ᠤᠶᠢᠷ᠎ᠠ ᠶᠢᠨ ᠵᠢᠯ ᠳᠤ᠂ ᠵᠢᠭᠤᠯᠴᠢᠯᠠᠯ ᠤᠨ ᠦᠢᠯᠡᠰ ᠲᠦᠷᠭᠡᠨ ᠬᠦᠭᠵᠢᠬᠦ ᠶᠢ ᠲᠠᠭᠠᠯᠳᠤᠭᠠᠳ ᠠᠮᠢ ᠠᠬᠤᠢ ᠶᠢ | ᠡᠪᠳᠡᠵᠦ ᠤᠷᠴᠢᠨ ᠲᠤᠭᠤᠷᠢᠨ ᠢ ᠪᠤᠵᠠᠷᠳᠠᠭᠤᠯᠬᠤ ᠂ ᠦᠨ᠎ᠡ ᠬᠠᠩᠰᠢ ᠪᠠᠨ ᠲᠤᠷ᠎ᠠ ᠪᠠᠷ ᠦᠰᠭᠡᠬᠦ᠂ | ᠵᠢᠭᠤᠯᠴᠢᠯᠠᠭᠴᠢ ᠶᠢ ᠬᠢᠬᠠᠵᠤ ᠮᠦᠩᠬᠦ ᠬᠤᠨᠵᠢᠬᠤ ᠵᠡᠷᠭᠡ ᠪᠤᠯᠪᠠᠰᠤᠨ ᠪᠤᠰᠤ ᠠᠵᠢᠯᠯᠠᠭ᠎ᠠ ᠢᠯᠡᠷᠡᠵᠦ᠂ | ᠵᠢᠭᠤᠯᠴᠢᠯᠠᠭᠴᠢᠳ ᠤᠨ ᠵᠦᠢ ᠶᠤᠰᠤᠨ ᠤ ᠡᠷᠭᠡ ᠠᠰᠢᠭ ᠢ ᠬᠤᠬᠢᠷᠠᠭᠤᠯᠬᠤ ᠪᠠᠷ ᠪᠠᠷᠠᠬᠤ ᠦᠬᠡᠢ᠂ ᠵᠢᠭᠤᠯᠴᠢᠯᠠᠯ ᠤᠨ | ᠵᠠᠬ᠎ᠠ ᠲᠡᠯᠬᠡᠬᠦᠷ ᠤᠨ ᠡᠮᠬᠢ ᠲᠢᠭᠯᠡᠮ ᠢ ᠰᠠᠮᠠᠭᠤᠷᠠᠭᠤᠯᠵᠤ᠂ ᠵᠢᠭᠤᠯᠴᠢᠯᠠᠯ ᠤᠨ ᠦᠢᠯᠡᠰ ᠤᠨ ᠡᠷᠡᠬᠦᠯ ᠢᠶᠠᠷ | ᠬᠦᠭᠵᠢᠬᠦ ᠢᠳᠡᠪᠬᠢ ᠪᠤᠰᠤ ᠨᠦᠯᠦᠬᠡ ᠦᠵᠡᠬᠦᠯᠵᠦ ᠪᠠᠶᠢᠭ᠎ᠠ ᠪᠤᠳᠠᠳᠤ ᠪᠠᠶᠢᠳᠠᠯ ᠳᠤ ᠴᠢᠭᠯᠡᠬᠦᠯᠦᠨ᠂ ᠲᠤᠰ | ᠬᠤᠰᠢᠭᠤ ᠨᠢ ᠵᠢᠭᠤᠯᠴᠢᠯᠠᠯ ᠤᠨ ᠠᠵᠢᠯ ᠲᠦᠷᠦᠯ ᠤᠨ ᠲᠤᠰᠬᠠᠢ ᠴᠡᠭᠴᠡᠯᠡᠯᠳᠡ ᠬᠢᠬᠦ ᠠᠷᠭ᠎ᠠ ᠲᠦᠰᠦᠪ ᠢ | ᠲᠤᠭᠳᠠᠵᠤ᠂ ᠲᠡᠳ᠋ ᠬᠤᠰᠢᠭᠤ ᠲᠠᠷᠤᠭ᠎ᠠ ᠪᠠᠷ ᠲᠠᠷᠤᠭᠠᠯᠠᠭᠤᠯᠤᠭᠰᠠᠨ ᠲᠤᠰᠬᠠᠢ ᠴᠡᠭᠴᠡᠯᠡᠯᠳᠡ ᠶᠢᠨ ᠤᠳᠤᠷᠢᠳᠬᠤ | ᠲᠤᠭᠤᠶᠢᠯᠠᠩ ᠢ ᠪᠠᠶᠢᠭᠤᠯᠤᠨ᠂ ᠤᠯᠠᠨ ᠰᠠᠯᠠᠭ᠎ᠠ ᠮᠦᠴᠢᠷ ᠤᠷᠤᠯᠴᠠᠵᠤ ᠬᠠᠮᠵᠢᠯᠴᠠᠭᠰᠠᠨ ᠬᠠᠤᠯᠢ ᠭᠡᠷᠡᠭᠵᠢᠬᠦᠯᠬᠦ | ᠠᠩᠬᠢ ᠶᠢ ᠪᠠᠶᠢᠭᠤᠯᠵᠤ᠂ ︽ᠢᠯᠳᠠᠷ ᠬᠠᠶᠠᠬᠤ ᠦᠬᠡᠢ︾ ᠤᠪᠤᠷ ᠢᠶᠠᠷ ᠵᠢᠭᠤᠯᠴᠢᠯᠠᠯ ᠤᠨ ᠵᠠᠬ᠎ᠠ ᠲᠡᠯᠬᠡᠬᠦᠷ ᠤᠨ | ᠰᠠᠮᠠᠭᠤᠨ ᠪᠠᠶᠢᠳᠠᠯ ᠢ ᠴᠡᠭᠴᠡᠯᠡᠵᠦ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠶᠢ ᠪᠦᠬᠦᠯᠢ ᠨᠢᠬᠡ ᠰᠠᠷ᠎ᠠ ᠶᠢᠨ | ᠬᠤᠭᠤᠴᠠᠭ᠎ᠠ ᠲᠠᠢ ᠦᠷᠨᠢᠬᠦᠯᠬᠦ ᠪᠠᠷ ᠪᠤᠯᠵᠤ᠂ ᠦᠪᠡᠷᠳᠡᠭᠡᠨ ᠪᠠᠶᠢᠴᠠᠭᠠᠬᠤ᠂ ᠭᠤᠤᠯᠳᠠᠯᠭᠠᠳᠠᠢ ᠪᠠᠶᠢᠴᠠᠭᠠᠬᠤ᠂ ᠪᠦᠬᠦ | ᠲᠠᠯᠠᠪᠠᠷ ᠴᠡᠭᠴᠡᠯᠡᠨ ᠰᠠᠶᠢᠵᠢᠷᠠᠭᠤᠯᠬᠤ ᠭᠤᠷᠪᠠᠨ ᠱᠠᠳᠤ ᠬᠤᠪᠢᠶᠠᠵᠤ᠂ ᠭᠤᠤᠯᠳᠠᠭᠤ ᠵᠠᠷᠢᠮ ᠮᠠᠯᠴᠢᠨ ᠲᠠᠷᠢᠶ᠋ᠶᠠᠴᠢᠨ | ᠡᠷᠦᠬᠡ ᠶᠢᠨ ᠲᠤᠷ᠎ᠠ ᠪᠠᠷ ᠢᠶᠠᠨ ᠮᠤᠩᠭᠤᠯ ᠭᠡᠷ ᠪᠤᠰᠬᠠᠵᠤ ᠡᠵᠡᠩᠨᠡᠯᠳᠡ ᠬᠢᠬᠦ᠂ ᠬᠤᠭᠤᠯᠠ ᠬᠤᠨᠤᠭ ᠤᠨ | ᠨᠦᠬᠦᠴᠡᠯ ᠠᠨᠠᠢ᠂ ᠦᠢᠯᠡᠴᠢᠯᠡᠬᠡᠨ ᠤ ᠲᠦᠪᠰᠢᠨ ᠲᠤᠤᠷ᠎ᠠ᠂ ᠤᠷᠴᠢᠨ ᠲᠤᠭᠤᠷᠢᠨ ᠴᠡᠪᠡᠷ ᠪᠤᠰᠤ᠂ ᠦᠨ᠎ᠡ | ᠬᠠᠩᠰᠢ ᠲᠤᠭᠳᠠᠪᠤᠷᠢ ᠦᠬᠡᠢ᠂ ᠦᠨ᠎ᠡ ᠬᠠᠩᠰᠢ ᠪᠠᠨ ᠨᠡᠶᠢᠳᠡᠯᠡᠬᠦ ᠦᠬᠡᠢ᠂ ᠵᠠᠷᠢᠮ ᠵᠢᠭᠤᠯᠴᠢᠯᠠᠯ ᠤᠨ ᠭᠠᠵᠠᠷ ᠪᠠ | ᠵᠢᠭᠤᠯᠴᠢᠯᠠᠭᠴᠢ ᠨᠢ ᠮᠠᠰᠢᠨ ᠲᠡᠷᠭᠡ ᠪᠤᠶᠤ ᠮᠤᠷᠢ ᠤᠨᠤᠭ᠎ᠠ ᠶᠢ ᠲᠤᠷ᠎ᠠ ᠪᠠᠷ ᠬᠦᠶᠦᠯᠬᠡᠵᠦ ᠨᠤᠳᠤᠭ ᠪᠡᠯᠴᠢᠭᠡᠷ ᠠᠮᠢ | ᠠᠬᠤᠢ ᠳᠤ ᠡᠪᠳᠡᠯᠭᠡ ᠤᠴᠠᠷᠠᠭᠤᠯᠵᠤ ᠪᠠᠶᠢᠭ᠎ᠠ᠂ ᠵᠠᠷᠢᠮ ᠮᠠᠯᠴᠢᠨ ᠲᠠᠷᠢᠶᠠᠴᠢᠨ ᠵᠢᠭᠤᠯᠴᠢᠯᠠᠭᠴᠢ ᠶᠢ ᠬᠠᠰᠢᠵᠤ | ᠬᠠᠤᠯᠢ ᠪᠤᠰᠤ ᠪᠠᠷ ᠨᠤᠳᠤᠭ ᠪᠡᠯᠴᠢᠭᠡᠷ ᠤᠨ ᠲᠦᠯᠦᠪᠦᠷᠢ ᠠᠪᠴᠤ ᠪᠠᠶᠢᠭ᠎ᠠ ᠵᠡᠷᠭᠡ ᠵᠢᠭᠤᠯᠴᠢᠯᠠᠯ ᠤᠨ ᠠᠵᠢᠯ | ᠲᠦᠷᠦᠯ ᠤᠨ ᠲᠤᠮᠳᠠ ᠢᠯᠡᠷᠡᠭᠰᠡᠨ ᠭᠤᠤᠯᠳᠠᠯᠭᠠᠳᠠᠢ ᠠᠰᠠᠭᠤᠳᠠᠯ ᠳᠤ ᠲᠤᠰᠬᠠᠢ ᠴᠡᠭᠴᠡᠯᠡᠯᠳᠡ ᠬᠢᠵᠦ ᠪᠤᠢ᠃ | ᠤᠳᠤ ᠬᠠᠤᠯᠢ ᠭᠡᠷᠡᠭᠵᠢᠬᠦᠯᠬᠦ ᠠᠩᠬᠢ ᠨᠢ ᠨᠢᠬᠡᠨᠳᠡ ᠬᠤᠶᠠᠳᠤᠭᠠᠷ ᠱᠠᠳᠤᠨ ᠤ ᠠᠵᠢᠯ ᠢᠶᠠᠨ ᠪᠦᠬᠦ ᠲᠠᠯᠠᠪᠠᠷ | ᠦᠷᠨᠢᠬᠦᠯᠦᠭᠡᠳ᠂ 100 ᠭᠠᠷᠤᠢ ᠠᠵᠢᠯᠳᠠᠨ ︵ᠤᠳᠠᠭ᠎ᠠ︶ ᠢ ᠵᠤᠬᠢᠶᠠᠨ ᠪᠠᠶᠢᠭᠤᠯᠵᠤ᠂ 38 ᠡᠷᠦᠬᠡ ᠵᠢᠭᠤᠯᠴᠢᠯᠠᠯ | ᠤᠨ ᠴᠡᠭ ᠢ ᠪᠠᠶᠢᠴᠠᠭᠠᠨ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢᠨ ᠪᠢᠴᠢᠭ 15 ᠬᠤᠪᠢ ᠪᠠᠭᠤᠯᠭᠠᠵᠤ᠂ | ᠦᠨᠡᠮᠯᠡᠯ ᠦᠬᠡᠢ ᠡᠵᠡᠩᠨᠡᠭᠰᠡᠨ᠂ ᠨᠦᠬᠦᠴᠡᠯ ᠬᠦᠷᠦᠯᠴᠡᠬᠦ ᠦᠬᠡᠢ 8 ᠡᠷᠦᠬᠡ ᠵᠢᠭᠤᠯᠴᠢᠯᠠᠯ ᠤᠨ ᠴᠡᠭ ᠤᠨ | ᠡᠬᠦᠳᠡ ᠶᠢ ᠬᠠᠭᠠᠯᠭᠠᠵᠤ ᠡᠵᠡᠩᠨᠡᠯᠳᠡ ᠶᠢ ᠵᠤᠭᠰᠤᠭᠠᠵᠠᠢ᠃ | |