ᠰᠤᠷᠭᠠᠨ ᠬᠦᠮᠦᠵᠢᠯ ᠪᠠ ᠰᠢᠨᠵᠢᠯᠡᠭᠡ ᠮᠡᠷᠭᠡᠵᠢᠯ ᠤᠨ ᠲᠤᠪᠴᠢᠶ᠎ᠠ
ᠨᠡᠶᠢᠲᠡᠯᠡᠭᠰᠡᠨ ᠴᠠᠭ᠄
2017/8/29
   ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠲᠤᠬᠠᠢ ᠨᠠᠮ ᠪᠠ ᠤᠯᠤᠰ ᠤᠨ ᠴᠢᠭᠯᠡᠯᠳᠡ ᠲᠦᠷᠦ ᠶᠢᠨ ᠪᠤᠳᠤᠯᠭ᠎ᠠ᠂ ᠬᠠᠤᠯᠢ ᠲᠦᠷᠢᠮ ᠬᠢᠭᠡᠳ ᠬᠤᠰᠢᠭᠤ ᠨᠠᠮ ᠵᠠᠰᠠᠭ ᠤᠨ ᠴᠢᠬᠤᠯᠠ  ᠶᠡᠭᠡ ᠰᠢᠢᠳᠪᠦᠷᠢᠳᠦ ᠪᠤᠳᠤᠯᠭ᠎ᠠ ᠶᠢ ᠲᠤᠤᠱᠯᠠᠭᠤᠯᠤᠨ ᠭᠡᠷᠡᠭᠵᠢᠬᠦᠯᠵᠦ᠂ ᠪᠦᠬᠦ ᠬᠤᠰᠢᠭᠤᠨ ᠤ ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠦᠢᠯᠡᠰ  ᠤᠨ ᠬᠦᠭᠵᠢᠯᠳᠡ ᠶᠢᠨ ᠲᠦᠯᠦᠪᠵᠢᠬᠦᠯᠬᠡ᠂  ᠲᠦᠷᠦ ᠶᠢᠨ ᠪᠤᠳᠤᠯᠭ᠎ᠠ᠂ ᠠᠷᠭ᠎ᠠ ᠠᠪᠴᠢᠯ ᠢ ᠰᠤᠳᠤᠯᠤᠨ ᠲᠤᠭᠳᠠᠵᠤ᠂ ᠵᠤᠬᠢᠶᠠᠨ ᠪᠠᠶᠢᠭᠤᠯᠵᠤ ᠭᠡᠷᠡᠭᠵᠢᠬᠦᠯᠦᠨ᠎ᠡ᠃ ᠪᠦᠬᠦ ᠬᠤᠰᠢᠭᠤᠨ ᠤ ᠰᠠᠭᠤᠷᠢ ᠰᠤᠷᠭᠠᠨ ᠬᠦᠮᠦᠵᠢᠯ᠂ ᠠᠵᠢᠯ ᠮᠡᠷᠭᠡᠵᠢᠯ  ᠤᠨ ᠰᠤᠷᠭᠠᠨ ᠬᠦᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ᠂ ᠦᠨᠳᠦᠰᠦᠳᠡᠨ ᠤ ᠰᠤᠷᠭᠠᠨ ᠬᠦᠮᠦᠵᠢᠯ᠂ ᠪᠠᠭᠰᠢ ᠶᠢᠨ ᠰᠤᠷᠭᠠᠨ ᠬᠦᠮᠦᠵᠢᠯ ᠵᠢᠴᠢ ᠪᠤᠰᠤᠳ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠦᠢᠯᠡᠰ ᠢ ᠨᠢᠬᠡᠳᠦᠯᠳᠡᠢ ᠲᠦᠯᠦᠪᠵᠢᠬᠦᠯᠦᠨ  ᠬᠠᠮᠢᠶᠠᠷᠤᠨ᠎ᠠ᠃   ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠪᠠᠷ ᠲᠡᠭᠡᠳᠦ ᠱᠠᠳᠤᠨ ᠤ ᠤᠯᠭᠤᠭᠰᠠᠨ ᠡᠯ᠎ᠡ ᠲᠦᠷᠦᠯ ᠤᠨ ᠰᠤᠷᠭᠠᠨ ᠬᠦᠮᠦᠵᠢᠯ ᠤᠨ  ᠵᠠᠷᠤᠳᠠᠯ ᠮᠦᠩᠬᠦ ᠶᠢ ᠬᠤᠪᠢᠶᠠᠷᠢᠯᠠᠬᠤ ᠪᠠ ᠬᠠᠮᠢᠶᠠᠷᠴᠤ᠂  ᠰᠤᠷᠭᠠᠨ ᠬᠦᠮᠦᠵᠢᠯ ᠤᠨ ᠵᠠᠷᠤᠳᠠᠯ ᠢ ᠬᠤᠷᠠᠮᠳᠤᠭᠤᠯᠬᠤ  ᠪᠠ ᠭᠡᠷᠡᠭᠯᠡᠬᠦ  ᠬᠠᠮᠢᠶᠠᠷᠤᠯᠳᠠ ᠶᠢᠨ ᠠᠷᠭ᠎ᠠ ᠲᠦᠷᠢᠮ ᠢ ᠰᠤᠳᠤᠯᠤᠨ ᠲᠤᠭᠳᠠᠵᠤ᠂  ᠲᠤᠭᠳᠠᠭᠠᠯ ᠶᠤᠰᠤᠭᠠᠷ ᠤᠯᠤᠰ ᠤᠨ ᠲᠤᠳᠤᠭᠠᠳᠤ ᠭᠠᠳᠠᠭᠠᠳᠤ ᠶᠢᠨ ᠰᠤᠷᠭᠠᠨ ᠬᠦᠮᠦᠵᠢᠯ ᠤᠨ ᠲᠤᠰᠠᠯᠠᠮᠵᠢ ᠪᠠ ᠵᠢᠬᠡᠯᠡᠯᠬᠡ ᠶᠢ  ᠬᠠᠮᠢᠶᠠᠷᠤᠨ᠎ᠠ᠃ ᠡᠯ᠎ᠡ ᠰᠤᠷᠭᠠᠭᠤᠯᠢ ᠶᠢ ᠵᠢᠯᠤᠭᠤᠳᠤᠨ᠂  ᠶᠤᠰᠤ ᠮᠤᠷᠠᠯ᠂ ᠪᠡᠶ᠎ᠡ ᠲᠠᠮᠢᠷ᠂ ᠡᠷᠡᠬᠦᠯ ᠬᠠᠮᠠᠭᠠᠯᠠᠯ᠂ ᠤᠷᠠᠯᠢᠭ᠂ ᠤᠯᠤᠰ ᠤᠨ ᠪᠠᠳᠤᠯᠠᠨ ᠬᠠᠮᠠᠭᠠᠯᠠᠯᠳᠠ  ᠵᠢᠴᠢ ᠰᠤᠷᠭᠠᠭᠤᠯᠢ ᠶᠢᠨ ᠬᠠᠮᠢᠶᠠᠷᠤᠯᠳᠠ ᠶᠢᠨ ᠠᠵᠢᠯ ᠢ  ᠬᠢᠨ᠎ᠡ᠃ ᠰᠤᠷᠭᠠᠭᠤᠯᠢ ᠶᠢᠨ ᠪᠠᠭᠰᠢ ᠠᠵᠢᠯᠳᠠᠨ ᠺᠠᠳᠠᠷ ᠤᠨ ᠡᠩᠨᠡᠬᠡᠨ ᠤ ᠪᠦᠳᠦᠬᠡᠨ ᠪᠠᠶᠢᠭᠤᠯᠤᠯᠳᠠ ᠶᠢ ᠨᠢᠬᠡᠳᠦᠯᠳᠡᠢ ᠲᠦᠯᠦᠪᠵᠢᠬᠦᠯᠦᠨ  ᠵᠢᠯᠤᠭᠤᠳᠤᠨ᠎ᠠ᠃ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠬᠠᠮᠢᠶᠠᠷᠤᠯᠳᠠ ᠶᠢᠨ ᠪᠠᠶᠢᠭᠤᠯᠤᠯ ᠤᠨ ᠦᠬᠡᠷᠡᠴᠢᠯᠡᠯᠳᠡ ᠪᠠ ᠰᠤᠷᠭᠠᠭᠤᠯᠢ ᠶᠢᠨ ᠠᠵᠢᠯᠳᠠᠨ ᠤ ᠶᠠᠪᠤᠳᠠᠯ ᠤᠨ ᠦᠬᠡᠷᠡᠴᠢᠯᠡᠯᠳᠡ ᠶᠢ ᠵᠢᠯᠤᠭᠤᠳᠤᠨ ᠬᠢᠵᠦ᠂ ᠪᠠᠭᠰᠢ ᠶᠢᠨ ᠬᠢᠷᠢ ᠬᠡᠮ  ᠪᠠ ᠮᠡᠷᠭᠡᠵᠢᠯ ᠤᠨ ᠴᠤᠯᠠ ᠶᠢ ᠬᠢᠨᠠᠨ ᠲᠤᠭᠳᠠᠭᠠᠬᠤ  ᠵᠡᠷᠭᠡ ᠵᠢᠯ ᠢ ᠵᠢᠯᠤᠭᠤᠳᠤᠨ ᠬᠢᠵᠦ᠂  ᠪᠠᠭᠰᠢ ᠶᠢᠨ ᠠᠵᠢᠯ ᠤᠨ ᠪᠠᠶᠢᠷᠢ ᠶᠢ ᠲᠤᠬᠢᠷᠠᠭᠤᠯᠤᠨ᠂  ᠪᠠᠭᠰᠢ ᠶᠢᠨ ᠰᠤᠷᠭᠠᠭᠤᠯᠢ ᠲᠡᠬᠦᠰᠦᠭᠰᠡᠨ ᠤᠶᠤᠳᠠᠨ ᠳᠤ ᠠᠵᠢᠯ ᠤᠯᠭᠤᠬᠤ ᠠᠵᠢᠯ ᠢ ᠬᠢᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠪᠠᠷ ᠲᠤᠰ ᠬᠤᠰᠢᠭᠤᠨ ᠤ  ᠰᠤᠷᠤᠭᠴᠢ ᠡᠯᠰᠡᠬᠦ ᠠᠵᠢᠯ ᠢ ᠰᠤᠳᠤᠯᠤᠨ ᠲᠤᠭᠳᠠᠵᠤ᠂  ᠡᠯ᠎ᠡ ᠲᠦᠷᠦᠯ ᠤᠨ ᠰᠤᠷᠤᠭᠴᠢ ᠡᠯᠰᠡᠬᠦ ᠰᠢᠯᠭᠠᠯᠳᠠ ᠶᠢ ᠵᠤᠬᠢᠶᠠᠨ ᠪᠠᠶᠢᠭᠤᠯᠵᠤ  ᠬᠠᠮᠢᠶᠠᠷᠤᠨ᠎ᠠ᠃ ᠤᠯᠤᠰ᠂ ᠤᠷᠤᠨ᠂ ᠠᠶᠢᠮᠠᠭ ᠤᠨ ᠦᠬᠡ ᠬᠡᠯᠡ  ᠦᠰᠦᠭ ᠪᠢᠴᠢᠭ ᠤᠨ ᠠᠵᠢᠯ ᠤᠨ ᠲᠤᠬᠠᠢ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠲᠤᠰ ᠬᠤᠰᠢᠭᠤᠨ ᠤ ᠪᠠᠨ ᠦᠬᠡ ᠬᠡᠯᠡ  ᠦᠰᠦᠭ ᠪᠢᠴᠢᠭ ᠤᠨ ᠠᠵᠢᠯ ᠤᠨ ᠤᠷᠳᠤ ᠬᠤᠭᠤᠴᠠᠭᠠᠨ ᠤ ᠲᠦᠯᠦᠪᠵᠢᠬᠦᠯᠬᠡ  ᠶᠢ ᠲᠤᠭᠳᠠᠭᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠪᠠᠷ ᠦᠬᠡ ᠬᠡᠯᠡ  ᠦᠰᠦᠭ ᠪᠢᠴᠢᠭ ᠤᠨ ᠲᠦᠷᠢᠮᠵᠢᠵᠦ᠂ ᠪᠠᠷᠢᠮᠵᠢᠶᠠᠵᠢᠵᠤ  ᠪᠠ ᠭᠡᠷᠡᠭᠯᠡᠬᠦ ᠠᠵᠢᠯ ᠳᠤ ᠬᠢᠨᠠᠯᠳᠠ ᠲᠠᠯᠪᠢᠵᠤ ᠵᠤᠬᠢᠴᠠᠭᠤᠯᠤᠨ ᠵᠢᠯᠤᠭᠤᠳᠤᠨ᠎ᠠ᠃   ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠬᠦᠳᠡᠯᠮᠦᠷᠢᠴᠢᠨ ᠤ ᠭᠡᠪ ᠴᠢᠨᠠᠷ ᠢ ᠲᠡᠭᠡᠭᠰᠢᠯᠡᠬᠦᠯᠦᠨ᠂  ︽ᠪᠦᠬᠦ ᠠᠷᠠᠳ ᠤᠨ ᠭᠡᠪ ᠴᠢᠨᠠᠷ ᠤᠨ ᠢᠨᠵᠧᠨᠧᠷᠢᠩ︾ ᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠤᠷᠤᠨ ᠪᠠ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠲᠤ ᠬᠠᠨᠳᠤᠨ᠂ ᠠᠵᠢᠯ ᠮᠡᠷᠭᠡᠵᠢᠯ ᠤᠨ ᠪᠤᠯᠪᠠᠰᠤᠷᠠᠯ  ᠦᠷᠨᠢᠬᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号