ᠲᠠᠶᠢᠹᠤᠰᠧ ᠬᠤᠰᠢᠭᠤ  ᠵᠠᠬ᠎ᠠ ᠲᠡᠯᠬᠡᠬᠦᠷ ᠤᠨ ᠲᠤᠰᠬᠠᠢ ᠴᠡᠭᠴᠡᠯᠡᠯᠳᠡ ᠎ ᠪᠠᠷ ᠲᠠᠷᠢᠶᠠᠯᠠᠩ ᠤᠨ ᠦᠢᠯᠡᠳᠪᠦᠷᠢᠯᠡᠯ ᠤᠨ ᠭᠡᠷᠡᠭᠰᠡᠯ ᠤᠨ ᠴᠢᠨᠠᠷ ᠢ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2017/5/24
      ᠡᠮᠬᠢ ᠲᠢᠭᠯᠡᠮ ᠲᠠᠢ  ᠵᠠᠬ᠎ᠠ ᠲᠡᠯᠬᠡᠬᠦᠷ  ᠎ ᠢ  ᠪᠠᠶᠢᠭᠤᠯᠤᠨ᠂  ᠴᠢᠨᠠᠷ ᠰᠠᠶᠢᠳᠠᠢ ᠦᠢᠯᠡᠳᠪᠦᠷᠢᠯᠡᠯ ᠤᠨ ᠭᠡᠷᠡᠭᠰᠡᠯ  ᠬᠠᠩᠭᠠᠵᠤ᠂  ᠨᠢᠳᠦᠨ ᠡᠮᠦᠨᠡᠬᠢ ᠲᠠᠷᠢᠶᠠᠯᠠᠭ᠎ᠠ ᠶᠢᠨ ᠠᠵᠢᠯ ᠤᠨ ᠤᠷᠤᠭᠰᠢᠳᠠᠢ  ᠶᠠᠪᠤᠭᠳᠠᠯ ᠢ ᠪᠠᠳᠤᠯᠠᠬᠤ  ᠎ ᠪᠠᠷ ᠲᠠᠶᠢᠹᠤᠰᠧ ᠬᠤᠰᠢᠭᠤ  ᠬᠢᠨᠠᠯᠳᠠ ᠬᠠᠮᠢᠶᠠᠷᠤᠯᠳᠠ᠂ ᠵᠢᠯᠤᠭᠤᠳᠤᠯᠭ᠎ᠠ ᠦᠢᠯᠡᠴᠢᠯᠡᠭᠡ ᠶᠢ ᠴᠢᠩᠭᠠᠳᠬᠠᠨ᠂  ᠲᠠᠷᠢᠶᠠᠯᠠᠩ ᠤᠨ ᠦᠢᠯᠡᠳᠪᠦᠷᠢᠯᠡᠯ ᠤᠨ ᠭᠡᠷᠡᠭᠰᠡᠯ ᠤᠨ ᠵᠠᠬ᠎ᠠ ᠲᠡᠯᠬᠡᠬᠦᠷ ᠳᠤ ᠲᠤᠰᠬᠠᠢ ᠴᠡᠭᠴᠡᠯᠡᠯᠳᠡ ᠬᠢᠵᠦ᠂  ᠬᠠᠭᠤᠷᠮᠠᠭ ᠮᠠᠭᠤ ᠦᠢᠯᠡᠳᠪᠦᠷᠢᠯᠡᠯ ᠤᠨ ᠭᠡᠷᠡᠭᠰᠡᠯ ᠡᠵᠡᠩᠨᠡᠨ ᠪᠤᠷᠤᠯᠠᠭᠤᠯᠬᠤ  ᠬᠠᠤᠯᠢ ᠪᠤᠰᠤ ᠠᠵᠢᠯᠯᠠᠭ᠎ᠠ ᠳᠤ  ᠴᠢᠩᠭ᠎ᠠ  ᠴᠤᠬᠢᠯᠳᠠ ᠦᠭᠴᠦ᠂ ᠮᠠᠯᠴᠢᠨ ᠲᠠᠷᠢᠶᠠᠴᠢᠨ ᠤ ᠡᠷᠭᠡ ᠠᠰᠢᠭ ᠢ ᠬᠠᠮᠠᠭᠠᠯᠠᠵᠤ ᠪᠠᠶᠢᠨ᠎ᠠ᠃     ᠲᠤᠰ ᠬᠤᠰᠢᠭᠤ ᠨᠢ ᠬᠠᠤᠯᠢ ᠭᠡᠷᠡᠭᠵᠢᠬᠦᠯᠬᠦ ᠰᠠᠯᠠᠭ᠎ᠠ ᠮᠦᠴᠢᠷ ᠢ ᠬᠦᠴᠦᠨ ᠢ ᠨᠢᠬᠡᠳᠭᠡᠵᠦ᠂  ᠲᠠᠷᠢᠶᠠᠯᠠᠩ ᠮᠠᠯ ᠠᠵᠤ ᠠᠬᠤᠢ ᠶᠢᠨ  ᠬᠠᠮᠢᠶ᠎ᠠ ᠪᠦᠬᠦᠢ ᠰᠠᠯᠠᠭ᠎ᠠ ᠮᠦᠴᠢᠷ  ᠎ ᠤᠨ ᠠᠵᠢᠯᠳᠠᠳ ᠢᠶᠠᠷ ᠪᠦᠷᠢᠯᠳᠦᠭᠰᠡᠨ  ᠬᠤᠯᠪᠤᠭᠠᠯᠠᠨ ᠬᠠᠤᠯᠢ ᠭᠡᠷᠡᠭᠵᠢᠬᠦᠯᠬᠦ ᠠᠩᠬᠢ ᠶᠢ ᠪᠠᠶᠢᠭᠤᠯᠵᠤ᠂  ᠬᠤᠳᠠ ᠬᠦᠳᠡᠭᠡ  ᠎ ᠪᠠᠷ  ᠬᠦᠨᠵᠡᠭᠡᠶᠢᠷᠡᠨ ᠦᠷᠭᠡᠨ ᠭᠡᠪᠴᠢᠶᠡᠨ ᠤ ᠲᠤᠤᠷᠴᠢᠯᠠᠭᠰᠠᠨ ᠪᠠᠶᠢᠴᠠᠭᠠᠯᠳᠠ ᠶᠠᠪᠤᠭᠤᠯᠵᠤ᠂ ᠦᠨᠡᠮᠯᠡᠯ ᠦᠬᠡᠢ  ᠡᠵᠡᠩᠨᠡᠯᠳᠡ᠂  ᠬᠡᠪᠴᠢᠶᠡᠨ ᠠᠴᠠ  ᠲᠠᠪᠠᠭᠰᠠᠨ ᠡᠵᠡᠩᠨᠡᠯᠳᠡ᠂   ᠬᠤᠳᠠᠯ ᠬᠠᠭᠤᠷᠮᠠᠭ ᠵᠠᠷ ᠮᠡᠳᠡᠭᠡ᠂  ᠶᠠᠪᠤᠭᠤᠯ ᠤᠨ ᠠᠷᠠᠯᠵᠢᠶᠠᠴᠢᠨ ᠵᠡᠷᠭᠡ ᠶᠢ ᠬᠠᠤᠯᠢ ᠶᠤᠰᠤᠭᠠᠷ ᠪᠠᠶᠢᠴᠠᠭᠠᠨ  ᠴᠡᠭᠴᠡᠯᠡᠵᠦ᠂   ᠡᠵᠡᠩᠨᠡᠭᠴᠢᠳ ᠢ  ᠱᠠᠭᠠᠷᠳᠠᠨ ᠤᠷᠤᠭᠤᠯᠵᠤ ᠭᠠᠷᠭᠠᠬᠤ  ᠭᠡᠷᠡᠴᠢ ᠪᠠᠷᠢᠮᠳᠠ᠂ ᠲᠠᠩᠰᠠ ᠲᠡᠮᠳᠡᠭᠯᠡᠯ  ᠂ ᠰᠢᠯᠭᠠᠨ ᠪᠠᠶᠢᠴᠠᠭᠠᠯᠳᠠ ᠶᠢᠨ ᠲᠦᠷᠢᠮ ᠢ ᠪᠦᠷᠢᠨᠰᠢᠬᠦᠯᠵᠦ᠂  ᠲᠠᠷᠢᠶᠠᠯᠠᠩ ᠤᠨ ᠦᠢᠯᠡᠳᠪᠦᠷᠢᠯᠡᠯ ᠢ ᠭᠡᠷᠡᠭᠰᠡᠯ  ᠎ ᠤᠨ ᠢᠷᠡᠯᠳᠡ ᠨᠢ ᠨᠠᠶᠢᠳᠠᠪᠤᠷᠢᠳᠠᠢ᠂ ᠴᠢᠨᠠᠷ ᠨᠢ ᠰᠠᠶᠢᠨ ᠪᠠᠶᠢᠬᠤ ᠶᠢ  ᠪᠠᠳᠤᠯᠠᠵᠤ ᠪᠠᠶᠢᠨ᠎ᠠ᠃  ᠤᠳᠤ ᠪᠤᠯᠳᠠᠯ᠎ᠠ᠂ ᠲᠠᠷᠢᠮᠠᠯ ᠤᠨ ᠦᠷ᠎ᠡ᠂  ᠬᠢᠮᠢ ᠶᠢᠨ ᠪᠤᠷᠳᠤᠭᠤᠷ᠂ ᠲᠠᠷᠢᠶᠠᠨ ᠡᠮ᠂ ᠲᠡᠵᠢᠬᠡᠯ ᠪᠤᠷᠳᠤᠭ᠎ᠠ  ᠂ ᠮᠠᠯ ᠤᠨ ᠡᠮ ᠂  ᠲᠠᠷᠢᠶᠠᠯᠠᠩ ᠤᠨ ᠪᠠᠭᠠᠵᠢ ᠭᠡᠷᠡᠭᠰᠡᠯ  ᠪᠠ ᠲᠤᠨᠤᠭ ᠲᠦᠬᠦᠭᠡᠷᠦᠮᠵᠢ  ᠡᠵᠡᠩᠨᠡᠨ ᠪᠤᠷᠤᠯᠠᠭᠤᠯᠬᠤ 90 ᠭᠠᠷᠤᠢ ᠲᠡᠯᠬᠡᠬᠦᠷ  ᠎ ᠲᠤ  ᠪᠠᠶᠢᠴᠠᠭᠠᠯᠳᠠ ᠬᠢᠵᠦ᠂ ᠬᠢᠷᠢ ᠲᠡᠩᠴᠡᠬᠦ ᠦᠬᠡᠢ ᠲᠡᠵᠢᠬᠡᠯ ᠪᠤᠷᠳᠤᠭ᠎ᠠ  ᠬᠤᠳᠠᠯᠳᠤᠨ ᠪᠤᠷᠤᠯᠠᠭᠤᠯᠤᠭᠰᠠᠨ ᠬᠠᠤᠯᠢ ᠪᠤᠰᠤ ᠤᠷᠤᠯᠭ᠎ᠠ 6000 ᠲᠦᠬᠦᠷᠢᠭ ᠢ ᠬᠤᠷᠢᠶᠠᠮᠵᠢᠯᠠᠨ ᠠᠪᠴᠠᠢ᠃   ᠵᠠᠬ᠎ᠠ ᠲᠡᠯᠬᠡᠬᠦᠷ ᠤᠨ  ᠪᠠᠶᠢᠴᠠᠭᠠᠯᠳᠠ ᠴᠡᠭᠴᠡᠯᠡᠯᠳᠡ ᠶᠢ ᠴᠢᠩᠭᠠᠳᠬᠠᠬᠤ ᠶᠢᠨ ᠬᠠᠮᠳᠤ᠂   ᠤᠯᠠᠨ ᠵᠦᠢᠯ ᠤᠨ ᠤᠶᠢᠯᠠᠭᠠᠭᠤᠰᠢᠳᠠᠢ ᠬᠡᠯᠪᠡᠷᠢ ᠪᠠᠷ  ᠦᠢᠯᠡᠳᠪᠦᠷᠢᠯᠡᠯ ᠤᠨ ᠭᠡᠷᠡᠭᠰᠡᠯ ᠤᠨ  ᠰᠠᠶᠢᠨ ᠮᠠᠭᠤ  ᠎ ᠶᠢ ᠢᠯᠭᠠᠨ ᠲᠠᠨᠢᠵᠤ᠂ ᠬᠠᠤᠯᠢ ᠶᠤᠰᠤᠨ ᠤ ᠡᠷᠭᠡ ᠠᠰᠢᠭ ᠢᠶᠠᠨ ᠬᠠᠮᠠᠭᠠᠯᠠᠬᠤ  ᠮᠡᠳᠡᠯᠬᠡ ᠶᠢ ᠮᠠᠯᠴᠢᠨ ᠲᠠᠷᠢᠶᠠᠴᠢᠨ  ᠎ ᠤ ᠲᠤᠮᠳᠠ ᠤᠬᠠᠭᠤᠯᠤᠨ  ᠲᠡᠯᠭᠡᠷᠡᠬᠦᠯᠵᠦ᠂  ︽12315︾ ᠭᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠬᠤ ᠲᠠᠪᠴᠠᠩ ᠤᠨ ᠦᠢᠯᠡᠳᠦᠯ ᠢ ᠪᠠᠳᠠᠷᠠᠭᠤᠯᠤᠨ᠂  ᠲᠤᠰᠬᠠᠢ ᠤᠳᠠᠰᠤ ᠪᠠ ᠲᠤᠰᠬᠠᠢ ᠴᠡᠭ ᠲᠤᠬᠢᠷᠠᠭᠤᠯᠵᠤ᠂  ᠬᠠᠤᠯᠢ ᠪᠤᠰᠤ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠳᠤ ᠲᠦᠬᠦᠮ  ᠦᠵᠡᠬᠦᠯᠦᠨ᠂ ᠠᠷᠠᠳ ᠢᠷᠭᠡᠳ ᠤᠨ ᠡᠷᠭᠡ ᠠᠰᠢᠭ ᠢᠶᠠᠨ ᠬᠠᠮᠠᠭᠠᠯᠠᠬᠤ ᠠᠷᠭ᠎ᠠ ᠵᠠᠮ ᠢ ᠤᠯᠠᠮ ᠦᠷᠭᠡᠳᠭᠡᠵᠦ  ᠪᠠᠶᠢᠨ᠎ᠠ᠃                                
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号