ᠵᠠᠰᠠᠭ   ᠤᠨ  ᠣᠷᠳᠣᠨ   ᠤ  ᠠᠵᠢᠯ   ᠤᠨ  ᠢᠯᠡᠳᠬᠡᠯ 2017
ᠨᠡᠶᠢᠲᠡᠯᠡᠭᠰᠡᠨ ᠴᠠᠭ᠄
2017/11/16
ᠲᠠᠶᠢᠹᠤᠰᠧ ᠬᠤᠰᠢᠭᠤᠨ ᠤ ᠠᠷᠪᠠᠨ  ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ   ᠤᠨᠶᠡᠭᠡ  ᠬᠤᠷᠠᠯ   ᠤᠨ  ᠵᠢᠷᠭᠤᠳᠤᠭᠠᠷ  ᠤᠳᠠᠭᠠᠨ   ᠤ  ᠬᠤᠷᠠᠯᠳᠤᠭᠠᠨ   ᠤ  ᠪᠢᠴᠢᠭ   ᠮᠠᠲ᠋ᠧᠷᠢᠶᠠᠯ  ︵   ︶                                                                                                              ᠵᠠᠰᠠᠭ   ᠤᠨ   ᠣᠷᠳᠣᠨ   ᠤ   ᠠᠵᠢᠯ   ᠤᠨ   ᠢᠯᠡᠳᠬᠡᠯ                                                                          2017 ᠣᠨ ᠤ 2 ᠰᠠᠷᠠᠶᠢᠨ 22 ᠤ ᠡᠳᠦᠷ ᠤᠨ ᠲᠠᠶᠢᠹᠤᠰᠧ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ                                                                          ᠠᠷᠠᠳ   ᠤᠨ  ᠲᠥᠯᠥᠭᠡᠯᠡᠭᠴᠢᠳ ᠤᠨ  ᠶᠡᠭᠡ  ᠬᠤᠷᠠᠯ   ᠤᠨ  ᠵᠢᠷᠭᠤᠳᠤᠭᠠᠷ  ᠤᠳᠠᠭᠠᠨ   ᠤ  ᠬᠤᠷᠠᠯᠳᠤᠭᠠᠨ  ᠳᠡᠭᠡᠷ᠎ᠡ                                                                                                                                                                                              ᠬᠡᠤ  ᠴᠧᠩ  ᠳ᠋ᠦᠩ ᠲᠦᠯᠦᠭᠡᠯᠡᠭᠴᠢᠳ ᠡ  ᠄       ᠳᠣᠣᠷ᠎ᠠ  ᠪᠢ  ᠬᠤᠰᠢᠭᠤ  ᠵᠠᠰᠠᠭ   ᠤᠨ ᠣᠷᠳᠣᠨ   ᠢ ᠲᠦᠯᠦᠭᠡᠯᠡᠵᠦ  ᠶᠡᠭᠡ  ᠬᠤᠷᠠᠯ   ᠳᠤ  ᠠᠵᠢᠯ ᠤᠨ  ᠢᠯᠡᠳᠭᠡᠯ  ᠬᠢᠶ᠎ᠡ  ᠂  ᠬᠢᠨᠠᠨ  ᠵᠥᠪᠯᠡᠬᠦ  ᠪᠣᠯᠪᠠᠤ  ᠃   ᠤᠯᠤᠰ  ᠲᠥᠷᠥ   ᠶᠢᠨ  ᠵᠥᠪᠯᠡᠯᠭᠡᠨ   ᠤ  ᠭᠡᠰᠢᠭᠦᠳ  ᠪᠣᠯᠣᠨ  ᠬᠤᠷᠠᠯ   ᠳᠤ  ᠰᠤᠯᠨ ᠣᠷᠣᠯᠴᠠᠭᠰᠠᠨ  ᠨᠦᠬᠦᠳ   ᠠᠴᠠ  ᠰᠠᠨᠠᠯ   ᠢᠶᠠᠨ ᠲᠤᠷᠠᠳᠬᠤ ᠶᠢ ᠬᠦᠰᠡᠵᠦ ᠪᠠᠶᠢᠨ᠎ᠠ  ᠃      ᠨᠢᠭᠡ  ᠂ 2016 ᠤᠨ ᠤ ᠠᠵᠢᠯ ᠤᠨ ᠡᠷᠬᠢᠴᠡᠬᠦᠯᠦᠯ        ᠦᠩᠭᠡᠷᠡᠬᠦ‍ ᠨᠢᠬᠡ ᠵᠢᠯ ᠪᠤᠯ ᠪᠦᠬᠦ ᠬᠤᠰᠢᠭᠤ ᠲᠠᠶᠠᠭᠠᠷ ᠡᠷᠴᠢ ᠵᠤᠷᠢᠭ ᠶᠢᠨ ᠬᠦᠪᠴᠢᠯᠡᠵᠦ᠂ ᠰᠢᠷᠭᠠᠭᠤ ᠬᠠᠳᠠᠭᠤᠵᠢᠯᠳᠠᠢ ᠲᠡᠮᠡᠴᠡᠭᠰᠡᠨ ᠨᠢᠬᠡ ᠵᠢᠯ ᠪᠤᠯᠤᠨ᠎ᠠ᠃ ᠬᠦᠨᠳᠦ ᠨᠦᠰᠡᠷ ᠠᠵᠢᠯ ᠡᠬᠦᠷᠭᠡ  ᠬᠢᠭᠡᠳ  ᠪᠤᠳᠤᠯᠢᠶᠠᠨᠳᠠᠢ ᠤᠯᠠᠨ ᠵᠦᠷᠢᠴᠡᠯ ᠤᠨ ᠲᠠᠷᠤᠯᠳᠠ   ᠶᠢᠨ ᠡᠮᠦᠨ᠎ᠡ᠂  ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳᠠᠷ ᠤᠯᠠᠨ ᠲᠦᠮᠡᠨ  ᠪᠤᠳᠠᠳᠠᠢ ᠶᠢ  ᠡᠷᠬᠢᠮᠯᠡᠨ ᠬᠠᠳᠠᠭᠤᠵᠢᠯᠳᠠᠢ ᠠᠵᠢᠯᠯᠠᠳᠠᠭ  ᠰᠢᠯᠢᠳᠡᠭ ᠤᠯᠠᠮᠵᠢᠯᠠᠯ   ᠢᠶᠠᠨ ᠪᠠᠳᠠᠷᠠᠭᠤᠯᠵᠤ᠂  ᠵᠠᠮ  ᠨᠡᠭᠡᠭᠡᠵᠦ ᠤᠷᠤᠭᠰᠢᠯᠠᠨ᠂ ᠬᠦᠴᠢᠷ ᠪᠡᠷᠭᠡ ᠶᠢ ᠲᠠᠪᠠᠵᠤ᠂ ᠲᠡᠭᠡᠳᠦ ᠱᠠᠳᠤ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠲᠦᠷᠦᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ   ᠶᠢᠨ ᠦᠨᠳᠦᠰᠦᠯᠡᠵᠦ  ᠴᠡᠴᠡᠭᠯᠡᠵᠦ ᠦᠷᠡᠯᠡᠵᠦ  ᠵᠢᠮᠢᠰᠦᠯᠡᠬᠦ ᠶᠢ ᠬᠦᠴᠦᠳᠡᠢ ᠲᠦᠯᠬᠢᠨ ᠠᠬᠢᠭᠤᠯᠵᠤ᠂ ᠨᠢᠬᠡ ᠪᠦᠯᠦᠭ ᠬᠦᠭᠵᠢᠯᠳᠡ ᠶᠢᠨ ᠲᠤᠮᠤ ᠶᠠᠪᠤᠳᠠᠯ ᠢ ᠪᠦᠳᠦᠭᠡᠨ᠂ ᠨᠢᠬᠡ ᠪᠦᠯᠦᠭ ᠰᠢᠪᠳᠤᠯᠤᠯᠳᠠ ᠶᠢᠨ ᠶᠡᠭᠡ ᠦᠢᠯᠡᠰ ᠢ ᠠᠬᠢᠭᠤᠯᠵᠤ ᠂ ᠨᠢᠬᠡ ᠪᠦᠯᠦᠭ ᠠᠷᠠᠳ ᠤᠨ ᠠᠮᠢᠳᠤᠷᠠᠯ ᠤᠨ ᠪᠤᠳᠠᠳᠠᠢ ᠠᠵᠢᠯ ᠢ ᠬᠢᠭᠡᠳ  ︽ᠠᠷᠪᠠᠨ ᠭᠤᠷᠪᠠᠳᠤᠭᠠᠷ ᠲᠠᠪᠤᠨ ᠵᠢᠯ︾   ᠢᠶᠠᠨ  ᠠᠮᠵᠢᠯᠳᠠ ᠰᠠᠶᠢᠳᠠᠢ ᠡᠬᠢᠯᠡᠬᠦᠯᠦᠭᠰᠡᠨ ᠪᠠᠶᠢᠨ᠎ᠠ᠃        ᠠᠵᠤ ᠦᠢᠯᠡᠰ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ ᠰᠢᠪᠳᠤᠯᠤᠯᠳᠠ ᠶᠢᠨ ᠴᠢᠨᠠᠷᠳᠠᠢ ᠠᠬᠢᠯᠳᠠ ᠭᠠᠷᠤᠭᠰᠠᠨ᠃   ᠲᠡᠭᠡᠷ᠎ᠡ ᠬᠤᠭᠤᠴᠠᠭᠠᠨ ᠤ ᠤᠳᠤᠷᠢᠳᠬᠤ ᠪᠠᠭ ᠤᠨ ᠲᠠᠯᠪᠢᠵᠤ ᠦᠭᠬᠦᠭᠰᠡᠨ ᠰᠠᠶᠢᠨ  ᠰᠠᠭᠤᠷᠢ ᠪᠠ ᠵᠠᠰᠠᠭ ᠤᠨ ᠤᠷᠳᠤᠨ᠂ ᠠᠵᠤ ᠠᠬᠤᠶᠢᠯᠠᠯ ᠤᠨ ᠬᠠᠮᠳᠤ ᠶᠢᠨ ᠴᠢᠷᠮᠠᠶᠢᠯᠭ᠎ᠠ ᠪᠠᠷ᠂  ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠭᠰᠡᠨ᠂ ᠪᠤᠳᠠᠳᠤ ᠬᠦᠴᠦᠨ ᠢᠶᠠᠷ ᠴᠢᠩᠭ᠎ᠠ᠂ ᠠᠵᠤ ᠦᠢᠯᠡᠰ ᠤᠨ ᠭᠡᠯᠬᠢᠶᠡᠰᠦ ᠤᠷᠳᠤ᠂ ᠨᠦᠯᠦᠬᠡᠯᠡᠨ ᠲᠠᠶᠢᠴᠢᠯᠠᠬᠤ ᠦᠢᠯᠡᠳᠦᠯ ᠢᠶᠠᠷ ᠶᠡᠭᠡ ᠠᠵᠤ  ᠦᠢᠯᠡᠰᠵᠢᠭᠰᠡᠨ ᠲᠠᠭᠠᠭᠤᠯᠤᠭᠴᠢ ᠲᠦᠷᠦᠯ ᠵᠦᠢᠯ ᠤᠳ ᠵᠠᠯᠭ᠎ᠠ ᠪᠠᠷ ᠨᠤᠳᠤᠭᠰᠢᠵᠤ᠂ ᠤᠨᠴᠠᠯᠢᠭᠳᠤ ᠠᠵᠤ ᠠᠬᠤᠢ ᠶᠢᠨ ᠰᠢᠰᠲ᠋ᠧᠮ ᠠᠩᠬ᠎ᠠ ᠠᠯᠬᠤᠮ ᠪᠦᠷᠢᠯᠳᠦᠨ ᠂   ᠰᠡᠯᠬᠦᠬᠦ ᠡᠳ᠋ ᠪᠠᠶᠠᠯᠢᠭ ᠤᠨ ᠪᠦᠳᠦᠬᠡᠨ ᠪᠠᠶᠢᠭᠤᠯᠤᠯᠳᠠ ᠨᠡᠯᠢᠶᠡᠳ ᠶᠡᠭᠡ ᠠᠯᠬᠤᠮ ᠢ ᠠᠯᠬᠤᠭᠰᠠᠨ ᠪᠠᠶᠢᠨ᠎ᠠ᠃  ᠶᠡᠷᠦᠩᠬᠡᠢ ᠪᠡᠯᠡ  ᠤᠷᠤᠭᠤᠯᠤᠯᠳᠠ ᠨᠢ 15 ᠳ᠋ᠦᠩᠰᠢᠭᠤᠷ ᠲᠦᠬᠦᠷᠢᠭ ᠳᠤ ᠬᠦᠷᠬᠦ ᠰᠢᠯᠢ ᠶᠢᠨ ᠭᠤᠤᠯ ᠤᠨ ᠡᠤ ᠹᠧᠩ ᠤᠳᠤᠬᠢᠴᠢᠯᠠᠭᠰᠠᠨ ᠮᠠᠯᠵᠢᠯ ᠤᠨ ᠺᠤᠮᠫᠠᠨᠢ ᠶᠢᠨ 30 ᠲᠦᠮᠡᠨ ᠦᠬᠡᠷ  ᠡᠳ᠋ᠰᠢᠬᠦᠯᠬᠦ  ᠂ 2000 ᠦᠬᠡᠷ ᠪᠤᠶᠢᠵᠢᠭᠤᠯᠬᠤ᠂ 10000 ᠦᠬᠡᠷ ᠪᠤᠷᠳᠤᠨ ᠲᠠᠷᠭᠤᠯᠠᠭᠤᠯᠬᠤ ᠲᠦᠷᠦᠯ ᠵᠦᠢᠯ ᠤᠨ ᠲᠦᠷᠦᠬᠦᠴᠢ ᠬᠤᠭᠤᠴᠠᠭᠠᠨ ᠤ ᠠᠵᠢᠯ  ᠡᠷᠴᠢᠮᠳᠡᠢ ᠶᠠᠪᠤᠭᠳᠠᠵᠤ᠂ 5 ᠰᠠᠷ᠎ᠠ ᠶᠢᠨ  ᠡᠬᠢᠨ ᠳᠤ ᠪᠦᠳᠦᠬᠡᠨ ᠪᠠᠶᠢᠭᠤᠯᠤᠯᠳᠠ ᠵᠢᠩᠬᠢᠨᠢ ᠪᠠᠷ ᠡᠬᠢᠯᠡᠬᠦ ᠬᠡᠵᠦ ᠪᠤᠢ᠃ 5  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ ᠪᠡᠭᠡᠵᠢᠩ ᠤᠨ ᠱᠧᠩ ᠲᠠᠢ ᠡᠯ ᠬᠢᠳᠠᠳ ᠡᠮ ᠤᠨ ᠮᠠᠲ᠋ᠧᠷᠢᠶᠠᠯ ᠨᠠᠷᠢᠯᠢᠭ ᠡᠳ᠋ᠰᠢᠬᠦᠯᠬᠦ ᠲᠦᠷᠦᠯ ᠵᠦᠢᠯ   ᠨᠢ ᠮᠠᠨ ᠤ ᠬᠤᠰᠢᠭᠤᠨ ᠤ ᠠᠵᠤ ᠦᠢᠯᠡᠰ  ᠤᠨ ᠬᠦᠭᠵᠢᠯᠳᠡ ᠶᠢᠨ  ᠬᠤᠭᠤᠰᠤᠨ ᠢ ᠨᠦᠬᠦᠪᠦᠷᠢᠯᠡᠵᠦ᠂ ᠨᠢᠬᠡᠳᠦᠭᠡᠷ ᠬᠤᠭᠤᠴᠠᠭᠠᠨ ᠤ ᠢᠨᠵᠧᠨᠧᠷᠢᠩ 5 ᠰᠠᠷ᠎ᠠ  ᠶᠢᠨ ᠡᠴᠦᠰ ᠢᠶᠠᠷ ᠦᠢᠯᠡᠳᠪᠦᠷᠢᠯᠡᠯ  ᠡᠬᠢᠯᠡᠭᠰᠡᠨ ᠪᠦᠬᠡᠳ ᠬᠤᠶᠠᠳᠤᠭᠠᠷ ᠬᠤᠭᠤᠴᠠᠭᠠᠨ ᠤ ᠪᠦᠳᠦᠬᠡᠨ ᠪᠠᠶᠢᠭᠤᠯᠤᠯᠳᠠ ᠡᠬᠢᠯᠡᠪᠡ᠃  ᠨᠢᠬᠡᠳᠦᠭᠡᠷ ᠬᠤᠭᠤᠴᠠᠭᠠᠨ ᠳᠤ 3 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ  ᠴᠠᠩ ᠱᠧᠩ  ᠨᠠᠷᠠᠨ ᠤ ᠡᠨᠧᠷᠬᠢ ᠶᠢᠨ ᠶᠠᠳᠠᠭᠤ ᠶᠢ ᠳᠡᠳᠬᠦᠬᠦ ᠲᠦᠷᠦᠯ ᠵᠦᠢᠯ ᠮᠠᠨ ᠤ ᠬᠤᠰᠢᠭᠤᠨ ᠳᠤ ᠠᠮᠵᠢᠯᠳᠠᠳᠠᠢ ᠨᠤᠳᠤᠭᠰᠢᠵᠤ᠂ ᠤᠳᠤ ᠨᠢᠬᠡᠨᠳᠡ 1500 ᠲᠦᠮᠡᠨ ᠲᠦᠬᠦᠷᠢᠭ ᠤᠨ ᠪᠡᠯᠡ  ᠤᠷᠤᠭᠤᠯᠤᠭᠠᠳ  ᠪᠠᠶᠢᠨ᠎ᠠ᠃  5.8 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ  ᠪᠠᠢ ᠾᠦᠢ ᠱᠧᠩ ᠰᠢᠬᠢᠷ ᠤᠨ ᠦᠢᠯᠡᠳᠪᠦᠷᠢ ᠨᠢ ᠲᠦᠷᠦᠯ ᠵᠦᠢᠯ ᠤᠨ ᠪᠤᠯᠤᠮᠵᠢᠳᠤ ᠰᠤᠳᠤᠯᠤᠯ ᠪᠠ ᠲᠠᠩᠰᠠ  ᠪᠡᠯᠡᠳᠭᠡᠬᠦᠯᠬᠦ ᠠᠵᠢᠯ ᠢᠶᠠᠨ ᠬᠢᠵᠦ ᠲᠠᠭᠤᠰᠬᠠᠪᠠ᠃  ᠪᠡᠭᠡᠵᠢᠩ ᠤᠨ ᠳ᠋ᠧ ᠴᠢᠩ ᠶᠤᠸᠠᠨ᠂  ᠳ᠋ᠠ ᠸᠧᠢ ᠵᠢᠶᠠ ᠺᠤᠮᠫᠠᠨᠢ ᠲᠠᠢ ᠲᠠᠬᠢᠶ᠎ᠠ᠂ ᠭᠠᠭ᠋ᠠᠢ ᠮᠠᠯᠵᠢᠬᠤ ᠶᠠᠳᠠᠭᠤ ᠶᠢ ᠳᠡᠳᠬᠦᠬᠦ ᠲᠦᠷᠦᠯ ᠵᠦᠢᠯ ᠤᠨ ᠭᠡᠷ᠎ᠡ ᠲᠤᠭᠳᠠᠵᠤ᠂ ᠬᠠᠮᠢᠶ᠎ᠠ ᠪᠦᠬᠦᠢ ᠠᠵᠢᠯ ᠶᠠᠭ ᠠᠯᠬᠤᠮ ᠲᠠᠷᠠᠭ᠎ᠠ ᠲᠠᠢ ᠶᠠᠪᠤᠭᠳᠠᠵᠤ ᠪᠤᠢ  ᠃ ᠪᠡᠭᠡᠵᠢᠩ ᠤᠨ ᠬᠦᠸᠧ ᠮᠠ ᠰᠢᠨᠵᠢᠯᠡᠭᠡ ᠮᠡᠷᠭᠡᠵᠢᠯ ᠤᠨ ᠺᠤᠮᠫᠠᠨᠢ ᠶᠢ ᠤᠷᠤᠭᠤᠯᠵᠤ᠂ ᠬᠠᠭᠠᠨ ᠤ ᠠᠳᠤᠭᠤᠨ ᠵᠤᠰᠠᠭᠠᠯ ᠦᠵᠡᠮᠵᠢ ᠶᠢᠨ ᠤᠷᠤᠨ   ᠤ ᠦᠬᠡᠷᠡᠴᠢᠯᠡᠯᠳᠡ ᠶᠢᠨ ᠲᠦᠯᠦᠪᠵᠢᠬᠦᠯᠬᠡ  ᠪᠦᠬᠦ ᠲᠠᠯᠠᠪᠠᠷ ᠡᠬᠢᠯᠡᠨ ᠂ ᠤᠤᠯ ᠲᠦᠬᠦᠭᠡᠷᠦᠮᠵᠢ ᠶᠢ ᠦᠬᠡᠷᠡᠴᠢᠯᠡᠬᠦ ᠠᠵᠢᠯ ᠦᠨᠳᠦᠰᠦᠨ ᠳᠡᠭᠡᠨ ᠲᠠᠭᠤᠰᠴᠠᠢ᠃ ᠡᠬᠦᠨ ᠤ ᠵᠡᠷᠭᠡᠪᠡᠷ᠂ ᠤᠳᠤ ᠪᠠᠶᠢᠭ᠎ᠠ ᠠᠵᠤ ᠠᠬᠤᠶᠢᠯᠠᠯ ᠢ ᠲᠡᠳᠬᠦᠵᠦ  ᠬᠦᠭᠵᠢᠯᠳᠡ ᠶᠢ ᠨᠢ ᠲᠦᠷᠭᠡᠳᠭᠡᠨ᠂ ᠤᠳᠠᠭᠠᠰᠢᠷᠠᠵᠤ ᠵᠤᠭᠰᠤᠩᠬᠢᠷᠠᠭᠰᠠᠨ ᠲᠦᠷᠦᠯ ᠵᠦᠢᠯ   ᠤᠨ ᠰᠡᠷᠭᠦᠬᠡᠵᠦ ᠠᠬᠢᠭᠤᠯᠬᠤ ᠠᠵᠢᠯ ᠢ ᠪᠦᠬᠦ ᠬᠦᠴᠦᠨ ᠢᠶᠠᠷ ᠬᠢᠭᠰᠡᠨ ᠪᠠᠶᠢᠨ᠎ᠠ᠃  ᠲᠠᠯ᠎ᠠ ᠨᠤᠳᠤᠭ ᠠᠷᠢᠬᠢᠨ ᠦᠢᠯᠡᠳᠪᠦᠷᠢ ᠶᠢᠨ ᠦᠷᠭᠡᠳᠭᠡᠵᠤ ᠨᠡᠬᠦᠯᠬᠡᠬᠦ ᠠᠵᠢᠯ ᠦᠨᠳᠦᠰᠦᠨ ᠳᠡᠭᠡᠨ ᠪᠡᠶᠡᠯᠡᠭᠳᠡᠵᠦ᠂  ᠦᠢᠯᠡᠳᠪᠦᠷᠢᠯᠡᠯ   ᠢ ᠲᠤᠭᠳᠠᠪᠤᠷᠢᠵᠢᠭᠤᠯᠤᠨ ᠶᠠᠰᠤ ᠴᠢᠨᠠᠷ ᠪᠠ ᠦᠷ᠎ᠡ ᠠᠰᠢᠭ ᠢ ᠨᠡᠮᠡᠭᠳᠡᠬᠦᠯᠬᠦ ᠠᠵᠢᠯ ᠤᠨ ᠪᠦᠳᠦᠮᠵᠢ ᠢᠯᠡᠷᠭᠡᠢ ᠮᠡᠳᠡᠭᠳᠡᠵᠦ᠂  ︽ᠲᠠᠯ᠎ᠠ ᠨᠤᠳᠤᠭ ᠤᠨ ᠸᠠᠩ︾ ᠰᠢᠷᠢᠰ ᠬᠠᠷ᠎ᠠ ᠠᠷᠢᠬᠢ ᠨᠢ ᠠᠮᠧᠷᠢᠺᠠ ᠳᠤ ᠪᠤᠯᠤᠭᠰᠠᠨ ᠫᠠᠨᠠᠮᠠ ᠶᠢᠨ ᠲᠡᠯᠡᠬᠡᠢ ᠶᠢᠨ ᠦᠵᠡᠰᠬᠦᠯᠡᠩ ᠳᠤ ᠠᠯᠳᠠᠨ ᠱᠠᠩᠨᠠᠯ ᠬᠦᠷᠳᠡᠵᠦ᠂  ᠪᠦᠬᠦ ᠠᠶᠢᠮᠠᠭ ᠤᠨ ᠠᠩᠬᠠᠳᠤᠭᠴᠢ ᠠᠺᠠᠳᠧᠮᠢᠴᠢ  ᠶᠢᠨ ᠠᠵᠢᠯ ᠤᠨ ᠦᠷᠳᠡᠭᠡ ᠪᠠᠶᠢᠭᠤᠯᠤᠭᠳᠠᠭᠰᠠᠨ ᠵᠢᠩᠬᠢᠨᠢ ᠪᠠᠷ ᠠᠵᠢᠯ ᠢᠶᠠᠨ ᠡᠬᠢᠯᠡᠭᠰᠡᠨ ᠪᠠᠶᠢᠨ᠎ᠠ᠃  ᠬᠤᠩ ᠵᠢᠩ ᠶᠤᠸᠠᠨ ᠲᠤᠰᠤᠨ ᠤ ᠦᠢᠯᠡᠳᠪᠦᠷᠢ ᠮᠡᠷᠭᠡᠵᠢᠯ ᠤᠨ ᠦᠬᠡᠷᠡᠴᠢᠯᠡᠯᠳᠡ ᠪᠡ ᠦᠢᠯᠡᠳᠪᠦᠷᠢ ᠨᠡᠬᠦᠯᠬᠡᠬᠦ  ᠨᠢᠬᠡᠳᠦᠭᠡᠷ ᠬᠤᠭᠤᠴᠠᠭᠠᠨ ᠤ ᠲᠦᠷᠦᠯ ᠵᠦᠢᠯ ᠠᠮᠵᠢᠯᠳᠠᠳᠠᠢ ᠶᠠᠪᠤᠭᠳᠠᠵᠤ᠂  ᠪᠦᠬᠦ ᠤᠯᠤᠰ ᠤᠨ ᠶᠠᠮᠠ ᠶᠢᠨ ᠲᠤᠰᠤᠨ ᠤ ᠠᠵᠤ ᠦᠢᠯᠡᠰ ᠤᠨ ᠬᠦᠭᠵᠢᠯᠳᠡ ᠶᠢᠨ ᠤᠨᠤᠯ ᠤᠨ ᠲᠠᠪᠴᠠᠩ ᠵᠢᠴᠢ ᠬᠤᠶᠠᠳᠤᠭᠠᠷ ᠬᠤᠭᠤᠴᠠᠭᠠᠨ ᠤ ᠶᠠᠮᠠ   ᠶᠢᠨ ᠲᠤᠰᠤᠨ  ᠤ ᠠᠵᠤ ᠦᠢᠯᠡᠰ ᠤᠨ ᠬᠤᠯᠪᠤᠭᠠᠯᠠᠯ ᠤᠨ ᠶᠡᠭᠡ ᠬᠤᠷᠠᠯ ᠢ ᠠᠮᠵᠢᠯᠳᠠᠳᠠᠢ ᠡᠷᠬᠢᠯᠡᠨ᠂ ︽ᠬᠤᠩ ᠵᠢᠩ ᠶᠤᠸᠠᠨ︾ ᠲᠡᠮᠳᠡᠭᠳᠦ ᠶᠠᠮᠠ   ᠶᠢᠨ  ᠲᠤᠰᠤ ᠨᠢ  ᠪᠦᠬᠦ ᠤᠯᠤᠰ ᠤᠨ ᠲᠤᠯᠤᠳᠤᠭᠠᠷ ᠬᠤᠭᠤᠴᠠᠭᠠᠨ ᠤ  ᠲᠡᠯᠡᠬᠡᠢ ᠶᠢᠨ ᠢᠳᠡᠰᠢᠨ ᠲᠤᠰᠤᠨ ᠤ ᠠᠵᠤ ᠦᠢᠯᠡᠰ ᠤᠨ ᠦᠵᠡᠰᠬᠦᠯᠡᠩ ᠳᠤ ︽ ᠬᠡᠮ ᠬᠤᠤᠷ ᠦᠬᠡᠢ ᠢᠳᠡᠰᠢᠨ ᠲᠤᠰᠤ︾ ᠶᠢᠨ ᠠᠯᠳᠠᠨ ᠱᠠᠩᠨᠠᠯ ᠢ ᠲᠤᠰᠴᠠᠢ᠃ ᠺᠧ ᠲᠠᠢ ᠯᠦᠩ ᠳ᠋ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠨᠵᠢᠯᠡᠭᠡ ᠮᠡᠷᠭᠡᠵᠢᠯ ᠤᠨ ᠺᠤᠮᠫᠠᠨᠢ ᠨᠢ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ  ᠪᠤᠯᠵᠤ᠂ ᠭᠠᠶᠢᠯᠢ ᠶᠢᠨ ᠤᠷᠤᠯᠭ᠎ᠠ ᠮᠢᠩᠭᠠᠨ ᠲᠦᠮᠡ   ᠶᠢ ᠰᠢᠪᠳᠤᠯᠪᠠ᠃ ᠫᠧᠩ ᠰᠢᠶᠠᠩ  ᠭᠤᠸᠠᠩ  ᠳ᠋ᠠ ᠺᠤᠮᠫᠠᠨᠢ   ᠶᠢᠨ ᠬᠢᠨ ᠰᠤᠯᠠ ᠦᠢᠯᠡᠳᠪᠦᠷᠢ ᠶᠢᠨ ᠲᠠᠰᠤᠭ   ᠢᠶᠠᠨ ᠲᠤᠮᠳᠠᠳᠤ ᠤᠯᠤᠰ ᠤᠨ ᠵᠦᠩ ᠴᠧ ᠪᠦᠯᠦᠭᠯᠡᠯ   ᠳᠤ ᠠᠰᠢᠭᠯᠠᠭᠤᠯᠵᠤ᠂  ᠠᠩᠬᠠᠳᠤᠭᠴᠢ 3 ᠰᠠᠶ᠎ᠠ ᠸᠠᠲ ᠤᠨ ᠰᠠᠯᠬᠢᠨ ᠰᠠᠩᠰᠠ ᠶᠢ ᠲᠡᠭᠡᠳᠦ ᠬᠠᠭᠠᠰ ᠵᠢᠯ ᠳᠤ ᠦᠢᠯᠡᠳᠪᠦᠷᠢᠯᠡᠬᠦ ᠡᠷᠡᠮᠡᠯᠵᠡᠯ ᠲᠠᠢ  ᠪᠠᠶᠢᠵᠤ᠂  ᠲᠦᠷᠪᠡᠨ ᠵᠢᠯ ᠲᠠᠯᠪᠢᠭᠳᠠᠭᠰᠠᠨ ᠰᠧ ᠶᠢ ᠨᠠ  ᠯᠢᠲ ᠴᠠᠬᠢᠯᠭᠠᠨ ᠴᠡᠨᠡᠭ ᠤᠨ ᠲᠦᠷᠦᠯ ᠵᠦᠢᠯ ᠨᠢ ᠬᠦᠬᠡᠨᠠᠭᠤᠷ ᠤᠨ ᠬᠦᠸᠧ ᠸᠧᠢ ᠺᠤᠮᠫᠠᠨᠢ ᠲᠠᠢ ᠬᠠᠮᠳᠤᠷᠠᠯᠴᠠᠭᠠᠨ ᠤ ᠭᠡᠷ᠎ᠡ ᠲᠤᠭᠳᠠᠵᠤ᠂ ᠡᠨᠡ  ᠵᠢᠯ ᠵᠢᠩᠬᠢᠨᠢ ᠪᠠᠷ ᠦᠢᠯᠡᠳᠪᠦᠷᠢᠯᠡᠯ ᠡᠬᠢᠯᠡᠬᠦ ᠡᠷᠡᠮᠡᠯᠵᠡᠯ ᠲᠠᠢ ᠪᠠᠶᠢᠨ᠎ᠠ᠃ ᠲᠡᠭᠡᠳᠦ ᠰᠢᠨ᠎ᠡ ᠮᠡᠷᠭᠡᠵᠢᠯ ᠤᠨ ᠤᠷᠤᠨ ᠲᠤᠭᠤᠷᠢᠭ ᠪᠠ ᠲᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠦᠳᠦᠬᠡᠬᠦ ᠤᠷᠤᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠬᠢᠭᠡᠳ ᠤᠷᠤᠨ ᠲᠤᠭᠤᠷᠢᠭ ᠲᠤ ᠤᠷᠤᠵᠤ ᠨᠤᠳᠤᠭᠰᠢᠭᠰᠠᠨ ᠠᠵᠤ ᠠᠬᠤᠶᠢᠯᠠᠯ ᠨᠢ ᠠᠩᠬ᠎ᠠ ᠠᠯᠬᠤᠮ ᠬᠡᠪᠴᠢᠶᠡᠵᠢᠵᠦ᠂ ᠮᠢᠬ᠎ᠠ᠂ ᠠᠷᠢᠬᠢ᠂ ᠲᠤᠰᠤ᠂ ᠨᠤᠭᠤᠭ᠎ᠠ᠂ ᠡᠮ᠂ ᠵᠤᠭᠠᠴᠠᠯ ᠵᠡᠷᠭᠡ ᠤᠷᠤᠨ ᠨᠤᠳᠤᠭ ᠤᠨ ᠤᠨᠴᠠᠯᠢᠭᠳᠤ ᠠᠵᠤ ᠦᠢᠯᠡᠰ ᠨᠢ ᠪᠦᠷ ᠨᠠᠶᠢᠳᠠᠪᠤᠷᠢᠳᠠᠢ ᠬᠦᠴᠦᠷᠭᠡᠭ ᠲᠠᠭᠠᠭᠤᠯᠤᠭᠴᠢ ᠠᠵᠤ ᠠᠬᠤᠶᠢᠯᠠᠯ   ᠤᠨ ᠲᠤᠯᠭᠠᠭᠤᠷᠢᠯᠠᠯ ᠲᠠᠢ ᠪᠤᠯᠵᠤ᠂   ᠲᠤᠨᠤᠭᠯᠠᠯ ᠦᠢᠯᠡᠳᠭᠡᠯ ᠪᠠ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠨᠢ  ᠶᠠᠪᠤᠭᠳᠠᠵᠤ ᠡᠬᠢᠯᠡᠪᠡ  ᠃       ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠤᠯᠠᠮ ᠨᠢᠬᠡ ᠠᠯᠬᠤᠮ  ᠴᠢᠩᠭᠠᠷᠠᠭᠰᠠᠨ᠃ ᠲᠠᠷᠢᠶᠠᠯᠠᠬᠤ ᠤᠷᠤᠨ ᠤ ᠪᠤᠭ ᠮᠠᠯ ᠤᠨ ᠪᠡᠯᠴᠢᠭᠡᠷᠯᠡᠬᠦᠯᠬᠦ  ᠶᠢ ᠴᠠᠭᠠᠵᠠᠯᠠᠬᠤ ᠠᠵᠢᠯ ᠤᠨ ᠡᠷᠴᠢᠮ ᠮᠡᠳᠡᠭᠳᠡᠮ᠎ᠡ  ᠴᠢᠩᠭᠠᠷᠠᠨ᠂  ︽ᠬᠤᠨᠢ ᠶᠢ ᠴᠦᠬᠡᠴᠢᠯᠡᠵᠦ ᠦᠬᠡᠷ ᠢ ᠦᠰᠭᠡᠬᠦ︾  ᠪᠠᠶᠢᠯᠳᠤᠬᠤ ᠪᠤᠳᠤᠯᠭ᠎ᠠ ᠠᠩᠬ᠎ᠠ ᠠᠯᠬᠤᠮ ᠤᠨ ᠠᠮᠵᠢᠯᠳᠠ ᠤᠯᠵᠤ᠂  ᠵᠢᠯ ᠤᠨ ᠡᠴᠦᠰ ᠲᠤ ᠪᠤᠭ ᠮᠠᠯ ᠤᠨ ᠲᠤᠭ᠎ᠠ ᠲᠤᠯᠤᠭᠠᠢ 17.2 ᠲᠦᠮᠡ   ᠳᠤ ᠬᠦᠷᠴᠦ᠂ 31.7 % ᠪᠠᠷ ᠬᠠᠰᠤᠭᠳᠠᠨ᠂ ᠠᠦ᠋ᠰᠲᠷᠠᠯᠢᠶ᠎ᠠ ᠶᠢᠨ ᠠᠩᠬᠢᠰ ᠬᠠᠷ᠎ᠠ ᠰᠠᠶᠢᠨ ᠡᠬᠦᠯᠳᠡᠷ ᠤᠨ ᠮᠢᠬᠠᠨ ᠤ ᠦᠬᠡᠷ 629 ᠶᠢ ᠤᠷᠤᠭᠤᠯᠵᠤ ᠮᠠᠯᠵᠢᠪᠠ᠃ ᠰᠦᠷᠴᠢᠨ ᠤᠰᠤᠯᠠᠬᠤ ᠲᠠᠯᠠᠪᠠᠢ ᠰᠢᠨ᠎ᠡ ᠪᠠᠷ ᠪᠠᠶᠢᠭᠤᠯᠬᠤ ᠶᠢ ᠴᠠᠭᠠᠵᠠᠯᠠᠨ᠂ ︽ᠰᠦᠷᠴᠢᠨ ᠤᠰᠤᠯᠠᠬᠤ   ᠠᠴᠠ ᠲᠤᠰᠤᠯᠠᠭᠠᠨ ᠤᠰᠤᠯᠠᠬᠤ︾ ᠦᠬᠡᠷᠡᠴᠢᠯᠡᠯᠳᠡ   ᠶᠢ ᠠᠬᠢᠭᠤᠯᠵᠤ᠂ ᠲᠠᠷᠢᠵᠤ ᠤᠷᠭᠤᠭᠤᠯᠬᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢ ᠱᠠᠭᠠᠷᠳᠠᠨ ᠬᠢᠵᠦ᠂  ᠦᠷ᠎ᠡ ᠶᠢᠨ ᠲᠦᠮᠦᠰᠦ ᠪᠠ  ᠢᠳᠡᠰᠢᠨ ᠨᠤᠭᠤᠭ᠎ᠠ  ᠲᠠᠷᠢᠬᠤ ᠲᠠᠯᠠᠪᠠᠢ  ᠶᠡᠬᠡᠰᠴᠦ᠂ ᠲᠠᠸᠠᠷ  ᠤᠨ ᠲᠦᠮᠦᠰᠦᠨ ᠤ ᠲᠠᠯᠠᠪᠠᠢ ᠪᠠᠭᠠᠰᠤᠭᠰᠠᠨ ᠪᠠᠶᠢᠨ᠎ᠠ᠃ ᠵᠤᠭᠠᠴᠠᠯ ᠢᠶᠠᠷ ᠭᠤᠤᠯ ᠪᠤᠯᠭᠠᠭᠰᠠᠨ ᠭᠤᠷᠪᠠᠳᠤᠭᠠᠷ ᠠᠵᠤ ᠦᠢᠯᠡᠰ ᠲᠦᠷᠭᠡᠨ ᠬᠦᠭᠵᠢᠵᠦ᠂ ︽ᠲᠠᠶᠢᠹᠤᠰᠧ ᠬᠤᠰᠢᠭᠤᠨ ᠤ  ᠪᠦᠬᠦᠶᠢᠯᠡ ᠤᠷᠤᠨ ᠪᠦᠰᠡ ᠶᠢᠨ ᠴᠢᠨᠠᠷᠳᠠᠢ ᠵᠤᠭᠠᠴᠠᠯ ᠤᠨ ᠬᠦᠭᠵᠢᠯᠳᠡ ᠶᠢᠨ  ᠶᠡᠷᠦᠩᠬᠡᠢ ᠲᠦᠯᠦᠪᠵᠢᠬᠦᠯᠬᠡ︾ ᠨᠠᠶᠢᠷᠠᠭᠤᠯᠬᠤ ᠠᠵᠢᠯ ᠢ ᠡᠬᠢᠯᠡᠨ᠂  ᠪᠦᠬᠦ ᠤᠯᠤᠰ ᠤᠨ ᠰᠤᠶᠤᠯ  ᠢᠷᠭᠡᠨᠰᠢᠯ ᠠᠮᠢ ᠠᠬᠤᠢ ᠶᠢᠨ ᠵᠤᠭᠠᠴᠠᠯ ᠤᠨ ᠰᠠᠭᠤᠷᠢᠨ ᠭᠠᠵᠠᠷ ᠢᠶᠠᠷ ᠦᠨᠡᠯᠡᠭᠳᠡᠵᠦ᠂ ᠪᠦᠷᠳᠡ ᠴᠢᠨ᠋ᠸ᠎ᠠ᠂ ᠱᠤᠤ ᠡᠯ ᠴᠢᠤᠸᠠᠨ ᠵᠡᠷᠭᠡ ᠵᠤᠭᠠᠴᠠᠯ ᠤᠨ ᠲᠦᠷᠦᠯ ᠵᠦᠢᠯ   ᠤᠨ ᠵᠢᠱᠢᠶ᠎ᠡ ᠦᠵᠡᠬᠦᠯᠵᠦ ᠲᠠᠶᠢᠴᠢᠯᠠᠬᠤ ᠦᠢᠯᠡᠳᠦᠯ ᠨᠢ ᠢᠯᠡᠷᠭᠡᠢ ᠪᠤᠯᠵᠤ᠂ ᠮᠦᠰᠦ ᠴᠠᠰᠤᠨ ᠤ ᠨᠠᠭᠠᠳᠤᠮ ᠤᠨ ᠬᠦᠷᠢᠶᠡᠯᠡᠩ ᠠᠰᠢᠭᠯᠠᠯᠳᠠ ᠳᠤ ᠤᠷᠤᠵᠠᠢ᠃  ᠮᠠᠯᠴᠢᠨ ᠠᠶᠢᠯ ᠤᠨ ᠵᠤᠭᠠᠴᠠᠯ 15 ᠨᠡᠮᠡᠭᠳᠡᠵᠦ᠂ ᠲᠠᠷᠢᠶᠠᠴᠢᠨ ᠡᠷᠦᠬᠡ ᠶᠢᠨ ᠵᠤᠭᠠᠴᠠᠯ 10 ᠨᠡᠮᠡᠭᠳᠡᠨ ᠂  1200 ᠭᠠᠷᠤᠢ ᠬᠦᠮᠦᠨ ᠤ ᠠᠵᠢᠯ ᠤᠯᠤᠯᠳᠠ ᠶᠢ ᠲᠠᠶᠢᠴᠢᠯᠠᠪᠠ᠃  ᠪᠦᠬᠦ ᠵᠢᠯ ᠳᠤ 47 ᠲᠦᠮᠡᠨ ᠵᠢᠭᠤᠯᠴᠢᠯᠠᠭᠴᠢ ︵ᠤᠳᠠᠭ᠎ᠠ︶ ᠶᠢ ᠤᠭᠳᠤᠨ ᠵᠤᠴᠢᠯᠠᠵᠤ᠂ ᠡᠨᠡ   ᠨᠢ ᠲᠡᠭᠡᠷ᠎ᠡ ᠵᠢᠯ ᠠᠴᠠ 11.1 % ᠪᠠᠷ  ᠨᠡᠮᠡᠭᠳᠡᠨ᠂ ᠵᠤᠭᠠᠴᠠᠯ ᠤᠨ ᠤᠷᠤᠯᠭ᠎ᠠ 2 ᠳ᠋ᠦᠩᠰᠢᠭᠤᠷ ᠲᠦᠬᠦᠷᠢᠭ ᠲᠤ ᠬᠦᠷᠴᠦ᠂ 12.5 % ᠪᠠᠷ ᠨᠡᠮᠡᠭᠳᠡᠭᠰᠡᠨ ᠪᠠᠶᠢᠨ᠎ᠠ᠃ ᠬᠤᠭᠤᠯᠠ  ᠤᠮᠳᠠ ᠶᠢᠨ ᠦᠢᠯᠡᠴᠢᠯᠡᠬᠡᠨ ᠤ ᠠᠵᠢᠯ ᠲᠦᠷᠦᠯ ᠤᠨ ᠤᠷᠤᠨ ᠲᠤᠭᠤᠷᠢᠨ ᠤ ᠠᠷᠢᠭᠤᠨ ᠴᠡᠪᠡᠷ ᠪᠠ ᠦᠢᠯᠡᠴᠢᠯᠡᠬᠡᠨ ᠤ ᠶᠠᠰᠤ ᠴᠢᠨᠠᠷ ᠢ ᠲᠡᠭᠡᠭᠰᠢᠯᠡᠬᠦᠯᠬᠦ ᠲᠤᠰᠬᠠᠢ ᠲᠦᠷᠦᠯ ᠤᠨ ᠴᠡᠭᠴᠡᠯᠡᠯᠳᠡ ᠶᠢ ᠦᠷᠨᠢᠬᠦᠯᠵᠦ᠂ ᠠᠵᠢᠯ ᠲᠦᠷᠦᠯ ᠤᠨ ᠶᠡᠷᠦᠩᠬᠡᠢ ᠭᠡᠪ ᠲᠦᠷᠬᠦ   ᠳᠤ ᠵᠤᠬᠢᠬᠤ ᠬᠡᠮᠵᠢᠶᠡᠨ ᠤ ᠰᠠᠶᠢᠵᠢᠷᠠᠯᠳᠠ ᠭᠠᠷᠴᠠᠢ᠃ ᠦᠪᠡᠷᠳᠡᠭᠡᠨ ᠵᠠᠰᠠᠬᠤ ᠤᠷᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠮᠠᠯᠵᠢᠬᠤ ᠤᠷᠤᠨ ᠳᠤ ᠤᠷᠤᠭᠤᠯᠬᠤ ᠵᠢᠱᠢᠶ᠎ᠡ ᠦᠵᠡᠬᠦᠯᠬᠦ ᠲᠦᠷᠦᠯ ᠵᠦᠢᠯ ᠢ ᠭᠡᠷᠡᠭᠵᠢᠬᠦᠯᠵᠦ ᠡᠬᠢᠯᠡᠨ᠂ ᠯᠧ ᠼᠦᠨ ᠲᠤᠤ ᠵᠡᠷᠭᠡ  ᠴᠠᠬᠢᠮ ᠬᠤᠳᠠᠯᠳᠤᠭᠠᠨ ᠤ ᠠᠵᠤ ᠠᠬᠤᠶᠢᠯᠠᠯ  ᠲᠦᠷᠭᠡᠨ ᠬᠦᠭᠵᠢᠵᠦ᠂ ᠡᠵᠡᠩᠨᠡᠯᠳᠡ ᠶᠢᠨ ᠤᠷᠤᠯᠭ᠎ᠠ 4 ᠮᠢᠩᠭᠠᠨ ᠲᠦᠮᠡᠨ ᠲᠦᠬᠦᠷᠢᠭ ᠲᠦᠬᠦᠭᠰᠡᠨ ᠪᠠᠶᠢᠨ᠎ᠠ᠃ ᠮᠦᠩᠬᠦᠨ ᠬᠦᠢᠯᠬᠡᠬᠡᠨ ᠤ ᠦᠢᠯᠡᠴᠢᠯᠡᠭᠡ ᠶᠢᠨ ᠪᠤᠳᠠᠳᠤ ᠴᠤᠭᠴᠠ ᠶᠢᠨ ᠠᠵᠤ ᠠᠬᠤᠢ ᠶᠢᠨ ᠶᠠᠰᠤ ᠴᠢᠨᠠᠷ ᠪᠠ ᠦᠷ᠎ᠡ ᠠᠰᠢᠭ ᠲᠡᠭᠡᠭᠰᠢᠯᠡᠵᠦ᠂ ᠠᠵᠤ ᠠᠬᠤᠶᠢᠯᠠᠯ ᠤᠨ ᠦᠷᠢᠳᠦᠯ ᠤᠨ ᠨᠤᠷᠮ᠎ᠠ ᠲᠤᠷᠤᠭᠰᠢᠯᠠᠬᠤ ᠬᠠᠨᠳᠤᠰᠢ ᠲᠠᠢ ᠪᠤᠯᠵᠤ᠂  ᠡᠯ᠎ᠡ ᠲᠦᠷᠦᠯ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠬᠡᠯᠡᠯᠬᠡ ᠶᠢᠨ ᠦᠯᠡᠳᠡᠪᠦᠷᠢ ᠲᠤᠰᠪᠤᠷᠢ 51.8  ᠳ᠋ᠦᠩᠰᠢᠭᠤᠷ ᠲᠦᠬᠦᠷᠢᠭ ᠪᠠ 29.9 ᠳ᠋ᠦᠩᠰᠢᠭᠤᠷ ᠲᠦᠬᠦᠷᠢᠭ ᠲᠤ ᠬᠦᠷᠴᠦ᠂ 10.7% ᠪᠠ 21.9 % ᠪᠠᠷ ᠨᠡᠮᠡᠭᠳᠡᠪᠡ᠃       ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠡᠷᠴᠢᠮ ᠮᠡᠳᠡᠭᠳᠡᠮ᠎ᠡ ᠴᠢᠩᠭᠠᠷᠠᠭᠰᠠᠨ᠃  ᠰᠠᠶ᠋ᠢᠬᠠᠨ ᠦᠩᠭᠡᠷᠡᠭᠰᠡᠨ 2016 ᠤᠨ ᠪᠤᠯ ᠰᠢᠨ᠎ᠡ ᠵᠠᠭᠤᠨ ᠳᠤ ᠤᠷᠤᠭᠰᠠᠨ ᠠᠴᠠ ᠨᠠᠰᠢᠬᠢ ᠮᠠᠨ ᠤ ᠬᠤᠰᠢᠭᠤᠨ ᠤ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠪᠡᠯᠡ  ᠤᠷᠤᠭᠤᠯᠤᠯᠳᠠ ᠶᠢᠨ ᠡᠷᠴᠢᠮ ᠬᠠᠮᠤᠭ ᠠᠴᠠ ᠴᠢᠩᠭᠠᠷᠠᠭᠰᠠᠨ ᠨᠢᠬᠡ ᠵᠢᠯ᠂  ᠮᠦᠨᠴᠦ ᠬᠤᠳᠠ ᠬᠦᠳᠡᠭᠡ ᠶᠢᠨ ᠦᠩᠬᠡ ᠲᠦᠷᠬᠦ᠂ ᠢᠯᠠᠩᠭᠤᠶ᠎ᠠ  ᠮᠠᠯᠵᠢᠬᠤ ᠲᠠᠷᠢᠶᠠᠯᠠᠬᠤ ᠤᠷᠤᠨ ᠤ  ᠪᠠᠶᠢᠳᠠᠯ ᠳᠤ  ᠬᠠᠮᠤᠭ ᠠᠴᠠ ᠶᠡᠭᠡ ᠬᠤᠪᠢᠷᠠᠯᠳᠠ ᠭᠠᠷᠤᠭᠰᠠᠨ ᠨᠢᠬᠡ ᠵᠢᠯ  ᠪᠠᠶᠢᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠲᠡᠬᠦᠨ ᠤ ᠲᠤᠮᠳᠠ ᠠᠴᠠ ᠦᠨᠡᠨ ᠪᠤᠳᠠᠳᠠᠢ ᠠᠰᠢᠭ ᠲᠤᠰᠠ ᠬᠦᠷᠳᠡᠭᠰᠡᠨ ᠶᠤᠮ᠃  ᠨᠢᠬᠡ ᠳᠤ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠠᠮᠵᠢᠯᠳᠠᠳᠠᠢ ᠰᠡᠬᠦᠯ ᠬᠤᠷᠢᠶᠠᠪᠠ᠃  ᠬᠤᠳᠠ ᠤᠰᠤ᠂ ᠠᠶᠢᠯ ᠡᠷᠦᠬᠡ ᠨᠢᠬᠡ ᠶᠢ ᠴᠤ ᠭᠡᠭᠡᠭᠳᠡᠬᠦᠯᠬᠦ ᠦᠬᠡᠢ ᠱᠠᠭᠠᠷᠳᠠᠯᠭ᠎ᠠ ᠪᠠᠷ᠂ ᠨᠡᠶᠢᠳᠡ 16.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ ︵ᠡᠬᠦᠨ ᠳᠤ 2016 ᠤᠨ ᠳᠤ 10.63 ᠳ᠋ᠦᠩᠰᠢᠭᠤᠷ ᠲᠦᠬᠦᠷᠢᠭ︶᠂ 178 ᠭᠠᠴᠠᠭ᠎ᠠ ᠲᠤᠰᠬᠤᠨ ᠤ 367 ᠬᠤᠳᠠ ᠤᠰᠤᠨ ᠳᠤ ︽ᠠᠷᠪᠠ ᠶᠢ ᠪᠦᠷᠬᠦᠬᠦᠯᠬᠦ︾ ᠪᠠ ᠤᠷᠴᠢᠨ ᠲᠤᠭᠤᠷᠢᠨ ᠤ ᠴᠡᠭᠴᠡᠯᠡᠯᠳᠡ  ᠶᠢᠨ ᠢᠨᠵᠧᠨᠧᠷᠢᠩ   ᠢ ᠭᠡᠷᠡᠭᠵᠢᠬᠦᠯᠦᠨ᠂ 4.28 ᠲᠦᠮᠡᠨ ᠡᠷᠦᠬᠡ᠂ 10.2 ᠲᠦᠮᠡᠨ ᠬᠦᠮᠦᠨ ᠠᠰᠢᠭ ᠬᠦᠷᠳᠡᠭᠰᠡᠨ ᠪᠠᠶᠢᠨ᠎ᠠ᠃ 1.3 ᠲᠦᠮᠡᠨ ᠡᠷᠦᠬᠡ ᠨᠤᠷᠠᠬᠤ ᠠᠶᠤᠯᠳᠠᠢ ᠭᠡᠷ ᠪᠠᠶᠢᠰᠢᠩ ᠤᠨ ᠦᠬᠡᠷᠡᠴᠢᠯᠡᠯᠳᠡ  ᠬᠢᠵᠦ᠂ 1.9 ᠲᠦᠮᠡᠨ ᠰᠠᠭᠤᠷᠢ ᠠᠶᠤᠯᠳᠠᠢ ᠭᠡᠷ ᠪᠠᠶᠢᠰᠢᠩ ᠢ ᠨᠤᠷᠠᠭᠠᠨ᠂ 1.66 ᠲᠦᠮᠡᠨ ᠰᠠᠭᠤᠷᠢ ᠭᠡᠷ ᠪᠠᠶᠢᠰᠢᠩ ᠢ ᠰᠡᠯᠪᠢᠨ ᠵᠠᠰᠠᠵᠤ᠂ 192 ᠲᠦᠮᠡᠨ ᠮᠧᠲᠷ ᠬᠦᠷᠢᠶ᠎ᠡ ᠬᠠᠰᠢᠶ᠎ᠠ ᠶᠢ ᠵᠠᠰᠠᠵᠤ ᠪᠠᠶᠢᠭᠤᠯᠤᠨ᠂ 1.1 ᠲᠦᠮᠡᠨ ᠬᠦᠮᠦᠨ ᠤ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠵᠦ᠂ 641 ᠺᠢᠯᠤᠮᠧᠲᠷ ᠵᠡᠬᠡᠯᠢ ᠭᠤᠳᠤᠮᠵᠢ ᠶᠢ ᠬᠠᠳᠠᠭᠤᠷᠠᠭᠤᠯᠤᠨ᠂ 16180  ᠡᠷᠦᠬᠡ ᠳᠤ ᠷᠠᠳᠢᠤ᠋ ᠲᠧᠯᠸᠢᠰ ᠲᠠᠮᠵᠢᠭᠤᠯᠭ᠎ᠠ ᠶᠢᠨ ᠲᠦᠬᠦᠭᠡᠷᠦᠮᠵᠢ ᠤᠭᠰᠠᠷᠠᠵᠤ᠂ 21 ᠰᠠᠭᠤᠷᠢ ᠰᠤᠷᠭᠠᠭᠤᠯᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠵᠤ᠂ ᠪᠠᠷᠢᠮᠵᠢᠶᠠᠳᠤ ᠡᠷᠡᠬᠦᠯ ᠬᠠᠮᠠᠭᠠᠯᠠᠯ ᠤᠨ ᠦᠷᠦᠭᠡ 85 ᠶᠢ ᠪᠠᠶᠢᠭᠤᠯᠤᠨ᠂ 14 ᠲᠦᠮᠡᠨ ᠬᠠᠪᠳᠠᠭᠠᠢ ᠲᠦᠷᠪᠡᠯᠵᠢᠨ ᠮᠧᠲᠷ ᠬᠦᠷᠢᠶ᠎ᠡ ᠬᠠᠰᠢᠶ᠎ᠠ ᠶᠢ  ᠪᠤᠳᠤᠭᠯᠠᠨ ᠦᠩᠬᠡᠯᠡᠵᠦ᠂ 67 ᠰᠠᠭᠤᠷᠢ ᠠᠭᠤᠳᠠᠮ ᠲᠠᠯᠠᠪᠠᠢ ᠶᠢ ᠶᠢ ᠵᠠᠰᠠᠵᠤ ᠪᠠᠶᠢᠭᠤᠯᠤᠨ᠂ 168 ᠭᠠᠴᠠᠭ᠎ᠠ ᠲᠤᠰᠬᠤᠨ ᠤ ᠰᠤᠶᠤᠯ ᠤᠨ ᠦᠷᠦᠭᠡ ᠳᠤ ᠲᠦᠬᠦᠭᠡᠷᠦᠮᠵᠢ ᠪᠦᠷᠢᠳᠦᠬᠦᠯᠵᠦ᠂  ᠠᠷᠠᠳ   ᠲᠤ ᠲᠦᠬᠦᠮ ᠦᠵᠡᠬᠦᠯᠬᠦ ᠴᠢᠯᠦᠬᠡᠳᠦ ᠲᠡᠯᠬᠡᠬᠦᠷ 25 ᠶᠢ ᠪᠠᠶᠢᠭᠤᠯᠤᠨ᠂ ᠬᠤᠭ ᠨᠤᠪᠰᠢ ᠶᠢᠨ ᠬᠠᠶᠢᠷᠴᠠᠭ 1857 ᠶᠢ ᠲᠤᠬᠢᠷᠠᠭᠤᠯᠵᠤ᠂  ᠨᠡᠶᠢᠳᠡ ᠶᠢᠨ ᠵᠤᠷᠯᠤᠩ 468 ᠶᠢ ᠪᠠᠶᠢᠭᠤᠯᠤᠨ᠂ ᠨᠢᠯᠬ᠎ᠠ ᠮᠤᠳᠤ 38 ᠲᠦᠮᠡᠨ ᠪᠤᠳᠠ ᠲᠠᠷᠢᠭᠠᠳ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠮᠡᠳᠡᠭᠳᠡᠮ᠎ᠡ ᠰᠠᠶᠢᠵᠢᠷᠠᠵᠤ᠂ ᠮᠠᠯᠵᠢᠬᠤ ᠲᠠᠷᠢᠶᠠᠯᠠᠬᠤ ᠤᠷᠤᠨ ᠤ ᠦᠩᠬᠡ ᠲᠦᠷᠬᠦ ᠳᠤ ᠯᠤᠳᠤ ᠶᠡᠭᠡ ᠬᠤᠪᠢᠷᠠᠯᠳᠠ ᠭᠠᠷᠤᠭᠰᠠᠨ ᠪᠠᠶᠢᠨ᠎ᠠ᠃  ︽ᠠᠷᠪᠠ ᠶᠢ ᠪᠦᠷᠬᠦᠬᠦᠯᠬᠦ︾  ᠠᠵᠢᠯ ᠤᠨ ᠲᠤᠮᠳᠠ  ᠬᠦᠪᠴᠢᠯᠡᠭᠳᠡᠭᠰᠡᠨ ᠪᠦᠬᠦ ᠬᠤᠰᠢᠭᠤᠨ ᠤ ᠡᠯ᠎ᠡ ᠱᠠᠳᠤᠨ ᠤ  ᠺᠠᠳᠠᠷᠴᠤᠳ ᠤᠨ  ᠠᠷᠠᠳ ᠲᠦᠮᠡᠨ ᠢᠶᠠᠷ  ᠦᠨᠳᠦᠰᠦ ᠪᠤᠯᠭᠠᠵᠤ  ᠠᠵᠢᠯ ᠡᠬᠦᠷᠭᠡ ᠪᠠᠨ ᠰᠢᠮᠳᠠᠨ  ᠪᠡᠶᠡᠯᠡᠬᠦᠯᠬᠦ ᠵᠤᠷᠢᠭ ᠰᠠᠨᠠᠭᠠᠨ ᠤ ᠡᠷᠴᠢ  ᠬᠦᠴᠦ ᠨᠢ ᠮᠠᠨ ᠤ ᠬᠤᠶᠢᠰᠢᠳᠠ ᠶᠢᠨ ᠠᠯᠢᠪᠠ ᠬᠦᠴᠢᠷ ᠪᠡᠷᠭᠡ ᠶᠢ ᠢᠯᠠᠨ ᠲᠠᠪᠠᠭ᠋ᠤ ᠳᠤ ᠢᠳᠡᠭᠡᠯ ᠵᠤᠷᠢᠭ ᠪᠠ ᠬᠦᠳᠡᠯᠭᠡᠭᠴᠢ ᠬᠦᠴᠦᠨ ᠤ ᠡᠬᠢ ᠪᠤᠯᠠᠭ ᠪᠤᠯᠬᠤ  ᠪᠢᠯᠡ᠃ ᠬᠤᠶᠠᠷ ᠲᠤ᠂  ᠬᠤᠳᠠ ᠶᠢᠨ ᠪᠦᠳᠦᠬᠡᠨ ᠪᠠᠶᠢᠭᠤᠯᠤᠯᠳᠠ ᠠᠩᠬ᠎ᠠ ᠠᠯᠬᠤᠮ ᠤᠨ ᠠᠮᠵᠢᠯᠳᠠ ᠤᠯᠪᠠ᠃ ︽ᠪᠤᠤᠴᠠᠩ ᠪᠠᠯᠭᠠᠰᠤᠨ ᠤ ᠬᠠᠭᠤᠴᠢᠨ ᠲᠤᠭᠤᠷᠢᠭ ᠤᠨ 7.22 ᠬᠠᠪᠳᠠᠭᠠᠢ ᠲᠦᠷᠪᠡᠯᠵᠢᠨ ᠺᠢᠯᠤᠮᠧᠲᠷ ᠤᠨ ᠡᠵᠡᠮᠳᠡᠯ ᠤᠨ ᠴᠢᠨᠠᠷᠳᠠᠢ ᠨᠠᠷᠢᠨ ᠲᠦᠯᠦᠪᠵᠢᠬᠦᠯᠬᠡ︾ ᠶᠢ  ᠨᠠᠶᠢᠷᠠᠭᠤᠯᠤᠨ᠂  2.1 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠵᠤ᠂ ᠨᠢᠬᠡ ᠪᠦᠯᠦᠭ ᠴᠢᠬᠤᠯᠠ  ᠶᠡᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠢ ᠬᠦᠴᠦᠨ ᠢᠶᠠᠨ ᠲᠦᠪᠯᠡᠷᠡᠬᠦᠯᠦᠨ ᠬᠢᠭᠰᠡᠨ ᠪᠠᠶᠢᠨ᠎ᠠ᠃ 10 ᠺᠢᠯᠤᠮᠧᠲᠷ ᠤᠷᠳᠤ ᠤᠷᠤᠨ ᠲᠤᠭᠤᠷᠢᠭ ᠪᠠ ᠬᠤᠳᠠ ᠪᠠᠯᠭᠠᠰᠤᠨ ᠤ ᠵᠠᠮ  ᠢ ᠰᠢᠨ᠎ᠡ ᠪᠠᠷ ᠪᠠᠶᠢᠭᠤᠯᠵᠤ᠂  12.5 ᠲᠦᠮᠡᠨ  ᠬᠠᠪᠳᠠᠭᠠᠢ ᠲᠦᠷᠪᠡᠯᠵᠢᠨ ᠮᠧᠲᠷ  ᠴᠠᠷᠳᠠᠮᠠᠯ ᠵᠠᠮ ᠢ ᠪᠠᠬᠢᠵᠢᠬᠦᠯᠦᠨ ᠵᠠᠰᠠᠵᠤ᠂ 6.1  ᠲᠦᠮᠡᠨ ᠬᠠᠪᠳᠠᠭᠠᠢ ᠲᠦᠷᠪᠡᠯᠵᠢᠨ ᠮᠧᠲᠷ  ᠶᠠᠪᠠᠭᠠᠨ ᠤ ᠵᠠᠮ ᠪᠠ 1.1 ᠲᠦᠮᠡᠨ ᠬᠠᠪᠳᠠᠭᠠᠢ ᠲᠦᠷᠪᠡᠯᠵᠢᠨ ᠮᠧᠲᠷ  ᠵᠡᠭᠡᠯᠢ ᠭᠤᠳᠤᠮᠵᠢ ᠶᠢ ᠲᠡᠪᠢᠰᠴᠦ  ᠬᠠᠳᠠᠭᠤᠷᠠᠭᠤᠯᠪᠠ᠃ 4.8 ᠺᠢᠯᠤᠮᠧᠲᠷ ᠤᠰᠤ ᠬᠠᠩᠭᠠᠬᠤ ᠬᠤᠭᠤᠯᠠᠢ  ᠂ 12 ᠺᠢᠯᠤᠮᠧᠲᠷ ᠪᠤᠬᠢᠷ ᠤᠰᠤᠨ ᠤ ᠬᠤᠭᠤᠯᠠᠢ  ᠂  3 ᠺᠢᠯᠤᠮᠧᠲᠷ ᠢᠯᠴᠢ ᠬᠠᠩᠭᠠᠬᠤ ᠬᠤᠭᠤᠯᠠᠢ   ᠢ ᠰᠢᠨ᠎ᠡ ᠪᠠᠷ  ᠤᠭᠰᠠᠷᠠᠨ᠂ 4 ᠰᠠᠭᠤᠷᠢ ᠢᠯᠴᠢ ᠰᠤᠯᠢᠭᠳᠠᠭᠤᠯᠬᠤ ᠦᠷᠳᠡᠭᠡ   ᠶᠢ ᠦᠬᠡᠷᠡᠴᠢᠯᠡᠵᠤ᠂  ᠢᠯᠴᠢ ᠬᠠᠩᠭᠠᠬᠤ ᠦᠢᠯᠡᠳᠪᠦᠷᠢ ᠶᠢᠨ ᠦᠬᠡᠷᠡᠴᠢᠯᠡᠯᠳᠡ ᠵᠠᠰᠠᠯᠳᠠ ᠶᠢ ᠬᠢᠭᠰᠡᠨ ᠪᠠᠶᠢᠨ᠎ᠠ᠃ 2 ᠰᠠᠭᠤᠷᠢ ᠬᠤᠭ ᠨᠤᠪᠰᠢ  ᠵᠦᠬᠡᠬᠡᠪᠦᠷᠢᠯᠡᠬᠦ ᠦᠷᠳᠡᠭᠡ ᠶᠢ ᠪᠠᠶᠢᠭᠤᠯᠵᠤ᠂  6 ᠢᠵᠢ ᠬᠤᠭ ᠨᠤᠪᠰᠢ ᠵᠦᠬᠡᠬᠡᠪᠦᠷᠢᠯᠡᠬᠦ ᠲᠡᠷᠭᠡ ᠤᠨᠤᠭ᠎ᠠ  ᠪᠠ  ᠪᠡᠯᠡᠳᠭᠡᠯ ᠲᠦᠬᠦᠭᠡᠷᠦᠮᠵᠢ   ᠶᠢ ᠲᠤᠬᠢᠷᠠᠭᠤᠯᠤᠨ᠂  ᠨᠡᠶᠢᠳᠡ ᠶᠢᠨ ᠮᠠᠰᠢᠨ  ᠲᠡᠷᠭᠡᠨ ᠤ ᠵᠤᠭᠰᠤᠭᠠᠯ 29 ᠶᠢ ᠪᠠᠶᠢᠭᠤᠯᠵᠤ᠂ ᠵᠠᠮ ᠤᠨ ᠳ᠋ᠧᠩ 735 ᠶᠢ ᠤᠭᠰᠠᠷᠠᠪᠠ᠃ ᠪᠤᠤ ᠯᠦᠩ  ᠂ ᠰᠢᠩ ᠳ᠋ᠠ  ᠂ ᠰᠢᠶᠠᠩ ᠶᠠᠩ ᠬᠤᠸᠠ ᠶᠤᠸᠠᠨ  ᠵᠡᠷᠭᠡ 5 ᠬᠠᠭᠤᠴᠢᠨ ᠰᠠᠭᠤᠭᠠᠯᠢ ᠲᠤᠭᠤᠷᠢᠭ ᠲᠤ ᠵᠠᠰᠠᠯᠳᠠ ᠬᠢᠵᠦ᠂ 6.2  ᠲᠦᠮᠡᠨ ᠬᠠᠪᠳᠠᠭᠠᠢ ᠲᠦᠷᠪᠡᠯᠵᠢᠨ ᠮᠧᠲᠷ ᠤᠷᠤᠨ ᠰᠠᠭᠤᠴᠠ ᠶᠢᠨ ᠠᠰᠠᠷ ᠲᠤ ᠡᠨᠧᠷᠬᠢ ᠳᠤ ᠠᠷᠪᠢᠳᠠᠢ ᠭᠠᠳᠠᠷ ᠭᠡᠷᠡᠮ ᠤᠨ ᠲᠤᠯᠠᠭᠠᠯᠠᠭ᠎ᠠ  ᠬᠢᠭᠰᠡᠨ ᠤ ᠬᠠᠮᠳᠤ᠂ 3.7  ᠲᠦᠮᠡᠨ ᠬᠠᠪᠳᠠᠭᠠᠢ ᠲᠦᠷᠪᠡᠯᠵᠢᠨ ᠮᠧᠲᠷ  ᠵᠠᠮ ᠢ ᠵᠠᠰᠠᠵᠤ᠂  1.8  ᠲᠦᠮᠡᠨ ᠬᠠᠪᠳᠠᠭᠠᠢ ᠲᠦᠷᠪᠡᠯᠵᠢᠨ ᠮᠧᠲᠷ  ᠲᠠᠯᠠᠪᠠᠢ ᠶᠢ ᠲᠡᠪᠢᠰᠴᠦ ᠬᠠᠳᠠᠭᠤᠷᠠᠭᠤᠯᠤᠨ᠂  ᠨᠢᠬᠡ ᠪᠦᠯᠦᠭ ᠵᠠᠮ ᠤᠨ ᠳ᠋ᠧᠩ ᠪᠠ ᠪᠡᠶ᠎ᠡ ᠪᠤᠯᠪᠠᠰᠤᠷᠠᠭᠤᠯᠬᠤ ᠲᠦᠬᠦᠭᠡᠷᠦᠮᠵᠢ ᠶᠢ  ᠤᠭᠰᠠᠷᠠᠵᠤ᠂ 3200 ᠡᠷᠦᠬᠡ  ᠰᠠᠭᠤᠭᠠᠯᠢ ᠠᠷᠠᠳ ᠲᠤ ᠠᠰᠢᠭ ᠲᠤᠰᠠ ᠬᠦᠷᠳᠡᠭᠡᠭᠰᠡᠨ ᠪᠠᠶᠢᠨ᠎ᠠ᠃  ᠪᠦᠬᠦ ᠤᠷᠤᠨ ᠤ ᠬᠤᠳᠠ ᠶᠢᠨ ︽ᠬᠤᠤᠰ ᠵᠠᠰᠠᠯᠳᠠ︾ ᠶᠢᠨ ᠲᠤᠷᠰᠢᠯᠳᠠ ᠶᠢᠨ ᠴᠡᠭ ᠲᠤ ᠤᠷᠤᠵᠤ᠂ ᠪᠠᠷᠠᠭᠤᠨ  ᠠᠭᠤᠯᠠ   ᠶᠢᠨ ᠦᠨᠳᠦᠰᠦᠳᠡᠨ ᠤ ᠴᠡᠴᠡᠷᠯᠢᠭ᠂ ᠬᠤᠶᠢᠳᠤ ᠠᠭᠤᠯᠠ   ᠶᠢᠨ ᠤᠢ ᠰᠢᠭᠤᠢ ᠶᠢᠨ ᠴᠡᠴᠡᠷᠯᠢᠭ  ᠪᠠ ᠬᠠᠭᠤᠴᠢᠨ ᠲᠤᠭᠤᠷᠢᠭ ᠤᠨ ᠠᠭᠤᠳᠠᠮ ᠲᠠᠯᠠᠪᠠᠢ᠂ ᠨᠠᠮᠤᠭ ᠭᠠᠵᠠᠷ ᠤᠨ ᠴᠡᠴᠡᠷᠯᠢᠭ  ᠵᠡᠷᠭᠡ ᠶᠢᠨ ᠠᠩᠬ᠎ᠠ ᠠᠯᠬᠤᠮ ᠤᠨ ᠲᠦᠯᠦᠪᠵᠢᠬᠦᠯᠬᠡ ᠶᠢ ᠬᠢᠪᠡ᠃ ᠬᠤᠳᠠ ᠪᠠᠯᠭᠠᠰᠤᠨ ᠤ ᠭᠤᠤᠯᠳᠠᠯᠭᠠᠳᠠᠢ ᠵᠠᠮ  ᠱᠤᠭᠤᠮ ᠢ ᠴᠡᠭᠴᠡᠯᠡᠨ ᠬᠠᠮᠢᠶᠠᠷᠬᠤ ᠠᠵᠢᠯ ᠤᠨ ᠡᠷᠴᠢᠮ ᠴᠢᠩᠭᠠᠷᠠᠵᠤ᠂   ᠯᠢ ᠮᠢᠨ ᠡᠮᠦᠨ᠎ᠡ ᠵᠠᠮ ᠤᠨ ᠴᠢᠯᠠᠭᠤᠨ ᠮᠠᠲ᠋ᠧᠷᠢᠶᠠᠯ ᠦᠢᠯᠡᠳᠪᠦᠷᠢᠯᠡᠬᠦ ᠦᠢᠯᠡᠳᠪᠦᠷᠢ ᠬᠤᠳᠠᠯᠳᠤᠭᠠᠨ ᠤ ᠡᠷᠦᠬᠡ ᠶᠢ  ᠨᠡᠬᠦᠯᠬᠡᠬᠦ ᠠᠵᠢᠯ ᠢ ᠡᠬᠢᠯᠡᠨ᠂ ᠴᠡᠪᠡᠷ ᠪᠤᠰᠤ᠂  ᠡᠮᠬᠢ ᠲᠢᠭᠯᠡᠮ ᠦᠬᠡᠢ ᠪᠠᠶᠢᠳᠠᠯ ᠵᠤᠬᠢᠬᠤ ᠬᠡᠮᠵᠢᠶ᠎ᠡ ᠪᠠᠷ ᠰᠠᠶᠢᠵᠢᠷᠠᠭᠰᠠᠨ ᠪᠠᠶᠢᠨ᠎ᠠ᠃  ᠭᠤᠷᠪᠠ ᠳᠤ᠂ ᠬᠦᠭᠵᠢᠯᠳᠡ ᠶᠢᠨ ᠨᠦᠬᠦᠴᠡᠯ ᠤᠯᠠᠮ ᠨᠢᠬᠡ ᠠᠯᠬᠤᠮ ᠪᠦᠷᠢᠨᠰᠢᠭᠰᠡᠨ᠃ ᠪᠡᠭᠡᠵᠢᠩ ᠲᠢᠶᠠᠨᠵᠢᠨ ᠤ ᠡᠷᠬᠢᠨ ᠲᠤᠭᠤᠷᠢᠨ  ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂  ᠴᠢᠨᠠᠷ ᠮᠠᠭᠤᠳᠠᠭᠰᠠᠨ ᠬᠠᠮᠠᠭᠠᠯᠠᠯᠳᠠ ᠶᠢᠨ ᠤᠢ ᠮᠤᠳᠤᠨ ᠤ ᠦᠬᠡᠷᠡᠴᠢᠯᠡᠯᠳᠡ᠂ ᠤᠢ ᠰᠢᠭᠤᠢ ᠡᠯᠡᠰᠦᠨ ᠤ ᠠᠵᠤ ᠦᠢᠯᠡᠰ ᠤᠨ ᠪᠦᠳᠦᠬᠡᠨ ᠪᠠᠶᠢᠭᠤᠯᠤᠯᠳᠠ ᠵᠡᠷᠭᠡ ᠴᠢᠬᠤᠯᠠ  ᠶᠡᠭᠡ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠢ ᠨᠠᠷᠢᠨ ᠨᠢᠮᠪᠠᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂   ᠬᠦᠮᠦᠨ ᠤ ᠬᠦᠴᠦ ᠪᠠᠷ ᠮᠤᠳᠤ ᠲᠠᠷᠢᠬᠤ ᠲᠠᠯᠠᠪᠠᠢ 0.6 ᠲᠦᠮᠡᠨ ᠮᠤ᠋᠂  ᠨᠦᠬᠦᠵᠦ ᠲᠠᠷᠢᠬᠤ ᠲᠠᠯᠠᠪᠠᠢ 4 ᠲᠦᠮᠡᠨ ᠮᠤ᠋᠂  ᠬᠠᠶᠢᠯᠠᠷ ᠨᠠᠷᠠᠰᠤ ᠲᠠᠷᠢᠬᠤ ᠲᠠᠯᠠᠪᠠᠢ 2.5 ᠲᠦᠮᠡᠨ ᠮᠤ᠋᠂ ᠭᠤᠤᠯᠳᠠᠯᠭᠠᠳᠠᠢ ᠤᠷᠤᠨ ᠪᠦᠰᠡ ᠶᠢᠨ ᠨᠤᠭᠤᠭᠠᠷᠠᠭᠤᠯᠤᠯᠳᠠ 1 ᠲᠦᠮᠡᠨ ᠮᠤ᠋᠂  ᠤᠢ ᠮᠤᠳᠤᠨ ᠤ ᠠᠷᠠᠴᠢᠯᠠᠨ ᠪᠤᠶᠢᠵᠢᠭᠤᠯᠤᠯᠳᠠ 1 ᠲᠦᠮᠡᠨ ᠮᠤ᠋ ᠶᠢ ᠪᠡᠶᠡᠯᠡᠬᠦᠯᠪᠡ᠃  ᠠᠭᠤᠷᠬᠠᠢ ᠶᠢᠨ ᠤᠷᠤᠨ ᠤ ᠵᠠᠰᠠᠯᠳᠠ ᠶᠢᠨ ᠡᠷᠴᠢᠮ ᠢ ᠴᠢᠩᠭᠠᠷᠠᠭᠤᠯᠵᠤ᠂ 16 ᠰᠠᠭᠤᠷᠢ ᠬᠠᠶᠠᠭᠳᠠᠮᠠᠯ ᠭᠤᠤ ᠭᠠᠩᠭ᠎ᠠ  ᠪᠠ 2 ᠰᠠᠭᠤᠷᠢ ᠡᠵᠡᠩᠨᠡᠯᠳᠡ ᠵᠤᠭᠰᠤᠭᠰᠠᠨ ᠠᠭᠤᠷᠬᠠᠢ ᠶᠢᠨ ᠠᠭᠤᠯᠠ ᠶᠢ ᠵᠠᠰᠠᠵᠤ᠂  90 ᠾᠧᠺᠲ᠋ᠠᠷ ᠤᠷᠭᠤᠮᠠᠯ ᠤᠨ ᠪᠦᠷᠬᠦᠴᠡ ᠶᠢ ᠰᠡᠷᠬᠦᠭᠡᠭᠰᠡᠨ ᠤ ᠬᠠᠮᠳᠤ᠂  ᠡᠵᠡᠩᠨᠡᠯᠳᠡ ᠬᠢᠵᠦ ᠪᠠᠶᠢᠭ᠎ᠠ 22 ᠠᠭᠤᠷᠬᠠᠢ ᠳᠤ ᠴᠡᠭᠴᠡᠯᠡᠯᠳᠡ ᠬᠢᠵᠦ᠂ 4.8 ᠾᠧᠺᠲ᠋ᠠᠷ ᠲᠠᠯᠠᠪᠠᠢ ᠶᠢ ᠵᠠᠰᠠᠵᠤ ᠰᠡᠷᠬᠦᠬᠡᠵᠡᠢ᠃  ᠤᠷᠴᠢᠨ ᠲᠤᠭᠤᠷᠢᠨ ᠤ ᠬᠠᠮᠠᠭᠠᠯᠠᠯᠳᠠ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂  ᠤᠷᠴᠢᠨ ᠲᠤᠭᠤᠷᠢᠨ ᠢ ᠰᠢᠯᠭᠠᠨ ᠬᠡᠮᠵᠢᠬᠦ ᠦᠷᠳᠡᠭᠡ ᠨᠢ ᠤᠯᠤᠰ ᠤᠨ ᠬᠢᠷᠢ ᠬᠡᠮ ᠤᠨ ᠬᠢᠨᠠᠨ ᠲᠤᠭᠳᠠᠭᠠᠯᠳᠠ ᠪᠠ ᠪᠠᠷᠢᠮᠵᠢᠶᠠᠵᠢᠭᠰᠠᠨ ᠪᠦᠳᠦᠬᠡᠨ ᠪᠠᠶᠢᠭᠤᠯᠤᠯᠳᠠ ᠶᠢᠨ ᠰᠢᠯᠭᠠᠨ ᠪᠠᠶᠢᠴᠠᠭᠠᠯᠳᠠ   ᠳᠤ ᠬᠢᠷᠢ ᠲᠡᠩᠴᠡᠭᠰᠡᠨ ᠪᠠᠶᠢᠨ᠎ᠠ᠃ ᠤᠯᠤᠰ ᠤᠨ  ᠭᠤᠤᠯᠳᠠᠯᠭᠠᠳᠠᠢ ᠠᠮᠢ ᠠᠬᠤᠢ ᠶᠢᠨ  ᠴᠢᠳᠠᠪᠬᠢᠳᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ  ᠤ ᠶᠠᠰᠤ ᠴᠢᠨᠠᠷ ᠤᠨ ᠰᠢᠯᠭᠠᠨ ᠪᠠᠶᠢᠴᠠᠭᠠᠯᠳᠠ ᠶᠢ ᠪᠡᠶᠡᠯᠡᠬᠦᠯᠵᠦ᠂  ᠲᠦᠷᠢᠮ ᠲᠤᠭᠳᠠᠭᠠᠯ  ᠵᠦᠷᠢᠴᠡᠭᠰᠡᠨ 92  ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠴᠡᠭᠴᠡᠯᠡᠨ ᠴᠡᠪᠡᠷᠯᠡᠪᠡ᠃ ᠵᠠᠮ ᠤᠨ ᠲᠡᠰ ᠲᠡᠪᠰᠢᠬᠦᠯᠬᠦ ᠦᠬᠡᠷᠡᠴᠢᠯᠡᠯᠳᠡ ᠶᠢ ᠲᠦᠷᠭᠡᠳᠭᠡᠵᠦ᠂ 122 ᠺᠢᠯᠤᠮᠧᠲᠷ  ᠭᠠᠴᠠᠭ᠎ᠠ ᠲᠤᠰᠬᠤᠨ ᠳᠤ ᠨᠡᠪᠳᠡᠷᠡᠬᠦ ᠽᠧᠮᠧᠨᠲ ᠵᠠᠮ   ᠢ ᠰᠢᠨ᠎ᠡ ᠪᠠᠷ ᠪᠠᠶᠢᠭᠤᠯᠵᠤ᠂ ᠭᠠᠴᠠᠭ᠎ᠠ ᠲᠤᠰᠬᠤᠨ ᠳᠤ ᠨᠡᠪᠳᠡᠷᠡᠬᠦ ᠨᠤᠷᠮ᠎ᠠ 100 % ᠳᠤ ᠬᠦᠷᠦᠭᠰᠡᠨ ᠪᠠᠶᠢᠨ᠎ᠠ᠃ ᠪᠠᠷᠢᠮᠵᠢᠶᠠᠳᠤ ᠬᠤᠶᠠᠳᠤᠭᠠᠷ ᠲᠡᠰ ᠤᠨ  ᠮᠠᠰᠢᠨ ᠲᠡᠷᠭᠡᠨ ᠦᠷᠳᠡᠭᠡ ᠪᠠᠶᠢᠭᠤᠯᠤᠭᠳᠠᠵᠤ ᠠᠰᠢᠭᠯᠠᠯᠳᠠ ᠳᠤ ᠤᠷᠤᠪᠠ᠃   ᠠᠶᠤᠯᠬᠦᠢ ᠤᠰᠤ ᠤᠮᠳᠠ ᠶᠢᠨ ᠢᠨᠵᠧᠨᠧᠷᠢᠩ 25 ᠰᠠᠭᠤᠷᠢ ᠶᠢ ᠪᠡᠶᠡᠯᠡᠬᠦᠯᠵᠦ᠂  ᠬᠡᠤ ᠯᠤ᠋ ᠢᠤᠢ ᠭᠤᠤᠯ ᠤᠨ ᠦᠶᠡᠷ ᠰᠡᠷᠬᠡᠶᠢᠯᠡᠬᠦ  ᠪᠠᠷᠢᠯᠭ᠎ᠠ ᠶᠢᠨ ᠠᠵᠢᠯ ᠢ ᠡᠬᠢᠯᠡᠵᠡᠢ᠃ 2 ᠰᠠᠭᠤᠷᠢ 35 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡᠨ ᠤ ᠦᠷᠭᠡᠳᠭᠡᠨ ᠪᠠᠶᠢᠭᠤᠯᠬᠤ ᠢᠨᠵᠧᠨᠧᠷᠢᠩ ᠪᠠ 54 ᠺᠢᠯᠤᠮᠧᠲᠷ ᠤᠷᠳᠤ 35 ᠺᠢᠯᠤᠸᠤᠯᠲ ᠤᠨ ᠴᠠᠬᠢᠯᠭᠠᠨ ᠱᠤᠭᠤᠮ ᠤᠨ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠪᠡᠶᠡᠯᠡᠬᠦᠯᠪᠡ᠃        ᠠᠷᠠᠳ ᠤᠨ ᠠᠮᠢᠳᠤᠷᠠᠯ ᠨᠡᠶᠢᠬᠡᠮ ᠤᠨ ᠦᠢᠯᠡᠰ ᠦᠷᠬᠦᠯᠵᠢᠯᠡᠨ ᠰᠠᠶᠢᠵᠢᠷᠠᠭᠰᠠᠨ᠃ ᠪᠦᠬᠦ ᠬᠤᠰᠢᠭᠤᠨ ᠤ ᠠᠷᠠᠳ ᠤᠨ ᠠᠮᠢᠳᠤᠷᠠᠯ ᠳᠤ ᠭᠡᠷᠡᠭᠯᠡᠭᠰᠡᠨ ᠶᠡᠷᠦᠩᠬᠡᠢ ᠵᠠᠷᠤᠯᠭ᠎ᠠ 16 ᠳ᠋ᠦᠩᠰᠢᠭᠤᠷ ᠲᠦᠬᠦᠷᠢᠭ ᠲᠤ ᠬᠦᠷᠴᠦ᠂  ᠡᠩ  ᠤᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 86.6 % ᠶᠢ ᠡᠵᠡᠯᠡᠭᠰᠡᠨ ᠪᠠᠶᠢᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠢᠱᠢᠶ᠎ᠡ ᠦᠵᠡᠬᠦᠯᠬᠦ ᠬᠤᠰᠢᠭᠤᠨ ᠤ ᠪᠦᠳᠦᠬᠡᠨ ᠪᠠᠶᠢᠭᠤᠯᠤᠯᠳᠠ ᠶᠢ ᠡᠬᠢᠯᠡᠵᠦ᠂  ︽ᠵᠢᠷᠭᠤᠭᠠᠨ ᠨᠠᠷᠢᠯᠢᠭ ᠤᠨᠤᠪᠴᠢᠳᠠᠢ︾᠂ ︽ᠲᠠᠪᠤᠨ ᠨᠢᠬᠡ ᠪᠦᠯᠦᠭ︾ ᠤᠨ ᠱᠠᠭᠠᠷᠳᠠᠯᠭ᠎ᠠ ᠶᠤᠰᠤᠭᠠᠷ ᠂ ᠪᠦᠬᠦ ᠬᠤᠰᠢᠭᠤᠨ   ᠤ 98 ᠬᠠᠪᠰᠤᠷᠤᠨ ᠲᠡᠳᠬᠦᠬᠦ ᠨᠢᠭᠡᠴᠡ ᠶᠢᠨ 836 ᠨᠠᠮ ᠤᠨ ᠭᠡᠰᠢᠬᠦᠨ ᠺᠠᠳᠠᠷ  ᠭᠠᠴᠠᠭ᠎ᠠ ᠲᠤᠰᠬᠤᠨ ᠠᠶᠢᠯ ᠡᠷᠦᠬᠡ ᠪᠠᠷ ᠬᠦᠨᠵᠡᠭᠡᠶᠢᠷᠡᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ  ᠢ ᠲᠦᠯᠬᠢᠨ ᠠᠬᠢᠭᠤᠯᠪᠠ᠃ ᠠᠶᠢᠮᠠᠭ ᠤᠨ ᠱᠠᠳᠤᠨ ᠤ ᠤᠳᠤᠷᠢᠳᠤᠯᠭ᠎ᠠ᠂ ᠠᠶᠢᠮᠠᠭ ᠤᠨ 27 ᠬᠠᠪᠰᠤᠷᠤᠨ ᠲᠡᠳᠬᠦᠬᠦ ᠨᠢᠭᠡᠴᠡ᠂  13 ᠭᠤᠤᠯᠳᠠᠯᠭᠠᠳᠠᠢ ᠰᠠᠯᠠᠭ᠎ᠠ ᠮᠦᠴᠢᠷ ᠨᠢ ᠲᠦᠷᠦᠯ ᠵᠦᠢᠯ ᠤᠨ ᠪᠡᠯᠡ ᠮᠦᠩᠬᠦ 1.13 ᠲᠦᠮᠡᠨ ᠲᠦᠬᠦᠷᠢᠭ ᠢ ᠬᠠᠪᠰᠤᠷᠤᠨ ᠵᠤᠬᠢᠴᠠᠭᠤᠯᠵᠤ  ᠦᠭᠴᠡᠢ᠃  ᠪᠦᠬᠦ ᠤᠯᠤᠰ ᠤᠨ ᠨᠡᠶᠢᠬᠡᠮ ᠤᠨ ᠶᠠᠳᠠᠭᠤ ᠶᠢ ᠳᠡᠳᠬᠦᠬᠦ ᠠᠵᠢᠯ ᠤᠨ ᠰᠢᠨ᠎ᠡ ᠶᠢ ᠡᠬᠦᠳᠬᠦ ᠲᠤᠷᠰᠢᠯᠳᠠ ᠶᠢᠨ ᠴᠡᠭ ᠲᠤ ᠤᠷᠤᠵᠤ᠂ ᠬᠤᠯᠪᠤᠭᠳᠠᠯ ᠪᠦᠬᠦᠢ ᠰᠤᠷᠭᠠᠨ ᠬᠦᠮᠦᠵᠢᠯ ᠡᠮ ᠡᠮᠨᠡᠯᠬᠡ ᠶᠢᠨ ᠲᠤᠰᠠᠯᠠᠮᠵᠢ ᠶᠢᠨ ᠲᠦᠷᠦᠯ ᠵᠦᠢᠯ ᠢ ᠭᠡᠷᠡᠭᠵᠢᠬᠦᠯᠵᠦ ᠡᠬᠢᠯᠡᠵᠡᠢ᠃ 2.4  ᠳ᠋ᠦᠩᠰᠢᠭᠤᠷ ᠲᠦᠬᠦᠷᠢᠭ ᠡᠯ᠎ᠡ ᠲᠦᠷᠦᠯ ᠤᠨ ᠪᠡᠯᠡ ᠮᠦᠩᠬᠦ ᠶᠢ ᠬᠠᠮᠳᠤᠳᠬᠠᠵᠤ᠂ ︽ᠭᠤᠷᠪᠠ ᠶᠢ ᠬᠦᠳᠡᠭᠡ ᠬᠦᠷᠭᠡᠵᠦ ᠭᠤᠷᠪᠠ ᠶᠢ ᠡᠷᠦᠬᠡ ᠳᠤ ᠬᠦᠷᠭᠡᠬᠦ︾᠂ ᠠᠵᠤ ᠦᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ᠂ ᠤᠨᠳᠤᠤ ᠭᠠᠵᠠᠷ ᠲᠤ  ᠨᠡᠬᠦᠯᠬᠡᠨ ᠶᠠᠳᠠᠭᠤ ᠶᠢ ᠳᠡᠳᠬᠦᠬᠦ᠂  ᠮᠦᠩᠬᠦᠨ ᠬᠦᠢᠯᠬᠡᠬᠡ ᠪᠠᠷ ᠶᠠᠳᠠᠭᠤ ᠶᠢ ᠳᠡᠳᠬᠦᠬᠦ ᠵᠡᠷᠭᠡ ᠢᠨᠵᠧᠨᠧᠷᠢᠩ ᠢ ᠨᠠᠷᠢᠨ ᠨᠢᠮᠪᠠᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠂ 1066 ᠡᠷᠦᠬᠡ᠂ 2566 ᠶᠠᠳᠠᠭᠤ ᠬᠦᠴᠢᠷᠳᠡᠢ ᠬᠦᠮᠦᠨ ᠠᠮᠠ   ᠶᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠪᠠ᠃ ᠠᠵᠢᠯ ᠤᠯᠵᠤ ᠦᠢᠯᠡᠰ ᠪᠦᠳᠦᠬᠡᠬᠦ ᠢᠨᠵᠧᠨᠧᠷᠢᠩ ᠢ ᠬᠦᠴᠦ ᠲᠠᠯᠪᠢᠵᠤ ᠭᠡᠷᠡᠭᠵᠢᠬᠦᠯᠦᠨ᠂  ᠵᠠᠯᠠᠭᠤᠴᠤᠳ ᠤᠨ ᠦᠢᠯᠡᠰ ᠪᠦᠳᠦᠬᠡᠬᠦ ᠬᠦᠪᠦᠷᠡᠬᠦᠯᠦᠯᠳᠡ  ᠶᠢᠨ ᠲᠤᠭᠤᠷᠢᠭ 1 ᠰᠠᠭᠤᠷᠢ ᠶᠢ ᠪᠠᠶᠢᠭᠤᠯᠵᠤ᠂ 22 ᠠᠵᠤ ᠠᠬᠤᠶᠢᠯᠠᠯ ᠤᠷᠤᠵᠤ ᠨᠤᠳᠤᠭᠰᠢᠭᠰᠠᠨ ᠪᠠᠶᠢᠨ᠎ᠠ᠃ 10154 ᠠᠵᠢᠯ ᠤᠨ ᠪᠠᠶᠢᠷᠢ   ᠡᠯᠰᠡᠨ ᠴᠤᠭᠯᠠᠭᠤᠯᠵᠤ  6000 ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠪᠠ᠃ ᠨᠡᠶᠢᠬᠡᠮ ᠤᠨ ᠪᠠᠳᠤᠯᠠᠭᠠᠨ ᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂   ᠪᠠᠳᠤᠯᠠᠭᠠᠨ ᠤ ᠪᠠᠷᠢᠮᠵᠢᠶ᠎ᠠ ᠪᠠ ᠨᠦᠬᠦᠪᠦᠷᠢ ᠶᠢᠨ ᠲᠦᠪᠰᠢᠨ ᠢ ᠱᠠᠭᠠᠷᠳᠠᠯᠭ᠎ᠠ ᠶᠤᠰᠤᠭᠠᠷ ᠤᠯᠠᠮ ᠨᠢᠬᠡ ᠠᠯᠬᠤᠮ ᠲᠡᠭᠡᠭᠰᠢᠯᠡᠬᠦᠯᠦᠭᠰᠡᠨ ᠪᠠᠶᠢᠨ᠎ᠠ᠃  ᠨᠠᠰᠤᠳᠠᠶᠢᠴᠤᠳ ᠤᠨ ᠨᠦᠬᠦᠪᠦᠷᠢ ᠶᠢᠨ ᠨᠡᠶᠢᠳᠡᠮᠵᠢᠭᠰᠡᠨ ᠬᠠᠷᠠᠭᠠᠯᠵᠠᠯ ᠤᠨ ᠲᠦᠷᠢᠮ ᠢ ᠪᠦᠬᠦ ᠤᠷᠤᠨ  ᠳᠤ ᠬᠠᠮᠤᠭ ᠤᠷᠢᠳᠠᠪᠠᠷ ᠭᠡᠷᠡᠭᠵᠢᠬᠦᠯᠵᠦ᠂  ᠨᠦᠬᠦᠪᠦᠷᠢ ᠬᠦᠷᠳᠡᠬᠦ ᠭᠡᠪᠴᠢᠶ᠎ᠡ 77 ᠪᠦᠬᠦᠯᠢ ᠨᠠᠰᠤ  ᠬᠦᠷᠳᠡᠯ᠎ᠡ ᠦᠷᠭᠡᠳᠴᠡᠢ᠃  ᠨᠤᠤᠷᠠᠩᠬᠠᠢ  ᠤᠷᠤᠨ ᠰᠠᠭᠤᠴᠠᠳᠤ ᠲᠤᠭᠤᠷᠢᠭ ᠤᠨ ᠦᠬᠡᠷᠡᠴᠢᠯᠡᠯᠳᠡ ᠶᠢ ᠨᠠᠷᠢᠨ ᠨᠢᠮᠪᠠᠢ ᠬᠡᠷᠡᠭᠵᠢᠬᠦᠯᠵᠦ᠂ 610 ᠡᠷᠦᠬᠡ ᠲᠠᠢ ᠲᠠᠳᠠᠪᠤᠷᠢᠯᠠᠵᠤ ᠨᠦᠬᠦᠪᠦᠷᠢᠯᠡᠬᠦ  ᠭᠡᠷ᠎ᠡ ᠲᠤᠭᠳᠠᠨ᠂ 227 ᠢᠵᠢ ᠨᠡᠶᠢᠳᠡ  ᠶᠢᠨ ᠲᠦᠷᠢᠶᠡᠰᠦᠨ ᠤ ᠠᠰᠠᠷ ᠢ ᠬᠤᠪᠢᠳᠠᠭᠰᠠᠨ ᠪᠠᠶᠢᠨ᠎ᠠ᠃  ᠰᠤᠷᠭᠠᠨ ᠬᠦᠮᠦᠵᠢᠯ ᠤᠨ ᠪᠡᠯᠡ  ᠤᠷᠤᠭᠤᠯᠤᠯᠳᠠ ᠶᠢ ᠶᠡᠬᠡᠰᠭᠡᠵᠦ᠂ ᠨᠢᠬᠡᠳᠦᠭᠡᠷ  ᠬᠡᠦᠭᠡᠳ ᠤᠨ ᠴᠡᠴᠡᠷᠯᠢᠭ ᠢ ᠠᠰᠢᠭᠯᠠᠯᠳᠠ ᠳᠤ  ᠤᠷᠤᠭᠤᠯᠤᠨ᠂ 2 ᠰᠤᠷᠭᠠᠭᠤᠯᠢ ᠠᠶᠢᠮᠠᠭ  ᠤᠨ ᠱᠠᠳᠤᠨ ᠤ  ᠰᠢᠯᠭᠠᠨ ᠪᠠᠶᠢᠴᠠᠭᠠᠯᠳᠠ ᠳᠤ ᠬᠢᠷᠢ ᠲᠡᠩᠴᠡᠵᠦ᠂ 12 ᠰᠠᠭᠤᠷᠢ ᠰᠤᠷᠭᠠᠭᠤᠯᠢ ᠶᠢᠨ ᠭᠡᠷ ᠪᠠᠶᠢᠰᠢᠩ  ᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠠᠨ ᠪᠠᠶᠢᠭᠤᠯᠵᠤ᠂ 2 ᠰᠤᠷᠭᠠᠭᠤᠯᠢ ᠶᠢᠨ ᠰᠠᠯᠬᠢ ᠪᠤᠷᠤᠭᠠᠨ ᠬᠠᠯᠬᠠᠯᠠᠬᠤ ᠲᠠᠮᠢᠷ ᠤᠨ ᠲᠠᠯᠠᠪᠠᠢ ᠶᠢᠨ ᠦᠷᠬᠦᠯᠵᠢᠯᠡᠨ ᠪᠠᠶᠢᠭᠤᠯᠬᠤ ᠠᠵᠢᠯ ᠢ  ᠬᠢᠭᠰᠡᠨ ᠪᠦᠬᠡᠳ  ᠰᠦᠯᠢᠶᠤᠤ ᠭᠤᠮ ᠪᠦᠳᠦᠴᠡᠳᠦ ᠲᠠᠮᠢᠷ ᠤᠨ ᠲᠠᠯᠠᠪᠠᠢ 7 ᠶᠢ ᠪᠠᠶᠢᠭᠤᠯᠤᠨ᠂  ᠬᠤᠶᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠠᠰᠢᠭᠯᠠᠯᠳᠠ ᠳᠤ ᠤᠷᠤᠭᠤᠯᠵᠤ᠂ ᠨᠢᠬᠡᠳᠦᠭᠡᠷ ᠹᠠᠷᠤᠨᠲ ᠲᠡᠭᠡᠷᠡᠬᠢ ᠪᠠᠭᠰᠢᠨᠠᠷ ᠤᠨ ᠱᠠᠩᠨᠠᠯ ᠬᠦᠬᠢᠬᠦᠯᠦᠯ ᠤᠨ ᠪᠠᠷᠢᠮᠵᠢᠶ᠎ᠠ ᠶᠢ ᠢᠯᠡᠳᠳᠡ ᠲᠡᠭᠡᠭᠰᠢᠯᠡᠬᠦᠯᠪᠡ᠃  ᠤᠯᠠᠨ ᠲᠦᠮᠡᠨ ᠤ ᠱᠠᠭᠠᠷᠳᠠᠯᠭ᠎ᠠ ᠶᠢ ᠲᠠᠭᠠᠵᠤ᠂  ᠪᠦᠬᠦ ᠠᠶᠢᠮᠠᠭ  ᠤᠨ ᠬᠤᠰᠢᠭᠤ ᠰᠢᠶᠠᠨ ᠱᠠᠳᠤᠨ ᠤ ᠤᠤᠭᠠᠨ ᠡᠷᠦᠬᠡ ᠰᠢᠰᠲ᠋ᠧᠮᠴᠢᠯᠡᠭᠰᠡᠨ ᠬᠠᠮᠢᠶᠠᠷᠤᠯᠳᠠᠳᠤ ᠺᠢᠨᠤ᠋ ᠤᠷᠳᠤᠨ ᠢ  ᠪᠠᠶᠢᠭᠤᠯᠵᠤ ᠠᠰᠢᠭᠯᠠᠯᠳᠠ ᠳᠤ  ᠤᠷᠤᠭᠤᠯᠤᠭᠰᠠᠨ ᠪᠠᠶᠢᠨ᠎ᠠ᠃  ᠬᠦᠳᠡᠭᠡ ᠲᠤᠰᠬᠤᠨ ᠤ ᠶᠡᠷᠦᠩᠬᠡᠶᠢᠯᠡᠭᠰᠡᠨ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠲᠦᠷᠦᠬᠦᠴᠢ ᠬᠤᠭᠤᠴᠠᠭᠠᠨ ᠤ ᠡᠯ᠎ᠡ ᠵᠦᠢᠯ ᠤᠨ ᠬᠦᠢᠴᠡᠳᠭᠡᠯ ᠢ ᠬᠢᠪᠡ᠃ ᠡᠮ  ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢ ᠪᠦᠬᠦ ᠲᠠᠯᠠᠪᠠᠷ ᠲᠡᠭᠡᠭᠰᠢᠯᠡᠬᠦᠯᠵᠦ᠂ ᠬᠢᠳᠠᠳ ᠮᠤᠩᠭᠤᠯ ᠡᠮᠨᠡᠯᠬᠡ ᠶᠢᠨ ᠬᠤᠷᠢᠶᠠᠨ ᠤ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠨ ᠂  ᠲᠤᠮᠳᠠᠳᠤ ᠶᠢᠨ ᠨᠢᠬᠦᠯᠡᠰᠦᠩᠬᠦᠢ ᠦᠢᠯᠡᠰ ᠤᠨ ᠶᠡᠷᠦᠩᠬᠡᠢ ᠡᠪᠯᠡᠯ   ᠤᠨ ᠲᠡᠮᠵᠢᠯᠬᠡ ᠶᠢ ᠤᠯᠵᠤ᠂ 4500 ᠲᠦᠮᠡᠨ ᠲᠦᠬᠦᠷᠢᠭ ᠤᠨ ᠦᠷᠳᠡᠭ ᠪᠦᠬᠦᠢ ᠮᠠᠰᠢᠨ ᠲᠦᠬᠦᠭᠡᠷᠦᠮᠵᠢ ᠶᠢ ᠤᠷᠤᠭᠤᠯᠤᠨ᠂ ᠬᠤᠰᠢᠭᠤ ᠡᠮᠨᠡᠯᠬᠡ ᠶᠢᠨ ᠬᠤᠷᠢᠶᠠᠨ ᠤ ᠴᠢᠰᠤ ᠴᠡᠪᠷᠰᠢᠬᠦᠯᠬᠦ ᠲᠦᠪ᠂ ᠰᠢᠯᠭᠠᠨ ᠪᠠᠶᠢᠴᠠᠭᠠᠬᠤ ᠲᠦᠪ ᠢ ᠦᠨᠳᠦᠰᠦᠨ ᠳᠡᠭᠡᠨ  ᠪᠠᠶᠢᠭᠤᠯᠵᠤ ᠲᠠᠭᠤᠰᠬᠠᠪᠠ᠃  ᠦᠨ᠎ᠡ ᠲᠦᠯᠦᠪᠦᠷᠢ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠬᠦ ᠠᠵᠢᠯ ᠢ ᠵᠤᠬᠢᠶᠠᠨ ᠪᠠᠶᠢᠭᠤᠯᠵᠤ ᠦᠷᠨᠢᠬᠦᠯᠦᠨ᠂  ᠨᠦᠬᠦᠴᠡᠯ ᠳᠤ ᠬᠦᠷᠦᠭᠰᠡᠨ 1.83 ᠲᠦᠮᠡᠨ ᠮᠠᠯᠴᠢᠨ ᠲᠠᠷᠢᠶᠠᠴᠢᠨ ᠳᠤ ᠪᠡᠶ᠎ᠡ ᠶᠢᠨ ᠪᠠᠶᠢᠴᠠᠭᠠᠯᠳᠠ ᠬᠢᠵᠦ ᠦᠭᠴᠡᠢ᠃ ᠲᠤᠯᠠᠭᠠᠯᠠᠭ᠎ᠠ ᠶᠢᠨ ᠰᠦᠢᠳᠭᠡᠯ   ᠳᠤ ᠵᠤᠬᠢᠰᠳᠠᠢ ᠲᠤᠬᠢᠷᠠᠭᠤᠯᠤᠯᠳᠠ ᠬᠢᠵᠦ᠂  ᠰᠠᠭᠤᠭᠠᠯᠢ ᠠᠷᠠᠳ ᠤᠨ ᠪᠠ ᠰᠠᠭᠤᠭᠠᠯᠢ ᠠᠷᠠᠳ ᠤᠨ ᠪᠤᠰᠤ ᠤᠷᠤᠨ ᠰᠠᠭᠤᠴᠠ ᠶᠢᠨ ᠲᠤᠯᠠᠭᠠᠯᠠᠭ᠎ᠠ ᠶᠢᠨ ᠰᠦᠢᠳᠭᠡᠯ ᠢ ᠲᠤᠰᠪᠤᠷᠢ ᠬᠠᠪᠳᠠᠭᠠᠢ ᠲᠦᠷᠪᠡᠯᠵᠢᠨ ᠮᠧᠲᠷ ᠪᠦᠷᠢ  ᠰᠠᠷ᠎ᠠ ᠶᠢᠨ 0.6 ᠲᠦᠬᠦᠷᠢᠭ ᠪᠠ 0.3 ᠲᠦᠬᠦᠷᠢᠭ ᠲᠤᠷᠤᠭᠰᠢᠯᠠᠭᠤᠯᠪᠠ᠃ ᠨᠡᠶᠢᠬᠡᠮ ᠲᠤᠭᠤᠷᠢᠭ ᠪᠠ ᠭᠠᠴᠠᠭ᠎ᠠ ᠲᠤᠰᠬᠤᠨ ᠤ ᠺᠠᠳᠠᠷ ᠤᠨ ᠴᠠᠯᠢᠩ ᠢ ᠵᠤᠬᠢᠰᠳᠠᠢ ᠦᠰᠭᠡᠵᠦ᠂  ᠪᠠᠶᠢᠭᠤᠯᠭ᠎ᠠ ᠨᠢᠬᠡᠴᠡ ᠶᠢᠨ ᠺᠠᠳᠠᠷ ᠤᠨ ᠴᠠᠯᠢᠩ ᠤᠯᠭᠤᠮᠵᠢ ᠶᠢ ᠱᠠᠭᠠᠷᠳᠠᠯᠭ᠎ᠠ ᠶᠤᠰᠤᠭᠠᠷ ᠲᠤᠬᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠨ᠎ᠠ᠃      ᠨᠡᠶᠢᠬᠡᠮ ᠤᠨ ᠪᠠᠶᠢᠳᠠᠯ ᠡᠶ᠎ᠡ ᠵᠤᠬᠢᠴᠠᠯ ᠲᠠᠢ ᠠᠮᠤᠷ ᠲᠤᠭᠳᠠᠭᠤᠨ ᠢᠶᠠᠨ ᠬᠠᠳᠠᠭᠠᠯᠠᠭᠰᠠᠨ᠃  ᠨᠡᠶᠢᠬᠡᠮ ᠤᠨ ᠵᠠᠰᠠᠯᠳᠠ ᠶᠢᠨ ᠰᠢᠨ᠎ᠡ ᠶᠢ ᠡᠬᠦᠳᠬᠦ ᠶᠢ ᠴᠢᠩᠭᠠᠳᠬᠠᠨ᠂  ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠠᠵᠢᠯ ᠢ ᠡᠬᠢᠯᠡᠬᠦᠯᠪᠡ᠃ ᠬᠦᠳᠡᠭᠡ ᠲᠤᠰᠬᠤᠨ ᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠲᠤᠳᠤᠯᠠᠬᠤ ᠠᠵᠢᠯ ᠢ ᠢᠳᠡᠪᠬᠢᠳᠡᠢ ᠪᠦᠬᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ 6 ᠰᠢᠶᠠᠩ  ᠪᠠᠯᠭᠠᠰᠤ᠂  157 ᠭᠠᠴᠠᠭ᠎ᠠ ᠲᠤᠰᠬᠤᠨ᠂ 127 ᠲᠦᠮᠡᠨ ᠮᠤ᠋ ᠲᠠᠷᠢᠶᠠᠨ ᠭᠠᠵᠠᠷ   ᠲᠤ ᠪᠡᠶᠡᠯᠡᠬᠦᠯᠦᠨ᠂  ᠡᠬᠦᠨ ᠤ ᠲᠤᠳᠤᠷ᠎ᠠ 117 ᠲᠤᠰᠬᠤᠨ ᠳᠤ ᠶᠡᠭᠡ ᠲᠤᠬᠢᠷᠠᠭᠤᠯᠤᠯᠳᠠ᠂ 36 ᠲᠤᠰᠬᠤᠨ ᠳᠤ ᠪᠠᠭ᠎ᠠ ᠲᠤᠬᠢᠷᠠᠭᠤᠯᠤᠯᠳᠠ ᠬᠢᠵᠦ᠂ 4 ᠲᠤᠰᠬᠤᠨ   ᠳᠤ ᠬᠤᠶᠠᠳᠤᠭᠠᠷ ᠡᠬᠡᠯᠵᠢ ᠶᠢᠨ ᠲᠠᠭᠠᠭᠠᠴᠢᠯᠠᠯᠳᠠ   ᠶᠢ  ᠪᠠᠷᠢᠮᠳᠠᠯᠠᠨ ᠶᠠᠪᠤᠭᠳᠠᠭᠤᠯᠵᠠᠢ᠃  ᠡᠨᠡ  ᠬᠤᠭᠤᠴᠠᠭᠠᠨ ᠳᠤ ᠭᠠᠵᠠᠷ ᠰᠢᠷᠤᠢ ᠶᠢᠨ ᠬᠠᠮᠢᠶᠠᠳᠠᠢ ᠵᠦᠷᠢᠴᠡᠯ ᠵᠢᠭᠤᠷᠠᠭᠠᠨ ᠢ 58 ᠤᠳᠠᠭ᠎ᠠ ᠰᠢᠢᠳᠪᠦᠷᠢᠯᠡᠵᠦ᠂  ᠨᠡᠶᠢᠬᠡᠮ ᠤᠨ ᠠᠮᠤᠷ ᠲᠦᠪᠰᠢᠨ ᠢ ᠨᠦᠯᠦᠭᠡᠯᠡᠭᠰᠡᠨ 5 ᠤᠳᠠᠭᠠᠨ ᠤ ᠭᠡᠷᠡᠭ ᠢ ᠰᠢᠢᠳᠪᠦᠷᠢᠯᠡᠨ᠂ ᠲᠦᠷᠦ ᠶᠢᠨ ᠪᠤᠳᠤᠯᠭ᠎ᠠ   ᠶᠢᠨ ᠱᠠᠭᠠᠷᠳᠠᠯᠭ᠎ᠠ ᠶᠢ ᠪᠠᠷᠢᠮᠳᠠᠯᠠᠭᠰᠠᠨ ᠢᠶᠠᠷ ᠪᠠᠷᠠᠬᠤ ᠦᠬᠡᠢ᠂ ᠨᠡᠶᠢᠬᠡᠮ ᠤᠨ ᠶᠡᠭᠡ ᠲᠠᠯ᠎ᠠ ᠶᠢᠨ ᠲᠤᠭᠳᠠᠭᠤᠨ ᠪᠠᠶᠢᠳᠠᠯ ᠢ ᠬᠠᠮᠠᠭᠠᠯᠠᠭᠰᠠᠨ ᠪᠠᠶᠢᠨ᠎ᠠ᠃  ᠬᠠᠤᠯᠢ ᠪᠤᠰᠤ ᠶᠠᠯᠠᠳᠤ ᠭᠡᠷᠡᠭ ᠲᠤ ᠴᠢᠩᠭ᠎ᠠ ᠴᠤᠬᠢᠯᠳᠠ ᠦᠭᠬᠦ ᠲᠤᠰᠬᠠᠢ ᠴᠡᠭᠴᠡᠯᠡᠯᠳᠡ ᠶᠢᠨ ᠬᠠᠨᠳᠤᠯᠭᠠᠳᠤ ᠴᠢᠨᠠᠷᠳᠠᠢ ᠪᠠᠷ ᠦᠷᠨᠢᠬᠦᠯᠵᠦ᠂ ᠪᠦᠬᠦ ᠵᠢᠯ ᠳᠤ  ᠡᠷᠡᠬᠦᠦ ᠶᠢᠨ ᠭᠡᠷᠡᠭ᠂  ᠨᠡᠶᠢᠬᠡᠮ ᠤᠨ ᠠᠮᠤᠷ ᠲᠦᠪᠰᠢᠨ ᠢ ᠨᠦᠯᠦᠭᠡᠯᠡᠭᠰᠡᠨ  ᠭᠡᠷᠡᠭ ᠤᠨ ᠡᠬᠦᠰᠬᠦ ᠨᠤᠷᠮ᠎ᠠ ᠲᠤᠰᠪᠤᠷᠢ 13.7 %  ᠪᠠ 23.1% ᠪᠠᠷ  ᠪᠠᠭᠤᠷᠠᠵᠠᠢ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠭᠡᠮ ᠰᠤᠭᠤᠭ ᠢ ᠪᠠᠶᠢᠴᠠᠭᠠᠨ ᠴᠡᠭᠴᠡᠯᠡᠬᠦ  ︽ᠵᠠᠭᠤᠨ ᠡᠳᠦᠷ ᠤᠨ ᠠᠵᠢᠯᠯᠠᠭ᠎ᠠ︾ ᠶᠢ ᠦᠷᠨᠢᠬᠦᠯᠦᠨ᠂ ᠡᠯ᠎ᠡ ᠠᠵᠢᠯ ᠲᠦᠷᠦᠯ ᠤᠨ ᠴᠠᠷ᠎ᠠ ᠬᠦᠷᠢᠶᠡᠨ   ᠳᠤ ᠬᠦᠨᠳᠦ ᠶᠡᠭᠡ ᠭᠡᠷᠡᠭ ᠡᠬᠦᠰᠬᠦ ᠶᠢ ᠬᠤᠷᠢᠭᠯᠠᠪᠠ᠃ ᠤᠳᠤᠷᠢᠳᠤᠯᠭ᠎ᠠ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠢ ᠲᠠᠭᠠᠭᠠᠵᠤ  ᠰᠢᠢᠳᠪᠦᠷᠢᠯᠡᠬᠦ ᠲᠦᠷᠢᠮ᠂ ︽1328︾ ᠵᠠᠬᠢᠳᠠᠯ ᠰᠤᠷᠪᠤᠯᠵᠢᠯᠠᠭ᠎ᠠ ᠶᠢᠨ  ᠬᠠᠷᠢᠭᠤᠴᠠᠯᠭ᠎ᠠ ᠶᠢᠨ ᠲᠦᠷᠢᠮ᠂ ᠵᠠᠬᠢᠳᠠᠯ ᠰᠤᠷᠪᠤᠯᠵᠢᠯᠠᠭ᠎ᠠ ᠶᠢᠨ ᠬᠤᠯᠪᠤᠭᠠᠳᠤ ᠬᠤᠷᠠᠯ ᠤᠨ ᠲᠦᠷᠢᠮ ᠵᠡᠷᠭᠡ ᠶᠢ ᠢᠳᠡᠪᠬᠢᠳᠡᠢ ᠨᠠᠶᠢᠳᠠᠪᠤᠷᠢᠵᠢᠭᠤᠯᠵᠤ᠂ 428 ᠤᠳᠠᠭᠠᠨ ᠤ ᠵᠠᠬᠢᠳᠠᠯ ᠰᠤᠷᠪᠤᠯᠵᠢᠯᠠᠭ᠎ᠠ   ᠶᠢ ᠬᠦᠯᠢᠶᠡᠨ ᠠᠪᠴᠤ᠂ 398 ᠶᠢ ᠨᠢ ᠡᠶᠡᠳᠡᠬᠦᠯᠦᠨ ᠰᠢᠢᠳᠪᠦᠷᠢᠯᠡᠵᠦ᠂ ᠡᠶᠡᠳᠡᠬᠦᠯᠦᠨ ᠰᠢᠢᠳᠪᠦᠷᠢᠯᠡᠭᠰᠡᠨ ᠨᠤᠷᠮ᠎ᠠ 92.8 % ᠳᠤ ᠬᠦᠷᠴᠦ᠂ ᠨᠢᠬᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠦᠯᠡᠳᠡᠭᠳᠡᠯ ᠬᠡᠷᠡᠭ ᠪᠠ ᠲᠦᠪᠡᠭ ᠲᠠᠢ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃  ᠦᠨᠳᠦᠰᠦᠳᠡᠨ ᠱᠠᠰᠢᠨ ᠰᠤᠷᠳᠠᠬᠤᠨ ᠤ  ᠴᠢᠭᠯᠡᠯᠳᠡ ᠲᠦᠷᠦ ᠶᠢᠨ ᠪᠤᠳᠤᠯᠭ᠎ᠠ ᠶᠢ ᠬᠦᠴᠦ ᠲᠠᠯᠪᠢᠵᠤ ᠲᠤᠤᠱᠯᠠᠭᠤᠯᠤᠨ ᠂  ᠦᠨᠳᠦᠰᠦᠳᠡᠨ ᠤ ᠪᠦᠯᠬᠦᠮᠳᠡᠯ᠂ ᠱᠠᠰᠢᠨ ᠰᠤᠷᠳᠠᠬᠤᠨ ᠤ ᠡᠶ᠎ᠡ ᠵᠤᠬᠢᠴᠠᠯ ᠢ ᠤᠯᠠᠮ ᠨᠢᠬᠡ ᠠᠯᠬᠤᠮ ᠪᠠᠳᠤᠳᠬᠠᠪᠠ ᠃ ᠤᠮᠠᠷᠠᠳᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠬᠢᠭᠡᠳ ᠨᠡᠶᠢᠰᠯᠡᠯ ᠤᠨ ︽ᠬᠠᠮᠠᠭᠠᠯᠠᠯᠳᠠ ᠶᠢᠨ ᠭᠤᠤᠯ︾  ᠤᠨ ᠢᠨᠵᠧᠨᠧᠷᠢᠩ ᠢ ᠨᠠᠷᠢᠨ ᠨᠢᠮᠪᠠᠢ ᠭᠡᠷᠡᠭᠵᠢᠬᠦᠯᠵᠦ᠂ ᠤᠯᠤᠰ᠂ ᠤᠷᠤᠨ ᠤ  ᠴᠢᠬᠤᠯᠠ  ᠴᠠᠭ ᠬᠤᠭᠤᠴᠠᠭᠠᠨ ᠳᠠᠬᠢ ᠠᠮᠤᠷ ᠢ ᠬᠠᠮᠠᠭᠠᠯᠠᠬᠤ ᠡᠬᠦᠷᠭᠡ ᠶᠢ ᠠᠮᠵᠢᠯᠳᠠᠳᠠᠢ ᠪᠡᠶᠡᠯᠡᠬᠦᠯᠪᠡ᠃ ᠪᠦᠬᠦ ᠲᠠᠯᠠᠪᠠᠷ ᠨᠠᠮ ᠢ ᠴᠢᠩᠭ᠎ᠠ ᠵᠠᠰᠠᠬᠤ ᠡᠯ᠎ᠡ ᠲᠦᠷᠦᠯ ᠤᠨ ᠠᠷᠭ᠎ᠠ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠬᠦᠨᠵᠡᠬᠡᠢ ᠦᠷᠨᠢᠬᠦᠯᠦᠨ᠂ ᠰᠠᠬᠢᠯᠭ᠎ᠠ ᠪᠠᠳᠤ ᠪᠠ ᠶᠤᠰᠤ ᠲᠦᠷᠢᠮ ᠢ ᠢᠮᠠᠭᠳᠠ ᠡᠮᠦᠨ᠎ᠡ   ᠲᠠᠯᠪᠢᠭᠰᠠᠨ ᠪᠠᠶᠢᠨ᠎ᠠ᠃ ᠡᠷᠭᠡ ᠲᠤᠰᠢᠶᠠᠯ ᠡᠬᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ   ᠶᠢ  ᠡᠮᠬᠢᠯᠡᠵᠦ᠂  ︽ᠬᠤᠶᠠᠷ ᠢ ᠲᠤᠬᠢᠶᠠᠯᠳᠤᠭᠤᠯᠵᠤ ᠨᠢᠬᠡ ᠶᠢ ᠨᠡᠶᠢᠳᠡᠯᠡᠬᠦ︾  ᠠᠵᠢᠯ ᠢ ᠢᠳᠡᠪᠬᠢᠳᠡᠢ ᠠᠬᠢᠭᠤᠯᠤᠨ᠂  ︽ᠨᠢᠬᠡ ᠲᠠᠩᠰᠠ ᠬᠤᠶᠠᠷ ᠬᠦᠮᠦᠷᠭᠡ ᠨᠢᠬᠡ ᠨᠠᠷᠢᠨ ᠲᠦᠷᠢᠮ︾   ᠢ ᠪᠠᠶᠢᠭᠤᠯᠵᠤ  ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠠᠵᠢᠯᠳᠠᠳ ᠳᠤ ᠪᠤᠯᠪᠠᠰᠤᠷᠠᠯ  ᠬᠦᠮᠦᠵᠢᠯ ᠡᠷᠬᠢᠯᠡᠨ᠂   ᠬᠠᠤᠯᠢ ᠭᠡᠷᠡᠭᠵᠢᠬᠦᠯᠬᠦ ᠦᠨᠡᠮᠯᠡᠯ 612 ᠶᠢ ᠴᠡᠭᠴᠡᠯᠡᠨ ᠰᠤᠯᠢᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠪᠠ ᠲᠦᠷᠢᠮᠵᠢᠯ ᠲᠠᠢ ᠪᠠᠷ ᠡᠬᠦᠷᠭᠡ ᠲᠤᠰᠢᠶᠠᠯ ᠢᠶᠠᠨ ᠬᠦᠢᠴᠡᠳᠭᠡᠬᠦ ᠬᠢᠷᠢ ᠲᠦᠪᠰᠢᠨ ᠢ ᠲᠡᠭᠡᠭᠰᠢᠯᠡᠬᠦᠯᠪᠡ᠃ ᠡᠬᠦᠨ ᠤ ᠬᠠᠮᠳᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠨᠯᠢ ᠶᠤᠰᠤᠨ ᠤ ᠬᠢᠨᠠᠯᠳᠠ  ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠳᠠ  ᠬᠢᠭᠡᠳ ᠨᠡᠶᠢᠬᠡᠮ ᠤᠨ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠬᠡᠨ ᠤ ᠭᠡᠰᠢᠬᠦᠳ ᠤᠨ ᠰᠠᠨᠠᠯ ᠲᠤᠷᠠᠳᠤᠯᠭ᠎ᠠ ᠶᠢ ᠪᠦᠬᠦᠨ ᠢ ᠬᠦᠢᠴᠡᠳᠭᠡᠭᠰᠡᠨ ᠪᠠᠶᠢᠨ᠎ᠠ᠃ ᠡᠬᠦᠨ ᠠᠴᠠ ᠭᠠᠳᠠᠨ᠎ᠠ᠂ ᠵᠡᠪᠰᠡᠭᠳᠦ ᠬᠦᠴᠦᠨ᠂ ᠡᠮᠡᠭᠳᠡᠶᠢᠴᠤᠳ ᠬᠡᠦᠬᠡᠳ᠂  ᠵᠠᠯᠠᠭᠤᠴᠤᠳ ᠪᠠᠭᠠᠴᠤᠳ᠂  ᠠᠭᠠᠷ ᠤᠨ ᠰᠡᠷᠭᠡᠶᠢᠯᠡᠯᠳᠡ᠂ ᠠᠵᠢᠯᠴᠢᠨ ᠤ ᠡᠪᠯᠡᠯ ᠵᠡᠷᠭᠡ ᠡᠯ᠎ᠡ ᠲᠦᠷᠦᠯ ᠤᠨ ᠠᠵᠢᠯ ᠦᠢᠯᠡᠰ ᠪᠦᠬᠦ  ᠲᠠᠯ᠎ᠠ ᠶᠢᠨ ᠲᠠᠪᠰᠢᠯᠳᠠ ᠶᠢ ᠪᠡᠶᠡᠯᠡᠬᠦᠯᠵᠡᠢ᠃       2016 ᠤᠨ ᠪᠤᠯ ᠦᠪᠡᠷᠳᠡᠭᠡᠨ ᠵᠠᠰᠠᠬᠤ ᠤᠷᠤᠨ ᠠᠴᠠ ᠶᠠᠳᠠᠭᠤ ᠬᠦᠴᠢᠷᠳᠡᠢ ᠬᠤᠰᠢᠭᠤ ᠰᠢᠶᠠᠨ ᠤ ᠨᠠᠮ ᠵᠠᠰᠠᠭ ᠤᠨ ᠤᠳᠤᠷᠢᠳᠬᠤ ᠪᠠᠭ ᠬᠢᠭᠡᠳ ᠤᠳᠤᠷᠢᠳᠬᠤ ᠺᠠᠳᠠᠷ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠲᠠᠯᠠᠪᠠᠷ ᠬᠢ ᠬᠢᠷᠢ ᠪᠦᠳᠦᠮᠵᠢ ᠶᠢ ᠬᠢᠨᠠᠨ ᠰᠢᠯᠭᠠᠬᠤ ᠰᠢᠨ᠎ᠡ ᠠᠷᠭ᠎ᠠ ᠶᠢ ᠭᠡᠷᠡᠭᠵᠢᠬᠦᠯᠦᠭᠰᠡᠨ ᠠᠩᠬᠠᠨ ᠤ ᠵᠢᠯ ᠪᠤᠯᠤᠨ᠎ᠠ ᠃  ︽ᠠᠷᠪᠠ ᠶᠢ ᠪᠦᠷᠬᠦᠬᠦᠯᠬᠦ︾ ᠪᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠡᠬᠦᠷᠭᠡ ᠲᠤᠶᠢᠯ ᠤᠨ  ᠬᠠᠳᠠᠭᠤ ᠪᠡᠷᠭᠡ ᠪᠠᠶᠢᠳᠠᠯ ᠲᠤᠤᠷ᠎ᠠ᠂  ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ  ᠨᠢ ᠶᠡᠷᠦᠩᠬᠡᠢ ᠳᠡᠭᠡᠨ ᠲᠤᠭᠳᠠᠭᠤᠨ ᠤ ᠲᠤᠮᠳᠠ ᠤᠷᠤᠭᠰᠢᠯᠠᠵᠤ᠂ ᠲᠤᠭᠳᠠᠭᠤᠨ ᠤ ᠲᠤᠮᠳᠠ ᠴᠢᠨᠠᠷᠵᠢᠵᠤ᠂ ᠤᠷᠢᠳᠴᠢᠯᠠᠭᠰᠠᠨ ᠬᠠᠷᠠᠯᠳᠠ ᠪᠠᠨ  ᠲᠤᠩ ᠰᠠᠶᠢᠨ ᠪᠡᠶᠡᠯᠡᠬᠦᠯᠦᠭᠡᠳ᠂  ᠭᠤᠤᠯ ᠪᠤᠯᠬᠤ ᠠᠵᠤ ᠠᠬᠤᠢ ᠶᠢᠨ  ᠵᠢᠭᠠᠯᠳᠠ ᠲᠤᠭᠠᠨ ᠤ  ᠨᠡᠮᠡᠭᠳᠡᠯ ᠤᠨ ᠬᠤᠷᠳᠤᠴᠠ ᠨᠢ ᠪᠦᠷ ᠡᠯ᠎ᠡ ᠬᠤᠰᠢᠭᠤ ᠰᠢᠶᠠᠨ ᠳᠠᠭᠠᠨ ᠲᠤᠮᠳᠠ ᠠᠴᠠ ᠲᠡᠭᠡᠬᠦᠷ  ᠪᠠᠶᠢᠷᠢᠨ ᠳᠤ ᠵᠢᠬᠰᠠᠵᠠᠢ᠃ ᠪᠦᠬᠦ ᠵᠢᠯ ᠳᠤ᠂ ᠣᠷᠣᠨ  ᠨᠤᠲᠤᠭ   ᠤᠨ ᠦᠢᠯᠡᠳᠪᠦᠷᠢᠯᠡᠯ   ᠤᠨ  ᠶᠡᠷᠦᠩᠬᠡᠢ  ᠥᠷᠲᠡᠭ 54 ᠳ᠋ᠦᠩᠰᠢᠭᠤᠷ ᠲᠥᠭᠦᠷᠢᠭ   ᠢ ᠪᠡᠶᠡᠯᠡᠬᠦᠯᠵᠦ᠂   7.7 % ᠪᠠᠷ  ᠨᠡᠮᠡᠭᠳᠡᠭᠰᠡᠨ ᠪᠠᠶᠢᠨ᠎ᠠ᠃   ᠨᠢᠬᠡᠳᠦᠭᠡᠷ ᠠᠵᠤ ᠦᠢᠯᠡᠰ 13.4  ᠳ᠋ᠦᠩᠰᠢᠭᠤᠷ ᠲᠦᠬᠦᠷᠢᠭ  ᠪᠡᠶᠡᠯᠡᠬᠦᠯᠵᠦ᠂ 3.2 % ᠪᠠᠷ ᠨᠡᠮᠡᠭᠳᠡᠨ  ︔  ᠬᠤᠶᠠᠳᠤᠭᠠᠷ ᠠᠵᠤ ᠦᠢᠯᠡᠰ 20.9  ᠳ᠋ᠦᠩᠰᠢᠭᠤᠷ ᠲᠦᠬᠦᠷᠢᠭ  ᠪᠡᠶᠡᠯᠡᠬᠦᠯᠵᠦ᠂ 8.9 % ᠪᠠᠷ  ᠨᠡᠮᠡᠭᠳᠡᠨ  ᠂ ᠡᠬᠦᠨ ᠤ ᠲᠤᠳᠤᠷ᠎ᠠ ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ  ᠨᠡᠮᠡᠭᠳᠡᠯ ᠦᠷᠳᠡᠭ 12.8 ᠳ᠋ᠦᠩᠰᠢᠭᠤᠷ ᠲᠦᠬᠦᠷᠢᠭ ᠲᠤ  ᠬᠦᠷᠴᠦ᠂ 10.9 % ᠪᠠᠷ  ᠨᠡᠮᠡᠭᠳᠡᠨ︔ ᠭᠤᠷᠪᠠᠳᠤᠭᠠᠷ ᠠᠵᠤ ᠦᠢᠯᠡᠰ 19.7 ᠳ᠋ᠦᠩᠰᠢᠭᠤᠷ ᠲᠦᠬᠦᠷᠢᠭ  ᠪᠡᠶᠡᠯᠡᠬᠦᠯᠵᠦ᠂ 9.5 % ᠪᠠᠷ  ᠨᠡᠮᠡᠭᠳᠡᠪᠡ᠃  ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 3  ᠳ᠋ᠦᠩᠰᠢᠭᠤᠷ ᠲᠦᠬᠦᠷᠢᠭ ᠲᠤ  ᠬᠦᠷᠴᠦ᠂ 25.8 % ᠪᠠᠷ  ᠨᠡᠮᠡᠭᠳᠡᠨ᠂ ᠡᠬᠦᠨ ᠳᠤ᠂ ᠡᠩ ᠤᠨ ᠨᠡᠶᠢᠳᠡ ᠶᠢᠨ ᠲᠦᠰᠦᠪ ᠤᠨ ᠣᠷᠣᠯᠭ᠎ᠠ 1.4 ᠳ᠋ᠦᠩᠰᠢᠭᠤᠷ ᠲᠦᠬᠦᠷᠢᠭ ᠲᠤ ᠬᠦᠷᠴᠦ 19 % ᠪᠠᠷ  ᠨᠡᠮᠡᠭᠳᠡᠵᠡᠢ᠃  ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 36.9 ᠳ᠋ᠦᠩᠰᠢᠭᠤᠷ ᠲᠦᠬᠦᠷᠢᠭ ᠲᠤ  ᠬᠦᠷᠴᠦ᠂ 18.1 % ᠪᠠᠷ  ᠨᠡᠮᠡᠭᠳᠡᠵᠦ  ︔  ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ  ᠶᠡᠷᠦᠩᠬᠡᠢ ᠬᠡᠮᠵᠢᠶ᠎ᠡ 20.1 ᠳ᠋ᠦᠩᠰᠢᠭᠤᠷ ᠲᠦᠭᠦᠷᠢᠭ ᠲᠤ ᠬᠦᠷᠴᠦ᠂ 9.5 % ᠪᠠᠷ ᠨᠡᠮᠡᠭᠳᠡᠪᠡ᠃ ᠬᠤᠳᠠ  ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ 30418 ᠲᠦᠬᠦᠷᠢᠭ ᠪᠠ 9771 ᠲᠦᠭᠦᠷᠢᠭ ᠲᠤ ᠬᠦᠷᠴᠦ᠂ ᠲᠤᠰᠪᠤᠷᠢ 8.2 %  ᠪᠠ 7.7 %   ᠪᠠᠷ ᠨᠡᠮᠡᠭᠳᠡᠪᠡ  ᠃         ᠬᠤᠷᠸ᠎ᠠ ᠠᠵᠤ ᠠᠬᠤᠢ ᠤᠷᠤᠭᠤᠳᠠᠵᠤ᠂ ᠡᠳ᠋ ᠤᠨ ᠵᠠᠰᠠᠭ ᠲᠤ ᠬᠦᠴᠢᠷ ᠲᠤᠯᠭᠠᠷᠠᠭᠰᠠᠨ ᠨᠦᠬᠦᠴᠡᠯ ᠪᠠᠶᠢᠳᠠᠯ  ᠤᠨ ᠲᠤᠤᠷ᠎ᠠ᠂  ᠡᠨᠡ ᠵᠡᠷᠭᠡ ᠶᠢᠨ ᠠᠮᠵᠢᠯᠳᠠ ᠶᠢ ᠤᠯᠤᠭᠤᠰᠠᠨ ᠨᠢ ᠬᠢᠯᠪᠠᠷ ᠪᠤᠰᠤ ᠶᠤᠮ᠃ ᠡᠳᠡᠭᠡᠷ  ᠡᠨᠡ  ᠪᠣᠯ ᠠᠶᠢᠮᠠᠭ ᠤᠨ ᠨᠠᠮ ᠵᠠᠰᠠᠭ ᠤᠨ  ᠵᠢᠭᠠᠨ ᠵᠢᠯᠤᠭᠤᠳᠤᠯᠭ᠎ᠠ ᠪᠡ ᠬᠠᠯᠠᠮᠵᠢ ᠲᠡᠮᠵᠢᠯᠬᠡ ᠠᠴᠠ ᠢᠷᠡᠭᠰᠡᠨ ᠦᠷ᠎ᠡ ᠪᠦᠳᠦᠬᠡᠯ ᠂ ᠬᠤᠰᠢᠭᠤ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠳᠠ᠂ ᠵᠦᠪ ᠤᠨᠤᠪᠴᠢᠳᠠᠢ ᠤᠳᠤᠷᠢᠳᠤᠯᠭ᠎ᠠ ᠠᠴᠠ  ᠪᠤᠯᠤᠭᠰᠠᠨ ᠦᠷ᠎ᠡ ᠪᠦᠳᠦᠬᠡᠯ  ᠂  ᠨᠡᠩ ᠴᠤ ᠪᠦᠬᠦ ᠬᠤᠰᠢᠭᠤᠨ ᠤ ᠦᠷᠭᠡᠨ ᠤᠯᠠᠨ ᠺᠠᠳᠠᠷ ᠤᠯᠠᠨ ᠲᠦᠮᠡᠨ ᠢᠶᠠᠷ ᠢᠶᠠᠨ ᠪᠦᠯᠬᠦᠮᠳᠡᠨ ᠨᠢᠬᠳᠠᠷᠠᠵᠤ  ᠬᠠᠳᠠᠭᠤᠵᠢᠯᠳᠠᠢ ᠲᠡᠮᠡᠴᠡᠭᠰᠡᠨ ᠤ ᠦᠷ᠎ᠡ ᠪᠦᠲᠤᠭᠡᠯ ᠪᠤᠯᠤᠨ᠎ᠠ᠃   ᠠᠳᠡ ᠪᠢ ᠬᠤᠰᠢᠭᠤ ᠵᠠᠰᠠᠭ ᠤᠨ ᠣᠷᠳᠤᠨ ᠢ ᠲᠦᠯᠦᠭᠡᠯᠡᠵᠦ᠂  ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳᠠᠷ ᠠᠷᠠᠳ ᠲᠦᠮᠡᠨ  ᠂  ᠠᠷᠠᠳ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠬᠡᠨ ᠤ ᠭᠡᠰᠢᠬᠦᠳ  ᠵᠢᠴᠢ ᠲᠠᠶᠢᠹᠤᠰᠧ ᠬᠤᠰᠢᠭᠤᠨ ᠤ  ᠠᠵᠤ ᠠᠬᠤᠢ ᠨᠡᠶᠢᠬᠡᠮ ᠤᠨ ᠬᠦᠭᠵᠢᠯᠳᠡ ᠶᠢ ᠬᠠᠯᠠᠮᠵᠢᠯᠠᠵᠤ ᠲᠡᠮᠵᠢᠭᠰᠡᠨ ᠡᠯ᠎ᠡ ᠡᠳᠡᠭᠡᠳ ᠤᠨ ᠨᠠᠶᠢᠵᠠ ᠨᠥᠬᠦᠳ ᠲᠤ ᠴᠢᠩ ᠰᠡᠳᠬᠢᠯ ᠤᠨ ᠬᠦᠨᠳᠦᠳᠬᠡᠯ ᠪᠠ ᠲᠠᠯᠠᠷᠬᠠᠯ ᠳᠡᠪᠰᠢᠭᠦᠯᠵᠦ ᠪᠠᠶᠢᠨ᠎ᠠ︕       ᠬᠤᠶᠠᠷ᠂ 2017 ᠤᠨ ᠤ ᠠᠵᠢᠯ ᠤᠨ ᠪᠠᠶᠢᠷᠢᠯᠠᠭᠤᠯᠤᠯᠳᠠ       2017 ᠤᠨ ᠪᠤᠯ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯᠠᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ  ᠴᠢᠬᠤᠯᠠ  ᠨᠢᠬᠡ ᠵᠢᠯ᠃  ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ  ᠄   ᠨᠠᠮ ᠤᠨ ᠲᠦᠪ  ᠬᠤᠷᠢᠶ᠎ᠠ  ᠂ ᠦᠪᠡᠷᠳᠡᠭᠡᠨ ᠵᠠᠰᠠᠬᠤ ᠤᠷᠤᠨ᠂ ᠠᠶᠢᠮᠠᠭ   ᠤᠨ ᠨᠠᠮ ᠤᠨ ᠬᠤᠷᠢᠶᠠᠨ ᠤ ᠡᠯ᠎ᠡ ᠲᠦᠷᠦᠯ ᠤᠨ  ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ  ᠬᠢᠭᠡᠳ ᠬᠤᠰᠢᠭᠤᠨ ᠨᠠᠮ ᠤᠨ ᠬᠤᠷᠢᠶᠠᠨ  ᠤ ᠠᠷᠪᠠᠨ ᠲᠦᠷᠪᠡᠳᠦᠭᠡᠷ ᠬᠤᠭᠤᠴᠠᠭᠠᠨ ᠤ ᠭᠤᠷᠪᠠᠳᠤᠭᠠᠷ ᠪᠦᠬᠦᠳᠡ ︵ᠦᠷᠭᠡᠳᠭᠡᠭᠰᠡᠨ︶ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯᠠᠪᠠᠷ  ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠪᠤᠨ ᠶᠡᠭᠡ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂  ᠲᠤᠭᠳᠠᠭᠤᠨ ᠤ ᠲᠤᠮᠳᠠ  ᠤᠷᠤᠭᠰᠢᠯᠠᠨ ᠲᠠᠪᠰᠢᠬᠤ ᠶᠡᠷᠦᠩᠬᠡᠢ ᠬᠦᠭ ᠠᠶᠠᠰ ᠢ  ᠪᠠᠷᠢᠮᠳᠠᠯᠠᠨ᠂  ︽ ᠮᠢᠬ᠎ᠠ᠂ ᠠᠷᠢᠬᠢ᠂ ᠲᠤᠰᠤ᠂  ᠨᠤᠭᠤᠭ᠎ᠠ᠂ ᠡᠮ᠂ ᠵᠤᠭᠠᠴᠠᠯ︾  ᠵᠢᠷᠭᠤᠭᠠᠨ ᠶᠡᠭᠡ ᠲᠠᠪᠠᠭᠤᠯᠢᠭ ᠤᠨᠴᠠᠯᠢᠭᠳᠤ ᠠᠵᠤ ᠦᠢᠯᠡᠰ ᠤᠨ ᠲᠤᠭᠤᠷᠢᠨ ᠳᠤ᠂  ᠠᠵᠤ ᠦᠢᠯᠡᠰ ᠤᠨ ᠠᠭᠤᠰᠤᠯᠴᠠᠨ ᠬᠦᠭᠵᠢᠬᠦ  ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠠᠷᠠᠳ ᠤᠨ  ᠠᠮᠢᠳᠤᠷᠠᠯ ᠢ ᠰᠠᠶᠢᠵᠢᠷᠠᠭᠤᠯᠬᠤ᠂ ᠨᠡᠶᠢᠬᠡᠮ ᠤᠨ ᠡᠶ᠎ᠡ ᠵᠤᠬᠢᠴᠠᠯ ᠪᠠ ᠠᠮᠤᠷ ᠲᠤᠭᠳᠠᠭᠤᠨ ᠢ ᠬᠠᠮᠠᠭᠠᠯᠠᠬᠤ  ᠲᠠᠪᠤᠨ ᠲᠦᠷᠦᠯ ᠤᠨ ᠭᠤᠤᠯᠳᠠᠯᠭᠠᠳᠠᠢ ᠠᠵᠢᠯ   ᠢ ᠲᠤᠪᠤᠶᠢᠮ᠎ᠠ ᠰᠠᠶᠢᠨ ᠠᠳᠬᠤᠵᠤ  ᠂  ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ᠂  ᠮᠡᠳᠡᠭᠡ ᠵᠠᠩᠬᠢᠵᠢᠯᠳᠠ᠂ ᠬᠤᠳᠠ ᠪᠠᠯᠭᠠᠰᠤᠵᠢᠯᠳᠠ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ  ᠬᠢᠭᠡᠳ ᠪᠤᠬᠢᠷᠳᠤᠯ ᠦᠬᠡᠶᠢᠵᠢᠯᠳᠡ ᠶᠢᠨ ᠵᠡᠷᠭᠡᠪᠡᠷ ᠶᠠᠪᠤᠭᠳᠠᠬᠤ ᠶᠢ ᠠᠬᠢᠭᠤᠯᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠵᠢᠱᠢᠶ᠎ᠡ ᠦᠵᠡᠬᠦᠯᠬᠦ  ᠬᠤᠰᠢᠭᠤᠨ ᠤ ᠪᠦᠳᠦᠬᠡᠨ ᠪᠠᠶᠢᠭᠤᠯᠤᠯᠳᠠ ᠶᠢ ᠲᠦᠷᠭᠡᠳᠭᠡᠵᠦ᠂  ᠰᠢᠯᠢᠳᠡᠭ ᠠᠮᠵᠢᠯᠳᠠ ᠪᠦᠳᠦᠮᠵᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠨ᠎ᠠ᠃       ᠭᠤᠤᠯ ᠪᠤᠯᠬᠤ ᠤᠷᠢᠳᠴᠢᠯᠠᠭᠰᠠᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ   ᠢ 8.5% ᠪᠠᠷ  ᠂  ᠡᠩ ᠤᠨ ᠨᠡᠶᠢᠳᠡ ᠶᠢᠨ ᠲᠦᠰᠦᠪ ᠤᠨ ᠤᠷᠤᠯᠭ᠎ᠠ ᠶᠢ  5.3% ᠪᠠᠷ  ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 15.1% ᠪᠠᠷ  ᠂    ᠨᠡᠶᠢᠬᠡᠮ ᠤᠨ ᠭᠡᠷᠡᠭᠯᠡᠭᠡᠨ ᠤ ᠪᠤᠳᠠᠰ  ᠤᠨ ᠵᠢᠵᠢᠭᠯᠡᠨ ᠪᠤᠷᠤᠯᠠᠭᠤᠯᠬᠤ  ᠶᠡᠷᠦᠩᠬᠡᠢ ᠬᠡᠮᠵᠢᠶ᠎ᠡ ᠶᠢ 10% ᠪᠠᠷ  ᠂  ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ  ᠲᠤᠰᠪᠤᠷᠢ 8.5% ᠪᠠ 9% ᠪᠠᠷ ᠨᠡᠮᠡᠭᠳᠡᠬᠦᠯᠦᠨ᠎ᠠ  ᠃       2017 ᠤᠨ ᠤ ᠡᠯ᠎ᠡ ᠲᠦᠷᠦᠯ ᠤᠨ ᠠᠵᠢᠯ ᠢ ᠰᠠᠶᠢᠨ ᠬᠢᠬᠦ ᠳᠤ  ᠂  ᠡᠷᠭᠡᠪᠰᠢ ᠰᠢ ᠶᠢᠨ ᠫᠢᠩ  ᠨᠦᠬᠦᠷ  ᠢᠶᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶᠠᠨ ᠤ ᠠᠵᠤ ᠠᠬᠤᠢ ᠶᠢᠨ ᠠᠵᠢᠯ ᠤᠨ ᠲᠤᠬᠠᠢ ᠰᠢᠨ᠎ᠡ ᠤᠶᠢᠯᠠᠭᠠᠬᠳᠠᠬᠤᠨ ᠰᠢᠨ᠎ᠡ ᠰᠡᠳᠬᠢᠴᠡ ᠰᠢᠨ᠎ᠡ ᠪᠠᠶᠢᠯᠳᠤᠬᠤ ᠪᠤᠳᠤᠯᠭ᠎ᠠ ᠶᠢ ᠭᠤᠶᠢᠪᠢᠰᠢ ᠦᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ  ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠠᠵᠤ ᠠᠬᠤᠢ ᠶᠢᠨ ᠬᠦᠭᠵᠢᠯᠳᠡ ᠶᠢ ᠰᠢᠨ᠎ᠡ ᠬᠡᠪ ᠪᠠᠶᠢᠳᠠᠯ ᠳᠤ ᠤᠷᠤᠭᠤᠯᠬᠤ ᠲᠤᠬᠠᠢ ᠴᠢᠬᠤᠯᠠ  ᠶᠡᠭᠡ ᠮᠠᠭᠠᠳᠯᠠᠯ ᠲᠡᠭᠡᠷ᠎ᠡ ᠲᠦᠪᠯᠡᠷᠡᠬᠦᠯᠦᠨ᠂ ᠨᠠᠮ ᠤᠨ ᠲᠦᠪ ᠬᠤᠷᠢᠶᠠᠨ ᠤ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠲᠤᠤᠱᠯᠠᠭᠤᠯᠬᠤ ᠲᠤᠬᠠᠢ ᠴᠢᠬᠤᠯᠠ  ᠵᠠᠷᠴᠢᠮ ᠲᠡᠭᠡᠷ᠎ᠡ  ᠲᠦᠪᠯᠡᠷᠡᠬᠦᠯᠵᠦ᠂ ᠨᠠᠮ ᠤᠨ ᠲᠦᠪ ᠬᠤᠷᠢᠶᠠᠨ ᠤ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢᠶᠠᠷ ᠬᠦᠭᠵᠢᠯᠳᠡ ᠶᠢᠨ ᠰᠢᠨ᠎ᠡ ᠦᠢᠯᠡᠳᠦᠯᠬᠡ ᠶᠢ ᠵᠢᠯᠤᠭᠤᠳᠤᠭᠤᠯᠬᠤ ᠲᠤᠬᠠᠢ ᠴᠢᠬᠤᠯᠠ  ᠱᠠᠭᠠᠷᠳᠠᠯᠭ᠎ᠠ ᠲᠡᠭᠡᠷ᠎ᠡ ᠲᠦᠪᠯᠡᠷᠡᠬᠦᠯᠦᠨ᠂ ᠨᠠᠮ ᠤᠨ ᠲᠦᠪ ᠬᠤᠷᠢᠶᠠᠨ ᠤ ᠬᠠᠩᠭᠠᠯᠭ᠎ᠠ ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠲᠤᠬᠠᠢ ᠴᠢᠬᠤᠯᠠ  ᠶᠡᠭᠡ ᠠᠷᠭ᠎ᠠ ᠪᠤᠳᠤᠯᠭ᠎ᠠ ᠲᠡᠭᠡᠷ᠎ᠡ  ᠲᠦᠪᠯᠡᠷᠡᠬᠦᠯᠬᠦ ᠭᠡᠷᠡᠭᠳᠡᠢ᠃ ᠮᠠᠨ ᠤ ᠬᠤᠰᠢᠭᠤᠨ ᠤ  ᠤᠳᠤᠬᠠᠨ ᠤ ᠦᠬᠡᠷᠡᠴᠢᠯᠡᠯᠳᠡ ᠬᠦᠭᠵᠢᠯᠳᠡ ᠲᠤᠭᠳᠠᠭᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠤᠷᠠᠬᠢ ᠭᠡᠳᠦᠨ  ᠲᠠᠯ᠎ᠠ ᠶᠢᠨ  ᠬᠠᠷᠢᠴᠠᠭ᠎ᠠ ᠶᠢ ᠰᠠᠶᠢᠳᠤᠷ ᠲᠤᠬᠢᠷᠠᠭᠤᠯᠬᠤ ᠪᠠᠷ ᠴᠢᠷᠮᠠᠶᠢᠬᠤ  ᠴᠢᠬᠤᠯᠠᠳᠠᠢ᠄        ᠨᠢᠭᠡ ᠨᠢ᠂ ᠤᠨᠢᠨ ᠲᠡᠭᠡᠷ᠎ᠡ ᠨᠢ ᠶᠠᠳᠠᠭᠤ ᠶᠢ ᠳᠡᠳᠬᠦᠬᠦ ᠠᠵᠢᠯ ᠪᠠ ᠠᠵᠤ ᠦᠢᠯᠡᠰ ᠤᠨ ᠬᠦᠭᠵᠢᠯᠳᠡ ᠶᠢᠨ ᠬᠠᠷᠢᠴᠠᠭ᠎ᠠ᠃ ᠭᠠᠭᠴᠠ ᠬᠦ᠋ ᠶᠠᠳᠠᠭᠤ  ᠬᠦᠴᠢᠷᠳᠡᠢ ᠬᠤᠰᠢᠭᠤ ᠶᠢᠨ ᠮᠠᠯᠠᠭᠠᠢ ᠪᠠᠨ ᠠᠪᠴᠤ ᠬᠠᠶᠠᠬᠤ ᠲᠡᠭᠡᠷ᠎ᠡ  ᠬᠠᠷᠠᠴᠠ ᠪᠠᠨ ᠲᠤᠰᠬᠠᠭᠠᠳ ᠪᠠᠶᠢᠵᠤ ᠪᠤᠯᠬᠤ ᠦᠬᠡᠢ᠂  ︽ ᠵᠢᠷᠭᠤᠭ᠎ᠠ ᠶᠢ ᠨᠠᠷᠢᠯᠢᠭ ᠤᠨᠤᠪᠴᠢᠳᠠᠢ ᠪᠠᠶᠢᠯᠭᠠᠬᠤ︾  ᠱᠠᠭᠠᠷᠳᠠᠯᠭ᠎ᠠ ᠶᠤᠰᠤᠭᠠᠷ᠂   ᠪᠦᠳᠦᠮᠵᠢᠳᠡᠢ ᠬᠠᠪᠰᠤᠷᠤᠨ ᠲᠡᠳᠬᠦᠬᠦ ᠠᠷᠭ᠎ᠠ ᠠᠪᠴᠢᠯ ᠢ ᠡᠷᠦᠬᠡ ᠲᠠᠷᠠᠭᠠᠯᠠᠨ ᠨᠠᠶᠢᠳᠠᠪᠤᠷᠢᠵᠢᠭᠤᠯᠵᠤ᠂  ᠺᠠᠷᠲ ᠪᠠᠷ ᠲᠠᠩᠰᠠᠯᠠᠭᠰᠠᠨ  ᠬᠦᠴᠢᠷᠳᠡᠢ ᠡᠷᠦᠬᠡ ᠨᠢᠬᠡᠪᠦᠷᠢ ᠳᠤ ᠦᠨᠡᠨᠬᠦ ᠠᠰᠢᠭ ᠬᠦᠷᠳᠡᠭᠡᠨ ᠦᠨᠡᠨᠬᠦ ᠶᠠᠳᠠᠭᠤ ᠠᠴᠠ ᠠᠩᠬᠢᠵᠢᠷᠠᠭᠤᠯᠬᠤ ᠪᠠᠷ ᠪᠠᠷᠠᠬᠤ ᠦᠬᠡᠢ᠂  ᠨᠡᠩ ᠴᠢᠬᠤᠯᠠ   ᠨᠢ ᠠᠵᠤ ᠠᠬᠤᠢ  ᠶᠢᠨ ᠬᠦᠭᠵᠢᠯᠳᠡ ᠶᠢᠨ ᠰᠢᠨ᠎ᠡ ᠭᠡᠪ ᠪᠠᠶᠢᠳᠠᠯ ᠳᠤ ᠲᠤᠬᠢᠷᠠᠯᠴᠠᠨ᠂  ᠪᠦᠬᠦ ᠬᠤᠰᠢᠭᠤᠨ ᠤ  ᠠᠯᠤᠰ ᠭᠡᠳᠦ ᠶᠢᠨ ᠬᠦᠭᠵᠢᠯᠳᠡ ᠶᠢᠨ ᠶᠡᠭᠡ ᠲᠠᠯ᠎ᠠ  ᠲᠡᠭᠡᠷ᠎ᠡ ᠰᠠᠨᠠᠭ᠎ᠠ ᠲᠠᠯᠪᠢᠵᠤ᠂ ᠶᠠᠳᠠᠭᠤ  ᠬᠦᠴᠢᠷᠳᠡᠢ ᠬᠤᠰᠢᠭᠤ ᠶᠢᠨ ᠮᠠᠯᠠᠭᠠᠢ ᠪᠠᠨ ᠠᠪᠴᠤ  ᠬᠠᠶᠠᠭᠰᠠᠨ ᠤ ᠲᠠᠷᠠᠭ᠎ᠠ ᠶᠠᠭᠠᠬᠢᠵᠤ ᠬᠢᠬᠦ   ᠶᠢ ᠡᠷᠳᠡ ᠠᠴᠠ ᠪᠤᠳᠤᠯᠬᠢᠯᠠᠨ ᠲᠦᠯᠦᠪᠯᠡᠵᠦ᠂  ᠤᠳᠤᠬᠠᠨ ᠤ ᠪᠦᠬᠦ ᠨᠡᠶᠢᠬᠡᠮ ᠢᠶᠠᠷ ᠢᠶᠠᠨ ᠬᠦᠴᠦ ᠬᠠᠮᠳᠤᠳᠬᠠᠨ ᠪᠤᠭᠤᠮᠳᠠ  ᠰᠢᠪᠳᠤᠯᠵᠤ ᠪᠠᠶᠢᠭ᠎ᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠪᠠᠳᠤ ᠡᠵᠡᠮᠳᠡᠨ᠂  ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠡᠭᠡᠷ᠎ᠡ ᠰᠠᠨᠠᠭ᠎ᠠ ᠬᠦᠴᠦ ᠪᠠᠨ ᠲᠠᠯᠪᠢᠵᠤ᠂ ᠲᠠᠪᠠᠭᠤᠯᠢᠭ ᠤᠨᠴᠠᠯᠢᠭᠳᠤ ᠠᠵᠤ ᠦᠢᠯᠡᠰ ᠢ ᠪᠦᠬᠦ  ᠬᠦᠴᠦᠨ ᠢᠶᠠᠷ ᠪᠤᠶᠢᠵᠢᠭᠤᠯᠵᠤ ᠪᠤᠵᠠᠭᠠᠶᠢᠷᠠᠭᠤᠯᠤᠨ ᠂  ᠪᠦᠬᠦ ᠬᠤᠰᠢᠭᠤᠨ ᠤ  ᠪᠦᠬᠦᠶᠢᠯᠡ ᠴᠤᠭᠴᠠ ᠪᠠᠷ ᠶᠠᠳᠠᠭᠤ ᠠᠴᠠ ᠠᠩᠬᠢᠵᠢᠷᠠᠬᠤ ᠪᠠ ᠦᠷᠬᠦᠯᠵᠢᠯᠡᠨ ᠬᠦᠭᠵᠢᠬᠦ ᠳᠤ ᠪᠠᠳᠤ ᠴᠢᠩᠭ᠎ᠠ ᠠᠵᠤ ᠦᠢᠯᠡᠰ ᠤᠨ ᠰᠠᠭᠤᠷᠢ ᠶᠢ ᠲᠠᠯᠪᠢᠬᠤ ᠭᠡᠷᠡᠭᠳᠡᠢ᠃  ᠬᠤᠶᠠᠷ ᠨᠢ᠂  ᠭᠤᠷᠪᠠᠨ ᠠᠵᠤ ᠦᠢᠯᠡᠰ  ᠤᠨ  ᠠᠭᠤᠰᠤᠯᠴᠠᠯ ᠤᠨ   ᠪᠠᠶᠢᠷᠢ ᠲᠡᠰ ᠤᠨ ᠬᠠᠷᠢᠴᠠᠭ᠎ᠠ᠃ ᠨᠢᠬᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ  ᠠᠬᠢᠭᠤᠯᠬᠤ ᠪᠤᠯ ᠮᠠᠯᠴᠢᠨ ᠲᠠᠷᠢᠶᠠᠴᠢᠨ ᠤ ᠤᠷᠤᠯᠭ᠎ᠠ ᠨᠡᠮᠡᠭᠳᠡᠬᠦᠯᠬᠦ ᠠᠷᠭ᠎ᠠ ᠵᠠᠮ ᠢ ᠦᠷᠭᠡᠳᠭᠡᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠶᠢ  ᠲᠦᠷᠭᠡᠨ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ  ᠬᠦᠨᠵᠡᠭᠡᠶᠢᠷᠡᠬᠦᠯᠦᠨ᠂ ᠤᠳᠤᠬᠢᠴᠢᠯᠠᠭᠰᠠᠨ ᠲᠠᠷᠢᠶᠠᠯᠠᠩ ᠮᠠᠯᠵᠢᠯ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠴᠢᠬᠤᠯᠠ  ᠠᠷᠭ᠎ᠠ  ᠪᠠᠷᠢᠯ ᠪᠤᠯᠤᠨ᠎ᠠ᠃ ᠮᠠᠨ ᠤ ᠬᠤᠰᠢᠭᠤᠨ ᠤ ᠪᠤᠳᠠᠳᠠᠢ ᠠᠴᠠ ᠪᠠᠨ ᠡᠬᠦᠰᠴᠦ᠂ ᠲᠠᠭᠠᠭᠤᠯᠤᠭᠴᠢ ᠠᠵᠤ ᠠᠬᠤᠶᠢᠯᠠᠯ  ᠬᠡᠮᠡᠬᠦ  ᠵᠠᠩᠭᠢᠯᠠᠭ᠎ᠠ ᠶᠢ  ᠴᠢᠩᠭ᠎ᠠ ᠠᠳᠬᠤᠨ᠂  ᠤᠨᠴᠠᠯᠢᠭᠳᠤ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠨᠠᠷᠢᠯᠢᠭ ᠪᠤᠯᠪᠠᠰᠤᠷᠠᠭᠤᠯᠬᠤ ᠠᠵᠤ ᠦᠢᠯᠡᠳᠪᠦᠷᠢ ᠶᠢ ᠪᠤᠵᠠᠭᠠᠶᠢᠷᠠᠭᠤᠯᠵᠤ ᠬᠦᠴᠦᠷᠭᠡᠭᠵᠢᠬᠦᠯᠵᠦ ᠰᠢᠯᠢᠳᠡᠭᠵᠢᠬᠦᠯᠵᠦ᠂   ᠦᠢᠯᠡᠳᠪᠦᠷᠢᠯᠡᠯ ᠵᠦᠭ ᠰᠤᠨᠤᠭᠠᠬᠤ ᠪᠠᠷ ᠲᠠᠮᠵᠢᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠨᠦᠯᠦᠬᠡᠯᠡᠵᠦ᠂ ᠲᠠᠷᠢᠵᠤ ᠮᠠᠯᠵᠢᠬᠤ  ᠪᠦᠳᠦᠴᠡ ᠶᠢᠨ ᠲᠤᠬᠢᠷᠠᠭᠤᠯᠤᠯᠳᠠ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠤᠷᠤᠯᠭ᠎ᠠ   ᠶᠢᠨ ᠨᠡᠮᠡᠭᠳᠡᠯ ᠢ ᠲᠠᠶᠢᠴᠢᠯᠠᠵᠤ᠂  ᠪᠤᠷᠤᠯᠠᠭᠤᠯᠭ᠎ᠠ ᠵᠦᠭ ᠰᠤᠨᠤᠭᠠᠬᠤ ᠪᠠᠷ ᠲᠠᠮᠵᠢᠨ᠂ ᠠᠷᠠᠯᠵᠢᠶ᠎ᠠ ᠬᠦᠢᠯᠬᠡᠬᠡ ᠵᠤᠭᠠᠴᠠᠯ ᠵᠡᠷᠭᠡ ᠦᠢᠯᠡᠴᠢᠯᠡᠬᠡᠨ ᠤ ᠦᠢᠯᠡᠰ ᠢ ᠲᠠᠶᠢᠴᠢᠯᠠᠵᠤ᠂ ᠠᠵᠤ ᠦᠢᠯᠡᠰ ᠤᠨ ᠲᠦᠪᠯᠡᠷᠡᠯ ᠬᠢᠭᠡᠳ ᠬᠤᠳᠠ ᠪᠠᠯᠭᠠᠰᠤᠨ ᠤ ᠬᠦᠭᠵᠢᠯᠳᠡ ᠶᠢ ᠠᠬᠢᠭᠤᠯᠬᠤ ᠭᠡᠷᠡᠭᠳᠡᠢ᠃ ᠭᠤᠷᠪᠠ ᠨᠢ᠂ ᠪᠦᠳᠦᠭᠡᠨ ᠪᠠᠶᠢᠭᠤᠯᠤᠯᠳᠠ ᠶᠢ ᠲᠦᠷᠭᠡᠳᠭᠡᠬᠦ ᠪᠠ ᠲᠦᠭᠰᠢᠬᠦᠷᠢ ᠰᠡᠷᠭᠡᠶᠢᠯᠡᠬᠦ  ᠶᠢᠨ ᠬᠠᠷᠢᠴᠠᠭ᠎ᠠ᠃ 2017 ᠤᠨ ᠳᠤ ᠤᠯᠤᠰ ᠠᠴᠠ ᠢᠳᠡᠪᠬᠢᠳᠡᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ  ᠶᠢ ᠦᠷᠬᠦᠯᠵᠢᠯᠡᠨ ᠭᠡᠷᠡᠭᠵᠢᠬᠦᠯᠦᠨ᠎ᠡ᠂  ᠲᠤᠰ ᠡᠭᠡᠯᠵᠢ ᠶᠢᠨ  ᠬᠡᠮᠵᠢᠶᠡᠵᠢᠬᠦᠯᠵᠦ ᠠᠭᠤᠵᠢᠭᠤ ᠲᠠᠯᠪᠢᠬᠤ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠤᠨ ᠦᠷᠬᠦᠯᠵᠢᠯᠡᠬᠦ ᠬᠤᠭᠤᠴᠠᠭ᠎ᠠ ᠲᠡᠮᠡᠢ ᠤᠷᠳᠤ ᠪᠢᠰᠢ ᠭᠡᠳᠡᠭ ᠢ ᠪᠢᠳᠡ ᠡᠷᠡᠭᠪᠰᠢ ᠤᠷᠢᠳᠴᠢᠯᠠᠨ ᠮᠡᠳᠡᠬᠦ ᠴᠢᠬᠤᠯᠠᠳᠠᠢ᠃ ᠤᠳᠤᠬᠠᠨ ᠮᠠᠨ ᠤ ᠬᠤᠰᠢᠭᠤᠨ ᠤ ᠵᠠᠰᠠᠭ ᠤᠨ ᠤᠷᠳᠤᠨ ᠤ ᠦᠷᠢ ᠦᠭᠴᠡᠭᠡ ᠬᠠᠷᠢᠴᠠᠩᠭᠤᠢ ᠪᠠᠷ ᠨᠡᠯᠢᠶᠡᠳ ᠲᠤᠤᠷ᠎ᠠ ᠲᠦᠪᠰᠢᠨ ᠳᠤ  ᠪᠠᠶᠢᠭ᠎ᠠ᠃ ᠡᠶᠢᠮᠦ ᠠᠴᠠ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠶᠢᠨ ᠵᠤᠷᠢᠭ ᠰᠠᠨᠠᠭᠠᠨ ᠤ ᠮᠦᠨ ᠴᠢᠨᠠᠷ ᠢ ᠵᠦᠪ ᠤᠶᠢᠯᠠᠭᠠᠵᠤ᠂  ᠲᠤᠬᠢᠶᠠᠯ ᠢ  ᠠᠳᠬᠤᠬᠤ ᠤᠬᠠᠮᠰᠠᠷ ᠪᠠ ᠡᠬᠦᠷᠭᠡ ᠬᠠᠷᠢᠭᠤᠴᠠᠬᠤ ᠵᠤᠷᠢᠭ ᠰᠠᠨᠠᠭ᠎ᠠ ᠪᠠᠨ ᠴᠢᠩᠭᠠᠷᠠᠭᠤᠯᠵᠤ᠂ ᠲᠦᠭᠰᠢᠬᠦᠷᠢ ᠶᠢ ᠪᠦᠳᠦᠮᠵᠢᠳᠡᠢ ᠡᠵᠡᠮᠳᠡᠭᠰᠨ ᠰᠠᠭᠤᠷᠢᠨ ᠲᠡᠭᠡᠷ᠎ᠡ ᠲᠤᠮᠳᠠ ᠤᠷᠳᠤ ᠬᠤᠭᠤᠴᠠᠭᠠᠨ ᠤ ᠲᠦᠷᠦ ᠶᠢᠨ ᠪᠤᠳᠤᠯᠭ᠎ᠠ ᠶᠢᠨ ᠴᠢᠨᠠᠷᠳᠠᠢ ᠵᠢᠭᠡᠯᠡᠯᠬᠡ᠂ PPP ᠵᠡᠷᠭᠡ ᠭᠡᠯᠪᠡᠷᠢ ᠶᠢ ᠠᠮᠢᠳᠤᠯᠢᠭ ᠭᠡᠷᠡᠭᠯᠡᠵᠦ᠂ ᠵᠢᠬᠡᠯᠡᠯᠬᠡ ᠪᠠᠷ ᠪᠡᠯᠡ  ᠤᠷᠤᠭᠤᠯᠬᠤ ᠬᠡᠮᠵᠢᠶ᠎ᠡ  ᠪᠠᠨ ᠲᠤᠬᠢᠷᠠᠮᠵᠢᠳᠠᠢ ᠶᠡᠬᠡᠰᠭᠡᠨ᠂ ᠬᠤᠳᠠ ᠪᠠᠯᠭᠠᠰᠤᠨ ᠤ ︽ᠬᠤᠶᠠᠷ ᠵᠠᠰᠠᠯᠳᠠ︾ ︵ ᠬᠤᠳᠠ ᠶᠢ ᠵᠠᠰᠠᠵᠤ ᠨᠦᠬᠦᠪᠦᠷᠢᠯᠡᠬᠦ᠂ ᠠᠮᠢ ᠠᠬᠤᠢ   ᠶᠢ ᠵᠠᠰᠠᠵᠤ ᠰᠡᠷᠬᠦᠬᠡᠬᠦ︶ ᠶᠢᠨ ᠢᠨᠵᠧᠨᠧᠷᠢᠩ ᠢ ᠭᠤᠤᠯᠳᠠᠯᠭᠠᠳᠠᠢ ᠭᠡᠷᠡᠭᠵᠢᠬᠦᠯᠵᠦ᠂  ᠬᠤᠳᠠ ᠪᠠᠯᠭᠠᠰᠤᠨ ᠤ ᠦᠩᠬᠡ ᠲᠦᠷᠬᠦ ᠪᠠ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠰᠠᠶᠢᠵᠢᠷᠠᠭᠤᠯᠵᠤ᠂ ᠬᠤᠳᠠ ᠪᠠᠯᠭᠠᠰᠤᠨ ᠤ ᠲᠠᠳᠠᠬᠤ ᠬᠦᠴᠦᠨ   ᠢ ᠨᠡᠮᠡᠭᠳᠡᠬᠦᠯᠦᠨ᠎ᠡ᠃  ᠲᠦᠷᠪᠡ ᠨᠢ᠂  ᠪᠦᠳᠦᠬᠡᠨ ᠪᠠᠶᠢᠭᠤᠯᠵᠤ ᠬᠦᠭᠵᠢᠬᠦᠯᠬᠦ ᠪᠠ ᠠᠮᠤᠷ ᠲᠤᠭᠳᠠᠭᠤᠨ ᠢ ᠬᠠᠮᠠᠭᠠᠯᠠᠬᠤ ᠶᠢᠨ ᠬᠠᠷᠢᠴᠠᠭ᠎ᠠ᠃  ᠮᠠᠨ ᠤ ᠬᠤᠰᠢᠭᠤ ᠨᠢ ᠬᠦᠮᠦᠨ ᠤᠯᠠᠨ᠂ ᠰᠠᠭᠤᠷᠢ ᠨᠢᠮᠬᠡᠨ᠂ ᠠᠷᠠᠳ ᠤᠨ ᠠᠮᠢᠳᠤᠷᠠᠯ ᠪᠠ ᠪᠦᠳᠦᠬᠡᠨ ᠪᠠᠶᠢᠭᠤᠯᠤᠯᠳᠠ ᠶᠢᠨ ᠲᠠᠯᠠᠪᠠᠷ ᠲᠡᠦᠬᠡᠨ ᠦᠷᠢ ᠦᠭᠴᠡᠭᠡ ᠨᠡᠯᠢᠶᠡᠳ ᠶᠡᠭᠡ᠂  ᠵᠠᠷᠢᠮ ᠠᠰᠠᠭᠤᠳᠠᠯ ᠪᠠ ᠬᠦᠴᠢᠷᠳᠡᠯ ᠤᠨ ᠪᠦᠳᠦᠭᠰᠡᠨ ᠰᠢᠯᠳᠠᠭᠠᠨ ᠨᠢ ᠪᠤᠳᠤᠯᠢᠶᠠᠨᠳᠠᠢ᠂ ᠰᠢᠢᠳᠪᠦᠷᠢᠯᠡᠬᠦ ᠳᠤ ᠬᠦᠴᠢᠷ ᠪᠠᠶᠢᠳᠠᠭ᠃  ᠡᠷᠭᠡᠪᠰᠢ  ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢᠶᠠᠷ ᠰᠢᠨ᠎ᠡ ᠬᠦᠭᠵᠢᠯᠳᠡ ᠶᠢᠨ ᠦᠢᠯᠡᠳᠦᠯᠬᠡ ᠶᠢ ᠵᠢᠯᠤᠭᠤᠳᠤᠭᠤᠯᠵᠤ᠂ ᠬᠦᠭᠵᠢᠯᠳᠡ ᠶᠢᠨ ᠠᠷᠭ᠎ᠠ ᠪᠠᠷᠢᠯ ᠢᠶᠠᠷ ᠤᠷᠤᠭᠰᠢᠯᠠᠯᠳᠠ  ᠶᠢᠨ ᠲᠤᠮᠳᠠᠬᠢ ᠠᠰᠠᠭᠤᠳᠠᠯ ᠢ ᠰᠢᠢᠳᠪᠦᠷᠢᠯᠡᠵᠦ᠂ ᠺᠠᠳᠠᠷ ᠤᠨ ᠬᠢᠷᠢ ᠪᠦᠳᠦᠮᠵᠢ ᠪᠠᠷ ᠠᠷᠠᠳ ᠲᠦᠮᠡᠨ ᠤ ᠤᠶᠢᠯᠠᠭᠠᠯᠳᠠ ᠲᠡᠮᠵᠢᠯᠬᠡ ᠶᠢ ᠤᠯᠵᠤ᠂ ᠪᠦᠳᠦᠭᠡᠨ ᠪᠠᠶᠢᠭᠤᠯᠤᠯᠳᠠ ᠬᠦᠭᠵᠢᠯᠳᠡ ᠶᠢᠨ ᠦᠷ᠎ᠡ ᠪᠦᠳᠦᠬᠡᠯ ᠢᠶᠠᠷ ᠬᠦᠮᠦᠨ ᠤ ᠰᠡᠳᠬᠢᠯ ᠢ  ᠲᠦᠪᠯᠡᠷᠡᠬᠦᠯᠵᠦ᠂ ᠵᠦᠷᠢᠴᠡᠯ ᠤᠨ ᠠᠰᠠᠭᠤᠳᠠᠯ ᠢ ᠨᠠᠮᠳᠠᠭᠤᠯᠵᠤ᠂ ᠬᠠᠮᠳᠤ ᠶᠢᠨ ᠲᠠᠨᠢᠯᠳᠠ  ᠶᠢ ᠴᠢᠩᠭᠠᠷᠠᠭᠤᠯᠵᠤ ᠪᠠᠶᠢᠭᠠᠳ  ᠂  ᠪᠦᠬᠦ ᠰᠡᠳᠬᠢᠯ ᠢᠶᠠᠷ ᠪᠦᠳᠦᠭᠡᠨ ᠪᠠᠶᠢᠭᠤᠯᠤᠯᠳᠠ ᠬᠢᠵᠦ ᠨᠢᠬᠡ ᠵᠤᠷᠢᠭ ᠢᠶᠠᠷ ᠬᠦᠭᠵᠢᠯᠳᠡ ᠶᠢ ᠰᠡᠳᠬᠢᠬᠦ ᠬᠦᠴᠦᠷᠭᠡᠭ ᠶᠡᠭᠡ ᠬᠠᠮᠳᠤᠷᠠᠯ ᠤᠨ ᠬᠦᠴᠦᠨ ᠪᠠ ᠤᠬᠢ ᠰᠠᠶᠢᠨ ᠠᠬᠤᠢ ᠪᠠᠶᠢᠳᠠᠯ ᠢ ᠪᠤᠢ ᠪᠤᠯᠭᠠᠬᠤ ᠭᠡᠷᠡᠭᠳᠡᠢ᠃        2017 ᠤᠨ ᠳᠤ ᠪᠢᠳᠡ ᠲᠤᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭᠠᠳᠠᠢ ᠰᠠᠶᠢᠨ ᠠᠳᠬᠤᠬᠤ ᠭᠡᠷᠡᠭᠳᠡᠢ᠃        ︵ᠨᠢᠬᠡ︶ ︽ᠤᠷᠳᠤ︾   ᠶᠢᠨ ᠲᠤᠭᠤᠷᠢᠨ ᠳᠤ᠂  ᠭᠤᠷᠪᠠᠨ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠲᠦᠷᠭᠡᠳᠭᠡᠨ ᠠᠬᠢᠭᠤᠯᠤᠨ᠎ᠠ᠃  ᠠᠵᠤ ᠦᠢᠯᠡᠳᠪᠦᠷᠢ ᠶᠢᠨ ᠤᠶᠢᠯᠠᠭᠠᠭᠳᠠᠬᠤᠨ ᠢᠶᠠᠷ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠦᠨ᠂  ᠵᠠᠬ᠎ᠠ ᠲᠡᠯᠬᠡᠬᠦᠷ ᠤᠨ ᠱᠠᠭᠠᠷᠳᠠᠯᠭ᠎ᠠ ᠪᠠᠷ  ᠬᠠᠨᠳᠤᠰᠢ ᠪᠤᠯᠭᠠᠵᠤ᠂  ᠠᠰᠢᠭ ᠲᠤᠰᠠ ᠶᠢᠨ ᠬᠤᠯᠪᠤᠭᠠᠯᠠᠯ ᠤᠨ ᠲᠤᠭᠳᠠᠴᠠ ᠶᠢ ᠲᠡᠬᠦᠯᠳᠡᠷᠵᠢᠬᠦᠯᠬᠦ ᠪᠠᠷ ᠭᠤᠤᠯᠳᠠᠯᠭ᠎ᠠ ᠪᠤᠯᠭᠠᠨ  ᠂  ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ   ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠲᠦᠯᠬᠢᠨ ᠠᠬᠢᠭᠤᠯᠵᠤ᠂  ᠲᠠᠷᠢᠶᠠᠯᠠᠩ ᠮᠠᠯ ᠠᠵᠤ ᠠᠬᠤᠢ ᠪᠠ ᠬᠤᠶᠠᠳᠤᠭᠠᠷ ᠭᠤᠷᠪᠠᠳᠤᠭᠠᠷ ᠠᠵᠤ ᠦᠢᠯᠡᠰ  ᠠᠭᠤᠰᠤᠯᠴᠠᠨ ᠬᠦᠭᠵᠢᠭᠰᠡᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠢᠳᠡᠪᠬᠢᠳᠡᠢ ᠪᠠᠷ ᠡᠬᠦᠳᠦᠨ  ᠪᠠᠶᠢᠭᠤᠯᠬᠤ ᠭᠡᠷᠡᠭᠳᠡᠢ᠃        ᠨᠢᠬᠡ ᠳᠤᠨᠢ᠂  ᠲᠠᠭᠠᠭᠤᠯᠤᠭᠴᠢ ᠠᠵᠤ  ᠠᠬᠤᠶᠢᠯᠠᠯ ᠢ ᠬᠦᠴᠦᠷᠭᠡᠭᠵᠢᠬᠦᠯᠵᠦ᠂  ᠠᠵᠤ ᠦᠢᠯᠡᠳᠪᠦᠷᠢ ᠶᠢᠨ ᠭᠤᠤᠯᠳᠠᠯᠭᠠᠳᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠪᠦᠬᠦ  ᠬᠦᠴᠦᠨ ᠢᠶᠠᠷ ᠰᠠᠶᠢᠨ ᠠᠳᠬᠤᠨ᠎ᠠ᠃ᠨᠢᠬᠡ ᠲᠦᠷᠦᠯ ᠵᠦᠢᠯ ᠢ ᠨᠢᠬᠡ ᠭᠠᠵᠠᠷ ᠤᠨ ᠲᠡᠰ ᠤᠨ ᠤᠳᠤᠷᠢᠳᠤᠯᠭ᠎ᠠ ᠲᠠᠭᠠᠭᠠᠴᠢᠯᠠᠵᠤ᠂  ᠨᠢᠬᠡ ᠤᠳᠤᠷᠢᠳᠬᠤ ᠪᠠᠭ ᠢᠶᠠᠷ ᠢᠶᠠᠨ ᠲᠦᠯᠬᠢᠨ ᠠᠬᠢᠭᠤᠯᠵᠤ᠂  ᠨᠢᠬᠡᠨ ᠭᠡᠯᠬᠢᠶ᠎ᠡ ᠬᠠᠩᠭᠠᠮᠵᠢᠳᠠᠢ ᠦᠢᠯᠡᠴᠢᠯᠡᠭᠡ ᠬᠠᠩᠭᠠᠬᠤ ᠠᠵᠢᠯ ᠤᠨ ᠲᠤᠭᠳᠠᠴᠠ ᠶᠤᠰᠤᠭᠠᠷ᠂  ᠭᠤᠤᠯᠳᠠᠯᠭᠠᠳᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ  ᠢᠶᠠᠷ ᠰᠠᠶᠢᠨ ᠠᠳᠬᠤᠬᠤ ᠭᠡᠷᠡᠭᠳᠡᠢ᠃  ᠡᠨᠡ  ᠵᠢᠯ 81 ᠭᠤᠤᠯᠳᠠᠯᠭᠠᠳᠠᠢ ᠲᠦᠷᠦᠯ ᠵᠦᠢᠯ   ᠢ ᠭᠡᠷᠡᠭᠵᠢᠬᠦᠯᠵᠦ  ᠂ ᠡᠬᠦᠨ ᠤ ᠲᠤᠳᠤᠷ᠎ᠠ ᠠᠶᠢᠮᠠᠭ ᠤᠨ ᠲᠡᠰ ᠤᠨ ᠭᠤᠤᠯᠳᠠᠯᠭᠠᠳᠠᠢ ᠲᠦᠷᠦᠯ ᠵᠦᠢᠯ 8 ᠪᠠᠶᠢᠵᠤ᠂  ᠲᠤᠰ ᠵᠢᠯ ᠳᠡᠭᠡᠨ 52  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠬᠤ ᠪᠠᠷ ᠴᠢᠷᠮᠠᠶᠢᠨ᠎ᠠ᠃ ᠡᠤ ᠹᠧᠩ ᠺᠤᠮᠫᠠᠨᠢ ᠶᠢᠨ ᠮᠢᠬᠠᠨ ᠤ ᠦᠬᠡᠷ ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ 4 ᠰᠠᠷ᠎ᠠ ᠶᠢᠨ ᠰᠡᠬᠦᠯᠴᠢ   ᠪᠠᠷ ᠦᠢᠯᠡᠳᠪᠦᠷᠢᠯᠡᠯ ᠡᠬᠢᠯᠡᠬᠦ ᠶᠢ  ᠪᠠᠳᠤᠯᠠᠨ᠂ ᠲᠤᠰ ᠵᠢᠯ ᠳᠡᠭᠡᠨ ᠲᠦᠬᠦᠭᠡᠷᠦᠮᠵᠢ ᠤᠭᠰᠠᠷᠠᠵᠤ ᠲᠤᠷᠰᠢᠨ ᠦᠢᠯᠡᠳᠪᠦᠷᠢᠯᠡᠬᠦ ᠪᠠᠷ ᠴᠢᠷᠮᠠᠶᠢᠨ᠎ᠠ᠃ ᠳ᠋ᠧ ᠰᠢᠩ ᠶᠤᠸᠠᠨ᠂ ᠳ᠋ᠠ ᠸᠧᠢ ᠵᠢᠶᠠ ᠵᠡᠷᠭᠡ ᠲᠠᠬᠢᠶ᠎ᠠ ᠭᠠᠭ᠋ᠠᠢ ᠮᠠᠯᠵᠢᠬᠤ ᠶᠠᠳᠠᠭᠤ ᠶᠢ ᠳᠡᠳᠬᠦᠬᠦ  ᠲᠦᠷᠦᠯ ᠵᠦᠢᠯ ᠤᠨ ᠲᠦᠷᠦᠬᠦᠴᠢ ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠤ᠂  ᠲᠠᠷᠤᠢ ᠲᠦᠷᠭᠡᠨ ᠪᠤᠳᠠᠳᠠᠢ ᠠᠬᠢᠯᠳᠠ ᠭᠠᠷᠭᠠᠬᠤ ᠪᠠᠷ ᠴᠢᠷᠮᠠᠶᠢᠨ᠎ᠠ᠃ ᠪᠤᠬᠢᠷᠳᠤᠯ ᠦᠬᠡᠢ ᠲᠠᠯ᠎ᠠ ᠨᠤᠳᠤᠭ ᠤᠨ ᠬᠠᠷ᠎ᠠ ᠠᠷᠢᠬᠢᠨ ᠤ ᠠᠵᠤ ᠦᠢᠯᠡᠰ ᠤᠨ  ᠦᠢᠯᠡᠳᠪᠦᠷᠢᠯᠡᠯ   ᠤᠨ  ᠲᠤᠭᠳᠠᠪᠤᠷᠢᠵᠢᠯ᠂ ᠴᠢᠨᠠᠷ   ᠤᠨ ᠲᠡᠭᠡᠭᠰᠢᠯᠡᠯ᠂ ᠠᠰᠢᠭ ᠤᠨ ᠨᠡᠮᠡᠭᠳᠡᠯ ᠢ  ᠦᠷᠬᠦᠯᠵᠢᠯᠡᠨ ᠠᠬᠢᠭᠤᠯᠵᠤ᠂  ᠠᠺᠠᠳᠧᠮᠢᠴᠢ ᠶᠢᠨ ᠦᠷᠳᠡᠭᠡ᠂  6000 ᠬᠠᠪᠳᠠᠭᠠᠢ ᠲᠦᠷᠪᠡᠯᠵᠢᠨ ᠮᠧᠲᠷ ᠤᠨ ᠲᠤᠮᠤ   ᠵᠤᠭᠤᠷᠢ  ᠶᠢ  ᠪᠠᠶᠢᠭᠤᠯᠤᠨ᠂ ᠠᠯᠪᠠᠨ ᠠᠰᠠᠷ  ᠬᠢᠭᠡᠳ ᠲᠠᠯ᠎ᠠ ᠨᠤᠳᠤᠭ ᠤᠨ ᠬᠠᠷ᠎ᠠ ᠠᠷᠢᠬᠢᠨ ᠤ ᠲᠡᠦᠬᠡ ᠰᠤᠶᠤᠯ ᠤᠨ ᠦᠵᠡᠬᠦᠯᠦᠯᠬᠡ ᠶᠢᠨ ᠲᠢᠩᠬᠢᠮ ᠤᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠤ᠂ ᠦᠢᠯᠡᠳᠪᠦᠷᠢ ᠶᠢᠨ ᠲᠤᠭᠤᠷᠢᠭ ᠤᠨ ᠨᠤᠭᠤᠭᠠᠷᠠᠭᠤᠯᠤᠯᠳᠠ᠂ ᠭᠤᠶᠤᠵᠢᠭᠤᠯᠤᠯᠳᠠ ᠶᠢᠨ ᠠᠵᠢᠯ ᠢ ᠵᠡᠷᠭᠡᠪᠡᠷ ᠲᠦᠯᠬᠢᠨ ᠠᠬᠢᠭᠤᠯᠤᠨ᠎ᠠ᠃  ᠵᠠᠬ᠎ᠠ ᠲᠡᠯᠬᠡᠬᠦᠷ ᠤᠨ ᠭᠤᠤᠯ ᠪᠦᠳᠦᠭᠡᠭᠳᠡᠬᠦᠨ ᠤ ᠲᠦᠷᠦᠯ ᠵᠦᠢᠯ ᠢ ᠪᠠᠭᠠᠰᠬᠠᠵᠤ᠂ ᠰᠢᠨ᠎ᠡ ᠪᠦᠳᠦᠭᠡᠭᠳᠡᠬᠦᠨ ᠰᠤᠳᠤᠯᠵᠤ  ᠦᠢᠯᠡᠳᠬᠦ ᠪᠠ  ᠪᠤᠷᠤᠯᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠲᠡᠭᠡᠳᠦ ᠲᠤᠮᠳᠠ ᠲᠡᠰ ᠤᠨ ᠰᠢᠷᠢᠰ ᠬᠠᠷ᠎ᠠ ᠠᠷᠢᠬᠢᠨ ᠤ ᠬᠠᠷᠢᠴᠠᠯ ᠢ ᠨᠡᠮᠡᠭᠳᠡᠬᠦᠯᠦᠨ᠎ᠡ᠃ ᠬᠤᠩ ᠵᠢᠩ ᠶᠤᠸᠠᠨ ᠲᠤᠰᠤᠨ ᠤ ᠦᠢᠯᠡᠳᠪᠦᠷᠢ ᠶᠢᠨ ᠨᠢᠬᠡᠳᠦᠭᠡᠷ ᠬᠤᠭᠤᠴᠠᠭᠠᠨ ᠤ ᠢᠨᠵᠧᠨᠧᠷᠢᠩ   ᠤᠨ ᠲᠤᠭᠳᠠᠭᠤᠨ ᠢᠶᠠᠷ ᠶᠠᠪᠤᠭᠳᠠᠬᠤ ᠶᠢ ᠪᠦᠬᠦ ᠬᠦᠴᠦᠨ ᠢᠶᠠᠷ ᠪᠠᠳᠤᠯᠠᠵᠤ᠂ ᠪᠦᠳᠦᠭᠡᠭᠳᠡᠬᠦᠨ ᠤ  ᠪᠤᠷᠤᠯᠠᠭᠤᠯᠭ᠎ᠠ ᠶᠢᠨ ᠡᠷᠴᠢᠮ ᠢ ᠴᠢᠩᠭᠠᠷᠠᠭᠤᠯᠤᠨ  ᠂ ᠦᠢᠯᠡᠳᠪᠦᠷᠢᠯᠡᠬᠦ ᠢᠳᠡᠰᠢᠨ ᠲᠤᠰᠤᠨ ᠤ ᠬᠡᠮᠵᠢᠶ᠎ᠡ ᠶᠢ 3 ᠲᠦᠮᠡᠨ  ᠲᠤᠨ ᠲᠠᠪᠠᠭᠤᠯᠵᠤ᠂   ᠤᠯᠤᠰ ᠤᠨ ᠢᠳᠡᠰᠢᠨ ᠲᠤᠰᠤ ᠨᠦᠬᠡᠴᠡᠯᠡᠨ ᠪᠡᠯᠡᠳᠭᠡᠬᠦ ᠲᠦᠷᠦᠯ ᠵᠦᠢᠯ ᠢ ᠢᠳᠡᠪᠬᠢᠳᠡᠢ ᠡᠷᠡᠮᠡᠯᠵᠡᠯᠨᠨ ᠤᠯᠵᠤ᠂  ᠶᠠᠮᠠ ᠶᠢᠨ ᠦᠷ᠎ᠡ ᠶᠢᠨ ᠰᠢᠷᠢᠰ ᠪᠦᠳᠦᠭᠡᠭᠳᠡᠬᠦᠨ   ᠢ ᠨᠡᠬᠡᠬᠡᠨ  ᠬᠦᠭᠵᠢᠬᠦᠯᠵᠦ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠰᠢᠨᠵᠢᠯᠡᠬᠦ  ᠤᠬᠠᠭᠠᠨᠴᠢ ᠪᠠᠷ ᠲᠦᠯᠦᠪᠵᠢᠬᠦᠯᠵᠦ ᠡᠬᠢᠯᠡᠬᠦᠯᠦᠨ᠎ᠡ᠃ ᠴᠠᠩ ᠱᠧᠩ  ᠨᠠᠷᠠᠨ ᠤ ᠡᠨᠧᠷᠬᠢ ᠶᠢᠨ ᠶᠠᠳᠠᠭᠤ  ᠶᠢ ᠳᠡᠳᠬᠦᠬᠦ ᠲᠦᠷᠦᠯ ᠵᠦᠢᠯ ᠢ  ᠲᠡᠭᠡᠷ᠎ᠡ ᠬᠠᠭᠠᠰ ᠵᠢᠯ ᠳᠤ ᠦᠢᠯᠡᠳᠪᠦᠷᠢᠯᠡᠯ ᠡᠬᠢᠯᠡᠬᠦᠯᠦᠨ᠂ ᠪᠠᠢ ᠾᠦᠢ ᠱᠧᠩ ᠰᠢᠬᠢᠷ ᠤᠨ ᠦᠢᠯᠡᠳᠪᠦᠷᠢ   ᠶᠢᠨ 60% ᠶᠢᠨ ᠢᠨᠵᠧᠨᠧᠷᠢᠩ ᠢ ᠪᠡᠶᠡᠯᠡᠬᠦᠯᠵᠦ᠂  ᠱᠧᠩ ᠲᠠᠢ ᠡᠯ  ᠺᠤᠮᠫᠠᠨᠢ ᠶᠢ ᠨᠢᠬᠡᠳᠦᠭᠡᠷ ᠬᠤᠭᠤᠴᠠᠭᠠᠨ ᠤ  ᠲᠡᠵᠢᠬᠡᠯ ᠪᠤᠷᠳᠤᠭᠠᠨ ᠤ ᠨᠡᠮᠡᠯᠳᠡ ᠡᠳ᠋᠂ ᠡᠩᠬᠦᠷᠡᠢ ᠠᠮᠢᠳᠠᠨ ᠤ ᠢᠳᠡᠰᠢ ᠦᠢᠯᠡᠳᠪᠦᠷᠢᠯᠡᠬᠦ ᠲᠦᠷᠦᠯ ᠵᠦᠢᠯ   ᠢ ᠡᠷᠳᠡ ᠪᠠᠶᠢᠭᠤᠯᠵᠤ ᠦᠢᠯᠡᠳᠪᠦᠷᠢᠯᠡᠯ ᠡᠬᠢᠯᠡᠬᠦᠯᠬᠦ ᠪᠠᠷ ᠴᠢᠷᠮᠠᠶᠢᠨ᠂  ᠬᠢᠳᠠᠳ ᠡᠮ ᠤᠨ ᠮᠠᠲ᠋ᠧᠷᠢᠶᠠᠯ᠂ ᠠᠮᠢᠳᠠᠨ ᠤ ᠲᠠᠷᠢᠯᠭ᠎ᠠ ᠶᠢᠨ ᠡᠮ ᠦᠢᠯᠡᠳᠪᠦᠷᠢᠯᠡᠬᠦ ᠲᠦᠷᠦᠯ ᠵᠦᠢᠯ ᠢ ᠵᠠᠯᠭ᠎ᠠ ᠪᠠᠷ ᠡᠬᠢᠯᠡᠬᠦᠯᠵᠦ᠂ ᠲᠤᠰ ᠵᠢᠯ ᠳᠤ 3 ᠳ᠋ᠦᠩᠰᠢᠭᠤᠷ ᠲᠦᠬᠦᠷᠢᠭ  ᠢᠯᠡᠬᠦᠦ ᠪᠡᠯᠡ  ᠤᠷᠤᠭᠤᠯᠤᠨ᠎ᠠ᠃ ᠵᠦᠩ ᠴᠧ ᠰᠠᠯᠬᠢᠨ ᠰᠠᠩᠰᠠ  ᠵᠢᠴᠢ ᠢᠵᠢ ᠪᠦᠷᠢᠳᠦᠭᠰᠡᠨ ᠪᠦᠳᠦᠭᠡᠭᠳᠡᠬᠦᠨ ᠤ ᠦᠢᠯᠡᠳᠪᠦᠷᠢᠯᠡᠯ   ᠤᠨ ᠱᠤᠭᠤᠮ ᠢ ᠲᠦᠷᠭᠡᠨ ᠪᠠᠶᠢᠭᠤᠯᠵᠤ ᠦᠢᠯᠡᠳᠪᠦᠷᠢᠯᠡᠯ ᠡᠬᠢᠯᠡᠬᠦᠯᠦᠨ᠂  ᠺᠧ ᠲᠠᠢ ᠯᠦᠩ ᠳ᠋ᠠ ᠲᠤᠮᠤ ᠬᠡᠯᠪᠡᠷᠢ ᠶᠢᠨ ᠤᠰᠤ ᠠᠷᠢᠭᠤᠳᠬᠠᠬᠤ ᠲᠦᠬᠦᠭᠡᠷᠦᠮᠵᠢ ᠶᠢᠨ ᠦᠢᠯᠡᠳᠪᠦᠷᠢᠯᠡᠯ ᠤᠨ ᠲᠦᠷᠦᠯ ᠵᠦᠢᠯ ᠢ   ᠲᠠᠷᠤᠶᠢᠬᠠᠨ ᠡᠬᠢᠯᠡᠬᠦᠯᠵᠦ᠂  ᠰᠧ ᠶᠢ ᠨᠠ  ᠯᠢᠲ ᠴᠠᠬᠢᠯᠭᠠᠨ ᠴᠡᠨᠡᠭ ᠤᠨ ᠦᠢᠯᠡᠳᠪᠦᠷᠢᠯᠡᠯ   ᠢ  ᠲᠡᠳᠬᠦᠵᠦ ᠡᠷᠳᠡ ᠡᠳᠦᠷ ᠡᠬᠢᠯᠡᠬᠦᠯᠬᠦ ᠪᠠᠷ ᠴᠢᠷᠮᠠᠶᠢᠨ᠎ᠠ᠃       ᠬᠤᠶᠠᠷ ᠲᠤᠨᠢ᠂  ᠰᠠᠭᠤᠷᠢᠨ ᠭᠠᠵᠠᠷ   ᠢ ᠪᠦᠳᠦᠬᠡᠨ ᠪᠠᠶᠢᠭᠤᠯᠵᠤ᠂  ᠲᠠᠷᠢᠵᠤ ᠮᠠᠯᠵᠢᠬᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢ ᠠᠬᠢᠭᠤᠯᠤᠨ᠎ᠠ᠃  ᠲᠡᠵᠢᠬᠡᠨ ᠦᠷᠡᠵᠢᠬᠦᠯᠬᠦ ᠦᠢᠯᠡᠰ ᠤᠨ ᠲᠠᠯᠠᠪᠠᠷ᠂ ︽ᠬᠤᠨᠢ ᠶᠢ ᠴᠦᠭᠡᠴᠢᠯᠡᠵᠦ ᠦᠬᠡᠷ ᠢ ᠦᠰᠭᠡᠬᠦ︾ ᠪᠠᠶᠢᠯᠳᠤᠬᠤ ᠪᠤᠳᠤᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠤᠨ᠂   ᠡᠤ ᠹᠧᠩ ᠺᠤᠮᠫᠠᠨᠢ ᠶᠢᠨ ᠮᠢᠬᠠᠨ ᠤ ᠦᠬᠡᠷ ᠦᠷᠡᠵᠢᠬᠦᠯᠵᠦ ᠪᠤᠷᠳᠤᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂  ᠪᠦᠬᠦ ᠠᠶᠢᠮᠠᠭ ᠤᠨ ᠰᠠᠶᠢᠨ ᠡᠬᠦᠯᠳᠡᠷ ᠤᠨ ᠮᠢᠬᠠᠨ ᠤ ᠦᠬᠡᠷ ᠦᠷᠡᠵᠢᠬᠦᠯᠵᠦ ᠪᠤᠷᠳᠤᠬᠤ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠡᠬᠦᠳᠦᠨ ᠪᠠᠶᠢᠭᠤᠯᠤᠨ᠎ᠠ᠃ ᠬᠤᠤ ᠶᠤᠸᠠᠨ ᠯᠠᠨ ᠮᠤ᠋᠂  ᠵᠦᠩ ᠰᠢᠤᠢ ᠷᠦᠩ ᠲᠠᠢ ᠵᠡᠷᠭᠡ ᠠᠵᠤ ᠠᠬᠤᠶᠢᠯᠠᠯ ᠤᠨ ᠰᠠᠶᠢᠨ ᠡᠬᠦᠯᠳᠡᠷ ᠤᠨ ᠦᠬᠡᠷ ᠦᠷᠡᠵᠢᠬᠦᠯᠵᠦ ᠪᠤᠷᠳᠤᠬᠤ ᠲᠦᠷᠦᠯ ᠵᠦᠢᠯ   ᠤᠨ ᠪᠦᠳᠦᠭᠡᠨ ᠪᠠᠶᠢᠭᠤᠯᠤᠯᠳᠠ ᠶᠢ ᠡᠬᠢᠯᠡᠬᠦᠯᠵᠦ᠂ ᠲᠤᠰᠬᠠᠢ ᠬᠤᠷᠰᠢᠶᠠᠵᠢᠯ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂   ᠲᠡᠵᠢᠬᠡᠨ ᠦᠷᠡᠵᠢᠬᠦᠯᠬᠦ ᠲᠤᠮᠤ ᠡᠷᠦᠬᠡ ᠶᠢ ᠵᠤᠷᠢᠬᠵᠢᠭᠤᠯᠤᠨ᠂ ᠰᠠᠶᠢᠨ ᠡᠬᠦᠯᠳᠡᠷ ᠤᠨ ᠦᠬᠡᠷ ᠮᠠᠯᠵᠢᠬᠤ ᠠᠵᠤ ᠦᠢᠯᠡᠰ ᠢ ᠬᠦᠭᠵᠢᠬᠦᠯᠵᠦ᠂ ᠠᠩᠬᠢᠰ ᠬᠠᠷ᠎ᠠ ᠦᠬᠡᠷ ᠤᠨ ᠲᠤᠭ᠎ᠠ ᠲᠤᠯᠤᠭᠠᠢ ᠶᠢ 1 ᠲᠦᠮᠡ  ᠳᠤ ᠬᠦᠷᠭᠡᠨ᠎ᠡ᠃  ᠡᠬᠦᠨ ᠤ ᠬᠠᠮᠳᠤ᠂ 1000 ᠲᠤᠯᠤᠭᠠᠢ ᠡᠷᠯᠢᠰᠡᠵᠢᠬᠦᠯᠦᠭᠰᠡᠨ ᠬᠠᠷ᠎ᠠ ᠦᠬᠡᠷ ︵ᠶᠠᠫᠤᠨ ᠤ ᠰᠢᠯᠢᠳᠡᠭ ᠡᠬᠦᠯᠳᠡᠷ︶  ᠪᠤᠷᠳᠤᠨ ᠲᠠᠷᠭᠤᠯᠠᠭᠤᠯᠬᠤ ᠰᠠᠭᠤᠷᠢᠨ ᠭᠠᠵᠠᠷ 1 ᠰᠠᠭᠤᠷᠢ ᠶᠢ ᠪᠠᠶᠢᠭᠤᠯᠤᠨ᠎ᠠ᠃  ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠫᠧᠩ ᠰᠠᠷᠠᠪᠴᠢ᠂ ᠪᠤᠷᠳᠤᠭᠠᠨ ᠵᠤᠭᠤᠷᠢ ᠵᠡᠷᠭᠡ ᠢᠵᠢ ᠪᠦᠷᠢᠳᠦᠭᠰᠡᠨ ᠲᠦᠬᠦᠭᠡᠷᠦᠮᠵᠢ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂  ᠵᠢᠯ ᠳᠤ 100 ᠲᠦᠮᠡᠨ ᠮᠢᠬᠠᠨ ᠤ ᠦᠬᠡᠷ ᠠᠷᠠᠯᠵᠢᠶᠠᠯᠠᠬᠤ ᠠᠮᠢᠳᠤ ᠮᠠᠯ ᠤᠨ ᠠᠷᠠᠯᠵᠢᠶᠠᠨ ᠤ ᠵᠠᠬ᠎ᠠ  1 ᠰᠠᠭᠤᠷᠢ  ᠪᠠᠶᠢᠭᠤᠯᠤᠨ᠎ᠠ᠃  ᠳ᠋ᠠ ᠸᠧᠢ ᠵᠢᠶᠠ᠂  ᠵᠧᠩ ᠳ᠋ᠠ ᠵᠡᠷᠭᠡ ᠲᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂  ᠲᠠᠬᠢᠶ᠎ᠠ᠂ ᠭᠠᠭ᠋ᠠᠢ᠂ ᠲᠠᠤᠯᠠᠢ ᠵᠡᠷᠭᠡ ᠵᠢᠵᠢᠭ ᠲᠡᠵᠢᠬᠡᠪᠦᠷᠢ ᠶᠢᠨ ᠦᠢᠯᠡᠰ ᠢ ᠢᠳᠡᠪᠬᠢᠳᠡᠢ ᠬᠦᠭᠵᠢᠬᠦᠯᠵᠦ᠂  ᠮᠠᠯᠴᠢᠨ ᠲᠠᠷᠢᠶᠠᠴᠢᠨ ᠤ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠦᠷᠭᠡᠳᠭᠡᠬᠦ ᠭᠡᠷᠡᠭᠳᠡᠢ᠃  ᠤᠰᠤᠯᠠᠯᠳᠠ ᠶᠢᠨ ᠲᠠᠷᠢᠶᠠᠨ ᠳᠤ ︽ ᠲᠦᠮᠦᠰᠦ ᠶᠢ ᠲᠤᠭᠳᠠᠪᠤᠷᠢᠵᠢᠭᠤᠯᠵᠤ ᠨᠤᠭᠤᠭ᠎ᠠ  ᠂ ᠡᠮ᠂ ᠪᠤᠷᠳᠤᠭ᠎ᠠ ᠶᠢ ᠨᠡᠮᠡᠭᠳᠡᠬᠦᠯᠬᠦ︾᠂ ᠬᠠᠭᠤᠷᠠᠢ ᠲᠠᠷᠢᠶᠠᠨ ᠳᠤ ︽ᠠᠮᠤ  ᠪᠤᠳᠠᠭᠠᠨ ᠤ ᠲᠠᠷᠢᠮᠠᠯ ᠢ ᠪᠠᠭᠠᠰᠬᠠᠵᠤ ᠡᠮ ᠤᠨ ᠮᠠᠲ᠋ᠧᠷᠢᠶᠠᠯ ᠢ ᠶᠡᠭᠡᠰᠭᠡᠬᠦ︾᠂ ᠤᠢ  ᠮᠤᠳᠤᠨ ᠤ ᠵᠠᠪᠰᠠᠷ  ᠲᠤ ᠡᠮ ᠲᠠᠷᠢᠵᠤ ᠴᠡᠴᠡᠭ ᠲᠠᠷᠢᠬᠤ ᠰᠡᠳᠬᠢᠴᠡ ᠪᠠᠷ᠂ ᠲᠠᠷᠢᠵᠤ ᠤᠷᠭᠤᠭᠤᠯᠬᠤ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢ ᠴᠢᠩᠭᠠᠳᠬᠠᠨ᠂ ᠤᠷᠭᠠᠨᠢᠭ ᠢᠳᠡᠰᠢᠨ ᠨᠤᠭᠤᠭ᠎ᠠ᠂   ᠴᠢᠨᠠᠷ ᠰᠠᠶᠢᠳᠠᠢ ᠡᠪᠡᠰᠦᠨ ᠡᠮ  ᠬᠢᠭᠡᠳ ᠲᠡᠵᠢᠬᠡᠯ ᠪᠤᠷᠳᠤᠭᠠᠨ ᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠡᠬᠦᠳᠦᠨ ᠪᠠᠶᠢᠭᠤᠯᠬᠤ ᠭᠡᠷᠡᠭᠳᠡᠢ᠃ ᠢᠳᠡᠰᠢᠨ ᠨᠤᠭᠤᠭ᠎ᠠ ᠲᠠᠷᠢᠬᠤ ᠲᠠᠯᠠᠪᠠᠢ ᠶᠢ 12 ᠲᠦᠮᠡᠨ ᠮᠤ᠋ ᠳᠤ ᠬᠦᠷᠭᠡᠵᠦ᠂ 20 % ᠪᠠᠷ  ᠨᠡᠮᠡᠭᠳᠡᠬᠦᠯᠦᠨ᠂ ᠡᠬᠦᠨ ᠤ ᠲᠤᠳᠤᠷ᠎ᠠ ᠪᠤᠬᠢᠷᠳᠤᠯ ᠦᠬᠡᠢ ᠤᠷᠭᠠᠨᠢᠭ ᠢᠳᠡᠰᠢᠨ ᠨᠤᠭᠤᠭ᠎ᠠ ᠪᠠᠷ ᠰᠢᠯᠭᠠᠨ ᠭᠡᠷᠡᠴᠢᠯᠡᠬᠦᠯᠬᠦ ᠰᠠᠭᠤᠷᠢᠨ ᠭᠠᠵᠠᠷ ᠢ 5000 ᠮᠤ᠋ ᠨᠡᠮᠡᠭᠳᠡᠬᠦᠯᠦᠨ᠎ᠡ᠃200 ᠰᠠᠭᠤᠷᠢ ᠲᠤᠯᠠᠭᠠᠨ ᠬᠦᠯᠡᠮᠵᠢ᠂ 1000 ᠰᠠᠭᠤᠷᠢ ᠰᠦᠯᠢᠶᠤᠤ ᠫᠧᠩ ᠪᠠᠶᠢᠭᠤᠯᠬᠤ ᠶᠢᠨ ᠬᠠᠮᠳᠤ᠂ 30 ᠰᠠᠭᠤᠷᠢ ᠰᠡᠷᠢᠬᠦᠨ ᠬᠦᠮᠦᠷᠭᠡ ᠪᠠᠶᠢᠭᠤᠯᠵᠤ᠂  ᠨᠤᠭᠤᠭ᠎ᠠ ᠬᠠᠳᠠᠭᠠᠯᠠᠬᠤ ᠪᠠᠭᠳᠠᠭᠠᠮᠵᠢ ᠶᠢ 3000 ᠲᠤᠨ ᠨᠡᠮᠡᠭᠳᠡᠬᠦᠯᠦᠨ᠎ᠡ᠃ ᠢᠳᠡᠰᠢᠨ ᠨᠤᠭᠤᠭ᠎ᠠ ᠶᠢ ᠰᠢᠨ᠎ᠡ ᠰᠤᠷᠭᠤᠭ ᠢᠶᠠᠷ ᠬᠠᠳᠠᠭᠠᠯᠠᠬᠤ ᠵᠢᠴᠢ ᠨᠠᠷᠢᠯᠢᠭ ᠡᠳ᠋ᠰᠢᠬᠦᠯᠬᠦ ᠲᠦᠷᠦᠯ ᠵᠦᠢᠯ ᠢ ᠡᠬᠢᠯᠡᠬᠦᠯᠵᠦ᠂  ᠤᠳᠤ ᠪᠠᠶᠢᠭ᠎ᠠ ᠢᠳᠡᠰᠢᠨ ᠨᠤᠭᠤᠭᠠᠨ ᠤ ᠠᠷᠠᠯᠵᠢᠶᠠᠨ ᠤ ᠵᠠᠬ᠎ᠠ ᠲᠡᠯᠬᠡᠬᠦᠷ ᠢ ᠤᠯᠠᠮ ᠴᠢᠨᠠᠭᠰᠢᠳᠠ ᠦᠬᠡᠷᠡᠴᠢᠯᠡᠨ ᠰᠠᠶᠢᠵᠢᠷᠠᠭᠤᠯᠵᠤ᠂  ᠪᠡᠭᠡᠵᠢᠩ ᠲᠢᠶᠠᠨᠵᠢᠨ ᠾᠧᠪᠸᠢ ᠶᠢᠨ ᠲᠤᠰᠬᠠᠢ ᠵᠠᠬ᠎ᠠ ᠵᠡᠬᠡᠯᠢ   ᠲᠠᠢ ᠵᠠᠯᠭᠠᠭᠤᠯᠬᠤ ᠠᠵᠢᠯ ᠢ ᠰᠠᠶᠢᠨ ᠬᠢᠬᠦ ᠭᠡᠷᠡᠭᠳᠡᠢ᠃  ᠡᠷᠳᠡᠨᠢ ᠰᠢᠰᠢ᠂  ᠶᠢᠦᠮᠠᠢ᠂ ᠴᠠᠷᠭᠤᠰᠤ ᠵᠡᠷᠭᠡ ᠴᠢᠨᠠᠷᠯᠢᠭ ᠡᠪᠡᠰᠦ ᠪᠤᠷᠳᠤᠭ᠎ᠠ ᠲᠠᠷᠢᠬᠤ ᠠᠵᠢᠯ ᠢ ᠲᠡᠯᠬᠡᠷᠡᠬᠦᠯᠵᠦ᠂  ᠠᠮᠤ ᠪᠤᠳᠠᠭᠠᠨ ᠤ ᠲᠠᠷᠢᠮᠠᠯ ᠢ ᠲᠡᠵᠢᠬᠡᠯ ᠪᠤᠷᠳᠤᠭᠠᠨ ᠤ ᠲᠠᠷᠢᠮᠠᠯ  ᠪᠤᠯᠭᠠᠬᠤ ᠦᠬᠡᠷᠡᠴᠢᠯᠡᠯᠳᠡ ᠪᠠ ᠲᠠᠷᠢᠵᠤ ᠮᠠᠯᠵᠢᠬᠤ ᠶᠢᠨ ᠤᠶᠠᠯᠳᠤᠯ ᠢ ᠲᠦᠯᠬᠢᠨ ᠠᠬᠢᠭᠤᠯᠵᠤ᠂  ᠡᠪᠡᠰᠦ ᠪᠤᠷᠳᠤᠭᠠᠨ ᠤ ᠰᠠᠭᠤᠷᠢᠨ ᠭᠠᠵᠠᠷ ᠢ 15.7 ᠲᠦᠮᠡᠨ ᠮᠤ᠋ ᠳᠤ ᠬᠦᠷᠭᠡᠨ᠎ᠡ᠃  ᠬᠤᠨᠴᠢᠷ᠂ ᠬᠦᠬᠦᠷᠭᠡᠨ᠎ᠡ ᠶᠢᠨ ᠦᠨᠳᠦᠰᠦ ᠵᠡᠷᠭᠡ  ᠡᠪᠡᠰᠦᠨ ᠡᠮ ᠲᠠᠷᠢᠬᠤ ᠶᠢ ᠵᠤᠷᠢᠭᠵᠢᠭᠤᠯᠵᠤ᠂  ᠲᠠᠷᠢᠬᠤ ᠲᠠᠯᠠᠪᠠᠢ  ᠶᠢ 3 ᠲᠦᠮᠡᠨ ᠮᠤ᠋ ᠲᠠᠪᠠᠭᠤᠯᠬᠤ ᠪᠠᠷ ᠴᠢᠷᠮᠠᠶᠢᠨ᠎ᠠ᠃   ᠤᠢ ᠮᠤᠳᠤᠨ ᠤ ᠵᠠᠪᠰᠠᠷ ᠢ  ᠠᠰᠢᠭᠯᠠᠵᠤ ᠡᠮ ᠤᠨ ᠮᠠᠲ᠋ᠧᠷᠢᠶᠠᠯ ᠪᠠ ᠰᠠᠷᠭᠠᠢ ᠴᠡᠴᠡᠭ᠂ ᠴᠠᠨ᠎ᠠ ᠴᠡᠴᠡᠭ ᠲᠤᠷᠰᠢᠵᠤ ᠲᠠᠷᠢᠬᠤ  ᠠᠵᠢᠯ ᠢ ᠢᠳᠡᠪᠬᠢᠳᠡᠢ ᠦᠷᠨᠢᠬᠦᠯᠦᠨ᠂  ᠲᠠᠷᠢᠶᠠᠯᠠᠭ᠎ᠠ ᠶᠢ ᠵᠤᠭᠰᠤᠭᠠᠵᠤ ᠤᠢ ᠮᠤᠳᠤ ᠶᠢ ᠰᠡᠷᠬᠦᠬᠡᠬᠦ  ᠲᠦᠷᠦᠯ ᠵᠦᠢᠯ ᠤᠨ ᠤᠷᠤᠨ ᠤ ᠶᠡᠷᠦᠩᠬᠡᠶᠢᠯᠡᠭᠰᠡᠨ ᠦᠷ᠎ᠡ ᠠᠰᠢᠭ ᠢ ᠨᠡᠮᠡᠭᠳᠡᠬᠦᠯᠬᠦ ᠭᠡᠷᠡᠭᠳᠡᠢ᠃ ᠲᠠᠯ᠎ᠠ ᠨᠤᠳᠤᠭ ᠠᠷᠢᠬᠢᠨ ᠦᠢᠯᠡᠳᠪᠦᠷᠢ ᠶᠢᠨ ᠠᠵᠤ ᠦᠢᠯᠡᠰ ᠤᠨ ᠭᠡᠯᠬᠢᠶᠡᠰᠦ ᠶᠢ ᠤᠷᠳᠤᠳᠬᠠᠨ᠂ ᠰᠢᠯᠢᠳᠡᠭ ᠲᠦᠷᠦᠯ ᠤᠨ ᠰᠢᠰᠢ ᠲᠠᠷᠢᠬᠤ ᠠᠵᠢᠯ ᠢ ᠲᠤᠷᠰᠢᠵᠤ ᠬᠢᠨ᠎ᠡ᠃ ᠤᠯᠤᠰ  ᠤᠨ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠰᠢᠨ᠎ᠡ ᠶᠢ ᠡᠬᠦᠳᠬᠦ ᠲᠤᠷᠰᠢᠯᠳᠠ ᠶᠢᠨ ᠴᠡᠭ ᠤᠨ ᠲᠦᠷᠦᠯ ᠵᠦᠢᠯ  ᠢ  ᠭᠡᠷᠡᠭᠵᠢᠬᠦᠯᠵᠦ᠂ ᠦᠨᠳᠦᠷ ᠪᠠᠷᠢᠮᠵᠢᠶᠠᠳᠤ ᠶᠠᠮᠠ   ᠶᠢᠨ ᠦᠷ᠎ᠡ ᠲᠠᠷᠢᠬᠤ ᠰᠠᠭᠤᠷᠢᠨ ᠭᠠᠵᠠᠷ 1.7 ᠲᠦᠮᠡᠨ ᠮᠤ᠋ ᠪᠠᠶᠢᠭᠤᠯᠤᠨ᠎ᠠ᠃  ᠠᠵᠤ ᠠᠬᠤᠶᠢᠯᠠᠯ ᠤᠨ ᠨᠡᠷᠡᠳᠦ ᠲᠡᠮᠳᠡᠭ ᠤᠨ ᠪᠠᠶᠢᠭᠤᠯᠤᠯᠳᠠ ᠶᠢ ᠴᠢᠩᠭᠠᠳᠬᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠠᠵᠢᠯ ᠲᠦᠷᠦᠯ ᠤᠨ ᠨᠡᠶᠢᠬᠡᠮᠯᠢᠭ ᠢ ᠲᠦᠷᠦᠯ ᠬᠤᠪᠢᠶᠠᠨ ᠪᠠᠶᠢᠭᠤᠯᠵᠤ᠂ ᠲᠦᠪᠯᠡᠷᠡᠬᠦᠯᠦᠨ ᠪᠠᠶᠢᠭᠤᠯᠬᠤ ᠪᠠ ᠲᠠᠷᠬᠠᠢ ᠡᠵᠡᠩᠨᠡᠬᠦ ᠵᠡᠷᠭᠡ ᠭᠡᠯᠪᠡᠷᠢ ᠪᠠᠷ ᠪᠠᠭ᠎ᠠ ᠵᠢᠵᠢᠭ ᠠᠵᠤ ᠠᠬᠤᠶᠢᠯᠠᠯ ᠤᠨ ᠬᠦᠭᠵᠢᠯᠳᠡ ᠶᠢ ᠲᠠᠶᠢᠴᠢᠯᠠᠨ᠂ ᠤᠨᠴᠠᠯᠢᠭᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠡᠳᠡᠰᠢᠬᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠲᠤᠭᠤᠷᠢᠭ ᠢ ᠲᠦᠯᠦᠪᠵᠢᠬᠦᠯᠦᠨ ᠪᠠᠶᠢᠭᠤᠯᠬᠤ ᠭᠡᠷᠡᠭᠳᠡᠢ᠃ ︽ᠭᠤᠷᠪᠠᠨ ᠪᠦᠳᠦᠭᠡᠭᠳᠡᠬᠦᠨ ᠨᠢᠬᠡ ᠲᠡᠮᠳᠡᠭ︾ ᠤᠨ ᠲᠤᠭ᠎ᠠ ᠬᠡᠮᠵᠢᠶ᠎ᠡ ᠪᠡ ᠶᠠᠰᠤ ᠴᠢᠨᠠᠷ ᠢ ᠤᠯᠠᠮ ᠨᠢᠬᠡ ᠠᠯᠬᠤᠮ  ᠲᠡᠭᠡᠭᠰᠢᠯᠡᠬᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠤᠨ ᠬᠠᠮᠢᠶᠠᠷᠤᠯᠳᠠ ᠶᠢᠨ ᠵᠢᠱᠢᠶ᠎ᠡ ᠦᠵᠡᠬᠦᠯᠵᠦ ᠡᠬᠦᠳᠦᠨ ᠪᠠᠶᠢᠭᠤᠯᠬᠤ ᠠᠵᠢᠯ ᠢ ᠢᠳᠡᠪᠬᠢᠳᠡᠢ ᠦᠷᠨᠢᠬᠦᠯᠦᠨ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ  ᠶᠠᠰᠤ ᠴᠢᠨᠠᠷ ᠢ ᠮᠦᠷᠳᠡᠨ ᠪᠠᠶᠢᠴᠠᠭᠠᠬᠤ ᠰᠢᠰᠲ᠋ᠧᠮ  ᠤᠨ ᠪᠠᠶᠢᠭᠤᠯᠤᠯᠳᠠ ᠶᠢ ᠲᠦᠷᠭᠡᠳᠭᠡᠨ᠎ᠡ᠃ ᠲᠠᠷᠢᠶᠠᠯᠠᠩ ᠮᠠᠯ ᠠᠵᠤ ᠠᠬᠤᠢ᠂ ᠢᠳᠡᠭᠡᠨ ᠡᠮ ᠤᠨ ᠵᠦᠢᠯ ᠬᠢᠨᠠᠨ ᠬᠠᠮᠢᠶᠠᠷᠬᠤ  ᠡᠬᠢ ᠪᠠᠶᠠᠯᠢᠭ ᠢ ᠨᠢᠬᠡᠳᠭᠡᠵᠦ᠂ ᠰᠢᠯᠢ ᠶᠢᠨ ᠭᠤᠤᠯ ᠠᠶᠢᠮᠠᠭ ᠤᠨ ᠡᠮᠦᠨ᠎ᠡ ᠭᠡᠰᠡᠭ ᠤᠨ ᠬᠤᠰᠢᠭᠤ ᠰᠢᠶᠠᠨ ᠤ ᠢᠳᠡᠭᠡᠨ ᠤ ᠵᠦᠢᠯ ᠰᠢᠯᠭᠠᠨ ᠪᠠᠶᠢᠴᠠᠭᠠᠬᠤ ᠲᠦᠪ ᠢ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ  ᠶᠢᠨ ᠦᠢᠯᠡᠳᠪᠦᠷᠢᠯᠡᠯ ᠳᠤ ᠭᠡᠷᠡᠭᠯᠡᠬᠦ ᠡᠬᠢ ᠪᠠᠶᠠᠯᠢᠭ ᠤᠨ ᠬᠢᠨᠠᠯᠳᠠ ᠬᠠᠮᠢᠶᠠᠷᠤᠯᠳᠠ ᠪᠠ ᠬᠠᠤᠯᠢ ᠭᠡᠷᠡᠭᠵᠢᠬᠦᠯᠦᠯᠳᠡ ᠶᠢ ᠡᠷᠴᠢᠮᠵᠢᠬᠦᠯᠵᠦ᠂  ᠢᠳᠡᠰᠢᠨ ᠨᠤᠭᠤᠭᠠᠨ ᠤ ᠲᠠᠷᠢᠶᠠᠨ ᠡᠮ ᠤᠨ ᠰᠢᠯᠭᠠᠨ ᠪᠠᠶᠢᠴᠠᠭᠠᠯᠳᠠ ᠶᠢ ᠴᠢᠩᠭᠠᠳᠬᠠᠨ᠂ ᠠᠮᠢᠳᠠᠨ ᠤ ᠬᠢᠵᠢᠭ ᠭᠡᠮ ᠰᠡᠷᠭᠡᠶᠢᠯᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠬᠦᠨᠳᠦ ᠶᠡᠭᠡ ᠬᠢᠵᠢᠭ ᠭᠡᠮ  ᠢᠯᠡᠷᠡᠬᠦ ᠦᠬᠡᠢ ᠪᠠᠶᠢᠬᠤ ᠶᠢ ᠪᠠᠳᠤᠯᠠᠨ᠎ᠠ᠃     ᠭᠤᠷᠪᠠ ᠳᠤᠨᠢ᠂  ᠦᠢᠯᠡᠴᠢᠯᠡᠭᠡ ᠶᠢ ᠠᠳᠬᠤᠵᠤ᠂  ᠭᠤᠷᠪᠠᠳᠤᠭᠠᠷ ᠠᠵᠤ ᠦᠢᠯᠡᠰ   ᠤᠨ ᠲᠦᠪᠯᠡᠷᠡᠩᠬᠦᠢ ᠬᠦᠭᠵᠢᠯᠳᠡ ᠶᠢ ᠲᠠᠶᠢᠴᠢᠯᠠᠨ᠎ᠠ᠃   ᠪᠡᠭᠡᠵᠢᠩ ᠲᠢᠶᠠᠨᠵᠢᠨ ᠾᠧᠪᠸᠢ ᠠᠴᠠ ᠬᠠᠮᠤᠭ ᠤᠶᠢᠷ᠎ᠠ  ᠲᠠᠯ᠎ᠠ ᠨᠤᠳᠤᠭ ᠤᠨ ᠰᠤᠶᠤᠯ ᠵᠤᠭᠠᠴᠠᠯ ᠤᠨ ᠤᠷᠤᠨ ᠢ ᠪᠠᠶᠢᠭᠤᠯᠬᠤ ᠪᠠᠷ ᠬᠠᠷᠠᠯᠳᠠ ᠪᠤᠯᠭᠠᠨ᠂ ︽ ᠮᠢᠬ᠎ᠠ᠂ ᠠᠷᠢᠬᠢ᠂ ᠲᠤᠰᠤ᠂  ᠨᠤᠭᠤᠭ᠎ᠠ᠂ ᠡᠮ᠂ ᠵᠤᠭᠠᠴᠠᠯ︾  ᠲᠠᠪᠠᠭᠤᠯᠢᠭ ᠤᠨᠴᠠᠯᠢᠭᠳᠤ ᠠᠵᠤ ᠦᠢᠯᠡᠰ ᠤᠨ ᠲᠤᠭᠤᠷᠢᠨ ᠳᠤ᠂  ᠲᠠᠯ᠎ᠠ ᠨᠤᠳᠤᠭ ᠤᠨ ᠵᠤᠭᠠᠴᠠᠯ ᠢᠶᠠᠷ ᠭᠤᠤᠯ ᠪᠤᠯᠭᠠᠵᠤ᠂ ᠲᠠᠷᠢᠶᠠᠯᠠᠩ ᠠᠵᠤ ᠦᠢᠯᠡᠳᠪᠦᠷᠢ ᠶᠢᠨ ᠵᠤᠭᠠᠴᠠᠯ᠂ ᠬᠤᠪᠢᠰᠬᠠᠯ  ᠤᠨ ᠬᠠᠭᠤᠴᠢᠨ ᠤᠷᠤᠨ ᠤ ᠵᠤᠭᠠᠴᠠᠯ᠂ ᠬᠦᠳᠡᠭᠡ ᠲᠤᠰᠬᠤᠨ ᠤ ᠵᠤᠭᠠᠴᠠᠯ ᠢᠶᠠᠷ ᠨᠦᠬᠦᠪᠦᠷᠢᠯᠡᠬᠦᠯᠦᠭᠰᠡᠨ ᠪᠦᠬᠦ  ᠬᠤᠰᠢᠭᠤ ᠨᠤᠳᠤᠭ ᠤᠨ ᠴᠢᠨᠠᠷᠳᠠᠢ ᠲᠤᠮᠤ ᠵᠤᠭᠠᠴᠠᠯ ᠤᠨ ᠭᠡᠪ ᠪᠠᠶᠢᠳᠠᠯ ᠢ  ᠰᠠᠶᠢᠳᠤᠷ ᠲᠦᠯᠦᠪᠵᠢᠬᠦᠯᠬᠦ ᠭᠡᠷᠡᠭᠳᠡᠢ᠃ ᠬᠦᠸᠧ ᠮᠠ ᠰᠢᠨᠵᠢᠯᠡᠭᠡ ᠮᠡᠷᠭᠡᠵᠢᠯ ᠰᠤᠶᠤᠯ ᠵᠢᠭᠤᠯᠴᠢᠯᠠᠯ ᠤᠨ ᠺᠤᠮᠫᠠᠨᠢ   ᠶᠢᠨ ᠬᠠᠭᠠᠨ ᠤ  ᠠᠳᠤᠭᠤᠨ ᠵᠤᠰᠠᠭᠠᠯ ᠦᠵᠡᠮᠵᠢ ᠶᠢᠨ ᠤᠷᠤᠨ ᠢ ᠴᠢᠨᠠᠭᠰᠢᠳᠠ ᠬᠦᠭᠵᠢᠬᠦᠯᠬᠦ ᠳᠤ ᠲᠡᠮᠵᠢᠯᠬᠡ ᠦᠵᠡᠬᠦᠯᠵᠦ᠂  ᠮᠤᠷᠢᠨ ᠤᠷᠤᠯᠳᠤᠭᠠᠨ ᠤ ᠲᠠᠯᠠᠪᠠᠢ᠂ ᠠᠳᠤᠭᠤᠨ ᠤ ᠡᠮᠨᠡᠯᠬᠡ ᠶᠢᠨ ᠭᠠᠵᠠᠷ᠂ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠤᠭᠤᠷᠢᠭ ᠵᠡᠷᠭᠡ ᠰᠠᠭᠤᠷᠢ ᠲᠦᠬᠦᠭᠡᠷᠦᠮᠵᠢ ᠶᠢ ᠪᠠᠶᠢᠭᠤᠯᠵᠤ᠂ ᠡᠨᠡ ᠵᠢᠯ ᠳᠡᠭᠡᠨ ᠠᠰᠢᠭᠯᠠᠯᠳᠠ ᠳᠤ ᠤᠷᠤᠭᠤᠯᠬᠤ ᠪᠠᠷ  ᠴᠢᠷᠮᠠᠶᠢᠨ᠂ ᠠᠳᠤᠭᠤᠨ  ᠤ ᠬᠢᠵᠢᠭ ᠭᠡᠮ ᠰᠢᠯᠭᠠᠨ ᠪᠠᠶᠢᠴᠠᠭᠠᠬᠤ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠬᠢᠨᠠᠨ ᠵᠦᠪᠰᠢᠶᠡᠷᠡᠬᠦᠯᠵᠦ᠂ ᠤᠯᠤᠰ ᠤᠨ 5A ᠲᠡᠰ ᠤᠨ ᠦᠵᠡᠮᠵᠢᠳᠦ ᠤᠷᠤᠨ ᠢ ᠪᠦᠬᠦ ᠬᠦᠴᠦᠨ ᠢᠶᠠᠷ ᠡᠬᠦᠳᠦᠨ ᠪᠠᠶᠢᠭᠤᠯᠤᠨ᠎ᠠ᠃ ᠲᠢᠶᠠᠨᠵᠢᠨ  ᠤ ᠰᠢᠨ ᠭᠠᠩ᠂ ᠲᠠᠯ᠎ᠠ ᠨᠤᠳᠤᠭ ᠤᠨ ᠸᠠᠨ ᠬᠤᠸᠠ ᠵᠡᠷᠭᠡ ᠬᠦᠴᠦᠷᠭᠡᠭ ᠠᠵᠤ ᠠᠬᠤᠶᠢᠯᠠᠯ ᠲᠠᠢ ᠬᠤᠯᠪᠤᠭᠠᠯᠠᠨ᠂ ᠨᠡᠩ ᠤᠯᠠᠨ ᠵᠤᠭᠠᠴᠠᠯ ᠤᠨ ᠲᠦᠷᠦᠯ ᠵᠦᠢᠯ ᠢ ᠤᠯᠵᠤ ᠭᠡᠷᠡᠭᠵᠢᠬᠦᠯᠦᠨ᠎ᠡ᠃  ᠫᠤᠤᠲ᠋ᠠᠶᠢᠶ᠋ᠢᠩᠽᠢ ᠠᠳᠤᠭᠤᠳᠤ ᠪᠠᠯᠭᠠᠰᠤ᠂ 176 ᠲᠠᠷᠢᠶᠠᠯᠠᠬᠤ ᠰᠤᠶᠤᠯ ᠤᠨ ᠬᠦᠷᠢᠶᠡᠯᠡᠩ᠂  ᠪᠦᠷᠳᠡ ᠴᠢᠨ᠋ᠸ᠎ᠠ ᠵᠤᠭᠠᠴᠠᠯ ᠤᠨ ᠭᠠᠵᠠᠷ᠂ ᠱᠤᠤ ᠡᠯ ᠴᠢᠤᠸᠠᠨ ᠤᠨᠴᠠᠯᠢᠭᠳᠤ ᠲᠤᠰᠬᠤᠨ᠂ ᠪᠢᠶᠠᠨ ᠴᠢᠶᠠᠩ ᠠᠮᠢ ᠠᠬᠤᠢ ᠶᠢᠨ ᠵᠤᠭᠠᠴᠠᠯ ᠤᠨ ᠲᠤᠰᠬᠤᠨ᠂ ᠬᠤᠶᠢᠳᠤ ᠸᠠᠶᠤᠤ ᠦᠨᠳᠦᠰᠦᠳᠡᠨ ᠤ ᠤᠨᠴᠠᠯᠢᠭᠳᠤ ᠭᠠᠴᠠᠭ᠎ᠠ ᠵᠡᠷᠭᠡ ᠵᠡᠷᠭᠡ ᠵᠤᠭᠠᠴᠠᠯ ᠤᠨ  ᠰᠢᠯᠢᠳᠡᠭ ᠲᠦᠷᠦᠯ ᠵᠦᠢᠯ ᠢ ᠦᠷᠬᠦᠯᠵᠢᠯᠡᠨ ᠠᠬᠢᠭᠤᠯᠵᠤ᠂ ᠲᠦᠷᠢᠮᠵᠢᠭᠰᠡᠨ ᠮᠠᠯᠴᠢᠨ ᠲᠠᠷᠢᠶᠠᠴᠢᠨ ᠡᠷᠦᠬᠡ ᠶᠢᠨ ᠵᠤᠭᠠᠴᠠᠯ ᠢ ᠨᠡᠶᠢᠳᠡ ᠵᠠᠭᠤᠨ ᠡᠷᠦᠬᠡ ᠠᠴᠠ ᠲᠠᠪᠠᠭᠤᠯᠤᠨ᠎ᠠ᠃  ᠵᠤᠭᠠᠴᠠᠯ ᠤᠨ ᠵᠠᠰᠠᠮᠠᠯ ᠵᠠᠮ᠂ ᠲᠡᠷᠭᠡᠨ ᠵᠤᠭᠰᠤᠭᠠᠯ᠂ ᠲᠡᠮᠳᠡᠭ ᠢᠯᠡᠷᠭᠡᠶᠢᠯᠡᠯ ᠵᠡᠷᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠵᠤᠭᠠᠴᠠᠯ  ᠳᠤ ᠭᠡᠷᠡᠭᠯᠡᠬᠦ ᠵᠤᠷᠯᠤᠩ 33 ᠶᠢ ᠪᠠᠶᠢᠭᠤᠯᠤᠨ  ᠂  ᠵᠤᠭᠠᠴᠠᠯ ᠤᠨ ᠭᠠᠵᠠᠷ ᠤᠷᠤᠨ ᠳᠤ ᠨᠡᠶᠢᠳᠡᠮ ᠪᠦᠷᠬᠦᠬᠦᠯᠦᠨ᠎ᠡ᠃  ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠᠷ ᠲᠤᠬᠢᠶᠠᠯ ᠪᠤᠯᠭᠠᠨ᠂ ᠲᠠᠪᠤᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠲᠠᠯ᠎ᠠ ᠨᠤᠳᠤᠭ ᠤᠨ ᠬᠠᠭᠠᠨ ᠤ ᠠᠳᠤᠭᠤᠨ ᠰᠤᠶᠤᠯ ᠤᠨ ᠨᠠᠶᠢᠷ ᠵᠡᠷᠭᠡ  ᠬᠦᠳᠡᠯᠪᠦᠷᠢ ᠠᠵᠢᠯᠯᠠᠭ᠎ᠠ ᠶᠢ  ᠡᠷᠬᠢᠯᠡᠨ᠎ᠡ᠃  ᠵᠤᠭᠠᠴᠠᠯ ᠤᠨ ᠤᠯᠠᠷᠢᠯ ᠳᠠᠬᠢ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠵᠤ᠂ ᠪᠤᠯᠪᠠᠰᠤᠨ ᠪᠤᠰᠤ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠰᠢᠳᠭᠡᠨ ᠵᠠᠯᠬᠠᠭᠠᠵᠤ᠂  ᠪᠤᠯᠪᠠᠰᠤᠨ ᠶᠤᠰᠤᠷᠬᠠᠭ ᠲᠦᠷᠢ ᠲᠦᠷᠬᠦ ᠶᠢ ᠱᠤᠭᠤᠬᠤ ᠭᠡᠷᠡᠭᠳᠡᠢ᠃  ᠲᠠᠯ᠎ᠠ ᠨᠤᠳᠤᠭ  ᠬᠠᠷ᠎ᠠ ᠠᠷᠢᠬᠢ᠂ ᠬᠦᠸᠧ ᠮᠠ᠂  ᠱᠧᠩ ᠲᠠᠢ ᠡᠯ᠂  ᠬᠤᠩ ᠵᠢᠩ ᠶᠤᠸᠠᠨ᠂ ᠪᠠᠢ ᠾᠦᠢ ᠱᠧᠩ ᠵᠡᠷᠭᠡ ᠲᠠᠭᠠᠭᠤᠯᠤᠭᠴᠢ ᠠᠵᠤ ᠠᠬᠤᠶᠢᠯᠠᠯ ᠤᠨ ᠦᠪᠡᠷ ᠦᠪᠡᠷ ᠤᠨ ᠤᠨᠴᠠᠯᠢᠭ ᠠᠴᠠ ᠪᠠᠨ ᠡᠬᠦᠰᠴᠦ᠂  ᠠᠵᠤ ᠦᠢᠯᠡᠳᠪᠦᠷᠢ ᠶᠢᠨ ᠵᠤᠭᠠᠴᠠᠯ  ᠡᠷᠬᠢᠯᠡᠬᠦ ᠶᠢ ᠨᠢ ᠵᠤᠷᠢᠭᠵᠢᠭᠤᠯᠤᠨ᠎ᠠ᠃ ᠡᠯᠧᠺᠲᠷᠤᠨ ᠬᠤᠳᠠᠯᠳᠤᠭ᠎ᠠ᠂ ᠶᠠᠳᠠᠭᠤ ᠶᠢ  ᠲᠡᠳᠬᠦᠬᠦ᠂ ᠲᠠᠷᠢᠶᠠᠯᠠᠩ ᠮᠠᠯ ᠠᠵᠤ ᠠᠬᠤᠢ᠂ ᠵᠤᠭᠠᠴᠠᠯ ᠵᠡᠷᠭᠡ ᠰᠠᠯᠠᠭ᠎ᠠ ᠮᠦᠴᠢᠷ ᠤᠨ ᠡᠬᠢ ᠪᠠᠶᠠᠯᠢᠭ ᠢ ᠬᠠᠮᠳᠤᠳᠬᠠᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠭᠠᠴᠠᠭ᠎ᠠ ᠲᠤᠰᠬᠤᠨ ᠳᠤ ᠤᠷᠤᠬᠤ᠂ ᠠᠵᠤ ᠠᠬᠤᠶᠢᠯᠠᠯ ᠳᠤ ᠤᠷᠤᠬᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠭᠡᠳᠭᠡᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠨᠡᠶᠢᠳᠡ  ᠶᠢᠨ ᠦᠢᠯᠡᠴᠢᠯᠡᠭᠡ ᠶᠢᠨ ᠲᠦᠪ ᠶᠢ ᠪᠠᠶᠢᠭᠤᠯᠤᠨ᠂  ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠤᠷᠤᠭᠤᠯᠬᠤ ᠤᠯᠤᠰ ᠤᠨ ᠲᠡᠰ ᠤᠨ ᠵᠢᠱᠢᠶ᠎ᠡ ᠦᠵᠡᠬᠦᠯᠬᠦ ᠲᠦᠷᠦᠯ ᠵᠦᠢᠯ ᠢ ᠤᠯᠬᠤ ᠪᠠᠷ ᠴᠢᠷᠮᠠᠶᠢᠨ᠎ᠠ᠃ ᠮᠦᠩᠬᠦᠨ ᠬᠦᠢᠯᠬᠡᠬᠡᠨ ᠤ ᠦᠢᠯᠡᠴᠢᠯᠡᠭᠡ ᠶᠢᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠪᠡᠯᠡ  ᠬᠤᠷᠠᠮᠳᠤᠭᠤᠯᠬᠤ ᠪᠠᠳᠤᠯᠠᠭᠠᠨ ᠤ ᠪᠠᠶᠢᠭᠤᠯᠤᠮᠵᠢ ᠶᠢ ᠪᠠᠶᠢᠭᠤᠯᠤᠨ᠂  ᠲᠤᠮᠳᠠ ᠪᠠᠭ᠎ᠠ ᠵᠢᠵᠢᠭ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠪᠡᠯᠡ  ᠬᠤᠷᠠᠮᠳᠤᠭᠤᠯᠬᠤ ᠳᠤ ᠬᠦᠴᠢᠷ᠂ ᠵᠢᠬᠡᠯᠡᠯᠬᠡ ᠠᠪᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ  ᠴᠢᠷᠮᠠᠶᠢᠨ᠎ᠠ᠃  ᠲᠤᠮᠤ ᠳ᠋ᠠᠶᠢᠲ᠋ᠠ ᠶᠢᠨ ᠠᠵᠤ ᠦᠢᠯᠡᠰ ᠤᠨ ᠲᠤᠭᠤᠷᠢᠭ  ᠢ ᠱᠠᠯᠠᠪᠳᠠᠨ ᠪᠠᠶᠢᠭᠤᠯᠵᠤ᠂ ︽ᠢᠨᠲ᠋ᠧᠷ ᠰᠦᠯᠵᠢᠶ᠎ᠡ +︾ ᠵᠠᠭᠪᠤᠷ ᠢ  ᠬᠦᠴᠦ ᠲᠠᠯᠪᠢᠵᠤ ᠬᠦᠭᠵᠢᠬᠦᠯᠦᠨ  ᠂ ᠲᠤᠮᠤ ᠳ᠋ᠠᠶᠢᠲ᠋ᠠ ᠶᠢᠨ ᠲᠦᠷᠦᠯ ᠵᠦᠢᠯ ᠤᠨ ᠭᠡᠷᠡᠭᠯᠡᠯᠳᠡ ᠶᠢ ᠯᠠᠪᠳᠠᠭᠤᠨ ᠢᠶᠠᠷ ᠠᠬᠢᠭᠤᠯᠤᠨ᠂  ᠰᠢᠨ᠎ᠡ ᠡᠵᠡᠩᠨᠡᠯᠳᠡ ᠶᠢᠨ ᠬᠡᠯᠪᠡᠷᠢ ᠶᠢ ᠪᠤᠶᠢᠵᠢᠭᠤᠯᠤᠨ᠎ᠠ᠃     ᠠᠷᠠᠯᠵᠢᠶᠠᠴᠢᠨ ᠤᠷᠢᠵᠤ ᠪᠡᠯᠡ  ᠤᠷᠤᠭᠤᠯᠬᠤ ᠠᠵᠢᠯ ᠤᠨ  ᠪᠦᠳᠦᠮᠵᠢᠳᠦ ᠴᠢᠨᠠᠷ ᠢ ᠴᠢᠩᠭᠠᠳᠬᠠᠨ᠂ ᠲᠡᠭᠡᠳᠦ ᠰᠢᠨ᠎ᠡ ᠮᠡᠷᠭᠡᠵᠢᠯ ᠤᠨ ᠤᠷᠤᠨ ᠲᠤᠭᠤᠷᠢᠭ ᠪᠠ ᠲᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠦᠳᠦᠬᠡᠬᠦ  ᠤᠷᠤᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠡᠬᠦᠯᠳᠡᠷᠵᠢᠬᠦᠯᠵᠦ᠂  ᠪᠡᠭᠡᠵᠢᠩ ᠲᠠᠶᠢᠹᠤᠰᠧ ᠤᠨ ᠠᠵᠤ ᠠᠬᠤᠢ ᠶᠢᠨ ᠠᠵᠢᠯ ᠤᠨ ᠬᠤᠯᠪᠤᠭ᠎ᠠ ᠠᠪᠬᠤ ᠠᠯᠪᠠᠨ ᠭᠡᠷ ᠤᠨ ᠬᠦᠬᠦᠷᠭᠡ ᠬᠤᠯᠪᠤᠭᠠᠰᠤ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂  ᠪᠦᠬᠦ ᠵᠢᠯ ᠤᠨ ᠠᠷᠠᠯᠵᠢᠶᠠᠴᠢᠨ ᠤᠷᠢᠵᠤ ᠪᠡᠯᠡ  ᠤᠷᠤᠭᠤᠯᠬᠤ ᠬᠡᠮᠵᠢᠶ᠎ᠡ  ᠶᠢ  20 ᠳ᠋ᠦᠩᠰᠢᠭᠤᠷ ᠲᠦᠬᠦᠷᠢᠭ ᠲᠠᠪᠠᠭᠤᠯᠬᠤ ᠪᠠᠷ ᠴᠢᠷᠮᠠᠶᠢᠨ᠎ᠠ᠃      ︵ᠬᠤᠶᠠᠷ︶  ︽ᠵᠠᠰᠠᠯᠳᠠ︾   ᠶᠢᠨ ᠲᠤᠭᠤᠷᠢᠨ ᠳᠤ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ  ᠶᠢᠨ ᠲᠤᠳᠠᠭᠤᠳᠠᠯ   ᠢ ᠲᠦᠷᠭᠡᠨ ᠨᠦᠬᠦᠪᠦᠷᠢᠯᠡᠨ᠎ᠡ᠃         ᠬᠤᠳᠠ ᠪᠠᠯᠭᠠᠰᠤ ᠶᠢ ᠵᠠᠰᠠᠵᠤ ᠨᠦᠬᠦᠪᠦᠷᠢᠯᠡᠬᠦ᠂ ᠠᠮᠢ  ᠠᠬᠤᠢ‌ᠵᠢ ᠵᠠᠰᠠᠵᠤ ᠰᠡᠷᠬᠦᠬᠡᠬᠦ ᠪᠠ ᠰᠠᠭᠤᠷᠢ ᠲᠦᠬᠦᠭᠡᠷᠦᠮᠵᠢ ᠶᠢ ᠵᠠᠰᠠᠵᠤ ᠪᠠᠶᠢᠭᠤᠯᠬᠤ ᠪᠠᠷ ᠭᠤᠤᠯᠳᠠᠯᠭ᠎ᠠ ᠪᠤᠯᠭᠠᠨ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠭᠡᠷᠦᠮᠵᠢ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠪᠡ ᠪᠤᠤᠴᠠᠩ ᠪᠠᠯᠭᠠᠰᠤᠨ ᠤ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠲᠡᠰ ᠲᠡᠪᠰᠢᠬᠦᠯᠬᠦ ᠢᠨᠵᠧᠨᠧᠷᠢᠩ ᠢ ᠨᠠᠷᠢᠨ ᠨᠢᠮᠪᠠᠢ ᠭᠡᠷᠡᠭᠵᠢᠬᠦᠯᠵᠦ᠂ ᠠᠷᠠᠳ ᠲᠦᠮᠡᠨ ᠳᠤ ᠨᠡᠩ ᠰᠠᠶᠢᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠬᠠᠩᠭᠠᠬᠤ ᠭᠡᠷᠡᠭᠳᠡᠢ᠃   ᠬᠤᠳᠠ ᠪᠠᠯᠭᠠᠰᠤᠨ ᠤ  ︽ᠲᠠᠪᠤᠵᠢᠭᠤᠯᠤᠯᠳᠠ︾ ᠶᠢᠨ ᠢᠨᠵᠧᠨᠧᠷᠢᠩ ᠢ ᠰᠠᠶᠢᠳᠤᠷ ᠭᠡᠷᠡᠭᠵᠢᠬᠦᠯᠬᠦ ᠭᠡᠷᠡᠭᠳᠡᠢ᠃  ᠡᠨᠡ ᠵᠢᠯ ᠪᠤᠤᠴᠠᠩ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ 6 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠵᠤ᠂ ᠬᠤᠳᠠ ᠶᠢᠨ ᠰᠠᠭᠤᠷᠢ ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠬᠢᠷᠢ ᠲᠦᠪᠰᠢᠨ ᠢ ᠬᠦᠴᠦ ᠲᠠᠯᠪᠢᠵᠤ ᠲᠡᠭᠡᠭᠰᠢᠯᠡᠬᠦᠯᠦᠨ᠎ᠡ᠃ ᠬᠠᠳᠠᠭᠤᠷᠠᠭᠤᠯᠬᠤ ᠢᠨᠵᠧᠨᠧᠷᠢᠩ ᠳᠤ 1.33  ᠳ᠋ᠦᠩᠰᠢᠭᠤᠷ ᠲᠦᠬᠦᠷᠢᠭ ᠤᠷᠤᠭᠤᠯᠵᠤ᠂  ᠪᠠᠭ᠎ᠠ ᠵᠡᠭᠡᠯᠢ ᠭᠤᠳᠤᠮᠵᠢ ᠶᠢᠨ ᠬᠠᠳᠠᠭᠤᠷᠠᠭᠤᠯᠤᠯᠳᠠ 7 ᠺᠢᠯᠤᠮᠧᠲᠷ᠂  ᠭᠤᠤᠯ ᠵᠡᠭᠡᠯᠢ ᠶᠢᠨ ᠬᠠᠵᠠᠭᠤ ᠳᠠᠬᠢ ᠬᠠᠳᠠᠭᠤᠷᠠᠭᠤᠯᠤᠯᠳᠠ 11 ᠲᠦᠮᠡᠨ ᠬᠠᠪᠳᠠᠭᠠᠢ ᠲᠦᠷᠪᠡᠯᠵᠢᠨ ᠮᠧᠲᠷ᠂  ᠭᠤᠤᠯ ᠵᠠᠮ ᠤᠨ ᠬᠠᠳᠠᠭᠤᠷᠠᠭᠤᠯᠤᠯᠳᠠ 21 ᠺᠢᠯᠤᠮᠧᠲᠷ ᠢ ᠪᠡᠶᠡᠯᠡᠬᠦᠯᠵᠦ᠂  ᠴᠠᠷᠳᠠᠮᠠᠯ ᠵᠠᠮ 7.6 ᠺᠢᠯᠤᠮᠧᠲᠷ ᠵᠠᠰᠠᠨ᠎ᠠ᠃  ᠨᠤᠭᠤᠭᠠᠷᠠᠭᠤᠯᠤᠯᠳᠠ ᠶᠢᠨ ᠢᠨᠵᠧᠨᠧᠷᠢᠩ ᠳᠤ 2.6 ᠳ᠋ᠦᠩᠰᠢᠭᠤᠷ ᠲᠦᠬᠦᠷᠢᠭ ᠤᠷᠤᠭᠤᠯᠵᠤ᠂  ᠪᠤᠤᠴᠠᠩ ᠪᠠᠯᠭᠠᠰᠤᠨ ᠤ ᠨᠠᠮᠤᠭ ᠭᠠᠵᠠᠷ ᠤᠨ ᠴᠡᠴᠡᠷᠯᠢᠭ ᠤᠨ ᠨᠢᠬᠡᠳᠦᠭᠡᠷ ᠬᠤᠭᠤᠴᠠᠭᠠᠨ ᠤ ᠢᠨᠵᠧᠨᠧᠷᠢᠩ᠂ ᠬᠠᠭᠤᠴᠢᠨ ᠲᠤᠭᠤᠷᠢᠭ ᠤᠨ ᠠᠭᠤᠳᠠᠮ ᠲᠠᠯᠠᠪᠠᠢ ᠶᠢᠨ ᠢᠨᠵᠧᠨᠧᠷᠢᠩ ᠢ  ᠭᠡᠷᠡᠭᠵᠢᠬᠦᠯᠵᠦ ᠡᠬᠢᠯᠡᠨ᠂  ᠰᠤᠶᠤᠯ ᠤᠨ ᠠᠭᠤᠳᠠᠮ ᠲᠠᠯᠠᠪᠠᠢ ᠶᠢᠨ ᠡᠪᠳᠡᠭᠳᠡᠭᠰᠡᠨ ᠲᠦᠬᠦᠭᠡᠷᠦᠮᠵᠢ ᠶᠢ ᠰᠡᠯᠪᠢᠨ ᠵᠠᠰᠠᠵᠤ᠂ ᠵᠠᠮ ᠤᠨ  ᠬᠠᠵᠠᠭᠤ᠂ ᠰᠠᠭᠤᠭᠠᠯᠢ ᠲᠤᠭᠤᠷᠢᠭ ᠵᠢᠴᠢ ᠪᠠᠶᠢᠭᠤᠯᠭ᠎ᠠ ᠨᠢᠬᠡᠴᠡ ᠶᠢᠨ ᠬᠦᠷᠢᠶ᠎ᠡ  ᠬᠠᠰᠢᠶᠠᠨ ᠤ ᠨᠤᠭᠤᠭᠠᠷᠠᠭᠤᠯᠤᠯᠳᠠ ᠶᠢ ᠬᠢᠨ᠎ᠡ᠃ ᠭᠤᠶᠤᠵᠢᠭᠤᠯᠤᠯᠳᠠ  ᠶᠢᠨ ᠢᠨᠵᠧᠨᠧᠷᠢᠩ ᠳᠤ 6240 ᠲᠦᠮᠡᠨ ᠲᠦᠬᠦᠷᠢᠭ ᠤᠷᠤᠭᠤᠯᠵᠤ᠂  ᠨᠤᠤᠷᠠᠩᠬᠠᠢ ᠤᠷᠤᠨ ᠰᠠᠭᠤᠴᠠᠳᠤ ᠲᠤᠭᠤᠷᠢᠭ ᠤᠨ ᠦᠬᠡᠷᠡᠴᠢᠯᠡᠯᠳᠡ ᠲᠠᠢ ᠤᠶᠠᠯᠳᠤᠭᠤᠯᠤᠨ᠂ ᠪᠤᠤᠴᠠᠩ ᠤᠨ ᠬᠤᠶᠢᠳᠤ ᠵᠠᠬ᠎ᠠ   ᠶᠢᠨ 3.5 ᠺᠢᠯᠤᠮᠧᠲᠷ  ᠵᠠᠮ ᠵᠡᠬᠡᠯᠢ   ᠳᠤ ᠦᠬᠡᠷᠡᠴᠢᠯᠡᠯᠳᠡ ᠬᠢᠨ᠎ᠡ᠃  ᠭᠡᠭᠡᠷᠡᠬᠦᠯᠦᠯᠳᠡ ᠶᠢᠨ ᠢᠨᠵᠧᠨᠧᠷᠢᠩ ᠳᠤ 1152 ᠲᠦᠮᠡᠨ ᠲᠦᠬᠦᠷᠢᠭ ᠤᠷᠤᠭᠤᠯᠵᠤ᠂  ᠵᠡᠬᠡᠯᠢ ᠭᠤᠳᠤᠮᠵᠢ ᠳᠤ 728 ᠵᠠᠮ ᠤᠨ ᠳ᠋ᠧᠩ  ᠤᠭᠰᠠᠷᠠᠨ᠎ᠠ᠃  ᠠᠷᠢᠭᠤᠨ ᠴᠡᠪᠡᠷ  ᠤᠨ ᠢᠨᠵᠧᠨᠧᠷᠢᠩ ᠳᠤ 1.09 ᠳ᠋ᠦᠩᠰᠢᠭᠤᠷ ᠲᠦᠬᠦᠷᠢᠭ ᠤᠷᠤᠭᠤᠯᠵᠤ᠂ ᠵᠡᠬᠡᠯᠢ ᠭᠤᠳᠤᠮᠵᠢ ᠳᠤ 7 ᠺᠢᠯᠤᠮᠧᠲᠷ ᠪᠤᠬᠢᠷ ᠤᠰᠤ ᠭᠠᠳᠠᠭᠰᠢᠯᠠᠭᠤᠯᠬᠤ  ᠭᠤᠤᠷᠰᠤ ᠤᠭᠰᠠᠷᠠᠨ᠂ ᠤᠰᠤ ᠬᠠᠩᠭᠠᠵᠤ ᠭᠠᠳᠠᠭᠰᠢᠯᠠᠭᠤᠯᠬᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠲᠦᠷᠦᠯ ᠵᠦᠢᠯ ᠢ ᠭᠡᠷᠡᠭᠵᠢᠬᠦᠯᠵᠦ᠂  ᠴᠡᠪᠡᠷᠰᠢᠬᠦᠯᠦᠭᠰᠡᠨ ᠤᠰᠤᠨ ᠤ ᠬᠤᠭᠤᠯᠠᠢ 21 ᠺᠢᠯᠤᠮᠧᠲᠷ ᠤᠭᠰᠠᠷᠠᠨ᠂ 1 ᠰᠠᠭᠤᠷᠢ ᠤᠰᠤᠨ ᠤ ᠦᠢᠯᠡᠳᠪᠦᠷᠢ ᠶᠢ  ᠰᠢᠨ᠎ᠡ ᠪᠠᠷ ᠪᠠᠶᠢᠭᠤᠯᠵᠤ᠂  ᠤᠰᠤ ᠪᠠᠷ ᠵᠠᠶᠢᠯᠠᠬᠤ  ᠨᠡᠶᠢᠳᠡ ᠶᠢᠨ ᠵᠤᠷᠯᠤᠩ  5 ᠰᠠᠭᠤᠷᠢ  ᠪᠠᠶᠢᠭᠤᠯᠤᠨ᠂  ᠬᠤᠭ ᠨᠤᠪᠰᠢ ᠶᠢᠨ ᠬᠠᠶᠢᠷᠴᠠᠭ 600 ᠶᠢ ᠨᠡᠮᠡᠭᠳᠡᠬᠦᠯᠦᠨ᠎ᠡ᠃  ᠡᠬᠦᠨ ᠤ ᠬᠠᠮᠳᠤ᠂ 1500 ᠲᠦᠮᠡᠨ ᠲᠦᠬᠦᠷᠢᠭ ᠤᠨ ᠪᠡᠯᠡ  ᠤᠷᠤᠭᠤᠯᠵᠤ᠂ 8 ᠰᠠᠭᠤᠷᠢ ᠬᠠᠭᠤᠴᠢᠨ ᠰᠠᠭᠤᠭᠠᠯᠢ ᠲᠤᠭᠤᠷᠢᠭ ᠤᠨ ᠵᠠᠮ ᠪᠠ ᠰᠠᠭᠤᠷᠢ ᠲᠦᠬᠦᠭᠡᠷᠦᠮᠵᠢ ᠶᠢ  ᠰᠠᠶᠢᠵᠢᠷᠠᠭᠤᠯᠤᠨ᠎ᠠ᠃  ︽ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ ᠶᠢᠨ ᠠᠷᠭ᠎ᠠ︾ ᠶᠢ ᠲᠤᠭᠳᠠᠭᠠᠵᠤ᠂  ᠠᠳᠠᠯ ᠠᠬᠤᠢ  ᠶᠢᠨ ᠬᠠᠮᠢᠶᠠᠷᠤᠯᠳᠠ ᠶᠢᠨ ᠲᠦᠪᠰᠢᠨ ᠢ ᠪᠦᠬᠦ ᠲᠠᠯᠠᠪᠠᠷ ᠲᠦᠷᠢᠮᠵᠢᠬᠦᠯᠵᠦ ᠲᠡᠭᠡᠭᠰᠢᠯᠡᠬᠦᠯᠦᠨ᠎ᠡ᠃ ᠱᠧᠩᠵᠧᠨ ᠤ ᠡᠨᠧᠷᠬᠢ ᠶᠢᠨ ᠠᠵᠤ ᠦᠢᠯᠡᠰ ᠤᠨ 2×25MW ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠢ ᠲᠦᠯᠬᠢᠨ ᠠᠬᠢᠭᠤᠯᠵᠤ᠂ 5 ᠰᠠᠷ᠎ᠠ ᠳᠤ ᠪᠦᠳᠦᠭᠡᠨ ᠪᠠᠶᠢᠭᠤᠯᠤᠯᠳᠠ ᠡᠬᠢᠯᠡᠬᠦ ᠶᠢ ᠪᠠᠳᠤᠯᠠᠨ᠎ᠠ᠃ 1000 ᠲᠦᠮᠡᠨ ᠲᠦᠬᠦᠷᠢᠭ  ᠤᠨ ᠪᠡᠯᠡ  ᠤᠷᠤᠭᠤᠯᠵᠤ᠂ 2.3 ᠺᠢᠯᠤᠮᠧᠲᠷ ᠢᠯᠴᠢ ᠬᠠᠩᠭᠠᠬᠤ ᠬᠤᠭᠤᠯᠠᠢ ᠶᠢ ᠦᠬᠡᠷᠡᠴᠢᠯᠡᠨ ᠰᠠᠶᠢᠵᠢᠷᠠᠭᠤᠯᠵᠤ᠂ ᠢᠯᠴᠢ ᠰᠤᠯᠢᠭᠳᠠᠭᠤᠯᠬᠤ ᠦᠷᠳᠡᠭᠡ 4 ᠰᠠᠭᠤᠷᠢ  ᠪᠠᠶᠢᠭᠤᠯᠤᠨ᠎ᠠ᠃ ᠲᠡᠭᠡᠷ᠎ᠡ ᠲᠤᠷᠠᠳᠤᠭᠰᠠᠨ ᠡᠳᠡᠭᠡᠷ ᠢᠨᠵᠧᠨᠧᠷᠢᠩ  ᠤᠨ ᠬᠢᠨᠠᠨ ᠵᠦᠪᠰᠢᠶᠡᠷᠡᠬᠦᠯᠬᠦ᠂  ᠲᠠᠭᠠᠭᠠᠴᠢᠯᠠᠯ ᠵᠠᠷᠯᠠᠬᠤ ᠵᠡᠷᠭᠡ ᠭᠠᠷ ᠬᠦᠢᠴᠡᠳᠭᠡᠯ ᠢ 4 ᠰᠠᠷ᠎ᠠ ᠠᠴᠠ ᠡᠮᠦᠨ᠎ᠡ  ᠪᠡᠶᠡᠯᠡᠬᠦᠯᠬᠦ ᠪᠠᠷ ᠴᠢᠷᠮᠠᠶᠢᠨ᠎ᠠ᠃  ᠡᠬᠦᠨ ᠤ ᠬᠠᠮᠳᠤ᠂ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠢᠯᠴᠢ ᠬᠠᠩᠭᠠᠬᠤ ᠬᠤᠭᠤᠯᠠᠢ᠂ ᠲᠡᠭᠡᠳᠦ ᠰᠢᠨ᠎ᠡ ᠮᠡᠷᠭᠡᠵᠢᠯ ᠤᠨ ᠤᠷᠤᠨ ᠲᠤᠭᠤᠷᠢᠭ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠤᠳᠠ ᠶᠢᠨ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠰᠢᠨ᠎ᠡ ᠶᠢ ᠡᠬᠦᠳᠬᠦ ᠠᠵᠤ ᠦᠢᠯᠡᠰ ᠤᠨ ᠲᠤᠭᠤᠷᠢᠭ ᠵᠡᠷᠭᠡ ppp ᠲᠦᠷᠦᠯ ᠵᠦᠢᠯ ᠤᠨ ᠲᠦᠷᠦᠬᠦᠴᠢ ᠬᠤᠭᠤᠴᠠᠭᠠᠨ ᠤ ᠠᠵᠢᠯ ᠢ ᠢᠳᠡᠪᠬᠢᠳᠡᠢ ᠠᠬᠢᠭᠤᠯᠬᠤ ᠭᠡᠷᠡᠭᠳᠡᠢ᠃  ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ  ᠨᠦᠬᠦᠴᠡᠯ ᠢ ᠤᠯᠠᠮ ᠨᠢᠬᠡ ᠠᠯᠬᠤᠮ ᠰᠠᠶᠢᠵᠢᠷᠠᠭᠤᠯᠬᠤ ᠭᠡᠷᠡᠭᠳᠡᠢ᠃    ︽ᠠᠷᠪᠠ ᠶᠢ ᠪᠦᠷᠬᠦᠬᠦᠯᠬᠦ︾ ᠢᠨᠵᠧᠨᠧᠷᠢᠩ ᠢᠶᠠᠷ ᠲᠠᠮᠵᠢᠵᠤ ᠪᠦᠳᠦᠭᠡᠨ ᠪᠠᠶᠢᠭᠤᠯᠤᠭᠰᠠᠨ ᠨᠡᠶᠢᠳᠡ ᠶᠢᠨ ᠰᠠᠭᠤᠷᠢ ᠲᠦᠬᠦᠭᠡᠷᠦᠮᠵᠢ ᠶᠢᠨ ᠠᠰᠢᠭᠯᠠᠯᠳᠠ ᠪᠠ ᠬᠠᠮᠢᠶᠠᠷᠤᠯᠳᠠ ᠶᠢ ᠴᠢᠩᠭᠠᠳᠬᠠᠨ᠂  ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠬᠤᠭ ᠨᠤᠪᠰᠢ ᠶᠢ ᠴᠤᠭᠯᠠᠭᠤᠯᠵᠤ ᠰᠢᠢᠳᠪᠦᠷᠢᠯᠡᠬᠦ ᠪᠦᠳᠦᠮᠵᠢᠳᠦ ᠲᠤᠭᠳᠠᠴᠠ ᠶᠢ ᠰᠦᠪᠡᠭᠴᠢᠯᠡᠬᠦ ᠭᠡᠷᠡᠭᠳᠡᠢ᠃ ᠦᠶᠡᠷ ᠤᠰᠤ ᠰᠡᠷᠭᠡᠶᠢᠯᠡᠬᠦ  ᠴᠢᠳᠠᠪᠤᠷᠢ  ᠶᠢ ᠴᠢᠩᠭᠠᠷᠠᠭᠤᠯᠵᠤ᠂  ᠲᠸᠦ ᡁᠢ ᠵᠢᠶᠠᠨ ᠤ 1.2 ᠺᠢᠯᠤᠮᠧᠲᠷ  ᠤᠰᠤᠨ ᠵᠠᠮ ᠢ ᠵᠠᠰᠠᠵᠤ ᠨᠡᠪᠳᠡᠷᠡᠬᠦᠯᠦᠨ᠂ 30 ᠬᠠᠪᠳᠠᠭᠠᠢ ᠲᠦᠷᠪᠡᠯᠵᠢᠨ ᠺᠢᠯᠤᠮᠧᠲᠷ ᠪᠠᠭ᠎ᠠ ᠰᠠᠪᠠ ᠭᠠᠵᠠᠷ ᠤᠨ ᠵᠠᠰᠠᠯᠳᠠ ᠶᠢ  ᠬᠢᠵᠦ᠂ ᠤᠰᠤ ᠠᠷᠪᠢᠯᠠᠵᠤ ᠠᠰᠢᠭ ᠨᠡᠮᠡᠭᠳᠡᠬᠦᠯᠬᠦ ᠤᠰᠤᠯᠠᠯᠳᠠ ᠶᠢᠨ ᠲᠠᠯᠠᠪᠠᠢ ᠶᠢ 2.7 ᠲᠦᠮᠡᠨ ᠮᠤ᠋ ᠨᠡᠮᠡᠭᠳᠡᠬᠦᠯᠦᠨ᠎ᠡ᠃ 60 ᠰᠠᠭᠤᠷᠢ ᠠᠶᠤᠯᠬᠦᠢ ᠤᠰᠤ ᠤᠮᠳᠠ ᠶᠢᠨ ᠪᠠᠬᠢᠵᠢᠬᠦᠯᠦᠨ ᠰᠠᠶᠢᠵᠢᠷᠠᠭᠤᠯᠬᠤ ᠢᠨᠵᠧᠨᠧᠷᠢᠩ ᠢ ᠭᠡᠷᠡᠭᠵᠢᠬᠦᠯᠵᠦ᠂ 1.3 ᠲᠦᠮᠡᠨ ᠬᠦᠮᠦᠨ ᠤ ᠤᠤᠭᠤᠬᠤ ᠤᠰᠤᠨ ᠤ ᠬᠦᠴᠢᠷᠳᠡᠯ ᠢ ᠰᠢᠢᠳᠪᠦᠷᠢᠯᠡᠨ᠎ᠡ᠃  ᠰᠢ ᠵᠠᠩ ᠲᠡᠮᠦᠷ ᠵᠠᠮ ᠤᠨ ᠲᠦᠷᠦᠬᠦᠴᠢ ᠬᠤᠭᠤᠴᠠᠭᠠᠨ  ᠤ ᠠᠵᠢᠯ ᠳᠤ ᠠᠩᠬᠠᠷᠤᠯ ᠲᠠᠯᠪᠢᠵᠤ᠂  ᠨᠢᠰᠭᠡᠯ ᠤᠨ ᠲᠠᠯᠠᠪᠠᠢ ᠶᠢᠨ ᠪᠦᠳᠦᠬᠡᠨ ᠪᠠᠶᠢᠭᠤᠯᠤᠯᠳᠠ ᠠᠴᠠ ᠡᠮᠦᠨᠡᠬᠢ ᠪᠠᠶᠢᠴᠠᠭᠠᠨ ᠰᠤᠳᠤᠯᠤᠯᠳᠠ ᠶᠢ ᠬᠦᠨᠵᠡᠬᠡᠶᠢᠷᠡᠬᠦᠯᠬᠦ ᠭᠡᠷᠡᠭᠳᠡᠢ᠃ ᠭᠤᠤᠯ ᠵᠠᠮ ᠱᠤᠭᠤᠮ ᠤᠨ ᠪᠦᠳᠦᠬᠡᠨ ᠪᠠᠶᠢᠭᠤᠯᠤᠯᠳᠠ  ᠶᠢ ᠲᠦᠷᠭᠡᠳᠭᠡᠵᠦ᠂  ︽304︾  ᠮᠤᠵᠢ ᠶᠢᠨ ᠲᠡᠰ ᠤᠨ ᠵᠠᠮ ︵ᠤᠤᠯ ᠤᠨ ᠺᠠᠩ ᠱᠠᠨ ᠵᠠᠮ︶ ᠤᠨ ᠦᠬᠡᠷᠡᠴᠢᠯᠡᠯᠳᠡ ᠶᠢ ᠡᠬᠢᠯᠡᠬᠦᠯᠬᠦ ᠪᠠᠷ ᠴᠢᠷᠮᠠᠶᠢᠨ᠎ᠠ᠃  ᠫᠤᠤᠲ᠋ᠠᠶᠢᠶ᠋ᠢᠩᠽᠢ ᠠᠴᠠ ᠰᠢᠶᠤᠤ ᠯᠢ ᠶᠢᠩᠽᠢ ᠬᠦᠷᠬᠦ ᠵᠤᠭᠠᠴᠠᠯ ᠤᠨ ᠱᠤᠭᠤᠮ ᠤᠨ ᠢᠵᠢ ᠪᠦᠷᠢᠳᠦᠭᠰᠡᠨ ᠪᠦᠳᠦᠭᠡᠨ ᠪᠠᠶᠢᠭᠤᠯᠤᠯᠳᠠ ᠶᠢ ᠬᠢᠵᠦ᠂ ᠰᠢᠶᠤᠤ ᠯᠢ ᠶᠢᠩᠽᠢ  ᠠᠴᠠ ᠰᠢᠯᠤᠭᠤᠨ ᠬᠦᠬᠡ ᠬᠤᠰᠢᠭᠤ ᠬᠦᠷᠬᠦ 39 ᠺᠢᠯᠤᠮᠧᠲᠷ ᠵᠤᠭᠠᠴᠠᠯ ᠤᠨ ᠵᠠᠰᠠᠮᠠᠯ ᠵᠠᠮ ᠢ  ᠪᠠᠶᠢᠭᠤᠯᠬᠤ ᠪᠠᠷ ᠴᠢᠷᠮᠠᠶᠢᠨ᠎ᠠ᠃  ᠪᠤᠤ ᠴᠢ ᠱᠤᠭᠤᠮ ᠤᠨ 43 ᠺᠢᠯᠤᠮᠧᠲᠷ ᠵᠠᠰᠠᠮᠠᠯ ᠵᠠᠮ ᠤᠨ ᠦᠬᠡᠷᠡᠴᠢᠯᠡᠯᠳᠡ ᠪᠠ  ᠬᠤᠩ ᠪᠤᠤ ᠱᠤᠭᠤᠮ ᠤᠨ 22.5 ᠺᠢᠯᠤᠮᠧᠲᠷ ᠵᠠᠰᠠᠮᠠᠯ ᠵᠠᠮ ᠤᠨ ᠶᠡᠭᠡ ᠵᠠᠰᠠᠯᠳᠠ ᠶᠢ ᠪᠡᠶᠡᠯᠡᠬᠦᠯᠦᠨ᠎ᠡ᠃  ᠪᠦᠬᠦ ᠬᠤᠰᠢᠭᠤᠨ ᠤ ᠴᠠᠬᠢᠯᠭᠠᠨ ᠬᠦᠴᠦᠨ ᠤ ᠪᠦᠷᠢᠯᠳᠦᠴᠡ ᠶᠢ ᠦᠷᠬᠦᠯᠵᠢᠯᠡᠨ ᠲᠡᠬᠦᠯᠳᠡᠷᠵᠢᠬᠦᠯᠵᠦ᠂ 16 ᠺᠢᠯᠤᠮᠧᠲᠷ ᠤᠷᠳᠤ 35 ᠺᠢᠯᠤᠸᠤᠯᠲ ᠤᠨ ᠴᠠᠬᠢᠯᠭᠠᠨ ᠱᠤᠭᠤᠮ᠂ 52 ᠺᠢᠯᠤᠮᠧᠲᠷ ᠤᠷᠳᠤ 10  ᠺᠢᠯᠤᠸᠤᠯᠲ ᠶᠢᠨ ᠴᠠᠬᠢᠯᠭᠠᠨ ᠱᠤᠭᠤᠮ ᠪᠠ 48 ᠺᠢᠯᠤᠮᠧᠲᠷ ᠤᠷᠳᠤ 0.4 ᠺᠢᠯᠤᠸᠤᠯᠲ ᠶᠢᠨ ᠴᠠᠬᠢᠯᠭᠠᠨ ᠱᠤᠭᠤᠮ   ᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠬᠤ ᠠᠵᠢᠯ ᠢ ᠬᠢᠵᠦ᠂  ᠴᠠᠬᠢᠯᠭᠠᠨ ᠬᠤᠪᠢᠰᠬᠠᠭᠤᠷ 40 ᠰᠠᠤᠷᠢ ᠤᠭᠰᠠᠷᠠᠨ᠎ᠠ᠃   4G ᠴᠢᠮᠡᠭᠡ ᠬᠤᠯᠪᠤᠭᠠᠨ ᠤ ᠲᠤᠬᠢᠶ᠎ᠠ᠂  ᠦᠷᠭᠡᠨ ᠪᠦᠰᠡᠳᠦ ᠰᠦᠯᠵᠢᠶᠡᠨ ᠤ  ᠪᠦᠷᠬᠦᠴᠡ ᠶᠢ ᠤᠯᠠᠮ ᠶᠡᠬᠡᠰᠬᠡᠵᠦ᠂  ᠭᠡᠷᠡᠭᠯᠡᠵᠦ ᠪᠠᠶᠢᠭ᠎ᠠ ᠭᠠᠴᠠᠭ᠎ᠠ ᠲᠤᠰᠬᠤᠨ ᠳᠤ ᠨᠡᠶᠢᠳᠡᠮ  ᠪᠦᠷᠬᠦᠬᠦᠯᠦᠨ᠎ᠡ᠃  ᠴᠠᠬᠢᠯᠭᠠᠨ ᠬᠤᠯᠪᠤᠭᠠᠨ ᠤ ᠨᠡᠶᠢᠳᠡᠮ ᠦᠢᠯᠡᠴᠢᠯᠡᠭᠡ ᠶᠢᠨ ᠲᠤᠷᠰᠢᠯᠳᠠ ᠶᠢᠨ ᠴᠡᠭ ᠤᠨ ᠠᠵᠢᠯ ᠢ ᠲᠤᠬᠢᠶᠠᠯᠳᠤᠭᠤᠯᠵᠤ᠂ ᠪᠤᠢ ᠪᠦᠬᠦᠢ ᠭᠠᠴᠠᠭ᠎ᠠ ᠲᠤᠰᠬᠤᠨ  ᠳᠤ  ᠭᠡᠷᠡᠯ ᠰᠢᠷᠭᠡᠭ ᠤᠷᠤᠭᠤᠯᠤᠨ᠎ᠠ᠃ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠡᠢ᠃ ᠮᠠᠯ ᠪᠡᠯᠴᠢᠭᠡᠷ ᠢ ᠲᠡᠩᠴᠡᠬᠦᠯᠬᠦ ᠪᠠ ᠪᠡᠯᠴᠢᠭᠡᠷ ᠰᠡᠷᠬᠦᠭᠡᠵᠦ ᠪᠡᠯᠴᠢᠭᠡᠷᠯᠡᠬᠦᠯᠬᠦ ᠶᠢ ᠴᠠᠭᠠᠵᠠᠯᠠᠬᠤ ᠲᠦᠷᠢᠮ ᠢ  ᠦᠷᠬᠦᠯᠵᠢᠯᠡᠨ ᠴᠢᠩᠭ᠎ᠠ ᠭᠡᠷᠡᠭᠵᠢᠬᠦᠯᠵᠦ᠂ ᠤᠢ ᠰᠢᠭᠤᠢ ᠪᠠ ᠠᠮᠢ ᠠᠬᠤᠢ ᠶᠢᠨ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠠᠵᠢᠯ ᠤᠨ ᠡᠷᠴᠢᠮ ᠢ ᠴᠢᠩᠭᠠᠷᠠᠭᠤᠯᠵᠤ᠂  ᠠᠮᠢ ᠠᠬᠤᠢ  ᠡᠪᠳᠡᠭᠰᠡᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠭᠡᠷᠡᠭᠳᠡᠢ᠃ ᠰᠢᠨ᠎ᠡ ᠨᠢᠬᠡᠨ ᠡᠬᠡᠯᠵᠢ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠵᠦ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂  ᠮᠠᠯ ᠴᠦᠬᠡᠴᠢᠯᠡᠵᠦ ᠡᠪᠡᠰᠦ ᠨᠡᠮᠡᠭᠳᠡᠬᠦᠯᠬᠦ ᠠᠷᠭ᠎ᠠ ᠪᠠᠷᠢᠯ   ᠢ ᠱᠠᠩᠨᠠᠯ ᠨᠦᠬᠦᠪᠦᠷᠢ ᠶᠢᠨ ᠲᠠᠷᠬᠠᠭᠠᠯᠳᠠ ᠲᠠᠢ  ᠬᠤᠯᠪᠤᠭᠳᠠᠭᠤᠯᠤᠨ᠂ ᠮᠠᠯᠴᠢᠳ ᠤᠨ  ᠠᠮᠢ ᠠᠬᠤᠢ ᠬᠠᠮᠠᠭᠠᠯᠠᠬᠤ ᠢᠳᠡᠪᠬᠢᠵᠢᠯ ᠢ ᠤᠯᠠᠮ ᠰᠠᠶᠢᠨ ᠲᠠᠶᠢᠴᠢᠯᠠᠨ᠎ᠠ᠃ ᠪᠡᠭᠡᠵᠢᠩ ᠲᠢᠶᠠᠨᠵᠢᠨ ᠤ ᠡᠷᠬᠢᠨ ᠲᠤᠭᠤᠷᠢᠨ ᠤ ᠡᠯᠡᠰᠦᠨ ᠤ ᠡᠬᠢ ᠵᠠᠰᠠᠬᠤ  ᠢᠨᠵᠧᠨᠧᠷᠢᠩ  ᠂  ᠴᠢᠨᠠᠷ ᠮᠠᠭᠤᠳᠠᠭᠰᠠᠨ ᠬᠠᠮᠠᠭᠠᠯᠠᠯᠳᠠ ᠶᠢᠨ ᠤᠢ ᠮᠤᠳᠤᠨ ᠤ ᠦᠬᠡᠷᠡᠴᠢᠯᠡᠯᠳᠡ ᠵᠡᠷᠭᠡ ᠢᠨᠵᠧᠨᠧᠷᠢᠩ ᠢ ᠦᠷᠬᠦᠯᠵᠢᠯᠡᠨ ᠰᠠᠶᠢᠨ ᠭᠡᠷᠡᠭᠵᠢᠬᠦᠯᠵᠦ᠂ 20 ᠲᠦᠮᠡᠨ ᠮᠤ᠋ ᠬᠠᠮᠠᠭᠠᠯᠠᠯᠳᠠ ᠶᠢᠨ ᠤᠢ ᠮᠤᠳᠤ ᠶᠢ ᠦᠭᠡᠷᠡᠴᠢᠯᠡᠨ᠂  2 ᠲᠦᠮᠡᠨ ᠮᠤ᠋ ᠭᠤᠤᠯᠳᠠᠯᠭᠠᠳᠠᠢ ᠤᠷᠤᠨ ᠪᠦᠰᠡ ᠶᠢᠨ ᠨᠤᠭᠤᠭᠠᠷᠠᠭᠤᠯᠤᠯᠳᠠ ᠶᠢ ᠬᠢᠵᠦ᠂  0.8 ᠲᠦᠮᠡᠨ ᠮᠤ᠋  ᠭᠠᠵᠠᠷ ᠲᠤ ᠬᠦᠮᠦᠨ  ᠤ ᠬᠦᠴᠦ ᠪᠠᠷ ᠮᠤᠳᠤ ᠲᠠᠷᠢᠨ᠎ᠠ᠃  ︽207︾ ᠵᠠᠰᠠᠮᠠᠯ ᠵᠠᠮ ᠤᠨ ᠪᠤᠤᠴᠠᠩ ᠤᠨ ᠬᠤᠶᠢᠨᠠᠬᠢ ᠠᠭᠤᠷᠬᠠᠢ ᠶᠢᠨ ᠠᠭᠤᠯᠠᠨ ᠤ ᠤᠷᠴᠢᠨ ᠲᠤᠭᠤᠷᠢᠨ ᠤ ᠰᠡᠷᠬᠦᠭᠡᠯᠳᠡ ᠪᠠ ᠰᠤᠮᠤ ᠰᠢᠶᠠᠩ ᠳᠤ ᠨᠡᠪᠳᠡᠷᠡᠬᠦ ᠵᠠᠰᠠᠮᠠᠯ ᠵᠠᠮ ᠤᠨ ᠬᠠᠵᠠᠭᠤᠳᠠᠬᠢ 8.5 ᠬᠠᠪᠳᠠᠭᠠᠢ ᠲᠦᠷᠪᠡᠯᠵᠢᠨ ᠺᠢᠯᠤᠮᠧᠲᠷ ᠬᠠᠶᠠᠭᠳᠠᠮᠠᠯ ᠭᠤᠤ ᠭᠠᠩᠭ᠎ᠠ   ᠶᠢᠨ ᠵᠠᠰᠠᠯᠳᠠ ᠶᠢ ᠬᠢᠨ᠎ᠡ᠃  ︽ᠭᠤᠷᠪᠠᠨ ᠵᠤᠷᠪᠤᠰ ᠤᠯᠠᠭᠠᠨ ᠱᠤᠭᠤᠮ︾ ᠪᠠ ︽ᠭᠤᠷᠪᠠ ᠶᠢ  ᠵᠡᠷᠭᠡ ᠳᠤᠨᠢ ᠪᠡᠶᠡᠯᠡᠬᠦᠯᠬᠦ︾ ᠲᠦᠷᠢᠮ ᠢ ᠡᠷᠡᠰ ᠭᠡᠷᠡᠭᠵᠢᠬᠦᠯᠵᠦ᠂  ᠪᠤᠬᠢᠷᠳᠤᠯ ᠶᠡᠭᠡ᠂ ᠭᠠᠳᠠᠭᠰᠢᠯᠠᠭᠤᠯᠤᠯᠳᠠ ᠶᠡᠭᠡ᠂  ᠤᠰᠤᠨ ᠤ ᠬᠤᠷᠤᠭᠳᠠᠯ ᠶᠡᠭᠡ ᠲᠦᠷᠦᠯ ᠵᠦᠢᠯ ᠢ ᠴᠠᠭᠠᠵᠠᠯᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢ ᠦᠷᠬᠦᠯᠵᠢᠯᠡᠨ ᠴᠢᠩᠭᠠᠳᠬᠠᠵᠤ᠂ ᠪᠦᠳᠦᠮᠵᠢᠳᠡᠢ ᠠᠷᠭ᠎ᠠ ᠠᠪᠴᠢᠯ ᠪᠠ ᠲᠦᠷᠦ ᠶᠢᠨ ᠪᠤᠳᠤᠯᠭ᠎ᠠ ᠲᠤᠭᠳᠠᠭᠠᠨ᠂ ︽ᠰᠦᠷᠴᠢᠨ ᠤᠰᠤᠯᠠᠬᠤ ᠠᠴᠠ ᠲᠤᠰᠤᠯᠠᠭᠠᠨ ᠤᠰᠤᠯᠠᠬᠤ  ︾ ᠦᠭᠡᠷᠡᠴᠢᠯᠡᠯᠳᠡ ᠶᠢ ᠲᠦᠯᠬᠢᠨ ᠠᠬᠢᠭᠤᠯᠵᠤ᠂ ᠰᠦᠷᠴᠢᠨ ᠤᠰᠤᠯᠠᠬᠤ ᠤᠷᠤᠨ ᠲᠤᠭᠤᠷᠢᠭ ᠰᠢᠨ᠎ᠡ ᠪᠠᠷ ᠨᠡᠭᠡᠭᠡᠬᠦ ᠶᠢ ᠴᠠᠭᠠᠵᠠᠯᠠᠨ᠂  ᠡᠯ᠎ᠡ ᠠᠵᠢᠯ ᠲᠦᠷᠦᠯ ᠤᠨ ᠤᠰᠤ ᠠᠷᠪᠢᠯᠠᠬᠤ ᠠᠵᠢᠯᠯᠠᠭ᠎ᠠ ᠶᠢ ᠬᠦᠴᠦ ᠲᠠᠯᠪᠢᠵᠤ ᠦᠷᠨᠢᠬᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠳᠠ ᠶᠢ  ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠤ᠂  ᠲᠦᠮᠦᠰᠦᠨ ᠤ ᠤᠷᠤᠨ ᠲᠤᠭᠤᠷᠢᠭ ᠤᠨ ᠡᠬᠡᠯᠵᠢᠯᠡᠨ ᠲᠠᠷᠢᠬᠤ ᠲᠦᠷᠢᠮ ᠢ ᠲᠤᠭᠳᠠᠭᠠᠨ᠂  ᠬᠢᠮᠢ ᠶᠢᠨ ᠪᠤᠷᠳᠤᠭᠤᠷ᠂ ᠲᠠᠷᠢᠶᠠᠨ ᠡᠮ᠂ ᠰᠦᠯᠢᠶᠤᠤ ᠪᠦᠷᠬᠦᠪᠴᠢ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂  ᠬᠤᠤᠷᠳᠠᠯ ᠦᠬᠡᠢ  ᠢᠳᠡᠰᠢᠨ ᠨᠤᠭᠤᠭᠠᠨ ᠤ ᠠᠵᠤ ᠦᠢᠯᠡᠰ ᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠨᠠᠶᠢᠷᠠᠯᠭ᠎ᠠ ᠶᠢᠨ ᠪᠤᠷᠳᠤᠭᠤᠷ   ᠢ  ᠲᠡᠯᠭᠡᠷᠡᠬᠦᠯᠦᠨ ᠭᠡᠷᠡᠭᠯᠡᠵᠦ᠂ ᠲᠠᠷᠢᠶᠠᠨ ᠭᠠᠵᠠᠷ ᠤᠨ ᠴᠢᠨᠠᠷ ᠢ  ᠰᠠᠶᠢᠵᠢᠷᠠᠭᠤᠯᠤᠨ᠂ ᠪᠤᠬᠢᠷᠳᠤᠯ ᠦᠬᠡᠢ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠬᠦᠯᠬᠦ ᠭᠡᠷᠡᠭᠳᠡᠢ᠃      ︵ᠭᠤᠷᠪᠠ︶  ︽ ᠤᠨᠤᠪᠴᠢᠳᠠᠢ︾   ᠶᠢᠨ ᠲᠤᠭᠤᠷᠢᠨ ᠳᠤ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠦᠬᠦ ᠬᠦᠴᠦᠨ ᠢᠶᠠᠷ ᠰᠠᠶᠢᠨ ᠠᠳᠬᠤᠨ᠎ᠠ᠃       ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠵᠢᠱᠢᠶ᠎ᠡ ᠦᠵᠡᠬᠦᠯᠬᠦ ᠬᠤᠰᠢᠭᠤ ᠶᠢ ᠪᠠᠶᠢᠭᠤᠯᠬᠤ ᠪᠠᠷ ᠬᠠᠷᠠᠯᠳᠠ ᠪᠤᠯᠭᠠᠨ᠂  ︽ ᠵᠢᠷᠭᠤᠭ᠎ᠠ ᠶᠢ ᠨᠠᠷᠢᠯᠢᠭ ᠤᠨᠤᠪᠴᠢᠳᠠᠢ ᠪᠠᠶᠢᠯᠭᠠᠬᠤ︾  ᠱᠠᠭᠠᠷᠳᠠᠯᠭ᠎ᠠ   ᠶᠢ ᠨᠢᠮᠪᠠᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠲᠡᠷᠢᠬᠦᠨ ᠴᠢᠬᠤᠯᠠ  ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠨ ᠰᠡᠳᠬᠢᠯ ᠳᠡᠭᠡᠨ  ᠲᠠᠯᠪᠢᠵᠤ᠂ ᠭᠠᠷᠳᠠᠨ ᠠᠳᠬᠤᠵᠤ ᠂  ᠡᠬᠦᠷᠭᠡᠯᠡᠨ ᠠᠪᠬᠤ ᠭᠡᠷᠡᠭᠳᠡᠢ᠃  ᠤᠨᠢᠨ ᠲᠡᠭᠡᠷ᠎ᠡ ᠨᠢ ᠬᠠᠪᠰᠤᠷᠤᠨ ᠲᠡᠳᠬᠦᠬᠦ  ᠠᠵᠢᠯ ᠢ ᠲᠠᠰᠤᠷᠠᠯᠳᠠ ᠦᠬᠡᠢ ᠰᠠᠶᠢᠵᠢᠷᠠᠭᠤᠯᠬᠤ ᠪᠠ  ᠴᠢᠩᠭᠠᠳᠬᠠᠨ᠂ ᠰᠤᠮᠤ ᠰᠢᠶᠠᠩ ᠪᠠᠯᠭᠠᠰᠤ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠪᠠ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂  ᠬᠠᠯᠠᠭᠤᠨ ᠰᠡᠳᠬᠢᠯᠬᠡ   ᠪᠠᠷ ᠬᠠᠪᠰᠤᠷᠤᠨ ᠲᠡᠳᠬᠦᠬᠦ ᠠᠵᠢᠯ ᠢ  ᠰᠠᠶᠢᠳᠤᠷ ᠦᠷᠨᠢᠬᠦᠯᠦᠨ᠂ ᠬᠠᠪᠰᠤᠷᠤᠨ ᠲᠡᠳᠬᠦᠬᠦ ᠨᠢᠭᠤᠷᠯᠠᠯ ᠢ ᠭᠡᠷ ᠤᠨ ᠬᠦᠮᠦᠨ ᠲᠠᠢ ᠠᠳᠠᠯᠢ ᠦᠵᠡᠵᠦ᠂ ᠬᠠᠪᠰᠤᠷᠤᠨ ᠲᠡᠳᠬᠦᠬᠦ ᠠᠵᠢᠯ ᠢ ᠭᠡᠷ ᠤᠨ ᠠᠵᠢᠯ ᠰᠢᠭ᠋ ᠢᠶᠠᠨ ᠬᠢᠵᠦ᠂ ᠤᠳᠠᠰᠤ ᠪᠠᠷ ᠬᠠᠷᠢᠴᠠᠵᠤ  ᠬᠠᠯᠠᠮᠵᠢᠯᠠᠨ ᠪᠤᠯᠭᠤᠭᠠᠬᠤ  ᠂  ᠡᠷᠦᠬᠡ ᠪᠠᠷ  ᠬᠦᠨᠵᠡᠭᠡᠶᠢᠷᠡᠵᠦ  ᠤᠬᠠᠭᠤᠯᠤᠨ ᠲᠠᠶᠢᠯᠪᠤᠷᠢᠯᠠᠬᠤ᠂  ᠪᠤᠳᠠᠳᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠶᠢ ᠶᠢ ᠪᠠᠶᠢᠩᠭᠤ ᠶᠢᠨ ᠭᠡᠪ ᠪᠠᠶᠢᠳᠠᠯ  ᠪᠤᠯᠭᠠᠬᠤ ᠭᠡᠷᠡᠭᠳᠡᠢ᠃ ᠶᠠᠳᠠᠭᠤ  ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠲᠠᠪᠴᠠᠩ ᠢ ᠨᠡᠭᠡᠭᠡᠵᠦ ᠭᠡᠷᠡᠭᠯᠡᠨ᠂ ᠠᠵᠢᠯ ᠤᠨ ᠪᠦᠳᠦᠮᠵᠢ ᠪᠠ  ᠤᠨᠤᠴᠠ ᠶᠢᠨ ᠬᠡᠮᠵᠢᠶ᠎ᠡ ᠶᠢ ᠲᠡᠭᠡᠭᠰᠢᠯᠡᠬᠦᠯᠵᠦ᠂ ᠲᠠᠩᠰᠠ ᠡᠪᠭᠡᠮᠡᠯ ᠤᠨ ᠪᠠᠶᠢᠭᠤᠯᠤᠯᠳᠠ ᠶᠢ ᠴᠢᠩᠭᠠᠳᠬᠠᠨ᠎ᠠ᠃ ︽ᠭᠤᠷᠪᠠ ᠶᠢ ᠬᠦᠳᠡᠭᠡ ᠬᠦᠷᠭᠡᠵᠦ ᠭᠤᠷᠪᠠ ᠶᠢ ᠡᠷᠦᠬᠡ ᠳᠤ ᠬᠦᠷᠭᠡᠬᠦ︾ ᠪᠡᠯᠡ  ᠮᠦᠩᠬᠦ ᠪᠠ ᠮᠦᠩᠬᠦᠨ ᠬᠦᠢᠯᠬᠡᠬᠡ ᠪᠠᠷ ᠶᠠᠳᠠᠭᠤ ᠶᠢ ᠳᠡᠳᠬᠦᠬᠦ ᠵᠢᠭᠡᠯᠡᠯᠬᠡ ᠶᠢ ᠠᠮᠢᠳᠤᠯᠢᠭ ᠰᠠᠶᠢᠨ ᠭᠡᠷᠡᠭᠯᠡᠵᠦ᠂ ᠰᠠᠶᠢᠨ ᠡᠬᠦᠯᠳᠡᠷ ᠤᠨ ᠮᠢᠬᠠᠨ ᠤ ᠦᠬᠡᠷ ᠮᠠᠯᠵᠢᠬᠤ᠂ ᠮᠢᠬᠠᠨ ᠤ ᠡᠯᠵᠢᠬᠡ ᠮᠠᠯᠵᠢᠬᠤ᠂ ᠵᠢᠵᠢᠭ ᠲᠡᠵᠢᠬᠡᠪᠦᠷᠢ ᠮᠠᠯᠵᠢᠬᠤ᠂ ᠪᠤᠬᠢᠷᠳᠤᠯ ᠦᠬᠡᠢ ᠤᠷᠭᠠᠨᠢᠭ ᠢᠳᠡᠰᠢᠨ ᠨᠤᠭᠤᠭ᠎ᠠ ᠲᠠᠷᠢᠬᠤ  ᠂ ᠵᠤᠭᠠᠴᠠᠯ  ᠡᠷᠬᠢᠯᠡᠬᠦ ᠵᠡᠷᠭᠡ ᠪᠠᠷ  ᠭᠤᠤᠯᠳᠠᠯᠭ᠎ᠠ ᠪᠤᠯᠭᠠᠨ᠂ ᠺᠠᠷᠲ ᠪᠠᠷ ᠲᠠᠩᠰᠠᠯᠠᠭᠰᠠᠨ ᠬᠦᠴᠢᠷᠳᠡᠢ ᠡᠷᠦᠬᠡ ᠳᠤ ︽ᠵᠠᠬᠢᠶᠠᠯᠠᠭ᠎ᠠ︾ ᠶᠢᠨ ᠬᠡᠯᠪᠡᠷᠢ ᠠᠪᠴᠤ᠂ ᠦᠢᠯᠡᠳᠪᠦᠷᠢᠯᠡᠯ ᠡᠵᠡᠩᠨᠡᠯᠳᠡ ᠶᠢᠨ ᠴᠢᠳᠠᠪᠤᠷᠢ ᠲᠠᠢ ᠶᠠᠳᠠᠭᠤ ᠬᠦᠴᠢᠷᠳᠡᠢ ᠡᠷᠦᠬᠡ ᠶᠢ ᠲᠡᠳᠬᠦᠨ᠂    ᠠᠵᠢᠯᠴᠢ ᠭᠠᠷ ᠠᠷᠢᠭᠤᠨ ᠬᠦᠳᠡᠯᠮᠦᠷᠢ ᠳᠡᠭᠡᠨ ᠲᠦᠰᠢᠭᠯᠡᠵᠦ ᠶᠠᠳᠠᠭᠤ ᠠᠴᠠ ᠠᠩᠬᠢᠵᠢᠷᠠᠵᠤ ᠪᠠᠶᠠᠵᠢᠨ ᠴᠢᠨᠡᠭᠡᠯᠢᠭᠵᠢᠬᠦ  ᠶᠢ ᠨᠢ ᠠᠬᠢᠭᠤᠯᠬᠤ ᠭᠡᠷᠡᠭᠳᠡᠢ᠃  ᠡᠨᠡ  ᠵᠢᠯ 5000 ᠲᠦᠮᠡᠨ ᠲᠦᠬᠦᠷᠢᠭ ᠤᠨ ᠲᠠᠷᠢᠶᠠᠯᠠᠩ ᠮᠠᠯ ᠠᠵᠤ ᠠᠬᠤᠢ  ᠶᠢᠨ ᠬᠠᠮᠢᠶᠠᠳᠠᠢ ᠪᠡᠯᠡ  ᠮᠦᠩᠬᠦ ᠶᠢ ᠬᠠᠮᠳᠤᠳᠬᠠᠵᠤ᠂  ᠳ᠋ᠧ ᠴᠢᠩ ᠶᠤᠸᠠᠨ᠂  ᠴᠠᠩ ᠱᠧᠩ ᠵᠡᠷᠭᠡ ᠶᠠᠳᠠᠭᠤ ᠶᠢ ᠳᠡᠳᠬᠦᠬᠦ ᠲᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂ ᠠᠰᠢᠭ ᠲᠤᠰᠠ ᠶᠢᠨ ᠬᠤᠯᠪᠤᠭᠠᠯᠠᠯ ᠤᠨ ᠲᠤᠭᠳᠠᠴᠠ  ᠶᠢ ᠪᠠᠶᠢᠭᠤᠯᠵᠤ᠂  ᠶᠠᠳᠠᠭᠤ ᠬᠦᠴᠢᠷᠳᠡᠢ ᠡᠷᠦᠬᠡ ᠲᠠᠷᠢᠶᠠᠯᠠᠩ ᠮᠠᠯ ᠠᠵᠤ ᠠᠬᠤᠢ ᠶᠢᠨ ᠪᠡᠯᠡ ᠤᠷᠤᠭᠤᠯᠤᠭᠰᠠᠨ ᠺᠤᠮᠫᠠᠨᠢ ᠳᠤ ᠬᠤᠪᠢ ᠤᠷᠤᠵᠤ ᠠᠰᠢᠭ ᠬᠦᠷᠳᠡᠬᠦ ᠬᠡᠯᠪᠡᠷᠢ ᠶᠢ ᠡᠬᠦᠳᠦᠨ᠂ ᠶᠠᠳᠠᠭᠤ ᠬᠦᠴᠢᠷᠳᠡᠢ ᠡᠷᠦᠬᠡ᠂ ᠤᠨᠴᠤᠭᠠᠶᠢᠯᠠᠨ ᠬᠦᠳᠡᠯᠮᠦᠷᠢᠯᠡᠬᠦ ᠴᠢᠳᠠᠪᠤᠷᠢ ᠦᠬᠡᠢ ᠶᠠᠳᠠᠭᠤ ᠬᠦᠴᠢᠷᠳᠡᠢ ᠡᠷᠦᠬᠡ ᠳᠤ  ᠲᠤᠶᠢᠯᠪᠤᠷᠢᠳᠠᠢ ᠪᠠᠳᠤᠯᠠᠭ᠎ᠠ  ᠬᠠᠩᠭᠠᠬᠤ ᠭᠡᠷᠡᠭᠳᠡᠢ᠃ ᠠᠮᠢ ᠠᠬᠤᠢ  ᠮᠠᠭᠤᠳᠠᠭᠰᠠᠨ᠂ ᠬᠦᠭᠵᠢᠯᠳᠡ ᠶᠢᠨ ᠨᠦᠬᠦᠴᠡᠯ ᠦᠬᠡᠢ ᠬᠤᠳᠠ ᠤᠰᠤ ᠶᠢ ᠨᠡᠬᠦᠯᠬᠡᠬᠦ ᠠᠵᠢᠯ ᠢ ᠲᠦᠷᠭᠡᠳᠭᠡᠨ ᠠᠬᠢᠭᠤᠯᠵᠤ᠂ 604 ᠶᠠᠳᠠᠭᠤ ᠬᠦᠴᠢᠷᠳᠡᠢ ᠬᠦᠮᠦᠨ ᠠᠮᠠ ᠶᠢ ᠤᠨᠳᠤᠤ ᠭᠠᠵᠠᠷ  ᠲᠤ ᠨᠡᠬᠦᠯᠬᠡᠨ᠎ᠡ᠃  ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂  ᠡᠷᠡᠬᠦᠯ ᠬᠠᠮᠠᠭᠠᠯᠠᠯ ᠢᠶᠠᠷ ᠶᠠᠳᠠᠭᠤ ᠶᠢ ᠳᠡᠳᠬᠦᠬᠦ᠂ ᠨᠡᠶᠢᠬᠡᠮ ᠤᠨ ᠪᠠᠳᠤᠯᠠᠭ᠎ᠠ ᠪᠠᠷ ᠶᠠᠳᠠᠭᠤ ᠶᠢ ᠳᠡᠳᠬᠦᠬᠦ᠂ ᠠᠮᠢ ᠠᠬᠤᠢ ᠶᠢᠨ ᠨᠦᠬᠦᠪᠦᠷᠢ  ᠤᠯᠭᠤᠬᠤ ᠵᠡᠷᠭᠡ ᠲᠦᠷᠦ ᠶᠢᠨ ᠪᠤᠳᠤᠯᠭ᠎ᠠ ᠶᠢᠨ ᠠᠷᠭ᠎ᠠ  ᠪᠠᠷᠢᠯ ᠢ ᠨᠢᠬᠡᠳᠦᠯᠳᠡᠢ ᠲᠦᠯᠦᠪᠵᠢᠬᠦᠯᠦᠨ ᠰᠠᠶᠢᠳᠤᠷ ᠭᠡᠷᠡᠭᠯᠡᠵᠦ᠂  ᠡᠯ᠎ᠡ ᠠᠵᠢᠯ ᠲᠦᠷᠦᠯ ᠤᠨ ᠶᠠᠳᠠᠭᠤ ᠶᠢ ᠳᠡᠳᠬᠦᠬᠦ ᠠᠵᠢᠯ ᠢ ᠲᠦᠯᠬᠢᠨ ᠠᠬᠢᠭᠤᠯᠬᠤ ᠭᠡᠷᠡᠭᠳᠡᠢ᠃ ᠭᠡᠷᠡᠯ ᠴᠠᠬᠢᠯᠭᠠᠨ ᠤ ᠦᠢᠯᠡᠰ ᠢᠶᠠᠷ ᠶᠠᠳᠠᠭᠤ ᠶᠢ ᠲᠡᠳᠬᠦᠬᠦ᠂ ᠵᠤᠭᠠᠴᠠᠯ ᠤᠨ ᠦᠢᠯᠡᠰ ᠢᠶᠠᠷ ᠶᠠᠳᠠᠭᠤ ᠶᠢ ᠳᠡᠳᠬᠦᠬᠦ᠂ ᠡᠯᠧᠺᠲᠷᠤᠨ ᠬᠤᠳᠠᠯᠳᠤᠭᠠᠨ ᠤ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠢ ᠰᠠᠶᠢᠳᠤᠷ ᠭᠡᠷᠡᠭᠵᠢᠬᠦᠯᠵᠦ᠂  ᠵᠦᠩ ᠾᠧ ᠬᠦᠳᠡᠭᠡ ᠲᠤᠰᠬᠤᠨ ᠤ ᠢᠳᠡᠭᠡᠮᠵᠢᠳᠦ ᠪᠠᠩᠬᠢ ᠶᠢᠨ ᠪᠠᠭ᠎ᠠ ᠲᠤᠭᠠᠨ ᠤ ᠵᠢᠬᠡᠯᠡᠯᠬᠡ ᠶᠢ ᠲᠤᠬᠢᠳᠠᠢ ᠭᠡᠷᠡᠭᠯᠡᠨ᠂  ᠶᠠᠳᠠᠭᠤ  ᠶᠢ ᠳᠡᠳᠬᠦᠵᠦ ᠨᠡᠬᠡᠬᠡᠨ ᠬᠦᠭᠵᠢᠬᠦᠯᠬᠦ ᠰᠢᠨ᠎ᠡ ᠠᠷᠭ᠎ᠠ ᠵᠠᠮ ᠢ  ᠦᠷᠭᠡᠳᠭᠡᠬᠦ ᠭᠡᠷᠡᠭᠳᠡᠢ᠃  ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠬᠢᠭᠡᠳ ᠠᠶᠢᠮᠠᠭ ᠤᠨ 27 ᠪᠠᠶᠢᠭᠤᠯᠭ᠎ᠠ ᠨᠢᠬᠡᠴᠡ ᠶᠢᠨ ᠬᠠᠪᠰᠤᠷᠤᠨ ᠲᠡᠳᠬᠦᠬᠦ ᠦᠢᠯᠡᠳᠦᠯ ᠢ ᠤᠯᠠᠮ ᠰᠠᠶᠢᠨ ᠪᠠᠳᠠᠷᠠᠭᠤᠯᠵᠤ᠂ ᠲᠡᠭᠡᠳᠦ ᠱᠠᠳᠤᠨ ᠤ  ᠲᠦᠷᠦᠯ ᠵᠦᠢᠯ ᠤᠨ ᠮᠦᠩᠬᠦ ᠪᠠ ᠲᠦᠷᠦ ᠶᠢᠨ ᠪᠤᠳᠤᠯᠭ᠎ᠠ ᠶᠢ ᠢᠯᠡᠬᠦᠦ ᠡᠷᠡᠮᠡᠯᠵᠡᠯᠡᠨ ᠤᠯᠵᠤ᠂  ᠠᠯᠤᠰ ᠭᠡᠳᠦ ᠶᠢᠨ ᠬᠦᠭᠵᠢᠯᠳᠡ ᠳᠤ ᠨᠦᠯᠦᠬᠡ ᠪᠤᠯᠬᠤ ᠨᠢᠬᠡ ᠪᠦᠯᠦᠭ ᠴᠢᠬᠤᠯᠠ ᠠᠰᠠᠭᠤᠳᠠᠯ ᠢ ᠭᠤᠤᠯᠳᠠᠯᠭᠠᠳᠠᠢ ᠵᠤᠬᠢᠴᠠᠭᠤᠯᠤᠨ ᠰᠢᠢᠳᠪᠦᠷᠢᠯᠡᠨ᠎ᠡ᠃ ᠨᠡᠶᠢᠬᠡᠮ ᠤᠨ ᠬᠦᠴᠦᠨ ᠢ ᠦᠷᠭᠡᠨ ᠢᠶᠠᠷ ᠲᠠᠶᠢᠴᠢᠯᠠᠨ  ᠶᠠᠳᠠᠭᠤ ᠶᠢ ᠳᠡᠳᠬᠦᠬᠦ ᠠᠵᠢᠯ ᠳᠤ ᠤᠷᠤᠯᠴᠠᠭᠤᠯᠵᠤ᠂  ᠤᠯᠠᠨ ᠭᠡᠯᠪᠡᠷᠢ ᠮᠠᠶ᠋ᠢᠭ ᠤᠨ ᠨᠡᠶᠢᠬᠡᠮ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢ ᠦᠷᠨᠢᠬᠦᠯᠬᠦ ᠭᠡᠷᠡᠭᠳᠡᠢ᠃  ᠡᠶᠢᠨ ᠬᠦ᠋᠂  ᠤᠯᠠᠨ ᠲᠠᠯ᠎ᠠ ᠶᠢᠨ  ᠴᠢᠷᠮᠠᠶᠢᠯᠭ᠎ᠠ  ᠪᠠᠷ ᠲᠠᠮᠵᠢᠭᠠᠳ  ᠡᠨᠡ  ᠵᠢᠯ 2679 ᠬᠦᠮᠦᠨ ᠠᠮᠠ   ᠶᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠤᠨ᠎ᠠ᠃       ︵ᠲᠦᠷᠪᠡ︶ ︽ᠪᠤᠳᠠᠳᠠᠢ︾   ᠶᠢᠨ ᠲᠤᠭᠤᠷᠢᠨ ᠳᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ ᠨᠡᠶᠢᠬᠡᠮ ᠤᠨ ᠦᠢᠯᠡᠰ ᠢ ᠬᠦᠭᠵᠢᠬᠦᠯᠦᠨ᠎ᠡ᠃      ᠠᠷᠠᠳ ᠲᠦᠮᠡᠨ ᠳᠤ ᠬᠠᠷᠢᠭᠤᠴᠠᠬᠤ ᠬᠠᠯᠠᠭᠤᠨ ᠰᠡᠳᠬᠢᠯᠬᠡ ᠶᠢ  ᠡᠪᠦᠷᠯᠡᠵᠦ᠂ ᠪᠤᠳᠠᠳᠠᠢ ᠶᠢ ᠡᠷᠬᠢᠮᠯᠡᠬᠦ ᠤᠪᠤᠷ ᠪᠠ  ᠯᠠᠪᠳᠠᠭᠤᠨ ᠪᠠᠳᠤᠳᠠᠢ ᠠᠵᠢᠯᠯᠠᠬᠤ ᠰᠤᠷᠳᠠᠯ ᠢᠶᠠᠷ᠂ ᠠᠷᠠᠳ ᠲᠦᠮᠡᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠠᠷᠠᠳ ᠲᠦᠮᠡᠨ ᠤ ᠰᠠᠨᠠᠯ ᠲᠤᠰᠬᠠᠯ ᠬᠠᠮᠤᠭ  ᠲᠦᠪᠯᠡᠷᠡᠩᠬᠦᠢ ᠪᠠᠶᠢᠭ᠎ᠠ ᠪᠤᠳᠠᠳᠠᠢ  ᠠᠰᠠᠭᠤᠳᠠᠯ ᠢ ᠰᠢᠢᠳᠪᠦᠷᠢᠯᠡᠵᠦ ᠪᠤᠳᠠᠳᠠᠢ ᠠᠵᠢᠯ ᠢ ᠬᠢᠬᠦ ᠭᠡᠷᠡᠭᠳᠡᠢ᠃  ᠨᠢᠬᠡ ᠳᠤ᠂  ᠪᠤᠤᠴᠠᠩ ᠤᠨ ᠬᠠᠭᠤᠴᠢᠨ ᠲᠤᠭᠤᠷᠢᠭ ᠤᠨ ᠠᠭᠤᠳᠠᠮ ᠲᠠᠯᠠᠪᠠᠢ   ᠶᠢᠨ ᠪᠦᠳᠦᠬᠡᠨ ᠪᠠᠶᠢᠭᠤᠯᠤᠯᠳᠠ ᠶᠢ ᠡᠬᠢᠯᠡᠵᠦ᠂  ᠬᠠᠭᠤᠴᠢᠨ ᠲᠤᠭᠤᠷᠢᠭ ᠲᠤ   ᠰᠡᠯᠡᠬᠦᠴᠡᠵᠦ ᠬᠦᠳᠡᠯᠪᠦᠷᠢᠯᠡᠬᠦ ᠠᠭᠤᠳᠠᠮ ᠲᠠᠯᠠᠪᠠᠢ ᠦᠬᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃  ᠬᠤᠶᠠᠷ ᠲᠤ᠂ ᠤᠷᠤᠰᠢᠭᠤᠯᠭ᠎ᠠ ᠶᠢᠨ ᠦᠢᠯᠡᠴᠢᠯᠡᠬᠡᠨ ᠤ ᠭᠠᠵᠠᠷ ᠢ ᠪᠠᠶᠢᠭᠤᠯᠵᠤ᠂ ᠬᠤᠳᠠ ᠪᠠᠯᠭᠠᠰᠤᠨ ᠤ  ᠬᠦᠪᠡᠭᠡ ᠵᠠᠬ᠎ᠠ ᠶᠢᠨ ᠡᠮᠬᠢ ᠲᠢᠭᠯᠡᠮ ᠦᠬᠡᠢ ᠤᠷᠤᠰᠢᠭᠤᠯᠭ᠎ᠠ ᠶᠢᠨ ᠪᠠᠶᠢᠳᠠᠯ ᠢ ᠴᠡᠭᠴᠡᠯᠡᠨ᠎ᠡ᠃  ᠭᠤᠷᠪᠠ ᠳᠤ᠂ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ 1 ᠰᠠᠭᠤᠷᠢ ᠶᠢ ᠪᠠᠶᠢᠭᠤᠯᠵᠤ᠂   ᠤᠨᠴᠠᠭᠠᠢ ᠪᠠᠶᠢᠳᠠᠯ ᠲᠠᠢ ᠨᠢᠬᠡ ᠪᠦᠯᠦᠭ ᠨᠠᠰᠤᠳᠠᠶᠢᠴᠤᠳ ᠤᠨ ᠠᠰᠠᠷᠠᠮᠵᠢ ᠶᠢᠨ ᠠᠰᠠᠭᠤᠳᠠᠯ ᠢ ᠰᠢᠢᠳᠪᠦᠷᠢᠯᠡᠨ᠎ᠡ᠃ ᠲᠦᠷᠪᠡ  ᠳᠤ᠂ ᠨᠤᠤᠷᠠᠩᠬᠠᠢ ᠤᠷᠤᠨ ᠰᠠᠭᠤᠴᠠᠳᠤ ᠲᠤᠭᠤᠷᠢᠭ ᠤᠨ ᠦᠬᠡᠷᠡᠴᠢᠯᠡᠯᠳᠡ ᠶᠢᠨ ᠡᠷᠴᠢᠮ ᠢ ᠴᠢᠩᠭᠠᠷᠠᠭᠤᠯᠵᠤ᠂ ᠬᠤᠳᠠ ᠪᠠᠯᠭᠠᠰᠤᠨ ᠤ ᠪᠠᠶᠢᠰᠢᠩ ᠭᠡᠷ ᠲᠤ ᠰᠠᠭᠤᠭ᠎ᠠ ᠢᠷᠭᠡᠳ ᠤᠨ ᠠᠮᠢᠳᠤᠷᠠᠯ ᠤᠨ ᠤᠷᠴᠢᠨ ᠲᠤᠭᠤᠷᠢᠨ ᠮᠠᠭᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠲᠠᠪᠤ ᠳᠤ᠂ ᠬᠤᠳᠠ ᠶᠢᠨ ᠲᠤᠭᠤᠷᠢᠭ ᠤᠨ ᠤᠷᠴᠢᠨ  ᠲᠤᠭᠤᠷᠢᠨ ᠤ ᠠᠷᠢᠭᠤᠨ ᠴᠡᠪᠡᠷ ᠤᠨ ᠨᠡᠶᠢᠬᠡᠮᠴᠢᠯᠡᠭᠰᠡᠨ ᠡᠵᠡᠩᠨᠡᠯᠳᠡ ᠶᠢ ᠭᠡᠷᠡᠭᠵᠢᠬᠦᠯᠵᠦ᠂ ᠤᠷᠴᠢᠨ ᠲᠤᠭᠤᠷᠢᠨ ᠤ  ᠴᠡᠪᠡᠷ ᠪᠤᠰᠤ ᠲᠢᠭᠯᠡᠮ ᠦᠬᠡᠢ ᠠᠰᠠᠭᠤᠳᠠᠯ ᠢ ᠰᠢᠢᠳᠪᠦᠷᠢᠯᠡᠨ᠎ᠡ᠂ ᠵᠢᠷᠭᠤᠭ᠎ᠠ ᠳᠤ᠂ 1 ᠰᠠᠭᠤᠷᠢ  ᠶᠡᠷᠦᠩᠬᠡᠶᠢᠯᠡᠭᠰᠡᠨ ᠲᠠᠮᠢᠷ ᠤᠨ ᠤᠷᠳᠤᠨ ᠪᠠᠶᠢᠭᠤᠯᠵᠤ᠂ ᠤᠯᠠᠨ ᠲᠦᠮᠡᠨ ᠤ ᠲᠠᠮᠢᠷ ᠤᠨ ᠬᠦᠳᠡᠯᠪᠦᠷᠢ ᠶᠢᠨ ᠲᠠᠯᠠᠪᠠᠢ ᠲᠤᠳᠠᠵᠤ ᠪᠠᠶᠢᠭ᠎ᠠ ᠠᠰᠠᠭᠤᠳᠠᠯ  ᠢ ᠰᠢᠢᠳᠪᠦᠷᠢᠯᠡᠨ᠎ᠡ᠃ ᠲᠤᠯᠤᠭ᠎ᠠ ᠳᠤ᠂ ᠬᠠᠭᠤᠴᠢᠨ ᠬᠤᠳᠠ ᠶᠢᠨ ᠲᠤᠭᠤᠷᠢᠭ ᠲᠤ 1 ᠰᠠᠭᠤᠷᠢ ᠪᠠᠷᠢᠮᠵᠢᠶᠠᠳᠤ ᠬᠡᠦᠭᠡᠳ ᠤᠨ ᠴᠡᠴᠡᠷᠯᠢᠭ ᠪᠠᠶᠢᠭᠤᠯᠵᠤ᠂ ᠨᠢᠯᠬ᠎ᠠ ᠬᠡᠦᠬᠡᠳ ᠤᠨ ᠴᠡᠴᠡᠷᠯᠢᠭ ᠲᠤ ᠤᠷᠤᠬᠤ ᠠᠰᠠᠭᠤᠳᠠᠯ ᠢ ᠰᠢᠢᠳᠪᠦᠷᠢᠯᠡᠨ᠎ᠡ᠃ ᠨᠠᠢᠮᠠ ᠳᠤ᠂ ᠬᠤᠳᠠ   ᠶᠢᠨ ᠲᠤᠭᠤᠷᠢᠭ ᠤᠨ ᠯᠦᠸᠧ ᠲᠦᠸᠧ ᠱᠠᠨ ᠵᠠᠮ  ᠂ ᠰᠢ ᠱᠠᠨ ᠵᠠᠮ ᠢ ᠨᠡᠪᠳᠡᠷᠡᠬᠦᠯᠵᠦ᠂  ᠭᠤᠷᠪᠠᠳᠤᠭᠠᠷ ᠪᠠᠭ᠎ᠠ ᠰᠤᠷᠭᠠᠭᠤᠯᠢ ᠶᠢᠨ ᠪᠠᠷᠠᠭᠤᠨ ᠲᠠᠯ᠎ᠠ ᠶᠢᠨ ᠵᠠᠮ ᠢ ᠨᠡᠪᠳᠡᠷᠡᠬᠦᠯᠦᠨ᠂ ᠪᠤᠤᠴᠠᠩ  ᠤᠨ ᠲᠡᠷᠭᠡ ᠲᠦᠭᠵᠢᠷᠡᠬᠦ ᠠᠰᠠᠭᠤᠳᠠᠯ ᠢ ᠰᠢᠢᠳᠪᠦᠷᠢᠯᠡᠨ᠎ᠡ᠃  ᠡᠬᠦᠨ ᠤ ᠬᠠᠮᠳᠤ᠂ ᠨᠡᠶᠢᠬᠡᠮ ᠤᠨ ᠪᠠᠳᠤᠯᠠᠭ᠎ᠠ᠂  ᠠᠵᠢᠯ ᠤᠯᠵᠤ ᠦᠢᠯᠡᠰ ᠪᠦᠳᠦᠭᠡᠬᠦ ᠵᠡᠷᠭᠡ ᠠᠷᠠᠳ ᠤᠨ ᠠᠮᠢᠳᠤᠷᠠᠯ ᠤᠨ ᠠᠵᠢᠯ ᠢ  ᠨᠢᠮᠪᠠᠢ ᠰᠠᠶᠢᠨ ᠬᠢᠬᠦ ᠭᠡᠷᠡᠭᠳᠡᠢ᠃     ᠨᠡᠶᠢᠬᠡᠮ ᠤᠨ ᠦᠢᠯᠡᠰ ᠤᠨ ᠬᠦᠭᠵᠢᠯᠳᠡ ᠶᠢᠨ ᠲᠦᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃  ᠰᠤᠷᠭᠠᠨ ᠬᠦᠮᠦᠵᠢᠯ ᠤᠨ ᠡᠷᠴᠢᠮ ᠢ ᠴᠢᠩᠭᠠᠷᠠᠭᠤᠯᠵᠤ᠂ 3 ᠳ᠋ᠦᠩᠰᠢᠭᠤᠷ ᠲᠦᠬᠦᠷᠢᠭ ᠤᠷᠤᠭᠤᠯᠤᠨ᠂  ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠲᠦᠷᠪᠡᠳᠦᠭᠡᠷ ᠪᠠᠭ᠎ᠠ ᠰᠤᠷᠭᠠᠭᠤᠯᠢ ᠶᠢᠨ ᠬᠦᠯ ᠪᠦᠮᠪᠦᠭᠡ ᠶᠢᠨ ᠤᠷᠳᠤᠨ ᠢ ᠪᠠᠶᠢᠭᠤᠯᠬᠤ ᠵᠢᠴᠢ ᠭᠤᠷᠪᠠ ᠶᠢ ᠨᠡᠪᠳᠡᠷᠡᠬᠦᠯᠵᠦ ᠬᠤᠶᠠᠷ ᠲᠠᠪᠴᠠᠩ ᠢ ᠪᠠᠶᠢᠭᠤᠯᠬᠤ  ᠂ ᠭᠡᠰᠡᠭ ᠰᠤᠷᠭᠠᠭᠤᠯᠢ   ᠳᠤ ᠤᠰᠤ ᠪᠠᠷ ᠵᠠᠶᠢᠯᠠᠬᠤ  ᠵᠤᠷᠯᠤᠩ  ᠪᠠᠶᠢᠭᠤᠯᠬᠤ ᠵᠡᠷᠭᠡ  ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠬᠢᠵᠦ᠂  ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠳᠡᠢ ᠬᠦᠭᠵᠢᠯᠳᠡ ᠶᠢᠨ ᠲᠤᠬᠠᠢ ᠤᠯᠤᠰ ᠤᠨ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠬᠦ ᠶᠢ ᠪᠠᠳᠤᠯᠠᠨ᠎ᠠ᠃  ᠬᠤᠶᠠᠳᠤᠭᠠᠷ ᠴᠡᠴᠡᠷᠯᠢᠭ ᠤᠨ ᠪᠦᠳᠦᠬᠡᠨ ᠪᠠᠶᠢᠭᠤᠯᠤᠯᠳᠠ ᠶᠢ ᠡᠬᠢᠯᠡᠨ᠂ ᠭᠤᠷᠪᠠᠳᠤᠭᠠᠷ  ᠴᠡᠴᠡᠷᠯᠢᠭ ᠤᠨ ᠲᠦᠯᠦᠪᠵᠢᠬᠦᠯᠬᠡ ᠶᠢ ᠬᠢᠵᠦ᠂  ᠬᠤᠶᠠᠳᠤᠭᠠᠷ ᠲᠤᠮᠳᠠᠳᠤ ᠰᠤᠷᠭᠠᠭᠤᠯᠢ   ᠶᠢᠨ ᠰᠢᠨ᠎ᠡ  ᠪᠠᠭᠤᠴᠠ  ᠶᠢ ᠰᠤᠩᠭᠤᠬᠤ ᠵᠡᠷᠭᠡ ᠲᠦᠷᠦᠬᠦᠴᠢ ᠬᠤᠭᠤᠴᠠᠭᠠᠨ ᠤ ᠠᠵᠢᠯ ᠢ ᠡᠬᠢᠯᠡᠨ᠎ᠡ᠃ ᠪᠠᠭᠰᠢ ᠶᠢᠨ ᠰᠤᠯᠢᠯᠴᠠᠭ᠎ᠠ ᠪᠠ ᠪᠤᠯᠪᠠᠰᠤᠷᠠᠯ ᠢ ᠴᠢᠩᠭᠠᠳᠬᠠᠵᠤ᠂  ᠰᠢᠯᠢᠳᠡᠭ ᠰᠤᠷᠭᠠᠭᠤᠯᠢ ᠶᠢᠨ ᠵᠠᠬᠢᠷᠤᠯ᠂  ᠰᠢᠯᠢᠳᠡᠭ ᠪᠠᠭᠰᠢ ᠬᠦᠮᠦᠵᠢᠬᠦᠯᠬᠦ ᠠᠵᠢᠯ ᠢ ᠦᠷᠨᠢᠬᠦᠯᠦᠨ᠂ ᠨᠢᠬᠡ ᠪᠦᠯᠦᠭ ᠰᠢᠯᠢᠳᠡᠭ ᠪᠠᠭᠰᠢ ᠶᠢ ᠡᠯᠰᠡᠨ ᠠᠪᠬᠤ ᠪᠤᠶᠤ ᠤᠷᠢᠨ ᠭᠡᠷᠡᠭᠯᠡᠵᠦ᠂ ᠨᠢᠬᠡᠳᠦᠭᠡᠷ ᠹᠠᠷᠤᠨᠲ ᠲᠡᠭᠡᠷᠡᠬᠢ  ᠪᠠᠭᠰᠢᠨᠠᠷ ᠤᠨ ᠱᠠᠩᠨᠠᠯ ᠵᠤᠷᠢᠬᠵᠢᠭᠤᠯᠤᠯ ᠤᠨ ᠡᠷᠴᠢᠮ ᠢ ᠤᠯᠠᠮ ᠨᠢᠬᠡ ᠠᠯᠬᠤᠮ ᠴᠢᠩᠭᠠᠷᠠᠭᠤᠯᠬᠤ ᠭᠡᠷᠡᠭᠳᠡᠢ᠃ ᠦᠨᠳᠦᠰᠦᠳᠡᠨ ᠤ ᠰᠤᠷᠭᠠᠨ ᠬᠦᠮᠦᠵᠢᠯ ᠢ ᠬᠦᠴᠦᠯᠡᠨ ᠬᠦᠭᠵᠢᠬᠦᠯᠵᠦ᠂ ᠮᠤᠩᠭᠤᠯ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠲᠠᠰᠤᠷᠠᠯᠳᠠ ᠦᠬᠡᠢ   ᠲᠡᠬᠦᠯᠳᠡᠷᠵᠢᠬᠦᠯᠦᠨ᠎ᠡ᠃  ᠡᠪᠡᠳᠴᠢᠨ ᠬᠢᠵᠢᠭ ᠰᠡᠷᠭᠡᠶᠢᠯᠡᠨ ᠬᠤᠷᠢᠭᠯᠠᠬᠤ᠂ ᠡᠷᠡᠬᠦᠯ ᠮᠡᠨᠳᠦ ᠶᠢ ᠠᠬᠢᠭᠤᠯᠬᠤ ᠪᠠ ᠡᠷᠡᠬᠦᠯ ᠮᠡᠨᠳᠦ ᠶᠢᠨ ᠬᠦᠮᠦᠵᠢᠯ ᠬᠦᠷᠳᠡᠭᠡᠬᠦ  ᠂  ᠡᠭᠡ ᠤᠷᠤᠨᠴᠢ ᠡᠷᠡᠬᠦᠯ ᠬᠠᠮᠠᠭᠠᠯᠠᠯ ᠪᠠ ᠬᠤᠳᠠ  ᠬᠦᠳᠡᠭᠡ ᠶᠢᠨ ᠤᠷᠴᠢᠨ ᠲᠤᠭᠤᠷᠢᠨ ᠤ ᠴᠡᠭᠴᠡᠯᠡᠯᠳᠡ᠂ ᠲᠦᠯᠦᠪᠯᠡᠬᠡᠳᠦ ᠦᠷᠡᠵᠢᠯ ᠵᠡᠷᠭᠡ ᠠᠵᠢᠯ ᠢ ᠤᠯᠠᠮ ᠨᠢᠬᠡ ᠠᠯᠬᠤᠮ  ᠴᠢᠩᠭᠠᠳᠬᠠᠬᠤ ᠭᠡᠷᠡᠭᠳᠡᠢ  ᠃  ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢᠨ ᠡᠷᠴᠢᠮ ᠢ ᠴᠢᠩᠭᠠᠷᠠᠭᠤᠯᠵᠤ᠂  ᠠᠵᠢᠯᠳᠠᠨ ᠭᠡᠷᠡᠭᠯᠡᠬᠦ ᠪᠠ ᠬᠤᠪᠢᠶᠠᠷᠢᠯᠠᠬᠤ ᠲᠤᠭᠳᠠᠴᠠ ᠶᠢ ᠠᠮᠢᠳᠤᠯᠢᠭ ᠪᠤᠯᠭᠠᠨ᠂  ᠦᠷᠬᠦᠯᠵᠢᠯᠡᠨ ᠤᠯᠠᠨ ᠵᠦᠢᠯ ᠤᠨ ᠠᠷᠭ᠎ᠠ ᠵᠠᠮ ᠢᠶᠠᠷ ᠡᠮ ᠡᠮᠨᠡᠯᠬᠡ ᠡᠷᠡᠬᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠳᠠᠨ ᠢ  ᠤᠷᠤᠭᠤᠯᠤᠨ ᠬᠡᠷᠡᠭᠯᠡᠵᠦ᠂ ᠭᠤᠤᠯᠳᠠᠯᠭᠠᠳᠠᠢ ᠲᠤᠰᠬᠠᠢ ᠮᠡᠷᠭᠡᠵᠢᠯ ᠤᠨ ᠰᠠᠯᠠᠭ᠎ᠠ ᠪᠠ ᠤᠨᠴᠠᠯᠢᠭᠳᠤ ᠲᠤᠰᠬᠠᠢ ᠮᠡᠷᠭᠡᠵᠢᠯ ᠤᠨ ᠰᠠᠯᠠᠭᠠᠨ ᠤ ᠪᠠᠶᠢᠭᠤᠯᠤᠯᠳᠠ ᠶᠢ ᠬᠢᠵᠦ᠂  ᠬᠤᠰᠢᠭᠤ ᠡᠮᠨᠡᠯᠬᠡ ᠶᠢᠨ ᠬᠤᠷᠢᠶᠠᠨ ᠤ ᠴᠢᠰᠤ ᠴᠡᠪᠡᠷᠰᠢᠬᠦᠯᠬᠦ ᠲᠦᠪ ᠪᠠ ᠰᠢᠯᠭᠠᠨ ᠪᠠᠶᠢᠴᠠᠭᠠᠬᠤ ᠲᠦᠪ ᠢ ᠲᠦᠷᠭᠡᠨ ᠠᠰᠢᠭᠯᠠᠯᠳᠠ ᠳᠤ ᠤᠷᠤᠭᠤᠯᠤᠨ᠎ᠠ᠃ ᠬᠢᠳᠠᠳ ᠮᠤᠩᠭᠤᠯ ᠡᠮᠨᠡᠯᠬᠡ ᠶᠢᠨ ᠬᠤᠷᠢᠶ᠎ᠠ ᠶᠢ ᠡᠨᠡ  ᠵᠢᠯ ᠠᠰᠢᠭᠯᠠᠯᠳᠠ ᠳᠤ ᠤᠷᠤᠭᠤᠯᠵᠤ᠂ ᠡᠬᠡ ᠨᠢᠯᠬᠠᠰ ᠤᠨ ᠡᠷᠡᠬᠦᠯ ᠬᠠᠮᠠᠭᠠᠯᠠᠯ  ᠪᠠ ᠲᠦᠯᠦᠪᠯᠡᠬᠡᠳᠦ ᠦᠷᠡᠵᠢᠯ ᠤᠨ ᠦᠢᠯᠡᠴᠢᠯᠡᠬᠡᠨ ᠤ ᠦᠷᠳᠡᠭᠡ ᠶᠢᠨ ᠶᠡᠷᠦᠩᠬᠡᠶᠢᠯᠡᠭᠰᠡᠨ ᠠᠰᠠᠷ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠨ᠎ᠡ᠃ ᠰᠢᠨ ᠬᠤᠸᠠ ᠨᠡᠶᠢᠬᠡᠮ ᠲᠤᠭᠤᠷᠢᠭ ᠤᠨ ᠪᠠᠷᠢᠮᠵᠢᠶᠠᠳᠤ ᠪᠦᠳᠦᠭᠡᠨ ᠪᠠᠶᠢᠭᠤᠯᠤᠯᠳᠠ ᠶᠢ  ᠪᠡᠶᠡᠯᠡᠬᠦᠯᠦᠨ᠎ᠡ᠃ ᠰᠤᠶᠤᠯ ᠤᠨ ᠤᠷᠳᠤᠨ᠂ ᠨᠤᠮ ᠤᠨ ᠤᠷᠳᠤᠨ ᠤ ᠦᠢᠯᠡᠴᠢᠯᠡᠬᠡᠨ ᠤ ᠴᠢᠳᠠᠪᠤᠷᠢ ᠶᠢ ᠤᠯᠠᠮ ᠲᠡᠬᠦᠯᠳᠡᠷᠵᠢᠬᠦᠯᠵᠦ᠂  ᠲᠠᠶᠢᠹᠤᠰᠧ ᠵᠡᠬᠦᠨ ᠭᠠᠷ ᠰᠦᠷᠦᠭ ᠤᠨ ᠶᠠᠮᠤᠨ ᠤ  ᠪᠠᠭᠤᠷᠢ ᠶᠢ ᠵᠠᠰᠠᠬᠤ᠂ ᠰᠢᠩᠭᠡᠯᠢᠭ ᠬᠡᠯᠪᠡᠷᠢᠳᠦ ᠬᠦᠯ ᠪᠦᠮᠪᠦᠬᠡᠨ ᠲᠠᠯᠠᠪᠠᠢ ᠶᠢ ᠪᠠᠶᠢᠭᠤᠯᠬᠤ ᠵᠡᠷᠭᠡ ᠰᠤᠶᠤᠯ ᠲᠠᠮᠢᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠬᠢᠨ᠎ᠡ᠃ ᠵᠡᠮᠳᠡᠭᠴᠤᠳ᠂ ᠨᠠᠰᠤᠳᠠᠶᠢᠴᠤᠳ᠂ ᠡᠮᠡᠭᠳᠡᠶᠢᠴᠤᠳ᠂ ᠬᠡᠦᠭᠡᠳ ᠪᠠᠭᠠᠴᠤᠳ ᠤᠨ ᠡᠷᠭᠡ ᠠᠰᠢᠭ ᠢ ᠬᠠᠮᠠᠭᠠᠯᠠᠬᠤ ᠠᠵᠢᠯ ᠢ ᠰᠠᠶᠢᠨ ᠬᠢᠵᠦ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠵᠡᠷᠭᠡ ᠨᠡᠶᠢᠳᠡ ᠶᠢᠨ ᠠᠰᠠᠷᠠᠮᠵᠢ ᠶᠢᠨ ᠦᠢᠯᠡᠰ   ᠢ ᠬᠦᠴᠦ ᠲᠠᠯᠪᠢᠵᠤ ᠬᠦᠭᠵᠢᠬᠦᠯᠬᠦ ᠭᠡᠷᠡᠭᠳᠡᠢ᠃      ᠡᠯ᠎ᠡ ᠠᠵᠢᠯ ᠲᠦᠷᠦᠯ ᠤᠨ ᠬᠠᠮᠢᠶᠠᠷᠤᠯᠳᠠ ᠶᠢᠨ  ᠡᠷᠴᠢᠮ ᠢ ᠴᠢᠩᠭᠠᠷᠠᠭᠤᠯᠵᠤ᠂  ᠵᠤᠭᠠᠴᠠᠯ  ᠂  ᠬᠤᠭᠤᠯᠠ ᠤᠮᠳᠠ ᠬᠤᠨᠤᠭ ᠰᠠᠭᠤᠴᠠ᠂  ᠢᠳᠡᠭᠡᠨ ᠤᠮᠳᠠᠭᠠᠨ ᠡᠮ ᠤᠨ ᠵᠦᠢᠯ᠂ ᠦᠢᠯᠡᠳᠪᠦᠷᠢ ᠠᠭᠤᠷᠬᠠᠢ᠂ ᠲᠡᠯᠬᠡᠬᠦᠷ ᠬᠤᠳᠠᠯᠳᠤᠭ᠎ᠠ᠂ ᠬᠤᠳᠠ ᠶᠢᠨ ᠦᠩᠬᠡ ᠲᠦᠷᠬᠦ᠂ ᠬᠤᠳᠠ ᠪᠠᠯᠭᠠᠰᠤᠨ ᠤ ᠬᠦᠪᠡᠭᠡ ᠵᠠᠬ᠎ᠠ ᠶᠢᠨ ᠤᠷᠤᠰᠢᠭᠤᠯᠭ᠎ᠠ᠂ ᠵᠠᠮ ᠬᠠᠷᠢᠯᠴᠠᠭ᠎ᠠ ᠵᠦᠬᠡᠬᠡᠪᠦᠷᠢ ᠶᠢᠨ ᠡᠮᠬᠢ ᠲᠢᠭᠯᠡᠮ  ᠂ ᠰᠤᠷᠭᠠᠭᠤᠯᠢ ᠶᠢᠨ ᠤᠷᠴᠢᠨ ᠲᠤᠭᠤᠷᠢᠨ᠂ ᠪᠠᠷᠢᠯᠭ᠎ᠠ ᠶᠢᠨ ᠭᠠᠵᠠᠷ ᠵᠡᠷᠭᠡ ᠠᠵᠢᠯ ᠲᠦᠷᠦᠯ ᠳᠤ ᠬᠤᠯᠪᠤᠭᠳᠠᠭᠰᠠᠨ 10 ᠲᠦᠷᠦᠯ ᠤᠨ ᠲᠤᠰᠬᠠᠢ ᠴᠡᠭᠴᠡᠯᠡᠯᠳᠡ ᠶᠢᠨ ᠠᠵᠢᠯᠯᠠᠭ᠎ᠠ  ᠶᠢ ᠬᠦᠨᠵᠡᠭᠡᠢ ᠦᠷᠨᠢᠬᠦᠯᠦᠨ᠂ ᠦᠢᠯᠡᠴᠢᠯᠡᠬᠡᠨ ᠤ ᠲᠦᠪᠰᠢᠨ ᠪᠠ ᠲᠦᠷᠢᠮᠵᠢᠯ ᠤᠨ ᠬᠡᠮᠵᠢᠶ᠎ᠡ ᠶᠢ ᠪᠦᠬᠦ ᠲᠠᠯᠠᠪᠠᠷ ᠲᠡᠭᠡᠭᠰᠢᠯᠡᠬᠦᠯᠬᠦ ᠭᠡᠷᠡᠭᠳᠡᠢ᠃  ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢ ᠤᠯᠠᠮ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠤᠨ ᠤᠬᠠᠮᠰᠠᠷ ᠢ ᠪᠠᠳᠤ ᠪᠠᠬᠢ ᠪᠤᠢ ᠪᠤᠯᠭᠠᠨ᠂ ᠠᠶᠤᠯᠬᠦᠢ ᠦᠢᠯᠡᠳᠪᠦᠷᠢᠯᠡᠯ  ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠠᠳᠡᠯ ᠡᠬᠦᠰᠬᠦ ᠶᠢ ᠡᠷᠡᠰ ᠬᠤᠷᠢᠭᠯᠠᠬᠤ ᠭᠡᠷᠡᠭᠳᠡᠢ᠃ ᠨᠡᠶᠢᠬᠡᠮ ᠤᠨ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠵᠤ᠂ ᠦᠨᠳᠦᠰᠦᠨ ᠱᠠᠳᠤᠨ ᠤ ᠵᠠᠰᠠᠯᠳᠠ ᠶᠢᠨ ᠠᠷᠭ᠎ᠠ ᠭᠡᠯᠪᠡᠷᠢ ᠶᠢ ᠰᠢᠨᠡᠴᠢᠯᠡᠨ᠂ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠠᠵᠢᠯ ᠢ ᠬᠦᠨᠵᠡᠬᠡᠢ ᠦᠷᠨᠢᠬᠦᠯᠵᠦ᠂  ᠡᠶ᠎ᠡ ᠵᠤᠬᠢᠴᠠᠯ ᠲᠠᠢ ᠠᠮᠤᠷ ᠲᠤᠭᠳᠠᠭᠤᠨ ᠬᠠᠤᠯᠢ ᠪᠠᠷ ᠵᠠᠰᠠᠬᠤ ᠤᠷᠴᠢ ᠲᠤᠭᠤᠷᠢᠨ ᠢ ᠡᠬᠦᠳᠦᠨ ᠪᠠᠶᠢᠭᠤᠯᠬᠤ ᠭᠡᠷᠡᠭᠳᠡᠢ᠃ ︽ ᠠᠮᠤᠷ ᠲᠦᠪᠰᠢᠨ ᠲᠠᠶᠢᠹᠤᠰᠧ ᠬᠤᠰᠢᠭᠤ︾ ᠶᠢᠨ  ᠪᠦᠳᠦᠬᠡᠨ ᠪᠠᠶᠢᠭᠤᠯᠤᠯᠳᠠ ᠶᠢ ᠬᠦᠨᠵᠡᠬᠡᠢ ᠲᠦᠯᠬᠢᠨ ᠠᠬᠢᠭᠤᠯᠵᠤ᠂  ᠡᠯ᠎ᠡ ᠲᠦᠷᠦᠯ ᠤᠨ ᠬᠠᠤᠯᠢ ᠪᠤᠰᠤ ᠶᠠᠯᠠᠳᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠶᠢᠨ ᠬᠠᠮᠳᠤ  ᠵᠠᠯᠬᠠᠭᠠᠨ ᠰᠢᠳᠭᠡᠵᠦ᠂  ᠠᠷᠠᠳ ᠠᠮᠤᠭᠤᠯᠠᠩ ᠨᠡᠶᠢᠬᠡᠮ ᠲᠤᠭᠳᠠᠭᠤᠨ ᠪᠠᠶᠢᠬᠤ  ᠶᠢ ᠪᠠᠳᠤᠯᠠᠨ᠎ᠠ᠃   ᠭᠠᠴᠠᠭ᠎ᠠ ᠲᠤᠰᠬᠤᠨ ᠤ ᠬᠠᠮᠳᠤ ᠶᠢᠨ ᠪᠡᠯᠡ  ᠮᠦᠩᠬᠦ ᠡᠳ᠋ ᠬᠦᠷᠦᠩᠬᠡ ᠡᠬᠢ ᠪᠠᠶᠠᠯᠢᠭ ᠤᠨ ᠬᠠᠮᠢᠶᠠᠷᠤᠯᠳᠠ ᠶᠢ ᠴᠢᠩᠭ᠍ᠭᠠᠳᠬᠠᠵᠤ᠂  ᠪᠤᠯᠪᠠᠰᠤᠷᠠᠯ ᠬᠦᠮᠦᠵᠢᠯ ᠪᠠ ᠱᠠᠭᠠᠷᠳᠠᠨ ᠪᠠᠶᠢᠴᠠᠭᠠᠯᠳᠠ ᠶᠢᠨ ᠡᠷᠴᠢᠮ ᠢ ᠴᠢᠩᠭᠠᠷᠠᠭᠤᠯᠤᠨ᠂  ᠲᠤᠭᠳᠠᠮᠠᠯ ᠬᠤᠭᠤᠴᠠᠭᠠᠨ ᠳᠤ  ᠨᠡᠶᠢᠳᠡᠯᠡᠬᠦ ᠲᠦᠷᠢᠮ ᠲᠤᠭᠳᠠᠭᠠᠯ ᠢ  ᠲᠡᠬᠦᠯᠳᠡᠷᠵᠢᠬᠦᠯᠦᠨ᠎ᠡ᠃ ᠢᠯᠡ ᠪᠠᠷ ᠶᠠᠪᠤᠭᠳᠠᠭᠤᠯᠤᠭᠰᠠᠨ ᠵᠠᠬᠢᠳᠠᠯ ᠰᠤᠷᠪᠤᠯᠵᠢᠯᠠᠭ᠎ᠠ᠂  ᠬᠠᠤᠯᠢ ᠪᠠᠷ ᠵᠠᠰᠠᠭᠰᠠᠨ ᠵᠠᠬᠢᠳᠠᠯ ᠰᠤᠷᠪᠤᠯᠵᠢᠯᠠᠭ᠎ᠠ᠂  ᠬᠠᠷᠢᠭᠤᠴᠠᠯᠭ᠎ᠠ ᠡᠬᠦᠷᠭᠡᠯᠡᠭᠰᠡᠨ ᠵᠠᠬᠢᠳᠠᠯ ᠰᠤᠷᠪᠤᠯᠵᠢᠯᠠᠭ᠎ᠠ  ᠬᠢᠭᠡᠳ ᠤᠳᠤᠷᠢᠳᠤᠯᠭ᠎ᠠ ᠲᠠᠭᠠᠭᠠᠵᠤ ᠰᠢᠢᠳᠪᠦᠷᠢᠯᠡᠬᠦ᠂ ᠰᠠᠯᠠᠭ᠎ᠠ ᠮᠦᠴᠢᠷ ᠬᠤᠯᠪᠤᠭᠠᠯᠠᠨ ᠰᠢᠢᠳᠪᠦᠷᠢᠯᠡᠬᠦ ᠵᠡᠷᠭᠡ ᠲᠦᠷᠢᠮ ᠢ ᠦᠷᠬᠦᠯᠵᠢᠯᠡᠨ ᠰᠠᠶᠢᠳᠤᠷ ᠭᠡᠷᠡᠭᠵᠢᠬᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠲᠢᠭᠯᠡᠮ ᠢ ᠲᠦᠷᠢᠮᠵᠢᠬᠦᠯᠦᠨ᠂ ᠦᠢᠮᠡᠬᠦᠯᠵᠦ ᠲᠦᠢᠪᠡᠭᠡᠬᠦ ᠬᠠᠤᠯᠢ ᠪᠤᠰᠤ ᠠᠵᠢᠯᠯᠠᠭ᠎ᠠ ᠳᠤ  ᠴᠢᠩᠭ᠎ᠠ ᠴᠤᠬᠢᠯᠳᠠ ᠦᠭᠬᠦ ᠭᠡᠷᠡᠭᠳᠡᠢ᠃ ᠨᠠᠮ ᠤᠨ ᠦᠨᠳᠦᠰᠦᠳᠡᠨ ᠱᠠᠰᠢᠨ ᠰᠤᠷᠳᠠᠬᠤᠨ ᠤ ᠲᠦᠷᠦ  ᠶᠢᠨ ᠪᠤᠳᠤᠯᠭ᠎ᠠ ᠶᠢ ᠨᠢᠮᠪᠠᠢ ᠲᠤᠤᠱᠯᠠᠭᠤᠯᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠰᠤᠷᠤ ᠰᠠᠶᠢᠨ ᠪᠠᠶᠢᠳᠠᠯ ᠢ ᠤᠯᠠᠮ ᠴᠢᠨᠠᠭᠰᠢᠳᠠ ᠪᠠᠬᠢᠵᠢᠬᠦᠯᠬᠦ ᠭᠡᠷᠡᠭᠳᠡᠢ᠃  ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠲᠡᠬᠦᠨ ᠤ ᠪᠠᠶᠢᠩᠭᠤ ᠶᠢᠨ ᠬᠤᠷᠢᠶᠠᠨ ᠤ ᠲᠤᠭᠳᠠᠭᠠᠯ ᠰᠢᠢᠳᠪᠦᠷᠢ   ᠶᠢ ᠴᠢᠩᠭ᠎ᠠ ᠭᠡᠷᠡᠭᠵᠢᠬᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ᠂ ᠲᠦᠯᠦᠭᠡᠯᠡᠭᠴᠢᠳ ᠪᠠ ᠭᠡᠰᠢᠬᠦᠳ ᠤᠨ ᠰᠠᠨᠠᠯ ᠰᠠᠨᠠᠭᠤᠯᠭ᠎ᠠ᠂ ᠰᠠᠨᠠᠯ ᠲᠤᠷᠠᠳᠤᠯᠭ᠎ᠠ   ᠶᠢ ᠬᠦᠢᠴᠡᠳᠭᠡᠬᠦ ᠲᠠᠯᠠᠪᠠᠷ ᠴᠢᠨᠠᠷ ᠴᠢᠨᠰᠠᠭ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠡᠢ᠃        ᠬᠡᠴᠢᠨᠠᠨ ᠰᠠᠶᠢᠨ ᠰᠢᠢᠳᠪᠦᠷᠢᠳᠦ ᠪᠤᠳᠤᠯᠭ᠎ᠠ᠂ ᠭᠡᠳᠦᠢ ᠰᠠᠶᠢᠬᠠᠨ ᠬᠠᠷᠠᠯᠳᠠ ᠲᠦᠰᠦᠪ ᠪᠠᠶᠢᠭᠰᠠᠨ ᠴᠤ  ᠡᠷᠴᠢᠮ ᠪᠦᠳᠦᠮᠵᠢ ᠲᠠᠢ ᠨᠠᠶᠢᠳᠠᠪᠤᠷᠢᠵᠢᠭᠤᠯᠬᠤ ᠦᠬᠡᠢ ᠪᠤᠯ ᠬᠤᠭᠤᠰᠤᠨ ᠦᠬᠡ ᠲᠡᠳᠦᠢ᠃  ᠡᠨᠡ  ᠵᠢᠯ ᠤᠨ ᠵᠠᠰᠠᠭ  ᠤᠨ ᠤᠷᠳᠤᠨ ᠤ ᠠᠵᠢᠯ ᠤᠨ ᠡᠯ᠎ᠡ ᠲᠦᠷᠦᠯ ᠤᠨ ᠬᠠᠷᠠᠯᠳᠠ ᠡᠬᠦᠷᠭᠡ ᠨᠢᠬᠡᠨᠳᠡ ᠲᠤᠳᠤᠷᠬᠠᠢ ᠪᠤᠯᠪᠠ  ᠃ ᠡᠨᠡ  ᠪᠤᠯ ᠪᠢᠳᠡᠨ ᠤ ᠪᠦᠬᠦ ᠬᠤᠰᠢᠭᠤᠨ ᠤ ᠺᠠᠳᠠᠷ ᠤᠯᠠᠨ ᠲᠦᠮᠡᠨ ᠳᠤ ᠬᠢᠭᠰᠡᠨ ᠲᠦᠪ ᠴᠢᠩᠭ᠎ᠠ ᠠᠮᠠᠯᠠᠯᠳᠠ  ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠬᠢᠭᠡᠳ ᠡᠯ᠎ᠡ ᠱᠠᠳᠤᠨ ᠤ ᠤᠳᠤᠷᠢᠳᠬᠤ ᠺᠠᠳᠠᠷᠴᠤᠳ ᠡᠷᠭᠡᠪᠰᠢ ᠤᠪᠤᠷ ᠢᠶᠠᠨ ᠲᠦᠪ ᠪᠠᠶᠢᠯᠭᠠᠵᠤ᠂ ᠬᠠᠷᠢᠭᠤᠴᠠᠯᠭ᠎ᠠ ᠪᠠᠨ ᠪᠠᠳᠤ ᠴᠡᠭᠡᠵᠢᠯᠡᠨ᠂ ᠵᠠᠮ ᠨᠡᠬᠡᠬᠡᠨ ᠰᠢᠨ᠎ᠡ ᠶᠢ ᠡᠬᠦᠳᠴᠦ᠂  ᠬᠠᠳᠠᠭᠤᠵᠢᠯᠳᠠᠢ ᠲᠡᠮᠡᠴᠡᠵᠦ ᠪᠤᠳᠠᠳᠠᠢ ᠠᠵᠢᠯᠯᠠᠨ᠂  ᠠᠷᠠᠳ ᠲᠦᠮᠡᠨ ᠳᠤ ᠨᠢᠬᠡᠨ ᠬᠤᠪᠢ ᠬᠠᠨᠤᠮᠵᠢᠳᠠᠢ ᠬᠢᠷᠢ ᠪᠦᠳᠦᠮᠵᠢ   ᠶᠢᠨ ᠬᠠᠭᠤᠳᠠᠰᠤ ᠲᠤᠰᠢᠶᠠᠬᠤ   ᠪᠠᠷ ᠴᠢᠷᠮᠠᠶᠢᠬᠤ ᠭᠡᠷᠡᠭᠳᠡᠢ᠃ ᠤᠳᠤᠬᠠᠨ ᠮᠠᠨ ᠤ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠨᠢ ᠶᠠᠭ  ᠪᠤᠭᠤᠮᠳᠠ ᠰᠢᠪᠳᠤᠯᠵᠤ ᠦᠬᠡᠳᠡ ᠲᠠᠪᠠᠭ᠋ᠤ ᠵᠠᠩᠬᠢᠯᠠᠭ᠎ᠠ ᠶᠢᠨ ᠮᠦᠴᠡ ᠳᠤ ᠪᠠᠶᠢᠵᠤ᠂ ᠠᠵᠤ ᠦᠢᠯᠡᠰ ᠢ ᠬᠦᠭᠵᠢᠬᠦᠯᠬᠦ᠂  ᠶᠠᠳᠠᠭᠤ ᠠᠴᠠ ᠠᠩᠬᠢᠵᠢᠷᠠᠭᠤᠯᠬᠤ  ᠪᠤᠭᠤᠮᠳᠠ ᠰᠢᠪᠳᠤᠯᠬᠤ᠂  ᠠᠷᠠᠳ  ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠡᠯ᠎ᠡ ᠲᠦᠷᠦᠯ ᠤᠨ ᠠᠵᠢᠯ   ᠤᠨ ᠡᠬᠦᠷᠭᠡ ᠬᠦᠨᠳᠦ ᠵᠠᠮ ᠬᠤᠯᠠ ᠪᠠᠶᠢᠭ᠎ᠠ᠃  ᠡᠯ᠎ᠡ  ᠱᠠᠳᠤᠨ ᠤ ᠺᠠᠳᠠᠷᠴᠤᠳ ᠡᠷᠭᠡᠪᠰᠢ  ᠵᠤᠷᠢᠭᠳᠠᠢ ᠪᠠᠷ ᠡᠬᠦᠷᠭᠡᠯᠡᠨ ᠵᠢᠷᠦᠭᠡᠳᠡᠢ ᠪᠠᠷ ᠬᠠᠷᠢᠭᠤᠴᠠᠵᠤ᠂  ᠦᠪᠡᠷ ᠦᠪᠡᠷ ᠤᠨ ᠠᠵᠢᠯ ᠤᠨ  ᠪᠠᠶᠢᠷᠢ ᠲᠡᠭᠡᠷ᠎ᠡ ᠡᠬᠦᠷᠭᠡ ᠲᠤᠰᠢᠶᠠᠯ ᠢᠶᠠᠨ ᠰᠠᠶᠢᠳᠤᠷ ᠬᠦᠢᠴᠡᠳᠭᠡᠨ᠂  ︽ᠲᠡᠮᠦᠷ ᠬᠠᠳᠠᠭᠠᠰᠤ︾ ᠨᠢᠬᠡᠪᠦᠷᠢ ᠶᠢ ᠰᠠᠶᠢᠨ ᠬᠠᠳᠠᠵᠤ᠂  ︽ᠴᠢᠯᠠᠭᠤᠨ ᠰᠠᠭᠤᠷᠢ︾ ᠨᠢᠬᠡᠪᠦᠷᠢ ᠶᠢ ᠪᠠᠬᠢ ᠵᠡᠷᠭᠡᠯᠡᠬᠦ ᠭᠡᠷᠡᠭᠳᠡᠢ ᠃  ᠨᠠᠷᠢᠨ ᠨᠢᠮᠪᠠᠢ᠂ ᠲᠦᠪ ᠴᠢᠩᠭ᠎ᠠ᠂ ᠦᠨᠡᠨ ᠪᠤᠳᠠᠳᠠᠢ ᠪᠠᠶᠢᠬᠤ ᠰᠢᠯᠢᠳᠡᠭ ᠰᠤᠷᠳᠠᠯ ᠢ ᠪᠠᠳᠠᠷᠠᠭᠤᠯᠵᠤ᠂ ᠦᠨᠡᠨ ᠦᠬᠡ ᠶᠠᠷᠢᠬᠤ᠂ ᠪᠤᠳᠠᠳᠠᠢ ᠠᠵᠢᠯ ᠬᠢᠬᠦ᠂ ᠦᠷ᠎ᠡ ᠪᠦᠳᠦᠮᠵᠢ ᠶᠢ  ᠴᠢᠬᠤᠯᠠᠴᠢᠯᠠᠬᠤ ᠠᠭᠤᠷ ᠠᠮᠢᠰᠬᠤᠯ ᠢ ᠪᠤᠢ ᠪᠤᠯᠭᠠᠨ᠂  ᠬᠤᠭᠤᠰᠤᠨ ᠨᠡᠷ᠎ᠡ  ᠬᠦᠭᠡᠭᠡᠴᠡᠯᠳᠦᠵᠦ ᠬᠠᠭᠤᠷᠮᠠᠭ ᠭᠠᠪᠢᠶ᠎ᠠ ᠪᠠᠶᠢᠭᠤᠯᠬᠤ ᠶᠢ ᠴᠡᠭᠡᠷᠯᠡᠨ᠂  ᠰᠠᠭᠤᠷᠢ ᠲᠠᠯᠪᠢᠭᠰᠠᠨ ᠬᠤᠯᠠ ᠶᠢ ᠪᠤᠳᠤᠭᠰᠠᠨ ᠠᠵᠢᠯ ᠢᠯᠡᠬᠦᠦ ᠬᠢᠵᠦ᠂  ᠠᠷᠠᠳ ᠤᠨ ᠰᠡᠳᠬᠢᠯ ᠢ ᠤᠯᠤᠭᠰᠠᠨ᠂ ᠠᠷᠠᠳ ᠤᠨ ᠰᠠᠨᠠᠭ᠎ᠠ ᠳᠤ ᠨᠡᠶᠢᠴᠡᠭᠰᠡᠨ ᠪᠤᠳᠠᠳᠠᠢ ᠠᠵᠢᠯ ᠢ ᠢᠯᠡᠬᠦᠦ ᠬᠢᠬᠦ ᠭᠡᠷᠡᠭᠳᠡᠢ᠃  ᠤᠯᠠᠨ ᠲᠦᠮᠡᠨ ᠤ ᠤᠷᠤᠯᠴᠠᠯᠭ᠎ᠠ ᠪᠠ ᠲᠡᠮᠵᠢᠯᠬᠡ   ᠳᠤ ᠲᠦᠰᠢᠭᠯᠡᠨ᠂ ᠤᠯᠠᠨ ᠲᠦᠮᠡᠨ ᠤ ᠤᠢ  ᠤᠬᠠᠭᠠᠨ ᠪᠠ ᠬᠦᠴᠦᠨ ᠴᠢᠳᠠᠯ ᠢ ᠲᠦᠪᠯᠡᠷᠡᠬᠦᠯᠵᠦ᠂  ᠤᠯᠠᠨ ᠲᠦᠮᠡᠨ ᠤ ᠬᠦᠰᠡᠯ ᠡᠷᠡᠮᠡᠯᠵᠡᠯ ᠢ ᠪᠤᠳᠠᠳᠠᠢ ᠠᠷᠭ᠎ᠠ ᠪᠤᠳᠤᠯᠭ᠎ᠠ᠂ ᠪᠤᠳᠠᠳᠠᠢ ᠡᠬᠦᠷᠭᠡ ᠬᠠᠷᠠᠯᠳᠠ ᠪᠤᠯᠭᠠᠵᠤ ᠬᠤᠪᠢᠷᠠᠭᠤᠯᠬᠤ ᠭᠡᠷᠡᠭᠳᠡᠢ᠃ ᠦᠨᠡᠨ ᠪᠤᠳᠠᠳᠠᠢ᠂ ᠦᠷ᠎ᠡ ᠪᠦᠳᠦᠮᠵᠢᠳᠡᠢ᠂ ᠠᠷᠢᠭᠤᠨ ᠴᠢᠭᠡᠴᠢ᠂ ᠢᠯᠡ  ᠲᠤᠳᠤ ᠵᠠᠰᠠᠭ ᠤᠨ ᠤᠷᠳᠤᠨ ᠢ ᠪᠠᠶᠢᠭᠤᠯᠬᠤ ᠶᠢᠨ ᠲᠤᠭᠤᠷᠢᠨ ᠳᠤ ᠬᠦᠴᠢᠷ ᠪᠡᠷᠭᠡ ᠶᠢ ᠢᠯᠠᠵᠤ᠂ ᠡᠷᠡᠰ ᠰᠢᠭᠤᠷᠬᠠᠢ ᠠᠵᠢᠯᠯᠠᠨ᠂  ᠬᠤᠷᠴᠠ ᠭᠠᠪᠰᠢᠭᠠᠢ ᠪᠠᠷ ᠪᠤᠭᠤᠮᠳᠠ ᠰᠢᠪᠳᠤᠯᠬᠤ ᠵᠤᠷᠢᠭ ᠰᠠᠨᠠᠭ᠎ᠠ ᠶᠢ ᠪᠠᠳᠠᠷᠠᠭᠤᠯᠤᠨ᠂ ︽ ᠲᠠᠷᠤᠶᠢᠬᠠᠨ ᠬᠦᠢᠴᠡᠳᠭᠡᠬᠦ︾ ᠲᠦᠷᠢᠮ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ᠴᠢᠳᠠᠪᠤᠷᠢ ᠲᠠᠢ ᠨᠢ ᠭᠠᠷᠴᠤ ᠴᠢᠳᠠᠪᠤᠷᠢ ᠦᠬᠡᠢ ᠨᠢ ᠪᠠᠭᠤᠬᠤ ᠬᠦᠮᠦᠨ ᠭᠡᠷᠡᠭᠯᠡᠬᠦ ᠴᠢᠭᠯᠡᠯ ᠢ ᠪᠤᠢ ᠪᠤᠯᠭᠠᠬᠤ ᠭᠡᠷᠡᠭᠳᠡᠢ᠃  ᠡᠷᠭᠡ ᠲᠤᠰᠢᠶᠠᠯ  ᠢ  ᠡᠵᠡᠮᠳᠡᠨ ᠬᠢᠵᠠᠭᠠᠷᠯᠠᠵᠤ᠂ ᠠᠰᠢᠭ  ᠦᠵᠡᠪᠡᠯ ︽ᠭᠠᠷ ᠢᠶᠠᠨ ᠰᠠᠷᠪᠠᠶᠢᠨ︾᠂ ᠬᠦᠴᠢᠷ ᠤᠴᠠᠷᠠᠪᠠᠯ ︽ᠭᠠᠷ ᠢᠶᠠᠨ ᠲᠤᠭᠳᠤᠶᠢᠯᠠᠵᠤ︾᠂ ᠵᠦᠷᠢᠴᠡᠯ ᠲᠤᠬᠢᠶᠠᠯᠳᠤᠪᠠᠯ  ︽ᠭᠠᠷ ᠢᠶᠠᠨ ᠰᠡᠭᠰᠦᠷᠬᠦ︾ ᠦᠵᠡᠭᠳᠡᠯ ᠢ ᠡᠷᠡᠰ ᠴᠡᠭᠡᠷᠯᠡᠨ᠂ ︽ᠵᠠᠰᠠᠭ ᠶᠠᠪᠤᠭᠤᠯᠬᠤ ᠪᠤᠯ ᠲᠠᠷᠤᠢ ᠦᠢᠯᠡᠴᠢᠯᠡᠭᠡ ᠬᠢᠬᠦ︾ ᠭᠡᠮᠡᠬᠦ ᠤᠶᠢᠯᠠᠭᠠᠭᠳᠠᠬᠤᠨ ᠢ  ᠪᠠᠳᠤ ᠪᠠᠬᠢ ᠪᠤᠢ ᠪᠤᠯᠭᠠᠵᠤ᠂   ᠯᠠᠷᠵᠢᠶ᠎ᠠ   ᠪᠠᠨ ᠲᠠᠶᠠᠭᠳᠠᠨ᠂  ᠰᠤᠷᠳᠠᠯ ᠢᠶᠠᠨ ᠰᠠᠶᠢᠵᠢᠷᠠᠭᠤᠯᠵᠤ᠂ ᠦᠨᠡᠨ ᠪᠤᠳᠠᠳᠠᠢ ᠠᠵᠢᠯ ᠤᠨ ᠪᠦᠳᠦᠮᠵᠢ ᠪᠠᠷ ᠠᠷᠠᠳ ᠲᠦᠮᠡᠨ ᠤ ᠢᠳᠡᠭᠡᠯ ᠪᠠ ᠬᠦᠷᠢᠶᠡᠯᠡᠯ ᠢ ᠤᠯᠵᠤ᠂  ᠬᠡᠯᠡᠪᠡᠯ ᠬᠢᠵᠦ ᠬᠢᠪᠡᠯ ᠪᠡᠶᠡᠯᠡᠬᠦᠯᠬᠦ ᠢᠳᠡᠪᠬᠢᠳᠡᠢ  ᠦᠵᠡᠯ ᠰᠠᠨᠠᠭ᠎ᠠ ᠪᠠ ᠦᠢᠯᠡ  ᠠᠵᠢᠯᠯᠠᠭ᠎ᠠ ᠪᠠᠷ ᠵᠠᠰᠠᠭ ᠤᠨ ᠤᠷᠳᠤᠨ ᠤ ᠡᠯ᠎ᠡ ᠲᠦᠷᠦᠯ ᠤᠨ ᠠᠵᠢᠯ ᠢ ᠲᠦᠯᠬᠢᠨ ᠠᠬᠢᠭᠤᠯᠵᠤ ᠰᠢᠨ᠎ᠡ ᠱᠠᠳᠤᠨ ᠳᠤ ᠭᠠᠷᠭᠠᠬᠤ ᠭᠡᠷᠡᠭᠳᠡᠢ᠃      ᠲᠦᠯᠦᠭᠡᠯᠡᠭᠴᠢᠳ ᠡ᠂  ᠬᠠᠳᠠᠨ ᠵᠤᠷᠢᠭ ᠪᠠᠶᠢᠪᠠᠰᠤ ᠬᠠᠳᠠᠭᠤ ᠪᠤᠭᠤᠮᠳᠠ ᠶᠢ ᠲᠠᠪᠠᠮᠤᠢ︕  ᠰᠢᠨ᠎ᠡ ᠨᠢᠬᠡᠨ ᠵᠢᠯ ᠳᠡᠭᠡᠨ  ᠪᠢᠳᠡ ᠬᠠᠨᠴᠤᠢ ᠰᠢᠮᠠᠯᠠᠨ ᠬᠠᠳᠠᠭᠤᠵᠢᠯᠳᠠᠢ ᠠᠵᠢᠯᠯᠠᠵᠤ᠂  ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂   ᠪᠦᠯᠬᠦᠮᠳᠡᠨ ᠲᠡᠮᠡᠴᠡᠵᠦ ᠵᠤᠷᠢᠭᠳᠠᠢ ᠤᠷᠤᠭᠰᠢᠯᠠᠨ᠂  ᠰᠢᠯᠢᠳᠡᠭ ᠰᠠᠶᠢᠨ ᠬᠢᠷᠢ ᠪᠦᠳᠦᠮᠵᠢ ᠪᠠᠷ  ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠬᠢᠭᠡᠳ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠵᠤ᠂  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠬᠤ᠂ ᠴᠢᠨᠡᠭᠡᠯᠢᠭ ᠨᠡᠶᠢᠬᠡᠮ ᠢ ᠪᠦᠬᠦ ᠲᠠᠯᠠᠪᠠᠷ ᠪᠠᠶᠢᠭᠤᠯᠬᠤ  ᠠᠤᠭ᠎ᠠ ᠬᠠᠷᠠᠯᠳᠠ ᠶᠢ ᠪᠡᠶᠡᠯᠡᠬᠦᠯᠬᠦ ᠶᠢᠨ ᠲᠦᠯᠦᠬᠡ ᠰᠢᠨᠳᠠᠷᠠᠰᠢ ᠦᠬᠡᠢ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号