ᠲᠠᠶᠢᠹᠤᠰᠧ ᠬᠤᠰᠢᠭᠤ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠢ ᠵᠢᠯᠤᠭᠤᠳᠤᠨ ︽  ᠢᠨᠲ᠋ᠧᠷ ᠰᠦᠯᠵᠢᠶ᠎ᠡ + ᠢᠳᠡᠰᠢᠨ ᠨᠤᠭᠤᠭ᠎ᠠ︾᠎ ᠶᠢᠨ ᠰᠢᠨ᠎ᠡ ᠬᠡᠯᠪᠡᠷᠢ ᠶᠢ ᠬᠦᠭᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2017-08-02
     ᠡᠯᠧᠺᠲᠷᠤᠨ ᠬᠤᠳᠠᠯᠳᠤᠭᠠᠨ ᠤ ᠶᠠᠪᠤᠳᠠᠯ ᠢ  ᠬᠦᠳᠡᠭᠡ ᠲᠤᠰᠬᠤᠨ ᠳᠤ ᠬᠦᠷᠭᠡᠵᠦ᠂ ᠠᠵᠤ ᠠᠬᠤᠶᠢᠯᠠᠯ ᠳᠤ ᠬᠦᠷᠭᠡᠵᠦ᠂ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠤᠨ ᠬᠦᠭᠵᠢᠯᠳᠡ ᠪᠠ ᠮᠠᠯᠴᠢᠨ ᠲᠠᠷᠢᠶᠠᠴᠢᠨ ᠤ ᠠᠰᠢᠭ ᠤᠷᠤᠯᠭ᠎ᠠ  ᠎ ᠶᠢᠨ ᠨᠡᠮᠡᠭᠳᠡᠯ ᠢ ᠠᠬᠢᠭᠤᠯᠬᠤ ᠶᠢᠨ ᠲᠦᠯᠦᠬᠡ᠂   ᠲᠠᠶᠢᠹᠤᠰᠧ ᠬᠤᠰᠢᠭᠤ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠢ ᠵᠢᠯᠤᠭᠤᠳᠤᠨ ︽ ᠢᠨᠲ᠋ᠧᠷ ᠰᠦᠯᠵᠢᠶ᠎ᠡ + ᠢᠳᠡᠰᠢᠨ ᠨᠤᠭᠤᠭ᠎ᠠ︾᠎ ᠶᠢᠨ ᠰᠢᠨ᠎ᠡ ᠬᠡᠯᠪᠡᠷᠢ ᠶᠢ ᠬᠦᠭᠵᠢᠬᠦᠯᠵᠦ ᠪᠠᠶᠢᠨ᠎ᠠ᠃ 5 ᠰᠠᠷ᠎ᠠ ᠶᠢᠨ 16᠎ ᠤ ᠡᠳᠦᠷ  ᠂ ᠲᠤᠰ ᠬᠤᠰᠢᠭᠤᠨ ᠤ  ᠵᠢᠩ ᠪᠸᠢ ᠢᠳᠡᠰᠢᠨ ᠨᠤᠭᠤᠭᠠᠨ ᠤ ᠠᠷᠠᠯᠵᠢᠶᠠᠨ ᠤ ᠵᠠᠬ᠎ᠠ ᠨᠢ ᠦᠪᠦᠷ ᠮᠤᠩᠭᠤᠯ ᠤᠨ ᠵᠦᠩ ᠴᠤᠸᠠᠩ ᠲᠠᠷᠢᠶᠠᠯᠠᠩ ᠤᠨ ᠪᠦᠳᠦᠭᠡᠭᠳᠡᠬᠦᠨ ᠤ ᠡᠯᠧᠺᠲᠷᠤᠨ ᠬᠤᠳᠠᠯᠳᠤᠭᠠᠨ ᠤ  ᠺᠤᠮᠫᠠᠨᠢ ᠲᠠᠢ ᠭᠡᠷ᠎ᠡ ᠲᠤᠭᠳᠠᠵᠤ᠂   ᠬᠤᠪᠢᠴᠠᠭᠠᠨ ᠤ ᠬᠡᠯᠪᠡᠷᠢ ᠎ ᠪᠠᠷ ᠰᠦᠯᠵᠢᠶᠡᠨ ᠲᠡᠭᠡᠷᠡᠬᠢ ᠢᠳᠡᠰᠢᠨ ᠨᠤᠭᠤᠭᠠᠨ ᠤ ᠵᠠᠬ᠎ᠠ ᠶᠢ ᠬᠠᠮᠳᠤᠷᠠᠨ ᠪᠠᠶᠢᠭᠤᠯᠬᠤ ᠪᠠᠷ ᠪᠤᠯᠵᠠᠢ᠃ ᠰᠦᠯᠵᠢᠶᠡᠨ ᠲᠡᠭᠡᠷᠡᠬᠢ ᠢᠳᠡᠰᠢᠨ ᠨᠤᠭᠤᠭᠠᠨ ᠤ ᠵᠠᠬ᠎ᠠ ᠨᠢ ᠰᠦᠯᠵᠢᠶᠡᠨ ᠤ ᠮᠡᠷᠭᠡᠵᠢᠯ ᠢ ᠠᠰᠢᠭᠯᠠᠨ᠂  ᠲᠠᠶᠢᠹᠤᠰᠧ ᠬᠤᠰᠢᠭᠤᠨ ᠤ ᠲᠠᠷᠢᠶᠠᠴᠢᠨ ᠡᠷᠦᠬᠡ  ᠬᠢᠭᠡᠳ ᠪᠦᠬᠦ ᠤᠯᠤᠰ ᠤᠨ ᠡᠯ᠎ᠡ ᠭᠠᠵᠠᠷ ᠤᠨ ᠢᠳᠡᠰᠢᠨ ᠨᠤᠭᠤᠭᠠᠨ ᠤ ᠠᠷᠠᠯᠵᠢᠶᠠᠴᠢᠳ  ᠎ ᠲᠤ ᠪᠤᠬᠢᠷᠳᠤᠯ ᠬᠤᠤᠷᠳᠠᠯ ᠦᠬᠡᠢ ᠢᠳᠡᠰᠢᠨ ᠨᠤᠭᠤᠭ᠎ᠠ ᠲᠠᠷᠢᠵᠤ ᠬᠠᠩᠭᠠᠬᠤ  ᠪᠠ  ᠬᠤᠳᠠᠯᠳᠤᠨ ᠠᠪᠬᠤ ᠰᠤᠯᠢᠯᠴᠠᠭᠠᠨ ᠤ ᠲᠠᠪᠴᠠᠩ ᠢ ᠪᠠᠶᠢᠭᠤᠯᠤᠨ  ᠦᠭᠬᠦ ᠪᠤᠯᠬᠤᠷ ᠲᠠᠷᠢᠶᠠᠴᠢᠳ᠂ ᠠᠷᠠᠯᠵᠢᠶᠠᠴᠢᠳ᠂ ᠭᠡᠷᠡᠭᠯᠡᠭᠴᠢᠳ ᠤᠨ ᠬᠡᠨ ᠠᠯᠢᠨ ᠳᠤᠨᠢ ᠠᠰᠢᠭ ᠲᠤᠰᠠ ᠲᠠᠢ ᠰᠠᠶᠢᠨ ᠶᠠᠪᠤᠳᠠᠯ ᠪᠤᠯᠤᠨ᠎ᠠ᠃ ᠲᠤᠰ ᠲᠦᠷᠦᠯ ᠵᠦᠢᠯ ᠎ ᠳᠤ ᠨᠡᠶᠢᠳᠡ 300 ᠲᠦᠮᠡᠨ ᠲᠦᠬᠦᠷᠢᠭ ᠤᠨ ᠪᠡᠯᠡ  ᠤᠷᠤᠭᠤᠯᠬᠤ ᠲᠦᠰᠦᠪ ᠲᠠᠢ ᠪᠠᠶᠢᠵᠤ᠂   ᠵᠠᠬ᠎ᠠ ᠲᠡᠯᠬᠡᠬᠦᠷ ᠎ ᠨᠢ ᠪᠠᠶᠢᠭᠤᠯᠤᠭᠳᠠᠭᠰᠠᠨ ᠤ ᠲᠠᠷᠠᠭ᠎ᠠ ᠲᠤᠰ ᠬᠤᠰᠢᠭᠤᠨ ᠤ ᠲᠦᠮᠡ ᠭᠠᠷᠤᠢ  ᠲᠠᠷᠢᠶᠠᠴᠢᠨ ᠡᠷᠦᠬᠡ ᠶᠢ ᠲᠠᠶᠢᠴᠢᠯᠠᠨ ᠪᠤᠬᠢᠷᠳᠤᠯ ᠬᠤᠤᠷᠳᠠᠯ ᠦᠬᠡᠢ ᠤᠷᠭᠠᠨᠢᠭ ᠢᠳᠡᠰᠢᠨ ᠨᠤᠭᠤᠭ᠎ᠠ  ᠲᠠᠷᠢᠭᠤᠯᠬᠤ ᠪᠠᠷ ᠪᠠᠶᠢᠨ᠎ᠠ᠃  2016 ᠤᠨ ᠠᠴᠠ ᠨᠠᠰᠢ᠂ ᠵᠦᠩ ᠴᠤᠸᠠᠩ ᠲᠠᠷᠢᠶᠠᠯᠠᠩ ᠤᠨ ᠪᠦᠳᠦᠭᠡᠭᠳᠡᠬᠦᠨ ᠤ ᠡᠯᠧᠺᠲᠷᠤᠨ ᠬᠤᠳᠠᠯᠳᠤᠭᠠᠨ ᠤ  ᠺᠤᠮᠫᠠᠨᠢ ᠨᠢ ᠲᠤᠰ ᠬᠤᠰᠢᠭᠤᠨ ᠤ ᠳ᠋ᠠ  ᠭᠧ ᠳ᠋ᠦᠩ ᠲᠤᠰᠬᠤᠨ᠂ ᠪᠢᠶᠠᠨ ᠴᠢᠶᠠᠩ ᠲᠤᠰᠬᠤᠨ᠂ ᠳ᠋ᠠ ᠱᠠᠨ ᠭᠸᠦ ᠲᠤᠰᠬᠤᠨ ᠲᠠᠢ ᠨᠢᠬᠡᠨᠳᠡ ᠬᠠᠮᠳᠤᠷᠠᠯᠴᠠᠭ᠎ᠠ  ᠪᠠᠶᠢᠭᠤᠯᠵᠤ᠂  ︽ᠵᠠᠬ᠎ᠠ ᠲᠡᠯᠬᠡᠬᠦᠷ + ᠳ᠋ᠠᠶᠢᠲ᠋ᠠ ᠲᠠᠪᠴᠠᠩ +  ᠲᠤᠰᠬᠠᠢ ᠬᠤᠷᠰᠢᠶᠠᠵᠢᠯ + ᠲᠠᠷᠢᠶᠠᠴᠢᠨ ᠡᠷᠦᠬᠡ︾᠎ ᠶᠢᠨ ᠬᠡᠯᠪᠡᠷᠢ ᠪᠠᠷ ᠲᠠᠷᠢᠶᠠᠴᠢᠳ ᠤᠨ ᠲᠠᠷᠢᠭᠰᠠᠨ ᠢᠳᠡᠰᠢᠨ ᠨᠤᠭᠤᠭ᠎ᠠ ᠶᠢ ᠲᠡᠯᠬᠡᠨ ᠦᠵᠡᠬᠦᠯᠬᠦ ᠶᠢᠨ ᠬᠠᠮᠳᠤ ᠬᠤᠳᠠᠯᠳᠤᠨ ᠪᠤᠷᠤᠯᠠᠭᠤᠯᠵᠤ ᠡᠬᠢᠯᠡᠭᠡᠳ᠂ ᠦᠢᠯᠡᠳᠪᠦᠷᠢᠯᠡᠯ ᠪᠤᠷᠤᠯᠠᠭᠤᠯᠭ᠎ᠠ ᠬᠤᠶᠠᠷ ᠲᠠᠯᠠᠪᠠᠷ ᠪᠦᠷ ᠲᠤᠩ ᠰᠠᠶᠢᠨ  ᠠᠮᠵᠢᠯᠳᠠ ᠳᠤ ᠬᠦᠷᠴᠡᠢ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号