ᠨᠡᠶᠢᠰᠯᠡᠯ ᠳᠤ ᠶᠠᠪᠤᠭᠳᠠᠭᠰᠠᠨ ᠵᠢᠭᠤᠯᠴᠢᠯᠠᠯ ᠤᠨ ᠤᠬᠠᠭᠤᠯᠭ᠎ᠠ
ᠨᠡᠶᠢᠲᠡᠯᠡᠭᠰᠡᠨ ᠴᠠᠭ᠄
2017-08-25
4 ᠰᠠᠷ᠎ᠠ ᠶᠢᠨ 27᠎ ᠤ ᠡᠳᠦᠷ  ᠎ ᠠᠴᠠ 5 ᠰᠠᠷ᠎ᠠ ᠶᠢᠨ 5᠎ ᠤ ᠡᠳᠦᠷ ᠬᠦᠷᠳᠡᠯ᠎ᠡ  ᠶᠠᠪᠤᠭᠳᠠᠭᠰᠠᠨ  ︽2017 ᠤᠨ ᠎ ᠤ ᠰᠢᠯᠢ ᠶᠢᠨ ᠭᠤᠤᠯ ᠠᠶᠢᠮᠠᠭ ᠤᠨ ᠵᠢᠭᠤᠯᠴᠢᠯᠠᠯ ᠤᠨ ᠤᠬᠠᠭᠤᠯᠭ᠎ᠠ ᠶᠢᠨ ᠭᠠᠷᠠᠭ︾᠎ ᠤᠨ ᠠᠵᠢᠯᠯᠠᠭ᠎ᠠ ᠳᠤ ᠲᠠᠶᠢᠹᠤᠰᠧ ᠬᠤᠰᠢᠭᠤ 4 ᠭᠤᠤᠯᠳᠠᠯᠭᠠᠳᠠᠢ ᠤᠬᠠᠭᠤᠯᠬᠤ ᠬᠤᠰᠢᠭᠤ ᠰᠢᠶᠠᠨ ᠤ ᠨᠢᠬᠡ ᠪᠠᠷ  ᠤᠷᠤᠯᠴᠠᠭᠰᠠᠨ  ᠪᠠᠶᠢᠨ᠎ᠠ ᠃  ᠡᠨᠡ ᠤᠳᠠᠭᠠᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠲᠤᠬᠢᠶᠠᠯ ᠪᠤᠯᠭᠠᠨ᠂  ᠲᠠᠯ᠎ᠠ ᠨᠤᠳᠤᠭ ᠤᠨ ᠎ ᠢᠶᠠᠨ ᠰᠤᠶᠤᠯ ᠵᠢᠭᠤᠯᠴᠢᠯᠠᠯ ᠢ ᠤᠯᠤᠰ ᠲᠠᠶᠠᠭᠠᠷ ᠲᠤ ᠤᠬᠠᠭᠤᠯᠤᠨ ᠲᠠᠨᠢᠭᠤᠯᠬᠤ ᠶᠢᠨ ᠲᠦᠯᠦᠬᠡ᠂ ᠲᠤᠰ ᠬᠤᠰᠢᠭᠤ ᠎ ᠨᠢ ︽ᠲᠠᠶᠢᠹᠤᠰᠧ ᠬᠤᠰᠢᠭᠤᠨ ᠤ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠦᠬᠡ︾᠎ ᠶᠢ ᠰᠢᠨ᠎ᠡ ᠪᠠᠷ ᠨᠠᠶᠢᠷᠠᠭᠤᠯᠤᠨ  ᠪᠢᠴᠢᠭᠰᠡᠨ ᠤ ᠬᠠᠮᠳᠤ᠂ 9 ᠮᠢᠨᠦ᠋ᠲ ᠤᠨ ᠤᠬᠠᠭᠤᠯᠭ᠎ᠠ ᠶᠢᠨ ᠹᠢᠯᠢᠮ ᠰᠢᠩᠬᠡᠬᠡᠨ  ᠦᠢᠯᠡᠳᠴᠦ᠂ ᠲᠡᠦᠬᠡ ᠰᠤᠶᠤᠯ᠂ ᠠᠵᠤ ᠠᠬᠤᠢ ᠨᠡᠶᠢᠬᠡᠮ᠂ ᠵᠠᠮ ᠬᠠᠷᠢᠯᠴᠠᠭ᠎ᠠ᠂ ᠪᠠᠶᠢᠭᠠᠯᠢ ᠤᠷᠴᠢᠨ᠂  ᠡᠬᠢ ᠪᠠᠶᠠᠯᠢᠭ᠂  ᠵᠠᠩ ᠢᠷᠭᠡᠨᠰᠢᠯ᠂   ᠭᠠᠷᠤᠯᠳᠠ ᠪᠦᠳᠦᠭᠡᠭᠳᠡᠬᠦᠨ᠂ ᠢᠳᠡᠭᠡᠨ ᠤᠮᠳᠠᠭᠠᠨ  ᠵᠢᠴᠢ ᠵᠢᠭᠤᠯᠴᠢᠯᠠᠯ ᠤᠨ ᠵᠠᠮ ᠱᠤᠭᠤᠮ ᠵᠡᠷᠭᠡ ᠤᠯᠠᠨ ᠲᠠᠯ᠎ᠠ ᠲᠠᠪᠬᠤᠷᠭ᠎ᠠ ᠠᠴᠠ ᠬᠤᠰᠢᠭᠤ ᠨᠤᠳᠤᠭ ᠤᠨ ᠢᠶᠠᠨ  ᠦᠩᠬᠡ ᠲᠦᠷᠬᠦ ᠶᠢ ᠤᠬᠠᠭᠤᠯᠤᠨ ᠲᠠᠨᠢᠯᠴᠠᠭᠤᠯᠤᠭᠰᠠᠨ ᠪᠠᠶᠢᠨ᠎ᠠ᠃  ᠡᠨᠡ  ᠰᠠᠭᠤᠷᠢᠨ ᠲᠡᠭᠡᠷ᠎ᠡ ᠪᠠᠨ ᠪᠠᠰᠠ ᠲᠠᠶᠢᠹᠤᠰᠧ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ᠂ ᠲᠡᠦᠬᠡ ᠰᠤᠶᠤᠯ ᠤᠨ ᠤᠯᠠᠮᠵᠢᠯᠠᠯ᠂ ᠵᠢᠭᠤᠯᠴᠢᠯᠠᠯ ᠤᠨ ᠦᠢᠯᠡᠰ ᠤᠨ ᠦᠷᠨᠢᠯᠳᠡ ᠶᠢ ᠬᠠᠷᠠᠭᠤᠯᠤᠭᠰᠠᠨ 300 ᠭᠠᠷᠤᠢ  ᠵᠢᠷᠤᠭ ᠰᠡᠬᠦᠳᠡᠷ ᠢ ᠰᠤᠩᠭᠤᠨ ᠡᠮᠬᠢᠳᠭᠡᠵᠦ᠂ PPT ᠬᠡᠯᠪᠡᠷᠢ ᠪᠠᠷ ᠤᠬᠠᠭᠤᠯᠭ᠎ᠠ ᠬᠢᠬᠦ ᠶᠢᠨ ᠬᠠᠮᠳᠤ ︽ᠲᠤᠮᠳᠠᠳᠤ ᠤᠯᠤᠰ ᠤᠨ ᠲᠠᠯ᠎ᠠ ᠨᠤᠳᠤᠭ ᠤᠨ ᠬᠠᠭᠠᠨ ᠤ ᠠᠳᠤᠭᠤᠨ ᠰᠤᠶᠤᠯ ᠤᠨ ᠨᠠᠶᠢᠷ︾᠂ ︽ᠬᠦᠨᠪᠤᠯᠠᠭ ᠨᠤᠳᠤᠭ ᠎ ᠤᠨ ᠴᠡᠭᠡ ᠶᠢᠨ  ᠨᠠᠶᠢᠷ︾᠂ ︽ ᠲᠠᠶᠢᠹᠤᠰᠧ ᠬᠤᠰᠢᠭᠤᠨ ᠤ ᠵᠢᠭᠤᠯᠴᠢᠯᠠᠯ ᠤᠨ ᠵᠢᠯᠤᠭᠤᠳᠤᠮᠵᠢ︾ ᠵᠡᠷᠭᠡ ᠵᠢᠷᠤᠭᠳᠤ ᠲᠡᠪᠳᠡᠷ ᠢ ᠨᠡᠶᠢᠳᠡ 10000 ᠭᠠᠷᠤᠢ ᠬᠤᠪᠢ ᠭᠡᠪᠯᠡᠬᠦᠯᠦᠭᠡᠳ᠂ ᠤᠬᠠᠭᠤᠯᠭ᠎ᠠ ᠶᠢᠨ ᠭᠠᠷᠠᠭ ᠲᠤ ᠲᠠᠷᠬᠠᠭᠠᠬᠤ ᠪᠠᠷ ᠪᠤᠯᠵᠠᠢ᠃ ᠲᠤᠰ ᠬᠤᠰᠢᠭᠤ ᠨᠢ  ᠪᠠᠰᠠ ᠤᠷᠤᠨ ᠨᠤᠳᠤᠭ ᠤᠨ ᠨᠡᠷᠡᠳᠦ ᠪᠦᠳᠦᠭᠡᠭᠳᠡᠬᠦᠨ ︽ᠲᠠᠯ᠎ᠠ ᠨᠤᠳᠤᠭ︾ ᠬᠠᠷ᠎ᠠ ᠠᠷᠢᠬᠢ᠂  ︽ᠬᠤᠩ ᠵᠢᠩ ᠶᠤᠸᠠᠨ︾   ᠶᠠᠮᠠ ᠶᠢᠨ ᠦᠷ᠎ᠡ ᠶᠢᠨ ᠲᠤᠰᠤ  ᠵᠢᠴᠢ  ᠬᠠᠳᠠᠭᠰᠠᠨ ᠪᠤᠷᠴᠠ  ᠂ ᠲᠦᠮᠦᠰᠦ ᠮᠡᠳᠦ ᠶᠢᠨ 100 ᠭᠠᠷᠤᠢ ᠵᠦᠢᠯ ᠤᠨ ᠤᠨᠴᠠᠯᠢᠭᠳᠤ ᠪᠠᠷᠠᠭ᠎ᠠ ᠲᠠᠸᠠᠷ᠂  ᠪᠤᠬᠢᠷᠳᠤᠯ ᠦᠬᠡᠢ ᠭᠠᠷᠤᠯᠳᠠ ᠪᠦᠳᠦᠭᠡᠭᠳᠡᠬᠦᠨ  ᠎ ᠢ  ᠰᠤᠩᠭᠤᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠯᠠᠭᠴᠢᠳ ᠲᠤ ᠲᠡᠯᠬᠡᠨ  ᠦᠵᠡᠬᠦᠯᠵᠦ᠂ ᠠᠮᠳᠠᠯᠠᠭᠤᠯᠤᠨ ᠲᠠᠨᠢᠭᠤᠯᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号