ᠬᠥᠭᠵᠢᠭᠦᠯᠦᠯᠲᠡ  ᠥᠭᠡᠷᠡᠴᠢᠯᠡᠯᠲᠡ  ᠶᠢᠨ ᠵᠦᠪᠯᠡᠯ
ᠨᠡᠶᠢᠲᠡᠯᠡᠭᠰᠡᠨ ᠴᠠᠭ᠄
2017/12/5
  1.  ᠣᠯᠣᠰ᠂  ᠣᠷᠣᠨ᠂  ᠠᠶᠢᠮᠠᠭ ᠪᠠ ᠪᠦᠬᠦ ᠬᠤᠰᠢᠭᠤᠨ ᠤ  ᠣᠯᠣᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠠ ᠶᠢᠨ ᠳᠣᠬᠠᠢ ᠴᠢᠭᠯᠡᠯᠲᠡ᠂ ᠲᠥᠷᠥ  ᠶᠢᠨ ᠪᠣᠳᠣᠯᠭ᠎ᠠ   ᠶᠢ ᠲᠤᠤᠱᠯᠠᠭᠤᠯᠤᠨ  ᠬᠡᠷᠡᠭᠵᠢᠭᠦᠯᠦᠨ᠎ᠡ᠃  ᠬᠤᠰᠢᠭᠤᠨ ᠤ ᠪᠣᠳᠠᠲᠤ ᠪᠠᠶᠢᠳᠠᠯ ᠪᠠ  ᠠᠶᠢᠮᠠᠭ ᠤᠨ ᠪᠦᠬᠦᠯᠢ ᠴᠣᠭᠴᠠ ᠶᠢᠨ ᠬᠥᠭᠵᠢᠯᠲᠠ  ᠶᠢᠨ ᠲᠥᠯᠥᠪᠵᠢᠭᠦᠯᠭᠡ ᠶᠢ ᠥᠨᠳᠦᠰᠦᠯᠡᠨ᠂ ᠪᠦᠬᠦ ᠬᠤᠰᠢᠭᠤᠨ ᠤ ᠣᠯᠣᠰ ᠠᠷᠠᠳ ᠤᠨ ᠠᠵᠦ ᠠᠬᠤᠢ ᠪᠠ ᠨᠡᠶᠢᠭᠡᠮ  ᠤᠨ ᠭᠥᠭᠵᠢᠯᠲᠡ ᠶᠢᠨ ᠳᠣᠮᠳᠠ ᠣᠷᠲᠦ ᠬᠤᠭᠤᠴᠠᠭᠠᠨ ᠤ ᠲᠦᠯᠦᠪᠵᠢᠭᠦᠯᠭᠡ ᠪᠠ ᠣᠨ ᠤ ᠲᠦᠯᠦᠪᠯᠡᠭᠡ ᠶᠢ ᠰᠣᠳᠣᠯᠣᠨ ᠳᠣᠭᠲᠠᠭᠠᠨ᠎ᠠ᠃   2. ᠣᠯᠣᠰ᠂  ᠣᠷᠣᠨ᠂  ᠠᠶᠢᠮᠠᠭ  ᠤᠨ ᠠᠵᠦ ᠠᠬᠤᠢ  ᠶᠢᠨ  ᠪᠠᠶᠢᠭᠤᠯᠤᠯ ᠤᠨ  ᠥᠭᠡᠷᠡᠴᠢᠯᠡᠯᠲᠠ  ᠶᠢᠨ  ᠳᠣᠬᠠᠢ ᠴᠢᠭᠯᠡᠯᠲᠡ᠂ ᠲᠥᠷᠥ  ᠶᠢᠨ ᠪᠣᠳᠣᠯᠭ᠎ᠠ   ᠶᠢ ᠲᠤᠤᠱᠯᠠᠭᠤᠯᠤᠨ  ᠬᠡᠷᠡᠭᠵᠢᠭᠦᠯᠦᠨ᠎ᠡ᠃ ᠪᠦᠬᠦ ᠬᠤᠰᠢᠭᠤᠨ  ᠤ ᠶᠡᠷᠥᠩᠬᠡᠶᠢᠯᠡᠭᠰᠡᠨ ᠴᠢᠨᠠᠷᠲᠠᠢ ᠠᠵᠦ ᠠᠬᠤᠢ ᠶᠢᠨ  ᠪᠠᠶᠢᠭᠤᠯᠤᠯ ᠤᠨ  ᠥᠭᠡᠷᠡᠴᠢᠯᠡᠯᠲᠠ  ᠶᠢᠨ ᠲᠥᠰᠥᠪ  ᠢ ᠵᠤᠬᠢᠶᠠᠨ ᠪᠠᠶᠢᠭᠤᠯᠤᠨ  ᠨᠠᠶᠢᠷᠠᠭᠤᠯᠵᠤ᠂ ᠬᠠᠮᠢᠶ᠎ᠠ ᠪᠦᠬᠦᠢ ᠳᠣᠰᠬᠠᠢ ᠲᠥᠷᠥᠯ ᠵᠦᠢᠯ  ᠤᠨ ᠠᠵᠦ ᠠᠬᠤᠢ  ᠶᠢᠨ  ᠪᠠᠶᠢᠭᠤᠯᠤᠯ  ᠤᠨ ᠥᠭᠡᠷᠡᠴᠢᠯᠡᠯᠲᠠ  ᠶᠢᠨ ᠠᠵᠢᠯ  ᠢ ᠵᠣᠬᠢᠴᠠᠭᠤᠯᠣᠨ᠎ᠠ᠃ ᠪᠦᠬᠦ ᠬᠤᠰᠢᠭᠤᠨ  ᠤ ᠠᠵᠦ ᠠᠬᠤᠢ  ᠶᠢᠨ ᠪᠠᠶᠢᠭᠤᠯᠤᠯ  ᠤᠨ ᠥᠭᠡᠷᠡᠴᠢᠯᠡᠯᠲᠠ ᠪᠠ ᠭᠠᠳᠠᠭᠠᠳᠣ ᠲᠠᠢ ᠴᠢᠯᠤᠭᠡᠲᠠᠢ ᠬᠠᠷᠢᠯᠴᠠᠬᠤ ᠴᠢᠬᠤᠯᠠ ᠶᠡᠭᠡ ᠠᠰᠠᠭᠤᠳᠠᠯ  ᠢ ᠰᠣᠳᠣᠯᠣᠨ᠂ ᠬᠠᠮᠢᠶ᠎ᠠ ᠪᠦᠬᠦᠢ ᠲᠥᠷᠦ  ᠶᠢᠨ ᠪᠣᠳᠣᠯᠭ᠎ᠠ᠂  ᠲᠦᠷᠢᠮ ᠳᠣᠭᠲᠠᠭᠠᠯ ᠢ ᠲᠤᠭᠳᠠᠭᠠᠬᠤ ᠪᠠ ᠬᠡᠷᠡᠭᠵᠢᠭᠦᠯᠬᠦ  ᠳᠤ ᠣᠷᠣᠯᠴᠠᠨ᠎ᠠ᠃   3. ᠣᠷᠣᠨ ᠨᠣᠳᠤᠭ  ᠤᠨ ᠠᠵᠦ ᠠᠬᠤᠢ  ᠶᠢᠨ ᠬᠥᠭᠵᠢᠯᠲᠡ  ᠶᠢᠨ ᠲᠥᠯᠥᠪᠵᠢᠭᠦᠯᠭᠡ᠂ ᠡᠬᠢ ᠪᠠᠶᠠᠯᠢᠭ ᠢ ᠠᠷᠪᠢᠯᠠᠬᠤ ᠪᠠ ᠶᠡᠷᠥᠩᠭᠡᠶᠢᠯᠡᠨ ᠠᠰᠢᠭᠯᠠᠬᠤ ᠲᠦᠯᠦᠪᠵᠢᠭᠦᠯᠭᠡ  ᠶᠢ ᠵᠣᠬᠢᠶᠠᠨ ᠪᠠᠶᠢᠭᠤᠯᠤᠨ ᠨᠠᠶᠢᠷᠠᠭᠤᠯᠤᠨ᠎ᠠ᠃ ᠪᠦᠬᠦ ᠬᠤᠰᠢᠭᠤᠨ  ᠤ ᠥᠨᠳᠣᠰᠣᠨ ᠪᠦᠲᠦᠭᠡᠨ ᠪᠠᠶᠢᠭᠤᠯᠤᠯᠲᠠ  ᠶᠢᠨ ᠲᠥᠷᠥᠯ ᠵᠥᠢᠯ  ᠤᠨ ᠡᠬᠢᠨ  ᠤ ᠬᠤᠭᠤᠴᠠᠭᠠᠨ  ᠤ ᠲᠥᠯᠥᠪᠯᠡᠭᠡ  ᠶᠢ ᠵᠣᠬᠢᠶᠠᠨ ᠪᠠᠶᠢᠭᠤᠯᠤᠨ ᠨᠠᠶᠢᠷᠠᠭᠤᠯᠤᠨ᠎ᠠ᠃   4. ᠣᠯᠣᠰ ᠠᠷᠠᠳ  ᠤᠨ ᠠᠵᠦ ᠠᠬᠤᠢ ᠪᠠ ᠨᠡᠶᠢᠭᠡᠮ  ᠤᠨ ᠬᠥᠭᠵᠢᠯᠲᠡ   ᠳᠤ ᠵᠠᠳᠠᠯᠤᠯᠳᠠ ᠬᠢᠵᠦ᠂  ᠵᠦᠢ ᠵᠣᠬᠢᠰᠲᠠᠢ ᠰᠠᠨᠠᠭᠤᠯᠭ᠎ᠠ ᠳᠣᠷᠠᠳᠣᠨ᠎ᠠ᠃   5. ᠪᠦᠬᠦ ᠬᠤᠰᠢᠭᠤᠨ  ᠤ ᠨᠡᠶᠢᠭᠡᠮ  ᠤᠨ ᠳᠣᠭᠲᠠᠮᠠᠯ ᠬᠦᠷᠥᠩᠬᠡ  ᠶᠢᠨ ᠪᠡᠯᠡ ᠣᠷᠣᠭᠤᠯᠣᠯᠲᠠ  ᠶᠢᠨ ᠶᠡᠷᠥᠩᠬᠡᠢ ᠬᠡᠪᠴᠢᠶ᠎ᠡ  ᠶᠢ ᠰᠣᠳᠣᠯᠣᠨ ᠳᠣᠷᠠᠳᠣᠨ᠎ᠠ᠃ ᠪᠦᠬᠦ ᠨᠡᠶᠢᠭᠡᠮ  ᠤᠨ ᠪᠡᠯᠡ ᠬᠦᠷᠥᠩᠭᠡ  ᠶᠢᠨ ᠲᠡᠩᠴᠡᠭᠦᠷᠢ  ᠶᠢᠨ  ᠲᠥᠯᠥᠪᠯᠡᠭᠡ  ᠶᠢ ᠵᠤᠬᠢᠶᠠᠨ ᠪᠠᠶᠢᠭᠤᠯᠵᠤ ᠨᠠᠶᠢᠷᠠᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ  ᠤᠨ ᠥᠨᠳᠤᠰᠤᠨ ᠪᠦᠳᠦᠭᠡᠨ ᠪᠠᠶᠢᠭᠤᠯᠤᠯᠲᠠ  ᠶᠢᠨ ᠲᠥᠷᠦᠯ ᠵᠦᠢᠯ  ᠤᠨ ᠣᠨ  ᠤ ᠲᠥᠯᠥᠪᠯᠡᠭᠡ ᠶᠢᠨ ᠬᠡᠷᠡᠭᠵᠢᠭᠦᠯᠦᠯᠲᠡ  ᠶᠢ ᠵᠣᠬᠢᠴᠠᠭᠤᠯᠣᠨ᠎ᠠ᠃ ᠵᠠᠰᠠᠭ  ᠤᠨ ᠣᠷᠳᠣᠨ  ᠤ ᠪᠡᠯᠡ ᠣᠷᠣᠭᠤᠯᠬᠤ  ᠢᠨᠵᠧᠨᠧᠷᠢᠩ ᠤᠨ ᠪᠦᠳᠦᠭᠡᠨ ᠪᠠᠶᠢᠭᠤᠯᠤᠯᠲᠠ  ᠶᠢᠨ  ᠬᠢᠨᠠᠯᠲᠠ ᠲᠠᠯᠪᠢᠨ ᠪᠠᠶᠢᠴᠠᠭᠠᠬᠤ  ᠳᠤ ᠣᠷᠣᠯᠴᠠᠨ᠎ᠠ᠃   6. ᠶᠡᠭᠡ ᠳᠣᠮᠳᠠ ᠬᠡᠯᠪᠡᠷᠢ  ᠶᠢᠨ ᠰᠠᠭᠤᠷᠢ ᠪᠦᠲᠦᠭᠡᠨ ᠪᠠᠶᠢᠭᠤᠯᠤᠯᠲᠠ  ᠶᠢᠨ ᠲᠦᠷᠦᠯ ᠵᠦᠢᠯ  ᠢ ᠬᠢᠨᠠᠨ  ᠪᠠᠶᠢᠴᠠᠭᠠᠵᠤ ᠲᠠᠮᠵᠢᠭᠤᠯᠤᠨ ᠮᠡᠳᠡᠭᠦᠯᠦᠨ᠎ᠡ᠃ ᠣᠯᠣᠰ ᠪᠠ ᠰᠢᠯᠢ  ᠶᠢᠨ ᠭᠤᠣᠯ ᠠᠶᠢᠮᠠᠭ  ᠤᠨ ᠪᠡᠯᠡ ᠣᠷᠣᠭᠤᠯᠣᠭᠰᠠᠨ  ᠴᠢᠬᠤᠯᠠ ᠶᠡᠭᠡ ᠪᠦᠳᠦᠭᠡᠨ ᠪᠠᠶᠢᠭᠤᠯᠤᠯᠲᠠ ᠶᠢᠨ ᠲᠦᠷᠦᠯ ᠷᠦᠢᠯ  ᠤᠨ  ᠢᠨᠵᠧᠨᠧᠷᠢᠩ ᠤᠨ ᠲᠠᠭᠠᠭᠠᠴᠢᠯᠠᠯᠲᠠ ᠵᠠᠷᠯᠠᠬᠤ᠂  ᠪᠡᠯᠡ ᠮᠥᠩᠭᠦ ᠬᠡᠷᠡᠭᠰᠡᠬᠦ ᠵᠢᠴᠢ ᠪᠡᠯᠡ ᠣᠷᠣᠭᠤᠯᠣᠯᠲᠠ  ᠶᠢᠨ ᠳᠣᠶᠢᠮᠤ ᠲᠥᠰᠥᠪ   ᠲᠤ ᠬᠢᠨᠠᠯᠲᠠ ᠲᠠᠯᠪᠢᠨ᠎ᠠ᠃   7.  ᠰᠢᠨᠵᠢᠯᠡᠭᠡ ᠮᠡᠷᠭᠡᠵᠢᠯ᠂ ᠰᠣᠶᠣᠯ ᠰᠣᠷᠭᠠᠨ ᠬᠥᠮᠥᠵᠢᠯ᠂  ᠡᠷᠡᠭᠦᠯ ᠬᠠᠮᠠᠭᠠᠯᠠᠯ ᠵᠡᠷᠬᠡ ᠨᠡᠶᠢᠭᠡᠮ  ᠤᠨ ᠠᠵᠢᠯ ᠣᠶᠢᠯᠡᠰ ᠪᠠ ᠪᠦᠬᠦᠶᠢᠯᠡ ᠣᠯᠣᠰ ᠠᠷᠠᠳ  ᠤᠨ ᠠᠵᠦ ᠠᠬᠤᠢ  ᠶᠢᠨ ᠨᠡᠶᠢᠭᠡᠮ  ᠤᠨ ᠬᠥᠭᠵᠢᠯᠲᠡ ᠶᠢᠨ  ᠲᠡᠩᠴᠡᠬᠦᠷᠢᠰᠢᠯ ᠢ ᠰᠠᠶᠢᠨ ᠬᠢᠵᠦ᠂ ᠠᠵᠦ ᠠᠬᠤᠢ ᠪᠠ ᠨᠡᠶᠢᠭᠡᠮ  ᠤᠨ ᠵᠣᠬᠢᠴᠠᠩᠭᠤᠢ ᠬᠥᠭᠵᠢᠯᠲᠡ᠂ ᠬᠠᠷᠢᠯᠴᠠᠨ ᠠᠬᠢᠭᠤᠯᠬᠤ ᠠᠷᠭ᠎ᠠ  ᠠᠪᠴᠢᠯ ᠢ ᠳᠣᠷᠠᠳᠣᠨ  ᠂ ᠡᠯ᠎ᠡ ᠳᠦᠷᠦᠯ  ᠤᠨ ᠨᠡᠶᠢᠭᠡᠮ  ᠤᠨ ᠠᠵᠢᠯ ᠤᠶᠢᠯᠡᠰ  ᠤᠨ ᠭᠥᠭᠵᠢᠯᠲᠡ   ᠳᠠᠬᠢ ᠴᠢᠬᠤᠯᠠ ᠶᠡᠭᠡ ᠠᠰᠠᠭᠤᠳᠠᠯ  ᠢ ᠵᠣᠬᠢᠴᠠᠭᠤᠯᠣᠨ᠎ᠠ᠃   8. ᠪᠦᠬᠦ ᠬᠤᠰᠢᠭᠤᠨ ᠤ ᠠᠵᠢᠯ ᠲᠦᠷᠦᠯ  ᠤᠨ  ᠪᠠᠶᠢᠯᠳᠣᠬᠤ ᠪᠣᠳᠣᠯᠭ᠎ᠠ  ᠶᠢᠨ ᠴᠢᠨᠠᠷᠲᠠᠢ ᠪᠦᠲᠦᠴᠡ ᠶᠢᠨ ᠲᠣᠬᠢᠷᠠᠭᠤᠯᠣᠯᠲᠠ ᠪᠠ ᠲᠡᠰ  ᠲᠡᠪᠰᠢᠬᠦᠯᠦᠯᠳᠡ ᠶᠢ ᠲᠥᠯᠬᠢᠨ ᠠᠬᠢᠭᠤᠯᠵᠦ᠂  ᠣᠯᠣᠰ ᠠᠷᠠᠳ  ᠤᠨ ᠠᠵᠦ ᠠᠬᠤᠢ  ᠶᠢᠨ ᠴᠢᠬᠤᠯᠠ ᠪᠦᠳᠦᠭᠡᠭᠲᠡᠭᠦᠨ  ᠤ ᠬᠥᠭᠵᠢᠯᠲᠡ  ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ  ᠶᠢ ᠲᠣᠷᠠᠳᠣᠨ ᠭᠠᠷᠭᠠᠨ᠎ᠠ᠃ ᠪᠦᠬᠦ ᠬᠤᠰᠢᠭᠤᠨ  ᠤ ᠲᠠᠷᠢᠶᠠᠯᠠᠩ ᠮᠠᠯ ᠠᠵᠦ ᠠᠬᠤᠢ  ᠶᠢᠨ ᠬᠥᠭᠵᠢᠯᠲᠡ  ᠶᠢᠨ ᠬᠠᠮᠢᠶ᠎ᠠ ᠪᠦᠬᠦᠢ ᠬᠥᠨᠳᠦ ᠴᠢᠬᠤᠯᠠ ᠠᠰᠠᠭᠤᠳᠠᠯ  ᠢ ᠰᠣᠳᠣᠯᠣᠨ ᠵᠣᠬᠢᠴᠠᠭᠤᠯᠵᠦ᠂ ᠲᠠᠷᠢᠶᠠᠯᠠᠩ ᠮᠠᠯ ᠠᠵᠦ ᠠᠬᠤᠢ  ᠶᠢᠨ ᠳᠣᠰᠬᠠᠢ ᠲᠦᠷᠦᠯ  ᠤᠨ ᠲᠦᠯᠦᠪᠵᠢᠭᠦᠯᠭᠡ ᠪᠠ ᠲᠥᠷᠥ  ᠶᠢᠨ ᠪᠣᠳᠣᠯᠭ᠎ᠠ ᠂ ᠠᠮᠢ ᠠᠬᠤᠢ  ᠶᠢᠨ ᠪᠦᠳᠦᠭᠡᠨ ᠪᠠᠶᠢᠭᠤᠯᠤᠯᠲᠠ  ᠶᠢᠨ ᠲᠥᠯᠥᠪᠵᠢᠭᠦᠯᠭᠡ  ᠶᠢ ᠲᠣᠭᠳᠠᠭᠠᠬᠤ  ᠶᠢᠨ ᠬᠠᠮᠲᠤ  ᠵᠣᠬᠢᠴᠠᠭᠤᠯᠵᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃   9. ᠬᠤᠲᠠ ᠪᠠᠯᠭᠠᠰᠤᠵᠢᠭᠰᠠᠨ  ᠬᠥᠭᠵᠢᠯᠲᠡ ᠶᠢᠨ ᠪᠠᠶᠢᠳᠠᠯ ᠢ ᠰᠣᠳᠣᠯᠣᠨ ᠵᠠᠳᠠᠯᠵᠤ᠂ ᠬᠤᠲᠠ ᠪᠠᠯᠭᠠᠰᠤᠵᠢᠭᠰᠠᠨ  ᠬᠥᠭᠵᠢᠯᠲᠡ  ᠶᠢᠨ ᠪᠠᠶᠢᠯᠳᠣᠬᠤ ᠪᠣᠳᠣᠯᠭ᠎ᠠ ᠵᠢᠴᠢ ᠬᠦᠨᠳᠦ ᠴᠢᠬᠤᠯᠠ ᠲᠥᠷᠥ  ᠶᠢᠨ ᠪᠣᠳᠣᠯᠭ᠎ᠠ  ᠶᠢᠨ ᠠᠷᠭ᠎ᠠ ᠠᠪᠴᠢᠯ  ᠢ ᠳᠣᠷᠠᠳᠣᠨ᠂ ᠭᠠᠵᠠᠷ ᠣᠷᠣᠨ  ᠤ ᠠᠵᠦ ᠠᠬᠤᠢ  ᠶᠢᠨ ᠬᠠᠮᠵᠢᠯᠴᠠᠨ ᠠᠵᠢᠯᠯᠠᠬᠤ  ᠶᠢ ᠨᠢᠭᠡᠳᠦᠯᠲᠡᠢ  ᠲᠦᠯᠦᠪᠯᠡᠵᠦ᠂  ᠵᠤᠬᠢᠴᠠᠭᠤᠯᠵᠤ᠂ ᠵᠢᠯᠤᠭᠤᠳᠤᠨ᠎ᠠ᠃ ᠪᠦᠬᠦ ᠬᠤᠰᠢᠭᠤᠨ  ᠤ ︽ᠪᠠᠷᠠᠭᠤᠨ ᠣᠷᠣᠨ  ᠢ ᠶᠡᠭᠡ  ᠪᠠᠷ ᠨᠡᠭᠡᠭᠡᠨ  ᠬᠦᠭᠵᠢᠬᠦᠯᠬᠦ︾ ᠪᠠᠶᠢᠯᠳᠣᠬᠤ ᠪᠣᠳᠣᠯᠭ᠎ᠠ   ᠶᠢᠨ ᠭᠡᠷᠡᠭᠵᠢᠬᠦᠯᠦᠯᠳᠡ ᠶᠢ ᠵᠣᠬᠢᠶᠠᠨ ᠪᠠᠶᠢᠭᠤᠯᠵᠤ  ᠵᠣᠬᠢᠴᠠᠭᠤᠯᠤᠨ᠂ ᠲᠦᠯᠦᠪᠵᠢᠭᠦᠯᠭᠡ ᠲᠣᠭᠲᠠᠭᠠᠬᠤ  ᠂ ᠲᠥᠷᠥ  ᠶᠢᠨ ᠪᠣᠳᠣᠯᠭ᠎ᠠ  ᠰᠤᠳᠤᠯᠬᠤ ᠠᠵᠢᠯ  ᠢ ᠰᠠᠶᠢᠳᠦᠷ ᠬᠢᠨ᠎ᠡ᠃   10. ᠪᠦᠬᠦ ᠬᠤᠰᠢᠭᠤᠨ  ᠤ ᠭᠠᠳᠠᠭᠠᠳᠣ ᠯᠤᠭ᠎ᠠ  ᠶᠢᠨ ᠠᠷᠠᠯᠵᠢᠶ᠎ᠠ᠂ ᠠᠵᠦ ᠠᠬᠤᠢ  ᠶᠢᠨ ᠮᠡᠷᠭᠡᠵᠢᠯ  ᠤᠨ ᠬᠠᠮᠵᠢᠯᠴᠠᠭ᠎ᠠ ᠪᠠ ᠭᠠᠳᠠᠭᠠᠳᠣ ᠪᠡᠯᠡ  ᠶᠢ ᠠᠰᠢᠭᠯᠠᠬᠤ ᠬᠥᠭᠵᠢᠯᠲᠡ  ᠶᠢᠨ ᠪᠠᠶᠢᠯᠳᠣᠬᠤ ᠪᠣᠳᠣᠯᠭ᠎ᠠ  ᠶᠢ ᠰᠣᠳᠣᠯᠣᠨ ᠳᠣᠷᠠᠳᠣᠨ᠎ᠠ᠃ ᠪᠦᠬᠦ ᠬᠤᠰᠢᠭᠤᠨ  ᠤ ᠠᠷᠠᠯᠵᠢᠶᠠᠴᠢᠨ ᠣᠷᠢᠵᠤ ᠪᠡᠯᠡ ᠣᠷᠣᠭᠤᠯᠬᠤ ᠠᠵᠢᠯ  ᠢ ᠨᠢᠭᠡᠳᠤᠯᠲᠠᠢ ᠲᠥᠯᠥᠪᠯᠡᠬᠦ ᠪᠠ ᠵᠢᠯᠤᠭᠤᠳᠴᠤ᠂ ᠵᠠᠬ᠎ᠠ ᠳᠡᠯᠭᠡᠭᠦᠷ  ᠤᠨ ᠬᠠᠩᠭᠠᠯᠭ᠎ᠠ ᠬᠡᠷᠡᠭᠴᠡᠭᠡᠨ  ᠤ ᠪᠠᠶᠢᠳᠠᠯ᠂ ᠬᠥᠭᠵᠢᠯᠲᠡ ᠶᠢᠨ ᠪᠠᠶᠢᠯᠳᠣᠬᠤ ᠪᠣᠳᠣᠯᠭ᠎ᠠ ᠪᠠ ᠲᠥᠯᠥᠪᠵᠢᠭᠦᠯᠭᠡ  ᠶᠢ ᠰᠣᠳᠣᠯᠣᠨ ᠵᠠᠳᠠᠯᠣᠨ᠎ᠠ᠃   11. ᠬᠤᠰᠢᠭᠤ  ᠨᠠᠮ ᠵᠠᠰᠠᠭ  ᠵᠢᠴᠢ ᠳᠡᠭᠡᠷ᠎ᠡ ᠱᠠᠲᠣᠨ  ᠤ ᠳᠣᠬᠠᠶᠢᠯᠠᠭᠰᠠᠨ ᠠᠵᠢᠯ  ᠤᠨ ᠰᠠᠯᠠᠭ᠎ᠠ ᠮᠥᠴᠢᠷ  ᠤᠨ  ᠲᠤᠰᠢᠶᠠᠭᠰᠠᠨ ᠪᠣᠰᠣᠳ ᠠᠵᠢᠯ  ᠢ  ᠪᠡᠶᠡᠯᠡᠭᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号