ᠦᠢᠯᠡᠴᠢᠯᠡᠬᠡᠨ ᠤ ᠲᠡᠩᠴᠡᠬᠦᠷᠢᠰᠢᠯ᠂ ᠠᠷᠠᠳ ᠤᠯᠠᠨ ᠤ ᠠᠮᠢᠳᠤᠷᠠᠯ ᠤᠨ ᠬᠢᠷᠢ ᠲᠦᠪᠰᠢᠨ  ᠵᠢᠴᠢ  ᠠᠮᠢ ᠠᠬᠤᠢ ᠶᠢᠨ  ᠤᠷᠴᠢᠨ ᠲᠤᠭᠤᠷᠢᠨ ᠤ ᠶᠠᠰᠤ ᠴᠢᠨᠠᠷ  ᠵᠡᠷᠭᠡ ᠵᠢᠷᠭᠤᠭᠠᠨ ᠲᠠᠯᠠᠪᠠᠷ  ᠰᠢᠨ᠎ᠡ ᠲᠡᠭᠡᠭᠰᠢᠯᠡᠯᠳᠡ ᠲᠠᠢ ᠪᠤᠯᠬᠤ ᠶᠢ ᠬᠡᠯᠡᠵᠦ ᠪᠤᠢ᠃       ᠲᠦᠯᠦᠭᠡᠯᠡᠭᠴᠢᠳ ᠡ᠂  ᠵᠤᠷᠢᠭᠰᠠᠨ ᠬᠠᠷᠠᠯᠳᠠ ᠪᠠᠨ ᠡᠷᠡᠰ ᠪᠠᠷᠢᠮᠳᠠᠯᠠᠵᠤ᠂ ᠬᠦᠭᠵᠢᠯᠳᠡ ᠶᠢ ᠭᠤᠶᠢᠪᠢᠰᠢ ᠦᠬᠡᠢ ᠠᠳᠬᠤᠪᠠᠯ ᠢᠷᠡᠬᠦ ᠲᠠᠪᠤᠨ ᠵᠢᠯ ᠳᠤ  ᠪᠢᠳᠡ ᠯᠠᠪᠳᠠᠢ ᠰᠢᠨ᠎ᠡ ᠠᠮᠵᠢᠯᠳᠠ ᠶᠢ ᠤᠯᠵᠤ  ᠴᠢᠳᠠᠨ᠎ᠠ᠃ ᠪᠦᠬᠦ ᠬᠤᠰᠢᠭᠤ ᠲᠠᠶᠠᠭᠠᠷ ᠰᠡᠳᠬᠢᠯ ᠬᠦᠴᠦᠨ ᠢᠶᠠᠨ ᠲᠦᠪᠯᠡᠷᠡᠬᠦᠯᠵᠦ᠂ ᠬᠠᠳᠠᠭᠤᠵᠢᠯᠳᠠᠢ ᠰᠢᠮᠳᠠᠨ ᠴᠢᠷᠮᠠᠶᠢᠳᠠᠭ ᠯᠠ ᠪᠤᠯ  ᠪᠢᠳᠡ ᠲᠠᠷᠤᠢ ᠪᠦᠬᠦ ᠤᠯᠤᠰ᠂ ᠪᠦᠬᠦ ᠤᠷᠤᠨ ᠤ ᠠᠷᠠᠳ ᠲᠦᠮᠡᠨ ᠲᠠᠢ ᠬᠠᠮᠳᠤᠪᠠᠷ ᠴᠢᠨᠡᠭᠡᠯᠢᠭ ᠨᠡᠶᠢᠬᠡᠮ ᠢ ᠪᠠᠶᠢᠭᠤᠯᠤᠨ ᠪᠦᠳᠦᠭᠡᠬᠦ ᠠᠤᠭ᠎ᠠ ᠬᠠᠷᠠᠯᠳᠠ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠵᠦ ᠲᠡᠶᠢᠯᠬᠦ ᠶᠤᠮ᠃ ᠲᠡᠭᠡᠷ᠎ᠡ ᠲᠤᠷᠠᠳᠤᠭᠰᠠᠨ ᠬᠠᠷᠠᠯᠳᠠ ᠡᠬᠦᠷᠭᠡ ᠶᠢᠨ ᠲᠤᠭᠤᠷᠢᠨ   ᠳᠤ ᠰᠢᠨ᠎ᠡ ᠨᠢᠬᠡᠨ ᠬᠤᠭᠤᠴᠠᠭᠠᠨ ᠤ ᠵᠠᠰᠭ ᠤᠨ ᠤᠷᠳᠤᠨ ᠤ ᠭᠤᠤᠯ ᠪᠤᠯᠬᠤ ᠠᠵᠢᠯ ᠡᠬᠦᠷᠭᠡ ᠶᠢ  ᠪᠠᠶᠢᠷᠢᠯᠠᠭᠤᠯᠪᠠᠯ᠄      ︵ᠨᠢᠬᠡ︶  ᠬᠠᠮᠠᠭᠠᠯᠠᠯᠳᠠ ᠪᠠ  ᠪᠠᠶᠢᠭᠤᠯᠤᠯᠳᠠ ᠶᠢ ᠵᠡᠷᠭᠡᠪᠡᠷ ᠠᠳᠬᠤᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠢᠳᠡᠪᠬᠢᠳᠡᠢ ᠲᠦᠯᠬᠢᠨ ᠠᠬᠢᠭᠤᠯᠤᠨ᠎ᠠ᠃     ᠪᠦᠬᠦ  ᠠᠶᠢᠮᠠᠭ   ᠤᠨ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠤᠨ ᠪᠠᠶᠢᠷᠢ ᠶᠢᠨ ᠬᠤᠷᠠᠯᠳᠤᠭᠠᠨ ᠲᠡᠭᠡᠷ᠎ᠡ ᠲᠤᠷᠠᠳᠤᠭᠰᠠᠨ ᠱᠠᠭᠠᠷᠳᠠᠯᠭ᠎ᠠ ᠶᠢᠨ ᠲᠤᠭᠤᠷᠢᠨ ᠳᠤ᠂ ᠮᠠᠨ ᠤ ᠬᠤᠰᠢᠭᠤᠨ ᠤ ᠪᠠᠨ ᠠᠮᠢ ᠠᠬᠤᠢ ᠶᠢᠨ ᠪᠠᠶᠢᠳᠠᠯ ᠲᠠᠢ ᠤᠶᠠᠯᠳᠤᠭᠤᠯᠵᠤ᠂  ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ   ᠶᠢᠨ ᠨᠦᠬᠦᠪᠦᠷᠢ ᠦᠭᠴᠦ ᠱᠠᠩᠨᠠᠬᠤ  ᠲᠤᠭᠳᠠᠴᠠ᠂ ᠡᠯᠡᠰᠦᠨ ᠤ ᠡᠬᠢ  ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠰᠠᠶᠢᠳᠤᠷ ᠠᠳᠬᠤᠵᠤ  ᠭᠡᠷᠡᠭᠵᠢᠬᠦᠯᠦᠨ᠂ ᠡᠶ᠎ᠡ ᠵᠤᠬᠢᠴᠠᠯᠳᠠᠢ ᠠᠭᠤᠷᠬᠠᠢ ᠶᠢᠨ ᠤᠷᠤᠨ ᠤ ᠪᠦᠳᠦᠭᠡᠨ ᠪᠠᠨᠶᠢᠭᠤᠯᠤᠯᠳᠠ ᠪᠠ ᠤᠰᠤᠯᠢᠭ  ᠴᠢᠬᠢᠭᠯᠢᠭ ᠭᠠᠵᠠᠷ ᠤᠨ ᠬᠠᠮᠠᠭᠠᠯᠠᠯᠳᠠ ᠶᠢᠨ ᠢᠨᠵᠧᠨᠧᠷᠢᠩ ᠢ ᠭᠠᠵᠠᠷ ᠤᠷᠤᠨ ᠳᠤ ᠲᠤᠬᠢᠷᠠᠭᠤᠯᠤᠨ ᠭᠡᠷᠡᠭᠵᠢᠬᠦᠯᠦᠨ᠎ᠡ᠃  ᠦᠨᠳᠦᠰᠦᠨ ᠨᠣᠳᠤᠭ ᠪᠡᠯᠴᠢᠬᠡᠷ ᠤᠨ ᠬᠠᠮᠠᠭᠠᠯᠠᠯᠳᠠ᠂ ᠮᠠᠯ ᠪᠡᠯᠴᠢᠭᠡᠷ ᠤᠨ ᠲᠡᠩᠴᠡᠬᠦᠷᠢ᠂ ᠨᠤᠳᠤᠭ ᠪᠡᠯᠴᠢᠭᠡᠷ ᠤᠨ  ᠰᠢᠯᠵᠢᠯᠳᠡ᠂  ᠤᠢ ᠮᠤᠳᠤᠨ ᠤ ᠦᠮᠴᠢᠯᠡᠯ᠂ ᠤᠰᠤᠨ ᠰᠤᠷᠪᠤᠯᠵᠢ ᠶᠢᠨ ᠬᠠᠮᠢᠶᠠᠷᠤᠯᠳᠠ᠂ ᠠᠭᠤᠷᠬᠠᠢ ᠶᠢᠨ ᠨᠡᠭᠡᠭᠡᠯᠳᠡ᠂ ᠬᠦᠳᠡᠭᠡ ᠲᠤᠰᠬᠤᠨ ᠤ ᠬᠦᠮᠦᠨ ᠠᠮᠠ   ᠶᠢᠨ ᠬᠠᠮᠢᠶᠠᠷᠤᠯᠳᠠ  ᠬᠢᠭᠡᠳ ᠪᠡᠯᠡ  ᠮᠦᠩᠬᠦᠨ ᠤ ᠪᠠᠳᠤᠯᠠᠭ᠎ᠠ ᠵᠡᠷᠭᠡ ᠲᠠᠯ᠎ᠠ ᠨᠤᠳᠤᠭ   ᠢ ᠬᠠᠮᠠᠭᠠᠯᠠᠬᠤ ᠨᠠᠢᠮᠠᠨ ᠲᠦᠷᠢᠮ ᠢ ᠤᠯᠠᠮ ᠴᠢᠨᠠᠭᠰᠢᠳᠠ ᠲᠡᠬᠦᠯᠳᠡᠷᠵᠢᠬᠦᠯᠵᠦ᠂  ᠠᠮᠢ ᠠᠬᠤᠢ  ᠶᠢᠨ  ᠬᠠᠮᠠᠭᠠᠯᠠᠯᠳᠠ ᠪᠠ  ᠪᠠᠶᠢᠭᠤᠯᠤᠯᠳᠠ ᠶᠢ ᠴᠢᠩᠭᠠᠳᠬᠠᠬᠤ ᠳᠤ ᠲᠦᠷᠦ ᠶᠢᠨ ᠪᠤᠳᠤᠯᠭ᠎ᠠ ᠶᠢᠨ  ᠪᠠᠳᠤᠯᠠᠭ᠎ᠠ ᠬᠠᠩᠭᠠᠬᠤ ᠭᠡᠷᠡᠭᠳᠡᠢ᠃  ᠠᠵᠤ ᠠᠬᠤᠢ ᠶᠢᠨ ᠬᠦᠭᠵᠢᠯᠳᠡ ᠪᠠ ᠠᠮᠢ ᠠᠬᠤᠢ ᠶᠢᠨ ᠬᠠᠮᠠᠭᠠᠯᠠᠯᠳᠠ ᠶᠢᠨ ᠬᠠᠷᠢᠴᠠᠭ᠎ᠠ ᠶᠢ ᠵᠦᠪ ᠰᠢᠢᠳᠪᠦᠷᠢᠯᠡᠨ᠂ ᠬᠠᠮᠠᠭᠠᠯᠠᠬᠤ ᠶᠢᠨ ᠲᠠᠭᠠᠤ ᠬᠦᠭᠵᠢᠬᠦᠯᠵᠦ᠂  ᠬᠦᠭᠵᠢᠬᠦᠯᠬᠦ ᠶᠢᠨ ᠲᠠᠭᠠᠤ ᠬᠠᠮᠠᠭᠠᠯᠠᠨ᠂ ᠤᠯᠠᠨ ᠲᠦᠮᠡᠨ ᠤ ᠠᠰᠢᠭ ᠲᠤᠰᠠ᠂ ᠠᠮᠢ ᠠᠬᠤᠢ ᠶᠢᠨ ᠤᠷᠴᠢᠨ ᠲᠤᠭᠤᠷᠢᠨ᠂ ᠠᠵᠤ ᠠᠬᠤᠢ ᠶᠢᠨ ᠬᠦᠭᠵᠢᠯᠳᠡ  ᠵᠡᠷᠭᠡ ᠭᠡᠳᠦᠨ ᠲᠠᠯ᠎ᠠ ᠶᠢᠨ ᠠᠮᠵᠢᠯᠳᠠ ᠶᠢ ᠪᠡᠶᠡᠯᠡᠬᠦᠯᠵᠦ᠂ ᠮᠠᠨ ᠤ ᠬᠤᠰᠢᠭᠤ ᠪᠠᠨ ᠪᠠᠶᠢᠭᠠᠯᠢ ᠤᠷᠴᠢᠨ ᠨᠢ  ᠭᠤᠶᠢᠳᠠ ᠰᠠᠶᠢᠬᠠᠨ᠂ ᠠᠵᠤ ᠦᠢᠯᠡᠰ ᠨᠢ ᠴᠡᠴᠡᠭᠯᠡᠨ  ᠬᠦᠭᠵᠢᠭᠰᠡᠨ  ᠠᠮᠢ ᠠᠬᠤᠢ ᠶᠢᠨ  ᠦᠵᠡᠮᠵᠢᠳᠦ ᠤᠷᠤᠨ ᠪᠤᠯᠭᠠᠵᠤ ᠪᠠᠶᠢᠭᠤᠯᠬᠤ ᠪᠠᠷ ᠴᠢᠷᠮᠠᠶᠢᠬᠤ ᠭᠡᠷᠡᠭᠳᠡᠢ᠃ ᠰᠢᠯᠢᠳᠡᠭ ᠢᠨᠵᠧᠨᠧᠷᠢᠩ ᠢ ᠡᠬᠦᠳᠬᠦ ᠪᠠᠷ ᠬᠠᠷᠠᠯᠳᠠ ᠪᠤᠯᠭᠠᠵᠤ᠂ ᠲᠠᠪᠤᠨ ᠵᠢᠯ ᠳᠤ ᠬᠦᠮᠦᠨ ᠤ ᠬᠦᠴᠦ ᠪᠠᠷ ᠮᠤᠳᠤ ᠲᠠᠷᠢᠬᠤ ᠲᠠᠯᠠᠪᠠᠢ 9 ᠲᠦᠮᠡᠨ ᠮᠤ᠋᠂  ᠠᠭᠤᠯᠠ   ᠶᠢ ᠪᠢᠳᠡᠬᠦᠮᠵᠢᠯᠡᠵᠦ ᠤᠶᠢᠵᠢᠭᠤᠯᠬᠤ ᠲᠠᠯᠠᠪᠠᠢ  5 ᠲᠦᠮᠡᠨ ᠮᠤ᠋᠂ ᠲᠠᠷᠢᠶᠠᠯᠠᠭ᠎ᠠ ᠶᠢ ᠵᠤᠭᠰᠤᠭᠠᠵᠤ ᠠᠮᠢ ᠠᠬᠤᠢ ᠶᠢ ᠰᠡᠷᠬᠦᠭᠡᠬᠦ  ᠲᠠᠯᠠᠪᠠᠢ 7 ᠲᠦᠮᠡᠨ ᠮᠤ᠋᠂ ᠬᠦᠮᠦᠨ ᠤ ᠬᠦᠴᠦ ᠪᠠᠷ ᠡᠪᠡᠰᠦ ᠲᠠᠷᠢᠬᠤ ᠲᠠᠯᠠᠪᠠᠢ  20 ᠲᠦᠮᠡᠨ ᠮᠤ᠋ ᠶᠢ ᠪᠡᠶᠡᠯᠡᠬᠦᠯᠵᠦ᠂ ᠠᠰᠢᠭ ᠮᠠᠭᠤᠳᠠᠢ ᠤᠢ ᠮᠤᠳᠤ ᠶᠢ ᠦᠬᠡᠷᠡᠴᠢᠯᠡᠨ 15 ᠲᠦᠮᠡᠨ ᠮᠤ᠋ ᠬᠠᠶᠢᠯᠠᠷ ᠨᠠᠷᠠᠰᠤ  ᠲᠠᠷᠢᠨ᠎ᠠ᠃  ᠬᠤᠪᠠᠭ᠋ᠠᠢ ᠠᠭᠤᠯᠠ  ᠡᠵᠡᠬᠦᠢ  ᠲᠠᠯ᠎ᠠ ᠶᠢ  ᠵᠠᠰᠠᠵᠤ ᠨᠤᠭᠤᠭᠠᠷᠠᠭᠤᠯᠬᠤ ᠪᠠᠨ ᠲᠦᠷᠭᠡᠳᠭᠡᠨ᠂  2017 ᠪᠤᠯᠬᠤ ᠳᠤ ᠪᠦᠬᠦ ᠬᠤᠰᠢᠭᠤᠨ ᠤ ᠤᠢ ᠰᠢᠭᠤᠢ ᠶᠢᠨ ᠪᠦᠷᠬᠦᠴᠡ ᠶᠢ 33.1% ᠳᠤ ᠬᠦᠷᠭᠡᠵᠦ᠂ ᠠᠮᠢ ᠠᠬᠤᠢ ᠶᠢᠨ ᠲᠦᠷᠦᠯ ᠵᠦᠢᠯ ᠤᠨ ᠤᠷᠤᠨ ᠤ ᠡᠪᠡᠰᠦ ᠪᠡᠯᠴᠢᠬᠡᠷ ᠤᠨ ᠬᠤᠴᠢᠯᠭ᠎ᠠ ᠶᠢ 90% ᠠᠴᠠ ᠲᠡᠭᠡᠭᠰᠢ ᠳᠤ ᠲᠤᠭᠳᠠᠪᠤᠷᠢᠵᠢᠭᠤᠯᠤᠨ᠎ᠠ ᠃ ᠡᠪᠡᠰᠦ ᠮᠤᠳᠤᠨ ᠤ ᠠᠵᠤ ᠦᠢᠯᠡᠰ ᠪᠤᠯᠤᠨ ᠠᠮᠢ ᠠᠬᠤᠢ ᠶᠢᠨ ᠦᠵᠡᠰᠬᠦᠯᠡᠩ ᠤᠨ ᠵᠤᠭᠠᠴᠠᠯ ᠤᠨ ᠦᠢᠯᠡᠰ ᠢ ᠬᠦᠭᠵᠢᠬᠦᠯᠵᠦ᠂ ᠠᠮᠢ ᠠᠬᠤᠢ   ᠶᠢᠨ ᠪᠠᠶᠢᠭᠤᠯᠤᠯᠳᠠ ᠶᠢᠨ ᠠᠵᠤ ᠦᠢᠯᠡᠰᠵᠢᠭᠰᠡᠨ ᠵᠠᠮ ᠢ ᠢᠳᠡᠪᠬᠢᠳᠡᠢ ᠬᠠᠶᠢᠬᠤ ᠭᠡᠷᠡᠭᠳᠡᠢ᠃  ᠠᠮᠢ ᠠᠬᠤᠢ ᠶᠢᠨ ᠬᠠᠮᠠᠭᠠᠯᠠᠯᠳᠠ ᠶᠢ ᠴᠠᠭ ᠢᠮᠠᠭᠳᠠ ᠲᠡᠷᠢᠬᠦᠨ ᠪᠠᠶᠢᠷᠢᠨ ᠳᠤ ᠲᠠᠯᠪᠢᠨ᠂ ᠲᠠᠷᠢᠶᠠᠯᠠᠬᠤ ᠤᠷᠤᠨ ᠳᠤ ᠦᠬᠡᠷ ᠠᠴᠠ ᠪᠤᠰᠤᠳ ᠮᠠᠯ ᠤᠨᠤᠭ᠎ᠠ ᠶᠢ ᠪᠦᠬᠦ ᠵᠢᠯ ᠢᠶᠠᠷ ᠬᠠᠰᠢᠶᠠᠯᠠᠵᠤ ᠮᠠᠯᠵᠢᠬᠤ ᠲᠦᠷᠦ ᠶᠢᠨ ᠪᠤᠳᠤᠯᠭ᠎ᠠ ᠶᠢ  ᠴᠢᠩᠭ᠎ᠠ ᠭᠡᠷᠡᠭᠵᠢᠬᠦᠯᠵᠦ᠂ ᠮᠠᠯᠵᠢᠬᠤ ᠤᠷᠤᠨ ᠳᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠲᠦᠷᠢᠮ ᠪᠠ  ︽ᠭᠤᠷᠪᠠᠨ  ᠮᠠᠯᠵᠢᠯ   ᠤᠨ ᠲᠦᠷᠢᠮ︾ ᠢ  ᠪᠠᠷᠢᠮᠳᠠᠯᠠᠨ᠎ᠠ᠃ ᠱᠠᠳᠤᠴᠢ ᠴᠢᠨᠠᠷᠳᠠᠢ ᠪᠡᠯᠴᠢᠭᠡᠷᠯᠡᠬᠦᠯᠬᠦ  ᠶᠢ ᠴᠠᠭᠠᠵᠠᠯᠠᠬᠤ᠂ ᠮᠠᠯ ᠪᠡᠯᠴᠢᠬᠡᠷ ᠢ ᠲᠡᠩᠴᠡᠬᠦᠯᠬᠦ ᠪᠠ ᠤᠢ  ᠮᠤᠳᠤᠨ ᠤ ᠠᠮᠢ ᠠᠬᠤᠢ ᠶᠢᠨ ᠦᠷ᠎ᠡ ᠠᠰᠢᠭ ᠢ ᠨᠦᠬᠦᠪᠦᠷᠢᠯᠡᠬᠦ ᠵᠡᠷᠭᠡ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠦᠭᠴᠦ ᠱᠠᠩᠨᠠᠬᠤ ᠲᠦᠷᠦ ᠶᠢᠨ ᠪᠤᠳᠤᠯᠭ᠎ᠠ  ᠶᠢ ᠪᠦᠬᠦ ᠲᠠᠯᠠᠪᠠᠷ ᠨᠠᠶᠢᠳᠠᠪᠤᠷᠢᠵᠢᠭᠤᠯᠵᠤ᠂ ᠦᠷᠭᠡᠨ ᠤᠯᠠᠨ ᠮᠠᠯᠴᠢᠨ ᠲᠠᠷᠢᠶᠠᠴᠢᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠪᠠ ᠬᠠᠮᠠᠭᠠᠯᠠᠯᠳᠠ ᠶᠢᠨ ᠠᠵᠢᠯ ᠳᠤ ᠤᠷᠤᠯᠴᠠᠬᠤ ᠢᠳᠡᠪᠬᠢᠵᠢᠯ ᠢ ᠨᠡᠮᠡᠭᠳᠡᠬᠦᠯᠦᠨ᠎ᠡ᠃        ︵ᠬᠤᠶᠠᠷ︶  ᠠᠵᠤ ᠦᠢᠯᠡᠰ ᠤᠨ ᠪᠦᠷᠢᠯᠳᠦᠴᠡ ᠶᠢ ᠰᠢᠯᠢᠳᠡᠭᠵᠢᠬᠦᠯᠵᠦ᠂  ᠲᠠᠷᠢᠶᠠᠯᠠᠩ ᠮᠠᠯ ᠠᠵᠤ ᠠᠬᠤᠢ ᠶᠢᠨ  ᠤᠳᠤᠬᠢᠴᠢᠯᠠᠯᠳᠠ ᠶᠢ ᠲᠦᠷᠭᠡᠳᠭᠡᠨ᠎ᠡ᠃       ᠬᠦᠭᠵᠢᠯᠳᠡ ᠶᠢᠨ ᠬᠡᠯᠪᠡᠷᠢ ᠶᠢᠨ ᠬᠤᠪᠢᠷᠠᠭᠤᠯᠤᠯᠳᠠ᠂ ᠠᠵᠤ ᠦᠢᠯᠡᠰ ᠤᠨ ᠪᠦᠳᠦᠴᠡ ᠵᠢᠨ‌‍ᠰᠢᠯᠢᠳᠡᠭᠵᠢᠯᠳᠡ᠂ ᠬᠦᠭᠵᠢᠯᠳᠡ ᠶᠢᠨ ᠬᠢᠷᠢ ᠲᠦᠪᠰᠢᠨ ᠤ ᠲᠡᠭᠡᠭᠰᠢᠯᠡᠯᠳᠡ ᠶᠢ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ  ᠭᠤᠤᠯ ᠰᠢᠪᠳᠤᠯᠬᠤ ᠴᠢᠭᠯᠡᠯ ᠪᠤᠯᠭᠠᠵᠤ᠂ ᠤᠰᠤᠨ ᠳᠤ ᠠᠷᠪᠢᠳᠠᠢ ᠲᠠᠷᠢᠶᠠᠯᠠᠩ ᠮᠠᠯᠵᠢᠯ᠂ ᠲᠦᠬᠦᠭᠡᠷᠦᠮᠵᠢᠳᠦ ᠲᠠᠷᠢᠶᠠᠯᠠᠩ ᠮᠠᠯᠵᠢᠯ ᠪᠠ ᠭᠡᠪᠴᠢᠶᠡᠵᠢᠭᠰᠡᠨ ᠲᠠᠷᠢᠶᠠᠯᠠᠩ ᠮᠠᠯᠵᠢᠯ   ᠤᠨ  ᠬᠤᠪᠢ ᠶᠢᠨ ᠵᠢᠩ ᠢ ᠶᠡᠬᠡᠰᠭᠡᠨ᠂  ᠤᠨᠠᠯᠳᠠ ᠦᠨᠳᠦᠷ᠂ ᠴᠢᠨᠠᠷ ᠰᠠᠶᠢᠨ᠂ ᠠᠰᠢᠭ ᠶᠡᠭᠡ᠂ ᠠᠶᠤᠯᠬᠦᠢ ᠪᠠᠶᠢᠬᠤ ᠪᠠᠷ ᠬᠠᠷᠠᠯᠳᠠ  ᠪᠤᠯᠭᠠᠵᠤ᠂ ᠨᠤᠳᠤᠭ ᠤᠷᠤᠨ ᠳᠤ ᠲᠤᠬᠢᠷᠠᠭᠤᠯᠤᠨ᠂ ᠤᠨᠴᠠᠯᠢᠭ ᠢ ᠴᠢᠬᠤᠯᠠᠴᠢᠯᠠᠵᠤ᠂  ᠨᠡᠷᠡᠳᠦ ᠳᠡᠮᠳᠡᠭ ᠢ ᠪᠤᠶᠢᠵᠢᠭᠤᠯᠤᠨ᠂ ᠤᠳᠤ ᠦᠶ᠎ᠡ ᠶᠢᠨ ᠲᠠᠷᠢᠶᠠᠯᠠᠩ  ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠳᠡ   ᠶᠢᠨ  ᠵᠤᠬᠢᠶᠠᠨ ᠪᠠᠶᠢᠭᠤᠯᠵᠢᠵᠤ᠂ ᠲᠤᠰᠬᠠᠶᠢᠵᠢᠵᠤ᠂  ᠪᠠᠷᠢᠮᠵᠢᠶᠠᠵᠢᠵᠤ᠂ ᠬᠡᠪᠴᠢᠶᠡᠵᠢᠬᠦ   ᠶᠢ ᠠᠬᠢᠭᠤᠯᠬᠤ ᠭᠡᠷᠡᠭᠳᠡᠢ᠃  ᠡᠶᠢᠨᠬᠦ᠂ 2017 ᠤᠨ ᠪᠤᠯᠬᠤ ᠳᠤ ᠨᠢᠬᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 14.7 ᠳ᠋ᠦᠩᠰᠢᠭᠤᠷ ᠲᠦᠭᠦᠷᠢᠭ  ᠲᠤ  ᠬᠦᠷᠭᠡᠵᠦ᠂ ᠵᠢᠯ ᠤᠨ 5.2% ᠪᠠᠷ  ᠨᠡᠮᠡᠭᠳᠡᠬᠦᠯᠦᠨ᠎ᠡ᠃        ᠤᠰᠤᠨ  ᠠᠰᠢᠭᠯᠠᠯᠳᠠ ᠶᠢ  ᠤᠷᠢᠳᠠᠪᠠᠷ  ᠭᠡᠷᠡᠭᠵᠢᠬᠦᠯᠬᠦ ᠵᠠᠷᠴᠢᠮ ᠢ ᠪᠠᠷᠢᠮᠳᠠᠯᠠᠵᠤ᠂ ᠦᠨᠳᠦᠷ ᠦᠷ᠎ᠡ ᠠᠰᠢᠭ ᠲᠠᠢ ᠤᠰᠤ ᠠᠷᠪᠢᠯᠠᠬᠤ ᠲᠠᠷᠢᠶᠠᠯᠠᠩ ᠮᠠᠯᠵᠢᠯ ᠢ  ᠬᠦᠭᠵᠢᠬᠦᠯᠬᠦ ᠭᠡᠷᠡᠭᠳᠡᠢ᠃  ᠪᠠᠭ᠎ᠠ ᠭᠡᠯᠪᠡᠷᠢ ᠶᠢᠨ ᠰᠦᠷᠴᠢᠨ ᠤᠰᠤᠯᠠᠬᠤ᠂ ᠲᠤᠰᠤᠯᠠᠭᠠᠨ ᠤᠰᠤᠯᠠᠬᠤ ᠵᠡᠷᠭᠡ ᠤᠰᠤᠨ ᠳᠤ ᠠᠷᠪᠢᠳᠠᠢ ᠪᠦᠬᠡᠳ‌ᠦᠨᠳᠦᠷ ᠦᠷ᠎ᠡ ᠠᠰᠢᠭ ᠲᠠᠢ ᠲᠦᠬᠦᠭᠡᠷᠦᠮᠵᠢ ᠶᠢ ᠭᠡᠷᠡᠭᠯᠡᠨ᠂ ᠤᠰᠤ ᠠᠷᠪᠢᠯᠠᠬᠤ ᠢᠵᠢ ᠪᠦᠷᠢᠳᠦᠭᠰᠡᠨ ᠦᠬᠡᠷᠡᠴᠢᠯᠡᠯᠳᠡ ᠪᠠ ᠭᠠᠩ ᠭᠠᠮᠰᠢᠭ ᠲᠠᠢ ᠲᠡᠮᠡᠴᠡᠬᠦ ᠤᠰᠤᠨ ᠰᠤᠷᠪᠤᠯᠵᠢ ᠶᠢᠨ ᠢᠨᠵᠧᠨᠧᠷᠢᠩ   ᠤᠨ ᠪᠦᠳᠦᠭᠡᠨ ᠪᠠᠶᠢᠭᠤᠯᠤᠯᠳᠠ ᠶᠢ ᠰᠠᠶᠢᠨ ᠬᠢᠵᠦ᠂  ᠲᠠᠪᠤᠨ ᠵᠢᠯ ᠳᠤ  8.5 ᠲᠦᠮᠡᠨ ᠮᠤ᠋ ᠤᠰᠤᠯᠠᠯᠳᠠ ᠶᠢᠨ ᠲᠠᠯᠠᠪᠠᠢ ᠶᠢ ᠰᠢᠨ᠎ᠡ ᠪᠠᠷ ᠨᠡᠭᠡᠭᠡᠬᠦ ᠪᠠ ᠦᠬᠡᠷᠡᠴᠢᠯᠡᠨ ᠵᠠᠰᠠᠵᠤ᠂ ᠨᠡᠶᠢᠳᠡ 42 ᠲᠦᠮᠡᠨ ᠮᠤ᠋ ᠳᠤ ᠬᠦᠷᠭᠡᠨ᠎ᠠ᠃        ᠭᠡᠪᠴᠢᠶᠡᠵᠢᠭᠰᠡᠨ  ᠡᠵᠡᠩᠨᠡᠯᠳᠡ   ᠶᠢᠨ  ᠵᠠᠮ ᠢ  ᠪᠠᠷᠢᠮᠳᠠᠯᠠᠵᠤ᠂  ᠨᠢᠬᠡ ᠪᠦᠯᠦᠭ ᠲᠠᠪᠠᠭᠤᠯᠢᠭ ᠪᠦᠳᠦᠭᠡᠭᠳᠡᠬᠦᠨ ᠤ ᠰᠠᠭᠤᠷᠢᠨ ᠭᠠᠵᠠᠷ ᠢ ᠪᠠᠶᠢᠭᠤᠯᠬᠤ ᠭᠡᠷᠡᠭᠳᠡᠢ᠃   ᠰᠦ᠂ ᠮᠢᠬ᠎ᠠ᠂ ᠲᠦᠮᠦᠰᠦ᠂ ᠨᠤᠭᠤᠭ᠎ᠠ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠦᠷᠢᠯᠡᠯ ᠤᠨ ︽ᠲᠦᠷᠪᠡᠨ ᠰᠠᠭᠤᠷᠢᠨ ᠭᠠᠵᠠᠷ ︾ ᠢ ᠡᠬᠦᠳᠦᠨ ᠪᠠᠶᠢᠭᠤᠯᠵᠤ᠂  ᠲᠠᠷᠢᠵᠤ ᠮᠠᠯᠵᠢᠬᠤ ᠦᠢᠯᠡᠰ ᠤᠨ ᠪᠦᠳᠦᠴᠡ ᠶᠢ ᠤᠯᠠᠮ ᠰᠢᠯᠢᠳᠡᠭᠵᠢᠬᠦᠯᠦᠨ᠎ᠡ᠃  ᠪᠦᠳᠦᠭᠡᠨ ᠪᠠᠶᠢᠭᠤᠯᠵᠤ ᠮᠠᠯ ᠮᠠᠯᠵᠢᠬᠤ ᠶᠢ ᠠᠬᠢᠭᠤᠯᠤᠨ᠂ ᠡᠪᠡᠰᠦ ᠪᠤᠷᠳᠤᠭᠠᠨ ᠤ ᠰᠠᠭᠤᠷᠢᠨ ᠭᠠᠵᠠᠷ᠂ ᠰᠠᠭᠠᠯᠢ ᠶᠢᠨ  ᠦᠨᠢᠶ᠎ᠡ᠂ ᠮᠢᠬᠠᠨ ᠤ ᠦᠬᠡᠷ ᠮᠠᠯᠵᠢᠬᠤ ᠰᠠᠭᠤᠷᠢᠨ ᠭᠠᠵᠠᠷ ᠵᠢᠴᠢ ᠬᠠᠰᠢᠶ᠎ᠠ ᠰᠠᠷᠠᠪᠴᠢ ᠶᠢᠨ ᠪᠦᠳᠦᠭᠡᠨ ᠪᠠᠶᠢᠭᠤᠯᠤᠯᠳᠠ   ᠶᠢ ᠴᠢᠩᠭᠠᠳᠬᠠᠵᠤ᠂ ᠮᠠᠯ ᠤᠨ ᠡᠬᠦᠯᠳᠡᠷ  ᠰᠠᠶᠢᠵᠢᠷᠠᠭᠤᠯᠤᠯᠳᠠ ᠪᠠ ᠬᠢᠵᠢᠭ ᠭᠡᠮ ᠤᠨ ᠰᠡᠷᠭᠡᠶᠢᠯᠡᠯᠳᠡ ᠶᠢ ᠰᠠᠶᠢᠨ ᠬᠢᠬᠦ ᠭᠡᠷᠡᠭᠳᠡᠢ᠃ 2017 ᠤᠨ ᠪᠤᠯᠬᠤ ᠳᠤ ᠰᠠᠭᠠᠯᠢ ᠶᠢᠨ ᠦᠨᠢᠶ᠎ᠡ ᠪᠠ ᠮᠢᠬᠠᠨ ᠤ ᠦᠬᠡᠷ   ᠤᠨ ᠲᠤᠭ᠎ᠠ ᠲᠤᠯᠤᠭᠠᠢ ᠶᠢ ᠲᠤᠰᠪᠤᠷᠢ  7 ᠲᠦᠮᠡ  ᠪᠠ 15 ᠲᠦᠮᠡ ᠠᠴᠠ  ᠲᠠᠪᠠᠭᠤᠯᠤᠨ᠂  ᠪᠠᠷᠢᠮᠵᠢᠶᠠᠵᠢᠵᠤ ᠭᠡᠪᠴᠢᠶᠡᠵᠢᠭᠰᠡᠨ ᠮᠠᠯᠵᠢᠯ ᠤᠨ ᠰᠠᠭᠤᠷᠢᠨ ᠭᠠᠵᠠᠷ ᠢ ᠲᠤᠰᠪᠤᠷᠢ 36 ᠰᠠᠭᠤᠷᠢ ᠪᠠ 37 ᠰᠠᠭᠤᠷᠢ   ᠳᠤ ᠬᠦᠷᠭᠡᠵᠦ᠂  ᠲᠤᠰᠬᠠᠢ ᠮᠠᠯᠵᠢᠯ ᠤᠨ ᠭᠠᠴᠠᠭ᠎ᠠ ᠲᠤᠰᠬᠤᠨ ᠢ ᠲᠤᠰᠪᠤᠷᠢ 100 ᠪᠠ 170 ᠳᠤ ᠬᠦᠷᠭᠡᠨ᠎ᠡ᠃ ᠡᠬᠦᠨ ᠤ ᠬᠠᠮᠳᠤ᠂  ︽ᠵᠢᠵᠢᠭ ᠲᠡᠵᠢᠬᠡᠪᠦᠷᠢ︾ ᠮᠠᠯᠵᠢᠬᠤ ᠶᠢ ᠤᠷᠮᠠᠰᠢᠭᠤᠯᠤᠨ ᠵᠤᠷᠢᠭᠵᠢᠭᠤᠯᠵᠤ  ᠂  ᠡᠬᠦᠪᠡᠷ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠴᠢᠬᠤᠯᠠ ᠠᠷᠭ᠎ᠠ ᠵᠠᠮ ᠪᠤᠯᠭᠠᠬᠤ ᠭᠡᠷᠡᠭᠳᠡᠢ᠃  ᠲᠠᠷᠢᠵᠤ ᠤᠷᠭᠤᠭᠤᠯᠬᠤ ᠦᠢᠯᠡᠰ ᠨᠢ ᠢᠳᠡᠰᠢᠨ ᠨᠤᠭᠤᠭ᠎ᠠ᠂ ᠲᠦᠮᠦᠰᠦ ︽ᠬᠤᠶᠠᠷ ᠲᠤᠮᠤ ᠲᠠᠷᠢᠮᠠᠯ ᠤᠨ ᠰᠠᠭᠤᠷᠢᠨ ᠭᠠᠵᠠᠷ︾  ᠤᠨ ᠪᠦᠳᠦᠭᠡᠨ ᠪᠠᠶᠢᠭᠤᠯᠤᠯᠳᠠ ᠶᠢ ᠰᠠᠶᠢᠨ  ᠠᠳᠬᠤᠵᠤ᠂ ᠢᠳᠡᠰᠢᠨ ᠨᠤᠭᠤᠭᠠᠨ ᠤ ᠠᠵᠤ ᠦᠢᠯᠡᠰ   ᠢ ᠳ᠋ᠠᠩ ᠴᠤᠯᠭᠤᠢ ᠬᠡᠯᠪᠡᠷᠢ ᠠᠴᠠ ᠤᠯᠠᠨ ᠡᠰᠢᠵᠢᠭᠰᠡᠨ ᠭᠡᠯᠪᠡᠷᠢ  ᠵᠦᠭ ᠬᠤᠪᠢᠷᠠᠭᠤᠯᠤᠨ᠂ ᠲᠦᠮᠦᠰᠦᠨ ᠤ ᠠᠵᠤ ᠦᠢᠯᠡᠰ  ᠤᠨ ᠲᠠᠯᠠᠪᠠᠷ ᠬᠤᠤᠷ ᠦᠬᠡᠶᠢᠳᠡᠬᠦᠯᠦᠭᠰᠡᠨ ᠲᠦᠮᠦᠰᠦ ᠪᠤᠶᠢᠵᠢᠭᠤᠯᠬᠤ ᠪᠠ ᠦᠷ᠎ᠡ ᠶᠢᠨ ᠲᠦᠮᠦᠰᠦ ᠦᠢᠯᠡᠳᠪᠦᠷᠢᠯᠡᠬᠦ ᠠᠵᠢᠯ ᠢ ᠭᠤᠤᠯᠳᠠᠯᠭᠠᠳᠠᠢ ᠰᠠᠶᠢᠨ ᠠᠳᠬᠤᠬᠤ ᠭᠡᠷᠡᠭᠳᠡᠢ᠃ 2017ᠤᠨ ᠪᠤᠯᠬᠤ ᠳᠤ᠂ ᠢᠳᠡᠰᠢᠨ  ᠨᠤᠭᠤᠭ᠎ᠠ ᠪᠠ ᠲᠦᠮᠦᠰᠦ ᠲᠠᠷᠢᠬᠤ ᠲᠠᠯᠠᠪᠠᠢ   ᠶᠢ ᠲᠤᠰᠪᠤᠷᠢ 15 ᠲᠦᠮᠡᠨ ᠮᠤ᠋ ᠪᠠ 60 ᠲᠦᠮᠡᠨ ᠮᠤ᠋ ᠳᠤ ᠬᠦᠷᠭᠡᠨ᠎ᠡ᠃ ᠲᠦᠬᠦᠭᠡᠷᠦᠮᠵᠢᠳᠦ ᠲᠠᠷᠢᠶᠠᠯᠠᠩ ᠢ ᠬᠦᠴᠦᠯᠡᠨ ᠬᠦᠭᠵᠢᠬᠦᠯᠵᠦ᠂ ᠢᠳᠡᠰᠢᠨ ᠨᠤᠭᠤᠭᠠᠨ ᠤ ᠬᠦᠯᠡᠮᠵᠢ  ᠂ ᠲᠤᠯᠠᠭᠠᠨ ᠲᠠᠰᠤᠭ ᠢ ᠲᠤᠰᠪᠤᠷᠢ 1.57 ᠲᠦᠮᠡᠨ ᠰᠠᠭᠤᠷᠢ ᠪᠠ 611 ᠰᠠᠭᠤᠷᠢ ᠳᠤ  ᠬᠦᠷᠭᠡᠵᠦ᠂  ᠶᠡᠷᠦᠩᠬᠡᠢ  ᠪᠠᠭᠳᠠᠭᠠᠮᠵᠢ  ᠨᠢ 14 ᠲᠦᠮᠡᠨ  ᠲᠤᠨ ᠬᠦᠷᠬᠦ ᠲᠦᠮᠦᠰᠦᠨ ᠵᠤᠭᠤᠷᠢ ᠶᠢ ᠰᠢᠨ᠎ᠡ ᠪᠠᠷ  ᠪᠠᠶᠢᠭᠤᠯᠤᠨ᠎ᠠ᠃ 600 ᠬᠠᠪᠳᠠᠭᠠᠢ ᠲᠦᠷᠪᠡᠯᠵᠢᠨ ᠮᠧᠲᠷ ᠠᠴᠠ ᠲᠡᠭᠡᠭᠰᠢ ᠲᠠᠯᠠᠪᠠᠢ ᠲᠠᠢ ᠲᠤᠭᠳᠠᠭᠤᠨ ᠲᠤᠯᠠᠭᠠᠨᠳᠤ ᠬᠦᠮᠦᠷᠭᠡ 20 ᠰᠠᠭᠤᠷᠢ ᠶᠢ ᠰᠢᠨ᠎ᠡ  ᠪᠠᠷ ᠪᠠᠶᠢᠭᠤᠯᠵᠤ᠂ 10 ᠰᠠᠭᠤᠷᠢ ᠲᠤᠮᠳᠠ ᠪᠠᠭ᠎ᠠ ᠬᠡᠯᠪᠡᠷᠢ ᠶᠢᠨ ᠢᠳᠡᠰᠢᠨ ᠨᠤᠭᠤᠭᠠᠨ ᠤ ᠵᠠᠬ᠎ᠠ ᠲᠡᠯᠬᠡᠬᠦᠷ ᠢ ᠦᠬᠡᠷᠡᠴᠢᠯᠡᠨ ᠪᠠᠶᠢᠭᠤᠯᠬᠤ ᠪᠠ  ᠦᠷᠭᠡᠳᠭᠡᠵᠦ ᠲᠡᠬᠦᠯᠳᠡᠷᠵᠢᠬᠦᠯᠦᠨ᠎ᠡ᠃         ᠠᠵᠤ ᠦᠢᠯᠡᠰᠵᠢᠯᠳᠡ ᠪᠠᠷ ᠲᠠᠶᠢᠴᠢᠯᠠᠬᠤ ᠵᠠᠮ ᠢ ᠪᠠᠷᠢᠮᠳᠠᠯᠠᠵᠤ᠂ ᠠᠵᠤ  ᠦᠢᠯᠡᠳᠪᠦᠷᠢᠵᠢᠬᠦᠯᠬᠦ ᠤᠬᠠᠮᠰᠠᠷ  ᠢᠶᠠᠷ ᠲᠠᠷᠢᠶᠠᠯᠠᠩ ᠮᠠᠯᠵᠢᠯ ᠢ  ᠲᠦᠯᠦᠪᠯᠡᠬᠦ ᠭᠡᠷᠡᠭᠳᠡᠢ᠃ ᠲᠠᠷᠢᠶᠠᠯᠠᠩ ᠮᠠᠯᠵᠢᠯ ᠤᠨ ᠲᠠᠭᠠᠭᠤᠯᠤᠭᠴᠢ ᠠᠵᠤ ᠠᠬᠤᠶᠢᠯᠠᠯ  ᠢ ᠬᠦᠭᠵᠢᠬᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠨᠠᠷᠢᠯᠢᠭ ᠪᠤᠯᠪᠠᠰᠤᠷᠠᠭᠤᠯᠤᠯᠳᠠ ᠪᠠ ᠪᠠᠷᠢᠮᠵᠢᠶᠠᠳᠤ ᠦᠢᠯᠡᠳᠪᠦᠷᠢᠯᠡᠯ ᠢ ᠠᠬᠢᠭᠤᠯᠤᠨ᠂ ᠠᠵᠤ ᠦᠢᠯᠡᠰ ᠤᠨ ᠭᠡᠯᠬᠢᠶᠡᠰᠦ ᠶᠢ ᠤᠷᠳᠤᠳᠬᠠᠵᠤ᠂ ᠪᠦᠳᠦᠭᠡᠭᠳᠡᠬᠦᠨ ᠤ ᠨᠡᠮᠡᠯᠳᠡ ᠦᠷᠳᠡᠭ ᠢ   ᠦᠰᠭᠡᠬᠦ ᠭᠡᠷᠡᠭᠳᠡᠢ  ᠃  ᠮᠠᠰᠢᠨᠴᠢᠯᠠᠯᠳᠠ ᠶᠢᠨ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠂ ᠲᠠᠷᠢᠶᠠᠯᠠᠩ ᠮᠠᠯᠵᠢᠯ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠤ ᠬᠦᠳᠡᠯᠬᠡᠬᠦ ᠬᠦᠴᠦᠨ ᠢ ᠲᠠᠪᠤᠨ ᠵᠢᠯ ᠳᠤ 10 ᠲᠦᠮᠡᠨ ᠺᠢᠯᠤᠸᠠᠲ  ᠨᠡᠮᠡᠭᠳᠡᠬᠦᠯᠦᠨ᠂ ᠶᠡᠷᠦᠩᠬᠡᠶᠢᠯᠡᠭᠰᠡᠨ ᠮᠠᠰᠢᠨᠴᠢᠯᠠᠯᠳᠠ ᠶᠢᠨ ᠨᠤᠷᠮ᠎ᠠ ᠶᠢ 92% ᠳᠤ ᠬᠦᠷᠭᠡᠨ᠎ᠡ᠃        ᠨᠡᠷᠡᠳᠦ ᠲᠡᠮᠳᠡᠭ ᠢᠶᠠᠷ ᠬᠦᠳᠦᠯᠬᠦ ᠵᠠᠮ ᠢ ᠪᠠᠷᠢᠮᠳᠠᠯᠠᠵᠤ᠂ ᠤᠨᠴᠠᠯᠢᠭᠳᠤ ᠲᠠᠷᠢᠶᠠᠯᠠᠩ ᠮᠠᠯᠵᠢᠯ ᠢ ᠬᠦᠴᠦ ᠲᠠᠯᠪᠢᠨ ᠬᠦᠭᠵᠢᠬᠦᠯᠬᠦ ᠭᠡᠷᠡᠭᠳᠡᠢ᠃‍ᠠ᠊  ᠪᠤᠬᠢᠷᠳᠤᠯ ᠦᠬᠡᠢ ᠪᠦᠳᠦᠭᠡᠭᠳᠡᠬᠦᠨ ᠪᠠ ᠤᠨᠴᠠᠯᠢᠭᠳᠤ ᠪᠦᠳᠦᠭᠡᠭᠳᠡᠬᠦᠨ ᠤ ᠲᠠᠪᠠᠭᠤᠯᠢᠭ ᠢᠶᠠᠨ ᠪᠠᠳᠠᠷᠠᠭᠤᠯᠤᠨ᠂ ᠨᠡᠷᠡᠳᠦ ᠲᠡᠮᠳᠡᠭ ᠪᠠ ᠨᠡᠷᠡᠳᠦ ᠪᠦᠳᠦᠭᠡᠭᠳᠡᠬᠦᠨ ᠢ ᠬᠦᠴᠦᠯᠡᠨ ᠪᠤᠶᠢᠵᠢᠭᠤᠯᠤᠨ᠎ᠠ᠃ ᠤᠨᠴᠠᠯᠢᠭᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠦᠭᠵᠢᠬᠦᠯᠵᠦ᠂ ᠲᠠᠪᠤᠨ ᠵᠢᠯ ᠳᠤ ᠪᠤᠬᠢᠷᠳᠤᠯ ᠦᠬᠡᠢ ᠤᠨᠴᠠᠯᠢᠭᠳᠤ  ᠪᠦᠳᠦᠭᠡᠭᠳᠡᠬᠦᠨ ᠦᠢᠯᠡᠳᠪᠦᠷᠢᠯᠡᠬᠦ ᠲᠠᠷᠢᠶᠠᠯᠠᠩ ᠮᠠᠯᠵᠢᠯ ᠤᠨ ᠰᠠᠭᠤᠷᠢᠨ ᠭᠠᠵᠠᠷ 85 ᠶᠢ ᠪᠤᠢ ᠪᠤᠯᠭᠠᠨ᠎ᠠ᠃  ᠨᠡᠶᠢᠳᠡ ᠶᠢᠨ ᠬᠤᠤᠷᠳᠠᠯ ᠦᠬᠡᠢ ᠪᠦᠳᠦᠭᠡᠭᠳᠡᠬᠦᠨ ᠤ ᠰᠢᠯᠭᠠᠨ ᠪᠠᠶᠢᠴᠠᠭᠠᠬᠤ ᠰᠢᠰᠲ᠋ᠧᠮ ᠢ ᠲᠡᠬᠦᠯᠳᠡᠷᠵᠢᠬᠦᠯᠵᠦ᠂ ᠪᠤᠬᠢᠷᠳᠤᠯ ᠦᠬᠡᠢ᠂  ᠤᠷᠭᠠᠨᠢᠭ ᠪᠦᠳᠦᠭᠡᠭᠳᠡᠬᠦᠨ ᠢᠶᠠᠷ ᠰᠢᠯᠭᠠᠭᠤᠯᠤᠨ ᠬᠡᠷᠡᠴᠢᠯᠡᠬᠦᠯᠬᠦ ᠭᠡᠪᠴᠢᠶ᠎ᠡ ᠶᠢ ᠤᠯᠠᠮ ᠨᠢᠬᠡ ᠠᠯᠬᠤᠮ ᠦᠷᠭᠡᠳᠭᠡᠵᠦ᠂ ᠤᠨᠴᠠᠯᠢᠭᠳᠤ ᠲᠠᠷᠢᠶᠠᠯᠠᠩ ᠮᠠᠯᠵᠢᠯ ᠤᠨ ᠨᠡᠷᠡᠳᠦ ᠲᠡᠮᠳᠡᠭ ᠢ ᠡᠬᠦᠳᠦᠨ᠂ ᠮᠠᠨ ᠤ ᠬᠤᠰᠢᠭᠤᠨ ᠤ  ︽ᠴᠠᠬᠠᠷ︾   ᠨᠡᠷᠡᠳᠦ ᠲᠡᠮᠳᠡᠭ ᠤᠨ ᠨᠦᠯᠦᠬᠡᠯᠡᠬᠦ ᠬᠦᠴᠦᠨ ᠪᠠ ᠦᠷᠢᠰᠦᠯᠳᠦᠬᠦ  ᠴᠢᠳᠠᠪᠤᠷᠢ ᠶᠢ  ᠲᠠᠰᠤᠷᠠᠯᠳᠠ ᠦᠬᠡᠢ ᠴᠢᠩᠭᠠᠷᠠᠭᠤᠯᠤᠨ᠎ᠠ᠃       ᠵᠤᠬᠢᠶᠠᠨ ᠪᠠᠶᠢᠭᠤᠯᠵᠢᠭᠰᠠᠨ ᠵᠠᠮ ᠢ ᠪᠠᠷᠢᠮᠳᠠᠯᠠᠵᠤ᠂  ᠲᠠᠷᠢᠶᠠᠯᠠᠩ  ᠮᠠᠯ ᠠᠵᠤ ᠠᠬᠤᠢ ᠶᠢᠨ ᠡᠵᠡᠩᠨᠡᠯᠳᠡ  ᠶᠢᠨ ᠭᠡᠯᠪᠡᠷᠢ ᠶᠢ ᠲᠦᠷᠭᠡᠨ ᠬᠤᠪᠢᠷᠠᠭᠤᠯᠬᠤ ᠭᠡᠷᠡᠭᠳᠡᠢ᠃ ᠲᠤᠰᠬᠠᠢ ᠬᠤᠷᠰᠢᠶᠠᠵᠢᠯ ᠢᠶᠠᠷ ᠭᠤᠤᠯ ᠭᠡᠯᠪᠡᠷᠢ ᠪᠤᠯᠭᠠᠭᠰᠠᠨ ᠬᠤᠷᠰᠢᠭᠰᠠᠨ ᠵᠤᠬᠢᠶᠠᠨ ᠪᠠᠶᠢᠭᠤᠯᠤᠯᠳᠠ᠂  ᠲᠤᠰᠬᠠᠢ ᠨᠡᠶᠢᠬᠡᠮᠯᠢᠭ ᠢᠶᠠᠷ ᠭᠤᠤᠯ ᠭᠡᠯᠪᠡᠷᠢ ᠪᠤᠯᠭᠠᠭᠰᠠᠨ ᠦᠢᠯᠡᠴᠢᠯᠡᠬᠡᠨ  ᠤ ᠵᠤᠬᠢᠶᠠᠨ ᠪᠠᠶᠢᠭᠤᠯᠤᠯᠳᠠ ᠶᠢ ᠬᠦᠭᠵᠢᠬᠦᠯᠬᠦ ᠪᠠ ᠲᠦᠷᠢᠮᠵᠢᠬᠦᠯᠵᠦ᠂  ᠮᠠᠯᠴᠢᠨ ᠲᠠᠷᠢᠶᠠᠴᠢᠨ ᠤ ᠵᠤᠬᠢᠶᠠᠨ ᠪᠠᠶᠢᠭᠤᠯᠵᠢᠭᠰᠠᠨ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠎ᠡ᠃  ᠦᠨ᠎ᠡ ᠵᠠᠰᠠᠭᠴᠢ ᠶᠢᠨ ᠡᠩᠨᠡᠬᠡᠨ ᠤ ᠪᠠᠶᠢᠭᠤᠯᠤᠯᠳᠠ ᠶᠢ ᠲᠤᠪᠤᠶᠢᠮ᠎ᠠ ᠠᠳᠬᠤᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠵᠠᠬ᠎ᠠ ᠲᠡᠯᠬᠡᠬᠦᠷ ᠲᠤ ᠤᠷᠤᠬᠤ ᠵᠤᠬᠢᠶᠠᠨ ᠪᠠᠶᠢᠭᠤᠯᠵᠢᠭᠰᠠᠨ ᠬᠡᠮᠵᠢᠶ᠎ᠡ ᠶᠢ ᠲᠡᠭᠡᠭᠰᠢᠯᠡᠬᠦᠯᠦᠨ᠎ᠡ᠃  ᠲᠠᠪᠤᠨ ᠵᠢᠯ ᠳᠤ᠂   ᠵᠤᠬᠢᠶᠠᠨ ᠪᠠᠶᠢᠭᠤᠯᠤᠯᠳᠠ ᠨᠢ ᠲᠦᠷᠢᠮᠵᠢᠭᠰᠡᠨ᠂ ᠠᠵᠤ ᠠᠬᠤᠢ ᠶᠢᠨ ᠬᠦᠴᠦᠨ ᠢᠶᠠᠷ ᠴᠢᠩᠭ᠎ᠠ᠂ ᠲᠠᠶᠢᠴᠢᠯᠠᠭ᠎ᠠ ᠶᠢᠨ ᠦᠢᠯᠡᠳᠦᠯ  ᠨᠢ ᠢᠯᠡᠷᠬᠡᠢ ᠵᠢᠱᠢᠶ᠎ᠡ ᠦᠵᠡᠬᠦᠯᠬᠦ ᠬᠤᠷᠰᠢᠶᠠᠵᠢᠯ ᠢ ᠭᠠᠴᠠᠭ᠎ᠠ ᠲᠤᠰᠬᠤᠨ ᠪᠤᠯᠭᠠᠨ ᠳᠤ ᠠᠳᠠᠭ ᠲᠠᠭᠠᠨ ᠨᠢᠬᠡ ᠶᠢ ᠪᠠᠶᠢᠭᠤᠯᠬᠤ ᠪᠠᠷ ᠴᠢᠷᠮᠠᠶᠢᠨ᠎ᠠ᠃      ︵ᠭᠤᠷᠪᠠ︶ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢᠨ ᠴᠢᠭᠯᠡᠯ ᠢ ᠪᠠᠷᠢᠮᠳᠠᠯᠠᠵᠤ᠂ ᠪᠠᠳᠤ ᠪᠠᠬᠢ ᠠᠵᠤ ᠦᠢᠯᠡᠳᠪᠦᠷᠢ ᠶᠢᠨ ᠲᠤᠯᠭᠠᠭᠤᠷᠢ ᠶᠢ  ᠡᠬᠦᠳᠦᠨ ᠪᠠᠶᠢᠭᠤᠯᠤᠨ᠎ᠠ᠃      ᠰᠢᠨ᠎ᠡ ᠭᠡᠯᠪᠡᠷᠢ ᠶᠢᠨ ᠠᠵᠤ ᠦᠢᠯᠡᠳᠪᠦᠷᠢ ᠶᠢᠨ ᠬᠦᠭᠵᠢᠯᠳᠡ ᠶᠢ ︽ᠠᠵᠤ ᠦᠢᠯᠡᠰᠵᠢᠯᠳᠡ᠂  ᠠᠵᠤ ᠦᠢᠯᠡᠳᠪᠦᠷᠢᠵᠢᠯᠳᠡ᠂ ᠬᠤᠳᠠ ᠪᠠᠯᠭᠠᠰᠤᠵᠢᠯᠳᠠ  ︾ ᠶᠢ ᠲᠦᠯᠬᠢᠨ ᠠᠬᠢᠭᠤᠯᠬᠤ ᠲᠡᠷᠢᠬᠦᠨ ᠡᠬᠦᠷᠭᠡ ᠪᠠ ᠠᠵᠤ ᠦᠢᠯᠡᠰ ᠤᠨ ᠪᠦᠳᠦᠴᠡ ᠶᠢ  ᠰᠢᠯᠢᠳᠡᠭᠵᠢᠬᠦᠯᠦᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠭᠡᠰᠭᠡᠵᠦ᠂ ᠶᠠᠰᠤ ᠴᠢᠨᠠᠷ ᠦᠷ᠎ᠡ ᠠᠰᠢᠭ ᠢ ᠨᠡᠮᠡᠭᠳᠡᠬᠦᠯᠬᠦ ᠭᠤᠤᠯ ᠰᠢᠪᠳᠤᠯᠬᠤ ᠴᠡᠭ  ᠪᠤᠯᠭᠠᠵᠤ᠂ ᠦᠪᠦᠷ ᠮᠤᠩᠭᠤᠯ ᠤᠨ ᠬᠦᠭᠵᠢᠯᠳᠡ  ᠶᠢ ᠲᠡᠮᠵᠢᠵᠦ ᠪᠠᠶᠢᠭ᠎ᠠ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠢᠯ ᠳᠤ ᠲᠦᠰᠢᠭᠯᠡᠨ᠂  ᠪᠡᠭᠡᠵᠢᠩ ᠲᠢᠶᠠᠨᠵᠢᠨ ᠾᠧᠪᠸᠢ ᠵᠡᠷᠭᠡ ᠬᠦᠭᠵᠢᠭᠰᠡᠨ ᠭᠠᠵᠠᠷ ᠤᠷᠤᠨ ᠤ ᠠᠵᠤ ᠦᠢᠯᠡᠰ ᠤᠨ ᠰᠢᠯᠵᠢᠯᠳᠡ᠂ ᠮᠠᠨ ᠤ ᠠᠶᠢᠮᠠᠭ ᠤᠨ ᠴᠠᠬᠢᠯᠭᠠᠨ ᠰᠤᠷᠪᠤᠯᠵᠢ ᠶᠢᠨ ᠰᠠᠭᠤᠷᠢᠨ ᠭᠠᠵᠠᠷ ᠤᠨ ᠡᠬᠢᠯᠡᠯᠳᠡ ᠵᠡᠷᠭᠡ ᠠᠵᠠ ᠲᠤᠬᠢᠶᠠᠯ ᠢ ᠠᠳᠬᠤᠵᠤ᠂  ᠬᠦᠭᠵᠢᠬᠦᠯᠦᠯᠳᠡ ᠶᠢᠨ ᠠᠷᠭ᠎ᠠ ᠪᠤᠳᠤᠯᠭ᠎ᠠ ᠪᠠᠨ ᠵᠦᠢ ᠵᠤᠬᠢᠰᠳᠠᠢ ᠲᠤᠬᠢᠷᠠᠭᠤᠯᠤᠨ  ᠂ ᠤᠷᠤᠨ ᠪᠠᠶᠢᠴᠠ  ᠪᠠ ᠡᠬᠢ ᠪᠠᠶᠠᠯᠢᠭ ᠤᠨ ᠲᠠᠪᠠᠭᠤᠯᠢᠭ   ᠲᠠᠭᠠᠨ ᠰᠠᠭᠤᠷᠢᠯᠠᠵᠤ᠂ ᠠᠵᠤ ᠠᠬᠤᠢ ᠶᠢᠨ ᠪᠦᠳᠦᠴᠡ ᠶᠢ ᠤᠯᠠᠮ ᠨᠢᠬᠡ ᠠᠯᠬᠤᠮ ᠰᠢᠯᠢᠳᠡᠭᠵᠢᠬᠦᠯᠦᠨ ᠂ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ   ᠢᠶᠠᠷ ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠳᠡ  ᠶᠢᠨ ᠲᠤᠳᠤᠭᠠᠳᠤ ᠬᠦᠳᠡᠯᠭᠡᠭᠴᠢ ᠬᠦᠴᠦᠨ  ᠪᠤᠯᠭᠠᠬᠤ ᠭᠡᠷᠡᠭᠳᠡᠢ᠃ 2017 ᠤᠨ  ᠪᠤᠯᠳᠠᠯ᠎ᠠ᠂  ᠪᠦᠬᠦ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 34.5 ᠳ᠋ᠦᠩᠰᠢᠭᠤᠷ ᠲᠦᠬᠦᠷᠢᠭ ᠲᠤ ᠬᠦᠷᠭᠡᠵᠦ᠂  ᠵᠢᠯ ᠳᠤ 17.2%  ᠢᠶᠠᠷ ᠨᠡᠮᠡᠭᠳᠡᠬᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠡᠳᠡᠰᠢᠬᠦᠯᠦᠨ ᠪᠤᠯᠪᠠᠰᠤᠷᠠᠭᠤᠯᠬᠤ ᠦᠢᠯᠡᠰ   ᠨᠢ ᠲᠦᠮᠦᠰᠦ᠂ ᠦᠬᠡᠷ ᠬᠤᠨᠢᠨ ᠮᠢᠬ᠎ᠠ᠂ ᠠᠮᠤ ᠪᠤᠳᠠᠭ᠎ᠠ᠂ ᠲᠤᠰᠤ ᠵᠡᠷᠭᠡ ᠪᠠᠷ ᠭᠤᠤᠯ ᠪᠤᠯᠭᠠᠵᠤ᠂ ᠤᠳᠤ ᠪᠠᠶᠢᠭ᠎ᠠ ᠠᠵᠤ ᠠᠬᠤᠶᠢᠯᠠᠯ ᠢ ᠲᠡᠳᠬᠦᠨ ᠪᠤᠵᠠᠭᠠᠶᠢᠷᠠᠭᠤᠯᠬᠤ ᠶᠢᠨ ᠬᠠᠮᠳᠤ  ᠂  ᠠᠷᠭ᠎ᠠ ᠤᠬᠠᠭᠠᠨ ᠰᠦᠪᠡᠭᠴᠢᠯᠡᠨ ᠲᠠᠭᠠᠭᠤᠯᠤᠭᠴᠢ ᠠᠵᠤ ᠠᠬᠤᠶᠢᠯᠠᠯ ᠢ ᠤᠷᠤᠭᠤᠯᠵᠤ ᠪᠠᠶᠢᠭᠠᠳ  ᠂ 2017 ᠤᠨ ᠪᠤᠯᠬᠤ   ᠳᠤ 20 ᠲᠦᠮᠡᠨ ᠲᠤᠨ ᠲᠦᠮᠦᠰᠦ  ᠂ 60 ᠲᠦᠮᠡᠨ ᠮᠠᠯ ︵ ᠬᠤᠨᠢᠴᠢᠯᠠᠭᠰᠠᠨ ᠨᠢᠬᠡᠴᠡ︶  ᠂  5 ᠲᠦᠮᠡᠨ ᠲᠤᠨ ᠲᠤᠰᠤᠯᠢᠭ ᠲᠠᠷᠢᠮᠠᠯ ᠡᠳᠡᠰᠢᠬᠦᠯᠦᠨ ᠪᠤᠯᠪᠠᠰᠤᠷᠠᠭᠤᠯᠬᠤ  ᠪᠠ  5 ᠲᠦᠮᠡᠨ ᠲᠤᠨ ᠠᠷᠢᠬᠢ ᠦᠢᠯᠡᠳᠪᠦᠷᠢᠯᠡᠬᠦ  ᠴᠢᠳᠠᠪᠤᠷᠢ ᠲᠠᠢ ᠪᠤᠯᠬᠤ ᠪᠠᠷ ᠴᠢᠷᠮᠠᠶᠢᠨ᠎ᠠ᠃  ᠰᠢᠨ᠎ᠡ ᠡᠨᠧᠷᠬᠢ ᠶᠢᠨ ᠠᠵᠤ  ᠦᠢᠯᠡᠰ   ᠤᠨ ᠲᠠᠯᠠᠪᠠᠷ᠂ ᠮᠠᠨ ᠤ ᠠᠶᠢᠮᠠᠭ   ᠨᠢ ᠲᠤᠮᠳᠠᠳᠤ ᠶᠢᠨ ᠵᠡᠬᠦᠨ᠂ ᠲᠤᠮᠳᠠ ᠭᠡᠰᠡᠭ ᠲᠤ ᠨᠡᠪᠳᠡᠷᠡᠬᠦ ᠦᠨᠳᠦᠷ ᠬᠦᠴᠦᠳᠡᠯᠳᠦ ᠴᠠᠬᠢᠯᠭᠠᠨ ᠲᠠᠮᠵᠢᠭᠤᠯᠭ᠎ᠠ ᠶᠢᠨ ᠱᠤᠭᠤᠮ ᠢ ᠪᠠᠶᠢᠭᠤᠯᠬᠤ ᠠᠵᠠ ᠲᠤᠬᠢᠶᠠᠯ ᠢ ᠠᠰᠢᠭᠯᠠᠨ᠂  ᠰᠠᠯᠬᠢᠨ ᠬᠦᠴᠦᠨ ᠢᠶᠠᠷ ᠴᠠᠬᠢᠯᠭᠠᠨ ᠡᠬᠦᠰᠭᠡᠬᠦ ᠲᠠᠯᠠᠪᠠᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠭᠡᠷᠡᠯ ᠸᠤᠯᠲ ᠤᠨ ᠴᠠᠬᠢᠯᠭᠠᠨ ᠡᠬᠦᠰᠭᠡᠬᠦ ᠲᠦᠷᠦᠯ ᠵᠦᠢᠯ ᠤᠨ ᠪᠠᠶᠢᠭᠤᠯᠤᠯᠳᠠ ᠶᠢ ᠨᠢᠮᠪᠠᠢ ᠦᠷᠨᠢᠬᠦᠯᠦᠨ᠂  ᠰᠠᠯᠬᠢᠨ ᠬᠦᠴᠦᠨ ᠢᠶᠠᠷ ᠴᠠᠬᠢᠯᠭᠠᠨ ᠡᠬᠦᠰᠭᠡᠬᠦ  ᠮᠠᠰᠢᠨ ᠴᠤᠭᠴᠠᠯᠠᠪᠤᠷᠢ ᠶᠢᠨ ᠴᠢᠳᠠᠮᠵᠢ ᠶᠢ 2017 ᠤᠨ ᠪᠤᠯᠬᠤ   ᠳᠤ 100 ᠲᠦᠮᠡᠨ ᠺᠢᠯᠤᠸᠠᠲ   ᠳᠤ  ᠬᠦᠷᠭᠡᠵᠦ ᠂ ᠭᠡᠷᠡᠯ ᠸᠤᠯᠲ ᠤᠨ ᠴᠠᠬᠢᠯᠭᠠᠨ ᠡᠬᠦᠰᠭᠡᠯᠳᠡ ᠶᠢ 5ᠲᠦᠮᠡᠨ ᠺᠢᠯᠤᠸᠠᠲ   ᠳᠤ ᠬᠦᠷᠭᠡᠬᠦ ᠪᠠᠷ ᠴᠢᠷᠮᠠᠶᠢᠨ᠎ᠠ᠃ ᠬᠢᠮᠢ  ᠶᠢᠨ ᠠᠵᠤ ᠦᠢᠯᠡᠳᠪᠦᠷᠢ ᠨᠢ  ᠂ ᠡᠬᠢ ᠪᠠᠶᠠᠯᠢᠭ ᠪᠠ ᠤᠷᠴᠢᠨ ᠲᠤᠭᠤᠷᠢᠨ ᠤ ᠲᠠᠭᠠᠭᠠᠴᠠ ᠪᠠᠷ ᠰᠠᠭᠤᠷᠢ ᠪᠤᠯᠭᠠᠵᠤ᠂ ᠴᠠᠬᠢᠯᠠᠭᠤᠷ ᠴᠢᠯᠠᠭᠤ  ᠂ ᠬᠠᠶᠢᠯᠤᠭᠤᠷ ᠵᠤᠩᠰᠢ ᠶᠢᠨ ᠨᠤᠨᠳᠠᠭ ᠦᠢᠯᠡᠳᠪᠦᠷᠢᠯᠡᠬᠦ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢ  ᠨᠡᠮᠡᠭᠳᠡᠬᠦᠯᠬᠦ ᠶᠢᠨ ᠬᠠᠮᠳᠤ᠂ ᠤᠰᠤᠨ ᠰᠤᠷᠪᠤᠯᠵᠢ ᠶᠢᠨ ᠨᠦᠬᠦᠴᠡᠯ ᠢᠶᠠᠨ ᠦᠨᠳᠦᠰᠦᠯᠡᠨ᠂ ᠢᠯᠴᠢ ᠴᠠᠬᠢᠯᠭᠠᠨ ᠤ ᠬᠠᠮ ᠠᠵᠤ ᠦᠢᠯᠡᠰ ᠤᠨ ᠲᠦᠷᠦᠯ  ᠵᠦᠢᠯ ᠢ ᠤᠷᠤᠭᠤᠯᠵᠤ᠂ ᠴᠠᠬᠢᠯᠠᠭᠤᠷ ᠴᠢᠯᠠᠭᠤ ᠶᠢᠨ ᠬᠢᠮᠢ ᠶᠢᠨ ᠠᠵᠤ ᠦᠢᠯᠡᠳᠪᠦᠷᠢ᠂ ᠤᠰᠤ ᠠᠷᠪᠢᠯᠠᠬᠤ ᠬᠡᠯᠪᠡᠷᠢ ᠶᠢᠨ ᠨᠡᠬᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠹᠠᠯᠤᠷ ᠤᠨ ᠬᠢᠮᠢ ᠶᠢᠨ ᠠᠵᠤ ᠦᠢᠯᠡᠳᠪᠦᠷᠢ᠂ PVC ᠵᠡᠷᠭᠡ ᠲᠤᠤᠷᠠᠳᠤ ᠤᠷᠤᠰᠬᠠᠯ ᠤᠨ ᠦᠢᠯᠡᠳᠬᠦᠨ ᠢ ᠨᠡᠭᠡᠭᠡᠨ ᠬᠦᠭᠵᠢᠬᠦᠯᠵᠦ  ᠂ 2017 ᠤᠨ  ᠪᠤᠯᠳᠠᠯ᠎ᠠ ᠵᠢᠯ ᠳᠤ 36 ᠲᠦᠮᠡᠨ ᠲᠤᠨ ᠴᠠᠬᠢᠯᠠᠭᠤᠷ ᠴᠢᠯᠠᠭᠤ  ᠂ 24ᠲᠦᠮᠡᠨ ᠲᠤᠨ ᠬᠠᠶᠢᠯᠤᠭᠤᠷ ᠵᠤᠩᠰᠢ ᠶᠢᠨ ᠨᠤᠨᠳᠠᠭ᠂ 12 ᠪᠤᠰᠤᠭ᠎ᠠ ᠲᠦᠷᠪᠡᠯᠵᠢᠨ ᠮᠧᠲᠷ ᠨᠡᠬᠦᠷᠡᠰᠦᠨ ᠬᠡᠢ ᠦᠢᠯᠡᠳᠪᠦᠷᠢᠯᠡᠬᠦ ᠭᠡᠪᠴᠢᠶᠡᠨ ᠳᠤ ᠬᠦᠷᠬᠦ ᠪᠠᠷ ᠴᠢᠷᠮᠠᠶᠢᠨ᠎ᠠ᠃  ᠠᠭᠤᠷᠬᠠᠢ   ᠶᠢᠨ ᠠᠵᠤ ᠦᠢᠯᠡᠰ  ᠨᠢ᠂ ᠸᠤᠯᠹᠷᠤᠮ ᠮᠤᠯᠢᠪᠧᠳᠧᠨ ᠤ ᠠᠭᠤᠷᠬᠠᠢ᠂ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ᠂  ᠪᠠᠯ ᠴᠢᠯᠠᠭᠤ ᠪᠠ ᠴᠠᠭᠠᠨ ᠲᠤᠭᠤᠯᠭ᠎ᠠ ᠶᠢᠨ ᠠᠭᠤᠷᠬᠠᠢ ᠵᠡᠷᠭᠡ ᠲᠦᠷᠦᠯ ᠵᠦᠢᠯ ᠢ ᠡᠬᠢᠯᠡᠬᠦᠯᠵᠦ᠂ ᠠᠵᠤ ᠠᠬᠤᠢ ᠵᠢᠨ‌‍ᠰᠢᠨ᠎ᠡ ᠨᠡᠮᠡᠭᠳᠡᠯ  ᠤᠨ ᠴᠡᠭ ᠢ ᠪᠤᠢ ᠪᠤᠯᠭᠠᠨ᠎ᠠ᠃ ᠭᠠᠵᠠᠷ ᠰᠢᠨᠵᠢᠯᠡᠬᠡᠨ ᠤ ᠡᠷᠴᠢᠮ ᠢ ᠴᠢᠩᠭᠠᠷᠠᠭᠤᠯᠵᠤ᠂ ᠨᠢᠬᠡᠨᠳᠡ ᠢᠯᠡᠷᠡᠬᠦᠯᠦᠭᠰᠡᠨ ᠠᠭᠤᠷᠬᠠᠢ ᠶᠢᠨ ᠬᠡᠪᠳᠡᠰᠢ ᠶᠢᠨ ᠬᠠᠳᠠᠭᠠᠯᠠᠭᠳᠠᠴᠠ ᠶᠢ ᠲᠡᠰ ᠲᠡᠪᠰᠢᠬᠦᠯᠬᠦ ᠪᠠ ᠰᠢᠨ᠎ᠡ ᠠᠭᠤᠷᠬᠠᠢ ᠶᠢ ᠬᠠᠶᠢᠵᠤ ᠢᠯᠡᠷᠡᠬᠦᠯᠬᠦ ᠬᠤᠶᠠᠷ ᠲᠠᠯ᠎ᠠ ᠪᠠᠷ ᠠᠬᠢᠯᠳᠠ ᠭᠠᠷᠭᠠᠬᠤ ᠪᠠᠷ ᠴᠢᠷᠮᠠᠶᠢᠨ᠎ᠠ᠃ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠨᠢ᠂ ᠤᠳᠤ ᠪᠠᠶᠢᠭ᠎ᠠ ᠠᠵᠤ ᠠᠬᠤᠶᠢᠯᠠᠯ ᠤᠨ ᠮᠡᠷᠭᠡᠵᠢᠯ ᠤᠨ ᠦᠭᠡᠷᠡᠴᠢᠯᠡᠯᠳᠡ ᠪᠠ ᠰᠢᠨᠡᠴᠢᠯᠡᠯᠳᠡ ᠶᠢ ᠲᠦᠯᠬᠢᠨ ᠠᠬᠢᠭᠤᠯᠵᠤ᠂ ᠲᠡᠭᠡᠳᠦ ᠰᠢᠨ᠎ᠡ ᠮᠡᠷᠭᠡᠵᠢᠯ ᠤᠨ ᠭᠡᠷᠡᠭᠯᠡᠯᠳᠡ ᠪᠠ ᠲᠡᠬᠦᠨ ᠤ ᠦᠷ᠎ᠡ ᠪᠦᠳᠦᠮᠵᠢ ᠶᠢ  ᠨᠡᠮᠡᠭᠳᠡᠬᠦᠯᠦᠨ᠂ ᠨᠡᠷᠡᠳᠦ ᠲᠡᠮᠳᠡᠭ ᠢ ᠡᠬᠦᠳᠬᠦ ᠪᠠᠷ  ᠬᠦᠴᠦᠯᠡᠬᠦ ᠴᠡᠭ ᠪᠤᠯᠭᠠᠵᠤ᠂ ᠽᠧᠮᠧᠨ᠋ᠲ᠂ ᠬᠦᠨᠳᠡᠢ ᠭᠤᠤᠯᠳᠤ ᠲᠤᠭᠤᠰᠬ᠎ᠠ᠂ ᠰᠤᠪᠤᠳᠯᠢᠭ ᠴᠢᠯᠠᠭᠤᠯᠢᠭ ᠤᠨ ᠲᠤᠯᠠᠭᠠᠯᠠᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ ᠵᠡᠷᠭᠡ ᠠᠵᠤ ᠦᠢᠯᠡᠰ ᠤᠨ ᠭᠡᠪᠴᠢᠶᠡᠵᠢᠭᠰᠡᠨ ᠬᠦᠭᠵᠢᠯᠳᠡ ᠶᠢ ᠠᠬᠢᠭᠤᠯᠤᠨ᠎ᠠ᠃ ᠮᠠᠰᠢᠨ ᠲᠦᠬᠦᠭᠡᠷᠦᠮᠵᠢ  ᠦᠢᠯᠡᠳᠬᠦ ᠠᠵᠤ ᠦᠢᠯᠡᠰ ᠨᠢ᠂ ᠠᠵᠤ ᠦᠢᠯᠡᠰ ᠤᠨ ᠰᠢᠯᠵᠢᠯᠳᠡ ᠲᠠᠢ ᠵᠠᠯᠭᠠᠵᠤ᠂ ᠰᠠᠯᠬᠢᠨ ᠬᠦᠴᠦᠨ ᠢᠶᠠᠷ ᠴᠠᠬᠢᠯᠭᠠᠨ ᠡᠬᠦᠰᠭᠡᠬᠦ ᠮᠠᠰᠢᠨ ᠦᠢᠯᠡᠳᠬᠦ ᠪᠠ  ᠰᠡᠯᠪᠢᠨ ᠵᠠᠰᠠᠬᠤ᠂  ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠵᠡᠷᠭᠡ ᠲᠦᠷᠦᠯ ᠵᠦᠢᠯ ᠢ  ᠤᠷᠤᠭᠤᠯᠤᠨ᠂  ᠡᠬᠢ ᠪᠠᠶᠠᠯᠢᠭ ᠤᠨ ᠪᠤᠰᠤ ᠭᠡᠯᠪᠡᠷᠢᠳᠦ ᠠᠵᠤ ᠦᠢᠯᠡᠰ ᠤᠨ ᠬᠦᠭᠵᠢᠯᠳᠡ ᠶᠢ  ᠠᠬᠢᠭᠤᠯᠤᠨ᠎ᠠ᠃ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠠᠵᠤ ᠦᠢᠯᠡᠳᠪᠦᠷᠢ ᠶᠢᠨ ᠤᠷᠤᠨ ᠲᠤᠭᠤᠷᠢᠭ ᠢ ᠠᠵᠤ ᠠᠬᠤᠢ ᠶᠢᠨ  ᠡᠷᠬᠢᠯᠳᠦᠯ   ᠤᠨ  ᠴᠢᠨᠠᠷ  ᠢ ᠲᠡᠭᠡᠭᠰᠢᠯᠡᠬᠦᠯᠬᠦ ᠴᠢᠬᠤᠯᠠ  ᠭᠠᠷᠳᠠᠴᠠ ᠪᠤᠯᠭᠠᠨ᠂ ᠤᠷᠤᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠤᠯᠠᠮ  ᠴᠢᠨᠠᠭᠰᠢᠳᠠ ᠲᠡᠬᠦᠯᠳᠡᠷᠵᠢᠬᠦᠯᠵᠦ᠂ ᠲᠠᠭᠠᠭᠠᠴᠠ ᠴᠢᠳᠠᠪᠤᠷᠢ ᠶᠢ ᠨᠢ ᠨᠡᠮᠡᠭᠳᠡᠬᠦᠯᠦᠨ᠂ ᠡᠯ᠎ᠡ ᠲᠦᠷᠦᠯ ᠤᠨ ᠠᠵᠤ ᠠᠬᠤᠶᠢᠯᠠᠯ ᠢ ᠬᠦᠳᠦᠯᠦᠨ ᠵᠢᠯᠤᠭᠤᠳᠬᠤ ᠪᠡ  ᠬᠠᠪᠰᠤᠷᠤᠨ ᠲᠡᠳᠬᠦᠵᠦ ᠪᠠᠶᠢᠭᠠᠳ ᠤᠷᠤᠨ ᠲᠤᠭᠤᠷᠢᠭ ᠲᠤ ᠲᠦᠪᠯᠡᠷᠡᠬᠦᠯᠦᠨ᠂  ᠲᠡᠬᠦᠪᠡᠷ ᠤᠷᠤᠨ ᠲᠤᠭᠤᠷᠢᠭ   ᠤᠨ ᠭᠠᠶᠢᠯᠢ ᠶᠢᠨ ᠬᠤᠷᠢᠶᠠᠯᠳᠠ ᠶᠢ ᠨᠡᠮᠡᠭᠳᠡᠬᠦᠯᠵᠦ᠂ ᠠᠵᠢᠯ ᠤᠯᠬᠤ ᠶᠢ ᠲᠠᠶᠢᠴᠢᠯᠠᠬᠤ ᠭᠤᠤᠯ ᠬᠦᠴᠦᠨ ᠪᠤᠯᠭᠠᠨ᠎ᠠ᠃ ᠪᠤᠬᠢᠷᠳᠤᠯ ᠦᠬᠡᠢ ᠠᠵᠤ ᠠᠬᠤᠢ  ᠂ ᠲᠤᠤᠷ᠎ᠠ ᠨᠡᠬᠦᠷᠡᠰᠦᠳᠦᠷᠦᠭᠴᠢᠳᠦ ᠠᠵᠤ ᠠᠬᠤᠢ   ᠶᠢ ᠬᠦᠴᠦᠯᠡᠨ ᠬᠦᠭᠵᠢᠬᠦᠯᠵᠦ᠂ᠠᠮᠢ ᠠᠬᠤᠢ ᠶᠢᠨ ᠪᠠᠶᠢᠭᠤᠯᠤᠯᠳᠠ ᠪᠠ ᠠᠵᠤ ᠠᠬᠤᠢ ᠨᠡᠶᠢᠬᠡᠮ ᠤᠨ ᠵᠤᠬᠢᠴᠠᠩᠭᠤᠢ ᠬᠦᠭᠵᠢᠯᠳᠡ ᠶᠢ ᠪᠠᠷᠢᠮᠳᠠᠯᠠᠨ᠂ ᠡᠨᠧᠷᠬᠢ  ᠶᠢᠨ ᠬᠤᠷᠤᠭᠳᠠᠯ ᠪᠠᠭ᠎ᠠ᠂ ᠦᠷ᠎ᠡ ᠠᠰᠢᠭ ᠦᠨᠳᠦᠷ᠂ ᠨᠡᠶᠢᠬᠡᠮ ᠤᠨ ᠬᠤᠪᠢ ᠨᠡᠮᠡᠷᠢ ᠪᠠᠷ ᠶᠡᠭᠡ ᠠᠵᠤ ᠦᠢᠯᠡᠳᠪᠦᠷᠢ  ᠶᠢᠨ ᠲᠦᠷᠦᠯ ᠵᠦᠢᠯ ᠢ  ᠤᠷᠤᠭᠤᠯᠬᠤ ᠭᠡᠷᠡᠭᠳᠡᠢ᠃  ᠪᠤᠬᠢᠷᠳᠤᠯ ᠭᠠᠳᠠᠭᠰᠢᠯᠠᠭᠤᠯᠬᠤ ᠡᠬᠦᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ  ᠭᠤᠤᠯᠳᠠᠯᠭᠠᠳᠠᠢ  ᠬᠦᠷᠢᠶ᠎ᠡ  ᠴᠠᠷ᠎ᠠ ᠪᠤᠯᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠨᠧᠷᠬᠢ ᠶᠢᠨ ᠬᠤᠷᠤᠭᠳᠠᠯ  ᠪᠠᠭᠠᠰᠬᠠᠬᠤ ᠠᠵᠢᠯ  ᠢ ᠴᠢᠩᠭ᠎ᠠ ᠬᠢᠨᠠᠨ ᠬᠠᠮᠢᠶᠠᠷᠴᠤ᠂ ᠡᠨᠧᠷᠬᠢ ᠠᠷᠪᠢᠯᠠᠵᠤ ᠪᠤᠬᠢᠷᠳᠤᠯ ᠪᠠᠭᠠᠰᠬᠠᠬᠤ ᠠᠵᠢᠯ ᠢ ᠬᠦᠴᠦ ᠲᠠᠯᠪᠢᠵᠤ ᠲᠦᠯᠬᠢᠨ ᠠᠬᠢᠭᠤᠯᠬᠤ ᠭᠡᠷᠡᠭᠳᠡᠢ᠃        ︵ᠲᠦᠷᠪᠡ︶ ᠭᠤᠷᠪᠠᠳᠤᠭᠠᠷ ᠠᠵᠤ ᠦᠢᠯᠡᠰ ᠤᠨ ᠲᠡᠰ ᠢ ᠦᠨᠳᠦᠷᠵᠢᠬᠦᠯᠵᠦ᠂ ᠦᠢᠯᠡᠴᠢᠯᠡᠬᠡᠨ ᠤ ᠦᠢᠯᠡᠰ  ᠤᠨ ᠬᠦᠭᠵᠢᠯᠳᠡ ᠶᠢ ᠠᠬᠢᠭᠤᠯᠤᠨ᠎ᠠ᠃        ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠢᠶᠠᠷ ᠭᠤᠤᠯ ᠪᠤᠯᠭᠠᠭᠰᠠᠨ  ᠭᠤᠷᠪᠠᠳᠤᠭᠠᠷ ᠠᠵᠤ ᠦᠢᠯᠡᠰ  ᠤᠨ ᠬᠦᠭᠵᠢᠯᠳᠡ ᠶᠢ ᠲᠦᠷᠭᠡᠳᠭᠡᠵᠦ᠂  ᠲᠦᠷᠦ ᠶᠢᠨ ᠪᠤᠳᠤᠯᠭ᠎ᠠ ᠶᠢᠨ ᠲᠡᠮᠵᠢᠯᠬᠡ ᠪᠠ ᠠᠵᠢᠯ ᠤᠨ ᠡᠷᠴᠢᠮ ᠢ  ᠴᠢᠩᠭᠠᠷᠠᠭᠤᠯᠤᠨ᠂ ᠦᠢᠯᠡᠳᠪᠦᠷᠢᠯᠡᠯ ᠤᠨ ᠴᠢᠨᠠᠷᠳᠠᠢ ᠦᠢᠯᠡᠴᠢᠯᠡᠬᠡᠨ ᠤ ᠦᠢᠯᠡᠰ ᠢ ᠰᠠᠶᠢᠨ ᠠᠳᠬᠤᠬᠤ ᠪᠠᠷ ᠪᠠᠷᠠᠬᠤ ᠦᠬᠡᠢ ᠠᠮᠢᠳᠤᠷᠠᠯ ᠤᠨ  ᠴᠢᠨᠠᠷᠳᠠᠢ ᠦᠢᠯᠡᠴᠢᠯᠡᠬᠡᠨ ᠤ ᠦᠢᠯᠡᠰ ᠢ ᠰᠠᠶᠢᠨ ᠠᠳᠬᠤᠵᠤ  ᠂ ᠤᠯᠠᠮᠵᠢᠯᠠᠯᠳᠤ ᠦᠢᠯᠡᠴᠢᠯᠡᠬᠡᠨ ᠤ ᠦᠢᠯᠡᠰ ᠢ ᠰᠠᠶᠢᠨ ᠠᠳᠬᠤᠬᠤ ᠪᠠᠷ ᠪᠠᠷᠠᠬᠤ ᠦᠬᠡᠢ  ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠢ ᠰᠠᠶᠢᠨ ᠠᠳᠬᠤᠨ᠂ ᠰᠤᠶᠤᠯ ᠵᠤᠭᠠᠴᠠᠯ ᠤᠨ ᠦᠢᠯᠡᠰ ᠢᠶᠠᠷ  ᠲᠤᠯᠭᠠᠭᠤᠷᠢ ᠪᠤᠯᠭᠠᠵᠤ᠂ ᠤᠳᠤ ᠴᠠᠭ ᠤᠨ ᠪᠤᠳᠠᠰ ᠤᠨ ᠬᠦᠢᠯᠬᠡᠬᠡᠨ ᠤ ᠦᠢᠯᠡᠰ ᠢᠶᠠᠷ  ᠰᠠᠭᠤᠷᠢ ᠪᠤᠯᠭᠠᠨ᠂ ᠮᠦᠩᠬᠦᠨ  ᠬᠦᠢᠯᠭᠡᠭᠡ ᠲᠠᠭᠠᠳᠬᠠᠯ   ᠤᠨ ᠦᠢᠯᠡᠰ  ᠵᠡᠷᠭᠡ ᠪᠠᠷ ᠨᠦᠬᠦᠪᠦᠷᠢ ᠪᠤᠯᠭᠠᠭᠰᠠᠨ ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢᠨ  ᠭᠡᠪ ᠪᠠᠶᠢᠳᠠᠯ   ᠢ ᠦᠨᠳᠦᠰᠦᠨ ᠳᠡᠭᠡᠨ ᠲᠦᠯᠦᠪᠰᠢᠬᠦᠯᠵᠦ᠂ ᠡᠬᠦᠪᠡᠷ ᠭᠡᠷᠡᠭᠯᠡᠭᠡ ᠶᠢ ᠨᠡᠮᠡᠭᠳᠡᠬᠦᠯᠬᠦ᠂ ᠠᠵᠢᠯ ᠤᠯᠤᠯᠳᠠ ᠶᠢ ᠠᠬᠢᠭᠤᠯᠬᠤ᠂ ᠠᠷᠠᠳ ᠢ ᠪᠠᠶᠠᠵᠢᠭᠤᠯᠬᠤ ᠴᠢᠬᠤᠯᠠ  ᠨᠢᠬᠡ ᠠᠷᠭ᠎ᠠ ᠵᠠᠮ ᠪᠤᠯᠭᠠᠨ᠎ᠠ᠃ 2017 ᠤᠨ ᠪᠤᠯᠬᠤ ᠳᠤ ᠭᠤᠷᠪᠠᠳᠤᠭᠠᠷ ᠠᠵᠤ ᠦᠢᠯᠡᠰ ᠤᠨ  ᠨᠡᠮᠡᠭᠳᠡᠯ ᠦᠷᠳᠡᠭ ᠢ 30 ᠳ᠋ᠦᠩᠰᠢᠭᠤᠷ ᠲᠦᠬᠦᠷᠢᠭ ᠲᠤ ᠬᠦᠷᠭᠡᠵᠦ᠂  ᠵᠢᠯ ᠳᠤ 15.3%  ᠪᠠᠷ ᠨᠡᠮᠡᠭᠳᠡᠬᠦᠯᠦᠨ᠎ᠡ᠃        ᠵᠤᠭᠠᠴᠠᠯ ᠤᠨ ᠦᠢᠯᠡᠰ ᠤᠨ ᠰᠠᠭᠤᠷᠢ ᠲᠦᠬᠦᠭᠡᠷᠦᠮᠵᠢ ᠪᠤᠯᠤᠨ ᠨᠡᠷᠡᠳᠦ ᠲᠡᠮᠳᠡᠭ ᠤᠨ ᠪᠦᠳᠦᠭᠡᠨ ᠪᠠᠶᠢᠭᠤᠯᠤᠯᠳᠠ ᠶᠢ  ᠴᠢᠩᠭᠠᠳᠬᠠᠬᠤ ᠭᠡᠷᠡᠭᠳᠡᠢ᠃  ︽ᠪᠦᠳᠦᠴᠡ  ᠂ ᠴᠢᠨᠠᠷ  ᠂ ᠬᠠᠮᠢᠶᠠᠷᠤᠯᠳᠠ   ᠶᠢᠨ ᠬᠢᠷᠢ ᠲᠦᠪᠰᠢᠨ ᠢ ᠲᠡᠭᠡᠭᠰᠢᠯᠡᠬᠦᠯᠬᠦ  ︾ ᠬᠠᠷᠠᠯᠳᠠ ᠶᠢᠨ ᠲᠤᠭᠤᠷᠢᠨ ᠳᠤ ᠰᠤᠶᠤᠯ ᠵᠤᠭᠠᠴᠠᠯ ᠤᠨ ᠦᠢᠯᠡᠰ ᠤᠨ ᠲᠠᠭᠠᠭᠤᠯᠤᠭᠴᠢ ᠠᠵᠤ ᠠᠬᠤᠶᠢᠯᠠᠯ ᠢ ᠤᠷᠢᠨ ᠤᠷᠤᠭᠤᠯᠵᠤ᠂ ᠡᠪᠦᠯ ᠤᠨ ᠤᠯᠠᠷᠢᠯ ᠤᠨ ᠵᠤᠭᠠᠴᠠᠯ ᠤᠨ ᠲᠦᠷᠦᠯ ᠵᠦᠢᠯ ᠢ  ᠦᠷᠭᠡᠳᠭᠡᠨ᠂ ᠨᠢᠬᠡ ᠪᠦᠯᠦᠭ  ᠢᠯᠭᠠᠭᠳᠠᠮ᠎ᠠ ᠤᠨᠴᠠᠯᠢᠭ ᠲᠠᠢ᠂ ᠨᠦᠯᠦᠬᠡᠯᠡᠬᠦ ᠬᠦᠴᠦᠨ ᠲᠠᠢ  ᠵᠤᠭᠠᠴᠠᠯ  ᠤᠨ ᠨᠡᠷᠡᠳᠦ  ᠲᠡᠮᠳᠡᠭᠳᠦ ᠭᠠᠵᠠᠷ ᠤᠷᠤᠨ ᠪᠠ  ᠵᠠᠮ ᠱᠤᠭᠤᠮ ᠢ ᠪᠤᠢ  ᠪᠤᠯᠭᠠᠵᠤ᠂ ᠵᠤᠭᠠᠴᠠᠯ ᠤᠨ ᠠᠵᠤ ᠦᠢᠯᠡᠰ  ᠤᠨ ᠲᠦᠪᠯᠡᠷᠡᠯ ᠢ ᠠᠬᠢᠭᠤᠯᠤᠨ᠎ᠠ᠃  ᠵᠤᠭᠠᠴᠠᠯ ᠤᠨ ᠰᠠᠭᠤᠷᠢ ᠲᠦᠬᠦᠭᠡᠷᠦᠮᠵᠢ   ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠨᠡᠷᠡᠳᠦ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠪᠦᠬᠦ ᠲᠠᠯᠠᠪᠠᠷ ᠭᠡᠷᠡᠭᠵᠢᠬᠦᠯᠦᠨ᠂ ᠵᠤᠭᠠᠴᠠᠯ ᠤᠨ ᠲᠦᠯᠦᠪᠵᠢᠬᠦᠯᠬᠡ᠂ ᠪᠦᠳᠦᠭᠡᠭᠳᠡᠬᠦᠨ ᠤ ᠨᠡᠭᠡᠭᠡᠯᠳᠡ  ᠪᠤᠯᠤᠨ ᠵᠠᠬ᠎ᠠ ᠲᠡᠯᠬᠡᠬᠦᠷ ᠤᠨ ᠪᠤᠷᠤᠯᠠᠭᠤᠯᠭ᠎ᠠ ᠶᠢ ᠰᠠᠶᠢᠨ ᠬᠢᠵᠦ ᠂ ᠢᠵᠢ ᠪᠦᠷᠢᠳᠦᠭᠰᠡᠨ ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠦᠨ᠂ ᠵᠤᠭᠠᠴᠠᠯ ᠤᠨ ᠦᠢᠯᠡᠰ   ᠠᠴᠠ ᠠᠵᠤ ᠠᠬᠤᠢ ᠶᠢᠨ ᠬᠦᠭᠵᠢᠯᠳᠡ ᠳᠤ ᠦᠵᠡᠬᠦᠯᠬᠦ ᠠᠬᠢᠭᠤᠯᠭ᠎ᠠ ᠶᠢᠨ ᠦᠢᠯᠡᠳᠦᠯ ᠢ ᠴᠢᠩᠭᠠᠳᠬᠠᠬᠤ ᠭᠡᠷᠡᠭᠳᠡᠢ᠃ 2017 ᠤᠨ ᠪᠤᠯᠳᠠᠯ᠎ᠠ᠂  ᠪᠦᠬᠦ ᠬᠤᠰᠢᠭᠤᠨ ᠤ  ᠨᠡᠭᠡᠭᠡᠨ ᠠᠰᠢᠭᠯᠠᠵᠤ ᠪᠤᠯᠬᠤᠶᠢᠴᠠ ᠵᠤᠭᠠᠴᠠᠯ ᠤᠨ ᠡᠬᠢ  ᠪᠠᠶᠠᠯᠢᠭ ᠢ ᠵᠦᠢ ᠵᠤᠬᠢᠰᠳᠠᠢ ᠨᠡᠭᠡᠭᠡᠨ ᠠᠰᠢᠭᠯᠠᠵᠤ᠂  ᠵᠢᠯ ᠳᠤ 62 ᠲᠦᠮᠡᠨ ᠵᠢᠭᠤᠯᠴᠢᠯᠠᠭᠴᠢ ︵ᠤᠳᠠᠭ᠎ᠠ︶ ᠶᠢ ᠤᠭᠳᠤᠨ ᠵᠤᠴᠢᠯᠠᠵᠤ᠂ ᠵᠤᠭᠠᠴᠠᠯ ᠤᠨ ᠤᠷᠤᠯᠭ᠎ᠠ ᠶᠢ 2.5 ᠳ᠋ᠦᠩᠰᠢᠭᠤᠷ ᠲᠦᠬᠦᠷᠢᠭ ᠲᠤ ᠬᠦᠷᠭᠡᠨ᠂  ᠵᠢᠯ ᠳᠤ 20% ᠪᠠᠷ ᠨᠡᠮᠡᠭᠳᠡᠬᠦᠯᠬᠦ ᠪᠠᠷ ᠴᠢᠷᠮᠠᠶᠢᠨ᠎ᠠ᠃  ᠰᠤᠶᠤᠯ ᠤᠨ ᠠᠵᠤ ᠦᠢᠯᠡᠰ ᠤᠨ ᠤᠷᠤᠨ ᠲᠤᠭᠤᠷᠢᠭ   ᠤᠨ ᠪᠠᠶᠢᠭᠤᠯᠤᠯᠳᠠ ᠶᠢ ᠲᠦᠯᠬᠢᠨ  ᠠᠬᠢᠭᠤᠯᠵᠤ᠂  ᠰᠤᠶᠤᠯ ᠪᠠ ᠵᠤᠭᠠᠴᠠᠯ ᠤᠨ ᠠᠭᠤᠰᠤᠯᠳᠤᠯ ᠢ ᠴᠢᠩᠭᠠᠳᠬᠠᠨ᠂  ᠰᠤᠶᠤᠯ ᠵᠤᠭᠠᠴᠠᠯ ᠤᠨ ᠠᠵᠤ ᠦᠢᠯᠡᠰ ᠢ ᠲᠦᠷᠭᠡᠳᠭᠡᠨ ᠬᠦᠭᠵᠢᠬᠦᠯᠬᠦ ᠬᠡᠷᠡᠭᠳᠡᠢ᠃  ᠬᠠᠭᠠᠨ ᠤ ᠠᠳᠤᠭᠤᠨ ᠰᠤᠶᠤᠯ  ᠪᠠ ᠠᠳᠤᠭᠤᠨ ᠤ ᠠᠵᠤ ᠦᠢᠯᠡᠰ ᠤᠨ ᠤᠷᠤᠨ  ᠪᠠᠶᠢᠷᠢ ᠶᠢ ᠦᠷᠬᠦᠯᠵᠢᠯᠡᠨ ᠲᠡᠭᠡᠭᠰᠢᠯᠡᠬᠦᠯᠵᠦ᠂  ︽ᠠᠳᠤᠭᠤᠨ ᠰᠤᠶᠤᠯ ᠤᠨ ᠠᠵᠤ ᠦᠢᠯᠡᠰ ᠤᠨ ᠤᠷᠤᠨ ᠲᠤᠭᠤᠷᠢᠭ︾ ᠤᠨ ᠪᠠᠶᠢᠭᠤᠯᠤᠯᠳᠠ ᠶᠢ  ᠬᠦᠴᠦ ᠲᠠᠯᠪᠢᠵᠤ ᠲᠦᠯᠬᠢᠨ ᠠᠬᠢᠭᠤᠯᠤᠨ᠎ᠠ᠃ ᠮᠠᠯᠴᠢᠨ ᠲᠠᠷᠢᠶᠠᠴᠢᠨ ᠠᠶᠢᠯ ᠤᠨ ᠵᠤᠭᠠᠴᠠᠯ ᠵᠡᠷᠭᠡ ᠦᠪᠡᠷ ᠦᠪᠡᠷᠦᠨ ᠤᠨᠴᠠᠯᠢᠭ ᠰᠢᠨᠵᠢ ᠲᠠᠢ ᠵᠤᠭᠠᠴᠠᠯ ᠤᠨ ᠦᠢᠯᠡᠰ ᠢ  ᠦᠷᠬᠦᠯᠵᠢᠯᠡᠨ ᠲᠡᠳᠬᠦᠵᠦ ᠭᠡᠪᠴᠢᠶ᠎ᠡ ᠶᠢ ᠪᠤᠵᠠᠭᠠᠶᠢᠷᠠᠭᠤᠯᠤᠨ᠂᠂ ᠵᠤᠭᠠᠴᠠᠯ ᠤᠨ ᠦᠢᠯᠡᠰ ᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠠᠵᠢᠯ ᠤᠯᠤᠯᠳᠠ ᠪᠠ ᠤᠷᠤᠯᠭ᠎ᠠ ᠶᠢᠨ ᠨᠡᠮᠡᠭᠳᠡᠯ ᠢ ᠲᠠᠶᠢᠴᠢᠯᠠᠬᠤ ᠴᠢᠬᠤᠯᠠ ᠠᠵᠤ ᠦᠢᠯᠡᠰ ᠪᠤᠯᠭᠠᠬᠤ ᠭᠡᠷᠡᠭᠳᠡᠢ᠃ 2017 ᠤᠨ ᠪᠤᠯᠬᠤ ᠳᠤ᠂ ᠪᠦᠬᠦ ᠬᠤᠰᠢᠭᠤᠨ ᠤ ᠵᠤᠭᠠᠴᠠᠯ ᠤᠨ ᠦᠢᠯᠡᠰ ᠡᠷᠬᠢᠯᠡᠭᠴᠢ ᠶᠢ 9000 ᠬᠦᠮᠦᠨ ᠳᠤ ᠬᠦᠷᠭᠡᠵᠦ᠂  ᠵᠤᠭᠠᠴᠠᠯ ᠤᠨ ᠦᠢᠯᠡᠰ   ᠢᠶᠠᠷ ᠠᠵᠢᠯ ᠤᠯᠬᠤ ᠬᠦᠮᠦᠨ ᠤ ᠲᠤᠭ᠎ᠠ ᠶᠢ 6000 ᠠᠴᠠ ᠲᠠᠪᠠᠭᠤᠯᠤᠨ᠂ ᠵᠢᠯ ᠳᠤ 20%   ᠪᠠᠷ ᠨᠡᠮᠡᠭᠳᠡᠬᠦᠯᠦᠨ᠎ᠡ᠃       ᠠᠷᠠᠯᠵᠢᠶ᠎ᠠ ᠬᠦᠢᠯᠬᠡᠬᠡᠨ ᠤ ᠦᠢᠯᠡᠰ   ᠢ ᠬᠦᠴᠦᠷᠭᠡᠭᠵᠢᠬᠦᠯᠦᠨ ᠪᠤᠵᠠᠭᠠᠶᠢᠷᠠᠭᠤᠯᠬᠤ ᠭᠡᠷᠡᠭᠳᠡᠢ᠃  ᠨᠡᠬᠦᠷᠡᠰᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ᠂  ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠲᠡᠷᠭᠡ ᠰᠡᠯᠪᠢᠨ ᠵᠠᠰᠠᠬᠤ ᠪᠠ ᠠᠷᠠᠯᠵᠢᠶᠠᠯᠠᠬᠤ ᠪᠠᠷ ᠭᠤᠤᠯ ᠪᠤᠯᠭᠠᠭᠰᠠᠨ   ᠠᠷᠠᠯᠵᠢᠶ᠎ᠠ ᠬᠦᠢᠯᠬᠡᠬᠡᠨ ᠤ  ᠠᠵᠤ ᠠᠬᠤᠶᠢᠯᠠᠯ ᠢ  ᠤᠷᠢᠨ ᠤᠷᠤᠭᠤᠯᠬᠤ ᠪᠠ  ᠦᠪᠡᠷᠳᠡᠭᠡᠨ ᠪᠤᠶᠢᠵᠢᠭᠤᠯᠵᠤ᠂ ᠬᠤᠯᠢᠮᠠᠭ ᠠᠮᠤ᠂  ᠲᠠᠷᠢᠶᠠᠯᠠᠩ ᠤᠨ ᠮᠠᠰᠢᠨ  ᠵᠡᠷᠭᠡ ᠪᠤᠰᠤᠳ ᠲᠤᠰᠬᠠᠢ ᠵᠠᠬ᠎ᠠ ᠲᠡᠯᠬᠡᠬᠦᠷ ᠤᠨ ᠪᠦᠳᠦᠭᠡᠨ ᠪᠠᠶᠢᠭᠤᠯᠤᠯᠳᠠ ᠶᠢ ᠰᠠᠶᠢᠨ ᠬᠢᠵᠦ᠂ ᠤᠷᠤᠨ ᠪᠠᠶᠢᠴᠠ ᠶᠢᠨ ᠲᠠᠪᠠᠭᠤᠯᠢᠭ  ᠢᠶᠠᠨ  ᠦᠷᠢᠰᠦᠯᠳᠦᠬᠡᠨ ᠤ ᠲᠠᠪᠠᠭᠤᠯᠢᠭ᠂ ᠠᠵᠤ ᠠᠬᠤᠢ ᠶᠢᠨ ᠲᠠᠪᠠᠭᠤᠯᠢᠭ  ᠪᠤᠯᠭᠠᠵᠤ ᠬᠤᠪᠢᠷᠠᠭᠤᠯᠤᠨ᠂  ᠮᠠᠨ ᠤ ᠬᠤᠰᠢᠭᠤ ᠪᠠᠨ ᠰᠢᠯᠢ ᠶᠢᠨ ᠭᠤᠤᠯ ᠠᠶᠢᠮᠠᠭ ᠤᠨ ᠡᠮᠦᠨᠡᠳᠦ ᠭᠡᠰᠡᠭ ᠤᠨ ᠭᠤᠤᠯ ᠪᠤᠯᠬᠤ ᠲᠠᠸᠠᠷ ᠤᠨ ᠰᠤᠯᠢᠯᠴᠠᠭᠠᠨ ᠤ ᠭᠠᠵᠠᠷ ᠪᠤᠯᠭᠠᠬᠤ ᠪᠠᠷ ᠴᠢᠷᠮᠠᠶᠢᠨ᠎ᠠ᠃  ᠢᠯᠠᠩᠭᠤᠶ᠎ᠠ ᠪᠸᠢ ᠬᠦᠸᠧ ᠢᠳᠡᠰᠢᠨ ᠨᠤᠭᠤᠭᠠᠨ ᠤ ᠠᠷᠠᠯᠵᠢᠶᠠᠨ ᠤ ᠵᠠᠬ᠎ᠠ ᠶᠢ ᠪᠡᠭᠡᠵᠢᠩ  ᠵᠡᠷᠭᠡ  ᠭᠠᠵᠠᠷ ᠤᠷᠤᠨ ᠳᠤ ᠴᠤ  ᠲᠠᠨᠢᠭᠳᠠᠵᠤ ᠮᠡᠳᠡᠷᠡᠭᠳᠡᠭᠰᠡᠨ  ᠵᠤᠬᠢᠬᠤ ᠬᠡᠮᠵᠢᠶᠡᠨ ᠤ ᠨᠦᠯᠦᠬᠡᠯᠡᠬᠦ ᠬᠦᠴᠦᠨ ᠲᠠᠢ  ᠲᠠᠷᠢᠶᠠᠯᠠᠩ ᠤᠨ ᠪᠦᠳᠦᠭᠡᠭᠳᠡᠬᠦᠨ ᠠᠷᠠᠯᠵᠢᠶᠠᠯᠠᠬᠤ ᠭᠠᠵᠠᠷ ᠪᠤᠯᠭᠠᠬᠤ ᠪᠠᠷ ᠴᠢᠷᠮᠠᠶᠢᠨ᠎ᠠ᠃ ᠬᠦᠮᠦᠷᠭᠡᠯᠡᠵᠦ ᠬᠠᠳᠠᠭᠠᠯᠠᠬᠤ ᠪᠡᠯᠡᠳᠭᠡᠯ ᠲᠦᠬᠦᠭᠡᠷᠦᠮᠵᠢ ᠶᠢ ᠴᠢᠩᠭᠠᠳᠬᠠᠬᠤ ᠶᠢᠨ ᠬᠠᠮᠳᠤ᠂ ᠤᠷᠤᠨ ᠨᠤᠳᠤᠭ ᠤᠨ ᠠᠮᠤ  ᠪᠤᠳᠠᠭᠠᠨ ᠤ ᠬᠠᠳᠠᠭᠠᠯᠠᠴᠠ ᠶᠢ ᠶᠡᠭᠡᠰᠬᠡᠨ᠂ ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠬᠡᠬᠦᠷ  ᠤᠨ ᠢᠨᠵᠧᠨᠧᠷᠢᠩ︾ ᠢ ᠬᠦᠨᠵᠡᠬᠡᠢ ᠭᠡᠷᠡᠭᠵᠢᠬᠦᠯᠵᠦ᠂ ᠮᠠᠯ ᠲᠠᠷᠢᠶᠠᠯᠠᠩ ᠪᠠ ᠵᠠᠬ᠎ᠠ ᠲᠡᠯᠬᠡᠬᠦᠷ ᠢ ᠪᠦᠳᠦᠮᠵᠢᠳᠡᠢ ᠵᠤᠯᠭᠠᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠲᠤᠬᠢᠷᠠᠭᠤᠯᠤᠨ ᠬᠦᠷᠭᠡᠬᠦ᠂ ᠮᠡᠳᠡᠭᠡ ᠵᠠᠩᠬᠢ ᠶᠢᠨ ᠲᠠᠪᠴᠠᠩ ᠪᠠᠶᠢᠭᠤᠯᠬᠤ ᠵᠡᠷᠭᠡ ᠢᠵᠢ ᠪᠦᠷᠢᠳᠦᠭᠰᠡᠨ ᠲᠦᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂  ᠪᠦᠳᠦᠭᠡᠭᠳᠡᠬᠦᠨ   ᠤ ᠬᠦᠢᠯᠬᠡᠬᠡᠨ ᠤ ᠵᠠᠮ ᠢ ᠰᠠᠭᠠᠳ ᠦᠬᠡᠢ ᠨᠡᠪᠳᠡᠷᠡᠬᠦᠯᠦᠨ᠂ ᠪᠤᠳᠠᠰ ᠤᠨ ᠬᠦᠢᠯᠬᠡᠬᠡᠨ ᠤ ᠰᠢᠰᠲ᠋ᠧᠮ  ᠢ ᠮᠠᠯᠵᠢᠬᠤ ᠲᠠᠷᠢᠶᠠᠯᠠᠬᠤ ᠤᠷᠤᠨ ᠲᠡᠰᠢ ᠦᠷᠭᠡᠳᠭᠡᠨ  ᠬᠦᠭᠵᠢᠬᠦᠯᠵᠦ᠂ 2017 ᠤᠨ ᠪᠤᠯᠬᠤ ᠳᠤ ᠮᠠᠯᠵᠢᠬᠤ ᠲᠠᠷᠢᠶᠠᠯᠠᠬᠤ ᠤᠷᠤᠨ ᠤ  ᠭᠡᠯᠬᠢᠶᠡᠰᠦᠯᠡᠨ ᠡᠵᠡᠩᠨᠡᠬᠦ ᠪᠠ  ᠡᠳ᠋ ᠪᠠᠷᠠᠭ᠎ᠠ ᠲᠤᠬᠢᠷᠠᠭᠤᠯᠤᠨ ᠬᠦᠷᠭᠡᠬᠦ ᠰᠦᠯᠵᠢᠶᠡᠨ ᠤ ᠪᠦᠷᠬᠦᠴᠡ ᠶᠢ ᠭᠠᠴᠠᠭ᠎ᠠ ᠲᠤᠰᠬᠤᠨ ᠳᠤ ᠬᠦᠷᠳᠡᠯ᠎ᠡ ᠦᠷᠭᠡᠳᠭᠡᠨ᠎ᠡ᠃         ᠮᠦᠩᠬᠦᠨ ᠬᠦᠢᠯᠬᠡᠬᠡ ᠪᠠᠷ ᠭᠤᠤᠯ ᠪᠤᠯᠭᠠᠭᠰᠠᠨ ᠪᠤᠰᠤᠳ ᠦᠢᠯᠡᠴᠢᠯᠡᠬᠡᠨ ᠤ ᠦᠢᠯᠡᠰ   ᠢ  ᠦᠷᠬᠦᠯᠵᠢᠯᠡᠨ ᠲᠡᠳᠬᠦᠵᠦ ᠬᠦᠭᠵᠢᠬᠦᠯᠬᠦ ᠭᠡᠷᠡᠭᠳᠡᠢ᠃ ᠤᠷᠤᠨ ᠨᠤᠳᠤᠭ ᠤᠨ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠰᠢᠰᠲ᠋ᠧᠮ  ᠢ ᠪᠦᠷᠢᠨᠰᠢᠬᠦᠯᠵᠦ᠂  ᠬᠤᠪᠢᠴᠠᠭᠠᠨ ᠤ ᠲᠦᠷᠢᠮᠳᠦ ᠬᠤᠳᠠᠯᠳᠤᠭᠠᠨ ᠤ ᠪᠠᠩᠬᠢ᠂  ᠪᠠᠭ᠎ᠠ  ᠬᠡᠮᠵᠢᠶᠡᠨ ᠤ ᠵᠢᠬᠡᠯᠡᠯᠬᠡ  ᠶᠢᠨ ᠺᠤᠮᠫᠠᠨᠢ᠂ ᠲᠤᠰᠬᠤᠨ ᠪᠠᠯᠭᠠᠰᠤᠨ ᠤ ᠪᠠᠩᠬᠢ᠂ ᠲᠠᠭᠠᠳᠬᠠᠯ ᠤᠨ ᠪᠠᠶᠢᠭᠤᠯᠤᠮᠵᠢ ᠵᠡᠷᠭᠡ ᠵᠠᠬ᠎ᠠ ᠲᠡᠯᠬᠡᠬᠦᠷ ᠤᠨ ᠭᠤᠤᠯ ᠴᠤᠭᠴᠠ ᠶᠢ ᠢᠳᠡᠪᠬᠢᠳᠡᠢ ᠪᠠᠷ   ᠪᠤᠶᠢᠵᠢᠭᠤᠯᠵᠤ ᠬᠦᠭᠵᠢᠬᠦᠯᠦᠨ᠎ᠡ᠃ ᠠᠵᠤ ᠠᠬᠤᠶᠢᠯᠠᠯ ᠪᠠ ᠨᠡᠶᠢᠬᠡᠮ ᠤᠨ ᠪᠡᠯᠡ ᠤᠷᠤᠭᠤᠯᠬᠤ ᠢᠳᠡᠪᠬᠢᠵᠢᠯ ᠢ ᠲᠠᠶᠢᠴᠢᠯᠠᠵᠤ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠵᠤᠷᠢᠭᠵᠢᠭᠤᠯᠤᠨ ᠮᠡᠳᠡᠭᠡ ᠵᠠᠩᠬᠢ ᠶᠢᠨ ᠤᠷᠤᠨ ᠵᠠᠢ ᠶᠢ ᠦᠷᠭᠡᠳᠭᠡᠵᠦ᠂ ᠢᠳᠡᠭᠡᠮᠵᠢᠳᠦ ᠵᠢᠬᠡᠯᠡᠯᠬᠡ ᠶᠢᠨ ᠲᠠᠷᠬᠠᠭᠠᠯᠳᠠ ᠶᠢ  ᠨᠡᠮᠡᠭᠳᠡᠬᠦᠯᠦᠨ᠎ᠡ᠃  ᠠᠷᠠᠳ ᠤᠨ ᠪᠡᠯᠡ  ᠬᠦᠷᠦᠩᠬᠡ ᠶᠢᠨ ᠵᠠᠬ᠎ᠠ ᠳᠤ ᠤᠷᠤᠬᠤ ᠡᠬᠦᠳᠡᠨ ᠪᠤᠱᠤᠭ᠎ᠠ ᠶᠢ ᠦᠷᠭᠡᠳᠭᠡᠵᠦ ᠂  ᠡᠬᠢ ᠪᠠᠶᠠᠯᠢᠭ ᠤᠨ ᠲᠦᠷᠦᠯᠬᠢ ᠨᠦᠬᠦᠴᠡᠯ ᠠᠨᠠᠢ᠂ ᠪᠡᠯᠡ  ᠤᠷᠤᠭᠤᠯᠤᠯᠳᠠ ᠬᠦᠷᠦᠯᠴᠡᠬᠦ ᠦᠬᠡᠢ ᠠᠴᠠ ᠪᠤᠯᠤᠭᠰᠠᠨ ᠨᠡᠮᠡᠭᠳᠡᠯ ᠤᠨ ᠨᠦᠬᠡᠴᠡ ᠬᠦᠴᠦᠨ ᠰᠤᠯᠠ  ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠬᠤᠳᠠ ᠪᠠᠯᠭᠠᠰᠤᠵᠢᠯᠳᠠ ᠶᠢᠨ ᠲᠦᠷᠭᠡᠨ ᠬᠦᠭᠵᠢᠭᠡ ᠬᠠᠨᠳᠤᠰᠢ ᠶᠢ ᠲᠠᠭᠠᠵᠤ᠂ ᠭᠡᠷ ᠤᠨ ᠠᠵᠢᠯ ᠤᠨ ᠦᠢᠯᠡᠴᠢᠯᠡᠭᠡ᠂ ᠰᠠᠭᠤᠭᠠᠯᠢ ᠲᠤᠭᠤᠷᠢᠭ ᠤᠨ ᠬᠠᠮᠢᠶᠠᠷᠤᠯᠳᠠ᠂ ᠡᠮ ᠡᠮᠨᠡᠯᠬᠡ ᠡᠷᠡᠬᠦᠯ ᠬᠠᠮᠠᠭᠠᠯᠠᠯ᠂ ᠮᠡᠳᠡᠭᠡ ᠵᠠᠩᠬᠢ ᠶᠢᠨ ᠦᠢᠯᠡᠴᠢᠯᠡᠭᠡ ᠵᠡᠷᠭᠡ ᠪᠠᠷ ᠭᠤᠤᠯ ᠪᠤᠯᠭᠠᠭᠰᠠᠨ ᠨᠡᠶᠢᠬᠡᠮ ᠲᠤᠭᠤᠷᠢᠭ ᠤᠨ ᠦᠢᠯᠡᠴᠢᠯᠡᠬᠡᠨ ᠤ ᠦᠢᠯᠡᠰ ᠢ ᠲᠦᠷᠭᠡᠨ ᠬᠦᠭᠵᠢᠬᠦᠯᠬᠦ ᠭᠡᠷᠡᠭᠳᠡᠢ᠃      ︵ᠲᠠᠪᠤ︶ ᠬᠤᠳᠠ ᠬᠦᠳᠡᠭᠡ ᠶᠢᠨ ᠬᠦᠭᠵᠢᠯᠳᠡ ᠶᠢ ᠨᠢᠬᠡᠳᠦᠯᠳᠡᠢ ᠲᠦᠯᠦᠪᠵᠢᠬᠦᠯᠵᠦ᠂ ᠪᠠᠳᠤᠯᠠᠭᠠᠨ ᠤ ᠴᠢᠳᠠᠪᠤᠷᠢ ᠶᠢ ᠲᠠᠰᠤᠷᠠᠯᠳᠠ ᠦᠬᠡᠢ  ᠴᠢᠩᠭᠠᠷᠠᠭᠤᠯᠤᠨ᠎ᠠ᠃       ᠬᠤᠳᠠ ᠪᠠᠯᠭᠠᠰᠤᠵᠢᠯᠳᠠ ᠶᠢ  ᠲᠦᠷᠭᠡᠳᠭᠡᠨ ᠠᠬᠢᠭᠤᠯᠬᠤ ᠠᠰᠢᠭᠳᠠᠢ ᠴᠠᠭ ᠲᠤᠬᠢᠶᠠᠯ ᠢ ᠡᠵᠡᠮᠳᠡᠨ᠂ ᠤᠷᠤᠨ ᠨᠤᠳᠤᠭ ᠤᠨ ᠤᠨᠴᠠᠯᠢᠭ ᠲᠠᠢ ᠬᠤᠳᠠ ᠪᠠᠯᠭᠠᠰᠤ ᠶᠢᠨ ᠭᠡᠪ ᠪᠠᠶᠢᠳᠠᠯ   ᠢ ᠲᠦᠷᠭᠡᠨ ᠪᠤᠢ ᠪᠤᠯᠭᠠᠵᠤ᠂   ᠠᠵᠤ ᠦᠢᠯᠡᠳᠪᠦᠷᠢᠵᠢᠯᠳᠡ ᠪᠠ ᠬᠤᠳᠠ ᠪᠠᠯᠭᠠᠰᠤᠵᠢᠯᠳᠠ  ᠬᠠᠷᠢᠯᠴᠠᠨ ᠠᠬᠢᠭᠤᠯᠤᠭᠰᠠᠨ᠂ ᠬᠤᠳᠠ ᠪᠠᠯᠭᠠᠰᠤᠵᠢᠯᠳᠠ ᠪᠠ ᠰᠢᠨ᠎ᠡ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠵᠤᠬᠢᠴᠠᠩᠭᠤᠢ ᠬᠦᠭᠵᠢᠭᠰᠡᠨ ᠰᠢᠨ᠎ᠡ ᠪᠠᠶᠢᠳᠠᠯ ᠢ ᠲᠦᠯᠦᠪᠰᠢᠷᠡᠬᠦᠯᠬᠦ ᠭᠡᠷᠡᠭᠳᠡᠢ᠃       ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠬᠤ ᠭᠡᠷᠡᠭᠳᠡᠢ᠃ ᠬᠤᠳᠠ ᠪᠠᠯᠭᠠᠰᠤᠵᠢᠯᠳᠠ ᠪᠠᠷ ᠰᠢᠪᠳᠤᠯᠬᠤ ᠴᠡᠭ ᠪᠤᠯᠭᠠᠨ᠂ ᠲᠦᠷᠦᠯ ᠵᠦᠢᠯ ᠤᠨ ᠪᠡᠯᠡ  ᠮᠦᠩᠬᠦ ᠶᠢ ᠢᠳᠡᠪᠬᠢᠳᠡᠢ  ᠡᠷᠡᠮᠡᠯᠵᠡᠯᠡᠨ ᠤᠯᠵᠤ᠂  ᠬᠤᠳᠠ ᠪᠠᠷ ᠬᠦᠳᠡᠭᠡ ᠶᠢ  ᠲᠠᠶᠢᠴᠢᠯᠠᠨ᠂ ᠬᠤᠳᠠ ᠬᠦᠳᠡᠭᠡ ᠶᠢ ᠤᠶᠠᠯᠳᠤᠭᠤᠯᠵᠤ᠂ ᠬᠦᠭᠵᠢᠯᠳᠡ ᠶᠢ ᠨᠢᠭᠡᠳᠦᠯᠳᠡᠢ  ᠲᠦᠯᠦᠪᠵᠢᠬᠦᠯᠦᠨ᠂ ᠰᠠᠭᠤᠷᠢ ᠲᠦᠬᠦᠭᠡᠷᠦᠮᠵᠢ ᠨᠢ ᠬᠦᠭᠵᠢᠯᠳᠡ  ᠶᠢ ᠬᠢᠵᠠᠭᠠᠷᠯᠠᠵᠤ ᠪᠠᠶᠢᠭᠰᠠᠨ  ᠪᠤᠯ ᠬᠦᠭᠵᠢᠯᠳᠡ ᠶᠢ ᠪᠠᠳᠤᠯᠠᠬᠤ  ᠪᠤᠯᠭᠠᠵᠤ ᠦᠨᠳᠦᠰᠦᠨ ᠠᠴᠠ ᠨᠢ ᠬᠤᠪᠢᠷᠠᠭᠤᠯᠬᠤ ᠭᠡᠷᠡᠭᠳᠡᠢ᠃  ᠤᠰᠤᠨ ᠠᠰᠢᠭᠯᠠᠯᠳᠠ ᠪᠠᠷ ᠭᠤᠤᠯ ᠪᠤᠯᠭᠠᠭᠰᠠᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ  ᠴᠢᠩᠭᠠᠳᠬᠠᠵᠤ  ᠦᠶᠡᠷ ᠤᠰᠤᠳᠠᠯ ᠢ ᠰᠡᠷᠭᠡᠶᠢᠯᠡᠵᠦ᠂  ᠭᠠᠩ ᠭᠠᠮᠰᠢᠭ ᠲᠠᠢ ᠲᠡᠮᠡᠴᠡᠬᠦ ᠴᠢᠳᠠᠪᠤᠷᠢ ᠶᠢ ᠨᠡᠮᠡᠭᠳᠡᠬᠦᠯᠦᠨ᠎ᠡ᠃ ᠲᠠᠪᠤᠨ ᠵᠢᠯ ᠳᠤ  ᠪᠤᠤᠴᠠᠩ ᠤᠨ ᠵᠡᠬᠦᠨ ᠭᠤᠤᠯ᠂  ᠭᠤᠸᠠᠩ ᠮᠠ ᠭᠸᠦ ᠭᠤᠤᠯ᠂ ᠬᠤ᠋ ᠯᠤ᠋ ᠢᠦᠢ ᠭᠤᠤᠯ  ᠂ ᠳ᠋ᠠ ᠱᠠᠨ ᠭᠸᠦ ᠭᠤᠤᠯ ᠤᠨ ᠵᠠᠰᠠᠯᠳᠠ ᠶᠢ ᠬᠢᠵᠦ᠂  ᠪᠦᠬᠦ ᠬᠤᠰᠢᠭᠤᠨ ᠤ ᠪᠤᠢ ᠪᠦᠬᠦᠢ ᠭᠠᠴᠠᠭ᠎ᠠ ᠲᠤᠰᠬᠤᠨ ᠢ ᠬᠠᠮᠤᠷᠤᠭᠰᠠᠨ ᠠᠭᠤᠯᠠᠨ ᠦᠶᠡᠷ ᠰᠡᠷᠭᠡᠶᠢᠯᠡᠬᠦ ᠪᠠᠷᠢᠯᠭ᠎ᠠ ᠶᠢᠨ ᠪᠤᠰᠤ ᠲᠦᠷᠦᠯ ᠵᠦᠢᠯ ᠢ  ᠬᠡᠷᠡᠭᠵᠢᠬᠦᠯᠵᠦ  ᠂ ᠬᠤᠶᠠᠷ ᠰᠠᠭᠤᠷᠢ ᠤᠰᠤᠨ ᠴᠦᠬᠦᠷᠦᠮ ᠤᠨ ᠠᠶᠤᠯ ᠢ ᠠᠷᠢᠯᠭᠠᠵᠤ ᠪᠠᠬᠢᠵᠢᠬᠦᠯᠦᠨ ᠪᠠᠶᠢᠭᠤᠯᠬᠤ ᠠᠵᠢᠯ ᠢ ᠬᠢᠨ᠎ᠡ᠃ ᠴᠠᠬᠢᠯᠭᠠᠨ ᠬᠦᠴᠦᠨ ᠤ ᠦᠬᠡᠷᠡᠴᠢᠯᠡᠯᠳᠡ ᠶᠢ ᠲᠦᠷᠭᠡᠳᠭᠡᠨ  ᠂ ᠮᠠᠯᠵᠢᠬᠤ ᠲᠠᠷᠢᠶᠠᠯᠠᠬᠤ ᠤᠷᠤᠨ  ᠤ  ᠴᠠᠬᠢᠯᠭᠠᠨ ᠲᠤᠤᠷ ᠤᠨ ᠲᠡᠰ ᠲᠡᠪᠰᠢᠬᠦ ᠢᠨᠵᠧᠨᠧᠷᠢᠩ ᠢ  ᠰᠠᠶᠢᠨ ᠬᠢᠵᠦ᠂  ᠲᠠᠪᠤᠨ ᠵᠢᠯ ᠳᠤ  ᠪᠦᠬᠦ ᠬᠤᠰᠢᠭᠤᠨ  ᠤ ᠭᠤᠤᠯ ᠪᠤᠯᠬᠤ ᠴᠠᠬᠢᠯᠭᠠᠨ ᠬᠤᠪᠢᠰᠬᠠᠬᠤ ᠦᠷᠳᠡᠭᠡ   ᠶᠢ ᠠᠯᠬᠤᠮ ᠠᠯᠬᠤᠮ ᠢᠶᠠᠷ  ᠦᠬᠡᠷᠡᠴᠢᠯᠡᠵᠦ ᠦᠷᠭᠡᠳᠭᠡᠨ᠎ᠡ ᠃   ᠭᠤᠷᠪᠠᠨ ᠰᠠᠭᠤᠷᠢ 110 ᠺᠢᠯᠤᠸᠤᠯᠲ ᠤᠨ ᠴᠠᠬᠢᠯᠭᠠᠨ ᠬᠤᠪᠢᠰᠬᠠᠬᠤ  ᠦᠷᠳᠡᠭᠡ ᠳᠤ 4 ᠲᠦᠮᠡᠨ ᠺᠢᠯᠤᠸᠤᠯᠲ ᠤᠨ ᠬᠤᠪᠢᠰᠬᠠᠭᠤᠷ ᠲᠤᠰᠪᠤᠷᠢ ᠨᠡᠮᠡᠵᠦ᠂  ᠲᠠᠪᠤᠨ ᠰᠠᠭᠤᠷᠢ 35 ᠺᠢᠯᠤᠸᠤᠯᠲ ᠤᠨ ᠴᠠᠬᠢᠯᠭᠠᠨ ᠬᠤᠪᠢᠰᠬᠠᠬᠤ  ᠦᠷᠳᠡᠭᠡ ᠳᠤ 1 ᠲᠦᠮᠡᠨ ᠺᠢᠯᠤᠸᠤᠯᠲ ᠤᠨ ᠬᠤᠪᠢᠰᠬᠠᠭᠤᠷ ᠲᠤᠰᠪᠤᠷᠢ ᠨᠡᠮᠡᠨ᠂ ᠮᠠᠨ ᠤ ᠬᠤᠰᠢᠭᠤᠨ  ᠤ ᠴᠠᠬᠢᠯᠭᠠᠨ ᠲᠤᠤᠷ ᠤᠨ ᠲᠠᠭᠠᠭᠠᠴᠠ ᠴᠢᠳᠠᠯ ᠪᠠ ᠨᠠᠶᠢᠳᠠᠪᠤᠷᠢᠳᠤ ᠴᠢᠨᠠᠷ ᠢ ᠤᠯᠠᠮ ᠨᠢᠬᠡ ᠠᠯᠬᠤᠮ ᠨᠡᠮᠡᠭᠳᠡᠬᠦᠯᠦᠨ᠎ᠡ᠃ ᠵᠠᠮ ᠬᠠᠷᠢᠯᠴᠠᠭᠠᠨ ᠤ ᠪᠦᠳᠦᠴᠡ ᠶᠢ ᠲᠦᠷᠭᠡᠨ ᠲᠡᠬᠦᠯᠳᠡᠷᠵᠢᠬᠦᠯᠵᠦ᠂ ᠵᠠᠮ ᠨᠡᠪᠳᠡᠷᠡᠯᠬᠡ ᠶᠢᠨ ᠪᠦᠷᠬᠦᠴᠡ ᠶᠢ ᠦᠷᠭᠡᠳᠭᠡᠨ᠂ 2017 ᠤᠨ ᠪᠤᠯᠬᠤ ᠳᠤ ᠲᠤᠳᠤᠷ᠎ᠠ ᠭᠠᠳᠠᠨ᠎ᠠ ᠶᠢ ᠬᠤᠯᠪᠤᠵᠤ᠂ ᠬᠤᠳᠠ ᠬᠦᠳᠡᠭᠡ ᠶᠢ ᠪᠦᠷᠬᠦᠭᠰᠡᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠤᠤᠷ ᠢ ᠪᠤᠢ ᠪᠤᠯᠭᠠᠨ᠎ᠠ᠃ ᠾᠧᠪᠸᠢ ᠮᠤᠵᠢ ᠶᠢᠨ ᠬᠦᠶᠤᠸᠠᠨ᠂ ᠺᠠᠩ ᠪᠤᠤ  ᠵᠡᠷᠭᠡ ᠭᠠᠵᠠᠷ ᠤᠷᠤᠨ ᠲᠠᠢ  ᠨᠡᠪᠳᠡᠷᠡᠬᠦ ᠵᠠᠮ ᠢᠶᠠᠷ ᠭᠤᠤᠯ ᠪᠤᠯᠭᠠᠨ᠂ ᠮᠠᠨ ᠬᠦ᠋ ᠱᠤᠭᠤᠮ ᠤᠨ 31 ᠺᠢᠯᠤᠮᠧᠲᠷ᠂ ᠺᠠᠩ ᠱᠠᠨ ᠱᠤᠭᠤᠮ ᠤᠨ 85 ᠺᠢᠯᠤᠮᠧᠲᠷ  ᠵᠢᠴᠢ  ᠴᠢᠶᠠᠨ ᠫᠤᠤ ᠱᠤᠭᠤᠮ᠂ ᠪᠤᠤ ᠴᠢ ᠱᠤᠭᠤᠮ ᠢ  ᠪᠠᠶᠢᠭᠤᠯᠤᠨ᠂ ᠭᠠᠴᠠᠭ᠎ᠠ ᠲᠤᠰᠬᠤᠨ ᠳᠤ  ᠨᠡᠪᠳᠡᠷᠡᠬᠦ 848 ᠺᠢᠯᠤᠮᠧᠲᠷ ᠲᠤᠰᠤᠨ ᠵᠠᠮ ᠪᠤᠶᠤ ᠽᠧᠮᠧᠨ᠋ᠲ ᠵᠠᠮ ᠢ ᠦᠬᠡᠷᠡᠴᠢᠯᠡᠨ ᠰᠠᠶᠢᠵᠢᠷᠠᠭᠤᠯᠵᠤ᠂ 95% ᠠᠴᠠ ᠲᠡᠭᠡᠭᠰᠢ ᠭᠠᠴᠠᠭ᠎ᠠ ᠲᠤᠰᠬᠤᠨ ᠳᠤ ᠽᠧᠮᠧᠨ᠋ᠲ ᠵᠠᠮ ᠨᠡᠪᠳᠡᠷᠡᠬᠦ ᠬᠠᠷᠠᠯᠳᠠ ᠶᠢ ᠪᠡᠶᠡᠯᠡᠬᠦᠯᠦᠨ᠎ᠡ᠃  ᠡᠬᠦᠨ ᠤ ᠬᠠᠮᠳᠤ᠂ ᠯᠠᠨ ᠵᠠᠩ ᠲᠡᠮᠦᠷ ᠵᠠᠮ ᠤᠨ ᠮᠠᠨ ᠤ ᠬᠤᠰᠢᠭᠤᠨ ᠳᠤ ᠦᠷᠳᠡᠭᠡ ᠪᠠᠶᠢᠭᠤᠯᠬᠤ  ᠠᠵᠢᠯ ᠢ ᠢᠳᠡᠪᠬᠢᠳᠡᠢ ᠪᠠᠷ ᠲᠦᠯᠬᠢᠨ ᠠᠬᠢᠭᠤᠯᠤᠨ᠎ᠠ᠃  ᠬᠤᠳᠠ ᠬᠦᠳᠡᠭᠡ ᠶᠢ ᠪᠦᠷᠬᠦᠭᠰᠡᠨ ᠶᠡᠷᠦᠩᠬᠡᠶᠢᠯᠡᠭᠰᠡᠨ ᠮᠡᠳᠡᠭᠡ ᠵᠠᠩᠬᠢ ᠶᠢᠨ ᠦᠢᠯᠡᠴᠢᠯᠡᠬᠡᠨ ᠤ ᠰᠢᠰᠲ᠋ᠧᠮ ᠢ  ᠪᠠᠶᠢᠭᠤᠯᠵᠤ᠂  3G᠂ 4G ᠰᠠᠭᠤᠷᠢ  ᠦᠷᠳᠡᠭᠡᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂  ᠪᠤᠤᠴᠠᠩ ᠪᠠᠯᠭᠠᠰᠤᠨ   ᠳᠤ 4G  ᠰᠦᠯᠵᠢᠶ᠎ᠡ ᠨᠡᠪᠳᠡᠷᠡᠵᠦ᠂ ᠰᠤᠮᠤ ᠰᠢᠶᠠᠩ ᠪᠠᠯᠭᠠᠰᠤᠨ ᠳᠤ 3G ᠰᠦᠯᠵᠢᠶ᠎ᠡ  ᠨᠡᠪᠳᠡᠷᠡᠨ᠂ ᠭᠠᠴᠠᠭ᠎ᠠ ᠲᠤᠰᠬᠤᠨ ᠳᠤ ᠦᠷᠭᠡᠨ ᠪᠦᠰᠡᠳᠦ ᠰᠦᠯᠵᠢᠶ᠎ᠡ ᠨᠡᠪᠳᠡᠷᠡᠬᠦ ᠬᠠᠷᠠᠯᠳᠠ ᠶᠢ ᠪᠡᠶᠡᠯᠡᠬᠦᠯᠦᠨ᠎ᠡ᠃ ᠷᠠᠳᠢᠤ᠋ ᠲᠧᠯᠸᠢᠰ ᠤᠨ ᠲᠤᠭᠠᠴᠢᠯᠠᠭᠰᠠᠨ ᠮᠡᠷᠭᠡᠵᠢᠯ ᠤᠨ ᠦᠬᠡᠷᠡᠴᠢᠯᠡᠯᠳᠡ  ᠶᠢᠨ ᠠᠵᠢᠯ ᠢ ᠤᠷᠤᠭᠰᠢ ᠠᠬᠢᠭᠤᠯᠵᠤ᠂ ︽ᠭᠤᠷᠪᠠᠨ ᠲᠤᠤᠷ ᠨᠡᠶᠢᠯᠡᠬᠦ︾ ᠬᠠᠷᠠᠯᠳᠠ ᠶᠢ ᠦᠨᠳᠦᠰᠦᠨ ᠳᠡᠭᠡᠨ ᠪᠡᠶᠡᠯᠡᠬᠦᠯᠦᠨ᠎ᠡ᠃      ᠬᠤᠳᠠ ᠪᠠᠯᠭᠠᠰᠤᠨ ᠤ  ᠴᠢᠳᠠᠪᠬᠢ ᠶᠢ ᠲᠠᠰᠤᠷᠠᠯᠳᠠ ᠦᠬᠡᠢ ᠲᠡᠬᠦᠯᠳᠡᠷᠵᠢᠬᠦᠯᠬᠦ ᠭᠡᠷᠡᠭᠳᠡᠢ᠃  ᠲᠠᠪᠠᠭᠤᠯᠢᠭ ᠢ ᠨᠦᠬᠦᠴᠡᠯᠳᠦᠬᠦᠯᠵᠦ ᠵᠤᠬᠢᠴᠠᠭᠤᠯᠤᠨ ᠬᠦᠭᠵᠢᠬᠦᠯᠬᠦ ᠶᠢ ᠪᠠᠷᠢᠮᠳᠠᠯᠠᠨ᠂  ᠬᠤᠳᠠ ᠪᠠᠯᠭᠠᠰᠤᠨ ᠤ ᠭᠡᠪᠴᠢᠶ᠎ᠡ ᠶᠢ ᠵᠦᠢ ᠵᠤᠬᠢᠰᠳᠠᠢ ᠲᠤᠭᠳᠠᠭᠠᠵᠤ᠂ ᠪᠤᠤᠴᠠᠩ  ᠪᠠᠯᠭᠠᠰᠤ ᠪᠠᠷ ᠴᠢᠮᠦᠬᠡ ᠪᠤᠯᠭᠠᠵᠤ᠂ ᠪᠤᠰᠤᠳ ᠪᠠᠯᠭᠠᠰᠤ ᠪᠠᠷ ᠭᠤᠤᠯᠳᠠᠯᠭ᠎ᠠ ᠪᠤᠯᠭᠠᠭᠰᠠᠨ ᠬᠤᠳᠠ ᠪᠠᠯᠭᠠᠰᠤᠨ ᠤ ᠬᠦᠭᠵᠢᠯᠳᠡ ᠶᠢᠨ ᠰᠢᠨ᠎ᠡ ᠭᠡᠪ ᠪᠠᠶᠢᠳᠠᠯ ᠢ ᠡᠬᠦᠳᠦᠨ᠎ᠡ᠃ ᠦᠨᠳᠦᠷ ᠡᠬᠢᠯᠡᠯᠳᠡ  ᠶᠢᠨ ᠴᠡᠭ ᠢᠶᠠᠷ ᠲᠦᠯᠦᠪᠵᠢᠬᠦᠯᠵᠦ᠂ ᠦᠨᠳᠦᠷ  ᠴᠢᠨᠠᠷ ᠴᠢᠨᠰᠠᠭ᠎ᠠ ᠪᠠᠷ ᠪᠠᠶᠢᠭᠤᠯᠤᠨ᠂  ᠦᠨᠳᠦᠷ ᠬᠢᠷᠢ ᠲᠦᠪᠰᠢᠨ  ᠢᠶᠠᠷ ᠬᠠᠮᠢᠶᠠᠷᠴᠤ᠂ ᠤᠷᠤᠨ ᠨᠤᠳᠤᠭ ᠤᠨ ᠤᠨᠴᠠᠯᠢᠭ ᠲᠠᠢ᠂ ᠬᠤᠳᠠ ᠶᠢᠨ ᠲᠦᠬᠦᠭᠡᠷᠦᠮᠵᠢ  ᠪᠦᠷᠢᠨᠰᠢᠵᠦ᠂  ᠦᠢᠯᠡᠴᠢᠯᠡᠬᠡᠨ ᠤ ᠴᠢᠳᠠᠪᠤᠷᠢ ᠢᠵᠢ ᠪᠦᠷᠢᠳᠦᠭᠰᠡᠨ ᠤᠳᠤ ᠦᠶ᠎ᠡ ᠶᠢᠨ ᠬᠤᠳᠠ ᠪᠠᠯᠭᠠᠳ ᠢ ᠪᠠᠶᠢᠭᠤᠯᠬᠤ ᠪᠠᠷ ᠴᠢᠷᠮᠠᠶᠢᠨ᠎ᠠ᠃ ᠬᠤᠳᠠ ᠪᠠᠯᠭᠠᠰᠤᠨ ᠤ ᠵᠠᠮ ᠤᠨ ᠪᠠᠶᠢᠭᠤᠯᠤᠯᠳᠠ ᠶᠢ ᠲᠦᠷᠭᠡᠳᠭᠡᠵᠦ᠂ ᠲᠠᠪᠤᠨ ᠵᠢᠯ ᠳᠤ ᠵᠡᠬᠦᠨ ᠲᠤᠭᠤᠷᠢᠭ ᠤᠨ ᠵᠠᠮ ᠢ ᠪᠦᠬᠦᠨ ᠢ  ᠨᠡᠪᠳᠡᠷᠡᠬᠦᠯᠦᠨ᠂ 85 ᠲᠦᠮᠡᠨ ᠬᠠᠪᠳᠠᠭᠠᠢ ᠲᠦᠷᠪᠡᠯᠵᠢᠨ ᠮᠧᠲᠷ ᠲᠤᠰᠤᠨ ᠵᠠᠮ  ᠢ ᠰᠢᠨ᠎ᠡ ᠪᠠᠷ ᠵᠠᠰᠠᠬᠤ ᠪᠤᠶᠤ  ᠦᠬᠡᠷᠡᠴᠢᠯᠡᠨ ᠪᠠᠶᠢᠭᠤᠯᠵᠤ᠂ ︽ᠭᠤᠷᠪᠠᠨ ᠬᠦᠨᠳᠡᠯᠡᠨ ᠭᠤᠷᠪᠠᠨ ᠭᠤᠯᠳᠤ︾ ᠵᠠᠮ  ᠤᠨ ᠲᠤᠤᠷ ᠢ ᠲᠡᠬᠦᠯᠳᠡᠷᠵᠢᠬᠦᠯᠦᠨ᠎ᠡ᠃ ᠪᠤᠤᠴᠠᠩ ᠪᠠᠯᠭᠠᠰᠤᠨ ᠤ ᠲᠠᠪᠤᠨ ᠵᠠᠮ ᠤᠨ ᠠᠮᠠ ᠶᠢ ᠭᠡᠭᠡᠷᠡᠬᠦᠯᠬᠦ ᠪᠠ ᠭᠤᠶᠤᠵᠢᠭᠤᠯᠬᠤ ᠠᠵᠢᠯ ᠢ ᠬᠢᠵᠦ᠂ ᠵᠠᠮ ᠤᠨ ᠬᠤᠶᠠᠷ ᠬᠠᠵᠠᠭᠤ   ᠶᠢ  ᠲᠡᠪᠢᠰᠴᠦ ᠬᠠᠳᠠᠭᠤᠷᠠᠭᠤᠯᠬᠤ ᠪᠠ ᠲᠠᠷᠢᠵᠤ  ᠨᠤᠭᠤᠭᠠᠷᠠᠭᠤᠯᠤᠨ᠋᠂   ᠰᠢᠨ᠎ᠡ ᠲᠤᠭᠤᠷᠢᠭ ᠤᠨ ᠨᠤᠭᠤᠭᠠᠷᠠᠯᠳᠠ ᠶᠢᠨ ᠨᠤᠷᠮ᠎ᠠ 20%   ᠠᠴᠠ ᠲᠤᠷᠤᠭᠰᠢ ᠪᠠᠶᠢᠬᠤ ᠦᠬᠡᠢ ᠶᠢ ᠪᠠᠳᠤᠯᠠᠨ᠎ᠠ᠃ ᠲᠤᠤᠷ ᠬᠤᠭᠤᠯᠠᠢ ᠶᠢᠨ ᠦᠬᠡᠷᠡᠴᠢᠯᠡᠯᠳᠡ ᠪᠠ ᠪᠠᠶᠢᠷᠢᠰᠢᠯ ᠢ ᠰᠢᠯᠢᠳᠡᠭᠵᠢᠬᠦᠯᠬᠦ ᠪᠠᠷ ᠭᠤᠤᠯᠳᠠᠯᠭ᠎ᠠ ᠪᠤᠯᠭᠠᠨ᠂ ᠰᠢᠨ᠎ᠡ ᠲᠤᠭᠤᠷᠢᠭ ᠤᠨ ᠲᠦᠭᠡᠭᠡᠯ ᠤᠰᠤᠨ ᠤ ᠦᠢᠯᠡᠳᠪᠦᠷᠢ ᠶᠢ ᠪᠠᠶᠢᠭᠤᠯᠵᠤ᠂ ᠤᠰᠤ  ᠬᠠᠩᠭ᠋ᠬᠤ  ᠂ ᠢᠯᠴᠢ ᠬᠠᠩᠭᠠᠬᠤ᠂ ᠨᠡᠬᠦᠷᠡᠰᠦᠨ ᠬᠡᠢ ᠬᠠᠩᠭᠠᠬᠤ ᠵᠡᠷᠭᠡ ᠲᠦᠬᠦᠭᠡᠷᠦᠮᠵᠢ ᠶᠢ ᠤᠯᠠᠮ ᠨᠢᠬᠡ ᠠᠯᠬᠤᠮ ᠰᠠᠶᠢᠵᠢᠷᠠᠭᠤᠯᠵᠤ᠂ ᠤᠰᠤ᠂  ᠢᠯᠴᠢ᠂ ᠬᠡᠢ ᠶᠢᠨ ᠲᠦᠭᠡᠮᠡᠯᠵᠢᠯ ᠢ ᠲᠤᠰᠪᠤᠷᠢ 99%᠂ 75% ᠪᠠ 50% ᠳᠤ ᠬᠦᠷᠭᠡᠨ᠎ᠡ᠃  ᠬᠤᠭ ᠨᠤᠪᠰᠢ ᠰᠢᠢᠳᠪᠦᠷᠢᠯᠡᠬᠦ ᠦᠢᠯᠡᠳᠪᠦᠷᠢ ᠶᠢ ᠠᠰᠢᠭᠯᠠᠯᠳᠠ ᠳᠤ ᠤᠷᠤᠭᠤᠯᠵᠤ᠂ ᠬᠤᠳᠠ ᠶᠢᠨ ᠪᠤᠵᠠᠷ ᠤᠰᠤ ᠰᠢᠢᠳᠪᠦᠷᠢᠯᠡᠬᠦ ᠨᠤᠷᠮ᠎ᠠ᠂ ᠬᠤᠭ ᠨᠤᠪᠰᠢ ᠪᠤᠬᠢᠷᠳᠤᠯ ᠦᠬᠡᠢ ᠰᠢᠢᠳᠪᠦᠷᠢᠯᠡᠬᠦ ᠨᠤᠷᠮ᠎ᠠ ᠶᠢ ᠲᠤᠰᠪᠤᠷᠢ 90% ᠪᠠ 85% ᠳᠤ ᠬᠦᠷᠭᠡᠨ᠎ᠡ᠃  ᠬᠤᠳᠠ ᠪᠠᠯᠭᠠᠰᠤᠵᠢᠯᠳᠠ ᠶᠢᠨ ᠨᠤᠷᠮ᠎ᠠ ᠶᠢ 43.6% ᠳᠤ  ᠬᠦᠷᠭᠡᠨ᠎ᠡ  ᠃ ᠶᠡᠷᠦᠩᠬᠡᠢ ᠬᠡᠮᠵᠢᠶ᠎ᠡ ᠶᠢ ᠡᠵᠡᠮᠳᠡᠬᠦ᠂ ᠡᠮᠬᠢ ᠲᠢᠭᠯᠡᠮ ᠲᠠᠢ ᠬᠦᠭᠵᠢᠬᠦᠯᠬᠦ ᠵᠠᠷᠴᠢᠮ ᠢᠶᠠᠷ ᠭᠡᠷ ᠪᠠᠶᠢᠰᠢᠩ ᠭᠠᠵᠠᠷ ᠰᠢᠷᠤᠢ ᠶᠢᠨ ᠠᠵᠤ ᠦᠢᠯᠡᠰ   ᠢ ᠲᠡᠳᠬᠦᠵᠦ ᠡᠷᠡᠬᠦᠯ ᠢᠶᠠᠷ ᠬᠦᠭᠵᠢᠬᠦᠯᠦᠨ᠂  ᠤᠷᠤᠨ ᠰᠠᠭᠤᠴᠠ   ᠶᠢᠨ ᠢᠵᠢ ᠪᠦᠷᠢᠳᠦᠭᠰᠡᠨ ᠨᠤᠷᠮ᠎ᠠ ᠶᠢ 75% ᠳᠤ ᠬᠦᠷᠭᠡᠨ᠎ᠡ᠃  ᠬᠤᠳᠠ  ᠪᠠᠯᠭᠠᠰᠤᠨ ᠤ ᠶᠡᠷᠦᠩᠬᠡᠶᠢᠯᠡᠭᠰᠡᠨ ᠬᠠᠮᠢᠶᠠᠷᠤᠯᠳᠠ   ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠰᠢᠨᠵᠢᠯᠡᠬᠦ ᠤᠬᠠᠭᠠᠨᠴᠢ᠂ ᠪᠦᠳᠦᠮᠵᠢ ᠰᠠᠶᠢᠳᠠᠢ ᠬᠠᠮᠢᠶᠠᠷᠤᠯᠳᠠ ᠶᠢᠨ ᠲᠤᠭᠳᠠᠴᠠ ᠶᠢ ᠪᠠᠶᠢᠭᠤᠯᠤᠨ᠎ᠠ᠃ ᠰᠤᠮᠤ ᠰᠢᠶᠠᠩ ᠪᠠᠯᠭᠠᠰᠤᠨ ᠤ ᠲᠦᠯᠦᠪᠵᠢᠬᠦᠯᠬᠡ ᠶᠢ ᠨᠠᠶᠢᠷᠠᠭᠤᠯᠬᠤ ᠪᠠ ᠪᠠᠯᠭᠠᠰᠤᠨ  ᠤ ᠦᠩᠬᠡ ᠲᠦᠷᠬᠦ ᠶᠢ ᠬᠤᠪᠢᠷᠠᠭᠤᠯᠬᠤ ᠶᠢ ᠲᠦᠷᠭᠡᠳᠭᠡᠵᠦ᠂  ᠪᠤᠯᠪᠠᠰᠤᠨ ᠰᠠᠶᠢᠬᠠᠨ᠂ ᠴᠡᠪᠡᠷ ᠭᠤᠶᠤ᠂  ᠰᠡᠳᠬᠢᠯ  ᠳᠤ ᠲᠠᠭᠠᠳᠠᠢ ᠤᠷᠤᠰᠢᠨ ᠠᠮᠢᠳᠤᠷᠠᠬᠤ ᠤᠷᠴᠢᠨ  ᠲᠤᠭᠤᠷᠢᠨ ᠢ ᠪᠠᠶᠢᠭᠤᠯᠬᠤ ᠭᠡᠷᠡᠭᠳᠡᠢ᠃      ︵ᠵᠢᠷᠭᠤᠭ᠎ᠠ︶ ᠬᠦᠮᠦᠨ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠨ᠂ ᠠᠵᠤ ᠠᠬᠤᠢ ᠨᠡᠶᠢᠬᠡᠮ ᠤᠨ ᠵᠤᠬᠢᠴᠠᠩᠭᠤᠢ ᠬᠦᠭᠵᠢᠯᠳᠡ ᠶᠢ ᠲᠦᠯᠬᠢᠨ ᠠᠬᠢᠭᠤᠯᠤᠨ᠎ᠠ᠃      ᠬᠤᠳᠠ ᠬᠦᠳᠡᠭᠡ ᠶᠢ ᠪᠦᠷᠬᠦᠭᠰᠡᠨ  ᠨᠡᠶᠢᠬᠡᠮ ᠤᠨ ᠪᠠᠳᠤᠯᠠᠭᠠᠨ ᠤ ᠰᠢᠰᠲ᠋ᠧᠮ ᠢ ᠲᠡᠬᠦᠯᠳᠡᠷᠵᠢᠬᠦᠯᠬᠦ ᠭᠡᠷᠡᠭᠳᠡᠢ᠃   ᠡᠮᠨᠡᠯᠬᠡ ᠶᠢᠨ ᠠᠪᠤᠷᠠᠨ ᠲᠤᠰᠠᠯᠠᠬᠤ ᠪᠡᠯᠡ  ᠮᠦᠩᠬᠦ ᠪᠠ ᠲᠤᠰ ᠱᠠᠳᠤᠨ ᠤ ᠡᠳ᠋ ᠤᠨ ᠵᠠᠰᠠᠭ ᠤᠨ ᠪᠡᠯᠡ  ᠤᠷᠤᠭᠤᠯᠤᠯᠳᠠ ᠶᠢ ᠶᠡᠬᠡᠰᠬᠡᠵᠦ᠂ ᠠᠪᠤᠷᠠᠨ ᠲᠤᠰᠠᠯᠠᠬᠤ ᠠᠷᠭ᠎ᠠ ᠠᠪᠴᠢᠯ ᠢ ᠤᠯᠠᠮ ᠲᠡᠬᠦᠯᠳᠡᠷᠵᠢᠬᠦᠯᠦᠨ᠂ ᠡᠮᠨᠡᠯᠬᠡ  ᠶᠢᠨ ᠠᠪᠤᠷᠠᠨ ᠲᠤᠰᠠᠯᠠᠬᠤ ᠪᠦᠷᠬᠦᠴᠡ ᠶᠢᠨ ᠨᠤᠷᠮ᠎ᠠ᠂ ᠪᠡᠯᠡ  ᠮᠦᠩᠬᠦ ᠶᠢᠨ ᠭᠡᠷᠡᠭᠯᠡᠯᠳᠡ ᠶᠢᠨ ᠨᠤᠷᠮ᠎ᠠ ᠪᠠ ᠠᠪᠤᠷᠠᠨ ᠲᠤᠰᠠᠯᠠᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠲᠤᠰᠠᠯᠠᠮᠵᠢ ᠴᠤᠭᠯᠠᠭᠤᠯᠬᠤ   ᠪᠠᠷ ᠲᠠᠮᠵᠢᠨ ᠬᠦᠨᠳᠦ ᠡᠪᠡᠳᠴᠢᠳᠡᠨ ᠢ ᠠᠪᠤᠷᠠᠨ ᠲᠤᠰᠠᠯᠠᠬᠤ ᠵᠢᠴᠢ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠰᠠᠶᠢᠨ ᠬᠢᠨ᠎ᠡ᠃ ᠬᠤᠳᠠ ᠬᠦᠳᠡᠭᠡ ᠶᠢᠨ ᠨᠠᠰᠤᠵᠢᠯ ᠤᠨ ᠲᠠᠭᠠᠳᠬᠠᠯ᠂ ᠬᠤᠳᠠ ᠪᠠᠯᠭᠠᠰᠤᠨ ᠤ ᠠᠵᠢᠯᠴᠢᠨ ᠤ ᠪᠠ ᠰᠠᠭᠤᠭᠠᠯᠢ ᠠᠷᠠᠳ  ᠤᠨ ᠡᠮᠨᠡᠯᠬᠡ ᠶᠢᠨ ᠲᠠᠭᠠᠳᠬᠠᠯ᠂  ᠬᠦᠨᠳᠦ ᠡᠪᠡᠳᠴᠢᠨ ᠢᠶᠠᠷ ᠡᠮᠨᠡᠯᠬᠡ ᠳᠤ ᠰᠠᠭᠤᠬᠤ ᠲᠠᠭᠠᠳᠬᠠᠯ᠂ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠬᠡ ᠶᠢᠨ ᠲᠠᠭᠠᠳᠬᠠᠯ ᠤᠨ ᠪᠦᠷᠬᠦᠴᠡ ᠶᠢ ᠲᠤᠭᠳᠠᠭᠤᠨ ᠢᠶᠠᠷ ᠨᠡᠮᠡᠭᠳᠡᠬᠦᠯᠦᠨ᠎ᠡ᠃ ᠨᠠᠰᠤᠳᠠᠶᠢᠴᠤᠳ᠂ ᠵᠡᠮᠳᠡᠭᠴᠤᠳ ᠪᠠ  ᠦᠨᠦᠴᠢᠨ ᠬᠡᠦᠭᠡᠳ ᠵᠡᠷᠭᠡ ᠨᠡᠶᠢᠬᠡᠮ  ᠤᠨ ᠪᠠᠭᠤᠷᠠᠢ ᠴᠤᠭᠴᠠᠰ ᠤᠨ ᠡᠷᠭᠡ ᠠᠰᠢᠭ ᠢ ᠬᠠᠤᠯᠢ ᠶᠤᠰᠤᠭᠠᠷ ᠬᠠᠮᠠᠭᠠᠯᠠᠵᠤ᠂ ᠬᠦᠮᠦᠨ ᠠᠮᠠ   ᠶᠢᠨ ᠨᠠᠰᠤᠵᠢᠯ  ᠤᠨ ᠠᠰᠠᠭᠤᠳᠠᠯ ᠢ ᠲᠡᠭᠡᠳᠦ ᠬᠡᠮᠵᠢᠶ᠎ᠡ ᠪᠠᠷ ᠬᠠᠯᠠᠮᠵᠢᠯᠠᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ᠂ ᠨᠠᠰᠤᠳᠠᠶᠢᠴᠤᠳ ᠤᠨ ᠪᠠᠶᠢᠷᠢ  ᠪᠤᠯᠤᠨ ᠠᠰᠠᠷᠠᠮᠵᠢ ᠶᠢᠨ ᠲᠦᠪ ᠤᠨ ᠪᠠᠶᠢᠭᠤᠯᠤᠯᠳᠠ ᠶᠢ ᠲᠦᠷᠭᠡᠳᠭᠡᠨ᠎ᠡ᠃ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠵᠡᠷᠭᠡ ᠲᠤᠰᠬᠠᠢ ᠲᠦᠷᠦᠯ ᠤᠨ ᠠᠪᠤᠷᠠᠨ ᠲᠤᠰᠠᠯᠠᠬᠤ ᠠᠵᠢᠯ ᠤᠨ ᠰᠦᠯᠵᠢᠶᠡᠨ ᠲᠡᠭᠡᠷ᠎ᠡ ᠬᠢᠨᠠᠨ ᠵᠦᠪᠰᠢᠶᠡᠷᠡᠬᠦ ᠪᠠ ᠮᠡᠳᠡᠭᠡ ᠵᠠᠩᠬᠢ ᠶᠢ ᠰᠦᠯᠵᠢᠶ᠎ᠡ ᠪᠠᠷ ᠬᠠᠮᠢᠶᠠᠷᠬᠤ ᠠᠵᠢᠯ  ᠢ ᠲᠦᠯᠬᠢᠨ ᠠᠬᠢᠭᠤᠯᠤᠨ᠎ᠠ᠃ ᠲᠠᠪᠤᠨ ᠪᠠᠳᠤᠯᠠᠭᠠᠨ ᠤ ᠠᠰᠷᠠᠮᠵᠢ ᠶᠢᠨ  ᠪᠠᠷᠢᠮᠵᠢᠶ᠎ᠠ ᠶᠢ ᠠᠶᠠᠨᠳᠠᠭᠠᠨ ᠦᠰᠭᠡᠬᠦ ᠲᠤᠭᠳᠠᠴᠠ ᠶᠤᠰᠤᠭᠠᠷ  ᠠᠰᠠᠷᠠᠨ  ᠬᠠᠷᠠᠭᠠᠯᠵᠠᠬᠤ ᠰᠢᠨ᠎ᠡ ᠪᠠᠷᠢᠮᠵᠢᠶ᠎ᠠ ᠶᠢ ᠲᠤᠭᠳᠠᠭᠠᠵᠤ᠂ ᠲᠠᠪᠤᠨ ᠪᠠᠳᠤᠯᠠᠭᠠᠳᠤ ᠡᠷᠦᠬᠡ ᠶᠢᠨ ᠦᠨᠳᠦᠰᠦᠨ ᠠᠮᠢᠳᠤᠷᠠᠯ ᠢ ᠪᠠᠳᠤᠯᠠᠬᠤ ᠭᠡᠷᠡᠭᠳᠡᠢ᠃ ᠬᠦᠴᠢᠷᠳᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠳᠤᠯᠠᠵᠤ᠂ ᠡᠯ᠎ᠡ ᠲᠦᠷᠦᠯ ᠤᠨ ᠬᠦᠴᠢᠷᠳᠡᠢ ᠬᠦᠮᠦᠰ᠂ ᠢᠯᠠᠩᠭᠤᠶ᠎ᠠ ᠭᠠᠢ ᠭᠠᠮᠰᠢᠭ ᠡᠪᠡᠳᠴᠢᠨ ᠵᠤᠪᠠᠯᠠᠩ ᠠᠴᠠ ᠪᠤᠯᠵᠤ ᠶᠠᠳᠠᠭᠤᠷᠠᠭᠰᠠᠨ ᠡᠷᠦᠬᠡ ᠶᠢ ᠨᠠᠷᠢᠨ ᠨᠢᠮᠪᠠᠢ ᠪᠠᠶᠢᠴᠠᠭᠠᠨ ᠤᠶᠢᠯᠠᠭᠠᠵᠤ᠂ ᠬᠦᠴᠢᠷᠳᠡᠢ ᠬᠦᠮᠦᠨ ᠨᠢᠭᠡᠪᠦᠷᠢ ᠶᠢ ᠪᠠᠳᠤᠯᠠᠭᠠᠨ ᠳᠤ ᠤᠷᠤᠭᠤᠯᠬᠤ ᠪᠤᠶᠤ ᠠᠪᠤᠷᠠᠨ ᠲᠤᠰᠠᠯᠠᠬᠤ ᠬᠡᠪᠴᠢᠶᠡᠨ ᠳᠤ ᠤᠷᠤᠭᠤᠯᠬᠤ  ᠭᠡᠷᠡᠭᠳᠡᠢ᠃ ᠲᠤᠭᠳᠠᠴᠠ ᠶᠢ ᠲᠡᠬᠦᠯᠳᠡᠷᠵᠢᠬᠦᠯᠵᠦ᠂ ᠠᠵᠢᠯ ᠲᠦᠷᠦᠯ ᠢᠶᠠᠷ ᠲᠡᠳᠬᠦᠨ᠂ ᠡᠯ᠎ᠡ ᠡᠳᠡᠭᠡᠳ  ᠤᠨ ᠬᠦᠴᠦᠨ ᠢ ᠨᠢᠭᠡᠳᠭᠡᠵᠦ᠂   ᠨᠢᠭᠤᠷᠯᠠᠨ ᠬᠠᠪᠰᠤᠷᠬᠤ ᠲᠤᠰᠠᠯᠠᠮᠵᠢ ᠶᠢᠨ ᠲᠤᠭᠳᠠᠴᠠ ᠶᠢ ᠪᠠᠶᠢᠭᠤᠯᠤᠨ᠂ ᠡᠬᠦᠷᠭᠡ ᠬᠠᠷᠢᠭᠤᠴᠠᠯᠭ᠎ᠠ ᠶᠢ ᠬᠦᠮᠦᠨ ᠳᠤ ᠨᠠᠶᠢᠳᠠᠪᠤᠷᠢᠵᠢᠭᠤᠯᠵᠤ᠂ ᠬᠠᠯᠠᠮᠵᠢ ᠲᠤᠰᠠ ᠶᠢ ᠡᠷᠦᠬᠡ ᠳᠤ ᠬᠦᠷᠭᠡᠨ᠂ ᠬᠦᠴᠢᠷᠳᠡᠢ ᠠᠷᠠᠳ ᠨᠢᠬᠡᠪᠦᠷᠢ ᠳᠤ ᠴᠠᠭ ᠲᠤᠬᠠᠢ   ᠳᠤᠨᠢ ᠲᠤᠰᠠᠯᠠᠮᠵᠢ ᠬᠦᠷᠳᠡᠭᠡᠬᠦ ᠭᠡᠷᠡᠭᠳᠡᠢ᠃ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠪᠤᠯᠤᠨ  ᠮᠠᠯᠵᠢᠬᠤ ᠲᠠᠷᠢᠶᠠᠯᠠᠬᠤ ᠤᠷᠤᠨ ᠤ  ᠠᠶᠤᠯᠳᠠᠢ ᠭᠡᠷ ᠪᠠᠶᠢᠰᠢᠩ   ᠤᠨ  ᠦᠬᠡᠷᠡᠴᠢᠯᠡᠯᠳᠡ ᠶᠢ ᠲᠦᠷᠭᠡᠳᠭᠡᠵᠦ᠂  ᠬᠤᠳᠠ ᠬᠦᠳᠡᠭᠡ ᠶᠢᠨ ᠲᠤᠮᠳᠠ ᠲᠤᠤᠷ᠎ᠠ ᠤᠷᠤᠯᠭ᠎ᠠ ᠲᠠᠢ ᠭᠡᠷ ᠪᠦᠯᠢ  ᠪᠤᠯᠤᠨ ᠤᠨᠴᠠ ᠬᠦᠴᠢᠷᠳᠡᠢ  ᠠᠶᠢᠯ ᠡᠷᠦᠬᠡ ᠶᠢᠨ  ᠤᠷᠤᠨ ᠰᠠᠭᠤᠴᠠ ᠶᠢᠨ ᠠᠰᠠᠭᠤᠳᠠᠯ ᠢ ᠦᠨᠳᠦᠰᠦᠨ ᠳᠡᠭᠡᠨ  ᠰᠢᠢᠳᠪᠦᠷᠢᠯᠡᠬᠦ ᠪᠠᠷ ᠴᠢᠷᠮᠠᠶᠢᠨ᠎ᠠ᠃ ᠠᠵᠢᠯ ᠤᠯᠬᠤ ᠶᠢ ᠠᠬᠢᠭᠤᠯᠬᠤ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠢᠳᠡᠪᠬᠢᠳᠡᠢ  ᠰᠦᠪᠡᠭᠴᠢᠯᠡᠨ᠂  ᠤᠯᠠᠨ ᠵᠦᠢᠯ ᠤᠨ ᠠᠷᠭ᠎ᠠ ᠵᠠᠮ ᠢᠶᠠᠷ ᠠᠵᠢᠯ ᠤᠨ ᠪᠠᠶᠢᠷᠢ  ᠨᠡᠭᠡᠭᠡᠵᠦ᠂  ᠲᠤᠮᠳᠠ ᠪᠠᠭ᠎ᠠ ᠭᠡᠯᠪᠡᠷᠢ ᠶᠢᠨ ᠠᠵᠤ ᠠᠬᠤᠶᠢᠯᠠᠯ ᠤᠨ ᠠᠵᠢᠯ ᠤᠯᠭᠤᠬᠤ ᠭᠡᠮᠵᠢᠶ᠎ᠡ ᠶᠢ ᠦᠷᠭᠡᠳᠭᠡᠨ᠎ᠡ᠃ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠢ ᠲᠤᠬᠢᠷᠠᠮᠵᠢᠳᠠᠢ ᠨᠡᠬᠡᠬᠡᠵᠦ᠂ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠲᠦᠷᠦᠯ ᠵᠦᠢᠯ ᠨᠢ ᠶᠠᠭᠤᠨ ᠤ ᠤᠷᠢᠳ ᠲᠤᠬᠠᠢ ᠶᠢᠨ ᠭᠠᠵᠠᠷ ᠤᠨ ᠬᠦᠳᠡᠯᠮᠦᠷᠢ ᠬᠦᠴᠦᠨ  ᠳᠡᠭᠡᠨ ᠠᠵᠢᠯ ᠤᠯᠭᠤᠬᠤ ᠭᠡᠷᠡᠭᠳᠡᠢ᠃ ᠠᠵᠢᠯ ᠮᠡᠷᠭᠡᠵᠢᠯ ᠤᠨ ᠪᠤᠯᠪᠠᠰᠤᠷᠠᠯ ᠪᠠ ᠠᠵᠢᠯ ᠤᠯᠭᠤᠬᠤ ᠦᠢᠯᠡᠴᠢᠯᠡᠬᠡᠨ ᠤ ᠪᠤᠯᠪᠠᠰᠤᠷᠠᠯ ᠢ ᠴᠢᠩᠭᠠᠳᠬᠠᠵᠤ᠂ ᠲᠡᠭᠡᠳᠦ ᠪᠠ ᠲᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠢᠶᠠᠷ ᠲᠡᠬᠦᠰᠦᠭᠰᠡᠨ ᠰᠤᠷᠤᠭᠴᠢᠳ᠂ ᠬᠦᠯᠦᠰᠦᠨ ᠠᠵᠢᠯᠴᠢᠨ᠂  ᠬᠤᠳᠠ ᠪᠠᠯᠭᠠᠰᠤᠨ ᠤ ᠠᠵᠢᠯ ᠤᠯᠬᠤ ᠳᠤ ᠬᠦᠴᠢᠷᠳᠡᠢ ᠬᠦᠮᠦᠰ᠂ ᠬᠠᠯᠠᠭᠳᠠᠭᠰᠠᠨ ᠴᠡᠷᠢᠭ ᠵᠡᠷᠭᠡ   ᠶᠢ ᠵᠢᠯᠤᠭᠤᠳᠴᠤ ᠠᠵᠢᠯ ᠤᠯᠭᠤᠬᠤ  ᠭᠡᠷᠡᠭᠳᠡᠢ᠃ ᠲᠠᠪᠤᠨ ᠵᠢᠯ ᠳᠤ ᠪᠤᠯᠪᠠᠰᠤᠷᠠᠯ ᠬᠦᠷᠳᠡᠬᠦ ᠮᠠᠯᠴᠢᠨ ᠲᠠᠷᠢᠶᠠᠴᠢᠨ ᠢ 18.5 ᠲᠦᠮᠡᠨ ᠬᠦᠮᠦᠨ ︵ᠤᠳᠠᠭ᠎ᠠ︶ ᠳᠤ  ᠬᠦᠷᠭᠡᠵᠦ  ᠂ 5000 ᠬᠦᠮᠦᠨ   ᠳᠤ ᠮᠡᠷᠭᠡᠵᠢᠯ ᠤᠨ ᠪᠤᠯᠪᠠᠰᠤᠷᠠᠯ ᠬᠦᠷᠳᠡᠭᠡᠨ᠂ 6.4 ᠲᠦᠮᠡᠨ ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠬᠤ ᠪᠠᠷ ᠲᠦᠯᠦᠪᠯᠡᠪᠡ᠃  ᠵᠢᠯ ᠳᠤ 10000 ᠠᠵᠢᠯ ᠤᠨ ᠪᠠᠶᠢᠷᠢ ᠡᠯᠰᠡᠵᠦ᠂ ᠬᠤᠳᠠ ᠪᠠᠯᠭᠠᠰᠤᠨ ᠤ 2000 ᠬᠦᠮᠦᠨ ᠳᠤ ᠠᠵᠢᠯ ᠲᠤᠬᠢᠷᠠᠭᠤᠯᠤᠨ᠂  ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3.5%   ᠳᠤ ᠬᠢᠵᠠᠭᠠᠷᠯᠠᠨ᠎ᠠ᠃       ᠶᠠᠳᠠᠭᠤ ᠶᠢ  ᠲᠡᠳᠬᠦᠵᠦ ᠨᠡᠭᠡᠭᠡᠨ ᠬᠦᠭᠵᠢᠬᠦᠯᠬᠦ ᠠᠵᠢᠯ ᠤᠨ ᠡᠷᠴᠢᠮ ᠢ ᠴᠢᠩᠭᠠᠷᠠᠭᠤᠯᠬᠤ ᠭᠡᠷᠡᠭᠳᠡᠢ᠃ ᠶᠠᠳᠠᠭᠤ ᠶᠢ ᠲᠡᠳᠬᠦᠬᠦ ᠰᠢᠨ᠎ᠡ ᠪᠠᠷᠢᠮᠵᠢᠶ᠎ᠠ ᠪᠠᠷ ᠪᠤᠳᠤᠪᠠᠯ ᠮᠠᠨ ᠤ ᠬᠤᠰᠢᠭᠤᠨ ᠤ ᠶᠠᠳᠠᠭᠤ ᠬᠦᠴᠢᠷᠳᠡᠢ ᠬᠦᠮᠦᠨ ᠠᠮᠠ  ᠤᠳᠤᠬᠠᠨ 6.5 ᠲᠦᠮᠡ  ᠪᠠᠶᠢᠵᠤ᠂ ᠪᠦᠬᠦ ᠠᠶᠢᠮᠠᠭ ᠤᠨ ᠶᠠᠳᠠᠭᠤ ᠬᠦᠴᠢᠷᠳᠡᠢ ᠬᠦᠮᠦᠨ ᠠᠮᠠ ᠶᠢᠨ 42% ᠶᠢ ᠡᠵᠡᠯᠡᠨ᠂  ᠪᠦᠬᠦ ᠤᠷᠤᠨ ᠤ ᠶᠠᠳᠠᠭᠤ ᠶᠢ ᠳᠡᠳᠬᠦᠬᠦ ᠰᠢᠪᠳᠤᠯᠤᠯᠳᠠ ᠶᠢᠨ ᠲᠠᠶᠢᠯᠠᠯᠳᠤᠭᠠᠨ ᠤ ᠭᠤᠤᠯ ᠲᠠᠯᠠᠪᠤᠷ ᠪᠤᠯᠵᠤ᠂  ᠢᠷᠡᠬᠦ ᠲᠠᠪᠤᠨ ᠵᠢᠯ ᠤᠨ ᠠᠵᠢᠯ ᠡᠬᠦᠷᠭᠡ ᠶᠡᠭᠡ ᠬᠦᠨᠳᠦ ᠪᠠᠶᠢᠭ᠎ᠠ ᠶᠤᠮ᠃ ᠪᠢᠳᠡ ᠡᠷᠭᠡᠪᠰᠢ ᠶᠠᠳᠠᠭᠤ ᠶᠢ ᠲᠡᠳᠬᠦᠵᠦ ᠨᠡᠬᠡᠬᠡᠨ ᠬᠦᠭᠵᠢᠬᠦᠯᠬᠦ ᠠᠵᠢᠯ ᠢ  ᠨᠢᠭᠡ ᠵᠦᠢᠯ ᠤᠨ ᠲᠡᠦᠬᠡᠳᠦ ᠡᠬᠦᠷᠭᠡ᠂  ᠨᠡᠶᠢᠬᠡᠮ ᠤᠨ ᠢᠨᠵᠧᠨᠧᠷᠢᠩ  ᠪᠤᠯᠭᠠᠨ ᠠᠳᠬᠤᠵᠤ᠂ ᠵᠠᠰᠠᠭ ᠤᠨ ᠤᠷᠳᠤᠨ ᠠᠴᠠ ᠵᠢᠯᠤᠭᠤᠳᠤᠨ᠂ ᠲᠤᠰᠬᠠᠢ ᠲᠦᠷᠦᠯ ᠤᠨ ᠲᠡᠳᠬᠦᠮᠵᠢ ᠪᠠᠷ ᠭᠤᠤᠯᠳᠠᠯᠭ᠎ᠠ ᠪᠤᠯᠭᠠᠨ᠂ ᠠᠵᠢᠯ ᠲᠦᠷᠦᠯ ᠤᠨ ᠲᠤᠰᠠᠯᠠᠮᠵᠢ ᠪᠠᠷ ᠲᠠᠶᠢᠴᠢᠯᠠᠭᠤᠯᠵᠤ᠂ ᠨᠡᠶᠢᠬᠡᠮ ᠤᠨ ᠲᠤᠰᠠᠯᠠᠮᠵᠢ ᠪᠠᠷ  ᠨᠦᠬᠦᠪᠦᠷᠢᠯᠡᠬᠦᠯᠦᠨ᠂ ᠲᠦᠷᠦᠯ ᠵᠦᠢᠯ ᠪᠠ ᠪᠡᠯᠡ  ᠮᠦᠩᠬᠦ ᠶᠢ ᠬᠠᠮᠳᠤᠳᠬᠠᠵᠤ᠂ ᠶᠠᠳᠠᠭᠤ ᠶᠢ ᠲᠡᠳᠬᠦᠬᠦ ᠠᠵᠢᠯ ᠤᠨ ᠬᠦᠴᠦᠷᠭᠡᠭ ᠶᠡᠭᠡ ᠬᠠᠮᠳᠤᠷᠠᠯ ᠤᠨ ᠬᠦᠴᠦᠨ ᠢ ᠪᠤᠢ ᠪᠤᠯᠭᠠᠵᠤ᠂ 2017 ᠤᠨ ᠪᠤᠯᠬᠤ ᠳᠤ ᠲᠤᠶᠢᠯᠰᠢᠷᠠᠩᠭᠤᠢ ᠶᠠᠳᠠᠭᠤ ᠬᠦᠴᠢᠷᠳᠡᠢ ᠦᠵᠡᠭᠳᠡᠯ ᠢ ᠦᠨᠳᠦᠰᠦᠨ ᠳᠡᠭᠡᠨ ᠤᠰᠠᠳᠬᠠᠬᠤ ᠪᠠᠷ ᠴᠢᠷᠮᠠᠶᠢᠬᠤ ᠬᠡᠷᠡᠭᠳᠡᠢ᠃ ᠲᠠᠪᠤᠨ ᠵᠢᠯ ᠳᠤ ᠂ 30 ᠭᠤᠤᠯᠳᠠᠯᠭᠠᠳᠠᠢ ᠭᠠᠴᠠᠠᠭ᠎ᠠ ᠲᠤᠰᠬᠤᠨ ᠢ ᠰᠤᠩᠭᠤᠵᠤ ᠪᠦᠬᠦᠶᠢᠯᠡ ᠲᠤᠰᠬᠤᠨ ᠢᠶᠠᠷ ᠠᠬᠢᠭᠤᠯᠤᠨ᠂  ᠲᠠᠷᠢᠵᠤ ᠮᠠᠯᠵᠢᠬᠤ ᠦᠢᠯᠡᠰ   ᠢ ᠬᠦᠭᠵᠢᠬᠦᠯᠬᠦ ᠳᠤ ᠲᠤᠬᠢᠷᠠᠭᠰᠠᠨ 15 ᠭᠠᠴᠠᠭ᠎ᠠ ᠲᠤᠰᠬᠤᠨ ᠳᠤ ᠠᠵᠤ ᠦᠢᠯᠡᠰᠵᠢᠬᠦᠯᠦᠨ ᠶᠠᠳᠠᠭᠤ ᠶᠢ ᠳᠡᠳᠬᠦᠬᠦ ᠲᠦᠷᠦᠯ ᠵᠦᠢᠯ ᠢ ᠭᠡᠷᠡᠭᠵᠢᠬᠦᠯᠵᠦ᠂ ᠠᠳᠠᠯᠢ ᠡᠬᠢ ᠪᠠᠶᠠᠯᠢᠭ᠂ ᠠᠳᠠᠯᠢ ᠪᠠᠶᠢᠭᠠᠯᠢ ᠶᠢᠨ ᠨᠦᠬᠦᠴᠡᠯ ᠲᠠᠢ 40 ᠭᠠᠴᠠᠭ᠎ᠠ ᠲᠤᠰᠬᠤᠨ ᠢ ᠰᠤᠩᠭᠤᠵᠤ  ᠭᠠᠵᠠᠷ ᠲᠠᠯᠠᠪᠠᠢ ᠶᠢ ᠲᠦᠪᠯᠡᠷᠡᠬᠦᠯᠬᠦ ᠠᠷᠭ᠎ᠠ ᠪᠠᠷ ᠶᠠᠳᠠᠭᠤ ᠶᠢ ᠳᠡᠳᠬᠦᠨ ᠬᠦᠭᠵᠢᠬᠦᠯᠵᠦ᠂ ᠪᠠᠶᠢᠭᠠᠯᠢ ᠠᠬᠤᠢ ᠶᠢᠨ ᠨᠦᠬᠦᠴᠡᠯ ᠢᠶᠠᠷ ᠮᠠᠭᠤ᠂ ᠵᠠᠮ ᠬᠠᠷᠢᠯᠴᠠᠭ᠎ᠠ ᠲᠦᠬᠦᠮ ᠦᠬᠡᠢ᠂ ᠬᠦᠭᠵᠢᠯᠳᠡ ᠶᠢᠨ ᠲᠠᠯᠳᠠ ᠬᠦᠴᠦᠨ ᠢᠶᠠᠷ ᠲᠤᠳᠠᠮᠠᠭ᠂ ᠤᠷᠤᠰᠢᠵᠤ ᠠᠮᠢᠳᠤᠷᠠᠬᠤ ᠳᠤ ᠬᠦᠴᠢᠷᠳᠡᠢ 24 ᠭᠠᠴᠠᠭ᠎ᠠ ᠲᠤᠰᠬᠤᠨ   ᠢ  ᠨᠡᠬᠦᠯᠬᠡᠨ᠎ᠡ᠃ ᠪᠠᠰᠠ ᠨᠦᠬᠦᠴᠡᠯ ᠳᠤ ᠲᠤᠬᠢᠷᠠᠭᠰᠠᠨ 5 ᠭᠠᠴᠠᠭ᠎ᠠ ᠲᠤᠰᠬᠤᠨ ᠢ ᠰᠤᠩᠭᠤᠵᠤ᠂ ᠰᠢᠨᠵᠢᠯᠡᠭᠡ ᠮᠡᠷᠭᠡᠵᠢᠯ ᠢᠶᠠᠷ ᠶᠠᠳᠠᠭᠤ ᠶᠢ ᠳᠡᠳᠬᠦᠨ᠂  ᠶᠠᠳᠠᠭᠤ ᠶᠢ ᠳᠡᠳᠬᠦᠬᠦ ᠲᠦᠷᠦᠯ ᠵᠦᠢᠯ ᠭᠡᠷᠡᠭᠵᠢᠬᠦᠯᠦᠭᠡᠳᠦᠢ  25 ᠭᠠᠴᠠᠭ᠎ᠠ ᠲᠤᠰᠬᠤᠨ ᠳᠤ ᠬᠤᠪᠢᠰᠬᠠᠯ ᠤᠨ ᠬᠠᠭᠤᠴᠢᠨ ᠤᠷᠤᠨ ᠤ ᠠᠵᠤ ᠦᠢᠯᠡᠰ ᠤᠨ ᠬᠦᠭᠵᠢᠯᠳᠡ ᠶᠢᠨ ᠲᠦᠷᠦᠯ ᠵᠦᠢᠯ ᠢ ᠭᠡᠷᠡᠭᠵᠢᠬᠦᠯᠦᠨ᠎ᠡ᠃ ︽ᠲᠤᠰᠬᠠᠢ ᠲᠦᠷᠦᠯ ᠢᠶᠠᠷ ᠵᠦᠪᠯᠡᠬᠦ︾ ᠠᠵᠢᠯ ᠢ ᠭᠠᠵᠠᠷ ᠤᠷᠤᠨ ᠳᠤ ᠲᠤᠬᠢᠷᠠᠭᠤᠯᠤᠨ ᠲᠦᠯᠬᠢᠨ ᠠᠬᠢᠭᠤᠯᠵᠤ᠂  ︽ᠲᠤᠰᠬᠠᠢ ᠲᠦᠷᠦᠯ ᠢᠶᠠᠷ ᠵᠦᠪᠯᠡᠬᠦ︾ ᠠᠵᠢᠯ ᠤᠨ ᠲᠤᠮᠳᠠ ᠪᠠ ᠤᠷᠳᠤ ᠬᠤᠭᠤᠴᠠᠭᠠᠨ ᠤ ᠲᠦᠯᠦᠪᠵᠢᠬᠦᠯᠬᠡ ᠶᠢ ᠲᠦᠷᠭᠡᠨ  ᠲᠤᠭᠳᠠᠭᠠᠵᠤ᠂ ︽ᠲᠤᠰᠬᠠᠢ ᠲᠦᠷᠦᠯ ᠢᠶᠠᠷ ᠵᠦᠪᠯᠡᠬᠦ︾ ᠠᠵᠢᠯ ᠤᠨ ᠪᠦᠬᠦ ᠲᠠᠯᠠᠪᠠᠷ᠂ ᠲᠡᠩᠴᠡᠬᠦᠷᠢᠳᠡᠢ᠂  ᠲᠢᠭᠯᠡᠮ ᠲᠠᠢ ᠶᠠᠪᠤᠭᠳᠠᠬᠤ ᠶᠢ ᠲᠦᠯᠬᠢᠨ ᠠᠬᠢᠭᠤᠯᠤᠨ᠎ᠠ᠃  ᠡᠨᠡ  ᠲᠠᠪᠤᠨ ᠵᠢᠯ ᠳᠤ᠂ ᠭᠠᠴᠠᠭ᠎ᠠ ᠲᠤᠰᠬᠤᠨ ᠤ ᠵᠠᠮ ᠢ ᠬᠠᠳᠠᠭᠤᠷᠠᠭᠤᠯᠬᠤ᠂ ᠰᠤᠶᠤᠯ ᠤᠨ ᠬᠦᠳᠡᠯᠪᠦᠷᠢ ᠶᠢᠨ ᠭᠡᠷ ᠪᠠ ᠪᠠᠭ᠎ᠠ ᠭᠡᠯᠪᠡᠷᠢ ᠶᠢᠨ ᠬᠦᠳᠡᠯᠭᠡᠭᠡᠨ ᠤ ᠲᠠᠯᠠᠪᠠᠢ ᠪᠠᠶᠢᠭᠤᠯᠬᠤ᠂  ᠤᠷᠴᠢᠨ ᠲᠤᠭᠤᠷᠢᠨ ᠢ ᠵᠠᠰᠠᠵᠤ ᠠᠷᠢᠭᠤᠨ ᠴᠡᠪᠡᠷ ᠢ ᠬᠠᠮᠠᠭᠠᠯᠠᠬᠤ ᠵᠡᠷᠭᠡ ᠲᠦᠷᠦᠯ ᠵᠦᠢᠯ ᠢ ᠭᠤᠤᠯᠳᠠᠯᠭᠠᠳᠠᠢ ᠭᠡᠷᠡᠭᠵᠢᠬᠦᠯᠦᠨ᠎ᠡ᠃        ᠨᠡᠶᠢᠬᠡᠮ ᠨᠡᠶᠢᠳᠡ ᠶᠢᠨ ᠦᠢᠯᠡᠰ ᠤᠨ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠲᠡᠬᠦᠯᠳᠡᠷᠵᠢᠬᠦᠯᠬᠦ ᠭᠡᠷᠡᠭᠳᠡᠢ᠃  ᠰᠤᠷᠭᠠᠨ ᠬᠦᠮᠦᠵᠢᠯ ᠢ ᠤᠷᠢᠳᠠᠪᠠᠷ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ᠂ ︽ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠦᠭᠡᠮᠡᠯᠵᠢᠬᠦᠯᠦᠭᠰᠡᠨ︾  ᠠᠮᠵᠢᠯᠳᠠ ᠶᠢ  ᠪᠠᠬᠢᠵᠢᠬᠦᠯᠦᠨ᠎ᠡ᠃ ᠲᠠᠪᠤᠨ ᠵᠢᠯ ᠳᠤ᠂ ᠤᠷᠤᠭᠤᠯᠤᠯᠳᠠ ᠪᠠᠨ ᠤᠯᠠᠮ  ᠶᠡᠬᠡᠰᠬᠡᠵᠦ᠂ ᠰᠤᠷᠭᠠᠨ ᠬᠦᠮᠦᠵᠢᠯ ᠲᠡᠭᠡᠷᠡᠬᠢ ᠪᠡᠯᠡ  ᠤᠷᠤᠭᠤᠯᠤᠯᠳᠠ ᠶᠢ  GDP ᠤᠨ 4%   ᠶᠢ ᠡᠵᠡᠯᠡᠬᠦ ᠬᠠᠷᠠᠯᠳᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠭᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯᠠᠪᠠᠷ ᠭᠡᠷᠡᠭᠵᠢᠬᠦᠯᠦᠨ᠂  ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠬᠦᠷᠢᠳᠡᠢ ᠬᠦᠭᠵᠢᠬᠦᠯᠵᠦ᠂  ᠦᠨᠳᠦᠰᠦᠳᠡᠨ ᠤ ᠰᠤᠷᠭᠠᠨ ᠬᠦᠮᠦᠵᠢᠯ ᠪᠠ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠲᠡᠷᠢᠬᠦᠨ ᠳᠤ ᠬᠦᠭᠵᠢᠬᠦᠯᠦᠨ᠂  ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠠᠵᠢᠯ ᠢ ᠤᠯᠠᠮ ᠰᠠᠶᠢᠨ ᠬᠢᠬᠦ ᠭᠡᠷᠡᠭᠳᠡᠢ᠃ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠂  ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠨᠢ  ᠪᠠᠷᠢᠮᠵᠢᠶ᠎ᠠ  ᠶᠤᠰᠤᠭᠠᠷ ᠰᠤᠷᠭᠠᠭᠤᠯᠢ ᠡᠷᠬᠢᠯᠡᠬᠦ ᠶᠢ ᠪᠡᠶᠡᠯᠡᠬᠦᠯᠦᠨ᠎ᠡ᠃ ᠦᠨᠳᠦᠷ ᠲᠤᠮᠳᠠᠳᠤ ᠶᠢᠨ  ᠰᠤᠷᠭᠠᠨ ᠬᠦᠮᠦᠵᠢᠯ ᠢ ᠲᠦᠭᠡᠮᠡᠯᠵᠢᠬᠦᠯᠵᠦ᠂ ᠦᠨᠳᠦᠷ ᠲᠤᠮᠳᠠᠳᠤ ᠶᠢᠨ ᠱᠠᠳᠤᠨ ᠤ ᠰᠤᠷᠭᠠᠭᠤᠯᠢ  ᠳᠤ ᠤᠷᠤᠬᠤ ᠨᠤᠷᠮ᠎ᠠ ᠶᠢ 100%   ᠳᠤ ᠬᠦᠷᠭᠡᠨ᠎ᠡ᠃ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ   ᠶᠢᠨ ᠡᠩᠨᠡᠭᠡ  ᠶᠢ ᠵᠦᠢ ᠵᠤᠬᠢᠰᠳᠠᠢ ᠲᠤᠬᠢᠷᠠᠭᠤᠯᠵᠤ᠂ ᠰᠤᠷᠭᠠᠨ ᠬᠦᠮᠦᠵᠢᠯ ᠤᠨ ᠡᠬᠢ  ᠪᠠᠶᠠᠯᠢᠭ ᠤᠨ ᠲᠡᠩᠴᠡᠬᠦᠷᠢᠰᠢᠯ ᠢ ᠪᠡᠶᠡᠯᠡᠬᠦᠯᠦᠨ᠂ ᠵᠢᠭᠠᠨ ᠰᠤᠷᠭᠠᠯᠳᠠ ᠶᠢᠨ ᠶᠠᠰᠤ ᠴᠢᠨᠠᠷ ᠢ ᠰᠠᠶᠢᠵᠢᠷᠠᠭᠤᠯᠤᠨ᠎ᠠ᠃ ᠰᠤᠷᠭᠠᠭᠤᠯᠢ ᠶᠢᠨ ᠬᠠᠮᠢᠶᠠᠷᠤᠯᠳᠠ  ᠶᠢ ᠲᠦᠷᠢᠮᠵᠢᠬᠦᠯᠵᠦ᠂ ᠰᠤᠷᠭᠠᠭᠤᠯᠢ ᠶᠢᠨ ᠬᠦᠷᠢᠶᠡᠨ ᠤ ᠤᠶᠢᠷ᠎ᠠ  ᠤᠷᠴᠢᠨ ᠢ ᠴᠡᠭᠴᠡᠯᠡᠨ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠤᠷᠳᠤ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠠᠯᠬᠤᠮ ᠠᠯᠬᠤᠮ ᠢᠶᠠᠷ ᠲᠡᠬᠦᠯᠳᠡᠷᠵᠢᠬᠦᠯᠬᠦ ᠭᠡᠷᠡᠭᠳᠡᠢ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠰ ᠢ ᠲᠦᠷᠭᠡᠨ ᠬᠦᠭᠵᠢᠬᠦᠯᠵᠦ᠂ ᠠᠯᠪᠠᠨ  ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂   ᠡᠪᠡᠳᠴᠢᠨ ᠡᠮᠨᠡᠬᠦ᠂ ᠬᠢᠵᠢᠭ ᠭᠡᠮ ᠰᠡᠷᠭᠡᠶᠢᠯᠡᠬᠦ᠂ ᠡᠬᠡ ᠨᠢᠯᠬᠠᠰ ᠤᠨ ᠡᠷᠡᠬᠦᠯ ᠢ ᠬᠠᠮᠠᠭᠠᠯᠠᠬᠤ᠂ ᠡᠷᠡᠬᠦᠯ ᠬᠠᠮᠠᠭᠠᠯᠠᠯ  ᠤᠨ ᠬᠢᠨᠠᠯᠳᠠ ᠲᠠᠯᠪᠢᠬᠤ  ᠵᠡᠷᠭᠡ  ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠦᠨ᠂ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠠᠯᠬᠤᠮ ᠠᠯᠬᠤᠮ ᠢᠶᠠᠷ ᠲᠡᠩᠴᠡᠬᠦᠷᠢᠰᠢᠬᠦᠯᠦᠨ᠎ᠡ᠃ ᠰᠢᠨ᠎ᠡ ᠪᠠᠷ ᠨᠡᠮᠡᠭᠳᠡᠭᠰᠡᠨ ᠡᠮ ᠡᠮᠨᠡᠯᠬᠡ ᠡᠷᠡᠬᠦᠯ ᠬᠠᠮᠠᠭᠠᠯᠠᠯ ᠤᠨ ᠡᠬᠢ ᠪᠠᠶᠠᠯᠢᠭ ᠢ ᠮᠠᠯᠵᠢᠬᠤ ᠲᠠᠷᠢᠶᠠᠯᠠᠬᠤ ᠤᠷᠤᠨ ᠪᠠ ᠨᠡᠶᠢᠬᠡᠮ ᠲᠤᠭᠤᠷᠢᠭ ᠲᠡᠰᠢ ᠭᠡᠯᠪᠡᠶᠢᠯᠬᠡᠵᠦ᠂ ᠡᠮᠨᠡᠯᠬᠡ ᠶᠢᠨ ᠦᠢᠯᠡᠴᠢᠯᠡᠬᠡᠨ ᠤ ᠪᠦᠷᠬᠦᠴᠡ ᠶᠢ ᠦᠷᠭᠡᠳᠭᠡᠨ᠋᠂ ᠤᠯᠠᠨ ᠲᠦᠮᠡᠨ ᠤ ᠡᠷᠡᠬᠦᠯ ᠴᠢᠬᠢᠷᠠᠭ ᠤᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠬᠢᠳᠠᠳ ᠮᠤᠩᠭᠤᠯ ᠡᠮᠨᠡᠯᠬᠡ ᠶᠢᠨ ᠬᠤᠷᠢᠶ᠎ᠠ ᠪᠠ ᠪᠤᠤᠴᠠᠩ ᠪᠠᠯᠭᠠᠰᠤᠨ ᠤ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠦᠢᠯᠡᠴᠢᠯᠡᠬᠦ ᠴᠢᠳᠠᠪᠬᠢ ᠶᠢ ᠤᠯᠠᠮ ᠨᠡᠮᠡᠭᠳᠡᠬᠦᠯᠵᠦ᠂ ᠰᠢᠨ᠎ᠡ ᠡᠮᠨᠡᠯᠬᠡ ᠶᠢᠨ ᠬᠤᠷᠢᠶ᠎ᠠ ᠨᠡᠬᠦᠭᠰᠡᠨ ᠤ ᠲᠠᠷᠠᠭᠠᠬᠢ ᠤᠯᠠᠨ ᠲᠦᠮᠡᠨ ᠤ  ᠤᠶᠢᠷ᠎ᠠ ᠤᠷᠴᠢᠨ ᠳᠠᠭᠠᠨ ᠡᠪᠡᠳᠴᠢᠨ ᠦᠵᠡᠬᠦᠯᠬᠦ ᠠᠰᠠᠭᠤᠳᠠᠯ ᠢ ᠰᠢᠢᠳᠪᠦᠷᠢᠯᠡᠨ᠎ᠡ᠃ ᠦᠨᠳᠦᠰᠦᠨ ᠡᠮ ᠲᠠᠩ ᠤᠨ ᠲᠦᠷᠢᠮ ᠢ ᠪᠦᠬᠦ ᠲᠠᠯᠠᠪᠠᠷ  ᠭᠡᠷᠡᠭᠵᠢᠬᠦᠯᠦᠨ᠂   ᠡᠮᠨᠡᠯᠬᠡ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠷᠦ  ᠶᠢᠨ ᠪᠤᠳᠤᠯᠭ᠎ᠠ   ᠪᠠᠷ ᠠᠷᠠᠳ ᠲᠦᠮᠡᠨ ᠳᠤ ᠨᠡᠩ ᠢᠯᠡᠬᠦᠦ ᠠᠰᠢᠭ ᠲᠤᠰᠠ ᠬᠦᠷᠳᠡᠭᠡᠬᠦ ᠭᠡᠷᠡᠭᠳᠡᠢ᠃ ᠢᠳᠡᠭᠡᠨ ᠡᠮ  ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠰᠢᠰᠲ᠋ᠧᠮ ᠢ ᠤᠯᠠᠮ ᠲᠡᠬᠦᠯᠳᠡᠷᠵᠢᠬᠦᠯᠵᠦ᠂ ᠠᠷᠠᠳ ᠤᠯᠠᠨ ᠤ ᠢᠳᠡᠭᠡᠨ ᠤᠮᠳᠠᠭᠠᠨ ᠡᠮ ᠲᠠᠩ ᠬᠡᠷᠡᠭᠯᠡᠬᠦ ᠠᠮᠤᠷ ᠲᠦᠪᠰᠢᠨ ᠢ ᠪᠠᠳᠤᠯᠠᠬᠤ ᠭᠡᠷᠡᠭᠳᠡᠢ᠃ ᠡᠬᠦᠨ ᠤ ᠬᠠᠮᠳᠤ ᠬᠦᠨᠳᠦ ᠶᠡᠭᠡ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠡᠵᠡᠮᠰᠢᠬᠦ ᠠᠵᠢᠯ ᠢ ᠰᠠᠶᠢᠳᠤᠷ ᠠᠳᠬᠤᠨ᠎ᠠ᠃ ᠬᠦᠮᠦᠨ ᠠᠮᠠ ᠪᠠ ᠲᠦᠯᠦᠪᠯᠡᠬᠡᠳᠦ ᠦᠷᠡᠵᠢᠯ ᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ   ᠤᠨ ᠪᠦᠳᠦᠭᠡᠨ ᠪᠠᠶᠢᠭᠤᠯᠤᠯᠳᠠ ᠶᠢ ᠲᠡᠬᠦᠯᠳᠡᠷᠵᠢᠬᠦᠯᠵᠦ᠂ ᠬᠦᠮᠦᠨ ᠠᠮᠠ   ᠶᠢᠨ ᠪᠦᠷᠢᠯᠳᠦᠴᠡ ᠶᠢ ᠰᠢᠯᠢᠳᠡᠭᠵᠢᠬᠦᠯᠦᠨ᠂ ᠬᠦᠮᠦᠨ ᠠᠮᠠ   ᠶᠢᠨ ᠴᠢᠨᠠᠷ ᠢ  ᠰᠠᠶᠢᠵᠢᠷᠠᠭᠤᠯᠵᠤ᠂ ᠵᠢᠯ   ᠤᠨ ᠲᠦᠷᠦᠬᠦ ᠨᠤᠷᠮ᠎ᠠ ᠶᠢ 10‰   ᠠᠴᠠ ᠲᠤᠷᠤᠭᠰᠢ ᠳᠤ  ᠬᠢᠵᠠᠭᠠᠷᠯᠠᠨ᠂ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠦᠷᠡᠵᠢᠯ ᠤᠨ ᠨᠤᠷᠮ᠎ᠠ ᠶᠢ 95% ᠠᠴᠠ ᠲᠡᠭᠡᠭᠰᠢ ᠳᠤ ᠲᠤᠭᠳᠠᠪᠤᠷᠢᠵᠢᠭᠤᠯᠤᠨ᠎ᠠ᠃ ︽ᠭᠠᠴᠠᠭ᠎ᠠ ᠲᠤᠰᠬᠤᠨ ᠪᠤᠯᠭᠠᠨ ᠳᠤ ᠷᠠᠳᠢᠤ᠋ ᠲᠧᠯᠸᠢᠰ  ᠨᠡᠪᠳᠡᠷᠡᠬᠦᠯᠬᠦ︾ ᠪᠠ ︽ᠬᠢᠯᠢ ᠬᠢᠵᠠᠭᠠᠷ ᠤᠷᠤᠨ ᠤ ᠴᠦᠬᠡᠨ ᠦᠨᠳᠦᠰᠦᠳᠡᠨ ᠤ ᠭᠠᠵᠠᠷ ᠤᠷᠤᠨ ᠳᠤ ᠷᠠᠳᠢᠤ᠋ ᠲᠧᠯᠸᠢᠰ ᠨᠡᠪᠳᠡᠷᠡᠬᠦᠯᠬᠦ︾ ᠵᠡᠷᠭᠡ ᠢᠨᠵᠧᠨᠧᠷᠢᠩ ᠤᠨ ᠪᠠᠶᠢᠭᠤᠯᠤᠯᠳᠠ  ᠶᠢ  ᠲᠦᠷᠭᠡᠳᠭᠡᠵᠦ᠂ ᠷᠠᠳᠢᠤ᠋ ᠲᠧᠯᠸᠢᠰ ᠤᠨ ᠪᠦᠷᠬᠦᠴᠡ ᠶᠢ 99%   ᠳᠤ ᠬᠦᠷᠭᠡᠨ᠎ᠡ᠃ ᠬᠤᠳᠠ ᠬᠦᠳᠡᠭᠡ ᠶᠢᠨ ᠰᠤᠶᠤᠯ ᠤᠨ ᠦᠢᠯᠡᠰ ᠢ ᠴᠡᠴᠡᠭᠯᠡᠬᠦᠯᠵᠦ᠂  ᠰᠤᠶᠤᠯ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ  ᠶᠢ ᠲᠦᠷᠭᠡᠳᠭᠡᠨ᠂ ᠤᠷᠤᠨ ᠨᠤᠳᠤᠭ ᠤᠨ ᠤᠨᠴᠠᠯᠢᠭᠳᠤ ᠰᠤᠶᠤᠯ ᠤᠨ ᠠᠵᠤ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠬᠤ ᠭᠡᠷᠡᠭᠳᠡᠢ᠃ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠢ  ᠬᠦᠴᠦ ᠲᠠᠯᠪᠢᠨ ᠬᠡᠷᠡᠭᠵᠢᠬᠦᠯᠵᠦ᠂ ᠨᠡᠯᠢᠶᠡᠳ ᠪᠦᠷᠢᠨᠰᠢᠭᠰᠡᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮ   ᠢ  ᠦᠨᠳᠦᠰᠦᠨ ᠳᠡᠭᠡᠨ  ᠪᠠᠶᠢᠭᠤᠯᠤᠨ᠎ᠠ᠃  ᠬᠠᠷᠢᠯᠴᠠᠨ  ᠲᠤᠰᠠᠯᠠᠯᠴᠠᠵᠤ ᠵᠤᠯ ᠵᠢᠷᠭᠠᠯᠳᠤ ᠭᠡᠷ ᠤᠷᠤᠨ ᠢ ᠪᠦᠳᠦᠭᠡᠨ ᠪᠠᠶᠢᠭᠤᠯᠬᠤ ᠲᠤᠷᠰᠢᠯᠳᠠ  ᠶᠢᠨ ᠴᠡᠭ ᠤᠨ ᠠᠵᠢᠯ ᠢ ᠨᠢᠮᠪᠠᠢ ᠦᠷᠨᠢᠬᠦᠯᠦᠨ᠎ᠡ᠃ ᠦᠨᠳᠦᠰᠦᠨ ᠱᠠᠳᠤᠨ ᠤ  ᠨᠡᠶᠢᠬᠡᠮ ᠤᠨ ᠬᠠᠮᠢᠶᠠᠷᠤᠯᠳᠠ  ᠪᠠ   ᠦᠢᠯᠡᠴᠢᠯᠡᠬᠡᠨ ᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠨᠡᠶᠢᠬᠡᠮ ᠤᠨ ᠵᠦᠷᠢᠴᠡᠯ ᠢ ᠨᠠᠮᠳᠠᠭᠤᠯᠤᠨ ᠰᠢᠢᠳᠪᠦᠷᠢᠯᠡᠬᠦ ᠠᠵᠢᠯ ᠢ ᠬᠦᠨᠵᠡᠭᠡᠢ ᠠᠬᠢᠭᠤᠯᠤᠨ᠂ ᠡᠶ᠎ᠡ ᠵᠤᠬᠢᠴᠠᠯᠳᠠᠢ ᠠᠮᠤᠷ ᠲᠤᠭᠳᠠᠭᠤᠨ ᠨᠡᠶᠢᠬᠡᠮ  ᠤᠨ ᠤᠷᠴᠢᠨ ᠲᠤᠭᠤᠷᠢᠨ ᠢ ᠬᠠᠮᠠᠭᠠᠯᠠᠵᠤ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠠᠮᠤᠷ ᠠᠮᠤᠭᠤᠯᠠᠩ  ᠵᠤᠯ ᠵᠢᠷᠭᠠᠯ ᠲᠠᠢ ᠠᠵᠤ ᠠᠮᠢᠳᠤᠷᠠᠯ ᠢ ᠪᠠᠳᠤᠯᠠᠬᠤ ᠭᠡᠷᠡᠭᠳᠡᠢ᠃       ᠲᠦᠯᠦᠭᠡᠯᠡᠭᠴᠢᠳ ᠡ᠂ ᠬᠤᠶᠢᠰᠢᠳᠠ ᠶᠢᠨ ᠲᠠᠪᠤᠨ ᠵᠢᠯ ᠤᠨ ᠠᠵᠢᠯ ᠢ ᠰᠠᠶᠢᠨ ᠬᠢᠬᠦ ᠳᠤ ᠡᠬᠦᠷᠭᠡ ᠨᠦᠰᠡᠷ ᠬᠠᠷᠢᠭᠤᠴᠠᠯᠭ᠎ᠠ  ᠬᠦᠨᠳᠦ ᠪᠠᠶᠢᠭ᠎ᠠ᠃ ᠲᠡᠭᠡᠷ᠎ᠡ ᠲᠤᠷᠠᠳᠤᠭᠰᠠᠨ ᠬᠠᠷᠠᠯᠳᠠ ᠶᠢ ᠪᠡᠶᠡᠯᠡᠬᠦᠯᠵᠦ ᠲᠡᠶᠢᠯᠪᠡᠯ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠨᠢ ᠰᠢᠨ᠎ᠡ ᠲᠠᠪᠠᠯᠳᠠ ᠶᠢ ᠪᠡᠶᠡᠯᠡᠬᠦᠯᠵᠦ᠂ ᠠᠷᠠᠳ ᠲᠦᠮᠡᠨ  ᠤ ᠠᠵᠤ ᠠᠮᠢᠳᠤᠷᠠᠯ ᠤᠯᠠᠮ ᠪᠠᠶᠠᠨ ᠴᠢᠨᠡᠭᠡᠯᠢᠭ᠂ ᠵᠤᠯ ᠵᠢᠷᠭᠠᠯ ᠲᠠᠢ ᠪᠤᠯᠬᠤ ᠨᠢ ᠯᠠᠪᠳᠠᠢ᠃        ᠭᠤᠷᠪᠠ᠂ 2013 ᠤᠨ ᠤ ᠭᠤᠤᠯ ᠠᠵᠢᠯ      2013 ᠤᠨ ᠪᠤᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯᠠᠪᠠᠷ ᠲᠤᠤᠱᠯᠠᠭᠤᠯᠬᠤ ᠡᠬᠢᠨ ᠤ ᠵᠢᠯ᠂ ᠮᠦᠨᠴᠦ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢ ᠲᠤᠤᠱᠳᠠᠢ ᠭᠡᠷᠡᠭᠵᠢᠬᠦᠯᠦᠨ᠂ ᠤᠷᠢᠳᠠᠬᠢ ᠶᠢ ᠵᠠᠯᠭᠠᠮᠵᠢᠯᠠᠵᠤ ᠬᠤᠶᠢᠨᠠᠬᠢ ᠶᠢ ᠦᠷᠬᠦᠯᠵᠢᠯᠡᠬᠦᠯᠬᠦ ᠵᠠᠩᠬᠢᠯᠠᠭ᠎ᠠ ᠶᠢᠨ ᠨᠢᠬᠡ ᠵᠢᠯ᠂ ᠨᠡᠩ ᠴᠤ ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠤᠨ ᠪᠦᠳᠦᠭᠡᠬᠦ ᠳᠤ ᠪᠠᠳᠤ ᠪᠠᠬᠢ ᠰᠠᠭᠤᠷᠢ ᠲᠠᠯᠪᠢᠬᠤ ᠴᠢᠬᠤᠯᠠ ᠨᠢᠬᠡ ᠵᠢᠯ ᠮᠦᠨ᠃ ᠡᠨᠡ ᠵᠢᠯ ᠤᠨ ᠬᠦᠭᠵᠢᠯᠳᠡ ᠶᠢᠨ ᠪᠠᠶᠢᠳᠠᠯ ᠢ ᠪᠠᠷᠠᠯᠠᠬᠤ ᠳᠤ᠂ ᠪᠢᠳᠡᠨ ᠤ ᠠᠵᠢᠯ ᠡᠬᠦᠷᠭᠡ ᠬᠦᠨᠳᠦ ᠨᠦᠰᠡᠷ ᠪᠠᠶᠢᠵᠤ᠂ ᠰᠢᠨ᠎ᠡ ᠬᠦᠴᠢᠷ ᠪᠡᠷᠭᠡ ᠪᠠ ᠰᠢᠨ᠎ᠡ ᠦᠷᠢᠰᠦᠯᠳᠦᠬᠡᠨ ᠲᠤᠯᠭᠠᠷᠠᠬᠤ ᠶᠢᠨ ᠬᠠᠮᠳᠤ᠂ ᠬᠦᠭᠵᠢᠯᠳᠡ ᠪᠠᠨ ᠲᠦᠷᠭᠡᠳᠭᠡᠬᠦ ᠳᠤ ᠠᠰᠢᠭᠳᠠᠢ ᠤᠯᠠᠨ  ᠰᠠᠶᠢᠬᠠᠨ ᠲᠠᠪᠠᠭᠤ ᠨᠦᠬᠦᠴᠡᠯ ᠪᠦᠷᠢᠳᠦᠬᠦ ᠪᠤᠯᠤᠨ᠎ᠠ᠃  ᠪᠢᠳᠡ  ᠤᠶᠢᠷ᠎ᠠ ᠶᠢᠨ ᠬᠤᠭᠤᠴᠠᠭᠠᠨ ᠳᠤ ᠵᠠᠯᠭᠠᠪᠠᠷ ᠶᠠᠪᠤᠭᠳᠠᠭᠰᠠᠨ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠰᠢᠢᠳᠪᠦᠷᠢᠳᠦ ᠪᠠᠶᠢᠷᠢᠯᠠᠭᠤᠯᠤᠯᠳᠠ ᠶᠤᠰᠤᠭᠠᠷ ᠪᠤᠳᠠᠳᠠᠢ ᠠᠵᠢᠯᠯᠠᠨ ᠬᠠᠳᠠᠭᠤᠵᠢᠯᠳᠠᠢ  ᠲᠡᠮᠡᠴᠡᠬᠦ ᠳᠤ ᠬᠦᠷᠪᠡᠯ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠲᠤᠭᠳᠠᠭᠤᠨ ᠲᠦᠷᠭᠡᠨ ᠬᠦᠭᠵᠢᠯᠳᠡ ᠶᠢᠨ ᠰᠠᠶᠢᠨ ᠪᠠᠶᠢᠳᠠᠯ ᠢ ᠯᠠᠪᠳᠠᠢ ᠦᠷᠬᠦᠯᠵᠢᠯᠡᠬᠦᠯᠵᠦ ᠲᠡᠶᠢᠯᠬᠦ ᠶᠤᠮ᠃      2013 ᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 41 ᠳ᠋ᠦᠩᠰᠢᠭᠤᠷ ᠲᠦᠭᠦᠷᠢᠭ  ᠲᠤ ᠬᠦᠷᠭᠡᠵᠦ᠂ 7.8 % ᠢᠶᠠᠷ ᠨᠡᠮᠡᠭᠳᠡᠬᠦᠯᠦᠨ᠎ᠡ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 10.5 ᠳ᠋ᠦᠩᠰᠢᠭᠤᠷ ᠲᠦᠭᠦᠷᠢᠭ ᠲᠤ  ᠬᠦᠷᠭᠡᠵᠦ᠂ 3% ᠪᠠᠷ ᠨᠡᠮᠡᠭᠳᠡᠬᠦᠯᠦᠨ  ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 16 ᠳ᠋ᠦᠩᠰᠢᠭᠤᠷ ᠲᠦᠭᠦᠷᠢᠭ ᠲᠤ ᠬᠦᠷᠭᠡᠵᠦ᠂ 11.5% ᠪᠠᠷ ᠨᠡᠮᠡᠭᠳᠡᠬᠦᠯᠦᠨ᠂ ᠡᠬᠦᠨ ᠳᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 13 ᠳ᠋ᠦᠩᠰᠢᠭᠤᠷ ᠲᠦᠭᠦᠷᠢᠭ ᠲᠤ ᠬᠦᠷᠭᠡᠵᠦ᠂  11.2% ᠪᠠᠷ  ᠨᠡᠮᠡᠭᠳᠡᠬᠦᠯᠦᠨ᠎ᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 14.5 ᠳ᠋ᠦᠩᠰᠢᠭᠤᠷ ᠲᠦᠭᠦᠷᠢᠭ ᠲᠤ ᠬᠦᠷᠭᠡᠵᠦ᠂ 9%   ᠪᠠᠷ ᠨᠡᠮᠡᠭᠳᠡᠭᠦᠯᠦᠨ᠎ᠡ᠃ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ ᠶᠢ 1.8 ᠳ᠋ᠦᠩᠰᠢᠭᠤᠷ ᠲᠦᠭᠦᠷᠢᠭ ᠲᠤ ᠬᠦᠷᠭᠡᠵᠦ᠂ 20% ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 30 ᠳ᠋ᠦᠩᠰᠢᠭᠤᠷ ᠲᠦᠭᠦᠷᠢᠭ   ᠲᠤ ᠬᠦᠷᠭᠡᠵᠦ᠂ 15.4% ᠪᠠᠷ ᠨᠡᠮᠡᠭᠳᠡᠭᠦᠯᠦᠨ᠎ᠡ᠃  ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠭ᠎ᠠ ᠶᠢᠨ ᠬᠡᠮᠵᠢᠶ᠎ᠡ ᠶᠢ 14.95 ᠳ᠋ᠦᠩᠰᠢᠭᠤᠷ ᠲᠦᠭᠦᠷᠢᠭ  ᠬᠦᠷᠭᠡᠵᠦ᠂ 15% ᠪᠠᠷ ᠨᠡᠮᠡᠭᠳᠡᠭᠦᠯᠦᠨ᠎ᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 20821 ᠲᠦᠭᠦᠷᠢᠭ ᠲᠤ ᠬᠦᠷᠭᠡᠵᠤ᠂ 12% ᠪᠠᠷ ᠨᠡᠮᠡᠭᠳᠡᠬᠦᠯᠦᠨ᠂ ᠲᠠᠷᠢᠶᠠᠴᠢᠳ ᠤᠨ ᠬᠦᠮᠦᠨ ᠲᠤᠮᠳᠠᠴᠢ ᠴᠡᠪᠡᠷ ᠤᠷᠤᠯᠭ᠎ᠠ ᠶᠢ 7209 ᠲᠦᠭᠦᠷᠢᠭ ᠲᠤ ᠬᠦᠷᠭᠡᠵᠦ᠂ 10% ᠪᠠᠷ ᠨᠡᠮᠡᠭᠳᠡᠬᠦᠯᠦᠨ᠂  ᠮᠠᠯᠴᠢᠳ ᠤᠨ ᠬᠦᠮᠦᠨ ᠲᠤᠮᠳᠠᠴᠢ ᠴᠡᠪᠡᠷ ᠤᠷᠤᠯᠭ᠎ᠠ ᠶᠢ 8545 ᠲᠦᠭᠦᠷᠢᠭ ᠲᠤ ᠬᠦᠷᠭᠡᠵᠦ᠂ 12% ᠪᠠᠷ ᠨᠡᠮᠡᠭᠳᠡᠭᠦᠯᠦᠨ᠎ᠡ᠃  ᠲᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠬᠦᠯᠬᠦ ᠳᠤ᠂  ᠲᠤᠤᠷᠠᠬᠢ ᠭᠡᠳᠦᠨ ᠲᠦᠷᠦᠯ ᠤᠨ ᠠᠵᠢᠯ ᠢ  ᠭᠤᠤᠯᠳᠠᠯᠭᠠᠳᠠᠢ ᠰᠠᠶᠢᠨ ᠠᠳᠬᠤᠬᠤ ᠭᠡᠷᠡᠭᠳᠡᠢ  ᠃         ︵ᠨᠢᠭᠡ︶  ᠲᠦᠷᠪᠡᠨ ᠢᠨᠵᠧᠨᠧᠷᠢᠩ ᠢ ᠨᠢᠮᠪᠠᠢ ᠭᠡᠷᠡᠭᠵᠢᠬᠦᠯᠵᠦ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠎ᠡ᠃          ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ  ᠢᠨᠵᠧᠨᠧᠷᠢᠩ᠃  ᠲᠠᠷᠢᠶᠠᠯᠠᠬᠤ ᠤᠷᠤᠨ ᠳᠤ  ᠪᠤᠭ ᠮᠠᠯ ᠢ ᠪᠦᠬᠦ ᠵᠢᠯ ᠢᠶᠠᠷ ᠬᠠᠰᠢᠶᠠᠯᠠᠨ ᠮᠠᠯᠵᠢᠬᠤ ᠠᠷᠭ᠎ᠠ ᠶᠢ ᠦᠷᠬᠦᠯᠵᠢᠯᠡᠨ ᠭᠡᠷᠡᠭᠵᠢᠬᠦᠯᠵᠦ᠂ ᠮᠠᠯᠵᠢᠬᠤ ᠤᠷᠤᠨ ᠳᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ  ᠪᠡᠯᠴᠢᠭᠡᠷᠯᠡᠬᠦᠯᠬᠦ ᠶᠢ ᠴᠠᠭᠠᠵᠠᠯᠠᠬᠤ᠂ ᠤᠯᠠᠷᠢᠯ ᠤᠨ ᠴᠢᠨᠠᠷᠳᠠᠢ ᠪᠡᠯᠴᠢᠭᠡᠷ ᠰᠡᠷᠬᠦᠬᠡᠬᠦ᠂ ᠲᠤᠭᠤᠷᠢᠭ ᠬᠤᠪᠢᠶᠠᠵᠤ ᠰᠡᠯᠬᠦᠨ ᠮᠠᠯᠵᠢᠬᠤ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠴᠢᠩᠭ᠎ᠠ ᠭᠡᠷᠡᠭᠵᠢᠬᠦᠯᠦᠨ᠎ᠡ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠤᠯᠭᠤᠵᠤ ᠱᠠᠩᠨᠠᠬᠤ ᠲᠦᠷᠦ ᠶᠢᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠲᠠᠰᠤᠷᠠᠯᠳᠠ ᠦᠬᠡᠢ ᠪᠠᠬᠢᠵᠢᠬᠦᠯᠬᠦ ᠶᠢᠨ ᠬᠠᠮᠳᠤ ᠴᠢᠩᠭᠠᠳᠬᠠᠨ᠎ᠠ᠃ ᠡᠨᠡ  ᠵᠢᠯ 5 ᠲᠦᠮᠡᠨ ᠮᠤ᠋ ᠠᠮᠢ ᠠᠬᠤᠢ ᠶᠢᠨ ᠵᠠᠰᠠᠯᠳᠠ ᠶᠢᠨ ᠲᠠᠯᠠᠪᠠᠢ ᠶᠢ  ᠪᠡᠶᠡᠯᠡᠬᠦᠯᠬᠦ ᠶᠢᠨ ᠬᠠᠮᠳᠤ  ᠂ ᠲᠠᠷᠢᠶᠠᠯᠠᠬᠤ ᠶᠢ ᠵᠤᠭᠰᠤᠭᠠᠵᠤ  ᠠᠮᠢ ᠠᠬᠤᠢ ᠶᠢ ᠰᠡᠷᠬᠦᠭᠡᠬᠦ ᠵᠠᠯᠭᠠᠮᠵᠢ ᠠᠵᠤ ᠦᠢᠯᠡᠰ ᠤᠨ ᠲᠦᠷᠦᠯ ᠵᠦᠢᠯ   ᠤᠨ ᠴᠢᠨᠠᠷ ᠮᠠᠭᠤ ᠠᠰᠢᠭ ᠲᠤᠤᠷ᠎ᠠ ᠤᠢ ᠮᠤᠳᠤ ᠶᠢ ᠦᠬᠡᠷᠡᠴᠢᠯᠡᠬᠦ ᠲᠠᠯᠠᠪᠠᠢ 2 ᠲᠦᠮᠡᠨ ᠮᠤ᠋  ᠂  ᠨᠦᠬᠦᠵᠦ ᠲᠠᠷᠢᠬᠤ ᠲᠠᠯᠠᠪᠠᠢ 4 ᠲᠦᠮᠡᠨ ᠮᠤ᠋  ᠂  ᠦᠨᠳᠦᠰᠦᠨ ᠠᠮᠤ ᠪᠤᠳᠠᠭᠠᠨ ᠤ ᠲᠠᠷᠢᠶᠠᠨ ᠤ ᠪᠦᠳᠦᠭᠡᠨ ᠪᠠᠶᠢᠭᠤᠯᠤᠯᠳᠠ 5000 ᠮᠤ᠋᠂  ᠲᠠᠷᠢᠮᠠᠯ ᠡᠪᠡᠰᠦᠨ ᠤ ᠲᠠᠯᠠᠪᠠᠢ 10000 ᠮᠤ᠋ ᠶᠢ ᠲᠤᠰᠪᠤᠷᠢ ᠪᠡᠶᠡᠯᠡᠬᠦᠯᠦᠨ᠎ᠡ᠃ ᠬᠤᠳᠠ ᠬᠦᠳᠡᠭᠡ  ᠂ ᠠᠭᠤᠷᠬᠠᠢ ᠪᠠ ᠵᠠᠮ ᠲᠠᠭᠠᠤ ᠤᠷᠤᠨ  ᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠪᠦᠬᠦ ᠲᠠᠯᠠᠪᠠᠷ ᠴᠢᠩᠭᠠᠳᠬᠠᠵᠤ᠂ ︽207︾ ᠱᠤᠭᠤᠮ  ᠤᠨ ᠲᠠᠶᠢᠹᠤᠰᠧ ᠬᠤᠰᠢᠭᠤᠨ ᠳᠠᠬᠢ ᠬᠡᠰᠡᠭ ᠤᠨ ᠭᠠᠵᠠᠷ ᠰᠢᠷᠤᠢ ᠤᠷᠴᠢᠨ ᠲᠤᠭᠤᠷᠢᠨ ᠢ ᠵᠠᠰᠠᠵᠤ ᠰᠡᠷᠬᠦᠬᠡᠬᠦ ᠲᠦᠷᠦᠯ ᠵᠦᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠨ᠎ᠡ᠃          ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ ᠢᠨᠵᠧᠨᠧᠷᠢᠩ᠃  ᠨᠡᠶᠢᠬᠡᠮ ᠵᠢᠷᠤᠮᠳᠤ ᠰᠢᠨ᠎ᠡ ᠬᠦᠳᠡᠭᠡ ᠲᠤᠰᠬᠤᠨ ᠢ ᠪᠠᠶᠢᠭᠤᠯᠬᠤ ᠱᠠᠭᠠᠷᠳᠠᠯᠭ᠎ᠠ ᠶᠤᠰᠤᠭᠠᠷ᠂ ᠲᠦᠷᠦᠯ ᠵᠦᠢᠯ ᠢ ᠨᠢᠭᠡᠳᠭᠡᠵᠦ᠂ ᠪᠡᠯᠡ ᠮᠦᠩᠬᠦ ᠶᠢ ᠬᠠᠮᠳᠤᠳᠬᠠᠨ᠂ ᠠᠮᠵᠢᠯᠳᠠ ᠪᠠᠷ ᠲᠤᠪᠤᠶᠢᠮ᠎ᠠ᠂ ᠲᠠᠶᠢᠴᠢᠯᠠᠬᠤ ᠬᠦᠴᠦᠨ ᠢᠶᠠᠷ ᠴᠢᠩᠭ᠎ᠠ ᠨᠢᠭᠡ ᠪᠦᠯᠦᠭ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ ᠢ ᠪᠤᠢ ᠪᠤᠯᠭᠠᠨ᠎ᠠ᠃ ᠡᠨᠡ ᠵᠢᠯ  6 ᠭᠠᠴᠠᠭ᠎ᠠ ᠲᠤᠰᠬᠤᠨ   ᠤ ᠪᠦᠬᠦᠶᠢᠯᠡ  ᠲᠤᠰᠬᠤᠨ ᠢᠶᠠᠷ ᠠᠬᠢᠭᠤᠯᠬᠤ ᠲᠦᠷᠦᠯ ᠵᠦᠢᠯ᠂  5 ᠭᠠᠴᠠᠭ᠎ᠠ ᠲᠤᠰᠬᠤᠨ   ᠤ ᠵᠢᠵᠢᠭ ᠲᠠᠯᠠᠪᠠᠢ ᠶᠢ ᠨᠢᠭᠡᠳᠭᠡᠵᠦ ᠬᠦᠭᠵᠢᠬᠦᠯᠬᠦ ᠲᠦᠷᠦᠯ ᠵᠦᠢᠯ᠂ 4 ᠭᠠᠴᠠᠭ᠎ᠠ ᠲᠤᠰᠬᠤᠨ ᠤ ᠠᠵᠤ ᠦᠢᠯᠡᠰᠵᠢᠬᠦᠯᠦᠨ ᠶᠠᠳᠠᠭᠤ ᠶᠢ ᠳᠡᠳᠬᠦᠬᠦ ᠲᠦᠷᠦᠯ ᠵᠦᠢᠯ᠂ 4 ᠭᠠᠴᠠᠭ᠎ᠠ ᠲᠤᠰᠬᠤᠨ ᠤ  ᠬᠤᠪᠢᠰᠬᠠᠯ ᠤᠨ ᠬᠠᠭᠤᠴᠢᠨ ᠤᠷᠤᠨ ᠤ ᠶᠠᠳᠠᠭᠤ ᠶᠢ ᠳᠡᠳᠬᠦᠬᠦ ᠲᠦᠷᠦᠯ ᠵᠦᠢᠯ ᠪᠠ 1 ᠰᠠᠭᠤᠷᠢ ᠨᠡᠬᠦᠯᠬᠡᠵᠦ ᠦᠷᠭᠡᠳᠭᠡᠬᠦ ᠲᠦᠷᠦᠯ ᠵᠦᠢᠯ ᠢ ᠪᠡᠶᠡᠯᠡᠬᠦᠯᠦᠨ᠎ᠡ᠃  ᠪᠡᠯᠡ  ᠮᠦᠩᠬᠦ  ᠪᠠᠷ ᠬᠠᠷᠢᠯᠴᠠᠨ ᠬᠠᠪᠰᠤᠷᠤᠯᠴᠠᠬᠤ ᠲᠦᠷᠦᠯ ᠵᠦᠢᠯ ᠢ ᠦᠷᠬᠦᠯᠵᠢᠯᠡᠨ ᠭᠡᠷᠡᠭᠵᠢᠬᠦᠯᠵᠦ᠂ 200 ᠲᠦᠮᠡᠨ ᠲᠦᠬᠦᠷᠢᠭ  ᠤᠨ ᠬᠠᠪᠰᠤᠷᠤᠯᠴᠠᠬᠤ ᠪᠡᠯᠡ   ᠶᠢ ᠡᠷᠬᠢᠯᠳᠦᠬᠦᠯᠦᠨ ᠭᠡᠷᠡᠭᠯᠡᠵᠦ᠂ ᠶᠠᠳᠠᠭᠤ ᠬᠦᠴᠢᠷᠳᠡᠢ ᠡᠷᠦᠬᠡ ᠶᠢᠨ ᠦᠢᠯᠡᠳᠪᠦᠷᠢᠯᠡᠯ  ᠢ ᠲᠡᠳᠬᠦᠵᠦ ᠬᠦᠭᠵᠢᠬᠦᠯᠦᠨ᠎ᠡ᠃ ᠶᠠᠳᠠᠭᠤ ᠶᠢ ᠳᠡᠳᠬᠦᠬᠦ ᠨᠢᠭᠤᠷᠯᠠᠯ ᠤᠨ ᠭᠤᠤᠯ ᠴᠤᠭᠴᠠ ᠶᠢᠨ ᠦᠢᠯᠡᠳᠦᠯ ᠢ ᠪᠠᠳᠠᠷᠠᠭᠤᠯᠵᠤ᠂ ᠲᠡᠳᠡᠨ ᠢ ᠤᠷᠮᠠᠰᠢᠭᠤᠯᠤᠨ ᠵᠢᠯᠤᠭᠤᠳᠴᠤ ᠦᠪᠡᠷᠦᠨ ᠬᠦᠴᠦ ᠪᠠᠷ ᠲᠡᠭᠵᠢᠷᠡᠬᠦᠯᠦᠨ᠂ ᠦᠢᠯᠡᠳᠪᠦᠷᠢᠯᠡᠯ ᠢ ᠨᠢ ᠬᠦᠭᠵᠢᠬᠦᠯᠵᠦ᠂  ᠲᠡᠭᠵᠢᠷᠡᠵᠦ ᠴᠢᠨᠡᠭᠡᠯᠢᠭᠵᠢᠬᠦ ᠶᠢ ᠲᠦᠷᠭᠡᠳᠭᠡᠨ᠎ᠡ᠃        ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠠᠵᠢᠯ᠃ ᠤᠰᠤᠨ ᠠᠰᠢᠭᠯᠠᠯᠳᠠ ᠶᠢᠨ ᠲᠠᠯᠠᠪᠠᠷ᠂  ᠤᠰᠤ ᠠᠷᠪᠢᠯᠠᠬᠤ ᠪᠠᠷ ᠭᠤᠤᠯᠳᠠᠯᠭ᠎ᠠ ᠪᠤᠯᠭᠠᠨ  ᠲᠠᠷᠢᠶᠠᠯᠠᠩ ᠤᠨ ᠶᠡᠷᠦᠩᠬᠡᠶᠢᠯᠡᠭᠰᠡᠨ  ᠬᠦᠭᠵᠢᠬᠦᠯᠦᠯᠳᠡ᠂  ᠪᠠᠭ᠎ᠠ ᠭᠡᠯᠪᠡᠷᠢ ᠶᠢᠨ ᠲᠠᠷᠢᠶᠠᠨ ᠭᠠᠵᠠᠷ ᠤᠨ ᠤᠰᠤ ᠠᠰᠢᠭᠯᠠᠯᠳᠠ᠂ ᠭᠠᠵᠠᠷ ᠰᠢᠷᠤᠢ ᠲᠡᠭᠰᠢᠯᠡᠵᠦ ᠵᠠᠰᠠᠬᠤ ᠵᠡᠷᠭᠡ ᠲᠠᠷᠢᠶᠠᠯᠠᠩ ᠮᠠᠯᠵᠢᠯ ᠳᠤ ᠬᠤᠯᠪᠤᠭᠳᠠᠭᠰᠠᠨ ᠲᠦᠷᠦᠯ ᠵᠦᠢᠯ ᠤᠨ ᠭᠡᠷᠡᠭᠵᠢᠬᠦᠯᠬᠦ ᠲᠦᠰᠦᠪ ᠢ ᠨᠢᠮᠪᠠᠢ ᠲᠤᠭᠳᠠᠭᠠᠵᠤ᠂  ᠦᠶᠡᠷ ᠤᠰᠤᠳᠠᠯ ᠤᠨ ᠬᠤᠭᠤᠴᠠᠭ᠎ᠠ ᠠᠴᠠ ᠡᠮᠦᠨ᠎ᠡ ᠮᠠᠨ ᠤ ᠬᠤᠰᠢᠭᠤᠨ ᠤ ᠦᠶᠡᠷ  ᠰᠡᠷᠭᠡᠶᠢᠯᠡᠬᠦ ᠪᠠᠷᠢᠯᠭ᠎ᠠ ᠶᠢᠨ ᠪᠤᠰᠤ ᠲᠦᠷᠦᠯ ᠵᠦᠢᠯ ᠢ  ᠪᠡᠶᠡᠯᠡᠬᠦᠯᠦᠨ᠎ᠡ᠃ ᠭᠤᠸᠠᠩ ᠮᠠ ᠭᠸᠦ ᠭᠤᠤᠯ᠂ ᠬᠤ᠋ ᠯᠤ᠋ ᠢᠦᠢ ᠭᠤᠤᠯ  ᠤᠨ ᠦᠶᠡᠷ ᠰᠡᠷᠭᠡᠶᠢᠯᠡᠬᠦ ᠵᠠᠰᠠᠯᠳᠠ  ᠵᠢᠴᠢ  ᠬᠤᠩ ᠰᠢᠩ᠂ ᠶᠠᠩ ᠵᠢᠶᠠ ᠶᠢᠩᠽᠢ ᠤᠨ ᠬᠤᠶᠠᠷ ᠰᠠᠭᠤᠷᠢ ᠤᠰᠤᠨ ᠴᠦᠬᠦᠷᠦᠮ ᠤᠨ ᠠᠶᠤᠯ ᠢ ᠠᠷᠢᠯᠭᠠᠵᠤ ᠪᠠᠬᠢᠵᠢᠬᠦᠯᠦᠨ ᠪᠠᠶᠢᠭᠤᠯᠬᠤ ᠠᠵᠢᠯ ᠢ ᠬᠢᠨ᠎ᠡ᠃ 13 ᠰᠠᠭᠤᠷᠢ ᠲᠦᠭᠡᠭᠡᠯ ᠤᠰᠤᠨ ᠤ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 4277 ᠬᠦᠮᠦᠨ ᠠᠮᠠ  ᠪᠠ 16300 ᠮᠠᠯ ᠤᠨᠤᠭᠠᠨ ᠤ ᠠᠶᠤᠯᠬᠦᠢ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠵᠠᠮ ᠬᠠᠷᠢᠯᠴᠠᠭᠠᠨ ᠤ ᠲᠠᠯᠠᠪᠠᠷ᠂  ᠬᠤᠳᠠ ᠬᠦᠳᠡᠭᠡ ᠶᠢᠨ ᠵᠠᠮ ᠨᠡᠪᠳᠡᠷᠡᠯᠬᠡ   ᠶᠢ ᠲᠡᠰ ᠲᠡᠪᠰᠢᠬᠦᠯᠵᠦ᠂ ᠮᠠᠨ ᠬᠦ᠋ ᠱᠤᠭᠤᠮ ᠤᠨ  ᠪᠤᠤᠴᠠᠩ ᠠᠴᠠ ᠬᠦᠶᠤᠸᠠᠨ ᠬᠦᠷᠬᠦ ᠭᠡᠰᠡᠭ ᠪᠤᠯᠤᠨ ᠺᠠᠩ ᠱᠠᠨ ᠱᠤᠭᠤᠮ ᠤᠨ  ᠦᠬᠡᠷᠡᠴᠢᠯᠡᠯᠳᠡ ᠶᠢᠨ ᠠᠵᠢᠯ ᠢ  ᠬᠢᠬᠦ ᠪᠤᠯᠤᠨ᠎ᠠ᠃  ᠡᠬᠦᠨ ᠤ ᠬᠠᠮᠳᠤ᠂ ᠭᠠᠴᠠᠭ᠎ᠠ ᠲᠤᠰᠬᠤᠨ ᠳᠤ  ᠨᠡᠪᠳᠡᠷᠡᠬᠦ 234 ᠺᠢᠯᠤᠮᠧᠲᠷ ᠽᠧᠮᠧᠨ᠋ᠲ ᠵᠠᠮ ᠢ  ᠪᠠᠶᠢᠭᠤᠯᠵᠤ᠂  ᠪᠦᠬᠦ ᠬᠤᠰᠢᠭᠤᠨ ᠤ 30 ᠭᠠᠴᠠᠭ᠎ᠠ ᠲᠤᠰᠬᠤᠨ ᠢ ᠬᠠᠮᠤᠷᠤᠭᠤᠯᠤᠨ᠎ᠠ᠃  ᠾᠸᠦ ᠱᠠᠨ ᠢ ᠶᠢᠨ ᠬᠦᠬᠦᠷᠭᠡ᠂ ᠯᠦᠸᠧ ᠲᠦᠸᠧ ᠱᠠᠨ ᠤ ᠬᠦᠬᠦᠷᠭᠡ ᠳᠤ ᠵᠠᠰᠠᠯᠳᠠ ᠬᠢᠨ᠎ᠡ᠃ ᠴᠠᠬᠢᠯᠭᠠᠨ ᠬᠦᠴᠦᠨ ᠤ ᠲᠠᠯᠠᠪᠠᠷ᠂  ᠪᠤᠤᠴᠠᠩ   ᠤᠨ 110 ᠺᠢᠯᠤᠸᠤᠯᠲ ᠤᠨ ᠴᠠᠬᠢᠯᠭᠠᠨ ᠬᠤᠪᠢᠰᠬᠠᠬᠤ  ᠦᠷᠳᠡᠭᠡ  ᠪᠤᠯᠤᠨ  ᠮᠠ ᠹᠠᠩ ᠽᠢ᠂ ᠬᠤᠩ ᠴᠢ ᠶᠢᠨ 35 ᠺᠢᠯᠤᠸᠤᠯᠲ ᠤᠨ ᠴᠠᠬᠢᠯᠭᠠᠨ ᠬᠤᠪᠢᠰᠬᠠᠬᠤ  ᠦᠷᠳᠡᠭᠡ ᠶᠢ ᠦᠷᠭᠡᠳᠭᠡᠵᠦ ᠦᠭᠡᠷᠡᠴᠢᠯᠡᠬᠦ ᠠᠵᠢᠯ ᠢ ᠬᠢᠨ᠎ᠡ᠃       ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠠᠵᠢᠯ  ᠃  ᠬᠤᠳᠠ ᠪᠠᠯᠭᠠᠰᠤᠨ ᠤ  ᠬᠦᠭᠵᠢᠯᠳᠡ  ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠪᠦᠳᠦᠭᠡᠨ ᠪᠠᠶᠢᠭᠤᠯᠤᠯᠳᠠ ᠶᠢ ᠦᠨᠳᠦᠷ ᠪᠠᠷᠢᠮᠵᠢᠶ᠎ᠠ  ᠪᠠᠷ ᠬᠢᠬᠦ ᠭᠡᠷᠡᠭᠳᠡᠢ᠃ ᠬᠠᠳᠠᠭᠤᠷᠠᠭᠤᠯᠬᠤ᠂ ᠨᠤᠭᠤᠭᠠᠷᠠᠭᠤᠯᠬᠤ᠂ ᠭᠡᠭᠡᠷᠡᠬᠦᠯᠬᠦ  ᠂ ᠤᠰᠤ ᠭᠠᠳᠠᠭᠰᠢᠯᠠᠭᠤᠯᠬᠤ᠂ ᠪᠤᠬᠢᠷᠳᠤᠯ ᠭᠠᠳᠠᠭᠰᠢᠯᠠᠭᠤᠯᠬᠤ ᠵᠡᠷᠭᠡ ᠬᠤᠳᠠ ᠶᠢᠨ ᠪᠠᠶᠢᠭᠤᠯᠤᠯᠳᠠ ᠵᠢᠴᠢ  ᠲᠠᠭᠠᠯᠳᠤᠬᠤ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠰᠠᠶᠢᠨ ᠬᠢᠵᠦ᠂ ᠵᠡᠬᠦᠨ ᠲᠤᠭᠤᠷᠢᠭ ᠤᠨ ᠵᠠᠮ ᠢ ᠨᠡᠪᠳᠡᠷᠡᠬᠦᠯᠬᠦ ᠠᠵᠢᠯ  ᠢ ᠡᠬᠢᠯᠡᠬᠦᠯᠬᠦ ᠪᠠᠷ ᠴᠢᠷᠮᠠᠶᠢᠨ᠎ᠠ᠃  ᠪᠤᠤᠴᠠᠩ ᠪᠠᠯᠭᠠᠰᠤᠨ ᠤ ᠢᠯᠴᠢ ᠬᠠᠩᠭᠠᠬᠤ ᠲᠤᠤᠷ ᠬᠤᠭᠤᠯᠠᠢ ᠶᠢᠨ ᠦᠭᠡᠷᠡᠴᠢᠯᠡᠯᠳᠡ   ᠶᠢ ᠬᠢᠵᠦ᠂  ᠲᠦᠷᠪᠡᠨ ᠰᠠᠭᠤᠷᠢ ᠢᠯᠴᠢ ᠬᠠᠩᠭᠠᠬᠤ ᠵᠤᠤᠬ᠎ᠠ ᠳᠤ ᠡᠨᠧᠷᠬᠢ ᠠᠷᠪᠢᠯᠠᠬᠤ ᠦᠬᠡᠷᠡᠴᠢᠯᠡᠯᠳᠡ ᠬᠢᠬᠦ ᠶᠢᠨ ᠬᠠᠮᠳᠤ ᠬᠤᠳᠠ ᠶᠢᠨ ᠲᠤᠭᠤᠷᠢᠭ ᠤᠨ ᠲᠤᠯᠠᠭᠠᠯᠠᠭ᠎ᠠ ᠬᠦᠷᠦᠯᠴᠡᠬᠦ ᠦᠬᠡᠢ ᠭᠠᠵᠠᠷ ᠲᠤ ᠲᠤᠤᠷ ᠬᠤᠭᠤᠯᠠᠢ ᠶᠢᠨ ᠦᠬᠡᠷᠡᠴᠢᠯᠡᠯᠳᠡ ᠬᠢᠵᠦ᠂ ᠲᠤᠯᠠᠭᠠᠯᠠᠭ᠎ᠠ ᠶᠢᠨ ᠠᠰᠠᠭᠤᠳᠠᠯ ᠢ ᠦᠨᠳᠦᠰᠦᠨ   ᠳᠡᠭᠡᠨ ᠰᠢᠢᠳᠪᠦᠷᠢᠯᠡᠨ᠎ᠡ᠃ ᠰᠢᠳᠠᠮᠠᠬᠠᠢ ᠬᠡᠢ ᠶᠢᠨ ᠲᠠᠷᠤᠴᠠ ᠪᠠᠭᠠᠰᠬᠠᠬᠤ ᠦᠷᠳᠡᠭᠡ ᠵᠢᠴᠢ  ᠲᠡᠬᠦᠨ ᠤ ᠢᠵᠢ ᠪᠦᠷᠢᠳᠦᠭᠰᠡᠨ ᠲᠤᠤᠷ ᠬᠤᠭᠤᠯᠠᠢ ᠶᠢ ᠪᠠᠶᠢᠭᠤᠯᠵᠤ᠂ ᠪᠤᠤᠴᠠᠩ ᠪᠠᠯᠭᠠᠰᠤᠨ ᠤ ᠰᠢᠳᠠᠮᠠᠬᠠᠢ ᠬᠡᠢ  ᠲᠠᠮᠵᠢᠭᠤᠯᠬᠤ ᠢᠨᠵᠧᠨᠧᠷᠢᠩ ᠢ ᠪᠡᠶᠡᠯᠡᠬᠦᠯᠦᠨ᠎ᠡ᠃ ᠵᠡᠬᠦᠨ ᠭᠤᠤᠯ ᠤᠨ ᠡᠮᠦᠨ᠎ᠡ ᠬᠡᠰᠡᠭ ᠤᠨ ᠦᠬᠡᠷᠡᠴᠢᠯᠡᠯᠳᠡ ᠶᠢ ᠬᠢᠨ᠎ᠡ᠃ ᠡᠳᠦᠷ ᠲᠤ 120 ᠲᠤᠨ ᠬᠤᠭ ᠨᠤᠪᠰᠢ ᠰᠢᠢᠳᠪᠦᠷᠢᠯᠡᠬᠦ ᠦᠢᠯᠡᠳᠪᠦᠷᠢ ᠶᠢ  ᠪᠠᠶᠢᠭᠤᠯᠬᠤ ᠶᠢᠨ ᠬᠠᠮᠳᠤ᠂ ᠬᠤᠭ ᠨᠤᠪᠰᠢ ᠵᠦᠬᠡᠬᠡᠪᠦᠷᠢᠯᠡᠬᠦ ᠦᠷᠳᠡᠭᠡ  ᠲᠠᠪᠤᠨ ᠰᠠᠭᠤᠷᠢ ᠶᠢ ᠪᠠᠶᠢᠭᠤᠯᠤᠨ᠎ᠠ᠃ ᠪᠤᠵᠠᠷ ᠤᠰᠤ ᠰᠢᠢᠳᠪᠦᠷᠢᠯᠡᠬᠦ  ᠦᠢᠯᠡᠳᠪᠦᠷᠢ ᠶᠢ ᠠᠰᠢᠭᠯᠠᠵᠤ᠂ ᠰᠢᠨ᠎ᠡ ᠲᠤᠭᠤᠷᠢᠭ ᠤᠨ ᠲᠦᠭᠡᠭᠡᠯ ᠤᠰᠤᠨ ᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠳᠠ ᠶᠢ ᠡᠬᠢᠯᠡᠨ᠎ᠡ᠃ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠪᠠᠶᠢᠭᠤᠯᠤᠯᠳᠠ ᠵᠢᠴᠢ ᠮᠠᠯᠵᠢᠬᠤ ᠲᠠᠷᠢᠶᠠᠯᠠᠬᠤ ᠤᠷᠤᠨ ᠤ ᠭᠡᠷ ᠪᠠᠶᠢᠰᠢᠩ ᠤᠨ ᠡᠨᠧᠷᠬᠢ ᠠᠷᠪᠢᠯᠠᠬᠤ ᠦᠬᠡᠷᠡᠴᠢᠯᠡᠯᠳᠡ ᠪᠠ ︽ᠲᠤᠯᠠᠭᠠᠨ ᠪᠠᠶᠢᠰᠢᠩ︾ ᠤᠨ ᠢᠨᠵᠧᠨᠧᠷᠢᠩ ᠵᠡᠷᠭᠡ ᠶᠢ ᠰᠠᠶᠢᠨ ᠠᠳᠬᠤᠬᠤ ᠬᠡᠷᠡᠭᠳᠡᠢ᠃      ︵ᠬᠤᠶᠠᠷ︶ ᠭᠤᠷᠪᠠᠨ ᠶᠡᠭᠡ ᠠᠵᠤ ᠦᠢᠯᠡᠰ ᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠠᠯᠬᠤᠭ᠎ᠠ ᠶᠢ ᠲᠦᠷᠭᠡᠳᠭᠡᠨ᠎ᠡ᠃       ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢᠨ ᠬᠢᠷᠢ ᠲᠦᠪᠰᠢᠨ ᠢ  ᠤᠯᠠᠮ ᠨᠢᠬᠡ ᠠᠯᠬᠤᠮ ᠲᠡᠭᠡᠭᠰᠢᠯᠡᠬᠦᠯᠦᠨ᠎ᠡ  ᠃ ᠲᠠᠷᠢᠵᠤ ᠮᠠᠯᠵᠢᠬᠤ ᠠᠵᠤ ᠦᠢᠯᠡᠰ ᠤᠨ ᠪᠦᠷᠢᠯᠳᠦᠴᠡ ᠶᠢ ᠦᠷᠬᠦᠯᠵᠢᠯᠡᠨ  ᠰᠢᠯᠢᠳᠡᠭᠵᠢᠬᠦᠯᠬᠦ ᠭᠡᠷᠡᠭᠳᠡᠢ᠃ ᠪᠤᠳᠠ ᠮᠠᠯ   ᠢ ᠦᠷᠡᠵᠢᠬᠦᠯᠬᠦ ᠪᠠ ᠡᠬᠦᠯᠳᠡᠷ ᠢ ᠰᠠᠶᠢᠵᠢᠷᠠᠭᠤᠯᠬᠤ ᠪᠠᠷ ᠭᠤᠤᠯᠳᠠᠯᠭ᠎ᠠ ᠪᠤᠯᠭᠠᠨ᠂ ᠰᠠᠭᠠᠯᠢ  ᠶᠢᠨ ᠦᠨᠢᠶᠡᠨ ᠤ ᠪᠠᠷᠢᠮᠵᠢᠶᠠᠳᠤ ᠮᠠᠯᠵᠢᠯ ᠪᠤᠯᠤᠨ ᠮᠢᠬᠠᠨ ᠤ ᠦᠬᠡᠷ ᠤᠨ ᠲᠦᠪᠯᠡᠷᠡᠭᠰᠡᠨ ᠮᠠᠯᠵᠢᠯ ᠢ ᠬᠦᠭᠵᠢᠬᠦᠯᠵᠦ᠂ ᠮᠠᠯᠵᠢᠯ ᠤᠨ ᠤᠨ ᠳᠤ ᠮᠠᠯ ᠤᠨ ᠲᠤᠭ᠎ᠠ ᠲᠤᠯᠤᠭᠠᠢ ᠶᠢ 11.38 ᠲᠦᠮᠡ   ᠳᠤ ᠬᠦᠷᠭᠡᠨ᠂ ᠡᠬᠦᠨ ᠳᠤ ᠪᠤᠳᠠ ᠮᠠᠯ  ᠢ 6.75 ᠲᠦᠮᠡ  ᠂  ᠪᠤᠭ ᠮᠠᠯ ᠢ 4.63 ᠲᠦᠮᠡ   ᠳᠤ ᠬᠦᠷᠭᠡᠨ᠎ᠡ᠃  ᠭᠤᠷᠪᠠᠨ ᠵᠢᠵᠢᠭ ᠲᠡᠵᠢᠬᠡᠪᠦᠷᠢ ᠪᠠ ᠤᠨᠴᠠᠭᠠᠢ ᠲᠡᠵᠢᠬᠡᠪᠦᠷᠢ ᠶᠢᠨ ᠦᠢᠯᠡᠰ ᠢ ᠦᠷᠬᠦᠯᠵᠢᠯᠡᠨ ᠲᠡᠳᠬᠦᠵᠦ ᠬᠦᠭᠵᠢᠬᠦᠯᠦᠨ᠎ᠡ᠃ 55 ᠲᠦᠮᠡᠨ ᠮᠤ᠋ ᠲᠦᠮᠦᠰᠦ ᠲᠠᠷᠢᠬᠤ ᠪᠠᠷ ᠲᠦᠯᠦᠪᠯᠡᠵᠦ᠂ ᠦᠷ᠎ᠡ ᠶᠢᠨ ᠲᠦᠮᠦᠰᠦᠨ ᠤ ᠲᠠᠯᠠᠪᠠᠢ ᠶᠢ ᠵᠤᠬᠢᠰᠳᠠᠢ ᠦᠷᠭᠡᠳᠭᠡᠨ᠂ ᠢᠳᠡᠰᠢᠨ ᠨᠤᠭᠤᠭ᠎ᠠ ᠲᠠᠷᠢᠬᠤ ᠲᠠᠯᠠᠪᠠᠢ ᠶᠢ 15 ᠲᠦᠮᠡᠨ ᠮᠤ᠋ ᠳᠤ  ᠲᠤᠭᠳᠠᠪᠤᠷᠢᠵᠢᠭᠤᠯᠤᠨ᠎ᠠ᠃ ᠲᠠᠷᠢᠶᠠᠯᠠᠩ ᠮᠠᠯᠵᠢᠯ  ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ  ᠦᠷᠬᠦᠯᠵᠢᠯᠡᠨ ᠴᠢᠩᠭᠠᠳᠬᠠᠬᠤ ᠭᠡᠷᠡᠭᠳᠡᠢ᠃ ᠪᠠᠷᠢᠮᠵᠢᠶᠠᠳᠤ ᠵᠢᠱᠢᠶ᠎ᠡ ᠦᠵᠡᠬᠦᠯᠬᠦ ᠲᠤᠭᠤᠷᠢᠭ ᠢ  ᠪᠠᠶᠢᠭᠤᠯᠬᠤ ᠲᠡᠭᠡᠷ᠎ᠡ ᠬᠦᠴᠦ ᠲᠠᠯᠪᠢᠵᠤ᠂ ᠰᠠᠭᠠᠯᠢ ᠶᠢᠨ  ᠦᠨᠢᠶ᠎ᠡ ᠮᠠᠯᠵᠢᠬᠤ  ᠲᠤᠭᠤᠷᠢᠭ 2 ᠰᠠᠭᠤᠷᠢ  ᠂  ᠮᠢᠬᠠᠨ ᠤ ᠦᠬᠡᠷ ᠮᠠᠯᠵᠢᠬᠤ  ᠲᠤᠭᠤᠷᠢᠭ 2 ᠰᠠᠭᠤᠷᠢ  ᠂  ᠭᠠᠭ᠋ᠠᠢ ᠲᠡᠵᠢᠬᠡᠬᠦ ᠲᠤᠭᠤᠷᠢᠭ 2 ᠰᠠᠭᠤᠷᠢ ᠵᠢᠴᠢ ᠵᠢᠵᠢᠭ ᠲᠡᠵᠢᠬᠡᠪᠦᠷᠢ ᠮᠠᠯᠵᠢᠬᠤ ᠲᠠᠯᠠᠪᠠᠢ 8 ᠶᠢ ᠲᠤᠰᠪᠤᠷᠢ ᠪᠠᠶᠢᠭᠤᠯᠤᠨ᠎ᠠ᠃ ᠲᠦᠬᠦᠭᠡᠷᠦᠮᠵᠢᠳᠦ ᠲᠠᠷᠢᠶᠠᠯᠠᠩ ᠢ ᠦᠷᠬᠦᠯᠵᠢᠯᠡᠨ ᠬᠦᠭᠵᠢᠬᠦᠯᠵᠦ᠂ ᠢᠳᠡᠰᠢᠨ ᠨᠤᠭᠤᠭ᠎ᠠ ᠲᠠᠷᠢᠬᠤ ᠲᠤᠯᠠᠭᠠᠨ ᠲᠠᠰᠤᠭ 20 ᠰᠠᠭᠤᠷᠢ᠂  ᠲᠤᠮᠤ ᠬᠦᠯᠡᠮᠵᠢ 174 ᠰᠠᠭᠤᠷᠢ ᠶᠢ ᠰᠢᠨ᠎ᠡ ᠪᠠᠷ  ᠪᠠᠶᠢᠭᠤᠯᠵᠤ᠂ ᠲᠦᠮᠦᠰᠦ ᠬᠠᠳᠠᠭᠠᠯᠠᠬᠤ ᠬᠦᠮᠦᠷᠭᠡ ᠶᠢᠨ ᠪᠠᠭᠳᠠᠭᠠᠮᠵᠢ ᠶᠢ 1 ᠲᠦᠮᠡᠨ ᠲᠤᠨ ᠲᠠᠪᠠᠭᠤᠯᠤᠨ᠎ᠠ᠃  ᠭᠠᠵᠠᠷ ᠰᠢᠷᠤᠢ ᠶᠢᠨ ᠶᠡᠷᠦᠩᠬᠡᠶᠢᠯᠡᠭᠰᠡᠨ ᠵᠠᠰᠠᠯᠳᠠ ᠤᠨ ᠡᠷᠴᠢᠮ ᠢ ᠴᠢᠩᠭᠠᠷᠠᠭᠤᠯᠬᠤ ᠭᠡᠷᠡᠭᠳᠡᠢ᠃ ᠭᠠᠵᠠᠷ ᠰᠢᠷᠤᠢ ᠲᠡᠭᠰᠢᠯᠡᠵᠦ ᠵᠠᠰᠠᠬᠤ ᠲᠠᠪᠤᠨ ᠲᠦᠷᠦᠯ ᠵᠦᠢᠯ ᠢ ᠭᠡᠷᠡᠭᠵᠢᠬᠦᠯᠵᠦ᠂ 4050 ᠮᠤ᠋  ᠭᠠᠵᠠᠷ ᠰᠢᠷᠤᠢ ᠶᠢ ᠰᠢᠨ᠎ᠡ ᠪᠠᠷ ᠬᠠᠭᠠᠯᠪᠤᠷᠢᠯᠠᠨ᠂  8 ᠭᠠᠴᠠᠭ᠎ᠠ ᠲᠤᠰᠬᠤᠨ ᠤ 9000 ᠮᠤ᠋ ᠭᠠᠵᠠᠷ ᠰᠢᠷᠤᠢ ᠳᠤ ᠶᠡᠷᠦᠩᠬᠡᠶᠢᠯᠡᠭᠰᠡᠨ ᠵᠠᠰᠠᠯᠳᠠ ᠬᠢᠨ᠎ᠡ᠃ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠬᠦ ᠭᠡᠷᠡᠭᠳᠡᠢ᠃ ᠬᠠᠤᠯᠢ ᠶᠤᠰᠤᠭᠠᠷ᠂ ᠰᠠᠶᠢᠨ ᠲᠤᠷ᠎ᠠ ᠠᠴᠠ ᠪᠠᠨ᠂  ᠦᠨ᠎ᠡ ᠲᠦᠯᠦᠪᠦᠷᠢ ᠲᠠᠢ ᠪᠠᠶᠢᠬᠤ ᠶᠢ ᠪᠠᠳᠤᠯᠠᠭᠰᠠᠨ ᠰᠠᠭᠤᠷᠢᠨ ᠲᠡᠭᠡᠷ᠎ᠡ᠂ ᠭᠠᠵᠠᠷ ᠰᠢᠷᠤᠢ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠠᠵᠢᠯ ᠢ ᠠᠬᠢᠭᠤᠯᠤᠨ᠎ᠠ᠃ ᠬᠠᠮᠳᠤ   ᠶᠢᠨ ᠤᠢ ᠮᠤᠳᠤᠨ ᠤ ᠦᠮᠴᠢᠯᠡᠯ ᠤᠨ ᠡᠷᠭᠡ ᠶᠢᠨ ᠦᠬᠡᠷᠡᠴᠢᠯᠡᠯᠳᠡ ᠶᠢ ᠦᠷᠬᠦᠯᠵᠢᠯᠡᠨ ᠲᠡᠬᠦᠯᠳᠡᠷᠵᠢᠬᠦᠯᠦᠨ᠎ᠡ᠃ ᠲᠠᠷᠢᠶᠠᠯᠠᠩ ᠮᠠᠯᠵᠢᠯ ᠤᠨ ᠲᠠᠭᠠᠭᠤᠯᠤᠭᠴᠢ ᠠᠵᠤ ᠠᠬᠤᠶᠢᠯᠠᠯ ᠢ ᠲᠡᠳᠬᠦᠨ ᠬᠦᠭᠵᠢᠬᠦᠯᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠵᠠᠬᠢᠶᠠᠯᠠᠭ᠎ᠠ ᠶᠢᠨ ᠲᠠᠷᠢᠶᠠᠯᠠᠩ ᠢ ᠲᠡᠯᠭᠡᠷᠡᠬᠦᠯᠦᠨ᠂ ᠲᠠᠭᠠᠭᠤᠯᠤᠭᠴᠢ ᠠᠵᠤ ᠠᠬᠤᠶᠢᠯᠠᠯ ᠪᠠ ᠦᠷᠭᠡᠨ ᠤᠯᠠᠨ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠨᠢᠭᠡᠳᠦᠭᠰᠡᠨ ᠬᠠᠷᠢᠴᠠᠭᠠᠨ ᠤ ᠲᠤᠭᠳᠠᠴᠠ ᠶᠢ ᠲᠡᠬᠦᠯᠳᠡᠷᠵᠢᠬᠦᠯᠦᠨ᠎ᠡ᠃ ᠮᠠᠯᠴᠢᠨ ᠲᠠᠷᠢᠶᠠᠴᠢᠨ ᠢ ᠤᠷᠮᠠᠰᠢᠭᠤᠯᠤᠨ ᠲᠡᠳᠬᠦᠵᠦ᠂ ᠬᠤᠷᠰᠢᠶᠠᠵᠢᠯ ᠤᠨ ᠵᠠᠮ ᠢᠶᠠᠷ ᠵᠠᠮᠨᠠᠭᠤᠯᠤᠨ᠂ ᠬᠦᠭᠵᠢᠯᠳᠡ ᠶᠢᠨ ᠲᠤᠮᠳᠠ ᠲᠦᠷᠢᠮᠵᠢᠬᠦᠯᠵᠦ᠂ ᠲᠦᠷᠢᠮᠵᠢᠬᠦᠯᠬᠦ ᠶᠢᠨ ᠲᠠᠭᠠᠤ ᠠᠬᠢᠭᠤᠯᠬᠤ ᠭᠡᠷᠡᠭᠳᠡᠢ᠃ ᠬᠤᠷᠰᠢᠶᠠᠵᠢᠯ ᠢ ᠲᠡᠳᠬᠦᠬᠦ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠭᠡᠷᠡᠭᠵᠢᠬᠦᠯᠵᠦ᠂ ᠪᠦᠬᠦ ᠬᠤᠰᠢᠭᠤᠨ ᠤ ᠡᠯ᠎ᠡ ᠲᠦᠷᠦᠯ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠨᠢ ᠲᠠᠷᠢᠶᠠᠯᠠᠩ  ᠮᠠᠯᠵᠢᠯ ᠢ ᠲᠡᠳᠬᠦᠬᠦ ᠵᠢᠭᠡᠯᠡᠯᠭᠡ ᠶᠢᠨ ᠮᠦᠩᠬᠦ 11.7ᠳ᠋ᠦᠩᠰᠢᠭᠤᠷ  ᠲᠦᠬᠦᠷᠢᠭ  ᠲᠠᠷᠬᠠᠭᠠᠨ᠂ ᠡᠬᠦᠨ ᠤ ᠲᠤᠳᠤᠷ᠎ᠠ ᠬᠤᠷᠰᠢᠶᠠᠵᠢᠯ ᠢ ᠲᠡᠳᠬᠦᠬᠦ ᠵᠢᠭᠡᠯᠡᠯᠭᠡ 9000 ᠲᠦᠮᠡᠨ ᠲᠦᠬᠦᠷᠢᠭ ᠲᠠᠷᠬᠠᠭᠠᠬᠤ ᠪᠠᠷ ᠲᠦᠯᠦᠪᠯᠡᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠤᠨ ᠰᠢᠰᠲ᠋ᠧᠮ ᠪᠠ ᠤᠨᠴᠠᠯᠢᠭᠳᠤ ᠨᠡᠷᠡᠳᠦ ᠲᠡᠮᠳᠡᠭ ᠤᠨ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠰᠢᠯᠢᠳᠡᠭ ᠲᠦᠷᠦᠯ ᠢ ᠪᠤᠶᠢᠵᠢᠭᠤᠯᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠪᠠᠷᠢᠮᠵᠢᠶᠠᠳᠤ ᠦᠢᠯᠡᠳᠪᠦᠷᠢᠯᠡᠯ ᠢ ᠲᠦᠯᠬᠢᠨ ᠠᠬᠢᠭᠤᠯᠵᠤ᠂ ᠪᠦᠳᠦᠭᠡᠭᠳᠡᠬᠦᠨ ᠤ ᠶᠠᠰᠤ ᠴᠢᠨᠠᠷ ᠤᠨ ᠪᠠᠷᠢᠮᠵᠢᠶᠠᠨ ᠤ ᠰᠢᠰᠲ᠋ᠧᠮ᠂ ᠮᠡᠷᠭᠡᠵᠢᠯ ᠤᠨ ᠵᠢᠯᠤᠭᠤᠳᠤᠮᠵᠢ ᠶᠢᠨ ᠶᠠᠪᠤᠴᠠ ᠪᠠ ᠰᠢᠯᠭᠠᠨ ᠪᠠᠶᠢᠴᠠᠭᠠᠬᠤ ᠰᠢᠰᠲ᠋ᠧᠮ ᠢ ᠲᠦᠷᠭᠡᠨ ᠲᠡᠬᠦᠯᠳᠡᠷᠵᠢᠬᠦᠯᠵᠦ᠂ ᠪᠤᠬᠢᠷᠳᠤᠯ ᠦᠬᠡᠢ᠂ ᠤᠷᠭᠠᠨᠢᠭ ᠪᠦᠳᠦᠭᠡᠭᠳᠡᠬᠦᠨ ᠤ ᠰᠠᠭᠤᠷᠢᠨ ᠭᠠᠵᠠᠷ ᠢᠶᠠᠷ ᠰᠢᠯᠭᠠᠨ ᠭᠡᠷᠡᠴᠢᠯᠡᠬᠦᠯᠬᠦ ᠬᠦᠷᠢᠶ᠎ᠡ ᠬᠡᠪᠴᠢᠶ᠎ᠡ ᠶᠢ ᠤᠯᠠᠮ ᠨᠢᠬᠡ ᠠᠯᠬᠤᠮ ᠦᠷᠭᠡᠳᠭᠡᠨ᠂ ᠪᠤᠬᠢᠷᠳᠤᠯ ᠬᠤᠤᠷᠳᠠᠯ ᠦᠬᠡᠢ ᠤᠷᠭᠠᠨᠢᠭ ᠪᠦᠳᠦᠭᠡᠭᠳᠡᠬᠦᠨ ᠤ ᠨᠡᠷᠡᠳᠦ ᠲᠡᠮᠳᠡᠭ  ᠤᠨ ᠨᠦᠯᠦᠬᠡᠯᠡᠬᠦ ᠬᠦᠴᠦᠨ ᠢ ᠶᠡᠭᠡᠰᠭᠡᠨ᠎ᠡ᠃       ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢᠨ ᠬᠦᠭᠵᠢᠯᠳᠡ ᠶᠢᠨ ᠲᠦᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠦᠨ᠎ᠡ  ᠃  ︽ᠲᠦᠷᠦᠬᠦᠴᠢ ᠬᠤᠭᠤᠴᠠᠭᠠᠨ ᠤ ᠲᠦᠷᠦᠯ ᠵᠦᠢᠯ   ᠤᠨ ᠨᠠᠶᠢᠳᠠᠪᠤᠷᠢᠵᠢᠭᠤᠯᠤᠯᠳᠠ  ᠶᠢ ᠠᠳᠬᠤᠬᠤ᠂ ᠲᠤᠭᠳᠠᠪᠤᠷᠢᠵᠢᠭᠰᠠᠨ ᠲᠦᠷᠦᠯ ᠵᠦᠢᠯ   ᠤᠨ ᠡᠵᠡᠩᠨᠡᠯᠳᠡ ᠶᠢ ᠠᠳᠬᠤᠬᠤ᠂  ᠡᠵᠡᠩᠨᠡᠵᠦ ᠡᠬᠢᠯᠡᠭᠰᠡᠨ ᠲᠦᠷᠦᠯ ᠵᠦᠢᠯ ᠤᠨ ᠦᠷ᠎ᠡ ᠠᠰᠢᠭ ᠢ ᠠᠳᠬᠤᠬᠤ︾ ᠱᠠᠭᠠᠷᠳᠠᠯᠭ᠎ᠠ ᠶᠤᠰᠤᠭᠠᠷ᠂ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠦᠨᠡᠨᠬᠦ  ᠴᠢᠩᠭᠠᠳᠬᠠᠬᠤ ᠭᠡᠷᠡᠭᠳᠡᠢ᠃ ᠤᠳᠤ ᠪᠠᠶᠢᠭ᠎ᠠ ᠠᠵᠤ ᠠᠬᠤᠶᠢᠯᠠᠯ  ᠤᠨ ᠴᠢᠨᠠᠷ ᠢ ᠰᠠᠶᠢᠵᠢᠷᠠᠭᠤᠯᠵᠤ ᠠᠰᠢᠭ ᠢ ᠨᠡᠮᠡᠭᠳᠡᠬᠦᠯᠦᠨ᠎ᠡ᠃ ᠲᠠᠯ᠎ᠠ ᠨᠤᠳᠤᠭ ᠠᠷᠢᠬᠢᠨ ᠦᠢᠯᠡᠳᠪᠦᠷᠢ ᠵᠢᠯ ᠳᠤ 2.3 ᠳ᠋ᠦᠩᠰᠢᠭᠤᠷ ᠲᠦᠬᠦᠷᠢᠭ ᠤᠨ ᠦᠢᠯᠡᠳᠪᠦᠷᠢᠯᠡᠯ ᠤᠨ ᠦᠷᠳᠡᠭ ᠪᠡᠶᠡᠯᠡᠬᠦᠯᠵᠦ᠂  ᠠᠳᠠᠯᠢ ᠬᠤᠭᠤᠴᠠᠭᠠᠨ ᠠᠴᠠ 10.2% ᠪᠠᠷ ᠨᠡᠮᠡᠭᠳᠡᠬᠦᠯᠦᠨ  ︔  ᠴᠠᠩ ᠰᠢᠨ ᠬᠢᠮᠢ ᠶᠢᠨ ᠠᠵᠤ ᠦᠢᠯᠡᠳᠪᠦᠷᠢ 2.63 ᠳ᠋ᠦᠩᠰᠢᠭᠤᠷ ᠲᠦᠬᠦᠷᠢᠭ ᠪᠡᠶᠡᠯᠡᠬᠦᠯᠵᠦ᠂ 128% ᠪᠠᠷ ᠨᠡᠮᠡᠭᠳᠡᠬᠦᠯᠦᠨ  ︔  ᠲᠠᠶᠢᠹᠤᠰᠧ ᠬᠤᠰᠢᠭᠤᠨ ᠤ ᠴᠠᠬᠢᠯᠭᠠᠨ ᠬᠦᠴᠦᠨ ᠤ ᠺᠤᠮᠫᠠᠨᠢ 2 ᠳ᠋ᠦᠩᠰᠢᠭᠤᠷ ᠲᠦᠬᠦᠷᠢᠭ ᠪᠡᠶᠡᠯᠡᠬᠦᠯᠵᠦ᠂ 66.7% ᠪᠠᠷ ᠨᠡᠮᠡᠭᠳᠡᠬᠦᠯᠦᠨ  ︔  ᠤᠯᠤᠰ ᠤᠨ ᠴᠠᠬᠢᠯᠭᠠᠨ ᠬᠦᠴᠦᠨ  ᠤ ᠲᠠᠶᠢᠹᠤᠰᠧ ᠬᠤᠰᠢᠭᠤᠨ ᠳᠠᠬᠢ ᠺᠤᠮᠫᠠᠨᠢ  1ᠳ᠋ᠦᠩᠰᠢᠭᠤᠷ ᠲᠦᠬᠦᠷᠢᠭ ᠪᠡᠶᠡᠯᠡᠬᠦᠯᠵᠦ᠂ 11.1% ᠪᠠᠷ ᠨᠡᠮᠡᠭᠳᠡᠬᠦᠯᠦᠨ  ︔  ᠲᠠᠶᠢᠹᠤᠰᠧ ᠬᠤᠰᠢᠭᠤᠨ ᠤ ᠬᠤᠩ ᠶᠧ ᠠᠭᠤᠷᠬᠠᠢ ᠶᠢᠨ ᠦᠢᠯᠡᠰ ᠤᠨ ᠺᠤᠮᠫᠠᠨᠢ 1.17 ᠳ᠋ᠦᠩᠰᠢᠭᠤᠷ ᠲᠦᠬᠦᠷᠢᠭ ᠪᠡᠶᠡᠯᠡᠬᠦᠯᠵᠦ᠂ 4.9% ᠪᠠᠷ ᠨᠡᠮᠡᠭᠳᠡᠬᠦᠯᠦᠨ  ︔   ᠬᠤᠩ ᠵᠢᠩ  ᠶᠤᠸᠠᠨ ᠲᠤᠰᠤᠨ ᠤ ᠺᠤᠮᠫᠠᠨᠢ 8500 ᠲᠦᠮᠡᠨ ᠲᠦᠬᠦᠷᠢᠭ ᠪᠡᠶᠡᠯᠡᠬᠦᠯᠵᠦ᠂ 7.6 % ᠪᠠᠷ ᠨᠡᠮᠡᠭᠳᠡᠬᠦᠯᠦᠨ  ︔  ᠬᠤᠸᠠ  ᠡᠯ ᠽᠧᠮᠧᠨ᠋ᠲ  ᠤᠨ ᠺᠤᠮᠫᠠᠨᠢ 7600 ᠲᠦᠮᠡᠨ ᠲᠦᠬᠦᠷᠢᠭ ᠪᠡᠶᠡᠯᠡᠬᠦᠯᠵᠦ᠂ 8.6 % ᠪᠠᠷ ᠨᠡᠮᠡᠭᠳᠡᠬᠦᠯᠦᠨ  ︔  ᠬᠤᠤ ᠬᠤᠸᠠ  ᠴᠠᠩ ᠵᠢᠶᠠᠩ ᠠᠭᠤᠷᠬᠠᠢ ᠶᠢᠨ ᠦᠢᠯᠡᠰ ᠤᠨ ᠺᠤᠮᠫᠠᠨᠢ 2500 ᠲᠦᠮᠡᠨ ᠲᠦᠬᠦᠷᠢᠭ ᠪᠡᠶᠡᠯᠡᠬᠦᠯᠵᠦ᠂ 13.6% ᠪᠠᠷ  ᠨᠡᠮᠡᠭᠳᠡᠬᠦᠯᠬᠦ ᠪᠠᠷ ᠴᠢᠷᠮᠠᠶᠢᠨ᠎ᠠ᠃  ᠰᠢᠨ᠎ᠡ ᠪᠠᠷ  ᠭᠡᠷᠡᠭᠵᠢᠬᠦᠯᠦᠭᠰᠡᠨ ᠲᠦᠷᠦᠯ ᠵᠦᠢᠯ ᠤᠨ ᠡᠵᠡᠩᠨᠡᠯᠳᠡ ᠶᠢ ᠲᠦᠷᠭᠡᠨ ᠡᠬᠢᠯᠡᠬᠦᠯᠦᠨ᠎ᠡ᠃ ᠤᠯᠤᠰ ᠤᠨ ᠴᠠᠬᠢᠯᠭᠠᠨ ᠬᠦᠴᠦᠨ ᠤ ᠺᠤᠮᠫᠠᠨᠢ ᠶᠢᠨ 5 ᠰᠠᠶ᠎ᠠ ᠸᠠᠲ ᠤᠨ ᠴᠠᠬᠢᠯᠭᠠᠨ ᠡᠬᠦᠰᠭᠡᠬᠦ ᠲᠦᠷᠦᠯ ᠵᠦᠢᠯ   ᠤᠨ ᠪᠦᠳᠦᠭᠡᠨ ᠪᠠᠶᠢᠭᠤᠯᠤᠯᠳᠠ ᠶᠢ ᠡᠬᠢᠯᠡᠬᠦᠯᠵᠦ᠂ ᠴᠢ ᠬᠠᠩ ᠰᠢᠨᠵᠢᠯᠡᠭᠡ ᠮᠡᠷᠭᠡᠵᠢᠯ ᠤᠨ  ᠺᠤᠮᠫᠠᠨᠢ  ᠶᠢᠨ ᠲᠢᠲ᠋ᠠᠨ ᠰᠢᠷᠭᠠᠭᠠᠨ ᠪᠤᠯᠪᠠᠰᠤᠷᠠᠭᠤᠯᠬᠤ ᠲᠦᠷᠦᠯ ᠵᠦᠢᠯ ᠢ 6 ᠰᠠᠷ᠎ᠠ ᠳᠤ ᠡᠬᠢᠯᠡᠬᠦᠯᠦᠨ᠂ ᠲᠠᠶᠢᠹᠤᠰᠧ ᠬᠤᠰᠢᠭᠤᠨ ᠤ ᠦᠨᠳᠦᠰᠦᠳᠡᠨ ᠤ ᠢᠳᠡᠭᠡᠨ ᠤ ᠦᠢᠯᠡᠳᠪᠦᠷᠢ ᠶᠢ ᠨᠡᠬᠦᠯᠬᠡᠵᠦ ᠮᠡᠷᠭᠡᠵᠢᠯ ᠤᠨ ᠦᠭᠡᠷᠡᠴᠢᠯᠡᠯᠳᠡ ᠬᠢᠬᠦ ᠲᠦᠷᠦᠯ ᠵᠦᠢᠯ ᠢ 5 ᠰᠠᠷ᠎ᠠ ᠳᠤ ᠡᠬᠢᠯᠡᠬᠦᠯᠵᠦ᠂  ᠬᠤᠩ ᠵᠢᠩ ᠶᠤᠸᠠᠨ ᠺᠤᠮᠫᠠᠨᠢ ᠶᠢᠨ ᠨᠤᠬᠠᠢ ᠶᠢᠨ ᠬᠤᠰᠢᠭᠤ ᠪᠤᠯᠪᠠᠰᠤᠷᠠᠭᠤᠯᠬᠤ ᠲᠦᠷᠦᠯ ᠵᠦᠢᠯ ᠢ 6 ᠰᠠᠷ᠎ᠠ ᠳᠤ ᠡᠬᠢᠯᠡᠬᠦᠯᠬᠦ ᠪᠠᠷ ᠴᠢᠷᠮᠠᠶᠢᠨ᠎ᠠ᠃ ᠲᠦᠷᠦᠬᠦᠴᠢ ᠬᠤᠭᠤᠴᠠᠭᠠᠨ ᠤ ᠲᠦᠷᠦᠯ ᠵᠦᠢᠯ ᠤᠨ ᠤᠷᠤᠭᠰᠢᠳᠠᠢ ᠶᠠᠪᠤᠭᠳᠠᠬᠤ  ᠪᠠᠳᠤᠯᠠᠨ᠎ᠠ᠃ ᠱᠠ ᠽᠢ ᠭᠸᠦ ᠶᠢᠨ ᠸᠤᠯᠹᠷᠤᠮ‌ᠮᠤᠯᠢᠪᠳᠧᠨ ᠤ ᠤᠯᠠᠨ ᠲᠡᠮᠦᠷᠯᠢᠭᠳᠦ ᠠᠭᠤᠷᠬᠠᠢ ᠶᠢᠨ ᠲᠦᠷᠦᠯ ᠵᠦᠢᠯ ᠨᠢ ᠡᠳᠦᠷ ᠲᠤ 3000 ᠲᠤᠨ ᠪᠤᠯᠪᠠᠰᠤᠷᠠᠭᠤᠯᠬᠤ ᠲᠠᠯᠠᠪᠠᠢ  ᠶᠢ ᠪᠠᠶᠢᠭᠤᠯᠤᠨ ᠠᠭᠤᠷᠬᠠᠢ ᠪᠠᠨ ᠨᠡᠭᠡᠭᠡᠵᠦ᠂ ᠴᠠᠩ ᠵᠢᠶᠠᠩ ᠠᠭᠤᠷᠬᠠᠢ ᠶᠢᠨ ᠦᠢᠯᠡᠰ   ᠤᠨ ᠴᠢᠶᠠᠨ ᠶᠢᠨ ᠭᠸᠦ ᠳᠠᠬᠢ ᠴᠠᠭᠠᠨ ᠲᠤᠭᠤᠯᠭ᠎ᠠ ᠶᠢᠨ ᠤᠯᠠᠨ ᠲᠡᠮᠦᠷᠯᠢᠭᠳᠦ ᠠᠭᠤᠷᠬᠠᠢ ᠶᠢᠨ ᠲᠦᠷᠦᠯ ᠵᠦᠢᠯ ᠨᠢ ᠡᠳᠦᠷ ᠲᠤ 1000 ᠲᠤᠨ ᠪᠤᠯᠪᠠᠰᠤᠷᠠᠭᠤᠯᠬᠤ ᠲᠠᠯᠠᠪᠠᠢ ᠶᠢ ᠪᠠᠶᠢᠭᠤᠯᠤᠨ ᠠᠭᠤᠷᠬᠠᠢ ᠪᠠᠨ ᠨᠡᠭᠡᠭᠡᠵᠦ᠂  ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠦᠢᠯᠡᠳᠬᠦ ᠪᠠ ᠰᠡᠯᠪᠢᠨ ᠵᠠᠰᠠᠬᠤ ᠵᠢᠴᠢ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ  ᠤᠨ ᠲᠠᠯᠠᠪᠠᠷ  ᠰᠢᠪᠳᠤᠯᠤᠯᠳᠠ ᠲᠠᠢ ᠪᠤᠯᠬᠤ ᠪᠠᠷ ᠴᠢᠷᠮᠠᠶᠢᠨ᠎ᠠ᠃       ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ ᠃ ᠦᠵᠡᠮᠵᠢ ᠶᠢᠨ ᠤᠷᠤᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠤᠯᠠᠮ ᠲᠡᠬᠦᠯᠳᠡᠷᠵᠢᠬᠦᠯᠵᠦ᠂ ᠲᠠᠶᠢᠹᠤᠰᠧ ᠬᠤᠰᠢᠭᠤᠨ ᠤ ᠬᠠᠭᠠᠨ ᠤ ᠠᠳᠤᠭᠤᠨ ᠵᠤᠰᠠᠭᠠᠯ᠂ ᠮᠠᠯᠠᠭᠠᠢ ᠶᠢᠨ ᠰᠦᠮ᠎ᠡ ᠶᠢᠨ ᠲᠠᠯ᠎ᠠ ᠨᠤᠳᠤᠭ ᠤᠨ ᠦᠵᠡᠮᠵᠢ ᠶᠢᠨ ᠤᠷᠤᠨ᠂ ᠪᠦᠬᠦᠳᠡ ᠶᠢᠨ ᠤᠪᠤᠭ᠎ᠠ ᠠᠮᠢ ᠠᠬᠤᠢ ᠶᠢᠨ ᠭᠠᠴᠠᠭ᠎ᠠ᠂ ᠳ᠋ᠦᠩ ᠮᠤ᠋ ᠦᠨᠳᠦᠰᠦᠳᠡᠨ ᠤ ᠤᠨᠴᠠᠯᠢᠭᠳᠤ ᠲᠤᠰᠬᠤᠨ᠂  ᠲᠠᠷᠢᠶᠠᠯᠠᠩ ᠤᠨ ᠦᠵᠡᠮᠵᠢᠳᠦ ᠤᠷᠤᠨ ᠤᠷᠤᠨ ᠵᠡᠷᠭᠡ ᠵᠤᠭᠠᠴᠠᠯ ᠤᠨ ᠤᠷᠤᠨ ᠢ ᠦᠷᠭᠡᠳᠭᠡᠨ ᠦᠬᠡᠷᠡᠴᠢᠯᠡᠵᠦ ᠪᠠᠶᠢᠭᠤᠯᠤᠨ᠎ᠠ᠃ ᠤᠳᠤ ᠪᠠᠶᠢᠭ᠎ᠠ ᠠᠷᠠᠯᠵᠢᠶ᠎ᠠ ᠬᠦᠢᠯᠬᠡᠬᠡᠨ ᠤ ᠠᠵᠤ ᠠᠬᠤᠶᠢᠯᠠᠯ ᠢ ᠲᠡᠳᠬᠦᠵᠦ ᠪᠤᠵᠠᠭᠠᠶᠢᠷᠠᠭᠤᠯᠬᠤ ᠰᠠᠭᠤᠷᠢᠨ ᠲᠡᠭᠡᠷ᠎ᠡ᠂ ᠲᠢᠶᠠᠨ ᠪᠤᠤ ᠮᠠᠰᠢᠨ ᠲᠡᠷᠭᠡ ᠰᠡᠯᠪᠢᠨ ᠵᠠᠰᠠᠬᠤ ᠪᠠ ᠠᠷᠠᠯᠵᠢᠶᠠᠯᠠᠬᠤ ᠤᠷᠤᠨ ᠲᠤᠭᠤᠷᠢᠭ ᠬᠢᠭᠡᠳ ᠪᠸᠢ ᠬᠦᠸᠧ ᠠᠷᠠᠯᠵᠢᠶ᠎ᠠ ᠬᠤᠳᠠᠯᠳᠤᠭᠠᠨ ᠤ ᠤᠷᠤᠨ ᠲᠤᠭᠤᠷᠢᠭ ᠢ ᠲᠦᠷᠭᠡᠨ ᠠᠰᠢᠭᠯᠠᠯᠳᠠ ᠳᠤ ᠤᠷᠤᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠭᠡᠷᠡᠭᠯᠡᠭᠡᠨ ᠤ ᠰᠦᠯᠵᠢᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠭᠡᠯᠬᠢᠶᠡᠰᠦᠯᠡᠨ ᠡᠵᠡᠩᠨᠡᠬᠦ᠂ ᠡᠳ᠋ ᠪᠠᠷᠠᠭ᠎ᠠ ᠲᠤᠬᠢᠷᠠᠭᠤᠯᠤᠨ ᠬᠦᠷᠭᠡᠬᠦ  ᠵᠡᠷᠭᠡ ᠠᠵᠤ ᠦᠢᠯᠡᠰ ᠢ ᠭᠠᠴᠠᠭ᠎ᠠ ᠲᠤᠰᠬᠤᠨ ᠵᠦᠭ ᠰᠤᠨᠤᠭᠠᠨ᠎ᠠ᠃ ᠮᠦᠩᠬᠦᠨ ᠬᠦᠢᠯᠬᠡᠬᠡᠨ ᠤ ᠲᠠᠭᠠᠳᠬᠠᠯ᠂ ᠨᠡᠶᠢᠬᠡᠮ ᠲᠤᠭᠤᠷᠢᠭ ᠤᠨ ᠦᠢᠯᠡᠴᠢᠯᠡᠭᠡ᠂ ᠰᠠᠭᠤᠭᠠᠯᠢ ᠠᠷᠠᠳ ᠤᠨ ᠲᠤᠭᠤᠷᠢᠭ ᠤᠨ ᠬᠠᠮᠢᠶᠠᠷᠤᠯᠳᠠ᠂ ᠵᠠᠭᠤᠴᠢ ᠦᠢᠯᠡᠴᠢᠯᠡᠭᠡ᠂ ᠰᠤᠶᠤᠯ ᠰᠤᠷᠭᠠᠨ ᠬᠦᠮᠦᠵᠢᠯ ᠤᠨ ᠦᠢᠯᠡᠴᠢᠯᠡᠭᠡ᠂ ᠮᠡᠳᠡᠭᠡ ᠵᠠᠩᠬᠢ ᠶᠢᠨ ᠦᠢᠯᠡᠴᠢᠯᠡᠭᠡ ᠵᠡᠷᠭᠡ ᠰᠢᠨ᠎ᠡ ᠪᠠᠷ ᠮᠠᠨᠳᠤᠭᠰᠠᠨ ᠦᠢᠯᠡᠴᠢᠯᠡᠬᠡᠨ ᠤ ᠦᠢᠯᠡᠰ ᠢ ᠤᠷᠮᠠᠰᠢᠭᠤᠯᠤᠨ ᠲᠡᠳᠬᠦᠵᠦ ᠬᠦᠭᠵᠢᠬᠦᠯᠦᠨ᠎ᠡ᠃      ︵ ᠭᠤᠷᠪᠠ︶  ᠬᠤᠶᠠᠷ ᠲᠦᠷᠦᠯ ᠤᠨ ᠭᠤᠤᠯᠳᠠᠯᠭᠠᠳᠠᠢ ᠠᠵᠢᠯ ᠢ ᠲᠤᠪᠤᠶᠢᠯᠭᠠᠵᠤ᠂ ᠠᠵᠤ ᠠᠬᠤᠢ ᠨᠡᠶᠢᠬᠡᠮ  ᠤᠨ ᠬᠦᠭᠵᠢᠯᠳᠡ ᠶᠢᠨ ᠪᠠᠳᠤᠯᠠᠭ᠎ᠠ ᠶᠢ ᠴᠢᠩᠭᠠᠳᠬᠠᠨ᠎ᠠ᠃       ᠠᠷᠠᠳ ᠤᠨ ᠠᠮᠢᠳᠤᠷᠠᠯ ᠤᠨ ᠪᠠᠳᠤᠯᠠᠭᠠᠨ ᠤ ᠠᠵᠢᠯ ᠢ  ᠡᠷᠴᠢᠮᠳᠡᠢ ᠰᠠᠶᠢᠨ ᠬᠢᠨ᠎ᠡ᠃  ᠬᠤᠳᠠ ᠬᠦᠳᠡᠭᠡ  ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠵᠡᠷᠭᠡ ᠲᠤᠰᠬᠠᠢ ᠲᠦᠷᠦᠯ ᠤᠨ ᠠᠪᠤᠷᠠᠨ ᠲᠤᠰᠠᠯᠠᠬᠤ ᠠᠵᠢᠯ ᠢ ᠰᠦᠯᠵᠢᠶᠡᠨ ᠲᠡᠭᠡᠷ᠎ᠡ ᠬᠢᠨᠠᠨ ᠵᠦᠪᠰᠢᠶᠡᠷᠡᠬᠦ ᠪᠠ  ᠮᠡᠳᠡᠭᠡ ᠵᠠᠩᠭᠢᠵᠢᠭᠤᠯᠤᠨ ᠰᠦᠯᠵᠢᠶ᠎ᠡ ᠪᠠᠷ ᠬᠠᠮᠢᠶᠠᠷᠬᠤ   ᠶᠢ ᠲᠦᠯᠬᠢᠨ  ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ  ᠤᠨ ᠪᠦᠳᠦᠭᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠨ᠂ ᠬᠠᠷᠢᠯᠴᠠᠨ ᠬᠠᠪᠰᠤᠷᠤᠯᠴᠠᠬᠤ  ᠵᠢᠷᠭᠠᠯᠠᠩᠳᠤ ᠬᠦᠷᠢᠶᠡᠯᠡᠩ ᠢ ᠪᠠᠶᠢᠭᠤᠯᠬᠤ ᠲᠤᠷᠰᠢᠯᠳᠠ ᠶᠢᠨ ᠴᠡᠭ ᠤᠨ ᠠᠵᠢᠯ ᠢ ᠡᠬᠢᠯᠡᠬᠦᠯᠦᠨ᠎ᠡ᠃ ᠡᠮᠨᠡᠯᠬᠡ ᠶᠢᠨ ᠠᠪᠤᠷᠠᠨ ᠲᠤᠰᠠᠯᠠᠬᠤ ᠪᠡᠯᠡ  ᠮᠦᠩᠬᠦᠨ ᠤ ᠤᠷᠤᠭᠤᠯᠤᠯᠳᠠ ᠶᠢ ᠶᠡᠭᠡᠰᠬᠡᠵᠦ᠂ ᠠᠪᠤᠷᠠᠨ ᠲᠤᠰᠠᠯᠠᠬᠤ ᠠᠷᠭ᠎ᠠ ᠠᠪᠴᠢᠯ  ᠢ ᠪᠦᠷᠢᠨᠰᠢᠬᠦᠯᠦᠨ᠂ ᠠᠪᠤᠷᠠᠨ ᠲᠤᠰᠠᠯᠠᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠲᠦᠷᠦ ᠶᠢᠨ ᠪᠤᠳᠤᠯᠭ᠎ᠠ ᠶᠢᠨ ᠴᠢᠨᠠᠷᠳᠠᠢ ᠲᠠᠭᠠᠳᠬᠠᠯ ᠪᠠ ᠠᠷᠠᠯᠵᠢᠶᠠᠨ ᠤ ᠲᠠᠭᠠᠳᠬᠠᠯ ᠤᠨ ᠪᠦᠳᠦᠮᠵᠢᠳᠡᠢ ᠵᠤᠯᠭᠠᠯᠳᠠ ᠶᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠡᠮᠨᠡᠯᠬᠡ ᠶᠢᠨ ᠲᠠᠭᠠᠳᠬᠠᠯ ᠤᠨ ᠪᠦᠷᠬᠦᠴᠡ ᠶᠢ ᠲᠠᠰᠤᠷᠠᠯᠳᠠ ᠦᠬᠡᠢ ᠦᠷᠭᠡᠳᠭᠡᠨ᠎ᠡ᠃ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠲᠤᠮᠳᠠᠳᠤ ᠶᠢᠨ ᠨᠢᠬᠦᠯᠡᠰᠦᠩᠬᠦᠢ ᠶᠢᠨ ᠦᠢᠯᠡᠰ ᠤᠨ ᠨᠡᠶᠢᠬᠡᠮᠯᠢᠭ ᠵᠡᠷᠭᠡ ᠲᠠᠪᠴᠠᠩ ᠢ ᠪᠦᠳᠦᠮᠵᠢᠳᠡᠢ ᠠᠰᠢᠭᠯᠠᠨ᠂ ᠬᠦᠨᠳᠦ  ᠡᠪᠡᠳᠴᠢᠳᠡᠨ ᠢ ᠠᠪᠤᠷᠠᠨ ᠲᠤᠰᠠᠯᠠᠬᠤ ᠪᠡᠯᠡ  ᠮᠦᠩᠬᠦ ᠶᠢ ᠬᠤᠷᠠᠮᠳᠤᠭᠤᠯᠵᠤ᠂ ᠬᠦᠨᠳᠦ ᠡᠪᠡᠳᠴᠢᠳᠡᠨ ᠢ ᠠᠪᠤᠷᠠᠨ ᠲᠤᠰᠠᠯᠠᠬᠤ ᠪᠠ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠰᠠᠶᠢᠨ ᠬᠢᠬᠦ ᠭᠡᠷᠡᠭᠳᠡᠢ᠃ ᠡᠨᠡ  ᠵᠢᠯ 10000 ᠠᠵᠢᠯ ᠤᠨ ᠪᠠᠶᠢᠷᠢ ᠡᠯᠰᠡᠵᠦ᠂ ᠬᠤᠳᠠ ᠪᠠᠯᠭᠠᠰᠤᠨ ᠤ 2000 ᠬᠦᠮᠦᠨ ᠳᠤ ᠠᠵᠢᠯ ᠲᠤᠬᠢᠷᠠᠭᠤᠯᠤᠨ᠎ᠠ᠃       ᠨᠡᠶᠢᠬᠡᠮ ᠤᠨ ᠦᠢᠯᠡᠰ ᠤᠨ ᠬᠦᠭᠵᠢᠯᠳᠡ ᠶᠢ ᠪᠦᠬᠦ ᠲᠠᠯᠠᠪᠠᠷ ᠲᠦᠯᠬᠢᠨ ᠠᠬᠢᠭᠤᠯᠤᠨ᠎ᠠ᠃ 5 ᠪᠠᠭ᠎ᠠ ᠰᠤᠷᠭᠠᠭᠤᠯᠢ᠂ 4 ᠲᠤᠮᠳᠠᠳᠤ ᠰᠤᠷᠭᠠᠭᠤᠯᠢ  ᠬᠢᠭᠡᠳ ᠬᠤᠰᠢᠭᠤᠨ ᠤ ᠮᠤᠩᠭᠤᠯ ᠰᠤᠷᠭᠠᠭᠤᠯᠢ᠂  ᠭᠡᠦᠭᠡᠳ ᠤᠨ ᠴᠡᠴᠡᠷᠯᠢᠭ᠂  ᠪᠠᠭᠰᠢ ᠶᠢᠨ ᠲᠠᠪᠳᠠᠨ ᠪᠤᠯᠪᠠᠰᠤᠷᠠᠬᠤ ᠰᠤᠷᠭᠠᠭᠤᠯᠢ᠂ ᠠᠵᠢᠯ ᠮᠡᠷᠭᠡᠵᠢᠯ ᠤᠨ ᠵᠢᠭᠠᠨ ᠰᠤᠷᠭᠠᠬᠤ ᠲᠦᠪ ᠵᠡᠷᠭᠡ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠤᠯᠠᠮ ᠰᠠᠶᠢᠵᠢᠷᠠᠭᠤᠯᠵᠤ᠂ ᠪᠠᠷᠢᠮᠵᠢᠶᠠᠳᠤ ᠰᠤᠷᠭᠠᠭᠤᠯᠢ ᠶᠢ ᠡᠬᠦᠳᠦᠨ ᠪᠠᠶᠢᠭᠤᠯᠤᠨ᠎ᠠ᠃ ᠰᠤᠷᠤᠭᠴᠢ ᠶᠢᠨ ᠲᠤᠬᠢᠷᠠᠭᠤᠯᠭ᠎ᠠ ᠶᠢ ᠬᠢᠵᠦ᠂  ᠡᠯ᠎ᠡ ᠰᠤᠷᠭᠠᠭᠤᠯᠢ ᠶᠢᠨ ᠰᠤᠷᠤᠭᠴᠢ  ᠶᠢᠨ ᠲᠤᠭ᠎ᠠ ᠶᠢ ᠲᠡᠩᠴᠡᠬᠦᠷᠢᠰᠢᠬᠦᠯᠦᠨ᠂ ᠰᠤᠷᠭᠠᠭᠤᠯᠢ ᠶᠢᠨ ᠬᠠᠮᠢᠶᠠᠷᠤᠯᠳᠠ ᠶᠢ ᠴᠢᠩᠭᠠᠳᠬᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠲᠤᠪᠤᠶᠢᠮ᠎ᠠ ᠰᠠᠶᠢᠨ ᠠᠳᠬᠤᠵᠤ᠂ ᠡᠯ᠎ᠡ ᠵᠦᠢᠯ ᠤᠨ ᠬᠠᠮᠢᠶᠠᠷᠤᠯᠳᠠ ᠶᠢᠨ ᠲᠦᠷᠢᠮ ᠢ ᠲᠠᠰᠤᠷᠠᠯᠳᠠ ᠦᠬᠡᠢ ᠪᠦᠷᠢᠨᠰᠢᠬᠦᠯᠬᠦ ᠭᠡᠷᠡᠭᠳᠡᠢ᠃ ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠂ ᠵᠢᠭᠠᠨ ᠰᠤᠷᠭᠠᠯᠳᠠ ᠶᠢᠨ ᠶᠠᠰᠤ ᠴᠢᠨᠠᠷ ᠢ ᠴᠢᠩᠭ᠎ᠠ ᠠᠳᠬᠤᠨ᠎ᠠ᠃  ᠡᠮ ᠡᠮᠨᠡᠯᠬᠡ  ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠵᠦ᠂ ᠡᠷᠡᠬᠦᠯ ᠬᠠᠮᠠᠭᠠᠯᠠᠯ ᠤᠨ ᠬᠢᠨᠠᠯᠳᠠ ᠲᠠᠯᠪᠢᠬᠤ ᠦᠷᠳᠡᠭᠡ᠂ ᠬᠤᠷᠰᠢᠭᠰᠠᠨ ᠡᠮᠨᠡᠯᠬᠡ ᠶᠢᠨ ᠲᠠᠩᠰᠠ ᠴᠠᠶᠢᠷᠠᠭᠤᠯᠬᠤ ᠲᠢᠩᠬᠢᠮ ᠤᠨ ᠪᠦᠳᠦᠭᠡᠨ ᠪᠠᠶᠢᠭᠤᠯᠤᠯᠳᠠ ᠪᠤᠯᠤᠨ ᠡᠤ ᠮᠢᠶᠠᠨ ᠵᠢᠩ ᠤᠨ ᠡᠷᠡᠬᠦᠯ ᠬᠠᠮᠠᠭᠠᠯᠠᠯ ᠤᠨ ᠬᠤᠷᠢᠶᠠᠨ ᠤ ᠦᠷᠭᠡᠳᠭᠡᠨ ᠪᠠᠶᠢᠭᠤᠯᠬᠤ ᠲᠦᠷᠦᠯ ᠵᠦᠢᠯ ᠢ ᠪᠡᠶᠡᠯᠡᠬᠦᠯᠦᠨ᠂ ᠬᠢᠳᠠᠳ ᠮᠤᠩᠭᠤᠯ ᠡᠮᠨᠡᠯᠬᠡ ᠶᠢᠨ ᠬᠤᠷᠢᠶ᠎ᠠ  ᠪᠠ ᠡᠬᠡ ᠨᠢᠯᠬᠠᠰ ᠤᠨ ᠡᠷᠡᠬᠦᠯ ᠬᠠᠮᠠᠭᠠᠯᠠᠯ ᠤᠨ ᠦᠷᠳᠡᠭᠡ ᠶᠢ ᠰᠢᠨ᠎ᠡ  ᠪᠠᠷ ᠪᠠᠶᠢᠭᠤᠯᠬᠤ ᠲᠦᠷᠦᠯ ᠵᠦᠢᠯ ᠵᠢᠴᠢ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ  ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠤᠯᠵᠤ ᠭᠡᠷᠡᠭᠵᠢᠬᠦᠯᠬᠦ ᠪᠠᠷ ᠴᠢᠷᠮᠠᠶᠢᠨ᠎ᠠ᠃  ᠤᠯᠠᠨ ᠨᠡᠶᠢᠳᠡ  ᠶᠢᠨ ᠡᠷᠡᠬᠦᠯ ᠬᠠᠮᠠᠭᠠᠯᠠᠯ ᠤᠨ  ᠦᠢᠯᠡᠴᠢᠯᠡᠬᠡᠨ ᠤ ᠲᠡᠩᠴᠡᠬᠦᠷᠢᠳᠡᠢ ᠶᠠᠪᠤᠭᠳᠠᠬᠤ ᠶᠢ ᠲᠦᠯᠬᠢᠨ ᠠᠬᠢᠭᠤᠯᠵᠤ᠂  ᠬᠦᠳᠡᠭᠡ ᠶᠢᠨ ᠡᠷᠡᠬᠦᠯ  ᠬᠠᠮᠠᠭᠠᠯᠠᠯ ᠤᠨ ᠨᠢᠬᠡ ᠴᠤᠭᠴᠠᠵᠢᠭᠰᠠᠨ ᠬᠠᠮᠢᠶᠠᠷᠤᠯᠳᠠ ᠶᠢ ᠲᠡᠬᠦᠯᠳᠡᠷᠵᠢᠬᠦᠯᠦᠨ᠂ ᠦᠨᠳᠦᠰᠦᠨ ᠡᠮ ᠲᠠᠩ ᠤᠨ ᠲᠦᠷᠢᠮ ᠢ ᠪᠦᠬᠦ ᠲᠠᠯᠠᠪᠠᠷ ᠭᠡᠷᠡᠭᠵᠢᠬᠦᠯᠦᠨ᠎ᠡ᠃ ᠮᠠᠯᠴᠢᠨ ᠲᠠᠷᠢᠶᠠᠴᠢᠨ ᠤ ᠦᠨᠳᠦᠰᠦᠨ ᠡᠮᠨᠡᠯᠬᠡ ᠶᠢᠨ ᠪᠠᠳᠤᠯᠠᠭ᠎ᠠ ᠶᠢ ᠴᠢᠩᠭᠠᠳᠬᠠᠵᠤ᠂ ᠬᠦᠨᠳᠦ ᠡᠪᠳᠴᠢᠨ ᠢᠶᠠᠷ ᠡᠮᠨᠡᠯᠬᠡ ᠳᠤ ᠰᠠᠭᠤᠬᠤ ᠶᠢ ᠨᠢᠬᠡᠳᠦᠯᠳᠡᠢ ᠲᠦᠯᠦᠪᠯᠡᠬᠦ ᠪᠠ ᠡᠬᠦᠳᠡᠨ ᠡᠮᠨᠡᠯᠬᠡ ᠶᠢ ᠨᠢᠬᠡᠳᠦᠯᠳᠡᠢ ᠲᠦᠯᠦᠪᠯᠡᠬᠦ ᠤᠶᠠᠯᠳᠤᠭᠰᠠᠨ ᠨᠦᠬᠦᠪᠦᠷᠢ ᠤᠯᠭᠤᠬᠤ ᠬᠡᠯᠪᠡᠷᠢ ᠶᠢ ᠪᠦᠬᠦ ᠲᠠᠯᠠᠪᠠᠷ ᠲᠡᠯᠭᠡᠷᠡᠬᠦᠯᠦᠨ᠂ ᠤᠯᠠᠨ ᠲᠦᠮᠡᠨ ᠤ ᠠᠰᠢᠭ ᠬᠦᠷᠳᠡᠬᠦ ᠬᠡᠪᠴᠢᠶ᠎ᠡ ᠶᠢ ᠦᠷᠭᠡᠳᠭᠡᠨ᠎ᠡ᠃ ᠢᠳᠡᠭᠡᠨ ᠡᠮ  ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠰᠢᠰᠲ᠋ᠧᠮ ᠢ  ᠤᠯᠠᠮ    ᠲᠡᠬᠦᠯᠳᠡᠷᠵᠢᠬᠦᠯᠦᠨ᠂ ᠬᠦᠨᠳᠦ ᠶᠡᠭᠡ ᠬᠠᠯᠳᠠᠪᠤᠷᠢᠳᠤ ᠡᠪᠡᠳᠴᠢᠨ ᠤ ᠰᠡᠷᠭᠡᠶᠢᠯᠡᠯᠳᠡ ᠶᠢ ᠴᠢᠩᠭ᠎ᠠ ᠠᠳᠬᠤᠵᠤ᠂ ᠬᠦᠮᠦᠨ ᠠᠮᠠ  ᠪᠠ ᠲᠦᠯᠦᠪᠯᠡᠭᠡᠳᠦ ᠦᠷᠡᠵᠢᠯ ᠤᠨ ᠠᠵᠢᠯ ᠢ ᠴᠢᠩᠭᠠᠳᠬᠠᠨ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ᠂ ᠪᠦᠬᠦ ᠠᠷᠠᠳ ᠢᠶᠠᠷ ᠴᠢᠬᠢᠷᠠᠭᠵᠢᠬᠤ ᠬᠦᠳᠡᠯᠭᠡᠭᠡᠨ ᠢ ᠦᠷᠭᠡᠨ ᠲᠡᠯᠭᠡᠷ ᠦᠷᠨᠢᠬᠦᠯᠦᠨ᠎ᠡ᠃  ᠪᠤᠰᠤᠳ ᠲᠦᠷᠦᠯ ᠤᠨ ᠨᠡᠶᠢᠬᠡᠮ  ᠤᠨ ᠦᠢᠯᠡᠰ ᠢ ᠴᠤ ᠦᠷᠬᠦᠯᠵᠢᠯᠡᠨ ᠰᠠᠶᠢᠨ ᠠᠳᠬᠤᠵᠤ᠂ ᠠᠵᠤ ᠠᠬᠤᠢ ᠨᠡᠶᠢᠬᠡᠮ ᠤᠨ ᠪᠦᠬᠦ ᠲᠠᠯᠠᠪᠠᠷ᠂ ᠵᠤᠬᠢᠴᠠᠩᠭᠤᠢ ᠬᠦᠭᠵᠢᠬᠦ ᠶᠢ ᠠᠬᠢᠭᠤᠯᠬᠤ ᠭᠡᠷᠡᠭᠳᠡᠢ᠃       ᠲᠦᠷᠪᠡ᠂  ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠨᠡᠶᠢᠬᠡᠮ ᠤᠨ ᠡᠶ᠎ᠡ ᠵᠤᠬᠢᠴᠠᠯ ᠪᠠ ᠠᠮᠤᠷ ᠲᠤᠭᠳᠠᠭᠤᠨ ᠢ ᠪᠦᠬᠦ ᠬᠦᠴᠦᠨ ᠢᠶᠠᠷ  ᠬᠠᠮᠠᠭᠠᠯᠠᠰᠤᠭᠠᠢ      ᠡᠨᠡ  ᠵᠢᠯ ᠤᠨ ᠠᠵᠢᠯ ᠪᠠ ᠰᠢᠨ᠎ᠡ ᠨᠢᠬᠡ ᠬᠤᠭᠤᠴᠠᠭᠠᠨ ᠤ ᠵᠠᠰᠠᠭ ᠤᠨ ᠤᠷᠳᠤᠨ ᠤ ᠡᠯ᠎ᠡ ᠵᠦᠢᠯ ᠤᠨ ᠠᠵᠢᠯ ᠡᠬᠦᠷᠭᠡ ᠶᠢ ᠠᠮᠵᠢᠯᠳᠠᠳᠠᠢ ᠪᠡᠶᠡᠯᠡᠬᠦᠯᠬᠦ ᠳᠤ ᠡᠷᠭᠡᠪᠰᠢ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠵᠤ᠂ ᠵᠠᠰᠠᠭ ᠪᠠᠷᠢᠬᠤ ᠴᠢᠳᠠᠪᠤᠷᠢ ᠶᠢ ᠦᠨᠡᠨᠬᠦ ᠴᠢᠩᠭᠠᠷᠠᠭᠤᠯᠤᠨ᠂  ᠠᠷᠠᠳ ᠲᠦᠮᠡᠨ  ᠳᠤ  ᠦᠢᠯᠡᠴᠢᠯᠡᠵᠦ᠂ ᠠᠷᠠᠳ ᠲᠦᠮᠡᠨ ᠳᠤ  ᠬᠠᠷᠢᠭᠤᠴᠠᠨ᠂ ᠠᠷᠠᠳ ᠲᠦᠮᠡᠨ ᠤ ᠬᠢᠨᠠᠯᠳᠠ ᠶᠢ  ᠬᠦᠯᠢᠶᠡᠵᠦ᠂ ᠠᠷᠠᠳ ᠲᠦᠮᠡᠨ ᠤ ᠰᠠᠨᠠᠭᠠᠨ ᠳᠤ ᠬᠦᠷᠭᠡᠬᠦ ᠪᠠᠷ ᠴᠢᠷᠮᠠᠶᠢᠬᠤ ᠭᠡᠷᠡᠭᠳᠡᠢ᠃ ᠨᠢᠬᠡ ᠳᠤ᠂ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠨ᠎ᠠ᠃  ᠪᠦᠬᠦ ᠠᠶᠢᠮᠠᠭ ᠤᠨ ᠶᠢᠰᠦᠳᠦᠭᠡᠷ ᠬᠤᠭᠤᠴᠠᠭᠠᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠤᠨ ᠠᠮᠵᠢᠯᠳᠠ ᠶᠢ ᠪᠠᠳᠤᠳᠬᠠᠵᠤ᠂ ᠤᠯᠠᠨ ᠲᠦᠮᠡᠨᠴᠢ ᠴᠢᠨᠠᠷᠳᠠᠢ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯᠯᠠᠭ᠎ᠠ ᠶᠢ ᠦᠷᠭᠡᠨ ᠲᠡᠯᠭᠡᠷ ᠦᠷᠨᠢᠬᠦᠯᠦᠨ᠎ᠡ᠃  ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠰᠢᠰᠲ᠋ᠧᠮ ᠤᠨ ᠤᠬᠠᠭᠤᠯᠭ᠎ᠠ ᠬᠦᠮᠦᠵᠢᠯ ᠢ  ᠬᠦᠨᠵᠡᠭᠡᠶᠢᠷᠡᠬᠦᠯᠦᠨ᠎ᠡ ᠃ ᠦᠨᠡᠨᠴᠢ ᠢᠳᠡᠭᠡᠮᠵᠢᠳᠦ ᠪᠠᠶᠢᠭᠤᠯᠤᠯᠳᠠ ᠪᠠᠷ ᠭᠤᠤᠯᠳᠠᠯᠭ᠎ᠠ ᠪᠤᠯᠭᠠᠨ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠬᠳᠠ ᠬᠤᠯᠪᠤᠭᠳᠠᠭᠰᠠᠨ ᠠᠵᠢᠯ ᠲᠦᠷᠦᠯ   ᠨᠢ  ᠦᠢᠯᠡᠴᠢᠯᠡᠬᠡᠨ ᠤ ᠪᠠᠷᠢᠮᠵᠢᠶ᠎ᠠ ᠪᠠᠨ ᠢᠯᠡ  ᠪᠠᠶᠢᠯᠭᠠᠵᠤ᠂ ᠦᠢᠯᠡ ᠠᠵᠢᠯᠯᠠᠭ᠎ᠠ ᠪᠠᠨ ᠲᠦᠷᠢᠮᠵᠢᠬᠦᠯᠦᠨ᠂ ᠰᠢᠯᠢᠳᠡᠭ ᠰᠠᠶᠢᠨ ᠦᠨᠡᠨᠴᠢ ᠢᠳᠡᠭᠡᠮᠵᠢᠳᠦ ᠤᠷᠴᠢᠨ ᠲᠤᠭᠤᠷᠢᠨ ᠢ ᠡᠬᠦᠳᠦᠨ ᠪᠠᠶᠢᠭᠤᠯᠬᠤ ᠪᠠᠷ ᠴᠢᠷᠮᠠᠶᠢᠨ᠎ᠠ᠃  ᠬᠤᠶᠠᠷ ᠲᠤ᠂ ᠨᠡᠶᠢᠬᠡᠮ ᠤᠨ ᠬᠠᠮᠢᠶᠠᠷᠤᠯᠳᠠ   ᠶᠢ ᠴᠢᠩᠭᠠᠳᠬᠠᠬᠤ ᠪᠠ  ᠰᠢᠨᠡᠴᠢᠯᠡᠨ᠎ᠡ᠃ ᠨᠡᠶᠢᠬᠡᠮ ᠤᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠨ᠂ ᠠᠮᠤᠷ ᠢ ᠬᠠᠮᠠᠭᠠᠯᠠᠬᠤ ᠰᠡᠷᠭᠡᠶᠢᠯᠡᠯᠳᠡ ᠶᠢᠨ ᠰᠢᠰᠲ᠋ᠧᠮ ᠢ ᠲᠡᠬᠦᠯᠳᠡᠷᠵᠢᠬᠦᠯᠵᠦ᠂ ᠪᠠᠶᠢᠩᠭᠤᠵᠢᠭᠰᠠᠨ ᠨᠡᠶᠢᠬᠡᠮ ᠤᠨ ᠬᠠᠮᠢᠶᠠᠷᠤᠯᠳᠠ ᠶᠢᠨ ᠲᠤᠭᠳᠠᠴᠠ ᠶᠢ  ᠪᠠᠶᠢᠭᠤᠯᠵᠤ ᠪᠦᠷᠢᠨᠰᠢᠬᠦᠯᠦᠨ᠂ ᠭᠤᠤᠯᠳᠠᠯᠭᠠᠳᠠᠢ ᠭᠠᠵᠠᠷ ᠤᠷᠤᠨ  ᠳᠤ ᠶᠡᠷᠦᠩᠬᠡᠶᠢᠯᠡᠭᠰᠡᠨ ᠵᠠᠰᠠᠯᠳᠠ ᠶᠠᠪᠤᠭᠤᠯᠵᠤ᠂ ᠡᠯ᠎ᠡ ᠲᠦᠷᠦᠯ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠭᠡᠷᠡᠭᠳᠡᠢ᠃ ᠦᠨᠳᠦᠰᠦᠨ ᠱᠠᠳᠤᠨ ᠤ ᠬᠠᠮᠢᠶᠠᠷᠤᠯᠳᠠ ᠦᠢᠯᠡᠴᠢᠯᠡᠬᠡᠨ ᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠯᠠᠨ ᠨᠡᠶᠢᠳᠡ ᠶᠢᠨ ᠦᠢᠯᠡᠴᠢᠯᠡᠭᠡ ᠶᠢ ᠨᠡᠩ ᠴᠢᠬᠤᠯᠠ  ᠪᠠᠶᠢᠷᠢᠨ ᠳᠤ ᠲᠠᠯᠪᠢᠵᠤ᠂ ᠨᠡᠶᠢᠬᠡᠮ ᠤᠨ ᠬᠠᠮᠢᠶᠠᠷᠤᠯᠳᠠ  ᠪᠠ ᠦᠢᠯᠡᠴᠢᠯᠡᠭᠡ ᠶᠢ ᠰᠢᠭᠤᠳ ᠰᠠᠭᠤᠭᠠᠯᠢ ᠠᠷᠠᠳ ᠤᠨ ᠭᠡᠷ ᠡᠷᠦᠬᠡ ᠳᠤ  ᠬᠦᠷᠭᠡᠨ᠂ ᠨᠡᠶᠢᠬᠡᠮ  ᠤᠨ ᠬᠠᠮᠢᠶᠠᠷᠤᠯᠳᠠ  ᠪᠠ  ᠦᠢᠯᠡᠴᠢᠯᠡᠭᠡ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ᠃ ᠰᠤᠮᠤ ᠰᠢᠶᠠᠩ ᠪᠠᠯᠭᠠᠰᠤᠨ ᠤ  ᠡᠬᠦᠷᠭᠡ ᠴᠢᠳᠠᠪᠬᠢ ᠶᠢ ᠤᠯᠠᠮ ᠬᠤᠪᠢᠷᠠᠭᠤᠯᠵᠤ᠂ ᠠᠵᠢᠯ ᠤᠨ ᠭᠤᠤᠯᠳᠠᠯᠭ᠎ᠠ ᠪᠠᠨ ᠤᠯᠠᠨ ᠲᠦᠮᠡᠨ  ᠳᠤ ᠦᠢᠯᠡᠴᠢᠯᠡᠬᠦ᠂ ᠵᠦᠷᠢᠴᠡᠯ ᠢ ᠰᠢᠢᠳᠪᠦᠷᠢᠯᠡᠬᠦ᠂ ᠡᠶ᠎ᠡ ᠵᠤᠬᠢᠴᠠᠯ ᠢ ᠠᠬᠢᠭᠤᠯᠬᠤ ᠲᠡᠭᠡᠷ᠎ᠡ ᠰᠢᠯᠵᠢᠬᠦᠯᠦᠨ᠂ ᠨᠡᠩ ᠠᠷᠪᠢᠨ ᠨᠡᠶᠢᠳᠡ ᠶᠢᠨ ᠡᠬᠢ ᠪᠠᠶᠠᠯᠢᠭ ᠢ ᠮᠠᠯᠵᠢᠬᠤ ᠲᠠᠷᠢᠶᠠᠯᠠᠬᠤ ᠤᠷᠤᠨ ᠪᠠ ᠬᠦᠴᠢᠷᠳᠡᠢ ᠤᠯᠠᠨ ᠲᠦᠮᠡᠨ ᠵᠦᠭ ᠬᠡᠯᠪᠡᠶᠢᠯᠭᠡᠨ᠎ᠡ᠃ ᠭᠤᠷᠪᠠ ᠳᠤ᠂ ᠬᠦᠭᠵᠢᠯᠳᠡ ᠶᠢᠨ ᠤᠷᠴᠢᠨ ᠲᠤᠭᠤᠷᠢᠨ ᠢ  ᠰᠢᠯᠢᠳᠡᠭᠵᠢᠬᠦᠯᠦᠨ᠎ᠡ᠃  ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠨᠡᠩ ᠤᠯᠠᠨ ᠪᠡᠯᠡ ᠮᠦᠩᠬᠦ᠂ ᠮᠡᠷᠭᠡᠵᠢᠯ᠂ ᠲᠦᠷᠦᠯ ᠵᠦᠢᠯ ᠪᠠ ᠴᠢᠳᠠᠪᠤᠷᠢᠳᠠᠨ ᠢ ᠤᠷᠢᠨ ᠤᠷᠤᠭᠤᠯᠵᠤ᠂  ᠮᠠᠨ ᠤ ᠬᠤᠰᠢᠭᠤᠨ ᠳᠠᠭᠠᠨ ᠨᠤᠳᠤᠭᠰᠢᠭᠤᠯᠬᠤ ᠭᠡᠷᠡᠭᠳᠡᠢ᠃  ᠦᠢᠯᠡᠴᠢᠯᠡᠬᠦ ᠤᠬᠠᠮᠰᠠᠷ ᠪᠠ ᠦᠷ᠎ᠡ ᠪᠦᠳᠦᠮᠵᠢ ᠶᠢᠨ ᠤᠬᠠᠮᠰᠠᠷ ᠢ ᠪᠠᠳᠤ ᠪᠤᠢ ᠪᠤᠯᠭᠠᠵᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ᠂ ᠦᠢᠯᠡᠴᠢᠯᠡᠬᠦ ᠠᠮᠠᠯᠠᠯᠳᠠ ᠶᠢᠨ ᠲᠦᠷᠢᠮ᠂ ᠴᠠᠭ ᠲᠤᠭᠳᠠᠵᠤ ᠠᠵᠢᠯ ᠬᠦᠢᠴᠡᠳᠭᠡᠬᠦ ᠲᠦᠷᠢᠮ ᠵᠡᠷᠭᠡ ᠶᠢ ᠪᠦᠬᠦ ᠲᠠᠯᠠᠪᠠᠷ ᠨᠠᠶᠢᠳᠠᠪᠤᠷᠢᠵᠢᠭᠤᠯᠤᠨ  ᠂  ᠲᠦᠷᠢᠮᠵᠢᠭᠰᠡᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡᠴᠢᠯᠡᠭᠡ ᠶᠢ ᠪᠡᠶᠡᠯᠡᠬᠦᠯᠦᠨ᠎ᠡ᠃ ᠬᠠᠷᠠᠭᠠᠯᠵᠠᠯ ᠤᠨ ᠲᠦᠷᠦ ᠶᠢᠨ ᠪᠤᠳᠤᠯᠭ᠎ᠠ  ᠪᠤᠯᠤᠨ ᠡᠯ᠎ᠡ ᠵᠦᠢᠯ ᠤᠨ ᠠᠮᠠᠯᠠᠯᠳᠠ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠲᠦᠷᠦᠯ ᠵᠦᠢᠯ ᠳᠤ ᠪᠦᠬᠦ ᠶᠠᠪᠤᠴᠠ ᠶᠢᠨ ᠮᠦᠷᠳᠡᠯ ᠦᠢᠯᠡᠴᠢᠯᠡᠭᠡ ᠬᠢᠵᠦ᠂ ᠪᠡᠯᠡ  ᠤᠷᠤᠭᠤᠯᠤᠭᠴᠢ ᠶᠢ  ᠢᠳᠡᠪᠬᠢᠳᠡᠢ ᠤᠷᠢᠨ ᠤᠷᠤᠭᠤᠯᠬᠤ   ᠪᠠᠷ ᠪᠠᠷᠠᠬᠤ ᠦᠬᠡᠢ ᠦᠯᠡᠳᠡᠭᠡᠵᠦ  ᠨᠤᠳᠤᠭᠰᠢᠭᠤᠯᠤᠨ᠂ ᠬᠦᠭᠵᠢᠯᠳᠡ ᠳᠤ ᠦᠢᠯᠡᠴᠢᠯᠡᠬᠦᠯᠦᠨ᠎ᠡ᠃  ᠲᠦᠷᠪᠡ ᠳᠤ᠂ ᠡᠯ᠎ᠡ ᠵᠦᠢᠯ ᠤᠨ ᠵᠦᠷᠢᠴᠡᠯ ᠢ ᠨᠠᠷᠢᠨ ᠨᠢᠮᠪᠠᠢ ᠨᠠᠮᠳᠠᠭᠤᠯᠤᠨ ᠰᠢᠢᠳᠪᠦᠷᠢᠯᠡᠨ᠎ᠡ᠃ ᠲᠤᠭᠳᠠᠭᠤᠨ ᠢ ᠬᠠᠮᠠᠭᠠᠯᠠᠬᠤ ᠤᠷᠳᠤᠨ ᠬᠤᠭᠤᠴᠠᠭᠠᠨ ᠤ ᠪᠦᠳᠦᠮᠵᠢᠳᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠠᠮ ᠰᠤᠪᠠᠭ ᠢ ᠰᠠᠭᠠᠳ ᠦᠬᠡᠢ ᠨᠡᠪᠳᠡᠷᠡᠬᠦᠯᠦᠨ᠂ ᠤᠳᠤᠷᠢᠳᠤᠯᠭ᠎ᠠ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠵᠤ ᠠᠪᠬᠤ ᠠᠵᠢᠯ ᠢ  ᠴᠢᠩᠭᠠᠳᠬᠠᠨ᠂  ᠺᠠᠳᠠᠷ ᠦᠨᠳᠦᠰᠦᠨ ᠱᠠᠳᠤᠨ ᠳᠤ ᠪᠠᠭᠤᠵᠤ ᠤᠯᠠᠨ ᠲᠦᠮᠡᠨ ᠳᠤ ᠪᠤᠳᠠᠳᠠᠢ ᠠᠵᠢᠯ ᠬᠢᠬᠦ ᠶᠢ ᠪᠠᠶᠢᠩᠭᠤᠵᠢᠭᠤᠯᠵᠤ᠂ ᠤᠯᠠᠨ ᠲᠦᠮᠡᠨ ᠲᠠᠢ ᠨᠢᠬᠳᠠ ᠬᠤᠯᠪᠤᠭᠳᠠᠭᠰᠠᠨ ᠠᠰᠠᠭᠤᠳᠠᠯ ᠢ  ᠨᠠᠷᠢᠨ ᠨᠢᠮᠪᠠᠢ ᠰᠢᠢᠳᠪᠦᠷᠢᠯᠡᠨ᠂  ᠦᠨᠳᠦᠰᠦ ᠠᠴᠠ  ᠨᠢ ᠵᠠᠰᠠᠬᠤ ᠶᠢ ᠴᠢᠬᠤᠯᠠᠴᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠠᠷᠤᠭᠳᠠᠭᠰᠠᠨ ᠭᠡᠷᠡᠭ ᠢ  ᠰᠢᠢᠳᠪᠦᠷᠢᠯᠡᠵᠦ᠂ ᠲᠤᠭᠳᠠᠭᠤᠨ ᠪᠤᠰᠤ᠂ ᠡᠶ᠎ᠡ ᠵᠤᠬᠢᠴᠠᠯ ᠦᠬᠡᠢ ᠵᠦᠢᠯᠡᠰ ᠢ ᠢᠳᠡᠪᠬᠢᠳᠡᠢ ᠠᠷᠢᠯᠭᠠᠨ᠎ᠠ᠃ ᠴᠢᠬᠤᠯᠠ ᠶᠡᠭᠡ ᠰᠢᠢᠳᠪᠦᠷᠢ᠂ ᠴᠢᠬᠤᠯᠠ ᠶᠡᠭᠡ ᠲᠦᠷᠦ ᠶᠢᠨ ᠪᠤᠳᠤᠯᠭ᠎ᠠ᠂ ᠴᠢᠬᠤᠯᠠ ᠶᠡᠭᠡ  ᠲᠦᠷᠦᠯ ᠵᠦᠢᠯ ᠢ ᠲᠤᠭᠳᠠᠭᠠᠵᠤ ᠭᠡᠷᠡᠭᠵᠢᠬᠦᠯᠬᠦ ᠪᠤᠶᠤ ᠬᠢᠨᠠᠨ ᠵᠦᠪᠰᠢᠶᠡᠷᠡᠬᠦ ᠠᠴᠠ ᠡᠮᠦᠨ᠎ᠡ᠂ ᠨᠡᠶᠢᠬᠡᠮ ᠤᠨ ᠲᠤᠭᠳᠠᠭᠤᠨ ᠢ ᠨᠦᠯᠦᠬᠡᠯᠡᠬᠦ ᠪᠤᠯᠤᠮᠵᠢ ᠲᠠᠢ ᠵᠦᠢᠯᠡᠰ   ᠲᠤ ᠰᠢᠰᠲ᠋ᠧᠮ ᠲᠠᠢ ᠪᠠᠶᠢᠴᠠᠭᠠᠯᠳᠠ ᠬᠢᠵᠦ᠂ ᠰᠢᠨᠵᠢᠯᠡᠬᠦ ᠤᠬᠠᠭᠠᠨᠴᠢ ᠪᠠᠷ ᠪᠠᠶᠢᠴᠠᠭᠠᠵᠤ᠂ ᠵᠠᠳᠠᠯᠵᠤ᠂  ᠦᠨᠡᠯᠡᠨ᠂ ᠡᠬᠦᠰᠬᠦ ᠪᠤᠯᠤᠮᠵᠢ ᠲᠠᠢ  ᠠᠶᠤᠯ ᠭᠡᠮ ᠢ ᠪᠦᠳᠦᠮᠵᠢᠳᠡᠢ  ᠰᠡᠷᠭᠡᠶᠢᠯᠡᠬᠦ ᠪᠠ ᠬᠢᠵᠠᠭᠠᠷᠠᠯᠠᠵᠤ᠂ ᠴᠢᠬᠤᠯᠠ ᠶᠡᠭᠡ ᠠᠵᠢᠯ ᠶᠠᠪᠤᠳᠠᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠨ᠎ᠠ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠢᠮᠪᠠᠢ ᠨᠠᠶᠢᠳᠠᠪᠤᠷᠵᠢᠭᠤᠯᠤᠨ᠂ ᠲᠠᠯᠳᠠ ᠭᠡᠮ ᠤᠨ ᠪᠠᠶᠢᠴᠠᠭᠠᠯᠳᠠ ᠪᠠ ᠲᠤᠰᠬᠠᠢ ᠴᠡᠭᠴᠡᠯᠡᠯᠳᠡ ᠶᠢ ᠴᠢᠩᠭ᠎ᠠ ᠠᠳᠬᠤᠵᠤ᠂ ᠬᠦᠨᠳᠦ ᠶᠡᠭᠡ ᠠᠳᠡᠯ ᠭᠠᠷᠬᠤ ᠶᠢ ᠪᠦᠳᠦᠮᠵᠢᠳᠡᠢ ᠰᠡᠷᠭᠡᠶᠢᠯᠡᠬᠦ ᠪᠠ ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠰᠢᠰᠲ᠋ᠧᠮ ᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠴᠢᠬᠤᠯᠠ ᠶᠡᠭᠡ ᠠᠵᠢᠯ ᠶᠠᠪᠤᠳᠠᠯ ᠤᠨ ᠨᠡᠶᠢᠬᠡᠮ ᠤᠨ ᠲᠦᠭᠰᠢᠬᠦᠷᠢ   ᠶᠢ ᠦᠨᠡᠯᠡᠨ ᠵᠢᠱᠢᠬᠦ ᠨᠡᠯᠢᠶᠡᠳ ᠲᠡᠬᠦᠯᠳᠡᠷᠵᠢᠭᠰᠡᠨ ᠰᠢᠰᠲ᠋ᠧᠮ᠂ ᠠᠮᠤᠷ ᠢ ᠬᠠᠮᠠᠭᠠᠯᠠᠬᠤ ᠰᠡᠷᠭᠡᠶᠢᠯᠡᠯᠳᠡ ᠶᠢᠨ ᠰᠢᠰᠲ᠋ᠧᠮ᠂ ᠠᠶᠤᠯᠬᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠰᠢᠰᠲ᠋ᠧᠮ᠂ ᠪᠠᠴᠢᠮ ᠪᠠᠶᠢᠳᠠᠯ ᠳᠤ ᠠᠪᠤᠷᠠᠨ ᠲᠤᠰᠠᠯᠠᠬᠤ ᠰᠢᠰᠲ᠋ᠧᠮ ᠢ  ᠠᠯᠭᠤᠷ ᠪᠤᠢ ᠪᠤᠯᠭᠠᠵᠤ᠂  ᠤᠯᠠᠨ ᠲᠦᠮᠡᠨ ᠤ ᠠᠮᠤᠷ ᠲᠠᠶᠢᠪᠤᠩ   ᠤᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠷᠬᠦᠯᠵᠢᠯᠡᠨ  ᠨᠡᠮᠡᠭᠳᠡᠬᠦᠯᠦᠨ᠎ᠡ᠃ ᠲᠠᠪᠤ ᠳᠤ᠂ ᠡᠯ᠎ᠡ ᠲᠦᠷᠦᠯ ᠤᠨ ᠠᠵᠢᠯ ᠤᠨ ᠪᠤᠳᠠᠳᠠᠶᠢᠵᠢᠨ ᠨᠠᠶᠢᠳᠠᠪᠤᠷᠢᠵᠢᠬᠤ ᠶᠢ ᠠᠬᠢᠭᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠠᠴᠠ ᠲᠤᠷᠠᠳᠤᠭᠰᠠᠨ ᠠᠵᠢᠯ ᠤᠨ ᠰᠤᠷᠳᠠᠯ ᠢ ᠰᠠᠶᠢᠵᠢᠷᠠᠭᠤᠯᠬᠤ᠂ ᠠᠷᠠᠳ ᠲᠦᠮᠡᠨ ᠲᠠᠢ ᠨᠢᠬᠳᠠ ᠬᠠᠷᠢᠴᠠᠬᠤ ᠵᠡᠷᠭᠡ ᠨᠠᠢᠮᠠᠨ ᠵᠦᠢᠯ ᠤᠨ ᠲᠤᠭᠳᠠᠭᠠᠯ ᠢ  ᠡᠷᠡᠰ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠠᠵᠢᠯ ᠤᠨ ᠭᠡᠪ ᠰᠤᠷᠳᠠᠯ ᠢᠶᠠᠨ ᠦᠨᠡᠨᠬᠦ ᠰᠠᠶᠢᠵᠢᠷᠠᠭᠤᠯᠤᠨ᠂  ᠵᠠᠰᠠᠭ ᠤᠨ ᠤᠷᠳᠤᠨ ᠤ ᠠᠵᠢᠯ ᠢ ᠰᠠᠶᠢᠨ ᠬᠢᠬᠦ ᠬᠠᠷᠢᠭᠤᠴᠠᠯᠭᠠᠳᠤ ᠰᠡᠳᠬᠢᠯᠬᠡ ᠪᠠᠨ ᠴᠢᠩᠭᠠᠳᠬᠠᠬᠤ ᠭᠡᠷᠡᠭᠳᠡᠢ᠃ ᠬᠦᠭᠵᠢᠯᠳᠡ ᠪᠠᠷ ᠬᠦᠷᠦᠯᠴᠡᠬᠦ ᠦᠬᠡᠢ ᠪᠠᠶᠢᠭ᠎ᠠ ᠬᠤᠰᠢᠭᠤᠨ ᠤ ᠪᠠᠶᠢᠳᠠᠯ ᠨᠢ ᠪᠢᠳᠡᠨ ᠳᠤ ᠤᠯᠠᠮ ᠢᠯᠡᠬᠦᠦ ᠴᠢᠷᠮᠠᠶᠢᠨ ᠠᠵᠢᠯᠯᠠᠵᠤ᠂  ᠰᠠᠨᠠᠭ᠎ᠠ ᠲᠦᠪᠯᠡᠷᠡᠬᠦᠯᠵᠦ ᠬᠦᠭᠵᠢᠯᠳᠡ ᠶᠢ ᠰᠡᠳᠬᠢᠨ᠂ ᠠᠵᠠ ᠲᠤᠬᠢᠶᠠᠯ ᠢ ᠵᠠᠪᠳᠤᠵᠤ᠂ ᠬᠦᠴᠢᠷ ᠪᠡᠷᠭᠡ ᠶᠢ ᠰᠢᠪᠳᠤᠯᠤᠨ᠂ ᠠᠵᠢᠯ ᠦᠢᠯᠡᠰ ᠢᠶᠠᠨ ᠪᠦᠳᠦᠭᠡᠯᠴᠢ  ᠪᠠᠷ ᠦᠷᠨᠢᠬᠦᠯᠵᠦ᠂ ᠵᠠᠰᠠᠭ ᠤᠨ ᠤᠷᠳᠤᠨ ᠤᠨ ᠰᠢᠨ᠎ᠡ ᠶᠢ ᠡᠬᠦᠳᠬᠦ ᠬᠦᠴᠦᠨ ᠪᠠ ᠭᠡᠷᠡᠭᠵᠢᠬᠦᠯᠬᠦ ᠬᠦᠴᠦᠨ ᠢᠶᠠᠨ ᠴᠢᠩᠭᠠᠷᠠᠭᠤᠯᠬᠤ ᠱᠠᠭᠠᠷᠳᠠᠯᠭ᠎ᠠ ᠲᠠᠯᠪᠢᠭᠰᠠᠨ ᠶᠤᠮ᠃ ᠶᠠᠭᠤᠨ ᠤ ᠤᠷᠢᠳ᠂ ᠵᠠᠰᠠᠭ ᠤᠨ ᠤᠷᠳᠤᠨ ᠤ ᠦᠢᠯᠡᠴᠢᠯᠡᠬᠦ ᠴᠢᠳᠠᠪᠤᠷᠢ  ᠪᠠ ᠠᠵᠢᠯ ᠤᠨ ᠪᠦᠳᠦᠮᠵᠢ ᠪᠠᠨ ᠲᠡᠭᠡᠭᠰᠢᠯᠡᠬᠦᠯᠵᠦ᠂ ᠭᠡᠪ ᠴᠢᠨᠠᠷ ᠰᠤᠯᠠ᠂ ᠠᠵᠢᠯ ᠤᠨ ᠲᠦᠪᠰᠢᠨ ᠲᠤᠤᠷ᠎ᠠ  ᠵᠡᠷᠭᠡ ᠲᠤᠳᠠᠭᠳᠠᠯ ᠲᠠᠢ  ᠠᠰᠠᠭᠤᠳᠠᠯ ᠢᠶᠠᠨ ᠬᠦᠴᠦᠨ ᠲᠠᠯᠪᠢᠵᠤ ᠰᠢᠢᠳᠪᠦᠷᠢᠯᠡᠨ᠂ ᠬᠦᠮᠦᠨ ᠨᠢᠭᠡᠪᠦᠷᠢ  ᠶᠢᠨ ᠢᠳᠡᠪᠬᠢᠵᠢᠯ ᠪᠠ ᠪᠦᠳᠦᠭᠡᠯᠴᠢ ᠴᠢᠨᠠᠷ ᠢ ᠬᠦᠢᠴᠡᠳ ᠲᠠᠶᠢᠴᠢᠯᠠᠬᠵᠤ ᠭᠡᠷᠡᠭᠳᠡᠢ᠃ ᠬᠦᠪᠰᠡᠭᠡᠷ ᠰᠤᠷᠳᠠᠯ᠂ ᠭᠡᠪᠰᠢᠮᠡᠯ ᠵᠠᠩ  ᠵᠢᠴᠢ ᠭᠡᠯᠪᠡᠷᠢ ᠶᠢᠨ ᠦᠵᠡᠯ ᠪᠠ ᠨᠤᠶᠠᠨᠴᠢ  ᠰᠤᠷᠳᠠᠯ ᠤᠨ ᠨᠦᠯᠦᠬᠡ ᠶᠢ ᠠᠷᠢᠯᠭᠠᠵᠤ᠂  ᠪᠤᠳᠠᠳᠠᠢ ᠠᠵᠢᠯᠯᠠᠨ᠂ ᠵᠢᠷᠦᠭᠡᠳᠡᠢ ᠲᠡᠮᠡᠴᠡᠬᠦ ᠵᠤᠷᠢᠭ ᠰᠠᠨᠠᠭ᠎ᠠ ᠶᠢ ᠰᠤᠷᠳᠠᠯᠴᠢᠯᠠᠵᠤ᠂  ᠡᠯ᠎ᠡ ᠲᠦᠷᠦᠯ ᠤᠨ ᠠᠵᠢᠯ ᠢ ᠨᠠᠶᠢᠳᠠᠪᠤᠷᠢᠵᠢᠭᠤᠯᠬᠤ ᠲᠡᠭᠡᠷ᠎ᠡ ᠤᠬᠠᠭᠠᠨ ᠲᠠᠮᠢᠷ ᠢᠶᠠᠨ ᠰᠢᠨᠬᠠᠬᠤ ᠭᠡᠷᠡᠭᠳᠡᠢ᠃ ᠲᠠᠷᠠᠭ᠎ᠠ ᠳᠤᠨᠢ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠭ᠎ᠠ ᠶᠢᠨ ᠬᠠᠤᠯᠢ  ᠶᠤᠰᠤᠭᠠᠷ ᠠᠵᠢᠯ ᠬᠦᠢᠴᠡᠳᠭᠡᠨ᠂ ᠲᠦᠪ ᠭᠤᠤᠯᠴᠢ ᠪᠠᠷ ᠬᠠᠤᠯᠢ ᠭᠡᠷᠡᠭᠵᠢᠬᠦᠯᠬᠦ ᠶᠢ ᠪᠠᠳᠤᠯᠠᠬᠤ ᠭᠡᠷᠡᠭᠳᠡᠢ᠃ ︽ᠵᠢᠷᠭᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠠᠵᠢᠯ ᠢ  ᠪᠦᠬᠦ ᠬᠦᠴᠦᠨ ᠢᠶᠠᠷ ᠠᠬᠢᠭᠤᠯᠤᠨ᠂ ᠨᠠᠮ ᠤᠨ ᠭᠡᠰᠢᠬᠦᠨ᠂ ᠺᠠᠳᠠᠷ ᠤᠨ ᠬᠠᠤᠯᠢ ᠰᠤᠷᠴᠤ ᠬᠠᠤᠯᠢ ᠭᠡᠷᠡᠭᠯᠡᠬᠦ ᠤᠬᠠᠮᠰᠠᠷ ᠢ ᠲᠡᠭᠡᠭᠰᠢᠯᠡᠬᠦᠯᠵᠦ᠂ ᠬᠠᠤᠯᠢ ᠪᠠᠷ ᠰᠢᠢᠳᠪᠦᠷᠢ ᠲᠤᠭᠳᠠᠬᠤ᠂ ᠬᠠᠤᠯᠢ ᠪᠠᠷ ᠬᠠᠮᠢᠶᠠᠷᠬᠤ᠂ ᠬᠠᠤᠯᠢ ᠪᠠᠷ ᠠᠵᠢᠯ ᠬᠦᠢᠴᠡᠳᠭᠡᠬᠦ ᠴᠢᠳᠠᠪᠤᠷᠢ ᠶᠢ ᠪᠦᠳᠦᠮᠵᠢᠳᠡᠢ ᠴᠢᠩᠭᠠᠷᠠᠭᠤᠯᠤᠨ᠋᠂ ᠵᠠᠰᠠᠭ ᠤᠨ ᠶᠠᠪᠤᠳᠠᠯ ᠤᠨ ᠨᠡᠶᠢᠳᠡᠯᠡᠯ ᠢ  ᠴᠢᠩᠭ᠎ᠠ ᠬᠡᠷᠡᠭᠵᠢᠬᠦᠯᠵᠦ᠂ ᠵᠠᠰᠠᠭ ᠤᠨ ᠠᠵᠢᠯ ᠤᠨ ᠢᠯᠡ ᠲᠤᠳᠤ ᠴᠢᠨᠠᠷ ᠢ ᠨᠡᠮᠡᠭᠳᠡᠬᠦᠯᠦᠨ᠂ ᠴᠢᠬᠤᠯᠠ  ᠶᠡᠭᠡ ᠰᠢᠢᠳᠪᠦᠷᠢ ᠶᠢᠨ ᠤᠰᠤᠯ ᠠᠯᠳᠠᠭ᠎ᠠ   ᠠᠴᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭᠠᠳᠬᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠬᠢᠭᠡᠳ ᠨᠡᠶᠢᠬᠡᠮ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠹᠠᠷᠤᠨᠲ᠂  ᠡᠯ᠎ᠡ ᠡᠳᠡᠭᠡᠳ ᠤᠨ ᠰᠠᠨᠠᠯ ᠵᠦᠪᠯᠡᠯᠭᠡ ᠶᠢ ᠨᠢᠮᠪᠠᠢ ᠰᠤᠨᠤᠰᠴᠤ ᠂ ᠠᠷᠠᠳ ᠤᠨ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠰᠠᠨᠠᠯ ᠲᠤᠷᠠᠳᠤᠯᠭ᠎ᠠ ᠶᠢ ᠨᠢᠮᠪᠠᠢ ᠬᠦᠢᠴᠡᠳᠭᠡᠨ᠎ᠡ᠃ ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠪᠠᠷᠢᠮᠳᠠᠯᠠᠨ᠂ ᠢᠯᠵᠡᠷᠡᠯ ᠢ ᠡᠰᠡᠷᠬᠦᠴᠡᠬᠦ ᠰᠢᠰᠲ᠋ᠧᠮ ᠤᠨ ᠪᠠᠶᠢᠭᠤᠯᠤᠯᠳᠠ ᠶᠢ ᠬᠦᠨᠵᠡᠬᠡᠢ ᠲᠦᠯᠬᠢᠨ ᠠᠬᠢᠭᠤᠯᠬᠤ ᠭᠡᠷᠡᠭᠳᠡᠢ᠃ ᠠᠷᠠᠳ  ᠤᠨ ᠠᠮᠢᠳᠤᠷᠠᠯ᠂ ᠮᠠᠯᠴᠢᠨ ᠲᠠᠷᠢᠶᠠᠴᠢᠨ ᠳᠤ ᠬᠤᠯᠪᠤᠭᠳᠠᠭᠰᠠᠨ ᠭᠤᠤᠯᠳᠠᠯᠭᠠᠳᠠᠢ ᠲᠦᠷᠦᠯ ᠵᠦᠢᠯ ᠤᠨ ᠪᠡᠯᠡ  ᠮᠦᠩᠬᠦᠨ ᠤ  ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ᠂ ᠲᠠᠭᠠᠭᠠᠴᠢᠯᠠᠯ ᠵᠠᠷᠯᠠᠵᠤ ᠬᠦᠯᠢᠶᠡᠬᠦ᠂ ᠪᠠᠷᠢᠯᠭ᠎ᠠ ᠶᠢᠨ  ᠠᠵᠢᠯ᠂ ᠭᠠᠵᠠᠷ ᠰᠢᠷᠤᠢ ᠵᠡᠷᠭᠡ ᠳᠤ ᠬᠤᠯᠪᠤᠭᠳᠠᠭᠰᠠᠨ ᠭᠤᠤᠯᠳᠠᠯᠭᠠᠳᠠᠢ ᠭᠤᠭᠴᠤᠭᠠᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠎ᠠ᠃ ᠠᠷᠢᠭᠤᠨ ᠴᠢᠭᠡᠴᠢ ᠪᠠ ᠰᠠᠬᠢᠯᠭ᠎ᠠ ᠪᠠᠳᠤ ᠶᠢᠨ ᠬᠦᠮᠦᠵᠢᠯ ᠢ ᠴᠢᠩᠭᠠᠳᠬᠠᠵᠤ᠂ ᠵᠠᠰᠠᠭ ᠤᠨ ᠠᠵᠢᠯᠳᠠᠨ ᠢᠯᠠᠩᠭᠤᠶ᠎ᠠ ᠤᠳᠤᠷᠢᠢᠳᠬᠤ ᠺᠠᠳᠠᠷ ᠤᠨ ᠦᠢᠯᠡ ᠠᠵᠢᠯᠯᠠᠭ᠎ᠠ ᠶᠢ ᠴᠢᠩᠭ᠎ᠠ ᠲᠦᠷᠢᠮᠵᠢᠬᠦᠯᠵᠦ᠂ ᠠᠵᠢᠯ ᠦᠢᠯᠡᠰ ᠲᠡᠭᠡᠨ ᠬᠠᠷᠢᠭᠤᠴᠠᠯᠭ᠎ᠠ ᠲᠠᠢ᠂ ᠠᠷᠢᠭᠤᠨ ᠴᠢᠭᠡᠴᠢ ᠪᠠᠷ ᠨᠡᠶᠢᠳᠡ ᠳᠤ ᠵᠢᠳᠬᠦᠳᠡᠭ  ᠺᠠᠳᠠᠷ ᠤᠨ ᠡᠩᠨᠡᠭᠡ ᠶᠢ ᠪᠠᠶᠢᠭᠤᠯᠬᠤ ᠪᠠᠷ ᠴᠢᠷᠮᠠᠶᠢᠨ᠎ᠠ᠃       ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ 2012 ᠤᠨ ᠤ ᠠᠵᠢᠯ ᠤᠨ  ᠨᠠᠷᠢᠨ ᠳ᠋ᠦᠩᠨᠡᠯᠳᠡ ᠪᠤᠯᠤᠨ 2013 ᠤᠨ ᠤ ᠠᠵᠢᠯ ᠤᠨ ᠪᠤᠳᠠᠳᠠᠢ ᠪᠠᠶᠢᠷᠢᠯᠠᠭᠤᠯᠤᠯᠳᠠ ᠶᠢ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ   ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ ᠨᠠᠷᠢᠨ ᠮᠡᠳᠡᠬᠦᠯᠬᠦ ᠪᠤᠯᠤᠨ᠎ᠠ᠃        ᠲᠦᠯᠦᠭᠡᠯᠡᠭᠴᠢᠳ ᠡ᠂  ᠢᠷᠡᠬᠦ ᠲᠠᠪᠤᠨ ᠵᠢᠯ ᠪᠤᠯ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠵᠠᠩᠬᠢᠯᠠᠭ᠎ᠠ ᠶᠢᠨ ᠬᠤᠭᠤᠴᠠᠭ᠎ᠠ ᠪᠠᠶᠢᠵᠤ᠂  ᠠᠵᠢᠯ ᠡᠬᠦᠷᠭᠡ ᠬᠦᠨᠳᠦ ᠨᠦᠰᠡᠷ ᠮᠦᠷᠳᠡᠭᠡᠨ ᠦᠩᠭᠡ ᠭᠡᠷᠡᠯ ᠲᠠᠢ ᠪᠠᠶᠢᠭ᠎ᠠ ᠶᠤᠮ᠃ ᠪᠢᠳᠡ ᠲᠡᠭᠡᠳᠦ ᠱᠠᠳᠤᠨ ᠤ ᠨᠠᠮ ᠵᠠᠰᠠᠭ ᠪᠠ ᠬᠤᠰᠢᠭᠤ ᠨᠠᠮ ᠤᠨ ᠬᠤᠷᠢᠶᠠᠨ ᠤ ᠡᠷᠡᠰ ᠪᠠᠳᠤ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠂ ᠤᠯᠤᠰ ᠲᠦᠷᠦ  ᠶᠢᠨ ᠵᠦᠪᠯᠡᠯᠭᠡᠨ ᠤ ᠬᠢᠨᠠᠯᠳᠠ  ᠬᠢᠭᠡᠳ  ᠲᠡᠮᠵᠢᠯᠬᠡ ᠲᠤᠤᠷ᠎ᠠ᠂  ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠡᠯ᠎ᠡ ᠦᠨᠳᠦᠰᠦᠳᠡᠨ  ᠤ ᠠᠷᠠᠳ ᠲᠦᠮᠡᠨ ᠢ ᠪᠦᠯᠬᠦᠮᠳᠡᠬᠦᠯᠦᠨ ᠨᠢᠬᠳᠠᠷᠠᠭᠤᠯᠵᠤ᠂ ᠦᠵᠡᠯ ᠰᠠᠨᠠᠭ᠎ᠠ ᠪᠠᠨ ᠴᠢᠯᠦᠬᠡᠯᠡᠨ᠂  ᠯᠠᠪᠳᠠᠭᠤᠨ ᠪᠠᠳᠤᠳᠠᠢ ᠠᠵᠢᠯᠯᠠᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠳᠤ ᠲᠤᠭᠳᠠᠭᠰᠠᠨ ᠡᠯ᠎ᠡ ᠵᠦᠢᠯ ᠤᠨ ᠡᠬᠦᠷᠭᠡ ᠬᠠᠷᠠᠯᠳᠠ ᠪᠠᠨ ᠠᠮᠵᠢᠯᠳᠠ ᠲᠡᠬᠦᠰ ᠪᠡᠶᠡᠯᠡᠬᠦᠯᠦᠨ᠂ ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠤᠨ  ᠪᠦᠳᠦᠭᠡᠵᠦ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠰᠢᠨ᠎ᠡ  ᠪᠠᠶᠢᠳᠠᠯ ᠢ ᠡᠬᠦᠳᠬᠦ ᠪᠠᠷ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号