ᠵᠠᠰᠠᠭ   ᠤᠨ  ᠣᠷᠳᠣᠨ   ᠤ  ᠠᠵᠢᠯ   ᠤᠨ  ᠢᠯᠡᠳᠬᠡᠯ
ᠨᠡᠶᠢᠲᠡᠯᠡᠭᠰᠡᠨ ᠴᠠᠭ᠄
2013/3/4
ᠲᠠᠶᠢᠹᠤᠰᠧ ᠬᠤᠰᠢᠭᠤᠨ ᠤ ᠠᠷᠪᠠᠨ  ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ   ᠤᠨᠶᠡᠭᠡ  ᠬᠤᠷᠠᠯ   ᠤᠨ  ᠬᠤᠶᠠᠳᠤᠭᠠᠷ  ᠤᠳᠠᠭᠠᠨ   ᠤ  ᠬᠤᠷᠠᠯᠳᠤᠭᠠᠨ   ᠤ  ᠪᠢᠴᠢᠭ   ᠮᠠᠲ᠋ᠧᠷᠢᠶᠠᠯ  ︵16︶                                                                                                              ᠵᠠᠰᠠᠭ   ᠤᠨ   ᠣᠷᠳᠣᠨ   ᠤ   ᠠᠵᠢᠯ   ᠤᠨ   ᠢᠯᠡᠳᠬᠡᠯ                                                                            2013 ᠣᠨ  ᠤ  3  ᠰᠠᠷᠠᠶᠢᠨ  4   ᠤ ᠡᠳᠦᠷ ᠲᠠᠶᠢᠹᠤᠰᠧ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ                                                                           ᠠᠷᠠᠳ   ᠤᠨ ᠲᠥᠯᠥᠭᠡᠯᠡᠭᠴᠢᠳ ᠤᠨ  ᠶᠡᠭᠡ  ᠬᠤᠷᠠᠯ   ᠤᠨ  ᠬᠤᠶᠠᠳᠤᠭᠠᠷ  ᠤᠳᠠᠭᠠᠨ   ᠤ  ᠬᠤᠷᠠᠯᠳᠤᠭᠠᠨ   ᠳᠡᠭᠡᠷ᠎ᠡ                                                                                                                                                                                     ᠬᠤᠰᠢᠭᠤ  ᠲᠠᠷᠤᠭ᠎ᠠ           ᠨᠠᠨ ᠵᠦᠩ ᠢᠦᠢ   ᠲᠦᠯᠦᠭᠡᠯᠡᠭᠴᠢᠳ ᠡ  ᠄        ᠳᠣᠣᠷ᠎ᠠ  ᠪᠢ  ᠬᠤᠰᠢᠭᠤ  ᠵᠠᠰᠠᠭ   ᠤᠨ ᠣᠷᠳᠣᠨ   ᠢ ᠲᠦᠯᠦᠭᠡᠯᠡᠵᠦ  ᠶᠡᠭᠡ  ᠬᠤᠷᠠᠯ   ᠳᠤ  ᠠᠵᠢᠯ ᠤᠨ ᠮᠡᠳᠡᠭᠦᠯᠦᠯᠲᠡ  ᠬᠢᠶ᠎ᠡ  ᠂  ᠬᠢᠨᠠᠨ  ᠵᠥᠪᠯᠡᠬᠦ  ᠪᠣᠯᠪᠠᠤ  ᠃   ᠤᠯᠤᠰ  ᠲᠥᠷᠥ   ᠶᠢᠨ  ᠵᠥᠪᠯᠡᠯᠭᠡᠨ   ᠤ  ᠭᠡᠰᠢᠭᠦᠳ  ᠪᠣᠯᠣᠨ  ᠬᠤᠷᠠᠯ   ᠳᠤ  ᠰᠤᠯᠨ ᠣᠷᠣᠯᠴᠠᠭᠰᠠᠨ  ᠨᠦᠬᠦᠳ   ᠠᠴᠠ  ᠰᠠᠨᠠᠯ  ᠰᠢᠭᠦᠮᠵᠢ   ᠪᠠᠨ  ᠳᠡᠪᠰᠢᠭᠦᠯᠦᠮᠦ᠃        ᠨᠢᠭᠡ  ᠂ 2012 ᠤᠨ ᠤ ᠭᠤᠤᠯ ᠪᠤᠯᠬᠤ ᠠᠵᠤ ᠠᠬᠤᠢ ᠶᠢᠨ ᠵᠢᠭᠠᠯᠳᠠ ᠲᠤᠭ᠎ᠠ ᠶᠢ  ᠪᠡᠶᠡᠯᠡᠬᠦᠯᠦᠭᠰᠡᠨ ᠪᠠᠶᠢᠳᠠᠯ       2012 ᠤᠨ ᠳᠤ  ᠪᠦᠬᠦ  ᠬᠤᠰᠢᠭᠤᠨ   ᠤ  ᠣᠷᠣᠨ  ᠨᠤᠲᠤᠭ   ᠤᠨ ᠦᠢᠯᠡᠳᠪᠦᠷᠢᠯᠡᠯ   ᠤᠨ  ᠶᠡᠷᠦᠩᠬᠡᠢ  ᠥᠷᠲᠡᠭ 37 ᠳ᠋ᠦᠩᠰᠢᠭᠤᠷ  ᠲᠥᠭᠦᠷᠢᠭ ᠲᠤ  ᠬᠦᠷᠦᠭᠡᠳ᠂  ᠲᠡᠭᠡᠷ᠎ᠡ ᠵᠢᠯ ᠠᠴᠠ 8.3% ᠪᠠᠷ  ᠨᠡᠮᠡᠭᠳᠡᠭᠰᠡᠨ ᠪᠠᠶᠢᠨ᠎ᠠ᠃ ᠡᠬᠦᠨ ᠳᠤ᠂ ᠨᠢᠭᠡᠳᠦᠬᠡᠷ ᠠᠵᠤ ᠦᠢᠯᠡᠰ ᠤᠨ ᠨᠡᠮᠡᠭᠳᠡᠯ ᠦᠷᠳᠡᠭ 9.9 ᠳ᠋ᠦᠩᠰᠢᠭᠤᠷ ᠲᠦᠬᠦᠷᠢᠭ ᠲᠤ ᠬᠦᠷᠴᠦ᠂ 6.4% ᠪᠠᠷ ᠨᠡᠮᠡᠭᠳᠡᠨ᠂  ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ  15.3 ᠳ᠋ᠦᠩᠰᠢᠭᠤᠷ ᠲᠦᠬᠦᠷᠢᠭ   ᠢ ᠪᠡᠶᠡᠯᠡᠬᠦᠯᠵᠦ᠂ 10.1 % ᠪᠠᠷ ᠨᠡᠮᠡᠭᠳᠡᠨ᠂  ᠡᠬᠦᠨ ᠤ ᠲᠤᠳᠤᠷ᠎ᠠ ᠠᠵᠤ ᠦᠢᠯᠡᠳᠪᠦᠷᠢ ᠶᠢᠨ  ᠨᠡᠮᠡᠭᠳᠡᠯ ᠦᠷᠳᠡᠭ 12.3 ᠳ᠋ᠦᠩᠰᠢᠭᠤᠷ ᠲᠦᠬᠦᠷᠢᠭ   ᠲᠤ ᠬᠦᠷᠴᠦ᠂ 14.4% ᠪᠠᠷ ᠨᠡᠮᠡᠭᠳᠡᠨ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 11.8 ᠳ᠋ᠦᠩᠰᠢᠭᠤᠷ ᠲᠦᠬᠦᠷᠢᠭ   ᠲᠤ ᠬᠦᠷᠴᠦ᠂ 7.6% ᠪᠠᠷ ᠨᠡᠮᠡᠭᠳᠡᠪᠡ ᠃   ᠪᠦᠬᠦ ᠨᠡᠶᠢᠬᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 28 ᠳ᠋ᠦᠩᠰᠢᠭᠤᠷ ᠲᠦᠬᠦᠷᠢᠭ ᠲᠤ  ᠬᠦᠷᠴᠡᠢ᠃ ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠤᠨ ᠬᠤᠪᠢ ᠶᠢᠨ ᠵᠢᠩ ᠤᠨ ᠬᠠᠷᠢᠴᠠᠯ 26.8:41.3:31.9 ᠪᠤᠯᠵᠤ ᠬᠤᠪᠢᠷᠠᠭᠠᠳ᠂ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠠᠵᠤ ᠠᠬᠤᠢ ᠶᠢᠨ ᠨᠡᠮᠡᠭᠳᠡᠯ ᠳᠤ ᠦᠵᠡᠬᠦᠯᠬᠦ ᠬᠤᠪᠢ ᠨᠡᠮᠡᠷᠢ ᠶᠢᠨ ᠨᠤᠷᠮ᠎ᠠ 55.4% ᠪᠠ 22.9% ᠳᠤ ᠬᠦᠷᠦᠭᠰᠡᠨ ᠪᠠᠶᠢᠨ᠎ᠠ᠃  ᠪᠦᠬᠦ ᠵᠢᠯ ᠳᠤ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ 1.59 ᠳ᠋ᠦᠩᠰᠢᠭᠤᠷ ᠲᠦᠬᠦᠷᠢᠭ ᠲᠤ ᠬᠦᠷᠴᠦ᠂   ᠠᠳᠠᠯᠢ ᠬᠤᠭᠤᠴᠠᠭᠠᠨ ᠠᠴᠠ 17.1% ᠪᠠᠷ ᠨᠡᠮᠡᠭᠳᠡᠨ᠂ ᠡᠳ᠋ ᠤᠨ ᠵᠠᠰᠠᠭ ᠤᠨ  ᠵᠠᠷᠤᠯᠭ᠎ᠠ 12.28 ᠳ᠋ᠦᠩᠰᠢᠭᠤᠷ ᠲᠦᠬᠦᠷᠢᠭ ᠲᠤ ᠬᠦᠷᠴᠦ᠂ 4.1% ᠪᠠᠷ ᠨᠡᠮᠡᠭᠳᠡᠨ᠂ ᠠᠷᠠᠳ ᠤᠨ ᠠᠮᠢᠳᠤᠷᠠᠯ ᠲᠡᠭᠡᠷᠡᠬᠢ ᠵᠠᠷᠤᠯᠭ᠎ᠠ  ᠮᠦᠨ ᠬᠦ᠋ ᠭᠤᠤᠯ ᠪᠠᠶᠢᠷᠢ ᠶᠢ ᠡᠵᠡᠯᠡᠵᠦ᠂ ᠶᠡᠷᠦᠩᠬᠡᠢ ᠵᠠᠷᠤᠯᠭ᠎ᠠ ᠶᠢᠨ 47.6% ᠶᠢ ᠡᠵᠡᠯᠡᠵᠡᠢ᠃   ᠬᠤᠳᠠ ᠬᠦᠳᠡᠭᠡ ᠶᠢᠨ ᠭᠡᠷᠡᠭᠯᠡᠬᠡᠨ ᠤ ᠵᠠᠬ᠎ᠠ ᠲᠡᠯᠬᠡᠬᠦᠷ ᠬᠦᠭᠵᠢᠵᠦ᠂ ᠪᠦᠬᠦ ᠵᠢᠯ ᠳᠤ ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ  13.2 ᠳ᠋ᠦᠩᠰᠢᠭᠤᠷ ᠲᠦᠬᠦᠷᠢᠭ   ᠲᠤ ᠬᠦᠷᠴᠦ᠂16% ᠪᠠᠷ ᠨᠡᠮᠡᠭᠳᠡᠪᠡ᠃ ᠮᠠᠯᠴᠢᠨ ᠲᠠᠷᠢᠶᠠᠴᠢᠨ ᠤ ᠬᠦᠮᠦᠨ ᠳᠤᠮᠳᠠᠴᠢ ᠴᠡᠪᠡᠷ ᠤᠷᠤᠯᠭ᠎ᠠ 7877 ᠲᠦᠬᠦᠷᠢᠭ ᠪᠠ 6730 ᠲᠦᠭᠦᠷᠢᠭ   ᠲᠤ ᠬᠦᠷᠴᠦ᠂  ᠲᠤᠰᠪᠤᠷᠢ 13%  ᠪᠠ 10.4% ᠪᠠᠷ ᠨᠡᠮᠡᠭᠳᠡᠨ᠂ ᠬᠤᠳᠠ ᠪᠠᠯᠭᠠᠰᠤᠨ ᠤ ᠰᠠᠭᠤᠭᠠᠯᠢ ᠠᠷᠠᠳ  ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ 18929 ᠲᠦᠬᠦᠷᠢᠭ ᠲᠤ ᠬᠦᠷᠴᠦ᠂ 12%  ᠪᠠᠷ ᠨᠡᠮᠡᠭᠳᠡᠪᠡ᠃ 2012 ᠤᠨ ᠳᠤ ᠡᠯ᠎ᠡ ᠲᠦᠷᠦᠯ ᠤᠨ ᠠᠵᠢᠯ   ᠢ ᠪᠡᠶᠡᠯᠡᠬᠦᠯᠦᠭᠰᠡᠨ ᠲᠤᠬᠠᠢ ᠠᠷᠪᠠᠨ ᠲᠦᠷᠪᠡᠳᠦᠬᠡᠷ ᠬᠤᠭᠤᠴᠠᠭᠠᠨ ᠤ ᠨᠢᠬᠡᠳᠦᠭᠡᠷ ᠤᠳᠠᠭᠠᠨ ᠤ ᠬᠤᠷᠠᠯᠳᠤᠭᠠᠨ ᠲᠡᠭᠡᠷ᠎ᠡ ᠨᠢᠬᠡᠨᠳᠡ ᠮᠡᠳᠡᠬᠦᠯᠦᠯᠳᠡ ᠬᠢᠭᠰᠡᠨ ᠪᠤᠯᠬᠤᠷ ᠠᠳᠡ ᠲᠠᠪᠳᠠᠬᠤ ᠪᠠᠨ ᠪᠠᠶᠢᠶ᠎ᠠ᠃      2012 ᠤᠨ ᠳᠤ  ᠪᠢᠳᠡ ᠡᠯ᠎ᠡ ᠲᠦᠷᠦᠯ ᠤᠨ ᠠᠵᠤ ᠠᠬᠤᠢ ᠶᠢᠨ ᠵᠢᠭᠠᠯᠳᠠ ᠲᠤᠭ᠎ᠠ ᠶᠢ  ᠲᠤᠩ ᠰᠠᠶᠢᠨ ᠪᠡᠶᠡᠯᠡᠬᠦᠯᠵᠦ᠂  ᠠᠵᠤ ᠠᠬᠤᠢ ᠪᠠ ᠨᠡᠶᠢᠬᠡᠮ ᠤᠨ ᠬᠦᠭᠵᠢᠯᠳᠡ ᠪᠦᠷ ᠵᠤᠬᠢᠬᠤ ᠠᠮᠵᠢᠯᠳᠠ ᠤᠯᠤᠭᠰᠠᠨ  ᠪᠠᠶᠢᠨ᠎ᠠ  ᠃  ᠭᠡᠪᠡᠴᠦ ᠪᠢᠳᠡ  ᠪᠠᠰᠠ ᠬᠦᠭᠵᠢᠯᠳᠡ ᠶᠢᠨ ᠶᠠᠪᠤᠴᠠ ᠳᠤ ᠲᠤᠯᠭᠠᠷᠠᠵᠤ ᠪᠠᠶᠢᠭ᠎ᠠ ᠠᠰᠠᠭᠤᠳᠠᠯ   ᠢᠶᠠᠨ ᠰᠡᠷᠭᠡᠭ ᠢᠶᠠᠷ ᠲᠠᠨᠢᠵᠤ ᠬᠠᠷᠠᠭᠤᠰᠢᠳᠠᠢ  ᠃ ᠲᠤᠬᠠᠶᠢᠯᠠᠪᠠᠯ᠂  ᠮᠠᠨ ᠤ ᠬᠤᠰᠢᠭᠤᠨ ᠤ ᠠᠵᠤ ᠠᠬᠤᠢ ᠶᠢᠨ ᠬᠦᠴᠦᠨ ᠶᠡᠷᠦᠩᠬᠡᠢ  ᠳᠡᠭᠡᠨ ᠪᠠᠭᠤᠷᠠᠢ᠂   ᠬᠦᠭᠵᠢᠯᠳᠡ ᠬᠦᠷᠦᠯᠴᠡᠬᠦ ᠦᠬᠡᠢ᠂ ᠬᠦᠭᠵᠢᠯᠳᠡ ᠤᠳᠠᠭᠠᠨ ᠪᠠᠶᠢᠳᠠᠯ  ᠪᠠᠰᠠᠯᠠ  ᠪᠢᠳᠡᠨ ᠤ ᠡᠮᠦᠨ᠎ᠡ ᠲᠤᠯᠭᠠᠷᠠᠵᠤ ᠪᠠᠶᠢᠭ᠎ᠠ ᠲᠡᠷᠢᠬᠦᠨ ᠴᠢᠬᠤᠯᠠ ᠠᠰᠠᠭᠤᠳᠠᠯ ᠪᠤᠯᠵᠤ ᠪᠠᠶᠢᠭ᠎ᠠ︔  ᠡᠬᠢ ᠪᠠᠶᠠᠯᠢᠭ ᠬᠤᠮᠰᠠ᠂ ᠠᠵᠤ ᠠᠬᠤᠢ ᠶᠢᠨ ᠰᠠᠭᠤᠷᠢ ᠨᠢᠮᠬᠡᠨ᠂  ᠬᠦᠭᠵᠢᠯᠳᠡ ᠬᠦᠷᠦᠯᠴᠡᠬᠦ ᠦᠬᠡᠢ ᠪᠠᠶᠢᠳᠠᠯ  ᠪᠠᠰᠠᠯᠠ ᠠᠵᠤ ᠠᠬᠤᠢ ᠨᠡᠶᠢᠬᠡᠮ  ᠤᠨ ᠬᠦᠭᠵᠢᠯᠳᠡ ᠶᠢᠨ ᠶᠠᠪᠤᠴᠠ ᠳᠠᠬᠢ ᠭᠤᠤᠯ ᠵᠦᠷᠢᠴᠡᠯ ᠪᠤᠯᠵᠤ ᠪᠠᠶᠢᠭ᠎ᠠ︔ ᠠᠵᠤ ᠦᠢᠯᠡᠳᠪᠦᠷᠢ   ᠶᠢᠨ ᠠᠵᠤ ᠠᠬᠤᠢ  ᠪᠠᠭᠤᠷᠠᠢ᠂   ᠨᠢᠷᠤᠭᠤᠪᠴᠢ ᠠᠵᠤ ᠠᠬᠤᠶᠢᠯᠠᠯ ᠪᠠ ᠲᠤᠮᠤ ᠲᠦᠷᠦᠯ ᠵᠦᠢᠯ   ᠤᠨ ᠲᠡᠮᠵᠢᠯᠬᠡ ᠲᠤᠳᠠᠭᠳᠠᠵᠤ᠂ ᠠᠷᠠᠯᠵᠢᠶᠠᠨ ᠤᠷᠢᠵᠤ ᠪᠡᠯᠡ ᠤᠷᠤᠭᠤᠯᠬᠤ ᠪᠠ ᠪᠡᠯᠡ ᠬᠤᠷᠠᠮᠳᠤᠭᠤᠯᠬᠤ ᠳᠤ ᠬᠦᠴᠢᠷᠳᠡᠢ  ᠪᠠᠶᠢᠭ᠎ᠠ︔ ᠰᠤᠶᠤᠯ ᠵᠤᠭᠠᠴᠠᠯ ᠤᠨ ᠠᠵᠤ ᠦᠢᠯᠡᠰ ᠤᠨ ᠬᠦᠭᠵᠢᠯᠳᠡ ᠤᠳᠠᠭᠠᠨ᠂ ᠦᠢᠯᠡᠴᠢᠯᠡᠬᠡᠨ ᠤ ᠦᠢᠯᠡᠰ ᠤᠨ ᠬᠦᠭᠵᠢᠯᠳᠡ ᠳᠤ ᠠᠮᠢᠵᠢᠷᠠᠯ ᠤᠨ ᠬᠦᠴᠦᠨ ᠲᠤᠳᠠᠵᠤ ᠪᠠᠶᠢᠭ᠎ᠠ︔  ᠬᠤᠳᠠ ᠪᠠᠯᠭᠠᠰᠤᠵᠢᠯᠳᠠ ᠶᠢᠨ ᠬᠢᠷᠢ ᠲᠦᠪᠰᠢᠨ ᠲᠤᠤᠷ᠎ᠠ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠭᠡᠷᠦᠮᠵᠢ  ᠪᠦᠷᠢᠨ ᠪᠤᠰᠤ᠂  ᠬᠤᠳᠠ ᠬᠦᠳᠡᠭᠡ   ᠶᠢ ᠨᠢᠭᠡᠳᠦᠯᠳᠡᠢ ᠲᠦᠯᠦᠪᠵᠢᠬᠦᠯᠦᠨ ᠬᠦᠭᠵᠢᠬᠦᠯᠬᠦ ᠲᠠᠯᠠᠪᠠᠷ ᠡᠬᠦᠷᠭᠡ ᠬᠦᠨᠳᠦ ᠪᠠᠶᠢᠭ᠎ᠠ︔ ᠶᠠᠳᠠᠭᠤ ᠬᠦᠴᠢᠷᠳᠡᠢ ᠬᠦᠮᠦᠨ ᠠᠮᠠ  ᠤᠯᠠᠨ᠂  ᠶᠠᠳᠠᠭᠤ   ᠠᠴᠠ ᠠᠩᠬᠢᠵᠢᠷᠠᠭᠤᠯᠬᠤ ᠠᠵᠢᠯ ᠤᠨ ᠡᠬᠦᠷᠭᠡ ᠬᠦᠨᠳᠦ ᠵᠠᠮ ᠬᠤᠯᠠ  ᠪᠠᠶᠢᠭ᠎ᠠ  ︔  ᠡᠳ᠋ ᠤᠨ ᠵᠠᠰᠠᠭ ᠤᠨ ᠢᠷᠡᠯᠳᠡ ᠪᠠᠭ᠎ᠠ᠂ ᠵᠠᠷᠣᠯᠭ᠎ᠠ ᠶᠢᠨ ᠲᠠᠷᠤᠭᠠᠰᠤ ᠵᠢᠯ ᠠᠴᠠ ᠵᠢᠯ ᠨᠡᠮᠡᠭᠳᠡᠵᠦ᠂  ᠪᠦᠳᠦᠭᠡᠨ ᠪᠠᠶᠢᠭᠤᠯᠤᠯᠳᠠ ᠪᠠ ᠠᠷᠠᠳ ᠤᠨ ᠠᠮᠢᠳᠤᠷᠠᠯ ᠤᠨ ᠲᠠᠯᠠᠪᠠᠷ ᠬᠢ ᠵᠠᠷᠤᠯᠭ᠎ᠠ  ᠪᠤᠯᠤᠨ ᠡᠳ᠋ ᠤᠨ ᠵᠠᠰᠠᠭ ᠤᠨ ᠤᠷᠤᠯᠭ᠎ᠠ   ᠶᠢᠨ ᠬᠤᠭᠤᠷᠤᠨᠳᠤᠬᠢ ᠵᠦᠷᠢᠴᠡᠯ  ᠶᠡᠭᠡᠳᠴᠦ ᠪᠠᠶᠢᠭ᠎ᠠ︔ ᠴᠦᠬᠡᠨ ᠲᠤᠭᠠᠨ ᠤ ᠺᠠᠳᠠᠷ ᠤᠨ ᠦᠵᠡᠯ ᠰᠠᠨᠠᠭ᠎ᠠ  ᠬᠦᠢᠴᠡᠳ ᠴᠢᠯᠦᠭᠡᠯᠡᠭᠳᠡᠭᠡᠳᠦᠢ᠂  ᠰᠢᠨ᠎ᠡ ᠶᠢ ᠡᠬᠦᠳᠬᠦ ᠴᠢᠳᠠᠪᠤᠷᠢ ᠲᠤᠳᠠᠮᠠᠭ ᠠᠴᠠ ᠪᠤᠯᠵᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠵᠤᠬᠢᠬᠤ ᠬᠠᠷᠰᠢ ᠪᠤᠯᠵᠤ ᠪᠠᠶᠢᠭ᠎ᠠ᠃  ᠡᠶᠢᠮᠦ ᠠᠴᠠ ᠪᠢᠳᠡ ᠡᠷᠭᠡᠪᠰᠢ ᠰᠠᠨᠠᠭᠠᠰᠢᠷᠠᠬᠤ ᠤᠬᠠᠮᠰᠠᠷ᠂ ᠬᠠᠷᠢᠭᠤᠴᠠᠯᠭᠠᠳᠤ ᠤᠬᠠᠮᠰᠠᠷ ᠬᠢᠭᠡᠳ ᠰᠢᠨ᠎ᠡ ᠶᠢ ᠡᠬᠦᠳᠬᠦ ᠤᠬᠠᠮᠰᠠᠷ ᠢᠶᠠᠨ ᠤᠯᠠᠮ ᠨᠢᠬᠡ ᠠᠯᠬᠤᠮ ᠴᠢᠩᠭᠠᠷᠠᠭᠤᠯᠵᠤ᠂ ᠲᠠᠰᠤᠷᠠᠯᠳᠠ ᠦᠬᠡᠢ ᠬᠠᠶᠢᠨ ᠰᠦᠪᠡᠭᠴᠢᠯᠡᠵᠦ᠂ ᠵᠤᠷᠢᠭ ᠲᠠᠢ ᠪᠠᠷ ᠦᠢᠯᠡᠳᠦᠯᠬᠡᠵᠢᠬᠦᠯᠦᠨ᠂ ᠬᠤᠶᠢᠰᠢᠳᠠ ᠶᠢᠨ ᠠᠵᠢᠯ ᠲᠤᠮᠳᠠ ᠪᠠᠨ ᠨᠢᠮᠪᠠᠢ ᠰᠠᠶᠢᠨ ᠰᠢᠢᠳᠪᠦᠷᠢᠯᠡᠬᠦ ᠭᠡᠷᠡᠭᠳᠡᠢ᠃       ᠬᠤᠶᠠᠷ᠂  2013 ᠤᠨ ᠤ ᠠᠵᠢᠯ ᠤᠨ ᠪᠠᠶᠢᠷᠢᠯᠠᠭᠤᠯᠤᠯᠳᠠ      2013 ᠤᠨ ᠪᠤᠯ ᠰᠢᠨ᠎ᠡ ᠨᠢᠬᠡ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠡᠬᠢᠯᠡᠭᠰᠡᠨ ᠵᠢᠯ᠂  ᠮᠦᠨᠴᠦ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢ ᠲᠤᠤᠱᠳᠠᠢ ᠭᠡᠷᠡᠭᠵᠢᠬᠦᠯᠦᠨ᠂ ᠤᠷᠢᠳᠠᠬᠢ ᠶᠢ ᠵᠠᠯᠭᠠᠮᠵᠢᠯᠠᠵᠤ ᠬᠤᠶᠢᠨᠠᠬᠢ ᠶᠢ ᠦᠷᠬᠦᠯᠵᠢᠯᠡᠬᠦᠯᠬᠦ ᠵᠠᠩᠬᠢᠯᠠᠭ᠎ᠠ ᠶᠢᠨ ᠨᠢᠬᠡ ᠵᠢᠯ᠂ ᠨᠡᠩ ᠴᠤ ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠤᠨ ᠪᠦᠳᠦᠭᠡᠬᠦ ᠳᠤ ᠪᠠᠳᠤ ᠪᠠᠬᠢ ᠰᠠᠭᠤᠷᠢ ᠲᠠᠯᠪᠢᠬᠤ ᠴᠢᠬᠤᠯᠠ ᠨᠢᠬᠡ ᠵᠢᠯ ᠮᠦᠨ ᠃  ᠡᠶᠢᠮᠦ ᠠᠴᠠ ᠡᠨᠡ ᠵᠢᠯ ᠤᠨ ᠠᠵᠢᠯ ᠢ ᠰᠠᠶᠢᠨ ᠬᠢᠬᠦ ᠨᠢ ᠬᠦᠨᠳᠦ ᠴᠢᠬᠤᠯᠠ ᠠᠴᠢ ᠬᠤᠯᠪᠤᠭᠳᠠᠯ ᠲᠠᠢ ᠶᠤᠮ᠃       2013 ᠤᠨ ᠤ  ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 44 ᠳ᠋ᠦᠩᠰᠢᠭᠤᠷ ᠲᠦᠭᠦᠷᠢᠭ ᠲᠤ ᠬᠦᠷᠭᠡᠵᠦ᠂ 15.8 % ᠪᠠᠷ ᠨᠡᠮᠡᠭᠳᠡᠬᠦᠯᠦᠨ᠎ᠡ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 11.5 ᠳ᠋ᠦᠩᠰᠢᠭᠤᠷ ᠲᠦᠭᠦᠷᠢᠭ ᠲᠤ ᠬᠦᠷᠭᠡᠵᠦ᠂ 7 % ᠪᠠᠷ ᠨᠡᠮᠡᠭᠳᠡᠬᠦᠯᠦᠨ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 17.5 ᠳ᠋ᠦᠩᠰᠢᠭᠤᠷ ᠲᠦᠭᠦᠷᠢᠭ ᠲᠤ ᠬᠦᠷᠭᠡᠵᠦ᠂ 15% ᠪᠠᠷ ᠨᠡᠮᠡᠭᠳᠡᠬᠦᠯᠦᠨ᠂ ᠡᠬᠦᠨ ᠳᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 14.5 ᠳ᠋ᠦᠩᠰᠢᠭᠤᠷ ᠲᠦᠭᠦᠷᠢᠭ ᠲᠤ ᠬᠦᠷᠭᠡᠵᠦ᠂  19% ᠪᠠᠷ  ᠨᠡᠮᠡᠭᠳᠡᠬᠦᠯᠦᠨ᠎ᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 15 ᠳ᠋ᠦᠩᠰᠢᠭᠤᠷ ᠲᠦᠭᠦᠷᠢᠭ ᠲᠤ ᠬᠦᠷᠭᠡᠵᠦ᠂ 18%   ᠪᠠᠷ ᠨᠡᠮᠡᠭᠳᠡᠭᠦᠯᠦᠨ᠎ᠡ᠃ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ ᠶᠢ 1.9 ᠳ᠋ᠦᠩᠰᠢᠭᠤᠷ ᠲᠦᠭᠦᠷᠢᠭ ᠲᠤ ᠬᠦᠷᠭᠡᠵᠦ᠂ 19.4% ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ  ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 30 ᠳ᠋ᠦᠩᠰᠢᠭᠤᠷ ᠲᠦᠭᠦᠷᠢᠭ   ᠲᠤ ᠬᠦᠷᠭᠡᠵᠦ᠂ 7.2 % ᠪᠠᠷ ᠨᠡᠮᠡᠭᠳᠡᠭᠦᠯᠦᠨ᠎ᠡ᠃  ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠬᠡᠮᠵᠢᠶ᠎ᠡ ᠶᠢ 14.95 ᠳ᠋ᠦᠩᠰᠢᠭᠤᠷ ᠲᠦᠭᠦᠷᠢᠭ  ᠬᠦᠷᠭᠡᠵᠦ᠂ 15% ᠪᠠᠷ ᠨᠡᠮᠡᠭᠳᠡᠭᠦᠯᠦᠨ᠎ᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 21388 ᠲᠦᠭᠦᠷᠢᠭ ᠲᠤ ᠬᠦᠷᠭᠡᠵᠤ ᠂ 13% ᠪᠠᠷ ᠨᠡᠮᠡᠭᠳᠡᠬᠦᠯᠦᠨ᠂ ᠲᠠᠷᠢᠶᠠᠴᠢᠳ ᠤᠨ ᠬᠦᠮᠦᠨ ᠲᠤᠮᠳᠠᠴᠢ ᠴᠡᠪᠡᠷ ᠤᠷᠤᠯᠭ᠎ᠠ ᠶᠢ 7538 ᠲᠦᠭᠦᠷᠢᠭ  ᠲᠤ ᠬᠦᠷᠭᠡᠵᠦ᠂ 12% ᠪᠠᠷ ᠨᠡᠮᠡᠭᠳᠡᠬᠦᠯᠦᠨ᠂  ᠮᠠᠯᠴᠢᠳ ᠤᠨ ᠬᠦᠮᠦᠨ ᠲᠤᠮᠳᠠᠴᠢ ᠴᠡᠪᠡᠷ ᠤᠷᠤᠯᠭ᠎ᠠ ᠶᠢ 9000 ᠲᠦᠭᠦᠷᠢᠭ ᠲᠤ ᠬᠦᠷᠭᠡᠵᠦ᠂ 14 % ᠪᠠᠷ ᠨᠡᠮᠡᠭᠳᠡᠭᠦᠯᠦᠨ᠎ᠡ᠃  ᠲᠡᠭᠡᠷ᠎ᠡ ᠳᠤᠷᠠᠳᠤᠭᠰᠠᠨ ᠡᠬᠦᠷᠭᠡ ᠬᠠᠷᠠᠯᠲᠠ   ᠶᠢᠨ ᠲᠤᠭᠤᠷᠢᠨ ᠳᠤ ᠲᠤᠤᠷᠠᠬᠢ  ᠲᠤᠯᠤᠭᠠᠨ  ᠲᠠᠯ᠎ᠠ ᠶᠢᠨ ᠠᠵᠢᠯ ᠢ  ᠭᠤᠤᠯᠳᠠᠯᠭᠠᠳᠠᠢ ᠰᠠᠶᠢᠨ  ᠠᠳᠬᠤᠵᠤ ᠬᠢᠬᠦ ᠭᠡᠷᠡᠭᠳᠡᠢ  ᠄      ︵ᠨᠢᠭᠡ︶ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠨ᠂ ᠠᠮᠢ ᠠᠬᠤᠢ ᠶᠢᠨ ᠰᠤᠳᠤᠨ ᠢᠨᠵᠧᠨᠧᠷᠢᠩ ᠢ ᠡᠬᠦᠳᠴᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠰᠢᠨ᠎ᠡ ᠱᠠᠳᠤᠨ ᠳᠤ ᠲᠦᠯᠬᠢᠨ  ᠠᠬᠢᠭᠤᠯᠬᠤ ᠭᠡᠷᠡᠭᠳᠡᠢ  ᠃       ᠪᠦᠬᠦ  ᠠᠶᠢᠮᠠᠭ   ᠤᠨ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠤᠨ ᠪᠠᠶᠢᠷᠢ ᠶᠢᠨ ᠬᠤᠷᠠᠯᠳᠤᠭᠠᠨ ᠲᠡᠭᠡᠷ᠎ᠡ ᠲᠤᠷᠠᠳᠤᠭᠰᠠᠨ ᠱᠠᠭᠠᠷᠳᠠᠯᠭ᠎ᠠ ᠶᠢᠨ ᠲᠤᠭᠤᠷᠢᠨ ᠳᠤ᠂ ᠮᠠᠨ ᠤ ᠬᠤᠰᠢᠭᠤᠨ ᠤ ᠪᠠᠨ ᠠᠮᠢ ᠠᠬᠤᠢ ᠶᠢᠨ ᠪᠠᠶᠢᠳᠠᠯ ᠲᠠᠢ ᠤᠶᠠᠯᠳᠤᠭᠤᠯᠵᠤ᠂ ᠡᠯᠡᠰᠦᠨ ᠤ ᠡᠬᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠲᠠᠷᠢᠶᠠᠯᠠᠬᠤ ᠶᠢ ᠵᠤᠭᠰᠤᠭᠠᠵᠤ  ᠠᠮᠢ ᠠᠬᠤᠢ ᠶᠢ ᠰᠡᠷᠬᠦᠭᠡᠬᠦ ᠵᠠᠯᠭᠠᠮᠵᠢ ᠠᠵᠤ ᠦᠢᠯᠡᠰ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠦᠭᠴᠦ ᠱᠠᠩᠨᠠᠬᠤ ᠲᠤᠭᠳᠠᠴᠠ ᠵᠡᠷᠭᠡ ᠠᠮᠢ ᠠᠬᠤᠢ ᠶᠢᠨ ᠭᠤᠤᠯᠳᠠᠯᠭ᠎ᠠ  ᠲᠠᠢ ᠢᠨᠵᠧᠨᠧᠷᠢᠩ ᠢ ᠰᠠᠶᠢᠳᠤᠷ ᠠᠳᠬᠤᠵᠤ ᠭᠡᠷᠡᠭᠵᠢᠬᠦᠯᠦᠨ᠂ ᠠᠮᠢ ᠠᠬᠤᠢ ᠶᠢᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠲᠠᠰᠤᠷᠠᠯᠳᠠ ᠦᠬᠡᠢ ᠪᠠᠬᠢᠵᠢᠬᠦᠯᠬᠦ ᠶᠢᠨ ᠬᠠᠮᠳᠤ ᠴᠢᠩᠭᠠᠳᠬᠠᠨ᠎ᠠ᠃ ᠡᠨᠡ  ᠵᠢᠯ  ᠡᠯᠡᠰᠦᠨ ᠤ ᠡᠬᠢ ᠵᠠᠰᠠᠬᠤ ᠢᠨᠵᠧᠨᠧᠷᠢᠩ 5 ᠲᠦᠮᠡᠨ ᠮᠤ᠋   ᠶᠢ  ᠪᠡᠶᠡᠯᠡᠬᠦᠯᠵᠦ  ᠂ ᠲᠠᠷᠢᠶᠠᠯᠠᠬᠤ ᠶᠢ ᠵᠤᠭᠰᠤᠭᠠᠵᠤ  ᠠᠮᠢ ᠠᠬᠤᠢ ᠶᠢ ᠰᠡᠷᠬᠦᠭᠡᠬᠦ ᠵᠠᠯᠭᠠᠮᠵᠢ ᠠᠵᠤ ᠦᠢᠯᠡᠰ ᠤᠨ ᠲᠦᠷᠦᠯ ᠵᠦᠢᠯ   ᠢᠶᠠᠷ 2 ᠲᠦᠮᠡᠨ ᠮᠤ᠋ ᠴᠢᠨᠠᠷ ᠮᠠᠭᠤ ᠠᠰᠢᠭ ᠲᠤᠤᠷ᠎ᠠ ᠤᠢ ᠮᠤᠳᠤ ᠶᠢ  ᠦᠬᠡᠷᠡᠴᠢᠯᠡᠨ  ᠬᠠᠶᠢᠯᠠᠷ ᠨᠠᠷᠠᠰᠤ ᠶᠢᠨ ᠰᠠᠭᠤᠷᠢᠨ ᠭᠠᠵᠠᠷ ᠪᠠᠶᠢᠭᠤᠯᠵᠤ᠂  ᠨᠦᠬᠦᠵᠦ ᠲᠠᠷᠢᠬᠤ ᠲᠠᠯᠠᠪᠠᠢ 4 ᠲᠦᠮᠡᠨ ᠮᠤ᠋  ᠂ ᠦᠨᠳᠦᠰᠦᠨ ᠠᠮᠤ ᠪᠤᠳᠠᠭᠠᠨ ᠤ ᠲᠠᠷᠢᠶᠠᠨ ᠤ ᠪᠦᠳᠦᠭᠡᠨ ᠪᠠᠶᠢᠭᠤᠯᠤᠯᠳᠠ 5000 ᠮᠤ᠋᠂  ᠲᠠᠷᠢᠮᠠᠯ ᠡᠪᠡᠰᠦᠨ ᠤ ᠲᠠᠯᠠᠪᠠᠢ 10000 ᠮᠤ᠋ ᠶᠢ ᠲᠤᠰᠪᠤᠷᠢ ᠪᠡᠶᠡᠯᠡᠬᠦᠯᠦᠨ᠎ᠡ᠃ ᠦᠨᠳᠦᠰᠦᠨ ᠨᠣᠳᠤᠭ ᠪᠡᠯᠴᠢᠬᠡᠷ  ᠤᠨ ᠬᠠᠮᠠᠭᠠᠯᠠᠯᠳᠠ᠂ ᠮᠠᠯ ᠪᠡᠯᠴᠢᠭᠡᠷ ᠤᠨ ᠲᠡᠩᠴᠡᠬᠦᠷᠢ᠂ ᠨᠤᠳᠤᠭ ᠪᠡᠯᠴᠢᠭᠡᠷ ᠤᠨ  ᠰᠢᠯᠵᠢᠯᠳᠡ᠂  ᠤᠢ ᠮᠤᠳᠤᠨ ᠤ ᠦᠮᠴᠢᠯᠡᠯ᠂ ᠤᠰᠤᠨ ᠰᠤᠷᠪᠤᠯᠵᠢ ᠶᠢᠨ ᠬᠠᠮᠢᠶᠠᠷᠤᠯᠳᠠ᠂ ᠠᠭᠤᠷᠬᠠᠢ ᠶᠢᠨ ᠨᠡᠭᠡᠭᠡᠯᠳᠡ᠂ ᠬᠦᠳᠡᠭᠡ ᠲᠤᠰᠬᠤᠨ ᠤ ᠬᠦᠮᠦᠨ ᠠᠮᠠ ᠶᠢᠨ ᠬᠠᠮᠢᠶᠠᠷᠤᠯᠳᠠ ᠬᠢᠭᠡᠳ ᠪᠡᠯᠡ ᠮᠦᠩᠬᠦᠨ ᠤ ᠪᠠᠳᠤᠯᠠᠭ᠎ᠠ ᠵᠡᠷᠭᠡ ᠲᠠᠯ᠎ᠠ ᠨᠤᠳᠤᠭ   ᠢ ᠬᠠᠮᠠᠭᠠᠯᠠᠬᠤ ᠨᠠᠢᠮᠠᠨ ᠲᠦᠷᠢᠮ ᠢ ᠤᠯᠠᠮ ᠴᠢᠨᠠᠭᠰᠢᠳᠠ  ᠲᠡᠬᠦᠯᠳᠡᠷᠵᠢᠬᠦᠯᠦᠨ᠎ᠡ᠃  ᠪᠡᠯᠴᠢᠬᠡᠷᠯᠡᠬᠦᠯᠬᠦ ᠶᠢ ᠴᠠᠭᠠᠵᠠᠯᠠᠬᠤ ᠪᠤᠯᠪᠠᠴᠤ ᠮᠠᠯᠵᠢᠬᠤ ᠶᠢ ᠦᠯᠦ ᠴᠠᠭᠠᠵᠠᠯᠠᠬᠤ ᠵᠠᠷᠴᠢᠮ ᠳᠤ  ᠰᠠᠭᠤᠷᠢᠯᠠᠨ᠂ ᠲᠠᠷᠢᠶᠠᠯᠠᠬᠤ ᠤᠷᠤᠨ ᠳᠤ  ᠪᠤᠭ ᠮᠠᠯ ᠢ ᠪᠦᠬᠦ ᠵᠢᠯ  ᠢᠶᠠᠷ ᠬᠠᠰᠢᠶᠠᠯᠠᠨ ᠮᠠᠯᠵᠢᠬᠤ ᠠᠷᠭ᠎ᠠ ᠶᠢ  ᠴᠢᠩᠭ᠎ᠠ ᠭᠡᠷᠡᠭᠵᠢᠬᠦᠯᠵᠦ᠂ ᠮᠠᠯᠵᠢᠬᠤ ᠤᠷᠤᠨ ᠳᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ  ᠪᠡᠯᠴᠢᠭᠡᠷᠯᠡᠬᠦᠯᠬᠦ ᠶᠢ ᠴᠠᠭᠠᠵᠠᠯᠠᠬᠤ᠂ ᠤᠯᠠᠷᠢᠯ ᠤᠨ ᠴᠢᠨᠠᠷᠳᠠᠢ ᠪᠡᠯᠴᠢᠭᠡᠷ ᠰᠡᠷᠬᠦᠬᠡᠬᠦ ᠂ ᠲᠤᠭᠤᠷᠢᠭ ᠬᠤᠪᠢᠶᠠᠵᠤ ᠰᠡᠯᠬᠦᠨ ᠮᠠᠯᠵᠢᠬᠤ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠴᠢᠩᠭ᠎ᠠ  ᠨᠠᠶᠢᠳᠠᠪᠤᠷᠢᠵᠢᠭᠤᠯᠵᠤ᠂  ᠮᠠᠯᠴᠢᠨ ᠲᠠᠷᠢᠶᠠᠴᠢᠨ ᠢ ᠵᠤᠷᠢᠭᠵᠢᠭᠤᠯᠤᠨ ᠲᠡᠳᠬᠦᠵᠦ ᠪᠠᠶᠢᠭᠠᠳ ᠬᠠᠰᠢᠶᠠᠯᠠᠵᠤ ᠮᠠᠯᠵᠢᠬᠤ  ᠶᠢ  ᠭᠡᠷᠡᠭᠵᠢᠬᠦᠯᠬᠦ ᠶᠢᠨ ᠬᠠᠮᠳᠤ᠂  ᠠᠷᠠᠴᠢᠯᠠᠵᠤ  ᠮᠠᠯᠵᠢᠬᠤ ᠪᠠᠷᠢᠮᠵᠢᠶ᠎ᠠ ᠶᠢ ᠲᠦᠷᠢᠮᠵᠢᠬᠦᠯᠦᠨ᠂ ᠬᠠᠰᠢᠶᠠᠯᠠᠭ᠎ᠠ ᠶᠢᠨ ᠨᠦᠬᠦᠴᠡᠯ ᠪᠠ ᠪᠠᠷᠢᠮᠵᠢᠶ᠎ᠠ ᠳᠤ ᠬᠦᠷᠭᠡᠨ᠎ᠡ᠃ ᠠᠮᠢ ᠠᠬᠤᠢ ᠶᠢᠨ ᠠᠵᠤ ᠠᠬᠤᠢ ᠶᠢᠨ ᠦᠢᠯᠡᠰ ᠤᠨ ᠲᠦᠯᠦᠪᠵᠢᠬᠦᠯᠬᠡ  ᠶᠢ ᠲᠤᠭᠳᠠᠭᠠᠨ᠂ ᠬᠦᠷᠢᠶ᠎ᠡ ᠬᠠᠰᠢᠶᠠᠨ ᠳᠤ ᠮᠤᠳᠤ ᠲᠠᠷᠢᠬᠤ᠂ ᠤᠢ ᠮᠤᠳᠤᠨ ᠤ ᠵᠠᠪᠰᠠᠷ ᠵᠢᠯᠠᠭᠠᠨ ᠳᠤ ᠡᠪᠡᠰᠦ  ᠪᠤᠶᠤ ᠡᠮ ᠲᠠᠷᠢᠬᠤ᠂  ᠦᠨᠳᠦᠷ ᠤᠨᠠᠯᠳᠠᠳᠤ ᠪᠤᠷᠳᠤᠭᠠᠨ ᠰᠠᠭᠤᠷᠢᠨ ᠭᠠᠵᠠᠷ ᠪᠠᠶᠢᠭᠤᠯᠬᠤ ᠵᠡᠷᠭᠡ ᠠᠵᠢᠯ ᠢ ᠦᠷᠨᠢᠬᠦᠯᠦᠨ᠎ᠡ᠃  ᠡᠶ᠎ᠡ ᠵᠤᠬᠢᠴᠠᠯᠳᠠᠢ ᠠᠭᠤᠷᠬᠠᠢ ᠶᠢᠨ ᠤᠷᠤᠨ ᠤ ᠪᠦᠳᠦᠭᠡᠨ ᠪᠠᠶᠢᠭᠤᠯᠤᠯᠳᠠ ᠪᠠ ᠤᠰᠤᠯᠢᠭ  ᠴᠢᠬᠢᠭᠯᠢᠭ ᠭᠠᠵᠠᠷ ᠤᠨ ᠬᠠᠮᠠᠭᠠᠯᠠᠯᠳᠠ ᠶᠢᠨ ᠢᠨᠵᠧᠨᠧᠷᠢᠩ ᠢ ᠭᠠᠵᠠᠷ ᠤᠷᠤᠨ ᠳᠤ ᠲᠤᠬᠢᠷᠠᠭᠤᠯᠤᠨ  ᠭᠡᠷᠡᠭᠵᠢᠬᠦᠯᠵᠦ᠂  ︽207︾ ᠱᠤᠭᠤᠮ ᠤᠨ ᠲᠠᠶᠢᠹᠤᠰᠧ ᠬᠤᠰᠢᠭᠤᠨ ᠳᠠᠬᠢ ᠬᠡᠰᠡᠭ ᠤᠨ ᠭᠠᠵᠠᠷ ᠰᠢᠷᠤᠢ ᠤᠷᠴᠢᠨ ᠲᠤᠭᠤᠷᠢᠨ ᠢ ᠵᠠᠰᠠᠵᠤ ᠰᠡᠷᠬᠦᠬᠡᠬᠦ ᠲᠦᠷᠦᠯ ᠵᠦᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ  ᠡᠬᠢᠯᠡᠨ᠎ᠡ᠃  ᠬᠤᠳᠠ ᠬᠦᠳᠡᠭᠡ  ᠶᠢᠨ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠪᠦᠬᠦ ᠲᠠᠯᠠᠪᠠᠷ ᠴᠢᠩᠭᠠᠳᠬᠠᠨ᠎ᠠ᠃ ᠪᠤᠤᠴᠠᠩ ᠤᠨ ᠡᠮᠦᠨ᠎ᠡ᠂ ᠬᠤᠶᠢᠳᠤ  ᠬᠤᠶᠠᠷ ᠢᠯᠴᠢ ᠬᠠᠩᠭᠠᠬᠤ  ᠲᠤᠭᠤᠷᠢᠭ ᠤᠨ ᠲᠤᠭᠤᠰᠤ  ᠠᠷᠢᠯᠭᠠᠵᠤ ᠬᠦᠬᠦᠷ ᠦᠬᠡᠶᠢᠳᠡᠬᠦᠯᠬᠦ ᠲᠦᠷᠦᠯ ᠵᠦᠢᠯ ᠢ ᠢᠳᠡᠪᠬᠢᠳᠡᠢ ᠪᠠᠷ ᠡᠷᠡᠮᠡᠯᠵᠡᠯᠨ ᠤᠯᠵᠤ᠂ ᠪᠤᠤᠴᠠᠩ ᠪᠠᠯᠭᠠᠰᠤᠨ ᠤ ᠠᠭᠠᠷ ᠤᠨ ᠪᠤᠬᠢᠷᠳᠤᠯ ᠢ ᠰᠢᠢᠳᠪᠦᠷᠢᠯᠡᠨ᠎ᠡ  ᠃  ᠪᠦᠬᠦ ᠬᠤᠰᠢᠭᠤᠨ ᠤ ᠭᠡᠪᠴᠢᠶᠡᠨ ᠳᠤ  ᠬᠦᠳᠡᠭᠡ ᠲᠤᠰᠬᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠦᠯ ᠵᠦᠢᠯ ᠢ ᠭᠡᠷᠡᠭᠵᠢᠬᠦᠯᠵᠦ᠂  ᠵᠢᠵᠢᠭ ᠲᠠᠯᠠᠪᠠᠢ ᠶᠢ ᠲᠦᠪᠯᠡᠷᠡᠬᠦᠯᠬᠦ ᠵᠠᠰᠠᠯᠳᠠ ᠶᠢ ᠬᠢᠨ᠎ᠡ᠃  ᠤᠯᠤᠰ ᠤᠨ  ᠵᠠᠮ᠂ ᠮᠤᠵᠢ ᠶᠢᠨ ᠵᠠᠮ   ᠤᠨ ᠨᠤᠭᠠᠭᠠᠷᠠᠭᠤᠯᠤᠯᠳᠠ   ᠶᠢ ᠲᠦᠷᠭᠡᠳᠬᠡᠵᠦ᠂  ᠬᠤᠳᠠ ᠬᠦᠳᠡᠭᠡ ᠵᠠᠬᠠᠯᠠᠭᠰᠠᠨ ᠭᠠᠵᠠᠷ ᠲᠤ  ᠨᠤᠭᠤᠭᠠᠷᠠᠭᠤᠯᠤᠯᠳᠠ ᠶᠢᠨ ᠪᠦᠰᠡ᠂ ᠲᠤᠰᠠᠭᠠᠷᠯᠠᠬᠤ ᠤᠢ ᠶᠢᠨ ᠪᠦᠰᠡ  ᠭᠠᠷᠭᠠᠵᠤ  ᠮᠤᠳᠤ ᠲᠠᠷᠢᠨ᠎ᠠ᠃     ︵ᠬᠤᠶᠠᠷ︶  ᠠᠵᠤ ᠦᠢᠯᠡᠰ ᠤᠨ ᠪᠦᠷᠢᠯᠳᠦᠴᠡ ᠶᠢ ᠰᠢᠯᠢᠳᠡᠭᠵᠢᠬᠦᠯᠵᠦ᠂ ᠲᠠᠷᠢᠶᠠᠯᠠᠩ ᠮᠠᠯ ᠠᠵᠤ ᠠᠬᠤᠢ  ᠶᠢᠨ ᠤᠳᠤᠬᠢᠴᠢᠯᠠᠯᠳᠠ ᠶᠢ ᠲᠦᠷᠭᠡᠳᠭᠡᠨ᠂  ᠮᠠᠯ ᠲᠠᠷᠢᠶᠠᠯᠠᠩ ᠤᠨ ᠠᠰᠢᠭ ᠪᠠ ᠮᠠᠯᠴᠢᠨ ᠲᠠᠷᠢᠶᠠᠴᠢᠨ ᠤ ᠤᠷᠤᠯᠭ᠎ᠠ  ᠶᠢ ᠨᠡᠮᠡᠭᠳᠡᠬᠦᠯᠬᠦ ᠭᠡᠷᠡᠭᠳᠡᠢ᠃       ᠠᠰᠢᠭ ᠶᠡᠭᠡᠳᠡᠢ ᠤᠰᠤᠨ ᠳᠤ ᠠᠷᠪᠢᠳᠠᠢ ᠲᠠᠷᠢᠶᠠᠯᠠᠩ ᠮᠠᠯᠵᠢᠯ ᠤᠨ ᠦᠢᠯᠡᠰ ᠢ ᠬᠦᠭᠵᠢᠬᠦᠯᠦᠨ᠎ᠡ᠃   ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠬᠠᠮᠤᠭ ᠴᠢᠩᠭ᠎ᠠ ᠲᠦᠷᠢᠮ ᠢ ᠭᠡᠷᠡᠭᠵᠢᠬᠦᠯᠵᠦ᠂ ᠤᠰᠤᠨ ᠰᠤᠷᠪᠤᠯᠵᠢ ᠶᠢᠨ ᠨᠦᠬᠦᠴᠡᠯ ᠪᠤᠯᠤᠨ  ᠭᠠᠵᠠᠷ ᠤᠷᠤᠨ ᠤ ᠪᠠᠶᠢᠳᠠᠯ ᠢ ᠨᠢ ᠦᠨᠳᠦᠰᠦᠯᠡᠨ᠂ ᠰᠦᠷᠴᠢᠨ ᠤᠰᠤᠯᠠᠬᠤ᠂ ᠲᠤᠰᠤᠯᠠᠭᠠᠨ ᠤᠰᠤᠯᠠᠬᠤ ᠵᠡᠷᠭᠡ ᠤᠰᠤᠨ ᠳᠤ ᠠᠷᠪᠢᠳᠠᠢ  ᠲᠦᠬᠦᠭᠡᠷᠦᠮᠵᠢ ᠶᠢ ᠵᠤᠬᠢᠰᠳᠠᠢ  ᠨᠡᠮᠡᠭᠳᠡᠬᠦᠯᠵᠦ᠂ ᠤᠰᠤ ᠠᠷᠪᠢᠯᠠᠬᠤ ᠲᠦᠬᠦᠭᠡᠷᠵᠢᠭᠰᠡᠨ ᠦᠬᠡᠷᠡᠴᠢᠯᠡᠯᠳᠡ ᠪᠠ ᠭᠠᠩ ᠭᠠᠮᠰᠢᠭ ᠲᠠᠢ ᠲᠡᠮᠡᠴᠡᠬᠦ ᠤᠰᠤᠨ ᠰᠤᠷᠪᠤᠯᠵᠢ ᠶᠢᠨ ᠢᠨᠵᠧᠨᠧᠷᠢᠩ   ᠤᠨ ᠪᠦᠳᠦᠭᠡᠨ ᠪᠠᠶᠢᠭᠤᠯᠤᠯᠳᠠ ᠶᠢ ᠰᠠᠶᠢᠨ  ᠬᠢᠬᠦ ᠭᠡᠷᠡᠭᠳᠡᠢ᠃ ᠤᠰᠤ ᠠᠷᠪᠢᠯᠠᠬᠤ ᠪᠠᠷ ᠭᠤᠤᠯᠳᠠᠯᠭ᠎ᠠ ᠪᠤᠯᠭᠠᠨ᠂ ᠡᠨᠡ ᠵᠢᠯ ᠤᠨ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠳᠡ᠂  ︽ ᠲᠦᠷᠪᠡᠨ ᠮᠢᠩᠭᠠᠨ ᠲᠦᠮᠡᠨ ᠮᠤ᠋︾ ᠤᠰᠤ ᠠᠷᠪᠢᠯᠠᠬᠤ ᠲᠠᠯᠠᠪᠠᠢ᠂ ᠭᠠᠵᠠᠷ ᠰᠢᠷᠤᠢ ᠲᠡᠭᠰᠢᠯᠡᠵᠦ ᠵᠠᠰᠠᠬᠤ ᠵᠡᠷᠭᠡ ᠮᠠᠯ ᠲᠠᠷᠢᠶᠠᠯᠠᠩ ᠳᠤ ᠬᠤᠯᠪᠤᠭᠳᠠᠭᠰᠠᠨ ᠲᠦᠷᠦᠯ ᠵᠦᠢᠯ ᠤᠨ ᠭᠡᠷᠡᠭᠵᠢᠬᠦᠯᠬᠦ ᠲᠦᠰᠦᠪ ᠢ  ᠨᠠᠷᠢᠨ ᠨᠢᠮᠪᠠᠢ ᠲᠤᠭᠳᠠᠭᠠᠬᠤ ᠭᠡᠷᠡᠭᠳᠡᠢ᠃  ᠡᠨᠡ  ᠵᠢᠯ ᠲᠤᠰᠤᠯᠠᠭᠠᠨ ᠤᠰᠤᠯᠠᠬᠤ ᠪᠠᠷ ᠭᠤᠤᠯ ᠪᠤᠯᠭᠠᠭᠰᠠᠨ ᠤᠰᠤᠯᠠᠯᠳᠠ ᠶᠢᠨ ᠲᠠᠯᠠᠪᠠᠢ 3.65 ᠲᠦᠮᠡᠨ ᠮᠤ᠋ ᠨᠡᠭᠡᠭᠡᠵᠦ᠂  ᠮᠠᠯᠵᠢᠬᠤ ᠤᠷᠤᠨ ᠳᠤ  ᠦᠨᠳᠦᠷ ᠤᠨᠠᠯᠳᠠᠳᠤ ᠪᠤᠷᠳᠤᠭᠠᠨ ᠰᠠᠭᠤᠷᠢᠨ ᠭᠠᠵᠠᠷ 5500 ᠮᠤ᠋ ᠪᠠᠶᠢᠭᠤᠯᠤᠨ᠎ᠠ᠃      ᠲᠠᠷᠢᠶᠠᠯᠠᠩ ᠮᠠᠯᠵᠢᠯ ᠤᠨ ᠭᠡᠪᠴᠢᠶᠡᠵᠢᠭᠰᠡᠨ ᠬᠦᠭᠵᠢᠯᠳᠡ ᠶᠢ  ᠲᠦᠯᠬᠢᠨ ᠠᠬᠢᠭᠤᠯᠤᠨ᠎ᠠ᠃  ︽ ᠰᠦ᠂ ᠮᠢᠬ᠎ᠠ᠂ ᠲᠦᠮᠦᠰᠦ᠂  ᠨᠤᠭᠤᠭᠠᠨ︾   ᠤ ᠲᠦᠷᠪᠡᠨ ᠰᠠᠭᠤᠷᠢᠨ ᠭᠠᠵᠠᠷ   ᠤᠨ ᠪᠠᠶᠢᠭᠤᠯᠤᠯᠳᠠ ᠶᠢ ᠴᠢᠩᠭᠠᠳᠬᠠᠵᠤ᠂ ᠪᠠᠷᠢᠮᠵᠢᠶᠠᠳᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠡᠢ᠃   ᠮᠠᠯᠵᠢᠯ ᠤᠨ ᠦᠢᠯᠡᠰ ᠨᠢ ᠡᠪᠡᠰᠦ ᠪᠤᠷᠳᠤᠭᠠᠨ ᠤ ᠰᠠᠭᠤᠷᠢᠨ ᠭᠠᠵᠠᠷ᠂ ᠭᠡᠪᠴᠢᠶᠡᠵᠢᠭᠰᠡᠨ ᠮᠠᠯᠵᠢᠯ ᠤᠨ ᠰᠠᠭᠤᠷᠢᠨ ᠭᠠᠵᠠᠷ ᠵᠢᠴᠢ ᠢᠵᠢ ᠪᠦᠷᠢᠳᠦᠭᠰᠡᠨ ᠬᠠᠰᠢᠶ᠎ᠠ ᠰᠠᠷᠠᠪᠴᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠮᠠᠯ ᠤᠨ ᠡᠬᠦᠯᠳᠡᠷ ᠰᠠᠶᠢᠵᠢᠷᠠᠭᠤᠯᠬᠤ ᠪᠠ ᠡᠪᠡᠳᠴᠢᠨ ᠬᠢᠵᠢᠭ ᠰᠡᠷᠭᠡᠶᠢᠯᠡᠬᠦ ᠠᠵᠢᠯ ᠢ ᠰᠠᠶᠢᠨ ᠬᠢᠬᠦ ᠭᠡᠷᠡᠭᠳᠡᠢ᠃ ᠰᠠᠭᠠᠯᠢ ᠶᠢᠨ ᠦᠨᠢᠶ᠎ᠡ ᠪᠠ ᠮᠢᠬᠠᠨ ᠤ ᠦᠬᠡᠷ   ᠤᠨ ᠪᠠᠷᠢᠮᠵᠢᠶᠠᠳᠤ ᠮᠠᠯᠵᠢᠯ ᠤᠨ ᠲᠤᠭᠤᠷᠢᠭ  ᠲᠤᠰᠪᠤᠷᠢ 2 ᠰᠠᠭᠤᠷᠢ   ᠶᠢ ᠨᠡᠮᠡᠭᠳᠡᠬᠦᠯᠵᠦ᠂ ᠰᠠᠭᠠᠯᠢ ᠶᠢᠨ ᠦᠨᠢᠶ᠎ᠡ ᠪᠠ ᠮᠢᠬᠠᠨ ᠤ ᠦᠬᠡᠷ   ᠤᠨ ᠲᠤᠭ᠎ᠠ ᠲᠤᠯᠤᠭᠠᠢ ᠶᠢ ᠲᠤᠰᠪᠤᠷᠢ  3.65 ᠲᠦᠮᠡ  ᠪᠠ 3.1 ᠲᠦᠮᠡ ᠳᠤ  ᠬᠦᠷᠭᠡᠨ᠎ᠡ᠃ ᠵᠢᠵᠢᠭ ᠲᠡᠵᠢᠬᠡᠪᠦᠷᠢ  ᠪᠠ ᠤᠨᠴᠠᠭᠠᠢ ᠲᠡᠵᠢᠬᠡᠪᠦᠷᠢ ᠶᠢᠨ ᠦᠢᠯᠡᠰ ᠢ ᠦᠷᠬᠦᠯᠵᠢᠯᠡᠨ ᠲᠡᠳᠬᠦᠵᠦ  ᠬᠦᠭᠵᠢᠬᠦᠯᠦᠨ᠂  ᠵᠢᠵᠢᠭ ᠲᠡᠵᠢᠬᠡᠪᠦᠷᠢ  ᠮᠠᠯᠵᠢᠬᠤ  ᠲᠠᠯᠠᠪᠠᠢ  8 ᠶᠢ ᠪᠠᠶᠢᠭᠤᠯᠤᠨ᠎ᠠ᠃  ᠲᠠᠷᠢᠶᠠᠯᠠᠬᠤ ᠦᠢᠯᠡᠰ ᠨᠢ ᠢᠳᠡᠰᠢᠨ ᠨᠤᠭᠤᠭ᠎ᠠ᠂ ᠲᠦᠮᠦᠰᠦ᠂ ᠲᠤᠰᠤᠯᠢᠭ ᠲᠠᠷᠢᠮᠠᠯ  ᠲᠠᠷᠢᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠢᠳᠡᠰᠢᠨ ᠨᠤᠭᠤᠭᠠᠨ ᠤ ᠠᠵᠤ ᠦᠢᠯᠡᠰ   ᠤᠨ ᠳ᠋ᠠᠩ ᠴᠤᠯᠭᠤᠢ ᠬᠡᠯᠪᠡᠷᠢ ᠠᠴᠠ ᠤᠯᠠᠨ ᠡᠰᠢᠵᠢᠭᠰᠡᠨ ᠭᠡᠯᠪᠡᠷᠢ  ᠵᠦᠭ  ᠬᠤᠪᠢᠷᠠᠬᠤ ᠶᠢ ᠤᠯᠠᠮ ᠨᠢᠬᠡ ᠠᠯᠬᠤᠮ ᠲᠦᠯᠬᠢᠨ ᠠᠬᠢᠭᠤᠯᠵᠤ  ᠂ ᠢᠳᠡᠰᠢᠨ ᠨᠤᠭᠤᠭ᠎ᠠ ᠲᠠᠷᠢᠬᠤ ᠲᠠᠯᠠᠪᠠᠢ ᠶᠢ 15 ᠲᠦᠮᠡᠨ ᠮᠤ᠋ ᠳᠤ  ᠲᠤᠭᠳᠠᠪᠤᠷᠢᠵᠢᠭᠤᠯᠤᠨ᠎ᠠ᠃ ᠲᠦᠮᠦᠰᠦᠨ ᠤ ᠠᠵᠤ ᠦᠢᠯᠡᠰ ᠤᠨ ᠲᠠᠯᠠᠪᠠᠷ ᠬᠤᠤᠷ ᠦᠬᠡᠶᠢᠳᠡᠬᠦᠯᠦᠭᠰᠡᠨ ᠲᠦᠮᠦᠰᠦ ᠪᠤᠶᠢᠵᠢᠭᠤᠯᠬᠤ ᠪᠠ ᠦᠷ᠎ᠡ ᠶᠢᠨ ᠲᠦᠮᠦᠰᠦ ᠦᠢᠯᠡᠳᠪᠦᠷᠢᠯᠡᠬᠦ ᠠᠵᠢᠯ ᠢ ᠭᠤᠤᠯᠳᠠᠯᠭᠠᠳᠠᠢ ᠰᠠᠶᠢᠨ  ᠠᠳᠬᠤᠵᠤ᠂ ᠲᠦᠮᠦᠰᠦ ᠲᠠᠷᠢᠬᠤ  ᠲᠠᠯᠠᠪᠠᠢ ᠶᠢ 55 ᠲᠦᠮᠡᠨ ᠮᠤ᠋   ᠳᠤ  ᠬᠦᠷᠭᠡᠨ᠎ᠡ᠃  ᠲᠤᠰᠤᠯᠢᠭ ᠲᠠᠷᠢᠮᠠᠯ ᠤᠨ ᠵᠠᠬᠢᠶᠠᠯᠠᠭ᠎ᠠ ᠪᠠᠷ  ᠲᠠᠷᠢᠬᠤ ᠲᠠᠯᠠᠪᠠᠢ ᠶᠢ 18 ᠲᠦᠮᠡᠨ ᠳᠤ ᠬᠦᠷᠭᠡᠨ᠎ᠡ᠃  ᠴᠠᠷᠭᠠᠰᠤ ᠶᠢᠨ ᠦᠷ᠎ᠡ ᠪᠤᠶᠢᠵᠢᠭᠤᠯᠬᠤ ᠪᠠ ᠵᠢᠱᠢᠶ᠎ᠡ  ᠦᠵᠡᠬᠦᠯᠵᠦ ᠲᠠᠷᠢᠬᠤ  ᠬᠤᠶᠠᠷ ᠰᠠᠭᠤᠷᠢᠨ ᠭᠠᠵᠠᠷ ᠤᠨ ᠪᠠᠶᠢᠭᠤᠯᠤᠯᠳᠠ ᠶᠢ ᠰᠠᠶᠢᠨ ᠠᠳᠬᠤᠵᠤ᠂ ᠴᠢᠨᠠᠷ ᠰᠠᠶᠢᠳᠠᠢ ᠴᠠᠷᠭᠠᠰᠤ ᠲᠠᠷᠢᠬᠤ ᠭᠡᠪᠴᠢᠶ᠎ᠡ ᠶᠢ ᠠᠯᠭᠤᠷ ᠢᠶᠠᠷ ᠦᠷᠭᠡᠳᠭᠡᠨ᠎ᠡ᠃ ᠲᠦᠬᠦᠭᠡᠷᠦᠮᠵᠢᠳᠦ ᠲᠠᠷᠢᠶᠠᠯᠠᠩ ᠢ ᠬᠦᠴᠦᠯᠡᠨ ᠬᠦᠭᠵᠢᠬᠦᠯᠵᠦ᠂ ᠢᠳᠡᠰᠢᠨ ᠨᠤᠭᠤᠭᠠᠨ ᠤ ᠬᠦᠯᠡᠮᠵᠢ  ᠂ ᠲᠤᠯᠠᠭᠠᠨ ᠲᠠᠰᠤᠭ ᠢ ᠲᠤᠰᠪᠤᠷᠢ 174 ᠰᠠᠭᠤᠷᠢ ᠪᠠ 20 ᠰᠠᠭᠤᠷᠢ  ᠰᠢᠨ᠎ᠡ ᠪᠠᠷ ᠪᠠᠶᠢᠭᠤᠯᠵᠤ  ᠂  1.5 ᠲᠦᠮᠡᠨ ᠲᠤᠨ ᠤ ᠪᠠᠭᠳᠠᠭᠠᠮᠵᠢ ᠲᠠᠢ ᠲᠦᠮᠦᠰᠦᠨ ᠵᠤᠭᠤᠷᠢ ᠶᠢ  ᠪᠠᠶᠢᠭᠤᠯᠤᠨ᠎ᠠ᠃ ᠲᠠᠷᠢᠶᠠᠯᠠᠩ ᠮᠠᠯᠵᠢᠯ ᠤᠨ ᠲᠠᠭᠠᠭᠤᠯᠤᠭᠴᠢ ᠠᠵᠤ ᠠᠬᠤᠶᠢᠯᠠᠯ᠂ ᠲᠤᠰᠬᠠᠢ ᠬᠤᠷᠰᠢᠶᠠᠵᠢᠯ ᠵᠢᠴᠢ  ᠲᠤᠰᠬᠠᠢ ᠭᠠᠴᠠᠭ᠎ᠠ ᠲᠤᠰᠬᠤᠨ᠂ ᠲᠤᠰᠬᠠᠢ ᠡᠷᠦᠬᠡ   ᠶᠢ ᠲᠡᠳᠬᠦᠨ ᠵᠤᠷᠢᠭᠵᠢᠭᠤᠯᠵᠤ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠡᠵᠡᠩᠨᠡᠯᠳᠡ ᠶᠢᠨ ᠵᠠᠭᠪᠤᠷ ᠢ  ᠬᠦᠭᠵᠢᠬᠦᠯᠦᠨ᠂ ᠲᠦᠮᠦᠰᠦ ᠨᠤᠭᠤᠭ᠎ᠠ ᠲᠠᠷᠢᠬᠤ ᠪᠠ ᠦᠬᠡᠷ ᠬᠤᠨᠢ ᠪᠤᠷᠳᠤᠵᠤ᠂  ᠤᠨᠴᠠᠭᠠᠢ ᠲᠡᠵᠢᠬᠡᠪᠦᠷᠢ ᠮᠠᠯᠵᠢᠬᠤ ᠵᠡᠷᠭᠡ ᠪᠠᠷ ᠭᠤᠤᠯ ᠪᠤᠯᠭᠠᠨ᠂ ᠮᠠᠯ ᠲᠠᠷᠢᠶᠠᠯᠠᠩ ᠳᠤ ᠬᠤᠯᠪᠤᠭᠳᠠᠭᠰᠠᠨ ᠲᠦᠷᠦᠯ ᠵᠦᠢᠯ ᠢᠶᠠᠷ ᠲᠤᠯᠭᠠᠭᠤᠷᠢᠯᠠᠵᠤ᠂  ᠭᠡᠷ ᠪᠦᠯᠢ  ᠪᠠᠷ ᠨᠢᠭᠡᠴᠡᠯᠡᠭᠰᠡᠨ ᠲᠦᠬᠦᠭᠡᠷᠦᠮᠵᠢᠳᠦ ᠲᠠᠷᠢᠶᠠᠯᠠᠩ   ᠢ ᠬᠦᠭᠵᠢᠬᠦᠯᠬᠦ ᠪᠠ ᠪᠦᠳᠦᠭᠡᠨ ᠪᠠᠶᠢᠭᠤᠯᠵᠤ ᠮᠠᠯ ᠮᠠᠯᠵᠢᠬᠤ ᠰᠢᠨ᠎ᠡ ᠵᠠᠮ ᠢ ᠬᠠᠶᠢᠬᠤ ᠭᠡᠷᠡᠭᠳᠡᠢ᠃      ᠲᠠᠷᠢᠶᠠᠯᠠᠩ ᠮᠠᠯᠵᠢᠯ ᠤᠨ ᠠᠵᠤ ᠦᠢᠯᠡᠰᠵᠢᠭᠰᠡᠨ ᠬᠦᠭᠵᠢᠯᠳᠡ ᠶᠢ ᠲᠦᠯᠬᠢᠨ ᠠᠬᠢᠭᠤᠯᠤᠨ᠎ᠠ  ᠃  ᠲᠠᠷᠢᠶᠠᠯᠠᠩ ᠮᠠᠯᠵᠢᠯ ᠤᠨ ᠲᠠᠭᠠᠭᠤᠯᠤᠭᠴᠢ ᠠᠵᠤ ᠠᠬᠤᠶᠢᠯᠠᠯ ᠢ ᠬᠦᠭᠵᠢᠬᠦᠯᠦᠨ  ᠪᠤᠵᠠᠭᠠᠶᠢᠷᠠᠭᠤᠯᠬᠤ ᠶᠢᠨ ᠬᠠᠮᠳᠤ᠂ ᠠᠷᠭ᠎ᠠ ᠤᠬᠠᠭᠠᠨ ᠰᠦᠪᠡᠭᠴᠢᠯᠡᠵᠦ ᠡᠯ᠎ᠡ ᠲᠦᠷᠦᠯ ᠤᠨ ᠮᠠᠯ   ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠨᠠᠷᠢᠯᠢᠭ ᠪᠤᠯᠪᠠᠰᠤᠷᠠᠭᠤᠯᠤᠯᠳᠠ ᠶᠢᠨ ᠠᠵᠤ ᠠᠬᠤᠶᠢᠯᠠᠯ ᠢ ᠤᠷᠢᠨ ᠤᠷᠤᠭᠤᠯᠵᠤ᠂  ᠲᠦᠮᠦᠰᠦ   ᠨᠤᠭᠤᠭ᠎ᠠ᠂  ᠰᠦ ᠮᠢᠬ᠎ᠠ᠂ ᠠᠮᠤ ᠪᠤᠳᠠᠭ᠎ᠠ᠂ ᠲᠤᠰᠤ ᠵᠡᠷᠭᠡ  ᠲᠠᠷᠢᠶᠠᠯᠠᠩ ᠤᠨ  ᠲᠤᠰᠠᠯᠠᠬᠤ ᠪᠦᠳᠦᠭᠡᠭᠳᠡᠬᠦᠨ   ᠢᠶᠠᠷ ᠭᠤᠤᠯ  ᠪᠤᠯᠭᠠᠨ᠂  ᠵᠠᠬᠢᠶᠠᠯᠠᠭ᠎ᠠ ᠶᠢᠨ ᠲᠠᠷᠢᠶᠠᠯᠠᠩ ᠮᠠᠯᠵᠢᠯ   ᠤᠨ ᠬᠡᠯᠪᠡᠷᠢ ᠪᠠᠷ ᠲᠤᠯᠭᠠᠭᠤᠷᠢᠯᠠᠵᠤ᠂  ᠲᠠᠷᠢᠬᠤ᠂ ᠪᠤᠯᠪᠠᠰᠤᠷᠠᠭᠤᠯᠬᠤ᠂ ᠪᠤᠷᠤᠯᠠᠭᠤᠯᠬᠤ ᠨᠢᠬᠡ ᠴᠤᠭᠴᠠᠵᠢᠭᠰᠠᠨ ᠠᠵᠤ ᠦᠢᠯᠡᠰ ᠤᠨ ᠭᠡᠯᠬᠢᠶᠡᠰᠦ ᠶᠢ ᠲᠠᠷᠤᠢ ᠲᠦᠷᠭᠡᠨ ᠲᠡᠬᠦᠯᠳᠡᠷᠵᠢᠬᠦᠯᠬᠦ ᠭᠡᠷᠡᠭᠳᠡᠢ  ᠃        ᠲᠠᠷᠢᠶᠠᠯᠠᠩ ᠮᠠᠯᠵᠢᠯ ᠤᠨ ᠨᠡᠷᠡᠳᠦ  ᠲᠡᠮᠳᠡᠭᠵᠢᠭᠰᠡᠨ ᠬᠦᠭᠵᠢᠯᠳᠡ ᠶᠢ ᠲᠦᠯᠬᠢᠨ ᠠᠬᠢᠭᠤᠯᠤᠨ᠎ᠠ  ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠰᠢᠯᠢᠳᠡᠭ ᠲᠦᠷᠦᠯ ᠢ ᠪᠤᠶᠢᠵᠢᠭᠤᠯᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠪᠠᠷᠢᠮᠵᠢᠶᠠᠳᠤ ᠦᠢᠯᠡᠳᠪᠦᠷᠢᠯᠡᠯ ᠢ ᠲᠦᠯᠬᠢᠨ ᠠᠬᠢᠭᠤᠯᠵᠤ᠂ ᠪᠦᠳᠦᠭᠡᠭᠳᠡᠬᠦᠨ ᠤ ᠶᠠᠰᠤ ᠴᠢᠨᠠᠷ ᠤᠨ ᠪᠠᠷᠢᠮᠵᠢᠶᠠᠨ ᠤ ᠰᠢᠰᠲ᠋ᠧᠮ᠂ ᠮᠡᠷᠭᠡᠵᠢᠯ ᠤᠨ ᠵᠢᠯᠤᠭᠤᠳᠤᠮᠵᠢ ᠶᠢᠨ ᠶᠠᠪᠤᠴᠠ ᠪᠠ ᠰᠢᠯᠭᠠᠨ ᠪᠠᠶᠢᠴᠠᠭᠠᠬᠤ ᠰᠢᠰᠲ᠋ᠧᠮ ᠢ ᠲᠦᠷᠭᠡᠨ ᠲᠡᠬᠦᠯᠳᠡᠷᠵᠢᠬᠦᠯᠵᠦ᠂ ᠪᠤᠬᠢᠷᠳᠤᠯ ᠬᠤᠤᠷᠳᠠᠯ ᠦᠬᠡᠢ᠂ ᠤᠷᠭᠠᠨᠢᠭ ᠪᠦᠳᠦᠭᠡᠭᠳᠡᠬᠦᠨ ᠤ  ᠪᠠᠷᠢᠮᠵᠢᠶᠠᠳᠤ ᠰᠢᠰᠲ᠋ᠧᠮ ᠢ ᠪᠦᠬᠦ ᠬᠦᠴᠦᠨ ᠢᠶᠠᠷ ᠡᠬᠦᠳᠦᠨ  ᠪᠠᠶᠢᠭᠤᠯᠤᠨ᠎ᠠ᠃  ᠪᠤᠬᠢᠷᠳᠤᠯ ᠬᠤᠤᠷᠳᠠᠯ ᠦᠬᠡᠢ᠂ ᠤᠷᠭᠠᠨᠢᠭ ᠪᠦᠳᠦᠭᠡᠭᠳᠡᠬᠦᠨ ᠤ ᠰᠠᠭᠤᠷᠢᠨ ᠭᠠᠵᠠᠷ ᠢᠶᠠᠷ ᠰᠢᠯᠭᠠᠨ ᠭᠡᠷᠡᠴᠢᠯᠡᠬᠦᠯᠬᠦ ᠬᠦᠷᠢᠶ᠎ᠡ ᠬᠡᠪᠴᠢᠶ᠎ᠡ ᠶᠢ ᠤᠯᠠᠮ ᠨᠢᠬᠡ ᠠᠯᠬᠤᠮ ᠦᠷᠭᠡᠳᠭᠡᠨ᠂ ᠮᠠᠨ ᠤ ᠬᠤᠰᠢᠭᠤᠨ ᠤ  ︽ᠴᠠᠬᠠᠷ︾  ᠪᠤᠬᠢᠷᠳᠤᠯ ᠬᠤᠤᠷᠳᠠᠯ ᠦᠬᠡᠢ ᠤᠷᠭᠠᠨᠢᠭ ᠪᠦᠳᠦᠭᠡᠭᠳᠡᠬᠦᠨ ᠤ ᠨᠡᠷᠡᠳᠦ ᠲᠡᠮᠳᠡᠭ ᠤᠨ ᠨᠦᠯᠦᠬᠡᠯᠡᠬᠦ ᠬᠦᠴᠦᠨ ᠢ ᠲᠠᠰᠤᠷᠠᠯᠳᠠ ᠦᠬᠡᠢ ᠶᠡᠭᠡᠰᠭᠡᠨ᠎ᠡ᠃  ᠪᠦᠬᠦ ᠬᠤᠰᠢᠭᠤᠨ ᠤ ᠨᠡᠶᠢᠳᠡ  ᠶᠢᠨ ᠬᠤᠤᠷᠳᠠᠯ ᠦᠬᠡᠢ ᠰᠠᠭᠤᠷᠢᠨ ᠭᠠᠵᠠᠷ ᠪᠤᠯᠤᠨ 22.2 ᠲᠦᠮᠡᠨ ᠮᠤ᠋ ᠪᠤᠬᠢᠷᠳᠤᠯ ᠦᠬᠡᠢ ᠲᠦᠮᠦᠰᠦᠨ ᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠪᠠᠳᠤᠳᠬᠠᠭᠰᠠᠨ ᠰᠠᠭᠤᠷᠢᠨ ᠲᠡᠭᠡᠷ᠎ᠡ᠂ ᠬᠦᠭᠵᠢᠯᠳᠡ ᠶᠢᠨ ᠬᠡᠪᠴᠢᠶ᠎ᠡ ᠶᠢ ᠦᠷᠬᠦᠯᠵᠢᠯᠡᠨ ᠦᠷᠭᠡᠳᠭᠡᠬᠦ ᠶᠢᠨ ᠬᠠᠮᠳᠤ᠂ ᠪᠤᠰᠤᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠵᠢᠴᠢ ᠪᠤᠬᠢᠷᠳᠤᠯ ᠦᠬᠡᠢ ᠲᠠᠷᠢᠮᠠᠯ ᠤᠨ ᠰᠠᠭᠤᠷᠢᠨ ᠭᠠᠵᠠᠷ ᠤᠨ ᠰᠢᠯᠭᠠᠨ ᠭᠡᠷᠡᠴᠢᠯᠡᠬᠦᠯᠬᠦ ᠠᠵᠢᠯ ᠢ ᠰᠠᠶᠢᠨ ᠬᠢᠨ᠎ᠡ᠃      ᠲᠠᠷᠢᠶᠠᠯᠠᠩ ᠮᠠᠯᠵᠢᠯ ᠤᠨ ᠲᠤᠰᠬᠠᠶᠢᠵᠢᠭᠰᠠᠨ ᠬᠦᠭᠵᠢᠯᠳᠡ ᠶᠢ ᠲᠦᠯᠬᠢᠨ ᠠᠬᠢᠭᠤᠯᠤᠨ᠎ᠠ  ᠃  ᠬᠠᠤᠯᠢ ᠶᠤᠰᠤᠭᠠᠷ᠂ ᠰᠠᠶᠢᠨ ᠲᠤᠷ᠎ᠠ ᠠᠴᠠ ᠪᠠᠨ᠂  ᠦᠨ᠎ᠡ ᠲᠦᠯᠦᠪᠦᠷᠢ ᠲᠠᠢ ᠪᠠᠶᠢᠬᠤ ᠶᠢ ᠪᠠᠳᠤᠯᠠᠭᠰᠠᠨ ᠰᠠᠭᠤᠷᠢᠨ ᠲᠡᠭᠡᠷ᠎ᠡ᠂ ᠭᠠᠵᠠᠷ ᠰᠢᠷᠤᠢ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠠᠵᠢᠯ ᠢ  ᠶᠠᠪᠤᠭᠳᠠᠭᠤᠯᠵᠤ᠂ ᠲᠠᠷᠢᠶᠠᠯᠠᠩ ᠮᠠᠯᠵᠢᠯ  ᠤᠨ ᠲᠤᠬᠢᠷᠠᠮᠵᠢᠳᠠᠢ ᠭᠡᠪᠴᠢᠶᠡᠵᠢᠭᠰᠡᠨ ᠡᠵᠡᠩᠨᠡᠯᠳᠡ ᠶᠢ ᠠᠬᠢᠭᠤᠯᠬᠤ ᠭᠡᠷᠡᠭᠳᠡᠢ᠃ ᠮᠠᠯᠴᠢᠨ ᠲᠠᠷᠢᠶᠠᠴᠢᠨ ᠢ ᠤᠷᠮᠠᠰᠢᠭᠤᠯᠤᠨ ᠲᠡᠳᠬᠦᠵᠦ᠂ ᠬᠤᠷᠰᠢᠶᠠᠵᠢᠯ ᠤᠨ ᠵᠠᠮ ᠢᠶᠠᠷ ᠵᠠᠮᠨᠠᠭᠤᠯᠤᠨ᠂ ᠬᠦᠭᠵᠢᠯᠳᠡ ᠶᠢᠨ ᠲᠤᠮᠳᠠ ᠲᠦᠷᠢᠮᠵᠢᠬᠦᠯᠵᠦ᠂ ᠲᠦᠷᠢᠮᠵᠢᠬᠦᠯᠬᠦ ᠶᠢᠨ ᠲᠠᠭᠠᠤ ᠠᠬᠢᠭᠤᠯᠬᠤ ᠭᠡᠷᠡᠭᠳᠡᠢ᠃  ᠵᠢᠱᠢᠶ᠎ᠡ ᠲᠠᠭᠤᠷᠢᠶᠠᠯ ᠪᠤᠯᠤᠭᠰᠠᠨ ᠬᠤᠷᠰᠢᠶᠠᠵᠢᠯ   ᠢ  ᠲᠡᠳᠬᠦᠵᠦ ᠭᠡᠪᠴᠢᠶ᠎ᠡ ᠶᠢ ᠨᠢ ᠦᠷᠭᠡᠳᠭᠡᠨ᠂ ᠠᠵᠤ ᠠᠬᠤᠶᠢᠯᠠᠯ ᠲᠡᠰᠢ ᠬᠦᠭᠵᠢᠬᠦ ᠵᠠᠮ ᠳᠤ ᠤᠷᠤᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠬᠢ ᠨᠡᠶᠢᠳᠡᠯᠡᠬᠦ᠂ ᠰᠢᠨ᠎ᠡ ᠮᠡᠷᠭᠡᠵᠢᠯ ᠲᠡᠯᠭᠡᠷᠡᠬᠦᠯᠬᠦ ᠂ ᠮᠠᠰᠢᠨ ᠲᠦᠬᠦᠭᠡᠷᠦᠮᠵᠢ ᠵᠠᠰᠠᠵᠤ ᠰᠡᠯᠪᠢᠬᠦ᠂ ᠬᠤᠷᠤᠬᠠᠢ ᠰᠢᠪᠠᠵᠢ ᠰᠡᠷᠭᠡᠶᠢᠯᠡᠬᠦ ᠵᠡᠷᠭᠡ ᠦᠢᠯᠡᠴᠢᠯᠡᠬᠡᠨ ᠤ ᠭᠡᠯᠪᠡᠷᠢᠳᠦ ᠲᠤᠰᠬᠠᠢ ᠬᠤᠷᠰᠢᠶᠠᠵᠢᠯ ᠤᠨ ᠬᠠᠷᠢᠴᠠᠯ ᠢ ᠨᠡᠮᠡᠭᠳᠡᠬᠦᠯᠦᠨ᠂ ᠦᠢᠯᠡᠳᠪᠦᠷᠢᠯᠡᠯ ᠠᠴᠠ ᠡᠮᠦᠨᠡᠬᠢ᠂ ᠦᠢᠯᠡᠳᠪᠦᠷᠢᠯᠡᠯ ᠤᠨ ᠶᠠᠪᠤᠴᠠ ᠳᠠᠬᠢ ᠪᠠ ᠦᠢᠯᠡᠳᠪᠦᠷᠢᠯᠡᠯ ᠠᠴᠠ ᠬᠤᠶᠢᠰᠢᠬᠢ ᠪᠦᠬᠦ ᠠᠯᠬᠤᠮ ᠶᠠᠪᠤᠴᠠ ᠳᠤ ᠨᠡᠪᠳᠡᠷᠡᠭᠰᠡᠨ ᠤᠯᠠᠨ ᠡᠰᠢᠵᠢᠭᠰᠡᠨ ᠦᠢᠯᠡᠴᠢᠯᠡᠬᠡᠨ ᠤ ᠲᠠᠪᠴᠠᠩ ᠢ ᠠᠯᠬᠤᠮ ᠠᠯᠬᠤᠮ ᠢᠶᠠᠷ ᠪᠠᠶᠢᠭᠤᠯᠬᠤ ᠭᠡᠷᠡᠭᠳᠡᠢ᠃ ᠬᠤᠷᠰᠢᠶᠠᠵᠢᠯ ᠢ ᠲᠡᠳᠬᠦᠬᠦ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠭᠡᠷᠡᠭᠵᠢᠬᠦᠯᠵᠦ᠂ ᠡᠯ᠎ᠡ ᠲᠦᠷᠦᠯ ᠤᠨ ᠮᠦᠩᠬᠦᠨ ᠬᠦᠢᠯᠬᠡᠬᠡᠨ  ᠤ ᠪᠠᠶᠢᠭᠤᠯᠤᠮᠵᠢ ᠨᠢ ᠲᠠᠷᠢᠶᠠᠯᠠᠩ  ᠮᠠᠯᠵᠢᠯ ᠢ ᠲᠡᠳᠬᠦᠬᠦ ᠵᠢᠭᠡᠯᠡᠯᠭᠡ ᠶᠢᠨ ᠮᠦᠩᠬᠦ 11.7 ᠳ᠋ᠦᠩᠰᠢᠭᠤᠷ  ᠲᠦᠬᠦᠷᠢᠭ  ᠲᠠᠷᠬᠠᠭᠠᠨ᠂ ᠡᠬᠦᠨ ᠤ ᠲᠤᠳᠤᠷ᠎ᠠ ᠬᠤᠷᠰᠢᠶᠠᠵᠢᠯ ᠢ ᠲᠡᠳᠬᠦᠬᠦ ᠵᠢᠭᠡᠯᠡᠯᠭᠡ 9000 ᠲᠦᠮᠡᠨ ᠲᠦᠬᠦᠷᠢᠭ  ᠲᠠᠷᠬᠠᠭᠠᠨ᠎ᠠ᠃      ︵ ᠭᠤᠷᠪᠠ  ︶ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠬᠡᠯᠪᠡᠷᠢ ᠶᠢᠨ ᠬᠤᠪᠢᠷᠠᠭᠤᠯᠤᠯᠳᠠ ᠶᠢ ᠲᠦᠷᠭᠡᠳᠭᠡᠨ᠂ ᠠᠵᠤ ᠦᠢᠯᠡᠳᠪᠦᠷᠢ ᠶᠢᠨ ᠬᠦᠭᠵᠢᠯᠳᠡ ᠲᠡᠭᠡᠷ᠎ᠡ ᠰᠢᠨ᠎ᠡ ᠰᠢᠪᠳᠤᠯᠤᠯᠳᠠ ᠭᠠᠷᠭᠠᠬᠤ ᠭᠡᠷᠡᠭᠳᠡᠢ᠃         ᠠᠵᠤ ᠦᠢᠯᠡᠰ ᠤᠨ ᠤᠷᠤᠨ ᠲᠤᠭᠤᠷᠢᠭ ᠤᠨ ᠲᠦᠪᠯᠡᠷᠡᠭᠰᠡᠨ ᠬᠦᠭᠵᠢᠯᠳᠡ ᠶᠢ ᠯᠠᠪᠳᠠᠭᠤᠨ ᠢᠶᠠᠷ ᠠᠬᠢᠭᠤᠯᠤᠨ᠎ᠠ᠃ ᠠᠵᠤ ᠦᠢᠯᠡᠳᠪᠦᠷᠢ ᠶᠢᠨ ᠤᠷᠤᠨ ᠲᠤᠭᠤᠷᠢᠭ ᠢ ᠠᠵᠤ ᠠᠬᠤᠢ ᠶᠢᠨ ᠡᠷᠬᠢᠯᠳᠦᠯ ᠤᠨ ᠶᠠᠰᠤ ᠴᠢᠨᠠᠷ  ᠢ ᠰᠠᠶᠢᠵᠢᠷᠠᠭᠤᠯᠬᠤ ᠴᠢᠬᠤᠯᠠ ᠭᠠᠷᠳᠠᠴᠠ ᠪᠤᠯᠭᠠᠵᠤ᠂ ᠤᠳᠤ ᠪᠠᠶᠢᠭ᠎ᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠡᠳ᠋ᠰᠢᠬᠦᠯᠦᠨ ᠪᠤᠯᠪᠠᠰᠤᠷᠠᠭᠤᠯᠬᠤ ᠤᠷᠤᠨ ᠲᠤᠭᠤᠷᠢᠭ᠂ ᠲᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠦᠳᠦᠭᠡᠬᠦ ᠤᠷᠤᠨ ᠲᠤᠭᠤᠷᠢᠭ᠂ ᠦᠨᠳᠦᠷ ᠴᠢᠳᠠᠪᠬᠢᠳᠤ ᠤᠷᠤᠨ ᠲᠤᠭᠤᠷᠢᠭ ᠵᠡᠷᠭᠡ ᠶᠢ ᠪᠦᠬᠦ ᠲᠠᠯᠠᠪᠠᠷ ᠪᠤᠳᠤᠯᠬᠢᠯᠠᠵᠤ  ᠂  ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠪᠦᠬᠦᠶᠢᠯᠡ  ᠴᠤᠭᠴᠠ ᠶᠢᠨ ᠲᠦᠯᠦᠪᠵᠢᠬᠦᠯᠬᠡ ᠶᠢ ᠲᠦᠷᠭᠡᠨ ᠲᠤᠭᠳᠠᠭᠠᠵᠤ᠂ ᠤᠷᠤᠨ ᠲᠤᠭᠤᠷᠢᠭ ᠤᠨ ᠤᠰᠤ᠂ ᠵᠠᠮ᠂ ᠴᠠᠬᠢᠯᠭᠠᠨ ᠵᠡᠷᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠤᠯᠠᠮ  ᠴᠢᠨᠠᠭᠰᠢᠳᠠ ᠲᠡᠬᠦᠯᠳᠡᠷᠵᠢᠬᠦᠯᠵᠦ᠂ ᠲᠠᠭᠠᠭᠠᠴᠠ ᠴᠢᠳᠠᠪᠤᠷᠢ   ᠪᠠᠷ ᠠᠲᠠᠳᠠᠬᠤ ᠬᠦᠴᠦᠨ ᠢ ᠨᠢ ᠨᠡᠮᠡᠭᠳᠡᠬᠦᠯᠦᠨ᠂ ᠡᠯ᠎ᠡ ᠲᠦᠷᠦᠯ ᠤᠨ ᠠᠵᠤ ᠠᠬᠤᠶᠢᠯᠠᠯ ᠢ ᠬᠠᠪᠰᠤᠷᠤᠨ  ᠵᠢᠯᠤᠭᠤᠳᠴᠤ  ᠪᠠᠶᠢᠭᠠᠳ ᠤᠷᠤᠨ ᠲᠤᠭᠤᠷᠢᠭ ᠲᠤ ᠲᠦᠪᠯᠡᠷᠡᠬᠦᠯᠦᠨ᠂  ᠲᠡᠬᠦᠪᠡᠷ ᠤᠷᠤᠨ ᠲᠤᠭᠤᠷᠢᠭ   ᠤᠨ ᠭᠠᠶᠢᠯᠢ ᠶᠢᠨ ᠬᠤᠷᠢᠶᠠᠯᠳᠠ ᠶᠢ ᠨᠡᠮᠡᠭᠳᠡᠬᠦᠯᠵᠦ᠂ ᠠᠵᠢᠯ ᠤᠯᠬᠤ ᠶᠢ ᠲᠠᠶᠢᠴᠢᠯᠠᠬᠤ ᠭᠤᠤᠯ ᠬᠦᠴᠦᠨ ᠪᠤᠯᠭᠠᠨ᠎ᠠ᠃       ᠠᠵᠤ ᠦᠢᠯᠡᠳᠪᠦᠷᠢ ᠶᠢᠨ ᠭᠤᠤᠯᠳᠠᠯᠭᠠᠳᠠᠢ ᠲᠦᠷᠦᠯ ᠵᠦᠢᠯ ᠤᠨ ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠤᠨ᠎ᠠ  ᠃  ︽ᠲᠦᠷᠦᠬᠦᠴᠢ ᠬᠤᠭᠤᠴᠠᠭᠠᠨ ᠤ ᠲᠦᠷᠦᠯ ᠵᠦᠢᠯ   ᠤᠨ  ᠲᠤᠭᠳᠠᠪᠤᠷᠢᠵᠢᠯᠳᠠ ᠶᠢ ᠠᠳᠬᠤᠬᠤ᠂ ᠲᠤᠭᠳᠠᠪᠤᠷᠢᠵᠢᠭᠰᠠᠨ ᠲᠦᠷᠦᠯ ᠵᠦᠢᠯ   ᠤᠨ  ᠦᠢᠯᠡᠳᠪᠦᠷᠢᠯᠡᠯ ᠢ ᠠᠳᠬᠤᠬᠤ᠂   ᠦᠢᠯᠡᠳᠪᠦᠷᠢᠯᠡᠯ ᠡᠬᠢᠯᠡᠭᠰᠡᠨ ᠲᠦᠷᠦᠯ ᠵᠦᠢᠯ ᠤᠨ ᠦᠷ᠎ᠡ ᠠᠰᠢᠭ ᠢ ᠠᠳᠬᠤᠬᠤ︾ ᠱᠠᠭᠠᠷᠳᠠᠯᠭ᠎ᠠ ᠶᠤᠰᠤᠭᠠᠷ᠂ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠦᠨᠡᠨᠬᠦ  ᠴᠢᠩᠭᠠᠳᠬᠠᠬᠤ ᠭᠡᠷᠡᠭᠳᠡᠢ᠃  ᠤᠳᠤ ᠪᠠᠶᠢᠭ᠎ᠠ ᠠᠵᠤ ᠠᠬᠤᠶᠢᠯᠠᠯ  ᠤᠨ ᠴᠢᠨᠠᠷ ᠢ ᠰᠠᠶᠢᠵᠢᠷᠠᠭᠤᠯᠵᠤ ᠠᠰᠢᠭ ᠢ  ᠨᠡᠮᠡᠭᠳᠡᠬᠦᠯᠦᠨ᠂ ᠰᠢᠨ᠎ᠡ ᠪᠠᠷ  ᠭᠡᠷᠡᠭᠵᠢᠬᠦᠯᠦᠭᠰᠡᠨ ᠲᠦᠷᠦᠯ ᠵᠦᠢᠯ ᠤᠨ ᠡᠵᠡᠩᠨᠡᠯᠳᠡ ᠶᠢ ᠲᠦᠷᠭᠡᠨ ᠡᠬᠢᠯᠡᠬᠦᠯᠦᠨ᠎ᠡ᠃  2013 ᠤᠨ ᠳᠤ ᠲᠠᠯ᠎ᠠ ᠨᠤᠳᠤᠭ ᠠᠷᠢᠬᠢᠨ ᠦᠢᠯᠡᠳᠪᠦᠷᠢ  2.3 ᠳ᠋ᠦᠩᠰᠢᠭᠤᠷ ᠲᠦᠬᠦᠷᠢᠭ ᠤᠨ ᠦᠢᠯᠡᠳᠪᠦᠷᠢᠯᠡᠯ ᠤᠨ ᠦᠷᠳᠡᠭ ᠪᠡᠶᠡᠯᠡᠬᠦᠯᠵᠦ᠂  ᠠᠳᠠᠯᠢ ᠬᠤᠭᠤᠴᠠᠭᠠᠨ ᠠᠴᠠ 10.2% ᠪᠠᠷ ᠨᠡᠮᠡᠭᠳᠡᠬᠦᠯᠦᠨ  ︔   ᠬᠤᠩ ᠵᠢᠩ  ᠶᠤᠸᠠᠨ ᠲᠤᠰᠤᠨ ᠤ ᠺᠤᠮᠫᠠᠨᠢ 8500 ᠲᠦᠮᠡᠨ ᠲᠦᠬᠦᠷᠢᠭ   ᠤᠨ ᠦᠢᠯᠡᠳᠪᠦᠷᠢᠯᠡᠯ ᠤᠨ ᠦᠷᠳᠡᠭ ᠪᠡᠶᠡᠯᠡᠬᠦᠯᠵᠦ᠂ 7.6 % ᠪᠠᠷ  ᠨᠡᠮᠡᠭᠳᠡᠬᠦᠯᠬᠦ ᠶᠢᠨ ᠬᠠᠮᠳᠤ᠂  ᠨᠤᠬᠠᠢ ᠶᠢᠨ ᠬᠤᠰᠢᠭᠤ ᠪᠤᠯᠪᠠᠰᠤᠷᠠᠭᠤᠯᠬᠤ ᠲᠦᠷᠦᠯ ᠵᠦᠢᠯ   ᠢᠶᠠᠨ 6 ᠰᠠᠷ᠎ᠠ ᠳᠤ ᠡᠬᠢᠯᠡᠬᠦᠯᠬᠦ ᠪᠠᠷ ᠴᠢᠷᠮᠠᠶᠢᠨ᠎ᠠ  ︔   ᠰᠧ ᠬᠠᠢ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠺᠤᠮᠫᠠᠨᠢ ᠲᠡᠵᠢᠬᠡᠯ ᠪᠤᠷᠳᠤᠭᠠᠨ ᠤ ᠦᠢᠯᠡᠳᠪᠦᠷᠢᠯᠡᠯ ᠤᠨ ᠱᠤᠭᠤᠮ  ᠤᠨ ᠦᠬᠡᠷᠡᠴᠢᠯᠡᠯᠳᠡ ᠶᠢᠨ ᠲᠦᠷᠦᠯ ᠵᠦᠢᠯ ᠳᠤ ᠬᠠᠮᠵᠢᠯᠴᠠᠨ  ᠂ ᠵᠢᠯ ᠳᠤ 10000 ᠲᠤᠨ  ᠪᠤᠷᠳᠤᠭ᠎ᠠ ᠦᠢᠯᠡᠳᠪᠦᠷᠢᠯᠡᠬᠦ ᠪᠠᠷ ᠴᠢᠷᠮᠠᠶᠢᠨ᠎ᠠ︔ ᠲᠠᠶᠢᠹᠤᠰᠧ ᠬᠤᠰᠢᠭᠤᠨ ᠤ ᠦᠨᠳᠦᠰᠦᠳᠡᠨ ᠤ ᠢᠳᠡᠭᠡᠨ ᠤ ᠦᠢᠯᠡᠳᠪᠦᠷᠢ ᠶᠢ ᠨᠡᠬᠦᠯᠬᠡᠵᠦ ᠮᠡᠷᠭᠡᠵᠢᠯ ᠤᠨ ᠦᠭᠡᠷᠡᠴᠢᠯᠡᠯᠳᠡ ᠬᠢᠬᠦ ᠲᠦᠷᠦᠯ ᠵᠦᠢᠯ ᠢ 5 ᠰᠠᠷ᠎ᠠ ᠳᠤ  ᠡᠬᠢᠯᠡᠬᠦᠯᠦᠨ᠎ᠡ︔ ᠤᠯᠤᠰ ᠤᠨ ᠴᠠᠬᠢᠯᠭᠠᠨ ᠬᠦᠴᠦᠨ ᠤ ᠲᠠᠶᠢᠹᠤᠰᠧ ᠬᠤᠰᠢᠭᠤᠨ ᠳᠠᠬᠢ ᠺᠤᠮᠫᠠᠨᠢ  1 ᠳ᠋ᠦᠩᠰᠢᠭᠤᠷ ᠲᠦᠬᠦᠷᠢᠭ ᠤᠨ ᠦᠢᠯᠡᠳᠪᠦᠷᠢᠯᠡᠯ  ᠤᠨ ᠦᠷᠳᠡᠭ ᠪᠡᠶᠡᠯᠡᠬᠦᠯᠵᠦ᠂ 11.1% ᠪᠠᠷ ᠨᠡᠮᠡᠭᠳᠡᠬᠦᠯᠦᠨ  ︔ ᠤᠯᠤᠰ ᠤᠨ ᠴᠠᠬᠢᠯᠭᠠᠨ ᠬᠦᠴᠦᠨ ᠤ ᠺᠤᠮᠫᠠᠨᠢ  ᠶᠢᠨ 5 ᠰᠠᠶ᠎ᠠ ᠸᠠᠲ ᠤᠨ ᠭᠡᠷᠡᠯ ᠸᠤᠯᠲ   ᠪᠠᠷ ᠴᠠᠬᠢᠯᠭᠠᠨ ᠡᠬᠦᠰᠭᠡᠬᠦ ᠲᠦᠷᠦᠯ ᠵᠦᠢᠯ   ᠤᠨ ᠪᠦᠳᠦᠭᠡᠨ ᠪᠠᠶᠢᠭᠤᠯᠤᠯᠳᠠ ᠶᠢ ᠡᠬᠢᠯᠡᠨ᠎ᠡ︔ ᠴᠠᠩ ᠰᠢᠨ ᠬᠢᠮᠢ ᠶᠢᠨ ᠠᠵᠤ ᠦᠢᠯᠡᠳᠪᠦᠷᠢ 2.63 ᠳ᠋ᠦᠩᠰᠢᠭᠤᠷ ᠲᠦᠬᠦᠷᠢᠭ   ᠤᠨ ᠦᠢᠯᠡᠳᠪᠦᠷᠢᠯᠡᠯ ᠤᠨ ᠦᠷᠳᠡᠭ ᠪᠡᠶᠡᠯᠡᠬᠦᠯᠵᠦ᠂ 128 % ᠪᠠᠷ ᠨᠡᠮᠡᠭᠳᠡᠬᠦᠯᠦᠨ  ︔ ᠯᠦᠩ ᠴᠠᠩ ᠰᠢᠷᠭᠠᠭᠠᠨ ᠪᠤᠯᠪᠠᠰᠤᠷᠠᠭᠤᠯᠬᠤ ᠺᠤᠮᠫᠠᠨᠢ ᠵᠤᠤᠬ᠎ᠠ ᠪᠠᠨ ᠦᠭᠡᠷᠡᠴᠢᠯᠡᠵᠦ ᠮᠡᠷᠭᠡᠵᠢᠯ ᠢᠶᠠᠨ ᠰᠠᠶᠢᠵᠢᠷᠠᠭᠤᠯᠬᠤ ᠲᠦᠷᠦᠯ ᠵᠦᠢᠯ ᠢ ᠪᠡᠶᠡᠯᠡᠬᠦᠯᠵᠦ᠂ ᠬᠤᠶᠠᠷ ᠰᠠᠭᠤᠷᠢ ᠵᠤᠤᠬ᠎ᠠ ᠶᠢᠨ ᠪᠠᠶᠢᠭᠤᠯᠤᠯᠳᠠ ᠶᠢ ᠡᠬᠢᠯᠡᠬᠦ ᠪᠠᠷ ᠴᠢᠷᠮᠠᠶᠢᠨ᠎ᠠ︔ ᠯᠢᠲ ᠢᠶᠤᠨ ᠳ᠋ᠢᠶᠠᠨ ᡂᠢ ᠦᠢᠯᠡᠳᠪᠦᠷᠢᠯᠡᠬᠦ ᠲᠦᠷᠦᠯ ᠵᠦᠢᠯ ᠵᠢᠯ ᠳᠤ 500 ᠲᠦᠮᠡᠨ ᠠᠮᠫᠧᠷ ᠴᠠᠭ ᠤᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠬᠤ ᠪᠠᠷ ᠴᠢᠷᠮᠠᠶᠢᠨ᠎ᠠ︔ ᠬᠤᠩ ᠶᠧ ᠠᠭᠤᠷᠬᠠᠢ ᠶᠢᠨ ᠦᠢᠯᠡᠰ ᠤᠨ ᠺᠤᠮᠫᠠᠨᠢ 4300 ᠲᠦᠮᠡᠨ ᠲᠦᠬᠦᠷᠢᠭ ᠤᠨ ᠦᠢᠯᠡᠳᠪᠦᠷᠢᠯᠡᠯ ᠤᠨ ᠦᠷᠳᠡᠭ ᠪᠡᠶᠡᠯᠡᠬᠦᠯᠵᠦ  ᠂ ᠬᠤᠤ ᠬᠤᠸᠠ  ᠴᠠᠩ ᠵᠢᠶᠠᠩ ᠠᠭᠤᠷᠬᠠᠢ ᠶᠢᠨ ᠦᠢᠯᠡᠰ ᠤᠨ ᠺᠤᠮᠫᠠᠨᠢ 2600 ᠲᠦᠮᠡᠨ ᠲᠦᠬᠦᠷᠢᠭ   ᠤᠨ ᠦᠢᠯᠡᠳᠪᠦᠷᠢᠯᠡᠯ ᠤᠨ ᠦᠷᠳᠡᠭ ᠪᠡᠶᠡᠯᠡᠬᠦᠯᠦᠨ  ᠂ ᠱᠠ ᠽᠢ ᠭᠸᠦ ᠶᠢᠨ ᠸᠤᠯᠹᠷᠤᠮ‌ᠮᠤᠯᠢᠪᠳᠧᠨ ᠤ ᠤᠯᠠᠨ ᠲᠡᠮᠦᠷᠯᠢᠭᠳᠦ ᠠᠭᠤᠷᠬᠠᠢ ᠶᠢᠨ ᠲᠦᠷᠦᠯ ᠵᠦᠢᠯ  ᠪᠤᠯᠤᠨ ᠴᠠᠩ ᠵᠢᠶᠠᠩ ᠠᠭᠤᠷᠬᠠᠢ ᠶᠢᠨ ᠦᠢᠯᠡᠰ   ᠤᠨ ᠴᠢᠶᠠᠨ ᠶᠢᠨ ᠭᠸᠦ ᠳᠠᠬᠢ ᠴᠠᠭᠠᠨ ᠲᠤᠭᠤᠯᠭ᠎ᠠ ᠶᠢᠨ ᠤᠯᠠᠨ ᠲᠡᠮᠦᠷᠯᠢᠭᠳᠦ ᠠᠭᠤᠷᠬᠠᠢ ᠶᠢᠨ ᠲᠦᠷᠦᠯ ᠵᠦᠢᠯ   ᠤᠨ ᠪᠠᠶᠢᠭᠤᠯᠤᠯᠳᠠ ᠶᠢ ᠢᠳᠡᠪᠬᠢᠳᠡᠢ ᠲᠦᠯᠬᠢᠨ ᠠᠬᠢᠭᠤᠯᠵᠤ  ᠂ ᠡᠨᠡ ᠵᠢᠯ ᠪᠦᠳᠦᠭᠡᠨ ᠪᠠᠶᠢᠭᠤᠯᠤᠯᠳᠠ ᠡᠬᠢᠯᠡᠬᠦ ᠪᠠᠷ ᠴᠢᠷᠮᠠᠶᠢᠨ᠎ᠠ᠃ ᠬᠤᠸᠠ ᠡᠯ ᠽᠧᠮᠧᠨ᠋ᠲ ᠤᠨ ᠺᠤᠮᠫᠠᠨᠢ 7600 ᠲᠦᠮᠡᠨ ᠲᠦᠬᠦᠷᠢᠭ   ᠤᠨ ᠦᠢᠯᠡᠳᠪᠦᠷᠢᠯᠡᠯ ᠤᠨ ᠦᠷᠳᠡᠭ ᠪᠡᠶᠡᠯᠡᠬᠦᠯᠵᠦ  ︔   ᠹᠦ᠋ ᠬᠤᠸᠠ  ᠺᠤᠮᠫᠠᠨᠢ 2800 ᠲᠦᠮᠡᠨ ᠲᠦᠬᠦᠷᠢᠭ ᠤᠷᠤᠭᠤᠯᠵᠤ᠂ ᠵᠢᠯ ᠳᠤ 6000 ᠲᠤᠨ ᠲᠤᠭᠤᠰᠬ᠎ᠠ ᠦᠢᠯᠡᠳᠪᠦᠷᠢᠯᠡᠬᠦ ᠠᠵᠢᠯ ᠢᠶᠠᠨ 7 ᠰᠠᠷ᠎ᠠ ᠳᠤ ᠡᠬᠢᠯᠡᠬᠦᠯᠦᠨ᠎ᠡ᠃ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠦᠢᠯᠡᠳᠬᠦ ᠲᠦᠷᠦᠯ ᠵᠦᠢᠯ ᠨᠢ ᠵᠢᠯ ᠳᠤ 5 ᠲᠦᠮᠡᠨ ᠰᠠᠤᠷᠢ  ᠲᠤᠮᠳᠠ ᠵᠢᠵᠢᠭ ᠭᠡᠯᠪᠡᠷᠢ ᠶᠢᠨ ᠴᠠᠬᠢᠯᠭᠠᠨ ᠡᠬᠦᠰᠭᠡᠬᠦ ᠮᠠᠰᠢᠨ  ᠦᠢᠯᠡᠳᠪᠦᠷᠢᠯᠡᠬᠦ ᠬᠡᠪᠴᠢᠶ᠎ᠡ ᠲᠠᠢ ᠪᠤᠯᠵᠤ᠂ ᠪᠠᠰᠠ ᠰᠡᠯᠪᠢᠨ ᠵᠠᠰᠠᠬᠤ ᠵᠢᠴᠢ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ ᠤᠨ ᠲᠠᠯᠠᠪᠠᠷ  ᠰᠢᠪᠳᠤᠯᠤᠯᠳᠠ ᠲᠠᠢ ᠪᠤᠯᠬᠤ ᠪᠠᠷ ᠴᠢᠷᠮᠠᠶᠢᠨ᠎ᠠ᠃      ᠠᠷᠠᠯᠵᠢᠶᠠᠴᠢᠨ ᠤᠷᠢᠵᠤ ᠪᠡᠯᠡ  ᠤᠷᠤᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠤᠳᠤᠬᠠᠨ ᠤ ᠲᠦᠷᠦᠯ ᠵᠦᠢᠯ ᠢᠶᠠᠨ ᠰᠠᠶᠢᠨ ᠬᠢᠭᠰᠡᠨ ᠰᠠᠭᠤᠷᠢᠨ ᠲᠡᠭᠡᠷ᠎ᠡ᠂  ᠲᠦᠷᠦᠯ ᠵᠦᠢᠯ ᠤᠨ ᠬᠦᠮᠦᠷᠭᠡ ᠶᠢᠨ ᠪᠠᠶᠢᠭᠤᠯᠤᠯᠳᠠ  ᠶᠢ  ᠲᠤᠭ᠎ᠠ ᠬᠡᠮᠵᠢᠶ᠎ᠡ ᠪᠠᠷ ᠶᠠᠰᠤ ᠴᠢᠨᠠᠷ ᠤᠨ ᠲᠠᠯᠠᠪᠠᠷ ᠴᠢᠩᠭᠠᠳᠬᠠᠵᠤ᠂  ᠠᠷᠠᠯᠵᠢᠶᠠᠴᠢᠨ ᠤᠷᠢᠵᠤ ᠪᠡᠯᠡ  ᠤᠷᠤᠭᠤᠯᠬᠤ ᠠᠵᠢᠯ   ᠢ ᠨᠡᠩ  ᠢᠳᠡᠪᠬᠢᠳᠡᠢ ᠲᠠᠢ ᠪᠠᠷ ᠦᠷᠨᠢᠬᠦᠯᠦᠨ᠂  ᠪᠦᠳᠦᠮᠵᠢᠳᠡᠢ ᠠᠷᠭ᠎ᠠ ᠭᠡᠮᠵᠢᠶ᠎ᠡ ᠠᠪᠴᠤ᠂ ᠨᠡᠩ ᠤᠯᠠᠨ ᠪᠡᠯᠡ  ᠮᠦᠩᠬᠦ᠂ ᠮᠡᠷᠭᠡᠵᠢᠯ᠂ ᠲᠦᠷᠦᠯ ᠵᠦᠢᠯ ᠪᠠ ᠴᠢᠳᠠᠪᠤᠷᠢᠳᠠᠨ ᠢ ᠮᠠᠨ ᠤ ᠬᠤᠰᠢᠭᠤᠨ ᠳᠠᠭᠠᠨ ᠤᠷᠢᠨ  ᠨᠤᠳᠤᠭᠰᠢᠭᠤᠯᠬᠤ ᠭᠡᠷᠡᠭᠳᠡᠢ᠃ ᠦᠢᠯᠡᠴᠢᠯᠡᠬᠡᠨ ᠤ ᠤᠷᠴᠢᠨ ᠲᠤᠭᠤᠷᠢᠨ ᠢ ᠰᠢᠯᠢᠳᠡᠭᠵᠢᠬᠦᠯᠵᠦ᠂ ᠦᠢᠯᠡᠴᠢᠯᠡᠬᠦ ᠤᠬᠠᠮᠰᠠᠷ ᠢ ᠪᠠᠳᠤᠳᠬᠠᠨ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ  ᠂ ᠦᠢᠯᠡᠴᠢᠯᠡᠬᠡᠨ ᠤ ᠠᠮᠠᠯᠠᠯᠳᠠ ᠵᠨ ᠲᠦᠷᠢᠮ᠂ ᠬᠤᠭᠤᠴᠠᠭ᠎ᠠ ᠲᠤᠭᠳᠠᠵᠤ ᠠᠵᠢᠯ ᠬᠦᠢᠴᠡᠳᠭᠡᠬᠦ ᠲᠦᠷᠢᠮ ᠵᠡᠷᠭᠡ ᠶᠢ ᠪᠦᠬᠦ ᠲᠠᠯᠠᠪᠠᠷ ᠨᠠᠶᠢᠳᠠᠪᠤᠷᠢᠵᠢᠭᠤᠯᠵᠤ᠂  ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠪᠯᠡᠷᠡᠩᠬᠦᠢ ᠦᠢᠯᠡᠴᠢᠯᠡᠭᠡ ᠶᠢ ᠲᠦᠷᠢᠮᠵᠢᠬᠦᠯᠦᠨ ᠪᠡᠶᠡᠯᠡᠬᠦᠯᠦᠨ᠎ᠡ᠃ ᠬᠠᠷᠠᠭᠠᠯᠵᠠᠯ ᠤᠨ ᠲᠦᠷᠦ ᠶᠢᠨ ᠪᠤᠳᠤᠯᠭ᠎ᠠ  ᠬᠢᠭᠡᠳ ᠡᠯ᠎ᠡ ᠵᠦᠢᠯ ᠤᠨ ᠠᠮᠠᠯᠠᠯᠳᠠ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠲᠦᠷᠦᠯ ᠵᠦᠢᠯ ᠭᠡᠷᠡᠭᠵᠢᠬᠦᠯᠬᠦ ᠪᠦᠬᠦ ᠶᠠᠪᠤᠴᠠ ᠳᠤ ᠦᠢᠯᠡᠴᠢᠯᠡᠨ᠂  ᠪᠡᠯᠡ  ᠤᠷᠤᠭᠤᠯᠤᠭᠴᠢ   ᠶᠢ  ᠢᠳᠡᠪᠬᠢᠳᠡᠢ ᠤᠷᠢᠨ ᠤᠷᠤᠭᠤᠯᠬᠤ   ᠪᠠᠷ ᠪᠠᠷᠠᠬᠤ ᠦᠬᠡᠢ ᠦᠯᠡᠳᠡᠭᠡᠵᠦ  ᠨᠤᠳᠤᠭᠰᠢᠭᠤᠯᠤᠨ᠂ ᠬᠦᠭᠵᠢᠯᠳᠡ ᠳᠤ ᠦᠢᠯᠡᠴᠢᠯᠡᠬᠦᠯᠦᠨ᠎ᠡ᠃      ︵ᠲᠦᠷᠪᠡ︶  ᠤᠳᠤ  ᠦᠶ᠎ᠡ ᠶᠢᠨ ᠦᠢᠯᠡᠴᠢᠯᠡᠬᠡᠨ ᠤ ᠦᠢᠯᠡᠰ   ᠢ ᠲᠦᠯᠬᠢᠨ ᠠᠬᠢᠭᠤᠯᠵᠤ᠂  ᠠᠵᠤ ᠦᠢᠯᠡᠰ ᠤᠨ ᠰᠠᠭᠤᠷᠢ ᠶᠢ ᠪᠠᠬᠢᠵᠢᠬᠦᠯᠦᠨ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠴᠡᠭ ᠢ ᠪᠤᠶᠢᠵᠢᠭᠤᠯᠬᠤ ᠭᠡᠷᠡᠭᠳᠡᠢ  ᠃      ᠰᠤᠶᠤᠯ ᠵᠤᠭᠠᠴᠠᠯ ᠤᠨ ᠠᠵᠤ ᠦᠢᠯᠡᠰ ᠢ ᠦᠷᠬᠦᠯᠵᠢᠯᠡᠨ ᠪᠤᠵᠠᠭᠠᠶᠢᠷᠠᠭᠤᠯᠤᠨ᠎ᠠ᠃  ᠪᠦᠬᠦ ᠬᠤᠰᠢᠭᠤᠨ ᠤ ᠵᠤᠭᠠᠴᠠᠯ ᠤᠨ ᠬᠦᠭᠵᠢᠯᠳᠡ ᠶᠢᠨ ᠲᠦᠯᠦᠪᠵᠢᠬᠦᠯᠬᠡ ᠶᠢ ᠤᠯᠠᠮ ᠲᠡᠬᠦᠯᠳᠡᠷᠵᠢᠬᠦᠯᠵᠦ᠂  ᠰᠤᠳᠤᠨ  ᠵᠤᠭᠠᠴᠠᠯ ᠤᠨ   ᠵᠠᠮ ᠱᠣᠭᠤᠮ ᠢ ᠡᠬᠦᠳᠦᠨ ᠪᠠᠶᠢᠭᠤᠯᠤᠨ᠎ᠠ᠃ ᠬᠠᠭᠠᠨ ᠤ ᠠᠳᠤᠭᠤᠨ ᠵᠤᠰᠠᠭᠠᠯ᠂ ᠮᠠᠯᠠᠭᠠᠢ ᠶᠢᠨ ᠰᠦᠮ᠎ᠡ ᠶᠢᠨ ᠲᠠᠯ᠎ᠠ ᠨᠤᠳᠤᠭ ᠤᠨ ᠦᠵᠡᠮᠵᠢ ᠶᠢᠨ ᠤᠷᠤᠨ᠂ ᠪᠦᠬᠦᠳᠡ ᠶᠢᠨ ᠤᠪᠤᠭ᠎ᠠ ᠠᠮᠢ ᠠᠬᠤᠢ ᠶᠢᠨ ᠭᠠᠴᠠᠭ᠎ᠠ᠂ ᠳ᠋ᠦᠩ ᠮᠤ᠋ ᠦᠨᠳᠦᠰᠦᠳᠡᠨ ᠤ ᠤᠨᠴᠠᠯᠢᠭᠳᠤ ᠲᠤᠰᠬᠤᠨ᠂  ᠲᠠᠷᠢᠶᠠᠯᠠᠩ ᠤᠨ ᠦᠵᠡᠮᠵᠢᠳᠦ ᠤᠷᠤᠨ ᠤᠷᠤᠨ ᠵᠡᠷᠭᠡ ᠵᠤᠭᠠᠴᠠᠯ ᠤᠨ ᠤᠷᠤᠨ ᠢ ᠦᠷᠭᠡᠳᠭᠡᠨ ᠦᠬᠡᠷᠡᠴᠢᠯᠡᠵᠦ ᠪᠠᠶᠢᠭᠤᠯᠤᠨ᠎ᠠ᠃  ᠲᠡᠮᠵᠢᠯᠬᠡ ᠶᠢᠨ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠤ᠂ ᠨᠦᠬᠦᠴᠡᠯ ᠲᠠᠢ ᠮᠠᠯᠴᠢᠨ ᠲᠠᠷᠢᠶᠠᠴᠢᠨ ᠢ ᠲᠡᠳᠬᠦᠨ ᠵᠤᠷᠢᠭᠵᠢᠭᠤᠯᠵᠤ  ᠂ ᠦᠪᠡᠷᠳᠡᠭᠡᠨ ᠵᠠᠰᠠᠬᠤ ᠤᠷᠤᠨ ᠤ ᠲᠠᠪᠤᠨ ᠤᠳᠤᠨ ᠲᠡᠰ ᠤᠨ ᠪᠠᠷᠢᠮᠵᠢᠶ᠎ᠠ ᠪᠠᠷ ᠮᠠᠯᠴᠢᠨ ᠲᠠᠷᠢᠶᠠᠴᠢᠨ ᠡᠷᠦᠬᠡ ᠶᠢᠨ ᠵᠤᠭᠠᠴᠠᠯ ᠤᠨ ᠦᠢᠯᠡᠰ ᠡᠷᠬᠢᠯᠡᠬᠦᠯᠦᠨ᠂ ᠲᠠᠶᠢᠹᠤᠰᠧ ᠬᠤᠰᠢᠭᠤᠨ ᠤ ᠠᠮᠢ ᠠᠬᠤᠢ ᠶᠢᠨ ᠲᠠᠷᠢᠶᠠᠯᠠᠩ ᠤᠨ ᠦᠵᠡᠮᠵᠢᠳᠦ ᠤᠷᠤᠨ ᠲᠤᠭᠤᠷᠢᠭ ᠢ ᠦᠪᠡᠷᠳᠡᠭᠡᠨ ᠵᠠᠰᠠᠬᠤ ᠤᠷᠤᠨ ᠤ  ᠰᠤᠳᠤᠨ ᠵᠤᠭᠠᠴᠠᠯ ᠤᠨ ᠵᠢᠱᠢᠶ᠎ᠡ ᠦᠵᠡᠬᠦᠯᠬᠦ ᠤᠷᠤᠨ ᠪᠤᠯᠭᠠᠵᠤ ᠪᠠᠶᠢᠭᠤᠯᠤᠨ᠎ᠠ᠃ ᠬᠠᠭᠠᠨ ᠤ ᠠᠳᠤᠭᠤᠨ ᠰᠤᠶᠤᠯ ᠤᠨ ᠠᠵᠤ ᠦᠢᠯᠡᠰ ᠤᠨ ᠤᠷᠤᠨ ᠲᠤᠭᠤᠷᠢᠭ ᠤᠨ ᠪᠦᠳᠦᠭᠡᠨ  ᠪᠠᠶᠢᠭᠤᠯᠤᠯᠳᠠ ᠶᠢ ᠲᠦᠷᠭᠡᠳᠭᠡᠵᠦ᠂ ᠲᠠᠶᠢᠹᠤᠰᠧ ᠬᠤᠰᠢᠭᠤᠨ ᠤ ᠬᠠᠭᠠᠨ ᠤ ᠠᠳᠤᠭᠤᠨ  ᠵᠤᠰᠠᠭᠠᠯ᠂  ᠫᠤᠤᠲ᠋ᠠᠶᠢᠶ᠋ᠢᠩᠽᠢ ᠪᠤᠯᠤᠨ ᠬᠤᠶᠢᠳᠤ ᠸᠠᠶᠤᠤ ᠭᠠᠴᠠᠭᠠᠨ ᠤ ᠦᠨᠳᠦᠰᠦᠳᠡᠨ ᠤ ᠤᠨᠴᠠᠯᠢᠭᠳᠤ ᠵᠤᠭᠠᠴᠠᠯ ᠤᠨ ᠲᠦᠷᠦᠯ ᠵᠦᠢᠯ ᠢ ᠤᠷᠤᠨ ᠲᠤᠭᠤᠷᠢᠭ ᠤᠨ ᠭᠤᠷᠪᠠᠨ ᠲᠤᠯᠭᠠᠭᠤᠷᠢ ᠴᠡᠭ ᠪᠤᠯᠭᠠᠨ  ᠲᠦᠯᠦᠪᠵᠢᠬᠦᠯᠦᠨ ᠠᠬᠢᠭᠤᠯᠵᠤ᠂ ᠲᠦᠷᠦᠯ ᠵᠦᠢᠯ ᠢᠶᠠᠷ ᠲᠠᠶᠢᠴᠢᠯᠠᠬᠤ᠂ ᠵᠠᠰᠠᠭ ᠤᠨ ᠤᠷᠳᠤᠨ ᠲᠡᠳᠬᠦᠬᠦ᠂ ᠠᠵᠤ ᠠᠬᠤᠶᠢᠯᠠᠯ ᠡᠵᠡᠩᠨᠡᠬᠦ᠂ ᠠᠷᠠᠳ ᠤᠯᠠᠨ ᠤᠷᠤᠯᠴᠠᠬᠤ᠂ ᠲᠤᠰᠬᠠᠢ ᠮᠡᠷᠭᠡᠵᠢᠯᠳᠡᠨ ᠵᠢᠯᠤᠭᠤᠳᠬᠤ ᠬᠦᠭᠵᠢᠯᠳᠡ ᠶᠢᠨ ᠵᠠᠭᠪᠤᠷ   ᠢᠶᠠᠷ ᠲᠠᠮᠵᠢᠭᠠᠳ᠂  ᠮᠠᠯᠵᠢᠬᠤ᠂  ᠰᠤᠷᠭᠠᠬᠤ᠂ ᠤᠷᠤᠯᠳᠤᠬᠤ ᠪᠠᠷ ᠰᠠᠭᠤᠷᠢ ᠪᠤᠯᠭᠠᠭᠰᠠᠨ᠂  ᠠᠳᠤᠭᠤ ᠲᠠᠢ ᠬᠤᠯᠪᠤᠭᠳᠠᠭᠰᠠᠨ ᠰᠤᠶᠤᠯ᠂ ᠲᠠᠮᠢᠷ᠂ ᠵᠤᠭᠠᠴᠠᠯ  ᠵᠢᠴᠢ ᠢᠳᠡᠭᠡᠨ ᠤᠮᠳᠠᠭᠠᠨ ᠢᠶᠠᠷ ᠠᠭᠤᠯᠭ᠎ᠠ ᠪᠤᠯᠭᠠᠭᠰᠠᠨ ᠶᠡᠷᠦᠩᠬᠡᠶᠢᠯᠡᠭᠰᠡᠨ ᠠᠵᠤ ᠦᠢᠯᠡᠰ ᠤᠨ ᠰᠢᠰᠲ᠋ᠧᠮ ᠢ ᠪᠤᠢ ᠪᠤᠯᠭᠠᠵᠤ᠂ ᠪᠦᠬᠦ ᠤᠷᠤᠨ ᠳᠤ  ᠨᠡᠯᠢᠶᠡᠳ ᠶᠡᠭᠡ ᠨᠦᠯᠦᠬᠡᠯᠡᠬᠦ ᠬᠦᠴᠦᠨ ᠪᠦᠬᠦᠢ  ᠬᠠᠭᠠᠨ ᠤ ᠠᠳᠤᠭᠤᠨ ᠰᠤᠶᠤᠯ  ᠤᠨ ᠠᠵᠤ ᠦᠢᠯᠡᠰ ᠤᠨ  ᠤᠷᠤᠨ ᠲᠤᠭᠤᠷᠢᠭ ᠢ ᠪᠠᠶᠢᠭᠤᠯᠬᠤ ᠪᠠᠷ  ᠴᠢᠷᠮᠠᠶᠢᠨ᠂ ᠮᠠᠨ ᠤ ᠬᠤᠰᠢᠭᠤᠨ ᠤ ᠵᠤᠭᠠᠴᠠᠯ  ᠤᠨ ᠤᠯᠠᠨ ᠡᠰᠢᠵᠢᠭᠰᠡᠨ ᠬᠦᠭᠵᠢᠯᠳᠡ ᠶᠢ  ᠠᠬᠢᠭᠤᠯᠬᠤ ᠭᠡᠷᠡᠭᠳᠡᠢ᠃       ᠠᠷᠠᠯᠵᠢᠶ᠎ᠠ ᠬᠦᠢᠯᠬᠡᠬᠡᠨ ᠤ ᠠᠵᠤ ᠦᠢᠯᠡᠰ ᠢ ᠦᠷᠬᠦᠯᠵᠢᠯᠡᠨ ᠬᠦᠴᠦᠷᠭᠡᠭᠵᠢᠬᠦᠯᠦᠨ᠎ᠡ᠃ ᠤᠳᠤ ᠪᠠᠶᠢᠭ᠎ᠠ ᠠᠷᠠᠯᠵᠢᠶ᠎ᠠ ᠬᠦᠢᠯᠬᠡᠬᠡᠨ ᠤ ᠠᠵᠤ ᠠᠬᠤᠶᠢᠯᠠᠯ ᠢ ᠲᠡᠳᠬᠦᠵᠦ ᠪᠤᠵᠠᠭᠠᠶᠢᠷᠠᠭᠤᠯᠤᠨ᠂  ᠨᠡᠩ ᠰᠠᠶᠢᠨ ᠠᠷᠭ᠎ᠠ  ᠪᠤᠳᠤᠯᠭ᠎ᠠ ᠠᠪᠴᠤ᠂ ᠲᠢᠶᠠᠨ ᠪᠤᠤ ᠮᠠᠰᠢᠨ ᠲᠡᠷᠭᠡ ᠰᠡᠯᠪᠢᠨ ᠵᠠᠰᠠᠬᠤ ᠪᠠ ᠠᠷᠠᠯᠵᠢᠶᠠᠯᠠᠬᠤ ᠤᠷᠤᠨ ᠲᠤᠭᠤᠷᠢᠭ ᠬᠢᠭᠡᠳ ᠪᠸᠢ ᠬᠦᠸᠧ ᠠᠷᠠᠯᠵᠢᠶ᠎ᠠ ᠬᠤᠳᠠᠯᠳᠤᠭᠠᠨ ᠤ ᠤᠷᠤᠨ ᠲᠤᠭᠤᠷᠢᠭ ᠢ ᠲᠦᠷᠭᠡᠨ ᠠᠰᠢᠭᠯᠠᠯᠳᠠ ᠳᠤ ᠤᠷᠤᠭᠤᠯᠤᠨ᠎ᠠ᠃ ᠲᠠᠶᠢᠹᠤᠰᠧ ᠬᠤᠰᠢᠭᠤᠨ ᠤ ᠲᠠᠬᠢᠯᠳᠠ ᠡᠬᠢ ᠪᠠᠶᠠᠯᠢᠭ ᠤᠨ ᠰᠤᠯᠢᠯᠴᠠᠭᠠᠨ ᠤ ᠵᠠᠬ᠎ᠠ ᠲᠡᠯᠬᠡᠬᠦᠷ   ᠤᠨ ᠲᠦᠷᠦᠯ ᠵᠦᠢᠯ᠂ ᠠᠮᠤ ᠪᠤᠳᠠᠭ᠎ᠠ ᠬᠠᠳᠠᠭᠠᠯᠠᠬᠤ ᠬᠦᠮᠦᠷᠭᠡ ᠶᠢᠨ ᠲᠦᠷᠦᠯ ᠵᠦᠢᠯ ᠢ ᠪᠡᠶᠡᠯᠡᠬᠦᠯᠵᠦ ᠠᠰᠢᠭᠯᠠᠯᠳᠠ ᠳᠤ ᠤᠷᠤᠭᠤᠯᠤᠨ᠎ᠠ᠃ ᠬᠠᠭᠤᠴᠢᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠲᠡᠯᠬᠡᠬᠦᠷ᠂ ᠰᠤᠮᠤ ᠰᠢᠶᠠᠩ ᠪᠠᠯᠭᠠᠰᠤ ᠶᠢᠨ ᠬᠤᠳᠠᠯᠳᠤᠭᠠᠨ ᠤ ᠲᠦᠪ ᠢ ᠦᠬᠡᠷᠡᠴᠢᠯᠡᠵᠦ ᠦᠷᠭᠡᠳᠭᠡᠬᠦ  ᠢᠨᠵᠧᠨᠧᠷᠢᠩ  ᠵᠡᠷᠭᠡ ᠶᠢ  ᠤᠯᠵᠤ ᠬᠢᠬᠦ ᠪᠠᠷ ᠴᠢᠷᠮᠠᠶᠢᠨ᠎ᠠ᠃ ᠮᠠᠯᠵᠢᠬᠤ ᠲᠠᠷᠢᠶᠠᠯᠠᠬᠤ ᠤᠷᠤᠨ ᠤ ᠭᠡᠷᠡᠭᠯᠡᠭᠡᠨ ᠤ ᠰᠦᠯᠵᠢᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠭᠡᠯᠬᠢᠶᠡᠰᠦᠯᠡᠨ ᠡᠵᠡᠩᠨᠡᠬᠦ᠂ ᠡᠳ᠋ ᠪᠠᠷᠠᠭ᠎ᠠ ᠲᠤᠬᠢᠷᠠᠭᠤᠯᠤᠨ ᠬᠦᠷᠭᠡᠬᠦ  ᠵᠡᠷᠭᠡ ᠠᠵᠤ ᠦᠢᠯᠡᠰ ᠢ ᠭᠠᠴᠠᠭ᠎ᠠ ᠲᠤᠰᠬᠤᠨ ᠵᠦᠭ ᠰᠤᠨᠤᠭᠠᠨ᠎ᠠ᠃ ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠬᠡᠬᠦᠷ ᠤᠨ ᠢᠨᠵᠧᠨᠧᠷᠢᠩ︾ ᠢ ᠬᠦᠨᠵᠡᠬᠡᠢ ᠭᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠲᠤᠬᠢᠷᠠᠭᠤᠯᠤᠨ ᠬᠦᠷᠭᠡᠬᠦ  ᠲᠦᠪ ᠢ ᠪᠠᠶᠢᠭᠤᠯᠵᠤ ᠠᠰᠢᠭᠯᠠᠨ᠎ᠠ᠃       ᠭᠤᠷᠪᠠᠳᠤᠭᠠᠷ ᠠᠵᠤ ᠦᠢᠯᠡᠰ ᠤᠨ ᠤᠯᠠᠨ ᠡᠰᠢᠵᠢᠭᠰᠡᠨ ᠬᠦᠭᠵᠢᠯᠳᠡ ᠶᠢ ᠦᠷᠬᠦᠯᠵᠢᠯᠡᠨ ᠠᠬᠢᠭᠤᠯᠤᠨ᠎ᠠ  ᠃ ᠬᠤᠳᠠ ᠪᠠᠯᠭᠠᠰᠤᠵᠢᠯᠳᠠ ᠶᠢᠨ ᠲᠦᠷᠭᠡᠨ ᠬᠦᠭᠵᠢᠭᠡ ᠬᠠᠨᠳᠤᠰᠢ ᠶᠢ ᠲᠠᠭᠠᠵᠤ᠂ ᠭᠡᠷ ᠤᠨ ᠠᠵᠢᠯ ᠤᠨ ᠦᠢᠯᠡᠴᠢᠯᠡᠭᠡ᠂ ᠰᠠᠭᠤᠭᠠᠯᠢ ᠲᠤᠭᠤᠷᠢᠭ ᠤᠨ ᠬᠠᠮᠢᠶᠠᠷᠤᠯᠳᠠ᠂ ᠡᠮ ᠡᠮᠨᠡᠯᠬᠡ ᠡᠷᠡᠬᠦᠯ ᠬᠠᠮᠠᠭᠠᠯᠠᠯ᠂  ᠰᠤᠶᠤᠯ ᠰᠤᠷᠭᠠᠨ ᠬᠦᠮᠦᠵᠢᠯ ᠤᠨ ᠦᠢᠯᠡᠴᠢᠯᠡᠭᠡ᠂  ᠵᠠᠭᠤᠴᠢ ᠦᠢᠯᠡᠴᠢᠯᠡᠭᠡ  ᠂ ᠮᠡᠳᠡᠭᠡ ᠵᠠᠩᠬᠢ ᠶᠢᠨ ᠦᠢᠯᠡᠴᠢᠯᠡᠭᠡ ᠵᠡᠷᠭᠡ ᠪᠠᠷ ᠭᠤᠤᠯ ᠪᠤᠯᠭᠠᠭᠰᠠᠨ  ᠨᠡᠶᠢᠬᠡᠮ ᠲᠤᠭᠤᠷᠢᠭ ᠤᠨ ᠦᠢᠯᠡᠴᠢᠯᠡᠬᠡᠨ ᠤ ᠦᠢᠯᠡᠰ ᠢ  ᠬᠦᠭᠵᠢᠬᠦᠯᠦᠨ ᠪᠤᠵᠠᠭᠠᠶᠢᠷᠠᠭᠤᠯᠬᠤ ᠭᠡᠷᠡᠭᠳᠡᠢ᠃  ᠲᠤᠮᠳᠠ ᠪᠠᠭ᠎ᠠ ᠠᠵᠤ ᠠᠬᠤᠶᠢᠯᠠᠯ ᠪᠠ ᠵᠢᠵᠢᠭ ᠠᠵᠤ ᠠᠬᠤᠶᠢᠯᠠᠯ   ᠢ ᠲᠡᠳᠬᠦᠨ ᠬᠦᠭᠵᠢᠬᠦᠯᠬᠦ ᠲᠤᠬᠠᠢ ᠤᠯᠤᠰ ᠤᠷᠤᠨ ᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠢᠮᠪᠠᠢ ᠭᠡᠷᠡᠭᠵᠢᠬᠦᠯᠵᠦ᠂ ᠲᠡᠳᠡᠨ   ᠳᠤ ᠲᠡᠮᠵᠢᠯᠬᠡ ᠦᠵᠡᠬᠦᠯᠬᠦ ᠡᠷᠴᠢᠮ  ᠢᠶᠠᠨ ᠴᠢᠩᠭᠠᠷᠠᠭᠤᠯᠤᠨ᠂ ᠨᠡᠶᠢᠬᠡᠮ ᠤᠨ ᠡᠶ᠎ᠡ ᠵᠤᠬᠢᠴᠠᠯ ᠠᠮᠤᠷ ᠲᠤᠭᠳᠠᠭᠤᠨ ᠢ ᠬᠠᠮᠠᠭᠠᠯᠠᠬᠤ ᠵᠡᠷᠭᠡ ᠲᠠᠯᠠᠪᠠᠷ ᠢᠳᠡᠪᠬᠢ ᠦᠢᠯᠡᠳᠦᠯ ᠪᠠᠳᠠᠷᠠᠭᠤᠯᠬᠤ ᠭᠡᠷᠡᠭᠳᠡᠢ᠃      ︵ ᠲᠠᠪᠤ  ︶  ᠬᠤᠳᠠ ᠬᠦᠳᠡᠭᠡ ᠶᠢᠨ ᠬᠦᠭᠵᠢᠯᠳᠡ ᠶᠢ ᠨᠢᠬᠡᠳᠦᠯᠳᠡᠢ ᠲᠦᠯᠦᠪᠵᠢᠬᠦᠯᠵᠦ᠂ ᠬᠤᠳᠠ ᠪᠠᠯᠭᠠᠰᠤᠨ ᠤ ᠴᠢᠨᠠᠷ ᠢ ᠦᠨᠳᠦᠷᠵᠢᠬᠦᠯᠦᠨ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢ ᠰᠢᠨ᠎ᠡ ᠱᠠᠳᠤᠨ  ᠳᠤ ᠭᠠᠷᠭᠠᠬᠤ ᠭᠡᠷᠡᠭᠳᠡᠢ᠃       ᠬᠤᠳᠠ ᠪᠠᠯᠭᠠᠰᠤᠨ ᠤ ᠦᠨᠳᠦᠰᠦᠨ ᠪᠦᠳᠦᠬᠡᠨ ᠪᠠᠶᠢᠭᠤᠯᠤᠯᠳᠠ ᠶᠢ ᠬᠦᠨᠵᠡᠬᠡᠢ ᠲᠦᠯᠬᠢᠨ ᠠᠬᠢᠭᠤᠯᠤᠨ᠎ᠠ᠃ ᠬᠤᠳᠠ ᠪᠠᠯᠭᠠᠰᠤᠨ ᠤ ᠬᠦᠭᠵᠢᠯᠳᠡ ᠵᠢᠴᠢ ᠭᠠᠵᠠᠷ ᠰᠢᠷᠤᠢ ᠶᠢᠨ ᠠᠰᠢᠭᠯᠠᠯᠳᠠ ᠶᠢᠨ ᠲᠦᠯᠦᠪᠵᠢᠬᠦᠯᠬᠡ ᠶᠢ ᠤᠯᠠᠮ  ᠪᠦᠷᠢᠨ ᠲᠡᠬᠦᠯᠳᠡᠷ ᠪᠤᠯᠭᠠᠵᠤ᠂ ᠰᠤᠮᠤ ᠰᠢᠶᠠᠩ ᠪᠠᠯᠭᠠᠰᠤᠨ ᠤ ᠰᠠᠭᠤᠭ᠎ᠠ ᠭᠠᠵᠠᠷ ᠵᠢᠴᠢ ᠬᠦᠮᠦᠨ ᠠᠮᠠ  ᠤᠯᠠᠨᠳᠠᠢ ᠭᠠᠴᠠᠭ᠎ᠠ ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠡᠬᠢᠯᠡᠵᠦ᠂ ᠬᠤᠳᠠ ᠬᠦᠳᠡᠭᠡ ᠶᠢᠨ ᠬᠦᠭᠵᠢᠯᠳᠡ ᠶᠢᠨ ᠪᠠᠶᠢᠷᠢᠰᠢᠯ ᠢ ᠰᠢᠯᠢᠳᠡᠭᠵᠢᠬᠦᠯᠬᠦ ᠭᠡᠷᠡᠭᠳᠡᠢ᠃ ᠡᠨᠡ ᠵᠢᠯ  ᠪᠤᠤᠴᠠᠩ   ᠤᠨ 2 ᠵᠤᠷᠪᠤᠰ ᠵᠠᠮ ᠢ ᠰᠢᠨ᠎ᠡ ᠪᠠᠷ  ᠪᠠᠶᠢᠭᠤᠯᠤᠨ᠂ 1 ᠵᠤᠷᠪᠤᠰ ᠵᠠᠮ ᠢ  ᠦᠷᠭᠡᠳᠭᠡᠨ ᠪᠠᠶᠢᠭᠤᠯᠵᠤ᠂ 3 ᠲᠦᠮᠡᠨ  ᠬᠠᠪᠳᠠᠭᠠᠢ ᠲᠦᠷᠪᠡᠯᠵᠢᠨ ᠮᠧᠲᠷ ᠵᠠᠮ ᠢ ᠲᠡᠪᠢᠰᠴᠦ  ᠬᠠᠳᠠᠭᠤᠷᠠᠭᠤᠯᠤᠨ᠋᠂ ᠪᠤᠤᠴᠠᠩ ᠤᠨ ᠵᠡᠬᠦᠨ ᠲᠤᠭᠤᠷᠢᠭ ᠵᠠᠮ  ᠤᠨ ᠪᠠᠶᠢᠭᠤᠯᠤᠯᠳᠠ ᠶᠢ ᠡᠬᠢᠯᠡᠬᠦ ᠪᠠᠷ ᠴᠢᠷᠮᠠᠶᠢᠨ᠎ᠠ᠃  ᠬᠠᠭᠤᠴᠢᠨ ᠨᠤᠭᠤᠭᠠᠷᠠᠯᠳᠠ ᠶᠢᠨ ᠲᠠᠯᠠᠪᠠᠢ ᠳᠤ ᠨᠦᠬᠦᠵᠦ ᠲᠠᠷᠢᠬᠤ ᠪᠠ ᠠᠷᠠᠴᠢᠯᠠᠨ ᠬᠠᠮᠠᠭᠠᠯᠠᠬᠤ ᠠᠵᠢᠯ ᠢ ᠰᠠᠶᠢᠨ ᠬᠢᠬᠦ ᠶᠢᠨ ᠬᠠᠮᠳᠤ᠂ 4.7ᠲᠦᠮᠡᠨ ᠬᠠᠪᠳᠠᠭᠠᠢ ᠲᠦᠷᠪᠡᠯᠵᠢᠨ ᠮᠧᠲᠷ  ᠲᠠᠯᠠᠪᠠᠢ ᠶᠢ ᠨᠤᠭᠤᠭᠠᠷᠠᠭᠤᠯᠵᠤ᠂  ᠪᠤᠤᠴᠠᠩ ᠤᠨ ᠡᠮᠦᠨ᠎ᠡ᠂ ᠬᠤᠶᠢᠨ᠎ᠠ᠂ ᠵᠡᠬᠦᠨ᠂ ᠪᠠᠷᠠᠭᠤᠨ ᠲᠦᠷᠪᠡᠨ ᠠᠮᠠ   ᠶᠢ ᠦᠨᠳᠦᠷ ᠪᠠᠷᠢᠮᠵᠢᠶ᠎ᠠ ᠪᠠᠷ ᠨᠤᠭᠤᠭᠠᠷᠠᠭᠤᠯᠤᠨ᠎ᠠ᠃  ᠪᠤᠤᠴᠠᠩ ᠪᠠᠯᠭᠠᠰᠤᠨ ᠳᠤ ᠵᠡᠭᠡᠯᠢ ᠶᠢᠨ ᠳ᠋ᠧᠩ 341  ᠢ ᠤᠭᠰᠠᠷᠠᠨ᠎ᠠ᠃ ᠰᠢᠨ᠎ᠡ ᠲᠤᠭᠤᠷᠢᠭ ᠤᠨ  ᠤᠰᠤ ᠬᠠᠩᠭᠠᠬᠤ ᠦᠢᠯᠡᠳᠪᠦᠷᠢ   ᠶᠢᠨ ᠪᠦᠳᠦᠭᠡᠨ ᠪᠠᠶᠢᠭᠤᠯᠤᠯᠳᠠ ᠶᠢ ᠡᠬᠢᠯᠡᠵᠦ᠂ ᠪᠤᠵᠠᠷ ᠤᠰᠤ ᠰᠢᠢᠳᠪᠦᠷᠯᠡᠬᠦ ᠦᠢᠯᠡᠳᠪᠦᠷᠢ ᠶᠢ ᠡᠬᠢᠯᠡᠵᠦ ᠭᠡᠷᠡᠭᠯᠡᠨ᠂ ᠤᠰᠤ ᠬᠠᠩᠭᠠᠬᠤ ᠲᠤᠤᠷ ᠬᠤᠭᠤᠯᠠᠢ 3.2 ᠺᠢᠯᠤᠮᠧᠲᠷ  ᠂ ᠤᠰᠤ ᠭᠠᠳᠠᠭᠰᠢᠯᠠᠭᠤᠯᠬᠤ ᠬᠤᠭᠤᠯᠠᠢ 5.6 ᠺᠢᠯᠤᠮᠧᠲᠷ ᠤᠭᠰᠠᠷᠠᠨ᠎ᠠ᠃  ᠪᠤᠤᠴᠠᠩ ᠪᠠᠯᠭᠠᠰᠤᠨ ᠤ ᠢᠯᠴᠢ ᠬᠠᠩᠭᠠᠬᠤ ᠲᠤᠤᠷ ᠬᠤᠭᠤᠯᠠᠢ ᠶᠢᠨ ᠦᠬᠡᠷᠡᠴᠢᠯᠡᠯᠳᠡ ᠬᠢᠵᠦ᠂ 5 ᠰᠠᠭᠤᠷᠢ  ᠲᠦᠪᠯᠡᠷᠡᠬᠦᠯᠦᠨ ᠢᠯᠴᠢ ᠬᠠᠩᠭᠠᠬᠤ ᠵᠤᠤᠬ᠎ᠠ ᠵᠢᠴᠢ ᠢᠵᠢ ᠪᠦᠷᠢᠳᠦᠭᠰᠡᠨ ᠲᠤᠤᠷ ᠬᠤᠭᠤᠯᠠᠢ   ᠶᠢᠨ ᠤᠬᠰᠠᠷᠠᠯᠳᠠ ᠪᠠ ᠦᠬᠡᠷᠡᠴᠢᠯᠡᠯᠳᠡ ᠶᠢ  ᠬᠢᠵᠦ᠂ ᠲᠤᠯᠠᠭᠠᠯᠠᠭ᠎ᠠ ᠶᠢᠨ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠨ᠎ᠡ᠃ ᠰᠢᠳᠠᠮᠠᠬᠠᠢ ᠬᠡᠢ  ᠶᠢᠨ ᠲᠠᠷᠤᠴᠠ ᠪᠠᠭᠠᠰᠬᠠᠬᠤ ᠦᠷᠳᠡᠭᠡ ᠵᠢᠴᠢ ᠲᠡᠬᠦᠨ ᠤ ᠢᠵᠢ ᠪᠦᠷᠢᠳᠦᠭᠰᠡᠨ ᠲᠤᠤᠷ ᠬᠤᠭᠤᠯᠠᠢ ᠶᠢ ᠪᠠᠶᠢᠭᠤᠯᠵᠤ᠂ ᠪᠤᠤᠴᠠᠩ ᠪᠠᠯᠭᠠᠰᠤᠨ ᠤ ᠰᠢᠳᠠᠮᠠᠬᠠᠢ ᠬᠡᠢ  ᠲᠠᠮᠵᠢᠭᠤᠯᠬᠤ ᠢᠨᠵᠧᠨᠧᠷᠢᠩ ᠢ ᠪᠡᠶᠡᠯᠡᠬᠦᠯᠦᠨ᠎ᠡ᠃ ᠵᠡᠬᠦᠨ ᠭᠤᠤᠯ ᠤᠨ ᠡᠮᠦᠨ᠎ᠡ ᠬᠡᠰᠡᠭ ᠤᠨ ᠦᠬᠡᠷᠡᠴᠢᠯᠡᠯᠳᠡ ᠶᠢ ᠬᠢᠨ᠎ᠡ᠃ ᠡᠳᠦᠷ ᠲᠤ 120 ᠲᠤᠨ ᠬᠤᠭ ᠨᠤᠪᠰᠢ ᠰᠢᠢᠳᠪᠦᠷᠢᠯᠡᠬᠦ ᠦᠢᠯᠡᠳᠪᠦᠷᠢ ᠶᠢ  ᠪᠠᠶᠢᠭᠤᠯᠬᠤ ᠶᠢᠨ ᠬᠠᠮᠳᠤ᠂ ᠬᠤᠭ ᠨᠤᠪᠰᠢ ᠵᠦᠬᠡᠬᠡᠪᠦᠷᠢᠯᠡᠬᠦ ᠦᠷᠳᠡᠭᠡ  ᠲᠠᠪᠤᠨ ᠰᠠᠭᠤᠷᠢ ᠶᠢ ᠪᠠᠶᠢᠭᠤᠯᠤᠨ᠎ᠠ᠃ 9.5ᠲᠦᠮᠡᠨ ᠬᠠᠪᠳᠠᠭᠠᠢ ᠲᠦᠷᠪᠡᠯᠵᠢᠨ ᠮᠧᠲᠷ ᠤᠷᠤᠨ ᠰᠠᠭᠤᠴᠠ ᠳᠤ ᠡᠨᠧᠷᠬᠢ ᠠᠷᠪᠢᠯᠠᠬᠤ ᠦᠬᠡᠷᠡᠴᠢᠯᠡᠯᠳᠡ ᠬᠢᠨ᠎ᠡ᠃ ᠬᠠᠭᠤᠴᠢᠨ ᠲᠤᠭᠤᠷᠢᠭ ᠤᠨ30 ᠲᠦᠮᠡᠨ ᠬᠠᠪᠳᠠᠭᠠᠢ ᠲᠦᠷᠪᠡᠯᠵᠢᠨ ᠮᠧᠲᠷ ᠤᠷᠤᠨ ᠰᠠᠭᠤᠴᠠ ᠶᠢᠨ ᠠᠰᠠᠷ ᠪᠠ ᠠᠷᠠᠯᠵᠢᠶᠠᠨ ᠤ ᠠᠰᠠᠷ ᠢ ᠦᠷᠬᠦᠯᠵᠢᠯᠡᠨ ᠦᠭᠡᠷᠡᠴᠢᠯᠡᠨ ᠪᠠᠶᠢᠭᠤᠯᠵᠤ᠂ 5.8 ᠲᠦᠮᠡᠨ ᠬᠠᠪᠳᠠᠭᠠᠢ ᠲᠦᠷᠪᠡᠯᠵᠢᠨ ᠮᠧᠲᠷ ᠤᠷᠤᠨ ᠰᠠᠭᠤᠴᠠ ᠶᠢᠨ ᠠᠰᠠᠷ ᠢ  ᠰᠢᠨ᠎ᠡ ᠪᠠᠷ ᠪᠠᠶᠢᠭᠤᠯᠬᠤ ᠪᠠᠷ ᠲᠦᠯᠦᠪᠯᠡᠪᠡ᠃ ᠰᠢᠨ᠎ᠡ ᠲᠤᠭᠤᠷᠢᠭ ᠤᠨ ᠨᠡᠭᠡᠭᠡᠯᠳᠡ ᠳᠤ 15.5 ᠲᠦᠮᠡᠨ ᠬᠠᠪᠳᠠᠭᠠᠢ ᠲᠦᠷᠪᠡᠯᠵᠢᠨ ᠮᠧᠲᠷ ᠠᠰᠠᠷ ᠢ ᠦᠷᠬᠦᠯᠵᠢᠯᠡᠨ ᠪᠠᠶᠢᠭᠤᠯᠵᠤ᠂ 2.78 ᠲᠦᠮᠡᠨ ᠬᠠᠪᠳᠠᠭᠠᠢ ᠲᠦᠷᠪᠡᠯᠵᠢᠨ ᠮᠧᠲᠷ ᠠᠰᠠᠷ ᠤᠨ ᠪᠠᠷᠢᠯᠭ᠎ᠠ ᠶᠢ ᠡᠬᠢᠯᠡᠬᠦᠯᠦᠨ᠎ᠡ᠃  ᠡᠬᠦᠨ ᠤ ᠬᠠᠮᠳᠤ 1.58 ᠲᠦᠮᠡᠨ ᠬᠠᠪᠳᠠᠭᠠᠢ ᠲᠦᠷᠪᠡᠯᠵᠢᠨ ᠮᠧᠲᠷ ᠠᠯᠪᠠᠨ   ᠳᠤ ᠭᠡᠷᠡᠭᠯᠡᠬᠦ ᠭᠡᠷ ᠪᠠᠶᠢᠰᠢᠩ   ᠢ ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ᠂ ᠵᠦᠢ ᠵᠤᠬᠢᠰᠳᠠᠢ ᠬᠤᠳᠠ  ᠪᠠᠯᠭᠠᠰᠤᠨ ᠤ ᠬᠠᠮᠢᠶᠠᠷᠤᠯᠳᠠ   ᠶᠢᠨ ᠠᠷᠭ᠎ᠠ ᠲᠦᠰᠦᠪ ᠢ ᠲᠤᠭᠳᠠᠭᠠᠨ᠂  ᠬᠤᠳᠠ ᠪᠠᠯᠭᠠᠰᠤᠨ ᠤ  ᠰᠢᠯᠢᠳᠡᠭᠵᠢᠭᠰᠡᠨ ᠬᠠᠮᠢᠶᠠᠷᠤᠯᠳᠠ ᠶᠢᠨ ᠰᠢᠨ᠎ᠡ ᠵᠠᠮ ᠢ ᠢᠳᠡᠪᠬᠢᠳᠡᠢ ᠬᠠᠶᠢᠵᠤ᠂ ᠮᠡᠳᠡᠭᠡ ᠵᠠᠩᠬᠢᠵᠢᠭᠰᠠᠨ ᠬᠠᠮᠢᠶᠠᠷᠤᠯᠳᠠ ᠶᠢᠨ ᠲᠦᠪᠰᠢᠨ ᠢ ᠲᠡᠭᠡᠭᠰᠢᠯᠡᠬᠦᠯᠦᠨ᠂ ᠬᠤᠳᠠ ᠪᠠᠯᠭᠠᠰᠤᠨ ᠤ ᠦᠩᠬᠡ ᠲᠦᠷᠬᠦ ᠶᠢ ᠰᠠᠶᠢᠵᠢᠷᠠᠭᠤᠯᠤᠨ᠎ᠠ᠃       ᠤᠰᠤᠨ ᠠᠰᠢᠭᠯᠠᠯᠳᠠ ᠶᠢᠨ ᠦᠨᠳᠦᠰᠦᠨ ᠪᠦᠳᠦᠬᠡᠨ ᠪᠠᠶᠢᠭᠤᠯᠤᠯᠳᠠ ᠶᠢ ᠬᠦᠨᠵᠡᠬᠡᠢ ᠲᠦᠯᠬᠢᠨ ᠠᠬᠢᠭᠤᠯᠤᠨ᠎ᠠ᠃ ᠲᠦᠭᠡᠭᠡᠯ ᠤᠰᠤᠨ ᠤ ᠢᠨᠵᠧᠨᠧᠷᠢᠩ 13 ᠶᠢ ᠰᠢᠨ᠎ᠡ ᠪᠠᠷ ᠭᠡᠷᠡᠭᠵᠢᠬᠦᠯᠵᠦ᠂  4277 ᠬᠦᠮᠦᠨ  ᠠᠮᠠ ᠬᠢᠭᠡᠳ 16300 ᠮᠠᠯ ᠤᠨᠤᠭᠠᠨ ᠤ  ᠤᠤᠭᠤᠬᠤ ᠤᠰᠤᠨ ᠤ ᠠᠰᠠᠭᠤᠳᠠᠯ ᠢ  ᠰᠢᠢᠳᠪᠦᠷᠢᠯᠡᠨ᠎ᠡ᠃  ᠦᠶᠡᠷ ᠤᠰᠤᠳᠠᠯ ᠤᠨ ᠬᠤᠭᠤᠴᠠᠭ᠎ᠠ ᠠᠴᠠ ᠡᠮᠦᠨ᠎ᠡ ᠮᠠᠨ ᠤ ᠬᠤᠰᠢᠭᠤᠨ ᠤ ᠦᠶᠡᠷ  ᠰᠡᠷᠭᠡᠶᠢᠯᠡᠬᠦ ᠪᠠᠷᠢᠯᠭ᠎ᠠ ᠶᠢᠨ ᠪᠤᠰᠤ ᠲᠦᠷᠦᠯ ᠵᠦᠢᠯ ᠢ ᠪᠡᠶᠡᠯᠡᠬᠦᠯᠦᠨ᠎ᠡ᠃ ᠭᠤᠸᠠᠩ ᠮᠠ ᠭᠸᠦ ᠭᠤᠤᠯ᠂ ᠬᠤ᠋ ᠯᠤ᠋ ᠢᠦᠢ ᠭᠤᠤᠯ ᠤᠨ ᠦᠶᠡᠷ ᠰᠡᠷᠭᠡᠶᠢᠯᠡᠬᠦ ᠵᠠᠰᠠᠯᠳᠠ  ᠵᠢᠴᠢ  ᠬᠤᠩ ᠰᠢᠩ᠂ ᠶᠠᠩ ᠵᠢᠶᠠ ᠶᠢᠩᠽᠢ ᠤᠨ ᠬᠤᠶᠠᠷ ᠰᠠᠭᠤᠷᠢ ᠤᠰᠤᠨ ᠴᠦᠬᠦᠷᠦᠮ ᠤᠨ ᠠᠶᠤᠯ ᠢ ᠠᠷᠢᠯᠭᠠᠵᠤ ᠪᠠᠬᠢᠵᠢᠬᠦᠯᠦᠨ ᠪᠠᠶᠢᠭᠤᠯᠬᠤ ᠠᠵᠢᠯ ᠢ ᠬᠢᠨ᠎ᠡ᠃  ᠭᠤᠸᠠᠩ ᠮᠢᠩ ᠵᠡᠭᠡᠯᠢ᠂ ᠾᠧ ᠫᠢᠩ ᠵᠠᠮ ᠤᠨ ᠬᠤᠶᠠᠷ ᠬᠦᠬᠦᠷᠭᠡ ᠶᠢ  ᠵᠠᠰᠠᠵᠤ᠂  ᠪᠤᠤᠴᠠᠩ ᠪᠠᠯᠭᠠᠰᠤᠨ ᠤ ᠦᠶᠡᠷ ᠤᠰᠤ ᠰᠡᠷᠭᠡᠶᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃ ︽ᠲᠠᠶᠢᠹᠤᠰᠧ ᠬᠤᠰᠢᠭᠤᠨ ᠤ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ ᠤᠷᠤᠨ ᠬᠤᠪᠢᠶᠠᠷᠢᠯᠠᠬᠤ︾ ᠲᠦᠷᠦᠯ ᠵᠦᠢᠯ ᠢ ᠭᠡᠷᠡᠭᠵᠢᠬᠦᠯᠵᠦ᠂ ᠰᠢᠨ᠎ᠡ ᠤᠰᠤᠨ ᠰᠤᠷᠪᠤᠯᠵᠢ ᠶᠢ  ᠡᠷᠢᠵᠦ ᠬᠠᠶᠢᠨ᠎ᠠ᠃       ᠵᠠᠮ  ᠬᠠᠷᠢᠯᠴᠠᠭᠠᠨ ᠤ  ᠪᠦᠳᠦᠬᠡᠨ ᠪᠠᠶᠢᠭᠤᠯᠤᠯᠳᠠ ᠶᠢ ᠬᠦᠨᠵᠡᠬᠡᠢ ᠲᠦᠯᠬᠢᠨ ᠠᠬᠢᠭᠤᠯᠤᠨ᠎ᠠ᠃  ᠬᠤᠰᠢᠭᠤ ᠪᠠ ᠰᠤᠮᠤ ᠰᠢᠶᠠᠩ ᠪᠠᠯᠭᠠᠰᠤᠨ ᠤ ᠵᠠᠮ   ᠤᠨ ᠦᠬᠡᠷᠡᠴᠢᠯᠡᠨ  ᠰᠠᠶᠢᠵᠢᠷᠠᠭᠤᠯᠬᠤ ᠠᠵᠢᠯ ᠢ ᠲᠦᠷᠭᠡᠳᠭᠡᠵᠦ᠂ ᠮᠠᠨ ᠬᠦ᠋ ᠱᠤᠭᠤᠮ᠂  ᠺᠠᠩ ᠱᠠᠨ ᠱᠤᠭᠤᠮ ᠤᠨ ᠮᠠᠨ ᠤ  ᠬᠤᠰᠢᠭᠤᠨ ᠳᠤ ᠬᠤᠯᠪᠤᠭᠳᠠᠬᠤ ᠭᠡᠰᠡᠭ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠡᠢ ᠬᠢᠬᠦ ᠶᠢᠨ ᠬᠠᠮᠳᠤ᠂ 30 ᠭᠠᠴᠠᠭ᠎ᠠ ᠲᠤᠰᠬᠤᠨ ᠳᠤ  ᠨᠡᠪᠳᠡᠷᠡᠬᠦ 234 ᠺᠢᠯᠤᠮᠧᠲᠷ ᠽᠧᠮᠧᠨ᠋ᠲ ᠵᠠᠮ ᠢ  ᠪᠠᠶᠢᠭᠤᠯᠵᠤ᠂  ᠾᠸᠦ ᠱᠠᠨ ᠢ ᠶᠢᠨ ᠬᠦᠬᠦᠷᠭᠡ᠂ ᠯᠦᠸᠧ ᠲᠦᠸᠧ ᠱᠠᠨ ᠤ ᠬᠦᠬᠦᠷᠭᠡ ᠳᠤ ᠵᠠᠰᠠᠯᠳᠠ ᠬᠢᠨ᠎ᠡ᠃         ᠴᠠᠬᠢᠯᠭᠠᠨ ᠬᠦᠴᠦᠨ᠂ ᠴᠢᠮᠡᠭᠡ ᠬᠤᠯᠪᠤᠭᠠᠨ ᠤ  ᠪᠦᠳᠦᠬᠡᠨ ᠪᠠᠶᠢᠭᠤᠯᠤᠯᠳᠠ ᠶᠢ ᠬᠦᠨᠵᠡᠬᠡᠢ ᠲᠦᠯᠬᠢᠨ ᠠᠬᠢᠭᠤᠯᠤᠨ᠎ᠠ᠃   ᠪᠤᠤᠴᠠᠩ   ᠤᠨ 110 ᠺᠢᠯᠤᠸᠤᠯᠲ ᠤᠨ ᠴᠠᠬᠢᠯᠭᠠᠨ ᠬᠤᠪᠢᠰᠬᠠᠬᠤ  ᠦᠷᠳᠡᠭᠡ  ᠪᠤᠯᠤᠨ  ᠮᠠ ᠹᠠᠩ ᠽᠢ᠂ ᠬᠤᠩ ᠴᠢ ᠶᠢᠨ 35 ᠺᠢᠯᠤᠸᠤᠯᠲ ᠤᠨ ᠴᠠᠬᠢᠯᠭᠠᠨ ᠬᠤᠪᠢᠰᠬᠠᠬᠤ  ᠦᠷᠳᠡᠭᠡ ᠶᠢ ᠦᠷᠭᠡᠳᠭᠡᠵᠦ ᠦᠭᠡᠷᠡᠴᠢᠯᠡᠬᠦ ᠠᠵᠢᠯ ᠢ ᠬᠢᠨ᠎ᠡ᠃  ᠬᠤᠳᠠ ᠬᠦᠳᠡᠭᠡ ᠶᠢ ᠪᠦᠷᠬᠦᠭᠰᠡᠨ ᠶᠡᠷᠦᠩᠬᠡᠶᠢᠯᠡᠭᠰᠡᠨ ᠮᠡᠳᠡᠭᠡ ᠵᠠᠩᠬᠢ ᠶᠢᠨ ᠦᠢᠯᠡᠴᠢᠯᠡᠬᠡᠨ ᠤ ᠰᠢᠰᠲ᠋ᠧᠮ ᠢ  ᠪᠠᠶᠢᠭᠤᠯᠵᠤ᠂  3G ᠰᠦᠯᠵᠢᠶᠡᠨ ᠲᠤᠬᠢᠶ᠎ᠠ ᠶᠢ ᠰᠤᠮᠤ ᠰᠢᠶᠠᠩ ᠪᠠᠯᠭᠠᠰᠤᠨ ᠳᠤ ᠨᠡᠪᠳᠡᠷᠡᠬᠦᠯᠬᠦ ᠪᠠᠷ ᠴᠢᠷᠮᠠᠶᠢᠵᠤ᠂  4G  ᠰᠦᠯᠵᠢᠶᠡᠨ ᠤ ᠪᠠᠶᠢᠭᠤᠯᠤᠯᠳᠠ ᠶᠢ ᠢᠳᠡᠪᠬᠢᠳᠡᠢ ᠪᠠᠷ  ᠲᠦᠯᠬᠢᠨ ᠠᠬᠢᠭᠤᠯᠤᠨ᠎ᠠ᠃      ︵ᠵᠢᠷᠭᠤᠭ᠎ᠠ︶ ᠤᠯᠠᠨ ᠨᠡᠶᠢᠳᠡ ᠶᠢᠨ ᠦᠢᠯᠡᠴᠢᠯᠡᠭᠡ ᠶᠢ ᠲᠡᠬᠦᠯᠳᠡᠷᠵᠢᠬᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠴᠢᠬᠤᠯᠠᠴᠢᠯᠠᠨ᠂ ᠠᠵᠤ ᠠᠬᠤᠢ ᠨᠡᠶᠢᠬᠡᠮ ᠤᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠲᠡᠭᠡᠷ᠎ᠡ ᠰᠢᠨ᠎ᠡ ᠠᠬᠢᠯᠳᠠ ᠭᠠᠷᠭᠠᠬᠤ ᠭᠡᠷᠡᠭᠳᠡᠢ᠃       ᠤᠯᠠᠨ ᠨᠡᠶᠢᠳᠡ ᠶᠢᠨ ᠦᠢᠯᠡᠴᠢᠯᠡᠬᠡᠨ ᠤ ᠰᠢᠰᠲ᠋ᠧᠮ ᠢ ᠲᠦᠷᠭᠡᠨ ᠲᠡᠬᠦᠯᠳᠡᠷᠵᠢᠬᠦᠯᠦᠨ᠎ᠡ᠃  ᠰᠤᠷᠭᠠᠨ ᠬᠦᠮᠦᠵᠢᠯ ᠤᠨ ᠠᠵᠢᠯ ᠢ ᠰᠠᠶᠢᠨ ᠬᠢᠵᠦ ᠠᠷᠠᠳ ᠲᠦᠮᠡᠨ ᠤ ᠰᠠᠨᠠᠭᠠᠨ ᠳᠤ ᠬᠦᠷᠭᠡᠬᠦ ᠭᠡᠷᠡᠭᠳᠡᠢ᠃  ᠰᠤᠷᠭᠠᠨ ᠬᠦᠮᠦᠵᠢᠯ ᠤᠨ ᠪᠠᠳᠤᠯᠠᠭᠠᠨ ᠤ ᠵᠠᠷᠤᠳᠠᠯ ᠢ ᠨᠠᠶᠢᠳᠠᠪᠤᠷᠢᠵᠢᠭᠤᠯᠵᠤ᠂ ᠰᠤᠷᠭᠠᠨ ᠬᠦᠮᠦᠵᠢᠯ ᠤᠨ ᠪᠠᠶᠢᠷᠢᠰᠢᠯ ᠢ ᠰᠢᠯᠢᠳᠡᠭᠵᠢᠬᠦᠯᠦᠨ᠂ ᠪᠠᠷᠢᠮᠵᠢᠶᠠᠳᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢ ᠬᠢᠨ᠎ᠡ᠃ ᠰᠤᠷᠬᠤ ᠨᠠᠰᠤᠨ  ᠠᠴᠠ ᠡᠮᠦᠨᠡᠬᠢ ᠭᠤᠷᠪᠠᠨ ᠵᠢᠯ   ᠤᠨ ᠰᠤᠷᠭᠠᠨ ᠬᠦᠮᠦᠵᠢᠯ ᠢ  ᠴᠢᠩᠭᠠᠳᠬᠠᠨ  ᠂ ᠬᠤᠰᠢᠭᠤᠨ ᠤ ᠭᠡᠦᠭᠡᠳ ᠤᠨ ᠴᠡᠴᠡᠷᠯᠢᠭ ᠢ ᠨᠡᠭᠡᠭᠡᠵᠦ᠂ ᠦᠨᠳᠦᠰᠦᠳᠡᠨ ᠤ  ᠴᠡᠴᠡᠷᠯᠢᠭ ᠪᠠ  ᠪᠤᠰᠤᠳ 3 ᠰᠠᠭᠤᠷᠢ ᠰᠤᠮᠤ ᠰᠢᠶᠠᠩ ᠪᠠᠯᠭᠠᠰᠤ ᠶᠢᠨ ᠭᠡᠦᠭᠡᠳ ᠤᠨ ᠴᠡᠴᠡᠷᠯᠢᠭ ᠤᠨ  ᠪᠦᠳᠦᠭᠡᠨ ᠪᠠᠶᠢᠭᠤᠯᠤᠯᠳᠠ ᠶᠢ ᠡᠬᠢᠯᠡᠵᠦ᠂ ᠬᠤᠰᠢᠭᠤᠨ ᠤ ᠬᠤᠶᠠᠳᠤᠭᠠᠷ ᠴᠡᠴᠡᠷᠯᠢᠭ ᠪᠤᠯᠤᠨ  4 ᠰᠠᠭᠤᠷᠢ ᠰᠤᠮᠤ ᠰᠢᠶᠠᠩ ᠪᠠᠯᠭᠠᠰᠤ ᠶᠢᠨ ᠭᠡᠦᠭᠡᠳ ᠤᠨ ᠴᠡᠴᠡᠷᠯᠢᠭ ᠵᠢᠴᠢ ᠠᠷᠠᠳ ᠠᠴᠠ ᠡᠷᠬᠢᠯᠡᠭᠰᠡᠨ ᠴᠡᠴᠡᠷᠯᠢᠭ ᠤᠨ ᠲᠦᠷᠦᠯ ᠵᠦᠢᠯ ᠢ ᠦᠪᠡᠷᠳᠡᠭᠡᠨ ᠵᠠᠰᠠᠬᠤ ᠤᠷᠤᠨ ᠳᠤ  ᠵᠦᠪᠰᠢᠶᠡᠷᠡᠯ ᠠᠪᠬᠤ ᠪᠠᠷ ᠮᠡᠳᠡᠬᠦᠯᠦᠨ᠎ᠡ᠃  ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ  ᠴᠢᠩᠭᠠᠳᠬᠠᠨ᠂  ᠰᠤᠷᠭᠠᠭᠤᠯᠢ ᠶᠢᠨ ᠬᠢᠨᠠᠨ ᠰᠢᠯᠭᠠᠬᠤ ᠠᠷᠭ᠎ᠠ  ᠪᠠ ᠠᠳᠠᠯᠢᠳᠬᠠᠨ ᠰᠢᠯᠭᠠᠷᠠᠭᠤᠯᠬᠤ  ᠠᠷᠭ᠎ᠠ ᠶᠢ ᠲᠡᠬᠦᠯᠳᠡᠷᠵᠢᠬᠦᠯᠵᠦ᠂   ᠵᠢᠭᠠᠨ ᠰᠤᠷᠭᠠᠯᠳᠠ ᠶᠢᠨ ᠶᠠᠰᠤ ᠴᠢᠨᠠᠷ ᠢ  ᠪᠦᠬᠦ ᠲᠠᠯᠠᠪᠠᠷ ᠲᠡᠭᠡᠭᠰᠢᠯᠡᠬᠦᠯᠦᠨ᠎ᠡ᠃   ᠰᠤᠷᠭᠠᠭᠤᠯᠢ ᠶᠢᠨ ᠬᠠᠮᠢᠶᠠᠷᠤᠯᠳᠠ ᠶᠢ ᠴᠢᠩᠭᠠᠳᠬᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠲᠤᠪᠤᠶᠢᠮ᠎ᠠ ᠰᠠᠶᠢᠨ  ᠠᠳᠬᠤᠬᠤ ᠭᠡᠷᠡᠭᠳᠡᠢ᠃ ᠵᠠᠯᠠᠭᠤᠴᠤᠳ ᠪᠠᠭᠠᠴᠤᠳ ᠤᠨ ᠬᠦᠳᠡᠯᠪᠦᠷᠢ   ᠶᠢᠨ ᠲᠦᠪ ᠢ ᠨᠡᠭᠡᠭᠡᠵᠦ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠤᠰᠤ ᠰᠤᠷᠳᠠᠬᠤᠨ ᠤ ᠪᠠᠶᠢᠭᠤᠯᠤᠯᠳᠠ ᠪᠤᠯᠤᠨ ᠭᠡᠪ ᠴᠢᠨᠠᠷ ᠤᠨ ᠰᠤᠷᠭᠠᠨ ᠬᠦᠮᠦᠵᠢᠯ ᠢ  ᠴᠢᠩᠭᠠᠳᠬᠠᠬᠤ ᠳᠤ ᠰᠠᠭᠤᠷᠢᠨ ᠭᠠᠵᠠᠷ ᠬᠠᠩᠭᠠᠨ᠎ᠠ ᠃  ᠡᠮ ᠡᠮᠨᠡᠯᠬᠡ  ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠬᠦ ᠭᠡᠷᠡᠭᠳᠡᠢ᠃ ᠡᠷᠡᠬᠦᠯ ᠬᠠᠮᠠᠭᠠᠯᠠᠯ ᠤᠨ ᠬᠢᠨᠠᠯᠳᠠ ᠲᠠᠯᠪᠢᠬᠤ ᠦᠷᠳᠡᠭᠡ᠂ ᠬᠤᠷᠰᠢᠭᠰᠠᠨ ᠡᠮᠨᠡᠯᠬᠡ ᠶᠢᠨ ᠲᠠᠩᠰᠠ ᠴᠠᠶᠢᠷᠠᠭᠤᠯᠬᠤ ᠲᠢᠩᠬᠢᠮ ᠤᠨ ᠪᠦᠳᠦᠭᠡᠨ ᠪᠠᠶᠢᠭᠤᠯᠤᠯᠳᠠ ᠪᠤᠯᠤᠨ ᠡᠤ ᠮᠢᠶᠠᠨ ᠵᠢᠩ ᠤᠨ ᠡᠷᠡᠬᠦᠯ ᠬᠠᠮᠠᠭᠠᠯᠠᠯ ᠤᠨ ᠬᠤᠷᠢᠶᠠᠨ ᠤ ᠦᠷᠭᠡᠳᠭᠡᠨ ᠪᠠᠶᠢᠭᠤᠯᠬᠤ ᠲᠦᠷᠦᠯ ᠵᠦᠢᠯ ᠢ ᠪᠡᠶᠡᠯᠡᠬᠦᠯᠦᠨ᠂  ᠰᠢᠨ᠎ᠡ ᠡᠮᠨᠡᠯᠬᠡ ᠶᠢᠨ ᠬᠤᠷᠢᠶᠠᠨ ᠤ  ᠮᠡᠳᠡᠭᠡ ᠵᠠᠩᠬᠢᠭᠰᠠᠨ ᠲᠠᠪᠴᠠᠩ ᠤᠨ ᠪᠦᠳᠦᠬᠡᠨ ᠪᠠᠶᠢᠭᠤᠯᠤᠯᠳᠠ ᠶᠢ ᠬᠢᠵᠦ᠂ ᠬᠢᠳᠠᠳ ᠮᠤᠩᠭᠤᠯ ᠡᠮᠨᠡᠯᠬᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠲᠦᠷᠦᠯ ᠵᠦᠢᠯ ᠵᠢᠴᠢ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠤᠯᠵᠤ ᠭᠡᠷᠡᠭᠵᠢᠬᠦᠯᠬᠦ ᠪᠠᠷ ᠴᠢᠷᠮᠠᠶᠢᠨ᠎ᠠ᠃ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ  ᠦᠢᠯᠡᠴᠢᠯᠡᠬᠡᠨ ᠤ ᠲᠡᠩᠴᠡᠬᠦᠷᠢᠳᠡᠢ ᠶᠠᠪᠤᠭᠳᠠᠬᠤ ᠶᠢ ᠲᠦᠯᠬᠢᠨ ᠠᠬᠢᠭᠤᠯᠵᠤ᠂ ᠦᠨᠳᠦᠰᠦᠨ ᠡᠮ ᠲᠠᠩ ᠤᠨ ᠲᠦᠷᠢᠮ ᠢ ᠪᠦᠬᠦ ᠲᠠᠯᠠᠪᠠᠷ ᠭᠡᠷᠡᠭᠵᠢᠬᠦᠯᠦᠨ᠎ᠡ᠃ ᠮᠠᠯᠴᠢᠨ ᠲᠠᠷᠢᠶᠠᠴᠢᠨ ᠤ ᠦᠨᠳᠦᠰᠦᠨ ᠡᠮᠨᠡᠯᠬᠡ ᠶᠢᠨ ᠪᠠᠳᠤᠯᠠᠭ᠎ᠠ ᠶᠢ ᠴᠢᠩᠭᠠᠳᠬᠠᠵᠤ᠂ ᠬᠦᠨᠳᠦ ᠡᠪᠳᠴᠢᠨ ᠢᠶᠠᠷ ᠡᠮᠨᠡᠯᠬᠡ ᠳᠤ ᠰᠠᠭᠤᠬᠤ ᠶᠢ ᠨᠢᠬᠡᠳᠦᠯᠳᠡᠢ ᠲᠦᠯᠦᠪᠯᠡᠬᠦ ᠪᠠ ᠡᠬᠦᠳᠡᠨ ᠡᠮᠨᠡᠯᠬᠡ ᠶᠢ ᠨᠢᠬᠡᠳᠦᠯᠳᠡᠢ ᠲᠦᠯᠦᠪᠯᠡᠬᠦ ᠤᠶᠠᠯᠳᠤᠭᠰᠠᠨ ᠨᠦᠬᠦᠪᠦᠷᠢ ᠤᠯᠭᠤᠬᠤ ᠬᠡᠯᠪᠡᠷᠢ ᠶᠢ ᠪᠦᠬᠦ ᠲᠠᠯᠠᠪᠠᠷ ᠲᠡᠯᠭᠡᠷᠡᠬᠦᠯᠦᠨ᠂ ᠤᠯᠠᠨ ᠲᠦᠮᠡᠨ ᠤ ᠠᠰᠢᠭ ᠬᠦᠷᠳᠡᠬᠦ ᠬᠡᠪᠴᠢᠶ᠎ᠡ ᠶᠢ ᠦᠷᠭᠡᠳᠭᠡᠨ᠎ᠡ᠃  ᠬᠤᠰᠢᠭᠤᠨ ᠤ ᠲᠦᠯᠦᠪᠯᠡᠬᠡᠳᠦ ᠦᠷᠡᠵᠢᠯ ᠤᠨ ᠦᠢᠯᠡᠴᠢᠯᠡᠬᠡᠨ ᠤ ᠲᠦᠪ ᠢ ᠦᠷᠭᠡᠳᠭᠡᠨ ᠪᠠᠶᠢᠭᠤᠯᠬᠤ᠂  ᠪᠤᠤᠴᠠᠩ ᠪᠠᠯᠭᠠᠰᠤ᠂ ᠶᠦᠩ ᠹᠧᠩ ᠪᠠᠯᠭᠠᠰᠤ᠂ ᠴᠢᠶᠠᠨ ᠶᠢᠨ ᠭᠸᠦ ᠪᠠᠯᠭᠠᠰᠤ᠂ ᠬᠦᠨᠪᠤᠯᠠᠭ ᠰᠤᠮᠤᠨ ᠤ 4 ᠰᠠᠭᠤᠷᠢ ᠲᠦᠯᠦᠪᠯᠡᠬᠡᠳᠦ ᠦᠷᠡᠵᠢᠯ ᠤᠨ ᠦᠢᠯᠡᠴᠢᠯᠡᠬᠡᠨ ᠤ ᠦᠷᠳᠡᠭᠡ ᠶᠢ ᠪᠠᠶᠢᠭᠤᠯᠬᠤ ᠲᠦᠷᠦᠯ ᠵᠦᠢᠯ ᠢ ᠤᠯᠵᠤ ᠭᠡᠷᠡᠭᠵᠢᠬᠦᠯᠬᠦ ᠪᠠᠷ ᠴᠢᠷᠮᠠᠶᠢᠨ᠎ᠠ᠃ ᠬᠦᠮᠦᠨ ᠠᠮᠠ ᠬᠢᠭᠡᠳ ᠲᠦᠯᠦᠪᠯᠡᠬᠡᠳᠦ ᠦᠷᠡᠵᠢᠯ ᠤᠨ ᠮᠡᠳᠡᠭᠡ ᠵᠠᠩᠬᠢᠵᠢᠭᠰᠠᠨ ᠪᠠᠶᠢᠭᠤᠯᠤᠯᠳᠠ ᠶᠢ ᠲᠦᠷᠭᠡᠳᠭᠡᠵᠦ᠂  ᠲᠤᠳᠠᠭᠤ ᠵᠡᠮᠳᠡᠭ ᠲᠦᠷᠦᠬᠦ ᠶᠢ ᠪᠠᠭᠠᠰᠬᠠᠨ᠂  ᠬᠦᠮᠦᠨ ᠠᠮᠠ   ᠶᠢᠨ ᠶᠠᠰᠤ ᠴᠢᠨᠠᠷ ᠢ ᠤᠯᠠᠮ ᠰᠠᠶᠢᠵᠢᠷᠠᠭᠤᠯᠤᠨ᠎ᠠ᠃ ᠢᠳᠡᠭᠡᠨ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠰᠢᠰᠲ᠋ᠧᠮ ᠢ  ᠤᠯᠠᠮ  ᠲᠡᠬᠦᠯᠳᠡᠷᠵᠢᠬᠦᠯᠦᠨ᠂ ᠡᠨᠡ ᠵᠢᠯ ᠢᠳᠡᠭᠡᠨ ᠤᠮᠳᠠᠭᠠᠨ ᠤ  ᠬᠠᠮᠢᠶᠠᠷᠤᠯᠳᠠ ᠶᠢᠨ ᠬᠠᠤᠯᠢ ᠭᠡᠷᠡᠭᠵᠢᠬᠦᠯᠬᠦ ᠶᠡᠭᠡ ᠠᠩᠬᠢ  ᠶᠢ ᠪᠠᠶᠢᠭᠤᠯᠤᠨ᠂ ᠡᠷᠡᠬᠦᠯ ᠬᠠᠮᠠᠭᠠᠯᠠᠯ ᠤᠨ ᠵᠦᠪᠰᠢᠶᠡᠷᠡᠯ  ᠤᠯᠭᠤᠬᠤ᠂  ᠬᠤᠭᠤᠯᠠ ᠤᠮᠳᠠ ᠶᠢᠨ  ᠦᠢᠯᠡᠰ ᠡᠷᠬᠢᠯᠡᠬᠦ ᠵᠡᠷᠭᠡ ᠡᠯ᠎ᠡ ᠲᠠᠯᠠᠪᠠᠷ ᠬᠢᠨᠠᠯᠳᠠ ᠬᠠᠮᠢᠶᠠᠷᠤᠯᠳᠠ ᠶᠢ ᠪᠦᠬᠦ ᠲᠠᠯᠠᠪᠠᠷ  ᠴᠢᠩᠭᠠᠳᠬᠠᠬᠤ ᠶᠢᠨ ᠬᠠᠮᠳᠤ ᠡᠷᠡᠬᠦᠯᠵᠢᠯ ᠤᠨ ᠢᠳᠡᠭᠡᠨ᠂ ᠭᠤᠶᠤᠯᠠᠯ ᠤᠨ ᠡᠳ᠋ ᠵᠡᠷᠭᠡ ᠳᠤ ᠴᠢᠩᠭ᠎ᠠ ᠬᠢᠨᠠᠯᠳᠠ ᠲᠠᠯᠪᠢᠵᠤ᠂ ᠠᠷᠠᠳ ᠢᠷᠭᠡᠳ ᠤᠨ ᠠᠶᠤᠯᠬᠦᠢ ᠢᠳᠡᠭᠡᠨ ᠤᠮᠳᠠᠭᠠᠨ ᠪᠠ ᠡᠮ ᠲᠠᠩ ᠭᠡᠷᠡᠭᠯᠡᠬᠦ ᠶᠢ ᠪᠠᠳᠤᠯᠠᠨ᠎ᠠ᠃ ᠬᠦᠨᠳᠦ ᠶᠡᠭᠡ ᠬᠠᠯᠳᠠᠪᠤᠷᠢᠳᠤ ᠡᠪᠡᠳᠴᠢᠨ ᠤ ᠰᠡᠷᠭᠡᠶᠢᠯᠡᠯᠳᠡ ᠶᠢ ᠴᠢᠩᠭ᠎ᠠ ᠠᠳᠬᠤᠬᠤ ᠭᠡᠷᠡᠭᠳᠡᠢ᠃  ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮ ᠢ  ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠰᠤᠶᠤᠯ ᠤᠨ ᠦᠢᠯᠡᠰ ᠤᠨ ᠴᠡᠴᠡᠭᠯᠡᠯ ᠬᠦᠭᠵᠢᠯ ᠢ ᠬᠦᠴᠦᠳᠡᠢ ᠲᠦᠯᠬᠢᠨ ᠠᠬᠢᠭᠤᠯᠤᠨ᠎ᠠ᠃ ᠲᠠᠶᠢᠹᠤᠰᠧ ᠬᠤᠰᠢᠭᠤᠨ ᠤ ᠪᠠᠨ ᠦᠨᠳᠦᠰᠦᠳᠡᠨ᠂ ᠵᠠᠩ ᠵᠠᠩᠰᠢᠯ ᠂ ᠲᠡᠦᠬᠡ ᠰᠤᠶᠤᠯ ᠤᠨ ᠵᠦᠢᠯᠡᠰ ᠢ ᠬᠦᠨ ᠠᠭᠤᠳᠠᠯᠠᠵᠤ᠂ ᠰᠤᠶᠤᠯ ᠲᠡᠦᠬᠡ ᠶᠢᠨ ᠲᠤᠷᠠᠰᠬᠠᠯᠳᠤ ᠵᠦᠢᠯ ᠢ ᠬᠠᠮᠠᠭᠠᠯᠠᠬᠤ ᠪᠠ ᠤᠯᠠᠮᠵᠢᠯᠠᠬᠤ ᠠᠵᠢᠯ ᠢ ᠴᠢᠩᠭᠠᠳᠬᠠᠬᠤ ᠭᠡᠷᠡᠭᠳᠡᠢ᠃ 2013 ᠤᠨ   ᠳᠤ ᠪᠤᠯᠬᠤ ᠪᠦᠬᠦ ᠤᠷᠤᠨ ᠤ ᠨᠠᠢᠮᠠᠳᠤᠭᠠᠷ ᠬᠤᠭᠤᠴᠠᠭᠠᠨ ᠤ ᠴᠦᠬᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ  ᠴᠤᠭᠯᠠᠭᠠᠨ   ᠳᠤ ᠰᠠᠶᠢᠳᠤᠷ ᠪᠡᠯᠡᠳᠭᠡᠯ ᠬᠢᠨ᠎ᠡ᠃ ᠡᠨᠡ ᠵᠢᠯ ᠤᠨ ᠰᠤᠶᠤᠯ ᠵᠤᠭᠠᠴᠠᠯ ᠤᠨ  ᠭᠤᠤᠯ ᠰᠡᠳᠦᠪᠳᠦ ᠪᠠᠶᠠᠷ ᠨᠠᠶᠢᠷ ᠤᠨ ᠬᠠᠮᠢᠶ᠎ᠠ ᠪᠦᠬᠦᠢ ᠠᠵᠢᠯᠯᠠᠭ᠎ᠠ ᠶᠢ ᠰᠠᠶᠢᠳᠤᠷ ᠪᠡᠯᠡᠳᠭᠡᠵᠦ ᠦᠷᠨᠢᠬᠦᠯᠬᠦ ᠭᠡᠷᠡᠭᠳᠡᠢ᠃ ᠪᠦᠬᠦ ᠠᠷᠠᠳ ᠢᠶᠠᠷ ᠴᠢᠬᠢᠷᠠᠭᠵᠢᠬᠤ ᠬᠦᠳᠡᠯᠭᠡᠭᠡᠨ ᠢ ᠦᠷᠭᠡᠨ ᠲᠡᠯᠭᠡᠷ  ᠦᠷᠨᠢᠬᠦᠯᠵᠦ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠦᠨ᠎ᠡ᠃  ᠷᠠᠳᠢᠤ᠋ ᠲᠧᠯᠸᠢᠰ  ᠲᠠᠮᠵᠢᠭᠤᠯᠬᠤ  ᠲᠦᠪ ᠤᠨ ᠪᠦᠳᠦᠭᠡᠨ ᠪᠠᠶᠢᠭᠤᠯᠤᠯᠳᠠ ᠶᠢ ᠬᠢᠨ᠎ᠡ᠃  ︽ᠤᠳᠠᠰᠤ ᠦᠬᠡᠢ ᠲᠠᠮᠵᠢᠭᠤᠯᠭ᠎ᠠ ᠶᠢᠨ ᠪᠦᠷᠬᠦᠴᠡ ᠶᠢᠨ ᠢᠵᠧᠨᠧᠷᠢᠩ︾᠂ ︽ᠭᠠᠴᠠᠭ᠎ᠠ ᠲᠤᠰᠬᠤᠨ ᠪᠤᠯᠭᠠᠨ ᠳᠤ ᠷᠠᠳᠢᠤ᠋ ᠲᠧᠯᠸᠢᠰ  ᠨᠡᠪᠳᠡᠷᠡᠬᠦᠯᠬᠦ︾ ᠪᠠ ︽ᠬᠢᠯᠢ ᠬᠢᠵᠠᠭᠠᠷ ᠤᠷᠤᠨ ᠤ ᠴᠦᠬᠡᠨ ᠦᠨᠳᠦᠰᠦᠳᠡᠨ ᠤ ᠭᠠᠵᠠᠷ ᠤᠷᠤᠨ  ᠳᠤ ᠷᠠᠳᠢᠤ᠋ ᠲᠧᠯᠸᠢᠰ ᠨᠡᠪᠳᠡᠷᠡᠬᠦᠯᠬᠦ︾ ᠵᠡᠷᠭᠡ ᠢᠨᠵᠧᠨᠧᠷᠢᠩ ᠤᠨ ᠪᠠᠶᠢᠭᠤᠯᠤᠯᠳᠠ ᠶᠢ   ᠦᠷᠬᠦᠯᠵᠢᠯᠡᠬᠦᠯᠵᠦ᠂ ᠷᠠᠳᠢᠤ᠋ ᠲᠧᠯᠸᠢᠰ ᠤᠨ ᠪᠦᠷᠬᠦᠴᠡ ᠶᠢ ᠦᠷᠭᠡᠳᠭᠡᠨ᠎ᠡ᠃  ᠤᠯᠠᠨ ᠴᠢᠳᠠᠪᠬᠢᠳᠤ ᠺᠢᠨᠤ᠋ ᠲᠢᠶᠠᠲᠷ ᠨᠢᠬᠡ ᠶᠢ ᠪᠠᠶᠢᠭᠤᠯᠵᠤ᠂  ᠪᠤᠤᠴᠠᠩ ᠪᠠᠯᠭᠠᠰᠤᠨ ᠳᠤ ᠤᠯᠠᠨ ᠵᠢᠯ ᠤᠨ ᠲᠤᠷᠰᠢ ᠺᠢᠨᠤ᠋ ᠭᠠᠷᠬᠤ ᠪᠠᠨ ᠵᠤᠭᠰᠤᠭᠰᠠᠨ ᠪᠠᠶᠢᠳᠠᠯ ᠢ ᠡᠴᠦᠰᠯᠡᠬᠦᠯᠦᠨ᠎ᠡ᠃  ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢ ᠨᠢᠮᠪᠠᠢ ᠰᠠᠶᠢᠨ ᠬᠢᠬᠦ ᠭᠡᠷᠡᠭᠳᠡᠢ᠃      ᠬᠤᠳᠠ ᠬᠦᠳᠡᠭᠡ ᠶᠢ ᠪᠦᠷᠬᠦᠭᠰᠡᠨ ᠨᠡᠶᠢᠬᠡᠮ ᠤᠨ ᠪᠠᠳᠤᠯᠠᠭᠠᠨ ᠤ ᠰᠢᠰᠲ᠋ᠧᠮ ᠢ ᠲᠡᠬᠦᠯᠳᠡᠷᠵᠢᠬᠦᠯᠬᠦ ᠭᠡᠷᠡᠭᠳᠡᠢ᠃  ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠠᠭᠠᠳᠬᠠᠯ ᠤᠨ ᠪᠦᠷᠬᠦᠴᠡ ᠶᠢ ᠲᠠᠰᠤᠷᠠᠯᠳᠠ ᠦᠬᠡᠢ  ᠦᠷᠭᠡᠳᠭᠡᠨ᠂ ᠲᠠᠭᠠᠳᠬᠠᠯ ᠳᠤ ᠤᠷᠤᠭᠠᠳᠤᠢ ᠬᠦᠮᠦᠰ ᠤᠨ ᠦᠯᠡᠳᠡᠭᠳᠡᠯ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠨᠠᠰᠤᠵᠢᠯ ᠤᠨ ᠲᠠᠭᠠᠳᠬᠠᠯ ᠳᠤ ᠤᠷᠤᠯᠴᠠᠬᠤ ᠨᠤᠷᠮ᠎ᠠ ᠶᠢ 90 % ᠠᠴᠠ  ᠲᠠᠪᠠᠭᠤᠯᠤᠨ᠎ᠠ᠃ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠵᠡᠷᠭᠡ ᠲᠤᠰᠬᠠᠢ ᠲᠦᠷᠦᠯ ᠤᠨ ᠠᠪᠤᠷᠠᠨ ᠲᠤᠰᠠᠯᠠᠬᠤ ᠠᠵᠢᠯ ᠢ ᠰᠦᠯᠵᠢᠶᠡᠨ ᠲᠡᠭᠡᠷ᠎ᠡ  ᠬᠢᠨᠠᠨ ᠵᠦᠪᠰᠢᠶᠡᠷᠡᠬᠦ  ᠪᠠ  ᠮᠡᠳᠡᠭᠡ ᠵᠠᠩᠭᠢᠵᠢᠭᠤᠯᠤᠨ ᠰᠦᠯᠵᠢᠶ᠎ᠡ   ᠪᠠᠷ ᠬᠠᠮᠢᠶᠠᠷᠬᠤ ᠶᠢ ᠲᠦᠯᠬᠢᠨ ᠠᠬᠢᠭᠤᠯᠵᠤ᠂  ᠮᠠᠯᠵᠢᠬᠤ ᠲᠠᠷᠢᠶᠠᠯᠠᠬᠤ ᠤᠷᠤᠨ ᠤ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠨ᠂ ᠬᠠᠷᠢᠯᠴᠠᠨ ᠬᠠᠪᠰᠤᠷᠤᠯᠴᠠᠬᠤ  ᠵᠢᠷᠭᠠᠯᠠᠩᠳᠤ ᠬᠦᠷᠢᠶᠡᠯᠡᠩ  ᠢ ᠪᠠᠶᠢᠭᠤᠯᠬᠤ ᠲᠤᠷᠰᠢᠯᠳᠠ ᠶᠢᠨ ᠴᠡᠭ ᠤᠨ ᠠᠵᠢᠯ ᠢ ᠡᠬᠢᠯᠡᠬᠦᠯᠦᠨ᠎ᠡ᠃ ᠬᠤᠳᠠ ᠪᠠᠯᠭᠠᠰᠤᠨ ᠤ ᠰᠠᠭᠤᠭᠠᠯᠢ ᠠᠷᠠᠳ  ᠤᠨ ᠡᠮᠨᠡᠯᠬᠡ ᠶᠢᠨ ᠲᠠᠭᠠᠳᠬᠠᠯ ᠤᠨ ᠪᠦᠷᠬᠦᠴᠡ ᠶᠢ ᠲᠠᠰᠤᠷᠠᠯᠳᠠ ᠦᠬᠡᠢ ᠦᠷᠭᠡᠳᠭᠡᠵᠦ᠂ ᠬᠤᠳᠠ ᠪᠠᠯᠭᠠᠰᠤᠨ ᠤ ᠠᠵᠢᠯ ᠦᠢᠯᠡᠰ ᠡᠷᠬᠢᠯᠡᠭᠴᠢ ᠪᠤᠯᠤᠨ ᠲᠠᠮᠫᠤᠷᠠᠭᠰᠠᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ  ᠠᠵᠢᠯᠴᠢᠳ ᠢ  ᠭᠤᠤᠯᠳᠠᠯᠭᠠᠳᠠᠢ ᠬᠠᠯᠠᠮᠵᠢᠯᠠᠵᠤ᠂ ᠬᠤᠳᠠ ᠪᠠᠯᠭᠠᠰᠤᠨ ᠤ  ᠰᠠᠭᠤᠭᠠᠯᠢ ᠠᠷᠠᠳ ᠤᠨ ᠡᠮᠨᠡᠯᠬᠡ ᠶᠢᠨ ᠲᠠᠭᠠᠳᠬᠠᠯ ᠳᠤ ᠤᠷᠤᠬᠤ  ᠨᠤᠷᠮ᠎ᠠ ᠶᠢ 95 % ᠠᠴᠠ ᠲᠠᠪᠠᠭᠤᠯᠬᠤ ᠪᠠᠷ ᠴᠢᠷᠮᠠᠶᠢᠨ᠎ᠠ᠃  ᠦᠨᠳᠦᠰᠦᠨ ᠡᠮᠨᠡᠯᠬᠡ  ᠶᠢᠨ ᠲᠠᠭᠠᠳᠬᠠᠯ ᠪᠠ ᠦᠷᠡᠵᠢᠯ ᠤᠨ ᠲᠠᠭᠠᠳᠬᠠᠯ   ᠤᠨ ᠲᠦᠷᠦ ᠶᠢᠨ ᠪᠤᠳᠤᠯᠭ᠎ᠠ   ᠶᠢ ᠲᠠᠰᠤᠷᠠᠯᠳᠠ ᠦᠬᠡᠢ ᠲᠡᠬᠦᠯᠳᠡᠷᠵᠢᠬᠦᠯᠵᠦ᠂  ᠡᠮᠨᠡᠯᠬᠡ ᠶᠢᠨ ᠲᠠᠭᠠᠳᠬᠠᠯ  ᠪᠤᠯᠤᠨ ᠠᠷᠠᠯᠵᠢᠶᠠᠨ ᠤ ᠲᠠᠭᠠᠳᠬᠠᠯ ᠤᠨ  ᠵᠤᠯᠭᠠᠯᠳᠠ ᠶᠢ  ᠲᠦᠷᠭᠡᠳᠭᠡᠨ᠎ᠡ᠃  ᠡᠮᠨᠡᠯᠬᠡ ᠶᠢᠨ ᠠᠪᠤᠷᠠᠨ ᠲᠤᠰᠠᠯᠠᠬᠤ ᠪᠡᠯᠡ  ᠮᠦᠩᠬᠦᠨ ᠤ ᠤᠷᠤᠭᠤᠯᠤᠯᠳᠠ ᠶᠢ ᠶᠡᠭᠡᠰᠬᠡᠵᠦ᠂ ᠠᠪᠤᠷᠠᠨ ᠲᠤᠰᠠᠯᠠᠬᠤ ᠠᠷᠭ᠎ᠠ ᠠᠪᠴᠢᠯ ᠢ ᠪᠦᠷᠢᠨᠰᠢᠬᠦᠯᠦᠨ᠂ ᠠᠪᠤᠷᠠᠨ ᠲᠤᠰᠠᠯᠠᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠨᠢᠬᠦᠯᠡᠰᠦᠩᠬᠦᠢ ᠶᠢᠨ ᠦᠢᠯᠡᠰ ᠤᠨ ᠨᠡᠶᠢᠬᠡᠮᠯᠢᠭ ᠵᠡᠷᠭᠡ ᠲᠠᠪᠴᠠᠩ ᠢ ᠪᠦᠳᠦᠮᠵᠢᠳᠡᠢ ᠠᠰᠢᠭᠯᠠᠨ᠂ ᠬᠦᠨᠳᠦ  ᠡᠪᠡᠳᠴᠢᠳᠡᠨ ᠢ ᠠᠪᠤᠷᠠᠨ ᠲᠤᠰᠠᠯᠠᠬᠤ ᠪᠡᠯᠡ  ᠮᠦᠩᠬᠦ ᠶᠢ ᠬᠤᠷᠠᠮᠳᠤᠭᠤᠯᠵᠤ᠂ ᠬᠦᠨᠳᠦ ᠡᠪᠡᠳᠴᠢᠳᠡᠨ ᠢ ᠠᠪᠤᠷᠠᠨ ᠲᠤᠰᠠᠯᠠᠬᠤ ᠪᠠ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠰᠠᠶᠢᠨ ᠬᠢᠬᠦ ᠭᠡᠷᠡᠭᠳᠡᠢ᠃  ᠠᠵᠢᠯ ᠤᠯᠭᠤᠯᠳᠠ ᠶᠢ ᠨᠡᠩ ᠴᠢᠨᠠᠷ ᠲᠠᠢ ᠦᠷᠨᠢᠬᠦᠯᠵᠦ᠂ ᠦᠢᠯᠡᠰ ᠪᠦᠳᠦᠭᠡᠬᠦ ᠪᠠᠭ᠎ᠠ ᠬᠡᠮᠵᠢᠶᠡᠨ ᠤ ᠢᠳᠡᠭᠡᠮᠵᠢᠳᠦ ᠵᠢᠬᠡᠯᠡᠯᠬᠡ 1200 ᠲᠦᠮᠡᠨ ᠲᠦᠬᠦᠷᠢᠭ  ᠲᠠᠷᠬᠠᠭᠠᠨ᠂  ᠠᠵᠢᠯ ᠤᠨ ᠪᠠᠶᠢᠷᠢ 12000 ᠶᠢ ᠡᠯᠰᠡᠵᠦ᠂ ᠬᠤᠳᠠ ᠪᠠᠯᠭᠠᠰᠤᠨ ᠤ 3000 ᠬᠦᠮᠦᠨ ᠳᠤ ᠠᠵᠢᠯ  ᠲᠤᠬᠢᠷᠠᠭᠤᠯᠤᠨ᠎ᠠ᠃ 7600 ᠢᠯᠡᠬᠦᠦ ᠬᠦᠮᠦᠨ ᠢ ᠠᠵᠢᠯ ᠠᠯᠳᠠᠬᠤ ᠲᠠᠭᠠᠳᠬᠠᠯ ᠳᠤ  ᠤᠷᠤᠭᠤᠯᠵᠤ᠂ ᠪᠦᠬᠦ ᠬᠤᠰᠢᠭᠤᠨ ᠤ  ᠲᠠᠩᠰᠠᠯᠠᠭᠳᠠᠭᠰᠠᠨ ᠠᠵᠢᠯ ᠠᠯᠳᠠᠬᠤ ᠨᠤᠷᠮ᠎ᠠ ᠶᠢ  ᠲᠡᠭᠰᠢᠳᠭᠡᠭᠡᠳ 3.5% ᠠᠴᠠ ᠲᠤᠷᠤᠭᠰᠢ ᠪᠠᠶᠢᠯᠭᠠᠨ᠎ᠠ᠃ ᠡᠨᠡ ᠵᠢᠯ 7000 ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠵᠤ᠂  ᠡᠬᠦᠨ ᠤ ᠲᠤᠳᠤᠷ᠎ᠠ  1000 ᠬᠦᠮᠦᠨ ᠢ ᠵᠤᠬᠢᠶᠠᠨ ᠪᠠᠶᠢᠭᠤᠯᠤᠯᠳᠠ ᠲᠠᠢ ᠪᠠᠷ ᠭᠠᠳᠠᠭᠰᠢ  ᠭᠠᠷᠭᠠᠨ᠎ᠠ᠃  ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ 100 ᠢᠵᠢ ᠲᠦᠷᠢᠶᠡᠰᠦᠨ ᠤ ᠭᠡᠷ  ᠵᠢᠴᠢ ᠲᠡᠬᠦᠨ ᠤ ᠲᠠᠭᠠᠯᠳᠤᠬᠤ  ᠢᠨᠵᠧᠨᠧᠷᠢᠩ ᠢ ᠪᠡᠶᠡᠯᠡᠬᠦᠯᠵᠦ᠂ ᠭᠡᠷ ᠲᠦᠷᠢᠶᠡᠰᠦᠯᠡᠬᠦ ᠨᠦᠬᠦᠪᠦᠷᠢ 315 ᠲᠦᠮᠡᠨ ᠲᠦᠬᠦᠷᠢᠭ ᠲᠠᠷᠬᠠᠭᠠᠨ᠂ 1390 ᠡᠷᠦᠬᠡ ᠳᠤ ᠠᠰᠢᠭ ᠬᠦᠷᠳᠡᠭᠡᠨ᠎ᠡ᠃  ᠡᠬᠦᠨ ᠤ ᠬᠠᠮᠳᠤ᠂ ᠮᠠᠯᠵᠢᠬᠤ ᠲᠠᠷᠢᠶᠠᠯᠠᠬᠤ ᠤᠷᠤᠨ ᠤ 1400 ᠡᠷᠦᠬᠡ ᠶᠢᠨ 6.3 ᠲᠦᠮᠡᠨ ᠬᠠᠪᠳᠠᠭᠠᠢ ᠲᠦᠷᠪᠡᠯᠵᠢᠨ ᠮᠧᠲᠷ ᠬᠠᠭᠤᠴᠢᠷᠠᠭᠰᠠᠨ ᠭᠡᠷ ᠪᠠᠶᠢᠰᠢᠩ   ᠢ ᠦᠭᠡᠷᠡᠴᠢᠯᠡᠨ ᠪᠠᠶᠢᠭᠤᠯᠤᠨ᠎ᠠ᠃      ᠶᠠᠳᠠᠭᠤ ᠶᠢ  ᠲᠡᠳᠬᠦᠵᠦ ᠨᠡᠭᠡᠭᠡᠨ ᠬᠦᠭᠵᠢᠬᠦᠯᠬᠦ ᠠᠵᠢᠯ ᠤᠨ ᠡᠷᠴᠢᠮ ᠢ ᠴᠢᠩᠭᠠᠷᠠᠭᠤᠯᠬᠤ ᠭᠡᠷᠡᠭᠳᠡᠢ᠃  ᠨᠡᠶᠢᠬᠡᠮ ᠵᠢᠷᠤᠮᠳᠤ ᠰᠢᠨ᠎ᠡ ᠬᠦᠳᠡᠭᠡ ᠲᠤᠰᠬᠤᠨ ᠢ ᠪᠠᠶᠢᠭᠤᠯᠬᠤ ᠱᠠᠭᠠᠷᠳᠠᠯᠭ᠎ᠠ ᠶᠤᠰᠤᠭᠠᠷ᠂ ᠲᠦᠷᠦᠯ ᠵᠦᠢᠯ ᠢ ᠨᠢᠭᠡᠳᠭᠡᠵᠦ᠂ ᠪᠡᠯᠡ ᠮᠦᠩᠬᠦ ᠶᠢ ᠬᠠᠮᠳᠤᠳᠬᠠᠨ᠂ ᠠᠮᠵᠢᠯᠳᠠ ᠪᠠᠷ ᠲᠤᠪᠤᠶᠢᠮ᠎ᠠ᠂ ᠲᠠᠶᠢᠴᠢᠯᠠᠬᠤ ᠬᠦᠴᠦᠨ ᠢᠶᠠᠷ ᠴᠢᠩᠭ᠎ᠠ ᠨᠢᠭᠡ ᠪᠦᠯᠦᠭ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ ᠢ ᠪᠤᠢ ᠪᠤᠯᠭᠠᠨ᠎ᠠ᠃ ᠡᠨᠡ ᠵᠢᠯ  6 ᠭᠠᠴᠠᠭ᠎ᠠ ᠲᠤᠰᠬᠤᠨ   ᠤ ᠪᠦᠬᠦᠶᠢᠯᠡ  ᠲᠤᠰᠬᠤᠨ ᠢᠶᠠᠷ ᠠᠬᠢᠭᠤᠯᠬᠤ ᠲᠦᠷᠦᠯ ᠵᠦᠢᠯ᠂  6 ᠭᠠᠴᠠᠭ᠎ᠠ ᠲᠤᠰᠬᠤᠨ   ᠤ ᠵᠢᠵᠢᠭ ᠲᠠᠯᠠᠪᠠᠢ ᠶᠢ ᠨᠢᠭᠡᠳᠭᠡᠵᠦ ᠬᠦᠭᠵᠢᠬᠦᠯᠬᠦ ᠲᠦᠷᠦᠯ ᠵᠦᠢᠯ᠂ 4 ᠭᠠᠴᠠᠭ᠎ᠠ ᠲᠤᠰᠬᠤᠨ ᠤ ᠠᠵᠤ ᠦᠢᠯᠡᠰᠵᠢᠬᠦᠯᠦᠨ ᠶᠠᠳᠠᠭᠤ ᠶᠢ ᠳᠡᠳᠬᠦᠬᠦ ᠲᠦᠷᠦᠯ ᠵᠦᠢᠯ᠂ 2 ᠭᠠᠴᠠᠭ᠎ᠠ ᠲᠤᠰᠬᠤᠨ ᠤ  ᠬᠤᠪᠢᠰᠬᠠᠯ ᠤᠨ ᠬᠠᠭᠤᠴᠢᠨ ᠤᠷᠤᠨ ᠤ ᠶᠠᠳᠠᠭᠤ ᠶᠢ ᠳᠡᠳᠬᠦᠬᠦ ᠲᠦᠷᠦᠯ ᠵᠦᠢᠯ ᠪᠠ 1 ᠰᠠᠭᠤᠷᠢ ᠨᠡᠬᠦᠯᠬᠡᠵᠦ ᠦᠷᠭᠡᠳᠭᠡᠬᠦ ᠲᠦᠷᠦᠯ ᠵᠦᠢᠯ ᠢ ᠪᠡᠶᠡᠯᠡᠬᠦᠯᠦᠨ᠎ᠡ ᠃  ᠪᠡᠯᠡ  ᠮᠦᠩᠬᠦ ᠪᠠᠷ ᠬᠠᠷᠢᠯᠴᠠᠨ ᠬᠠᠪᠰᠤᠷᠤᠯᠴᠠᠬᠤ ᠲᠦᠷᠦᠯ ᠵᠦᠢᠯ ᠢ ᠦᠷᠬᠦᠯᠵᠢᠯᠡᠨ ᠭᠡᠷᠡᠭᠵᠢᠬᠦᠯᠵᠦ᠂  ᠲᠡᠳᠬᠦᠬᠦ ᠨᠢᠭᠤᠷᠯᠠᠯ ᠤᠨ ᠭᠤᠤᠯ ᠴᠤᠭᠴᠠ ᠶᠢᠨ ᠦᠢᠯᠡᠳᠦᠯ ᠢ ᠪᠠᠳᠠᠷᠠᠭᠤᠯᠤᠨ᠂ ᠬᠠᠪᠰᠤᠷᠤᠯᠴᠠᠬᠤ ᠪᠡᠯᠡ   ᠶᠢ ᠡᠷᠬᠢᠯᠳᠦᠬᠦᠯᠦᠨ ᠭᠡᠷᠡᠭᠯᠡᠵᠦ᠂ ᠶᠠᠳᠠᠭᠤ ᠬᠦᠴᠢᠷᠳᠡᠢ ᠡᠷᠦᠬᠡ ᠶᠢᠨ ᠦᠢᠯᠡᠳᠪᠦᠷᠢᠯᠡᠯ ᠢ ᠲᠡᠳᠬᠦᠵᠦ ᠬᠦᠭᠵᠢᠬᠦᠯᠦᠨ᠎ᠡ᠃ ᠶᠠᠳᠠᠭᠤ ᠶᠢ ᠳᠡᠳᠬᠦᠬᠦ ᠨᠢᠭᠤᠷᠯᠠᠯ ᠤᠨ ᠭᠤᠤᠯ ᠴᠤᠭᠴᠠ ᠶᠢᠨ ᠦᠢᠯᠡᠳᠦᠯ ᠢ ᠪᠠᠳᠠᠷᠠᠭᠤᠯᠵᠤ᠂ ᠲᠡᠳᠡᠨ ᠤ ᠬᠦᠳᠡᠯᠮᠦᠷᠢ  ᠪᠠᠷ ᠢᠶᠠᠨ ᠬᠦᠷᠦᠩᠭᠡᠵᠢᠵᠦ ᠲᠡᠭᠵᠢᠷᠡᠬᠦ ᠶᠢ ᠤᠷᠮᠠᠰᠢᠭᠤᠯᠤᠨ  ᠵᠢᠯᠤᠭᠤᠳᠤᠨ᠎ᠠ᠃       ᠮᠠᠯᠵᠢᠬᠤ ᠲᠠᠷᠢᠶᠠᠯᠠᠬᠤ ᠤᠷᠤᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠲᠦᠷᠭᠡᠳᠭᠡᠨ ᠠᠬᠢᠭᠤᠯᠬᠤ ᠭᠡᠷᠡᠭᠳᠡᠢ᠃  ᠮᠠᠯᠵᠢᠬᠤ ᠲᠠᠷᠢᠶᠠᠯᠠᠬᠤ ᠤᠷᠤᠨ ᠤ  ᠬᠦᠭᠵᠢᠯᠳᠡ ᠶᠢᠨ ᠭᠡᠪᠷᠡᠭ ᠭᠤᠭᠴᠤᠭ᠎ᠠ ᠶᠢᠨ ᠲᠤᠭᠤᠷᠢᠨ ᠳᠤ᠂ ︽ᠲᠤᠰᠬᠠᠢ ᠲᠦᠷᠦᠯ ᠢᠶᠠᠷ ᠵᠦᠪᠯᠡᠬᠦ︾  ᠠᠵᠢᠯ ᠢ  ᠭᠠᠵᠠᠷ ᠤᠷᠤᠨ ᠳᠤᠨᠢ ᠲᠤᠬᠢᠷᠠᠭᠤᠯᠤᠨ ᠭᠡᠷᠡᠭᠵᠢᠬᠦᠯᠵᠦ᠂ 2000 ᠲᠦᠮᠡᠨ ᠲᠦᠬᠦᠷᠢᠭ ᠤᠨ ᠪᠡᠯᠡ  ᠮᠦᠩᠬᠦ ᠶᠢ ᠨᠢᠬᠡᠳᠭᠡᠵᠦ ᠪᠠᠶᠢᠭᠠᠳ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠵᠠᠰᠠᠯᠳᠠ᠂ ᠵᠠᠮ ᠨᠡᠪᠳᠡᠷᠡᠯᠭᠡ᠂ ᠰᠤᠶᠤᠯ ᠤᠨ ᠬᠦᠳᠡᠯᠪᠦᠷᠢ ᠶᠢᠨ ᠭᠡᠷ ᠪᠠ  ᠬᠦᠳᠡᠯᠭᠡᠭᠡᠨ ᠤ ᠲᠠᠯᠠᠪᠠᠢ ᠪᠠᠶᠢᠭᠤᠯᠬᠤ  ᠵᠡᠷᠭᠡ ᠤᠯᠠᠨ ᠨᠡᠶᠢᠳᠡ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠬᠢᠬᠦ ᠪᠠᠷ ᠲᠦᠯᠦᠪᠯᠡᠵᠡᠢ᠃ ︽ᠨᠢᠭᠡ ᠺᠠᠷᠲ ᠪᠠᠷ ᠲᠠᠷᠬᠠᠭᠠᠬᠤ︾  ᠪᠦᠷᠬᠦᠴᠡ ᠶᠢ ᠦᠷᠭᠡᠳᠭᠡᠨ᠂  ᠦᠪᠡᠷᠳᠡᠭᠡᠨ ᠵᠠᠰᠠᠬᠤ ᠤᠷᠤᠨ ᠠᠴᠠ ᠱᠠᠭᠠᠷᠳᠠᠭᠰᠠᠨ ︽ᠨᠢᠭᠡ ᠺᠠᠷᠲ ᠪᠠᠷ ᠲᠠᠷᠬᠠᠭᠠᠬᠤ︾ ᠨᠦᠬᠦᠪᠦᠷᠢ  ᠪᠦᠬᠦᠨ ᠢ ᠠᠯᠬᠤᠮ ᠠᠯᠬᠤᠮ ᠢᠶᠠᠷ ᠲᠠᠷᠬᠠᠭᠠᠯᠳᠠ ᠶᠢᠨ ᠬᠡᠪᠴᠢᠶᠡᠨ ᠳᠤ  ᠤᠷᠤᠭᠤᠯᠬᠤ ᠪᠠᠷ ᠴᠢᠷᠮᠠᠶᠢᠨ᠎ᠠ᠃ ᠰᠤᠮᠤ ᠰᠢᠶᠠᠩ ᠪᠠᠯᠭᠠᠰᠤ ᠶᠢᠨ ᠡᠳ᠋ ᠤᠨ ᠵᠠᠰᠠᠭ ᠤᠨ ᠰᠠᠯᠪᠤᠷᠢ ᠶᠢ ᠲᠡᠭᠡᠭᠰᠢ ᠰᠢᠯᠵᠢᠬᠦᠯᠬᠦ ᠪᠠ ᠲᠠᠬᠢᠵᠤ ᠪᠠᠶᠢᠭᠤᠯᠬᠤ ᠠᠵᠢᠯ ᠢ  ᠬᠢᠬᠦ ᠪᠠᠷ ᠴᠢᠷᠮᠠᠶᠢᠨ᠎ᠠ᠃ ᠪᠡᠯᠡ  ᠮᠦᠩᠬᠦ ᠶᠢ ᠵᠤᠬᠢᠰᠳᠠᠢ ᠲᠤᠬᠢᠷᠠᠭᠤᠯᠵᠤ᠂ 2005 ᠤᠨ ᠠᠴᠠ ᠡᠮᠦᠨᠡᠬᠢ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠱᠠᠳᠤᠨ ᠤ ᠵᠠᠰᠠᠭ ᠤᠨ ᠡᠷᠭᠡᠳᠦ ᠪᠠᠶᠢᠭᠤᠯᠤᠮᠵᠢ ᠶᠢᠨ ᠦᠷᠢ ᠰᠢᠷᠢ ᠶᠢ ᠴᠡᠪᠡᠷᠯᠡᠬᠦ ᠠᠵᠢᠯ ᠢ ᠬᠢᠨ᠎ᠡ᠃ ᠡᠯ᠎ᠡ ᠲᠦᠷᠦᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ  ᠪᠦᠬᠦ ᠲᠠᠯᠠᠪᠠᠷ ᠨᠠᠶᠢᠳᠠᠪᠤᠷᠢᠵᠢᠭᠤᠯᠵᠤ᠂ ᠬᠠᠷᠠᠭᠠᠯᠵᠠᠯ ᠤᠨ ᠨᠦᠬᠦᠪᠦᠷᠢ ᠶᠢ ᠴᠠᠭ ᠲᠤᠬᠠᠢ ᠳᠤᠨᠢ ᠲᠤᠭ᠎ᠠ ᠨᠤᠷᠮ᠎ᠠ ᠶᠤᠰᠤᠭᠠᠷ ᠲᠠᠷᠬᠠᠭᠠᠬᠤ ᠶᠢ ᠪᠠᠳᠤᠯᠠᠬᠤ ᠭᠡᠷᠡᠭᠳᠡᠢ᠃ ᠬᠠᠮᠳᠤ ᠶᠢ ᠤᠢ ᠮᠤᠳᠤᠨ ᠤ ᠦᠮᠴᠢᠯᠡᠯ ᠤᠨ ᠡᠷᠭᠡ ᠶᠢᠨ ᠲᠦᠷᠢᠮ ᠤᠨ ᠦᠬᠡᠷᠡᠴᠢᠯᠡᠯᠳᠡ ᠶᠢ  ᠬᠢᠵᠦ᠂ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ  ᠲᠠᠩᠰᠠᠯᠠᠨ ᠦᠨᠡᠮᠯᠡᠯ ᠤᠯᠭᠤᠬᠤ ᠠᠵᠢᠯ ᠢ ᠦᠷᠬᠦᠯᠵᠢᠯᠡᠨ ᠲᠦᠯᠬᠢᠨ ᠠᠬᠢᠭᠤᠯᠤᠨ᠎ᠠ᠃       ᠡᠬᠦᠨ ᠠᠴᠠ ᠭᠠᠳᠠᠨ᠎ᠠ᠂ ᠵᠡᠪᠰᠡᠭᠳᠦ ᠬᠦᠴᠦᠨ᠂   ᠠᠭᠠᠷ   ᠤᠨ ᠰᠡᠷᠭᠡᠶᠢᠯᠡᠯᠳᠡ᠂ ᠠᠰᠠᠷᠠᠮᠵᠢ ᠬᠠᠷᠠᠭᠠᠯᠵᠠᠯ᠂ ᠲᠤᠭ᠎ᠠ ᠪᠦᠷᠢᠳᠭᠡᠯ᠂  ᠠᠵᠢᠯᠴᠢᠨ ᠤ ᠡᠪᠯᠡᠯ᠂  ᠦᠢᠯᠡᠳᠪᠦᠷᠢ ᠬᠤᠳᠠᠯᠳᠤᠭ᠎ᠠ᠂  ᠲᠠᠩᠰᠠ ᠡᠪᠡᠮᠡᠯ  ᠂ ᠶᠠᠰᠤ ᠴᠢᠨᠠᠷ ᠮᠡᠷᠭᠡᠵᠢᠯ᠂  ᠴᠠᠭ ᠠᠭᠤᠷ᠂ ᠲᠡᠦᠬᠡ ᠤᠶᠢᠯᠠᠯᠭ᠎ᠠ᠂ ᠬᠠᠷᠢᠶᠠᠳᠤ ᠶᠢᠨ ᠶᠠᠪᠤᠳᠠᠯ᠂  ᠡᠮᠡᠭᠳᠡᠶᠢᠴᠤᠳ ᠪᠠ ᠬᠡᠦᠭᠡᠳ ᠪᠠᠭᠠᠴᠤᠳ᠂   ᠬᠤᠶᠢᠴᠢ ᠦᠶ᠎ᠡ ᠶᠢ ᠬᠠᠯᠠᠮᠵᠢᠯᠠᠬᠤ  ᠂   ᠨᠠᠰᠤᠳᠠᠶᠢᠴᠤᠳ ᠪᠠ ᠵᠡᠮᠳᠡᠭᠴᠤᠳ ᠤᠨ ᠠᠵᠢᠯ  ᠵᠡᠷᠭᠡ  ᠪᠤᠰᠤᠳ ᠲᠦᠷᠦᠯ ᠤᠨ ᠨᠡᠶᠢᠬᠡᠮ ᠤᠨ ᠦᠢᠯᠡᠰ ᠵᠢᠴᠢ   ᠲᠤᠳᠤᠭᠠᠳᠤ ᠶᠢ ᠬᠠᠮᠠᠭᠠᠯᠠᠬᠤ᠂ ᠬᠠᠤᠯᠢ  ᠭᠡᠷᠡᠭᠵᠢᠬᠦᠯᠬᠦ᠂ ᠵᠡᠪᠰᠡᠭᠳᠦ ᠴᠠᠭᠳᠠᠭ᠎ᠠ᠂ ᠭᠠᠯ ᠰᠡᠷᠭᠡᠶᠢᠯᠡᠬᠦ ᠵᠡᠷᠭᠡ ᠡᠯ᠎ᠡ ᠲᠦᠷᠦᠯ ᠤᠨ ᠠᠵᠢᠯ   ᠢ ᠪᠦᠷ ᠰᠢᠨ᠎ᠠ  ᠠᠬᠢᠯᠳᠠ ᠲᠠᠢ ᠪᠤᠯᠭᠠᠵᠤ᠂ ᠠᠵᠤ ᠠᠬᠤᠢ ᠨᠡᠶᠢᠬᠡᠮ ᠤᠨ  ᠪᠦᠬᠦ ᠲᠠᠯᠠᠪᠠᠷ ᠵᠤᠬᠢᠴᠠᠩᠭᠤᠢ ᠬᠦᠭᠵᠢᠬᠦ ᠶᠢ ᠲᠦᠯᠬᠢᠨ ᠠᠬᠢᠭᠤᠯᠤᠨ᠎ᠠ᠃      ︵ᠲᠤᠯᠤᠭ᠎ᠠ︶  ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂  ᠨᠡᠶᠢᠬᠡᠮ  ᠤᠨ ᠬᠠᠮᠢᠶᠠᠷᠤᠯᠳᠠ ᠶᠢᠨ ᠰᠢᠨ᠎ᠡ ᠶᠢ ᠡᠬᠦᠳᠦᠨ᠂  ᠪᠤᠯᠪᠠᠰᠤᠨ᠂ ᠡᠶ᠎ᠡ ᠵᠤᠬᠢᠴᠠᠯ   ᠲᠠᠢ᠂ ᠠᠮᠤᠷ ᠲᠤᠭᠳᠠᠭᠤᠨ ᠰᠢᠨ᠎ᠡ ᠭᠡᠪ ᠪᠠᠶᠢᠳᠠᠯ ᠢ ᠡᠬᠦᠳᠬᠦ ᠭᠡᠷᠡᠭᠳᠡᠢ  ᠃       ᠰᠢᠨ᠎ᠡ ᠨᠢᠬᠡ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠨᠢ ᠠᠷᠠᠳ ᠤᠨ ᠲᠦᠯᠦᠬᠡ᠂  ᠦᠨᠡᠨ ᠪᠤᠳᠠᠳᠠᠢ  ᠂ ᠦᠨᠳᠦᠷ ᠪᠦᠳᠦᠮᠵᠢ ᠲᠠᠢ᠂ ᠠᠷᠢᠭᠤᠨ ᠴᠢᠭᠡᠴᠢ ᠪᠠᠷ ᠠᠵᠢᠯᠯᠠᠬᠤ  ᠵᠠᠷᠴᠢᠮ ᠢ ᠪᠠᠷᠢᠮᠳᠠᠯᠠᠨ᠂  ᠲᠤᠰ ᠪᠡᠶ᠎ᠡ ᠶᠢᠨ ᠪᠠᠶᠢᠭᠤᠯᠤᠯᠳᠠ ᠪᠠᠨ ᠤᠯᠠᠮ ᠨᠢᠬᠡ ᠠᠯᠬᠤᠮ ᠴᠢᠩᠭᠠᠳᠬᠠᠵᠤ᠂ ᠨᠠᠮ ᠠᠷᠠᠳ ᠲᠦᠮᠡᠨ ᠠᠴᠠ ᠤᠯᠭᠤᠭᠰᠠᠨ ᠠᠷᠢᠭᠤᠨ ᠲᠠᠷᠬᠠᠨ ᠡᠬᠦᠷᠭᠡ ᠬᠠᠷᠢᠭᠤᠴᠠᠯᠭ᠎ᠠ ᠶᠢ ᠪᠦᠬᠦ ᠬᠦᠴᠦᠨ ᠢᠶᠠᠷ᠂ ᠤᠯᠠᠮ ᠰᠠᠶᠢᠨ ᠬᠦᠢᠴᠡᠳᠭᠡᠬᠦ ᠪᠠᠷ ᠴᠢᠷᠮᠠᠶᠢᠨ᠎ᠠ᠃       ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ᠃ ᠵᠠᠰᠠᠭ ᠤᠨ ᠤᠷᠳᠤᠨ ᠤ ᠠᠵᠢᠯ ᠤᠨ ᠬᠠᠤᠯᠢᠵᠢᠵᠤ ᠲᠦᠷᠢᠮᠵᠢᠬᠦ  ᠬᠢᠷᠢ ᠲᠦᠪᠰᠢᠨ ᠢ ᠴᠢᠷᠮᠠᠶᠢᠨ ᠲᠡᠭᠡᠭᠰᠢᠯᠡᠬᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ᠂ ᠤᠯᠤᠰ ᠲᠦᠷᠦ ᠶᠢᠨ ᠵᠦᠪᠯᠡᠯᠬᠡᠨ ᠤ  ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠰᠠᠨᠠᠭᠠᠨ ᠠᠴᠠ ᠪᠠᠨ ᠬᠦᠯᠢᠶᠡᠵᠦ᠂ ᠡᠯ᠎ᠡ ᠠᠷᠠᠳ ᠤᠨ ᠪᠦᠯᠦᠭᠯᠡᠯ᠂ ᠨᠠᠮ ᠤᠨ ᠪᠤᠰᠤ ᠬᠦᠮᠦᠰ  ᠪᠠ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠰᠠᠨᠠᠯ ᠢ  ᠬᠢᠴᠢᠶᠡᠩᠬᠦᠶᠢᠯᠡᠨ ᠰᠤᠨᠤᠰᠴᠤ᠂ ᠬᠠᠤᠯᠢ ᠴᠠᠭᠠᠵᠠ ᠶᠢᠨ ᠬᠢᠨᠠᠯᠳᠠ ᠶᠢ ᠲᠡᠭᠡᠳᠦ ᠬᠡᠮᠵᠢᠶ᠎ᠡ ᠪᠠᠷ ᠬᠦᠨᠳᠦᠳᠬᠡᠨ᠂ ᠶᠠᠷᠢᠶ᠎ᠠ ᠬᠡᠯᠡᠯᠴᠡᠭᠡᠨ ᠤ ᠬᠢᠨᠠᠯᠳᠠ  ᠪᠠ ᠨᠡᠶᠢᠬᠡᠮ ᠤᠨ ᠬᠢᠨᠠᠯᠳᠠ ᠶᠢ ᠢᠳᠡᠪᠬᠢᠳᠡᠢ ᠪᠠᠷ  ᠬᠦᠯᠢᠶᠡᠨ ᠠᠪᠬᠤ ᠭᠡᠷᠡᠭᠳᠡᠢ᠃ ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ ᠰᠢᠢᠳᠪᠦᠷᠢ ᠠᠪᠬᠤ ᠶᠢ ᠪᠠᠷᠢᠮᠳᠠᠯᠠᠵᠤ᠂ ︽ᠭᠤᠷᠪᠠᠨ ᠴᠢᠬᠤᠯᠠ ᠨᠢᠬᠡ ᠶᠡᠭᠡ︾ ᠠᠰᠠᠭᠤᠳᠠᠯ ᠲᠡᠭᠡᠷ᠎ᠡ ᠤᠯᠠᠨ ᠲᠦᠮᠡᠨ ᠤ ᠤᠷᠤᠯᠴᠠᠯᠭ᠎ᠠ  ᠂ ᠲᠤᠰᠬᠠᠢ ᠮᠡᠷᠭᠡᠵᠢᠯᠳᠡᠨ ᠤ ᠨᠤᠳ᠋ᠯᠠᠯ᠂ ᠠᠶᠤᠯ ᠭᠡᠮ ᠤᠨ ᠦᠨᠡᠯᠡᠯᠳᠡ᠂ ᠬᠠᠤᠯᠢ ᠶᠤᠰᠤᠨ ᠤ ᠬᠢᠨᠠᠨ ᠪᠠᠶᠢᠴᠠᠭᠠᠯᠳᠠ ᠪᠠ ᠬᠠᠮᠳᠤ ᠪᠠᠷ ᠶᠠᠷᠢᠯᠴᠠᠵᠤ ᠲᠤᠭᠳᠠᠬᠤ  ᠵᠡᠷᠭᠡ ᠠᠯᠬᠤᠮ ᠶᠠᠪᠤᠴᠠ ᠶᠢ ᠴᠢᠩᠭ᠎ᠠ ᠭᠡᠷᠡᠭᠵᠢᠬᠦᠯᠦᠨ᠂ ᠡᠯ᠎ᠡ ᠵᠦᠢᠯ ᠤᠨ ᠰᠢᠢᠳᠪᠦᠷᠢᠳᠦ ᠪᠤᠳᠤᠯᠭ᠎ᠠ ᠨᠢ ᠠᠷᠠᠳ ᠲᠦᠮᠡᠨ ᠤ ᠰᠠᠨᠠᠭᠠᠨ ᠳᠤ ᠨᠡᠶᠢᠴᠡᠬᠦ ᠶᠢ ᠪᠠᠳᠤᠯᠠᠵᠤ᠂ ᠲᠡᠦᠬᠡ ᠶᠢᠨ ᠰᠢᠯᠭᠠᠯᠳᠠ ᠶᠢ ᠲᠠᠭᠠᠭᠠᠵᠤ ᠭᠠᠷᠬᠤ ᠶᠢ ᠪᠠᠳᠤᠯᠠᠬᠤ ᠭᠡᠷᠡᠭᠳᠡᠢ᠃          ᠢᠯᠡ ᠲᠤᠳᠤ ᠵᠠᠰᠠᠭ ᠶᠠᠪᠤᠭᠤᠯᠬᠤ ᠶᠢ ᠪᠠᠷᠢᠮᠳᠠᠯᠠᠨ᠎ᠠ᠃  ᠰᠤᠮᠤ ᠰᠢᠶᠠᠩ ᠪᠠᠯᠭᠠᠰᠤᠨ ᠤ ᠠᠷᠠᠳ ᠲᠤ ᠲᠦᠬᠦᠮ ᠦᠵᠡᠬᠦᠯᠬᠦ  ᠦᠢᠯᠡᠴᠢᠯᠡᠬᠡᠨ ᠤ ᠲᠢᠩᠬᠢᠮ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠤᠰᠢᠭᠤ ᠰᠤᠮᠤ ᠬᠤᠶᠠᠷ ᠱᠠᠳᠤᠨ ᠤ ᠬᠤᠯᠪᠤᠭᠠᠯᠠᠨ ᠬᠦᠳᠡᠯᠬᠦ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠰᠲ᠋ᠧᠮ ᠢ ᠪᠦᠷᠢᠨᠰᠢᠬᠦᠯᠦᠨ᠂ ᠭᠤᠤᠯᠳᠠᠯᠭᠠᠳᠠᠢ ᠲᠦᠷᠦᠯ ᠵᠦᠢᠯ   ᠢ  ᠬᠢᠨᠠᠨ ᠵᠦᠪᠰᠢᠶᠡᠷᠡᠬᠦ ᠪᠠ ᠠᠷᠠᠳ ᠤᠨ ᠲᠦᠯᠦᠬᠡ ᠠᠵᠢᠯ ᠬᠢᠬᠦ ᠲᠦᠷᠢᠮ ᠲᠤᠭᠳᠠᠭᠠᠯ ᠢ  ᠭᠡᠷᠡᠭᠵᠢᠬᠦᠯᠵᠦ᠂  ᠠᠵᠤ ᠠᠬᠤᠶᠢᠯᠠᠯ ᠪᠠ ᠠᠷᠠᠳ ᠤᠯᠠᠨ ᠳᠤ ᠨᠡᠩ ᠲᠦᠬᠦᠮ ᠲᠦᠳᠡ ᠂ ᠨᠡᠩ ᠲᠦᠷᠢᠮᠵᠢᠭᠰᠡᠨ ᠨᠡᠶᠢᠳᠡ ᠶᠢᠨ ᠦᠢᠯᠡᠴᠢᠯᠡᠭᠡ ᠬᠠᠩᠭᠠᠬᠤ ᠭᠡᠷᠡᠭᠳᠡᠢ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠵᠠᠰᠠᠭ ᠤᠨ ᠶᠠᠪᠤᠳᠠᠯ ᠤᠨ ᠨᠡᠶᠢᠳᠡᠯᠡᠯ ᠤᠨ ᠭᠡᠪᠴᠢᠶ᠎ᠡ ᠶᠢ ᠲᠠᠰᠤᠷᠠᠯᠳᠠ ᠦᠬᠡᠢ ᠦᠷᠭᠡᠳᠭᠡᠨ᠂ ᠭᠠᠵᠠᠷ ᠰᠢᠷᠤᠢ ᠲᠠᠭᠠᠭᠠᠴᠢᠯᠠᠬᠤ᠂ ᠤᠯᠤᠰ ᠤᠨ ᠦᠮᠴᠢᠯᠡᠯᠳᠦ ᠡᠳ᠋ ᠬᠦᠷᠦᠩᠬᠡ ᠶᠢ ᠰᠢᠢᠳᠪᠦᠷᠢᠯᠡᠬᠦ  ᠵᠡᠷᠭᠡ ᠠᠵᠢᠯ ᠢ ᠢᠯᠡ   ᠪᠠᠷ ᠶᠠᠪᠤᠭᠳᠠᠭᠤᠯᠬᠤ ᠲᠦᠷᠢᠮ ᠲᠤᠭᠳᠠᠭᠠᠯ ᠢ ᠴᠢᠩᠭ᠎ᠠ ᠭᠡᠷᠡᠭᠵᠢᠬᠦᠯᠵᠦ᠂ ᠵᠠᠰᠠᠭ ᠤᠨ ᠠᠵᠢᠯ ᠤᠨ ᠢᠯᠡ  ᠲᠤᠳᠤ ᠴᠢᠨᠠᠷ ᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ  ᠲᠦᠰᠦᠪ ᠲᠤᠭᠠᠴᠠᠭ᠎ᠠ  ᠂  ᠨᠡᠶᠢᠳᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠵᠡᠷᠭᠡ ᠶᠢᠨ ᠮᠡᠳᠡᠭᠡ ᠵᠠᠩᠬᠢ ᠢᠯᠡ ᠪᠠᠶᠢᠬᠤ ᠶᠢ ᠪᠦᠬᠦ ᠲᠠᠯᠠᠪᠠᠷ  ᠠᠬᠢᠭᠤᠯᠵᠤ᠂ ᠡᠷᠭᠡ ᠲᠤᠰᠢᠶᠠᠯ ᠢ ᠢᠯᠡ  ᠲᠤᠳᠤ ᠭᠡᠷᠡᠭᠵᠢᠬᠦᠯᠦᠨ᠎ᠡ᠃         ᠦᠨᠳᠦᠷ  ᠪᠦᠳᠦᠮᠵᠢ ᠲᠠᠢ ᠵᠠᠰᠠᠭ ᠶᠠᠪᠤᠭᠤᠯᠬᠤ ᠶᠢ ᠪᠠᠷᠢᠮᠳᠠᠯᠠᠨ᠎ᠠ  ᠃  ᠠᠷᠪᠠᠨ ᠨᠠᠢᠮᠠᠳᠤᠭᠠᠷ ᠬᠤᠭᠤᠴᠠᠭᠠᠨ ᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠲᠤᠷᠠᠳᠤᠭᠰᠠᠨ ᠠᠵᠢᠯ ᠤᠨ ᠰᠤᠷᠳᠠᠯ ᠢ ᠰᠠᠶᠢᠵᠢᠷᠠᠭᠤᠯᠵᠤ᠂ ᠠᠷᠠᠳ ᠤᠯᠠᠨ ᠲᠠᠢ ᠨᠢᠬᠳᠠ ᠬᠠᠷᠢᠴᠠᠬᠤ  ᠲᠤᠬᠠᠢ ᠨᠠᠢᠮᠠᠨ ᠲᠤᠭᠳᠠᠭᠠᠯ ᠪᠠ ᠵᠢᠷᠭᠤᠭᠠᠨ ᠴᠡᠭᠡᠷᠯᠡᠯ ᠢ ᠴᠢᠩᠭ᠎ᠠ  ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠲᠤᠯᠤᠭᠠᠨ ᠵᠦᠢᠯ ᠤᠨ ᠲᠤᠭᠳᠠᠭᠠᠯ ᠵᠢᠴᠢ ᠠᠶᠢᠮᠠᠭ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠢᠮᠪᠠᠢ ᠭᠡᠷᠡᠭᠵᠢᠬᠦᠯᠦᠨ᠂ ᠪᠠᠶᠢᠭᠤᠯᠭ᠎ᠠ ᠶᠢᠨ ᠠᠵᠢᠯ ᠤᠨ ᠰᠤᠷᠳᠠᠯ ᠢ ᠦᠨᠡᠨᠬᠦ ᠬᠤᠪᠢᠷᠠᠭᠤᠯᠵᠤ᠂ ᠵᠠᠰᠠᠭ ᠤᠨ ᠤᠷᠳᠤᠨ ᠤ ᠠᠵᠢᠯ ᠤᠨ ᠬᠠᠷᠢᠭᠤᠴᠠᠯᠭᠠᠳᠤ ᠰᠡᠳᠬᠢᠯᠬᠡ ᠶᠢ  ᠴᠢᠩᠭᠠᠷᠠᠭᠤᠯᠬᠤ ᠭᠡᠷᠡᠭᠳᠡᠢ᠃ ᠵᠠᠰᠠᠭ ᠤᠨ ᠤᠷᠳᠤᠨ ᠤ ᠠᠵᠢᠯᠳᠠᠳ ᠡᠷᠭᠡᠪᠰᠢ ᠦᠨᠳᠦᠰᠦᠨ ᠱᠠᠳᠤᠨ ᠳᠤ ᠦᠢᠯᠡᠴᠢᠯᠡᠬᠦ᠂ ᠠᠵᠤ ᠠᠬᠤᠶᠢᠯᠠᠯ ᠳᠤ ᠦᠢᠯᠡᠴᠢᠯᠡᠬᠦ᠂ ᠠᠷᠠᠳ ᠤᠯᠠᠨ ᠳᠤ ᠦᠢᠯᠡᠴᠢᠯᠡᠬᠦ ᠤᠬᠠᠮᠰᠠᠷ ᠢᠶᠠᠨ ᠨᠡᠮᠡᠭᠳᠡᠬᠦᠯᠵᠦ᠂ ᠶᠤᠰᠤ ᠮᠤᠷᠠᠯ᠂  ᠦᠬᠡ ᠶᠠᠷᠢᠶ᠎ᠠ᠂ ᠦᠢᠯᠡ ᠠᠵᠢᠯᠯᠠᠭ᠎ᠠ  ᠪᠠᠨ ᠲᠦᠷᠢᠮᠵᠢᠬᠦᠯᠦᠨ᠂ ᠵᠠᠷᠴᠢᠮ ᠢ ᠪᠠᠷᠢᠮᠳᠠᠯᠠᠵᠤ᠂ ᠦᠨᠡᠨ ᠦᠬᠡ ᠶᠠᠷᠢᠵᠤ᠂  ᠬᠦᠴᠢᠷ ᠪᠡᠷᠭᠡᠰᠢᠶᠡᠯ ᠢ ᠲᠤᠯᠵᠤ᠂ ᠠᠷᠠᠳ ᠲᠦᠮᠡᠨ ᠳᠤ ᠠᠮᠠᠯᠳᠠᠭᠰᠠᠨ ᠵᠦᠢᠯ ᠢᠶᠠᠨ ᠵᠠᠪᠠᠯ ᠪᠡᠶᠡᠯᠡᠬᠦᠯᠦᠨ᠂ ᠠᠷᠠᠳ ᠲᠦᠮᠡᠨ ᠤ ᠢᠳᠡᠭᠡᠯ ᠢ ᠤᠯᠬᠤ ᠭᠡᠷᠡᠭᠳᠡᠢ᠃  ᠠᠳᠬᠤᠵᠤ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠴᠢᠩᠭᠠᠳᠬᠠᠨ᠂ ᠡᠯ᠎ᠡ ᠲᠦᠷᠦᠯ ᠤᠨ ᠠᠵᠢᠯ   ᠤᠨ ᠬᠠᠷᠢᠭᠤᠴᠠᠯᠭ᠎ᠠ ᠶᠢ ᠬᠦᠮᠦᠨ ᠳᠤ ᠨᠠᠶᠢᠳᠠᠪᠤᠷᠢᠵᠢᠭᠤᠯᠵᠤ᠂ ᠪᠠᠶᠢᠷᠢᠯᠠᠭᠤᠯᠤᠯᠳᠠ ᠲᠠᠢ᠂ ᠪᠠᠶᠢᠴᠠᠭᠠᠯᠳᠠ ᠲᠠᠢ᠂ ᠬᠢᠨᠠᠯᠳᠠ ᠲᠠᠢ ᠶᠠᠪᠤᠭᠳᠠᠭᠤᠯᠤᠨ᠂  ᠰᠤᠯᠠᠷᠠᠰᠢ ᠦᠬᠡᠢ ᠴᠢᠩᠭ᠎ᠠ ᠠᠳᠬᠤᠵᠤ᠂  ᠠᠮᠵᠢᠯᠳᠠ ᠭᠠᠷᠳᠠᠯ᠎ᠠ ᠠᠳᠬᠤᠬᠤ ᠭᠡᠷᠡᠭᠳᠡᠢ᠃ ᠪᠦᠬᠦ ᠰᠡᠳᠬᠢᠯ ᠢᠶᠠᠨ  ᠬᠦᠭᠵᠢᠬᠦᠯᠦᠯᠳᠡ ᠲᠡᠭᠡᠷ᠎ᠡ  ᠲᠦᠪᠯᠡᠷᠡᠬᠦᠯᠵᠦ᠂ ᠪᠦᠬᠦ ᠬᠦᠴᠦᠨ ᠢᠶᠠᠨ ᠠᠵᠢᠯ ᠲᠡᠭᠡᠷ᠎ᠡ ᠭᠡᠷᠡᠭᠯᠡᠨ᠂  ᠵᠤᠷᠢᠭ ᠵᠢᠷᠦᠭᠡᠳᠡᠢ ᠠᠵᠢᠯᠯᠠᠵᠤ᠂ ᠵᠠᠮ ᠨᠡᠭᠡᠭᠡᠵᠦ ᠤᠷᠤᠭᠰᠢᠯᠠᠬᠤ  ᠤᠬᠢ ᠰᠠᠶᠢᠨ ᠠᠬᠤᠢ ᠪᠠᠶᠢᠳᠠᠯ ᠢ ᠪᠤᠢ ᠪᠤᠯᠭᠠᠬᠤ ᠭᠡᠷᠡᠭᠳᠡᠢ᠃        ᠠᠷᠢᠭᠤᠨ ᠴᠢᠭᠡᠴᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ᠃ ᠢᠯᠵᠡᠷᠡᠯ ᠢ ᠵᠠᠯᠬᠠᠭᠠᠨ ᠰᠢᠳᠭᠡᠬᠦ ᠪᠠ ᠤᠷᠢᠳᠴᠢᠯᠠᠨ ᠰᠡᠷᠭᠡᠶᠢᠯᠡᠬᠦ ᠰᠢᠰᠲ᠋ᠧᠮ ᠢ ᠪᠠᠶᠢᠭᠤᠯᠵᠤ ᠲᠡᠬᠦᠯᠳᠡᠷᠵᠢᠬᠦᠯᠬᠦ ᠶᠢ ᠨᠢᠬᠡ ᠵᠦᠢᠯ ᠤᠨ ᠴᠢᠬᠤᠯᠠ  ᠤᠯᠤᠰ ᠲᠦᠷᠦ ᠶᠢᠨ ᠡᠬᠦᠷᠭᠡ ᠪᠤᠯᠭᠠᠨ ᠴᠢᠩᠭ᠎ᠠ ᠠᠳᠬᠤᠵᠤ᠂ ᠵᠠᠰᠠᠭ ‍ᠤᠨ‌‍ᠰᠢᠰᠲ᠋ᠧᠮ ᠤᠨ ᠢᠯᠵᠡᠷᠡᠯ ᠢ ᠡᠰᠡᠷᠬᠦᠴᠡᠵᠦ ᠠᠷᠢᠭᠤᠨ ᠴᠢᠭᠡᠴᠢ ᠶᠢ ᠡᠷᠬᠢᠮᠯᠡᠬᠦ ᠪᠠᠶᠢᠭᠤᠯᠤᠯᠳᠠ ᠶᠢ ᠬᠦᠴᠦᠳᠡᠢ ᠠᠬᠢᠭᠤᠯᠤᠨ᠂ ᠲᠦᠷᠢᠮ ᠢᠶᠠᠷ ᠬᠦᠮᠦᠨ ᠢ ᠬᠠᠮᠢᠶᠠᠷᠴᠤ᠂ ᠡᠷᠭᠡ ᠲᠤᠰᠢᠶᠠᠯ ᠢ ᠬᠠᠮᠢᠶᠠᠷᠴᠤ᠂ ᠠᠵᠢᠯ ᠶᠠᠪᠤᠳᠠᠯ ᠢ ᠬᠠᠮᠢᠶᠠᠷᠤᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠳᠤ ᠪᠤᠢ ᠪᠤᠯᠭᠠᠨ᠂  ᠠᠵᠢᠯᠴᠢ ᠠᠷᠪᠢᠴᠢ  ᠪᠠᠶᠢᠭᠤᠯᠭ᠎ᠠ ᠶᠢᠨ ᠴᠤᠭᠴᠠᠯᠠᠯᠳᠠ ᠶᠢ ᠬᠦᠨᠵᠡᠭᠡᠢ ᠲᠦᠯᠬᠢᠨ ᠠᠬᠢᠭᠤᠯᠵᠤ᠂  ᠭᠠᠳᠠᠭᠰᠢ ᠭᠠᠷᠬᠤ᠂  ᠤᠭᠳᠤᠨ ᠵᠤᠴᠢᠯᠠᠬᠤ᠂  ᠬᠤᠷᠠᠯ ᠤᠨ ᠶᠠᠪᠤᠳᠠᠯ᠂ ᠲᠡᠷᠭᠡ ᠤᠨᠤᠭ᠎ᠠ ᠭᠡᠷᠡᠭᠯᠡᠬᠦ  ᠵᠡᠷᠭᠡ ᠡᠩ ᠤᠨ ᠴᠢᠨᠠᠷᠳᠠᠢ  ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠱᠠᠯᠢᠨ ᠪᠦᠷᠢᠯᠭᠡᠬᠦ ᠶᠢ ᠡᠷᠡᠰ ᠡᠰᠡᠷᠬᠦᠴᠡᠨ᠎ᠡ᠃ ᠭᠤᠤᠯᠳᠠᠯᠭᠠᠳᠠᠢ ᠲᠦᠷᠦᠯ ᠵᠦᠢᠯ᠂ ᠭᠤᠤᠯᠳᠠᠯᠭᠠᠳᠠᠢ ᠠᠵᠢᠯ ᠲᠦᠷᠦᠯ   ᠢ ᠬᠢᠨᠠᠨ ᠪᠤᠳᠤᠵᠤ ᠬᠢᠨᠠᠨ ᠪᠠᠶᠢᠴᠠᠭᠠᠬᠤ ᠵᠢᠴᠢ ᠵᠠᠰᠠᠭ ᠵᠠᠬᠢᠷᠭᠠᠨ ᠤ ᠪᠠᠶᠢᠴᠠᠭᠠᠯᠳᠠ ᠶᠠᠪᠤᠭᠤᠯᠬᠤ ᠡᠷᠴᠢᠮ ᠢᠶᠠᠨ ᠴᠢᠩᠭᠠᠷᠠᠭᠤᠯᠵᠤ᠂   ᠨᠡᠩ ᠶᠡᠭᠡ  ᠬᠦᠴᠦᠨ ᠴᠢᠳᠠᠯ ᠢᠶᠠᠨ ᠠᠷᠠᠳ ᠲᠦᠮᠡᠨ   ᠳᠤ ᠠᠰᠢᠭ  ᠬᠦᠷᠳᠡᠭᠡᠬᠦ ᠲᠡᠭᠡᠷ᠎ᠡ  ᠰᠢᠪᠬᠠᠵᠤ᠂ ᠨᠡᠩ ᠶᠡᠭᠡ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ  ᠰᠠᠶᠢᠵᠢᠷᠠᠭᠤᠯᠬᠤ ᠲᠡᠭᠡᠷ᠎ᠡ ᠭᠡᠷᠡᠭᠯᠡᠨ᠎ᠡ᠃ ᠡᠯ᠎ᠡ ᠱᠠᠳᠤ᠂ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠡᠷᠭᠡᠪᠰᠢ ᠲᠠᠷᠢᠬᠢ ᠲᠤᠯᠤᠭᠠᠢ ᠪᠠᠨ ᠰᠡᠷᠭᠡᠭ ᠪᠠᠶᠢᠯᠭᠠᠵᠤ᠂  ᠠᠷᠢᠭᠤᠨ ᠴᠢᠭᠡᠴᠢ ᠪᠠᠷ ᠠᠵᠢᠯᠯᠠᠬᠤ ᠡᠯ᠎ᠡ ᠵᠦᠢᠯ ᠤᠨ ᠲᠦᠷᠢᠮ ᠲᠤᠭᠳᠠᠭᠠᠯ ᠢ ᠪᠡᠶ᠎ᠡ ᠪᠠᠷ ᠢᠶᠠᠨ ᠲᠡᠷᠢᠬᠦᠯᠡᠨ ᠭᠡᠷᠡᠭᠵᠢᠬᠦᠯᠵᠦ᠂  ᠠᠵᠢᠯᠴᠢ ᠠᠷᠪᠢᠴᠢ᠂ ᠠᠷᠢᠭᠤᠨ ᠴᠢᠭᠡᠴᠢ  ᠂ ᠪᠦᠬᠦ ᠰᠡᠳᠬᠢᠯ ᠨᠢᠬᠡ ᠵᠤᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠭᠡᠷᠡᠭᠳᠡᠢ᠃       ᠨᠡᠶᠢᠬᠡᠮ ᠤᠨ ᠬᠠᠮᠢᠶᠠᠷᠤᠯᠳᠠ ᠶᠢᠨ ᠰᠢᠨ᠎ᠡ ᠶᠢ ᠡᠬᠦᠳᠦᠨ᠎ᠡ᠃  ︽ᠬᠠᠤᠯᠢ ᠲᠦᠷᠢᠮ ᠢ ᠰᠠᠬᠢᠬᠤ᠂  ᠢᠳᠡᠭᠡᠯ  ᠬᠦᠨᠳᠦ ᠶᠢ  ᠲᠡᠭᠡᠳᠦᠯᠡᠬᠦ᠂ ᠦᠨᠳᠦᠰᠦᠳᠡᠨ ᠤ ᠪᠦᠯᠬᠦᠮᠳᠡᠯ   ᠢ ᠡᠷᠬᠢᠮᠡᠯᠬᠦ᠂  ᠠᠵᠢᠯᠴᠢ ᠬᠦᠳᠡᠯᠮᠦᠷᠢᠴᠢ ᠪᠠᠷ ᠴᠢᠨᠡᠭᠡᠯᠢᠭᠵᠢᠬᠦ︾ ᠤᠳᠤᠮᠰᠢᠯᠳᠤ ᠰᠠᠶᠢᠬᠠᠨ ᠭᠡᠪ ᠰᠤᠷᠳᠠᠯ ᠢ ᠵᠠᠯᠭᠠᠮᠵᠢᠯᠠᠵᠤ᠂ ︽ᠠᠮᠤᠭᠤᠯᠠᠩ ᠲᠠᠶᠢᠹᠤᠰᠧ︾   ᠢ ᠡᠬᠦᠳᠦᠨ ᠪᠠᠶᠢᠭᠤᠯᠬᠤ ᠠᠵᠢᠯᠯᠠᠭ᠎ᠠ ᠶᠢ ᠴᠢᠨᠠᠭᠰᠢᠳᠠ ᠬᠦᠨᠵᠡᠭᠡᠶᠢᠷᠡᠬᠦᠯᠦᠨ᠂ ᠬᠤᠳᠠ ᠬᠦᠳᠡᠭᠡ ᠨᠡᠶᠢᠬᠡᠮ ᠲᠤᠭᠤᠷᠢᠭ  ᠤᠨ ᠦᠪᠡᠷᠳᠡᠭᠡᠨ ᠵᠠᠰᠠᠬᠤ ᠪᠠ ᠦᠢᠯᠡᠴᠢᠯᠡᠬᠦ  ᠠᠵᠢᠯ ᠢ ᠴᠢᠩᠭᠠᠳᠬᠠᠵᠤ᠂ ᠨᠡᠬᠦᠳᠡᠯ ᠬᠦᠮᠦᠨ ᠠᠮᠠ  ᠪᠤᠯᠤᠨ ᠤᠨᠴᠠᠭᠠᠢ ᠬᠦᠮᠦᠰ ᠲᠤ ᠬᠠᠨᠳᠤᠭᠰᠠᠨ ᠦᠢᠯᠡᠴᠢᠯᠡᠭᠡ ᠬᠠᠮᠢᠶᠠᠷᠤᠯᠳᠠ ᠶᠢ ᠰᠠᠶᠢᠨ ᠬᠢᠬᠦ ᠭᠡᠷᠡᠭᠳᠡᠢ᠃  ᠨᠡᠶᠢᠬᠡᠮ ᠤᠨ ᠵᠦᠷᠢᠴᠡᠯ ᠢ  ᠨᠠᠮᠳᠠᠭᠤᠯᠤᠨ ᠰᠢᠢᠳᠪᠦᠷᠢᠯᠡᠬᠦ  ᠠᠵᠢᠯ ᠢ ᠬᠦᠨᠵᠡᠬᠡᠢ ᠦᠷᠨᠢᠬᠦᠯᠵᠦ᠂ ᠤᠯᠠᠨ ᠲᠦᠮᠡᠨ ᠤ ᠠᠰᠢᠭ ᠲᠤᠰᠠ ᠳᠤ ᠬᠤᠯᠪᠤᠭᠳᠠᠭᠰᠠᠨ ᠪᠠ ᠨᠡᠶᠢᠬᠡᠮ   ᠤᠨ ᠠᠮᠤᠷ ᠲᠤᠭᠳᠠᠭᠤᠨ ᠢ ᠨᠦᠯᠦᠭᠡᠯᠡᠭᠰᠡᠨ ᠴᠢᠬᠤᠯᠠ ᠠᠰᠠᠭᠤᠳᠠᠯ ᠢ ᠲᠤᠬᠢᠳᠠᠢ ᠰᠠᠶᠢᠬᠠᠨ ᠰᠢᠢᠳᠪᠦᠷᠢᠯᠡᠬᠦ ᠭᠡᠷᠡᠭᠳᠡᠢ᠃  ︽ᠭᠡᠷᠡᠭ ᠪᠦᠬᠦᠨ ᠢ ᠰᠢᠢᠳᠪᠦᠷᠢᠯᠡᠬᠦ︾ ᠪᠠᠷ ᠬᠠᠷᠠᠯᠳᠠ ᠪᠤᠯᠭᠠᠨ᠂  ᠬᠠᠤᠯᠢ ᠲᠦᠷᠢᠮ ᠤᠨ ᠵᠠᠷᠴᠢᠮ ᠢ ᠪᠠᠷᠢᠮᠳᠠᠯᠠᠵᠤ᠂  ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠯᠭ᠎ᠠ ᠲᠠᠢ ᠰᠠᠶᠢᠨ ᠬᠢᠨ᠎ᠡ᠃ ᠬᠤᠳᠠ ᠬᠦᠳᠡᠭᠡ ᠶᠢ ᠨᠢᠬᠡ ᠴᠤᠭᠴᠠᠵᠢᠭᠤᠯᠤᠭᠰᠠᠨ ᠤᠳᠤ ᠦᠶ᠎ᠡ ᠶᠢᠨ ᠠᠮᠤᠷ ᠢ ᠬᠠᠮᠠᠭᠠᠯᠠᠬᠤ ᠰᠡᠷᠭᠡᠶᠢᠯᠡᠯᠳᠡ ᠶᠢᠨ ᠰᠢᠰᠲ᠋ᠧᠮ ᠢ ᠲᠡᠬᠦᠯᠳᠡᠷᠵᠢᠬᠦᠯᠵᠦ᠂ ᠡᠯ᠎ᠡ ᠵᠦᠢᠯ ᠤᠨ ᠶᠠᠯᠠᠳᠤ ᠠᠵᠢᠯᠯᠠᠭ᠎ᠠ   ᠶᠢ ᠴᠢᠩᠭ᠎ᠠ ᠰᠡᠷᠭᠡᠶᠢᠯᠡᠬᠦ ᠶᠢᠨ ᠲᠠᠭᠠᠤ ᠬᠠᠤᠯᠢ ᠶᠤᠰᠤᠨ ᠤ ᠴᠤᠬᠢᠯᠳᠠ ᠦᠭᠴᠦ᠂ ᠠᠷᠠᠳ ᠲᠦᠮᠡᠨ ᠤ ᠠᠮᠤᠷ ᠲᠠᠶᠢᠪᠤᠩ ᠰᠡᠳᠬᠢᠯᠬᠡ ᠶᠢ ᠨᠡᠮᠡᠭᠳᠡᠬᠦᠯᠬᠦ ᠭᠡᠷᠡᠭᠳᠡᠢ᠃ ︽ᠵᠢᠷᠭᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠠᠵᠢᠯ ᠢ ᠡᠷᠴᠢᠮᠳᠡᠢ ᠰᠠᠶᠢᠨ ᠬᠢᠨ᠎ᠡ᠃ ᠵᠠᠮ ᠬᠠᠷᠢᠯᠴᠠᠭ᠎ᠠ ᠪᠠᠷ ᠭᠤᠤᠯ ᠪᠤᠯᠭᠠᠭᠰᠠᠨ ᠠᠶᠤᠯᠬᠦᠢ ᠦᠢᠯᠡᠳᠪᠦᠷᠢᠯᠡᠯ ᠤᠨ ᠲᠠᠯᠳᠠ ᠭᠡᠮ ᠢ ᠲᠤᠰᠬᠠᠢ ᠲᠦᠷᠦᠯ ᠢᠶᠠᠷ ᠪᠠᠶᠢᠴᠠᠭᠠᠨ ᠴᠡᠭᠴᠡᠯᠡᠵᠦ᠂ ᠬᠦᠨᠳᠦ ᠶᠡᠭᠡ ᠠᠳᠡᠯ ᠡᠬᠦᠰᠬᠦ ᠶᠢ  ᠰᠡᠷᠭᠡᠶᠢᠯᠡᠨ ᠬᠤᠷᠢᠭᠯᠠᠨ᠎ᠠ᠃ ᠭᠡᠨᠡᠳᠳᠡ ᠶᠢᠨ ᠴᠢᠨᠠᠷᠳᠠᠢ ᠤᠯᠠᠨ ᠨᠡᠶᠢᠳᠡ ᠶᠢᠨ ᠭᠡᠷᠡᠭ ᠢ ᠤᠷᠢᠳᠴᠢᠯᠠᠨ ᠰᠡᠷᠡᠮᠵᠢᠯᠡᠬᠦᠯᠬᠦ ᠪᠠ ᠪᠠᠴᠢᠮ ᠪᠠᠶᠢᠳᠠᠯ ᠢ  ᠠᠷᠭᠠᠴᠠᠵᠤ ᠰᠢᠢᠳᠪᠦᠷᠢᠯᠡᠬᠦ ᠲᠤᠭᠳᠠᠴᠠ ᠶᠢ ᠲᠡᠬᠦᠯᠳᠡᠷᠵᠢᠬᠦᠯᠵᠦ᠂  ᠭᠠᠮᠰᠢᠭ ᠲᠠᠢ ᠲᠡᠮᠡᠴᠡᠵᠦ ᠬᠤᠬᠢᠷᠠᠯ ᠢ ᠪᠠᠭᠠᠰᠬᠠᠬᠤ ᠪᠠ ᠭᠡᠨᠡᠳᠳᠡ ᠶᠢᠨ ᠭᠡᠷᠡᠭ ᠢ ᠲᠤᠯᠵᠤ ᠠᠷᠭᠠᠴᠠᠬᠤ ᠴᠢᠳᠠᠪᠤᠷᠢ ᠶᠢ  ᠴᠢᠩᠭᠠᠷᠠᠭᠤᠯᠬᠤ ᠭᠡᠷᠡᠭᠳᠡᠢ᠃ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ ᠵᠡᠷᠭᠡ ᠠᠷᠠᠳ ᠤᠨ ᠪᠦᠯᠦᠭᠯᠡᠯ ᠤᠨ ᠬᠦᠬᠦᠷᠭᠡ ᠬᠤᠯᠪᠤᠭᠠᠰᠤ ᠶᠢᠨ ᠦᠢᠯᠡᠳᠦᠯ   ᠢᠶᠠᠨ ᠪᠠᠳᠠᠷᠠᠭᠤᠯᠤᠨ᠂ ᠨᠡᠶᠢᠬᠡᠮ ᠤᠨ ᠶᠠᠪᠤᠳᠠᠯ ᠤᠨ ᠬᠠᠮᠢᠶᠠᠷᠤᠯᠳᠠ ᠳᠤ  ᠤᠷᠤᠯᠴᠠᠬᠤ ᠳᠤ ᠲᠡᠮᠵᠢᠯᠬᠡ  ᠦᠵᠡᠬᠦᠯᠦᠨ᠎ᠡ᠃ ᠦᠨᠳᠦᠰᠦᠳᠡᠨ ᠤ ᠪᠦᠯᠬᠦᠮᠳᠡᠯ  ᠲᠠᠪᠰᠢᠯᠳᠠ  ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠱᠠᠰᠢᠨ ᠤ ᠶᠠᠪᠤᠳᠠᠯ ᠢ ᠬᠠᠤᠯᠢ  ᠶᠤᠰᠤᠭᠠᠷ ᠬᠠᠮᠢᠶᠠᠷᠤᠨ᠂ ᠦᠨᠳᠦᠰᠦᠳᠡᠨ ᠨᠦᠭᠦᠳ ᠤᠨ ᠡᠶ᠎ᠡ ᠨᠠᠶᠢᠷᠠᠮᠳᠠᠯ ᠲᠠᠢ᠂ ᠬᠠᠮᠳᠤᠪᠠᠷ ᠲᠠᠪᠰᠢᠬᠤ  ᠤᠬᠢ ᠰᠠᠶᠢᠨ ᠭᠡᠪ ᠪᠠᠶᠢᠳᠠᠯ ᠢ ᠪᠠᠳᠤᠯᠠᠬᠤ ᠭᠡᠷᠡᠭᠳᠡᠢ᠃        ᠲᠦᠯᠦᠭᠡᠯᠡᠭᠴᠢᠳ ᠡ᠂  ᠡᠨᠡ ᠵᠢᠯ ᠤᠨ ᠠᠵᠢᠯ ᠢ ᠰᠠᠶᠢᠨ ᠬᠢᠬᠦ ᠨᠢ ᠠᠴᠢ ᠬᠤᠯᠪᠤᠭᠳᠠᠯ ᠢᠶᠠᠷ ᠠᠰᠤᠷᠤ ᠶᠡᠭᠡ ᠪᠠᠶᠢᠭ᠎ᠠ  ᠪᠤᠯᠬᠤᠷ᠂  ᠪᠢᠳᠡ ᠲᠡᠭᠡᠳᠦ ᠱᠠᠳᠤᠨ ᠤ ᠨᠠᠮ ᠵᠠᠰᠠᠭ ᠪᠠ ᠬᠤᠰᠢᠭᠤ ᠨᠠᠮ ᠤᠨ ᠬᠤᠷᠢᠶᠠᠨ ᠤ ᠡᠷᠡᠰ ᠪᠠᠳᠤ ᠤᠳᠤᠷᠢᠳᠤᠯᠭ᠎ᠠ  ᠵᠢᠴᠢ  ᠪᠦᠬᠦ ᠬᠤᠰᠢᠭᠤᠨ ᠤ ᠺᠠᠳᠠᠷ ᠤᠯᠠᠨ ᠲᠦᠮᠡᠨ   ᠤ ᠬᠠᠮᠳᠤ ᠶᠢᠨ ᠴᠢᠷᠮᠠᠶᠢᠯᠭ᠎ᠠ ᠲᠤᠤᠷ᠎ᠠ᠂  ᠨᠡᠶᠢᠬᠡᠮ ᠤᠨ ᠡᠯ᠎ᠡ  ᠡᠳᠡᠭᠡᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠬᠳᠠᠷᠠᠭᠤᠯᠤᠨ᠂  ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂  ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠦᠰᠡᠷᠳᠡᠬᠦᠯᠦᠯ ᠦᠬᠡᠢ᠂ ᠰᠢᠨ᠎ᠡ ᠨᠢᠬᠡ ᠵᠢᠯ ᠤᠨ ᠠᠵᠢᠯ ᠡᠬᠦᠷᠭᠡ ᠪᠠᠨ  ᠠᠮᠵᠢᠯᠳᠠ ᠲᠡᠬᠦᠯᠳᠡᠷ  ᠪᠡᠶᠡᠯᠡᠬᠦᠯᠵᠦ᠂  ᠪᠠᠶᠠᠨ ᠴᠢᠨᠡᠭᠡᠯᠢᠭ᠂ ᠦᠵᠡᠰᠬᠦᠯᠡᠩᠳᠦ ᠲᠠᠩᠰᠤᠭ᠂  ᠪᠤᠯᠪᠠᠰᠤᠨ‌‍ᠰᠠᠶᠢᠠᠬᠨ᠂ ᠡᠶ᠎ᠡ ᠨᠠᠶᠢᠷᠠᠮᠳᠠᠭᠤ ᠰᠢᠨ᠎ᠡ ᠲᠠᠶᠢᠹᠤᠰᠧ ᠬᠤᠰᠢᠭᠤ ᠶᠢ ᠪᠠᠶᠢᠭᠤᠯᠤᠨ᠂ 2020 ᠤᠨ ᠳᠤ ᠪᠦᠬᠦ ᠤᠯᠤᠰ᠂ ᠪᠦᠬᠦ ᠤᠷᠤᠨ ᠤ ᠠᠷᠠᠳ ᠲᠦᠮᠡᠨ ᠲᠠᠢ ᠠᠯᠬᠤᠭ᠎ᠠ ᠨᠢᠬᠡᠳᠡᠢ ᠪᠠᠷ ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠤᠨ ᠪᠦᠳᠦᠭᠡᠬᠦ ᠠᠤᠭ᠎ᠠ ᠬᠠᠷᠠᠯᠳᠠ ᠳᠤ ᠬᠦᠷᠬᠦ ᠪᠠᠷ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号