2017 ᠤᠨ ᠳᠤ᠂ ᠲᠠᠶᠢᠹᠤᠰᠧ ᠬᠤᠰᠢᠭᠤ ᠬᠦᠳᠡᠯᠮᠦᠷᠢ ᠬᠦᠴᠦᠨ ᠦᠬᠡᠢ ᠶᠠᠳᠠᠭᠤ ᠬᠦᠴᠢᠷᠳᠡᠢ | ᠡᠷᠦᠬᠡ ᠂ ᠦᠨᠳᠦᠰᠦᠨ ᠬᠦᠳᠡᠯᠮᠦᠷᠢᠯᠡᠬᠦ ᠴᠢᠳᠠᠪᠤᠷᠢ ᠲᠠᠢ ᠪᠤᠯᠪᠠᠴᠤ ᠪᠡᠯᠡ ᠮᠦᠩᠬᠦ᠂ ᠮᠡᠷᠭᠡᠵᠢᠯ᠂ ᠲᠦᠷᠦᠯ ᠵᠦᠢᠯ | ᠲᠤᠳᠠᠭᠳᠠᠭᠰᠠᠨ ᠠᠴᠠ ᠪᠤᠯᠵᠤ ᠶᠠᠳᠠᠭᠤᠷᠠᠭᠰᠠᠨ ᠬᠦᠴᠢᠷᠳᠡᠢ ᠡᠷᠦᠬᠡ ᠳᠤ ᠵᠤᠷᠢᠭᠤᠯᠵᠤ᠂ ︽ᠵᠠᠰᠠᠭ ᠤᠨ ᠤᠷᠳᠤᠨ ᠤ | ᠨᠦᠬᠦᠪᠦᠷᠢ + ᠲᠤᠯᠤᠭᠠᠶᠢᠯᠠᠭᠴᠢ ᠠᠵᠤ ᠠᠬᠤᠶᠢᠯᠠᠯ + ᠬᠦᠴᠢᠷᠳᠡᠢ ᠡᠷᠦᠬᠡ ᠶᠢᠨ ᠦᠪᠡᠷ ᠤᠨ ᠬᠤᠷᠠᠮᠳᠤᠭᠤᠯᠭ᠎ᠠ︾ | ᠶᠢᠨ ᠬᠡᠯᠪᠡᠷᠢ ᠪᠠᠷ ᠠᠵᠤ ᠠᠬᠤᠶᠢᠯᠠᠯ ᠳᠤ ᠲᠦᠪᠯᠡᠷᠡᠬᠦᠯᠦᠨ ᠮᠠᠯᠵᠢᠭᠤᠯᠬᠤ ︽ᠨᠠᠶᠢᠳᠠᠵᠤ ᠮᠠᠯᠵᠢᠬᠤ︾ ᠠᠷᠭ᠎ᠠ ᠶᠢ | ᠰᠦᠪᠡᠭᠴᠢᠯᠡᠨ᠂ ᠮᠢᠬᠠᠨ ᠤ ᠦᠬᠡᠷ ᠲᠡᠵᠢᠬᠡᠨ ᠦᠷᠡᠵᠢᠬᠦᠯᠬᠦ ᠠᠵᠤ ᠦᠢᠯᠡᠰ ᠢ ᠬᠦᠭᠵᠢᠬᠦᠯᠵᠦ᠂ ᠲᠤᠭᠳᠠᠪᠤᠷᠢᠳᠠᠢ | ᠰᠠᠶᠢᠨ ᠠᠰᠢᠭ ᠲᠤᠰᠠ ᠶᠢᠨ ᠬᠤᠯᠪᠤᠭᠳᠠᠯ ᠤᠨ ᠲᠤᠭᠳᠠᠴᠠ ᠶᠢ ᠪᠠᠶᠢᠭᠤᠯᠬᠤ ᠪᠠᠷ ᠲᠠᠮᠵᠢᠭᠠᠳ᠂ ᠶᠠᠳᠠᠭᠤ ᠬᠦᠴᠢᠷᠳᠡᠢ | ᠡᠷᠦᠬᠡ ᠶᠢᠨ ᠠᠰᠢᠭ ᠤᠷᠤᠯᠭ᠎ᠠ ᠶᠢ ᠨᠡᠮᠡᠭᠳᠡᠬᠦᠯᠵᠦ ᠪᠠᠶᠢᠨ᠎ᠠ᠃ ᠤᠳᠤ ᠪᠤᠯᠳᠠᠯ᠎ᠠ᠂ ᠬᠤᠰᠢᠭᠤᠨ ᠤ ᠤᠷᠢᠵᠤ | ᠤᠷᠤᠭᠤᠯᠤᠭᠰᠠᠨ ᠦᠪᠦᠷ ᠮᠤᠩᠭᠤᠯ ᠤᠨ ᠵᠦᠩ ᠰᠢᠤᠢ ᠷᠦᠩ ᠲᠠᠢ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ | ᠨᠢ ᠨᠠᠶᠢᠳᠠᠯᠭ᠎ᠠ ᠬᠦᠯᠢᠶᠡᠬᠦ ᠠᠷᠭ᠎ᠠ ᠪᠠᠷ 700 ᠭᠠᠷᠤᠢ ᠡᠷᠦᠬᠡ ᠶᠢᠨ 1379 ᠲᠤᠯᠤᠭᠠᠢ ᠠᠩᠬᠢᠰ ᠬᠠᠷ᠎ᠠ ᠦᠨᠢᠶ᠎ᠡ | ᠶᠢ ᠮᠠᠯᠵᠢᠵᠤ᠂ ᠨᠠᠶᠢᠳᠠᠵᠤ ᠮᠠᠯᠵᠢᠭᠤᠯᠤᠭᠰᠠᠨ ᠶᠠᠳᠠᠭᠤ ᠬᠦᠴᠢᠷᠳᠡᠢ ᠡᠷᠦᠬᠡ ᠨᠢ ᠦᠬᠡᠷ ᠪᠦᠷᠢ ᠠᠴᠠ ᠵᠢᠯ ᠤᠨ | 1500 ᠲᠦᠬᠦᠷᠢᠭ ᠤᠨ ᠤᠷᠤᠯᠭ᠎ᠠ ᠤᠯᠵᠤ ᠂ ᠦᠪᠦᠷ ᠮᠤᠩᠭᠤᠯ ᠤᠨ ᠳ᠋ᠦ᠋ ᠮᠧᠩ ᠮᠠᠯ ᠠᠵᠤ ᠠᠬᠤᠢ | ᠬᠦᠭᠵᠢᠬᠦᠯᠬᠦ ᠬᠢᠵᠠᠭᠠᠷᠳᠤ ᠺᠤᠮᠫᠠᠨᠢ ᠨᠢ ᠪᠠᠰᠠ 104 ᠡᠷᠦᠬᠡ ᠶᠢᠨ 770 ᠴᠠᠬᠠᠷ ᠬᠤᠨᠢ ᠶᠢ ᠮᠠᠯᠵᠢᠵᠤ᠂ | ᠨᠠᠶᠢᠳᠠᠵᠤ ᠮᠠᠯᠵᠢᠭᠤᠯᠤᠭᠰᠠᠨ ᠶᠠᠳᠠᠭᠤ ᠬᠦᠴᠢᠷᠳᠡᠢ ᠡᠷᠦᠬᠡ ᠨᠢ ᠬᠤᠨᠢ ᠪᠦᠷᠢ ᠠᠴᠠ ᠵᠢᠯ ᠤᠨ 300 ᠲᠦᠬᠦᠷᠢᠭ | ᠤᠨ ᠤᠷᠤᠯᠭ᠎ᠠ ᠤᠯᠵᠤ ᠪᠠᠶᠢᠨ᠎ᠠ᠃ ︽ᠨᠠᠶᠢᠳᠠᠵᠤ ᠮᠠᠯᠵᠢᠬᠤ︾ ᠠᠷᠭ᠎ᠠ ᠨᠢ ᠲᠠᠷᠬᠠᠢ ᠡᠵᠡᠩᠨᠡᠯᠳᠡ ᠶᠢ | ᠬᠤᠷᠰᠢᠭᠰᠠᠨ ᠡᠵᠡᠩᠨᠡᠯᠳᠡ ᠪᠤᠯᠭᠠᠵᠤ᠂ ᠮᠠᠯᠴᠢᠨ ᠲᠠᠷᠢᠶᠠᠴᠢᠨ ᠤ ᠵᠤᠬᠢᠶᠠᠨ ᠪᠠᠶᠢᠭᠤᠯᠵᠢᠭᠰᠠᠨ ᠬᠢᠷᠢ ᠬᠡᠮᠵᠢᠶ᠎ᠡ ᠶᠢ | ᠲᠡᠭᠡᠭᠰᠢᠯᠡᠬᠦᠯᠦᠨ᠂ ᠮᠠᠯ ᠠᠵᠤ ᠠᠬᠤᠢ ᠶᠢᠨ ᠵᠠᠬ᠎ᠠ ᠲᠡᠯᠬᠡᠬᠦᠷ ᠤᠨ ᠲᠦᠭᠰᠢᠬᠦᠷᠢ ᠶᠢ ᠲᠤᠯᠬᠤ ᠴᠢᠳᠠᠪᠤᠷᠢ ᠪᠠ ᠵᠠᠬ᠎ᠠ | ᠲᠡᠯᠬᠡᠬᠦᠷ ᠤᠨ ᠦᠷᠢᠰᠦᠯᠳᠦᠬᠡᠨ ᠤ ᠴᠢᠳᠠᠪᠤᠷᠢ ᠶᠢ ᠴᠢᠩᠭᠠᠷᠠᠭᠤᠯᠵᠤ᠂ ᠶᠠᠳᠠᠭᠤ ᠬᠦᠴᠢᠷᠳᠡᠢ ᠡᠷᠦᠬᠡ ᠳᠤ ᠨᠡᠩ ᠶᠡᠭᠡ | ᠪᠤᠳᠠᠳᠠᠢ ᠠᠰᠢᠭ ᠬᠦᠷᠳᠡᠭᠡᠨ᠂ ᠶᠠᠳᠠᠭᠤ ᠬᠦᠴᠢᠷᠳᠡᠢ ᠡᠷᠦᠬᠡ ᠳᠤ ︽ᠴᠢᠰᠤ ᠶᠡᠬᠦᠯᠡᠬᠦ︾ ᠪᠠᠷ ᠪᠠᠷᠠᠬᠤ ᠦᠬᠡᠢ᠂ ︽ | ᠴᠢᠰᠤ ᠪᠦᠳᠦᠭᠡᠬᠦ︾ ᠴᠢᠳᠠᠪᠤᠷᠢ ᠲᠠᠢ ᠪᠤᠯᠭᠠᠵᠤ᠂ ᠶᠠᠳᠠᠭᠤ ᠬᠦᠴᠢᠷᠳᠡᠢ ᠡᠷᠦᠬᠡ ᠶᠢᠨ ᠤᠷᠤᠯᠭ᠎ᠠ ᠨᠡᠮᠡᠭᠳᠡᠬᠦᠯᠬᠦ | ᠠᠷᠭ᠎ᠠ ᠵᠠᠮ ᠢ ᠦᠷᠭᠡᠳᠭᠡᠨ᠂ ᠲᠡᠳᠡᠨ ᠤ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠬᠤ ᠶᠢ ᠨᠢ ᠲᠦᠷᠭᠡᠳᠭᠡᠬᠦ | ᠶᠢᠨ ᠬᠠᠮᠳᠤ᠂ ᠮᠠᠯ ᠠᠵᠤ ᠠᠬᠤᠢ ᠶᠢᠨ ᠠᠵᠤ ᠦᠢᠯᠡᠰ ᠤᠨ ᠬᠦᠭᠵᠢᠯᠳᠡ ᠶᠢ ᠨᠡᠩ ᠴᠢᠨᠠᠭᠰᠢᠳᠠ ᠠᠬᠢᠭᠤᠯᠵᠤ | ᠪᠠᠶᠢᠨ᠎ᠠ᠃ |