ᠤᠶᠢᠷ᠎ᠠ ᠶᠢᠨ ᠵᠢᠯ ᠳᠤ᠂ ᠮᠡᠳᠡᠭᠡ ᠵᠠᠩᠬᠢ ᠶᠢᠨ ᠠᠵᠤ ᠦᠢᠯᠡᠰ ᠤᠨ ᠬᠦᠭᠵᠢᠯᠳᠡ ᠬᠢᠭᠡᠳ ᠢᠨᠲ᠋ᠧᠷ | ᠰᠦᠯᠵᠢᠶᠡᠨ ᠤ ᠭᠡᠷᠡᠭᠯᠡᠭᠴᠢ ᠲᠠᠰᠤᠷᠠᠯᠳᠠ ᠦᠬᠡᠢ ᠨᠡᠮᠡᠭᠳᠡᠬᠦ ᠶᠢ ᠲᠠᠭᠠᠯᠳᠤᠭᠠᠳ᠂ ᠲᠠᠶᠢᠹᠤᠰᠧ ᠬᠤᠰᠢᠭᠤᠨ ᠤ | ᠡᠯᠧᠺᠲᠷᠤᠨ ᠬᠤᠳᠠᠯᠳᠤᠭᠠᠨ ᠤ ᠶᠠᠪᠤᠳᠠᠯ ᠦᠳᠳᠡᠷ ᠲᠦᠷᠭᠡᠨ ᠬᠦᠭᠵᠢᠵᠦ ᠂ ᠢᠯᠠᠩᠭᠤᠶ᠎ᠠ ᠡᠯᠧᠺᠲᠷᠤᠨ | ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠤᠷᠤᠨ ᠳᠤ ᠬᠦᠷᠭᠡᠬᠦ ᠠᠵᠢᠯ ᠦᠷᠨᠢᠬᠦᠨ ᠬᠦᠭᠵᠢᠯᠳᠡ ᠶᠢᠨ | ᠵᠠᠮ ᠳᠤ ᠤᠷᠤᠭᠠᠳ ᠵᠤᠬᠢᠬᠤ ᠬᠡᠮᠵᠢᠶᠡᠨ ᠤ ᠠᠮᠵᠢᠯᠳᠠ ᠤᠯᠤᠭᠰᠠᠨ ᠪᠠᠶᠢᠨ᠎ᠠ ᠃ 2016 ᠤᠨ ᠳᠤ ᠲᠤᠰ | ᠬᠤᠰᠢᠭᠤ ᠨᠢ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠬᠦᠷᠭᠡᠬᠦ ᠤᠷᠤᠨ ᠤ ᠲᠡᠰ ᠤᠨ | ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ ᠬᠤᠰᠢᠭᠤ᠂ 2017 ᠤᠨ ᠳᠤ ᠡᠯᠧᠺᠲᠷᠤᠨ ᠬᠤᠳᠠᠯᠳᠤᠭᠠᠨ ᠤ ᠶᠠᠪᠤᠳᠠᠯ | ᠢ ᠬᠦᠳᠡᠭᠡ ᠬᠦᠷᠭᠡᠬᠦ ᠤᠯᠤᠰ ᠤᠨ ᠲᠡᠰ ᠤᠨ ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ ᠬᠤᠰᠢᠭᠤ ᠪᠤᠯᠵᠤ᠂ ᠪᠦᠬᠦ | ᠤᠷᠤᠨ ᠳᠤ ᠤᠯᠤᠰ ᠤᠨ ᠲᠡᠰ ᠤᠨ ᠪᠦᠬᠡᠳ ᠤᠷᠤᠨ ᠤ ᠲᠡᠰ ᠤᠨ ᠵᠢᠱᠢᠶ᠎ᠡ ᠦᠵᠡᠬᠦᠯᠬᠦ ᠬᠤᠰᠢᠭᠤ ᠪᠠᠷ | ᠦᠨᠡᠯᠡᠭᠳᠡᠭᠰᠡᠨ ᠴᠤᠷ ᠤᠨ ᠭᠠᠭᠴᠠ ᠬᠤᠰᠢᠭᠤ ᠰᠢᠶᠠᠨ ᠪᠤᠯᠵᠠᠢ᠃ ᠤᠳᠤ ᠪᠤᠯᠳᠠᠯ᠎ᠠ᠂ ᠲᠤᠰ ᠬᠤᠰᠢᠭᠤᠨ ᠳᠤ 32 | ᠡᠷᠦᠬᠡ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠲᠠᠩᠰᠠᠯᠠᠭᠤᠯᠵᠤ᠂ ᠡᠬᠦᠨ ᠳᠤ ᠲᠤᠳᠤᠷ᠎ᠠ | 5 ᠡᠷᠦᠬᠡ ᠨᠢ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠪᠠᠶᠢᠭᠤᠯᠤᠭᠠᠳ᠂ ᠰᠦᠯᠵᠢᠶ᠎ᠡ ᠲᠡᠭᠡᠷᠡᠬᠢ | ᠲᠠᠸᠠᠷ ᠤᠨ ᠪᠤᠷᠤᠯᠠᠭᠤᠯᠭ᠎ᠠ ᠶᠢᠨ ᠲᠦᠷᠦᠯ 200 ᠭᠠᠷᠤᠢ ᠪᠤᠯᠵᠤ᠂ ᠵᠢᠯ ᠳᠤ ᠪᠠᠷᠤᠭ 4000 ᠲᠦᠮᠡᠨ ᠲᠦᠬᠦᠷᠢᠭ | ᠤᠨ ᠪᠤᠷᠤᠯᠠᠭᠤᠯᠭ᠎ᠠ ᠶᠢᠨ ᠦᠷᠳᠡᠭ ᠪᠡᠶᠡᠯᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ 3000 ᠭᠠᠷᠤᠢ ᠡᠷᠦᠬᠡ | ᠶᠢᠨ 5000 ᠭᠠᠷᠤᠢ ᠬᠦᠮᠦᠨ ᠳᠤ ᠠᠰᠢᠭ ᠲᠤᠰᠠ ᠬᠦᠷᠳᠡᠭᠡᠨ᠂ ᠬᠦᠮᠦᠨ ᠲᠤᠮᠳᠠᠴᠢ ᠪᠠᠷ 500 ᠲᠦᠬᠦᠷᠢᠭ | ᠤᠨ ᠤᠷᠤᠯᠭ᠎ᠠ ᠨᠡᠮᠡᠭᠳᠡᠬᠦᠯᠵᠦ ᠪᠠᠶᠢᠨ᠎ᠠ᠃ |