ᠤᠷᠴᠢᠮᠬᠠᠨ᠂ ᠦᠪᠡᠷᠳᠡᠭᠡᠨ ᠵᠠᠰᠠᠬᠤ ᠤᠷᠤᠨ ᠤ ᠪᠦᠳᠦᠭᠡᠭᠳᠡᠬᠦᠨ ᠤ ᠶᠠᠰᠤ ᠴᠢᠨᠠᠷ ᠢ ᠬᠢᠨᠠᠨ ᠲᠤᠭᠳᠠᠭᠠᠬᠤ | ᠵᠦᠪᠯᠡᠯ ᠠᠴᠠ ᠬᠢᠷᠢ ᠬᠡᠮ ᠤᠨ ᠪᠠᠶᠢᠴᠠᠭᠠᠯᠳᠠ᠂ ᠮᠠᠲ᠋ᠧᠷᠢᠶᠠᠯ ᠤᠨ ᠬᠢᠨᠠᠯᠳᠠ᠂ ᠠᠬᠤᠢ ᠲᠠᠯᠠᠪᠠᠢ ᠶᠢᠨ ᠦᠨᠡᠯᠡᠯᠳᠡ | ᠵᠡᠷᠭᠡ ᠪᠠᠷ ᠲᠠᠮᠵᠢᠭᠠᠳ᠂ ︽ᠲᠠᠯ᠎ᠠ ᠨᠤᠳᠤᠭ︾ ᠺᠤᠮᠫᠠᠨᠢ ᠶᠢᠨ ᠨᠡᠷᠡᠭᠰᠡᠨ ᠰᠢᠷᠢᠰ ᠬᠠᠷ᠎ᠠ ᠠᠷᠢᠬᠢ 2016 ᠤᠨ | ᠤ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠶᠢᠨ ᠶᠠᠰᠦ ᠴᠢᠨᠠᠷ ᠤᠨ ᠱᠠᠩᠨᠠᠯ ᠬᠦᠷᠳᠡᠬᠦ ᠨᠢᠬᠡᠴᠡ ᠶᠢ ᠬᠢᠨᠠᠨ | ᠰᠢᠯᠭᠠᠷᠠᠭᠤᠯᠬᠤ ᠳᠤ ᠲᠠᠶᠢᠹᠤᠰᠧ ᠬᠤᠰᠢᠭᠤᠨ ᠤ ︽ᠲᠠᠯ᠎ᠠ ᠨᠤᠳᠤᠭ︾ ᠠᠷᠢᠬᠢ ᠨᠡᠷᠡᠬᠦ ᠬᠢᠵᠠᠭᠠᠷᠳᠤ | ᠬᠠᠷᠢᠭᠤᠴᠠᠯᠭᠠᠳᠤ ᠺᠤᠮᠫᠠᠨᠢ ᠦᠪᠦᠷ ᠮᠤᠩᠭᠤᠯ ᠤᠷᠤᠨ ᠤ ᠪᠤᠰᠤᠳ ᠲᠦᠷᠪᠡᠨ ᠰᠢᠯᠢᠳᠡᠭ ᠠᠵᠤ ᠠᠬᠤᠶᠢᠯᠠᠯ ᠲᠠᠢ | ᠬᠠᠮᠳᠤ ᠰᠢᠯᠭᠠᠷᠠᠨ ᠲᠤᠳᠤᠷᠠᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ | ᠲᠤᠬᠢᠷᠠᠭᠤᠯᠤᠭᠰᠠᠨ ᠪᠦᠳᠦᠭᠡᠭᠳᠡᠬᠦᠨ ᠤ ᠶᠠᠰᠤ ᠴᠢᠨᠠᠷ ᠤᠨ ᠬᠠᠮᠤᠭ ᠲᠡᠭᠡᠳᠦ ᠱᠠᠩᠨᠠᠯ ᠪᠤᠯᠬᠤ ᠲᠡᠷᠢᠬᠦᠯᠡᠭᠴᠢ ᠶᠢᠨ | ᠶᠠᠰᠦ ᠴᠢᠨᠠᠷ ᠤᠨ ᠱᠠᠩᠨᠠᠯ ᠢ ᠲᠤᠰᠤᠭᠰᠠᠨ ᠪᠠᠶᠢᠨ᠎ᠠ᠃ | ᠲᠠᠶᠢᠹᠤᠰᠧ ᠬᠤᠰᠢᠭᠤᠨ ᠤ ︽ᠲᠠᠯ᠎ᠠ ᠨᠤᠳᠤᠭ︾ ᠠᠷᠢᠬᠢ ᠨᠡᠷᠡᠬᠦ ᠬᠢᠵᠠᠭᠠᠷᠳᠤ ᠬᠠᠷᠢᠭᠤᠴᠠᠯᠭᠠᠳᠤ ᠺᠤᠮᠫᠠᠨᠢ | ᠶᠠᠰᠤ ᠴᠢᠨᠠᠷ ᠤᠨ ᠬᠠᠮᠢᠶᠠᠷᠤᠯᠳᠠ ᠪᠠ ᠮᠡᠷᠭᠡᠵᠢᠯ ᠤᠨ ᠰᠢᠨ᠎ᠠ ᠶᠢ ᠡᠬᠦᠳᠬᠦ ᠶᠢ ᠲᠡᠷᠢᠬᠦᠨ ᠪᠠᠶᠢᠷᠢᠨ ᠳᠤ ᠲᠠᠯᠪᠢᠵᠤ᠂ | ᠦᠢᠯᠡᠳᠪᠦᠷᠢᠯᠡᠯ ᠤᠨ ᠴᠢᠳᠠᠪᠤᠷᠢ᠂ ᠦᠷᠢᠰᠦᠯᠳᠦᠬᠡᠨ ᠤ ᠬᠦᠴᠦᠨ ᠢᠶᠠᠨ ᠲᠠᠰᠤᠷᠠᠯᠳᠠ ᠦᠬᠡᠢ ᠴᠢᠩᠭᠠᠷᠠᠭᠤᠯᠤᠭᠠᠳ᠂ | ᠦᠪᠦᠷ ᠮᠤᠩᠭᠤᠯ ᠤᠨ ᠨᠡᠷᠡᠳᠦ ᠲᠠᠸᠠᠷ ᠤᠨ ᠲᠡᠮᠳᠡᠭ ︽ᠲᠠᠯ᠎ᠠ ᠨᠤᠳᠤᠭ︾ ᠠᠷᠢᠬᠢ ᠶᠢ ᠦᠢᠯᠡᠳᠪᠦᠷᠢᠯᠡᠵᠦ᠂ ᠠᠵᠤ | ᠠᠬᠤᠢ ᠶᠢᠨ ᠦᠷ᠎ᠡ ᠠᠰᠢᠭ ᠪᠠ ᠨᠡᠶᠢᠬᠡᠮ ᠤᠨ ᠦᠷ᠎ᠡ ᠠᠰᠢᠭ ᠢᠶᠠᠷ ᠢᠯᠡᠷᠬᠡᠢ᠂ ᠤᠯᠤᠰ ᠤᠷᠤᠨ ᠳᠤ ᠨᠡᠷ᠎ᠡ | ᠨᠦᠯᠦᠬᠡ ᠲᠠᠢ ᠲᠤᠮᠤ ᠠᠵᠤ ᠠᠬᠤᠢᠢᠯᠠᠯ ᠪᠤᠯᠤᠬᠰᠠᠨ ᠶᠤᠮ᠃ ᠲᠤᠰ ᠺᠤᠮᠫᠠᠨᠢ ᠶᠢᠨ ᠦᠢᠯᠡᠳᠪᠦᠷᠢᠯᠡᠭᠰᠡᠨ | ᠪᠦᠳᠦᠭᠡᠭᠳᠡᠬᠦᠨ ︽ᠲᠠᠯ᠎ᠠ ᠨᠤᠳᠤᠭ︾ ᠬᠠᠷ᠎ᠠ ᠠᠷᠢᠬᠢ ᠨᠢ ᠤᠷᠢᠳ ᠬᠤᠵᠢᠳ ᠦᠪᠡᠷᠳᠡᠭᠡᠨ ᠵᠠᠰᠠᠬᠤ ᠤᠷᠤᠨ ᠤ | ᠨᠡᠷᠡᠳᠦ ᠲᠠᠸᠠᠷ ᠤᠨ ᠲᠡᠮᠳᠡᠭ᠂ ᠦᠪᠦᠷ ᠮᠤᠩᠭᠤᠯ ᠤᠨ ᠨᠡᠷᠡᠳᠦ ᠪᠦᠳᠦᠭᠡᠭᠳᠡᠬᠦᠨ᠂ ᠲᠡᠯᠡᠬᠡᠢ ᠶᠢᠨ ᠦᠢᠯᠡᠳᠪᠦᠷᠢ | ᠬᠤᠳᠠᠯᠳᠤᠭᠠᠨ ᠤ ᠦᠵᠡᠰᠬᠦᠯᠡᠩ ᠤᠨ ᠠᠯᠳᠠᠨ ᠱᠠᠩᠨᠠᠯ᠂ ᠠᠶᠢᠮᠠᠭ ᠤᠨ ᠲᠠᠷᠤᠭ᠎ᠠ ᠶᠢᠨ ᠶᠠᠰᠤ ᠴᠢᠨᠠᠷ ᠤᠨ ᠱᠠᠩᠨᠠᠯ᠂ | ᠫᠠᠨᠠᠮᠠ ᠶᠢᠨ ᠤᠯᠠᠨ ᠤᠯᠤᠰ ᠤᠨ ᠦᠵᠡᠰᠬᠦᠯᠡᠩ ᠤᠨ ᠠᠯᠳᠠᠨ ᠱᠠᠩᠨᠠᠯ ᠵᠡᠷᠭᠡ 60 ᠭᠠᠷᠤᠢ ᠲᠦᠷᠦᠯ ᠤᠨ ᠢᠷᠠᠭᠤ | ᠠᠯᠳᠠᠷ ᠢ ᠬᠦᠷᠳᠡᠵᠦ ᠦᠩᠭᠡᠷᠡᠵᠡᠢ᠃ |