ᠠᠵᠤ ᠠᠬᠤᠢ ᠪᠠ ᠮᠡᠳᠡᠭᠡ ᠵᠠᠩᠬᠢᠵᠢᠭᠤᠯᠤᠯᠳᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2017/8/29
    ᠤᠯᠤᠰ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯ ᠤᠨ ᠴᠢᠭᠯᠡᠯᠳᠡ ᠲᠦᠷᠦ ᠶᠢᠨ ᠪᠤᠳᠤᠯᠭ᠎ᠠ ᠪᠠ ᠬᠠᠤᠯᠢ ᠲᠦᠷᠢᠮ   ᠢ  ᠲᠤᠤᠱᠯᠠᠭᠤᠯᠤᠨ ᠭᠡᠷᠡᠭᠵᠢᠬᠦᠯᠬᠦ ᠠᠷᠭ᠎ᠠ ᠪᠠᠷᠢᠯ ᠢ ᠰᠤᠳᠤᠯᠤᠨ ᠲᠤᠷᠠᠳᠴᠤ᠂  ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ᠂ ᠲᠤᠮᠳᠠ ᠤᠷᠳᠤ ᠬᠤᠭᠤᠴᠠᠭᠠᠨ ᠤ ᠲᠦᠯᠦᠪᠵᠢᠬᠦᠯᠬᠡ ᠪᠠ ᠵᠢᠯ ᠤᠨ ᠲᠦᠯᠦᠪᠯᠡᠭᠡ ᠶᠢ  ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠵᠤ ᠭᠡᠷᠡᠭᠵᠢᠬᠦᠯᠦᠨ᠂  ᠠᠵᠤ ᠦᠢᠯᠡᠳᠪᠦᠷᠢ ᠶᠢᠨ ᠠᠵᠤ ᠠᠬᠤᠢ ᠶᠢ ᠬᠦᠭᠵᠢᠬᠦᠯᠬᠦ ᠪᠠ ᠠᠵᠤ ᠦᠢᠯᠡᠳᠪᠦᠷᠢ  ᠶᠢᠨ ᠠᠵᠤ ᠠᠬᠤᠢ ᠶᠢᠨ ᠪᠦᠳᠦᠴᠡ ᠶᠢ ᠰᠢᠯᠢᠳᠡᠭᠵᠢᠬᠦᠯᠬᠦ ᠠᠷᠭ᠎ᠠ ᠪᠠ ᠬᠠᠷᠠᠯᠳᠠ ᠶᠢ ᠲᠤᠭᠳᠠᠭᠠᠨ᠎ᠠ᠃ ᠠᠵᠤ ᠦᠢᠯᠡᠰ  ᠤᠨ ᠪᠦᠳᠦᠴᠡ ᠶᠢᠨ ᠲᠤᠬᠢᠷᠠᠭᠤᠯᠭ᠎ᠠ ᠶᠢᠨ ᠰᠠᠨᠠᠯ ᠢ ᠲᠤᠷᠠᠳᠴᠤ᠂ ᠠᠵᠤ ᠦᠢᠯᠡᠳᠪᠦᠷᠢ ᠶᠢᠨ ᠠᠵᠢᠯ ᠲᠦᠷᠦᠯ ᠤᠨ ᠲᠦᠯᠦᠪᠵᠢᠬᠦᠯᠬᠡ ᠶᠢ ᠲᠤᠭᠳᠠᠭᠠᠨ᠎ᠠ︔ ᠠᠵᠤ ᠦᠢᠯᠡᠳᠪᠦᠷᠢ ᠶᠢᠨ ᠠᠵᠢᠯ ᠲᠦᠷᠦᠯ ᠤᠨ ᠨᠡᠶᠢᠬᠡᠮᠯᠢᠭ ᠵᠡᠷᠭᠡ ᠵᠠᠭᠤᠴᠢ ᠵᠤᠬᠢᠶᠠᠨ ᠪᠠᠶᠢᠭᠤᠯᠤᠯᠳᠠ ᠶᠢᠨ ᠦᠬᠡᠷᠡᠴᠢᠯᠡᠯᠳᠡ ᠪᠠ ᠬᠦᠭᠵᠢᠯᠳᠡ ᠶᠢ ᠵᠢᠯᠤᠭᠤᠳᠴᠤ᠂  ᠠᠵᠤ ᠠᠬᠤᠶᠢᠯᠠᠯ ᠳᠤ ᠦᠢᠯᠡᠴᠢᠯᠡᠭᠡ ᠬᠠᠩᠭᠠᠨ᠎ᠠ᠃ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠪᠠ ᠬᠦᠭᠵᠢᠯᠳᠡ ᠶᠢ ᠵᠢᠯᠤᠭᠤᠳᠤᠨ᠂   ᠤᠷᠤᠨ ᠲᠤᠭᠤᠷᠢᠭ ᠤᠨ ᠬᠢᠨᠠᠨ ᠬᠠᠷᠭᠤᠭᠤᠯᠬᠤ᠂ ᠡᠷᠡᠮᠡᠯᠵᠡᠯᠡᠨ ᠮᠡᠳᠡᠬᠦᠯᠬᠦ᠂ ᠬᠢᠨᠠᠨ ᠬᠠᠮᠢᠶᠠᠷᠬᠤ ᠪᠠ  ᠵᠤᠬᠢᠴᠠᠭᠤᠯᠤᠨ ᠦᠢᠯᠡᠴᠢᠯᠡᠬᠦ ᠠᠵᠢᠯ ᠢ ᠬᠢᠨ᠎ᠡ᠃ ᠪᠦᠬᠦ ᠬᠤᠰᠢᠭᠤᠨ ᠤ ᠭᠤᠤᠯᠳᠠᠯᠭᠠᠳᠠᠢ  ᠲᠦᠷᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠲᠦᠯᠦᠪᠵᠢᠬᠦᠯᠬᠡ ᠶᠢ ᠲᠤᠭᠳᠠᠨ ᠭᠡᠷᠡᠭᠵᠢᠬᠦᠯᠵᠦ᠂  ᠲᠤᠭᠳᠠᠭᠰᠠᠨ ᠡᠷᠭᠡ ᠮᠡᠳᠡᠯ ᠶᠤᠰᠤᠭᠠᠷ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ ᠲᠦᠷᠦᠯ ᠵᠦᠢᠯ ᠢ ᠬᠢᠨᠠᠨ ᠬᠠᠷᠭᠤᠭᠤᠯᠬᠤ ᠪᠠ  ᠵᠢᠯᠤᠭᠤᠳᠤᠨ ᠨᠠᠶᠢᠳᠠᠪᠤᠷᠢᠵᠢᠭᠤᠯᠬᠤ ᠠᠵᠢᠯ ᠢ ᠬᠢᠨ᠎ᠡ᠃  ᠲᠤᠮᠳᠠ ᠪᠠᠭ᠎ᠠ ᠠᠵᠤ ᠠᠬᠤᠶᠢᠯᠠᠯ ᠤᠨ ᠬᠦᠭᠵᠢᠯᠳᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠲᠤᠮᠳᠠ ᠪᠠᠭ᠎ᠠ ᠠᠵᠤ ᠠᠬᠤᠶᠢᠯᠠᠯ ᠤᠨ ᠬᠦᠭᠵᠢᠯᠳᠡ ᠶᠢᠨ ᠴᠢᠬᠤᠯᠠ  ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠵᠦ᠂ ᠲᠤᠮᠳᠠ ᠪᠠᠭ᠎ᠠ ᠠᠵᠤ ᠠᠬᠤᠶᠢᠯᠠᠯ ᠢ ᠵᠢᠯᠤᠭᠤᠳᠤᠨ ᠨᠡᠶᠢᠬᠡᠮᠴᠢᠯᠡᠭᠰᠡᠨ ᠦᠢᠯᠡᠴᠢᠯᠡᠬᠡᠨ ᠤ ᠰᠢᠰᠲ᠋ᠧᠮᠵᠢ ᠶᠢ ᠪᠠᠶᠢᠭᠤᠯᠤᠨ᠎ᠠ᠃ ᠠᠵᠤ ᠦᠢᠯᠡᠳᠪᠦᠷᠢ   ᠶᠢᠨ  ᠠᠵᠤ ᠠᠬᠤᠶᠢᠯᠠᠯ ᠢ ᠵᠢᠯᠤᠭᠤᠳᠤᠨ ᠮᠡᠷᠭᠡᠵᠢᠯ ᠤᠨ ᠦᠬᠡᠷᠡᠴᠢᠯᠡᠯᠳᠡ᠂ ᠮᠡᠷᠭᠡᠵᠢᠯ ᠤᠨ ᠰᠢᠨᠡᠴᠢᠯᠡᠯᠳᠡ᠂ ᠮᠡᠷᠭᠡᠵᠢᠯ ᠤᠨ ᠤᠷᠤᠭᠤᠭᠤᠯᠤᠯᠳᠠ ᠶᠢ  ᠬᠢᠨ᠎ᠡ᠃ ᠠᠵᠤ ᠦᠢᠯᠡᠳᠪᠦᠷᠢ ᠶᠢᠨ ᠤᠷᠴᠢᠨ ᠲᠤᠭᠤᠷᠢᠨ ᠤ ᠬᠠᠮᠠᠭᠠᠯᠠᠯᠳᠠ᠂  ᠠᠭᠤᠷᠬᠠᠢ   ᠶᠢᠨ ᠡᠬᠢ ᠪᠠᠶᠠᠯᠢᠭ ᠪᠠ ᠤᠰᠤᠨ ᠤ ᠡᠬᠢ ᠪᠠᠶᠠᠯᠢᠭ ᠤᠨ ᠨᠡᠭᠡᠭᠡᠨ ᠠᠰᠢᠭᠯᠠᠯᠳᠠ ᠶᠢ ᠵᠤᠬᠢᠴᠠᠭᠤᠯᠤᠨ ᠬᠢᠨ᠎ᠡ  ᠃ ᠬᠤᠰᠢᠭᠤ ᠨᠠᠮ ᠵᠠᠰᠠᠭ ᠪᠠ ᠲᠡᠭᠡᠳᠦ ᠱᠠᠳᠤᠨ ᠤ ᠰᠠᠯᠠᠭ᠎ᠠ ᠮᠦᠴᠢᠷ ᠠᠴᠠ ᠲᠤᠰᠢᠶᠠᠭᠰᠠᠨ ᠪᠤᠰᠤᠳ ᠠᠵᠢᠯ ᠡᠬᠦᠷᠭᠡ ᠶᠢ ᠪᠡᠶᠡᠯᠡᠬᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号