ᠬᠦᠨᠪᠤᠯᠠᠭ ᠰᠤᠮᠤ ᠬᠡᠮᠵᠢᠶ᠎ᠡ ᠠᠴᠠ ᠭᠡᠳᠦᠷᠡᠭᠰᠡᠨ ᠲᠤᠤᠷ ᠬᠦᠷᠢᠶ᠎ᠡ ᠶᠢ ᠴᠡᠭᠴᠡᠯᠡᠨ ᠴᠡᠪᠡᠷᠯᠡᠵᠦ  ᠪᠠᠶᠢᠨ᠎ᠠ
ᠨᠡᠶᠢᠲᠡᠯᠡᠭᠰᠡᠨ ᠴᠠᠭ᠄
2017-08-02
     ᠤᠶᠢᠷ᠎ᠠ ᠶᠢᠨ ᠵᠢᠯ ᠳᠤ᠂  ᠠᠮᠢ ᠠᠬᠤᠢ ᠶᠢᠨ ᠬᠠᠮᠠᠭᠠᠯᠠᠯᠳᠠ᠂ ᠨᠤᠳᠤᠭ ᠪᠡᠯᠴᠢᠭᠡᠷ ᠤᠨ ᠪᠦᠳᠦᠭᠡᠨ ᠪᠠᠶᠢᠭᠤᠯᠤᠯᠳᠠ ᠴᠢᠩᠭᠠᠷᠠᠬᠤ ᠶᠢ ᠲᠠᠭᠠᠯᠳᠤᠭᠠᠳ᠂ ᠮᠠᠯᠵᠢᠬᠤ ᠤᠷᠤᠨ  ᠎ ᠳᠤ ᠪᠠᠰᠠ ᠤᠯᠠᠨ ᠲᠦᠮᠡᠨ ᠤ ᠠᠰᠢᠭ ᠲᠤᠰᠠ ᠂ ᠨᠤᠳᠤᠭ ᠤᠰᠤᠨ ᠤ  ᠦᠩᠬᠡ ᠲᠦᠷᠬᠦ ᠶᠢ ᠪᠤᠳᠤᠯᠬᠢᠯᠠᠬᠤ ᠦᠬᠡᠢ  ᠎ ᠪᠠᠷ ᠭᠡᠪᠴᠢᠶ᠎ᠡ ᠬᠡᠮᠵᠢᠶ᠎ᠡ ᠠᠴᠠ ᠭᠡᠳᠦᠷᠡᠭᠰᠡᠨ ᠲᠤᠤᠷ ᠬᠦᠷᠢᠶ᠎ᠡ ᠪᠠᠶᠢᠭᠤᠯᠵᠤ᠂   ᠭᠡᠷ ᠤᠨ ᠡᠬᠦᠳᠡᠨ ᠳᠠᠬᠢ  ᠨᠤᠳᠤᠭ ᠪᠡᠯᠴᠢᠭᠡᠷ ᠢᠶᠠᠨ ᠬᠦᠷᠢᠶᠡᠯᠡᠬᠦ ᠦᠵᠡᠭᠳᠡᠯ ᠢᠯᠡᠷᠡᠭᠰᠡᠨ ᠪᠠᠶᠢᠨ᠎ᠠ᠃  ᠡᠨᠡᠬᠦ ᠠᠰᠠᠭᠤᠳᠠᠯ ᠳᠤ ᠴᠢᠭᠯᠡᠬᠦᠯᠦᠨ᠂ ᠲᠠᠶᠢᠹᠤᠰᠧ ᠬᠤᠰᠢᠭᠤᠨ ᠤ ᠬᠦᠨᠪᠤᠯᠠᠭ ᠰᠤᠮᠤ ᠨᠢ 6 ᠰᠠᠷ᠎ᠠ ᠶᠢᠨ ᠲᠤᠮᠳᠠᠴᠢ ᠠᠴᠠ  ᠡᠬᠢᠯᠡᠨ  ᠂   ᠭᠡᠪᠴᠢᠶ᠎ᠡ ᠠᠴᠠ ᠭᠡᠳᠦᠷᠡᠭᠰᠡᠨ ᠲᠤᠤᠷ ᠬᠦᠷᠢᠶ᠎ᠡ ᠶᠢ ᠲᠤᠰᠬᠠᠢ  ᠴᠡᠭᠴᠡᠯᠡᠬᠦ ᠠᠵᠢᠯᠯᠠᠭ᠎ᠠ  ᠦᠷᠨᠢᠬᠦᠯᠵᠦ᠂   30 ᠮᠤ᠋ ᠠᠴᠠ ᠬᠡᠳᠦᠷᠡᠭᠰᠡᠨ  ᠲᠤᠤᠷ ᠬᠦᠷᠢᠶ᠎ᠡ ᠶᠢ ᠪᠦᠬᠦᠨ ᠢ ᠪᠠᠭᠤᠯᠭᠠᠬᠤ ᠪᠠᠷ ᠪᠤᠯᠤᠭᠰᠠᠨ ᠪᠠᠶᠢᠨ᠎ᠠ᠃ ᠡᠶᠢᠨ ᠬᠦ᠋᠂ ᠤᠳᠤ ᠪᠤᠯᠳᠠᠯ᠎ᠠ 100 ᠭᠠᠷᠤᠢ ᠠᠵᠢᠯᠳᠠᠨ ︵ᠤᠳᠠᠭ᠎ᠠ︶  ᠎ ᠢ ᠵᠤᠬᠢᠶᠠᠨ ᠪᠠᠶᠢᠭᠤᠯᠵᠤ  ᠂  32 ᠰᠠᠤᠷᠢ ᠮᠠᠰᠢᠨ ᠲᠦᠬᠦᠭᠡᠷᠦᠮᠵᠢ ︵ᠤᠳᠠᠭ᠎ᠠ︶  ᠬᠦᠳᠡᠯᠬᠡᠨ᠂ 100 ᠭᠠᠷᠤᠢ ᠮᠠᠯᠴᠢᠨ ᠡᠷᠦᠬᠡ ᠶᠢᠨ ᠭᠡᠷ ᠤᠨ  ᠠᠷᠤ ᠡᠮᠦᠨ᠎ᠡ ᠪᠠᠨ ᠭᠡᠮᠵᠢᠶ᠎ᠡ ᠠᠴᠠ ᠭᠡᠳᠦᠷᠡᠳᠡᠯ᠎ᠡ ᠲᠠᠳᠠᠭᠰᠠᠨ ᠲᠤᠤᠷ ᠬᠦᠷᠢᠶ᠎ᠡ ᠶᠢ ᠪᠠᠭᠤᠯᠭᠠᠵᠤ᠂ ᠨᠡᠶᠢᠳᠡ 13000 ᠭᠠᠷᠤᠢ ᠮᠤ᠋  ᠨᠤᠳᠤᠭ ᠪᠡᠯᠴᠢᠭᠡᠷ ᠢ  ᠰᠤᠯᠠᠯᠠᠵᠠᠢ᠃   ᠰᠤᠮᠤᠨ ᠤ ᠠᠵᠢᠯᠳᠠᠳ ᠮᠠᠰᠢᠨ ᠲᠦᠬᠦᠭᠡᠷᠦᠮᠵᠢ ᠪᠠ ᠬᠦᠮᠦᠨ  ᠎ ᠤ ᠬᠦᠴᠦᠨ ᠢᠶᠠᠷ ᠲᠤᠤᠷ ᠬᠦᠷᠢᠶ᠎ᠡ ᠶᠢ  ᠪᠠᠭᠤᠯᠭᠠᠭᠰᠠᠨ  ᠎ ᠲᠠᠢ ᠲᠠᠷᠠᠭ᠎ᠠ   ᠡᠮᠬᠢ ᠲᠢᠭᠯᠡᠮ ᠲᠠᠢ ᠡᠪᠭᠡᠨ ᠬᠤᠷᠢᠶᠠᠵᠤ ᠮᠠᠯᠴᠢᠳ ᠲᠤ ᠲᠤᠰᠢᠶᠠᠬᠤ ᠶᠢᠨ ᠬᠠᠮᠳᠤ᠂  ᠲᠠᠬᠢᠭᠠᠳ ᠲᠦᠷᠢᠮ ᠲᠤᠭᠳᠠᠭᠠᠯ ᠵᠦᠷᠢᠴᠡᠵᠦ ᠲᠤᠤᠷ᠎ᠠ ᠬᠦᠷᠢᠶ᠎ᠡ ᠪᠤᠰᠬᠠᠨ ᠨᠤᠳᠤᠭ ᠪᠡᠯᠴᠢᠭᠡᠷ ᠲᠤᠷ᠎ᠠ ᠪᠠᠷ ᠢᠶᠠᠨ ᠡᠵᠡᠯᠡᠨ ᠭᠡᠷᠡᠭᠯᠡᠵᠦ ᠪᠤᠯᠬᠤ ᠦᠬᠡᠢ ᠭᠡᠳᠡᠭ ᠢ  ᠲᠠᠬᠢᠨ ᠲᠠᠪᠳᠠᠨ ᠵᠠᠬᠢᠵᠤ  ᠰᠠᠨᠠᠭᠤᠯᠬᠤ ᠳᠤ᠂ ᠮᠠᠯᠴᠢᠨ ᠲᠦᠮᠡᠨ ᠴᠤ ᠤᠶᠢᠯᠠᠭᠠᠨ ᠲᠡᠮᠵᠢᠬᠦ  ᠎ ᠪᠠᠨ ᠢᠯᠡᠷᠭᠡᠶᠢᠯᠡᠵᠦ ᠪᠠᠶᠢᠯ᠎ᠠ  ᠃  ᠲᠠᠷᠠᠭ᠎ᠠ ᠠᠯᠬᠤᠮ ᠳᠤ᠂ ᠲᠤᠰ ᠰᠤᠮᠤ ᠨᠢ ᠲᠤᠤᠷ ᠬᠦᠷᠢᠶ᠎ᠡ ᠪᠠᠭᠤᠯᠭᠠᠬᠤ ᠠᠵᠢᠯᠯᠠᠭ᠎ᠠ ᠲᠠᠢ ᠤᠶᠠᠯᠳᠤᠭᠤᠯᠵᠤ᠂ ᠬᠤᠭ ᠨᠤᠪᠰᠢ  ᠴᠡᠪᠡᠷᠯᠡᠬᠦ᠂  ᠬᠤᠳᠠ ᠤᠰᠤ ᠭᠤᠶᠤᠵᠢᠭᠤᠯᠬᠤ ᠵᠡᠷᠭᠡ ᠠᠵᠢᠯ ᠎ ᠢ ᠰᠠᠶᠢᠨ ᠬᠢᠵᠦ᠂ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ  ᠴᠢᠩᠭᠠᠳᠬᠠᠵᠤ᠂   ᠮᠠᠯᠵᠢᠬᠤ ᠤᠷᠤᠨ ᠤ  ᠦᠩᠬᠡ ᠲᠦᠷᠬᠦ ᠶᠢ ᠤᠯᠠᠮ ᠰᠠᠶᠢᠵᠢᠷᠠᠭᠤᠯᠤᠨ᠂    ᠰᠢᠯᠢᠳᠡᠭ  ᠰᠠᠶᠢᠬᠠᠨ ᠦᠢᠯᠡᠳᠪᠦᠷᠢᠯᠡᠯ ᠠᠮᠢᠳᠤᠷᠠᠯ ᠤᠨ ᠤᠷᠴᠢᠨ ᠲᠤᠭᠤᠷᠢᠨ ᠢ ᠡᠬᠦᠳᠬᠦ ᠪᠠᠷ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号