ᠲᠠᠶᠢᠹᠤᠰᠧ ᠬᠤᠰᠢᠭᠤ ᠤᠷᠴᠢᠨ ᠲᠤᠭᠤᠷᠢᠨ ᠤ ᠴᠡᠪᠡᠷᠯᠡᠭᠡ ᠬᠢᠵᠦ  ᠬᠤᠳᠠ ᠬᠦᠳᠡᠭᠡ ᠶᠢᠨ ᠦᠩᠬᠡ ᠲᠦᠷᠬᠦ ᠶᠢ  ᠭᠤᠶᠤᠵᠢᠭᠤᠯᠪᠠ
ᠨᠡᠶᠢᠲᠡᠯᠡᠭᠰᠡᠨ ᠴᠠᠭ᠄
2017/5/24
     ᠤᠷᠴᠢᠨ ᠲᠤᠭᠤᠷᠢᠨ ᠤ ᠠᠷᠢᠭᠤᠨ ᠴᠡᠪᠡᠷ ᠤᠨ ᠶᠡᠷᠦᠩᠬᠡᠶᠢᠯᠡᠭᠰᠡᠨ ᠴᠡᠭᠴᠡᠯᠡᠯᠳᠡ ᠶᠢᠨ ᠠᠵᠢᠯ  ᠎ ᠢ ᠪᠠᠶᠢᠩᠭᠤ ᠎ ᠶᠢᠨ ᠴᠢᠨᠠᠷᠳᠠᠢ ᠠᠳᠬᠤᠵᠤ᠂ ᠬᠤᠳᠠ ᠬᠦᠳᠡᠭᠡ ᠶᠢᠨ  ᠤᠷᠰᠢᠨ ᠰᠠᠭᠤᠷᠢᠰᠢᠬᠤ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠂  ᠴᠡᠪᠡᠷ  ᠭᠤᠸᠠᠯᠢᠭ ᠤᠷᠴᠢᠨ  ᠠᠬᠤᠢ ᠶᠢᠨ ᠦᠩᠬᠡ ᠲᠦᠷᠬᠦ ᠬᠢᠭᠡᠳ ᠰᠢᠯᠢᠳᠡᠭ ᠰᠠᠶᠢᠬᠠᠨ ᠤᠶᠤᠨ ᠰᠠᠨᠠᠭᠠᠨ ᠤ ᠭᠡᠪ ᠪᠠᠶᠢᠳᠠᠯ ᠢᠶᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠎ ᠤᠨ  ᠤᠢ ᠬᠢᠭᠡᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠭᠳᠤᠨ ᠪᠡᠯᠭᠡᠯᠡᠬᠦ  ᠵᠤᠷᠢᠯᠳᠠ ᠪᠠᠷ 5 ᠰᠠᠷ᠎ᠠ ᠎ ᠶᠢᠨ 9᠎ ᠤ ᠡᠳᠦᠷ ᠲᠠᠶᠢᠹᠤᠰᠧ ᠬᠤᠰᠢᠭᠤ  ᠪᠦᠬᠦ ᠬᠤᠰᠢᠭᠤᠨ ᠤ ᠭᠡᠪᠴᠢᠶᠡᠨ ᠳᠤ ᠬᠤᠳᠠ ᠬᠦᠳᠡᠭᠡ ᠶᠢᠨ ᠤᠷᠴᠢᠨ ᠲᠤᠭᠤᠷᠢᠨ ᠤ ᠴᠡᠪᠡᠷᠯᠡᠭᠡ ᠶᠢᠨ ᠨᠢᠬᠡᠳᠦᠯᠳᠡᠢ ᠠᠵᠢᠯᠯᠠᠭ᠎ᠠ  ᠦᠷᠨᠢᠬᠦᠯᠪᠡ᠃     ᠠᠵᠢᠯᠯᠠᠭ᠎ᠠ ᠳᠤ ᠤᠷᠤᠯᠴᠠᠭᠰᠠᠨ ᠪᠦᠬᠦ ᠬᠤᠰᠢᠭᠤᠨ ᠤ  99 ᠪᠠᠶᠢᠭᠤᠯᠭ᠎ᠠ  ᠨᠢᠬᠡᠴᠡ  ᠎ ᠨᠢ ᠲᠤᠰ ᠲᠤᠰ ᠤᠨ  ᠬᠤᠪᠢᠳᠠᠵᠤ ᠠᠪᠤᠭᠰᠠᠨ  ᠭᠠᠵᠠᠷ ᠤᠷᠤᠨ ᠳᠠᠭᠠᠨ ᠬᠦᠷᠴᠦ᠂  ᠪᠤᠤᠴᠠᠩ ᠪᠠᠯᠭᠠᠰᠤᠨ ᠤ ᠬᠦᠪᠡᠭᠡ  ᠵᠠᠬ᠎ᠠ  ᠬᠢᠭᠡᠳ  ᠵᠠᠮ  ᠎ ᠤᠨ ᠬᠤᠶᠠᠷ ᠬᠠᠵᠠᠭᠤ ᠎ ᠳᠠᠬᠢ  ᠬᠤᠭ ᠨᠤᠪᠰᠢ  ᠎ ᠶᠢ ᠦᠯᠡᠳᠡᠭᠡᠯ ᠦᠬᠡᠢ ᠲᠡᠬᠦᠵᠦ ᠴᠡᠪᠡᠷᠯᠡᠨ᠂  ᠡᠯ᠎ᠡ ᠰᠤᠮᠤ ᠰᠢᠶᠠᠩ ᠪᠠᠯᠭᠠᠰᠤ  ᠬᠢᠭᠡᠳ ᠭᠠᠴᠠᠭ᠎ᠠ ᠲᠤᠰᠬᠤᠨ ᠨᠢ ᠦᠪᠡᠷ ᠦᠪᠡᠷ ᠤᠨ ᠬᠠᠷᠢᠶ᠎ᠠ ᠤᠷᠤᠨ  ᠎ ᠳᠠᠬᠢ ᠵᠠᠰᠠᠮᠠᠯ ᠵᠠᠮ᠂  ᠭᠤᠤᠯᠳᠠᠯᠭᠠᠳᠠᠢ ᠭᠠᠵᠠᠷ ᠤᠷᠤᠨ   ᠬᠢᠭᠡᠳ  ᠬᠤᠳᠠ ᠤᠰᠤᠨ ᠤ ᠴᠡᠪᠡᠷᠯᠡᠭᠡ ᠶᠢ ᠬᠢᠵᠦ᠂  ᠬᠤᠭ ᠨᠤᠪᠰᠢ  ᠎ ᠶᠢ ᠠᠷᠢᠯᠭᠠᠨ ᠲᠢᠭᠯᠡᠮ ᠦᠬᠡᠢ ᠪᠠᠶᠢᠳᠠᠯ ᠢ ᠴᠡᠭᠴᠡᠯᠡᠭᠰᠡᠨ ᠪᠠᠶᠢᠨ᠎ᠠ᠃    
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号