ᠪᠤᠤᠴᠠᠩ  ᠪᠠᠯᠭᠠᠰᠤᠨ ᠤ ᠰᠠᠭᠤᠷᠢ ᠲᠦᠬᠦᠭᠡᠷᠦᠮᠵᠢ ᠲᠡᠬᠦᠯᠳᠡᠷᠵᠢᠵᠦ  ᠬᠦᠳᠡᠭᠡ ᠶᠢᠨ ᠦᠩᠬᠡ ᠲᠦᠷᠬᠦ  ᠰᠢᠨᠡᠳᠪᠡ
ᠨᠡᠶᠢᠲᠡᠯᠡᠭᠰᠡᠨ ᠴᠠᠭ᠄
2017-12-18

          ᠤᠶᠢᠷ᠎ᠠ ᠶᠢᠨ ᠲᠠᠪᠤᠨ ᠵᠢᠯ ᠳᠤ᠂ ᠲᠠᠶᠢᠹᠤᠰᠧ ᠬᠤᠰᠢᠭᠤᠨ ᠤ ᠪᠤᠤᠴᠠᠩ ᠪᠠᠯᠭᠠᠰᠤ ᠶᠢᠨ

ᠦᠵᠡᠰᠬᠦᠯᠡᠩᠳᠦ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠮᠡᠳᠡᠭᠳᠡᠮ᠎ᠡ ᠠᠮᠵᠢᠯᠳᠠ ᠤᠯᠵᠤ᠂ ᠬᠤᠳᠠ

ᠬᠦᠳᠡᠭᠡ ᠶᠢᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠡᠳᠦᠷ ᠢᠷᠡᠬᠦᠶ᠎ᠡ ᠰᠠᠶᠢᠵᠢᠷᠠᠵᠤ ᠪᠠᠶᠢᠨ᠎ᠠ᠃   ᠡᠨᠡ  

ᠬᠤᠭᠤᠴᠠᠭᠠᠨ ᠳᠤ  ᠪᠤᠤᠴᠠᠩ ᠪᠠᠯᠭᠠᠰᠤ ᠨᠢ ᠨᠡᠶᠢᠳᠡ 2271 ᠡᠷᠦᠬᠡ ᠶᠢᠨ ᠨᠤᠷᠠᠬᠤ ᠠᠶᠤᠯᠳᠠᠢ ᠤᠷᠤᠨ ᠰᠠᠭᠤᠴᠠ

᠎ ᠶᠢ ᠰᠢᠨᠡᠳᠭᠡᠵᠦ᠂ 1382  ᠡᠷᠦᠬᠡ ᠶᠢᠨ ᠬᠠᠭᠤᠴᠢᠨ ᠭᠡᠷ ᠪᠠᠶᠢᠰᠢᠩ ᠢ  ᠨᠤᠷᠠᠭᠠᠨ᠂ 30 ᠲᠦᠮᠡᠨ ᠮᠧᠲᠷ

ᠬᠦᠷᠢᠶ᠎ᠡ ᠬᠠᠰᠢᠶ᠎ᠠ ᠶᠢ  ᠦᠬᠡᠷᠡᠴᠢᠯᠡᠨ ᠪᠠᠶᠢᠭᠤᠯᠵᠤ᠂  105 ᠺᠢᠯᠤᠮᠧᠲᠷ ᠵᠡᠬᠡᠯᠢ ᠭᠤᠳᠤᠮᠵᠢ ᠶᠢ ᠲᠡᠪᠢᠰᠴᠦ

ᠬᠠᠳᠠᠭᠤᠷᠠᠭᠤᠯᠤᠨ᠂ ᠲᠤᠰᠬᠤᠨ ᠳᠤ ᠨᠡᠪᠳᠡᠷᠡᠬᠦ  ᠽᠧᠮᠧᠨ᠋ᠲ ᠵᠠᠮ 130 ᠭᠠᠷᠤᠢ  ᠺᠢᠯᠤᠮᠧᠲᠷ ᠵᠠᠰᠠᠵᠤ᠂  12

ᠲᠤᠰᠬᠤᠨ ᠳᠤ ᠲᠦᠭᠡᠭᠡᠯ ᠤᠰᠤ  ᠤᠷᠤᠭᠤᠯᠤᠨ᠂  4860 ᠡᠷᠦᠬᠡ ᠳᠤ ᠷᠠᠳᠢᠤ᠋ ᠲᠧᠯᠸᠢᠰ ᠤᠨ ᠲᠤᠬᠢᠶ᠎ᠠ  

ᠨᠡᠪᠳᠡᠷᠡᠬᠦᠯᠵᠡᠢ᠃  ᠡᠬᠦᠨ ᠤ ᠬᠠᠮᠳᠤ᠂   ᠲᠤᠰᠬᠤᠨ ᠤ ᠠᠯᠪᠠᠨ ᠭᠡᠷ 6᠎ ᠶᠢ ᠰᠢᠨ᠎ᠡ ᠪᠠᠷ ᠪᠠᠶᠢᠭᠤᠯᠵᠤ᠂ 10᠎ ᠶᠢ  

ᠵᠠᠰᠠᠵᠤ ᠪᠠᠶᠢᠭᠤᠯᠤᠭᠰᠠᠨ ᠪᠦᠬᠡᠳ ᠰᠤᠶᠤᠯ ᠤᠨ ᠬᠦᠳᠡᠯᠪᠦᠷᠢ ᠶᠢᠨ ᠠᠭᠤᠳᠠᠮ ᠲᠠᠯᠠᠪᠠᠢ 21᠂    ᠠᠷᠠᠳ ᠲᠤ

ᠲᠦᠬᠦᠮ ᠦᠵᠡᠬᠦᠯᠬᠦ  ᠵᠠᠳᠠᠭᠠᠢ ᠲᠡᠯᠬᠡᠬᠦᠷ 4᠂   ᠡᠷᠡᠬᠦᠯ ᠬᠠᠮᠠᠭᠠᠯᠠᠯ ᠤᠨ ᠦᠷᠦᠭᠡ  16᠂   ᠨᠡᠶᠢᠳᠡ ᠶᠢᠨ

ᠵᠤᠷᠯᠤᠩ 88᠎ ᠶᠢ ᠪᠠᠶᠢᠭᠤᠯᠵᠤ᠂  ᠨᠠᠷᠠᠨ ᠡᠨᠧᠷᠬᠢ ᠶᠢᠨ ᠳ᠋ᠧᠩ 144  ᠎ ᠶᠢ ᠤᠭᠰᠠᠷᠠᠨ᠂ ᠬᠤᠭ ᠨᠤᠪᠰᠢ ᠶᠢᠨ  

ᠤᠩᠭᠤᠴᠠ 380᠎ ᠶᠢ  ᠲᠤᠬᠢᠷᠠᠭᠤᠯᠤᠭᠰᠠᠨ ᠪᠠᠶᠢᠨ᠎ᠠ᠃

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号