ᠲᠠᠶᠢᠹᠤᠰᠧ ᠬᠤᠰᠢᠭᠤ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ ᠬᠤᠳᠠᠯᠳᠤᠭᠠᠨ ᠤ ᠬᠦᠭᠵᠢᠯᠳᠡ ᠶᠢ ᠲᠦᠷᠭᠡᠳᠭᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2017-12-13
         ᠤᠶᠢᠷ᠎ᠠ ᠶᠢᠨ ᠵᠢᠯ ᠳᠤ᠂   ᠮᠡᠳᠡᠭᠡ ᠵᠠᠩᠬᠢ ᠶᠢᠨ ᠠᠵᠤ ᠦᠢᠯᠡᠰ ᠤᠨ  ᠬᠦᠭᠵᠢᠯᠳᠡ ᠬᠢᠭᠡᠳ  ᠢᠨᠲ᠋ᠧᠷ ᠰᠦᠯᠵᠢᠶᠡᠨ ᠤ  ᠭᠡᠷᠡᠭᠯᠡᠭᠴᠢ  ᠲᠠᠰᠤᠷᠠᠯᠳᠠ ᠦᠬᠡᠢ ᠨᠡᠮᠡᠭᠳᠡᠬᠦ ᠶᠢ ᠲᠠᠭᠠᠯᠳᠤᠭᠠᠳ᠂ ᠲᠠᠶᠢᠹᠤᠰᠧ  ᠬᠤᠰᠢᠭᠤᠨ ᠤ ᠡᠯᠧᠺᠲᠷᠤᠨ ᠬᠤᠳᠠᠯᠳᠤᠭᠠᠨ ᠤ  ᠶᠠᠪᠤᠳᠠᠯ ᠦᠳᠳᠡᠷ ᠲᠦᠷᠭᠡᠨ ᠬᠦᠭᠵᠢᠵᠦ  ᠂ ᠢᠯᠠᠩᠭᠤᠶ᠎ᠠ ᠡᠯᠧᠺᠲᠷᠤᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠤᠷᠤᠨ ᠳᠤ  ᠬᠦᠷᠭᠡᠬᠦ ᠠᠵᠢᠯ ᠦᠷᠨᠢᠬᠦᠨ  ᠬᠦᠭᠵᠢᠯᠳᠡ ᠶᠢᠨ ᠵᠠᠮ ᠳᠤ ᠤᠷᠤᠭᠠᠳ  ᠵᠤᠬᠢᠬᠤ ᠬᠡᠮᠵᠢᠶᠡᠨ ᠤ ᠠᠮᠵᠢᠯᠳᠠ  ᠤᠯᠤᠭᠰᠠᠨ ᠪᠠᠶᠢᠨ᠎ᠠ  ᠃  2016 ᠤᠨ ᠳᠤ ᠲᠤᠰ ᠬᠤᠰᠢᠭᠤ ᠨᠢ  ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠬᠦᠷᠭᠡᠬᠦ  ᠤᠷᠤᠨ ᠤ ᠲᠡᠰ ᠤᠨ ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ ᠬᠤᠰᠢᠭᠤ᠂  2017 ᠤᠨ ᠳᠤ  ᠡᠯᠧᠺᠲᠷᠤᠨ ᠬᠤᠳᠠᠯᠳᠤᠭᠠᠨ ᠤ ᠶᠠᠪᠤᠳᠠᠯ ᠎ ᠢ ᠬᠦᠳᠡᠭᠡ ᠬᠦᠷᠭᠡᠬᠦ ᠤᠯᠤᠰ ᠤᠨ ᠲᠡᠰ ᠤᠨ ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ ᠬᠤᠰᠢᠭᠤ  ᠪᠤᠯᠵᠤ᠂  ᠪᠦᠬᠦ ᠤᠷᠤᠨ ᠳᠤ ᠤᠯᠤᠰ ᠤᠨ ᠲᠡᠰ ᠤᠨ  ᠪᠦᠬᠡᠳ ᠤᠷᠤᠨ ᠤ ᠲᠡᠰ ᠤᠨ ᠵᠢᠱᠢᠶ᠎ᠡ ᠦᠵᠡᠬᠦᠯᠬᠦ ᠬᠤᠰᠢᠭᠤ  ᠎ ᠪᠠᠷ ᠦᠨᠡᠯᠡᠭᠳᠡᠭᠰᠡᠨ ᠴᠤᠷ ᠤᠨ ᠭᠠᠭᠴᠠ ᠬᠤᠰᠢᠭᠤ ᠰᠢᠶᠠᠨ ᠪᠤᠯᠵᠠᠢ᠃ ᠤᠳᠤ ᠪᠤᠯᠳᠠᠯ᠎ᠠ᠂ ᠲᠤᠰ ᠬᠤᠰᠢᠭᠤᠨ ᠳᠤ 32 ᠡᠷᠦᠬᠡ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠲᠠᠩᠰᠠᠯᠠᠭᠤᠯᠵᠤ᠂   ᠡᠬᠦᠨ ᠳᠤ ᠲᠤᠳᠤᠷ᠎ᠠ 5 ᠡᠷᠦᠬᠡ ᠨᠢ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ  ᠪᠠᠶᠢᠭᠤᠯᠤᠭᠠᠳ᠂ ᠰᠦᠯᠵᠢᠶ᠎ᠡ  ᠲᠡᠭᠡᠷᠡᠬᠢ ᠲᠠᠸᠠᠷ ᠤᠨ ᠪᠤᠷᠤᠯᠠᠭᠤᠯᠭ᠎ᠠ ᠶᠢᠨ ᠲᠦᠷᠦᠯ 200 ᠭᠠᠷᠤᠢ ᠪᠤᠯᠵᠤ᠂ ᠵᠢᠯ ᠳᠤ ᠪᠠᠷᠤᠭ 4000 ᠲᠦᠮᠡᠨ ᠲᠦᠬᠦᠷᠢᠭ ᠎ ᠤᠨ ᠪᠤᠷᠤᠯᠠᠭᠤᠯᠭ᠎ᠠ ᠶᠢᠨ ᠦᠷᠳᠡᠭ  ᠪᠡᠶᠡᠯᠡᠬᠦᠯᠵᠦ᠂   ᠮᠠᠯᠵᠢᠬᠤ ᠲᠠᠷᠢᠶᠠᠯᠠᠬᠤ ᠤᠷᠤᠨ ᠤ 3000 ᠭᠠᠷᠤᠢ ᠡᠷᠦᠬᠡ  ᠎ ᠶᠢᠨ  5000  ᠭᠠᠷᠤᠢ   ᠬᠦᠮᠦᠨ ᠳᠤ ᠠᠰᠢᠭ ᠲᠤᠰᠠ ᠬᠦᠷᠳᠡᠭᠡᠨ᠂  ᠬᠦᠮᠦᠨ ᠲᠤᠮᠳᠠᠴᠢ ᠪᠠᠷ 500 ᠲᠦᠬᠦᠷᠢᠭ ᠎ ᠤᠨ ᠤᠷᠤᠯᠭ᠎ᠠ ᠨᠡᠮᠡᠭᠳᠡᠬᠦᠯᠵᠦ ᠪᠠᠶᠢᠨ᠎ᠠ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号