ᠡᠷᠡᠭᠦᠯ ᠬᠠᠮᠠᠭᠠᠯᠠᠯ ᠪᠠ ᠡᠷᠡᠬᠦᠯ ᠮᠡᠨᠳᠦ ᠶᠢᠨ ᠵᠦᠪᠯᠡᠯ
ᠨᠡᠶᠢᠲᠡᠯᠡᠭᠰᠡᠨ ᠴᠠᠭ᠄
2017/12/5
  1. ᠣᠯᠣᠰ᠂ ᠣᠷᠣᠨ ᠤ ᠡᠷᠡᠭᠦᠯ ᠬᠠᠮᠠᠭᠠᠯᠠᠯ  ᠤᠨ ᠠᠵᠢᠯ ᠤᠨ ᠬᠠᠤᠯᠢ ᠴᠠᠭᠠᠵᠠ᠂  ᠲᠦᠷᠢᠮ ᠳᠣᠭᠳᠠᠭᠠᠯ ᠪᠠ ᠴᠢᠭᠯᠡᠯᠲᠡ᠂ ᠳᠦᠷᠦ  ᠶᠢᠨ ᠪᠣᠳᠣᠯᠭ᠎ᠠ  ᠶᠢ ᠲᠤᠤᠱᠯᠠᠭᠤᠯᠤᠨ ᠬᠡᠷᠡᠭᠵᠢᠭᠦᠯᠬᠦ  ᠶᠢᠨ ᠬᠠᠮᠲᠤ ᠬᠢᠨᠠᠯᠲᠠ ᠲᠠᠯᠪᠢᠨ ᠭᠦᠢᠴᠡᠳᠬᠡᠨ᠎ᠡ᠃ ᠪᠦᠬᠦ ᠬᠤᠰᠢᠭᠤᠨ  ᠤ ᠡᠷᠡᠭᠦᠯ ᠬᠠᠮᠠᠭᠠᠯᠠᠯ  ᠤᠨ ᠬᠠᠮᠢᠶ᠎ᠠ ᠲᠠᠢ ᠭᠠᠵᠠᠷ ᠣᠷᠣᠨ  ᠤ ᠴᠢᠨᠠᠷᠲᠠᠢ ᠳᠦᠷᠦ  ᠶᠢᠨ ᠪᠣᠳᠣᠯᠭ᠎ᠠ᠂  ᠳᠥᠷᠢᠮ ᠳᠣᠭᠲᠠᠭᠠᠯ  ᠢ ᠰᠣᠳᠣᠯᠣᠨ  ᠲᠤᠭᠳᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠥᠨ᠎ᠡ᠃     2. ᠪᠦᠬᠦ ᠬᠤᠰᠢᠭᠤᠨ  ᠤ ᠡᠷᠡᠭᠦᠯ ᠬᠠᠮᠠᠭᠠᠯᠠᠯ ᠤᠨ ᠠᠵᠢᠯ ᠤᠨ ᠲᠦᠯᠦᠪᠵᠢᠬᠦᠯᠬᠡ ᠶᠢ ᠰᠤᠳᠤᠯᠤᠨ ᠲᠤᠭᠳᠠᠭᠠᠵᠤ ᠂ ᠪᠦᠬᠦ ᠬᠤᠰᠢᠭᠤᠨ  ᠤ ᠡᠷᠡᠭᠦᠯ ᠬᠠᠮᠠᠭᠠᠯᠠᠯ  ᠤᠨ ᠡᠬᠢ ᠪᠠᠶᠠᠯᠢᠭ  ᠤᠨ ᠳᠣᠬᠢᠷᠠᠭᠤᠯᠭ᠎ᠠ  ᠶᠢ ᠨᠢᠭᠡᠳᠣᠯᠲᠠᠢ ᠲᠥᠯᠥᠪᠯᠡᠨ᠂ ᠨᠡᠶᠢᠭᠡᠮ ᠳᠣᠭᠤᠷᠢᠭ   ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠠ ᠤᠶᠢᠯᠡᠴᠢᠯᠡᠭᠡᠨ ᠤ ᠪᠠᠷᠢᠮᠵᠢᠶ᠎ᠠ   ᠶᠢ  ᠲᠣᠭᠲᠠᠭᠠᠬᠤ ᠶᠢᠨ ᠬᠠᠮᠲᠤ᠂  ᠡᠷᠡᠭᠦᠯ ᠬᠠᠮᠠᠭᠠᠯᠠᠯ ᠤᠨ ᠲᠦᠯᠦᠪᠵᠢᠭᠦᠯᠭᠡ᠂ ᠲᠦᠯᠦᠪᠯᠡᠭᠡ   ᠶᠢᠨ ᠬᠡᠷᠡᠭᠵᠢᠭᠦᠯᠦᠯᠲᠠ ᠶᠢ ᠵᠣᠬᠢᠶᠠᠨ ᠪᠠᠶᠢᠭᠤᠯᠤᠨ ᠵᠢᠯᠤᠭᠤᠳᠤᠨ᠎ᠠ  ᠃   3. ᠪᠦᠬᠦ ᠬᠤᠰᠢᠭᠤᠨ ᠤ ᠬᠥᠲᠡᠭᠡ ᠳᠣᠰᠬᠤᠨ ᠤ ᠡᠷᠡᠭᠦᠯ ᠬᠠᠮᠠᠭᠠᠯᠠᠯ᠂ ᠡᠭᠡ ᠨᠢᠯᠬᠠᠰ ᠤᠨ ᠡᠷᠡᠭᠦᠯ ᠬᠠᠮᠠᠭᠠᠯᠠᠯ  ᠤᠨ ᠠᠵᠢᠯ ᠤᠨ ᠳᠥᠯᠥᠪᠵᠢᠭᠦᠯᠭᠡ ᠪᠠ ᠲᠥᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ   ᠶᠢ ᠰᠣᠳᠣᠯᠣᠨ ᠳᠣᠭᠲᠠᠭᠠᠵᠤ᠂ ᠠᠩᠬ᠎ᠠ ᠵᠡᠷᠬᠡ ᠶᠢᠨ ᠡᠷᠡᠭᠦᠯ ᠬᠠᠮᠠᠭᠠᠯᠠᠯ ᠶᠢᠨ ᠲᠥᠯᠥᠪᠵᠢᠭᠦᠯᠭᠡ ᠪᠠ ᠡᠬᠡ ᠨᠢᠯᠬᠠᠰ   ᠤᠨ ᠲᠣᠰᠬᠠᠢ ᠲᠦᠷᠦᠯ   ᠤᠨ ᠮᠡᠷᠭᠡᠵᠢᠯ ᠤᠨ ᠬᠡᠷᠡᠭᠵᠢᠭᠦᠯᠥᠯᠲᠠ ᠶᠢ ᠵᠢᠯᠤᠭᠤᠳᠤᠨ᠎ᠠ᠃ ᠪᠢᠲᠡᠭᠦᠮᠵᠢᠯᠡᠨ ᠰᠢᠯᠵᠢᠭᠦᠯᠬᠦ  ᠪᠠᠶᠢᠯᠳᠣᠬᠤ ᠪᠣᠳᠣᠯᠭ᠎ᠠ ᠲᠠᠢ ᠣᠶᠠᠯᠳᠣᠭᠤᠯᠣᠨ᠂ ᠰᠣᠮᠣ ᠰᠢᠶᠠᠩ ᠪᠠᠯᠭᠠᠰᠣᠨ ᠤ  ᠡᠷᠡᠭᠦᠯ ᠬᠠᠮᠠᠭᠠᠯᠠᠯ ᠤᠨ  ᠬᠤᠷᠢᠶ᠎ᠠ ᠵᠡᠷᠬᠡ ᠡᠷᠡᠭᠦᠯ ᠬᠠᠮᠠᠭᠠᠯᠠᠯ ᠤᠨ ᠠᠵᠢᠯ ᠣᠶᠢᠯᠡᠰ ᠤᠨ ᠪᠠᠶᠢᠭᠤᠯᠭ᠎ᠠ ᠨᠢᠬᠡᠴᠡ ᠶᠢᠨ ᠪᠦᠳᠦᠴᠠ ᠪᠠ ᠪᠠᠶᠢᠷᠢᠰᠢᠭᠤᠯᠤᠯᠳᠠ ᠶᠢ ᠳᠣᠬᠢᠷᠠᠭᠤᠯᠤᠨ᠎ᠠ᠃ ᠮᠠᠯᠴᠢᠨ ᠲᠠᠷᠢᠶᠠᠴᠢᠨ ᠤ ᠡᠷᠡᠭᠦᠯ ᠮᠡᠨᠳᠦ ᠶᠢᠨ ᠪᠠᠲᠣᠯᠠᠭ᠎ᠠ ᠶᠢᠨ ᠳᠦᠷᠢᠮ ᠢ ᠪᠠᠳᠣᠵᠢᠭᠤᠯᠬᠤ ᠪᠠ ᠲᠡᠭᠦᠯᠲᠡᠷᠵᠢᠭᠦᠯᠦᠨ᠎ᠠ᠃ ᠠᠩᠬ᠎ᠠ ᠵᠡᠷᠭᠡ ᠶᠢᠨ ᠡᠷᠡᠭᠦᠯ ᠬᠠᠮᠠᠭᠠᠯᠠᠯ   ᠤᠨ ᠠᠵᠢᠯ ᠢ ᠳᠣᠣᠱᠯᠠᠭᠤᠯᠤᠨ᠂ ᠮᠠᠯᠴᠢᠨ  ᠲᠠᠷᠢᠶᠠᠴᠢᠨ ᠤ ᠥᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ  ᠬᠡᠷᠡᠭᠴᠡᠭᠡ ᠶᠢ ᠬᠠᠩᠭᠠᠨ᠎ᠠ᠃   4. ᠣᠷᠢᠳᠴᠢᠯᠠᠨ ᠰᠡᠷᠭᠡᠶᠢᠯᠡᠬᠦ ᠪᠠᠷ ᠭᠤᠣᠯ ᠴᠢᠭᠯᠡᠯᠲᠠ ᠪᠣᠯᠭᠠᠨ᠂ ᠪᠦᠬᠦ ᠠᠷᠠᠳ ᠤᠨ ᠡᠷᠡᠭᠦᠯ ᠴᠢᠬᠢᠷᠠᠭ ᠤᠨ ᠰᠣᠷᠭᠠᠨ ᠬᠦᠮᠥᠵᠢᠯ ᠢ ᠶᠠᠪᠤᠭᠳᠠᠭᠤᠯᠤᠨ᠎ᠠ᠃ ᠬᠦᠮᠦᠨ ᠤ ᠪᠡᠶ᠎ᠡ ᠶᠢᠨ ᠡᠷᠡᠭᠦᠯ ᠴᠢᠬᠢᠷᠠᠭ ᠢ ᠭᠦᠨᠳᠦ ᠨᠣᠴᠢᠲᠠᠢ ᠨᠥᠯᠥᠭᠡᠯᠡᠬᠦ ᠡᠪᠡᠳᠴᠢᠨ   ᠤ ᠰᠡᠷᠬᠡᠶᠢᠯᠡᠨ ᠵᠠᠰᠠᠬᠤ ᠲᠥᠯᠥᠪᠵᠢᠭᠦᠯᠭᠡ ᠶᠢ ᠳᠣᠭᠲᠠᠭᠠᠨ᠎ᠠ᠃ ᠭᠦᠨᠳᠦ ᠶᠡᠭᠡ ᠡᠪᠡᠳᠴᠢᠨ  ᠤ ᠶᠡᠷᠥᠨᠬᠡᠶᠢᠯᠡᠭᠰᠡᠨ ᠰᠡᠷᠭᠡᠶᠢᠯᠡᠨ ᠵᠠᠰᠠᠯᠲᠠ ᠶᠢ ᠵᠣᠬᠢᠶᠠᠨ ᠪᠠᠶᠢᠭᠤᠯᠤᠨ᠎ᠠ᠃   5. ᠪᠦᠬᠦ ᠬᠤᠰᠢᠭᠤᠨ ᠤ ᠡᠮ ᠡᠮᠨᠡᠯᠭᠡ ᠶᠢᠨ  ᠪᠠᠶᠢᠭᠤᠯᠤᠮᠵᠢ ᠶᠢᠨ ᠥᠭᠡᠷᠡᠴᠢᠯᠡᠯᠲᠠ ᠶᠢ ᠰᠣᠳᠣᠯᠣᠨ ᠵᠢᠯᠤᠭᠤᠳᠴᠦ᠂ ᠬᠠᠮᠢᠶ᠎ᠠ ᠪᠦᠬᠦᠢ ᠠᠵᠢᠯ ᠡᠷᠬᠢᠯᠡᠬᠦ ᠪᠠᠷᠢᠮᠵᠢᠶ᠎ᠠ᠂ ᠡᠮ ᠡᠮᠨᠡᠯᠭᠡ ᠶᠢᠨ ᠴᠢᠨᠠᠷ ᠤᠨ ᠪᠠᠷᠢᠮᠵᠢᠶ᠎ᠠ ᠪᠠ ᠦᠢᠯᠡᠴᠢᠯᠡᠭᠡᠨ ᠤ ᠳᠦᠷᠢᠮᠵᠢᠯ ᠢ  ᠳᠣᠭᠳᠠᠭᠠᠬᠤ ᠶᠢᠨ ᠬᠠᠮᠲᠦ ᠬᠢᠨᠠᠯᠲᠠ ᠲᠠᠯᠪᠢᠨ ᠬᠡᠷᠡᠭᠵᠢᠭᠦᠯᠦᠨ᠎ᠠ᠃   ︽ᠡᠮ ᠡᠮᠨᠡᠯᠭᠡ ᠶᠢᠨ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠥᠨᠡᠮᠯᠡᠯ︾  ᠤᠯᠭᠤᠬᠤ ᠶᠢ ᠬᠠᠷᠢᠭᠤᠴᠠᠨ᠎ᠠ᠃ ᠠᠵᠢᠯ ᠡᠷᠬᠢᠯᠡᠭᠦ ᠡᠮᠴᠢ ᠪᠠ ᠠᠵᠢᠯ ᠡᠷᠬᠢᠯᠡᠬᠦ  ᠳᠣᠰᠠᠯᠠᠭᠴᠢ ᠡᠮᠴᠢ ᠶᠢᠨ ᠳᠠᠩᠰᠠᠯᠠᠯ᠂ ᠰᠣᠪᠢᠯᠠᠭᠴᠢ   ᠶᠢᠨ ᠠᠵᠢᠯ ᠡᠷᠬᠢᠯᠡᠬᠦ ᠳᠠᠩᠰᠠᠯᠠᠯ ᠤᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠠᠵᠢᠯ  ᠢ ᠬᠠᠷᠢᠭᠤᠴᠠᠨ᠎ᠠ᠃   6.  ᠴᠢᠰᠤᠨ  ᠤ ᠦᠷᠲᠡᠭᠡ ᠵᠢᠴᠢ ᠪᠣᠰᠣᠳ ᠴᠢᠰᠤ ᠠᠪᠬᠤ ᠪᠠᠶᠢᠭᠤᠯᠤᠮᠵᠢ  ᠶᠢᠨ ᠴᠢᠰᠤ ᠠᠪᠬᠤ ᠪᠠ ᠬᠠᠩᠭᠠᠬᠤ ᠵᠢᠴᠢ ᠡᠮᠴᠢᠯᠡᠭᠡᠨ  ᠳᠤ ᠬᠡᠷᠡᠭᠯᠡᠬᠦ ᠴᠢᠰᠤᠨ  ᠤ ᠴᠢᠨᠠᠷ  ᠢ ᠬᠢᠨᠠᠨ ᠬᠠᠮᠢᠶᠠᠷᠤᠨ᠎ᠠ᠃   7. ᠬᠠᠯᠳᠠᠪᠣᠷᠢᠳᠦ ᠡᠪᠡᠳᠴᠢᠨ ᠰᠡᠷᠭᠡᠶᠢᠯᠡᠨ ᠵᠠᠰᠠᠬᠤ ᠪᠠ ᠢᠳᠡᠭᠡᠨ ᠤᠮᠳᠠᠭᠠᠨ᠂ ᠠᠵᠢᠯ ᠳᠦᠷᠦᠯ᠂  ᠣᠷᠴᠢᠨ ᠳᠣᠭᠤᠷᠢᠨ᠂ ᠰᠣᠷᠭᠠᠭᠤᠯᠢ  ᠶᠢᠨ ᠡᠷᠡᠭᠦᠯ ᠬᠠᠮᠠᠭᠠᠯᠠᠯ ᠵᠡᠷᠭᠡ  ᠳᠤ ᠬᠢᠨᠠᠯᠲᠠ  ᠲᠠᠯᠪᠢᠵᠤ  ᠂ ᠵᠠᠰᠠᠭ ᠵᠠᠬᠢᠷᠭᠠᠨ  ᠤ ᠬᠢᠨᠠᠯᠲᠠ ᠲᠠᠯᠪᠢᠬᠤ ᠠᠵᠢᠯ  ᠤᠨ ᠡᠷᠬᠡ   ᠪᠠᠨ  ᠭᠡᠷᠡᠭᠵᠢᠬᠦᠯᠦᠨ᠎ᠡ᠃   8. ᠬᠢᠳᠠᠳ᠂ ᠮᠤᠩᠭᠤᠯ  ᠂ ᠡᠸᠦ᠋ᠷᠦᠫᠡ ᠡᠮᠨᠡᠯᠭᠡ  ᠶᠢ ᠬᠠᠮᠲᠤ ᠳᠤᠨᠢ ᠴᠢᠬᠤᠯᠠᠴᠢᠯᠠᠬᠤ ᠴᠢᠭᠯᠡᠯᠲᠡ  ᠶᠢ ᠳᠣᠣᠱᠯᠠᠭᠤᠯᠣᠨ᠂ ᠬᠢᠳᠠᠳ᠂ ᠮᠤᠩᠭᠤᠯ  ᠂ ᠡᠸᠦ᠋ᠷᠦᠫᠡ ᠡᠮᠨᠡᠯᠭᠡ ᠶᠢ  ᠤᠯᠠᠮᠵᠢᠯᠠᠬᠤ ᠪᠠ ᠰᠢᠨ᠎ᠡ  ᠶᠢ ᠡᠭᠦᠳᠬᠦ  ᠶᠢ ᠳᠥᠯᠬᠢᠨ ᠠᠬᠢᠭᠤᠯᠵᠦ᠂ ᠬᠢᠳᠠᠳ᠂ ᠮᠤᠩᠭᠤᠯ  ᠂ ᠡᠸᠦ᠋ᠷᠦᠫᠡ ᠡᠮᠨᠡᠯᠭᠡ  ᠶᠢᠨ ᠣᠳᠣᠬᠢᠴᠢᠯᠠᠯᠲᠠ  ᠶᠢ ᠪᠡᠶᠡᠯᠡᠭᠦᠯᠦᠨ᠎ᠡ   9. ᠪᠦᠬᠦ ᠬᠤᠰᠢᠭᠤᠨ  ᠤ ᠡᠷᠡᠭᠦᠯ ᠬᠠᠮᠠᠭᠠᠯᠠᠯ  ᠤᠨ ᠮᠡᠷᠭᠡᠵᠢᠯ  ᠤᠨ ᠬᠦᠴᠦᠨ   ᠤ ᠲᠤᠬᠢᠷᠠᠭᠤᠯᠤᠯᠳᠠ ᠶᠢ ᠵᠤᠬᠢᠶᠠᠨ ᠪᠠᠶᠢᠭᠤᠯᠵᠤ᠂  ᠵᠠᠰᠠᠭ  ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ᠂ ᠭᠦᠨᠳᠦ ᠶᠡᠭᠡ ᠭᠡᠨᠡᠳᠲᠡ  ᠶᠢᠨ ᠪᠠᠶᠢᠳᠠᠯ᠂ ᠡᠪᠡᠳᠴᠢᠨ  ᠬᠢᠵᠢᠭ ᠤᠨ ᠪᠠᠶᠢᠳᠠᠯ   ᠢ ᠪᠠᠴᠢᠮ ᠰᠢᠢᠳᠪᠣᠷᠢᠯᠡᠵᠣ᠂ ᠬᠢᠵᠢᠭ  ᠤᠨ ᠪᠠᠶᠢᠳᠠᠯ᠂ ᠡᠪᠡᠳᠴᠢᠨ  ᠤ ᠪᠠᠶᠢᠳᠠᠯ  ᠤᠨ ᠡᠬᠦᠰᠦᠯ ᠪᠠ ᠲᠡᠯᠭᠡᠷᠡᠯ   ᠢ ᠰᠡᠷᠬᠡᠶᠢᠯᠠᠨ ᠬᠤᠷᠢᠭᠯᠠᠨ᠎ᠠ᠃   10. ᠬᠤᠰᠢᠭᠤ ᠨᠠᠮ ᠵᠠᠰᠠᠭ᠂ᠪᠠ  ᠲᠡᠭᠡᠳᠦ ᠱᠠᠳᠤᠨ ᠤ  ᠲᠤᠰᠢᠶᠠᠭᠰᠠᠨ ᠪᠤᠰᠤᠳ ᠠᠵᠢᠯ  ᠢ  ᠪᠡᠶᠡᠯᠡᠬᠦᠯᠦᠨ᠎ᠡ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号