ᠲᠠᠶᠢᠹᠤᠰᠧ ᠬᠤᠰᠢᠭᠤ ᠨᠡᠬᠦᠷᠡᠰᠦᠨ ᠤ ᠨᠦᠬᠦᠪᠦᠷᠢ ᠲᠠᠷᠬᠠᠭᠠᠪᠠ
ᠨᠡᠶᠢᠲᠡᠯᠡᠭᠰᠡᠨ ᠴᠠᠭ᠄
2017/3/1
      ᠲᠠᠶᠢᠹᠤᠰᠧ ᠬᠤᠰᠢᠭᠤ 2016 ᠤᠨ ᠤ ᠡᠪᠦᠯ ᠤᠨ ᠤᠯᠠᠷᠢᠯ ᠤᠨ ᠲᠤᠯᠠᠭᠠᠯᠠᠭ᠎ᠠ ᠳᠤ ᠭᠡᠷᠡᠭᠯᠡᠬᠦ ︽ᠨᠢᠬᠡ ᠲᠤᠨ ᠨᠡᠬᠦᠷᠡᠰᠦᠨ︾   ᠤ ᠨᠦᠬᠦᠪᠦᠷᠢ   ᠶᠢ 7 ᠰᠤᠮᠤ ᠰᠢᠶᠠᠩ ᠪᠠᠯᠭᠠᠰᠤᠨ ᠤ  177 ᠭᠠᠴᠠᠭ᠎ᠠ ᠲᠤᠰᠬᠤᠨ   ᠳᠤ ᠲᠠᠷᠬᠠᠭᠠᠵᠤ᠂ 33616 ᠮᠠᠯᠴᠢᠨ ᠲᠠᠷᠢᠶᠠᠴᠢᠨ ᠡᠷᠦᠬᠡ ᠳᠤ  ᠠᠰᠢᠭ ᠬᠦᠷᠳᠡᠭᠡᠵᠡᠢ᠃  ᠲᠤᠰ ᠬᠤᠰᠢᠭᠤ ᠨᠢ  9 ᠰᠠᠷ᠎ᠠ ᠠᠴᠠ  ᠡᠬᠢᠨ ᠠᠴᠠ 10 ᠰᠠᠷ᠎ᠠ ᠶᠢᠨ  ᠲᠤᠮᠳᠠᠴᠢ ᠬᠦᠷᠳᠡᠯ᠎ᠡ ᠤᠶᠢᠯᠠᠭᠠᠨ ᠪᠠᠶᠢᠴᠠᠭᠠᠬᠤ  ᠂  ᠬᠢᠨᠠᠨ ᠬᠠᠷᠭᠤᠭᠤᠯᠬᠤ᠂ ᠪᠦᠷᠢᠳᠭᠡᠵᠦ ᠮᠡᠳᠡᠬᠦᠯᠬᠦ ᠵᠡᠷᠭᠡ ᠠᠵᠢᠯ ᠢ  ᠱᠠᠯᠠᠪᠳᠠᠨ ᠪᠡᠶᠡᠯᠡᠬᠦᠯᠵᠦ᠂  ᠤᠳᠤ  ᠪᠤᠯᠬᠤ ᠳᠤ  2016.96 ᠲᠦᠮᠡᠨ ᠲᠦᠬᠦᠷᠢᠭ ᠨᠡᠬᠦᠷᠡᠰᠦᠨ ᠤ ᠨᠦᠬᠦᠪᠦᠷᠢ ᠶᠢ  ︽ᠪᠦᠷᠢᠨ ᠴᠢᠳᠠᠮᠵᠢᠳᠤ ᠺᠠᠷᠲ︾ ᠪᠠᠷ ᠮᠠᠯᠴᠢᠨ ᠲᠠᠷᠢᠶᠠᠴᠢᠨ ᠡᠷᠦᠬᠡ ᠳᠤ ᠲᠤᠭ᠎ᠠ ᠶᠤᠰᠤᠭᠠᠷ ᠲᠠᠷᠬᠠᠭᠠᠪᠠ  ᠃  ᠨᠦᠬᠦᠪᠦᠷᠢ ᠮᠦᠩᠬᠦ ᠶᠢ ᠦᠪᠡᠷᠳᠡᠭᠡᠨ ᠵᠠᠰᠠᠬᠤ ᠤᠷᠤᠨ ᠠᠴᠠ 403 ᠲᠦᠮᠡᠨ ᠲᠦᠬᠦᠷᠢᠭ  ᠂   ᠠᠶᠢᠮᠠᠭ ᠠᠴᠠ 909.92 ᠲᠦᠮᠡᠨ ᠲᠦᠬᠦᠷᠢᠭ  ᠂ ᠬᠤᠰᠢᠭᠤᠨ  ᠠᠴᠠ 704.04 ᠲᠦᠮᠡᠨ ᠲᠦᠬᠦᠷᠢᠭ ᠪᠠᠶᠢᠷᠢᠯᠠᠭᠤᠯᠤᠭᠰᠠᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号