ᠬᠠᠭᠠᠨ ᠤ ᠠᠳᠤᠭᠤᠨ ᠰᠤᠶᠤᠯ ᠢᠶᠠᠷ ᠢᠶᠠᠨ ᠬᠠᠮᠤᠭ ᠤᠯᠠᠨ ᠢ ᠳᠠᠳᠠᠭᠰᠠᠨ ᠨᠤᠲᠤᠭ —  ᠲᠠᠶᠢᠹᠤᠰᠧ ᠬᠤᠰᠢᠭᠤ ᠰᠤᠶᠤᠯ ᠵᠤᠭᠠᠴᠠᠯ ᠤᠨ ᠠᠵᠤ ᠦᠢᠯᠡᠰ ᠢ ᠠᠭᠤᠰᠤᠯᠴᠠᠭᠤᠯᠤᠨ  ᠬᠦᠭᠵᠢᠬᠦᠯᠦᠨᠡᠮ
ᠨᠡᠶᠢᠲᠡᠯᠡᠭᠰᠡᠨ ᠴᠠᠭ᠄
2017/3/1
     ᠲᠠᠶᠢᠹᠤᠰᠧ ᠬᠤᠰᠢᠭᠤ ᠪᠤᠯ ᠮᠠᠨ ᠤ ᠠᠶᠢᠮᠠᠭ ᠤᠨ ᠡᠮᠦᠨᠡᠳᠦ ᠬᠡᠰᠡᠭ ᠲᠤ ᠪᠠᠶᠢᠷᠢᠯᠠᠵᠤ᠂ ᠦᠪᠡᠷ ᠤᠨ ᠦᠪᠡᠷᠮᠢᠴᠡ ᠤᠨᠴᠠᠯᠢᠭ ᠪᠦᠬᠦᠢ ᠰᠤᠶᠤᠯ ᠠᠷᠠᠨᠰᠢᠨ ᠲᠠᠢ᠂ ᠪᠠᠶᠢᠭᠠᠯᠢ ᠶᠢᠨ ᠦᠡᠭᠭᠡ ᠦᠵᠡᠮᠵᠢ ᠭᠤᠶᠢᠳᠠ ᠭᠤᠶᠤᠮᠰᠤᠭ ᠭᠠᠵᠠᠷ ᠤᠷᠤᠨ ᠶᠤᠮ᠃ ᠦᠵᠡᠰᠬᠦᠯᠡᠩᠳᠦ ᠰᠢᠯᠢ ᠨᠤᠳᠤᠭ ᠤᠨ ᠢᠶᠠᠨ ᠡᠮᠦᠨ᠎ᠡ ᠡᠬᠦᠳᠡ᠂ ᠨᠡᠶᠢᠰᠯᠡᠯ ᠪᠡᠭᠡᠵᠢᠩ ᠤᠨ ᠠᠷᠤ ᠴᠡᠴᠡᠷᠯᠢᠭ  ᠬᠡᠮᠡᠭᠳᠡᠭᠰᠡᠨ ᠳᠠᠶᠢᠹᠤᠰᠧ ᠬᠤᠰᠢᠭᠤ ᠨᠤᠳᠤᠭ ᠤᠷᠤᠨ ᠤ ᠲᠠᠪᠠᠭᠤᠯᠢᠭ ᠬᠢᠭᠡᠳ ᠪᠠᠶᠢᠭᠠᠯᠢ ᠠᠬᠤᠢ ᠶᠢᠨ ᠨᠦᠬᠦᠴᠡᠯ ᠢᠶᠠᠨ ᠲᠦᠰᠢᠵᠦ᠂ ᠰᠤᠶᠤᠯ ᠵᠤᠭᠠᠴᠠᠯ ᠤᠨ ᠠᠵᠤ ᠦᠢᠯᠡᠰ ᠢ ᠡᠷᠴᠢᠮᠳᠠᠢ ᠬᠦᠭᠵᠢᠬᠦᠯᠵᠦ ᠪᠤᠢ᠃ ᠵᠤᠭᠠᠴᠠᠯ ᠤᠨ ᠦᠢᠯᠡᠰ ᠬᠦᠭᠵᠢᠵᠦ᠂ ᠵᠤᠭᠠᠴᠠᠯ ᠤᠨ ᠵᠠᠬ᠎ᠠ ᠨᠡᠭᠡᠭᠡᠭᠳᠡᠬᠦ ᠶᠢ ᠲᠠᠭᠠᠯᠳᠤᠭᠠᠳ ᠲᠠᠶᠢᠹᠤᠰᠧ ᠬᠤᠰᠢᠭᠤ ᠦᠷᠦᠭᠡᠯ ᠠᠴᠠ ᠢᠯᠭᠠᠭᠳᠠᠮ᠎ᠠ ᠰᠤᠶᠤᠯ ᠵᠤᠭᠠᠴᠠᠯ ᠤᠨ ᠳᠠᠪᠠᠭᠤᠯᠢᠭ ᠢᠶᠠᠷ ᠢᠶᠠᠨ ᠲᠦᠷᠪᠡᠨ ᠵᠦᠭ ᠤᠨ ᠵᠤᠴᠢᠳ ᠤᠨ ᠠᠩᠬᠠᠷᠤᠯ ᠳᠤ ᠬᠦᠷᠴᠤ ᠪᠢᠯᠡ᠃ ᠳᠤᠰ ᠬᠤᠰᠢᠭᠤ ᠨᠢ ᠤᠢᠢᠷ᠎ᠠ ᠶᠢᠨ ᠵᠢᠯ ᠤᠳ ᠠᠴᠠ ᠰᠤᠶᠤᠯ ᠵᠤᠭᠠᠴᠠᠯ ᠢᠶᠠᠷ ᠭᠤᠤᠯᠳᠠᠯᠭ᠎ᠠ ᠪᠤᠯᠭᠠᠭᠰᠠᠨ ᠰᠢᠨ᠎ᠡ ᠴᠠᠭ ᠤᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠠᠬᠢᠭᠤᠯᠵᠦ᠂ ᠳᠠᠯ᠎ᠠ ᠨᠤᠲᠤᠭ ᠤᠨ ᠤᠨᠴᠠᠯᠢᠭᠳᠤ ᠵᠤᠭᠠᠴᠠᠯ ᠪᠤᠯᠤᠨ ᠬᠠᠭᠠᠨ ᠤ ᠠᠳᠤᠭᠤᠨ ᠰᠤᠶᠤᠯ ᠢ ᠠᠭᠤᠰᠤᠯᠴᠠᠭᠤᠯᠤᠨ ᠬᠦᠭᠵᠢᠬᠦᠯᠬᠦ ᠶᠢᠨ ᠳᠦᠯᠦᠭᠡ ᠳᠠᠰᠤᠷᠠᠯᠳᠠ ᠦᠭᠡᠢ ᠰᠢᠨ᠎ᠡ ᠶᠢ ᠡᠬᠦᠳᠦᠨ ᠠᠵᠢᠯ ᠤᠨ ᠰᠡᠳᠬᠢᠴᠡ ᠪᠠ ᠠᠷᠭ᠎ᠠ ᠪᠤᠳᠤᠯᠭ᠎ᠠ ᠪᠠᠨ ᠴᠠᠭ ᠦᠶ᠎ᠡ ᠶᠢᠨ ᠤᠷᠤᠰᠬᠠᠯ ᠲᠠᠢ ᠵᠤᠬᠢᠴᠠᠭᠤᠯᠤᠭᠰᠠᠨ ᠢᠶᠠᠷ ᠰᠤᠶᠤᠯ ᠵᠤᠭᠠᠴᠠᠯ ᠤᠨ ᠦᠢᠯᠡᠰ ᠤᠨ ᠬᠦᠭᠵᠢᠯᠳᠡ ᠮᠡᠳᠡᠭᠳᠡᠮ᠎ᠡ ᠪᠤᠯᠵᠦ᠂ ᠤᠳᠤᠬᠠᠨ ᠳᠤ ᠲᠤᠮᠤ ᠬᠡᠯᠪᠡᠷᠢ ᠶᠢᠨ ᠵᠤᠭᠠᠴᠠᠯ ᠤᠨ ᠴᠢᠭ 7  ᠪᠠᠶᠢᠭᠤᠯᠤᠭᠳᠠᠨ᠂ ᠡᠬᠦᠨ ᠤ ᠳᠤᠳᠤᠷ᠎ᠠ ᠤᠯᠤᠰ ᠤᠨ 4 A ᠳᠡᠰ ᠤᠨ ᠵᠤᠭᠠᠴᠠᠯ ᠤᠨ ᠴᠢᠭ ᠨᠢᠭᠡ ᠪᠤᠢ᠃ ᠮᠠᠯᠴᠢᠨ ᠳᠠᠷᠢᠶᠠᠴᠢᠨ ᠡᠷᠦᠭᠡ ᠶᠢᠨ ᠬᠤᠪᠢ ᠪᠠᠷ ᠢᠶᠠᠨ ᠡᠵᠡᠩᠨᠡᠵᠦ ᠪᠠᠶᠢᠭ᠎ᠠ ᠵᠤᠭᠠᠴᠠᠯ ᠤᠨ ᠭᠠᠵᠠᠷ 59 ᠪᠠᠶᠢᠵᠦ᠂ ᠡᠬᠦᠨ ᠳᠤ ᠦᠪᠡᠷᠳᠡᠭᠡᠨ ᠵᠠᠰᠠᠬᠤ ᠤᠷᠤᠨ ᠤ ᠭᠤᠷᠪᠠᠨ ᠤᠳᠤᠨ ᠳᠡᠰ ᠤᠨ ᠵᠤᠭᠠᠴᠠᠯ ᠤᠨ ᠭᠠᠵᠠᠷ 3 ᠪᠠᠶᠢᠵᠦ᠂ ᠬᠤᠶᠠᠷ ᠤᠳᠤᠨ ᠳᠡᠰ ᠤᠨ ᠵᠤᠭᠠᠴᠠᠯ ᠤᠨ ᠭᠠᠵᠠᠷ 2 ᠪᠤᠢ᠃     ᠳᠡᠤᠬᠡᠨ ᠳᠡᠮᠳᠡᠭᠯᠡᠯ ᠢ ᠢᠷᠡᠵᠦ ᠶᠠᠷᠢᠪᠠᠯ ᠨᠡᠶᠢᠳᠡ ᠶᠢᠨ ᠤᠨ ᠲᠤᠭᠠᠯᠠᠯ ᠤᠨ 1644 ᠤᠨ ᠠᠴᠠ 1751 ᠤᠨ ᠤ ᠬᠤᠭᠤᠷᠤᠨᠳᠤ ᠳᠠᠶᠢᠹᠤᠰᠧ ᠬᠤᠰᠢᠭᠤ ᠮᠠᠨᠵᠤ ᠴᠢᠩ ᠤᠨ ᠬᠠᠭᠠᠨ ᠤᠭᠰᠠᠭᠠᠨ ᠤ ᠠᠳᠤᠭᠤᠨ ᠵᠤᠰᠠᠭᠠᠯ ᠪᠠᠶᠢᠵᠠᠢ᠃ ︽ᠲᠠᠶᠢᠹᠤ︾ ᠭᠡᠳᠡᠭ ᠨᠡᠷᠡᠶᠢᠳᠦᠯ ᠨᠢ ᠴᠤ ᠴᠦᠨ ᠴᠢᠦ ᠪᠠᠶᠢᠯᠳᠤᠭᠠᠨᠳᠤ ᠤᠯᠤᠰ ᠤᠨ ᠦᠶ᠎ᠡ ᠳᠤ ᠬᠠᠭᠠᠨ ᠤ ᠠᠳᠤᠭᠤ ᠪᠠ ᠠᠳᠤᠭᠤᠨ ᠤ ᠶᠠᠪᠤᠳᠠᠯ ᠢ ᠬᠠᠮᠢᠶᠠᠷᠳᠠᠭ ᠶᠡᠭᠡ ᠲᠦᠰᠢᠮᠡᠯ ᠠᠴᠠ ᠢᠷᠡᠯᠳᠡ ᠲᠠᠢ ᠶᠤᠮ᠃ ᠡᠶᠡᠪᠡᠷ ᠵᠠᠰᠠᠭᠴᠢ ᠶᠢᠨ ᠦᠶ᠎ᠡ ᠳᠤ ᠠᠳᠡ ᠠᠳᠤᠭᠤᠨ ᠶᠠᠪᠤᠳᠠᠯ ᠤᠨ ᠲᠤᠰᠬᠠᠢ ᠪᠠᠶᠢᠭᠤᠯᠤᠮᠵᠢ ᠶᠢ ᠪᠠᠶᠢᠭᠤᠯᠵᠦ᠂ 7 ᠲᠦᠮᠡ ᠭᠠᠷᠤᠢ ᠠᠳᠤᠭᠤ ᠲᠠᠢ ᠪᠠᠶᠢᠵᠠᠢ᠃ ᠪᠠᠳᠠᠷᠠᠭᠤᠯᠳᠤ ᠲᠦᠷᠦ ᠶᠢᠨ ᠭᠤᠴᠢᠨ ᠬᠤᠶᠠᠳᠤᠭᠠᠷ ᠤᠨ ︵1906 ᠤᠨ︶ ᠳᠤ ᠡᠷᠭᠡ ᠲᠤᠰᠢᠶᠠᠯ ᠢᠶᠠᠨ ᠪᠤᠰᠤᠳ ᠶᠠᠮᠤᠨ ᠳᠤ ᠰᠢᠯᠵᠢᠬᠦᠯᠳᠡᠯ᠎ᠡ ᠤᠷᠢᠳ ᠬᠤᠵᠢᠳ 262 ᠵᠢᠯ ᠤᠨ ᠳᠤᠷᠰᠢ ᠵᠢᠯ ᠪᠤᠯᠭᠠᠨ ᠬᠠᠭᠠᠨ ᠲᠦᠷᠦ ᠠᠴᠠ ᠠᠳᠤᠭᠤᠨ ᠶᠠᠪᠤᠳᠠᠯ ᠤᠨ ᠲᠤᠰᠬᠠᠢ ᠨᠤᠶᠠᠳ ᠢ ᠲᠤᠮᠢᠯᠠᠨ  ᠲᠠᠶᠢᠹᠤᠰᠧ ᠳᠤ ᠤᠴᠢᠭᠤᠯᠵᠦ ᠠᠳᠤᠭᠤ ᠰᠤᠩᠭᠤᠨ ᠪᠡᠭᠡᠵᠢᠩ ᠳᠤ ᠠᠪᠠᠴᠢᠳᠠᠭ ᠪᠠᠶᠢᠵᠠᠢ᠃ ᠤᠳᠤ ᠪᠡᠭᠡᠵᠢᠩ ᠤᠨ ᠰᠢ ᠳᠠᠨ ᠬᠠᠪᠢ ᠳᠤ ᠨᠢᠭᠡ ᠬᠦᠷ ᠬᠦᠭᠵᠢᠶᠡᠨ ᠲᠠᠢ ᠲᠠᠶᠢᠹᠤᠰᠧ ᠵᠡᠬᠡᠯᠢ ᠪᠠᠶᠢᠵᠦ᠂ ᠤᠶᠢᠷ᠎ᠠ ᠤᠷᠴᠢᠮ ᠳᠠᠭᠠᠨ ᠠᠯᠳᠠᠷᠳᠠᠢ ᠪᠠᠶᠢᠳᠠᠭ᠃ ᠡᠬᠦᠨ ᠠᠴᠠ ᠦᠵᠡᠬᠦ ᠳᠤ᠂  ᠲᠤᠬᠠᠢ ᠶᠢᠨ ᠦᠶᠡᠰ ᠳᠠᠶᠢᠹᠤᠰᠧ ᠬᠤᠰᠢᠭᠤ ᠨᠢ ᠲᠦᠮᠡᠨ ᠠᠭᠳᠠ ᠶᠢᠨ ᠳᠦᠪᠡᠷᠭᠡᠨ ᠲᠠᠢ ᠨᠤᠲᠤᠭ ᠪᠠᠶᠢᠭᠰᠠᠨ ᠨᠢ ᠢᠯᠡᠭᠡᠨ᠃    ᠴᠠᠭ ᠦᠶ᠎ᠡ ᠶᠢᠨ ᠬᠤᠪᠢᠷᠠᠯ᠂ ᠨᠡᠶᠢᠭᠡᠮ ᠠᠬᠤᠢ ᠶᠢᠨ ᠬᠦᠭᠵᠢᠯᠳᠡ ᠶᠢ ᠳᠠᠭᠠᠯᠳᠤᠭᠠᠳ ᠤᠳᠤ ᠪᠤᠯᠬᠤ ᠳᠤ ᠳᠠᠶᠢᠹᠤᠰᠧ ᠬᠤᠰᠢᠭᠤ ᠳᠡᠶᠢᠮᠦ ᠤᠯᠠᠨ ᠠᠳᠤᠭᠤ ᠦᠭᠡᠢ ᠪᠤᠯᠤᠭᠰᠠᠨ ᠪᠤᠯᠪᠠᠴᠤ ᠠᠳᠤᠭᠤᠨ ᠰᠤᠶᠤᠯ ᠢ ᠲᠠᠬᠢᠨᠳᠠ ᠰᠡᠷᠬᠦᠬᠡᠨ ᠬᠦᠭᠵᠢᠬᠦᠯᠵᠦ᠂ ᠠᠳᠤᠭᠤᠨ ᠰᠤᠶᠤᠯ ᠪᠠ ᠵᠤᠭᠠᠴᠠᠯ ᠤᠨ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢᠨ ᠳᠦᠯᠦᠭᠡ ᠬᠠᠭᠠᠨ ᠤ ᠠᠳᠤᠭᠤᠨ ᠰᠤᠶᠤᠯ ᠤᠨ ᠬᠦᠷᠢᠶᠡᠯᠡᠩ ᠤᠨ ᠤᠯᠤᠰ ᠤᠨ 4A ᠳᠡᠰ ᠤᠨ ᠵᠤᠭᠠᠴᠠᠯ ᠤᠨ ᠭᠠᠵᠠᠷ ᠢ ᠪᠠᠶᠢᠭᠤᠯᠤᠭᠰᠠᠨ ᠪᠦᠭᠡᠳ ᠤᠳᠤ ᠪᠤᠯᠳᠠᠯ᠎ᠠ ᠲᠦᠷᠪᠡ ᠤᠳᠠᠭ᠎ᠠ ᠳᠤᠮᠳᠠᠳᠤ ᠤᠯᠤᠰ ᠤᠨ ᠲᠠᠯ᠎ᠠ ᠨᠤᠲᠤᠭ ᠤᠨ ᠬᠠᠭᠠᠨ ᠤ ᠠᠳᠤᠭᠤᠨ ᠰᠤᠶᠤᠯ ᠤᠨ ᠨᠠᠶᠢᠷ ᠢ ᠡᠷᠬᠢᠯᠡᠭᠰᠡᠨ ᠪᠠᠶᠢᠨ᠎ᠠ᠃ ᠡᠨᠡ ᠨᠢ ᠮᠦᠨᠴᠦ ᠳᠤᠰ ᠬᠤᠰᠢᠭᠤᠨ ᠤ ᠰᠤᠶᠤᠯ ᠵᠤᠭᠠᠴᠠᠯ ᠤᠨ ᠠᠭᠤᠰᠤᠯᠴᠠᠯ ᠤᠨ ᠬᠠᠮᠤᠭ ᠳᠤᠮᠤ ᠬᠢᠯᠠᠰ ᠴᠡᠭ ᠪᠤᠯᠵᠦ ᠳᠤᠳᠤᠷᠠᠵᠦ ᠪᠠᠶᠢᠳᠠᠭ ᠃    ᠲᠤᠮᠳᠠᠳᠤ ᠤᠯᠤᠰ ᠤᠨ ᠲᠠᠯ᠎ᠠ ᠨᠤᠳᠤᠭ ᠤᠨ ᠬᠠᠭᠠᠨ ᠤ ᠠᠳᠤᠭᠤᠨ ᠰᠤᠶᠤᠯ ᠤᠨ ᠨᠠᠶᠢᠷ ᠪᠤᠯ ᠲᠠᠶᠢᠹᠤᠰᠧ  ᠬᠤᠰᠢᠭᠤᠨ ᠤ ᠰᠤᠶᠤᠯ ᠵᠤᠭᠠᠴᠠᠯ ᠤᠨ ᠨᠡᠷᠡᠳᠦ ᠲᠡᠮᠳᠡᠭ ᠪᠤᠯᠤᠭᠰᠠᠨ ᠪᠦᠭᠡᠳ ᠳᠤᠰ ᠬᠤᠰᠢᠭᠤᠨ ᠤ ᠪᠠᠨ ᠪᠠᠶᠢᠭᠠᠯᠢ ᠠᠬᠤᠢ᠂ ᠲᠡᠦᠬᠡ ᠰᠤᠶᠤᠯ ᠢ ᠤᠬᠠᠭᠤᠯᠬᠤ ᠴᠤᠩᠬᠤ ᠪᠤᠯᠤᠭᠰᠠᠨ ᠶᠤᠮ᠃ ᠲᠠᠶᠢᠹᠤᠰᠧ ᠬᠤᠰᠢᠭᠤᠠ ᠤ ᠬᠠᠭᠠᠨ ᠤ ᠠᠳᠤᠭᠤᠨ ᠰᠤᠶᠤᠯ ᠤᠨ ᠦᠷᠦᠭᠡᠯ ᠠᠴᠠ ᠢᠯᠭᠠᠭᠳᠠᠮ᠎ᠠ ᠤᠨᠴᠠᠯᠢᠭ ᠰᠢᠨᠵᠢ ᠶᠢ ᠬᠠᠷᠠᠭᠤᠯᠤᠬᠰᠠᠨ ᠳᠤᠰ ᠨᠠᠶᠢᠷ ᠨᠢ ᠪᠠᠰᠠ ᠪᠦᠬᠦ ᠤᠯᠤᠰ ᠤᠨ ᠮᠤᠷᠢᠨ ᠮᠡᠷᠭᠡᠵᠢᠯ ᠤᠨ ᠲᠤᠷ᠎ᠠ ᠪᠠᠭ᠋ᠠᠳᠠᠳ ᠤᠨ ᠰᠢᠨᠳᠠᠰᠤ ᠰᠢᠯᠭᠠᠵᠤ ᠮᠡᠷᠭᠡᠵᠢᠯ ᠢᠶᠠᠨ ᠠᠳᠠᠯᠢᠳᠬᠠᠬᠤ ᠦᠷᠭᠡᠨ ᠲᠠᠪᠴᠠᠩ ᠪᠤᠯᠳᠠᠭ ᠢᠶᠠᠷ ᠬᠤᠰᠢᠭᠤ ᠨᠤᠲᠤᠭ ᠢᠶᠠᠨ ᠤᠬᠠᠭᠤᠯᠤᠨ ᠰᠤᠷᠳᠠᠯᠴᠢᠯᠠᠵᠦ᠂ ᠵᠤᠭᠠᠴᠠᠯ ᠤᠨ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠰᠢᠭᠤᠳ ᠦᠢᠯᠡᠴᠢᠯᠡᠵᠦ ᠪᠠᠶᠢᠳᠠᠭ᠃ ᠲᠤᠮᠳᠠᠳᠤ ᠤᠯᠤᠰ ᠤᠨ ᠲᠠᠯ᠎ᠠ ᠨᠤᠳᠤᠭ ᠤᠨ ᠬᠠᠭᠠᠨ ᠤ ᠠᠳᠤᠭᠤᠨ ᠰᠤᠶᠤᠯ ᠤᠨ ᠨᠠᠶᠢᠷ ᠲᠡᠭᠡᠷ᠎ᠡ ᠮᠤᠩᠭᠤᠯ ᠦᠨᠳᠦᠰᠦᠳᠡᠨ ᠤ ᠤᠯᠠᠮᠵᠢᠯᠠᠯᠳᠤ ᠡᠷ᠎ᠡ ᠶᠢᠨ ᠭᠤᠷᠪᠠᠨ ᠨᠠᠭᠠᠳᠤᠮ ᠠᠴᠠ ᠭᠠᠳᠠᠨ᠎ᠠ ᠮᠤᠷᠢᠨ ᠮᠡᠷᠭᠡᠵᠢᠯ ᠤᠨ ᠤᠷᠤᠯᠳᠤᠭᠠᠨ  ᠂  ᠮᠤᠩᠭᠤᠯ ᠰᠢᠳᠠᠷ᠎ᠠ ᠪᠠ ᠱᠠᠭ᠎ᠠ ᠶᠢᠨ ᠮᠦᠷᠦ᠋ᠢᠴᠡᠭᠡᠨ  ᠂  ᠭᠠᠩᠭᠠᠩ ᠬᠦᠯᠦᠭ ᠤᠨ ᠰᠢᠯᠭᠠᠷᠠᠭᠤᠯᠤᠯᠳᠠ  ᠂  ᠴᠡᠭᠡ ᠤᠤᠭᠤᠬᠤ ᠤᠷᠤᠯᠳᠤᠭᠠᠨ  ᠵᠡᠷᠭᠡ ᠤᠯᠠᠨ ᠠᠵᠢᠯᠯᠠᠭ᠎ᠠ ᠦᠷᠨᠢᠬᠦᠯᠳᠡᠭ ᠪᠦᠭᠡᠳ ᠠᠭᠳᠠ ᠬᠦᠯᠦᠭ ᠤᠨ ᠠᠷᠠᠯᠵᠢᠶ᠎ᠠ ᠰᠤᠯᠢᠯᠴᠠᠭᠠᠨ ᠤ ᠠᠵᠢᠯ ᠴᠤ ᠳᠠᠭᠠᠯᠳᠤᠨ ᠶᠠᠪᠤᠭᠳᠠᠳᠠᠭ ᠠᠵᠢ᠃     ᠲᠠᠶᠢᠹᠤᠰᠧ ᠬᠤᠰᠢᠭᠤ ᠨᠢ ᠬᠠᠭᠠᠨ ᠤ ᠠᠳᠤᠭᠤᠨ ᠰᠤᠶᠤᠯ ᠤᠨ ᠨᠡᠷᠡᠳᠦ ᠲᠡᠮᠳᠡᠭ ᠠᠴᠠ ᠭᠠᠳᠠᠨ᠎ᠠ ᠪᠠᠰᠠ ᠠᠯᠳᠠᠨ ᠤᠯᠤᠰ ᠤᠨ ᠬᠡᠷᠡᠮ ᠤᠨ ᠪᠠᠭᠤᠷᠢ᠂ ᠱᠤᠷᠤᠯᠵᠢᠨ ᠬᠠᠳᠠ᠂ ᠲᠡᠮᠡᠭᠡᠳᠦ ᠠᠭᠤᠯᠠ᠂ ᠲᠦᠮᠡᠨ ᠮᠦ ᠶᠢᠨ ᠡᠪᠡᠰᠦᠨ ᠬᠦᠷᠢᠶ᠎ᠡ ᠵᠡᠷᠭᠡ ᠡᠯᠪᠡᠭ ᠪᠠᠶᠠᠨ ᠵᠤᠭᠠᠴᠠᠯ ᠤᠨ ᠡᠬᠢ ᠪᠠᠶᠠᠯᠢᠭ ᠢ ᠨᠡᠭᠡᠭᠡᠭᠰᠡᠨ ᠪᠦᠬᠡᠳ ᠾᠧᠪᠸᠢ  ᠂  ᠱᠠᠨ ᠰᠢ ᠵᠡᠷᠭᠡ ᠮᠤᠵᠢ ᠤᠷᠤᠨ ᠲᠠᠢ ᠬᠦᠷᠰᠢᠯᠡᠭᠰᠡᠨ ᠲᠠᠪᠠᠭᠤᠯᠢᠭ ᠢᠶᠠᠨ ᠠᠰᠢᠭᠯᠠᠵᠤ  ᠂  ᠨᠡᠬᠦᠳᠡᠯ ᠮᠠᠯᠵᠢᠯ ᠤᠨ ᠰᠤᠶᠤᠯ ᠪᠤᠯᠤᠨ ᠬᠢᠳᠠᠳ ᠤᠨ ᠲᠠᠷᠢᠶᠠᠯᠠᠬᠤ ᠰᠤᠶᠤᠯ ᠢ ᠤᠶᠠᠯᠳᠤᠭᠤᠯᠤᠨ ᠮᠠᠯᠠᠭᠠᠢ ᠶᠢᠨ ᠰᠦᠮ᠎ᠠ ᠶᠢᠨ ᠳᠠᠯ᠎ᠠ ᠨᠤᠲᠤᠭ ᠤᠨ ᠰᠤᠶᠤᠯ ᠵᠤᠭᠠᠴᠠᠯ ᠤᠨ  ᠤᠷᠤᠨ᠂ ᠵᠡᠬᠦᠨ ᠭᠠᠷ ᠳᠠᠶᠢᠹᠤᠰᠧ ᠶᠢᠨ ᠨᠡᠬᠦᠳᠡᠯᠴᠢᠨ ᠠᠶᠢᠮᠠᠭ ᠤᠨ ᠵᠤᠭᠠᠴᠠᠯ ᠤᠨ ᠭᠠᠵᠠᠷ᠂ ᠬᠤᠶᠢᠳᠦ ᠸᠠᠶᠤᠤ ᠭᠠᠴᠠᠭᠠᠨ ᠤ ᠦᠨᠳᠦᠰᠦᠳᠡᠨ ᠤ ᠤᠨᠴᠠᠯᠢᠭᠳᠤ ᠳᠤᠰᠬᠤᠨ ᠵᠡᠷᠭᠡ ᠵᠤᠭᠠᠴᠠᠯ ᠤᠨ ᠭᠠᠵᠠᠷ ᠤᠳ ᠢ ᠪᠠᠶᠢᠭᠤᠯᠤᠭᠰᠠᠨ ᠪᠠᠶᠢᠨ᠎ᠠ᠃  ᠳᠠᠶᠢᠹᠤᠰᠧ ᠬᠤᠰᠢᠭᠤ ᠵᠤᠭᠠᠴᠠᠯ ᠤᠨ ᠦᠢᠯᠡᠰ ᠢ ᠬᠦᠭᠵᠢᠬᠦᠯᠬᠦ ᠶᠢᠨ ᠳᠦᠯᠦᠭᠡ ︽ᠳᠠᠶᠢᠹᠤᠰᠧ ᠬᠤᠰᠢᠭᠤᠨ ᠤ 2014 — 2020 ᠤᠨ ᠤ ᠵᠤᠭᠠᠴᠠᠯ ᠤᠨ ᠦᠢᠯᠡᠰ ᠤᠨ ᠬᠦᠭᠵᠢᠬᠦᠯᠦᠯᠳᠡ ᠶᠢᠨ ᠳᠦᠯᠦᠪᠵᠢᠬᠦᠯᠭᠡ︾ ᠶᠢ ᠳᠤᠭᠳᠠᠭᠠᠵᠦ᠂ ᠳᠠᠯ᠎ᠠ ᠨᠤᠲᠤᠭ ᠤᠨ ᠦᠪᠡᠷᠮᠢᠴᠡ ᠤᠨᠴᠠᠯᠢᠭᠳᠤ ᠰᠤᠶᠤᠯ ᠪᠤᠯᠤᠨ ᠭᠠᠵᠠᠷ ᠤᠷᠤᠨ ᠤ ᠤᠨᠴᠠᠯᠢᠭ ᠪᠦᠬᠦᠢ ᠳᠠᠷᠢᠶᠠᠯᠠᠬᠤ ᠰᠤᠶᠤᠯ ᠵᠢᠴᠢ ᠰᠢᠨ᠎ᠡ ᠬᠡᠯᠪᠡᠷᠢ ᠶᠢᠨ ᠠᠵᠤ ᠦᠢᠯᠡᠳᠪᠤᠷᠢ ᠶᠢᠨ ᠰᠤᠶᠤᠯ ᠬᠠᠷᠢᠯᠴᠠᠨ ᠠᠭᠤᠰᠤᠯᠴᠠᠭᠰᠠᠨ ᠵᠤᠭᠠᠴᠠᠯ ᠤᠨ ᠦᠢᠯᠡᠰ ᠢ ᠬᠦᠭᠵᠢᠬᠦᠯᠬᠦ ᠪᠠᠷ ᠳᠠᠰᠤᠷᠠᠯᠳᠠ ᠦᠭᠡᠢ ᠴᠢᠷᠮᠠᠶᠢᠵᠤ ᠪᠤᠢ᠃ ᠵᠤᠭᠠᠴᠠᠯ ᠤᠨ ᠳᠤᠯᠤᠭᠠᠢᠢᠯᠠᠭᠴᠢ ᠠᠵᠤ ᠠᠬᠤᠢᠢᠯᠠᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠰᠤᠶᠤᠯ ᠵᠤᠭᠠᠴᠠᠯ ᠢ ᠠᠵᠤ ᠦᠢᠯᠡᠰᠵᠢᠭᠰᠡᠨ᠂ ᠵᠠᠬ᠎ᠠ ᠳᠡᠯᠭᠡᠬᠦᠷᠵᠢᠭᠰᠡᠨ᠂ ᠨᠡᠷᠡᠳᠦ ᠳᠡᠮᠳᠡᠭᠵᠢᠭᠰᠡᠨ ᠬᠦᠭᠵᠢᠬᠦᠯᠦᠯᠳᠡ ᠶᠢᠨ ᠵᠠᠮ ᠢᠶᠠᠷ ᠬᠦᠭᠵᠢᠬᠦᠯᠬᠦ ᠶᠢᠨ ᠳᠦᠯᠦᠭᠡ ᠳᠠᠶᠢᠹᠤᠰᠧ ᠬᠤᠰᠢᠭᠤ ᠤᠷᠤᠨ ᠨᠤᠲᠤᠭ ᠤᠨ ᠳᠠᠪᠠᠭᠤᠯᠢᠭ ᠪᠤᠯᠬᠤ ᠠᠳᠤᠭᠤᠨ ᠰᠤᠶᠤᠯ ᠢᠶᠠᠨ ᠳᠡᠭᠡᠳᠦᠯᠡᠨ ᠬᠦᠭᠵᠢᠬᠦᠯᠵᠦ᠂ ᠲᠤᠮᠳᠠᠳᠤ ᠤᠯᠤᠰ ᠤᠨ ᠬᠠᠭᠠᠨ ᠤ ᠠᠳᠤᠭᠤᠨ ᠰᠤᠶᠤᠯ ᠤᠨ ᠨᠤᠳᠤᠭ᠂ ᠬᠤᠨ ᠭᠠᠯᠠᠭᠤᠨ ᠤ ᠠᠮᠠᠷᠠᠯᠳᠠ ᠶᠢᠨ ᠪᠠᠭᠤᠴᠠ ᠵᠡᠷᠭᠡ ᠰᠤᠶᠤᠯ ᠵᠤᠭᠠᠴᠠᠯ ᠤᠨ ᠨᠡᠷᠡᠳᠦ ᠲᠡᠮᠳᠡᠭ ᠢ ᠡᠬᠦᠳᠬᠦ ᠶᠢᠨ ᠳᠠᠭᠠᠤ ᠵᠤᠭᠠᠴᠠᠯ ᠤᠨ ᠴᠡᠭ ᠤᠨ ᠦᠨᠳᠦᠰᠦᠨ ᠳᠤᠨᠤᠭ ᠳᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠵᠤᠭᠠᠴᠠᠯ ᠤᠨ ᠳᠤᠳᠤᠭᠠᠳᠤ ᠠᠭᠤᠯᠬᠤᠨ ᠪᠤᠯᠤᠨ ᠰᠤᠶᠤᠯ ᠤᠷᠠᠯᠢᠭ ᠤᠨ ᠠᠵᠢᠯᠯᠠᠭᠠᠨ ᠤ ᠳᠦᠷᠦᠯ ᠵᠦᠢᠯ ᠢ ᠪᠠᠶᠠᠯᠢᠠᠠᠵᠢᠭᠤᠯᠵᠦ᠂ ᠵᠤᠭᠠᠴᠠᠯ ᠤᠨ ᠠᠴᠢᠶᠠᠯᠠᠭᠴᠢ ᠶᠢᠨ ᠬᠦᠴᠦᠨ ᠪᠤᠯᠤᠨ ᠦᠢᠯᠡᠴᠢᠯᠡᠭᠡᠨ ᠤ ᠬᠢᠷᠢ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠵᠦ ᠪᠤᠢ  ᠃  ᠲᠠᠶᠢᠹᠤᠰᠧ ᠬᠤᠰᠢᠭᠤ ᠨᠢ ᠤᠳᠤᠬᠠᠨ ᠳᠤ ᠵᠤᠭᠠᠴᠠᠯ ᠤᠨ ᠡᠬᠢ ᠪᠠᠶᠠᠯᠢᠭ ᠢ ᠤᠯᠠᠮ ᠬᠦᠨ ᠠᠭᠤᠳᠠᠯᠯᠠᠵᠦ᠂ ᠵᠤᠭᠠᠴᠠᠭᠰᠠᠳ ᠤᠨ ᠳᠤᠭᠤᠷᠢᠨ ᠵᠤᠭᠠᠴᠠᠬᠤ ᠤᠷᠤᠨ ᠳᠤᠭᠤᠷᠢᠭ ᠢ ᠨᠡᠮᠡᠭᠳᠡᠬᠦᠯᠬᠦ ᠶᠢᠨ ᠳᠦᠯᠦᠭᠡ ᠡᠨᠡ ᠵᠢᠯ ᠶᠡᠭᠡ ᠪᠡᠯᠡ ᠮᠦᠡᠭᠬᠦ ᠵᠠᠷᠤᠴᠠᠭᠤᠯᠤᠨ ᠫᠤᠤᠲ᠋ᠠᠶᠢᠶ᠋ᠢᠩᠽᠢ ᠦᠪᠡᠷᠮᠢᠴᠡ ᠤᠨᠴᠠᠯᠢᠭᠳᠤ ᠵᠤᠭᠠᠴᠠᠯ ᠤᠨ ᠳᠤᠰᠬᠤᠨ᠂ ᠪᠦᠷᠳᠡ  ᠴᠢᠨ᠋ᠸ᠎ᠠ  ᠵᠤᠭᠠᠴᠠᠯ ᠤᠨ ᠴᠡᠭ᠂ 176 ᠠᠮᠢ ᠠᠬᠤᠢ ᠶᠢᠨ ᠬᠦᠷᠢᠶᠡᠯᠡᠩ ᠵᠡᠷᠭᠡ ᠶᠢ  ᠪᠠᠶᠢᠭᠤᠯᠵᠦ ᠪᠠᠶᠢᠭ᠎ᠠ ᠠᠵᠢ᠃ ᠮᠦᠨᠴᠦ  ᠵᠤᠭᠠᠴᠠᠯ ᠤᠨ ᠴᠡᠭ ᠤᠨ ᠬᠤᠭᠤᠷᠤᠨᠳᠤᠬᠢ ᠵᠠᠮ ᠱᠤᠭᠤᠮ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠵᠤᠭᠠᠴᠠᠯ ᠤᠨ ᠴᠡᠭ ᠤᠳ ᠤᠨ ᠬᠤᠭᠤᠷᠤᠨᠳᠤᠬᠢ ᠵᠠᠮ ᠢ ᠰᠢᠨᠡᠳᠭᠡᠨ ᠵᠠᠰᠠᠭᠰᠠᠨ ᠢᠶᠠᠷ ᠵᠤᠭᠠᠴᠠᠭᠰᠠᠳ ᠲᠤ ᠬᠠᠷᠰᠢ ᠰᠠᠭᠠᠳ ᠦᠭᠡᠢ ᠳᠠᠷᠳᠠᠩ ᠵᠠᠮ ᠤᠨ ᠨᠦᠬᠦᠴᠡᠯ ᠢ ᠬᠠᠨᠭ᠍ᠭᠠᠨ ᠦᠭᠴᠦ᠂ ᠵᠤᠭᠠᠴᠠᠯ ᠤᠨ ᠦᠢᠯᠡᠰ ᠤᠨ ᠨᠡᠩ ᠳᠠᠷᠳᠠᠩ ᠵᠠᠮ ᠢ ᠨᠡᠭᠡᠭᠡᠭᠰᠡᠨ ᠪᠠᠶᠢᠨ᠎ᠠ
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号