ᠲᠠᠶᠢᠹᠤᠰᠧ ᠬᠤᠰᠢᠭᠤ  ᠡᠨᠡ ᠵᠢᠯ ᠠᠷᠠᠳ ᠲᠦᠮᠡᠨ ᠳᠤ ᠨᠠᠢᠮᠠᠨ ᠪᠤᠳᠠᠳᠠᠢ ᠠᠵᠢᠯ ᠬᠢᠬᠦ ᠪᠠᠷ ᠠᠮᠠᠯᠳᠠᠪᠠ
ᠨᠡᠶᠢᠲᠡᠯᠡᠭᠰᠡᠨ ᠴᠠᠭ᠄
2018-01-17
          2018 ᠤᠨ ᠳᠤ ᠲᠠᠶᠢᠹᠤᠰᠧ ᠬᠤᠰᠢᠭᠤ ᠣᠯᠠᠨ ᠲᠥᠮᠡᠨ ᠤ  ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ  ᠬᠠᠨᠳᠤᠵᠤ᠂ ᠣᠯᠠᠨ ᠲᠥᠮᠡᠨ ᠤ ᠰᠠᠶᠢᠨ ᠰᠠᠶᠢᠬᠠᠨ ᠠᠮᠢᠳᠣᠷᠠᠯ ᠤᠨ ᠬᠦᠰᠡᠯ ᠱᠠᠭᠠᠷᠳᠠᠯᠭ᠎ᠠ ᠳᠤ ᠨᠡᠶᠢᠴᠡᠭᠰᠡᠨ  ᠪᠤᠳᠠᠳᠠᠢ ᠠᠵᠢᠯ ᠢ ᠬᠦᠴᠦ  ᠲᠠᠯᠪᠢᠵᠤ  ᠬᠢᠬᠦ ᠪᠠᠷ ᠲᠦᠯᠦᠪᠯᠡᠨ᠂ ᠨᠠᠢᠮᠠᠨ ᠪᠤᠳᠠᠳᠠᠢ ᠠᠵᠢᠯ  ᠎ ᠢ ᠬᠢᠬᠦ ᠎ ᠪᠠᠷ  ᠠᠮᠠᠯᠳᠠᠭᠰᠠᠨ ᠪᠠᠶᠢᠨ᠎ᠠ᠃  ᠲᠤᠬᠠᠶᠢᠯᠠᠪᠠᠯ᠂  ᠨᠢᠬᠡ ᠳᠤ᠂ ᠪᠤᠤᠴᠠᠩ ᠪᠠᠯᠭᠠᠰᠤᠨ ᠤ ᠬᠤᠲᠠ ᠶᠢᠨ ᠬᠠᠭᠤᠴᠢᠨ ᠲᠣᠭᠤᠷᠢᠭ ᠲᠤ ᠪᠡᠶ᠎ᠡ ᠴᠢᠬᠢᠷᠠᠭᠵᠢᠭᠤᠯᠬᠤ ᠠᠭᠤᠳᠠᠮ ᠲᠠᠯᠠᠪᠠᠢ  1᠎ ᠶᠢ  ᠪᠠᠶᠢᠭᠤᠯᠵᠣ᠂ ᠰᠡᠯᠡᠭᠦᠴᠡᠯ ᠤᠨ ᠠᠭᠤᠳᠠᠮ ᠲᠠᠯᠠᠪᠠᠢ ᠲᠣᠳᠠᠭᠳᠠᠵᠣ ᠪᠠᠶᠢᠬᠤ ᠠᠰᠠᠭᠤᠳᠠᠯ  ᠎ ᠢ ᠰᠢᠢᠳᠪᠦᠷᠢᠯᠡᠨ᠎ᠡ  ᠃  ᠬᠤᠶᠠᠷ ᠲᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ ᠳᠣᠣᠷ᠎ᠠ ᠥᠷᠳᠡᠭ ᠲᠠᠢ ᠰᠠᠭᠤᠭᠠᠯᠢ  ᠲᠣᠭᠤᠷᠢᠭ 2  ᠎ ᠢ ᠪᠠᠶᠢᠭᠤᠯᠵᠣ᠂  ᠭᠡᠷ ᠪᠠᠶᠢᠰᠢᠩ ᠢᠶᠠᠨ ᠨᠤᠷᠠᠭᠠᠵᠤ ᠨᠡᠬᠦᠯᠭᠡᠭᠰᠡᠨ ᠰᠠᠭᠤᠭᠠᠯᠢ ᠠᠷᠠᠳ  ᠎ ᠤᠨ  ᠤᠷᠤᠨ ᠰᠠᠭᠤᠴᠠ  ᠎ ᠶᠢᠨ ᠭᠦᠴᠢᠷᠳᠡᠯ ᠢ ᠰᠢᠢᠳᠪᠦᠷᠢᠯᠡᠨ᠎ᠡ  ᠃  ᠭᠤᠷᠪᠠ ᠳᠤ᠂ ᠬᠤᠲᠠ ᠶᠢᠨ ᠬᠠᠭᠤᠴᠢᠨ ᠲᠣᠭᠤᠷᠢᠭ ᠲᠤ   ᠪᠠᠷᠢᠮᠵᠢᠶᠠᠳᠤ ᠬᠡᠥᠬᠡᠳ ᠤᠨ ᠴᠡᠴᠡᠷᠯᠢᠭ 1᠎ ᠶᠢ ᠪᠠᠶᠢᠭᠤᠯᠵᠦ᠂  ᠰᠤᠷᠭᠠᠭᠤᠯᠢ ᠶᠢᠨ ᠨᠠᠰᠣᠨ ᠠᠴᠠ ᠡᠮᠦᠨᠡᠬᠢ ᠬᠡᠥᠬᠡᠳ ᠤᠨ ᠴᠡᠴᠡᠷᠯᠢᠭ ᠲᠤ ᠰᠠᠭᠤᠬᠤ ᠳᠤ ᠬᠦᠴᠢᠷᠲᠠᠢ ᠠᠰᠠᠭᠤᠳᠠᠯ ᠢ ᠰᠢᠢᠳᠪᠦᠷᠢᠯᠡᠨ᠎ᠡ  ᠃  ᠲᠦᠷᠪᠡ ᠳᠤ᠂ ᠬᠤᠲᠠ ᠶᠢᠨ ᠬᠠᠭᠤᠴᠢᠨ ᠲᠣᠭᠤᠷᠢᠭ ᠲᠤ  ᠬᠤᠳᠠᠯᠳᠣᠭᠠᠨ ᠤ  ᠵᠠᠬ᠎ᠠ  ᠳᠡᠯᠭᠡᠭᠦᠷ 1᠎ ᠶᠢ ᠪᠠᠶᠢᠭᠤᠯᠵᠤ  ᠂  ᠠᠷᠠᠯᠵᠢᠶᠠᠨ ᠤ ᠵᠠᠬ᠎ᠠ ᠡᠮᠬᠢ ᠳᠢᠭᠯᠡᠮ ᠦᠭᠡᠢ᠂ ᠣᠷᠴᠢᠨ ᠲᠣᠭᠤᠷᠢᠨ ᠤ  ᠠᠷᠢᠭᠤᠨ ᠴᠡᠪᠡᠷ ᠠᠨᠠᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ  ᠃   ᠲᠠᠪᠤ ᠳᠤ᠂ ᠰᠢ ᠱᠠᠨ ᠵᠠᠮ᠂ ᠯᠥᠸᠧ ᠲᠥᠸᠧ ᠱᠠᠨ ᠵᠠᠮ ᠢ ᠨᠡᠪᠲᠡᠷᠡᠭᠦᠯᠵᠦ᠂ ᠪᠣᠣᠴᠠᠩ ᠪᠠᠯᠭᠠᠰᠣᠨ ᠤ  ᠵᠠᠮ ᠤᠨ ᠲᠥᠭᠵᠢᠷᠡᠯ  ᠎ ᠢ ᠰᠢᠢᠳᠪᠦᠷᠢᠯᠡᠨ᠎ᠡ᠃   ᠵᠢᠷᠭᠤᠭ᠎ᠠ ᠳᠤ᠂ ᠭᠠᠴᠠᠭ᠎ᠠ  ᠲᠣᠰᠬᠤᠨ ᠤ  ᠺᠠᠳᠠᠷ ᠤᠨ ᠴᠠᠯᠢᠩ  ᠂ ᠭᠠᠴᠠᠭ᠎ᠠ ᠲᠣᠰᠬᠤᠨ  ᠎ ᠤ  ᠵᠣᠬᠢᠶᠠᠨ ᠪᠠᠶᠢᠭᠤᠯᠣᠯᠲᠠ ᠶᠢᠨ ᠠᠵᠢᠯ ᠤᠨ ᠰᠦᠢᠳᠬᠡᠯ᠂ ᠨᠠᠮ ᠤᠨ ᠵᠣᠬᠢᠶᠠᠨ ᠪᠠᠶᠢᠭᠤᠯᠣᠯᠲᠠ ᠶᠢᠨ ᠬᠦᠳᠡᠯᠪᠦᠷᠢ ᠠᠵᠢᠯᠯᠠᠭᠠᠨ ᠤ ᠰᠦᠢᠳᠬᠡᠯ᠂  ᠠᠵᠢᠯ ᠠᠴᠠ ᠪᠠᠨ ᠠᠮᠠᠷᠠᠭᠰᠠᠨ  ᠺᠠᠳ᠋ᠷ ᠤᠨ ᠠᠮᠢᠳᠣᠷᠠᠯ ᠤᠨ ᠨᠥᠬᠦᠪᠦᠷᠢ ᠶᠢ  ᠵᠤᠬᠢᠰᠳᠠᠢ  ᠲᠤᠬᠢᠷᠠᠭᠤᠯᠵᠤ᠂ ᠦᠨᠳᠦᠰᠦᠨ ᠱᠠᠲᠣᠨ ᠤ ᠵᠣᠬᠢᠶᠠᠨ ᠪᠠᠶᠢᠭᠤᠯᠣᠯᠲᠠ ᠶᠢᠨ ᠠᠵᠢᠯ ᠤᠨ ᠵᠠᠷᠣᠳᠠᠯ ᠢᠶᠠᠷ ᠲᠣᠳᠠᠮᠠᠭ  ᠂ ᠭᠠᠴᠠᠭ᠎ᠠ ᠲᠣᠰᠬᠤᠨ ᠤ ᠺᠠᠳᠠᠷ ᠤᠨ  ᠴᠠᠯᠢᠩ  ᠣᠯᠭᠤᠮᠵᠢ ᠳᠣᠣᠷ᠎ᠠ ᠪᠠᠶᠢᠬᠤ ᠠᠰᠠᠭᠤᠲᠠᠯ ᠢ ᠰᠢᠢᠳᠪᠦᠷᠢᠯᠡᠨ᠎ᠡ  ᠃  ᠲᠤᠯᠤᠭ᠎ᠠ ᠳᠤ᠂  ᠨᠤᠳᠤᠭ ᠨᠡᠬᠦᠯᠬᠡᠵᠦ ᠶᠠᠳᠠᠭᠤ ᠶᠢ ᠳᠡᠳᠬᠦᠬᠦ ᠲᠥᠷᠥᠯ ᠵᠦᠢᠯ ᠢ 368  ᠡᠷᠦᠬᠡ᠂ 800  ᠬᠦᠮᠦᠨ ᠳᠤ ᠬᠡᠷᠡᠭᠵᠢᠭᠦᠯᠵᠣ᠂ ᠬᠦᠳᠡᠭᠡ ᠲᠣᠰᠬᠤᠨ ᠤ 2000  ᠡᠷᠦᠬᠡ ᠶᠢᠨ ᠠᠶᠣᠯᠲᠠᠢ ᠭᠡᠷ ᠪᠠᠶᠢᠰᠢᠩ ᠢ  ᠥᠭᠡᠷᠡᠴᠢᠯᠡᠨ ᠪᠠᠶᠢᠭᠤᠯᠵᠣ᠂ ᠺᠠᠷᠲ ᠪᠠᠷ ᠳᠠᠩᠰᠠᠯᠠᠭᠰᠠᠨ ᠶᠠᠳᠠᠭᠤ ᠬᠦᠴᠢᠷᠲᠠᠢ ᠡᠷᠦᠬᠡ᠂  ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠣᠯᠠᠭᠠᠲᠣ ᠡᠷᠦᠬᠡ᠂  ᠲᠠᠪᠤᠨ ᠪᠠᠲᠣᠯᠠᠭᠠᠳᠣ ᠡᠷᠦᠬᠡ᠂ ᠵᠡᠮᠳᠡᠭ ᠡᠷᠦᠬᠡ ᠶᠢᠨ ᠠᠶᠣᠯᠭᠦᠢ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠨ᠎ᠡ  ᠃ ᠨᠠᠢᠮᠠ ᠳᠤ  ᠂  10 ᠰᠠᠷ᠎ᠠ  ᠎ ᠠᠴᠠ ᠡᠮᠦᠨ᠎ᠡ ᠢᠯᠴᠢ  ᠴᠠᠬᠢᠯᠭᠠᠨ ᠤ ᠬᠠᠮ ᠦᠢᠯᠡᠳᠪᠦᠷᠢᠯᠡᠯ ᠤᠨ  ᠲᠥᠷᠥᠯ ᠵᠦᠢᠯ ᠢ ᠠᠰᠢᠭᠯᠠᠯᠲᠠ ᠳᠤ ᠣᠷᠣᠭᠤᠯᠣᠨ᠂ ᠬᠤᠲᠠ ᠪᠠᠯᠭᠠᠰᠣᠨ ᠎ ᠤ  ᠲᠤᠯᠠᠭᠠᠯᠠᠭ᠎ᠠ ᠶᠢᠨ ᠠᠰᠠᠭᠤᠳᠠᠯ ᠢ ᠲᠣᠶᠢᠯᠪᠣᠷᠢᠳᠠᠢ ᠰᠢᠢᠳᠪᠦᠷᠢᠯᠡᠨ᠎ᠡ  ᠬᠡᠵᠦ ᠲᠤᠭᠳᠠᠭᠰᠠᠨ ᠪᠠᠶᠢᠨ᠎ᠠ᠃          
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号