ᠲᠤᠭ᠎ᠠ ᠪᠦᠷᠢᠳᠭᠡᠯ ᠤᠨ ᠲᠤᠪᠴᠢᠶ᠎ᠠ
ᠨᠡᠶᠢᠲᠡᠯᠡᠭᠰᠡᠨ ᠴᠠᠭ᠄
2017/8/29
    ᠤᠯᠤᠰ᠂ ᠤᠷᠤᠨ ᠤ ᠲᠤᠭ᠎ᠠ ᠪᠦᠷᠢᠳᠭᠡᠯ ᠤᠨ ᠠᠵᠢᠯ ᠤᠨ ᠴᠢᠭᠯᠡᠯᠳᠡ ᠲᠦᠷᠦ ᠶᠢᠨ ᠪᠤᠳᠤᠯᠭ᠎ᠠ ᠪᠠ ᠬᠠᠤᠯᠢ ᠲᠦᠷᠢᠮ ᠢ ᠲᠤᠤᠱᠯᠠᠭᠤᠯᠵᠤ᠂ ᠪᠦᠬᠦ ᠬᠤᠰᠢᠭᠤᠨ ᠤ ᠲᠤᠭ᠎ᠠ ᠪᠦᠷᠢᠳᠭᠡᠯ ᠤᠨ ᠦᠬᠡᠷᠡᠴᠢᠯᠡᠯᠳᠡ ᠶᠢᠨ ᠲᠦᠰᠦᠪ ᠲᠦᠯᠦᠪᠵᠢᠬᠦᠯᠬᠡ   ᠶᠢ ᠲᠤᠭᠳᠠᠭᠠᠨ᠎ᠠ᠃ ᠤᠯᠤᠰ ᠤᠨ  ᠲᠤᠭ᠎ᠠ ᠪᠦᠷᠢᠳᠭᠡᠯ ᠤᠨ ᠨᠢᠬᠡᠳᠦᠯᠳᠡᠢ ᠲᠦᠷᠢᠮ ᠶᠤᠰᠤᠭᠠᠷ᠂ ᠤᠯᠤᠰ ᠠᠷᠠᠳ ᠤᠨ ᠠᠵᠤ ᠠᠬᠤᠢ   ᠶᠢᠨ ᠲᠤᠭᠠᠴᠠᠭ᠎ᠠ ᠪᠠ ᠲᠤᠭ᠎ᠠ ᠪᠦᠷᠢᠳᠭᠡᠯ ᠤᠨ ᠵᠢᠭᠠᠯᠳᠠ ᠲᠤᠭᠠᠨ ᠤ ᠰᠢᠰᠲ᠋ᠧᠮᠵᠢ ᠶᠢ ᠪᠠᠶᠢᠭᠤᠯᠵᠤ᠂ ᠪᠦᠬᠦ ᠬᠤᠰᠢᠭᠤᠨ ᠤ ᠲᠤᠭ᠎ᠠ ᠪᠦᠷᠢᠳᠭᠡᠯ ᠤᠨ ᠲᠦᠷᠢᠮ ᠢ ᠲᠤᠭᠳᠠᠨ᠎ᠠ︔ ᠲᠤᠰ ᠬᠤᠰᠢᠭᠤᠨ ᠤ ᠲᠤᠭ᠎ᠠ ᠪᠦᠷᠢᠳᠭᠡᠯ ᠤᠨ ᠪᠠᠷᠢᠮᠵᠢᠶ᠎ᠠ ᠶᠢ ᠲᠤᠭᠳᠠᠭᠠᠵᠤ᠂  ᠰᠠᠯᠠᠭ᠎ᠠ ᠮᠦᠴᠢᠷ ᠤᠨ ᠲᠤᠭ᠎ᠠ ᠪᠦᠷᠢᠳᠭᠡᠯ  ᠤᠨ ᠪᠠᠷᠢᠮᠵᠢᠶ᠎ᠠ ᠶᠢ ᠬᠢᠨᠠᠨ ᠲᠤᠭᠳᠠᠭᠠᠨ᠎ᠠ︔ ᠪᠦᠬᠦ ᠬᠤᠰᠢᠭᠤᠨ ᠤ ᠲᠤᠭ᠎ᠠ ᠪᠦᠳᠢᠷᠭᠡᠯ ᠤᠨ ᠪᠠᠶᠢᠴᠠᠭᠠᠯᠳᠠ ᠶᠢᠨ ᠲᠦᠷᠦᠯ ᠵᠦᠢᠯ ᠢ ᠵᠤᠬᠢᠶᠠᠨ ᠪᠠᠶᠢᠭᠤᠯᠬᠤ ᠬᠠᠮᠢᠶᠠᠷᠤᠨ᠂  ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠲᠤᠭ᠎ᠠ ᠪᠦᠷᠢᠳᠭᠡᠯ ᠤᠨ ᠪᠠᠶᠢᠴᠠᠭᠠᠯᠳᠠ ᠶᠢᠨ ᠲᠦᠰᠦᠪ ᠲᠦᠯᠦᠪᠯᠡᠭᠡ ᠶᠢ ᠬᠢᠨᠠᠨ ᠵᠦᠪᠰᠢᠶᠡᠷᠡᠨ᠎ᠡ᠃ ᠤᠯᠤᠰ᠂ ᠤᠷᠤᠨ᠂ ᠠᠶᠢᠮᠠᠭ ᠤᠨ ᠨᠡᠶᠢᠳᠡᠮ ᠪᠠᠶᠢᠴᠠᠭᠠᠯᠳᠠ ᠶᠢᠨ ᠲᠦᠰᠦᠪ ᠶᠤᠰᠤᠭᠠᠷ᠂  ᠲᠤᠰ ᠬᠤᠰᠢᠭᠤᠨ ᠤ ᠪᠠᠨ ᠨᠡᠶᠢᠳᠡᠮ ᠪᠠᠶᠢᠴᠠᠭᠠᠯᠳᠠ ᠶᠢᠨ ᠠᠵᠢᠯ ᠢ ᠰᠤᠳᠤᠯᠤᠨ ᠲᠤᠭᠳᠠᠵᠤ᠂ ᠵᠦᠪᠰᠢᠶᠡᠷᠡᠬᠦᠯᠦᠭᠰᠡᠨ ᠤ ᠲᠠᠷᠠᠭ᠎ᠠ ᠵᠤᠬᠢᠶᠠᠨ ᠪᠠᠶᠢᠭᠤᠯᠵᠤ ᠭᠡᠷᠡᠭᠵᠢᠬᠦᠯᠦᠨ᠎ᠡ︔ ᠡᠯ᠎ᠡ ᠰᠠᠯᠠᠭ᠎ᠠ ᠮᠦᠴᠢᠷ ᠤᠨ ᠠᠵᠤ ᠠᠬᠤᠢ ᠨᠡᠶᠢᠬᠡᠮ ᠤᠨ ᠪᠠᠶᠢᠴᠠᠭᠠᠯᠳᠠ  ᠪᠠ ᠬᠤᠷᠢᠶᠠᠩᠭᠤᠶᠢᠯᠠᠵᠤ᠂ ᠡᠮᠬᠢᠳᠭᠡᠬᠦ ᠠᠵᠢᠯ ᠢ ᠨᠢᠬᠡᠳᠦᠯᠳᠡᠢ ᠵᠤᠬᠢᠶᠠᠨ ᠪᠠᠶᠢᠭᠤᠯᠵᠤ ᠬᠢᠨ᠎ᠡ︔ ᠤᠯᠤᠰ ᠠᠷᠠᠳ ᠤᠨ ᠠᠵᠤ ᠠᠬᠤᠢ᠂ ᠰᠢᠨᠵᠢᠯᠡᠭᠡ ᠮᠡᠷᠭᠡᠵᠢᠯ ᠤᠨ ᠲᠠᠪᠰᠢᠯᠳᠠ ᠶᠢᠨ ᠪᠠᠶᠢᠳᠠᠯ  ᠵᠡᠷᠭᠡ ᠳᠤ ᠵᠠᠳᠠᠯᠤᠯᠳᠠ ᠬᠢᠵᠦ᠂ ᠬᠤᠰᠢᠭᠤ ᠨᠠᠮ ᠵᠠᠰᠠᠭ  ᠪᠠ ᠬᠤᠯᠪᠤᠭᠳᠠᠬᠤ ᠰᠠᠯᠠᠭ᠎ᠠ ᠮᠦᠴᠢᠷ ᠲᠤ ᠲᠤᠭ᠎ᠠ ᠪᠦᠷᠢᠳᠭᠡᠯ ᠤᠨ ᠮᠡᠳᠡᠭᠡ ᠵᠠᠩᠬᠢ ᠬᠢᠭᠡᠳ ᠯᠠᠪᠯᠠᠯᠳᠠ  ᠶᠢᠨ ᠦᠢᠯᠡᠴᠢᠯᠡᠭᠡ ᠬᠠᠩᠭᠠᠨ᠎ᠠ᠃ ᠪᠦᠬᠦ ᠬᠤᠰᠢᠭᠤᠨ ᠤ ᠴᠢᠨᠠᠷᠳᠠᠢ ᠲᠤᠭ᠎ᠠ ᠪᠦᠷᠢᠳᠭᠡᠯ ᠤᠨ ᠡᠬᠢ ᠪᠠᠶᠠᠯᠢᠭ ᠢ ᠨᠢᠬᠡᠳᠦᠯᠳᠡᠢ ᠬᠠᠮᠢᠶᠠᠷᠴᠤ᠂ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ  ᠪᠠ ᠨᠡᠶᠢᠬᠡᠮ ᠤᠨ ᠬᠦᠭᠵᠢᠯᠳᠡ ᠶᠢᠨ ᠪᠠᠶᠢᠳᠠᠯ ᠲᠤ ᠲᠤᠬᠠᠢ ᠲᠤᠭ᠎ᠠ ᠪᠦᠷᠢᠳᠭᠡᠯ ᠤᠨ ᠮᠡᠳᠡᠭᠡ ᠵᠠᠩᠬᠢ ᠶᠢ ᠲᠤᠭᠳᠠᠮᠠᠯ ᠬᠤᠭᠤᠴᠠᠭᠠᠨ ᠳᠤ ᠨᠡᠶᠢᠳᠡᠯᠡᠨ᠎ᠡ᠃ ᠪᠦᠬᠦ ᠬᠤᠰᠢᠭᠤᠨ ᠤ ᠲᠤᠭ᠎ᠠ ᠪᠦᠷᠢᠳᠭᠡᠯ ᠤᠨ ᠠᠵᠢᠯ ᠤᠨ ᠰᠤᠷᠤᠯᠴᠠᠯᠭ᠎ᠠ ᠪᠤᠯᠪᠠᠰᠤᠷᠠᠯ   ᠢ ᠵᠤᠬᠢᠶᠠᠨ ᠪᠠᠶᠢᠭᠤᠯᠵᠤ ᠦᠷᠨᠢᠬᠦᠯᠦᠨ᠎ᠡ᠃  ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠳᠤ ᠬᠠᠮᠵᠢᠯᠴᠠᠨ᠂  ᠡᠯ᠎ᠡ ᠵᠦᠢᠯ  ᠤᠨ ᠲᠤᠰᠬᠠᠢ ᠲᠦᠷᠦᠯ ᠤᠨ ᠪᠠᠶᠢᠴᠠᠭᠠᠯᠳᠠ ᠶᠢ ᠵᠤᠬᠢᠶᠠᠨ ᠪᠠᠶᠢᠭᠤᠯᠵᠤ ᠭᠡᠷᠡᠭᠵᠢᠬᠦᠯᠦᠨ᠎ᠡ᠃ ᠬᠤᠰᠢᠭᠤ ᠨᠠᠮ ᠵᠠᠰᠠᠭ ᠪᠠ ᠲᠡᠭᠡᠳᠦ ᠱᠠᠳᠤᠨ ᠤ ᠰᠠᠯᠠᠭ᠎ᠠ ᠮᠦᠴᠢᠷ ᠠᠴᠠ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠬᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号