ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2017/12/5
  1. ᠣᠯᠣᠰ ᠪᠠ ᠥᠪᠡᠷᠳᠡᠭᠡᠨ ᠵᠠᠰᠠᠬᠤ ᠣᠷᠣᠨ  ᠤ ᠣᠷᠴᠢᠨ ᠲᠣᠭᠤᠷᠢᠨ  ᠤ ᠬᠠᠮᠠᠭᠠᠯᠠᠯᠲᠠ  ᠶᠢᠨ ᠲᠣᠬᠠᠢ ᠴᠢᠭᠯᠡᠯᠲᠡ᠂ ᠲᠥᠷᠥ  ᠶᠢᠨ ᠪᠣᠳᠣᠯᠭ᠎ᠠ᠂  ᠬᠠᠤᠯᠢ ᠴᠠᠭᠠᠵᠠ᠂  ᠲᠦᠷᠢᠮ ᠲᠣᠭᠲᠠᠭᠠᠯ ᠪᠠ ᠪᠠᠷᠢᠮᠵᠢᠶ᠎ᠠ  ᠶᠢ ᠲᠤᠤᠱᠯᠠᠭᠤᠯᠤᠨ  ᠭᠡᠷᠡᠭᠵᠢᠬᠦᠯᠬᠦ ᠶᠢᠨ ᠬᠠᠮᠲᠦ  ᠂ ᠬᠢᠨᠠᠯᠲᠠ  ᠲᠠᠯᠪᠢᠵᠤ ᠬᠡᠷᠡᠭᠵᠢᠭᠦᠯᠦᠨ᠎ᠡ᠃   2.  ᠪᠦᠬᠦ ᠬᠤᠰᠢᠭᠤᠨ ᠤ ᠠᠵᠦ  ᠠᠬᠤᠢ ᠪᠠ ᠨᠡᠶᠢᠭᠡᠮ ᠤᠨ ᠬᠥᠭᠵᠢᠯᠲᠠ ᠶᠢᠨ ᠳᠤᠮᠳᠠ ᠣᠷᠲᠦ ᠬᠤᠭᠤᠴᠠᠭᠠᠨ  ᠤ ᠲᠥᠯᠥᠪᠵᠢᠭᠦᠯᠭᠡ᠂ ᠣᠯᠣᠰ   ᠤᠨ ᠭᠠᠵᠠᠷ ᠰᠢᠷᠥᠢ ᠶᠢᠨ ᠲᠥᠯᠥᠪᠵᠢᠭᠦᠯᠭᠡ ᠪᠠ  ᠤᠷᠤᠨ ᠨᠤᠳᠤᠭ ᠤᠨ ᠠᠵᠦ  ᠠᠬᠤᠢ ᠶᠢᠨ  ᠨᠡᠭᠡᠭᠡᠨ ᠠᠰᠢᠭᠯᠠᠬᠤ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠦ᠂ ᠬᠤᠲᠠ ᠶᠢᠨ ᠶᠡᠷᠥᠩᠬᠡᠢ ᠴᠣᠭᠴᠠ ᠶᠢᠨ ᠲᠥᠯᠥᠪᠵᠢᠭᠦᠯᠭᠡ ᠳᠤᠮᠳᠠᠬᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠭᠤᠯᠭ᠎ᠠ ᠶᠢ ᠬᠢᠨᠠᠨ ᠪᠠᠶᠢᠴᠠᠭᠠᠬᠤ ᠳᠤ ᠣᠷᠣᠯᠴᠠᠨ᠎ᠠ᠃ ᠪᠦᠬᠦ ᠬᠤᠰᠢᠭᠤᠨ   ᠤ ᠬᠤᠲᠠ   ᠪᠠᠯᠭᠠᠰᠤᠵᠢᠭᠤᠯᠬᠤ  ᠪᠦᠲᠦᠭᠡᠨ ᠪᠠᠶᠢᠭᠤᠯᠤᠯᠲᠠ ᠂ ᠭᠤᠤᠯᠳᠠᠯᠭ᠎ᠠ ᠲᠠᠢ ᠭᠠᠵᠠᠷ ᠣᠷᠣᠨ ᠤ  ᠪᠤᠬᠢᠷᠳᠤᠯ ᠢ ᠰᠡᠷᠬᠡᠶᠢᠯᠡᠨ ᠵᠠᠰᠠᠬᠤ ᠲᠥᠯᠥᠪᠵᠢᠭᠦᠯᠭᠡ ᠪᠠ ᠠᠮᠢ  ᠠᠬᠤᠢ  ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠢᠨᠠᠨ ᠬᠡᠷᠡᠭᠵᠢᠭᠦᠯᠦᠨ᠎ᠠ᠃   3. ᠪᠦᠬᠦ ᠬᠤᠰᠢᠭᠤᠨ  ᠤ ᠠᠭᠠᠷ ᠮᠠᠨᠳᠠᠯ᠂ ᠤᠰᠤ᠂ ᠰᠢᠷᠥᠢ  ᠶᠢᠨ ᠣᠷᠴᠢᠨ ᠲᠣᠭᠤᠷᠢᠨ  ᠤ ᠬᠠᠮᠠᠭᠠᠯᠠᠯᠲᠠ  ᠶᠢᠨ ᠠᠵᠢᠯ  ᠢ ᠬᠠᠷᠢᠭᠤᠴᠠᠵᠦ᠂ ᠬᠠᠶᠠᠭᠳᠠᠮᠠᠯ ᠤᠰᠤ᠂ ᠬᠠᠶᠠᠭᠳᠠᠮᠠᠯ ᠬᠡᠢ᠂ ᠬᠠᠶᠠᠭᠳᠠᠮᠠᠯ ᠰᠢᠭᠠᠷᠤ᠂ ᠬᠤᠭ ᠲᠣᠭᠤᠰᠣ᠂  ᠲᠠᠭᠤ  ᠱᠤᠤᠬᠢᠶᠠᠨ᠂ ᠰᠠᠴᠤᠷᠠᠭ ᠬᠡᠯᠪᠡᠷᠢ ᠵᠢᠴᠢ ᠴᠠᠬᠢᠯᠭᠠᠨ ᠰᠣᠷᠢᠨᠵᠢᠨ  ᠤ ᠰᠠᠴᠤᠷᠠᠭᠤᠯᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠤᠣᠷᠲᠤ ᠬᠢᠮᠢ  ᠶᠢᠨ ᠡᠳ᠋  ᠵᠡᠷᠭᠡ  ᠪᠤᠬᠢᠷᠳᠤᠯ  ᠢ ᠰᠡᠷᠭᠡᠶᠢᠯᠡᠨ ᠵᠠᠰᠠᠬᠤ ᠠᠵᠢᠯ  ᠢ  ᠬᠢᠨᠠᠨ ᠬᠠᠮᠢᠶᠠᠷᠦᠨ᠎ᠠ᠃   4. ᠪᠦᠬᠦ ᠬᠤᠰᠢᠭᠤᠨ  ᠤ ᠲᠠᠷᠢᠶᠠᠯᠠᠩ  ᠮᠠᠯ ᠠᠵᠤ ᠠᠬᠤᠢ᠂ ᠣᠢ ᠰᠢᠭᠤᠢ᠂  ᠤᠰᠤ᠂ ᠠᠮᠢ ᠠᠬᠤᠢ  ᠶᠢᠨ ᠥᠭᠡᠷᠡᠴᠢᠯᠡᠯᠲᠡ ᠪᠠ  ᠬᠦᠭᠵᠢᠬᠦᠯᠦᠯᠳᠡ ᠵᠡᠷᠭᠡ ᠠᠵᠢᠯ ᠲᠥᠷᠥᠯ  ᠤᠨ ᠣᠷᠴᠢᠨ ᠲᠣᠭᠤᠷᠢᠨ  ᠤ ᠬᠠᠮᠠᠭᠠᠯᠠᠯᠲᠠ  ᠶᠢᠨ ᠠᠵᠢᠯ  ᠢ ᠵᠣᠬᠢᠴᠠᠭᠤᠯᠵᠤ᠂  ᠪᠤᠬᠢᠷᠳᠤᠯ ᠤᠨ  ᠬᠡᠷᠡᠭ ᠪᠠ ᠠᠮᠢ ᠠᠬᠤᠢ ᠶᠢᠨ ᠡᠪᠳᠡᠭᠳᠡᠯ   ᠤᠨ ᠬᠡᠷᠡᠭ ᠶᠠᠪᠤᠳᠠᠯ ᠢ ᠪᠠᠶᠢᠴᠠᠭᠠᠨ ᠰᠢᠢᠳᠪᠣᠷᠢᠯᠡᠨ᠎ᠠ᠃   5.  ᠣᠷᠴᠢᠨ ᠲᠣᠭᠤᠷᠢᠨ ᠤ ᠴᠢᠨᠠᠷ ᠴᠢᠨᠰᠠᠭᠠᠨ ᠤ ᠥᠨᠡᠯᠡᠯᠲᠠ᠂ ᠲᠦᠷᠦᠯ ᠵᠦᠢᠯ ᠤᠨ ᠪᠦᠲᠦᠭᠡᠨ  ᠪᠠᠶᠢᠭᠤᠯᠤᠯᠳᠠ ᠶᠢᠨ ᠣᠷᠴᠢᠨ ᠲᠣᠭᠤᠷᠢᠨ ᠤ ᠦᠨᠡᠯᠡᠯᠳᠠ ᠶᠢ ᠵᠤᠬᠢᠶᠠᠨ  ᠪᠠᠶᠢᠭᠤᠯᠵᠤ ᠬᠢᠨ᠎ᠡ᠃ ᠲᠦᠷᠦᠯ ᠵᠦᠢᠯ   ᠤᠨ ᠪᠦᠲᠦᠭᠡᠨ  ᠪᠠᠶᠢᠭᠤᠯᠤᠯᠳᠠ ᠶᠢᠨ ᠣᠷᠴᠢᠨ  ᠲᠤᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ   ᠶᠢ ᠬᠡᠷᠡᠭᠵᠢᠬᠦᠯᠬᠦ  ᠳᠤ ᠬᠢᠨᠠᠯᠲᠠ ᠲᠠᠯᠪᠢᠨ᠎ᠠ᠃ ᠪᠦᠬᠦ ᠬᠤᠰᠢᠭᠤᠨ ᠤ  ᠪᠤᠬᠢᠷᠳᠤᠯ ᠭᠠᠳᠠᠭᠰᠢᠯᠠᠭᠤᠯᠬᠤ ᠮᠡᠳᠡᠭᠦᠯᠦᠯᠲᠠ ᠶᠢᠨ  ᠲᠠᠩᠰᠠᠯᠠᠯ  ᠂  ᠪᠤᠬᠢᠷᠳᠤᠯ ᠭᠠᠳᠠᠭᠰᠢᠯᠠᠭᠤᠯᠬᠤ ᠵᠦᠪᠰᠢᠶᠡᠷᠡᠯ ᠤᠨ ᠦᠨᠡᠮᠯᠡᠯ᠂ ᠪᠤᠬᠢᠷᠳᠤᠯ ᠭᠠᠳᠠᠭᠰᠢᠯᠠᠭᠤᠯᠬᠤ ᠰᠥᠢᠳᠬᠡᠯ ᠤᠨ ᠲᠠᠲᠠᠪᠤᠷᠢᠯᠠᠨ ᠬᠤᠷᠢᠶᠠᠬᠤ ᠠᠵᠢᠯ ᠢ ᠨᠢᠭᠡᠳᠥᠯᠲᠠᠢ ᠬᠠᠮᠢᠶᠠᠷᠦᠨ᠎ᠠ᠃   6. ᠪᠦᠬᠦ  ᠬᠤᠰᠢᠭᠤᠨ ᠤ ᠪᠠᠶᠢᠭᠠᠯᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ  ᠬᠠᠮᠢᠶᠠᠷᠴᠤ᠂ ᠠᠮᠢ ᠠᠬᠤᠢ ᠶᠢᠨ ᠣᠷᠴᠢᠨ ᠲᠣᠭᠤᠷᠢᠨ ᠳᠤ ᠨᠦᠯᠦᠭᠡ ᠲᠠᠢ ᠪᠠᠶᠢᠭᠠᠯᠢ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠬᠤ ᠬᠥᠳᠡᠯᠭᠡᠭᠡᠨ ᠳᠤ ᠬᠢᠨᠠᠯᠲᠠ ᠲᠠᠯᠪᠢᠨ᠎ᠠ᠃ ᠴᠢᠬᠤᠯᠠ ᠠᠮᠢ ᠠᠬᠤᠢ  ᠶᠢᠨ ᠣᠷᠴᠢᠨ ᠲᠣᠭᠤᠷᠢᠨ  ᠤ ᠪᠦᠲᠦᠭᠡᠨ ᠪᠠᠶᠢᠭᠤᠯᠤᠯᠲᠠ ᠪᠠ ᠠᠮᠢ ᠠᠬᠤᠢ  ᠶᠢᠨ ᠡᠪᠳᠡᠭᠳᠡᠯ ᠢ ᠰᠡᠷᠭᠦᠭᠡᠭᠦ ᠠᠵᠢᠯ  ᠤᠨ ᠠᠬᠢᠴᠠ  ᠶᠢ ᠪᠠᠲᠣᠯᠠᠨ᠎ᠠ᠃ ᠬᠤᠰᠢᠭᠤᠨ ᠳᠡᠰ  ᠤᠨ ᠪᠠᠶᠢᠭᠠᠯᠢ  ᠶᠢᠨ ᠬᠠᠮᠠᠭᠠᠯᠠᠯᠳᠠ  ᠶᠢᠨ ᠣᠷᠣᠨ᠂ ᠬᠦᠷᠢᠶᠡᠯᠡᠨ ᠪᠢᠲᠡᠭᠦᠮᠵᠢᠯᠡᠭᠰᠡᠨ  ᠣᠷᠣᠨ᠂ ᠵᠢᠭᠤᠯᠴᠢᠯᠠᠯ  ᠤᠨ ᠣᠷᠣᠨ  ᠤ ᠣᠷᠴᠢᠨ ᠲᠣᠭᠤᠷᠢᠨ  ᠤ ᠬᠠᠮᠠᠭᠠᠯᠠᠯᠳᠠ  ᠶᠢᠨ ᠠᠵᠢᠯ  ᠢ  ᠬᠢᠨᠠᠨ ᠪᠠᠶᠢᠴᠠᠭᠠᠨ᠎ᠠ᠃      7. ᠪᠦᠬᠦ  ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠮᠢ ᠠᠬᠤᠢ ᠶᠢᠨ ᠴᠢᠳᠠᠮᠵᠢ ᠶᠢᠨ ᠬᠠᠮᠠᠭᠠᠯᠠᠯᠳᠠ ᠶᠢᠨ ᠣᠷᠣᠨ᠂ ᠠᠮᠢ ᠠᠬᠤᠢ  ᠶᠢᠨ ᠵᠢᠱᠢᠶ᠎ᠡ ᠦᠵᠡᠭᠦᠯᠬᠦ ᠣᠷᠣᠨ ᠢ ᠨᠢᠭᠡᠳᠦᠯᠲᠠᠢ  ᠲᠦᠯᠦᠪᠯᠡᠵᠦ᠂ ᠰᠢᠨ᠎ᠡ  ᠪᠠᠷ  ᠪᠠᠶᠢᠭᠤᠯᠬᠤ ᠲᠦᠷᠦᠯ ᠵᠦᠢᠯ  ᠳᠤ  ᠬᠢᠨᠠᠯᠳᠠ ᠲᠠᠯᠪᠢᠬᠤ ᠪᠠ ᠳᠡᠭᠡᠭᠰᠢ ᠮᠡᠳᠡᠭᠦᠯᠬᠦ  ᠶᠢ ᠬᠠᠷᠢᠭᠤᠴᠠᠨ᠎ᠠ ᠃ ᠠᠮᠢᠳᠦ ᠪᠣᠳᠠᠰ  ᠤᠨ ᠣᠯᠠᠨ ᠶᠠᠩᠵᠣᠲᠣ ᠴᠢᠨᠠᠷ ᠪᠠ ᠬᠡᠭᠡᠷ᠎ᠡ  ᠶᠢᠨ ᠠᠮᠢᠳᠠᠨ ᠣᠷᠭᠤᠮᠠᠯ᠂ ᠬᠤᠪᠣᠷ ᠴᠣᠬᠠᠭ ᠣᠰᠠᠳᠬᠤ ᠠᠶᠤᠯ ᠲᠠᠢ ᠠᠮᠢᠲᠠᠨ  ᠤ ᠲᠦᠷᠦᠯ ᠵᠦᠢᠯ  ᠢ ᠬᠠᠮᠠᠭᠠᠯᠠᠬᠤ ᠠᠵᠢᠯ  ᠢ ᠵᠣᠬᠢᠴᠠᠭᠤᠯᠬᠤ  ᠶᠢᠨ ᠬᠠᠮᠲᠦ ᠬᠢᠨᠠᠨ ᠪᠠᠶᠢᠴᠠᠭᠠᠵᠤ᠂ ᠠᠮᠢ  ᠠᠬᠤᠢ  ᠶᠢᠨ ᠣᠷᠴᠢᠨ ᠲᠣᠭᠤᠷᠢᠨ  ᠳᠤ ᠨᠦᠯᠦᠭᠡ ᠲᠠᠢ ᠡᠬᠢ ᠪᠠᠶᠠᠯᠢᠭ  ᠤᠨ ᠨᠡᠭᠡᠭᠡᠨ ᠠᠰᠢᠭᠯᠠᠬᠤ ᠬᠦᠳᠡᠯᠭᠡᠭᠡᠨ  ᠳᠤ ᠬᠢᠨᠠᠯᠲᠠ ᠲᠠᠯᠪᠢᠨ᠎ᠠ᠃   8. ᠣᠯᠣᠰ ᠪᠠ ᠥᠪᠡᠷᠳᠡᠭᠡᠨ ᠵᠠᠰᠠᠬᠤ ᠣᠷᠣᠨ  ᠤ ᠶᠠᠰᠤ ᠴᠢᠨᠠᠷ  ᠤᠨ ᠪᠠᠷᠢᠮᠵᠢᠶ᠎ᠠ ᠪᠠ ᠪᠤᠬᠢᠷᠳᠤᠯ  ᠭᠠᠳᠠᠭᠰᠢᠯᠠᠭᠤᠯᠬᠤ ᠪᠠᠷᠢᠮᠵᠢᠶᠠᠨ  ᠳᠤ ᠬᠦᠷᠭᠡᠬᠦ ᠠᠵᠢᠯ  ᠢ ᠲᠤᠤᠱᠯᠠᠭᠤᠯᠤᠨ ᠬᠡᠷᠡᠭᠵᠢᠭᠦᠯᠦᠨ᠎ᠡ᠃  ᠡᠯ᠎ᠡ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠣᠬᠠᠭᠤᠯᠭ᠎ᠠ  ᠬᠦᠮᠦᠵᠢᠯ ᠪᠠ ᠪᠣᠯᠪᠠᠰᠤᠷᠠᠯ  ᠤᠨ  ᠠᠵᠢᠯᠯᠠᠭ᠎ᠠ ᠶᠢ  ᠵᠣᠬᠢᠶᠠᠨ ᠪᠠᠶᠢᠭᠤᠯᠵᠦ ᠦᠷᠨᠢᠬᠦᠯᠦᠨ᠂ ᠣᠷᠴᠢᠨ ᠲᠣᠭᠤᠷᠢᠨ  ᠤ ᠮᠡᠳᠡᠯᠭᠡ  ᠶᠢ ᠲᠥᠭᠡᠮᠡᠯᠵᠢᠭᠦᠯᠵᠦ᠂ ᠪᠦᠬᠦ ᠠᠷᠠᠳ  ᠤᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠣᠬᠠᠮᠰᠠᠷ  ᠢ ᠳᠡᠭᠡᠭᠰᠢᠯᠡᠭᠦᠯᠥᠨ᠎ᠡ᠃   9. ᠪᠦᠬᠦ ᠬᠤᠰᠢᠭᠤᠨ ᠤ ᠣᠷᠴᠢᠨ ᠲᠣᠭᠤᠷᠢᠨ ᠤ ᠪᠦᠷᠢᠳᠬᠡᠯ ᠪᠠ ᠬᠢᠨᠠᠨ ᠪᠠᠶᠢᠴᠠᠭᠠᠬᠤ ᠠᠵᠢᠯ  ᠢ ᠬᠠᠷᠢᠭᠤᠴᠠᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠦ ᠣᠷᠴᠢᠨ ᠲᠣᠭᠤᠷᠢᠨ  ᠤ ᠬᠢᠨᠠᠨ ᠪᠠᠶᠢᠴᠠᠭᠠᠬᠤ ᠰᠦᠯᠵᠢᠶᠡᠨ  ᠤ ᠪᠦᠲᠦᠭᠡᠨ ᠪᠠᠶᠢᠭᠤᠯᠤᠯᠲᠠ  ᠶᠢ  ᠬᠢᠵᠦ᠂ ᠪᠦᠬᠦ ᠬᠤᠰᠢᠭᠤᠨ  ᠤ ᠣᠷᠴᠢᠨ ᠲᠣᠭᠤᠷᠢᠨ   ᠤ ᠴᠡᠭᠴᠡᠯᠡᠯᠳᠡ ᠶᠢ ᠵᠢᠯᠤᠭᠤᠳᠬᠤ ᠶᠢᠨ ᠬᠠᠮᠲᠦ᠂  ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢ ᠬᠢᠨᠠᠯᠲᠠ ᠲᠠᠯᠪᠢᠨ ᠬᠠᠮᠢᠶᠠᠷᠴᠤ᠂  ᠵᠢᠱᠢᠶ᠎ᠡ ᠦᠵᠡᠭᠦᠯᠬᠦ ᠣᠷᠣᠨ ᠤ ᠪᠤᠲᠤᠭᠡᠨ ᠪᠠᠶᠢᠭᠤᠯᠤᠯᠲᠠ ᠶᠢ ᠵᠤᠬᠢᠶᠡᠨ  ᠪᠠᠶᠢᠭᠤᠯᠵᠤ ᠶᠠᠪᠤᠭᠳᠠᠭᠤᠯᠤᠨ᠎ᠠ᠃   10. ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠣᠯᠢᠯᠴᠠᠭ᠎ᠠ ᠪᠠ ᠬᠠᠮᠵᠢᠯᠴᠠᠭ᠎ᠠ ᠶᠢ ᠵᠤᠬᠢᠶᠠᠨ ᠪᠠᠶᠢᠭᠤᠯᠵᠦ᠂ ᠣᠷᠴᠢᠨ ᠲᠣᠭᠤᠷᠢᠨ ᠤ  ᠰᠢᠨᠵᠢᠯᠡᠭᠡ ᠮᠡᠷᠭᠡᠵᠢᠯ  ᠢ ᠳᠡᠯᠭᠡᠷᠡᠭᠦᠯᠬᠦ ᠬᠠᠮᠢᠶᠠᠷᠤᠯᠲᠠ  ᠶᠢᠨ  ᠠᠵᠢᠯ  ᠢ ᠬᠠᠷᠢᠭᠤᠴᠠᠵᠦ᠂ ᠣᠷᠴᠢᠨ ᠲᠣᠭᠤᠷᠢᠨ  ᠤ ᠠᠵᠦ ᠣᠶᠢᠯᠡᠰ  ᠤᠨ ᠬᠦᠭᠵᠢᠯᠲᠡ  ᠶᠢ ᠣᠳᠣᠷᠢᠳᠬᠤ ᠪᠠ ᠠᠬᠢᠭᠤᠯᠤᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号