ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭᠠᠨ ᠤ ᠲᠤᠪᠴᠢᠶ᠎ᠠ
ᠨᠡᠶᠢᠲᠡᠯᠡᠭᠰᠡᠨ ᠴᠠᠭ᠄
2017/9/11
    ᠤᠯᠤᠰ ᠪᠠ ᠤᠷᠤᠨ ᠤ  ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭᠠᠨ ᠤ  ᠠᠵᠢᠯ  ᠤᠨ ᠬᠠᠮᠢᠶᠠᠳᠠᠢ ᠬᠠᠤᠯᠢ ᠲᠦᠷᠢᠮ ᠬᠢᠭᠡᠳ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠡᠷᠡᠭᠵᠢᠬᠦᠯᠵᠦ᠂  ᠪᠦᠬᠦ ᠬᠤᠰᠢᠭᠤᠨ ᠤ  ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭᠠᠨ ᠤ  ᠲᠦᠷᠢᠮ ᠤᠨ ᠦᠬᠡᠷᠡᠴᠢᠯᠡᠯᠳᠡ ᠶᠢᠨ ᠲᠦᠯᠦᠪᠵᠢᠬᠦᠯᠬᠡ ᠶᠢ ᠰᠤᠳᠤᠯᠤᠨ ᠲᠤᠭᠳᠠᠭᠠᠵᠤ  ᠵᠤᠬᠢᠶᠠᠨ ᠪᠠᠶᠢᠭᠤᠯᠵᠤ ᠭᠡᠷᠡᠭᠵᠢᠬᠦᠯᠦᠨ᠎ᠡ᠃  ᠤᠯᠤᠰ ᠤᠨ ᠠᠯᠪᠠᠳᠠᠨ ᠤ ᠡᠩᠨᠡᠭᠡ ᠶᠢ ᠶᠡᠷᠦᠩᠬᠡᠶᠢᠯᠡᠨ ᠬᠠᠮᠢᠶᠠᠷᠴᠤ᠂ ᠤᠯᠤᠰ ᠤᠨ ᠠᠯᠪᠠᠳᠠᠨ ᠤ ᠲᠦᠷᠢᠮ ᠢ ᠲᠡᠬᠦᠯᠳᠡᠷᠵᠢᠬᠦᠯᠦᠨ᠂ ᠠᠯᠪᠠᠳᠠᠨ ᠡᠯᠰᠡᠬᠦ ᠪᠠ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠪᠠᠶᠢᠭᠤᠯᠭ᠎ᠠ ᠨᠢᠬᠡᠴᠡ ᠶᠢᠨ ᠠᠵᠢᠯᠳᠠᠨ ᠤ ᠵᠢᠯ ᠤᠨ ᠬᠢᠨᠠᠨ ᠰᠢᠯᠭᠠᠯᠳᠠ ᠶᠢ ᠬᠢᠨ᠎ᠡ᠃ ᠪᠦᠬᠦ ᠬᠤᠰᠢᠭᠤᠨ ᠤ ᠲᠤᠰᠬᠠᠢ ᠮᠡᠷᠭᠡᠵᠢᠯ   ᠤᠨ ᠠᠵᠢᠯᠳᠠᠨ ᠢ ᠶᠡᠷᠦᠩᠬᠡᠶᠢᠯᠡᠨ ᠬᠠᠮᠢᠶᠠᠷᠤᠨ᠎ᠠ᠃ ᠲᠡᠬᠦᠰᠦᠭᠰᠡᠨ ᠤᠶᠤᠳᠠᠨ᠂ ᠴᠡᠷᠢᠭ ᠠᠴᠠ ᠰᠢᠯᠵᠢᠭᠰᠡᠨ ᠺᠠᠳᠠᠷ ᠢ ᠬᠤᠪᠢᠶᠠᠷᠢᠯᠠᠬᠤ ᠪᠠ ᠡᠯ᠎ᠡ ᠲᠦᠷᠦᠯ ᠤᠨ ᠬᠦᠮᠦᠰ ᠢ ᠠᠵᠢᠯ  ᠰᠢᠯᠵᠢᠬᠦᠯᠵᠦ ᠲᠤᠬᠢᠷᠠᠭᠤᠯᠬᠤ ᠶᠢ ᠬᠠᠷᠢᠭᠤᠴᠠᠨ᠎ᠠ᠃  ᠪᠠᠶᠢᠭᠤᠯᠭ᠎ᠠ ᠨᠢᠬᠡᠴᠡ ᠶᠢᠨ ᠠᠵᠢᠯᠳᠠᠨ ᠤ ᠠᠵᠢᠯ ᠠᠴᠠ ᠪᠠᠨ ᠠᠮᠠᠷᠠᠬᠤ   ᠶᠢ ᠬᠢᠨᠠᠨ ᠵᠦᠪᠰᠢᠶᠡᠷᠡᠨ᠎ᠡ᠃  ᠠᠵᠢᠯᠳᠠᠨ ᠤ ᠴᠠᠯᠢᠩ ᠤᠨ ᠲᠤᠬᠢᠷᠠᠭᠤᠯᠤᠯᠳᠠ ᠶᠢ  ᠬᠠᠷᠢᠭᠤᠴᠠᠨ᠎ᠠ᠃ ᠺᠠᠳᠠᠷ ᠠᠵᠢᠯᠳᠠᠨ ᠤ ᠪᠤᠯᠪᠠᠰᠤᠷᠠᠯ ᠢ ᠬᠠᠷᠢᠭᠤᠴᠠᠵᠤ᠂  ᠮᠡᠷᠭᠡᠵᠢᠯ ᠤᠨ ᠲᠡᠰ ᠲᠤᠭᠳᠠᠭᠠᠬᠤ ᠠᠵᠢᠯ ᠢ ᠬᠢᠨ᠎ᠡ᠃ ᠬᠦᠳᠡᠯᠮᠦᠷᠢ ᠶᠢᠨ ᠵᠢᠭᠤᠷᠠᠭᠠᠨ ᠢ ᠬᠦᠨᠳᠡᠯᠡᠨ ᠠᠴᠠ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃  ᠠᠯᠪᠠᠨ ᠠᠵᠢᠯ ᠤᠨ ᠰᠢᠷᠬᠠᠳᠤᠯ ᠵᠡᠷᠭᠡ ᠶᠢ ᠬᠢᠨᠠᠨ ᠲᠤᠭᠳᠠᠭᠠᠵᠤ᠂ ᠤᠨᠴᠠᠭᠠᠢ ᠠᠵᠢᠯ ᠲᠦᠷᠦᠯ ᠤᠨ ᠡᠷᠡᠮᠡᠯᠵᠡᠯᠡᠨ ᠮᠡᠳᠡᠬᠦᠯᠬᠦ ᠠᠵᠢᠯ ᠢ ᠬᠢᠨ᠎ᠡ᠃ ᠪᠠᠶᠢᠭᠤᠯᠭ᠎ᠠ ᠨᠢᠬᠡᠴᠡ ᠶᠢᠨ ᠠᠵᠢᠯᠳᠠᠨ ᠤ ᠨᠠᠰᠤᠵᠢᠯ ᠤᠨ ᠲᠠᠭᠠᠳᠬᠠᠯ᠂ ᠠᠵᠢᠯ ᠠᠯᠳᠠᠬᠤ ᠲᠠᠭᠠᠳᠬᠠᠯ᠂  ᠡᠮᠨᠡᠯᠬᠡ  ᠶᠢᠨ ᠲᠠᠭᠠᠳᠬᠠᠯ᠂  ᠠᠵᠢᠯ ᠤᠨ ᠰᠢᠷᠬᠠᠳᠤᠯ ᠤᠨ ᠲᠠᠭᠠᠳᠬᠠᠯ᠂  ᠲᠦᠯᠦᠪᠡᠯᠡᠬᠡᠳᠦ ᠦᠷᠡᠵᠢᠯ ᠤᠨ ᠲᠠᠭᠠᠳᠬᠠᠯ ᠵᠡᠷᠭᠡ  ᠨᠡᠶᠢᠬᠡᠮ   ᠤᠨ ᠪᠠᠳᠤᠯᠠᠭᠠᠨ ᠤ ᠠᠵᠢᠯ ᠢ ᠬᠠᠷᠢᠭᠤᠴᠠᠨ᠎ᠠ᠃  ᠨᠦᠭᠴᠢᠭᠰᠡᠨ ᠠᠵᠢᠯᠳᠠᠨ ᠤ ᠭᠡᠷ ᠪᠦᠯᠢ   ᠳᠤ ᠠᠮᠢᠳᠤᠷᠠᠯ ᠤᠨ ᠨᠦᠬᠦᠪᠦᠷᠢ ᠤᠯᠭᠤᠬᠤ ᠠᠵᠢᠯ ᠢ ᠬᠠᠷᠢᠭᠤᠴᠠᠨ᠎ᠠ᠃  ᠬᠦᠳᠡᠯᠮᠦᠷᠢ ᠠᠵᠢᠯᠳᠠᠨ ᠤ ᠶᠠᠪᠤᠳᠠᠯ ᠤᠨ ᠮᠡᠳᠡᠭᠡ ᠵᠠᠩᠬᠢ ᠶᠢ ᠨᠡᠶᠢᠳᠡᠯᠡᠵᠦ᠂   ᠬᠦᠳᠡᠯᠮᠦᠷᠢ ᠠᠵᠢᠯᠳᠠᠨ ᠤ ᠶᠠᠪᠤᠳᠠᠯ ᠪᠠ ᠨᠡᠶᠢᠬᠡᠮ ᠤᠨ ᠪᠠᠳᠤᠯᠠᠭᠠᠨ ᠤ ᠪᠠᠶᠢᠴᠠᠭᠠᠨ ᠰᠤᠳᠤᠯᠤᠯᠳᠠ ᠶᠢ ᠬᠢᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号