ᠠᠷᠠᠳ ᠤᠨ ᠶᠠᠪᠤᠳᠠᠯ ᠤᠨ ᠲᠤᠪᠴᠢᠶ᠎ᠠ
ᠨᠡᠶᠢᠲᠡᠯᠡᠭᠰᠡᠨ ᠴᠠᠭ᠄
2017/9/11
   ᠤᠯᠤᠰ ᠤᠨ ᠠᠷᠠᠳ ᠤᠨ ᠶᠠᠪᠤᠳᠠᠯ ᠤᠨ ᠬᠠᠮᠢᠶᠠᠳᠠᠢ ᠬᠠᠤᠯᠢ ᠲᠦᠷᠢᠮ ᠬᠢᠭᠡᠳ ᠴᠢᠭᠯᠡᠯᠳᠡ ᠲᠦᠷᠦ ᠶᠢᠨ ᠪᠤᠳᠤᠯᠭ᠎ᠠ  ᠵᠢᠴᠢ  ᠤᠷᠤᠨ᠂ ᠠᠶᠢᠮᠠᠭ ᠤᠨ ᠠᠷᠠᠳ ᠤᠨ ᠶᠠᠪᠤᠳᠠᠯ ᠤᠨ  ᠲᠦᠷᠢᠮ ᠲᠤᠭᠳᠠᠭᠠᠯ ᠢ  ᠲᠤᠤᠱᠯᠠᠭᠤᠯᠤᠨ ᠭᠡᠷᠡᠭᠵᠢᠬᠦᠯᠵᠦ᠂  ᠠᠷᠠᠳ ᠤᠨ ᠶᠠᠪᠤᠳᠠᠯ ᠤᠨ ᠦᠢᠯᠡᠰ ᠤᠨ ᠬᠦᠭᠵᠢᠯᠳᠡ ᠶᠢᠨ ᠲᠦᠯᠦᠪᠵᠢᠬᠦᠯᠬᠡ ᠶᠢ ᠰᠤᠳᠤᠯᠤᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠵᠤ ᠭᠡᠷᠡᠭᠵᠢᠬᠦᠯᠦᠨ᠎ᠡ᠃  ᠬᠤᠰᠢᠭᠤᠨ ᠤ ᠤᠯᠤᠰ ᠠᠷᠠᠳ ᠤᠨ ᠠᠵᠤ ᠠᠬᠤᠢ  ᠪᠠ ᠨᠡᠶᠢᠬᠡᠮ ᠤᠨ ᠬᠦᠭᠵᠢᠯᠳᠡ ᠶᠢᠨ ᠲᠦᠯᠦᠪᠵᠢᠬᠦᠯᠬᠡ ᠵᠢᠴᠢ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶᠠᠨ ᠤ ᠪᠠᠶᠢᠷᠢᠯᠠᠭᠤᠯᠤᠯᠳᠠ   ᠶᠢ ᠦᠨᠳᠦᠰᠦᠯᠡᠨ᠂ ᠪᠦᠬᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ  ᠤᠨ ᠬᠦᠭᠵᠢᠯᠳᠡ ᠶᠢᠨ ᠲᠦᠯᠦᠪᠵᠢᠬᠦᠯᠬᠡ  ᠬᠢᠭᠡᠳ ᠵᠢᠯ ᠤᠨ ᠠᠵᠢᠯ ᠤᠨ ᠲᠦᠯᠦᠪᠯᠡᠭᠡ ᠶᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠵᠤ ᠭᠡᠷᠡᠭᠵᠢᠬᠦᠯᠦᠨ᠂  ᠱᠠᠭᠠᠷᠳᠠᠨ ᠪᠠᠶᠢᠴᠠᠭᠠᠨ᠎ᠠ᠃  ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠭᠠᠮᠰᠢᠭ ᠠᠴᠠ ᠠᠪᠤᠷᠠᠬᠤ ᠠᠵᠢᠯ ᠢ ᠬᠠᠷᠢᠭᠤᠴᠠᠵᠤ᠂ ᠭᠠᠮᠰᠢᠭ ᠠᠴᠠ ᠠᠪᠤᠷᠠᠬᠤ ᠬᠠᠮᠳᠤᠷᠠᠭᠰᠠᠨ ᠲᠠᠭᠠᠳᠬᠠᠯ ᠪᠠ ᠦᠨᠳᠦᠰᠦᠨ ᠱᠠᠳᠤᠨ ᠤ ᠨᠡᠶᠢᠬᠡᠮ ᠤᠨ ᠪᠠᠳᠤᠯᠠᠭᠠᠨ ᠤ ᠠᠵᠢᠯ ᠢ  ᠦᠷᠨᠢᠬᠦᠯᠦᠨ᠎ᠡ᠃  ᠬᠤᠳᠠ ᠬᠦᠳᠡᠭᠡ ᠶᠢᠨ ᠲᠦᠷ ᠴᠠᠭ ᠤᠨ  ᠠᠪᠤᠷᠠᠨ ᠲᠤᠰᠠᠯᠠᠬᠤ ᠨᠦᠬᠦᠪᠦᠷᠢ ᠶᠢ ᠬᠠᠮᠢᠶᠠᠷᠴᠤ᠂  ᠠᠪᠤᠷᠠᠨ ᠲᠤᠰᠠᠯᠠᠬᠤ ᠠᠵᠢᠯ ᠢ ᠬᠢᠨ᠎ᠡ᠃  ᠪᠦᠬᠦ ᠬᠤᠰᠢᠭᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠤ᠂  ᠪᠠᠳᠤᠯᠠᠭᠠᠨ ᠤ ᠲᠦᠷᠢᠮ ᠢ ᠪᠠᠶᠢᠭᠤᠯᠬᠤ ᠪᠠ ᠲᠡᠬᠦᠯᠳᠡᠷᠵᠢᠬᠦᠯᠦᠨ᠎ᠡ  ᠃ ᠴᠡᠷᠢᠭ ᠠᠴᠠ ᠬᠠᠯᠠᠭᠳᠠᠭᠰᠠᠨ ᠬᠦᠮᠦᠰ ᠪᠠ ᠪᠠᠶᠢᠭᠤᠯᠭ᠎ᠠ ᠨᠢᠬᠡᠴᠡ ᠶᠢᠨ ᠠᠵᠢᠯᠳᠠᠨ   ᠤ ᠠᠰᠠᠷᠠᠮᠵᠢ ᠬᠠᠷᠠᠭᠠᠯᠵᠠᠯ ᠤᠨ ᠠᠵᠢᠯ ᠢ ᠭᠤᠤᠯᠯᠠᠨ ᠬᠠᠮᠢᠶᠠᠷᠴᠤ᠂ ᠴᠡᠷᠢᠭ ᠢ ᠬᠦᠷᠢᠯᠡᠵᠦ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠪᠠ ᠨᠦᠭᠴᠢᠭᠰᠡᠨ ᠪᠠᠭᠠᠳᠤᠷᠴᠤᠳ ᠢ ᠲᠤᠷᠠᠳᠬᠠᠨ ᠤᠬᠠᠭᠤᠯᠬᠤ ᠠᠵᠢᠯ ᠢ ᠬᠢᠨ᠎ᠡ᠃ ᠨᠡᠶᠢᠬᠡᠮ ᠤᠨ ᠠᠰᠠᠷᠠᠮᠵᠢ ᠶᠢᠨ ᠠᠵᠢᠯ  ᠢ ᠬᠠᠮᠢᠶᠠᠷᠴᠤ᠂ ᠨᠡᠶᠢᠬᠡᠮ ᠤᠨ ᠠᠰᠠᠷᠠᠮᠵᠢ ᠶᠢᠨ ᠦᠢᠯᠡᠰ ᠤᠨ ᠨᠢᠬᠡᠴᠡ ᠳᠤ ᠬᠠᠮᠢᠶᠠᠷᠤᠯᠳᠠ ᠪᠠ ᠵᠢᠯᠤᠭᠤᠳᠤᠯᠭ᠎ᠠ  ᠬᠢᠬᠦ ᠶᠢᠨ ᠬᠠᠮᠳᠤ᠂  ᠪᠦᠬᠦ ᠬᠤᠰᠢᠭᠤᠨ ᠤ ᠨᠡᠶᠢᠬᠡᠮ ᠤᠨ ᠠᠰᠠᠷᠠᠮᠵᠢ ᠶᠢᠨ ᠠᠵᠤ ᠠᠬᠤᠶᠢᠯᠠᠯ ᠳᠤ ᠬᠤᠷᠸ᠎ᠠ ᠲᠤᠬᠢᠷᠠᠭᠤᠯᠭ᠎ᠠ ᠬᠢᠵᠦ᠂ ᠨᠡᠶᠢᠬᠡᠮ ᠤᠨ ᠠᠰᠠᠷᠠᠮᠵᠢ ᠶᠢᠨ ᠱᠠᠩᠨᠠᠯᠳᠤ ᠬᠠᠨᠳᠢᠪ ᠤᠨ ᠠᠵᠢᠯ ᠢ ᠬᠠᠮᠢᠶᠠᠷᠤᠨ᠎ᠠ᠃ ᠬᠤᠳᠠ ᠬᠦᠳᠡᠭᠡ ᠶᠢᠨ ᠦᠨᠳᠦᠰᠦᠨ ᠱᠠᠳᠤᠨ ᠤ ᠤᠯᠤᠰ  ᠲᠦᠷᠦ ᠶᠢᠨ ᠡᠷᠭᠡ ᠪᠠ ᠦᠨᠳᠦᠰᠦᠨ ᠱᠠᠳᠤᠨ ᠤ ᠤᠯᠠᠨ ᠲᠦᠮᠡᠨ  ᠤ ᠦᠪᠡᠷᠳᠡᠭᠡᠨ ᠵᠠᠰᠠᠬᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢᠨ ᠠᠵᠢᠯ ᠢ ᠬᠠᠷᠢᠭᠤᠴᠠᠵᠤ᠂ ᠦᠨᠳᠦᠰᠦᠨ ᠱᠠᠳᠤᠨ ᠤ ᠤᠯᠤᠰ ᠲᠦᠷᠦ ᠶᠢᠨ ᠡᠷᠭᠡ ᠶᠢᠨ ᠤᠳᠤᠬᠢ ᠪᠠᠶᠢᠳᠠᠯ ᠪᠠ ᠤᠷᠤᠰᠢᠵᠤ ᠪᠠᠶᠢᠭ᠎ᠠ ᠠᠰᠠᠭᠤᠳᠠᠯ ᠢ ᠤᠶᠢᠯᠠᠭᠠᠨ ᠪᠠᠶᠢᠴᠠᠭᠠᠵᠤ᠂  ᠦᠨᠳᠦᠰᠦᠨ ᠱᠠᠳᠤᠨ ᠤ ᠺᠠᠳᠠᠷ ᠢ ᠵᠢᠯᠤᠭᠤᠳᠴᠤ ᠪᠤᠯᠪᠠᠰᠤᠷᠠᠭᠤᠯᠤᠨ᠂ ᠦᠪᠡᠷᠳᠡᠭᠡᠨ ᠵᠠᠰᠠᠬᠤ ᠠᠵᠢᠯᠯᠠᠭ᠎ᠠ ᠦᠷᠨᠢᠬᠦᠯᠦᠨ᠎ᠡ᠃ ᠪᠦᠬᠦ ᠬᠤᠰᠢᠭᠤᠨ ᠤ ᠨᠡᠶᠢᠬᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠠᠵᠢᠯ ᠢ ᠬᠠᠷᠢᠭᠤᠴᠠᠵᠤ᠂  ᠨᠡᠶᠢᠬᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠠᠵᠢᠯᠯᠠᠭ᠎ᠠ ᠶᠢ ᠵᠢᠯᠤᠭᠤᠳᠤᠨ ᠦᠷᠨᠢᠬᠦᠯᠵᠦ᠂ ᠨᠡᠶᠢᠬᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠲᠦᠷᠢᠮ ᠢ ᠲᠤᠭᠳᠠᠭᠠᠨ ᠲᠡᠬᠦᠯᠳᠡᠷᠵᠢᠬᠦᠯᠵᠦ᠂ ᠨᠡᠶᠢᠬᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠤᠷᠤᠨ ᠤ ᠬᠤᠪᠢᠶᠠᠷᠢᠯᠠᠯ ᠢ ᠭᠤᠤᠯᠯᠠᠨ ᠬᠠᠮᠢᠶᠠᠷᠴᠤ᠂  ᠬᠤᠰᠢᠭᠤᠨ ᠤ ᠲᠤᠳᠤᠷᠠᠬᠢ ᠵᠠᠰᠠᠭ ᠵᠠᠬᠢᠷᠭᠠᠨ ᠤ ᠤᠷᠤᠨ ᠵᠢᠴᠢ ᠬᠦᠷᠰᠢ ᠵᠡᠷᠭᠡᠯᠡᠳᠡᠭᠡ ᠮᠤᠵᠢ  ᠬᠤᠳᠠ᠂ ᠬᠤᠰᠢᠭᠤ ᠰᠢᠶᠠᠨ ᠯᠤᠭ᠎ᠠ  ᠶᠢᠨ ᠵᠠᠬ᠎ᠠ ᠵᠠᠭᠠᠭ ᠤᠨ ᠮᠠᠷᠭᠤᠭᠠᠨ ᠢ ᠰᠢᠢᠳᠪᠦᠷᠢᠯᠡᠨ᠂ ᠬᠤᠰᠢᠭᠤᠨ ᠤ ᠭᠠᠵᠠᠷ ᠤᠨ ᠨᠡᠷ᠎ᠡ ᠶᠢᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠨᠡᠶᠢᠬᠡᠮ ᠤᠨ ᠪᠦᠯᠬᠦᠮ  ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠬᠡᠴᠡ ᠶᠢ ᠲᠠᠩᠰᠠᠯᠠᠨ ᠬᠠᠮᠢᠶᠠᠷᠴᠤ᠂  ᠤᠷᠤᠭ ᠤᠨ ᠪᠠᠳᠤᠯᠠᠪᠤᠷᠢ ᠤᠯᠭᠤᠬᠤ᠂ ᠬᠡᠦᠬᠡᠳ ᠦᠷᠡᠴᠢᠯᠡᠨ ᠲᠡᠵᠢᠬᠡᠬᠦ  ᠵᠢᠴᠢ ᠤᠷᠤᠰᠢᠭᠤᠯᠭ᠎ᠠ ᠶᠢᠨ ᠦᠬᠡᠷᠡᠴᠢᠯᠡᠯᠳᠡ᠂ ᠲᠡᠨᠦᠬᠦᠯ ᠬᠦᠮᠦᠰ ᠢ ᠠᠪᠤᠷᠠᠨ ᠲᠤᠰᠠᠯᠠᠬᠤ  ᠵᠡᠷᠭᠡ ᠠᠵᠢᠯ ᠢ ᠬᠠᠷᠢᠭᠤᠴᠠᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号