ᠲᠠᠶᠢᠹᠤᠰᠧ ᠬᠤᠰᠢᠭᠤᠨ ᠤ ᠤᠯᠠᠭᠠᠨᠮᠦ᠋ᠴᠢᠷ  ︽ᠵᠢᠷᠭᠤᠭ᠎ᠠ ᠳᠤ ᠬᠦᠨᠵᠡᠭᠡᠶᠢᠷᠡᠨ︾ ᠲᠤᠭᠯᠠᠯᠳᠠ  ᠭᠠᠷᠭᠠᠵᠤ ᠪᠠᠶᠢᠨ᠎ᠠ
ᠨᠡᠶᠢᠲᠡᠯᠡᠭᠰᠡᠨ ᠴᠠᠭ᠄
2018-01-17
          ᠤᠶᠢᠷ᠎ᠠ ᠶᠢᠨ ᠬᠡᠳᠦᠨ ᠡᠳᠦᠷ᠂ ᠲᠠᠶᠢᠹᠤᠰᠧ ᠬᠤᠰᠢᠭᠤᠨ ᠤ ᠤᠯᠠᠭᠠᠨᠮᠦ᠋ᠴᠢᠷ ᠤᠨ ᠬᠢᠨ ᠮᠠᠯᠵᠢᠬᠤ ᠲᠠᠷᠢᠶᠠᠯᠠᠬᠤ ᠤᠷᠤᠨ᠂  ᠨᠡᠶᠢᠬᠡᠮ ᠲᠤᠭᠤᠷᠢᠭ᠂  ᠠᠵᠤ ᠠᠬᠤᠶᠢᠯᠠᠯ᠂ ᠴᠡᠷᠢᠭ ᠠᠩᠬᠢ᠂ ᠰᠤᠷᠭᠠᠭᠤᠯᠢ ᠶᠢᠨ ᠬᠦᠷᠢᠶ᠎ᠡ᠂  ᠠᠰᠠᠷᠠᠮᠵᠢ   ᠶᠢᠨ ᠭᠠᠵᠠᠷ ᠲᠤ ᠵᠠᠯᠭ᠎ᠠ  ᠬᠦᠨᠵᠡᠬᠡᠶᠢᠷᠡᠨ  ᠠᠷᠠᠳ ᠳᠤ ᠠᠰᠢᠭ ᠬᠦᠷᠳᠡᠭᠡᠬᠦ ᠤᠷᠠᠨ ᠰᠠᠶᠢᠬᠠᠨ ᠤ ᠲᠤᠭᠯᠠᠯᠳᠠ ᠭᠠᠷᠭᠠᠬᠤ  ᠬᠡᠯᠪᠡᠷᠢ ᠪᠠᠷ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ᠂  ᠰᠢ ᠶᠢᠨ ᠫᠢᠩ ᠶᠡᠷᠦᠩᠬᠡᠢ ᠱᠦᠵᠢ ᠶᠢᠨ ᠬᠠᠷᠢᠭᠤ ᠵᠠᠬᠢᠳᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽   ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ  ︾   ᠤᠨ ᠲᠤᠭ ᠢ  ᠦᠨᠳᠦᠷ ᠲᠤ ᠨᠠᠮᠢᠷᠠᠭᠤᠯᠤᠨ ᠂ ︽ᠠᠷᠠᠳ ᠲᠦᠮᠡᠨ ᠳᠤ ᠤᠳᠬ᠎ᠠ ᠤᠷᠠᠯᠢᠭ ᠭᠡᠷᠡᠭᠳᠡᠢ᠂ ᠤᠳᠬ᠎ᠠ ᠤᠷᠠᠯᠢᠭ ᠲᠤ ᠠᠷᠠᠳ ᠲᠦᠮᠡᠨ ᠭᠡᠷᠡᠭᠳᠡᠢ︾ ᠬᠡᠮᠡᠬᠦ ᠭᠤᠤᠯ ᠰᠡᠳᠦᠪᠳᠦ ᠬᠦᠭ ᠠᠶᠠᠰ ᠢ ᠲᠠᠭᠤᠷᠢᠰᠤᠭᠤᠯᠵᠤ᠂   ᠤᠯᠠᠨ ᠲᠦᠮᠡᠨ ᠤ ᠰᠡᠳᠬᠢᠯ ᠢ ᠲᠤᠯᠠᠭᠠᠴᠠᠭᠤᠯᠤᠨ᠂  ᠤᠯᠠᠨ ᠲᠦᠮᠡᠨ ᠤ ᠲᠠᠭᠠᠰᠢᠶᠠᠯ ᠢ ᠬᠦᠷᠳᠡᠵᠦ ᠪᠠᠶᠢᠨ᠎ᠠ᠃ 1 ᠰᠠᠷ᠎ᠠ ᠶᠢᠨ 8 ᠤ ᠡᠳᠦᠷ᠂ ᠤᠯᠠᠭᠠᠨᠮᠦ᠋ᠴᠢᠷ ᠤᠨ ᠲᠤᠭᠯᠠᠭᠴᠢᠳ  ᠪᠤᠤᠴᠠᠩ ᠪᠠᠯᠭᠠᠰᠤᠨ ᠤ ᠪᠤᠤ ᠹᠧᠩ ᠨᠡᠶᠢᠬᠡᠮ ᠲᠤᠭᠤᠷᠢᠭ ᠳᠤ ᠬᠦᠷᠴᠦ᠂  ᠠᠳᠡᠬᠢ  ᠰᠠᠭᠤᠭᠠᠯᠢ ᠠᠷᠠᠳ  ᠬᠢᠭᠡᠳ ᠬᠠᠮᠢᠶᠠᠷᠤᠯᠳᠠ ᠶᠢᠨ ᠵᠦᠪᠯᠡᠯ   ᠤᠨ ᠠᠵᠢᠯᠳᠠᠳ ᠲᠤ  ᠤᠬᠤᠷ ᠠᠪᠰᠠᠷᠬᠠᠨ  ᠮᠦᠷᠳᠡᠭᠡᠨ ᠭᠤᠴᠤ ᠡᠷᠴᠢᠮᠯᠢᠭ ᠤᠷᠠᠨ ᠰᠠᠶᠢᠬᠠᠨ ᠤ ᠲᠤᠭᠯᠠᠯᠳᠠ  ᠭᠠᠷᠭᠠᠵᠤ ᠰᠤᠨᠢᠷᠬᠠᠭᠤᠯᠬᠤ ᠶᠢᠨ ᠬᠠᠮᠳᠤ᠂ ᠤᠳᠬ᠎ᠠ ᠤᠷᠠᠯᠢᠭ ᠲᠤ  ᠠᠪᠢᠶᠠᠰ ᠪᠠᠭ᠋ᠠᠳᠠᠢ  ᠬᠦᠮᠦᠰ ᠲᠤ  ᠤᠷ᠎ᠠ ᠮᠡᠷᠭᠡᠵᠢᠯ ᠤᠨ ᠵᠢᠭᠠᠨ  ᠵᠢᠯᠤᠭᠤᠳᠤᠯᠭ᠎ᠠ ᠬᠢᠵᠡᠢ᠃  ᠤᠯᠠᠮᠵᠢᠯᠠᠯᠳᠤ  ᠲᠤᠭᠯᠠᠯᠳᠠ ︽ᠠᠶᠠᠭᠠᠨ ᠪᠦᠵᠢᠭ︾   ᠢᠶᠠᠷ ᠡᠬᠢᠯᠡᠵᠦ᠂  ᠡᠮᠡᠭᠳᠡᠢ ᠶᠢᠨ ᠭᠤᠴᠤᠯᠠᠯ ᠲᠠᠭᠤᠤ᠂ ᠮᠤᠷᠢᠨ ᠬᠤᠭᠤᠷ ᠤᠨ ᠨᠠᠶᠢᠷᠠᠯ ᠬᠦᠭᠵᠢᠮ ᠵᠡᠷᠭᠡ   ᠶᠢ ᠪᠠᠭᠳᠠᠭᠠᠭᠰᠠᠨ ᠤᠷᠠᠨ ᠰᠠᠶᠢᠬᠠᠨ ᠤ ᠲᠤᠭᠯᠠᠯᠳᠠ ᠨᠢ ᠦᠵᠡᠭᠴᠢᠳ ᠤᠨ ᠬᠠᠯᠠᠭᠤᠨ ᠠᠯᠭ᠎ᠠ ᠲᠠᠰᠢᠯᠳᠠ ᠲᠤᠮᠳᠠ ᠦᠷᠬᠦᠯᠵᠢᠯᠡᠵᠦ᠂  ᠪᠤᠤ ᠹᠧᠩ ᠨᠡᠶᠢᠬᠡᠮ ᠲᠤᠭᠤᠷᠢᠭ ᠢ ᠪᠠᠶᠠᠷ ᠬᠦᠷ ᠢᠶᠠᠷ ᠪᠢᠯᠬᠠᠭᠤᠯᠤᠭᠰᠠᠨ ᠪᠠᠶᠢᠪᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号