ᠲᠠᠶᠢᠹᠤᠰᠧ ᠬᠤᠰᠢᠭᠤ  ᠲᠤᠬᠤᠨᠢᠭᠤᠯᠭ᠎ᠠ ᠶᠢᠨ ᠠᠵᠢᠯ ᠢ ᠰᠠᠶᠢᠨ ᠬᠢᠵᠦ ᠨᠠᠮ ᠵᠠᠰᠠᠭ ᠤᠨ ᠬᠠᠶᠢᠷ᠎ᠠ  ᠬᠠᠯᠠᠮᠵᠢ ᠶᠢ  ᠨᠡᠶᠢᠬᠡᠮ ᠨᠡᠶᠢᠳᠡ ᠳᠤ ᠬᠦᠷᠭᠡᠵᠦ ᠪᠠᠶᠢᠨ᠎ᠠ
ᠨᠡᠶᠢᠲᠡᠯᠡᠭᠰᠡᠨ ᠴᠠᠭ᠄
2017/3/1
     ᠲᠠᠶᠢᠹᠤᠰᠧ ᠬᠤᠰᠢᠭᠤ ᠬᠦᠴᠢᠷᠳᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ   ᠢ ᠪᠠᠳᠤᠯᠠᠬᠤ᠂  ᠰᠢᠨ᠎ᠡ ᠵᠢᠯ ᠴᠠᠭᠠᠨ ᠰᠠᠷ᠎ᠠ ᠵᠢᠨ‌‍ᠲ᠋ᠤᠬᠤᠨᠢᠭᠤᠯᠭ᠎ᠠ ᠶᠢᠨ ᠠᠵᠢᠯ ᠢ ᠰᠠᠶᠢᠨ ᠬᠢᠬᠦ ᠲᠤᠬᠠᠢ ᠲᠡᠭᠡᠳᠦ ᠱᠠᠳᠤᠨ ᠤ ᠨᠠᠮ ᠵᠠᠰᠠᠭ ᠤᠨ ᠴᠢᠬᠤᠯᠠ  ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂   ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠠᠵᠢᠯ ᠡᠬᠦᠷᠭᠡ ᠶᠢ ᠨᠠᠷᠢᠨ ᠨᠢᠬᠳᠠ ᠪᠠᠶᠢᠷᠢᠯᠠᠭᠤᠯᠵᠤ᠂ ᠴᠠᠭᠠᠨ ᠰᠠᠷ᠎ᠠ ᠠᠴᠠ ᠡᠮᠦᠨᠡᠬᠢ ᠲᠤᠬᠤᠨᠢᠭᠤᠯᠭ᠎ᠠ   ᠶᠢᠨ ᠠᠵᠢᠯ ᠢ ᠡᠷᠴᠢᠮᠳᠡᠢ ᠦᠷᠨᠢᠬᠦᠯᠦᠨ᠂   ᠨᠡᠶᠢᠬᠡᠮ ᠤᠨ ᠡᠯ᠎ᠡ ᠡᠳᠡᠭᠡᠳ ᠤᠨ ᠬᠢᠨ ᠪᠠ ᠡᠯ᠎ᠡ ᠦᠨᠳᠦᠰᠦᠳᠡᠨ ᠤ ᠠᠷᠠᠳ ᠲᠦᠮᠡᠨ ᠳᠤ ᠨᠠᠮ ᠵᠠᠰᠠᠭ ᠤᠨ ᠬᠠᠶᠢᠷ᠎ᠠ  ᠬᠠᠯᠠᠮᠵᠢ ᠶᠢ  ᠬᠦᠷᠭᠡᠵᠦ ᠪᠠᠶᠢᠨ᠎ᠠ᠃  ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ ᠤᠨ  ᠭᠡᠰᠢᠬᠦᠳ 7 ᠲᠤᠭᠤᠶᠢᠯᠠᠩ ᠬᠤᠪᠢᠶᠠᠵᠤ᠂  ᠰᠤᠮᠤ ᠰᠢᠶᠠᠩ ᠪᠠᠯᠭᠠᠰᠤ ᠪᠠᠷ ᠬᠦᠨᠵᠡᠭᠡᠶᠢᠷᠡᠨ᠂  ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠳᠤ ᠡᠷᠦᠬᠡ᠂  ᠶᠠᠳᠠᠭᠤ ᠬᠦᠴᠢᠷᠳᠡᠢ ᠨᠠᠮ ᠤᠨ ᠭᠡᠰᠢᠬᠦᠨ᠂  ᠬᠦᠨᠳᠦ  ᠡᠪᠡᠳᠴᠢᠳᠡᠨ ᠲᠠᠢ ᠡᠷᠦᠬᠡ᠂  ᠭᠡᠷ ᠢᠶᠠᠨ ᠰᠠᠬᠢᠭᠰᠠᠨ ᠨᠠᠰᠤᠳᠠᠶᠢᠴᠤᠳ ᠪᠠ ᠬᠡᠦᠬᠡᠳ ᠪᠠᠭᠠᠴᠤᠳ ᠵᠡᠷᠭᠡ ᠬᠦᠴᠢᠷᠳᠡᠢ ᠬᠦᠮᠦᠰ ᠢ ᠪᠤᠯᠭᠤᠭᠠᠨ  ᠲᠤᠬᠤᠨᠢᠭᠤᠯᠤᠭᠰᠠᠨ ᠪᠦᠬᠡᠳ  ᠬᠦᠴᠢᠷᠳᠡᠢ ᠡᠷᠦᠬᠡ ᠶᠢ ᠲᠠᠭᠠᠭᠠᠴᠢᠯᠠᠨ ᠲᠡᠳᠬᠦᠬᠦ ᠠᠵᠢᠯ ᠲᠠᠢ  ᠤᠶᠠᠯᠳᠤᠭᠤᠯᠤᠨ᠂ ᠪᠦᠬᠦ ᠬᠤᠰᠢᠭᠤᠨ ᠤ ᠡᠯ᠎ᠡ ᠱᠠᠳᠤᠨ ᠤ ᠤᠳᠤᠷᠢᠳᠬᠤ ᠺᠠᠳᠠᠷᠴᠤᠳ ᠲᠠᠭᠠᠭᠠᠴᠢᠯᠠᠵᠤ ᠠᠪᠤᠭᠰᠠᠨ  ᠬᠦᠴᠢᠷᠳᠡᠢ ᠡᠷᠦᠬᠡ   ᠳᠡᠭᠡᠨ  ᠬᠦᠨᠵᠡᠭᠡᠶᠢᠷᠡᠵᠦ  ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠢ ᠤᠶᠢᠯᠠᠭᠠᠨ᠂  ᠬᠠᠨᠳᠤᠯᠭᠠᠳᠤ ᠴᠢᠨᠠᠷᠳᠠᠢ ᠬᠠᠪᠰᠤᠷᠤᠨ ᠲᠡᠳᠬᠦᠬᠦ ᠠᠵᠢᠯ  ᠬᠢᠵᠦ᠂  ᠵᠢᠯ ᠴᠠᠭᠠᠨ ᠰᠠᠷ᠎ᠠ   ᠪᠠᠨ  ᠪᠠᠶᠠᠷ ᠬᠦᠷ ᠲᠠᠢ ᠦᠩᠭᠡᠷᠡᠬᠦᠯᠬᠦ   ᠶᠢ ᠪᠠᠳᠤᠯᠠᠵᠤ ᠪᠠᠶᠢᠨ᠎ᠠ᠃  ᠲᠠᠷᠠᠭ᠎ᠠ ᠨᠢ  ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ ᠤᠨ ᠬᠢᠨ 5 ᠲᠤᠭᠤᠶᠢᠯᠠᠩ ᠬᠤᠪᠢᠶᠠᠵᠤ᠂ ᠬᠤᠳᠠ ᠪᠠᠯᠭᠠᠰᠤᠨ ᠤ  ᠠᠵᠢᠯ ᠠᠴᠠ ᠪᠠᠨ ᠠᠮᠠᠷᠠᠭᠰᠠᠨ ᠠᠬᠠᠮᠠᠳ ᠺᠠᠳᠠᠷ  ᠪᠠ  ᠬᠦᠴᠢᠷᠳᠡᠢ ᠺᠠᠳᠠᠷ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂  ᠶᠠᠳᠠᠭᠤ ᠬᠦᠴᠢᠷᠳᠡᠢ ᠬᠦᠳᠡᠯᠮᠦᠷᠢ ᠶᠢᠨ ᠵᠢᠱᠢᠶᠡᠴᠢ᠂  ᠤᠨᠴᠠ ᠬᠦᠴᠢᠷᠳᠡᠢ ᠠᠵᠢᠯᠳᠠᠨ ᠠᠵᠢᠯᠴᠢᠨ᠂ ᠨᠠᠮ   ᠤᠨ ᠪᠤᠰᠤ ᠬᠦᠮᠦᠰ᠂ ᠦᠨᠳᠦᠰᠦᠳᠡᠨ ᠤ ᠪᠦᠯᠬᠦᠮᠳᠡᠯ ᠤᠨ ᠰᠠᠶᠢᠴᠤᠤᠯ  ᠵᠡᠷᠭᠡ ᠬᠦᠮᠦᠰ ᠢ ᠡᠷᠬᠢᠨ ᠲᠤᠬᠤᠨᠢᠭᠤᠯᠵᠤ᠂ ᠠᠵᠤ ᠠᠮᠢᠳᠤᠷᠠᠯ ᠢ  ᠨᠢ ᠬᠠᠯᠠᠮᠵᠢᠯᠠᠨ᠂  ᠰᠠᠷ᠎ᠠ ᠰᠢᠨ᠎ᠡ ᠶᠢᠨ  ᠮᠡᠨᠳᠦ  ᠬᠦᠷᠭᠡᠵᠡᠢ᠃  ᠡᠶᠢᠨ ᠬᠦ᠋᠂ ᠡᠨᠡ  ᠤᠳᠠᠭᠠᠨ ᠤ ᠲᠤᠬᠤᠨᠢᠭᠤᠯᠭ᠎ᠠ  ᠶᠢᠨ ᠠᠵᠢᠯ ᠳᠤ  ᠲᠤᠰ ᠬᠤᠰᠢᠭᠤ ᠨᠢ  118600 ᠲᠦᠬᠦᠷᠢᠭ ᠤᠨ ᠪᠡᠯᠡᠨ ᠮᠦᠩᠬᠦ ᠪᠠ  100250 ᠲᠦᠬᠦᠷᠢᠭ ᠤᠨ ᠡᠳ᠋ ᠪᠤᠳᠠᠰ ᠢ  ᠭᠡᠷᠡᠭᠯᠡᠵᠡᠢ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号