ᠲᠠᠶᠢᠹᠤᠰᠧ ᠬᠤᠰᠢᠭᠤ ᠬᠠᠩᠭᠠᠯᠭ᠎ᠠ ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠲᠦᠯᠬᠢᠨ ᠠᠬᠢᠭᠤᠯᠵᠤ ᠠᠵᠤ ᠦᠢᠯᠡᠰ ᠤᠨ ᠬᠦᠭᠵᠢᠯᠳᠡ ᠶᠢᠨ ᠶᠠᠰᠤ ᠴᠢᠨᠠᠷ ᠢ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2018-01-17
        ᠤᠶᠢᠷ᠎ᠠ ᠶᠢᠨ ᠬᠡᠳᠦᠨ ᠵᠢᠯ ᠳᠤ᠂ ᠲᠠᠶᠢᠹᠤᠰᠧ ᠬᠤᠰᠢᠭᠤ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠢᠳᠡᠪᠬᠢᠳᠡᠢ ᠲᠤᠤᠱᠯᠠᠭᠤᠯᠵᠤ᠂  ᠬᠦᠭᠵᠢᠯᠳᠡ ᠶᠢᠨ ᠰᠡᠳᠬᠢᠴᠡ ᠪᠠᠨ  ᠰᠢᠯᠤᠭᠤᠳᠬᠠᠨ᠂   ᠬᠡᠯᠪᠡᠷᠢ ᠶᠢᠨ ᠬᠤᠪᠢᠷᠠᠭᠤᠯᠤᠯᠳᠠ   ᠪᠦᠷᠢᠯᠳᠦᠴᠡ ᠶᠢᠨ ᠲᠤᠬᠢᠷᠠᠭᠤᠯᠤᠯᠳᠠ ᠶᠢ  ᠬᠦᠴᠦᠳᠡᠢ ᠲᠦᠯᠬᠢᠨ ᠠᠬᠢᠭᠤᠯᠤᠭᠠᠳ ᠮᠡᠳᠡᠭᠳᠡᠮ᠎ᠡ ᠠᠮᠵᠢᠯᠳᠠ ᠤᠯᠵᠤ᠂   ᠤᠨᠴᠠᠯᠢᠭᠳᠤ ᠲᠠᠷᠢᠶᠠᠯᠠᠩ ᠮᠠᠯ ᠠᠵᠤ ᠠᠬᠤᠢ ᠦᠳᠳᠡᠷ ᠲᠦᠷᠭᠡᠨ  ᠬᠦᠭᠵᠢᠵᠦ  ᠂  ᠠᠵᠤ ᠦᠢᠯᠡᠳᠪᠦᠷᠢ ᠶᠢᠨ ᠠᠵᠤ ᠠᠬᠤᠢ ᠲᠡᠦᠬᠡᠳᠦ ᠴᠢᠨᠠᠷᠳᠠᠢ ᠲᠠᠪᠠᠯᠳᠠ ᠶᠢ  ᠪᠡᠶᠡᠯᠡᠬᠦᠯᠦᠨ᠂  ᠭᠤᠷᠪᠠᠳᠤᠭᠠᠷ ᠠᠵᠤ ᠦᠢᠯᠡᠰ ᠤᠨ ᠪᠠᠶᠢᠷᠢ ᠰᠠᠭᠤᠷᠢ ᠡᠳᠦᠷ ᠢᠷᠡᠬᠦᠶ᠎ᠡ ᠲᠡᠭᠡᠭᠰᠢᠯᠡᠵᠦ ᠢᠷᠡᠭᠰᠡᠨ ᠪᠠᠶᠢᠨ᠎ᠠ᠃      ᠲᠠᠷᠢᠵᠤ ᠤᠷᠭᠤᠭᠤᠯᠬᠤ ᠦᠢᠯᠡᠰ ᠨᠢ ᠭᠧ ᠷᠦᠢ ᠳ᠋ᠧ᠂ ᠱᠧᠩ ᠲᠠᠢ ᠡᠯ᠂ ᠪᠠᠢ ᠾᠦᠢ ᠱᠧᠩ  ᠂  ᠴᠠᠩ ᠱᠧᠩ᠂  ᠂ ᠬᠤᠩ ᠵᠢᠩ ᠶᠤᠸᠠᠨ ᠵᠡᠷᠭᠡ ᠭᠤᠤᠯᠳᠠᠯᠭᠠᠳᠠᠢ ᠲᠤᠯᠤᠭᠠᠶᠢᠯᠠᠭᠴᠢ ᠠᠵᠤ ᠠᠬᠤᠶᠢᠯᠠᠯ   ᠳᠤ ᠲᠦᠰᠢᠭᠯᠡᠨ᠂ ᠬᠢᠳᠠᠳ ᠡᠮ ᠤᠨ ᠮᠠᠲ᠋ᠧᠷᠢᠶᠠᠯ᠂ ᠤᠷᠭᠠᠨᠢᠭ ᠢᠳᠡᠰᠢᠨ ᠨᠤᠭᠤᠭ᠎ᠠ᠂  ᠦᠷ᠎ᠡ ᠶᠢᠨ ᠲᠦᠮᠦᠰᠦ᠂ ᠲᠤᠰᠤᠯᠢᠭ ᠲᠠᠷᠢᠮᠠᠯ᠂ ᠰᠢᠬᠢᠷ ᠯᠤᠤᠪᠠᠩ᠂  ᠡᠪᠡᠰᠦ ᠪᠤᠷᠳᠤᠭ᠎ᠠ ᠲᠠᠷᠢᠬᠤ ᠲᠠᠯᠠᠪᠠᠢ ᠶᠢ ᠲᠠᠰᠤᠷᠠᠯᠳᠠ ᠦᠬᠡᠢ ᠦᠷᠭᠡᠳᠭᠡᠨ᠂ ︽ᠭᠠᠭᠴᠠ ᠲᠦᠮᠦᠰᠦ ᠪᠠᠷ ᠭᠤᠤᠯᠯᠠᠬᠤ︾ ᠪᠠᠶᠢᠳᠠᠯ ᠢ ᠲᠦᠷᠭᠡᠨ ᠬᠤᠪᠢᠷᠠᠭᠤᠯᠤᠭᠠᠳ᠂ ᠲᠠᠷᠢᠶᠠᠯᠠᠩ ᠤᠨ ᠦᠷ᠎ᠡ ᠠᠰᠢᠭ   ᠤᠨ ᠨᠡᠮᠡᠭᠳᠡᠯ  ᠪᠠ ᠲᠠᠷᠢᠶᠠᠴᠢᠳ ᠤᠨ ᠠᠰᠢᠭ ᠤᠷᠤᠯᠭ᠎ᠠ ᠶᠢᠨ ᠨᠡᠮᠡᠭᠳᠡᠯ ᠢ ᠬᠦᠴᠦᠳᠡᠢ   ᠠᠬᠢᠭᠤᠯᠤᠭᠰᠠᠨ ᠪᠦᠬᠡᠳ ᠡᠬᠡᠯᠵᠢᠯᠡᠨ ᠲᠠᠷᠢᠬᠤ ᠲᠤᠷᠰᠢᠯᠳᠠ ᠶᠢᠨ ᠴᠡᠭ ᠤᠨ ᠠᠵᠢᠯ ᠢ ᠡᠬᠢᠯᠡᠬᠦᠯᠵᠦ᠂ ᠤᠰᠤ᠂ ᠪᠤᠷᠳᠤᠭᠤᠷ᠂ ᠡᠮ ᠢ ᠬᠢᠵᠠᠭᠠᠷᠯᠠᠨ᠂ ︽ᠰᠦᠷᠴᠢᠨ ᠤᠰᠤᠯᠠᠬᠤ   ᠠᠴᠠ ᠲᠤᠰᠤᠯᠠᠭᠤᠯᠤᠨ ᠤᠰᠤᠯᠠᠬᠤ︾  ᠦᠬᠡᠷᠡᠴᠢᠯᠡᠯᠳᠡ ᠶᠢᠨ ᠠᠵᠢᠯ ᠠᠩᠬᠠᠨ ᠤ ᠠᠮᠵᠢᠯᠳᠠ ᠪᠠᠨ ᠤᠯᠵᠠᠢ᠃  ᠰᠠᠶᠢᠨ ᠡᠬᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠢ ᠢᠳᠡᠪᠬᠢᠳᠡᠢ ᠬᠦᠭᠵᠢᠬᠦᠯᠵᠦ᠂  ᠵᠤᠨ ᠤ ᠲᠤᠭᠠᠯᠠᠯᠭ᠎ᠠ ᠳᠤ 27.7 ᠲᠦᠮᠡᠨ ᠮᠠᠯ ᠪᠦᠷᠢᠳᠭᠡᠭᠰᠡᠨ ᠪᠤᠯ ᠡᠬᠦᠨ ᠤ ᠲᠤᠳᠤᠷ᠎ᠠ  ᠪᠤᠳᠠ ᠮᠠᠯ 9.4 ᠲᠦᠮᠡ ᠳᠤ ᠬᠦᠷᠦᠭᠰᠡᠨ ᠪᠠᠶᠢᠨ᠎ᠠ᠃  ᠵᠦᠩ ᠰᠢᠤᠢ ᠷᠦᠩ ᠲᠠᠢ᠂ ᠡᠤ ᠹᠧᠩ ᠬᠤᠶᠠᠷ ᠠᠵᠤ ᠠᠬᠤᠶᠢᠯᠠᠯ ᠤᠨ ᠬᠤᠶᠠᠷ ᠮᠢᠩᠭ᠎ᠠ ᠠᠴᠠ ᠲᠡᠭᠡᠭᠰᠢ ᠲᠤᠯᠤᠭᠠᠢ ᠮᠢᠬᠠᠨ ᠤ ᠦᠬᠡᠷ ᠦᠷᠡᠵᠢᠬᠦᠯᠬᠦ ᠪᠠ ᠪᠤᠷᠳᠤᠨ ᠲᠠᠷᠭᠤᠯᠠᠭᠤᠯᠬᠤ ᠲᠠᠯᠠᠪᠠᠢ ᠵᠠᠯᠭ᠎ᠠ ᠪᠠᠷ ᠠᠵᠢᠯ ᠢᠶᠠᠨ ᠡᠬᠢᠯᠡᠬᠦᠯᠵᠦ᠂  ᠭᠠᠳᠠᠭᠠᠳᠤ ᠠᠴᠠ ᠤᠷᠤᠭᠤᠯᠤᠭᠰᠠᠨ ᠠᠩᠬᠢᠰ ᠬᠠᠷ᠎ᠠ ᠦᠬᠡᠷ 5719 ᠲᠤᠯᠤᠭᠠᠢ᠂  ᠰᠢᠮᠧᠨ᠋ᠲ᠋ᠠᠷ ᠦᠬᠡᠷ 3700 ᠲᠤᠯᠤᠭᠠᠢ᠂ ᠡᠷᠯᠢᠰᠵᠢᠬᠦᠯᠦᠭᠰᠡᠨ ᠶᠠᠫᠤᠨ ᠡᠬᠦᠯᠳᠡᠷ ᠤᠨ ᠬᠠᠷ᠎ᠠ ᠦᠬᠡᠷ 1200 ᠲᠤᠯᠤᠭᠠᠢ ᠮᠠᠯᠵᠢᠵᠤ᠂  ᠪᠦᠬᠦ ᠠᠶᠢᠮᠠᠭ   ᠲᠠᠭᠠᠨ ᠰᠠᠶᠢᠨ ᠡᠬᠦᠯᠳᠡᠷ ᠤᠨ ᠮᠢᠬᠠᠨ ᠤ ᠦᠬᠡᠷ ᠤᠨ ᠲᠤᠭ᠎ᠠ ᠲᠤᠯᠤᠭᠠᠢ ᠬᠠᠮᠤᠭ ᠲᠦᠷᠭᠡᠨ ᠨᠡᠮᠡᠭᠳᠡᠭᠰᠡᠨ ᠭᠠᠵᠠᠷ ᠤᠷᠤᠨ ᠪᠤᠯᠵᠠᠢ᠃  3.75 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠲᠠᠢ ᠳ᠋ᠧ ᠴᠢᠩ ᠶᠤᠸᠠᠨ ᠲᠠᠬᠢᠶ᠎ᠠ ᠲᠡᠵᠢᠬᠡᠬᠦ ᠠᠵᠤ ᠦᠢᠯᠡᠰ ᠢ ᠲᠦᠷᠭᠡᠳᠭᠡᠨ ᠬᠦᠭᠵᠢᠬᠦᠯᠵᠦ᠂  ᠡᠨᠡ  ᠵᠢᠯ ᠳᠤ ᠦᠢᠯᠡᠳᠪᠦᠷᠢᠯᠡᠯ ᠡᠬᠢᠯᠡᠬᠦᠯᠬᠦ ᠪᠠᠷ ᠪᠠᠶᠢᠨ᠎ᠠ  ᠃  ᠪᠦᠬᠦ ᠬᠤᠰᠢᠭᠤᠨ  ᠳᠤ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ 7  ᠂ ᠲᠦᠷᠢᠮᠵᠢᠭᠰᠡᠨ ᠲᠤᠰᠬᠠᠢ ᠬᠤᠷᠰᠢᠶᠠᠵᠢᠯ 300᠂  ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 190 ᠪᠤᠯᠤᠨ ᠬᠦᠭᠵᠢᠵᠦ᠂  ᠠᠵᠤ ᠦᠢᠯᠡᠰᠵᠢᠯᠳᠡ ᠶᠢᠨ ᠬᠢᠷᠢ ᠲᠦᠪᠰᠢᠨ ᠶᠡᠭᠡ ᠬᠡᠮᠵᠢᠶ᠎ᠡ ᠪᠠᠷ ᠲᠡᠭᠡᠭᠰᠢᠯᠡᠵᠡᠢ᠃      ᠪᠤᠤᠴᠠᠩ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠪᠠ ᠲᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠦᠳᠦᠭᠡᠬᠦ ᠤᠷᠤᠨ ᠲᠤᠭᠤᠷᠢᠭ ᠤᠨ ᠦᠨᠳᠦᠰᠦᠨ ᠪᠦᠳᠦᠭᠡᠨ ᠪᠠᠶᠢᠭᠤᠯᠤᠯᠳᠠ ᠳᠤ ᠨᠡᠶᠢᠳᠡ 6.3  ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂   ᠤᠳᠤᠬᠠᠨ 32 ᠠᠵᠤ ᠠᠬᠤᠶᠢᠯᠠᠯ ᠤᠷᠤᠵᠤ ᠰᠠᠭᠤᠷᠢᠰᠢᠭᠠᠳ᠂ ᠤᠷᠤᠨ ᠲᠤᠭᠤᠷᠢᠭ ᠤᠨ ᠠᠵᠤ ᠦᠢᠯᠡᠰ ᠤᠨ ᠲᠦᠪᠯᠡᠷᠡᠯ ᠤᠨ ᠦᠷ᠎ᠡ ᠠᠰᠢᠭ ᠪᠠ ᠲᠠᠭᠠᠭᠠᠴᠠ ᠴᠢᠳᠠᠪᠤᠷᠢ ᠲᠠᠰᠤᠷᠠᠯᠳᠠ ᠦᠬᠡᠢ ᠴᠢᠩᠭᠠᠷᠠᠭᠰᠠᠨ ᠪᠠᠶᠢᠨ᠎ᠠ᠃ ᠲᠠᠯ᠎ᠠ ᠨᠤᠳᠤᠭ ᠠᠷᠢᠬᠢ ᠨᠡᠷᠡᠬᠦ ᠺᠤᠮᠫᠠᠨᠢ ᠶᠢᠨ ᠦᠷᠭᠡᠳᠭᠡᠨ ᠪᠠᠶᠢᠭᠤᠯᠵᠤ ᠦᠢᠯᠡᠳᠪᠦᠷᠢ ᠪᠠᠨ ᠨᠡᠬᠦᠯᠬᠡᠬᠦ ᠠᠵᠢᠯ ᠤᠷᠤᠭᠰᠢᠳᠠᠢ ᠶᠠᠪᠤᠭᠳᠠᠵᠤ  ᠠᠰᠢᠭᠯᠠᠯᠳᠠ ᠳᠤ ᠤᠷᠤᠭᠠᠳ᠂ ︽ᠲᠠᠯ᠎ᠠ ᠶᠢᠨ ᠸᠠᠩ︾ ᠰᠢᠷᠢᠰ ᠬᠠᠷ᠎ᠠ ᠠᠷᠢᠬᠢ ᠨᠢ ᠫᠠᠨᠠᠮᠠ ᠶᠢᠨ ᠤᠯᠠᠨ ᠤᠯᠤᠰ ᠤᠨ ᠦᠵᠡᠰᠬᠦᠯᠡᠩ  ᠤᠨ ᠠᠯᠳᠠᠨ ᠱᠠᠩᠨᠠᠯ  ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠶᠢᠨ ᠶᠠᠰᠤ ᠴᠢᠨᠠᠷ ᠤᠨ ᠱᠠᠩᠨᠠᠯ ᠬᠢᠭᠡᠳ ᠠᠶᠢᠮᠠᠭ ᠤᠨ ᠲᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠲᠤᠰᠴᠤ᠂  2017 ᠤᠨ ᠳᠤ ᠲᠤᠰᠢᠶᠠᠭᠰᠠᠨ ᠭᠠᠶᠢᠯᠢ ᠳ᠋ᠦᠩᠰᠢᠭᠤᠷ ᠲᠦᠬᠦᠷᠢᠭ ᠲᠠᠪᠠᠵᠠᠢ᠃ ᠬᠤᠩ ᠵᠢᠩ ᠶᠤᠸᠠᠨ ᠲᠤᠰᠤᠨ ᠤ ᠺᠤᠮᠫᠠᠨᠢ ᠶᠢᠨ ᠮᠡᠷᠭᠡᠵᠢᠯ ᠤᠨ ᠦᠬᠡᠷᠡᠴᠢᠯᠡᠯᠳᠡ ᠪᠡ ᠦᠢᠯᠡᠳᠪᠦᠷᠢ ᠨᠡᠬᠦᠯᠬᠡᠬᠦ ᠲᠦᠷᠦᠯ ᠵᠦᠢᠯ ᠠᠮᠵᠢᠯᠳᠠᠳᠠᠢ ᠶᠠᠪᠤᠭᠳᠠᠵᠤ  ᠠᠰᠢᠭᠯᠠᠯᠳᠠ ᠳᠤ ᠤᠷᠤᠭᠠᠳ᠂ ︽ᠬᠤᠩ ᠵᠢᠩ ᠶᠤᠸᠠᠨ︾ ᠲᠡᠮᠳᠡᠭᠳᠦ ᠶᠠᠮᠠ ᠶᠢᠨ ᠦᠷ᠎ᠡ ᠶᠢᠨ ᠲᠤᠰᠤ ᠨᠢ  ᠪᠦᠬᠦ ᠤᠯᠤᠰ ᠤᠨ ᠲᠤᠯᠤᠳᠤᠭᠠᠷ᠂ ᠨᠠᠢᠮᠠᠳᠤᠭᠠᠷ ᠬᠤᠭᠤᠴᠠᠭᠠᠨ ᠤ  ᠲᠡᠯᠡᠬᠡᠢ ᠶᠢᠨ ᠢᠳᠡᠰᠢᠨ ᠲᠤᠰᠤᠨ ᠤ ᠠᠵᠤ ᠦᠢᠯᠡᠰ ᠤᠨ ᠦᠵᠡᠰᠬᠦᠯᠡᠩ ᠤᠨ ᠠᠯᠳᠠᠨ ᠱᠠᠩᠨᠠᠯ ᠬᠢᠭᠡᠳ ᠠᠶᠢᠮᠠᠭ ᠤᠨ ᠲᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠲᠤᠰᠴᠤ᠂  ᠦᠪᠡᠷᠳᠡᠭᠡᠨ ᠵᠠᠰᠠᠬᠤ ᠤᠷᠤᠨ ᠤ ᠠᠮᠤ ᠪᠤᠳᠠᠭ᠎ᠠ ᠲᠤᠰᠤᠨ ᠤ ᠦᠢᠯᠡᠰ ᠤᠨ 20 ᠬᠦᠴᠦᠷᠭᠡᠭ ᠠᠵᠤ ᠠᠬᠤᠶᠢᠯᠠᠯ   ᠤᠨ ᠨᠢᠬᠡ ᠪᠤᠯᠪᠠ᠃  ᠺᠧ ᠲᠠᠢ ᠯᠦᠩ ᠳ᠋ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠨᠵᠢᠯᠡᠭᠡ ᠮᠡᠷᠭᠡᠵᠢᠯ ᠤᠨ ᠺᠤᠮᠫᠠᠨᠢ ᠨᠢ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ   ᠤᠨ ᠡᠩᠨᠡᠬᠡᠨ ᠳᠤ ᠤᠷᠤᠵᠤ᠂ ᠭᠠᠶᠢᠯᠢ ᠶᠢᠨ ᠤᠷᠤᠯᠭ᠎ᠠ ᠮᠢᠩᠭᠠᠨ ᠲᠦᠮᠡ   ᠶᠢ  ᠰᠢᠪᠳᠤᠯᠤᠭᠠᠳ᠂ ᠭᠧ ᠷᠦᠢ ᠳ᠋ᠧ ᠲᠦᠮᠦᠰᠦᠨ ᠤ ᠦᠢᠯᠡᠰ ᠤᠨ ᠺᠤᠮᠫᠠᠨᠢ ᠲᠠᠢ ᠬᠠᠮᠳᠤ ᠳᠠᠭᠠᠨ ᠤᠯᠤᠰ ᠤᠨ ᠲᠡᠭᠡᠳᠦ ᠰᠢᠨ᠎ᠡ ᠮᠡᠷᠭᠡᠵᠢᠯᠳᠦ ᠠᠵᠤ ᠠᠬᠤᠶᠢᠯᠠᠯ ᠪᠤᠯᠵᠤ᠂ ᠬᠤᠶᠠᠳᠤᠭᠠᠷ ᠬᠤᠭᠤᠴᠠᠭᠠᠨ  ᠤ ᠲᠦᠷᠦᠯ ᠵᠦᠢᠯ ᠢᠶᠠᠨ ᠡᠨᠡ  ᠵᠢᠯ ᠡᠬᠢᠯᠡᠬᠦ ᠬᠡᠵᠦ ᠪᠠᠶᠢᠭ᠎ᠠ᠃ ᠴᠦᠬᠦᠷᠡᠰᠢ ᠦᠬᠡᠢ ᠴᠢᠷᠮᠠᠶᠢᠯᠭ᠎ᠠ ᠪᠠᠷ ᠲᠠᠮᠵᠢᠭᠠᠳ᠂  ᠲᠤᠰ ᠬᠤᠰᠢᠭᠤ ᠨᠢ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠷᠭ᠎ᠠ ᠪᠠᠷ ᠤᠷᠢᠵᠤ  ᠨᠤᠳᠤᠭᠰᠢᠭᠤᠯᠤᠭᠰᠠᠨ ᠠᠵᠤ ᠠᠬᠤᠶᠢᠯᠠᠯ ᠤᠨ ᠲᠤᠭ᠎ᠠ ᠪᠦᠬᠦ ᠠᠶᠢᠮᠠᠭ ᠲᠠᠭᠠᠨ ᠬᠠᠮᠤᠭ ᠠᠷᠪᠢᠨ ᠭᠠᠵᠠᠷ ᠤᠷᠤᠨ ᠤ ᠨᠢᠬᠡ ᠪᠤᠯᠵᠤ᠂  5  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ ᠪᠡᠭᠡᠵᠢᠩ ᠤᠨ ᠱᠧᠩ ᠲᠠᠢ ᠡᠯ ᠡᠮ ᠤᠨ ᠮᠠᠲ᠋ᠧᠷᠢᠶᠠᠯ ᠨᠠᠷᠢᠯᠢᠭ ᠡᠳ᠋ᠰᠢᠬᠦᠯᠬᠦ ᠲᠦᠷᠦᠯ ᠵᠦᠢᠯ   ᠤᠨ ᠨᠢᠬᠡᠳᠦᠭᠡᠷ ᠬᠤᠭᠤᠴᠠᠭᠠᠨ ᠤ ᠢᠨᠵᠧᠨᠧᠷᠢᠩ  ᠲᠡᠬᠦᠰᠴᠦ  ᠦᠢᠯᠡᠳᠪᠦᠷᠢᠯᠡᠯ  ᠡᠬᠢᠯᠡᠭᠰᠡᠨ ᠪᠦᠬᠡᠳ ᠬᠤᠶᠠᠳᠤᠭᠠᠷ ᠬᠤᠭᠤᠴᠠᠭᠠᠨ ᠤ ᠪᠦᠳᠦᠬᠡᠨ ᠪᠠᠶᠢᠭᠤᠯᠤᠯᠳᠠ   ᠪᠠᠨ ᠡᠬᠢᠯᠡᠬᠦᠯᠵᠦ᠂   5  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ ᠡᠤ ᠹᠧᠩ  ᠺᠤᠮᠫᠠᠨᠢ ᠶᠢᠨ ᠮᠢᠬᠠᠨ  ᠤ ᠦᠬᠡᠷ ᠤᠨ ᠠᠵᠤ ᠦᠢᠯᠡᠰ ᠤᠨ ᠨᠢᠬᠡ ᠴᠤᠭᠴᠠᠵᠢᠭᠰᠠᠨ ᠲᠦᠷᠦᠯ ᠵᠦᠢᠯ  ᠂ 6  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ  ᠪᠠᠢ ᠾᠦᠢ ᠱᠧᠩ ᠰᠢᠬᠢᠷ ᠤᠨ ᠦᠢᠯᠡᠳᠪᠦᠷᠢ   ᠶᠢᠨ ᠲᠦᠷᠦᠯ ᠵᠦᠢᠯ᠂ 5  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ  ᠵᠦᠩ ᠴᠧ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂  2  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ  ᠰᠢᠶᠦ᠋ᠩ ᠰᠢᠶᠠᠨ  ᠤ  ᠴᠠᠭᠠᠰᠤ ᠰᠦᠯᠢᠶᠤᠤ ᠪᠦᠳᠦᠭᠡᠭᠳᠡᠬᠦᠨ ᠤ ᠲᠦᠷᠦᠯ ᠵᠦᠢᠯ᠂  3  ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠲᠠᠢ  ᠵᠦᠩ  ᠪᠧᠨ ᠼᠦᠩ ᠡᠬᠦᠯᠡᠨ ᠪᠤᠳᠤᠯᠳᠠ ᠶᠢᠨ ᠲᠦᠪ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ᠂ 4.6  ᠳ᠋ᠦᠩᠰᠢᠭᠤᠷ ᠲᠦᠬᠦᠷᠢᠭ ᠤᠨ ᠪᠡᠯᠡ  ᠤᠷᠤᠭᠤᠯᠤᠯᠳᠠ ᠲᠠᠢ  ᠱᠧᠩᠵᠧᠨ ᠤ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠲᠦᠷᠦᠯ ᠵᠦᠢᠯ   ᠨᠢ ᠪᠦᠳᠦᠬᠡᠨ ᠪᠠᠶᠢᠭᠤᠯᠤᠯᠳᠠ ᠪᠠᠨ ᠲᠦᠷᠭᠡᠳᠭᠡᠵᠦ᠂ ᠡᠨᠡ  ᠵᠢᠯ ᠳᠤ ᠵᠠᠯᠭ᠎ᠠ ᠪᠠᠷ ᠦᠢᠯᠡᠳᠪᠦᠷᠢᠯᠡᠯ ᠡᠬᠢᠯᠡᠨ᠂ ᠪᠦᠬᠦ ᠬᠤᠰᠢᠭᠤᠨ ᠤ ᠠᠵᠤ ᠠᠬᠤᠢ ᠶᠢᠨ ᠨᠡᠮᠡᠭᠳᠡᠯ ᠤᠨ ᠭᠤᠤᠯ ᠵᠠᠯᠠᠭᠤᠷ ᠪᠤᠯᠬᠤ ᠪᠠᠷ ᠪᠠᠶᠢᠨ᠎ᠠ᠃ ᠰᠢᠨ᠎ᠡ ᠪᠠᠷ ᠬᠢᠨᠠᠨ ᠵᠦᠪᠰᠢᠶᠡᠷᠡᠭᠰᠡᠨ 85 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠤ ᠲᠦᠷᠦᠯ ᠵᠦᠢᠯ᠂ 4 ᠲᠦᠮᠡᠨ ᠺᠢᠯᠤᠸᠠᠲ ᠤᠨ ᠭᠡᠷᠡᠯ ᠸᠤᠯᠲ ᠪᠠᠷ ᠶᠠᠳᠠᠭᠤ ᠶᠢ ᠳᠡᠳᠬᠦᠬᠦ ᠲᠦᠷᠦᠯ ᠵᠦᠢᠯ᠂  ᠵᠠᠭᠤᠨ ᠲᠦᠮᠡᠨ ᠺᠢᠯᠤᠸᠠᠲ ᠤᠨ ᠰᠢᠨ᠎ᠡ ᠡᠨᠧᠷᠬᠢ ᠶᠢᠨ ᠰᠠᠭᠤᠷᠢᠨ ᠭᠠᠵᠠᠷ  ᠤᠨ ᠲᠦᠷᠦᠯ ᠵᠦᠢᠯ   ᠨᠢ  ᠪᠦᠳᠦᠭᠡᠨ ᠪᠠᠶᠢᠭᠤᠯᠤᠯᠳᠠ ᠪᠠᠨ ᠡᠬᠢᠯᠡᠵᠡᠢ᠃     ︽ᠬᠠᠭᠠᠨ ᠤ ᠠᠳᠤᠭᠤᠨ ᠰᠤᠶᠤᠯ︾ ᠢ ᠬᠦᠭᠵᠢᠬᠦᠯᠬᠦ ᠪᠠᠷ ᠭᠤᠤᠯ ᠰᠡᠳᠦᠪ ᠪᠤᠯᠭᠠᠵᠤ᠂  ᠵᠤᠭᠠᠴᠠᠯ ᠤᠨ ᠦᠢᠯᠡᠰ ᠢ ᠤᠯᠠᠮᠵᠢᠯᠠᠯᠳᠤ ᠵᠤᠭᠠᠴᠠᠯ ᠠᠴᠠ ᠪᠦᠬᠦ ᠤᠷᠤᠨ ᠪᠦᠰᠡ ᠶᠢᠨ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠲᠡᠰᠢ ᠬᠦᠭᠵᠢᠬᠦᠯᠦᠨ᠂ ᠬᠦᠨᠪᠤᠯᠠᠭ ᠤᠨ ᠲᠠᠯ᠎ᠠ ᠨᠤᠳᠤᠭ ᠤᠨ ᠵᠤᠭᠠᠴᠠᠯ ᠢᠶᠠᠷ ᠭᠤᠤᠯ ᠪᠤᠯᠭᠠᠭᠰᠠᠨ᠂ ᠡᠮᠦᠨ᠎ᠡ ᠭᠡᠰᠡᠭ   ᠤᠨ ᠴᠠᠬᠠᠷ ᠰᠤᠶᠤᠯ ᠢᠷᠭᠡᠨᠰᠢᠯ ᠤᠨ ᠵᠤᠭᠠᠴᠠᠯ  ᠂ ᠬᠤᠶᠢᠳᠤ ᠭᠡᠰᠡᠭ ᠤᠨ ᠲᠠᠷᠢᠶᠠᠯᠠᠬᠤ ᠰᠤᠶᠤᠯ ᠢᠷᠭᠡᠨᠰᠢᠯ ᠤᠨ ᠵᠤᠭᠠᠴᠠᠯ  ᠬᠢᠭᠡᠳ ᠭᠤᠷᠪᠠᠨ ᠵᠤᠷᠪᠤᠰ ᠵᠤᠭᠠᠴᠠᠯ ᠤᠨ ᠵᠠᠮ ᠱᠤᠭᠤᠮ ᠢᠶᠠᠷ ᠬᠤᠯᠪᠤᠭᠠᠰᠤ ᠪᠤᠯᠭᠠᠭᠰᠠᠨ ᠵᠤᠭᠠᠴᠠᠯ ᠤᠨ ᠬᠦᠭᠵᠢᠯᠳᠡ ᠶᠢᠨ ᠭᠡᠪ ᠪᠠᠶᠢᠳᠠᠯ  ᠦᠨᠳᠦᠰᠦᠨ ᠳᠡᠭᠡᠨ ᠪᠦᠷᠢᠯᠳᠦᠭᠰᠡᠨ ᠪᠠᠶᠢᠨ᠎ᠠ᠃ ᠪᠡᠭᠡᠵᠢᠩ ᠤᠨ ᠬᠦᠸᠧ ᠮᠠ ᠰᠢᠨᠵᠢᠯᠡᠭᠡ ᠮᠡᠷᠭᠡᠵᠢᠯ ᠤᠨ ᠺᠤᠮᠫᠠᠨᠢ ᠶᠢ  ᠤᠷᠢᠵᠤ ᠤᠷᠤᠭᠤᠯᠤᠨ᠂  ︽ᠬᠠᠭᠠᠨ ᠤ ᠠᠳᠤᠭᠤᠨ ᠵᠤᠰᠠᠭᠠᠯ ︾ ᠦᠵᠡᠮᠵᠢ ᠶᠢᠨ ᠤᠷᠤᠨ ᠳᠤ ᠪᠦᠬᠦ ᠲᠠᠯ᠎ᠠ ᠶᠢᠨ ᠦᠬᠡᠷᠡᠴᠢᠯᠡᠯᠳᠡ ᠬᠢᠵᠦ᠂ ︽ᠪᠦᠷᠳᠡ ᠴᠢᠨ᠋ᠸ᠎ᠠ︾ ᠦᠵᠡᠮᠵᠢ ᠶᠢᠨ ᠤᠷᠤᠨ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂  ᠮᠠᠯᠴᠢᠨ ᠲᠠᠷᠢᠶᠠᠴᠢᠨ ᠡᠷᠦᠬᠡ ᠶᠢᠨ ᠵᠤᠭᠠᠴᠠᠯ ᠵᠤᠬᠢᠬᠤ ᠬᠡᠮᠵᠢᠶ᠎ᠡ ᠪᠠᠷ ᠭᠡᠪᠴᠢᠶᠡᠵᠢᠨ᠂  ᠴᠢᠶᠤᠤ ᠵᠢᠶᠠ ᠶᠢᠩ ᠽᠢ᠂  ᠪᠢᠶᠠᠨ ᠴᠢᠶᠠᠩ ᠵᠡᠷᠭᠡ ᠭᠠᠴᠠᠭ᠎ᠠ ᠲᠤᠰᠬᠤᠨ ᠢᠶᠠᠷ ᠭᠤᠤᠯ ᠪᠤᠯᠭᠠᠭᠰᠠᠨ ᠵᠤᠭᠠᠴᠠᠯ ᠤᠨ ᠭᠠᠴᠠᠭ᠎ᠠ ᠲᠤᠰᠬᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂  ᠬᠠᠭᠠᠨ ᠤ ᠠᠳᠤᠭᠤᠨ ᠤ ᠵᠢᠵᠢᠭ ᠪᠠᠯᠭᠠᠰᠤ᠂  ᠬᠠᠨ᠎ᠠ ᠬᠠᠳᠠ ᠶᠢᠨ ᠦᠵᠡᠮᠵᠢ ᠶᠢᠨ ᠤᠷᠤᠨ ᠵᠡᠷᠭᠡ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠵᠤᠭᠠᠴᠠᠯ ᠤᠨ ᠲᠦᠷᠦᠯ ᠵᠦᠢᠯ ᠢ ᠠᠯᠬᠤᠮ ᠲᠠᠷᠠᠭ᠎ᠠ ᠲᠠᠢ ᠲᠦᠯᠬᠢᠨ ᠠᠬᠢᠭᠤᠯᠪᠠ᠃ ᠤᠶᠢᠷ᠎ᠠ ᠶᠢᠨ ᠲᠠᠪᠤᠨ ᠵᠢᠯ ᠳᠤ᠂  ᠲᠦᠷᠪᠡᠳᠦᠭᠡᠷ ᠬᠤᠭᠤᠴᠠᠭᠠᠨ ᠤ  ᠲᠤᠮᠳᠠᠳᠤ ᠤᠯᠤᠰ ᠤᠨ ᠲᠠᠯ᠎ᠠ ᠨᠤᠳᠤᠭ ᠤᠨ ᠬᠠᠭᠠᠨ ᠤ ᠠᠳᠤᠭᠤᠨ ᠰᠤᠶᠤᠯ ᠤᠨ ᠨᠠᠶᠢᠷ᠂ ᠬᠦᠢᠯᠡᠰᠦᠨ ᠴᠡᠴᠡᠭ ᠤᠨ ᠵᠢᠭᠤᠯᠴᠢᠯᠠᠯ ᠤᠨ ᠨᠠᠶᠢᠷ᠂᠂ ᠲᠠᠯ᠎ᠠ ᠨᠤᠳᠤᠭ  ᠤᠨ ᠮᠦᠩᠬᠦᠨ ᠡᠪᠦᠯ ᠤᠨ ᠨᠠᠭᠠᠳᠤᠮ ᠵᠡᠷᠭᠡ ᠴᠢᠬᠤᠯᠠ ᠶᠡᠭᠡ  ᠨᠠᠶᠢᠷ ᠨᠠᠭᠠᠳᠤᠮ ᠢ ᠠᠮᠵᠢᠯᠳᠠᠳᠠᠢ  ᠡᠷᠬᠢᠯᠡᠵᠦ᠂  ᠤᠷᠢᠳ ᠬᠤᠵᠢᠳ ︽ᠪᠦᠬᠦ ᠤᠯᠤᠰ ᠤᠨ ᠵᠠᠭᠤᠨ ᠰᠢᠯᠢᠳᠡᠭ ᠴᠡᠪᠡᠷ ᠠᠮᠢᠰᠬᠤᠯᠳᠤ ᠵᠢᠵᠢᠭ ᠬᠤᠳᠠ︾᠂ ︽ᠪᠦᠬᠦ ᠤᠯᠤᠰ ᠤᠨ ᠰᠤᠶᠤᠯ ᠢᠷᠭᠡᠨᠰᠢᠯ ᠠᠮᠢ ᠠᠬᠤᠢ ᠶᠢᠨ ᠵᠢᠭᠤᠯᠴᠢᠯᠠᠯ ᠤᠨ ᠰᠠᠭᠤᠷᠢᠨ ᠭᠠᠵᠠᠷ︾ ᠢᠶᠠᠷ ᠴᠤᠯᠠᠯᠠᠭᠳᠠᠵᠤ᠂  ᠬᠤᠰᠢᠭᠤ ᠨᠤᠳᠤᠭ ᠤᠨ ᠨᠡᠷ᠎ᠡ ᠨᠦᠯᠦᠬᠡ ᠶᠢ ᠤᠯᠠᠮ ᠴᠢᠨᠠᠭᠰᠢᠳᠠ ᠦᠷᠭᠡᠳᠭᠡᠵᠡᠢ᠃  ᠢ ᠳ᠋ᠦ᠋᠂  ᠽᠦᠩ ᠴᠤᠸᠠᠩ᠂ ᠯᠧ ᠼᠦᠨ ᠲᠤᠤ ᠵᠡᠷᠭᠡ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠲᠦᠷᠭᠡᠨ ᠬᠦᠭᠵᠢᠵᠦ᠂ ᠡᠵᠡᠩᠨᠡᠯᠳᠡ  ᠶᠢᠨ ᠤᠷᠤᠯᠭ᠎ᠠ 5000 ᠲᠦᠮᠡᠨ ᠲᠦᠬᠦᠷᠢᠭ ᠰᠢᠪᠳᠤᠯᠵᠤ᠂  ᠪᠦᠬᠦ ᠠᠶᠢᠮᠠᠭ   ᠲᠤ ᠴᠤᠷ ᠤᠨ ᠭᠠᠭᠴᠠ ᠦᠪᠡᠷᠳᠡᠭᠡᠨ ᠵᠠᠰᠠᠬᠤ ᠤᠷᠤᠨ ᠤ ᠲᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠳᠤ ᠤᠷᠤᠭᠤᠯᠤᠭᠰᠠᠨ ︽ᠬᠤᠤᠰ ᠵᠢᠱᠢᠶ᠎ᠡ︾ ᠶᠢᠨ ᠬᠤᠰᠢᠭᠤ ᠪᠤᠯᠪᠠ᠃  ᠡᠯ᠎ᠡ ᠲᠦᠷᠦᠯ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠡᠵᠡᠩᠨᠡᠯᠳᠡ ᠶᠢᠨ ᠴᠡᠭ 26 ᠡᠷᠦᠬᠡ ᠳᠤ ᠬᠦᠷᠴᠦ᠂ ᠬᠠᠳᠠᠭᠠᠯᠠᠮᠵᠢ ᠪᠠ ᠵᠢᠬᠡᠯᠡᠯᠬᠡ ᠶᠢᠨ ᠦᠯᠡᠳᠡᠪᠦᠷᠢ ᠲᠤᠰᠪᠤᠷᠢ 56.9  ᠳ᠋ᠦᠩᠰᠢᠭᠤᠷ ᠲᠦᠬᠦᠷᠢᠭ ᠪᠠ 30.7 ᠳ᠋ᠦᠩᠰᠢᠭᠤᠷ ᠲᠦᠬᠦᠷᠢᠭ ᠲᠤ ᠬᠦᠷᠴᠦ᠂ 2012 ᠤᠨ ᠠᠴᠠ ᠲᠠᠬᠢᠨ ᠢᠶᠠᠷ  ᠨᠡᠮᠡᠭᠳᠡᠪᠡ᠃  ᠲᠠᠶᠢᠹᠤᠰᠧ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ  ᠨᠢ 2017 ᠤᠨ ᠳᠤ ᠠᠶᠢᠮᠠᠭ ᠤᠨ ᠲᠠᠷᠤᠭ᠎ᠠ ᠶᠢᠨ ᠶᠠᠰᠤ ᠴᠢᠨᠠᠷ ᠶᠢᠨ ᠱᠠᠩᠨᠠᠯ ᠢ ᠲᠤᠰᠴᠠᠢ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号