ᠭᠠᠨᠵᠤᠤᠷᠵᠠᠪ
ᠨᠡᠶᠢᠲᠡᠯᠡᠭᠰᠡᠨ ᠴᠠᠭ᠄
2018/1/17
  ᠭᠠᠨᠵᠤᠤᠷᠵᠠᠪ  — ᠲᠠᠶᠢᠹᠤᠰᠧ ᠵᠡᠬᠦᠨ ᠭᠠᠷ ᠰᠦᠷᠦᠭ ᠤᠨ ᠬᠦᠯᠦ ᠴᠠᠭᠠᠨ ᠬᠤᠰᠢᠭᠤᠨ ᠤ ᠬᠦᠨ ᠴᠠᠪ ᠤᠨ ᠬᠦᠮᠦᠨ᠃ ᠬᠠᠩᠬᠢᠨ ᠤᠪᠤᠭ ᠲᠠᠢ  ᠃ ᠲᠡᠷᠡ  ᠪᠤᠯ ᠴᠢᠩ ᠤᠯᠤᠰ ᠤᠨ ᠰᠡᠬᠦᠯᠴᠢ  ᠂ ᠢᠷᠭᠡᠨ ᠤᠯᠤᠰ ᠤᠨ ᠡᠬᠢᠨ ᠎ ᠤ ᠦᠶ᠎ᠡ ᠳᠤ ᠲᠤᠯᠤᠨ ᠨᠤᠤᠷ ᠳᠤ ᠰᠠᠭᠤᠵᠤ ᠪᠠᠶᠢᠭᠰᠠᠨ ᠴᠡᠷᠢᠭ ᠤᠨ ᠶᠡᠭᠡ ᠨᠤᠶᠠᠨ ᠪᠤᠷᠬᠢᠯ ᠤᠨ ᠦᠶᠡᠯᠢᠳ ᠲᠡᠬᠦᠦ ᠎ ᠨᠢ ᠪᠤᠯᠤᠨ᠎ᠠ᠃ ᠬᠠᠷᠠᠬᠠᠨ ᠪᠠᠭ᠎ᠠ ᠠᠴᠠ ᠪᠠᠨ ᠪᠤᠷᠬᠢᠯ ᠵᠡᠷᠭᠡ ᠬᠦᠮᠦᠰ ᠲᠠᠢ ᠬᠠᠮᠳᠤ ᠪᠠᠷ ᠭᠡᠷ ᠤᠨ ᠪᠠᠭᠰᠢ ᠵᠠᠯᠠᠵᠤ ᠮᠠᠨᠵᠤ ᠮᠤᠩᠭᠤᠯ ᠪᠢᠴᠢᠭ ᠰᠤᠷᠴᠤ ᠪᠠᠶᠢᠪᠠ᠃ 1877 ᠤᠨ ︵ᠪᠠᠳᠠᠷᠠᠭᠤᠯᠳᠤ ᠲᠦᠷᠦ ᠶᠢᠨ ᠭᠤᠷᠪᠠᠳᠤᠭᠠᠷ ᠤᠨ︶ ᠎ ᠳᠤ ᠪᠤᠷᠬᠢᠯ ᠲᠤᠰ ᠰᠦᠷᠦᠭ ᠤᠨ ᠬᠦᠯᠦ ᠴᠠᠭᠠᠨ ᠬᠤᠰᠢᠭᠤᠨ ᠤ ᠵᠢᠩᠬᠢᠨᠢ ᠬᠤᠰᠠᠢ ᠳ᠋ᠠ ᠪᠤᠯᠬᠤ ᠳᠤ ᠭᠠᠨᠵᠤᠤᠷᠵᠠᠪ ᠠᠷᠠᠬᠤ ᠬᠤᠰᠠᠢ ᠳ᠋ᠠ ᠪᠤᠯᠤᠭᠰᠠᠨ ᠪᠦᠬᠡᠳ ᠰᠡᠬᠦᠯᠡᠷ ᠨᠢ ᠵᠢᠩᠬᠢᠨᠢ ᠬᠤᠰᠠᠢ ᠳ᠋ᠠ ᠰᠠᠭᠤᠵᠤ᠂ 1892 ᠤᠨ ︵ᠪᠠᠳᠠᠷᠠᠭᠤᠯᠳᠤ ᠲᠦᠷᠦ ᠶᠢᠨ ᠠᠷᠪᠠᠨ ᠨᠠᠢᠮᠠᠳᠤᠭᠠᠷ ᠤᠨ︶᠎ ᠳᠤ ᠲᠠᠶᠢᠹᠤᠰᠧ ᠪᠠᠷᠠᠭᠤᠨ ᠭᠠᠷ ᠰᠦᠷᠦᠭ ᠤᠨ ᠠᠮᠪᠠᠨ ᠰᠠᠭᠤᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号