ᠤᠶᠢᠷ᠎ᠠ ᠶᠢᠨ ᠬᠡᠳᠦᠨ ᠵᠢᠯ ᠳᠤ᠂ ᠲᠠᠶᠢᠹᠤᠰᠧ ᠬᠤᠰᠢᠭᠤ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ | ᠢᠳᠡᠪᠬᠢᠳᠡᠢ ᠲᠤᠤᠱᠯᠠᠭᠤᠯᠵᠤ᠂ ᠬᠦᠭᠵᠢᠯᠳᠡ ᠶᠢᠨ ᠰᠡᠳᠬᠢᠴᠡ ᠪᠠᠨ ᠰᠢᠯᠤᠭᠤᠳᠬᠠᠨ᠂ ᠬᠡᠯᠪᠡᠷᠢ ᠶᠢᠨ | ᠬᠤᠪᠢᠷᠠᠭᠤᠯᠤᠯᠳᠠ ᠪᠦᠷᠢᠯᠳᠦᠴᠡ ᠶᠢᠨ ᠲᠤᠬᠢᠷᠠᠭᠤᠯᠤᠯᠳᠠ ᠶᠢ ᠬᠦᠴᠦᠳᠡᠢ ᠲᠦᠯᠬᠢᠨ ᠠᠬᠢᠭᠤᠯᠤᠭᠠᠳ ᠮᠡᠳᠡᠭᠳᠡᠮ᠎ᠡ | ᠠᠮᠵᠢᠯᠳᠠ ᠤᠯᠵᠤ᠂ ᠤᠨᠴᠠᠯᠢᠭᠳᠤ ᠲᠠᠷᠢᠶᠠᠯᠠᠩ ᠮᠠᠯ ᠠᠵᠤ ᠠᠬᠤᠢ ᠦᠳᠳᠡᠷ ᠲᠦᠷᠭᠡᠨ ᠬᠦᠭᠵᠢᠵᠦ ᠂ ᠠᠵᠤ | ᠦᠢᠯᠡᠳᠪᠦᠷᠢ ᠶᠢᠨ ᠠᠵᠤ ᠠᠬᠤᠢ ᠲᠡᠦᠬᠡᠳᠦ ᠴᠢᠨᠠᠷᠳᠠᠢ ᠲᠠᠪᠠᠯᠳᠠ ᠶᠢ ᠪᠡᠶᠡᠯᠡᠬᠦᠯᠦᠨ᠂ ᠭᠤᠷᠪᠠᠳᠤᠭᠠᠷ ᠠᠵᠤ | ᠦᠢᠯᠡᠰ ᠤᠨ ᠪᠠᠶᠢᠷᠢ ᠰᠠᠭᠤᠷᠢ ᠡᠳᠦᠷ ᠢᠷᠡᠬᠦᠶ᠎ᠡ ᠲᠡᠭᠡᠭᠰᠢᠯᠡᠵᠦ ᠢᠷᠡᠭᠰᠡᠨ ᠪᠠᠶᠢᠨ᠎ᠠ᠃ | ᠲᠠᠷᠢᠵᠤ ᠤᠷᠭᠤᠭᠤᠯᠬᠤ ᠦᠢᠯᠡᠰ ᠨᠢ ᠭᠧ ᠷᠦᠢ ᠳ᠋ᠧ᠂ ᠱᠧᠩ ᠲᠠᠢ ᠡᠯ᠂ ᠪᠠᠢ ᠾᠦᠢ ᠱᠧᠩ ᠂ ᠴᠠᠩ | ᠱᠧᠩ᠂ ᠂ ᠬᠤᠩ ᠵᠢᠩ ᠶᠤᠸᠠᠨ ᠵᠡᠷᠭᠡ ᠭᠤᠤᠯᠳᠠᠯᠭᠠᠳᠠᠢ ᠲᠤᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ᠂ | ᠬᠢᠳᠠᠳ ᠡᠮ ᠤᠨ ᠮᠠᠲ᠋ᠧᠷᠢᠶᠠᠯ᠂ ᠤᠷᠭᠠᠨᠢᠭ ᠢᠳᠡᠰᠢᠨ ᠨᠤᠭᠤᠭ᠎ᠠ᠂ ᠦᠷ᠎ᠡ ᠶᠢᠨ ᠲᠦᠮᠦᠰᠦ᠂ ᠲᠤᠰᠤᠯᠢᠭ ᠲᠠᠷᠢᠮᠠᠯ᠂ | ᠰᠢᠬᠢᠷ ᠯᠤᠤᠪᠠᠩ᠂ ᠡᠪᠡᠰᠦ ᠪᠤᠷᠳᠤᠭ᠎ᠠ ᠲᠠᠷᠢᠬᠤ ᠲᠠᠯᠠᠪᠠᠢ ᠶᠢ ᠲᠠᠰᠤᠷᠠᠯᠳᠠ ᠦᠬᠡᠢ ᠦᠷᠭᠡᠳᠭᠡᠨ᠂ ︽ᠭᠠᠭᠴᠠ | ᠲᠦᠮᠦᠰᠦ ᠪᠠᠷ ᠭᠤᠤᠯᠯᠠᠬᠤ︾ ᠪᠠᠶᠢᠳᠠᠯ ᠢ ᠲᠦᠷᠭᠡᠨ ᠬᠤᠪᠢᠷᠠᠭᠤᠯᠤᠭᠠᠳ᠂ ᠲᠠᠷᠢᠶᠠᠯᠠᠩ ᠤᠨ ᠦᠷ᠎ᠡ ᠠᠰᠢᠭ ᠤᠨ | ᠨᠡᠮᠡᠭᠳᠡᠯ ᠪᠠ ᠲᠠᠷᠢᠶᠠᠴᠢᠳ ᠤᠨ ᠠᠰᠢᠭ ᠤᠷᠤᠯᠭ᠎ᠠ ᠶᠢᠨ ᠨᠡᠮᠡᠭᠳᠡᠯ ᠢ ᠬᠦᠴᠦᠳᠡᠢ ᠠᠬᠢᠭᠤᠯᠤᠭᠰᠠᠨ ᠪᠦᠬᠡᠳ | ᠡᠬᠡᠯᠵᠢᠯᠡᠨ ᠲᠠᠷᠢᠬᠤ ᠲᠤᠷᠰᠢᠯᠳᠠ ᠶᠢᠨ ᠴᠡᠭ ᠤᠨ ᠠᠵᠢᠯ ᠢ ᠡᠬᠢᠯᠡᠬᠦᠯᠵᠦ᠂ ᠤᠰᠤ᠂ ᠪᠤᠷᠳᠤᠭᠤᠷ᠂ ᠡᠮ ᠢ | ᠬᠢᠵᠠᠭᠠᠷᠯᠠᠨ᠂ ︽ᠰᠦᠷᠴᠢᠨ ᠤᠰᠤᠯᠠᠬᠤ ᠠᠴᠠ ᠲᠤᠰᠤᠯᠠᠭᠤᠯᠤᠨ ᠤᠰᠤᠯᠠᠬᠤ︾ ᠦᠬᠡᠷᠡᠴᠢᠯᠡᠯᠳᠡ ᠶᠢᠨ ᠠᠵᠢᠯ | ᠠᠩᠬᠠᠨ ᠤ ᠠᠮᠵᠢᠯᠳᠠ ᠪᠠᠨ ᠤᠯᠵᠠᠢ᠃ ᠰᠠᠶᠢᠨ ᠡᠬᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠢ | ᠢᠳᠡᠪᠬᠢᠳᠡᠢ ᠬᠦᠭᠵᠢᠬᠦᠯᠵᠦ᠂ ᠵᠤᠨ ᠤ ᠲᠤᠭᠠᠯᠠᠯᠭ᠎ᠠ ᠳᠤ 27.7 ᠲᠦᠮᠡᠨ ᠮᠠᠯ ᠪᠦᠷᠢᠳᠭᠡᠭᠰᠡᠨ ᠪᠤᠯ ᠡᠬᠦᠨ ᠤ | ᠲᠤᠳᠤᠷ᠎ᠠ ᠪᠤᠳᠠ ᠮᠠᠯ 9.4 ᠲᠦᠮᠡ ᠳᠤ ᠬᠦᠷᠦᠭᠰᠡᠨ ᠪᠠᠶᠢᠨ᠎ᠠ᠃ ᠵᠦᠩ ᠰᠢᠤᠢ ᠷᠦᠩ ᠲᠠᠢ᠂ ᠡᠤ ᠹᠧᠩ ᠬᠤᠶᠠᠷ | ᠠᠵᠤ ᠠᠬᠤᠶᠢᠯᠠᠯ ᠤᠨ ᠬᠤᠶᠠᠷ ᠮᠢᠩᠭ᠎ᠠ ᠠᠴᠠ ᠲᠡᠭᠡᠭᠰᠢ ᠲᠤᠯᠤᠭᠠᠢ ᠮᠢᠬᠠᠨ ᠤ ᠦᠬᠡᠷ ᠦᠷᠡᠵᠢᠬᠦᠯᠬᠦ ᠪᠠ ᠪᠤᠷᠳᠤᠨ | ᠲᠠᠷᠭᠤᠯᠠᠭᠤᠯᠬᠤ ᠲᠠᠯᠠᠪᠠᠢ ᠵᠠᠯᠭ᠎ᠠ ᠪᠠᠷ ᠠᠵᠢᠯ ᠢᠶᠠᠨ ᠡᠬᠢᠯᠡᠬᠦᠯᠵᠦ᠂ ᠭᠠᠳᠠᠭᠠᠳᠤ ᠠᠴᠠ ᠤᠷᠤᠭᠤᠯᠤᠭᠰᠠᠨ ᠠᠩᠬᠢᠰ | ᠬᠠᠷ᠎ᠠ ᠦᠬᠡᠷ 5719 ᠲᠤᠯᠤᠭᠠᠢ᠂ ᠰᠢᠮᠧᠨ᠋ᠲ᠋ᠠᠷ ᠦᠬᠡᠷ 3700 ᠲᠤᠯᠤᠭᠠᠢ᠂ ᠡᠷᠯᠢᠰᠵᠢᠬᠦᠯᠦᠭᠰᠡᠨ ᠶᠠᠫᠤᠨ | ᠡᠬᠦᠯᠳᠡᠷ ᠤᠨ ᠬᠠᠷ᠎ᠠ ᠦᠬᠡᠷ 1200 ᠲᠤᠯᠤᠭᠠᠢ ᠮᠠᠯᠵᠢᠵᠤ᠂ ᠪᠦᠬᠦ ᠠᠶᠢᠮᠠᠭ ᠲᠠᠭᠠᠨ ᠰᠠᠶᠢᠨ ᠡᠬᠦᠯᠳᠡᠷ ᠤᠨ | ᠮᠢᠬᠠᠨ ᠤ ᠦᠬᠡᠷ ᠤᠨ ᠲᠤᠭ᠎ᠠ ᠲᠤᠯᠤᠭᠠᠢ ᠬᠠᠮᠤᠭ ᠲᠦᠷᠭᠡᠨ ᠨᠡᠮᠡᠭᠳᠡᠭᠰᠡᠨ ᠭᠠᠵᠠᠷ ᠤᠷᠤᠨ ᠪᠤᠯᠵᠠᠢ᠃ 3.75 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠲᠠᠢ ᠳ᠋ᠧ ᠴᠢᠩ ᠶᠤᠸᠠᠨ ᠲᠠᠬᠢᠶ᠎ᠠ ᠲᠡᠵᠢᠬᠡᠬᠦ ᠠᠵᠤ ᠦᠢᠯᠡᠰ ᠢ | ᠲᠦᠷᠭᠡᠳᠭᠡᠨ ᠬᠦᠭᠵᠢᠬᠦᠯᠵᠦ᠂ ᠡᠨᠡ ᠵᠢᠯ ᠳᠤ ᠦᠢᠯᠡᠳᠪᠦᠷᠢᠯᠡᠯ ᠡᠬᠢᠯᠡᠬᠦᠯᠬᠦ ᠪᠠᠷ ᠪᠠᠶᠢᠨ᠎ᠠ ᠃ ᠪᠦᠬᠦ ᠬᠤᠰᠢᠭᠤᠨ | ᠳᠤ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ 7 ᠂ ᠲᠦᠷᠢᠮᠵᠢᠭᠰᠡᠨ ᠲᠤᠰᠬᠠᠢ | ᠬᠤᠷᠰᠢᠶᠠᠵᠢᠯ 300᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 190 ᠪᠤᠯᠤᠨ ᠬᠦᠭᠵᠢᠵᠦ᠂ ᠠᠵᠤ | ᠦᠢᠯᠡᠰᠵᠢᠯᠳᠡ ᠶᠢᠨ ᠬᠢᠷᠢ ᠲᠦᠪᠰᠢᠨ ᠶᠡᠭᠡ ᠬᠡᠮᠵᠢᠶ᠎ᠡ ᠪᠠᠷ ᠲᠡᠭᠡᠭᠰᠢᠯᠡᠵᠡᠢ᠃ | ᠪᠤᠤᠴᠠᠩ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠪᠠ ᠲᠤᠮᠳᠠ ᠪᠠᠭ᠎ᠠ | ᠠᠵᠤ ᠠᠬᠤᠶᠢᠯᠠᠯ ᠤᠨ ᠦᠢᠯᠡᠰ ᠪᠦᠳᠦᠭᠡᠬᠦ ᠤᠷᠤᠨ ᠲᠤᠭᠤᠷᠢᠭ ᠤᠨ ᠦᠨᠳᠦᠰᠦᠨ ᠪᠦᠳᠦᠭᠡᠨ ᠪᠠᠶᠢᠭᠤᠯᠤᠯᠳᠠ ᠳᠤ | ᠨᠡᠶᠢᠳᠡ 6.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠤᠳᠤᠬᠠᠨ 32 ᠠᠵᠤ ᠠᠬᠤᠶᠢᠯᠠᠯ ᠤᠷᠤᠵᠤ | ᠰᠠᠭᠤᠷᠢᠰᠢᠭᠠᠳ᠂ ᠤᠷᠤᠨ ᠲᠤᠭᠤᠷᠢᠭ ᠤᠨ ᠠᠵᠤ ᠦᠢᠯᠡᠰ ᠤᠨ ᠲᠦᠪᠯᠡᠷᠡᠯ ᠤᠨ ᠦᠷ᠎ᠡ ᠠᠰᠢᠭ ᠪᠠ ᠲᠠᠭᠠᠭᠠᠴᠠ | ᠴᠢᠳᠠᠪᠤᠷᠢ ᠲᠠᠰᠤᠷᠠᠯᠳᠠ ᠦᠬᠡᠢ ᠴᠢᠩᠭᠠᠷᠠᠭᠰᠠᠨ ᠪᠠᠶᠢᠨ᠎ᠠ᠃ ᠲᠠᠯ᠎ᠠ ᠨᠤᠳᠤᠭ ᠠᠷᠢᠬᠢ ᠨᠡᠷᠡᠬᠦ ᠺᠤᠮᠫᠠᠨᠢ ᠶᠢᠨ | ᠦᠷᠭᠡᠳᠭᠡᠨ ᠪᠠᠶᠢᠭᠤᠯᠵᠤ ᠦᠢᠯᠡᠳᠪᠦᠷᠢ ᠪᠠᠨ ᠨᠡᠬᠦᠯᠬᠡᠬᠦ ᠠᠵᠢᠯ ᠤᠷᠤᠭᠰᠢᠳᠠᠢ ᠶᠠᠪᠤᠭᠳᠠᠵᠤ ᠠᠰᠢᠭᠯᠠᠯᠳᠠ ᠳᠤ | ᠤᠷᠤᠭᠠᠳ᠂ ︽ᠲᠠᠯ᠎ᠠ ᠶᠢᠨ ᠸᠠᠩ︾ ᠰᠢᠷᠢᠰ ᠬᠠᠷ᠎ᠠ ᠠᠷᠢᠬᠢ ᠨᠢ ᠫᠠᠨᠠᠮᠠ ᠶᠢᠨ ᠤᠯᠠᠨ ᠤᠯᠤᠰ ᠤᠨ ᠦᠵᠡᠰᠬᠦᠯᠡᠩ | ᠤᠨ ᠠᠯᠳᠠᠨ ᠱᠠᠩᠨᠠᠯ ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠶᠢᠨ ᠶᠠᠰᠤ ᠴᠢᠨᠠᠷ ᠤᠨ ᠱᠠᠩᠨᠠᠯ ᠬᠢᠭᠡᠳ | ᠠᠶᠢᠮᠠᠭ ᠤᠨ ᠲᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠲᠤᠰᠴᠤ᠂ 2017 ᠤᠨ ᠳᠤ ᠲᠤᠰᠢᠶᠠᠭᠰᠠᠨ ᠭᠠᠶᠢᠯᠢ | ᠳ᠋ᠦᠩᠰᠢᠭᠤᠷ ᠲᠦᠬᠦᠷᠢᠭ ᠲᠠᠪᠠᠵᠠᠢ᠃ ᠬᠤᠩ ᠵᠢᠩ ᠶᠤᠸᠠᠨ ᠲᠤᠰᠤᠨ ᠤ ᠺᠤᠮᠫᠠᠨᠢ ᠶᠢᠨ ᠮᠡᠷᠭᠡᠵᠢᠯ ᠤᠨ | ᠦᠬᠡᠷᠡᠴᠢᠯᠡᠯᠳᠡ ᠪᠡ ᠦᠢᠯᠡᠳᠪᠦᠷᠢ ᠨᠡᠬᠦᠯᠬᠡᠬᠦ ᠲᠦᠷᠦᠯ ᠵᠦᠢᠯ ᠠᠮᠵᠢᠯᠳᠠᠳᠠᠢ ᠶᠠᠪᠤᠭᠳᠠᠵᠤ ᠠᠰᠢᠭᠯᠠᠯᠳᠠ ᠳᠤ | ᠤᠷᠤᠭᠠᠳ᠂ ︽ᠬᠤᠩ ᠵᠢᠩ ᠶᠤᠸᠠᠨ︾ ᠲᠡᠮᠳᠡᠭᠳᠦ ᠶᠠᠮᠠ ᠶᠢᠨ ᠦᠷ᠎ᠡ ᠶᠢᠨ ᠲᠤᠰᠤ ᠨᠢ ᠪᠦᠬᠦ ᠤᠯᠤᠰ ᠤᠨ | ᠲᠤᠯᠤᠳᠤᠭᠠᠷ᠂ ᠨᠠᠢᠮᠠᠳᠤᠭᠠᠷ ᠬᠤᠭᠤᠴᠠᠭᠠᠨ ᠤ ᠲᠡᠯᠡᠬᠡᠢ ᠶᠢᠨ ᠢᠳᠡᠰᠢᠨ ᠲᠤᠰᠤᠨ ᠤ ᠠᠵᠤ ᠦᠢᠯᠡᠰ ᠤᠨ | ᠦᠵᠡᠰᠬᠦᠯᠡᠩ ᠤᠨ ᠠᠯᠳᠠᠨ ᠱᠠᠩᠨᠠᠯ ᠬᠢᠭᠡᠳ ᠠᠶᠢᠮᠠᠭ ᠤᠨ ᠲᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠲᠤᠰᠴᠤ᠂ | ᠦᠪᠡᠷᠳᠡᠭᠡᠨ ᠵᠠᠰᠠᠬᠤ ᠤᠷᠤᠨ ᠤ ᠠᠮᠤ ᠪᠤᠳᠠᠭ᠎ᠠ ᠲᠤᠰᠤᠨ ᠤ ᠦᠢᠯᠡᠰ ᠤᠨ 20 ᠬᠦᠴᠦᠷᠭᠡᠭ ᠠᠵᠤ ᠠᠬᠤᠶᠢᠯᠠᠯ | ᠤᠨ ᠨᠢᠬᠡ ᠪᠤᠯᠪᠠ᠃ ᠺᠧ ᠲᠠᠢ ᠯᠦᠩ ᠳ᠋ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠨᠵᠢᠯᠡᠭᠡ ᠮᠡᠷᠭᠡᠵᠢᠯ ᠤᠨ | ᠺᠤᠮᠫᠠᠨᠢ ᠨᠢ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠡᠩᠨᠡᠬᠡᠨ ᠳᠤ ᠤᠷᠤᠵᠤ᠂ ᠭᠠᠶᠢᠯᠢ ᠶᠢᠨ | ᠤᠷᠤᠯᠭ᠎ᠠ ᠮᠢᠩᠭᠠᠨ ᠲᠦᠮᠡ ᠶᠢ ᠰᠢᠪᠳᠤᠯᠤᠭᠠᠳ᠂ ᠭᠧ ᠷᠦᠢ ᠳ᠋ᠧ ᠲᠦᠮᠦᠰᠦᠨ ᠤ ᠦᠢᠯᠡᠰ ᠤᠨ ᠺᠤᠮᠫᠠᠨᠢ ᠲᠠᠢ | ᠬᠠᠮᠳᠤ ᠳᠠᠭᠠᠨ ᠤᠯᠤᠰ ᠤᠨ ᠲᠡᠭᠡᠳᠦ ᠰᠢᠨ᠎ᠡ ᠮᠡᠷᠭᠡᠵᠢᠯᠳᠦ ᠠᠵᠤ ᠠᠬᠤᠶᠢᠯᠠᠯ ᠪᠤᠯᠵᠤ᠂ ᠬᠤᠶᠠᠳᠤᠭᠠᠷ ᠬᠤᠭᠤᠴᠠᠭᠠᠨ | ᠤ ᠲᠦᠷᠦᠯ ᠵᠦᠢᠯ ᠢᠶᠠᠨ ᠡᠨᠡ ᠵᠢᠯ ᠡᠬᠢᠯᠡᠬᠦ ᠬᠡᠵᠦ ᠪᠠᠶᠢᠭ᠎ᠠ᠃ ᠴᠦᠬᠦᠷᠡᠰᠢ ᠦᠬᠡᠢ ᠴᠢᠷᠮᠠᠶᠢᠯᠭ᠎ᠠ ᠪᠠᠷ ᠲᠠᠮᠵᠢᠭᠠᠳ᠂ | ᠲᠤᠰ ᠬᠤᠰᠢᠭᠤ ᠨᠢ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠷᠭ᠎ᠠ ᠪᠠᠷ ᠤᠷᠢᠵᠤ ᠨᠤᠳᠤᠭᠰᠢᠭᠤᠯᠤᠭᠰᠠᠨ | ᠠᠵᠤ ᠠᠬᠤᠶᠢᠯᠠᠯ ᠤᠨ ᠲᠤᠭ᠎ᠠ ᠪᠦᠬᠦ ᠠᠶᠢᠮᠠᠭ ᠲᠠᠭᠠᠨ ᠬᠠᠮᠤᠭ ᠠᠷᠪᠢᠨ ᠭᠠᠵᠠᠷ ᠤᠷᠤᠨ ᠤ ᠨᠢᠬᠡ ᠪᠤᠯᠵᠤ᠂ 5 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠲᠠᠢ ᠪᠡᠭᠡᠵᠢᠩ ᠤᠨ ᠱᠧᠩ ᠲᠠᠢ ᠡᠯ ᠡᠮ ᠤᠨ ᠮᠠᠲ᠋ᠧᠷᠢᠶᠠᠯ | ᠨᠠᠷᠢᠯᠢᠭ ᠡᠳ᠋ᠰᠢᠬᠦᠯᠬᠦ ᠲᠦᠷᠦᠯ ᠵᠦᠢᠯ ᠤᠨ ᠨᠢᠬᠡᠳᠦᠭᠡᠷ ᠬᠤᠭᠤᠴᠠᠭᠠᠨ ᠤ ᠢᠨᠵᠧᠨᠧᠷᠢᠩ ᠲᠡᠬᠦᠰᠴᠦ | ᠦᠢᠯᠡᠳᠪᠦᠷᠢᠯᠡᠯ ᠡᠬᠢᠯᠡᠭᠰᠡᠨ ᠪᠦᠬᠡᠳ ᠬᠤᠶᠠᠳᠤᠭᠠᠷ ᠬᠤᠭᠤᠴᠠᠭᠠᠨ ᠤ ᠪᠦᠳᠦᠬᠡᠨ ᠪᠠᠶᠢᠭᠤᠯᠤᠯᠳᠠ ᠪᠠᠨ | ᠡᠬᠢᠯᠡᠬᠦᠯᠵᠦ᠂ 5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠲᠠᠢ ᠡᠤ ᠹᠧᠩ ᠺᠤᠮᠫᠠᠨᠢ ᠶᠢᠨ ᠮᠢᠬᠠᠨ | ᠤ ᠦᠬᠡᠷ ᠤᠨ ᠠᠵᠤ ᠦᠢᠯᠡᠰ ᠤᠨ ᠨᠢᠬᠡ ᠴᠤᠭᠴᠠᠵᠢᠭᠰᠠᠨ ᠲᠦᠷᠦᠯ ᠵᠦᠢᠯ ᠂ 6 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠤᠯᠳᠠ ᠲᠠᠢ ᠪᠠᠢ ᠾᠦᠢ ᠱᠧᠩ ᠰᠢᠬᠢᠷ ᠤᠨ ᠦᠢᠯᠡᠳᠪᠦᠷᠢ ᠶᠢᠨ ᠲᠦᠷᠦᠯ ᠵᠦᠢᠯ᠂ 5 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠲᠠᠢ ᠵᠦᠩ ᠴᠧ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠬᠤ ᠲᠦᠷᠦᠯ ᠵᠦᠢᠯ᠂ 2 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠲᠠᠢ ᠰᠢᠶᠦ᠋ᠩ ᠰᠢᠶᠠᠨ | ᠤ ᠴᠠᠭᠠᠰᠤ ᠰᠦᠯᠢᠶᠤᠤ ᠪᠦᠳᠦᠭᠡᠭᠳᠡᠬᠦᠨ ᠤ ᠲᠦᠷᠦᠯ ᠵᠦᠢᠯ᠂ 3 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠯᠳᠠ ᠲᠠᠢ ᠵᠦᠩ ᠪᠧᠨ ᠼᠦᠩ ᠡᠬᠦᠯᠡᠨ ᠪᠤᠳᠤᠯᠳᠠ ᠶᠢᠨ ᠲᠦᠪ ᠤᠨ ᠪᠦᠳᠦᠭᠡᠨ ᠪᠠᠶᠢᠭᠤᠯᠤᠯᠳᠠ ᠶᠢᠨ | ᠲᠦᠷᠦᠯ ᠵᠦᠢᠯ᠂ 4.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠲᠠᠢ ᠱᠧᠩᠵᠧᠨ ᠤ ᠢᠯᠴᠢ | ᠴᠠᠬᠢᠯᠭᠠᠨ ᠤ ᠬᠠᠮ ᠦᠢᠯᠡᠳᠪᠦᠷᠢᠯᠡᠯ ᠤᠨ ᠲᠦᠷᠦᠯ ᠵᠦᠢᠯ ᠨᠢ ᠪᠦᠳᠦᠬᠡᠨ ᠪᠠᠶᠢᠭᠤᠯᠤᠯᠳᠠ ᠪᠠᠨ ᠲᠦᠷᠭᠡᠳᠭᠡᠵᠦ᠂ | ᠡᠨᠡ ᠵᠢᠯ ᠳᠤ ᠵᠠᠯᠭ᠎ᠠ ᠪᠠᠷ ᠦᠢᠯᠡᠳᠪᠦᠷᠢᠯᠡᠯ ᠡᠬᠢᠯᠡᠨ᠂ ᠪᠦᠬᠦ ᠬᠤᠰᠢᠭᠤᠨ ᠤ ᠠᠵᠤ ᠠᠬᠤᠢ ᠶᠢᠨ ᠨᠡᠮᠡᠭᠳᠡᠯ ᠤᠨ | ᠭᠤᠤᠯ ᠵᠠᠯᠠᠭᠤᠷ ᠪᠤᠯᠬᠤ ᠪᠠᠷ ᠪᠠᠶᠢᠨ᠎ᠠ᠃ ᠰᠢᠨ᠎ᠡ ᠪᠠᠷ ᠬᠢᠨᠠᠨ ᠵᠦᠪᠰᠢᠶᠡᠷᠡᠭᠰᠡᠨ 85 ᠲᠦᠮᠡᠨ ᠺᠢᠯᠤᠸᠠᠲ ᠤᠨ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠤ ᠲᠦᠷᠦᠯ ᠵᠦᠢᠯ᠂ 4 ᠲᠦᠮᠡᠨ ᠺᠢᠯᠤᠸᠠᠲ ᠤᠨ ᠭᠡᠷᠡᠯ ᠸᠤᠯᠲ ᠪᠠᠷ | ᠶᠠᠳᠠᠭᠤ ᠶᠢ ᠳᠡᠳᠬᠦᠬᠦ ᠲᠦᠷᠦᠯ ᠵᠦᠢᠯ᠂ ᠵᠠᠭᠤᠨ ᠲᠦᠮᠡᠨ ᠺᠢᠯᠤᠸᠠᠲ ᠤᠨ ᠰᠢᠨ᠎ᠡ ᠡᠨᠧᠷᠬᠢ ᠶᠢᠨ ᠰᠠᠭᠤᠷᠢᠨ ᠭᠠᠵᠠᠷ | ᠤᠨ ᠲᠦᠷᠦᠯ ᠵᠦᠢᠯ ᠨᠢ ᠪᠦᠳᠦᠭᠡᠨ ᠪᠠᠶᠢᠭᠤᠯᠤᠯᠳᠠ ᠪᠠᠨ ᠡᠬᠢᠯᠡᠵᠡᠢ᠃ | ︽ᠬᠠᠭᠠᠨ ᠤ ᠠᠳᠤᠭᠤᠨ ᠰᠤᠶᠤᠯ︾ ᠢ ᠬᠦᠭᠵᠢᠬᠦᠯᠬᠦ ᠪᠠᠷ ᠭᠤᠤᠯ ᠰᠡᠳᠦᠪ ᠪᠤᠯᠭᠠᠵᠤ᠂ ᠵᠤᠭᠠᠴᠠᠯ ᠤᠨ | ᠦᠢᠯᠡᠰ ᠢ ᠤᠯᠠᠮᠵᠢᠯᠠᠯᠳᠤ ᠵᠤᠭᠠᠴᠠᠯ ᠠᠴᠠ ᠪᠦᠬᠦ ᠤᠷᠤᠨ ᠪᠦᠰᠡ ᠶᠢᠨ ᠵᠤᠭᠠᠴᠠᠯ᠂ ᠲᠦᠷᠪᠡᠨ ᠤᠯᠠᠷᠢᠯ ᠤᠨ | ᠵᠤᠭᠠᠴᠠᠯ ᠲᠡᠰᠢ ᠬᠦᠭᠵᠢᠬᠦᠯᠦᠨ᠂ ᠬᠦᠨᠪᠤᠯᠠᠭ ᠤᠨ ᠲᠠᠯ᠎ᠠ ᠨᠤᠳᠤᠭ ᠤᠨ ᠵᠤᠭᠠᠴᠠᠯ ᠢᠶᠠᠷ ᠭᠤᠤᠯ ᠪᠤᠯᠭᠠᠭᠰᠠᠨ᠂ | ᠡᠮᠦᠨ᠎ᠡ ᠭᠡᠰᠡᠭ ᠤᠨ ᠴᠠᠬᠠᠷ ᠰᠤᠶᠤᠯ ᠢᠷᠭᠡᠨᠰᠢᠯ ᠤᠨ ᠵᠤᠭᠠᠴᠠᠯ ᠂ ᠬᠤᠶᠢᠳᠤ ᠭᠡᠰᠡᠭ ᠤᠨ ᠲᠠᠷᠢᠶᠠᠯᠠᠬᠤ ᠰᠤᠶᠤᠯ | ᠢᠷᠭᠡᠨᠰᠢᠯ ᠤᠨ ᠵᠤᠭᠠᠴᠠᠯ ᠬᠢᠭᠡᠳ ᠭᠤᠷᠪᠠᠨ ᠵᠤᠷᠪᠤᠰ ᠵᠤᠭᠠᠴᠠᠯ ᠤᠨ ᠵᠠᠮ ᠱᠤᠭᠤᠮ ᠢᠶᠠᠷ ᠬᠤᠯᠪᠤᠭᠠᠰᠤ ᠪᠤᠯᠭᠠᠭᠰᠠᠨ | ᠵᠤᠭᠠᠴᠠᠯ ᠤᠨ ᠬᠦᠭᠵᠢᠯᠳᠡ ᠶᠢᠨ ᠭᠡᠪ ᠪᠠᠶᠢᠳᠠᠯ ᠦᠨᠳᠦᠰᠦᠨ ᠳᠡᠭᠡᠨ ᠪᠦᠷᠢᠯᠳᠦᠭᠰᠡᠨ ᠪᠠᠶᠢᠨ᠎ᠠ᠃ ᠪᠡᠭᠡᠵᠢᠩ ᠤᠨ | ᠬᠦᠸᠧ ᠮᠠ ᠰᠢᠨᠵᠢᠯᠡᠭᠡ ᠮᠡᠷᠭᠡᠵᠢᠯ ᠤᠨ ᠺᠤᠮᠫᠠᠨᠢ ᠶᠢ ᠤᠷᠢᠵᠤ ᠤᠷᠤᠭᠤᠯᠤᠨ᠂ ︽ᠬᠠᠭᠠᠨ ᠤ ᠠᠳᠤᠭᠤᠨ ᠵᠤᠰᠠᠭᠠᠯ | ︾ ᠦᠵᠡᠮᠵᠢ ᠶᠢᠨ ᠤᠷᠤᠨ ᠳᠤ ᠪᠦᠬᠦ ᠲᠠᠯ᠎ᠠ ᠶᠢᠨ ᠦᠬᠡᠷᠡᠴᠢᠯᠡᠯᠳᠡ ᠬᠢᠵᠦ᠂ ︽ᠪᠦᠷᠳᠡ ᠴᠢᠨ᠋ᠸ᠎ᠠ︾ ᠦᠵᠡᠮᠵᠢ ᠶᠢᠨ | ᠤᠷᠤᠨ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠮᠠᠯᠴᠢᠨ ᠲᠠᠷᠢᠶᠠᠴᠢᠨ ᠡᠷᠦᠬᠡ ᠶᠢᠨ ᠵᠤᠭᠠᠴᠠᠯ ᠵᠤᠬᠢᠬᠤ | ᠬᠡᠮᠵᠢᠶ᠎ᠡ ᠪᠠᠷ ᠭᠡᠪᠴᠢᠶᠡᠵᠢᠨ᠂ ᠴᠢᠶᠤᠤ ᠵᠢᠶᠠ ᠶᠢᠩ ᠽᠢ᠂ ᠪᠢᠶᠠᠨ ᠴᠢᠶᠠᠩ ᠵᠡᠷᠭᠡ ᠭᠠᠴᠠᠭ᠎ᠠ ᠲᠤᠰᠬᠤᠨ ᠢᠶᠠᠷ | ᠭᠤᠤᠯ ᠪᠤᠯᠭᠠᠭᠰᠠᠨ ᠵᠤᠭᠠᠴᠠᠯ ᠤᠨ ᠭᠠᠴᠠᠭ᠎ᠠ ᠲᠤᠰᠬᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ | ᠬᠠᠭᠠᠨ ᠤ ᠠᠳᠤᠭᠤᠨ ᠤ ᠵᠢᠵᠢᠭ ᠪᠠᠯᠭᠠᠰᠤ᠂ ᠬᠠᠨ᠎ᠠ ᠬᠠᠳᠠ ᠶᠢᠨ ᠦᠵᠡᠮᠵᠢ ᠶᠢᠨ ᠤᠷᠤᠨ ᠵᠡᠷᠭᠡ ᠠᠷᠠᠯᠵᠢᠶᠠᠴᠢᠨ | ᠤᠷᠢᠵᠤ ᠪᠡᠯᠡ ᠤᠷᠤᠭᠤᠯᠬᠤ ᠵᠤᠭᠠᠴᠠᠯ ᠤᠨ ᠲᠦᠷᠦᠯ ᠵᠦᠢᠯ ᠢ ᠠᠯᠬᠤᠮ ᠲᠠᠷᠠᠭ᠎ᠠ ᠲᠠᠢ ᠲᠦᠯᠬᠢᠨ ᠠᠬᠢᠭᠤᠯᠪᠠ᠃ | ᠤᠶᠢᠷ᠎ᠠ ᠶᠢᠨ ᠲᠠᠪᠤᠨ ᠵᠢᠯ ᠳᠤ᠂ ᠲᠦᠷᠪᠡᠳᠦᠭᠡᠷ ᠬᠤᠭᠤᠴᠠᠭᠠᠨ ᠤ ᠲᠤᠮᠳᠠᠳᠤ ᠤᠯᠤᠰ ᠤᠨ ᠲᠠᠯ᠎ᠠ ᠨᠤᠳᠤᠭ ᠤᠨ | ᠬᠠᠭᠠᠨ ᠤ ᠠᠳᠤᠭᠤᠨ ᠰᠤᠶᠤᠯ ᠤᠨ ᠨᠠᠶᠢᠷ᠂ ᠬᠦᠢᠯᠡᠰᠦᠨ ᠴᠡᠴᠡᠭ ᠤᠨ ᠵᠢᠭᠤᠯᠴᠢᠯᠠᠯ ᠤᠨ ᠨᠠᠶᠢᠷ᠂᠂ ᠲᠠᠯ᠎ᠠ ᠨᠤᠳᠤᠭ | ᠤᠨ ᠮᠦᠩᠬᠦᠨ ᠡᠪᠦᠯ ᠤᠨ ᠨᠠᠭᠠᠳᠤᠮ ᠵᠡᠷᠭᠡ ᠴᠢᠬᠤᠯᠠ ᠶᠡᠭᠡ ᠨᠠᠶᠢᠷ ᠨᠠᠭᠠᠳᠤᠮ ᠢ ᠠᠮᠵᠢᠯᠳᠠᠳᠠᠢ ᠡᠷᠬᠢᠯᠡᠵᠦ᠂ | ᠤᠷᠢᠳ ᠬᠤᠵᠢᠳ ︽ᠪᠦᠬᠦ ᠤᠯᠤᠰ ᠤᠨ ᠵᠠᠭᠤᠨ ᠰᠢᠯᠢᠳᠡᠭ ᠴᠡᠪᠡᠷ ᠠᠮᠢᠰᠬᠤᠯᠳᠤ ᠵᠢᠵᠢᠭ ᠬᠤᠳᠠ︾᠂ ︽ᠪᠦᠬᠦ | ᠤᠯᠤᠰ ᠤᠨ ᠰᠤᠶᠤᠯ ᠢᠷᠭᠡᠨᠰᠢᠯ ᠠᠮᠢ ᠠᠬᠤᠢ ᠶᠢᠨ ᠵᠢᠭᠤᠯᠴᠢᠯᠠᠯ ᠤᠨ ᠰᠠᠭᠤᠷᠢᠨ ᠭᠠᠵᠠᠷ︾ ᠢᠶᠠᠷ ᠴᠤᠯᠠᠯᠠᠭᠳᠠᠵᠤ᠂ | ᠬᠤᠰᠢᠭᠤ ᠨᠤᠳᠤᠭ ᠤᠨ ᠨᠡᠷ᠎ᠡ ᠨᠦᠯᠦᠬᠡ ᠶᠢ ᠤᠯᠠᠮ ᠴᠢᠨᠠᠭᠰᠢᠳᠠ ᠦᠷᠭᠡᠳᠭᠡᠵᠡᠢ᠃ ᠢ ᠳ᠋ᠦ᠋᠂ ᠽᠦᠩ ᠴᠤᠸᠠᠩ᠂ | ᠯᠧ ᠼᠦᠨ ᠲᠤᠤ ᠵᠡᠷᠭᠡ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠲᠦᠷᠭᠡᠨ ᠬᠦᠭᠵᠢᠵᠦ᠂ ᠡᠵᠡᠩᠨᠡᠯᠳᠡ | ᠶᠢᠨ ᠤᠷᠤᠯᠭ᠎ᠠ 5000 ᠲᠦᠮᠡᠨ ᠲᠦᠬᠦᠷᠢᠭ ᠰᠢᠪᠳᠤᠯᠵᠤ᠂ ᠪᠦᠬᠦ ᠠᠶᠢᠮᠠᠭ ᠲᠤ ᠴᠤᠷ ᠤᠨ ᠭᠠᠭᠴᠠ | ᠦᠪᠡᠷᠳᠡᠭᠡᠨ ᠵᠠᠰᠠᠬᠤ ᠤᠷᠤᠨ ᠤ ᠲᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠳᠤ | ᠤᠷᠤᠭᠤᠯᠤᠭᠰᠠᠨ ︽ᠬᠤᠤᠰ ᠵᠢᠱᠢᠶ᠎ᠡ︾ ᠶᠢᠨ ᠬᠤᠰᠢᠭᠤ ᠪᠤᠯᠪᠠ᠃ ᠡᠯ᠎ᠡ ᠲᠦᠷᠦᠯ ᠤᠨ ᠮᠦᠩᠬᠦᠨ ᠬᠦᠢᠯᠬᠡᠬᠡᠨ ᠤ | ᠪᠠᠶᠢᠭᠤᠯᠤᠮᠵᠢ ᠶᠢᠨ ᠡᠵᠡᠩᠨᠡᠯᠳᠡ ᠶᠢᠨ ᠴᠡᠭ 26 ᠡᠷᠦᠬᠡ ᠳᠤ ᠬᠦᠷᠴᠦ᠂ ᠬᠠᠳᠠᠭᠠᠯᠠᠮᠵᠢ ᠪᠠ ᠵᠢᠬᠡᠯᠡᠯᠬᠡ ᠶᠢᠨ | ᠦᠯᠡᠳᠡᠪᠦᠷᠢ ᠲᠤᠰᠪᠤᠷᠢ 56.9 ᠳ᠋ᠦᠩᠰᠢᠭᠤᠷ ᠲᠦᠬᠦᠷᠢᠭ ᠪᠠ 30.7 ᠳ᠋ᠦᠩᠰᠢᠭᠤᠷ ᠲᠦᠬᠦᠷᠢᠭ ᠲᠤ ᠬᠦᠷᠴᠦ᠂ | 2012 ᠤᠨ ᠠᠴᠠ ᠲᠠᠬᠢᠨ ᠢᠶᠠᠷ ᠨᠡᠮᠡᠭᠳᠡᠪᠡ᠃ ᠲᠠᠶᠢᠹᠤᠰᠧ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ | ᠨᠢ 2017 ᠤᠨ ᠳᠤ ᠠᠶᠢᠮᠠᠭ ᠤᠨ ᠲᠠᠷᠤᠭ᠎ᠠ ᠶᠢᠨ ᠶᠠᠰᠤ ᠴᠢᠨᠠᠷ ᠶᠢᠨ ᠱᠠᠩᠨᠠᠯ ᠢ ᠲᠤᠰᠴᠠᠢ᠃ | |