ᠲᠠᠶᠢᠹᠤᠰᠧ ᠬᠤᠰᠢᠭᠤ ︽ᠵᠤᠭᠠᠴᠠᠯ +︾ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠦ᠂ ᠪᠦᠬᠦ ᠤᠷᠤᠨ ᠪᠦᠰᠡ ᠶᠢᠨ  ᠵᠢᠭᠤᠯᠴᠢᠯᠠᠯ ᠤᠨ  ᠰᠢᠨ᠎ᠡ  ᠭᠡᠪ  ᠪᠠᠶᠢᠳᠠᠯ ᠢ ᠡᠬᠦᠳᠴᠦ ᠪᠠᠶᠢᠨ᠎ᠠ
ᠨᠡᠶᠢᠲᠡᠯᠡᠭᠰᠡᠨ ᠴᠠᠭ᠄
2017/8/2
 ᠲᠠᠶᠢᠹᠤᠰᠧ ᠬᠤᠰᠢᠭᠤ ᠪᠦᠬᠦ ᠤᠷᠤᠨ ᠪᠦᠰᠡ ᠶᠢᠨ  ᠵᠢᠭᠤᠯᠴᠢᠯᠠᠯ  ᠎ ᠤᠨ ᠬᠦᠭᠵᠢᠯᠳᠡ ᠶᠢᠨ ᠤᠨᠤᠯ ᠢ ᠪᠠᠳᠤ ᠪᠤᠢ ᠪᠤᠯᠭᠠᠵᠤ᠂ ᠪᠡᠭᠡᠵᠢᠩ ᠲᠢᠶᠠᠨᠵᠢᠨ ᠾᠧᠪᠸᠢ ᠠᠴᠠ ᠬᠠᠮᠤᠭ ᠤᠶᠢᠷ᠎ᠠ ᠲᠠᠯ᠎ᠠ ᠨᠤᠳᠤᠭ ᠤᠨ ᠰᠤᠶᠤᠯ  ᠵᠢᠭᠤᠯᠴᠢᠯᠠᠯ  ᠎ ᠤᠨ ᠤᠷᠤᠨ ᠢ ᠪᠠᠶᠢᠭᠤᠯᠬᠤ ᠪᠠᠷ ᠬᠠᠷᠠᠯᠳᠠ ᠪᠤᠯᠭᠠᠨ᠂ ᠤᠨᠴᠠᠯᠢᠭᠳᠤ ᠲᠠᠪᠠᠭᠤᠯᠢᠭ ᠠᠵᠤ ᠦᠢᠯᠡᠰ ᠬᠢᠭᠡᠳ ᠡᠬᠢ ᠪᠠᠶᠠᠯᠢᠭ ᠶᠢᠨ ᠪᠦᠬᠦ ᠲᠠᠯᠠᠪᠠᠷ  ᠨᠡᠶᠢᠳᠭᠡᠵᠦ᠂  ︽ᠵᠤᠭᠠᠴᠠᠯ +︾ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠦᠨ᠂  ᠦᠵᠡᠮᠵᠢ ᠰᠤᠨᠢᠷᠬᠠᠵᠤ ᠠᠮᠠᠷᠠᠵᠤ ᠰᠡᠯᠡᠬᠦᠴᠡᠬᠦ ᠪᠠᠷ ᠭᠤᠤᠯ ᠪᠤᠯᠭᠠᠭᠰᠠᠨ᠂  ᠠᠵᠤ ᠦᠢᠯᠡᠳᠪᠦᠷᠢ᠂ ᠲᠠᠷᠢᠶᠠᠯᠠᠩ  ᠮᠠᠯᠵᠢᠯ ᠬᠢᠭᠡᠳ ᠬᠦᠳᠡᠭᠡ ᠶᠢᠨ ᠵᠢᠭᠤᠯᠴᠢᠯᠠᠯ ᠢᠶᠠᠷ ᠨᠦᠬᠦᠪᠦᠷᠢᠯᠡᠬᠦᠯᠦᠭᠰᠡᠨ ᠪᠦᠬᠦ ᠤᠷᠤᠨ ᠪᠦᠰᠡ ᠶᠢᠨ  ᠵᠢᠭᠤᠯᠴᠢᠯᠠᠯ ᠎ ᠤᠨ ᠬᠦᠭᠵᠢᠯᠳᠡ ᠶᠢᠨ ᠰᠢᠨ᠎ᠡ ᠬᠡᠪ  ᠵᠠᠭᠪᠤᠷ ᠢ ᠡᠬᠦᠳᠴᠦ ᠪᠠᠶᠢᠨ᠎ᠠ᠃     ᠬᠠᠭᠠᠨ ᠤ ᠠᠳᠤᠭᠤᠨ ᠰᠤᠶᠤᠯ ᠢᠶᠠᠷ ᠬᠦᠭᠵᠢᠯᠳᠡ ᠶᠢᠨ ᠭᠤᠤᠯ ᠰᠡᠳᠦᠪ ᠢᠶᠠᠨ ᠪᠤᠯᠭᠠᠬᠤ ᠶᠢ ᠪᠠᠷᠢᠮᠳᠠᠯᠠᠵᠤ᠂  ᠠᠳᠤᠭᠤᠨ ᠤ ᠠᠵᠤ ᠦᠢᠯᠡᠰ ᠤᠨ ᠬᠡᠯᠬᠢᠶᠡᠰᠦ ᠶᠢ ᠰᠤᠨᠤᠭᠠᠨ᠂  ᠬᠠᠭᠠᠨ ᠤ ᠠᠳᠤᠭᠤᠨ ᠰᠤᠶᠤᠯ ᠤᠨ ᠨᠡᠷᠡᠳᠦ ᠲᠡᠮᠳᠡᠭ ᠢ  ᠬᠦᠴᠦᠷᠭᠡᠭᠵᠢᠬᠦᠯᠦᠨ ᠪᠤᠵᠠᠭᠠᠶᠢᠷᠠᠭᠤᠯᠵᠤ᠂ ︽ᠤᠷᠢᠳᠤ ᠶᠢᠨ ᠬᠠᠭᠠᠨ ᠤ ᠠᠳᠤᠭᠤᠨ ᠵᠤᠰᠠᠭᠠᠯ᠂ ᠤᠳᠤᠬᠢ ᠨᠡᠶᠢᠰᠯᠡᠯ ᠤᠨ ᠠᠷᠤ ᠴᠡᠴᠡᠷᠯᠢᠭ︾᠎ ᠤᠨ ᠭᠠᠳᠠᠭᠰᠢ ᠦᠭᠬᠦ ᠨᠦᠯᠦᠬᠡ ᠶᠢ ᠤᠯᠠᠮ ᠴᠢᠨᠠᠭᠰᠢᠳᠠ ᠶᠡᠬᠡᠰᠭᠡᠨ᠂  ︽ᠲᠠᠶᠢᠹᠤᠰᠧ ᠬᠤᠰᠢᠭᠤᠨ ᠤ ᠬᠠᠭᠠᠨ ᠤ ᠠᠳᠤᠭᠤᠨ ᠵᠤᠰᠠᠭᠠᠯ︾ ᠵᠢᠭᠤᠯᠴᠢᠯᠠᠯ ᠤᠨ ᠤᠷᠤᠨ ᠤ ᠪᠦᠳᠦᠬᠡᠨ ᠪᠠᠶᠢᠭᠤᠯᠤᠯᠳᠠ ᠶᠢ ᠭᠤᠤᠯᠳᠠᠯᠭᠠᠳᠠᠢ ᠴᠢᠩᠭᠠᠳᠬᠠᠵᠤ᠂ ᠤᠯᠤᠰ ᠤᠨ 5A ᠲᠡᠰ ᠤᠨ ᠦᠵᠡᠮᠵᠢᠳᠦ ᠤᠷᠤᠨ ᠢ ᠪᠦᠬᠦ ᠬᠦᠴᠦᠨ ᠢᠶᠠᠷ  ᠡᠬᠦᠳᠦᠨ  ᠪᠠᠶᠢᠭᠤᠯᠬᠤ ᠶᠢᠨ ᠬᠠᠮᠳᠤ᠂ ᠫᠤᠤᠲ᠋ᠠᠶᠢᠶ᠋ᠢᠩᠽᠢ ᠠᠳᠤᠭᠤᠳᠤ ᠪᠠᠯᠭᠠᠰᠤ᠂ ᠲᠠᠯ᠎ᠠ  ᠨᠤᠳᠤᠭ ᠎ ᠤᠨ ᠴᠢᠨ᠋ᠸ᠎ᠠ ᠶᠢᠨ ᠬᠠᠮᠠᠭᠠᠯᠠᠯᠳᠠ ᠶᠢᠨ ᠤᠷᠤᠨ᠂  ᠮᠠᠯᠠᠭᠠᠢ ᠶᠢᠨ ᠰᠦᠮ᠎ᠡ ᠶᠢᠨ  ᠦᠵᠡᠮᠵᠢ ᠶᠢᠨ ᠤᠷᠤᠨ ᠵᠡᠷᠭᠡ ᠠᠳᠤᠭᠤᠨ ᠰᠤᠶᠤᠯ᠂ ᠴᠡᠭᠡ ᠶᠢᠨ ᠰᠤᠪᠢᠯᠠᠯᠳᠠ᠂  ᠨᠠᠶᠢᠷ ᠨᠠᠭᠠᠳᠤᠮ᠂ ᠠᠳᠤᠭᠤᠨ  ᠎ ᠤ ᠡᠬᠦᠯᠳᠡᠷ ᠰᠠᠶᠢᠵᠢᠷᠠᠭᠤᠯᠤᠯᠳᠠ ᠂  ᠠᠳᠤᠭᠤᠨ ᠤ ᠬᠠᠮᠢᠶᠠᠳᠠᠢ ᠪᠦᠳᠦᠭᠡᠭᠳᠡᠬᠦᠨ ᠦᠢᠯᠡᠳᠪᠦᠷᠢᠯᠡᠵᠦ ᠪᠤᠷᠤᠯᠠᠭᠤᠯᠬᠤ  ᠎ ᠶᠢ ᠨᠢᠬᠡ ᠴᠤᠭᠴᠠᠵᠢᠭᠤᠯᠤᠭᠰᠠᠨ ︽ᠬᠠᠭᠠᠨ ᠤ ᠠᠳᠤᠭᠤᠨ ᠰᠤᠶᠤᠯ ᠤᠨ ᠠᠵᠤ ᠦᠢᠯᠡᠰ ᠤᠨ ᠤᠷᠤᠨ ᠲᠤᠭᠤᠷᠢᠭ︾᠎ ᠢ ᠪᠠᠶᠢᠭᠤᠯᠵᠤ ᠪᠠᠶᠢᠨ᠎ᠠ᠃       ᠬᠦᠳᠡᠭᠡ ᠶᠢᠨ ᠵᠢᠭᠤᠯᠴᠢᠯᠠᠯ ᠢ  ᠲᠡᠳᠬᠦᠨ ᠬᠦᠭᠵᠢᠯᠵᠦ ᠪᠠᠶᠢᠭ᠎ᠠ ᠤᠯᠤᠰ᠂ ᠤᠷᠤᠨ  ᠎ ᠤ  ᠲᠦᠷᠦ ᠶᠢᠨ ᠪᠤᠳᠤᠯᠭ᠎ᠠ ᠶᠢ ᠬᠦᠢᠴᠡᠳ ᠠᠰᠢᠭᠯᠠᠨ᠂  ᠵᠢᠭᠤᠯᠴᠢᠯᠠᠯ ᠢᠶᠠᠷ ᠶᠠᠳᠠᠭᠤ ᠶᠢ ᠳᠡᠳᠬᠦᠬᠦ ᠪᠠᠷ ᠬᠠᠷᠠᠯᠳᠠ  ᠪᠤᠯᠭᠠᠵᠤ᠂ ︽ ᠨᠢᠬᠡ ᠭᠠᠴᠠᠭ᠎ᠠ ᠲᠤᠰᠬᠤᠨ  ᠨᠢᠬᠡ ᠤᠨᠴᠠᠯᠢᠭ ᠲᠡᠮᠳᠡᠭ ᠲᠠᠢ ᠪᠠᠶᠢᠬᠤ︾ ᠰᠡᠳᠬᠢᠴᠡ ᠪᠠᠷ ᠤᠯᠤᠰ ᠤᠨ ᠬᠠᠮᠠᠭᠠᠯᠠᠯᠳᠠ ᠎ ᠶᠢᠨ ᠵᠢᠵᠢᠭ ᠪᠠᠯᠭᠠᠰᠤ — ᠴᠢᠶᠤᠤ ᠵᠢᠶᠠ ᠶᠢᠩᠽᠢ᠂  ᠠᠮᠢ ᠠᠬᠤᠢ ᠶᠢᠨ ᠰᠤᠪᠢᠯᠠᠯᠳᠠ ᠶᠢᠨ ᠠᠶᠢᠯ ᠲᠤᠰᠬᠤᠨ — ᠪᠢᠶᠠᠨ ᠴᠢᠶᠠᠩ ᠲᠤᠰᠬᠤᠨ᠂ ᠴᠦᠬᠡᠨ ᠲᠤᠭᠠᠳᠤ ᠦᠨᠳᠦᠰᠦᠳᠡᠨ ᠤ ᠤᠨᠴᠠᠯᠢᠭᠳᠤ ᠬᠤᠳᠠ ᠤᠰᠤ —  ᠬᠤᠶᠢᠳᠤ ᠸᠠᠶᠤᠤ ᠭᠠᠴᠠᠭ᠎ᠠ᠂  ᠤᠯᠠᠮᠵᠢᠯᠠᠯᠳᠤ ᠴᠠᠭᠠᠨ ᠢᠳᠡᠭᠡᠨ ᠤ  ᠭᠠᠴᠠᠭ᠎ᠠ — ᠱᠢᠪᠠᠷᠳᠤ ᠵᠡᠷᠭᠡ  ᠤᠨᠴᠠᠯᠢᠭᠳᠤ ᠭᠠᠴᠠᠭ᠎ᠠ ᠲᠤᠰᠬᠤᠨ ᠢ ᠭᠤᠤᠯᠳᠠᠯᠭᠠᠳᠠᠢ ᠪᠦᠳᠦᠭᠡᠨ  ᠪᠠᠶᠢᠭᠤᠯᠬᠤ ᠶᠢᠨ ᠬᠠᠮᠳᠤ᠂ ᠵᠢᠭᠤᠯᠴᠢᠯᠠᠯ ᠤᠨ ᠵᠠᠰᠠᠮᠠᠯ ᠵᠠᠮ ᠤᠨ ᠬᠤᠶᠠᠷ ᠬᠠᠵᠠᠭᠤ  ᠎ ᠳᠤ  ᠦᠵᠡᠮᠦᠷᠢ ᠶᠢᠨ ᠴᠢᠨᠠᠷᠳᠠᠢ ᠠᠳᠠᠯᠢ ᠪᠤᠰᠤ ᠲᠠᠷᠢᠮᠠᠯ ᠲᠠᠷᠢᠵᠤ᠂ ᠲᠠᠷᠢᠶᠠᠯᠠᠩ ᠤᠨ ᠦᠵᠡᠮᠵᠢ  ᠎ ᠶᠢᠨ ᠤᠷᠤᠨ ᠪᠦᠰᠡ ᠶᠢ ᠪᠠᠶᠢᠭᠤᠯᠵᠤ ᠪᠠᠶᠢᠨ᠎ᠠ᠃  ᠬᠦᠳᠡᠭᠡ ᠶᠢᠨ ᠵᠢᠭᠤᠯᠴᠢᠯᠠᠯ ᠢ ᠬᠦᠭᠵᠢᠬᠦᠯᠬᠦ ᠲᠤᠬᠢᠶᠠᠯ ᠢᠶᠠᠷ  ᠪᠠᠰᠠ ᠮᠠᠯᠴᠢᠨ ᠲᠠᠷᠢᠶᠠᠴᠢᠨ ᠢ ᠵᠤᠷᠢᠬᠵᠢᠭᠤᠯᠤᠨ᠂ ᠪᠤᠬᠢᠷᠳᠤᠯ ᠦᠬᠡᠢ ᠲᠠᠷᠢᠵᠤ ᠮᠠᠯᠵᠢᠬᠤ ᠦᠢᠯᠡᠰ ᠢ ᠭᠡᠪᠴᠢᠶᠡᠵᠢᠬᠦᠯᠦᠨ ᠬᠦᠭᠵᠢᠬᠦᠯᠵᠦ᠂  ᠲᠠᠶᠢᠹᠤᠰᠧ ᠬᠤᠰᠢᠭᠤᠨ ᠤ ᠪᠤᠬᠢᠷᠳᠤᠯ ᠦᠬᠡᠢ ᠵᠢᠭᠤᠯᠴᠢᠯᠠᠯ ᠤᠨ ᠪᠦᠳᠦᠭᠡᠭᠳᠡᠬᠦᠨ ᠤ ᠨᠡᠷᠡᠳᠦ ᠳᠡᠮᠳᠡᠭ ᠢ ᠡᠬᠦᠳᠦᠨ᠂  ᠡᠪᠡᠰᠦᠨ ᠡᠮ  ᠲᠠᠷᠢᠵᠤ ᠦᠢᠯᠡᠳᠪᠦᠷᠢᠯᠡᠬᠦ ᠲᠠᠪᠠᠭᠤᠯᠢᠭ ᠲᠤ  ᠲᠦᠰᠢᠭᠯᠡᠵᠦ᠂  ᠬᠢᠳᠠᠳ ᠮᠤᠩᠭᠤᠯ ᠡᠪᠡᠰᠦᠨ ᠡᠮ ᠢ  ᠨᠢᠬᠡ ᠲᠦᠷᠦᠯ ᠤᠨ ᠵᠢᠭᠤᠯᠴᠢᠯᠠᠯ ᠤᠨ ᠴᠢᠬᠤᠯᠠ ᠪᠦᠳᠦᠭᠡᠭᠳᠡᠬᠦᠨ ᠪᠤᠯᠭᠠᠬᠤ ᠪᠠᠷ ᠪᠠᠶᠢᠨ᠎ᠠ᠃      ᠲᠤᠰ ᠬᠤᠰᠢᠭᠤ ᠨᠢ ᠪᠠᠰᠠ ︽ᠲᠠᠯ᠎ᠠ ᠨᠤᠳᠤᠭ︾ ᠬᠠᠷ᠎ᠠ ᠠᠷᠢᠬᠢ᠂ ︽ᠬᠤᠩ ᠶᠢᠨ ᠶᠤᠸᠠᠨ︾ ᠢᠳᠡᠰᠢᠨ  ᠲᠤᠰᠤᠨ ᠤ ᠺᠤᠮᠫᠠᠨᠢ ᠶᠢᠨ ᠤᠯᠠᠮᠵᠢᠯᠠᠯᠳᠤ ᠦᠢᠯᠡᠳᠪᠦᠷᠢᠯᠡᠯ ᠤᠨ ᠮᠡᠷᠭᠡᠵᠢᠯ ᠬᠢᠭᠡᠳ ᠨᠡᠷ᠎ᠡ  ᠨᠦᠯᠦᠬᠡ ᠶᠢ ᠠᠰᠢᠭᠯᠠᠵᠤ ᠂  ᠠᠵᠤ ᠦᠢᠯᠡᠳᠪᠦᠷᠢ ᠶᠢᠨ ᠦᠵᠡᠬᠦᠯᠦᠯᠭᠡ  ᠎ ᠶᠢᠨ ᠬᠡᠯᠪᠡᠷᠢᠳᠦ ᠵᠢᠭᠤᠯᠴᠢᠯᠠᠯ  ᠎ ᠤᠨ ᠵᠢᠱᠢᠶ᠎ᠡ ᠦᠵᠡᠬᠦᠯᠬᠦ ᠤᠷᠤᠨ ᠢ ᠪᠠᠶᠢᠭᠤᠯᠬᠤ ᠶᠢᠨ ᠬᠠᠮᠳᠤ᠂  ᠪᠤᠳᠠᠰ ᠤᠨ ᠬᠦᠢᠯᠬᠡᠬᠡ᠂  ᠬᠤᠳᠠᠯᠳᠤᠭ᠎ᠠ᠂ ᠢᠳᠡᠭᠡᠨ ᠤᠮᠳᠠᠭᠠᠨ᠂  ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠭᠡ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠢ ᠬᠦᠴᠦᠯᠡᠨ ᠬᠦᠭᠵᠢᠬᠦᠯᠵᠦ᠂   ︽ᠰᠦᠯᠵᠢᠶ᠎ᠡ + ᠮᠠᠯ ᠲᠠᠷᠢᠶᠠᠯᠠᠩ + ᠵᠢᠭᠤᠯᠴᠢᠯᠠᠯ︾᠎ ᠤᠨ ᠰᠢᠨ᠎ᠡ ᠬᠡᠪ ᠵᠠᠭᠪᠤᠷ ᠢ ᠡᠬᠦᠳᠦᠨ᠂  ᠦᠵᠡᠮᠵᠢ ᠰᠤᠨᠢᠷᠬᠠᠬᠤ᠂ ᠠᠮᠠᠷᠠᠵᠤ ᠰᠡᠯᠡᠬᠦᠴᠡᠬᠦ᠂  ᠠᠷᠠᠳ ᠤᠨ ᠠᠮᠢᠳᠤᠷᠠᠯ᠂  ᠨᠤᠳᠤᠭ ᠤᠨ ᠵᠠᠩᠰᠢᠯ᠂  ᠦᠢᠯᠡᠳᠪᠦᠷᠢ ᠬᠤᠳᠠᠯᠳᠤᠭ᠎ᠠ᠂   ᠪᠤᠳᠠᠰ ᠤᠨ ᠬᠦᠢᠯᠭᠡᠭᠡ ᠵᠡᠷᠭᠡ ᠶᠢ ᠨᠢᠬᠡ ᠴᠤᠭᠴᠠᠵᠢᠭᠤᠯᠤᠭᠰᠠᠨ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶᠡᠰᠦ  ᠎ ᠶᠢ ᠪᠠᠶᠢᠭᠤᠯᠵᠤ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号