ᠲᠠᠶᠢᠹᠤᠰᠧ ᠬᠤᠰᠢᠭᠤᠨ  ᠤ ᠦᠨᠳᠦᠰᠦᠨ ᠪᠠᠶᠢᠳᠠᠯ
ᠨᠡᠶᠢᠲᠡᠯᠡᠭᠰᠡᠨ ᠴᠠᠭ᠄
2017/3/1
     ᠨᠢᠬᠡ᠂  ᠲᠤᠪᠴᠢ ᠲᠠᠨᠢᠯᠴᠠᠭᠤᠯᠭ᠎ᠠ      ᠲᠠᠶᠢᠹᠤᠰᠧ ᠬᠤᠰᠢᠭᠤ ᠪᠤᠯ ᠦᠪᠦᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ  ᠤ ᠲᠤᠮᠳᠠ ᠪᠡᠶ᠎ᠡ  ᠂ ᠰᠢᠯᠢ  ᠶᠢᠨ ᠭᠤᠤᠯ ᠠᠶᠢᠮᠠᠭ  ᠤᠨ ᠡᠮᠦᠨ᠎ᠡ  ᠵᠠᠬ᠎ᠠ ᠳᠤ ᠪᠠᠶᠢᠷᠢᠯᠠᠵᠦ᠂ ᠪᠠᠷᠠᠭᠤᠨ ᠬᠤᠶᠢᠭᠤᠷ  ᠢᠶᠠᠨ ᠰᠢᠯᠤᠭᠤᠨ ᠬᠦᠪᠡᠭᠡᠳᠦ ᠴᠠᠭᠠᠨ ᠬᠤᠰᠢᠭᠤ᠂  ᠵᠠᠬᠦᠨ ᠬᠤᠶᠢᠭᠤᠷ  ᠢᠶᠠᠨ ᠰᠢᠯᠤᠭᠤᠨ ᠬᠦᠬᠡ ᠬᠤᠰᠢᠭᠤ ᠲᠠᠢ  ᠬᠦᠷᠰᠢᠯᠡᠨ  ᠂ ᠵᠡᠬᠦᠨ ᠡᠮᠦᠨ᠎ᠡ ᠪᠠ ᠪᠠᠷᠠᠭᠤᠨ ᠵᠠᠬ᠎ᠠ ᠨᠢ ᠲᠤᠰᠪᠤᠷᠢ ᠾᠧᠪᠸᠢ ᠮᠤᠵᠢ  ᠶᠢᠨ ᠬᠦᠶᠤᠸᠠᠨ ᠰᠢᠶᠠᠨ  ᠂  ᠺᠠᠩ ᠪᠤᠤ ᠰᠢᠶᠠᠨ ᠲᠠᠢ ᠵᠠᠬ᠎ᠠ  ᠵᠠᠯᠭᠠᠵᠤ᠂ ᠨᠡᠶᠢᠰᠯᠡᠯ ᠪᠡᠭᠡᠵᠢᠩ  ᠠᠴᠠ ᠵᠦᠪᠬᠡᠨ 350 ᠺᠢᠯᠤᠮᠧᠲᠷ ᠵᠠᠶᠢᠳᠠᠢ ᠨᠤᠳᠤᠭᠯᠠᠭᠰᠠᠨ᠂ 3415 ᠲᠡᠭᠰᠢ ᠲᠦᠷᠪᠡᠯᠵᠢᠨ ᠺᠢᠯᠤᠮᠧᠲᠷ ᠨᠤᠳᠤᠭ ᠲᠡᠪᠢᠰᠭᠡᠷ ᠪᠦᠬᠦᠢ᠂ ᠮᠤᠩᠭᠤᠯ᠂ ᠬᠢᠳᠠᠳ᠂ ᠮᠠᠨᠵᠤ᠂ ᠬᠤᠳᠤᠩ ᠵᠡᠷᠭᠡ 14 ᠦᠨᠳᠦᠰᠦᠳᠡᠨ  ᠢᠶᠠᠷ ᠪᠦᠷᠢᠯᠳᠦᠭᠰᠡᠨ 23.4 ᠲᠦᠮᠡᠨ ᠬᠦᠮᠦᠨ ᠪᠦᠯᠢ ᠲᠠᠢ᠂ 1 ᠰᠤᠮᠤ᠂ 1 ᠰᠢᠶᠠᠩ᠂ 5 ᠪᠠᠯᠭᠠᠰᠤ  ᠶᠢ  ᠬᠠᠷᠢᠶᠠᠯᠠᠵᠤ᠂  ᠬᠤᠰᠢᠭᠤ ᠵᠠᠰᠠᠭ  ᠤᠨ ᠤᠷᠳᠤᠨ  ᠤ ᠰᠠᠭᠤᠭ᠎ᠠ ᠭᠠᠵᠠᠷ ᠪᠤᠤᠴᠠᠩ ᠪᠠᠯᠭᠠᠰᠤ  ᠪᠠᠷ ᠤᠯᠤᠰ ᠲᠦᠷᠦ᠂ ᠠᠵᠤ ᠠᠬᠤᠢ᠂ ᠰᠤᠶᠤᠯ᠂ ᠵᠠᠮ ᠨᠡᠪᠳᠡᠷᠡᠯᠭᠡ ᠪᠠ ᠴᠢᠮᠡᠭᠡ ᠬᠤᠯᠪᠤᠭᠠᠨ  ᠤ ᠲᠦᠪ ᠪᠤᠯᠭᠠᠭᠰᠠᠨ ᠬᠤᠰᠢᠭᠤ ᠪᠠᠶᠢᠭ᠎ᠠ᠃      ᠲᠠᠶᠢᠹᠤᠰᠧ ᠬᠤᠰᠢᠭᠤ  ᠎ ᠨᠢ ᠨᠡᠶᠢᠰᠯᠡᠯ ᠪᠡᠭᠡᠵᠢᠩ ᠠᠴᠠ ᠬᠠᠮᠤᠭ ᠤᠶᠢᠷ᠎ᠠ  ᠪᠠᠶᠢᠷᠢᠰᠢᠭᠰᠠᠨ ᠪᠠᠶᠢᠭᠠᠯᠢᠯᠢᠭ ᠲᠠᠯ᠎ᠠ ᠨᠤᠳᠤᠭ᠃    ᠦᠨᠢ ᠤᠷᠳᠤ ᠶᠢᠨ ᠲᠡᠦᠬᠡ᠂ ᠭᠡᠷᠡᠯ ᠰᠠᠴᠤᠷᠠᠩᠭᠤᠢ ᠦᠪ ᠰᠤᠶᠤᠯ ᠢᠶᠠᠷ ᠢᠶᠠᠨ ᠲᠠᠶᠠᠩ ᠳᠤ  ᠲᠠᠨᠢᠭᠳᠠᠵᠠᠢ᠃ ︽ᠦᠩᠬᠡ ᠶᠢᠨ ᠴᠡᠴᠡᠭᠡᠰ ᠪᠤᠯᠢᠶᠠᠯᠳᠤᠨ ᠲᠡᠯᠭᠡᠷᠡᠵᠦ᠂ ᠦᠨᠢᠷ ᠰᠦᠷᠦᠭ ᠨᠢ ᠦᠬᠡᠬᠦᠯᠡᠵᠦ ᠪᠡᠯᠴᠢᠭᠡᠷᠯᠡᠭᠰᠡᠨ︾ ᠲᠠᠩᠰᠤᠭ ᠦᠵᠡᠮᠵᠢ  ᠎ ᠪᠠᠷ ᠢᠶᠠᠨ ᠲᠡᠯᠡᠬᠡᠢ ᠶᠢᠨ ᠬᠠᠷᠠᠭᠠᠨ ᠳᠤ ᠬᠦᠷᠦᠭᠰᠡᠨ ᠡᠨᠡ ᠨᠤᠳᠤᠭ ᠪᠤᠯ ᠠᠵᠢᠯᠴᠢ ᠪᠤᠷᠤᠭᠵᠢᠭᠤᠨ ᠴᠠᠬᠠᠷ ᠮᠤᠩᠭᠤᠯᠴᠤᠳ ᠤᠨ ᠡᠬᠦᠰᠦᠨ ᠮᠠᠨᠳᠤᠭᠰᠠᠨ ᠲᠤᠮᠤᠭᠳᠤ ᠨᠤᠳᠤᠭ  ᠪᠢᠯᠡ᠃ ᠬᠠᠭᠠᠨ ᠤ ᠠᠳᠤᠭᠤᠨ ᠶᠠᠪᠤᠳᠠᠯ ᠢ ᠬᠠᠮᠢᠶᠠᠷᠳᠠᠭ ᠲᠤᠰᠬᠠᠢ ᠪᠠᠶᠢᠭᠤᠯᠤᠮᠵᠢ ᠪᠠᠶᠢᠭᠰᠠᠨ ᠢᠶᠠᠷ ᠢᠶᠠᠨ ᠲᠠᠶᠢᠹᠤᠰᠧ ᠨᠡᠷ᠎ᠡ ᠎ ᠶᠢ ᠤᠯᠤᠭᠠᠳ᠂ ᠡᠳᠦᠬᠡ ᠪᠤᠯᠳᠠᠯ᠎ᠠ ᠠᠳᠤᠭᠤ ᠮᠠᠯᠵᠢᠬᠤ᠂ ᠠᠳᠤᠭᠤ ᠦᠷᠡᠵᠢᠬᠦᠯᠵᠦ᠂ ᠠᠳᠤᠭᠤ ᠰᠤᠷᠭᠠᠬᠤ ᠮᠡᠳᠦ ᠎ ᠶᠢᠨ ᠤᠯᠠᠮᠵᠢᠯᠯᠠᠳᠤ ᠤᠷ᠎ᠠ ᠮᠡᠷᠭᠡᠵᠢᠯ ᠬᠢᠭᠡᠳ ᠰᠤᠶᠤᠯ ᠢᠷᠭᠡᠨᠰᠢᠯ ᠢᠶᠠᠨ ᠬᠠᠳᠠᠭᠠᠯᠠᠭᠰᠠᠭᠠᠷ  ᠢᠷᠡᠵᠦ᠂  2012 ᠤᠨ ᠳᠤ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠠᠴᠠ  ᠲᠤᠰ ᠬᠤᠰᠢᠭᠤ ᠶᠢ ︽ᠬᠠᠭᠠᠨ ᠤ ᠠᠳᠤᠭᠤᠨ ᠰᠤᠶᠤᠯ ᠤᠨ ᠨᠤᠳᠤᠭ︾  ᠭᠡᠵᠦ ᠨᠡᠷᠡᠶᠢᠳᠦᠭᠰᠡᠨ ᠪᠠᠶᠢᠨ᠎ᠠ᠃   ᠲᠠᠶᠢᠹᠤᠰᠧ  ᠎ ᠶᠢᠨ ᠬᠢᠯᠢ ᠳᠤ  ᠮᠢᠩᠭᠠᠨ ᠭᠠᠵᠠᠷ ᠰᠤᠨᠤᠯᠵᠠᠭᠰᠠᠨ ᠠᠯᠳᠠᠨ ᠤᠯᠤᠰ ᠤᠨ ᠬᠡᠷᠡᠮ  ᠂ ᠡᠩᠬᠡ ᠠᠮᠤᠭᠤᠯᠠᠩ ᠤᠨ ᠪᠠᠶᠢᠭᠤᠯᠤᠭᠰᠠᠨ ᠮᠠᠯᠠᠭᠠᠢ ᠶᠢᠨ ᠰᠦᠮ᠎ᠡ  ᠂  ᠶᠤᠸᠠᠨ ᠤᠯᠤᠰ ᠤᠨ ᠦᠶ᠎ᠡ ᠶᠢᠨ  ᠪᠤᠤᠴᠠᠩ  ᠵᠸᠦ ᠶᠢᠨ ᠴᠢᠯᠠᠭᠤᠨ ᠬᠦᠰᠢᠶ᠎ᠡ  ᠵᠡᠷᠭᠡ ᠰᠤᠶᠤᠯ ᠲᠡᠦᠬᠡ ᠎ ᠶᠢᠨ ᠦᠨᠡᠳᠦ ᠦᠪ  ᠵᠦᠩᠳᠡᠭᠡᠨ ᠬᠠᠷᠠᠭᠳᠠᠨ᠎ᠠ᠃  ᠲᠠᠶᠢᠹᠤᠰᠧ ᠬᠤᠰᠢᠭᠤ ᠨᠢ ᠰᠢᠯᠢ ᠶᠢᠨ ᠭᠤᠤᠯ ᠠᠶᠢᠮᠠᠭ ᠤᠨ ᠡᠮᠦᠨ᠎ᠡ ᠡᠬᠦᠳᠡ ᠶᠢ ᠰᠠᠬᠢᠭᠰᠠᠨ᠂ ᠾᠧᠪᠸᠢ ᠮᠤᠵᠢ ᠲᠠᠢ  ᠬᠦᠷᠰᠢᠯᠡᠵᠦ ᠵᠠᠬᠠᠯᠠᠭᠰᠠᠨ  ᠂  ᠨᠡᠶᠢᠰᠯᠡᠯ ᠪᠡᠭᠡᠵᠢᠩ ᠠᠴᠠ 350 ᠺᠢᠯᠤᠮᠧᠲᠷ ᠤᠨ ᠵᠠᠶᠢᠳᠠᠢ  ᠪᠠᠶᠢᠷᠢᠯᠠᠭᠰᠠᠨ ᠤᠷᠤᠨ ᠪᠠᠶᠢᠴᠠ ᠶᠢᠨ ᠲᠠᠪᠠᠭᠤᠯᠢᠭ ᠲᠠᠢ ᠪᠦᠬᠡᠳ ᠰᠢᠯᠢ ᠶᠢᠨ ᠭᠤᠤᠯ ᠠᠶᠢᠮᠠᠭ  ᠬᠢᠭᠡᠳ ᠲᠤᠳᠤᠷ᠎ᠠ ᠭᠠᠵᠠᠷ  ᠎ ᠢ ᠬᠤᠯᠪᠤᠭᠰᠠᠨ ᠵᠠᠮ ᠬᠠᠷᠢᠯᠴᠠᠭᠠᠨ ᠤ ᠪᠤᠭᠤᠮᠳᠠ  ᠎ ᠶᠢ ᠰᠠᠬᠢᠨ ᠨᠤᠳᠤᠭᠯᠠᠵᠤ᠂  ᠪᠡᠭᠡᠵᠢᠩ ᠲᠢᠶᠠᠨᠵᠢᠨ ᠾᠧᠪᠸᠢ ᠤᠷᠤᠨ ᠲᠠᠢ ᠬᠠᠮᠳᠤᠷᠠᠯᠴᠠᠨ ᠬᠦᠭᠵᠢᠬᠦ᠂ ︽ᠨᠢᠬᠡ ᠪᠦᠰᠡ ᠨᠢᠬᠡ ᠵᠠᠮ︾᠎ ᠤᠨ ᠪᠠᠶᠢᠯᠳᠤᠬᠤ ᠪᠤᠳᠤᠯᠭ᠎ᠠ ᠳᠤ ᠶᠠᠪ ᠴᠠᠪ ᠲᠤᠬᠢᠷᠠᠯᠴᠠᠭᠰᠠᠨ ᠤᠷᠢᠳᠠᠴᠢ ᠨᠦᠬᠦᠴᠡᠯ ᠢ ᠪᠦᠷᠢᠯᠳᠦᠬᠦᠯᠦᠭᠰᠡᠨ ᠪᠠᠶᠢᠨ᠎ᠠ᠃  ᠡᠬᠦᠪᠡᠷ ᠪᠠᠷᠠᠬᠤ ᠦᠬᠡᠢ᠂ ᠠᠮᠢ ᠠᠬᠤᠢ ᠶᠢᠨ ᠤᠷᠴᠢᠨ ᠲᠤᠭᠤᠷᠢᠨ ᠭᠤᠶᠢᠳᠠ᠂  ᠠᠭᠠᠷ ᠮᠠᠨᠳᠠᠯ ᠤᠨ ᠴᠢᠨᠠᠷ ᠴᠢᠨᠰᠠᠭ᠎ᠠ ᠰᠠᠶᠢᠨ᠂  ᠤᠰᠤᠨ ᠤ ᠰᠤᠷᠪᠤᠯᠵᠢ ᠪᠠᠶᠠᠨ᠂  ᠨᠠᠷᠠᠨ ᠤ ᠲᠤᠰᠤᠯᠳᠠ ᠬᠦᠢᠴᠡᠳ᠂ ᠬᠦᠷᠦᠰᠦ ᠰᠢᠷᠤᠢ ᠰᠢᠮᠡᠯᠢᠭ᠂ ᠮᠠᠯᠵᠢᠬᠤ ᠲᠠᠷᠢᠶᠠᠯᠠᠬᠤ ᠰᠤᠶᠤᠯ ᠤᠨ ᠦᠩᠭᠡ ᠪᠤᠳᠤᠭ ᠵᠤᠵᠠᠭᠠᠨ᠂  ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠪᠠ ᠪᠤᠬᠢᠷᠳᠤᠯ ᠦᠬᠡᠢ ᠠᠮᠢ ᠠᠬᠤᠢ ᠶᠢᠨ ᠵᠤᠭᠠᠴᠠᠯ ᠤᠨ ᠦᠢᠯᠡᠰ ᠢ ᠬᠦᠭᠵᠢᠬᠦᠯᠬᠦ  ᠲᠠᠪᠠᠭᠤᠯᠢᠭ ᠨᠦᠬᠦᠴᠡᠯ ᠢᠶᠠᠷ ᠢᠶᠠᠨ ᠤᠨᠴᠠᠯᠢᠭᠳᠠᠭᠰᠠᠨ ᠪᠠᠶᠢᠳᠠᠭ᠃         ᠬᠤᠶᠠᠷ᠂  ᠵᠠᠰᠠᠭ ᠵᠠᠬᠢᠷᠭᠠᠨ ᠤ ᠤᠯᠠᠷᠢᠯ ᠬᠤᠪᠢᠷᠠᠯ         ᠲᠠᠶᠢᠹᠤᠰᠧ  ᠬᠡᠮᠡᠬᠦ ᠨᠡᠷ᠎ᠡ ᠪᠤᠯ ᠡᠷᠳᠡ ᠤᠷᠢᠳᠤ  ᠳᠠᠭᠠᠨ ᠲᠦᠷᠦ  ᠶᠢᠨ ᠰᠠᠶᠢᠳ ᠲᠦᠰᠢᠮᠡᠳ ‍ᠣᠨ‌ᠨᠡᠷ᠎ᠡ ᠪᠠᠶᠢᠭᠰᠠᠨ  ᠠᠴᠠ  ᠪᠠᠨ ᠠᠯᠪᠠᠨ ᠶᠠᠮᠤᠨ  ᠤ ᠨᠡᠷ᠎ᠡ ᠪᠤᠯᠵᠤ᠂ ᠪᠦᠷ ᠰᠡᠭᠦᠯ  ᠳᠡᠭᠡᠨ ᠵᠠᠰᠠᠭ ᠵᠠᠬᠢᠷᠭᠠᠨ ᠤ ᠬᠤᠪᠢᠶᠠᠷᠢ ᠎ ᠶᠢᠨ ᠨᠢᠭᠡᠴᠢ ᠪᠤᠯᠤᠭᠰᠠᠨ ᠪᠠᠶᠢᠨ᠎ᠠ᠃  ᠳᠤᠮᠳᠠᠳᠤ ᠶᠢᠨ ᠲᠡᠦᠬᠡᠨ᠎ᠡ ᠴᠦᠨ ᠴᠢᠦ ᠪᠠᠶᠢᠯᠳᠤᠭᠠᠨᠳᠤ ᠤᠯᠤᠰ  ᠤᠨ ᠦᠶ᠎ᠡ  ᠳᠤ ᠬᠠᠭᠠᠨ  ᠤ ᠠᠭᠳᠠ ᠪᠠ ᠠᠭᠳᠠᠨ  ᠤ  ᠶᠠᠪᠤᠳᠠᠯ  ᠢ ᠬᠠᠮᠢᠶᠠᠷᠳᠠᠭ ᠲᠠᠶᠢᠹᠤ (太仆) ᠭᠡᠳᠡᠭ ᠲᠦᠰᠢᠮᠡᠯ ᠲᠠᠢ ᠪᠠᠶᠢᠵᠠᠢ᠃ ᠴᠢᠨ ᠤᠯᠤᠰ᠂ ᠬᠠᠨ ᠤᠯᠤᠰ  ᠤᠨ ᠦᠶ᠎ᠡ  ᠳᠤ ᠲᠠᠶᠢᠹᠤ  ᠎ ᠨᠢ ᠬᠠᠭᠠᠨ  ᠤ ᠶᠢᠰᠦᠨ ᠲᠦᠰᠢᠮᠡᠯ  ᠤᠨ ᠨᠢᠭᠡ ᠪᠠᠶᠢᠪᠠ᠃ ᠤᠮᠠᠷᠠᠳᠤ ᠴᠢ  ᠤᠯᠤᠰ  ᠤᠨ ᠦᠶ᠎ᠡ  ᠪᠤᠯᠬᠤ ᠳᠤ ᠬᠠᠭᠠᠨ  ᠤ ᠠᠭᠳᠠᠨ  ᠤ ᠶᠠᠪᠤᠳᠠᠯ  ᠢ ᠬᠠᠮᠢᠶᠠᠷᠳᠠᠭ ᠲᠤᠰᠬᠠᠢ ᠶᠠᠮᠤᠨ ᠲᠠᠶᠢᠹᠤᠰᠧ (太仆寺) ᠪᠤᠢ ᠪᠤᠯᠵᠤ᠂ ᠡᠬᠦᠨ  ᠠᠴᠠ  ᠬᠤᠶᠢᠰᠢ ᠡᠯ᠎ᠡ ᠲᠦᠷᠦ ᠨᠢ  ᠪᠦᠷ ᠲᠠᠶᠢᠹᠣᠰᠧ  ᠶᠠᠮᠤᠨ ᠲᠠᠢ ᠪᠠᠶᠢᠪᠠ᠃ ᠮᠠᠨᠵᠤ ᠴᠢᠩ ᠤᠯᠤᠰ  ᠪᠦᠬᠦ ᠳᠤᠮᠳᠠᠳᠤ ᠤᠯᠤᠰ  ᠢ ᠨᠤᠶᠠᠷᠬᠠᠭᠰᠠᠨ  ᠤ ᠲᠠᠷᠠᠭ᠎ᠠ ᠡᠨ᠋ᠨ ᠨᠡᠷ᠎ᠡ  ᠶᠢ ᠮᠦᠨ ᠤᠤᠯ ᠬᠡᠪ  ᠢᠶᠠᠷ ᠨᠢ ᠬᠡᠷᠡᠭᠯᠡᠵᠦ᠂ ᠲᠠᠶᠢᠹᠣᠰᠧ ᠶᠠᠮᠤᠨ ᠪᠠᠶᠢᠭᠤᠯᠤᠭᠠᠳ ᠲᠤᠰᠬᠠᠶᠢᠯᠠᠨ ᠬᠠᠭᠠᠨ  ᠤ ᠠᠳᠤᠭᠤᠨ ᠰᠦᠷᠦᠭ  ᠢ ᠬᠠᠮᠢᠶᠠᠷᠤᠭᠤᠯᠬᠤ ᠪᠤᠯᠤᠭᠰᠠᠨ ᠪᠠᠶᠢᠨ᠎ᠠ᠃ ᠪᠠᠳᠠᠷᠠᠭᠤᠯᠳᠤ ᠲᠦᠷᠦ  ᠶᠢᠨ ᠦᠶ᠎ᠡ  ᠳᠤ ᠨᠤᠶᠠᠨ  ᠤ ᠲᠦᠷᠢᠮ  ᠢ ᠦᠭᠡᠷᠡᠴᠢᠯᠡᠨ ᠲᠠᠶᠢᠹᠤᠰᠧ ᠶᠠᠮᠤᠨ  ᠢ ᠲᠠᠷᠬᠠᠭᠠᠵᠤ᠂ ᠲᠡᠬᠦᠨ  ᠤ ᠬᠠᠮᠢᠶᠠᠷᠴᠤ ᠪᠠᠶᠢᠭᠰᠠᠨ ᠠᠵᠢᠯ  ᠢ ᠬᠠᠭᠤᠷᠠᠢ ᠵᠠᠮ  ᠤᠨ ᠴᠡᠷᠢᠭ  ᠤᠨ ᠶᠠᠮᠤᠨ  ᠳᠤ ᠰᠢᠯᠵᠢᠬᠦᠯᠦᠨ ᠬᠠᠮᠢᠶᠠᠷᠤᠭᠤᠯᠵᠤ᠂  ᠡᠩᠬᠡ ᠠᠮᠤᠭᠤᠯᠠᠩ  ᠤᠨ ᠦᠶ᠎ᠡ ᠬᠦᠷᠦᠭᠡᠳ ᠮᠤᠩᠭᠤᠯ  ᠤᠨ ᠴᠠᠬᠠᠷ ᠠᠶᠢᠮᠠᠭ  ᠢ  ᠠᠩᠬ᠎ᠠ ᠨᠠᠶᠢᠮᠠᠨ ᠬᠤᠰᠢᠭᠤ ᠪᠤᠯᠭᠠᠨ ᠬᠤᠪᠢᠶᠠᠭᠰᠠᠨ  ᠠᠴᠠ ᠬᠤᠶᠢᠰᠢ ᠲᠠᠬᠢᠨ ᠴᠠᠬᠠᠷ ᠨᠠᠶᠢᠮᠠᠨ ᠬᠤᠰᠢᠭᠤᠨ  ᠠᠴᠠ ᠎ ᠪᠠᠨ ᠠᠶᠢᠯ ᠡᠷᠦᠬᠡ ᠲᠠᠳᠠᠵᠤ᠂ ᠲᠤᠰᠬᠠᠢ ᠠᠳᠣᠭᠤᠨ ᠰᠦᠷᠦᠭ ᠪᠠᠶᠢᠭᠤᠯᠤᠨ ᠰᠢᠭᠤᠳ ᠲᠠᠶᠢᠹᠣᠰᠧ ᠶᠠᠮᠤᠨ  ᠳᠤ ᠵᠠᠬᠢᠷᠣᠭᠤᠯᠵᠤ᠂  ᠲᠡᠬᠦᠨ  ᠢᠶᠠᠨ ᠲᠠᠶᠢᠹᠤᠰᠧ ᠵᠡᠬᠦᠨ ᠭᠠᠷ ᠰᠦᠷᠦᠭ ᠪᠠ  ᠲᠠᠶᠢᠹᠣᠰᠧ ᠪᠠᠷᠠᠭᠤᠨ ᠭᠠᠷ ᠰᠦᠷᠦᠭ ᠬᠡᠮᠡᠨ ᠨᠡᠷᠡᠶᠢᠳᠴᠠᠢ᠃ 1950 ᠤᠨ  ᠳᠤ᠂ ᠲᠠᠶᠢᠹᠤᠰᠧ ᠵᠠᠬᠦᠨ ᠭᠠᠷ ᠰᠦᠷᠦᠭ ᠨᠢ ᠪᠤᠤᠴᠠᠩ ᠰᠢᠶᠠᠨ ᠲᠠᠢ  ᠨᠡᠶᠢᠯᠡᠨ ᠲᠠᠶᠢᠹᠣᠰᠧ ᠬᠤᠰᠢᠭᠤ ᠪᠤᠯᠵᠤ᠂ ᠪᠤᠤᠴᠠᠩ  ᠢᠶᠠᠷ ᠲᠦᠪ ᠪᠤᠯᠭᠠᠪᠠ᠃ 1958 ᠤᠨ  ᠳᠤ ᠴᠠᠬᠠᠷ ᠠᠶᠢᠮᠠᠭ ᠎ ᠨᠢ ᠰᠢᠯᠢᠨ ᠭᠤᠤᠯ ᠠᠶᠢᠮᠠᠭ ᠯᠤᠭ᠎ᠠ  ᠨᠢᠭᠡᠳᠦᠨ ᠰᠢᠯᠢᠨ ᠭᠤᠤᠯ ᠠᠶᠢᠮᠠᠭ ᠪᠤᠯᠵᠤ᠂ ᠴᠠᠬᠠᠷ ᠠᠶᠢᠮᠠᠭ  ᠤᠨ  ᠵᠠᠬᠢᠷᠭ᠎ᠠ ᠎ ᠨᠢ ᠪᠤᠤᠴᠠᠩ  ᠠᠴᠠ ᠰᠢᠯᠢᠩᠬᠤᠳᠠ  ᠳᠤ  ᠨᠡᠬᠦᠭᠰᠡᠨ  ᠠᠴᠠ ᠠᠪᠤᠭᠠᠳ ᠲᠠᠶᠢᠹᠣᠰᠧ ᠬᠤᠰᠢᠭᠤ ᠨᠢ ᠰᠢᠯᠢᠨ ᠭᠤᠤᠯ ᠠᠶᠢᠮᠠᠭ  ᠲᠤ ᠬᠠᠷᠢᠶᠠᠯᠠᠭᠳᠠᠬᠤ ᠪᠤᠯᠪᠠ᠃       ᠭᠤᠷᠪᠠ᠂ ᠪᠠᠶᠢᠭᠠᠯᠢ  ᠵᠦᠢ᠂ ᠡᠬᠢ ᠰᠤᠷᠪᠤᠯᠵᠢ  ᠶᠢᠨ ᠪᠠᠶᠢᠳᠠᠯ       ᠲᠠᠶᠢᠹᠤᠰᠧ ᠬᠤᠰᠢᠭᠤᠨ  ᠤ ᠭᠠᠵᠠᠷ  ᠤᠨ ᠪᠠᠶᠢᠴᠠ ᠨᠢ ᠲᠠᠯᠠᠢ  ᠶᠢᠨ ᠲᠦᠪᠰᠢᠨ  ᠠᠴᠠ 1300 — 1800 ᠮᠧᠲᠷ ᠡᠷᠭᠦᠭᠳᠡᠭᠰᠡᠨ ᠪᠦᠭᠡᠳ ᠮᠤᠨᠢ ᠠᠭᠤᠯᠨ  ᠶᠢᠨ ᠠᠭᠤᠯᠠᠨ ᠭᠠᠵᠠᠷ  ᠤᠨ ᠴᠠᠬᠠᠷ  ᠤᠨ ᠪᠤᠭᠤᠨᠢ ᠠᠭᠤᠯᠨ ᠲᠤᠪᠤᠷᠬᠠᠭ ᠤᠷᠤᠨ  ᠳᠤ ᠤᠷᠤᠰᠢᠵᠤ᠂  ᠤᠮᠠᠷᠠᠳᠤ ᠭᠡᠰᠡᠭ  ᠤᠨ ᠮᠤᠩᠭᠤᠯ  ᠤᠨ ᠦᠨᠳᠦᠷᠯᠢᠭ  ᠠᠴᠠ ᠶᠠᠯᠢᠬᠦᠢ ᠦᠨᠳᠦᠷ ᠪᠠᠶᠢᠳᠠᠭ᠃  ᠵᠠᠷᠢᠮᠳᠤᠭ ᠬᠠᠭᠤᠷᠠᠢ  ᠡᠬᠡ ᠭᠠᠵᠠᠷ  ᠤᠨ ᠴᠢᠨᠠᠷᠳᠠᠢ ᠠᠭᠤᠷ  ᠠᠮᠢᠰᠬᠤᠯ  ᠳᠤ ᠬᠠᠷᠢᠶᠠᠯᠠᠭᠳᠠᠵᠤ᠂ ᠰᠡᠷᠢᠬᠦᠨ ᠪᠦᠰᠡᠨ  ᠤ ᠤᠯᠠᠷᠢᠯ  ᠤᠨ ᠰᠠᠯᠬᠢᠨ  ᠤ ᠤᠷᠴᠢᠯ ᠤᠷᠤᠰᠬᠠᠯ  ᠤᠨ ᠨᠦᠯᠦᠭᠡ  ᠠᠴᠠ ᠪᠤᠯᠵᠤ ᠠᠭᠤᠷ ᠠᠮᠢᠰᠬᠤᠯ ᠲᠤᠭᠳᠠᠭᠤᠨ ᠪᠤᠰᠤ᠂ ᠭᠠᠩ ᠬᠠᠭᠤᠷᠠᠢ᠂ ᠰᠠᠯᠬᠢ ᠶᠡᠭᠡ᠂ ᠲᠤᠨᠤᠳᠠᠰᠤ ᠪᠠᠭ᠎ᠠ  ᠂ ᠵᠢᠯ ᠎ ᠤᠨ ᠳᠡᠭᠰᠢᠳᠭᠡᠭᠰᠡᠨ ᠲᠤᠯᠠᠭᠠᠨ  ᠤ ᠬᠡᠮᠵᠢᠶ᠎ᠡ 1.6 ᠭᠷᠠᠳᠦᠶᠢᠰ᠂ ᠳᠡᠭᠰᠢᠳᠬᠡᠭᠰᠡᠨ ᠲᠤᠨᠤᠳᠠᠰᠤᠨ  ᠤ ᠬᠡᠮᠵᠢᠶ᠎ᠡ 407 ᠮᠢᠯᠢᠮᠧᠲᠷ ᠣᠷᠴᠢᠮ ᠪᠠᠶᠢᠳᠠᠭ᠃ ᠠᠰᠢᠭᠯᠠᠵᠤ ᠪᠤᠯᠬᠤᠶᠢᠴᠠ ᠨᠤᠳᠤᠭ ᠪᠡᠯᠴᠢᠭᠡᠷ 288 ᠲᠦᠮᠡᠨ ᠮᠤ᠋  ᠂ ᠬᠠᠭᠠᠯᠪᠤᠷᠢᠯᠠᠭᠰᠠᠨ ᠠᠳᠠᠷ 192.8 ᠲᠦᠮᠡᠨ ᠮᠤ᠋ ᠪᠠᠶᠢᠵᠤ᠂ ᠬᠦᠷᠦᠰᠦ ᠰᠢᠷᠤᠢ ᠨᠢ ᠬᠠᠷ᠎ᠠ ᠺᠠᠯᠽᠢᠳᠤ ᠬᠦᠷᠦᠰᠦ᠂ ᠬᠦᠷᠡᠩ ᠺᠠᠯᠽᠢᠳᠤ ᠬᠦᠷᠦᠰᠦ ᠪᠠ ᠨᠤᠭᠤ  ᠶᠢᠨ ᠬᠦᠷᠦᠰᠦ  ᠪᠠᠷ ᠭᠤᠤᠯᠳᠠᠨ᠎ᠠ᠃  ᠲᠡᠮᠦᠷᠯᠢᠭ ᠠᠭᠤᠷᠬᠠᠢ ᠪᠤᠯᠠᠭᠳᠠᠴᠠ  ᠳᠤ ᠠᠯᠳᠠ᠂ ᠸᠤᠯᠹᠷᠤᠮ᠂ ᠮᠦᠩᠬᠦ᠂ ᠭᠠᠤᠯᠢ᠂  ᠴᠠᠭᠠᠨ ᠲᠤᠭᠤᠯᠭ᠎ᠠ᠂  ᠨᠢᠺᠧᠯ᠂ ᠺᠤᠹᠠᠯᠲ᠂  ᠬᠠᠷ᠎ᠠ ᠲᠤᠭᠤᠯᠭ᠎ᠠ᠂  ᠦᠷᠠᠨ  ᠵᠡᠷᠭᠡ ᠪᠠᠶᠢᠵᠤ᠂ ᠲᠡᠮᠦᠷᠯᠢᠭ ᠪᠤᠰᠤ ᠪᠤᠯᠠᠭᠳᠠᠴᠠ  ᠳᠤ ᠬᠠᠶᠢᠯᠤᠭᠤᠷ ᠵᠤᠩᠰᠢ  ᠂ ᠴᠤᠬᠤᠢ  ᠶᠢᠨ ᠴᠢᠯᠠᠭᠤ᠂ ᠴᠠᠬᠢᠭᠤᠷ ᠴᠢᠯᠠᠭᠤ᠂  ᠺᠠᠯᠢᠳᠤ ᠴᠢᠯᠠᠭᠤ᠂ ᠭᠠᠨᠳᠢᠭ ᠴᠢᠯᠠᠭᠤ᠂ ᠦᠬᠡᠬᠦᠨ ᠴᠢᠯᠠᠭᠤ᠂  ᠹᠯᠤᠷᠳᠤ ᠴᠢᠯᠠᠭᠤ᠂ ᠰᠤᠪᠤᠳᠯᠢᠭ ᠴᠢᠯᠠᠭᠤ᠂ ᠲᠠᠪᠠᠷᠬᠠᠢ  ᠶᠢᠨ ᠴᠢᠯᠠᠭᠤ ᠵᠡᠷᠭᠡ ᠪᠠᠶᠢᠨ᠎ᠠ᠃  ᠬᠡᠭᠡᠷ᠎ᠡ  ᠶᠢᠨ ᠠᠮᠢᠳᠠᠨ ᠎ ᠳᠤ ᠲᠠᠤᠯᠠᠢ᠂ ᠮᠠᠩᠬᠢᠰᠤ᠂ ᠪᠤᠯᠠᠭ᠎ᠠ᠂ ᠦᠨᠡᠭᠡ  ᠂ ᠬᠦᠷᠡᠨ᠎ᠡ᠂ ᠵᠠᠷᠠᠭ᠎ᠠ᠂ ᠮᠤᠭᠠᠢ ᠵᠢᠴᠢ ᠤᠭᠤᠯᠢ᠂ ᠬᠠᠶᠢᠷᠠᠭᠤᠴᠠᠢ᠂ ᠠᠯᠠᠭ ᠪᠢᠯᠵᠤᠤᠬᠠᠢ᠂ ᠪᠦᠳᠦᠨ᠎ᠡ ᠵᠡᠷᠭᠡ ᠵᠢᠬᠦᠷᠳᠡᠨ ᠪᠠᠶᠢᠵᠤ᠂ ᠭᠡᠬᠡᠷ᠎ᠡ  ᠶᠢᠨ ᠤᠷᠭᠤᠮᠠᠯ  ᠳᠤ  ᠰᠢᠷ᠎ᠠ ᠪᠠᠪᠤ᠂ ᠴᠠᠬᠢᠯᠳᠠᠭ᠂  ᠬᠤᠨᠴᠢᠷ᠂ ᠰᠢᠬᠢᠷ ᠡᠪᠡᠰᠦ᠂ ᠲᠤᠷᠤᠭ ᠰᠠᠷᠠᠨ᠎ᠠ᠂ ᠵᠡᠭᠡᠷᠭᠡᠨ᠎ᠡ᠂ ᠬᠤᠨᠢᠨ ᠱᠦᠬᠦᠷ᠂ ᠲᠦᠷᠪᠡᠯᠵᠢ ᠡᠪᠡᠰᠦ᠂ ᠲᠦᠯᠡᠢ ᠮᠦᠬᠦ᠂  ᠠᠭᠤᠯᠠᠨ ᠭᠤᠭᠤᠳ᠂ ᠰᠤᠶᠢᠬ᠎ᠠ ᠡᠪᠡᠰᠦ ᠵᠡᠷᠭᠡ ᠪᠠᠶᠢᠨ᠎ᠠ᠃               ᠲᠦᠷᠪᠡ᠂  《 ᠠᠷᠪᠠᠨ ᠭᠤᠷᠪᠠᠳᠤᠭᠠᠷ ᠲᠠᠪᠤᠨ ᠵᠢᠯ 》᠎ ᠤᠨ ᠠᠮᠵᠢᠯᠳᠠ ᠪᠦᠳᠦᠮᠵᠢ    ︽ᠠᠷᠪᠠᠨ ᠭᠤᠷᠪᠠᠳᠤᠭᠠᠷ ᠲᠠᠪᠤᠨ ᠵᠢᠯ  ︾  ᠪᠣᠯ ᠲᠠᠶᠢᠹᠤᠰᠧ ᠬᠤᠰᠢᠭᠤᠨ ᠤ ᠬᠥᠭᠵᠢᠯᠲᠡ ᠶᠢᠨ ᠲᠡᠦᠬᠡᠨ ᠳᠠᠬᠢ ᠲᠤᠶᠢᠯ ᠤᠨ ᠴᠢᠬᠤᠯᠠ ᠲᠠᠪᠤᠨ ᠵᠢᠯ ᠪᠣᠯᠤᠨ᠎ᠠ᠃ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠪᠠ ᠬᠠᠲᠠᠭᠤ ᠪᠡᠷᠬᠡᠰᠢᠶᠡᠯᠲᠡᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ  ᠬᠢᠭᠡᠳ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠪᠦᠬᠦ ᠬᠤᠰᠢᠭᠤ ᠪᠠᠷ ᠢᠶᠠᠨ  ᠪᠦᠯᠬᠦᠮᠳᠡᠨ ᠲᠡᠮᠡᠴᠡᠵᠦ᠂  ︽ᠠᠷᠪᠠᠨ ᠭᠤᠷᠪᠠᠳᠤᠭᠠᠷ ᠲᠠᠪᠤᠨ ᠵᠢᠯ  ︾  ᠎ ᠤᠨ ᠭᠤᠣᠯ ᠬᠠᠷᠠᠯᠲᠠ ᠡᠭᠦᠷᠭᠡ ᠶᠢ ᠠᠮᠵᠢᠯᠲᠠ ᠲᠠᠢ  ᠪᠡᠶᠡᠯᠡᠬᠦᠯᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠠᠶᠢᠭᠤᠯᠬᠤ ᠭᠤᠣᠯ  ᠵᠢᠭᠠᠯᠳᠠ ᠲᠤᠭ᠎ᠠ ᠶᠢ ᠦᠨᠳᠦᠰᠦᠨ ᠳᠡᠭᠡᠨ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ  ᠡᠬᠦᠳᠦᠭᠰᠡᠨ ᠪᠠᠶᠢᠨ᠎ᠠ᠃   ᠭᠤᠤᠯ ᠪᠣᠯᠬᠤ ᠠᠵᠤ ᠠᠬᠤᠶ ᠶᠢᠨ  ᠵᠢᠭᠠᠯᠳᠠ ᠲᠤᠭᠠᠨ ᠤ ᠨᠡᠮᠡᠭᠳᠡᠯ ᠤᠨ ᠬᠤᠷᠳᠤᠴᠠ ᠲᠣᠭᠲᠠᠭᠤᠨ ᠤ ᠳᠤᠮᠳᠠ  ᠲᠡᠭᠡᠭᠰᠢᠯᠡᠨ᠂  ᠤᠷᠤᠨ ᠨᠤᠳᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠳᠤ 6.8 %᠎ ᠪᠠᠷ ᠨᠡᠮᠡᠭᠳᠡᠵᠦ ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 13.7 %  ᠎ ᠪᠠᠷ  ᠨᠡᠮᠡᠭᠳᠡᠨ᠂ ᠲᠣᠭᠲᠠᠮᠠᠯ ᠬᠥᠷᠥᠩᠭᠡ ᠎ ᠶᠢᠨ ᠪᠠᠯᠠ ᠣᠷᠣᠭᠤᠯᠤᠯᠲᠠ  10 %᠎ ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠶ  ᠬᠡᠮᠵᠢᠶ᠎ᠡ 8 %  ᠎ ᠪᠠᠷ  ᠨᠡᠮᠡᠭᠳᠡᠨ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ  ᠲᠤᠰᠪᠤᠷᠢ  5.8 % ᠪᠠ 9 %᠎ ᠪᠠᠷ ᠨᠡᠮᠡᠭᠳᠡᠪᠠ᠃ ᠨᠡᠶᠢᠲᠡ 230 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 122.6 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠦᠶᠯᠡᠳᠪᠦᠷᠢ ᠎ ᠶᠢᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ  ᠮᠡᠳᠡᠭᠳᠡᠮ᠎ᠡ ᠲᠡᠭᠡᠭᠰᠢᠯᠡᠵᠡᠢ᠃     ( ᠨᠢᠬᠡ ) ᠤᠨᠢᠨ ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠦᠨᠳᠦᠷ ᠠᠮᠵᠢᠯᠳᠠ ᠤᠯᠪᠠ᠃     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠢ ᠬᠢᠵᠦ ᠰᠢᠢᠳᠪᠦᠷᠢᠲᠦ ᠢᠯᠠᠯᠲᠠ ᠶᠢ ᠤᠯᠤᠭᠰᠠᠨ  ᠃   ᠨᠠᠷᠢᠯᠢᠭ ᠣᠨᠣᠪᠴᠢᠲᠠᠶ ᠪᠠᠷ ᠶᠠᠳᠠᠭᠤ ᠶᠢ ᠲᠡᠳᠬᠦᠬᠦ᠂  ᠨᠠᠷᠢᠯᠢᠭ ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ  ᠨᠢᠮᠪᠠᠢ ᠨᠠᠶᠢᠳᠠᠪᠤᠷᠢᠵᠢᠭᠤᠯᠵᠤ᠂  556 ᠨᠡᠷ᠎ᠡ ᠠᠵᠢᠯᠯᠠᠬᠤ ᠠᠩᠭᠢ ᠶᠢᠨ ᠭᠡᠰᠢᠭᠦᠨ ᠣᠷᠳᠣ ᠬᠤᠭᠤᠴᠠᠭ᠎ᠠ ᠪᠠᠷ ᠲᠣᠰᠬᠤᠨ ᠎ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢᠶᠠᠨ ᠦᠷᠨᠢᠬᠦᠯᠦᠨ᠂  1943 ᠨᠡᠷ᠎ᠡ ᠠᠵᠢᠯᠳᠠᠨ ᠶᠠᠳᠠᠭᠤ ᠬᠦᠴᠢᠷᠳᠡᠯᠲᠡᠶ ᠡᠷᠦᠬᠡ ᠶᠢ ᠲᠠᠭᠠᠭᠠᠴᠢᠯᠠᠨ ᠲᠡᠳᠬᠦᠭᠰᠡᠨ ᠪᠠᠶᠢᠨ᠎ᠠ᠃ ︽3 + 3  ︾ ᠠᠵᠤ ᠦᠶᠯᠡᠰ ᠢᠶᠠᠷ ᠶᠠᠳᠠᠭᠤ ᠎ ᠶᠢ ᠲᠡᠳᠬᠦᠬᠦ ᠲᠣᠭᠲᠠᠴᠠ ᠶᠢᠨ ᠰᠢᠨ᠎ᠡ ᠶᠢ ᠡᠭᠦᠳᠦᠨ ᠭᠡᠷᠡᠭᠵᠢᠬᠦᠯᠵᠦ  ᠂  ᠲᠠᠭᠠᠭᠤᠯᠤᠭᠴᠢ ᠠᠵᠤ ᠠᠬᠤᠶᠢᠯᠠᠯ ᠳᠤ  ᠲᠦᠰᠢᠭᠯᠡᠨ  ᠂ ᠡᠳ᠋ ᠬᠥᠷᠥᠩᠭᠡ  ᠎ ᠪᠠᠷ ᠢᠶᠠᠨ ᠠᠰᠢᠭ ᠬᠦᠷᠳᠡᠬᠦ᠂  ᠦᠬᠡᠷ ᠬᠤᠨᠢ  ᠨᠠᠶᠢᠳᠠᠵᠤ ᠮᠠᠯᠵᠢᠭᠤᠯᠬᠤ᠂  ᠶᠠᠳᠠᠭᠤ ᠶᠢ ᠲᠡᠳᠬᠦᠬᠦ ᠦᠶᠯᠡᠳᠪᠦᠷᠢ ᠶᠢᠨ ᠲᠠᠰᠤᠭ ᠪᠠᠶᠢᠭᠤᠯᠬᠤ᠂  ︽ᠲᠠᠭᠠᠭᠤᠯᠤᠭᠴᠢ ᠠᠵᠤ ᠠᠬᠤᠶᠢᠯᠠᠯ ᠤᠨ ᠠᠵᠢᠯ ᠣᠯᠭᠤᠯᠲᠠ + ᠠᠵᠤ ᠦᠶᠯᠡᠰ ᠤᠨ ᠰᠠᠭᠤᠷᠢᠨ ᠭᠠᠵᠠᠷ  ︾᠂  ︽ᠤᠨᠴᠠᠯᠢᠭᠳᠤ  ᠲᠠᠷᠢᠶᠠᠯᠠᠩ ᠮᠠᠯᠵᠢᠯ + ᠬᠦᠷᠢᠶ᠎ᠡ ᠬᠠᠰᠢᠶᠠᠨ ᠤ ᠠᠵᠤ ᠠᠬᠤᠶ + ᠡᠯᠧᠺᠲᠷᠣᠨ ᠬᠤᠳᠠᠯᠳᠤᠭ᠎ᠠ  ︾  ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠳᠡᠳᠬᠦᠬᠦ ᠬᠠᠮᠳᠤᠷᠠᠯᠴᠠᠭ᠎ᠠ  ᠵᠡᠷᠭᠡ  6 ᠵᠦᠶᠯ ᠤᠨ ᠶᠠᠳᠠᠭᠤ ᠶᠢ ᠳᠡᠳᠬᠦᠬᠦ ᠬᠡᠯᠪᠡᠷᠢ ᠪᠠᠷ ᠲᠠᠮᠵᠢᠨ  ᠂ ᠶᠠᠳᠠᠭᠤ ᠬᠦᠴᠢᠷᠳᠡᠯᠳᠡᠢ ᠬᠦᠮᠦᠨ ᠠᠮᠠ  ᠎ ᠶᠢᠨ  ᠠᠰᠢᠭ ᠤᠷᠤᠯᠭ᠎ᠠ ᠶᠢᠨ ᠨᠡᠮᠡᠭᠳᠡᠯ ᠤᠨ ᠰᠠᠭᠤᠷᠢ ᠶᠢ ᠪᠠᠳᠤ ᠴᠤᠭᠴᠠᠯᠠᠪᠠ᠃《 ᠬᠤᠶᠠᠷ ᠲᠤ ᠦᠯᠦ ᠵᠣᠪᠠᠭ᠋ᠤ  ᠂ ᠭᠤᠷᠪᠠ ᠶᠢ ᠵᠠᠪᠠᠯ ᠪᠠᠲᠤᠯᠠᠬᠤ 》 ᠲᠣᠪᠣᠶᠢᠮ᠎ᠠ ᠠᠰᠠᠭᠤᠳᠠᠯ ᠎ ᠳᠤ ᠠᠩᠬᠠᠷᠤᠯ ᠢᠶᠠᠨ ᠲᠥᠪᠯᠡᠷᠡᠭᠦᠯᠵᠦ᠂ 《 ᠠᠷᠪᠠ ᠶᠢ ᠪᠠᠷᠢᠮᠵᠢᠶ᠎ᠠ ᠳᠤ ᠬᠦᠷᠭᠡᠬᠦ 》 ᠵᠡᠷᠭᠡ ᠲᠤᠰᠬᠠᠢ ᠲᠦᠷᠦᠯ ᠎ ᠤᠨ ᠠᠵᠢᠯᠯᠠᠭ᠎ᠠ ᠶᠢ ᠭᠦᠨᠵᠡᠭᠡᠶ  ᠦᠷᠨᠢᠬᠦᠯᠦᠨ᠂ ᠣᠷᠣᠨ ᠰᠠᠭᠤᠴᠠ᠂  ᠤᠰᠤ ᠤᠮᠳᠠ  ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ  ᠎ ᠶᠢᠨ ᠪᠥᠬᠦ ᠲᠠᠯ᠎ᠠ ᠶᠢᠨ ᠪᠠᠲᠤᠯᠠᠭ᠎ᠠ ᠶᠢ ᠪᠡᠶᠡᠯᠡᠭᠦᠯᠪᠡ᠃  ᠨᠡᠶᠢᠲᠡ 2 .03 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ  ᠣᠷᠣᠭᠤᠯᠵᠤ᠂ 12 . 04  ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢ ᠪᠤᠢ ᠪᠤᠯᠭᠠᠵᠠᠢ  ᠂ ᠡᠭᠦᠨ ᠳᠤ ᠡᠷᠦᠬᠡ ᠳᠤ ᠬᠦᠷᠦᠭᠰᠡᠨ ᠬᠥᠷᠥᠩᠭᠡ 4 . 74 ᠳ᠋ᠦᠩᠰᠢᠭᠤᠷ ᠲᠥᠭᠦᠷᠢᠭ᠂ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠬᠥᠷᠥᠩᠭᠡ 2 . 8 ᠳ᠋ᠦᠩᠰᠢᠭᠤᠷ ᠲᠥᠭᠦᠷᠢᠭ᠂ ᠡᠵᠡᠩᠨᠡᠯᠲᠡ ᠶᠢᠨ ᠲᠥᠷᠥᠯ ᠤᠨ ᠬᠥᠷᠥᠩᠭᠡ 4.5 ᠳ᠋ᠦᠩᠰᠢᠭᠤᠷ ᠲᠥᠭᠦᠷᠢᠭ ᠲᠤ ᠬᠦᠷᠪᠡ᠃ ᠳ᠋ᠧ ᠴᠢᠩ ᠶᠤᠸᠠᠨ ᠠᠯᠲᠠᠨ ᠲᠠᠬᠢᠶ᠎ᠠ᠂ 2 . 4 ᠲᠦᠮᠡᠨ ᠺᠢᠯᠣᠸᠠᠲ ᠤᠨ ᠲᠦᠪᠯᠡᠷᠡᠮᠡᠯ ᠮᠠᠶ᠋ᠢᠭ ᠤᠨ ᠬᠡᠷᠡᠯ ᠴᠡᠨᠡᠭ ᠤᠨ ᠴᠠᠬᠢᠯᠭᠠᠨ ᠥᠷᠲᠡᠭᠡ᠂ 2.03 ᠲᠦᠮᠡᠨ ᠺᠢᠯᠣᠸᠠᠲ ᠤᠨ ᠲᠣᠰᠬᠤᠨ ᠤ ᠲᠠᠰ ᠤᠨ ᠬᠡᠷᠡᠯ ᠴᠡᠨᠡᠭ ᠤᠨ ᠴᠠᠬᠢᠯᠭᠠᠨ ᠥᠷᠲᠡᠭᠡ᠂ 12  ᠰᠠᠭᠤᠷᠢ ᠶᠠᠳᠠᠭᠤ ᠶᠢ ᠲᠡᠳᠬᠦᠬᠦ ᠦᠶᠯᠡᠳᠪᠦᠷᠢ ᠶᠢᠨ ᠲᠠᠰᠤᠭ ᠵᠢᠴᠢ ᠪᠤᠰᠤᠳ 17 ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠲᠥᠷᠥᠯ ᠤᠨ ᠲᠥᠷᠥᠯ ᠵᠦᠶᠯ ᠨᠢ ᠵᠢᠯ ᠪᠦᠷᠢ 4000 ᠲᠦᠮᠡᠨ ᠲᠥᠭᠦᠷᠢᠭ ᠤᠨ ᠲᠣᠭᠲᠠᠭᠤᠨ ᠠᠰᠢᠭ ᠣᠯᠵᠠᠪᠤᠷᠢ ᠶᠢ ᠪᠡᠶᠡᠯᠡᠬᠦᠯᠦᠭᠰᠡᠨ ᠪᠠᠶᠢᠨ᠎ᠠ᠃ ᠪᠥᠬᠦ ᠬᠤᠰᠢᠭᠤᠨ ᠤ 176 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠦᠬᠦᠨ ᠢᠶᠠᠷ ᠢᠶᠠᠨ 7 ᠲᠦᠮᠡᠨ ᠲᠥᠭᠦᠷᠢᠭ ᠢ ᠳᠠᠪᠠᠵᠤ᠂ 73 ᠭᠤᠤᠯᠳᠠᠯᠭ᠎ᠠ ᠲᠠᠢ ᠭᠠᠴᠠᠭ᠎ᠠ ᠲᠣᠰᠬᠤᠨ  ᠎ ᠤ ᠬᠠᠮᠲᠤ ᠶᠢᠨ ᠠᠵᠤ ᠠᠬᠤᠶ ᠎ ᠶᠢᠨ ᠣᠷᠣᠯᠭ᠎ᠠ ᠪᠦᠬᠦᠨ ᠢᠶᠠᠷ ᠢᠶᠠᠨ 20 ᠲᠦᠮᠡᠨ ᠲᠥᠭᠦᠷᠢᠭ ᠢ  ᠲᠠᠪᠠᠵᠠᠢ᠃  ᠭᠤᠷᠪᠠᠳᠠᠬᠢ ᠡᠲᠡᠭᠡᠳ  ᠎ ᠤᠨ ᠰᠢᠯᠭᠠᠨ ᠪᠠᠶᠢᠴᠠᠭᠠᠯᠳᠠ ᠪᠠ ᠤᠯᠤᠰ ᠤᠨ ᠨᠡᠶᠢᠳᠡᠮ ᠪᠠᠶᠢᠴᠠᠭᠠᠯᠳᠠ ᠶᠢ  ᠠᠮᠵᠢᠯᠳᠠᠳᠠᠢ ᠦᠩᠭᠡᠷᠡᠭᠡᠵᠦ  ᠂  9960 ᠡᠷᠦᠬᠡ  ᠂ 20837 ᠶᠠᠳᠠᠭᠤ ᠬᠦᠴᠢᠷᠳᠡᠯᠲᠡᠶ ᠬᠥᠮᠦᠨ ᠠᠮᠠ᠂  73 ᠶᠠᠳᠠᠭᠤ ᠬᠦᠴᠢᠷᠳᠡᠯᠲᠡᠶ ᠲᠣᠰᠬᠤᠨ  ᠪᠦᠬᠦᠨ  ᠎ ᠢᠶᠠᠷ ᠢᠶᠠᠨ ᠶᠠᠳᠠᠭᠤ ᠠᠴᠠ  ᠠᠩᠬᠢᠵᠢᠷᠠᠵᠤ᠂ 25 ᠵᠢᠯ ᠤᠨ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠬᠤᠰᠢᠭᠤ ᠶᠢᠨ ᠮᠠᠯᠠᠭᠠᠶ  ᠎ ᠪᠠᠨ ᠠᠪᠴᠤ ᠬᠠᠶᠠᠯ᠎ᠠ᠃ ᠴᠢᠶᠠᠨ ᠶᠢᠨ ᠭᠸᠤ ᠪᠠᠯᠭᠠᠰᠤ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠡᠷᠢᠭᠦᠨ ᠤ ᠬᠠᠮᠲᠤ  ᠎ ᠶᠢᠨ ᠢᠷᠠᠭᠤ ᠠᠯᠳᠠᠷ ᠢ ᠬᠦᠷᠳᠡᠵᠤ᠂ ᠪᠣᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠤ ᠨᠠᠮ ᠤᠨ ᠡᠭᠦᠷ ᠤᠨ ᠱᠦᠵᠢ ᠸᠠᠩ ᠸᠧᠨ ᠴᠧᠩ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ︽ᠤᠷᠤᠭᠰᠢᠯᠠᠯᠲᠠ︾ ᠱᠠᠩᠨᠠᠯ ᠢ  ᠲᠤᠰᠴᠤ᠂ ᠴᠢᠶᠠᠨ ᠶᠢᠨ ᠭᠸᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠼᠠᠢ ᠬᠦᠶ ᠯᠢᠨ ᠥᠪᠡᠷᠲᠡᠭᠡᠨ ᠵᠠᠰᠠᠬᠤ ᠣᠷᠣᠨ ᠤ 《 5.1 》 ᠬᠦᠳᠡᠯᠮᠦᠷᠢᠴᠢᠳ ᠤᠨ ᠮᠧᠳᠠᠯ ᠢ ᠲᠤᠰᠤᠭᠰᠠᠨ ᠪᠠᠶᠢᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠦᠷᠭᠦᠯᠵᠢᠯᠡᠨ ᠴᠢᠩᠭᠠᠷᠠᠭᠰᠠᠨ᠃  ᠠᠭᠠᠷ᠂ ᠤᠰᠤ᠂ ᠬᠦᠷᠦᠰᠦᠨ ᠤ ᠬᠠᠮᠠᠭᠠᠯᠠᠯᠳᠠ ᠶᠢᠨ ᠳᠠᠶᠢᠯᠠᠯᠳᠤᠭᠠᠨ ᠢ ᠦᠷᠭᠦᠯᠵᠢᠯᠡᠨ ᠦᠷᠨᠢᠬᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠱᠠᠭᠠᠷᠳᠠᠨ  ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ  ᠎ ᠳᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃  10  ᠲᠤᠨ  ᠪᠠ ᠲᠡᠬᠦᠨ ᠠᠴᠠ ᠪᠠᠭ᠎ᠠ ᠬᠡᠮᠵᠢᠶ᠎ᠡ ᠲᠠᠢ ᠨᠡᠭᠦᠷᠡᠰᠦ ᠰᠢᠲᠠᠭᠠᠬᠤ ᠵᠤᠤᠬ᠎ᠠ  21᠎ ᠶᠢ ᠰᠢᠭᠰᠢᠭᠳᠡᠭᠦᠯᠵᠦ᠂ ᠠᠭᠠᠷ ᠎ ᠤᠨ  ᠴᠢᠨᠰᠠᠭᠠᠨ ᠤ  ᠰᠢᠯᠢᠳᠡᠭᠵᠢᠯ ᠤᠨ ᠨᠣᠷᠮ᠎ᠠ 95.6 %᠎ ᠳᠤ  ᠬᠦᠷᠴᠡᠢ᠃  ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂  ᠤᠤᠭᠤᠬᠤ ᠤᠰᠤᠨ ᠤ ᠡᠬᠢ ᠰᠤᠷᠪᠤᠯᠵᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ  ᠴᠢᠩᠭᠠᠷᠠᠭᠤᠯᠪᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ 《 ᠳᠥᠷᠪᠡ ᠶᠢ  ᠡᠵᠡᠮᠳᠡᠬᠦ 》 ᠠᠷᠭ᠎ᠠ ᠠᠪᠴᠢᠯ ᠎ ᠢ ᠴᠢᠩᠭ᠎ᠠ ᠨᠠᠶᠢᠳᠠᠪᠤᠷᠢᠵᠢᠭᠤᠯᠤᠨ᠂ ᠭᠤᠤᠯ ᠪᠣᠯᠬᠤ ᠲᠠᠷᠢᠮᠠᠯ ᠳᠤ ᠬᠢᠮᠢ ᠶᠢᠨ ᠪᠣᠷᠲᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠦᠷᠬᠦᠯᠵᠢᠯᠡᠨ ᠪᠠᠭᠠᠰᠬᠠᠪᠠ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠶᠯ ᠢ   ᠭᠡᠷᠡᠭᠵᠢᠬᠦᠯᠵᠦ᠂ ᠢᠯᠭᠠᠳᠠᠰᠤ ᠶᠢᠨ ᠪᠣᠬᠢᠷᠲᠤᠯ ᠢ ᠰᠢᠶᠳᠪᠦᠷᠢᠯᠡᠬᠦ ᠲᠣᠨᠤᠭ ᠲᠥᠬᠦᠭᠡᠷᠦᠮᠵᠢ ᠶᠢᠨ ᠢᠵᠢ  ᠪᠦᠷᠢᠳᠦᠯ ᠤᠨ ᠨᠣᠷᠮ᠎ᠠ  ᠪᠠ  ᠶᠡᠷᠦᠩᠬᠡᠶᠢᠯᠡᠨ ᠠᠰᠢᠭᠯᠠᠬᠤ ᠨᠣᠷᠮ᠎ᠠ ᠮᠡᠳᠡᠭᠳᠡᠬᠦᠶᠢᠴᠡ ᠨᠡᠮᠡᠭᠳᠡᠭᠰᠡᠨ ᠪᠠᠶᠢᠨ᠎ᠠ᠃  ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠭᠦᠭᠡᠬᠦ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠎ ᠶᠢ ᠪᠠᠳᠤᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ ᠬᠠᠮᠠᠭᠠᠯᠠᠯᠲᠠ ᠎ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠪᠠ᠃  《 ᠤᠢ ᠮᠤᠳᠤᠨ ᠤ ᠲᠠᠷᠤᠭ᠎ᠠ  ᠎ ᠶᠢᠨ ᠲᠦᠷᠢᠮ︾᠎ ᠢ ᠨᠢᠮᠪᠠᠢ  ᠭᠡᠷᠡᠭᠵᠢᠬᠦᠯᠦᠨ  ᠂ 21.6 ᠲᠦᠮᠡᠨ ᠮᠦ ᠭᠤᠣᠯᠳᠠᠯᠭ᠎ᠠ ᠲᠠᠢ ᠣᠢ ᠰᠢᠭᠤᠢ ᠶᠢᠨ ᠢᠨᠵᠧᠨᠧᠷᠢᠩ ᠢ  ᠪᠡᠶᠡᠯᠡᠬᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ ᠪᠠ ᠣᠢ ᠰᠢᠭᠤᠢ ᠶᠢᠨ ᠪᠦᠷᠬᠦᠴᠡ ᠶᠢᠨ ᠨᠣᠷᠮ᠎ᠠ《 ᠬᠤᠣᠰ ᠳᠡᠭᠡᠭᠰᠢᠯᠡᠯᠲᠡ 》᠎ ᠲᠠᠢ ᠪᠤᠯᠪᠠ  ᠃ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ  ᠡᠷᠴᠢᠮ ᠪᠦᠳᠦᠮᠵᠢ ᠲᠠᠢ ᠶᠠᠪᠤᠭᠳᠠᠭᠰᠠᠨ᠃  《 ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ 》 ᠪᠣᠭᠤᠮᠲᠠ ᠶᠢ ᠴᠢᠩᠭ᠎ᠠ ᠰᠠᠬᠢᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠡᠷᠭᠡᠶᠢᠯᠡᠯᠳᠡ ᠡᠵᠡᠮᠳᠡᠯ ᠤᠨ ᠰᠢᠰᠲ᠋ᠧᠮᠵᠢ ᠶᠢ  ᠪᠠᠶᠢᠭᠤᠯᠤᠨ᠂ 《 ᠨᠢᠬᠡ ᠶᠢ ᠴᠤ ᠣᠷᠣᠭᠤᠯᠬᠤ ᠥᠬᠡᠶ 》 ᠬᠠᠷᠠᠯᠲᠠ  ᠎ ᠶᠢ ᠪᠡᠶᠡᠯᠡᠬᠦᠯᠵᠡᠢ᠃ ᠬᠢᠵᠢᠭ  ᠰᠡᠷᠭᠡᠶᠢᠯᠡᠯᠳᠡ ᠶᠢ ᠪᠠᠶᠢᠩᠭᠤᠵᠢᠭᠤᠯᠬᠤ ᠲᠣᠭᠲᠠᠴᠠ ᠶᠢ ᠲᠡᠬᠦᠯᠳᠡᠷᠵᠢᠬᠦᠯᠵᠦ᠂  PCR ᠪᠥᠭᠡᠮ ᠬᠦᠴᠢᠯ  ᠎ ᠤᠨ  ᠪᠠᠶᠢᠴᠠᠭᠠᠯᠳᠠ ᠶᠢᠨ ᠲᠠᠰᠤᠭ 2᠎ ᠢ ᠪᠠᠶᠢᠭᠤᠯᠵᠤ ᠠᠰᠢᠭᠯᠠᠯᠲᠠ ᠳᠤ  ᠤᠷᠤᠭᠤᠯᠪᠠ᠃  ᠵᠠᠰᠠᠭ  ᠎ ᠤᠨ ᠣᠷᠳᠣᠨ ᠤ ᠥᠷᠢ ᠥᠭᠴᠡᠭᠡ ᠶᠢ ᠨᠡᠶᠢᠲᠡ 6 . 96 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠥᠷᠢ ᠥᠭᠴᠡᠭᠡ ᠶᠢᠨ ᠬᠡᠮᠵᠢᠶ᠎ᠡ ᠶᠢ  ᠵᠦᠢ ᠵᠤᠬᠢᠰᠳᠠᠢ  ᠬᠡᠪᠴᠢᠶᠡᠨ ᠳᠤ ᠪᠠᠶᠢᠯᠭᠠᠪᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠨᠡᠶᠢᠲᠡ 19 . 15 ᠳ᠋ᠦᠩᠰᠢᠭᠤᠷ ᠲᠥᠭᠦᠷᠢᠭ ᠡᠷᠡᠮᠡᠯᠵᠡᠯᠡᠨ ᠣᠯᠵᠤ᠂ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠨᠡᠶᠢᠲᠡ ᠶᠢᠨ ᠠᠰᠠᠷᠠᠮᠵᠢ ᠶᠢᠨ ᠠᠵᠢᠯ ᠦᠶᠯᠡᠰ ᠤᠨ ᠡᠷᠡᠭᠦᠯ ᠢᠶᠠᠷ ᠬᠥᠭᠵᠢᠬᠦ ᠶᠢ ᠪᠠᠳᠤᠯᠠᠭᠰᠠᠨ ᠪᠠᠶᠢᠨ᠎ᠠ᠃     ( ᠬᠤᠶᠠᠷ ) ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠠᠯᠬᠤᠮ ᠠᠯᠬᠤᠮ ᠢᠶᠠᠷ ᠰᠢᠯᠢᠳᠡᠭᠵᠢᠬᠦᠯᠪᠡ᠃     ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠲᠦᠪᠰᠢᠨ ᠢᠯᠡᠳᠲᠡ ᠲᠡᠭᠡᠭᠰᠢᠯᠡᠭᠰᠡᠨ᠃  ᠪᠦᠬᠦ ᠠᠶᠢᠮᠠᠭ ᠤᠨ《 ᠬᠤᠨᠢ ᠶᠢ ᠴᠥᠭᠡᠳᠬᠡᠨ ᠦᠬᠡᠷ ᠢ ᠦᠰᠭᠡᠬᠦ》 ᠠᠵᠢᠯ ᠤᠨ ᠪᠠᠶᠢᠷᠢᠯᠠᠭᠤᠯᠤᠯᠲᠠ ᠪᠠ 《 ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠬᠤ 》 ᠬᠥᠭᠵᠢᠯᠲᠡ ᠶᠢᠨ ᠰᠡᠳᠬᠢᠴᠡ ᠶᠢ  ᠨᠢᠮᠪᠠᠢ ᠨᠠᠶᠢᠳᠠᠪᠤᠷᠢᠵᠢᠭᠤᠯᠵᠤ  ᠂ ᠲᠠᠪᠤᠨ ᠵᠢᠯ ᠳᠤ 21 . 6 ᠲᠦᠮᠡᠨ ᠬᠤᠨᠢ ᠶᠢ  ᠴᠦᠬᠡᠳᠬᠡᠨ  ᠂  ᠰᠠᠶᠢᠨ ᠡᠭᠦᠯᠳᠡᠷ ᠤᠨ ᠮᠢᠬᠠᠨ ᠤ ᠦᠬᠡᠷ ᠤᠨ ᠲᠤᠭ᠎ᠠ ᠲᠣᠯᠣᠭᠠᠢ  12 ᠲᠦᠮᠡ ᠳᠤ  ᠬᠦᠷᠴᠦ᠂ 《 ᠭᠤᠷᠪᠠᠨ ᠨᠣᠭᠤᠭᠠᠨ 》 ᠲᠠᠷᠢᠮᠠᠯ ᠤᠨ ᠲᠠᠯᠠᠪᠠᠢ  12 . 8 ᠲᠦᠮᠡᠨ ᠮᠦ ᠨᠡᠮᠡᠭᠳᠡᠵᠦ᠂ ᠮᠠᠯᠴᠢᠨ ᠲᠠᠷᠢᠶᠠᠴᠢᠨ ᠤ ᠮᠠᠯ ᠠᠵᠤ ᠠᠬᠤᠢ ᠶᠢᠨ ᠣᠷᠣᠯᠭ᠎ᠠ ᠶᠢᠨ  ᠡᠵᠡᠯᠡᠬᠦ ᠬᠠᠷᠢᠴᠠᠯ  21 ᠵᠠᠭᠤᠨ ᠤ ᠬᠤᠪᠢ ᠶᠢᠨ ᠴᠡᠭ ᠲᠡᠭᠡᠭᠰᠢᠯᠡᠵᠡᠢ᠃ 《 ᠲᠠᠭᠠᠭᠤᠯᠤᠭᠴᠢ ᠠᠵᠤ ᠠᠬᠤᠶᠢᠯᠠᠯ + ᠰᠠᠭᠤᠷᠢᠨ ᠭᠠᠵᠠᠷ 》 ᠮᠠᠶ᠋ᠢᠭ ᠤᠨ ᠠᠵᠤ  ᠦᠢᠯᠡᠵᠢᠭᠰᠡᠨ ᠠᠵᠤ ᠠᠬᠤᠶ ᠶᠢ ᠶᠡᠬᠡᠪᠡᠷ  ᠬᠦᠭᠵᠢᠬᠦᠯᠵᠦ᠂  7 ᠦᠶᠯᠡᠳᠪᠦᠷᠢᠯᠡᠬᠦ ᠡᠳ᠋ᠰᠢᠭᠦᠯᠬᠦ ᠪᠣᠷᠣᠯᠠᠭᠤᠯᠬᠤ ᠬᠡᠯᠬᠢᠶᠡᠰᠦ ᠠᠩᠬ᠎ᠠ ᠠᠯᠬᠤᠮ ᠭᠡᠪᠴᠢᠶᠡᠵᠢᠭᠡᠳ᠂ ᠬᠤᠩ ᠵᠢᠩ ᠶᠤᠸᠠᠨ ᠲᠤᠰᠤᠨ ᠤ ᠦᠢᠯᠡᠰ ᠢᠶᠠᠷ  7.5 ᠲᠦᠮᠡᠨ ᠮᠥ ᠴᠢᠨᠠᠷ ᠬᠤᠮᠠ ᠲᠠᠷᠢᠬᠤ ᠶᠢ ᠳᠠᠶᠢᠴᠢᠯᠠᠵᠤ᠂ ᠭᠧ  ᠷᠦᠢ  ᠳ᠋ᠧ ᠲᠦᠮᠦᠰᠦᠨ ᠤ ᠦᠶᠯᠡᠰ ᠢᠶᠠᠷ  5  ᠲᠦᠮᠡᠨ ᠮᠥ ᠲᠦᠮᠦᠰᠦ ᠲᠠᠷᠢᠬᠤ ᠶᠢ  ᠲᠠᠶᠢᠴᠢᠯᠠᠨ  ᠂ ᠪᠠᠶ ᠬᠤᠶ ᠱᠧᠩ ᠰᠢᠬᠢᠷ ᠤᠨ ᠦᠶᠯᠡᠰ ᠢᠶᠠᠷ   8.6 ᠲᠦᠮᠡᠨ ᠮᠥ ᠰᠢᠬᠢᠷ ᠯᠤᠤᠪᠠᠩ ᠲᠠᠷᠢᠬᠤ ᠶᠢ ᠳᠠᠶᠢᠴᠢᠯᠠᠵᠤ᠂ ᠱᠧᠩ ᠲᠠᠢ ᠡᠮ ᠤᠨ ᠦᠶᠯᠡᠰ ᠢᠶᠠᠷ 1 ᠲᠦᠮᠡᠨ ᠮᠥ  ᠡᠪᠡᠰᠦᠨ ᠡᠮ ᠲᠠᠷᠢᠬᠤ ᠶᠢ  ᠲᠠᠶᠢᠴᠢᠯᠠᠨ᠂ ᠬᠤᠸᠠ ᠱᠧᠩ  ᠪᠣᠬᠢᠷᠲᠤᠯ ᠥᠬᠡᠶ ᠡᠨᠧᠷᠭᠢ ᠶᠢᠨ  ᠠᠵᠤ ᠦᠢᠯᠡᠰ ᠢᠶᠠᠷ 5 ᠲᠦᠮᠡᠨ ᠮᠥ  ᠵᠢᠮᠢᠰ ᠨᠣᠭᠤᠭ᠎ᠠ ᠲᠠᠷᠢᠬᠤ ᠎ ᠶᠢ ᠲᠠᠶᠢᠴᠢᠯᠠᠵᠤ᠂  ᠿᠢ ᠱᠧᠩ ᠴᠠᠩ  ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠦᠢᠯᠡᠰ ᠢᠶᠠᠷ 10 ᠲᠦᠮᠡᠨ ᠮᠤ᠋ ᠨᠠᠷᠠᠨ ᠬᠤᠸᠠᠷ ᠲᠠᠷᠢᠬᠤ ᠶᠢ ᠲᠠᠶᠢᠴᠢᠯᠠᠪᠠ᠃  ᠡᠦ ᠹᠧᠩ ᠺᠤᠮᠫᠠᠨᠢ ᠶᠢᠨ 2000  ᠦᠬᠡᠷ ᠤᠨ ᠭᠡᠪᠴᠢᠶ᠎ᠡ ᠲᠠᠢ ᠲᠡᠵᠢᠭᠡᠨ ᠦᠷᠡᠵᠢᠭᠦᠯᠬᠦ ᠲᠠᠯᠠᠪᠠᠢ ᠠᠰᠢᠭᠯᠠᠯᠲᠠ ᠳᠤ ᠣᠷᠣᠵᠤ᠂ 2000  ᠦᠬᠡᠷ  ᠎ ᠤᠨ ᠭᠡᠪᠴᠢᠶ᠎ᠠ ᠲᠠᠢ ᠪᠣᠷᠳᠣᠨ ᠲᠠᠷᠭᠤᠯᠠᠭᠤᠯᠬᠤ ᠦᠢᠯᠡᠳᠪᠦᠷᠢ  2᠎ ᠢ ᠪᠠᠶᠢᠭᠤᠯᠤᠭᠠᠳ᠂ 15 ᠡᠷᠦᠬᠡ ᠲᠠᠢ ᠵᠠᠭᠤ ᠠᠴᠠ ᠲᠡᠭᠡᠭᠰᠢ ᠦᠬᠡᠷ ᠮᠠᠯᠵᠢᠬᠤ ᠭᠡᠷ᠎ᠡ ᠲᠣᠭᠲᠠᠪᠠ᠃ ᠲᠠᠷᠢᠶᠠᠯᠠᠩ ᠮᠠᠯᠵᠢᠯ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠡᠳᠦᠷ ᠢᠷᠡᠬᠦᠶ᠎ᠡ ᠨᠢᠭᠲᠠᠷᠠᠵᠤ᠂ ᠲᠠᠷᠢᠵᠤ  ᠮᠠᠯᠵᠢᠬᠤ ᠦᠢᠯᠡᠰ ᠤᠨ  ᠭᠡᠪᠴᠢᠶᠡᠵᠢᠭᠰᠡᠨ  ᠮᠠᠰᠢᠨᠴᠢᠯᠠᠭᠰᠠᠨ ᠵᠣᠬᠢᠶᠠᠨ ᠪᠠᠶᠢᠭᠤᠯᠤᠯᠵᠢᠭᠰᠠᠨ  ᠪᠣᠬᠢᠷᠲᠤᠯ ᠦᠬᠡᠶᠢᠵᠢᠭᠰᠡᠨ  ᠬᠢᠷᠢ ᠲᠦᠪᠰᠢᠨ ᠲᠠᠰᠤᠷᠠᠯᠲᠠ ᠥᠬᠡᠶ  ᠲᠡᠭᠡᠭᠰᠢᠯᠡᠵᠡᠢ᠃ ᠠᠵᠤ ᠦᠶᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠬᠦᠨᠵᠡᠬᠡᠢ ᠠᠬᠢᠭᠰᠠᠨ᠃ ᠠᠷᠠᠯᠵᠢᠶᠠᠴᠢᠨ ᠤᠷᠢᠬᠤ᠂ ᠠᠵᠤ ᠦᠢᠯᠡᠰ ᠪᠣᠶᠢᠵᠢᠭᠤᠯᠬᠤ ᠶᠢ ᠪᠦᠬᠦ ᠬᠦᠴᠦᠨ ᠢᠶᠠᠷ ᠠᠳᠬᠤᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡᠭ ᠣᠷᠣᠭᠤᠯᠤᠯᠲᠠ ᠲᠠᠢ ᠭᠤᠣᠯᠳᠠᠯᠭ᠎ᠠ ᠲᠠᠢ ᠲᠥᠷᠥᠯ ᠵᠦᠢᠯ 19᠎ ᠶᠢ  ᠤᠷᠤᠭᠤᠯᠤᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ 16 ᠪᠤᠯᠵᠤ᠂  ᠠᠵᠤ ᠦᠢᠯᠡᠳᠪᠦᠷᠢ ᠶᠢᠨ ᠭᠠᠶᠢᠯᠢ ᠶᠢᠨ ᠬᠤᠷᠢᠶᠠᠯᠳᠠ ᠶᠢᠨ ᠡᠵᠡᠯᠡᠬᠦ ᠬᠠᠷᠢᠴᠠᠯ 45 %᠎ ᠶᠢ ᠳᠠᠪᠠᠪᠠ᠃ ᠲᠠᠯ᠎ᠠ ᠨᠤᠲᠤᠭ ᠠᠷᠢᠬᠢᠨ ᠦᠢᠯᠡᠳᠪᠦᠷᠢ᠂ ᠬᠤᠩ ᠵᠢᠩ ᠶᠤᠸᠠᠨ ᠲᠤᠰᠤᠨ ᠤ ᠦᠢᠯᠡᠳᠪᠦᠷᠢ ᠶᠢ ᠨᠡᠭᠦᠯᠭᠡᠨ ᠥᠷᠭᠡᠳᠬᠡᠬᠦ ᠥᠭᠡᠷᠡᠴᠢᠯᠡᠯᠲᠡ ᠤᠷᠤᠭᠰᠢᠲᠠᠶ  ᠪᠡᠶᠡᠯᠡᠭᠳᠡᠵᠦ᠂  ᠦᠢᠯᠡᠳᠪᠦᠷᠢᠯᠡᠯ ᠤᠨ ᠴᠢᠳᠠᠪᠤᠷᠢ᠂ ᠮᠡᠷᠭᠡᠵᠢᠯ ᠲᠣᠨᠣᠭᠯᠠᠯ  ᠎ ᠤᠨ ᠬᠢᠷᠢ  ᠲᠦᠪᠰᠢᠨ᠂ ᠦᠶᠯᠡᠳᠬᠦᠨ ᠤ ᠶᠠᠰᠤ ᠴᠢᠨᠠᠷ ᠪᠠ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠡᠬᠡᠪᠡᠷ ᠲᠡᠭᠡᠭᠰᠢᠯᠡᠵᠡᠢ᠃   ᠡᠤ  ᠹᠧᠩ ᠺᠤᠮᠫᠠᠨᠢ  10 ᠲᠦᠮᠡᠨ  ᠰᠠᠶᠢᠨ ᠡᠭᠦᠯᠳᠡᠷ ᠤᠨ ᠮᠢᠬᠠᠨ ᠤ ᠦᠬᠡᠷ ᠤᠨ ᠦᠢᠯᠡᠳᠪᠦᠷᠢᠯᠡᠯ ᠤᠨ ᠱᠤᠭᠤᠮ ᠢ ᠲᠤᠷᠰᠢᠨ ᠠᠵᠢᠯᠯᠠᠭᠤᠯᠵᠤ᠂  ᠳ᠋ᠧ ᠴᠢᠩ ᠶᠤᠸᠠᠨ ᠺᠤᠮᠫᠠᠨᠢ ᠡᠳᠦᠷ ᠲᠤ 180 ᠲᠦᠮᠡᠨ ᠦᠨᠳᠡᠭᠡᠨ ᠤ ᠬᠤᠷᠢᠶᠠᠯᠳᠠ ᠲᠠᠢ ᠪᠤᠯᠵᠤ᠂ ᠪᠠᠢ ᠬᠤᠢ ᠱᠧᠩ  ᠺᠤᠮᠫᠠᠨᠢ 12 ᠲᠦᠮᠡᠨ ᠲᠣᠨ ᠴᠠᠭᠠᠨ ᠰᠢᠬᠢᠷ  ᠦᠢᠯᠡᠳᠪᠦᠷᠢᠯᠡᠨ᠂  ᠦᠢᠯᠡᠳᠪᠦᠷᠢᠯᠡᠯ  ᠎ ᠤᠨ ᠥᠷᠲᠡᠭ ᠨᠢ 7 ᠳ᠋ᠦᠩᠰᠢᠭᠤᠷ ᠲᠥᠭᠦᠷᠢᠭ ᠲᠠᠪᠠᠵᠠᠢ᠃  ᠱᠧᠩ ᠲᠠᠢ ᠡᠯ ᠺᠤᠮᠫᠠᠨᠢ ᠵᠢᠯ ᠳᠤ 3 ᠲᠦᠮᠡᠨ ᠲᠣᠨ ᠲᠡᠵᠢᠭᠡᠯ ᠪᠣᠷᠳᠣᠭᠠᠨ ᠤ ᠨᠡᠮᠡᠯᠲᠡ ᠡᠳ᠋  ᠪᠤᠯᠪᠠᠰᠤᠷᠠᠭᠤᠯᠬᠤ ᠴᠢᠳᠠᠮᠵᠢ ᠲᠠᠢ ᠪᠤᠯᠵᠤ᠂ 3 ᠳ᠋ᠦᠩᠰᠢᠭᠤᠷ ᠲᠥᠭᠦᠷᠢᠭ  ᠦᠢᠯᠡᠳᠪᠦᠷᠢᠯᠡᠯ ᠤᠨ ᠥᠷᠲᠡᠭ  ᠪᠡᠶᠡᠯᠡᠬᠦᠯᠦᠨ᠂  ᠴᠠᠭᠠᠰᠤ ᠰᠦᠯᠢᠶᠣᠣ ᠎ ᠶᠢᠨ ᠠᠵᠤ ᠦᠢᠯᠡᠰ ᠤᠨ ᠬᠦᠷᠢᠶᠡᠯᠡᠩ  ᠎ ᠳᠠᠬᠢ 12 ᠠᠵᠤ ᠠᠬᠤᠶᠢᠯᠠᠯ ᠤᠨ ᠦᠢᠯᠡᠳᠪᠦᠷᠢᠯᠡᠯ ᠲᠣᠭᠲᠠᠭᠤᠨ ᠢᠶᠠᠷ  ᠶᠠᠪᠤᠭᠳᠠᠵᠤ᠂ ᠵᠢᠯ ᠤᠨ ᠦᠢᠯᠡᠳᠪᠦᠷᠢᠯᠡᠯ ᠤᠨ ᠥᠷᠲᠡᠭ 1.5 ᠳ᠋ᠦᠩᠰᠢᠭᠤᠷ ᠲᠥᠭᠦᠷᠢᠭ  ᠲᠠᠪᠠᠵᠠᠢ᠃ ᠵᠢᠯ ᠳᠤ 66 ᠳ᠋ᠦᠩᠰᠢᠭᠤᠷ ᠺᠠᠷᠠᠲ  ᠬᠢᠮᠡᠯ ᠠᠯᠮᠠᠰ ᠦᠢᠯᠡᠳᠪᠦᠷᠢᠯᠡᠬᠦ ᠲᠥᠷᠥᠯ ᠵᠦᠢᠯ  ᠎ ᠨᠢ 10 ᠲᠦᠮᠡᠨ  ᠬᠠᠪᠳᠠᠭᠠᠢ ᠳᠥᠷᠪᠡᠯᠵᠢᠨ ᠮᠧᠲᠷ ᠤᠨ ᠦᠶᠯᠡᠳᠪᠦᠷᠢ ᠶᠢᠨ ᠭᠡᠷ ᠪᠠᠶᠢᠰᠢᠩ ᠢ  ᠪᠠᠶᠢᠭᠤᠯᠤᠨ᠂  2 ᠦᠢᠯᠡᠳᠪᠦᠷᠢᠯᠡᠯ ᠤᠨ ᠱᠤᠭᠤᠮ  ᠂  60 ᠲᠤᠮᠤ ᠮᠠᠰᠢᠨ ᠲᠦᠬᠦᠭᠡᠷᠦᠮᠵᠢ  ᠎ ᠶᠢ ᠲᠤᠷᠰᠢᠨ  ᠠᠵᠢᠯᠯᠠᠭᠤᠯᠵᠤ᠂  ᠺᠧ ᠲᠠᠢ ᠯᠦᠩ ᠳ᠋ᠠ  ᠤᠰᠤ ᠴᠡᠪᠡᠷᠰᠢᠭᠦᠯᠬᠦ ᠲᠥᠬᠦᠭᠡᠷᠦᠮᠵᠢ ᠶᠢᠨ ᠦᠶᠯᠡᠳᠪᠦᠷᠢᠯᠡᠯ ᠤᠨ ᠱᠤᠭᠤᠮ ᠢ  ᠪᠠᠶᠢᠭᠤᠯᠤᠨ ᠠᠰᠢᠭᠯᠠᠯᠲᠠ ᠳᠤ ᠤᠷᠤᠭᠤᠯᠪᠠ ᠃  85 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ  ᠎ ᠤ ᠲᠦᠷᠦᠯ ᠵᠦᠢᠯ ᠢ ᠰᠢᠨ᠎ᠡ ᠪᠠᠷ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂  ᠵᠠᠭᠤᠨ ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠤᠨ ᠪᠦᠲᠦᠭᠡᠬᠦ ᠬᠠᠷᠠᠯᠲᠠ ᠪᠡᠶᠡᠯᠡᠭᠳᠡᠪᠡ  ᠃ ᠪᠤᠤᠴᠠᠩ ᠤᠨ ᠲᠡᠭᠡᠳᠦ  ᠰᠢᠨ᠎ᠡ ᠮᠡᠷᠭᠡᠵᠢᠯ ᠤᠨ ᠠᠵᠤ ᠦᠢᠯᠡᠰ ᠎ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠥᠷᠥᠯ ᠤᠨ  ᠤᠷᠤᠨ ᠲᠣᠭᠤᠷᠢᠭ ᠪᠣᠯᠤᠨ ᠳᠡᠰ ᠳᠡᠪᠰᠢᠵᠦ᠂ ᠣᠷᠣᠵᠤ  ᠨᠤᠳᠤᠭᠰᠢᠭᠰᠠᠨ ᠠᠵᠤ ᠠᠬᠤᠶᠢᠯᠠᠯ 17  ᠪᠠᠶᠢᠭᠰᠠᠨ ᠠᠴᠠ ᠪᠠᠨ 55  ᠪᠤᠯᠵᠤ ᠨᠡᠮᠡᠭᠳᠡᠨ  ᠂ ᠠᠵᠤ ᠦᠶᠯᠡᠳᠪᠦᠷᠢ ᠶᠢᠨ ᠲᠥᠷᠥᠯ ᠵᠦᠢᠯ 4 ᠶᠡᠭᠡ ᠲᠥᠷᠥᠯ  ᠎ ᠠᠴᠠ ᠪᠠᠨ 10 ᠶᠡᠭᠡ ᠲᠥᠷᠥᠯ ᠪᠣᠯᠤᠨ ᠨᠡᠮᠡᠭᠳᠡᠵᠦ᠂ ᠠᠵᠤ ᠦᠶᠯᠡᠳᠪᠦᠷᠢ ᠶᠢᠨ  ᠪᠦᠳᠦᠭᠡᠭᠳᠡᠬᠦᠨ 10 ᠵᠦᠢᠯ ᠪᠠᠶᠢᠭᠰᠠᠨ ᠠᠴᠠ ᠪᠠᠨ ᠵᠠᠭᠤ ᠭᠠᠷᠤᠢ ᠵᠦᠢᠯ ᠪᠣᠯᠤᠨ ᠨᠡᠮᠡᠭᠳᠡᠵᠦ᠂   ᠬᠦᠷᠢᠶᠡᠯᠡᠩ ᠳᠤ ᠠᠵᠢᠯ ᠤᠯᠤᠭᠰᠠᠳ 1500 ᠪᠠᠶᠢᠭᠰᠠᠨ ᠠᠴᠠ ᠪᠠᠨ 3100 ᠬᠥᠮᠦᠨ ᠪᠤᠯᠵᠤ ᠨᠡᠮᠡᠭᠳᠡᠨ᠂ ᠮᠠᠯ ᠤᠨ ᠠᠰᠢᠭ ᠰᠢᠮ᠎ᠡ ᠲᠠᠷᠢᠶᠠᠯᠠᠩ  ᠎ ᠤᠨ ᠪᠦᠲᠦᠭᠡᠭᠳᠡᠬᠦᠨ᠂ ᠲᠣᠨᠤᠭ ᠲᠥᠬᠦᠭᠡᠷᠦᠮᠵᠢ  ᠂ ᠰᠢᠨ᠎ᠡ ᠮᠠᠲ᠋ᠧᠷᠢᠶᠠᠯ᠂  ᠲᠡᠭᠡᠳᠦ ᠰᠢᠨ᠎ᠡ ᠮᠡᠷᠭᠡᠵᠢᠯ ᠪᠣᠯᠤᠨ ᠬᠥᠩᠭᠡᠨ ᠠᠵᠤ ᠦᠶᠯᠡᠳᠪᠦᠷᠢ ᠪᠠᠷᠢᠯᠭ᠎ᠠ ᠶᠢᠨ ᠮᠠᠲ᠋ᠧᠷᠢᠶᠠᠯ ᠎ ᠤᠨ ᠠᠵᠢᠯ ᠲᠥᠷᠥᠯ ᠢᠶᠠᠷ  ᠪᠦᠷᠢᠯᠳᠦᠴᠡ ᠪᠣᠯᠭᠠᠭᠰᠠᠨ᠂ ᠴᠠᠬᠢᠯᠭᠠᠨ᠂ ᠠᠷᠢᠬᠢ᠂ ᠰᠢᠬᠢᠷ᠂ ᠲᠣᠰᠣ᠂ ᠥᠨᠳᠡᠭᠡ᠂ ᠮᠢᠬ᠎ᠠ᠂ ᠡᠮ᠂ ᠰᠦᠯᠢᠶᠣᠣ ᠪᠠᠷ ᠲᠤᠯᠭᠠᠭᠤᠷᠢ ᠪᠣᠯᠭᠠᠭᠰᠠᠨ ᠣᠳᠣ ᠦᠶ᠎ᠡ ᠶᠢᠨ ᠠᠵᠤ ᠦᠶᠯᠡᠳᠪᠦᠷᠢ ᠶᠢᠨ ᠰᠢᠰᠲ᠋ᠧᠮ ᠠᠩᠬ᠎ᠠ ᠠᠯᠬᠤᠮ ᠲᠦᠯᠦᠪᠰᠢᠭᠰᠡᠨ ᠪᠠᠶᠢᠨ᠎ᠠ᠃  ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠦᠷᠨᠢᠬᠦᠨ ᠬᠦᠭᠵᠢᠭᠰᠡᠨ᠃ ᠪᠦᠬᠦ ᠣᠷᠣᠨ ᠪᠦᠰᠡ ᠶᠢᠨ ᠵᠢᠭᠤᠯᠴᠢᠯᠠᠯ  ᠎ ᠤᠨ ᠡᠷᠡᠭᠦᠯ ᠬᠥᠭᠵᠢᠯᠲᠡ ᠶᠢ ᠯᠠᠪᠳᠠᠭᠤᠨ  ᠎ ᠢᠶᠠᠷ ᠠᠬᠢᠭᠤᠯᠵᠤ᠂ ᠬᠠᠭᠠᠨ ᠤ ᠠᠳᠤᠭᠤᠨ ᠵᠤᠰᠠᠭᠠᠯ ᠢ ᠲᠡᠰ ᠲᠡᠪᠰᠢᠬᠦᠯᠬᠦ᠂  ᠵᠢᠭᠤᠯᠴᠢᠯᠠᠭᠴᠢ ᠳᠤ ᠦᠢᠯᠡᠴᠢᠯᠡᠬᠦ ᠲᠥᠪ᠂ ᠪᠢᠶᠠᠨ ᠴᠢᠶᠠᠩ ᠠᠮᠢ ᠠᠬᠤᠢ ᠶᠢᠨ ᠵᠤᠭᠠᠴᠠᠯ ᠤᠨ ᠲᠣᠰᠬᠤᠨ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠲᠠᠯ᠎ᠠ ᠨᠤᠲᠤᠭ ᠤᠨ ᠦᠵᠡᠮᠵᠢ ᠶᠢᠨ ᠱᠤᠭᠤᠮ ᠤᠨ ᠥᠷᠲᠡᠭᠡᠨ ᠤ ᠲᠡᠮᠳᠡᠭ 3᠂   ᠢᠯᠡᠷᠭᠡᠶᠢᠯᠡᠯ ᠤᠨ ᠱᠤᠭᠤᠮᠠᠯ 1᠎ ᠶᠢ ᠪᠤᠰᠬᠠᠵᠤ᠂ ᠪᠠᠷᠢᠮᠵᠢᠶᠠᠲᠤ ᠣᠳᠣᠨ ᠲᠡᠰ ᠤᠨ ᠪᠠᠭᠤᠳᠠᠯ 3᠂   ᠦᠨᠳᠦᠰᠦᠲᠡᠨ ᠎ ᠤ ᠣᠨᠴᠠᠯᠢᠭᠲᠤ  ᠠᠶᠢᠯ ᠬᠤᠳᠠ 1᠂   ᠵᠢᠭᠤᠯᠴᠢᠯᠠᠭᠴᠢ ᠳᠤ ᠵᠤᠷᠢᠭᠤᠯᠤᠭᠰᠠᠨ ᠵᠣᠷᠯᠣᠩ 69᠎ ᠶᠢ ᠪᠠᠶᠢᠭᠤᠯᠵᠤ᠂ ᠪᠦᠬᠦ ᠬᠤᠰᠢᠭᠤᠨ ᠤ ᠰᠣᠶᠣᠯ  ᠵᠢᠭᠤᠯᠴᠢᠯᠠᠯ ᠤᠨ ᠨᠡᠷᠡᠲᠦ ᠲᠡᠮᠳᠡᠭᠲᠦ ᠦᠵᠡᠮᠵᠢ ᠶᠢᠨ ᠣᠷᠣᠨ 9  ᠂  ᠵᠢᠭᠤᠯᠴᠢᠯᠠᠯ ᠎ ᠤᠨ ᠦᠢᠯᠡᠰ ᠡᠷᠬᠢᠯᠡᠬᠦ ᠡᠷᠦᠬᠡ 90 ᠡᠷᠦᠬᠡ  ᠎ ᠳᠤ ᠬᠦᠷᠴᠦ᠂  ᠪᠢᠶᠠᠨ ᠴᠢᠶᠠᠩ ᠲᠤᠰᠬᠤᠨ ᠪᠦᠬᠦ ᠤᠯᠤᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠠᠯᠭᠠᠳᠠᠢ ᠲᠤᠰᠬᠤᠨ ᠪᠠ ᠦᠵᠡᠰᠬᠦᠯᠡᠩᠳᠦ ᠰᠠᠶᠢᠬᠠᠨ ᠰᠡᠯᠡᠬᠦᠴᠡᠯ ᠎ ᠤᠨ ᠲᠤᠰᠬᠤᠨ ᠢᠶᠠᠷ ᠦᠨᠡᠯᠡᠭᠳᠡᠵᠡᠢ᠃ ᠳᠤᠮᠳᠠᠳᠤ ᠤᠯᠤᠰ ᠤᠨ ᠲᠠᠯ᠎ᠠ ᠨᠤᠲᠤᠭ ᠤᠨ ᠮᠣᠩᠭᠤᠯ ᠠᠳᠤᠭᠤᠨ ᠤ ᠰᠣᠶᠣᠯ ᠤᠨ ᠨᠠᠶᠢᠷ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠮᠠᠯᠴᠢᠳ ᠎ ᠤᠨ ᠨᠠᠭᠠᠳᠤᠮ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠴᠢᠨᠠᠷ ᠰᠠᠶᠢᠲᠠᠶ ᠡᠷᠭᠢᠯᠡᠪᠡ᠃ ᠤᠯᠤᠰ᠂ ᠣᠷᠣᠨ ᠎ ᠤ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠬᠤᠤᠰ ᠵᠢᠱᠢᠶᠠᠨ ᠎ ᠤ ᠲᠥᠷᠥᠯ ᠵᠦᠶᠯ ᠢ ᠯᠠᠪᠳᠠᠭᠤᠨ ᠢᠶᠠᠷ ᠠᠬᠢᠭᠤᠯᠵᠤ᠂ ᠲᠦᠷᠭᠡᠨ  ᠬᠦᠷᠬᠡᠯᠳᠡ ᠶᠢᠨ ᠠᠵᠤ ᠠᠬᠤᠶᠢᠯᠠᠯ 10᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 41᠂ ᠰᠦᠯᠵᠢᠶᠡᠨ ᠤ ᠪᠤᠷᠤᠯᠠᠭᠤᠯᠤᠭᠴᠢ 943᠎ ᠳᠤ  ᠬᠦᠷᠴᠡᠢ᠃  ᠪᠡᠭᠡᠵᠢᠩ ᠬᠤᠳᠠ ᠳᠤ  ᠪᠦᠳᠦᠭᠡᠭᠳᠡᠬᠦᠨ ᠢᠶᠠᠨ ᠳᠡᠯᠭᠡᠨ ᠪᠣᠷᠣᠯᠠᠭᠤᠯᠬᠤ ᠳᠡᠯᠭᠡᠭᠦᠷ ( ᠣᠷᠳᠣᠨ᠂ ᠲᠣᠭᠤᠷᠢᠭ ) 11᠎ ᠶᠢ ᠪᠠᠶᠢᠭᠤᠯᠵᠤ᠂  ᠠᠷᠠᠯᠵᠢᠶ᠎ᠠ ᠰᠤᠯᠢᠯᠴᠠᠭᠠᠨ ᠤ ᠬᠡᠮᠵᠢᠶ᠎ᠡ ᠨᠢ 15 ᠳ᠋ᠦᠩᠰᠢᠭᠤᠷ ᠲᠥᠭᠦᠷᠢᠭ ᠳᠠᠪᠠᠪᠠ᠃ 4 ᠵᠤᠷᠪᠤᠰ ᠪᠣᠳᠠᠰ ᠤᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠵᠠᠮ ᠱᠤᠭᠤᠮ ᠪᠦᠬᠦ ᠲᠠᠯ᠎ᠠ ᠪᠠᠷ ᠨᠡᠪᠲᠡᠷᠡᠵᠦ᠂  ᠡᠯᠧᠺᠲᠷᠣᠨ ᠬᠤᠳᠠᠯᠳᠤᠭ᠎ᠠ ᠬᠥᠳᠡᠭᠡ ᠲᠣᠰᠬᠤᠨ ᠳᠤ ᠣᠷᠤᠭᠰᠠᠨ ᠤᠯᠤᠰ  ᠎ ᠤᠨ ᠲᠡᠰ ᠤᠨ  ᠵᠢᠱᠢᠶ᠎ᠡ ᠦᠵᠡᠭᠦᠯᠬᠦ ᠭᠠᠵᠠᠷ ᠤᠷᠤᠨ ᠪᠠᠷ  ᠦᠨᠡᠯᠡᠭᠳᠡᠪᠡ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠴᠡᠭ 28 ᠪᠣᠯᠵᠤ᠂ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ  ᠲᠤᠰᠪᠤᠷᠢ 75 ᠳ᠋ᠦᠩᠰᠢᠭᠤᠷ ᠲᠥᠭᠦᠷᠢᠭ ᠪᠠ 54 ᠳ᠋ᠦᠩᠰᠢᠭᠤᠷ ᠲᠥᠭᠦᠷᠢᠭ ᠲᠤ ᠬᠦᠷᠴᠦ᠂  2015 ᠣᠨ ᠬᠢ ᠠᠴᠠ ᠬᠤᠶᠠᠷ ᠳᠠᠬᠢᠨ ᠨᠡᠮᠡᠭᠳᠡᠰᠡᠨ ᠪᠠᠶᠢᠨ᠎ᠠ᠃      ( ᠭᠤᠷᠪᠠ ) ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠦᠩᠬᠡ ᠲᠦᠷᠬᠦ ᠡᠳᠦᠷ ᠠᠴᠠ ᠡᠳᠦᠷ ᠰᠢᠨᠡᠳᠦᠨ ᠬᠤᠪᠢᠷᠠᠪᠠ᠃      ᠮᠠᠯᠵᠢᠬᠤ ᠲᠠᠷᠢᠶᠠᠯᠠᠬᠤ ᠣᠷᠣᠨ ᠤ ᠬᠠᠭᠤᠴᠢᠨ ᠲᠦᠷᠰᠦ ᠪᠠᠶᠢᠳᠠᠯ ᠶᠡᠭᠡᠪᠡᠷ ᠬᠤᠪᠢᠷᠠᠭᠰᠠᠨ᠃ ᠲᠠᠪᠤᠨ ᠵᠢᠯ ᠎ ᠳᠤ ᠨᠡᠶᠢᠳᠡ 23 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠂ 1.11 ᠲᠦᠮᠡᠨ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ  ᠰᠢᠨᠡᠳᠬᠡᠨ ᠪᠠᠶᠢᠭᠤᠯᠵᠤ᠂ 2 .77 ᠲᠦᠮᠡᠨ ᠭᠡᠷ ᠪᠠᠶᠢᠰᠢᠩ ᠢ ᠰᠡᠯᠪᠢᠨ ᠵᠠᠰᠠᠵᠤ᠂ 6 . 93 ᠲᠦᠮᠡᠨ ᠨᠤᠷᠠᠬᠤ ᠠᠶᠤᠯᠲᠠᠶ ᠰᠢᠪᠠᠷ ᠪᠠᠶᠢᠰᠢᠩ ᠢ ᠨᠤᠷᠠᠭᠠᠨ᠂ 238 ᠲᠦᠮᠡᠨ ᠮᠧᠲᠷ ᠬᠦᠷᠢᠶ᠎ᠡ ᠬᠠᠰᠢᠶ᠎ᠠ ᠶᠢ  ᠰᠢᠨᠡᠳᠬᠡᠨ ᠪᠠᠶᠢᠭᠤᠯᠪᠠ᠃  ᠭᠠᠴᠠᠭ᠎ᠠ ᠲᠣᠰᠬᠤᠨ ᠳᠤ ᠨᠡᠪᠲᠡᠷᠡᠬᠦ  579  ᠺᠢᠯᠤᠮᠧᠲᠷ ᠵᠠᠮ ᠢ ᠰᠢᠨ᠎ᠡ ᠪᠠᠷ ᠪᠠᠶᠢᠭᠤᠯᠬᠤ ᠪᠤᠶᠤ  ᠦᠷᠭᠡᠳᠭᠡᠨ ᠵᠠᠰᠠᠵᠤ᠂ 588 ᠺᠢᠯᠣᠮᠧᠲᠷ ᠵᠡᠭᠡᠯᠢ ᠭᠤᠳᠤᠮᠵᠢ ᠶᠢ  ᠬᠠᠳᠠᠭᠤᠷᠠᠭᠤᠯᠤᠨ᠂  8335 ᠢᠵᠢ 《 ᠡᠷᠦᠬᠡ ᠪᠣᠯᠭᠠᠨ ᠳᠤ ᠨᠡᠪᠲᠡᠷᠡᠬᠦ 》 ᠲᠦᠬᠦᠭᠡᠷᠦᠮᠵᠢ ᠤᠭᠰᠠᠷᠠᠵᠤ᠂ 21 ᠰᠤᠷᠭᠠᠭᠤᠯᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ 109 ᠰᠠᠭᠤᠷᠢ  ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠦᠷᠦᠭᠡ ᠶᠢ ᠰᠢᠨ᠎ᠡ ᠪᠠᠷ ᠪᠠᠶᠢᠭᠤᠯᠬᠤ ᠪᠠ ᠰᠡᠯᠪᠢᠨ ᠵᠠᠰᠠᠵᠤ  ᠂ 175 ᠭᠠᠴᠠᠭ᠎ᠠ ᠲᠣᠰᠬᠤᠨ ᠤ ᠰᠣᠶᠣᠯ ᠤᠨ ᠦᠷᠦᠭᠡᠨ ᠤ ᠲᠥᠬᠦᠭᠡᠷᠦᠮᠵᠢ ᠶᠢ ᠪᠦᠷᠢᠳᠦᠬᠦᠯᠦᠨ᠂ ᠠᠷᠠᠳ ᠲᠤ ᠲᠥᠬᠦᠮ ᠦᠵᠡᠭᠦᠯᠬᠦ ᠴᠢᠯᠦᠬᠡᠳᠦ ᠳᠡᠯᠭᠡᠭᠦᠷ ᠪᠠ ᠭᠠᠴᠠᠭ᠎ᠠ ᠲᠣᠰᠬᠤᠨ ᠱᠠᠲᠤᠨ ᠤ ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠥᠷᠲᠡᠭᠡ 167᠎ ᠶᠢ ᠪᠠᠶᠢᠭᠤᠯᠪᠠ᠃ ᠬᠤᠭ ᠲᠡᠭᠡᠭᠡᠪᠦᠷᠢᠯᠡᠬᠦ ᠵᠢᠵᠢᠭ ᠲᠡᠷᠭᠡ 100  ᠂  ᠬᠤᠭ ᠤᠨ ᠬᠠᠶᠢᠷᠴᠠᠭ 1791᠎ ᠶᠢ ᠲᠤᠬᠢᠷᠠᠭᠤᠯᠤᠨ᠂ ᠬᠤᠭ ᠨᠣᠪᠰᠢ ᠶᠢ ᠴᠤᠭᠯᠠᠭᠤᠯᠤᠨ ᠲᠡᠭᠡᠭᠡᠪᠦᠷᠢᠯᠡᠬᠦ ᠥᠷᠲᠡᠭᠡ 55  ᠂ ᠬᠤᠭ ᠤᠨ ᠤᠩᠭᠤᠴᠠ 1857᠂  ᠨᠡᠶᠢᠲᠡ ᠶᠢᠨ ᠵᠣᠷᠯᠣᠩ 508᠂  ᠰᠢᠨ᠎ᠡ ᠮᠠᠶ᠋ᠢᠭ ᠤᠨ ᠭᠡᠷ ᠤᠨ ᠵᠣᠷᠯᠣᠩ 3051᠎ ᠶᠢ ᠪᠠᠶᠢᠭᠤᠯᠤᠭᠰᠠᠨ ᠪᠦᠬᠡᠳ 38 ᠲᠦᠮᠡᠨ ᠮᠦ  ᠨᠢᠯᠬ᠎ᠠ ᠮᠣᠳᠣ ᠲᠠᠷᠢᠵᠤ᠂  ᠬᠥᠳᠡᠭᠡ ᠲᠣᠰᠬᠤᠨ ᠤ ᠣᠯᠠᠨ ᠨᠡᠶᠢᠲᠡ ᠎ ᠶᠢᠨ ᠦᠢᠯᠡᠴᠢᠯᠡᠭᠡᠨ ᠤ  ᠲᠦᠬᠦᠭᠡᠷᠦᠮᠵᠢ ᠶᠢ ᠠᠵᠢᠯᠯᠠᠭᠤᠯᠬᠤ ᠪᠠ ᠬᠠᠮᠢᠶᠠᠷᠬᠤ ᠤᠷᠲᠤ ᠬᠤᠭᠤᠴᠠᠭᠠᠨ ᠤ ᠪᠦᠳᠦᠮᠵᠢᠳᠦ ᠲᠣᠭᠲᠠᠴᠠ ᠠᠩᠬ᠎ᠠ ᠠᠯᠬᠤᠮ ᠪᠠᠶᠢᠭᠤᠯᠤᠭᠳᠠᠨ᠂ ᠮᠠᠯᠵᠢᠬᠤ ᠲᠠᠷᠢᠶᠠᠯᠠᠬᠤ ᠣᠷᠣᠨ ᠤ  ᠲᠦᠷᠰᠦ ᠪᠠᠶᠢᠳᠠᠯ ᠳᠤ ᠯᠤᠲᠤ ᠶᠡᠭᠡ ᠬᠤᠪᠢᠷᠠᠯᠲᠠ ᠭᠠᠷᠴᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠯᠡᠳᠲᠡ ᠰᠠᠶᠢᠵᠢᠷᠠᠭᠰᠠᠨ ᠪᠠᠶᠢᠨ᠎ᠠ᠃   ᠠᠭᠤᠯᠤᠮᠵᠢᠳᠤ ᠭᠡᠯᠪᠡᠷᠢ ᠪᠠᠷ ᠬᠦᠭᠵᠢᠭᠰᠡᠨ ᠬᠤᠲᠠ ᠪᠠᠯᠭᠠᠰᠤᠨ ᠎ ᠤ ᠪᠠᠶᠢᠭᠤᠯᠤᠯᠲᠠ ᠬᠠᠮᠢᠶᠠᠷᠤᠯᠲᠠ ᠶᠢᠨ ᠵᠠᠮ ᠢ  ᠬᠠᠶᠢᠭᠰᠠᠨ᠃ ᠬᠠᠭᠤᠴᠢᠨ ᠲᠣᠭᠤᠷᠢᠭ ᠤᠨ ᠴᠢᠳᠠᠮᠵᠢ ᠶᠢ ᠪᠦᠷᠢᠨᠰᠢᠬᠦᠯᠵᠦ ᠰᠢᠨ᠎ᠡ ᠲᠣᠭᠤᠷᠢᠭ ᠤᠨ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠤᠯᠭᠠᠨ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠠᠮᠢ ᠠᠬᠤᠢ ᠶᠢᠨ ᠰᠡᠯᠡᠭᠦᠴᠡᠯ ᠤᠨ ᠵᠢᠵᠢᠭ ᠪᠠᠯᠭᠠᠰᠤ ᠶᠢ  ᠪᠠᠶᠢᠭᠤᠯᠬᠤ ᠪᠠᠷ ᠴᠢᠷᠮᠠᠶᠢᠪᠠ᠃ 3.1 ᠳ᠋ᠦᠩᠰᠢᠭᠤᠷ ᠲᠥᠭᠦᠷᠢᠭ ᠤᠨ ᠪᠡᠯᠡ  ᠤᠷᠤᠭᠤᠯᠵᠤ᠂  23.2  ᠺᠢᠯᠤᠮᠧᠲᠷ ᠬᠤᠲᠠ ᠶᠢᠨ ᠵᠠᠮ  ᠎ ᠢ ᠰᠢᠨ᠎ᠡ ᠪᠠᠷ  ᠲᠡᠪᠢᠰᠦᠨ᠂ 20.5 ᠲᠦᠮᠡᠨ ᠬᠠᠪᠳᠠᠭᠠᠢ ᠳᠥᠷᠪᠡᠯᠵᠢᠨ  ᠮᠧᠲᠷ ᠢ ᠬᠠᠳᠠᠭᠤᠷᠠᠭᠤᠯᠵᠤ᠂ 2180 ᠢᠵᠢ ᠵᠠᠮ ᠤᠨ ᠳ᠋ᠧᠩ ᠤᠭᠰᠠᠷᠠᠵᠠᠢ᠃ 4 ᠵᠤᠷᠪᠤᠰ ᠮᠤᠬᠤᠷ ᠵᠠᠮ ᠢ ᠨᠡᠪᠲᠡᠷᠡᠭᠦᠯᠵᠦ᠂ ᠢᠯᠠᠩᠭᠤᠶ᠎ᠠ ᠵᠡᠭᠦᠨ ᠲᠣᠭᠤᠷᠢᠯ ᠵᠠᠮ ᠢ ᠪᠠᠶᠢᠭᠤᠯᠤᠭᠰᠠᠨ ᠰᠠᠭᠤᠷᠢᠨ ᠳᠡᠭᠡᠷ᠎ᠡ᠂  ᠪᠠᠷᠠᠭᠤᠨ ᠠᠭᠤᠯᠠ ᠶᠢᠨ ᠵᠠᠮ ᠪᠠ ᠵᠡᠭᠦᠨ ᠡᠮᠦᠨ᠎ᠡ ᠲᠣᠭᠤᠷᠢᠯ ᠵᠠᠮ ᠢ  ᠨᠡᠪᠳᠡᠷᠡᠬᠦᠯᠦᠬᠡᠳ᠂  ᠵᠠᠮ ᠬᠠᠷᠢᠯᠴᠠᠭᠠᠨ ᠤ ᠭᠤᠣᠯ ᠱᠤᠭᠤᠮ ᠤᠨ ᠲᠦᠭᠵᠢᠷᠡᠯ ᠤᠨ ᠠᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠪᠡ᠃ 1.07 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 1 ᠲᠦᠭᠡᠭᠡᠯ ᠤᠰᠤᠨ ᠤ ᠦᠢᠯᠡᠳᠪᠦᠷᠢ ᠶᠢ ᠰᠢᠨ᠎ᠡ ᠪᠠᠷ ᠪᠠᠶᠢᠭᠤᠯᠤᠨ᠂ 1 ᠬᠠᠭᠤᠴᠢᠨ ᠤᠰᠤᠨ ᠤ ᠦᠢᠯᠡᠳᠪᠦᠷᠢ ᠶᠢ ᠥᠭᠡᠷᠡᠴᠢᠯᠡᠨ ᠪᠠᠶᠢᠭᠤᠯᠵᠤ᠂ 59 ᠺᠢᠯᠤᠮᠧᠲᠷ ᠤᠰᠤ ᠬᠠᠩᠭᠠᠬᠤ ᠬᠤᠭᠤᠯᠠᠢ  ᠎ ᠶᠢ ᠢᠵᠢ ᠪᠦᠷᠢᠳᠦᠭᠦᠯᠦᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠤᠭᠠᠳ᠂ ᠤᠰᠤ ᠬᠠᠩᠭᠠᠬᠤ ᠴᠢᠳᠠᠪᠤᠷᠢ ᠳᠠᠬᠢᠨ ᠢᠶᠠᠷ ᠳᠡᠭᠡᠭᠰᠢᠯᠡᠵᠦ᠂  ᠥᠨᠳᠥᠷ ᠳᠠᠪᠬᠤᠷᠭ᠎ᠠ ᠎ ᠶᠢᠨ ᠠᠰᠠᠷ ᠤᠨ ᠤᠤᠭᠤᠬᠤ ᠤᠰᠤᠨ ᠤ ᠬᠦᠴᠢᠷᠳᠡᠯ ᠲᠤᠶᠢᠯᠪᠤᠷᠢᠲᠠᠢ ᠰᠢᠢᠳᠪᠦᠷᠢᠯᠡᠭᠳᠡᠭᠰᠡᠨ ᠪᠠᠶᠢᠨ᠎ᠠ᠃ 1.53 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 144  ᠺᠢᠯᠤᠮᠧᠲᠷ  ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠢ  ᠎ ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠵᠠᠰᠠᠵᠤ᠂  ᠬᠤᠲᠠ ᠶᠢᠨ  ᠭᠤᠤᠯ ᠲᠣᠭᠤᠷᠢᠭ ᠲᠤ ᠪᠣᠷᠣᠭᠠᠨ ᠤ ᠤᠰᠤ ᠪᠠ ᠪᠣᠬᠢᠷ ᠤᠰᠤ ᠶᠢ  ᠰᠠᠯᠭᠠᠵᠤ ᠤᠷᠤᠰᠬᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂  ᠪᠤᠬᠢᠷ ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ 76 %  ᠪᠠᠶᠢᠭᠰᠠᠨ ᠠᠴᠠ ᠪᠠᠨ 92 %  ᠪᠤᠯᠵᠤ ᠳᠡᠭᠡᠭᠰᠢᠯᠡᠪᠡ᠃ 8.46 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠢᠯᠴᠢ ᠴᠠᠬᠢᠯᠭᠠᠨ ᠤ  ᠬᠠᠮ ᠦᠢᠯᠡᠳᠪᠦᠷᠢᠯᠡᠯ ᠤᠨ ᠲᠥᠷᠦᠯ ᠵᠦᠢᠯ ᠢ  ᠪᠠᠶᠢᠭᠤᠯᠤᠨ᠂ 17.1  ᠺᠢᠯᠤᠮᠧᠲᠷ  ᠢᠯᠴᠢ ᠬᠠᠩᠭᠠᠬᠤ ᠬᠤᠭᠤᠯᠠᠢ ᠶᠢ ᠲᠥᠬᠦᠷᠵᠢᠭᠦᠯᠦᠨ ᠪᠠᠶᠢᠭᠤᠯᠵᠤ᠂ 37.5 ᠺᠢᠯᠤᠮᠧᠲᠷ ᠬᠠᠭᠤᠴᠢᠨ ᠲᠦᠬᠦᠭᠡᠷᠦᠮᠵᠢ ᠶᠢ ᠦᠬᠡᠷᠡᠴᠢᠯᠡᠨ᠂  ᠬᠠᠩᠭᠠᠯᠭ᠎ᠠ ᠶᠢᠨ ᠴᠢᠨᠠᠷ  ᠪᠠ ᠦᠢᠯᠡᠴᠢᠯᠡᠭᠡᠨ ᠤ ᠲᠦᠪᠰᠢᠨ ᠮᠡᠳᠡᠭᠳᠡᠮ᠎ᠡ ᠳᠡᠭᠡᠭᠰᠢᠯᠡᠪᠡ᠃ 9000 ᠲᠦᠮᠡᠨ ᠲᠥᠭᠦᠷᠢᠭ ᠤᠨ  ᠪᠡᠯᠡ ᠤᠷᠤᠭᠤᠯᠵᠤ᠂  ᠬᠠᠭᠤᠴᠢᠨ ᠰᠠᠭᠤᠭᠠᠯᠢ ᠲᠣᠭᠤᠷᠢᠭ 32᠎ ᠢ ᠥᠭᠡᠷᠡᠴᠢᠯᠡᠨ ᠰᠠᠶᠢᠵᠢᠷᠠᠭᠤᠯᠵᠤ᠂ 4518 ᠡᠷᠦᠬᠡ ᠳᠤ ᠠᠰᠢᠭ ᠬᠦᠷᠳᠡᠭᠡᠨ᠂  ᠤᠷᠤᠰᠢᠨ ᠰᠠᠭᠤᠷᠢᠰᠢᠬᠤ ᠣᠷᠴᠢᠨ ᠨᠦᠬᠦᠴᠡᠯ ᠢᠯᠡᠳᠲᠡ ᠰᠠᠶᠢᠵᠢᠷᠠᠭᠰᠠᠨ ᠪᠠᠶᠢᠨ᠎ᠠ  ᠃ 2.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂  ᠤᠰᠤ ᠴᠡᠪᠡᠷᠰᠢᠬᠦᠯᠬᠦ ᠦᠢᠯᠡᠳᠪᠦᠷᠢ 1᠎ ᠶᠢ ᠪᠠᠶᠢᠭᠤᠯᠤᠨ᠂  9.5  ᠺᠢᠯᠤᠮᠧᠲᠷ ᠤᠰᠤ ᠴᠡᠪᠡᠷᠰᠢᠬᠦᠯᠬᠦ ᠬᠤᠭᠤᠯᠠᠢ ᠤᠭᠰᠠᠷᠠᠵᠤ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠶᠯᠡᠳᠪᠦᠷᠢ ᠶᠢᠨ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ ᠨᠢᠭᠡᠳᠦᠭᠡᠷ  ᠵᠡᠷᠭᠡ ᠶᠢᠨ A ᠳᠡᠰ  ᠪᠤᠯᠭᠠᠵᠤ ᠲᠡᠭᠡᠭᠰᠢᠯᠡᠬᠦᠯᠦᠨ᠂ ᠹᠣᠰᠹᠣᠷ ᠠᠽᠣᠲ ᠭᠠᠳᠠᠭᠰᠢᠯᠠᠭᠤᠯᠬᠤ ᠬᠡᠮᠵᠢᠶ᠎ᠡ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ᠂ ᠠᠵᠤ ᠦᠶᠯᠡᠳᠪᠦᠷᠢ ᠶᠢᠨ ᠤᠷᠤᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ  ᠪᠠᠶᠢᠭᠤᠯᠵᠤ ᠡᠬᠢᠯᠡᠪᠡ᠃  ᠤᠰᠤ  ᠴᠡᠪᠡᠷᠰᠢᠬᠦᠯᠦᠨ ᠠᠰᠢᠭᠯᠠᠬᠤ ᠠᠵᠢᠯ ᠢ ᠰᠠᠶᠢᠨ ᠬᠢᠵᠦ᠂ 1.79 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ PPP ᠵᠠᠭᠪᠤᠷ ᠢ ᠬᠡᠷᠡᠭᠯᠡᠨ ᠪᠣᠤᠴᠠᠩ ᠰᠣᠶᠣᠯ ᠤᠨ ᠴᠡᠴᠡᠷᠯᠢᠭ ᠢ  ᠰᠢᠨ᠎ᠡ ᠎ ᠪᠠᠷ  ᠲᠦᠯᠦᠪᠵᠢᠬᠦᠯᠦᠨ ᠪᠠᠶᠢᠭᠤᠯᠤᠭᠠᠳ᠂ ᠪᠣᠤᠴᠠᠩ ᠪᠠᠯᠭᠠᠰᠤᠨ ᠳᠤ ᠴᠡᠴᠡᠷᠯᠢᠭ ᠦᠬᠡᠢ ᠪᠠᠶᠢᠭᠰᠠᠨ ᠲᠡᠦᠬᠡ ᠶᠢ ᠡᠴᠦᠰᠯᠡᠭᠦᠯᠪᠡ᠃ 1.44 ᠳ᠋ᠦᠩᠰᠢᠭᠤᠷ ᠲᠥᠭᠦᠷᠢᠭ ᠤᠨ  ᠪᠡᠯᠡ ᠣᠷᠣᠭᠤᠯᠵᠤ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠲᠠᠯᠠᠪᠠᠢ ᠶᠢ 37.4 ᠲᠦᠮᠡᠨ ᠬᠠᠪᠳᠠᠭᠠᠢ ᠳᠥᠷᠪᠡᠯᠵᠢᠨ ᠮᠧᠲᠷ ᠨᠡᠮᠡᠭᠳᠡᠭᠦᠯᠵᠦ᠂ 25 ᠲᠦᠮᠡᠨ ᠬᠠᠪᠳᠠᠭᠠᠢ ᠳᠥᠷᠪᠡᠯᠵᠢᠨ ᠮᠧᠲᠷ ᠢ  ᠨᠦᠬᠦᠨ ᠲᠠᠷᠢᠵᠤ᠂ ᠥᠷᠲᠡᠭᠡᠨ ᠡᠮᠦᠨᠡᠬᠢ ᠲᠠᠯᠠᠪᠠᠢ ᠶᠢᠨ ᠪᠠᠶᠢᠭᠤᠯᠤᠯᠳᠠ᠂ ᠵᠡᠬᠦᠨ ᠠᠭᠤᠯᠠᠨ ᠤ ᠨᠣᠭᠤᠭᠠᠷᠠᠭᠤᠯᠤᠯᠲᠠ᠂  ᠲᠥᠪ ᠲᠠᠯᠠᠪᠠᠢ ᠶᠢᠨ ᠵᠠᠰᠠᠯᠲᠠ᠂ ᠭᠤᠣᠯ ᠵᠠᠮ ᠪᠠ ᠬᠤᠲᠠ ᠪᠠᠯᠭᠠᠰᠤᠨ ᠤ ᠭᠠᠷᠬᠤ ᠵᠠᠮ ᠤᠨ ᠨᠣᠭᠤᠭᠠᠷᠠᠭᠤᠯᠤᠯᠲᠠ ᠭᠡᠷᠡᠯᠲᠦᠭᠦᠯᠭᠡ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠨᠣᠷᠮ᠎ᠠ 18.7 %᠎ ᠳᠤ ᠬᠦᠷᠪᠡ᠃  ᠤᠰᠤᠨ ᠵᠠᠶᠢᠯᠠᠭᠤᠷᠳᠤ ᠨᠡᠶᠢᠳᠡ ᠶᠢᠨ ᠵᠣᠷᠯᠣᠩ 24᠎ ᠶᠢ ᠰᠢᠨ᠎ᠡ ᠪᠠᠷ ᠪᠠᠶᠢᠭᠤᠯᠤᠨ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠬᠡᠷᠡᠭᠵᠢᠭᠦᠯᠵᠦ᠂ ᠶᠡᠷᠦᠩᠬᠡᠢ ᠬᠥᠮᠥᠷᠭᠡ ᠶᠢᠨ ᠪᠠᠭᠲᠠᠭᠠᠮᠵᠢ ᠨᠢ 76 ᠲᠦᠮᠡᠨ ᠪᠣᠰᠤᠭ᠎ᠠ ᠳᠥᠷᠪᠡᠯᠵᠢᠨ ᠮᠧᠲᠷ ᠬᠦᠷᠬᠦ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ  ᠦᠬᠡᠶᠢᠳᠡᠬᠦᠯᠦᠨ ᠰᠢᠢᠳᠪᠦᠷᠢᠯᠡᠬᠦ ᠲᠠᠯᠠᠪᠠᠢ ᠶᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ  ᠎ ᠤᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠡᠢ᠃  20 ᠰᠠᠭᠤᠭᠠᠯᠢ ᠲᠣᠭᠤᠷᠢᠭ ᠰᠢᠨ᠎ᠡ ᠪᠠᠷ ᠪᠠᠶᠢᠭᠤᠯᠤᠭᠳᠠᠨ᠂ ᠵᠢᠷᠤᠭ ᠲᠥᠯᠥᠪᠯᠡᠭᠡ ᠶᠢᠨ ᠬᠢᠷᠢ ᠲᠦᠪᠰᠢᠨ ᠪᠠ ᠪᠦᠲᠦᠭᠡᠨ ᠪᠠᠶᠢᠭᠤᠯᠤᠯᠲᠠ ᠶᠢᠨ  ᠴᠢᠨᠠᠷ ᠳᠡᠰ  ᠢᠯᠡᠳᠳᠡ ᠲᠡᠭᠡᠭᠰᠢᠯᠡᠭᠰᠡᠨ ᠪᠦᠬᠡᠳ 4137 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢ ᠵᠠᠰᠠᠨ ᠰᠢᠨᠡᠳᠬᠡᠵᠦ᠂ 1100 ᠮᠤ᠋  ᠭᠠᠵᠠᠷ ᠢ ᠰᠤᠯᠠᠯᠠᠨ᠂ ᠬᠤᠲᠠ ᠪᠠᠯᠭᠠᠰᠤᠨ ᠤ ᠬᠥᠭᠵᠢᠯᠲᠡ ᠳᠤ ᠰᠢᠨ᠎ᠡ ᠣᠷᠣᠨ ᠵᠠᠢ  ᠨᠡᠭᠡᠭᠡᠭᠰᠡᠨ ᠪᠠᠶᠢᠨ᠎ᠠ᠃ ᠬᠤᠲᠠ ᠬᠥᠳᠡᠭᠡ ᠶᠢᠨ ᠬᠥᠭᠵᠢᠯᠲᠡ ᠶᠢᠨ ᠳᠤᠲᠠᠭᠤᠳᠠᠯ ᠢ  ᠬᠦᠴᠦ ᠲᠠᠯᠪᠢᠵᠤ ᠨᠦᠬᠦᠪᠦᠷᠢᠯᠡᠭᠰᠡᠨ᠃ 《 ᠳᠥᠷᠪᠡᠨ ᠰᠠᠶᠢᠨᠳᠠᠢ ᠬᠥᠳᠡᠭᠡ ᠲᠣᠰᠬᠤᠨ ᠤ ᠵᠠᠮ 》᠎ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂   392.3 ᠺᠢᠯᠤᠮᠧᠲᠷ ᠰᠤᠮᠤ ᠰᠢᠶᠠᠩ ᠪᠠᠯᠭᠠᠰᠤᠨ ᠳᠤ ᠨᠡᠪᠳᠡᠷᠡᠬᠦ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠵᠠᠰᠠᠵᠤ᠂ ᠠᠶᠠᠯᠠᠬᠤ ᠳᠤ ᠬᠦᠴᠢᠷ ᠪᠠᠶᠢᠭᠰᠠᠨ ᠵᠠᠮ ᠢ ᠪᠦᠬᠦᠨ ᠢ  ᠵᠠᠰᠠᠵᠤ ᠰᠠᠶᠢᠵᠢᠷᠠᠭᠤᠯᠤᠭᠰᠠᠨ ᠤ ᠬᠠᠮᠳᠤ᠂ ᠪᠥᠬᠦ ᠬᠤᠰᠢᠭᠤᠨ ᠤ ᠬᠥᠭᠵᠢᠯᠲᠡ ᠶᠢ ᠣᠷᠳᠣ ᠬᠤᠭᠤᠴᠠᠭ᠎ᠠ ᠪᠠᠷ ᠬᠢᠵᠠᠭᠠᠷᠯᠠᠵᠤ  ᠪᠠᠶᠢᠭᠰᠠᠨ ︽304︾ ᠮᠤᠵᠢ ᠶᠢᠨ ᠵᠠᠮ ᠤᠨ ᠪᠠᠶᠢᠭᠤᠯᠤᠯᠳᠠ ᠶᠢ ᠵᠢᠩᠬᠢᠨᠢ ᠪᠠᠷ ᠡᠬᠢᠯᠡᠬᠦᠯᠪᠡ᠃ ᠡᠯ᠎ᠡ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ  ᠎ ᠲᠠᠢ ᠽᠢ ᠴᠡᠩ ᠠᠴᠠ ᠰᠢᠯᠢᠩᠬᠤᠳᠠ ᠬᠦᠷᠬᠦ ᠲᠡᠮᠦᠷ ᠵᠠᠮ ᠨᠢ ᠲᠠᠶᠢᠹᠤᠰᠧ ᠬᠤᠰᠢᠭᠤ ᠪᠠᠷ ᠥᠩᠭᠡᠷᠡᠬᠦ ᠶᠢᠨ ᠬᠠᠮᠲᠤ ᠥᠷᠲᠡᠭᠡ ᠪᠠᠶᠢᠭᠤᠯᠬᠤ ᠪᠠᠷ ᠲᠤᠭᠳᠠᠭᠠᠳ᠂  ᠠᠰᠢᠭᠯᠠᠯᠳᠠ ᠳᠤ ᠤᠷᠤᠭᠰᠠᠨ ᠤ ᠲᠠᠷᠠᠭ᠎ᠠ ᠮᠠᠨ ᠤ ᠬᠤᠰᠢᠭᠤ ᠠᠴᠠ ᠪᠡᠭᠡᠵᠢᠩ ᠣᠷᠣᠬᠤ ᠴᠠᠭ  ᠎ ᠨᠢ ᠴᠠᠭ ᠬᠠᠭᠠᠰ ᠪᠣᠯᠭᠠᠨ ᠪᠤᠭᠤᠨᠢᠰᠴᠤ᠂  ᠲᠠᠶᠢᠹᠤᠰᠧ ᠬᠤᠰᠢᠭᠤᠨ ᠳᠤ ᠲᠡᠮᠦᠷ ᠵᠠᠮ ᠦᠭᠡᠢ ᠪᠠᠶᠢᠭᠰᠠᠨ ᠲᠡᠦᠬᠡ ᠶᠢ ᠡᠴᠦᠰᠯᠡᠬᠦᠯᠬᠦ ᠪᠠᠷ ᠪᠤᠯᠵᠠᠢ᠃  ᠠᠶᠤᠯᠬᠦᠢ ᠤᠰᠤ ᠤᠮᠳᠠ ᠶᠢᠨ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂  13 ᠲᠦᠮᠡᠨ ᠮᠠᠯᠴᠢᠨ ᠲᠠᠷᠢᠶᠠᠴᠢᠨ ᠤ ᠠᠶᠤᠯ ᠦᠭᠡᠶ  ᠤᠰᠤ ᠤᠮᠳᠠ ᠶᠢᠨ ᠠᠰᠠᠭᠤᠳᠠᠯ ᠢ ᠰᠢᠶᠳᠪᠦᠷᠢᠯᠡᠪᠡ᠃ ᠬᠤ᠋ ᠯᠦ ᠢᠤᠢ ᠭᠤᠣᠯ ᠤᠨ ᠭᠸᠦ ᠮᠧᠨ ᠳᠠᠬᠢ ᠬᠡᠰᠡᠭ᠂ ᠪᠣᠤᠴᠠᠩ ᠪᠠᠯᠭᠠᠰᠤᠨ ᠤ ᠡᠮᠦᠨ᠎ᠡ ᠭᠤᠣᠯ ᠤᠨ ᠭᠤᠯᠳᠤᠷᠢᠯ᠂ ᠪᠢᠶᠠᠨ ᠴᠢᠶᠠᠩ ᠲᠣᠰᠬᠤᠨ ᠤ ᠦᠶᠡᠷ ᠰᠡᠷᠭᠡᠶᠢᠯᠡᠬᠦ ᠢᠨᠵᠧᠨᠧᠷᠢᠩ ᠢ ᠪᠡᠶᠡᠯᠡᠭᠦᠯᠵᠦ᠂ 117.5  ᠬᠠᠪᠳᠠᠭᠠᠢ ᠳᠥᠷᠪᠡᠯᠵᠢᠨ  ᠺᠢᠯᠤᠮᠧᠲᠷ ᠪᠠᠭ᠎ᠠ ᠰᠠᠪᠠ ᠭᠠᠵᠠᠷ ᠤᠨ ᠵᠠᠰᠠᠯᠲᠠ  ᠎ ᠶᠢ  ᠬᠢᠪᠡ᠃  110 kv᠂ 35 kv  ᠎ ᠤᠨ ᠴᠠᠬᠢᠯᠭᠠᠨ ᠱᠤᠭᠤᠮ ᠢ 26 ᠺᠢᠯᠤᠮᠧᠲᠷ ᠪᠠᠶᠢᠭᠤᠯᠵᠤ᠂ 176  ᠺᠢᠯᠤᠮᠧᠲᠷ  ᠬᠥᠳᠡᠭᠡ ᠲᠣᠰᠬᠤᠨ ᠤ ᠴᠠᠬᠢᠯᠭᠠᠨ ᠲᠣᠣᠷ  ᠎ ᠲᠤ ᠦᠬᠡᠷᠡᠴᠢᠯᠡᠯᠳᠡ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠬᠠᠭᠤᠴᠢᠨ ᠴᠠᠬᠢᠯᠭᠠᠨ ᠬᠦᠴᠦᠨ ᠤ ᠲᠥᠬᠦᠭᠡᠷᠦᠮᠵᠢ ᠶᠢ ᠦᠬᠡᠷᠡᠴᠢᠯᠡᠨ ᠰᠢᠨᠡᠳᠭᠡᠭᠰᠡᠨ ᠨᠣᠷᠮ᠎ᠠ  100 %᠎ ᠳᠤ ᠬᠦᠷᠴᠡᠢ᠃  4G᠎ ᠶᠢᠨ ᠳᠣᠬᠢᠶᠠᠨ ᠤ ᠪᠦᠷᠬᠦᠴᠡ 96%᠎ ᠳᠤ ᠬᠦᠷᠴᠦ  ᠂ 5G᠎ ᠶᠢᠨ ᠰᠠᠭᠤᠷᠢ ᠥᠷᠲᠡᠭᠡ 12 ᠪᠠᠶᠢᠭᠤᠯᠤᠭᠳᠠᠪᠠ᠃     ( ᠲᠦᠷᠪᠡ ) ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠨᠠᠩ ᠪᠠᠶᠠᠨ ᠴᠢᠨᠡᠭᠡᠯᠢᠭ ᠪᠤᠯᠭᠠᠪᠠ᠃        ᠠᠷᠠᠳ ᠤᠨ ᠠᠮᠢᠳᠤᠷᠠᠯ ᠤᠨ  ᠪᠠᠳᠤᠯᠠᠭᠠᠨ ᠤ ᠲᠦᠪᠰᠢᠨ ᠲᠣᠭᠲᠠᠭᠤᠨ ᠢᠶᠠᠷ  ᠲᠡᠭᠡᠭᠰᠢᠯᠡᠭᠰᠡᠨ᠃  ᠲᠠᠪᠤᠨ ᠵᠢᠯ ᠤᠨ ᠲᠤᠷᠰᠢ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ  ᠡᠳ᠋ ᠤᠨ ᠵᠠᠰᠠᠭ ᠠᠴᠠ ᠨᠡᠶᠢᠳᠡ  90 ᠳ᠋ᠦᠩᠰᠢᠭᠤᠷ ᠲᠥᠭᠦᠷᠢᠭ ᠤᠷᠤᠭᠤᠯᠤᠨ᠂   ᠲᠡᠭᠰᠢᠳᠭᠡᠭᠡᠳ ᠵᠢᠯ ᠤᠨ 18 ᠳ᠋ᠦᠩᠰᠢᠭᠤᠷ ᠲᠥᠭᠦᠷᠢᠭ ᠲᠤ  ᠬᠦᠷᠴᠦ ᠂ ᠠᠷᠠᠳ ᠲᠦᠮᠡᠨ ᠤ ᠠᠰᠢᠭ ᠬᠦᠷᠳᠡᠮᠵᠢ ᠢᠯᠡᠷᠭᠡᠢ ᠨᠡᠮᠡᠭᠳᠡᠪᠡ᠃  4.7 ᠲᠦᠮᠡᠨ ᠠᠵᠢᠯ ᠤᠨ ᠪᠠᠶᠢᠷᠢ ᠡᠯᠰᠡᠵᠦ᠂ ᠮᠠᠯᠵᠢᠬᠤ ᠲᠠᠷᠢᠶᠠᠯᠠᠬᠤ ᠣᠷᠣᠨ ᠤ 2.7 ᠲᠦᠮᠡᠨ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ 5276 ᠲᠦᠮᠡᠨ ᠲᠥᠭᠦᠷᠢᠭ ᠤᠨ ᠦᠢᠯᠡᠰ ᠪᠦᠳᠦᠭᠡᠬᠦ ᠪᠠᠲᠤᠯᠠᠭᠠᠲᠤ ᠵᠢᠭᠡᠯᠡᠯᠭᠡ ᠲᠠᠷᠬᠠᠭᠠᠵᠠᠢ᠃  ᠪᠥᠬᠦ ᠬᠤᠰᠢᠭᠤᠨ ᠎ ᠤ 17.78 ᠲᠦᠮᠡᠨ ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠣᠵᠤ᠂ ᠡᠮ ᠡᠮᠨᠡᠯᠭᠡ ᠶᠢᠨ ᠲᠥᠷᠥ ᠶᠢᠨ ᠪᠣᠳᠣᠯᠭ᠎ᠠ ᠶᠢᠨ ᠳᠣᠲᠣᠷᠠᠬᠢ ᠲᠠᠩᠰᠠ ᠴᠠᠶᠢᠷᠠᠭᠤᠯᠬᠤ ᠬᠠᠷᠢᠴᠠᠯ 5 %᠎ ᠪᠠᠷ ᠳᠡᠭᠡᠭᠰᠢᠯᠡᠪᠡ᠃ ᠬᠤᠲᠠ ᠬᠥᠳᠡᠭᠡ ᠶᠢᠨ ᠨᠠᠭᠠᠳᠤ ᠵᠠᠬ᠎ᠠ ᠎ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠤᠨ ᠠᠰᠠᠷᠠᠮᠵᠢ ᠬᠠᠷᠠᠭᠠᠯᠵᠠᠯ᠂ ᠵᠡᠮᠳᠡᠭᠴᠦᠳ  ᠎ ᠲᠤ ᠤᠯᠭᠤᠬᠤ ᠨᠥᠬᠦᠪᠥᠷᠢ ᠶᠢᠨ ᠪᠠᠷᠢᠮᠵᠢᠶ᠎ᠠ ᠶᠢ ᠦᠷᠭᠦᠯᠵᠢᠯᠡᠨ ᠲᠡᠭᠡᠭᠰᠢᠯᠡᠬᠦᠯᠵᠦ᠂ ᠥᠨᠳᠥᠷ ᠨᠠᠰᠤᠨ ᠤ  ᠨᠦᠬᠦᠪᠦᠷᠢ ᠣᠯᠭᠤᠬᠤ ᠬᠡᠪᠴᠢᠶ᠎ᠡ ᠶᠢ ᠪᠦᠬᠦᠯᠢ 77 ᠨᠠᠰᠤᠨ ᠠᠴᠠ ᠳᠡᠭᠡᠭᠰᠢ ᠬᠦᠷᠲᠡᠯ᠎ᠡ ᠦᠷᠭᠡᠳᠭᠡᠨ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ  ᠮᠦᠩᠬᠦ《 ᠠᠷᠪᠠᠨ ᠵᠢᠷᠭᠤᠭᠠᠨ ᠵᠢᠯ ᠳᠠᠷᠠᠭᠠᠯᠠᠨ  ᠨᠡᠮᠡᠭᠳᠡᠬᠦ 》᠎ ᠶᠢ ᠪᠡᠶᠡᠯᠡᠭᠦᠯᠪᠡ᠃ ᠣᠷᠣᠨ ᠪᠦᠰᠡ ᠶᠢᠨ ᠴᠢᠨᠠᠷᠲᠠᠢ ᠠᠰᠠᠷᠠᠮᠵᠢ ᠡᠮᠴᠢᠯᠡᠭᠡ ᠤᠶᠠᠯᠳᠤᠭᠰᠠᠨ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠠᠰᠢᠭᠯᠠᠯᠲᠠ ᠳᠤ ᠣᠷᠣᠵᠤ᠂ ᠲᠥᠪᠯᠡᠷᠡᠭᠦᠯᠦᠨ ᠠᠰᠠᠷᠠᠬᠤ ᠨᠥᠬᠦᠴᠡᠯ ᠮᠡᠳᠡᠭᠳᠡᠬᠦᠶᠢᠴᠡ ᠰᠠᠶᠢᠵᠢᠷᠠᠵᠤ᠂  ᠪᠦᠬᠦ ᠤᠯᠤᠰ ᠤᠨ《 ᠨᠠᠰᠤᠲᠠᠨ  ᠎ ᠢᠶᠠᠨ ᠬᠦᠨᠳᠦᠯᠡᠭᠰᠡᠨ ᠪᠣᠯᠪᠠᠰᠤᠨ ᠨᠢᠬᠡᠴᠡ 》᠎ ᠪᠠᠷ  ᠴᠤᠯᠠᠯᠠᠭᠳᠠᠵᠤ᠂  ᠬᠤᠩ ᠵᠢᠩ ᠶᠤᠸᠠᠨ ᠺᠣᠮᠫᠠᠨᠢ ᠶᠢᠨ ᠠᠵᠢᠯᠲᠠᠨ ᠬᠤᠤ ᠶᠦᠩ ᠵᠢᠦᠢ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ  ᠪᠤᠯᠤᠭᠰᠠᠨ ᠪᠠᠶᠢᠨ᠎ᠠ᠃  ᠨᠡᠶᠢᠭᠡᠮ ᠤᠨ ᠦᠶᠯᠡᠰ ᠴᠡᠴᠡᠭᠯᠡᠨ ᠬᠦᠭᠵᠢᠭᠰᠡᠨ᠃ ᠪᠦᠬᠦ ᠠᠷᠠᠳ ᠢᠶᠠᠷ ᠢᠶᠠᠨ ᠰᠤᠷᠭᠠᠨ ᠬᠥᠮᠦᠵᠢᠯ ᠢ ᠬᠥᠭᠵᠢᠭᠦᠯᠬᠦ ᠢᠨᠵᠧᠨᠧᠷᠢᠩ ᠦᠨᠳᠦᠷ ᠪᠦᠲᠦᠮᠵᠢ ᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠤᠯᠤᠰ ᠎ ᠤᠨ ᠰᠢᠯᠭᠠᠨ ᠪᠠᠶᠢᠴᠠᠭᠠᠯᠲᠠ ᠳᠤ ᠬᠢᠷᠢ  ᠲᠡᠩᠴᠡᠭᠡᠳ᠂ ᠰᠤᠷᠭᠠᠨ ᠬᠥᠮᠦᠵᠢᠯ ᠤᠨ  ᠬᠢᠷᠢ ᠪᠦᠲᠦᠮᠵᠢ ᠶᠢᠨ ᠱᠠᠩᠨᠠᠯ ᠎ ᠤᠨ ᠮᠥᠩᠭᠦ  ᠎ ᠶᠢ ᠨᠡᠶᠢᠲᠡ 500 ᠲᠦᠮᠡᠨ ᠲᠥᠭᠦᠷᠢᠭ ᠲᠠᠷᠬᠠᠭᠠᠵᠤ᠂ ᠠᠵᠢᠯ ᠦᠢᠯᠡᠰ ᠤᠨ ᠣᠷᠣᠨ ᠲᠤᠭ᠎ᠠ ᠳᠤ 109 ᠨᠡᠷ᠎ᠡ᠂   ᠣᠨᠴᠠᠭᠠᠢ ᠠᠵᠢᠯ ᠤᠨ ᠪᠠᠶᠢᠷᠢ  ᠎ ᠳᠤ 32 ᠨᠡᠷ᠎ᠡ  ᠂  ᠬᠡᠦᠬᠡᠳ ᠤᠨ ᠴᠡᠴᠡᠷᠯᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢᠨ ᠳᠤ 195 ᠨᠡᠷ᠎ᠡ  ᠪᠠᠭᠰᠢ ᠶᠢ  ᠡᠯᠰᠡᠨ ᠭᠡᠷᠡᠭᠯᠡᠵᠦ᠂  1 .2 ᠲᠦᠮᠡᠨ ᠬᠥᠮᠦᠨ ︵ᠤᠳᠠᠭ᠎ᠠ  ︶ ᠡᠯ᠎ᠡ ᠱᠠᠲᠤᠨ ᠤ ᠡᠯ᠎ᠡ ᠲᠥᠷᠥᠯ ᠤᠨ ᠪᠣᠯᠪᠠᠰᠤᠷᠠᠯ  ᠎ ᠳᠤ ᠤᠷᠤᠯᠴᠠᠨ᠂ ᠮᠣᠩᠭᠤᠯ ᠰᠤᠷᠭᠠᠭᠤᠯᠢ ᠶᠢᠨ ᠥᠨᠳᠥᠷ ᠳᠤᠮᠳᠠᠳᠤ  ᠎ ᠳᠤ ᠲᠡᠪᠰᠢᠬᠦ ᠰᠢᠯᠭᠠᠯᠲᠠ ᠶᠢᠨ ᠬᠢᠷᠢ ᠪᠦᠲᠦᠮᠵᠢ 4 ᠵᠢᠯ ᠳᠠᠷᠠᠭᠠᠯᠠᠨ ᠪᠦᠬᠦ ᠠᠶᠢᠮᠠᠭ ᠲᠤ ᠲᠡᠷᠢᠬᠦᠯᠡᠵᠡᠢ᠃  ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 4᠂   ᠬᠥᠳᠡᠭᠡ ᠲᠣᠰᠬᠤᠨ ᠎ ᠤ ᠵᠢᠭᠠᠨ ᠰᠤᠷᠭᠠᠬᠤ  ᠴᠡᠭ 2᠎ ᠢ ᠪᠠᠶᠢᠭᠤᠯᠵᠤ᠂   ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ᠂ ᠮᠣᠩᠭᠤᠯ  ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠵᠢᠴᠢ 10 ᠲᠤᠮᠳᠠᠳᠤ  ᠪᠠᠭ᠎ᠠ ᠰᠤᠷᠭᠠᠭᠤᠯᠢ ᠶᠢᠨ ᠰᠦᠯᠢᠶᠤᠤ ᠭᠤᠮ ᠪᠦᠳᠦᠴᠡᠳᠦ ᠲᠠᠮᠢᠷ ᠤᠨ ᠲᠠᠯᠠᠪᠠᠶ᠂ 5 ᠰᠤᠷᠭᠠᠭᠤᠯᠢ ᠶᠢᠨ ᠰᠠᠷᠠᠪᠴᠢᠳᠤ ᠲᠠᠮᠢᠷ ᠎ ᠤᠨ ᠲᠠᠯᠠᠪᠠᠶ ᠵᠡᠷᠭᠡ  ᠪᠦᠳᠦᠬᠡᠨ ᠪᠠᠶᠢᠭᠤᠯᠤᠯᠳᠠ  ᠎ ᠶᠢᠨ ᠲᠦᠷᠦᠯ ᠵᠦᠢᠯ ᠢ ᠤᠷᠤᠭᠰᠢᠲᠠᠶ ᠭᠡᠷᠡᠭᠵᠢᠬᠦᠯᠦᠨ᠂ ᠰᠤᠷᠭᠠᠨ ᠬᠥᠮᠦᠵᠢᠯ ᠤᠨ ᠦᠢᠯᠡᠰ ᠤᠨ ᠲᠡᠩᠴᠡᠭᠦᠷᠢᠲᠡᠶ ᠪᠥᠭᠡᠳ ᠴᠢᠨᠠᠷ ᠰᠠᠶᠢᠲᠠᠶ ᠬᠥᠭᠵᠢᠯᠲᠡ ᠶᠢ ᠪᠠᠳᠤᠯᠠᠭᠰᠠᠨ ᠪᠠᠶᠢᠨ᠎ᠠ᠃  ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ  ᠬᠦᠨᠵᠡᠬᠡᠶᠢᠷᠡᠬᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ᠂ 3 ᠰᠠᠭᠤᠷᠢ ᠡᠷᠡᠭᠦᠯ ᠬᠠᠮᠠᠭᠠᠯᠠᠯ ᠤᠨ ᠬᠤᠷᠢᠶ᠎ᠠ ᠪᠠ 11 ᠰᠠᠭᠤᠷᠢ ᠮᠣᠩᠭᠤᠯ ᠬᠢᠲᠠᠳ ᠡᠮᠨᠡᠯᠭᠡ ᠶᠢᠨ ᠭᠠᠵᠠᠷ ᠠᠰᠢᠭᠯᠠᠯᠲᠠ ᠳᠤ ᠤᠷᠤᠵᠤ᠂  ᠬᠤᠰᠢᠭᠤ ᠡᠮᠨᠡᠯᠭᠡ ᠶᠢᠨ ᠬᠤᠷᠢᠶ᠎ᠠ ᠨᠢ ᠬᠠᠯᠳᠠᠪᠤᠷᠢᠲᠤ ᠡᠪᠡᠳᠴᠢᠨ᠂ ᠮᠡᠳᠡᠷᠡᠯ ᠤᠨ ᠡᠪᠡᠳᠴᠢᠨ ᠤ ᠲᠤᠰᠬᠠᠢ ᠰᠠᠯᠠᠭ᠎ᠠ ᠲᠠᠰᠤᠭ ᠢ ᠰᠢᠨ᠎ᠡ ᠪᠠᠷ  ᠪᠠᠶᠢᠭᠤᠯᠤᠨ᠂ ᠴᠢᠰᠤ ᠨᠡᠪᠴᠢᠭᠦᠯᠦᠨ ᠢᠯᠭᠠᠷᠠᠭᠤᠯᠬᠤ᠂ ᠴᠥᠮ᠎ᠡ ᠶᠢᠨ ᠰᠣᠷᠢᠨᠵᠢᠨ ᠢᠶᠠᠷ ᠪᠠᠶᠢᠴᠠᠭᠠᠬᠤ  ᠂ 64  ᠮᠦᠷᠳᠦ CT ᠵᠡᠷᠭᠡ ᠲᠡᠷᠢᠭᠦᠨ ᠤ  ᠲᠥᠬᠦᠭᠡᠷᠦᠮᠵᠢ ᠶᠢ ᠤᠷᠤᠭᠤᠯᠵᠤ  ᠭᠡᠷᠡᠭᠯᠡᠪᠡ᠃ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠤᠯᠤᠭᠠᠨ᠎ᠠ ᠎ ᠶᠢᠨ ᠬᠢᠵᠢᠭ ᠪᠠᠶᠢᠴᠠᠭᠠᠬᠤ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂   ᠤᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠤᠷᠤᠨ ᠤ ᠲᠡᠰ ᠤᠨ  ᠵᠢᠱᠢᠶ᠎ᠡ ᠦᠵᠡᠬᠦᠯᠬᠦ ᠬᠤᠰᠢᠭᠤ ᠪᠠ  ᠡᠷᠡᠬᠦᠯ ᠬᠠᠮᠠᠭᠠᠯᠠᠯ ᠤᠨ ᠬᠤᠳᠠ ᠪᠠᠯᠭᠠᠰᠤ ᠶᠢ ᠠᠮᠵᠢᠯᠳᠠᠳᠠᠢ ᠡᠬᠦᠳᠦᠨ ᠪᠠᠶᠢᠭᠤᠯᠤᠭᠠᠳ᠂  ᠡᠮᠨᠡᠯᠭᠡ ᠶᠢᠨ ᠪᠠᠳᠤᠯᠠᠭᠠᠨ ᠤ  ᠬᠢᠷᠢ ᠲᠦᠪᠰᠢᠨ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ  ᠬᠢᠷᠢ ᠴᠢᠳᠠᠪᠤᠷᠢ ᠮᠡᠳᠡᠭᠳᠡᠮ᠎ᠡ ᠲᠡᠭᠡᠭᠰᠢᠯᠡᠯᠳᠡ ᠲᠠᠢ ᠪᠤᠯᠵᠠᠢ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ  ᠰᠠᠭᠤᠷᠢᠨ ᠭᠠᠵᠠᠷ ᠪᠣᠯᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 3᠎ ᠶᠢ ᠰᠢᠨ᠎ᠡ ᠪᠠᠷ ᠪᠠᠶᠢᠭᠤᠯᠵᠤ᠂ ᠵᠡᠮᠳᠡᠭᠴᠦᠳ ᠢ ᠨᠠᠶᠢᠳᠠᠨ ᠠᠰᠠᠷᠠᠬᠤ ᠲᠥᠪ᠂ ᠭᠠᠯ ᠤᠨᠲᠠᠷᠠᠭᠠᠬᠤ ᠥᠷᠲᠡᠭᠡ ᠵᠢᠴᠢ ᠪᠡᠶ᠎ᠡ  ᠴᠢᠬᠢᠷᠠᠭᠵᠢᠭᠤᠯᠬᠤ ᠣᠷᠳᠣᠨ ᠢ  ᠰᠢᠨ᠎ᠡ ᠪᠠᠷ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠣᠯᠤᠨ ᠨᠡᠶᠢᠲᠡ ᠶᠢᠨ ᠣᠩᠭᠤᠨ ᠤ  ᠪᠠᠶᠢᠭᠤᠯᠤᠯᠳᠠ ᠶᠢ  ᠡᠬᠢᠯᠡᠬᠦᠯᠪᠡ᠃ 3045 ᠨᠡᠷ᠎ᠡ ᠴᠡᠷᠢᠭ ᠤᠨ ᠠᠯᠪᠠ ᠠᠴᠠ ᠬᠠᠯᠠᠭᠳᠠᠭᠰᠳ ᠪᠠ ᠪᠤᠰᠤᠳ ᠬᠠᠷᠠᠭᠠᠯᠵᠠᠬᠤ ᠨᠢᠭᠤᠷᠯᠠᠯ ᠤᠨ ᠮᠡᠳᠡᠭᠡ ᠵᠠᠩᠬᠢ ᠶᠢ ᠴᠤᠭᠯᠠᠭᠤᠯᠵᠤ ᠬᠠᠷᠭᠤᠭᠤᠯᠬᠤ ᠠᠵᠢᠯ ᠢ ᠬᠢᠵᠦ᠂ ᠦᠷᠡᠭᠳᠡᠭᠰᠡᠨ ᠪᠠᠭᠠᠳᠤᠷ ᠤᠨ ᠭᠡᠷ ᠪᠦᠯᠢ᠂ ᠴᠡᠷᠢᠭ ᠤᠨ ᠭᠡᠷ ᠪᠦᠯᠢ ᠪᠤᠯᠤᠨ ᠬᠠᠯᠠᠭᠳᠠᠭᠰᠠᠨ ᠴᠡᠷᠢᠭ ᠵᠡᠷᠭᠡ ᠳᠤ ᠢᠷᠠᠭᠤ ᠠᠯᠳᠠᠷ ᠤᠨ ᠢᠯᠡᠷᠭᠡᠶᠢᠯᠡᠯ ᠤᠯᠭᠤᠭᠰᠠᠨ ᠤ ᠬᠠᠮᠳᠤ ᠦᠷᠡᠭᠳᠡᠭᠰᠡᠨ ᠪᠠᠭᠠᠳᠤᠷᠴᠤᠳ ᠤᠨ ᠤᠩᠭᠤᠨ ᠤ ᠡᠬᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠢ ᠵᠠᠰᠠᠨ ᠦᠷᠭᠡᠳᠭᠡᠪᠡ᠃  ᠲᠣᠮᠣ ᠬᠡᠯᠪᠡᠷᠢ ᠶᠢᠨ ᠴᠢᠯᠦᠬᠡᠳᠦ ᠳᠡᠯᠭᠡᠭᠦᠷ 3᠎ ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠰᠠᠶᠢᠵᠢᠷᠠᠭᠤᠯᠵᠤ᠂ ᠠᠵᠢᠯᠲᠠᠨ ᠠᠵᠢᠯᠴᠢᠨ ᠤ ᠰᠣᠶᠣᠯ  ᠲᠠᠮᠢᠷ ᠤᠨ ᠬᠦᠳᠡᠯᠪᠦᠷᠢ ᠶᠢᠨ ᠲᠥᠪ  4᠎ ᠶᠢ  ᠪᠠᠶᠢᠭᠤᠯᠤᠨ᠂ ᠪᠦᠬᠦ ᠠᠶᠢᠮᠠᠭ ᠤᠨ ᠬᠤᠰᠢᠭᠤ ᠰᠢᠶᠠᠨ ᠱᠠᠳᠤᠨ ᠤ ᠠᠩᠬᠠᠳᠠᠭᠴᠢ ᠺᠢᠨᠣ᠋ ᠶᠢᠨ ᠣᠷᠳᠣᠨ 2017 ᠣᠨ ᠳᠤ ᠠᠰᠢᠭᠯᠠᠯᠲᠠ ᠳᠤ ᠤᠷᠤᠵᠠᠢ᠃ ᠰᠣᠶᠣᠯ ᠤᠨ ᠠᠵᠢᠯᠯᠠᠭ᠎ᠠ ᠪᠠ ᠲᠠᠮᠢᠷ ᠤᠨ ᠬᠦᠳᠡᠯᠬᠡᠬᠡᠨ ᠢ ᠢᠳᠡᠪᠬᠢᠳᠡᠢ ᠦᠷᠨᠢᠬᠦᠯᠵᠦ  ᠂ ᠤᠯᠠᠭᠠᠨᠮᠥ᠋ᠴᠢᠷ ᠤᠨ ᠤᠷᠠᠯᠢᠭ ᠤᠨ ᠲᠥᠪ ᠪᠠ ᠬᠤᠰᠢᠭᠤᠨ ᠤ ᠤᠮᠪᠠᠯᠲᠠ ᠶᠢᠨ ᠣᠷᠳᠣᠨ ᠤ ᠪᠠᠷᠢᠯᠭ᠎ᠠ ᠶᠢ ᠡᠬᠢᠯᠡᠭᠰᠡᠨ ᠪᠠᠶᠢᠨ᠎ᠠ᠃   ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠠᠮᠤᠷ ᠲᠣᠭᠲᠠᠭᠤᠨ ᠪᠠᠶᠢᠳᠠᠯ ᠎ ᠢᠶᠠᠨ ᠬᠠᠳᠠᠭᠠᠯᠠᠭᠰᠠᠨ᠃ ᠬᠠᠤᠯᠢ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ 《 ᠣᠶᠤᠨᠴᠢ ᠬᠠᠤᠯᠢ ᠴᠠᠭᠠᠵᠠ 》᠎ ᠶᠢᠨ ᠦᠢᠯᠡᠴᠢᠯᠡᠭᠡᠨ ᠤ ᠲᠠᠪᠴᠠᠩ  ᠎ ᠢ ᠠᠰᠢᠭᠯᠠᠯᠲᠠ ᠳᠤ ᠤᠷᠤᠭᠤᠯᠤᠨ᠂  ᠤᠳᠤᠷᠢᠳᠤᠯᠭ᠎ᠠ ᠬᠡᠷᠡᠭ ᠳᠠᠭᠠᠭᠠᠴᠢᠯᠠᠬᠤ ᠲᠦᠷᠢᠮ᠂ ᠵᠠᠬᠢᠳᠠᠯ ᠰᠤᠷᠪᠤᠯᠵᠢᠯᠠᠭ᠎ᠠ ᠶᠢᠨ  ᠬᠤᠯᠪᠤᠭᠠᠳᠤ ᠬᠤᠷᠠᠯᠳᠤᠭᠠᠨ ᠤ ᠳᠦᠷᠢᠮ  ᠵᠡᠷᠭᠡ ᠶᠢ  ᠨᠢᠮᠪᠠᠢ ᠨᠠᠶᠢᠳᠠᠪᠤᠷᠢᠵᠢᠭᠤᠯᠵᠤ᠂   ᠨᠢᠬᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠬᠦᠴᠢᠷ ᠲᠦᠪᠡᠭᠲᠡᠢ ᠠᠰᠠᠭᠤᠳᠠᠯ ᠢ  ᠰᠢᠢᠳᠪᠦᠷᠢᠯᠡᠪᠡ᠃ ᠠᠶᠤᠯᠬᠦᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂  ᠠᠶᠤᠯᠬᠦᠢ ᠦᠶᠯᠡᠳᠪᠦᠷᠢᠯᠡᠯ ᠤᠨ ᠲᠣᠭᠲᠠᠭᠤᠨ ᠪᠠᠶᠢᠳᠠᠯ ᠢ  ᠪᠠᠳᠤᠯᠠᠭᠰᠠᠨ ᠪᠠᠶᠢᠨ᠎ᠠ᠃  ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠦᠷᠨᠢᠬᠦᠯᠦᠨ᠂ ᠬᠠᠷ᠎ᠠ ᠪᠦᠯᠦᠭᠳᠡᠨ ᠬᠠᠷᠭᠢᠰ ᠬᠦᠴᠦᠨ ᠳᠤ ᠬᠤᠯᠪᠣᠭᠳᠠᠭᠰᠠᠨ 10 ᠬᠡᠷᠡᠭ ᠢ ᠳᠡᠩᠨᠡᠨ ᠢᠯᠡᠷᠡᠭᠦᠯᠵᠦ᠂ 46 ᠨᠡᠷ᠎ᠡ  ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠠᠢ᠃  271 ᠤᠳᠠᠭᠠᠨ ᠤ ᠡᠷᠡᠭᠦᠦ ᠶᠢᠨ ᠬᠡᠷᠡᠭ ᠢ ᠢᠯᠡᠷᠡᠭᠦᠯᠵᠦ᠂ 1099 ᠤᠳᠠᠭᠠᠨ ᠤ ᠠᠮᠤᠷ ᠢ ᠬᠠᠮᠠᠭᠠᠯᠠᠬᠤ ᠬᠡᠷᠡᠭ ᠢ ᠪᠠᠶᠢᠴᠠᠭᠠᠨ ᠰᠢᠶᠳᠪᠦᠷᠢᠯᠡᠪᠡ᠃ ᠦᠨᠳᠦᠰᠦᠨ ᠱᠠᠲᠤᠨ ᠤ ᠴᠠᠭᠳᠠᠭᠠᠨ ᠎ ᠤ ᠶᠠᠪᠤᠳᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ  ᠴᠢᠩᠭᠠᠳᠬᠠᠨ᠂ 112 ᠲᠤᠰᠠᠯᠠᠬᠤ ᠴᠠᠭᠳᠠᠭ᠎ᠠ ᠶᠢ  ᠡᠯᠰᠡᠨ ᠬᠡᠷᠡᠭᠯᠡᠵᠦ᠂ 176 ᠭᠠᠴᠠᠭ᠎ᠠ ᠲᠣᠰᠬᠤᠨ ᠳᠤ ᠴᠠᠭᠳᠠᠭᠠᠨ ᠤ ᠶᠠᠪᠤᠳᠠᠯ ᠤᠨ ᠲᠤᠰᠠᠯᠠᠭᠴᠢ ᠲᠤᠬᠢᠷᠠᠭᠤᠯᠤᠭᠠᠳ᠂ 《  ᠭᠠᠴᠠᠭ᠎ᠠ ᠲᠣᠰᠬᠤᠨ ᠪᠤᠯᠭᠠᠨ ᠳᠤ ᠴᠠᠭᠳᠠᠭ᠎ᠠ ᠲᠠᠢ ᠪᠠᠶᠢᠬᠤ 》 ᠬᠠᠷᠠᠯᠲᠠ ᠶᠢ ᠪᠡᠶᠡᠯᠡᠭᠦᠯᠪᠡ᠃ ᠲᠠᠶᠢᠹᠤᠰᠧ ᠬᠤᠰᠢᠭᠤᠨ ᠤ ᠰᠢᠭᠦᠬᠦ ᠬᠤᠷᠢᠶ᠎ᠠ  ᠎ ᠨᠢ《 ᠪᠦᠬᠦ ᠤᠯᠤᠰ ᠤᠨ ᠰᠢᠯᠢᠳᠡᠭ ᠰᠢᠭᠦᠬᠦ ᠬᠤᠷᠢᠶ᠎ᠠ 》᠎ ᠪᠠᠷ ᠴᠤᠯᠠᠯᠠᠭᠳᠠᠵᠤ᠂ ᠰᠢᠨ᠎ᠡ  ᠎ ᠪᠠᠷ ᠪᠠᠶᠢᠭᠤᠯᠤᠭᠰᠠᠨ ᠰᠢᠭᠦᠨ ᠲᠠᠰᠤᠯᠬᠤ ᠲᠢᠩᠬᠢᠮ ᠤᠨ ᠪᠠᠷᠢᠯᠭ᠎ᠠ ᠲᠡᠬᠦᠰᠴᠡᠢ᠃ ᠪᠦᠬᠦ ᠤᠯᠤᠰ᠂ ᠪᠦᠬᠦ ᠣᠷᠣᠨ ᠤ ᠭᠤᠣᠯᠳᠠᠯᠭ᠎ᠠ ᠲᠠᠢ ᠴᠠᠭ  ᠬᠤᠭᠤᠴᠠᠭᠠᠨ ᠤ ᠠᠮᠤᠷ ᠢ ᠬᠠᠮᠠᠭᠠᠯᠠᠬᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠰᠠᠨ ᠬᠤᠤ ᠳ᠋ᠢ ᠪᠠᠶᠢᠴᠠᠭᠠᠬᠤ ᠥᠷᠲᠡᠭᠡ  ᠎ ᠶᠢ《 ᠪᠦᠬᠦ ᠤᠯᠤᠰ  ᠎ ᠤᠨ ᠳᠣᠲᠣᠭᠠᠳᠤ ᠶᠢ ᠬᠠᠮᠠᠭᠠᠯᠠᠬᠤ  ᠠᠵᠢᠯ ᠤᠨ ᠦᠨᠳᠦᠰᠦᠨ ᠱᠠᠲᠤᠨ ᠤ ᠰᠢᠯᠢᠳᠡᠭ ᠨᠢᠭᠡᠴᠡ 》᠎ ᠪᠠᠷ ᠴᠤᠯᠠᠯᠠᠭᠰᠠᠨ ᠪᠠᠶᠢᠨ᠎ᠠ᠃    (  ᠲᠠᠪᠤ ) ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠶᠴᠡᠳᠬᠡᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠎ ᠶᠢ ᠨᠠᠷᠢᠨ ᠨᠢᠮᠪᠠᠢ ᠲᠤᠤᠱᠯᠠᠭᠤᠯᠤᠨ᠂ 《 ᠵᠠᠰᠠᠭ ᠤᠨ ᠣᠷᠳᠣᠨ ᠠᠷᠪᠢᠯᠠᠨ ᠠᠮᠢᠳᠤᠷᠠᠵᠤ᠂ ᠣᠯᠠᠨ ᠲᠦᠮᠡᠨ ᠰᠠᠶᠢᠬᠠᠨ ᠠᠮᠢᠳᠤᠷᠠᠬᠤ 》 ᠠᠷᠭ᠎ᠠ  ᠪᠤᠳᠤᠯᠭ᠎ᠠ ᠶᠢ ᠭᠡᠷᠡᠭᠵᠢᠬᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢ  ᠬᠠᠮᠢᠶᠠᠷᠴᠤ  ᠭᠡᠷᠡᠭᠯᠡᠬᠦ ᠪᠠᠨ ᠴᠢᠩᠭᠠᠳᠬᠠᠪᠠ᠃《 ᠭᠤᠷᠪᠠᠨ ᠴᠢᠬᠤᠯᠠ ᠨᠢᠭᠡ ᠶᠡᠭᠡ 》 ᠶᠠᠪᠤᠳᠠᠯ ᠳᠤ ᠬᠠᠮᠲᠤ ᠪᠠᠷ  ᠰᠢᠢᠳᠪᠦᠷᠢ ᠭᠠᠷᠭᠠᠬᠤ ᠲᠦᠷᠢᠮ ᠢ  ᠴᠢᠩᠭ᠎ᠠ ᠭᠡᠷᠡᠭᠵᠢᠬᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠶᠢ ᠨᠡᠶᠢᠲᠡ 1048 ᠬᠤᠪᠢ  ᠬᠦᠢᠴᠡᠳᠭᠡᠵᠦ᠂  ᠬᠦᠢᠴᠡᠳᠭᠡᠭᠰᠡᠨ ᠨᠤᠷᠮ᠎ᠠ 100 %᠎ ᠳᠤ ᠬᠦᠷᠴᠡᠢ᠃ 《 ᠪᠠᠭᠤᠯᠭᠠᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠨ᠎ᠡ ᠲᠢᠩᠬᠢᠮ ᠢ ᠠᠰᠢᠭᠯᠠᠯᠲᠠ ᠳᠤ ᠣᠷᠣᠭᠤᠯᠤᠨ᠂ ᠲᠢᠩᠬᠢᠮ ᠳᠤ  ᠤᠷᠤᠭᠰᠠᠨ ᠨᠢᠭᠡᠴᠡ 30 ᠪᠤᠯᠤᠨ ᠨᠡᠮᠡᠭᠳᠡᠵᠦ᠂  ᠦᠢᠯᠡᠴᠢᠯᠡᠬᠦ ᠲᠠᠪᠴᠠᠩ 114  ᠪᠤᠯᠵᠤ ᠨᠡᠮᠡᠭᠳᠡᠨ᠂ 220 ᠭᠠᠷᠤᠶ ᠵᠦᠢᠯ ᠤᠨ ᠠᠵᠢᠯ ᠶᠠᠪᠤᠳᠠᠯ ᠢ ᠦᠶᠯᠡᠴᠢᠯᠡᠭᠡᠨ ᠎ ᠤ ᠲᠢᠩᠬᠢᠮ ᠳᠤ ᠣᠷᠣᠭᠤᠯᠵᠤ᠂ 179 ᠦᠶᠯᠡᠴᠢᠯᠡᠭᠡᠨ ᠤ ᠵᠦᠶᠯᠡᠰ ᠢ 《  ᠨᠢᠬᠡᠯᠡ ᠤᠳᠠᠭ᠎ᠠ ᠳᠤ ᠭᠦᠶᠴᠡᠳᠬᠡᠬᠦ 》᠎ ᠶᠢ ᠪᠡᠶᠡᠯᠡᠬᠦᠯᠦᠨ᠂ ᠰᠦᠯᠵᠢᠶ᠎ᠡ  ᠲᠡᠭᠡᠷ᠎ᠡ ᠭᠦᠶᠴᠡᠳᠬᠡᠬᠦ ᠨᠣᠷᠮ᠎ᠠ 88 .3 %᠎ ᠳᠤ  ᠬᠦᠷᠪᠡ᠃  ᠰᠤᠮᠤ ᠰᠢᠶᠠᠩ ᠪᠠᠯᠭᠠᠰᠤᠨ ᠤ ᠠᠵᠢᠯ ᠦᠶᠯᠡᠰ ᠤᠨ ᠥᠷᠲᠡᠭᠡ ᠰᠠᠯᠪᠤᠷᠢ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ 77  ᠲᠦᠷᠦᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠭᠡ ᠶᠢ ᠳᠣᠷᠣᠭᠰᠢ  ᠪᠠᠭᠤᠯᠭᠠᠪᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠠᠮᠵᠢᠯᠲᠠ ᠲᠠᠢ ᠪᠡᠶᠡᠯᠡᠬᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ᠂ ᠭᠠᠵᠠᠷ ᠰᠢᠷᠣᠶ ᠨᠤᠲᠤᠭ ᠪᠡᠯᠴᠢᠭᠡᠷ ᠤᠨ ᠦᠮᠴᠢᠯᠡᠯ ᠤᠨ ᠡᠷᠬᠡ ᠶᠢᠨ ᠨᠤᠳ᠋ᠯᠠᠯᠳᠠ ᠵᠡᠷᠭᠡ ᠭᠤᠤᠯᠳᠠᠯᠭ᠎ᠠ ᠲᠠᠢ ᠥᠭᠡᠷᠡᠴᠢᠯᠡᠯᠲᠡ ᠶᠢ ᠪᠥᠬᠦ ᠲᠠᠯ᠎ᠠ ᠎ ᠪᠠᠷ  ᠦᠷᠨᠢᠬᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷ᠎ᠠ ᠶᠢᠨ ᠪᠥᠬᠦ ᠶᠠᠪᠤᠴᠠ ᠳᠤ ᠬᠠᠮᠢᠶᠠᠷᠤᠨ ᠡᠵᠡᠮᠳᠡᠬᠦ ᠪᠠ  ᠬᠢᠨᠠᠯᠲᠠ ᠲᠠᠯᠪᠢᠬᠤ ᠶᠢ  ᠴᠢᠩᠭᠠᠳᠬᠠᠨ᠂ ᠡᠯ᠎ᠡ ᠲᠥᠷᠥᠯ ᠤᠨ ᠰᠠᠬᠢᠯᠭ᠎ᠠ ᠪᠠᠲᠤ ᠬᠠᠤᠯᠢ ᠲᠦᠷᠢᠮ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠡᠢ᠃  ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ 《 ᠳᠣᠯᠣᠳᠤᠭᠠᠷ ᠲᠠᠪᠤᠨ ᠵᠢᠯ 》᠎ ᠤᠨ ᠬᠠᠤᠯᠢ ᠲᠦᠭᠡᠮᠡᠯᠵᠢᠭᠦᠯᠬᠦ ᠡᠭᠦᠷᠭᠡ ᠶᠢ ᠤᠷᠤᠭᠰᠢᠲᠠᠢ ᠪᠡᠶᠡᠯᠡᠬᠦᠯᠵᠦ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠬᠦᠯᠦᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠥᠬᠦ ᠬᠦᠴᠦᠨ ᠢᠶᠠᠷ ᠢᠶᠠᠨ  ᠪᠠᠳᠤᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠶᠡᠭᠡ ᠰᠠᠶᠢᠨ ᠪᠠᠶᠢᠳᠠᠯ ᠢ ᠦᠷᠭᠦᠯᠵᠢᠯᠡᠨ ᠪᠠᠬᠢᠵᠢᠬᠦᠯᠦᠭᠰᠡᠨ ᠪᠠᠶᠢᠨ᠎ᠠ᠃       ᠭᠤᠷᠪᠠ᠂ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠭᠤᠤᠯ ᠪᠤᠯᠬᠤ ᠬᠠᠷᠠᠯᠳᠠ ᠡᠬᠦᠷᠭᠡ᠄       —— ᠶᠡᠷᠦᠩᠬᠡᠶᠢᠯᠡᠭᠰᠡᠨ ᠪᠣᠳᠠᠲᠤ ᠬᠦᠴᠦᠨ ᠤ ᠰᠢᠨ᠎ᠡ ᠲᠠᠪᠠᠯᠳᠠ ᠶᠢ ᠪᠡᠶᠡᠯᠡᠬᠦᠯᠦᠨ᠎ᠡ᠃ ᠭᠤᠣᠯ ᠪᠣᠯᠬᠤ ᠠᠵᠤ ᠠᠬᠤᠢ ᠶᠢᠨ ᠵᠢᠭᠠᠯᠳᠠ ᠲᠤᠭ᠎ᠠ ᠶᠢ ᠲᠡᠩᠴᠡᠭᠦᠷᠢᠲᠡᠢ ᠵᠣᠬᠢᠴᠠᠩᠭᠤᠢ ᠪᠠᠷ ᠨᠡᠮᠡᠭᠳᠡᠬᠦᠯᠦᠨ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ  ᠲᠦᠷᠭᠡᠳᠬᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠬᠤ ᠠᠵᠢᠯ ᠤᠨ ᠦᠷ᠎ᠡ ᠪᠦᠲᠦᠭᠡᠯ ᠢ ᠤᠯᠠᠮ  ᠪᠠᠬᠢᠵᠢᠬᠦᠯᠦᠨ᠂  ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ  ᠭᠡᠷᠡᠭᠵᠢᠬᠦᠯᠵᠦ᠂  ᠵᠠᠭᠤᠨ ᠳ᠋ᠦ᠋ᠩᠰᠢᠭᠤᠷ ᠤᠨ ᠪᠤᠬᠢᠷᠳᠤᠯ  ᠦᠬᠡᠢ ᠠᠵᠤ ᠦᠢᠯᠡᠰ ᠤᠨ ᠤᠷᠤᠨ ᠲᠤᠭᠤᠷᠢᠭ ᠢ ᠠᠩᠬ᠎ᠠ ᠠᠯᠬᠤᠮ ᠲᠦᠯᠦᠪᠰᠢᠷᠡᠬᠦᠯᠦᠨ᠂ ᠠᠵᠤ ᠠᠬᠤᠢ ᠶᠢᠨ ᠦᠷ᠎ᠡ ᠠᠰᠢᠭ᠂ ᠬᠥᠭᠵᠢᠯᠲᠡ ᠶᠢᠨ ᠶᠠᠰᠤ ᠴᠢᠨᠠᠷ ᠢ ᠮᠡᠳᠡᠭᠳᠡᠮ᠎ᠡ ᠲᠡᠭᠡᠭᠰᠢᠯᠡᠬᠦᠯᠵᠦ᠂ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ  ᠎ ᠤᠨ ᠬᠤᠷᠳᠤᠴᠠ ᠶᠢ ᠪᠦᠬᠦ ᠠᠶᠢᠮᠠᠭ ᠤᠨ ᠳᠤᠮᠳᠠᠴᠢ ᠲᠦᠪᠰᠢᠨ ᠠᠴᠠ  ᠲᠠᠪᠠᠭᠤᠯᠤᠨ᠂  ᠰᠢᠯᠢ ᠶᠢᠨ ᠭᠤᠤᠯ ᠠᠶᠢᠮᠠᠭ ᠤᠨ ᠡᠮᠦᠨ᠎ᠡ ᠬᠡᠰᠡᠭ ᠤᠨ  ᠴᠢᠬᠤᠯᠠ  ᠠᠵᠤ ᠠᠬᠤᠢ ᠶᠢᠨ ᠨᠡᠮᠡᠭᠳᠡᠯ ᠤᠨ ᠴᠡᠭ ᠪᠤᠯᠭᠠᠨ᠎ᠠ᠃      —— ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠨ᠎ᠠ᠃ ᠰᠢᠨ᠎ᠡ ᠬᠥᠭᠵᠢᠯᠲᠡ ᠎ ᠶᠢᠨ ᠪᠦᠳᠦᠴᠡ  ᠎ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂  ᠭᠠᠳᠠᠭᠰᠢ ᠲᠤᠳᠤᠭᠰᠢ ᠪᠠᠨ ᠨᠡᠭᠡᠭᠡᠯᠲᠡ ᠶᠢᠨ ᠲᠦᠪᠰᠢᠨ ᠢ ᠢᠯᠡᠳᠲᠡ  ᠲᠡᠭᠡᠭᠰᠢᠯᠡᠬᠦᠯᠦᠨ᠂   ᠤᠷᠤᠨ ᠪᠦᠰᠡ ᠶᠢᠨ ᠴᠢᠨᠠᠷᠳᠠᠢ  ᠵᠢᠭᠤᠯᠴᠢᠯᠠᠯ ᠠᠷᠠᠯᠵᠢᠶᠠᠨ ᠤ ︽ᠬᠦᠬᠦᠷᠭᠡᠨ ᠪᠠᠬᠢᠯᠡᠯᠳᠡ︾᠎ ᠶᠢᠨ ᠪᠠᠶᠢᠷᠢ ᠰᠠᠭᠤᠷᠢ ᠶᠢ ᠤᠯᠠᠮ ᠪᠠᠳᠤᠳᠬᠠᠵᠤ᠂ ᠠᠮᠢ ᠠᠬᠤᠢ ᠶᠢᠨ ᠪᠣᠯᠪᠠᠰᠤᠨ᠂ ᠮᠠᠯᠵᠢᠬᠤ ᠲᠠᠷᠢᠶᠠᠯᠠᠬᠤ ᠣᠷᠣᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ  ᠴᠡᠷ᠎ᠡ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠢ  ᠠᠬᠢᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠶᠡᠭᠡ ᠪᠠᠷ  ᠰᠠᠶᠢᠵᠢᠷᠠᠭᠤᠯᠤᠨ᠂  ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠷ  ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ ᠶᠢ ᠤᠯᠠᠮ  ᠴᠢᠩᠭᠠᠷᠠᠭᠤᠯᠤᠨ᠎ᠠ᠃     —— ᠪᠣᠬᠢᠷᠲᠤᠯ ᠦᠭᠡᠢ ᠬᠥᠭᠵᠢᠯᠲᠡ ᠶᠢ ᠰᠢᠨ᠎ᠡ ᠨᠢᠬᠡᠨ ᠳᠡᠭᠲᠡᠷ ᠲᠤ ᠭᠠᠷᠭᠠᠨ᠎ᠠ᠃ ᠠᠮᠢ ᠠᠬᠤᠶ  ᠎ ᠪᠠᠷ ᠤᠷᠢᠳᠠᠯ  ᠪᠤᠯᠭᠠᠭᠰᠠᠨ ᠪᠣᠬᠢᠷᠲᠤᠯ ᠥᠬᠡᠶ ᠬᠦᠭᠵᠢᠬᠦᠯᠦᠯᠳᠡ ᠶᠢ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ  ᠪᠠᠳᠤᠯᠠᠨ  ᠂  ᠠᠵᠢᠯᠯᠠᠵᠤ ᠠᠮᠢᠳᠤᠷᠠᠬᠤ ᠎ ᠳᠤ ᠲᠠᠭᠠᠳᠠᠢ ᠠᠮᠢ ᠠᠬᠤᠢ ᠶᠢᠨ ᠪᠠᠯᠭᠠᠰᠤ ᠶᠢ ᠡᠬᠦᠳᠦᠨ ᠪᠠᠶᠢᠭᠤᠯᠵᠤ᠂  ᠴᠡᠯᠮᠡᠭ ᠣᠭᠲᠠᠷᠭᠤᠶ᠂  ᠴᠡᠩᠭᠡᠭ ᠤᠰᠤ᠂ ᠴᠡᠪᠡᠷ ᠬᠦᠷᠦᠰᠦᠨ ᠤ ᠬᠠᠮᠠᠭᠠᠯᠠᠯᠳᠠ ᠶᠢᠨ ᠳᠠᠶᠢᠯᠠᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠣᠬᠢᠷᠲᠤᠯ ᠥᠬᠡᠶ ᠦᠶᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢᠨ ᠪᠦᠷᠢᠯᠳᠦᠯ ᠢ ᠲᠦᠷᠭᠡᠳᠬᠡᠨ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠴᠢᠨᠠᠭᠰᠢᠳᠠ ᠰᠠᠶᠢᠵᠢᠷᠠᠭᠤᠯᠤᠨ᠂  ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠲᠤ ᠴᠤᠭᠴᠠᠯᠠᠨ᠎ᠠ᠃    —— ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠢᠨ᠎ᠡ ᠲᠦᠪᠰᠢᠨ ᠳᠤ ᠬᠦᠷᠭᠡᠨ᠎ᠡ᠃ ᠬᠤᠳᠠ ᠬᠥᠳᠡᠭᠡ ᠎ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠢᠵᠢᠯ ᠠᠯᠬᠤᠮ ᠲᠠᠢ ᠪᠠᠶᠢᠯᠭᠠᠵᠤ᠂  ᠨᠠᠰᠤᠵᠢᠯ ᠤᠨ ᠠᠰᠠᠷᠠᠮᠵᠢ᠂ ᠦᠨᠳᠦᠰᠦᠨ ᠡᠮ ᠡᠮᠨᠡᠯᠭᠡ᠂ ᠨᠠᠭᠠᠳᠤ ᠵᠠᠬ᠎ᠠ ᠶᠢᠨ ᠠᠮᠢᠳᠤᠷᠠᠯ ᠤᠨ  ᠪᠠᠲᠤᠯᠠᠭ᠎ᠠ ᠵᠡᠷᠭᠡ ᠤᠯᠠᠨ ᠲᠡᠰ ᠳᠠᠪᠬᠤᠷᠭ᠎ᠠ ᠶᠢᠨ ᠪᠠᠳᠤᠯᠠᠭᠠᠨ ᠤ  ᠰᠢᠰᠲ᠋ᠧᠮᠵᠢ ᠶᠢ ᠴᠢᠨᠠᠭᠰᠢᠳᠠ ᠲᠡᠭᠦᠯᠳᠡᠷᠵᠢᠭᠦᠯᠦᠨ᠎ᠡ᠃   ᠰᠤᠷᠭᠠᠨ ᠬᠥᠮᠦᠵᠢᠯ ᠢ ᠴᠢᠨᠠᠷ ᠰᠠᠶᠢᠲᠠᠶ  ᠬᠦᠭᠵᠢᠬᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠨ ᠰᠢᠶᠳᠪᠦᠷᠢᠯᠡᠬᠦ ᠪᠠ  ᠠᠪᠤᠷᠠᠨ ᠵᠠᠰᠠᠬᠤ ᠴᠢᠳᠠᠪᠤᠷᠢ ᠶᠢ  ᠢᠯᠡᠳᠳᠡ  ᠴᠢᠩᠭᠠᠷᠠᠭᠤᠯᠤᠨ᠎ᠠ᠃     ——ᠨᠡᠶᠢᠭᠡᠮ ᠤᠨ ᠪᠣᠯᠪᠠᠰᠤᠨ  ᠎ ᠢ ᠰᠢᠨ᠎ᠡ ᠳᠡᠭᠡᠭᠰᠢᠯᠡᠯᠲᠡ ᠲᠠᠢ ᠪᠤᠯᠭᠠᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠤᠨ ᠬᠥᠮᠦᠵᠢᠯ  ᠵᠡᠷᠭᠡ ᠶᠢ ᠭᠦᠨᠵᠡᠭᠡᠶ ᠥᠷᠨᠢᠭᠦᠯᠵᠦ᠂ ᠪᠣᠯᠪᠠᠰᠤᠨ  ᠭᠠᠴᠠᠭ᠎ᠠ ᠲᠣᠰᠬᠤᠨ᠂ ᠪᠣᠯᠪᠠᠰᠤᠨ ᠬᠡᠷ ᠪᠦᠯᠢ᠂ ᠪᠣᠯᠪᠠᠰᠤᠨ ᠪᠠᠶᠢᠭᠤᠯᠭ᠎ᠠ ᠨᠢᠭᠡᠴᠡ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠵᠡᠷᠭᠡ  ᠎ ᠶᠢ ᠡᠭᠦᠳᠦᠨ ᠪᠠᠶᠢᠭᠤᠯᠬᠤ  ᠠᠵᠢᠯᠯᠠᠭᠠᠨ ᠤ  ᠬᠢᠷᠢ ᠲᠦᠪᠰᠢᠨ ᠢ  ᠢᠯᠡᠳᠳᠡ ᠲᠡᠭᠡᠭᠰᠢᠯᠡᠬᠦᠯᠵᠦ᠂  ᠠᠷᠠᠳ ᠢᠷᠭᠡᠳ ᠤᠨ  ᠪᠤᠯᠪᠠᠰᠤᠨ ᠤ  ᠭᠡᠪ ᠴᠢᠨᠠᠷ ᠪᠠ ᠨᠡᠶᠢᠭᠡᠮ ᠤᠨ ᠪᠣᠯᠪᠠᠰᠤᠨ ᠤ  ᠬᠢᠷᠢ ᠬᠡᠮᠵᠢᠶ᠎ᠡ ᠶᠢ  ᠤᠯᠠᠮ ᠲᠡᠭᠡᠭᠰᠢᠯᠡᠬᠦᠯᠦᠨ᠂ ᠪᠥᠬᠦ ᠣᠷᠣᠨ ᠤ ᠪᠣᠯᠪᠠᠰᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃     ——ᠨᠡᠶᠢᠭᠡᠮ ᠤᠨ ᠵᠠᠰᠠᠯᠲᠠ ᠤᠨ ᠪᠦᠳᠦᠮᠵᠢ ᠶᠢ ᠰᠢᠨ᠎ᠡ ᠳᠡᠭᠡᠭᠰᠢᠯᠡᠯᠲᠡ ᠲᠠᠢ ᠪᠤᠯᠭᠠᠨ᠎ᠠ᠃  ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠬᠡᠮ ᠤᠨ ᠵᠠᠰᠠᠯᠳᠠ ᠶᠢᠨ ᠭᠡᠪ ᠵᠠᠭᠪᠤᠷ ᠢ ᠦᠨᠳᠦᠰᠦᠨ ᠎ ᠳᠡᠭᠡᠨ  ᠪᠦᠷᠢᠯᠳᠦᠬᠦᠯᠵᠦ᠂ ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ  ᠴᠢᠩᠭᠠᠳᠬᠠᠨ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ  ᠤᠯᠠᠮ ᠢᠯᠡᠬᠦᠦ  ᠲᠡᠬᠦᠯᠳᠡᠷᠵᠢᠬᠦᠯᠵᠦ᠂  ᠬᠦᠨᠳᠦ ᠶᠡᠭᠡ  ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠲᠠᠰᠤᠷᠠᠯᠲᠠ ᠦᠭᠡᠢ  ᠪᠦᠷᠢᠨᠰᠢᠬᠦᠯᠦᠨ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠢ ᠪᠠᠴᠢᠮ ᠠᠷᠭᠠᠴᠠᠨ ᠰᠢᠢᠳᠪᠦᠷᠢᠯᠡᠬᠦ ᠪᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠪᠦᠬᠦ ᠲᠠᠯ᠎ᠠ ᠪᠠᠷ  ᠲᠡᠭᠡᠭᠰᠢᠯᠡᠬᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ  ᠪᠠᠳᠤᠯᠠᠨ᠎ᠠ᠃      
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号