ᠲᠠᠶᠢᠹᠤᠰᠧ ᠬᠤᠰᠢᠭᠤ ᠲᠤᠯᠤᠭᠠᠶᠢᠯᠠᠭᠴᠢ ᠠᠵᠤ ᠠᠬᠤᠶᠢᠯᠠᠯ ᠤᠨ ᠦᠢᠯᠡᠳᠦᠯ ᠢ ᠪᠠᠳᠠᠷᠠᠭᠤᠯᠵᠤ ᠠᠵᠤ ᠦᠢᠯᠡᠰ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ ᠰᠢᠪᠳᠤᠯᠤᠯᠳᠠ ᠶᠢᠨ ᠴᠢᠨᠠᠷᠳᠠᠢ ᠠᠬᠢᠯᠳᠠ ᠭᠠᠷᠭᠠᠪᠠ
ᠨᠡᠶᠢᠲᠡᠯᠡᠭᠰᠡᠨ ᠴᠠᠭ᠄
2017/3/1
    ᠲᠠᠶᠢᠹᠤᠰᠧ ᠬᠤᠰᠢᠭᠤ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠭᠰᠡᠨ᠂ ᠪᠤᠳᠠᠳᠤ ᠬᠦᠴᠦᠨ ᠎ ᠢᠶᠠᠷ ᠴᠢᠩᠭ᠎ᠠ᠂ ᠠᠵᠤ ᠦᠢᠯᠡᠰ ᠤᠨ ᠭᠡᠯᠬᠢᠶᠡᠰᠦ ᠤᠷᠳᠤ᠂ ᠨᠦᠯᠦᠬᠡᠯᠡᠨ ᠲᠠᠶᠢᠴᠢᠯᠠᠬᠤ ᠦᠢᠯᠡᠳᠦᠯ ᠢᠶᠠᠷ ᠶᠡᠭᠡ ᠠᠵᠤ  ᠦᠢᠯᠡᠰᠵᠢᠭᠰᠡᠨ ᠲᠠᠭᠠᠭᠤᠯᠤᠭᠴᠢ ᠲᠦᠷᠦᠯ ᠵᠦᠢᠯ ᠤᠳ ᠢ ᠵᠠᠯᠭ᠎ᠠ ᠪᠠᠷ ᠤᠷᠢᠨ ᠨᠤᠳᠤᠭᠰᠢᠭᠤᠯᠵᠤ᠂ ᠤᠨᠴᠠᠯᠢᠭᠳᠤ ᠠᠵᠤ ᠠᠬᠤᠢ ᠶᠢᠨ ᠰᠢᠰᠲ᠋ᠧᠮ ᠢ  ᠠᠯᠬᠤᠮ ᠠᠯᠬᠤᠮ ᠢᠶᠠᠷ  ᠪᠤᠢ ᠪᠤᠯᠭᠠᠵᠤ ᠪᠠᠶᠢᠨ᠎ᠠ᠃  ᠶᠡᠷᠦᠩᠬᠡᠢ ᠪᠡᠯᠡ  ᠤᠷᠤᠭᠤᠯᠤᠯᠳᠠ ᠨᠢ 15 ᠳ᠋ᠦᠩᠰᠢᠭᠤᠷ ᠲᠦᠬᠦᠷᠢᠭ ᠳᠤ ᠬᠦᠷᠬᠦ ᠰᠢᠯᠢ ᠶᠢᠨ ᠭᠤᠤᠯ ᠤᠨ ᠡᠤ ᠹᠧᠩ ᠤᠳᠤᠬᠢᠴᠢᠯᠠᠭᠰᠠᠨ ᠮᠠᠯᠵᠢᠯ ᠤᠨ ᠺᠤᠮᠫᠠᠨᠢ ᠶᠢᠨ 30 ᠲᠦᠮᠡᠨ ᠦᠬᠡᠷ  ᠡᠳ᠋ᠰᠢᠬᠦᠯᠬᠦ  ᠂ 2000 ᠦᠬᠡᠷ ᠪᠤᠶᠢᠵᠢᠭᠤᠯᠬᠤ᠂ 10000 ᠦᠬᠡᠷ ᠪᠤᠷᠳᠤᠨ ᠲᠠᠷᠭᠤᠯᠠᠭᠤᠯᠬᠤ ᠲᠦᠷᠦᠯ ᠵᠦᠢᠯ ᠤᠨ ᠲᠦᠷᠦᠬᠦᠴᠢ ᠬᠤᠭᠤᠴᠠᠭᠠᠨ ᠤ ᠠᠵᠢᠯ  ᠡᠷᠴᠢᠮᠳᠡᠢ ᠶᠠᠪᠤᠭᠳᠠᠵᠤ᠂ 5 ᠰᠠᠷ᠎ᠠ ᠶᠢᠨ  ᠡᠬᠢᠨ ᠳᠤ ᠪᠦᠳᠦᠬᠡᠨ ᠪᠠᠶᠢᠭᠤᠯᠤᠯᠳᠠ ᠡᠬᠢᠯᠡᠬᠦ  ᠎ ᠪᠠᠷ ᠪᠡᠯᠡᠬᠡᠨ ᠪᠤᠯᠤᠭᠰᠠᠨ ᠪᠦᠬᠡᠳ  5  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ ᠪᠡᠭᠡᠵᠢᠩ ᠤᠨ ᠱᠧᠩ ᠲᠠᠢ ᠡᠯ ᠬᠢᠳᠠᠳ ᠡᠮ ᠤᠨ ᠮᠠᠲ᠋ᠧᠷᠢᠶᠠᠯ ᠨᠠᠷᠢᠯᠢᠭ ᠡᠳ᠋ᠰᠢᠬᠦᠯᠬᠦ ᠲᠦᠷᠦᠯ ᠵᠦᠢᠯ  ᠎ ᠨᠢ  ᠲᠤᠰ ᠬᠤᠰᠢᠭᠤᠨ ᠤ ᠠᠵᠤ ᠦᠢᠯᠡᠰ ᠤᠨ ᠬᠦᠭᠵᠢᠯᠳᠡ ᠶᠢᠨ  ᠬᠤᠭᠤᠰᠤᠨ ᠢ ᠨᠦᠬᠦᠪᠦᠷᠢᠯᠡᠵᠦ᠂ ᠨᠢᠬᠡᠳᠦᠭᠡᠷ ᠬᠤᠭᠤᠴᠠᠭᠠᠨ ᠤ ᠢᠨᠵᠧᠨᠧᠷᠢᠩ  ᠬᠤᠶᠠᠳᠤᠭᠠᠷ ᠬᠤᠭᠤᠴᠠᠭᠠᠨ ᠤ ᠪᠦᠳᠦᠬᠡᠨ ᠪᠠᠶᠢᠭᠤᠯᠤᠯᠳᠠ ᠪᠠᠨ ᠡᠬᠢᠯᠡᠪᠡ᠃  ᠨᠢᠬᠡᠳᠦᠭᠡᠷ ᠬᠤᠭᠤᠴᠠᠭᠠᠨ ᠤ  ᠪᠡᠯᠡ  ᠤᠷᠤᠭᠤᠯᠤᠯᠳᠠ ᠨᠢ 3 ᠳ᠋ᠦᠩᠰᠢᠭᠤᠷ ᠲᠦᠬᠦᠷᠢᠭ  ᠬᠦᠷᠬᠦ  ᠴᠠᠩ ᠱᠧᠩ  ᠨᠠᠷᠠᠨ ᠤ ᠡᠨᠧᠷᠬᠢ ᠶᠢᠨ ᠶᠠᠳᠠᠭᠤ ᠶᠢ ᠳᠡᠳᠬᠦᠬᠦ ᠲᠦᠷᠦᠯ ᠵᠦᠢᠯ  ᠴᠤ ᠲᠤᠰ ᠬᠤᠰᠢᠭᠤᠨ ᠳᠤ ᠨᠤᠳᠤᠭᠰᠢᠵᠤ᠂ ᠤᠳᠤ ᠨᠢᠬᠡᠨᠳᠡ 1500 ᠲᠦᠮᠡᠨ ᠲᠦᠬᠦᠷᠢᠭ ᠤᠨ ᠪᠡᠯᠡ  ᠤᠷᠤᠭᠤᠯᠤᠭᠠᠳ  ᠂  5.8 ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ  ᠪᠠᠢ ᠾᠦᠢ ᠱᠧᠩ ᠰᠢᠬᠢᠷ ᠤᠨ ᠦᠢᠯᠡᠳᠪᠦᠷᠢ ᠨᠢ ᠲᠦᠷᠦᠯ ᠵᠦᠢᠯ ᠤᠨ ᠪᠤᠯᠤᠮᠵᠢᠳᠤ ᠰᠤᠳᠤᠯᠤᠯ ᠪᠠ ᠲᠠᠩᠰᠠ  ᠪᠡᠯᠡᠳᠭᠡᠬᠦᠯᠬᠦ ᠠᠵᠢᠯ ᠢᠶᠠᠨ ᠬᠢᠵᠦ  ᠲᠠᠭᠤᠰᠬᠠᠵᠠᠢ᠃  ᠪᠡᠭᠡᠵᠢᠩ ᠤᠨ ᠳ᠋ᠧ ᠴᠢᠩ ᠶᠤᠸᠠᠨ᠂  ᠳ᠋ᠠ ᠸᠧᠢ ᠵᠢᠶᠠ ᠺᠤᠮᠫᠠᠨᠢ ᠲᠠᠢ ᠲᠤᠭᠳᠠᠭᠰᠠᠨ ᠲᠠᠬᠢᠶ᠎ᠠ᠂ ᠭᠠᠭ᠋ᠠᠢ ᠮᠠᠯᠵᠢᠬᠤ ᠶᠠᠳᠠᠭᠤ ᠶᠢ ᠳᠡᠳᠬᠦᠬᠦ ᠲᠦᠷᠦᠯ ᠵᠦᠢᠯ ᠤᠨ ᠭᠡᠷ᠎ᠡ ᠲᠤᠭᠳᠠᠵᠤ᠂ ᠬᠠᠮᠢᠶ᠎ᠠ ᠪᠦᠬᠦᠢ ᠠᠵᠢᠯ ᠶᠠᠭ ᠠᠯᠬᠤᠮ ᠲᠠᠷᠠᠭ᠎ᠠ ᠲᠠᠢ ᠶᠠᠪᠤᠭᠳᠠᠵᠤ  ᠂ ᠪᠡᠭᠡᠵᠢᠩ ᠤᠨ ᠬᠦᠸᠧ ᠮᠠ ᠰᠢᠨᠵᠢᠯᠡᠭᠡ ᠮᠡᠷᠭᠡᠵᠢᠯ ᠤᠨ ᠺᠤᠮᠫᠠᠨᠢ  ᠎ ᠶᠢᠨ ︽ᠬᠠᠭᠠᠨ ᠤ ᠠᠳᠤᠭᠤᠨ ᠵᠤᠰᠠᠭᠠᠯ︾ ᠦᠵᠡᠮᠵᠢ ᠶᠢᠨ ᠤᠷᠤᠨ  ᠎ ᠤ ᠦᠬᠡᠷᠡᠴᠢᠯᠡᠯᠳᠡ ᠶᠢᠨ ᠲᠦᠯᠦᠪᠵᠢᠬᠦᠯᠬᠡ  ᠪᠦᠬᠦ ᠲᠠᠯᠠᠪᠠᠷ ᠡᠬᠢᠯᠡᠨ᠂  ᠬᠠᠭᠤᠴᠢᠨ ᠲᠦᠬᠦᠭᠡᠷᠦᠮᠵᠢ ᠶᠢ ᠦᠬᠡᠷᠡᠴᠢᠯᠡᠬᠦ ᠠᠵᠢᠯ ᠦᠨᠳᠦᠰᠦᠨ ᠳᠡᠭᠡᠨ ᠲᠠᠭᠤᠰᠴᠠᠢ᠃ ᠡᠬᠦᠨ ᠤ ᠵᠡᠷᠭᠡᠪᠡᠷ᠂ ᠤᠳᠤ ᠪᠠᠶᠢᠭ᠎ᠠ ᠠᠵᠤ ᠠᠬᠤᠶᠢᠯᠠᠯ ᠢ ᠲᠡᠳᠬᠦᠵᠦ  ᠬᠦᠭᠵᠢᠯᠳᠡ ᠶᠢ ᠨᠢ ᠲᠦᠷᠭᠡᠳᠭᠡᠨ᠂ ᠤᠳᠠᠭᠠᠰᠢᠷᠠᠵᠤ ᠵᠤᠭᠰᠤᠩᠬᠢᠷᠠᠭᠰᠠᠨ ᠲᠦᠷᠦᠯ ᠵᠦᠢᠯ  ᠎ ᠤᠨ ᠰᠡᠷᠭᠦᠬᠡᠵᠦ ᠠᠬᠢᠭᠤᠯᠬᠤ ᠠᠵᠢᠯ ᠢ ᠪᠦᠬᠦ ᠬᠦᠴᠦᠨ ᠢᠶᠠᠷ ᠬᠢᠭᠰᠡᠨ ᠪᠠᠶᠢᠨ᠎ᠠ᠃  ᠲᠠᠯ᠎ᠠ ᠨᠤᠳᠤᠭ ᠠᠷᠢᠬᠢᠨ ᠦᠢᠯᠡᠳᠪᠦᠷᠢ ᠶᠢᠨ ᠦᠷᠭᠡᠳᠭᠡᠵᠤ ᠨᠡᠬᠦᠯᠬᠡᠬᠦ ᠠᠵᠢᠯ ᠦᠨᠳᠦᠰᠦᠨ ᠳᠡᠭᠡᠨ ᠪᠡᠶᠡᠯᠡᠭᠳᠡᠵᠦ᠂  ᠦᠢᠯᠡᠳᠪᠦᠷᠢᠯᠡᠯ  ᠎ ᠢ ᠲᠤᠭᠳᠠᠪᠤᠷᠢᠵᠢᠭᠤᠯᠤᠨ ᠶᠠᠰᠤ ᠴᠢᠨᠠᠷ ᠪᠠ ᠦᠷ᠎ᠡ ᠠᠰᠢᠭ ᠢ ᠨᠡᠮᠡᠭᠳᠡᠬᠦᠯᠬᠦ ᠠᠵᠢᠯ ᠤᠨ ᠪᠦᠳᠦᠮᠵᠢ ᠢᠯᠡᠷᠭᠡᠢ ᠮᠡᠳᠡᠭᠳᠡᠵᠦ᠂  ︽ᠲᠠᠯ᠎ᠠ ᠨᠤᠳᠤᠭ ᠎ ᠤᠨ ᠸᠠᠩ︾ ᠰᠢᠷᠢᠰ ᠬᠠᠷ᠎ᠠ ᠠᠷᠢᠬᠢ ᠨᠢ ᠠᠮᠧᠷᠢᠺᠠ ᠳᠤ ᠪᠤᠯᠤᠭᠰᠠᠨ ᠫᠠᠨᠠᠮᠠ ᠶᠢᠨ ᠲᠡᠯᠡᠬᠡᠢ ᠶᠢᠨ ᠦᠵᠡᠰᠬᠦᠯᠡᠩ ᠳᠤ ᠠᠯᠳᠠᠨ ᠱᠠᠩᠨᠠᠯ ᠬᠦᠷᠳᠡᠵᠦ᠂  ᠪᠦᠬᠦ ᠠᠶᠢᠮᠠᠭ ᠤᠨ ᠠᠩᠬᠠᠳᠤᠭᠴᠢ ᠠᠺᠠᠳᠧᠮᠢᠴᠢ ᠶᠢᠨ ᠠᠵᠢᠯ ᠤᠨ ᠦᠷᠳᠡᠭᠡ ᠪᠠᠶᠢᠭᠤᠯᠤᠭᠳᠠᠭᠰᠠᠨ ᠵᠢᠩᠬᠢᠨᠢ ᠪᠠᠷ ᠠᠵᠢᠯ ᠢᠶᠠᠨ ᠡᠬᠢᠯᠡᠭᠰᠡᠨ ᠪᠠᠶᠢᠨ᠎ᠠ᠃  ᠬᠤᠩ ᠵᠢᠩ ᠶᠤᠸᠠᠨ ᠲᠤᠰᠤᠨ ᠤ ᠦᠢᠯᠡᠳᠪᠦᠷᠢ ᠮᠡᠷᠭᠡᠵᠢᠯ ᠤᠨ ᠦᠬᠡᠷᠡᠴᠢᠯᠡᠯᠳᠡ ᠪᠡ ᠦᠢᠯᠡᠳᠪᠦᠷᠢ ᠨᠡᠬᠦᠯᠬᠡᠬᠦ  ᠨᠢᠬᠡᠳᠦᠭᠡᠷ ᠬᠤᠭᠤᠴᠠᠭᠠᠨ ᠤ ᠲᠦᠷᠦᠯ ᠵᠦᠢᠯ ᠠᠮᠵᠢᠯᠳᠠᠳᠠᠢ ᠶᠠᠪᠤᠭᠳᠠᠵᠤ᠂  ᠪᠦᠬᠦ ᠤᠯᠤᠰ ᠤᠨ ᠶᠠᠮᠠ ᠶᠢᠨ ᠲᠤᠰᠤᠨ ᠤ ᠠᠵᠤ ᠦᠢᠯᠡᠰ ᠤᠨ ᠬᠦᠭᠵᠢᠯᠳᠡ ᠎ ᠶᠢᠨ ᠤᠨᠤᠯ ᠤᠨ ᠲᠠᠪᠴᠠᠩ ᠵᠢᠴᠢ ᠬᠤᠶᠠᠳᠤᠭᠠᠷ ᠬᠤᠭᠤᠴᠠᠭᠠᠨ ᠤ ᠶᠠᠮᠠ  ᠎ ᠶᠢᠨ ᠲᠤᠰᠤᠨ ᠤ ᠠᠵᠤ ᠦᠢᠯᠡᠰ ᠤᠨ ᠬᠤᠯᠪᠤᠭᠠᠯᠠᠯ ᠤᠨ ᠶᠡᠭᠡ ᠬᠤᠷᠠᠯ ᠢ ᠠᠮᠵᠢᠯᠳᠠᠳᠠᠢ ᠡᠷᠬᠢᠯᠡᠨ᠂ ︽ᠬᠤᠩ ᠵᠢᠩ ᠶᠤᠸᠠᠨ︾ ᠲᠡᠮᠳᠡᠭᠳᠦ ᠶᠠᠮᠠ  ᠎ ᠶᠢᠨ  ᠲᠤᠰᠤ ᠨᠢ  ᠪᠦᠬᠦ ᠤᠯᠤᠰ ᠤᠨ ᠲᠤᠯᠤᠳᠤᠭᠠᠷ ᠬᠤᠭᠤᠴᠠᠭᠠᠨ ᠤ  ᠲᠡᠯᠡᠬᠡᠢ ᠶᠢᠨ ᠢᠳᠡᠰᠢᠨ ᠲᠤᠰᠤᠨ ᠤ ᠠᠵᠤ ᠦᠢᠯᠡᠰ ᠤᠨ ᠦᠵᠡᠰᠬᠦᠯᠡᠩ ᠳᠤ ︽ ᠬᠡᠮ ᠬᠤᠤᠷ ᠦᠬᠡᠢ ᠢᠳᠡᠰᠢᠨ ᠲᠤᠰᠤ︾᠎ ᠶᠢᠨ ᠠᠯᠳᠠᠨ ᠱᠠᠩᠨᠠᠯ ᠢ ᠲᠤᠰᠴᠠᠢ᠃ ᠺᠧ ᠲᠠᠢ ᠯᠦᠩ ᠳ᠋ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠨᠵᠢᠯᠡᠭᠡ ᠮᠡᠷᠭᠡᠵᠢᠯ ᠤᠨ ᠺᠤᠮᠫᠠᠨᠢ ᠨᠢ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ  ᠪᠤᠯᠵᠤ᠂ ᠭᠠᠶᠢᠯᠢ ᠶᠢᠨ ᠤᠷᠤᠯᠭ᠎ᠠ ᠮᠢᠩᠭᠠᠨ ᠲᠦᠮᠡ  ᠎ ᠶᠢ ᠰᠢᠪᠳᠤᠯᠪᠠ᠃ ᠫᠧᠩ ᠰᠢᠶᠠᠩ  ᠭᠤᠸᠠᠩ  ᠳ᠋ᠠ ᠺᠤᠮᠫᠠᠨᠢ  ᠎ ᠶᠢᠨ ᠬᠢᠨ ᠰᠤᠯᠠ ᠦᠢᠯᠡᠳᠪᠦᠷᠢ ᠶᠢᠨ ᠲᠠᠰᠤᠭ  ᠎ ᠢᠶᠠᠨ ᠲᠤᠮᠳᠠᠳᠤ ᠤᠯᠤᠰ ᠤᠨ ᠵᠦᠩ ᠴᠧ ᠪᠦᠯᠦᠭᠯᠡᠯ  ᠎ ᠳᠤ ᠠᠰᠢᠭᠯᠠᠭᠤᠯᠵᠤ᠂  ᠠᠩᠬᠠᠳᠤᠭᠴᠢ 3 ᠰᠠᠶ᠎ᠠ ᠸᠠᠲ ᠤᠨ ᠰᠠᠯᠬᠢᠨ ᠰᠠᠩᠰᠠ ᠶᠢ ᠲᠡᠭᠡᠳᠦ ᠬᠠᠭᠠᠰ ᠵᠢᠯ ᠳᠤ ᠦᠢᠯᠡᠳᠪᠦᠷᠢᠯᠡᠬᠦ ᠡᠷᠡᠮᠡᠯᠵᠡᠯ ᠲᠠᠢ  ᠪᠠᠶᠢᠵᠤ᠂  ᠲᠦᠷᠪᠡᠨ ᠵᠢᠯ ᠲᠠᠯᠪᠢᠭᠳᠠᠭᠰᠠᠨ ᠰᠧ ᠶᠢ ᠨᠠ  ᠯᠢᠲ ᠴᠠᠬᠢᠯᠭᠠᠨ ᠴᠡᠨᠡᠭ ᠤᠨ ᠲᠦᠷᠦᠯ ᠵᠦᠢᠯ ᠨᠢ ᠬᠦᠬᠡᠨᠠᠭᠤᠷ ᠤᠨ ᠬᠦᠸᠧ ᠸᠧᠢ ᠺᠤᠮᠫᠠᠨᠢ ᠲᠠᠢ ᠬᠠᠮᠳᠤᠷᠠᠯᠴᠠᠭᠠᠨ ᠤ ᠭᠡᠷ᠎ᠡ ᠲᠤᠭᠳᠠᠵᠤ᠂ ᠡᠨᠡ  ᠵᠢᠯ ᠵᠢᠩᠬᠢᠨᠢ ᠪᠠᠷ ᠦᠢᠯᠡᠳᠪᠦᠷᠢᠯᠡᠯ ᠡᠬᠢᠯᠡᠬᠦ ᠡᠷᠡᠮᠡᠯᠵᠡᠯ ᠲᠠᠢ ᠪᠠᠶᠢᠨ᠎ᠠ᠃ ᠲᠡᠭᠡᠳᠦ ᠰᠢᠨ᠎ᠡ ᠮᠡᠷᠭᠡᠵᠢᠯ ᠤᠨ ᠤᠷᠤᠨ ᠲᠤᠭᠤᠷᠢᠭ ᠪᠠ ᠲᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠦᠳᠦᠬᠡᠬᠦ ᠤᠷᠤᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠬᠢᠭᠡᠳ ᠤᠷᠤᠨ ᠲᠤᠭᠤᠷᠢᠭ ᠲᠤ ᠤᠷᠤᠵᠤ ᠨᠤᠳᠤᠭᠰᠢᠭᠰᠠᠨ ᠠᠵᠤ ᠠᠬᠤᠶᠢᠯᠠᠯ ᠨᠢ ᠠᠩᠬ᠎ᠠ ᠠᠯᠬᠤᠮ ᠬᠡᠪᠴᠢᠶᠡᠵᠢᠵᠦ᠂ ᠮᠢᠬ᠎ᠠ᠂ ᠠᠷᠢᠬᠢ᠂ ᠲᠤᠰᠤ᠂ ᠨᠤᠭᠤᠭ᠎ᠠ᠂ ᠡᠮ᠂ ᠵᠤᠭᠠᠴᠠᠯ ᠵᠡᠷᠭᠡ ᠤᠷᠤᠨ ᠨᠤᠳᠤᠭ ᠤᠨ ᠤᠨᠴᠠᠯᠢᠭᠳᠤ ᠠᠵᠤ ᠦᠢᠯᠡᠰ ᠨᠢ ᠪᠦᠷ ᠨᠠᠶᠢᠳᠠᠪᠤᠷᠢᠳᠠᠢ ᠬᠦᠴᠦᠷᠭᠡᠭ ᠲᠠᠭᠠᠭᠤᠯᠤᠭᠴᠢ ᠠᠵᠤ ᠠᠬᠤᠶᠢᠯᠠᠯ  ᠎ ᠤᠨ ᠲᠤᠯᠭᠠᠭᠤᠷᠢᠯᠠᠯ ᠲᠠᠢ ᠪᠤᠯᠵᠤ᠂   ᠲᠤᠨᠤᠭᠯᠠᠯ ᠦᠢᠯᠡᠳᠭᠡᠯ ᠪᠠ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠨᠢ  ᠶᠠᠪᠤᠭᠳᠠᠵᠤ ᠡᠬᠢᠯᠡᠪᠡ  ᠃ ︵2017.2.27︶
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号