ᠬᠠᠩ ᠵᠢᠶᠠ ᠰᠢᠶᠠᠩ
ᠨᠡᠶᠢᠲᠡᠯᠡᠭᠰᠡᠨ ᠴᠠᠭ᠄
2018/1/17
 ᠬᠠᠩ ᠵᠢᠶᠠ ᠰᠢᠶᠠᠩ ︵1911 —1993︶ ᠮᠤᠩᠭᠤᠯ ᠨᠡᠷ᠎ᠡ ᠨᠢ ᠲᠠᠮᠷᠢᠨᠳᠤᠷᠵᠢ᠃ ᠲᠠᠶᠢᠹᠤᠰᠧ ᠵᠡᠬᠦᠨ ᠭᠠᠷ ᠰᠦᠷᠦᠭ ᠤᠨ ᠦᠴᠢ ᠤᠪᠤᠭ᠎ᠠ ᠶᠢᠨ ᠰᠡᠷᠡᠩᠳᠤᠩᠷᠤᠪ ᠠᠮᠪᠠᠨ ᠤ ᠲᠦᠷᠪᠡᠳᠦᠭᠡᠷ ᠬᠦᠪᠡᠬᠦᠨ᠃ ᠪᠠᠭ᠎ᠠ ᠨᠠᠰᠤᠨ ᠳᠠᠭᠠᠨ ᠨᠤᠳᠤᠭ ᠤᠰᠤᠨ ᠳᠠᠭᠠᠨ ᠮᠤᠩᠭᠤᠯ ᠪᠢᠴᠢᠭ ᠰᠤᠷᠴᠤ᠂ 1922 ᠤᠨ ᠳᠤ  ᠬᠤᠶᠠᠳᠤᠭᠠᠷ ᠠᠬ᠎ᠠ ᠹᠦᠯᠦᠩᠭ᠎ᠠ ᠲᠠᠢ ᠎ ᠪᠠᠨ ᠪᠡᠭᠡᠵᠢᠩ ᠳᠤ ᠤᠴᠢᠵᠤ  ᠭᠢᠳᠠᠳ ᠰᠢᠶᠠᠩᠱᠧᠩ ᠢᠶᠠᠷ ᠪᠢᠴᠢᠭ ᠵᠢᠭᠠᠯᠭᠠᠵᠤ  ᠬᠢᠳᠡᠳ ᠬᠡᠯᠡᠨ ᠳᠤ ᠨᠡᠪᠳᠡᠷᠡᠭᠰᠡᠨ ᠪᠠᠶᠢᠪᠠ᠃ 1929 ᠤᠨ ᠳᠤ ᠠᠪᠤ ᠪᠠᠨ ᠲᠠᠭᠠᠵᠤ ᠴᠢᠭᠤᠯᠤᠯᠳᠤ ᠬᠠᠭᠠᠯᠭ᠎ᠠ ᠬᠤᠳᠠᠨ᠎ᠠ ᠬᠦᠷᠴᠦ᠂ ᠲᠡᠨᠳᠡᠬᠢ ᠪᠠᠭᠰᠢ ᠎ ᠶᠢᠨ ᠰᠤᠷᠭᠠᠭᠤᠯᠢ ᠳᠤ ᠰᠤᠷᠤᠯᠴᠠᠵᠠᠢ᠃ 1933 ᠤᠨ ᠳᠤ ᠹᠧᠩ ᠢᠤᠢ ᠰᠢᠶᠠᠩ  ᠎ ᠤᠨ ᠴᠢᠭᠤᠯᠤᠯᠳᠤ ᠬᠠᠭᠠᠯᠭ᠎ᠠ ᠎ ᠳᠤ ᠪᠠᠶᠢᠭᠤᠯᠤᠭᠰᠠᠨ ᠶᠠᠫᠤᠨ ᠢ ᠡᠰᠡᠷᠬᠦᠴᠡᠬᠦ ᠬᠤᠯᠪᠤᠭᠠᠳᠤ ᠴᠡᠷᠢᠭ  ᠎ ᠲᠤ ᠤᠷᠤᠵᠤ᠂   ᠶᠡᠷᠦᠩᠬᠡᠢ ᠰᠧᠯᠢᠩᠪᠦ᠋ ᠳᠤ ᠠᠵᠢᠯᠯᠠᠨ᠂ ᠬᠤᠰᠢᠭᠤᠴᠢ ᠬᠤᠷᠠᠩᠳᠠ ᠵᠡᠷᠭᠡ ᠲᠠᠢ ᠵᠦᠪᠯᠡᠭᠴᠢ ᠪᠠᠶᠢᠪᠠ᠃ 1934 ᠤᠨ ᠳᠤ ᠨᠠᠨᠵᠢᠩ ᠳᠤ ᠬᠦᠷᠴᠦ ᠦᠪᠦᠷ ᠮᠤᠩᠭᠤᠯ ᠤᠨ ᠡᠯ᠎ᠡ ᠬᠤᠰᠢᠭᠤᠳ ᠤᠨ ᠨᠠᠨᠵᠢᠩ ᠳᠤ ᠬᠤᠯᠪᠤᠭᠠᠯᠠᠨ ᠰᠠᠭᠤᠭ᠎ᠠ ᠭᠡᠷᠡᠭ ᠡᠷᠬᠢᠯᠡᠬᠦ ᠭᠠᠵᠠᠷ ᠤᠨ ᠲᠦᠯᠦᠭᠡᠯᠡᠭᠴᠢ ᠪᠤᠯᠵᠤ᠂  ︽7.7︾᠎ ᠤ ᠭᠡᠷᠡᠭ ᠬᠤᠪᠢᠰᠤᠯ ᠤᠨ ᠲᠠᠷᠠᠭ᠎ᠠ ᠭᠤᠮᠢᠨᠳᠠᠩ ᠤᠨ ᠵᠠᠰᠠᠭ ᠤᠨ ᠭᠠᠵᠠᠷ ᠢ ᠲᠠᠭᠠᠵᠤ ᠦᠬᠡᠨ ᠬᠤᠳᠠᠨ ᠳᠤ ᠨᠡᠬᠦᠭᠡᠳ ᠰᠡᠬᠦᠯᠡᠷ ᠨᠢ ᠪᠠᠰᠠ ᠴᠦᠩᠴᠢᠩ ᠬᠤᠳᠠ ᠳᠤ ᠨᠡᠬᠦᠨ ᠤᠴᠢᠵᠠᠢ᠃  ᠶᠠᠫᠤᠨ ᠪᠠᠭᠤᠵᠤ ᠦᠭᠬᠦᠭᠰᠡᠨ ᠤ ᠲᠠᠷᠠᠭ᠎ᠠ᠂ ᠭᠤᠮᠢᠨᠳᠠᠩ ᠤᠨ ᠵᠠᠰᠠᠭ ᠤᠨ ᠭᠠᠵᠠᠷ ᠠᠴᠠ ᠮᠤᠩᠭᠤᠯ ᠤᠷᠤᠨ ᠳᠤ ᠲᠤᠮᠢᠯᠠᠭᠰᠠᠨ ᠤᠬᠠᠭᠤᠯᠭ᠎ᠠ ᠶᠢᠨ ᠪᠦᠯᠬᠦᠮ ᠳᠤ ᠤᠷᠤᠯᠴᠠᠵᠤ᠂  ᠮᠤᠩᠭᠤᠯ ᠤᠷᠤᠨ ᠤ ᠡᠯ᠎ᠡ ᠬᠤᠰᠢᠭᠤᠳ ᠢᠶᠠᠷ ᠲᠤᠭᠤᠷᠢᠨ ᠤᠬᠠᠭᠤᠯᠭ᠎ᠠ ᠶᠢᠨ ᠠᠵᠢᠯ ᠬᠢᠭᠡᠳ ᠭᠤᠮᠢᠨᠳᠠᠩ ᠤᠨ ᠡᠷᠭᠡ ᠪᠠᠷᠢᠭᠴᠢᠳ ᠲᠤ ᠬᠦᠨᠳᠦᠳᠭᠡᠭᠳᠡᠵᠦ ᠪᠠᠶᠢᠵᠠᠢ ᠃ 1947 ᠤᠨ ᠳᠤ ᠭᠤᠮᠢᠨᠳᠠᠩ ᠤᠨ ᠴᠡᠷᠢᠭ ᠴᠢᠭᠤᠯᠤᠯᠳᠤ ᠬᠠᠭᠠᠯᠭ᠎ᠠ ᠶᠢ ᠡᠵᠡᠯᠡᠭᠰᠡᠨ ᠤ ᠲᠠᠷᠠᠭ᠎ᠠ᠂ ᠭᠤᠮᠢᠨᠳᠠᠩ ᠎ ᠤᠨ ᠵᠠᠰᠠᠭ ᠤᠨ ᠭᠠᠵᠠᠷ ᠤᠨ ᠶᠡᠭᠡ ᠰᠤᠩᠭᠤᠭᠤᠯᠢ ᠳᠤ ᠵᠠᠰᠠᠭ ᠤᠨ ᠭᠠᠵᠠᠷ ᠤᠨ ᠬᠠᠤᠯᠢ ᠲᠤᠭᠳᠠᠭᠠᠬᠤ ᠬᠤᠷᠢᠶᠠᠨ ᠤ ᠭᠡᠰᠢᠬᠦᠨ ᠪᠤᠯᠤᠭᠰᠠᠨ ᠪᠠᠶᠢᠪᠠ᠃ 1949 ᠤᠨ ᠳᠤ ᠤᠯᠤᠰ ᠴᠢᠯᠦᠭᠡᠯᠡᠭᠳᠡᠬᠦ ᠳᠤ ᠭᠤᠣᠮᠢᠨᠳᠠᠩ ᠢ ᠲᠠᠭᠠᠵᠤ ᠲᠠᠶᠢᠸᠠᠨ ᠳᠤ ᠤᠴᠢᠭᠠᠳ ᠮᠦᠨ ᠡᠨᠡᠬᠦ ᠲᠤᠰᠢᠶᠠᠯ ᠢᠶᠠᠨ ᠡᠬᠦᠷᠭᠡᠯᠡᠵᠦ ᠪᠠᠶᠢᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号