ᠲᠠᠶᠢᠹᠤᠰᠧ ᠬᠤᠰᠢᠭᠤ ᠭᠤᠤᠯ ᠤᠨ ᠲᠠᠷᠤᠭ᠎ᠠ ᠶᠢᠨ ᠲᠦᠷᠢᠮ ᠤᠨ ᠦᠬᠡᠷᠡᠴᠢᠯᠡᠯᠳᠡ ᠶᠢ ᠪᠦᠬᠦ ᠲᠠᠯᠠᠪᠠᠷ ᠬᠦᠨᠵᠡᠬᠡᠶᠢᠷᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2017-12-13
           ᠨᠠᠭᠤᠷ ᠭᠤᠤᠯ ᠤᠨ ᠬᠠᠮᠢᠶᠠᠷᠤᠯᠳᠠ ᠬᠠᠮᠠᠭᠠᠯᠠᠯᠳᠠ ᠶᠢ ᠤᠯᠠᠮ ᠴᠢᠨᠠᠭᠰᠢᠳᠠ ᠴᠢᠩᠭᠠᠳᠬᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠯᠬᠢᠨ ᠠᠬᠢᠭᠤᠯᠬᠤ ᠶᠢᠨ ᠲᠦᠯᠦᠬᠡ᠂ ᠲᠠᠶᠢᠹᠤᠰᠧ ᠬᠤᠰᠢᠭᠤ ᠭᠤᠤᠯ ᠤᠨ ᠲᠠᠷᠤᠭ᠎ᠠ ᠶᠢᠨ ᠲᠦᠷᠢᠮ ᠤᠨ ᠦᠬᠡᠷᠡᠴᠢᠯᠡᠯᠳᠡ ᠶᠢᠨ ᠠᠵᠢᠯ   ᠢ ᠪᠦᠬᠦ ᠲᠠᠯᠠᠪᠠᠷ ᠡᠬᠢᠯᠡᠨ ᠭᠡᠷᠡᠭᠵᠢᠬᠦᠯᠵᠦ ᠪᠠᠶᠢᠨ᠎ᠠ᠃ ᠲᠤᠰ ᠬᠤᠰᠢᠭᠤ ᠨᠢ ᠪᠠᠶᠢᠭᠠᠯᠢᠯᠢᠭ ᠨᠠᠭᠤᠷ ᠭᠤᠤᠯ ᠤᠨ ᠤᠰᠤᠨ ᠤ ᠰᠢᠰᠲ᠋ᠧᠮ ᠢ ᠵᠠᠰᠠᠭ ᠵᠠᠬᠢᠷᠭᠠᠨ ᠤ ᠤᠷᠤᠨ ᠲᠠᠢ  ᠤᠶᠠᠯᠳᠤᠭᠤᠯᠵᠤ᠂ ᠬᠤᠰᠢᠭᠤ᠂ ᠰᠤᠮᠤ ᠰᠢᠶᠠᠩ  ᠪᠠᠯᠭᠠᠰᠤᠨ ᠤ  ᠭᠤᠤᠯ ᠤᠨ ᠲᠠᠷᠤᠭ᠎ᠠ ᠶᠢᠨ ᠲᠦᠷᠢᠮᠳᠦ ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠤᠨ᠂  ᠪᠦᠬᠦ ᠬᠤᠰᠢᠭᠤᠨ ᠤ ᠨᠠᠭᠤᠷ ᠭᠤᠤᠯ  ᠨᠢᠬᠡᠪᠦᠷᠢ ᠳᠤ  ᠭᠤᠤᠯ ᠤᠨ ᠲᠠᠷᠤᠭ᠎ᠠ ᠲᠠᠯᠪᠢᠬᠤ ᠶᠢᠨ ᠬᠠᠮᠳᠤ᠂ ᠬᠤᠰᠢᠭᠤ ᠱᠠᠳᠤ ᠪᠠ ᠰᠤᠮᠤ ᠰᠢᠶᠠᠩ ᠱᠠᠳᠤᠨ ᠳᠤ ᠲᠤᠰᠪᠤᠷᠢ ᠶᠡᠷᠦᠩᠬᠡᠢ  ᠭᠤᠤᠯ ᠤᠨ ᠲᠠᠷᠤᠭ᠎ᠠ᠂ ᠲᠡᠳ᠋ ᠶᠡᠷᠦᠩᠬᠡᠢ  ᠭᠤᠤᠯ ᠤᠨ ᠲᠠᠷᠤᠭ᠎ᠠ ᠲᠤᠬᠢᠷᠠᠭᠤᠯᠵᠤ᠂  ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ   ᠨᠢ  ᠲᠤᠰᠪᠤᠷᠢ ᠡᠨᠡ  ᠬᠦ᠋ ᠲᠤᠰᠢᠶᠠᠯ ᠢ  ᠡᠬᠦᠷᠭᠡᠯᠡᠵᠡᠢ᠃  ᠲᠤᠬᠠᠶᠢᠯᠠᠪᠠᠯ᠂ ᠪᠤᠤᠴᠠᠩ ᠭᠤᠤᠯ᠂ ᠱᠦᠢ ᠵᠢᠩ ᠽᠢ ᠭᠤᠤᠯ ᠵᠡᠷᠭᠡ ᠬᠤᠰᠢᠭᠤᠨ ᠤ ᠲᠡᠰ ᠤᠨ ᠨᠠᠭᠤᠷ ᠭᠤᠤᠯ ᠤᠨ ᠲᠠᠷᠤᠭ᠎ᠠ ᠶᠢᠨ ᠲᠤᠰᠢᠶᠠᠯ ᠢ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠡᠬᠦᠷᠭᠡᠯᠡᠵᠦ᠂  ᠬᠤᠯᠪᠤᠭ᠎ᠠ  ᠨᠠᠭᠤᠷ᠂  ᠪᠠᠭ᠎ᠠ ᠬᠤᠵᠢᠷᠳᠤ ᠨᠠᠭᠤᠷ᠂  ᠪᠤᠮᠪᠠᠨ ᠭᠤᠤᠯ ᠵᠡᠷᠭᠡ  ᠰᠤᠮᠤ ᠰᠢᠶᠠᠩ ᠪᠠᠯᠭᠠᠰᠤᠨ ᠤ ᠲᠡᠰ ᠤᠨ ᠨᠠᠭᠤᠷ ᠭᠤᠤᠯ ᠤᠨ ᠲᠠᠷᠤᠭ᠎ᠠ ᠶᠢᠨ ᠲᠤᠰᠢᠶᠠᠯ ᠢ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠡᠬᠦᠷᠭᠡᠯᠡᠵᠦ ᠪᠠᠶᠢᠨ᠎ᠠ᠃  ᠭᠤᠤᠯ ᠤᠨ ᠲᠠᠷᠤᠭ᠎ᠠ  ᠶᠢᠨ ᠲᠦᠷᠢᠮ ᠤᠨ ᠲᠠᠭᠠᠤ ᠳᠤ ᠢᠵᠢ ᠪᠦᠷᠢᠳᠦᠭᠰᠡᠨ ᠲᠦᠷᠢᠮ ᠲᠤᠭᠳᠠᠭᠠᠯ ᠢ ᠲᠤᠭᠳᠠᠭᠠᠵᠤ᠂  ᠡᠯ᠎ᠡ ᠱᠠᠳᠤᠨ ᠤ ᠭᠤᠤᠯ ᠤᠨ ᠲᠠᠷᠤᠭ᠎ᠠ ᠶᠢᠨ  ᠨᠠᠭᠤᠷ ᠭᠤᠤᠯ   ᠢ ᠬᠠᠮᠠᠭᠠᠯᠠᠵᠤ᠂ ᠬᠠᠮᠢᠶᠠᠷᠴᠤ᠂ ᠵᠠᠰᠠᠬᠤ ︽ᠭᠤᠷᠪᠠ ᠶᠢ ᠨᠢᠬᠡ ᠴᠤᠭᠴᠠᠵᠢᠭᠤᠯᠤᠭᠰᠠᠨ︾ ᠡᠬᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ᠂  ︽ᠲᠠᠶᠢᠹᠤᠰᠧ ᠬᠤᠰᠢᠭᠤᠨ ᠤ ᠭᠤᠤᠯ  ᠤᠨ ᠲᠠᠷᠤᠭ᠎ᠠ ᠶᠢᠨ ᠲᠦᠷᠢᠮ ᠢ ᠪᠦᠬᠦ ᠲᠠᠯᠠᠪᠠᠷ ᠭᠡᠷᠡᠭᠵᠢᠬᠦᠯᠬᠦ  ᠠᠵᠢᠯ ᠤᠨ ᠲᠦᠰᠦᠪ ︵ᠲᠤᠷᠰᠢᠨ  ᠭᠡᠷᠡᠭᠵᠢᠬᠦᠯᠬᠦ︶ ︾  ᠵᠢᠴᠢ ᠮᠡᠳᠡᠭᠡ ᠵᠠᠩᠬᠢ ᠬᠦᠷᠭᠡᠬᠦ ᠲᠦᠷᠢᠮ᠂  ᠮᠡᠳᠡᠭᠡ ᠵᠠᠩᠬᠢ ᠶᠢ ᠬᠠᠮᠳᠤᠪᠠᠷ ᠬᠦᠷᠳᠡᠬᠦ ᠲᠦᠷᠢᠮ᠂ ᠱᠠᠭᠠᠷᠳᠠᠨ ᠪᠠᠶᠢᠴᠠᠭᠠᠬᠤ ᠲᠦᠷᠢᠮ᠂ ᠬᠢᠨᠠᠨ ᠰᠢᠯᠭᠠᠬᠤ  ᠪᠠ ᠤᠷᠮᠠᠰᠢᠭᠤᠯᠤᠨ ᠵᠤᠷᠢᠬᠵᠢᠭᠤᠯᠬᠤ ᠲᠦᠷᠢᠮ᠂ ᠬᠤᠷᠠᠯ ᠴᠤᠭᠯᠠᠭᠠᠨ  ᠤ ᠲᠦᠷᠢᠮ ᠵᠡᠷᠭᠡ ᠶᠢ ᠨᠠᠷᠢᠨ ᠨᠢᠮᠪᠠᠢ ᠰᠤᠳᠤᠯᠤᠨ ᠲᠤᠭᠳᠠᠵᠤ᠂   ᠠᠩᠬ᠎ᠠ ᠠᠯᠬᠤᠮ ᠬᠤᠰᠢᠭᠤᠨ ᠤ ᠲᠡᠰ ᠤᠨ ᠨᠠᠭᠤᠷ ᠭᠤᠤᠯ ᠳᠤ ᠭᠤᠤᠯ ᠤᠨ ᠲᠠᠷᠤᠭ᠎ᠠ ᠶᠢᠨ  ᠲᠦᠷᠢᠮ ᠤᠨ ᠫᠠᠶᠢᠰᠠ ᠢᠯᠡᠷᠭᠡᠶᠢᠯᠡᠯ ᠢ ᠪᠤᠰᠬᠠᠪᠠ᠃ ᠡᠶᠢᠨ ᠬᠦ᠋᠂ ᠭᠤᠤᠯ ᠤᠨ ᠲᠠᠷᠤᠭ᠎ᠠ ᠶᠢᠨ ᠲᠦᠷᠢᠮ ᠤᠨ ᠦᠬᠡᠷᠡᠴᠢᠯᠡᠯᠳᠡ ᠶᠢ ᠪᠦᠬᠦ ᠲᠠᠯᠠᠪᠠᠷ ᠬᠦᠨᠵᠡᠬᠡᠶᠢᠷᠡᠬᠦᠯᠬᠦ ᠪᠠᠷ ᠲᠠᠮᠵᠢᠭᠠᠳ᠂ ᠲᠤᠰ ᠬᠤᠰᠢᠭᠤ ᠨᠢ ᠪᠦᠬᠦ ᠬᠤᠰᠢᠭᠤᠨ ᠤ ᠤᠰᠤᠨ ᠤ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂  ᠨᠠᠭᠤᠷ ᠭᠤᠤᠯ ᠤᠨ ᠤᠷᠴᠢᠨ ᠲᠤᠭᠤᠷᠢᠨ ᠳᠤ ᠲᠤᠷ᠎ᠠ ᠵᠤᠷᠢᠭ ᠢᠶᠠᠷ ᠢᠶᠠᠨ  ᠡᠵᠡᠯᠡᠨ  ᠭᠡᠷᠡᠭᠯᠡᠬᠦ᠂  ᠪᠠᠷᠢᠵᠤ ᠪᠠᠶᠢᠭᠤᠯᠬᠤ᠂  ᠲᠤᠤᠷᠯᠠᠵᠤ  ᠬᠦᠷᠢᠶᠡᠯᠡᠬᠦ᠂ ᠬᠠᠰᠢᠵᠤ ᠪᠦᠭᠯᠡᠬᠦ᠂  ᠤᠬᠤᠵᠤ ᠮᠠᠯᠳᠠᠵᠤ᠂ ᠠᠰᠠᠬᠠᠵᠤ ᠭᠠᠳᠠᠭᠰᠢᠯᠠᠭᠤᠯᠬᠤ ᠵᠡᠷᠭᠡ ᠦᠵᠡᠭᠳᠡᠯ ᠢ ᠪᠦᠳᠦᠮᠵᠢᠳᠡᠢ ᠬᠤᠷᠢᠭᠯᠠᠨ᠂  ᠨᠠᠭᠤᠷ ᠭᠤᠤᠯ  ᠪᠠ ᠡᠷᠬᠢ ᠬᠦᠪᠡᠭᠡᠨ ᠤ ᠬᠠᠮᠢᠶᠠᠷᠤᠯᠳᠠ ᠬᠢᠭᠡᠳ ᠠᠰᠢᠭᠯᠠᠯᠳᠠ ᠶᠢ ᠡᠮᠬᠢ ᠵᠢᠷᠤᠮ ᠲᠠᠢ ᠪᠤᠯᠭᠠᠵᠤ᠂  ᠪᠦᠬᠦ ᠬᠤᠰᠢᠭᠤᠨ ᠤ ᠭᠡᠪᠴᠢᠶᠡᠨ ᠳᠠᠬᠢ  ᠨᠠᠭᠤᠷ ᠭᠤᠤᠯ ᠤᠨ ᠤᠰᠤ ᠨᠢ ᠲᠤᠩᠭᠠᠯᠠᠭ᠂ ᠤᠷᠤᠰᠬᠠᠯ ᠨᠢ ᠰᠢᠯᠤᠭᠤᠨ᠂ ᠡᠷᠬᠢ ᠨᠢ ᠨᠤᠭᠤᠭᠠᠨ  ᠪᠠᠶᠢᠬᠤ ᠬᠠᠷᠠᠯᠳᠠ ᠶᠢ ᠪᠡᠶᠡᠯᠡᠬᠦᠯᠬᠦ ᠪᠠᠷ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号