ᠲᠠᠶᠢᠹᠤᠰᠧ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ ︵18︶ | | | ᠵᠠᠰᠠᠭ ᠤᠨ ᠣᠷᠳᠣᠨ ᠤ ᠠᠵᠢᠯ ᠤᠨ ᠢᠯᠡᠳᠬᠡᠯ | 2015 ᠣᠨ ᠤ | 3 ᠰᠠᠷᠠᠶᠢᠨ 10 ᠤ ᠡᠳᠦᠷ ᠲᠠᠶᠢᠹᠤᠰᠧ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ | ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ | | | ᠬᠡᠤ ᠴᠧᠩ ᠳ᠋ᠦᠩ | ᠲᠦᠯᠦᠭᠡᠯᠡᠭᠴᠢᠳ ᠡ ᠄ | ᠳᠣᠣᠷ᠎ᠠ ᠪᠢ ᠬᠤᠰᠢᠭᠤ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ | ᠢᠯᠡᠳᠭᠡᠯ ᠬᠢᠶ᠎ᠡ ᠂ ᠬᠢᠨᠠᠨ ᠵᠥᠪᠯᠡᠬᠦ ᠪᠣᠯᠪᠠᠤ ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠪᠣᠯᠣᠨ ᠬᠤᠷᠠᠯ ᠳᠤ ᠰᠤᠯᠨ ᠣᠷᠣᠯᠴᠠᠭᠰᠠᠨ ᠨᠦᠬᠦᠳ ᠠᠴᠠ ᠰᠠᠨᠠᠯ ᠰᠢᠭᠦᠮᠵᠢ ᠪᠠᠨ ᠳᠡᠪᠰᠢᠭᠦᠯᠦᠮᠦ᠃ | ᠨᠢᠭᠡ ᠂ 2014 ᠤᠨ ᠤ ᠠᠵᠢᠯ ᠤᠨ ᠡᠷᠬᠢᠴᠡᠬᠦᠯᠦᠯ | ᠦᠩᠭᠡᠷᠡᠬᠦ ᠨᠢᠬᠡ ᠵᠢᠯ ᠬᠤᠷᠸ᠎ᠠ ᠠᠵᠤ ᠠᠬᠤᠢ ᠶᠢᠨ ᠤᠷᠤᠭᠤᠳᠠᠯ ᠤᠨ ᠲᠠᠷᠤᠯᠳᠠ ᠦᠷᠬᠦᠯᠵᠢᠯᠡᠨ | ᠶᠡᠬᠡᠰᠦᠭᠰᠡᠨ ᠬᠠᠳᠠᠭᠤ ᠰᠢᠯᠭᠠᠯᠳᠠ ᠶᠢᠨ ᠡᠮᠦᠨ᠎ᠡ᠂ ᠬᠤᠰᠢᠭᠤ ᠵᠠᠰᠠᠭ ᠤᠨ ᠤᠷᠳᠤᠨ ᠨᠢ ᠠᠶᠢᠮᠠᠭ ᠤᠨ ᠨᠠᠮ ᠤᠨ | ᠬᠤᠷᠢᠶ᠎ᠠ᠂ ᠠᠶᠢᠮᠠᠭ ᠤᠨ ᠵᠠᠬᠢᠷᠭ᠎ᠠ ᠬᠢᠭᠡᠳ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ | ᠲᠤᠤᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠂ ᠤᠯᠤᠰ ᠲᠦᠷᠦ ᠶᠢᠨ | ᠵᠦᠪᠯᠡᠯᠭᠡᠨ ᠤ ᠬᠢᠨᠠᠯᠳᠠ ᠪᠠ ᠲᠡᠮᠵᠢᠯᠬᠡ ᠲᠤᠤᠷ᠎ᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳᠠᠷ | ᠤᠯᠠᠨ ᠲᠦᠮᠡᠨ ᠢ ᠪᠦᠯᠬᠦᠮᠳᠡᠬᠦᠯᠦᠨ ᠲᠠᠶᠢᠴᠢᠯᠠᠵᠤ ᠂ ᠪᠤᠳᠠᠳᠠᠢ ᠠᠳᠬᠤᠵᠤ ᠢᠳᠡᠪᠬᠢᠳᠡᠢ ᠠᠵᠢᠯᠯᠠᠨ᠂ ᠠᠷᠪᠠᠨ | ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠲᠡᠭᠡᠷ᠎ᠡ ᠲᠤᠭᠳᠠᠭᠰᠠᠨ ᠡᠯ᠎ᠡ ᠵᠦᠢᠯ ᠤᠨ ᠡᠬᠦᠷᠭᠡ ᠬᠠᠷᠠᠯᠳᠠ ᠪᠠᠨ ᠠᠮᠵᠢᠯᠳᠠ ᠲᠠᠢ ᠰᠠᠶᠢᠨ | ᠪᠡᠶᠡᠯᠡᠬᠦᠯᠵᠦ᠂ ᠵᠠᠷᠢᠮ ᠠᠵᠢᠯ ᠤᠨ ᠲᠠᠯᠠᠪᠠᠷ ᠰᠢᠪᠳᠤᠯᠤᠯᠳᠠ ᠶᠢᠨ ᠴᠢᠨᠠᠷᠳᠠᠢ ᠠᠬᠢᠯᠳᠠ ᠭᠠᠷᠤᠭᠰᠠᠨ ᠪᠠᠶᠢᠨ᠎ᠠ᠃ | ︵ᠨᠢᠬᠡ︶ ᠠᠵᠤ ᠠᠬᠤᠢ ᠶᠡᠷᠦᠩᠬᠡᠢ ᠳᠡᠭᠡᠨ ᠲᠤᠭᠳᠠᠭᠤᠨ ᠨᠡᠮᠡᠭᠳᠡᠯ ᠢᠶᠠᠨ ᠪᠠᠳᠤᠯᠠᠵᠤ᠂ ᠠᠵᠤ ᠦᠢᠯᠡᠰ ᠤᠨ | ᠬᠦᠭᠵᠢᠯᠳᠡ ᠰᠢᠨ᠎ᠡ ᠠᠯᠬᠤᠮ ᠲᠠᠪᠰᠢᠪᠠ ᠃ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ | 45.4 ᠳ᠋ᠦᠩᠰᠢᠭᠤᠷ ᠲᠥᠭᠦᠷᠢᠭ ᠢ ᠪᠡᠶᠡᠯᠡᠬᠦᠯᠵᠦ᠂ 8 % ᠪᠠᠷ ᠨᠡᠮᠡᠭᠳᠡᠨ ︔ ᠪᠦᠬᠦ ᠨᠡᠶᠢᠬᠡᠮ ᠤᠨ | ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 35 ᠳ᠋ᠦᠩᠰᠢᠭᠤᠷ ᠲᠦᠬᠦᠷᠢᠭ ᠲᠤ ᠬᠦᠷᠴᠦ᠂ 16.3% ᠪᠠᠷ | ᠨᠡᠮᠡᠭᠳᠡᠨ︔ ᠡᠳ᠋ ᠤᠨ ᠵᠠᠰᠠᠭ ᠤᠨ ᠣᠷᠣᠯᠭ᠎ᠠ 2.2 ᠳ᠋ᠦᠩᠰᠢᠭᠤᠷ ᠲᠦᠬᠦᠷᠢᠭ ᠲᠤ ᠬᠦᠷᠴᠦ 9.7% ᠪᠠᠷ | ᠨᠡᠮᠡᠭᠳᠡᠨ︔ ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 16.5 | ᠳ᠋ᠦᠩᠰᠢᠭᠤᠷ ᠲᠦᠭᠦᠷᠢᠭ ᠲᠤ ᠬᠦᠷᠴᠦ᠂ 11.6 % ᠪᠠᠷ ᠨᠡᠮᠡᠭᠳᠡᠨ︔ ᠬᠤᠳᠠ ᠬᠦᠳᠡᠭᠡ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ 25815 | ᠲᠦᠬᠦᠷᠢᠭ ᠪᠠ 8408 ᠲᠦᠭᠦᠷᠢᠭ ᠲᠤ ᠬᠦᠷᠴᠦ᠂ ᠲᠤᠰᠪᠤᠷᠢ 9.3% ᠪᠠ 12.2 % ᠢᠶᠠᠷ ᠨᠡᠮᠡᠭᠳᠡᠪᠡ ᠃ | ᠨᠢᠬᠡ ᠳᠤ᠂ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠠᠯᠬᠤᠴᠠ | ᠲᠦᠷᠭᠡᠰᠦᠭᠰᠡᠨ᠃ ᠲᠠᠷᠢᠶᠠᠯᠠᠩ ᠮᠠᠯᠵᠢᠯ ᠤᠨ ᠭᠤᠷᠪᠠᠨ ᠰᠠᠭᠤᠷᠢᠨ ᠭᠠᠵᠠᠷ ᠢ ᠪᠦᠳᠦᠬᠡᠨ ᠪᠠᠶᠢᠭᠤᠯᠬᠤ ᠶᠢᠨ | ᠲᠤᠭᠤᠷᠢᠨ ᠳᠤ ᠲᠦᠮᠦᠰᠦ᠂ ᠢᠳᠡᠰᠢᠨ ᠨᠤᠭᠤᠭ᠎ᠠ᠂ ᠲᠡᠵᠢᠬᠡᠯ ᠪᠤᠷᠳᠤᠭ᠎ᠠ ᠲᠠᠷᠢᠬᠤ ᠲᠠᠯᠠᠪᠠᠢ ᠶᠡᠷᠦᠩᠬᠡᠢ ᠲᠠᠷᠢᠶᠠᠯᠠᠩ | ᠤᠨ ᠲᠠᠯᠠᠪᠠᠢ ᠶᠢᠨ 74 % ᠶᠢ ᠡᠵᠡᠯᠡᠵᠦ᠂ ᠠᠮᠤ ᠪᠤᠳᠠᠭᠠᠨ ᠤ ᠲᠠᠷᠢᠮᠠᠯ ᠤᠨ ᠶᠡᠷᠦᠩᠬᠡᠢ ᠤᠨᠠᠯᠳᠠ 3.3 | ᠳ᠋ᠦᠩᠰᠢᠭᠤᠷ ᠵᠢᠩ ᠳᠤ ᠬᠦᠷᠴᠦ︔ ᠵᠢᠯ ᠤᠨ ᠡᠴᠦᠰ ᠤᠨ ᠪᠦᠷᠢᠳᠭᠡᠯ ᠳᠤ 29.7 ᠲᠦᠮᠡᠨ ᠮᠠᠯ ᠲᠤᠭᠠᠯᠠᠭᠳᠠᠵᠤ | ᠂ 42.1 % ᠢᠶᠠᠷ ᠨᠡᠮᠡᠭᠳᠡᠭᠰᠡᠨ ᠪᠠᠶᠢᠨ᠎ᠠ᠃ ᠲᠦᠬᠦᠭᠡᠷᠦᠮᠵᠢᠳᠦ ᠲᠠᠷᠢᠶᠠᠯᠠᠩ ᠮᠠᠯᠵᠢᠯ ᠤᠨ ᠬᠢᠷᠢ ᠲᠦᠪᠰᠢᠨ ᠤᠯᠠᠮ | ᠨᠢᠬᠡ ᠠᠯᠬᠤᠮ ᠲᠡᠭᠡᠭᠰᠢᠯᠡᠵᠦ᠂ ᠤᠰᠤ ᠠᠷᠪᠢᠯᠠᠬᠤ ᠤᠰᠤᠯᠠᠯᠳᠠ ᠶᠢᠨ ᠲᠠᠯᠠᠪᠠᠢ 8.3 ᠲᠦᠮᠡᠨ ᠮᠤ᠋ ᠨᠡᠮᠡᠭᠳᠡᠨ᠂ | 42.6 ᠲᠦᠮᠡᠨ ᠮᠤ᠋ ᠳᠤ ᠬᠦᠷᠴᠡᠢ᠃ ᠢᠳᠡᠰᠢᠨ ᠨᠤᠭᠤᠭᠠᠨ ᠤ ᠬᠦᠯᠡᠮᠵᠢ 153 ᠮᠤ᠋ ᠨᠡᠮᠡᠭᠳᠡᠨ᠂ ᠲᠦᠮᠦᠰᠦ | ᠬᠠᠳᠠᠭᠠᠯᠠᠬᠤ ᠵᠤᠭᠤᠷᠢ ᠶᠢᠨ ᠪᠠᠭᠳᠠᠭᠠᠮᠵᠢ 4.8 ᠲᠦᠮᠡᠨ ᠲᠤᠨ᠂ ᠮᠠᠯ ᠤᠨ ᠰᠠᠷᠠᠪᠴᠢ 6.3 ᠲᠦᠮᠡᠨ ᠬᠠᠪᠳᠠᠭᠠᠢ | ᠲᠦᠷᠪᠡᠯᠵᠢᠨ ᠮᠧᠲᠷ᠂ ᠡᠪᠡᠰᠦ ᠬᠠᠳᠠᠭᠠᠯᠠᠬᠤ ᠰᠠᠷᠠᠪᠴᠢ 1.4 ᠲᠦᠮᠡᠨ ᠬᠠᠪᠳᠠᠭᠠᠢ ᠲᠦᠷᠪᠡᠯᠵᠢᠨ ᠮᠧᠲᠷ᠂ | ᠨᠤᠭᠤᠭᠠᠨ ᠲᠠᠷᠤᠰᠢ ᠶᠢᠨ ᠵᠤᠭᠤᠷᠢ 0.88 ᠲᠦᠮᠡᠨ ᠪᠤᠰᠤᠭ᠎ᠠ ᠲᠦᠷᠪᠡᠯᠵᠢᠨ ᠮᠧᠲᠷ ᠲᠤ ᠬᠦᠷᠴᠦ︔ | ᠪᠠᠷᠢᠮᠵᠢᠶᠠᠳᠤ ᠮᠠᠯᠵᠢᠯ ᠤᠨ ᠲᠠᠯᠠᠪᠠᠢ 9 ᠰᠠᠭᠤᠷᠢ ᠪᠠᠶᠢᠭᠤᠯᠤᠭᠳᠠᠪᠠ᠃ ᠲᠠᠷᠢᠶᠠᠯᠠᠩ ᠮᠠᠯᠵᠢᠯ ᠤᠨ ᠡᠵᠡᠩᠨᠡᠯᠳᠡ ᠶᠢᠨ | ᠬᠡᠯᠪᠡᠷᠢ ᠶᠢᠨ ᠬᠤᠪᠢᠷᠠᠭᠤᠯᠤᠯᠳᠠ ᠶᠢ ᠦᠷᠬᠦᠯᠵᠢᠯᠡᠨ ᠠᠬᠢᠭᠤᠯᠵᠤ᠂ 60 ᠡᠷᠦᠬᠡ ᠲᠤᠰᠬᠠᠢ ᠬᠤᠷᠰᠢᠶᠠᠵᠢᠯ ᠢ | ᠭᠤᠤᠯᠳᠠᠯᠭᠠᠳᠠᠢ ᠲᠦᠷᠢᠮᠵᠢᠬᠦᠯᠦᠨ᠂ ᠵᠤᠬᠢᠬᠤ ᠬᠡᠪᠴᠢᠶ᠎ᠡ ᠬᠡᠮᠵᠢᠶ᠎ᠡ ᠪᠠ ᠦᠷ᠎ᠡ ᠠᠰᠢᠭ ᠢ ᠪᠡᠶᠡᠯᠡᠬᠦᠯᠦᠭᠰᠡᠨ | ᠬᠤᠷᠰᠢᠶᠠᠵᠢᠯ 132 ᠡᠷᠦᠬᠡ ᠳᠤ ᠬᠦᠷᠴᠡᠢ᠃ ᠬᠦᠳᠡᠭᠡ ᠠᠵᠤ ᠠᠬᠤᠢ ᠶᠢᠨ ᠶᠠᠮᠤᠨ ᠠᠴᠠ ᠮᠠᠨ ᠤ ᠬᠤᠰᠢᠭᠤ ᠶᠢ | ᠰᠢᠨ᠎ᠡ ᠬᠡᠯᠪᠡᠷᠢ ᠶᠢᠨ ᠲᠤᠰᠬᠠᠢ ᠮᠡᠷᠭᠡᠵᠢᠯ ᠤᠨ ᠮᠠᠯᠴᠢᠨ ᠲᠠᠷᠢᠶᠠᠴᠢᠨ ᠬᠦᠮᠦᠵᠢᠬᠦᠯᠬᠦ ᠢᠨᠵᠧᠨᠧᠷᠢᠩ ᠤᠨ ᠵᠢᠱᠢᠶ᠎ᠡ | ᠦᠵᠡᠬᠦᠯᠬᠦ ᠬᠤᠰᠢᠭᠤ ᠪᠠᠷ ᠲᠤᠭᠳᠠᠭᠠᠵᠤ᠂ 587 ᠬᠦᠮᠦᠨ ᠢ ᠲᠤᠰᠬᠠᠢ ᠮᠡᠷᠭᠡᠵᠢᠯ ᠲᠠᠢ ᠮᠠᠯᠴᠢᠨ ᠲᠠᠷᠢᠶᠠᠴᠢᠨ ᠢᠶᠠᠷ | ᠬᠦᠮᠦᠵᠢᠬᠦᠯᠦᠭᠰᠡᠨ ᠪᠠᠶᠢᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ︽ ᠭᠤᠷᠪᠠᠨ | ᠪᠦᠳᠦᠭᠡᠭᠳᠡᠬᠦᠨ ᠨᠢᠬᠡ ᠲᠡᠮᠳᠡᠭ︾ ᠤᠨ ᠪᠠᠶᠢᠭᠤᠯᠤᠯᠳᠠ ᠶᠢ ᠴᠢᠩᠭᠠᠳᠬᠠᠵᠤ᠂ ︽ᠬᠤᠩ ᠵᠢᠩ ᠶᠤᠸᠠᠨ︾ ᠲᠠᠸᠠᠷ | ᠤᠨ ᠲᠡᠮᠳᠡᠭ ᠨᠢ ᠲᠤᠮᠳᠠᠳᠤ ᠤᠯᠤᠰ ᠤᠨ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ ᠢᠶᠠᠷ ᠲᠤᠭᠳᠠᠭᠠᠭᠳᠠᠪᠠ᠃ | ᠬᠤᠶᠠᠷ ᠲᠤ᠂ ᠠᠵᠤ ᠦᠢᠯᠡᠳᠪᠦᠷᠢ ᠶᠢᠨ ᠬᠦᠭᠵᠢᠯᠳᠡ ᠶᠢᠨ ᠰᠠᠭᠤᠷᠢ ᠲᠠᠰᠤᠷᠠᠯᠳᠠ ᠦᠬᠡᠢ ᠪᠠᠬᠢᠵᠢᠪᠡ᠃ ︽ ᠰᠠᠷ᠎ᠠ | ᠳᠤ ᠨᠢᠬᠡ ᠲᠤᠬᠢᠷᠠᠭᠤᠯᠤᠯᠳᠠ ᠬᠢᠵᠦ᠂ ᠤᠯᠠᠷᠢᠯ ᠳᠤ ᠨᠢᠬᠡ ᠵᠠᠳᠠᠯᠤᠯᠳᠠ ᠬᠢᠬᠦ︾ ᠲᠦᠷᠢᠮ ᠢ ᠭᠡᠷᠡᠭᠵᠢᠬᠦᠯᠦᠨ᠂ | ᠵᠢᠭᠡᠯᠡᠯᠬᠡ ᠵᠤᠬᠢᠴᠠᠭᠤᠯᠬᠤ᠂ ᠬᠦᠢᠴᠡᠳᠭᠡᠬᠦ ᠶᠠᠪᠤᠴᠠ ᠶᠢ ᠲᠦᠬᠦᠮᠴᠢᠯᠡᠬᠦ᠂ ᠬᠠᠪᠰᠤᠷᠤᠨ ᠲᠡᠳᠬᠦᠬᠦ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠷᠭ᠎ᠠ ᠪᠠᠷ ᠠᠵᠤ ᠠᠬᠤᠶᠢᠯᠠᠯ ᠤᠨ ᠬᠦᠴᠢᠷᠳᠡᠯ ᠪᠠ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠭᠰᠡᠨ ᠢᠶᠠᠷ ᠪᠦᠬᠦ ᠵᠢᠯ ᠳᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 15.4 | ᠳ᠋ᠦᠩᠰᠢᠭᠤᠷ ᠲᠦᠬᠦᠷᠢᠭ ᠲᠤ ᠬᠦᠷᠴᠦ᠂ 15.1 % ᠪᠠᠷ ᠨᠡᠮᠡᠭᠳᠡᠭᠰᠡᠨ ᠪᠠᠶᠢᠨ᠎ᠠ᠃ ᠪᠤᠤᠴᠠᠩ ᠤᠨ ᠲᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠨᠢ ᠠᠶᠢᠮᠠᠭ ᠤᠨ ᠲᠡᠰ ᠤᠨ ᠠᠵᠤ ᠦᠢᠯᠡᠳᠪᠦᠷᠢ ᠶᠢᠨ | ᠤᠷᠤᠨ ᠲᠤᠭᠤᠷᠢᠭ ᠪᠤᠯᠵᠤ᠂ ᠬᠠᠮᠢᠶᠠᠷᠤᠯᠳᠠ ᠶᠢᠨ ᠵᠦᠪᠯᠡᠯ ᠪᠠ ᠨᠡᠬᠡᠬᠡᠨ ᠬᠦᠭᠵᠢᠬᠦᠯᠬᠦ ᠪᠦᠳᠦᠬᠡᠨ | ᠪᠠᠶᠢᠭᠤᠯᠤᠯᠳᠠ ᠶᠢᠨ ᠺᠤᠮᠫᠠᠨᠢ ᠶᠢ ᠪᠠᠶᠢᠭᠤᠯᠤᠭᠰᠠᠨ ᠤ ᠬᠠᠮᠳᠤ 1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ | ᠂ ᠭᠡᠰᠡᠭ ᠰᠠᠭᠤᠷᠢ ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠬᠢᠵᠡᠢ᠃ ᠪᠠᠰᠠ ᠤᠷᠤᠨ ᠲᠤᠭᠤᠷᠢᠭ ᠤᠨ | ᠶᠡᠷᠦᠩᠬᠡᠢ ᠲᠦᠯᠦᠪᠵᠢᠬᠦᠯᠬᠡ ᠪᠠ ᠠᠵᠤ ᠦᠢᠯᠡᠰ ᠤᠨ ᠬᠦᠭᠵᠢᠬᠦᠯᠦᠯᠳᠡ ᠶᠢᠨ ᠶᠡᠷᠦᠩᠬᠡᠢ ᠲᠦᠯᠦᠪᠵᠢᠬᠦᠯᠬᠡ ᠶᠢ | ᠨᠠᠶᠢᠷᠠᠭᠤᠯᠤᠨ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠦᠷᠦ ᠶᠢᠨ ᠪᠤᠳᠤᠯᠭ᠎ᠠ᠂ ᠪᠠᠷᠢᠮᠵᠢᠶᠠᠳᠤ | ᠦᠢᠯᠡᠳᠪᠦᠷᠢ ᠶᠢᠨ ᠲᠠᠰᠤᠭ ᠤᠨ ᠪᠦᠳᠦᠭᠡᠨ ᠪᠠᠶᠢᠭᠤᠯᠤᠯᠳᠠ ᠪᠠ ᠠᠰᠢᠭᠯᠠᠯᠳᠠ ᠶᠢᠨ ᠰᠠᠨᠠᠯ ᠵᠡᠷᠭᠡ ᠶᠢ ᠲᠤᠭᠳᠠᠵᠠᠢ᠃ | ᠤᠯᠠᠮᠵᠢᠯᠠᠯᠳᠤ ᠠᠵᠤ ᠦᠢᠯᠡᠰ ᠤᠨ ᠱᠠᠳᠤ ᠲᠡᠪᠰᠢᠬᠦ ᠶᠢ ᠲᠦᠷᠭᠡᠳᠭᠡᠵᠦ ᠂ ᠲᠠᠯ᠎ᠠ ᠨᠤᠳᠤᠭ ᠠᠷᠢᠬᠢᠨ ᠦᠢᠯᠡᠳᠪᠦᠷᠢ | ᠶᠢᠨ ᠮᠡᠷᠭᠡᠵᠢᠯ ᠢᠶᠠᠨ ᠦᠬᠡᠷᠡᠴᠢᠯᠡᠵᠦ ᠦᠢᠯᠡᠳᠪᠦᠷᠢ ᠪᠠᠨ ᠨᠡᠬᠦᠯᠬᠡᠬᠦ ᠲᠦᠷᠦᠯ ᠵᠦᠢᠯ ᠨᠢ ᠦᠢᠯᠡᠳᠪᠦᠷᠢᠯᠡᠯ ᠢᠶᠠᠨ | ᠲᠤᠷᠰᠢᠬᠤ ᠱᠠᠳᠤᠨ ᠳᠤ ᠤᠷᠤᠵᠤ᠂ ᠬᠤᠩ ᠶᠢᠨ ᠶᠤᠸᠠᠨ ᠲᠤᠰᠤᠨ ᠤ ᠦᠢᠯᠡᠳᠪᠦᠷᠢ ᠶᠢᠨ ᠮᠡᠷᠭᠡᠵᠢᠯ ᠢᠶᠠᠨ | ᠦᠬᠡᠷᠡᠴᠢᠯᠡᠵᠦ ᠦᠢᠯᠡᠳᠪᠦᠷᠢ ᠪᠠᠨ ᠨᠡᠬᠦᠯᠬᠡᠬᠦ ᠲᠦᠷᠦᠯ ᠵᠦᠢᠯ ᠨᠢ ᠭᠡᠰᠡᠭ ᠰᠠᠭᠤᠷᠢ ᠲᠦᠬᠦᠭᠡᠷᠦᠮᠵᠢ ᠶᠢᠨ | ᠪᠦᠳᠦᠭᠡᠨ ᠪᠠᠶᠢᠭᠤᠯᠤᠯᠳᠠ ᠪᠠᠨ ᠲᠠᠭᠤᠰᠬᠠᠨ︔ ᠶᠢᠨ ᠳ᠋ᠸᠦ ᠽᠢ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠶᠢᠨ | ᠰᠤᠩᠭᠤᠨ ᠪᠤᠯᠪᠠᠰᠤᠷᠠᠭᠤᠯᠬᠤ ᠲᠦᠷᠦᠯ ᠵᠦᠢᠯ ᠨᠢ ᠦᠪᠡᠷᠳᠡᠭᠡᠨ ᠵᠠᠰᠠᠬᠤ ᠤᠷᠤᠨ ᠤ ᠰᠠᠯᠠᠭ᠎ᠠ ᠮᠦᠴᠢᠷ ᠤᠨ | ᠵᠦᠪᠰᠢᠶᠡᠷᠡᠯ ᠢ ᠤᠯᠤᠭᠰᠠᠨ ᠪᠠᠶᠢᠨ᠎ᠠ᠃ ᠴᠡᠪᠡᠷ ᠤᠰᠤᠨ ᠤ ᠲᠦᠬᠦᠭᠡᠷᠦᠮᠵᠢ ᠦᠢᠯᠡᠳᠬᠦ᠂ ᠰᠢᠨ᠎ᠡ ᠬᠡᠯᠪᠡᠷᠢ ᠶᠢᠨ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠦᠢᠯᠡᠳᠬᠦ᠂ ᠰᠢᠨ᠎ᠡ ᠡᠨᠧᠷᠬᠢ ᠶᠢᠨ ᠯᠢᠲ ᠴᠠᠬᠢᠯᠭᠠᠨ ᠴᠡᠨᠡᠭ | ᠦᠢᠯᠡᠳᠬᠦ ᠵᠡᠷᠭᠡ ᠡᠬᠢ ᠪᠠᠶᠠᠯᠢᠭ ᠤᠨ ᠪᠤᠰᠤ ᠲᠦᠷᠦᠯ ᠵᠦᠢᠯ ᠨᠢ ᠵᠠᠯᠭᠠᠪᠠᠷ ᠪᠠᠷᠢᠯᠭ᠎ᠠ ᠡᠬᠢᠯᠡᠪᠡ᠃ ᠪᠤᠤᠴᠠᠩ ᠤᠨ | ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠪᠠ | ᠬᠦᠭᠵᠢᠬᠦᠯᠦᠯᠳᠡ ᠶᠢᠨ ᠠᠬᠤᠢ ᠲᠠᠯᠠᠪᠠᠢ ᠶᠢᠨ ᠬᠤᠷᠠᠯ ᠢ ᠠᠮᠵᠢᠯᠳᠠᠳᠠᠢ ᠡᠷᠬᠢᠯᠡᠵᠦ᠂ ᠪᠦᠬᠦ ᠵᠢᠯ ᠳᠤ 18 ᠲᠦᠷᠦᠯ | ᠵᠦᠢᠯ ᠤᠨ ᠭᠡᠷ᠎ᠡ ᠶᠢ ᠲᠤᠭᠳᠠᠵᠤ᠂ ᠠᠷᠠᠯᠵᠢᠶᠠᠴᠢᠨ ᠤᠷᠢᠵᠤ ᠤᠷᠤᠭᠤᠯᠤᠭᠰᠠᠨ ᠪᠡᠯᠡ 16.1 ᠳ᠋ᠦᠩᠰᠢᠭᠤᠷ | ᠲᠦᠬᠦᠷᠢᠭ ᠲᠤ ᠬᠦᠷᠴᠡᠢ᠃ ᠭᠤᠷᠪᠠ ᠳᠤ᠂ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠬᠠᠨᠳᠤᠰᠢ ᠰᠠᠶᠢᠨ | ᠪᠠᠶᠢᠭ᠎ᠠ ᠃ ᠬᠠᠭᠠᠨ ᠤ ᠠᠳᠤᠭᠤᠨ ᠰᠤᠶᠤᠯ ᠤᠨ ᠠᠵᠤ ᠦᠢᠯᠡᠰ ᠤᠨ ᠤᠷᠤᠨ ᠲᠤᠭᠤᠷᠢᠭ ᠤᠨ ᠪᠦᠳᠦᠭᠡᠨ | ᠪᠠᠶᠢᠭᠤᠯᠤᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠳᠤᠭᠤᠨ ᠦᠢᠯᠡᠰ ᠤᠨ ᠰᠤᠳᠤᠯᠭᠠᠨ ᠤ ᠬᠦᠷᠢᠶᠡᠯᠡᠩ | ᠡᠷᠦᠬᠡ ᠰᠡᠬᠦᠵᠦ ᠡᠬᠦᠳᠡ ᠨᠡᠭᠡᠭᠡᠪᠡ᠃ ᠫᠤᠤᠲ᠋ᠠᠶᠢᠶ᠋ᠢᠩᠽᠢ ᠶᠢ ᠦᠪᠡᠷᠮᠢᠴᠡ ᠭᠡᠪ ᠨᠠᠮᠪᠠᠳᠤ ᠪᠠᠯᠭᠠᠰᠤ ᠪᠤᠯᠭᠠᠨ | ᠪᠠᠶᠢᠭᠤᠯᠬᠤ ᠲᠦᠰᠦᠪ ᠲᠦᠯᠦᠪᠵᠢᠬᠦᠯᠬᠡ ᠶᠢ ᠨᠠᠶᠢᠷᠠᠭᠤᠯᠤᠨ ᠡᠬᠢᠯᠡᠵᠡᠢ᠃ ᠲᠦᠷᠪᠡᠳᠦᠬᠡᠷ ᠤᠳᠠᠭᠠᠨ ᠤ ᠲᠤᠮᠳᠠᠳᠤ | ᠤᠯᠤᠰ ᠤᠨ ᠲᠠᠯ᠎ᠠ ᠨᠤᠳᠤᠭ ᠤᠨ ᠬᠠᠭᠠᠨ ᠤ ᠠᠳᠤᠭᠤᠨ ᠰᠤᠶᠤᠯ ᠤᠨ ᠨᠠᠶᠢᠷ ᠢ ᠠᠮᠵᠢᠯᠳᠠᠳᠠᠢ ᠡᠷᠬᠢᠯᠡᠪᠡ᠃ ᠪᠦᠬᠦ | ᠵᠢᠯ ᠳᠤ 30 ᠲᠦᠮᠡ ᠭᠠᠷᠤᠢ ᠵᠢᠭᠤᠯᠴᠢᠯᠠᠭᠴᠢ ᠶᠢ ᠤᠭᠳᠤᠨ ᠵᠤᠴᠢᠯᠠᠵᠤ᠂ ᠡᠨᠡ ᠨᠢ ᠲᠡᠭᠡᠷ᠎ᠡ ᠵᠢᠯ ᠠᠴᠠ 11.1% | ᠪᠠᠷ ᠨᠡᠮᠡᠭᠳᠡᠨ᠂ ᠵᠤᠭᠠᠴᠠᠯ ᠤᠨ ᠦᠢᠯᠡᠰ ᠤᠨ ᠤᠷᠤᠯᠭ᠎ᠠ 1.3 ᠳ᠋ᠦᠩᠰᠢᠭᠤᠷ ᠲᠦᠭᠦᠷᠢᠭ ᠲᠤ ᠬᠦᠷᠴᠦ᠂ 7.4 | % ᠪᠠᠷ ᠨᠡᠮᠡᠭᠳᠡᠭᠰᠡᠨ ᠪᠠᠶᠢᠨ᠎ᠠ᠃ ᠠᠵᠤ ᠦᠢᠯᠡᠳᠪᠦᠷᠢ ᠠᠷᠠᠯᠵᠢᠶ᠎ᠠ ᠬᠤᠳᠠᠯᠳᠤᠭᠠᠨ ᠤ ᠬᠦᠢᠯᠬᠡᠬᠡᠨ ᠤ ᠤᠷᠤᠨ | ᠲᠤᠭᠤᠷᠢᠭ ᠤᠨ ᠲᠦᠯᠦᠪᠵᠢᠬᠦᠯᠬᠡ ᠶᠢ ᠨᠠᠶᠢᠷᠠᠭᠤᠯᠤᠨ ᠲᠤᠭᠳᠠᠵᠤ᠂ 20 ᠲᠦᠮᠡᠨ ᠲᠤᠨ ᠲᠦᠮᠦᠰᠦ ᠬᠠᠳᠠᠭᠠᠯᠠᠬᠤ | ᠴᠢᠳᠠᠮᠵᠢ ᠲᠠᠢ ᠠᠷᠠᠯᠵᠢᠶᠠᠨ ᠤ ᠲᠦᠪ ᠤᠨ ᠲᠦᠮᠡᠨ ᠲᠤᠨ ᠤ ᠬᠦᠮᠦᠷᠭᠡ ᠶᠢᠨ ᠪᠠᠶᠢᠭᠤᠯᠤᠯᠳᠠ ᠶᠢ ᠲᠠᠭᠤᠰᠬᠠᠪᠠ᠃ | ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠬᠡᠯᠡᠯᠬᠡ ᠶᠢᠨ ᠦᠯᠡᠳᠡᠪᠦᠷᠢ ᠲᠤᠰᠪᠤᠷᠢ 37.2 | ᠳ᠋ᠦᠩᠰᠢᠭᠤᠷ ᠲᠦᠭᠦᠷᠢᠭ ᠪᠠ 21.3 ᠳ᠋ᠦᠩᠰᠢᠭᠤᠷ ᠲᠦᠭᠦᠷᠢᠭ ᠲᠤ ᠬᠦᠷᠴᠦ᠂ ᠲᠤᠰᠪᠤᠷᠢ 13.8 % ᠪᠠ | 22.6% ᠪᠠᠷ ᠨᠡᠮᠡᠭᠳᠡᠪᠡ᠃ ᠡᠯ᠎ᠡ ᠲᠦᠷᠦᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠢᠮᠪᠠᠢ | ᠨᠠᠶᠢᠳᠠᠪᠤᠷᠢᠵᠢᠭᠤᠯᠵᠤ᠂ ᠪᠦᠬᠦ ᠵᠢᠯ ᠳᠤ 625 ᠡᠷᠦᠬᠡ ᠲᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠨᠡᠶᠢᠳᠡ 4. | 9 ᠳ᠋ᠦᠩᠰᠢᠭᠤᠷ ᠲᠦᠬᠦᠷᠢᠭ ᠤᠨ ᠵᠢᠬᠡᠯᠡᠯᠬᠡ ᠶᠢ ᠵᠤᠬᠢᠴᠠᠭᠤᠯᠤᠨ ᠤᠯᠭᠤᠪᠠ᠃ ᠪᠦᠬᠦ ᠵᠢᠯ ᠳᠤ ᠬᠤᠪᠢ ᠶᠢᠨ | ᠡᠵᠡᠩᠨᠡᠯᠳᠦ ᠠᠵᠤ ᠠᠬᠤᠶᠢᠯᠠᠯ 146 ᠨᠡᠮᠡᠭᠳᠡᠵᠦ᠂ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ 596 | ᠨᠡᠮᠡᠭᠳᠡᠨ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠨᠡᠮᠡᠭᠳᠡᠯ ᠦᠷᠳᠡᠭ 22.3 ᠳ᠋ᠦᠩᠰᠢᠭᠤᠷ | ᠲᠦᠬᠦᠷᠢᠭ ᠲᠤ ᠬᠦᠷᠴᠦ᠂ 13.2 % ᠪᠠᠷ ᠨᠡᠮᠡᠭᠳᠡᠭᠰᠡᠨ ᠪᠠᠶᠢᠨ᠎ᠠ᠃ | ︵ᠬᠤᠶᠠᠷ︶ ᠦᠷᠬᠦᠯᠵᠢᠯᠡᠭᠰᠡᠨ ᠬᠦᠭᠵᠢᠯᠳᠡ ᠶᠢᠨ ᠴᠢᠳᠠᠪᠤᠷᠢ ᠮᠡᠳᠡᠭᠳᠡᠮ᠎ᠡ ᠴᠢᠩᠭᠠᠷᠠᠵᠤ᠂ ᠬᠤᠳᠠ | ᠬᠦᠳᠡᠭᠡ ᠶᠢᠨ ᠦᠩᠬᠡ ᠲᠦᠷᠬᠦ ᠤᠯᠠᠮ ᠨᠢᠬᠡ ᠠᠯᠬᠤᠮ ᠰᠠᠶᠢᠵᠢᠷᠠᠪᠠ᠃ | S304 ︵ᠤᠤᠯ ᠤᠨ ᠺᠠᠩ ᠱᠠᠨ ᠱᠤᠭᠤᠮ︶ ᠵᠠᠰᠠᠮᠠᠯ ᠵᠠᠮ ᠤᠨ ᠪᠠᠶᠢᠭᠤᠯᠤᠯᠳᠠ ᠶᠢᠨ ᠲᠦᠷᠦᠬᠦᠴᠢ | ᠬᠤᠭᠤᠴᠠᠭᠠᠨ ᠤ ᠠᠵᠢᠯ ᠪᠡᠶᠡᠯᠡᠭᠳᠡᠵᠦ︔ S309 ︵ᠤᠤᠯ ᠤᠨ ᠮᠠᠨ ᠬᠦ᠋ ᠱᠤᠭᠤᠮ︶ ᠵᠠᠰᠠᠮᠠᠯ ᠵᠠᠮ ᠤᠨ | ᠬᠦᠬᠦᠷᠭᠡ ᠶᠢᠨ ᠭᠤᠤᠯ ᠴᠤᠭᠴᠠ ᠶᠢᠨ ᠪᠠᠷᠢᠯᠭ᠎ᠠ ᠪᠠ 90% ᠶᠢᠨ ᠰᠠᠭᠤᠷᠢ ᠲᠠᠯᠪᠢᠬᠤ ᠪᠠᠷᠢᠯᠭ᠎ᠠ ᠨᠢ ᠲᠠᠭᠤᠰᠴᠤ︔ | x510 ᠵᠢᠭᠤᠯᠴᠢᠯᠠᠯ ᠤᠨ ᠵᠠᠰᠠᠮᠠᠯ ᠵᠠᠮ ᠤᠨ ᠰᠠᠭᠤᠷᠢ ᠲᠠᠯᠪᠢᠬᠤ ᠪᠠᠷᠢᠯᠭ᠎ᠠ ᠶᠢᠨ ᠨᠢᠬᠡ ᠬᠡᠰᠡᠭ ᠨᠢ ᠲᠠᠭᠤᠰᠴᠤ︔ | ᠰᠢᠨ᠎ᠡ ᠲᠡᠷᠭᠡᠨ ᠦᠷᠳᠡᠭᠡᠨ ᠤ ᠭᠤᠤᠯ ᠠᠰᠠᠷ ᠤᠨ ᠠᠳᠠᠷᠯᠠᠬᠤ ᠪᠠᠷᠢᠯᠭ᠎ᠠ ᠴᠤ ᠲᠠᠭᠤᠰᠴᠠᠢ᠃ 4300 ᠲᠦᠮᠡᠨ | ᠲᠦᠬᠦᠷᠢᠭ ᠤᠷᠤᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠳᠠ ᠶᠢᠨ ᠢᠨᠵᠧᠨᠧᠷᠢᠩ᠂ ᠮᠠᠯᠵᠢᠬᠤ | ᠲᠠᠷᠢᠶᠠᠯᠠᠬᠤ ᠤᠷᠤᠨ ᠤ ᠴᠡᠪᠡᠷ ᠤᠰᠤᠨ ᠤ ᠢᠨᠵᠧᠨᠧᠷᠢᠩ᠂ ᠪᠠᠭ᠎ᠠ ᠰᠠᠪᠠ ᠭᠠᠵᠠᠷ ᠤᠨ ᠵᠠᠰᠠᠯᠳᠠ ᠶᠢᠨ ᠢᠨᠵᠧᠨᠧᠷᠢᠩ | ᠂ ᠤᠰᠤᠨ ᠴᠦᠬᠦᠷᠦᠮ ᠤᠨ ᠪᠠᠬᠢᠵᠢᠬᠦᠯᠦᠯᠳᠡ ᠶᠢᠨ ᠢᠨᠵᠧᠨᠧᠷᠢᠩ ᠵᠡᠷᠭᠡ ᠶᠢ ᠪᠡᠶᠡᠯᠡᠬᠦᠯᠪᠡ᠃ ᠲᠠᠷᠢᠶᠠᠯᠠᠩ ᠤᠨ | ᠴᠠᠬᠢᠯᠭᠠᠨ ᠬᠠᠩᠭᠠᠯᠭ᠎ᠠ ᠶᠢᠨ ᠦᠬᠡᠷᠡᠴᠢᠯᠡᠯᠳᠡ ᠶᠢ ᠲᠠᠭᠤᠰᠬᠠᠵᠤ᠂ 2 ᠰᠠᠭᠤᠷᠢ 35 ᠺᠢᠯᠤᠸᠤᠯᠲ ᠤᠨ ᠴᠠᠬᠢᠯᠭᠠᠨ | ᠬᠤᠪᠢᠰᠬᠠᠬᠤ ᠦᠷᠳᠡᠭᠡ ᠶᠢ ᠦᠷᠭᠡᠳᠭᠡᠨ ᠵᠠᠰᠠᠵᠤ᠂ 293 ᠺᠢᠯᠤᠮᠧᠲᠷ ᠤᠷᠳᠤ 10 ᠺᠢᠯᠤᠸᠤᠯᠲ ᠤᠨ | ᠴᠠᠬᠢᠯᠭᠠᠨ ᠱᠤᠭᠤᠮ ᠤᠨ ᠦᠬᠡᠷᠡᠴᠢᠯᠡᠯᠳᠡ ᠶᠢᠨ ᠢᠨᠵᠧᠨᠧᠷᠢᠩ ᠢ ᠪᠡᠶᠡᠯᠡᠬᠦᠯᠪᠡ᠃ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ ᠶᠢ ᠤᠯᠠᠮ ᠴᠢᠩᠭᠠᠳᠬᠠᠵᠤ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠲᠠᠯᠠᠪᠠᠢ 1.9 | ᠲᠦᠮᠡᠨ ᠮᠤ᠋ ᠂ ᠨᠦᠬᠦᠵᠦ ᠲᠠᠷᠢᠬᠤ ᠲᠠᠯᠠᠪᠠᠢ 3.5 ᠲᠦᠮᠡᠨ ᠮᠤ᠋ ᠂ ᠠᠰᠢᠭ ᠮᠠᠭᠤᠳᠠᠢ ᠤᠢ ᠮᠤᠳᠤ ᠶᠢ | ᠦᠬᠡᠷᠡᠴᠢᠯᠡᠬᠦ ᠲᠠᠯᠠᠪᠠᠢ 2.5 ᠲᠦᠮᠡᠨ ᠮᠤ᠋ ᠂ ᠭᠤᠤᠯᠳᠠᠯᠭᠠᠳᠠᠢ ᠭᠠᠵᠠᠷ ᠤᠷᠤᠨ ᠤ ᠨᠤᠭᠤᠭᠠᠷᠠᠭᠤᠯᠤᠯᠳᠠ 1.1 | ᠲᠦᠮᠡᠨ ᠮᠤ᠋ ᠶᠢ ᠪᠡᠶᠡᠯᠡᠬᠦᠯᠵᠦ᠂ ᠤᠢ ᠮᠤᠳᠤᠨ ᠤ ᠪᠦᠷᠬᠦᠴᠡ 23% ᠳᠤ ᠬᠦᠷᠦᠭᠰᠡᠨ ᠪᠠᠶᠢᠨ᠎ᠠ᠃ ᠲᠠᠯ᠎ᠠ | ᠨᠤᠳᠤᠭ ᠤᠨ ᠠᠮᠢ ᠠᠬᠤᠢ ᠶᠢᠨ ᠱᠠᠩᠨᠠᠵᠤ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠨᠢᠮᠪᠠᠢ | ᠨᠠᠶᠢᠳᠠᠪᠤᠷᠢᠵᠢᠭᠤᠯᠤᠨ᠂ 52 ᠲᠦᠮᠡᠨ ᠮᠤ᠋ ᠨᠤᠳᠤᠭ ᠪᠡᠯᠴᠢᠭᠡᠷ ᠲᠤ ᠬᠤᠭᠤᠴᠠᠭᠠᠳᠤ ᠴᠢᠨᠠᠷᠳᠠᠢ ᠪᠠᠷ | ᠪᠡᠯᠴᠢᠭᠡᠷᠯᠡᠬᠦᠯᠬᠦ ᠶᠢ ᠴᠠᠭᠠᠵᠠᠯᠠᠨ ᠂ 54 ᠲᠦᠮᠡᠨ ᠮᠤ᠋ ᠨᠤᠳᠤᠭ ᠪᠡᠯᠴᠢᠭᠡᠷ ᠲᠤ ᠮᠠᠯ ᠪᠡᠯᠴᠢᠭᠡᠷ ᠤᠨ ᠲᠡᠩᠴᠡᠬᠦᠷᠢ | ᠶᠢᠨ ᠲᠦᠷᠢᠮ ᠢ ᠭᠡᠷᠡᠭᠵᠢᠬᠦᠯᠪᠡ᠃ ᠤᠷᠴᠢᠨ ᠲᠤᠭᠤᠷᠢᠨ ᠢ ᠰᠡᠷᠬᠦᠬᠡᠨ ᠵᠠᠰᠠᠬᠤ ᠠᠵᠢᠯ ᠢ ᠦᠷᠨᠢᠬᠦᠯᠵᠦ᠂ 1500 | ᠮᠤ᠋ ᠲᠠᠯᠠᠪᠠᠢ ᠶᠢ ᠵᠠᠰᠠᠵᠤ᠂ 1186 ᠮᠤ᠋ ᠭᠠᠵᠠᠷ ᠰᠢᠷᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠬᠦᠭᠡᠵᠡᠢ᠃ | ᠡᠨᠧᠷᠬᠢ ᠠᠷᠪᠢᠯᠠᠵᠤ ᠪᠤᠬᠢᠷᠳᠤᠯ ᠭᠠᠳᠠᠭᠰᠢᠯᠠᠭᠤᠯᠬᠤ ᠡᠯ᠎ᠡ ᠵᠦᠢᠯ ᠤᠨ ᠠᠷᠭ᠎ᠠ ᠠᠪᠴᠢᠯ ᠢ ᠴᠢᠩᠭ᠎ᠠ | ᠨᠠᠶᠢᠳᠠᠪᠤᠷᠢᠵᠢᠭᠤᠯᠵᠤ᠂ ︽ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠬᠦ ᠠᠵᠢᠯᠯᠠᠭᠠᠨ ᠤ ᠲᠦᠰᠦᠪ︾ ᠢ ᠪᠦᠬᠦ | ᠲᠠᠯᠠᠪᠠᠷ ᠭᠡᠷᠡᠭᠵᠢᠬᠦᠯᠦᠨ᠂ 5 ᠡᠷᠦᠬᠡ ᠠᠵᠤ ᠠᠬᠤᠶᠢᠯᠠᠯ ᠳᠤ ᠪᠤᠬᠢᠷᠳᠤᠯ ᠰᠡᠷᠭᠡᠶᠢᠯᠡᠬᠦ ᠮᠡᠷᠭᠡᠵᠢᠯ ᠤᠨ | ᠦᠬᠡᠷᠡᠴᠢᠯᠡᠯᠳᠡ ᠬᠢᠭᠰᠡᠨ ᠪᠠᠶᠢᠨ᠎ᠠ᠃ APEC ᠬᠤᠷᠠᠯ ᠤᠨ ᠬᠤᠭᠤᠴᠠᠭᠠᠨ ᠳᠤ ᠠᠭᠠᠷ ᠤᠨ ᠴᠢᠨᠠᠷ ᠴᠢᠨᠰᠠᠭ᠎ᠠ ᠶᠢ | ᠪᠠᠳᠤᠯᠠᠬᠤ ᠡᠬᠦᠷᠭᠡ ᠶᠢ ᠪᠡᠶᠡᠯᠡᠬᠦᠯᠵᠦ᠂ ᠡᠯ᠎ᠡ ᠲᠦᠷᠦᠯ ᠤᠨ ᠬᠢᠵᠠᠭᠠᠷᠯᠠᠬᠤ ᠴᠢᠨᠠᠷᠳᠠᠢ ᠵᠢᠭᠠᠯᠳᠠ ᠲᠤᠭ᠎ᠠ ᠶᠢ ᠪᠦᠷ | ᠠᠶᠢᠮᠠᠭ ᠤᠨ ᠲᠤᠭᠳᠠᠭᠠᠭᠰᠠᠨ ᠪᠠᠷᠢᠮᠵᠢᠶ᠎ᠠ ᠲᠤᠳᠤᠷ᠎ᠠ ᠬᠢᠵᠠᠭᠠᠷᠯᠠᠭᠰᠠᠨ ᠪᠠᠶᠢᠨ᠎ᠠ᠃ ᠬᠤᠳᠠ ᠪᠠᠯᠭᠠᠰᠤᠨ ᠤ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠤ ᠂ ᠪᠤᠤᠴᠠᠩ ᠪᠠᠯᠭᠠᠰᠤᠨ ᠤ ︽ | ᠰᠢᠨ᠎ᠡ ᠲᠤᠭᠤᠷᠢᠭ ᠤᠨ ᠲᠦᠯᠦᠪᠵᠢᠬᠦᠯᠬᠡ︾᠂ ︽ᠬᠠᠭᠤᠴᠢᠨ ᠲᠤᠭᠤᠷᠢᠭ ᠤᠨ ᠡᠵᠡᠮᠳᠡᠯ ᠤᠨ ᠴᠢᠨᠠᠷᠳᠠᠢ ᠨᠠᠷᠢᠨ | ᠲᠦᠯᠦᠪᠵᠢᠬᠦᠯᠬᠡ︾ ᠶᠢᠨ ᠠᠩᠬ᠎ᠠ ᠠᠯᠬᠤᠮ ᠤᠨ ᠲᠦᠰᠦᠪ ᠢ ᠭᠠᠷᠭᠠᠪᠠ᠃ ᠪᠤᠤᠴᠠᠩ ᠪᠠᠯᠭᠠᠰᠤᠨ ᠳᠤ 320 | ᠮᠧᠲᠷ ᠰᠢᠨ᠎ᠡ ᠵᠠᠮ ᠵᠠᠰᠠᠵᠤ᠂ 2 ᠰᠠᠭᠤᠷᠢ ᠬᠦᠬᠦᠷᠭᠡ ᠶᠢᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠨ ︔ | 11.5 ᠺᠢᠯᠤᠮᠧᠲᠷ ᠢᠯᠴᠢ ᠬᠠᠩᠭᠠᠬᠤ ᠲᠤᠤᠷ ᠬᠤᠭᠤᠯᠠᠢ ᠶᠢ ᠦᠬᠡᠷᠡᠴᠢᠯᠡᠵᠦ᠂ 5 ᠰᠠᠭᠤᠷᠢ ᠢᠯᠴᠢ | ᠰᠤᠯᠢᠭᠳᠠᠭᠤᠯᠬᠤ ᠦᠷᠳᠡᠭᠡ ᠶᠢ ᠪᠠᠶᠢᠭᠤᠯᠤᠨ︔ ᠤᠰᠤ ᠬᠠᠩᠭᠠᠬᠤ ᠲᠤᠤᠷ ᠬᠤᠭᠤᠯᠠᠢ 2.5 ᠺᠢᠯᠤᠮᠧᠲᠷ᠂ | ᠪᠤᠬᠢᠷᠳᠤᠯ ᠭᠠᠳᠠᠭᠰᠢᠯᠠᠭᠤᠯᠬᠤ ᠲᠤᠤᠷ ᠬᠤᠭᠤᠯᠠᠢ 3 ᠺᠢᠯᠤᠮᠧᠲᠷ ᠤᠭᠰᠠᠷᠠᠵᠤ︔ 11 ᠰᠠᠭᠤᠷᠢ ᠤᠰᠤ ᠪᠠᠷ | ᠵᠠᠶᠢᠯᠠᠬᠤ ᠨᠡᠶᠢᠳᠡ ᠶᠢᠨ ᠵᠤᠷᠯᠤᠩ ᠤᠨ ᠪᠠᠷᠢᠯᠭ᠎ᠠ ᠶᠢ ᠡᠬᠢᠯᠡᠨ ︔ 3 ᠰᠠᠭᠤᠷᠢ ᠬᠤᠭ ᠨᠤᠪᠰᠢ ᠵᠦᠬᠡᠬᠡᠪᠦᠷᠢᠯᠡᠬᠦ | ᠦᠷᠳᠡᠭᠡ ᠶᠢ ᠪᠠᠶᠢᠭᠤᠯᠪᠠ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠡᠷᠴᠢᠮᠳᠡᠢ ᠡᠬᠢᠯᠡᠬᠦᠯᠵᠦ᠂ 1.33 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ 66 ᠭᠠᠴᠠᠭ᠎ᠠ ᠲᠤᠰᠬᠤᠨ ᠳᠤ ᠲᠦᠷᠦᠯ ᠵᠦᠢᠯ ᠢ ᠭᠡᠷᠡᠭᠵᠢᠬᠦᠯᠵᠦ | ᠂ ᠡᠬᠦᠨ ᠤ ᠲᠤᠳᠤᠷ᠎ᠠ ᠠᠴᠠ 13 ᠭᠠᠴᠠᠭ᠎ᠠ ᠲᠤᠰᠬᠤᠨ ᠳᠤ ᠭᠤᠤᠯᠳᠠᠯᠭᠠᠳᠠᠢ ᠭᠡᠷᠡᠭᠵᠢᠬᠦᠯᠦᠭᠡᠳ᠂ ᠮᠠᠯᠵᠢᠬᠤ | ᠲᠠᠷᠢᠶᠠᠯᠠᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠤᠯᠠᠮ ᠴᠢᠨᠠᠭᠰᠢᠳᠠ ᠰᠠᠶᠢᠵᠢᠷᠠᠭᠤᠯᠤᠭᠰᠠᠨ | ᠪᠠᠶᠢᠨ᠎ᠠ᠃ | ︵ᠭᠤᠷᠪᠠ︶ ᠠᠷᠠᠳ ᠤᠨ ᠠᠮᠢᠳᠤᠷᠠᠯ ᠤᠨ ᠪᠠᠳᠤᠯᠠᠭᠠᠨ ᠤ ᠲᠦᠪᠰᠢᠨ ᠤᠯᠠᠮ ᠲᠡᠭᠡᠭᠰᠢᠯᠡᠵᠦ᠂ ᠨᠡᠶᠢᠬᠡᠮ | ᠤᠨ ᠡᠶ᠎ᠡ ᠵᠤᠬᠢᠴᠠᠯ ᠪᠠ ᠠᠮᠤᠷ ᠲᠤᠭᠳᠠᠭᠤᠨ ᠢ ᠪᠠᠳᠤᠯᠠᠪᠠ᠃ ᠠᠷᠠᠳ ᠤᠨ ᠠᠮᠢᠳᠤᠷᠠᠯ ᠤᠨ ᠠᠵᠢᠯ ᠲᠡᠭᠡᠷ᠎ᠡ | ᠭᠡᠷᠡᠭᠯᠡᠭᠰᠡᠨ ᠡᠳ᠋ ᠤᠨ ᠵᠠᠰᠠᠭ ᠤᠨ ᠵᠠᠷᠤᠯᠭ᠎ᠠ 6.8 ᠳ᠋ᠦᠩᠰᠢᠭᠤᠷ ᠲᠦᠭᠦᠷᠢᠭ ᠲᠤ ᠬᠦᠷᠴᠦ 15% ᠪᠠᠷ | ᠨᠡᠮᠡᠭᠳᠡᠭᠡᠳ᠂ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 47% ᠶᠢ ᠡᠵᠡᠯᠡᠪᠡ᠃ | ︽ᠠᠷᠪᠠᠨ ᠲᠦᠷᠦᠯ ᠤᠨ ᠭᠤᠤᠯᠳᠠᠯᠭᠠᠳᠠᠢ ᠠᠷᠠᠳ ᠤᠨ ᠠᠮᠢᠳᠤᠷᠠᠯ ᠤᠨ ᠢᠨᠵᠧᠨᠧᠷᠢᠩ︾ ᠪᠦᠬᠦᠨ ᠢᠶᠠᠷ | ᠨᠠᠶᠢᠳᠠᠪᠤᠷᠢᠵᠢᠭᠰᠠᠨ᠃ ᠨᠢᠬᠡ ᠨᠢ᠂ ᠦᠢᠯᠡᠰ ᠪᠦᠳᠦᠬᠡᠵᠦ ᠠᠵᠢᠯ ᠤᠯᠬᠤ ᠢᠨᠵᠧᠨᠧᠷᠢᠩ᠃ 11407 ᠠᠵᠢᠯ | ᠤᠨ ᠪᠠᠶᠢᠷᠢ ᠡᠯᠰᠡᠵᠦ᠂ 2254 ᠨᠡᠷ᠎ᠡ ᠬᠤᠳᠠ ᠪᠠᠯᠭᠠᠰᠤᠨ ᠤ ᠡᠯ᠎ᠡ ᠲᠦᠷᠦᠯ ᠤᠨ ᠬᠦᠮᠦᠨ ᠳᠤ ᠠᠵᠢᠯ | ᠲᠤᠬᠢᠷᠠᠭᠤᠯᠤᠨ︔ ᠦᠢᠯᠡᠰ ᠪᠦᠳᠦᠭᠡᠬᠦ ᠵᠢᠭᠡᠯᠡᠯᠬᠡ 3046 ᠲᠦᠮᠡᠨ ᠲᠦᠬᠦᠷᠢᠭ ᠲᠠᠷᠬᠠᠭᠠᠵᠤ᠂ 620 ᠬᠦᠮᠦᠨ ᠤ | ᠦᠢᠯᠡᠰ ᠪᠦᠳᠦᠬᠡᠬᠦ ᠶᠢ ᠲᠡᠳᠬᠦᠨ ︔1336 ᠬᠦᠮᠦᠨ ᠢ ᠮᠡᠷᠭᠡᠵᠢᠯ ᠤᠨ ᠪᠤᠯᠪᠠᠰᠤᠷᠠᠯ ᠳᠤ ᠤᠷᠤᠯᠴᠠᠭᠤᠯᠵᠤ᠂ | 1951 ᠬᠦᠮᠦᠨ ᠢ ᠰᠢᠯᠵᠢᠬᠦᠯᠬᠦ ᠮᠡᠷᠭᠡᠵᠢᠯ ᠤᠨ ᠪᠤᠯᠪᠠᠰᠤᠷᠠᠯ ᠳᠤ ᠤᠷᠤᠯᠴᠠᠭᠤᠯᠪᠠ᠃ ᠬᠤᠶᠠᠷ ᠨᠢ ᠂ ᠨᠠᠰᠤᠵᠢᠯ | ᠤᠨ ᠠᠰᠠᠷᠠᠮᠵᠢ ᠶᠢᠨ ᠦᠢᠯᠡᠴᠢᠯᠡᠬᠡᠨ ᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠃ 2 | ᠰᠠᠭᠤᠷᠢ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠦᠬᠡᠷᠡᠴᠢᠯᠡᠯᠳᠡ ᠶᠢ ᠬᠢᠵᠦ᠂ ︽12349︾ | ᠠᠷᠠᠳ ᠲᠤ ᠲᠦᠬᠦᠮ ᠦᠵᠡᠬᠦᠯᠬᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠠᠪᠴᠠᠩ᠂ ᠤᠯᠠᠨ | ᠴᠢᠳᠠᠮᠵᠢᠳᠦ ᠠᠰᠠᠷᠠᠮᠵᠢ ᠶᠢᠨ ᠲᠦᠪ ᠵᠡᠷᠭᠡ ᠶᠢ ᠪᠠᠶᠢᠭᠤᠯᠪᠠ᠃ ᠭᠤᠷᠪᠠ ᠨᠢ᠂ ᠬᠡᠤᠬᠡᠳ ᠤᠨ ᠴᠡᠴᠡᠷᠯᠢᠭ ᠤᠨ | ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ᠃ 10 ᠰᠠᠭᠤᠷᠢ ᠬᠡᠤᠬᠡᠳ ᠤᠨ ᠴᠡᠴᠡᠷᠯᠢᠭ ᠤᠨ ᠪᠠᠷᠢᠯᠭ᠎ᠠ ᠶᠢ | ᠡᠬᠢᠯᠡᠵᠦ᠂ 4 ᠶᠢ ᠨᠢ ᠠᠰᠢᠭᠯᠠᠯᠳᠠ ᠳᠤ ᠤᠷᠤᠭᠤᠯᠤᠭᠰᠠᠨ ᠪᠠᠶᠢᠨ᠎ᠠ᠃ ᠲᠦᠷᠪᠡ ᠨᠢ᠂ ᠦᠨᠳᠦᠰᠦᠨ ᠱᠠᠳᠤᠨ ᠤ | ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠬᠦ ᠢᠨᠵᠧᠨᠧᠷᠢᠩ᠃ ᠭᠠᠴᠠᠭ᠎ᠠ ᠲᠤᠰᠬᠤᠨ ᠤ | ᠡᠷᠡᠬᠦᠯ ᠬᠠᠮᠠᠭᠠᠯᠠᠯ ᠤᠨ ᠭᠡᠷ 43 ᠶᠢ ᠪᠠᠶᠢᠭᠤᠯᠤᠨ ᠂ 3 ᠰᠤᠮᠤ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ | ᠬᠤᠷᠢᠶ᠎ᠠ ᠶᠢ ᠦᠬᠡᠷᠡᠴᠢᠯᠡᠨ ᠰᠢᠨᠡᠳᠭᠡᠵᠦ᠂ 7 ᠰᠤᠮᠤ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠳᠤ | ᠲᠤᠭᠤᠷᠢᠨ ᠦᠢᠯᠡᠴᠢᠯᠡᠬᠦ ᠲᠤᠰᠬᠠᠢ ᠲᠡᠷᠭᠡ ᠲᠤᠬᠢᠷᠠᠭᠤᠯᠵᠤ ᠦᠭᠴᠡᠢ ᠃ ᠲᠠᠪᠤ ᠨᠢ᠂ ᠮᠠᠯᠴᠢᠨ ᠲᠠᠷᠢᠶᠠᠴᠢᠨ ᠳᠤ | ᠦᠨ᠎ᠡ ᠲᠦᠯᠦᠪᠦᠷᠢ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠬᠦ ᠢᠨᠵᠧᠨᠧᠷᠢᠩ ᠃ ᠮᠠᠯᠵᠢᠬᠤ ᠲᠠᠷᠢᠶᠠᠯᠠᠬᠤ ᠤᠷᠤᠨ | ᠤ 55 ᠠᠴᠠ ᠲᠡᠭᠡᠭᠰᠢ ᠨᠠᠰᠤᠨ ᠤ ᠡᠷᠡᠭᠳᠡᠶᠢᠴᠤᠳ ᠪᠠ 50 ᠠᠴᠠ ᠲᠡᠭᠡᠭᠰᠢ ᠨᠠᠰᠤᠨ ᠤ ᠡᠮᠡᠭᠳᠡᠶᠢᠴᠤᠳ ᠲᠤ | ᠦᠨ᠎ᠡ ᠲᠦᠯᠦᠪᠦᠷᠢ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ᠂ ᠡᠨᠡ ᠨᠢ 20632 ᠬᠦᠮᠦᠨ ᠳᠤ | ᠬᠤᠯᠪᠤᠭᠳᠠᠭᠰᠠᠨ ᠪᠠᠶᠢᠨ᠎ᠠ᠃ ᠵᠢᠷᠭᠤᠭ᠎ᠠ ᠨᠢ᠂ ᠬᠤᠳᠠ ᠬᠦᠳᠡᠭᠡ ᠶᠢᠨ ᠠᠶᠤᠯᠬᠦᠢ ᠰᠠᠭᠤᠷᠢᠰᠢᠯ ᠤᠨ | ᠢᠨᠵᠧᠨᠧᠷᠢᠩ᠃ 200 ᠢᠵᠢ ᠨᠡᠶᠢᠳᠡ ᠶᠢᠨ ᠲᠦᠷᠢᠶᠡᠰᠦᠨ ᠤ ᠤᠷᠤᠨ ᠰᠠᠭᠤᠴᠠ ᠶᠢ ᠪᠠᠶᠢᠭᠤᠯᠵᠤ᠂ ᠤᠷᠤᠨ | ᠰᠠᠭᠤᠴᠠ ᠶᠢᠨ ᠲᠦᠷᠢᠶᠡᠰᠦᠨ ᠤ ᠨᠦᠬᠦᠪᠦᠷᠢ 110 ᠲᠦᠮᠡᠨ ᠲᠦᠬᠦᠷᠢᠭ ᠲᠠᠷᠬᠠᠭᠠᠨ︔ ᠮᠠᠯᠵᠢᠬᠤ ᠲᠠᠷᠢᠶᠠᠯᠠᠬᠤ | ᠤᠷᠤᠨ ᠤ 2000 ᠡᠷᠦᠬᠡ ᠶᠢᠨ ᠭᠡᠷ ᠪᠠᠶᠢᠰᠢᠩ ᠢ ᠦᠬᠡᠷᠡᠴᠢᠯᠡᠨ ᠰᠢᠨᠡᠳᠭᠡᠪᠡ᠃ ᠲᠤᠯᠤᠭ᠎ᠠ ᠨᠢ᠂ ᠮᠠᠯᠵᠢᠬᠤ | ᠲᠠᠷᠢᠶᠠᠯᠠᠬᠤ ᠤᠷᠤᠨ ᠤ ᠵᠠᠮ ᠤᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ᠃ ᠭᠠᠴᠠᠭ᠎ᠠ ᠲᠤᠰᠬᠤᠨ ᠳᠤ | ᠨᠡᠪᠳᠡᠷᠡᠬᠦ ᠽᠧᠮᠧᠨ᠋ᠲ ᠵᠠᠮ 132 ᠺᠢᠯᠤᠮᠧᠲᠷ ᠢ ᠪᠠᠶᠢᠭᠤᠯᠵᠤ᠂ 29 ᠭᠠᠴᠠᠭ᠎ᠠ ᠲᠤᠰᠬᠤᠨ ᠳᠤ ᠨᠡᠪᠳᠡᠷᠡᠬᠦᠯᠪᠡ᠃ | ᠨᠠᠢᠮᠠ ᠨᠢ᠂ ᠵᠡᠮᠳᠡᠭᠴᠤᠯ ᠢ ᠠᠪᠤᠷᠠᠨ ᠲᠤᠰᠠᠯᠠᠬᠤ ᠢᠨᠵᠧᠨᠧᠷᠢᠩ᠃ ᠵᠡᠮᠳᠡᠭᠴᠤᠳ ᠤᠨ ᠡᠷᠡᠬᠦᠯᠵᠢᠯ ᠤᠨ ᠲᠦᠪ | ᠤᠨ ᠪᠦᠳᠦᠬᠡᠨ ᠪᠠᠶᠢᠭᠤᠯᠤᠯᠳᠠ ᠶᠢ ᠡᠬᠢᠯᠡᠪᠡ᠃ ᠶᠢᠰᠦ ᠨᠢ ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠪᠠᠳᠤᠯᠠᠪᠤᠷᠢᠳᠤ ᠤᠯᠭᠤᠮᠵᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠬᠦ ᠢᠨᠵᠧᠨᠧᠷᠢᠩ᠃ ᠬᠤᠳᠠ ᠬᠦᠳᠡᠭᠡ ᠶᠢᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠮᠦᠩᠬᠦ᠂ ᠲᠠᠪᠤᠨ ᠪᠠᠳᠤᠯᠠᠭᠠᠳᠤ ᠡᠷᠦᠬᠡ ᠶᠢᠨ ᠠᠰᠠᠷᠠᠮᠵᠢ ᠶᠢᠨ | ᠮᠦᠩᠬᠦ ᠶᠢᠨ ᠪᠠᠷᠢᠮᠵᠢᠶ᠎ᠠ ᠶᠢ ᠪᠦᠷ 10 % ᠪᠠᠷ ᠨᠡᠮᠡᠭᠳᠡᠬᠦᠯᠵᠦ︔ ᠬᠤᠳᠠ ᠬᠦᠳᠡᠭᠡ ᠶᠢᠨ ᠰᠠᠭᠤᠭᠠᠯᠢ ᠠᠷᠠᠳ | ᠤᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠬᠦᠮᠦᠨ ᠲᠤᠮᠳᠠᠴᠢ ᠪᠠᠷ 105 ᠲᠦᠬᠦᠷᠢᠭ ᠲᠤ ᠬᠦᠷᠭᠡᠪᠡ᠃ | ᠠᠷᠪᠠ ᠨᠢ᠂ ᠬᠤᠳᠠ ᠪᠠᠯᠭᠠᠰᠤᠨ ᠤ ᠠᠷᠢᠭᠤᠨ ᠴᠡᠪᠡᠷ ᠪᠠ ᠤᠰᠤ ᠬᠠᠩᠭᠠᠬᠤ ᠢᠨᠵᠧᠨᠧᠷᠢᠩ᠃ ᠪᠤᠤᠴᠠᠩ ᠤᠨ | ᠰᠢᠨ᠎ᠡ ᠲᠤᠭᠤᠷᠢᠭ ᠤᠨ ᠤᠰᠤᠨ ᠤ ᠦᠢᠯᠡᠳᠪᠦᠷᠢ ᠪᠠ ᠬᠤᠭ ᠨᠤᠪᠰᠢ ᠪᠤᠯᠠᠬᠤ ᠦᠢᠯᠡᠳᠪᠦᠷᠢ ᠶᠢᠨ ᠪᠦᠳᠦᠭᠡᠨ | ᠪᠠᠶᠢᠭᠤᠯᠤᠯᠳᠠ ᠶᠢ ᠡᠬᠢᠯᠡᠵᠦ᠂ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠷᠢᠮᠵᠢᠶ᠎ᠠ ᠳᠤ ᠬᠦᠷᠭᠡᠵᠦ | ᠠᠰᠢᠭᠯᠠᠯᠳᠠ ᠳᠤ ᠤᠷᠤᠭᠤᠯᠪᠠ᠃ ᠡᠨᠡᠬᠦ ᠰᠠᠭᠤᠷᠢᠨ ᠲᠡᠭᠡᠷ᠎ᠡ ︽ᠭᠤᠷᠪᠠ ᠶᠢ ᠬᠦᠳᠡᠭᠡ ᠬᠦᠷᠭᠡᠵᠦ᠂ ᠭᠤᠷᠪᠠ ᠶᠢ | ᠡᠷᠦᠬᠡ ᠳᠤ ᠬᠦᠷᠭᠡᠬᠦ︾ ᠢᠨᠵᠧᠨᠧᠷᠢᠩ ᠢ ᠯᠠᠪᠳᠠᠭᠤᠨ ᠢᠶᠠᠷ ᠭᠡᠷᠡᠭᠵᠢᠬᠦᠯᠵᠦ᠂ ᠮᠦᠩᠬᠦᠨ ᠬᠦᠢᠯᠬᠡᠬᠡ ᠪᠠᠷ ᠶᠠᠳᠠᠭᠤ | ᠶᠢ ᠲᠡᠳᠬᠦᠬᠦ ᠵᠢᠬᠡᠯᠡᠯᠬᠡ 1 ᠳ᠋ᠦᠩᠰᠢᠭᠤᠷ ᠲᠦᠬᠦᠷᠢᠭ ᠢ ᠲᠠᠷᠬᠠᠭᠠᠨ᠂ ᠴᠡᠭ ᠲᠤᠭᠳᠠᠵᠤ ᠶᠠᠳᠠᠭᠤ ᠶᠢ ᠲᠡᠳᠬᠦᠬᠦ | ᠠᠵᠢᠯ ᠢ ᠬᠦᠨᠵᠡᠬᠡᠢ ᠦᠷᠨᠢᠬᠦᠯᠵᠦ᠂ ᠪᠦᠬᠦ ᠵᠢᠯ ᠳᠤ ᠡᠯ᠎ᠡ ᠲᠦᠷᠦᠯ ᠤᠨ ᠪᠡᠯᠡ ᠮᠦᠩᠬᠦ 1 ᠳ᠋ᠦᠩᠰᠢᠭᠤᠷ | ᠲᠦᠬᠦᠷᠢᠭ ᠢ ᠬᠠᠮᠳᠤᠳᠬᠠᠨ᠂ 1.4 ᠲᠦᠮᠡᠨ ᠬᠦᠮᠦᠨ ᠢ ᠶᠠᠳᠠᠭᠤ ᠠᠴᠠ ᠠᠩᠬᠢᠵᠢᠷᠠᠭᠤᠯᠵᠤ︔ ᠲᠤᠤᠷ᠎ᠠ ᠤᠷᠤᠯᠭ᠎ᠠ | ᠲᠠᠢ ᠮᠠᠯᠴᠢᠨ ᠲᠠᠷᠢᠶᠠᠴᠢᠨ ᠡᠷᠦᠬᠡ ᠳᠤ ᠨᠡᠬᠦᠷᠡᠰᠦᠨ ᠤ ᠨᠦᠬᠦᠪᠦᠷᠢ 2018 ᠲᠦᠮᠡᠨ ᠲᠦᠬᠦᠷᠢᠭ ᠲᠠᠷᠬᠠᠭᠠᠨ︔ | 106 ᠨᠡᠷ᠎ᠡ ᠶᠠᠳᠠᠭᠤ ᠬᠦᠴᠢᠷᠳᠡᠢ ᠤᠶᠤᠳᠠᠨ ᠳᠤ ᠨᠡᠶᠢᠳᠡ 367 ᠲᠦᠮᠡᠨ ᠲᠦᠬᠦᠷᠢᠭ ᠤᠨ ᠰᠤᠷᠤᠯᠭ᠎ᠠ ᠶᠢᠨ | ᠨᠦᠬᠦᠪᠦᠷᠢ ᠤᠯᠭᠤᠵᠤ᠂ ᠬᠦᠴᠢᠷᠳᠡᠢ ᠤᠯᠠᠨ ᠲᠦᠮᠡᠨ ᠤ ᠠᠮᠢᠳᠤᠷᠠᠯ ᠤᠨ ᠨᠦᠬᠦᠴᠡᠯ ᠢ ᠤᠯᠠᠮ ᠨᠢᠬᠡ ᠠᠯᠬᠤᠮ | ᠰᠠᠶᠢᠵᠢᠷᠠᠭᠤᠯᠪᠠ᠃ | ᠡᠯ᠎ᠡ ᠲᠦᠷᠦᠯ ᠤᠨ ᠨᠡᠶᠢᠬᠡᠮ ᠤᠨ ᠦᠢᠯᠡᠰ ᠤᠯᠠᠮ ᠴᠢᠨᠠᠭᠰᠢᠳᠠ ᠬᠦᠭᠵᠢᠭᠰᠡᠨ ᠃ ᠪᠠᠷᠢᠮᠵᠢᠶᠠᠳᠤ | ᠲᠤᠮᠳᠠᠳᠤ ᠪᠠᠭ᠎ᠠ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠳᠤ 2950 ᠲᠦᠮᠡᠨ | ᠲᠦᠬᠦᠷᠢᠭ ᠤᠨ ᠪᠡᠯᠡ ᠤᠷᠤᠭᠤᠯᠵᠠᠢ᠃ ᠡᠮᠨᠡᠯᠬᠡ ᠶᠢᠨ ᠦᠢᠯᠡᠴᠢᠯᠡᠬᠡᠨ ᠤ ᠰᠠᠭᠤᠷᠢ ᠲᠦᠬᠦᠭᠡᠷᠦᠮᠵᠢ ᠶᠢ ᠲᠠᠰᠤᠷᠠᠯᠳᠠ | ᠦᠬᠡᠢ ᠰᠠᠶᠢᠵᠢᠷᠠᠭᠤᠯᠵᠤ᠂ ᠬᠢᠳᠠᠳ ᠮᠤᠩᠭᠤᠯ ᠡᠮᠨᠡᠯᠬᠡ ᠶᠢᠨ ᠬᠤᠷᠢᠶᠠᠨ ᠤ ᠪᠠᠷᠢᠯᠭ᠎ᠠ ᠶᠢᠨ ᠲᠦᠷᠦᠬᠦᠴᠢ | ᠬᠤᠭᠤᠴᠠᠭᠠᠨ ᠤ ᠠᠵᠢᠯ ᠢ ᠬᠢᠵᠦ᠂ ᠲᠦᠯᠦᠪᠯᠡᠭᠡᠳᠦ ᠦᠷᠡᠵᠢᠯ ᠤᠨ ᠦᠢᠯᠡᠴᠢᠯᠡᠬᠡᠨ ᠤ ᠲᠦᠪ ᠢ ᠦᠷᠭᠡᠳᠭᠡᠨ | ᠪᠠᠶᠢᠭᠤᠯᠵᠤ ᠠᠰᠢᠭᠯᠠᠯᠳᠠ ᠳᠤ ᠤᠷᠤᠭᠤᠯᠪᠠ᠃ ᠰᠣᠶᠤᠯ ᠲᠠᠮᠢᠷ ᠷᠠᠳᠢᠤ᠋ ᠲᠧᠯᠸᠢᠰ ᠤᠨ ᠠᠵᠢᠯ ᠢ ᠲᠦᠯᠬᠢᠨ | ᠠᠬᠢᠭᠤᠯᠵᠤ᠂ ᠡᠯ᠎ᠡ ᠲᠦᠷᠦᠯ ᠤᠨ ᠰᠤᠶᠤᠯ ᠲᠠᠮᠢᠷ ᠤᠨ ᠬᠦᠳᠡᠯᠪᠦᠷᠢ ᠠᠵᠢᠯᠯᠠᠭ᠎ᠠ ᠶᠢ 100 ᠭᠠᠷᠤᠢ ᠤᠳᠠᠭ᠎ᠠ | ᠵᠤᠬᠢᠶᠠᠨ ᠪᠠᠶᠢᠭᠤᠯᠵᠤ᠂ ᠰᠤᠶᠤᠯ ᠤᠷᠠᠯᠢᠭ ᠤᠨ ᠰᠤᠳᠤᠨ ᠪᠦᠳᠦᠭᠡᠯ 15 ᠶᠢ ᠨᠠᠶᠢᠷᠠᠭᠤᠯᠤᠨ ᠠᠶᠢᠮᠠᠭ ᠬᠤᠰᠢᠭᠤᠨ | ᠤ ᠦᠪᠡᠷᠳᠡᠭᠡᠨ ᠡᠷᠬᠢᠯᠡᠭᠰᠡᠨ ᠲᠧᠯᠸᠢᠰ ᠨᠡᠪᠳᠡᠷᠡᠬᠦᠯᠬᠡ ᠶᠢᠨ ᠲᠤᠬᠢᠶᠠᠨ ᠤ ᠪᠦᠷᠬᠦᠴᠡ 75 % ᠳᠤ ᠬᠦᠷᠴᠡᠢ᠃ | ᠨᠡᠶᠢᠬᠡᠮ ᠤᠨ ᠪᠠᠳᠤᠯᠠᠭ᠎ᠠ ᠶᠢ ᠪᠦᠬᠦ ᠲᠠᠯᠠᠪᠠᠷ ᠴᠢᠩᠭᠠᠳᠬᠠᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠡᠮᠨᠡᠯᠬᠡ ᠶᠢᠨ ᠲᠠᠭᠠᠳᠬᠠᠯ ᠤᠨ ᠲᠠᠩᠰᠠ ᠠᠴᠠ ᠴᠠᠶᠢᠷᠠᠭᠤᠯᠤᠭᠰᠠᠨ ᠵᠠᠷᠤᠳᠠᠯ ᠮᠦᠩᠬᠦ 85% ᠠᠴᠠ ᠲᠡᠭᠡᠭᠰᠢ ᠪᠠᠶᠢᠵᠤ | ︔ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠬᠡ ᠶᠢᠨ ᠡᠳ᠋ ᠤᠨ ᠵᠠᠰᠠᠭ ᠤᠨ ᠨᠦᠬᠦᠪᠦᠷᠢ ᠶᠢᠨ ᠪᠠᠷᠢᠮᠵᠢᠶ᠎ᠠ 280 | ᠲᠦᠬᠦᠷᠢᠭ ᠠᠴᠠ ᠪᠠᠨ 320 ᠲᠦᠬᠦᠷᠢᠭ ᠪᠤᠯᠵᠤ᠂ ᠪᠦᠬᠦ ᠵᠢᠯ ᠳᠤ 5910 ᠲᠦᠮᠡᠨ ᠲᠦᠬᠦᠷᠢᠭ ᠤᠨ ᠵᠠᠷᠤᠳᠠᠯ | ᠮᠦᠩᠬᠦ ᠶᠢ ᠲᠠᠩᠰᠠ ᠠᠴᠠ ᠴᠠᠶᠢᠷᠠᠭᠤᠯᠪᠠ᠃ ᠲᠡᠭᠡᠳᠦ ᠱᠠᠳᠤᠨ ᠤ ᠦᠨᠲᠦᠰᠦᠲᠡᠨ ᠱᠠᠰᠢᠨ ᠰᠤᠷᠲᠠᠬᠤᠨ ᠤ ᠠᠵᠢᠯ | ᠤᠨ ᠬᠤᠷᠠᠯ ᠤᠨ ᠵᠤᠷᠢᠭ ᠰᠠᠨᠠᠭ᠎ᠠ ᠶᠢ ᠨᠢᠮᠪᠠᠢ ᠲᠤᠤᠱᠯᠠᠭᠤᠯᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ | ᠦᠢᠯᠡᠰ ᠢ ᠬᠦᠨᠵᠡᠬᠡᠢ ᠲᠦᠯᠬᠢᠨ ᠠᠬᠢᠭᠤᠯᠪᠠ᠃ ᠡᠬᠦᠨ ᠤ ᠬᠠᠮᠳᠤ᠂ ᠠᠵᠢᠯᠴᠢᠨ ᠤ ᠡᠪᠯᠡᠯ᠂ ᠡᠪ ᠬᠠᠮᠳᠤ | ᠵᠠᠯᠠᠭᠤᠴᠤᠳ ᠤᠨ ᠡᠪᠯᠡᠯ᠂ ᠡᠮᠡᠭᠲᠠᠶᠢᠴᠤᠳ ᠤᠨ ᠬᠤᠯᠪᠤᠭ᠎ᠠ ᠂ ᠰᠢᠨᠵᠢᠯᠡᠭᠡ ᠮᠡᠷᠭᠡᠵᠢᠯ ᠤᠨ ᠨᠡᠶᠢᠬᠡᠮᠯᠢᠭ᠂ | ᠵᠡᠮᠳᠡᠭᠴᠤᠳ ᠤᠨ ᠬᠤᠯᠪᠤᠭ᠎ᠠ ᠵᠡᠷᠭᠡ ᠠᠷᠠᠳ ᠤᠨ ᠪᠦᠯᠬᠦᠮ ᠤᠨ ᠠᠵᠢᠯ ᠢ ᠪᠦᠬᠦ ᠬᠦᠴᠦᠨ ᠢᠶᠠᠷ ᠲᠡᠮᠵᠢᠵᠦ᠂ ᠠᠭᠠᠷ | ᠤᠨ ᠰᠡᠷᠭᠡᠶᠢᠯᠡᠯᠲᠠ᠂ ᠲᠠᠩᠰᠠ ᠡᠪᠭᠡᠮᠡᠯ᠂ ᠲᠡᠦᠭᠡ ᠤᠶᠢᠯᠠᠯᠭ᠎ᠠ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ | ᠨᠠᠰᠤᠳᠠᠶᠢᠴᠤᠳ ᠤᠨ ᠪᠡᠶ᠎ᠡ ᠲᠠᠮᠢᠷ ᠤᠨ ᠨᠡᠶᠢᠬᠡᠮᠯᠢᠭ᠂ ᠦᠢᠯᠡᠳᠪᠦᠷᠢ ᠬᠤᠳᠠᠯᠳᠤᠭᠠᠨ ᠤ ᠬᠠᠮᠢᠶᠠᠷᠦᠯᠲᠠ᠂ ᠶᠠᠰᠤ | ᠴᠢᠨᠠᠷ ᠲᠤ ᠬᠢᠨᠠᠯᠲᠠ ᠲᠠᠯᠪᠢᠬᠤ᠂ ᠴᠠᠭ ᠠᠭᠤᠷ᠂ ᠰᠢᠤᠳᠠᠨ᠂ ᠴᠢᠮᠡᠭᠡ ᠬᠤᠯᠪᠤᠭ᠎ᠠ ᠵᠡᠷᠭᠡ ᠠᠵᠢᠯ ᠦᠢᠯᠡᠰ | ᠯᠠᠪᠳᠠᠭᠤᠨ ᠶᠠᠪᠤᠭᠳᠠᠭᠰᠠᠨ ᠪᠠᠶᠢᠨ᠎ᠠ᠃ | ᠲᠤᠭᠳᠠᠭᠤᠨ ᠢ ᠬᠠᠮᠠᠭᠠᠯᠠᠬᠤ ᠠᠵᠢᠯ ᠮᠡᠳᠡᠭᠳᠡᠮ᠎ᠡ ᠠᠮᠵᠢᠯᠳᠠ ᠤᠯᠤᠭᠰᠠᠨ᠃ ᠨᠡᠶᠢᠬᠡᠮ ᠤᠨ ᠵᠦᠷᠢᠴᠡᠯ ᠢ | ᠪᠠᠶᠢᠴᠠᠭᠠᠨ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠵᠤ᠂ ᠡᠯ᠎ᠡ ᠲᠦᠷᠦᠯ ᠤᠨ ᠵᠦᠷᠢᠴᠡᠯ ᠵᠢᠭᠤᠷᠠᠭᠠᠨ ᠤ ᠭᠡᠷᠡᠭ | 370 ᠶᠢ ᠪᠠᠶᠢᠴᠠᠭᠠᠨ ᠢᠯᠡᠷᠡᠬᠦᠯᠵᠦ᠂ 350 ᠶᠢ ᠨᠢ ᠲᠤᠬᠢᠳᠠᠢ ᠰᠢᠢᠳᠪᠦᠷᠢᠯᠡᠪᠡ᠃ ︽1328︾ ᠵᠠᠬᠢᠳᠠᠯ | ᠰᠤᠷᠪᠤᠯᠵᠢᠯᠠᠭ᠎ᠠ ᠶᠢᠨ ᠡᠳᠦᠷ ᠤᠨ ᠲᠦᠷᠢᠮ ᠢ ᠴᠢᠩᠭ᠎ᠠ ᠭᠡᠷᠡᠭᠵᠢᠬᠦᠯᠵᠦ᠂ 61 ᠤᠳᠠᠭ᠎ᠠ᠂ 360 ᠬᠦᠮᠦᠨ ᠤ | ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠭᠡᠳ᠂ ᠰᠢᠢᠳᠪᠦᠷᠢᠯᠡᠭᠰᠡᠨ ᠨᠤᠷᠮ᠎ᠠ 90 % ᠳᠤ | ᠬᠦᠷᠴᠡᠢ᠃ ᠰᠤᠮᠤ ᠰᠢᠶᠠᠩ ᠪᠠᠯᠭᠠᠰᠤᠨ ᠤ ᠨᠡᠶᠢᠬᠡᠮ ᠤᠨ ᠬᠠᠮᠢᠶᠠᠷᠤᠯᠳᠠ ᠶᠢᠨ ᠦᠢᠯᠡᠴᠢᠯᠡᠬᠡᠨ ᠤ ᠲᠦᠪ ᠢ | ᠪᠠᠶᠢᠭᠤᠯᠵᠤ᠂ ᠡᠯ᠎ᠡ ᠲᠦᠷᠦᠯ ᠤᠨ ᠵᠦᠷᠢᠴᠡᠯ ᠵᠢᠭᠤᠷᠠᠭᠠᠨ ᠤ ᠭᠡᠷᠡᠭ 987 ᠶᠢ ᠬᠦᠯᠢᠶᠡᠨ ᠠᠪᠴᠤ | ᠰᠢᠢᠳᠪᠦᠷᠢᠯᠡᠭᠰᠡᠨ ᠪᠠᠶᠢᠨ᠎ᠠ᠃ ᠠᠮᠤᠭᠤᠯᠠᠩ ᠤᠨ ᠪᠠᠶᠢᠭᠤᠯᠤᠯᠳᠠ ᠶᠢ ᠰᠠᠶᠢᠨ ᠬᠢᠵᠦ ᠂ ᠦᠢᠯᠡᠳᠪᠦᠷᠢᠯᠡᠯ ᠤᠨ ᠠᠮᠤᠷ | ᠲᠦᠪᠰᠢᠨ᠂ ᠭᠠᠯ ᠲᠦᠢᠮᠡᠷ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠡᠮ ᠤᠨ | ᠵᠦᠢᠯ ᠤᠨ ᠠᠮᠤᠷ ᠲᠦᠪᠰᠢᠨ᠂ ᠲᠡᠭᠡᠷᠡᠮ ᠬᠤᠯᠠᠭᠠᠢ ᠶᠢᠨ ᠠᠮᠤᠷ ᠲᠦᠪᠰᠢᠨ᠂ ᠰᠤᠷᠭᠠᠭᠤᠯᠢ ᠶᠢᠨ ᠬᠦᠷᠢᠶ᠎ᠡ ᠪᠠ | ᠤᠶᠢᠷ᠎ᠠ ᠤᠷᠴᠢᠨ ᠤ ᠠᠮᠤᠷ ᠲᠦᠪᠰᠢᠨ ᠢ ᠴᠡᠭᠴᠡᠯᠡᠨ ᠰᠠᠶᠢᠵᠢᠷᠠᠭᠤᠯᠬᠤ ᠵᠡᠷᠭᠡ ᠲᠤᠰᠬᠠᠢ ᠲᠦᠷᠦᠯ ᠤᠨ ᠠᠵᠢᠯᠯᠠᠭ᠎ᠠ | ᠶᠢ ᠦᠷᠨᠢᠬᠦᠯᠵᠦ᠂ ᠨᠡᠶᠢᠬᠡᠮ ᠤᠨ ᠤᠷᠴᠢᠨ ᠠᠬᠤᠢ ᠡᠶ᠎ᠡ ᠵᠤᠬᠢᠴᠠᠯ ᠲᠠᠢ ᠪᠦᠬᠡᠳ ᠠᠮᠤᠷ ᠲᠤᠭᠳᠠᠭᠤᠨ ᠪᠠᠶᠢᠳᠠᠯ | ᠢᠶᠠᠨ ᠬᠠᠳᠠᠭᠠᠯᠠᠪᠠ᠃ ᠵᠡᠪᠰᠡᠭᠳᠦ ᠴᠠᠭᠳᠠᠭ᠎ᠠ ᠪᠠ ᠭᠠᠯ ᠤᠨᠳᠠᠷᠠᠭᠠᠬᠤ ᠠᠩᠬᠢ ᠶᠢᠨ ᠠᠵᠢᠯ ᠢ ᠲᠡᠮᠵᠢᠵᠦ᠂ | ᠪᠠᠳᠤᠯᠠᠭᠠᠨ ᠤ ᠬᠢᠷᠢ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠠᠢ᠃ | ︵ᠲᠦᠷᠪᠡ︶ ᠵᠠᠰᠠᠭ ᠤᠨ ᠣᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠪᠠ᠃ | ᠡᠯ᠎ᠡ ᠲᠦᠷᠦᠯ ᠤᠨ ᠦᠬᠡᠷᠡᠴᠢᠯᠡᠯᠳᠡ ᠶᠢᠨ ᠡᠬᠦᠷᠭᠡ ᠶᠢ ᠨᠢᠮᠪᠠᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠪᠠ ᠠᠵᠢᠯ ᠦᠢᠯᠡᠰ ᠤᠨ ᠴᠢᠨᠠᠷᠳᠠᠢ ᠰᠦᠢᠳᠭᠡᠯ ᠬᠤᠷᠢᠶᠠᠬᠤ ᠲᠦᠷᠦᠯ ᠵᠦᠢᠯ 61 ᠶᠢ ᠬᠦᠴᠦᠨ | ᠦᠬᠡᠢ ᠪᠤᠯᠭᠠᠵᠤ᠂ ᠬᠢᠨᠠᠨ ᠵᠦᠪᠰᠢᠶᠡᠷᠡᠬᠦ ᠭᠤᠭᠴᠤᠭ᠎ᠠ ᠪᠠ ᠴᠠᠭ ᠤᠨ ᠬᠢᠵᠠᠭᠠᠷ ᠢ 30 % ᠪᠠ 28 % ᠪᠠᠷ | ᠪᠠᠭᠠᠰᠬᠠᠵᠠᠢ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠬᠡ ᠶᠢᠨ ᠠᠵᠢᠯᠯᠠᠭ᠎ᠠ ᠶᠢ ᠬᠦᠵᠡᠭᠡᠢ | ᠲᠦᠯᠬᠢᠨ ᠠᠬᠢᠭᠤᠯᠵᠤ᠂ ᠬᠤᠷᠠᠯ ᠴᠤᠭᠯᠠᠭᠠᠨ ᠪᠠ ᠪᠢᠴᠢᠭ ᠮᠠᠲ᠋ᠧᠷᠢᠶᠠᠯ ᠢ ᠴᠢᠩᠭ᠎ᠠ ᠬᠢᠵᠠᠭᠠᠷᠯᠠᠨ᠂ ︽ ᠭᠤᠷᠪᠠᠨ | ᠠᠯᠪᠠᠨ ᠵᠠᠷᠤᠳᠠᠯ︾ ᠢ 20.5 % ᠪᠠᠷ ᠪᠠᠭᠠᠰᠬᠠᠪᠠ᠃ ︽ᠤᠳᠤᠷᠢᠳᠤᠯᠭ᠎ᠠ ᠶᠢᠨ ᠵᠠᠬᠢᠳᠠᠯ ᠤᠨ ᠬᠠᠶᠢᠷᠴᠠᠭ︾᠂ | ︽ᠠᠷᠠᠳ ᠲᠦᠮᠡᠨ ᠤ ᠬᠦᠰᠡᠯ ᠱᠠᠭᠠᠷᠳᠠᠯᠭ᠎ᠠ︾ ᠵᠡᠷᠭᠡ ᠪᠤᠯᠤᠩ ᠢ ᠪᠠᠭᠳᠠᠭᠠᠭᠰᠠᠨ ᠵᠠᠰᠠᠭ ᠤᠨ ᠰᠦᠯᠵᠢᠶᠡᠨ ᠤ | ᠦᠢᠯᠡᠳᠦᠯ ᠢ ᠪᠠᠳᠠᠷᠠᠭᠤᠯᠤᠨ᠂ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ 145 ᠬᠤᠪᠢ | ᠬᠠᠷᠢᠭᠤᠯᠳᠠ ᠦᠭᠴᠦ᠂ ᠬᠠᠷᠢᠭᠤᠯᠳᠠ ᠦᠭᠬᠦᠭᠰᠡᠨ ᠨᠤᠷᠮ᠎ᠠ 100% ᠳᠤ ᠬᠦᠷᠴᠡᠢ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠤᠷᠢ ᠲᠣᠬᠳᠠᠭᠠᠯ ᠢ | ᠨᠢᠮᠪᠠᠢ ᠭᠡᠷᠡᠭᠵᠢᠬᠦᠯᠦᠨ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ | ᠠᠴᠠ ᠪᠠᠨ ᠬᠦᠯᠢᠶᠠᠨ ᠠᠪᠴᠦ ᠂ ᠡᠯ᠎ᠡ ᠡᠳᠡᠭᠡᠳ ᠤᠨ ᠰᠠᠨᠠᠯ ᠢ ᠦᠷᠭᠡᠨ ᠢᠶᠠᠷ ᠬᠤᠷᠢᠶᠠᠨ᠂ ᠠᠷᠠᠳ ᠤᠨ | ᠲᠦᠯᠦᠭᠡᠯᠡᠭᠴᠢ ᠶᠢᠨ ᠰᠠᠨᠠᠯ ᠵᠦᠪᠯᠡᠯᠭᠡ ᠪᠠ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠤᠨ ᠰᠠᠨᠠᠯ | ᠳᠤᠷᠠᠳᠤᠯᠭ᠎ᠠ ᠶᠢ ᠴᠠᠭ ᠲᠤᠬᠠᠢ ᠳᠤᠨᠢ ᠬᠦᠢᠴᠡᠳᠭᠡᠵᠡᠢ᠃ ᠬᠢᠨᠠᠨ ᠪᠤᠳᠤᠬᠤ᠂ ᠬᠢᠨᠠᠨ ᠪᠠᠶᠢᠴᠠᠭᠠᠬᠤ ᠠᠵᠢᠯ ᠤᠨ | ᠡᠷᠴᠢᠮ ᠢ ᠴᠢᠩᠭᠠᠷᠠᠭᠤᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠠᠷᠢᠭᠤᠨ ᠴᠢᠭᠡᠴᠢ ᠶᠢᠨ ᠪᠠᠶᠢᠭᠤᠯᠤᠯᠳᠠ ᠪᠠ | ᠢᠯᠵᠡᠷᠡᠯ ᠢ ᠡᠰᠡᠷᠬᠦᠴᠡᠬᠦ ᠠᠵᠢᠯ ᠤᠯᠠᠮ ᠨᠢᠬᠡ ᠠᠯᠬᠤᠮ ᠴᠢᠩᠭᠠᠷᠠᠭᠰᠠᠨ ᠪᠠᠶᠢᠨ᠎ᠠ᠃ | ᠲᠥᠯᠥᠭᠡᠯᠡᠭᠴᠢᠳ ᠡ᠂ ᠵᠢᠯ ᠤᠨ ᠠᠵᠢᠯ ᠢᠶᠠᠨ ᠡᠷᠬᠢᠴᠡᠬᠦᠯᠬᠦ ᠳᠤ ᠤᠯᠤᠭᠰᠠᠨ ᠠᠮᠵᠢᠯᠳᠠ ᠬᠢᠯᠪᠠᠷ ᠪᠤᠰᠤ | ᠰᠠᠨᠠᠭᠳᠠᠨ᠎ᠠ᠃ ᠡᠳᠡᠭᠡᠷ ᠠᠮᠵᠢᠯᠲᠠ ᠪᠣᠯ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠨ | ᠵᠢᠯᠤᠭᠤᠳᠤᠬᠰᠠᠨ ᠤ ᠦᠷ᠎ᠡ ᠪᠦᠲᠦᠭᠡᠯ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠦᠪᠯᠡᠯᠭᠡᠨ ᠤ ᠢᠳᠡᠪᠬᠢᠳᠡᠢ ᠪᠠᠷ ᠬᠢᠨᠠᠯᠳᠠ ᠲᠠᠯᠪᠢᠵᠤ᠂ ᠰᠠᠨᠠᠯ ᠢᠶᠠᠨ ᠲᠡᠪᠰᠢᠬᠦᠯᠦᠨ᠂ ᠠᠷᠭ᠎ᠠ | ᠪᠤᠳᠤᠯᠭ᠎ᠠ ᠡᠷᠬᠦᠭᠰᠡᠨ ᠤ ᠦᠷ᠎ᠡ ᠪᠦᠳᠦᠬᠡᠯ᠂ ᠪᠦᠬᠦ ᠬᠤᠰᠢᠭᠤᠨ ᠤ ᠦᠷᠭᠡᠨ ᠤᠯᠠᠨ ᠺᠠᠳᠠᠷ ᠤᠯᠠᠨ ᠲᠦᠮᠡᠨ ᠤ | ᠪᠦᠯᠬᠦᠮᠳᠡ ᠨᠢᠬᠳᠠᠷᠠᠵᠤ ᠬᠠᠮᠳᠤᠪᠠᠷ ᠲᠡᠮᠡᠴᠡᠭᠰᠡᠨ ᠤ ᠦᠷ᠎ᠡ ᠪᠦᠲᠤᠭᠡᠯ ᠪᠤᠯᠤᠨ᠎ᠠ᠃ ᠠᠳᠡ ᠪᠢ ᠬᠤᠰᠢᠭᠤ ᠵᠠᠰᠠᠭ | ᠤᠨ ᠣᠷᠳᠤᠨ ᠢ ᠲᠦᠯᠦᠭᠡᠯᠡᠵᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠂ ᠠᠷᠠᠳ ᠤᠨ | ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠬᠡᠨ ᠤ ᠭᠡᠰᠢᠬᠦᠳ ᠵᠢᠴᠢ ᠲᠠᠶᠢᠹᠤᠰᠧ ᠬᠤᠰᠢᠭᠤᠨ ᠤ ᠠᠵᠤ | ᠠᠬᠤᠢ ᠨᠡᠶᠢᠬᠡᠮ ᠤᠨ ᠬᠦᠭᠵᠢᠯᠳᠡ ᠶᠢ ᠬᠠᠯᠠᠮᠵᠢᠯᠠᠵᠤ ᠲᠡᠮᠵᠢᠭᠰᠡᠨ ᠡᠯ᠎ᠡ ᠡᠳᠡᠭᠡᠳ ᠤᠨ ᠨᠠᠶᠢᠵᠠ ᠨᠥᠬᠦᠳ ᠲᠤ ᠴᠢᠩ | ᠰᠡᠳᠬᠢᠯ ᠤᠨ ᠲᠠᠯᠠᠷᠬᠠᠯ ᠳᠡᠪᠰᠢᠭᠦᠯᠵᠦ ᠪᠠᠶᠢᠨ᠎ᠠ︕ | ᠠᠮᠵᠢᠯᠲᠠ ᠪᠦᠲᠦᠮᠵᠢ ᠪᠠᠨ ᠣᠯᠵᠦ ᠬᠠᠷᠠᠬᠤ ᠶᠢᠨ ᠳᠠᠭᠠᠤ᠂ ᠪᠢᠳᠡ ᠪᠠᠰᠠ ᠬᠥᠭᠵᠢᠯᠲᠠ ᠶᠢᠨ ᠳᠤᠮᠳᠡ | ᠣᠷᠣᠰᠢᠵᠦ ᠪᠠᠶᠢᠭ᠎ᠠ ᠵᠦᠷᠢᠴᠡᠯ ᠪᠠ ᠠᠰᠠᠭᠤᠳᠠᠯ ᠢ ᠰᠡᠷᠭᠡᠭ ᠢᠶᠠᠷ ᠳᠠᠨᠢᠭᠤᠰᠢᠲᠠᠢ᠃ ᠡᠨᠡ ᠨᠢ ᠭᠤᠤᠯᠳᠠᠭᠤ | ᠲᠤᠤᠷᠠᠬᠢ ᠬᠡᠳᠦᠨ ᠲᠠᠯᠠᠪᠠᠷ ᠢᠯᠡᠷᠡᠵᠦ ᠪᠤᠢ᠄ ᠬᠤᠰᠢᠭᠤ ᠰᠢᠶᠠᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ | ᠂ ᠰᠢᠨ᠎ᠡ ᠨᠡᠮᠡᠭᠳᠡᠯ ᠤᠨ ᠴᠡᠭ ᠨᠢ ᠦᠢᠯᠡᠳᠦᠯ ᠢᠶᠠᠨ ᠭᠠᠷᠭᠠᠵᠤ ᠲᠡᠶᠢᠯᠦᠬᠡᠳᠦᠢ︔ ᠲᠠᠷᠢᠶᠠᠯᠠᠩ ᠮᠠᠯ ᠠᠵᠤ ᠠᠬᠤᠢ | ᠶᠢᠨ ᠲᠠᠪᠠᠭᠤᠯᠢᠭ ᠡᠬᠢ ᠪᠠᠶᠠᠯᠢᠭ ᠢ ᠬᠦᠢᠴᠡᠳ ᠠᠰᠢᠭᠯᠠᠵᠤ ᠲᠡᠶᠢᠯᠬᠦ ᠦᠬᠡᠢ᠂ ᠠᠵᠤ ᠦᠢᠯᠡᠰ ᠤᠨ ᠬᠡᠯᠬᠢᠶᠡᠰᠦ | ᠤᠬᠤᠷ᠂ ᠠᠵᠤ ᠦᠢᠯᠡᠰᠵᠢᠯᠳᠡ ᠶᠢᠨ ᠬᠢᠷᠢ ᠬᠡᠮᠵᠢᠶ᠎ᠡ ᠲᠤᠤᠷ᠎ᠠ᠂ ᠮᠠᠯᠴᠢᠨ ᠲᠠᠷᠢᠶᠠᠴᠢᠨ ᠤ ᠤᠷᠤᠯᠭ᠎ᠠ ᠪᠠᠨ | ᠨᠡᠮᠡᠭᠳᠡᠬᠦᠯᠬᠦ ᠲᠠᠷᠤᠭᠠᠰᠤ ᠶᠡᠭᠡ︔ ᠡᠬᠢ ᠪᠠᠶᠠᠯᠢᠭ ᠤᠨ ᠵᠡᠷᠭᠡ ᠰᠢᠯᠳᠠᠭᠠᠨ ᠠᠴᠠ ᠪᠤᠯᠵᠤ ᠠᠵᠤ ᠦᠢᠯᠡᠳᠪᠦᠷᠢ ᠶᠢᠨ | ᠠᠵᠤ ᠠᠬᠤᠢ ᠬᠦᠭᠵᠢᠬᠦ ᠳᠤ ᠬᠦᠴᠢᠷᠳᠡᠢ ︔ ᠦᠢᠯᠡᠴᠢᠯᠡᠬᠡᠨ ᠤ ᠦᠢᠯᠡᠰ ᠤᠨ ᠬᠦᠭᠵᠢᠯᠳᠡ ᠤᠳᠠᠭᠠᠨ᠂ | ᠨᠦᠯᠦᠬᠡᠯᠡᠨ ᠲᠠᠶᠢᠴᠢᠯᠠᠬᠤ ᠦᠢᠯᠡᠳᠦᠯ ᠢᠯᠡᠷᠭᠡᠢ ᠪᠤᠰᠤ᠃ ᠮᠠᠯᠵᠢᠬᠤ ᠲᠠᠷᠢᠶᠠᠯᠠᠬᠤ ᠤᠷᠤᠨ ᠤ ᠨᠡᠶᠢᠳᠡ ᠶᠢᠨ | ᠦᠢᠯᠡᠴᠢᠯᠡᠬᠡᠨ ᠤ ᠴᠢᠳᠠᠪᠤᠷᠢ ᠲᠤᠷᠤᠢ᠂ ᠠᠮᠢ ᠠᠬᠤᠢ ᠶᠢᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠪᠠᠬᠢᠵᠢᠬᠦᠯᠬᠦ | ᠪᠠ ᠦᠷᠭᠡᠳᠭᠡᠬᠦ ᠳᠤ ᠲᠠᠷᠤᠯᠳᠠ ᠶᠡᠭᠡ᠂ ᠭᠠᠵᠠᠷ ᠲᠤᠤᠷᠠᠬᠢ ᠤᠰᠤ ᠶᠢ ᠨᠡᠭᠡᠭᠡᠵᠦ ᠠᠰᠢᠭᠯᠠᠬᠤ ᠨᠢ ᠲᠢᠭᠯᠡᠮ ᠦᠬᠡᠢ᠂ | ᠬᠦᠳᠡᠭᠡ ᠲᠤᠰᠬᠤᠨ ᠤ ᠬᠤᠭᠤᠰᠤᠷᠤᠯ ᠤᠨ ᠠᠰᠠᠭᠤᠳᠠᠯ ᠲᠤᠪᠤᠶᠢᠮ᠎ᠠ ᠪᠤᠯᠵᠤ ᠪᠠᠶᠢᠭ᠎ᠠ᠃ ᠡᠳ᠋ ᠤᠨ ᠵᠠᠰᠠᠭ ᠤᠨ | ᠤᠷᠤᠯᠭ᠎ᠠ ᠵᠠᠷᠤᠯᠭ᠎ᠠ ᠤᠨ ᠵᠦᠷᠢᠴᠡᠯ ᠲᠤᠪᠤᠶᠢᠮ᠎ᠠ᠂ ᠠᠷᠠᠳ ᠤᠨ ᠠᠮᠢᠳᠤᠷᠠᠯ ᠤᠨ ᠪᠡᠯᠡ ᠤᠷᠤᠭᠤᠯᠤᠯᠳᠠ ᠬᠦᠷᠦᠯᠴᠡᠬᠦ | ᠦᠬᠡᠢ ᠃ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢᠨ ᠲᠠᠯᠠᠪᠠᠷ᠂ ᠵᠠᠷᠢᠮ ᠰᠠᠯᠠᠭ᠎ᠠ ᠮᠦᠴᠢᠷ ᠪᠠ | ᠠᠵᠢᠯᠳᠠᠳ ᠤᠨ ᠬᠠᠷᠢᠭᠤᠴᠠᠬᠤ ᠤᠬᠠᠮᠰᠠᠷ᠂ ᠡᠬᠦᠷᠭᠡᠯᠡᠬᠦ ᠤᠬᠠᠮᠰᠠᠷ ᠲᠤᠷᠤᠢ᠂ ᠢᠳᠡᠪᠬᠢᠳᠡᠢ ᠠᠵᠢᠯᠯᠠᠬᠤ ᠵᠤᠷᠢᠭ | ᠰᠦᠰᠦ ᠪᠠ ᠬᠢᠷᠢ ᠴᠢᠳᠠᠪᠤᠷᠢ ᠲᠤᠳᠠᠮᠠᠭ᠂ ᠨᠠᠶᠢᠳᠠᠪᠤᠷᠢᠵᠢᠭᠤᠯᠤᠯᠳᠠ ᠶᠢ ᠠᠳᠬᠤᠬᠤ ᠡᠷᠴᠢᠮ ᠰᠤᠯᠠ᠂ ︽ | ᠲᠦᠷᠪᠡᠨ ᠰᠤᠷᠳᠠᠯ︾ ᠤᠨ ᠠᠰᠠᠭᠤᠳᠠᠯ ᠪᠠᠰᠠ ᠠᠳᠠᠯᠢ ᠪᠤᠰᠤ ᠭᠡᠮᠵᠢᠶ᠎ᠡ ᠪᠠᠷ ᠤᠷᠤᠰᠢᠵᠤ ᠪᠤᠢ᠃ ᠡᠳᠡᠭᠡᠷ | ᠠᠰᠠᠭᠤᠳᠠᠯ ᠢ ᠪᠢᠳᠡ ᠬᠤᠶᠢᠰᠢᠳᠠ ᠶᠢᠨ ᠠᠵᠢᠯ ᠲᠤᠮᠳᠠ ᠪᠠᠨ ᠬᠠᠨᠳᠤᠯᠭᠠᠳᠤ ᠴᠢᠨᠠᠷᠳᠠᠢ ᠪᠠᠷ ᠴᠢᠷᠮᠠᠶᠢᠨ | ᠰᠢᠢᠳᠪᠦᠷᠢᠯᠡᠬᠦ ᠭᠡᠷᠡᠭᠳᠡᠢ᠃ | ᠬᠤᠶᠠᠷ᠂ 2015 ᠤᠨ ᠤ ᠭᠤᠤᠯ ᠠᠵᠢᠯ ᠡᠬᠦᠷᠭᠡ | 2015 ᠤᠨ ᠪᠤᠯ ᠦᠬᠡᠷᠡᠴᠢᠯᠡᠯᠳᠡ ᠶᠢ ᠪᠦᠬᠦ ᠲᠠᠯᠠᠪᠠᠷ ᠬᠦᠨᠵᠡᠭᠡᠶᠢᠷᠡᠬᠦᠯᠬᠦ ᠵᠠᠩᠬᠢᠯᠠᠭ᠎ᠠ ᠶᠢᠨ ᠵᠢᠯ᠂ ᠬᠠᠤᠯᠢ | ᠪᠠᠷ ᠤᠯᠤᠰ ᠢᠶᠠᠨ ᠵᠠᠰᠠᠬᠤ ᠶᠢ ᠲᠦᠯᠬᠢᠨ ᠠᠬᠢᠭᠤᠯᠬᠤ ᠡᠬᠢᠯᠡᠯᠳᠡ ᠶᠢᠨ ᠵᠢᠯ᠂ ᠮᠦᠨᠴᠦ ︽ᠠᠷᠪᠠᠨ ᠬᠤᠶᠠᠳᠤᠭᠠᠷ | ᠲᠠᠪᠤᠨ ᠵᠢᠯ︾ ᠤᠨ ᠲᠦᠯᠦᠪᠵᠢᠬᠦᠯᠬᠡ ᠶᠢᠨ ᠰᠡᠬᠦᠯ ᠬᠤᠷᠢᠶᠠᠬᠤ ᠵᠢᠯ ᠪᠤᠯᠤᠨ᠎ᠠ᠃ ᠠᠵᠤ ᠠᠬᠤᠢ ᠶᠢᠨ ᠬᠦᠭᠵᠢᠯᠳᠡ | ᠶᠢᠨ ᠰᠢᠨ᠎ᠠ ᠪᠠᠶᠢᠳᠠᠯ ᠤᠨ ᠡᠮᠦᠨ᠎ᠡ ᠠᠵᠠ ᠲᠤᠬᠢᠶᠠᠯ ᠪᠠ ᠦᠷᠢᠰᠦᠯᠳᠦᠬᠡᠨ ᠵᠡᠷᠭᠡᠪᠡᠷ ᠤᠷᠤᠰᠢᠨ᠎ᠠ᠃ ᠡᠨᠡ ᠵᠢᠯ ᠤᠨ | ᠬᠦᠭᠵᠢᠬᠦᠯᠦᠯᠳᠡ ᠦᠬᠡᠷᠡᠴᠢᠯᠡᠯᠳᠡ ᠲᠤᠭᠳᠠᠭᠤᠨ ᠤ ᠡᠯ᠎ᠡ ᠲᠦᠷᠦᠯ ᠤᠨ ᠠᠵᠢᠯ ᠢ ᠰᠠᠶᠢᠨ ᠬᠢᠬᠦ ᠨᠢ ᠶᠠᠭᠤᠨ ᠠᠴᠠ | ᠴᠤ ᠴᠢᠬᠤᠯᠠ ᠶᠤᠮ᠃ ᠪᠢᠳᠡ ᠡᠷᠭᠡᠪᠰᠢ ᠢᠳᠡᠭᠡᠯ ᠵᠤᠷᠢᠭ ᠢᠶᠠᠨ ᠬᠦᠪᠴᠢᠯᠡᠨ᠂ ᠯᠠᠪᠳᠠᠭᠤᠨ ᠪᠠᠳᠤᠳᠠᠢ ᠠᠵᠢᠯᠯᠠᠵᠤ | ᠪᠠᠶᠢᠭᠠᠳ᠂ ᠰᠢᠨ᠎ᠡ ᠭᠠᠷᠤᠭᠠᠨ ᠤ ᠴᠡᠭ ᠲᠡᠭᠡᠷ᠎ᠡ ᠠᠴᠠ ᠰᠢᠨ᠎ᠡ ᠰᠢᠪᠳᠤᠯᠤᠯᠳᠠ ᠶᠢ ᠰᠦᠪᠡᠭᠴᠢᠯᠡᠵᠦ᠂ ᠰᠢᠨ᠎ᠡ | ᠬᠦᠭᠵᠢᠯᠳᠡ ᠶᠢ ᠪᠡᠶᠡᠯᠡᠬᠦᠯᠦᠨ᠂ ᠰᠢᠨ᠎ᠡ ᠪᠠᠶᠢᠳᠠᠯ ᠢ ᠡᠬᠦᠳᠬᠦ ᠬᠡᠷᠡᠭᠳᠡᠢ᠃ ᠡᠨᠡ ᠵᠢᠯ ᠤᠨ ᠵᠠᠰᠠᠭ ᠤᠨ ᠤᠷᠳᠤᠨ ᠤ | ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠪᠠᠶᠢᠳᠠᠯ ᠳᠤ | ᠢᠳᠡᠪᠬᠢᠳᠡᠢ ᠪᠠᠷ ᠲᠤᠬᠢᠷᠠᠯᠴᠠᠨ᠂ ᠨᠠᠮ ᠤᠨ ᠲᠦᠪ ᠬᠤᠷᠢᠶᠠᠨ ᠤ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠬᠡᠢ ᠲᠤᠤᠱᠯᠠᠭᠤᠯᠵᠤ᠂ ᠨᠢᠬᠡ ᠪᠠᠶᠢᠷᠢ ᠲᠤᠭᠳᠠᠭᠠᠯᠳᠠ | ︵ ᠦᠷᠦᠭᠡᠯ ᠠᠴᠠ ᠢᠯᠭᠠᠭᠳᠠᠮ᠎ᠠ ᠤᠨᠴᠠᠯᠢᠭ ᠰᠢᠨᠵᠢ ᠲᠠᠢ᠂ ᠦᠵᠡᠰᠬᠦᠯᠡᠩ ᠰᠠᠶᠢᠬᠠᠨ ᠦᠩᠬᠡ ᠦᠵᠡᠮᠵᠢ ᠲᠠᠢ᠂ | ᠦᠷᠭᠡᠨ ᠲᠦᠮᠡᠨ ᠤ ᠪᠠᠭ᠋ᠠᠷᠬᠠᠯ ᠳᠤ ᠬᠦᠷᠦᠭᠰᠡᠨ ᠰᠢᠯᠢ ᠶᠢᠨ ᠭᠤᠤᠯ ᠠᠶᠢᠮᠠᠭ ᠤᠨ ᠡᠮᠦᠨ᠎ᠡ ᠡᠬᠦᠳᠡ ᠶᠢ ᠪᠠᠶᠢᠭᠤᠯᠬᠤ︶ | ᠭᠤᠷᠪᠠᠨ ᠬᠠᠷᠠᠯᠳᠠ ︵ᠡᠳ᠋ ᠤᠨ ᠵᠠᠰᠠᠭ ᠤᠨ ᠤᠷᠤᠯᠭ᠎ᠠ ᠪᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠤᠷᠤᠯᠭ᠎ᠠ ᠶᠢ ᠦᠷᠬᠦᠯᠵᠢᠯᠡᠨ ᠨᠡᠯᠢᠶᠡᠳ ᠲᠦᠷᠭᠡᠨ ᠢᠶᠠᠷ ᠨᠡᠮᠡᠭᠳᠡᠬᠦᠯᠬᠦ︶᠂ ᠭᠤᠷᠪᠠᠨ ᠰᠠᠭᠤᠷᠢᠨ ᠭᠠᠵᠠᠷ ︵ᠲᠤᠮᠳᠠᠳᠤ | ᠤᠯᠤᠰ ᠤᠨ ᠤᠮᠠᠷᠠᠳᠤ ᠤᠷᠤᠨ ᠤ ᠴᠢᠬᠤᠯᠠ ᠠᠮᠢ ᠠᠬᠤᠢ ᠶᠢᠨ ᠰᠠᠭᠤᠷᠢᠨ ᠭᠠᠵᠠᠷ᠂ ᠪᠤᠬᠢᠷᠳᠤᠯ ᠦᠬᠡᠢ ᠤᠷᠭᠠᠨᠢᠭ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠦᠷᠢᠯᠡᠯ ᠪᠠ ᠭᠠᠷᠭᠠᠯᠳᠠ ᠶᠢᠨ ᠰᠠᠭᠤᠷᠢᠨ | ᠭᠠᠵᠠᠷ᠂ ᠵᠠᠭᠤᠨ ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠴᠡᠪᠡᠷ ᠡᠨᠧᠷᠬᠢ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ︶᠂ ᠲᠦᠷᠪᠡᠨ ᠶᠡᠭᠡ ᠠᠵᠤ ᠦᠢᠯᠡᠰ ︵ᠲᠡᠭᠡᠳᠦ ᠰᠢᠨ᠎ᠡ ᠮᠡᠷᠭᠡᠵᠢᠯ ᠪᠠ | ᠲᠤᠨᠤᠭ ᠲᠦᠬᠦᠭᠡᠷᠦᠮᠵᠢ ᠦᠢᠯᠡᠳᠬᠦ ᠦᠢᠯᠡᠰ᠂ ᠤᠷᠤᠨ ᠪᠦᠰᠡ ᠶᠢᠨ ᠴᠢᠨᠠᠷᠳᠠᠢ ᠠᠷᠠᠯᠵᠢᠶ᠎ᠠ ᠬᠤᠳᠠᠯᠳᠤᠭᠠᠨ ᠤ | ᠬᠦᠢᠯᠬᠡᠬᠡᠨ ᠤ ᠦᠢᠯᠡᠰ᠂ ᠬᠠᠭᠠᠨ ᠤ ᠠᠳᠤᠭᠤᠨ ᠰᠤᠶᠤᠯ ᠤᠨ ᠵᠢᠭᠤᠯᠴᠢᠯᠠᠯ ᠤᠨ ᠦᠢᠯᠡᠰ᠂ ᠠᠭᠤᠷᠬᠠᠢ ᠶᠢᠨ | ᠭᠠᠷᠤᠯᠳᠠ ᠦᠢᠯᠡᠳᠪᠦᠷᠢᠯᠡᠬᠦ ᠠᠵᠤ ᠦᠢᠯᠡᠰ︶ ᠤᠨ ᠲᠤᠭᠤᠷᠢᠨ ᠳᠤ᠂ ᠬᠡᠯᠪᠡᠷᠢ ᠶᠢ ᠬᠤᠪᠢᠷᠠᠭᠤᠯᠬᠤ᠂ | ᠪᠦᠷᠢᠯᠳᠦᠴᠡ ᠶᠢ ᠲᠤᠬᠢᠷᠠᠭᠤᠯᠬᠤ᠂ ᠨᠡᠮᠡᠭᠳᠡᠯ ᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠳᠤᠯᠠᠬᠤ ᠠᠵᠢᠯ ᠢ | ᠪᠦᠬᠦ ᠬᠦᠴᠦᠨ ᠢᠶᠠᠷ ᠰᠠᠶᠢᠨ ᠬᠢᠵᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢ | ᠠᠮᠵᠢᠯᠳᠠᠳᠠᠢ ᠪᠡᠶᠡᠯᠡᠬᠦᠯᠦᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠤᠷᠤᠭᠰᠢᠳᠠᠢ | ᠡᠬᠢᠯᠡᠬᠦ ᠳᠤ ᠪᠠᠳᠤ ᠰᠠᠭᠤᠷᠢ ᠲᠠᠯᠪᠢᠨ᠎ᠠ᠃ | ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ | ᠦᠷᠳᠡᠭ ᠢ 9 % ᠪᠠᠷ ᠨᠡᠮᠡᠭᠳᠡᠬᠦᠯᠦᠨ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 15.4 % ᠪᠠᠷ | ᠨᠡᠮᠡᠭᠳᠡᠬᠦᠯᠵᠦ᠂ ᠤᠷᠤᠨ ᠨᠤᠳᠤᠭ ᠤᠨ ᠡᠳ᠋ ᠤᠨ ᠵᠠᠰᠠᠭ ᠤᠨ ᠤᠷᠤᠯᠭ᠎ᠠ ᠶᠢ 5 % ᠪᠠᠷ ᠨᠡᠮᠡᠭᠳᠡᠬᠦᠯᠦᠨ᠂ | ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 11.5% ᠪᠠᠷ | ᠨᠡᠮᠡᠭᠳᠡᠬᠦᠯᠵᠦ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ | ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ ᠲᠤᠰᠪᠤᠷᠢ 9 % ᠪᠠ 12 % ᠪᠠᠷ ᠨᠡᠮᠡᠭᠳᠡᠭᠦᠯᠦᠨ᠎ᠡ᠃ ᠤᠷᠴᠢᠨ | ᠲᠤᠭᠤᠷᠢᠨ ᠤ ᠡᠯ᠎ᠡ ᠲᠦᠷᠦᠯ ᠤᠨ ᠬᠢᠵᠠᠭᠠᠷᠯᠠᠩᠭᠤᠢ ᠴᠢᠨᠠᠷᠳᠠᠢ ᠵᠢᠭᠠᠯᠳᠠ ᠲᠤᠭ᠎ᠠ ᠶᠢ ᠠᠶᠢᠮᠠᠭ ᠤᠨ ᠱᠠᠭᠠᠷᠳᠠᠭᠰᠠᠨ | ᠪᠠᠷᠢᠮᠵᠢᠶ᠎ᠠ ᠪᠠᠷ ᠬᠢᠵᠠᠭᠠᠷᠯᠠᠨ᠎ᠠ ᠃ | ᠲᠡᠭᠡᠷ᠎ᠡ ᠲᠤᠷᠠᠳᠤᠭᠰᠠᠨ ᠡᠬᠦᠷᠭᠡ ᠬᠠᠷᠠᠯᠳᠠ ᠶᠢ ᠪᠡᠶᠡᠯᠡᠬᠦᠯᠬᠦ ᠶᠢᠨ ᠲᠦᠯᠦᠬᠡ᠂ ᠲᠤᠤᠷᠠᠬᠢ ᠭᠡᠳᠦᠨ ᠲᠠᠯ᠎ᠠ | ᠶᠢᠨ ᠠᠵᠢᠯ ᠢ ᠡᠷᠭᠡᠪᠰᠢ ᠡᠷᠴᠢᠮᠳᠡᠢ ᠰᠠᠶᠢᠨ ᠠᠳᠬᠤᠬᠤ ᠭᠡᠷᠡᠭᠳᠡᠢ᠄ | ︵ᠨᠢᠭᠡ︶ ᠠᠵᠤ ᠦᠢᠯᠡᠰ ᠤᠨ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠵᠦ᠂ ᠤᠯᠠᠨ ᠴᠡᠭ ᠠᠴᠠ | ᠬᠦᠴᠦᠯᠡᠨ᠂ ᠨᠡᠮᠡᠭᠳᠡᠯ ᠢ ᠲᠤᠭᠳᠠᠭᠤᠨ ᠪᠠᠶᠢᠯᠭᠠᠵᠤ᠂ ᠬᠡᠯᠪᠡᠷᠢ ᠶᠢᠨ ᠬᠤᠪᠢᠷᠠᠭᠤᠯᠤᠯᠳᠠ ᠶᠢ ᠠᠬᠢᠭᠤᠯᠬᠤ ᠭᠡᠷᠡᠭᠳᠡᠢ᠃ | ᠶᠡᠷᠦᠩᠬᠡᠢ ᠬᠡᠮᠵᠢᠶ᠎ᠡ ᠶᠢ ᠶᠡᠭᠡᠰᠭᠡᠬᠦ ᠪᠠ ᠶᠠᠰᠤ ᠴᠢᠨᠠᠷ ᠢ ᠰᠠᠶᠢᠵᠢᠷᠠᠭᠤᠯᠬᠤ ︽ᠬᠤᠶᠠᠷ ᠬᠦᠯ︾ ᠪᠠᠷ ᠶᠠᠪᠤᠵᠤ᠂ | ᠤᠯᠠᠮᠵᠢᠯᠠᠯᠳᠤ ᠠᠵᠤ ᠦᠢᠯᠡᠰ ᠤᠨ ᠰᠢᠨ᠎ᠡ ᠭᠡᠯᠪᠡᠷᠢᠵᠢᠬᠦ᠂ ᠰᠢᠨ᠎ᠡ ᠪᠠᠷ ᠮᠠᠨᠳᠤᠭᠰᠠᠨ ᠠᠵᠢᠯ ᠦᠢᠯᠡᠰ ᠤᠨ | ᠭᠡᠪᠴᠢᠶᠡᠵᠢᠬᠦ᠂ ᠲᠤᠯᠭᠠᠭᠤᠷᠢ ᠠᠵᠤ ᠦᠢᠯᠡᠰ ᠤᠨ ᠤᠯᠠᠨ ᠡᠰᠢᠵᠢᠬᠦ ᠶᠢ ᠲᠦᠯᠬᠢᠨ ᠠᠬᠢᠭᠤᠯᠵᠤ᠂ ᠬᠤᠰᠢᠭᠤ | ᠰᠢᠶᠠᠨ ᠤ ᠠᠵᠤ ᠠᠬᠤᠢ ᠶᠢ ᠬᠦᠴᠦᠯᠡᠨ ᠬᠦᠭᠵᠢᠬᠦᠯᠦᠨ᠎ᠡ᠃ | — — ᠶᠠᠰᠤ ᠴᠢᠨᠠᠷ ᠢ ᠰᠠᠶᠢᠵᠢᠷᠠᠭᠤᠯᠵᠤ ᠦᠷ᠎ᠡ ᠠᠰᠢᠭ ᠢ ᠲᠡᠭᠡᠭᠰᠢᠯᠡᠬᠦᠯᠦᠨ ᠤᠷᠤᠯᠭ᠎ᠠ ᠶᠢ ᠨᠡᠮᠡᠭᠳᠡᠬᠦᠯᠬᠦ | ᠪᠠᠷ ᠭᠤᠤᠯ ᠪᠤᠯᠭᠠᠭᠰᠠᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠲᠦᠷᠭᠡᠨ ᠬᠦᠭᠵᠢᠬᠦᠯᠬᠦ ᠭᠡᠷᠡᠭᠳᠡᠢ᠃ | ᠨᠢᠬᠡ ᠳᠤ᠂ ᠲᠠᠷᠢᠶᠠᠯᠠᠩ ᠮᠠᠯᠵᠢᠯ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠬᠦᠯᠦᠨ᠎ᠡ᠃ | ᠲᠦᠮᠦᠰᠦ ᠶᠢ ᠭᠤᠤᠯ ᠠᠮᠤ ᠪᠤᠳᠠᠭᠠᠨ ᠤ ᠲᠠᠷᠢᠮᠠᠯ ᠪᠤᠯᠭᠠᠬᠤ ᠠᠵᠠ ᠲᠤᠬᠢᠶᠠᠯ ᠢ ᠡᠵᠡᠮᠳᠡᠨ᠂ ᠲᠦᠮᠦᠰᠦ ᠪᠠ ᠠᠮᠤ | ᠪᠤᠳᠠᠭᠠᠨ ᠤ ᠲᠠᠷᠢᠮᠠᠯ ᠤᠨ ᠲᠠᠯᠠᠪᠠᠢ ᠶᠢ ᠶᠡᠬᠡᠰᠬᠡᠵᠦ᠂ ᠲᠠᠷᠢᠶᠠᠯᠠᠩ ᠤᠨ ᠶᠡᠷᠦᠩᠬᠡᠢ ᠲᠠᠯᠠᠪᠠᠢ ᠶᠢ 142 ᠲᠦᠮᠡᠨ ᠮᠤ᠋ | ᠳᠤ ᠬᠦᠷᠭᠡᠨ᠂ ᠡᠬᠦᠨ ᠳᠤ 58 ᠲᠦᠮᠡᠨ ᠮᠤ᠋ ᠲᠦᠮᠦᠰᠦ ᠪᠠ 50 ᠲᠦᠮᠡᠨ ᠮᠤ᠋ ᠠᠮᠤ ᠪᠤᠳᠠᠭ᠎ᠠ ᠲᠠᠷᠢᠵᠤ ᠂ ᠠᠮᠤ | ᠪᠤᠳᠠᠭᠠᠨ ᠤ ᠶᠡᠷᠦᠩᠬᠡᠢ ᠤᠨᠠᠯᠳᠠ ᠶᠢ 20 ᠲᠦᠮᠡᠨ ᠲᠤᠨ ︵4 ᠳ᠋ᠦᠩᠰᠢᠭᠤᠷ ᠵᠢᠩ︶ ᠳᠤ ᠬᠦᠷᠭᠡᠵᠦ᠂ ᠪᠦᠬᠦ | ᠤᠯᠤᠰ ᠤᠨ ︽ᠠᠮᠤ ᠪᠤᠳᠠᠭᠠᠨ ᠤ ᠭᠠᠷᠤᠯᠳᠠ ᠶᠢᠨ ᠲᠤᠮᠤ ᠬᠤᠰᠢᠭᠤ︾ ᠪᠤᠯᠬᠤ ᠳᠤ ᠰᠠᠭᠤᠷᠢ ᠲᠠᠯᠪᠢᠨ᠎ᠠ᠃ | ᠬᠤᠨᠢᠨ ᠮᠢᠬᠠᠨ ᠤ ᠦᠨ᠎ᠡ ᠬᠠᠩᠰᠢ ᠪᠠᠭᠤᠷᠠᠵᠤ ᠪᠠᠶᠢᠭ᠎ᠠ ᠰᠢᠨ᠎ᠡ ᠬᠠᠨᠳᠤᠰᠢ ᠶᠢ ᠲᠠᠭᠠᠵᠤ᠂ ᠵᠤᠷᠢᠬᠵᠢᠭᠤᠯᠤᠨ | ᠲᠡᠳᠬᠦᠬᠦ ᠲᠦᠷᠦ ᠶᠢᠨ ᠪᠤᠳᠤᠯᠭ᠎ᠠ ᠶᠢ ᠲᠤᠭᠳᠠᠭᠠᠨ᠂ ᠮᠠᠯᠴᠢᠨ ᠲᠠᠷᠢᠶᠠᠴᠢᠨ ᠢ ᠵᠢᠯᠤᠭᠤᠳᠴᠤ ᠪᠤᠭ ᠮᠠᠯ ᠢ ᠪᠤᠳᠠ | ᠮᠠᠯ ᠢᠶᠠᠷ ᠰᠤᠯᠢᠭᠤᠯᠤᠨ᠂ ᠪᠦᠬᠦ ᠵᠢᠯ ᠳᠤ ᠰᠠᠶᠢᠨ ᠡᠬᠦᠯᠳᠡᠷ ᠤᠨ ᠮᠢᠬᠠᠨ ᠤ ᠦᠬᠡᠷ 1 ᠲᠦᠮᠡᠨ ᠲᠤᠯᠤᠭᠠᠢ᠂ | ᠡᠬᠦᠯᠳᠡᠷ ᠰᠠᠶᠢᠵᠢᠷᠠᠭᠤᠯᠤᠭᠰᠠᠨ ᠦᠬᠡᠷ 5.5 ᠲᠦᠮᠡᠨ ᠲᠤᠯᠤᠭᠠᠢ ᠶᠢ ᠤᠷᠤᠭᠤᠯᠤᠨ᠎ᠠ᠃ ᠭᠠᠵᠠᠷ ᠤᠷᠤᠨ ᠳᠠᠭᠠᠨ | ᠲᠤᠬᠢᠷᠠᠭᠤᠯᠤᠨ ᠲᠠᠬᠢᠶ᠎ᠠ᠂ ᠲᠠᠤᠯᠠᠢ ᠮᠡᠳᠦ ᠶᠢᠨ ᠤᠨᠴᠠᠯᠢᠭᠳᠤ ᠲᠡᠵᠢᠬᠡᠪᠦᠷᠢ ᠶᠢᠨ ᠦᠢᠯᠡᠰ ᠢ ᠢᠯᠡᠬᠦᠦ | ᠬᠦᠭᠵᠢᠬᠦᠯᠬᠦ ᠭᠡᠷᠡᠭᠳᠡᠢ᠃ ᠬᠢᠨᠠᠨ ᠬᠠᠮᠢᠶᠠᠷᠬᠤ ᠠᠷᠭ᠎ᠠ ᠠᠪᠴᠢᠯ ᠢ ᠴᠢᠩᠭᠠᠳᠬᠠᠵᠤ᠂ ᠲᠠᠷᠢᠶᠠᠯᠠᠬᠤ ᠤᠷᠤᠨ ᠳᠤ | ᠪᠡᠯᠴᠢᠭᠡᠷᠯᠡᠬᠦᠯᠬᠦ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠬᠠᠰᠢᠶᠠᠯᠠᠨ | ᠪᠤᠷᠳᠤᠬᠤ ᠦᠢᠯᠡᠰ ᠢ ᠢᠳᠡᠪᠬᠢᠳᠡᠢ ᠬᠦᠭᠵᠢᠬᠦᠯᠵᠦ᠂ ᠠᠵᠤ ᠠᠬᠤᠢ ᠪᠠ ᠠᠮᠢ ᠠᠬᠤᠢ ᠶᠢᠨ ᠬᠤᠤᠰ ᠠᠰᠢᠭ ᠢ | ᠪᠡᠶᠡᠯᠡᠬᠦᠯᠬᠦ ᠪᠠᠷ ᠴᠢᠷᠮᠠᠶᠢᠨ᠎ᠠ᠃ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠤᠷ | ᠠᠳᠬᠤᠵᠤ᠂ ᠲᠤᠰᠤᠯᠠᠭᠠᠨ ᠤᠰᠤᠯᠠᠬᠤ ᠲᠠᠯᠠᠪᠠᠢ ᠶᠢ 10.8 ᠲᠦᠮᠡᠨ ᠮᠤ᠋ ᠨᠡᠮᠡᠭᠳᠡᠬᠦᠯᠦᠨ︔ 6.8 ᠲᠦᠮᠡᠨ | ᠬᠠᠪᠳᠠᠭᠠᠢ ᠲᠦᠷᠪᠡᠯᠵᠢᠨ ᠮᠧᠲᠷ ᠮᠠᠯ ᠤᠨ ᠰᠠᠷᠠᠪᠴᠢ᠂ 0.5 ᠲᠦᠮᠡᠨ ᠬᠠᠪᠳᠠᠭᠠᠢ ᠲᠦᠷᠪᠡᠯᠵᠢᠨ ᠮᠧᠲᠷ ᠡᠪᠡᠰᠦᠨ | ᠤ ᠰᠠᠷᠠᠪᠴᠢ᠂ 1.84 ᠲᠦᠮᠡᠨ ᠪᠤᠰᠤᠭ᠎ᠠ ᠲᠦᠷᠪᠡᠯᠵᠢᠨ ᠮᠧᠲᠷ ᠨᠤᠭᠤᠭᠠᠨ ᠲᠠᠷᠤᠰᠢ ᠶᠢᠨ ᠵᠤᠭᠤᠷᠢ᠂ 8500 | ᠲᠤᠨ ᠤ ᠪᠠᠭᠳᠠᠭᠠᠮᠵᠢ ᠲᠠᠢ ᠲᠦᠮᠦᠰᠦᠨ ᠤ ᠵᠤᠭᠤᠷᠢ ᠶᠢ ᠰᠢᠨ᠎ᠡ ᠪᠠᠷ ᠪᠠᠶᠢᠭᠤᠯᠵᠤ︔ ᠢᠳᠡᠰᠢᠨ ᠨᠤᠭᠤᠭᠠᠨ ᠤ | ᠲᠤᠮᠤ ᠬᠦᠯᠡᠮᠵᠢ 100 ᠰᠠᠭᠤᠷᠢ᠂ ᠪᠠᠷᠢᠮᠵᠢᠶᠠᠳᠤ ᠮᠠᠯᠵᠢᠯ ᠤᠨ ᠰᠠᠭᠤᠷᠢᠨ ᠭᠠᠵᠠᠷ 8 ᠰᠠᠭᠤᠷᠢ ᠶᠢ ᠪᠠᠶᠢᠭᠤᠯᠤᠨ᠎ᠠ᠃ | ᠦᠷ᠎ᠡ ᠶᠢᠨ ᠲᠦᠮᠦᠰᠦᠨ ᠤ ᠨᠡᠷᠡᠳᠦ ᠲᠡᠮᠳᠡᠭ ᠢ ᠤᠯᠠᠮ ᠢᠯᠡᠬᠦᠦ ᠲᠡᠳᠬᠦᠨ ᠪᠤᠶᠢᠵᠢᠭᠤᠯᠵᠤ᠂ ᠪᠤᠭᠤᠳᠠᠢ᠂ | ᠶᠢᠦᠮᠠᠢ ᠶᠢᠨ ᠰᠢᠯᠢᠳᠡᠭ ᠲᠦᠷᠦᠯ ᠢ ᠲᠡᠯᠬᠡᠷᠡᠬᠦᠯᠦᠨ᠂ ᠰᠢᠯᠢᠳᠡᠭ ᠲᠠᠷᠢᠮᠠᠯ ᠤᠨ ᠪᠦᠷᠬᠦᠴᠡ ᠶᠢ 98 % ᠳᠤ | ᠬᠦᠷᠭᠡᠨ᠎ᠡ᠃ ᠲᠠᠷᠢᠶᠠᠯᠠᠩ ᠮᠠᠯᠵᠢᠯ ᠤᠨ ᠮᠠᠰᠢᠨ ᠲᠦᠬᠦᠭᠡᠷᠦᠮᠵᠢ ᠶᠢ 400 ᠢᠵᠢ ᠨᠡᠮᠡᠭᠳᠡᠬᠦᠯᠵᠦ᠂ ᠮᠠᠰᠢᠨᠴᠢᠯᠠᠯᠳᠠ | ᠶᠢᠨ ᠨᠤᠷᠮ᠎ᠠ 90 % ᠠᠴᠠ ᠲᠡᠭᠡᠭᠰᠢ ᠪᠠᠶᠢᠬᠤ ᠶᠢ ᠪᠠᠳᠤᠯᠠᠨ᠎ᠠ᠃ ᠬᠤᠶᠠᠷ ᠲᠤ᠂ ᠲᠠᠷᠢᠶᠠᠯᠠᠩ ᠮᠠᠯ ᠠᠵᠤ ᠠᠬᠤᠢ | ᠶᠢᠨ ᠠᠵᠤ ᠦᠢᠯᠡᠰᠵᠢᠯᠳᠡ ᠶᠢᠨ ᠲᠦᠪᠰᠢᠨ ᠢ ᠲᠡᠭᠡᠭᠰᠢᠯᠡᠬᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠭᠰᠡᠨ ᠡᠳᠡᠰᠢᠬᠦᠯᠦᠨ ᠪᠤᠯᠪᠠᠰᠤᠷᠠᠭᠤᠯᠬᠤ ᠤᠷᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ | ᠲᠦᠯᠦᠪᠵᠢᠬᠦᠯᠬᠡ ᠶᠢ ᠲᠤᠭᠳᠠᠭᠠᠬᠤ ᠭᠡᠷᠡᠭᠳᠡᠢ᠃ ᠲᠠᠭᠠᠭᠤᠯᠤᠭᠴᠢ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠨ | ᠤ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠲᠡᠬᠦᠯᠳᠡᠷᠵᠢᠬᠦᠯᠵᠦ᠂ ᠲᠠᠭᠠᠭᠤᠯᠤᠭᠴᠢ ᠠᠵᠤ ᠠᠬᠤᠶᠢᠯᠠᠯ | ᠬᠢᠭᠡᠳ ᠮᠠᠯᠴᠢᠨ ᠲᠠᠷᠢᠶᠠᠴᠢᠨ ᠤ ᠲᠤᠭᠳᠠᠭᠤᠨ ᠪᠦᠬᠡᠳ ᠨᠢᠬᠳᠠ ᠬᠠᠮᠳᠤᠷᠠᠯᠴᠠᠭ᠎ᠠ ᠶᠢ ᠠᠬᠢᠭᠤᠯᠤᠨ᠂ ᠡᠨᠡ ᠵᠢᠯ | 2 ᠲᠠᠭᠠᠭᠤᠯᠤᠭᠴᠢ ᠠᠵᠤ ᠠᠬᠤᠶᠢᠯᠠᠯ ᠢ ᠰᠢᠨ᠎ᠡ ᠪᠠᠷ ᠪᠤᠶᠢᠵᠢᠭᠤᠯᠵᠤ᠂ ᠨᠡᠶᠢᠳᠡ 8 ᠡᠷᠦᠬᠡ ᠳᠤ ᠬᠦᠷᠭᠡᠨ᠎ᠡ᠃ | ᠦᠪᠡᠷᠳᠡᠭᠡᠨ ᠵᠠᠰᠠᠬᠤ ᠤᠷᠤᠨ ᠤ ᠬᠠᠩᠭᠠᠯᠭ᠎ᠠ ᠶᠢᠨ ᠬᠤᠷᠰᠢᠶᠠᠨ ᠤ ᠪᠡᠭᠡᠵᠢᠩ ᠳᠠᠬᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠳᠦᠭᠡᠭᠳᠡᠬᠦᠨ ᠤ ᠵᠠᠬ᠎ᠠ ᠲᠡᠯᠬᠡᠬᠦᠷ᠂ ᠬᠤᠶᠠᠳᠤᠭᠠᠷ ᠤᠳᠠᠭᠠᠨ ᠤ ᠲᠤᠮᠳᠠᠳᠤ ᠤᠯᠤᠰ ᠤᠨ | ᠰᠢᠨ᠎ᠡ ᠲᠤᠷᠭᠠᠨ ᠵᠠᠮ᠂ ᠰᠢᠯᠢ ᠶᠢᠨ ᠭᠤᠤᠯ ᠠᠶᠢᠮᠠᠭ ᠤᠨ ᠲᠠᠯ᠎ᠠ ᠨᠤᠳᠤᠭ ᠤᠨ ᠮᠠᠯ ᠠᠵᠤ ᠠᠬᠤᠢ ᠶᠢᠨ ᠰᠢᠨ᠎ᠡ | ᠨᠡᠷᠡᠳᠦ ᠲᠡᠮᠳᠡᠭ ᠤᠨ ᠦᠵᠡᠬᠦᠯᠦᠯᠬᠡ ᠪᠠ ᠰᠤᠯᠢᠯᠴᠠᠭᠠᠨ ᠤ ᠬᠤᠷᠠᠯ ᠵᠡᠷᠭᠡ ᠲᠠᠪᠴᠠᠩ ᠢ ᠠᠰᠢᠭᠯᠠᠵᠤ᠂ ᠡᠯᠧᠺᠲᠷᠤᠨ | ᠠᠷᠠᠯᠵᠢᠶᠠᠨ ᠤ ᠶᠠᠪᠤᠳᠠᠯ ᠤᠨ ᠭᠠᠵᠠᠷ᠂ ᠲᠡᠯᠬᠡᠨ ᠦᠵᠡᠬᠦᠯᠵᠦ ᠰᠢᠭᠤᠳ ᠪᠤᠷᠤᠯᠠᠭᠤᠯᠬᠤ ᠲᠦᠪ᠂ ᠵᠢᠵᠢᠭᠯᠡᠨ | ᠪᠤᠷᠤᠯᠠᠭᠤᠯᠬᠤ ᠲᠡᠯᠬᠡᠬᠦᠷ ᠵᠡᠷᠭᠡ ᠤᠯᠠᠨ ᠵᠦᠢᠯ ᠤᠨ ᠭᠡᠯᠪᠡᠷᠢ ᠪᠠᠷ ᠲᠠᠮᠵᠢᠨ᠂ ︽ᠴᠠᠬᠠᠷ︾ ᠲᠡᠮᠳᠡᠭᠳᠦ ᠰᠢᠷᠢᠰ | ᠪᠦᠳᠦᠭᠡᠭᠳᠡᠬᠦᠨ ᠢᠶᠠᠷ ᠭᠤᠤᠯ ᠪᠤᠯᠭᠠᠭᠰᠠᠨ ᠪᠤᠬᠢᠷᠳᠤᠯ ᠬᠤᠤᠷᠳᠠᠯ ᠦᠬᠡᠢ᠂ ᠤᠷᠭᠠᠨᠢᠭ ᠪᠦᠳᠦᠭᠡᠭᠳᠡᠬᠦᠨ ᠤ | ᠲᠡᠮᠳᠡᠭ ᠢ ᠢᠳᠡᠪᠬᠢᠳᠡᠢ ᠪᠤᠶᠢᠵᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠶᠠᠰᠤ | ᠴᠢᠨᠠᠷ ᠤᠨ ᠰᠢᠯᠭᠠᠯᠳᠠ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠠᠮᠢᠳᠠᠨ ᠤ | ᠬᠦᠨᠳᠦ ᠶᠡᠭᠡ ᠡᠪᠡᠳᠴᠢᠨ ᠬᠢᠵᠢᠭ ᠪᠠ ᠪᠧᠷᠦ᠋ᠰᠧᠯ ᠡᠪᠡᠳᠴᠢᠨ ᠵᠡᠷᠭᠡ ᠬᠦᠮᠦᠨ ᠮᠠᠯ ᠳᠤ ᠨᠡᠶᠢᠳᠡᠮ | ᠬᠠᠯᠳᠠᠪᠤᠷᠢᠯᠠᠬᠤ ᠡᠪᠡᠳᠴᠢᠨ ᠭᠡᠮ ᠤᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠭᠡᠷᠡᠭᠳᠡᠢ᠃ ᠭᠤᠷᠪᠠ ᠳᠤ᠂ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠭᠡᠯᠪᠡᠷᠢ ᠶᠢ ᠬᠤᠪᠢᠷᠠᠭᠤᠯᠤᠨ᠎ᠠ᠃ ᠤᠯᠠᠨ ᠶᠠᠩᠵᠤ ᠶᠢᠨ | ᠲᠤᠬᠢᠷᠠᠮᠵᠢᠳᠠᠢ ᠭᠡᠪᠴᠢᠶᠡᠵᠢᠭᠰᠡᠨ ᠡᠵᠡᠩᠨᠡᠯᠳᠡ ᠶᠢ ᠢᠳᠡᠪᠬᠢᠳᠡᠢ ᠲᠦᠯᠬᠢᠨ ᠠᠬᠢᠭᠤᠯᠵᠤ᠂ ᠲᠠᠷᠢᠵᠤ ᠮᠠᠯᠵᠢᠬᠤ ᠦᠢᠯᠡᠰ | ᠤᠨ ᠲᠤᠮᠤ ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠂ ᠲᠤᠰᠬᠠᠢ ᠬᠤᠷᠰᠢᠶᠠᠵᠢᠯ ᠵᠡᠷᠭᠡ | ᠰᠢᠨ᠎ᠡ ᠬᠡᠯᠪᠡᠷᠢ ᠶᠢᠨ ᠲᠠᠷᠢᠶᠠᠯᠠᠩ ᠮᠠᠯᠵᠢᠯ ᠤᠨ ᠭᠤᠤᠯ ᠴᠤᠭᠴᠠ ᠶᠢ ᠬᠦᠴᠦ ᠲᠠᠯᠪᠢᠵᠤ ᠬᠦᠭᠵᠢᠬᠦᠯᠬᠦ ᠭᠡᠷᠡᠭᠳᠡᠢ᠃ | ᠡᠳ᠋ ᠤᠨ ᠶᠠᠪᠤᠳᠠᠯ ᠤᠨ ᠬᠠᠮᠢᠶᠠᠷᠤᠯᠳᠠ ᠠᠴᠠ ᠭᠠᠷᠳᠠᠵᠤ᠂ 50 ᠡᠷᠦᠬᠡ ᠲᠤᠰᠬᠠᠢ ᠬᠤᠷᠰᠢᠶᠠᠵᠢᠯ ᠢ ᠲᠦᠷᠢᠮᠵᠢᠬᠦᠯᠦᠨ | ᠂ ᠵᠢᠱᠢᠶ᠎ᠡ ᠦᠵᠡᠬᠦᠯᠬᠦ ᠬᠤᠷᠰᠢᠶᠠᠵᠢᠯ 10 ᠶᠢ ᠪᠤᠢ ᠪᠤᠯᠭᠠᠨ᠎ᠠ᠃ ᠭᠡᠷᠡᠭᠯᠡᠭᠡᠨ ᠤ ᠮᠡᠷᠭᠡᠵᠢᠯ ᠤᠨ ︽4113︾ | ᠰᠢᠨᠵᠢᠯᠡᠭᠡ ᠲᠧᠭᠨᠢᠭ ᠤᠨ ᠪᠤᠯᠪᠠᠰᠤᠷᠠᠯ ᠤᠨ ᠢᠨᠵᠧᠨᠧᠷᠢᠩ ᠢ ᠭᠡᠷᠡᠭᠵᠢᠬᠦᠯᠵᠦ᠂ ᠲᠤᠰᠬᠠᠢ ᠮᠡᠷᠭᠡᠵᠢᠯ ᠤᠨ ᠮᠠᠯᠴᠢᠨ | ᠲᠠᠷᠢᠶᠠᠴᠢᠨ ᠬᠦᠮᠦᠵᠢᠬᠦᠯᠬᠦ ᠵᠢᠱᠢᠶ᠎ᠡ ᠦᠵᠡᠬᠦᠯᠬᠦ ᠬᠤᠰᠢᠭᠤ ᠶᠢᠨ ᠪᠠᠶᠢᠭᠤᠯᠤᠯᠳᠠ ᠶᠢ ᠰᠠᠶᠢᠨ ᠬᠢᠵᠦ᠂ 400 ᠨᠡᠷ᠎ᠡ | ᠲᠤᠰᠬᠠᠢ ᠮᠡᠷᠭᠡᠵᠢᠯ ᠲᠠᠢ ᠮᠠᠯᠴᠢᠨ ᠲᠠᠷᠢᠶᠠᠴᠢᠨ ᠢ ᠬᠦᠮᠦᠵᠢᠬᠦᠯᠦᠨ᠎ᠡ᠃ ᠭᠠᠵᠠᠷ ᠰᠢᠷᠤᠢ ᠨᠤᠳᠤᠭ ᠪᠡᠯᠴᠢᠭᠡᠷ ᠤᠨ | ᠲᠠᠭᠠᠭᠠᠴᠢᠯᠠᠯᠳᠠ ᠶᠢᠨ ᠬᠠᠮᠢᠶᠠᠷᠤᠯᠳᠠ ᠶᠢᠨ ᠴᠢᠳᠠᠪᠤᠷᠢ ᠶᠢ ᠪᠦᠬᠦ ᠲᠠᠯᠠᠪᠠᠷ ᠲᠡᠭᠡᠭᠰᠢᠯᠡᠬᠦᠯᠵᠦ᠂ ᠭᠠᠵᠠᠷ ᠰᠢᠷᠤᠢ | ᠨᠤᠳᠤᠭ ᠪᠡᠯᠴᠢᠭᠡᠷ ᠤᠨ ᠬᠠᠤᠯᠢ ᠶᠤᠰᠤᠭᠠᠷ᠂ ᠰᠠᠶᠢᠨ ᠲᠤᠷ᠎ᠠ ᠪᠠᠷ᠂ ᠲᠦᠯᠦᠪᠦᠷᠢ ᠲᠠᠢ ᠪᠠᠷ ᠰᠢᠯᠵᠢᠬᠦ ᠶᠢ ᠠᠬᠢᠭᠤᠯᠬᠤ | ᠭᠡᠷᠡᠭᠳᠡᠢ᠃ | — — ᠡᠬᠢ ᠪᠠᠶᠠᠯᠢᠭ ᠤᠨ ᠪᠤᠰᠤ ᠬᠡᠯᠪᠡᠷᠢᠳᠦ ᠠᠵᠤ ᠦᠢᠯᠡᠰ ᠢᠶᠠᠷ ᠭᠤᠤᠯ ᠰᠢᠪᠳᠤᠯᠬᠤ ᠴᠢᠭᠯᠡᠯ | ᠪᠤᠯᠭᠠᠭᠰᠠᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢ ᠲᠦᠷᠭᠡᠨ ᠬᠦᠭᠵᠢᠬᠦᠯᠬᠦ ᠭᠡᠷᠡᠭᠳᠡᠢ᠃ ᠨᠢᠬᠡ ᠳᠤ᠂ | ᠤᠳᠤ ᠪᠠᠶᠢᠭ᠎ᠠ ᠠᠵᠤ ᠠᠬᠤᠶᠢᠯᠠᠯ ᠤᠨ ᠡᠷᠬᠢᠯᠳᠦᠯ ᠢ ᠪᠦᠬᠦ ᠬᠦᠴᠦᠨ ᠢᠶᠠᠷ ᠲᠤᠭᠳᠠᠪᠤᠷᠢᠵᠢᠭᠤᠯᠤᠨ᠎ᠠ᠃ ᠠᠵᠤ ᠠᠬᠤᠢ | ᠶᠢᠨ ᠡᠷᠬᠢᠯᠳᠦᠯ ᠢ ᠲᠤᠬᠢᠷᠠᠭᠤᠯᠬᠤ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠲᠠᠷᠤᠭᠠᠰᠤ ᠶᠢ ᠨᠢ | ᠬᠦᠩᠬᠡᠯᠡᠨ᠂ ᠦᠷ᠎ᠡ ᠠᠰᠢᠭ ᠢ ᠨᠢ ᠨᠡᠮᠡᠭᠳᠡᠬᠦᠯᠵᠦ᠂ ᠠᠵᠤ ᠠᠬᠤᠢ ᠶᠢᠨ ᠨᠡᠮᠡᠭᠳᠡᠯ ᠤᠨ ᠰᠠᠭᠤᠷᠢ ᠶᠢ ᠲᠤᠭᠳᠠᠭᠤᠨ | ᠪᠠᠶᠢᠯᠭᠠᠬᠤ ᠭᠡᠷᠡᠭᠳᠡᠢ᠃ ᠲᠠᠯ᠎ᠠ ᠨᠤᠳᠤᠭ ᠠᠷᠢᠬᠢᠨ ᠦᠢᠯᠡᠳᠪᠦᠷᠢ ᠶᠢ ᠵᠢᠯᠤᠭᠤᠳᠤᠨ ᠶᠠᠰᠤ ᠴᠢᠨᠠᠷ ᠤᠨ ᠬᠢᠨᠠᠨ | ᠡᠵᠡᠮᠰᠢᠯ ᠢ ᠴᠢᠩᠭᠠᠳᠬᠠᠵᠤ᠂ ᠵᠠᠬ᠎ᠠ ᠲᠡᠯᠬᠡᠬᠦᠷ ᠢ ᠡᠵᠡᠮᠳᠡᠬᠦ ᠴᠢᠳᠠᠪᠤᠷᠢ ᠶᠢ ᠨᠢ ᠴᠢᠩᠭᠠᠷᠠᠭᠤᠯᠤᠨ᠎ᠠ᠃ ᠬᠤᠩ ᠵᠢᠩ | ᠶᠤᠸᠠᠨ ᠲᠤᠰᠤᠨ ᠤ ᠦᠢᠯᠡᠳᠪᠦᠷᠢ ᠶᠢ ᠬᠠᠪᠰᠤᠷᠤᠨ ᠪᠡᠯᠡ ᠮᠦᠩᠬᠦᠨ ᠤ ᠬᠦᠴᠢᠷᠳᠡᠯ ᠢ ᠨᠢ ᠰᠢᠢᠳᠪᠦᠷᠢᠯᠡᠵᠦ᠂ | ᠮᠡᠷᠭᠡᠵᠢᠯ ᠢᠶᠠᠨ ᠦᠬᠡᠷᠡᠴᠢᠯᠡᠵᠦ ᠦᠢᠯᠡᠳᠪᠦᠷᠢ ᠪᠠᠨ ᠨᠡᠬᠦᠬᠦ ᠲᠦᠷᠦᠯ ᠵᠦᠢᠯ ᠢ ᠤᠷᠤᠭᠰᠢᠳᠠᠢ ᠶᠠᠪᠤᠭᠳᠠᠭᠤᠯᠤᠨ᠎ᠠ᠃ | ᠠᠵᠤ ᠦᠢᠯᠡᠳᠪᠦᠷᠢ ᠶᠢᠨ ᠬᠦᠭᠵᠢᠬᠦᠯᠦᠯᠳᠡ ᠶᠢᠨ ᠰᠠᠭᠤᠷᠢ ᠮᠦᠩᠬᠦ ᠶᠢᠨ ᠨᠦᠬᠦᠪᠦᠷᠢ᠂ ᠱᠠᠩᠨᠠᠯ ᠢᠶᠠᠷ ᠨᠦᠬᠦᠪᠦᠷᠢ ᠶᠢ | ᠤᠷᠤᠯᠠᠭᠤᠯᠬᠤ ᠵᠡᠷᠭᠡ ᠤᠯᠠᠨ ᠵᠦᠢᠯ ᠤᠨ ᠠᠷᠭ᠎ᠠ ᠭᠡᠯᠪᠡᠷᠢ ᠪᠠᠷ ᠲᠠᠮᠵᠢᠨ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠢ ᠲᠡᠮᠵᠢᠬᠦ ᠡᠷᠴᠢᠮ ᠢᠶᠠᠨ ᠴᠢᠩᠭᠠᠷᠠᠭᠤᠯᠬᠤ ᠭᠡᠷᠡᠭᠳᠡᠢ᠃ ᠪᠠᠩᠬᠢ ᠪᠠ ᠠᠵᠤ ᠠᠬᠤᠶᠢᠯᠠᠯ ᠤᠨ | ᠬᠠᠮᠳᠤᠷᠠᠯᠴᠠᠭᠠᠨ ᠤ ᠲᠠᠪᠴᠠᠩ ᠢ ᠢᠳᠡᠪᠬᠢᠳᠡᠢ ᠪᠠᠶᠢᠭᠤᠯᠵᠤ᠂ ᠵᠠᠰᠠᠭ ᠤᠨ ᠤᠷᠳᠤᠨ ᠤ ᠴᠢᠨᠠᠷᠳᠠᠢ ᠪᠠᠳᠤᠯᠠᠭᠠᠳᠤ | ᠪᠡᠯᠡ ᠮᠦᠩᠬᠦ ᠶᠢᠨ ᠡᠷᠬᠢᠯᠳᠦᠯ ᠤᠨ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠬᠦ ᠭᠡᠷᠡᠭᠳᠡᠢ᠃ ᠴᠠᠬᠢᠯᠭᠠᠨ | ᠬᠦᠴᠦᠨ ᠤ ᠶᠡᠷᠦᠩᠬᠡᠶᠢᠯᠡᠨ ᠲᠡᠳᠬᠦᠬᠦ ᠲᠦᠷᠦ ᠶᠢᠨ ᠪᠤᠳᠤᠯᠭ᠎ᠠ ᠶᠢ ᠰᠠᠶᠢᠨ ᠨᠠᠶᠢᠳᠠᠪᠤᠷᠢᠵᠢᠭᠤᠯᠵᠤ᠂ ᠡᠨᠧᠷᠬᠢ ᠶᠢᠨ | ᠬᠤᠷᠤᠭᠳᠠᠯ ᠦᠨᠳᠦᠷ ᠠᠵᠤ ᠠᠬᠤᠶᠢᠯᠠᠯ ᠤᠨ ᠴᠠᠬᠢᠯᠭᠠᠨ ᠤ ᠵᠠᠷᠤᠳᠠᠯ ᠢ ᠪᠦᠳᠦᠮᠵᠢᠳᠡᠢ ᠪᠠᠭᠠᠰᠬᠠᠨ᠎ᠠ᠃ ᠬᠤᠶᠠᠷ | ᠲᠤ᠂ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠤᠨ ᠪᠠᠶᠢᠭᠤᠯᠤᠯᠳᠠ ᠶᠢ ᠲᠦᠯᠬᠢᠨ | ᠠᠬᠢᠭᠤᠯᠤᠨ᠎ᠠ᠃ ᠡᠨᠡ ᠵᠢᠯ 1.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠪᠤᠤᠴᠠᠩ ᠤᠨ ᠲᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠤᠨ ᠤᠰᠤ᠂ ᠴᠠᠬᠢᠯᠭᠠᠨ᠂ ᠵᠠᠮ ᠵᠡᠷᠭᠡ ᠰᠠᠭᠤᠷᠢ | ᠲᠦᠬᠦᠭᠡᠷᠦᠮᠵᠢ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠦᠨ᠎ᠡ᠃ ᠠᠷᠢᠭᠤᠳᠬᠠᠭᠰᠠᠨ ᠤᠰᠤᠨ ᠤ ᠲᠦᠬᠦᠭᠡᠷᠦᠮᠵᠢ | ᠦᠢᠯᠡᠳᠪᠦᠷᠢᠯᠡᠬᠦ᠂ ᠰᠢᠨ᠎ᠡ ᠬᠡᠯᠪᠡᠷᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠦᠢᠯᠡᠳᠪᠦᠷᠢᠯᠡᠬᠦ | ᠵᠢᠴᠢ ᠰᠠᠯᠬᠢ ᠭᠡᠷᠡᠯ ᠨᠦᠬᠦᠴᠡᠯᠳᠦᠭᠰᠡᠨ ᠲᠦᠷᠦᠯ ᠵᠦᠢᠯ ᠢ ᠡᠨᠡ ᠵᠢᠯ ᠦᠢᠯᠡᠳᠪᠦᠷᠢᠯᠡᠯ ᠡᠬᠢᠯᠡᠬᠦᠯᠵᠦ ᠦᠷ᠎ᠡ ᠠᠰᠢᠭ | ᠭᠠᠷᠭᠠᠬᠤ ᠪᠠᠷ ᠴᠢᠷᠮᠠᠶᠢᠵᠤ᠂ ᠯᠢᠲ ᠴᠠᠬᠢᠯᠭᠠᠨ ᠴᠡᠨᠡᠭ ᠦᠢᠯᠡᠳᠪᠦᠷᠢᠯᠡᠬᠦ ᠲᠦᠷᠦᠯ ᠵᠦᠢᠯ ᠤᠨ ᠪᠠᠶᠢᠭᠤᠯᠤᠯᠳᠠ ᠶᠢ | ᠢᠳᠡᠪᠬᠢᠳᠡᠢ ᠲᠦᠯᠬᠢᠨ ᠠᠬᠢᠭᠤᠯᠵᠤ᠂ ᠳ᠋ᠠᠯᠢᠶᠠᠨ ᠤ ᠲᠡᠮᠦᠷᠯᠢᠭ ᠬᠠᠶᠢᠯᠠᠭᠤᠯᠵᠤ ᠬᠤᠯᠬᠤᠪᠴᠢ ᠬᠢᠬᠦ ᠲᠦᠷᠦᠯ ᠵᠦᠢᠯ | ᠢ 5 ᠰᠠᠷ᠎ᠠ ᠳᠤ ᠪᠦᠳᠦᠭᠡᠨ ᠪᠠᠶᠢᠭᠤᠯᠤᠯᠳᠠ ᠡᠬᠢᠯᠡᠬᠦᠯᠦᠨ᠋᠂ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ | ᠲᠦᠷᠦᠯ ᠵᠦᠢᠯ ᠤᠨ ᠲᠦᠷᠦᠬᠦᠴᠢ ᠬᠤᠭᠤᠴᠠᠭᠠᠨ ᠤ ᠠᠵᠢᠯ ᠢ ᠡᠬᠢᠯᠡᠨ᠎ᠡ᠃ ᠦᠪᠡᠷᠳᠡᠭᠡᠨ ᠵᠠᠰᠠᠬᠤ ᠤᠷᠤᠨ ᠤ ᠲᠡᠰ | ᠤᠨ ᠠᠵᠤ ᠦᠢᠯᠡᠳᠪᠦᠷᠢ ᠶᠢᠨ ᠤᠷᠤᠨ ᠲᠤᠭᠤᠷᠢᠭ ᠢᠶᠠᠷ ᠡᠷᠡᠮᠡᠯᠵᠡᠯᠡᠨ ᠮᠡᠳᠡᠬᠦᠯᠬᠦ ᠠᠵᠢᠯ ᠢ ᠢᠳᠡᠪᠬᠢᠳᠡᠢ ᠰᠠᠶᠢᠨ ᠬᠢᠬᠦ | ᠭᠡᠷᠡᠭᠳᠡᠢ᠃ ᠡᠨᠡ ᠵᠢᠯ ᠪᠠᠰᠠ 2 ᠠᠵᠤ ᠠᠬᠤᠶᠢᠯᠠᠯ ᠢ ᠤᠷᠤᠨ ᠲᠤᠭᠤᠷᠢᠭ ᠲᠤ ᠤᠷᠤᠭᠤᠯᠵᠤ᠂ ᠨᠡᠶᠢᠳᠡ 13 | ᠡᠷᠦᠬᠡ ᠳᠤ ᠬᠦᠷᠭᠡᠨ᠎ᠡ᠃ ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠦᠢᠯᠡᠰ ᠪᠦᠳᠦᠬᠡᠬᠦ ᠤᠷᠤᠨ ᠲᠤᠭᠤᠷᠢᠭ | ᠤᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠠᠵᠤ ᠠᠬᠤᠶᠢᠯᠠᠯ ᠤᠨ ᠪᠡᠯᠡ ᠤᠷᠤᠭᠤᠯᠬᠤ ᠡᠷᠴᠢᠮ ᠪᠠ | ᠦᠢᠯᠡᠳᠪᠦᠷᠢᠯᠡᠯ ᠡᠬᠢᠯᠡᠬᠦ ᠴᠠᠭ ᠤᠨ ᠬᠢᠵᠠᠭᠠᠷ ᠢ ᠱᠠᠭᠠᠷᠳᠠᠵᠤ᠂ ᠦᠢᠯᠡᠰ ᠪᠦᠳᠦᠬᠡᠬᠦ ᠬᠡᠯᠪᠡᠷᠢ ᠶᠢᠨ ᠠᠵᠤ ᠠᠬᠤᠶᠢᠯᠠᠯ | ᠤᠨ ᠬᠦᠭᠵᠢᠯᠳᠡ ᠶᠢ ᠵᠤᠷᠢᠬᠵᠢᠭᠤᠯᠤᠨ ᠲᠡᠳᠬᠦᠵᠦ᠂ ᠬᠤᠶᠠᠷ ᠤᠷᠤᠨ ᠲᠤᠭᠤᠷᠢᠭ ᠤᠨ ᠬᠠᠷᠢᠯᠴᠠᠨ ᠲᠠᠶᠢᠴᠢᠯᠠᠵᠤ | ᠬᠠᠮᠳᠤᠪᠠᠷ ᠬᠦᠭᠵᠢᠬᠦ ᠶᠢ ᠪᠡᠶᠡᠯᠡᠬᠦᠯᠦᠨ᠎ᠡ᠃ ᠭᠤᠷᠪᠠ ᠳᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠡᠷᠴᠢᠮ | ᠢ ᠴᠢᠩᠭᠠᠷᠠᠭᠤᠯᠤᠨ᠎ᠠ᠃ ᠪᠡᠭᠡᠵᠢᠩ ᠲᠢᠶᠠᠨᠵᠢᠨ ᠾᠧᠪᠸᠢ ᠶᠢᠨ ᠬᠠᠮᠳᠤᠷᠠᠯᠴᠠᠨ ᠬᠦᠭᠵᠢᠬᠦ ᠠᠵᠤ ᠦᠢᠯᠡᠰ᠂ | ᠪᠡᠭᠡᠵᠢᠩ ᠾᠧᠪᠸᠢ ᠶᠢᠨ ᠡᠪᠦᠯ ᠤᠨ ᠤᠯᠠᠷᠢᠯ ᠤᠨ ᠤᠯᠢᠮᠫᠢᠺ ᠤᠨ ᠴᠤᠭᠯᠠᠭᠠᠨ ᠡᠷᠡᠮᠡᠯᠵᠡᠯᠡᠬᠦ ᠠᠵᠢᠯ᠂ ᠰᠢᠯᠢ ᠶᠢᠨ | ᠭᠤᠤᠯ ᠠᠶᠢᠮᠠᠭ ᠤᠨ ᠡᠬᠢ ᠪᠠᠶᠠᠯᠢᠭ ᠤᠨ ᠪᠤᠰᠤ ᠠᠵᠤ ᠦᠢᠯᠡᠰ ᠤᠨ ᠲᠦᠷᠦᠯ ᠵᠦᠢᠯ ᠤᠨ ᠲᠠᠶᠢᠹᠤᠰᠧ ᠬᠤᠰᠢᠭᠤ | ᠶᠢ ᠭᠤᠤᠯᠳᠠᠭᠠᠳᠠᠢ ᠲᠡᠳᠬᠦᠬᠦ ᠠᠵᠢᠯ ᠵᠡᠷᠭᠡ ᠠᠰᠢᠭᠳᠠᠢ ᠲᠤᠬᠢᠶᠠᠯ ᠢ ᠡᠵᠡᠮᠳᠡᠵᠦ᠂ ᠬᠠᠷᠢᠴᠠᠩᠭᠤᠢ ᠲᠠᠪᠠᠭᠤᠯᠢᠭ ᠢᠶᠠᠨ | ᠪᠠᠳᠠᠷᠠᠭᠤᠯᠤᠨ᠂ ᠤᠳᠤᠬᠢᠴᠢᠯᠠᠭᠰᠠᠨ ᠲᠤᠨᠤᠭ ᠲᠦᠬᠦᠭᠡᠷᠦᠮᠵᠢ ᠦᠢᠯᠡᠳᠬᠦ᠂ ᠮᠠᠯ ᠲᠠᠷᠢᠶᠠᠯᠠᠩ ᠤᠨ ᠪᠦᠳᠦᠭᠡᠭᠳᠡᠬᠦᠨ | ᠪᠤᠯᠪᠠᠰᠤᠷᠠᠭᠤᠯᠬᠤ᠂ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢᠶᠠᠷ ᠭᠤᠤᠯᠳᠠᠯᠭ᠎ᠠ ᠪᠤᠯᠭᠠᠵᠤ ᠂ ᠪᠡᠯᠡ | ᠤᠷᠤᠭᠤᠯᠤᠯᠳᠠ ᠨᠢ ᠶᠡᠭᠡ᠂ ᠲᠠᠭᠠᠯᠳᠠ ᠦᠷᠳᠡᠭ ᠨᠢ ᠦᠨᠳᠦᠷ᠂ ᠠᠵᠤ ᠦᠢᠯᠡᠰ ᠤᠨ ᠲᠠᠶᠢᠴᠢᠯᠠᠭ᠎ᠠ ᠪᠠᠷ ᠴᠢᠩᠭ᠎ᠠ | ᠨᠢᠬᠡ ᠪᠦᠯᠦᠭ ᠲᠦᠷᠦᠯ ᠵᠦᠢᠯ ᠢ ᠤᠷᠤᠭᠤᠯᠤᠨ᠂ ᠠᠵᠤ ᠦᠢᠯᠡᠰ ᠤᠨ ᠲᠦᠪᠯᠡᠷᠡᠬᠦ ᠪᠠ ᠱᠠᠳᠤ ᠲᠡᠪᠰᠢᠬᠦ ᠶᠢ | ᠲᠦᠷᠭᠡᠳᠭᠡᠬᠦ ᠭᠡᠷᠡᠭᠳᠡᠢ᠃ ᠪᠦᠬᠦ ᠵᠢᠯ ᠳᠤ ᠠᠷᠠᠯᠵᠢᠶᠠᠴᠢᠨ ᠤᠷᠢᠵᠤ ᠤᠷᠤᠭᠤᠯᠬᠤ ᠪᠡᠯᠡ ᠮᠦᠩᠬᠦ ᠶᠢ 18 | ᠳ᠋ᠦᠩᠰᠢᠭᠤᠷ ᠲᠦᠭᠦᠷᠢᠭ ᠲᠤ ᠬᠦᠷᠭᠡᠨ᠎ᠡ᠃ | — — ᠰᠤᠶᠤᠯ ᠵᠢᠭᠤᠯᠴᠢᠯᠠᠯ ᠢᠶᠠᠷ ᠭᠤᠤᠯ ᠪᠤᠯᠭᠠᠭᠰᠠᠨ ᠤᠳᠤ ᠦᠶ᠎ᠡ ᠶᠢᠨ ᠦᠢᠯᠡᠴᠢᠯᠡᠬᠡᠨ ᠤ | ᠦᠢᠯᠡᠰ ᠤᠨ ᠱᠠᠳᠤ ᠲᠡᠪᠰᠢᠬᠦ ᠶᠢ ᠲᠦᠷᠭᠡᠳᠭᠡᠨ ᠠᠬᠢᠭᠤᠯᠬᠤ ᠭᠡᠷᠡᠭᠳᠡᠢ᠃ ᠨᠢᠬᠡ ᠳᠤ᠂ ᠲᠠᠯ᠎ᠠ ᠨᠤᠳᠤᠭ ᠤᠨ | ᠤᠨᠴᠠᠯᠢᠭᠳᠤ ᠵᠢᠭᠤᠯᠴᠢᠯᠠᠯ ᠤᠨ ᠦᠢᠯᠡᠰ ᠢ ᠬᠦᠴᠦ ᠲᠠᠯᠪᠢᠵᠤ ᠬᠦᠭᠵᠢᠬᠦᠯᠦᠨ᠎ᠡ᠃ ᠪᠦᠬᠦ ᠠᠶᠢᠮᠠᠭ ᠤᠨ ︽ | ᠲᠤᠮᠳᠠᠳᠤ ᠤᠯᠤᠰ ᠤᠨ ᠠᠳᠤᠭᠤᠳᠤ ᠨᠤᠳᠤᠭ︾ ᠤᠨ ᠲᠠᠪᠴᠠᠩ ᠢ ᠠᠰᠢᠭᠯᠠᠵᠤ᠂ ᠠᠳᠤᠭᠤᠨ ᠰᠤᠶᠤᠯ ᠢ | ᠬᠦᠭᠵᠢᠬᠦᠯᠬᠦ ᠲᠡᠭᠡᠷ᠎ᠡ ᠬᠦᠴᠦ ᠤᠷᠤᠭᠤᠯᠤᠨ᠂ ︽ ᠬᠠᠭᠠᠨ ᠤ ᠠᠳᠤᠭᠤᠨ ᠵᠤᠰᠠᠭᠠᠯ ︾ ᠦᠵᠡᠮᠵᠢᠳᠦ ᠤᠷᠤᠨ ᠤ | ᠪᠦᠳᠦᠬᠡᠨ ᠪᠠᠶᠢᠭᠤᠯᠤᠯᠳᠠ ᠶᠢ ᠤᠯᠠᠮ ᠲᠡᠬᠦᠯᠳᠡᠷᠵᠢᠬᠦᠯᠵᠦ᠂ ᠦᠪᠡᠷᠳᠡᠭᠡᠨ ᠵᠢᠭᠤᠯᠴᠢᠯᠠᠭᠰᠠᠳ ᠤᠨ ᠵᠤᠭᠰᠤᠭᠠᠯ | ᠪᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠪᠡᠶᠡᠯᠡᠬᠦᠯᠦᠨ᠎ᠡ᠃ ᠡᠨᠡ ᠵᠢᠯ ᠫᠤᠤᠲ᠋ᠠᠶᠢᠶ᠋ᠢᠩᠽᠢ | ᠶᠢ ᠦᠪᠡᠷᠮᠢᠴᠡ ᠭᠡᠪ ᠨᠠᠮᠪᠠᠳᠤ ᠪᠠᠯᠭᠠᠰᠤ ᠪᠤᠯᠭᠠᠨ ᠪᠠᠶᠢᠭᠤᠯᠬᠤ ᠲᠦᠯᠦᠪᠵᠢᠬᠦᠯᠬᠡ ᠶᠢ ᠦᠪᠡᠷᠳᠡᠭᠡᠨ ᠵᠠᠰᠠᠬᠤ | ᠤᠷᠤᠨ ᠢᠶᠠᠷ ᠬᠢᠨᠠᠨ ᠵᠦᠪᠰᠢᠶᠡᠷᠡᠬᠦᠯᠵᠦ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠠᠯᠠᠪᠠᠷ ᠪᠤᠳᠠᠳᠠᠢ | ᠠᠬᠢᠯᠳᠠ ᠭᠠᠷᠭᠠᠨ᠎ᠠ᠃ ᠰᠢᠯᠢᠳᠡᠭ ᠡᠬᠦᠯᠳᠡᠷ ᠤᠨ ᠮᠤᠷᠢ ᠮᠠᠯᠵᠢᠬᠤ ᠲᠤᠰᠬᠠᠢ ᠬᠤᠷᠰᠢᠶᠠᠵᠢᠯ ᠳᠤ ᠲᠦᠰᠢᠭᠯᠡᠨ᠂ | ᠠᠳᠤᠭᠤᠨ ᠤ ᠡᠬᠦᠯᠳᠡᠷ ᠰᠠᠶᠢᠵᠢᠷᠠᠯᠳᠠ ᠶᠢ ᠲᠦᠯᠬᠢᠨ ᠠᠬᠢᠭᠤᠯᠵᠤ᠂ ᠠᠳᠤᠭᠤ ᠠᠷᠠᠯᠵᠢᠶᠠᠯᠠᠬᠤ ᠵᠠᠬ᠎ᠠ ᠲᠡᠯᠬᠡᠬᠦᠷ ᠢ | ᠨᠡᠬᠡᠬᠡᠨ᠎ᠡ᠃ ᠮᠠᠯᠴᠢᠨ ᠲᠠᠷᠢᠶᠠᠴᠢᠨ ᠡᠷᠦᠬᠡ ᠶᠢ ᠵᠢᠯᠤᠭᠤᠳᠤᠨ᠂ ᠵᠢᠭᠤᠯᠴᠢᠯᠠᠯ ᠤᠨ ᠦᠢᠯᠡᠰ ᠢ ᠡᠷᠡᠬᠦᠯ ᠢᠶᠠᠷ | ᠬᠦᠭᠵᠢᠬᠦᠯᠵᠦ᠂ ᠬᠤᠶᠢᠳᠤ ᠸᠠᠶᠤᠤ ᠦᠨᠳᠦᠰᠦᠳᠡᠨ ᠤ ᠤᠨᠴᠠᠯᠢᠭᠳᠤ ᠠᠶᠢᠯ ᠬᠤᠳᠠ ᠪᠠ ᠪᠢᠶᠠᠨ ᠴᠢᠶᠠᠩ ᠠᠮᠢ | ᠠᠬᠤᠢ ᠶᠢᠨ ᠵᠢᠭᠤᠯᠴᠢᠯᠠᠯ ᠤᠨ ᠲᠤᠰᠬᠤᠨ ᠤ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ | ᠵᠢᠭᠤᠯᠴᠢᠯᠠᠯ ᠤᠨ ᠰᠢᠨ᠎ᠡ ᠬᠡᠯᠪᠡᠷᠢ ᠶᠢ ᠢᠳᠡᠪᠬᠢᠳᠡᠢ ᠰᠦᠪᠡᠭᠴᠢᠯᠡᠵᠦ᠂ ︽ᠵᠠᠯᠠᠭᠤᠴᠤᠳ ᠪᠠᠭᠠᠴᠤᠳ ᠤᠨ | ᠡᠪᠦᠯᠵᠢᠶ᠎ᠡ᠂ ᠵᠤᠰᠠᠯᠠᠩ︾ ᠤᠨ ᠰᠠᠭᠤᠷᠢᠨ ᠭᠠᠵᠠᠷ ᠢ ᠲᠦᠯᠦᠪᠵᠢᠬᠦᠯᠦᠨ ᠪᠠᠶᠢᠭᠤᠯᠤᠨ᠎ᠠ᠃ ᠬᠤᠶᠠᠷ ᠲᠤ᠂ | ᠠᠷᠠᠯᠵᠢᠶ᠎ᠠ ᠬᠦᠢᠯᠬᠡᠬᠡᠨ ᠤ ᠦᠢᠯᠡᠰ ᠤᠨ ᠬᠦᠭᠵᠢᠯᠳᠡ ᠶᠢ ᠬᠦᠴᠦᠳᠡᠢ ᠲᠦᠯᠬᠢᠨ ᠠᠬᠢᠭᠤᠯᠤᠨ᠎ᠠ᠃ ᠠᠷᠠᠯᠵᠢᠶ᠎ᠠ | ᠬᠦᠢᠯᠬᠡᠬᠡᠨ ᠤ ᠤᠷᠤᠨ ᠲᠤᠭᠤᠷᠢᠭ ᠤᠨ ᠲᠦᠯᠦᠪᠵᠢᠬᠦᠯᠬᠡ ᠶᠤᠰᠤᠭᠠᠷ᠂ ᠠᠷᠠᠯᠵᠢᠶᠠᠴᠢᠨ ᠤᠷᠢᠬᠤ᠂ ᠭᠠᠵᠠᠷ | ᠰᠢᠷᠤᠢ ᠲᠠᠳᠠᠪᠤᠷᠢᠯᠠᠨ ᠭᠡᠷᠡᠭᠯᠡᠬᠦ ᠵᠡᠷᠭᠡ ᠠᠵᠢᠯ ᠢ ᠢᠳᠡᠪᠬᠢᠳᠡᠢ ᠰᠠᠶᠢᠨ ᠬᠢᠬᠦ ᠭᠡᠷᠡᠭᠳᠡᠢ᠃ ᠰᠢᠨ᠎ᠡ ᠲᠡᠷᠭᠡᠨ ᠦᠷᠳᠡᠭᠡ | ᠶᠢ ᠡᠨᠡ ᠵᠢᠯ ᠠᠰᠢᠭᠯᠠᠯᠳᠠ ᠳᠤ ᠤᠷᠤᠭᠤᠯᠵᠤ᠂ ᠲᠢᠶᠠᠨ ᠪᠤᠤ ᠮᠠᠰᠢᠨ ᠲᠡᠷᠭᠡ ᠰᠡᠯᠪᠢᠨ ᠵᠠᠰᠠᠬᠤ ᠪᠠ ᠠᠷᠠᠯᠵᠢᠶᠠᠯᠠᠬᠤ | ᠤᠷᠤᠨ ᠲᠤᠭᠤᠷᠢᠭ ᠤᠨ ᠢᠵᠢ ᠪᠦᠷᠢᠳᠦᠭᠰᠡᠨ ᠲᠦᠬᠦᠭᠡᠷᠦᠮᠵᠢ ᠶᠢ ᠲᠡᠬᠦᠯᠳᠡᠷᠵᠢᠬᠦᠯᠵᠦ᠂ ᠬᠠᠷᠢᠯᠴᠠᠨ ᠲᠠᠶᠢᠴᠢᠯᠠᠬᠤ | ᠦᠢᠯᠡᠳᠦᠯ ᠢ ᠨᠢ ᠪᠠᠳᠠᠷᠠᠭᠤᠯᠤᠨ᠎ᠠ᠃ ᠲᠠᠭᠠᠭᠤᠯᠤᠭᠴᠢ ᠠᠵᠤ ᠠᠬᠤᠶᠢᠯᠠᠯ ᠢ ᠤᠷᠤᠭᠤᠯᠬᠤ ᠪᠠ ᠬᠠᠪᠰᠤᠷᠤᠨ | ᠲᠡᠳᠬᠦᠵᠦ᠂ ᠰᠢᠯᠢ ᠶᠢᠨ ᠭᠤᠤᠯ ᠠᠶᠢᠮᠠᠭ ᠤᠨ ᠲᠦᠮᠦᠰᠦ ᠲᠠᠷᠢᠬᠤ᠂ ᠬᠦᠮᠦᠷᠭᠡᠯᠡᠨ ᠬᠠᠳᠠᠭᠠᠯᠠᠬᠤ ᠪᠠ ᠡᠳ᠋ᠰᠢᠬᠦᠯᠦᠨ | ᠪᠤᠯᠪᠠᠰᠤᠷᠠᠭᠤᠯᠬᠤ ᠠᠵᠤ ᠦᠢᠯᠡᠰ ᠤᠨ ᠭᠡᠯᠬᠢᠶᠡᠰᠦ ᠬᠢᠭᠡᠳ ᠠᠷᠠᠯᠵᠢᠶᠠᠨ ᠤ ᠤᠷᠤᠨ ᠲᠤᠭᠤᠷᠢᠭ ᠢ ᠡᠬᠦᠳᠦᠨ | ᠪᠠᠶᠢᠭᠤᠯᠤᠨ᠎ᠠ᠃ ᠴᠢᠶᠠᠨ ᠶᠢᠨ ᠭᠸᠦ ᠪᠠᠯᠭᠠᠰᠤᠨ ᠤ ᠭᠸᠦ ᠮᠧᠨ ᠲᠤᠰᠬᠤᠨ ᠤ ᠢᠳᠡᠰᠢᠨ ᠨᠤᠭᠤᠭᠠᠨ ᠤ ᠵᠠᠬ᠎ᠠ ᠶᠢ | ᠲᠡᠰ ᠲᠡᠪᠰᠢᠬᠦᠯᠵᠦ᠂ ᠰᠤᠮᠤ ᠰᠢᠶᠠᠩ ᠪᠠᠯᠭᠠᠰᠤᠨ ᠤ ᠠᠷᠠᠯᠵᠢᠶᠠᠨ ᠤ ᠲᠦᠪ 1 ᠶᠢ ᠪᠠᠶᠢᠭᠤᠯᠤᠨ᠂ ᠲᠢᠶᠠᠨ ᠮᠠ | ᠡᠳᠦᠷ ᠲᠤᠳᠤᠮ ᠤᠨ ᠭᠡᠷᠡᠭᠯᠡᠭᠡᠨ ᠤ ᠪᠤᠳᠠᠰ ᠲᠤᠬᠢᠷᠠᠭᠤᠯᠤᠨ ᠬᠦᠷᠭᠡᠬᠦ ᠲᠦᠪ ᠤᠨ ᠦᠷᠭᠡᠳᠭᠡᠨ ᠪᠠᠶᠢᠭᠤᠯᠬᠤ ᠠᠵᠢᠯ | ᠢ ᠲᠠᠭᠤᠰᠬᠠᠵᠤ ᠠᠰᠢᠭᠯᠠᠯᠳᠠ ᠳᠤ ᠤᠷᠤᠭᠤᠯᠤᠨ᠎ᠠ᠃ ᠭᠤᠷᠪᠠ ᠳᠤ᠂ ᠮᠦᠩᠬᠦᠨ ᠬᠦᠢᠯᠬᠡᠬᠡᠨ ᠤ ᠦᠢᠯᠡᠴᠢᠯᠡᠬᠦ | ᠴᠢᠳᠠᠪᠤᠷᠢ ᠶᠢ ᠲᠠᠰᠤᠷᠠᠯᠳᠠ ᠦᠬᠡᠢ ᠴᠢᠩᠭᠠᠷᠠᠭᠤᠯᠤᠨ᠎ᠠ᠃ ᠤᠳᠤ ᠪᠠᠶᠢᠭ᠎ᠠ ᠪᠠᠩᠬᠢ᠂ ᠲᠠᠭᠠᠳᠬᠠᠯ ᠤᠨ ᠺᠤᠮᠫᠠᠨᠢ ᠵᠡᠷᠭᠡ | ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠬᠦᠭᠵᠢᠬᠦᠯᠦᠨ ᠪᠤᠵᠠᠭᠠᠶᠢᠷᠠᠭᠤᠯᠵᠤ᠂ ᠡᠨᠡ ᠵᠢᠯ ᠪᠠᠰᠠ 1 ᠡᠷᠦᠬᠡ | ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠤᠷᠢᠵᠤ ᠤᠷᠤᠭᠤᠯᠤᠨ᠂ ᠬᠤᠰᠢᠭᠤ ᠰᠢᠶᠠᠨ ᠤ ᠪᠡᠯᠡ | ᠤᠷᠤᠭᠤᠯᠤᠯᠳᠤ ᠪᠠᠳᠤᠯᠠᠭᠠᠳᠤ ᠪᠠᠶᠢᠭᠤᠯᠤᠮᠵᠢ 1 ᠶᠢ ᠲᠤᠬᠢᠷᠠᠭᠤᠯᠵᠤ᠂ ᠦᠪᠦᠷ ᠮᠤᠩᠭᠤᠯ ᠤᠨ ᠬᠤᠪᠢᠴᠠᠭᠠᠠᠨ ᠤ | ᠡᠷᠭᠡᠳᠦ ᠰᠤᠯᠢᠯᠴᠠᠭᠠᠨ ᠤ ᠲᠦᠪ ᠤᠨ 1 ᠡᠷᠦᠬᠡ ᠠᠵᠤ ᠠᠬᠤᠶᠢᠯᠠᠯ ᠨᠢ ᠡᠷᠦᠬᠡ ᠰᠡᠬᠦᠨ᠎ᠡ ᠃ ᠪᠠᠳᠤᠯᠠᠭᠠᠳᠤ | ᠵᠢᠬᠡᠯᠡᠯᠬᠡ᠂ ᠲᠠᠮ ᠬᠦᠦ ᠲᠠᠢ ᠵᠢᠬᠡᠯᠡᠯᠬᠡ ᠵᠡᠷᠭᠡ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠤᠨ ᠦᠢᠯᠡᠳᠦᠯ ᠢ | ᠪᠠᠳᠠᠷᠠᠭᠤᠯᠤᠨ᠂ ᠪᠡᠯᠡ ᠤᠷᠤᠭᠤᠯᠬᠤ ᠭᠡᠪᠴᠢᠶ᠎ᠡ ᠶᠢ ᠶᠡᠭᠡᠰᠬᠡᠵᠦ᠂ ᠪᠡᠯᠡ ᠤᠷᠤᠭᠤᠯᠬᠤ ᠠᠷᠭ᠎ᠠ ᠵᠠᠮ ᠢ | ᠦᠷᠭᠡᠳᠭᠡᠨ᠋᠂ ᠪᠤᠳᠠᠳᠤ ᠴᠤᠭᠴᠠ ᠶᠢᠨ ᠠᠵᠤ ᠠᠬᠤᠢ ᠶᠢᠨ ᠬᠦᠭᠵᠢᠯᠳᠡ ᠳᠤ ᠦᠢᠯᠡᠴᠢᠯᠡᠬᠦ ᠬᠢᠷᠢ ᠴᠢᠳᠠᠪᠤᠷᠢ ᠶᠢ | ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠡᠢ᠃ ᠲᠦᠷᠪᠡ ᠳᠤ᠂ ᠰᠢᠨ᠎ᠡ ᠠᠵᠤ ᠦᠢᠯᠡᠰ ᠢ ᠢᠳᠡᠪᠬᠢᠳᠡᠢ | ᠪᠤᠶᠢᠵᠢᠭᠤᠯᠤᠨ᠎ᠠ ᠃ ᠦᠪᠡᠷᠳᠡᠭᠡᠨ ᠵᠠᠰᠠᠬᠤ ᠤᠷᠤᠨ ᠤ ︽ᠡᠯᠧᠺᠲᠷᠤᠨ ᠠᠷᠠᠯᠵᠢᠶᠠᠨ ᠤ ᠶᠠᠪᠤᠳᠠᠯ ᠤᠨ ᠬᠦᠭᠵᠢᠯᠳᠡ | ᠶᠢ ᠲᠦᠷᠭᠡᠳᠭᠡᠬᠦ ᠲᠤᠬᠠᠢ ᠲᠦᠷᠦ ᠶᠢᠨ ᠪᠤᠳᠤᠯᠭ᠎ᠠ ᠶᠢᠨ ᠲᠤᠭᠳᠠᠭᠠᠯ︾ ᠢ ᠨᠢᠮᠪᠠᠢ ᠨᠠᠶᠢᠳᠠᠪᠤᠷᠢᠵᠢᠭᠤᠯᠵᠤ᠂ ᠤᠯᠠᠭᠠᠨ | ᠢᠳᠡᠭᠡᠨ᠂ ᠴᠠᠭᠠᠨ ᠢᠳᠡᠭᠡᠨ᠂ ᠶᠢᠦᠮᠠᠢ᠂ ᠶᠠᠮᠠ ᠶᠢᠨ ᠲᠤᠰᠤ ᠵᠡᠷᠭᠡ ᠤᠷᠤᠨ ᠨᠤᠳᠤᠭ ᠤᠨ ᠤᠨᠴᠠᠯᠢᠭ ᠲᠠᠢ ᠲᠠᠸᠠᠷ ᠢ | ᠰᠦᠯᠵᠢᠶᠡᠨ ᠲᠡᠭᠡᠷ᠎ᠡ ᠡᠵᠡᠩᠨᠡᠬᠦ ᠶᠢ ᠵᠤᠷᠢᠬᠵᠢᠭᠤᠯᠤᠨ ᠲᠡᠳᠬᠦᠨ᠎ᠡ᠃ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ | ᠶᠢ ᠢᠳᠡᠪᠬᠢᠳᠡᠢ ᠨᠠᠶᠢᠳᠠᠪᠤᠷᠢᠵᠢᠭᠤᠯᠵᠤ᠂ ᠤᠳᠤ ᠪᠠᠶᠢᠭ᠎ᠠ ᠬᠠᠷᠢᠯᠴᠠᠨ ᠬᠠᠪᠰᠤᠷᠤᠯᠴᠠᠬᠤ ᠵᠢᠠᠷᠭᠠᠯᠠᠩᠳᠤ ᠬᠦᠷᠢᠶᠡᠯᠡᠩ | ᠵᠡᠷᠭᠡ ᠲᠦᠬᠦᠭᠡᠷᠦᠮᠵᠢ ᠶᠢ ᠠᠰᠢᠭᠯᠠᠨ᠂ ᠨᠨᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠪᠠᠶᠢᠭᠤᠯᠤᠮᠵᠢ ᠶᠢᠨ | ᠲᠤᠷᠰᠢᠯᠳᠠ ᠶᠢᠨ ᠴᠡᠭ ᠤᠨ ᠠᠵᠢᠯ ᠢ ᠦᠷᠨᠢᠬᠦᠯᠵᠦ᠂ ᠡᠨᠡ ᠵᠢᠯ ᠨᠡᠶᠢᠬᠡᠮ ᠲᠤᠭᠤᠷᠢᠭ ᠤᠨ ᠠᠰᠠᠷᠠᠮᠵᠢ ᠶᠢᠨ ᠲᠦᠪ | 1 ᠶᠢ ᠰᠢᠨ᠎ᠡ ᠪᠠᠷ ᠪᠠᠶᠢᠭᠤᠯᠤᠨ᠎ᠠ᠃ | ︵ ᠬᠤᠶᠠᠷ︶ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠤᠳᠠ | ᠬᠦᠳᠡᠭᠡ ᠶᠢᠨ ᠨᠢᠭᠡ ᠴᠤᠭᠴᠠᠵᠢᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠭᠡᠷᠡᠭᠳᠡᠢ᠃ ᠰᠢᠨ᠎ᠡ | ᠬᠡᠯᠪᠡᠷᠢ ᠶᠢᠨ ᠬᠤᠳᠠ ᠪᠠᠯᠭᠠᠰᠤᠵᠢᠯᠳᠠ ᠪᠠ ᠬᠤᠳᠠ ᠬᠦᠳᠡᠭᠡ ᠶᠢᠨ ᠨᠢᠬᠡ ᠴᠤᠭᠴᠠᠵᠢᠯᠳᠠ ᠶᠢ ᠲᠦᠷᠭᠡᠳᠭᠡᠨ | ᠠᠬᠢᠭᠤᠯᠵᠤ᠂ ᠨᠡᠩ ᠤᠯᠠᠨ ᠰᠠᠭᠤᠷᠢ ᠲᠦᠬᠦᠭᠡᠷᠦᠮᠵᠢ ᠶᠢ ᠮᠠᠯᠵᠢᠬᠤ ᠲᠠᠷᠢᠶᠠᠯᠠᠬᠤ ᠤᠷᠤᠨ ᠵᠦᠭ ᠰᠤᠨᠤᠭᠠᠵᠤ᠂ | ᠨᠡᠩ ᠤᠯᠠᠨ ᠨᠡᠶᠢᠳᠡ ᠶᠢᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠤᠷᠤᠨ ᠵᠦᠭ ᠪᠦᠷᠬᠦᠬᠦᠯᠦᠨ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠮᠡᠳᠡᠭᠳᠡᠮ᠎ᠡ | ᠰᠠᠶᠢᠵᠢᠷᠠᠭᠤᠯᠵᠤ᠂ ᠬᠤᠳᠠ ᠬᠦᠳᠡᠭᠡ ᠶᠢᠨ ᠬᠦᠭᠵᠢᠯᠳᠡ ᠶᠢ ᠬᠠᠷᠰᠢᠯᠠᠬᠤ ᠪᠤᠭᠤᠮᠢ ᠶᠢᠨ ᠠᠰᠠᠭᠤᠳᠠᠯ ᠢ ᠡᠪᠳᠡᠬᠦ | ᠭᠡᠷᠡᠭᠳᠡᠢ᠃ ᠬᠤᠳᠠ ᠶᠢᠨ ᠪᠠᠶᠢᠭᠤᠯᠤᠯᠳᠠ ᠶᠢ ᠤᠯᠠᠮ ᠴᠢᠩᠭᠠᠳᠬᠠᠨ᠎ᠠ᠃ ᠪᠤᠤᠴᠠᠩ ᠪᠠᠯᠭᠠᠰᠤᠨ ᠤ ᠶᠡᠷᠦᠩᠬᠡᠢ | ᠲᠦᠯᠦᠪᠵᠢᠬᠦᠯᠬᠡ ᠪᠠ ᠡᠵᠡᠮᠳᠡᠯ ᠤᠨ ᠴᠢᠨᠠᠷᠳᠠᠢ ᠨᠠᠷᠢᠨ ᠲᠦᠯᠦᠪᠵᠢᠬᠦᠯᠬᠡ ᠶᠢ ᠲᠡᠬᠦᠯᠳᠡᠷᠵᠢᠬᠦᠯᠬᠦ ᠭᠡᠷᠡᠭᠳᠡᠢ᠃ | ᠪᠤᠤᠴᠠᠩ ᠪᠠᠯᠭᠠᠰᠤᠨ ᠤ 2 ᠰᠠᠭᠤᠷᠢ ᠬᠦᠬᠦᠷᠭᠡ ᠶᠢᠨ ᠪᠠᠷᠢᠯᠭ᠎ᠠ ᠶᠢ ᠲᠠᠭᠤᠰᠬᠠᠨ᠎ᠠ᠃ 2.4 ᠺᠢᠯᠤᠮᠧᠲᠷ ᠵᠠᠮ ᠢ | ᠵᠠᠰᠠᠨ ᠰᠢᠨᠡᠳᠭᠡᠵᠦ᠂ 7.3 ᠲᠦᠮᠡᠨ ᠬᠠᠪᠳᠠᠭᠠᠢ ᠲᠦᠷᠪᠡᠯᠵᠢᠨ ᠮᠧᠲᠷ ᠲᠠᠯᠠᠪᠠᠢ ᠶᠢ ᠲᠡᠪᠢᠰᠦᠨ ᠬᠠᠳᠠᠭᠤᠷᠠᠭᠤᠯᠵᠤ | ᠂ ᠨᠤᠭᠤᠭᠠᠷᠠᠭᠤᠯᠤᠯᠳᠠ ᠶᠢᠨ ᠲᠠᠯᠠᠪᠠᠢ ᠶᠢ2.9 ᠲᠦᠮᠡᠨ ᠬᠠᠪᠳᠠᠭᠠᠢ ᠲᠦᠷᠪᠡᠯᠵᠢᠨ ᠮᠧᠲᠷ ᠨᠡᠮᠡᠭᠳᠡᠬᠦᠯᠦᠨ᠎ᠡ᠃ | ᠰᠢᠨ᠎ᠡ ᠲᠤᠭᠤᠷᠢᠭ ᠤᠨ ᠤᠰᠤᠨ ᠤ ᠦᠢᠯᠡᠳᠪᠦᠷᠢ ᠵᠢᠴᠢ ᠲᠡᠬᠦᠨ ᠤ ᠢᠵᠢ ᠪᠦᠷᠢᠳᠦᠭᠰᠡᠨ ᠲᠦᠬᠦᠭᠡᠷᠦᠮᠵᠢ ᠶᠢᠨ | ᠪᠠᠶᠢᠭᠤᠯᠤᠯᠳᠠ ᠶᠢ ᠬᠢᠵᠦ᠂ ᠤᠰᠤ ᠬᠠᠩᠭᠠᠬᠤ ᠲᠤᠤᠷ ᠬᠤᠭᠤᠯᠠᠢ 7 ᠺᠢᠯᠤᠮᠧᠲᠷ᠂ ᠪᠤᠷᠤᠭᠠᠨ ᠤ ᠤᠰᠤ | ᠤᠷᠤᠰᠬᠠᠬᠤ ᠲᠤᠤᠷ ᠬᠤᠭᠤᠯᠠᠢ 17.4 ᠺᠢᠯᠤᠮᠧᠲᠷ᠂ ᠪᠤᠬᠢᠷ ᠤᠰᠤ ᠭᠠᠳᠠᠭᠰᠢᠯᠠᠭᠤᠯᠬᠤ ᠲᠤᠤᠷ ᠬᠤᠭᠤᠯᠠᠢ 6.4 | ᠺᠢᠯᠤᠮᠧᠲᠷ ᠤᠭᠰᠠᠷᠠᠨ᠎ᠠ᠃ ᠭᠡᠷ ᠬᠦᠷᠦᠩᠬᠡ ᠶᠢᠨ ᠨᠡᠭᠡᠭᠡᠯᠳᠡ ᠶᠢ ᠯᠠᠪᠳᠠᠭᠤᠨ ᠢᠶᠠᠷ ᠠᠬᠢᠭᠤᠯᠵᠤ᠂ 23 ᠰᠠᠭᠤᠷᠢ᠂ | 13.5 ᠲᠦᠮᠡᠨ ᠬᠠᠪᠳᠠᠭᠠᠢ ᠲᠦᠷᠪᠡᠯᠵᠢᠨ ᠮᠧᠲᠷ ᠤᠷᠤᠨ ᠰᠠᠭᠤᠴᠠ ᠶᠢᠨ ᠠᠰᠠᠷ ᠂ 13 ᠰᠠᠭᠤᠷᠢ᠂ 4.8 | ᠲᠦᠮᠡᠨ ᠬᠠᠪᠳᠠᠭᠠᠢ ᠲᠦᠷᠪᠡᠯᠵᠢᠨ ᠮᠧᠲᠷ ᠬᠤᠳᠠᠯᠳᠤᠭᠠᠨ ᠤ ᠠᠰᠠᠷ ᠤᠨ ᠪᠠᠷᠢᠯᠭ᠎ᠠ ᠶᠢ ᠡᠬᠢᠯᠡᠨ᠎ᠡ᠃ | ᠭᠤᠤᠯᠳᠠᠯᠭᠠᠳᠠᠢ ᠰᠠᠭᠤᠷᠢ ᠲᠦᠬᠦᠭᠡᠷᠦᠮᠵᠢ ᠶᠢᠨ ᠢᠨᠵᠧᠨᠧᠷᠢᠩ ᠢ ᠰᠠᠶᠢᠳᠤᠷ ᠭᠡᠷᠡᠭᠵᠢᠬᠦᠯᠦᠨ᠎ᠡ᠃ S309 ᠂ | x510 ᠵᠢᠭᠤᠯᠴᠢᠯᠠᠯ ᠤᠨ ᠵᠠᠰᠠᠮᠠᠯ ᠵᠠᠮ ᠤᠨ ᠵᠠᠯᠭᠠᠵᠤ ᠪᠠᠶᠢᠭᠤᠯᠬᠤ ᠢᠨᠵᠧᠨᠧᠷᠢᠩ ᠢ ᠲᠦᠯᠬᠢᠨ ᠠᠬᠢᠭᠤᠯᠵᠤ ︔ | S304 ᠱᠤᠭᠤᠮ ᠤᠨ ᠭᠡᠰᠡᠭ ᠵᠠᠰᠠᠯᠳᠠ ᠶᠢ ᠬᠢᠬᠦ ᠶᠢᠨ ᠬᠠᠮᠳᠤ᠂ ᠦᠬᠡᠷᠡᠴᠢᠯᠡᠨ ᠰᠢᠨᠡᠳᠭᠡᠬᠦ ᠲᠦᠷᠦᠯ ᠵᠦᠢᠯ ᠤᠨ | ᠠᠵᠢᠯ ᠢ ᠰᠠᠶᠢᠨ ᠬᠢᠬᠦ ᠭᠡᠷᠡᠭᠳᠡᠢ᠃ ᠪᠡᠭᠡᠵᠢᠩ ᠤᠷᠤᠬᠤ ᠦᠨᠳᠦᠷ ᠬᠤᠷᠳᠤᠴᠠᠳᠤ ᠲᠡᠮᠦᠷ ᠵᠠᠮ ᠤᠨ ᠪᠠᠶᠢᠭᠤᠯᠤᠯᠳᠠ | ᠶᠢᠨ ᠲᠦᠷᠦᠬᠦᠴᠢ ᠬᠤᠭᠤᠴᠠᠭᠠᠨ ᠤ ᠠᠵᠢᠯ ᠢ ᠬᠠᠮᠵᠢᠯᠴᠠᠨ ᠰᠠᠶᠢᠨ ᠬᠢᠨ᠎ᠡ᠃ ᠭᠡᠤ ᠯᠤ᠋ ᠢᠦᠢ ᠭᠤᠤᠯ ᠤᠨ ᠦᠶᠡᠷ | ᠰᠡᠷᠭᠡᠶᠢᠯᠡᠬᠦ ᠵᠠᠰᠠᠯᠳᠠ ᠶᠢᠨ ᠢᠨᠵᠧᠨᠧᠷᠢᠩ ᠢ ᠡᠬᠢᠯᠡᠵᠦ᠂ 11.1 ᠺᠢᠯᠤᠮᠧᠲᠷ ᠤᠰᠤᠨ ᠵᠠᠮ ᠢ ᠯᠠᠶᠢᠳᠠᠵᠤ | ᠨᠡᠪᠳᠡᠷᠡᠬᠦᠯᠦᠨ᠂ 17.8 ᠺᠢᠯᠤᠮᠧᠲᠷ ᠬᠠᠰᠢᠯᠭ᠎ᠠ ᠶᠢ ᠪᠠᠶᠢᠭᠤᠯᠤᠨ᠎ᠠ᠃ ᠭᠡᠷᠡᠯᠯᠢᠭ ᠤᠳᠠᠰᠤ ᠶᠢ ᠡᠷᠦᠬᠡ ᠳᠤ | ᠤᠷᠤᠭᠤᠯᠬᠤ ᠠᠵᠢᠯ ᠢ ᠦᠷᠬᠦᠯᠵᠢᠯᠡᠨ ᠬᠢᠵᠦ᠂ 4G ᠰᠦᠯᠵᠢᠶᠡᠨ ᠤ ᠪᠦᠷᠬᠦᠴᠡ ᠶᠢ ᠲᠦᠷᠭᠡᠳᠭᠡᠨ᠂ ᠬᠤᠳᠠ | ᠶᠢᠨ ᠲᠤᠭᠤᠷᠢᠭ ᠪᠠ ᠵᠢᠭᠤᠯᠴᠢᠯᠠᠯ ᠤᠨ ᠤᠷᠤᠨ ᠵᠡᠷᠭᠡ ᠭᠤᠤᠯᠳᠠᠯᠭᠠᠳᠠᠢ ᠭᠠᠵᠠᠷ ᠤᠷᠤᠨ ᠳᠠᠬᠢ ᠲᠤᠬᠢᠶᠠᠨ ᠤ | ᠪᠦᠷᠬᠦᠴᠡ ᠶᠢ ᠦᠷᠭᠡᠳᠭᠡᠨ᠎ᠡ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠠᠬᠢᠴᠠ ᠶᠢ ᠲᠦᠷᠭᠡᠳᠭᠡᠨ᠎ᠡ᠃ | ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠪᠠᠷ | ᠭᠤᠤᠯᠳᠠᠯᠭ᠎ᠠ ᠪᠤᠯᠭᠠᠨ᠂ ᠡᠨᠡ ᠵᠢᠯ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ 16᠂ ᠪᠠᠷᠢᠮᠵᠢᠶᠠᠳᠤ ᠭᠠᠴᠠᠭ᠎ᠠ | ᠲᠤᠰᠬᠤᠨ 46᠂ ᠪᠠᠷᠢᠮᠵᠢᠶ᠎ᠠ ᠳᠤ ᠬᠦᠷᠦᠭᠰᠡᠨ ᠭᠠᠴᠠᠭ᠎ᠠ ᠲᠤᠰᠬᠤᠨ 40 ᠶᠢ ᠪᠠᠶᠢᠭᠤᠯᠤᠨ᠎ᠠ᠃ 3.06 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠮᠠᠯᠵᠢᠬᠤ ᠲᠠᠷᠢᠶᠠᠯᠠᠬᠤ ᠤᠷᠤᠨ ᠤ 4800 ᠡᠷᠦᠬᠡ ᠶᠢᠨ | ᠨᠤᠷᠠᠬᠤ ᠠᠶᠤᠯᠳᠠᠢ ᠭᠡᠷ ᠪᠠᠶᠢᠰᠢᠩ ᠢ ᠰᠢᠨᠡᠳᠭᠡᠨ ᠪᠠᠶᠢᠭᠤᠯᠵᠤ ︔ 3566 ᠬᠦᠮᠦᠨ ᠠᠮᠠ ᠪᠠ 2.92 ᠲᠦᠮᠡᠨ | ᠮᠠᠯ ᠤᠨᠤᠭᠠᠨ ᠤ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠵᠦ︔ ᠭᠠᠴᠠᠭ᠎ᠠ ᠲᠤᠰᠬᠤᠨ ᠤ ᠵᠡᠭᠡᠯᠢ | ᠭᠤᠳᠤᠮᠵᠢ ᠶᠢ 152 ᠺᠢᠯᠤᠮᠧᠲᠷ ᠬᠠᠳᠠᠭᠤᠷᠠᠭᠤᠯᠤᠨ ︔ ︽ᠡᠷᠦᠬᠡ ᠪᠤᠯᠭᠠᠨ ᠳᠤ ᠲᠧᠯᠸᠢᠰ ᠨᠡᠪᠳᠡᠷᠡᠬᠦᠯᠬᠦ︾ | ᠲᠦᠬᠦᠭᠡᠷᠦᠮᠵᠢ 9000 ᠶᠢ ᠤᠭᠰᠠᠷᠠᠵᠤ ᠂ ᠲᠤᠭᠠᠴᠢᠯᠠᠭᠰᠠᠨ ᠲᠠᠮᠵᠢᠭᠤᠯᠭ᠎ᠠ ᠶᠢᠨ ᠦᠷᠳᠡᠭᠡ 3 ᠶᠢ | ᠪᠠᠶᠢᠭᠤᠯᠤᠨ᠂ ︽ᠲᠤᠰᠬᠤᠨ ᠪᠤᠯᠭᠠᠨ ᠳᠤ ᠷᠠᠳᠢᠤ᠋ ᠨᠡᠪᠳᠡᠷᠡᠬᠦᠯᠬᠦ︾ ᠲᠦᠬᠦᠭᠡᠷᠦᠮᠵᠢ 176 ᠶᠢ ᠤᠭᠰᠠᠷᠠᠨ᠎ᠠ︔ | ᠰᠤᠷᠭᠠᠭᠤᠯᠢ ᠶᠢᠨ ᠪᠠᠶᠢᠷᠢ 9 ᠶᠢ ᠪᠠᠶᠢᠭᠤᠯᠵᠤ᠂ ᠠᠷᠠᠳ ᠲᠤ ᠲᠦᠬᠦᠮ ᠦᠵᠡᠬᠦᠯᠬᠦ ᠴᠢᠯᠦᠭᠡᠳᠦ ᠲᠡᠯᠬᠡᠬᠦᠷ 17 ᠶᠢ | ᠪᠠᠶᠢᠭᠤᠯᠤᠨ ︔ ᠪᠠᠷᠢᠮᠵᠢᠶᠠᠳᠤ ᠡᠷᠡᠬᠦᠯ ᠬᠠᠮᠠᠭᠠᠯᠠᠯ ᠤᠨ ᠭᠡᠷ 75 ᠶᠢ ᠪᠠᠶᠢᠭᠤᠯᠵᠤ︔ ᠠᠮᠢ ᠠᠬᠤᠢ ᠮᠠᠭᠤᠳᠠᠭᠰᠠᠨ | ᠭᠠᠵᠠᠷ ᠤᠷᠤᠨ ᠤ 816 ᠬᠦᠮᠦᠨ ᠢ ᠨᠡᠬᠦᠯᠭᠡᠨ︔ 56 ᠭᠠᠴᠠᠭ᠎ᠠ ᠲᠤᠰᠬᠤᠨ ᠤ ᠰᠤᠶᠤᠯ ᠤᠨ ᠭᠡᠷ ᠲᠤ ᠰᠤᠶᠤᠯ | ᠤᠨ ᠭᠡᠷᠡᠭᠰᠡᠯ ᠲᠤᠭᠯᠠᠭᠠᠮ ᠤᠨ ᠵᠦᠢᠯ ᠬᠦᠷᠭᠡᠵᠦ︔ ᠨᠠᠰᠤᠵᠢᠯ ᠤᠨ ᠠᠰᠠᠷᠠᠮᠵᠢ ᠶᠢᠨ ᠪᠦᠷᠬᠦᠴᠡ ᠶᠢᠨ ᠢᠨᠵᠧᠨᠧᠷᠢᠩ | 30470 ᠬᠦᠮᠦᠨ ᠢ ᠬᠠᠮᠤᠷᠤᠨ ᠂ 3876 ᠬᠦᠮᠦᠨ ᠳᠤ ᠦᠨᠳᠦᠷ ᠨᠠᠰᠤᠨ ᠤ ᠨᠦᠬᠦᠪᠦᠷᠢ ᠬᠦᠷᠳᠡᠭᠡᠨ᠎ᠡ᠃ | ︵ ᠭᠤᠷᠪᠠ︶ ᠪᠦᠳᠦᠭᠡᠨ ᠪᠠᠶᠢᠭᠤᠯᠤᠯᠳᠠ ᠪᠠ ᠬᠠᠮᠠᠭᠠᠯᠠᠯᠳᠠ ᠶᠢᠨ ᠠᠵᠢᠯ ᠢ ᠵᠡᠷᠭᠡᠪᠡᠷ ᠴᠢᠬᠤᠯᠠᠴᠢᠯᠠᠵᠤ᠂ | ᠠᠮᠢ ᠠᠬᠤᠢ ᠶᠢᠨ ᠰᠡᠷᠬᠦᠯᠳᠡ ᠶᠢᠨ ᠦᠷ᠎ᠡ ᠠᠮᠵᠢᠯᠳᠠ ᠶᠢ ᠪᠠᠬᠢᠵᠢᠬᠦᠯᠬᠦ ᠭᠡᠷᠡᠭᠳᠡᠢ᠃ ᠬᠢᠯᠪᠠᠷ ᠪᠤᠰᠤ ᠢᠷᠡᠭᠰᠡᠨ | ᠠᠮᠢ ᠠᠬᠤᠢ ᠶᠢᠨ ᠪᠠᠶᠢᠭᠤᠯᠤᠯᠳᠠ ᠶᠢᠨ ᠦᠷ᠎ᠡ ᠪᠦᠳᠦᠮᠵᠢ ᠪᠠᠨ ᠬᠠᠮᠠᠭᠠᠯᠠᠵᠤ᠂ ᠨᠤᠮᠢᠨ ᠨᠤᠭᠤᠭᠠᠨ ᠠᠭᠤᠯᠠ ᠤᠰᠤ | ᠪᠠᠨ ᠠᠵᠤ ᠠᠬᠤᠢ ᠶᠢ ᠬᠦᠭᠵᠢᠬᠦᠯᠬᠦ ᠰᠢᠨ᠎ᠡ ᠲᠠᠪᠠᠭᠤᠯᠢᠭ ᠪᠤᠯᠭᠠᠵᠤ᠂ ᠠᠷᠠᠳ ᠲᠦᠮᠡᠨ ᠢ ᠤᠯᠠᠮ ᠰᠠᠶᠢᠨ | ᠠᠮᠢᠳᠤᠷᠠᠭᠤᠯᠬᠤ ᠰᠢᠨ᠎ᠡ ᠡᠬᠢ ᠪᠤᠯᠠᠭ ᠪᠤᠯᠭᠠᠨ᠂ ᠰᠢᠯᠢ ᠶᠢᠨ ᠭᠤᠤᠯ ᠤᠨ ᠦᠵᠡᠰᠬᠦᠯᠡᠩᠳᠦ ᠨᠤᠳᠤᠭ ᠤᠨ ᠰᠢᠨ᠎ᠡ | ᠨᠡᠷ᠎ᠡ ᠶᠢᠨ ᠬᠠᠭᠤᠳᠠᠰᠤ ᠪᠤᠯᠭᠠᠬᠤ ᠪᠠᠷ ᠴᠢᠷᠮᠠᠶᠢᠬᠤ ᠭᠡᠷᠡᠭᠳᠡᠢ᠃ ᠠᠮᠢ ᠠᠬᠤᠢ ᠶᠢᠨ ᠬᠠᠮᠠᠭᠠᠯᠠᠯᠳᠠ ᠪᠠ | ᠪᠠᠶᠢᠭᠤᠯᠤᠯᠳᠠ ᠶᠢ ᠴᠢᠩᠭᠠᠳᠬᠠᠨ᠎ᠠ᠃ ᠲᠠᠷᠢᠶᠠᠯᠠᠬᠤ ᠤᠷᠤᠨ ᠳᠤ ᠪᠡᠯᠴᠢᠭᠡᠷᠯᠡᠬᠦᠯᠬᠦ ᠶᠢ ᠴᠠᠭᠠᠵᠠᠯᠠᠬᠤ᠂ ᠮᠠᠯᠵᠢᠬᠤ | ᠤᠷᠤᠨ ᠳᠤ ᠪᠡᠯᠴᠢᠭᠡᠷ ᠰᠡᠷᠬᠦᠭᠡᠬᠦ ᠬᠠᠮᠢᠶᠠᠷᠤᠯᠳᠠ ᠶᠢᠨ ᠠᠷᠭ᠎ᠠ ᠶᠢ ᠴᠢᠩᠭ᠎ᠠ ᠭᠡᠷᠡᠭᠵᠢᠬᠦᠯᠵᠦ᠂ ᠠᠮᠢ ᠠᠬᠤᠢ ᠶᠢᠨ ︽ | ᠤᠯᠠᠭᠠᠨ ᠱᠤᠭᠤᠮ︾ ᠤᠨ ᠬᠠᠮᠠᠭᠠᠯᠠᠯᠳᠠ ᠪᠠ ᠠᠮᠢ ᠠᠬᠤᠢ ᠶᠢᠨ ᠤᠷᠴᠢᠨ ᠲᠤᠭᠤᠷᠢᠨ ᠤ ︽ᠬᠠᠷᠢᠭᠤᠴᠠᠬᠤ | ᠬᠠᠭᠤᠳᠠᠰᠤ︾ ᠵᠡᠷᠭᠡ ᠲᠦᠷᠢᠮ ᠢ ᠨᠠᠶᠢᠳᠠᠪᠤᠷᠢᠵᠢᠭᠤᠯᠤᠨ᠎ᠠ᠃ ᠡᠨᠡ ᠵᠢᠯ ᠡᠯᠡᠰᠦᠨ ᠤ ᠡᠬᠢ ᠶᠢ ᠵᠠᠰᠠᠬᠤ ᠲᠠᠯᠠᠪᠠᠢ | 3.5 ᠲᠦᠮᠡᠨ ᠮᠤ᠋ ᠂ ᠨᠦᠬᠦᠵᠦ ᠲᠠᠷᠢᠬᠤ ᠲᠠᠯᠠᠪᠠᠢ 6.5 ᠲᠦᠮᠡᠨ ᠮᠤ᠋᠂ ᠠᠰᠢᠭ ᠮᠠᠭᠤᠳᠠᠢ ᠤᠢ ᠮᠤᠳᠤ ᠶᠢ | ᠦᠬᠡᠷᠡᠴᠢᠯᠡᠬᠦ ᠲᠠᠯᠠᠪᠠᠢ 6.05 ᠲᠦᠮᠡᠨ ᠮᠤ᠋ ᠂ ᠭᠤᠤᠯᠳᠠᠯᠭᠠᠳᠠᠢ ᠭᠠᠵᠠᠷ ᠤᠷᠤᠨ ᠤ ᠨᠤᠭᠤᠭᠠᠷᠠᠭᠤᠯᠤᠯᠳᠠ | 5500 ᠮᠤ᠋ ᠶᠢ ᠪᠡᠶᠡᠯᠡᠬᠦᠯᠵᠦ᠂ ᠴᠢᠨᠠᠷ ᠮᠠᠭᠤᠳᠠᠭᠰᠠᠨ ᠤᠢ ᠮᠤᠳᠤᠨ ᠤ ᠦᠬᠡᠷᠡᠴᠢᠯᠡᠯᠳᠡ ᠶᠢ ᠶᠡᠬᠡᠰᠭᠡᠨ᠎ᠡ᠃ | ᠮᠠᠯᠵᠢᠬᠤ ᠤᠷᠤᠨ ᠳᠤ ᠲᠠᠯ᠎ᠠ ᠨᠤᠳᠤᠭ ᠤᠨ ᠠᠮᠢ ᠠᠬᠤᠢ ᠶᠢᠨ ᠨᠦᠬᠦᠪᠦᠷᠢᠯᠡᠵᠦ ᠱᠠᠩᠨᠠᠬᠤ ᠲᠦᠷᠦ ᠶᠢᠨ ᠪᠤᠳᠤᠯᠭ᠎ᠠ | ᠶᠢ ᠦᠷᠬᠦᠯᠵᠢᠯᠡᠨ ᠰᠠᠶᠢᠳᠤᠷ ᠨᠠᠶᠢᠳᠠᠪᠤᠷᠢᠵᠢᠭᠤᠯᠤᠨ᠎ᠡ᠃ ᠤᠰᠤᠨ ᠤ ᠡᠬᠢ ᠪᠠᠶᠠᠯᠢᠭ ᠢ ᠠᠷᠪᠢᠯᠠᠬᠤ ᠠᠰᠢᠭᠯᠠᠯᠳᠠ ᠪᠠ | ᠬᠠᠮᠢᠶᠠᠷᠤᠯᠳᠠ ᠶᠢ ᠴᠢᠩᠭᠠᠳᠬᠠᠨ᠎ᠠ᠃ ᠮᠠᠨ ᠤ ᠬᠤᠰᠢᠭᠤᠨ ᠤ ᠭᠠᠵᠠᠷ ᠲᠤᠤᠷᠠᠬᠢ ᠤᠰᠤᠨ ᠤ ᠨᠡᠭᠡᠭᠡᠯᠳᠡ ᠤᠨ | ᠬᠡᠮᠵᠢᠶ᠎ᠡ ᠲᠤᠶᠢᠯ ᠳᠠᠭᠠᠨ ᠲᠤᠯᠵᠤ᠂ ᠭᠡᠰᠡᠭ ᠭᠠᠵᠠᠷ ᠤᠷᠤᠨ ᠤ ᠭᠠᠵᠠᠷ ᠲᠤᠤᠷᠠᠬᠢ ᠤᠰᠤᠨ ᠤ ᠲᠦᠪᠰᠢᠨ | ᠮᠡᠳᠡᠭᠳᠡᠮ᠎ᠡ ᠲᠤᠷᠤᠭᠰᠢᠯᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢ ᠴᠢᠩᠭᠠᠳᠬᠠᠬᠤ ᠠᠵᠢᠯ ᠪᠠᠴᠢᠮ | ᠲᠤᠯᠭᠠᠮ᠎ᠠ ᠪᠤᠯᠵᠤ ᠪᠤᠢ᠃ ᠦᠪᠡᠷᠳᠡᠭᠡᠨ ᠵᠠᠰᠠᠬᠤ ᠤᠷᠤᠨ ᠤ ︽ᠤᠰᠤ ᠭᠡᠷᠡᠭᠯᠡᠬᠦ ᠵᠦᠪᠰᠢᠶᠡᠷᠡᠯ ᠪᠠ ᠤᠰᠤᠨ ᠤ | ᠡᠬᠢ ᠪᠠᠶᠠᠯᠢᠭ ᠤᠨ ᠰᠦᠢᠳᠭᠡᠯ ᠬᠤᠷᠢᠶᠠᠬᠤ ᠬᠠᠮᠢᠶᠠᠷᠤᠯᠳᠠ ᠶᠢᠨ ᠭᠡᠷᠡᠭᠵᠢᠬᠦᠯᠬᠦ ᠠᠷᠭ᠎ᠠ︾ ᠶᠢ ᠴᠢᠩᠭ᠎ᠠ | ᠭᠡᠷᠡᠭᠵᠢᠬᠦᠯᠵᠦ᠂ ᠤᠰᠤᠨ ᠤ ᠡᠬᠢ ᠪᠠᠶᠠᠯᠢᠭ ᠤᠨ ᠰᠦᠢᠳᠭᠡᠯ ᠬᠤᠷᠢᠶᠠᠬᠤ ᠠᠵᠢᠯ ᠢ ᠡᠬᠢᠯᠡᠬᠦᠯᠦᠨ᠂ ᠤᠰᠤᠨ ᠤ ᠡᠬᠢ | ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠡᠵᠡᠮᠳᠡᠬᠦ᠂ ᠤᠰᠤ ᠭᠡᠷᠡᠭᠯᠡᠬᠦ ᠦᠷ᠎ᠡ ᠠᠰᠢᠭ ᠢ ᠡᠵᠡᠮᠳᠡᠬᠦ᠂ ᠤᠰᠤᠨ ᠤ | ᠴᠢᠳᠠᠪᠬᠢᠳᠤ ᠤᠷᠤᠨ ᠤ ᠪᠤᠬᠢᠷᠳᠤᠯ ᠲᠠᠭᠠᠭᠠᠬᠤ ᠴᠢᠳᠠᠪᠤᠷᠢ ᠶᠢ ᠡᠵᠡᠮᠳᠡᠬᠦ ︽ᠭᠤᠷᠪᠠᠨ ᠤᠯᠠᠭᠠᠨ ᠤᠳᠠᠰᠤ︾ ᠶᠢᠨ | ᠲᠦᠷᠢᠮ ᠢ ᠨᠢᠮᠪᠠᠢ ᠨᠠᠶᠢᠳᠠᠪᠤᠷᠢᠵᠢᠭᠤᠯᠵᠤ᠂ ᠤᠰᠤ ᠭᠡᠷᠡᠭᠯᠡᠬᠦ ᠶᠷᠦᠩᠬᠡᠢ ᠬᠡᠮᠵᠢᠶ᠎ᠡ ᠶᠢ 5400 ᠲᠦᠮᠡᠨ ᠪᠤᠰᠤᠭ᠎ᠠ | ᠲᠦᠷᠪᠡᠯᠵᠢᠨ ᠮᠧᠲᠷ ᠠᠴᠠ ᠲᠤᠷᠤᠭᠰᠢ ᠬᠢᠵᠠᠭᠠᠷᠯᠠᠬᠤ ᠭᠡᠷᠡᠭᠳᠡᠢ᠃ ᠤᠰᠤᠨ ᠤ ᠡᠬᠢ ᠪᠠᠶᠠᠯᠢᠭ ᠢ ᠭᠡᠷᠡᠭᠯᠡᠬᠦ ᠴᠢᠩᠭ᠎ᠠ | ᠬᠠᠮᠢᠶᠠᠷᠤᠯᠳᠠ ᠶᠢᠨ ᠠᠷᠭ᠎ᠠ ᠶᠢ ᠲᠤᠭᠳᠠᠵᠤ᠂ ᠱᠠᠩᠨᠠᠵᠤ ᠨᠦᠬᠦᠪᠦᠷᠢᠯᠡᠬᠦ ᠲᠤᠭᠳᠠᠴᠠ ᠶᠢ ᠢᠳᠡᠪᠬᠢᠳᠡᠢ ᠰᠦᠪᠡᠭᠴᠢᠯᠡᠨ | ᠭᠡᠷᠡᠭᠵᠢᠬᠦᠯᠵᠦ᠂ ᠴᠠᠭ ᠤᠨ ᠵᠡᠬᠦᠦ ᠶᠢᠨ ᠬᠡᠯᠪᠡᠷᠢᠳᠦ ᠰᠦᠷᠴᠢᠨ ᠤᠰᠤᠯᠠᠬᠤ ᠠᠷᠭ᠎ᠠ ᠶᠢ ᠦᠬᠡᠷᠡᠴᠢᠯᠡᠨ | ᠰᠠᠶᠢᠵᠢᠷᠠᠭᠤᠯᠵᠤ᠂ ᠤᠰᠤᠯᠠᠯᠳᠠ ᠶᠢᠨ ᠤᠷᠤᠨ ᠤ ᠭᠠᠵᠠᠷ ᠲᠤᠤᠷᠠᠬᠢ ᠤᠰᠤᠨ ᠤ ᠪᠠᠶᠢᠳᠠᠯ ᠢ ᠬᠢᠨᠠᠨ ᠬᠡᠮᠵᠢᠬᠦ ᠵᠢᠴᠢ | ᠤᠰᠤ ᠭᠡᠷᠡᠭᠯᠡᠬᠦ ᠶᠢ ᠠᠯᠤᠰ ᠡᠵᠡᠮᠰᠢᠯ ᠢᠶᠠᠷ ᠬᠢᠨᠠᠨ ᠡᠵᠡᠮᠳᠡᠬᠦ ᠲᠦᠷᠦᠯ ᠵᠦᠢᠯ ᠢ ᠪᠠᠶᠢᠭᠤᠯᠤᠨ᠂ ᠤᠰᠤ ᠭᠡᠷᠡᠭᠯᠡᠬᠦ | ᠦᠷ᠎ᠡ ᠠᠰᠢᠭ ᠢ ᠬᠠᠮᠤᠭ ᠶᠡᠭᠡ ᠬᠡᠮᠵᠢᠶ᠎ᠡ ᠪᠠᠷ ᠲᠡᠭᠡᠭᠰᠢᠯᠡᠬᠦᠯᠬᠦ ᠭᠡᠷᠡᠭᠳᠡᠢ᠃ ᠠᠮᠢ ᠠᠬᠤᠢ ᠶᠢᠨ ᠤᠷᠴᠢᠨ ᠲᠤᠭᠤᠷᠢᠨ | ᠤ ᠶᠡᠷᠦᠩᠬᠡᠶᠢᠯᠡᠭᠰᠡᠨ ᠬᠠᠤᠯᠢ ᠭᠡᠷᠡᠭᠵᠢᠬᠦᠯᠬᠦ ᠪᠠ ᠴᠡᠭᠴᠡᠯᠡᠨ ᠵᠠᠰᠠᠬᠤ ᠠᠵᠢᠯ ᠢ ᠬᠦᠨᠵᠡᠭᠡᠢ ᠦᠷᠨᠢᠬᠦᠯᠦᠨ᠎ᠡ᠃ ᠠᠮᠢ | ᠠᠬᠤᠢ ᠶᠢᠨ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠬᠠᠤᠯᠢ ᠭᠡᠷᠡᠭᠵᠢᠬᠦᠯᠬᠦ ᠠᠵᠢᠯ ᠢ ᠴᠢᠩᠭᠠᠳᠬᠠᠵᠤ᠂ ᠤᠢ | ᠰᠢᠭᠤᠢ᠂ ᠭᠠᠵᠠᠷ ᠰᠢᠷᠤᠢ᠂ ᠤᠷᠴᠢᠨ ᠲᠤᠭᠤᠷᠢᠨ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠢ | ᠵᠤᠬᠢᠶᠠᠨ ᠪᠠᠶᠢᠭᠤᠯᠵᠤ᠂ ᠬᠢᠨᠠᠨ ᠬᠠᠮᠢᠶᠠᠷᠬᠤ ᠪᠠ ᠵᠠᠯᠬᠠᠭᠠᠨ ᠰᠢᠳᠭᠡᠬᠦ ᠡᠷᠴᠢᠮ ᠢ ᠴᠢᠩᠭᠠᠷᠠᠭᠤᠯᠤᠨ᠂ ᠠᠮᠢ ᠠᠬᠤᠢ ᠶᠢ | ᠡᠪᠳᠡᠭᠰᠡᠨ ᠬᠠᠤᠯᠢ ᠪᠤᠰᠤ ᠠᠵᠢᠯᠯᠠᠭ᠎ᠠ ᠳᠤ ︽ᠢᠯᠳᠠᠷ ᠬᠠᠶᠠᠬᠤ ᠦᠬᠡᠢ︾ ᠴᠢᠩᠭ᠎ᠠ ᠴᠤᠬᠢᠯᠳᠠ ᠦᠭᠬᠦ ᠭᠡᠷᠡᠭᠳᠡᠢ᠃ | ᠭᠤᠤᠯᠳᠠᠯᠭᠠᠳᠠᠢ ᠪᠤᠬᠢᠷᠳᠤᠯ ᠭᠠᠳᠠᠭᠰᠢᠯᠠᠭᠤᠯᠬᠤ ᠠᠵᠤ ᠠᠬᠤᠶᠢᠯᠠᠯ ᠪᠠ ᠪᠦᠳᠦᠬᠡᠨ ᠪᠠᠶᠢᠭᠤᠯᠤᠯᠳᠠ ᠶᠢᠨ ᠲᠦᠷᠦᠯ | ᠵᠦᠢᠯ ᠤᠨ ᠭᠡᠮ ᠰᠤᠭᠤᠭ ᠢ ᠪᠠᠶᠢᠴᠠᠭᠠᠵᠤ᠂ ᠲᠠᠩᠰᠠ ᠡᠪᠭᠡᠮᠡᠯ ᠪᠠᠶᠢᠭᠤᠯᠤᠨ᠂ ᠬᠠᠮᠢᠶᠠᠷᠤᠯᠳᠠ ᠶᠢᠨ ᠲᠦᠷᠢᠮ ᠢ | ᠴᠢᠩᠭᠠᠳᠬᠠᠨ᠎ᠠ᠃ ᠠᠭᠤᠷᠬᠠᠢ ᠶᠢᠨ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠵᠤ᠂ ᠠᠵᠤ | ᠠᠬᠤᠶᠢᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠨᠡ ᠵᠢᠯ 30 ᠡᠷᠦᠬᠡ ᠠᠭᠤᠷᠬᠠᠢ ᠶᠢᠨ ᠠᠵᠤ | ᠠᠬᠤᠶᠢᠯᠠᠯ᠂ 2 ᠰᠠᠭᠤᠷᠢ ︽ᠭᠤᠷᠪᠠᠨ ᠤᠷᠤᠨ ᠬᠤᠶᠠᠷ ᠱᠤᠭᠤᠮ︾ ᠤᠨ ᠲᠦᠷᠦᠯ ᠵᠦᠢᠯ ᠤᠨ ᠤᠷᠤᠨ ᠬᠢᠭᠡᠳ | ︽ᠡᠵᠡᠩᠨᠡᠯᠳᠡ ᠵᠤᠭᠰᠤᠭᠰᠠᠨ︾ 2 ᠠᠭᠤᠷᠬᠠᠢ ᠶᠢᠨ ᠤᠷᠤᠨ ᠳᠤ ᠠᠮᠢ ᠠᠬᠤᠢ ᠶᠢᠨ ᠵᠠᠰᠠᠯᠳᠠ ᠬᠢᠨ᠎ᠡ᠃ ᠤᠷᠴᠢᠨ | ᠲᠤᠭᠤᠷᠢᠨ ᠢ ᠬᠢᠨᠠᠨ ᠪᠠᠶᠢᠴᠠᠭᠠᠬᠤ ᠪᠠ ᠬᠢᠨᠠᠨ ᠬᠡᠮᠵᠢᠬᠦ ᠴᠢᠳᠠᠪᠤᠷᠢ ᠶᠢ ᠲᠡᠭᠡᠭᠰᠢᠯᠡᠬᠦᠯᠵᠦ᠂ ᠪᠤᠬᠢᠷᠳᠤᠯ | ᠭᠠᠳᠠᠭᠰᠢᠯᠠᠭᠤᠯᠬᠤ ᠪᠠ ᠠᠭᠠᠷ ᠮᠠᠨᠳᠠᠯ ᠤᠨ ᠪᠤᠬᠢᠷᠳᠤᠯ ᠵᠠᠰᠠᠬᠤ ᠠᠵᠢᠯ ᠢ ᠡᠷᠴᠢᠮᠳᠡᠢ ᠲᠦᠯᠬᠢᠨ ᠠᠬᠢᠭᠤᠯᠵᠤ᠂ ︽ | ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠡᠨᠧᠷᠬᠢ ᠠᠷᠪᠢᠯᠠᠵᠤ ᠬᠤᠷᠤᠭᠳᠠᠯ ᠪᠠᠭᠠᠰᠬᠠᠬᠤ 16 | % ᠶᠢᠨ ᠡᠬᠦᠷᠭᠡ ᠬᠠᠷᠠᠯᠳᠠ ᠶᠢ ᠪᠠᠳᠤᠯᠠᠬᠤ ᠭᠡᠷᠡᠭᠳᠡᠢ᠃ | ︵ᠲᠦᠷᠪᠡ︶ ᠠᠷᠠᠳ ᠲᠦᠮᠡᠨ ᠤ ᠵᠤᠯ ᠵᠢᠷᠭᠠᠯ ᠤᠨ ᠵᠢᠭᠠᠯᠳᠠ ᠲᠤᠭ᠎ᠠ ᠶᠢ ᠨᠡᠮᠡᠭᠳᠡᠬᠦᠯᠵᠦ᠂ ᠡᠯ᠎ᠡ ᠲᠦᠷᠦᠯ | ᠤᠨ ᠨᠡᠶᠢᠬᠡᠮ ᠤᠨ ᠦᠢᠯᠡᠰ ᠢ ᠨᠢᠬᠡᠳᠦᠯᠳᠡᠢ ᠲᠦᠯᠦᠪᠯᠡᠵᠦ ᠲᠦᠯᠬᠢᠨ ᠠᠬᠢᠭᠤᠯᠤᠨ᠎ᠠ᠃ ᠡᠯ᠎ᠡ ᠲᠦᠷᠦᠯ ᠤᠨ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯᠠᠪᠠᠷ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ | ᠪᠡᠯᠡ ᠤᠷᠤᠭᠤᠯᠤᠯᠳᠠ ᠶᠢ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 50 % ᠠᠴᠠ ᠲᠡᠭᠡᠭᠰᠢ | ᠪᠠᠶᠢᠯᠭᠠᠬᠤ ᠪᠠᠷ ᠴᠢᠷᠮᠠᠶᠢᠨ᠂ ᠠᠵᠤ ᠠᠬᠤᠢ ᠶᠢᠨ ᠬᠦᠭᠵᠢᠯᠳᠡ ᠶᠢᠨ ᠦᠷ᠎ᠡ ᠪᠦᠳᠦᠭᠡᠯ ᠢᠶᠠᠷ ᠡᠯ᠎ᠡ ᠦᠨᠳᠦᠰᠦᠳᠡᠨ ᠤ | ᠠᠷᠠᠳ ᠲᠦᠮᠡᠨ ᠳᠤ ᠨᠡᠩ ᠶᠡᠭᠡ ᠠᠰᠢᠭ ᠲᠤᠰᠠ ᠬᠦᠷᠳᠡᠭᠡᠬᠦ ᠭᠡᠷᠡᠭᠳᠡᠢ᠃ | ᠠᠷᠠᠳ ᠲᠤ ᠠᠰᠢᠭᠳᠠᠢ ᠪᠤᠳᠠᠳᠤ ᠠᠵᠢᠯ ᠢ ᠦᠨᠡᠨᠬᠦ ᠰᠠᠶᠢᠨ ᠬᠢᠨ᠎ᠡ ᠃ ᠢᠵᠢ ᠪᠦᠷᠢᠳᠦᠭᠰᠡᠨ ᠪᠡᠯᠡ | ᠮᠦᠩᠬᠦ ᠪᠠ ᠬᠤᠯᠪᠤᠭᠳᠠᠯ ᠪᠦᠬᠦᠢ ᠠᠷᠭ᠎ᠠ ᠭᠡᠮᠵᠢᠶ᠎ᠡ ᠶᠢ ᠪᠦᠬᠦ ᠬᠦᠴᠦᠨ ᠢᠶᠠᠷ ᠨᠠᠶᠢᠳᠠᠪᠤᠷᠢᠵᠢᠭᠤᠯᠵᠤ᠂ ᠪᠦᠬᠦ ᠠᠶᠢᠮᠠᠭ | ᠤᠨ ᠨᠢᠭᠡᠳᠦᠯᠳᠡᠢ ᠪᠠᠶᠢᠷᠢᠯᠠᠭᠤᠯᠤᠭᠰᠠᠨ ᠠᠷᠠᠳ ᠤᠨ ᠠᠮᠢᠳᠤᠷᠠᠯ ᠤᠨ ᠠᠷᠪᠠᠨ ᠢᠨᠵᠧᠨᠧᠷᠢᠩ ᠢ ᠨᠠᠷᠢᠨ ᠨᠢᠮᠪᠠᠢ | ᠭᠡᠷᠡᠭᠵᠢᠬᠦᠯᠬᠦ ᠭᠡᠷᠡᠭᠳᠡᠢ᠃ ᠨᠢᠬᠡ ᠨᠢ ᠂ ᠰᠠᠭᠤᠷᠢ ᠰᠤᠷᠭᠠᠨ ᠬᠦᠮᠦᠵᠢᠯ ᠤᠨ ᠴᠢᠨᠠᠷ ᠢ ᠰᠠᠶᠢᠵᠢᠷᠠᠭᠤᠯᠬᠤ | ᠢᠨᠵᠧᠨᠧᠷᠢᠩ᠃ ᠭᠡᠦᠭᠡᠳ ᠤᠨ ᠴᠡᠴᠡᠷᠯᠢᠭ 9 ᠶᠢ ᠪᠠᠶᠢᠭᠤᠯᠤᠨ᠂ ᠪᠦᠬᠦ ᠤᠷᠤᠨ ᠤ ᠵᠢᠱᠢᠶ᠎ᠡ ᠦᠵᠡᠬᠦᠯᠬᠦ | ᠴᠡᠴᠡᠷᠯᠢᠭ 1 ᠶᠢ ᠡᠬᠦᠳᠦᠨ ᠪᠠᠶᠢᠭᠤᠯᠵᠤ︔ 4 ᠰᠠᠭᠤᠷᠢ ᠪᠠᠷᠢᠮᠵᠢᠶᠠᠳᠤ ᠰᠤᠷᠭᠠᠭᠤᠯᠢ ᠶᠢᠨ ᠪᠦᠳᠦᠭᠡᠨ | ᠪᠠᠶᠢᠭᠤᠯᠤᠯᠳᠠ ᠶᠢ ᠬᠢᠨ᠎ᠡ ᠃ ᠬᠤᠶᠠᠷ ᠨᠢ ᠂ ᠦᠢᠯᠡᠰ ᠪᠦᠳᠦᠭᠡᠵᠦ ᠠᠵᠢᠯ ᠤᠯᠬᠤ ᠢᠨᠵᠧᠨᠧᠷᠢᠩ᠃ ᠦᠢᠯᠡᠰ | ᠪᠦᠳᠦᠬᠡᠬᠦ ᠵᠢᠭᠡᠯᠡᠯᠬᠡ 1500 ᠲᠦᠮᠡᠨ ᠲᠦᠬᠦᠷᠢᠭ ᠲᠠᠷᠬᠠᠭᠠᠵᠤ ︔ 220 ᠬᠦᠮᠦᠨ ᠢ ᠦᠢᠯᠡᠰ ᠪᠦᠳᠦᠭᠡᠬᠦ | ᠪᠤᠯᠪᠠᠰᠤᠷᠠᠯ ᠳᠤ ᠤᠷᠤᠯᠴᠠᠭᠤᠯᠤᠨ᠂ 733 ᠬᠦᠮᠦᠨ ᠤ ᠠᠵᠢᠯ ᠤᠯᠬᠤ ᠶᠢ ᠲᠠᠶᠢᠴᠢᠯᠠᠵᠤ︔ ᠠᠵᠢᠯ ᠤᠯᠬᠤ | ᠬᠦᠮᠦᠨ ᠤ ᠲᠤᠭ᠎ᠠ ᠶᠢ 2300 ᠨᠡᠮᠡᠭᠳᠡᠬᠦᠯᠦᠨ︔ 2900 ᠬᠦᠮᠦᠨ ᠢ ᠮᠡᠷᠭᠡᠵᠢᠯ ᠤᠨ ᠪᠤᠯᠪᠠᠰᠤᠷᠠᠯ ᠳᠤ | ᠤᠷᠤᠯᠴᠠᠭᠤᠯᠵᠤ︔ 6000 ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠵᠤ︔ ᠬᠤᠳᠠ ᠪᠠᠯᠭᠠᠰᠤᠨ ᠤ | ᠲᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 3.4 % ᠲᠤᠳᠤᠷ᠎ᠠ ᠬᠢᠵᠠᠭᠠᠷᠯᠠᠨ᠎ᠠ᠃ ᠭᠤᠷᠪᠠ ᠨᠢ᠂ ᠠᠷᠠᠳ | ᠤᠨ ᠠᠮᠢᠳᠤᠷᠠᠯ ᠤᠨ ᠪᠠᠳᠤᠯᠠᠭᠠᠨ ᠤ ᠲᠦᠪᠰᠢᠨ ᠢ ᠲᠡᠭᠡᠭᠰᠢᠯᠡᠬᠦᠯᠬᠦ ᠢᠨᠵᠧᠨᠧᠷᠢᠩ᠃ ᠬᠤᠳᠠ ᠬᠦᠳᠡᠭᠡ ᠶᠢᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠮᠠᠯᠵᠢᠬᠤ ᠲᠠᠷᠢᠶᠠᠯᠠᠬᠤ ᠤᠷᠤᠨ ᠤ ᠲᠠᠪᠤᠨ ᠪᠠᠳᠤᠯᠠᠭᠠᠳᠤ ᠡᠷᠦᠬᠡ ᠶᠢᠨ | ᠲᠦᠪᠯᠡᠷᠡᠬᠦᠯᠦᠨ ᠠᠰᠠᠷᠠᠬᠤ ᠪᠠᠷᠢᠮᠵᠢᠶ᠎ᠠ ᠶᠢ ᠲᠤᠰᠪᠤᠷᠢ 15 % ᠪᠠᠷ ᠨᠡᠮᠡᠭᠳᠡᠬᠦᠯᠵᠦ᠂ ᠦᠨᠳᠦᠷ ᠨᠠᠰᠤᠨ ᠤ | ᠨᠦᠬᠦᠪᠦᠷᠢ ᠶᠢᠨ ᠬᠦᠷᠢᠶ᠎ᠡ ᠭᠡᠪᠴᠢᠶ᠎ᠡ ᠶᠢ ᠠᠯᠬᠤᠮ ᠠᠯᠬᠤᠮ ᠢᠶᠠᠷ ᠦᠷᠭᠡᠳᠭᠡᠨ᠎ᠡ᠃ ᠲᠦᠷᠪᠡ ᠨᠢ᠂ ᠮᠠᠯᠴᠢᠨ | ᠲᠠᠷᠢᠶᠠᠴᠢᠨ ᠤ ᠪᠡᠶ᠎ᠡ ᠶᠢᠨ ᠪᠠᠶᠢᠴᠠᠭᠠᠯᠳᠠ ᠶᠢᠨ ᠢᠨᠵᠧᠨᠧᠷᠢᠩ᠃ ᠮᠠᠯᠵᠢᠬᠤ ᠲᠠᠷᠢᠶᠠᠯᠠᠬᠤ ᠤᠷᠤᠨ ᠤ 45 ᠠᠴᠠ 50 | ᠨᠠᠰᠤᠨ ᠤ ᠡᠮᠡᠭᠳᠡᠶᠢᠴᠤᠳ ᠪᠠ 50 ᠠᠴᠠ 55 ᠨᠠᠰᠤᠨ ᠤ ᠡᠷᠡᠭᠳᠡᠶᠢᠴᠤᠳ ᠲᠤ ᠦᠨ᠎ᠡ ᠲᠦᠯᠦᠪᠦᠷᠢ ᠦᠬᠡᠢ ᠪᠠᠷ | ᠪᠡᠶ᠎ᠡ ᠶᠢᠨ ᠪᠠᠶᠢᠴᠠᠭᠠᠯᠳᠠ ᠬᠢᠵᠦ︔ ᠬᠡᠦᠭᠡᠳ ᠲᠦᠷᠦᠬᠦ ᠲᠠᠭᠠᠳᠬᠠᠯ ᠤᠨ ᠠᠵᠢᠯ ᠢ ᠲᠡᠬᠦᠯᠳᠡᠷᠵᠢᠬᠦᠯᠦᠨ᠂ | ᠵᠢᠷᠮᠦᠰᠯᠡᠬᠦ ᠠᠴᠠ ᠡᠮᠦᠨᠡᠬᠢ ᠲᠦᠯᠦᠪᠦᠷᠢ ᠦᠬᠡᠢ ᠪᠠᠶᠢᠴᠠᠭᠠᠯᠳᠠ ᠶᠢ ᠪᠦᠬᠦ ᠲᠠᠯᠠᠪᠠᠷ ᠭᠡᠷᠡᠭᠵᠢᠬᠦᠯᠦᠨ᠎ᠡ᠃ ᠲᠠᠪᠤ ᠨᠢ᠂ | ᠠᠶᠤᠯᠬᠦᠢ ᠤᠰᠤ ᠤᠮᠳᠠ ᠶᠢᠨ ᠢᠨᠵᠧᠨᠧᠷᠢᠩ᠃ 16 ᠰᠠᠭᠤᠷᠢ ᠠᠶᠤᠯᠬᠦᠢ ᠤᠰᠤ ᠲᠦᠭᠡᠭᠡᠯ ᠤᠰᠤᠨ ᠤ | ᠢᠨᠵᠧᠨᠧᠷᠢᠩ ᠢ ᠭᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠰᠤᠨ ᠤ ᠴᠢᠨᠠᠷ ᠢ ᠰᠢᠯᠭᠠᠨ ᠪᠠᠶᠢᠴᠠᠭᠠᠬᠤ | ᠲᠦᠪ ᠤᠨ ᠪᠦᠳᠦᠬᠡᠨ ᠪᠠᠶᠢᠭᠤᠯᠤᠯᠳᠠ ᠶᠢ ᠡᠬᠢᠯᠡᠨ᠎ᠡ᠃ ᠵᠢᠷᠭᠤᠭ᠎ᠠ ᠨᠢ᠂ ᠮᠠᠯᠵᠢᠬᠤ ᠲᠠᠷᠢᠶᠠᠯᠠᠬᠤ ᠤᠷᠤᠨ ᠤ ᠵᠠᠮ | ᠵᠠᠰᠠᠬᠤ ᠢᠨᠵᠧᠨᠧᠷᠢᠩ ᠃ ᠭᠠᠴᠠᠭ᠎ᠠ ᠲᠤᠰᠬᠤᠨ ᠤ ᠽᠧᠮᠧᠨ᠋ᠲ ᠵᠠᠮ 198 ᠺᠢᠯᠤᠮᠧᠲᠷ ᠢ ᠰᠢᠨ᠎ᠡ ᠪᠠᠷ ᠪᠠᠶᠢᠭᠤᠯᠵᠤ | ᠂ 38 ᠭᠠᠴᠠᠭ᠎ᠠ ᠲᠤᠰᠬᠤᠨ ᠳᠤ ᠨᠡᠪᠳᠡᠷᠡᠬᠦᠯᠦᠨ᠎ᠡ᠃ ᠲᠤᠯᠤᠭ᠎ᠠ ᠨᠢ᠂ ᠬᠤᠳᠠ ᠪᠠᠯᠭᠠᠰᠤᠨ ᠤ ᠵᠡᠬᠡᠯᠢ ᠭᠤᠳᠤᠮᠵᠢ | ᠶᠢ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠃ ᠪᠤᠤᠴᠠᠩ ᠪᠠᠯᠭᠠᠰᠤᠨ ᠤ ᠬᠠᠭᠤᠴᠢᠨ ᠲᠤᠭᠤᠷᠢᠭ ᠤᠨ 5. | 4 ᠺᠢᠯᠤᠮᠧᠲᠷ ᠤᠷᠳᠤ᠂ 4 ᠲᠦᠮᠡᠨ ᠬᠠᠪᠳᠠᠭᠠᠢ ᠲᠦᠷᠪᠡᠯᠵᠢᠨ ᠮᠧᠲᠷ ᠲᠠᠯᠠᠪᠠᠢ ᠵᠡᠭᠡᠯᠢ ᠭᠤᠳᠤᠮᠵᠢ ᠶᠢ | ᠦᠬᠡᠷᠡᠴᠢᠯᠡᠨ ᠰᠠᠶᠢᠵᠢᠷᠠᠭᠤᠯᠤᠨ᠎ᠠ᠃ ᠨᠠᠢᠮᠠ ᠨᠢ᠂ ᠮᠡᠳᠡᠭᠡ ᠵᠠᠩᠬᠢ ᠶᠢ ᠬᠦᠳᠡᠭᠡ ᠲᠠᠮᠵᠢᠭᠤᠯᠬᠤ ᠢᠨᠵᠧᠨᠧᠷᠢᠩ ᠃ | ᠠᠶᠢᠮᠠᠭ ᠬᠤᠰᠢᠭᠤ ᠬᠤᠶᠠᠷ ᠱᠠᠳᠤᠨ ᠤ ᠷᠠᠳᠢᠤ᠋ ᠲᠧᠯᠸᠢᠰ ᠤᠨ ᠲᠤᠬᠢᠶᠠᠨ ᠤ ᠪᠦᠷᠬᠦᠴᠡ ᠶᠢ 90 % ᠠᠴᠠ | ᠲᠡᠭᠡᠭᠰᠢ ᠪᠤᠯᠭᠠᠵᠤ︔ ᠮᠤᠩᠭᠤᠯ ᠬᠢᠳᠠᠳ ᠬᠤᠶᠠᠷ ᠬᠡᠯᠡᠨ ᠤ ᠭᠠᠷ ᠤᠳᠠᠰᠤ 500 ᠶᠢ ᠲᠠᠷᠬᠠᠭᠠᠨ᠎ᠠ᠃ ᠶᠢᠰᠦ ᠨᠢ᠂ | ᠦᠨᠳᠦᠰᠦᠨ ᠱᠠᠳᠤᠨ ᠤ ᠦᠢᠯᠡᠴᠢᠯᠡᠬᠡᠨ ᠤ ᠴᠢᠳᠠᠪᠤᠷᠢ ᠶᠢ ᠲᠡᠭᠡᠭᠰᠢᠯᠡᠬᠦᠯᠬᠦ ᠢᠨᠵᠧᠨᠧᠷᠢᠩ ᠃ ᠠᠮᠢ ᠠᠬᠤᠢ ᠶᠢᠨ | ᠬᠠᠮᠠᠭᠠᠯᠠᠭᠴᠢ ᠶᠢᠨ ᠠᠵᠢᠯ ᠤᠨ ᠪᠠᠶᠢᠷᠢ ᠳᠤ 190 ᠬᠦᠮᠦᠨ ᠡᠯᠰᠡᠵᠦ ︔ ᠮᠠᠯᠵᠢᠬᠤ ᠲᠠᠷᠢᠶᠠᠯᠠᠬᠤ ᠤᠷᠤᠨ ᠳᠤ | ᠰᠢᠤᠳᠠᠨ ᠦᠢᠯᠡᠴᠢᠯᠡᠬᠡᠨ ᠤ ᠴᠡᠭ 100 ᠶᠢ ᠪᠠᠶᠢᠭᠤᠯᠤᠨ᠎ᠠ᠃ ᠠᠷᠪᠠ ᠨᠢ᠂ ᠴᠠᠬᠢᠯᠭᠠᠨ ᠬᠠᠩᠭᠠᠯᠭ᠎ᠠ ᠶᠢ | ᠰᠠᠶᠢᠵᠢᠷᠠᠭᠤᠯᠬᠤ ᠢᠨᠵᠧᠨᠧᠷᠢᠩ ᠃ ᠮᠠᠯᠵᠢᠬᠤ ᠲᠠᠷᠢᠶᠠᠯᠠᠬᠤ ᠤᠷᠤᠨ ᠤ 35 ᠺᠢᠯᠤᠸᠤᠯᠲ ᠤᠨ ᠴᠠᠬᠢᠯᠭᠠᠨ ᠱᠤᠭᠤᠮ | 68 ᠺᠢᠯᠤᠮᠧᠲᠷ᠂ 10 ᠺᠢᠯᠤᠸᠤᠯᠲ ᠠᠴᠠ ᠲᠤᠷᠤᠭᠰᠢ ᠴᠠᠬᠢᠯᠭᠠᠨ ᠱᠤᠭᠤᠮ 161 ᠺᠢᠯᠤᠮᠧᠲᠷ ᠢ ᠦᠬᠡᠷᠡᠴᠢᠯᠡᠨ | ᠰᠠᠶᠢᠵᠢᠷᠠᠭᠤᠯᠤᠨ᠎ᠠ᠃ | ᠡᠬᠦᠨ ᠤ ᠬᠠᠮᠳᠤ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠲᠠᠭᠠᠵᠤ᠂ ᠤᠯᠠᠨ ᠠᠷᠭ᠎ᠠ ᠵᠠᠮ ᠢᠶᠠᠷ | ᠪᠡᠯᠡ ᠬᠤᠷᠠᠮᠳᠤᠭᠤᠯᠵᠤ ᠪᠠᠶᠢᠭᠠᠳ ᠲᠤᠤᠷᠠᠬᠢ ᠭᠡᠳᠦᠨ ᠲᠠᠯ᠎ᠠ ᠶᠢᠨ ᠪᠤᠳᠠᠳᠤ ᠠᠵᠢᠯ ᠢ ᠬᠢᠨ᠎ᠡ᠃ | ᠨᠢᠬᠡ ᠳᠤ᠂ ᠬᠢᠳᠠᠳ ᠮᠤᠩᠭᠤᠯ ᠡᠮᠨᠡᠯᠬᠡ ᠶᠢᠨ ᠬᠤᠷᠢᠶᠠᠨ ᠤ ᠪᠦᠳᠦᠬᠡᠨ ᠪᠠᠶᠢᠭᠤᠯᠤᠯᠳᠠ ᠶᠢ ᠡᠬᠢᠯᠡᠵᠦ᠂ | ᠬᠠᠭᠤᠴᠢᠨ ᠬᠤᠳᠠ ᠶᠢᠨ ᠲᠤᠭᠤᠷᠢᠭ ᠲᠤ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠦᠬᠡᠢ ᠠᠰᠠᠭᠤᠳᠠᠯ ᠪᠤᠯᠤᠨ | ᠬᠢᠳᠠᠳ ᠮᠤᠩᠭᠤᠯ ᠡᠮᠨᠡᠯᠬᠡ ᠶᠢᠨ ᠬᠤᠷᠢᠶᠠᠨ ᠤ ᠨᠦᠬᠦᠴᠡᠯ ᠮᠠᠭᠤ ᠠᠰᠠᠭᠤᠳᠠᠯ ᠢ ᠰᠢᠢᠳᠪᠦᠷᠢᠯᠡᠨ᠎ᠡ᠃ ᠬᠤᠶᠠᠷ ᠲᠤ᠂ | ᠬᠤᠳᠠ ᠬᠦᠳᠡᠭᠡ ᠶᠢᠨ ᠠᠭᠤᠯᠵᠠᠷ ᠤᠨ ᠭᠡᠭᠡᠷᠡᠬᠦᠯᠦᠯᠳᠡ ᠶᠢᠨ ᠢᠨᠵᠧᠨᠧᠷᠢᠩ ᠢ ᠭᠡᠷᠡᠭᠵᠢᠬᠦᠯᠵᠦ᠂ ᠪᠤᠤᠴᠠᠩ ᠤᠨ | ᠬᠤᠶᠢᠳᠤ ᠭᠡᠰᠡᠭ ᠤᠨ ᠬᠤᠳᠠ ᠬᠦᠳᠡᠭᠡ ᠶᠢᠨ ᠠᠭᠤᠯᠵᠠᠷ ᠤᠨ 13 ᠺᠢᠯᠤᠮᠧᠲᠷ ᠭᠤᠤᠯ ᠵᠠᠮ ᠳᠤ ᠳ᠋ᠧᠩ | ᠤᠭᠰᠠᠷᠠᠵᠤ᠂ ᠭᠡᠷᠡᠯᠳᠦᠬᠦᠯᠬᠡ ᠦᠬᠡᠢ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ᠂ ᠬᠠᠭᠤᠴᠢᠨ ᠲᠤᠭᠤᠷᠢᠭ | ᠲᠤ ᠪᠡᠶ᠎ᠡ ᠲᠠᠮᠢᠷ ᠤᠨ ᠤᠷᠳᠤᠨ ᠲᠠᠯᠠᠪᠠᠢ ᠪᠠᠶᠢᠭᠤᠯᠬᠤ ᠠᠵᠢᠯ ᠢ ᠡᠬᠢᠯᠡᠬᠦᠯᠵᠦ᠂ ᠬᠠᠭᠤᠴᠢᠨ ᠲᠤᠭᠤᠷᠢᠭ ᠲᠤ | ᠶᠡᠷᠦᠩᠬᠡᠶᠢᠯᠡᠭᠰᠡᠨ ᠴᠢᠨᠠᠷᠳᠠᠢ ᠲᠠᠮᠢᠷ ᠤᠨ ᠤᠷᠳᠤᠨ ᠲᠠᠯᠠᠪᠠᠢ ᠪᠠ ᠨᠠᠰᠤᠳᠠᠶᠢᠴᠤᠳ ᠤᠨ ᠪᠠᠷᠢᠮᠵᠢᠶᠠᠳᠤ ᠬᠦᠳᠡᠯᠪᠦᠷᠢ | ᠶᠢᠨ ᠲᠠᠯᠠᠪᠠᠢ ᠦᠬᠡᠢ ᠠᠰᠠᠭᠤᠳᠠᠯ ᠢ ᠰᠢᠢᠳᠪᠦᠷᠢᠯᠡᠨ᠎ᠡ᠃ ᠲᠦᠷᠪᠡ ᠳᠤ᠂ ᠠᠮᠢᠳᠤᠷᠠᠯ ᠤᠨ ᠬᠤᠭ ᠨᠤᠪᠰᠢ ᠶᠢ | ᠰᠢᠢᠳᠪᠦᠷᠢᠯᠡᠬᠦ ᠦᠢᠯᠡᠳᠪᠦᠷᠢ ᠪᠠ 3 ᠰᠠᠭᠤᠷᠢ ᠬᠤᠭ ᠨᠤᠪᠰᠢ ᠵᠦᠬᠡᠬᠡᠪᠦᠷᠢᠯᠡᠬᠦ ᠦᠷᠳᠡᠭᠡ ᠶᠢ ᠠᠰᠢᠭᠯᠠᠬᠤ ᠶᠢᠨ | ᠬᠠᠮᠳᠤ᠂ 9 ᠰᠠᠭᠤᠷᠢ ᠤᠰᠤ ᠪᠠᠷ ᠵᠠᠶᠢᠯᠠᠬᠤ ᠨᠡᠶᠢᠳᠡ ᠶᠢᠨ ᠵᠤᠷᠯᠤᠩ ᠢ ᠡᠬᠢᠯᠡᠵᠦ ᠠᠰᠢᠭᠯᠠᠨ᠂ 5 ᠰᠠᠭᠤᠷᠢ ᠶᠢ | ᠰᠢᠨ᠎ᠡ ᠪᠠᠷ ᠪᠠᠶᠢᠭᠤᠯᠵᠤ᠂ ᠨᠡᠶᠢᠳᠡ ᠶᠢᠨ ᠵᠤᠷᠯᠤᠩ ᠴᠦᠭᠡᠨ ᠪᠦᠬᠡᠳ ᠰᠠᠯᠠᠩ᠂ ᠤᠷᠴᠢᠨ ᠲᠤᠭᠤᠷᠢᠨ ᠤ ᠠᠷᠢᠭᠤᠨ | ᠴᠡᠪᠡᠷ ᠮᠠᠭᠤ ᠠᠰᠠᠭᠤᠳᠠᠯ ᠢ ᠰᠢᠢᠳᠪᠦᠷᠢᠯᠡᠨ᠎ᠡ᠃ ᠲᠠᠪᠤ ᠳᠤ᠂ ᠭᠠᠴᠠᠭ᠎ᠠ ᠲᠤᠰᠬᠤᠨ ᠤ ᠠᠯᠪᠠᠨ ᠵᠠᠷᠤᠳᠠᠯ ᠪᠠ ᠺᠠᠳᠠᠷ | ᠤᠨ ᠴᠠᠯᠢᠩ ᠤᠯᠭᠤᠮᠵᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠵᠦ᠂ ︽ᠬᠤᠶᠠᠷ ᠵᠦᠪᠯᠡᠯ︾ ᠤᠨ ᠭᠤᠤᠯ | ᠤᠳᠤᠷᠢᠳᠤᠯᠭ᠎ᠠ ᠶᠢᠨ ᠲᠤᠰᠢᠶᠠᠯ ᠤᠨ ᠴᠠᠯᠢᠩ ᠢ 7000 ᠲᠦᠬᠦᠷᠢᠭ ᠪᠠᠶᠢᠭᠰᠠᠨ ᠠᠴᠠ 1 ᠲᠦᠮᠡᠨ ᠲᠦᠬᠦᠷᠢᠭ ᠲᠤ | ᠬᠦᠷᠭᠡᠵᠦ᠂ ᠲᠡᠳ᠋ ᠪᠠᠶᠢᠷᠢ ᠶᠢᠨ ᠲᠤᠰᠢᠶᠠᠯ ᠤᠨ ᠴᠠᠯᠢᠩ ᠢ 5600 ᠲᠦᠬᠦᠷᠢᠭ ᠪᠠᠶᠢᠭᠰᠠᠨ ᠠᠴᠠ 8000 | ᠲᠦᠬᠦᠷᠢᠭ ᠪᠤᠯᠭᠠᠵᠤ ᠦᠰᠭᠡᠨ᠂ ᠠᠯᠪᠠᠨ ᠵᠠᠷᠤᠳᠠᠯ ᠢ 3.7 ᠲᠦᠮᠡᠨ ᠲᠦᠬᠦᠷᠢᠭ ᠪᠠᠶᠢᠭᠰᠠᠨ ᠠᠴᠠ 5 ᠲᠦᠮᠡᠨ | ᠲᠦᠬᠦᠷᠢᠭ ᠲᠤ ᠬᠦᠷᠭᠡᠵᠦ᠂ ᠦᠨᠳᠦᠰᠦᠨ ᠱᠠᠳᠤᠨ ᠤ ᠺᠠᠳᠠᠷ ᠤᠨ ᠴᠠᠯᠢᠩ ᠤᠯᠭᠤᠮᠵᠢ ᠲᠤᠤᠷ᠎ᠠ ᠪᠠ ᠠᠯᠪᠠᠨ | ᠵᠠᠷᠤᠳᠠᠯ ᠬᠦᠷᠦᠯᠴᠡᠬᠦ ᠦᠬᠡᠢ ᠠᠰᠠᠭᠤᠳᠠᠯ ᠢ ᠰᠢᠢᠳᠪᠦᠷᠢᠯᠡᠨ᠎ᠡ᠃ ᠵᠢᠷᠭᠤᠭ᠎ᠠ ᠳᠤ᠂ ᠨᠢᠭᠡᠳᠦᠭᠡᠷ ᠭᠡᠦᠭᠡᠳ ᠤᠨ | ᠴᠡᠴᠡᠷᠯᠢᠭ ᠪᠠ ᠬᠦᠨᠪᠤᠯᠠᠭ ᠭᠡᠦᠭᠡᠳ ᠤᠨ ᠴᠡᠴᠡᠷᠯᠢᠭ ᠢ ᠠᠰᠢᠭᠯᠠᠯᠳᠠ ᠳᠤ ᠤᠷᠤᠭᠤᠯᠵᠤ᠂ ᠨᠢᠯᠬ᠎ᠠ ᠭᠡᠦᠭᠡᠳ ᠤᠨ | ᠠᠰᠠᠷᠠᠮᠵᠢ ᠶᠢᠨ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠲᠤᠯᠤᠭ᠎ᠠ ᠳᠤ᠂ 3 ᠨᠡᠶᠢᠬᠡᠮ | ᠲᠤᠭᠤᠷᠢᠭ ᠤᠨ ᠬᠠᠳᠠᠭᠤ ᠲᠤᠨᠤᠭ ᠢ ᠰᠠᠶᠢᠵᠢᠷᠠᠭᠤᠯᠵᠤ᠂ ᠨᠡᠶᠢᠬᠡᠮ ᠲᠤᠭᠤᠷᠢᠭ ᠤᠨ ᠠᠯᠪᠠᠨ ᠭᠡᠷ ᠪᠠ ᠬᠦᠳᠡᠯᠪᠦᠷᠢ | ᠶᠢᠨ ᠲᠠᠯᠠᠪᠠᠢ ᠬᠦᠷᠦᠯᠴᠡᠬᠦ ᠦᠬᠡᠢ ᠠᠰᠠᠭᠤᠳᠠᠯ ᠢ ᠰᠢᠢᠳᠪᠦᠷᠢᠯᠡᠨ᠎ᠡ᠃ ᠨᠠᠢᠮᠠ ᠳᠤ᠂ 1 ᠺᠢᠯᠤᠮᠧᠲᠷ ᠤᠷᠳᠤ ᠢᠯᠴᠢ | ᠬᠠᠩᠭᠠᠬᠤ ᠲᠤᠤᠷ ᠬᠤᠭᠤᠯᠠᠢ ᠶᠢ ᠦᠬᠡᠷᠡᠴᠢᠯᠡᠵᠦ᠂ ᠭᠡᠰᠡᠭ ᠲᠤᠭᠤᠷᠢᠭ ᠤᠨ ᠲᠤᠯᠠᠭᠠᠯᠠᠭ᠎ᠠ ᠪᠠᠷᠢᠮᠵᠢᠶ᠎ᠠ ᠳᠤ ᠬᠦᠷᠬᠦ | ᠦᠬᠡᠢ ᠠᠰᠠᠭᠤᠳᠠᠯ ᠢ ᠰᠢᠢᠳᠪᠦᠷᠢᠯᠡᠨ᠎ᠡ᠃ | ᠨᠡᠶᠢᠬᠡᠮ ᠤᠨ ᠪᠠᠳᠤᠯᠠᠭ᠎ᠠ ᠶᠢ ᠪᠦᠬᠦ ᠲᠠᠯᠠᠪᠠᠷ ᠪᠠᠬᠢᠵᠢᠬᠦᠯᠬᠦ ᠭᠡᠷᠡᠭᠳᠡᠢ᠃ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠠᠰᠠᠷᠠᠮᠵᠢ ᠶᠢᠨ ᠮᠦᠩᠬᠦ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ | ᠨᠠᠰᠤᠵᠢᠯ ᠤᠨ ᠠᠰᠠᠷᠠᠮᠵᠢ ᠶᠢᠨ ᠮᠦᠩᠬᠦᠨ ᠤ ᠪᠠᠷᠢᠮᠵᠢᠶ᠎ᠠ ᠶᠢ ᠦᠷᠬᠦᠯᠵᠢᠯᠡᠨ ᠲᠡᠭᠡᠭᠰᠢᠯᠡᠬᠦᠯᠦᠨ᠎ᠡ᠃ ︽ᠨᠠᠭᠠᠳᠤ ᠵᠠᠬ᠎ᠠ | ᠶᠢᠨ ᠠᠮᠢᠳᠤᠷᠠᠯ ᠤᠨ ᠪᠠᠳᠤᠯᠠᠭᠠᠳᠤ ᠭᠡᠷ ᠪᠦᠯᠢ ᠶᠢ ᠬᠢᠨᠠᠨ ᠲᠤᠭᠳᠠᠭᠠᠬᠤ ᠨᠠᠷᠢᠨ ᠲᠦᠷᠢᠮ︾᠂ ︽ᠲᠦᠷ ᠴᠠᠭ ᠤᠨ | ᠠᠪᠤᠷᠠᠨ ᠲᠤᠰᠠᠯᠠᠬᠤ ᠲᠦᠷᠢᠮ ᠢ ᠭᠡᠷᠡᠭᠵᠢᠬᠦᠯᠬᠦ ᠨᠠᠷᠢᠨ ᠲᠦᠷᠢᠮ︾ ᠶᠢ ᠲᠤᠭᠳᠠᠭᠠᠵᠤ᠂ ᠡᠮ ᠡᠮᠨᠡᠯᠬᠡ᠂ ᠲᠦᠷ ᠴᠠᠭ | ᠤᠨ ᠠᠪᠤᠷᠠᠨ ᠲᠤᠰᠠᠯᠠᠬᠤ ᠪᠠ ᠤᠨᠴᠠᠭᠠᠢ ᠪᠦᠯᠦᠭᠯᠡᠯ ᠢ ᠠᠪᠤᠷᠠᠨ ᠲᠤᠰᠠᠯᠠᠬᠤ ᠲᠦᠷᠢᠮ ᠲᠤᠭᠳᠠᠭᠠᠯ ᠢ ᠲᠠᠰᠤᠷᠠᠯᠳᠠ | ᠦᠬᠡᠢ ᠲᠡᠬᠦᠯᠳᠡᠷᠵᠢᠬᠦᠯᠦᠨ᠂ ︽ ᠪᠠᠴᠢᠮ ᠬᠦᠴᠢᠷ ᠪᠠᠶᠢᠳᠠᠯ ᠳᠤ ᠠᠪᠤᠷᠠᠨ ᠲᠤᠰᠠᠯᠠᠬᠤ︾ ᠠᠵᠢᠯ ᠢ ᠢᠳᠡᠪᠬᠢᠳᠡᠢ | ᠦᠷᠨᠢᠬᠦᠯᠦᠨ᠎ᠡ᠃ ᠨᠡᠶᠢᠬᠡᠮ ᠤᠨ ᠠᠪᠤᠷᠠᠨ ᠲᠤᠰᠠᠯᠠᠬᠤ ᠪᠡᠯᠡ ᠮᠦᠩᠬᠦ ᠶᠢ ᠲᠦᠰᠦᠪ ᠤᠨ ᠬᠠᠮᠢᠶᠠᠷᠤᠯᠳᠠ ᠳᠤ | ᠤᠷᠤᠭᠤᠯᠵᠤ᠂ ᠬᠦᠴᠢᠷᠳᠡᠢ ᠤᠯᠠᠨ ᠲᠦᠮᠡᠨ ᠤ ᠨᠡᠶᠢᠬᠡᠮ ᠤᠨ ᠲᠤᠰᠠᠯᠠᠮᠵᠢ ᠶᠢ ᠡᠷᠴᠢᠮᠳᠡᠢ ᠰᠠᠶᠢᠨ ᠬᠢᠬᠦ ᠭᠡᠷᠡᠭᠳᠡᠢ᠃ | ᠡᠯ᠎ᠡ ᠲᠦᠷᠦᠯ ᠤᠨ ᠪᠠᠳᠤᠯᠠᠭᠠᠨ ᠤ ᠪᠡᠯᠡ ᠮᠦᠩᠬᠦ ᠶᠢᠨ ᠬᠠᠮᠢᠶᠠᠷᠤᠯᠳᠠ ᠶᠢ ᠴᠢᠩᠭᠠᠳᠬᠠᠵᠤ᠂ ᠲᠤᠭᠳᠠᠭᠰᠠᠨ ᠴᠠᠭ | ᠲᠠᠭᠠᠨ ᠲᠤᠭ᠎ᠠ ᠶᠤᠰᠤᠭᠠᠷ ᠲᠠᠷᠬᠠᠭᠠᠬᠤ ᠶᠢ ᠪᠠᠳᠤᠯᠠᠨ᠎ᠠ᠃ ᠠᠮᠤᠷ ᠲᠦᠪᠰᠢᠨ ᠤᠷᠤᠨ ᠰᠠᠭᠤᠴᠠ ᠶᠢᠨ ᠢᠨᠵᠧᠨᠧᠷᠢᠩ | ᠢ ᠬᠦᠴᠦᠯᠡᠨ ᠠᠬᠢᠭᠤᠯᠵᠤ᠂ ᠨᠡᠶᠢᠳᠡ ᠶᠢᠨ ᠲᠦᠷᠢᠶᠡᠰᠦᠨ ᠤ ᠤᠷᠤᠨ ᠰᠠᠭᠤᠴᠠ 100 ᠢᠵᠢ ᠶᠢ ᠪᠠᠶᠢᠭᠤᠯᠵᠤ᠂ | 300 ᠡᠷᠦᠬᠡ ᠶᠢᠨ ᠬᠠᠭᠤᠴᠢᠨ ᠭᠡᠷ ᠪᠠᠶᠢᠰᠢᠩ ᠢ ᠵᠠᠰᠠᠨ ᠰᠢᠨᠡᠳᠭᠡᠨ᠎ᠡ᠃ | ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠤ ᠢᠨᠵᠧᠨᠧᠷᠢᠩ ᠢ ᠬᠦᠨᠵᠡᠬᠡᠢ ᠲᠦᠯᠬᠢᠨ ᠠᠬᠢᠭᠤᠯᠬᠤ ᠭᠡᠷᠡᠭᠳᠡᠢ | ᠃ ᠤᠳᠤᠷᠢᠳᠬᠤ ᠺᠠᠳᠠᠷ ᠶᠠᠳᠠᠭᠤ ᠬᠦᠴᠢᠷᠳᠡᠢ ᠴᠡᠭ ᠯᠦᠭᠡ ᠬᠠᠷᠢᠴᠠᠬᠤ ᠲᠦᠷᠢᠮ ᠢ ᠨᠢᠮᠪᠠᠢ ᠨᠠᠶᠢᠳᠠᠪᠤᠷᠢᠵᠢᠭᠤᠯᠵᠤ᠂ | ︽ ᠭᠤᠷᠪᠠ ᠶᠢ ᠬᠦᠳᠡᠭᠡ ᠬᠦᠷᠭᠡᠵᠦ ᠭᠤᠷᠪᠠ ᠶᠢ ᠡᠷᠦᠬᠡ ᠳᠤ ᠬᠦᠷᠭᠡᠬᠦ︾ ᠠᠵᠢᠯ ᠢ ᠡᠷᠴᠢᠮᠳᠡᠢ ᠰᠠᠶᠢᠨ ᠬᠢᠬᠦ | ᠭᠡᠷᠡᠭᠳᠡᠢ᠃ 3.29 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠰᠠᠭᠤᠷᠢ ᠲᠦᠬᠦᠭᠡᠷᠦᠮᠵᠢ᠂ ᠨᠡᠶᠢᠳᠡ ᠶᠢᠨ | ᠦᠢᠯᠡᠴᠢᠯᠡᠭᠡ᠂ ᠬᠤᠳᠠ ᠤᠰᠤᠨ ᠤ ᠦᠩᠬᠡ ᠲᠦᠷᠬᠦ᠂ ᠠᠵᠤ ᠦᠢᠯᠡᠰ ᠤᠨ ᠬᠦᠭᠵᠢᠯᠳᠡ᠂ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ᠂ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠵᠡᠷᠭᠡ 6 | ᠲᠠᠯ᠎ᠠ ᠶᠢᠨ 58 ᠲᠦᠷᠦᠯ ᠵᠦᠢᠯ ᠢ ᠭᠡᠷᠡᠭᠵᠢᠬᠦᠯᠦᠨ᠂ 38 ᠶᠠᠳᠠᠭᠤ ᠬᠦᠴᠢᠷᠳᠡᠢ ᠭᠠᠴᠠᠭ᠎ᠠ ᠲᠤᠰᠬᠤᠨ ᠳᠤ | ᠬᠤᠯᠪᠤᠭᠳᠠᠭᠤᠯᠤᠨ᠎ᠠ᠃ ᠮᠦᠩᠬᠦᠨ ᠬᠦᠢᠯᠬᠡᠬᠡ ᠪᠠᠷ ᠶᠠᠳᠠᠭᠤ ᠶᠢ ᠳᠡᠳᠬᠦᠬᠦ ᠠᠵᠢᠯ ᠢ ᠰᠠᠶᠢᠨ ᠬᠢᠵᠦ᠂ 1 | ᠳ᠋ᠦᠩᠰᠢᠭᠤᠷ ᠲᠦᠭᠦᠷᠢᠭ ᠤᠨ ᠵᠢᠭᠡᠯᠡᠯᠬᠡ ᠲᠠᠷᠬᠠᠭᠠᠨ᠎ᠠ᠃ ᠶᠠᠳᠠᠭᠤ ᠠᠴᠠ ᠠᠩᠬᠢᠵᠢᠷᠠᠬᠤ ᠴᠢᠳᠠᠪᠤᠷᠢ ᠦᠬᠡᠢ ᠤᠯᠠᠨ | ᠲᠦᠮᠡᠨ ᠢ ᠬᠠᠯᠠᠮᠵᠢᠯᠠᠵᠤ᠂ ᠠᠵᠤ ᠠᠬᠤᠶᠢᠯᠠᠯ᠂ ᠲᠤᠰᠬᠠᠢ ᠬᠤᠷᠰᠢᠶᠠᠵᠢᠯ᠂ ᠲᠠᠷᠢᠵᠤ ᠮᠠᠯᠵᠢᠬᠤ ᠲᠤᠮᠤ ᠡᠷᠦᠬᠡ ᠶᠢᠨ | ᠶᠠᠳᠠᠭᠤ ᠶᠢ ᠲᠡᠳᠬᠦᠵᠦ ᠲᠠᠶᠢᠴᠢᠯᠠᠨ ᠲᠠᠭᠠᠭᠤᠯᠬᠤ ᠳᠤ ᠬᠠᠷᠠᠭᠠᠯᠵᠠᠯ ᠬᠦᠷᠳᠡᠭᠡᠬᠦ ᠠᠷᠭ᠎ᠠ ᠪᠠᠷᠢᠯ ᠢ ᠲᠤᠭᠳᠠᠭᠠᠨ᠎ᠠ᠃ | ᠪᠦᠬᠦ ᠵᠢᠯ ᠳᠤ 1.1 ᠲᠦᠮᠡᠨ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠪᠠᠷ ᠴᠢᠷᠮᠠᠶᠢᠨ᠎ᠠ᠃ ᠶᠠᠳᠠᠭᠤ | ᠬᠦᠴᠢᠷᠳᠡᠢ ᠤᠶᠤᠳᠠᠨ ᠤ ᠰᠤᠷᠤᠯᠭ᠎ᠠ ᠶᠢᠨ ᠲᠤᠰᠠᠯᠠᠮᠵᠢ ᠪᠠ ᠲᠤᠤᠷ᠎ᠠ ᠤᠷᠤᠯᠭ᠎ᠠ ᠲᠠᠢ ᠮᠠᠯᠴᠢᠨ ᠲᠠᠷᠢᠶᠠᠴᠢᠨ ᠡᠷᠦᠬᠡ | ᠳᠤ ᠨᠡᠬᠦᠷᠡᠰᠦᠨ ᠤ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠭᠡᠷᠡᠭᠵᠢᠬᠦᠯᠦᠨ᠎ᠡ᠃ | ᠡᠯ᠎ᠡ ᠲᠦᠷᠦᠯ ᠤᠨ ᠨᠡᠶᠢᠬᠡᠮ ᠤᠨ ᠦᠢᠯᠡᠰ ᠤᠨ ᠬᠦᠭᠵᠢᠯᠳᠡ ᠶᠢ ᠲᠦᠷᠭᠡᠳᠭᠡᠬᠦ ᠭᠡᠷᠡᠭᠳᠡᠢ᠃ ᠰᠠᠭᠤᠷᠢ | ᠰᠤᠷᠭᠠᠨ ᠬᠦᠮᠦᠵᠢᠯ ᠤᠨ ᠴᠢᠨᠠᠷ ᠢ ᠰᠠᠶᠢᠵᠢᠷᠠᠭᠤᠯᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠨᠢᠮᠪᠠᠢ | ᠨᠠᠶᠢᠳᠠᠪᠤᠷᠢᠵᠢᠭᠤᠯᠵᠤ᠂ ᠪᠤᠳᠠᠳᠠᠢ ᠭᠡᠷᠡᠭᠵᠢᠬᠦᠯᠬᠦ ᠠᠷᠭ᠎ᠠ ᠲᠦᠰᠦᠪ ᠪᠠ ᠠᠵᠢᠯ ᠤᠨ ᠨᠠᠷᠢᠨ ᠲᠦᠷᠢᠮ ᠢ | ᠲᠤᠭᠳᠠᠭᠠᠨ᠎ᠠ᠃ ᠬᠤᠶᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠶᠢ ᠡᠬᠢᠯᠡᠨ᠂ 4 | ᠲᠤᠮᠳᠠᠳᠤ ᠪᠠᠭ᠎ᠠ ᠰᠤᠷᠭᠠᠭᠤᠯᠢ ᠳᠤ ᠭᠤᠮ ᠪᠦᠳᠦᠴᠡᠳᠦ ᠬᠦᠶᠦᠯᠳᠡ ᠶᠢᠨ ᠱᠤᠭᠤᠮ ᠪᠠᠶᠢᠭᠤᠯᠵᠤ᠂ 2 ᠰᠠᠭᠤᠷᠢ | ᠰᠠᠯᠬᠢ ᠪᠤᠷᠤᠭᠠᠨ ᠬᠠᠯᠬᠠᠯᠠᠬᠤ ᠲᠠᠮᠢᠷ ᠤᠨ ᠲᠠᠯᠠᠪᠤᠷ ᠢ ᠦᠬᠡᠷᠡᠴᠢᠯᠡᠨ ᠪᠠᠶᠢᠭᠤᠯᠤᠨ᠎ᠠ᠃ ᠪᠦᠬᠦ ᠬᠤᠰᠢᠭᠤᠨ ᠤ | ᠰᠤᠷᠭᠠᠨ ᠬᠦᠮᠦᠵᠢᠯ ᠤᠨ ᠶᠠᠰᠤ ᠴᠢᠨᠠᠷ ᠢ ᠬᠢᠨᠠᠨ ᠰᠢᠯᠭᠠᠵᠤ ᠱᠠᠩᠨᠠᠨ ᠬᠦᠬᠢᠬᠦᠯᠬᠦ ᠠᠷᠭ᠎ᠠ ᠲᠦᠷᠢᠮ ᠢ ᠲᠤᠭᠳᠠᠭᠠᠨ᠂ | ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠺᠠᠳᠠᠷ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠠᠵᠢᠯᠳᠠᠨ ︽ | ᠭᠤᠷᠪᠠᠨ ᠡᠩᠨᠡᠬᠡᠨ︾ ᠤ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠡᠢ᠃ ᠰᠤᠷᠭᠠᠭᠤᠯᠢ ᠶᠢᠨ ᠬᠦᠷᠢᠶᠡᠨ ᠤ ᠬᠦᠯ | ᠪᠦᠮᠪᠦᠭᠡ ᠶᠢᠨ ᠦᠬᠡᠷᠡᠴᠢᠯᠡᠯᠳᠡ ᠶᠢ ᠲᠦᠯᠬᠢᠨ ᠠᠬᠢᠭᠤᠯᠵᠤ᠂ ᠬᠤᠳᠠ ᠶᠢᠨ ᠦᠬᠡ ᠬᠡᠯᠡ ᠦᠰᠦᠭ ᠪᠢᠴᠢᠭ ᠤᠨ | ᠠᠵᠢᠯ ᠢ ᠦᠪᠡᠷᠳᠡᠭᠡᠨ ᠵᠠᠰᠠᠬᠤ ᠤᠷᠤᠨ ᠢᠶᠠᠷ ᠬᠢᠨᠠᠨ ᠰᠢᠯᠭᠠᠭᠤᠯᠬᠤ ᠠᠵᠢᠯ ᠢ ᠰᠠᠶᠢᠨ ᠬᠢᠬᠦ ᠭᠡᠷᠡᠭᠳᠡᠢ᠃ ᠡᠮ | ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠪᠠᠶᠢᠭᠤᠯᠤᠯᠳᠠ ᠶᠢ ᠴᠢᠩᠭᠠᠳᠬᠠᠵᠤ᠂ 2 ᠰᠠᠭᠤᠷᠢ ᠡᠷᠡᠬᠦᠯ | ᠬᠠᠮᠠᠭᠠᠯᠠᠯ ᠤᠨ ᠬᠤᠷᠢᠶᠠᠨ ᠤ ᠠᠵᠢᠯᠯᠠᠬᠤ ᠲᠠᠰᠤᠭ ᠪᠠ ᠪᠠᠶᠢᠷᠢ ᠶᠢᠨ ᠭᠡᠷ ᠤᠨ ᠪᠦᠳᠦᠬᠡᠨ ᠪᠠᠶᠢᠭᠤᠯᠤᠯᠳᠠ ᠶᠢ ᠬᠢᠵᠦ᠂ | ᠡᠬᠡ ᠨᠢᠯᠬᠠᠰ ᠤᠨ ᠡᠷᠡᠬᠦᠯ ᠬᠠᠮᠠᠭᠠᠯᠠᠯ ᠤᠨ ᠦᠷᠳᠡᠭᠡᠨ ᠤ ᠪᠠᠷᠢᠮᠵᠢᠶᠠᠵᠢᠭᠰᠠᠨ ᠪᠦᠳᠦᠬᠡᠨ ᠪᠠᠶᠢᠭᠤᠯᠤᠯᠳᠠ ᠶᠢᠨ | ᠲᠦᠷᠦᠯ ᠵᠦᠢᠯ ᠢ ᠡᠷᠡᠮᠡᠯᠵᠡᠯᠡᠨ ᠤᠯᠬᠤ ᠪᠠᠷ ᠴᠢᠷᠮᠠᠶᠢᠨ᠎ᠠ᠃ ︽ᠡᠮᠨᠡᠯᠬᠡ ᠶᠢᠨ ᠪᠠᠶᠢᠭᠤᠯᠤᠮᠵᠢ ᠶᠢᠨ ᠦᠢᠯᠡᠴᠢᠯᠡᠬᠡᠨ ᠤ | ᠲᠦᠪᠰᠢᠨ ᠢ ᠲᠡᠭᠡᠭᠰᠢᠯᠡᠬᠦᠯᠬᠦ ᠤᠨ︾ ᠤ ᠠᠵᠢᠯᠯᠠᠭ᠎ᠠ ᠶᠢ ᠦᠷᠨᠢᠬᠦᠯᠵᠦ᠂ ᠲᠡᠷᠢᠬᠦᠨ ᠤ ᠭᠠᠵᠠᠷ ᠤᠷᠤᠨ ᠤ ᠰᠢᠯᠢᠳᠡᠭ | ᠡᠮᠴᠢ᠂ ᠲᠤᠰᠬᠠᠢ ᠮᠡᠷᠭᠡᠵᠢᠯᠳᠡᠨ ᠢ ᠤᠷᠢᠵᠤ ᠠᠵᠢᠯᠯᠠᠭᠤᠯᠤᠨ᠂ ᠨᠢᠷᠤᠭᠤᠪᠴᠢ ᠬᠦᠴᠦᠨ ᠢ ᠭᠠᠳᠠᠨ᠎ᠠ ᠤᠷᠤᠨ ᠳᠤ | ᠲᠤᠮᠢᠯᠠᠨ ᠰᠤᠷᠤᠯᠭ᠎ᠠ ᠪᠤᠯᠪᠠᠰᠤᠷᠠᠯ ᠳᠤ ᠤᠷᠤᠯᠴᠠᠭᠤᠯᠵᠤ᠂ ᠡᠮᠨᠡᠯᠬᠡ ᠶᠢᠨ ᠠᠵᠢᠯᠳᠠᠨ ᠤ ᠡᠩᠨᠡᠭᠡ ᠶᠢᠨ ᠬᠢᠷᠢ | ᠲᠦᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠬᠦ ᠭᠡᠷᠡᠭᠳᠡᠢ᠃ ᠰᠤᠶᠤᠯ ᠤᠨ ᠡᠬᠢ ᠪᠠᠶᠠᠯᠢᠭ ᠢ ᠬᠦᠢᠴᠡᠳ | ᠠᠭᠤᠳᠠᠯᠠᠨ᠂ ᠰᠤᠶᠤᠯ ᠲᠡᠦᠬᠡ ᠶᠢᠨ ᠲᠤᠷᠠᠰᠬᠠᠯᠳᠤ ᠵᠦᠢᠯ ᠢ ᠬᠠᠮᠠᠭᠠᠯᠠᠬᠤ ᠪᠠ ᠪᠤᠳᠠᠰ ᠤᠨ ᠪᠤᠰᠤ ᠰᠤᠶᠤᠯ ᠤᠨ | ᠦᠪ ᠢ ᠤᠯᠠᠮᠵᠢᠯᠠᠬᠤ ᠠᠵᠢᠯ ᠢ ᠰᠠᠶᠢᠨ ᠬᠢᠬᠦ ᠭᠡᠷᠡᠭᠳᠡᠢ᠃ ᠤᠯᠠᠭᠠᠨᠮᠦ᠋ᠴᠢᠷ ᠵᠡᠷᠭᠡ ᠤᠷᠠᠯᠢᠭ ᠤᠨ ᠪᠦᠯᠬᠦᠮ ᠤᠨ | ᠵᠤᠬᠢᠶᠠᠨ ᠪᠦᠳᠦᠭᠡᠬᠦ ᠪᠠ ᠤᠯᠠᠮᠵᠢᠯᠠᠨ ᠬᠦᠭᠵᠢᠬᠦᠯᠬᠦ ᠦᠢᠯᠡᠳᠦᠯ ᠢ ᠪᠠᠳᠠᠷᠠᠭᠤᠯᠵᠤ᠂ ᠰᠤᠳᠤᠨ ᠪᠦᠳᠦᠭᠡᠯ ᠢ | ᠢᠳᠡᠪᠬᠢᠳᠡᠢ ᠨᠠᠶᠢᠷᠠᠭᠤᠯᠤᠨ ᠵᠤᠬᠢᠶᠠᠵᠤ᠂ ᠡᠯ᠎ᠡ ᠵᠦᠢᠯ ᠤᠨ ᠰᠤᠶᠤᠯ ᠤᠷᠠᠯᠢᠭ ᠤᠨ ᠠᠵᠢᠯᠯᠠᠭ᠎ᠠ ᠶᠢ ᠰᠠᠶᠢᠳᠤᠷ | ᠦᠷᠨᠢᠬᠦᠯᠬᠦ ᠭᠡᠷᠡᠭᠳᠡᠢ᠃ ︽ᠪᠦᠬᠦ ᠠᠷᠠᠳ ᠢᠶᠠᠷ ᠢᠶᠠᠨ ᠴᠢᠬᠢᠷᠠᠭᠵᠢᠬᠤ ᠲᠦᠷᠢᠮ︾ ᠢ ᠬᠦᠨᠵᠡᠬᠡᠢ ᠲᠤᠤᠱᠯᠠᠭᠤᠯᠵᠤ᠂ | ᠡᠯ᠎ᠡ ᠲᠦᠷᠦᠯ ᠤᠨ ᠤᠷᠤᠯᠳᠤᠭᠠᠨ ᠨᠠᠭᠠᠳᠤᠮ ᠢ ᠢᠳᠡᠪᠬᠢᠳᠡᠢ ᠡᠷᠬᠢᠯᠡᠨ᠂ ᠡᠮᠡᠭᠳᠡᠶᠢᠴᠤᠳ᠂ ᠭᠡᠦᠭᠡᠳ ᠪᠠᠭᠠᠴᠤᠳ᠂ | ᠨᠠᠰᠤᠳᠠᠶᠢᠴᠤᠳ ᠤᠨ ᠦᠢᠯᠡᠰ ᠤᠨ ᠡᠷᠡᠬᠦᠯ ᠢᠶᠠᠷ ᠬᠦᠭᠵᠢᠬᠦ ᠶᠢ ᠲᠦᠯᠬᠢᠨ ᠠᠬᠢᠭᠤᠯᠤᠨ᠎ᠠ᠃ | ᠦᠨᠳᠦᠰᠦᠳᠡᠨ ᠱᠠᠰᠢᠨ ᠰᠤᠷᠳᠠᠬᠤᠨ ᠤ ᠠᠵᠢᠯ ᠢ ᠡᠷᠴᠢᠮᠳᠡᠢ ᠰᠠᠶᠢᠨ ᠬᠢᠬᠦ ᠭᠡᠷᠡᠭᠳᠡᠢ᠃ ᠭᠤᠷᠪᠠᠨ ᠱᠠᠳᠤᠨ | ᠤ ᠦᠨᠳᠦᠰᠦᠳᠡᠨ ᠤ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠨᠠᠷᠢᠨ ᠨᠢᠮᠪᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠴᠤᠭᠴᠠᠯᠠᠯᠳᠠ ᠶᠢ ᠬᠦᠨᠵᠡᠬᠡᠢ ᠲᠦᠯᠬᠢᠨ | ᠠᠬᠢᠭᠤᠯᠵᠤ᠂ ᠮᠤᠩᠭᠤᠯ ᠬᠢᠳᠠᠳ ᠬᠤᠶᠠᠷ ᠬᠡᠯᠡ ᠶᠢ ᠵᠡᠷᠭᠡᠪᠡᠷ ᠭᠡᠷᠡᠭᠯᠡᠬᠦ ᠠᠵᠢᠯ ᠢ ᠤᠯᠠᠮ ᠨᠢᠬᠡ ᠠᠯᠬᠤᠮ | ᠴᠢᠩᠭᠠᠳᠬᠠᠨ᠎ᠠ᠃ ᠴᠦᠬᠡᠨ ᠲᠤᠭᠠᠳᠤ ᠦᠨᠳᠦᠰᠦᠳᠡᠨ ᠤ ᠬᠦᠭᠵᠢᠬᠦᠯᠦᠯᠳᠡ ᠶᠢᠨ ᠰᠠᠭᠤᠷᠢ ᠮᠦᠩᠬᠦ ᠶᠢ ᠢᠳᠡᠪᠬᠢᠳᠡᠢ | ᠡᠷᠡᠮᠡᠯᠵᠡᠯᠡᠨ ᠤᠯᠵᠤ᠂ ᠴᠦᠭᠡᠨ ᠲᠤᠭᠠᠳᠤ ᠦᠨᠳᠦᠰᠦᠳᠡᠨ ᠤ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ | ᠨᠦᠬᠦᠴᠡᠯ ᠢ ᠲᠠᠰᠤᠷᠠᠯᠳᠠ ᠦᠬᠡᠢ ᠰᠠᠶᠢᠵᠢᠷᠠᠭᠤᠯᠬᠤ ᠭᠡᠷᠡᠭᠳᠡᠢ᠃ ᠨᠠᠮ ᠤᠨ ᠦᠨᠳᠦᠰᠦᠳᠡᠨ ᠱᠠᠰᠢᠨ ᠰᠤᠷᠳᠠᠬᠤᠨ ᠤ | ᠠᠵᠢᠯ ᠤᠨ ᠦᠨᠳᠦᠰᠦᠨ ᠴᠢᠭᠯᠡᠯ ᠢ ᠪᠦᠬᠦ ᠲᠠᠯᠠᠪᠠᠷ ᠲᠤᠤᠱᠯᠠᠭᠤᠯᠵᠤ᠂ ᠱᠠᠰᠢᠨ ᠰᠤᠷᠳᠠᠬᠤᠨ ᠤ ᠡᠳᠡᠭᠡᠳ ᠪᠠ | ᠰᠢᠳᠦᠯᠭᠡᠳᠡᠳ ᠤᠨ ᠠᠵᠤ ᠠᠬᠤᠢ ᠨᠡᠶᠢᠬᠡᠮ ᠤᠨ ᠬᠦᠭᠵᠢᠯᠳᠡ ᠳᠤ ᠦᠵᠡᠬᠦᠯᠬᠦ ᠦᠢᠯᠡᠳᠦᠯ ᠢ ᠪᠠᠳᠠᠷᠠᠭᠤᠯᠤᠨ᠎ᠠ᠃ | ︵ᠲᠠᠪᠤ ︶ ᠨᠡᠶᠢᠬᠡᠮ ᠤᠨ ᠬᠠᠮᠢᠶᠠᠷᠤᠯᠳᠠ ᠶᠢ ᠴᠢᠩᠭᠠᠳᠬᠠᠬᠤ ᠪᠠ ᠰᠢᠨᠡᠴᠢᠯᠡᠵᠦ᠂ ᠨᠡᠶᠢᠬᠡᠮ ᠤᠨ ᠡᠶ᠎ᠡ | ᠵᠤᠬᠢᠴᠠᠯ ᠠᠮᠤᠷ ᠲᠤᠭᠳᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ᠤᠯᠤᠰ ᠲᠦᠷᠦ ᠶᠢᠨ ᠤᠬᠠᠮᠰᠠᠷ ᠪᠠ | ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠬᠡ ᠠᠯᠬᠤᠮ ᠴᠢᠩᠭᠠᠳᠬᠠᠵᠤ᠂ ᠡᠶ᠎ᠡ ᠵᠤᠬᠢᠴᠠᠯ ᠢ ᠴᠢᠩᠭᠠᠷᠠᠭᠤᠯᠬᠤ | ᠂ ᠲᠤᠭᠳᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠡᠬᠦᠷᠭᠡ ᠶᠢ ᠡᠷᠴᠢᠮᠳᠡᠢ ᠰᠠᠶᠢᠨ ᠬᠢᠬᠦ ᠭᠡᠷᠡᠭᠳᠡᠢ᠃ ᠤᠯᠠᠨ | ᠲᠦᠮᠡᠨᠴᠢ ᠠᠵᠢᠯ ᠢ ᠲᠠᠰᠤᠷᠠᠯᠳᠠ ᠦᠬᠡᠢ ᠴᠢᠩᠭᠠᠳᠬᠠᠬᠤ ᠶᠢᠨ ᠬᠠᠮᠳᠤ ᠰᠢᠨᠡᠴᠢᠯᠡᠨ᠎ᠡ᠃ ᠨᠡᠶᠢᠬᠡᠮ ᠲᠤᠭᠤᠷᠢᠭ | ᠤᠨ ᠵᠠᠰᠠᠯᠳᠠ ᠶᠢᠨ ᠦᠢᠯᠡᠴᠢᠯᠡᠬᠦ ᠬᠢᠷᠢ ᠲᠦᠪᠰᠢᠨ ᠢ ᠲᠡᠭᠡᠭᠰᠢᠯᠡᠬᠦᠯᠵᠦ᠂ ᠭᠠᠴᠠᠭ᠎ᠠ ᠲᠤᠰᠬᠤᠨ ᠤ ᠠᠷᠠᠳ ᠤᠨ | ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠢ ᠬᠠᠤᠯᠢ ᠶᠤᠰᠤᠭᠠᠷ ᠰᠠᠶᠢᠨ ᠬᠢᠬᠦ ᠭᠡᠷᠡᠭᠳᠡᠢ᠃ ᠮᠠᠯᠵᠢᠬᠤ | ᠲᠠᠷᠢᠶᠠᠯᠠᠬᠤ ᠤᠷᠤᠨ ᠤ ︽532︾ ᠠᠵᠢᠯᠯᠠᠬᠤ ᠠᠷᠭ᠎ᠠ ᠶᠢ ᠴᠢᠩᠭ᠎ᠠ ᠭᠡᠷᠡᠭᠵᠢᠬᠦᠯᠵᠦ᠂ ᠠᠯᠪᠠᠨ ᠶᠠᠪᠤᠳᠠᠯ ᠢ ᠢᠯᠡ | ᠨᠡᠶᠢᠳᠡᠯᠡᠬᠦ ᠠᠵᠢᠯ ᠢ ᠡᠷᠴᠢᠮᠳᠡᠢ ᠰᠠᠶᠢᠨ ᠬᠢᠨ᠎ᠡ᠃ ᠰᠤᠮᠤ ᠰᠢᠶᠠᠩ ᠪᠠᠯᠭᠠᠰᠤᠨ ᠤ ᠨᠡᠶᠢᠬᠡᠮ ᠤᠨ ᠬᠠᠮᠢᠶᠠᠷᠤᠯᠳᠠ ᠶᠢᠨ | ᠦᠢᠯᠡᠴᠢᠯᠡᠬᠡᠨ ᠤ ᠲᠦᠪ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠤᠯᠠᠨ ᠲᠦᠮᠡᠨ ᠤ ᠠᠰᠢᠭ ᠲᠤᠰᠠ ᠳᠤ | ᠬᠤᠯᠪᠤᠭᠳᠠᠭᠰᠠᠨ ᠵᠠᠷᠭᠤ ᠵᠠᠭᠠᠯᠳᠤᠯᠭ᠎ᠠ ᠶᠢ ᠴᠠᠭ ᠲᠤᠬᠠᠢ ᠳᠤᠨᠢ ᠬᠠᠤᠯᠢ ᠶᠤᠰᠤᠭᠠᠷ ᠰᠢᠢᠳᠪᠦᠷᠢᠯᠡᠬᠦ ᠭᠡᠷᠡᠭᠳᠡᠢ᠃ | ᠵᠠᠰᠠᠭ ᠤᠨ ᠶᠠᠪᠤᠳᠠᠯ ᠤᠨ ᠰᠦᠯᠵᠢᠶᠡᠨ ᠤ ᠦᠢᠯᠡᠳᠦᠯ ᠢ ᠬᠦᠢᠴᠡᠳ ᠪᠠᠳᠠᠷᠠᠭᠤᠯᠵᠤ᠂ ᠰᠦᠯᠵᠢᠶᠡᠨ ᠤ ᠶᠠᠷᠢᠶ᠎ᠠ | ᠬᠡᠯᠡᠯᠴᠡᠭᠡᠨ ᠤ ᠪᠠᠶᠢᠳᠠᠯ ᠢ ᠲᠦᠷᠭᠡᠨ ᠲᠤᠰᠬᠠᠬᠤ ᠲᠤᠭᠳᠠᠴᠠ ᠪᠠ ᠵᠤᠬᠢᠴᠠᠭᠤᠯᠤᠨ ᠰᠢᠢᠳᠪᠦᠷᠢᠯᠡᠬᠦ ᠲᠤᠭᠳᠠᠴᠠ ᠶᠢ | ᠪᠠᠶᠢᠭᠤᠯᠤᠨ ᠲᠡᠬᠦᠯᠳᠡᠷᠵᠢᠬᠦᠯᠵᠦ᠂ ᠶᠠᠷᠢᠶ᠎ᠠ ᠭᠡᠯᠡᠯᠴᠡᠭᠡᠨ ᠤ ᠭᠡᠷᠡᠭ ᠲᠤ ᠴᠠᠭ ᠲᠤᠬᠠᠢ ᠳᠤᠨᠢ ᠵᠦᠪ ᠲᠠᠯ᠎ᠠ ᠶᠢᠨ | ᠬᠠᠷᠢᠭᠤᠯᠳᠠ ᠦᠭᠴᠦ᠂ ᠭᠡᠷᠡᠭ ᠤᠨ ᠪᠤᠳᠤᠯᠢᠶᠠᠨᠵᠢᠵᠤ ᠶᠡᠭᠡᠳᠬᠦ ᠶᠢ ᠰᠡᠷᠭᠡᠶᠢᠯᠡᠨ ᠬᠤᠷᠢᠭᠯᠠᠬᠤ ᠭᠡᠷᠡᠭᠳᠡᠢ᠃ ︽ | ᠡᠭᠡᠯᠢᠰᠡᠭ ᠠᠮᠤᠭᠤᠯᠠᠩ ᠲᠠᠶᠢᠹᠤᠰᠧ ᠬᠤᠰᠢᠭᠤ︾ ᠶᠢ ᠡᠬᠦᠳᠦᠨ ᠪᠠᠶᠢᠭᠤᠯᠬᠤ ᠠᠵᠢᠯ ᠢ ᠰᠠᠶᠢᠨ ᠬᠢᠨ᠎ᠡ᠃ ᠨᠡᠶᠢᠬᠡᠮ | ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠨ᠂ ᠡᠯ᠎ᠡ ᠲᠦᠷᠦᠯ ᠤᠨ ᠬᠠᠤᠯᠢ | ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠭᠡᠷᠡᠭᠳᠡᠢ ᠃ ᠠᠶᠤᠯᠬᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠠᠭᠤᠷᠬᠠᠢ ᠶᠢᠨ ᠦᠢᠯᠡᠳᠪᠦᠷᠢᠯᠡᠯ᠂ ᠵᠦᠬᠡᠬᠡᠪᠦᠷᠢ ᠶᠢᠨ | ᠠᠵᠢᠯ᠂ ᠠᠶᠤᠯᠳᠠᠢ ᠬᠢᠮᠢ ᠶᠢᠨ ᠡᠳ᠋ ᠤᠨ ᠡᠵᠡᠩᠨᠡᠯᠳᠡ ᠵᠡᠷᠭᠡ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ | ᠦᠨᠡᠨᠬᠦ ᠴᠢᠩᠭᠠᠳᠬᠠᠬᠤ ᠭᠡᠷᠡᠭᠳᠡᠢ᠃ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠵᠤ᠂ | ᠲᠠᠯᠳᠠ ᠭᠡᠮ ᠢ ᠪᠠᠶᠢᠴᠠᠭᠠᠨ ᠴᠡᠭᠴᠡᠯᠡᠬᠦ ᠠᠵᠢᠯ ᠤᠨ ᠡᠷᠴᠢᠮ ᠢ ᠴᠢᠩᠭᠠᠷᠠᠭᠤᠯᠤᠨ᠂ ᠡᠯ᠎ᠡ ᠲᠦᠷᠦᠯ ᠤᠨ ᠬᠦᠨᠳᠦ ᠶᠡᠭᠡ | ᠭᠡᠷᠡᠭ ᠭᠠᠷᠬᠤ ᠠᠴᠠ ᠴᠢᠩᠭ᠎ᠠ ᠰᠡᠷᠭᠡᠶᠢᠯᠡᠨ᠎ᠡ᠃ ᠢᠳᠡᠭᠡᠨ ᠡᠮ ᠤᠨ ᠵᠦᠢᠯ ᠤᠨ ᠬᠠᠮᠢᠶᠠᠷᠤᠯᠳᠠ ᠶᠢ ᠴᠢᠩᠭᠠᠳᠬᠠᠨ᠂ | ᠬᠠᠤᠯᠢ ᠵᠦᠷᠢᠴᠡᠭᠰᠡᠨ ᠠᠵᠢᠯᠯᠠᠭ᠎ᠠ ᠳᠤ ᠬᠠᠤᠯᠢ ᠶᠤᠰᠤᠭᠠᠷ ᠲᠦᠷᠭᠡᠨ ᠮᠦᠷᠳᠡᠭᠡᠨ ᠬᠦᠨᠳᠦ ᠴᠤᠬᠢᠯᠳᠠ ᠦᠭᠬᠦ | ᠭᠡᠷᠡᠭᠳᠡᠢ᠃ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠪᠠᠶᠢᠭᠤᠯᠤᠯᠳᠠ ᠪᠠ ᠬᠠᠮᠢᠶᠠᠷᠤᠯᠳᠠ ᠶᠢ ᠴᠢᠩᠭᠠᠳᠬᠠᠵᠤ᠂ | ᠭᠠᠮᠰᠢᠭ ᠠᠴᠠ ᠰᠡᠷᠭᠡᠶᠢᠯᠡᠬᠦ᠂ ᠬᠤᠬᠢᠷᠠᠯ ᠢ ᠪᠠᠭᠠᠰᠬᠠᠬᠤ᠂ ᠭᠡᠨᠡᠳᠳᠡ ᠶᠢᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ | ᠨᠡᠮᠡᠭᠳᠡᠬᠦᠯᠦᠨ᠎ᠡ᠃ ᠵᠡᠪᠰᠡᠭᠳᠦ ᠴᠠᠭᠳᠠᠭ᠎ᠠ ᠪᠠ ᠭᠠᠯ ᠤᠨᠳᠠᠷᠠᠭᠠᠬᠤ ᠠᠩᠬᠢ ᠶᠢᠨ ᠠᠵᠢᠯ ᠢ ᠲᠡᠮᠵᠢᠵᠦ᠂ ᠪᠠᠳᠤᠯᠠᠭᠠᠨ | ᠤ ᠦᠢᠯᠡᠳᠦᠯ ᠢ ᠦᠨᠡᠨᠬᠦ ᠪᠠᠳᠠᠷᠠᠭᠤᠯᠬᠤ ᠭᠡᠷᠡᠭᠳᠡᠢ᠃ ᠵᠦᠷᠢᠴᠡᠯ ᠵᠢᠭᠤᠷᠠᠭᠠᠨ ᠢ ᠬᠦᠨᠵᠡᠬᠡᠢ ᠪᠠᠶᠢᠴᠠᠭᠠᠨ | ᠰᠢᠢᠳᠪᠦᠷᠢᠯᠡᠨ᠎ᠡ᠃ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠲᠦᠷᠢᠮ ᠲᠤᠭᠳᠠᠭᠠᠯ ᠢ ᠨᠢᠮᠪᠠᠢ | ᠨᠠᠶᠢᠳᠠᠪᠤᠷᠢᠵᠢᠭᠤᠯᠵᠤ᠂ ᠵᠦᠷᠢᠴᠡᠯ ᠵᠢᠭᠤᠷᠠᠭᠠᠨ ᠤ ᠪᠠᠶᠢᠴᠠᠭᠠᠯᠳᠠ᠂ ᠰᠡᠷᠡᠮᠵᠢᠯᠡᠬᠦᠯᠦᠯ᠂ ᠰᠢᠢᠳᠪᠦᠷᠢᠯᠡᠯᠳᠡ ᠶᠢ | ᠨᠢᠬᠡ ᠴᠤᠭᠴᠠᠵᠢᠭᠤᠯᠤᠭᠰᠠᠨ ᠬᠠᠮᠢᠶᠠᠷᠤᠯᠳᠠ ᠶᠢᠨ ᠰᠦᠯᠵᠢᠶ᠎ᠡ ᠶᠢ ᠲᠡᠬᠦᠯᠳᠡᠷᠵᠢᠬᠦᠯᠦᠨ᠂ ᠠᠵᠢᠯ ᠲᠦᠷᠦᠯ ᠤᠨ | ᠴᠢᠨᠠᠷᠳᠠᠢ᠂ ᠲᠤᠰᠬᠠᠢ ᠮᠡᠷᠭᠡᠵᠢᠯ ᠤᠨ ᠴᠢᠨᠠᠷᠳᠠᠢ ᠠᠷᠠᠳ ᠤᠨ ᠡᠶᠡᠳᠡᠬᠦᠯᠬᠡ ᠶᠢᠨ ᠵᠦᠪᠯᠡᠯ ᠢ ᠪᠠᠶᠢᠭᠤᠯᠬᠤ ᠭᠡᠷᠡᠭᠳᠡᠢ᠃ | ︽1328︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠳᠦᠷ ᠤᠨ ᠲᠦᠷᠢᠮ ᠪᠠ ᠤᠳᠤᠷᠢᠳᠬᠤ ᠺᠠᠳᠠᠷ ᠵᠠᠬᠢᠳᠠᠯ | ᠰᠤᠷᠪᠤᠯᠵᠢᠯᠠᠭ᠎ᠠ ᠬᠦᠯᠢᠶᠡᠨ ᠠᠪᠬᠤ ᠡᠳᠦᠷ ᠤᠨ ᠲᠦᠷᠢᠮ ᠢ ᠨᠢᠮᠪᠠᠢ ᠨᠠᠶᠢᠳᠠᠪᠤᠷᠢᠵᠢᠭᠤᠯᠤᠨ᠂ ᠤᠯᠠᠨ ᠲᠦᠮᠡᠨ ᠤ | ᠵᠦᠢ ᠶᠤᠰᠤᠨ ᠤ ᠵᠠᠷᠭᠤ ᠵᠠᠭᠠᠯᠳᠤᠯᠭ᠎ᠠ ᠶᠢ ᠨᠠᠷᠢᠨ ᠨᠢᠮᠪᠠᠢ ᠰᠢᠢᠳᠪᠦᠷᠢᠯᠡᠵᠦ᠂ ᠵᠠᠭᠤᠷᠠᠯᠳᠤᠬᠤ᠂ ᠦᠢᠮᠡᠬᠦᠯᠬᠦ | ᠠᠵᠢᠯᠯᠠᠭ᠎ᠠ ᠶᠢ ᠴᠢᠩᠭ᠎ᠠ ᠰᠢᠢᠳᠪᠦᠷᠢᠯᠡᠬᠦ ᠭᠡᠷᠡᠭᠳᠡᠢ᠃ | ︵ᠵᠢᠷᠭᠤᠭ᠎ᠠ ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ | ᠭᠡᠷᠡᠭᠵᠢᠬᠦᠯᠬᠦ ᠬᠦᠴᠦᠨ ᠪᠠ ᠢᠳᠡᠭᠡᠬᠦᠯᠬᠦ ᠬᠦᠴᠦᠨ ᠢᠶᠠᠨ ᠪᠦᠬᠦ ᠲᠠᠯᠠᠪᠠᠷ ᠨᠡᠮᠡᠭᠳᠡᠬᠦᠯᠦᠨ᠎ᠡ᠃ ᠬᠠᠤᠯᠢ ᠶᠤᠰᠤᠭᠠᠷ | ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠬᠠᠤᠯᠢ ᠪᠠᠷ ᠵᠠᠰᠠᠬᠤ ᠰᠡᠳᠬᠢᠴᠡ ᠪᠠ ᠠᠷᠭ᠎ᠠ ᠶᠢ ᠭᠡᠷᠡᠭᠯᠡᠨ ᠡᠬᠦᠷᠭᠡ | ᠬᠠᠷᠢᠭᠤᠴᠠᠯᠭ᠎ᠠ ᠪᠠᠨ ᠬᠦᠢᠴᠡᠳᠭᠡᠵᠦ᠂ ᠬᠠᠤᠯᠢ ᠪᠠᠷ ᠲᠤᠭᠳᠠᠭᠰᠠᠨ ᠡᠷᠭᠡ ᠲᠤᠰᠢᠶᠠᠯ ᠪᠠ ᠠᠯᠬᠤᠮ ᠶᠠᠪᠤᠴᠠ ᠶᠢᠨ | ᠶᠤᠰᠤᠭᠠᠷ ᠠᠵᠢᠯ ᠬᠦᠢᠴᠡᠳᠭᠡᠵᠦ᠂ ᠡᠯ᠎ᠡ ᠲᠦᠷᠦᠯ ᠤᠨ ᠠᠵᠢᠯ ᠦᠢᠯᠡᠰ ᠢᠶᠠᠨ ᠦᠷᠨᠢᠬᠦᠯᠬᠦ ᠭᠡᠷᠡᠭᠳᠡᠢ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠢᠨ ᠬᠢᠨᠠᠯᠳᠠ ᠂ | ᠠᠵᠢᠯ ᠤᠨ ᠬᠢᠨᠠᠯᠳᠠ ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠭᠰᠠᠨ ᠬᠢᠨᠠᠯᠳᠠ ᠶᠢ ᠤᠬᠠᠮᠰᠠᠷ ᠠᠴᠠ | ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢ ᠶᠢᠨ ᠰᠠᠨᠠᠯ ᠵᠦᠪᠯᠡᠯᠬᠡ ᠪᠠ ᠤᠯᠤᠰ ᠲᠦᠷᠦ ᠶᠢᠨ ᠵᠦᠪᠯᠡᠯᠬᠡᠨ ᠤ | ᠭᠡᠰᠢᠬᠦᠳ ᠤᠨ ᠰᠠᠨᠠᠯ ᠲᠤᠷᠠᠳᠤᠯᠭ᠎ᠠ ᠶᠢ ᠨᠠᠷᠢᠨ ᠨᠢᠮᠪᠠᠢ ᠬᠦᠢᠴᠡᠳᠭᠡᠵᠦ᠂ ᠨᠡᠶᠢᠬᠡᠮ ᠤᠨ ᠡᠯ᠎ᠡ ᠡᠳᠡᠭᠡᠳ ᠤᠨ | ᠬᠦᠰᠡᠯ ᠱᠠᠭᠠᠷᠳᠠᠯᠭ᠎ᠠ ᠶᠢ ᠢᠳᠡᠪᠬᠢᠳᠡᠢ ᠰᠤᠨᠤᠰᠤᠨ᠂ ᠵᠠᠰᠠᠭ ᠤᠨ ᠶᠠᠪᠤᠳᠠᠯ ᠳᠤ ᠤᠷᠤᠯᠴᠠᠵᠤ ᠵᠠᠰᠠᠭ ᠤᠨ ᠶᠠᠪᠤᠳᠠᠯ | ᠳᠤ ᠵᠦᠪᠯᠡᠯᠬᠡ ᠦᠭᠬᠦ ᠶᠢ ᠲᠡᠮᠵᠢᠬᠦ ᠭᠡᠷᠡᠭᠳᠡᠢ᠃ ᠬᠦᠭᠵᠢᠯᠳᠡ ᠶᠢᠨ ᠤᠷᠴᠢᠨ ᠲᠤᠭᠤᠷᠢᠨ ᠢ ᠤᠯᠠᠮ | ᠰᠢᠯᠢᠳᠡᠭᠵᠢᠬᠦᠯᠵᠦ᠂ ᠲᠡᠭᠡᠳᠦ ᠱᠠᠳᠤᠨ ᠤ ᠲᠤᠰᠢᠶᠠᠭᠰᠠᠨ ᠬᠢᠨᠡᠨ ᠵᠦᠪᠰᠢᠶᠡᠷᠡᠬᠦ ᠵᠦᠢᠯ ᠢ ᠬᠦᠯᠢᠶᠡᠨ ᠠᠪᠴᠤ | ᠰᠠᠶᠢᠳᠤᠷ ᠭᠡᠷᠡᠭᠯᠡᠨ᠂ ︽ᠲᠠᠷᠤᠢ ᠲᠦᠷᠭᠡᠨ ᠬᠦᠢᠴᠡᠳᠭᠡᠬᠦ︾ ᠦᠢᠯᠡᠴᠢᠯᠡᠭᠡ ᠶᠢ ᠭᠡᠷᠡᠭᠵᠢᠬᠦᠯᠵᠦ᠂ ᠬᠢᠨᠠᠨ | ᠵᠦᠪᠰᠢᠶᠡᠷᠡᠬᠦ ᠠᠯᠬᠤᠮ ᠶᠠᠪᠤᠴᠠ ᠶᠢ ᠲᠠᠰᠤᠷᠠᠯᠳᠠ ᠦᠬᠡᠢ ᠰᠢᠯᠢᠳᠡᠭᠵᠢᠬᠦᠯᠦᠨ᠂ ᠬᠢᠨᠠᠨ ᠵᠦᠪᠰᠢᠶᠡᠷᠡᠬᠦ ᠭᠤᠭᠴᠤᠭ᠎ᠠ | ᠪᠠ ᠴᠠᠭ ᠤᠨ ᠬᠢᠵᠠᠭᠠᠷ ᠢ ᠪᠠᠭᠠᠰᠬᠠᠬᠤ ᠭᠡᠷᠡᠭᠳᠡᠢ᠃ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠦᠪ ᠢ ᠲᠡᠭᠡᠷ᠎ᠡ ᠬᠠᠭᠠᠰ ᠵᠢᠯ ᠠᠰᠢᠭᠯᠠᠯᠳᠠ ᠳᠤ ᠤᠷᠤᠭᠤᠯᠵᠤ᠂ ᠨᠡᠶᠢᠳᠡ ᠶᠢᠨ ᠡᠬᠢ ᠪᠠᠶᠠᠯᠢᠭ | ᠤᠨ ᠰᠤᠯᠢᠯᠴᠠᠭᠠᠨ ᠤ ᠲᠦᠪ ᠢ ᠪᠠᠶᠢᠭᠤᠯᠤᠨ ᠠᠰᠢᠭᠯᠠᠨ᠎ᠠ᠃ ᠵᠠᠰᠠᠭ ᠵᠠᠬᠢᠷᠭᠠᠨ ᠤ ᠡᠷᠭᠡ ᠪᠠ ᠬᠠᠷᠢᠭᠤᠴᠠᠬᠤ | ᠬᠠᠭᠤᠳᠠᠰᠤ ᠶᠢᠨ ᠲᠦᠷᠢᠮ ᠢ ᠴᠢᠩᠭ᠎ᠠ ᠭᠡᠷᠡᠭᠵᠢᠬᠦᠯᠵᠦ᠂ ᠲᠤᠭᠳᠠᠭᠰᠠᠨ ᠡᠷᠭᠡ ᠶᠢᠨ ᠬᠢᠵᠠᠭᠠᠷ ᠢ | ᠨᠠᠶᠢᠳᠠᠪᠤᠷᠢᠵᠢᠭᠤᠯᠤᠨ᠂ ᠡᠷᠭᠡ ᠪᠠ ᠬᠠᠷᠢᠭᠤᠴᠠᠯᠭ᠎ᠠ ᠶᠢ ᠢᠯᠡ ᠪᠠᠷ ᠭᠡᠷᠡᠭᠵᠢᠬᠦᠯᠦᠨ᠎ᠡ᠃ ᠢᠳᠡᠪᠬᠢᠳᠡᠢ ᠠᠵᠢᠯᠯᠠᠬᠤ | ᠶᠢ ᠪᠠᠷᠢᠮᠳᠠᠯᠠᠨ᠂ ᠰᠠᠨᠠᠭ᠎ᠠ ᠬᠦᠴᠦᠨ ᠪᠠᠨ ᠨᠠᠶᠢᠳᠠᠪᠤᠷᠢᠵᠢᠭᠤᠯᠤᠯᠳᠠ ᠶᠢ ᠠᠳᠬᠤᠬᠤ ᠲᠡᠭᠡᠷ᠎ᠡ ᠲᠦᠪᠯᠡᠷᠡᠬᠦᠯᠵᠦ᠂ | ᠵᠠᠰᠠᠭ ᠤᠨ ᠤᠷᠳᠤᠨ ᠤ ᠡᠬᠦᠷᠭᠡ ᠬᠠᠷᠠᠯᠳᠠ ᠶᠢ ᠨᠠᠷᠢᠨ ᠨᠢᠮᠪᠠᠢ ᠬᠤᠪᠢᠶᠠᠷᠢᠯᠠᠨ᠂ ︽ᠰᠠᠷ᠎ᠠ ᠳᠤ ᠨᠢᠭᠡ ᠲᠤᠬᠢᠷᠠᠭᠤᠯᠵᠤ | ᠂ ᠤᠯᠠᠷᠢᠯ ᠳᠤ ᠨᠢᠬᠡ ᠵᠠᠳᠠᠯᠬᠤ︾ ᠵᠡᠷᠭᠡ ᠠᠷᠭ᠎ᠠ ᠪᠠᠷᠢᠯ ᠢ ᠠᠪᠴᠤ᠂ ᠡᠯ᠎ᠡ ᠲᠦᠷᠦᠯ ᠤᠨ ᠭᠤᠤᠯᠳᠠᠯᠭᠠᠳᠠᠢ ᠠᠵᠢᠯ | ᠤᠨ ᠪᠤᠳᠠᠳᠠᠶᠢᠵᠢᠨ ᠨᠠᠶᠢᠳᠠᠪᠤᠷᠢᠵᠢᠬᠤ ᠶᠢ ᠲᠦᠯᠬᠢᠨ ᠠᠬᠢᠭᠤᠯᠬᠤ ᠭᠡᠷᠡᠭᠳᠡᠢ᠃ ︽ ᠵᠤᠷᠢᠭᠳᠠᠢ ᠪᠠᠷ ᠬᠠᠷᠢᠭᠤᠴᠠᠯᠭ᠎ᠠ | ᠡᠬᠦᠷᠭᠡᠯᠡᠵᠦ᠂ ᠵᠢᠷᠦᠭᠡᠳᠡᠢ ᠪᠠᠷ ᠵᠦᠷᠢᠴᠡᠯ ᠳᠤ ᠬᠠᠨᠳᠤᠨ᠂ ᠡᠪᠳᠡᠢ ᠪᠠᠷ ᠠᠰᠠᠭᠤᠳᠠᠯ ᠢ ᠰᠢᠢᠳᠪᠦᠷᠢᠯᠡᠬᠦ︾ ᠤᠯᠤᠰ | ᠲᠦᠷᠦ ᠶᠢᠨ ᠭᠡᠪ ᠨᠠᠮᠪᠠ ᠪᠠᠷ ᠪᠡᠶ᠎ᠡ ᠪᠠᠨ ᠲᠠᠪᠳᠠᠨ ᠪᠤᠯᠪᠠᠰᠤᠷᠠᠭᠤᠯᠵᠤ᠂ ︽ ᠠᠵᠢᠯ ᠬᠢᠬᠦ ᠦᠬᠡᠢ᠂ ᠤᠳᠠᠭᠠᠨ ᠬᠢᠬᠦ᠂ | ᠲᠤᠷ᠎ᠠ ᠪᠠᠷ ᠢᠶᠠᠨ ᠬᠢᠬᠦ︾ ᠠᠰᠠᠭᠤᠳᠠᠯ ᠠᠴᠠ ᠭᠠᠷᠳᠠᠨ᠂ ᠠᠯᠵᠠᠭᠤ ᠬᠤᠶᠢᠷᠭᠤ ᠵᠠᠰᠠᠭ ᠤᠨ ᠠᠵᠢᠯᠯᠠᠭ᠎ᠠ ᠶᠢ | ᠢᠯᠡᠴᠢᠯᠡᠨ ᠨᠡᠶᠢᠳᠡᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠭᠡᠷᠡᠭᠳᠡᠢ᠃ ᠨᠠᠮ ᠤᠨ ᠤᠯᠠᠨ ᠲᠦᠮᠡᠨᠴᠢ ᠱᠤᠭᠤᠮ | ᠤᠨ ᠬᠦᠮᠦᠵᠢᠯ ᠦᠢᠯᠡᠳᠦᠯᠬᠡ ᠶᠢᠨ ᠠᠵᠢᠯᠯᠠᠭᠠᠨ ᠤ ᠦᠷ᠎ᠡ ᠠᠮᠵᠢᠯᠳᠠ ᠶᠢ ᠪᠠᠳᠤᠳᠬᠠᠵᠤ᠂ ︽ᠲᠦᠷᠪᠡᠨ ᠰᠤᠷᠳᠠᠯ︾ | ᠤᠨ ᠠᠰᠠᠭᠤᠳᠠᠯ ᠲᠠᠬᠢᠵᠤ ᠢᠯᠡᠷᠡᠬᠦ ᠶᠢ ᠴᠢᠩᠭ᠎ᠠ ᠰᠡᠷᠭᠡᠶᠢᠯᠡᠬᠦ ᠭᠡᠷᠡᠭᠳᠡᠢ᠃ ᠠᠷᠪᠢᠯᠠᠨ ᠭᠠᠮᠨᠠᠬᠤ ᠶᠢ ᠡᠷᠬᠢᠮᠯᠡᠨ᠂ | ᠱᠠᠯᠢᠨ ᠪᠦᠷᠢᠯᠬᠡᠬᠦ ᠶᠢ ᠡᠰᠡᠷᠬᠦᠴᠡᠵᠦ᠂ ︽ᠭᠤᠷᠪᠠᠨ ᠠᠯᠪᠠᠨ ᠵᠠᠷᠤᠳᠠᠯ︾ ᠢ ᠪᠠᠭᠠᠰᠬᠠᠬᠤ ᠠᠴᠠ ᠪᠢᠰᠢ ᠶᠡᠭᠡᠰᠭᠡᠵᠦ | ᠪᠤᠯᠬᠤ ᠦᠬᠡᠢ᠂ ᠠᠯᠪᠠᠨ ᠲᠡᠷᠭᠡ ᠶᠢᠨ ᠬᠠᠮᠢᠶᠠᠷᠤᠯᠳᠠ ᠶᠢᠨ ᠲᠦᠷᠢᠮ ᠤᠨ ᠦᠬᠡᠷᠡᠴᠢᠯᠡᠯᠳᠡ ᠶᠢ ᠴᠢᠩᠭ᠎ᠠ | ᠨᠠᠶᠢᠳᠠᠪᠤᠷᠢᠵᠢᠭᠤᠯᠬᠤ ᠭᠡᠷᠡᠭᠳᠡᠢ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ | ᠶᠢᠨ ᠲᠦᠷᠢᠮ ᠢ ᠪᠦᠬᠦ ᠲᠠᠯᠠᠪᠠᠷ ᠨᠠᠶᠢᠳᠠᠪᠤᠷᠢᠵᠢᠭᠤᠯᠵᠤ᠂ ︽ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ | ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠬᠤ | ᠬᠢᠨᠠᠯᠳᠠ ᠶᠢᠨ ᠡᠷᠴᠢᠮ ᠢ ᠴᠢᠩᠭᠠᠷᠠᠭᠤᠯᠵᠤ᠂ ᠭᠡᠷᠡᠭ ᠤᠴᠢᠷ ᠢ ᠡᠬᠦᠰᠬᠦ ᠠᠴᠠ ᠨᠢ ᠡᠮᠦᠨ᠎ᠡ ᠤᠷᠢᠳᠴᠢᠯᠠᠨ | ᠰᠡᠷᠭᠡᠶᠢᠯᠡᠵᠦ᠂ ᠡᠷᠭᠡ ᠶᠢ ᠬᠢᠵᠠᠭᠠᠷᠯᠠᠬᠤ ︽ᠰᠢᠩᠭᠡᠯᠢᠭ︾ ᠢ ᠴᠢᠩᠭᠠᠯᠠᠬᠤ ᠭᠡᠷᠡᠭᠳᠡᠢ᠃ | ᠡᠯ᠎ᠡ ᠲᠦᠷᠦᠯ ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠬᠦ ᠠᠵᠢᠯ ᠢ ᠨᠢᠮᠪᠠᠢ ᠰᠠᠶᠢᠨ ᠬᠢᠵᠦ᠂ | ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠬᠢᠨᠠᠨ ᠰᠢᠯᠭᠠᠬᠤ᠂ ᠢᠳᠡᠭᠡᠨ ᠡᠮ ᠤᠨ ᠵᠦᠢᠯ ᠬᠢᠨᠠᠨ ᠬᠠᠮᠢᠶᠠᠷᠬᠤ᠂ | ᠠᠮᠢ ᠠᠬᠤᠢ ᠶᠢᠨ ᠬᠠᠮᠠᠭᠠᠯᠠᠯᠳᠠ᠂ ᠡᠷᠡᠬᠦᠯ ᠬᠠᠮᠠᠭᠠᠯᠠᠯ᠂ ᠲᠦᠯᠦᠪᠯᠡᠭᠡᠳᠦ ᠦᠷᠡᠵᠢᠯ ᠵᠡᠷᠭᠡ ᠰᠠᠯᠠᠭ᠎ᠠ ᠮᠦᠴᠢᠷ ᠤᠨ | ᠪᠠᠶᠢᠭᠤᠯᠤᠮᠵᠢ ᠶᠢᠨ ᠦᠬᠡᠷᠡᠴᠢᠯᠡᠯᠳᠡ ᠶᠢ ᠱᠠᠭᠠᠷᠳᠠᠯᠭ᠎ᠠ ᠶᠤᠰᠤᠭᠠᠷ ᠬᠢᠨ᠎ᠡ᠃ ᠠᠯᠪᠠᠨ ᠪᠠᠶᠢᠭᠤᠯᠭ᠎ᠠ ᠠᠵᠢᠯ ᠦᠢᠯᠡᠰ | ᠤᠨ ᠨᠢᠬᠡᠴᠡ ᠶᠢᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠢ ᠨᠢᠭᠡᠳᠭᠡᠬᠦ ᠦᠬᠡᠷᠡᠴᠢᠯᠡᠯᠳᠡ᠂ ᠠᠵᠢᠯᠳᠠᠨ ᠤ | ᠴᠠᠯᠢᠩ ᠳᠤ ᠲᠤᠬᠢᠷᠠᠭᠤᠯᠤᠯᠳᠠ ᠬᠢᠬᠦ᠂ ᠠᠯᠪᠠᠳᠠᠨ ᠤ ᠲᠤᠰᠢᠶᠠᠯ ᠪᠠ ᠲᠤᠰᠢᠶᠠᠯ ᠤᠨ ᠲᠡᠰ ᠢ ᠵᠡᠷᠭᠡᠴᠡᠬᠦᠯᠬᠦ | ᠦᠬᠡᠷᠡᠴᠢᠯᠡᠯᠳᠡ᠂ ᠠᠵᠢᠯ ᠦᠢᠯᠡᠰ ᠤᠨ ᠨᠢᠭᠡᠴᠡ ᠶᠢᠨ ᠬᠦᠮᠦᠨ ᠡᠯᠰᠡᠬᠦ ᠡᠷᠭᠡ ᠶᠢᠨ ᠦᠬᠡᠷᠡᠴᠢᠯᠡᠯᠳᠡ᠂ ᠠᠯᠪᠠᠨ | ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠵᠡᠷᠭᠡ ᠦᠬᠡᠷᠡᠴᠢᠯᠡᠯᠳᠡ ᠶᠢᠨ ᠠᠵᠢᠯ ᠢ | ᠢᠳᠡᠪᠬᠢᠳᠡᠢ ᠰᠠᠶᠢᠨ ᠬᠢᠬᠦ ᠭᠡᠷᠡᠭᠳᠡᠢ᠃ 6 ᠰᠠᠷ᠎ᠠ ᠶᠢᠨ ᠡᠴᠦᠰ ᠠᠴᠠ ᠡᠮᠦᠨ᠎ᠡ ᠬᠦᠳᠡᠭᠡ ᠲᠤᠰᠬᠤᠨ ᠤ ᠭᠠᠵᠠᠷ | ᠰᠢᠷᠤᠢ ᠶᠢᠨ ᠡᠷᠭᠡ ᠶᠢ ᠨᠤᠳ᠋ᠯᠠᠬᠤ ᠲᠤᠷᠰᠢᠯᠳᠠ ᠶᠢᠨ ᠴᠡᠭ ᠤᠨ ᠠᠵᠢᠯ ᠢ ᠲᠠᠭᠤᠰᠬᠠᠨ᠎ᠠ᠃ ᠴᠠᠯᠢᠩ ᠲᠠᠢ ᠠᠮᠠᠷᠠᠬᠤ | ᠲᠦᠷᠢᠮ ᠢ ᠴᠢᠩᠭ᠎ᠠ ᠭᠡᠷᠡᠭᠵᠢᠬᠦᠯᠵᠦ᠂ ᠠᠵᠢᠯᠳᠠᠨ ᠤ ᠠᠮᠠᠷᠠᠯᠳᠠ ᠴᠢᠯᠦᠬᠡ ᠪᠠᠨ ᠠᠮᠢᠳᠤᠯᠢᠭ ᠢᠶᠠᠷ ᠲᠤᠬᠢᠷᠠᠭᠤᠯᠬᠤ | ᠶᠢ ᠵᠤᠷᠢᠭᠵᠢᠭᠤᠯᠤᠨ᠎ᠠ᠃ ᠰᠢᠨ᠎ᠡ ︽ᠲᠦᠰᠦᠪ ᠤᠨ ᠬᠠᠤᠯᠢ︾ ᠶᠢ ᠴᠢᠩᠭ᠎ᠠ ᠭᠡᠷᠡᠭᠵᠢᠬᠦᠯᠵᠦ᠂ ᠤᠷᠤᠯᠭ᠎ᠠ ᠶᠢ | ᠨᠡᠮᠡᠭᠳᠡᠬᠦᠯᠵᠦ ᠵᠠᠷᠤᠯᠭ᠎ᠠ ᠶᠢ ᠠᠷᠪᠢᠯᠠᠨ᠂ ᠪᠦᠬᠦ ᠬᠦᠴᠦᠨ ᠢᠶᠠᠷ ᠠᠷᠠᠳ ᠤᠨ ᠠᠮᠢᠳᠤᠷᠠᠯ ᠢ ᠪᠠᠳᠤᠯᠠᠵᠤ᠂ | ᠡᠷᠬᠢᠯᠳᠦᠯ ᠢ ᠪᠠᠳᠤᠯᠠᠵᠤ᠂ ᠭᠤᠤᠯᠳᠠᠯᠭ᠎ᠠ ᠶᠢ ᠪᠠᠳᠤᠯᠠᠬᠤ ᠭᠡᠷᠡᠭᠳᠡᠢ᠃ ᠭᠠᠶᠢᠯᠢ ᠶᠢᠨ ᠬᠠᠮᠢᠶᠠᠷᠤᠯᠳᠠ ᠶᠢ | ᠴᠢᠩᠭᠠᠳᠬᠠᠵᠤ ᠂ ᠬᠤᠷᠢᠶᠠᠬᠤ ᠵᠤᠬᠢᠰᠳᠠᠢ ᠭᠠᠶᠢᠯᠢ ᠪᠦᠬᠦᠳᠡ ᠶᠢ ᠬᠤᠷᠢᠶᠠᠬᠤ ᠭᠡᠷᠡᠭᠳᠡᠢ᠃ ᠡᠳ᠋ ᠤᠨ ᠶᠠᠪᠤᠳᠠᠯ | ᠭᠠᠶᠢᠯᠢ ᠶᠢᠨ ᠦᠬᠡᠷᠡᠴᠢᠯᠡᠯᠳᠡ ᠶᠢᠨ ᠲᠤᠬᠢᠶᠠᠯ ᠢ ᠡᠵᠡᠮᠳᠡᠵᠦ᠂ ᠨᠡᠩ ᠢᠯᠡᠬᠦᠦ ᠰᠠᠨᠠᠭ᠎ᠠ ᠲᠠᠯᠪᠢᠵᠤ ᠬᠦᠴᠦ | ᠤᠷᠤᠭᠤᠯᠤᠨ᠂ ᠲᠡᠭᠡᠳᠦ ᠱᠠᠳᠤᠨ ᠠᠴᠠ ᠲᠦᠷᠦᠯ ᠵᠦᠢᠯ ᠤᠨ ᠪᠡᠯᠡ ᠮᠦᠩᠬᠦ ᠶᠢ ᠡᠷᠡᠮᠡᠯᠵᠡᠯᠡᠨ ᠤᠯᠵᠤ᠂ ᠡᠳ᠋ ᠤᠨ | ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠢ ᠨᠠᠮᠳᠠᠭᠤᠯᠬᠤ ᠪᠠᠷ ᠴᠢᠷᠮᠠᠶᠢᠨ᠎ᠠ᠃ ︽ᠠᠷᠪᠠᠨ ᠬᠤᠶᠠᠳᠤᠭᠠᠷ | ᠲᠠᠪᠤᠨ ᠵᠢᠯ︾ ᠤᠨ ᠠᠮᠵᠢᠯᠳᠠ ᠲᠤᠷᠰᠢᠯᠭ᠎ᠠ ᠪᠠᠨ ᠨᠢᠮᠪᠠᠢ ᠳ᠋ᠦᠩᠨᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠂ ᠠᠵᠤ ᠠᠬᠤᠢ ᠨᠡᠶᠢᠬᠡᠮ ᠤᠨ ᠬᠦᠭᠵᠢᠯᠳᠡ | ᠳᠤ ᠪᠠᠳᠤ ᠪᠠᠬᠢ ᠰᠠᠭᠤᠷᠢ ᠲᠠᠯᠪᠢᠬᠤ ᠭᠡᠷᠡᠭᠳᠡᠢ᠃ | ᠲᠦᠯᠦᠭᠡᠯᠡᠭᠴᠢᠳ ᠡ᠂ ᠰᠢᠨ᠎ᠡ ᠪᠠᠶᠢᠳᠠᠯ ᠂ ᠰᠢᠨ᠎ᠡ ᠡᠬᠦᠷᠭᠡ᠂ ᠰᠢᠨ᠎ᠡ ᠱᠠᠭᠠᠷᠳᠠᠯᠭ᠎ᠠ ᠶᠢᠨ ᠡᠮᠦᠨ᠎ᠡ ᠮᠠᠨ ᠤ | ᠠᠵᠢᠯ ᠡᠬᠦᠷᠭᠡ ᠬᠦᠨᠳᠦ ᠨᠦᠰᠡᠷ ᠮᠦᠷᠳᠡᠭᠡᠨ ᠦᠩᠭᠡ ᠭᠡᠷᠡᠯ ᠲᠠᠢ ᠰᠠᠨᠠᠭᠳᠠᠨ᠎ᠠ᠃ ᠲᠠᠶᠢᠹᠤᠰᠧ ᠬᠤᠰᠢᠭᠤᠨ ᠤ | ᠰᠢᠨᠵᠢᠯᠡᠬᠦ ᠤᠬᠠᠭᠠᠨᠴᠢ ᠬᠦᠭᠵᠢᠯᠳᠡ ᠶᠢ ᠲᠦᠯᠬᠢᠨ ᠠᠬᠢᠭᠤᠯᠬᠤ ᠲᠡᠦᠬᠡᠨ ᠪᠤᠤᠬᠢᠶ᠎ᠠ ᠪᠢᠳᠡᠨ ᠤ ᠭᠠᠷ ᠲᠤ | ᠲᠠᠮᠵᠢᠭᠤᠯᠤᠭᠳᠠᠵᠤ ᠪᠠᠶᠢᠨ᠎ᠠ᠃ ᠪᠢᠳᠡ ᠡᠨᠡᠬᠦ ᠠᠷᠢᠭᠤᠨ ᠲᠠᠷᠬᠠᠨ ᠲᠡᠦᠬᠡᠨ ᠡᠬᠦᠷᠭᠡ ᠶᠢ ᠡᠷᠡᠭᠡᠯᠵᠡᠯ ᠦᠬᠡᠢ ᠮᠦᠷᠦᠯᠡᠨ | ᠠᠪᠴᠤ᠂ ᠦᠨᠡᠨ ᠠᠳᠬᠤᠵᠤ ᠰᠢᠷᠭᠠᠭᠤ ᠠᠵᠢᠯᠯᠠᠬᠤ ᠵᠤᠷᠢᠭ ᠰᠠᠨᠠᠭᠠᠨ ᠤ ᠭᠡᠪ ᠪᠠᠶᠢᠳᠠᠯ ᠂ ᠬᠦᠴᠢᠷ ᠢ ᠲᠠᠪᠠᠵᠤ | ᠤᠷᠤᠭᠰᠢ ᠲᠠᠪᠰᠢᠬᠤ ᠪᠠᠳᠤ ᠴᠢᠩᠭ᠎ᠠ ᠠᠵᠢᠯ ᠤᠨ ᠰᠤᠷᠳᠠᠯ ᠢᠶᠠᠷ ᠠᠵᠤ ᠠᠬᠤᠢ ᠨᠡᠶᠢᠬᠡᠮ ᠤᠨ ᠬᠦᠭᠵᠢᠯᠳᠡ ᠶᠢᠨ | ᠰᠢᠨ᠎ᠡ ᠪᠠᠶᠢᠳᠠᠯ ᠢ ᠡᠬᠦᠳᠴᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠨᠡᠩ ᠪᠠᠶᠠᠨ | ᠴᠢᠨᠡᠭᠡᠯᠢᠭ᠂ ᠨᠡᠩ ᠵᠤᠯ ᠵᠢᠷᠭᠠᠯ ᠲᠠᠢ ᠠᠮᠢᠳᠤᠷᠠᠯ ᠢ ᠪᠡᠶᠡᠯᠡᠬᠦᠯᠬᠦ ᠶᠢᠨ ᠲᠦᠯᠦᠬᠡ ᠬᠦᠴᠦᠯᠡᠨ ᠴᠢᠷᠮᠠᠶᠢᠵᠠᠭᠠᠶ᠎ᠠ︕ | | |