ᠬᠢᠨᠠᠨ ᠪᠤᠳᠤᠬᠤ ᠲᠤᠪᠴᠢᠶ᠎ᠠ
ᠨᠡᠶᠢᠲᠡᠯᠡᠭᠰᠡᠨ ᠴᠠᠭ᠄
2017/8/29
  ᠤᠯᠤᠰ ᠤᠨ ᠬᠢᠨᠠᠨ ᠪᠤᠳᠤᠬᠤ ᠴᠢᠭᠯᠡᠯᠳᠡ ᠲᠦᠷᠦ ᠶᠢᠨ ᠪᠤᠳᠤᠯᠭ᠎ᠠ  ᠂ ᠬᠠᠤᠯᠢ ᠲᠦᠷᠢᠮ ᠢ ᠲᠤᠤᠱᠯᠠᠭᠤᠯᠤᠨ ᠭᠡᠷᠡᠭᠵᠢᠬᠦᠯᠵᠦ᠂ ᠠᠶᠢᠮᠠᠭ᠂ ᠬᠤᠰᠢᠭᠤᠨ ᠤ ᠲᠤᠰᠢᠶᠠᠭᠰᠠᠨ ᠡᠯ᠎ᠡ ᠵᠦᠢᠯ ᠤᠨ ᠬᠢᠨᠠᠨ ᠪᠤᠳᠤᠬᠤ ᠠᠵᠢᠯ ᠡᠬᠦᠷᠭᠡ ᠶᠢ ᠬᠦᠢᠴᠡᠳᠭᠡᠨ᠎ᠡ᠃ ᠠᠶᠢᠮᠠᠭ ᠤᠨ ᠬᠢᠨᠠᠨ ᠪᠤᠳᠤᠬᠤ ᠲᠤᠪᠴᠢᠶ᠎ᠠ  ᠪᠠ ᠬᠤᠰᠢᠭᠤ ᠵᠠᠰᠠᠭ ᠤᠨ ᠤᠷᠳᠤᠨ ᠳᠤ ᠠᠵᠢᠯ  ᠢᠶᠠᠨ ᠮᠡᠳᠡᠬᠦᠯᠦᠨ᠎ᠡ᠃  ᠪᠤᠳᠠᠳᠠᠢ ᠲᠠᠢ ᠪᠠᠨ ᠤᠶᠠᠯᠳᠤᠭᠤᠯᠤᠨ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ  ᠂ ᠬᠠᠤᠯᠢ ᠲᠦᠷᠢᠮ ᠢ  ᠲᠡᠬᠦᠯᠳᠡᠷᠵᠢᠬᠦᠯᠬᠦ ᠪᠠ ᠲᠤᠭᠳᠠᠭᠠᠬᠤ ᠰᠠᠨᠠᠭᠤᠯᠭ᠎ᠠ ᠶᠢ  ᠲᠤᠷᠠᠳᠤᠨ᠎ᠠ᠃ ︽ᠬᠢᠨᠠᠨ ᠪᠤᠳᠤᠬᠤ ᠬᠠᠤᠯᠢ︾ ᠶᠢᠨ ᠲᠤᠭᠳᠠᠭᠠᠯ ᠢ ᠦᠨᠳᠦᠰᠦᠯᠡᠨ᠂ ᠲᠡᠭᠡᠳᠦ ᠱᠠᠳᠤᠨ ᠤ ᠬᠢᠨᠠᠨ ᠪᠤᠳᠤᠬᠤ ᠰᠠᠯᠠᠭ᠎ᠠ ᠮᠦᠴᠢᠷ ᠤᠨ ᠵᠢᠯᠤᠭᠤᠳᠤᠯᠭ᠎ᠠ ᠪᠠ ᠬᠤᠰᠢᠭᠤ ᠵᠠᠰᠠᠭ ᠤᠨ ᠤᠷᠳᠤᠨ ᠤ ᠤᠳᠤᠷᠢᠳᠤᠯᠭ᠎ᠠ ᠲᠤᠤᠷ᠎ᠠ  ᠡᠯ᠎ᠡ ᠵᠦᠢᠯ ᠤᠨ ᠬᠢᠨᠠᠨ ᠪᠤᠳᠤᠬᠤ ᠠᠵᠢᠯ ᠢ ᠦᠷᠨᠢᠬᠦᠯᠦᠨ᠎ᠡ᠃ᠬᠤᠰᠢᠭᠤ ᠵᠠᠰᠠᠭ ᠤᠨ ᠤᠷᠳᠤᠨ ᠪᠠ ᠠᠶᠢᠮᠠᠭ ᠤᠨ ᠬᠢᠨᠠᠨ ᠪᠤᠳᠤᠬᠤ ᠲᠤᠪᠴᠢᠶ᠎ᠠ  ᠳᠤ ᠬᠤᠰᠢᠭᠤ ᠱᠠᠳᠤᠨ ᠤ ᠲᠦᠰᠦᠪ ᠤᠨ ᠭᠡᠷᠡᠭᠵᠢᠬᠦᠯᠦᠭᠰᠡᠨ ᠪᠠᠶᠢᠳᠠᠯ ᠤᠨ ᠲᠤᠬᠠᠢ ᠮᠡᠳᠡᠬᠦᠯᠦᠯᠳᠡ ᠬᠢᠨ᠎ᠡ︔ ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠳᠤ ᠲᠤᠰ ᠱᠠᠳᠤᠨ ᠪᠠᠨ ᠡᠳ᠋ ᠤᠨ ᠵᠠᠰᠠᠭ ᠤᠨ ᠲᠦᠰᠦᠪ   ᠢ ᠭᠡᠷᠡᠭᠵᠢᠬᠦᠯᠦᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢ ᠬᠢᠨᠠᠨ ᠪᠤᠳᠤᠭᠰᠠᠨ ᠮᠡᠳᠡᠬᠦᠯᠦᠯᠳᠡ ᠬᠢᠨ᠎ᠡ᠃ ᠤᠯᠤᠰ᠂ ᠤᠷᠤᠨ᠂ ᠠᠶᠢᠮᠠᠭ ᠤᠨ ᠡᠳ᠋ ᠤᠨ ᠵᠠᠰᠠᠭ ᠠᠵᠤ ᠠᠬᠤᠢ ᠶᠢ ᠴᠢᠭᠯᠡᠯᠳᠡ ᠲᠦᠷᠦ ᠶᠢᠨ ᠪᠤᠳᠤᠯᠭ᠎ᠠ᠂ ᠬᠤᠷᠸ᠎ᠠ ᠲᠤᠬᠢᠷᠠᠭᠤᠯᠭ᠎ᠠ ᠶᠢᠨ ᠠᠷᠭ᠎ᠠ  ᠠᠪᠴᠢᠯ ᠤᠨ ᠲᠤᠬᠠᠢ ᠬᠢᠨᠠᠨ ᠪᠤᠳᠤᠬᠤ ᠠᠵᠢᠯ ᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠎ᠡ  ︔ ᠨᠠᠮ ᠵᠠᠰᠠᠭ ᠤᠨ ᠪᠠᠶᠢᠭᠤᠯᠭ᠎ᠠ  ᠬᠢᠭᠡᠳ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠤᠳᠤᠷᠢᠳᠬᠤ ᠺᠠᠳᠠᠷ ᠲᠤ ᠲᠤᠰᠢᠶᠠᠯ ᠡᠬᠦᠷᠭᠡᠯᠡᠬᠦ ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠬᠢᠨ᠎ᠡ  ᠃ ᠬᠠᠮᠢᠶ᠎ᠠ ᠪᠦᠬᠦᠢ ᠬᠠᠤᠯᠢ ᠲᠦᠷᠢᠮ ᠢ ᠦᠨᠳᠦᠰᠦᠯᠡᠵᠦ᠂ ᠤᠯᠤᠰ ᠤᠨ ᠦᠮᠴᠢᠯᠡᠯᠳᠦ ᠠᠵᠤ ᠠᠬᠤᠶᠢᠯᠠᠯ  ᠪᠠ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠬᠢᠨᠠᠨ ᠪᠤᠳᠤᠯᠳᠠ ᠬᠢᠨ᠎ᠡ᠃ ᠲᠤᠳᠤᠭᠠᠳᠤ  ᠶᠢᠨ ᠬᠢᠨᠠᠨ ᠪᠤᠳᠤᠯᠳᠠ ᠳᠤ ᠬᠢᠨᠨᠠᠯᠳᠠ ᠲᠠᠯᠪᠢᠨ᠎ᠠ︔ ᠨᠡᠶᠢᠬᠡᠮ ᠤᠨ ᠬᠢᠨᠠᠨ ᠪᠤᠳᠤᠬᠤ ᠵᠤᠬᠢᠶᠠᠨ ᠪᠠᠶᠢᠭᠤᠯᠤᠯᠳᠠ ᠶᠢᠨ ᠲᠤᠬᠠᠶᠢᠯᠠᠭᠰᠠᠨ ᠠᠵᠢᠯ ᠳᠤ ᠴᠢᠨᠠᠷ ᠤᠨ ᠬᠢᠨᠠᠯᠳᠠ ᠲᠠᠯᠪᠢᠨ᠎ᠠ︔ ᠬᠢᠨᠠᠨ ᠪᠤᠳᠤᠬᠤ ᠲᠤᠰᠬᠠᠢ ᠮᠡᠷᠭᠡᠵᠢᠯ ᠤᠨ ᠪᠤᠯᠪᠠᠰᠤᠷᠠᠯ ᠢ ᠵᠤᠬᠢᠶᠠᠨ ᠪᠠᠶᠢᠭᠤᠯᠵᠤ ᠦᠷᠨᠢᠬᠦᠯᠦᠨ᠎ᠡ᠃ ᠬᠤᠰᠢᠭᠤ ᠨᠠᠮ ᠵᠠᠰᠠᠭ ᠪᠠ ᠲᠡᠭᠡᠳᠦ ᠱᠠᠳᠤᠨ ᠤ ᠰᠠᠯᠠᠭ᠎ᠠ ᠮᠦᠴᠢᠷ ᠠᠴᠠ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠬᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号