ᠭᠠᠶᠢᠯᠢ  ᠶᠢᠨ ᠲᠣᠪᠴᠢᠶ᠎ᠠ
ᠨᠡᠶᠢᠲᠡᠯᠡᠭᠰᠡᠨ ᠴᠠᠭ᠄
2017/12/5
  1. ᠣᠯᠣᠰ᠂  ᠣᠷᠣᠨ  ᠤ  ᠭᠠᠶᠢᠯᠢ  ᠶᠢᠨ ᠠᠵᠢᠯ  ᠤᠨ ᠳᠣᠬᠠᠢ ᠴᠢᠭᠯᠡᠯᠲᠡ ᠪᠠ ᠬᠠᠣᠯᠢ ᠴᠠᠭᠠᠵᠠ᠂  ᠲᠥᠷᠢᠮ ᠳᠣᠭᠲᠠᠭᠠᠯ  ᠢ  ᠲᠤᠤᠱᠯᠠᠭᠤᠯᠤᠨ ᠬᠡᠷᠡᠭᠵᠢᠭᠦᠯᠵᠦ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ  ᠤᠨ ᠲᠤᠤᠱᠯᠠᠭᠤᠯᠤᠨ ᠬᠡᠷᠡᠭᠵᠢᠭᠦᠯᠬᠦ ᠪᠣᠲᠠᠲᠠᠢ ᠠᠷᠭ᠎ᠠ ᠠᠪᠴᠢᠯ  ᠢ ᠰᠣᠳᠣᠯᠣᠨ ᠲᠣᠭᠲᠠᠭᠠᠬᠤ  ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃   2. ᠲᠣᠰ ᠭᠠᠵᠠᠷ ᠣᠷᠣᠨ  ᠤ  ᠪᠠᠨ ᠠᠵᠦ ᠠᠬᠤᠢ  ᠶᠢᠨ ᠬᠥᠭᠵᠢᠯᠲᠡ  ᠶᠢᠨ ᠪᠠᠶᠢᠳᠠᠯ  ᠢ ᠥᠨᠳᠥᠰᠥᠯᠡᠨ᠂ ᠲᠣᠰ ᠰᠢᠰᠲ᠋ᠧᠮ  ᠤᠨ ᠭᠠᠶᠢᠯᠢ ᠲᠠᠲᠠᠪᠣᠷᠢ   ᠶᠢᠨ ᠬᠥᠭᠵᠢᠯᠲᠡ  ᠶᠢᠨ ᠲᠥᠯᠥᠪᠵᠢᠭᠦᠯᠭᠡ ᠪᠠ ᠣᠨ  ᠤ ᠠᠵᠢᠯ  ᠤᠨ ᠲᠥᠯᠥᠪᠯᠡᠭᠡ  ᠶᠢ ᠰᠣᠳᠣᠯᠣᠨ ᠲᠣᠭᠳᠠᠭᠠᠬᠤ  ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃   3.  ᠤᠷᠤᠨ ᠨᠤᠳᠤᠭ ᠤᠨ ᠭᠠᠶᠢᠯᠢ  ᠶᠢᠨ ᠢᠷᠡᠯᠲᠡ ᠪᠠ ᠳᠡᠭᠡᠷ᠎ᠡ ᠱᠠᠳᠣᠨ ᠤ ᠲᠤᠭᠳᠠᠭᠠᠭᠰᠠᠨ ᠭᠠᠶᠢᠯᠢ ᠲᠠᠲᠠᠪᠣᠷᠢ  ᠶᠢᠨ ᠲᠥᠯᠥᠪᠯᠡᠭᠡ  ᠶᠢ ᠥᠨᠳᠦᠰᠦᠯᠡᠨ᠂ ᠲᠣᠰ ᠰᠢᠰᠲ᠋ᠧᠮ  ᠤᠨ ᠭᠠᠶᠢᠯᠢ  ᠶᠢᠨ ᠣᠷᠣᠯᠭ᠎ᠠ  ᠶᠢᠨ ᠲᠥᠯᠥᠪᠯᠡᠭᠡ  ᠶᠢ ᠲᠤᠭᠳᠠᠵᠤ᠂ ᠬᠤᠪᠢᠶᠠᠷᠢᠯᠠᠨ᠂ ᠳᠣᠷᠣᠭᠰᠢ ᠲᠠᠮᠵᠢᠭᠤᠯᠬᠤ  ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠥᠨ᠎ᠡ᠃   4. ᠥᠪᠡᠷᠲᠡᠭᠡᠨ ᠵᠠᠰᠠᠬᠤ ᠣᠷᠣᠨ  ᠤ ᠤᠷᠤᠨ ᠨᠤᠳᠤᠭ ᠤᠨ ᠭᠠᠶᠢᠯᠢ  ᠶᠢᠨ ᠲᠣᠪᠴᠢᠶᠠᠨ  ᠤ ᠨᠢᠭᠡᠳᠦᠯᠲᠠᠢ ᠪᠠᠳᠣᠯᠠᠭᠰᠠᠨ ᠲᠠᠲᠠᠪᠤᠷᠢᠯᠠᠨ ᠬᠠᠮᠢᠶᠠᠷᠬᠤ ᠬᠦᠷᠢᠶ᠎ᠡ ᠬᠡᠪᠴᠢᠶ᠎ᠡ  ᠶᠢ  ᠦᠨᠳᠦᠰᠦᠯᠡᠵᠦ᠂ ᠲᠣᠰ  ᠭᠠᠵᠠᠷ ᠤᠨ ᠢᠶᠠᠨ  ᠤᠷᠤᠨ ᠨᠤᠳᠤᠭ ᠤᠨ ᠴᠢᠨᠠᠷᠲᠠᠢ ᠭᠠᠶᠢᠯᠢ ᠲᠠᠲᠠᠪᠣᠷᠢ ᠶᠢᠨ ᠬᠠᠮᠢᠶᠠᠷᠤᠯᠲᠠ᠂   ᠬᠤᠷᠢᠶᠠᠯᠳᠠ᠂ ᠡᠳᠦᠷ ᠲᠣᠲᠣᠮ  ᠤᠨ ᠪᠠᠶᠢᠴᠠᠭᠠᠯᠲᠠ ᠶᠢ ᠬᠠᠷᠢᠭᠤᠴᠠᠨ᠂ ᠡᠯ᠎ᠡ ᠲᠦᠷᠦᠯ  ᠤᠨ ᠭᠠᠶᠢᠯᠢ ᠲᠠᠲᠠᠪᠤᠷᠢ  ᠶᠢᠨ ᠲᠥᠷᠥ  ᠶᠢᠨ ᠪᠣᠳᠣᠯᠭ᠎ᠠ᠂ ᠲᠥᠯᠥᠪᠯᠡᠭᠡ ᠶᠢᠨ ᠳᠣᠣᠱᠲᠠᠢ ᠨᠠᠶᠢᠳᠠᠪᠤᠷᠢᠵᠢᠬᠤ  ᠶᠢ ᠪᠠᠲᠣᠯᠠᠨ᠎ᠠ᠃   5. ᠲᠣᠰ  ᠭᠠᠵᠠᠷ ᠣᠷᠣᠨ ᠤ  ᠪᠠᠨ ᠨᠡᠶᠢᠭᠡᠮ  ᠤᠨ ᠪᠠᠲᠣᠯᠠᠭ᠎ᠠ  ᠶᠢᠨ ᠰᠦᠢᠳᠬᠡᠯ  ᠤᠨ ᠲᠠᠲᠠᠪᠣᠷᠢᠯᠠᠨ ᠳᠣᠰᠢᠶᠠᠬᠤ ᠠᠵᠢᠯ  ᠢ ᠬᠠᠷᠢᠭᠤᠴᠠᠨ᠎ᠠ᠃   6. ᠲᠣᠰ ᠰᠢᠰᠲ᠋ᠧᠮ ᠤᠨ ᠢᠶᠠᠨ ᠮᠡᠳᠡᠭᠡ ᠵᠠᠩᠬᠢᠴᠢᠯᠠᠯᠲᠠ  ᠶᠢᠨ ᠪᠦᠲᠦᠭᠡᠨ ᠪᠠᠶᠢᠭᠤᠯᠤᠯᠲᠠ  ᠶᠢ ᠬᠠᠷᠢᠭᠤᠴᠠᠨ᠎ᠠ᠃   7. ᠲᠣᠰ ᠰᠢᠰᠲ᠋ᠧᠮ  ᠤᠨ ᠢᠶᠠᠨ ᠭᠠᠶᠢᠯᠢ ᠲᠠᠲᠠᠪᠣᠷᠢ  ᠶᠢᠨ ᠨᠢᠭᠲᠠᠯᠠᠨ ᠪᠣᠳᠣᠬᠤ᠂ ᠪᠥᠷᠢᠳᠬᠡᠬᠦ ᠠᠵᠢᠯ  ᠢ ᠬᠠᠷᠢᠭᠤᠴᠠᠨ᠎ᠠ᠃   8. ᠳᠣᠭᠲᠠᠭᠠᠭᠰᠠᠨ ᠡᠷᠬᠡ ᠳᠣᠰᠢᠶᠠᠯ  ᠢᠶᠠᠨ  ᠥᠨᠳᠣᠰᠣᠯᠡᠨ᠂ ᠲᠣᠰ ᠰᠢᠰᠲ᠋ᠧᠮ  ᠤᠨ ᠪᠠᠶᠢᠭᠤᠯᠣᠮᠵᠢ᠂  ᠠᠵᠢᠯᠳᠠᠨ ᠤ ᠤᠷᠤᠨ ᠲᠤᠭ᠎ᠠ᠂ ᠠᠵᠢᠯᠲᠠᠨ  ᠤ ᠶᠠᠪᠣᠳᠠᠯ  ᠤᠨ ᠬᠠᠮᠢᠶᠠᠷᠤᠯᠲᠠ᠂ ᠵᠠᠷᠣᠳᠠᠯ ᠮᠦᠩᠬᠦ᠂ ᠲᠣᠨᠤᠭ ᠲᠥᠬᠦᠭᠡᠷᠦᠮᠵᠢ ᠶᠢᠨ ᠬᠠᠮᠢᠶᠠᠷᠣᠯᠲᠠ᠂ ᠥᠨᠳᠣᠰᠣᠨ ᠪᠦᠲᠦᠭᠡᠨ ᠪᠠᠶᠢᠭᠤᠯᠤᠯᠲᠠ᠂ ᠡᠳ᠋  ᠤᠨ ᠶᠠᠪᠣᠳᠠᠯ᠂ ᠳᠣᠳᠣᠭᠠᠳᠣ  ᠶᠢᠨ ᠬᠢᠨᠠᠨ ᠪᠣᠳᠣᠯᠲᠠ  ᠶᠢᠨ ᠠᠵᠢᠯ  ᠢ ᠬᠠᠷᠢᠭᠤᠴᠠᠨ᠎ᠠ᠃     9. ᠲᠣᠰ ᠰᠢᠰᠲ᠋ᠧᠮ  ᠤᠨ ᠢᠶᠠᠨ ᠥᠵᠡᠯ ᠰᠠᠨᠠᠭ᠎ᠠ᠂ ᠣᠯᠣᠰ ᠲᠥᠷᠥ᠂ ᠣᠶᠣᠨ  ᠤ ᠪᠣᠯᠪᠠᠰᠤᠨ  ᠤ ᠪᠦᠲᠦᠭᠡᠨ ᠪᠠᠶᠢᠭᠤᠯᠤᠯᠲᠠ ᠪᠠ ᠥᠨᠳᠣᠰᠣᠨ ᠱᠠᠲᠣᠨ  ᠤ ᠪᠥᠳᠥᠭᠡᠨ ᠪᠠᠶᠢᠭᠤᠯᠤᠯᠲᠠ  ᠶᠢᠨ ᠠᠵᠢᠯ  ᠢ ᠬᠠᠷᠢᠭᠤᠴᠠᠵᠤ᠂ ᠬᠠᠮᠢᠶᠠᠷᠣᠯᠲᠠ  ᠶᠢᠨ ᠡᠷᠬᠡ ᠳᠣᠰᠢᠶᠠᠯ  ᠢᠶᠠᠨ ᠥᠨᠳᠥᠰᠥᠯᠡᠨ᠂  ᠺᠠᠳᠠᠷ ᠠᠵᠢᠯᠲᠠᠨ  ᠤ ᠪᠣᠯᠪᠠᠰᠣᠷᠠᠯ  ᠤᠨ ᠠᠵᠢᠯ  ᠢ  ᠬᠢᠵᠦ᠂  ᠺᠠᠳᠠᠷ  ᠤᠨ ᠡᠩᠨᠡᠭᠡᠨ ᠤ ᠬᠡᠪ ᠪᠣᠯᠪᠠᠰᠣᠷᠠᠯ   ᠢ ᠲᠠᠰᠣᠷᠠᠯᠲᠠ ᠦᠬᠡᠢ ᠳᠡᠭᠡᠭᠰᠢᠯᠡᠭᠦᠯᠦᠨ᠎ᠡ᠃   10.ᠬᠤᠰᠢᠭᠤ  ᠨᠠᠮ ᠵᠠᠰᠠᠭ  ᠵᠢᠴᠢ ᠳᠡᠭᠡᠷ᠎ᠡ ᠱᠠᠲᠣᠨ  ᠤ ᠲᠤᠰᠢᠶᠠᠭᠰᠠᠨ ᠪᠣᠰᠣᠳ ᠠᠵᠢᠯ  ᠢ  ᠪᠡᠶᠡᠯᠡᠭᠦᠯᠦᠨ᠎ᠡ᠃                        
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号