ᠪᠦᠷᠢᠯᠳᠦᠴᠡ ᠰᠢᠯᠢᠳᠡᠭᠵᠢᠬᠦᠯᠬᠦ ᠠᠷᠭ᠎ᠠ    ᠪᠠᠶᠠᠵᠢᠯ ᠠᠬᠢᠭᠤᠯᠬᠤ ᠵᠤᠷ
ᠨᠡᠶᠢᠲᠡᠯᠡᠭᠰᠡᠨ ᠴᠠᠭ᠄
2017-08-02
      ᠲᠠᠶᠢᠹᠤᠰᠧ ᠬᠤᠰᠢᠭᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠷᠢᠯᠳᠦᠴᠡ ᠶᠢ  ᠢᠳᠡᠪᠬᠢᠳᠡᠢ ᠲᠤᠬᠢᠷᠠᠭᠤᠯᠤᠨ ᠰᠢᠯᠢᠳᠡᠭᠵᠢᠬᠦᠯᠵᠦ᠂   ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠬᠢᠬᠦ᠂  ᠲᠦᠷᠦᠯ ᠵᠦᠢᠯ ᠤᠨ ᠲᠡᠮᠵᠢᠯᠬᠡ ᠦᠵᠡᠬᠦᠯᠬᠦ ᠵᠡᠷᠭᠡ ᠠᠷᠭ᠎ᠠ  ᠎ ᠪᠠᠷ ᠮᠠᠯᠴᠢᠨ ᠲᠠᠷᠢᠶᠠᠴᠢᠨ  ᠡᠷᠦᠬᠡ ᠶᠢᠨ ᠦᠬᠡᠷ ᠬᠤᠨᠢ ᠪᠠᠨ ᠬᠠᠰᠢᠶᠠᠯᠠᠨ ᠪᠤᠷᠳᠤᠬᠤ ᠶᠢ  ᠲᠠᠶᠢᠴᠢᠯᠠᠵᠤ᠂ ᠰᠠᠶᠢᠨ ᠡᠬᠦᠯᠳᠡᠷ ᠤᠨ ᠮᠠᠯ  ᠪᠤᠶᠤ  ᠵᠢᠵᠢᠭ ᠲᠡᠵᠢᠬᠡᠪᠦᠷᠢ ᠮᠠᠯᠵᠢᠬᠤ ᠶᠢ ᠵᠤᠷᠢᠭᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠵᠦ᠂  ᠲᠦᠷᠭᠡᠨ ᠪᠠᠶᠠᠵᠢᠭᠤᠯᠬᠤ ᠠᠷᠭ᠎ᠠ ᠵᠠᠮ ᠢ  ᠰᠦᠪᠡᠭᠴᠢᠯᠡᠨ᠂   ᠮᠠᠯᠴᠢᠨ ᠲᠠᠷᠢᠶᠠᠴᠢᠨ ᠤ ᠠᠰᠢᠭ ᠤᠷᠤᠯᠭ᠎ᠠ ᠶᠢ ᠨᠡᠮᠡᠭᠳᠡᠬᠦᠯᠵᠦ ᠪᠠᠶᠢᠨ᠎ᠠ᠃     ᠲᠤᠰ ᠬᠤᠰᠢᠭᠤ ᠰᠠᠶᠢᠨ ᠡᠬᠦᠯᠳᠡᠷ ᠤᠨ ᠮᠢᠬᠠᠨ ᠤ ᠦᠬᠡᠷ ᠬᠤᠳᠠᠯᠳᠤᠨ ᠤᠷᠤᠭᠤᠯᠬᠤ ᠪᠠ ᠦᠰᠭᠡᠨ ᠦᠷᠡᠵᠢᠬᠦᠯᠬᠦ ᠠᠵᠢᠯ ᠢ ᠰᠠᠶᠢᠳᠤᠷ ᠠᠳᠬᠤᠵᠤ᠂  ᠡᠤ ᠹᠧᠩ  ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ᠂ ᠵᠦᠩ ᠰᠢᠤᠢ ᠷᠦᠩ ᠲᠠᠢ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠵᠡᠷᠭᠡ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠬᠦᠯᠬᠦ᠂  ᠮᠢᠬᠠᠨ ᠤ ᠦᠬᠡᠷ  ᠪᠤᠷᠳᠤᠨ ᠲᠠᠷᠭᠤᠯᠠᠭᠤᠯᠬᠤ ᠵᠡᠷᠭᠡ ᠲᠦᠷᠦᠯ ᠵᠦᠢᠯ ᠢ ᠤᠷᠢᠵᠤ ᠤᠷᠤᠭᠤᠯᠤᠨ᠂  ︽ ᠲᠠᠭᠠᠭᠤᠯᠤᠭᠴᠢ ᠠᠵᠤ ᠠᠬᠤᠶᠢᠯᠠᠯ +  ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾᠎ ᠶᠢᠨ ᠠᠵᠤ ᠦᠢᠯᠡᠰᠵᠢᠭᠰᠡᠨ ᠡᠵᠡᠩᠨᠡᠯᠳᠡ ᠶᠢᠨ ᠬᠡᠯᠪᠡᠷᠢ ᠶᠢ  ᠲᠡᠯᠬᠡᠷᠡᠬᠦᠯᠵᠦ᠂  ᠮᠠᠯᠴᠢᠨ ᠲᠠᠷᠢᠶᠠᠴᠢᠨ  ᠬᠢᠭᠡᠳ ᠠᠵᠤ ᠠᠬᠤᠶᠢᠯᠠᠯ ᠎ ᠤᠨ  ᠬᠤᠯᠪᠤᠭᠠᠯᠠᠯ ᠤᠨ ᠲᠤᠭᠳᠠᠴᠠᠯᠭ᠎ᠠ ᠶᠢ ᠪᠠᠶᠢᠭᠤᠯᠤᠨ ᠲᠡᠬᠦᠯᠳᠡᠷᠵᠢᠬᠦᠯᠵᠡᠢ᠃  ᠲᠠᠷᠢᠮᠠᠯ ᠤᠨ ᠵᠦᠢᠯ ᠢ ᠡᠬᠡᠯᠵᠢᠯᠡᠨ ᠲᠠᠷᠢᠬᠤ᠂ ᠡᠷᠳᠡᠨᠢ ᠰᠢᠰᠢ ᠲᠠᠷᠢᠬᠤ ᠳᠤ ᠨᠦᠬᠦᠪᠦᠷᠢ ᠤᠯᠭᠤᠬᠤ  ᠠᠷᠭ᠎ᠠ ᠪᠠᠷ  ᠲᠦᠮᠦᠰᠦᠨ ᠤ ᠲᠠᠷᠢᠶᠠᠨ ᠳᠤ ᠦᠨᠳᠦᠷ ᠤᠨᠠᠯᠳᠠᠳᠤ ᠪᠤᠷᠳᠤᠭ᠎ᠠ᠂ ᠴᠢᠨᠠᠷ ᠰᠠᠶᠢᠳᠠᠢ ᠡᠪᠡᠰᠦ ᠲᠠᠷᠢᠭᠤᠯᠵᠤ᠂ ︽ᠲᠠᠷᠢᠶᠠᠯᠠᠩ ᠮᠠᠯᠵᠢᠯ ᠤᠶᠠᠯᠳᠤᠭᠰᠠᠨ︾ ᠬᠦᠭᠵᠢᠯᠳᠡ ᠶᠢ ᠲᠦᠯᠬᠢᠨ ᠠᠬᠢᠭᠤᠯᠵᠤ᠂ ᠠᠮᠤ ᠪᠤᠳᠠᠭᠠᠨ ᠤ ᠲᠠᠷᠢᠮᠠᠯ ᠬᠢᠭᠡᠳ ᠲᠡᠵᠢᠬᠡᠯ ᠪᠤᠷᠳᠤᠭᠠᠨ ᠤ ᠲᠠᠷᠢᠮᠠᠯ  ᠎ ᠤᠨ ᠬᠠᠷᠢᠴᠠᠯ ᠢ ᠵᠤᠬᠢᠰᠳᠠᠢ ᠲᠤᠬᠢᠷᠠᠭᠤᠯᠬᠤ  ᠎ ᠶᠢᠨ ᠬᠠᠮᠳᠤ᠂ ᠳ᠋ᠧ ᠴᠢᠩ ᠶᠤᠸᠠᠨ᠂ ᠳ᠋ᠠ ᠸᠧᠢ ᠵᠢᠶᠠ ᠵᠡᠷᠭᠡ ᠲᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂  ᠲᠠᠬᠢᠶ᠎ᠠ᠂ ᠭᠠᠭ᠋ᠠᠢ᠂ ᠲᠠᠤᠯᠠᠢ ᠵᠡᠷᠭᠡ ᠵᠢᠵᠢᠭ ᠲᠡᠵᠢᠬᠡᠪᠦᠷᠢ ᠎ ᠶᠢᠨ ᠦᠢᠯᠡᠰ ᠢ ᠢᠳᠡᠪᠬᠢᠳᠡᠢ ᠬᠦᠭᠵᠢᠬᠦᠯᠵᠦ ᠪᠠᠶᠢᠨ᠎ᠠ᠃     ᠡᠨᠡ ᠵᠢᠯ ᠴᠡᠪᠡᠷ ᠡᠬᠦᠯᠳᠡᠷ ᠤᠨ ᠠᠩᠬᠢᠰ ᠬᠠᠷ᠎ᠠ ᠦᠨᠢᠶ᠎ᠡ 8000  ᠂  ᠴᠡᠪᠡᠷ ᠡᠬᠦᠯᠳᠡᠷ ᠤᠨ ᠰᠢᠮᠧᠨ᠋ᠲ᠋ᠠᠷ ᠦᠨᠢᠶ᠎ᠡ 2000᠎ ᠶᠢ ᠤᠷᠤᠭᠤᠯᠵᠤ᠂  ᠪᠦᠬᠦ ᠬᠤᠰᠢᠭᠤᠨ ᠳᠤ 300 ᠲᠤᠯᠤᠭᠠᠢ ᠠᠴᠠ ᠲᠡᠭᠡᠭᠰᠢ ᠰᠠᠶᠢᠨ ᠡᠬᠦᠯᠳᠡᠷ ᠎ ᠤᠨ ᠮᠢᠬᠠᠨ ᠤ ᠦᠬᠡᠷ  ᠮᠠᠯᠵᠢᠬᠤ ᠲᠤᠰᠬᠠᠢ ᠬᠤᠷᠰᠢᠶᠠᠵᠢᠯ ᠪᠤᠶᠤ ᠭᠡᠷ ᠪᠦᠯᠢ ᠶᠢᠨ ᠮᠠᠯᠵᠢᠯ ᠤᠨ ᠲᠠᠯᠠᠪᠠᠢ 3᠎ ᠶᠢ ᠪᠠᠶᠢᠭᠤᠯᠤᠨ᠂  50 ᠲᠤᠯᠤᠭᠠᠢ ᠠᠴᠠ ᠲᠡᠭᠡᠭᠰᠢ  ᠮᠠᠯᠵᠢᠬᠤ ᠲᠤᠰᠬᠠᠢ ᠬᠤᠷᠰᠢᠶᠠᠵᠢᠯ ᠪᠤᠶᠤ ᠭᠡᠷ ᠪᠦᠯᠢ ᠶᠢᠨ ᠮᠠᠯᠵᠢᠯ ᠎ ᠤᠨ ᠲᠠᠯᠠᠪᠠᠢ 50᠎ ᠶᠢ ᠪᠠᠶᠢᠭᠤᠯᠵᠤ᠂  ᠡᠪᠡᠰᠦ ᠪᠤᠷᠳᠤᠭᠠᠨ ᠤ ᠰᠠᠭᠤᠷᠢᠨ ᠭᠠᠵᠠᠷ ᠢ 15.7 ᠲᠦᠮᠡᠨ ᠮᠤ᠋ ᠳᠤ ᠬᠦᠷᠭᠡᠵᠦ᠂   ᠤᠤᠯ ᠠᠴᠠ 37.7%᠎ ᠪᠠᠷ ᠨᠡᠮᠡᠭᠳᠡᠬᠦᠯᠬᠦ  ᠭᠡᠵᠦ  ᠪᠠᠶᠢᠨ᠎ᠠ᠃   ᠡᠬᠦᠨ ᠤ ᠬᠠᠮᠳᠤ᠂   ᠪᠠᠰᠠ ᠨᠢᠬᠡ ᠪᠦᠯᠦᠭ  ᠭᠠᠭ᠋ᠠᠢ  ᠂  ᠲᠠᠬᠢᠶ᠎ᠠ᠂  ᠲᠠᠤᠯᠠᠢ ᠬᠢᠭᠡᠳ ᠡᠯᠵᠢᠬᠡ ᠤᠷᠤᠭᠤᠯᠵᠤ᠂  ᠮᠢᠬᠠᠨ ᠤ ᠡᠯᠵᠢᠬᠡ ᠮᠠᠯᠵᠢᠬᠤ ᠪᠠᠷᠢᠮᠵᠢᠶᠠᠳᠤ ᠵᠢᠱᠢᠶ᠎ᠡ ᠦᠵᠡᠬᠦᠯᠬᠦ ᠴᠡᠭ 5᠂  ᠮᠢᠬᠠᠨ ᠤ ᠭᠠᠭ᠋ᠠᠢ ᠮᠠᠯᠵᠢᠬᠤ ᠪᠠᠷᠢᠮᠵᠢᠶᠠᠳᠤ ᠵᠢᠱᠢᠶ᠎ᠡ ᠦᠵᠡᠬᠦᠯᠬᠦ ᠴᠡᠭ 14᠂  ᠦᠨᠳᠡᠭᠡᠨ ᠤ ᠲᠠᠬᠢᠶ᠎ᠠ ᠮᠠᠯᠵᠢᠬᠤ ᠪᠠᠷᠢᠮᠵᠢᠶᠠᠳᠤ ᠵᠢᠱᠢᠶ᠎ᠡ ᠦᠵᠡᠬᠦᠯᠬᠦ ᠴᠡᠭ 8᠂  ᠮᠢᠬᠠᠨ ᠤ ᠲᠠᠤᠯᠠᠢ ᠮᠠᠯᠵᠢᠬᠤ ᠪᠠᠷᠢᠮᠵᠢᠶᠠᠳᠤ ᠵᠢᠱᠢᠶ᠎ᠡ ᠦᠵᠡᠬᠦᠯᠬᠦ ᠴᠡᠭ 2᠎ ᠶᠢ ᠪᠠᠶᠢᠭᠤᠯᠬᠤ ᠪᠠᠷ ᠪᠠᠶᠢᠨ᠎ᠠ᠃  ᠤᠳᠤᠬᠠᠨ ᠨᠢᠬᠡ ᠪᠦᠯᠦᠭ ᠮᠠᠯᠴᠢᠨ ᠲᠠᠷᠢᠶᠠᠴᠢᠨ ᠡᠳᠡᠭᠡᠷ ᠲᠦᠷᠭᠡᠨ ᠴᠢᠨᠡᠭᠡᠯᠢᠭᠵᠢᠬᠦ ᠠᠵᠤ ᠦᠢᠯᠡᠰ ᠤᠨ ᠠᠮᠳᠠ ᠰᠢᠮ᠎ᠡ  ᠎ ᠶᠢ ᠨᠢ ᠠᠪᠴᠤ ᠠᠷᠭ᠎ᠠ ᠵᠠᠮ ᠢ ᠨᠢ ᠤᠯᠤᠭᠠᠳ᠂  ᠲᠠᠷᠢᠶᠠᠯᠠᠩ ᠮᠠᠯᠵᠢᠯ ᠤᠨ ᠪᠦᠳᠦᠴᠡ ᠳᠡᠭᠡᠨ ᠢᠳᠡᠪᠬᠢᠳᠡᠢ  ᠲᠤᠬᠢᠷᠠᠭᠤᠯᠤᠯᠳᠠ ᠬᠢᠵᠦ᠂  ᠡᠵᠡᠩᠨᠡᠯᠳᠡ ᠶᠢᠨ ᠰᠢᠨ᠎ᠡ ᠬᠡᠯᠪᠡᠷᠢ ᠶᠢ ᠰᠦᠪᠡᠭᠴᠢᠯᠡᠨ᠂   ᠠᠷᠠᠳ ᠤᠯᠠᠨ ᠳᠠᠭᠠᠨ ᠲᠠᠭᠤᠷᠢᠶᠠᠯ ᠲᠠᠭᠠᠭᠤᠯᠭ᠎ᠠ ᠪᠤᠯᠵᠤ  ᠂ ᠠᠰᠢᠭ ᠤᠷᠤᠯᠭ᠎ᠠ ᠪᠠᠨ ᠨᠡᠮᠡᠭᠳᠡᠬᠦᠯᠦᠨ ᠶᠠᠪᠤᠨ᠎ᠠ᠃   ᠶᠦᠩ ᠹᠧᠩ ᠪᠠᠯᠭᠠᠰᠤᠨ ᠤ ᠰᠠᠨ ᠳ᠋ᠤᠤ ᠭᠸᠦ ᠲᠤᠰᠬᠤᠨ ᠤ ᠲᠠᠷᠢᠶᠠᠴᠢᠨ ᠴᠧᠨ ᠱᠤ᠋ ᠴᠢᠩ  ︽ ᠡᠨᠡ ᠵᠢᠯ ᠠᠴᠠ ᠭᠡᠷ ᠪᠦᠯᠢ ᠶᠢᠨ ᠮᠠᠯᠵᠢᠯ ᠤᠨ ᠲᠠᠯᠠᠪᠠᠢ  ᠪᠠᠶᠢᠭᠤᠯᠵᠤ᠂  ᠠᠩᠬ᠎ᠠ ᠠᠯᠬᠤᠮ  30 ᠭᠠᠷᠤᠢ ᠮᠢᠬᠠᠨ ᠤ ᠡᠯᠵᠢᠬᠡ  ᠤᠷᠤᠭᠤᠯᠵᠤ  ᠮᠠᠯᠵᠢᠭᠠᠳ᠂  ᠬᠤᠰᠢᠭᠤᠨ ᠤ  ᠵᠢᠱᠢᠶ᠎ᠡ ᠦᠵᠡᠬᠦᠯᠬᠦ ᠴᠡᠭ  ᠪᠤᠯᠵᠠᠢ᠂ ᠤᠳᠤᠬᠠᠨ ᠵᠠᠬ᠎ᠠ  ᠎ ᠳᠤ ᠭᠠᠷᠭᠠᠭᠠᠳᠤᠢ᠂  ᠪᠠᠶᠢᠳᠠᠯ ᠢ ᠦᠵᠡᠬᠦ ᠳᠤ ᠡᠯᠵᠢᠬᠡᠨ ᠮᠢᠬᠠᠨ ᠤ ᠵᠠᠬ᠎ᠠ ᠲᠡᠯᠬᠡᠬᠦᠷ ᠬᠢᠭᠡᠳ ᠦᠨ᠎ᠡ ᠬᠠᠩᠰᠢ ᠲᠤᠩ ᠰᠠᠶᠢᠨ  ᠪᠠᠶᠢᠨ᠎ᠠ᠂  ᠲᠤᠷᠰᠢᠯᠳᠠ ᠮᠢᠨᠢ ᠪᠦᠳᠦᠵᠦ᠂ ᠤᠷᠤᠯᠭ᠎ᠠ ᠮᠢᠨᠢ ᠨᠡᠮᠡᠭᠳᠡᠪᠡᠯ  ᠮᠠᠨ ᠤ ᠲᠤᠰᠬᠤᠨ ᠤ ᠪᠠ ᠬᠦᠷᠰᠢ ᠲᠤᠰᠬᠤᠨ ᠤ ᠨᠢᠬᠡ ᠪᠦᠯᠦᠭ ᠲᠠᠷᠢᠶᠠᠴᠢᠳ ᠲᠠᠭᠤᠷᠢᠶᠠᠵᠤ ᠬᠢᠬᠦ ᠰᠠᠨᠠᠭ᠎ᠠ ᠲᠠᠢ ᠪᠠᠶᠢᠨ᠎ᠠ  ︾ ᠬᠡᠵᠦ ᠦᠪᠡᠷ ᠤᠨ ᠬᠢᠭᠰᠡᠨ ᠠᠵᠢᠯ ᠳᠠᠭᠠᠨ ᠨᠡᠯᠢᠶᠡᠳ ᠢᠳᠡᠭᠡᠯ ᠲᠠᠢ ᠶᠠᠷᠢᠵᠤ ᠪᠠᠶᠢᠯ᠎ᠠ᠃          
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号