| ᠲᠠᠶᠢᠹᠤᠰᠧ ᠬᠤᠰᠢᠭᠤ ᠵᠢᠩᠬᠢᠨᠢ ᠬᠠᠤᠯᠢᠴᠢ ᠪᠠᠷ ᠭᠤᠤᠯ ᠪᠤᠯᠭᠠᠵᠤ᠂ ᠰᠢᠯᠢᠳᠡᠭ ᠬᠠᠤᠯᠢ ᠶᠢᠨ ᠠᠵᠢᠯᠳᠠᠨ | ᠢᠶᠠᠷ ᠨᠦᠬᠦᠪᠦᠷᠢᠯᠡᠬᠦᠯᠦᠭᠰᠡᠨ ᠴᠢᠳᠠᠪᠤᠷᠢᠳᠠᠨ ᠤ ᠬᠦᠮᠦᠷᠭᠡ ᠶᠢ ᠪᠠᠶᠢᠭᠤᠯᠵᠤ᠂ ᠤᠳᠤ ᠨᠢᠬᠡᠨᠳᠡ ᠵᠢᠩᠬᠢᠨᠢ ᠬᠠᠤᠯᠢᠴᠢ | 2 ᠨᠡᠷ᠎ᠡ᠂ ᠰᠢᠯᠢᠳᠡᠭ ᠬᠠᠤᠯᠢ ᠶᠢᠨ ᠠᠵᠢᠯᠳᠠᠨ 10 ᠨᠡᠷ᠎ᠡ ᠶᠢ ᠡᠯᠰᠡᠵᠦ᠂ ᠨᠡᠶᠢᠬᠡᠮ ᠤᠨ ᠬᠠᠤᠯᠢ ᠪᠠᠷ ᠵᠠᠰᠠᠬᠤ | ᠦᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠬᠦ ᠶᠠᠪᠤᠴᠠ ᠳᠤ ᠲᠡᠳᠡᠨ ᠤ ᠴᠢᠬᠤᠯᠠ ᠦᠢᠯᠡᠳᠦᠯ ᠢ ᠪᠠᠳᠠᠷᠠᠭᠤᠯᠵᠤ | ᠪᠠᠶᠢᠨ᠎ᠠ᠃ ᠲᠤᠰ ᠬᠤᠰᠢᠭᠤ ᠨᠢ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠨᠡᠶᠢᠬᠡᠮ | ᠲᠤᠭᠤᠷᠢᠭ ᠭᠤᠷᠪᠠᠨ ᠱᠠᠳᠤ ᠲᠡᠭᠡᠷ᠎ᠡ ᠤᠯᠤᠰ ᠤᠨ ᠦᠮᠴᠢᠯᠡᠯᠳᠦ ᠠᠵᠤ ᠠᠬᠤᠶᠢᠯᠠᠯ ᠢ ᠨᠡᠮᠡᠭᠰᠡᠨ ︽ᠭᠤᠷᠪᠠᠨ | ᠱᠠᠳᠤ +︾ ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠪᠦᠬᠦ ᠬᠤᠰᠢᠭᠤᠨ ᠳᠤ ᠲᠡᠯᠭᠡᠷᠡᠬᠦᠯᠵᠦ ᠂ | ᠴᠢᠳᠠᠪᠤᠷᠢᠳᠠᠨ ᠤ ᠬᠦᠮᠦᠷᠭᠡ ᠶᠢᠨ ᠡᠬᠢ ᠪᠠᠶᠠᠯᠢᠭ ᠢ ᠠᠰᠢᠭᠯᠠᠨ᠂ ᠨᠢᠬᠡᠳᠦᠯᠳᠡᠢ ᠲᠦᠯᠦᠪᠯᠡᠨ ᠵᠤᠬᠢᠰᠳᠠᠢ | ᠲᠤᠬᠢᠷᠠᠭᠤᠯᠵᠤ᠂ 20 ᠭᠠᠷᠤᠢ ᠨᠢᠬᠡᠴᠡ ᠳᠤ ᠬᠠᠤᠯᠢ ᠴᠠᠭᠠᠵᠠ ᠶᠢᠨ ᠵᠦᠪᠯᠡᠭᠴᠢ ᠪᠠᠷ ᠠᠵᠢᠯᠯᠠᠯᠭᠤᠯᠵᠤ᠂ ᠡᠳᠡᠭᠡᠷ | ᠵᠦᠪᠯᠡᠭᠴᠢ ᠨᠢ ᠲᠤᠰ ᠨᠢᠬᠡᠴᠡ ᠶᠢᠨ ᠢᠶᠠᠨ ᠲᠦᠷᠢᠮ ᠲᠤᠭᠳᠠᠭᠠᠯ᠂ ᠭᠡᠷ᠎ᠡ ᠲᠤᠭᠳᠠᠬᠤ ᠵᠡᠷᠭᠡ ᠠᠵᠢᠯ ᠳᠤ ᠬᠠᠤᠯᠢ | ᠴᠠᠭᠠᠵᠠ ᠶᠢᠨ ᠵᠦᠪᠯᠡᠯᠬᠡ ᠪᠠ ᠵᠢᠯᠤᠭᠤᠳᠤᠯᠭ᠎ᠠ ᠦᠭᠬᠦ ᠶᠢᠨ ᠬᠠᠮᠳᠤ ᠂ ᠬᠠᠤᠯᠢ ᠲᠦᠷᠢᠮ ᠤᠨ ᠤᠬᠠᠭᠤᠯᠭ᠎ᠠ | ᠬᠦᠮᠦᠵᠢᠯ ᠬᠢᠬᠦ᠂ ᠬᠠᠤᠯᠢ ᠴᠠᠭᠠᠵᠠ ᠶᠢᠨ ᠯᠠᠪᠯᠠᠯᠳᠠ ᠬᠠᠩᠭᠠᠬᠤ ᠵᠡᠷᠭᠡ ᠠᠵᠢᠯᠯᠠᠭ᠎ᠠ ᠶᠢ ᠢᠳᠡᠪᠬᠢᠳᠡᠢ ᠵᠤᠬᠢᠶᠠᠨ | ᠪᠠᠶᠢᠭᠤᠯᠵᠤ ᠦᠷᠨᠢᠬᠦᠯᠦᠨ᠂ ᠬᠠᠤᠯᠢ ᠴᠠᠭᠠᠵᠠ ᠶᠢᠨ ᠲᠠᠯ᠎ᠠ ᠠᠴᠠ ᠡᠯ᠎ᠡ ᠨᠢᠬᠡᠴᠡ ᠶᠢᠨ ᠵᠠᠰᠠᠭ ᠵᠠᠬᠢᠷᠭᠠᠨ ᠤ | ᠰᠢᠢᠳᠪᠦᠷᠢ᠂ ᠵᠠᠰᠠᠭ ᠵᠠᠬᠢᠷᠭᠠᠨ ᠤ ᠬᠠᠮᠢᠶᠠᠷᠤᠯᠳᠠ ᠂ ᠵᠠᠰᠠᠭ ᠵᠠᠬᠢᠷᠭᠠᠨ ᠤ ᠦᠢᠯᠡᠴᠢᠯᠡᠭᠡ᠂ ᠲᠦᠭᠰᠢᠬᠦᠷᠢ | ᠰᠡᠷᠭᠡᠶᠢᠯᠡᠯᠳᠡ ᠵᠡᠷᠭᠡ ᠠᠵᠢᠯ ᠳᠤ ᠬᠠᠪᠰᠤᠷᠤᠯ ᠲᠡᠮᠵᠢᠯᠬᠡ ᠦᠵᠡᠬᠦᠯᠵᠦ ᠪᠤᠢ᠃ ᠤᠯᠠᠨ ᠲᠦᠮᠡᠨ ᠬᠠᠤᠯᠢ ᠴᠠᠭᠠᠵᠠ | ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠬᠢᠬᠦ ᠳᠤ ᠬᠠᠤᠯᠢ ᠶᠢᠨ ᠠᠵᠢᠯᠳᠠᠳ ᠬᠠᠯᠠᠭᠤᠮᠰᠠᠭ ᠢᠶᠠᠷ ᠬᠦᠯᠢᠶᠡᠨ | ᠠᠪᠴᠤ ᠂ ᠰᠠᠨᠠᠭᠠᠴᠢᠯᠠᠭ᠎ᠠ ᠠᠴᠠ ᠪᠠᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠂ ᠠᠰᠠᠭᠤᠵᠤ ᠯᠠᠪᠯᠠᠬᠤ | ᠳᠤᠨᠢ ᠨᠠᠷᠢᠨ ᠲᠤᠳᠤᠷᠬᠠᠢ ᠬᠠᠷᠢᠭᠤᠯᠳᠠ ᠦᠭᠴᠦ᠂ ᠨᠡᠶᠢᠬᠡᠮ ᠤᠨ ᠵᠦᠷᠢᠴᠡᠯ ᠢ ᠰᠢᠢᠳᠪᠦᠷᠢᠯᠡᠬᠦ ᠶᠢ ᠬᠠᠤᠯᠢ ᠶᠢᠨ | ᠵᠠᠮ ᠳᠤ ᠤᠷᠤᠭᠤᠯᠤᠨ᠂ ᠤᠯᠠᠨ ᠲᠦᠮᠡᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ ᠪᠠᠶᠢᠨ᠎ᠠ᠃ | 2016 ᠤᠨ ᠳᠤ᠂ ᠤᠯᠠᠨ ᠲᠦᠮᠡᠨ ᠤ ᠠᠰᠠᠭᠤᠵᠤ ᠯᠠᠪᠯᠠᠭᠰᠠᠨ ᠵᠦᠢᠯ 813 ᠬᠦᠮᠦᠨ ᠤᠳᠠᠭ᠎ᠠ ᠳᠤ ᠬᠦᠷᠴᠦ᠂ | 510 ᠤᠳᠠᠭᠠᠨ ᠤ ᠵᠦᠷᠢᠴᠡᠯ ᠵᠢᠭᠤᠷᠠᠭᠠᠨ ᠢ ᠨᠠᠮᠳᠠᠭᠤᠯᠤᠨ ᠰᠢᠢᠳᠪᠦᠷᠢᠯᠡᠪᠡ᠃ ︵2017.2.10︶ | |