ᠤᠷᠴᠢᠮᠬᠠᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ | ᠤ ᠬᠠᠮᠢᠶᠠᠷᠤᠯᠳᠠ ᠶᠢᠨ ᠲᠤᠪᠴᠢᠶ᠎ᠠ᠂ ᠤᠶᠤᠨ ᠤ ᠪᠤᠯᠪᠠᠰᠤᠨ ᠤ ᠵᠦᠪᠯᠡᠯ ᠤᠨ ᠠᠯᠪᠠᠨ ᠭᠡᠷ᠂ ᠬᠤᠪᠢ ᠶᠢᠨ | ᠡᠵᠡᠩᠨᠡᠯᠳᠦ ᠠᠵᠤ ᠠᠬᠤᠶᠢᠯᠠᠯ ᠤᠨ ᠨᠡᠶᠢᠬᠡᠮᠯᠢᠭ ᠬᠤᠯᠪᠤᠭᠠᠯᠠᠵᠤ᠂ 2017 ᠤᠨ ᠤ ᠦᠪᠡᠷᠳᠡᠭᠡᠨ ᠵᠠᠰᠠᠬᠤ ᠤᠷᠤᠨ | ᠤ ᠲᠡᠰ ᠤᠨ ︽ᠪᠤᠯᠪᠠᠰᠤᠨ ᠢᠳᠡᠭᠡᠮᠵᠢᠳᠡᠢ ᠠᠵᠤ ᠠᠬᠤᠶᠢᠯᠠᠯ︾ ᠢ ᠦᠨᠡᠯᠡᠨ ᠲᠤᠭᠳᠠᠭᠠᠬᠤ ᠳᠤ ᠲᠠᠶᠢᠹᠤᠰᠧ | ᠬᠤᠰᠢᠭᠤᠨ ᠤ ᠰᠧ ᠬᠠᠢ ᠲᠠᠷᠢᠶᠠᠯᠠᠩ ᠮᠠᠯᠵᠢᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠬᠠᠷᠢᠭᠤᠴᠠᠯᠭᠠᠳᠤ | ᠺᠤᠮᠫᠠᠨᠢ ᠡᠨᠡ ᠬᠦ᠋ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃ | 1999 ᠤᠨ ᠳᠤ ᠪᠠᠶᠢᠭᠤᠯᠤᠭᠳᠠᠭᠰᠠᠨ ᠰᠧ ᠬᠠᠢ ᠲᠠᠷᠢᠶᠠᠯᠠᠩ ᠮᠠᠯᠵᠢᠯ ᠤᠨ ᠰᠢᠨᠵᠢᠯᠡᠭᠡ ᠮᠡᠷᠭᠡᠵᠢᠯ ᠤᠨ | ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠪᠤᠯ ᠰᠢᠯᠢ ᠶᠢᠨ ᠭᠤᠤᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ | ᠲᠤᠯᠤᠭᠠᠶᠢᠯᠠᠭᠴᠢ ᠠᠵᠤ ᠠᠬᠤᠶᠢᠯᠠᠯ ᠪᠠᠶᠢᠵᠤ᠂ ᠪᠤᠭᠤᠳᠠᠢ ᠶᠢᠨ ᠭᠤᠯᠢᠷ ᠦᠢᠯᠡᠳᠪᠦᠷᠢᠯᠡᠬᠦ ᠤᠯᠤᠰ ᠤᠨ ᠵᠦᠪᠰᠢᠶᠡᠷᠡᠯ | ᠤᠨ ᠦᠨᠡᠮᠯᠡᠯ ᠢ ᠭᠠᠷᠳᠠᠭᠰᠠᠨ ᠲᠠᠶᠢᠹᠤᠰᠧ ᠬᠤᠰᠢᠭᠤᠨ ᠤ ᠴᠤᠷ ᠤᠨ ᠭᠠᠭᠴᠠ ᠠᠵᠤ ᠠᠬᠤᠶᠢᠯᠠᠯ ᠪᠤᠯᠬᠤ ᠶᠤᠮ᠃ | ᠤᠳᠠᠭᠠᠨ ᠵᠢᠯ ᠤᠨ ᠴᠢᠷᠮᠠᠶᠢᠯᠭ᠎ᠠ ᠪᠠᠷ ᠲᠠᠮᠵᠢᠭᠠᠳ᠂ ᠲᠤᠰ ᠺᠤᠮᠫᠠᠨᠢ ᠤᠳᠤ ᠠᠮᠤ ᠪᠤᠳᠠᠭ᠎ᠠ ᠪᠤᠯᠪᠠᠰᠤᠷᠠᠭᠤᠯᠬᠤ | ᠪᠠ ᠲᠡᠵᠢᠬᠡᠯ ᠪᠤᠷᠳᠤᠭ᠎ᠠ ᠦᠢᠯᠡᠳᠪᠦᠷᠢᠯᠡᠬᠦ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠳᠠᠢ ᠲᠠᠷᠢᠶᠠᠯᠠᠩ | ᠮᠠᠯ ᠠᠵᠤ ᠠᠬᠤᠢ ᠶᠢᠨ ᠠᠵᠤ ᠠᠬᠤᠶᠢᠯᠠᠯ ᠪᠤᠯᠤᠨ ᠬᠦᠭᠵᠢᠵᠦ᠂ 2016 ᠤᠨ ᠳᠤ ISO 9001 ᠶᠠᠰᠤ ᠴᠢᠨᠠᠷ | ᠤᠨ ᠬᠠᠮᠢᠶᠠᠷᠤᠯᠳᠠ ᠶᠢᠨ ᠰᠢᠰᠲ᠋ᠧᠮ ᠢᠶᠠᠷ ᠰᠢᠯᠭᠠᠨ ᠭᠡᠷᠡᠴᠢᠯᠡᠬᠦᠯᠦᠭᠰᠡᠨ ᠤ ᠬᠠᠮᠳᠤ᠂ ᠦᠪᠡᠷᠳᠡᠭᠡᠨ ᠵᠠᠰᠠᠬᠤ ᠤᠷᠤᠨ | ᠤ ᠨᠡᠷᠡᠳᠦ ᠲᠠᠸᠠᠷ ᠤᠨ ᠲᠡᠮᠳᠡᠭ᠂ ᠦᠨᠡᠨᠴᠢ ᠢᠳᠡᠭᠡᠮᠵᠢᠳᠡᠢ ᠰᠢᠯᠢᠳᠡᠭ ᠠᠵᠤ ᠠᠬᠤᠶᠢᠯᠠᠯ᠂ ᠰᠢᠯᠢ ᠶᠢᠨ ᠭᠤᠤᠯ | ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠭᠤᠤᠯᠳᠠᠯᠭ᠎ᠠ ᠲᠠᠢ ᠲᠤᠯᠤᠭᠠᠶᠢᠯᠠᠭᠴᠢ | ᠠᠵᠤ ᠠᠬᠤᠶᠢᠯᠠᠯ ᠢᠶᠠᠷ ᠦᠨᠡᠯᠡᠭᠳᠡᠭᠰᠡᠨ ᠪᠠᠶᠢᠨ᠎ᠠ᠃ | |