ᠣᠷᠣᠨ ᠰᠠᠭᠤᠴᠠ ᠬᠢᠭᠡᠳ ᠬᠤᠲᠠ ᠬᠥᠳᠡᠭᠡ ᠶᠢᠨ ᠲᠦᠯᠦᠪᠵᠢᠭᠦᠯᠭᠡ ᠪᠦᠳᠦᠭᠡᠨ ᠪᠠᠶᠢᠭᠤᠯᠣᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2017/12/5
  1. ᠣᠯᠣᠰ᠂  ᠣᠷᠣᠨ᠂ ᠠᠶᠢᠮᠠᠭ  ᠤᠨ ᠬᠠᠮᠢᠶ᠎ᠠ ᠪᠦᠬᠦᠢ ᠵᠠᠰᠠᠭ ᠵᠠᠬᠢᠷᠭᠠᠨ  ᠤ ᠪᠦᠲᠦᠭᠡᠨ ᠪᠠᠶᠢᠭᠤᠯᠤᠯᠲᠠ  ᠶᠢᠨ ᠬᠠᠮᠢᠶᠠᠷᠤᠯᠲᠠ  ᠶᠢᠨ  ᠴᠢᠭᠯᠡᠯᠲᠡ᠂ ᠲᠥᠷᠥ  ᠶᠢᠨ ᠪᠣᠳᠣᠯᠭ᠎ᠠ᠂  ᠬᠠᠤᠯᠢ ᠴᠠᠭᠠᠵᠠ᠂  ᠲᠦᠷᠢᠮ ᠲᠣᠭᠲᠠᠭᠠᠯ  ᠢ  ᠲᠤᠤᠱᠯᠠᠭᠤᠯᠤᠨ ᠬᠡᠷᠡᠭᠵᠢᠭᠦᠯᠵᠦ᠂ ᠬᠤᠰᠢᠭᠤ ᠨᠠᠮ ᠵᠠᠰᠠᠭ ᠤᠨ ᠪᠣᠲᠠᠲᠠᠢ ᠠᠵᠢᠯ  ᠤᠨ ᠱᠠᠭᠠᠷᠳᠠᠯᠭ᠎ᠠ ᠲᠠᠢ ᠣᠶᠠᠯᠳᠣᠭᠤᠯᠣᠨ᠂  ᠬᠤᠲᠠ ᠪᠠᠯᠭᠠᠰᠣᠵᠢᠯᠲᠠ  ᠶᠢᠨ  ᠪᠠᠶᠢᠯᠳᠤᠬᠤ ᠪᠣᠳᠣᠯᠭ᠎ᠠ  ᠶᠢᠨ ᠪᠣᠳᠠᠲᠠᠢ ᠲᠥᠷᠦ  ᠶᠢᠨ ᠪᠣᠳᠣᠯᠭ᠎ᠠ  ᠪᠠ ᠠᠷᠭ᠎ᠠ  ᠠᠪᠴᠢᠯ  ᠢ  ᠰᠤᠳᠤᠯᠤᠨ ᠲᠤᠭᠳᠠᠭᠠᠨ᠎ᠠ᠃   2. ᠪᠦᠬᠦ ᠬᠤᠰᠢᠭᠤᠨ  ᠤ ᠬᠤᠲᠠ  ᠪᠠᠯᠭᠠᠰᠤᠨ ᠤ ᠲᠥᠯᠥᠪᠵᠢᠭᠦᠯᠭᠡ᠂ ᠭᠠᠴᠠᠭ᠎ᠠ  ᠲᠤᠰᠬᠤᠨ ᠤ ᠲᠥᠯᠥᠪᠵᠢᠭᠦᠯᠭᠡ᠂  ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠭᠠᠴᠠᠭ᠎ᠠ  ᠲᠤᠰᠬᠤᠨ ᠤ ᠪᠦᠳᠦᠭᠡᠨ ᠪᠠᠶᠢᠭᠤᠯᠤᠯᠲᠠ᠂ ᠣᠷᠣᠨ ᠰᠠᠭᠤᠴᠠ  ᠶᠢᠨ ᠨᠡᠭᠡᠭᠡᠨ ᠠᠰᠢᠭᠯᠠᠬᠤ ᠢᠨᠵᠧᠨᠧᠷᠢᠩ᠂ ᠪᠠᠷᠢᠯᠭ᠎ᠠ  ᠶᠢᠨ ᠣᠶᠢᠯᠡᠰ᠂ ᠭᠡᠷ ᠬᠥᠷᠥᠩᠭᠡ  ᠶᠢᠨ ᠤᠶᠢᠯᠡᠰ᠂  ᠬᠤᠲᠠ  ᠵᠠᠰᠠᠭ  ᠤᠨ ᠨᠡᠶᠢᠳᠠ  ᠶᠢᠨ ᠦᠢᠯᠡᠰ   ᠤᠨ  ᠳᠣᠮᠳᠠ ᠣᠷᠲᠦ  ᠬᠤᠭᠤᠴᠠᠭᠠᠨ   ᠤ ᠲᠥᠯᠥᠪᠵᠢᠭᠦᠯᠭᠡ  ᠶᠢ ᠲᠣᠭᠤᠷᠪᠢᠨ ᠲᠣᠭᠲᠠᠭᠠᠬᠤ  ᠶᠢᠨ ᠬᠠᠮᠲᠤ  ᠬᠢᠨᠠᠯᠲᠠ ᠲᠠᠯᠪᠢᠨ ᠬᠡᠷᠡᠭᠵᠢᠭᠦᠯᠵᠦ᠂ ᠠᠵᠢᠯ ᠲᠦᠷᠦᠯ  ᠤᠨ ᠬᠠᠮᠢᠶᠠᠷᠤᠯᠲᠠ ᠶᠠᠪᠤᠭᠤᠯᠤᠨ᠎ᠠ᠃   3. ᠪᠦᠬᠦ ᠬᠤᠰᠢᠭᠤᠨ  ᠤ ᠬᠤᠲᠠ ᠪᠠᠯᠭᠠᠰᠤᠨ ᠤ ᠪᠦᠬᠦᠯᠢ ᠴᠣᠭᠴᠠ  ᠶᠢᠨ ᠲᠥᠯᠥᠪᠵᠢᠭᠦᠯᠭᠡ ᠪᠠ ᠬᠤᠲᠠ  ᠪᠠᠯᠭᠠᠰᠤᠨ ᠤ ᠳᠣᠭᠲᠠᠯᠴᠠᠭ᠎ᠠ  ᠶᠢᠨ ᠲᠥᠯᠥᠪᠵᠢᠭᠦᠯᠭᠡ  ᠶᠢ ᠨᠠᠶᠢᠷᠠᠭᠤᠯᠣᠨ ᠵᠣᠬᠢᠶᠠᠬᠤ ᠪᠠ ᠳᠡᠭᠡᠭᠰᠢ ᠮᠡᠳᠡᠭᠦᠯᠬᠦ  ᠶᠢ ᠬᠠᠷᠢᠭᠤᠴᠠᠨ᠎ᠠ᠃ ᠬᠤᠲᠠ ᠪᠠᠯᠭᠠᠰᠤᠨ  ᠤ ᠪᠦᠲᠦᠭᠡᠨ ᠪᠠᠶᠢᠭᠤᠯᠤᠯᠲᠠ  ᠶᠢᠨ ᠳᠠᠩᠰᠠ ᠡᠪᠬᠡᠮᠡᠯ  ᠤᠨ ᠬᠠᠮᠢᠶᠠᠷᠤᠯᠲᠠ  ᠶᠢ ᠵᠢᠯᠤᠭᠤᠳᠤᠨ᠎ᠠ᠃   4.  ᠪᠠᠷᠢᠯᠭ᠎ᠠ ᠶᠢᠨ ᠪᠦᠲᠦᠭᠡᠨ ᠪᠠᠶᠢᠭᠤᠯᠣᠯᠲᠠ  ᠶᠢᠨ ᠠᠯᠪᠠᠳᠠᠯᠭ᠎ᠠ  ᠶᠢᠨ ᠴᠢᠨᠠᠷ ᠲᠠᠢ ᠣᠯᠣᠰ  ᠤᠨ ᠪᠠᠷᠢᠮᠵᠢᠶ᠎ᠠ  ᠶᠢ ᠭᠡᠷᠡᠭᠵᠢᠭᠦᠯᠥᠨ᠎ᠡ᠃  ᠣᠷᠣᠨ᠂ ᠠᠶᠢᠮᠠᠭ  ᠤᠨ ᠵᠥᠪᠰᠢᠶᠡᠷᠡᠭᠰᠡᠨ ᠨᠣᠷᠮ᠎ᠠ  ᠶᠢᠨ ᠪᠠᠷᠢᠮᠵᠢᠶ᠎ᠠ  ᠶᠢ ᠲᠤᠤᠱᠯᠠᠭᠤᠯᠤᠨ᠂ ᠲᠣᠭᠲᠠᠭᠰᠠᠨ ᠬᠤᠭᠤᠴᠠᠭ᠎ᠠ ᠲᠠᠢ ᠨᠣᠷᠮ᠎ᠠ  ᠶᠢ ᠵᠠᠷᠯᠠᠵᠤ᠂ ᠡᠯ᠎ᠡ ᠲᠦᠷᠦᠯ  ᠤᠨ  ᠪᠠᠷᠢᠯᠭ᠎ᠠ ᠶᠢᠨ ᠪᠦᠲᠦᠭᠡᠨ ᠪᠠᠶᠢᠭᠤᠯᠣᠯᠲᠠ ᠶᠢᠨ ᠪᠠᠷᠢᠮᠵᠢᠶ᠎ᠠ ᠨᠣᠷᠮ᠎ᠠ ᠶᠢᠨ ᠬᠡᠷᠡᠭᠵᠢᠭᠦᠯᠦᠯᠲᠠ ᠶᠢ ᠬᠢᠨᠠᠨ ᠵᠢᠯᠤᠭᠤᠳᠤᠨ᠎ᠠ᠃   5. ᠪᠦᠬᠦ ᠬᠤᠰᠢᠭᠤᠨ ᠤ  ᠪᠠᠷᠢᠯᠭ᠎ᠠ ᠶᠢᠨ ᠵᠠᠬ᠎ᠠ ᠲᠡᠯᠭᠡᠭᠦᠷ   ᠤᠨ ᠬᠠᠮᠢᠶᠠᠷᠤᠯᠲᠠ ᠶᠢ  ᠬᠠᠷᠢᠭᠤᠴᠠᠨ᠎ᠠ᠃  ᠪᠠᠷᠢᠯᠭ᠎ᠠ ᠶᠢᠨ ᠵᠠᠬ᠎ᠠ ᠲᠡᠯᠭᠡᠭᠦᠷ ᠶᠢ ᠳᠦᠷᠢᠮᠵᠢᠭᠦᠯᠵᠦ᠂ ᠪᠠᠷᠢᠯᠭ᠎ᠠ ᠶᠢᠨ  ᠵᠠᠬ᠎ᠠ ᠲᠡᠯᠭᠡᠭᠦᠷ ᠲᠤ ᠣᠷᠣᠬᠤ ᠶᠢ ᠵᠦᠪᠰᠢᠶᠡᠷᠠᠬᠦ᠂  ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ᠂  ᠪᠠᠷᠢᠯᠭ᠎ᠠ ᠶᠢᠨ ᠬᠢᠨᠠᠨ ᠬᠠᠮᠢᠶᠠᠷᠤᠯᠲᠠ ᠵᠢᠴᠢ  ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠥᠪᠰᠢᠨ᠂  ᠪᠠᠷᠢᠯᠭ᠎ᠠ ᠶᠢᠨ ᠰᠢᠯᠭᠠᠨ ᠪᠠᠶᠢᠴᠠᠭᠠᠯᠳᠠ  ᠵᠡᠷᠭᠡ   ᠶᠢ  ᠬᠢᠨ᠎ᠡ   6. ᠪᠦᠬᠦ ᠬᠤᠰᠢᠭᠤᠨ  ᠤ ᠬᠤᠲᠠ ᠪᠠᠯᠭᠠᠰᠣᠨ  ᠤ ᠪᠥᠳᠥᠭᠡᠨ ᠪᠠᠶᠢᠭᠤᠯᠣᠯᠲᠠ ᠪᠠ ᠭᠠᠴᠠᠭ᠎ᠠ ᠳᠣᠰᠬᠤᠨ  ᠤ ᠪᠦᠳᠦᠭᠡᠨ ᠪᠠᠶᠢᠭᠤᠯᠣᠯᠲᠠ  ᠶᠢ ᠬᠠᠷᠢᠭᠤᠴᠠᠨ᠎ᠠ᠃ ᠬᠤᠲᠠ  ᠶᠢᠨ ᠰᠢᠲᠠᠮᠠᠬᠠᠢ ᠬᠡᠢ᠂ ᠢᠯᠴᠢ ᠬᠠᠩᠭᠠᠬᠤ᠂ ᠵᠠᠮ᠂ ᠤᠰᠤ ᠬᠠᠩᠭᠠᠵᠤ ᠤᠰᠤ ᠲᠠᠲᠠᠷᠠᠭᠤᠯᠬᠤ ᠵᠡᠷᠭᠡ  ᠠᠵᠢᠯ  ᠢ ᠬᠠᠷᠢᠭᠤᠴᠠᠨ᠎ᠠ᠃ ᠬᠤᠲᠠ ᠪᠠᠯᠭᠠᠰᠣᠨ  ᠤ ᠲᠥᠯᠥᠪᠵᠢᠭᠦᠯᠭᠡ  ᠶᠢᠨ ᠣᠷᠣᠨ ᠤ  ᠨᠤᠭᠤᠭᠠᠷᠠᠭᠤᠯᠤᠯᠳᠠ ᠶᠢᠨ ᠠᠵᠢᠯ  ᠂ ᠬᠤᠲᠠ  ᠶᠢᠨ ᠲᠥᠷᠢ ᠳᠥᠷᠬᠦ᠂ ᠣᠷᠴᠢᠨ ᠲᠣᠭᠤᠷᠢᠨ  ᠤ ᠵᠠᠰᠠᠯᠲᠠ ᠪᠠ ᠬᠤᠲᠠ  ᠶᠢᠨ ᠪᠦᠳᠦᠭᠡᠨ ᠪᠠᠶᠢᠭᠤᠯᠤᠯᠲᠠ  ᠶᠢᠨ ᠬᠢᠨᠠᠨ ᠬᠠᠮᠢᠶᠠᠷᠤᠯᠲᠠ  ᠶᠢ ᠵᠢᠯᠤᠭᠤᠳᠤᠨ᠎ᠠ᠃   7. ᠪᠦᠬᠦ ᠬᠤᠰᠢᠭᠤᠨ  ᠤ ᠣᠷᠣᠨ ᠰᠠᠭᠤᠴᠠ  ᠶᠢᠨ ᠪᠦᠳᠦᠭᠡᠨ ᠪᠠᠶᠢᠭᠤᠯᠤᠯᠲᠠ ᠪᠠ ᠬᠤᠲᠠ ᠪᠠᠯᠭᠠᠰᠤᠨ  ᠤ  ᠤᠷᠤᠨ ᠰᠠᠭᠤᠴᠠ ᠶᠢᠨ ᠲᠥᠷᠢᠮ  ᠤᠨ ᠥᠭᠡᠷᠡᠴᠢᠯᠡᠯᠲᠡ  ᠶᠢᠨ ᠠᠵᠢᠯ  ᠢ ᠬᠠᠷᠢᠭᠤᠴᠠᠨ᠎ᠠ᠃  ᠤᠷᠤᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ  ᠶᠢᠨ ᠤᠶᠢᠯᠡᠰ  ᠤᠨ ᠠᠵᠢᠯ ᠳᠦᠷᠥᠯ  ᠤᠨ ᠬᠠᠮᠢᠶᠠᠷᠣᠯᠲᠠ  ᠶᠢ ᠬᠠᠷᠢᠭᠤᠴᠠᠵᠤ᠂ ᠬᠤᠲᠠ ᠪᠠᠯᠭᠠᠰᠤᠨ ᠤ ᠭᠡᠷ ᠪᠠᠶᠢᠰᠢᠩ   ᠢ ᠨᠤᠷᠠᠭᠠᠵᠤ ᠨᠡᠬᠦᠯᠬᠡᠬᠦ ᠬᠠᠮᠢᠶᠠᠷᠣᠯᠲᠠ  ᠶᠢᠨ ᠠᠵᠢᠯ  ᠢ ᠵᠢᠯᠤᠭᠤᠳᠤᠨ᠎ᠠ᠃ ᠬᠤᠳᠠ ᠪᠠᠯᠭᠠᠰᠤᠨ  ᠤ ᠭᠠᠵᠠᠷ ᠰᠢᠷᠤᠢ  ᠶᠢᠨ ᠬᠡᠷᠡᠭᠯᠡᠯᠲᠡ ᠶᠢᠨ ᠡᠷᠬᠡ   ᠶᠢ ᠦᠨ᠎ᠡ ᠲᠥᠯᠥᠪᠦᠷᠢ ᠲᠠᠢ ᠪᠠᠷ ᠰᠢᠯᠵᠢᠭᠦᠯᠬᠦ ᠪᠠ ᠨᠡᠭᠡᠭᠡᠨ ᠠᠰᠢᠭᠯᠠᠬᠤ ᠠᠵᠢᠯ ᠢ ᠵᠢᠯᠤᠭᠤᠳᠤᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠲᠡᠯᠭᠡᠭᠦᠷ ᠤᠨ ᠬᠠᠮᠢᠶᠠᠷᠣᠯᠲᠠ ᠶᠢᠨ  ᠲᠦᠷᠢᠮᠵᠢᠬᠦᠯᠦᠯᠳᠡ ᠶᠢ ᠬᠠᠷᠢᠭᠤᠴᠠᠨ᠎ᠠ᠃   8.  ᠣᠷᠣᠨ᠂ ᠠᠶᠢᠮᠠᠭ  ᠤᠨ ᠠᠵᠢᠯ ᠳᠦᠷᠦᠯ  ᠤᠨ ᠭᠥᠭᠵᠢᠯᠲᠡ  ᠶᠢᠨ  ᠰᠢᠨᠵᠢᠯᠡᠭᠡ ᠮᠡᠷᠭᠡᠵᠢᠯ  ᠤᠨ ᠲᠥᠯᠥᠪᠵᠢᠭᠦᠯᠭᠡ ᠪᠠ ᠮᠡᠷᠭᠡᠵᠢᠯ  ᠤᠨ ᠠᠵᠦ ᠠᠬᠤᠢ  ᠶᠢᠨ ᠲᠥᠷᠥ  ᠶᠢᠨ ᠪᠣᠳᠣᠯᠭ᠎ᠠ᠂ ᠠᠷᠭ᠎ᠠ  ᠶᠢ ᠰᠣᠳᠣᠯᠣᠨ ᠲᠤᠤᠱᠯᠠᠭᠤᠯᠣᠨ᠎ᠠ᠃ ᠪᠥᠳᠦᠭᠡᠨ ᠪᠠᠶᠢᠭᠤᠯᠤᠯᠲᠠ  ᠶᠢᠨ ᠭᠦᠷᠢᠶ᠎ᠡ  ᠴᠠᠷ᠎ᠠ ᠳᠠᠬᠢ ᠬᠥᠨᠳᠦ ᠴᠢᠬᠤᠯᠠ ᠰᠢᠨᠵᠢᠯᠡᠭᠡ ᠮᠡᠷᠭᠡᠵᠢᠯ  ᠤᠨ ᠲᠥᠷᠥᠯ ᠵᠤᠶᠢᠯ  ᠤᠨ  ᠪᠤᠭᠤᠮᠳᠠ ᠰᠢᠪᠳᠤᠯᠬᠤ ᠪᠠ ᠦᠷ᠎ᠡ ᠪᠦᠳᠦᠭᠡᠯ  ᠤᠨ ᠳᠡᠯᠭᠡᠷᠡᠭᠦᠯᠦᠨ ᠭᠡᠷᠡᠭᠯᠡᠬᠦ ᠠᠵᠢᠯ ᠢ ᠵᠤᠬᠢᠶᠠᠨ ᠪᠠᠶᠢᠭᠤᠯᠵᠦ᠂ ᠪᠥᠳᠦᠭᠡᠨ ᠪᠠᠶᠢᠭᠤᠯᠤᠯᠲᠠ  ᠶᠢᠨ ᠭᠦᠷᠢᠶ᠎ᠡ  ᠴᠠᠷ᠎ᠠ ᠳᠠᠬᠢ ᠮᠡᠷᠭᠡᠵᠢᠯ ᠢ ᠲᠠᠲᠠᠨ ᠤᠷᠤᠭᠤᠯᠬᠤ ᠪᠠ ᠰᠢᠨ᠎ᠡ  ᠶᠢ ᠡᠭᠦᠳᠬᠦ  ᠶᠢ ᠬᠠᠷᠢᠭᠤᠴᠠᠨ᠎ᠠ᠃  ᠠᠵᠦ ᠠᠬᠤᠶᠢᠯᠡᠯ  ᠤᠨ ᠣᠯᠣᠰ  ᠤᠨ ᠳᠤᠳᠤᠭᠠᠳᠣ ᠭᠠᠳᠠᠭᠠᠳᠣ  ᠶᠢᠨ ᠪᠠᠷᠢᠯᠭ᠎ᠠ  ᠶᠢᠨ ᠵᠠᠬ᠎ᠠ ᠳᠡᠯᠭᠡᠭᠦᠷ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠲᠡᠯᠭᠡᠭᠦᠷ ᠢ ᠨᠡᠭᠡᠭᠡᠬᠦ  ᠶᠢ ᠵᠢᠯᠤᠭᠤᠳᠤᠨ᠎ᠠ᠃   9.  ᠪᠠᠷᠢᠯᠭ᠎ᠠ  ᠶᠢᠨ ᠠᠵᠦ ᠠᠬᠤᠶᠢᠯᠡᠯ  ᠤᠨ ᠪᠥᠳᠥᠭᠡᠭᠳᠡᠭᠦᠨ᠂  ᠶᠠᠰᠤ ᠴᠢᠨᠠᠷ᠂ ᠦᠨ᠎ᠡ ᠬᠠᠩᠰᠢ᠂ ᠪᠣᠷᠣᠯᠠᠭᠤᠯᠭ᠎ᠠ᠂  ᠮᠡᠷᠭᠡᠵᠢᠯ ᠤᠨ ᠳᠠᠪᠰᠢᠯᠲᠠ ᠵᠡᠷᠭᠡ ᠡᠯ᠎ᠡ ᠲᠦᠷᠦᠯ  ᠤᠨ ᠬᠠᠮᠢᠶᠠᠷᠤᠯᠲᠠ  ᠶᠢᠨ ᠠᠵᠢᠯ  ᠢ ᠵᠢᠯᠤᠭᠤᠳᠤᠨ᠎ᠠ᠃   10. ᠬᠤᠲᠠ ᠪᠠᠯᠭᠠᠰᠣᠨ  ᠤ  ᠨᠤᠭᠤᠭᠠᠷᠠᠭᠤᠯᠤᠯᠳᠠ ᠶᠢᠨ ᠠᠵᠢᠯ  ᠤᠨ ᠭᠥᠭᠵᠢᠯᠲᠡ  ᠶᠢᠨ ᠲᠦᠯᠦᠪᠵᠢᠭᠦᠯᠭᠡ  ᠶᠢ ᠰᠣᠳᠣᠯᠣᠨ  ᠲᠤᠭᠳᠠᠭᠠᠵᠤ᠂ ᠬᠤᠳᠠ ᠪᠠᠯᠭᠠᠰᠣᠨ  ᠤ ᠨᠤᠭᠤᠭᠠᠷᠠᠭᠤᠯᠤᠯᠳᠠ ᠶᠢᠨ ᠠᠵᠢᠯ ᠢ ᠬᠠᠷᠢᠭᠤᠴᠠᠨ᠎ᠠ᠃  ᠬᠤᠳᠠ ᠪᠠᠯᠭᠠᠰᠣᠨ  ᠤ  ᠨᠤᠭᠤᠭᠠᠷᠠᠭᠤᠯᠤᠯᠳᠠ  ᠶᠢᠨ ᠬᠠᠮᠠᠭᠠᠯᠠᠯᠳᠠ ᠪᠠ ᠬᠠᠮᠢᠶᠠᠷᠣᠯᠲᠠ  ᠶᠢ ᠬᠠᠷᠢᠭᠤᠴᠠᠨ᠂ ︿︿ ᠨᠤᠭᠤᠭᠠᠷᠠᠭᠤᠯᠤᠯᠳᠠ ᠶᠢᠨ ᠬᠠᠮᠢᠶᠠᠷᠣᠯᠲᠠ  ᠶᠢᠨ ᠳᠣᠭᠳᠠᠭᠠᠯ﹀﹀ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂  ᠲᠦᠷᠢᠮ ᠳᠣᠭᠲᠠᠭᠠᠯ ᠢ ᠦᠨᠳᠦᠰᠦᠯᠡᠨ᠂ ᠬᠤᠳᠠ  ᠶᠢᠨ  ᠨᠤᠭᠤᠭᠠᠷᠠᠭᠤᠯᠤᠯᠳᠠ᠂ ᠬᠤᠸᠠᠷ ᠴᠡᠴᠡᠭ᠂  ᠡᠪᠡᠰᠦ ᠮᠤᠳᠤ ᠂  ᠨᠤᠭᠤᠭᠠᠷᠠᠭᠤᠯᠤᠯᠳᠠ ᠶᠢᠨ ᠲᠥᠭᠦᠭᠡᠷᠥᠮᠵᠢ ᠳᠤ ᠡᠪᠳᠡᠯᠭᠡ ᠬᠢᠭᠰᠡᠨ  ᠬᠠᠤᠯᠢ ᠪᠤᠰᠤ ᠠᠵᠢᠯᠯᠠᠭ᠎ᠠ   ᠶᠢ ᠪᠠᠶᠢᠴᠠᠭᠠᠨ ᠰᠢᠢᠳᠪᠤᠷᠢᠯᠡᠨ᠎ᠡ᠃   11. ᠪᠦᠬᠦ ᠬᠤᠰᠢᠭᠤᠨ  ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠢᠯ  ᠢ ᠶᠡᠷᠥᠩᠭᠡᠶᠢᠯᠡᠨ ᠬᠠᠮᠢᠶᠠᠷᠴᠤ᠂ ᠪᠤᠵᠠᠷ᠂  ᠮᠠᠭᠤᠬᠠᠢ᠂ ᠲᠢᠭᠯᠡᠮ ᠦᠬᠡᠢ  ᠪᠠᠶᠢᠳᠠᠯ   ᠢ ᠬᠢᠨᠠᠨ ᠪᠠᠶᠢᠴᠠᠭᠠᠨ᠎ᠠ᠃  ᠬᠤᠳᠠ ᠪᠠᠯᠭᠠᠰᠤᠨ  ᠤ  ᠦᠩᠬᠡ ᠳᠥᠷᠬᠦ  ᠶᠢᠨ ᠭᠤᠶᠣ ᠰᠠᠶᠢᠬᠠᠨ ᠴᠡᠪᠡᠷ ᠲᠡᠭᠰᠢ ᠪᠠᠶᠢᠬᠤ ᠶᠢ  ᠠᠬᠢᠭᠤᠯᠵᠤ᠂  ᠵᠡᠭᠡᠯᠢ ᠭᠤᠳᠣᠮᠵᠢ ᠪᠠ ᠵᠠᠮ  ᠤᠨ  ᠴᠡᠪᠡᠷ ᠴᠡᠮᠴᠡᠭᠡᠷ ᠪᠠᠶᠢᠬᠤ ᠶᠢ ᠪᠠᠳᠤᠯᠠᠵᠤ᠂  ︽ᠲᠠᠪᠤᠨ ᠦᠬᠡᠢ︾ ᠶᠢ ᠪᠡᠶᠡᠯᠡᠬᠦᠯᠦᠨ᠎ᠡ  ᠃   17 . ᠬᠤᠰᠢᠭᠤ ᠨᠠᠮ ᠵᠠᠰᠠᠭ᠂ᠪᠠ  ᠲᠡᠭᠡᠳᠦ ᠱᠠᠳᠤᠨ ᠤ  ᠲᠤᠰᠢᠶᠠᠭᠰᠠᠨ ᠪᠤᠰᠤᠳ ᠠᠵᠢᠯ  ᠢ  ᠪᠡᠶᠡᠯᠡᠬᠦᠯᠦᠨ᠎ᠡ ᠃    
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号