ᠲᠠᠶᠢᠹᠤᠰᠧ ᠬᠤᠰᠢᠭᠤ ᠺᠠᠷᠲ ᠪᠠᠷ ᠲᠠᠩᠰᠠᠯᠠᠭᠰᠠᠨ ᠶᠠᠳᠠᠭᠤ ᠬᠦᠴᠢᠷᠳᠡᠢ ᠬᠦᠮᠦᠨ ᠠᠮᠠ ᠳᠤ ᠦᠨ᠎ᠡ ᠲᠦᠯᠦᠪᠦᠷᠢ ᠦᠬᠡᠢ ᠪᠡᠶ᠎ᠡ ᠶᠢᠨ ᠪᠠᠶᠢᠴᠠᠭᠠᠯᠳᠠ ᠬᠢᠵᠦ  ᠦᠭᠬᠦᠨᠡᠮ
ᠨᠡᠶᠢᠲᠡᠯᠡᠭᠰᠡᠨ ᠴᠠᠭ᠄
2017-08-02
      ᠲᠠᠶᠢᠹᠤᠰᠧ ᠬᠤᠰᠢᠭᠤ ᠡᠷᠡᠬᠦᠯ ᠮᠡᠨᠳᠦ ᠶᠢ ᠪᠠᠳᠤᠯᠠᠨ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠲᠤᠤᠱᠯᠠᠭᠤᠯᠵᠤ᠂  ᠡᠮ ᠡᠮᠨᠡᠯᠬᠡ ᠡᠷᠡᠬᠦᠯ ᠬᠠᠮᠠᠭᠠᠯᠠᠯ ᠤᠨ ᠡᠬᠢ ᠪᠠᠶᠠᠯᠢᠭ ᠢ ᠬᠦᠢᠴᠡᠳ ᠠᠰᠢᠭᠯᠠᠨ᠂ ᠺᠠᠷᠲ ᠪᠠᠷ ᠲᠠᠩᠰᠠᠯᠠᠭᠰᠠᠨ ᠶᠠᠳᠠᠭᠤ ᠬᠦᠴᠢᠷᠳᠡᠢ ᠬᠦᠮᠦᠨ ᠠᠮᠠ ᠳᠤ ᠦᠨ᠎ᠡ ᠲᠦᠯᠦᠪᠦᠷᠢ ᠦᠬᠡᠢ ᠪᠡᠶ᠎ᠡ ᠶᠢᠨ ᠪᠠᠶᠢᠴᠠᠭᠠᠯᠳᠠ ᠬᠢᠬᠦ  ᠢᠨᠵᠧᠨᠧᠷᠢᠩ ᠢ ᠭᠡᠷᠡᠭᠵᠢᠬᠦᠯᠵᠦ᠂  ᠶᠠᠳᠠᠭᠤ ᠬᠦᠴᠢᠷᠳᠡᠢ ᠬᠦᠮᠦᠨ ᠠᠮᠠ  ᠎ ᠶᠢᠨ ᠡᠷᠡᠬᠦᠯ ᠮᠡᠨᠳᠦ ᠎ ᠶᠢᠨ ᠪᠠᠶᠢᠳᠠᠯ ᠢ ᠪᠦᠬᠦ ᠲᠠᠯᠠᠪᠠᠷ ᠡᠵᠡᠮᠰᠢᠨ᠂  ᠡᠷᠡᠬᠦᠯ ᠮᠡᠨᠳᠦ ᠶᠢᠨ ᠲᠠᠩᠰᠠ ᠡᠪᠭᠡᠮᠡᠯ ᠢ  ᠪᠦᠷᠢᠨᠰᠢᠬᠦᠯᠵᠦ᠂  ᠶᠠᠳᠠᠭᠤ ᠬᠦᠴᠢᠷᠳᠡᠢ ᠬᠦᠮᠦᠨ ᠠᠮᠠ  ᠎ ᠶᠢᠨ ᠡᠷᠡᠬᠦᠯ ᠮᠡᠨᠳᠦ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠳᠤ ᠰᠠᠭᠤᠷᠢ ᠲᠠᠯᠪᠢᠵᠤ ᠪᠠᠶᠢᠨ᠎ᠠ᠃  ᠲᠤᠰ ᠬᠤᠰᠢᠭᠤ ᠨᠢ ᠺᠠᠷᠲ ᠪᠠᠷ ᠲᠠᠩᠰᠠᠯᠠᠭᠰᠠᠨ ᠶᠠᠳᠠᠭᠤ ᠬᠦᠴᠢᠷᠳᠡᠢ ᠬᠦᠮᠦᠨ ᠠᠮᠠ ᠳᠤ ᠦᠨ᠎ᠡ ᠲᠦᠯᠦᠪᠦᠷᠢ ᠦᠬᠡᠢ ᠪᠡᠶ᠎ᠡ ᠶᠢᠨ ᠪᠠᠶᠢᠴᠠᠭᠠᠯᠳᠠ  ᠬᠢᠬᠦ ᠠᠵᠢᠯ ᠢ 5 ᠰᠠᠷ᠎ᠠ ᠶᠢᠨ 13᠎ ᠤ ᠡᠳᠦᠷ ᠠᠴᠠ  ᠡᠬᠢᠯᠡᠭᠡᠳ᠂  ᠡᠮ ᠡᠮᠨᠡᠯᠬᠡ ᠡᠷᠡᠬᠦᠯ ᠬᠠᠮᠠᠭᠠᠯᠠᠯ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ᠂ ᠬᠤᠰᠢᠭᠤ ᠡᠮᠨᠡᠯᠬᠡ ᠶᠢᠨ ᠬᠤᠷᠢᠶ᠎ᠠ᠂  ᠡᠬᠡ  ᠨᠢᠯᠬᠠᠰ ᠤᠨ ᠡᠷᠡᠬᠦᠯ ᠢ ᠬᠠᠮᠠᠭᠠᠯᠠᠬᠤ ᠦᠢᠯᠡᠴᠢᠯᠡᠬᠡᠨ ᠤ ᠭᠠᠵᠠᠷ᠂ ᠬᠢᠳᠠᠳ ᠮᠤᠩᠭᠤᠯ ᠡᠮᠨᠡᠯᠬᠡ ᠶᠢᠨ ᠬᠤᠷᠢᠶ᠎ᠠ  ᠵᠡᠷᠭᠡ   ᠡᠮᠨᠡᠯᠬᠡ ᠶᠢᠨ ᠪᠠᠶᠢᠭᠤᠯᠤᠮᠵᠢ ᠪᠠᠷ ᠭᠤᠤᠯ ᠴᠤᠭᠴᠠ ᠪᠤᠯᠭᠠᠨ᠂  ᠰᠤᠮᠤ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠪᠠᠷ ᠨᠦᠬᠦᠪᠦᠷᠢᠯᠡᠬᠦᠯᠵᠦ᠂  ᠦᠨᠳᠦᠰᠦᠨ ᠱᠠᠳᠤᠨ ᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠡᠷᠭᠡ ᠶᠢᠨ ᠦᠢᠯᠡᠳᠦᠯ ᠢ ᠪᠠᠳᠠᠷᠠᠭᠤᠯᠤᠨ᠂ ᠲᠤᠭᠳᠠᠮᠠᠯ ᠴᠡᠭ ᠲᠤ ᠪᠠᠶᠢᠴᠠᠭᠠᠬᠤ ᠪᠠ  ᠲᠤᠭᠤᠷᠢᠨ ᠪᠠᠶᠢᠴᠠᠭᠠᠬᠤ ᠠᠷᠭ᠎ᠠ ᠶᠢ ᠤᠶᠠᠯᠳᠤᠭᠤᠯᠵᠤ᠂  ᠡᠪᠡᠳᠴᠢᠨ  ᠬᠡᠮ ᠢ ᠨᠠᠷᠢᠨ ᠨᠢᠮᠪᠠᠢ ᠪᠠᠶᠢᠴᠠᠭᠠᠵᠤ ᠲᠤᠳᠤᠯᠠᠬᠤ ᠶᠢᠨ ᠲᠠᠭᠠᠤ ᠪᠠᠰᠠ ᠡᠮ ᠡᠮᠨᠡᠯᠬᠡ ᠡᠷᠡᠬᠦᠯ ᠬᠠᠮᠠᠭᠠᠯᠠᠯ ᠤᠨ ᠮᠡᠳᠡᠯᠬᠡ ᠶᠢ ᠤᠬᠠᠭᠤᠯᠤᠨ ᠲᠠᠶᠢᠯᠪᠤᠷᠢᠯᠠᠵᠤ᠂ ᠢᠳᠡᠭᠡᠨ ᠤᠮᠳᠠᠭᠠᠨ᠂ ᠡᠮ ᠲᠠᠩ ᠭᠡᠷᠡᠭᠯᠡᠬᠦ ᠲᠠᠯᠠᠪᠠᠷ ᠴᠤ ᠵᠦᠢ ᠵᠤᠬᠢᠰᠳᠠᠢ ᠰᠠᠨᠠᠭᠤᠯᠭ᠎ᠠ ᠦᠭᠴᠦ ᠵᠢᠯᠤᠭᠤᠳᠤᠯᠭ᠎ᠠ ᠬᠢᠵᠦ ᠪᠠᠶᠢᠨ᠎ᠠ᠃   ᠡᠨᠡ  ᠤᠳᠠᠭᠠᠨ ᠤ ᠪᠡᠶ᠎ᠡ ᠶᠢᠨ ᠪᠠᠶᠢᠴᠠᠭᠠᠯᠳᠠ ᠳᠤ ᠪᠦᠬᠦ ᠬᠤᠰᠢᠭᠤᠨ ᠤ ᠺᠠᠷᠲ ᠪᠠᠷ ᠲᠠᠩᠰᠠᠯᠠᠭᠰᠠᠨ ᠶᠠᠳᠠᠭᠤ ᠬᠦᠴᠢᠷᠳᠡᠢ ᠬᠦᠮᠦᠨ ᠠᠮᠠ ᠶᠢ ᠬᠠᠮᠤᠷᠴᠤ᠂  ᠨᠡᠶᠢᠳᠡ 8007 ᠬᠦᠮᠦᠨ ︵ᠡᠷᠡᠭᠳᠡᠢ 4349᠂ ᠡᠮᠡᠭᠳᠡᠢ 3658︶    ᠬᠤᠯᠪᠤᠭᠳᠠᠨ᠂ ᠪᠠᠶᠢᠴᠠᠭᠠᠯᠳᠠ ᠶᠢᠨ ᠲᠦᠷᠦᠯ ᠵᠦᠢᠯ ᠳᠤ ᠲᠤᠳᠤᠷ ᠭᠠᠳᠠᠷ ᠰᠠᠯᠠᠭ᠎ᠠ  ᠪᠠ ᠨᠢᠳᠦ ᠴᠢᠬᠢ ᠬᠠᠮᠠᠷ ᠬᠤᠭᠤᠯᠠᠢ ᠶᠢᠨ  ᠰᠠᠯᠠᠭᠠᠨ ᠤ ᠦᠨᠳᠦᠰᠦᠨ ᠪᠠᠶᠢᠴᠠᠭᠠᠯᠳᠠ᠂ ᠵᠢᠷᠦᠬᠡᠨ ᠯᠤᠭᠰᠢᠯᠳᠠ ᠶᠢᠨ ᠵᠢᠷᠤᠭ᠂ ᠴᠢᠰᠤ ᠰᠢᠭᠡᠰᠦᠨ ᠤ  ᠪᠠᠶᠢᠴᠠᠭᠠᠯᠳᠠ᠂ ᠡᠯᠢᠬᠡ ᠪᠦᠬᠡᠷ᠎ᠡ ᠶᠢᠨ ᠴᠢᠳᠠᠪᠤᠷᠢ ᠶᠢᠨ ᠪᠠᠶᠢᠴᠠᠭᠠᠯᠳᠠ᠂ ᠡᠮᠡᠭᠳᠡᠶᠢᠴᠤᠳ ᠤᠨ ᠰᠠᠯᠠᠭᠠᠨ ᠤ ᠡᠩ ᠤᠨ ᠪᠠᠶᠢᠴᠠᠭᠠᠯᠳᠠ  ᠵᠢᠴᠢ ᠰᠦᠷᠢᠶ᠎ᠡ ᠡᠪᠡᠳᠴᠢᠨ᠂  ᠪᠡᠷᠦᠰᠧᠯ ᠡᠪᠡᠳᠴᠢᠨ ᠤ ᠪᠠᠶᠢᠴᠠᠭᠠᠯᠳᠠ  ᠪᠠᠭᠳᠠᠬᠤ ᠪᠤᠯᠤᠨ᠎ᠠ  ᠃ 6 ᠰᠠᠷ᠎ᠠ ᠶᠢᠨ  ᠰᠡᠬᠦᠯᠴᠢ ᠪᠠᠷ ᠪᠠᠶᠢᠴᠠᠭᠠᠯᠳᠠ  ᠲᠠᠭᠤᠰᠤᠭᠰᠠᠨ ᠤ ᠲᠠᠷᠠᠭ᠎ᠠ᠂ ᠰᠤᠮᠤ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠨᠢ ᠪᠠᠶᠢᠴᠠᠭᠠᠯᠳᠠ ᠬᠢᠯᠭᠡᠭᠰᠡᠨ ᠬᠦᠮᠦᠰ ᠲᠤ ᠪᠠᠶᠢᠴᠠᠭᠠᠯᠳᠠ ᠶᠢᠨ ᠦᠷ᠎ᠡ ᠳ᠋ᠦᠩ ᠢ  ᠮᠡᠳᠡᠭᠳᠡᠬᠦ ᠶᠢᠨ ᠬᠠᠮᠳᠤ  ᠡᠯᠧᠺᠲᠷᠤᠨ ᠮᠠᠰᠢᠨ ᠳᠤ  ᠤᠷᠤᠭᠤᠯᠤᠨ  ᠂ ᠡᠷᠡᠬᠦᠯ  ᠮᠡᠨᠳᠦ ᠶᠢᠨ ᠲᠠᠩᠰᠠ ᠡᠪᠬᠡᠮᠡᠯ ᠢ ᠪᠠᠶᠢᠭᠤᠯᠵᠤ  ᠬᠠᠳᠠᠭᠠᠯᠠᠬᠤ ᠪᠠᠷ ᠪᠠᠶᠢᠨ᠎ᠠ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号