ᠲᠠᠶᠢᠹᠤᠰᠧ ᠬᠤᠰᠢᠭᠤᠨ ᠤ ᠰᠧ ᠬᠠᠢ ᠲᠠᠷᠢᠶᠠᠯᠠᠩ ᠮᠠᠯᠵᠢᠯ ᠤᠨ ᠰᠢᠨᠵᠢᠯᠡᠭᠡ  ᠮᠡᠷᠭᠡᠵᠢᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠦᠪᠡᠷᠳᠡᠭᠡᠨ ᠵᠠᠰᠠᠬᠤ ᠤᠷᠤᠨ ᠤ ᠲᠡᠰ ᠤᠨ ︽ᠪᠤᠯᠪᠠᠰᠤᠨ ᠢᠳᠡᠭᠡᠮᠵᠢᠳᠡᠢ ᠠᠵᠤ ᠠᠬᠤᠶᠢᠯᠠᠯ︾ ᠢᠶᠠᠷ ᠴᠤᠯᠠᠯᠠᠭᠳᠠᠪᠠ
ᠨᠡᠶᠢᠲᠡᠯᠡᠭᠰᠡᠨ ᠴᠠᠭ᠄
2017-12-18

          ᠤᠷᠴᠢᠮᠬᠠᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ

 ᠤ ᠬᠠᠮᠢᠶᠠᠷᠤᠯᠳᠠ ᠶᠢᠨ ᠲᠤᠪᠴᠢᠶ᠎ᠠ᠂  ᠤᠶᠤᠨ ᠤ ᠪᠤᠯᠪᠠᠰᠤᠨ ᠤ ᠵᠦᠪᠯᠡᠯ ᠤᠨ ᠠᠯᠪᠠᠨ ᠭᠡᠷ᠂ ᠬᠤᠪᠢ ᠶᠢᠨ

ᠡᠵᠡᠩᠨᠡᠯᠳᠦ ᠠᠵᠤ ᠠᠬᠤᠶᠢᠯᠠᠯ ᠤᠨ ᠨᠡᠶᠢᠬᠡᠮᠯᠢᠭ ᠬᠤᠯᠪᠤᠭᠠᠯᠠᠵᠤ᠂  2017 ᠤᠨ ᠤ ᠦᠪᠡᠷᠳᠡᠭᠡᠨ ᠵᠠᠰᠠᠬᠤ ᠤᠷᠤᠨ

 ᠤ ᠲᠡᠰ ᠤᠨ ︽ᠪᠤᠯᠪᠠᠰᠤᠨ ᠢᠳᠡᠭᠡᠮᠵᠢᠳᠡᠢ ᠠᠵᠤ ᠠᠬᠤᠶᠢᠯᠠᠯ︾   ᠢ  ᠦᠨᠡᠯᠡᠨ ᠲᠤᠭᠳᠠᠭᠠᠬᠤ ᠳᠤ ᠲᠠᠶᠢᠹᠤᠰᠧ

ᠬᠤᠰᠢᠭᠤᠨ ᠤ ᠰᠧ ᠬᠠᠢ ᠲᠠᠷᠢᠶᠠᠯᠠᠩ ᠮᠠᠯᠵᠢᠯ ᠤᠨ ᠰᠢᠨᠵᠢᠯᠡᠭᠡ  ᠮᠡᠷᠭᠡᠵᠢᠯ ᠤᠨ ᠬᠢᠵᠠᠭᠠᠷᠳᠤ ᠬᠠᠷᠢᠭᠤᠴᠠᠯᠭᠠᠳᠤ

ᠺᠤᠮᠫᠠᠨᠢ  ᠡᠨᠡ ᠬᠦ᠋ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃

 1999 ᠤᠨ ᠳᠤ  ᠪᠠᠶᠢᠭᠤᠯᠤᠭᠳᠠᠭᠰᠠᠨ ᠰᠧ ᠬᠠᠢ ᠲᠠᠷᠢᠶᠠᠯᠠᠩ ᠮᠠᠯᠵᠢᠯ ᠤᠨ ᠰᠢᠨᠵᠢᠯᠡᠭᠡ  ᠮᠡᠷᠭᠡᠵᠢᠯ ᠤᠨ

ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠪᠤᠯ ᠰᠢᠯᠢ ᠶᠢᠨ ᠭᠤᠤᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ

ᠲᠤᠯᠤᠭᠠᠶᠢᠯᠠᠭᠴᠢ ᠠᠵᠤ ᠠᠬᠤᠶᠢᠯᠠᠯ ᠪᠠᠶᠢᠵᠤ᠂ ᠪᠤᠭᠤᠳᠠᠢ ᠶᠢᠨ ᠭᠤᠯᠢᠷ ᠦᠢᠯᠡᠳᠪᠦᠷᠢᠯᠡᠬᠦ ᠤᠯᠤᠰ ᠤᠨ ᠵᠦᠪᠰᠢᠶᠡᠷᠡᠯ

 ᠤᠨ ᠦᠨᠡᠮᠯᠡᠯ ᠢ ᠭᠠᠷᠳᠠᠭᠰᠠᠨ ᠲᠠᠶᠢᠹᠤᠰᠧ ᠬᠤᠰᠢᠭᠤᠨ ᠤ ᠴᠤᠷ ᠤᠨ ᠭᠠᠭᠴᠠ ᠠᠵᠤ ᠠᠬᠤᠶᠢᠯᠠᠯ ᠪᠤᠯᠬᠤ ᠶᠤᠮ᠃

ᠤᠳᠠᠭᠠᠨ ᠵᠢᠯ ᠤᠨ ᠴᠢᠷᠮᠠᠶᠢᠯᠭ᠎ᠠ ᠪᠠᠷ ᠲᠠᠮᠵᠢᠭᠠᠳ᠂  ᠲᠤᠰ ᠺᠤᠮᠫᠠᠨᠢ ᠤᠳᠤ    ᠠᠮᠤ ᠪᠤᠳᠠᠭ᠎ᠠ  ᠪᠤᠯᠪᠠᠰᠤᠷᠠᠭᠤᠯᠬᠤ

ᠪᠠ ᠲᠡᠵᠢᠬᠡᠯ ᠪᠤᠷᠳᠤᠭ᠎ᠠ ᠦᠢᠯᠡᠳᠪᠦᠷᠢᠯᠡᠬᠦ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠳᠠᠢ ᠲᠠᠷᠢᠶᠠᠯᠠᠩ

ᠮᠠᠯ ᠠᠵᠤ ᠠᠬᠤᠢ ᠶᠢᠨ ᠠᠵᠤ ᠠᠬᠤᠶᠢᠯᠠᠯ ᠪᠤᠯᠤᠨ ᠬᠦᠭᠵᠢᠵᠦ᠂ 2016 ᠤᠨ ᠳᠤ ISO 9001 ᠶᠠᠰᠤ ᠴᠢᠨᠠᠷ

 ᠤᠨ ᠬᠠᠮᠢᠶᠠᠷᠤᠯᠳᠠ ᠶᠢᠨ ᠰᠢᠰᠲ᠋ᠧᠮ ᠢᠶᠠᠷ ᠰᠢᠯᠭᠠᠨ ᠭᠡᠷᠡᠴᠢᠯᠡᠬᠦᠯᠦᠭᠰᠡᠨ ᠤ ᠬᠠᠮᠳᠤ᠂  ᠦᠪᠡᠷᠳᠡᠭᠡᠨ ᠵᠠᠰᠠᠬᠤ ᠤᠷᠤᠨ

 ᠤ ᠨᠡᠷᠡᠳᠦ ᠲᠠᠸᠠᠷ ᠤᠨ ᠲᠡᠮᠳᠡᠭ᠂  ᠦᠨᠡᠨᠴᠢ ᠢᠳᠡᠭᠡᠮᠵᠢᠳᠡᠢ ᠰᠢᠯᠢᠳᠡᠭ ᠠᠵᠤ ᠠᠬᠤᠶᠢᠯᠠᠯ᠂ ᠰᠢᠯᠢ ᠶᠢᠨ ᠭᠤᠤᠯ

ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠭᠤᠤᠯᠳᠠᠯᠭ᠎ᠠ ᠲᠠᠢ ᠲᠤᠯᠤᠭᠠᠶᠢᠯᠠᠭᠴᠢ

ᠠᠵᠤ ᠠᠬᠤᠶᠢᠯᠠᠯ ᠢᠶᠠᠷ ᠦᠨᠡᠯᠡᠭᠳᠡᠭᠰᠡᠨ ᠪᠠᠶᠢᠨ᠎ᠠ᠃  

         

 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号