ᠠᠷᠪᠢᠨᠨᠡᠮᠡᠬᠦ
ᠨᠡᠶᠢᠲᠡᠯᠡᠭᠰᠡᠨ ᠴᠠᠭ᠄
2017/8/25
   ᠠᠷᠪᠢᠨᠨᠡᠮᠡᠬᠦ — ︵1905 —1968︶᠂  ᠲᠠᠶᠢᠹᠤᠰᠧ ᠵᠡᠬᠦᠨ ᠭᠠᠷ ᠰᠦᠷᠦᠭ ᠤᠨ ᠬᠦᠪᠡᠭᠡᠳᠦ ᠴᠠᠭᠠᠨ  ᠰᠤᠮᠤ ᠶᠢᠨ ᠵᠢᠷᠠᠨ ᠤᠰᠤᠨ   ᠤ ᠬᠦᠮᠦᠨ᠃ ᠭᠡᠷᠡᠶᠢᠳ ᠤᠪᠤᠭᠳᠠᠨ᠃ 8 ᠨᠠᠰᠤᠳᠠᠢ ᠲᠠᠭᠠᠨ ᠪᠠᠨᠳᠢ ᠪᠤᠯᠵᠤ᠂ 13 ᠨᠠᠰᠤᠨ ᠠᠴᠠ ᠪᠠᠨ ᠮᠤᠩᠭᠤᠯ᠂ ᠬᠢᠳᠡᠳ᠂ ᠮᠠᠨᠵᠤ ᠪᠢᠴᠢᠭ ᠰᠤᠷᠴᠤ᠂  ᠲᠡᠭᠡᠷ᠎ᠡ ᠵᠠᠭᠤᠨ ᠤ ᠬᠤᠷᠢᠭᠠᠳ ᠤᠨ ᠠᠴᠠ ᠡᠬᠢᠯᠡᠨ ᠲᠠᠶᠢᠹᠤᠰᠧ ᠵᠡᠬᠦᠨ ᠭᠠᠷ ᠰᠦᠷᠦᠭ ᠤᠨ ᠭᠤᠷᠪᠠᠨ ᠦᠶ᠎ᠡ ᠶᠢᠨ ᠠᠮᠪᠠᠨ ᠲᠠᠮᠠᠭ᠎ᠠ ᠶᠢᠨ ᠭᠠᠵᠠᠷ ᠪᠢᠴᠢᠭᠡᠴᠢ  ᠶᠢᠨ ᠠᠵᠢᠯ ᠢ 21 ᠵᠢᠯ ᠬᠢᠵᠡᠢ᠃ 1936 ᠤᠨ ᠳᠤ ᠲᠠᠶᠢᠹᠤᠰᠧ ᠵᠡᠬᠦᠨ ᠭᠠᠷ ᠰᠦᠷᠦᠭ   ᠢ ᠲᠠᠶᠢᠹᠤᠰᠧ ᠵᠡᠬᠦᠨ ᠭᠠᠷ ᠬᠤᠰᠢᠭᠤ ᠪᠤᠯᠭᠠᠨ ᠦᠬᠡᠷᠡᠴᠢᠯᠡᠭᠰᠡᠨ ᠤ ᠲᠠᠷᠠᠭ᠎ᠠ 31 ᠨᠠᠰᠤᠳᠠᠢ ᠳᠠᠭᠠᠨ ᠬᠤᠰᠢᠭᠤ ᠶᠠᠮᠤᠨ ᠤ ᠨᠢᠬᠳᠠᠯᠠᠨ ᠪᠤᠳᠤᠭᠴᠢ ᠶᠢᠨ ᠬᠤᠪᠢᠶᠠᠷᠢ ᠶᠢᠨ ᠲᠠᠷᠤᠭ᠎ᠠ ᠪᠤᠯᠵᠤ᠂ ᠬᠤᠷᠢᠳᠤᠭᠠᠷ ᠵᠠᠭᠤᠨ ᠤ ᠲᠦᠴᠢᠭᠡᠳ ᠤᠨ ᠤ ᠡᠬᠢ ᠪᠠᠷ ᠲᠠᠶᠢᠹᠤᠰᠧ ᠵᠡᠬᠦᠨ ᠭᠠᠷ ᠬᠤᠰᠢᠭᠤᠨ ᠤ ᠭᠤᠷᠪᠠᠳᠤᠭᠠᠷ ᠰᠤᠮᠤᠨ ᠤ ᠠᠷᠠᠬᠤ ᠬᠤᠰᠠᠢ ︵ᠲᠡᠳ᠋ ᠰᠤᠮᠤᠨ ᠲᠠᠷᠤᠭ᠎ᠠ︶  ᠪᠠᠷ ᠲᠡᠪᠰᠢᠬᠦᠯᠦᠭᠳᠡᠵᠡᠢ᠃ 1953 ᠤᠨ ᠳᠤ ᠲᠠᠶᠢᠹᠤᠰᠧ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠠᠷ ᠰᠤᠩᠭᠤᠭᠳᠠᠨ ᠬᠤᠷᠠᠯ ᠳᠤ ᠤᠷᠤᠯᠴᠠᠭᠰᠠᠨ ᠪᠦᠬᠡᠳ 1956 ᠤᠨ ᠳᠤ ᠴᠠᠬᠠᠷ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠬᠤᠷᠠᠯ ᠳᠤ ᠲᠦᠯᠦᠭᠡᠯᠡᠭᠴᠢ ᠪᠠᠷ ᠰᠤᠩᠭᠤᠭᠳᠠᠵᠤ᠂ ᠬᠤᠷᠠᠯ ᠲᠡᠭᠡᠷ᠎ᠡ ᠨᠠᠯ ᠠᠵᠤ ᠠᠬᠤᠢ ᠶᠢᠨ ᠦᠢᠯᠡᠳᠪᠦᠷᠢᠯᠡᠯ ᠤᠨ ᠲᠤᠬᠠᠢ ᠰᠠᠨᠠᠯ ᠲᠤᠷᠠᠳᠤᠯᠭ᠎ᠠ ᠪᠠᠨ ᠲᠡᠪᠰᠢᠬᠦᠯᠪᠡ᠃ 1957 ᠤᠨ ᠳᠤ ᠲᠠᠬᠢᠨᠳᠠ ᠠᠷᠠᠳ ᠤᠨ ᠲᠦᠯᠢᠭᠡᠯᠡᠭᠴᠢ ᠪᠠᠷ ᠰᠤᠩᠭᠤᠭᠳᠠᠵᠤ᠂ ᠴᠠᠬᠠᠷ ᠠᠶᠢᠮᠠᠭ ᠤᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠭᠠᠳ ᠦᠨᠡᠷ ᠤᠨ ᠰᠠᠨᠠᠯ ᠲᠤᠷᠠᠳᠤᠯᠭ᠎ᠠ ᠪᠠᠨ ᠲᠡᠪᠰᠢᠬᠦᠯᠵᠡᠢ᠃ ᠠᠷᠪᠢᠨᠨᠡᠮᠡᠬᠦ ᠨᠡᠶᠢᠬᠡᠮ ᠤᠨ ᠦᠢᠯᠡᠰ ᠲᠤ ᠬᠠᠯᠠᠭᠤᠨ ᠰᠡᠳᠬᠢᠯ ᠲᠠᠢ  ᠬᠦᠮᠦᠨ ᠪᠠᠶᠢᠵᠤ᠂  ᠦᠪᠡᠷᠳᠡᠭᠡᠨ ᠪᠠᠰᠠ ᠮᠠᠯ ᠤᠨ ᠡᠮᠴᠢ ᠪᠤᠯᠬᠤᠷ ᠨᠤᠳᠤᠭ ᠤᠰᠤᠨ ᠤ ᠬᠢᠨ ᠳᠠᠭᠠᠨ  ᠮᠠᠯ ᠤᠨ ᠡᠪᠡᠳᠴᠢᠨ ᠬᠡᠮ ᠢ ᠦᠨ᠎ᠡ ᠲᠦᠯᠦᠪᠦᠷᠢ ᠦᠬᠡᠢ  ᠡᠮᠨᠡᠨ  ᠵᠠᠰᠠᠵᠤ ᠦᠭᠳᠡᠭ  ᠪᠠᠶᠢᠯ᠎ᠠ᠃  ᠰᠤᠶᠤᠯ ᠤᠨ ᠬᠤᠪᠢᠰᠬᠠᠯ ᠲᠤᠮᠳᠠ  ᠤᠯᠠᠨ ᠠᠷᠪᠢᠨ ᠶᠠᠯᠠᠳᠤ ᠨᠡᠷ᠎ᠡ ᠵᠡᠬᠦᠵᠦ᠂ ᠪᠡᠶ᠎ᠡ ᠮᠠᠬᠠᠪᠤᠳ ᠪᠠ ᠤᠶᠤᠨ ᠰᠠᠨᠠᠭᠠᠨ ᠤ ᠲᠠᠷᠴᠢᠯᠭᠠᠯ ᠢ ᠬᠦᠢᠴᠡᠳ ᠠᠮᠰᠠᠭᠠᠳ᠂ 1968 ᠤᠨ ᠤ 11 ᠰᠠᠷ᠎ᠠ ᠶᠢᠨ1 ᠤ ᠡᠳᠦᠷ ᠨᠠᠰᠤᠨ ᠡᠴᠦᠰᠯᠡᠪᠡ᠃ ᠰᠤᠶᠤᠯ ᠪᠢᠴᠢᠭ ᠤᠨ ᠰᠠᠭᠤᠷᠢ ᠲᠠᠢ ᠬᠦᠮᠦᠨ ᠪᠤᠯᠬᠤᠷ ᠨᠡᠯᠢᠶᠡᠳ ᠤᠯᠠᠨ ᠪᠢᠴᠢᠭ ᠰᠤᠳᠤᠷ ᠬᠠᠳᠠᠭᠠᠯᠠᠵᠤ  ᠪᠠᠶᠢᠭᠰᠠᠨ᠂ ᠰᠤᠶᠤᠯ ᠤᠨ ᠬᠤᠪᠢᠰᠬᠠᠯ ᠲᠡᠭᠡᠷ᠎ᠡ ᠪᠦᠬᠦᠨ ᠢ ᠦᠬᠡᠶᠢᠬᠢᠵᠡᠢ᠃ 1980 ᠤᠨ ᠳᠤ ᠬᠢᠯᠢᠰ ᠢ ᠨᠢ ᠴᠠᠭᠠᠳᠬᠠᠵᠤ᠂ ᠨᠡᠷ᠎ᠡ ᠬᠦᠨᠳᠦ  ᠶᠢ ᠰᠡᠷᠬᠦᠭᠡᠭᠰᠡᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号