1. ᠳᠡᠭᠡᠷ᠎ᠡ ᠱᠠᠲᠣᠨ ᠤ ᠣᠯᠣᠰ ᠤᠨ ᠭᠠᠵᠠᠷ ᠰᠢᠷᠦᠢ ᠶᠢᠨ ᠡᠬᠢ ᠪᠠᠶᠠᠯᠢᠭ᠂ ᠬᠡᠮᠵᠢᠨ ᠵᠢᠷᠤᠬᠤ | ᠬᠠᠮᠢᠶᠠᠷᠤᠯᠲᠠ ᠶᠢᠨ ᠳᠣᠬᠠᠢ ᠬᠠᠤᠯᠢ ᠴᠠᠭᠠᠵᠠ᠂ ᠲᠦᠷᠢᠮ ᠳᠣᠭᠳᠠᠭᠠᠯ ᠪᠠ ᠳᠦᠷᠦ ᠶᠢᠨ ᠪᠣᠳᠣᠯᠭ᠎ᠠ ᠶᠢ | ᠬᠡᠷᠡᠭᠵᠢᠭᠦᠯᠦᠨ᠂ ᠭᠠᠵᠠᠷ ᠰᠢᠷᠦᠢ ᠶᠢᠨ ᠡᠬᠢ ᠪᠠᠶᠠᠯᠢᠭ᠂ ᠠᠭᠤᠷᠬᠠᠢ ᠶᠢᠨ ᠡᠬᠢ ᠪᠠᠶᠠᠯᠢᠭ᠂ ᠬᠡᠮᠵᠢᠨ ᠵᠢᠷᠤᠬᠤ | ᠬᠠᠮᠢᠶᠠᠷᠤᠯᠲᠠ ᠶᠢᠨ ᠲᠦᠷᠢᠮᠵᠢᠭᠰᠡᠨ ᠪᠢᠴᠢᠭ ᠮᠠᠲ᠋ᠧᠷᠢᠶᠠᠯ ᠵᠢᠴᠢ ᠪᠣᠳᠠᠲᠠᠢ ᠮᠡᠷᠭᠡᠵᠢᠯ ᠤᠨ ᠪᠠᠷᠢᠮᠵᠢᠶ᠎ᠠ᠂ ᠠᠷᠭ᠎ᠠ | ᠲᠥᠷᠢᠮ ᠢ ᠨᠠᠶᠢᠷᠠᠭᠤᠯᠤᠨ ᠲᠤᠭᠳᠠᠭᠠᠨ᠎ᠠ᠃ | 2. ᠲᠣᠰ ᠭᠠᠵᠠᠷ ᠣᠷᠣᠨ ᠤ ᠭᠠᠵᠠᠷ ᠰᠢᠷᠦᠢ ᠶᠢᠨ ᠠᠰᠢᠭᠯᠠᠯᠲᠠ ᠶᠢᠨ ᠶᠡᠷᠦᠩᠬᠡᠢ ᠴᠣᠭᠴᠠ ᠶᠢᠨ | ᠲᠦᠯᠦᠪᠵᠢᠭᠦᠯᠭᠡ᠂ ᠠᠭᠤᠷᠬᠠᠢ ᠶᠢᠨ ᠡᠬᠢ ᠪᠠᠶᠠᠯᠢᠭ ᠤᠨ ᠶᠡᠷᠦᠩᠬᠡᠢ ᠴᠣᠭᠴᠠ ᠶᠢᠨ ᠲᠦᠯᠦᠪᠵᠢᠭᠦᠯᠭᠡ ᠪᠠ ᠬᠢᠨᠠᠨ | ᠵᠢᠷᠤᠭᠯᠠᠬᠤ ᠲᠦᠯᠦᠪᠵᠢᠭᠦᠯᠭᠡ ᠵᠢᠴᠢ ᠬᠠᠮᠢᠶ᠎ᠠ ᠪᠦᠬᠦᠢ ᠳᠣᠰᠬᠠᠢ ᠮᠡᠷᠭᠡᠵᠢᠯ ᠤᠨ ᠲᠦᠯᠦᠪᠵᠢᠭᠦᠯᠭᠡ ᠶᠢ ᠵᠠᠰᠠᠨ | ᠨᠠᠶᠢᠷᠠᠭᠤᠯᠬᠤ ᠶᠢᠨ ᠬᠠᠮᠳᠤ ᠭᠡᠷᠡᠭᠵᠢᠭᠦᠯᠥᠨ᠎ᠡ᠃ | 3. ᠣᠯᠣᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠡᠯ᠎ᠡ ᠵᠦᠢᠯ ᠤᠨ ᠬᠠᠤᠯᠢ ᠵᠦᠷᠢᠴᠡᠭᠰᠡᠨ ᠬᠡᠷᠡᠭ | ᠢ ᠪᠠᠶᠢᠴᠠᠭᠠᠨ ᠰᠢᠢᠳᠪᠦᠷᠢᠯᠡᠵᠦ᠂ ᠡᠷᠬᠡ ᠮᠡᠳᠡᠯ ᠤᠨ ᠬᠡᠪᠴᠢᠶᠡᠨ ᠳᠠᠬᠢ ᠵᠢᠭᠤᠷᠠᠭᠠᠨ ᠢ ᠰᠢᠢᠳᠪᠤᠷᠢᠯᠡᠨ᠎ᠡ᠃ | 4. ᠥᠨᠳᠦᠰᠦᠨ ᠲᠠᠷᠢᠶᠠᠨ ᠭᠠᠵᠠᠷ᠂ ᠨᠤᠳᠤᠭ ᠪᠡᠯᠴᠢᠭᠡᠷ ᠤᠨ ᠬᠠᠮᠠᠭᠠᠯᠠᠯᠳᠠ ᠶᠢ ᠵᠣᠬᠢᠶᠠᠨ ᠪᠠᠶᠢᠭᠤᠯᠵᠦ᠂ | ᠭᠠᠵᠠᠷ ᠰᠢᠷᠦᠢ ᠶᠢᠨ ᠨᠡᠭᠡᠭᠡᠨ ᠠᠰᠢᠭᠯᠠᠯᠲᠠ ᠶᠢᠨ ᠵᠠᠰᠠᠵᠤ ᠲᠡᠭᠰᠢᠯᠡᠬᠦ ᠪᠠ ᠲᠠᠬᠢᠨ ᠬᠠᠭᠠᠯᠪᠣᠷᠢᠯᠠᠬᠤ ᠠᠵᠢᠯ ᠢ | ᠵᠢᠯᠤᠭᠤᠳᠤᠨ᠂ ᠣᠯᠣᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠪᠠᠶᠢᠴᠠᠭᠠᠯᠲᠠ ᠪᠠ ᠪᠣᠳᠠᠲᠠᠢ ᠪᠠᠶᠢᠳᠠᠯ ᠤᠨ | ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠦ᠂ ᠭᠠᠵᠠᠷ ᠰᠢᠷᠦᠢ ᠶᠢᠨ ᠡᠷᠬᠡ ᠶᠢ ᠪᠠᠲᠣᠯᠠᠬᠤ᠂ ᠭᠠᠵᠠᠷ | ᠰᠢᠷᠦᠢ ᠶᠢᠨ ᠲᠡᠰ ᠲᠣᠭᠲᠠᠭᠠᠬᠤ ᠪᠠ ᠲᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃ | 5. ᠭᠠᠵᠠᠷ ᠰᠢᠷᠦᠢ ᠶᠢᠨ ᠬᠡᠷᠡᠭᠯᠡᠬᠦ ᠡᠷᠬᠡ ᠶᠢ ᠰᠢᠯᠵᠢᠬᠦᠯᠬᠦ᠂ ᠲᠦᠷᠢᠶᠡᠰᠦᠯᠡᠬᠦ᠂ ᠠᠷᠠᠯᠵᠢᠶᠠᠯᠠᠬᠤ᠂ ᠬᠤᠷᠢᠶᠠᠨ | ᠬᠠᠳᠠᠭᠠᠯᠠᠬᠤ ᠠᠵᠢᠯ ᠢ ᠵᠤᠬᠢᠶᠠᠨ ᠪᠠᠶᠢᠭᠤᠯᠵᠦ᠂ ᠳᠦᠷ ᠴᠠᠭ ᠤᠨ ᠬᠡᠷᠡᠭᠯᠡᠬᠦ ᠭᠠᠵᠠᠷ ᠢ ᠬᠠᠮᠢᠶᠠᠷᠤᠨ᠂ ᠭᠠᠵᠠᠷ | ᠰᠢᠷᠦᠢ ᠶᠢᠨ ᠬᠡᠷᠡᠭᠯᠡᠬᠦ ᠡᠷᠬᠡ ᠶᠢᠨ ᠰᠢᠯᠵᠢᠯᠲᠡ ᠶᠢᠨ ᠬᠠᠮᠢᠶᠠᠷᠣᠯᠲᠠ ᠶᠢ ᠵᠢᠯᠤᠭᠤᠳᠤᠨ᠎ᠠ᠃ | 6. ᠠᠭᠤᠷᠬᠠᠢ ᠶᠢᠨ ᠡᠬᠢ ᠪᠠᠶᠠᠯᠢᠭ ᠤᠨ ᠬᠢᠨᠠᠨ ᠬᠠᠷᠭᠤᠭᠤᠯᠬᠤ᠂ ᠬᠢᠨᠠᠨ ᠵᠦᠪᠰᠢᠶᠡᠷᠡᠭᠦᠯᠬᠦ ᠲᠠᠩᠰᠠᠯᠠᠯ ᠤᠨ | ᠥᠨᠡᠮᠯᠡᠯ ᠣᠯᠭᠤᠬᠤ ᠪᠠ ᠠᠭᠤᠷᠬᠠᠢ ᠬᠠᠶᠢᠬᠤ ᠡᠷᠬᠡ ᠶᠢᠨ ᠬᠢᠨᠠᠨ ᠬᠠᠷᠭᠤᠭᠤᠯᠬᠤ ᠲᠠᠩᠰᠠᠯᠠᠯ ᠬᠢᠵᠦ᠂ ᠠᠭᠤᠷᠬᠠᠢ | ᠶᠢᠨ ᠡᠬᠢ ᠪᠠᠶᠠᠯᠢᠭ ᠤᠨ ᠬᠠᠳᠠᠭᠠᠯᠠᠯᠲᠠ ᠶᠢᠨ ᠬᠡᠮᠵᠢᠶᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠂ | ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ ᠳᠤ ᠬᠢᠨᠠᠯᠲᠠ ᠲᠠᠯᠪᠢᠨ᠎ᠠ᠃ | ᠠᠭᠤᠷᠬᠠᠢ ᠶᠢᠨ ᠡᠬᠢ ᠪᠠᠶᠠᠯᠢᠭ ᠤᠨ ᠨᠥᠬᠦᠪᠦᠷᠢ ᠮᠥᠩᠭᠦ ᠶᠢ ᠲᠠᠲᠠᠪᠤᠷᠢᠯᠠᠨ ᠲᠤᠰᠢᠶᠠᠨ᠎ᠠ᠃ ᠭᠠᠵᠠᠷ ᠰᠢᠨᠵᠢᠯᠡᠭᠡᠨ | ᠤ ᠭᠠᠮᠰᠢᠭ ᠤᠨ ᠰᠡᠷᠭᠡᠶᠢᠯᠡᠯᠲᠡ ᠪᠠ ᠭᠠᠵᠠᠷ ᠰᠢᠨᠵᠢᠯᠡᠭᠡᠨ ᠤ ᠥᠯᠡᠳᠡᠭᠳᠡᠯ ᠤᠨ ᠬᠠᠮᠠᠭᠠᠯᠠᠯᠳᠠ ᠶᠢᠨ ᠠᠵᠢᠯ ᠢ | ᠵᠤᠬᠢᠶᠠᠨ ᠪᠠᠶᠢᠭᠤᠯᠤᠨ᠎ᠠ᠃ | 7. ᠬᠤᠰᠢᠭᠤ ᠨᠠᠮ ᠵᠠᠰᠠᠭ᠂ᠪᠠ ᠲᠡᠭᠡᠳᠦ ᠱᠠᠳᠤᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠬᠦᠯᠦᠨ᠎ᠡ᠃ | | |